ᠨᠠᠮ ᠤᠨ ᠬᠤᠷᠠᠯ ᠳᠤ ᠠᠩᠬᠠᠷᠤᠯ ᠳᠠᠯᠪᠢᠵᠤ ᠰᠢᠨ᠎ᠠ ᠬᠦᠭᠵᠢᠯᠳᠠ ᠶᠢᠨ ᠤᠶᠢᠯᠠᠭᠠᠭᠳᠠᠬᠤᠨ ᠢ ᠤᠶᠢᠯᠡᠳᠤᠯᠬᠡᠵᠢᠬᠦᠯᠤᠶ᠎ᠠ
ᠨᠡᠶᠢᠲᠡᠯᠡᠭᠰᠡᠨ ᠴᠠᠭ᠄
2022/10/20
    ᠨᠠᠮ ᠤᠨ ᠬᠤᠷᠢᠳᠤᠭᠠᠷ ᠶᠡᠭᠡ ᠬᠤᠷᠠᠯ ᠶᠠᠭ ᠰᠠᠶᠢᠬᠠᠨ ᠬᠤᠷᠠᠯᠳᠤᠵᠤ ᠪᠠᠶᠢᠭ᠎ᠠ ᠠᠵᠠ ᠲᠠᠢ ᠮᠦᠴᠠ ᠳᠤ ᠦᠨᠳᠤᠰᠤᠨ ᠱᠠᠳᠤᠨ ᠤ ᠨᠠᠮ ᠤᠨ ᠬᠡᠰᠢᠬᠦᠨ ᠨᠠᠷᠠᠨᠳᠤᠶᠠᠭ᠎ᠠ ᠬᠤᠷᠠᠯ ᠤᠨ ᠬᠠᠮᠢᠶ᠎ᠠ ᠪᠦᠬᠦᠢ ᠮᠡᠳᠡᠭᠡ ᠶᠢ ᠲᠠᠭᠠᠨ ᠰᠤᠨᠤᠰᠴᠤ᠂ ᠦᠪᠡᠰᠤᠪᠡᠨ ᠰᠤᠷᠤᠯᠴᠠᠨ᠂ ᠰᠢᠨ᠎ᠠ ᠳᠤᠷᠠᠳᠤᠯᠭ᠎ᠠ ᠰᠢᠨ᠎ᠠ ᠬᠦᠭᠵᠢᠯᠳᠠ ᠶᠢᠨ ᠤᠶᠢᠯᠠᠭᠠᠭᠳᠠᠬᠤᠨ ᠢ ᠴᠠᠭ ᠳᠠᠷᠤᠢ ᠳᠤ ᠨᠢ ᠳᠡᠮᠳᠡᠭᠯᠡᠨ ᠡᠵᠡᠮᠰᠢᠵᠤ᠂ ᠤᠷᠬᠢᠯᠤᠮ᠎ᠠ ᠬᠠᠯᠠᠭᠤᠨ ᠰᠡᠤᠨᠬᠢᠯᠬᠡ ᠬᠢᠬᠡᠤᠨ ᠨᠠᠮ ᠤᠨ ᠬᠡᠰᠢᠬᠦᠨ ᠤ ᠤᠬᠠᠮᠰᠠᠷᠳᠤ ᠴᠢᠨᠠᠷ ᠢᠶᠠᠷ ᠢᠶᠠᠨ ᠨᠠᠶᠢᠳᠠ ᠬᠦᠮᠤᠰ ᠤᠨ ᠰᠤᠷᠤᠯᠴᠠᠬᠤ ᠳᠠᠭᠤᠷᠢᠶᠠᠯ ᠪᠤᠯᠤᠭᠰᠡᠨ ᠪᠠᠶᠢᠨ᠎ᠠ᠃     ᠨᠠᠷᠠᠨᠳᠤᠶᠠᠭ᠎ᠠ ᠪᠤᠯ ᠤᠳᠤᠭ ᠤᠨ ᠡᠮᠤᠨᠡᠳᠤ ᠬᠤᠰᠢᠭᠤᠨ ᠤ ᠠᠵᠢᠯ ᠠᠴᠠ ᠪᠠᠨ ᠠᠮᠠᠷᠠᠭᠰᠡᠨ ᠠᠬᠠᠮᠠᠤᠨ ᠪᠠᠭᠰᠢ ᠪᠤᠯᠤᠨ᠎ᠠ᠃ ᠳᠡᠷᠠ ᠠᠵᠢᠯ ᠤᠨ ᠠᠮᠠᠷᠠᠯᠳᠠ ᠪᠠᠨ ᠠᠪᠤᠭᠰᠡᠨ ᠤ ᠳᠠᠷᠠᠭ᠎ᠠ ᠨᠠᠩ ᠤᠯᠠᠨ ᠴᠠᠭ ᠢᠶᠠᠨ ᠰᠤᠷᠤᠯᠴᠠᠬᠤ ᠳᠤ ᠵᠤᠷᠢᠭᠤᠯᠤᠭᠰᠠᠨ ᠪᠠᠶᠢᠨ᠎ᠠ᠃ ᠢᠯᠠᠩᠭᠤᠶ᠎ᠠ ᠪᠦᠬᠦ ᠨᠠᠮ ᠤᠨ ᠳᠤᠳᠤᠭᠠᠳᠤ ᠳᠤ ᠨᠠᠮ ᠤᠨ ᠳᠡᠤᠬᠡ ᠨᠠᠮ ᠤᠨ ᠲᠦᠷᠢᠮ ᠢ ᠰᠠᠶᠢᠳᠤᠷ ᠰᠤᠷᠤᠯᠴᠠᠨ ᠤᠶᠢᠯᠡᠳᠤᠯᠬᠡᠵᠢᠬᠦᠯᠬᠦ ᠳᠤᠬᠠᠢ ᠤᠷᠢᠶᠠᠯᠠᠭ᠎ᠠ ᠭᠠᠷᠭᠠᠭᠰᠡᠨ ᠠᠴᠠ ᠬᠤᠶᠢᠰᠢ ᠳᠠᠷᠠ ᠨᠢᠬᠡᠨ ᠠᠬᠠᠮᠠᠤᠨ ᠨᠠᠮ ᠤᠨ ᠬᠡᠰᠢᠬᠦᠨ ᠤ ᠬᠤᠪᠢ ᠪᠠᠷ ᠪᠡᠶᠡᠴᠢᠯᠡᠨ ᠰᠤᠷᠤᠯᠴᠠᠵᠤ᠂ ᠨᠠᠮ ᠤᠨ ᠲᠦᠷᠢᠮ ᠢ ᠮᠤᠩᠭᠤᠯ ᠦᠰᠤᠨ ᠪᠢᠷ ᠤᠨ ᠪᠢᠴᠢᠯᠬᠡ ᠪᠠᠷ ᠵᠠᠭᠤᠨ ᠮᠧᠲᠷ ᠤᠨ ᠤᠷᠳᠤ ᠤᠷᠢᠶᠠᠮᠠᠯ ᠳᠤᠷᠭᠠᠨ ᠴᠠᠭᠠᠰᠤᠨ ᠳᠡᠬᠡᠷ᠎ᠡ ᠪᠢᠴᠢᠨ ᠳᠡᠮᠳᠡᠭᠯᠡᠵᠤ ᠬᠦᠮᠤᠰ ᠤᠨ ᠢᠳᠡᠬᠡᠯ ᠪᠢᠰᠢᠷᠡᠯ ᠢ ᠤᠯᠤᠭᠰᠡᠨ ᠪᠢᠯᠡ᠃ ᠡᠨᠡ ᠵᠢᠯ ᠠᠴᠠ ᠳᠡᠷᠠ ᠬᠤᠷᠢᠳᠤᠭᠠᠷ ᠶᠡᠭᠡ ᠬᠤᠷᠠᠯ ᠳᠤ ᠪᠡᠯᠡᠤᠨᠬᠡᠵᠤ᠂ ᠠᠯᠢ ᠡᠷᠳᠠ ᠠᠴᠠ ᠳᠡᠮᠳᠡᠭᠯᠡᠯ ᠬᠢᠨ᠂ ᠮᠠᠨ ᠤ ᠨᠠᠮ ᠤᠨ ᠠᠩᠬᠠᠳᠤᠭᠠᠷ ᠶᠡᠭᠡ ᠬᠤᠷᠠᠯ ᠠᠴᠠ ᠨᠠᠭᠠᠰᠢᠬᠢ ᠤᠳᠠᠭ᠎ᠠ ᠪᠤᠯᠭᠠᠨ ᠤ ᠶᠡᠭᠡ ᠬᠤᠷᠠᠯ ᠤᠨ ᠴᠢᠬᠤᠯᠠ ᠠᠭᠤᠯᠭ᠎ᠠ ᠶᠢ ᠵᠢᠷᠤᠭᠳᠤ ᠳᠡᠮᠳᠡᠭᠯᠡᠯ ᠤᠨ ᠬᠡᠯᠪᠡᠷᠢ ᠪᠠᠷ ᠭᠠᠷ ᠪᠢᠴᠢᠮᠡᠯ ᠬᠢᠵᠤ᠂ ᠦᠪᠡᠰᠤᠪᠡᠨ ᠰᠤᠷᠤᠯᠴᠠᠬᠤ ᠶᠢᠨ ᠳᠠᠭᠠᠤ ᠬᠦᠮᠤᠰ ᠲᠤ ᠬᠠᠷᠢᠯᠴᠠᠨ ᠬᠠᠷᠢᠴᠠᠭᠤᠯᠵᠤ ᠰᠤᠷᠤᠯᠴᠠᠨ ᠡᠵᠡᠮᠰᠢᠬᠦ ᠳᠤ ᠳᠠᠭᠤᠷᠢᠶᠠᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号