ᠮᠡᠳᠡᠭᠳᠡᠯ
ᠨᠡᠶᠢᠲᠡᠯᠡᠭᠰᠡᠨ ᠴᠠᠭ᠄
2022/10/14
     ᠤᠷᠳᠤᠰ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠤᠨᠬᠤ ᠭᠠᠵᠠᠷ ᠠᠴᠠ ᠰᠤᠳᠤᠯᠤᠨ ᠳᠤᠭᠳᠠᠭᠠᠬᠤ ᠪᠠᠷ ᠳᠠᠮᠵᠢᠭᠠᠤᠨ᠂ ᠪᠦᠬᠦ ᠬᠤᠳᠠ  ᠶᠢᠨ ᠡᠯ᠎ᠡ ᠱᠠᠳᠤᠨ ᠤ ᠡᠯ᠎ᠡ ᠲᠦᠷᠤᠯ ᠤᠨ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠵᠢᠯ ᠢ ᠳᠤᠤᠷᠠᠬᠢ ᠮᠡᠳᠤ ᠳᠤᠬᠢᠷᠠᠭᠤᠯᠪᠠ᠄      1. ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠤᠨ ᠤᠨ ᠴᠡᠴᠡᠷᠯᠢᠭ ᠤᠨ ᠰᠤᠷᠤᠭᠴᠢᠤᠨ 10 ᠰᠠᠷ᠎ᠠ ᠶᠢᠨ 17 ᠤ ᠡᠳᠤᠷ ᠰᠤᠷᠭᠠᠭᠤᠯᠢ ᠳᠠᠭᠠᠨ ᠪᠤᠴᠠᠵᠤ᠂  ᠰᠦᠯᠵᠢᠶᠡᠨ ᠳᠡᠬᠡᠷᠡᠬᠢ ᠪᠠ ᠰᠦᠯᠵᠢᠶᠡᠨ ᠤ ᠭᠠᠳᠠᠨᠠᠬᠢ ᠵᠢᠭᠠᠨ ᠰᠤᠷᠭᠠᠯᠳᠠ ᠶᠢ ᠬᠠᠷᠢᠯᠴᠠᠨ ᠤᠶᠠᠯᠳᠤᠭᠤᠯᠤᠨ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠩᠭᠤ ᠶᠢᠨ ᠴᠢᠨᠠᠷᠳᠠᠢ ᠰᠠᠶᠢᠳᠤᠷ ᠬᠢᠨ᠎ᠠ᠃      2. 10 ᠰᠠᠷ᠎ᠠ ᠶᠢᠨ 14 ᠤ ᠡᠳᠤᠷ ᠠᠴᠠ 10 ᠰᠠᠷ᠎ᠠ ᠶᠢᠨ 16 ᠤ ᠡᠳᠤᠷ ᠪᠤᠯᠳᠠᠯ᠎ᠠ ᠪᠢᠳᠠᠬᠦᠮᠵᠢᠯᠡᠨ ᠬᠠᠮᠢᠶᠠᠷᠴᠤ ᠪᠠᠶᠢᠭ᠎ᠠ ᠰᠤᠷᠭᠠᠭᠤᠯᠢ ︵ᠬᠤᠳᠠ ᠶᠢᠨ ᠬᠠᠷᠢᠶᠠᠳᠤ ᠳᠡᠬᠡᠳᠤ ᠰᠤᠷᠭᠠᠭᠤᠯᠢ ᠪᠠᠭᠳᠠᠨ᠎ᠠ︶ ᠳᠤ ᠪᠢᠳᠡᠬᠦᠮᠵᠢᠯᠡᠭᠰᠡᠨ ᠬᠠᠮᠢᠶᠠᠷᠤᠯᠳᠠ ᠶᠢ ᠦᠷᠬᠦᠯᠵᠢᠯᠡᠨ ᠬᠡᠷᠡᠭᠵᠢᠬᠦᠯᠵᠤ᠂ ᠰᠤᠷᠭᠠᠭᠤᠯᠢ ᠠᠴᠠ ᠰᠤᠷᠤᠭᠴᠢᠤᠨ ᠤᠨ ᠰᠤᠷᠤᠯᠭ᠎ᠠ ᠠᠮᠢᠳᠤᠷᠠᠯ ᠢ ᠰᠠᠶᠢᠳᠤᠷ ᠳᠤᠬᠢᠷᠠᠭᠤᠯᠤᠨ᠎ᠠ︔ ᠳᠤᠮᠳᠠᠳᠤ ᠪᠠᠭ᠎ᠠ ᠰᠤᠷᠭᠠᠭᠤᠯᠢ ᠰᠦᠯᠵᠢᠶᠡᠨ ᠳᠡᠬᠡᠷᠡᠬᠢ ᠵᠢᠭᠠᠨ ᠰᠤᠷᠭᠠᠯᠳᠠ ᠶᠢ ᠦᠷᠬᠦᠯᠵᠢᠯᠡᠨ ᠦᠷᠨᠢᠬᠦᠯᠤᠨ᠎ᠠ ︵ᠪᠠᠭ᠎ᠠ ᠰᠤᠷᠭᠠᠭᠤᠯᠢ ᠶᠢᠨ 1 — 3 ᠳ᠋ᠤᠭᠠᠷ ᠤᠨ ᠤ ᠰᠤᠷᠤᠭᠴᠢᠤᠨ ᠬᠡᠷ ᠲᠡᠭᠡᠨ ᠰᠠᠭᠤᠵᠤ ᠤᠩᠰᠢᠯᠭ᠎ᠠ ᠬᠢᠬᠦ ᠪᠠᠷ ᠭᠤᠤᠯ ᠪᠤᠯᠭᠠᠨ᠎ᠠ︶᠃      ᠬᠡᠷᠪᠡ ᠤᠨᠴᠠᠭᠠᠢ ᠪᠠᠶᠢᠳᠠᠯ ᠲᠠᠢ ᠪᠤᠯ ᠠᠰᠳᠠᠭᠠᠨ ᠮᠡᠳᠡᠭᠳᠡᠨ᠎ᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号