ᠶᠠᠩ ᠶᠢᠩ ᠰᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/10/9
    10 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠲᠦᠪ ᠤᠨ ᠶᠡᠷᠦᠩᠬᠡᠢ ᠵᠢᠯᠣᠭᠤᠳᠣᠭᠴᠢ ᠶᠠᠩ ᠶᠢᠩ ᠰᠢᠨ ᠣᠯᠵᠠᠴᠢ ᠪᠠᠯᠭᠠᠰᠦ᠂ ᠪᠣᠷᠣᠪᠠᠯᠭᠠᠰᠦ ᠪᠠᠯᠭᠠᠰᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃     ᠶᠠᠩ ᠶᠢᠩ ᠰᠢᠨ ᠣᠷᠢᠳ ᠬᠤᠵᠢᠳ ᠣᠯᠵᠠᠴᠢ ᠪᠠᠯᠭᠠᠰᠣᠨ ᠤ ᠴᠠᠬᠢᠷᠮ᠎ᠠ ᠴᠡᠴᠡᠭ ᠠᠭᠤᠳᠠᠮ ᠲᠠᠯᠠᠪᠠᠢ ᠳᠠᠬᠢ ᠪᠦᠭᠡᠮ ᠬᠦᠴᠢᠯ ᠤᠨ ᠪᠠᠶᠢᠴᠠᠭᠠᠯᠳᠠ ᠶᠢᠨ ᠦᠯᠢᠭᠡᠷ ᠠᠪᠬᠤ ᠴᠡᠭ᠂ ᠲᠣᠭᠠᠴᠠᠯᠠᠭᠰᠠᠨ ᠬᠤᠳᠠ ᠶᠢᠨ ᠬᠠᠮᠢᠶᠠᠷᠣᠯᠳᠠ  ᠶᠢᠨ ᠵᠢᠯᠣᠭᠤᠳᠬᠤ ᠲᠦᠪ᠂ ᠪᠣᠷᠣᠪᠠᠯᠭᠠᠰᠦ ᠪᠠᠯᠭᠠᠰᠣᠨ ᠤ ᠲᠦᠪᠯᠡᠷᠡᠩᠭᠦᠢ ᠲᠣᠰᠭᠠᠷᠠᠯᠠᠬᠤ ᠴᠡᠭ ᠢᠶᠠᠷ ᠬᠦᠷᠴᠦ ᠠᠬᠤᠢ ᠲᠠᠯᠠᠪᠠᠢ ᠶᠢᠨ ᠪᠦᠭᠡᠮ ᠬᠦᠴᠢᠯ ᠤᠨ ᠪᠠᠶᠢᠴᠠᠭᠠᠯᠳᠠ ᠶᠢᠨ ᠲᠦᠪᠯᠡᠷᠡᠩᠭᠦᠢ ᠦᠯᠢᠭᠡᠷ ᠠᠪᠬᠤ ᠴᠡᠭ ᠤᠨ ᠡᠮᠬᠢ ᠲᠢᠭᠯᠢᠮ ᠤᠨ ᠬᠠᠮᠠᠭᠠᠯᠠᠯᠳᠠ᠂ ᠦᠯᠢᠭᠡᠷ ᠠᠪᠬᠤ ᠠᠬᠢᠴᠠ᠂ ᠣᠶᠢᠯᠡᠴᠢᠯᠡᠭᠡᠨ ᠤ ᠪᠠᠳᠣᠯᠠᠭ᠎ᠠ ᠪᠣᠯᠣᠨ ᠲᠦᠪᠯᠡᠷᠡᠩᠭᠦᠢ ᠲᠣᠰᠭᠠᠷᠠᠯᠠᠬᠤ ᠴᠡᠭ ᠤᠨ ᠠᠵᠢᠯᠳᠠᠨ ᠤ ᠡᠩᠨᠡᠭᠡᠨ ᠤ ᠲᠣᠬᠢᠷᠠᠭᠤᠯᠣᠯᠳᠠ᠂ ᠠᠵᠢᠯᠳᠠᠨ ᠤ ᠪᠢᠳᠡᠭᠦᠣ ᠬᠠᠮᠢᠶᠠᠷᠣᠯᠳᠠ᠂ ︽ᠭᠤᠷᠪᠠᠨ ᠲᠣᠭᠤᠷᠢᠭ ᠬᠤᠶᠠᠷ ᠨᠡᠪᠳᠡᠷᠡᠯᠭᠡ︾ ᠵᠡᠷᠭᠡ ᠲᠣᠰᠭᠠᠷᠠᠯᠠᠬᠤ ᠪᠠᠷᠢᠮᠵᠢᠶᠡᠨ ᠤ ᠨᠠᠶᠢᠳᠠᠪᠦᠷᠢᠵᠢᠭᠤᠯᠣᠯᠳᠠ  ᠶᠢᠨ ᠪᠠᠶᠢᠳᠠᠯ ᠢ ᠬᠢᠨᠠᠨ ᠪᠠᠶᠢᠴᠠᠭᠠᠪᠠ᠃
         
    ᠶᠠᠩ ᠶᠢᠩ ᠰᠢᠨ ᠴᠠᠬᠢᠷᠮ᠎ᠠ ᠴᠡᠴᠡᠭ ᠠᠭᠤᠳᠠᠮ ᠲᠠᠯᠠᠪᠠᠢ ᠶᠢᠨ ᠪᠦᠭᠡᠮ ᠬᠦᠴᠢᠯ ᠤᠨ ᠦᠯᠢᠭᠡᠷ ᠠᠪᠬᠤ ᠴᠡᠭ ᠢ ᠬᠢᠨᠠᠨ ᠪᠠᠶᠢᠴᠠᠭᠠᠪᠠ᠃
         
    ᠶᠠᠩ ᠶᠢᠩ ᠰᠢᠨ ᠲᠣᠭᠠᠴᠠᠯᠠᠭᠰᠠᠨ ᠬᠤᠳᠠ ᠶᠢᠨ ᠬᠠᠮᠢᠶᠠᠷᠣᠯᠳᠠ ᠶᠢᠨ ᠵᠢᠯᠣᠭᠤᠳᠬᠤ ᠲᠦᠪ ᠢ ᠬᠢᠨᠠᠨ ᠪᠠᠶᠢᠴᠠᠭᠠᠪᠠ᠃
         
    ᠶᠠᠩ ᠶᠢᠩ ᠰᠢᠨ ᠪᠣᠷᠣᠪᠠᠯᠭᠠᠰᠣ ᠪᠠᠯᠭᠠᠰᠣᠨ ᠤ ᠲᠦᠪᠯᠡᠷᠡᠩᠬᠦᠢ ᠲᠣᠰᠭᠠᠷᠠᠯᠠᠬᠤ ᠴᠡᠭ ᠢ ᠬᠢᠨᠠᠨ ᠪᠠᠶᠢᠴᠠᠭᠠᠪᠠ᠃     ᠶᠠᠩ ᠶᠢᠩ ᠰᠢᠨ ᠬᠢᠨᠠᠨ ᠵᠢᠯᠣᠭᠤᠳᠬᠤ ᠶᠠᠪᠣᠴᠠ ᠳᠤ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠦᠵᠡᠯ ᠣᠬᠠᠮᠰᠠᠷ ᠢᠶᠠᠨ ᠲᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠴᠦᠬᠡᠨ ᠴᠣ᠋ ᠰᠣᠯᠠᠳᠬᠠᠯ ᠦᠭᠡᠢ ᠪᠠᠷ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠪᠦᠬᠦ ᠬᠤᠰᠢᠭᠤᠨ ᠤ ᠰᠠᠭᠤᠭᠠᠠᠯᠢ ᠠᠷᠠᠳ  ᠤᠨ ᠪᠦᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠢ ᠰᠠᠶᠢᠳᠦᠷ ᠬᠢᠨ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠴᠢᠨᠰᠠᠭ᠎ᠠ ᠪᠣᠯᠣᠨ ᠪᠦᠳᠦᠮᠵᠢ ᠶᠢ ᠲᠡᠭᠡᠭᠰᠢᠯᠡᠭᠦᠯᠬᠦ ᠬᠡᠷᠡᠭᠳᠡᠢ᠃ ᠨᠠᠮᠣᠷ ᠤᠨ ᠬᠤᠷᠢᠶᠠᠯᠳᠠ᠂ ᠭᠠᠳᠠᠨ᠎ᠠ ᠠᠴᠠ ᠢᠷᠡᠬᠦ ᠬᠦᠯᠦᠰᠣᠨ ᠠᠵᠢᠯᠴᠢᠨ ᠤ ᠬᠠᠮᠢᠶᠠᠷᠣᠯᠳᠠ ᠡᠵᠡᠮᠳᠡᠯ ᠢ ᠴᠢᠩᠭᠠᠳᠬᠠᠨ᠂ ᠣᠷᠬᠢᠭᠳᠠᠭᠤᠯᠬᠤ ᠦᠵᠡᠭᠳᠡᠯ ᠢ ᠴᠢᠩᠭ᠎ᠠ ᠰᠡᠷᠭᠡᠶᠢᠯᠡᠵᠣ᠂ ᠲᠤᠭ᠎ᠠ ᠪᠠᠷᠢᠮᠳᠠ ᠲᠣᠳᠣᠷᠬᠠᠢ᠂ ᠠᠷᠭ᠎ᠠ ᠠᠪᠴᠠᠯ ᠴᠢᠩᠭ᠎ᠠ᠂ ᠬᠠᠮᠢᠶᠠᠷᠣᠯᠳᠠ ᠣᠨᠣᠪᠴᠢᠳᠠᠢ ᠶᠢ ᠪᠠᠳᠣᠯᠠᠬᠤ ᠬᠡᠷᠡᠭᠳᠡᠢ᠃ ᠲᠦᠪᠯᠡᠷᠡᠩᠭᠦᠢ ᠲᠣᠰᠭᠠᠷᠠᠯᠠᠬᠤ ᠠᠵᠢᠯ ᠤᠨ ᠲᠦᠷᠢᠮᠵᠢᠯ ᠢ ᠴᠢᠩᠭ᠎ᠠ ᠬᠡᠷᠡᠭᠵᠢᠭᠦᠯᠣᠨ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠯ ᠤᠨ ᠠᠷᠭ᠎ᠠ ᠠᠪᠴᠠᠯ ᠢ ᠨᠠᠷᠢᠯᠢᠭᠵᠢᠭᠤᠯᠣᠨ ᠨᠠᠶᠢᠳᠠᠪᠦᠷᠢᠵᠢᠭᠤᠯᠵᠣ᠂ ᠲᠣᠳᠣᠭᠠᠳᠦ ᠶᠢᠨ ᠰᠠᠷᠭᠡᠶᠢᠯᠡᠯᠳᠡ ᠬᠠᠮᠠᠭᠠᠯᠠᠯᠳᠠ ᠪᠠᠨ ᠴᠢᠩᠭᠠᠷᠠᠭᠤᠯᠣᠨ᠂ ᠪᠢᠳᠡᠭᠦᠣ ᠬᠠᠮᠢᠶᠠᠷᠣᠯᠳᠠ ᠬᠡᠷᠡᠭᠵᠢᠭᠦᠯᠵᠣ᠂ ᠲᠣᠳᠣᠭᠠᠳᠦ ᠶᠢᠨ ᠬᠠᠯᠳᠠᠪᠦᠷᠢᠯᠠᠯ ᠢ ᠴᠢᠩᠭ᠎ᠠ ᠰᠡᠷᠭᠡᠶᠢᠯᠡᠨ᠂ ᠬᠢᠵᠢᠭ ᠤᠨ ᠪᠠᠶᠢᠳᠠᠯ ᠤᠨ ᠬᠠᠯᠳᠠᠪᠦᠷᠢᠯᠠᠯ ᠤᠨ ᠲᠦᠭᠰᠢᠭᠦᠷᠢ ᠶᠢ ᠪᠠᠭᠠᠰᠬᠠᠬᠤ ᠬᠡᠷᠡᠭᠳᠡᠢ᠃ ᠲᠣᠰᠭᠠᠷᠠᠯᠠᠭᠳᠠᠭᠰᠠᠨ ᠬᠦᠮᠦᠰ ᠤᠨ ᠠᠮᠢᠳᠣᠷᠠᠯ ᠤᠨ ᠡᠳ᠋ ᠪᠣᠳᠠᠰ ᠤᠨ ᠬᠤᠳᠠᠯᠳᠣᠨ ᠠᠪᠣᠯᠳᠠ ᠵᠡᠷᠭᠡ ᠠᠷᠣ ᠲᠠᠯ᠎ᠠ ᠶᠢᠨ ᠪᠠᠳᠣᠯᠠᠭ᠎ᠠ ᠶᠢᠨ ᠠᠵᠢᠯ ᠢ ᠰᠠᠶᠢᠳᠦᠷ ᠬᠢᠨ᠂ ᠬᠠᠮᠢᠶᠠᠷᠣᠯᠳᠠ ᠡᠵᠡᠮᠳᠡᠯ ᠤᠨ ᠡᠷᠴᠢᠮ ᠪᠣᠯᠣᠨ ᠲᠣᠰᠭᠠᠷᠠᠯᠠᠭᠳᠠᠭᠰᠠᠳ ᠢ ᠬᠠᠯᠠᠮᠵᠢᠯᠠᠬᠤ ᠠᠵᠢᠯ ᠢ ᠪᠠᠳᠣᠯᠠᠬᠤ ᠬᠡᠷᠡᠭᠳᠡᠢ᠃ ᠪᠠᠶᠢᠴᠠᠭᠠᠬᠤ ᠴᠡᠭ ᠤᠨ ᠬᠠᠮᠢᠶᠠᠷᠣᠯᠳᠠ ᠡᠵᠡᠮᠳᠡᠯ ᠤᠨ ᠡᠷᠴᠢᠮ ᠢ ᠴᠢᠩᠭᠠᠳᠬᠠᠨ᠂ ᠲᠣᠭᠳᠠᠩᠭᠤᠢ ᠪᠠᠶᠢᠯᠭᠠᠬᠤ ᠬᠠᠮᠢᠶᠠᠷᠣᠯᠳᠠ ᠶᠢᠨ ᠱᠠᠭᠠᠷᠳᠠᠯᠭ᠎ᠠ ᠪᠠᠷ ︽ᠭᠠᠳᠠᠨ᠎ᠠ ᠠᠴᠠ ᠬᠠᠯᠳᠠᠪᠦᠷᠢᠯᠠᠬᠤ︾  ᠰᠡᠷᠭᠡᠶᠢᠯᠡᠯᠳᠡ ᠶᠢ ᠪᠦᠬᠦ ᠲᠠᠯ᠎ᠠ ᠪᠠᠷ ᠪᠠᠳᠦ ᠰᠠᠬᠢᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠣᠷ ᠲᠦᠪᠰᠢᠨ ᠤ ᠬᠠᠯᠠᠬᠠᠪᠴᠢ ᠶᠢ ᠪᠠᠳᠣᠳᠬᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠶᠢᠣ ᠵᠢᠶᠠᠨ ᠴᠢᠩ᠂ ᠸᠧᠢ ᠵᠧᠨ ᠰᠢᠤᠸᠠᠨ᠂ ᠳ᠋ᠤᠸᠠᠨ ᡁᠢ ᠴᠢᠶᠠᠩ᠂ ᠣᠯᠵᠠᠴᠢ ᠪᠠᠯᠭᠠᠰᠣ᠂ ᠪᠣᠷᠣᠪᠠᠯᠭᠠᠰᠣ ᠪᠠᠯᠭᠠᠰᠦ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠬᠢᠨᠠᠨ ᠵᠢᠯᠣᠭᠤᠳᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号