ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠤᠨᠬᠤ ᠭᠠᠵᠠᠷ 2022 ᠣᠨ ᠤ 19 ᠳ᠋ᠣᠭᠡᠷ ᠤᠳᠠᠭᠠᠨ ᠤ ᠳᠤᠬᠢᠷᠠᠭᠤᠯᠤᠯᠳᠠ ᠶᠢᠨ ᠬᠤᠷᠠᠯ ᠵᠢᠴᠢ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠤᠨᠪᠤᠷᠢᠯᠡᠬᠦ ᠲᠦᠷᠪᠡᠳᠦᠭᠡᠷ ᠤᠳᠠᠭᠠᠨ ᠤ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/14
    10 ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ 2022 ᠣᠨ ᠤ 20 ᠳ᠋ᠣᠭᠠᠷ ᠣᠳᠠᠭᠠᠨ ᠤ ᠳᠤᠬᠢᠷᠠᠭᠤᠯᠤᠯᠳᠠ ᠶᠢᠨ ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠤᠨᠬᠤ ᠭᠠᠵᠠᠷ  ᠤᠨ ᠶᠡᠷᠤᠩᠬᠡᠢ ᠵᠢᠯᠤᠭᠤᠳᠤᠭᠴᠢ ᠶᠠᠩ ᠶᠢᠩ ᠰᠢᠨ ᠲᠠᠷᠣᠢ ᠳᠤᠨᠢ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠤᠨᠬᠤ ᠭᠠᠵᠠᠷ ᠤᠨ 2022 ᠤᠨ ᠤ 19 ᠳ᠋ᠣᠭᠡᠷ ᠤᠳᠠᠭᠠᠨ ᠤ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤ ᠣᠳᠣᠷᠢᠳᠣᠯᠭ᠎ᠠ ᠸᠧᠢ ᠵᠧᠨ ᠰᠢᠤᠸᠠᠨ᠂ ᠳ᠋ᠤᠸᠠᠨ ᡁᠢ ᠴᠢᠶᠠᠩ᠂ ᠦ᠋ ᠰᠢᠶᠣᠣ ᠹᠠᠩ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ  ᠳᠤ ᠣᠷᠣᠯᠴᠠᠪᠠ᠃     ᠬᠤᠷᠠᠯ ᠲᠡᠭᠡᠷ᠎ᠡ ᠳᠡᠬᠡᠳᠤ ᠱᠠᠳᠤᠨ ᠤ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠵᠤ ᠨᠠᠶᠢᠳᠠᠪᠤᠷᠢᠵᠢᠭᠤᠯᠤᠨ᠂ ᠤᠳᠤᠬᠠᠨ ᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠤᠨ ᠠᠵᠢᠯ ᠳᠤ ᠳᠠᠬᠢᠨ ᠳᠤᠬᠢᠷᠠᠭᠤᠯᠤᠯᠳᠠ ᠳᠠᠬᠢᠨ ᠪᠠᠶᠢᠷᠢᠯᠠᠭᠤᠯᠤᠯᠳᠠ ᠳᠠᠬᠢᠨ ᠨᠠᠶᠢᠳᠠᠪᠤᠷᠢᠵᠢᠭᠤᠯᠤᠯᠳᠠ ᠬᠢᠪᠡ᠃     ᠬᠤᠷᠠᠯ ᠠᠴᠠ ᠲᠠᠷᠣᠢ ᠳᠤᠨᠢ ᠬᠦᠳᠡᠯᠦᠯᠴᠡᠵᠣ᠂ ᠶᠡᠭᠡ ᠲᠠᠯ᠎ᠠ ᠶᠢᠨ ᠣᠬᠠᠮᠰᠠᠷ ᠢᠶᠠᠨ ᠲᠡᠭᠡᠭᠰᠢᠯᠡᠭᠦᠯᠦᠨ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠢ ᠨᠠᠶᠢᠳᠠᠪᠦᠷᠢᠵᠢᠭᠤᠯᠣᠨ ᠪᠠᠷᠢᠮᠳᠠᠯᠠᠵᠣ᠂ ᠠᠵᠢᠯ ᠤᠨ ᠬᠡᠷᠡᠭᠵᠢᠭᠦᠯᠬᠦ ᠬᠦᠴᠦ ᠪᠠᠨ ᠲᠡᠭᠡᠭᠰᠢᠯᠡᠭᠦᠯᠦᠨ᠂ ᠨᠡᠶᠢᠭᠡᠮ ᠲᠡᠭᠡᠷ᠎ᠡ ᠬᠠᠯᠳᠠᠪᠦᠷᠢᠯᠠᠯ ᠦᠭᠡᠢ ᠪᠣᠯᠭᠠᠬᠤ ᠬᠠᠷᠠᠯᠳᠠ ᠪᠠᠨ ᠪᠡᠶᠡᠯᠡᠭᠦᠯᠬᠦ ᠶᠢ ᠲᠦᠷᠭᠡᠳᠬᠡᠬᠦ ᠬᠡᠷᠡᠭᠳᠡᠢ᠃ ᠬᠤᠰᠢᠭᠤ ᠬᠡᠪᠴᠢᠶᠠᠨ ᠤ ᠬᠢᠵᠢᠭ ᠤᠨ ᠪᠠᠶᠢᠳᠠᠯ  ᠤᠨ ᠰᠡᠷᠭᠡᠶᠢᠯᠡᠨ ᠡᠵᠡᠮᠳᠡᠯ ᠪᠣᠯᠣᠨ ᠬᠠᠮᠢᠶᠠᠷᠣᠯᠳᠠ ᠡᠵᠡᠮᠳᠡᠯ ᠤᠨ ᠪᠠᠶᠢᠳᠠᠯ ᠢ ᠲᠠᠬᠢᠨ ᠮᠠᠭᠠᠳᠯᠠᠨ ᠨᠡᠶᠢᠳᠠᠪᠦᠷᠢᠵᠢᠭᠤᠯᠵᠣ᠂ ᠲᠠᠬᠤᠯ ᠡᠪᠡᠳᠴᠢᠨ ᠢ ᠮᠦᠷᠳᠡᠨ ᠪᠠᠶᠢᠴᠠᠭᠠᠭᠰᠠᠨ ᠪᠠᠶᠢᠳᠠᠯ ᠲᠠᠢ ᠣᠶᠠᠯᠳᠣᠭᠤᠯᠣᠨ ᠣᠷᠬᠢᠭᠳᠠᠭᠤᠯᠣᠯ ᠦᠭᠡᠢ ᠪᠠᠶᠢᠴᠠᠭᠠᠵᠣ᠂ ᠬᠢᠵᠢᠭ ᠤᠨ ᠦᠷᠭᠡᠵᠢᠨ ᠲᠡᠯᠭᠡᠷᠡᠭᠦ ᠶᠢ ᠡᠷᠡᠰ ᠬᠤᠷᠢᠭᠯᠠᠬᠤ ᠬᠡᠷᠡᠭᠳᠡᠢ᠃ ᠪᠠᠶᠢᠴᠠᠭᠠᠯᠳᠠ ᠶᠢᠨ ᠴᠡᠭ ᠤᠨ ᠬᠠᠮᠢᠶᠠᠷᠣᠯᠳᠠ ᠡᠵᠡᠮᠳᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠦᠷᠢᠵᠢᠭᠤᠯᠣᠨ᠂ ᠴᠢᠩᠭ᠎ᠠ ᠰᠡᠷᠭᠡᠶᠢᠯᠡᠨ ᠪᠠᠳᠦ ᠰᠠᠬᠢᠵᠣ᠂ ᠡᠳ᠋ ᠪᠣᠳᠠᠰ ᠤᠨ ᠵᠦᠭᠡᠭᠡᠪᠦᠷᠢᠯᠡᠯᠳᠡ ᠶᠢᠨ ᠰᠠᠭᠠᠳ ᠦᠭᠡᠢ ᠨᠡᠪᠳᠡᠷᠡᠯᠭᠡ᠂ ᠠᠵᠢᠯᠳᠠᠨ ᠤ ᠬᠠᠮᠢᠶᠠᠷᠣᠯᠳᠠ ᠡᠵᠡᠮᠳᠡᠯ ᠤᠨ ᠡᠷᠴᠢᠮ ᠢ ᠪᠠᠳᠣᠯᠠᠬᠤ ᠬᠡᠷᠡᠭᠳᠡᠢ᠃ ᠰᠢᠯᠵᠢᠭᠦᠯᠦᠨ ᠲᠣᠰᠠᠭᠠᠷᠯᠠᠬᠤ ᠪᠡᠯᠡᠳᠬᠡᠯ ᠠᠵᠢᠯ ᠢ ᠰᠠᠶᠢᠳᠦᠷ ᠬᠢᠨ᠂ ᠲᠣᠰᠠᠭᠠᠷᠯᠠᠬᠤ ᠴᠡᠭ ᠤᠨ ᠲᠣᠨᠣᠭᠯᠠᠯ ᠤᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠵᠣ᠂ ᠠᠵᠢᠯᠳᠠᠨ ᠪᠣᠯᠣᠨ ᠡᠳ᠋ ᠪᠣᠳᠠᠰ ᠤᠨ ᠬᠦᠴᠦᠨ ᠢᠶᠠᠨ ᠵᠣᠬᠢᠰᠳᠠᠢ ᠲᠣᠬᠢᠷᠠᠭᠤᠯᠵᠣ᠂ ᠬᠠᠮᠢᠶᠠᠷᠣᠯᠳᠠ ᠶᠢᠨ ᠠᠵᠢᠯᠳᠠᠨ᠂ ᠡᠮᠴᠢᠯᠡᠭᠡᠨ ᠤ ᠠᠵᠢᠯᠳᠠᠨ᠂ ᠣᠶᠢᠯᠡᠴᠢᠯᠡᠭᠡᠨ ᠤ ᠠᠵᠢᠯᠳᠠᠨ᠂ ᠠᠮᠣᠷ ᠢ ᠬᠠᠮᠠᠭᠠᠯᠠᠬᠤ ᠠᠵᠢᠯᠳᠠᠨ ᠤ ᠬᠠᠮᠢᠶᠠᠷᠣᠯᠳᠠ ᠪᠣᠯᠪᠠᠰᠣᠷᠠᠯ ᠢ ᠴᠢᠩᠭᠠᠳᠬᠠᠨ᠂ ᠰᠣᠯᠪᠢᠴᠡᠯ ᠬᠠᠯᠳᠠᠪᠦᠷᠢᠯᠠᠯ ᠢ ᠡᠷᠡᠰ ᠬᠤᠷᠢᠭᠯᠠᠬᠤ ᠬᠡᠷᠡᠭᠳᠡᠢ᠃ ᠪᠢᠳᠡᠭᠦᠣ ᠬᠠᠮᠢᠶᠠᠷᠣᠯᠳᠠ ᠶᠢᠨ ᠡᠯ᠎ᠡ ᠲᠦᠷᠦᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠣᠨ᠂ ᠲᠣᠭᠳᠠᠭᠰᠠᠨ ᠴᠡᠭ ᠤᠨ ᠡᠮᠨᠡᠯᠭᠡ ᠶᠢᠨ ᠲᠦᠷᠢᠮᠵᠢᠯ ᠬᠠᠮᠢᠶᠠᠷᠣᠯᠳᠠ ᠶᠢᠨ ᠡᠷᠴᠢᠮ ᠢ ᠴᠢᠩᠭᠠᠳᠬᠠᠵᠣ᠂ ᠡᠮᠴᠢᠯᠡᠭᠡᠨ ᠤ ᠠᠪᠣᠷᠠᠨ ᠵᠠᠰᠠᠯᠳᠠ ᠪᠣᠯᠣᠨ ᠡᠮᠨᠡᠯᠭᠡ ᠳᠠᠬᠢ ᠬᠠᠯᠳᠠᠪᠦᠷᠢᠯᠠᠯ ᠤᠨ ᠰᠡᠷᠭᠡᠶᠢᠯᠡᠨ ᠡᠵᠡᠮᠳᠡᠯ ᠤᠨ ᠲᠦᠷᠢᠮᠵᠢᠯ ᠢ ᠴᠢᠩᠭ᠎ᠠ ᠬᠡᠷᠡᠭᠵᠢᠭᠦᠯᠦᠨ᠂ ᠲᠣᠰᠬᠠᠢ ᠬᠦᠮᠦᠨ ᠵᠦᠭᠡᠭᠡᠪᠦᠷᠢᠯᠡᠬᠦ᠂ ᠪᠦᠭᠡᠮ ᠬᠦᠴᠢᠯ ᠤᠨ ᠪᠠᠶᠢᠴᠠᠭᠠᠯᠳᠠ᠂ ᠬᠤᠭ ᠨᠣᠪᠰᠢ ᠶᠢᠨ ᠰᠢᠢᠳᠪᠦᠷᠢᠯᠡᠯᠳᠡ᠂ ᠠᠷᠢᠭᠤᠳᠬᠠᠯ ᠵᠡᠷᠭᠡ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠣ᠂ ᠡᠮᠨᠡᠯᠭᠡ ᠳᠠᠬᠢ ᠬᠠᠯᠳᠠᠪᠦᠷᠢᠯᠠᠯ ᠢ ᠡᠷᠡᠰ ᠰᠡᠷᠭᠡᠶᠢᠯᠡᠭᠦ ᠬᠡᠷᠡᠭᠳᠡᠢ᠃ ᠪᠡᠭᠡᠵᠢᠩ ᠳᠤ ᠣᠴᠢᠬᠤ ᠬᠦᠮᠦᠰ ᠤᠨ ᠬᠠᠮᠢᠶᠠᠷᠣᠯᠳᠠ ᠡᠵᠡᠮᠳᠡᠯ ᠢ ᠨᠡᠩ ᠡᠷᠴᠢᠮ ᠲᠠᠢ ᠴᠢᠩᠭᠠᠳᠬᠠᠨ᠂ ᠬᠤᠷᠢᠭ᠎ᠠ ᠱᠣᠭᠤᠮ ᠢ ᠪᠠᠳᠦ ᠰᠠᠬᠢᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠨᠢ ᠸᠢᠳᠢᠤ᠋ ᠬᠡᠯᠪᠡᠷᠢ ᠪᠠᠷ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠣᠨ ᠤ ᠵᠢᠯᠣᠭᠤᠳᠬᠤ ᠲᠦᠪ ᠲᠤ ᠬᠤᠷᠠᠯᠳᠤᠪᠠ᠃     ᠬᠤᠷᠠᠯ ᠤᠨ ᠲᠠᠷᠠᠭ᠎ᠠ ᠵᠢᠯᠣᠭᠤᠳᠬᠤ ᠲᠦᠪ ᠤᠨ ᠰᠢᠶᠠᠨ ᠤ ᠲᠡᠰ ᠤᠨ ᠬᠠᠷᠢᠭᠤᠴᠠᠯᠭᠠᠳᠠᠳ ᠠᠬᠤᠢ ᠲᠠᠯᠠᠪᠠᠢ  ᠳᠤ ᠬᠦᠷᠴᠦ ᠲᠣᠰᠠᠭᠠᠷᠯᠠᠬᠤ ᠴᠢᠳᠠᠪᠬᠢ ᠶᠢᠨ ᠪᠠᠶᠢᠭᠤᠯᠣᠯᠳᠠ᠂ ᠵᠠᠮ ᠬᠠᠷᠢᠯᠴᠠᠭᠠᠨ ᠤ ᠪᠠᠶᠢᠴᠠᠭᠠᠯᠳᠠ ᠶᠢᠨ ᠴᠡᠭ ᠤᠨ ᠬᠠᠮᠢᠶᠠᠷᠣᠯᠳᠠ ᠡᠵᠡᠮᠳᠡᠯ᠂ ᠣᠷᠣᠨ ᠲᠣᠭᠤᠷᠢᠭ ᠤᠨ ᠠᠷᠢᠭᠤᠳᠬᠠᠯ ᠵᠡᠷᠭᠡ ᠭᠤᠣᠯᠳᠠᠯᠭᠠᠳᠦ ᠠᠵᠢᠯ ᠢ ᠪᠣᠳᠠᠳᠠᠢ ᠪᠠᠶᠢᠴᠠᠭᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号