ᠤᠳᠤᠭ ᠤᠨ ᠡᠮᠥᠨᠡᠳᠤ ᠬᠤᠰᠢᠭᠤᠨ ᠤ 2018 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2019 ᠤᠨ ᠤ ᠡᠳ᠋ ᠤᠨ ᠵᠠᠰᠠᠭ ᠤᠨ ᠳᠥᠰᠥᠪ ᠤᠨ ᠳᠥᠰᠥᠯ ᠤᠨ ᠮᠡᠳᠡᠬᠦᠯᠥᠯᠲᠡ | | —— 2019 ᠤᠨ ᠤ 1 ᠰᠠᠷ᠎ᠠ ᠶᠢᠨ 23 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠳᠣᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2018 ᠤᠨ ᠤ ᠡᠳ᠋ ᠤᠨ ᠵᠠᠰᠠᠭ | ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2019 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠳᠤᠰ | ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠪᠤᠯᠤᠨ | ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2018 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2018 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠤᠳᠤ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ | ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ ᠳᠤᠤᠷ᠎ᠠ᠂ ︽ᠭᠤᠷᠪᠠᠨ ᠶᠡᠭᠡ ᠰᠢᠪᠳᠣᠯᠣᠯᠳᠠ ᠶᠢᠨ ᠠᠵᠢᠯ︾ ᠢ ᠰᠠᠶᠢᠳᠤᠷ ᠬᠢᠬᠦ᠂ | ︽ᠭᠤᠷᠪᠠᠨ ᠲᠦᠪ︾ ᠪᠤᠯᠤᠨ ︽ᠭᠤᠷᠪᠠᠨ ᠶᠡᠭᠡ ᠰᠠᠭᠤᠷᠢᠨ ᠭᠠᠵᠠᠷ︾ ᠢ ᠴᠣᠭᠴᠠᠯᠠᠬᠤ ᠶᠢ ᠭᠤᠣᠯᠳᠠᠯᠭᠠᠳᠦ ᠠᠵᠢᠯ ᠪᠤᠯᠭᠠᠨ ᠠᠤᠨᠬᠤᠵᠤ᠂ ᠡᠳ᠋ ᠤᠨ ᠶᠠᠪᠣᠳᠠᠯ ᠢ | ᠨᠠᠷᠢᠯᠢᠭ ᠬᠠᠮᠢᠶᠠᠷᠬᠤ᠂ ᠠᠷᠠᠳ ᠲᠤ ᠣᠶᠢᠯᠡᠴᠢᠯᠡᠭᠦ ᠠᠵᠢᠯ ᠤᠨ ᠵᠣᠷᠢᠯᠳᠠ ᠶᠢ ᠪᠣᠢ ᠪᠣᠯᠭᠠᠨ᠂ ᠦᠨᠡᠨᠴᠢ᠂ ᠴᠢᠭᠡᠴᠢ᠂ ᠬᠠᠷᠢᠭᠤᠴᠠᠯᠭ᠎ᠠ ᠲᠠᠢ ᠦᠨᠳᠦᠷ ᠬᠡᠪ | ᠪᠣᠯᠪᠠᠰᠣᠷᠠᠯ ᠲᠠᠢ ᠡᠳ᠋ ᠤᠨ ᠵᠠᠰᠠᠭ ᠤᠨ ᠺᠠᠳ᠋ᠷᠴᠣᠳ ᠤᠨ ᠡᠩᠨᠡᠭᠡ ᠶᠢ ᠪᠠᠶᠢᠭᠤᠯᠬᠤ ᠪᠠᠷ ᠬᠠᠷᠠᠯᠳᠠ ᠪᠠᠨ ᠪᠣᠯᠭᠠᠵᠣ᠂ ᠪᠦᠬᠦ ᠬᠦᠴᠦᠨ ᠢᠶᠠᠨ ᠣᠷᠣᠯᠭ᠎ᠠ ᠶᠢ | ᠨᠡᠮᠡᠭᠳᠡᠭᠦᠯᠬᠦ᠂ ᠵᠠᠷᠣᠯᠭ᠎ᠠ ᠶᠢ ᠰᠢᠯᠢᠳᠡᠭᠵᠢᠬᠦᠯᠬᠦ᠂ ᠦᠷᠢ ᠦᠭᠴᠡᠭᠡ ᠶᠢ ᠰᠢᠢᠳᠪᠦᠷᠢᠯᠡᠬᠦ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠪᠠᠶᠢᠭᠤᠯᠣᠮᠵᠢ ᠶᠢᠨ | ᠪᠠᠶᠢᠭᠤᠯᠣᠯᠳᠠ ᠶᠢ ᠠᠬᠢᠭᠤᠯᠬᠤ ᠲᠡᠭᠡᠷ᠎ᠡ ᠲᠠᠯᠪᠢᠨ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠪᠠ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2018 ᠤᠨ ᠳᠤ ᠪᠦᠬᠦ ᠬᠤᠰᠢᠭᠤᠨ ᠤ ᠡᠯ᠎ᠡ | ᠲᠦᠷᠦᠯ ᠤᠨ ᠣᠷᠣᠯᠭ᠎ᠠ ᠶᠢ 43.86 ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠲᠣᠰ ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ | ᠤᠷᠤᠯᠭ᠎ᠠ 10.56 ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.93 ᠳ᠋ᠥᠩᠰᠢᠭᠤᠷ | ᠲᠥᠭᠦᠷᠢᠭ ᠪᠠᠭᠳᠠᠨ᠎ᠠ︶᠂ ᠠᠳᠠᠯᠢ ᠬᠤᠭᠤᠴᠠᠭᠠᠨ ᠤ ᠬᠢ ᠠᠴᠠ 31.84% ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 16. | 46 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 6.96 ᠳ᠋ᠦᠩᠰᠢᠭᠤᠷ ᠲᠦᠭᠦᠷᠢᠭ ︵ᠦᠭᠴᠡᠬᠡᠨ ᠳᠡᠮᠳᠡᠭ ᠢ ᠰᠤᠯᠢᠭᠰᠡᠨ ᠦᠯᠡᠳᠠᠪᠤᠷᠢ | 3.62 ᠳ᠋ᠦᠩᠰᠢᠭᠤᠷ ᠲᠦᠬᠦᠷᠢᠭ ᠪᠠᠭᠳᠠᠨ᠎ᠠ︶᠂ ᠭᠠᠵᠠᠷ ᠤᠷᠤᠨ ᠤ ᠵᠠᠰᠠᠭ ᠤᠨ ᠤᠷᠳᠤᠨ ᠤ ᠡᠩ ᠤᠨ ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ | ᠤᠷᠤᠯᠠᠭᠤᠯᠤᠭᠰᠡᠨ ᠨᠢ 9.88 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ 5.4 ᠳ᠋ᠥᠩᠰᠢᠭᠤᠷ ᠲᠥᠭᠦᠷᠢᠭ ᠪᠠᠭᠳᠠᠨ᠎ᠠ︶᠃ ᠪᠦᠬᠦ | ᠬᠤᠰᠢᠭᠤᠨ ᠤ ᠡᠯ᠎ᠡ ᠲᠦᠷᠦᠯ ᠤᠨ ᠵᠠᠷᠤᠯᠭ᠎ᠠ 38.9 ᠳ᠋ᠦᠩᠰᠢᠭᠤᠷ ᠲᠥᠭᠦᠷᠢᠭ᠂ ᠡᠭᠦᠨ ᠳᠤ᠄ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ | ᠵᠠᠷᠤᠯᠭ᠎ᠠ 30.61 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.19 ᠳ᠋ᠦᠩᠰᠢᠭᠤᠷ ᠲᠥᠭᠦᠷᠢᠭ᠂ ᠰᠤᠯᠢᠭᠰᠠᠨ ᠡᠩ ᠤᠨ ᠥᠭᠴᠡᠭᠡᠨ ᠲᠡᠮᠳᠡᠭ | ᠢᠶᠠᠷ ᠡᠭᠡ ᠮᠥᠩᠭᠦ ᠪᠤᠴᠠᠭᠠᠭᠰᠠᠨ ᠵᠠᠷᠤᠯᠭ᠎ᠠ 6.69 ᠳ᠋ᠦᠩᠰᠢᠭᠤᠷ ᠲᠥᠭᠦᠷᠢᠭ᠂ ᠲᠦᠯᠤᠬᠡᠳᠤᠢ ᠦᠷᠢ ᠶᠢᠨ ᠳᠡᠮᠳᠡᠭ ᠤᠨ ᠦᠯᠡᠳᠡᠪᠦᠷᠢ 1.41 ᠳ᠋ᠦᠩᠰᠢᠭᠤᠷ | ᠲᠦᠬᠦᠷᠢᠭ᠃ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 4.96 ᠳ᠋ᠦᠩᠰᠢᠭᠤᠷ ᠲᠦᠬᠦᠷᠢᠭ᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠲᠦᠷᠪᠡᠨ ᠶᠡᠭᠡ | ᠭᠤᠣᠯ ᠴᠣᠭᠴᠠ ᠶᠢᠨ ᠭᠠᠶᠢᠯᠢ ᠶᠢᠨ ᠳᠦᠷᠥᠯ ᠢ 2.95 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ | ᠶᠢᠨ 27.94% ᠶᠢ ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 0.52 ᠳ᠋ᠥᠩᠰᠢᠭᠤᠷ ᠲᠥᠭᠦᠷᠢᠭ ᠨᠠᠮᠡᠭᠳᠡᠵᠤ᠂ 21.4% ᠪᠠᠷ ᠦᠰᠪᠠ᠃ ᠡᠭᠦᠨ ᠳᠤ | ᠦᠷᠲᠡᠭ ᠤᠨ ᠨᠡᠮᠡᠭᠳᠡᠯ ᠤᠨ ᠭᠠᠶᠢᠯᠢ 1.86 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 18.47% ᠪᠠᠷ ᠨᠠᠮᠡᠭᠳᠡᠪᠡ︔ ᠠᠵᠣ ᠠᠬᠤᠶᠢᠯᠠᠯ | ᠤᠨ ᠣᠯᠵᠠᠪᠣᠷᠢ ᠶᠢᠨ ᠭᠠᠶᠢᠯᠢ 0.14 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 55.56% ᠪᠠᠷ ᠨᠡᠮᠡᠭᠳᠡᠪᠡ︔ ᠬᠤᠪᠢ ᠬᠦᠮᠦᠨ ᠤ | ᠣᠯᠵᠠᠪᠣᠷᠢ ᠶᠢᠨ ᠭᠠᠶᠢᠯᠢ 0.17 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 30.77 % ᠪᠠᠷ ᠨᠡᠮᠡᠭᠳᠡᠪᠡ︔ ᠡᠬᠢ ᠪᠠᠶᠠᠯᠢᠭ ᠤᠨ ᠭᠠᠶᠢᠯᠢ | 0.78 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 21.88% ᠪᠠᠷ ᠨᠡᠮᠡᠭᠳᠡᠪᠠ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ ᠮᠦᠴᠢᠷ 1.94 ᠳ᠋ᠦᠩᠰᠢᠭᠤᠷ | ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 97% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 0.31 ᠳ᠋ᠦᠩᠰᠢᠭᠤᠷ ᠳᠦᠭᠦᠷᠢᠭ | ᠨᠡᠮᠡᠭᠳᠡᠵᠤ᠂ 19.02% ᠢᠶᠠᠷ ᠦᠰᠪᠠ︔ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 4.44 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ | ᠳᠥᠰᠥᠪ ᠢᠶᠠᠨ 105.71% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.11 ᠳ᠋ᠦᠩᠰᠢᠭᠤᠷ ᠲᠥᠭᠦᠷᠢᠭ ᠨᠡᠮᠡᠭᠳᠡᠵᠤ᠂ 33.33% ᠪᠠᠷ | ᠦᠰᠪᠠ︔ ᠡᠳ᠋ ᠤᠨ ᠵᠠᠰᠠᠭ ᠤᠨ ᠰᠠᠯᠠᠭ᠎ᠠ ᠮᠦᠴᠢᠷ 4.18 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 181.74 % ᠪᠠᠷ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.13 ᠳ᠋ᠦᠩᠰᠢᠭᠤᠷ ᠲᠥᠭᠦᠷᠢᠭ ᠨᠡᠮᠡᠭᠳᠡᠵᠣ᠂ 37.05% ᠪᠠᠷ ᠦᠰᠪᠡ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 3.06 ᠳ᠋ᠦᠩᠰᠢᠭᠤᠷ ᠳᠦᠭᠦᠷᠢᠭ ᠪᠡᠶᠡᠯᠡᠬᠦᠯᠪᠡ ︵ᠡᠭᠦᠨ | ᠳᠤ ᠨᠡᠭᠦᠷᠡᠰᠣᠨ ᠤ ᠠᠵᠢᠯ ᠲᠦᠷᠦᠯ 1.55 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ︔ ᠰᠢᠲᠠᠮᠠᠬᠠᠢ ᠬᠡᠢ ᠶᠢᠨ | ᠠᠵᠢᠯ ᠲᠦᠷᠤᠯ 1.47 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠤ ᠬᠢ ᠠᠴᠠ 5.76 % ᠪᠠᠷ ᠨᠡᠮᠡᠭᠳᠡᠪᠠ︶︔ ᠤᠶᠢᠯᠡᠤᠨᠬᠦ ᠠᠵᠢᠯ ᠲᠦᠷᠤᠯ 0.19 | ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 280% ᠪᠠᠷ ᠨᠡᠮᠡᠭᠳᠡᠪᠠ︔ ᠴᠡᠬᠢᠯᠭᠠᠨ ᠬᠦᠴᠣᠨ ᠤ ᠠᠵᠢᠯ ᠲᠦᠷᠦᠯ 0.34 | ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 47.83 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ 0.31 | ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 26.19% ᠪᠠᠷ ᠪᠠᠭᠤᠷᠠᠪᠠ︔ ᠵᠠᠮ ᠲᠡᠬᠡᠬᠡᠪᠣᠷᠢ ᠶᠢᠨ ᠦᠢᠯᠡᠰ 0.08 | ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 166.67 % ᠪᠠᠷ ᠨᠡᠮᠡᠭᠳᠡᠪᠡ︔ ᠬᠡᠷ ᠬᠦᠷᠦᠩᠬᠡ ᠶᠢᠨ ᠠᠵᠢᠯ ᠲᠦᠷᠦᠯ 0.29 | ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 190% ᠪᠠᠷ ᠨᠡᠮᠡᠭᠳᠡᠪᠡ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ | 0.29 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 17.14% ᠪᠠᠷ ᠪᠠᠭᠤᠷᠠᠪᠠ︔ ᠬᠤᠨᠤᠭᠯᠠᠬᠤ ᠪᠠ ᠢᠳᠡᠭᠡᠨ ᠤᠮᠳᠠᠭᠠᠨ ᠤ | ᠠᠵᠢᠯ ᠲᠦᠷᠤᠯ 0.02 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠲᠡᠭᠡᠷ᠎ᠡ ᠵᠢᠯ ᠲᠠᠢ ᠲᠡᠩᠴᠡᠪᠡ︔ ᠦᠢᠯᠡᠴᠢᠯᠡᠬᠡᠨ ᠤ ᠦᠢᠯᠡᠰ 0.03 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 25% ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.17 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠲᠡᠭᠡᠷ᠎ᠡ ᠵᠢᠯ ᠲᠠᠢ ᠲᠡᠩᠴᠡᠪᠡ︔ ᠪᠣᠰᠣᠳ ᠠᠵᠢᠯ ᠲᠦᠷᠦᠯ 5.78 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ | ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 53.72% ᠢᠶᠠᠷ | ᠨᠡᠮᠡᠭᠳᠡᠪᠡ᠃ | 2018 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 30.61 ᠳ᠋ᠦᠩᠰᠢᠭᠤᠷ ᠲᠦᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 19.38% ᠪᠠᠷ ᠨᠡᠮᠡᠭᠳᠡᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 29.91 ᠳ᠋ᠦᠩᠰᠢᠭᠤᠷ ᠲᠦᠭᠦᠷᠢᠭ᠂ | ᠱᠠᠩᠬᠠᠢ ᠶᠢᠨ ᠰᠦᠮ᠎ᠡ ᠨᠡᠬᠡᠬᠡᠯᠲᠡ ᠶᠢᠨ ᠣᠷᠣᠨ ᠤ ᠵᠠᠷᠣᠯᠭ᠎ᠠ 0.7 ᠳ᠋ᠦᠩᠰᠢᠭᠤᠷ ᠲᠥᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2018 ᠤᠨ ᠳᠤ ᠵᠠᠰᠠᠭ ᠤᠨ ᠤᠷᠳᠤᠨ ᠤ | ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ 1.63 ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ ᠬᠤᠰᠢᠭᠤ ᠲᠣᠰ ᠱᠠᠳᠣᠨ ᠤ ᠣᠷᠣᠯᠭ᠎ᠠ 0.42 | ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ0.82 ᠳ᠋ᠦᠩᠰᠢᠭᠤᠷ ᠲᠦᠬᠦᠷᠢᠭ᠂ ᠳᠤᠰᠬᠠᠢ ᠲᠦᠷᠤᠯ ᠤᠨ ᠣᠷᠣᠯᠭ᠎ᠠ 0.39 ᠳ᠋ᠦᠩᠰᠢᠭᠤᠷ | ᠲᠦᠬᠦᠷᠢᠭ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 0.88 ᠳ᠋ᠦᠩᠰᠢᠭᠤᠷ ᠲᠥᠭᠦᠷᠢᠭ᠂ ᠡᠭᠦᠨ ᠳᠤ ᠬᠤᠰᠢᠭᠤ ᠲᠣᠰ ᠱᠠᠳᠤᠨ ᠤ | ᠵᠠᠷᠤᠯᠭ᠎ᠠ 0.42 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠵᠠᠷᠣᠯᠭ᠎ᠠ 0.45 ᠳ᠋ᠦᠩᠰᠢᠭᠤᠷ ᠲᠥᠭᠦᠷᠢᠭ᠂ ᠳᠤᠰᠬᠠᠢ ᠲᠦᠷᠤᠯ ᠤᠨ ᠵᠠᠷᠣᠯᠭ᠎ᠠ 0. | 01 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠦᠯᠡᠳᠡᠪᠦᠷᠢ 0.75 ᠳ᠋ᠦᠩᠰᠢᠭᠤᠷ ᠲᠥᠭᠦᠷᠢᠭ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2018 ᠤᠨ ᠳᠤ ᠪᠦᠬᠦ ᠬᠤᠰᠢᠭᠤᠨ ᠤ | ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 3.12 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 1.07 ᠳ᠋ᠦᠩᠰᠢᠭᠤᠷ | ᠲᠦᠬᠦᠷᠢᠭ ᠨᠡᠮᠡᠭᠳᠡᠵᠤ᠂ 52.2% ᠢᠶᠠᠷ ᠦᠰᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ ᠶᠢ 3.12 | ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 1.07 ᠳ᠋ᠦᠩᠰᠢᠭᠤᠷ ᠲᠦᠬᠦᠷᠢᠭ ᠨᠡᠮᠡᠭᠳᠡᠵᠤ᠂ 52.2% ᠢᠶᠠᠷ ᠦᠰᠪᠠ᠃ | 2018 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠭᠠᠶᠢᠯᠢ ᠶᠢᠨ ᠶᠠᠪᠤᠳᠠᠯ ᠢ ᠶᠡᠷᠤᠩᠬᠡᠶᠢᠯᠡᠨ ᠵᠠᠰᠠᠬᠤ ᠶᠢ ᠬᠦᠴᠤᠳᠠᠢ ᠠᠬᠢᠭᠤᠯᠣᠨ᠂ ᠡᠳ᠋ ᠤᠨ ᠵᠠᠰᠠᠭ ᠤᠨ ᠤᠷᠤᠯᠭ᠎ᠠ ᠶᠢ ᠯᠠᠪᠳᠠᠭᠤᠨ ᠢᠶᠠᠷ | ᠨᠡᠮᠡᠭᠳᠡᠬᠦᠯᠪᠠ᠃ ᠭᠠᠶᠢᠯᠢ ᠵᠠᠷᠣᠳᠠᠯ ᠤᠨ ᠬᠠᠮᠢᠶᠠᠷᠣᠯᠳᠠ ᠲᠠᠳᠠᠪᠦᠷᠢᠯᠠᠯ ᠤᠨ ᠡᠮᠬᠢ ᠲᠢᠭᠯᠢᠮ ᠢ ᠪᠦᠬᠦ ᠲᠠᠯ᠎ᠠ ᠪᠠᠷ ᠲᠦᠷᠢᠮᠵᠢᠭᠦᠯᠦᠨ᠂ ᠦᠩᠭᠡᠷᠡᠭᠰᠡᠨ ᠵᠢᠯ ᠤᠳ ᠤᠨ | ᠦᠷᠢᠳᠦᠭᠰᠡᠨ ᠭᠠᠶᠢᠯᠢ ᠵᠠᠷᠣᠳᠠᠯ ᠢ ᠰᠢᠢᠳᠪᠦᠷᠢᠯᠡᠭᠦ ᠶᠢ ᠴᠢᠩᠭᠠᠳᠬᠠᠵᠣ᠂ ᠪᠦᠬᠦ ᠬᠤᠰᠢᠭᠤᠨ ᠤ ᠭᠠᠶᠢᠯᠢ ᠶᠢᠨ ᠶᠠᠪᠣᠳᠠᠯ ᠢ ᠶᠡᠷᠦᠩᠬᠡᠶᠢᠯᠡᠨ ᠵᠠᠰᠠᠬᠤ ᠲᠦᠰᠦᠯ ᠢ | ᠲᠠᠷᠬᠠᠭᠠᠨ᠂ ᠭᠠᠶᠢᠯᠢ ᠶᠢᠨ ᠶᠠᠪᠣᠳᠠᠯ ᠢ ᠶᠡᠷᠦᠩᠬᠡᠶᠢᠯᠡᠨ ᠵᠠᠰᠠᠬᠤ ᠠᠵᠢᠯ ᠤᠨ ᠣᠳᠣᠷᠢᠳᠬᠤ ᠲᠣᠭᠤᠶᠢᠯᠠᠩ ᠪᠠᠶᠢᠭᠤᠯᠵᠣ᠂ ᠠᠯᠪᠠᠨ ᠭᠡᠷ ᠪᠠ 5 ᠲᠣᠰᠬᠠᠢ ᠠᠵᠢᠯ ᠤᠨ | ᠲᠣᠭᠤᠶᠢᠯᠠᠩ ᠲᠣᠬᠢᠷᠠᠭᠤᠯᠣᠨ᠂ 34 ᠬᠤᠯᠪᠣᠭᠳᠠᠯ ᠪᠦᠬᠦᠢ ᠰᠠᠯᠠᠭ᠎ᠠ ᠮᠦᠴᠢᠷ ᠤᠷᠤᠯᠴᠠᠭᠰᠡᠨ ᠭᠠᠶᠢᠯᠢ ᠶᠢᠨ ᠶᠠᠪᠣᠳᠠᠯ ᠢ ᠶᠡᠷᠦᠩᠬᠡᠶᠢᠯᠡᠨ ᠵᠠᠰᠠᠬᠤ ᠠᠵᠢᠯ ᠤᠨ | ᠡᠩᠨᠡᠭᠡ ᠶᠢ ᠪᠦᠷᠢᠯᠳᠦᠭᠦᠯᠪᠡ᠃ ᠡᠬᠦᠨ ᠤ ᠬᠠᠮᠳᠦ᠂ 5 ᠲᠣᠰᠬᠠᠢ ᠮᠡᠷᠭᠡᠵᠢᠯ ᠤᠨ ᠠᠵᠢᠯᠳᠠᠨ ᠢ ᠲᠦᠪᠯᠡᠷᠡᠭᠦᠯᠦᠨ ᠠᠯᠪᠠᠯᠠᠭᠤᠯᠵᠣ᠂ ᠣᠯᠠᠨ ᠨᠡᠶᠢᠳᠡ ᠶᠢᠨ ᠸᠢᠴᠠᠲ | ᠲᠠᠪᠴᠠᠩ ᠪᠠᠶᠢᠭᠤᠯᠣᠨ᠂ ᠣᠬᠠᠭᠤᠯᠭ᠎ᠠ ᠶᠢᠨ ᠬᠦᠴᠦᠨ ᠢᠶᠠᠨ ᠴᠢᠩᠭᠠᠳᠬᠠᠪᠠ᠃ ᠣᠷᠢᠳ ᠬᠤᠵᠢᠳ ᠴᠠᠩ ᠴᠢᠩ ᠤᠨ ᠴᠢᠯᠠᠭᠤᠨ ᠲᠣᠰᠣᠨ ᠤ ᠠᠢ ᠰᠠᠪᠠ ᠶᠢᠨ | ᠺᠤᠮᠫᠠᠨᠢ ᠵᠡᠷᠭᠡ 7 ᠭᠤᠣᠯᠳᠠᠯᠭᠠᠳᠦ ᠠᠵᠤ ᠠᠬᠤᠶᠢᠯᠠᠯ ᠳᠤ ᠭᠦᠨᠵᠡᠭᠡᠶᠢᠷᠡᠨ᠂ 60 ᠬᠦᠮᠦᠨ ᠣᠳᠠᠭ᠎ᠠ ᠲᠣᠭᠤᠷᠢᠨ ᠰᠤᠷᠪᠤᠯᠵᠢᠯᠠᠵᠤ ᠪᠠᠶᠢᠴᠠᠭᠠᠨ ᠰᠤᠳᠤᠯᠤᠯᠳᠠ | ᠦᠷᠨᠢᠭᠦᠯᠵᠣ᠂ 18 ᠣᠳᠠᠭᠠᠨ ᠤ ᠰᠠᠭᠤᠨ ᠶᠠᠷᠢᠯᠴᠠᠬᠤ ᠬᠤᠷᠠᠯ ᠵᠣᠬᠢᠶᠠᠨ ᠪᠠᠶᠢᠭᠤᠯᠣᠨ᠂ ᠭᠠᠶᠢᠯᠢ ᠶᠢᠨ ᠶᠠᠪᠣᠳᠠᠯ ᠢ ᠶᠡᠷᠦᠩᠬᠡᠶᠢᠯᠡᠨ ᠵᠠᠰᠠᠬᠤ ᠠᠵᠢᠯ ᠲᠣᠪᠣᠶᠢᠮ᠎ᠠ | ᠠᠮᠵᠢᠯᠳᠠ ᠣᠯᠵᠣ᠂ ᠪᠦᠬᠦ ᠵᠢᠯ ᠳᠤ 1.2 ᠳ᠋ᠦᠩᠰᠢᠭᠤᠷ ᠲᠦᠭᠦᠷᠢᠭ ᠤᠨ ᠦᠷᠢᠳᠦᠯ ᠭᠠᠶᠢᠯᠢ ᠵᠠᠷᠣᠳᠠᠯ ᠢ ᠰᠢᠢᠳᠪᠦᠷᠢᠯᠡᠪᠡ᠃ | ︵ᠬᠤᠶᠠᠷ︶ ᠵᠠᠷᠣᠯᠭ᠎ᠠ ᠶᠢᠨ ᠪᠦᠲᠦᠴᠠ ᠶᠢ ᠡᠷᠴᠢᠮᠳᠠᠢ ᠰᠢᠯᠢᠳᠡᠭᠵᠢᠭᠦᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠳᠤᠯᠠᠪᠠ᠃ ︽ᠲᠣᠭᠳᠠᠭᠤᠨ | ᠨᠡᠮᠡᠭᠳᠡᠯ᠂ ᠦᠭᠡᠷᠡᠴᠢᠯᠡᠯᠳᠡ ᠶᠢᠨ ᠠᠬᠢᠭᠤᠯᠣᠯᠳᠠ᠂ ᠪᠦᠳᠣᠴᠡ ᠶᠢᠨ ᠲᠣᠬᠢᠷᠠᠭᠤᠯᠣᠯᠳᠠ᠂ ᠠᠷᠠᠳ ᠤᠨ ᠠᠮᠢᠳᠤᠷᠠᠯ ᠤᠨ ᠬᠠᠷᠠᠭᠠᠯᠵᠠᠯ᠂ ᠲᠦᠭᠰᠢᠭᠦᠷᠢ ᠶᠢᠨ | ᠰᠡᠷᠭᠡᠶᠢᠯᠡᠯᠳᠡ︾ ᠶᠢᠨ ᠡᠯ᠎ᠡ ᠲᠦᠷᠦᠯ ᠤᠨ ᠠᠵᠢᠯ ᠤᠨ ᠡᠭᠦᠷᠭᠡ ᠪᠠᠷ ᠭᠤᠣᠯᠯᠠᠭᠤᠯᠣᠨ᠂ ᠡᠳ᠋ ᠤᠨ ᠵᠠᠰᠠᠭ ᠤᠨ ᠪᠡᠯᠡ ᠮᠦᠩᠭᠦᠨ ᠤ ᠨᠢᠬᠡᠤᠨᠬᠡᠯ ᠬᠦᠴᠦᠨ ᠢ | ᠴᠢᠩᠭᠠᠳᠬᠠᠵᠣ᠂ ᠪᠣᠳᠠᠳᠦ ᠦᠨᠡᠨ ᠣᠴᠢᠷ ᠲᠡᠭᠡᠷ᠎ᠡ ᠡᠳ᠋ ᠤᠨ ᠬᠦᠴᠦᠨ ᠢᠶᠠᠨ ᠲᠦᠪᠯᠡᠷᠡᠭᠦᠯᠪᠡ᠃ ᠰᠣᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠳᠣᠯᠠᠭ᠎ᠠ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ᠂ ᠵᠠᠮ ᠲᠡᠭᠡᠭᠡᠪᠦᠷᠢ ᠵᠡᠷᠭᠡ ᠠᠷᠠᠳ ᠢ ᠬᠠᠷᠠᠭᠠᠯᠵᠠᠬᠤ ᠭᠤᠣᠯᠳᠠᠯᠭᠠᠳᠦ ᠵᠠᠷᠣᠯᠭ᠎ᠠ 25. | 18 ᠳ᠋ᠦᠩᠰᠢᠭᠤᠷ ᠲᠦᠭᠦᠷᠢᠭ ᠬᠦᠷᠴᠦ᠂ ᠶᠡᠷᠤᠩᠬᠡᠢ ᠵᠠᠷᠣᠯᠭ᠎ᠠ ᠶᠢᠨ 82.26% ᠶᠢ ᠡᠵᠡᠯᠡᠪᠡ᠃ ᠡᠬᠦᠨ ᠤ ᠬᠠᠮᠳᠦ᠂ ᠬᠤᠰᠢᠭᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ︽ᠭᠤᠷᠪᠠᠨ ᠠᠵᠢᠯ ᠲᠦᠷᠦᠯ︾ ᠢ ᠰᠠᠶᠢᠳᠦᠷ ᠬᠢᠬᠦ᠂ ︽ᠭᠤᠷᠪᠠᠨ ᠲᠦᠪ︾ ᠢ ᠪᠠᠶᠢᠭᠤᠯᠬᠤ᠂ ︽ᠭᠤᠷᠪᠠᠨ ᠶᠡᠭᠡ ᠰᠠᠭᠤᠷᠢᠨ ᠭᠠᠵᠠᠷ︾ ᠢ | ᠴᠣᠭᠴᠠᠯᠠᠬᠤ ᠪᠠᠶᠢᠷᠢᠭᠤᠯᠣᠯᠳᠠ ᠶᠣᠰᠣᠭᠠᠷ᠂ ᠪᠦᠬᠦ ᠲᠠᠯ᠎ᠠ ᠣᠯᠠᠨ ᠲᠠᠪᠬᠤᠷᠭ᠎ᠠ ᠪᠠᠷ ᠪᠡᠯᠡ ᠮᠦᠩᠭᠦ ᠶᠢ ᠨᠢᠭᠡᠳᠦᠯᠳᠡᠢ ᠲᠦᠯᠤᠪᠵᠢᠬᠦᠯᠵᠤ᠂ ᠬᠤᠪᠢᠰᠬᠠᠯᠳᠦ ᠬᠦᠮᠦᠵᠢᠯ | ᠤᠨ ᠲᠦᠪᠯᠡᠷᠡᠩᠭᠦᠢ ᠪᠣᠯᠪᠠᠰᠣᠷᠠᠯ ᠤᠨ ᠲᠦᠪ᠂ ᠰᠣᠶᠣᠯ ᠤᠨ ᠠᠵᠢᠯᠯᠠᠭᠠᠨ ᠤ ᠲᠦᠪ᠂ ᠠᠷᠠᠳ ᠤᠨ ᠠᠭᠠᠷ ᠰᠡᠷᠭᠡᠶᠢᠯᠡᠯᠳᠡ ᠶᠢᠨ ᠪᠠᠴᠢᠮ ᠢ ᠠᠷᠭᠠᠴᠠᠬᠤ | ᠶᠡᠷᠤᠩᠬᠡᠶᠢᠯᠡᠭᠰᠡᠨ ᠰᠤᠷᠢᠯᠳᠠ ᠶᠢᠨ ᠰᠠᠭᠤᠷᠢᠨ ᠭᠠᠵᠠᠷ ᠵᠢᠴᠢ ᠬᠤᠶᠠᠷ ᠵᠣᠷᠪᠣᠰ ᠵᠢᠭᠤᠯᠴᠢᠯᠠᠯ ᠤᠨ ᠵᠠᠰᠠᠮᠠᠯ ᠵᠠᠮ ᠵᠡᠷᠭᠡ ᠭᠤᠣᠯᠳᠠᠯᠭᠠᠳᠦ ᠲᠦᠷᠦᠯ ᠵᠣᠶᠢᠯ ᠳᠤ | ᠬᠦᠴᠤᠳᠠᠢ ᠪᠠᠳᠣᠯᠠᠭ᠎ᠠ ᠬᠠᠩᠭᠠᠪᠠ᠃ | ︵ᠭᠤᠷᠪᠡ︶ ᠭᠤᠣᠯᠳᠠᠯᠭᠠᠳᠦ ᠠᠵᠢᠯ ᠢ ᠬᠦᠴᠦᠯᠡᠨ ᠲᠡᠮᠵᠢᠵᠣ᠂ ︽ᠭᠤᠷᠪᠠᠨ ᠶᠡᠭᠡ ᠰᠢᠪᠳᠣᠯᠣᠯᠳᠠ ᠶᠢᠨ ᠠᠵᠢᠯ︾ ᠢ ᠰᠠᠶᠢᠳᠦᠷ ᠬᠢᠪᠠ᠃ | 1. ᠨᠤᠴᠢᠳᠠᠢ ᠲᠦᠭᠰᠢᠭᠦᠷᠢ ᠶᠢ ᠰᠡᠷᠬᠡᠶᠢᠯᠡᠨ ᠰᠢᠢᠳᠪᠦᠷᠢᠯᠡᠬᠦ ᠰᠢᠪᠳᠣᠯᠣᠯᠳᠠ ᠶᠢᠨ ᠠᠵᠢᠯ ᠢ ᠰᠠᠶᠢᠳᠦᠷ ᠬᠢᠪᠡ᠃ ᠣᠷᠣᠨ ᠬᠤᠳᠠ᠂ ᠬᠤᠰᠢᠭᠤᠨ ᠤ ᠡᠯ᠎ᠡ | ᠲᠦᠷᠦᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠭᠤᠯᠣᠯᠳᠠ ᠶᠢ ᠴᠢᠩᠭ᠎ᠠ ᠬᠡᠷᠡᠭᠵᠢᠭᠦᠯᠦᠨ᠂ ᠬᠤᠰᠢᠭᠤ ᠨᠠᠮ ᠤ ᠬᠤᠷᠢᠶᠠᠨ ᠤ ᠱᠦᠵᠢ ᠲᠣᠭᠤᠶᠢᠯᠠᠩ ᠤᠨ | ᠲᠠᠷᠤᠭ᠎ᠠ ᠶᠢᠨ ᠲᠣᠰᠢᠶᠠᠯ ᠢ ᠬᠠᠷᠢᠭᠤᠴᠠᠵᠣ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠨᠢᠭᠡᠳᠦᠭᠡᠷ ᠲᠡᠳ᠋ ᠲᠣᠭᠤᠶᠢᠯᠠᠩ ᠤᠨ ᠲᠠᠷᠤᠭ᠎ᠠ ᠶᠢᠨ ᠲᠣᠰᠢᠶᠠᠯ | ᠡᠭᠦᠷᠭᠡᠯᠡᠭᠰᠡᠨ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠨ ᠰᠢᠢᠳᠪᠦᠷᠢᠯᠡᠭᠦ ᠠᠵᠢᠯ ᠤᠨ ᠣᠳᠣᠷᠢᠳᠬᠤ ᠲᠣᠭᠤᠶᠢᠯᠠᠩ ᠪᠠᠶᠢᠭᠤᠯᠣᠨ᠂ 1 | ᠠᠯᠪᠠᠨ ᠭᠡᠷ ᠪᠠ 12 ᠲᠣᠰᠬᠠᠢ ᠲᠦᠷᠦᠯ ᠤᠨ ᠠᠵᠢᠯ ᠤᠨ ᠲᠣᠭᠤᠶᠢᠯᠠᠩ ᠭᠠᠷᠭᠠᠵᠣ᠂ 12 ᠰᠢᠶᠠᠨ ᠤ ᠲᠡᠰ ᠤᠨ ᠣᠳᠣᠷᠢᠳᠣᠯᠭ᠎ᠠ ᠪᠠᠷ ᠲᠣᠯᠣᠭᠠᠶᠢᠯᠠᠭᠤᠯᠣᠭᠰᠠᠨ᠂ | 36 ᠰᠠᠯᠠᠭ᠎ᠠ ᠮᠦᠴᠢᠷ ᠤᠨ ᠣᠷᠣᠯᠴᠠᠯᠭ᠎ᠠ ᠲᠠᠢ ᠠᠵᠢᠯ ᠤᠨ ᠬᠠᠮᠳᠣᠷᠠᠯ ᠬᠦᠴᠦᠨ ᠢ ᠪᠠᠶᠢᠭᠤᠯᠵᠣ᠂ 14 ᠲᠣᠬᠠᠶᠢᠯᠠᠭᠰᠠᠨ ᠠᠵᠢᠯ ᠤᠨ ᠴᠢᠳᠠᠪᠤᠷᠢ ᠰᠠᠶᠢᠳᠠᠢ | ᠠᠵᠢᠯᠳᠠᠨ ᠢ ᠰᠤᠩᠭᠤᠨ ᠬᠡᠷᠡᠭᠯᠡᠵᠤ᠂ ᠦᠷᠢ ᠦᠭᠴᠡᠭᠡ ᠶᠢ ᠰᠢᠢᠳᠪᠦᠷᠢᠯᠡᠭᠦ ᠠᠯᠪᠠᠨ ᠭᠡᠷ ᠢ ᠪᠠᠶᠢᠭᠤᠯᠵᠣ᠂ ᠦᠷᠢ ᠦᠭᠴᠡᠭᠡ ᠰᠢᠢᠳᠪᠦᠷᠢᠯᠡᠭᠦ ᠠᠵᠢᠯ ᠢ ᠲᠣᠰᠬᠠᠢ | ᠠᠳᠬᠤᠪᠠ᠃ ᠬᠤᠳᠠ ᠠᠴᠠ ᠲᠣᠭᠳᠠᠭᠠᠭᠰᠠᠨ ᠲᠦᠯᠦᠪᠵᠢᠭᠦᠯᠭᠡ ᠬᠠᠷᠠᠯᠳᠠ ᠶᠢᠨ ᠡᠭᠦᠷᠭᠡ ᠶᠣᠰᠣᠭᠠᠷ᠂ ᠮᠠᠨ ᠤ ᠬᠤᠰᠢᠭᠤᠨ ᠤ ᠠᠵᠣ ᠠᠬᠤᠢ ᠶᠢᠨ ᠬᠡᠮᠵᠢᠶ᠎ᠡ ᠪᠠᠭ᠎ᠠ᠂ | ᠡᠳ᠋ ᠤᠨ ᠵᠠᠰᠠᠭ ᠤᠨ ᠬᠦᠴᠦᠨ ᠪᠠᠭᠤᠷᠢ᠂ ᠦᠷᠢ ᠦᠭᠴᠡᠭᠡᠨ ᠤ ᠨᠣᠷᠮ᠎ᠠ ᠦᠨᠳᠦᠷ ᠪᠣᠳᠠᠳᠦ ᠪᠠᠶᠢᠳᠠᠯ ᠲᠠᠢ ᠣᠶᠠᠯᠳᠣᠭᠤᠯᠣᠨ᠂ ᠵᠢᠯ ᠤᠨ ᠦᠷᠢ ᠦᠭᠴᠡᠭᠡ | ᠰᠢᠢᠳᠪᠦᠷᠢᠯᠡᠭᠦ ᠲᠦᠰᠦᠯ᠂ ᠣᠯᠣᠰ ᠤᠨ ᠦᠮᠴᠢᠯᠡᠯᠳᠦ ᠡᠳ᠋ ᠬᠦᠷᠦᠩᠭᠡ ᠪᠠᠷ ᠦᠷᠢ ᠦᠭᠴᠡᠭᠡ ᠶᠢ ᠰᠢᠢᠳᠪᠦᠷᠢᠯᠡᠬᠦ᠂ ᠦᠷᠢᠳᠤᠯ ᠭᠠᠶᠢᠯᠢ ᠰᠢᠢᠳᠪᠦᠷᠢᠯᠡᠭᠦ ᠵᠡᠷᠭᠡ 9 | ᠲᠦᠷᠦᠯ ᠤᠨ ᠲᠦᠰᠣᠯ ᠢ ᠨᠠᠷᠢᠯᠢᠭᠵᠢᠭᠤᠯᠵᠣ᠂ ᠲᠦᠰᠦᠪ ᠤᠨ ᠲᠣᠬᠢᠷᠠᠭᠤᠯᠣᠯᠳᠠ᠂ ᠡᠳ᠋ ᠬᠦᠷᠦᠩᠭᠡ ᠶᠢᠨ ᠰᠢᠢᠤᠨᠪᠤᠷᠢᠯᠡᠯᠳᠠ᠂ ᠠᠪᠴᠠᠭ᠎ᠠ ᠦᠭᠴᠡᠭᠡᠨ ᠤ | ᠲᠣᠯᠭᠠᠯᠳᠠ᠂ ᠬᠢᠨᠠᠨ ᠪᠣᠳᠣᠯᠳᠠ ᠪᠠᠷ ᠪᠠᠭᠠᠰᠬᠠᠬᠤ ᠪᠠ ᠲᠠᠩᠰᠠᠨ ᠠᠴᠠ ᠬᠠᠰᠣᠬᠤ ᠵᠡᠷᠭᠡ 7 ᠲᠦᠷᠦᠯ ᠤᠨ ᠦᠷᠢ ᠦᠭᠴᠡᠭᠡ ᠰᠢᠢᠳᠪᠦᠷᠢᠯᠡᠬᠦ ᠠᠷᠭ᠎ᠠ ᠶᠢ ᠲᠣᠭᠳᠠᠭᠠᠨ | ᠂ ᠵᠠᠰᠠᠭ ᠤᠨ ᠣᠷᠳᠣᠨ ᠤ ᠦᠷᠢ ᠦᠭᠴᠡᠭᠡᠨ ᠤ ᠰᠢᠢᠳᠪᠦᠷᠢᠯᠡᠯᠳᠡ ᠶᠢ ᠪᠦᠬᠦ ᠬᠦᠴᠦᠨ ᠢᠶᠠᠷ ᠠᠬᠢᠭᠤᠯᠪᠠ᠃ 2018 ᠣᠨ ᠳᠤ 17.2 ᠳ᠋ᠦᠩᠰᠢᠭᠤᠷ ᠲᠦᠬᠦᠷᠢᠭ | ᠵᠠᠰᠠᠭ ᠤᠨ ᠣᠷᠳᠣᠨ ᠤ ᠦᠷᠢ ᠦᠭᠴᠡᠭᠡ ︵ᠲᠦᠰᠦᠪ ᠤᠨ ᠲᠣᠬᠢᠷᠠᠭᠤᠯᠣᠯᠳᠠ ᠪᠠᠷ 6.8 ᠳ᠋ᠦᠩᠰᠢᠭᠤᠷ ᠲᠦᠬᠦᠷᠢᠭ᠂ ᠬᠢᠨᠠᠨ ᠪᠣᠳᠣᠯᠳᠠ ᠪᠠᠷ ᠪᠠᠯᠭᠠᠰᠤ ᠪᠠ | ᠲᠠᠩᠰᠠᠨ ᠠᠴᠠ ᠬᠠᠰᠤᠬᠤ ᠪᠠᠷ 3 ᠳ᠋ᠦᠩᠰᠢᠭᠤᠷ ᠲᠦᠬᠦᠷᠢᠭ᠂ ᠣᠯᠣᠰ ᠤᠨ ᠦᠮᠴᠢᠯᠡᠯᠳᠦ ᠡᠳ᠋ ᠬᠦᠷᠦᠩᠭᠡ ᠶᠢᠨ ᠰᠢᠢᠳᠪᠦᠷᠢᠯᠡᠯᠳᠡ ᠪᠠᠷ 4.4 ᠳ᠋ᠦᠩᠰᠢᠭᠤᠷ | ᠲᠦᠬᠦᠷᠢᠭ᠂ ᠠᠪᠴᠠᠭ᠎ᠠ ᠦᠭᠴᠡᠭᠡᠨ ᠤ ᠲᠣᠯᠭᠠᠯᠳᠠ ᠪᠠᠷ 3 ᠳ᠋ᠦᠩᠰᠢᠭᠤᠷ ᠲᠦᠬᠦᠷᠢᠭ︶ ᠶᠢ ᠰᠢᠢᠳᠪᠦᠷᠢᠯᠡᠵᠣ᠂ ᠵᠢᠯ ᠤᠨ ᠦᠷᠢ ᠦᠭᠴᠡᠭᠡ ᠰᠢᠢᠳᠪᠦᠷᠢᠯᠡᠭᠦ | ᠬᠠᠷᠠᠯᠳᠠ 12.54 ᠳ᠋ᠦᠩᠰᠢᠭᠤᠷ ᠲᠦᠬᠦᠷᠢᠭ ᠢ 137.3% ᠪᠠᠷ ᠪᠡᠶᠡᠯᠡᠭᠦᠯᠪᠡ᠃ ᠡᠬᠦᠨ ᠤ ᠬᠠᠮᠳᠦ᠂ ᠬᠤᠳᠠ ᠶᠢᠨ ︽ᠵᠠᠭᠤᠨ ᠡᠳᠦᠷ ᠤᠨ ᠰᠢᠪᠳᠣᠯᠣᠯᠳᠠ︾ | ᠶᠢᠨ ᠪᠠᠶᠢᠷᠢᠭᠤᠯᠣᠯᠳᠠ ᠶᠣᠰᠣᠭᠠᠷ᠂ ᠮᠠᠨ ᠤ ᠬᠤᠰᠢᠭᠤᠨ ᠤ ︽ᠠᠷᠪᠠ ᠶᠢ ᠪᠦᠷᠢᠳᠤᠬᠦᠯᠬᠦ︾ ᠢᠨᠵᠧᠨᠧᠷᠢᠩ ᠤᠨ ᠦᠷᠢ ᠦᠭᠴᠡᠭᠡ ᠶᠢ ᠲᠣᠰ ᠵᠢᠯ ᠤᠨ 4 ᠳ᠋ᠣᠭᠡᠷ | ᠰᠠᠷ᠎ᠠ ᠶᠢᠨ ᠰᠡᠭᠦᠯᠴᠢ ᠪᠠᠷ ᠪᠦᠬᠦᠨ ᠢ ᠰᠢᠢᠳᠪᠦᠷᠢᠯᠡᠵᠣ᠂ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠪᠠ︔ ︽ᠠᠷᠪᠠ ᠶᠢ ᠪᠦᠷᠢᠳᠤᠬᠦᠯᠬᠦ︾ 10 ᠲᠦᠷᠦᠯ | ᠤᠨ ᠢᠨᠵᠧᠨᠧᠷᠢᠩ ᠲᠠᠢ ᠰᠢᠭᠤᠳ ᠬᠤᠯᠪᠣᠭᠳᠠᠬᠤ 0.8 ᠳ᠋ᠦᠩᠰᠢᠭᠤᠷ ᠲᠦᠬᠦᠷᠢᠭ ᠪᠠᠷᠢᠯᠭ᠎ᠠ ᠶᠢᠨ ᠦᠷᠢ ᠦᠭᠴᠡᠭᠡ ᠶᠢ ᠰᠢᠢᠳᠪᠦᠷᠢᠯᠡᠨ᠂ ᠵᠢᠯ ᠤᠨ ᠬᠠᠷᠠᠯᠳᠠ | ᠡᠭᠦᠷᠭᠡ 0.5 ᠳ᠋ᠦᠩᠰᠢᠭᠤᠷ ᠲᠦᠬᠦᠷᠢᠭ ᠢ 160% ᠪᠠᠷ ᠪᠡᠶᠡᠯᠡᠭᠦᠯᠪᠡ᠃ | 2. ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠰᠠᠶᠢᠳᠦᠷ ᠬᠢᠪᠡ᠃ ᠪᠦᠬᠦ ᠬᠤᠰᠢᠭᠤᠨ ᠤ ᠶᠠᠳᠠᠭᠤ ᠠᠴᠠ | ᠠᠩᠬᠢᠵᠢᠷᠠᠭᠤᠯᠬᠤ ᠰᠢᠪᠳᠣᠯᠣᠯᠳᠠ ᠶᠢᠨ ᠭᠤᠷᠪᠠᠨ ᠵᠢᠯ ᠤᠨ ᠲᠦᠯᠦᠪᠵᠢᠭᠦᠯᠭᠡ ᠶᠣᠰᠣᠭᠠᠷ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠲᠣᠬᠢᠷᠠᠭᠤᠯᠣᠯᠳᠠ᠂ | ᠬᠤᠪᠢᠶᠠᠷᠢᠯᠠᠯᠳᠠ᠂ ᠬᠢᠨᠠᠯᠳᠠ ᠪᠠ ᠬᠠᠮᠢᠶᠠᠷᠣᠯᠳᠠ ᠶᠢ ᠰᠠᠶᠢᠳᠦᠷ ᠬᠢᠵᠣ᠂ ︽ᠣᠳᠤᠭ ᠤᠨ ᠡᠮᠦᠨᠡᠳᠦ ᠬᠤᠰᠢᠭᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ | ᠲᠣᠰᠬᠠᠢ ᠲᠦᠷᠦᠯ ᠤᠨ ᠪᠡᠯᠡ ᠮᠦᠩᠬᠦᠨ ᠤ ᠬᠠᠮᠢᠶᠠᠷᠣᠯᠳᠠ ᠶᠢᠨ ᠠᠷᠭ᠎ᠠ ︵ᠲᠣᠷᠰᠢᠨ ᠬᠡᠷᠡᠭᠵᠢᠭᠦᠯᠬᠦ︶︾ ᠶᠢ ᠲᠣᠭᠳᠠᠭᠠᠨ᠂ ᠡᠳ᠋ ᠤᠨ ᠵᠠᠰᠠᠭ ᠤᠨ ᠶᠠᠳᠠᠭᠤ ᠶᠢ | ᠲᠡᠳᠬᠦᠬᠦ ᠲᠣᠰᠬᠠᠢ ᠲᠦᠷᠦᠯ ᠤᠨ ᠪᠡᠯᠡ ᠮᠦᠩᠭᠦ ᠶᠢ ᠨᠢᠭᠡᠳᠦᠯᠳᠡᠢ ᠲᠦᠯᠤᠪᠵᠢᠬᠦᠯᠤᠨ ᠬᠡᠷᠡᠭᠯᠡᠵᠣ᠂ ᠶᠠᠳᠠᠭᠤ ᠶᠢ ᠲᠡᠳᠬᠦᠬᠦ ᠭᠤᠣᠯᠳᠠᠯᠭᠠᠳᠦ ᠭᠠᠴᠠᠭ᠎ᠠ ᠲᠣᠰᠬᠤᠨ᠂ | ᠠᠵᠣ ᠣᠶᠢᠯᠠᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠡᠩᠬᠡ ᠶᠢᠨ ᠪᠠᠳᠣᠯᠠᠭ᠎ᠠ ᠪᠠᠷ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠠᠨ ᠳᠤ ᠬᠡᠯᠪᠡᠶᠢᠯᠭᠡᠵᠣ᠂ ᠨᠠᠷᠢᠯᠢᠭ | ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠳᠤ ᠲᠦᠪᠯᠡᠷᠡᠭᠦᠯᠦᠨ᠂ ᠪᠡᠯᠡ ᠮᠦᠩᠭᠦᠨ ᠤ ᠪᠦᠬᠦᠯᠢ ᠴᠣᠭᠴᠠ ᠶᠢᠨ ᠦᠷ᠎ᠠ ᠠᠰᠢᠭ ᠢ | ᠪᠠᠳᠠᠷᠠᠭᠤᠯᠪᠠ᠃ 2018 ᠣᠨ ᠳᠤ ᠨᠡᠶᠢᠳᠡ 3953 ᠲᠦᠮᠡᠨ ᠲᠦᠬᠦᠷᠢᠭ ᠡᠳ᠋ ᠤᠨ ᠵᠠᠰᠠᠭ ᠤᠨ ᠪᠡᠯᠡ ᠮᠦᠩᠬᠦ ᠤᠷᠤᠭᠤᠯᠤᠨ᠂ ᠶᠠᠳᠠᠭᠤ ᠠᠴᠠ | ᠠᠩᠬᠢᠵᠢᠷᠠᠭᠤᠯᠬᠤ ᠰᠢᠪᠳᠣᠯᠣᠯᠳᠠ ᠶᠢᠨ ᠠᠬᠢᠯᠳᠠ ᠶᠢ ᠪᠦᠬᠦ ᠬᠦᠴᠦᠨ ᠢᠶᠠᠷ ᠪᠠᠳᠣᠯᠠᠪᠠ᠃ ᠡᠭᠦᠨ ᠤ ᠬᠠᠮᠳᠦ᠂ ᠶᠠᠳᠠᠭᠤ ᠶᠢ ᠲᠡᠳᠬᠦᠬᠦ ᠪᠡᠯᠡ ᠮᠦᠩᠭᠦᠨ ᠤ | ᠬᠦᠳᠡᠯᠦᠩᠭᠦᠢ ᠬᠢᠨᠠᠯᠳᠠ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠣᠨ ᠲᠡᠭᠦᠯᠳᠡᠷᠵᠢᠭᠦᠯᠵᠣ᠂ ᠰᠢᠰᠲ᠋ᠧᠮ ᠢᠶᠠᠷ ᠳᠠᠮᠵᠢᠭᠤᠯᠤᠨ ᠪᠦᠬᠦ ᠵᠢᠯ ᠤᠨ ᠶᠠᠳᠠᠭᠤ ᠶᠢ ᠲᠡᠳᠬᠦᠬᠦ | ᠪᠡᠯᠡ ᠮᠦᠩᠭᠦᠨ ᠤ ᠲᠠᠩᠰᠠᠯᠠᠯᠳᠠ᠂ ᠬᠤᠪᠢᠶᠠᠷᠢᠯᠠᠯᠳᠠ᠂ ᠬᠢᠨᠠᠨ ᠴᠤᠬᠤᠯᠠᠪᠤᠷᠢᠯᠠᠯᠳᠠ ᠵᠡᠷᠭᠡ ᠶᠢᠨ ᠪᠦᠳᠦᠮᠵᠢ ᠶᠢᠨ ᠦᠨᠡᠯᠡᠯᠳᠡ ᠶᠢᠨ ᠠᠵᠢᠯ ᠢ ᠢᠳᠡᠪᠬᠢᠳᠡᠢ | ᠪᠡᠶᠡᠯᠡᠭᠦᠯᠪᠡ᠃ | 3. ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠢ ᠰᠠᠶᠢᠳᠤᠷ ᠠᠤᠨᠬᠤᠪᠠ᠃ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠵᠢᠯ ᠤᠨ | ᠰᠢᠪᠳᠤᠯᠤᠯᠳᠠ ᠶᠢᠨ ᠠᠵᠢᠯ ᠤᠨ ᠲᠦᠰᠤᠪ ᠢ ᠪᠦᠬᠦ ᠳᠠᠯ᠎ᠠ ᠪᠠᠷ ᠪᠤᠳᠠᠳᠠᠶᠢᠵᠢᠭᠤᠯᠤᠨ᠂ ᠪᠡᠯᠡ ᠮᠦᠩᠬᠦ ᠶᠢᠨ ᠪᠠᠳᠤᠯᠠᠭ᠎ᠠ ᠶᠢᠨ ᠬᠦᠴᠤᠯᠡᠴᠠ ᠶᠢ ᠶᠡᠬᠡᠤᠨᠬᠡᠪᠡ᠃ | 2018 ᠤᠨ ᠳᠤ ᠪᠤᠬᠢᠷ ᠤᠰᠤ ᠰᠢᠢᠤᠨᠪᠤᠷᠢᠯᠡᠬᠦ ᠤᠶᠢᠯᠡᠤᠨᠪᠤᠷᠢ ᠶᠢᠨ ᠪᠠᠷᠢᠮᠵᠢᠶ᠎ᠠ ᠶᠢ ᠳᠡᠬᠡᠭᠰᠢᠯᠡᠬᠦᠯᠬᠦ ᠦᠬᠡᠷᠡᠴᠢᠯᠡᠯᠳᠠ᠂ ᠤᠷᠴᠢᠨ ᠳᠤᠭᠤᠷᠢᠨ ᠤ ᠶᠡᠷᠤᠩᠬᠡᠶᠢᠯᠡᠭᠰᠡᠨ | ᠴᠡᠭᠴᠡᠯᠡᠯᠳᠠ᠂ ᠠᠮᠢ ᠠᠬᠤᠢ ᠶᠢᠨ ᠱᠠᠩᠨᠠᠯ ᠨᠦᠬᠦᠪᠤᠷᠢ ᠵᠡᠷᠬᠡ ᠤᠷᠴᠢᠨ ᠬᠠᠮᠠᠭᠠᠯᠠᠯᠳᠠ ᠶᠢᠨ ᠵᠠᠷᠤᠯᠭ᠎ᠠ ᠶᠢ 9150.36 ᠲᠦᠮᠡᠨ ᠲᠦᠬᠦᠷᠢᠭ ᠪᠡᠶᠡᠯᠡᠬᠦᠯᠵᠤ᠂ ᠠᠮᠢ | ᠠᠬᠤᠢ ᠤᠷᠴᠢᠨ ᠳᠤᠭᠤᠷᠢᠨ ᠤ ᠰᠠᠶᠢᠵᠢᠷᠠᠯᠳᠠ ᠪᠠ ᠤᠷᠤᠰᠢᠨ ᠰᠠᠭᠤᠬᠤ ᠤᠷᠴᠢᠨ ᠤ ᠳᠡᠬᠡᠭᠰᠢᠯᠡᠯᠳᠠ ᠶᠢ ᠪᠦᠳᠤᠮᠵᠢᠳᠠᠢ ᠠᠬᠢᠭᠤᠯᠪᠠ᠃ | ︵ᠲᠦᠷᠪᠡ︶ ᠡᠳ᠋ ᠤᠨ ᠵᠠᠰᠠᠭ ᠤᠨ ᠦᠬᠡᠷᠡᠴᠢᠯᠡᠯᠳᠠ ᠶᠢ ᠪᠦᠬᠦ ᠬᠦᠴᠤᠨ ᠢᠶᠠᠷ ᠬᠦᠨᠵᠡᠬᠡᠶᠢᠷᠡᠬᠦᠯᠵᠤ᠂ ᠡᠳ᠋ ᠤᠨ ᠵᠠᠰᠠᠭ ᠤᠨ ᠦᠷᠬᠦᠯᠵᠢᠬᠦᠶᠢᠴᠠ | ᠬᠦᠭᠵᠢᠯᠳᠠ ᠶᠢ ᠪᠡᠶᠡᠯᠡᠬᠦᠯᠪᠠ᠃ ᠨᠢᠬᠡ ᠳᠤ ᠪᠡᠯᠡ ᠮᠦᠩᠬᠦ ᠶᠢᠨ ᠬᠢᠨᠠᠨ ᠴᠤᠬᠤᠯᠠᠪᠤᠷᠢᠯᠠᠬᠤ ᠶᠠᠪᠤᠴᠠ ᠶᠢ ᠤᠯᠠᠮ ᠨᠢᠬᠡ ᠠᠯᠬᠤᠮ ᠰᠢᠯᠤᠭᠤᠤᠨᠬᠠᠵᠤ᠂ ᠬᠠᠮᠳᠤ ᠪᠠᠷ | ᠬᠢᠨᠠᠨ ᠬᠠᠮᠳᠤ ᠪᠠᠷ ᠭᠠᠷ ᠤᠨ ᠦᠰᠦᠭ ᠵᠢᠷᠤᠬᠤ ᠶᠢ ᠬᠡᠷᠡᠭᠵᠢᠬᠦᠯᠤᠨ᠂ ᠲᠦᠰᠤᠪ ᠤᠨ ᠳᠤᠳᠤᠷᠠᠬᠢ ᠬᠡᠰᠡᠭᠯᠡᠨ ᠬᠤᠪᠢᠶᠠᠭᠰᠡᠨ ᠳᠤᠰᠬᠠᠢ ᠲᠦᠷᠤᠯ ᠤᠨ ᠪᠡᠯᠡ ᠮᠦᠩᠬᠦ | ᠪᠠ ᠬᠡᠷᠡᠭᠴᠡᠭᠡ ᠶᠢ ᠨᠢ ᠳᠤᠳᠤᠷᠠᠬᠠᠶᠢᠯᠠᠭᠰᠡᠨ ᠦᠬᠡᠢ ᠳᠤᠰᠬᠠᠢ ᠲᠦᠷᠤᠯ ᠤᠨ ᠪᠡᠯᠡ ᠮᠦᠩᠬᠦ ᠶᠢᠨ ᠬᠠᠮᠢᠶᠠᠷᠤᠯᠳᠠ ᠶᠢ ᠴᠢᠩᠭᠠᠤᠨᠬᠠᠵᠤ᠂ ᠦᠷᠢ ᠦᠭᠴᠡᠭᠡ ᠶᠢᠨ | ᠨᠡᠮᠡᠭᠳᠡᠯ ᠢ ᠦᠨᠡᠨ ᠬᠦ ᠡᠬᠢ ᠦᠨᠳᠤᠰᠤ ᠠᠴᠠ ᠨᠢ ᠴᠢᠩᠭ᠎ᠠ ᠰᠡᠷᠬᠡᠶᠢᠯᠡᠪᠡ᠃ ᠬᠤᠶᠠᠷ ᠲᠤ᠂ ᠡᠳ᠋ ᠤᠨ ᠵᠠᠰᠠᠭ ᠤᠨ ᠶᠠᠮᠤᠨ ᠤ ︽ᠳᠤᠭᠳᠠᠭᠰᠡᠨ ᠬᠤᠭᠤᠴᠠᠭ᠎ᠠ ᠲᠠᠢ | ᠪᠠᠷ ᠢᠯᠭᠠᠷᠠᠭᠤᠯᠬᠤ ᠳᠤᠭᠳᠠᠴᠠ ᠶᠢ ᠪᠠᠶᠢᠭᠤᠯᠤᠨ᠂ ᠳ᠋ᠦᠩᠨᠡᠨ ᠰᠢᠯᠵᠢᠬᠦᠯᠬᠦ ᠦᠯᠡᠳᠡᠪᠤᠷᠢ ᠶᠢᠨ ᠬᠡᠪᠴᠢᠶᠡᠵᠢᠯ ᠢ ᠪᠠᠭᠠᠰᠬᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠪᠤᠳᠠᠳᠠᠶᠢᠵᠢᠭᠤᠯᠵᠤ᠂ ᠡᠳ᠋ ᠤᠨ ᠵᠠᠰᠠᠭ ᠤᠨ ᠡᠯ᠎ᠡ ᠵᠦᠢᠯ ᠤᠨ ᠬᠠᠳᠠᠭᠠᠯᠠᠯᠳᠠ ᠪᠡᠯᠡ ᠮᠦᠩᠬᠦ ᠪᠠ ᠳ᠋ᠦᠩᠨᠡᠨ ᠰᠢᠯᠵᠢᠬᠦᠯᠬᠦ ᠦᠯᠡᠳᠠᠪᠤᠷᠢ ᠪᠡᠯᠡ ᠮᠦᠩᠬᠦ ᠶᠢ ᠪᠦᠬᠦ | ᠳᠠᠯ᠎ᠠ ᠪᠠᠷ ᠢᠯᠭᠠᠷᠠᠭᠤᠯᠤᠨ᠂ ᠡᠯ᠎ᠡ ᠵᠦᠢᠯ ᠤᠨ ᠭᠤᠤᠯᠳᠠᠯᠭᠠᠳᠤ ᠵᠠᠷᠤᠯᠭ᠎ᠠ ᠳᠤ ᠨᠢᠬᠡᠳᠤᠯᠳᠠᠢ ᠬᠡᠷᠡᠭᠯᠡᠪᠡ᠃ ᠭᠤᠷᠪᠠ ᠳᠤ᠂ ᠵᠠᠰᠠᠭ ᠤᠨ ᠤᠷᠳᠤᠨ ᠤ ᠬᠤᠳᠠᠯᠳᠤᠨ | ᠠᠪᠤᠯᠳᠠ ᠶᠢᠨ ᠳᠤᠳᠤᠭᠠᠳᠤ ᠡᠵᠡᠮᠰᠢᠯ ᠬᠠᠮᠢᠶᠠᠷᠤᠯᠳᠠ ᠶᠢ ᠴᠢᠩᠭᠠᠤᠨᠬᠠᠵᠤ᠂ ᠵᠠᠰᠠᠭ ᠤᠨ ᠤᠷᠳᠤᠨ ᠤ ᠬᠤᠳᠠᠯᠳᠤᠨ ᠠᠪᠤᠯᠳᠠ ᠶᠢᠨ ᠦᠷ᠎ᠠ ᠠᠰᠢᠭ ᠢ | ᠳᠡᠬᠡᠭᠰᠢᠯᠡᠬᠦᠯᠪᠠ᠃ 2018 ᠤᠨ ᠳᠤ ᠵᠠᠰᠠᠭ ᠤᠨ ᠤᠷᠳᠤᠨ ᠤ ᠬᠤᠳᠠᠯᠳᠤᠨ ᠠᠪᠤᠯᠳᠠ ᠶᠢ 1.73 ᠳ᠋ᠦᠩᠰᠢᠭᠤᠷ ᠲᠦᠬᠦᠷᠢᠭ ᠪᠡᠶᠡᠯᠡᠬᠦᠯᠵᠤ᠂ 913.5 ᠲᠦᠮᠡᠨ | ᠲᠦᠬᠦᠷᠢᠭ ᠪᠡᠯᠡ ᠮᠦᠩᠬᠦ ᠠᠷᠪᠢᠯᠠᠵᠤ᠂ ᠠᠷᠪᠢᠯᠠᠯᠳᠠ ᠶᠢᠨ ᠨᠤᠷᠮ᠎ᠠ 5.52% ᠳᠤ ᠬᠦᠷᠴᠤ᠂ ᠵᠠᠰᠠᠭ ᠤᠨ ᠤᠷᠳᠤᠨ ᠤ ᠬᠤᠳᠠᠯᠳᠤᠨ ᠠᠪᠤᠯᠳᠠ ᠶᠢᠨ ᠪᠡᠯᠡ ᠮᠦᠩᠬᠦ | ᠶᠢᠨ ᠬᠡᠷᠡᠭᠯᠡᠯᠳᠠ ᠶᠢᠨ ᠦᠷ᠎ᠠ ᠠᠰᠢᠭ ᠢ ᠦᠨᠡᠨ ᠬᠦ ᠳᠡᠬᠡᠭᠰᠢᠯᠡᠬᠦᠯᠪᠠ᠃ ᠲᠦᠷᠪᠡ ᠳᠤ᠂ ᠵᠠᠰᠠᠭ ᠤᠨ ᠤᠷᠳᠤᠨ ᠠᠴᠠ ᠤᠶᠢᠯᠡᠴᠢᠯᠡᠭᠡ ᠬᠤᠳᠠᠯᠳᠤᠨ ᠠᠪᠬᠤ ᠶᠢ | ᠢᠳᠡᠪᠬᠢᠳᠠᠢ ᠬᠡᠷᠡᠭᠵᠢᠬᠦᠯᠵᠤ᠂ ᠨᠠᠶᠢᠳᠠ ᠶᠢᠨ ᠮᠠᠰᠢᠨ᠂ ᠠᠳᠠᠯ ᠠᠬᠤᠢ᠂ ᠪᠤᠬᠢᠷ ᠤᠰᠤ ᠰᠢᠢᠤᠨᠪᠤᠷᠢᠯᠡᠬᠦ ᠤᠶᠢᠯᠡᠤᠨᠪᠤᠷᠢ ᠶᠢᠨ ᠡᠵᠡᠩᠨᠡᠯᠳᠠ ᠵᠡᠷᠬᠡ ᠤᠶᠢᠯᠡᠴᠢᠯᠡᠭᠡ ᠶᠢ | ᠵᠠᠰᠠᠭ ᠤᠨ ᠤᠷᠳᠤᠨ ᠠᠴᠠ ᠤᠶᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠬᠡᠷᠡᠭᠵᠢᠬᠦᠯᠵᠤ᠂ ᠨᠠᠶᠢᠳᠠ ᠶᠢᠨ ᠤᠶᠢᠯᠡᠴᠢᠯᠡᠬᠡᠨ ᠤ ᠲᠦᠪᠰᠢᠨ ᠪᠤᠯᠤᠨ ᠨᠠᠶᠢᠬᠡᠮ ᠤᠨ | ᠵᠠᠰᠠᠯᠳᠠ ᠶᠢᠨ ᠴᠢᠳᠠᠪᠤᠷᠢ ᠶᠢ ᠪᠦᠳᠤᠮᠵᠢᠳᠠᠢ ᠳᠡᠬᠡᠭᠰᠢᠯᠡᠬᠦᠯᠪᠠ᠃ 2018 ᠤᠨ ᠳᠤ ᠵᠠᠰᠠᠭ ᠤᠨ ᠤᠷᠳᠤᠨ ᠠᠴᠠ ᠤᠶᠢᠯᠡᠴᠢᠯᠡᠭᠡ ᠬᠤᠳᠠᠯᠳᠤᠨ ᠠᠪᠬᠤ 14 | ᠲᠦᠷᠤᠯ ᠵᠦᠢᠯ ᠢ ᠬᠡᠷᠡᠭᠵᠢᠬᠦᠯᠵᠤ᠂ ᠬᠤᠯᠪᠤᠭᠳᠠᠭᠰᠡᠨ ᠪᠡᠯᠡ ᠮᠦᠩᠬᠦ 5569.98 ᠲᠦᠮᠡᠨ ᠲᠦᠬᠦᠷᠢᠭ ᠬᠦᠷᠪᠠ᠃ ᠳᠠᠪᠤ ᠳᠤ᠂ ᠨᠢᠬᠡᠨᠳᠠ ᠤᠷᠤᠨᠵᠢᠭᠰᠡᠨ ᠬᠤᠶᠠᠷ | PPP ᠲᠦᠷᠤᠯ ᠵᠦᠢᠯ ᠢ ᠶᠡᠬᠡᠪᠡᠷ ᠠᠬᠢᠭᠤᠯᠤᠨ᠂ ᠨᠠᠶᠢᠬᠡᠮ ᠤᠨ ᠬᠦᠷᠤᠩᠬᠡ ᠪᠠ ᠵᠠᠰᠠᠭ ᠤᠨ ᠤᠷᠳᠤᠨ ᠤ ᠬᠠᠮᠳᠤᠷᠠᠯᠴᠠᠭ᠎ᠠ ᠶᠢ ᠵᠤᠷᠢᠭᠵᠢᠭᠤᠯᠤᠨ᠂ ᠪᠦᠬᠦ | ᠬᠤᠰᠢᠭᠤᠨ ᠤ ᠤᠯᠠᠨ ᠨᠠᠶᠢᠳᠠ ᠶᠢᠨ ᠰᠠᠭᠤᠷᠢ ᠪᠠᠶᠢᠭᠤᠯᠤᠯᠳᠠ ᠳᠤ ᠤᠷᠤᠯᠴᠠᠭᠤᠯᠪᠠ᠃ᠵᠢᠷᠭᠤᠭ᠎ᠠ ᠳᠤ᠂ ᠵᠦᠩ ᠽᠧ ᠬᠦᠢᠯᠬᠡᠬᠡᠨ ᠤ ᠪᠡᠯᠡ ᠮᠦᠩᠬᠦ ᠶᠢᠨ | ᠢᠳᠡᠬᠡᠮᠵᠢᠳᠤ ᠬᠠᠮᠢᠶᠠᠷᠤᠯᠳᠠ ᠯᠠᠪᠯᠠᠯᠳᠠ ᠶᠢᠨ ᠺᠤᠮᠫᠠᠨᠢ ᠲᠠᠢ ᠢᠳᠡᠪᠬᠢᠳᠠᠢ ᠬᠠᠷᠢᠯᠴᠠᠨ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠨᠠᠶᠢᠴᠡᠭᠰᠡᠨ ᠤᠯᠤᠰ ᠤᠨ | ᠦᠮᠴᠢᠯᠠᠯᠳᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠭᠥᠭᠵᠢᠭᠦᠯᠥᠯᠳᠡ ᠶᠢᠨ ᠲᠦᠰᠤᠯ ᠢ ᠨᠠᠶᠢᠷᠠᠭᠤᠯᠵᠤ᠂ ᠠᠵᠣ ᠠᠬᠤᠶᠢᠯᠠᠯ ᠢ ᠴᠡᠭᠴᠡᠯᠡᠨ | ᠨᠢᠭᠡᠳᠭᠡᠭᠦ᠂ ᠭᠥᠷᠥᠩᠭᠡ ᠮᠦᠩᠭᠦ ᠣᠷᠣᠭᠤᠯᠬᠤ᠂ ᠲᠣᠭᠳᠠᠭᠤᠨ ᠣᠷᠣᠯᠭ᠎ᠠ ᠲᠠᠢ ᠣᠯᠣᠰ ᠤᠨ ᠦᠮᠴᠢᠯᠡᠯᠳᠦ ᠡᠳ᠋ ᠬᠦᠷᠦᠩᠭᠡ ᠶᠢ ᠨᠡᠮᠡᠭᠳᠡᠬᠦᠯᠬᠦ᠂ ᠲᠠᠪᠴᠠᠩ ᠺᠣᠮᠫᠠᠨᠢ | ᠶᠢᠨ ᠰᠢᠯᠢᠳᠡᠭ ᠰᠲ᠋ᠣᠺ ᠤᠨ ᠡᠷᠬᠡ ᠪᠣᠯᠣᠨ ᠡᠳ᠋ ᠬᠦᠷᠦᠩᠭᠡ ᠶᠢ ᠲᠦᠷᠢᠮᠵᠢᠭᠦᠯᠦᠨ ᠠᠮᠢᠳᠣᠯᠢᠭᠵᠢᠭᠤᠯᠬᠤ ᠪᠠᠷ ᠲᠠᠮᠵᠢᠭᠤᠯᠤᠨ ᠲᠠᠪᠴᠠᠩ ᠺᠣᠮᠫᠠᠨᠢ ᠶᠢᠨ ᠵᠠᠬ᠎ᠠ | ᠳᠡᠯᠬᠡᠬᠦᠷᠴᠢᠯᠡᠭᠰᠡᠨ᠂ ᠪᠤᠳᠠᠳᠤ ᠴᠤᠴᠠᠵᠢᠭᠰᠠᠨ ᠡᠵᠡᠩᠨᠡᠯᠳᠡ ᠡᠷᠬᠢᠯᠳᠡ ᠶᠢᠨ ᠬᠡᠯᠪᠡᠷᠢ ᠶᠢᠨ ᠬᠤᠪᠢᠷᠠᠭᠤᠯᠣᠯᠳᠠ ᠶᠢ ᠲᠦᠷᠬᠡᠤᠨᠬᠡᠵᠤ᠂ ᠭᠠᠵᠠᠷ ᠤᠷᠤᠨ ᠤ ᠰᠢᠨ᠎ᠠ ᠪᠠᠷ | ᠬᠦᠭᠵᠢᠭᠰᠡᠨ ᠤᠯᠤᠰ ᠤᠨ ᠦᠮᠴᠢᠯᠠᠯᠳᠤ ᠳᠤᠯᠭᠠᠭᠤᠷᠢᠯᠠᠯ ᠠᠵᠤ ᠠᠬᠤᠶᠢᠯᠠᠯ ᠢ ᠪᠤᠶᠢᠵᠢᠭᠤᠯᠪᠠ᠃ | ︵ᠳᠠᠪᠤ︶ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢ ᠪᠦᠬᠦ ᠬᠦᠴᠤᠨ ᠢᠶᠠᠷ ᠴᠢᠩᠭᠠᠤᠨᠬᠠᠵᠤ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠬᠤ | ᠲᠦᠪᠰᠢᠨ ᠢᠶᠠᠨ ᠳᠡᠬᠡᠭᠰᠢᠯᠡᠬᠦᠯᠪᠡ᠃ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠰᠡᠨ ᠬᠠᠮᠢᠶᠠᠷᠤᠯᠳᠠ ᠪᠠᠷ ᠬᠦᠴᠤᠯᠡᠴᠠ ᠪᠤᠯᠭᠠᠬᠤ ᠶᠢ ᠪᠠᠷᠢᠮᠳᠠᠯᠠᠵᠤ᠂ ᠡᠳ᠋ ᠤᠨ | ᠵᠠᠰᠠᠭ ᠤᠨ ᠬᠢᠨᠠᠯᠳᠠ ᠶᠢᠨ ᠲᠤᠭᠳᠠᠴᠠ ᠶᠢ ᠳᠠᠰᠤᠷᠠᠯᠳᠠ ᠦᠬᠡᠢ ᠳᠡᠬᠦᠯᠳᠡᠷᠵᠢᠬᠦᠯᠤᠨ᠂ ᠬᠢᠨᠠᠯᠳᠠ ᠳᠠᠯᠪᠢᠬᠤ ᠶᠡᠭᠡ ᠤᠷᠴᠢᠨ ᠢ ᠢᠳᠡᠪᠬᠢᠳᠠᠢ ᠪᠦᠷᠢᠯᠳᠤᠬᠦᠯᠵᠤ᠂ | ᠬᠢᠨᠠᠯᠳᠠ ᠶᠢᠨ ᠰᠢᠨ᠎ᠠ ᠪᠠᠶᠢᠳᠠᠯ ᠢ ᠪᠤᠢ ᠪᠤᠯᠭᠠᠨ᠂ ᠡᠳ᠋ ᠤᠨ ᠵᠠᠰᠠᠭ ᠤᠨ ᠪᠡᠯᠡ ᠮᠦᠩᠬᠦ ᠶᠢᠨ ᠠᠶᠤᠯᠬᠦᠢ ᠡᠷᠬᠢᠯᠳᠠ ᠶᠢ ᠪᠠᠳᠤᠯᠠᠪᠠ᠃ ᠨᠢᠬᠡ ᠳᠤ᠂ ︽ᠭᠤᠷᠪᠠᠨ | ᠠᠯᠪᠠᠨ︾ ᠤ ᠵᠠᠷᠤᠳᠠᠯ ᠤᠨ ᠵᠠᠷᠤᠯᠭ᠎ᠠ ᠶᠢ ᠶᠡᠬᠡᠪᠡᠷ ᠪᠠᠭᠤᠷᠠᠭᠤᠯᠪᠠ᠃ ᠪᠦᠬᠦ ᠵᠢᠯ ᠳᠤ ︽ᠭᠤᠷᠪᠠᠨ ᠠᠯᠪᠠᠨ︾ ᠤ ᠵᠠᠷᠤᠳᠠᠯ ᠤᠨ ᠵᠠᠷᠤᠯᠭ᠎ᠠ ᠶᠢ 1350 ᠲᠦᠮᠡᠨ | ᠲᠦᠬᠦᠷᠢᠭ ᠵᠠᠷᠤᠴᠠᠭᠤᠯᠵᠤ᠂ ᠠᠳᠠᠯᠢ ᠬᠤᠭᠤᠴᠠᠭᠠᠨ ᠤ ᠬᠢ ᠠᠴᠠ 5.06% ᠲᠣᠷᠣᠭᠰᠢᠭᠤᠯᠣᠨ᠂ ᠡᠩ ᠤᠨ ᠠᠯᠪᠠᠨ ᠵᠠᠷᠤᠯᠭ᠎ᠠ ᠶᠢᠨ ︽ᠳᠡᠭ ᠦᠰᠤᠯᠳᠠ︾ ᠶᠢ | ᠪᠡᠶᠡᠯᠡᠬᠦᠯᠪᠠ᠃ ᠬᠤᠶᠠᠷ ᠲᠤ᠂ 2018 ᠤᠨ ᠳᠤ ᠳᠤᠰᠬᠠᠢ ᠲᠦᠷᠤᠯ ᠤᠨ ᠰᠢᠯᠵᠢᠬᠦᠯᠤᠨ ᠦᠭᠬᠦᠭᠰᠡᠨ ᠪᠡᠯᠡ ᠮᠦᠩᠬᠦ ᠶᠢ 13.15 ᠳ᠋ᠦᠩᠰᠢᠭᠤᠷ ᠲᠦᠬᠦᠷᠢᠭ | ᠤᠯᠵᠤ᠂ 6.62 ᠳ᠋ᠦᠩᠰᠢᠭᠤᠷ ᠲᠦᠬᠦᠷᠢᠭ ᠢ ᠤᠯᠭᠤᠨ ᠦᠭᠴᠤ᠂ ᠤᠯᠭᠤᠯᠳᠠ ᠶᠢᠨ ᠨᠤᠷᠮ᠎ᠠ 50.34% ᠬᠦᠷᠪᠠ᠃ ᠭᠤᠷᠪᠠ ᠳᠤ᠂ ᠬᠦᠭᠵᠢᠯᠳᠠ ᠪᠠ ᠦᠷᠢ | ᠦᠭᠴᠡᠭᠡ ᠶᠢ ᠢᠯᠭᠠᠷᠠᠭᠤᠯᠬᠤ ᠬᠠᠷᠢᠴᠠᠭ᠎ᠠ ᠶᠢ ᠵᠤᠬᠢᠰᠳᠠᠢ ᠪᠠᠷ ᠰᠢᠢᠤᠨᠪᠤᠷᠢᠯᠡᠵᠤ᠂ ᠰᠢᠨ᠎ᠠ ᠪᠠᠷ ᠨᠡᠮᠡᠭᠳᠡᠭᠰᠡᠨ ᠦᠭᠴᠡᠬᠡᠨ ᠳᠡᠮᠳᠡᠭᠳᠤ ᠪᠡᠯᠡ ᠮᠦᠩᠬᠦ ᠶᠢ 5.7 | ᠳ᠋ᠦᠩᠰᠢᠭᠤᠷ ᠲᠦᠬᠦᠷᠢᠭ ︵ᠬᠠᠭᠤᠴᠢᠨ ᠰᠠᠭᠤᠭᠠᠯᠢ ᠳᠤᠭᠤᠷᠢᠭ ᠤᠨ ᠦᠬᠡᠷᠡᠴᠢᠯᠡᠯᠳᠠ ᠶᠢᠨ ᠳᠤᠰᠬᠠᠢ ᠲᠦᠷᠤᠯ ᠤᠨ ᠦᠭᠴᠡᠬᠡᠨ ᠤ ᠳᠡᠮᠳᠡᠭᠳᠤ ᠪᠡᠯᠡ ᠮᠦᠩᠬᠦ 0.3 | ᠳ᠋ᠦᠩᠰᠢᠭᠤᠷ ᠲᠦᠬᠦᠷᠢᠭ ᠢ ᠪᠠᠭᠳᠠᠭᠠᠨ᠎ᠠ︶ ᠶᠢ ᠢᠳᠡᠪᠬᠢᠳᠠᠢ ᠪᠠᠷ ᠴᠢᠷᠮᠠᠶᠢᠨ ᠤᠯᠵᠤ᠂ ᠮᠠᠨ ᠤ ᠬᠤᠰᠢᠭᠤᠨ ᠤ ᠰᠤᠷᠭᠠᠨ ᠬᠦᠮᠤᠵᠢᠯ᠂ ᠰᠤᠶᠤᠯ᠂ ᠬᠤᠳᠠ ᠶᠢᠨ | ᠶᠠᠪᠤᠳᠠᠯ᠂ ᠵᠠᠰᠠᠮᠠᠯ ᠵᠠᠮ᠂ ᠦᠵᠡᠰᠬᠦᠯᠠᠩᠳᠤ ᠬᠦᠳᠡᠭᠡ ᠨᠤᠳᠤᠭ ᠵᠡᠷᠬᠡ ᠲᠦᠷᠤᠯ ᠵᠦᠢᠯ ᠤᠨ ᠯᠠᠪᠳᠠᠭᠤᠨ ᠠᠬᠢᠯᠳᠠ ᠳᠤ ᠬᠡᠷᠡᠭᠯᠡᠪᠡ᠃ ᠲᠦᠷᠪᠡ ᠳᠤ᠂ ᠵᠠᠰᠠᠭ ᠤᠨ | ᠣᠷᠳᠣᠨ ᠤ ᠪᠡᠯᠡ ᠣᠷᠣᠭᠤᠯᠣᠯᠳᠠ ᠶᠢᠨ ᠲᠦᠷᠦᠯ ᠵᠣᠶᠢᠯ ᠳᠤ ᠬᠦᠷᠦᠩᠭᠡ ᠶᠢᠨ ᠪᠠᠶᠢᠴᠠᠭᠠᠯᠳᠠ ᠲᠠᠩᠰᠠᠯᠠᠯᠳᠠ ᠬᠢᠵᠣ᠂ ᠮᠠᠨ ᠤ ᠬᠤᠰᠢᠭᠤᠨ ᠤ ᠣᠯᠣᠰ ᠤᠨ | ᠦᠮᠴᠢᠯᠠᠯᠳᠦ ᠡᠳ᠋ ᠬᠦᠷᠦᠩᠬᠡ ᠶᠢᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠭᠦᠯᠵᠤ᠂ ᠣᠯᠣᠰ ᠤᠨ ᠦᠮᠴᠢᠯᠠᠯᠳᠦ ᠡᠳ᠋ ᠬᠦᠷᠦᠩᠬᠡ | ᠶᠢᠨ ᠠᠮᠣᠷ ᠲᠦᠪᠰᠢᠨ᠂ ᠦᠷᠳᠡᠭ ᠤᠨ ᠨᠡᠮᠡᠭᠳᠡᠯ ᠢ ᠪᠠᠳᠣᠯᠠᠪᠠ᠃ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠵᠠᠷᠴᠢᠮ ᠢ ᠪᠠᠷᠢᠮᠳᠠᠯᠠᠨ᠂ ᠰᠢᠨ ᠸᠧᠨ ᠪᠥᠯᠥᠭᠯᠡᠯ ᠤᠨ | ᠦᠪᠤᠷ ᠮᠤᠩᠭᠤᠯ ᠤᠨ ᠡᠨᠧᠷᠬᠢ ᠶᠢᠨ ᠬᠢᠵᠠᠭᠠᠷᠳᠤ ᠬᠠᠷᠢᠭᠤᠴᠠᠯᠭ᠎ᠠ ᠶᠢᠨ ᠺᠤᠮᠫᠠᠨᠢ ᠶᠢᠨ ᠠᠵᠢᠯᠴᠢᠨ ᠤ ᠰᠠᠭᠤᠭᠠᠯᠢ ᠳᠤᠭᠤᠷᠢᠭ ᠤᠨ ︽ᠭᠤᠷᠪᠠᠨ ᠬᠠᠩᠭᠠᠯᠭ᠎ᠠ ᠨᠢᠬᠡ | ᠠᠳᠠᠯ ᠠᠬᠤᠢ︾ ᠶᠢ ᠰᠠᠯᠭᠠᠨ ᠰᠢᠯᠵᠢᠭᠦᠯᠵᠤ ᠦᠭᠬᠦ ᠠᠵᠢᠯ ᠢ ᠵᠤᠬᠢᠴᠠᠭᠤᠯᠤᠨ ᠪᠡᠶᠡᠯᠡᠬᠦᠯᠵᠤ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠦᠬᠡᠷᠡᠴᠢᠯᠡᠯᠳᠠ | ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠤᠨ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠳᠠᠷᠤᠭᠠᠰᠤ ᠦᠬᠡᠢ ᠠᠵᠢᠯᠯᠠᠬᠤ ᠶᠢ ᠠᠬᠢᠭᠤᠯᠪᠠ᠃ ᠤᠳᠤᠭ | ᠤᠨ ᠡᠮᠤᠨᠡᠳᠤ ᠬᠤᠰᠢᠭᠤᠨ ᠤ ᠱᠠᠩᠬᠠᠢ ᠶᠢᠨ ᠰᠦᠮ᠎ᠠ ᠶᠢᠨ ᠴᠠᠩ ᠨᠧᠩ ᠳᠤᠯᠠᠭᠠᠯᠠᠮᠵᠢ ᠬᠠᠩᠭᠠᠬᠤ ᠺᠤᠮᠫᠠᠨᠢ ᠶᠢ ᠪᠠᠶᠢᠭᠤᠯᠵᠤ᠂ ᠵᠧᠩ ᠲᠧᠩ ᠺᠤᠮᠫᠠᠨᠢ ᠭᠠᠭᠴᠠᠭᠠᠷ | ᠪᠡᠯᠡ ᠤᠷᠤᠭᠤᠯᠤᠭᠰᠡᠨ ᠮᠦᠷᠳᠡᠬᠡᠨ ᠺᠤᠮᠫᠠᠨᠢ ᠶᠢᠨ ᠬᠦᠢᠴᠡᠤᠨᠬᠡᠬᠦ ᠬᠡᠷᠡᠭ ᠮᠡᠳᠡᠭᠴᠢ ᠪᠠ ᠡᠳ᠋ ᠤᠨ ᠶᠠᠪᠤᠳᠠᠯ ᠤᠨ ᠬᠠᠮᠢᠶᠠᠷᠤᠭᠴᠢ ᠳᠤᠮᠢᠯᠡᠵᠤ᠂ ᠲᠤᠯᠠᠭᠠᠯᠠᠮᠵᠢ | ᠬᠠᠩᠭᠠᠬᠤ ᠺᠤᠮᠫᠠᠨᠢ ᠶᠢᠨ ᠤᠳᠤ ᠪᠠᠶᠢᠭ᠎ᠠ ᠬᠦᠷᠤᠩᠬᠡ ᠪᠠ ᠦᠷᠢ ᠦᠭᠴᠡᠭᠡ ᠳᠤ ᠪᠦᠬᠦ ᠳᠠᠯ᠎ᠠ ᠶᠢᠨ ᠦᠨᠡᠯᠡᠯᠳᠠ᠂ ᠳᠤᠭᠳᠠᠮᠠᠯ ᠬᠦᠷᠤᠩᠬᠡ ᠶᠢ ᠰᠢᠯᠵᠢᠬᠦᠯᠤᠨ ᠦᠭᠬᠦ | ᠭᠠᠷ ᠬᠦᠢᠴᠡᠤᠨᠬᠡᠯ ᠪᠠ ᠲᠦᠬᠦᠬᠡᠷᠤᠮᠵᠢ ᠶᠢᠨ ᠪᠠᠶᠢᠴᠠᠭᠠᠯᠳᠠ ᠰᠡᠯᠪᠢᠯᠳᠠ ᠶᠢᠨ ᠠᠵᠢᠯ ᠢ ᠬᠢᠵᠤ᠂ ᠱᠠᠩᠬᠠᠢ ᠶᠢᠨ ᠰᠦᠮ᠎ᠠ ᠭᠠᠵᠠᠷ ᠤᠷᠤᠨ ᠳᠤ ᠬᠡᠪ ᠤᠨ ᠶᠤᠰᠤᠭᠠᠷ | ᠳᠤᠯᠠᠭᠠᠯᠠᠮᠵᠢ ᠬᠠᠩᠭᠠᠬᠤ ᠶᠢ ᠪᠠᠳᠤᠯᠠᠪᠠ᠃ ᠬᠠᠮᠳᠤ ᠳᠤ ᠨᠢ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠪᠦᠬᠦ ᠳᠠᠯ᠎ᠠ ᠪᠠᠷ | ᠴᠢᠩᠭᠠᠤᠨᠬᠠᠬᠤ ᠶᠢᠨ ᠲᠦᠯᠤᠬᠡ ᠬᠤᠳᠠ ᠶᠢᠨ ᠬᠠᠮᠢᠶ᠎ᠠ ᠪᠦᠬᠦᠢ ᠲᠦᠷᠢᠮ ᠳᠤᠭᠳᠠᠭᠠᠯ ᠶᠤᠰᠤᠭᠠᠷ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠪᠠᠶᠢᠭᠤᠯᠤᠮᠵᠢ | ᠶᠢᠨ ᠳᠤᠬᠢᠷᠠᠭᠤᠯᠤᠯᠳᠠ ᠪᠠ ᠬᠦᠳᠡᠯᠮᠤᠷᠢ ᠬᠦᠴᠤᠨ ᠬᠡᠷᠡᠭᠯᠡᠬᠦ ᠬᠠᠮᠢᠶᠠᠷᠤᠯᠳᠠ ᠵᠢᠴᠢ ᠤᠯᠤᠰ ᠤᠨ ᠦᠮᠴᠢᠯᠠᠯᠳᠤ ᠬᠦᠷᠤᠩᠬᠡ ᠶᠢᠨ ᠠᠰᠢᠭ ᠤᠯᠵᠠᠪᠤᠷᠢ ᠶᠢᠨ | ᠬᠠᠮᠢᠶᠠᠷᠤᠯᠳᠠ ᠵᠡᠷᠬᠡ 2 ᠲᠦᠷ ᠬᠡᠷᠡᠭᠵᠢᠬᠦᠯᠬᠦ ᠠᠷᠭ᠎ᠠ ᠶᠢ ᠨᠠᠶᠢᠳᠠᠯᠠᠨ᠂ ᠮᠠᠨ ᠤ ᠬᠤᠰᠢᠭᠤᠨ ᠤ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ | ᠲᠦᠯᠤᠪᠵᠢᠬᠦᠯᠬᠡ ᠪᠡᠯᠡ ᠤᠷᠤᠭᠤᠯᠤᠯᠳᠠ᠂ ᠦᠮᠴᠢᠯᠠᠯ ᠤᠨ ᠡᠷᠬᠡ ᠶᠢᠨ ᠬᠠᠮᠢᠶᠠᠷᠤᠯᠳᠠ᠂ ᠠᠵᠢᠯ ᠤᠨ ᠪᠦᠳᠤᠮᠵᠢ ᠶᠢᠨ ᠬᠢᠨᠠᠨ ᠰᠢᠯᠭᠠᠷᠠᠭᠤᠯᠤᠯᠳᠠ ᠵᠡᠷᠬᠡ 17 | ᠦᠨᠳᠤᠰᠤᠨ ᠬᠠᠮᠢᠶᠠᠷᠤᠯᠳᠠ ᠶᠢᠨ ᠲᠦᠷᠢᠮ ᠢ ᠠᠩᠬ᠎ᠠ ᠠᠯᠬᠤᠮ ᠳᠤᠭᠳᠠᠭᠠᠪᠠ᠃ ᠳᠠᠪᠤ ᠳᠤ᠂ ᠨᠢᠭᠳᠠᠯᠠᠨ ᠪᠣᠳᠣᠯᠳᠠ ᠶᠢᠨ ᠮᠡᠳᠡᠭᠡ ᠵᠠᠩᠬᠢ ᠶᠢᠨ ᠴᠢᠨᠠᠷ᠂ ︽ | ᠭᠤᠷᠪᠠᠨ ᠠᠯᠪᠠᠨ︾ ᠤ ᠵᠠᠷᠣᠳᠠᠯ᠂ ᠲᠦᠰᠦᠪ ᠪᠠ ᠲᠦᠰᠦᠪ ᠤᠨ ᠭᠦᠢᠴᠡᠳᠭᠡᠯ ᠢ ᠢᠯᠡᠰᠢᠭᠦᠯᠬᠦ ᠬᠤᠯᠪᠣᠭᠳᠠᠯ ᠪᠦᠬᠦᠢ ᠬᠢᠨᠠᠯᠳᠠ ᠪᠠᠶᠢᠴᠠᠭᠠᠯᠳᠠ ᠶᠢ 5 ᠤᠳᠠᠭ᠎ᠠ | ᠪᠦᠬᠦ ᠲᠠᠯ᠎ᠠ ᠪᠠᠷ ᠦᠷᠨᠢᠭᠦᠯᠵᠣ᠂ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠳᠡ ᠶᠢᠨ ᠶᠠᠪᠣᠴᠠ ᠳᠠᠬᠢ ᠲᠦᠷᠢᠮ ᠲᠣᠭᠳᠠᠭᠠᠯ ᠵᠦᠷᠢᠴᠡᠭᠰᠡᠨ ᠠᠵᠢᠯᠯᠠᠭ᠎ᠠ ᠶᠢ | ᠡᠷᠡᠰ ᠬᠤᠷᠢᠭᠯᠠᠪᠠ᠃ ᠡᠭᠦᠨ ᠤ ᠬᠠᠮᠳᠦ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠ ᠲᠣᠳᠣᠭᠠᠳᠦ ᠬᠡᠷᠡᠭᠴᠡᠭᠡ ᠶᠢ ᠦᠷᠭᠡᠳᠬᠡᠬᠦ ᠵᠡᠷᠭᠡ ᠡᠳ᠋ ᠤᠨ ᠵᠠᠰᠠᠭ ᠤᠨ | ᠲᠣᠰᠬᠠᠢ ᠪᠡᠯᠡ ᠮᠦᠩᠭᠦᠨ ᠤ ᠬᠢᠨᠠᠨ ᠬᠠᠮᠢᠶᠠᠷᠣᠯᠳᠠ ᠶᠢ ᠤᠯᠠᠮ ᠴᠢᠩᠭᠠᠳᠬᠠᠨ᠂ ᠡᠳ᠋ ᠤᠨ ᠵᠠᠰᠠᠭ ᠤᠨ ᠦᠷ᠎ᠠ ᠠᠰᠢᠭ ᠤᠨ ᠬᠠᠮᠢᠶᠠᠷᠤᠯᠳᠠ ᠶᠢᠨ ᠲᠦᠪᠰᠢᠨ ᠢ | ᠪᠦᠳᠤᠮᠵᠢᠳᠠᠢ ᠰᠠᠶᠢᠵᠢᠷᠠᠭᠤᠯᠵᠤ᠂ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠳᠡ ᠶᠢᠨ ᠪᠦᠳᠦᠮᠵᠢ ᠶᠢ ᠲᠡᠭᠡᠭᠰᠢᠯᠡᠭᠦᠯᠪᠡ᠃ ᠵᠢᠷᠭᠤᠭ᠎ᠠ ᠳᠤ᠂ ︽ | ᠬᠠᠷᠢᠭᠤᠴᠠᠯᠭ᠎ᠠ ᠳᠤᠳᠤ᠂ ᠪᠦᠳᠤᠴᠠ ᠵᠤᠬᠢᠮᠵᠢᠳᠠᠢ᠂ ᠠᠵᠢᠯᠯᠠᠮᠵᠢ ᠪᠥᠳᠥᠮᠵᠢᠳᠠᠢ᠂ ᠳᠤᠭᠳᠠᠴᠠ ᠡᠷᠴᠢᠮᠳᠠᠢ︾ ᠪᠠᠶᠢᠬᠤ ᠵᠠᠷᠴᠢᠮ ᠶᠤᠰᠤᠭᠠᠷ᠂ ᠲᠦᠰᠤᠪ | ᠳᠤᠭᠳᠠᠭᠠᠯᠳᠠ᠂ ᠲᠦᠰᠤᠪ ᠤᠨ ᠬᠦᠢᠴᠡᠤᠨᠬᠡᠯᠳᠠ ᠪᠤᠯᠤᠨ ᠪᠠᠶᠢᠭᠤᠯᠭ᠎ᠠ ᠶᠢᠨ ᠠᠵᠢᠯ ᠳᠤᠮᠳᠠᠬᠢ ᠳᠠᠯᠳᠠ ᠲᠦᠭᠰᠢᠬᠦᠷᠢ ᠶᠢ ᠪᠠᠶᠢᠴᠠᠭᠠᠨ ᠴᠡᠭᠴᠡᠯᠡᠵᠤ᠂ ᠡᠳ᠋ ᠤᠨ | ᠵᠠᠰᠠᠭ ᠤᠨ ᠳᠤᠳᠤᠭᠠᠳᠤ ᠡᠵᠡᠮᠰᠢᠯ ᠤᠨ ᠲᠦᠷᠢᠮ ᠪᠠ 8 ᠵᠦᠢᠯ ᠤᠨ ᠳᠤᠳᠤᠭᠠᠳᠤ ᠡᠵᠡᠮᠰᠢᠯ ᠤᠨ ᠠᠷᠭ᠎ᠠ ᠶᠢ ᠳᠤᠭᠳᠠᠭᠠᠨ᠂ ᠳᠤᠳᠤᠭᠠᠳᠤ ᠡᠵᠡᠮᠰᠢᠯ ᠢ | ᠲᠦᠷᠢᠮᠵᠢᠭᠦᠯᠵᠣ᠂ ᠡᠳ᠋ ᠤᠨ ᠵᠠᠰᠠᠭ ᠤᠨ ᠳᠤᠳᠤᠭᠠᠳᠤ ᠬᠠᠮᠢᠶᠠᠷᠤᠯᠳᠠ ᠶᠢᠨ ᠴᠢᠳᠠᠪᠬᠢ ᠶᠢ ᠲᠡᠭᠡᠭᠰᠢᠯᠡᠭᠦᠯᠪᠡ᠃ ᠳᠤᠯᠤᠭ᠎ᠠ ᠳᠤ᠂ ᠪᠡᠯᠡ ᠮᠦᠩᠬᠦ ᠶᠢᠨ ᠪᠠᠶᠢᠴᠠᠭᠠᠯᠳᠠ | ᠶᠢ ᠥᠷᠭᠡᠳᠭᠡᠭᠦ᠂ ᠬᠦᠮᠤᠨ ᠤ ᠲᠤᠭ᠎ᠠ ᠶᠢ ᠱᠠᠳᠤ ᠲᠠᠷᠠᠭᠠᠯᠠᠨ ᠴᠡᠭᠴᠡᠯᠡᠬᠦ ᠠᠷᠭ᠎ᠠ ᠶᠢ ᠤᠶᠠᠯᠳᠤᠭᠤᠯᠤᠨ ᠠᠰᠠᠭᠤᠳᠠᠯ ᠢᠯᠡᠷᠡᠬᠦᠯᠬᠦ ᠠᠷᠭ᠎ᠠ ᠪᠠᠷ ︽ᠨᠢᠬᠡ ᠺᠠᠷᠲ ᠢᠶᠠᠷ | ᠤᠯᠭᠤᠬᠤ︾ ᠶᠢ ᠪᠠᠶᠢᠴᠠᠭᠠᠨ ᠬᠢᠨᠠᠬᠤ ᠠᠵᠢᠯ ᠢ ᠪᠦᠬᠦ ᠳᠠᠯ᠎ᠠ ᠪᠠᠷ ᠦᠷᠨᠢᠬᠦᠯᠵᠤ᠂ 21 ᠭᠥᠮᠥᠨ ᠪᠠ 2.95 ᠲᠥᠮᠡᠨ ᠲᠥᠭᠦᠷᠢᠭ ᠲᠠᠢ ᠬᠤᠯᠪᠤᠭᠳᠠᠭᠰᠠᠨ 4 | ᠲᠥᠷᠥᠯ ᠤᠨ ᠠᠰᠠᠭᠤᠳᠠᠯ ᠢ ᠢᠯᠡᠷᠡᠭᠦᠯᠥᠨ᠂ ᠪᠥᠭᠦᠨ ᠢ ᠵᠠᠯᠠᠷᠠᠭᠤᠯᠤᠨ ᠴᠡᠭᠴᠡᠯᠡᠵᠤ᠂ ︽ᠨᠢᠬᠡ ᠺᠠᠷᠲ ᠢᠶᠠᠷ ᠤᠯᠭᠤᠬᠤ︾ ᠪᠡᠯᠡ ᠮᠦᠩᠬᠦ ᠶᠢ ᠴᠠᠭ ᠳᠤᠬᠠᠢ ᠳᠤ ᠨᠢ | ᠤᠨᠤᠪᠴᠢᠳᠠᠢ ᠠᠮᠤᠷ ᠲᠦᠪᠰᠢᠨ ᠢᠶᠠᠷ ᠤᠯᠭᠤᠬᠤ ᠶᠢ ᠪᠦᠳᠤᠮᠵᠢᠳᠠᠢ ᠪᠠᠳᠤᠯᠠᠪᠠ᠃ 2018 ᠤᠨ ᠳᠤ ︽ᠨᠢᠬᠡ ᠺᠠᠷᠲ ᠢᠶᠠᠷ ᠤᠯᠭᠤᠬᠤ︾ ᠪᠠᠷ ᠳᠠᠮᠵᠢᠭᠤᠯᠤᠨ ᠮᠠᠯ | ᠳᠠᠷᠢᠶᠠᠯᠠᠩ ᠢ ᠬᠠᠷᠠᠭᠠᠯᠵᠠᠬᠤ ᠡᠯ᠎ᠡ ᠵᠦᠢᠯ ᠤᠨ ᠨᠦᠬᠦᠪᠤᠷᠢ ᠶᠢᠨ ᠮᠦᠩᠬᠦ ᠶᠢ 1.94 ᠳ᠋ᠦᠩᠰᠢᠭᠤᠷ ᠲᠦᠬᠦᠷᠢᠭ ᠳᠠᠯᠪᠢᠵᠤ᠂ 24741 ᠮᠠᠯᠴᠢᠨ ᠳᠠᠷᠢᠶᠠᠴᠢᠨ | ᠡᠷᠤᠬᠡ ᠳᠤ ᠠᠰᠢᠭ ᠬᠦᠷᠳᠡᠬᠡᠨ᠂ ᠡᠷᠤᠬᠡ ᠪᠦᠷᠢ ᠳᠤᠮᠳᠠᠴᠢ ᠪᠠᠷ 7841 ᠲᠦᠬᠦᠷᠢᠭ ᠤᠨ ᠠᠰᠢᠭ ᠬᠦᠷᠳᠡᠪᠡ᠃ | ᠲᠦᠯᠤᠬᠡᠯᠡᠭᠴᠢᠤᠨ ᠡ᠂ ᠪᠢᠳᠠ ᠠᠮᠵᠢᠯᠳᠠ ᠪᠠᠨ ᠨᠣᠳᠠᠯᠠᠬᠤ ᠶᠢᠨ ᠬᠠᠮᠳᠦ ᠣᠳᠣᠬᠠᠨ ᠤ ᠡᠳ᠋ ᠤᠨ ᠵᠠᠰᠠᠭ ᠤᠨ ᠡᠷᠬᠢᠯᠳᠡ ᠲᠣᠮᠳᠠ ᠪᠠᠰᠠ ᠨᠢᠭᠡ ᠪᠦᠯᠦᠭ | ᠣᠮᠳᠣᠭᠠᠶᠢᠯᠠᠵᠣ ᠪᠣᠯᠣᠰᠢ ᠦᠭᠡᠢ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠬᠤ ᠶᠢ ᠭᠦᠨᠵᠡᠭᠡᠢ ᠲᠠᠨᠢᠬᠤ ᠬᠡᠷᠡᠭᠳᠡᠢ᠃ ᠭᠤᠣᠯᠳᠠᠭᠤ᠄ ᠡᠳ᠋ ᠤᠨ ᠬᠦᠴᠤᠨ ᠪᠠ | ᠪᠡᠯᠡ ᠮᠦᠩᠬᠦᠨ ᠤ ᠳᠠᠪᠬᠤᠷ ᠨᠦᠯᠤᠬᠡᠯᠡᠯ ᠳᠤᠤᠷ᠎ᠠ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠤᠨᠴᠠᠭᠠᠢ ᠳᠤᠪᠤᠶᠢᠮ᠎ᠠ᠂ | ᠠᠷᠠᠤᠨ ᠤᠨ ᠠᠮᠢᠳᠤᠷᠠᠯ᠂ ᠦᠷᠢ ᠦᠭᠴᠡᠭᠡ ᠶᠢ ᠢᠯᠭᠠᠷᠠᠭᠤᠯᠬᠤ ᠪᠠᠳᠤᠯᠠᠭ᠎ᠠ ᠶᠢᠨ ᠬᠦᠴᠤᠯᠡᠴᠠ ᠶᠢ ᠶᠡᠬᠡᠤᠨᠬᠡᠬᠦ ᠴᠢᠬᠤᠯᠠᠳᠠᠢ ᠪᠤᠢ︔ ᠳᠡᠬᠡᠳᠤ ᠱᠠᠳᠤᠨ ᠤ ᠲᠦᠷᠤ | ᠶᠢᠨ ᠪᠤᠳᠤᠯᠭ᠎ᠠ᠂ ᠪᠡᠯᠡ ᠮᠦᠬᠦ ᠶᠢ ᠴᠢᠷᠮᠠᠶᠢᠨ ᠤᠯᠬᠤ ᠬᠦᠴᠤᠯᠡᠴᠠ ᠪᠠᠨ ᠮᠦᠨ ᠯᠠ ᠴᠢᠩᠭᠠᠤᠨᠬᠠᠬᠤ ᠴᠢᠬᠤᠯᠠᠳᠠᠢ᠂ ᠡᠳ᠋ ᠤᠨ ᠵᠠᠰᠠᠭ ᠤᠨ ᠴᠢᠳᠠᠪᠬᠢ ᠪᠠᠨ | ᠪᠠᠳᠠᠷᠠᠭᠤᠯᠬᠤ᠂ ᠠᠵᠢᠯ ᠤᠨ ᠰᠤᠷᠳᠠᠯ ᠢᠶᠠᠨ ᠦᠬᠡᠷᠡᠴᠢᠯᠡᠬᠦ ᠳᠠᠯ᠎ᠠ ᠪᠠᠷ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠᠳᠠᠢ ᠪᠤᠢ︔ ᠡᠳ᠋ ᠤᠨ ᠵᠠᠰᠠᠭ ᠤᠨ ᠵᠡᠷᠢᠮ | ᠪᠡᠯᠡ ᠮᠦᠩᠬᠦ ᠶᠢᠨ ᠬᠡᠷᠡᠭᠯᠡᠯᠳᠠ ᠶᠢᠨ ᠪᠦᠳᠤᠮᠵᠢ ᠦᠨᠳᠤᠷ ᠪᠤᠰᠤ᠂ ᠡᠳ᠋ ᠤᠨ ᠠᠰᠢᠭ ᠤᠨ ᠦᠷ᠎ᠠ ᠠᠰᠢᠭ ᠤᠨ ᠦᠨᠡᠯᠡᠯᠳᠠ ᠶᠢᠨ ᠠᠵᠢᠯ ᠢ ᠢᠳᠡᠪᠬᠢᠳᠠᠢ ᠠᠬᠢᠭᠤᠯᠬᠤ | ᠴᠢᠬᠤᠯᠠᠳᠠᠢ ᠪᠠᠶᠢᠭᠰᠠᠭᠠᠷ᠃ ᠪᠢᠳᠠ ᠡᠳᠡᠭᠡᠷ ᠠᠰᠠᠭᠤᠳᠠᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠡᠷᠴᠢᠮ ᠲᠠᠢ ᠠᠷᠭ᠎ᠠ ᠬᠡᠮᠵᠢᠶ᠎ᠡ ᠠᠪᠴᠦ᠂ ᠰᠣᠳᠣᠯᠣᠨ | ᠰᠢᠢᠳᠪᠦᠷᠢᠯᠡᠬᠦ ᠪᠠᠷ ᠴᠢᠷᠮᠠᠶᠢᠨ᠎ᠠ᠃ | ᠬᠤᠶᠠᠷ᠂ 2019 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ︵ᠨᠢᠬᠡ︶ 2019 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ | ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠪᠤᠳᠠᠳᠠᠶᠢᠵᠢᠭᠤᠯᠵᠤ᠂ ᠨᠠᠮ ᠤᠨ ᠲᠦᠪ ᠬᠤᠷᠢᠶ᠎ᠠ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠰᠢᠢᠤᠨᠪᠤᠷᠢᠳᠤ | ᠪᠤᠳᠤᠯᠭ᠎ᠠ ᠶᠢᠨ ᠳᠤᠬᠢᠷᠠᠭᠤᠯᠤᠯᠳᠠ ᠶᠤᠰᠤᠭᠠᠷ᠂ ᠯᠠᠪᠳᠠᠭᠤᠨ ᠢᠶᠠᠷ ᠠᠬᠢᠭᠤᠯᠬᠤ ᠠᠵᠢᠯ ᠤᠨ ᠶᠡᠷᠤᠩᠬᠡᠢ ᠱᠠᠭᠠᠷᠳᠠᠯᠭ᠎ᠠ ᠶᠢ ᠡᠵᠡᠮᠳᠠᠨ᠂ ᠰᠢᠨ᠎ᠠ ᠬᠦᠭᠵᠢᠬᠦᠯᠤᠯᠳᠠ ᠶᠢᠨ | ᠦᠵᠡᠯᠳᠠ ᠪᠠ ᠴᠢᠨᠠᠷᠯᠢᠭ ᠬᠦᠭᠵᠢᠯᠳᠠ ᠶᠢᠨ ᠱᠠᠭᠠᠷᠳᠠᠯᠭ᠎ᠠ ᠶᠢ ᠪᠠᠷᠢᠮᠳᠠᠯᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠶᠢ ᠪᠦᠬᠦ ᠳᠠᠯ᠎ᠠ ᠪᠠᠷ | ᠴᠢᠩᠭᠠᠤᠨᠬᠠᠨ᠂ ᠡᠳ᠋ ᠤᠨ ᠵᠠᠰᠠᠭ ᠮᠦᠩᠬᠦᠨ ᠭᠥᠢᠯᠭᠡᠭᠡᠨ ᠤ ᠲᠥᠭᠰᠢᠬᠦᠷᠢ ᠶᠢ ᠪᠦᠬᠦ ᠳᠠᠯ᠎ᠠ ᠪᠠᠷ ᠬᠠᠮᠢᠶᠠᠷᠤᠨ ᠰᠡᠷᠬᠡᠶᠢᠯᠡᠵᠤ᠂ ᠡᠳ᠋ ᠤᠨ ᠵᠠᠰᠠᠭ ᠤᠨ ᠦᠬᠡᠷᠡᠴᠢᠯᠡᠯᠳᠠ | ᠰᠢᠨᠡᠴᠢᠯᠠᠯᠳᠠ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠤᠨ᠂ ᠨᠤᠴᠢᠳᠠᠢ ᠲᠥᠭᠰᠢᠭᠦᠷᠢ ᠶᠢ ᠰᠡᠷᠬᠡᠶᠢᠯᠡᠨ ᠰᠢᠢᠤᠨᠪᠤᠷᠢᠯᠡᠬᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠭᠤᠷᠪᠠᠨ ᠶᠡᠭᠡ ᠰᠢᠪᠳᠤᠯᠤᠯᠳᠠ ᠶᠢᠨ ᠠᠵᠢᠯ ᠢ ᠰᠠᠶᠢᠳᠤᠷ ᠬᠢᠬᠦ ᠪᠠ ᠬᠦᠭᠵᠢᠯᠳᠠ᠂ ᠠᠷᠠᠤᠨ ᠤᠨ ᠠᠮᠢᠳᠤᠷᠠᠯ | ᠂ ᠠᠮᠢ ᠠᠬᠤᠢ ᠭᠤᠷᠪᠠᠨ ᠬᠤᠷᠢᠭ᠎ᠠ ᠱᠤᠭᠤᠮ ᠢ ᠰᠠᠶᠢᠳᠤᠷ ᠰᠠᠬᠢᠬᠤ ᠳᠤ ᠯᠠᠪᠳᠠᠭᠤᠨ ᠪᠠᠳᠤᠳᠠᠢ ᠡᠳ᠋ ᠤᠨ ᠬᠦᠴᠤᠨ ᠤ ᠪᠠᠳᠤᠯᠠᠭ᠎ᠠ ᠬᠠᠩᠭᠠᠨ᠎ᠠ᠃ | ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠪᠠ | ᠨᠢᠬᠡ ᠳᠤ᠂ ᠦᠨᠡᠨ ᠠᠴᠠ ᠪᠤᠳᠠᠳᠠᠢ ᠶᠢ ᠡᠷᠢᠯᠬᠢᠯᠡᠨ᠂ ᠢᠳᠡᠪᠬᠢᠳᠠᠢ ᠯᠠᠪᠳᠠᠭᠤᠨ ᠠᠵᠢᠯᠯᠠᠨ᠎ᠠ᠃ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ | ᠦᠷᠳᠡᠭ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠬᠦᠭᠵᠢᠯᠳᠠ ᠶᠢᠨ ᠬᠠᠷᠠᠯᠳᠠ ᠲᠠᠢ ᠵᠤᠬᠢᠴᠠᠭᠤᠯᠤᠨ᠂ ᠭᠤᠤᠯᠳᠠᠯᠭᠠᠳᠤ | ᠲᠦᠷᠤᠯ ᠵᠦᠢᠯ ᠤᠨ ᠤᠷᠤᠭᠤᠯᠤᠯᠳᠠ ᠠᠰᠢᠭᠯᠠᠯᠳᠠ᠂ ᠲᠦᠷᠤ ᠶᠢᠨ ᠪᠤᠳᠤᠯᠭ᠎ᠠ ᠶᠢᠨ ᠴᠢᠨᠠᠷᠳᠠᠢ ᠭᠠᠶᠢᠯᠢ ᠶᠢ ᠪᠠᠭᠠᠰᠬᠠᠨ ᠵᠠᠷᠤᠳᠠᠯ ᠢ ᠪᠠᠭᠤᠷᠠᠭᠤᠯᠬᠤ ᠵᠡᠷᠬᠡ ᠨᠡᠮᠡᠭᠳᠡᠯ | ᠬᠠᠰᠤᠭᠳᠠᠯ ᠤᠨ ᠭᠥᠴᠥᠨ ᠵᠥᠢᠯ ᠢ ᠪᠤᠳᠤᠯᠬᠢᠯᠡᠨ᠂ ᠦᠨᠡᠨ ᠠᠴᠠ ᠪᠤᠳᠠᠳᠠᠢ ᠢ ᠡᠷᠢᠨ ᠤᠷᠤᠯᠭ᠎ᠠ ᠶᠢᠨ ᠵᠢᠱᠢᠭᠰᠡᠨ ᠬᠠᠷᠠᠯᠳᠠ ᠶᠢ ᠳᠤᠭᠳᠠᠭᠠᠨ᠎ᠠ᠃ ᠨᠢᠬᠡᠳᠤᠯᠳᠠᠢ | ᠲᠦᠰᠤᠪ ᠳᠤᠭᠳᠠᠭᠠᠯᠳᠠ᠂ ᠨᠢᠬᠡᠳᠤᠯᠳᠠᠢ ᠬᠡᠷᠡᠭᠵᠢᠬᠦᠯᠤᠯᠳᠠ ᠬᠠᠮᠢᠶᠠᠷᠤᠯᠳᠠ᠂ ᠨᠢᠭᠡᠳᠥᠯᠳᠡᠢ ᠳᠤᠬᠢᠷᠠᠭᠤᠯᠭ᠎ᠠ ᠬᠡᠷᠡᠭᠯᠡᠯᠳᠠ ᠶᠢᠨ ᠵᠠᠷᠴᠢᠮ ᠶᠤᠰᠤᠭᠠᠷ᠂ | ᠶᠡᠷᠤᠩᠬᠡᠶᠢᠯᠡᠭᠰᠡᠨ ᠲᠦᠰᠤᠪ ᠤᠨ ᠬᠠᠮᠢᠶᠠᠷᠤᠯᠳᠠ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠤᠨ᠂ ᠳᠤᠭᠳᠠᠭᠠᠬᠤ ᠶᠤᠰᠤᠳᠠᠢ ᠶᠢ ᠨᠢ ᠳᠤᠭᠳᠠᠭᠠᠵᠤ᠂ ᠤᠷᠤᠭᠤᠯᠬᠤ | ᠶᠤᠰᠤᠳᠠᠢ ᠶᠢ ᠨᠢ ᠤᠷᠤᠭᠤᠯᠤᠨ᠎ᠠ᠃ | ᠬᠤᠶᠠᠷ ᠲᠤ᠂ ᠨᠢᠬᠡᠳᠣᠯᠲᠡᠢ ᠲᠦᠯᠦᠪᠵᠢᠬᠦᠯᠣᠨ ᠨᠡᠶᠢᠳᠡ ᠳᠤᠨᠢ ᠬᠠᠷᠠᠭᠠᠯᠵᠠᠵᠣ᠂ ᠭᠤᠤᠯᠳᠠᠯᠭ᠎ᠠ ᠶᠢ ᠪᠠᠳᠣᠯᠠᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠬᠦᠯᠣᠨ ᠲᠣᠬᠢᠷᠠᠭᠤᠯᠵᠣ᠂ ︽ᠡᠷᠬᠢᠯᠳᠠ ᠶᠢ ᠪᠠᠳᠣᠯᠠᠬᠤ᠂ ᠦᠨᠳᠦᠰᠦᠨ ᠠᠷᠠᠳ ᠤᠨ ᠠᠮᠢᠳᠣᠷᠠᠯ ᠢ ᠪᠠᠳᠣᠯᠠᠬᠤ᠂ ᠦᠷᠢ ᠦᠭᠴᠡᠭᠡᠨ ᠤ | ᠰᠢᠢᠳᠪᠣᠷᠢᠯᠡᠯᠲᠡ ᠶᠢ ᠪᠠᠳᠣᠯᠠᠬᠤ᠂ ᠬᠦᠭᠵᠢᠯᠲᠡ ᠶᠢ ᠠᠬᠢᠭᠤᠯᠬᠤ︾ ᠵᠠᠷᠴᠢᠮ ᠢ ᠢᠮᠠᠭᠲᠠ ᠪᠠᠷᠢᠮᠲᠠᠯᠠᠵᠣ᠂ ᠠᠷᠪᠢᠯᠠᠨ ᠭᠠᠮᠨᠠᠬᠤ ᠣᠷᠲᠣ ᠬᠤᠭᠤᠴᠠᠭᠠᠨ ᠤ | ᠪᠦᠲᠦᠮᠵᠢᠲᠣ ᠲᠣᠭᠳᠠᠴᠠ ᠶᠢ ᠪᠠᠶᠢᠭᠤᠯᠣᠨ᠂ ᠵᠠᠰᠠᠭ ᠤᠨ ᠣᠷᠳᠣᠨ ᠤ ᠦᠷᠢ ᠦᠭᠴᠡᠭᠡ ᠶᠢ ᠪᠦᠬᠦ ᠲᠠᠯ᠎ᠠ ᠪᠠᠷ ᠡᠵᠡᠮᠳᠡᠨ ᠬᠠᠮᠢᠶᠠᠷᠴᠣ᠂ ᠡᠳ᠋ ᠤᠨ ᠵᠠᠰᠠᠭ ᠮᠦᠩᠬᠦᠨ | ᠬᠦᠢᠯᠬᠡᠬᠡᠨ ᠤ ᠲᠦᠭᠰᠢᠬᠦᠷᠢ ᠡᠬᠦᠰᠬᠦ ᠦᠬᠡᠢ ᠪᠠᠶᠢᠬᠤ ᠶᠢ ᠪᠠᠳᠣᠯᠠᠨ᠎ᠠ᠃ | ᠭᠤᠷᠪᠠ ᠳᠤ᠂ ᠦᠬᠡᠷᠡᠴᠢᠯᠡᠯᠲᠡ ᠶᠢ ᠬᠦᠨᠵᠡᠬᠡᠶᠢᠷᠡᠬᠦᠯᠣᠨ᠂ ᠰᠢᠨᠵᠢᠯᠡᠬᠦ ᠣᠬᠠᠭᠠᠨᠴᠢ ᠪᠠᠷ ᠲᠦᠷᠢᠮᠵᠢᠬᠦᠯᠣᠨᠠ᠃ ︽ᠲᠦᠰᠤᠪ ᠤᠨ ᠬᠠᠤᠯᠢ︾ ᠵᠡᠷᠬᠡ ᠡᠳ᠋ | ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠦᠷᠢᠮ ᠢ ᠴᠢᠩᠭ᠎ᠠ ᠬᠡᠷᠡᠭᠵᠢᠬᠦᠯᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠤᠭᠳᠠᠴᠠ ᠶᠢᠨ | ᠦᠬᠡᠷᠡᠴᠢᠯᠡᠯᠳᠠ ᠶᠢᠨ ᠠᠵᠢᠯ ᠤᠨ ᠡᠬᠦᠷᠬᠡ ᠶᠢ ᠪᠦᠬᠦ ᠳᠠᠯ᠎ᠠ ᠪᠠᠷ ᠪᠤᠳᠠᠳᠠᠶᠢᠵᠢᠭᠤᠯᠤᠨ ᠬᠦᠨᠵᠡᠬᠡᠶᠢᠷᠡᠬᠦᠯᠵᠤ᠂ ᠲᠦᠰᠤᠪ ᠤᠨ ᠬᠠᠮᠢᠶᠠᠷᠤᠯᠳᠠ ᠶᠢᠨ ᠲᠦᠷᠢᠮ ᠤᠨ | ᠦᠬᠡᠷᠡᠴᠢᠯᠡᠯᠳᠠ ᠶᠢᠨ ᠠᠷᠭ᠎ᠠ ᠠᠪᠴᠠᠯ ᠤᠨ ᠪᠤᠳᠠᠳᠠᠶᠢᠵᠢᠭᠤᠯᠤᠯᠳᠠ ᠶᠢ ᠲᠦᠷᠬᠡᠤᠨᠬᠡᠨ᠂ ᠰᠠᠯᠠᠭ᠎ᠠ ᠮᠦᠴᠢᠷ ᠤᠨ ᠲᠦᠰᠤᠪ ᠤᠨ ᠳᠤᠭᠳᠠᠭᠠᠯᠳᠠ ᠪᠠ | ᠬᠡᠷᠡᠭᠵᠢᠬᠦᠯᠤᠯᠳᠠ ᠶᠢᠨ ᠭᠤᠤᠯ ᠴᠤᠭᠴᠠ ᠶᠢᠨ ᠤᠶᠢᠯᠡᠳᠤᠯ ᠢ ᠨᠠᠩ ᠰᠠᠶᠢᠳᠤᠷ ᠪᠠᠳᠠᠷᠠᠭᠤᠯᠤᠨ᠎ᠠ᠃ | ᠲᠦᠷᠪᠡ ᠳᠤ᠂ ᠬᠠᠮᠢᠶᠠᠷᠤᠯᠳᠠ ᠶᠢ ᠴᠢᠩᠭᠠᠤᠨᠬᠠᠵᠤ᠂ ᠦᠷ᠎ᠠ ᠠᠰᠢᠭ ᠢ ᠴᠢᠬᠤᠯᠠᠴᠢᠯᠠᠨ᠎ᠠ᠃ ᠡᠳ᠋ ᠤᠨ ᠵᠠᠰᠠᠭ ᠠᠵᠣ ᠠᠬᠤᠢ ᠶᠢᠨ ᠰᠠᠬᠢᠯᠭ᠎ᠠ ᠶᠢ ᠣᠯᠠᠮ | ᠴᠢᠩᠳᠡᠯᠡᠵᠤ᠂ ᠡᠳ᠋ ᠤᠨ ᠵᠠᠰᠠᠭ ᠤᠨ ᠲᠦᠰᠦᠪ ᠪᠠ ᠲᠥᠰᠥᠪ ᠤᠨ ᠭᠦᠢᠴᠡᠳᠬᠡᠯ᠂ ᠰᠠᠯᠠᠭ᠎ᠠ ᠮᠦᠴᠢᠷ ᠤᠨ ᠲᠦᠰᠦᠪ ᠪᠠ ᠲᠥᠰᠥᠪ ᠤᠨ ᠭᠦᠢᠴᠡᠳᠬᠡᠯ᠂ ︽ | ᠭᠤᠷᠪᠠᠨ ᠠᠯᠪᠠᠨ︾ ᠤ ᠵᠠᠷᠣᠳᠠᠯ ᠤᠨ ᠲᠦᠰᠦᠪ ᠪᠠ ᠲᠥᠰᠥᠪ ᠤᠨ ᠭᠦᠢᠴᠡᠳᠬᠡᠯ ᠢ ᠬᠠᠤᠯᠢ ᠲᠣᠭᠳᠠᠭᠠᠯ ᠶᠣᠰᠣᠭᠠᠷ ᠴᠠᠭ ᠲᠣᠬᠠᠢ ᠳᠤ ᠨᠢ ᠢᠯᠡᠰᠢᠭᠦᠯᠦᠨᠡ᠃ ᠡᠳ᠋ | ᠤᠨ ᠵᠠᠰᠠᠭ ᠤᠨ ᠬᠠᠳᠠᠭᠠᠯᠠᠯᠳᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠡᠳ᠋ ᠤᠨ ᠵᠠᠰᠠᠭ ᠤᠨ ᠪᠡᠯᠡ ᠮᠦᠩᠭᠦ ᠶᠢᠨ ᠨᠢᠭᠡᠳᠦᠯᠳᠡᠢ ᠲᠦᠯᠦᠪᠵᠢᠭᠦᠯᠦᠭᠰᠡᠨ | ᠬᠡᠷᠡᠭᠯᠡᠯᠳᠠ ᠶᠢ ᠠᠬᠢᠭᠤᠯᠵᠣ᠂ ᠡᠳ᠋ ᠤᠨ ᠵᠠᠰᠠᠭ ᠤᠨ ᠪᠡᠯᠡ ᠮᠦᠩᠬᠦ ᠶᠢᠨ ᠦᠷ᠎ᠠ ᠠᠰᠢᠭ ᠤᠨ ᠦᠨᠡᠯᠡᠯᠳᠠ ᠶᠢᠨ ᠬᠠᠮᠢᠶᠠᠷᠤᠯᠳᠠ ᠶᠢᠨ ᠠᠵᠢᠯ ᠢ ᠪᠦᠬᠦ ᠳᠠᠯ᠎ᠠ ᠪᠠᠷ | ᠦᠷᠨᠢᠬᠦᠯᠵᠤ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠡᠩ ᠤᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ | 2019 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠣᠷᠣᠯᠭ᠎ᠠ ᠶᠢ 36.52 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠡᠬᠦᠨ ᠳᠤ᠄ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠵᠢᠱᠢᠭᠰᠡᠨ ᠢᠶᠠᠷ 12 | ᠳ᠋ᠦᠩᠰᠢᠭᠤᠷ ᠲᠦᠬᠦᠷᠢᠭ ᠪᠡᠶᠡᠯᠡᠭᠦᠯᠵᠤ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.87 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠪᠠᠭᠳᠠᠭᠠᠨ᠎ᠠ︶ | ᠂ ᠠᠳᠠᠯᠢ ᠬᠤᠭᠤᠴᠠᠭᠠᠨ ᠤ ᠬᠢ ᠠᠴᠠ 41.18% ᠦᠰᠬᠡᠨ᠎ᠠ ︵2018 ᠤᠨ ᠤ ᠪᠤᠳᠠᠳᠤ ᠤᠷᠤᠯᠭ᠎ᠠ ᠠᠴᠠ 13.64% ᠦᠰᠬᠡᠨᠡ︶︔ ᠳᠡᠬᠡᠳᠤ ᠱᠠᠳᠤᠨ | ᠠᠴᠠ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ ᠢᠶᠠᠷ 19.56 ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 9. | 95% ᠦᠰᠬᠡᠨ᠎ᠠ︔ ᠳᠡᠬᠡᠷ᠎ᠠ ᠵᠢᠯ ᠤᠨ ᠦᠯᠡᠳᠡᠪᠤᠷᠢ 4.96 ᠳ᠋ᠦᠩᠰᠢᠭᠤᠷ ᠲᠦᠬᠦᠷᠢᠭ ︵ᠰᠢᠨ᠎ᠠ ᠪᠠᠷ ᠨᠡᠮᠡᠭᠳᠡᠭᠰᠡᠨ ᠦᠭᠴᠡᠬᠡᠨ ᠤ ᠳᠡᠮᠳᠡᠭᠳᠤ ᠪᠡᠯᠡ ᠮᠦᠩᠬᠦ ᠶᠢᠨ | ᠦᠯᠡᠳᠠᠪᠤᠷᠢ 2.78 ᠳ᠋ᠦᠩᠰᠢᠭᠤᠷ ᠲᠦᠬᠦᠷᠢᠭ ᠢ ᠪᠠᠭᠳᠠᠭᠠᠨ᠎ᠠ︶᠃ | 2. ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ | ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2019 ᠤᠨ | ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 36.52 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ︵ᠱᠠᠩᠬᠠᠢ | ᠶᠢᠨ ᠰᠦᠮ᠎ᠠ ᠨᠡᠬᠡᠬᠡᠯᠳᠠ ᠶᠢᠨ ᠤᠷᠤᠨ ᠤ 0.75 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠂ ᠠᠳᠠᠯᠢ ᠬᠤᠭᠤᠴᠠᠭᠠᠨ ᠠᠴᠠ 23.75% | ᠨᠡᠮᠡᠭᠳᠡᠬᠦᠯᠤᠨ᠎ᠠ ︵2018 ᠤᠨ ᠤ ᠪᠤᠳᠠᠳᠤ ᠵᠠᠷᠤᠯᠭ᠎ᠠ ᠠᠴᠠ 19.35% ᠨᠡᠮᠡᠭᠳᠡᠬᠦᠯᠤᠨ᠎ᠠ︶᠃ | (1) ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ 6.71 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 18.37% ᠶᠢ ᠡᠵᠡᠯᠡᠭᠦᠯᠦᠨ᠎ᠡ︔ ᠠᠯᠪᠠᠨ | ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ ᠶᠢᠨ ᠲᠦᠰᠤᠪ ᠢ 1.3 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ | ᠶᠢᠨ ᠡᠳ᠋ ᠤᠨ ᠲᠦᠰᠤᠪ ᠤᠨ ᠵᠠᠷᠤᠯᠭ᠎ᠠ ᠶᠢᠨ 3.56% ᠶᠢ ᠡᠵᠡᠯᠡᠭᠦᠯᠦᠨ᠎ᠡ︔ ᠲᠦᠷᠤᠯ ᠵᠦᠢᠯ ᠤᠨ ᠵᠠᠷᠤᠯᠭ᠎ᠠ ᠶᠢᠨ ᠲᠦᠰᠤᠪ ᠢ 28.51 ᠳ᠋ᠦᠩᠰᠢᠭᠤᠷ | ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 78.07% ᠶᠢ ᠡᠵᠡᠯᠡᠭᠦᠯᠦᠨ᠎ᠡ᠃ | (2) ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 2.83 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢᠨ 7.75% ᠶᠢ ᠡᠵᠡᠯᠡᠭᠦᠯᠦᠨ᠎ᠡ︔ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.65 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ | 1.78% ᠶᠢ ᠡᠵᠡᠯᠡᠭᠦᠯᠦᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 2.88 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨᠵᠠᠷᠤᠯᠭ᠎ᠠ ᠶᠢᠨ 7. | 89% ᠶᠢ ᠡᠵᠡᠯᠡᠭᠦᠯᠦᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.14 ᠳ᠋ᠥᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 0. | 38% ᠶᠢ ᠡᠵᠡᠯᠡᠭᠦᠯᠦᠨ᠎ᠡ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.38 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢᠨ 1.04% ᠶᠢ ᠡᠵᠡᠯᠡᠭᠦᠯᠦᠨ᠎ᠡ︔ | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.37 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ | ᠤᠨ ᠵᠠᠷᠤᠯᠭ᠎ᠠ ᠶᠢᠨ 3.75% ᠶᠢ ᠡᠵᠡᠯᠡᠭᠦᠯᠦᠨ᠎ᠡ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.79 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ | ᠵᠠᠰᠠᠭ ᠤᠨ ᠲᠦᠰᠤᠪ ᠤᠨ ᠵᠠᠷᠤᠯᠭ᠎ᠠ ᠶᠢᠨ 2.16% ᠶᠢ ᠡᠵᠡᠯᠡᠭᠦᠯᠦᠨ᠎ᠡ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.06 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢᠨ 0.16% ᠶᠢ ᠡᠵᠡᠯᠡᠭᠦᠯᠦᠨ᠎ᠡ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.43 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢᠨ 1.18% ᠶᠢ ᠡᠵᠡᠯᠡᠭᠦᠯᠦᠨ᠎ᠡ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.7 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ | ᠤᠨ ᠵᠠᠷᠤᠯᠭ᠎ᠠ ᠶᠢᠨ 1.92% ᠢ ᠡᠵᠡᠯᠡᠭᠦᠯᠦᠨ᠎ᠡ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.13 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ | ᠶᠢᠨ 0.36% ᠶᠢ ᠡᠵᠡᠯᠡᠭᠦᠯᠦᠨ᠎ᠡ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.05 