ᠪᠣᠷᠣᠪᠠᠯᠭᠠᠰᠣ ᠪᠠᠯᠭᠠᠰᠣ ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠬᠤ ᠣᠶᠢᠯᠠᠳᠪᠦᠷᠢ ᠪᠠᠷ ᠠᠵᠣ ᠣᠶᠢᠯᠠᠰ ᠤᠨ ︽ᠬᠤᠷᠠᠯᠳᠠ︾ ᠠᠴᠠ ︽ᠦᠷᠠᠯᠳᠠ︾ ᠲᠡᠶᠢᠰᠢᠬᠢ ᠬᠤᠪᠢᠷᠠᠭᠤᠯᠣᠯᠳᠠ ᠶᠢ ᠲᠠᠶᠢᠴᠢᠯᠠᠪᠠ
ᠨᠡᠶᠢᠲᠡᠯᠡᠭᠰᠡᠨ ᠴᠠᠭ᠄
2022/10/12
    ᠣᠶᠢᠷ᠎ᠠ ᠶᠢᠨ ᠡᠳᠦᠷ᠂ ᠣᠷᠳᠣᠰ ᠬᠤᠳᠠ ᠶᠢᠨ ᠰᠠᠨ ᠨᠢᠦ ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠬᠤ ᠣᠶᠢᠯᠠᠳᠪᠦᠷᠢ ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠵᠣ ᠡᠬᠢᠯᠡᠨ᠂ ᠵᠡᠭᠡᠷᠭᠡᠨᠡᠳᠦ ᠲᠣᠰᠬᠤᠨ ᠵᠢᠴᠢ ᠣᠶᠢᠷ᠎ᠠ ᠬᠠᠪᠢ ᠶᠢᠨ ᠭᠠᠴᠠᠭ᠎ᠠ ᠲᠣᠰᠬᠤᠨ ᠤ ᠲᠠᠷᠢᠶᠠᠴᠢᠳ ᠦᠪᠡᠷ ᠤᠨ ᠲᠠᠷᠢᠭᠰᠠᠨ ᠴᠠᠭᠠᠨ ᠯᠣᠣᠪᠠᠩ᠂ ᠯᠠᠵᠣᠣ᠂ ᠴᠠᠭᠠᠨ ᠨᠣᠭᠤᠭ᠎ᠠ ᠵᠡᠷᠭᠡ ᠪᠠᠨ ᠠᠪᠴᠢᠷᠠᠨ ᠪᠣᠷᠣᠯᠠᠭᠤᠯᠵᠣ ᠪᠠᠶᠢᠯ᠎ᠠ᠃ ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠬᠤ ᠣᠶᠢᠯᠠᠳᠪᠦᠷᠢ ᠨᠢ ᠴᠠᠭᠠᠨ ᠯᠣᠣᠪᠠᠩ᠂ ᠯᠠᠵᠣᠣ᠂ ᠴᠠᠭᠠᠨ ᠨᠣᠭᠤᠭ᠎ᠠ ᠵᠡᠷᠭᠡ ᠶᠢ ᠣᠰᠣ ᠦᠭᠡᠶᠢᠳᠡᠭᠦᠯᠬᠦ ᠪᠠᠷ ᠭᠤᠣᠯᠯᠠᠵᠣ᠂ ᠣᠬᠢᠶᠠᠬᠤ᠂ ᠬᠡᠷᠴᠢᠬᠦ᠂ ᠠᠷᠢᠯᠭᠠᠬᠤ᠂ ᠣᠰᠣ ᠦᠭᠡᠶᠢᠳᠡᠭᠦᠯᠬᠦ᠂ ᠬᠠᠭᠰᠠᠭᠠᠬᠤ ᠵᠡᠷᠭᠡ ᠪᠣᠯᠪᠠᠰᠣᠷᠠᠭᠤᠯᠣᠯᠳᠠ ᠶᠢᠨ ᠶᠠᠪᠣᠴᠠ ᠪᠠᠷ ᠲᠠᠮᠵᠢᠭᠤᠯᠣᠨ ᠣᠭ ᠦᠨᠦᠷ ᠠᠮᠳᠠ ᠰᠢᠮ᠎ᠡ ᠲᠡᠵᠢᠭᠡᠯ ᠢᠶᠠᠨ ᠬᠠᠳᠠᠭᠠᠯᠠᠭᠰᠠᠨ ᠬᠠᠭᠤᠷᠢ ᠨᠣᠭᠤᠭ᠎ᠠ ᠪᠣᠯᠭᠠᠵᠣ᠂ ᠵᠢᠯ ᠳᠤ 5 ᠲᠦᠮᠠᠨ ᠲᠣᠨ ᠨᠣᠭᠤᠭ᠎ᠠ ᠶᠢ ᠣᠰᠣ ᠦᠭᠡᠶᠢᠳᠡᠭᠦᠯᠦᠨ ᠪᠣᠯᠪᠠᠰᠣᠷᠠᠭᠤᠯᠬᠤ ᠪᠠᠷ ᠪᠣᠢ᠃     ᠬᠡᠪᠴᠢᠶᠡᠵᠢᠭᠦᠯᠦᠨ ᠲᠠᠷᠢᠵᠣ ᠲᠠᠷᠢᠶᠠᠯᠠᠩ ᠤᠨ ᠪᠦᠳᠦᠭᠡᠭᠳᠡᠭᠦᠨ ᠢ ᠪᠣᠯᠪᠠᠰᠣᠷᠠᠭᠤᠯᠬᠤ ᠲᠦᠷᠦᠯ ᠵᠣᠶᠢᠯ ᠢ ᠲᠠᠳᠠᠨ ᠠᠪᠴᠢᠷᠠᠪᠠ     ᠵᠡᠭᠡᠷᠭᠡᠨᠡᠳᠦ ᠲᠣᠰᠬᠤᠨ ᠭᠠᠵᠠᠷ ᠰᠢᠷᠣᠢ ᠪᠠᠨ ᠬᠠᠮᠳᠣᠳᠬᠠᠨ ᠴᠠᠭᠠᠨ ᠯᠣᠣᠪᠠᠩ᠂ ᠯᠠᠵᠣᠣ᠂ ᠯᠠᠩᠭᠤᠸᠠ᠂ ᠴᠠᠭᠠᠨ ᠨᠣᠭᠤᠭ᠎ᠠ ᠶᠢ ᠲᠦᠪᠯᠡᠷᠡᠩᠭᠦᠢ ᠲᠠᠷᠢᠵᠣ᠂ ᠣᠨᠴᠠᠭᠠᠶᠢᠯᠠᠨ ᠴᠠᠭᠠᠨ ᠯᠣᠣᠪᠠᠩ ᠤᠨ ᠲᠠᠯᠠᠪᠠᠢ 5000 ᠭᠠᠷᠣᠢ ᠮᠣ᠋ ᠳᠤ ᠬᠦᠷᠪᠡ᠃ ᠡᠶᠢᠮᠦᠷᠬᠦᠣ ᠬᠡᠪᠴᠢᠶᠡᠵᠢᠭᠦᠯᠦᠨ ᠲᠠᠷᠢᠬᠤ ᠠᠷᠭ᠎ᠠ ᠨᠢ ᠵᠡᠭᠡᠷᠭᠡᠨᠡᠳᠦ ᠲᠣᠰᠬᠤᠨ ᠤ ᠲᠠᠷᠢᠮᠠᠯ ᠢ ᠡᠷᠴᠢᠮᠵᠢᠭᠦᠯᠦᠨ᠂ ᠨᠡᠷᠡᠳᠦ ᠲᠡᠮᠳᠡᠭ ᠤᠨ ᠬᠡᠪᠴᠢᠶᠡᠵᠢᠭᠦᠯᠦᠯᠳᠠ ᠶᠢ ᠪᠡᠶᠡᠯᠡᠭᠦᠯᠦᠭᠰᠡᠨ ᠮᠦᠷᠳᠡᠭᠡᠨ ᠵᠡᠭᠡᠷᠭᠡᠨᠡᠳᠦ ᠲᠣᠰᠬᠤᠨ ᠢᠶᠠᠷ ᠲᠦᠪ ᠪᠣᠯᠭᠠᠨ ᠣᠶᠢᠷ᠎ᠠ ᠬᠠᠪᠢ ᠶᠢᠨ ᠭᠠᠴᠠᠭ᠎ᠠ ᠲᠣᠰᠬᠤᠨ ᠶᠡᠭᠡ ᠬᠡᠪᠴᠢᠶ᠎ᠡ ᠪᠠᠷ ᠯᠠᠵᠣᠣ᠂ ᠯᠣᠣᠪᠠᠩ ᠵᠡᠷᠭᠡ ᠨᠣᠭᠤᠭ᠎ᠠ ᠲᠠᠷᠢᠬᠤ ᠶᠢ ᠲᠠᠭᠠᠭᠤᠯᠣᠨ ᠲᠠᠶᠢᠴᠢᠯᠠᠵᠣ᠂ ᠪᠦᠬᠦ ᠪᠠᠯᠭᠠᠰᠣᠨ ᠤ ᠵᠢᠮᠢᠰ ᠨᠣᠭᠤᠭ᠎ᠠ ᠶᠢᠨ ᠲᠠᠷᠢᠮᠠᠯ ᠤᠨ ᠪᠦᠬᠦ ᠠᠵᠣ ᠣᠶᠢᠯᠠᠰ ᠤᠨ ᠬᠡᠯᠬᠢᠶᠡᠵᠢᠯ ᠪᠣᠯᠣᠨ ᠬᠡᠪᠴᠢᠶᠡᠵᠢᠯ ᠤᠨ ᠪᠦᠷᠢᠯᠳᠦᠯ ᠢ ᠠᠬᠢᠭᠤᠯᠣᠭᠰᠠᠨ  ᠠᠴᠠ ᠮᠠᠯ ᠲᠠᠷᠢᠶᠠᠯᠠᠩ ᠤᠨ ᠪᠦᠳᠦᠭᠡᠭᠳᠡᠭᠦᠨ ᠪᠣᠯᠪᠠᠰᠣᠷᠠᠭᠤᠯᠬᠤ ᠠᠵᠣ ᠠᠬᠤᠶᠢᠯᠠᠯ ᠤᠳ ᠬᠦᠷᠦᠯᠴᠡᠨ ᠢᠷᠡᠵᠣ᠂ ᠪᠡᠯᠡ ᠣᠷᠣᠭᠤᠯᠣᠨ ᠣᠷᠣᠨ ᠨᠣᠳᠤᠭ ᠠᠵᠣ ᠠᠬᠤᠶᠢᠯᠠᠯ ᠤᠨ ᠬᠠᠮᠳᠣᠷᠠᠯᠴᠠᠭ᠎ᠠ ᠪᠠᠷ ᠬᠠᠮᠳᠦ ᠠᠰᠢᠭ ᠬᠦᠷᠳᠡᠭᠰᠡᠨ ᠪᠠᠶᠢᠨ᠎ᠠ᠃     ᠵᠡᠭᠡᠷᠭᠡᠨᠡᠳᠦ ᠲᠣᠰᠬᠤᠨ ᠬᠤᠳᠠ ᠶᠢᠨ ᠲᠡᠰ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ︽ᠲᠠᠪᠣᠨ ᠣᠳᠣᠨ︾ ᠲᠡᠰ ᠤᠨ ᠵᠢᠱᠢᠶ᠎ᠡ ᠦᠵᠡᠭᠦᠯᠬᠦ ᠲᠣᠰᠬᠤᠨ ᠤ ᠬᠤᠪᠢ ᠳᠤ᠂ ᠪᠣᠷᠣᠪᠠᠯᠭᠠᠰᠦ ᠪᠠᠯᠭᠠᠰᠣᠨ ᠤ ︽ᠨᠢᠭᠡ ᠨᠡᠷᠡᠳᠦ ᠲᠡᠮᠳᠡᠭ᠂ ᠬᠤᠶᠠᠷ ᠲᠠᠶᠢᠴᠢᠯᠠᠯᠳᠠ᠂ ᠭᠤᠷᠪᠠᠨ ᠲᠣᠭᠤᠷᠢᠭ︾ ᠤᠨ ᠠᠵᠣ ᠣᠶᠢᠯᠠᠰ ᠤᠨ ᠬᠦᠭᠵᠢᠯᠳᠡ  