ᠶᠠᠩ ᠶᠢᠩ ᠰᠢᠨ ᠪᠦᠬᠦ ᠬᠤᠰᠢᠭᠤᠨ ᠤ ᠭᠤᠣᠯᠳᠠᠯᠭᠠᠳᠦ ᠠᠵᠢᠯ ᠤᠨ ᠲᠣᠬᠢᠷᠠᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/10/12
    10 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ  ᠤ ᠬᠤᠰᠢᠭᠤ ᠲᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠭᠤᠣᠯᠳᠠᠯᠭᠠᠳᠦ ᠠᠵᠢᠯ ᠤᠨ ᠲᠣᠬᠢᠷᠠᠭᠤᠯᠣᠯᠳᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠪᠦᠬᠦ ᠬᠤᠰᠢᠭᠤᠨ ᠤ ᠠᠵᠣ ᠠᠬᠤᠢ ᠶᠢᠨ ᠠᠵᠢᠯᠯᠠᠮᠵᠢ᠂ ᠭᠤᠣᠯᠳᠠᠯᠭᠠᠳᠦ ᠲᠦᠷᠦᠯ ᠵᠣᠶᠢᠯ ᠪᠣᠯᠣᠨ ︽ᠲᠠᠪᠣᠨ ᠲᠣᠶᠢᠯᠪᠦᠷᠢᠳᠡᠢ ᠪᠠᠶᠢᠴᠠᠭᠠᠯᠳᠠ︾ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠦ᠂ ᠲᠠᠷᠠᠭ᠎ᠠ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃     ᠬᠤᠷᠠᠯ ᠠᠴᠠ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠣᠯᠣᠰ ᠲᠦᠷᠦ ᠶᠢᠨ ᠵᠣᠭᠰᠣᠴᠠ ᠪᠠᠨ ᠦᠨᠡᠨ ᠬᠦ ᠲᠡᠭᠡᠭᠰᠢᠯᠡᠭᠦᠯᠦᠨ᠂ ︽ᠬᠢᠵᠢᠭ ᠢ ᠰᠡᠷᠭᠡᠶᠢᠯᠡᠨ᠂ ᠠᠵᠣ ᠠᠬᠤᠢ ᠶᠢ ᠲᠣᠭᠳᠠᠪᠦᠷᠢᠵᠢᠭᠤᠯᠵᠣ᠂ ᠠᠮᠣᠷ ᠲᠦᠪᠰᠢᠨ ᠬᠦᠭᠵᠢᠭᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ ᠬᠦᠴᠢᠷᠳᠡᠯ ᠢ ᠭᠦᠢᠴᠡᠳ ᠪᠣᠳᠣᠯᠬᠢᠯᠠᠵᠣ᠂ ᠠᠷᠭ᠎ᠠ ᠠᠪᠴᠠᠯ ᠢ ᠨᠡᠩ ᠨᠠᠷᠢᠯᠢᠭᠵᠢᠭᠤᠯᠣᠨ᠂ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠦᠷ ᠠᠳᠬᠤᠬᠤ ᠬᠡᠷᠡᠭᠳᠡᠢ᠃ ᠲᠦᠷᠦ ᠶᠢᠨ ᠪᠣᠳᠣᠯᠭ᠎ᠠ ᠶᠢ ᠲᠣᠶᠢᠯᠪᠦᠷᠢᠳᠡᠢ ᠣᠶᠢᠯᠠᠭᠠᠨ᠂ ᠲᠣᠬᠢᠶᠠᠯ ᠢ ᠰᠠᠶᠢᠳᠦᠷ ᠡᠵᠡᠮᠳᠡᠵᠣ᠂ ᠬᠦᠭᠵᠢᠯᠳᠡ ᠶᠢᠨ ᠵᠠᠰᠠᠭ ᠤᠨ ᠠᠵᠢᠯ ᠤᠨ ᠪᠦᠳᠦᠮᠵᠢ᠂ ᠪᠣᠳᠠᠳᠦ ᠠᠵᠢᠯᠯᠠᠮᠵᠢ ᠶᠢᠨ ᠴᠢᠨᠠᠷ᠂ ᠲᠦᠰᠦᠯ ᠤᠨ ᠪᠣᠯᠣᠮᠵᠢᠳᠦ ᠴᠢᠨᠠᠷ ᠢ ᠭᠦᠨᠵᠡᠭᠡᠢ ᠪᠠᠶᠢᠴᠠᠭᠠᠨ᠂ ᠡᠬᠢ ᠪᠠᠶᠠᠯᠢᠭ ᠢ ᠠᠷᠪᠢᠳᠠᠢ ᠡᠷᠴᠢᠮᠵᠢᠭᠦᠯᠦᠨ ᠠᠰᠢᠭᠯᠠᠬᠤ ᠣᠬᠠᠮᠰᠠᠷ ᠢᠶᠠᠨ ᠴᠢᠩᠭᠠᠳᠬᠠᠬᠤ ᠬᠡᠷᠡᠭᠳᠡᠢ᠃ ᠦᠨᠳᠦᠰᠦᠨ ᠪᠠᠶᠢᠳᠠᠯ ᠢ ᠲᠣᠳᠣᠷᠬᠠᠶᠢᠯᠠᠨ᠂ ᠣᠨᠣᠪᠴᠢᠳᠠᠢ ᠵᠠᠳᠠᠯᠵᠣ᠂ ᠲᠤᠭ᠎ᠠ ᠪᠠᠷᠢᠮᠳᠠ ᠪᠠᠨ ᠣᠯᠠᠮ ᠲᠣᠳᠣᠷᠬᠠᠶᠢᠯᠠᠨ᠂ ᠡᠭᠦᠷᠭᠡ ᠶᠢᠨ ᠬᠤᠪᠢᠶᠠᠷᠢᠯᠠᠯ ᠢᠶᠠᠨ ᠨᠠᠷᠢᠯᠢᠭᠵᠢᠭᠤᠯᠵᠣ᠂ ᠨᠠᠷᠢᠨ ᠲᠠᠩᠰᠠ ᠶᠢᠨ ᠬᠡᠯᠪᠡᠷᠢ ᠪᠠᠷ ᠨᠠᠶᠢᠳᠠᠪᠦᠷᠢᠵᠢᠭᠤᠯᠬᠤ ᠬᠡᠷᠡᠭᠳᠡᠢ᠃ ᠰᠢᠨᠵᠢᠯᠡᠬᠦ ᠣᠬᠠᠭᠠᠨᠴᠢ ᠪᠠᠷ ᠰᠢᠢᠳᠪᠦᠷᠢᠯᠡᠨ᠂ ᠲᠦᠷᠭᠡᠨ ᠭᠦᠳᠡᠯᠦᠯᠴᠡᠵᠣ᠂ ᠬᠠᠷᠠᠯᠳᠠ ᠶᠢᠨ ᠣᠬᠠᠮᠰᠠᠷ᠂ ᠦᠷ᠎ᠡ ᠳ᠋ᠦᠩ ᠤᠨ ᠣᠳᠣᠷᠢᠳᠣᠮᠵᠢ ᠶᠢ ᠪᠣᠢ ᠪᠣᠯᠭᠠᠵᠣ᠂ ︽ᠲᠣᠳᠠᠭᠤ ᠲᠣᠷᠭᠤᠨ︾ ᠢᠨᠵᠧᠨᠧᠷᠢᠩ ᠢ ᠲᠦᠷᠦᠯ ᠬᠤᠪᠢᠶᠠᠵᠣ ᠠᠮᠢᠳᠣᠯᠢᠭᠵᠢᠭᠤᠯᠣᠨ ᠰᠢᠢᠳᠪᠦᠷᠢᠯᠡᠵᠣ᠂ ᠲᠣᠨᠣᠮᠠᠯ ᠪᠡᠯᠡ ᠮᠦᠩᠭᠦ ᠶᠢ ᠨᠢᠭᠡᠳᠦᠯᠳᠡᠢ ᠲᠦᠯᠦᠪᠯᠡᠨ ᠬᠡᠷᠡᠭᠯᠡᠵᠣ᠂ ᠵᠦᠪᠰᠢᠶᠡᠷᠡᠭᠦᠯᠬᠦ ᠲᠦᠷᠦᠯ ᠵᠣᠶᠢᠯ ᠤᠨ ᠭᠠᠷ ᠭᠦᠢᠴᠡᠳᠬᠡᠯ ᠢ ᠲᠦᠷᠭᠡᠳᠬᠡᠨ᠂ ᠬᠠᠮ ᠬᠦᠴᠦᠨ ᠢᠶᠠᠷ ᠰᠣᠯᠠ ᠪᠠᠶᠢᠭ᠎ᠠ ᠡᠬᠢ ᠪᠠᠶᠠᠯᠢᠭ ᠤᠨ ᠴᠡᠭᠴᠡᠵᠢᠭᠦᠯᠦᠯᠳᠡ ᠶᠢ ᠠᠬᠢᠭᠤᠯᠵᠣ᠂ ᠴᠡᠭᠴᠡᠯᠡᠯᠳᠡ ᠶᠢᠨ ᠦᠷ᠎ᠡ ᠪᠦᠳᠦᠮᠵᠢ ᠶᠢ ᠪᠦᠷᠢᠳᠦᠭᠦᠯᠬᠦ ᠬᠡᠷᠡᠭᠳᠡᠢ᠃ ᠲᠠᠩᠰᠠ ᠲᠣᠰᠢᠶᠠᠬᠤ ᠣᠬᠠᠮᠰᠠᠷ ᠢ ᠱᠣᠭᠤᠨ᠂ ᠲᠦᠷᠦᠯ ᠵᠣᠶᠢᠯ ᠢ ᠠᠬᠢᠭᠤᠯᠬᠤ ᠨᠦᠭᠦᠴᠡᠯ ᠢ ᠢᠳᠡᠪᠬᠢᠳᠡᠢ ᠰᠦᠪᠡᠭᠴᠢᠯᠡᠵᠣ᠂ ᠲᠠᠷᠠᠭ᠎ᠠ ᠠᠯᠬᠤᠮ ᠤᠨ ᠭᠤᠣᠯᠳᠠᠯᠭᠠᠳᠦ ᠠᠵᠢᠯ ᠤᠨ ᠨᠠᠶᠢᠳᠠᠪᠦᠷᠢᠵᠢᠭᠤᠯᠣᠯᠳᠠ ᠶᠢᠨ ᠠᠷᠭ᠎ᠠ ᠠᠪᠴᠠᠯ ᠢ ᠲᠦᠯᠦᠪᠵᠢᠭᠦᠯᠦᠨ᠂ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠪᠠᠳᠦ ᠰᠠᠭᠤᠷᠢ ᠲᠠᠯᠪᠢᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠴᠢᠦ ᠯᠢᠨ᠂ ᠶᠢᠣ ᠵᠢᠶᠠᠨ ᠴᠢᠩ᠂ ᠱᠢ ᠬᠤᠢ᠂ ᠶᠠᠩ ᠵᠢᠢ ᠴᠢᠶᠠᠩ᠂ ᠳ᠋ᠤᠸᠠᠨ ᡁᠢ ᠴᠢᠶᠠᠩ᠂ ᠵᠢᠶᠠ ᠰᠢᠶᠠᠩ ᠪᠢᠩ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠱᠠᠩᠬᠠᠢ ᠶᠢᠨ ᠰᠦᠮ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号