ᠬᠤᠰᠢᠭᠤ ᠠᠷᠪᠠᠳᠣᠭᠠᠷ  ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠣᠭᠠᠨ ᠤ ᠪᠢᠴᠢᠭ ᠮᠡᠲ᠋ᠧᠷᠢᠶᠠᠯ ︵ᠠᠷᠪᠠᠨ ᠳᠦᠷᠪᠡ︶
ᠨᠡᠶᠢᠲᠡᠯᠡᠭᠰᠡᠨ ᠴᠠᠭ᠄
2022/11/23
ᠤᠳᠤᠭ ᠤᠨ ᠡᠮᠥᠨᠡᠳᠤ ᠬᠤᠰᠢᠭᠤᠨ ᠤ 2019 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2020 ᠤᠨ  ᠤ  ᠡᠳ᠋  ᠤᠨ ᠵᠠᠰᠠᠭ ᠤᠨ  ᠳᠥᠰᠥᠪ ᠤᠨ ᠳᠥᠰᠥᠯ  ᠤᠨ ᠮᠡᠳᠡᠬᠦᠯᠥᠯᠲᠡ                                                                        ——  2020 ᠤᠨ ᠤ 4 ᠰᠠᠷ᠎ᠠ ᠶᠢᠨ  9 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠳᠣᠭᠠᠷ                       ᠬᠤᠭᠤᠴᠠᠭᠠᠨ  ᠤ ᠠᠷᠠᠳ ᠤᠨ ᠲᠥᠯᠥᠭᠡᠯᠡᠭᠴᠢᠳ  ᠤᠨ ᠶᠡᠭᠡ  ᠬᠤᠷᠠᠯ ᠤᠨ ᠳᠦᠷᠪᠡᠳᠦᠭᠡᠷ ᠬᠤᠷᠠᠯᠳᠤᠭᠠᠨ ᠳᠡᠭᠡᠷ᠎ᠡ                                                                           ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠲᠥᠯᠥᠭᠡᠯᠡᠭᠴᠢᠳ ᠡ᠄      ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2019 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2020 ᠤᠨ ᠤ ᠡᠳ᠋ ᠤᠨ ᠵᠠᠰᠠᠭ ᠤᠨ  ᠲᠦᠰᠦᠪ  ᠤᠨ ᠳᠥᠰᠥᠯ ᠤᠨ ᠮᠡᠳᠡᠬᠦᠯᠥᠯᠲᠡ ᠪᠠᠨ ᠳᠤᠰ ᠤᠳᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠪᠤᠯᠤᠨ ᠬᠤᠷᠠᠯ  ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃      ᠨᠢᠭᠡ᠂ 2019 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ      2019 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠤᠳᠤ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ ᠳᠤᠤᠷ᠎ᠠ᠂ ᠬᠤᠰᠢᠭᠤ ᠡᠳ᠋ ᠤᠨ ᠵᠠᠰᠠᠭ  ᠤᠨ ᠲᠤᠪᠴᠢᠶ᠎ᠠ ᠡᠯ᠎ᠡ ᠱᠠᠲᠣᠨ ᠤ ᠡᠳ᠋ ᠤᠨ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠰᠢᠨ᠎ᠡ ᠬᠦᠭᠵᠢᠯᠲᠡ ᠶᠢᠨ ᠣᠨᠣᠯ ᠢ ᠪᠠᠷᠢᠮᠲᠠᠯᠠᠨ᠂ ᠴᠢᠨᠠᠷᠯᠢᠭ ᠬᠦᠭᠵᠢᠯᠲᠡ ᠶᠢᠨ ᠱᠠᠭᠠᠷᠳᠠᠯᠭ᠎ᠠ ᠶᠣᠰᠣᠭᠠᠷ ᠣᠷᠣᠯᠭ᠎ᠠ ᠵᠠᠷᠤᠯᠭ᠎ᠠ ᠶᠢ ᠠᠳᠬᠤᠬᠤ᠂ ᠦᠷᠢ ᠦᠭᠴᠡᠭᠡ ᠰᠢᠢᠳᠪᠦᠷᠢᠯᠡᠬᠦ ᠶᠢ ᠪᠠᠲᠤᠯᠠᠬᠤ᠂ ᠦᠭᠡᠷᠡᠴᠢᠯᠡᠯᠲᠠ ᠶᠢ ᠠᠬᠢᠭᠤᠯᠬᠤ ᠂ ᠴᠢᠳᠠᠪᠤᠷᠢ ᠪᠠᠨ ᠳᠡᠭᠡᠭᠰᠢᠯᠡᠭᠦᠯᠭᠦ ᠵᠡᠷᠭᠡ ᠲᠦᠷᠪᠡᠨ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠠᠵᠢᠯ ᠪᠠ ᠬᠦᠳᠡᠭᠡ ᠨᠤᠳᠤᠭ ᠢ ᠬᠦᠴᠤᠷᠬᠡᠭᠵᠢᠬᠦᠯᠤᠨ ᠬᠦᠭᠵᠢᠭᠦᠯᠬᠦ ᠪᠣᠳᠣᠯᠭ᠎ᠠ ᠶᠢ ᠬᠦᠴᠦᠲᠡᠢ ᠳᠡᠮᠵᠢᠵᠤ ᠪᠠᠲᠤᠯᠠᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠤ   ᠡᠷᠴᠢᠲᠦ ᠪᠠᠲᠤᠯᠠᠭ᠎ᠠ ᠬᠠᠩᠭᠠᠭᠰᠠᠨ ᠪᠠᠶᠢᠨ᠎ᠠ᠃      ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2019 ᠤᠨ ᠳᠤ ᠪᠦᠬᠦ ᠬᠤᠰᠢᠭᠤᠨ ᠤ ᠡᠯ᠎ᠡ ᠲᠦᠷᠦᠯ ᠤᠨ ᠣᠷᠣᠯᠭ᠎ᠠ ᠶᠢ 37.43 ᠳ᠋ᠦᠩᠰᠢᠭᠤᠷ ᠲᠥᠭᠦᠷᠢᠭ ᠪᠡᠶᠡᠯᠡᠬᠦᠯᠪᠡ᠂  ᠡᠭᠦᠨ ᠳᠤ᠄ ᠲᠣᠰ ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ  ᠤᠨ ᠤᠷᠤᠯᠭ᠎ᠠ 11.87 ᠳ᠋ᠦᠩᠰᠢᠭᠤᠷ ᠲᠥᠭᠦᠷᠢᠭ ︵ᠡᠭᠦᠨ ᠳᠤ  ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.77 ᠳ᠋ᠥᠩᠰᠢᠭᠤᠷ ᠲᠥᠭᠦᠷᠢᠭ ᠪᠠᠭᠳᠠᠨ᠎ᠠ︶᠂ ᠠᠳᠠᠯᠢ ᠬᠤᠭᠤᠴᠠᠭᠠᠨ ᠤ ᠬᠢ ᠠᠴᠠ 12.41% ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 12.54 ᠳ᠋ᠦᠩᠰᠢᠭᠤᠷ ᠲᠦᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 6.41 ᠳ᠋ᠦᠩᠰᠢᠭᠤᠷ ᠲᠦᠭᠦᠷᠢᠭ ︵ᠦᠭᠴᠡᠬᠡᠨ ᠳᠡᠮᠳᠡᠭ ᠢ ᠰᠤᠯᠢᠭᠰᠡᠨ ᠦᠯᠡᠳᠠᠪᠤᠷᠢ 1.42 ᠳ᠋ᠦᠩᠰᠢᠭᠤᠷ ᠲᠦᠬᠦᠷᠢᠭ ᠪᠠᠭᠳᠠᠨ᠎ᠠ︶᠂ ᠤᠷᠤᠨ ᠨᠤᠲᠤᠭ ᠤᠨ ᠵᠠᠰᠠᠭ ᠤᠨ ᠤᠷᠳᠤᠨ ᠤ ᠡᠩ ᠤᠨ ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ ᠤᠷᠤᠯᠠᠭᠤᠯᠤᠭᠰᠡᠨ ᠨᠢ 6.44 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ 3.5 ᠳ᠋ᠥᠩᠰᠢᠭᠤᠷ ᠲᠥᠭᠦᠷᠢᠭ᠂ ᠦᠭᠴᠡᠬᠡᠨ ᠳᠡᠮᠳᠡᠭ ᠢ ᠰᠤᠯᠢᠭᠰᠡᠨ 1.08 ᠳ᠋ᠦᠩᠰᠢᠭᠤᠷ ᠲᠦᠬᠦᠷᠢᠭ᠂ ᠳᠠᠬᠢᠨ ᠮᠥᠩᠭᠦ ᠴᠤᠭᠯᠠᠭᠤᠯᠤᠭᠰᠠᠨ ᠥᠭᠴᠡᠭᠡᠨ ᠲᠡᠮᠳᠡᠭ 1.86 ᠳ᠋ᠦᠩᠰᠢᠭᠤᠷ ᠲᠦᠬᠦᠷᠢᠭ ᠪᠠᠭᠳᠠᠨ᠎ᠠ︶᠂ ᠰᠢᠯᠵᠢᠭᠦᠯᠦᠨ ᠣᠷᠣᠭᠤᠯᠣᠭᠰᠠᠨ ᠪᠡᠯᠡ ᠮᠦᠩᠭᠦ 0.17 ᠳ᠋ᠦᠩᠰᠢᠭᠤᠷ ᠲᠦᠭᠦᠷᠢᠭ᠃ ᠪᠦᠬᠦ ᠬᠤᠰᠢᠭᠤᠨ ᠤ ᠡᠯ᠎ᠡ ᠲᠦᠷᠦᠯ ᠤᠨ ᠵᠠᠷᠤᠯᠭ᠎ᠠ 37.14 ᠳ᠋ᠦᠩᠰᠢᠭᠤᠷ ᠲᠥᠭᠦᠷᠢᠭ᠂ ᠡᠭᠦᠨ ᠳᠤ᠄ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 32.62 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.16 