ᠪᠣᠷᠣᠪᠠᠯᠭᠠᠰᠣ ᠪᠠᠯᠭᠠᠰᠣᠨ ᠤ ᠴᠠᠭᠳᠠᠭ᠎ᠠ ᠲᠠᠭᠠᠳᠬᠠᠯ ᠤᠨ ᠬᠠᠮᠳᠣᠷᠠᠯᠴᠠᠭᠠᠨ ᠤ ᠢᠳᠬᠠᠨ ᠵᠢᠯᠣᠭᠤᠳᠬᠤ ᠣᠶᠢᠯᠡᠴᠢᠯᠡᠭᠡᠨ ᠤ ᠦᠷᠳᠡᠭᠡ ᠬᠡᠷᠡᠭᠯᠡᠯᠳᠡ ᠳᠤ ᠣᠷᠣᠪᠠ
ᠨᠡᠶᠢᠲᠡᠯᠡᠭᠰᠡᠨ ᠴᠠᠭ᠄
2022/11/16
    ᠬᠦᠳᠡᠭᠡ ᠲᠣᠰᠬᠤᠨ ᠤ ᠵᠠᠮ ᠬᠠᠷᠢᠯᠴᠠᠭᠠᠨ ᠤ ᠠᠮᠣᠷ ᠲᠦᠪᠰᠢᠨ ᠢ ᠢᠳᠬᠠᠨ ᠵᠢᠯᠣᠭᠤᠳᠬᠤ ᠪᠠᠶᠢᠭᠤᠯᠣᠯᠳᠠ  ᠶᠢ ᠠᠬᠢᠭᠤᠯᠣᠨ᠂ ᠬᠦᠳᠡᠭᠡ ᠲᠣᠰᠬᠤᠨ ᠤ ᠵᠠᠮ ᠬᠠᠷᠢᠯᠴᠠᠭᠠᠨ ᠤ ᠬᠠᠮᠳᠣᠷᠠᠨ ᠵᠠᠰᠠᠯᠳᠠ ᠶᠢᠨ ᠲᠦᠪᠰᠢᠨ ᠢ ᠲᠡᠭᠡᠭᠰᠢᠯᠡᠭᠦᠯᠬᠦ ᠶᠢᠨ ᠲᠣᠰᠠᠳᠠ᠂ 11 ᠰᠠᠷ᠎ᠠ ᠶᠢᠨ 10 ᠤ ᠡᠳᠦᠷ᠂ ᠬᠤᠰᠢᠭᠤ ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠶᠡᠭᠡ ᠠᠩᠬᠢ ᠪᠣᠯᠣᠨ ᠲᠣᠮᠳᠠᠳᠦ ᠣᠯᠣᠰ ᠤᠨ ᠠᠷᠠᠳ ᠤᠨ ᠲᠠᠭᠠᠳᠬᠠᠯ ᠤᠨ ᠣᠳᠤᠭ ᠤᠨ ᠡᠮᠦᠨᠡᠳᠦ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠬᠠᠮᠳᠣᠷᠠᠨ ᠪᠠᠶᠢᠭᠤᠯᠣᠭᠰᠠᠨ ᠪᠣᠷᠣᠪᠠᠯᠭᠠᠰᠦ ᠪᠠᠯᠭᠠᠰᠣᠨ ᠳᠠᠬᠢ ᠴᠠᠭᠳᠠᠭ᠎ᠠ ᠲᠠᠭᠠᠳᠬᠠᠯ ᠤᠨ ᠬᠠᠮᠳᠣᠷᠠᠯᠴᠠᠭᠠᠨ ᠤ ᠢᠳᠬᠠᠨ ᠵᠢᠯᠣᠭᠤᠳᠬᠤ ᠣᠶᠢᠯᠡᠴᠢᠯᠡᠭᠡᠨ ᠤ ᠦᠷᠳᠡᠭᠡ ᠫᠠᠶᠢᠰᠠ ᠡᠯᠭᠦᠨ ᠬᠡᠷᠡᠭᠯᠡᠯᠳᠡ ᠳᠤ ᠣᠷᠣᠪᠠ᠃     ᠶᠣᠰᠣᠯᠠᠯ ᠲᠡᠭᠡᠷ᠎ᠡ᠂ ᠬᠤᠰᠢᠭᠤ ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠶᠡᠭᠡ ᠠᠩᠬᠢ᠂ ᠠᠷᠠᠳ ᠤᠨ ᠲᠠᠭᠠᠳᠬᠠᠯ ᠤᠨ ᠣᠳᠤᠭ ᠤᠨ ᠡᠮᠦᠨᠡᠳᠦ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠳᠠᠳ ᠴᠠᠭᠳᠠᠭ᠎ᠠ ᠲᠠᠭᠠᠳᠬᠠᠯ ᠤᠨ ᠬᠠᠮᠳᠣᠷᠠᠯᠴᠠᠭᠠᠨ ᠤ ᠢᠳᠬᠠᠨ ᠵᠢᠯᠣᠭᠤᠳᠬᠤ ᠣᠶᠢᠯᠡᠴᠢᠯᠡᠭᠡᠨ ᠤ ᠦᠷᠳᠡᠭᠡ ᠶᠢᠨ ᠫᠠᠶᠢᠰᠠ ᠶᠢ ᠡᠯᠭᠦᠵᠣ᠂ ᠬᠠᠷᠢᠶ᠎ᠠ ᠭᠠᠵᠠᠷ ᠤᠨ ᠢᠳᠬᠠᠨ ᠵᠢᠯᠣᠭᠤᠳᠣᠭᠴᠢ ᠳᠤ ᠡᠭᠦᠷᠭᠡ ᠬᠠᠷᠢᠭᠤᠴᠠᠯᠭ᠎ᠠ ᠪᠣᠯᠣᠨ ᠲᠠᠭᠠᠳᠬᠠᠯ ᠤᠨ ᠪᠦᠳᠦᠭᠡᠭᠳᠡᠭᠦᠨ ᠤ ᠲᠣᠬᠠᠢ ᠪᠣᠯᠪᠠᠰᠣᠷᠠᠯ ᠬᠦᠷᠳᠡᠭᠡᠵᠣ᠂ ᠲᠡᠳᠡᠨ ᠳᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠶᠡᠷᠦᠩᠬᠡᠢ ᠬᠡᠪ ᠴᠢᠨᠠᠷ ᠢ ᠣᠯᠠᠮ ᠲᠡᠭᠡᠭᠰᠢᠯᠡᠭᠦᠯᠵᠣ᠂ ᠢᠳᠬᠠᠨ ᠵᠢᠯᠣᠭᠤᠳᠣᠭᠴᠢ ᠳᠤ ᠪᠡᠯᠡᠭ ᠭᠠᠷᠳᠠᠭᠤᠯᠪᠠ᠃     ᠪᠣᠷᠣᠪᠠᠯᠭᠠᠰᠣ ᠪᠠᠯᠭᠠᠰᠣᠨ ᠳᠤ ᠰᠢᠨ᠎ᠡ ᠪᠠᠷ ᠪᠠᠶᠢᠭᠤᠯᠣᠭᠰᠠᠨ ᠴᠠᠭᠳᠠᠭ᠎ᠠ ᠲᠠᠭᠠᠳᠬᠠᠯ ᠤᠨ ᠬᠠᠮᠳᠣᠷᠠᠯᠴᠠᠭᠠᠨ ᠤ ᠢᠳᠬᠠᠨ ᠵᠢᠯᠣᠭᠤᠳᠬᠤ ᠣᠶᠢᠯᠡᠴᠢᠯᠡᠭᠡᠨ ᠤ ᠦᠷᠳᠡᠭᠡ ᠨᠢ ︽ᠴᠠᠭᠳᠠᠭ᠎ᠠ ᠲᠠᠭᠠᠳᠬᠠᠯ ᠤᠨ ᠬᠠᠮᠳᠣᠷᠠᠯᠴᠠᠭᠠᠨ ᠤ ᠣᠶᠣᠨᠴᠢ 2 + 1 + N︾ ᠣᠶᠢᠯᠠᠭᠠᠭᠳᠠᠬᠤᠨ ᠢ ᠣᠯᠠᠮ ᠰᠢᠯᠢᠳᠡᠭᠵᠢᠭᠦᠯᠦᠨ᠂ ᠵᠠᠮ ᠬᠠᠷᠢᠯᠴᠠᠭᠠᠨ ᠤ ᠬᠠᠮᠢᠶᠠᠷᠣᠯᠳᠠ᠂ ᠲᠠᠭᠠᠳᠬᠠᠯ᠂ ᠣᠯᠠᠨ ᠲᠦᠮᠡᠨ ᠤ ᠬᠠᠮᠳᠦ ᠶᠢᠨ ᠣᠷᠣᠯᠴᠠᠯᠭ᠎ᠠ ᠶᠢ ᠪᠦᠷᠢᠯᠳᠦᠭᠦᠯᠵᠣ᠂ ᠡᠭᠦᠷᠭᠡ ᠴᠢᠳᠠᠪᠬᠢ ᠪᠠᠨ ᠬᠠᠷᠢᠯᠴᠠᠨ ᠨᠦᠬᠦᠪᠦᠷᠢᠯᠡᠨ᠂ ᠡᠬᠢ ᠪᠠᠶᠠᠯᠢᠭ ᠢ ᠬᠠᠮᠳᠦ ᠪᠠᠷ ᠡᠳ᠋ᠯᠡᠵᠣ᠂ ᠪᠦᠬᠦᠶᠢᠯᠡ ᠡᠳᠦᠷ ᠢᠶᠠᠷ ᠠᠷᠠᠳ ᠲᠦᠮᠡᠨ ᠳᠤ ᠣᠶᠢᠯᠡᠴᠢᠯᠡᠭᠦ ᠶᠢ ᠪᠡᠶᠡᠯᠡᠭᠦᠯᠦᠭᠰᠡᠨ ᠪᠠᠶᠢᠨ᠎ᠠ᠃ ᠴᠠᠭᠳᠠᠭ᠎ᠠ ᠲᠠᠭᠠᠳᠬᠠᠯ ᠤᠨ ᠬᠠᠮᠳᠣᠷᠠᠯᠴᠠᠭᠠᠨ ᠤ ᠢᠳᠬᠠᠨ ᠵᠢᠯᠣᠭᠤᠳᠬᠤ ᠣᠶᠢᠯᠡᠴᠢᠯᠡᠭᠡᠨ ᠤ ᠦᠷᠳᠡᠭᠡ ᠶᠢᠨ ᠪᠠᠶᠢᠭᠤᠯᠣᠯᠳᠠ ᠪᠣᠯ᠂ ᠲᠠᠭᠠᠳᠬᠠᠯ ᠤᠨ ᠲᠣᠬᠠᠶᠢᠯᠠᠭᠰᠠᠨ ᠠᠵᠢᠯ ᠪᠣᠯᠣᠨ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠣᠷ ᠲᠦᠪᠰᠢᠨ ᠤ ᠬᠠᠮᠳᠣᠷᠠᠯᠴᠠᠭᠠᠨ ᠤ ᠬᠠᠮᠳᠦ ᠶᠢᠨ ᠪᠠᠶᠢᠭᠤᠯᠣᠯᠳᠠ ᠪᠠᠷ ᠲᠠᠮᠵᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠭᠡᠨᠡᠳᠳᠡ ᠶᠢᠨ ᠠᠳᠡᠯ ᠢ ᠲᠦᠷᠭᠡᠨ ᠰᠢᠢᠳᠪᠦᠷᠢᠯᠡᠯᠳᠡ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠣᠷ ᠲᠦᠪᠰᠢᠨ ᠤ ᠣᠬᠠᠭᠤᠯᠭ᠎ᠠ ᠬᠦᠮᠦᠵᠢᠯ᠂ ᠲᠡᠷᠭᠡᠨ ᠲᠠᠭᠠᠳᠬᠠᠯ ᠤᠨ ᠲᠣᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠵᠡᠷᠭᠡ ᠠᠵᠢᠯ ᠢ ᠲᠡᠰ ᠲᠡᠪᠰᠢᠭᠦᠯᠵᠣ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠬᠠᠨᠣᠮᠵᠢᠳᠦ ᠰᠡᠳᠬᠢᠯᠭᠡ᠂ ᠵᠣᠯ ᠵᠢᠷᠭᠠᠯᠳᠦ ᠰᠡᠳᠬᠢᠯᠭᠡ ᠪᠣᠯᠣᠨ ᠠᠮᠣᠷ ᠲᠠᠶᠢᠪᠣᠩ ᠰᠡᠳᠬᠢᠯᠭᠡ ᠶᠢ ᠨᠡᠮᠡᠭᠳᠡᠭᠦᠯᠵᠡᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号