ᠶᠠᠩ ᠶᠢᠩ ᠰᠢᠨ ᠪᠠᠶᠢᠴᠠᠭᠠᠯᠲᠠ ᠶᠢᠨ ᠴᠡᠭ ᠤᠨ ᠬᠠᠮᠢᠶᠠᠷᠤᠯᠲᠠ ᠡᠵᠡᠮᠳᠡᠯ ᠪᠠ ᠵᠠᠮ ᠬᠠᠷᠢᠯᠴᠠᠭᠠᠨ ᠤ ᠨᠡᠪᠲᠡᠷᠡᠯᠴᠡᠭᠡ ᠶᠢ ᠪᠠᠲᠤᠯᠠᠬᠤ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2022/10/11
    10 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠪᠠᠶᠢᠴᠠᠭᠠᠯᠲᠠ ᠶᠢᠨ ᠴᠡᠭ ᠤᠨ ᠬᠠᠮᠢᠶᠠᠷᠤᠯᠲᠠ ᠡᠵᠡᠮᠳᠡᠯ᠂ ᠵᠠᠮ ᠬᠠᠷᠢᠯᠴᠠᠭᠠᠨ ᠤ ᠨᠡᠪᠲᠡᠷᠡᠯᠴᠡᠭᠡ ᠶᠢ ᠪᠠᠲᠤᠯᠠᠬᠤ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠪᠠ᠃
         
    ᠶᠠᠩ ᠶᠢᠩ ᠰᠢᠨ ᠶᠡᠭᠡ ᠰᠢᠬᠢᠷ ᠪᠠᠶᠢᠴᠠᠭᠠᠯᠲᠠ ᠶᠢᠨ ᠴᠡᠭ ᠲᠤ ᠬᠦᠷᠴᠦ ᠪᠠᠶᠢᠴᠠᠭᠠᠯᠲᠠ ᠶᠢᠨ ᠴᠡᠭ ᠤᠨ ᠳᠠᠷᠤᠭᠠᠴᠢ ᠶᠢᠨ ᠳᠦᠷᠢᠮ ᠤᠨ ᠨᠠᠶᠢᠲᠠᠪᠤᠷᠢᠵᠢᠭᠤᠯᠤᠯᠲᠠ᠂ ᠵᠢᠵᠢᠬᠦᠷᠯᠡᠨ ᠰᠠᠬᠢᠬᠤ ᠬᠦᠴᠦᠨ ᠤ ᠲᠤᠬᠢᠷᠠᠭᠤᠯᠤᠯᠲᠠ᠂ ᠲᠡᠷᠭᠡ ᠮᠠᠰᠢᠨ ᠤ ᠰᠠᠭᠠᠲᠠᠯᠲᠠ ᠶᠢᠨ ᠬᠢᠨᠠᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠶᠠᠩ ᠶᠢᠩ ᠰᠢᠨ ᠣᠷᠢᠳ ᠬᠤᠵᠢᠳ ᠶᠡᠭᠡ ᠰᠢᠬᠢᠷ ᠪᠠᠶᠢᠴᠠᠭᠠᠯᠲᠠ ᠶᠢᠨ ᠴᠡᠭ᠂ ᠱᠢ ᠶᠢᠦ ᠡᠨᠧᠷᠬᠢ ᠶᠢᠨ LNG ᠬᠡᠢ ᠨᠡᠮᠡᠬᠦ ᠦᠷᠲᠡᠭᠡ᠂ ᠽᠦᠨ ᠱᠣ᠋ ᠴᠢᠯᠠᠭᠤᠨ ᠲᠤᠰᠤ ᠰᠢᠲᠠᠮᠠᠬᠠᠢ ᠬᠡᠢ ᠶᠢ ᠢᠵᠢ ᠴᠤᠭᠴᠠᠵᠢᠭᠤᠯᠤᠭᠰᠠᠨ ᠦᠷᠲᠡᠭᠡᠨ ᠳᠤ ᠬᠦᠨᠵᠡᠬᠡᠶᠢᠷᠡᠵᠦ᠂ ᠪᠠᠶᠢᠴᠠᠭᠠᠯᠲᠠ ᠶᠢᠨ ᠴᠡᠭ ᠤᠨ ᠳᠠᠷᠤᠭᠠᠴᠢ ᠶᠢᠨ ᠳᠦᠷᠢᠮ ᠤᠨ ᠨᠠᠶᠢᠲᠠᠪᠤᠷᠢᠵᠢᠭᠤᠯᠤᠯᠲᠠ᠂ ᠵᠢᠵᠢᠬᠦᠷᠯᠡᠨ ᠰᠠᠬᠢᠬᠤ ᠬᠦᠴᠦᠨ ᠤ ᠲᠤᠬᠢᠷᠠᠭᠤᠯᠤᠯᠲᠠ᠂ ᠲᠡᠷᠭᠡ ᠮᠠᠰᠢᠨ ᠤ ᠰᠠᠭᠠᠲᠠᠯᠲᠠ  ᠶᠢᠨ ᠬᠢᠨᠠᠨ ᠬᠠᠮᠢᠶᠠᠷᠤᠯᠲᠠ ᠪᠠ ᠦᠢᠯᠡᠴᠢᠯᠡᠬᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠪᠠᠶᠢᠴᠠᠭᠠᠯᠲᠠ ᠶᠢᠨ ᠴᠡᠭ ᠤᠨ ᠬᠢᠨ ᠬᠠᠮᠢᠶᠠᠷᠤᠯᠲᠠ ᠡᠵᠡᠮᠳᠡᠯ ᠤᠨ ᠪᠠᠷᠢᠮᠵᠢᠶ᠎ᠠ ᠶᠢ ᠴᠢᠩᠭ᠎ᠠ ᠨᠠᠶᠢᠲᠠᠪᠤᠷᠢᠵᠢᠭᠤᠯᠤᠨ᠂ ︽ᠣᠷᠣᠵᠣ ᠭᠠᠷᠬᠤ ᠪᠤᠭᠤᠮᠲᠠ︾ ᠶᠢ ᠪᠦᠬᠦ ᠬᠦᠴᠦᠨ ᠢᠶᠠᠷ ᠴᠢᠩᠭ᠎ᠠ ᠠᠳᠬᠤᠵᠤ᠂ ︽ᠠᠮᠣᠷ ᠳᠦᠪᠰᠢᠨ ᠤ ᠡᠬᠦᠳᠡ︾ ᠶᠢ ᠰᠠᠶᠢᠲᠤᠷ ᠰᠠᠬᠢᠬᠤ ᠬᠡᠷᠡᠭᠲᠡᠢ᠃ ᠠᠵᠢᠯ ᠤᠨ ᠨᠢᠬᠡᠳᠦᠯᠲᠡᠢ ᠲᠦᠯᠦᠪᠵᠢᠬᠦᠯᠦᠯᠲᠡ ᠶᠢ ᠴᠢᠩᠭᠠᠳᠬᠠᠨ᠂ ᠣᠶᠢᠷ᠎ᠠ ᠬᠠᠪᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ ᠪᠠᠶᠢᠳᠠᠯ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ᠂ ᠲᠡᠷᠭᠡ ᠮᠠᠰᠢᠨ ᠤ ᠨᠢᠭᠲᠠᠴᠠ ᠶᠢ ᠰᠠᠶᠢᠲᠤᠷ ᠠᠩᠬᠠᠷᠴᠣ᠂ ᠪᠠᠶᠢᠴᠠᠭᠠᠯᠲᠠ ᠶᠢᠨ ᠴᠡᠭ ᠤᠨ ᠪᠤᠲᠠᠲᠠᠢ ᠲᠠᠢ ᠣᠶᠠᠯᠳᠣᠭᠤᠯᠣᠨ᠂ ᠠᠷᠭ᠎ᠠ ᠠᠪᠴᠠᠯ ᠤᠨ ᠲᠤᠬᠢᠷᠠᠭᠤᠯᠤᠯᠲᠠ ᠶᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠳ᠋ᠠᠶᠢᠲ᠋ᠠ ᠶᠢᠨ ᠠᠷᠭ᠎ᠠ ᠪᠠᠷᠢᠯ ᠢ ᠬᠦᠢᠴᠡᠳ ᠠᠰᠢᠭᠯᠠᠵᠤ᠂ ᠮᠠᠨ ᠤ ᠬᠤᠰᠢᠭᠤ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠡᠯᠡᠵᠦ᠂ ᠢᠷᠡᠵᠦ ᠶᠠᠪᠤᠬᠤ ᠲᠡᠷᠭᠡ ᠮᠠᠰᠢᠨ ᠢ ᠵᠢᠯᠤᠭᠤᠳᠤᠨ ᠵᠠᠮ ᠱᠣᠭᠤᠮ ᠢ ᠨᠢ ᠵᠦᠢ ᠵᠣᠬᠢᠰᠲᠠᠢ ᠲᠤᠬᠢᠷᠠᠭᠤᠯᠤᠨ᠂ ᠡᠮᠬᠢᠲᠡᠢ ᠨᠡᠪᠲᠡᠷᠡᠯᠴᠡᠬᠦ ᠶᠢ ᠳᠦᠷᠢᠮᠵᠢᠬᠦᠯᠬᠦ ᠬᠡᠷᠡᠭᠲᠡᠢ᠃ ᠠᠵᠢᠯ ᠤᠨ ᠬᠦᠴᠦᠨ ᠢᠶᠠᠨ ᠨᠢᠭᠡᠳᠦᠯᠲᠡᠢ ᠲᠦᠯᠦᠪᠵᠢᠬᠦᠯᠵᠦ᠂ ᠬᠤᠰᠢᠭᠤ ᠬᠢᠵᠠᠭᠠᠷ  ᠢᠶᠠᠷ ᠦᠩᠭᠡᠷᠡᠬᠦ ᠲᠡᠷᠬᠡ ᠮᠠᠰᠢᠨ ᠤ ᠪᠢᠲᠡᠬᠦᠦ ᠬᠠᠮᠢᠶᠠᠷᠤᠯᠲᠠ ᠶᠢ ᠴᠢᠩᠭᠠᠳᠬᠠᠨ᠂ ᠴᠢᠯᠠᠭᠤᠨ ᠲᠤᠰᠤ ᠰᠢᠲᠠᠮᠠᠬᠠᠢ ᠬᠡᠢ  ᠶᠢᠨ ᠦᠷᠲᠡᠭᠡ ᠶᠢ ᠵᠢᠯᠤᠭᠤᠳᠤᠨ ᠬᠠᠮᠢᠶᠠᠷᠤᠯᠲᠠ ᠡᠵᠡᠮᠳᠡᠯ ᠢ ᠨᠢ ᠰᠠᠶᠢᠲᠤᠷ ᠬᠢᠯᠬᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠠᠯ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠬᠤ ᠬᠡᠷᠡᠭᠲᠡᠢ᠃ ᠠᠵᠢᠯᠲᠠᠨ ᠪᠠ ᠡᠳ᠋ ᠪᠠᠷᠠᠭᠠᠨ ᠤ ᠬᠦᠴᠦᠨ ᠢ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠤᠨ᠂ ᠪᠠᠶᠢᠴᠠᠭᠠᠯᠲᠠ ᠶᠢᠨ ᠴᠡᠭ ᠤᠨ ᠵᠢᠵᠢᠬᠦᠷᠯᠡᠨ ᠰᠠᠬᠢᠬᠤ ᠠᠵᠢᠯ ᠣᠷᠣᠭᠰᠢᠲᠠᠢ ᠮᠦᠷᠲᠡᠭᠡᠨ ᠡᠮᠬᠢᠲᠡᠢ ᠶᠠᠪᠤᠭᠳᠠᠬᠤ ᠶᠢ ᠪᠠᠲᠤᠯᠠᠬᠤ ᠶᠢᠨ ᠬᠠᠮᠲᠤ ᠠᠵᠢᠯᠲᠠᠳ ᠲᠤ ᠰᠡᠷᠬᠡᠶᠢᠯᠡᠨ ᠬᠠᠮᠠᠭᠠᠯᠠᠬᠤ ᠠᠷᠭ᠎ᠠ ᠠᠪᠴᠠᠯ ᠢᠶᠠᠨ ᠰᠠᠶᠢᠲᠤᠷ ᠬᠢᠵᠦ᠂ ᠲᠤᠰ ᠪᠡᠶ᠎ᠡ ᠶᠢᠨ ᠠᠮᠣᠷ ᠳᠦᠪᠰᠢᠨ ᠢᠶᠠᠨ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
         
    ᠶᠠᠩ ᠶᠢᠩ ᠰᠢᠨ ᠲᠤᠲᠤᠭᠠᠲᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠵᠦᠪᠳᠡᠯᠴᠡᠵᠦ ᠰᠣᠳᠣᠯᠣᠨ ᠮᠠᠭᠠᠳᠯᠠᠪᠠ᠃     ᠬᠢᠨᠠᠨ ᠵᠢᠯᠤᠭᠤᠳᠴᠤ ᠳᠠᠭᠤᠰᠣᠭᠰᠠᠨ ᠤ ᠳᠠᠷᠠᠭ᠎ᠠ᠂ ᠢᠯᠡᠷᠡᠬᠦᠯᠦᠭᠰᠡᠨ ᠲᠦᠪᠡᠭᠲᠡᠢ ᠵᠦᠢᠯ᠂ ᠬᠦᠴᠢᠷ ᠠᠰᠠᠭᠤᠳᠠᠯ ᠳᠤ ᠴᠢᠭᠯᠡᠬᠦᠯᠦᠨ᠂ ᠶᠠᠩ ᠶᠢᠩ ᠰᠢᠨ ᠲᠤᠲᠤᠭᠠᠲᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠵᠦᠪᠳᠡᠯᠴᠡᠵᠦ ᠰᠣᠳᠣᠯᠣᠨ ᠮᠠᠭᠠᠳᠯᠠᠵᠤ᠂ ᠪᠢᠲᠡᠬᠦᠦ ᠬᠠᠮᠢᠶᠠᠷᠤᠯᠲᠠ ᠶᠢ ᠰᠠᠶᠢᠲᠤᠷ ᠬᠢᠨ᠂ ᠠᠴᠢᠶᠠᠨ ᠤ ᠮᠠᠰᠢᠨ ᠤ ᠲᠤᠰᠤ᠂ ᠬᠡᠢ ᠨᠡᠮᠡᠬᠦ ᠦᠢᠯᠡᠴᠢᠯᠡᠬᠡᠨ ᠤ ᠪᠠᠲᠤᠯᠠᠭ᠎ᠠ ᠶᠢ ᠴᠢᠩᠭᠠᠳᠬᠠᠵᠤ᠂ ᠠᠴᠢᠶᠠᠨ ᠤ ᠲᠡᠷᠭᠡ ᠮᠠᠰᠢᠨ ᠪᠠ ᠵᠢᠯᠤᠭᠤᠴᠢ ᠶᠢᠨ ᠮᠡᠳᠡᠭᠡ ᠵᠠᠩᠭᠢ ᠶᠢ ᠨᠠᠷᠢᠯᠢᠭ ᠣᠨᠣᠪᠴᠢᠲᠠᠢ ᠬᠠᠷᠭᠤᠭᠤᠯᠤᠨ ᠪᠠᠶᠢᠴᠠᠭᠠᠵᠤ᠂ ᠬᠢᠵᠢᠭ ᠤᠨ ᠪᠠᠶᠢᠳᠠᠯ ᠭᠠᠳᠠᠨ᠎ᠠ ᠠᠴᠠ ᠣᠷᠣᠵᠣ ᠢᠷᠡᠬᠦ ᠳᠦᠭᠰᠢᠬᠦᠷᠢ ᠪᠠ ᠠᠯᠳᠠᠰᠢ ᠶᠢ ᠡᠷᠡᠰ ᠬᠤᠷᠢᠭᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠸᠧᠢ ᠵᠧᠨ ᠰᠢᠦᠸᠡᠨ᠂ ᠱᠢ ᠬᠤᠢ ᠵᠢᠴᠢ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号