ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 28 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ 13 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/10/25
    10 ᠰᠠᠷ᠎ᠠ ᠶᠢᠨ 23 ᠤ ᠡᠳᠦᠷ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 28 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ 13 ᠣᠳᠠᠭᠠᠨ ᠤ ᠲᠤᠬᠢᠷᠠᠭᠤᠯᠤᠯᠲᠠ ᠶᠢᠨ ᠬᠤᠷᠠᠯ ᠬᠤᠷᠠᠯᠳᠣᠭᠤᠯᠵᠣ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠪᠠᠶᠢᠷᠢᠯᠠᠭᠤᠯᠪᠠ᠃     ᠬᠤᠷᠠᠯ ᠠᠴᠠ᠂ ᠮᠠᠨ ᠤ ᠬᠤᠰᠢᠭᠤᠨ ᠤ ᠣᠶᠢᠷ᠎ᠠ ᠬᠠᠪᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠲᠣᠶᠢᠯ ᠤᠨ ᠬᠦᠨᠳᠦ ᠪᠣᠳᠣᠯᠢᠶᠠᠨᠳᠠᠢ ᠪᠠᠶᠢᠳᠠᠯ ᠲᠣᠣᠷ᠎ᠠ᠂ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠣᠳᠣᠬᠠᠨ ᠤ ᠪᠠᠶᠢᠳᠠᠯ ᠢ ᠲᠣᠳᠣᠷᠬᠠᠢ ᠲᠠᠨᠢᠨ ᠬᠠᠷᠢᠭᠤᠴᠠᠯᠭᠠᠳᠦ ᠰᠡᠳᠬᠢᠯᠭᠡ ᠪᠠᠨ ᠴᠢᠩᠭᠠᠳᠬᠠᠵᠣ᠂ ᠦᠵᠡᠯ ᠣᠬᠠᠮᠰᠠᠷ ᠢᠶᠠᠨ ᠲᠡᠭᠡᠭᠰᠢᠯᠡᠭᠦᠯᠣᠨ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠠᠨ ᠪᠠᠷᠢᠮᠳᠠᠯᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠣᠷᠬᠢᠭᠳᠠᠭᠤᠯᠣᠯ ᠦᠭᠡᠢ ᠪᠠᠶᠢᠴᠠᠭᠠᠯᠳᠠ ᠶᠢ ᠨᠠᠶᠢᠳᠠᠪᠦᠷᠢᠵᠢᠭᠤᠯᠣᠨ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠢ ᠪᠠᠬᠢᠵᠢᠭᠦᠯᠬᠦ ᠬᠡᠷᠡᠭᠳᠡᠢ᠃ ᠭᠠᠳᠠᠨ᠎ᠠ ᠠᠴᠠ ᠬᠠᠯᠳᠠᠪᠦᠷᠢᠯᠠᠬᠤ ᠶᠢ ᠰᠡᠷᠭᠡᠶᠢᠯᠡᠭᠦ ᠠᠵᠢᠯ ᠢ ᠰᠠᠶᠢᠳᠦᠷ ᠬᠢᠨ᠂ ᠨᠡᠶᠢᠭᠡᠮ ᠲᠣᠭᠤᠷᠢᠭ ᠤᠨ ᠦᠨᠳᠦᠰᠣᠨ ᠪᠠᠶᠢᠳᠠᠯ ᠤᠨ ᠪᠠᠶᠢᠴᠠᠭᠠᠯᠳᠠ ᠶᠢ ᠴᠢᠩᠭᠠᠳᠬᠠᠵᠣ᠂ ᠬᠤᠰᠢᠭᠤᠨ ᠳᠤ ᠢᠷᠡᠭᠰᠡᠳ ᠤᠨ ᠡᠯ᠎ᠡ ᠲᠦᠷᠦᠯ ᠤᠨ ᠡᠵᠡᠮᠳᠡᠯ ᠬᠠᠮᠢᠶᠠᠷᠣᠯᠳᠠ ᠶᠢᠨ ᠠᠷᠭ᠎ᠠ ᠶᠢ ᠴᠢᠩᠭ᠎ᠠ ᠨᠠᠶᠢᠳᠠᠪᠦᠷᠢᠵᠢᠭᠤᠯᠣᠨ᠂ ︽ᠬᠦᠮᠦᠨ᠂ ᠪᠣᠳᠠᠰ᠂ ᠣᠷᠴᠢᠨ ᠲᠣᠭᠤᠷᠢᠨ︾ ᠤ ᠬᠠᠮᠳᠦ ᠶᠢᠨ ᠰᠡᠷᠭᠡᠶᠢᠯᠡᠯ ᠢ ᠰᠠᠶᠢᠳᠦᠷ ᠬᠢᠵᠣ᠂ ᠴᠢᠬᠤᠯᠠ ᠠᠮᠢᠳᠣᠷᠠᠯ ᠤᠨ ᠬᠡᠷᠡᠭᠰᠡᠯ᠂ ᠣᠶᠢᠯᠠᠳᠪᠦᠷᠢᠯᠠᠯ ᠤᠨ ᠡᠳ᠋ ᠪᠣᠳᠠᠰ ᠤᠨ ᠪᠠᠳᠣᠯᠠᠭ᠎ᠠ ᠶᠢᠨ ᠬᠠᠩᠭᠠᠯᠭ᠎ᠠ  ᠶᠢ ᠭᠤᠣᠯᠳᠠᠯᠭ᠎ᠠ ᠲᠠᠢ ᠰᠠᠶᠢᠳᠦᠷ ᠬᠢᠬᠦ ᠬᠡᠷᠡᠭᠳᠡᠢ᠃ ᠠᠷᠭ᠎ᠠ ᠠᠪᠴᠠᠯ ᠢᠶᠠᠨ ᠨᠠᠷᠢᠯᠢᠭᠵᠢᠭᠤᠯᠣᠨ᠂ ᠲᠣᠳᠣᠭᠠᠳᠦ ᠶᠢᠨ ᠰᠡᠷᠭᠡᠶᠢᠯᠡᠯᠳᠡ ᠶᠢᠨ ᠠᠵᠢᠯ ᠢᠶᠠᠨ ᠰᠠᠶᠢᠳᠦᠷ ᠬᠢᠵᠣ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠡᠵᠡᠩᠨᠡᠯᠳᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠣᠨ᠂ ᠣᠯᠠᠨ ᠴᠡᠭ ᠤᠨ ᠪᠠᠶᠢᠴᠠᠭᠠᠯᠳᠠ ᠶᠢᠨ ᠲᠣᠭᠳᠠᠯᠴᠠᠭ᠎ᠠ ᠶᠢ ᠪᠠᠶᠢᠭᠤᠯᠵᠣ᠂ ᠭᠤᠣᠯᠳᠠᠯᠭᠠᠳᠦ ᠲᠠᠯᠠᠪᠣᠷ ᠤᠨ ᠪᠦᠭᠡᠮ ᠬᠦᠴᠢᠯ ᠤᠨ ᠪᠠᠶᠢᠴᠠᠭᠠᠯᠳᠠ ᠶᠢᠨ ︽ᠪᠠᠶᠢᠴᠠᠭᠠᠬᠤ ᠴᠢᠬᠤᠯᠠ ᠲᠠᠢ ᠪᠦᠬᠦᠨ ᠤ ᠪᠠᠶᠢᠴᠠᠭᠠᠯᠳᠠ︾ ᠪᠣᠯᠣᠨ ᠲᠠᠯᠠᠪᠣᠷ ᠤᠨ ᠺᠣᠳ᠋ ᠰᠢᠷᠪᠢᠬᠦ ᠲᠦᠭᠡᠮᠡᠯᠵᠢᠯᠡᠯᠳᠡ ᠶᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠳᠡᠢ᠃ ᠲᠣᠰᠠᠭᠠᠷᠯᠠᠬᠤ ᠴᠡᠭ ᠤᠨ ᠪᠢᠳᠡᠭᠦᠣ ᠲᠦᠷᠢᠮᠵᠢᠯ ᠬᠠᠮᠢᠶᠠᠷᠣᠯᠳᠠ ᠶᠢ ᠬᠡᠷᠡᠭᠵᠢᠭᠦᠯᠣᠨ᠂ ᠣᠷᠴᠢᠨ ᠲᠣᠭᠤᠷᠢᠨ ᠤ ᠠᠷᠢᠭᠤᠳᠬᠠᠯ᠂ ᠬᠤᠭ ᠨᠣᠪᠰᠢ ᠰᠢᠢᠳᠪᠦᠷᠢᠯᠡᠬᠦ ᠵᠡᠷᠭᠡ ᠰᠡᠷᠭᠡᠶᠢᠯᠡᠨ ᠡᠵᠡᠮᠳᠡᠭᠦ ᠠᠷᠭ᠎ᠠ ᠵᠢᠴᠢ ᠠᠵᠢᠯᠳᠠᠨ ᠤ ᠬᠤᠪᠢ ᠬᠦᠮᠦᠨ ᠤ ᠰᠡᠷᠭᠡᠶᠢᠯᠡᠯᠳᠡ ᠶᠢᠨ ᠠᠵᠢᠯ ᠢ ᠰᠠᠶᠢᠳᠦᠷ ᠨᠠᠶᠢᠳᠠᠪᠦᠷᠢᠵᠢᠭᠤᠯᠵᠣ᠂ ᠬᠠᠷᠢᠭᠤᠴᠠᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠣ᠂ ᠡᠯ᠎ᠡ ᠲᠦᠷᠦᠯ ᠤᠨ ᠠᠵᠢᠯ ᠢᠶᠠᠨ ᠪᠠᠷᠢᠮᠵᠢᠶ᠎ᠠ ᠶᠣᠰᠣᠭᠠᠷ ᠶᠠᠪᠣᠭᠳᠠᠭᠤᠯᠣᠨ᠂ ᠡᠷᠴᠢᠮ ᠢᠶᠠᠨ ᠰᠣᠯᠠᠷᠠᠭᠤᠯᠬᠤ ᠦᠭᠡᠢ ᠶᠢ ᠪᠠᠷᠢᠮᠳᠠᠯᠠᠵᠣ᠂ ᠡᠯ᠎ᠡ ᠲᠦᠷᠦᠯ ᠤᠨ ᠠᠵᠢᠯ ᠢᠶᠠᠨ ᠨᠠᠶᠢᠳᠠᠪᠦᠷᠢᠵᠢᠭᠤᠯᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ᠂ ᠬᠢᠵᠢᠭ ᠰᠡᠷᠭᠡᠶᠢᠯᠡᠭᠦ ᠮᠡᠳᠡᠯᠭᠡ ᠶᠢᠨ ᠣᠬᠠᠭᠤᠯᠭ᠎ᠠ ᠵᠢᠯᠣᠭᠤᠳᠣᠯᠭ᠎ᠠ ᠶᠢ ᠴᠢᠩᠭᠠᠷᠠᠭᠤᠯᠵᠣ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠤᠨ ᠬᠠᠣᠯᠢ ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠭᠦᠨ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠪᠣᠯᠣᠨ ᠠᠵᠣ ᠠᠬᠤᠢ ᠨᠡᠶᠢᠭᠡᠮ ᠤᠨ ᠬᠦᠭᠵᠢᠯᠳᠡ ᠶᠢ ᠪᠦᠳᠦᠮᠵᠢᠳᠡᠢ ᠨᠢᠭᠡᠳᠦᠯᠳᠡᠢ ᠲᠦᠯᠦᠪᠵᠢᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠲᠡᠳ᠋ ᠬᠤᠰᠢᠭᠤ ᠲᠠᠷᠤᠭ᠎ᠠ᠂ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠲᠠᠷᠤᠭ᠎ᠠ ᠸᠧᠢ ᠵᠧᠨ ᠰᠢᠤᠸᠠᠨ ᠬᠤᠷᠠᠯ ᠡᠷᠬᠢᠯᠡᠪᠡ᠃ ᠬᠤᠰᠢᠭᠤ ᠣᠳᠣᠷᠢᠳᠣᠯᠭ᠎ᠠ ᠣᠷᠬᠢᠯ᠂ ᠳ᠋ᠤᠸᠠᠨ ᡁᠢ ᠴᠢᠶᠠᠩ᠂ ᠵᠢᠯᠣᠭᠤᠳᠬᠤ ᠲᠦᠪ ᠤᠨ ᠡᠯ᠎ᠡ ᠠᠵᠢᠯᠯᠠᠬᠤ ᠲᠣᠭᠤᠶᠢᠯᠠᠩ᠂ ᠪᠦᠷᠢᠯᠳᠦᠭᠦᠨ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号