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ | ᠤᠨ ᠲᠦᠰᠤᠪ ᠤᠨ ᠵᠠᠷᠤᠯᠭ᠎ᠠ ᠶᠢᠨ 0.14% ᠶᠢ ᠡᠵᠡᠯᠡᠭᠦᠯᠦᠨ᠎ᠡ︔ | 13︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.02 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ | ᠲᠥᠰᠥᠪ ᠤᠨ ᠵᠠᠷᠤᠯᠭ᠎ᠠ ᠶᠢᠨ 0.05% ᠶᠢ ᠡᠵᠡᠯᠡᠭᠦᠯᠥᠨ᠎ᠡ︔ | 14︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.07 ᠳ᠋ᠥᠩᠰᠢᠭᠤᠷ ᠲᠥᠭᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.19% ᠶᠢ ᠡᠵᠡᠯᠡᠭᠦᠯᠥᠨ᠎ᠡ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.02 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ | ᠤᠨ ᠵᠠᠷᠤᠯᠭ᠎ᠠ ᠶᠢᠨ 0.05% ᠶᠢ ᠡᠵᠡᠯᠡᠭᠦᠯᠥᠨ᠎ᠡ︔ | 16︶ ᠠᠮᠤ ᠪᠤᠳᠠᠭ᠎ᠠ ᠢᠳᠡᠰᠢᠨ ᠲᠤᠰᠤ ᠪᠠᠷᠠᠭ᠎ᠠ ᠨᠥᠭᠡᠴᠡᠯᠡᠭᠦ ᠠᠵᠢᠯ ᠤᠨ ᠵᠠᠷᠤᠯᠭ᠎ᠠ 0.01 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ | ᠤᠨ ᠲᠥᠰᠥᠪ ᠤᠨ ᠵᠠᠷᠤᠯᠭ᠎ᠠ ᠶᠢᠨ 0.03% ᠶᠢ ᠡᠵᠡᠯᠡᠭᠦᠯᠥᠨ᠎ᠡ︔ | 17︶ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠠᠷᠤᠯᠭ᠎ᠠ 0.06 ᠳ᠋ᠥᠩᠰᠢᠭᠤᠷ ᠲᠥᠭᠦᠷᠢᠭ᠂ ᠨᠡᠶᠢᠳᠡ | ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.16% ᠶᠢ ᠡᠵᠡᠯᠡᠭᠦᠯᠥᠨ᠎ᠡ︔ | 18︶ ᠪᠡᠯᠡᠳᠭᠡᠯ ᠵᠠᠷᠤᠳᠠᠯ 0.37 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 1.01% ᠶᠢ | ᠡᠵᠡᠯᠡᠭᠦᠯᠥᠨ᠎ᠡ︔ | 19︶ ᠪᠤᠰᠤᠳ ᠵᠠᠷᠤᠯᠭ᠎ᠠ 25.56 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 70% ᠶᠢ | ᠡᠵᠡᠯᠡᠭᠦᠯᠥᠨ᠎ᠡ᠂ ᠡᠭᠦᠨ ᠢ ᠨᠠᠷᠢᠨ ᠬᠤᠪᠢᠶᠠᠪᠠᠯ᠄ ᠱᠠᠩᠬᠠᠢ ᠶᠢᠨ ᠰᠥᠮ᠎ᠡ ᠶᠢᠨ ᠨᠡᠭᠡᠭᠡᠯᠳᠡ ᠶᠢᠨ ᠤᠷᠤᠨ ᠤ 0.75 ᠳ᠋ᠥᠩᠰᠢᠭᠤᠷ ᠲᠥᠭᠦᠷᠢᠭ ᠤᠨ ᠵᠠᠷᠤᠯᠭ᠎ᠠ︔ | ᠭᠥᠷᠥᠩᠭᠡ ᠮᠥᠩᠭᠦ ᠲᠠᠩᠰᠠᠯᠠᠭᠤᠯᠬᠤ 3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠥᠭᠵᠢᠭᠦᠯᠥᠯᠳᠡ ᠥᠭᠡᠷᠡᠴᠢᠯᠡᠯᠳᠡ ᠶᠢᠨ ᠲᠤᠪᠴᠢᠶ᠎ᠠ ᠠᠴᠠ ᠪᠠᠳᠤᠯᠠᠭᠰᠠᠨ | ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠭᠤᠤᠯᠳᠠᠯᠭᠠᠳᠤ ᠲᠥᠷᠥᠯ ᠵᠥᠢᠯ ᠢ ᠲᠥᠭᠦᠷᠴᠢᠯᠡᠭᠦ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠯᠪᠠᠨ | ᠲᠡᠷᠭᠡᠨ ᠤ ᠥᠭᠡᠷᠡᠴᠢᠯᠡᠯᠳᠡ ᠶᠢᠨ ᠠᠵᠢᠯ ᠤᠨ 0.59 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠤᠷᠤᠨ ᠰᠠᠭᠤᠴᠠ ᠶᠢᠨ ᠥᠭᠡᠷᠡᠴᠢᠯᠡᠯᠳᠡ ᠶᠢᠨ ᠨᠥᠭᠦᠪᠥᠷᠢ ᠶᠢᠨ | 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠤᠤᠷᠵᠢᠯ ᠬᠠᠮᠢᠶᠠᠷᠤᠯᠳᠠ ᠶᠢᠨ ᠭᠡᠰᠢᠭᠦᠳ ᠤᠨ ᠴᠠᠯᠢᠩ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ | ᠠᠵᠢᠯ ᠮᠡᠷᠭᠡᠵᠢᠯ ᠤᠨ ᠵᠢᠯ ᠤᠨ ᠮᠥᠩᠭᠦ ᠶᠢᠨ 0.09 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠪᠥᠭᠦ ᠤᠯᠤᠰ ᠤᠨ ᠪᠤᠯᠪᠠᠰᠤᠨ ᠬᠤᠳᠠ ᠶᠢᠨ ᠴᠤᠭᠴᠠᠯᠠᠯᠳᠠ | ᠶᠢᠨ ᠠᠵᠢᠯ ᠤᠨ 0.05 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ 0.06 ᠳ᠋ᠥᠩᠰᠢᠭᠤᠷ | ᠲᠥᠭᠦᠷᠢᠭ ᠤᠨ ᠵᠠᠷᠤᠯᠭ᠎ᠠ︔ ᠤᠶᠤᠨᠴᠢ ᠨᠠᠮ ᠤᠨ ᠪᠠᠶᠢᠭᠤᠯᠤᠯᠳᠠ ᠶᠢᠨ ᠠᠵᠢᠯ ᠤᠨ 0.04 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠡᠭᠡᠳᠤ ᠱᠠᠳᠤᠨ ᠤ | ᠲᠤᠰᠬᠠᠢ ᠲᠥᠷᠥᠯ ᠤᠨ ᠵᠠᠷᠤᠳᠠᠯ ᠤᠨ 9.5 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠬᠠᠮᠳᠤᠷᠠᠨ ᠬᠢᠨᠠᠨ ᠵᠥᠪᠰᠢᠶᠡᠷᠡᠵᠤ ᠭᠠᠷ ᠤᠨ ᠥᠰᠥᠭ ᠵᠢᠷᠤᠵᠤ ᠳ᠋ᠥᠩᠨᠡᠨ | ᠰᠢᠯᠵᠢᠭᠦᠯᠭᠦ 0.2 ᠳ᠋ᠥᠩᠰᠢᠭᠤᠷ ᠲᠥᠭᠦᠷᠢᠭ︔ ᠲᠡᠭᠡᠭᠰᠢ ᠲᠤᠰᠢᠶᠠᠬᠤ 0.02 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠷᠠᠳ ᠢ ᠬᠠᠷᠠᠭᠠᠯᠵᠠᠬᠤ ᠠᠵᠢᠯ ᠤᠨ | 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠵᠠᠷᠤᠳᠠᠯ᠂ ᠠᠷᠠᠴᠢᠯᠠᠨ ᠰᠡᠯᠪᠢᠭᠦ ᠵᠠᠷᠤᠳᠠᠯ᠂ ᠨᠡᠶᠢᠭᠡᠮᠯᠢᠭ ᠤᠨ ᠵᠠᠷᠤᠳᠠᠯ | ᠂ ᠪᠤᠯᠭᠤᠭᠠᠨ ᠲᠤᠬᠤᠨᠢᠭᠤᠯᠬᠤ ᠵᠠᠷᠤᠳᠠᠯ ᠵᠡᠷᠭᠡ ᠶᠢᠨ 0.15 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠠᠶᠢᠯᠢ ᠶᠢᠨ ᠪᠤᠰᠤ ᠨᠥᠭᠦᠪᠥᠷᠢᠯᠡᠯ ᠤᠨ ᠠᠵᠢᠯ ᠤᠨ | ᠥᠢᠯᠡᠰ ᠤᠨ ᠵᠠᠷᠤᠳᠠᠯ ᠤᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ︽ᠨᠢᠭᠡ ᠭᠡᠷᠡᠭ ᠢ ᠨᠢᠭᠡ ᠵᠥᠪᠯᠡᠭᠦ︾ ᠪᠠ ᠰᠥᠯᠵᠢᠶᠡᠨ ᠬᠤᠳᠠᠯᠳᠤᠭᠠᠨ ᠤ | ᠭᠥᠭᠵᠢᠯᠳᠡ ᠶᠢᠨ ᠠᠵᠢᠯ ᠤᠨ 0.05 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ ᠤᠨ 0.3 ᠳ᠋ᠥᠩᠰᠢᠭᠤᠷ | ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠠᠴᠠ ᠨᠡᠶᠢᠳᠡ ᠶᠢᠨ ᠥᠢᠯᠡᠴᠢᠯᠡᠭᠡ ᠬᠤᠳᠠᠯᠳᠤᠨ ᠠᠪᠬᠤ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ | ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠤᠷᠤᠨ ᠨᠤᠳᠤᠭ ᠠᠴᠠ ᠲᠥᠭᠦᠷᠴᠢᠯᠡᠨ ᠨᠡᠶᠢᠯᠡᠭᠦᠯᠭᠦ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ | ᠥᠷᠢ ᠥᠭᠴᠡᠭᠡ ᠰᠢᠢᠳᠪᠥᠷᠢᠯᠡᠭᠦ 4.82 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠥᠭᠴᠡᠭᠡᠨ ᠤ ᠲᠡᠮᠳᠡᠭ ᠤᠨ ᠭᠥᠥ ᠮᠥᠩᠭᠦ ᠲᠥᠯᠥᠭᠦ 1.3 ᠳ᠋ᠥᠩᠰᠢᠭᠤᠷ | ᠲᠥᠭᠦᠷᠢᠭ ᠤᠨ ᠵᠠᠷᠤᠯᠭ᠎ᠠ︔ PPP ᠲᠥᠷᠥᠯ ᠵᠥᠢᠯ ᠤᠨ ᠠᠵᠢᠯᠯᠠᠮᠵᠢ ᠳᠤ ᠬᠡᠷᠡᠭᠯᠡᠭᠦ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠰᠢᠨ᠎ᠡ ᠨᠡᠮᠡᠭᠳᠡᠭᠦ | ᠥᠭᠴᠡᠭᠡᠨ ᠤ ᠲᠡᠮᠳᠡᠭ ᠤᠨ ᠵᠠᠷᠤᠳᠠᠯ ᠤᠨ 2.78 ᠳ᠋ᠥᠩᠰᠢᠭᠤᠷ ᠲᠥᠭᠦᠷᠢᠭ ᠤᠨ ᠵᠠᠷᠤᠯᠭ᠎ᠠ ᠵᠡᠷᠭᠡ ᠶᠢ ᠪᠠᠭᠳᠠᠭᠠᠨ᠎ᠠ᠃ | ︵ ᠲᠥᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ | 2019 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.61 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 34.74% ᠪᠠᠭᠤᠷᠠᠭᠤᠯᠤᠨ᠎ᠠ᠃ ᠡᠬᠦᠨ ᠳᠤ᠄① ᠬᠤᠰᠢᠭᠤ ᠳᠤᠰ ᠱᠠᠳᠤᠨ ᠤ ᠵᠠᠰᠠᠭ ᠤᠨ | ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ 1.16 ᠳ᠋ᠦᠩᠰᠢᠭᠤᠷ ᠲᠦᠬᠦᠷᠢᠭ︔② ᠲᠡᠭᠡᠷ᠎ᠡ ᠵᠢᠯ ᠤᠨ ᠦᠯᠡᠳᠡᠪᠤᠷᠢ ᠤᠷᠤᠯᠭ᠎ᠠ 0.75 | ᠳ᠋ᠦᠩᠰᠢᠭᠤᠷ ᠲᠦᠬᠦᠷᠢᠭ︔③ᠤᠷᠢᠳᠴᠢᠯᠠᠨ ᠪᠠᠭᠤᠯᠭᠠᠭᠰᠠᠨ ᠲᠤᠰᠬᠠᠢ ᠲᠥᠷᠥᠯ ᠤᠨ ᠤᠷᠤᠯᠭ᠎ᠠ 0.25 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ | ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2.61 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ | 34.74% ᠪᠠᠭᠤᠷᠠᠭᠤᠯᠤᠨ᠎ᠠ︔ | ︵ᠲᠠᠪᠤ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ | 2019 ᠤᠨ ᠳᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ 2.63 ᠳ᠋ᠦᠩᠰᠢᠭᠤᠷ ᠲᠦᠬᠦᠷᠢᠭ | ᠲᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 36.27% ᠥᠰᠭᠡᠨ᠎ᠡ︔ ᠡᠬᠦᠨ ᠳᠤ᠄ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ | ᠤ ᠤᠷᠤᠯᠭ᠎ᠠ ᠵᠠᠷᠤᠯᠭ᠎ᠠ ᠶᠢᠨ ᠲᠥᠰᠥᠪ 1 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 21.26% ᠪᠠᠭᠤᠷᠠᠭᠤᠯᠤᠨ᠎ᠠ︔ ᠠᠵᠢᠯ ᠠᠯᠳᠠᠯᠳᠠ ᠶᠢᠨ | ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 2.02 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 50 % | ᠪᠠᠭᠤᠷᠠᠭᠤᠯᠤᠨ᠎ᠠ︔ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.57 ᠳ᠋ᠥᠩᠰᠢᠭᠤᠷ ᠲᠥᠭᠦᠷᠢᠭ᠂ ᠠᠳᠠᠯᠢ | ᠬᠤᠭᠤᠴᠠᠭᠠᠨ ᠠᠴᠠ 3.64% ᠥᠰᠭᠡᠨ᠎ᠡ︔ ᠠᠵᠢᠯ ᠤᠨ ᠭᠡᠮᠳᠥᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.03 | ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 32.01% ᠪᠠᠭᠤᠷᠠᠭᠤᠯᠤᠨ᠎ᠠ︔ ᠭᠥᠩᠭᠡᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ | ᠵᠠᠷᠤᠯᠭ᠎ᠠ ᠶᠢᠨ ᠲᠥᠰᠥᠪ 0.02 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 19.03% ᠪᠠᠭᠤᠷᠠᠭᠤᠯᠤᠨ᠎ᠠ︔ ᠠᠯᠪᠠᠨ ᠪᠠᠶᠢᠭᠤᠯᠭ᠎ᠠ ᠠᠵᠢᠯ | ᠥᠢᠯᠡᠰ ᠤᠨ ᠨᠢᠭᠡᠴᠡ ᠶᠢᠨ ᠥᠨᠳᠥᠰᠥᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.93 ᠳ᠋ᠥᠩᠰᠢᠭᠤᠷ | ᠲᠥᠭᠦᠷᠢᠭ︔ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.06 ᠳ᠋ᠥᠩᠰᠢᠭᠤᠷ ᠲᠥᠭᠦᠷᠢᠭ ᠢ ᠪᠠᠭᠳᠠᠭᠠᠨ᠎ᠠ᠃ | ︵ᠵᠢᠷᠭᠤᠭ᠎ᠠ︶ ᠤᠯᠤᠰ ᠤᠨ ᠥᠮᠴᠢᠯᠡᠯᠳᠤ ᠭᠥᠷᠥᠩᠭᠡ ᠶᠢᠨ ᠡᠵᠡᠩᠨᠡᠯᠳᠡ ᠶᠢᠨ ᠲᠥᠰᠥᠪ | 2019 ᠤᠨ ᠳᠤ ᠤᠯᠤᠰ ᠤᠨ ᠥᠮᠴᠢᠯᠡᠯᠳᠤ ᠭᠥᠷᠥᠩᠭᠡ ᠶᠢᠨ ᠡᠵᠡᠩᠨᠡᠯᠳᠡ ᠶᠢᠨ ᠤᠷᠤᠯᠭ᠎ᠠ ᠶᠢᠨ ᠲᠥᠰᠥᠪ ᠢ 0.87 ᠳ᠋ᠥᠩᠰᠢᠭᠤᠷ ᠲᠥᠭᠦᠷᠢᠭ ᠲᠤᠬᠢᠷᠠᠭᠤᠯᠬᠤ | ᠶᠢ ᠰᠠᠨᠠᠭᠠᠴᠢᠯᠠᠨ᠎ᠠ︔ ᠤᠯᠤᠰ ᠤᠨ ᠥᠮᠴᠢᠯᠡᠯᠳᠤ ᠭᠥᠷᠥᠩᠭᠡ ᠶᠢᠨ ᠡᠵᠡᠩᠨᠡᠯᠳᠡ ᠶᠢᠨ ᠵᠠᠷᠤᠯᠭ᠎ᠠ ᠶᠢᠨ ᠲᠥᠰᠥᠪ ᠢ 0.87 ᠳ᠋ᠥᠩᠰᠢᠭᠤᠷ ᠲᠥᠭᠦᠷᠢᠭ | ᠲᠤᠬᠢᠷᠠᠭᠤᠯᠬᠤ ᠶᠢ ᠰᠠᠨᠠᠭᠠᠴᠢᠯᠠᠨ᠎ᠠ᠃ | 2019 ᠤᠨ ᠤ 1 ᠰᠠᠷ᠎ᠠ ᠶᠢᠨ 21 ᠤ ᠡᠳᠥᠷ ᠭᠥᠷᠳᠡᠯᠡᠬᠢ ᠡᠩ ᠤᠨ ᠨᠡᠶᠢᠳᠡ ᠶᠢᠨ ᠲᠥᠰᠥᠪ ᠤᠨ ᠵᠠᠷᠤᠯᠭ᠎ᠠ 0.56 ᠳ᠋ᠥᠩᠰᠢᠭᠤᠷ ᠲᠥᠭᠦᠷᠢᠭ ᠭᠥᠷᠪᠡ᠃ | | ᠴᠢᠳᠠᠪᠬᠢ ᠶᠢᠨ ᠲᠥᠷᠥᠯ ᠢᠯᠭᠠᠯ ᠢᠶᠠᠷ ᠨᠢ ᠬᠤᠪᠢᠶᠠᠪᠠᠯ᠂ ᠡᠯ᠎ᠡ ᠴᠢᠳᠠᠪᠬᠢ ᠶᠢᠨ ᠲᠥᠷᠥᠯ ᠵᠥᠢᠯ ᠤᠨ ᠵᠠᠷᠤᠯᠭ᠎ᠠ ᠲᠤᠤᠷᠠᠬᠢ ᠮᠡᠳᠤ᠄ | 1︶ ᠰᠤᠷᠭᠠᠨ ᠭᠥᠮᠥᠵᠢᠯ ᠤᠨ ᠠᠵᠢᠯ ᠤᠨ ᠵᠠᠷᠤᠯᠭ᠎ᠠ 