ᠱᠠᠩᠬᠠᠢ ᠶᠢᠨ ᠰᠦᠮ᠎ᠡ ᠪᠠᠯᠭᠠᠰᠣᠨ ᠤ ᠦᠤᠲᠢ ᠭᠠᠴᠠᠭ᠎ᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠴᠢᠳᠠᠪᠤᠷᠢᠲᠠᠨ ᠢ ᠭᠤᠶᠤᠴᠢᠯᠠᠨ ᠮᠡᠳᠡᠬᠦᠯᠬᠦ ᠠᠵᠢᠯ ᠢ ᠭᠤᠷᠪᠠᠨ ᠠᠯᠬᠤᠮ ᠢᠶᠠᠷ ᠯᠠᠪᠳᠠᠭᠤᠨ ᠪᠠᠲᠤᠲᠠᠢ ᠶᠠᠪᠤᠭᠳᠠᠭᠤᠯᠵᠤ ᠪᠤᠢ
ᠨᠡᠶᠢᠲᠡᠯᠡᠭᠰᠡᠨ ᠴᠠᠭ᠄
2022/10/9
    ᠣᠶᠢᠷ᠎ᠠ ᠶᠢᠨ ᠡᠳᠦᠷ ᠲᠤ᠂ ᠱᠠᠩᠬᠠᠢ ᠶᠢᠨ ᠰᠦᠮ᠎ᠡ ᠪᠠᠯᠭᠠᠰᠣᠨ ᠤ ᠦᠤᠲᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ︽2022 ᠣᠨ ᠤ ᠣᠲᠤᠭ ᠤᠨ ᠡᠮᠦᠨᠡᠲᠦ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠰᠢᠯᠢᠳᠡᠭ ᠴᠢᠳᠠᠪᠤᠷᠢᠲᠠᠨ ᠪᠠ ᠬᠦᠳᠡᠭᠡ ᠲᠤᠰᠬᠤᠨ ᠤ ᠬᠦᠭᠵᠢᠬᠦᠯᠦᠯᠲᠡ ᠶᠢᠨ ᠰᠢᠨ᠎ᠡ  ᠶᠢ ᠡᠬᠦᠳᠦᠨ ᠦᠢᠯᠡᠰ ᠪᠦᠲᠦᠬᠡᠬᠦ ᠴᠢᠳᠠᠪᠤᠷᠢᠲᠠᠨ ᠤ ᠪᠦᠯᠬᠦᠮ ᠢ ᠭᠤᠶᠤᠴᠢᠯᠠᠨ ᠮᠡᠳᠡᠬᠦᠯᠬᠦ ᠠᠵᠢᠯ ᠢ ᠦᠷᠨᠢᠬᠦᠯᠬᠦ ᠲᠤᠬᠠᠢ ᠮᠡᠳᠡᠭᠳᠡᠯ︾ ︵ᠣᠲᠤᠭ ᠡᠮᠦᠨᠡᠲᠦ ᠴᠢᠳᠠᠪᠤᠷᠢᠲᠠᠨ ᠠᠯᠪᠠᠨ ᠦᠰᠦᠭᠲᠦ ﹇2022﹈ 2 ᠲᠤᠭᠠᠲᠤ︶ ᠪᠠ ᠣᠲᠤᠭ ᠤᠨ ᠡᠮᠦᠨᠡᠲᠦ ᠬᠤᠰᠢᠭᠤᠨ ᠤ ᠠᠩᠬᠠᠨ ᠤ ᠪᠦᠯᠦᠭ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠰᠢᠯᠢᠳᠡᠭ ᠴᠢᠳᠠᠪᠤᠷᠢᠲᠠᠨ ︵ᠪᠦᠯᠬᠦᠮ︶ ᠢ ᠭᠤᠶᠤᠴᠢᠯᠠᠨ ᠮᠡᠳᠡᠬᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠤᠨ ᠵᠤᠷᠢᠭ ᠰᠠᠨᠠᠭ᠎ᠠ ᠶᠤᠰᠤᠭᠠᠷ ᠢᠳᠡᠪᠬᠢᠲᠡᠢ ᠬᠦᠳᠡᠯᠦᠯᠴᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠰᠢᠯᠢᠳᠡᠭ ᠴᠢᠳᠠᠪᠤᠷᠢᠲᠠᠨ ᠪᠠ ᠪᠦᠯᠬᠦᠮ ᠤᠨ ᠮᠡᠳᠡᠬᠦᠯᠦᠯᠲᠡ ᠶᠢ ᠴᠢᠬᠤᠯᠠ ᠠᠵᠢᠯ ᠤᠨ ᠲᠤᠬᠢᠷᠠᠭᠤᠯᠤᠯᠲᠠ ᠳᠤ ᠣᠷᠣᠭᠤᠯᠣᠨ᠂ ᠭᠤᠶᠤᠴᠢᠯᠠᠨ ᠮᠡᠳᠡᠬᠦᠯᠬᠦ ᠱᠠᠭᠠᠷᠳᠠᠯᠭ᠎ᠠ ᠶᠢᠨ ᠲᠤᠭᠤᠷᠢᠨ ᠳᠤ᠂ ︽ᠣᠯᠠᠮᠵᠢᠯᠠᠬᠤ — ᠰᠣᠳᠣᠯᠬᠤ — ᠮᠡᠳᠡᠬᠦᠯᠬᠦ︾ ᠭᠤᠷᠪᠠᠨ ᠠᠯᠬᠤᠮ ᠢᠶᠠᠷ ᠳᠠᠮᠵᠢᠭᠤᠯᠤᠨ ᠡᠯ᠎ᠡ ᠲᠦᠷᠦᠯ ᠤᠨ ᠮᠡᠳᠡᠬᠦᠯᠦᠯᠲᠡ ᠶᠢᠨ ᠠᠵᠢᠯ ᠢ ᠯᠠᠪᠳᠠᠭᠤᠨ ᠪᠠᠲᠤᠲᠠᠢ ᠶᠠᠪᠤᠭᠳᠠᠭᠤᠯᠪᠠ᠃     ᠨᠢᠭᠡ ᠳᠤ᠂ ᠤᠬᠠᠭᠤᠯᠭ᠎ᠠ ᠶᠢᠨ ᠠᠵᠢᠯ ᠢ ᠦᠷᠬᠡᠨ ᠢᠶᠠᠷ ᠦᠷᠨᠢᠬᠦᠯᠪᠡ᠃ ᠦᠤᠲᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠠᠴᠠ 2022 ᠣᠨ ᠤ ᠪᠦᠬᠦ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠰᠢᠯᠢᠳᠡᠭ ᠴᠢᠳᠠᠪᠤᠷᠢᠲᠠᠨ ᠪᠠ ᠪᠦᠯᠬᠦᠮ   ᠢ ᠭᠤᠶᠤᠴᠢᠯᠠᠨ ᠮᠡᠳᠡᠬᠦᠯᠬᠦ ᠪᠤᠲᠠᠲᠠᠢ ᠨᠦᠬᠦᠴᠡᠯ᠂ ᠠᠵᠢᠯ  ᠤᠨ ᠠᠯᠬᠤᠮ ᠳᠠᠷᠠᠭ᠎ᠠ ᠶᠢ ᠬᠢᠨᠠᠮᠠᠭᠠᠢ ᠰᠣᠳᠣᠯᠵᠣ᠂ ᠭᠠᠴᠠᠭᠠᠨ ᠤ ︽ᠬᠤᠶᠠᠷ ᠵᠦᠪᠯᠡᠯ︾ ᠪᠠ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠳ ᠵᠢᠴᠢ ᠪᠦᠬᠦ ᠭᠠᠴᠠᠭᠠᠨ ᠤ ᠠᠷᠠᠳ ᠣᠯᠠᠨ ᠳᠤ ᠬᠦᠢᠴᠡᠳ ᠲᠠᠶᠢᠯᠪᠤᠷᠢᠯᠠᠵᠤ ᠣᠬᠠᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠴᠢᠳᠠᠪᠤᠷᠢᠲᠠᠨ ᠢ ᠭᠤᠶᠤᠴᠢᠯᠠᠨ ᠮᠡᠳᠡᠬᠦᠯᠬᠦ ᠠᠵᠢᠯ ᠤᠨ ᠣᠬᠢ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠤᠯᠭᠠᠪᠠ᠃     ᠬᠤᠶᠠᠷ ᠲᠤ᠂ ᠰᠣᠷᠪᠣᠯᠵᠢᠯᠠᠭ᠎ᠠ ᠪᠠᠶᠢᠴᠠᠭᠠᠨ ᠰᠣᠳᠣᠯᠣᠯᠲᠠ ᠶᠢᠨ ᠠᠵᠢᠯ ᠢ ᠦᠷᠨᠢᠬᠦᠯᠪᠡ᠃ ᠤᠬᠠᠭᠤᠯᠭ᠎ᠠ ᠶᠢᠨ ᠶᠠᠪᠤᠴᠠ ᠳᠣᠮᠳᠠ᠂  ᠣᠷᠣᠯᠴᠠᠬᠤ ᠰᠠᠨᠠᠮᠵᠢ ᠲᠠᠢ ᠮᠠᠯᠴᠢᠨ ᠲᠠᠷᠢᠶᠠᠴᠢᠨ ᠪᠠ ︽ᠬᠤᠶᠠᠷ ᠵᠦᠪᠯᠡᠯ︾ ᠤᠨ ᠲᠠᠨᠢᠯᠴᠠᠭᠤᠯᠤᠭᠰᠠᠨ ᠵᠢᠱᠢᠭᠳᠡᠭᠴᠢᠳ ᠤᠨ ᠪᠠᠶᠢᠳᠠᠯ ᠳᠤ ᠴᠢᠭᠯᠡᠬᠦᠯᠦᠨ ᠲᠤᠰᠬᠠᠢ ᠰᠡᠳᠦᠪᠲᠦ ᠰᠣᠷᠪᠣᠯᠵᠢᠯᠠᠭ᠎ᠠ ᠪᠠᠶᠢᠴᠠᠭᠠᠨ ᠰᠣᠳᠣᠯᠣᠯᠲᠠ ᠪᠠᠷ ᠳᠠᠮᠵᠢᠭᠤᠯᠤᠨ ᠲᠡᠳᠡᠨ ᠤ ᠨᠡᠶᠢᠲᠡᠯᠢᠭ ᠬᠡᠷᠡᠭ ᠤᠨ ᠵᠢᠱᠢᠶ᠎ᠡ᠂ ᠪᠦᠯᠬᠦᠮ ᠤᠨ ᠪᠠᠶᠢᠭᠤᠯᠤᠯᠲᠠ ᠪᠠ ᠠᠵᠢᠯᠯᠠᠮᠵᠢ ᠵᠢᠴᠢ ᠨᠡᠶᠢᠬᠡᠮ ᠠᠵᠤ ᠠᠬᠤᠢ ᠶᠢᠨ ᠦᠷ᠎ᠡ ᠠᠰᠢᠭ ᠵᠡᠷᠭᠡ ᠶᠢ ᠬᠦᠨᠵᠡᠭᠡᠢ ᠣᠶᠢᠯᠠᠭᠠᠬᠤ ᠶᠢᠨ ᠬᠠᠮᠲᠤ ᠭᠤᠶᠤᠴᠢᠯᠠᠨ ᠮᠡᠳᠡᠬᠦᠯᠬᠦ ᠲᠦᠷᠦ ᠶᠢᠨ ᠪᠤᠳᠤᠯᠭ᠎ᠠ ᠪᠠ ᠱᠠᠭᠠᠷᠳᠠᠯᠭ᠎ᠠ ᠶᠢ ᠨᠢᠭᠤᠷᠳᠠᠨ ᠲᠠᠶᠢᠯᠪᠤᠷᠢᠯᠠᠵᠤ᠂ ᠭᠤᠶᠤᠴᠢᠯᠠᠨ ᠮᠡᠳᠡᠬᠦᠯᠬᠦ ᠠᠵᠢᠯ ᠢ ᠭᠤᠶᠤᠴᠢᠯᠠᠨ ᠮᠡᠳᠡᠬᠦᠯᠬᠦ ᠭᠤᠤᠯ ᠴᠤᠭᠴᠠ ᠶᠢᠨ ᠰᠠᠨᠠᠭᠠᠴᠢᠯᠠᠭᠠᠲᠤ ᠬᠦᠰᠡᠯ ᠱᠠᠭᠠᠷᠳᠠᠯᠭ᠎ᠠ ᠪᠤᠯᠭᠠᠪᠠ᠃     ᠭᠤᠷᠪᠠ ᠳᠤ᠂ ᠭᠤᠶᠤᠴᠢᠯᠠᠨ ᠮᠡᠳᠡᠬᠦᠯᠬᠦ ᠦᠢᠯᠡᠴᠢᠯᠡᠬᠡᠨ ᠤ ᠠᠵᠢᠯ ᠢ ᠦᠷᠨᠢᠬᠦᠯᠪᠡ᠃ ᠭᠤᠶᠤᠴᠢᠯᠠᠨ ᠮᠡᠳᠡᠬᠦᠯᠬᠦ ᠪᠢᠴᠢᠭ ᠮᠡᠲ᠋ᠧᠷᠢᠶᠡᠯ ᠤᠨ ᠬᠢᠷᠢ ᠳᠡᠩᠴᠡᠯᠲᠡ ᠶᠢᠨ ᠨᠣᠷᠮ᠎ᠠ ᠶᠢ ᠦᠨᠡᠨ ᠬᠦ ᠳᠡᠭᠡᠭᠰᠢᠯᠡᠬᠦᠯᠬᠦ ᠶᠢᠨ ᠲᠤᠰᠠᠳᠠ ᠦᠤᠲᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠠᠴᠠ ᠨᠢᠭᠡ ᠲᠠᠯ᠎ᠠ ᠪᠠᠷ ᠬᠦᠢᠴᠡᠳ ᠪᠠᠶᠢᠴᠠᠭᠠᠨ ᠰᠣᠳᠣᠯᠣᠯᠲᠠ ᠬᠢᠭᠰᠡᠨ ᠰᠠᠭᠤᠷᠢᠨ ᠳᠡᠭᠡᠷ᠎ᠡ᠂ ᠭᠤᠶᠤᠴᠢᠯᠠᠨ ᠮᠡᠳᠡᠬᠦᠯᠬᠦ ᠭᠤᠤᠯ ᠴᠤᠭᠴᠠ ᠶᠢᠨ ᠨᠡᠶᠢᠲᠡᠯᠢᠭ ᠵᠢᠱᠢᠶ᠎ᠡ  ᠶᠢᠨ ᠪᠢᠴᠢᠭ ᠮᠡᠲ᠋ᠧᠷᠢᠶᠡᠯ ᠢ ᠦᠷᠬᠦᠯᠵᠢᠯᠡᠨ ᠰᠢᠯᠢᠳᠡᠭᠵᠢᠬᠦᠯᠦᠨ ᠪᠤᠯᠪᠠᠰᠣᠷᠠᠭᠤᠯᠵᠤ᠂ ᠭᠤᠶᠤᠴᠢᠯᠠᠨ ᠮᠡᠳᠡᠬᠦᠯᠬᠦ ᠪᠢᠴᠢᠭ ᠮᠡᠲ᠋ᠧᠷᠢᠶᠡᠯ ᠤᠨ ᠶᠠᠰᠣ ᠴᠢᠨᠠᠷ ᠢ ᠪᠠᠲᠤᠯᠠᠪᠠ᠃ ᠨᠦᠬᠦᠬᠡ ᠲᠠᠯ᠎ᠠ ᠪᠠᠷ ᠵᠤᠬᠢᠶᠠᠨ ᠪᠠᠶᠢᠭᠤᠯᠬᠤ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠠᠢ ᠬᠠᠷᠢᠯᠴᠠᠨ᠂ ᠭᠤᠶᠤᠴᠢᠯᠠᠨ ᠮᠡᠳᠡᠬᠦᠯᠬᠦ ᠭᠤᠤᠯ ᠴᠤᠭᠴᠠ ᠳᠤ ᠳᠦᠬᠦᠮ ᠳᠦᠲᠡ ᠦᠢᠯᠡᠴᠢᠯᠡᠭᠡ ᠶᠢ ᠢᠳᠡᠪᠬᠢᠲᠡᠢ ᠪᠠᠷ ᠬᠠᠩᠭᠠᠵᠤ᠂ ᠭᠤᠶᠤᠴᠢᠯᠠᠨ ᠮᠡᠳᠡᠬᠦᠯᠬᠦ ᠲᠦᠷᠦᠯ ᠵᠦᠢᠯ ᠢ ᠴᠠᠭ ᠲᠤᠬᠠᠢ ᠳᠤᠨᠢ ᠮᠦᠷᠳᠡᠨ᠂ ᠦᠢᠯᠡᠴᠢᠯᠡᠬᠡᠨ ᠤ ᠠᠵᠢᠯ ᠢ ᠰᠠᠶᠢᠲᠤᠷ ᠬᠢᠵᠦ᠂ ᠭᠤᠶᠤᠴᠢᠯᠠᠨ ᠮᠡᠳᠡᠬᠦᠯᠬᠦ ᠠᠵᠢᠯ ᠲᠡᠬᠦᠰ ᠠᠮᠵᠢᠯᠲᠠᠲᠠᠢ ᠶᠠᠪᠤᠭᠳᠠᠬᠤ ᠳᠤ ᠬᠦᠴᠦᠯᠡᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号