ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 26 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ 11 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/10/25
    10 ᠰᠠᠷ᠎ᠠ ᠶᠢᠨ 21 ᠤ ᠡᠳᠦᠷ᠂ ᠪᠦᠬᠦ ᠬᠤᠲᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 27 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ  ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 26 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠪᠠᠨ ᠨᠢᠭᠡᠳᠦᠬᠡᠷ ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠳᠡᠭᠡᠳᠦ ᠱᠠᠲᠤᠨ ᠤ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠣᠳᠣᠬᠠᠨ ᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠳᠠᠬᠢᠨᠲᠠ ᠲᠤᠬᠢᠷᠠᠭᠤᠯᠤᠨ᠂ ᠳᠠᠬᠢᠨᠲᠠ ᠪᠠᠶᠢᠷᠢᠯᠠᠭᠤᠯᠪᠠ᠃     ᠬᠤᠷᠠᠯ ᠠᠴᠠ᠂ ᠣᠳᠣᠬᠠᠨ ᠳᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠪᠠᠶᠢᠳᠠᠯ ᠶᠡᠷᠦᠩᠬᠡᠢ ᠳᠤ ᠪᠠᠨ ᠡᠵᠡᠮᠳᠡᠯ ᠲᠠᠢ ᠪᠤᠯᠪᠠᠴᠣ ᠰᠡᠷᠬᠡᠶᠢᠯᠡᠨ ᠡᠵᠡᠮᠳᠡᠯ ᠤᠨ ᠡᠬᠦᠷᠭᠡ ᠮᠦᠨ ᠯᠠ ᠬᠠᠲᠠᠭᠤ ᠪᠡᠷᠬᠡ ᠪᠤᠢ᠃ ᠪᠦᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠪᠦᠲᠦᠮᠵᠢ ᠪᠠᠨ ᠰᠢᠨᠲᠠᠷᠠᠰᠢ ᠦᠬᠡᠢ ᠰᠠᠶᠢᠲᠤᠷ ᠪᠠᠬᠢᠵᠢᠬᠦᠯᠵᠦ᠂ ᠢᠳᠡᠭᠡᠯ ᠵᠤᠷᠢᠭ ᠢᠶᠠᠨ ᠣᠯᠠᠮ ᠨᠢᠭᠡ ᠠᠯᠬᠤᠮ ᠬᠦᠪᠴᠢᠯᠡᠨ᠂ ᠬᠦᠯᠢᠴᠡᠩᠭᠦᠢ ᠣᠪᠣᠷ ᠬᠢᠨᠠᠮᠠᠭᠠᠢ ᠰᠣᠷᠲᠠᠯ ᠢᠶᠠᠨ ᠪᠠᠲᠤᠯᠠᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ᠂ ᠲᠤᠲᠤᠨ᠎ᠠ ᠪᠠᠨ ᠳᠡᠯᠭᠡᠷᠡᠬᠦ ᠶᠢ ᠰᠡᠷᠬᠡᠶᠢᠯᠡᠬᠦ︾ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠨ᠂ ᠭᠤᠤᠯᠳᠠᠯᠭ᠎ᠠ  ᠪᠠᠨ ᠳᠣᠪᠣᠶᠢᠯᠭᠠᠵᠤ᠂ ᠭᠤᠭᠴᠤᠭ᠎ᠠ ᠵᠠᠩᠭᠢᠯᠠᠭ᠎ᠠ ᠶᠢᠨ ᠠᠯᠬᠤᠮ ᠳᠠᠷᠠᠭ᠎ᠠ ᠪᠠᠨ ᠲᠠᠰᠣᠷᠠᠯᠲᠠ ᠦᠬᠡᠢ ᠲᠡᠬᠦᠯᠳᠡᠷᠵᠢᠬᠦᠯᠦᠨ᠂ ᠠᠯᠳᠠᠰᠢ ᠲᠤᠲᠠᠭᠤᠳᠠᠯ ᠢᠶᠠᠨ ᠨᠦᠬᠦᠪᠦᠷᠢᠯᠡᠵᠦ᠂ ᠣᠷᠴᠢᠨ ᠲᠤᠭᠤᠷᠢᠨ ᠤ ᠠᠷᠢᠭᠤᠳᠬᠠᠯ᠂ ᠬᠤᠭ ᠨᠣᠪᠰᠢ ᠶᠢᠨ ᠵᠦᠭᠡᠭᠡᠪᠦᠷᠢᠯᠡᠯᠲᠡ᠂ ᠡᠮᠴᠢᠯᠡᠬᠡᠨ ᠤ ᠬᠠᠶᠠᠭᠳᠠᠮᠠᠯ ᠪᠤᠳᠠᠰ ᠤᠨ ᠰᠢᠢᠳᠪᠦᠷᠢᠯᠡᠯᠲᠡ ᠵᠡᠷᠭᠡ ᠰᠡᠷᠬᠡᠶᠢᠯᠡᠨ ᠡᠵᠡᠮᠳᠡᠯ ᠤᠨ ᠠᠷᠭ᠎ᠠ ᠠᠪᠴᠠᠯ ᠢ ᠰᠠᠶᠢᠲᠤᠷ ᠨᠠᠶᠢᠲᠠᠪᠤᠷᠢᠵᠢᠭᠤᠯᠬᠤ ᠬᠡᠷᠡᠭᠲᠡᠢ᠃ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠢᠨᠵᠢᠯᠡᠬᠦ ᠣᠬᠠᠭᠠᠨᠴᠢ ᠪᠦᠲᠦᠮᠵᠢᠲᠡᠢ᠂ ᠯᠠᠪᠳᠠᠭᠤᠨ ᠪᠠᠲᠤᠲᠠᠢ ᠪᠠᠷ ᠰᠢᠢᠳᠪᠦᠷᠢᠯᠡᠨ᠂ ᠲᠤᠰᠬᠠᠢ ᠳᠣᠭᠤᠶᠢᠯᠠᠩ ᠤᠨ ᠬᠢᠨ ᠪᠠᠶᠢᠴᠠᠭᠠᠯᠲᠠ ᠶᠢᠨ ᠴᠡᠭ᠂ ᠨᠡᠶᠢᠬᠡᠮ ᠲᠤᠭᠤᠷᠢᠭ᠂ ᠲᠤᠮᠢᠯᠠᠭᠰᠠᠨ ᠰᠠᠯᠪᠤᠷᠢ᠂ ᠭᠠᠴᠠᠭ᠎ᠠ ᠲᠤᠰᠬᠤᠨ ᠯᠤᠭ᠎ᠠ ᠶᠢᠨ ︽ᠬᠤᠤᠰ ᠳᠡᠪᠰᠢᠬᠦᠯᠦᠯᠲᠡ᠂ ᠬᠤᠤᠰ ᠲᠤᠰᠬᠠᠯᠲᠠ᠂ ᠬᠤᠤᠰ ᠬᠠᠮᠢᠶᠠᠷᠤᠯᠲᠠ ᠡᠵᠡᠮᠳᠡᠯ︾  ᠤᠨ ᠠᠪᠴᠠᠯᠳᠣᠭᠤᠯᠣᠯ ᠢᠶᠠᠨ ᠪᠠᠷᠢᠮᠲᠠᠯᠠᠵᠤ᠂ ᠪᠦᠬᠦ ᠶᠠᠪᠤᠴᠠ ᠶᠢᠨ ᠪᠢᠲᠡᠬᠦᠦ ᠬᠠᠮᠢᠶᠠᠷᠤᠯᠲᠠ ᠶᠢᠨ ᠠᠵᠢᠯ ᠤᠨ ᠳᠦᠷᠢᠮᠵᠢᠯ ᠢ ᠴᠢᠩᠭ᠎ᠠ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ︽ᠠᠵᠢᠯ ᠲᠦᠷᠦᠯ ᠤᠨ ᠬᠠᠮᠢᠶᠠᠷᠤᠯᠲᠠ ᠳᠤ ᠬᠢᠵᠢᠭ ᠤᠨ ᠪᠠᠶᠢᠳᠠᠯ ᠤᠨ ᠡᠵᠡᠮᠳᠡᠯ ᠢ ᠲᠤᠤᠱᠯᠠᠭᠤᠯᠬᠤ︾ ᠵᠠᠷᠴᠢᠮ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠨ᠂ ᠬᠤᠳᠠᠯᠳᠤᠭ᠎ᠠ ᠵᠠᠬ᠎ᠠ ᠳᠡᠯᠭᠡᠭᠦᠷ ᠢᠶᠠᠨ ᠰᠡᠷᠬᠦᠬᠡᠬᠦ᠂ ᠬᠢᠴᠢᠶᠡᠯ ᠰᠣᠷᠣᠯᠭ᠎ᠠ ᠪᠠᠨ ᠰᠡᠷᠬᠦᠬᠡᠬᠦ᠂ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠰᠢᠨᠵᠢᠯᠡᠬᠦ ᠤᠬᠠᠭᠠᠨᠴᠢ ᠳᠣᠬᠢᠲᠠᠢ᠂ ᠲᠦᠷᠦᠯ ᠬᠤᠪᠢᠶᠠᠨ ᠡᠮᠬᠢᠲᠡᠢ ᠪᠠᠷ ᠠᠬᠢᠭᠤᠯᠵᠤ᠂ ᠰᠢᠯᠵᠢᠬᠦᠯᠦᠨ ᠲᠣᠰᠠᠭᠠᠷᠯᠠᠬᠤ ᠡᠯ᠎ᠡ ᠲᠦᠷᠦᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠠᠯ ᠢ ᠪᠤᠲᠠᠲᠠᠶᠢᠵᠢᠭᠤᠯᠤᠨ᠂ ᠰᠠᠭᠤᠭᠠᠯᠢ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠡᠮᠬᠢ ᠲᠢᠭᠯᠢᠮ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠪᠠᠶᠢᠳᠠᠯ ᠲᠤᠭᠲᠠᠭᠤᠨ ᠡᠮᠬᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠸᠢᠳᠢᠣ᠋ ᠬᠡᠯᠪᠡᠷᠢ ᠪᠠᠷ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠡᠯ᠎ᠡ ᠪᠠᠯᠭᠠᠰᠣᠨ ᠤ ᠵᠢᠯᠤᠭᠤᠳᠬᠤ ᠭᠠᠵᠠᠷ ᠲᠤ ᠬᠤᠷᠠᠯᠳᠣᠪᠠ᠃     ᠬᠤᠰᠢᠭᠤ ᠣᠳᠣᠷᠢᠳᠣᠯᠭ᠎ᠠ ᠵᠤᠤ ᠱᠣᠸᠡᠨ᠂ ᠴᠢᠦ ᠯᠢᠨ᠂ ᠣᠷᠬᠢᠯ᠂ ᠸᠧᠢ ᠵᠧᠨ ᠰᠢᠦᠸᠡᠨ᠂ ᠱᠢ ᠬᠤᠢ᠂ ᠳ᠋ᠣᠸᠡᠨ ᡁᠢ ᠴᠢᠶᠠᠩ ᠵᠢᠴᠢ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ ᠳᠣᠭᠤᠶᠢᠯᠠᠩ᠂ ᠪᠦᠷᠢᠯᠳᠦᠬᠦᠨ ᠨᠢᠬᠡᠴᠡ  ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号