ᠳ᠋ᠦᠩᠰᠢᠭᠤᠷ ᠲᠥᠭᠦᠷᠢᠭ᠂ ᠰᠤᠯᠢᠭᠰᠠᠨ ᠡᠩ ᠤᠨ ᠥᠭᠴᠡᠭᠡᠨ ᠲᠡᠮᠳᠡᠭ ᠤᠨ ᠵᠠᠷᠤᠯᠭ᠎ᠠ 4.36 ᠳ᠋ᠦᠩᠰᠢᠭᠤᠷ ᠲᠥᠭᠦᠷᠢᠭ᠃ ᠵᠢᠯ  ᠤᠨ ᠡᠴᠥᠰ ᠤᠨ ᠬᠤᠷᠠᠮᠳᠤᠯ ᠬᠠᠳᠠᠭᠠᠯᠠᠮᠵᠢ 0.29  ᠳ᠋ᠦᠩᠰᠢᠭᠤᠷ ᠲᠦᠬᠦᠷᠢᠭ᠃      —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠲᠦᠷᠪᠡᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ ᠢ 2.71 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ  ᠶᠢᠨ 22.83% ᠶᠢ ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 0.24 ᠳ᠋ᠥᠩᠰᠢᠭᠤᠷ ᠲᠥᠭᠦᠷᠢᠭ  ᠪᠠᠭᠤᠷᠠᠵᠤ᠂ 8.14% ᠪᠠᠷ  ᠪᠠᠭᠠᠰᠪᠠ᠃ ᠡᠭᠦᠨ  ᠳᠤ ᠦᠷᠲᠡᠭ ᠤᠨ ᠨᠡᠮᠡᠭᠳᠡᠯ ᠤᠨ ᠭᠠᠶᠢᠯᠢ 1.5 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 19.35% ᠪᠠᠷ ᠪᠠᠭᠤᠷᠠᠪᠠ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.08 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 42.86% ᠪᠠᠷ ᠪᠠᠭᠤᠷᠠᠪᠠ ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.11 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 35.29 % ᠪᠠᠷ ᠪᠠᠭᠤᠷᠠᠪᠠ︔ ᠡᠬᠢ ᠪᠠᠶᠠᠯᠢᠭ  ᠤᠨ ᠭᠠᠶᠢᠯᠢ 1.02 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 30.77% ᠪᠠᠷ ᠨᠡᠮᠡᠭᠳᠡᠪᠠ᠃     —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ 9.07ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ  ᠢᠶᠠᠨ 104.25% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 3.28 ᠳ᠋ᠦᠩᠰᠢᠭᠤᠷ ᠳᠦᠭᠦᠷᠢᠭ ᠨᠡᠮᠡᠭᠳᠡᠵᠤ᠂ 56.65% ᠪᠠᠷ ᠦᠰᠪᠠ︔ ᠡᠳ᠋ ᠤᠨ ᠵᠠᠰᠠᠭ ᠤᠨ ᠰᠠᠯᠠᠭ᠎ᠠ ᠮᠦᠴᠢᠷ 2.8 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 84.85% ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.97 ᠳ᠋ᠦᠩᠰᠢᠭᠤᠷ ᠲᠥᠭᠦᠷᠢᠭ ᠪᠠᠭᠠᠰᠴᠤ᠂ 41.33% ᠪᠠᠷ ᠪᠠᠭᠤᠷᠠᠪᠠ᠃      —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 7.13 