⒈ ᠠᠷᠠᠴᠢᠯᠠᠯᠳᠠ ᠬᠠᠮᠢᠶᠠᠷᠤᠯᠲᠠ ᠶᠢ ᠴᠢᠩᠭᠠᠳᠬᠠᠨ ᠡᠷᠡᠭᠦᠯ ᠬᠠᠮᠠᠭᠠᠯᠠᠯ᠂ ᠠᠷᠢᠭᠤᠳᠬᠠᠬᠤ ᠠᠵᠢᠯ ᠢ ᠰᠠᠶᠢᠨ | ᠬᠢᠵᠦ ᠮᠠᠯ ᠤᠨ ᠪᠡᠶ᠎ᠡ ᠶᠢᠨ ᠡᠰᠡᠷᠭᠦᠴᠡᠬᠦ ᠬᠦᠴᠦ ᠶᠢ ᠳᠡᠭᠡᠭᠰᠢᠯᠡᠭᠦᠯᠦᠨ᠂ ︽ᠥᠪᠡᠷᠲᠡᠭᠡᠨ ᠦᠷᠡᠵᠢᠭᠦᠯᠵᠦ | ᠥᠪᠡᠷᠲᠡᠭᠡᠨ ᠠᠷᠠᠴᠢᠯᠠᠬᠤ︾ ᠵᠠᠷᠴᠢᠮ ᠢ ᠪᠠᠷᠢᠮᠲᠠᠯᠠᠵᠤ᠂ ᠡᠪᠡᠳᠴᠢᠨ ᠬᠢᠵᠢᠭ ᠤᠨ ᠬᠠᠯᠳᠠᠪᠤᠷᠢᠯᠠᠬᠤ ᠶᠢ ᠪᠠᠭᠠᠰᠬᠠᠬᠤ | ᠬᠡᠷᠡᠭᠲᠡᠢ᠃ | ⒉ ᠲᠣᠭᠲᠠᠭᠰᠠᠨ ᠬᠤᠭᠤᠴᠠᠭᠠᠨ ᠳᠤ ᠡᠭᠡᠯᠢᠯᠡᠭᠡ ᠶᠢᠨ ᠲᠠᠷᠢᠯᠭ᠎ᠠ ᠪᠠ ᠨᠥᠬᠦᠪᠦᠷᠢ ᠲᠠᠷᠢᠯᠭ᠎ᠠ ᠬᠢᠬᠦ | ᠲᠥᠯᠥᠪᠯᠡᠭᠡ ᠲᠣᠭᠲᠠᠭᠠᠵᠤ ᠬᠡᠷᠡᠭᠵᠢᠭᠦᠯᠦᠨ᠎ᠡ᠃ | ⒊ ᠠᠷᠢᠭᠤᠳᠬᠠᠬᠤ᠂ ᠬᠤᠷᠣᠬᠠᠢ ᠪᠠ ᠬᠤᠯᠤᠭᠠᠨ᠎ᠠ ᠶᠢ ᠤᠰᠠᠳᠬᠠᠬᠤ ᠠᠵᠢᠯ ᠢ ᠰᠠᠶᠢᠨ ᠬᠢᠵᠦ ᠪᠠᠭᠠᠰᠤ | ᠰᠢᠭᠡᠰᠦ ᠶᠢ ᠨᠢ ᠠᠶᠤᠯ ᠦᠭᠡᠢ ᠰᠢᠢᠳᠪᠦᠷᠢᠯᠡᠨ᠎ᠡ᠃ | ⒋ ᠤᠯᠤᠰ ᠤᠨ ᠬᠢᠯᠢ ᠶᠢᠨ ᠬᠢᠵᠢᠭ ᠤᠨ ᠪᠠᠶᠢᠴᠠᠭᠠᠯᠲᠠ᠂ ᠵᠠᠮ ᠬᠠᠷᠢᠯᠴᠠᠭᠠᠨ ᠤ ᠬᠢᠵᠢᠭ ᠤᠨ ᠪᠠᠶᠢᠴᠠᠭᠠᠯᠲᠠ᠂ | ᠵᠠᠬ᠎ᠠ ᠳᠡᠯᠭᠡᠭᠦᠷ ᠤᠨ ᠬᠢᠵᠢᠭ ᠤᠨ ᠪᠠᠶᠢᠴᠠᠭᠠᠯᠲᠠ ᠵᠡᠷᠭᠡ ᠠᠵᠢᠯ ᠢ ᠨᠠᠷᠢᠨ ᠬᠢᠨᠠᠮᠠᠭᠠᠢ ᠬᠢᠵᠦ᠂ ᠬᠠᠯᠳᠠᠪᠤᠷᠢ ᠶᠢᠨ | ᠡᠬᠢ ᠶᠢ ᠴᠠᠭ ᠲᠤᠬᠠᠢ ᠳᠤ ᠨᠢ ᠮᠡᠳᠡᠵᠤ ᠤᠰᠠᠳᠬᠠᠬᠤ ᠬᠡᠷᠡᠭᠲᠡᠢ᠃ | ⒌ ᠡᠯ᠎ᠡ ᠭᠠᠵᠠᠷ ᠤᠨ ᠮᠠᠯ ᠡᠮᠨᠡᠯᠭᠡ ᠶᠢᠨ ᠪᠠᠶᠢᠭᠤᠯᠭ᠎ᠠ ᠲᠤᠬᠠᠢ ᠶᠢᠨ ᠭᠠᠵᠠᠷ ᠤᠨ ᠡᠪᠡᠳᠴᠢᠨ ᠬᠢᠵᠢᠭ ᠤᠨ | ᠲᠠᠷᠬᠠᠯᠲᠠ ᠶᠢ ᠰᠤᠳᠤᠯᠤᠨ᠂ ᠵᠡᠷᠭᠡᠯᠡᠳᠡᠭᠡ ᠣᠷᠣᠨ ᠢ ᠵᠣᠬᠢᠶᠠᠨ ᠪᠠᠶᠢᠭᠤᠯᠵᠤ᠂ ᠮᠠᠯ ᠤᠨ ᠬᠠᠯᠳᠠᠪᠤᠷᠢᠲᠤ ᠡᠪᠡᠳᠴᠢᠨ ᠢ | ᠬᠤᠯᠪᠤᠭᠠᠯᠠᠨ ᠰᠡᠷᠭᠡᠶᠢᠯᠡᠵᠦ᠂ ᠡᠳᠡᠭᠡᠷ ᠡᠪᠡᠳᠴᠢᠨ ᠢ ᠲᠥᠯᠥᠪᠯᠡᠭᠡ ᠲᠠᠢ ᠪᠠᠷ ᠤᠰᠠᠳᠬᠠᠬᠤ ᠪᠠ ᠬᠢᠵᠠᠭᠠᠷᠯᠠᠬᠤ᠂ | ᠭᠠᠳᠠᠨ᠎ᠠ ᠠᠴᠠ ᠡᠪᠡᠳᠴᠢᠨ ᠬᠢᠵᠢᠭ ᠣᠷᠣᠵᠤ ᠢᠷᠡᠬᠦ ᠶᠢ ᠰᠡᠷᠭᠡᠶᠢᠯᠡᠨ᠎ᠡ᠃ |