ᠶᠠᠩ ᠶᠢᠩ ᠰᠢᠨ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ ᠶᠢᠨ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2022/10/11
    10 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ ᠶᠢᠨ ᠠᠵᠢᠯ ᠢ ᠬᠢᠨᠠᠨ ᠵᠢᠯᠤᠭᠤᠳᠪᠠ᠃     ᠬᠤᠰᠢᠭᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ ᠵᠢᠨ‌‍ᠲ᠋ᠦ᠋ᠪᠯᠡᠷᠡᠩᠬᠦᠢ ᠠᠯᠪᠠᠯᠠᠬᠤ ᠴᠡᠭ ᠲᠤ᠂ ᠶᠠᠩ ᠶᠢᠩ ᠰᠢᠨ ᠬᠤᠲᠠ ᠶᠢᠨ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ ᠤᠨ ᠳᠡᠳ᠋ ᠡᠷᠬᠢᠯᠡᠭᠴᠢ ᠱᠢ ᠹᠧᠩ ᠲᠠᠢ ᠬᠦᠨᠵᠡᠭᠡᠢ ᠶᠠᠷᠢᠯᠴᠠᠬᠤ ᠶᠢᠨ ᠬᠠᠮᠲᠤ ︽ᠭᠤᠷᠪᠠᠨ ᠰᠠᠯᠠᠭ᠎ᠠ ᠮᠦᠴᠢᠷ︾ ᠠᠴᠠ ᠬᠤᠯᠪᠤᠭᠠᠯᠠᠨ ᠦᠷᠨᠢᠬᠦᠯᠦᠭᠰᠡᠨ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠬᠦᠳᠡᠯᠦᠩᠬᠦᠢ ᠪᠠᠶᠢᠳᠠᠯ ᠤᠨ ᠮᠦᠷᠳᠡᠯᠲᠡ ᠬᠢᠨᠠᠨ ᠪᠠᠶᠢᠴᠠᠭᠠᠯᠲᠠ᠂ ᠨᠣᠲᠤᠭ ᠲᠤ ᠪᠠᠨ ᠪᠤᠴᠠᠭᠰᠠᠨ ᠭᠤᠤᠯᠳᠠᠯᠭᠠᠲᠤ ᠳᠦᠭᠰᠢᠬᠦᠷᠢ ᠲᠠᠢ ᠬᠦᠮᠦᠰ ᠤᠨ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ ᠪᠠ ᠳ᠋ᠠᠶᠢᠲ᠋ᠠ ᠶᠢᠨ ᠮᠡᠳᠡᠭᠡ ᠵᠠᠩᠬᠢ ᠶᠢᠨ ᠬᠠᠮᠲᠤ ᠡᠳᠡᠯᠡᠯᠲᠡ ᠬᠠᠷᠭᠤᠭᠤᠯᠤᠯᠲᠠ ᠶᠢᠨ ᠠᠳᠠᠯᠢᠳᠬᠠᠯ ᠵᠡᠷᠭᠡ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠨᠠᠷᠢᠨ ᠰᠣᠨᠣᠰᠴᠣ᠂ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ ᠳᠣᠭᠤᠶᠢᠯᠠᠩ ᠤᠨ ᠳᠣᠷᠠᠳᠣᠭᠰᠠᠨ ᠰᠠᠨᠠᠯ ᠰᠠᠨᠠᠭᠤᠯᠭ᠎ᠠ ᠪᠠ ᠣᠳᠣᠬᠠᠨ ᠳᠤ ᠣᠷᠣᠰᠢᠵᠦ ᠪᠠᠶᠢᠭ᠎ᠠ ᠠᠰᠠᠭᠤᠳᠠᠯ ᠢ ᠠᠬᠤᠢ ᠲᠠᠯᠠᠪᠠᠢ ᠳᠤ ᠰᠣᠳᠣᠯᠣᠨ ᠰᠢᠢᠳᠪᠦᠷᠢᠯᠡᠵᠦ ᠨᠠᠶᠢᠲᠠᠪᠤᠷᠢᠵᠢᠭᠤᠯᠪᠠ᠃
         
    ᠶᠠᠩ ᠶᠢᠩ ᠰᠢᠨ ᠨᠣᠲᠤᠭ ᠲᠤ ᠪᠠᠨ ᠪᠤᠴᠠᠭᠰᠠᠨ ᠭᠤᠤᠯᠳᠠᠯᠭᠠᠲᠤ ᠳᠦᠭᠰᠢᠬᠦᠷᠢ ᠲᠠᠢ ᠬᠦᠮᠦᠰ ᠤᠨ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ ᠪᠠ ᠳ᠋ᠠᠶᠢᠲ᠋ᠠ ᠶᠢᠨ ᠮᠡᠳᠡᠭᠡ ᠵᠠᠩᠬᠢ ᠶᠢᠨ ᠬᠠᠮᠲᠤ ᠡᠳᠡᠯᠡᠯᠲᠡ ᠬᠠᠷᠭᠤᠭᠤᠯᠤᠯᠲᠠ ᠶᠢᠨ ᠠᠳᠠᠯᠢᠳᠬᠠᠯ ᠵᠡᠷᠭᠡ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠨᠠᠷᠢᠨ ᠰᠣᠨᠣᠰᠪᠠ᠃
         
    ᠶᠠᠩ ᠶᠢᠩ ᠰᠢᠨ ᠬᠤᠲᠠ ᠶᠢᠨ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ ᠤᠨ ᠳᠡᠳ᠋ ᠡᠷᠬᠢᠯᠡᠭᠴᠢ ᠱᠢ ᠹᠧᠩ ᠲᠠᠢ ᠬᠦᠨᠵᠡᠬᠡᠢ ᠶᠠᠷᠢᠯᠴᠠᠪᠠ᠃
         
    ᠶᠠᠩ ᠶᠢᠩ ᠰᠢᠨ ᠳᠠᠬᠤᠯ ᠡᠪᠡᠳᠴᠢᠨ ᠤ ᠮᠦᠷᠳᠡᠨ ᠪᠠᠶᠢᠴᠠᠭᠠᠯᠲᠠ ᠶᠢᠨ ᠲᠦᠪᠯᠡᠷᠡᠩᠬᠦᠢ ᠠᠯᠪᠠᠯᠠᠬᠤ ᠴᠡᠭ ᠲᠤ᠂ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ ᠳᠣᠭᠤᠶᠢᠯᠠᠩ ᠤᠨ ᠳᠣᠷᠠᠳᠣᠭᠰᠠᠨ ᠰᠠᠨᠠᠯ ᠰᠠᠨᠠᠭᠤᠯᠭ᠎ᠠ ᠶᠢᠨ ᠲᠤᠭᠤᠷᠢᠨ ᠳᠤ ᠬᠢᠨᠠᠨ ᠵᠢᠯᠤᠭᠤᠳᠴᠣ ᠨᠠᠶᠢᠲᠠᠪᠤᠷᠢᠵᠢᠭᠤᠯᠪᠠ᠃     ᠬᠤᠰᠢᠭᠤ ᠣᠳᠣᠷᠢᠳᠣᠯᠭ᠎ᠠ ᠸᠧᠢ ᠵᠧᠨ ᠰᠢᠦᠸᠡᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号