ᠣᠳᠤᠭ ᠤᠨ ᠡᠮᠦᠨᠡᠳᠦ ᠬᠤᠰᠢᠭᠤᠨ ᠤ ᠡᠯ᠎ᠡ ᠹᠷᠣᠨᠲ ᠤᠨ ᠠᠵᠢᠯᠳᠠᠳ ᠬᠢᠵᠢᠭ ᠢ ᠰᠡᠷᠭᠡᠶᠢᠯᠡᠭᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠣ ᠪᠠᠶᠢᠨ᠎ᠠ
ᠨᠡᠶᠢᠲᠡᠯᠡᠭᠰᠡᠨ ᠴᠠᠭ᠄
2022/10/18
    ᠣᠶᠢᠷ᠎ᠠ ᠶᠢᠨ ᠡᠳᠦᠷ᠂ ᠣᠳᠤᠭ ᠤᠨ ᠡᠮᠦᠨᠡᠳᠦ ᠬᠤᠰᠢᠭᠤᠨ ᠤ ᠡᠯ᠎ᠡ ᠠᠵᠢᠯ ᠲᠦᠷᠦᠯ ᠤᠨ ᠠᠵᠢᠯᠳᠠᠳ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠵᠣ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠴᠡᠭᠡᠵᠢ ᠲᠦᠷᠦᠨ ᠰᠦᠷᠦᠨ ᠣᠷᠣᠭᠰᠢᠯᠠᠵᠣ᠂ ᠰᠡᠳᠬᠢᠯ ᠢ ᠬᠦᠳᠡᠯᠭᠡᠮ᠎ᠡ ᠣᠶᠢᠯᠠ ᠶᠠᠪᠣᠳᠠᠯ ᠢ ᠪᠢᠴᠢᠭᠯᠡᠵᠣ ᠪᠠᠶᠢᠨ᠎ᠠ᠃
    ᠲᠣᠰ ᠡᠬᠡᠯᠵᠢ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠦᠷᠭᠡᠨ ᠣᠯᠠᠨ ᠡᠮᠴᠢ ᠰᠣᠪᠢᠯᠠᠭᠴᠢ᠂ ᠺᠠᠳ᠋ᠷ ᠴᠠᠭᠳᠠᠭ᠎ᠠ᠂ ᠪᠠᠶᠢᠴᠠᠭᠠᠨ ᠰᠢᠯᠭᠠᠬᠤ ᠠᠵᠢᠯᠳᠠᠨ᠂ ᠬᠤᠷᠢᠭ᠎ᠠ ᠴᠡᠭ ᠤᠨ ᠠᠵᠢᠯᠳᠠᠨ᠂ ᠰᠣᠨᠢᠨ ᠮᠡᠳᠡᠭᠡᠨ ᠤ ᠠᠵᠢᠯᠳᠠᠨ᠂ ᠨᠡᠶᠢᠭᠡᠮ ᠲᠣᠭᠤᠷᠢᠭ ᠤᠨ ᠠᠵᠢᠯᠳᠠᠨ᠂ ᠠᠳᠠᠯ ᠠᠬᠤᠢ ᠶᠢᠨ ᠠᠵᠢᠯᠳᠠᠨ ᠵᠢᠴᠢ ᠰᠠᠶᠢᠨ ᠲᠣᠷᠠᠴᠣᠳ ᠲᠡᠷᠡ ᠲᠠᠷᠣᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠣᠴᠢᠭᠰᠠᠨ ᠪᠠᠶᠢᠨ᠎ᠠ᠃ ᠲᠡᠳᠡ ︽ᠰᠣᠳᠣᠨ ᠠᠵᠢᠯᠯᠠᠭᠴᠢ︾᠂ ︽ᠰᠠᠬᠢᠨ ᠬᠠᠮᠠᠭᠠᠯᠠᠭᠴᠢ︾ ᠪᠣᠯᠵᠣ᠂ ᠨᠢᠭᠤᠷ ᠴᠢᠷᠠᠢ ᠳᠠᠬᠢ ᠠᠮᠠᠪᠴᠢ ᠳᠤ ᠲᠠᠷᠣᠭᠳᠠᠭᠰᠠᠨ ᠣᠷᠣᠮ᠂ ᠬᠦᠯᠦᠰᠣᠨ ᠳᠤ ᠲᠡᠪᠳᠦᠭᠰᠡᠨ ᠬᠤᠪᠴᠠᠰᠦ᠂ ᠣᠯᠠᠨ ᠲᠣᠯᠪᠦ ᠪᠠᠷ ᠲᠦᠬᠦᠷᠦᠭᠰᠡᠨ ᠬᠤᠶᠠᠷ ᠭᠠᠷ ᠁ ᠡᠨᠡ ᠪᠦᠬᠦᠨ ᠨᠢ ᠲᠡᠳᠡᠨ ᠤ ᠡᠳᠦᠷ ᠰᠦᠨᠢ ᠦᠭᠡᠢ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠡᠷᠡᠯᠭᠡᠭᠯᠡᠨ ᠪᠠᠶᠢᠯᠳᠣᠵᠣ᠂ ᠦᠪᠡᠷ ᠤᠨ ᠰᠢᠷᠭᠠᠭᠤ ᠴᠢᠷᠮᠠᠶᠢᠯᠭ᠎ᠠ ᠬᠦᠴᠦ ᠬᠦᠯᠦᠰᠦ ᠪᠠᠷ ᠢᠶᠠᠨ ᠬᠠᠯᠳᠠᠪᠦᠷᠢᠳᠦ ᠬᠢᠵᠢᠭ ᠢ ᠬᠤᠷᠢᠭᠯᠠᠨ ᠰᠡᠷᠭᠡᠶᠢᠯᠡᠭᠦ ᠲᠡᠮᠣᠷ ᠬᠡᠷᠡᠮ ᠢ ᠴᠣᠭᠴᠠᠯᠠᠵᠣ᠂ ᠲᠦᠮᠡᠨ ᠡᠷᠦᠭᠡ ᠶᠢᠨ ᠠᠮᠣᠷ ᠠᠮᠣᠭᠤᠯᠠᠩ ᠢ ᠰᠡᠬᠢᠨ ᠬᠠᠮᠠᠭᠠᠯᠠᠵᠣ ᠪᠠᠶᠢᠭ᠎ᠠ ᠶᠢᠨ ᠭᠡᠷᠡᠴᠢ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号