ᠸᠠᠩ ᠢᠦᠢ ᠴᠢᠶᠠᠩ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/11/16
     11 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠣᠯᠵᠠᠴᠢ ᠪᠠᠯᠭᠠᠰᠣᠨ ᠳᠤ ᠬᠦᠨᠵᠡᠬᠡᠶᠢᠷᠡᠨ ᠪᠦᠬᠦ ᠬᠤᠰᠢᠭᠤᠨ ᠤ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ᠃      ᠸᠠᠩ ᠢᠦᠢ ᠴᠢᠶᠠᠩ ᠣᠷᠢᠳ ᠬᠤᠵᠢᠳ ᠣᠯᠵᠠᠴᠢ ᠪᠠᠯᠭᠠᠰᠣᠨ ᠤ ᠵᠢᠷᠠ ᠪᠠᠷᠠᠭᠤᠨ ᠵᠡᠬᠡᠯᠢ᠂ ᠳᠣᠬᠤᠢ ᠵᠠᠮ  ᠤᠨ ᠡᠮᠦᠨᠡᠰᠢ ᠣᠷᠲᠣᠰᠬᠠᠯ ᠵᠠᠮ᠂ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ᠂ ᠬᠤᠪᠢᠰᠬᠠᠯᠲᠤ ᠬᠦᠮᠦᠵᠢᠯ ᠤᠨ ᠰᠣᠳᠣᠯᠭ᠎ᠠ ᠰᠣᠷᠣᠯᠴᠠᠯᠭ᠎ᠠ ᠶᠢᠨ ᠦᠢᠯᠡᠳᠦᠯᠬᠡ ᠶᠢᠨ ᠰᠠᠭᠤᠷᠢᠨ ᠭᠠᠵᠠᠷ᠂ ᠨᠠᠮ ᠤᠨ ᠰᠣᠷᠭᠠᠭᠤᠯᠢ  ᠶᠢᠨ ᠰᠢᠨ᠎ᠡ ᠲᠤᠭᠤᠷᠢᠭ᠂ ᠳᠣᠯᠣᠳᠣᠭᠠᠷ ᠬᠡᠤᠬᠡᠳ ᠤᠨ ᠴᠡᠴᠡᠷᠯᠢᠭ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠡᠮᠦᠨᠡᠲᠦ ᠲᠤᠭᠤᠷᠢᠭ᠂ ᠬᠤᠶᠠᠳᠣᠭᠠᠷ ᠳᠣᠮᠳᠠᠳᠣ ᠰᠣᠷᠭᠠᠭᠤᠯᠢ ᠶᠢᠨ ᠰᠢᠨ᠎ᠡ ᠲᠤᠭᠤᠷᠢᠭ ᠲᠤ ᠬᠦᠷᠴᠦ᠂ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ᠂ ᠢᠨᠵᠧᠨᠧᠷᠢᠩ ᠤᠨ ᠶᠠᠰᠣ ᠴᠢᠨᠠᠷ᠂ ᠠᠮᠣᠷ ᠳᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠣᠷᠣᠰᠢᠵᠦ ᠪᠠᠶᠢᠭ᠎ᠠ ᠬᠦᠴᠢᠷ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠤᠬᠢᠴᠠᠭᠤᠯᠤᠨ ᠰᠢᠢᠳᠪᠦᠷᠢᠯᠡᠪᠡ᠃ ᠲᠡᠷᠡ᠂ ᠠᠷᠠᠳ ᠤᠨ ᠠᠮᠢᠳᠣᠷᠠᠯ ᠤᠨ ᠪᠤᠲᠠᠲᠤ ᠶᠠᠪᠤᠳᠠᠯ ᠤᠨ ᠲᠦᠷᠦᠯ ᠵᠦᠢᠯ  ᠤᠨ ᠨᠠᠶᠢᠲᠠᠪᠤᠷᠢᠵᠢᠭᠤᠯᠤᠯᠲᠠ ᠶᠢ ᠠᠬᠢᠭᠤᠯᠬᠤ᠂ ᠠᠷᠠᠳ ᠤᠨ ᠬᠦᠷᠲᠡᠮᠵᠢ ᠵᠣᠯ ᠵᠢᠷᠭᠠᠯ ᠢ ᠳᠡᠭᠡᠭᠰᠢᠯᠡᠬᠦᠯᠬᠦ ᠨᠢ ᠨᠠᠮ  ᠤᠨ ᠬᠤᠷᠢᠳᠣᠭᠠᠷ ᠶᠡᠭᠡ ᠬᠤᠷᠠᠯ ᠤᠨ ᠠᠷᠠᠳ ᠤᠨ ᠠᠮᠢᠳᠣᠷᠠᠯ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ᠂ ᠡᠬᠦᠷᠭᠡ ᠶᠢᠨ ᠪᠠᠶᠢᠷᠢᠯᠠᠭᠤᠯᠤᠯᠲᠠ ᠪᠤᠯᠬᠤ ᠪᠠᠷ ᠪᠠᠷᠠᠬᠤ ᠦᠬᠡᠢ ᠮᠦᠨᠴᠦ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠮᠠᠭᠲᠠ ᠲᠤᠤᠱᠯᠠᠭᠤᠯᠤᠭᠰᠠᠭᠠᠷ ᠢᠷᠡᠭᠰᠡᠨ ᠠᠵᠢᠯ ᠤᠨ ᠴᠢᠭᠯᠡᠯ᠂ ᠬᠠᠷᠠᠯᠲᠠ ᠪᠤᠯᠤᠨ᠎ᠠ᠃ ᠴᠢᠨᠠᠷ ᠰᠠᠶᠢᠲᠠᠢ ᠢᠨᠵᠧᠨᠧᠷᠢᠩ ᠢ ᠪᠠᠶᠢᠭᠤᠯᠬᠤ ᠱᠠᠭᠠᠷᠳᠠᠯᠭ᠎ᠠ ᠶᠤᠰᠤᠭᠠᠷ ᠪᠠᠷᠢᠯᠭ᠎ᠠ ᠶᠢᠨ ᠶᠠᠰᠣ ᠴᠢᠨᠠᠷ ᠢ ᠪᠠᠲᠤᠯᠠᠵᠤ᠂ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠢᠵᠢ ᠪᠦᠷᠢᠳᠦᠭᠰᠡᠨ ᠳᠦᠬᠦᠭᠡᠷᠦᠮᠵᠢ ᠶᠢ ᠲᠡᠬᠦᠯᠳᠡᠷᠵᠢᠬᠦᠯᠵᠦ᠂ ᠲᠦᠷᠦᠯ ᠵᠦᠢᠯ ᠡᠷᠲᠡᠬᠡᠨ ᠪᠠᠶᠢᠭᠤᠯᠤᠭᠳᠠᠵᠤ᠂ ᠬᠡᠷᠡᠭᠯᠡᠯᠲᠡ ᠳᠤ ᠣᠷᠣᠨ᠂ ᠠᠰᠢᠭ ᠡᠬᠦᠳᠬᠦ ᠶᠢ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
     ᠸᠠᠩ ᠢᠦᠢ ᠴᠢᠶᠠᠩ ᠣᠯᠵᠠᠴᠢ ᠪᠠᠯᠭᠠᠰᠣᠨ ᠤ ᠳᠣᠬᠤᠢ ᠵᠠᠮ ᠤᠨ ᠡᠮᠦᠨ᠎ᠡ ᠣᠷᠲᠣᠰᠬᠠᠯ ᠵᠠᠮ ᠤᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠤᠲᠠ ᠶᠢᠨ ᠵᠠᠮ ᠵᠡᠭᠡᠯᠢ ᠵᠢᠴᠢ ᠳᠠᠭᠠᠯᠲᠠ ᠢᠨᠵᠧᠨᠧᠷᠢᠩ ᠤᠨ ᠪᠠᠷᠢᠯᠭ᠎ᠠ  ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃
     ᠸᠠᠩ ᠢᠦᠢ ᠴᠢᠶᠠᠩ ᠬᠤᠰᠢᠭᠤ ᠡᠪᠡᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠲᠦᠪ ᠤᠨ ᠲᠦᠷᠦᠯ ᠵᠦᠢᠯ  ᠤᠨ ᠠᠬᠤᠢ ᠲᠠᠯᠠᠪᠠᠢ ᠳᠤ ᠲᠦᠷᠦᠯ ᠵᠦᠢᠯ ᠤᠨ ᠪᠠᠶᠢᠭᠤᠯᠤᠯᠲᠠ ᠶᠢᠨ ᠪᠤᠲᠠᠲᠤ ᠪᠠᠶᠢᠳᠠᠯ᠂ ᠢᠨᠵᠧᠨᠧᠷᠢᠩ ᠤᠨ ᠶᠠᠰᠣ ᠴᠢᠨᠠᠷ᠂ ᠠᠮᠣᠷ ᠳᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠪᠠ᠃
     ᠸᠠᠩ ᠢᠦᠢ ᠴᠢᠶᠠᠩ ᠬᠤᠰᠢᠭᠤ ᠳᠣᠯᠣᠳᠣᠭᠠᠷ ᠬᠡᠤᠬᠡᠳ ᠤᠨ ᠴᠡᠴᠡᠷᠯᠢᠭ ᠤᠨ ᠲᠦᠷᠦᠯ ᠵᠦᠢᠯ ᠤᠨ ᠠᠬᠤᠢ ᠲᠠᠯᠠᠪᠠᠢ ᠳᠤ  ᠲᠤᠭᠤᠷᠢᠭ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃
     ᠸᠠᠩ ᠢᠦᠢ ᠴᠢᠶᠠᠩ ᠬᠤᠪᠢᠰᠬᠠᠯᠲᠤ ᠬᠦᠮᠦᠵᠢᠯ ᠤᠨ ᠰᠣᠳᠣᠯᠭ᠎ᠠ ᠰᠣᠷᠣᠯᠴᠠᠯᠭ᠎ᠠ ᠶᠢᠨ ᠦᠢᠯᠡᠳᠦᠯᠬᠡ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠠᠬᠤᠢ ᠲᠠᠯᠠᠪᠠᠢ ᠳᠤ ᠲᠦᠷᠦᠯ ᠵᠦᠢᠯ ᠤᠨ ᠪᠠᠶᠢᠭᠤᠯᠤᠯᠲᠠ ᠶᠢᠨ ᠪᠤᠲᠠᠲᠤ ᠪᠠᠶᠢᠳᠠᠯ᠂ ᠢᠨᠵᠧᠨᠧᠷᠢᠩ ᠤᠨ ᠶᠠᠰᠣ ᠴᠢᠨᠠᠷ᠂ ᠠᠮᠣᠷ ᠳᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠪᠠ᠃
     ᠸᠠᠩ ᠢᠦᠢ ᠴᠢᠶᠠᠩ ᠬᠤᠰᠢᠭᠤ ᠬᠤᠶᠠᠳᠣᠭᠠᠷ ᠳᠣᠮᠳᠠᠳᠣ ᠰᠣᠷᠭᠠᠭᠤᠯᠢ ᠶᠢᠨ ᠰᠢᠨ᠎ᠡ ᠲᠤᠭᠤᠷᠢᠭ ᠤᠨ ᠲᠦᠷᠦᠯ ᠵᠦᠢᠯ ᠤᠨ ᠠᠬᠤᠢ ᠲᠠᠯᠠᠪᠠᠢ ᠳᠤ ᠲᠤᠭᠤᠷᠢᠭ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃      ᠪᠠᠶᠢᠴᠠᠭᠠᠨ ᠰᠣᠳᠣᠯᠣᠯᠲᠠ ᠳᠠᠭᠤᠰᠤᠭᠰᠠᠨ ᠤ ᠳᠠᠷᠠᠭ᠎ᠠ᠂ ᠸᠠᠩ ᠢᠦᠢ ᠴᠢᠶᠠᠩ ᠠᠷᠠᠳ ᠤᠨ ᠠᠮᠢᠳᠣᠷᠠᠯ ᠤᠨ ᠲᠦᠷᠦᠯ ᠵᠦᠢᠯ ᠢ  ᠬᠠᠷᠢᠭᠤᠴᠠᠬᠤ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠯᠤᠭ᠎ᠠ ᠰᠠᠭᠤᠳᠠᠯ ᠤᠨ ᠬᠤᠷᠠᠯ ᠬᠢᠪᠡ᠃ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ᠂ ᠣᠷᠣᠰᠢᠵᠦ ᠪᠠᠶᠢᠭ᠎ᠠ ᠠᠰᠠᠭᠤᠳᠠᠯ ᠵᠡᠷᠭᠡ ᠬᠠᠷᠢᠭᠤ ᠮᠡᠳᠡᠬᠦᠯᠦᠯᠲᠡ ᠶᠢ ᠰᠣᠨᠣᠰᠣᠭᠰᠠᠨ ᠤ ᠳᠠᠷᠠᠭ᠎ᠠ᠂ ᠲᠡᠷᠡ᠂ ᠴᠠᠭ ᠬᠤᠭᠤᠴᠠᠭᠠᠨ ᠤ ᠦᠵᠡᠯᠲᠡ ᠪᠠᠨ ᠴᠢᠩᠭᠠᠳᠬᠠᠵᠤ᠂ ᠪᠠᠷᠢᠯᠭ᠎ᠠ ᠶᠢᠨ ᠪᠦᠲᠦᠮᠵᠢᠲᠡᠢ ᠬᠤᠭᠤᠴᠠᠭ᠎ᠠ ᠶᠢ ᠡᠵᠡᠮᠳᠡᠨ᠂ ᠪᠠᠷᠢᠯᠭ᠎ᠠ ᠶᠢᠨ ᠠᠬᠢᠴᠠ ᠶᠢ ᠬᠤᠭᠤᠴᠠᠭᠠᠯᠠᠨ ᠲᠤᠭᠲᠠᠭᠠᠵᠤ᠂ ᠴᠠᠭ ᠢ ᠵᠠᠪᠳᠣᠨ᠂ ᠠᠬᠢᠴᠠ ᠶᠢ ᠠᠮᠵᠢᠬᠤ ᠶᠢ ᠪᠦᠬᠦ ᠬᠦᠴᠦᠨ ᠢᠶᠠᠷ ᠪᠡᠶᠡᠯᠡᠬᠦᠯᠬᠦ ᠬᠡᠷᠡᠭᠲᠡᠢ᠃ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠦᠷᠦ  ᠶᠢᠨ ᠪᠤᠳᠤᠯᠭ᠎ᠠ ᠶᠤᠰᠤᠭᠠᠷ ᠪᠠᠷᠢᠯᠭ᠎ᠠ ᠶᠢᠨ ᠬᠤᠭᠤᠴᠠᠭᠠᠨ ᠤ ᠬᠢᠵᠢᠭ ᠰᠡᠷᠬᠡᠶᠢᠯᠡᠯᠲᠡ ᠶᠢᠨ ᠠᠵᠢᠯ ᠢ ᠰᠠᠶᠢᠲᠤᠷ  ᠬᠢᠵᠦ᠂ ᠬᠢᠵᠢᠭ ᠰᠡᠷᠬᠡᠶᠢᠯᠡᠯᠲᠡ ᠪᠠ ᠪᠠᠷᠢᠯᠭ᠎ᠠ ᠶᠢᠨ ᠠᠬᠢᠴᠠ ᠬᠤᠶᠠᠷ ᠤᠨ ᠠᠯᠢ ᠶᠢ ᠨᠢ ᠴᠣ᠋ ᠰᠠᠭᠠᠲᠠᠭᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠦᠬᠦ ᠲᠦᠷᠦᠯ ᠵᠦᠢᠯ ᠤᠨ ᠠᠵᠢᠯᠴᠢᠨ ᠤ ᠬᠦᠴᠦᠨ ᠪᠠ ᠪᠠᠷᠢᠯᠭ᠎ᠠ ᠶᠢᠨ ᠲᠦᠬᠦᠬᠡᠢ ᠮᠡᠲ᠋ᠧᠷᠢᠶᠡᠯ ᠵᠡᠷᠭᠡ ᠬᠠᠪᠰᠣᠷᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠤᠨ ᠬᠦᠴᠦᠨ ᠵᠦᠢᠯ ᠢ ᠡᠷᠲᠡᠬᠡᠨ ᠪᠡᠯᠡᠳᠬᠡᠨ᠂ ᠬᠢᠵᠢᠭ ᠤᠨ ᠪᠠᠶᠢᠳᠠᠯ ᠵᠡᠷᠭᠡ ᠲᠤᠲᠤᠷᠬᠠᠢ ᠪᠤᠰᠤ ᠬᠦᠴᠦᠨ ᠵᠦᠢᠯ ᠪᠠᠷᠢᠯᠭ᠎ᠠ ᠶᠢᠨ ᠠᠬᠢᠴᠠ ᠶᠢ ᠨᠦᠯᠦᠬᠡᠯᠡᠬᠦ ᠠᠴᠠ ᠰᠡᠷᠬᠡᠶᠢᠯᠡᠵᠦ᠂ ᠳᠠᠷᠠᠭ᠎ᠠ ᠵᠢᠯ ᠤᠨ ᠭᠤᠷᠪᠠᠳᠣᠭᠠᠷ ᠰᠠᠷ᠎ᠠ ᠶᠢᠨ ᠡᠴᠦᠰ ᠢᠶᠠᠷ ᠪᠠᠷᠢᠯᠭ᠎ᠠ ᠶᠢᠨ ᠬᠤᠭᠤᠴᠠᠭ᠎ᠠ ᠪᠤᠯᠬᠤ ᠳᠤ ᠪᠠᠷᠢᠯᠭ᠎ᠠ ᠲᠦᠷᠭᠡᠨ ᠡᠬᠢᠯᠡᠭᠳᠡᠬᠦ ᠶᠢ ᠪᠠᠲᠤᠯᠠᠬᠤ ᠬᠡᠷᠡᠭᠲᠡᠢ᠃ ᠡᠯ᠎ᠡ ᠲᠦᠷᠦᠯ ᠵᠦᠢᠯ ᠳᠤ ᠬᠡᠷᠡᠭᠯᠡᠭᠳᠡᠬᠦ ᠠᠯᠪᠠᠯᠠᠬᠤ ᠪᠠᠭᠠᠵᠢ ᠬᠡᠷᠡᠭᠰᠡᠯ᠂ ᠲᠤᠨᠤᠭ ᠳᠦᠬᠦᠬᠡᠷᠦᠮᠵᠢ ᠵᠡᠷᠭᠡ ᠡᠳ᠋ ᠪᠠᠷᠠᠭᠠᠨ ᠤ ᠨᠠᠷᠢᠨ ᠳᠠᠩᠰᠠ ᠶᠢ ᠨᠠᠷᠢᠯᠢᠭ ᠦᠳᠲᠡᠷ ᠲᠤᠭᠲᠠᠭᠠᠨ᠂ ᠨᠠᠷᠢᠨ ᠳᠠᠩᠰᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠦᠯᠦᠪᠵᠢᠬᠦᠯᠬᠡ᠂ ᠬᠤᠳᠠᠯᠳᠣᠨ ᠠᠪᠤᠯᠲᠠ ᠶᠢᠨ ᠠᠵᠢᠯ ᠢ ᠰᠠᠶᠢᠲᠤᠷ ᠬᠢᠨ᠂ ᠣᠷᠬᠢᠭᠳᠠᠬᠤ ᠳᠠᠪᠬᠤᠴᠠᠬᠤ ᠵᠡᠷᠭᠡ ᠠᠰᠠᠭᠤᠳᠠᠯ ᠢ ᠡᠷᠡᠰ ᠳᠡᠪᠴᠢᠬᠦ ᠬᠡᠷᠡᠭᠲᠡᠢ᠃ ᠰᠠᠭᠤᠷᠢ ᠦᠢᠯᠡᠴᠢᠯᠡᠭᠡ ᠶᠢ ᠰᠠᠶᠢᠲᠤᠷ ᠬᠢᠵᠦ᠂ ᠡᠬᠦᠷᠭᠡ ᠲᠤᠰᠢᠶᠠᠯᠲᠤ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠵᠣᠷᠢᠭᠲᠠᠢ ᠡᠬᠦᠷᠭᠡᠯᠡᠨ᠂ ᠰᠠᠶᠢᠲᠤᠷ ᠦᠢᠯᠡᠳᠦᠯᠬᠡᠵᠢᠬᠦᠯᠵᠦ᠂ ᠣᠷᠣᠰᠢᠵᠦ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠮᠡᠳᠡᠬᠦᠯᠦᠨ ᠰᠢᠢᠳᠪᠦᠷᠢᠯᠡᠵᠦ᠂ ᠠᠷᠠᠳ ᠤᠨ ᠠᠮᠢᠳᠣᠷᠠᠯ ᠤᠨ ᠡᠯ᠎ᠡ ᠲᠦᠷᠦᠯ ᠵᠦᠢᠯ ᠬᠤᠭᠤᠴᠠᠭ᠎ᠠ ᠶᠤᠰᠤᠭᠠᠷ ᠪᠠᠶᠢᠭᠤᠯᠤᠭᠳᠠᠵᠤ ᠳᠠᠭᠤᠰᠬᠤ ᠶᠢ ᠡᠷᠴᠢᠮᠲᠡᠢ ᠮᠦᠷᠲᠡᠭᠡᠨ ᠡᠮᠬᠢᠲᠡᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
     ᠸᠠᠩ ᠢᠦᠢ ᠴᠢᠶᠠᠩ ᠪᠠᠷᠢᠯᠭ᠎ᠠ ᠶᠢᠨ ᠠᠬᠤᠢ ᠲᠠᠯᠠᠪᠠᠢ ᠳᠤ ᠠᠷᠠᠳ ᠤᠨ ᠠᠮᠢᠳᠣᠷᠠᠯ ᠤᠨ ᠲᠦᠷᠦᠯ ᠵᠦᠢᠯ ᠢ ᠬᠠᠷᠢᠭᠤᠴᠠᠬᠤ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠯᠤᠭ᠎ᠠ ᠰᠠᠭᠤᠳᠠᠯ ᠤᠨ ᠬᠤᠷᠠᠯ ᠬᠢᠪᠡ᠃      ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠳ᠋ᠣᠸᠡᠨ ᡁᠢ ᠴᠢᠶᠠᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号