10 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ | ᠤ ᠬᠤᠰᠢᠭᠤ ᠳᠠᠷᠤᠭ᠎ᠠ ᠶᠠᠩ ᠶᠢᠩ ᠰᠢᠨ ᠬᠠᠣᠯᠢ ᠲᠤᠭᠲᠠᠭᠠᠯ ᠪᠤᠰᠤ ᠪᠠᠷ ᠭᠠᠵᠠᠷ ᠬᠡᠷᠡᠭᠯᠡᠭᠰᠡᠨ ᠠᠵᠢᠯᠯᠠᠭᠠᠨ ᠤ | ᠲᠤᠰᠬᠠᠢ ᠴᠡᠭᠴᠡᠯᠡᠯᠲᠡ ᠶᠢᠨ ︽ᠲᠠᠪᠳᠠᠨ ᠪᠠᠶᠢᠴᠠᠭᠠᠬᠤ︾ ᠠᠵᠢᠯ ᠢ ᠬᠢᠨᠠᠨ ᠵᠢᠯᠤᠭᠤᠳᠴᠣ ᠪᠠᠶᠢᠴᠠᠭᠠᠨ ᠰᠣᠳᠣᠯᠪᠠ᠃ | | ᠶᠠᠩ ᠶᠢᠩ ᠰᠢᠨ ᠣᠷᠢᠳ ᠬᠤᠵᠢᠳ ᠪᠤᠷᠤᠪᠠᠯᠭᠠᠰᠣ ᠪᠠᠯᠭᠠᠰᠣ᠂ ᠣᠯᠵᠠᠴᠢ ᠪᠠᠯᠭᠠᠰᠣᠨ ᠳᠤ ᠬᠦᠷᠴᠦ᠂ ᠬᠠᠣᠯᠢ | ᠲᠤᠭᠲᠠᠭᠠᠯ ᠪᠤᠰᠤ ᠪᠠᠷ ᠭᠠᠵᠠᠷ ᠬᠡᠷᠡᠭᠯᠡᠭᠰᠡᠨ ᠠᠵᠢᠯᠯᠠᠭᠠᠨ ᠤ ᠲᠤᠰᠬᠠᠢ ᠴᠡᠭᠴᠡᠯᠡᠯᠲᠡ ᠶᠢᠨ ︽ᠲᠠᠪᠳᠠᠨ ᠪᠠᠶᠢᠴᠠᠭᠠᠬᠤ︾ | ᠠᠵᠢᠯ ᠤᠨ ᠠᠬᠢᠭᠤᠯᠤᠯᠲᠠ ᠶᠢᠨ ᠪᠠᠶᠢᠳᠠᠯ᠂ ᠣᠷᠣᠰᠢᠵᠦ ᠪᠠᠶᠢᠭ᠎ᠠ ᠠᠰᠠᠭᠤᠳᠠᠯ ᠢ ᠠᠬᠤᠢ ᠲᠠᠯᠠᠪᠠᠢ ᠳᠤ ᠬᠢᠨᠠᠨ | ᠵᠢᠯᠤᠭᠤᠳᠪᠠ᠃ ᠲᠡᠷᠡ᠂ ᠬᠠᠣᠯᠢ ᠲᠤᠭᠲᠠᠭᠠᠯ ᠪᠤᠰᠤ ᠪᠠᠷ ᠭᠠᠵᠠᠷ ᠬᠡᠷᠡᠭᠯᠡᠭᠰᠡᠨ ᠠᠵᠢᠯᠯᠠᠭᠠᠨ ᠤ ᠲᠤᠰᠬᠠᠢ | ᠴᠡᠭᠴᠡᠯᠡᠯᠲᠡ ᠪᠤᠯ ᠣᠳᠣᠬᠠᠨ ᠤ ᠴᠢᠬᠤᠯᠠ ᠣᠯᠣᠰ ᠲᠦᠷᠦ ᠶᠢᠨ ᠡᠬᠦᠷᠭᠡ᠂ ᠬᠤᠷᠢᠭ᠎ᠠ ᠱᠣᠭᠤᠮ ᠤᠨ ᠡᠬᠦᠷᠭᠡ | ᠪᠤᠯᠬᠤᠷ ᠡᠯ᠎ᠡ ᠪᠠᠯᠭᠠᠰᠣ᠂ ᠡᠯ᠎ᠡ ᠡᠬᠦᠷᠭᠡ ᠲᠤᠰᠢᠶᠠᠯᠲᠤ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠦᠨᠡᠨ ᠬᠦ ᠳᠡᠭᠡᠭᠰᠢᠯᠡᠬᠦᠯᠵᠦ᠂ ᠬᠠᠷᠢᠭᠤᠴᠠᠯᠭᠠᠲᠤ ᠣᠬᠠᠮᠰᠠᠷ ᠢᠶᠠᠨ ᠴᠢᠩᠭᠠᠳᠬᠠᠨ᠂ ᠡᠷᠡᠰ ᠴᠢᠩᠭ᠎ᠠ ᠣᠪᠣᠷ ᠪᠠ | ᠡᠷᠴᠢᠮᠲᠡᠢ ᠠᠷᠭ᠎ᠠ ᠠᠪᠴᠠᠯ ᠢᠶᠠᠷ ᠴᠡᠭᠴᠡᠯᠡᠯᠲᠡ ᠶᠢᠨ ᠠᠵᠢᠯ ᠤᠨ ᠠᠬᠢᠴᠠ ᠶᠢ ᠲᠦᠷᠭᠡᠳᠬᠡᠵᠦ᠂ ᠬᠤᠭᠤᠴᠠᠭ᠎ᠠ | ᠶᠤᠰᠤᠭᠠᠷ ᠴᠡᠭᠴᠡᠯᠡᠯᠲᠡ ᠶᠢᠨ ᠡᠬᠦᠷᠭᠡ ᠪᠠᠨ ᠴᠢᠨᠠᠷᠯᠢᠭ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ ᠠᠬᠤᠢ ᠲᠠᠯᠠᠪᠠᠢ | ᠳᠤ ᠠᠩᠬᠠᠷᠤᠯ ᠲᠠᠯᠪᠢᠨ᠂ ᠰᠢᠪᠲᠤᠯᠤᠯᠲᠠ ᠶᠢᠨ ᠴᠡᠭ ᠪᠠ ᠪᠦᠲᠦᠮᠵᠢᠲᠡᠢ ᠠᠷᠭ᠎ᠠ ᠬᠡᠮᠵᠢᠶ᠎ᠡ ᠶᠢ ᠣᠨᠣᠪᠴᠢᠲᠠᠢ ᠣᠯᠵᠣ᠂ | ︽ᠬᠡᠨ ᠭᠠᠵᠠᠷ ᠬᠡᠷᠡᠭᠯᠡᠭᠰᠡᠨ ᠪᠤᠯ ᠬᠡᠨ ᠬᠠᠷᠢᠭᠤᠴᠠᠬᠤ᠂ ᠬᠡᠨ ᠵᠦᠪᠰᠢᠶᠡᠷᠡᠭᠰᠡᠨ ᠪᠤᠯ ᠬᠡᠨ ᠬᠠᠷᠢᠭᠤᠴᠠᠬᠤ᠂ ᠬᠡᠨ | ᠭᠤᠤᠯᠯᠠᠨ ᠬᠠᠮᠢᠶᠠᠷᠤᠭᠰᠠᠨ ᠪᠤᠯ ᠬᠡᠨ ᠬᠠᠷᠢᠭᠤᠴᠠᠬᠤ︾ ᠵᠠᠷᠴᠢᠮ ᠶᠤᠰᠤᠭᠠᠷ᠂ ᠵᠤᠷᠪᠤᠰ ᠳᠠᠷᠠᠭᠠᠯᠠᠨ ᠰᠣᠳᠣᠯᠣᠨ | ᠮᠠᠭᠠᠳᠯᠠᠵᠤ᠂ ᠲᠦᠷᠦᠯ ᠳᠠᠷᠠᠭᠠᠯᠠᠨ ᠨᠠᠶᠢᠲᠠᠪᠤᠷᠢᠵᠢᠭᠤᠯᠵᠤ ᠴᠡᠭᠴᠡᠯᠡᠨ ᠵᠠᠰᠠᠬᠤ ᠬᠡᠷᠡᠭᠲᠡᠢ᠃ ᠬᠠᠮᠲᠤᠷᠠᠭᠰᠠᠨ ᠬᠠᠤᠯᠢ | ᠬᠡᠷᠡᠭᠵᠢᠬᠦᠯᠦᠯᠲᠡ ᠶᠢ ᠴᠢᠩᠭᠠᠳᠬᠠᠨ᠂ ᠨᠢᠭᠲᠠ ᠬᠠᠮᠵᠢᠯᠴᠠᠨ ᠵᠤᠬᠢᠴᠠᠭᠤᠯᠵᠤ᠂ ᠠᠵᠢᠯ ᠤᠨ ᠬᠠᠮ ᠬᠦᠴᠦᠨ ᠢ | ᠪᠦᠷᠢᠯᠳᠦᠬᠦᠯᠦᠨ᠂ ᠬᠠᠤᠯᠢ ᠬᠡᠷᠡᠭᠵᠢᠬᠦᠯᠦᠯᠲᠡ ᠶᠢᠨ ᠡᠷᠴᠢᠮ ᠢᠶᠠᠨ ᠴᠢᠩᠭᠠᠳᠬᠠᠵᠦ᠂ ᠠᠵᠢᠯ ᠤᠨ ᠳᠠᠷᠤᠯᠲᠠ ᠶᠢ | ᠣᠯᠠᠮ ᠡᠷᠴᠢᠮᠵᠢᠬᠦᠯᠦᠨ᠂ ᠠᠵᠢᠯ ᠤᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠠᠵᠢᠯ ᠤᠨ | ᠨᠠᠶᠢᠲᠠᠪᠤᠷᠢᠵᠢᠭᠤᠯᠤᠯᠲᠠ ᠶᠢ ᠠᠬᠢᠭᠤᠯᠤᠨ᠂ ᠡᠷᠡᠰ ᠰᠢᠭᠤᠷᠬᠠᠢ ᠪᠠᠷ ᠰᠢᠢᠳᠪᠦᠷᠢᠯᠡᠵᠦ᠂ ᠬᠤᠭᠤᠴᠠᠭ᠎ᠠ ᠵᠠᠩᠭᠢᠯᠠᠭ᠎ᠠ | ᠴᠢᠩᠭ᠎ᠠ ᠱᠠᠭᠠᠷᠳᠠᠯᠭ᠎ᠠ ᠶᠤᠰᠤᠭᠠᠷ ᠴᠡᠭᠴᠡᠯᠡᠯᠲᠡ ᠶᠢᠨ ᠡᠬᠦᠷᠭᠡ ᠪᠠᠨ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ ᠬᠡᠵᠦ | ᠬᠡᠯᠡᠭᠰᠡᠨ ᠪᠠᠶᠢᠨ᠎ᠠ᠃ | ᠬᠤᠰᠢᠭᠤ ᠣᠳᠣᠷᠢᠳᠣᠯᠭ᠎ᠠ ᠶᠠᠩ ᠵᠢᠢ ᠴᠢᠶᠠᠩ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ | ᠪᠤᠷᠤᠪᠠᠯᠭᠠᠰᠣ ᠪᠠᠯᠭᠠᠰᠣ᠂ ᠣᠯᠵᠠᠴᠢ ᠪᠠᠯᠭᠠᠰᠣ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠭᠤᠤᠯ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃ | |