ᠨᠤᠳᠤᠭ ᠢᠶᠠᠨ ᠵᠤᠷᠢᠭᠰᠡᠨ ᠤᠶᠤᠳᠠᠨ ᠵᠠᠯᠠᠭᠤ
ᠨᠡᠶᠢᠲᠡᠯᠡᠭᠰᠡᠨ ᠴᠠᠭ᠄
2022/1/8
    ᠡᠨᠡ ᠵᠢᠯ ᠤᠳᠤᠭ ᠤᠨ ᠡᠮᠤᠨᠡᠳᠤ ᠬᠤᠰᠢᠭᠤᠨ ᠤ ᠨᠠᠩᠰᠤ ᠪᠠᠯᠭᠠᠰᠤ ︽ᠭᠠᠴᠠᠭ᠎ᠠ ᠳᠤᠰᠬᠤᠨ ᠪᠦᠷᠢ ᠳᠤ 3 ᠤᠶᠤᠳᠠᠨ ᠢ ᠤᠷᠢᠨ ᠬᠡᠷᠡᠭᠯᠡᠬᠦ︾ ᠠᠵᠢᠯ ᠤᠨ ᠬᠠᠷᠠᠯᠳᠠ ᠶᠢ ᠪᠡᠶᠡᠯᠡᠬᠦᠯᠪᠡ᠃ ᠨᠠᠩᠰᠤ ᠪᠠᠯᠭᠠᠰᠤᠨ ᠤ ᠪᠠᠶ᠋ᠬᠠᠤᠰᠤ ᠭᠠᠴᠠᠭᠠᠨ ᠳᠤ ᠨᠤᠳᠤᠭᠳᠠᠢ ᠤᠶᠤᠳᠠᠨ ᠵᠠᠯᠠᠭᠤ ᠨᠢᠰᠬᠡᠯ ᠪᠤᠯ ᠤᠷᠢᠨ ᠬᠡᠷᠡᠭᠯᠡᠭᠳᠡᠭᠰᠡᠨ ᠤᠶᠤᠳᠠᠨ ᠺᠠᠳ᠋ᠷ ᠤᠨ ᠨᠢᠬᠡ ᠨᠢ ᠪᠤᠯᠤᠨ᠎ᠠ᠃     ᠨᠢᠰᠬᠡᠯ ᠶᠡᠭᠡ ᠰᠤᠷᠭᠠᠭᠤᠯᠢ ᠪᠠᠨ ᠳᠡᠬᠦᠰᠦᠭᠰᠡᠨ ᠤ ᠳᠠᠷᠠᠭ᠎ᠠ ᠬᠦᠳᠡᠭᠡ ᠨᠤᠳᠤᠭ ᠢᠶᠠᠨ ᠪᠦᠳᠤᠬᠡᠨ ᠪᠠᠶᠢᠭᠤᠯᠵᠤ᠂ ᠮᠠᠯᠴᠢᠨ ᠲᠦᠮᠡᠨ ᠳᠡᠭᠡᠨ ᠶᠠᠭᠤ ᠨᠢᠬᠡ ᠶᠢ ᠬᠢᠶ᠎ᠡ ᠬᠡᠰᠡᠨ ᠪᠤᠳᠤᠯ ᠳᠠᠭᠠᠨ ᠬᠦᠳᠤᠯᠦᠭᠳᠡᠬᠡᠤᠨ 2020 ᠤᠨ ᠳᠤ ᠨᠤᠳᠤᠭ ᠲᠠᠭᠠᠨ ᠪᠤᠴᠠᠵᠤ᠂ ᠪᠠᠭ᠎ᠠ ᠪᠠᠷᠢᠭᠠᠳᠠ ᠶᠢᠨ ᠢᠶᠠᠨ ᠳᠤᠤᠷᠵᠢᠯ ᠤᠨ ᠬᠡᠰᠢᠬᠦᠨ ᠤ ᠠᠵᠢᠯ ᠢ ᠬᠠᠷᠢᠭᠤᠴᠠᠨ ᠬᠢᠪᠡ᠃ 2 ᠰᠠᠷ᠎ᠠ ᠶᠢᠨ ᠬᠢᠨᠢ ᠳᠠᠷᠠᠭ᠎ᠠ ᠳᠠᠷᠠ ᠭᠠᠴᠠᠭᠠᠨ ᠤ ᠵᠦᠪᠯᠡᠯ ᠤᠨ ᠬᠡᠰᠢᠬᠦᠨ ᠢᠶᠠᠷ ᠰᠤᠩᠭᠤᠭᠳᠠᠭᠠᠤᠨ ᠳᠤᠤᠷᠵᠢᠯ ᠤᠨ ᠬᠡᠰᠢᠬᠦᠨ ᠪᠤᠯᠤᠨ ᠵᠦᠪᠯᠡᠯ ᠤᠨ ᠬᠡᠰᠢᠬᠦᠨ ᠬᠡᠬᠦ ᠬᠤᠶᠠᠷ ᠠᠵᠢᠯ ᠢ ᠬᠠᠷᠢᠭᠤᠴᠠᠨ ᠬᠢᠵᠠᠢ᠃ 2021 ᠤᠨ ᠳᠤ ᠠᠷᠠᠤᠨ ᠲᠦᠮᠡᠨ ᠤ ᠢᠳᠡᠬᠡᠯ ᠨᠠᠶᠢᠳᠠᠯᠭ᠎ᠠ ᠪᠠᠷ ᠨᠢᠰᠬᠡᠯ ᠭᠠᠴᠠᠭᠠᠨ ᠤ ᠳᠡᠳ᠋ ᠡᠷᠬᠢᠯᠡᠭᠴᠢ ᠪᠠᠷ ᠰᠤᠩᠭᠤᠭᠳᠠᠭᠰᠡᠨ ᠪᠢᠯᠡ᠃     ᠦᠨᠳᠤᠰᠤᠨ ᠱᠠᠳᠤᠨ ᠤ ᠠᠵᠢᠯ ᠠᠷᠰᠠᠷ ᠮᠦᠷᠳᠡᠬᠡᠨ ᠶᠠᠳᠠᠷᠠᠯᠳᠠᠢ᠃ ᠬᠡᠪᠡᠴᠤ ᠳᠠᠷᠠ ᠠᠵᠢᠯ ᠳᠠᠭᠠᠨ ᠨᠠᠷᠢᠨ ᠬᠢᠨᠠᠮᠠᠭᠠᠢ ᠬᠠᠨᠳᠤᠵᠤ᠂ ᠠᠵᠢᠯ ᠤᠨ ᠳᠤᠷᠰᠢᠯᠭ᠎ᠠ ᠬᠤᠷᠠᠮᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠤᠨ  ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠰᠢᠢᠤᠨᠪᠤᠷᠢᠯᠡᠵᠤ ᠦᠭᠳᠡᠭ ᠪᠠᠶᠢᠯ᠎ᠠ᠃ ᠨᠢᠰᠬᠡᠯ᠄ ︽ᠨᠠᠳᠠ ᠳᠤ ᠠᠪᠴᠤ ᠬᠡᠯᠡᠪᠡᠯ ᠭᠠᠴᠠᠭᠠᠨ ᠤ ᠳᠡᠳ᠋ ᠡᠷᠬᠢᠯᠡᠭᠴᠢ ᠶᠢᠨ ᠳᠤᠰᠢᠶᠠᠯ ᠨᠢ ᠨᠢᠬᠡ ᠵᠦᠢᠯ ᠤᠨ ᠬᠠᠷᠢᠭᠤᠴᠠᠯᠭ᠎ᠠ ᠮᠦᠨ᠃ ᠬᠤᠶᠢᠰᠢᠳᠠ ᠠᠵᠢᠯ ᠳᠠᠭᠠᠨ ᠤᠯᠠᠮ ᠴᠢᠷᠮᠠᠶᠢᠵᠤ᠂ ᠮᠠᠯᠴᠢᠨ ᠲᠦᠮᠡᠨ ᠳᠡᠭᠡᠨ ᠨᠠᠩ ᠰᠠᠶᠢᠨ ᠤᠶᠢᠯᠡᠴᠢᠯᠡᠨ᠎ᠡ﹀ ᠬᠡᠵᠤ ᠢᠳᠡᠬᠡᠯ ᠲᠦᠬᠦᠷᠡᠩ ᠶᠠᠷᠢᠪᠠ᠃     ︽ᠭᠠᠴᠠᠭ᠎ᠠ ᠳᠤᠰᠬᠤᠨ ᠪᠦᠷᠢ ᠳᠤ 3 ᠤᠶᠤᠳᠠᠨ ᠢ ᠤᠷᠢᠨ ᠬᠡᠷᠡᠭᠯᠡᠬᠦ︾ ᠠᠵᠢᠯ ᠢ ᠬᠠᠷᠢᠭᠤᠴᠠᠵᠤ ᠪᠠᠶᠢᠭ᠎ᠠ ᠤᠳᠤᠭ ᠤᠨ ᠡᠮᠤᠨᠡᠳᠤ ᠬᠤᠰᠢᠭᠤᠨ ᠤ ᠨᠠᠩᠰᠤ ᠪᠠᠯᠭᠠᠰᠤ ᠶᠢᠨ ᠵᠤᠬᠢᠶᠠᠨ ᠪᠠᠶᠢᠭᠤᠯᠬᠤ ᠬᠡᠰᠢᠬᠦᠨ ᠪᠤᠯᠠᠭ᠄           ︽ᠤᠳᠤᠬᠠᠨ ᠳᠤ ᠮᠠᠨ ᠤ ᠪᠠᠯᠭᠠᠰᠤ ᠶᠢᠨ 16 ᠭᠠᠴᠠᠭ᠎ᠠ ᠳᠤᠰᠬᠤᠨ ᠳᠤ ᠨᠢᠬᠡᠨᠳᠠ ︿ᠭᠠᠴᠠᠭ᠎ᠠ ᠳᠤᠰᠬᠤᠨ ᠪᠦᠷᠢ  ᠳᠤ 3 ᠤᠶᠤᠳᠠᠨ ᠢ ᠤᠷᠢᠨ ᠬᠡᠷᠡᠭᠯᠡᠬᠦ﹀ ᠠᠵᠢᠯ ᠤᠨ ᠬᠠᠷᠠᠯᠳᠠ ᠶᠢ ᠪᠡᠶᠡᠯᠡᠬᠦᠯᠵᠤ᠂ ᠦᠨᠳᠤᠰᠤᠨ ᠱᠠᠳᠤᠨ ᠤ ᠡᠯ᠎ᠡ ᠵᠦᠢᠯ ᠤᠨ ᠠᠵᠢᠯ ᠤᠨ ᠤᠷᠤᠭᠰᠢᠳᠠᠢ ᠶᠠᠪᠤᠭᠳᠠᠬᠤ ᠳᠤ ᠴᠢᠳᠠᠪᠤᠷᠢᠳᠠᠨ ᠤ ᠪᠠᠳᠤᠯᠠᠭ᠎ᠠ ᠪᠠ ᠤᠶᠤᠨ ᠤ ᠪᠠᠳᠤᠯᠠᠭ᠎ᠠ ᠶᠢ ᠬᠦᠢᠴᠡᠤᠨ ᠬᠠᠩᠭᠠᠵᠠᠢ︾ ᠬᠡᠵᠡᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号