ᠸᠠᠩ ᠢᠦᠢ ᠴᠢᠶᠠᠩ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/11/10
    11 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠱᠠᠩᠬᠠᠢ  ᠶᠢᠨ ᠰᠦᠮ᠎ᠡ ᠪᠠᠯᠭᠠᠰᠣ᠂ ᠬᠤᠰᠢᠭᠤ ᠡᠮᠨᠡᠯᠭᠡ ᠶᠢᠨ ᠬᠤᠷᠢᠶ᠎ᠠ᠂ ᠲᠤᠰᠠᠭᠠᠷᠯᠠᠯᠲᠠ ᠶᠢᠨ ᠴᠡᠭ ᠲᠤ ᠬᠦᠨᠵᠡᠭᠡᠶᠢᠷᠡᠵᠦ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠣᠳᠣᠯᠪᠠ᠃
         
    ᠱᠠᠩᠬᠠᠢ ᠶᠢᠨ ᠰᠦᠮ᠎ᠡ ᠪᠠᠯᠭᠠᠰᠣᠨ ᠳᠠᠬᠢ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠭᠡᠨ ᠵᠠᠮ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠲᠤ ᠪᠠᠶᠢᠴᠠᠭᠠᠨ ᠰᠣᠳᠣᠯᠪᠠ᠃     ᠱᠠᠩᠬᠠᠢ ᠶᠢᠨ ᠰᠦᠮ᠎ᠡ ᠪᠠᠯᠭᠠᠰᠣᠨ ᠳᠠᠬᠢ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠭᠡᠨ ᠵᠠᠮ᠂ ᠱᠠᠩᠬᠠᠢ ᠶᠢᠨ ᠰᠦᠮ᠎ᠡ ᠪᠠᠯᠭᠠᠰᠣᠨ ᠠᠴᠠ ᠢᠷᠭᠠᠢ ᠬᠦᠷᠬᠦ ᠲᠦᠷᠬᠡᠨ ᠵᠠᠮ᠂ ᠱᠠᠩᠬᠠᠢ ᠶᠢᠨ ᠰᠦᠮ᠎ᠡ ᠪᠠᠯᠭᠠᠰᠣ ᠠᠴᠠ ᠨᠢᠩᠳᠦ᠋ᠩ ᠬᠦᠷᠬᠦ ᠵᠠᠮ ᠤᠨ ᠬᠢᠵᠢᠭ ᠤᠨ ᠪᠠᠶᠢᠳᠠᠯ ᠢ  ᠰᠡᠷᠬᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠲᠤ᠂ ᠸᠠᠩ ᠢᠦᠢ ᠴᠢᠶᠠᠩ ᠵᠢᠵᠢᠬᠦᠷᠯᠡᠯᠲᠡ᠂ ᠣᠷᠣᠵᠣ ᠭᠠᠷᠬᠤ ᠬᠦᠮᠦᠰ ᠤᠨ ᠲᠡᠷᠬᠡ ᠮᠠᠰᠢᠨ ᠤ ᠮᠦᠷᠳᠡᠨ ᠪᠠᠶᠢᠴᠠᠭᠠᠯᠲᠠ᠂ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ᠂ ᠬᠦᠷᠦᠭᠰᠡᠨ ᠭᠠᠵᠠᠷ ᠤᠨ ᠪᠦᠬᠡᠮ ᠬᠦᠴᠢᠯ ᠤᠨ ᠪᠠᠶᠢᠴᠠᠭᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠮᠦᠨ᠎ᠡ ᠹᠷᠤᠨᠲ ᠤᠨ ᠠᠵᠢᠯᠲᠠᠳ ᠢ ᠪᠤᠯᠭᠤᠭᠠᠨ ᠲᠤᠬᠤᠨᠢᠭᠤᠯᠪᠠ᠃ ᠲᠡᠷᠡ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠨᠢ ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ ᠨᠢᠬᠡᠳᠦᠬᠡᠷ ᠰᠡᠷᠬᠡᠶᠢᠯᠡᠯᠲᠡ ᠶᠢᠨ ᠱᠣᠭᠤᠮ ᠪᠤᠯᠤᠭᠰᠠᠨ ᠬᠤᠪᠢ ᠳᠤ ᠡᠯ᠎ᠡ ᠲᠦᠷᠦᠯ ᠤᠨ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢᠶᠠᠨ ᠬᠢᠨᠠᠮᠠᠭᠠᠢ ᠨᠠᠶᠢᠲᠠᠪᠤᠷᠢᠵᠢᠭᠤᠯᠵᠤ᠂ ᠠᠵᠢᠯ ᠤᠨ ᠠᠯᠬᠤᠮ ᠳᠠᠷᠠᠭ᠎ᠠ ᠪᠠ ᠲᠤᠭᠲᠠᠴᠠ  ᠪᠠᠨ ᠣᠯᠠᠮ ᠳᠦᠷᠢᠮᠵᠢᠬᠦᠯᠵᠦ ᠰᠢᠯᠢᠳᠡᠭᠵᠢᠬᠦᠯᠦᠨ᠂ ᠣᠷᠣᠵᠣ ᠭᠠᠷᠬᠤ ᠬᠦᠮᠦᠰ ᠪᠤᠯᠤᠨ ᠲᠡᠷᠬᠡ ᠮᠠᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠪᠦᠬᠡᠮ ᠬᠦᠴᠢᠯ ᠤᠨ ᠪᠠᠶᠢᠴᠠᠭᠠᠯᠲᠠ᠂ ᠺᠣᠳ᠋ ᠰᠢᠷᠪᠢᠬᠦ ᠳᠠᠩᠰᠠᠯᠠᠯᠲᠠ ᠵᠡᠷᠭᠡ ᠠᠵᠢᠯ ᠢ ᠰᠠᠶᠢᠲᠤᠷ ᠬᠢᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠮᠣᠷ ᠳᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ᠃ ᠵᠢᠵᠢᠬᠦᠷᠯᠡᠨ ᠰᠠᠬᠢᠬᠤ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠤᠯᠪᠠᠰᠣᠷᠠᠯ ᠢ ᠴᠢᠩᠭᠠᠳᠬᠠᠵᠤ᠂ ᠠᠵᠢᠯ ᠤᠨ ᠳᠦᠷᠢᠮᠵᠢᠯ ᠢ ᠴᠢᠩᠭ᠎ᠠ ᠬᠡᠷᠡᠭᠵᠢᠬᠦᠯᠦᠨ᠂ ᠪᠢᠲᠡᠬᠦᠦ ᠬᠠᠮᠢᠶᠠᠷᠤᠯᠲᠠ ᠶᠢ ᠰᠠᠶᠢᠲᠤᠷ ᠬᠢᠨ᠂ ᠰᠣᠯᠪᠢᠴᠠᠨ ᠬᠠᠯᠳᠠᠪᠤᠷᠢᠯᠠᠬᠤ ᠶᠢ ᠡᠷᠡᠰ ᠳᠡᠪᠴᠢᠬᠦ ᠬᠡᠷᠡᠭᠲᠡᠢ᠃ ᠡᠯ᠎ᠡ ᠪᠠᠶᠢᠴᠠᠭᠠᠯᠲᠠ ᠶᠢᠨ ᠴᠡᠭ  ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠦᠨ᠎ᠡ ᠹᠷᠣᠨᠲ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠨᠠᠷᠢᠨ ᠬᠢᠨᠠᠮᠠᠭᠠᠢ ᠬᠠᠷᠢᠭᠤᠴᠠᠯᠭᠠᠲᠤ ᠰᠡᠳᠬᠢᠯ ᠲᠠᠢ ᠪᠡᠯᠡᠳᠬᠡᠯ ᠺᠠᠳ᠋ᠷᠴᠣᠳ ᠢ ᠵᠢᠵᠢᠬᠦᠷᠯᠡᠨ ᠰᠠᠬᠢᠬᠤ ᠺᠠᠳ᠋ᠷᠴᠣᠳ ᠤᠨ ᠡᠩᠨᠡᠭᠡᠨ ᠳᠤ ᠣᠷᠣᠭᠤᠯᠵᠣ᠂ ᠠᠵᠢᠯᠲᠠᠨ ᠤ  ᠡᠬᠡᠯᠵᠢᠯᠡᠨ ᠵᠢᠵᠢᠬᠦᠷᠯᠡᠬᠦ ᠶᠢ ᠵᠦᠢ ᠵᠤᠬᠢᠰᠲᠠᠢ ᠲᠤᠬᠢᠷᠠᠭᠤᠯᠤᠨ᠂ ᠰᠡᠷᠬᠡᠶᠢᠯᠡᠯᠲᠡ ᠬᠠᠮᠠᠭᠠᠯᠠᠯᠲᠠ ᠶᠢᠨ ᠡᠳ᠋ ᠪᠠᠷᠠᠭ᠎ᠠ ᠪᠠ ᠠᠮᠢᠳᠣᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠢ ᠬᠦᠢᠴᠡᠳ ᠪᠡᠯᠡᠳᠬᠡᠵᠦ᠂ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
         
    ᠱᠠᠩᠬᠠᠢ ᠶᠢᠨ ᠰᠦᠮ᠎ᠡ ᠪᠠᠯᠭᠠᠰᠣᠨ ᠠᠴᠠ ᠢᠷᠭᠠᠢ ᠬᠦᠷᠬᠦ ᠲᠦᠷᠬᠡᠨ ᠵᠠᠮ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠲᠤ ᠪᠠᠶᠢᠴᠠᠭᠠᠨ ᠰᠣᠳᠣᠯᠪᠠ᠃     ᠬᠤᠰᠢᠭᠤ ᠡᠮᠨᠡᠯᠭᠡ ᠶᠢᠨ ᠬᠤᠷᠢᠶᠠᠨ ᠳᠤ᠂ ᠸᠠᠩ ᠢᠦᠢ ᠴᠢᠶᠠᠩ ᠴᠢᠩᠬᠡᠯᠢᠭ ᠡᠮᠨᠡᠯᠬᠡ ᠶᠢᠨ ᠬᠤᠷᠢᠶᠠᠨ ᠤ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠳᠣᠬᠠᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠮᠦᠨ ᠬᠦᠨᠳᠦ ᠨᠤᠴᠢᠲᠠᠢ ᠪᠤᠯᠬᠤᠷ ᠮᠢᠨᠴᠦᠬᠦᠷᠡᠨ ᠴᠠᠯᠠᠭᠠᠶᠢᠷᠠᠬᠤ ᠦᠵᠡᠯ ᠰᠠᠨᠠᠭ᠎ᠠ ᠶᠢ ᠡᠷᠡᠰ ᠳᠡᠪᠴᠢᠵᠦ᠂ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠵᠤ ᠠᠬᠤᠢ ᠶᠢ ᠲᠤᠭᠲᠠᠭᠤᠨ ᠪᠠᠶᠢᠯᠭᠠᠬᠤ᠂ ᠠᠮᠣᠷ ᠳᠦᠪᠰᠢᠨ ᠢᠶᠠᠷ ᠬᠦᠭᠵᠢᠬᠦ︾ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠵᠤ᠂ ᠡᠯ᠎ᠡ ᠱᠠᠲᠤᠨ ᠤ ᠳᠠᠶᠢᠴᠢᠯᠠᠯᠲᠠ ᠶᠢᠨ ᠠᠵᠢᠯᠯᠠᠭᠠᠨ ᠤ ᠲᠤᠭᠲᠠᠴᠠ ᠶᠢ ᠲᠤᠲᠤᠷᠬᠠᠶᠢᠯᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠢ ᠨᠠᠷᠢᠯᠢᠭᠵᠢᠭᠤᠯᠵᠦ᠂ ᠰᠢᠢᠳᠪᠦᠷᠢᠯᠡᠯᠲᠡ  ᠶᠢᠨ ᠠᠷᠭ᠎ᠠ ᠠᠪᠴᠠᠯ ᠢ ᠲᠤᠭᠲᠠᠭᠠᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯᠲᠠᠳ ᠤᠨ ᠨᠦᠬᠡᠴᠡᠯᠡᠯᠲᠡ ᠶᠢ ᠰᠠᠶᠢᠲᠤᠷ ᠬᠢᠵᠦ᠂ ᠢᠯᠡᠷᠡᠬᠦᠯᠦᠯᠲᠡ᠂ ᠳᠠᠶᠢᠴᠢᠯᠠᠯᠲᠠ᠂ ᠪᠤᠳᠤᠯᠭ᠎ᠠ᠂ ᠰᠢᠢᠳᠪᠦᠷᠢᠯᠡᠯᠲᠡ ᠲᠦᠷᠭᠡᠨ ᠪᠠᠶᠢᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ᠃ ᠪᠦᠬᠡᠮ ᠬᠦᠴᠢᠯ ᠤᠨ ᠪᠠᠶᠢᠴᠠᠭᠠᠯᠲᠠ ᠶᠢᠨ ᠠᠵᠢᠯᠲᠠᠳ ᠢ ᠣᠯᠠᠨ ᠠᠷᠭ᠎ᠠ ᠵᠠᠮ ᠢᠶᠠᠷ ᠨᠦᠬᠡᠴᠡᠯᠡᠨ᠂ ᠦᠨᠡᠨ ᠪᠤᠲᠠᠲᠠᠢ ᠬᠡᠷᠡᠭᠵᠢᠬᠦᠯᠬᠦ ᠪᠤᠯᠤᠮᠵᠢᠲᠠᠢ ᠠᠷᠭ᠎ᠠ ᠠᠪᠴᠠᠯ ᠢ ᠬᠡᠷᠡᠭᠯᠡᠵᠦ᠂ ᠡᠮᠴᠢᠯᠡᠬᠡᠨ ᠤ ᠠᠵᠢᠯᠲᠠᠳ ᠰᠢᠯᠭᠠᠨ ᠪᠠᠶᠢᠴᠠᠭᠠᠬᠤ ᠬᠢᠷᠢ ᠬᠡᠮ ᠰᠢᠯᠭᠠᠨ ᠠᠪᠬᠤ ᠶᠢ ᠳᠠᠶᠢᠴᠢᠯᠠᠵᠤ᠂ ᠬᠢᠵᠢᠭ ᠤᠨ ᠪᠠᠶᠢᠳᠠᠯ ᠢᠯᠡᠷᠡᠬᠦ ᠦᠶᠡᠰ ᠦᠳᠲᠡᠷ ᠲᠦᠷᠭᠡᠨ ᠴᠤᠭᠯᠠᠷᠠᠨ᠂ ᠬᠢᠵᠢᠭ ᠢ ᠡᠰᠡᠷᠬᠦᠴᠡᠬᠦ ᠳᠤ ᠬᠡᠵᠢᠶᠡᠳᠡ ᠪᠡᠯᠡᠬᠡᠨ ᠪᠠᠶᠢᠬᠤ ᠶᠢ ᠪᠠᠲᠤᠯᠠᠬᠤ ᠬᠡᠷᠡᠭᠲᠡᠢ᠃ ᠴᠢᠩᠬᠡᠯᠢᠭ ᠡᠮᠨᠡᠯᠬᠡ ᠶᠢᠨ ᠬᠤᠷᠢᠶᠠᠨ ᠤ ᠠᠵᠢᠯᠯᠠᠮᠵᠢ ᠪᠠ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠲᠦᠷᠦᠯ ᠤᠨ ᠰᠡᠷᠬᠡᠶᠢᠯᠡᠯ ᠡᠵᠡᠮᠳᠡᠯ ᠪᠠ ᠬᠠᠮᠢᠶᠠᠷᠤᠯᠲᠠ  ᠶᠢᠨ ᠠᠷᠭ᠎ᠠ ᠠᠪᠴᠠᠯ ᠢ ᠨᠠᠶᠢᠲᠠᠪᠤᠷᠢᠵᠢᠭᠤᠯᠤᠨ᠂ ᠠᠵᠢᠯᠲᠠᠳ ᠤᠨ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠠᠮᠣᠷ ᠳᠦᠪᠰᠢᠨ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
         
    ᠬᠤᠰᠢᠭᠤ ᠡᠮᠨᠡᠯᠬᠡ ᠶᠢᠨ ᠬᠤᠷᠢᠶᠠᠨ ᠳᠤ ᠴᠢᠩᠬᠡᠯᠢᠭ ᠡᠮᠨᠡᠯᠭᠡ ᠶᠢᠨ ᠬᠤᠷᠢᠶᠠᠨ ᠤ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃     ᠣᠯᠵᠠᠴᠢ ᠪᠠᠯᠭᠠᠰᠣᠨ ᠤ ᠨᠢᠬᠡᠨ ᠲᠤᠰᠠᠭᠠᠷᠯᠠᠯᠲᠠ ᠶᠢᠨ ᠴᠡᠭ ᠲᠤ᠂ ᠸᠠᠩ ᠢᠦᠢ ᠴᠢᠶᠠᠩ ᠠᠴᠠ ᠲᠤᠰᠠᠭᠠᠷᠯᠠᠯᠲᠠ ᠶᠢᠨ ᠴᠡᠭ ᠤᠨ ᠠᠵᠢᠯ ᠤᠨ ᠲᠤᠭᠲᠠᠴᠠ ᠶᠢ ᠤᠯᠠᠮ ᠪᠠᠶᠢᠭᠤᠯᠤᠨ ᠳᠡᠬᠦᠯᠳᠡᠷᠵᠢᠬᠦᠯᠵᠦ᠂ ᠠᠵᠢᠯᠲᠠᠳ  ᠤᠨ ᠰᠡᠷᠬᠡᠶᠢᠯᠡᠯᠲᠡ ᠬᠠᠮᠠᠭᠠᠯᠠᠯᠲᠠ ᠶᠢᠨ ᠪᠤᠯᠪᠠᠰᠣᠷᠠᠯ ᠢ ᠴᠢᠩᠭᠠᠳᠬᠠᠨ᠂ ᠠᠵᠢᠯᠯᠠᠭᠠᠨ ᠤ ᠠᠯᠬᠤᠮ ᠳᠠᠷᠠᠭ᠎ᠠ ᠶᠢ ᠴᠢᠩᠭ᠎ᠠ ᠳᠦᠷᠢᠮᠵᠢᠬᠦᠯᠵᠦ᠂ ᠲᠤᠰᠠᠭᠠᠷᠯᠠᠵᠤ ᠪᠠᠶᠢᠭ᠎ᠠ ᠬᠦᠮᠦᠰ ᠤᠨ ᠡᠳᠦᠷ ᠲᠤᠲᠤᠮ ᠤᠨ ᠬᠠᠮᠢᠶᠠᠷᠤᠯᠲᠠ᠂ ᠠᠮᠢᠳᠣᠷᠠᠯ ᠤᠨ ᠪᠠᠲᠤᠯᠠᠭ᠎ᠠ᠂ ᠰᠡᠳᠬᠢᠴᠡ ᠶᠢᠨ ᠵᠢᠯᠤᠭᠤᠳᠤᠯᠭ᠎ᠠ ᠵᠡᠷᠭᠡ ᠠᠵᠢᠯ ᠢ ᠰᠠᠶᠢᠲᠤᠷ ᠬᠢᠨ᠂ ᠲᠤᠰᠠᠭᠠᠷᠯᠠᠯᠲᠠ  ᠶᠢᠨ ᠴᠡᠭ ᠤᠨ ᠪᠦᠬᠦᠯᠢ ᠴᠤᠭᠴᠠ ᠶᠢᠨ ᠠᠵᠢᠯᠯᠠᠮᠵᠢ ᠠᠮᠣᠷ ᠳᠦᠪᠰᠢᠨ ᠡᠮᠬᠢ ᠲᠢᠭᠯᠢᠮ ᠦᠨᠳᠦᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠤᠤ ᠱᠣᠸᠡᠨ᠂ ᠰᠦᠨ ᠶᠢᠦ ᠵᠢᠶᠦ᠋ᠨ᠂ ᠹᠦ᠋ ᠺᠧ᠂ ᠸᠧᠢ ᠵᠧᠨ ᠰᠢᠦᠸᠡᠨ᠂ ᠳ᠋ᠣᠸᠡᠨ ᡁᠢ ᠴᠢᠶᠠᠩ᠂ ᠱᠢ ᠵᠢᠶᠦ᠋ᠨ ᠵᠢᠴᠢ ᠱᠠᠩᠬᠠᠢ ᠶᠢᠨ ᠰᠦᠮ᠎ᠡ ᠪᠠᠯᠭᠠᠰᠣ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号