ᠮᠠᠨ ᠤ ᠬᠤᠰᠢᠭᠤ ︽ᠣᠷᠴᠢᠨ ᠲᠣᠭᠤᠷᠢᠨ ᠢ ᠴᠡᠪᠡᠷᠯᠡᠭᠴᠢᠳ ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/10/27
    ᠬᠤᠳᠠ ᠵᠠᠭᠡᠯᠢ ᠶᠢᠨ ᠠᠯᠢ ᠨᠢᠭᠡᠨ ᠦᠨᠴᠦᠭ ᠪᠦᠯᠦᠭ ᠪᠦᠷᠢ ᠳᠤ ᠵᠦᠩᠳᠡᠭᠡᠨ ᠬᠠᠷᠠᠭᠳᠠᠳᠠᠭ ᠰᠢᠷ᠎ᠠ ᠬᠠᠨᠵᠢᠶᠠᠷᠳᠦ ᠣᠷᠴᠢᠨ ᠲᠣᠭᠤᠷᠢᠨ ᠤ ᠴᠡᠪᠡᠷᠯᠡᠭᠴᠢᠳ ᠢ ᠬᠦᠮᠦᠰ ᠶᠡᠷᠦ ᠳᠤ ᠪᠠᠨ ︽ᠬᠤᠳᠠ ᠪᠠᠯᠭᠠᠰᠦ ᠶᠢᠨ ᠰᠢᠷ᠎ᠠ ᠴᠡᠴᠡᠭᠡᠰ︾ ᠬᠡᠬᠦ ᠪᠣᠶᠣ ︽ᠬᠤᠳᠠ ᠪᠠᠯᠭᠠᠰᠣ ᠶᠢᠨ ᠭᠤᠶᠣᠯᠠᠭᠴᠢ︾ ᠭᠡᠵᠣ ᠨᠡᠷᠡᠯᠡᠳᠡᠭ ᠪᠦᠭᠡᠳ ᠲᠡᠳᠡ ᠭᠤᠣᠯᠳᠠᠭᠤ ᠵᠡᠭᠡᠯᠢ ᠭᠤᠳᠣᠮᠵᠢ ᠶᠢᠨ ᠠᠷᠢᠭᠤᠨ ᠴᠡᠪᠡᠷ ᠤᠨ ᠠᠵᠢᠯ ᠢ ᠬᠠᠷᠢᠭᠤᠴᠠᠵᠣ᠂ ᠦᠷᠯᠦᠭᠡ ᠡᠷᠳᠡᠯᠡᠨ ᠣᠷᠣᠢ ᠣᠷᠣᠶᠢᠳᠠᠵᠣ᠂ ᠬᠦᠢᠳᠡᠨ ᠬᠠᠯᠠᠭᠤᠨ ᠢ ᠲᠡᠰᠪᠦᠷᠢᠯᠡᠨ ᠮᠠᠰᠢ ᠬᠠᠳᠠᠭᠤᠵᠢᠯᠳᠡᠢ ᠠᠵᠢᠯᠯᠠᠵᠣ ᠪᠠᠶᠢᠳᠠᠭ᠃ 10 ᠰᠠᠷ᠎ᠠ ᠶᠢᠨ 26 ᠤ ᠡᠳᠦᠷ ᠪᠣᠯ ᠲᠡᠯᠡᠬᠡᠢ ᠶᠢᠨ ᠣᠷᠴᠢᠨ ᠲᠣᠭᠤᠷᠢᠨ ᠢ ᠴᠡᠪᠡᠷᠯᠡᠭᠴᠢᠳ ᠤᠨ ᠡᠳᠦᠷ ᠪᠣᠯᠬᠤ ᠶᠣᠮ᠃ ᠡᠨᠡ ᠡᠳᠦᠷ᠂ ᠣᠳᠤᠭ ᠤᠨ ᠡᠮᠦᠨᠡᠳᠦ ᠬᠤᠰᠢᠭᠤᠨ ᠤ ᠨᠡᠶᠢᠳᠡ ᠶᠢᠨ ᠣᠶᠢᠯᠡᠴᠢᠯᠡᠭᠡᠨ ᠤ ᠲᠦᠪ ᠤᠨ ᠬᠢᠨ ︽ᠣᠷᠴᠢᠨ ᠲᠣᠭᠤᠷᠢᠨ ᠢ ᠴᠡᠪᠡᠷᠯᠡᠭᠴᠢᠳ ᠲᠤ ᠬᠠᠶᠢᠷ᠎ᠠ ᠬᠠᠯᠠᠮᠵᠢ ᠬᠦᠷᠭᠡᠬᠦ︾ ᠭᠤᠣᠯ ᠰᠡᠳᠦᠪᠳᠦ ᠠᠵᠢᠯᠯᠠᠭ᠎ᠠ ᠦᠷᠨᠢᠭᠦᠯᠵᠣ᠂ ᠪᠦᠬᠦ ᠬᠤᠰᠢᠭᠤᠨ ᠤ 315 ᠴᠡᠪᠡᠷᠯᠡᠭᠡ ᠶᠢᠨ ᠠᠵᠢᠯᠴᠢᠳ ᠢᠶᠠᠨ ᠪᠣᠯᠭᠤᠭᠠᠨ ᠲᠣᠬᠤᠨᠢᠭᠤᠯᠵᠣ᠂ ᠲᠡᠳᠡᠨ ᠳᠤ ᠨᠡᠶᠢᠭᠡᠮ ᠤᠨ ᠬᠠᠯᠠᠮᠵᠢᠯᠠᠯ ᠬᠦᠷᠳᠡᠭᠡᠨ᠂ ᠡᠪ ᠡᠩ ᠤᠨ ᠠᠵᠢᠯ ᠤᠨ ᠪᠠᠶᠢᠷᠢᠨ ᠳᠤ ᠪᠠᠨ ᠨᠡᠩ ᠢᠯᠡᠭᠦᠣ ᠠᠮᠵᠢᠯᠳᠠ ᠪᠦᠳᠦᠭᠡᠯ ᠭᠠᠷᠭᠠᠬᠤ ᠶᠢ ᠵᠣᠷᠢᠭᠵᠢᠭᠤᠯᠣᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号