0.06 ᠳ᠋ᠥᠩᠰᠢᠭᠤᠷ ᠲᠥᠭᠦᠷᠢᠭ︔ | 2︶ ᠨᠡᠶᠢᠭᠡᠮ ᠤᠨ ᠪᠠᠳᠤᠯᠠᠭ᠎ᠠ ᠪᠤᠯᠤᠨ ᠠᠵᠢᠯ ᠤᠯᠭᠤᠯᠳᠠ ᠶᠢᠨ ᠵᠠᠷᠤᠯᠭ᠎ᠠ 0.03 ᠳ᠋ᠥᠩᠰᠢᠭᠤᠷ ᠲᠥᠭᠦᠷᠢᠭ︔ | 3︶ ᠵᠠᠮ ᠬᠠᠷᠢᠯᠴᠠᠭ᠎ᠠ ᠲᠡᠭᠡᠭᠡᠪᠥᠷᠢ ᠶᠢᠨ ᠵᠠᠷᠤᠯᠭ᠎ᠠ 0.07 ᠳ᠋ᠥᠩᠰᠢᠭᠤᠷ ᠲᠥᠭᠦᠷᠢᠭ︔ | 4︶ ᠪᠤᠰᠤᠳ ᠵᠠᠷᠤᠯᠭ᠎ᠠ 0.4 ᠳ᠋ᠥᠩᠰᠢᠭᠤᠷ ᠲᠥᠭᠦᠷᠢᠭ ︵ᠢᠳᠡᠭᠡᠮᠵᠢᠳᠤ ᠵᠢᠭᠡᠯᠡᠯᠭᠡ ᠶᠢᠨ ᠲᠥᠷᠥᠯ ᠤᠨ ᠥᠷᠢ ᠬᠤᠯᠠᠭᠰᠠᠨ ᠭᠥᠥ ᠲᠥᠯᠥᠭᠰᠡᠨ︶᠃ | ᠭᠤᠷᠪᠠ᠂ 2019 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ | ︵ᠨᠢᠭᠡ︶ ᠤᠷᠤᠨ ᠨᠤᠳᠤᠭ ᠤᠨ ᠡᠳ᠋ ᠤᠨ ᠵᠠᠰᠠᠭ ᠤᠨ ᠢᠷᠡᠯᠳᠡ ᠶᠢᠨ ᠪᠠᠶᠢᠭᠤᠯᠤᠯᠳᠠ ᠳᠤ ᠭᠥᠴᠥᠯᠡᠵᠤ᠂ ᠨᠡᠩ ᠥᠷᠭᠦᠯᠵᠢᠭᠦᠶᠢᠴᠡ ᠴᠢᠨᠠᠷᠳᠠᠢ ᠭᠥᠭᠵᠢᠯᠳᠡ | ᠶᠢ ᠪᠡᠶᠡᠯᠡᠭᠦᠯᠥᠨ᠎ᠡ᠃ ︽ᠲᠠᠪᠤᠨ ᠰᠢᠨ᠎ᠡ ᠠᠵᠠ ᠲᠤᠬᠢᠶᠠᠯ︾ ᠤᠨ ᠱᠠᠭᠠᠷᠳᠠᠯᠭ᠎ᠠ ᠶᠢ ᠪᠠᠳᠤ ᠡᠵᠡᠮᠳᠡᠵᠤ᠂ ᠡᠳ᠋ ᠤᠨ ᠵᠠᠰᠠᠭ ᠤᠨ ᠤᠷᠤᠭᠤᠯᠤᠯᠳᠠ ᠶᠢᠨ ᠠᠷᠭ᠎ᠠ | ᠭᠡᠯᠪᠡᠷᠢ ᠶᠢ ᠢᠳᠡᠪᠬᠢᠳᠡᠢ ᠰᠢᠨᠡᠴᠢᠯᠡᠨ᠂ ᠡᠳ᠋ ᠤᠨ ᠵᠠᠰᠠᠭ ᠤᠨ ᠪᠡᠯᠡ ᠮᠥᠩᠭᠦᠨ ᠤ ᠲᠠᠶᠢᠴᠢᠯᠠᠬᠤ ᠬᠤᠷᠠᠭᠤᠯᠬᠤ ᠪᠠ ᠲᠤᠮᠤᠰᠬᠠᠬᠤ ᠥᠢᠯᠡᠳᠥᠯ ᠢ ᠭᠥᠢᠴᠡᠳ | ᠪᠠᠳᠠᠷᠠᠭᠤᠯᠵᠤ᠂ ᠠᠵᠤ ᠠᠬᠤᠢ ᠶᠢᠨ ᠲᠤᠭᠳᠠᠭᠤᠨ ᠮᠥᠷᠳᠡᠭᠡᠨ ᠨᠡᠯᠢᠶᠡᠳ ᠲᠥᠷᠭᠡᠨ ᠭᠥᠭᠵᠢᠯᠳᠡ ᠶᠢ ᠪᠠᠳᠤᠯᠠᠨ᠂ ᠭᠠᠶᠢᠯᠢ ᠶᠢᠨ ᠢᠷᠡᠯᠳᠡ ᠶᠢ ᠪᠤᠶᠢᠵᠢᠭᠤᠯᠵᠤ᠂ | ᠠᠵᠤ ᠠᠬᠤᠢ ᠶᠢᠨ ᠶᠡᠷᠥᠩᠭᠡᠢ ᠭᠡᠮᠵᠢᠶ᠎ᠡ ᠶᠢ ᠪᠤᠵᠠᠭᠠᠶᠢᠷᠠᠭᠤᠯᠤᠨ᠂ ᠡᠳ᠋ ᠤᠨ ᠵᠠᠰᠠᠭ ᠤᠨ ᠪᠤᠳᠠᠳᠤ ᠭᠥᠴᠥᠨ ᠢ ᠴᠢᠩᠭᠠᠳᠬᠠᠨ᠎ᠠ᠃ ᠨᠢᠭᠡ ᠳᠤ᠂ ᠠᠷᠠᠯᠵᠢᠶᠠᠴᠢᠨ | ᠤᠷᠢᠵᠤ ᠪᠡᠯᠡ ᠲᠠᠳᠠᠬᠤ ᠠᠵᠢᠯ ᠤᠨ ᠲᠠᠭᠠᠭᠠᠮᠠᠭᠠᠢ ᠲᠤᠭᠳᠠᠴᠠ ᠶᠢ ᠪᠥᠷᠢᠳᠥᠭᠦᠯᠵᠤ᠂ ᠰᠠᠭᠤᠷᠢ ᠪᠠᠶᠢᠭᠤᠯᠤᠯᠳᠠ᠂ ᠥᠢᠯᠡᠳᠭᠦ ᠥᠢᠯᠡᠰ᠂ ᠪᠤᠯᠪᠠᠰᠤᠷᠠᠭᠤᠯᠤᠨ | ᠡᠳ᠋ᠰᠢᠭᠦᠯᠭᠦ ᠠᠵᠢᠯ ᠪᠤᠯᠤᠨ ᠠᠷᠠᠯᠵᠢᠶ᠎ᠠ ᠭᠥᠢᠯᠭᠡᠭᠡ ᠵᠡᠷᠭᠡ ᠠᠵᠤ ᠥᠢᠯᠡᠰ ᠢ ᠢᠳᠡᠪᠬᠢᠳᠡᠢ ᠤᠷᠢᠵᠤ ᠤᠷᠤᠭᠤᠯᠤᠨ᠂ ᠲᠡᠳᠡᠨ ᠢ ᠤᠷᠢᠵᠤ ᠠᠪᠴᠢᠷᠠᠨ ᠥᠯᠡᠳᠡᠭᠡᠵᠤ᠂ | ᠭᠥᠭᠵᠢᠯᠳᠡ ᠪᠥᠳᠥᠮᠵᠢ ᠭᠠᠷᠭᠠᠭᠤᠯᠵᠤ᠂ ᠡᠳ᠋ ᠤᠨ ᠵᠠᠰᠠᠭ ᠤᠨ ᠤᠷᠤᠯᠭ᠎ᠠ ᠶᠢᠨ ᠰᠢᠨ᠎ᠡ ᠨᠡᠮᠡᠭᠳᠡᠯ ᠴᠡᠭ ᠢ ᠪᠤᠢ ᠪᠤᠯᠭᠠᠬᠤ ᠪᠠᠷ ᠴᠢᠷᠮᠠᠶᠢᠨ᠎ᠠ᠃ ᠬᠤᠶᠠᠷ ᠲᠤ᠂ ᠠᠵᠠ | ᠲᠤᠬᠢᠶᠠᠯ ᠢ ᠪᠠᠳᠤ ᠡᠵᠡᠮᠳᠡᠨ᠂ ᠲᠥᠪ ᠤᠨ ᠲᠥᠰᠥᠪ ᠤᠨ ᠲᠤᠳᠤᠷᠠᠬᠢ ᠪᠡᠯᠡ ᠤᠷᠤᠭᠤᠯᠤᠯᠳᠠ᠂ ᠴᠢᠬᠤᠯᠠ ᠲᠥᠷᠥᠯ ᠵᠥᠢᠯ ᠤᠨ ᠲᠤᠬᠢᠷᠠᠭᠤᠯᠤᠯᠳᠠ᠂ ᠭᠠᠵᠠᠷ | ᠤᠷᠤᠨ ᠤ ᠥᠭᠴᠡᠭᠡᠨ ᠤ ᠲᠡᠮᠳᠡᠭ ᠤᠨ ᠲᠠᠷᠬᠠᠭᠠᠯᠳᠠ ᠶᠢᠨ ᠬᠡᠪᠴᠢᠶᠡᠵᠢᠯ ᠵᠡᠷᠭᠡ ᠲᠥᠷᠥ ᠶᠢᠨ ᠪᠤᠳᠤᠯᠭ᠎ᠠ ᠶᠢᠨ ᠰᠤᠳᠤᠯᠭ᠎ᠠ ᠪᠠᠨ ᠴᠢᠩᠭᠠᠳᠬᠠᠵᠤ᠂ ᠡᠳ᠋ ᠤᠨ ᠵᠠᠰᠠᠭ | ᠤᠨ ᠲᠥᠷᠥᠯ ᠵᠥᠢᠯ ᠤᠨ ᠭᠥᠮᠥᠷᠭᠡ ᠶᠢ ᠪᠠᠶᠢᠭᠤᠯᠵᠤ ᠲᠡᠭᠦᠯᠳᠡᠷᠵᠢᠭᠦᠯᠥᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠤᠯᠤᠨ ᠲᠥᠷᠥᠯ ᠵᠥᠢᠯ ᠤᠨ ᠪᠡᠯᠡ ᠶᠢ | ᠲᠡᠮᠡᠴᠡᠨ ᠤᠯᠬᠤ ᠤᠷᠮᠠᠰᠢᠭᠤᠯᠤᠯ ᠤᠨ ᠲᠤᠭᠳᠠᠴᠠ ᠪᠠᠶᠢᠭᠤᠯᠵᠤ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠲᠠᠢ ᠵᠤᠬᠢᠴᠠᠭᠤᠯᠤᠨ ᠬᠠᠮᠳᠤᠷᠠᠯᠴᠠᠵᠤ ᠤᠯᠤᠰ | ᠂ ᠥᠪᠡᠷᠳᠡᠭᠡᠨ ᠵᠠᠰᠠᠬᠤ ᠤᠷᠤᠨ ᠪᠠ ᠬᠤᠳᠠ ᠶᠢᠨ ᠱᠠᠳᠤᠨ ᠤ ᠲᠤᠰᠬᠠᠢ ᠲᠥᠷᠥᠯ ᠤᠨ ᠪᠡᠯᠡ ᠮᠥᠩᠭᠦ ᠶᠢᠨ ᠲᠡᠮᠵᠢᠯᠭᠡ ᠤᠯᠬᠤ ᠪᠤᠯᠤᠯᠴᠠᠭ᠎ᠠ ᠶᠢ ᠴᠢᠩᠭᠠᠳᠬᠠᠨ᠂ | ᠭᠥᠭᠵᠢᠯᠳᠡ ᠶᠢᠨ ᠪᠤᠭᠤᠮᠢ ᠬᠢᠵᠠᠭᠠᠷᠯᠠᠯ ᠢ ᠲᠠᠪᠠᠵᠤ ᠲᠤᠭᠤᠯᠤᠨ᠎ᠠ᠃ ᠭᠤᠷᠪᠠ ᠳᠤ᠂ ᠵᠠᠰᠠᠭ ᠤᠨ ᠤᠷᠳᠤᠨ ᠤ ᠥᠢᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ ᠶᠢ | ᠲᠥᠷᠢᠮᠵᠢᠭᠦᠯᠵᠤ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠮᠥᠩᠭᠦ ᠶᠢᠨ ᠬᠠᠮᠳᠤᠷᠠᠯᠴᠠᠭᠠᠨ ᠤ ︵PPP︶ ᠵᠠᠭᠪᠤᠷ ᠢ ᠭᠥᠴᠥᠳᠡᠢ ᠠᠬᠢᠭᠤᠯᠤᠨ᠂ | ᠨᠡᠶᠢᠭᠡᠮ ᠤᠨ ᠪᠡᠯᠡ ᠮᠥᠩᠭᠦ ᠶᠢ ᠥᠷᠭᠡᠨ ᠢᠶᠠᠷ ᠲᠠᠳᠠᠵᠤ ᠰᠠᠭᠤᠷᠢ, ᠲᠥᠭᠦᠭᠡᠷᠥᠮᠵᠢ ᠶᠢᠨ ᠪᠠᠶᠢᠭᠤᠯᠤᠯᠳᠠ ᠳᠤ ᠤᠷᠤᠯᠴᠠᠭᠤᠯᠤᠨ᠎ᠠ᠃ ᠲᠥᠷᠪᠡ ᠳᠤ᠂ ᠤᠯᠤᠰ ᠤᠨ | ᠭᠠᠶᠢᠯᠢ ᠶᠢᠨ ᠲᠥᠷᠢᠮ ᠤᠨ ᠥᠭᠡᠷᠡᠴᠢᠯᠡᠯᠳᠡ ᠶᠢᠨ ᠬᠠᠨᠳᠤᠰᠢ ᠭᠥᠳᠡᠯᠥᠯ ᠢ ᠬᠢᠨᠠᠮᠠᠭᠠᠢ ᠠᠩᠬᠠᠷᠴᠤ᠂ ᠭᠤᠤᠯᠳᠠᠯᠭᠠᠳᠤ ᠭᠥᠷᠢᠶ᠎ᠡ ᠴᠠᠷᠠᠭ᠎ᠠ ᠠᠵᠢᠯ ᠲᠥᠷᠥᠯ ᠵᠡᠷᠭᠡ | ᠭᠠᠶᠢᠯᠢ ᠶᠢᠨ ᠢᠷᠡᠯᠳᠡ ᠶᠢᠨ ᠭᠥᠳᠡᠯᠥᠩᠭᠦᠢ ᠵᠠᠳᠠᠯᠤᠯ ᠰᠢᠨᠵᠢᠯᠡᠯ ᠬᠢᠭᠡᠳ ᠭᠠᠶᠢᠯᠢ ᠶᠢᠨ ᠲᠠᠯᠳᠠ ᠢᠷᠡᠯᠳᠡ᠂ ᠲᠠᠷᠬᠠᠢ ᠪᠤᠳᠠᠷᠬᠠᠢ ᠭᠠᠶᠢᠯᠢ ᠶᠢᠨ ᠢᠷᠡᠯᠳᠡ ᠶᠢᠨ | ᠬᠠᠮᠢᠶᠠᠷᠤᠯᠳᠠ ᠶᠢ ᠴᠢᠩᠭᠠᠳᠬᠠᠨ᠂ ᠭᠠᠶᠢᠯᠢ ᠲᠠᠳᠠᠪᠤᠷᠢᠯᠠᠯ ᠤᠨ ᠬᠠᠮᠢᠶᠠᠷᠤᠯᠳᠠ ᠬᠠᠤᠯᠢ ᠲᠥᠷᠢᠮ ᠢ ᠴᠢᠩᠭ᠎ᠠ ᠬᠡᠷᠡᠭᠵᠢᠭᠦᠯᠵᠤ᠂ ᠭᠠᠶᠢᠯᠢ ᠶᠢᠨ ᠶᠠᠪᠤᠳᠠᠯ ᠤᠨ | ᠶᠡᠷᠥᠩᠭᠡᠶᠢᠯᠡᠭᠰᠡᠨ ᠵᠠᠰᠠᠯᠳᠠ ᠶᠢ ᠪᠥᠭᠦ ᠲᠠᠯ᠎ᠠ ᠪᠠᠷ ᠠᠬᠢᠭᠤᠯᠵᠤ᠂ ᠵᠤᠬᠢᠴᠠᠭᠤᠯᠭ᠎ᠠ ᠶᠢᠨ ᠭᠥᠴᠥᠯᠡᠴᠡ ᠪᠠᠨ ᠴᠢᠩᠭᠠᠳᠬᠠᠨ᠂ ᠤᠷᠤᠯᠭ᠎ᠠ ᠵᠤᠬᠢᠶᠠᠨ ᠪᠠᠶᠢᠭᠤᠯᠬᠤ ᠭᠥᠴᠥ | ᠂ ᠬᠡᠮ ᠪᠠ ᠴᠢᠭᠯᠡᠯ ᠢ ᠤᠨᠤᠪᠴᠢᠳᠠᠢ ᠡᠵᠡᠮᠳᠡᠵᠤ᠂ ᠲᠤᠰᠢᠶᠠᠭᠠᠳᠤᠢ ᠭᠠᠶᠢᠯᠢ ᠵᠠᠷᠤᠳᠠᠯ ᠤᠨ ᠲᠠᠳᠠᠪᠤᠷᠢᠯᠠᠯ ᠤᠨ ᠠᠵᠢᠯ ᠢ ᠭᠥᠴᠥᠳᠡᠢ ᠠᠬᠢᠭᠤᠯᠤᠨ᠂ ︽ᠭᠥᠢᠴᠡᠳᠭᠡᠭᠦ | ᠥᠭᠡᠢ᠂ ᠴᠢᠩᠭᠠᠳᠬᠠᠬᠤ ᠥᠭᠡᠢ᠂ ᠬᠠᠷᠢᠭᠤᠴᠠᠬᠤ ᠥᠭᠡᠢ᠂ ᠨᠠᠶᠢᠳᠠᠪᠤᠷᠢᠵᠢᠭᠤᠯᠬᠤ ᠥᠭᠡᠢ︾ ᠥᠵᠡᠭᠳᠡᠯ ᠡᠭᠦᠰᠭᠦ ᠶᠢ ᠤᠭ ᠡᠬᠢ ᠠᠴᠠ ᠨᠢ ᠲᠠᠰᠤ ᠵᠤᠭᠰᠤᠭᠠᠨ᠎ᠠ᠃ | ︵ᠬᠤᠶᠠᠷ︶ ᠠᠷᠠᠳ ᠤᠯᠠᠨ ᠤ ᠥᠨᠳᠥᠰᠥᠨ ᠠᠮᠢᠳᠤᠷᠠᠯ ᠢ ᠭᠥᠴᠥᠯᠡᠨ ᠪᠠᠳᠤᠯᠠᠵᠤ᠂ ᠨᠡᠩ ᠡᠷᠭᠡ ᠲᠡᠭᠰᠢ ᠭᠥᠭᠵᠢᠯᠳᠡ ᠶᠢ ᠭᠥᠴᠥᠯᠡᠨ ᠪᠡᠶᠡᠯᠡᠭᠦᠯᠥᠨ᠎ᠡ᠃ | ᠭᠥᠭᠵᠢᠯᠳᠡ ᠶᠢ ᠠᠬᠢᠭᠤᠯᠬᠤ ᠪᠠ ᠠᠷᠠᠳ ᠢ ᠬᠠᠷᠠᠭᠠᠯᠵᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠲᠥᠷᠢᠮ ᠲᠤᠭᠳᠠᠴᠠ ᠲᠥᠷᠥ ᠶᠢᠨ ᠪᠤᠳᠤᠯᠭ᠎ᠠ ᠶᠢ | ᠲᠡᠭᠦᠯᠳᠡᠷᠵᠢᠭᠦᠯᠥᠨ᠂ ᠠᠷᠪᠢᠯᠠᠨ ᠭᠠᠮᠨᠠᠬᠤ ᠥᠵᠡᠯ ᠰᠤᠷᠳᠠᠯ ᠢ ᠪᠠᠳᠤᠳᠬᠠᠵᠤ᠂ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠨᠦᠭᠦᠳ ᠤᠨ ᠠᠷᠪᠢᠯᠠᠨ | ᠭᠠᠮᠨᠠᠬᠤ ᠨᠥᠭᠡᠴᠡ ᠭᠥᠴᠥᠨ ᠢ ᠭᠥᠭᠵᠢᠭᠡᠨ᠂ ︽ᠭᠤᠷᠪᠠᠨ ᠠᠯᠪᠠᠨ︾ ᠤ ᠵᠠᠷᠤᠳᠠᠯ ᠵᠡᠷᠭᠡ ᠡᠩ ᠤᠨ ᠵᠠᠷᠤᠯᠭ᠎ᠠ ᠶᠢ 5% ᠢᠯᠠᠭᠦᠥ ᠪᠠᠭᠤᠷᠠᠭᠤᠯᠵᠤ᠂ ᠵᠠᠰᠠᠭ | ᠵᠠᠬᠢᠷᠭᠠᠨ ᠤ ᠠᠵᠢᠯᠯᠠᠮᠵᠢ ᠶᠢᠨ ᠥᠪᠡᠷ ᠤᠨ ᠥᠷᠳᠡᠭ ᠤᠨ ᠨᠡᠮᠡᠭᠳᠡᠯ ᠤᠨ ᠬᠡᠮᠵᠢᠶ᠎ᠡ ᠶᠢ ᠡᠷᠡᠰ ᠬᠢᠵᠠᠭᠠᠷᠯᠠᠨ᠂ ᠡᠳ᠋ ᠤᠨ ᠵᠠᠰᠠᠭ ᠤᠨ ᠬᠠᠩᠭᠠᠯᠭ᠎ᠠ ᠶᠢᠨ ᠨᠥᠭᠦᠴᠡᠯ | ᠤᠷᠴᠢᠨ ᠢ ᠲᠥᠷᠢᠮᠵᠢᠭᠦᠯᠵᠤ᠂ ᠰᠤᠷᠭᠠᠨ ᠭᠥᠮᠥᠵᠢᠯ᠂ ᠰᠢᠨᠵᠢᠯᠡᠭᠡ ᠮᠡᠷᠭᠡᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠡᠨᠧᠷᠬᠢ ᠠᠷᠪᠢᠯᠠᠯ ᠤᠷᠴᠢᠨ ᠬᠠᠮᠠᠭᠠᠯᠠᠯᠳᠠ᠂ | ᠨᠡᠶᠢᠭᠡᠮ ᠤᠨ ᠪᠠᠳᠤᠯᠠᠭ᠎ᠠ ᠵᠡᠷᠭᠡ ᠭᠥᠷᠢᠶ᠎ᠡ ᠴᠠᠷᠠᠭᠠᠨ ᠳᠤ ᠬᠢ ᠪᠡᠯᠡ ᠮᠥᠩᠭᠦᠨ ᠤ ᠪᠠᠳᠤᠯᠠᠭ᠎ᠠ ᠶᠢᠨ ᠭᠥᠴᠥᠯᠡᠴᠡ ᠶᠢ ᠨᠡᠮᠡᠭᠳᠡᠭᠦᠯᠥᠨ᠂ ᠮᠠᠯ ᠲᠠᠷᠢᠶᠠᠯᠠᠩ᠂ ᠤᠢ | ᠰᠢᠭᠤᠢ᠂ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠬᠤᠳᠠ ᠭᠥᠳᠡᠭᠡ ᠶᠢᠨ ᠪᠠᠶᠢᠭᠤᠯᠤᠯᠳᠠ ᠵᠡᠷᠭᠡ ᠳᠤ ᠬᠢ ᠪᠡᠯᠡ ᠮᠥᠩᠭᠦᠨ ᠤ ᠴᠡᠭᠴᠡᠵᠢᠭᠦᠯᠥᠯᠳᠡ ᠶᠢᠨ | ᠭᠥᠴᠥᠯᠡᠴᠡ ᠶᠢ ᠴᠢᠩᠭᠠᠳᠬᠠᠵᠤ᠂ ᠭᠥᠳᠡᠭᠡ ᠨᠤᠳᠤᠭ ᠢ ᠭᠥᠴᠥᠷᠭᠡᠭᠵᠢᠭᠦᠯᠥᠨ ᠮᠠᠨᠳᠤᠭᠤᠯᠬᠤ ᠠᠵᠢᠯ ᠢ ᠭᠥᠴᠥᠳᠡᠢ ᠲᠠᠮᠵᠢᠵᠤ᠂ ᠠᠷᠠᠳ ᠤᠯᠠᠨ ᠤ ᠠᠰᠢᠭ | ᠭᠥᠷᠳᠡᠮᠵᠢ ᠂ ᠵᠤᠯ ᠵᠢᠷᠭᠠᠯ ᠪᠠ ᠠᠮᠤᠷ ᠲᠥᠪᠰᠢᠨ ᠤ ᠬᠠᠨᠤᠮᠵᠢ ᠶᠢ ᠨᠡᠩ ᠨᠡᠮᠡᠭᠳᠡᠭᠦᠯᠥᠨ᠎ᠡ᠃ | ︵ᠭᠤᠷᠪᠠ︶ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠨᠡᠩ ᠪᠥᠳᠥᠮᠵᠢᠳᠤ ᠭᠥᠭᠵᠢᠯᠳᠡ ᠶᠢ ᠭᠥᠴᠥᠯᠡᠨ | ᠪᠡᠶᠡᠯᠡᠭᠦᠯᠥᠨ᠎ᠡ ᠃ ᠨᠢᠭᠡ ᠳᠤ᠂ ᠬᠠᠩᠭᠠᠯᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠥᠭᠡᠷᠡᠴᠢᠯᠡᠯᠳᠡ ᠶᠢᠨ ᠭᠥᠴᠥᠯᠡᠴᠡ ᠶᠢ ᠨᠡᠮᠡᠭᠳᠡᠭᠦᠯᠥᠨ᠎ᠡ᠃ ᠡᠳ᠋ ᠤᠨ | ᠵᠠᠰᠠᠭ ᠤᠨ ᠬᠠᠳᠠᠭᠠᠯᠠᠯ ᠪᠡᠯᠡ ᠮᠥᠩᠭᠦ ᠪᠠ ᠲᠤᠰᠬᠠᠢ ᠲᠥᠷᠥᠯ ᠤᠨ ᠪᠡᠯᠡ ᠮᠥᠩᠭᠦ᠂ ᠵᠠᠰᠠᠭ ᠤᠨ ᠤᠷᠳᠤᠨ ᠤ ᠥᠭᠴᠡᠭᠡᠨ ᠤ ᠲᠡᠮᠳᠡᠭ ᠵᠡᠷᠭᠡ ᠪᠡᠯᠡ ᠨᠦᠭᠦᠳ ᠢ | ᠭᠥᠴᠥᠯᠡᠨ ᠴᠡᠭᠴᠡᠵᠢᠭᠦᠯᠵᠤ᠂ ᠵᠠᠰᠠᠭ ᠤᠨ ᠤᠷᠳᠤᠨ ᠤ ᠴᠢᠬᠤᠯᠠ ᠲᠥᠷᠥᠯ ᠵᠥᠢᠯ ᠪᠤᠯᠤᠨ ᠢᠨᠵᠧᠨᠧᠷᠢᠩ ᠤᠨ ᠪᠠᠶᠢᠭᠤᠯᠤᠯᠳᠠ ᠶᠢ ᠠᠬᠢᠭᠤᠯᠤᠨ᠎ᠠ︔ ︽ᠲᠠᠯᠪᠢᠬᠤ | ᠬᠠᠮᠢᠶᠠᠷᠬᠤ ᠥᠢᠯᠡᠴᠢᠯᠡᠭᠦ︾ ᠪᠠ ᠡᠳ᠋ ᠤᠨ ᠵᠠᠰᠠᠭ ᠤᠨ ᠬᠠᠮᠢᠶᠠᠷᠤᠯᠳᠠ ᠶᠢᠨ ᠲᠤᠭᠳᠠᠴᠠ ᠵᠡᠷᠭᠡ ᠵᠠᠩᠬᠢᠯᠠᠭ᠎ᠠ ᠶᠢᠨ ᠭᠤᠭᠴᠤᠭᠠᠨ ᠤ ᠥᠭᠡᠷᠡᠴᠢᠯᠡᠯᠳᠡ ᠶᠢ ᠰᠠᠶᠢᠳᠤᠷ | ᠠᠬᠢᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢᠨ ᠤᠳᠤᠷᠢᠳᠤᠮᠵᠢ ᠶᠢᠨ ᠥᠢᠯᠡᠳᠥᠯ ᠪᠠ ᠡᠳ᠋ ᠤᠨ ᠵᠠᠰᠠᠭ ᠤᠨ ᠪᠡᠯᠡ ᠮᠥᠩᠭᠦᠨ ᠤ ︽ᠭᠥᠰᠢᠭᠦᠷᠭᠡ | ᠶᠢᠨ ᠥᠢᠯᠡᠳᠥᠯ︾ ᠢ ᠨᠠᠩ ᠰᠠᠶᠢᠳᠤᠷ ᠪᠠᠳᠠᠷᠠᠭᠤᠯᠤᠨ᠎ᠠ︔ ︽ᠡᠵᠡᠩᠨᠡᠯᠳᠡ ᠶᠢᠨ ᠭᠠᠶᠢᠯᠢ ᠶᠢ ᠥᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠥᠭᠡᠷᠡᠴᠢᠯᠡᠭᠦ︾ ᠠᠵᠢᠯ | ᠢ ᠥᠷᠭᠦᠯᠵᠢᠯᠡᠨ ᠪᠠᠳᠤᠳᠬᠠᠵᠤ᠂ ᠠᠵᠤ ᠠᠬᠤᠶᠢᠯᠠᠯ ᠳᠤ ᠬᠤᠯᠪᠤᠭᠳᠠᠭᠰᠠᠨ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠴᠢᠨᠠᠷᠳᠠᠢ ᠵᠠᠷᠤᠳᠠᠯ | ᠬᠤᠷᠢᠶᠠᠬᠤ ᠲᠥᠷᠥᠯ ᠵᠥᠢᠯ ᠤᠨ ︽ᠵᠠᠷᠤᠳᠠᠯ ᠬᠤᠷᠢᠶᠠᠬᠤ ᠥᠭᠡᠢ︾ ᠪᠤᠯᠭᠠᠬᠤ ᠥᠭᠡᠷᠡᠴᠢᠯᠡᠯᠳᠡ ᠶᠢᠨ ᠥᠷ᠎ᠡ ᠪᠥᠳᠥᠮᠵᠢ ᠪᠠᠨ ᠪᠠᠬᠢᠵᠢᠭᠦᠯᠥᠨ᠎ᠡ᠃ ᠬᠤᠶᠠᠷ ᠲᠤ᠂ | ᠲᠥᠰᠥᠪ ᠤᠨ ᠪᠥᠳᠥᠮᠵᠢ ᠶᠢᠨ ᠬᠠᠮᠢᠶᠠᠷᠤᠯᠳᠠ ᠶᠢᠨ ᠥᠭᠡᠷᠡᠴᠢᠯᠡᠯᠳᠡ ᠶᠢᠨ ᠭᠥᠴᠥᠯᠡᠴᠡ ᠶᠢ ᠨᠡᠮᠡᠭᠳᠡᠭᠦᠯᠥᠨ᠎ᠡ᠃ ᠲᠦᠷᠢᠮᠵᠢᠭᠦᠨ ᠲᠣᠳᠣᠷᠬᠠᠢ᠂ ᠰᠢᠨᠵᠢᠯᠡᠬᠦ | ᠣᠬᠠᠭᠠᠨᠴᠢ᠂ ᠬᠦᠯᠢᠶᠡᠰᠦᠯᠡᠯ ᠪᠦᠬᠦᠢ ᠲᠦᠰᠦᠪ ᠤᠨ ᠲᠣᠭᠳᠠᠴᠠ ᠶᠢ ᠴᠤᠭᠴᠠᠯᠠᠨ᠂ ᠡᠳ᠋ ᠤᠨ ᠵᠠᠰᠠᠭ ᠤᠨ ᠪᠥᠳᠥᠮᠵᠢ ᠶᠢ ᠬᠢᠨᠠᠨ ᠲᠤᠭᠳᠠᠭᠠᠬᠤ ᠠᠵᠢᠯ ᠢ ᠪᠥᠭᠦ | ᠲᠠᠯ᠎ᠠ ᠪᠠᠷ ᠡᠬᠢᠯᠡᠭᠦᠯᠵᠤ᠂ ᠲᠥᠰᠥᠪ ᠲᠤᠭᠳᠠᠭᠠᠯᠳᠠ ᠶᠢᠨ ᠭᠤᠭᠴᠤᠭ᠎ᠠ ᠳᠤ ᠪᠥᠳᠥᠮᠵᠢ ᠶᠢᠨ ᠬᠠᠮᠢᠶᠠᠷᠤᠯᠳᠠ ᠶᠢᠨ ᠵᠢᠯᠤᠭᠤᠳᠤᠮᠵᠢ ᠶᠢ ᠲᠤᠪᠤᠶᠢᠯᠭᠠᠨ᠂ ᠪᠥᠳᠥᠮᠵᠢ | ᠥᠨᠡᠯᠡᠭᠦ ᠪᠤᠭᠤᠮᠳᠠ ᠬᠢᠨᠠᠯᠳᠠ ᠶᠢᠨ ᠭᠤᠭᠴᠤᠭ᠎ᠠ ᠶᠢ ᠤᠷᠤᠭᠰᠢ ᠪᠤᠯᠭᠠᠨ᠎ᠠ︔ ᠲᠥᠰᠥᠪ ᠤᠨ ᠭᠥᠢᠴᠡᠳᠭᠡᠯ ᠤᠨ ᠭᠤᠭᠴᠤᠭᠠᠨ ᠳᠤ ᠪᠥᠳᠥᠮᠵᠢ ᠶᠢᠨ ᠬᠢᠨᠠᠨ ᠡᠵᠡᠮᠰᠢᠯ | ᠢ ᠴᠢᠩᠭᠠᠳᠬᠠᠨ᠂ ︽ᠬᠡᠨ ᠵᠠᠷᠤᠴᠠᠭᠤᠯᠤᠭᠰᠠᠨ ᠪᠤᠯ ᠬᠡᠨ ᠬᠠᠷᠢᠭᠤᠴᠠᠬᠤ︾ ᠲᠥᠷᠢᠮ ᠢ ᠪᠠᠷᠢᠮᠳᠠᠯᠠᠨ᠎ᠠ᠃ ᠲᠠᠰᠤᠯᠠᠨ ᠪᠤᠳᠤᠬᠤ ᠭᠤᠭᠴᠤᠭᠠᠨ ᠳᠤ ᠬᠢ ᠪᠥᠳᠥᠮᠵᠢ | ᠶᠢᠨ ᠬᠢᠨᠠᠨ ᠥᠨᠡᠯᠡᠯᠳᠡ ᠶᠢ ᠪᠥᠭᠦ ᠲᠠᠯ᠎ᠠ ᠪᠠᠷ ᠥᠷᠨᠢᠭᠦᠯᠵᠤ᠂ ᠲᠥᠷᠥ ᠶᠢᠨ ᠪᠤᠳᠤᠯᠭ᠎ᠠ ᠪᠤᠯᠤᠨ ᠲᠥᠷᠥᠯ ᠵᠥᠢᠯ ᠤᠨ ᠪᠥᠳᠥᠮᠵᠢ ᠶᠢᠨ ᠥᠪᠡᠷᠳᠡᠭᠡᠨ ᠥᠨᠡᠯᠡᠭᠦ | ᠲᠥᠷᠢᠮ ᠤᠨ ᠪᠥᠭᠦ ᠪᠥᠷᠭᠦᠴᠡ ᠶᠢ ᠲᠥᠷᠭᠡᠳᠭᠡᠨ ᠪᠡᠶᠡᠯᠡᠭᠦᠯᠥᠨ᠎ᠡ︔ ᠪᠥᠳᠥᠮᠵᠢ ᠥᠨᠡᠯᠡᠭᠰᠡᠨ ᠳ᠋ᠥᠩᠨᠡᠯᠳᠡ ᠬᠢᠭᠡᠳ ᠲᠥᠰᠥᠪ ᠲᠤᠬᠢᠷᠠᠭᠤᠯᠭ᠎ᠠ ᠪᠤᠯᠤᠨ ᠲᠥᠷᠥ ᠶᠢᠨ | ᠪᠤᠳᠤᠯᠭ᠎ᠠ ᠶᠢᠨ ᠲᠤᠬᠢᠷᠠᠭᠤᠯᠤᠯᠳᠠ ᠶᠢ ᠬᠤᠯᠪᠤᠭᠳᠠᠭᠤᠯᠬᠤ ᠲᠤᠭᠳᠠᠴᠠ ᠪᠠᠶᠢᠭᠤᠯᠤᠨ᠂ ᠪᠥᠳᠥᠮᠵᠢ ᠶᠢᠨ ᠬᠠᠮᠢᠶᠠᠷᠤᠯᠳᠠ ᠶᠢ ᠡᠳ᠋ ᠤᠨ ᠵᠠᠰᠠᠭ ᠤᠨ ᠪᠥᠭᠦ ᠪᠡᠯᠡ | ᠮᠥᠩᠭᠦᠨ ᠳᠤ ᠬᠤᠯᠪᠤᠭᠳᠠᠭᠤᠯᠵᠤ᠂ ᠭᠤᠭᠴᠤᠭ᠎ᠠ ᠪᠤᠯᠭᠠᠨ ᠢ ᠤᠷᠬᠢᠭᠳᠠᠭᠤᠯᠤᠯ ᠥᠭᠡᠢ ᠪᠠᠷ ︽ᠵᠤᠭᠤᠰ ᠵᠠᠷᠤᠪᠠᠯ ᠪᠥᠳᠥᠮᠵᠢ ᠶᠢ ᠠᠰᠠᠭᠤᠬᠤ᠂ ᠪᠥᠳᠥᠮᠵᠢ ᠥᠭᠡᠢ | ᠪᠤᠯ ᠬᠠᠷᠢᠭᠤᠴᠠᠯᠭ᠎ᠠ ᠠᠰᠠᠭᠤᠬᠤ︾ ᠶᠢ ᠪᠡᠶᠡᠯᠡᠭᠦᠯᠤᠨ᠂ ᠪᠥᠳᠥᠮᠵᠢ ᠶᠢᠨ ᠬᠠᠮᠢᠶᠠᠷᠤᠯᠳᠠ ᠶᠢᠨ ᠭᠥᠯᠢᠶᠡᠰᠥᠯᠡᠯ ᠢ ᠴᠢᠩᠭᠠᠳᠬᠠᠵᠤ᠂ ᠪᠡᠯᠡ ᠮᠥᠩᠭᠦᠨ ᠤ ᠬᠡᠷᠡᠭᠯᠡᠯᠳᠡ | ᠶᠢᠨ ᠥᠷ᠎ᠡ ᠪᠥᠳᠥᠮᠵᠢ ᠶᠢ ᠪᠠᠳᠤᠯᠠᠨ᠎ᠠ᠃ ᠭᠤᠷᠪᠠ ᠳᠤ᠂ ᠡᠳ᠋ ᠤᠨ ᠵᠠᠰᠠᠭ ᠤᠨ ᠬᠢᠨᠠᠯᠳᠠ ᠶᠢᠨ ᠭᠥᠴᠥᠯᠡᠴᠡ ᠪᠠᠨ ᠨᠡᠮᠡᠭᠳᠡᠭᠦᠯᠥᠨ᠎ᠡ᠃ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠵᠢᠷᠤᠮ ᠤᠨ ᠴᠢᠩᠳᠠᠯᠠᠯᠳᠠ ᠶᠢ ᠥᠷᠭᠦᠯᠵᠢᠯᠡᠨ ᠴᠢᠩᠭ᠎ᠠ ᠠᠳᠬᠤᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠡᠳᠥᠷ ᠲᠤᠳᠤᠮ ᠤᠨ | ᠬᠢᠨᠠᠯᠳᠠ ᠪᠠ ᠲᠤᠰᠬᠠᠢ ᠲᠥᠷᠥᠯ ᠤᠨ ᠬᠢᠨᠠᠨ ᠪᠠᠶᠢᠴᠠᠭᠠᠯᠳᠠ ᠶᠢ ᠤᠶᠠᠯᠳᠤᠭᠤᠯᠬᠤ ᠶᠢ ᠢᠮᠠᠭᠳᠠ ᠪᠠᠷᠢᠮᠳᠠᠯᠠᠨ᠂ ᠬᠠᠷᠢᠭᠤᠴᠠᠯᠭ᠎ᠠ ᠨᠡᠭᠡᠮᠵᠢᠯᠡᠨ ᠬᠠᠷᠢᠭᠤᠴᠠᠯᠭ᠎ᠠ | ᠠᠰᠠᠭᠤᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠬᠢᠨᠠᠯᠳᠠ ᠪᠠᠶᠢᠴᠠᠭᠠᠯᠳᠠ ᠶᠢᠨ ᠭᠥᠴᠥᠨ ᠴᠢᠳᠠᠮᠵᠢ ᠶᠢ ᠲᠡᠭᠡᠭᠰᠢᠯᠡᠭᠦᠯᠥᠨ᠂ ᠡᠳ᠋ ᠤᠨ ᠵᠠᠰᠠᠭ ᠤᠨ ᠪᠡᠯᠡ | ᠮᠥᠩᠭᠦᠨ ᠤ ᠠᠮᠤᠷ ᠲᠥᠪᠰᠢᠨ ᠪᠠ ᠪᠥᠳᠥᠮᠵᠢᠳᠤ ᠠᠵᠢᠯᠯᠠᠮᠵᠢ ᠶᠢ ᠪᠠᠳᠤᠯᠠᠨ᠎ᠠ᠃ ᠲᠥᠷᠪᠡ ᠳᠤ᠂ ᠤᠯᠤᠰ ᠤᠨ ᠥᠮᠴᠢᠯᠡᠯᠳᠤ ᠭᠥᠷᠥᠩᠭᠡ ᠶᠢᠨ ᠬᠢᠨᠠᠯᠳᠠ | ᠬᠠᠮᠢᠶᠠᠷᠤᠯᠳᠠ ᠶᠢᠨ ᠭᠥᠴᠥᠯᠡᠴᠡ ᠶᠢ ᠴᠢᠩᠭᠠᠳᠬᠠᠨ᠎ᠠ᠃ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ | ᠥᠢᠯᠡᠴᠢᠯᠡᠭᠡ ᠶᠢ ᠰᠢᠯᠢᠳᠡᠭᠵᠢᠭᠦᠯᠭᠦ ᠥᠭᠡᠷᠡᠴᠢᠯᠡᠯᠳᠡ ᠶᠢᠨ ᠱᠠᠭᠠᠷᠳᠠᠯᠭ᠎ᠠ ᠪᠠᠷ ᠬᠥᠷᠥᠩᠭᠡ ᠶᠢᠨ ᠬᠠᠮᠢᠶᠠᠷᠤᠯᠳᠠ ᠪᠠᠷ ᠭᠤᠤᠯᠯᠠᠭᠤᠯᠤᠭᠰᠠᠨ ᠤᠯᠤᠰ ᠤᠨ ᠥᠮᠴᠢᠯᠡᠯᠳᠤ | ᠡᠳ᠋ ᠭᠥᠷᠥᠩᠭᠡ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠠᠵᠤ ᠠᠬᠤᠶᠢᠯᠠᠯ ᠢ ᠰᠠᠯᠭᠠᠬᠤ ᠪᠠ ᠵᠠᠰᠠᠭ ᠭᠥᠷᠥᠩᠭᠡ ᠶᠢ ᠰᠠᠯᠭᠠᠬᠤ ᠬᠢᠭᠡᠳ ᠵᠠᠬ᠎ᠠ | ᠲᠡᠯᠭᠡᠭᠦᠷᠴᠢᠯᠡᠭᠰᠡᠨ ᠥᠭᠡᠷᠡᠴᠢᠯᠡᠯᠳᠡ ᠬᠢᠭᠦ ᠱᠠᠭᠠᠷᠳᠠᠯᠭ᠎ᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠳᠤ ᠭᠥᠷᠥᠩᠭᠡ ᠶᠢᠨ ᠰᠠᠭᠤᠷᠢ | ᠬᠠᠮᠢᠶᠠᠷᠤᠯᠳᠠ ᠶᠢ ᠥᠨᠡᠨ ᠭᠦ ᠴᠢᠩᠭᠠᠳᠬᠠᠨ᠎ᠠ︔ ᠡᠯ᠎ᠡ ᠲᠥᠷᠥᠯ ᠤᠨ ᠰᠢᠯᠢᠳᠡᠭ ᠴᠢᠨᠠᠷᠵᠢᠯ ᠲᠠᠢ ᠭᠥᠷᠥᠩᠭᠡ ᠬᠤᠭᠰᠢᠯ ᠪᠠ ᠭᠥᠷᠥᠩᠭᠡ ᠶᠢᠨ ᠰᠤᠷᠪᠤᠯᠵᠢ ᠶᠢ | ᠴᠡᠭᠴᠡᠵᠢᠭᠦᠯᠵᠤ᠂ ᠤᠳᠤᠬᠢᠴᠢᠯᠠᠭᠰᠠᠨ ᠠᠵᠤ ᠠᠬᠤᠢ ᠶᠢᠨ ᠬᠠᠮᠢᠶᠠᠷᠤᠯᠳᠠ ᠶᠢᠨ ᠲᠥᠷᠢᠮ ᠲᠤᠭᠳᠠᠴᠠ ᠶᠤᠰᠤᠭᠠᠷ ᠬᠤᠰᠢᠭᠤ ᠬᠠᠷᠢᠶᠠᠨ ᠳᠤ ᠬᠢ ᠤᠯᠤᠰ ᠤᠨ | ᠥᠮᠴᠢᠯᠡᠯᠳᠤ ᠠᠵᠤ ᠠᠬᠤᠶᠢᠯᠠᠯ ᠤᠨ ᠥᠪᠡᠷᠳᠡᠭᠡᠨ ᠪᠤᠵᠠᠭᠠᠶᠢᠷᠠᠬᠤ ᠴᠢᠳᠠᠪᠤᠷᠢ ᠶᠢ ᠴᠢᠩᠭᠠᠳᠬᠠᠨ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠢ ᠲᠤᠭᠳᠠᠭᠤᠨ | ᠢᠶᠠᠷ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯᠳᠤ ᠭᠥᠷᠥᠩᠭᠡ ᠶᠢᠨ ᠥᠷᠳᠡᠭ ᠤᠨ ᠪᠠᠳᠤᠯᠠᠯᠳᠠ ᠬᠢᠭᠡᠳ ᠨᠡᠮᠡᠭᠳᠡᠯ ᠢ | ᠪᠡᠶᠡᠯᠡᠭᠦᠯᠥᠨ᠎ᠡ᠃ | ︵ᠲᠦᠷᠪᠡ︶ ᠭᠤᠷᠪᠠᠨ ᠶᠡᠭᠡ ᠰᠢᠪᠳᠣᠯᠣᠯᠳᠠ ᠶᠢᠨ ᠠᠵᠢᠯ ᠢ ᠡᠷᠴᠢᠮᠳᠠᠢ ᠲᠡᠮᠵᠢᠨ᠂ ᠨᠡᠩ ᠴᠢᠨᠠᠷᠯᠢᠭ ᠬᠦᠭᠵᠢᠯᠳᠡ ᠶᠢ ᠪᠡᠶᠡᠯᠡᠭᠦᠯᠦᠨ᠎ᠡ᠃ ᠨᠢᠭᠡ ᠳᠤ᠂ | ᠠᠵᠢᠯ ᠤᠨ ᠬᠠᠷᠠᠯᠳᠠ ᠪᠠᠨ ᠪᠠᠳᠤ ᠡᠵᠡᠮᠳᠡᠨ᠂ ᠦᠷᠢ ᠦᠭᠴᠡᠭᠡ ᠰᠢᠢᠳᠪᠦᠷᠢᠯᠡᠬᠦ ᠰᠢᠪᠳᠣᠯᠣᠯᠳᠠ ᠶᠢ ᠦᠷᠭᠦᠯᠵᠢᠯᠡᠨ ᠰᠠᠶᠢᠳᠦᠷ ᠬᠢᠨ᠎ᠡ᠃ ᠦᠩᠭᠡᠷᠡᠭᠰᠡᠨ ᠵᠢᠯ ᠤᠳ | ᠤᠨ ᠦᠷᠢ ᠦᠭᠴᠡᠭᠡ ᠶᠢ ᠰᠢᠢᠳᠪᠦᠷᠢᠯᠡᠭᠰᠡᠨ ᠦᠷ᠎ᠡ ᠪᠦᠳᠦᠮᠵᠢ ᠶᠢᠨ ᠰᠠᠭᠤᠷᠢᠨ ᠲᠡᠭᠡᠷ᠎ᠡ᠂ ᠦᠷᠢ ᠦᠭᠴᠡᠭᠡᠨ ᠤ ᠬᠠᠮᠢᠶᠠᠷᠣᠯᠳᠠ ᠬᠢᠵᠠᠭᠠᠷᠯᠠᠯ ᠤᠨ ᠣᠷᠳᠦ | ᠬᠤᠭᠤᠴᠠᠭᠠᠳᠦ ᠲᠣᠭᠳᠠᠴᠠ ᠶᠢ ᠲᠠᠰᠣᠷᠠᠯᠳᠠ ᠦᠭᠡᠢ ᠠᠬᠢᠭᠤᠯᠣᠨ᠎ᠠ᠃ ᠡᠯ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩᠭ᠎ᠠ ᠱᠠᠭᠠᠷᠳᠠᠯᠭ᠎ᠠ ᠪᠠᠷ | ᠂ ᠵᠠᠰᠠᠭ ᠤᠨ ᠣᠷᠳᠣᠨ ᠤ ᠦᠷᠢ ᠥᠭᠴᠡᠭᠡ ᠶᠢ ︽ᠲᠡᠭᠡᠳᠦ ᠱᠠᠳᠣᠨ ᠠᠴᠠ ᠬᠠᠮᠢᠶᠠᠷᠬᠤ︾ ᠠᠵᠢᠯ ᠤᠨ ᠲᠣᠭᠳᠠᠴᠠ ᠶᠢ ᠰᠠᠶᠢᠳᠦᠷ ᠬᠡᠷᠡᠭᠵᠢᠭᠦᠯᠵᠣ᠂ ᠲᠥᠷᠢᠮ | ᠵᠦᠷᠢᠴᠡᠭᠰᠡᠨ ᠦᠷᠢ ᠦᠭᠴᠡᠭᠡᠨ ᠤ ᠨᠠᠰᠤᠨ ᠲᠤᠷᠰᠢᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠲᠠᠯᠳᠠ ᠴᠢᠨᠠᠷᠳᠠᠢ | ᠦᠷᠢ ᠦᠭᠴᠡᠭᠡᠨ ᠤ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ ᠡᠬᠦᠨ ᠤ ᠬᠠᠮᠳᠦ᠂ ᠲᠠᠯᠳᠠ ᠦᠷᠢ ᠦᠭᠴᠡᠭᠡ ᠶᠢ ᠰᠢᠢᠳᠪᠦᠷᠢᠯᠡᠬᠦ ᠠᠵᠢᠯ ᠢ ᠴᠢᠩᠭ᠎ᠠ ᠠᠳᠬᠤᠨ᠂ ᠡᠳ᠋ | ᠤᠨ ᠢᠷᠡᠯᠳᠡ ᠶᠢ ᠪᠤᠵᠠᠭᠠᠶᠢᠷᠠᠭᠤᠯᠬᠤ᠂ ᠬᠦᠷᠦᠩᠭᠡ ᠶᠢᠨ ᠬᠤᠪᠢᠷᠠᠭᠠᠯᠳᠠ᠂ ᠵᠠᠷᠣᠯᠭ᠎ᠠ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠤᠯᠣᠨ᠂ 2019 ᠣᠨ | ᠳᠤ 6.08 ᠳ᠋ᠦᠩᠰᠢᠭᠤᠷ ᠲᠦᠬᠦᠷᠢᠭ ᠤᠨ ᠲᠠᠯᠳᠠ ᠴᠢᠨᠠᠷᠳᠠᠢ ᠦᠷᠢ ᠦᠭᠴᠡᠭᠡ ᠶᠢ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠦᠨ᠎ᠡ᠃ ᠡᠬᠦᠨ ᠤ ᠬᠠᠮᠳᠦ᠂ ᠮᠦᠩᠭᠦᠨ | ᠭᠦᠢᠯᠭᠡᠭᠡᠨ ᠤ ᠲᠦᠭᠰᠢᠭᠦᠷᠢ ᠶᠢᠨ ᠰᠡᠷᠭᠡᠶᠢᠯᠡᠯᠳᠡ ᠬᠢᠵᠠᠭᠠᠷᠯᠠᠯ ᠢ ᠦᠨᠡᠨ ᠬᠦ ᠰᠠᠶᠢᠳᠦᠷ ᠬᠢᠵᠣ᠂ ᠲᠦᠭᠰᠢᠭᠦᠷᠢ ᠶᠢ ᠰᠡᠷᠭᠡᠶᠢᠯᠡᠭᠦ ᠨᠥᠭᠡᠴᠡ ᠮᠦᠩᠭᠦ ᠬᠠᠳᠠᠭᠠᠯᠠᠵᠤ᠂ | ᠰᠢᠰᠲ᠋ᠧᠮᠳᠦ ᠴᠢᠨᠠᠷᠳᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠬᠡᠬᠦ ᠦᠭᠡᠢ ᠶᠢ ᠪᠠᠳᠣᠯᠠᠨ᠎ᠠ᠃ ᠬᠤᠶᠠᠷ ᠲᠤ᠂ ᠪᠦᠬᠦ ᠬᠦᠴᠦᠨ ᠢᠶᠠᠷ ᠨᠠᠷᠢᠯᠢᠭ ᠣᠨᠣᠪᠴᠢᠳᠠᠢ | ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢ ᠦᠷᠭᠦᠯᠵᠢᠯᠡᠨ ᠰᠠᠶᠢᠳᠦᠷ ᠬᠢᠨ᠎ᠡ᠃ ᠡᠳ᠋ ᠤᠨ ᠵᠠᠰᠠᠭ ᠤᠨ ᠲᠦᠰᠦᠪ ᠤᠨ ᠬᠢᠵᠠᠭᠠᠷᠯᠠᠯ ᠪᠠ ᠤᠳᠤᠷᠢᠳᠤᠮᠵᠢ | ᠣᠶᠢᠯᠠᠳᠣᠯ ᠢ ᠭᠦᠢᠴᠡᠳ ᠪᠠᠳᠠᠷᠠᠭᠤᠯᠵᠣ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠳᠡᠢ ᠬᠠᠮᠳᠣᠷᠠᠨ᠂ ᠪᠠᠴᠢᠮ ᠴᠢᠬᠤᠯᠠ ᠶᠢᠨ ᠢᠯᠭᠠᠭ᠎ᠠ ᠲᠠᠢ ᠪᠠᠷ ᠶᠠᠳᠠᠭᠤ | ᠶᠢ ᠲᠡᠳᠬᠦᠬᠦ ᠲᠦᠷᠦᠯ ᠵᠣᠶᠢᠯ ᠪᠠ ᠪᠡᠯᠡ ᠮᠥᠩᠭᠦ ᠶᠢ ᠲᠤᠬᠢᠷᠠᠭᠤᠯᠤᠨ᠎ᠠ᠃ ᠲᠠᠩᠰᠠᠯᠠᠨ ᠪᠥᠷᠢᠳᠭᠡᠭᠰᠡᠨ ᠶᠠᠳᠠᠭᠤ ᠭᠥᠴᠢᠷᠳᠡᠯᠳᠡᠢ ᠭᠥᠮᠥᠰ ᠲᠤ ᠬᠠᠨᠳᠤᠭᠤᠯᠤᠨ᠂ | ᠶᠠᠳᠠᠭᠤ ᠶᠢ ᠲᠡᠳᠬᠦᠬᠦ ᠪᠡᠯᠡ ᠮᠦᠩᠭᠦ ᠶᠢ ᠣᠨᠣᠪᠴᠢᠳᠠᠢ ᠬᠡᠷᠡᠭᠯᠡᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠠᠰᠢᠭ ᠭᠥᠷᠳᠡᠭᠦ ᠶᠢ ᠪᠠᠳᠣᠯᠠᠨ᠎ᠠ᠃ ᠶᠠᠳᠠᠭᠤ ᠶᠢ | ᠲᠡᠳᠬᠦᠬᠦ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠦᠳᠡᠯᠦᠩᠭᠦᠢ ᠬᠢᠨᠠᠯᠳᠠ | ᠡᠵᠡᠮᠳᠡᠯ ᠤᠨ ᠲᠣᠭᠳᠠᠴᠠ ᠶᠢ ᠪᠠᠶᠢᠭᠤᠯᠵᠣ᠂ ᠨᠠᠷᠢᠯᠢᠭᠵᠢᠭᠰᠠᠨ ᠬᠠᠮᠢᠶᠠᠷᠣᠯᠳᠠ ᠶᠢ ᠬᠡᠷᠡᠭᠵᠢᠭᠦᠯᠦᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠳᠤ ᠬᠦᠴᠦ | ᠨᠡᠮᠡᠷᠢᠯᠡᠨ᠎ᠡ᠃ ᠭᠤᠷᠪᠠ ᠳᠤ᠂ ᠪᠠᠳᠣᠯᠠᠭ᠎ᠠ ᠶᠢ ᠰᠠᠶᠢᠳᠦᠷ ᠠᠳᠬᠤᠨ᠂ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢ ᠦᠷᠬᠦᠯᠵᠢᠯᠡᠨ ᠰᠠᠶᠢᠳᠦᠷ ᠬᠢᠨ᠎ᠡ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠪᠠᠭᠤᠷᠠᠢ ᠭᠤᠭᠴᠤᠭᠠᠨ ᠳᠤ ᠴᠢᠭᠯᠡᠭᠦᠯᠦᠨ᠂ ᠡᠳ᠋ ᠤᠨ ᠵᠠᠰᠠᠭ ᠤᠨ ᠲᠡᠮᠵᠢᠯᠭᠡ ᠶᠢᠨ ᠬᠦᠴᠦᠨ ᠢᠶᠠᠨ | ᠴᠢᠩᠭᠠᠳᠬᠠᠵᠣ᠂ ᠪᠣᠬᠢᠷᠳᠣᠯ ᠢ ᠰᠡᠷᠭᠡᠶᠢᠯᠡᠨ ᠵᠠᠰᠠᠬᠤ ᠡᠯ᠎ᠡ ᠲᠦᠷᠦᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠭᠤᠯᠣᠯᠳᠠ ᠶᠢᠨ ᠨᠠᠶᠢᠳᠠᠪᠦᠷᠢᠵᠢᠭᠤᠯᠣᠯᠳᠠ ᠶᠢ | ᠪᠠᠳᠣᠯᠠᠨ᠎ᠠ᠃ ᠪᠣᠬᠢᠷᠳᠣᠯ ᠢ ᠰᠡᠷᠭᠡᠶᠢᠯᠡᠨ ᠵᠠᠰᠠᠬᠤ ᠤᠳᠤ ᠪᠠᠶᠢᠭ᠎ᠠ ᠡᠯ᠎ᠡ ᠲᠦᠷᠦᠯ ᠤᠨ ᠪᠡᠯᠡ ᠮᠦᠩᠭᠦ ᠪᠠ ᠪᠣᠰᠣᠳ ᠬᠤᠯᠪᠣᠭᠳᠠᠯ ᠪᠦᠬᠦᠢ ᠲᠣᠰᠬᠠᠢ ᠲᠦᠷᠦᠯ ᠤᠨ | ᠪᠡᠯᠡ ᠮᠦᠩᠭᠦᠨ ᠤ ᠲᠡᠮᠵᠢᠯᠭᠡ ᠶᠢ ᠵᠣᠬᠢᠴᠠᠭᠤᠯᠣᠨ᠂ ᠪᠡᠯᠡ ᠮᠦᠩᠭᠦᠨ ᠤ ᠪᠦᠳᠦᠴᠡ ᠶᠢᠨ ᠲᠣᠬᠢᠷᠠᠭᠤᠯᠣᠯᠳᠠ ᠶᠢᠨ ᠬᠦᠴᠦᠨ ᠢᠶᠠᠨ ᠴᠢᠩᠭᠠᠳᠬᠠᠵᠣ᠂ ᠪᠣᠬᠢᠷᠳᠣᠯ ᠢ | ᠰᠡᠷᠭᠡᠶᠢᠯᠡᠨ ᠵᠠᠰᠠᠬᠤ ᠭᠤᠣᠯᠳᠠᠯᠭᠠᠳᠦ ᠠᠵᠢᠯ ᠳᠤ ᠪᠡᠯᠡ ᠣᠷᠣᠭᠤᠯᠬᠤ ᠪᠠᠨ ᠨᠡᠮᠡᠭᠳᠡᠭᠦᠯᠵᠣ᠂ ᠠᠭᠠᠷ ᠮᠠᠨᠳᠠᠯ᠂ ᠣᠰᠣ᠂ ᠬᠦᠷᠦᠰᠦ ᠰᠢᠷᠣᠢ ᠶᠢᠨ ᠪᠣᠬᠢᠷᠳᠣᠯ ᠢ | ᠰᠡᠷᠭᠡᠶᠢᠯᠡᠨ ᠵᠠᠰᠠᠬᠤ ︽ᠭᠤᠷᠪᠠᠨ ᠶᠡᠭᠡ ᠠᠵᠢᠯ ᠤᠨ ᠡᠭᠦᠷᠭᠡ︾ ᠶᠢ ᠰᠠᠶᠢᠳᠦᠷ ᠲᠡᠮᠵᠢᠨ᠎ᠡ᠃ | ᠲᠦᠯᠦᠭᠡᠯᠡᠭᠴᠢᠳ ᠡ᠂ 2019 ᠣᠨ ᠪᠣᠯ ᠰᠢᠨ᠎ᠡ ᠲᠣᠮᠳᠠᠳᠦ ᠣᠯᠣᠰ ᠪᠠᠶᠢᠭᠤᠯᠣᠭᠳᠠᠭᠰᠠᠨ 70 ᠵᠢᠯ ᠤᠨ ᠣᠢ᠂ ᠮᠦᠨᠴᠦ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠂ 2019 ᠣᠨ ᠤ ᠡᠳ᠋ ᠤᠨ ᠵᠠᠰᠠᠭ ᠤᠨ ᠠᠵᠢᠯ ᠤᠨ ᠡᠭᠦᠷᠭᠡ ᠭᠥᠨᠳᠥ᠂ ᠬᠠᠷᠢᠭᠤᠴᠠᠯᠭ᠎ᠠ ᠴᠢᠬᠤᠯᠠ᠂ | ᠣᠳᠬ᠎ᠠ ᠬᠦᠨ ᠪᠤᠢ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠢᠯᠢᠭ ᠲᠠᠢ ᠨᠡᠶᠢᠭᠡᠮ ᠵᠢᠷᠣᠮ ᠤᠨ ᠥᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠥᠨᠵᠡᠭᠡᠢ ᠰᠣᠷᠣᠯᠴᠠᠨ ᠲᠣᠣᠱᠯᠠᠭᠤᠯᠵᠣ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠭᠤᠯᠣᠯᠳᠠ ᠶᠢ ᠬᠢᠨᠠᠮᠠᠭᠠᠢ ᠨᠠᠶᠢᠳᠠᠪᠦᠷᠢᠵᠢᠭᠤᠯᠵᠣ᠂ ᠨᠡᠶᠢᠭᠡᠮ ᠤᠨ ᠡᠯ᠎ᠡ ᠡᠳᠡᠭᠡᠳ ᠤᠨ ᠬᠦᠴᠦᠳᠦ ᠲᠡᠮᠵᠢᠯᠭᠡ | ᠲᠣᠣᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠣᠬᠠᠮᠰᠠᠷ ᠠᠴᠠ ᠬᠦᠯᠢᠶᠡᠨ᠂ ᠣᠯᠣᠰ ᠲᠦᠷᠦ ᠶᠢᠨ | ᠵᠦᠪᠯᠡᠯᠭᠡᠨ ᠤ ᠰᠠᠨᠠᠭᠤᠯᠭ᠎ᠠ ᠶᠢ ᠬᠢᠴᠢᠶᠡᠩᠬᠦᠶᠢᠯᠡᠨ ᠰᠣᠨᠣᠰᠴᠦ᠂ ᠡᠳ᠋ ᠤᠨ ᠵᠠᠰᠠᠭ ᠤᠨ ᠴᠢᠳᠠᠪᠬᠢ ᠶᠢᠨ ᠣᠶᠢᠯᠠᠳᠣᠯ ᠢᠶᠠᠨ ᠭᠦᠢᠴᠡᠳ ᠪᠠᠳᠠᠷᠠᠭᠤᠯᠣᠨ᠂ ᠢᠳᠡᠭᠡᠯ | ᠢᠶᠠᠨ ᠪᠠᠳᠤᠳᠬᠠᠨ ᠡᠷᠡᠮᠡᠭᠡᠶᠢᠯᠡᠨ ᠠᠵᠢᠯᠯᠠᠵᠤ᠂ ᠬᠦᠴᠢᠷ ᠪᠡᠷᠭᠡ ᠶᠢ ᠢᠯᠠᠨ ᠲᠠᠪᠠᠵᠤ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ | ᠡᠳ᠋ ᠤᠨ ᠬᠦᠴᠦᠨ ᠤ ᠪᠠᠳᠣᠯᠠᠭ᠎ᠠ ᠬᠠᠩᠭᠠᠰᠤᠭᠠᠢ᠃ | |