10 ᠳ᠋ᠤᠭᠠᠷ ᠰᠠᠷ᠎ᠠ ᠶᠢᠨ 23 ᠤ ᠡᠳᠤᠷ᠂ ᠤᠳᠤᠭ ᠤᠨ ᠡᠮᠤᠨᠡᠳᠤ ᠬᠤᠰᠢᠭᠤ ᠬᠠᠩᠬᠢᠨ ᠬᠤᠰᠢᠭᠤᠨ ᠤ | ᠪᠦᠬᠡᠮ ᠬᠦᠴᠢᠯ ᠤᠨ ᠦᠯᠢᠬᠡᠷ ᠠᠪᠬᠤ ᠠᠵᠢᠯ ᠢ ᠬᠠᠪᠰᠤᠷᠬᠤ ᠡᠮᠴᠢᠯᠡᠬᠡᠨ ᠤ ᠡᠩᠨᠡᠭᠡ ᠶᠢ ᠳᠤᠮᠢᠯᠠᠬᠤ ᠶᠤᠰᠤᠯᠠᠯ | ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠳᠤ ᠶᠠᠪᠤᠭᠳᠠᠵᠤ᠂ 20 ᠡᠮᠨᠡᠯᠬᠡ ᠶᠢᠨ ᠠᠵᠢᠯᠳᠠᠨ | ᠢ ᠬᠠᠩᠬᠢᠨ ᠬᠤᠰᠢᠭᠤᠨ ᠳᠤ ᠳᠤᠮᠢᠯᠠᠨ ᠳᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠠᠵᠢᠯ ᠳᠤ ᠬᠠᠮᠵᠢᠯᠴᠠᠭᠤᠯᠪᠠ᠃ ᠬᠤᠰᠢᠭᠤ ᠳᠡᠳ᠋ ᠳᠠᠷᠤᠭ᠎ᠠ ᠳ᠋ᠤᠸᠠᠨ ᡁᠢ ᠴᠢᠶᠠᠩ ᠶᠤᠰᠤᠯᠠᠯ ᠳᠤ ᠤᠷᠤᠯᠴᠠᠵᠤ | ᠶᠠᠷᠢᠶ᠎ᠠ ᠳᠠᠯᠪᠢᠪᠠ᠃ | | | | | ᠬᠢᠵᠢᠭ ᠤᠨ ᠪᠠᠶᠢᠳᠠᠯ ᠪᠤᠯ ᠳᠠᠷᠤᠢ ᠵᠠᠷᠯᠢᠭ ᠮᠦᠨ᠂ ᠰᠡᠷᠬᠡᠶᠢᠯᠡᠨ ᠬᠢᠵᠠᠭᠠᠷᠯᠠᠬᠤ ᠪᠤᠯ ᠳᠠᠷᠤᠢ ᠬᠠᠷᠢᠭᠤᠴᠠᠯᠭ᠎ᠠ | ᠮᠦᠨ᠃ ᠬᠠᠩᠬᠢᠨ ᠬᠤᠰᠢᠭᠤᠨ ᠤ ᠪᠦᠬᠡᠮ ᠬᠦᠴᠢᠯ ᠤᠨ ᠪᠠᠶᠢᠴᠠᠭᠠᠯᠳᠠ ᠶᠢ ᠬᠠᠪᠰᠤᠷᠬᠤ ᠠᠵᠢᠯ ᠤᠨ ᠡᠬᠦᠷᠬᠡ ᠶᠢ | ᠬᠦᠯᠢᠶᠡᠨ ᠠᠪᠤᠭᠰᠠᠨ ᠤ ᠳᠠᠷᠠᠭ᠎ᠠ᠂ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠦᠤᠨᠳᠠᠷ | ᠲᠦᠷᠬᠡᠨ ᠳᠤᠬᠢᠷᠠᠭᠤᠯᠤᠨ ᠪᠠᠶᠢᠷᠢᠯᠠᠭᠤᠯᠵᠤ ᠤᠷᠢᠶᠠᠯᠠᠨ ᠳᠠᠶᠢᠴᠢᠯᠠᠵᠤ᠂ ᠪᠦᠬᠦ ᠬᠤᠰᠢᠭᠤᠨ ᠤ ᠡᠮᠴᠢ ᠰᠤᠪᠢᠯᠠᠭᠴᠢᠤᠨ | ᠵᠠᠷᠯᠢᠭ ᠢ ᠰᠤᠨᠤᠰᠤᠮᠠᠭᠴᠠ ᠢᠳᠡᠪᠬᠢᠳᠠᠢ ᠪᠠᠷ ᠨᠠᠷᠠ ᠮᠡᠳᠡᠬᠦᠯᠦᠭᠰᠡᠨ ᠢᠶᠠᠷ 20 ᠮᠡᠷᠬᠡᠵᠢᠯ ᠴᠢᠳᠠᠪᠤᠷᠢ ᠳᠠᠭᠠᠨ | ᠴᠠᠭᠠᠷᠠᠭᠰᠡᠨ ᠡᠮᠴᠢ ᠠᠵᠢᠯᠳᠠᠨ ᠢ ᠬᠠᠩᠬᠢᠨ ᠬᠤᠰᠢᠭᠤᠨ ᠳᠤ ᠳᠤᠮᠢᠯᠠᠨ ᠳᠤᠰᠠᠯᠠᠭᠤᠯᠬᠤ ᠪᠠᠷ ᠳᠤᠭᠳᠠᠪᠠ᠃ | ᠤᠶᠢᠯᠠᠭᠠᠭᠰᠡᠨ ᠢᠶᠠᠷ᠂ ᠡᠨᠡᠬᠦ ᠡᠩᠨᠡᠭᠡ ᠶᠢᠨ ᠬᠠᠮᠤᠭ ᠤᠨ ᠪᠠᠭ᠎ᠠ ᠨᠢ 23 ᠨᠠᠰᠤᠳᠠᠢ᠂ ᠬᠠᠮᠤᠭ ᠤᠨ ᠶᠡᠭᠡ ᠨᠢ 41 | ᠨᠠᠰᠤᠳᠠᠢ᠂ ᠴᠦᠮ ᠡᠯ᠎ᠡ ᠡᠮᠴᠢᠯᠡᠬᠡᠨ ᠤ ᠪᠠᠶᠢᠭᠤᠯᠤᠮᠵᠢ ᠶᠢᠨ ᠰᠢᠯᠢᠳᠡᠭ ᠭᠤᠤᠯᠯᠠᠭᠴᠢ ᠬᠦᠴᠤᠨ ᠤᠳ ᠪᠤᠯᠤᠨ᠎ᠠ᠃ | | | | | | | |