ᠸᠠᠩ ᠢᠦᠢ ᠴᠢᠶᠠᠩ ᠪᠦᠯᠬᠦᠮ ᠳᠠᠭᠠᠭᠤᠯᠤᠨ ︽ᠳᠠᠪᠤ ᠶᠢ ᠳᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠪᠠᠶᠢᠴᠠᠭᠠᠨ ᠰᠤᠳᠤᠯᠵᠤ ᠠᠬᠢᠭᠤᠯᠪᠠ
ᠨᠡᠶᠢᠲᠡᠯᠡᠭᠰᠡᠨ ᠴᠠᠭ᠄
2022/11/17
    ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ︽ᠳᠠᠪᠤ ᠶᠢ ᠳᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ  ᠶᠢᠨ ᠨᠠᠷᠢᠯᠢᠭ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠶᠢᠨ ᠲᠦᠯᠤᠬᠡ᠂ 11 ᠰᠠᠷ᠎ᠠ ᠶᠢᠨ 15 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠦᠯᠬᠦᠮ ᠳᠠᠭᠠᠭᠤᠯᠤᠨ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ᠂ ᠱᠠᠩᠬᠠᠢ ᠶᠢᠨ ᠰᠦᠮ᠎ᠠ ᠪᠠᠯᠭᠠᠰᠤᠨ ᠳᠤ ᠬᠦᠷᠴᠤ᠂ ︽ᠳᠠᠪᠤ ᠶᠢ ᠳᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠳᠤᠬᠠᠢ ᠶᠢᠨ ᠳᠠᠯᠠᠪᠤᠷ ᠲᠤ ᠨᠢ ᠪᠠᠶᠢᠴᠠᠭᠠᠨ ᠰᠤᠳᠤᠯᠵᠤ ᠠᠬᠢᠭᠤᠯᠪᠠ᠃
    △ ᠱᠠᠩᠬᠠᠢ ᠶᠢᠨ ᠰᠦᠮ᠎ᠠ ᠭᠤᠤᠯᠳᠠᠯᠭᠠᠳᠤ ᠡᠮᠨᠡᠯᠬᠡ ᠶᠢᠨ ᠬᠤᠷᠢᠶᠠᠨ ᠤ ᠲᠦᠷᠤᠯ ᠵᠦᠢᠯ ᠤᠨ ᠪᠠᠶᠢᠭᠤᠯᠤᠯᠳᠠ  ᠶᠢᠨ ᠳᠤᠬᠠᠢ ᠶᠢᠨ ᠳᠠᠯᠠᠪᠤᠷ ᠲᠤ ᠲᠦᠷᠤᠯ ᠵᠦᠢᠯ ᠤᠨ ᠲᠦᠯᠤᠪᠵᠢᠬᠦᠯᠬᠡ ᠪᠠᠶᠢᠷᠢᠯᠠᠭᠤᠯᠤᠯᠳᠠ ᠵᠡᠷᠬᠡ ᠪᠠᠶᠢᠳᠠᠯ ᠢ ᠤᠶᠢᠯᠠᠭᠠᠪᠠ     ᠸᠠᠩ ᠢᠦᠢ ᠴᠢᠶᠠᠩ ᠨᠠᠷ ᠤᠷᠢᠤᠨ ᠬᠤᠵᠢᠤᠨ ᠱᠠᠩᠬᠠᠢ ᠶᠢᠨ ᠰᠦᠮ᠎ᠠ ᠪᠠᠯᠭᠠᠰᠤ ᠶᠢᠨ ᠲᠦᠪᠡᠤᠨ ᠤᠨ ᠰᠢᠨ᠎ᠡ ᠮᠠᠶ᠋ᠢᠭ ᠤᠨ ᠠᠶᠢᠯ ᠳᠤᠰᠬᠤᠨ᠂ ᠱᠠᠩᠬᠠᠢ ᠶᠢᠨ ᠰᠦᠮ᠎ᠠ ᠪᠠᠯᠭᠠᠰᠤ ᠶᠢᠨ ᠳᠠᠪᠤᠳᠤᠭᠠᠷ ᠬᠤᠭᠤᠴᠠᠭᠠᠨ ᠤ ᠨᠡᠬᠦᠳᠠᠯ ᠠᠷᠠᠤᠨ ᠤᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠦᠷᠬᠦᠯᠵᠢᠬᠦᠶᠢᠴᠠ ᠪᠠᠶᠢᠭᠤᠯᠤᠯᠳᠠ ᠶᠢᠨ ᠢᠨᠵᠧᠨᠧᠷᠢᠩ᠂ ᠴᠠᠬᠢᠷᠮ᠎ᠠ ᠬᠤᠳᠠᠯᠳᠤᠭᠠᠨ ᠤ ᠶᠠᠪᠤᠳᠠᠯ ᠤᠨ ᠪᠠᠭᠤᠳᠠᠯ ᠤᠨ ᠦᠬᠡᠷᠡᠴᠢᠯᠡᠯᠳᠠ ᠶᠢᠨ ᠲᠦᠷᠤᠯ ᠵᠦᠢᠯ᠂ ᠬᠤᠰᠢᠭᠤ ᠴᠢᠳᠠᠪᠤᠷᠢᠳᠠᠨ ᠤ ᠰᠢᠨᠵᠢᠯᠡᠭᠡ ᠮᠡᠷᠬᠡᠵᠢᠯ ᠤᠨ ᠰᠢᠨ᠎ᠠ ᠶᠢ ᠡᠬᠦᠳᠤᠯᠳᠠ ᠶᠢᠨ ᠰᠠᠭᠤᠷᠢᠨ ᠭᠠᠵᠠᠷ ᠤᠨ ᠦᠬᠡᠷᠡᠴᠢᠯᠡᠯᠳᠠ ᠶᠢᠨ ᠲᠦᠷᠤᠯ ᠵᠦᠢᠯ᠂ ᠱᠠᠩᠬᠠᠢ ᠶᠢᠨ ᠰᠦᠮ᠎ᠠ ᠭᠤᠤᠯᠳᠠᠯᠭᠠᠳᠤ ᠡᠮᠨᠡᠯᠬᠡ ᠶᠢᠨ ᠬᠤᠷᠢᠶ᠎ᠠ ᠶᠢᠨ ᠲᠦᠷᠤᠯ ᠵᠦᠢᠯ ᠤᠨ ᠪᠠᠶᠢᠭᠤᠯᠤᠯᠳᠠ ᠶᠢᠨ ᠳᠤᠬᠠᠢ ᠶᠢᠨ ᠳᠠᠯᠠᠪᠤᠷ᠂ ᠬᠠᠢ ᠲᠢᠶᠠᠨ ᠵᠡᠬᠡᠯᠢ ᠶᠢᠨ ᠬᠤᠳᠠ ᠶᠢᠨ ᠵᠠᠮ ᠤᠨ ᠲᠦᠷᠤᠯ ᠵᠦᠢᠯ ᠤᠨ ᠪᠠᠶᠢᠭᠤᠯᠤᠯᠳᠠ ᠶᠢᠨ ᠳᠤᠬᠠᠢ ᠶᠢᠨ ᠳᠠᠯᠠᠪᠤᠷ ᠵᠡᠷᠬᠡ ᠭᠠᠵᠠᠷ ᠲᠤ ᠬᠦᠷᠴᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠨᠠᠷ ᠲᠠᠢ ᠶᠠᠷᠢᠯᠴᠠᠨ᠂ ᠲᠦᠷᠤᠯ ᠵᠦᠢᠯ ᠤᠨ ᠲᠦᠯᠤᠪᠵᠢᠬᠦᠯᠬᠡ ᠲᠦᠯᠤᠪᠯᠡᠭᠡ᠂ ᠰᠢᠢᠤᠨᠪᠤᠷᠢᠯᠡᠬᠦ ᠠᠷᠭ᠎ᠠ ᠪᠠ ᠴᠢᠳᠠᠮᠵᠢ ᠶᠢᠨ ᠪᠠᠶᠢᠷᠢᠯᠠᠭᠤᠯᠤᠯᠳᠠ ᠵᠡᠷᠬᠡ ᠪᠠᠶᠢᠳᠠᠯ ᠢ ᠨᠠᠷᠢᠯᠢᠭ ᠤᠶᠢᠯᠠᠭᠠᠵᠤ᠂ ᠤᠳᠤᠬᠠᠨ ᠳᠤ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠠᠰᠠᠭᠤᠨ ᠯᠠᠪᠯᠠᠪᠠ᠃
