ᠶᠠᠩ ᠶᠢᠩ ᠰᠢᠨ ᠬᠤᠰᠢᠭᠤ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/10/17
    10 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠤᠨ ᠣᠲᠤᠭ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠬᠦ ᠦᠶᠡᠰ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠵᠤ᠂ ᠪᠦᠬᠦ ᠬᠤᠰᠢᠭᠤᠨ ᠤ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠵᠢᠯᠯᠠᠭ᠎ᠠ ᠶᠢᠨ ᠲᠤᠰᠬᠠᠢ ᠴᠡᠭᠴᠡᠯᠡᠯᠲᠡ ᠶᠢᠨ ︽ᠲᠠᠪᠲᠠᠨ ᠪᠠᠶᠢᠴᠠᠭᠠᠬᠤ︾ ᠠᠵᠢᠯ᠂ ᠵᠦᠪᠰᠢᠶᠡᠷᠡᠬᠦᠯᠬᠦ ᠬᠡᠵᠦ ᠪᠠᠶᠢᠭ᠎ᠠ ᠲᠦᠷᠦᠯ ᠵᠦᠢᠯ ᠤᠨ ᠪᠠᠶᠢᠴᠠᠭᠠᠯᠲᠠ ᠶᠢᠨ ᠭᠠᠷᠳᠠᠮ ᠤᠨ ᠬᠦᠢᠴᠡᠳᠬᠡᠯᠲᠡ ᠶᠢᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠣᠨᠣᠰᠣᠨ᠂ ᠣᠳᠣᠬᠠᠨ ᠳᠤ ᠣᠷᠣᠰᠢᠵᠦ ᠪᠠᠶᠢᠭ᠎ᠠ ᠠᠰᠠᠭᠤᠳᠠᠯ ᠪᠠ ᠲᠤᠲᠠᠭᠤᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠳᠠᠬᠢᠨᠲᠠ ᠪᠤᠲᠠᠲᠠᠶᠢᠵᠢᠭᠤᠯᠤᠨ᠂ ᠠᠷᠭ᠎ᠠ ᠠᠪᠴᠠᠯ ᠢ ᠳᠠᠬᠢᠨᠲᠠ ᠲᠤᠲᠤᠷᠬᠠᠶᠢᠯᠠᠪᠠ᠃     ᠬᠤᠷᠠᠯ ᠠᠴᠠ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠬᠦᠴᠢᠷ ᠪᠡᠷᠭᠡᠰᠢᠶᠡᠯ ᠢ ᠢᠯᠠᠨ ᠳᠠᠪᠠᠭ᠋ᠤ ᠳᠣᠮᠳᠠ ᠡᠬᠦᠷᠭᠡᠯᠡᠯ ᠬᠠᠷᠢᠭᠤᠴᠠᠯᠭ᠎ᠠ ᠪᠠᠨ ᠢᠯᠡᠷᠡᠬᠦᠯᠵᠦ᠂ ᠶᠡᠷᠦᠩᠬᠡᠶᠢᠯᠡᠭᠰᠡᠨ ᠮᠠᠭᠠᠳᠯᠠᠯᠲᠠ ᠵᠠᠳᠠᠯᠤᠯᠲᠠ ᠪᠠᠨ ᠴᠢᠩᠭᠠᠳᠬᠠᠨ᠂ ᠴᠠᠭ ᠬᠤᠭᠤᠴᠠᠭ᠎ᠠ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠵᠤᠷᠪᠤᠰ ᠳᠠᠷᠠᠭᠠᠯᠠᠨ ᠰᠣᠳᠣᠯᠣᠨ᠂ ᠲᠦᠷᠦᠯ ᠬᠤᠪᠢᠶᠠᠨ ᠠᠷᠭ᠎ᠠ ᠪᠤᠳᠣᠯᠭ᠎ᠠ ᠬᠡᠷᠡᠭᠵᠢᠬᠦᠯᠵᠦ᠂ ᠰᠢᠢᠳᠪᠦᠷᠢᠯᠡᠯᠲᠡ ᠶᠢᠨ ᠰᠠᠨᠠᠯ ᠰᠠᠨᠠᠭᠤᠯᠭ᠎ᠠ  ᠪᠠᠨ ᠨᠠᠷᠢᠯᠢᠭᠵᠢᠭᠤᠯᠤᠨ᠂ ᠠᠷᠭ᠎ᠠ ᠠᠪᠴᠠᠯ ᠢᠶᠠᠨ ᠨᠠᠶᠢᠲᠠᠪᠤᠷᠢᠵᠢᠭᠤᠯᠵᠤ᠂ ᠡᠬᠦᠷᠭᠡ ᠬᠠᠷᠢᠭᠤᠴᠠᠯᠭ᠎ᠠ ᠲᠠᠢ ᠪᠤᠲᠠᠲᠠᠢ  ᠶᠢ ᠡᠷᠬᠢᠮᠯᠡᠬᠦ ᠬᠡᠪ ᠰᠣᠷᠲᠠᠯ ᠢᠶᠠᠷ ᠬᠦᠴᠢᠷ ᠶᠠᠪᠤᠳᠠᠯ ᠢ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠨ᠂ ᠠᠰᠢᠭ ᠲᠠᠢ ᠨᠦᠬᠦᠴᠡᠯ ᠢ ᠪᠦᠷᠢᠯᠳᠦᠬᠦᠯᠵᠦ᠂ ᠦᠷ᠎ᠡ ᠳ᠋ᠦᠩ ᠤᠨ ᠣᠳᠣᠷᠢᠳᠣᠮᠵᠢ ᠶᠢ ᠳᠣᠪᠣᠶᠢᠯᠭᠠᠨ᠂ ᠠᠵᠢᠯ ᠤᠨ ᠨᠠᠷᠢᠨ ᠳᠠᠩᠰᠠ ᠶᠢ ᠨᠠᠷᠢᠯᠢᠭᠵᠢᠭᠤᠯᠵᠤ᠂ ︽ᠨᠢᠭᠡ ᠭᠠᠵᠠᠷ ᠣᠷᠣᠨ ᠨᠢᠭᠡ ᠠᠷᠭ᠎ᠠ ᠪᠤᠳᠤᠯᠭ᠎ᠠ︾ ︽ᠨᠢᠭᠡ ᠣᠴᠢᠷ ᠶᠠᠪᠤᠳᠠᠯ ᠨᠢᠭᠡ ᠵᠦᠪᠯᠡᠯᠭᠡ︾ ᠪᠠᠷ ᠰᠢᠢᠳᠪᠦᠷᠢᠯᠡᠬᠦ ᠶᠢᠨ ᠬᠠᠮᠲᠤ ᠳᠠᠭᠠᠭᠠᠮᠠᠭᠠᠢ ᠲᠤᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠨ᠂ ᠬᠠᠳᠠᠭᠠᠯᠠᠭᠳᠠᠴᠠ ᠶᠢ ᠪᠠᠭᠤᠷᠠᠭᠤᠯᠵᠤ᠂ ᠨᠡᠮᠡᠭᠳᠡᠯ ᠢ ᠪᠠᠭᠠᠰᠬᠠᠬᠤ ᠬᠡᠷᠡᠭᠲᠡᠢ᠃ ᠭᠤᠤᠯᠳᠠᠯᠭᠠᠲᠤ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠦ᠂ ᠰᠢᠨ᠎ᠡ ᠠᠷᠭ᠎ᠠ ᠠᠪᠴᠠᠯ  ᠢ ᠬᠡᠷᠡᠭᠯᠡᠨ᠂ ᠠᠵᠢᠯ ᠲᠦᠷᠦᠯ ᠤᠨ ᠭᠤᠤᠯᠯᠠᠬᠤ ᠰᠠᠯᠠᠭ᠎ᠠ ᠮᠦᠴᠢᠷ ᠤᠨ ᠬᠤᠭᠤᠷᠤᠨᠲᠤᠬᠢ ᠬᠠᠮᠲᠤᠷᠠᠯᠴᠠᠭ᠎ᠠ ᠬᠠᠮᠵᠢᠯᠴᠠᠭ᠎ᠠ ᠪᠠ ᠵᠤᠬᠢᠴᠠᠩᠭᠤᠢ ᠣᠶᠠᠯᠳᠣᠭᠤᠯᠣᠯ ᠢ ᠴᠢᠩᠭᠠᠳᠬᠠᠵᠤ᠂ ᠠᠵᠢᠯ ᠤᠨ ᠶᠠᠪᠤᠴᠠ ᠶᠢ ᠣᠯᠠᠮ ᠨᠢᠬᠡ ᠠᠯᠬᠤᠮ ᠡᠮᠬᠢᠯᠡᠵᠦ ᠰᠢᠯᠢᠳᠡᠭᠵᠢᠬᠦᠯᠦᠨ᠂ ᠠᠰᠠᠭᠤᠳᠠᠯ ᠤᠨ ᠴᠡᠭᠴᠡᠯᠡᠯᠲᠡ ᠶᠢᠨ ᠡᠯ᠎ᠡ ᠲᠦᠷᠦᠯ ᠤᠨ ᠠᠵᠢᠯ ᠪᠤᠲᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ ᠨᠢᠬᠡᠳᠦᠯᠲᠡᠢ ᠲᠦᠯᠦᠪᠵᠢᠬᠦᠯᠵᠦ᠂ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠵᠤ ᠠᠬᠤᠢ ᠶᠢ ᠲᠤᠭᠲᠠᠭᠤᠨ ᠪᠤᠯᠭᠠᠬᠤ᠂ ᠠᠮᠣᠷ ᠳᠦᠪᠰᠢᠨ ᠢᠶᠠᠷ ᠬᠦᠭᠵᠢᠬᠦ︾ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠨ᠂ ᠬᠦᠴᠦ ᠬᠦᠳᠡᠯᠮᠦᠷᠢ ᠪᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠬᠢᠵᠢᠭ  ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠵᠤ ᠠᠬᠤᠢ ᠶᠢᠨ ᠨᠡᠮᠡᠭᠳᠡᠯ ᠢ ᠲᠤᠭᠲᠠᠪᠤᠷᠢᠵᠢᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠮᠤᠷ ᠳᠦᠪᠰᠢᠨ ᠢ ᠪᠠᠲᠤᠯᠠᠬᠤ ᠡᠯ᠎ᠡ ᠲᠦᠷᠦᠯ ᠤᠨ ᠠᠵᠢᠯ ᠯᠠᠪᠳᠠᠭᠤᠨ ᠪᠠᠲᠤᠲᠠᠢ ᠮᠦᠷᠲᠡᠬᠡᠨ ᠡᠮᠬᠢᠲᠡᠢ ᠪᠠᠷ ᠠᠬᠢᠭᠤᠯᠤᠭᠳᠠᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠸᠢᠳᠢᠣ᠋ ᠬᠡᠯᠪᠡᠷᠢ ᠪᠠᠷ ᠬᠤᠷᠠᠯᠳᠣᠵᠣ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠡᠯ᠎ᠡ ᠪᠠᠯᠭᠠᠰᠣᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃     ᠬᠤᠰᠢᠭᠤ ᠣᠳᠣᠷᠢᠳᠣᠯᠭ᠎ᠠ ᠱᠢ ᠬᠤᠢ᠂ ᠶᠠᠩ ᠵᠢᠢ ᠴᠢᠶᠠᠩ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号