ᠠᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/24
    10 ᠰᠠᠷ᠎ᠠ ᠶᠢᠨ 20 ᠤ ᠡᠳᠤᠷ᠂ ᠠᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ᠃ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠳᠤᠬᠠᠢ ᠴᠢᠬᠤᠯᠠ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ ᠨᠠᠶᠢᠳᠠᠪᠤᠷᠢᠵᠢᠭᠤᠯᠤᠨ᠂ ᠠᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠳᠤᠬᠢᠷᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠤᠨᠬᠤ ᠳᠤᠭᠤᠶᠢᠯᠠᠩ ᠤᠨ ᠳᠠᠷᠤᠭ᠎ᠠ ᠵᠣᠣ ᠷᠦᠢ ᠳ᠋ᠦᠩ ᠳᠠᠶᠢᠴᠢᠯᠠᠯᠳᠠ  ᠶᠢᠨ ᠶᠠᠷᠢᠶ᠎ᠠ ᠳᠠᠯᠪᠢᠨ᠂ ᠡᠯ᠎ᠡ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠠᠢ ᠰᠠᠬᠢᠯᠭ᠎ᠠ ᠪᠠᠳᠤ ᠶᠢᠨ ᠠᠮᠠᠯᠠᠯᠳᠠ ᠶᠢᠨ ᠪᠢᠴᠢᠭ ᠪᠠ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠤᠨ ᠬᠡᠷ᠎ᠡ ᠳᠤᠭᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠤᠨᠬᠤ ᠳᠤᠭᠤᠶᠢᠯᠠᠩ ᠤᠨ ᠳᠡᠳ᠋ ᠳᠠᠷᠤᠭ᠎ᠠ ᠯᠢ ᠵᠢᠶᠠ ᠭᠤᠸᠠᠨ ᠠᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠤᠯᠭᠤᠯᠳᠠ ᠪᠠ ᠠᠵᠢᠯ ᠤᠨ ᠡᠬᠦᠷᠬᠡ ᠬᠤᠪᠢᠶᠠᠷᠢᠯᠠᠯ ᠤᠨ ᠳᠤᠭᠳᠠᠭᠠᠯ ᠢ ᠨᠠᠶᠢᠳᠠᠯᠠᠪᠠ᠃     ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠤᠨᠬᠤ ᠳᠤᠭᠤᠶᠢᠯᠠᠩ ᠤᠨ ᠪᠦᠷᠢᠯᠳᠤᠬᠦᠨ᠂ ᠳᠤᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠭᠤᠤ ᠢᠦᠢ ᠯᠥᠩ ᠠᠴᠠ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠪᠢᠴᠢᠭ ᠮᠠᠲ᠋ᠧᠷᠢᠶᠠᠯ᠂ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃     ᠬᠤᠷᠠᠯ ᠠᠴᠠ᠂ ᠤᠯᠤᠰ ᠲᠦᠷᠤ ᠶᠢᠨ ᠵᠤᠭᠰᠤᠴᠠ ᠪᠠᠨ ᠳᠡᠬᠡᠭᠰᠢᠯᠡᠬᠦᠯᠤᠨ᠂ ᠳᠤᠭᠤᠷᠢᠨ ᠪᠠᠶᠢᠴᠠᠭᠠᠬᠤ ᠠᠵᠢᠯ  ᠢ ᠰᠠᠶᠢᠳᠤᠷ ᠬᠢᠬᠦ ᠬᠠᠷᠢᠭᠤᠴᠠᠯᠭᠠᠳᠤ ᠴᠢᠨᠠᠷ ᠪᠠ ᠡᠬᠦᠷᠬᠡᠯᠡᠯᠳᠤ ᠴᠢᠨᠠᠷ ᠢᠶᠠᠨ ᠦᠨᠡᠨᠬᠦ ᠴᠢᠩᠭᠠᠤᠨᠬᠠᠬᠤ ᠬᠡᠷᠡᠭᠳᠠᠢ᠃ ᠤᠯᠤᠰ ᠲᠦᠷᠤ ᠶᠢᠨ ᠳᠤᠭᠤᠷᠢᠨ ᠪᠠᠶᠢᠴᠠᠭᠠᠯᠳᠠ ᠶᠢᠨ ᠬᠤᠷᠴᠠ ᠰᠡᠯᠡᠮ᠎ᠡ ᠶᠢᠨ ᠤᠶᠢᠯᠡᠳᠤᠯ ᠢᠶᠠᠨ ᠪᠠᠳᠠᠷᠠᠭᠤᠯᠤᠨ᠂ ᠨᠠᠮ ᠢᠶᠠᠨ ᠪᠦᠬᠦ ᠳᠠᠯ᠎ᠠ ᠪᠠᠷ ᠴᠢᠩᠭ᠎ᠠ ᠵᠠᠰᠠᠬᠤ ᠤᠯᠤᠰ ᠲᠦᠷᠤ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠳᠤᠷ ᠠᠰᠢᠭᠯᠠᠬᠤ ᠬᠡᠷᠡᠭᠳᠠᠢ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠳᠤᠰ ᠡᠬᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠢ ᠪᠠᠳᠤᠳᠠᠢ ᠰᠠᠶᠢᠳᠤᠷ ᠬᠢᠬᠦ ᠬᠡᠷᠡᠭᠳᠠᠢ᠃ ᠭᠤᠤᠯᠳᠠᠯᠭ᠎ᠠ ᠪᠠᠨ ᠡᠷᠬᠡᠪᠰᠢ ᠳᠤᠪᠤᠶᠢᠯᠭᠠᠨ ᠨᠠᠷᠢᠯᠢᠭ ᠤᠨᠤᠪᠴᠢᠳᠠᠢ ᠪᠠᠶᠢᠯᠭᠠᠬᠤ ᠬᠡᠷᠡᠭᠳᠠᠢ᠃ ᠬᠠᠷᠠᠯᠳᠠ  ᠪᠠᠨ ᠡᠷᠬᠡᠪᠰᠢ ᠳᠤᠳᠤᠷᠬᠠᠶᠢᠯᠠᠨ᠂ ᠶᠠᠰᠤ ᠴᠢᠨᠠᠷ ᠢ ᠴᠢᠬᠤᠯᠠᠴᠢᠯᠠᠵᠤ᠂ ᠦᠨᠡᠨ ᠪᠤᠳᠠᠳᠠᠢ ᠠᠵᠢᠯᠯᠠᠨ ᠨᠠᠶᠢᠷ ᠳᠠᠯ᠎ᠠ ᠳᠠᠯᠪᠢᠬᠤ ᠦᠬᠡᠢ ᠪᠠᠶᠢᠬᠤ ᠬᠡᠷᠡᠭᠳᠠᠢ᠃ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢᠶᠠᠷ ᠵᠠᠩᠬᠢᠯᠠᠭ᠎ᠠ ᠶᠢ ᠡᠵᠡᠮᠳᠡᠵᠤ᠂ ᠦᠨᠡᠨ ᠠᠴᠠ ᠪᠤᠳᠠᠳᠠᠢ ᠶᠢ ᠡᠷᠢᠬᠦ ᠬᠡᠷᠡᠭᠳᠠᠢ᠃ ᠰᠠᠬᠢᠯᠭ᠎ᠠ ᠪᠠᠳᠤ ᠶᠢ ᠡᠷᠬᠡᠪᠰᠢ ᠴᠢᠩᠭ᠎ᠠ ᠳᠤᠳᠤᠷᠬᠠᠢ ᠪᠠᠶᠢᠯᠭᠠᠵᠤ᠂ ᠬᠠᠤᠯᠢ ᠲᠦᠷᠢᠮ ᠰᠠᠬᠢᠯᠭ᠎ᠠ ᠪᠠᠳᠤ ᠶᠤᠰᠤᠭᠠᠷ ᠡᠬᠦᠷᠬᠡ ᠳᠤᠰᠢᠶᠠᠯ ᠢᠶᠠᠨ ᠦᠨᠡᠨᠴᠢ ᠪᠤᠳᠠᠳᠠᠢ ᠬᠦᠢᠴᠡᠤᠨᠬᠡᠬᠦ ᠬᠡᠷᠡᠭᠳᠠᠢ᠃ ᠪᠠᠳᠤᠯᠠᠭ᠎ᠠ ᠶᠢᠨ ᠠᠵᠢᠯ ᠢ ᠪᠠᠳᠤᠯᠠᠨ ᠲᠦᠪ ᠴᠢᠩᠭ᠎ᠠ ᠬᠠᠨᠳᠤᠵᠤ᠂ ᠪᠦᠬᠦ ᠬᠦᠴᠤᠨ ᠢᠶᠠᠷ ᠬᠠᠮᠵᠢᠯᠴᠠᠬᠤ ᠬᠡᠷᠡᠭᠳᠠᠢ᠃ ᠳᠤᠭᠤᠷᠢᠨ ᠪᠠᠶᠢᠴᠠᠭᠠᠬᠤ ᠠᠵᠢᠯ ᠤᠨ ᠵᠠᠩᠬᠢᠯᠠᠭ᠎ᠠ ᠶᠢᠨ ᠭᠤᠭᠴᠤᠭ᠎ᠠ ᠶᠢ ᠰᠠᠶᠢᠳᠤᠷ ᠡᠵᠡᠮᠳᠡᠨ᠂ ᠨᠠᠷᠢᠯᠢᠭ ᠤᠨᠤᠪᠴᠢᠳᠠᠢ ᠬᠦᠴᠤᠯᠡᠵᠤ᠂ ᠳᠤᠭᠤᠷᠢᠨ ᠪᠠᠶᠢᠴᠠᠭᠠᠬᠤ ᠠᠵᠢᠯ ᠤᠨ ᠪᠤᠳᠠᠳᠤ ᠪᠦᠳᠤᠮᠵᠢ ᠤᠯᠬᠤ ᠶᠢ ᠪᠠᠳᠤᠯᠠᠨ᠂ ᠴᠢᠨᠠᠷᠯᠢᠭ ᠳᠤᠭᠤᠷᠢᠨ ᠪᠠᠶᠢᠴᠠᠭᠠᠯᠳᠠ ᠶᠢᠨ ᠠᠵᠢᠯ ᠢᠶᠠᠷ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠠᠷᠯᠢᠭ ᠬᠦᠭᠵᠢᠯᠳᠠ ᠶᠢ ᠠᠬᠢᠭᠤᠯᠬᠤ ᠬᠡᠷᠡᠭᠳᠠᠢ ᠬᠡᠵᠤ ᠵᠢᠭᠠᠭᠰᠡᠨ ᠪᠠᠶᠢᠨ᠎ᠠ᠃     ᠬᠤᠷᠠᠯ ᠠᠴᠠ᠂ ᠳᠤᠰ ᠡᠬᠡᠯᠵᠢ ᠶᠢᠨ ᠳᠤᠭᠤᠷᠢᠨ ᠪᠠᠶᠢᠴᠠᠭᠠᠬᠤ ᠠᠵᠢᠯ ᠢ ᠦᠷᠨᠢᠬᠦᠯᠵᠤ ᠪᠠᠶᠢᠭ᠎ᠠ ᠪᠤᠯ ᠨᠠᠮ ᠤᠨ ᠲᠦᠪ ᠬᠤᠷᠢᠶᠠᠨ ᠤ ᠰᠢᠢᠤᠨᠪᠤᠷᠢ ᠪᠠᠶᠢᠷᠢᠯᠠᠭᠤᠯᠤᠯᠳᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠠᠪᠴᠠᠯ᠂ ᠭᠤᠤᠯ ᠠᠵᠢᠯ ᠤᠨ ᠳᠤᠭᠤᠷᠢᠨ ᠳᠤ ᠪᠦᠬᠦ ᠳᠠᠯ᠎ᠠ ᠳᠤ ᠤᠶᠢᠯᠡᠴᠢᠯᠡᠬᠦ ᠴᠢᠬᠤᠯᠠ ᠢᠯᠡᠷᠡᠯ᠂ ᠨᠠᠮ ᠢᠶᠠᠨ ᠪᠦᠬᠦ ᠳᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠭᠠᠷᠳᠠᠴᠠ ᠪᠤᠯᠤᠨ᠎ᠠ᠃ ᠤᠯᠤᠰ ᠲᠦᠷᠤ ᠶᠢᠨ ᠵᠤᠭᠰᠤᠴᠠ ᠪᠠᠨ ᠦᠨᠡᠨᠬᠦ ᠳᠡᠬᠡᠭᠰᠢᠯᠡᠬᠦᠯᠤᠨ᠂ ᠤᠯᠤᠰ ᠲᠦᠷᠤ ᠶᠢᠨ ᠴᠢᠭᠯᠡᠯ ᠢᠶᠠᠨ ᠡᠵᠡᠮᠳᠡᠵᠤ᠂ ᠨᠠᠩ ᠦᠨᠳᠤᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠠᠵᠢᠯ  ᠢᠶᠠᠨ ᠦᠷᠨᠢᠬᠦᠯᠤᠨ᠂ ᠳᠤᠭᠤᠷᠢᠨ ᠪᠠᠶᠢᠴᠠᠭᠠᠬᠤ ᠠᠵᠢᠯ ᠤᠨ ᠤᠯᠤᠰ ᠲᠦᠷᠤ ᠶᠢᠨ ᠬᠢᠨᠠᠯᠳᠠ᠂ ᠵᠤᠬᠢᠶᠠᠨ ᠪᠠᠶᠢᠭᠤᠯᠤᠯᠳᠠ ᠶᠢᠨ ᠬᠢᠨᠠᠯᠳᠠ ᠪᠠ ᠰᠠᠬᠢᠯᠭ᠎ᠠ ᠪᠠᠳᠤ ᠶᠢᠨ ᠬᠢᠨᠠᠯᠳᠠ ᠶᠢᠨ ᠳᠠᠪᠠᠭᠤᠯᠢᠭ ᠢ ᠳᠠᠰᠤᠷᠠᠯᠳᠠ ᠦᠬᠡᠢ ᠪᠠᠳᠠᠷᠠᠭᠤᠯᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠤᠨᠬᠤ ᠳᠤᠭᠤᠶᠢᠯᠠᠩ ᠤᠨ ᠪᠦᠷᠢᠯᠳᠤᠬᠦᠨ᠂ ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠭᠠᠨ ᠤ ᠳᠤᠭᠳᠠᠴᠠ ᠶᠢᠨ ᠪᠦᠷᠢᠯᠳᠤᠬᠦᠨ ᠨᠢᠬᠡᠴᠠ᠂ ᠳᠤᠰ ᠡᠬᠡᠯᠵᠢ ᠶᠢᠨ ᠳᠤᠭᠤᠷᠢᠨ ᠪᠠᠶᠢᠴᠠᠭᠠᠭᠳᠠᠬᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ᠂ ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠯᠪᠠᠨ ᠬᠡᠷ᠂ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号