    △ ᠱᠠᠩᠬᠠᠢ ᠶᠢᠨ ᠰᠦᠮ᠎ᠠ ᠪᠠᠯᠭᠠᠰᠤ ᠶᠢᠨ ᠳᠠᠪᠤᠳᠤᠭᠠᠷ ᠬᠤᠭᠤᠴᠠᠭᠠᠨ ᠤ ᠨᠡᠬᠦᠳᠠᠯ ᠠᠷᠠᠤᠨ ᠤᠨ ᠪᠠᠳᠤᠯᠠᠭ᠎ᠠ  ᠶᠢᠨ ᠴᠢᠨᠠᠷᠳᠠᠢ ᠤᠷᠤᠨ ᠰᠠᠭᠤᠴᠠ ᠶᠢᠨ ᠦᠷᠬᠦᠯᠵᠢᠬᠦᠶᠢᠴᠠ ᠪᠠᠶᠢᠭᠤᠯᠤᠯᠳᠠ ᠶᠢᠨ ᠢᠨᠵᠧᠨᠧᠷᠢᠩ ᠤᠨ ᠲᠦᠷᠤᠯ ᠵᠦᠢᠯ  ᠤᠨ ᠳᠤᠬᠠᠢ ᠶᠢᠨ ᠳᠠᠯᠠᠪᠤᠷ ᠲᠤ ᠪᠠᠷᠢᠯᠭ᠎ᠠ ᠶᠢᠨ ᠠᠬᠢᠴᠠ ᠶᠢ ᠤᠶᠢᠯᠠᠭᠠᠪᠠ᠃     ᠸᠠᠩ ᠢᠦᠢ ᠴᠢᠶᠠᠩ᠂ ︽ᠳᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠪᠤᠯ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠳᠤᠭᠳᠠᠭᠠᠭᠰᠡᠨ ᠴᠢᠬᠤᠯᠠ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠬᠤ ᠮᠦᠷᠳᠡᠬᠡᠨ ᠮᠦᠨ ᠴᠦ ᠮᠠᠨ ᠤ ᠬᠤᠰᠢᠭᠤᠨ ᠤ ᠰᠤᠯᠠ ᠪᠠᠶᠢᠭ᠎ᠠ ᠡᠳ᠋ ᠬᠦᠷᠤᠩᠬᠡ ᠶᠢᠨ ᠡᠬᠢ ᠪᠠᠶᠠᠯᠢᠭ ᠢ ᠠᠮᠢᠳᠤᠯᠢᠭᠵᠢᠭᠤᠯᠬᠤ ᠴᠢᠬᠤᠯᠠ ᠳᠤᠬᠢᠶᠠᠯ ᠪᠤᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠳᠠᠨᠢᠯᠳᠠ ᠪᠠᠨ ᠦᠨᠡᠨᠬᠦ ᠳᠡᠬᠡᠭᠰᠢᠯᠡᠬᠦᠯᠤᠨ᠂ ᠤᠯᠤᠰ ᠲᠦᠷᠤ ᠶᠢᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ  ᠠᠴᠠ ᠪᠠᠨ ᠡᠬᠦᠷᠬᠡᠯᠡᠵᠤ᠂ ᠤᠳᠤᠬᠠᠨ ᠳᠤ ᠪᠠᠨ ᠰᠠᠭᠤᠷᠢᠯᠠᠵᠤ ᠠᠯᠤᠰ ᠢ ᠪᠤᠳᠤᠯᠬᠢᠯᠠᠨ᠂ ᠪᠦᠬᠦᠶᠢᠯᠡ ᠪᠠᠶᠢᠴᠠᠭᠠᠯᠳᠠ  ᠶᠢᠨ ᠲᠦᠷᠤᠯ ᠵᠦᠢᠯ ᠢ ᠨᠢᠬᠡᠳᠤᠯᠳᠠᠢ ᠲᠦᠯᠤᠪᠯᠡᠨ ᠠᠯᠬᠤᠮ ᠬᠤᠪᠢᠶᠠᠨ ᠬᠡᠷᠡᠭᠵᠢᠬᠦᠯᠵᠤ᠂ ᠭᠠᠵᠠᠷ ᠤᠷᠤᠨ ᠳᠤ ᠨᠢ ᠳᠤᠬᠢᠷᠠᠭᠤᠯᠵᠤ ᠨᠠᠷᠢᠯᠢᠭ ᠤᠨᠤᠪᠴᠢᠳᠠᠢ ᠲᠦᠷᠤ ᠶᠢᠨ ᠪᠤᠳᠤᠯᠭ᠎ᠠ ᠬᠡᠷᠡᠭᠵᠢᠬᠦᠯᠤᠨ᠂ ︽ᠳᠠᠪᠤ ᠶᠢ ᠳᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢᠨ ᠪᠤᠳᠠᠳᠤ ᠪᠦᠳᠤᠮᠵᠢ ᠤᠯᠬᠤ ᠶᠢ ᠠᠬᠢᠭᠤᠯᠬᠤ ᠬᠡᠷᠡᠭᠳᠠᠢ᠃ ᠬᠤᠭᠤᠴᠠᠭ᠎ᠠ ᠬᠢᠵᠠᠭᠠᠷᠯᠠᠨ ᠠᠬᠢᠴᠠ ᠶᠢ ᠡᠵᠡᠮᠳᠡᠵᠤ᠂ ᠠᠵᠢᠯ ᠤᠨ ᠳᠤᠰᠬᠠᠢ ᠪᠠᠭ ᠪᠠᠶᠢᠭᠤᠯᠤᠨ᠂ ᠳᠤᠰᠬᠠᠢ ᠬᠦᠮᠤᠨ ᠳᠤᠬᠢᠷᠠᠭᠤᠯᠤᠨ ᠮᠦᠷᠳᠠᠨ ᠪᠡᠶᠡᠯᠡᠬᠦᠯᠵᠤ᠂ ︽ᠡᠪᠤᠯ ᠤᠨ ᠰᠡᠯᠡᠬᠦᠤ︾ ᠪᠠᠨ ︽ᠡᠪᠤᠯ ᠤᠨ ᠶᠠᠭᠠᠷᠠᠤ︾ ᠪᠤᠯᠭᠠᠵᠤ ᠬᠤᠪᠢᠷᠠᠭᠤᠯᠤᠨ᠂ ᠴᠢᠨᠠᠷ ᠴᠢᠨᠰᠠᠭ᠎ᠠ ᠪᠠ ᠠᠮᠤᠷ ᠲᠦᠪᠰᠢᠨ ᠢ ᠪᠠᠳᠤᠯᠠᠭᠰᠡᠨ ᠤᠷᠢᠳᠠᠯ ᠳᠤᠤᠷ᠎ᠠ᠂ ᠠᠯᠢ ᠴᠢᠳᠠᠬᠤ ᠪᠠᠷ ᠠᠵᠢᠯ ᠢᠶᠠᠨ ᠡᠮᠤᠨᠡᠰᠢ ᠬᠢᠵᠤ᠂ ᠪᠠᠷᠢᠯᠭ᠎ᠠ ᠪᠠᠨ ᠲᠦᠷᠬᠡᠯᠡᠬᠦᠯᠬᠦ ᠬᠡᠷᠡᠭᠳᠠᠢ ᠬᠡᠪᠡ᠃
    △  ᠴᠠᠩ ᠴᠧᠩ ᠴᠠᠬᠢᠯᠭᠠᠨ ᠤᠶᠢᠯᠡᠤᠨᠪᠤᠷᠢ ᠳᠤ ᠲᠦᠷᠤᠯ ᠵᠦᠢᠯ ᠤᠨ ᠪᠠᠶᠢᠭᠤᠯᠤᠯᠳᠠ ᠶᠢᠨ ᠪᠠᠶᠢᠳᠠᠯ ᠢ ᠤᠶᠢᠯᠠᠭᠠᠪᠠ     ᠡᠨᠡ ᠬᠤᠭᠤᠴᠠᠭᠠᠨ ᠳᠤ᠂ ᠸᠠᠩ ᠢᠦᠢ ᠴᠢᠶᠠᠩ ᠨᠠᠷ ᠪᠠᠰᠠ ᠬᠤᠸᠠ ᠰᠢᠩ ᠰᠢᠨ᠎ᠠ ᠡᠨᠧᠷᠬᠢ ᠶᠢᠨ ᠵᠢᠯ ᠤᠨ ᠭᠠᠷᠤᠯᠳᠠ ᠨᠢ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠤᠯᠤᠰ ᠤᠨ ᠳᠡᠰ ᠤᠨ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠳᠡᠰ ᠳᠡᠪᠰᠢᠯᠳᠠ ᠶᠢᠨ ᠳᠠᠭᠤᠷᠢᠶᠠᠯ ᠲᠦᠷᠤᠯ ᠵᠦᠢᠯ᠂ ᠷᠦᠨ ᠶᠠᠩ ᠶᠤᠸᠠᠢ ᠳ᠋ᠠ ᠨᠠᠷᠠᠨ ᠡᠨᠧᠷᠬᠢ ᠶᠢᠨ ᠲᠦᠬᠦᠬᠡᠷᠤᠮᠵᠢ ᠶᠢᠨ ᠤᠶᠢᠯᠡᠤᠨᠬᠡᠯ ᠤᠨ ᠪᠦᠬᠦ ᠠᠵᠤ ᠤᠶᠢᠯᠡᠰ ᠤᠨ ᠬᠡᠯᠬᠢᠶᠡᠵᠢᠯ ᠤᠨ ᠰᠢᠨᠵᠢᠯᠡᠭᠡ ᠮᠡᠷᠬᠡᠵᠢᠯ ᠤᠨ ᠳᠠᠭᠤᠷᠢᠶᠠᠯ ᠲᠦᠷᠤᠯ ᠵᠦᠢᠯ᠂ ᠴᠠᠩ ᠴᠧᠩ ᠴᠠᠬᠢᠯᠭᠠᠨ ᠤᠶᠢᠯᠡᠤᠨᠪᠤᠷᠢ᠂ ᠾᠧᠩ ᠺᠦᠨ ᠬᠢᠮᠢ ᠶᠢᠨ ᠤᠶᠢᠯᠡᠤᠨᠪᠤᠷᠢ ᠶᠢᠨ ᠬᠤᠶᠠᠳᠤᠭᠠᠷ ᠬᠤᠭᠤᠴᠠᠭᠠᠨ ᠤ 260 ᠲᠦᠮᠡᠨ ᠳᠤᠨ ᠨᠢᠭᠳᠠᠵᠢᠭᠤᠯᠤᠭᠰᠡᠨ ᠬᠡᠤᠷᠡᠰᠤ ᠵᠢᠴᠢ ᠶᠡᠷᠤᠩᠬᠡᠶᠢᠯᠡᠨ ᠠᠰᠢᠭᠯᠠᠬᠤ ᠲᠦᠷᠤᠯ ᠵᠦᠢᠯ ᠵᠡᠷᠬᠡ ᠲᠦᠷᠤᠯ ᠵᠦᠢᠯ ᠤᠨ ᠳᠤᠬᠠᠢ ᠶᠢᠨ ᠳᠠᠯᠠᠪᠤᠷ ᠲᠤ ᠬᠦᠨᠵᠡᠬᠡᠶᠢᠷᠡᠨ᠂ ᠲᠦᠷᠤᠯ ᠵᠦᠢᠯ ᠤᠨ ᠭᠠᠵᠠᠷ ᠰᠤᠩᠭᠤᠯᠳᠠ᠂ ᠡᠷᠬᠢᠯᠳᠠ᠂ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠵᠡᠷᠬᠡ ᠪᠠᠶᠢᠳᠠᠯ ᠢ ᠪᠠᠶᠢᠴᠠᠭᠠᠨ ᠰᠤᠳᠤᠯᠵᠤ᠂ ᠠᠰᠠᠭᠤᠳᠠᠯ ᠢ ᠳᠤᠬᠠᠢ ᠶᠢᠨ ᠳᠠᠯᠠᠪᠤᠷ ᠲᠤ ᠨᠢ ᠵᠤᠬᠢᠴᠠᠭᠤᠯᠤᠨ ᠰᠢᠢᠤᠨᠪᠤᠷᠢᠯᠡᠪᠡ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ᠂ ᠬᠤᠰᠢᠭᠤ ᠤᠳᠤᠷᠢᠳᠤᠯᠭ᠎ᠠ ᠰᠦᠨ ᠶᠢᠤ ᠵᠢᠶᠦ᠋ᠨ᠂ ᠴᠢᠦ ᠯᠢᠨ᠂ ᠹᠦ᠋ ᠺᠧ᠂ ᠶᠢᠤ ᠵᠢᠶᠠᠨ ᠴᠢᠩ᠂ ᠳ᠋ᠤᠸᠠᠨ ᡁᠢ ᠴᠢᠶᠠᠩ᠂ ᠱᠢ ᠵᠢᠶᠦ᠋ᠨ᠂ ᠵᠢᠶᠠ ᠰᠢᠶᠠᠩ ᠪᠢᠩ᠂ ᠳ᠋ᠢᠩ ᠢᠦᠢ ᠰᠢᠶᠠᠩ ᠵᠢᠴᠢ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ᠂ ᠱᠠᠩᠬᠠᠢ ᠶᠢᠨ ᠰᠦᠮ᠎ᠠ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠬᠠᠮᠳᠤ ᠪᠠᠶᠢᠴᠠᠭᠠᠨ ᠰᠤᠳᠤᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号