ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 24 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠰᠦᠳᠦᠬᠡᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/10/18
    10 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 24 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠰᠦᠳᠦᠬᠡᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠳᠠᠬᠢᠨᠲᠠ ᠰᠣᠳᠣᠯᠣᠨ ᠮᠠᠭᠠᠳᠯᠠᠵᠤ᠂ ᠳᠠᠬᠢᠨᠲᠠ ᠲᠤᠬᠢᠷᠠᠭᠤᠯᠪᠠ᠃     ᠬᠤᠷᠠᠯ ᠠᠴᠠ ᠣᠳᠣᠬᠠᠨ ᠳᠤ ᠮᠠᠨ ᠤ ᠬᠤᠰᠢᠭᠤ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠪᠠᠶᠢᠳᠠᠯ ᠮᠦᠨ ᠯᠠ ᠬᠦᠨᠳᠦ ᠨᠣᠴᠢᠲᠠᠢ ᠮᠦᠷᠲᠡᠭᠡᠨ ᠨᠠᠷᠢᠨ ᠪᠣᠳᠣᠯᠢᠶᠠᠨᠲᠠᠢ ᠪᠤᠯᠬᠤᠷ ᠪᠦᠬᠦ ᠬᠤᠰᠢᠭᠤ ᠪᠠᠷ ᠢᠶᠠᠨ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠬᠦᠯᠵᠦ᠂ ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ᠂ ᠲᠤᠲᠤᠨ᠎ᠠ ᠪᠠᠨ ᠳᠡᠯᠭᠡᠷᠡᠬᠦ ᠶᠢ ᠰᠡᠷᠬᠡᠶᠢᠯᠡᠬᠦ︾ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠡᠯ᠎ᠡ ᠲᠦᠷᠦᠯ ᠤᠨ ᠠᠵᠢᠯ ᠢᠶᠠᠨ ᠴᠢᠩᠭ᠎ᠠ ᠮᠦᠷᠲᠡᠭᠡᠨ ᠰᠠᠶᠢᠲᠤᠷ ᠠᠳᠬᠤᠬᠤ ᠬᠡᠷᠡᠭᠲᠡᠢ᠃ ᠪᠠᠶᠢᠴᠠᠭᠠᠯᠲᠠ ᠶᠢᠨ ᠴᠡᠭ ᠤᠨ ᠬᠠᠮᠢᠶᠠᠷᠤᠯᠲᠠ ᠶᠢ ᠴᠢᠩᠭᠠᠳᠬᠠᠨ᠂ ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ ᠪᠤᠭᠤᠮᠳᠠ ᠶᠢ ᠪᠠᠲᠤ ᠰᠠᠬᠢᠬᠤ ᠬᠡᠷᠡᠭᠲᠡᠢ᠃ ᠪᠦᠬᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠭᠤᠤᠯᠳᠠᠯᠭᠠᠲᠤ ᠣᠷᠣᠨ ᠬᠡᠪᠴᠢᠶ᠎ᠡ᠂ ᠭᠤᠤᠯᠳᠠᠯᠭᠠᠲᠤ ᠬᠦᠮᠦᠰ ᠤᠨ ᠪᠦᠬᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠂ ᠪᠠᠶᠢᠴᠠᠭᠠᠯᠲᠠ ᠶᠢᠨ ᠶᠠᠰᠣ ᠴᠢᠨᠠᠷ ᠪᠠ ᠦᠷ᠎ᠡ ᠠᠰᠢᠭ ᠢ ᠳᠡᠭᠡᠭᠰᠢᠯᠡᠬᠦᠯᠬᠦ ᠬᠡᠷᠡᠭᠲᠡᠢ᠃ ᠭᠤᠤᠯᠳᠠᠯᠭᠠᠲᠤ ᠬᠦᠮᠦᠰ ᠲᠤ ᠠᠩᠬᠠᠷᠤᠯ ᠢᠶᠠᠨ ᠲᠦᠪᠯᠡᠷᠡᠬᠦᠯᠵᠦ᠂ ᠬᠢᠨᠠᠨ ᠪᠠᠶᠢᠴᠠᠭᠠᠯᠲᠠ ᠬᠠᠮᠢᠶᠠᠷᠤᠯᠲᠠ ᠡᠵᠡᠮᠳᠡᠯ ᠤᠨ ᠠᠵᠢᠯ ᠢᠶᠠᠨ ᠪᠤᠲᠠᠲᠠᠢ ᠠᠳᠬᠤᠨ᠂ ᠲᠤᠭ᠎ᠠ ᠪᠠᠷᠢᠮᠲᠠ ᠲᠤᠲᠤᠷᠬᠠᠢ᠂ ᠪᠠᠶᠢᠳᠠᠯ ᠢᠯᠡ ᠲᠤᠲᠤ ᠪᠠᠶᠢᠬᠤ ᠶᠢ ᠪᠡᠶᠡᠯᠡᠬᠦᠯᠬᠦ ᠬᠡᠷᠡᠭᠲᠡᠢ᠃ ᠬᠠᠷᠢᠯᠴᠠᠨ ᠵᠤᠬᠢᠴᠠᠭᠤᠯᠬᠤ ᠪᠠᠨ ᠴᠢᠩᠭᠠᠳᠬᠠᠵᠤ᠂ ᠬᠦᠷᠰᠢ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠦᠭᠵᠢᠯᠲᠡ ᠶᠢᠨ ᠪᠠᠶᠢᠳᠠᠯ ᠢ ᠨᠢᠭᠲᠠ ᠠᠩᠬᠠᠷᠤᠨ᠂ ᠬᠠᠮᠢᠶᠠᠷᠤᠯᠲᠠ ᠡᠵᠡᠮᠳᠡᠯ ᠤᠨ ᠠᠷᠭ᠎ᠠ ᠠᠪᠴᠠᠯ ᠢᠶᠠᠨ ᠲᠠᠷᠤᠢ ᠲᠦᠷᠭᠡᠨ ᠬᠦᠳᠡᠯᠦᠩᠭᠦᠢ ᠪᠠᠷ ᠪᠠᠶᠢᠷᠢᠯᠠᠭᠤᠯᠤᠨ ᠲᠤᠬᠢᠷᠠᠭᠤᠯᠬᠤ ᠬᠡᠷᠡᠭᠲᠡᠢ᠃ ᠲᠤᠰᠠᠭᠠᠷᠯᠠᠯᠲᠠ ᠶᠢᠨ ᠴᠡᠭ ᠤᠨ ᠨᠦᠬᠡᠴᠡᠯᠡᠯᠲᠡ ᠶᠢ ᠰᠠᠶᠢᠲᠤᠷ ᠬᠢᠵᠦ᠂ ᠠᠵᠢᠯᠲᠠᠳ ᠪᠠ ᠡᠳ᠋ ᠪᠠᠷᠠᠭ᠎ᠠ ᠶᠢ ᠬᠦᠢᠴᠡᠳ ᠲᠤᠬᠢᠷᠠᠭᠤᠯᠤᠨ᠂ ᠬᠡᠷᠡᠭᠴᠡᠭᠡ ᠲᠠᠢ ᠦᠶᠡᠰ ᠡᠮᠬᠢᠲᠡᠢ ᠠᠰᠢᠭᠯᠠᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠬᠠᠷᠢᠭᠤᠴᠠᠯᠭᠠᠲᠤ ᠣᠬᠠᠮᠰᠠᠷ ᠢᠶᠠᠨ ᠴᠢᠩᠭᠠᠳᠬᠠᠵᠤ᠂ ᠬᠤᠪᠢᠳᠠᠨ ᠬᠠᠮᠢᠶᠠᠷᠬᠤ ᠬᠦᠷᠢᠶ᠎ᠡ ᠴᠠᠷᠠᠭ᠎ᠠ᠂ ᠠᠵᠢᠯ ᠲᠦᠷᠦᠯ ᠤᠨ ᠬᠦᠷᠢᠶ᠎ᠡ ᠬᠡᠪᠴᠢᠶᠡᠨ ᠳᠠᠬᠢ ᠬᠢᠵᠢᠭ ᠤᠨ ᠪᠠᠶᠢᠳᠠᠯ  ᠤᠨ ᠰᠡᠷᠬᠡᠶᠢᠯᠡᠨ ᠡᠵᠡᠮᠳᠡᠯ ᠤᠨ ᠬᠠᠷᠢᠭᠤᠴᠠᠯᠭ᠎ᠠ ᠶᠢᠨ ᠨᠠᠶᠢᠲᠠᠪᠤᠷᠢᠵᠢᠭᠤᠯᠤᠯᠲᠠ ᠪᠠᠨ ᠴᠢᠩᠭᠠᠳᠬᠠᠨ᠂ ᠬᠠᠮᠢᠶᠠᠷᠤᠯᠲᠠ ᠡᠵᠡᠮᠳᠡᠯ ᠤᠨ ᠪᠠᠯᠠᠢ ᠣᠷᠣᠨ ᠢ ᠪᠦᠬᠦ ᠲᠠᠯ᠎ᠠ ᠪᠠᠷ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠠᠯ ᠢ ᠰᠠᠶᠢᠲᠤᠷ ᠬᠢᠬᠦ ᠶᠢᠨ ᠬᠠᠮᠲᠤ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠣᠷᠠᠯ  ᠤᠨ ᠡᠮᠬᠢ ᠵᠢᠷᠤᠮ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠸᠢᠳᠢᠣ᠋ ᠬᠡᠯᠪᠡᠷᠢ ᠪᠠᠷ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ ᠵᠢᠯᠤᠭᠤᠳᠬᠤ ᠭᠠᠵᠠᠷ ᠲᠤ ᠬᠤᠷᠠᠯᠳᠣᠪᠠ᠃     ᠬᠤᠰᠢᠭᠤ ᠣᠳᠣᠷᠢᠳᠣᠯᠭ᠎ᠠ ᠵᠣᠣ ᠱᠣᠸᠡᠨ᠂ ᠰᠦᠨ ᠶᠢᠦ ᠵᠢᠶᠦ᠋ᠨ᠂ ᠸᠧᠢ ᠵᠧᠨ ᠰᠢᠦᠸᠡᠨ᠂ ᠳ᠋ᠣᠸᠡᠨ ᡁᠢ ᠴᠢᠶᠠᠩ᠂ ᠱᠢ ᠵᠢᠶᠦ᠋ᠨ᠂ ᠵᠢᠶᠠ ᠰᠢᠶᠠᠩ ᠪᠢᠩ᠂ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ ᠳᠣᠭᠤᠶᠢᠯᠠᠩ᠂ ᠪᠦᠷᠢᠯᠳᠦᠬᠦᠨ ᠨᠢᠬᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号