ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠤᠳᠤᠭ | ᠤᠨ ᠡᠮᠤᠨᠡᠳᠤ ᠬᠤᠰᠢᠭᠤ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ︾ ᠠᠷᠭ᠎ᠠ ᠪᠤᠳᠤᠯᠭ᠎ᠠ ᠶᠢ | ᠪᠠᠷᠢᠮᠳᠠᠯᠠᠨ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠳᠤᠬᠠᠢ ᠬᠠᠮᠤᠭ ᠤᠨ ᠰᠢᠨ᠎ᠠ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠡᠯ᠎ᠡ ᠵᠦᠢᠯ ᠤᠨ ᠠᠵᠢᠯ ᠤᠨ | ᠱᠠᠭᠠᠷᠳᠠᠯᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠠᠪᠤ ᠶᠢ ᠴᠢᠩᠭᠠᠤᠨᠬᠠᠬᠤ︾ ᠠᠵᠢᠯ ᠢ | ᠰᠠᠶᠢᠳᠤᠷ ᠬᠢᠵᠤ᠂ ᠭᠠᠳᠠᠨ᠎ᠠ ᠠᠴᠠ ᠢᠷᠡᠭᠰᠡᠨ ᠬᠦᠮᠤᠰ ᠢ ᠦᠯᠡᠳᠡᠬᠡᠯ ᠦᠬᠡᠢ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ | ᠯᠠᠪᠳᠠᠭᠤᠨ ᠪᠠᠳᠤᠳᠠᠢ ᠦᠷᠨᠢᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠬᠦᠯᠵᠤ | ᠪᠠᠶᠢᠨ᠎ᠠ᠃ | ᠠᠵᠢᠯ ᠤᠨ ᠪᠠᠶᠢᠷᠢᠯᠠᠭᠤᠯᠤᠯᠳᠠ ᠶᠢ ᠴᠢᠩᠭᠠᠤᠨᠬᠠᠪᠠ᠃ 10 ᠳ᠋ᠤᠭᠠᠷ ᠰᠠᠷ᠎ᠠ ᠶᠢᠨ 1 ᠤ ᠡᠳᠤᠷ ᠠᠴᠠ ᠡᠬᠢᠯᠡᠨ᠂ | ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠤᠨᠬᠤ ᠭᠠᠵᠠᠷ ᠤᠨ ᠬᠢᠨ ᠡᠳᠤᠷ ᠤᠨ | ᠳᠤᠬᠢᠷᠠᠭᠤᠯᠤᠯᠳᠠ ᠪᠠᠶᠢᠷᠢᠯᠠᠭᠤᠯᠤᠯᠳᠠ ᠶᠢ ᠪᠠᠷᠢᠮᠳᠠᠯᠠᠵᠤ᠂ ᠳᠡᠬᠡᠳᠤ ᠱᠠᠳᠤᠨ ᠤ ᠬᠤᠷᠠᠯ ᠤᠨ ᠵᠤᠷᠢᠭ ᠰᠠᠨᠠᠭ᠎ᠠ ᠶᠢ | ᠴᠠᠭ ᠳᠤᠬᠠᠢ ᠳᠤ ᠨᠢ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠤᠷᠤᠰᠢᠵᠤ ᠪᠠᠶᠢᠭ᠎ᠠ 65 ᠵᠦᠢᠯ ᠤᠨ ᠠᠰᠠᠭᠤᠳᠠᠯ | ᠢ ᠰᠢᠢᠤᠨᠪᠤᠷᠢᠯᠡᠨ᠂ ᠤᠷᠢᠤᠨ ᠬᠤᠵᠢᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ 42 ᠵᠦᠢᠯ ᠤᠨ ᠬᠠᠮᠢᠶ᠎ᠠ | ᠪᠦᠬᠦᠢ ᠴᠠᠭ ᠤᠨ ᠪᠠᠶᠢᠳᠠᠯ᠂ ᠵᠠᠷᠯᠠᠯ᠂ ᠰᠤᠨᠢᠨ ᠮᠡᠳᠡᠬᠡᠨ ᠤ ᠮᠡᠳᠡᠬᠡᠯᠡᠯ ᠢ ᠨᠠᠶᠢᠳᠠᠯᠠᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ 34 ᠵᠦᠢᠯ ᠤᠨ ᠬᠠᠮᠢᠶ᠎ᠠ ᠪᠦᠬᠦᠢ ᠪᠦᠳᠤᠬᠡᠯ ᠢ ᠤᠶᠢᠯᠡᠤᠨᠴᠤ᠂ ᠡᠯ᠎ᠡ ᠵᠦᠢᠯ ᠤᠨ ᠰᠡᠷᠬᠡᠶᠢᠯᠡᠨ | ᠡᠵᠡᠮᠳᠡᠬᠦ ᠲᠦᠷᠤ ᠶᠢᠨ ᠪᠤᠳᠤᠯᠭ᠎ᠠ ᠶᠢ ᠨᠠᠷᠢᠯᠢᠭ ᠤᠨᠤᠪᠴᠢᠳᠠᠢ ᠪᠠᠷ ᠨᠠᠶᠢᠳᠠᠪᠤᠷᠢᠵᠢᠭᠤᠯᠪᠠ᠃ | | | | | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠤᠨᠬᠠᠪᠠ᠃ ᠪᠦᠬᠦ ᠬᠤᠰᠢᠭᠤᠨ | ᠤ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠠ ᠠᠴᠠ 300 ᠭᠠᠷᠤᠢ ᠬᠦᠮᠤᠨ ᠢ ᠳᠤᠬᠢᠷᠠᠭᠤᠯᠤᠨ᠂ ᠰᠠᠯᠠᠭᠠᠨ ᠳᠡᠰ ᠤᠨ | ᠺᠠᠳ᠋ᠷ ᠳᠤᠯᠤᠭᠠᠶᠢᠯᠠᠭᠰᠡᠨ᠂ ᠴᠠᠭᠳᠠᠭ᠎ᠠ᠂ ᠡᠮᠨᠡᠯᠬᠡ ᠶᠢᠨ ᠠᠵᠢᠯᠳᠠᠨ ᠵᠢᠴᠢ ᠡᠯ᠎ᠡ ᠪᠠᠯᠭᠠᠰᠤᠨ ᠤ ᠠᠵᠢᠯᠳᠠᠨ ᠤ ᠨᠢᠭᠳᠠ | ᠬᠠᠮᠵᠢᠯᠴᠠᠭᠰᠡᠨ ᠠᠵᠢᠯᠯᠠᠬᠤ ᠡᠩᠨᠡᠭᠡ ᠶᠢ ᠪᠦᠷᠢᠯᠳᠤᠬᠦᠯᠵᠤ᠂ 33 ᠬᠤᠷᠢᠭ᠎ᠠ ᠶᠢᠨ ᠴᠡᠭ ᠭᠠᠷᠭᠠᠵᠤ᠂ ᠬᠠᠷᠢᠭᠤᠴᠠᠯᠭ᠎ᠠ | ᠶᠢᠨ ᠨᠠᠶᠢᠳᠠᠪᠤᠷᠢᠵᠢᠭᠤᠯᠤᠯᠳᠠ ᠶᠢ ᠦᠨᠡᠨ ᠬᠦ ᠨᠠᠶᠢᠳᠠᠪᠤᠷᠢᠵᠢᠭᠤᠯᠵᠤ᠂ ᠬᠢᠵᠢᠭ ᠢ ᠰᠡᠷᠬᠡᠶᠢᠯᠡᠬᠦ ᠪᠤᠭᠤᠮᠳᠠ ᠶᠢ ᠴᠢᠩᠭ᠎ᠠ | ᠰᠡᠷᠬᠡᠶᠢᠯᠡᠨ ᠰᠠᠬᠢᠵᠤ ᠪᠠᠶᠢᠨ᠎ᠠ᠃ | | | | | ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠤᠶᠢᠯᠡᠳᠤᠯ ᠢ ᠴᠢᠩᠭᠠᠤᠨᠬᠠᠪᠠ᠃ ᠡᠯ᠎ᠡ ᠨᠢᠬᠡᠴᠠ᠂ ᠡᠯ᠎ᠡ | ᠰᠠᠯᠠᠭ᠎ᠠ ᠮᠦᠴᠢᠷ ᠤᠨ ᠨᠠᠮ ᠤᠨ ᠬᠡᠰᠢᠬᠦᠨ᠂ ᠨᠠᠶᠢᠬᠡᠮ ᠤᠨ ᠨᠠᠮ ᠤᠨ ᠬᠡᠰᠢᠬᠦᠨ ᠰᠠᠶᠢᠨ ᠳᠤᠷᠠᠴᠤᠤᠨ ᠡᠯ᠎ᠡ ᠬᠤᠷᠢᠭ᠎ᠠ | ᠴᠡᠭ ᠲᠤ ᠬᠦᠷᠤᠨ ᠦᠯᠡᠳᠡᠬᠡᠯ ᠦᠬᠡᠢ ᠪᠠᠶᠢᠴᠠᠭᠠᠬᠤ ᠠᠵᠢᠯ ᠳᠤ ᠢᠳᠡᠪᠬᠢᠳᠠᠢ ᠤᠷᠤᠯᠴᠠᠵᠤ᠂ ᠲᠦᠷᠤᠬᠦᠨ ᠳᠤ ᠨᠢ | ᠭᠠᠪᠰᠢᠭᠠᠶᠢᠯᠠᠨ ᠦᠯᠢᠬᠡᠷ ᠳᠠᠭᠤᠷᠢᠶᠠᠯ ᠦᠵᠡᠬᠦᠯᠵᠤ᠂ ᠵᠠᠷᠯᠢᠭ ᠢ ᠰᠤᠨᠤᠰᠤᠮᠠᠭᠴᠠ ᠬᠦᠳᠡᠯᠬᠦ᠂ ᠰᠦᠷᠤᠨ | ᠤᠷᠤᠭᠰᠢᠯᠠᠬᠤ᠂ ᠵᠤᠷᠢᠭᠳᠠᠢ ᠪᠠᠷ ᠬᠠᠷᠢᠭᠤᠴᠠᠯᠭ᠎ᠠ ᠡᠬᠦᠷᠬᠡᠯᠡᠬᠦ᠂ ᠬᠦᠴᠢᠷ ᠪᠡᠷᠬᠡᠰᠢᠶᠡᠯ ᠠᠴᠠ ᠠᠶᠤᠬᠤ ᠦᠬᠡᠢ | ᠳᠡᠮᠡᠴᠡᠬᠦ ᠵᠤᠷᠢᠭ ᠰᠠᠨᠠᠭ᠎ᠠ ᠶᠢ ᠬᠦᠢᠴᠡᠤᠨ ᠪᠠᠳᠠᠷᠠᠭᠤᠯᠵᠤ᠂ 24 ᠴᠠᠭ ᠢᠶᠠᠷ ᠡᠬᠡᠯᠵᠢᠯᠡᠨ ᠵᠢᠵᠢᠬᠦᠷᠯᠡᠵᠤ᠂ ᠵᠠᠭᠠᠭ | ᠬᠢᠵᠠᠭᠠᠷ ᠢᠶᠠᠷ ᠤᠷᠤᠵᠤ ᠢᠷᠡᠭᠰᠡᠤᠨ ᠤᠨ ︽ᠭᠤᠷᠪᠠᠨ ᠺᠤᠳ᠋︾ ᠢ ᠪᠠᠶᠢᠴᠠᠭᠠᠨ ᠰᠢᠯᠭᠠᠬᠤ᠂ 24 ᠴᠠᠭ ᠤᠨ | ᠳᠤᠳᠤᠷᠠᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠬᠡᠷᠡᠴᠢ ᠶᠢ ᠪᠠᠶᠢᠴᠠᠭᠠᠨ ᠰᠢᠯᠭᠠᠬᠤ ᠪᠠ | ᠬᠦᠮᠤᠨ ᠬᠠᠷ᠎ᠠ ᠳᠡᠷᠬᠡ ᠮᠠᠰᠢᠨ ᠤ ᠮᠡᠳᠡᠭᠡ ᠵᠠᠩᠬᠢ ᠶᠢ ᠳᠡᠮᠳᠡᠭᠯᠡᠨ ᠳᠠᠩᠰᠠᠯᠠᠭᠰᠡᠨ ᠪᠠᠶᠢᠨ᠎ᠠ᠃ | | | | | ᠶᠡᠷᠤᠩᠬᠡᠶᠢᠯᠡᠨ ᠵᠠᠳᠠᠯᠵᠤ ᠰᠤᠳᠤᠯᠤᠨ ᠮᠠᠭᠠᠤᠨᠯᠠᠬᠤ ᠶᠢ ᠴᠢᠩᠭᠠᠤᠨᠬᠠᠪᠠ᠃ ᠬᠤᠰᠢᠭᠤᠨ ᠤ ᠬᠢᠵᠢᠭ ᠤᠨ ᠪᠠᠶᠢᠳᠠᠯ | ᠢ ᠰᠡᠷᠬᠡᠶᠢᠯᠡᠨ ᠡᠵᠡᠮᠳᠡᠬᠦ ᠵᠢᠯᠤᠭᠤᠤᠨᠬᠤ ᠭᠠᠵᠠᠷ ᠰᠤᠳᠤᠯᠤᠨ ᠮᠠᠭᠠᠤᠨᠯᠠᠬᠤ ᠪᠠᠷ ᠳᠠᠮᠵᠢᠨ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠤ᠂ ᠠᠵᠢᠯ ᠤᠨ ᠳᠤᠷᠰᠢᠯᠭ᠎ᠠ ᠪᠠᠨ ᠳ᠋ᠦᠩᠨᠡᠨ᠂ ᠡᠯ᠎ᠡ | ᠪᠠᠯᠭᠠᠰᠤ᠂ ᠭᠠᠴᠠᠭ᠎ᠠ ᠳᠤᠰᠬᠤᠨ ᠤ ᠭᠠᠳᠠᠨ᠎ᠠ ᠠᠴᠠ ᠢᠷᠡᠵᠤ ᠪᠤᠴᠠᠬᠤ ᠬᠦᠮᠤᠰ ᠤᠨ ᠪᠠᠶᠢᠳᠠᠯ ᠢ ᠤᠶᠢᠯᠠᠭᠠᠵᠤ᠂ | ᠤᠳᠤᠬᠠᠨ ᠤ ᠬᠢᠵᠢᠭ ᠢ ᠰᠡᠷᠬᠡᠶᠢᠯᠡᠬᠦ ᠪᠠᠶᠢᠳᠠᠯ ᠳᠤ ᠨᠢᠬᠡᠳᠤᠯᠳᠠᠢ ᠳᠤᠬᠢᠷᠠᠭᠤᠯᠤᠯᠳᠠ ᠬᠢᠵᠤ᠂ ᠰᠢᠨᠵᠢᠯᠡᠬᠦ ᠤᠬᠠᠭᠠᠨᠴᠢ | ᠪᠠᠷ ᠰᠢᠢᠤᠨᠪᠤᠷᠢᠳᠤ ᠪᠤᠳᠤᠯᠭ᠎ᠠ ᠳᠤᠭᠳᠠᠭᠠᠪᠠ᠃ | | | | | ᠭᠤᠷᠪᠠᠨ ᠱᠠᠳᠤᠨ ᠤ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠬᠦ ᠶᠢ ᠴᠢᠩᠭᠠᠤᠨᠬᠠᠪᠠ᠃ | ᠳᠤᠤᠷᠵᠢᠭᠤᠯᠤᠭᠰᠡᠨ ᠰᠡᠷᠬᠡᠶᠢᠯᠡᠨ ᠡᠵᠡᠮᠳᠡᠬᠦ ᠠᠵᠢᠯ ᠤᠨ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠤ᠂ | ᠪᠠᠯᠭᠠᠰᠤ᠂ ᠨᠠᠶᠢᠬᠡᠮ ᠳᠤᠭᠤᠷᠢᠭ᠂ ᠳᠤᠤᠷᠵᠢᠯ ᠤᠨ ᠬᠡᠰᠢᠬᠦᠨ ᠢᠶᠠᠷ ᠪᠦᠷᠢᠯᠳᠦᠭᠰᠡᠨ ᠰᠡᠷᠬᠡᠶᠢᠯᠡᠨ ᠡᠵᠡᠮᠳᠡᠬᠦ ᠰᠢᠰᠲ᠋ᠧᠮ | ᠢ ᠪᠠᠶᠢᠭᠤᠯᠵᠤ᠂ ᠡᠷᠤᠬᠡ ᠳᠤ ᠤᠷᠤᠬᠤ ᠪᠠ ᠤᠳᠠᠰᠤ ᠪᠠᠷ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ 482 | ᠳᠤᠤᠷᠵᠢᠯ ᠤᠨ ᠬᠡᠰᠢᠬᠦᠨ᠂ 334 ᠭᠠᠴᠠᠭ᠎ᠠ ᠳᠤᠰᠬᠤᠨ ᠤ ᠠᠵᠢᠯᠳᠠᠨ᠂ 2126 ᠭᠠᠴᠠᠭ᠎ᠠ ᠳᠤᠰᠬᠤᠨ ᠤ ᠨᠠᠮ | ᠤᠨ ᠬᠡᠰᠢᠬᠦᠨ ᠢ ᠳᠠᠶᠢᠴᠢᠯᠡᠨ᠂ ᠰᠢᠨᠵᠢᠶᠠᠩ᠂ ᠨᠢᠩᠰᠢᠶᠠ᠂ ᠬᠦᠬᠡᠬᠤᠳᠠ᠂ ᠤᠷᠳᠤᠰ ᠬᠤᠳᠠ ᠶᠢᠨ ᠪᠤᠰᠤᠤᠨ | ᠬᠤᠰᠢᠭᠤ ᠳᠤᠭᠤᠷᠢᠭ ᠠᠴᠠ 7 ᠡᠳᠤᠷ ᠤᠨ ᠳᠤᠳᠤᠷ᠎ᠠ ᠪᠤᠴᠠᠵᠤ ᠢᠷᠡᠭᠰᠡᠨ ᠬᠦᠮᠤᠰ ᠪᠠ ᠤᠳᠠᠯ ᠦᠬᠡᠢ ᠪᠤᠴᠠᠵᠤ | ᠢᠷᠡᠬᠦ ᠬᠦᠮᠤᠰ ᠤᠨ ᠪᠠᠶᠢᠳᠠᠯ ᠢ ᠤᠶᠢᠯᠠᠭᠠᠨ ᠪᠠᠶᠢᠴᠠᠭᠠᠵᠤ᠂ ᠳᠠᠩᠰᠠᠯᠠᠨ ᠳᠡᠮᠳᠡᠭᠯᠡᠵᠤ᠂ ᠤᠬᠠᠭᠤᠯᠵᠤ ᠵᠢᠯᠤᠭᠤᠤᠨᠬᠤ | ᠶᠢ ᠰᠠᠶᠢᠳᠤᠷ ᠬᠢᠪᠠ᠃ ᠤᠳᠤᠬᠠᠨ ᠪᠤᠯᠳᠠᠯ᠎ᠠ ᠨᠠᠶᠢᠳᠠ 3623 ᠬᠦᠮᠤᠨ ᠢ ᠪᠠᠶᠢᠴᠠᠭᠠᠨ᠂ ᠤᠳᠤ ᠶᠠᠭ 674 | ᠬᠦᠮᠤᠨ ᠢ ᠬᠠᠮᠢᠶᠠᠷᠤᠨ ᠡᠵᠡᠮᠳᠡᠵᠤ ︵24 ᠬᠦᠮᠤᠨ ᠢ ᠲᠦᠪᠯᠡᠷᠡᠬᠦᠯᠤᠨ ᠳᠤᠰᠠᠭᠠᠷᠯᠠᠵᠤ᠂ 325 ᠬᠦᠮᠤᠨ ᠢ ᠬᠡᠷ | ᠲᠤ ᠨᠢ ᠳᠤᠰᠠᠭᠠᠷᠯᠠᠵᠤ᠂ 325 ᠬᠦᠮᠤᠨ ᠢ ᠬᠡᠷ ᠲᠤ ᠨᠢ ᠡᠷᠡᠬᠦᠯ ᠮᠠᠨᠳᠤ ᠶᠢᠨ ᠬᠢᠨᠠᠯᠳᠠ ᠬᠢᠵᠤ ᠪᠤᠢ︶᠂ 2949 | ᠬᠦᠮᠤᠨ ᠢ ᠬᠠᠮᠢᠶᠠᠷᠤᠯᠳᠠ ᠡᠵᠡᠮᠳᠡᠯ ᠠᠴᠠ ᠳᠠᠶᠢᠯᠪᠠ᠃ | | | | | |