ᠮᠠᠨ ᠤ ᠬᠤᠰᠢᠭᠤ ᠪᠠᠰᠠ ᠨᠢᠭᠡ ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠡᠪᠡᠳᠴᠢᠳᠠᠨ ᠢ ᠠᠮᠵᠢᠯᠳᠠᠳᠠᠢ ᠡᠮᠨᠡᠨ ᠡᠳᠡᠭᠡᠷᠡᠭᠦᠯᠵᠣ 5 ᠡᠪᠡᠳᠴᠢᠳᠡᠨ ᠢ ᠨᠢᠭᠡᠨᠳᠡ ᠡᠮᠨᠡᠯᠭᠡ ᠠᠴᠠ ᠭᠠᠷᠭᠠᠪᠠ
ᠨᠡᠶᠢᠲᠡᠯᠡᠭᠰᠡᠨ ᠴᠠᠭ᠄
2022/10/21
    10 ᠰᠠᠷ᠎ᠠ ᠶᠢᠨ 19 ᠤ ᠦᠳᠡ ᠶᠢᠨ ᠬᠤᠶᠢᠨ᠎ᠠ᠂ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠰᠠ ᠨᠢᠭᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠳᠡᠨ ᠬᠤᠳᠠ ᠬᠤᠰᠢᠭᠤ ᠬᠤᠶᠠᠷ ᠱᠠᠳᠣᠨ ᠤ ᠡᠮᠨᠡᠯᠭᠡ ᠶᠢᠨ ᠲᠣᠰᠬᠠᠢ ᠮᠡᠷᠭᠡᠵᠢᠯᠳᠡᠨ ᠤ ᠲᠣᠭᠤᠶᠢᠯᠠᠩ ᠤᠨ ᠬᠠᠮᠳᠣᠷᠠᠨ ᠡᠮᠴᠢᠯᠡᠭᠦ ᠪᠠᠷ ᠲᠠᠮᠵᠢᠨ᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠲᠦᠰᠦᠯ ︵ᠲᠣᠷᠰᠢᠨ ᠬᠡᠷᠡᠭᠵᠢᠭᠦᠯᠬᠦ ᠶᠢᠰᠦᠳᠦᠭᠡᠷ ᠬᠡᠪᠯᠡᠯ︶︾ ᠳᠤ ᠲᠣᠭᠳᠠᠭᠠᠭᠰᠠᠨ ᠡᠮᠨᠡᠯᠭᠡ ᠠᠴᠠ ᠭᠠᠷᠬᠤ ᠪᠠᠷᠢᠮᠵᠢᠶ᠎ᠡ ᠳᠤ ᠨᠡᠶᠢᠴᠡᠵᠣ᠂ ᠡᠮᠨᠡᠯᠭᠡ ᠠᠴᠠ ᠭᠠᠷᠪᠠ᠃ ᠡᠮᠨᠡᠯᠭᠡ ᠠᠴᠠ ᠭᠠᠷᠣᠭᠰᠠᠨ ᠤ ᠲᠠᠷᠠᠭ᠎ᠠ᠂ ᠡᠷᠡᠭᠦᠯ ᠮᠡᠨᠳᠦ ᠶᠢᠨ ᠪᠠᠶᠢᠳᠠᠯ   ᠢ  ᠨᠢ ᠦᠷᠭᠦᠯᠵᠢᠯᠡᠨ ᠠᠵᠢᠭᠯᠠᠬᠤ ᠪᠣᠯᠣᠨ᠎ᠠ᠃     ᠣᠳᠣᠬᠠᠨ ᠪᠣᠯᠳᠠᠯ᠎ᠠ᠂ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 5 ᠡᠪᠡᠳᠴᠢᠳᠡᠨ ᠢ ᠡᠳᠡᠭᠡᠷᠡᠭᠦᠯᠦᠨ ᠡᠮᠨᠡᠯᠭᠡ ᠠᠴᠠ ᠭᠠᠷᠭᠠᠵᠠᠢ᠃ ᠦᠯᠡᠳᠡᠭᠰᠡᠨ 3 ᠡᠪᠡᠳᠴᠢᠳᠡᠨ ᠢ ᠮᠦᠨ ᠬᠦ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠣᠰᠠᠭᠠᠷᠯᠠᠨ ᠡᠮᠨᠡᠵᠣ ᠪᠠᠶᠢᠬᠤ ᠪᠦᠭᠡᠳ ᠡᠪᠡᠳᠴᠢᠨ ᠤ ᠪᠠᠶᠢᠳᠠᠯ ᠨᠢ ᠲᠣᠭᠳᠠᠭᠤᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号