ᠶᠢᠨ ᠪᠠᠶᠢᠷᠢᠯᠠᠭᠤᠯᠣᠯᠳᠠ ᠶᠢᠨ ᠲᠣᠭᠤᠷᠢᠨ ᠳᠤ ᠲᠣᠰᠬᠤᠨ ᠤ ᠬᠦᠭᠵᠢᠭᠦᠯᠦᠯᠳᠡ ᠪᠠᠨ ᠲᠦᠯᠦᠪᠵᠢᠭᠦᠯᠵᠣ᠂ ᠣᠨᠴᠠᠯᠢᠭᠳᠦ ᠲᠠᠷᠢᠶᠠᠯᠠᠩ ᠤᠨ ᠪᠦᠳᠦᠭᠡᠭᠳᠡᠭᠦᠨ ᠤ ᠡᠬᠢ ᠪᠠᠶᠠᠯᠢᠭ ᠤᠨ ᠲᠠᠪᠠᠭᠤᠯᠢᠭ ᠲᠤ ᠪᠠᠨ ᠲᠦᠰᠢᠭᠯᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠵᠣ᠂ ᠬᠠᠳᠠᠭᠠᠯᠠᠬᠤ ᠪᠣᠯᠪᠠᠰᠣᠷᠠᠭᠤᠯᠬᠤ᠂ ᠬᠦᠷᠦᠬᠡᠨ ᠲᠠᠮᠵᠢᠭᠤᠯᠬᠤ ᠭᠦᠢᠯᠭᠡᠭᠡ᠂ ᠮᠠᠯ ᠲᠠᠷᠢᠶᠠᠯᠠᠩ ᠤᠨ ᠠᠷᠠᠯᠵᠢᠶ᠎ᠡ ᠵᠡᠷᠭᠡ ᠣᠯᠠᠨ ᠲᠦᠷᠦᠯ ᠤᠨ ᠠᠵᠢᠯ ᠦᠷᠨᠢᠭᠦᠯᠦᠨ᠂ ᠵᠡᠭᠡᠷᠭᠡᠨᠡᠳᠦ ᠲᠣᠰᠬᠤᠨ ᠳᠤ ᠪᠠᠨ ᠰᠢᠨ᠎ᠡ ᠰᠣᠷᠭᠤᠭ ᠢᠶᠠᠷ ᠬᠠᠳᠠᠭᠠᠯᠠᠬᠤ᠂ ᠵᠠᠬ᠎ᠠ ᠲᠡᠯᠭᠡᠭᠦᠷ ᠳᠤ ᠠᠷᠢᠯᠵᠢᠶᠠᠯᠠᠬᠤ ᠶᠢ ᠴᠣᠭᠴᠠᠵᠢᠭᠤᠯᠣᠭᠰᠠᠨ ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠬᠤ ᠲᠦᠷᠦᠯ ᠵᠣᠶᠢᠯ ᠢ ᠬᠡᠷᠡᠭᠵᠢᠭᠦᠯᠵᠣ᠂ ᠰᠠᠨ ᠨᠢᠦ ᠣᠰᠣ ᠦᠭᠡᠶᠢᠳᠡᠭᠦᠯᠦᠭᠰᠡᠨ ᠨᠣᠭᠤᠭ᠎ᠠ ᠬᠠᠭᠰᠠᠭᠠᠬᠤ ᠣᠶᠢᠯᠠᠳᠪᠦᠷᠢ ᠶᠢ ᠣᠷᠣᠭᠤᠯᠣᠨ ᠠᠪᠴᠢᠷᠠᠵᠣ᠂ ᠲᠡᠳᠡᠨ ᠤ ᠪᠣᠯᠪᠠᠰᠣᠷᠠᠭᠤᠯᠬᠤ᠂ ᠬᠠᠳᠠᠭᠠᠯᠠᠬᠤ ᠮᠡᠷᠭᠡᠵᠢᠯ ᠢᠶᠠᠷ ᠵᠢᠮᠢᠰ ᠨᠣᠭᠤᠭ᠎ᠠ ᠶᠢᠨ ᠠᠵᠣ ᠣᠶᠢᠯᠠᠰ ᠤᠨ ᠬᠡᠯᠬᠢᠶᠡᠵᠢᠯ ᠢᠶᠠᠨ ᠣᠷᠳᠣᠳᠬᠠᠨ᠂ ᠢᠳᠡᠰᠢᠨ ᠨᠣᠭᠤᠭᠠᠨ  ᠤ ᠵᠠᠬ᠎ᠠ ᠲᠡᠯᠭᠡᠭᠦᠷ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠬᠢ ᠶᠢ ᠲᠡᠭᠡᠭᠰᠢᠡᠯᠭᠦᠯᠵᠣ᠂ ᠠᠵᠣ ᠣᠶᠢᠯᠠᠰ ᠤᠨ ᠬᠡᠯᠬᠢᠶᠡᠵᠢᠯ ᠤᠨ ᠲᠣᠣᠷ᠎ᠠ ᠲᠦᠪᠰᠢᠨ ᠠᠴᠠ ᠦᠨᠳᠦᠷ ᠲᠦᠪᠰᠢᠨ ᠲᠡᠶᠢᠰᠢᠬᠢ ᠬᠤᠪᠢᠷᠠᠭᠤᠯᠣᠯᠳᠠ ᠶᠢ ᠪᠡᠶᠡᠯᠡᠭᠦᠯᠦᠨ᠂ ᠪᠦᠬᠦ ᠪᠠᠯᠭᠠᠰᠣᠨ ᠤ ᠢᠳᠡᠰᠢᠨ ᠨᠣᠭᠤᠭᠠᠨ ᠤ ᠠᠵᠣ ᠣᠶᠢᠯᠠᠰ ᠤᠨ ᠡᠷᠴᠢᠮᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠠᠵᠣ ᠣᠶᠢᠯᠠᠰᠵᠢᠭᠰᠠᠨ ᠬᠦᠭᠵᠢᠯᠳᠡ ᠶᠢ ᠲᠠᠶᠢᠴᠢᠯᠠᠭᠰᠠᠨ ᠪᠠᠶᠢᠨ᠎ᠠ᠃     ᠵᠡᠭᠡᠷᠭᠡᠨᠡᠳᠦ ᠲᠣᠰᠬᠤᠨ ᠤ ᠨᠠᠮ ᠤᠨ ᠡᠭᠦᠷ ᠤᠨ ᠱᠦᠵᠢ ᠸᠧᠢ ᠶᠤᠸᠠᠨ᠄ ︽ᠣᠰᠣ ᠦᠭᠡᠶᠢᠳᠡᠭᠦᠯᠦᠭᠰᠡᠨ ᠨᠣᠭᠤᠭ᠎ᠠ ᠨᠢ ᠰᠣᠷᠭᠤᠭ ᠨᠣᠭᠤᠭ᠎ᠠ ᠶᠢ ᠬᠠᠳᠠᠭᠠᠯᠠᠬᠤ᠂ ᠵᠦᠭᠡᠭᠡᠪᠦᠷᠢᠯᠡᠭᠦ ᠶᠠᠪᠣᠴᠠ ᠳᠠᠬᠢ ᠪᠣᠳᠠᠳᠠᠢ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠨ᠂ ᠭᠠᠷᠣᠯᠳᠠ ᠶᠢᠨ ᠬᠤᠮᠰᠠ ᠡᠯᠪᠡᠭ ᠣᠯᠠᠷᠢᠯ ᠢ ᠵᠣᠬᠢᠴᠠᠭᠤᠯᠵᠣ᠂ ᠢᠳᠡᠰᠢᠨ ᠨᠣᠭᠤᠭᠠᠨ ᠤ ᠭᠠᠷᠣᠯᠳᠠ᠂ ᠪᠣᠷᠣᠯᠠᠭᠤᠯᠭ᠎ᠠ ᠶᠢᠨ ᠭᠤᠭᠴᠣᠭᠠᠨ ᠤ ᠲᠦᠭᠰᠢᠭᠦᠷᠢ ᠶᠢ ᠪᠠᠭᠠᠰᠬᠠᠨ᠂ ᠲᠠᠷᠢᠶᠠᠴᠢᠳ ᠤᠨ ᠬᠤᠬᠢᠷᠠᠯ ᠢ ᠪᠠᠭᠠᠰᠬᠠᠵᠣ᠂ ᠠᠵᠣ ᠣᠶᠢᠯᠠᠰ ᠤᠨ ᠬᠡᠯᠬᠢᠶᠡᠵᠢᠯ ᠢ ᠣᠷᠳᠣᠳᠬᠠᠨ᠂ ᠪᠦᠳᠦᠭᠡᠭᠳᠡᠭᠦᠨ ᠤ ᠲᠠᠭᠠᠯᠳᠠ ᠦᠷᠳᠡᠭ ᠢ ᠨᠡᠮᠡᠭᠳᠡᠭᠦᠯᠦᠭᠰᠡᠨ ᠠᠴᠠ ᠪᠣᠷᠣᠪᠠᠯᠭᠠᠰᠦ ᠪᠠᠯᠭᠠᠰᠣᠨ ᠤ ᠵᠣᠨ ᠤ ᠣᠯᠠᠷᠢᠯ ᠤᠨ ᠢᠳᠡᠰᠢᠨ ᠨᠣᠭᠤᠭᠠᠨ ᠤ ᠠᠵᠣ ᠣᠶᠢᠯᠠᠰ ᠤᠨ ᠬᠦᠭᠵᠢᠯᠳᠡ ᠶᠢ ᠠᠬᠢᠭᠤᠯᠣᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ  ᠳᠤ ᠴᠢᠬᠤᠯᠠ ᠣᠶᠢᠯᠠᠳᠣᠯ ᠦᠵᠡᠭᠦᠯᠵᠡᠢ︾ ᠭᠡᠵᠣ ᠬᠡᠯᠡᠵᠣ ᠪᠠᠶᠢᠯ᠎ᠠ᠃     ︽ᠠᠵᠣ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠭᠡ︾ ᠶᠢᠨ ᠠᠵᠢᠯᠯᠠᠮᠵᠢ ᠡᠵᠡᠩᠨᠡᠯᠳᠡ ᠶᠢᠨ ᠵᠠᠭᠪᠣᠷ ᠢᠶᠠᠷ ᠬᠠᠮᠳᠦ ᠶᠢᠨ ᠠᠵᠣ ᠠᠬᠤᠢ ᠶᠢᠨ ᠦᠷᠭᠦᠯᠵᠢᠬᠦᠶᠢᠴᠡ ᠪᠣᠵᠠᠭᠠᠶᠢᠷᠠᠯ ᠢ ᠲᠡᠮᠵᠢᠪᠡ     ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠬᠤ ᠣᠶᠢᠯᠠᠳᠪᠦᠷᠢ ᠨᠢ ︽ᠠᠵᠣ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠭᠡ︾ ᠶᠢᠨ ᠠᠵᠣ ᠣᠶᠢᠯᠠᠰᠵᠢᠭᠰᠠᠨ ᠡᠵᠡᠩᠨᠡᠯᠳᠡ ᠶᠢᠨ ᠵᠠᠭᠪᠣᠷ ᠢ ᠬᠡᠷᠡᠭᠯᠡᠵᠣ᠂ ᠲᠠᠷᠢᠶᠠᠴᠢᠨ ᠡᠷᠦᠭᠡ ᠲᠠᠷᠢᠬᠤ᠂ ᠠᠵᠣ ᠠᠬᠤᠶᠢᠯᠠᠯ ᠠᠴᠠ ᠬᠤᠷᠢᠶᠠᠨ ᠠᠪᠴᠦ ᠪᠣᠯᠪᠠᠰᠣᠷᠠᠭᠤᠯᠬᠤ᠂ ᠵᠠᠬ᠎ᠠ ᠲᠡᠯᠭᠡᠭᠦᠷ + ᠪᠣᠷᠣᠯᠠᠭᠤᠯᠭ᠎ᠠ ᠶᠢᠨ ᠪᠠᠶᠢᠳᠠᠯ ᠢ ᠪᠦᠷᠢᠳᠦᠭᠦᠯᠪᠡ᠃ ᠡᠭᠦᠨ ᠤ ᠬᠠᠮᠳᠦ ᠲᠠᠷᠢᠬᠤ ᠶᠠᠪᠣᠴᠠ ᠳᠤ ᠲᠠᠷᠢᠶᠠᠴᠢᠨ ᠡᠷᠦᠭᠡ ᠳᠤ ᠮᠡᠷᠭᠡᠵᠢᠯ ᠤᠨ ᠵᠢᠯᠣᠭᠤᠳᠣᠯᠭ᠎ᠠ ᠬᠢᠬᠦ ᠶᠢ ᠴᠢᠬᠤᠯᠠᠴᠢᠯᠠᠨ᠂ ᠪᠠᠷᠢᠮᠵᠢᠶᠠᠵᠢᠭᠰᠠᠨ ᠦᠨᠳᠦᠷ ᠪᠦᠳᠦᠮᠵᠢᠳᠡᠢ ᠲᠠᠷᠢᠯᠳᠠ ᠶᠢ ᠠᠬᠢᠭᠤᠯᠵᠣ᠂ ᠭᠠᠷᠣᠯᠳᠠ ᠪᠣᠯᠣᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠭᠰᠡᠨ ᠪᠠᠶᠢᠨ᠎ᠠ᠃     ᠣᠰᠣ ᠦᠭᠡᠶᠢᠳᠡᠭᠦᠯᠦᠭᠰᠡᠨ ᠨᠣᠭᠤᠭ᠎ᠠ ᠪᠣᠯᠪᠠᠰᠣᠷᠠᠭᠤᠯᠬᠤ ᠣᠶᠢᠯᠠᠳᠪᠦᠷᠢ ᠨᠢ ᠣᠶᠢᠷ᠎ᠠ ᠬᠠᠪᠢ ᠶᠢᠨ 300 ᠭᠠᠷᠣᠢ ᠵᠢᠮᠢᠰ ᠨᠣᠭᠤᠭ᠎ᠠ ᠲᠠᠷᠢᠬᠤ ᠲᠠᠷᠢᠶᠠᠴᠢᠨ ᠡᠷᠦᠭᠡ ᠶᠢ ᠰᠢᠭᠤᠳ ᠲᠠᠶᠢᠴᠢᠯᠠᠵᠣ᠂ ᠡᠷᠦᠭᠡ ᠪᠦᠷᠢ ᠶᠢᠨ ᠲᠣᠮᠳᠠᠴᠢ ᠣᠷᠣᠯᠭ᠎ᠠ ᠶᠢ 10000 ᠲᠦᠭᠦᠷᠢᠭ ᠨᠡᠮᠡᠭᠳᠡᠭᠦᠯᠵᠣ ᠶᠢᠨ ᠬᠠᠮᠳᠦ ᠬᠠᠮᠳᠦ ᠪᠣᠭᠤᠳᠠᠯᠯᠠᠬᠤ᠂ ᠵᠦᠭᠡᠭᠡᠪᠦᠷᠢᠯᠡᠬᠦ᠂ ᠰᠡᠯᠪᠢᠨ ᠵᠠᠰᠠᠬᠤ ᠵᠡᠷᠭᠡ ᠬᠤᠯᠪᠣᠭᠳᠠᠯ ᠪᠦᠬᠦᠢ ᠠᠵᠣ ᠣᠶᠢᠯᠠᠰ ᠤᠨ ᠬᠦᠭᠵᠢᠯᠳᠡ ᠶᠢ ᠲᠠᠶᠢᠴᠢᠯᠠᠨ᠂ 50 ᠭᠠᠷᠣᠢ ᠬᠦᠳᠡᠯᠮᠦᠷᠢ ᠬᠦᠴᠦ ᠬᠡᠷᠡᠭᠯᠡᠵᠣ᠂ ᠵᠢᠯ ᠤᠨ ᠨᠡᠶᠢᠭᠡᠮ ᠤᠨ ᠠᠵᠣ ᠠᠬᠤᠢ ᠶᠢᠨ ᠴᠡᠪᠡᠷ ᠦᠷ᠎ᠡ ᠠᠰᠢᠭ ᠢ 500 ᠭᠠᠷᠣᠢ ᠲᠦᠮᠡᠨ ᠲᠦᠭᠦᠷᠢᠭ ᠨᠡᠮᠡᠭᠳᠡᠭᠦᠯᠬᠦ ᠪᠣᠯᠬᠤᠷ ᠲᠠᠷᠢᠶᠠᠴᠢᠨ ᠡᠷᠦᠭᠡ ᠶᠢᠨ ᠲᠠᠷᠢᠬᠤ ᠪᠠ ᠣᠷᠣᠯᠴᠠᠬᠤ ᠢᠳᠡᠪᠬᠢᠵᠢᠯ ᠢ ᠶᠡᠭᠡ ᠪᠠᠷ ᠠᠬᠢᠭᠤᠯᠣᠭᠰᠠᠨ ᠪᠠᠶᠢᠨ᠎ᠠ᠃     ᠲᠣᠰᠬᠤᠨ ᠤ ᠠᠷᠠᠳ ᠵᠣᠣ ᠸᠠᠨ᠄ ︽ᠣᠶᠢᠯᠠᠳᠪᠦᠷᠢ ᠪᠠᠶᠢᠭᠤᠯᠣᠭᠰᠠᠨ ᠠᠴᠠ ᠨᠠᠭᠠᠰᠢ ᠪᠢ ᠠᠳᠡ ᠠᠵᠢᠯᠯᠠᠵᠣ ᠡᠬᠢᠯᠡᠵᠡᠢ᠂ ᠡᠳᠦᠷ ᠪᠦᠷᠢ ᠵᠠᠭᠤ ᠭᠠᠷᠣᠢ ᠲᠦᠭᠦᠷᠢᠭ ᠤᠯᠵᠣ᠂ ᠭᠡᠳᠦᠨ ᠰᠠᠷ᠎ᠠ ᠠᠵᠢᠯᠯᠠᠪᠠᠯ ᠭᠡᠷ ᠤᠨ ᠢᠶᠠᠨ ᠣᠷᠣᠯᠭ᠎ᠠ  ᠪᠠᠨ ᠨᠡᠮᠡᠭᠳᠡᠭᠦᠯᠵᠣ ᠲᠠᠶᠢᠯᠣᠨ᠎ᠡ︾ ᠭᠡᠵᠣ ᠬᠡᠯᠡᠵᠣ ᠪᠠᠶᠢᠯ᠎ᠠ᠃     ᠵᠡᠭᠡᠷᠭᠡᠨᠡᠳᠦ ᠲᠣᠰᠬᠤᠨ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠢ ᠡᠷᠴᠢᠮᠳᠠᠢ ᠪᠠᠷᠢᠮᠳᠠᠯᠠᠵᠣ᠂ ᠣᠷᠢᠳ ᠬᠤᠵᠢᠳ ᠣᠯᠠᠨ ᠠᠵᠣ ᠠᠬᠤᠶᠢᠯᠠᠯ ᠢ ᠣᠷᠢᠭᠰᠠᠨ ᠠᠴᠠ ᠣᠳᠦ ᠪᠣᠯᠳᠠᠯ᠎ᠠ ᠡᠷᠳᠡᠨᠢ ᠰᠢᠰᠢ ᠬᠠᠭᠰᠠᠭᠠᠬᠤ ᠴᠠᠮᠬᠠᠭ᠂ ᠲᠦᠮᠦᠰᠦ ᠨᠦᠭᠡᠴᠡᠯᠡᠭᠦ ᠬᠦᠮᠦᠷᠭᠡ᠂ ᠠᠷᠠᠯᠵᠢᠶᠠᠨ ᠤ ᠰᠠᠷᠠᠪᠴᠢ᠂ ᠬᠦᠢᠳᠡᠨ ᠬᠦᠮᠦᠷᠭᠡ ᠶᠢ ᠲᠣᠰ ᠪᠦᠷᠢ ᠨᠢᠭᠡ ᠪᠠᠶᠢᠭᠤᠯᠪᠠ᠃ ᠵᠦᠩ ᠬᠤᠸᠠ ᠲᠠᠷᠢᠶᠠᠯᠠᠩ ᠤᠨ ᠣᠶᠢᠯᠠᠰ ᠲᠤ ᠲᠦᠮᠡᠨ ᠮᠣ᠋ ᠡᠷᠳᠡᠨᠢ ᠰᠢᠰᠢ ᠪᠠᠨ ᠨᠡᠶᠢᠳᠡᠵᠣ ᠬᠠᠮᠢᠶᠠᠷᠣᠭᠤᠯᠣᠨ᠂ ᠬᠤᠢ ᠨᠧᠩ ᠺᠣᠮᠫᠠᠨᠢ ᠠᠴᠠ ᠣᠳᠦ ᠦᠶ᠎ᠡ ᠶᠢᠨ ᠮᠠᠯ ᠲᠠᠷᠢᠶᠠᠯᠠᠩ ᠤᠨ ᠣᠶᠢᠯᠠᠰ ᠤᠨ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠣᠷᠣᠨ ᠨᠣᠳᠤᠭ ᠤᠨ ᠠᠵᠣ ᠠᠬᠤᠶᠢᠯᠠᠯ ᠳᠤ ᠲᠦᠰᠢᠭᠯᠡᠨ᠂ ᠲᠠᠷᠢᠶᠠᠯᠠᠩ ᠤᠨ ᠪᠦᠳᠦᠭᠡᠭᠳᠡᠭᠦᠨ ᠤ ᠭᠦᠨᠵᠡᠭᠡᠢ ᠪᠣᠯᠪᠠᠰᠣᠷᠠᠭᠤᠯᠣᠯᠳᠠ ᠶᠢᠨ ᠬᠦᠷᠢᠶ᠎ᠡ ᠬᠡᠪᠴᠢᠶ᠎ᠡ ᠪᠠᠨ ᠦᠷᠭᠡᠳᠬᠡᠵᠣ᠂ ᠲᠣᠰᠬᠤᠨ ᠤ ᠬᠠᠮᠳᠦ ᠶᠢᠨ ᠠᠵᠣ ᠠᠬᠤᠢ ᠪᠠᠨ ᠦᠨᠡᠨ ᠬᠦ ᠪᠣᠵᠠᠭᠠᠶᠢᠷᠠᠭᠤᠯᠣᠨ᠂ 2022 ᠣᠨ ᠳᠤ  ᠲᠣᠰᠬᠤᠨ ᠤ ᠬᠠᠮᠳᠦ ᠶᠢᠨ ᠠᠵᠣ ᠠᠬᠤᠢ ᠶᠢᠨ ᠣᠷᠣᠯᠭ᠎ᠠ ᠪᠠᠨ 100 ᠲᠦᠮᠡᠨ ᠲᠦᠭᠦᠷᠢᠭ ᠠᠴᠠ ᠲᠠᠪᠠᠭᠤᠯᠬᠤ ᠪᠠᠷ ᠪᠣᠢ᠃     ᠠᠵᠣ ᠣᠶᠢᠯᠠᠰ ᠤᠨ ᠬᠡᠯᠬᠢᠶᠡᠵᠢᠯ ᠢ ᠣᠷᠳᠣᠳᠬᠠᠨ᠂ ᠠᠵᠣ ᠣᠶᠢᠯᠠᠰ ᠤᠨ ᠬᠦᠭᠵᠢᠯᠳᠡ ᠶᠢ ᠬᠤᠷᠠᠯᠳᠠ ᠠᠴᠠ ᠦᠷᠡᠵᠢᠯᠳᠡ ᠲᠡᠶᠢᠰᠢ ᠬᠤᠪᠢᠷᠠᠭᠤᠯᠪᠠ     ᠪᠣᠷᠣᠪᠠᠯᠭᠠᠰᠣ ᠪᠠᠯᠭᠠᠰᠦ ᠪᠦᠳᠦᠭᠡᠭᠳᠡᠭᠦᠨ᠂ ᠰᠣᠳᠣᠨ ᠪᠣᠯᠪᠠᠰᠣᠷᠠᠭᠤᠯᠣᠯᠳᠠ᠂ ᠠᠵᠣ ᠣᠶᠢᠯᠠᠰ ᠤᠨ ᠬᠡᠯᠬᠢᠶᠡᠵᠢᠯ ᠤᠨ ᠣᠷᠳᠣᠳᠬᠠᠯ ᠵᠡᠷᠭᠡ ᠲᠠᠯ᠎ᠠ ᠪᠠᠷ ᠨᠢᠭᠡ ᠬᠤᠶᠠᠷ ᠭᠤᠷᠪᠠᠳᠣᠭᠠᠷ ᠠᠵᠣ ᠣᠶᠢᠯᠠᠰ ᠤᠨ ᠠᠭᠤᠰᠣᠯᠴᠠᠯ  ᠢ ᠪᠦᠷᠢᠯᠳᠦᠭᠦᠯᠵᠣ᠂ ᠦᠷ᠎ᠡ ᠪᠦᠳᠦᠮᠵᠢ ᠦᠨᠳᠦᠷ ᠦᠷᠡᠵᠢᠯᠳᠡ ᠪᠠᠷ ᠠᠵᠣ ᠠᠬᠤᠢ ᠶᠢᠨ ᠬᠦᠭᠵᠢᠯᠳᠡ ᠶᠢᠨ ᠬᠡᠯᠪᠡᠷᠢ  ᠶᠢᠨ ᠬᠤᠪᠢᠷᠠᠭᠤᠯᠣᠯᠳᠠ ᠶᠢ ᠠᠬᠢᠭᠤᠯᠣᠨ᠂ ᠴᠢᠨᠠᠷᠯᠢᠭ ᠬᠦᠭᠵᠢᠯᠳᠡ ᠶᠢᠨ ᠬᠠᠷᠠᠯᠳᠠ ᠪᠠᠨ ᠪᠡᠶᠡᠯᠡᠭᠦᠵᠣ ᠪᠣᠢ᠃ ᠣᠰᠣ ᠦᠭᠡᠶᠢᠳᠡᠭᠦᠯᠦᠭᠰᠡᠨ ᠨᠣᠭᠤᠭ᠎ᠠ ᠪᠠᠨ ᠭᠤᠸ᠋ᠩᠳᠦ᠋ᠩ᠂ ᠬᠤᠨᠠᠨ ᠤ ᠬᠤᠳᠠᠯᠳᠣᠭᠠᠴᠢᠳ ᠲᠠᠢ ᠬᠤᠷᠰᠢᠨ ᠪᠣᠷᠣᠯᠠᠭᠤᠯᠵᠣ᠂ ᠨᠢᠭᠡ ᠪᠦᠯᠦᠭ ᠪᠦᠳᠦᠭᠡᠭᠳᠡᠭᠦᠨ ᠢᠶᠠᠨ ᠴᠢᠨᠠᠭᠰᠢᠳᠠ ᠭᠠᠳᠠᠭᠠᠳᠦ ᠳᠤ ᠪᠣᠷᠣᠯᠠᠭᠤᠯᠣᠨ᠂ ︽ᠨᠢᠭᠡᠳᠦᠭᠡᠷ ᠠᠵᠣ ᠣᠶᠢᠯᠠᠰ ᠢᠶᠠᠷ ᠰᠠᠭᠤᠷᠢ ᠪᠣᠯᠭᠠᠨ᠂ ᠬᠤᠶᠠᠷ ᠭᠤᠷᠪᠠᠳᠣᠭᠠᠷ ᠠᠵᠣ ᠣᠶᠢᠯᠠᠰ ᠲᠠᠢ ᠠᠪᠴᠠᠯᠳᠣᠭᠤᠯᠬᠤ︾ ᠶᠢ ᠦᠨᠡᠨ ᠬᠦ ᠪᠡᠶᠡᠯᠡᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠩᠬ᠎ᠠ ᠪᠣᠯᠪᠠᠰᠣᠷᠠᠭᠤᠯᠣᠯᠳᠠ ᠪᠣᠯᠣᠨ ᠨᠠᠷᠢᠯᠢᠭ ᠪᠣᠯᠪᠠᠰᠣᠷᠠᠭᠤᠯᠣᠯᠳᠠ ᠵᠡᠷᠭᠡ ᠬᠤᠶᠠᠳᠣᠭᠠᠷ ᠠᠵᠣ ᠣᠶᠢᠯᠠᠰ ᠵᠢᠴᠢ ᠠᠶᠠᠯᠠᠯ ᠵᠢᠭᠤᠯᠴᠢᠯᠠᠯ᠂ ᠰᠣᠳᠣᠯᠭ᠎ᠠ ᠰᠣᠷᠣᠯᠴᠠᠯᠭ᠎ᠠ᠂ ᠵᠢᠮᠢᠰ ᠨᠣᠭᠤᠭ᠎ᠠ ᠲᠡᠭᠦᠭᠦ᠂ ᠠᠬᠠᠮᠠᠳ ᠬᠡᠣᠭᠡᠳ ᠣᠶᠢᠯᠡᠳᠦᠯᠴᠡᠬᠦ ᠵᠡᠷᠭᠡ ᠭᠤᠷᠪᠠᠳᠣᠭᠠᠷ ᠠᠵᠣ ᠣᠶᠢᠯᠠᠰ ᠢ ᠬᠦᠭᠵᠢᠭᠦᠯᠦᠭᠰᠡᠨ ᠪᠠᠶᠢᠨ᠎ᠠ᠃ ᠵᠡᠭᠡᠷᠭᠡᠨᠡᠳᠦ ᠲᠣᠰᠬᠤᠨ ᠨᠢᠩᠰᠢᠶᠠ ᠶᠢᠨ ᠽᠣᠣ ᠲᠢᠶᠠᠨ ᠵᠢᠶᠣᠣ ᠢᠳᠡᠭᠡᠨ ᠣᠮᠳᠠᠭᠠᠨ ᠤ ᠬᠢᠵᠠᠭᠠᠷᠳᠦ ᠺᠣᠮᠫᠠᠨᠢ ᠶᠢ ᠣᠷᠢᠨ ︽ᠱᠠ ᠬᠠᠢ ᠬᠤᠸᠠ ᠵᠢᠶᠠᠨ︾ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠬᠦᠳᠡᠭᠡ ᠨᠣᠳᠤᠭ ᠤᠨ ᠵᠢᠭᠤᠯᠴᠢᠯᠠᠯ ᠤᠨ ᠬᠦᠷᠢᠶᠡᠯᠡᠩ ᠤᠨ ᠶᠡᠷᠦᠩᠬᠡᠢ ᠴᠣᠭᠴᠠ ᠶᠢᠨ ᠲᠦᠷᠦᠯ ᠵᠣᠶᠢᠯ ᠢ ᠨᠢᠭᠡᠨᠳᠡ ᠪᠠᠶᠢᠭᠤᠯᠵᠣ᠂ ᠰᠣᠶᠣᠯ ᠪᠣᠯᠣᠨ ᠵᠢᠭᠤᠯᠴᠢᠯᠠᠯ ᠤᠨ ᠬᠠᠷᠢᠯᠴᠠ ᠠᠭᠤᠰᠣᠯᠴᠠᠭ᠎ᠠ ᠶᠢ ᠭᠦᠢᠴᠡᠳ ᠪᠡᠶᠡᠯᠡᠭᠦᠯᠦᠨ᠂ ᠠᠯᠳᠠᠷᠰᠢᠯ ᠢᠶᠠᠨ ᠲᠡᠭᠡᠭᠰᠢᠯᠡᠭᠦᠯᠦᠭᠰᠡᠨ ᠪᠠᠶᠢᠨ᠎ᠠ᠃     ᠪᠣᠷᠣᠪᠠᠯᠭᠠᠰᠣ ᠪᠠᠯᠭᠠᠰᠣᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠠᠯᠭᠠᠰᠣᠨ ᠲᠠᠷᠤᠭ᠎ᠠ ᠦᠨᠡᠨᠴᠢ᠄ ᠪᠣᠷᠣᠪᠠᠯᠭᠠᠰᠣ ᠪᠠᠯᠭᠠᠰᠣ ᠣᠮᠠᠷᠠᠳᠦ ᠦᠷᠭᠡᠷᠢᠭ ᠤᠨ 37 ᠭᠷᠠᠳᠦ᠋ᠰ ᠤᠨ ᠴᠢᠨᠠᠷ ᠰᠠᠶᠢᠳᠠᠢ ᠵᠢᠮᠢᠰ ᠨᠣᠭᠤᠭᠠᠨ ᠤ ᠠᠵᠣ ᠠᠬᠤᠢ ᠶᠢᠨ ᠪᠦᠰᠡ ᠶᠢᠨ ᠣᠷᠣᠨ ᠪᠠᠶᠢᠷᠠᠰᠢᠯ ᠤᠨ ᠲᠠᠪᠠᠭᠤᠯᠢᠭ ᠲᠤ ᠪᠠᠨ ᠲᠦᠰᠢᠭᠯᠡᠨ᠂ ᠲᠠᠷᠪᠣᠰ᠂ ᠯᠠᠵᠣᠣ ᠶᠢᠨ ᠣᠨᠴᠠᠯᠢᠭᠳᠦ ᠠᠵᠣ ᠠᠬᠤᠢ ᠶᠢᠨ ᠲᠠᠷᠢᠮᠠᠯ ᠢ ᠬᠦᠭᠵᠢᠭᠦᠯᠵᠣ᠂ ᠣᠰᠣ ᠦᠭᠡᠶᠢᠳᠡᠭᠦᠯᠦᠭᠰᠡᠨ ᠨᠣᠭᠤᠭ᠎ᠠ ᠶᠢᠨ ᠣᠶᠢᠯᠠᠳᠪᠦᠷᠢ ᠶᠢᠨ ᠲᠦᠷᠦᠯ ᠵᠣᠶᠢᠯ ᠢ ᠣᠷᠣᠭᠤᠯᠣᠨ᠂ ᠠᠵᠣ ᠣᠶᠢᠯᠠᠰ ᠤᠨ ᠬᠡᠯᠬᠢᠶᠡᠵᠢᠯ ᠢᠶᠠᠨ ᠣᠷᠳᠣᠳᠬᠠᠵᠣ᠂ ᠠᠵᠣ ᠣᠶᠢᠯᠠᠰ ᠤᠨ ᠲᠠᠭᠠᠯᠳᠠ ᠦᠷᠳᠡᠭ ᠢ ᠣᠯᠠᠮ ᠨᠡᠮᠡᠭᠳᠡᠭᠦᠯᠵᠣ᠂ ᠣᠶᠢᠷ᠎ᠠ ᠬᠠᠪᠢ ᠶᠢᠨ ᠵᠠᠭᠤᠭᠠᠳ ᠮᠠᠯᠴᠢᠨ ᠲᠠᠷᠢᠶᠠᠴᠢᠨ ᠡᠷᠦᠭᠡ ᠶᠢᠨ ᠠᠵᠢᠯ ᠣᠯᠣᠯᠳᠠ ᠶᠢ ᠲᠠᠶᠢᠴᠢᠯᠠᠨ᠂ ᠶᠠᠳᠠᠭᠤ ᠠᠴᠠ ᠠᠩᠬᠢᠷᠠᠭᠤᠯᠬᠤ ᠰᠢᠪᠳᠣᠯᠣᠯᠳᠠ ᠠᠵᠢᠯ ᠤᠨ ᠪᠦᠳᠦᠮᠵᠢ ᠪᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯ ᠤᠨ ᠡᠮᠬᠢᠳᠡᠢ ᠠᠪᠴᠠᠯᠳᠣᠭᠤᠯᠣᠯ ᠢ ᠪᠦᠳᠦᠮᠵᠢᠳᠡᠢ ᠪᠠᠬᠢᠵᠢᠭᠦᠯᠵᠡᠢ ᠭᠡᠵᠣ ᠬᠡᠯᠡᠵᠣ ᠪᠠᠶᠢᠯ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号