ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 22 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠣᠯᠣᠳᠣᠭᠠᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/10/17
    10 ᠰᠠᠷ᠎ᠠ ᠶᠢᠨ 16 ᠤ ᠡᠳᠦᠷ᠂ ᠪᠦᠬᠦ ᠬᠤᠲᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 22 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ  ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 22 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠣᠯᠣᠳᠣᠭᠠᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠳᠡᠭᠡᠳᠦ ᠱᠠᠲᠤᠨ ᠤ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ ᠨᠡᠶᠢᠲᠡᠪᠣᠷᠢᠵᠢᠭᠤᠯᠤᠨ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ  ᠬᠢᠨ ᠬᠠᠷᠢᠭᠤᠴᠠᠯᠭᠠᠲᠤ ᠤᠬᠠᠮᠰᠠᠷ ᠢᠶᠠᠨ ᠦᠷᠬᠦᠯᠵᠢᠯᠡᠨ ᠴᠢᠩᠭᠠᠳᠬᠠᠵᠤ᠂ ᠠᠯᠳᠠᠰᠢ ᠲᠤᠲᠠᠭᠤᠳᠠᠯ ᠢᠶᠠᠨ ᠪᠠᠶᠢᠴᠠᠭᠠᠵᠤ ᠨᠦᠬᠦᠪᠦᠷᠢᠯᠡᠨ᠂ ᠡᠬᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠦ᠂ ᠡᠯ᠎ᠡ ᠲᠦᠷᠦᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠪᠠᠶᠢᠴᠠᠭᠠᠯᠲᠠ ᠶᠢᠨ ᠴᠡᠭ ᠤᠨ ᠬᠠᠮᠢᠶᠠᠷᠤᠯᠲᠠ ᠡᠵᠡᠮᠳᠡᠯ  ᠢᠶᠠᠨ ᠣᠯᠠᠮ ᠨᠢᠬᠡ ᠠᠯᠬᠤᠮ ᠳᠦᠷᠢᠮᠵᠢᠬᠦᠯᠦᠨ᠂ ᠬᠦᠮᠦᠨ ᠤ ᠬᠦᠴᠦ ᠡᠳ᠋ ᠪᠠᠷᠠᠭᠠᠨ ᠤ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ ᠪᠤᠭᠤᠮᠳᠠ ᠶᠢ ᠪᠠᠲᠤ ᠰᠠᠬᠢᠬᠤ ᠬᠡᠷᠡᠭᠲᠡᠢ᠃ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ᠂ ᠰᠣᠷᠣᠭᠴᠢᠳ ᠰᠣᠷᠭᠠᠭᠤᠯᠢ  ᠳᠤ ᠪᠠᠨ ᠪᠤᠴᠠᠬᠤ ᠣᠷᠣᠬᠤ᠂ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠡᠯ᠎ᠡ ᠲᠦᠷᠦᠯ ᠤᠨ ᠠᠵᠢᠯ ᠢ ᠰᠠᠶᠢᠲᠤᠷ  ᠬᠢᠨ᠂ ᠲᠤᠰᠠᠭᠠᠷᠯᠠᠯᠲᠠ ᠶᠢᠨ ᠴᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠡᠪᠡᠳᠴᠢᠲᠡᠨ ᠡᠮᠨᠡᠯᠭᠡ ᠠᠴᠠ ᠭᠠᠷᠬᠤ ᠵᠢᠴᠢ ᠬᠤᠶᠢᠨᠠᠬᠢ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠨ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ ᠨᠢᠭᠡᠳᠦᠯᠲᠡᠢ ᠲᠦᠯᠦᠪᠵᠢᠬᠦᠯᠵᠦ᠂ ᠬᠤᠷᠢᠭ᠎ᠠ ᠱᠣᠭᠤᠮ  ᠤᠨ ᠰᠡᠳᠬᠢᠬᠦᠢ ᠪᠠᠨ ᠴᠢᠩᠭᠠᠳᠬᠠᠨ᠂ ᠨᠠᠮᠤᠷ ᠤᠨ ᠬᠤᠷᠢᠶᠠᠯᠲᠠ᠂ ᠰᠣᠷᠣᠭᠴᠢᠳ ᠰᠣᠷᠭᠠᠭᠤᠯᠢ ᠳᠤ ᠪᠠᠨ ᠪᠤᠴᠠᠬᠤ᠂ ᠦᠢᠯᠡᠳᠪᠦᠷᠢᠯᠡᠯ ᠠᠮᠢᠳᠣᠷᠠᠯ ᠵᠡᠷᠭᠡ ᠶᠢᠨ ᠠᠷᠭ᠎ᠠ ᠠᠪᠴᠠᠯ ᠤᠨ ᠦᠢᠯᠡᠴᠢᠯᠡᠬᠡᠨ ᠤ ᠪᠠᠲᠤᠯᠠᠭ᠎ᠠ ᠶᠢ ᠰᠠᠶᠢᠲᠤᠷ ᠬᠢᠨ᠂ ᠠᠵᠤ ᠠᠬᠤᠢ ᠨᠡᠶᠢᠬᠡᠮ ᠲᠤᠭᠲᠠᠭᠤᠨ ᠪᠦᠭᠡᠳ ᠡᠮᠬᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠸᠢᠳᠢᠣ᠋ ᠬᠡᠯᠪᠡᠷᠢ ᠪᠠᠷ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ᠂ ᠡᠯ᠎ᠡ ᠪᠠᠯᠭᠠᠰᠣᠨ ᠤ ᠵᠢᠯᠤᠭᠤᠳᠬᠤ ᠭᠠᠵᠠᠷ ᠲᠤ ᠬᠤᠷᠠᠯᠳᠣᠪᠠ᠃     ᠬᠤᠰᠢᠭᠤ ᠣᠳᠣᠷᠢᠳᠣᠯᠭ᠎ᠠ ᠹᠦ᠋ ᠺᠧ᠂ ᠸᠧᠢ ᠵᠧᠨ ᠰᠢᠦᠸᠡᠨ᠂ ᠳ᠋ᠣᠸᠡᠨ ᡁᠢ ᠴᠢᠶᠠᠩ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号