ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 14 ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/10/28
    10 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 14 ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤ ᠠᠷᠠᠳ ᠤᠨ ᠵᠠᠰᠠᠭ ᠤᠨ ᠣᠷᠳᠣᠨ  ᠤ ᠨᠠᠮ ᠤᠨ ᠣᠳᠣᠷᠢᠳᠬᠤ ᠳᠣᠭᠤᠶᠢᠯᠠᠩ ᠤᠨ ᠪᠦᠷᠢᠯᠳᠦᠬᠦᠨ᠂ ᠣᠳᠣᠷᠢᠳᠬᠤ ᠪᠠᠭ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ ᠳᠣᠮᠳᠠᠳᠣ ᠣᠯᠣᠰ ᠤᠨ ᠡᠪ ᠬᠠᠮᠲᠤ ᠨᠠᠮ ᠤᠨ ᠬᠤᠷᠢᠳᠣᠭᠠᠷ ᠣᠳᠠᠭᠠᠨ ᠤ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠰᠠᠶ᠋ᠢᠬᠠᠨ ᠲᠡᠬᠦᠰᠦᠭᠰᠡᠨ ᠨᠠᠮ ᠤᠨ ᠬᠤᠷᠢᠳᠣᠭᠠᠷ ᠶᠡᠭᠡ ᠬᠤᠷᠠᠯ ᠪᠤᠯ ᠪᠦᠬᠦ ᠨᠠᠮ ᠪᠦᠬᠦ ᠣᠯᠣᠰ ᠤᠨ ᠦᠨᠳᠦᠰᠦᠲᠡᠨ ᠨᠦᠭᠦᠳ  ᠤᠨ ᠠᠷᠠᠳ ᠲᠦᠮᠡᠨ ᠨᠡᠶᠢᠬᠡᠮ ᠵᠢᠷᠤᠮᠲᠤ ᠣᠳᠣᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠣᠭᠠᠷ ᠵᠠᠭᠤᠨ ᠵᠢᠯ ᠤᠨ  ᠲᠡᠮᠡᠴᠡᠬᠦ ᠬᠠᠷᠠᠯᠲᠠ ᠲᠠᠶᠢᠰᠢ ᠣᠷᠣᠭᠰᠢᠯᠠᠵᠤ ᠪᠠᠶᠢᠭ᠎ᠠ ᠵᠠᠩᠭᠢᠯᠠᠭ᠎ᠠ ᠶᠢᠨ ᠴᠠᠭ ᠮᠦᠴᠡ ᠳᠤ ᠬᠤᠷᠠᠯᠳᠣᠭᠰᠠᠨ ᠨᠢᠬᠡ ᠣᠳᠠᠭᠠᠨ ᠤ ᠲᠤᠶᠢᠯ ᠤᠨ ᠴᠢᠬᠤᠯᠠ ᠬᠤᠷᠠᠯ ᠪᠤᠯᠤᠨ᠎ᠠ᠃ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠤᠤᠱᠯᠠᠭᠤᠯᠬᠤ ᠶᠢ ᠣᠳᠣᠬᠠᠨ ᠤ ᠲᠡᠷᠢᠬᠦᠨ ᠴᠢᠬᠤᠯᠠ ᠣᠯᠣᠰ ᠲᠦᠷᠦ ᠶᠢᠨ ᠡᠬᠦᠷᠭᠡ ᠪᠤᠯᠭᠠᠨ᠂ ᠨᠠᠮ ᠤᠨ ᠬᠤᠷᠢᠳᠣᠭᠠᠷ ᠶᠡᠭᠡ ᠬᠤᠷᠠᠯ ᠤᠨ ᠮᠡᠳᠡᠬᠦᠯᠦᠯᠲᠡ ᠶᠢ ᠬᠢᠨᠠᠮᠠᠭᠠᠢ ᠰᠣᠳᠣᠯᠵᠣ᠂ ᠮᠡᠳᠡᠬᠦᠯᠦᠯᠲᠡ ᠳᠤ ᠳᠣᠷᠠᠳᠣᠭᠰᠠᠨ ᠰᠢᠨ᠎ᠡ ᠦᠵᠡᠯᠲᠡ᠂ ᠰᠢᠨ᠎ᠡ ᠨᠣᠲᠠᠯᠠᠯᠲᠠ᠂ ᠰᠢᠨ᠎ᠡ ᠦᠵᠡᠯ ᠰᠠᠨᠠᠭ᠎ᠠ ᠵᠢᠴᠢ ᠴᠢᠬᠤᠯᠠ ᠣᠬᠠᠭᠳᠠᠬᠤᠨ ᠢ ᠬᠦᠨᠵᠡᠬᠡᠢ ᠣᠶᠢᠯᠠᠭᠠᠨ᠂ ᠭᠠᠵᠠᠷ ᠣᠷᠣᠨ ᠤ ᠪᠤᠲᠠᠲᠤ ᠪᠠᠶᠢᠳᠠᠯ᠂ ᠠᠵᠢᠯ ᠤᠨ ᠪᠤᠲᠠᠲᠠᠢ ᠲᠠᠢ ᠪᠠᠨ ᠣᠶᠠᠯᠳᠣᠭᠤᠯᠵᠣ᠂ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠵᠤᠷᠢᠭ ᠰᠠᠨᠠᠭᠠᠨ ᠤ ᠮᠦᠨ ᠴᠢᠨᠠᠷ ᠢ ᠪᠠᠲᠤ ᠡᠵᠡᠮᠳᠡᠵᠦ᠂ ︽ᠬᠤᠶᠠᠷ ᠢ ᠲᠤᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠤᠭᠳᠠᠯ ᠢ ᠬᠦᠨᠵᠡᠬᠡᠢ ᠣᠶᠢᠯᠠᠭᠠᠨ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠣᠯᠣᠰ ᠲᠦᠷᠦ ᠶᠢᠨ ᠮᠠᠭᠠᠳᠯᠠᠬᠤ ᠴᠢᠳᠠᠪᠤᠷᠢ᠂ ᠣᠯᠣᠰ ᠲᠦᠷᠦ ᠶᠢᠨ ᠣᠶᠢᠯᠠᠭᠠᠬᠤ ᠴᠢᠳᠠᠪᠤᠷᠢ᠂ ᠣᠯᠣᠰ ᠲᠦᠷᠦ ᠶᠢᠨ ᠬᠡᠷᠡᠭᠵᠢᠬᠦᠯᠬᠦ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃ ᠵᠤᠷᠢᠭ ᠰᠠᠨᠠᠭᠠᠨ ᠤ ᠨᠠᠶᠢᠲᠠᠪᠤᠷᠢᠵᠢᠭᠤᠯᠤᠯᠲᠠ ᠶᠢ ᠠᠬᠢᠭᠤᠯᠤᠨ᠂ ᠰᠢᠨ᠎ᠡ ᠬᠠᠷᠠᠯᠲᠠ ᠪᠠᠷ ᠰᠢᠨ᠎ᠡ ᠠᠶᠠᠨ ᠢ ᠳᠠᠶᠢᠴᠢᠯᠠᠵᠤ᠂ ᠨᠠᠮ ᠤᠨ ᠬᠤᠷᠢᠳᠣᠭᠠᠷ ᠶᠡᠭᠡ ᠬᠤᠷᠠᠯ ᠠᠴᠠ ᠲᠦᠯᠦᠪᠵᠢᠬᠦᠯᠦᠭᠰᠡᠨ ᠠᠤᠭ᠎ᠠ ᠲᠦᠰᠦᠪ ᠪᠠ ᠲᠤᠭᠲᠠᠭᠠᠭᠰᠠᠨ ᠬᠠᠷᠠᠯᠲᠠ ᠡᠬᠦᠷᠭᠡ ᠲᠠᠢ ᠬᠠᠷᠢᠴᠠᠭᠤᠯᠤᠨ᠂ ᠣᠲᠤᠭ ᠤᠨ ᠡᠮᠦᠨᠡᠲᠦ ᠬᠤᠰᠢᠭᠤᠨ ᠤ ᠣᠴᠢᠷ ᠶᠠᠪᠤᠳᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠣᠷᠣᠯᠴᠠᠨ ᠲᠤᠤᠱᠯᠠᠭᠤᠯᠬᠤ ᠦᠷᠨᠢᠯᠲᠡ ᠭᠠᠷᠭᠠᠵᠤ᠂ ᠰᠢᠨ᠎ᠡ ᠬᠡᠪ ᠲᠦᠷᠬᠦ ᠪᠠᠷ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠦᠨ᠂ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠬᠡᠳᠬᠡᠬᠦ᠂ ᠲᠡᠷᠢᠬᠢ ᠲᠤᠯᠤᠭᠠᠢ ᠪᠠᠨ ᠵᠡᠪᠰᠡᠭᠯᠡᠬᠦ᠂ ᠠᠵᠢᠯ ᠢᠶᠠᠨ ᠠᠬᠢᠭᠤᠯᠬᠤ  ᠶᠢ ᠦᠨᠡᠨ ᠬᠦ ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ︽ᠣᠲᠤᠭ ᠤᠨ ᠡᠮᠦᠨᠡᠲᠦ ᠬᠤᠰᠢᠭᠤᠨ ᠤ ︿ᠠᠷᠪᠠᠨ ᠳᠦᠷᠪᠡᠳᠦᠭᠡᠷ ᠲᠠᠪᠤᠨ ᠵᠢᠯ﹀ ᠤᠨ ᠠᠮᠢ ᠠᠬᠤᠢ ᠣᠷᠴᠢᠨ ᠬᠠᠮᠠᠭᠠᠯᠠᠯᠲᠠ ᠶᠢᠨ ᠲᠦᠯᠦᠪᠵᠢᠬᠦᠯᠬᠡ︾᠂ ︽ᠣᠲᠤᠭ ᠤᠨ ᠡᠮᠦᠨᠡᠲᠦ ᠬᠤᠰᠢᠭᠤᠨ ᠤ ᠬᠠᠭᠤᠷᠠᠢ ᠰᠣᠷᠭᠤᠭ ᠬᠤᠶᠠᠷ ᠬᠡᠷᠡᠭᠴᠡᠭᠡᠲᠦ ᠯᠠᠵᠤᠤ ᠶᠢᠨ ᠠᠵᠤ ᠦᠢᠯᠡᠰ ᠤᠨ ᠴᠢᠨᠠᠷᠯᠢᠭ ᠬᠦᠭᠵᠢᠯᠲᠡ ᠶᠢᠨ ᠬᠡᠷᠡᠭᠵᠢᠬᠦᠯᠬᠦ ᠲᠦᠰᠦᠯ︾ ᠤᠨ ᠲᠤᠬᠠᠢ ᠶᠠᠷᠢᠯᠴᠠᠪᠠ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠣᠨ ᠤ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠬᠢᠯᠪᠡᠷ ᠪᠤᠰᠤ ᠪᠠᠷ ᠣᠯᠣᠭᠰᠠᠨ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢᠨ ᠪᠦᠲᠦᠮᠵᠢ ᠪᠠᠨ ᠨᠠᠨᠳᠢᠩᠨᠠᠨ᠂ ᠠᠭᠠᠷ ᠮᠠᠨᠳᠠᠯ᠂ ᠣᠰᠣ ᠣᠮᠳᠠ᠂ ᠬᠦᠷᠦᠰ ᠰᠢᠷᠤᠢ ᠶᠢᠨ ᠪᠤᠬᠢᠷᠳᠣᠯ ᠤᠨ ᠵᠠᠰᠠᠯᠲᠠ ᠶᠢ ᠴᠢᠩᠭᠠᠳᠬᠠᠵᠤ᠂ ᠲᠦᠯᠦᠪᠵᠢᠬᠦᠯᠭᠡ ᠶᠢᠨ ᠴᠢᠩᠭ᠎ᠠ ᠱᠠᠭᠠᠷᠳᠠᠯᠭ᠎ᠠ ᠶᠤᠰᠤᠭᠠᠷ ᠠᠵᠢᠯ ᠤᠨ ᠨᠠᠶᠢᠲᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠠᠵᠤ ᠠᠬᠤᠢ ᠶᠢᠨ ᠴᠢᠨᠠᠷᠯᠢᠭ ᠬᠦᠭᠵᠢᠯᠲᠡ ᠪᠠ ᠠᠮᠢ ᠠᠬᠤᠢ ᠣᠷᠴᠢᠨ ᠲᠤᠭᠤᠷᠢᠨ ᠤ ᠦᠨᠳᠦᠷ ᠬᠢᠷᠢ ᠳᠦᠪᠰᠢᠨ ᠲᠠᠢ ᠬᠠᠮᠠᠭᠠᠯᠠᠯᠲᠠ ᠶᠢ ᠠᠬᠢᠭᠤᠯᠬᠤ ᠬᠡᠷᠡᠭᠲᠡᠢ᠃ ᠬᠤᠰᠢᠭᠤᠨ ᠤ ᠪᠤᠲᠠᠲᠤ ᠪᠠᠶᠢᠳᠠᠯ ᠲᠠᠢ ᠪᠠᠨ ᠣᠶᠠᠯᠳᠣᠭᠤᠯᠵᠣ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠯᠠᠪᠳᠠᠭᠤᠨ ᠪᠠᠲᠤᠲᠠᠢ ᠪᠠᠷ ᠠᠬᠢᠭᠤᠯᠤᠨ᠂ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ᠂ ᠪᠡᠯᠡ ᠮᠦᠩᠭᠦᠨ ᠤ ᠳᠡᠮᠵᠢᠯᠬᠡ ᠶᠢ ᠴᠢᠩᠭᠠᠳᠬᠠᠵᠤ᠂ ᠵᠠᠬ᠎ᠠ ᠳᠡᠯᠬᠡᠭᠦᠷᠴᠢᠯᠡᠭᠰᠡᠨ ᠣᠳᠣᠷᠢᠳᠣᠮᠵᠢ  ᠶᠢ ᠪᠠᠷᠢᠮᠲᠠᠯᠠᠨ᠂ ᠬᠠᠮᠲᠤ ᠶᠢᠨ ᠠᠵᠤ ᠠᠬᠤᠢ ᠳᠤ ᠲᠦᠰᠢᠭᠯᠡᠵᠦ᠂ ᠵᠠᠬᠢᠶᠠᠯᠠᠭ᠎ᠠ ᠶᠢᠨ ᠲᠠᠷᠢᠶᠠᠯᠠᠩ ᠤᠨ ᠦᠢᠯᠡᠰ ᠢ ᠶᠡᠬᠡᠪᠡᠷ ᠬᠦᠭᠵᠢᠬᠦᠯᠦᠨ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠪᠠᠲᠤᠯᠠᠬᠤ ᠶᠢᠨ ᠬᠠᠮᠲᠤ ︽ᠴᠢᠬᠢ ᠪᠤᠶᠢᠵᠢᠭᠤᠯᠬᠤ︾ ᠶᠠᠰᠣ ᠴᠢᠨᠠᠷ ᠤᠨ ᠪᠤᠭᠤᠮᠲᠠ ᠶᠢ ᠴᠢᠩᠭ᠎ᠠ ᠡᠵᠡᠮᠳᠡᠵᠦ᠂ ᠨᠦᠬᠦᠪᠦᠷᠢ ᠶᠢᠨ ᠣᠯᠭᠤᠯᠲᠠ ᠶᠢ ᠨᠠᠷᠢᠯᠢᠭᠵᠢᠭᠤᠯᠤᠨ᠂ ᠠᠵᠤ ᠦᠢᠯᠡᠰ ᠤᠨ ᠬᠡᠯᠬᠢᠶᠡᠵᠢᠯ ᠢ ᠣᠷᠳᠣᠳᠬᠠᠵᠣ᠂ ᠣᠯᠠᠨ ᠠᠷᠭ᠎ᠠ ᠠᠪᠴᠠᠯ ᠢᠶᠠᠷ ᠠᠵᠤ ᠦᠢᠯᠡᠰ ᠤᠨ ᠴᠡᠴᠡᠭᠯᠡᠯᠲᠡ᠂ ᠬᠦᠳᠡᠭᠡ ᠲᠤᠰᠬᠤᠨ ᠤ ᠬᠦᠭᠵᠢᠬᠦᠯᠦᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠬᠤᠰᠢᠭᠤ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠰᠠᠭᠤᠷᠢᠨ ᠭᠠᠵᠠᠷ  ᠤᠨ ᠪᠠᠶᠢᠭᠤᠯᠤᠯᠲᠠ᠂ ᠬᠤᠰᠢᠭᠤ ᠨᠢᠭᠡᠳᠦᠬᠡᠷ ᠳᠣᠮᠳᠠᠳᠣ ᠰᠣᠷᠭᠠᠭᠤᠯᠢ ᠬᠢᠬᠡᠳ ᠣᠷᠳᠣᠰ ᠬᠤᠲᠠ ᠶᠢᠨ ᠨᠢᠭᠡᠳᠦᠬᠡᠷ ᠳᠣᠮᠳᠠᠳᠣ ᠰᠣᠷᠭᠠᠭᠤᠯᠢ ᠶᠢᠨ ᠬᠠᠮᠲᠤᠷᠠᠨ ᠰᠣᠷᠭᠠᠭᠤᠯᠢ ᠡᠷᠬᠢᠯᠡᠬᠦ ᠵᠠᠷᠤᠳᠠᠯ ᠵᠢᠴᠢ ᠳᠣᠮᠳᠠᠳᠣ ᠳᠡᠭᠡᠳᠦ ᠰᠣᠷᠭᠠᠭᠤᠯᠢ  ᠶᠢᠨ ᠰᠢᠯᠭᠠᠯᠲᠠ ᠶᠢᠨ ᠱᠠᠩᠨᠠᠯ ᠬᠦᠬᠢᠬᠦᠯᠦᠯ ᠤᠨ ᠣᠴᠢᠷ ᠶᠠᠪᠤᠳᠠᠯ ᠢ ᠰᠣᠳᠣᠯᠪᠠ᠃ ᠦᠨᠳᠦᠷ ᠪᠠᠷᠢᠮᠵᠢᠶ᠎ᠠ ᠲᠠᠢ ᠲᠦᠯᠦᠪᠵᠢᠬᠦᠯᠬᠡ᠂ ᠦᠨᠳᠦᠷ ᠡᠬᠢᠯᠡᠯᠲᠡ ᠲᠠᠢ ᠠᠬᠢᠭᠤᠯᠤᠯᠲᠠ᠂ ᠦᠨᠳᠦᠷ ᠳᠦᠪᠰᠢᠨ ᠲᠠᠢ ᠴᠤᠭᠴᠠᠯᠠᠯᠲᠠ ᠪᠠᠷ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠰᠠᠭᠤᠷᠢᠨ ᠭᠠᠵᠠᠷ ᠢ ᠪᠠᠶᠢᠭᠤᠯᠵᠤ᠂ ᠨᠡᠬᠦᠳᠡᠯᠴᠢ ᠴᠢᠳᠠᠪᠤᠷᠢᠲᠠᠨ᠂ ᠭᠠᠷᠠᠭ ᠤᠨ ᠴᠢᠯᠦᠬᠡᠨ ᠤ ᠢᠨᠵᠧᠨᠧᠷ ᠤᠨ ᠤᠷᠤᠭᠤᠯᠤᠯᠲᠠ ᠬᠦᠮᠦᠵᠢᠬᠦᠯᠦᠯᠲᠡ ᠪᠠ ᠲᠤᠷᠰᠢᠯᠲᠠ  ᠶᠢᠨ ᠲᠠᠰᠤᠭ ᠤᠨ ᠪᠠᠶᠢᠭᠤᠯᠤᠯᠲᠠ ᠳᠡᠭᠡᠷ᠎ᠡ ᠬᠦᠴᠦ ᠲᠠᠯᠪᠢᠨ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠡᠬᠢ ᠰᠣᠷᠪᠣᠯᠵᠢ ᠶᠢᠨ ᠬᠦᠴᠦᠨ ᠵᠦᠢᠯ ᠤᠨ  ᠲᠦᠪᠯᠡᠷᠡᠯ ᠨᠢᠬᠡᠳᠦᠯ ᠢ ᠠᠬᠢᠭᠤᠯᠬᠤ ᠬᠡᠷᠡᠭᠲᠡᠢ᠃ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠣᠶᠣᠨ ᠤ ᠬᠦᠴᠦᠨ ᠢᠶᠠᠨ ᠳᠡᠭᠡᠭᠰᠢᠯᠡᠬᠦᠯᠬᠦ  ᠳᠡᠭᠡᠷ᠎ᠡ ᠦᠷᠬᠦᠯᠵᠢᠯᠡᠨ ᠪᠤᠲᠠᠲᠤ ᠠᠷᠭ᠎ᠠ ᠭᠠᠷᠭᠠᠨ᠂ ᠬᠠᠮᠲᠤᠷᠠᠨ ᠰᠣᠷᠭᠠᠭᠤᠯᠢ ᠡᠷᠬᠢᠯᠡᠬᠦ ᠪᠦᠲᠦᠮᠵᠢ ᠪᠠᠨ ᠲᠠᠰᠣᠷᠠᠯᠲᠠ ᠦᠬᠡᠢ ᠪᠠᠬᠢᠵᠢᠬᠦᠯᠵᠦ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠦᠢᠯᠡᠰ ᠬᠠᠮᠲᠤᠷᠠᠨ ᠰᠣᠷᠭᠠᠭᠤᠯᠢ ᠡᠷᠬᠢᠯᠡᠬᠦ ᠰᠠᠭᠤᠷᠢᠨ ᠳᠡᠭᠡᠷ᠎ᠡ ᠰᠢᠨ᠎ᠡ ᠳᠡᠭᠡᠭᠰᠢᠯᠡᠯᠲᠡ ᠣᠯᠬᠤ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠣᠰᠣᠳ ᠣᠴᠢᠷ ᠶᠠᠪᠤᠳᠠᠯ ᠢ ᠰᠣᠳᠣᠯᠪᠠ᠃     ᠬᠤᠰᠢᠭᠤ ᠣᠳᠣᠷᠢᠳᠣᠯᠭ᠎ᠠ ᠰᠦᠨ ᠶᠢᠦ ᠵᠢᠶᠦ᠋ᠨ᠂ ᠴᠧᠩ ᠱᠣ᠋ ᠵᠢᠶᠦ᠋ᠨ᠂ ᠸᠠᠩ ᠯᠢᠨ᠂ ᠴᠢᠨ ᠯᠢᠩ ᠹᠧᠩ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号