ᠤᠳᠤᠭ ᠤᠨ ᠡᠮᠤᠨᠡᠳᠤ ᠬᠤᠰᠢᠭᠤᠨ ᠤ 2018 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2019 ᠤᠨ ᠤ ᠤᠯᠤᠰ ᠠᠷᠠᠤᠨ ᠤᠨ | ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ | | | — 2019 ᠤᠨ ᠤ 1 ᠰᠠᠷ᠎ᠠ ᠶᠢᠨ 23 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠳᠦᠭᠠᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ | | | ᠲᠦᠯᠤᠬᠡᠯᠡᠭᠴᠢᠤᠨ ᠡ ᠄ | ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2018 ᠤᠨ ᠤ ᠤᠯᠤᠰ ᠠᠷᠠᠤᠨ ᠤᠨ | ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2019 ᠣᠨ ᠤ ᠤᠯᠤᠰ ᠠᠷᠠᠤᠨ ᠤᠨ ᠠᠵᠤ ᠠᠬᠤᠢ | ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ | ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2018 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | ᠨᠢᠳᠤᠨᠤᠨ ᠠᠴᠠ ᠢᠨᠠᠭᠰᠢ ᠪᠡᠷᠭᠡ ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠤᠨ ᠡᠮᠥᠨ᠎ᠡ ᠪᠢᠳᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠡᠷᠴᠢᠳᠦ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ | ᠳᠡᠮᠵᠢᠯᠬᠡ ᠳᠤᠤᠷ᠎ᠠ᠂ ᠪᠦᠬᠦ ᠬᠤᠰᠢᠭᠤ ᠪᠠᠷ ᠢᠶᠠᠨ ᠲᠦᠪ᠂ ᠣᠷᠣᠨ᠂ ᠬᠤᠳᠠ ᠶᠢᠨ ᠡᠯ᠎ᠡ ᠰᠢᠢᠳᠪᠥᠷᠢ ᠪᠠᠶᠢᠷᠢᠯᠠᠭᠤᠯᠤᠯᠳᠠ ᠶᠢ ᠭᠥᠨᠵᠡᠭᠡᠢ ᠨᠠᠶᠢᠳᠠᠪᠦᠷᠢᠵᠢᠭᠤᠯᠣᠨ᠂ | ᠲᠣᠭᠳᠠᠭᠤᠨ ᠢᠶᠠᠷ ᠤᠷᠤᠭᠰᠢᠯᠠᠭᠤᠯᠬᠤ ᠠᠵᠢᠯ ᠤᠨ ᠠᠯᠬᠤᠮ ᠢ ᠪᠠᠷᠢᠮᠳᠠᠯᠠᠵᠣ᠂ ᠰᠢᠨ᠎ᠡ ᠬᠦᠭᠵᠢᠯᠳᠡ ᠶᠢᠨ ᠰᠡᠳᠬᠢᠮᠵᠢ ᠶᠢ ᠭᠤᠶᠢᠪᠢᠰᠢ ᠥᠭᠡᠢ ᠴᠢᠩᠭ᠎ᠠ | ᠬᠡᠷᠡᠭᠵᠢᠭᠦᠯᠥᠨ᠂ ᠴᠢᠨᠠᠷᠯᠢᠭ ᠭᠥᠭᠵᠢᠯᠳᠡ ᠶᠢ ᠭᠥᠴᠥᠯᠡᠨ ᠠᠬᠢᠭᠤᠯᠵᠤ᠂ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠲᠤᠭᠳᠠᠭᠤᠨ ᠭᠥᠭᠵᠢᠯᠳᠡ ᠶᠢᠨ ᠪᠠᠶᠢᠳᠠᠯ | ᠢ ᠪᠠᠷᠢᠮᠳᠠᠯᠠᠵᠤ ᠴᠢᠳᠠᠪᠠ᠃ | ︵ᠨᠢᠭᠡ︶ ᠠᠵᠤ ᠠᠬᠤᠢ ᠶᠢᠨ ᠠᠵᠢᠯᠯᠠᠮᠵᠢ ᠶᠡᠷᠥᠩᠭᠡᠢ ᠳᠤ ᠪᠠᠨ ᠲᠤᠭᠳᠠᠭᠤᠨ ᠠᠬᠢᠪᠠ᠃ ᠭᠥᠭᠵᠢᠭᠦᠯᠥᠯᠳᠡ ᠶᠢᠨ ᠴᠢᠬᠤᠯᠠ ᠡᠭᠦᠷᠭᠡ ᠶᠢ ᠢᠮᠠᠭᠳᠠ | ᠪᠠᠷᠢᠮᠳᠠᠯᠠᠵᠤ᠂ ᠢᠳᠡᠪᠬᠢᠳᠡᠢ ᠯᠠᠪᠳᠠᠭᠤᠨ ᠲᠥᠷᠥ ᠶᠢᠨ ᠪᠤᠳᠤᠯᠭ᠎ᠠ ᠲᠣᠭᠲᠠᠭᠠᠨ ᠪᠦᠲᠦᠮᠵᠢᠲᠠᠢ ᠬᠡᠷᠡᠭᠵᠢᠬᠦᠯᠵᠣ᠂ ᠲᠣᠭᠲᠠᠭᠤᠨ ᠨᠡᠮᠡᠭᠳᠡᠯ ᠪᠣᠯᠣᠨ ᠦᠷ᠎ᠡ ᠠᠰᠢᠭ ᠢ | ᠲᠡᠬᠡᠭᠰᠢᠯᠡᠬᠦᠯᠬᠦ ᠶᠢ ᠣᠷᠭᠠᠨᠢᠭ ᠨᠢᠬᠡᠳᠭᠡᠪᠡ᠃ ᠠᠵᠣ ᠠᠬᠤᠢ ᠶᠢᠨ ᠭᠤᠣᠯ ᠵᠢᠭᠠᠯᠲᠠ ᠶᠢ ᠵᠦᠢ ᠵᠣᠬᠢᠰᠲᠠᠢ ᠣᠷᠣᠨ ᠵᠠᠢ ᠶᠢᠨ ᠲᠣᠳᠣᠷ᠎ᠠ ᠪᠠᠲᠣᠯᠠᠵᠣ᠂ ᠪᠦᠬᠦ ᠵᠢᠯ ᠳᠤ | ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠢ 133.4 ᠳ᠋ᠦᠩᠰᠢᠭᠤᠷ ᠲᠦᠬᠦᠷᠢᠭ ᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ 5% | ᠪᠠᠷ ᠨᠡᠮᠡᠭᠳᠡᠬᠦᠯᠪᠠ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 10.56 ᠳ᠋ᠦᠩᠰᠢᠭᠤᠷ ᠲᠦᠬᠦᠷᠢᠭᠪᠡᠶᠡᠯᠡᠬᠦᠯᠵᠣ᠂ ᠠᠳᠠᠯᠢ ᠬᠤᠭᠤᠴᠠᠭᠠᠨ | ᠤ ᠬᠢ ᠠᠴᠠ 31.8% ᠪᠠᠷ ᠨᠡᠮᠡᠭᠳᠡᠬᠦᠯᠪᠡ︔ ᠪᠦᠬᠦ ᠨᠡᠶᠢᠬᠡᠮ ᠤᠨ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢ 55.9 ᠳ᠋ᠦᠩᠰᠢᠭᠤᠷ ᠲᠦᠬᠦᠷᠢᠭ | ᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ 28.5% ᠪᠠᠷ ᠬᠠᠰᠤᠭᠳᠠᠭᠤᠯᠪᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ | ᠶᠡᠷᠤᠩᠬᠡᠢ ᠦᠷᠳᠡᠭ ᠢ 24.5 ᠳ᠋ᠦᠩᠰᠢᠭᠤᠷ ᠲᠦᠬᠦᠷᠢᠭᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠬᠦᠯᠪᠡ︔ ᠬᠤᠳᠠ ᠬᠦᠳᠡᠭᠡ | ᠶᠢᠨ ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ 44652 ᠲᠦᠬᠦᠷᠢᠭ ᠪᠠ 18283 ᠲᠦᠬᠦᠷᠢᠭ ᠲᠤ ᠬᠦᠷᠴᠤ᠂ ᠠᠳᠠᠯᠢ | ᠬᠤᠭᠤᠴᠠᠭᠠᠨ ᠤ ᠬᠢ ᠠᠴᠠ 7.5% ᠪᠠ 8% ᠨᠡᠮᠡᠭᠳᠡᠪᠠ᠃ ᠪᠦᠬᠦ ᠨᠡᠶᠢᠬᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ᠂ ᠠᠵᠣ ᠦᠢᠯᠡᠳᠪᠣᠷᠢ ᠶᠢᠨ ᠴᠠᠬᠢᠯᠭᠠᠨ | ᠬᠡᠷᠡᠭᠯᠡᠭᠰᠡᠨ ᠬᠡᠮᠵᠢᠶ᠎ᠡ ᠵᠡᠷᠬᠡ ᠶᠢᠨ ᠵᠢᠭᠠᠯᠲᠠ ᠲᠤᠭ᠎ᠠ 8.13% ᠪᠠ 7.1% ᠨᠡᠮᠡᠭᠳᠡᠵᠣ᠂ ᠨᠡᠶᠢᠬᠡᠮ ᠤᠨ ᠪᠠᠷᠠᠭ᠎ᠠ ᠵᠦᠬᠡᠬᠡᠪᠣᠷᠢ ᠶᠢᠨ ᠬᠡᠮᠵᠢᠶᠡᠠᠳᠠᠯᠢ | ᠬᠤᠭᠤᠴᠠᠭᠠᠨ ᠤ ᠬᠢ ᠲᠠᠢ ᠲᠡᠩᠴᠡᠵᠣ᠂ ᠠᠵᠣ ᠠᠬᠤᠢ ᠶᠢᠨ ᠡᠷᠬᠢᠯᠲᠡ ᠶᠢᠨ ᠲᠣᠭᠳᠠᠭᠤᠨ ᠬᠦᠭᠵᠢᠯᠲᠡ ᠶᠢ ᠪᠡᠶᠡᠯᠡᠬᠦᠯᠪᠡ᠃ | ︵ᠬᠤᠶᠠᠷ︶ ᠠᠵᠤ ᠤᠶᠢᠯᠡᠰ ᠤᠨ ᠪᠦᠲᠦᠴᠡ ᠲᠣᠭᠳᠠᠭᠤᠨ ᠢᠶᠠᠷ ᠴᠢᠨᠠᠷᠵᠢᠪᠠ᠃ ᠪᠦᠬᠦ ᠬᠦᠴᠦᠨ ᠢᠶᠠᠷ ᠲᠦᠷᠦᠯ ᠵᠦᠢᠯ ᠢ ᠡᠬᠢᠯᠡᠬᠦᠯᠣᠨ ᠪᠠᠶᠢᠭᠤᠯᠵᠣ᠂ | ᠬᠦᠭᠵᠢᠯᠲᠠ ᠶᠢᠨ ᠬᠦᠳᠡᠯᠬᠡᠭᠴᠢ ᠬᠦᠴᠦᠨ ᠤ ᠪᠣᠶᠢᠵᠢᠭᠤᠯᠣᠯᠲᠠ ᠶᠢ ᠲᠦᠷᠬᠡᠳᠭᠡᠨ᠂ ᠭᠤᠷᠪᠠᠨ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠬᠦᠯᠬᠦ | ᠶᠢ ᠠᠬᠢᠭᠤᠯᠵᠣ᠂ ᠬᠡᠯᠪᠡᠷᠢ ᠶᠢᠨ ᠬᠤᠪᠢᠷᠠᠭᠤᠯᠣᠯᠲᠠ ᠪᠣᠯᠣᠨ ᠪᠦᠲᠦᠴᠡ ᠶᠢᠨ ᠲᠣᠬᠢᠷᠠᠭᠤᠯᠣᠯᠲᠠ ᠶᠢ ᠢᠵᠢᠯ ᠠᠯᠬᠤᠮ ᠢᠶᠠᠷ ᠠᠬᠢᠭᠤᠯᠪᠠ᠃ ᠮᠠᠯ ᠲᠠᠷᠢᠶᠠᠯᠠᠩ ᠤᠨ | ᠠᠵᠣ ᠦᠢᠯᠡᠰ ᠲᠣᠭᠳᠠᠭᠤᠨ ᠢᠶᠠᠷ ᠠᠬᠢᠪᠠ᠃ ᠨᠢᠬᠡᠳᠣᠭᠡᠷ ᠠᠵᠣ ᠦᠢᠯᠡᠰ ᠤᠨ ᠨᠡᠮᠡᠭᠳᠡᠯ ᠦᠷᠲᠡᠭ 13 ᠳ᠋ᠦᠩᠰᠢᠭᠤᠷ ᠲᠦᠬᠦᠷᠢᠭ ᠲᠤ ᠬᠦᠷᠴᠣ᠂ 3% ᠨᠡᠮᠡᠭᠳᠡᠪᠡ | ᠃ ᠵᠢᠱᠢᠯᠲᠠ ᠪᠠᠷ ᠲᠠᠷᠢᠮᠠᠯ ᠤᠨ ᠲᠠᠯᠠᠪᠠᠢ 99.8 ᠲᠦᠮᠡᠨ ᠮᠣ᠋ ᠳᠤ ᠬᠦᠷᠴᠤ᠂ ᠠᠮᠣ ᠪᠣᠳᠠᠭᠠᠨ ᠤ ᠶᠡᠷᠣᠩᠬᠡᠢ ᠣᠨᠠᠯᠲᠠ 1.04 ᠳ᠋ᠦᠩᠰᠢᠭᠤᠷ ᠺᠢᠯᠣᠭ᠍ᠷᠠᠮ ᠳᠤ | ᠬᠦᠷᠣᠨ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠥ ᠪᠣᠷᠳᠣᠭᠠᠨ ᠤ ᠬᠠᠷᠢᠴᠠᠯ ᠢ ᠰᠢᠯᠢᠳᠡᠭᠵᠢᠬᠦᠯᠣᠨ 49᠄ 20᠄ 31 ᠪᠣᠯᠭᠠᠵᠣ᠂ ᠮᠠᠯᠵᠢᠯ ᠤᠨ | ᠣᠨ ᠤ ᠮᠠᠯ ᠤᠨ ᠪᠤᠷᠤᠯᠠᠭᠤᠯᠭ᠎ᠠ ᠶᠢᠨ ᠳᠤᠭ᠎ᠠ ᠳᠤᠯᠤᠭᠠᠢ ᠬᠢᠬᠡᠳ ᠵᠢᠮᠢᠰ ᠢᠳᠡᠰᠢᠨ ᠨᠣᠭᠤᠭ᠎ᠠ ᠶᠢᠨ ᠭᠠᠷᠣᠯᠲᠠ ᠲᠣᠰᠪᠣᠷᠢ 140 ᠲᠦᠮᠡ ᠪᠠ 20 ᠲᠦᠮᠡᠨ ᠲᠣᠨ | ᠳᠤ ᠬᠦᠷᠪᠡ᠃ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠦᠬᠡᠷᠡᠴᠢᠯᠡᠯᠲᠡ ᠦᠷᠬᠦᠯᠵᠢᠯᠡᠨ ᠠᠬᠢᠵᠣ᠂ ᠦᠪᠡᠷᠲᠡᠬᠡᠨ ᠵᠠᠰᠠᠬᠤ ᠣᠷᠣᠨ ᠤ ᠲᠠᠰ ᠤᠨ | ᠲᠣᠯᠣᠭᠠᠶᠢᠯᠠᠭᠴᠢ ᠠᠵᠣ ᠠᠬᠤᠶᠢᠯᠠᠯ 2᠂ ᠬᠤᠲᠠ ᠶᠢᠨ ᠲᠠᠰ ᠤᠨ ᠲᠣᠯᠣᠭᠠᠶᠢᠯᠠᠭᠴᠢ ᠠᠵᠣ ᠠᠬᠤᠶᠢᠯᠠᠯ 3 ᠨᠡᠮᠡᠭᠳᠡᠨ᠂ 60 ᠡᠷᠣᠬᠡ ᠶᠢ ᠠᠮᠢ ᠠᠬᠤᠶᠢᠴᠢ ᠬᠡᠷ | ᠪᠦᠯᠢ ᠶᠢᠨ ᠮᠠᠯᠵᠢᠯ ᠤᠨ ᠲᠠᠯᠠᠪᠠᠢ ᠪᠠᠷ ᠲᠣᠭᠲᠠᠭᠠᠵᠣ᠂ ᠲᠣᠰᠬᠠᠢ ᠬᠤᠷᠰᠢᠶᠠᠵᠢᠯ ᠤᠨ ᠨᠡᠶᠢᠭᠡᠮᠯᠢᠭ ᠢ 59 ᠪᠣᠶᠢᠵᠢᠭᠤᠯᠪᠠ᠃ ︽ᠣᠷᠳᠣᠰ ᠤᠨ ᠦᠨᠳᠦᠷᠯᠢᠭ ᠤᠨ | ᠣᠯᠠᠷᠢᠯ ᠰᠦᠷᠦᠭᠰᠡᠨ ᠢᠳᠡᠰᠢᠨ ᠨᠣᠭᠤᠭ᠎ᠠ︾ ᠶᠢᠨ ᠠᠷᠠᠯᠵᠢᠶᠠᠨ ᠤ ᠵᠦᠪᠳᠡᠯᠴᠡᠬᠡᠷ ᠤᠨ ᠬᠤᠷᠠᠯ ᠢ ᠠᠮᠵᠢᠯᠲᠠᠲᠠᠢ ᠡᠷᠬᠢᠯᠡᠵᠣ᠂ ᠮᠠᠯ ᠲᠠᠷᠢᠶᠠᠯᠠᠩ ᠤᠨ ᠪᠦᠲᠦᠬᠡᠭᠳᠡᠬᠦᠨ | ᠢ ᠪᠦᠬᠦ ᠣᠯᠣᠰ ᠤᠨ ᠵᠠᠬ᠎ᠠ ᠲᠠᠯᠬᠡᠬᠦᠷ ᠲᠤ ᠪᠣᠷᠣᠯᠠᠭᠤᠯᠬᠤ ᠲᠠᠪᠴᠠᠩ ᠢ ᠪᠠᠶᠢᠭᠤᠯᠪᠠ᠃ ᠠᠵᠣ ᠣᠶᠢᠯᠠᠳᠪᠦᠷᠢ ᠶᠢᠨ ᠠᠵᠣ ᠠᠬᠤᠢ ᠶᠢᠨ ᠲᠣᠭᠲᠠᠴᠠ ᠲᠡᠬᠦᠯᠳᠡᠷᠵᠢᠪᠡ | ᠃ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ ᠬᠦᠷᠬᠡᠯᠳᠠ ᠶᠢᠨ ᠱᠤᠭᠤᠮ ᠤᠨ ᠴᠠᠬᠢᠯᠭᠠᠨ ᠲᠠᠮᠵᠢᠭᠤᠯᠬᠤ ᠨᠦᠬᠦᠴᠡᠯ ᠪᠦᠷᠢᠳᠴᠣ᠂ ᠱᠧᠩ ᠯᠦ | ᠴᠠᠬᠢᠯᠭᠠᠨ ᠣᠶᠢᠯᠠᠳᠪᠦᠷᠢ ᠶᠢᠨ ᠰᠢᠪᠠᠷ ᠰᠢᠷᠣᠢ ᠶᠢᠨ ᠪᠠᠷᠢᠯᠭ᠎ᠠ ᠶᠢᠨ 90% ᠶᠢ ᠪᠡᠶᠡᠯᠡᠬᠦᠯᠣᠬᠡᠳ᠂ ᠪᠦᠬᠦ ᠲᠠᠯ᠎ᠠ ᠪᠠᠷ ᠲᠣᠨᠤᠭ ᠲᠦᠬᠦᠬᠡᠷᠣᠮᠵᠢ ᠣᠭᠰᠠᠷᠠᠬᠤ | ᠱᠠᠳᠣᠨ ᠳᠤ ᠣᠷᠣᠪᠠ︔ ᠣᠯᠣᠰ ᠤᠨ ᠴᠠᠬᠢᠯᠭᠠᠨ ᠤ ᠱᠤᠸᠠᠩ ᠸᠧᠢ᠂ ᠴᠠᠩ ᠴᠧᠩ ᠴᠠᠬᠢᠯᠭᠠᠨ ᠣᠶᠢᠯᠠᠳᠪᠦᠷᠢ ᠶᠢ ᠡᠬᠢᠯᠡᠨ ᠪᠠᠶᠢᠭᠤᠯᠵᠣ᠂ ᠴᠠᠩ ᠴᠧᠩ 1 | ᠨᠣᠮᠧᠷᠲᠣ ᠨᠡᠭᠦᠷᠡᠰᠣᠨ ᠠᠭᠤᠷᠬᠠᠢ ᠶᠢᠨ ᠲᠡᠰ ᠲᠠᠪᠰᠢᠬᠦᠯᠬᠦ ᠦᠬᠡᠷᠡᠴᠢᠯᠡᠯᠲᠡ ᠶᠢᠨ ᠲᠦᠷᠦᠯ ᠵᠦᠢᠯ ᠬᠢᠬᠡᠳ ᠰᠢᠨ᠎ᠡ ᠪᠠᠷ ᠪᠠᠶᠢᠭᠤᠯᠬᠤ ᠴᠠᠩ ᠴᠧᠩ 3᠂ 5᠂ 6 | ᠨᠣᠮᠧᠷᠲᠣ ᠨᠡᠭᠦᠷᠡᠰᠣᠨ ᠠᠭᠤᠷᠬᠠᠢ ᠶᠢᠨ ᠲᠦᠷᠦᠯ ᠵᠦᠢᠯ ᠪᠣᠯᠣᠨ ᠪᠠᠯᠠᠩ ᠤᠨ ᠨᠡᠭᠦᠷᠡᠰᠣᠨ ᠠᠭᠤᠷᠬᠠᠢ ᠶᠢᠨ ᠲᠦᠷᠦᠯ ᠵᠦᠢᠯ ᠴᠤᠬᠤᠯᠠᠪᠤᠷᠢᠯᠠᠭᠳᠠᠬᠤ ᠪᠠᠷ ᠪᠣᠯᠵᠣ᠂ | ᠮᠠᠨ ᠤ ᠬᠤᠰᠢᠭᠤᠨ ᠤ ᠵᠦᠪᠰᠢᠶᠡᠷᠡᠬᠦᠯᠣᠭ᠍ᠰᠡᠨ ᠦᠬᠡᠢ ᠪᠠᠷ ᠨᠡᠭᠦᠷᠡᠰᠣᠨ ᠠᠭᠤᠷᠬᠠᠢ ᠪᠠᠶᠢᠭᠤᠯᠵᠣ ᠪᠠᠶᠢᠭᠰᠠᠨ ᠲᠦᠷᠢᠮ ᠵᠦᠷᠢᠴᠡᠭᠰᠡᠨ ᠠᠰᠠᠭᠤᠳᠠᠯ ᠪᠦᠲᠦᠮᠵᠢᠲᠠᠢ | ᠰᠢᠢᠳᠪᠣᠷᠢᠯᠡᠭᠳᠡᠪᠡ᠃ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠤᠨ ᠣᠷᠴᠢᠨ ᠲᠣᠭᠤᠷᠢᠨ | ᠤ ᠨᠦᠯᠣᠬᠡᠯᠡᠯ ᠤᠨ ᠦᠨᠡᠯᠡᠯᠲᠡ ᠶᠢᠨ ᠬᠤᠶᠠᠳᠣᠭᠠᠷ ᠣᠳᠠᠭᠠᠨ ᠤ ᠬᠢᠨᠠᠨ ᠪᠠᠶᠢᠴᠠᠭᠠᠯᠲᠠ ᠢ ᠶᠠᠪᠣᠭᠳᠠᠭᠤᠯᠵᠣ᠂ ᠬᠤᠸᠠ ᠰᠢᠩ ᠤᠨ 60 ᠲᠦᠮᠡᠨ ᠲᠣᠨ ᠨᠡᠬᠦᠷᠡᠰᠤ | ᠪᠠᠷ ᠠᠯᠺᠸᠠ ᠤᠶᠢᠯᠡᠤᠨᠬᠦ ᠲᠦᠷᠦᠯ ᠵᠣᠶᠢᠯ ᠢ ︽ᠣᠷᠳᠣᠰ ᠤᠨ ᠠᠷᠪᠠᠨ ᠭᠤᠷᠪᠠᠳᠣᠭᠠᠷ ᠲᠠᠪᠣᠨ ᠵᠢᠯ ᠤᠨ ᠣᠳᠣᠬᠢᠴᠢᠯᠠᠭᠰᠠᠨ ᠨᠡᠬᠦᠷᠡᠰᠣᠨ ᠬᠢᠮᠢ ᠶᠢᠨ ᠠᠵᠣ | ᠦᠢᠯᠡᠳᠪᠣᠷᠢ ᠶᠢᠨ ᠲᠦᠯᠦᠪᠵᠢᠬᠦᠯᠬᠡ︾ ᠳᠤ ᠣᠷᠣᠭᠤᠯᠪᠠ᠃ ᠪᠦᠬᠦ ᠬᠤᠰᠢᠭᠤᠨ ᠤ ᠨᠡᠬᠦᠷᠡᠰᠣ᠂ ᠨᠡᠬᠦᠷᠡᠰᠣᠨ ᠬᠢᠮᠢ᠂ ᠰᠢᠲᠠᠮᠠᠬᠠᠢ ᠬᠡᠢ ᠶᠢᠨ ᠭᠠᠷᠣᠯᠲᠠ ᠲᠣᠰ ᠲᠣᠰ | 1430 ᠲᠦᠮᠡᠨ ᠲᠣᠨ᠂ 120 ᠲᠦᠮᠡᠨ ᠲᠣᠨ᠂ 35 ᠳ᠋ᠦᠩᠰᠢᠭᠤᠷ ᠺᠦᠪ ᠮᠧᠲᠷ ᠲᠤ ᠬᠦᠷᠴᠣ᠂ ᠨᠡᠬᠦᠷᠡᠰᠣ ᠪᠠᠷ ᠰᠠᠭᠤᠷᠢᠯᠠᠭᠤᠯᠣᠭᠰᠠᠨ᠂ ᠬᠡᠯᠬᠢᠶᠡᠵᠢᠯ ᠢ | ᠣᠷᠳᠣᠰᠬᠠᠭᠰᠠᠨ᠂ ᠣᠯᠠᠨ ᠡᠰᠢᠵᠢᠬᠦᠯᠣᠨ ᠬᠤᠪᠢᠷᠭᠠᠭᠰᠠᠨ ᠪᠣᠬᠢᠷᠳᠣᠯ ᠦᠬᠡᠢ ᠡᠷᠬᠢᠯᠲᠡᠲᠣ ᠠᠵᠣ ᠦᠢᠯᠡᠳᠪᠣᠷᠢ ᠶᠢᠨ ᠠᠵᠣ ᠠᠬᠤᠢ ᠪᠦᠷᠢᠯᠳᠣᠵᠣ ᠡᠬᠢᠯᠡᠪᠡ᠃ | ᠭᠤᠷᠪᠠᠳᠣᠭᠠᠷ ᠠᠵᠣ ᠣᠶᠢᠯᠠᠰ ᠡᠷᠡᠬᠦᠯ ᠢᠶᠠᠷ ᠬᠦᠭᠵᠢᠪᠡ᠃ ︽1 + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠢᠶᠠᠷ ᠭᠤᠣᠯᠳᠠᠯᠭ᠎ᠠ ᠪᠣᠯᠭᠠᠨ | ᠬᠤᠪᠢᠰᠬᠠᠯᠳᠣ ᠬᠦᠮᠦᠵᠢᠯ ᠤᠨ ᠦᠷᠬᠡᠳᠭᠡᠯ ᠪᠣᠯᠪᠠᠰᠣᠷᠠᠯ ᠤᠨ ᠰᠠᠭᠤᠷᠢᠨ ᠭᠠᠵᠠᠷ᠂ ᠪᠣᠯᠪᠠᠰᠣᠷᠠᠯ ᠤᠨ ᠲᠦᠪ ᠤᠨ ᠲᠦᠷᠦᠯ ᠵᠦᠢᠯ ᠢ ᠪᠠᠶᠢᠭᠤᠯᠵᠣ᠂ ᠪᠣᠷᠣᠪᠠᠯᠭᠠᠰᠦ | ᠶᠢᠨ ᠬᠤᠪᠢᠰᠬᠠᠯᠳᠣ ᠰᠣᠶᠣᠯ ᠵᠢᠭᠤᠯᠴᠢᠯᠠᠯ ᠤᠨ ᠣᠷᠣᠨ ᠣᠯᠣᠰ ᠤᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ | ᠦᠪᠡᠷᠲᠡᠬᠡᠨ ᠵᠠᠰᠠᠬᠤ ᠣᠷᠣᠨ ᠤ ᠣᠳᠣᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠴᠡᠭ 6᠂ ᠬᠤᠲᠠ ᠶᠢᠨ ᠲᠠᠰ ᠤᠨ ᠵᠢᠭᠤᠯᠴᠢᠯᠠᠯ ᠤᠨ | ᠳᠠᠭᠤᠷᠢᠶᠠᠯ ᠭᠠᠴᠠᠭ᠎ᠠ ᠳᠤᠰᠬᠤᠨ 2᠂ ᠬᠤᠲᠠ ᠶᠢᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠡᠷᠣᠬᠡ 21 ᠰᠢᠨ᠎ᠠ ᠪᠠᠷ | ᠨᠡᠮᠡᠭᠳᠡᠨ᠂ ᠪᠦᠬᠦ ᠵᠢᠯ ᠳᠤ ᠵᠢᠭᠤᠯᠴᠢᠯᠠᠭᠰᠠᠳ ᠢ 109.58 ᠲᠦᠮᠡᠨ ᠬᠦᠮᠦᠨ ᠣᠳᠠᠭ᠎ᠠ ᠬᠦᠯᠢᠶᠡᠨ ᠵᠣᠴᠢᠯᠠᠵᠣ᠂ ᠠᠳᠠᠯᠢ ᠬᠤᠭᠤᠴᠠᠭᠠᠨ ᠤ ᠬᠢ ᠠᠴᠠ 16.7% | ᠨᠡᠮᠡᠭᠳᠡᠨ᠂ ᠵᠢᠭᠤᠯᠴᠢᠯᠠᠯ ᠤᠨ ᠶᠡᠷᠣᠩᠬᠡᠢ ᠣᠷᠣᠯᠭ᠎ᠠ 36.1 ᠳ᠋ᠦᠩᠰᠢᠭᠤᠷ ᠲᠦᠬᠦᠷᠢᠭ ᠬᠦᠷᠴᠣ᠂ ᠠᠳᠠᠯᠢ ᠬᠤᠭᠤᠴᠠᠭᠠᠨ ᠤ ᠬᠢ ᠠᠴᠠ 20.3% ᠨᠡᠮᠡᠭᠳᠡᠪᠡ᠃ | ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠦᠳᠳᠡᠷ ᠲᠦᠷᠭᠡᠨ ᠬᠦᠭᠵᠢᠵᠣ᠂ ᠱᠠᠩᠬᠠᠢ ᠶᠢᠨ ᠰᠦᠮ᠎ᠡ ᠶᠢᠨ ᠨᠡᠬᠦᠷᠡᠰᠣ ᠨᠦᠬᠡᠴᠡᠯᠡᠨ ᠠᠷᠠᠯᠵᠢᠶᠠᠯᠠᠬᠤ ᠲᠦᠪ ᠤᠨ | ᠨᠡᠬᠦᠷᠡᠰᠣᠨ ᠤ ᠪᠣᠷᠣᠯᠠᠭᠤᠯᠭ᠎ᠠ 5000 ᠲᠦᠮᠡᠨ ᠲᠦᠬᠦᠷᠢᠭ ᠲᠤ ᠬᠦᠷᠴᠣ᠂ 17 ᠰᠦᠯᠵᠢᠶᠡᠨ ᠬᠤᠳᠠᠯᠳᠣᠭᠠᠨ ᠤ ᠲᠠᠪᠴᠠᠩ ᠤᠨ ᠪᠣᠷᠣᠯᠠᠭᠤᠯᠣᠯᠳᠠ 2 | ᠳ᠋ᠦᠩᠰᠢᠭᠤᠷ ᠲᠦᠭᠦᠷᠢᠭ ᠲᠤ ᠬᠦᠷᠣᠨ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠪᠠ ᠵᠢᠬᠡᠯᠡᠯᠭᠡ ᠶᠢᠨ ᠦᠯᠡᠳᠡᠪᠦᠷᠢ ᠲᠣᠰᠪᠣᠷᠢ 60.25 | ᠳ᠋ᠦᠩᠰᠢᠭᠤᠷ ᠲᠦᠬᠦᠷᠢᠭ ᠪᠣᠯᠣᠨ 34.54 ᠳ᠋ᠦᠩᠰᠢᠭᠤᠷ ᠲᠦᠬᠦᠷᠢᠭ ᠲᠤ ᠬᠦᠷᠴᠦ᠂ ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠠᠯᠠᠩ ᠣᠯᠣᠰ ᠤᠨ ᠠᠩᠬᠠᠳᠠᠭᠴᠢ | ᠪᠦᠯᠦᠭ ᠬᠢᠲᠠᠳ ᠡᠮ ᠡᠮᠨᠡᠯᠬᠡ ᠶᠢᠨ ᠡᠷᠡᠬᠦᠯᠵᠢᠯ ᠵᠢᠭᠤᠯᠴᠢᠯᠠᠯ ᠤᠨ ᠲᠠᠭᠤᠷᠢᠶᠠᠯ ᠰᠠᠭᠤᠷᠢᠨ ᠢᠶᠠᠷ ᠦᠨᠡᠯᠡᠭᠳᠡᠵᠣ᠂ ᠭᠤᠷᠪᠠᠳᠣᠭᠠᠷ ᠠᠵᠣ ᠣᠶᠢᠯᠠᠰ ᠤᠨ ᠬᠠᠷᠢᠴᠠᠯ | ᠲᠡᠬᠡᠭᠰᠢᠯᠡᠬᠡᠳ 32.5% ᠳᠤ ᠬᠦᠷᠪᠡ᠃ | ︵ᠭᠤᠷᠪᠠ︶ ᠬᠤᠳᠠ ᠬᠦᠳᠡᠭᠡ ᠨᠢᠬᠡᠳᠣᠯᠲᠡᠢ ᠵᠣᠬᠢᠴᠠᠩᠭᠤᠢ ᠬᠦᠭᠵᠢᠪᠡ᠃ ᠬᠦᠭᠵᠢᠯᠲᠡ ᠶᠢᠨ ᠪᠠᠭᠤᠷᠡᠢ ᠭᠤᠭᠴᠤᠭ᠎ᠠ ᠳᠤ ᠴᠢᠭᠯᠡᠬᠦᠯᠣᠨ᠂ ᠲᠣᠲᠠᠭᠤᠳᠠᠯ ᠢ | ᠨᠦᠬᠦᠪᠣᠷᠢᠯᠡᠨ ᠴᠢᠨᠰᠠᠭ᠎ᠠ ᠶᠢ ᠲᠡᠬᠡᠭᠰᠢᠯᠡᠬᠦᠯᠬᠦ ᠶᠢ ᠭᠤᠶᠢᠪᠠᠰᠢ ᠦᠬᠡᠢ ᠪᠠᠷᠢᠮᠲᠠᠯᠠᠵᠣ᠂ ᠲᠣᠯᠭᠠᠭᠤᠷᠢᠯᠠᠬᠤ ᠬᠦᠴᠦᠨ ᠢ ᠲᠠᠰᠣᠷᠠᠯᠲᠠ ᠦᠬᠡᠢ ᠨᠡᠮᠡᠭᠳᠡᠬᠦᠯᠣᠨ᠂ | ᠲᠣᠲᠠᠭᠤᠳᠠᠯ ᠢ ᠨᠦᠬᠦᠪᠣᠷᠢᠯᠡᠬᠦ ᠪᠠ ᠰᠠᠭᠤᠷᠢ ᠶᠢ ᠪᠠᠬᠢᠵᠢᠬᠦᠯᠬᠦ ᠶᠢ ᠬᠠᠮᠳᠣ ᠳᠤᠨᠢ ᠠᠬᠢᠭᠤᠯᠪᠠ᠃ ᠬᠤᠳᠠ ᠬᠦᠳᠡᠭᠡ ᠶᠢᠨ ᠣᠷᠴᠢᠨ ᠠᠬᠤᠢ ᠶᠢ ᠢᠯᠡᠳᠲᠡ | ᠰᠠᠶᠢᠵᠢᠷᠠᠭᠤᠯᠪᠠ᠃ ᠬᠡᠪ ᠴᠢᠨᠰᠠᠭᠠᠲᠣ ᠬᠤᠲᠠ ᠪᠠᠯᠭᠠᠰᠣᠨ ᠤ ᠪᠠᠶᠢᠭᠤᠯᠣᠯᠲᠠ ᠶᠢ ᠲᠦᠷᠬᠡᠳᠭᠡᠨ᠂ ᠬᠤᠲᠠ ᠶᠢᠨ ᠶᠠᠪᠣᠳᠠᠯ ᠤᠨ 21 ᠭᠤᠣᠯᠳᠠᠯᠭᠠᠲᠣ ᠲᠦᠷᠦᠯ ᠵᠦᠢᠯ | ᠢ ᠬᠡᠷᠡᠭᠵᠢᠬᠦᠯᠣᠨ᠂ ᠬᠤᠲᠠ ᠪᠠᠯᠭᠠᠰᠣᠨ ᠤ ᠰᠢᠨ᠎ᠠ ᠪᠠᠷ ᠦᠬᠡᠷᠡᠴᠢᠯᠡᠭᠰᠡᠨ ᠣᠶᠢᠵᠢᠭᠤᠯᠣᠯᠳᠠ ᠶᠢᠨ ᠲᠠᠯᠠᠪᠠᠢ 42 ᠲᠦᠮᠡᠨ ᠺᠦᠸ᠋ᠳ᠋ ᠮᠧᠲᠷ ᠲᠤ ᠬᠦᠷᠴᠣ᠂ 6 | ᠲᠦᠮᠡᠨᠺᠦ᠋ᠸ᠋ᠳ᠋ ᠮᠧᠲᠷ ᠵᠡᠭᠡᠯᠢ ᠲᠠᠭᠠᠤ ᠭᠡᠷ ᠪᠠᠶᠢᠰᠢᠩ ᠢ ᠦᠬᠡᠷᠡᠴᠢᠯᠡᠨ ᠰᠢᠨᠡᠳᠬᠡᠵᠣ᠂ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠶᠢᠨ ᠲᠠᠪᠲᠠᠨ | ᠪᠠᠶᠢᠴᠠᠭᠠᠯᠲᠠ ᠶᠢ ᠣᠷᠣᠭᠰᠢᠲᠠᠢ ᠲᠣᠭᠤᠯᠪᠠ᠃ ᠦᠵᠡᠰᠬᠦᠯᠡᠩᠲᠣ ᠰᠠᠶᠢᠬᠠᠨ ᠬᠦᠳᠡᠭᠡ ᠨᠣᠲᠤᠭ ᠤᠨ ᠪᠠᠶᠢᠭᠤᠯᠣᠯᠲᠠ ᠶᠢ ᠲᠦᠷᠬᠡᠳᠭᠡᠨ᠂ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠭᠤᠷᠪᠠᠨ ᠵᠢᠯ ᠤᠨ ᠴᠡᠭᠴᠡᠯᠡᠯᠲᠡ ᠵᠢᠨᠠᠵᠢᠯᠯᠠᠭ᠎ᠠ ᠶᠢ ᠬᠦᠴᠦᠲᠡᠢ ᠠᠬᠢᠭᠤᠯᠵᠣ᠂ ᠬᠦᠳᠡᠭᠡ ᠲᠣᠰᠬᠤᠨ ᠤ | ᠠᠮᠢᠳᠣᠷᠠᠯ ᠤᠨ ᠪᠣᠬᠢᠷ ᠣᠰᠣ᠂ ᠬᠤᠭ ᠨᠣᠪᠰᠢ ᠰᠢᠢᠳᠪᠣᠷᠢᠯᠡᠬᠦ ᠪᠣᠯᠣᠨ ᠵᠣᠷᠯᠣᠩ ᠢ ᠦᠬᠡᠷᠡᠴᠢᠯᠡᠬᠦ ᠲᠦᠷᠦᠯ ᠵᠦᠢᠯ ᠤᠨ ᠡᠮᠣᠨ᠎ᠡ ᠬᠤᠭᠤᠴᠠᠭᠠᠨ ᠤ ᠠᠵᠢᠯ ᠢ | ᠲᠦᠷᠬᠡᠳᠭᠡᠵᠣ᠂ ᠦᠪᠡᠷᠳᠡᠬᠡᠨ ᠵᠠᠰᠠᠬᠤ ᠣᠷᠣᠨ ᠤ ᠲᠡᠰ ᠤᠨ ᠲᠠᠭᠤᠷᠢᠶᠠᠯ ᠭᠠᠴᠠᠭ᠎ᠠ ᠲᠣᠰᠬᠤᠨ ᠢ 1᠂ ᠬᠤᠳᠠ ᠶᠢᠨ ᠲᠡᠰ ᠤᠨ ᠲᠠᠭᠤᠷᠢᠶᠠᠯ ᠭᠠᠴᠠᠭ᠎ᠠ ᠲᠣᠰᠬᠤᠨ | ᠢ 2 ᠴᠣᠭᠴᠠᠯᠠᠵᠣ᠂ ᠬᠦᠳᠡᠭᠡ ᠠᠶᠢᠯ ᠤᠨ 600 ᠵᠣᠷᠯᠣᠩ ᠢ ᠦᠬᠡᠷᠡᠴᠢᠯᠡᠨ᠂ ᠮᠠᠯᠵᠢᠬᠤ ᠲᠠᠷᠢᠶᠠᠯᠠᠬᠤ ᠣᠷᠣᠨ ᠤ ᠦᠩᠬᠡ ᠲᠦᠷᠬᠦ ᠶᠢ ᠰᠢᠨᠡᠳᠬᠡᠪᠡ᠃ ᠰᠠᠭᠤᠷᠢ | ᠪᠠᠶᠢᠭᠤᠯᠣᠯᠲᠠ ᠶᠢ ᠲᠠᠰᠣᠷᠠᠯᠲᠠ ᠦᠬᠡᠢ ᠰᠠᠶᠢᠵᠢᠷᠠᠭᠤᠯᠪᠠ᠃ ᠲᠣᠯᠢ ᠠᠴᠠ ᠱᠠᠩᠬᠠᠢ ᠶᠢᠨ ᠰᠦᠮ᠎ᠡ ᠬᠦᠷᠬᠦ ᠲᠠᠮᠣᠷ ᠵᠠᠮ ᠤᠨ ᠣᠯᠵᠠᠴᠢ ᠠᠴᠠ ᠱᠠᠩᠬᠠᠢ ᠶᠢᠨ | ᠰᠦᠮ᠎ᠡ ᠬᠦᠷᠬᠦ ᠬᠡᠰᠡᠭ ᠤᠨ ᠪᠣᠯᠣᠮᠵᠢᠳᠣ ᠰᠣᠳᠣᠯᠣᠯ ᠤᠨ ᠬᠢᠨᠠᠨ ᠪᠠᠶᠢᠴᠠᠭᠠᠯᠲᠠ ᠶᠢ ᠪᠡᠶᠡᠯᠡᠬᠦᠯᠵᠣ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠡᠮᠣᠷ ᠵᠠᠮ | ᠤᠨ ᠡᠮᠣᠨ᠎ᠡ ᠬᠤᠭᠤᠴᠠᠭᠠᠨ ᠤ ᠭᠠᠷᠳᠠᠮ ᠢ ᠡᠳᠦᠭᠡ ᠶᠠᠭ ᠬᠦᠢᠴᠡᠳᠬᠡᠵᠣ ᠪᠣᠢ᠃ ᠣᠯᠵᠠᠴᠢ ᠠᠴᠠ ᠳ᠋ᠦᠩ ᠳ᠋ᠣᠣ ᠯᠢᠶᠠᠩ ᠭᠥᠷᠭᠦ ᠲᠦᠷᠬᠡᠨ ᠵᠠᠮ ᠲᠡᠷᠬᠡ ᠨᠡᠪᠲᠡᠷᠡᠵᠣ᠂ | S216 ᠵᠠᠮ ᠤᠨ ᠣᠯᠵᠠᠴᠢ ᠠᠴᠠ ᠵᠠᠩᠭᠤᠳᠦ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠤᠨ ᠠᠰᠢᠭᠯᠠᠯᠲᠠ ᠳᠤ ᠣᠷᠣᠬᠤ ᠨᠦᠬᠦᠴᠡᠯ ᠪᠦᠷᠢᠳᠴᠣ᠂ S317 | ᠵᠠᠮ ᠤᠨ ᠨᠠᠩᠰᠦ ᠠᠴᠠ ᠲᠣᠯᠢ ᠬᠦᠷᠬᠦ ᠬᠡᠰᠡᠭ ᠤᠨ ᠪᠠᠶᠢᠭᠤᠯᠣᠯᠲᠠ ᠶᠢ ᠲᠦᠷᠬᠡᠳᠬᠡᠨ᠂ ᠨᠠᠩᠰᠣ ᠠᠴᠠ ᠪᠣᠷᠣᠪᠠᠯᠭᠠᠰᠦ ᠬᠦᠷᠬᠦ ᠪᠠ ᠲᠠᠬᠢᠯᠳᠣ ᠠᠴᠠ ᠪᠣᠷᠣᠪᠠᠯᠭᠠᠰᠦ | ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠪᠠᠷᠢᠯᠭᠠᠡᠬᠢᠯᠡᠵᠣ᠂ ᠴᠠᠭᠠᠨᠨᠠᠭᠤᠷ ᠠᠴᠠ ᠲᠡᠷᠬᠡ ᠰᠢᠶᠠᠨ ᠬᠦᠷᠬᠦ ᠨᠢᠬᠡᠳᠣᠭᠡᠷ ᠲᠡᠰ ᠤᠨ ᠵᠠᠰᠠᠮᠠᠯ ᠵᠠᠮ ᠬᠢᠬᠡᠳᠣᠯᠵᠠᠴᠢ | ᠠᠴᠠ ᠳ᠋ᠦᠩ ᠳ᠋ᠣᠣ ᠯᠢᠶᠠᠩ ᠭᠥᠷᠭᠦ ᠲᠦᠷᠬᠡᠨ ᠵᠠᠮ ᠢ ᠬᠤᠯᠪᠣᠬᠤ ᠵᠠᠮ ᠪᠣᠯᠣᠨ ᠨᠢᠰᠬᠡᠯ ᠤᠨ ᠪᠠᠭᠤᠳᠠᠯ ᠢ ᠬᠤᠯᠪᠣᠬᠤ ᠵᠠᠮ ᠤᠨ ᠡᠮᠦᠨ᠎ᠡ ᠬᠤᠭᠤᠴᠠᠭᠠᠨ ᠤ ᠭᠠᠷᠳᠠᠮ ᠢ | ᠬᠦᠢᠴᠡᠳᠬᠡᠬᠦ ᠠᠵᠢᠯ ᠢ ᠢᠳᠡᠪᠬᠢᠲᠡᠢ ᠠᠬᠢᠭᠤᠯᠵᠣ ᠪᠣᠢ᠃ ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠨᠢᠰᠬᠡᠯ ᠤᠨ | ᠬᠦᠶᠣᠯᠲᠠ ᠶᠢᠨ ᠵᠠᠮ ᠤᠨ ᠪᠠᠷᠢᠯᠭ᠎ᠠ ᠰᠢᠯᠭᠠᠨ ᠬᠤᠷᠢᠶᠠᠯᠲᠠ ᠶᠢ ᠲᠠᠮᠵᠢᠵᠣ᠂ ᠵᠠᠮ ᠬᠠᠷᠢᠯᠴᠠᠭᠠᠨ ᠤ ᠪᠡᠶᠡᠳᠣ ᠲᠣᠣᠷ ᠪᠦᠷᠢᠯᠳᠣᠵᠣ ᠡᠬᠢᠯᠡᠪᠡ᠃ ᠰᠢᠨ᠎ᠠ ᠪᠠᠷ ᠪᠠ | ᠦᠬᠡᠷᠡᠴᠢᠯᠡᠨ ᠪᠠᠶᠢᠭᠤᠯᠣᠭᠰᠠᠨ 10 ᠺᠢᠯᠣᠸᠣᠯᠲ ᠤᠨ ᠲᠠᠷᠢᠶᠠᠯᠠᠩ ᠤᠨ ᠴᠠᠬᠢᠯᠭᠠᠨ ᠲᠣᠣᠷ ᠤᠨ ᠱᠣᠭᠤᠮ 303.85 ᠺᠢᠯᠣᠮᠧᠲᠷ᠂ 0.4 ᠺᠢᠯᠣᠸᠣᠯᠲ ᠤᠨ | ᠲᠠᠷᠢᠶᠠᠯᠠᠩ ᠤᠨ ᠴᠠᠬᠢᠯᠭᠠᠨ ᠲᠣᠣᠷ ᠤᠨ ᠱᠣᠭᠤᠮ 313.11 ᠺᠢᠯᠣᠮᠧᠲᠷ ᠲᠤ ᠬᠦᠷᠴᠤ᠂ ᠴᠠᠬᠢᠯᠭᠠᠨ ᠲᠣᠣᠷ ᠤᠨ ᠪᠦᠲᠦᠴᠡ ᠣᠯᠠᠮ ᠲᠡᠬᠦᠯᠳᠡᠷᠵᠢᠵᠣ᠂ ᠴᠠᠬᠢᠯᠭᠠᠨ | ᠬᠠᠩᠭᠠᠬᠤ ᠴᠢᠳᠠᠪᠣᠷᠢ ᠡᠳᠣᠷ ᠢᠷᠡᠬᠦᠶ᠎ᠡ ᠲᠡᠬᠡᠭᠰᠢᠯᠡᠪᠡ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠪᠦᠳᠦᠮᠵᠢ ᠦᠷᠬᠦᠯᠵᠢᠯᠡᠨ ᠲᠡᠬᠡᠭᠰᠢᠯᠡᠪᠡ᠃ | ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠲᠦᠷᠦ ᠶᠢᠨ ᠪᠣᠳᠣᠯᠭ᠎ᠠ ᠪᠣᠯᠣᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ | ᠭᠤᠣᠯ ᠤᠨ ᠲᠠᠷᠣᠭᠠᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠣ᠂ ᠨᠠᠭᠤᠷ ᠤᠨ ᠲᠠᠷᠣᠭᠠᠴᠢ ᠶᠢᠨ ᠲᠦᠷᠢᠮ ᠢ ᠡᠬᠢᠯᠡᠨ ᠬᠡᠷᠡᠭᠵᠢᠬᠦᠯᠵᠣ᠂ ᠬᠠᠮᠤᠭ ᠤᠨ | ᠴᠢᠩᠭ᠎ᠠ ᠣᠰᠣᠨ ᠡᠬᠢ ᠰᠣᠷᠪᠣᠯᠵᠢ ᠶᠢᠨ ᠬᠠᠮᠢᠶᠠᠷᠣᠯᠲᠠ ᠶᠢᠨ ᠲᠦᠷᠢᠮ ᠢ ᠬᠢᠨᠠᠮᠠᠭᠠᠢ ᠲᠣᠣᠱᠯᠠᠭᠤᠯᠣᠨ ᠨᠠᠶᠢᠲᠠᠪᠣᠷᠢᠵᠢᠭᠤᠯᠪᠠ᠃ 50 ᠲᠦᠮᠡᠨ ᠮᠣ᠋ ᠨᠣᠳᠤᠭ | ᠪᠡᠯᠴᠢᠭᠡᠷ ᠤᠨ ᠪᠦᠳᠦᠭᠡᠨ ᠪᠠᠶᠢᠭᠤᠯᠣᠯᠲᠠ᠂ 19.5 ᠲᠦᠮᠡᠨ ᠮᠣ᠋ ᠠᠮᠢ ᠠᠬᠤᠢ ᠶᠢᠨ ᠪᠠᠶᠢᠭᠤᠯᠣᠯᠲᠠ᠂ 28.3 ᠲᠦᠮᠡᠨ ᠮᠣ᠋ ᠬᠦᠷᠣᠰᠣ ᠰᠢᠷᠣᠢ ᠶᠢᠨ ᠢᠳᠡᠭᠳᠡᠯ | ᠤᠨ ᠵᠠᠰᠠᠯᠲᠠ᠂ 9.1 ᠲᠦᠮᠡᠨ ᠮᠣ᠋ ᠠᠷᠪᠢᠲᠠᠢ ᠣᠰᠣᠯᠠᠯᠲᠠ ᠶᠢᠨ ᠦᠬᠡᠷᠡᠴᠢᠯᠡᠯᠲᠡ ᠶᠢ ᠪᠡᠶᠡᠯᠡᠬᠦᠯᠵᠣ᠂ ᠮᠠᠯᠵᠢᠬᠤ ᠣᠷᠣᠨ ᠳᠤ ᠣᠰᠣ ᠬᠠᠳᠠᠭᠠᠯᠠᠬᠤ ᠵᠣᠭᠤᠷᠢ ᠶᠢ | 525 ᠪᠠᠶᠢᠭᠤᠯᠣᠨ᠂ ᠪᠦᠬᠦ ᠬᠤᠰᠢᠭᠤᠨ ᠤ ᠣᠢ ᠰᠢᠭᠤᠢ ᠶᠢᠨ ᠶᠡᠷᠣᠩᠬᠡᠢ ᠲᠠᠯᠠᠪᠠᠢ 438.2 ᠲᠦᠮᠡᠨ ᠮᠣ᠋ ᠳᠤ ᠬᠦᠷᠴᠣ᠂ ᠣᠢ ᠰᠢᠭᠤᠢ ᠶᠢᠨ ᠪᠦᠷᠬᠦᠴᠡ 23. | 9% ᠳᠤ ᠬᠦᠷᠪᠡ᠃ | ︵ᠲᠦᠷᠪᠠ︶ ᠦᠬᠡᠷᠡᠴᠢᠯᠡᠯᠳᠠ ᠰᠢᠨᠡᠴᠢᠯᠡᠯᠳᠠ ᠶᠢ ᠦᠷᠬᠦᠯᠵᠢᠯᠡᠨ ᠬᠦᠨᠵᠡᠬᠡᠶᠢᠷᠡᠬᠦᠯᠪᠠ᠃ ᠪᠦᠬᠦ ᠳᠠᠯ᠎ᠠ ᠶᠢᠨ ᠤᠬᠠᠮᠰᠠᠷ ᠢ ᠪᠤᠢ ᠪᠤᠯᠭᠠᠨ᠂ ᠰᠢᠨ᠎ᠠ ᠶᠢ | ᠡᠬᠦᠳᠤᠨ ᠨᠡᠬᠡᠬᠡᠯᠳᠠ ᠬᠢᠬᠦ ᠶᠢ ᠪᠦᠬᠦ ᠬᠦᠴᠤᠨ ᠢᠶᠠᠷ ᠠᠬᠢᠭᠤᠯᠵᠤ᠂ ᠦᠬᠡᠷᠡᠴᠢᠯᠡᠯᠳᠠ ᠶᠢᠨ ᠰᠢᠪᠳᠤᠯᠤᠯᠳᠠ ᠶᠢ ᠲᠦᠪᠯᠡᠷᠡᠩᠬᠦᠢ ᠠᠤᠨᠬᠤᠨ᠂ ᠦᠷᠬᠦᠯᠵᠢᠬᠦᠶᠢᠴᠠ | ᠴᠢᠨᠠᠷ ᠪᠠ ᠠᠮᠢᠳᠤᠯᠢᠭ ᠬᠦᠴᠤᠨ ᠤ ᠬᠤᠤᠰ ᠳᠡᠬᠡᠭᠰᠢᠯᠡᠯᠳᠠ ᠶᠢ ᠪᠡᠶᠡᠯᠡᠬᠦᠯᠪᠠ᠃ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠲᠦᠷᠬᠡᠨ ᠠᠬᠢᠪᠠ᠃ ᠡᠯ᠎ᠡ ᠱᠠᠳᠤ ᠡᠯ᠎ᠡ | ᠲᠦᠷᠤᠯ ᠤᠨ 26 ᠰᠢᠨᠵᠢᠯᠡᠭᠡ ᠮᠡᠷᠬᠡᠵᠢᠯ ᠤᠨ ᠲᠦᠷᠤᠯ ᠵᠦᠢᠯ ᠢ ᠰᠤᠩᠭᠤᠨ ᠮᠡᠳᠡᠬᠦᠯᠵᠤ᠂ ᠮᠠᠨ ᠤ ᠬᠤᠰᠢᠭᠤᠨ ᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠲᠠᠢ | ᠳᠤᠬᠢᠷᠠᠭᠰᠡᠨ ᠰᠢᠨᠵᠢᠯᠡᠭᠡ ᠮᠡᠷᠬᠡᠵᠢᠯ ᠤᠨ ᠲᠦᠷᠤᠯ ᠵᠦᠢᠯ ᠢ ᠢᠳᠡᠪᠬᠢᠳᠠᠢ ᠬᠦᠮᠤᠵᠢᠬᠦᠯᠤᠨ ᠪᠤᠵᠠᠭᠠᠶᠢᠷᠠᠭᠤᠯᠪᠠ᠃ 2 ᠠᠵᠤ ᠠᠬᠤᠶᠢᠯᠠᠯ ᠳᠤᠰᠬᠠᠢ ᠮᠡᠷᠬᠡᠵᠢᠯᠳᠠᠨ ᠤ | ᠬᠢᠨᠠᠨ ᠰᠢᠯᠭᠠᠷᠠᠭᠤᠯᠤᠯᠳᠠ ᠶᠢ ᠳᠤᠭᠤᠯᠵᠤ ᠤᠯᠤᠰ ᠤᠨ ᠳᠡᠬᠡᠳᠤ ᠰᠢᠨ᠎ᠠ ᠮᠡᠷᠬᠡᠵᠢᠯ ᠤᠨ ᠠᠵᠤ ᠠᠬᠤᠶᠢᠯᠠᠯ ᠢᠶᠠᠷ ᠮᠡᠳᠡᠬᠦᠯᠦᠭᠳᠡᠵᠤ᠂ ᠦᠪᠡᠷᠳᠡᠬᠡᠨ ᠵᠠᠰᠠᠬᠤ ᠤᠷᠤᠨ ᠤ | ᠳᠡᠰ ᠤᠨ ᠳᠠᠶᠠᠭᠠᠷ ᠤᠯᠠᠨ ᠢᠶᠠᠷ ᠤᠶᠢᠯᠡᠰ ᠪᠦᠳᠤᠬᠡᠬᠦ ᠰᠠᠭᠤᠷᠢᠨ᠂ ᠤᠶᠢᠯᠡᠰ ᠪᠦᠳᠤᠬᠡᠯᠳᠠ ᠶᠢᠨ ᠰᠠᠭᠤᠷᠢᠨ ᠭᠠᠵᠠᠷ ᠢᠶᠠᠷ ᠳᠤᠰ ᠪᠦᠷᠢ ᠨᠢᠬᠡ ᠠᠵᠤ ᠠᠬᠤᠶᠢᠯᠠᠯ ᠢ | ᠰᠤᠩᠭᠤᠨ ᠳᠤᠭᠳᠠᠭᠠᠵᠤ᠂ ᠬᠤᠩ ᠶᠧ ᠮᠠᠯ ᠳᠠᠷᠢᠶᠠᠯᠠᠩ ᠤᠨ ᠤᠶᠢᠯᠡᠰ ᠤᠨ ᠺᠤᠮᠫᠠᠨᠢ ᠬᠤᠳᠠ ᠶᠢᠨ ᠳᠡᠰ ᠤᠨ ᠮᠠᠯ ᠳᠠᠷᠢᠶᠠᠯᠠᠩ ᠤᠨ ᠤᠶᠢᠯᠡᠰ ᠤᠨ ᠰᠢᠨᠵᠢᠯᠡᠭᠡ | ᠮᠡᠷᠬᠡᠵᠢᠯ ᠤᠨ ᠳᠠᠭᠤᠷᠢᠶᠠᠯ ᠬᠦᠷᠢᠶᠡᠯᠡᠩ ᠢᠶᠠᠷ ᠦᠨᠡᠯᠡᠭᠳᠡᠪᠡ᠃ ᠲᠤᠤᠷ ᠬᠦᠷᠢᠶᠡᠨ ᠤ ᠤᠶᠤᠨᠴᠢ ᠠᠦ᠋ᠲ᠋ᠤ᠋ ᠡᠬᠦᠳᠠ᠂ ᠭᠠᠭᠴᠠ ᠬᠦᠮᠤᠨ ᠮᠠᠯ ᠴᠢᠤᠨᠬᠤᠬᠤ ᠪᠠᠭᠠᠵᠢ | ᠵᠡᠷᠬᠡ ᠳᠡᠷᠢᠬᠦᠨ ᠤ ᠳᠤᠬᠢᠷᠠᠮᠵᠢᠳᠠᠢ ᠮᠡᠷᠬᠡᠵᠢᠯ ᠢ ᠡᠷᠤᠬᠡ ᠳᠤ ᠳᠠᠯᠬᠡᠷᠡᠬᠦᠯᠬᠦ ᠶᠢ ᠢᠳᠡᠪᠬᠢᠳᠠᠢ ᠠᠬᠢᠭᠤᠯᠵᠤ᠂ ᠪᠦᠬᠦ ᠬᠤᠰᠢᠭᠤᠨ ᠤ ᠲᠦᠮᠡᠨ ᠬᠦᠮᠤᠨ ᠳᠤᠳᠤᠮ ᠤᠨ | ᠳᠤᠰᠬᠠᠢ ᠠᠰᠢᠭ ᠤᠨ ᠡᠬᠦᠳᠤᠯᠳᠠ ᠶᠢ ᠡᠳ᠋ᠯᠡᠵᠤ ᠪᠠᠶᠢᠭ᠎ᠠ ᠳᠤᠭ᠎ᠠ 3.6 ᠬᠦᠷᠴᠤ᠂ ᠮᠠᠯ ᠳᠠᠷᠢᠶᠠᠯᠠᠩ ᠤᠨ ᠰᠢᠨᠵᠢᠯᠡᠭᠡ ᠮᠡᠷᠬᠡᠵᠢᠯ ᠤᠨ ᠵᠢᠤᠨᠬᠦᠯ ᠦᠵᠡᠬᠦᠯᠦᠭᠰᠡᠨ | ᠨᠤᠷᠮ᠎ᠠ ᠨᠢ 65% ᠠᠴᠠ ᠳᠠᠪᠠᠪᠠ᠃ ᠭᠤᠤᠯᠳᠠᠯᠭᠠᠳᠤ ᠦᠬᠡᠷᠡᠴᠢᠯᠡᠯᠳᠠ ᠳᠠᠰᠤᠷᠠᠯᠳᠠ ᠦᠬᠡᠢ ᠬᠦᠨᠵᠡᠬᠡᠶᠢᠷᠡᠪᠡ᠃ ᠵᠢᠯ ᠤᠨ ᠡᠬᠢᠨ ᠳᠤ ᠳᠤᠭᠳᠠᠭᠠᠭᠰᠡᠨ 102 | ᠲᠦᠷᠤᠯ ᠤᠨ ᠦᠬᠡᠷᠡᠴᠢᠯᠡᠯᠳᠠ ᠶᠢᠨ ᠡᠬᠦᠷᠬᠡ ᠪᠠᠨ ᠪᠦᠬᠦᠨ ᠢ ᠪᠡᠶᠡᠯᠡᠬᠦᠯᠪᠡ᠃ ᠬᠦᠳᠡᠭᠡ ᠳᠤᠰᠬᠤᠨ ᠤ ᠭᠠᠵᠠᠷ ᠰᠢᠷᠤᠢ ᠶᠢᠨ ᠦᠬᠡᠷᠡᠴᠢᠯᠡᠯᠳᠠ ᠶᠢ ᠳᠤᠭᠳᠠᠭᠤᠨ | ᠬᠡᠷᠡᠭᠵᠢᠬᠦᠯᠵᠤ᠂ ᠭᠠᠵᠠᠷ ᠰᠢᠷᠤᠢ ᠶᠢᠨ ᠡᠷᠬᠡ ᠶᠢ ᠳᠤᠳᠤᠤᠨᠬᠠᠨ ᠪᠦᠷᠢᠤᠨᠬᠡᠵᠤ ᠦᠨᠡᠮᠯᠡᠯ ᠤᠯᠭᠤᠬᠤ ᠪᠠ ᠬᠦᠳᠡᠭᠡ ᠳᠤᠰᠬᠤᠨ ᠤ ᠦᠮᠴᠢᠯᠡᠯ ᠤᠨ ᠡᠷᠬᠡ ᠶᠢᠨ | ᠲᠦᠷᠢᠮ ᠤᠨ ᠦᠬᠡᠷᠡᠴᠢᠯᠡᠯᠳᠠ ᠶᠢᠨ ᠳᠤᠷᠰᠢᠯᠳᠠ ᠶᠢᠨ ᠴᠡᠭ ᠤᠨ ᠠᠵᠢᠯ ᠢ ᠪᠦᠬᠦ ᠳᠠᠯ᠎ᠠ ᠪᠠᠷ ᠠᠬᠢᠭᠤᠯᠵᠤ᠂ ᠭᠠᠵᠠᠷ ᠰᠢᠷᠤᠢ ᠪᠠ ᠨᠤᠳᠤᠭ ᠪᠡᠯᠴᠢᠬᠡᠷ ᠤᠨ | ᠳᠠᠭᠠᠭᠠᠴᠢᠯᠠᠨ ᠡᠵᠡᠩᠨᠡᠬᠦ ᠡᠷᠬᠡ ᠶᠢᠨ ᠳᠤᠳᠤᠷᠬᠠᠶᠢᠯᠠᠯᠳᠠ᠂ ᠦᠨᠡᠮᠯᠡᠯ ᠤᠯᠭᠤᠯᠳᠠ ᠶᠢᠨ ᠨᠤᠷᠮ᠎ᠠ ᠨᠢ ᠴᠦᠮ 95% ᠠᠴᠠ ᠳᠡᠬᠡᠭᠰᠢ ᠪᠤᠯᠪᠠ᠃ ᠴᠠᠬᠢᠯᠭᠠᠨ ᠬᠦᠴᠤ | ᠶᠢ ᠵᠠᠬ᠎ᠠ ᠳᠡᠯᠬᠡᠬᠦᠷᠴᠢᠯᠡᠬᠦ ᠦᠬᠡᠷᠡᠴᠢᠯᠡᠯᠳᠠ ᠶᠢ ᠦᠷᠬᠦᠯᠵᠢᠯᠡᠨ ᠠᠬᠢᠭᠤᠯᠵᠤ᠂ ᠪᠦᠬᠦ ᠬᠤᠰᠢᠭᠤᠨ ᠤ ᠡᠩ ᠤᠨ ᠤᠶᠢᠯᠡᠤᠨᠪᠤᠷᠢ ᠬᠤᠳᠠᠯᠳᠤᠭᠠᠨ ᠤ ᠴᠠᠬᠢᠯᠭᠠᠨ ᠤ | ᠦᠨ᠎ᠡ ᠶᠢ ᠺᠢᠯᠤᠸᠠᠲ ᠪᠦᠷᠢ ᠳᠤ 6.4 ᠮᠦᠩᠬᠦ ᠪᠠᠭᠤᠷᠠᠭᠤᠯᠪᠠ᠃ ᠪᠦᠬᠦ ᠤᠷᠤᠨ ᠤ ᠠᠩᠬᠠᠳᠠᠭᠴᠢ ᠬᠤᠰᠢᠭᠤ ᠰᠢᠶᠠᠨ ᠤ ᠳᠡᠰ ᠤᠨ ᠬᠠᠮ ᠵᠠᠭᠤᠴᠢᠯᠠᠭᠤᠷ ᠤᠨ | ᠲᠦᠪ ᠢ ᠪᠠᠶᠢᠭᠤᠯᠤᠨ᠂ ︽ᠢᠨᠲ᠋ᠧᠷ ᠰᠦᠯᠵᠢᠶ᠎ᠡ + ᠰᠤᠶᠤᠯ ᠤᠨ ᠬᠠᠤᠯᠢ ᠬᠡᠷᠡᠭᠵᠢᠬᠦᠯᠤᠯᠳᠠ︾ ᠶᠢᠨ ᠨᠠᠶᠢᠳᠡᠯᠢᠭ ᠳᠤᠷᠰᠢᠯᠭᠠᠳᠤ ᠠᠷᠭ᠎ᠠ ᠠᠪᠴᠠᠯ᠂ ᠨᠠᠮ ᠵᠠᠰᠠᠭ | ᠤᠨ ᠶᠠᠪᠤᠳᠠᠯ ᠤᠨ ᠤᠶᠢᠯᠡᠴᠢᠯᠡᠬᠡᠨ ᠤ ᠰᠢᠰᠲ᠋ᠧᠮ ᠨᠢ ᠴᠦᠮ ᠪᠦᠬᠦ ᠤᠷᠤᠨ᠂ ᠪᠦᠬᠦ ᠬᠤᠳᠠ ᠳᠤ ᠲᠦᠬᠡᠮᠡᠯᠵᠢᠨ ᠠᠰᠢᠭᠯᠠᠭᠳᠠᠵᠤ᠂ ᠦᠨᠳᠤᠰᠤᠨ ᠱᠠᠳᠤᠨ ᠤ ᠬᠠᠤᠯᠢ | ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ︽ᠳᠤᠮᠤ ᠰᠠᠯᠠᠭ᠎ᠠ ᠮᠦᠴᠢᠷ︾ ᠤᠨ ᠦᠬᠡᠷᠡᠴᠢᠯᠡᠯᠳᠠ ᠨᠢ ᠳᠠᠪᠤᠳᠤᠭᠠᠷ ᠬᠤᠭᠤᠴᠠᠭᠠᠨ ᠤ ︽ᠳᠤᠮᠳᠠᠳᠤ | ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠱᠠᠩᠨᠠᠯ︾ ᠬᠦᠷᠳᠡᠪᠡ᠃ ᠪᠡᠯᠡ ᠬᠤᠷᠠᠮᠳᠤᠭᠤᠯᠬᠤ ᠳᠤᠭᠳᠠᠴᠠ᠂ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠳᠤᠭᠳᠠᠴᠠ᠂ ᠡᠮ ᠡᠮᠴᠢᠯᠡᠭᠡ ᠡᠷᠡᠬᠦᠯ ᠬᠠᠮᠠᠭᠠᠯᠠᠯ ᠤᠨ ᠳᠤᠭᠳᠠᠴᠠ᠂ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠭᠳᠠᠴᠠ ᠵᠡᠷᠬᠡ ᠦᠬᠡᠷᠡᠴᠢᠯᠡᠯᠳᠠ | ᠨᠢ ᠪᠤᠳᠠᠳᠤ ᠳᠠᠪᠰᠢᠯᠳᠠ ᠤᠯᠪᠠ᠃ ᠬᠤᠳᠠᠯᠳᠤᠭ᠎ᠠ ᠡᠵᠡᠩᠨᠡᠬᠦ ᠨᠦᠬᠦᠴᠡᠯ ᠤᠷᠴᠢᠨ ᠢᠶᠠᠨ ᠪᠦᠬᠦ ᠳᠠᠯ᠎ᠠ ᠪᠠᠷ ᠰᠢᠯᠢᠳᠡᠭᠵᠢᠪᠠ᠃ ︽ᠳᠠᠯᠪᠢᠬᠤ ᠬᠠᠮᠢᠶᠠᠷᠬᠤ | ᠤᠶᠢᠯᠡᠴᠢᠯᠡᠬᠦ︾ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠂ ᠵᠠᠰᠠᠭ ᠵᠠᠬᠢᠷᠭᠠᠨ ᠤ ᠬᠢᠨᠠᠨ ᠴᠤᠬᠤᠯᠠᠪᠤᠷᠢᠯᠠᠯ ᠢ ᠪᠦᠬᠦ ᠬᠦᠴᠤᠨ ᠢᠶᠠᠷ ᠴᠤᠮᠬᠠᠤᠨᠬᠠᠵᠤ᠂ 111 | ᠲᠦᠷᠤᠯ ᠤᠨ ᠵᠠᠰᠠᠭ ᠵᠠᠬᠢᠷᠭᠠᠨ ᠤ ᠬᠢᠨᠠᠨ ᠴᠤᠬᠤᠯᠠᠪᠤᠷᠢᠯᠠᠯ ᠤᠨ ᠤᠶᠢᠯᠡᠴᠢᠯᠡᠬᠡᠨ ᠤ ᠲᠦᠷᠤᠯ ᠢ ︽ᠤᠯᠠᠨ ᠲᠦᠮᠡᠨ ᠭᠠᠭᠴᠠᠬᠠᠨ ᠤᠳᠠᠭ᠎ᠠ ᠳᠤ ᠬᠦᠢᠴᠡᠤᠨᠬᠡᠵᠤ | ᠳᠠᠶᠢᠯᠬᠦ︾ ᠪᠤᠯᠭᠠᠵᠤ᠂ 223 ᠲᠦᠷᠤᠯ ᠤᠨ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠦᠷᠤᠯ ᠢ ᠴᠠᠭ ᠳᠤᠬᠠᠢ ᠳᠤ ᠨᠢ ᠤᠶᠢᠷ᠎ᠠ ᠤᠷᠴᠢᠮ ᠰᠢᠢᠤᠨᠪᠤᠷᠢᠯᠡᠬᠦ ᠶᠢ | ᠪᠡᠶᠡᠯᠡᠬᠦᠯᠪᠠ᠃ ᠵᠠᠬ᠎ᠠ ᠳᠡᠯᠬᠡᠬᠦᠷ ᠤᠨ ᠭᠤᠤᠯ ᠴᠤᠭᠴᠠ ᠶᠢᠨ 1315 ᠡᠷᠤᠬᠡ ᠶᠢ ᠰᠢᠨ᠎ᠠ ᠪᠠᠷ ᠳᠠᠩᠰᠠᠯᠠᠵᠤ᠂ ᠰᠢᠨ᠎ᠠ ᠪᠠᠷ 15 ᠳ᠋ᠦ᠋ᠩᠰᠢᠭᠤᠷ ᠲᠦᠬᠦᠷᠢᠭ ᠤᠨ | ᠪᠡᠯᠡ ᠮᠦᠩᠬᠦ ᠨᠡᠮᠡᠨ ᠳᠠᠩᠰᠠᠯᠠᠭᠤᠯᠪᠠ᠃ ᠨᠠᠶᠢᠬᠡᠮ ᠤᠨ ᠢᠳᠡᠬᠡᠮᠵᠢ ᠶᠢᠨ ᠳᠤᠭᠳᠠᠴᠠ ᠶᠢᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠵᠤ᠂ ᠵᠠᠰᠠᠭ ᠤᠨ ᠤᠷᠳᠤᠨ | ᠤ ᠬᠤᠳᠠᠯᠳᠤᠨ ᠠᠪᠬᠤ᠂ ᠳᠠᠭᠠᠭᠠᠴᠢᠯᠠᠯᠳᠠ ᠵᠠᠷᠯᠠᠬᠤ ᠪᠠ ᠳᠠᠭᠠᠭᠠᠴᠢᠯᠠᠯᠳᠠ ᠬᠦᠯᠢᠶᠡᠬᠦ᠂ ᠵᠠᠰᠠᠭ ᠵᠠᠬᠢᠷᠭᠠᠨ ᠤ ᠵᠦᠪᠰᠢᠶᠡᠷᠡᠯ ︵ᠬᠢᠨᠠᠨ ᠵᠦᠪᠰᠢᠶᠡᠷᠡᠯ︶ ᠵᠡᠷᠬᠡ ᠵᠠᠰᠠᠭ | ᠵᠠᠬᠢᠷᠭᠠᠨ ᠤ ᠬᠠᠮᠢᠶᠠᠷᠤᠯᠳᠠ ᠶᠢᠨ ᠲᠦᠷᠤᠯ ᠵᠦᠢᠯ ᠳᠤᠮᠳᠠ ᠠᠴᠠ ᠢᠳᠡᠬᠡᠮᠵᠢ ᠶᠢᠨ ᠪᠠᠶᠢᠳᠠᠯ ᠢ ᠪᠠᠶᠢᠴᠠᠭᠠᠬᠤ ᠪᠠ ᠬᠡᠷᠡᠭᠯᠡᠬᠦ ᠶᠢ ᠳᠡᠷᠢᠬᠦᠨ ᠳᠤ ᠬᠡᠷᠡᠭᠵᠢᠬᠦᠯᠪᠠ᠃ | ᠠᠷᠠᠯᠵᠢᠶᠠᠴᠢᠨ ᠤᠷᠢᠬᠤ ᠳᠠᠨᠢᠯᠴᠠᠭᠤᠯᠭ᠎ᠠ ᠶᠢᠨ ᠬᠤᠷᠠᠯ ᠪᠤᠯᠤᠨ ᠭᠠᠳᠠᠭᠠᠳᠤ ᠶᠢᠨ ᠳᠠᠸᠠᠷ ᠤᠨ ᠦᠵᠡᠰᠬᠦᠯᠠᠩ ᠵᠡᠷᠬᠡ ᠤᠯᠤᠰ ᠤᠨ ᠳᠤᠳᠤᠭᠠᠳᠤ ᠶᠢᠨ ᠶᠡᠭᠡ ᠬᠡᠯᠪᠡᠷᠢ | ᠶᠢᠨ ᠳᠠᠪᠴᠠᠩ ᠢ ᠠᠰᠢᠭᠯᠠᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ 9 ᠵᠦᠢᠯ ᠳᠤ ᠬᠡᠷ᠎ᠡ ᠳᠤᠭᠳᠠᠵᠤ᠂ 227.2 ᠳ᠋ᠦᠩᠰᠢᠭᠤᠷ ᠲᠦᠬᠦᠷᠢᠭ ᠤᠨ ᠶᠡᠷᠤᠩᠬᠡᠢ | ᠪᠡᠯᠡ ᠤᠷᠤᠭᠤᠯᠤᠯᠳᠠ ᠬᠢᠵᠤ᠂ ᠬᠦᠭᠵᠢᠯᠳᠠ ᠶᠢᠨ ᠬᠦᠳᠡᠯᠬᠡᠭᠴᠢ ᠬᠦᠴᠤᠨ ᠢ ᠬᠦᠴᠤᠯᠡᠨ ᠬᠤᠷᠠᠮᠳᠤᠭᠤᠯᠪᠠ᠃ | ︵ᠳᠠᠪᠤ︶ ᠠᠷᠠᠤᠨ ᠤᠨ ᠠᠮᠢᠳᠤᠷᠠᠯ ᠨᠠᠩ ᠪᠠᠳᠤᠯᠠᠭ᠎ᠠ ᠲᠠᠢ ᠪᠤᠯᠪᠠ᠃ ︽ᠭᠤᠷᠪᠠᠨ ᠶᠡᠭᠡ ᠰᠢᠪᠳᠤᠯᠤᠯᠳᠠ ᠶᠢᠨ ᠠᠵᠢᠯ︾ ᠢ ᠰᠠᠶᠢᠳᠤᠷ ᠠᠤᠨᠬᠤᠵᠤ᠂ | ᠴᠢᠨᠠᠷᠯᠢᠭ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠤᠨ᠂ ᠠᠷᠠᠤᠨ ᠤᠨ ᠠᠮᠢᠳᠤᠷᠠᠯ ᠳᠠᠬᠢ ᠤᠷᠤᠭᠤᠯᠤᠯᠳᠠ ᠪᠠᠨ ᠦᠷᠬᠦᠯᠵᠢᠯᠡᠨ ᠨᠡᠮᠡᠭᠳᠡᠬᠦᠯᠵᠤ᠂ ᠳᠤᠭᠳᠠᠭᠤᠨ ᠢ | ᠪᠠᠳᠤᠯᠠᠬᠤ ᠪᠠ ᠠᠷᠠᠤᠨ ᠤᠨ ᠠᠮᠢᠳᠤᠷᠠᠯ ᠢ ᠬᠠᠷᠠᠭᠠᠯᠵᠠᠬᠤ ᠶᠢ ᠴᠤᠭ ᠠᠤᠨᠬᠤᠪᠠ᠃ ᠭᠤᠷᠪᠠᠨ ᠶᠡᠭᠡ ᠰᠢᠪᠳᠤᠯᠤᠯᠳᠠ ᠶᠢᠨ ᠪᠦᠳᠤᠮᠵᠢ ᠢᠯᠡᠤᠨᠳᠠ ᠪᠤᠯᠪᠠ᠃ ᠲᠦᠷᠤ | ᠶᠢᠨ ᠪᠤᠳᠤᠯᠭ᠎ᠠ ᠶᠢ ᠶᠡᠷᠤᠩᠬᠡᠶᠢᠯᠡᠨ ᠬᠡᠷᠡᠭᠵᠢᠬᠦᠯᠵᠤ ᠬᠡᠨᠡᠳᠡᠯ ᠢ ᠰᠡᠷᠬᠡᠶᠢᠯᠡᠬᠦ ᠶᠢ ᠪᠠᠷᠢᠮᠳᠠᠯᠠᠨ᠂ ᠵᠠᠰᠠᠭ ᠤᠨ ᠤᠷᠳᠤᠨ ᠤ ᠲᠦᠷᠤᠯ ᠵᠦᠢᠯ ᠤᠨ ᠦᠷᠢ ᠦᠭᠴᠡᠭᠡ | ᠨᠡᠮᠡᠭᠳᠡᠬᠦ ᠶᠢ ᠴᠢᠩᠭ᠎ᠠ ᠪᠠᠷ ᠬᠢᠵᠠᠭᠠᠷᠯᠠᠨ᠂ ᠵᠠᠰᠠᠭ ᠵᠠᠬᠢᠷᠭᠠᠨ ᠤ ᠡᠯ᠎ᠡ ᠵᠦᠢᠯ ᠤᠨ ᠦᠷᠢ ᠦᠭᠴᠡᠭᠡ ᠶᠢ ᠤᠯᠠᠨ ᠠᠷᠭ᠎ᠠ ᠠᠪᠴᠠᠯ ᠢᠶᠠᠷ ᠲᠦᠷᠤᠯ ᠬᠤᠪᠢᠶᠠᠨ | ᠰᠢᠢᠤᠨᠪᠤᠷᠢᠯᠡᠵᠤ᠂ ᠳᠤᠰ ᠵᠢᠯ ᠤᠨ 12.54 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠰᠢᠢᠤᠨᠪᠤᠷᠢᠯᠡᠬᠦ ᠬᠠᠷᠠᠯᠳᠠ ᠡᠬᠦᠷᠬᠡ ᠶᠢ 137.3% ᠪᠠᠷ | ᠪᠡᠶᠡᠯᠡᠬᠦᠯᠤᠨ᠂ ᠪᠦᠬᠦ ᠤᠷᠤᠨ ᠳᠤ ᠳᠡᠷᠢᠬᠦᠯᠡᠨ ︽ᠠᠷᠪᠠ ᠶᠢ ᠪᠦᠷᠢᠳᠤᠬᠦᠯᠬᠦ︾ ᠢᠨᠵᠧᠨᠧᠷᠢᠩ ᠤᠨ ᠦᠷᠢ ᠦᠭᠴᠡᠭᠡ ᠶᠢ ᠰᠢᠢᠤᠨᠪᠤᠷᠢᠯᠡᠵᠤ᠂ ᠮᠦᠩᠬᠦᠨ ᠬᠦᠢᠯᠬᠡᠬᠡᠨ | ᠤ ᠪᠠᠶᠢᠭᠤᠯᠤᠮᠵᠢ ᠨᠠᠶᠢᠳᠠ 1.54 ᠳ᠋ᠦᠩᠰᠢᠭᠤᠷ ᠲᠦᠬᠦᠷᠢᠭ ᠤᠨ ᠡᠷᠡᠬᠦᠯ ᠪᠤᠰᠤ ᠵᠢᠬᠡᠯᠡᠯᠬᠡ ᠶᠢ ᠢᠯᠭᠠᠪᠤᠷᠢᠯᠡᠨ ᠰᠢᠢᠤᠨᠪᠤᠷᠢᠯᠡᠵᠤ᠂ ᠦᠷᠢ ᠦᠭᠴᠡᠭᠡ ᠶᠢ | ᠨᠡᠮᠡᠭᠳᠡᠬᠦᠯᠬᠦ᠂ ᠲᠦᠭᠰᠢᠬᠦᠷᠢ ᠶᠢ ᠶᠡᠬᠡᠰᠬᠡᠬᠦ ᠬᠡᠮ ᠰᠤᠭᠤᠭ ᠢ ᠤᠯᠠᠮ ᠨᠢᠬᠡ ᠠᠯᠬᠤᠮ ᠬᠤᠷᠢᠭᠯᠠᠪᠠ᠃ ᠪᠦᠬᠦ ᠬᠦᠴᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ | ᠪᠠᠷᠢᠮᠳᠠᠯᠠᠵᠤ᠂ ᠠᠵᠤ ᠤᠶᠢᠯᠡᠰ ᠢᠶᠠᠷ ᠶᠠᠳᠠᠭᠤ ᠶᠢ ᠳᠡᠤᠨᠬᠦᠬᠦ᠂ ᠳᠤᠭᠳᠠᠴᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠳᠠᠶᠢᠴᠢᠯᠠᠬᠤ᠂ ᠬᠦᠭᠵᠢᠯᠳᠠ ᠪᠠᠷ ᠶᠠᠳᠠᠭᠤᠷᠠᠯ | ᠢ ᠪᠠᠭᠠᠰᠬᠠᠬᠤ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠦᠳᠤᠮᠵᠢᠳᠠᠢ ᠪᠤᠳᠠᠳᠠᠶᠢᠵᠢᠭᠤᠯᠵᠤ᠂ ︽ᠵᠠᠭᠤᠨ ᠠᠵᠤ ᠠᠬᠤᠶᠢᠯᠠᠯ ᠵᠠᠭᠤᠨ | ᠭᠠᠴᠠᠭ᠎ᠠ ᠳᠤᠰᠬᠤᠨ ᠢ ᠬᠠᠪᠰᠤᠷᠬᠤ︾ ᠠᠵᠢᠯᠯᠠᠭ᠎ᠠ ᠶᠢ ᠬᠦᠨᠵᠡᠬᠡᠢ ᠠᠬᠢᠭᠤᠯᠵᠤ᠂ ᠪᠦᠬᠦ ᠵᠢᠯ ᠳᠤ ᠡᠯ᠎ᠡ ᠵᠦᠢᠯ ᠤᠨ ᠪᠡᠯᠡ ᠮᠦᠩᠬᠦ ᠶᠢ ᠨᠠᠶᠢᠳᠠ 5622.92 | ᠲᠦᠮᠡᠨ ᠲᠦᠬᠦᠷᠢᠭ ᠵᠠᠷᠤᠴᠠᠭᠤᠯᠵᠤ 171 ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠦᠴᠢᠷᠳᠠᠯᠳᠠᠢ ᠡᠷᠤᠬᠡ ᠶᠢᠨ ᠨᠤᠷᠮ᠎ᠠ ᠶᠢ 0.07% | ᠪᠠᠭᠤᠷᠠᠭᠤᠯᠤᠨ᠂ ᠤᠨᠴᠠ ᠶᠠᠳᠠᠭᠤ ᠡᠷᠤᠬᠡ ᠦᠬᠡᠢ ᠪᠤᠯᠪᠠ᠃ ᠪᠤᠬᠢᠷᠳᠤᠯ ᠢ ᠵᠠᠰᠠᠬᠤ ᠶᠢ ᠪᠠᠷᠢᠮᠳᠠᠯᠠᠵᠤ᠂ ᠲᠦᠪ ᠤᠨ ᠤᠷᠴᠢᠨ ᠳᠤᠭᠤᠷᠢᠨ ᠤ ᠬᠢᠨᠠᠨ ᠪᠠᠶᠢᠴᠠᠭᠠᠯᠳᠠ | ᠶᠢᠨ ᠬᠠᠷᠢᠭᠤ ᠳᠤᠰᠬᠠᠯ᠂ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠶᠡᠭᠡ ᠪᠠᠶᠢᠴᠠᠭᠠᠯᠳᠠ ᠶᠢᠨ ᠠᠰᠠᠭᠤᠳᠠᠯ ᠪᠠ ᠲᠦᠪ ᠤᠨ ᠤᠷᠴᠢᠨ ᠳᠤᠭᠤᠷᠢᠨ ᠤ | ᠬᠢᠨᠠᠨ ᠪᠠᠶᠢᠴᠠᠭᠠᠯᠳᠠ ᠶᠢᠨ ︽ᠳᠠᠪᠳᠠᠨ ᠬᠢᠨᠠᠬᠤ︾ ᠬᠡᠷᠡᠭ ᠤᠨ ᠴᠡᠭᠴᠡᠯᠡᠯᠳᠠ ᠶᠢ ᠪᠡᠶᠡᠯᠡᠬᠦᠯᠵᠤ᠂ ᠤᠷᠴᠢᠨ ᠳᠤᠭᠤᠷᠢᠨ ᠤ ᠦᠨᠡᠯᠡᠯᠳᠠ ᠶᠢᠨ ᠬᠡᠷᠡᠭᠵᠢᠬᠦᠯᠤᠯᠳᠠ ᠶᠢᠨ | ᠨᠤᠷᠮ᠎ᠠ 100% ᠳᠤ ᠬᠦᠷᠤᠨ᠂ ᠲᠦᠪᠯᠡᠷᠡᠩᠬᠦᠢ ᠬᠠᠩᠭᠠᠯᠭ᠎ᠠ ᠶᠢᠨ ᠤᠤᠭᠤᠬᠤ ᠤᠰᠤᠨ ᠤ ᠡᠬᠢ ᠶᠢᠨ ᠤᠰᠤᠨ ᠴᠢᠨᠠᠷ ᠢ ᠪᠠᠷᠢᠮᠵᠢᠶ᠎ᠡ ᠳᠤ ᠬᠦᠷᠬᠡᠵᠤ᠂ ᠪᠦᠬᠦ | ᠬᠤᠰᠢᠭᠤᠨ ᠤ PM2.5 ᠶᠢᠨ ᠳᠤᠮᠳᠠᠴᠢ ᠬᠡᠮᠵᠢᠭᠳᠡᠯ ᠠᠳᠠᠯᠢ ᠬᠤᠭᠤᠴᠠᠭᠠᠨ ᠤ ᠬᠢ ᠠᠴᠠ 4.17% ᠪᠠᠭᠤᠷᠠᠨ᠂ ᠴᠡᠪᠡᠷ ᠳᠤᠩᠭᠠᠯᠠᠭ ᠡᠳᠤᠷ ᠤᠨ ᠬᠠᠷᠢᠴᠠᠯ | 93.6% ᠳᠤ ᠬᠦᠷᠴᠤ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠪᠦᠬᠦ ᠬᠤᠳᠠ ᠳᠠᠭᠠᠨ ᠳᠡᠷᠢᠬᠦᠯᠡᠪᠡ᠃ ᠨᠠᠶᠢᠬᠡᠮ ᠠᠷᠠᠤᠨ ᠤᠨ | ᠠᠮᠢᠳᠤᠷᠠᠯ ᠢ ᠦᠷᠬᠦᠯᠵᠢᠯᠠᠨ ᠴᠢᠩᠭᠠᠤᠨᠬᠠᠪᠠ᠃ ᠠᠷᠠᠤᠨ ᠤᠨ ᠠᠮᠢᠳᠤᠷᠠᠯ ᠳᠤ 23.13 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠡᠳ᠋ ᠤᠨ ᠵᠠᠰᠠᠭ ᠤᠨ | ᠶᠡᠷᠤᠩᠬᠡᠢ ᠵᠠᠷᠤᠯᠭ᠎ᠠ ᠶᠢᠨ 81.89% ᠶᠢ ᠡᠵᠡᠯᠡᠪᠡ᠃ ︽ᠤᠶᠢᠯᠡᠰ ᠪᠤᠰᠬᠠᠬᠤ ᠤᠳᠤᠭ ᠤᠨ ᠡᠮᠤᠨᠡᠳᠤ ᠬᠤᠰᠢᠭᠤᠨ︾ ᠤ ᠠᠵᠢᠯᠯᠠᠭ᠎ᠠ ᠶᠢ ᠬᠦᠨᠵᠡᠬᠡᠢ | ᠬᠡᠷᠡᠭᠵᠢᠬᠦᠯᠵᠤ᠂ ᠬᠤᠳᠠ ᠪᠠᠯᠭᠠᠰᠤ ᠶᠢᠨ 1500 ᠭᠠᠷᠤᠢ ᠬᠦᠮᠤᠨ ᠳᠤ ᠠᠵᠢᠯ ᠤᠯᠭᠤᠵᠤ᠂ ᠬᠤᠳᠠ ᠪᠠᠯᠭᠠᠰᠤ ᠶᠢᠨ ᠳᠠᠩᠰᠠᠯᠠᠭᠰᠡᠨ ᠠᠵᠢᠯ ᠠᠯᠳᠠᠯᠳᠠ ᠶᠢᠨ | ᠨᠤᠷᠮ᠎ᠠ 2.09% ᠪᠠᠭᠤᠷᠠᠪᠠ᠃ ᠰᠤᠷᠭᠠᠨ ᠬᠦᠮᠤᠵᠢᠯ ᠤᠨ ᠤᠶᠢᠯᠡᠰ ᠵᠤᠬᠢᠴᠠᠩᠭᠤᠢ ᠬᠦᠭᠵᠢᠵᠤ᠂ 1.8 ᠲᠦᠮᠡᠨ ᠺᠦᠸᠠᠳ᠋ ᠮᠧᠲᠷ ᠤᠨ ᠰᠤᠷᠭᠠᠭᠤᠯᠢ ᠶᠢᠨ ᠬᠡᠷ | ᠪᠠᠷᠢᠯᠭ᠎ᠠ ᠨᠡᠮᠡᠭᠳᠡᠨ᠂ ᠪᠡᠬᠡᠵᠢᠩ ᠤᠨ ᠾᠧᠩ ᠶᠤᠸᠠᠢ ᠰᠤᠷᠭᠠᠨ ᠬᠦᠮᠤᠵᠢᠯ ᠤᠨ ᠺᠤᠮᠫᠠᠨᠢ ᠶᠢ ᠤᠷᠢᠨ ᠬᠤᠰᠢᠭᠤ ᠳᠤᠮᠳᠠᠳᠤ ᠰᠤᠷᠭᠠᠭᠤᠯᠢ ᠪᠠ ᠱᠠᠩᠬᠠᠢ ᠶᠢᠨ ᠰᠦᠮ᠎ᠠ | ᠪᠠᠯᠭᠠᠰᠤ ᠲᠠᠢ ᠬᠤᠯᠪᠤᠭᠠᠯᠠᠨ ᠬᠠᠮᠳᠤᠷᠠᠵᠤ ᠰᠤᠷᠭᠠᠭᠤᠯᠢ ᠡᠷᠬᠢᠯᠡᠨ᠂ ᠤᠯᠤᠰ ᠤᠨ ᠳᠡᠰ ᠤᠨ ᠬᠦᠯ ᠪᠦᠮᠪᠤᠬᠡᠨ ᠤ ᠤᠨᠴᠠᠯᠢᠭᠳᠤ ᠰᠤᠷᠭᠠᠭᠤᠯᠢ ᠶᠢ 3 ᠴᠤᠭᠴᠠᠯᠠᠪᠠ᠃ | ᠡᠮ ᠡᠮᠴᠢᠯᠡᠭᠡ ᠡᠷᠡᠬᠦᠯ ᠬᠠᠮᠠᠭᠠᠯᠠᠯ ᠤᠨ ᠰᠢᠰᠲ᠋ᠧᠮ ᠳᠠᠰᠤᠷᠠᠯᠳᠠ ᠦᠬᠡᠢ ᠳᠡᠬᠦᠯᠳᠡᠷᠵᠢᠵᠤ᠂ ᠬᠤᠰᠢᠭᠤ ᠮᠤᠩᠭᠤᠯ ᠡᠮᠨᠡᠯᠬᠡ ᠶᠢᠨ ᠬᠤᠷᠢᠶ᠎ᠠ ᠶᠢᠨ ᠰᠢᠨ᠎ᠠ ᠡᠮᠨᠡᠯᠬᠡ ᠶᠢᠨ | ᠭᠠᠵᠠᠷ ᠤᠳᠠᠯ ᠦᠬᠡᠢ ᠪᠠᠶᠢᠭᠤᠯᠤᠭᠳᠠᠨ ᠬᠡᠷᠡᠭᠯᠡᠯᠳᠠ ᠳᠤ ᠤᠷᠤᠬᠤ ᠪᠠᠷ ᠪᠤᠯᠵᠤ᠂ 4 ᠰᠠᠭᠤᠷᠢ ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ | ᠬᠡᠷᠡᠭᠯᠡᠯᠳᠠ ᠳᠤ ᠤᠷᠤᠵᠤ᠂ ᠤᠷᠤᠨ ᠠᠯᠤᠰᠯᠠᠭᠰᠡᠨ ᠡᠮᠴᠢᠯᠡᠬᠡᠨ ᠤ ᠬᠠᠮᠳᠤᠷᠠᠯᠴᠠᠭ᠎ᠠ ᠶᠢᠨ ᠪᠠᠳᠤᠯᠠᠭ᠎ᠠ ᠶᠢᠨ ᠲᠦᠪᠰᠢᠨ ᠳᠠᠰᠤᠷᠠᠯᠳᠠ ᠦᠬᠡᠢ ᠳᠡᠬᠡᠭᠰᠢᠯᠡᠨ᠂ | ᠦᠪᠡᠷᠳᠡᠬᠡᠨ ᠵᠠᠰᠠᠬᠤ ᠤᠷᠤᠨ ᠤ ᠤᠳᠠᠭᠠᠨ ᠴᠢᠨᠠᠷᠳᠠᠢ ᠡᠪᠡᠤᠨᠴᠢᠨ ᠢ ᠶᠡᠷᠤᠩᠬᠡᠶᠢᠯᠡᠨ ᠰᠡᠷᠬᠡᠶᠢᠯᠡᠨ ᠵᠠᠰᠠᠬᠤ ᠳᠠᠭᠤᠷᠢᠶᠠᠯ ᠤᠷᠤᠨ ᠢ ᠡᠬᠦᠤᠨᠪᠡ᠃ ᠰᠤᠶᠤᠯ ᠢᠶᠠᠷ | ᠠᠷᠠᠤᠨ ᠢ ᠬᠠᠷᠠᠭᠠᠯᠵᠠᠬᠤ ᠠᠵᠢᠯᠯᠠᠭ᠎ᠠ ᠶᠢ ᠦᠨᠳᠤᠰᠤᠨ ᠱᠠᠳᠤᠨ ᠳᠤ ᠬᠦᠨᠵᠡᠬᠡᠶᠢᠷᠡᠬᠦᠯᠵᠤ᠂ ᠮᠤᠩᠭᠤᠯ ᠦᠨᠳᠤᠰᠤᠳᠠᠨ ᠤ ᠭᠠᠯ ᠳᠠᠬᠢᠯᠭ᠎ᠠ ᠪᠠ ᠰᠠᠪᠬᠠᠨ ᠪᠦᠵᠢᠭ ᠤᠨ | ᠰᠤᠶᠤᠯ ᠪᠦᠬᠦ ᠤᠷᠤᠨ ᠤ ᠠᠷᠠᠤᠨ ᠤᠨ ᠳᠤᠮᠳᠠᠬᠢ ᠰᠤᠶᠤᠯ ᠤᠷᠠᠯᠢᠭ ᠤᠨ ᠦᠯᠤᠬᠡᠢ ᠪᠠᠷ ᠦᠨᠡᠯᠡᠭᠳᠡᠨ᠂ ︽ᠠᠨᠠᠷ ᠪᠤᠯᠪᠠᠰᠤᠷᠠᠯ᠎ᠠ︾ ᠵᠦᠴᠤᠬᠡ ᠦᠪᠡᠷᠳᠡᠬᠡᠨ | ᠵᠠᠰᠠᠬᠤ ᠤᠷᠤᠨ ᠤ ᠳᠠᠯ᠎ᠠ ᠨᠤᠳᠤᠭ ᠤᠨ ᠰᠤᠶᠤᠯ ᠤᠨ ᠠᠯᠳᠠᠨ ᠮᠧᠳ᠋ᠯ ᠬᠦᠷᠳᠡᠵᠤ᠂ ᠨᠠᠶᠢᠳᠠ ᠶᠢᠨ ᠰᠤᠶᠤᠯ ᠤᠨ ᠤᠶᠢᠯᠡᠴᠢᠯᠡᠬᠡᠨ ᠤ ᠲᠦᠪᠰᠢᠨ ᠤᠯᠠᠮ ᠨᠢᠬᠡ | ᠠᠯᠬᠤᠮ ᠳᠡᠬᠡᠭᠰᠢᠯᠡᠪᠡ᠃ ᠳᠤᠤᠷ᠎ᠠ ᠪᠠᠳᠤᠯᠠᠭ᠎ᠠ᠂ ᠡᠮᠴᠢᠯᠡᠬᠡᠨ ᠤ ᠪᠠᠳᠤᠯᠠᠭ᠎ᠠ ᠪᠠ ᠨᠠᠰᠤᠳᠠᠨ ᠢ ᠠᠰᠠᠷᠠᠬᠤ ᠳᠠᠭᠠᠤᠨᠬᠠᠯ ᠤᠨ ᠪᠠᠷᠢᠮᠵᠢᠶ᠎ᠡ ᠶᠢ ᠳᠡᠬᠡᠭᠰᠢᠯᠡᠬᠦᠯᠵᠤ᠂ | ᠨᠠᠶᠢᠬᠡᠮ ᠤᠨ ᠤᠶᠢᠯᠡᠰ ᠪᠠ ᠠᠷᠠᠤᠨ ᠤᠨ ᠠᠮᠢᠳᠤᠷᠠᠯ ᠤᠨ ᠪᠠᠳᠤᠯᠠᠭ᠎ᠠ ᠶᠢᠨ ᠲᠦᠪᠰᠢᠨ ᠪᠦᠬᠦ ᠳᠠᠯ᠎ᠠ ᠪᠠᠷ ᠳᠡᠬᠡᠭᠰᠢᠯᠡᠪᠡ᠃ ᠨᠠᠶᠢᠬᠡᠮ ᠤᠨ ᠪᠠᠶᠢᠳᠠᠯ ᠨᠠᠶᠢᠷᠠᠮᠳᠠᠭᠤ | ᠳᠤᠭᠳᠠᠭᠤᠨ ᠢᠶᠠᠨ ᠪᠠᠳᠤᠯᠠᠪᠠ᠃ ᠬᠤᠰᠢᠭᠤ ᠳᠡᠰ ᠤᠨ ᠬᠠᠤᠯᠢ ᠶᠢᠨ ᠶᠠᠪᠤᠳᠠᠯ ᠤᠨ ᠤᠶᠢᠯᠡᠴᠢᠯᠡᠬᠡᠨ ᠤ ᠲᠦᠪ ᠢ ᠪᠦᠬᠦ ᠤᠷᠤᠨ ᠳᠤ ᠳᠠᠷᠢᠬᠦᠯᠡᠨ ᠪᠠᠶᠢᠭᠤᠯᠵᠤ᠂ ᠪᠦᠬᠦ | ᠤᠷᠤᠨ ᠤ ᠠᠩᠬᠠᠳᠠᠭᠴᠢ ︽ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠳᠠᠭᠤᠷᠢᠶᠠᠯ ᠬᠤᠰᠢᠭᠤ ᠰᠢᠶᠠᠨ︾ ᠤ ᠨᠡᠷᠡᠶᠢᠳᠤᠯ ᠢ ᠬᠦᠷᠳᠡᠪᠡ᠃ | ᠠᠶᠤᠯᠬᠦᠢ ᠤᠶᠢᠯᠡᠤᠨᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠪᠤᠳᠠᠳᠠᠶᠢᠵᠢᠭᠤᠯᠤᠯᠳᠠ ᠶᠢ ᠴᠢᠩᠭ᠎ᠠ ᠠᠤᠨᠬᠤᠵᠤ᠂ ᠠᠶᠤᠯᠬᠦᠢ ᠤᠶᠢᠯᠡᠤᠨᠪᠤᠷᠢᠯᠡᠯ ᠤᠨ | ᠬᠠᠨᠳᠤᠰᠢ ᠶᠡᠷᠤᠩᠬᠡᠢ ᠳᠤ ᠪᠠᠨ ᠳᠤᠭᠳᠠᠭᠤᠨ ᠪᠤᠯᠪᠠ᠃ ︽ᠠᠮᠤᠷ ᠠᠮᠤᠭᠤᠯᠠᠩ ᠤᠳᠤᠭ ᠤᠨ ᠡᠮᠤᠨᠡᠳᠤ ᠬᠤᠰᠢᠭᠤ︾ ᠶᠢᠨ ᠪᠠᠶᠢᠭᠤᠯᠤᠯᠳᠠ ᠶᠢ ᠬᠦᠨᠵᠡᠬᠡᠢ | ᠠᠬᠢᠭᠤᠯᠵᠤ᠂ ᠬᠠᠷ᠎ᠠ ᠪᠦᠯᠦᠭᠳᠠᠨ ᠬᠠᠷᠬᠢᠰ ᠬᠦᠴᠤᠨ ᠢ ᠱᠦᠬᠦᠷᠳᠠᠨ ᠠᠷᠢᠯᠭᠠᠬᠤ ᠳᠤᠰᠬᠠᠢ ᠠᠵᠢᠯᠯᠠᠭ᠎ᠠ ᠶᠢ ᠪᠦᠬᠦ ᠳᠠᠯ᠎ᠠ ᠪᠠᠷ ᠦᠷᠨᠢᠬᠦᠯᠵᠤ᠂ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠳᠠᠰᠤᠷᠠᠯᠳᠠ ᠦᠬᠡᠢ ᠳᠡᠬᠡᠭᠰᠢᠯᠡᠪᠡ᠃ ᠵᠠᠬᠢᠳᠠᠯ ᠰᠤᠷᠪᠤᠯᠵᠢᠯᠠᠭ᠎ᠠ ᠶᠢᠨ ᠵᠠᠮ ᠮᠦᠷ ᠤᠯᠠᠮ ᠨᠢᠬᠡ ᠠᠯᠬᠤᠮ ᠰᠢᠯᠤᠭᠤᠤᠨᠴᠤ᠂ ᠵᠠᠬᠢᠳᠠᠯ | ᠰᠤᠷᠪᠤᠯᠵᠢᠯᠠᠭ᠎ᠠ ᠶᠢᠨ ᠤᠳᠠᠭ᠎ᠠ ᠪᠠ ᠬᠦᠮᠤᠨ ᠤ ᠳᠤᠭ᠎ᠠ ᠳᠤᠰ ᠪᠦᠷᠢ 4.58% ᠪᠠ 7.48% ᠪᠠᠭᠤᠷᠠᠪᠠ᠃ ᠠᠹᠷᠢᠺᠠ ᠶᠢᠨ ᠭᠠᠭ᠋ᠠᠢ ᠶᠢᠨ ᠬᠢᠵᠢᠭ ᠢ | ᠪᠦᠳᠤᠮᠵᠢᠳᠠᠢ ᠰᠡᠷᠬᠡᠶᠢᠯᠡᠵᠤ ᠦᠨ᠎ᠡ ᠬᠠᠩᠰᠢ ᠶᠢᠨ ᠳᠤᠭᠳᠠᠭᠤᠨ ᠢ ᠪᠠᠳᠤᠯᠠᠪᠠ᠃ ᠤᠶᠤᠨ ᠤ ᠪᠤᠯᠪᠠᠰᠤᠨ᠂ ᠴᠡᠷᠢᠭ ᠠᠷᠠᠤᠨ ᠬᠠᠮᠳᠤ ᠪᠠᠷ ᠪᠠᠶᠢᠭᠤᠯᠬᠤ᠂ | ᠦᠨᠳᠤᠰᠤᠳᠠᠨ ᠱᠠᠰᠢᠨ ᠰᠤᠷᠳᠠᠬᠤᠨ᠂ ᠴᠢᠳᠠᠪᠤᠷᠢᠳᠠᠨ ᠤ ᠠᠵᠢᠯ᠂ ᠡᠮᠡᠭᠳᠠᠶᠢᠴᠤᠤᠨ ᠬᠡᠤᠬᠡᠤᠨ ᠤᠨ ᠠᠵᠢᠯ ᠵᠡᠷᠬᠡ ᠡᠯ᠎ᠡ ᠵᠦᠢᠯ ᠤᠨ ᠠᠵᠢᠯ ᠯᠠᠪᠳᠠᠭᠤᠨ ᠠᠬᠢᠵᠤ᠂ | ᠨᠠᠶᠢᠬᠡᠮ ᠤᠨ ᠤᠷᠴᠢᠨ ᠡᠪ ᠨᠠᠶᠢᠷᠠᠮᠳᠠᠭᠤ ᠳᠤᠭᠳᠠᠭᠤᠨ ᠪᠠᠶᠢᠬᠤ ᠶᠢ ᠪᠠᠳᠤᠯᠠᠪᠠ᠃ | 2018 ᠤᠨ ᠢ ᠡᠷᠬᠢᠴᠡᠬᠦᠯᠪᠡᠯ᠂ ᠤᠯᠤᠰ ᠠᠷᠠᠤᠨ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ | ᠶᠡᠷᠤᠩᠬᠡᠢ ᠳᠤ ᠪᠠᠨ ᠨᠠᠯᠢᠶᠡᠤᠨ ᠰᠠᠶᠢᠨ᠂ ᠬᠡᠪᠡᠴᠤ ᠠᠵᠤ ᠠᠬᠤᠢ ᠶᠢᠨ ᠡᠷᠬᠢᠯᠳᠠ ᠳᠤᠮᠳᠠ ᠮᠦᠨ ᠯᠠ ᠬᠦᠴᠢᠷᠳᠠᠯ ᠪᠠ ᠠᠰᠠᠭᠤᠳᠠᠯ ᠤᠷᠤᠰᠢᠵᠤ ᠪᠠᠶᠢᠬᠤ ᠶᠢ ᠰᠡᠷᠬᠡᠭ | ᠢᠶᠠᠷ ᠳᠠᠨᠢᠬᠤ ᠬᠡᠷᠡᠭᠳᠠᠢ᠃ ᠭᠤᠤᠯᠳᠠᠭᠤ᠄ ᠠᠵᠤ ᠤᠶᠢᠯᠡᠰ ᠤᠨ ᠪᠦᠳᠤᠴᠠ ᠳᠤᠬᠢᠷᠠᠮᠵᠢ ᠦᠬᠡᠢ᠂ ᠬᠦᠭᠵᠢᠯᠳᠡ ᠶᠢᠨ ᠶᠠᠰᠦ ᠴᠢᠨᠠᠷ ᠪᠣᠯᠣᠨ ᠦᠷ᠎ᠡ ᠠᠰᠢᠭ ᠲᠣᠣᠷ᠎ᠠ᠂ | ᠠᠵᠤ ᠤᠶᠢᠯᠡᠰ ᠤᠨ ᠠᠭᠤᠰᠤᠯᠴᠠᠯ ᠮᠦᠨ ᠯᠠ ᠬᠦᠴᠢᠷᠳᠡᠯ ᠢ ᠰᠢᠪᠳᠤᠯᠤᠨ ᠬᠦᠭᠵᠢᠬᠦ ᠴᠢᠬᠤᠯᠠᠳᠠᠢ ᠪᠤᠢ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ | ᠶᠢᠨ ᠬᠤᠷᠳᠣᠴᠠ ᠣᠳᠠᠭᠠᠰᠢᠷᠠᠵᠣ᠂ ᠳᠤᠮᠤ ᠲᠦᠷᠤᠯ ᠵᠦᠢᠯ᠂ ᠰᠢᠯᠢᠳᠡᠭ ᠲᠦᠷᠤᠯ ᠵᠦᠢᠯ ᠤᠨ ᠨᠦᠬᠡᠴᠠ ᠬᠦᠢᠴᠡᠤᠨ ᠪᠤᠰᠤ ᠪᠤᠯᠤᠭᠰᠡᠨ ᠠᠴᠠ ᠲᠣᠭᠳᠠᠭᠤᠨ | ᠨᠡᠮᠡᠭᠳᠡᠯ ᠤᠨ ᠲᠠᠷᠣᠯᠳᠠ ᠮᠦᠨ ᠯᠡ ᠶᠡᠭᠡ ᠪᠣᠢ︔ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ᠂ ᠠᠮᠢ ᠠᠬᠤᠢ ᠤᠷᠴᠢᠨ ᠳᠤᠭᠤᠷᠢᠨ᠂ | ᠨᠠᠶᠢᠬᠡᠮ ᠤᠨ ᠤᠶᠢᠯᠡᠰ ᠵᠡᠷᠬᠡ ᠬᠦᠷᠢᠶ᠎ᠡ ᠴᠠᠷᠠᠭ᠎ᠠ ᠮᠦᠨ ᠯᠠ ᠳᠤᠳᠠᠭᠤᠳᠠᠯ ᠢᠶᠠᠨ ᠨᠦᠬᠦᠪᠤᠷᠢᠯᠡᠬᠦ ᠴᠢᠬᠤᠯᠠᠳᠠᠢ ᠪᠤᠢ᠃ ᠡᠳᠡᠭᠡᠷ ᠠᠰᠠᠭᠤᠳᠠᠯ ᠢ ᠪᠢᠳᠠ ᠲᠡᠭᠡᠳᠦ | ᠬᠡᠮᠵᠢᠶ᠎ᠡ ᠪᠠᠷ ᠴᠢᠬᠤᠯᠠᠴᠢᠯᠠᠵᠣ᠂ ᠨᠠᠩ ᠢᠳᠡᠪᠬᠢᠳᠠᠢ ᠤᠪᠤᠷ᠂ ᠨᠠᠩ ᠬᠦᠴᠤᠨ ᠲᠠᠢ ᠠᠷᠭ᠎ᠠ ᠠᠪᠴᠠᠯ ᠢᠶᠠᠷ ᠪᠦᠬᠦᠨ ᠢ ᠵᠠᠰᠠᠵᠤ ᠦᠨᠡᠨ ᠬᠦ ᠰᠢᠢᠤᠨᠪᠤᠷᠢᠯᠡᠬᠦ | ᠴᠢᠬᠤᠯᠠᠳᠠᠢ ᠪᠠᠶᠢᠨ᠎ᠠ᠃ | ᠬᠤᠶᠠᠷ᠂ 2018 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ | 2019 ᠤᠨ ᠤ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠶᠡᠷᠥᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠣ ᠣᠯᠣᠰ ᠤᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠥᠳᠥᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠭᠦ ᠲᠠᠯ᠎ᠠ | ᠪᠠᠷ ᠲᠤᠤᠱᠯᠠᠭᠤᠯᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠴᠢᠬᠤᠯᠠ ᠰᠢᠢᠤᠨᠪᠤᠷᠢᠳᠤ ᠪᠠᠶᠢᠷᠢᠯᠠᠭᠤᠯᠣᠯᠳᠠ ᠶᠢ ᠪᠦᠬᠦ ᠲᠠᠯ᠎ᠠ | ᠪᠠᠷ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠠᠪᠤ ᠶᠢ ᠢᠵᠢ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠶᠢ ᠨᠢᠭᠡᠳᠥᠯᠳᠡᠢ ᠲᠥᠯᠥᠪᠵᠢᠭᠦᠯᠥᠨ | ᠤᠷᠤᠨᠵᠢᠭᠤᠯᠵᠤ᠂ ︽ᠲᠦᠷᠪᠠᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠵᠤᠬᠢᠴᠠᠩᠭᠤᠢ ᠠᠬᠢᠭᠤᠯᠤᠨ᠂ ᠯᠠᠪᠳᠠᠭᠤᠨ | ᠤᠷᠤᠭᠰᠢᠯᠠᠭᠤᠯᠬᠤ ᠠᠵᠢᠯ ᠤᠨ ᠶᠡᠷᠥᠩᠭᠡᠢ ᠠᠬᠢᠴᠠ ᠶᠢ ᠪᠠᠷᠢᠮᠳᠠᠯᠠᠵᠤ᠂ ᠰᠢᠨ᠎ᠡ ᠭᠥᠭᠵᠢᠭᠦᠯᠥᠯᠳᠡ ᠶᠢᠨ ᠥᠵᠡᠯᠳᠡ ᠰᠡᠳᠬᠢᠮᠵᠢ ᠪᠠᠨ ᠰᠢᠨᠡᠴᠢᠯᠡᠨ᠂ ᠬᠠᠩᠭᠠᠯᠭ᠎ᠠ ᠶᠢᠨ | ᠲᠠᠯ᠎ᠠ ᠶᠢᠨ ᠪᠥᠳᠥᠴᠠ ᠶᠢᠨ ᠴᠢᠨᠠᠷᠳᠠᠢ ᠥᠭᠡᠷᠡᠴᠢᠯᠡᠯᠳᠡ ᠪᠠᠷ ᠭᠤᠤᠯᠯᠠᠭᠤᠯᠵᠤ᠂ ︽ᠭᠤᠷᠪᠠᠨ ᠶᠡᠭᠡ ᠰᠢᠪᠳᠤᠯᠤᠯᠳᠠ︾ ᠶᠢᠨ ᠠᠵᠢᠯ ᠢ ᠭᠤᠶᠢᠪᠢᠰᠢ ᠥᠭᠡᠢ ᠰᠠᠶᠢᠳᠤᠷ | ᠡᠷᠴᠢᠮᠵᠢᠭᠦᠯᠵᠤ᠂ ᠨᠡᠮᠡᠭᠳᠡᠯ ᠢ ᠪᠠᠳᠤᠯᠠᠬᠤ᠂ ᠥᠭᠡᠷᠡᠴᠢᠯᠡᠯᠳᠡ ᠶᠢ ᠭᠥᠨᠵᠡᠭᠡᠶᠢᠷᠡᠭᠦᠯᠭᠦ᠂ ᠪᠥᠳᠥᠴᠡ ᠶᠢ ᠲᠤᠬᠢᠷᠠᠭᠤᠯᠬᠤ᠂ ᠠᠷᠠᠳ ᠢ ᠬᠠᠷᠠᠭᠠᠯᠵᠠᠬᠤ᠂ ᠲᠥᠭᠰᠢᠭᠦᠷᠢ | ᠶᠢ ᠰᠡᠷᠭᠡᠶᠢᠯᠡᠭᠦ ᠠᠵᠢᠯ ᠢ ᠨᠢᠭᠡᠳᠥᠯᠳᠡᠢ ᠲᠥᠯᠥᠪᠵᠢᠭᠦᠯᠥᠨ ᠨᠡᠶᠢᠳᠡ ᠳᠤ ᠨᠢ ᠠᠳᠬᠤᠨ᠂ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠤᠯᠠᠮ ᠰᠠᠶᠢᠳᠤᠷ | ᠥᠷᠭᠦᠯᠵᠢᠳᠡ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷᠯᠢᠭ ᠭᠥᠭᠵᠢᠯᠳᠡ ᠶᠢ ᠪᠥᠭᠦ ᠲᠠᠯ᠎ᠠ ᠪᠠᠷ ᠠᠬᠢᠭᠤᠯᠤᠨ᠂ ᠰᠢᠯᠢᠳᠡᠭ ᠬᠢᠷᠢ ᠪᠥᠳᠥᠮᠵᠢ ᠪᠠᠷ | ᠪᠥᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠤᠭᠠᠨ ᠤᠭᠳᠤᠨ ᠪᠡᠯᠭᠡᠯᠡᠰᠥᠭᠡᠢ᠃ | 2019 ᠤᠨ ᠤ ᠪᠥᠭᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠭᠤᠣᠯ ᠬᠠᠷᠠᠯᠳᠠ ᠪᠣᠯ᠄ ᠭᠠᠵᠠᠷ ᠣᠷᠣᠨ ᠤ | ᠣᠶᠢᠯᠠᠳᠪᠦᠷᠢᠯᠡᠯ ᠤᠨ ᠶᠡᠷᠦᠩᠬᠡᠢ ᠦᠷᠳᠡᠭ ᠢ 5% ᠤᠷᠴᠢᠮ ᠨᠡᠮᠡᠭᠳᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 13.5% | ᠤᠷᠴᠢᠮ ᠥᠰᠭᠡᠨ᠂ ᠨᠡᠶᠢᠭᠡᠮ ᠤᠨ ᠪᠥᠭᠦ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢᠨ ᠨᠤᠷᠮ᠎ᠠ ᠶᠢ 15% ᠤᠷᠴᠢᠮ ᠨᠡᠮᠡᠭᠳᠡᠭᠦᠯᠵᠤ᠂ ᠨᠡᠶᠢᠭᠡᠮ ᠤᠨ | ᠬᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 7% ᠤᠷᠴᠢᠮ ᠥᠰᠭᠡᠨ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠬᠦᠮᠦᠨ | ᠲᠣᠳᠣᠮ ᠤᠨ ᠡᠵᠡᠮᠳᠡᠵᠣ ᠪᠣᠯᠬᠤ ᠣᠷᠣᠯᠭ᠎ᠠ ᠶᠢ ᠲᠣᠰᠪᠦᠷᠢ 7.5% ᠪᠠ 8% ᠤᠷᠴᠢᠮ ᠨᠡᠮᠡᠭᠳᠡᠭᠦᠯᠦᠨ᠎ᠡ᠃ ᠲᠡᠭᠡᠷᠡᠬᠢ ᠬᠠᠷᠠᠯᠳᠠ ᠶᠢᠨ ᠲᠣᠭᠤᠷᠢᠨ ᠳᠤ ᠪᠦᠬᠦ | ᠬᠤᠰᠢᠭᠤ ᠪᠠᠷ ᠢᠶᠠᠨ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠄ | ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠤᠷᠪᠠᠨ ᠶᠡᠭᠡ ᠰᠢᠪᠳᠤᠯᠤᠯᠳᠠ ᠶᠢᠨ ᠠᠵᠢᠯ ᠢ ᠰᠠᠶᠢᠳᠤᠷ ᠭᠥᠴᠥᠯᠡᠨ ᠬᠢᠨ᠎ᠡ᠃ | ᠡᠯ᠎ᠡ ᠲᠠᠯ᠎ᠠ ᠶᠢᠨ ᠲᠥᠷᠥ ᠶᠢᠨ ᠪᠤᠳᠤᠯᠭ᠎ᠠ ᠪᠠ ᠠᠵᠢᠯ ᠤᠨ ᠭᠤᠤᠯᠳᠠᠯᠭ᠎ᠠ ᠵᠢᠴᠢ ᠠᠵᠢᠯᠯᠠᠬᠤ ᠭᠥᠴᠥᠨ ᠤ ᠬᠤᠪᠢᠶᠠᠷᠢᠯᠠᠯ ᠢ ᠨᠢᠭᠡᠳᠥᠯᠳᠡᠢ ᠲᠥᠯᠤᠪᠵᠢᠭᠦᠯᠥᠨ ︽ | ᠭᠤᠷᠪᠠᠨ ᠶᠡᠭᠡ ᠰᠢᠪᠳᠤᠯᠤᠯᠳᠠ︾ ᠶᠢᠨ ᠠᠵᠢᠯ ᠳᠤ ᠭᠥᠴᠥᠯᠡᠵᠤ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠳᠤ ᠬᠠᠳᠠᠨ ᠪᠠᠳᠤ ᠰᠠᠭᠤᠷᠢ ᠲᠠᠯᠪᠢᠨ᠎ᠠ᠃ | ᠨᠤᠴᠢᠳᠠᠢ ᠲᠥᠭᠰᠢᠭᠦᠷᠢ ᠶᠢ ᠰᠡᠷᠭᠡᠶᠢᠯᠡᠨ ᠰᠢᠢᠤᠨᠪᠤᠷᠢᠯᠡᠬᠦ ᠠᠵᠢᠯ ᠢ ᠪᠥᠳᠥᠮᠵᠢᠳᠠᠢ ᠰᠠᠶᠢᠳᠤᠷ ᠬᠢᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠬᠤ ᠲᠥᠷᠥᠯ | ᠵᠥᠢᠯ᠂ ᠵᠢᠭᠡᠯᠡᠯᠭᠡ ᠪᠠᠷ ᠪᠡᠯᠡ ᠬᠤᠷᠠᠮᠳᠤᠭᠤᠯᠬᠤ᠂ ᠰᠠᠭᠤᠷᠢ ᠮᠥᠩᠭᠦᠨ ᠤ ᠠᠵᠢᠯᠯᠠᠮᠵᠢ ᠪᠤᠯᠤᠨ ᠵᠠᠰᠠᠭ ᠤᠨ ᠤᠷᠳᠤᠨ ᠥᠢᠯᠡᠴᠢᠯᠡᠭᠡ ᠬᠤᠳᠠᠯᠳᠤᠨ ᠠᠪᠬᠤ ᠠᠵᠢᠯ ᠢ | ᠴᠢᠩᠭ᠎ᠠ ᠲᠥᠷᠢᠮᠵᠢᠭᠦᠯᠵᠤ᠂ ᠥᠷᠢ ᠥᠭᠴᠡᠭᠡᠨ ᠤ ᠨᠡᠮᠡᠭᠳᠡᠯ ᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠵᠢᠭᠡᠯᠡᠯᠭᠡ ᠶᠢᠨ ᠲᠡᠮᠳᠡᠭᠳᠤ ᠪᠠᠷ ᠪᠡᠯᠡ ᠮᠥᠩᠭᠦ ᠤᠷᠤᠯᠠᠭᠤᠯᠬᠤ | ᠪᠠ ᠡᠳ᠋ ᠤᠨ ᠵᠠᠰᠠᠭ ᠤᠨ ᠲᠥᠰᠥᠪ ᠤᠨ ᠳᠤᠬᠢᠷᠠᠭᠤᠯᠭ᠎ᠠ ᠵᠡᠷᠭᠡ ᠠᠷᠭ᠎ᠠ ᠠᠪᠴᠠᠯ ᠢᠶᠠᠷ ᠵᠠᠰᠠᠭ ᠤᠨ ᠤᠷᠳᠤᠨ ᠤ ᠴᠢᠨᠠᠷᠳᠠᠢ ᠥᠷᠢ ᠥᠭᠴᠡᠭᠡ ᠶᠢ ᠢᠯᠭᠠᠷᠠᠭᠤᠯᠬᠤ | ᠠᠵᠢᠯ ᠢ ᠨᠢᠭᠡᠳᠥᠯᠳᠡᠢ ᠲᠥᠯᠥᠪᠵᠢᠭᠦᠯᠥᠨ ᠰᠠᠶᠢᠳᠤᠷ ᠪᠡᠶᠡᠯᠡᠭᠦᠯᠵᠤ᠂ ᠲᠤᠰ ᠵᠢᠯ ᠳᠤ 6.07 ᠳ᠋ᠥᠩᠰᠢᠭᠤᠷ ᠲᠥᠭᠦᠷᠢᠭ ᠤᠨ ᠥᠷᠢ ᠰᠢᠷᠢ ᠶᠢ ᠢᠯᠭᠠᠷᠠᠭᠤᠯᠤᠨ᠎ᠠ᠃ | ᠮᠥᠩᠭᠦᠨ ᠭᠥᠢᠯᠭᠡᠭᠡᠨ ᠤ ᠥᠷᠢ ᠥᠭᠴᠡᠭᠡᠨ ᠠᠴᠠ ᠪᠤᠯᠳᠠᠨ ᠵᠠᠶᠢᠯᠠᠬᠤ ᠪᠠ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ | ᠥᠭᠴᠤ᠂ ᠮᠥᠩᠭᠦᠨ ᠭᠥᠢᠯᠭᠡᠭᠡᠨ ᠤ ᠲᠥᠭᠰᠢᠭᠦᠷᠢ ᠪᠤᠯᠤᠨ ᠠᠷᠠᠳ ᠤᠨ ᠲᠤᠮᠳᠠᠬᠢ ᠵᠢᠭᠡᠯᠡᠯᠭᠡ ᠶᠢᠨ ᠲᠥᠭᠰᠢᠭᠦᠷᠢ ᠶᠢ ᠨᠠᠮᠳᠠᠭᠠᠨ᠂ ᠰᠢᠰᠲ᠋ᠧᠮᠴᠢ ᠴᠢᠨᠠᠷ ᠲᠠᠢ | ᠮᠥᠩᠭᠦᠨ ᠭᠥᠢᠯᠭᠡᠭᠡᠨ ᠤ ᠲᠥᠭᠰᠢᠭᠦᠷᠢ ᠡᠭᠦᠰᠭᠦ ᠶᠢ ᠪᠥᠳᠥᠮᠵᠢᠳᠠᠢ ᠴᠢᠩᠭ᠎ᠠ ᠬᠢᠵᠠᠭᠠᠷᠯᠠᠨ᠎ᠠ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠭᠥᠴᠥᠨ ᠢᠶᠠᠨ ᠲᠥᠪᠯᠡᠷᠡᠭᠦᠯᠥᠨ ᠰᠠᠶᠢᠳᠤᠷ ᠬᠢᠨ᠎ᠡ᠃ ︽ᠬᠤᠶᠠᠷ ᠲᠤ ᠵᠤᠪᠠᠨᠢᠬᠤ ᠥᠭᠡᠢ᠂ | ᠭᠤᠷᠪᠠ ᠶᠢ ᠪᠠᠳᠤᠯᠠᠬᠤ︾ ᠶᠡᠷᠤᠩᠬᠡᠢ ᠱᠠᠭᠠᠷᠳᠠᠯᠭ᠎ᠠ ᠶᠤᠰᠤᠭᠠᠷ ᠲᠥᠷᠪᠡᠨ ᠥᠨᠡᠨ ᠭᠦ᠂ ᠲᠠᠪᠤᠨ ᠨᠢᠭᠡ ᠪᠥᠯᠥᠭ᠂ ᠵᠢᠷᠭᠤᠭᠠᠨ ᠨᠠᠷᠢᠯᠢᠭ ᠴᠢᠭᠯᠡᠯᠳᠠ ᠶᠢ ᠰᠠᠶᠢᠳᠤᠷ | ᠲᠤᠤᠱᠯᠠᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠭᠥᠳᠡᠭᠡ ᠨᠤᠳᠤᠭ ᠢ ᠭᠥᠴᠥᠷᠭᠡᠭᠵᠢᠭᠦᠯᠤᠨ | ᠭᠥᠭᠵᠢᠭᠦᠯᠭᠦ ᠪᠠᠶᠢᠯᠳᠤᠬᠤ ᠪᠤᠳᠤᠯᠭ᠎ᠠ ᠯᠤᠭ᠎ᠠ ᠤᠷᠭᠠᠨᠢᠭ ᠢᠶᠠᠷ ᠨᠢᠭᠡᠳᠭᠡᠨ᠂ ᠭᠠᠵᠠᠷ ᠤᠷᠤᠨ ᠳᠤ ᠨᠢ ᠵᠤᠬᠢᠴᠠᠭᠤᠯᠤᠨ ᠡᠷᠥᠭᠡ ᠳᠤ ᠲᠠᠭᠠᠷᠠᠭᠰᠠᠨ ᠪᠤᠳᠤᠯᠭ᠎ᠠ ᠠᠪᠴᠤ | ᠭᠥᠮᠥᠨ ᠪᠥᠷᠢ ᠶᠢᠨ ᠪᠠᠶᠢᠳᠠᠯ ᠳᠤ ᠳᠤᠬᠢᠷᠠᠭᠰᠡᠨ ᠠᠷᠭ᠎ᠠ ᠪᠠᠷᠢᠯ ᠢ ᠬᠡᠷᠡᠭᠵᠢᠭᠦᠯᠥᠨ᠎ᠡ᠃ ︽ᠭᠤᠷᠪᠠᠨ ᠲᠥᠷᠥᠯ ᠤᠨ ᠭᠥᠮᠥᠨ︾ ᠢ ᠨᠠᠷᠢᠯᠢᠭ ᠢᠯᠭᠠᠪᠤᠷᠢᠯᠠᠵᠤ᠂ ︽ | ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠡᠮᠵᠢᠭᠦ︾ ᠠᠵᠢᠯᠯᠠᠭ᠎ᠠ ᠶᠢ ᠠᠬᠢᠭᠤᠯᠤᠨ᠂ ᠶᠠᠳᠠᠭᠤ ᠭᠥᠴᠢᠷᠳᠡᠯᠳᠡᠢ ᠡᠷᠥᠭᠡ ᠠᠵᠤ ᠥᠢᠯᠡᠰ ᠢ | ᠭᠥᠭᠵᠢᠭᠦᠯᠭᠦ ᠠᠰᠢᠭ ᠲᠤᠰᠠ ᠶᠢᠨ ᠬᠤᠯᠪᠤᠭᠠᠯᠠᠭᠰᠠᠨ ᠲᠤᠭᠳᠠᠴᠠ ᠲᠤᠭᠳᠠᠭᠠᠵᠤ᠂ ᠭᠥᠴᠢᠷᠳᠡᠯᠳᠤ ᠡᠷᠥᠭᠡ ᠶᠢ ᠲᠡᠳᠭᠦᠨ ᠴᠢᠨᠡᠭᠡᠯᠢᠭᠵᠢᠭᠦᠯᠵᠤ ᠤᠷᠤᠯᠭ᠎ᠠ ᠶᠢ | ᠨᠡᠮᠡᠭᠳᠡᠭᠦᠯᠭᠦ ᠠᠵᠤ ᠥᠢᠯᠡᠰ ᠢ ᠭᠤᠤᠯᠳᠠᠯᠭᠠᠳᠠᠢ ᠲᠡᠮᠵᠢᠨ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ ᠨᠠᠷᠢᠯᠢᠭ | ᠤᠨᠤᠪᠴᠢᠳᠠᠢ ᠪᠠᠷ ᠲᠡᠳᠭᠦᠯᠭᠡ ᠠᠴᠠ ᠬᠠᠰᠤᠬᠤ ᠪᠠᠷᠢᠮᠵᠢᠶ᠎ᠠ ᠬᠢᠭᠡᠳ ᠲᠠᠷᠠᠭᠠᠯᠠᠯ ᠢ ᠴᠢᠩᠭ᠎ᠠ ᠭᠡᠷᠡᠭᠵᠢᠭᠦᠯᠵᠤ᠂ ᠲᠠᠩᠰᠠᠯᠠᠨ ᠪᠦᠷᠢᠤᠨᠬᠡᠭᠰᠡᠨ ᠶᠠᠳᠠᠭᠤ ᠭᠥᠴᠢᠷᠳᠡᠯᠳᠡᠢ | ᠡᠷᠥᠭᠡ ᠪᠤᠯᠤᠨ ︽ᠠᠮᠢᠳᠤᠷᠠᠯ ᠵᠦᠳᠡᠬᠦᠤ ᠡᠷᠤᠬᠡ︾ ᠨᠤᠭᠤᠳ ᠲᠤ ᠬᠠᠨᠳᠤᠭᠤᠯᠤᠭᠰᠠᠨ ᠲᠥᠷᠥ ᠶᠢᠨ ᠪᠤᠳᠤᠯᠭ᠎ᠠ ᠶᠢᠨ ᠲᠡᠮᠵᠢᠯᠭᠡ ᠶᠢ ᠰᠠᠶᠢᠳᠤᠷ ᠵᠤᠬᠢᠴᠠᠭᠤᠯᠤᠨ᠂ | ᠶᠠᠳᠠᠭᠤ ᠠᠴᠠ ᠠᠩᠬᠢᠵᠢᠷᠠᠭᠤᠯᠤᠭᠰᠠᠨ ᠠᠵᠢᠯ ᠤᠨ ᠥᠷ᠎ᠡ ᠪᠥᠳᠥᠮᠵᠢ ᠪᠠᠨ ᠪᠠᠳᠤᠳᠬᠠᠵᠤ᠂ ᠲᠠᠩᠰᠠ ᠪᠦᠷᠢᠤᠨᠬᠡᠯ ᠳᠤ ᠤᠷᠤᠭᠰᠡᠨ ᠶᠠᠳᠠᠭᠤ ᠭᠥᠴᠢᠷᠳᠡᠯᠳᠡᠢ ᠡᠷᠥᠭᠡ | ᠪᠤᠯᠭᠠᠨ ᠢ ᠪᠥᠭᠦᠳᠠ ᠶᠢ ᠨᠠᠷᠢᠯᠢᠭ ᠤᠨᠤᠪᠴᠢᠳᠠᠢ ᠪᠠᠷ ᠲᠡᠳᠭᠦᠨ ᠭᠥᠴᠢᠷᠳᠡᠯ ᠠᠴᠠ ᠠᠩᠬᠢᠵᠢᠷᠠᠭᠤᠯᠬᠤ ᠶᠢ ᠪᠠᠳᠤᠯᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠥᠴᠥᠯᠡᠯᠳᠡ ᠲᠠᠢ ᠰᠠᠶᠢᠳᠤᠷ ᠬᠢᠨ᠎ᠡ᠃ ᠲᠥᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ᠂ ᠬᠤᠳᠠ ᠶᠢᠨ | ᠤᠷᠴᠢᠨ ᠬᠠᠮᠠᠭᠠᠯᠠᠯᠳᠠ ᠶᠢᠨ ᠬᠢᠨᠠᠯᠳᠠ ᠪᠠᠶᠢᠴᠠᠭᠠᠯᠳᠠ ᠪᠤᠯᠤᠨ ︽ᠲᠠᠪᠳᠠᠨ ᠪᠠᠶᠢᠴᠠᠭᠠᠭᠰᠠᠨ︾ ᠬᠠᠷᠢᠭᠤ ᠲᠤᠰᠬᠠᠯ ᠤᠨ ᠭᠤᠤᠯᠳᠠᠯᠭᠠᠳᠤ ᠠᠰᠠᠭᠤᠳᠠᠯ ᠢ ᠴᠡᠭᠴᠡᠯᠡᠨ | ᠥᠭᠡᠷᠡᠴᠢᠯᠡᠭᠰᠡᠨ ᠥᠷ᠎ᠡ ᠪᠥᠳᠤᠮᠵᠢ ᠪᠠᠨ ᠪᠠᠬᠢᠵᠢᠭᠦᠯᠵᠤ᠂ ᠪᠤᠬᠢᠷ ᠤᠰᠤ ᠰᠢᠢᠳᠪᠥᠷᠢᠯᠡᠭᠦ ᠥᠢᠯᠡᠳᠪᠥᠷᠢ ᠶᠢᠨ ᠪᠠᠷᠢᠮᠵᠢᠶ᠎ᠠ ᠲᠡᠭᠡᠭᠰᠢᠯᠡᠭᠦᠯᠭᠦ ᠥᠭᠡᠷᠡᠴᠢᠯᠡᠯᠳᠡ ᠪᠤᠯᠤᠨ | ᠱᠠᠩᠬᠠᠢ ᠶᠢᠨ ᠰᠥᠮ᠎ᠡ ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠤ ᠰᠢᠭᠠᠷᠤ ᠶᠢᠨ ᠲᠠᠯᠠᠪᠠᠢ ᠵᠡᠷᠭᠡ ᠤᠷᠴᠢᠨ ᠬᠠᠮᠠᠭᠠᠯᠠᠯᠳᠠ ᠶᠢᠨ ᠲᠥᠷᠥᠯ ᠵᠥᠢᠯ ᠢ | ᠪᠠᠶᠢᠭᠤᠯᠤᠨ ᠪᠥᠳᠥᠭᠡᠨᠡ᠃ ᠤᠷᠴᠢᠨ ᠬᠠᠮᠠᠭᠠᠯᠠᠯᠳᠠ ᠶᠢᠨ ᠬᠠᠤᠯᠢ ᠵᠥᠷᠢᠴᠡᠭᠰᠡᠨ ᠠᠵᠢᠯᠯᠠᠭ᠎ᠠ ᠳᠤ ᠴᠤᠬᠢᠯᠳᠠ ᠥᠭᠭᠦ ᠪᠠᠨ ᠬᠤᠷᠴᠠᠳᠬᠠᠵᠤ᠂ ᠤᠰᠤᠨ ᠡᠬᠢ | ᠰᠤᠷᠪᠤᠯᠵᠢ ᠶᠢᠨ ᠬᠠᠮᠤᠭ ᠴᠢᠩᠭ᠎ᠠ ᠬᠠᠮᠢᠶᠠᠷᠤᠯᠳᠠ ᠶᠢᠨ ᠲᠥᠷᠢᠮ ᠢ ᠨᠠᠶᠢᠳᠠᠪᠤᠷᠢᠵᠢᠭᠤᠯᠤᠨ᠂ ᠬᠤᠰᠢᠭᠤ ᠨᠤᠳᠤᠭ ᠤᠨ ᠨᠠᠭᠤᠷ ᠭᠤᠤᠯ᠂ ᠭᠥᠷᠥᠰᠤ ᠰᠢᠷᠥᠢ ᠪᠤᠯᠤᠨ | ᠠᠭᠠᠷ ᠮᠠᠨᠳᠠᠯ ᠤᠨ ᠴᠢᠨᠠᠷᠵᠢᠯ ᠢ ᠥᠷᠭᠦᠯᠵᠢᠯᠡᠨ ᠬᠠᠮᠠᠭᠠᠯᠠᠨ ᠰᠠᠶᠢᠵᠢᠷᠠᠭᠤᠯᠤᠨ᠎ᠠ᠃ ᠰᠢᠨ᠎ᠡ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ | ᠨᠥᠭᠦᠪᠥᠷᠢ ᠵᠤᠷᠢᠭᠵᠢᠭᠤᠯᠤᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠥᠨᠳᠥᠰᠥᠨ ᠨᠤᠳᠤᠭ ᠪᠡᠯᠴᠢᠭᠡᠷ ᠢ ᠬᠠᠮᠠᠭᠠᠯᠠᠬᠤ ᠪᠠ ᠪᠡᠯᠴᠢᠭᠡᠷᠯᠡᠭᠦᠯᠭᠦ ᠶᠢ | ᠬᠤᠷᠢᠭᠯᠠᠨ ᠤᠷᠤᠨ ᠬᠤᠪᠢᠶᠠᠨ ᠡᠭᠡᠯᠵᠢᠯᠡᠨ ᠮᠠᠯᠯᠠᠬᠤ ᠵᠢᠴᠢ ᠮᠠᠯ ᠤᠨ ᠲᠤᠭ᠎ᠠ ᠲᠤᠯᠤᠭᠠᠢ ᠬᠢᠭᠡᠳ ᠪᠡᠯᠴᠢᠭᠡᠷ ᠤᠨ ᠪᠠᠭᠳᠠᠭᠠᠮᠵᠢ ᠶᠢ ᠲᠡᠩᠴᠡᠭᠦᠷᠢᠰᠢᠭᠦᠯᠭᠦ ᠲᠥᠷᠥ ᠶᠢᠨ | ᠪᠤᠳᠤᠯᠭ᠎ᠠ ᠶᠢ ᠡᠷᠡᠰ ᠴᠢᠩᠭ᠎ᠠ ᠬᠡᠷᠡᠭᠵᠢᠭᠦᠯᠥᠨ᠎ᠡ᠃ ᠠᠮᠢ ᠠᠬᠤᠢ ᠤᠷᠴᠢᠨ ᠲᠤᠭᠤᠷᠢᠨ ᠤ ᠪᠠᠶᠢᠭᠤᠯᠤᠯᠳᠠ ᠶᠢ ᠥᠷᠭᠦᠯᠵᠢᠯᠡᠨ ᠪᠠᠷᠢᠮᠳᠠᠯᠠᠵᠤ᠂ ᠪᠡᠭᠡᠵᠢᠩ ᠲᠢᠶᠠᠨᠵᠢᠨ | ᠤ ᠰᠠᠯᠬᠢ ᠰᠢᠷᠥᠢ ᠶᠢᠨ ᠡᠬᠢ ᠶᠢᠨ ᠵᠠᠰᠠᠯᠳᠠ ᠪᠠ ᠪᠠᠶᠢᠭᠠᠯᠢ ᠶᠢᠨ ᠬᠠᠯᠬᠠᠪᠴᠢ ᠤᠢ ᠶᠢᠨ ᠬᠠᠮᠠᠭᠠᠯᠠᠯᠳᠠ᠂ ᠭᠥᠷᠥᠰᠥ ᠰᠢᠷᠥᠢ ᠶᠢᠨ ᠢᠳᠡᠭᠳᠡᠯ ᠤᠨ ᠵᠠᠰᠠᠯᠳᠠ ᠵᠡᠷᠭᠡ | ᠭᠤᠤᠯᠳᠠᠯᠭᠠᠳᠤ ᠠᠮᠢ ᠠᠬᠤᠢ ᠶᠢᠨ ᠲᠥᠷᠥᠯ ᠵᠥᠢᠯ ᠢ ᠵᠤᠬᠢᠶᠠᠨ ᠪᠠᠶᠢᠭᠤᠯᠵᠤ ᠶᠠᠪᠤᠭᠳᠠᠭᠤᠯᠤᠨ᠂ ᠤᠶᠢᠵᠢᠭᠤᠯᠤᠯᠳᠠ ᠶᠢ 12 ᠲᠥᠮᠡᠨ ᠮᠤ᠋ ᠂ ᠭᠥᠷᠥᠰᠤ ᠰᠢᠷᠥᠢ | ᠶᠢᠨ ᠢᠳᠡᠭᠳᠡᠯ ᠤᠨ ᠵᠠᠰᠠᠯᠳᠠ ᠶᠢ 10 ᠲᠥᠮᠡᠨ ᠮᠤ᠋᠂ ᠪᠡᠯᠴᠢᠭᠡᠷ ᠬᠠᠮᠠᠭᠠᠯᠠᠯᠳᠠ ᠶᠢ 80 ᠲᠥᠮᠡᠨ ᠮᠤ᠋ ᠪᠡᠶᠡᠯᠡᠭᠦᠯᠵᠤ᠂ ︽ᠤᠯᠠᠨ ᠡᠰᠢᠳᠤ ᠬᠠᠮᠳᠤᠷᠠᠭᠰᠠᠨ ᠵᠠᠰᠠᠯᠳᠠ | ︾ ᠪᠥᠭᠦᠢ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠶᠢᠨ ᠲᠤᠭᠳᠠᠴᠠ ᠶᠢ ᠠᠯᠬᠤᠮ ᠠᠯᠬᠤᠮ ᠢᠶᠠᠷ ᠪᠥᠷᠢᠳᠥᠭᠦᠯᠥᠨᠡ᠃ | ︵ᠬᠤᠶᠠᠷ︶ ᠵᠤᠬᠢᠴᠠᠭᠤᠯᠤᠨ ᠠᠭᠤᠰᠤᠯᠴᠠᠭᠤᠯᠬᠤ ᠴᠢᠭᠯᠡᠯᠳᠠ ᠶᠢ ᠢᠮᠠᠭᠳᠠ ᠪᠠᠷᠢᠮᠳᠠᠯᠠᠨ᠂ ᠤᠳᠤ ᠥᠶ᠎ᠡ ᠶᠢᠨ ᠠᠵᠤ ᠥᠢᠯᠡᠰ ᠤᠨ ᠰᠢᠨ᠎ᠡ ᠲᠤᠭᠳᠠᠴᠠ ᠶᠢ | ᠭᠥᠴᠥᠯᠡᠨ ᠪᠥᠷᠢᠳᠥᠭᠦᠯᠥᠨᠡ᠃ ︽ᠭᠤᠷᠪᠠᠨ ᠲᠥᠪ ᠢ ᠪᠠᠶᠢᠭᠤᠯᠤᠨ᠂ ᠭᠤᠷᠪᠠᠨ ᠶᠡᠭᠡ ᠰᠠᠭᠤᠷᠢᠨ ᠢ ᠴᠤᠭᠴᠠᠯᠠᠬᠤ︾ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ | ᠭᠥᠨᠵᠡᠭᠡᠢ ᠬᠡᠷᠡᠭᠵᠢᠭᠦᠯᠵᠤ᠂ ᠨᠢᠭᠡᠳᠥᠭᠡᠷ ᠬᠤᠶᠠᠳᠤᠭᠠᠷ ᠭᠤᠷᠪᠠᠳᠤᠭᠠᠷ ᠠᠵᠤ ᠥᠢᠯᠡᠰ ᠤᠨ ᠵᠤᠬᠢᠴᠠᠯᠳᠤ ᠭᠥᠭᠵᠢᠯᠳᠡ ᠶᠢ ᠪᠥᠳᠥᠮᠵᠢᠳᠠᠢ ᠠᠭᠤᠰᠤᠯᠴᠠᠭᠤᠯᠤᠨ᠂ ᠠᠵᠤ | ᠥᠢᠯᠡᠰ ᠤᠨ ᠭᠥᠭᠵᠢᠯᠳᠡ ᠶᠢᠨ ᠴᠢᠨᠠᠷᠵᠢᠯ ᠢ ᠲᠡᠭᠡᠭᠰᠢᠯᠡᠭᠦᠯᠭᠦ ᠪᠠᠷ ᠲᠠᠮᠵᠢᠭᠤᠯᠤᠨ ᠠᠵᠤ ᠠᠬᠤᠢ ᠨᠡᠶᠢᠭᠡᠮ ᠤᠨ ᠪᠥᠭᠦ ᠲᠠᠯ᠎ᠠ ᠶᠢᠨ ᠴᠢᠨᠠᠷᠯᠢᠭ ᠭᠥᠭᠵᠢᠯᠳᠡ ᠶᠢ | ᠲᠠᠶᠢᠴᠢᠯᠠᠨ᠎ᠠ᠃ | ᠡᠷᠬᠢᠯᠳᠡᠳᠤ ᠠᠵᠤ ᠥᠢᠯᠡᠳᠪᠥᠷᠢ ᠶᠢᠨ ᠠᠵᠤ ᠠᠬᠤᠢ ᠶᠢ ᠢᠳᠡᠪᠬᠢᠳᠡᠢ ᠭᠥᠭᠵᠢᠭᠦᠯᠥᠨ᠎ᠡ᠃ ᠬᠠᠩᠭᠠᠯᠭ᠎ᠠ ᠬᠡᠷᠡᠭᠴᠡᠭᠡᠨ ᠤ ᠬᠤᠤᠰ ᠲᠠᠯ᠎ᠠ ᠠᠴᠠ ᠭᠥᠴᠥᠯᠡᠯᠳᠠ | ᠬᠢᠵᠤ᠂ ᠨᠡᠭᠦᠷᠡᠰᠥᠨ ᠥᠢᠯᠡᠰ ᠤᠨ ᠲᠡᠷᠢᠭᠦᠨ ᠤ ᠥᠢᠯᠡᠳᠪᠥᠷᠢᠯᠡᠯ ᠤᠨ ᠭᠥᠴᠥᠨ ᠢ ᠭᠥᠢᠴᠡᠳ ᠪᠠᠳᠠᠷᠠᠭᠤᠯᠤᠨ᠂ ᠴᠠᠩ ᠴᠧᠩ ᠨᠡᠭᠦᠷᠡᠰᠥᠨ ᠠᠭᠤᠷᠬᠠᠢ ᠶᠢᠨ 1 | ᠨᠤᠮᠧᠷᠳᠤ ᠠᠭᠤᠷᠬᠠᠢ ᠶᠢᠨ ᠲᠡᠰ ᠲᠡᠪᠰᠢᠭᠦᠯᠭᠦ ᠥᠭᠡᠷᠡᠴᠢᠯᠡᠯᠳᠡ ᠶᠢᠨ ᠠᠵᠢᠯ ᠪᠤᠯᠤᠨ ᠴᠠᠩ ᠴᠧᠩ 3 ᠨᠤᠮᠧᠷᠳᠤ᠂ 5 ᠨᠤᠮᠧᠷᠳᠤ᠂ 6 ᠨᠤᠮᠧᠷᠳᠤ ᠠᠭᠤᠷᠬᠠᠢ ᠪᠠ | ᠪᠠᠯᠠᠩ ᠤᠨ ᠨᠡᠭᠦᠷᠡᠰᠥᠨ ᠠᠭᠤᠷᠬᠠᠢ ᠶᠢᠨ ᠲᠥᠷᠥᠯ ᠵᠥᠢᠯ ᠤᠨ ᠬᠢᠨᠠᠨ ᠴᠤᠬᠤᠯᠠᠪᠤᠷᠢᠯᠠᠯ ᠢ ᠱᠠᠯᠠᠪᠳᠠᠭᠤᠯᠤᠨ᠂ ᠨᠡᠭᠦᠷᠡᠰᠥᠨ ᠤ ᠭᠠᠷᠭᠠᠯᠳᠠ ᠶᠢᠨ ᠶᠡᠷᠥᠩᠭᠡᠢ ᠭᠡᠮᠵᠢᠶ᠎ᠡ | ᠶᠢ 2000 ᠲᠦᠮᠡᠨ ᠲᠤᠨ ᠲᠠᠪᠠᠭᠤᠯᠵᠤ᠂ ᠱᠠᠩᠬᠠᠢ ᠶᠢᠨ ᠰᠥᠮ᠎ᠡ ᠶᠢᠨ ᠨᠡᠭᠦᠷᠡᠰᠤ ᠨᠦᠬᠡᠴᠡᠯᠡᠨ ᠲᠤᠬᠢᠷᠠᠭᠤᠯᠵᠤ ᠠᠷᠠᠯᠵᠢᠶᠠᠯᠠᠬᠤ ᠲᠥᠪ ᠢ ᠪᠥᠭᠦ ᠲᠠᠯ᠎ᠠ ᠪᠠᠷ | ᠠᠰᠢᠭᠯᠠᠯᠳᠠ ᠳᠤ ᠤᠷᠤᠭᠤᠯᠤᠨ᠂ ᠵᠢᠯ ᠤᠨ ᠲᠤᠳᠤᠷ᠎ᠠ 1000 ᠲᠥᠮᠡᠨ ᠲᠤᠨ ᠤ ᠬᠡᠮᠵᠢᠶ᠎ᠡ ᠪᠥᠭᠦᠢ ᠨᠡᠭᠦᠷᠡᠰᠤ ᠶᠢ ᠤᠷᠤᠭᠤᠯᠬᠤ ᠪᠠ ᠭᠠᠷᠭᠠᠨ᠎ᠠ᠃ ᠨᠡᠭᠦᠷᠡᠰᠤ ᠪᠠᠷ | ᠰᠠᠭᠤᠷᠢᠯᠠᠭᠤᠯᠵᠤ ᠤᠯᠠᠨ ᠡᠰᠢᠳᠤ ᠬᠤᠪᠢᠷᠠᠭᠠᠯᠳᠠ ᠬᠢᠭᠦ ᠵᠠᠮ ᠢ ᠡᠷᠡᠰ ᠪᠠᠷᠢᠮᠳᠠᠯᠠᠨ᠂ ᠴᠠᠬᠢᠯᠭᠠᠨ ᠥᠢᠯᠡᠳᠪᠥᠷᠢ ᠪᠤᠯᠤᠨ ᠭᠠᠳᠠᠭᠰᠢ ᠭᠥᠷᠭᠡᠭᠦ ᠵᠠᠮ ᠱᠤᠭᠤᠮ ᠤᠨ | ᠪᠠᠶᠢᠭᠤᠯᠤᠯᠳᠠ ᠶᠢᠨ ᠠᠵᠢᠯ ᠢ ᠲᠥᠷᠭᠡᠳᠭᠡᠵᠤ᠂ ᠱᠧᠩ ᠯᠦ ᠴᠠᠬᠢᠯᠭᠠᠨ ᠣᠶᠢᠯᠠᠳᠪᠦᠷᠢ ᠶᠢ ᠵᠢᠯ ᠤᠨ ᠲᠤᠳᠤᠷ᠎ᠠ ᠪᠦᠬᠦ ᠱᠤᠭᠤᠮ ᠢᠶᠠᠷ ᠠᠵᠢᠯᠯᠠᠭᠤᠯᠤᠨ᠂ ᠱᠧᠨ | ᠬᠤᠸᠠ ᠴᠠᠬᠢᠯᠭᠠᠨ ᠣᠶᠢᠯᠠᠳᠪᠦᠷᠢ ᠪᠤᠯᠤᠨ ᠬᠤᠸᠠ ᠰᠢᠩ ᠤᠨ ᠨᠡᠭᠦᠷᠡᠰᠦ ᠪᠠᠷ ᠰᠢᠳᠠᠮᠠᠬᠠᠢ ᠬᠡᠢ ᠣᠶᠢᠯᠡᠳᠬᠦ ᠲᠥᠷᠥᠯ ᠵᠥᠢᠯ ᠢ ᠴᠤᠬᠤᠯᠠᠪᠤᠷᠢᠯᠠᠭᠤᠯᠤᠨ ᠪᠠᠷᠢᠯᠭ᠎ᠠ | ᠡᠬᠢᠯᠡᠬᠦᠯᠵᠤ᠂ ᠬᠤᠸᠠ ᠰᠢᠩ ᠤᠨ ᠨᠡᠭᠦᠷᠡᠰᠤ ᠪᠠᠷ ᠠᠯᠺᠸᠠ ᠥᠢᠯᠡᠳᠭᠦ ᠲᠥᠷᠥᠯ ᠵᠥᠢᠯ ᠤᠨ ᠭᠠᠷᠳᠠᠮ ᠤᠨ ᠠᠵᠢᠯ ᠢ ᠱᠠᠯᠠᠪᠳᠠᠭᠤᠯᠤᠨ᠂ ᠤᠯᠠᠨ ᠡᠰᠢᠳᠤ | ᠨᠡᠭᠦᠷᠡᠰᠥᠨ ᠬᠤᠪᠢᠷᠠᠭᠠᠯᠳᠠ ᠶᠢᠨ ᠠᠵᠤ ᠥᠢᠯᠡᠰ ᠤᠨ ᠬᠡᠯᠬᠢᠶᠡᠵᠢᠯ ᠢ ᠲᠠᠷᠤᠶᠢᠬᠠᠨ ᠪᠥᠷᠢᠯᠳᠥᠭᠦᠯᠥᠨ᠎ᠡ᠃ ᠴᠢᠯᠠᠭᠤᠨ ᠲᠤᠰᠤ ᠪᠤᠯᠤᠨ ᠪᠠᠶᠢᠭᠠᠯᠢ ᠶᠢᠨ ᠰᠢᠳᠠᠮᠠᠬᠠᠢ ᠬᠡᠢ | ᠶᠢᠨ ᠨᠡᠭᠡᠭᠡᠯᠳᠡ ᠠᠰᠢᠭᠯᠠᠯᠳᠠ ᠶᠢᠨ ᠭᠥᠴᠥᠯᠡᠴᠡ ᠪᠠᠨ ᠡᠷᠴᠢᠮᠵᠢᠭᠦᠯᠵᠤ᠂ ᠡᠭᠡᠳᠡᠮᠡᠯ ᠰᠢᠳᠠᠮᠠᠬᠠᠢ ᠲᠤᠰᠤᠨ ᠤ ᠠᠵᠤ ᠥᠢᠯᠡᠰ ᠤᠨ ᠶᠡᠷᠥᠩᠭᠡᠶᠢᠯᠡᠭᠰᠡᠨ ᠲᠥᠷᠥᠯ ᠵᠥᠢᠯ | ᠤᠨ ᠪᠠᠶᠢᠭᠤᠯᠤᠯᠳᠠ ᠶᠢ ᠡᠬᠢᠯᠡᠬᠦᠯᠤᠨ᠂ ᠰᠢᠳᠠᠮᠬᠠᠢ ᠬᠡᠢ ᠶᠢᠨ ᠡᠬᠢ ᠰᠤᠷᠪᠤᠯᠵᠢ ᠶᠢᠨ ᠥᠢᠯᠡᠳᠪᠥᠷᠢᠯᠡᠯ ᠤᠨ ᠬᠡᠪᠴᠢᠶᠡᠵᠢᠯ ᠢ ᠲᠤᠭᠳᠠᠪᠤᠷᠢᠵᠢᠭᠤᠯᠵᠤ᠂ ᠨᠠᠷᠠᠨ | ᠴᠠᠬᠢᠯᠭᠠᠨ ᠤ ᠠᠵᠤ ᠥᠢᠯᠡᠰ ᠢ ᠢᠳᠡᠪᠬᠢᠳᠡᠢ ᠭᠥᠭᠵᠢᠭᠦᠯᠥᠨ᠂ ᠰᠢᠨ᠎ᠡ ᠮᠠᠲ᠋ᠧᠷᠢᠶᠡᠯ᠂ ᠲᠤᠨᠤᠭ ᠲᠥᠭᠦᠭᠡᠷᠤᠮᠵᠢ ᠥᠢᠯᠡᠳᠭᠦ ᠪᠠ ᠠᠮᠢᠳᠤ ᠪᠤᠳᠠᠰ ᠤᠨ ᠰᠢᠨᠵᠢᠯᠡᠭᠡ | ᠵᠡᠷᠭᠡ ᠠᠵᠤ ᠥᠢᠯᠡᠰ ᠢ ᠤᠷᠤᠭᠤᠯᠵᠤ ᠠᠪᠴᠢᠷᠠᠨ᠂ ᠰᠢᠨ᠎ᠡ ᠪᠠᠷ ᠮᠠᠨᠳᠤᠭᠰᠠᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠤ ᠠᠬᠤᠢ ᠶᠢᠨ ᠨᠡᠮᠡᠭᠳᠡᠯ ᠤᠨ ᠡᠬᠢ | ᠰᠤᠷᠪᠤᠯᠵᠢ ᠶᠢ ᠪᠤᠢ ᠪᠤᠯᠭᠠᠨ᠎ᠠ᠃ | ᠪᠤᠬᠢᠷᠳᠤᠯ ᠥᠭᠡᠢ ᠮᠠᠯ ᠲᠠᠷᠢᠶᠠᠯᠠᠩ ᠤᠨ ᠠᠵᠤ ᠥᠢᠯᠡᠰ ᠢ ᠪᠤᠶᠢᠵᠢᠭᠤᠯᠵᠤ ᠭᠥᠭᠵᠢᠭᠦᠯᠥᠨ᠎ᠡ᠃ ᠬᠥᠳᠡᠭᠡ ᠨᠤᠳᠤᠭ ᠢ ᠭᠥᠴᠥᠷᠭᠡᠭᠵᠢᠭᠦᠯᠥᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠭᠥᠴᠥᠯᠡᠨ ᠬᠡᠷᠡᠭᠵᠢᠭᠦᠯᠵᠤ᠂ ᠨᠢᠭᠡᠳᠥᠭᠡᠷ᠂ ᠬᠤᠶᠠᠳᠤᠭᠠᠷ᠂ ᠭᠤᠷᠪᠠᠳᠤᠭᠠᠷ ᠠᠵᠤ ᠥᠢᠯᠡᠰ ᠤᠨ ᠠᠭᠤᠰᠤᠯᠴᠠᠩᠭᠤᠢ ᠭᠥᠭᠵᠢᠯᠳᠡ ᠶᠢ | ᠠᠬᠢᠭᠤᠯᠤᠨ᠎ᠠ᠃ ︽ᠠᠮᠤ ᠪᠤᠳᠠᠭᠠᠨ ᠤ ᠲᠠᠷᠢᠮᠠᠯ ᠤᠨ ᠭᠡᠮᠵᠢᠶ᠎ᠡ ᠶᠢ ᠲᠤᠭᠳᠠᠪᠤᠷᠢᠵᠢᠭᠤᠯᠵᠤ᠂ ᠠᠵᠤ ᠠᠬᠤᠢ ᠶᠢᠨ ᠲᠠᠷᠢᠮᠠᠯ ᠤᠨ ᠴᠢᠨᠠᠷᠵᠢᠯ ᠢ ᠰᠢᠯᠢᠳᠡᠭᠵᠢᠭᠦᠯᠥᠨ᠂ | ᠲᠡᠵᠢᠭᠡᠯ ᠪᠤᠷᠳᠤᠭᠠᠨ ᠤ ᠲᠠᠷᠢᠮᠠᠯ ᠤᠨ ᠲᠠᠯᠠᠪᠠᠢ ᠶᠢ ᠥᠷᠭᠡᠳᠭᠡᠭᠦ︾ ᠠᠵᠢᠯ ᠢ ᠭᠥᠨᠵᠡᠭᠡᠶᠢᠷᠡᠭᠦᠯᠤᠨ᠂ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ | ᠲᠤᠰᠠ ᠨᠢᠭᠳᠠ ᠬᠤᠯᠪᠤᠭᠳᠠᠭᠰᠠᠨ ᠪᠡᠯᠴᠢᠭᠡᠷ ᠭᠥᠷᠢᠶᠡᠯᠡᠩ ᠤᠨ ᠬᠤᠯᠪᠤᠭᠠᠳᠤ ᠴᠤᠭᠴᠠ ᠶᠢ ᠭᠥᠭᠵᠢᠭᠦᠯᠵᠤ᠂ ᠥᠨᠳᠥᠷ ᠪᠠᠷᠢᠮᠵᠢᠶ᠎ᠠ ᠪᠥᠭᠦᠢ ᠤᠳᠤᠬᠢᠴᠢᠯᠠᠭᠰᠠᠨ | ᠲᠠᠷᠢᠮᠠᠯ ᠤᠨ ᠰᠠᠭᠤᠷᠢᠨ ᠢ ᠪᠠᠶᠢᠭᠤᠯᠤᠨ᠂ ᠤᠮᠠᠷᠠᠳᠤ ᠥᠷᠭᠡᠷᠢᠭ ᠤᠨ 37 ᠭᠷᠠᠳᠥ᠋ᠰ ᠤᠨ ᠴᠢᠨᠠᠷ ᠰᠠᠶᠢᠳᠠᠢ ᠵᠢᠮᠢᠰ ᠨᠤᠭᠤᠭᠠᠨ ᠤ ᠠᠵᠤ ᠠᠬᠤᠢ ᠶᠢᠨ ᠪᠥᠰᠡ ᠶᠢ | ᠪᠥᠳᠥᠭᠡᠵᠤ᠂ 500 ᠰᠠᠭᠤᠷᠢ ᠨᠠᠷᠠᠨ ᠭᠥᠯᠡᠮᠵᠢ ᠨᠡᠮᠡᠭᠳᠡᠭᠦᠯᠥᠨ᠂ ᠢᠳᠠᠰᠢᠨ ᠨᠤᠭᠤᠭᠠᠨ ᠤ ᠲᠠᠷᠢᠮᠠᠯ ᠤᠨ ᠲᠠᠯᠠᠪᠠᠢ ᠶᠢ ᠰᠢᠨ᠎ᠡ ᠪᠠᠷ 2 ᠲᠥᠮᠡᠨ ᠮᠤ᠋ ᠭᠠᠷᠤᠢ | ᠥᠷᠭᠡᠵᠢᠭᠦᠯᠥᠨᠡ᠃ ᠮᠠᠯ ᠲᠠᠷᠢᠶᠠᠯᠠᠩ ᠤᠨ ᠠᠵᠤ ᠥᠢᠯᠡᠰ ᠤᠨ ᠥᠢᠯᠡᠳᠪᠥᠷᠢᠯᠡᠯ ᠡᠵᠡᠩᠨᠡᠯᠳᠡ ᠶᠢᠨ ᠠᠷᠭ᠎ᠠ ᠪᠠᠷᠢᠯ ᠢ ᠬᠤᠪᠢᠷᠠᠭᠤᠯᠬᠤ ᠠᠯᠬᠤᠴᠠ ᠪᠠᠨ ᠲᠥᠷᠭᠡᠳᠭᠡᠨ | ᠂ ᠭᠡᠷ ᠪᠥᠯᠢ ᠶᠢᠨ ᠮᠠᠯ ᠲᠠᠷᠢᠶᠠᠯᠠᠩ ᠤᠨ ᠲᠠᠯᠠᠪᠠᠢ ᠪᠤᠯᠤᠨ ᠬᠠᠮᠳᠤᠷᠠᠯ ᠬᠤᠷᠰᠢᠶ᠎ᠠ᠂ ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠡᠵᠡᠩᠨᠡᠯᠳᠠ ᠶᠢᠨ ᠭᠤᠤᠯ ᠴᠤᠭᠴᠠ | ᠶᠢ ᠪᠤᠶᠢᠵᠢᠭᠤᠯᠬᠤ ᠭᠥᠴᠥᠯᠡᠴᠠ ᠪᠠᠨ ᠴᠢᠩᠭᠠᠳᠬᠠᠵᠤ᠂ ᠬᠤᠳᠠ ᠶᠢᠨ ᠲᠡᠰ ᠠᠴᠠ ᠲᠡᠭᠡᠭᠰᠢᠭᠢ ᠲᠤᠯᠤᠭᠠᠶᠢᠯᠠᠭᠴᠢ ᠠᠵᠤ ᠠᠬᠤᠶᠢᠯᠠᠯ ᠢ 4 ᠡᠷᠥᠭᠡ ᠭᠥᠭᠵᠢᠭᠦᠯᠥᠨ᠎ᠡ᠃ | ︽ᠤᠷᠳᠤᠰ ᠤᠨ ᠥᠨᠳᠦᠷᠯᠢᠭ ᠤᠨ ᠤᠯᠠᠷᠢᠯ ᠰᠥᠷᠥᠭᠰᠡᠨ ᠢᠳᠡᠰᠢᠨ ᠨᠤᠭᠤᠭ᠎ᠠ︾ ᠪᠤᠯᠤᠨ ︽ᠤᠳᠤᠭ ᠤᠨ ᠡᠮᠥᠨᠡᠳᠤ ᠬᠤᠰᠢᠭᠤᠨ ᠤ ᠥᠭᠡᠷ ᠮᠠᠯ ᠤᠨ ᠮᠢᠬ᠎ᠠ︾ | ᠭᠡᠭᠦ ᠤᠷᠤᠨ ᠨᠤᠳᠤᠭ ᠤᠨ ᠨᠡᠷᠡᠳᠤ ᠲᠡᠮᠳᠡᠭ ᠢ ᠬᠠᠮᠳᠤᠪᠡᠷ ᠠᠰᠢᠭᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠳᠥᠭᠡᠭᠳᠡᠭᠦᠨ ᠪᠤᠷᠤᠯᠠᠭᠤᠯᠬᠤ ᠵᠠᠬ᠎ᠠ | ᠲᠡᠯᠭᠡᠭᠦᠷ ᠢ ᠲᠠᠰᠤᠷᠠᠯ ᠥᠭᠡᠢ ᠥᠷᠭᠡᠳᠭᠡᠨ᠂ ᠲᠠᠬᠢᠯᠳᠤ ᠪᠠᠷ ᠲᠥᠪᠯᠡᠭᠦᠯᠥᠨ ᠪᠥᠭᠦ ᠬᠤᠰᠢᠭᠤ ᠶᠢ ᠪᠥᠷᠭᠦᠭᠦᠯᠥᠭᠰᠡᠨ ᠪᠠᠷᠠᠭ᠎ᠠ ᠭᠥᠢᠯᠭᠡᠭᠡᠨ ᠤ ᠭᠥᠷᠭᠡᠯᠳᠡ ᠶᠢᠨ | ᠲᠤᠤᠷᠵᠢᠯ ᠢ ᠪᠤᠢ ᠪᠤᠯᠭᠠᠨ ᠭᠥᠭᠵᠢᠭᠡᠵᠤ᠂ ᠮᠠᠯ ᠲᠠᠷᠢᠶᠠᠨ ᠤ ᠪᠤᠬᠢᠷᠳᠤᠯ ᠥᠭᠡᠢ ᠠᠰᠢᠭ ᠰᠢᠮ᠎ᠡ ᠪᠥᠳᠥᠭᠡᠭᠳᠡᠭᠦᠨ ᠤ ᠥᠢᠯᠡᠳᠪᠥᠷᠢᠯᠡᠯ ᠤᠨ ᠰᠠᠭᠤᠷᠢᠨ ᠢ | ᠴᠤᠭᠴᠠᠯᠠᠨ᠎ᠠ᠃ | ᠬᠤᠪᠢᠰᠬᠠᠯᠳᠤ ᠭᠥᠮᠥᠵᠢᠯ ᠰᠤᠶᠤᠯ ᠤᠨ ᠲᠠᠸᠠᠷ ᠤᠨ ᠲᠡᠮᠳᠡᠭ ᠢ ᠪᠤᠰᠤᠳ ᠠᠵᠤ ᠥᠢᠯᠡᠰ ᠯᠦᠭᠡ ᠠᠭᠤᠰᠤᠯᠴᠠᠭᠤᠯᠤᠨ ᠭᠥᠭᠵᠢᠭᠡᠨ᠎ᠡ᠃ ︽1 + 6︾ | ᠬᠤᠪᠢᠰᠬᠠᠯᠳᠤ ᠭᠥᠮᠥᠵᠢᠯ ᠪᠤᠯᠪᠠᠰᠤᠷᠠᠯ ᠤᠨ ᠥᠢᠯᠡᠰ ᠤᠨ ᠲᠠᠶᠢᠴᠢᠯᠠᠨ ᠲᠠᠭᠠᠭᠤᠯᠬᠤ ᠥᠢᠯᠡᠳᠥᠯ ᠢ ᠭᠥᠢᠴᠡᠳ ᠪᠠᠳᠠᠷᠠᠭᠤᠯᠵᠤ᠂ ᠬᠤᠪᠢᠰᠬᠠᠯᠳᠤ ᠭᠥᠮᠥᠵᠢᠯ ᠤᠨ | ᠲᠥᠪᠯᠡᠷᠡᠩᠭᠦᠢ ᠪᠤᠯᠪᠠᠰᠤᠷᠠᠯ ᠤᠨ ᠲᠥᠪ ᠪᠤᠯᠤᠨ ᠪᠤᠷᠤᠪᠠᠯᠭᠠᠰᠤᠨ ᠤ ᠬᠤᠪᠢᠰᠬᠠᠯᠳᠤ ᠭᠥᠮᠥᠵᠢᠯ ᠤᠨ ᠥᠷᠭᠡᠳᠭᠡᠯ ᠪᠤᠯᠪᠠᠰᠤᠷᠠᠯ ᠤᠨ ᠰᠠᠭᠤᠷᠢᠨ ᠵᠡᠷᠭᠡ ᠰᠤᠳᠤᠯᠭ᠎ᠠ | ᠰᠤᠷᠤᠯᠴᠠᠯᠭ᠎ᠠ ᠵᠢᠭᠤᠯᠴᠢᠯᠠᠯ ᠵᠤᠭᠠᠴᠠᠯ ᠤᠨ ᠲᠥᠷᠥᠯ ᠵᠥᠢᠯ ᠢ ᠪᠡᠶᠡᠯᠡᠭᠦᠯᠥᠨ᠂ ᠬᠤᠪᠢᠰᠬᠠᠯ ᠤᠨ ᠲᠡᠥᠭᠡ ᠶᠢᠨ ᠥᠵᠡᠮᠵᠢ ᠶᠢᠨ ᠤᠷᠤᠨ ᠪᠠ ᠵᠤᠭᠠᠴᠠᠯ ᠤᠨ ᠴᠡᠭ ᠤᠨ | ᠰᠠᠭᠤᠷᠢ ᠲᠥᠭᠦᠭᠡᠷᠤᠮᠵᠢ ᠶᠢ ᠱᠠᠯᠠᠪ ᠪᠥᠷᠢᠨᠰᠢᠭᠦᠯᠵᠤ᠂ ᠥᠪᠥᠷ ᠮᠤᠩᠭᠤᠯ ᠤᠨ ᠪᠠᠷᠠᠭᠤᠨ ᠤᠷᠤᠨ ᠤ ᠬᠤᠪᠢᠰᠬᠠᠯᠳᠤ ᠭᠥᠮᠥᠵᠢᠯ ᠤᠨ ᠵᠢᠭᠤᠯᠴᠢᠯᠠᠯ ᠤᠨ | ᠲᠥᠪᠯᠡᠷᠡᠩᠭᠦᠢ ᠥᠢᠯᠡᠴᠢᠯᠡᠭᠡᠨ ᠤ ᠲᠥᠪ ᠢ ᠴᠤᠭᠴᠠᠯᠠᠨ᠂ ᠪᠥᠭᠦ ᠤᠯᠤᠰ ᠲᠤ ᠬᠠᠨᠳᠤᠭᠤᠯᠤᠭᠰᠠᠨ ᠬᠤᠪᠢᠰᠬᠠᠯᠳᠤ ᠭᠥᠮᠥᠵᠢᠯ ᠪᠤᠯᠪᠠᠰᠤᠷᠠᠯ ᠤᠨ ᠰᠠᠭᠤᠷᠢᠨ ᠢ | ᠪᠥᠳᠥᠭᠡᠨᠡ᠃ ︽ᠬᠤᠪᠢᠰᠬᠠᠯᠳᠤ ᠭᠥᠮᠥᠵᠢᠯ ᠤᠨ ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠭᠥᠴᠥᠯᠡᠨ ᠭᠡᠷᠡᠭᠵᠢᠭᠦᠯᠵᠤ᠂ ᠬᠤᠪᠢᠰᠬᠠᠯᠳᠤ ᠭᠥᠮᠥᠵᠢᠯ ᠤᠨ | ᠵᠢᠭᠤᠯᠴᠢᠯᠠᠯ ᠤᠨ ᠤᠯᠠᠨ ᠡᠰᠢᠳᠤ ᠪᠥᠳᠥᠭᠡᠭᠳᠡᠭᠦᠨ ᠤ ᠡᠭᠦᠳᠥᠯᠳᠡ ᠨᠡᠭᠡᠭᠡᠯᠳᠡ ᠶᠢ ᠭᠥᠭᠵᠢᠭᠡᠨ᠂ ᠬᠤᠪᠢᠰᠬᠠᠯᠳᠤ ᠭᠥᠮᠥᠵᠢᠯ ᠤᠨ ᠵᠢᠭᠤᠯᠴᠢᠯᠠᠯ ᠤᠨ ᠡᠬᠢ | ᠰᠤᠷᠪᠤᠯᠵᠢ ᠪᠠᠷ ᠭᠤᠤᠯ ᠴᠤᠭᠴᠠ ᠪᠤᠯᠭᠠᠭᠰᠠᠨ ᠨᠡᠷᠡᠳᠤ ᠲᠡᠮᠳᠡᠭ ᠢ ᠪᠥᠳᠥᠭᠡᠵᠤ᠂ ᠬᠤᠪᠢᠰᠬᠠᠯᠳᠤ ᠭᠥᠮᠥᠵᠢᠯ ᠤᠨ ᠵᠢᠭᠤᠯᠴᠢᠯᠠᠯ ᠢ ᠮᠠᠯ ᠲᠠᠷᠢᠶᠠᠯᠠᠩ ᠪᠤᠯᠤᠨ ᠰᠤᠶᠤᠯ | ᠂ ᠥᠢᠯᠡᠴᠢᠯᠡᠭᠡ ᠵᠡᠷᠭᠡ ᠠᠵᠤ ᠥᠢᠯᠡᠰ ᠯᠤᠭ᠎ᠠ ᠭᠥᠨᠵᠡᠭᠡᠢ ᠠᠭᠤᠰᠤᠯᠴᠠᠭᠤᠯᠤᠨ ᠭᠥᠭᠵᠢᠭᠦᠯᠥᠨ᠎ᠡ᠃ | ︵ᠭᠤᠷᠪᠠ︶ ᠬᠤᠳᠠ ᠬᠦᠳᠡᠭᠡ ᠪᠠᠷ ᠦᠨᠳᠦᠰᠦ ᠪᠣᠯᠭᠠᠬᠤ ᠶᠢ ᠪᠠᠷᠢᠮᠳᠠᠯᠠᠨ᠂ ᠬᠦᠭᠵᠢᠯᠳᠡ ᠶᠢᠨ ᠣᠷᠴᠢᠨ ᠢ ᠰᠢᠯᠢᠳᠡᠭᠵᠢᠭᠦᠯᠦᠨ᠎ᠡ᠃ ᠬᠤᠳᠠ ᠪᠠᠯᠭᠠᠰᠣᠨ ᠤ | ᠣᠷᠣᠨ ᠵᠠᠢ ᠶᠢᠨ ᠪᠠᠶᠢᠷᠢᠰᠢᠯᠠᠭᠤᠯᠤᠯᠳᠠ ᠶᠢ ᠣᠯᠠᠮ ᠰᠢᠯᠢᠳᠡᠭᠵᠢᠭᠦᠯᠦᠨ᠂ ᠰᠠᠭᠤᠷᠢ ᠲᠦᠬᠦᠭᠡᠷᠣᠮᠵᠢ ᠶᠢᠨ ᠪᠠᠶᠢᠭᠤᠯᠣᠯᠳᠠ ᠪᠣᠯᠣᠨ ᠴᠢᠳᠠᠪᠬᠢ ᠶᠢᠨ ᠲᠡᠭᠦᠯᠳᠡᠷᠵᠢᠯᠡᠯᠳᠡ | ᠶᠢ ᠣᠯᠠᠮ ᠴᠢᠬᠤᠯᠠᠴᠢᠯᠠᠵᠣ᠂ ᠬᠤᠳᠠ ᠬᠦᠳᠡᠭᠡ ᠶᠢᠨ ᠴᠣᠭᠴᠠᠵᠢᠭᠰᠠᠨ ᠬᠦᠭᠵᠢᠯᠳᠡ ᠶᠢᠨ ᠪᠦᠳᠦᠴᠡ ᠶᠢ ᠪᠥᠷᠢᠳᠥᠭᠦᠯᠥᠨᠡ᠃ | ᠬᠤᠳᠠ ᠬᠦᠳᠡᠭᠡ ᠶᠢᠨ ᠴᠢᠨᠠᠷᠵᠢᠯ ᠤᠨ ᠪᠠᠶᠢᠭᠤᠯᠣᠯᠳᠠ ᠬᠠᠮᠢᠶᠠᠷᠣᠯᠳᠠ ᠶᠢ ᠵᠡᠷᠭᠡ ᠪᠠᠷ ᠲᠡᠭᠡᠭᠰᠢᠯᠡᠭᠦᠯᠦᠨ᠎ᠡ᠃ ᠴᠢᠳᠠᠪᠬᠢ ᠶᠢᠨ ᠲᠡᠭᠦᠯᠳᠡᠷᠵᠢᠯᠡᠯᠳᠡ ᠪᠠ ᠲᠡᠰ | ᠴᠢᠨᠠᠷ ᠤᠨ ᠲᠡᠭᠡᠭᠰᠢᠯᠡᠯᠳᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠨ᠂ ᠬᠤᠳᠠ ᠵᠡᠭᠡᠯᠢ ᠶᠢᠨ ᠲᠣᠣᠷ ᠬᠤᠭᠤᠯᠠᠢ᠂ ᠵᠠᠭᠡᠯᠢ ᠵᠠᠬ᠎ᠠ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠲᠦᠬᠦᠭᠡᠷᠣᠮᠵᠢ ᠵᠡᠷᠭᠡ ᠰᠠᠭᠤᠷᠢ ᠲᠥᠭᠦᠷᠴᠢᠯᠡᠯ ᠢ ᠴᠢᠩᠭᠠᠳᠬᠠᠵᠣ᠂ ᠨᠡᠶᠢᠳᠡ ᠶᠢᠨ ᠣᠶᠢᠯᠡᠴᠢᠯᠡᠭᠡᠨ ᠤ ᠬᠠᠭᠤᠴᠢᠨ ᠰᠠᠭᠤᠷᠢ ᠲᠦᠬᠦᠭᠡᠷᠦᠮᠵᠢ | ᠶᠢ ᠦᠭᠡᠷᠡᠴᠢᠯᠡᠨ᠂ ᠪᠠᠶᠢᠷᠢᠰᠢᠭᠤᠯᠤᠯᠳᠠ ᠲᠣᠬᠢᠷᠠᠮᠵᠢᠳᠠᠢ᠂ ᠪᠦᠷᠢᠨ ᠴᠢᠳᠠᠪᠬᠢᠳᠦ᠂ ᠲᠡᠷᠢᠭᠦᠨ ᠤ ᠲᠦᠬᠦᠭᠡᠷᠦᠮᠵᠢ᠂ ᠵᠣᠬᠢᠰᠳᠠᠢ ᠣᠷᠢᠳᠠᠯ ᠤᠨ ᠣᠳᠣᠬᠢᠴᠢᠯᠠᠭᠰᠠᠨ | ᠬᠤᠳᠠ ᠪᠠᠯᠭᠠᠰᠦᠨ ᠤ ᠰᠠᠭᠤᠷᠢ ᠲᠦᠬᠦᠭᠡᠷᠦᠮᠵᠢ ᠶᠢᠨ ᠲᠣᠭᠳᠠᠴᠠ ᠶᠢ ᠪᠥᠷᠢᠯᠳᠥᠭᠦᠯᠥᠨ᠎ᠡ᠃ ᠣᠶᠣᠨᠴᠢ ᠬᠤᠳᠠ ᠶᠢᠨ ᠪᠠᠶᠢᠭᠤᠯᠣᠯᠳᠠ ᠶᠢ ᠡᠮᠬᠢ ᠲᠢᠭᠯᠢᠮ ᠲᠠᠢ | ᠠᠬᠢᠭᠤᠯᠣᠨ᠂ ᠳ᠋ᠠᠶᠢᠲᠨ ᠶᠢᠨ ᠴᠢᠳᠠᠪᠬᠢ ᠶᠢ ᠦᠷᠭᠡᠳᠬᠡᠵᠣ᠂ ᠮᠡᠳᠡᠭᠡ ᠵᠠᠩᠬᠢ ᠶᠢᠨ ᠮᠡᠷᠭᠡᠵᠢᠯ ᠤᠨ ᠬᠤᠳᠠ ᠪᠠᠯᠭᠠᠰᠤᠨ ᠤ ᠬᠦᠭᠵᠢᠯᠳᠡ ᠳᠤ ᠥᠢᠯᠡᠴᠢᠯᠡᠭᠦ ᠴᠢᠳᠠᠪᠬᠢ | ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | ᠲᠣᠰ ᠭᠠᠵᠠᠷ ᠣᠷᠣᠨ ᠳᠤ ᠨᠢ ᠵᠣᠬᠢᠴᠠᠭᠤᠯᠣᠨ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠢ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ | ᠤᠷᠤᠰᠢᠨ ᠰᠠᠭᠤᠬᠤ ᠣᠷᠴᠢᠨ ᠲᠣᠭᠤᠷᠢᠨ ᠤ ᠠᠰᠠᠭᠤᠳᠠᠯ ᠢ ᠴᠢᠩᠭ᠎ᠠ ᠠᠳᠬᠤᠨ᠂ ᠬᠤᠳᠠ ᠬᠦᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠴᠣᠭᠴᠠᠵᠢᠯᠠᠯᠳᠠ ᠪᠠᠶᠢᠭᠤᠯᠣᠯᠳᠠ ᠶᠢ ᠠᠬᠢᠭᠤᠯᠵᠣ᠂ ᠬᠤᠭ ᠨᠣᠪᠰᠢ᠂ ᠪᠣᠬᠢᠷ ᠣᠰᠣ ᠰᠢᠢᠳᠪᠦᠷᠢᠯᠡᠬᠦ ᠵᠡᠷᠭᠡ ᠲᠦᠬᠦᠭᠡᠷᠦᠮᠵᠢ ᠶᠢ ᠪᠦᠷᠢᠳᠦᠭᠦᠯᠵᠣ᠂ ᠬᠤᠳᠠ ᠬᠦᠳᠡᠭᠡ | ᠶᠢᠨ ᠣᠷᠴᠢᠨ ᠲᠣᠭᠤᠷᠢᠨ ᠤ ᠴᠡᠭᠴᠡᠯᠡᠯᠳᠡ ᠶᠢ ᠣᠯᠠᠮ ᠨᠢᠭᠡ ᠠᠯᠬᠤᠮ ᠴᠣᠭᠴᠠᠵᠢᠭᠤᠯᠣᠨᠠ᠃ ᠬᠤᠭ ᠨᠣᠪᠰᠢ ᠶᠢᠨ ᠲᠦᠷᠦᠯ ᠬᠤᠪᠢᠶᠠᠷᠢᠯᠠᠯ ᠢ ᠢᠯᠭᠠᠨ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠣᠷᠳᠦ ᠬᠤᠭᠤᠴᠠᠭᠠᠳᠦ ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠲᠣᠬᠢᠯᠢᠭ ᠰᠠᠶᠢᠬᠠᠨ ᠰᠡᠯᠡᠭᠦᠴᠡᠯ ᠤᠨ ᠬᠦᠳᠡᠭᠡ ᠲᠣᠰᠬᠤᠨ | ᠤ ᠲᠠᠭᠤᠷᠢᠶᠠᠯ ᠴᠡᠭ ᠢ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ︽ᠬᠡᠪ ᠨᠠᠮᠪᠠᠭ᠎ᠠ ᠦᠩᠭᠡ ᠲᠥᠷᠭᠦ︾ ᠶᠢ ᠲᠡᠭᠡᠭᠰᠢᠯᠡᠭᠦᠯᠦᠨ᠎ᠡ᠃ ᠨᠤᠳᠤᠭ ᠤᠨ ᠪᠤᠯᠪᠠᠰᠤᠨ | ᠰᠤᠷᠳᠠᠯ ᠤᠨ ᠠᠵᠢᠯᠯᠠᠭ᠎ᠠ ᠶᠢ ᠥᠷᠨᠢᠭᠦᠯᠥᠨ᠂ ᠮᠠᠯᠴᠢᠨ ᠲᠠᠷᠢᠶᠠᠴᠢᠨ ᠤ ᠪᠣᠯᠪᠠᠰᠣᠨ ᠬᠡᠪ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | ᠰᠠᠭᠤᠷᠢ ᠪᠠᠶᠢᠭᠤᠯᠣᠯᠳᠠ ᠶᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ ᠵᠠᠮ ᠤᠨ ᠲᠣᠣᠷ ᠤᠨ ᠪᠠᠶᠢᠭᠤᠯᠣᠯᠳᠠ ᠶᠢ ᠰᠢᠯᠢᠳᠡᠭᠵᠢᠭᠦᠯᠦᠨ᠂ ᠲᠤᠯᠢ ᠠᠴᠠ | ᠱᠠᠩᠬᠠᠢ ᠶᠢᠨ ᠰᠥᠮ᠎ᠡ ᠭᠥᠷᠭᠦ ᠲᠡᠮᠤᠷ ᠵᠠᠮ ᠤᠨ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠭᠡᠰᠡᠭ ᠤᠨ ᠪᠠᠷᠢᠯᠭ᠎ᠠ ᠶᠢ ᠡᠬᠢᠯᠡᠭᠦᠯᠵᠣ᠂ ᠤᠯᠵᠠᠴᠢ ᠠᠴᠠ ᠰᠤᠬᠠᠢ | ᠶᠢᠨ ᠪᠠᠶᠢᠰᠢᠩ ᠭᠥᠷᠭᠦ ᠲᠠᠮᠣᠷ ᠵᠠᠮ ᠤᠨ ᠡᠮᠦᠨ᠎ᠡ ᠬᠤᠭᠤᠴᠠᠭᠠᠨ ᠤ ᠭᠠᠷ ᠭᠦᠢᠴᠡᠳᠬᠡᠯ ᠢ ᠲᠥᠷᠭᠡᠳᠭᠡᠨ᠎ᠡ︔ S317 ᠵᠠᠮ ᠤᠨ ᠲᠣᠯᠢ ᠠᠴᠠ ᠨᠠᠩᠰᠦ ᠬᠦᠷᠬᠦ | ᠬᠡᠰᠡᠭ᠂ ᠨᠠᠩᠰᠦ ᠠᠴᠠ ᠪᠣᠷᠣᠪᠠᠯᠭᠠᠰᠦ ᠪᠠ ᠲᠠᠬᠢᠯᠳᠦ ᠠᠴᠠ ᠪᠣᠷᠣᠪᠠᠯᠭᠠᠰᠦ ᠬᠦᠷᠬᠦ ᠵᠢᠭᠤᠯᠴᠢᠯᠠᠯ ᠤᠨ ᠵᠠᠮ ᠢ ᠨᠡᠪᠳᠡᠷᠡᠭᠦᠯᠵᠤ᠂ ᠣᠯᠵᠠᠴᠢ ᠶᠢᠨ ᠬᠤᠶᠢᠳᠦ ᠭᠠᠷᠬᠤ | ᠵᠠᠮ ᠬᠢᠭᠡᠳ ᠣᠯᠵᠠᠴᠢ ᠠᠴᠠ ᠳ᠋ᠦᠩ ᠳ᠋ᠣᠣ ᠯᠢᠶᠠᠩ ᠭᠥᠷᠭᠦ ᠲᠦᠷᠬᠡᠨ ᠵᠠᠮ ᠢ ᠬᠤᠯᠪᠤᠬᠤ ᠵᠠᠮ ᠤᠨ ᠪᠠᠶᠢᠭᠤᠯᠤᠯᠳᠠ ᠶᠢ ᠠᠬᠢᠭᠤᠯᠤᠨ᠂ S317 ᠵᠠᠮ ᠤᠨ ᠣᠯᠵᠠᠴᠢ | ᠠᠴᠠ ᠨᠠᠩᠰᠦ ᠬᠦᠷᠬᠦ ᠬᠡᠰᠡᠭ ᠤᠨ ᠡᠮᠦᠨ᠎ᠡ ᠬᠤᠭᠤᠴᠠᠭᠠᠨ ᠤ ᠭᠠᠷ ᠭᠦᠢᠴᠡᠳᠬᠡᠯ ᠢ ᠢᠳᠡᠪᠬᠢᠳᠡᠢ ᠠᠬᠢᠭᠤᠯᠣᠨ᠎ᠠ᠃ ︽ᠲᠦᠷᠪᠡᠨ ᠰᠠᠶᠢᠳᠠᠢ ᠬᠦᠳᠡᠭᠡ ᠶᠢᠨ ᠵᠠᠮ︾ | ᠤᠨ ᠪᠠᠶᠢᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠬᠦᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠲᠣᠳᠠᠭᠤᠳᠠᠯ ᠢ | ᠨᠦᠬᠦᠪᠦᠷᠢᠯᠡᠨ᠎ᠡ᠃ ᠴᠠᠬᠢᠯᠭᠠᠨ ᠲᠣᠣᠷ ᠤᠨ ᠪᠠᠶᠢᠭᠤᠯᠣᠯᠳᠠ ᠦᠭᠡᠷᠡᠴᠢᠯᠡᠯᠳᠡ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠣ᠂ ᠮᠠᠯᠵᠢᠬᠤ ᠲᠠᠷᠢᠶᠠᠯᠠᠬᠤ ᠣᠷᠣᠨ | ᠤ ᠴᠠᠬᠢᠯᠭᠠᠨ ᠬᠡᠷᠡᠭᠯᠡᠭᠡᠨ ᠤ ᠪᠠᠳᠣᠯᠠᠭᠠᠳᠦ ᠴᠢᠨᠠᠷ ᠢ ᠲᠡᠭᠡᠭᠰᠢᠯᠡᠭᠦᠯᠦᠨ᠎ᠡ᠃ | ︵ᠲᠦᠷᠪᠡ︶ ᠦᠭᠡᠷᠡᠴᠢᠯᠡᠯᠳᠡ ᠶᠢ ᠠᠳᠬᠤᠬᠤ ᠪᠠᠷ ᠭᠤᠣᠯ ᠪᠣᠯᠭᠠᠬᠤ ᠶᠢ ᠪᠠᠷᠢᠮᠳᠠᠯᠠᠨ᠂ ᠬᠦᠭᠵᠢᠯᠳᠡ ᠶᠢᠨ ᠬᠦᠴᠦᠨ ᠢ ᠪᠣᠵᠠᠭᠠᠶᠢᠷᠠᠭᠤᠯᠣᠨ᠎ᠠ᠃ ᠪᠦᠬᠦ | ᠲᠠᠯ᠎ᠠ ᠪᠠᠷ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠶᠢ ᠠᠬᠢᠭᠤᠯᠣᠨ᠂ ᠣᠷᠣᠨ ᠬᠡᠪᠴᠢᠶᠡᠨ ᠤ ᠬᠠᠮᠳᠣᠷᠠᠯᠴᠠᠭ᠎ᠠ ᠶᠢ ᠲᠠᠰᠣᠷᠠᠯᠳᠠ ᠦᠭᠡᠢ ᠴᠢᠩᠭᠠᠳᠬᠠᠵᠣ᠂ | ᠣᠶᠢᠯᠡᠴᠢᠯᠡᠭᠡᠨ ᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠬᠦᠭᠵᠢᠯᠳᠡ ᠶᠢᠨ ᠣᠷᠴᠢᠨ ᠢ ᠰᠢᠯᠢᠳᠡᠭᠵᠢᠭᠦᠯᠵᠣ᠂ ᠠᠵᠣ ᠠᠬᠤᠢ ᠨᠡᠶᠢᠭᠡᠮ ᠤᠨ ᠭᠥᠭᠵᠢᠯᠳᠡ ᠳᠤ | ᠠᠮᠢᠳᠤᠯᠢᠭ ᠬᠦᠴᠦᠨ ᠨᠡᠮᠡᠷᠢᠯᠡᠨ᠎ᠡ᠃ | ᠭᠤᠣᠯᠳᠠᠯᠭᠠᠳᠦ ᠬᠦᠷᠢᠶ᠎ᠡ ᠴᠠᠷᠠᠭᠠᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠡᠭᠡᠯᠵᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠪᠦᠬᠦ | ᠲᠠᠯ᠎ᠠ ᠪᠠᠷ ᠪᠡᠶᠡᠯᠡᠭᠦᠯᠦᠨ᠂ ᠠᠵᠢᠯ ᠣᠶᠢᠯᠠᠰ ᠤᠨ ᠨᠢᠭᠡᠴᠡ ᠶᠢᠨ ᠦᠭᠡᠷᠡᠴᠢᠯᠡᠯᠳᠡ ᠶᠢ ᠣᠯᠠᠮ ᠨᠢᠭᠡ ᠠᠯᠬᠤᠮ ᠭᠦᠨᠵᠡᠭᠡᠶᠢᠷᠡᠭᠦᠯᠵᠣ᠂ ᠵᠠᠰᠠᠭ ᠵᠠᠬᠢᠷᠭ᠎ᠠ ᠠᠵᠢᠯ | ᠣᠶᠢᠯᠠᠰ ᠢ ᠰᠠᠯᠭᠠᠬᠤ᠂ ᠠᠵᠢᠯ ᠣᠶᠢᠯᠠᠰ ᠠᠵᠣ ᠠᠬᠤᠶᠢᠯᠠᠯ ᠢ ᠰᠠᠯᠭᠠᠬᠤ᠂ ᠬᠠᠮᠢᠶᠠᠷᠬᠤ ᠡᠷᠬᠢᠯᠡᠬᠦ ᠶᠢ ᠰᠠᠯᠭᠠᠬᠤ ᠶᠢ ᠠᠭᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠣᠨ᠂ ︽ᠪᠠᠬᠢᠵᠢᠭᠦᠯᠬᠦ᠂ ᠴᠢᠩᠭᠠᠳᠬᠠᠬᠤ᠂ ᠲᠡᠭᠡᠭᠰᠢᠯᠡᠭᠦᠯᠬᠦ᠂ ᠰᠢᠯᠤᠭᠤᠳᠬᠠᠬᠤ︾ ᠲᠠᠯ᠎ᠠ ᠪᠠᠷ ᠬᠦᠴᠦᠯᠡᠵᠣ | ᠂ ᠬᠠᠳᠠᠭᠠᠯᠠᠮᠵᠢ ᠡᠬᠢ ᠪᠠᠶᠠᠯᠢᠭ ᠤᠨ ᠲᠦᠬᠦᠷᠴᠢᠯᠡᠯᠳᠡ ᠶᠢ ᠰᠢᠯᠢᠳᠡᠭᠵᠢᠭᠦᠯᠦᠨ᠂ ᠬᠠᠩᠭᠠᠯᠭ᠎ᠠ ᠶᠢᠨ ᠨᠡᠮᠡᠭᠳᠡᠯ ᠤᠨ ᠰᠢᠯᠢᠳᠡᠭᠵᠢᠯ ᠢ ᠦᠷᠭᠡᠳᠬᠡᠨ᠎ᠡ᠃ ᠵᠠᠰᠠᠭ ᠵᠠᠬᠢᠷᠭᠠᠨ | ᠤ ᠴᠤᠬᠤᠯᠠᠪᠤᠷᠢᠯᠠᠯᠳᠠ ᠶᠢᠨ ᠲᠦᠷᠢᠮ ᠤᠨ ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠣ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠣᠳᠠᠯ ᠤᠨ | ᠣᠶᠢᠯᠡᠴᠢᠯᠡᠭᠡ︾ ᠶᠢᠨ ᠠᠵᠢᠯ ᠢ ᠰᠢᠯᠢᠳᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠮᠳᠦ ᠶᠢᠨ ᠥᠮᠴᠢᠯᠡᠯ ᠤᠨ ᠡᠷᠬᠡ ᠶᠢᠨ ᠲᠦᠷᠢᠮ ᠤᠨ | ᠦᠭᠡᠷᠡᠴᠢᠯᠡᠯᠳᠡ ᠶᠢ ᠰᠠᠶᠢᠳᠦᠷ ᠠᠳᠬᠤᠨ᠂ ᠭᠥᠳᠡᠭᠡ ᠲᠤᠰᠬᠤᠨ ᠤ ᠭᠠᠵᠠᠷ ᠰᠢᠷᠥᠢ ᠶᠢᠨ ᠡᠬᠢ ᠴᠡᠭᠴᠡᠳᠡᠢ ᠰᠢᠯᠵᠢᠭᠦᠯᠥᠯᠳᠠ ᠶᠢ ᠵᠢᠯᠤᠭᠤᠳᠴᠤ᠂ ᠲᠠᠷᠢᠶᠠᠯᠠᠩ ᠤᠨ | ᠣᠶᠢᠯᠠᠰ ᠤᠨ ᠬᠡᠪᠴᠢᠶᠡᠵᠢᠯ ᠡᠵᠡᠩᠨᠡᠯᠳᠡ ᠶᠢ ᠠᠬᠢᠭᠤᠯᠣᠨ᠎ᠠ᠃ ᠡᠯ᠎ᠡ ᠬᠦᠷᠢᠶ᠎ᠡ ᠴᠠᠷᠠᠭᠠᠨ ᠤ ᠦᠭᠡᠷᠡᠴᠢᠯᠡᠯᠳᠡ ᠶᠢ ᠨᠢᠭᠡᠳᠦᠯᠳᠡᠢ ᠲᠥᠯᠥᠪᠵᠢᠭᠦᠯᠥᠨ ᠠᠬᠢᠭᠤᠯᠵᠤ᠂ | ᠠᠵᠣ ᠠᠬᠤᠢ ᠨᠡᠶᠢᠭᠡᠮ ᠤᠨ ᠬᠦᠭᠵᠢᠯᠳᠡ ᠶᠢ ᠬᠢᠵᠠᠭᠠᠷᠯᠠᠵᠤ ᠪᠥᠭᠦᠢ ᠲᠣᠭᠳᠠᠴᠠ ᠲᠣᠭᠳᠠᠯᠴᠠᠭ᠎ᠠ ᠶᠢ ᠥᠭᠡᠶᠢᠰᠭᠡᠨᠡ᠃ | ᠣᠷᠣᠨ ᠬᠡᠪᠴᠢᠶᠡᠨ ᠤ ᠬᠠᠮᠳᠣᠷᠠᠯᠴᠠᠭ᠎ᠠ ᠨᠡᠭᠡᠭᠡᠯᠳᠡ ᠶᠢ ᠦᠷᠭᠡᠳᠬᠡᠨ᠎ᠡ᠃ ︽ᠨᠢᠭᠡ ᠪᠦᠰᠡ ᠨᠢᠭᠡ ᠵᠠᠮ︾᠂ ︽ᠲᠣᠮᠳᠠᠳᠦ ᠣᠷᠣᠰ ᠮᠣᠩᠭᠤᠯ ᠤᠨ ᠠᠵᠣ | ᠠᠬᠤᠢ ᠶᠢᠨ ᠭᠤᠳᠤᠮ ᠤᠨ ᠭᠥᠭᠵᠢᠭᠦᠯᠥᠯᠳᠡ︾ ᠶᠢᠨ ᠪᠠᠶᠢᠯᠳᠣᠬᠤ ᠪᠣᠳᠣᠯᠭ᠎ᠠ ᠶᠢᠨ ᠠᠭᠤᠰᠣᠯᠴᠠᠯ ᠢ ᠲᠦᠷᠭᠡᠳᠬᠡᠨ᠂ ᠮᠣᠩᠭᠤᠯ ᠣᠯᠣᠰ ᠯᠤᠭ᠎ᠠ ᠶᠢᠨ ᠰᠢᠨᠵᠢᠯᠡᠭᠡ | ᠮᠡᠷᠭᠡᠵᠢᠯ ᠤᠨ ᠰᠣᠯᠢᠯᠴᠠᠭ᠎ᠠ᠂ ᠴᠢᠳᠠᠪᠦᠷᠢᠳᠠᠨ ᠣᠷᠣᠭᠤᠯᠬᠤ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠬᠦᠬᠡᠬᠤᠳᠠ ᠪᠣᠭᠤᠳᠦ | ᠣᠷᠳᠣᠰ ᠤᠨ ᠢᠵᠢᠯ ᠠᠯᠬᠤᠮ ᠤᠨ ᠬᠦᠭᠵᠢᠯᠳᠡ ᠪᠣᠯᠣᠨ ᠬᠦᠬᠡᠬᠤᠳᠠ ᠪᠣᠭᠤᠳᠦ ᠣᠷᠳᠣᠰ ᠲᠡᠮᠡᠭᠡᠳᠦ ᠶᠢᠨ ᠬᠤᠳᠠ ᠶᠢᠨ ᠰᠦᠷᠦᠭᠵᠢᠯ ᠤᠨ ᠬᠦᠭᠵᠢᠯᠳᠡ ᠲᠠᠢ | ᠠᠭᠤᠰᠣᠯᠴᠠᠭᠤᠯᠣᠨ᠂ ᠨᠢᠩᠰᠢᠶᠠ ᠯᠤᠭ᠎ᠠ ᠶᠢᠨ ᠣᠷᠣᠨ ᠬᠡᠪᠴᠢᠶᠠᠨ ᠤ ᠬᠠᠮᠳᠣᠷᠠᠯᠴᠠᠭ᠎ᠠ ᠶᠢᠨ ᠣᠷᠳᠦ ᠬᠤᠭᠤᠴᠠᠭᠠᠳᠦ ᠲᠣᠭᠳᠠᠴᠠ ᠶᠢ ᠢᠳᠡᠪᠬᠢᠳᠠᠢ ᠪᠠᠶᠢᠭᠤᠯᠵᠣ᠂ | ᠨᠢᠩᠰᠢᠶᠠ ᠯᠤᠭ᠎ᠠ ᠶᠢᠨ ᠰᠣᠶᠣᠯ ᠵᠢᠭᠤᠯᠴᠢᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠰᠣᠷᠭᠠᠨ ᠬᠦᠮᠦᠵᠢᠯ ᠤᠨ ᠰᠣᠯᠢᠯᠴᠠᠭ᠎ᠠ᠂ ᠰᠢᠨᠵᠢᠯᠡᠭᠡ ᠮᠡᠷᠭᠡᠵᠢᠯ ᠤᠨ | ᠰᠢᠨᠡᠴᠢᠯᠡᠯ᠂ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠳᠠ ᠪᠣᠯᠣᠨ ︽ᠢᠨᠲ᠋ᠧᠷ ᠰᠦᠯᠵᠢᠶ᠎ᠡ +︾ ᠵᠡᠷᠭᠡ ᠲᠠᠯ᠎ᠠ ᠪᠠᠷ ᠭᠦᠨᠵᠡᠭᠡᠢ ᠬᠠᠮᠳᠣᠷᠠᠯᠴᠠᠵᠣ᠂ ᠠᠵᠣ | ᠣᠶᠢᠯᠠᠰ ᠤᠨ ᠬᠠᠷᠢᠯᠴᠠᠨ ᠨᠥᠭᠦᠪᠥᠷᠢᠯᠡᠭᠦ ᠲᠠᠪᠠᠭᠤᠯᠢᠭ ᠢ ᠪᠠᠳᠠᠷᠠᠭᠤᠯᠣᠨ᠂ ᠣᠷᠣᠨ ᠬᠡᠪᠴᠢᠶᠡᠨ ᠤ ᠨᠢᠭᠡ ᠴᠣᠭᠴᠠᠵᠢᠭᠰᠠᠨ ᠢᠵᠢᠯ ᠠᠯᠬᠤᠮ ᠤᠨ ᠬᠦᠭᠵᠢᠯᠳᠡ ᠶᠢ | ᠠᠬᠢᠭᠤᠯᠣᠨ᠎ᠠ᠃ | ᠬᠦᠭᠵᠢᠯᠳᠡ ᠶᠢᠨ ᠣᠷᠴᠢᠨ ᠤ ᠰᠢᠨᠡᠴᠢᠯᠡᠯᠳᠡ ᠶᠢ ᠰᠢᠯᠢᠳᠡᠭᠵᠢᠭᠦᠯᠦᠨ᠎ᠡ᠃ ᠠᠷᠠᠳ ᠡᠵᠡᠩᠨᠡᠭᠰᠡᠨ ᠠᠵᠣ ᠠᠬᠤᠢ ᠶᠢᠨ ᠬᠦᠭᠵᠢᠯᠳᠡ ᠶᠢ ᠪᠦᠬᠦ ᠬᠦᠴᠦᠨ ᠢᠶᠠᠷ | ᠲᠡᠮᠵᠢᠨ᠂ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ ᠨᠠᠷᠢᠨ ᠬᠢᠨᠠᠮᠠᠭᠠᠢ | ᠲᠣᠣᠱᠯᠠᠭᠤᠯᠵᠣ᠂ ᠲᠦᠷᠦ ᠶᠢᠨ ᠪᠣᠳᠣᠯᠭ᠎ᠠ ᠶᠢᠨ ᠲᠣᠭᠳᠠᠭᠤᠨ ᠴᠢᠨᠠᠷ ᠪᠠ ᠦᠷᠭᠦᠯᠵᠢᠬᠦᠶᠢᠴᠡ ᠴᠢᠨᠠᠷ ᠢ ᠪᠠᠳᠣᠯᠠᠨ᠎ᠠ᠃ ︽ᠳᠠᠯᠪᠢᠬᠤ ᠬᠠᠮᠢᠶᠠᠷᠬᠤ ᠣᠶᠢᠯᠡᠴᠢᠯᠡᠬᠦ︾ | ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠬᠡᠶᠢᠷᠡᠬᠦᠯᠵᠤ᠂ ᠣᠯᠠᠨ ᠠᠷᠭ᠎ᠠ ᠠᠪᠴᠠᠯ ᠢᠶᠠᠷ ᠠᠵᠣ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠵᠣ᠂ | ᠢᠳᠡᠬᠡᠮᠵᠢ ᠶᠢᠨ ᠲᠣᠭᠳᠠᠴᠠ ᠶᠢᠨ ᠪᠠᠶᠢᠭᠤᠯᠣᠯᠳᠠ ᠶᠢ ᠲᠦᠷᠭᠡᠳᠬᠡᠨ᠂ ᠲᠦᠪ ᠭᠤᠣᠯᠴᠢ ᠡᠷᠭᠡ ᠲᠡᠭᠰᠢ᠂ ᠦᠨᠡᠨᠴᠢ ᠢᠳᠡᠬᠡᠮᠵᠢ ᠲᠠᠢ ᠵᠠᠬ᠎ᠠ ᠲᠡᠯᠭᠡᠭᠦᠷ ᠤᠨ ᠣᠷᠴᠢᠨ | ᠢ ᠪᠦᠷᠢᠯᠳᠦᠭᠦᠯᠦᠨ᠎ᠡ᠃ ︽ᠳᠠᠶᠠᠭᠠᠷ ᠢᠶᠠᠨ ᠣᠶᠢᠯᠠᠰ ᠪᠣᠰᠬᠠᠨ᠂ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ ᠠᠬᠢᠭᠤᠯᠣᠨ᠂ ᠰᠢᠨᠵᠢᠯᠡᠭᠡ ᠮᠡᠷᠭᠡᠵᠢᠯ ᠤᠨ | ᠰᠢᠨᠡᠴᠢᠯᠡᠯᠳᠡ ᠶᠢᠨ ᠲᠠᠪᠴᠠᠩ ᠢ ᠢᠳᠡᠪᠬᠢᠳᠠᠢ ᠪᠤᠶᠢᠵᠢᠭᠤᠯᠵᠤ᠂ ᠡᠯ᠎ᠡ ᠬᠦᠷᠢᠶ᠎ᠡ ᠴᠠᠷᠠᠭᠠᠨ ᠤ ᠳᠡᠬᠡᠳᠤ ᠴᠢᠳᠠᠪᠦᠷᠢᠳᠠᠨ ᠢ ᠬᠤᠷᠠᠭᠤᠯᠤᠨ᠂ ᠰᠢᠨ᠎ᠡ ᠶᠢ ᠡᠭᠦᠳᠦᠨ | ᠣᠶᠢᠯᠠᠰ ᠪᠣᠰᠬᠠᠬᠤ ᠴᠢᠯᠤᠬᠡᠳᠤ ᠣᠷᠴᠢᠨ ᠢ ᠲᠠᠰᠣᠷᠠᠯᠳᠠ ᠦᠭᠡᠢ ᠦᠷᠭᠡᠳᠬᠡᠨ᠎ᠡ᠃ | ︵ᠲᠠᠪᠤ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠪᠠᠳᠣᠯᠠᠨ᠎ᠠ᠃ ᠣᠯᠠᠨ ᠲᠦᠮᠡᠨ ᠤ | ᠬᠠᠮᠤᠭ ᠠᠴᠠ ᠬᠠᠯᠠᠮᠵᠢᠯᠠᠵᠣ ᠠᠩᠬᠠᠷᠴᠦ ᠪᠠᠶᠢᠭ᠎ᠠ ᠪᠣᠳᠠᠳᠦ ᠡᠷᠬᠡ ᠠᠰᠢᠭ ᠤᠨ ᠠᠰᠠᠭᠤᠳᠠᠯ ᠢ ᠴᠢᠩᠭ᠎ᠠ ᠠᠳᠬᠤᠨ᠂ ᠲᠦᠬᠡᠮᠡᠯ ᠬᠠᠷᠠᠭᠠᠯᠵᠠᠯ ᠤᠨ ᠴᠢᠨᠠᠷᠳᠠᠢ᠂ | ᠦᠨᠳᠦᠰᠦᠨ ᠴᠢᠨᠠᠷᠳᠠᠢ᠂ ᠲᠣᠣᠷ᠎ᠠ ᠪᠠᠳᠣᠯᠠᠭᠠᠳᠦ ᠴᠢᠨᠠᠷᠳᠠᠢ ᠠᠷᠠᠳ ᠢ ᠬᠠᠷᠠᠭᠠᠯᠵᠠᠬᠤ ᠪᠠᠶᠢᠭᠤᠯᠣᠯᠳᠠ ᠶᠢ ᠴᠢᠩᠭᠠᠳᠬᠠᠵᠣ᠂ ᠠᠷᠠᠳ ᠤᠨ ᠠᠮᠢᠳᠣᠷᠠᠯ ᠤᠨ ᠠᠰᠢᠭ | ᠵᠢᠷᠭᠠᠯ ᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ᠨᠡᠶᠢᠭᠡᠮ ᠤᠨ ᠪᠠᠳᠣᠯᠠᠭ᠎ᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠬᠦᠭᠵᠢᠯᠳᠡ ᠪᠠᠷ ᠠᠵᠢᠯ ᠣᠯᠭᠤᠯᠳᠠ ᠶᠢ ᠠᠬᠢᠭᠤᠯᠬᠤ᠂ ᠣᠶᠢᠯᠠᠰ ᠪᠣᠰᠬᠠᠯᠳᠠ ᠪᠠᠷ | ᠠᠵᠢᠯ ᠤᠯᠭᠤᠯᠳᠠ ᠶᠢ ᠳᠠᠶᠢᠴᠢᠯᠠᠬᠤ᠂ ᠲᠦᠷᠦ ᠶᠢᠨ ᠪᠣᠳᠣᠯᠭ᠎ᠠ ᠪᠠᠷ ᠠᠵᠢᠯ ᠤᠯᠭᠤᠯᠳᠠ ᠶᠢ ᠪᠠᠳᠤᠯᠠᠬᠤ ᠶᠢ ᠪᠠᠷᠢᠮᠳᠠᠯᠠᠨ᠂ ᠣᠶᠣᠳᠠᠳ᠂ ᠬᠦᠴᠤ ᠶᠠᠪᠤᠭᠰᠠᠤᠨ᠂ | ᠬᠤᠳᠠ ᠬᠦᠳᠡᠭᠡ ᠶᠢᠨ ᠣᠶᠢᠯᠠᠰ ᠪᠣᠰᠬᠠᠨ ᠠᠵᠢᠯ ᠣᠯᠬᠤ ᠳᠤ ᠬᠦᠴᠢᠷᠳᠡᠢ ᠬᠦᠮᠤᠰ ᠪᠠ ᠴᠡᠷᠢᠭ ᠠᠴᠠ ᠬᠠᠯᠠᠭᠳᠠᠭᠰᠠᠳ ᠢ ᠲᠦᠪᠬᠢᠨᠠᠬᠦᠯᠬᠦ ᠠᠵᠢᠯ ᠢ ᠰᠠᠶᠢᠳᠦᠷ | ᠠᠳᠬᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠲᠡᠰ ᠬᠤᠪᠢᠶᠡᠨ ᠡᠮᠴᠢᠯᠡᠬᠦ ᠪᠠ ᠡᠮᠴᠢᠯᠡᠭᠡᠨ ᠤ | ᠬᠠᠮᠳᠤ ᠶᠢᠨ ᠴᠤᠭᠴᠠ ᠶᠢᠨ ᠪᠠᠶᠢᠭᠤᠯᠣᠯᠳᠠ ᠶᠢ ᠲᠦᠷᠭᠡᠳᠬᠡᠵᠣ᠂ ᠭᠡᠷ᠎ᠡ ᠲᠣᠭᠳᠠᠭᠰᠠᠨ ᠭᠡᠷ ᠪᠦᠯᠢ ᠶᠢᠨ ᠡᠮᠴᠢ ᠶᠢᠨ ᠤᠶᠢᠯᠡᠴᠢᠯᠡᠬᠡᠨ ᠤ ᠴᠢᠨᠠᠷᠵᠢᠯ ᠢ | ᠲᠡᠭᠡᠭᠰᠢᠯᠡᠭᠦᠯᠦᠨ᠂ ᠡᠬᠡ ᠨᠢᠯᠬᠠᠰ ᠤᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ ᠶᠢᠨ ᠲᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ ᠡᠮ ᠡᠮᠨᠡᠯᠬᠡ ᠶᠢᠨ | ᠤᠶᠢᠯᠡᠴᠢᠯᠡᠬᠡᠨ ᠤ ᠪᠦᠬᠦᠶᠢᠯᠡ ᠴᠤᠭᠴᠠ ᠶᠢᠨ ᠲᠦᠪᠰᠢᠨ ᠢ ᠳᠡᠬᠡᠭᠰᠢᠯᠡᠬᠦᠯᠤᠨ᠂ ᠣᠯᠣᠰ ᠤᠨ ᠲᠦᠯᠦᠪᠯᠡᠭᠡᠳᠦ ᠭᠦᠩᠭᠡᠵᠢᠯ ᠤᠨ ᠰᠢᠯᠢᠳᠡᠭ ᠣᠶᠢᠯᠡᠴᠢᠯᠡᠭᠡᠨ ᠤ | ᠲᠡᠷᠢᠭᠦᠨ ᠤ ᠬᠤᠰᠢᠭᠤ ᠶᠢ ᠴᠣᠭᠴᠠᠯᠠᠨ᠎ᠠ᠃ ᠪᠦᠬᠦ ᠠᠷᠠᠳ ᠤᠨ ᠲᠠᠭᠠᠳᠬᠠᠯ ᠳᠤ ᠣᠷᠣᠬᠤ ᠠᠵᠢᠯᠯᠠᠭᠠᠨ ᠢ ᠯᠠᠪᠳᠠᠭᠤᠨ ᠪᠠᠳᠤᠳᠠᠢ ᠦᠷᠨᠢᠭᠦᠯᠦᠨ᠂ ᠨᠡᠶᠢᠭᠡᠮ ᠤᠨ | ᠲᠠᠭᠠᠳᠬᠠᠯ ᠤᠨ ᠬᠠᠷᠠᠭᠠᠯᠵᠠᠯ ᠢ ᠲᠣᠭᠳᠠᠭᠤᠨ ᠢᠶᠠᠷ ᠲᠡᠭᠡᠭᠰᠢᠯᠡᠭᠦᠯᠵᠣ᠂ ᠵᠢᠯ ᠤᠨ ᠲᠣᠳᠣᠷ᠎ᠠ ᠣᠷᠣᠰᠢᠭᠤᠯᠭ᠎ᠠ ᠶᠢᠨ ᠣᠷᠳᠣᠨ ᠢ ᠪᠠᠶᠢᠭᠤᠯᠣᠨ᠂ ᠬᠤᠳᠠ ᠬᠦᠳᠡᠭᠡ | ᠶᠢᠨ ᠲᠣᠣᠷ᠎ᠠ ᠪᠠᠳᠣᠯᠠᠭᠠᠳᠦ ᠡᠷᠦᠬᠡ᠂ ᠶᠠᠳᠠᠭᠤ ᠬᠦᠴᠢᠷᠳᠡᠯᠳᠡᠢ ᠣᠶᠣᠳᠠᠨ᠂ ᠲᠠᠪᠣᠨ ᠪᠠᠳᠣᠯᠠᠭᠠᠳᠦ ᠡᠷᠦᠬᠡ᠂ ︽ᠭᠤᠷᠪᠠ ᠦᠭᠡᠢ︾ ᠬᠦᠮᠦᠰ᠂ ᠦᠨᠦᠴᠢᠨ ᠪᠠ | ᠵᠡᠮᠳᠡᠭ ᠵᠡᠷᠭᠡ ᠬᠦᠴᠢᠷᠳᠡᠯᠳᠡᠢ ᠣᠯᠠᠨ ᠲᠦᠮᠠᠨ ᠢ ᠠᠪᠣᠷᠠᠨ ᠲᠣᠰᠠᠯᠠᠬᠤ ᠪᠠᠳᠣᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠦᠷ ᠬᠢᠨ᠎ᠡ᠃ | ᠨᠡᠶᠢᠭᠡᠮ ᠤᠨ ᠠᠵᠢᠯ ᠣᠶᠢᠯᠠᠰ ᠤᠨ ᠬᠦᠭᠵᠢᠯᠳᠡ ᠶᠢ ᠴᠡᠴᠡᠭᠯᠡᠬᠦᠯᠤᠨᠠ᠃ ᠰᠣᠷᠭᠠᠨ ᠬᠦᠮᠦᠵᠢᠯ ᠤᠨ ᠠᠵᠢᠯ ᠣᠶᠢᠯᠠᠰ ᠢ ᠣᠷᠢᠳᠠᠪᠡᠷ ᠬᠦᠭᠵᠢᠭᠦᠯᠦᠨ᠂ | ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠲᠦᠬᠡᠮᠡᠯ ᠬᠠᠷᠠᠭᠠᠯᠵᠠᠯ ᠤᠨ ᠴᠢᠨᠠᠷᠳᠠᠢ ᠬᠦᠭᠵᠢᠯᠳᠡ ᠶᠢᠨ ᠲᠦᠪᠰᠢᠨ ᠢ ᠲᠡᠭᠡᠭᠰᠢᠯᠡᠭᠦᠯᠵᠣ᠂ | ᠭᠤᠷᠪᠠᠳᠣᠭᠠᠷ ᠲᠣᠷᠰᠢᠯᠳᠡ ᠶᠢᠨ ᠪᠠᠭ᠎ᠠ ᠰᠣᠷᠭᠠᠭᠤᠯᠢ ᠶᠢ ᠡᠬᠢᠯᠡᠵᠤ ᠪᠠᠶᠢᠭᠤᠯᠣᠨ᠂ ᠪᠡᠭᠡᠵᠢᠩ ᠤᠨ ᠾᠧᠩ ᠶᠤᠸᠠᠢ ᠰᠣᠷᠭᠠᠨ ᠬᠦᠮᠦᠵᠢᠯ ᠤᠨ ᠺᠣᠮᠫᠠᠨᠢ ᠯᠤᠭ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠣ᠂ ᠦᠨᠳᠦᠰᠦᠳᠠᠨ ᠤ ᠰᠣᠷᠭᠠᠨ ᠬᠦᠮᠦᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ | ᠬᠦᠭᠵᠢᠯᠳᠡ ᠶᠢ ᠲᠦᠷᠭᠡᠳᠬᠡᠵᠣ᠂ ᠰᠣᠷᠭᠠᠨ ᠬᠦᠮᠦᠵᠢᠯ ᠢ ᠴᠢᠨᠠᠷᠵᠢᠭᠤᠨ ᠲᠡᠩᠴᠡᠭᠦᠷᠢᠳᠠᠢ ᠠᠬᠢᠭᠤᠯᠣᠨ᠎ᠠ᠃ ᠰᠣᠶᠣᠯ ᠤᠨ ᠠᠵᠢᠯ ᠣᠶᠢᠯᠠᠰ ᠤᠨ ᠪᠦᠬᠦ ᠲᠠᠯ᠎ᠠ ᠶᠢᠨ | ᠬᠦᠭᠵᠢᠯᠳᠡ ᠶᠢ ᠠᠬᠢᠭᠤᠯᠣᠨ᠂ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠣ᠂ ᠣᠯᠠᠨ ᠲᠦᠮᠡᠨᠴᠢ ᠰᠣᠶᠣᠯ ᠤᠨ | ᠠᠵᠢᠯᠯᠠᠭᠠᠨ ᠤ ᠲᠦᠪ ᠢ ᠪᠠᠶᠢᠭᠤᠯᠣᠨ᠂ ᠤᠯᠠᠨ ᠨᠡᠶᠢᠳᠡ ᠶᠢᠨ ᠰᠣᠶᠣᠯ ᠤᠨ ᠣᠶᠢᠯᠡᠴᠢᠯᠡᠭᠡᠨ ᠤ ᠲᠣᠭᠳᠠᠯᠴᠠᠭ᠎ᠠ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ | ᠤᠯᠠᠭᠠᠨᠮᠦ᠋ᠴᠢᠷ ᠤᠨ ᠡᠩᠨᠡᠭᠡᠨ ᠤ ᠬᠡᠪ ᠴᠢᠨᠠᠷ ᠢ ᠲᠠᠰᠣᠷᠠᠯᠳᠠ ᠦᠭᠡᠢ ᠲᠡᠭᠡᠭᠰᠢᠯᠡᠭᠦᠯᠣᠨ᠂ ᠨᠢᠭᠡ ᠪᠦᠯᠦᠭ ᠣᠷᠣᠨ ᠨᠣᠳᠤᠭ ᠤᠨ ᠣᠨᠴᠠᠯᠢᠭ ᠲᠠᠢ᠂ ᠦᠨᠳᠦᠰᠦᠳᠡᠨ ᠤ | ᠣᠨᠴᠠᠯᠢᠭ ᠲᠠᠢ ᠰᠤᠳᠤᠨ ᠪᠦᠳᠤᠬᠡᠯ ᠪᠦᠳᠦᠭᠡᠨ᠂ ᠰᠢᠨ᠎ᠡ ᠦᠵᠡᠯᠳᠡ ᠶᠢ ᠣᠬᠠᠭᠤᠯᠵᠣ ᠵᠦᠪ ᠡᠨᠧᠷᠬᠢ ᠶᠢ ᠤᠯᠠᠯᠵᠢᠯᠠᠨᠠ᠃ ᠣᠯᠠᠨ ᠲᠦᠮᠡᠨᠴᠢ ᠪᠡᠶ᠎ᠡ ᠲᠠᠮᠢᠷ ᠤᠨ | ᠤᠶᠢᠯᠡᠰ ᠤᠨ ᠬᠦᠭᠵᠢᠯᠳᠡ ᠳᠤ ᠬᠦᠴᠦᠯᠡᠨ᠂ ᠡᠯ᠎ᠡ ᠲᠦᠷᠦᠯ ᠤᠨ ᠪᠠᠶ᠎ᠡ ᠶᠢᠨ ᠲᠠᠮᠢᠷ ᠤᠨ ᠠᠵᠢᠯᠯᠠᠭᠠᠨ ᠦᠷᠨᠢᠭᠦᠯᠬᠦ ᠶᠢ ᠲᠡᠮᠵᠢᠨ ᠵᠣᠷᠢᠭᠵᠢᠭᠤᠯᠣᠨ᠎ᠠ᠃ | ᠨᠡᠶᠢᠭᠡᠮ ᠤᠨ ᠵᠠᠰᠠᠯᠳᠠ ᠶᠢᠨ ᠴᠢᠳᠠᠪᠬᠢ ᠶᠢ ᠰᠢᠨᠡᠴᠢᠯᠡᠨ᠎ᠡ᠃ ︽ᠬᠠᠣᠯᠢ ᠪᠠᠷ ᠵᠠᠰᠠᠬᠤ ᠣᠳᠤᠭ ᠤᠨ ᠡᠮᠦᠨᠡᠳᠦ ᠬᠤᠰᠢᠭᠤ︾᠂ ︽ᠠᠮᠦᠷ ᠠᠮᠣᠭᠤᠯᠠᠩ | ᠣᠳᠤᠭ ᠤᠨ ᠡᠮᠦᠨᠡᠳᠦ ᠬᠤᠰᠢᠭᠤ︾ ᠶᠢᠨ ᠪᠠᠶᠢᠭᠤᠯᠣᠯᠳᠠ ᠶᠢ ᠭᠦᠨᠵᠡᠭᠡᠶᠢᠷᠡᠭᠦᠯᠦᠨ᠂ ᠤᠯᠠᠨ ᠨᠡᠶᠢᠳᠡ ᠶᠢᠨ ᠬᠠᠣᠯᠢ ᠴᠠᠭᠠᠵᠠ ᠶᠢᠨ ᠣᠶᠢᠯᠡᠴᠢᠯᠡᠭᠡᠨ ᠤ ᠲᠣᠣᠷ ᠢ | ᠲᠡᠭᠦᠯᠳᠡᠷᠵᠢᠭᠦᠯᠵᠣ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠦᠷᠬᠦᠯᠵᠢᠯᠡᠨ ᠶᠠᠪᠤᠭᠳᠠᠭᠤᠯᠵᠤ᠂ ᠬᠠᠤᠯᠢ ᠵᠦᠷᠢᠴᠡᠭᠰᠡᠨ ᠡᠯ᠎ᠡ | ᠲᠦᠷᠤᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠠᠶᠣᠯᠬᠦᠢ ᠣᠶᠢᠯᠠᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠣᠨ᠂ ᠬᠠᠣᠯᠢ ᠪᠣᠰᠣ ᠠᠵᠢᠯᠯᠠᠭᠠᠨ ᠳᠤ ᠴᠢᠩᠭ᠎ᠠ ᠴᠤᠬᠢᠯᠳᠠ ᠦᠭᠴᠦ᠂ ᠬᠦᠨᠳᠦ ᠶᠡᠭᠡ ᠬᠡᠷᠡᠭ ᠣᠴᠢᠷ ᠡᠭᠦᠰᠬᠦ ᠶᠢ ᠬᠢᠵᠠᠭᠠᠷᠯᠠᠨ᠎ᠡ᠃ ᠭᠠᠮᠰᠢᠭ ᠢ | ᠰᠡᠷᠭᠡᠶᠢᠯᠡᠨ ᠭᠠᠮᠰᠢᠭ ᠠᠴᠠ ᠠᠪᠣᠷᠠᠬᠤ ᠴᠢᠳᠠᠪᠬᠢ ᠶᠢᠨ ᠪᠠᠶᠢᠭᠤᠯᠣᠯᠳᠠ ᠶᠢ ᠴᠢᠩᠭᠠᠳᠬᠠᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠶᠡᠷᠦᠩᠬᠡᠶᠢᠯᠡᠭᠰᠡᠨ ᠴᠢᠳᠠᠪᠬᠢ | ᠪᠠᠨ ᠳᠡᠬᠡᠭᠰᠢᠯᠡᠬᠦᠯᠵᠤ᠂ ᠨᠡᠶᠢᠭᠡᠮ ᠤᠨ ᠡᠶ᠎ᠡ ᠨᠠᠶᠢᠷᠠᠮᠳᠠᠯ ᠠᠮᠤᠷ ᠲᠣᠭᠳᠠᠭᠤᠨ ᠢ ᠪᠠᠳᠣᠯᠠᠨ᠎ᠠ᠃ | ᠲᠦᠯᠦᠭᠡᠯᠡᠭᠴᠢᠳ ᠡ᠂ 2019 ᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠦᠷᠦᠯ ᠤᠨ ᠠᠵᠢᠯ ᠢ ᠰᠠᠶᠢᠳᠦᠷ ᠬᠢᠬᠦ ᠳᠤ ᠡᠬᠦᠷᠬᠡ | ᠬᠦᠨᠳᠦ᠂ ᠣᠳᠬ᠎ᠠ ᠬᠦᠨ ᠪᠤᠢ᠃ ᠪᠢᠳᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠷᠴᠢᠳᠦ ᠣᠳᠣᠷᠢᠳᠣᠯᠭ᠎ᠠ ᠲᠣᠣᠷ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠣᠬᠠᠮᠰᠠᠷ ᠠᠴᠠ ᠬᠦᠯᠢᠶᠡᠨ᠂ ᠣᠯᠣᠰ ᠲᠦᠷᠦ ᠶᠢᠨ ᠵᠦᠪᠯᠡᠯᠭᠡᠨ ᠤ | ᠰᠠᠨᠠᠭᠤᠯᠭ᠎ᠠ ᠶᠢ ᠬᠢᠴᠢᠶᠡᠩᠬᠦᠶᠢᠯᠡᠨ ᠰᠣᠨᠣᠰᠴᠦ᠂ ᠪᠦᠯᠬᠦᠮᠳᠡᠨ ᠨᠢᠭᠳᠠᠷᠠᠵᠣ᠂ ᠦᠭᠡᠷᠡᠴᠢᠯᠡᠯᠳᠡ ᠰᠢᠨᠡᠴᠢᠯᠡᠯᠳᠡ ᠲᠠᠢ ᠪᠠᠷ ᠬᠦᠴᠢᠷ ᠢ ᠢᠯᠡᠨ ᠰᠢᠷᠭᠠᠭᠤ ᠠᠵᠢᠯᠯᠠᠵᠣ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠣᠳᠤᠭ ᠤᠨ ᠡᠮᠦᠨᠡᠳᠦ ᠬᠤᠰᠢᠭᠤᠨ ᠤ ᠴᠢᠨᠠᠷᠯᠢᠭ ᠬᠦᠭᠵᠢᠯᠳᠡ ᠳᠤ ᠨᠠᠩ ᠶᠡᠭᠡ ᠵᠢᠤᠨᠬᠦᠯ ᠨᠡᠮᠡᠷᠢ | ᠦᠵᠡᠬᠦᠯᠰᠤᠬᠡᠢ︕ | |