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 133.01% ᠪᠠᠷ ᠨᠡᠮᠡᠭᠳᠡᠪᠡ ︵ᠡᠭᠦᠨ ᠳᠤ ᠨᠡᠭᠦᠷᠡᠰᠣᠨ ᠤ ᠠᠵᠢᠯ ᠲᠦᠷᠦᠯ 3.38 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠤ ᠬᠢ ᠠᠴᠠ 118.06% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ  2.57 ᠳ᠋ᠦᠩᠰᠢᠭᠤᠷ ᠳᠦᠭᠦᠷᠢᠭ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 74.83 % ᠪᠠᠷ ᠨᠡᠮᠡᠭᠳᠡᠪᠠ︶︔ ᠤᠶᠢᠯᠡᠤᠨᠬᠦ ᠠᠵᠢᠯ ᠲᠦᠷᠤᠯ 0.17 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 10.53% ᠪᠠᠷ ᠪᠠᠭᠤᠷᠠᠪᠠ︔ ᠴᠡᠬᠢᠯᠭᠠᠨ ᠬᠦᠴᠣᠨ ᠤ ᠠᠵᠢᠯ ᠲᠦᠷᠦᠯ 0.33 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 2.94 % ᠪᠠᠷ  ᠪᠠᠭᠤᠷᠠᠪᠠ︔ ᠪᠠᠷᠢᠯᠭ᠎ᠠ ᠶᠢᠨ ᠠᠵᠢᠯ ᠲᠦᠷᠦᠯ 0.43 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 38.71% ᠪᠠᠷ ᠨᠡᠮᠡᠭᠳᠡᠪᠡ︔ ᠵᠠᠮ ᠲᠡᠬᠡᠬᠡᠪᠣᠷᠢ ᠶᠢᠨ ᠦᠢᠯᠡᠰ 0.06 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 25 % ᠪᠠᠷ ᠪᠠᠭᠤᠷᠠᠪᠠ︔ ᠬᠡᠷ ᠬᠦᠷᠦᠩᠬᠡ ᠶᠢᠨ ᠠᠵᠢᠯ ᠲᠦᠷᠦᠯ 0.09 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 68.97% ᠪᠠᠷ ᠪᠠᠭᠤᠷᠠᠪᠠ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.08 ᠳ᠋ᠦᠩᠰᠢᠭᠤᠷ ᠳᠦᠭᠦᠷᠢᠭ ᠪᠡᠶᠡᠯᠡᠭᠦᠯᠵᠣ ᠂ ᠠᠳᠠᠯᠢ ᠬᠤᠭᠤᠴᠠᠭᠠᠨ ᠤ ᠬᠢ ᠠᠴᠠ 72.41% ᠪᠠᠷ ᠪᠠᠭᠤᠷᠠᠪᠠ︔ ᠬᠤᠨᠤᠭᠯᠠᠬᠤ ᠪᠠ ᠢᠳᠡᠭᠡᠨ ᠤᠮᠳᠠᠭᠠᠨ ᠤ ᠠᠵᠢᠯ ᠲᠦᠷᠤᠯ 0.01 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠤᠷᠠᠪᠠ︔ ᠦᠢᠯᠡᠴᠢᠯᠡᠬᠡᠨ ᠤ ᠦᠢᠯᠡᠰ 0.03 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠲᠡᠭᠡᠷ᠎ᠡ ᠵᠢᠯ ᠲᠠᠢ ᠲᠡᠩᠴᠡᠪᠡ︔ ᠮᠦᠩᠬᠦᠨ ᠬᠦᠢᠯᠬᠡᠬᠡᠨ ᠤ ᠦᠢᠯᠡᠰ 0.21 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ  ᠬᠢ ᠠᠴᠠ23.53% ᠪᠠᠷ ᠨᠡᠮᠡᠭᠳᠡᠪᠡ︔ ᠪᠣᠰᠣᠳ ᠠᠵᠢᠯ ᠲᠦᠷᠦᠯ 3.33 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 42.39% ᠪᠠᠷ ᠪᠠᠭᠤᠷᠠᠪᠠ᠃ 2019 ᠣᠨ ᠳᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 32.62 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.57% ᠪᠠᠷ ᠨᠡᠮᠡᠭᠳᠡᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 31.66 ᠳ᠋ᠦᠩᠰᠢᠭᠤᠷ ᠲᠦᠭᠦᠷᠢᠭ᠂ ᠱᠠᠩᠬᠠᠢ  ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ  ᠵᠠᠷᠣᠯᠭ᠎ᠠ 0.96 ᠳ᠋ᠦᠩᠰᠢᠭᠤᠷ ᠲᠥᠭᠦᠷᠢᠭ᠃      ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2019 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ 2.62 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 61.73% ᠪᠠᠷ ᠨᠡᠮᠡᠭᠳᠡᠪᠠ᠂ ᠡᠭᠦᠨ ᠳᠤ : ᠬᠤᠰᠢᠭᠤ ᠲᠣᠰ ᠱᠠᠳᠣᠨ ᠤ ᠣᠷᠣᠯᠭ᠎ᠠ 0.35 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.75 ᠳ᠋ᠦᠩᠰᠢᠭᠤᠷ ᠲᠦᠬᠦᠷᠢᠭ᠂ ᠳᠤᠰᠬᠠᠢ ᠲᠦᠷᠤᠯ ᠤᠨ ᠣᠷᠣᠯᠭ᠎ᠠ 1.52 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠲᠤᠰᠬᠠᠢ ᠲᠦᠷᠦᠯ ᠤᠨ ᠥᠭᠴᠡᠭᠡᠨ ᠲᠡᠮᠳᠡᠭ 1.2 ᠳ᠋ᠦᠩᠰᠢᠭᠤᠷ ᠲᠦᠬᠦᠷᠢᠭ ᠪᠠᠭᠲᠠᠨ᠎ᠠ︶︔  ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 2.17 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 146.59% ᠪᠠᠷ ᠨᠡᠮᠡᠭᠳᠡᠪᠠ᠂  ᠡᠭᠦᠨ ᠳᠤ ᠄ ᠬᠤᠰᠢᠭᠤ ᠲᠣᠰ ᠱᠠᠳᠤᠨ ᠤ ᠵᠠᠷᠤᠯᠭ᠎ᠠ 2 ᠳ᠋ᠦᠩᠰᠢᠭᠤᠷ ᠲᠦᠬᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠦᠩᠭᠦ 0.17 ᠳ᠋ᠦᠩᠰᠢᠭᠤᠷ ᠲᠦᠬᠦᠷᠢᠭ᠃  ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠦᠯᠡᠳᠡᠪᠦᠷᠢ 0.45 ᠳ᠋ᠦᠩᠰᠢᠭᠤᠷ ᠲᠥᠭᠦᠷᠢᠭ᠃      ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2019 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 3.37 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 0.25 ᠳ᠋ᠦᠩᠰᠢᠭᠤᠷ ᠲᠦᠬᠦᠷᠢᠭ ᠨᠡᠮᠡᠭᠳᠡᠵᠤ᠂ 8.01% ᠪᠠᠷ ᠦᠰᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ 3.37 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 0.25 ᠳ᠋ᠦᠩᠰᠢᠭᠤᠷ ᠲᠦᠬᠦᠷᠢᠭ ᠨᠡᠮᠡᠭᠳᠡᠵᠤ᠂ 8.01% ᠪᠠᠷ ᠦᠰᠪᠠ᠃      ︵ᠳᠦᠷᠪᠡ︶ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠲᠦᠰᠦᠪ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ᠃ 2019 ᠣᠨ ᠳᠤ ᠪᠦᠬᠦ ᠬᠤᠰᠢᠭᠤᠨ  ᠤ ᠣᠯᠣᠰ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ ᠤᠨ ᠣᠷᠣᠯᠭ᠎ᠠ ᠵᠠᠷᠤᠯᠭ᠎ᠠ 50 ᠲᠦᠮᠡᠨ ᠲᠦᠭᠦᠷᠢᠭ ᠬᠦᠷᠴᠦ᠂ ᠪᠦᠬᠦᠨ ᠢ ᠨᠠᠶᠢᠲᠠ ᠶᠢᠨ ᠡᠳ᠋  ᠤᠨ ᠵᠠᠰᠠᠭ ᠤᠨ ᠲᠦᠰᠦᠪ ᠲᠤ ᠰᠢᠯᠵᠢᠭᠦᠯᠦᠨ ᠨᠢᠭᠡᠳᠦᠯᠲᠡᠢ ᠲᠦᠯᠦᠪᠵᠢᠭᠦᠯᠦᠨ ᠬᠡᠷᠡᠭᠯᠡᠪᠡ᠃       2019 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄        ︵ᠨᠢᠭᠡ︶  ᠤᠯᠠᠨ ᠠᠷᠭ᠎ᠠ ᠵᠠᠮ ᠢᠶᠠᠷ ᠮᠦᠩᠭᠦ ᠬᠤᠷᠠᠮᠳᠣᠭᠤᠯᠵᠤ᠂ ᠣᠷᠣᠯᠭ᠎ᠠ ᠶᠢᠨ ᠴᠢᠨᠠᠷ ᠴᠢᠨᠰᠠᠭ᠎ᠠ ᠶᠢᠨ ᠬᠠᠲᠠᠭᠤ ᠪᠠᠷᠢᠮᠵᠢᠶ᠎ᠠ ᠶᠢ ᠡᠷᠴᠢᠲᠡᠢ ᠪᠠᠲᠤᠯᠠᠪᠠ᠃ ᠠᠵᠤ ᠠᠬᠤᠢ ᠶᠢᠨ ᠪᠠᠭᠤᠷᠠᠯᠲᠠ ᠶᠢᠨ ᠳᠠᠷᠣᠭᠠᠰᠤ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠣᠷᠣᠯᠭ᠎ᠠ ᠶᠢ ᠪᠠᠭᠠᠰᠬᠠᠬᠤ ᠰᠢᠯᠭᠠᠯᠲᠠ ᠳᠤ ᠴᠢᠭᠯᠡᠭᠦᠯᠵᠦ᠂  ᠭᠠᠶᠢᠯᠢ ᠵᠠᠷᠣᠳᠠᠯ ᠢ ᠪᠠᠭᠠᠰᠬᠠᠬᠤ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠲᠠᠪᠤᠷᠢᠵᠢᠭᠤᠯᠤᠨ᠂ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠲᠤᠭᠲᠠᠴᠠ ᠶᠢᠨ ᠦᠭᠡᠷᠡᠴᠢᠯᠡᠯᠲᠡ ᠲᠠᠢ ᠤᠶᠠᠯᠳᠣᠭᠤᠯᠵᠣ᠂ ᠣᠷᠣᠯᠭ᠎ᠠ ᠶᠢᠨ ᠡᠭᠦᠷᠭᠡ ᠶᠢ ᠲᠣᠲᠣᠷᠬᠠᠶᠢᠯᠠᠨ᠂ ᠲᠠᠲᠠᠪᠤᠷᠢᠯᠠᠨ ᠬᠠᠮᠢᠶᠠᠷᠬᠤ ᠠᠷᠭ᠎ᠠ ᠬᠡᠮᠵᠢᠶ᠎ᠡ ᠪᠠᠨ ᠴᠢᠩᠭᠠᠳᠬᠠᠪᠠ᠃ ᠭᠠᠶᠢᠯᠢ ᠶᠢᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠦᠴᠢᠷ ᠲᠠᠢ ᠢᠳᠡᠪᠬᠢᠲᠡᠢ ᠪᠠᠷ ᠵᠤᠬᠢᠴᠠᠭᠤᠯᠤᠯᠲᠠ ᠬᠢᠨ᠂ ᠡᠳ᠋ ᠤᠨ ᠵᠠᠰᠠᠭ ᠭᠠᠶᠢᠯᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ ᠬᠠᠮ ᠬᠦᠴᠦᠨ ᠢ ᠪᠦᠷᠢᠯᠳᠦᠭᠦᠯᠵᠦ᠂ ᠦᠷᠢᠳᠦᠭᠰᠡᠨ ᠭᠠᠶᠢᠯᠢ ᠵᠠᠷᠤᠳᠠᠯ ᠤᠨ  ᠲᠠᠲᠠᠪᠤᠷᠢᠯᠠᠯᠲᠠ ᠶᠢᠨ ᠬᠦᠴᠦᠯᠡᠴᠡ ᠶᠢ ᠴᠢᠩᠭᠠᠳᠬᠠᠨ᠂ ᠪᠦᠬᠦ ᠵᠢᠯ ᠳᠤ ᠡᠯ᠎ᠡ ᠲᠦᠷᠦᠯ ᠤᠨ ᠦᠷᠢᠳᠦᠭᠰᠡᠨ ᠭᠠᠶᠢᠯᠢ ᠵᠠᠷᠣᠳᠠᠯ ᠢ 4.1  ᠳ᠋ᠦᠩᠰᠢᠭᠤᠷ ᠲᠦᠬᠦᠷᠢᠭ ᠲᠠᠲᠠᠪᠤᠷᠢᠯᠠᠭᠰᠠᠨ ᠤ ᠬᠠᠮᠲᠤ ᠶᠡᠭᠡ ᠪᠠᠭ᠎ᠠ ᠶᠢ ᠴᠤᠭ ᠠᠳᠬᠤᠨ᠂ ᠡᠯ᠎ᠡ ᠲᠦᠷᠦᠯ ᠤᠨ ᠣᠷᠣᠯᠭ᠎ᠠ ᠶᠢ ︽  ᠲᠤᠳᠠᠭᠳᠠᠭᠤᠯᠤᠯ ᠦᠭᠡᠢ ᠪᠦᠬᠦᠨ ᠢ  ᠬᠤᠷᠢᠶᠠᠬᠤ︾ ᠶᠢ ᠪᠠᠲᠤᠯᠠᠪᠠ᠃  ᠡᠳ᠋  ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠰᠤᠳᠤᠯᠤᠨ᠂  ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠪᠡᠯᠡ ᠮᠦᠩᠭᠦ ᠣᠷᠣᠭᠤᠯᠬᠤ ᠬᠠᠨᠳᠤᠰᠢ ᠶᠢ ᠡᠵᠡᠮᠳᠠᠨ᠂ ᠳᠡᠭᠡᠳᠦ ᠱᠠᠳᠤ ᠯᠤᠭ᠎ᠠ ᠠᠵᠢᠯ  ᠢᠶᠠᠨ ᠠᠪᠴᠠᠯᠳᠣᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠲᠦᠷᠦ  ᠶᠢᠨ ᠪᠣᠳᠣᠯᠭ᠎ᠠ ᠪᠠ ᠪᠡᠯᠡ ᠮᠦᠩᠭᠦᠨ ᠤ ᠲᠠᠯ᠎ᠠ ᠪᠠᠷ ᠮᠠᠨ ᠤ ᠬᠤᠰᠢᠭᠤᠨ ᠤ ᠠᠵᠤ ᠠᠬᠤᠢ  ᠨᠠᠶᠢᠬᠡᠮ ᠤᠨ ᠬᠦᠭᠵᠢᠯᠲᠡ ᠳᠤ ᠬᠠᠮᠤᠭ ᠶᠡᠭᠡ ᠳᠡᠮᠵᠢᠯᠭᠡ ᠣᠯᠬᠤ ᠪᠠᠷ  ᠴᠢᠷᠮᠠᠶᠢᠭᠰᠠᠨ ᠪᠠᠶᠢᠨ᠎ᠠ᠃      ︵ᠬᠤᠶᠠᠷ︶ ᠡᠳ᠋ ᠤᠨ ᠬᠡᠷᠡᠭᠯᠡᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠬᠠᠲᠠᠭᠤ ᠱᠠᠭᠠᠷᠳᠠᠯᠭ᠎ᠠ   ᠶᠢ ᠲᠤᠤᠱᠲᠠᠢ ᠬᠡᠷᠡᠭᠵᠢᠭᠦᠯᠪᠡ᠃ ︽ᠭᠤᠷᠪᠠᠨ ᠠᠯᠪᠠᠨ︾ ᠤ ᠵᠠᠷᠤᠳᠠᠯ ᠪᠠ ᠡᠩ ᠤᠨ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠪᠦᠬᠦ  ᠬᠤᠰᠢᠭᠤᠨ ᠤ ︽ᠭᠤᠷᠪᠠᠨ ᠠᠯᠪᠠᠨ︾ ᠤ ᠵᠠᠷᠣᠳᠠᠯ ᠤᠨ ᠵᠠᠷᠤᠯᠭ᠎ᠠ 1420 ᠲᠥᠮᠡᠨ ᠲᠦᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 442 ᠲᠦᠮᠡᠨ ᠳᠦᠭᠦᠷᠢᠭ  ᠪᠠᠭᠠᠰᠴᠤ᠂ 23.74% ᠪᠠᠷ ᠪᠠᠭᠤᠷᠠᠪᠠ︔ ᠡᠩ ᠤᠨ ᠵᠠᠷᠤᠯᠭ᠎ᠠ 2.97 ᠳ᠋ᠦᠩᠰᠢᠭᠤᠷ ᠳᠦᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 1.11 ᠳ᠋ᠦᠩᠰᠢᠭᠤᠷ ᠳᠦᠭᠦᠷᠢᠭ ᠪᠠᠭᠠᠰᠴᠤ᠂ 27.21% ᠪᠠᠷ ᠪᠠᠭᠤᠷᠠᠪᠠ᠃ ᠪᠠᠶᠢᠭᠤᠯᠤᠮᠵᠢ ᠶᠢᠨ ᠠᠵᠢᠯᠯᠠᠮᠵᠢ᠂ ᠠᠵᠢᠯᠲᠠᠨ ᠤ ᠴᠠᠯᠢᠩ ᠮᠦᠩᠭᠦ᠂ ᠨᠠᠶᠢᠬᠡᠮ ᠤᠨ ᠪᠠᠲᠤᠯᠠᠭ᠎ᠠ ᠪᠠ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠲᠡ ᠲᠠᠢ ᠬᠤᠯᠪᠣᠭᠳᠠᠬᠤ ᠴᠢᠬᠤᠯᠠ ᠵᠠᠷᠤᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ ᠠᠷᠠᠳ ᠤᠨ ᠠᠮᠢᠳᠣᠷᠠᠯ  ᠤᠨ  ᠪᠡᠯᠡ ᠣᠷᠣᠭᠤᠯᠣᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ  ᠤᠨ ᠰᠠᠶᠢᠵᠢᠷᠠᠭᠤᠯᠤᠯᠲᠠ ᠶᠢ ᠡᠳ᠋ ᠤᠨ ᠵᠠᠰᠠᠭ ᠤᠨ ᠠᠵᠢᠯ ᠤᠨ ᠭᠤᠣᠯ ᠵᠤᠷᠢᠯᠭ᠎ᠠ ᠪᠠᠨ ᠪᠣᠯᠭᠠᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠲᠡᠷᠢᠭᠦᠨ ᠪᠠᠶᠢᠷᠢᠨ ᠳᠤ ᠲᠠᠯᠪᠢᠬᠤ ᠶᠢᠨ ᠬᠠᠮᠲᠤ ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠶᠢᠨ ᠬᠠᠨᠳᠣᠯᠭᠠᠲᠤ ᠴᠢᠨᠠᠷ ᠪᠠ ᠤᠨᠤᠪᠴᠢᠲᠤ ᠴᠢᠨᠠᠷ ᠢ ᠦᠨᠡᠨ ᠬᠦ  ᠴᠢᠩᠭᠠᠳᠬᠠᠪᠠ᠃ ᠪᠦᠬᠦ ᠵᠢᠯ ᠳᠤ ᠨᠠᠶᠢᠲᠠ ᠶᠢᠨ ᠡᠳ᠋ ᠤᠨ ᠵᠠᠰᠠᠭ ᠤᠨ ᠲᠦᠰᠦᠪ  ᠤᠨ ᠵᠠᠷᠤᠯᠭ᠎ᠠ 32.62 ᠳ᠋ᠦᠩᠰᠢᠭᠤᠷ ᠲᠦᠬᠦᠷᠢᠭ ᠬᠦᠷᠴᠦ᠂ ᠡᠭᠦᠨ ᠳᠤ ᠨᠠᠶᠢᠬᠡᠮ ᠤᠨ ᠪᠠᠲᠤᠯᠠᠭ᠎ᠠ᠂ ᠠᠵᠢᠯ ᠣᠯᠭᠤᠯᠲᠠ᠂ ᠰᠤᠷᠭᠠᠨ ᠬᠦᠮᠦᠵᠢᠯ᠂ ᠡᠮ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭᠠᠲᠤ ᠵᠠᠷᠣᠯᠭ᠎ᠠ ᠳᠤ 26.68 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠨᠡᠶᠢᠲᠡ ᠶᠢᠨ ᠡᠳ᠋  ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ 81.79 % ᠶᠢ ᠡᠵᠡᠯᠡᠭᠰᠡᠨ ᠪᠠᠶᠢᠨ᠎ᠠ᠃      ︵ᠭᠤᠷᠪᠠ︶  ᠴᠢᠩᠭ᠎ᠠ ᠰᠤᠯᠠ ᠶᠢ ᠲᠡᠩᠴᠡᠭᠦᠯᠵᠦ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠶᠢᠨ ᠬᠠᠲᠠᠭᠤ ᠡᠭᠦᠷᠭᠡ ᠶᠢ  ᠡᠷᠴᠢᠮᠲᠡᠢ ᠵᠢᠷᠤᠮᠯᠠᠪᠠ᠃ ᠨᠢᠭᠡ ᠳᠤ  ᠲᠦᠰᠦᠪ ᠤᠨ ᠬᠠᠮᠢᠶᠠᠷᠣᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠬᠠᠳᠠᠭᠠᠯᠠᠯᠲᠠ ᠪᠡᠯᠡ ᠮᠦᠩᠭᠦ ᠶᠢ ᠲᠣᠭᠲᠠᠭᠰᠠᠨ ᠬᠤᠭᠤᠴᠠᠭ᠎ᠠ ᠲᠠᠢ  ᠪᠠᠷ ᠢᠯᠭᠠᠷᠠᠭᠤᠯᠬᠤ ᠲᠤᠭᠲᠠᠴᠠ ᠶᠢ ᠬᠡᠷᠡᠭᠵᠢᠭᠦᠯᠦᠨ᠂ ᠪᠦᠬᠦ ᠵᠢᠯ ᠳᠤ ᠢᠯᠭᠠᠷᠠᠭᠤᠯᠤᠨ ᠰᠢᠯᠭᠠᠨ  ᠦᠨᠡᠯᠡᠭᠰᠡᠨ ᠬᠠᠳᠠᠭᠠᠯᠠᠯᠲᠠ ᠪᠡᠯᠡ ᠮᠦᠩᠭᠦ 2.82 ᠳ᠋ᠦᠩᠰᠢᠭᠤᠷ ᠲᠦᠬᠦᠷᠢᠭ ᠬᠦᠷᠴᠦ᠂ ᠭᠤᠣᠯᠳᠠᠭᠤ ︽ᠭᠤᠷᠪᠠᠨ ᠶᠡᠭᠡ ᠰᠢᠪᠲᠤᠯᠤᠯᠲᠠ ᠶᠢᠨ ᠠᠵᠢᠯ︾ ᠤᠨ ᠵᠠᠷᠤᠯᠭ᠎ᠠ ᠳᠤ ᠬᠡᠷᠡᠭᠯᠡᠪᠡ᠃ ᠲᠦᠰᠦᠪ ᠤᠨ ᠢᠯᠡ ᠳᠠᠭᠠᠭᠠᠮᠠᠭᠠᠢ ᠲᠤᠭᠲᠠᠴᠠ ᠶᠢ ᠲᠡᠭᠦᠯᠳᠡᠷᠵᠢᠭᠦᠯᠦᠨ᠂ ᠪᠦᠬᠦᠨ ᠢ ᠢᠯᠡᠰᠢᠭᠦᠯᠦᠭᠰᠡᠨ ᠰᠠᠭᠤᠷᠢᠨ ᠳᠡᠭᠡᠷ᠎ᠡ ᠢᠯᠡᠰᠢᠭᠦᠯᠬᠦ ᠠᠭᠤᠯᠭ᠎ᠠ ᠶᠢ ᠤᠯᠠᠮ ᠨᠢᠭᠡ ᠠᠯᠬᠤᠮ ᠨᠠᠷᠢᠪᠴᠢᠯᠠᠵᠤ᠂ ᠦᠨᠳᠦᠰᠦᠨ ᠵᠠᠷᠤᠯᠭ᠎ᠠ ᠶᠢ ᠦᠢᠯᠡᠳᠦᠯ ᠴᠢᠳᠠᠪᠬᠢ ᠪᠠ ᠠᠵᠤ ᠠᠬᠤᠢ ᠶᠢᠨ ᠲᠦᠷᠦᠯ ᠵᠦᠢᠯ ᠶᠣᠰᠣᠭᠠᠷ ᠢᠵᠢᠯ ᠠᠯᠬᠤᠮ ᠢᠶᠠᠷ ᠢᠯᠡᠰᠢᠭᠦᠯᠦᠨ᠂ ᠨᠠᠶᠢᠬᠡᠮ ᠤᠨ ᠡᠯ᠎ᠡ ᠡᠳᠡᠭᠡᠳ ᠤᠨ ᠬᠢᠨᠠᠯᠲᠠ ᠶᠢ ᠬᠦᠯᠢᠶᠡᠪᠡ᠃ ᠬᠤᠶᠠᠷ ᠲᠤ ᠵᠠᠰᠠᠭ ᠤᠨ ᠣᠷᠳᠣᠨ ᠤ ᠬᠤᠳᠠᠯᠳᠤᠨ ᠠᠪᠤᠯᠲᠠ ᠶᠢᠨ ᠬᠠᠮᠢᠶᠠᠷᠤᠯᠲᠠ ᠶᠢ  ᠴᠢᠩᠭᠠᠳᠬᠠᠪᠠ᠃ ᠵᠠᠰᠠᠭ ᠤᠨ ᠣᠷᠳᠣᠨ ᠤ ᠬᠤᠳᠠᠯᠳᠤᠨ ᠠᠪᠤᠯᠲᠠ ᠶᠢᠨ ᠳᠠᠩᠰᠠᠨ ᠳᠤ ᠣᠷᠣᠭᠤᠯᠬᠤ ᠳᠦᠷᠢᠮ ᠲᠤᠭᠲᠠᠭᠠᠯ ᠪᠠ ᠡᠭᠦᠯᠡᠨ ᠳᠠᠪᠴᠠᠩ ᠢ ᠪᠦᠬᠦ ᠲᠠᠯ᠎ᠠ ᠪᠠᠷ ᠠᠰᠢᠭᠯᠠᠨ᠂ ᠵᠠᠰᠠᠭ ᠤᠨ ᠣᠷᠳᠣᠨ ᠤ ᠬᠤᠳᠠᠯᠳᠣᠨ ᠠᠪᠤᠯᠲᠠ ᠶᠢᠨ ᠲᠤᠬᠠᠶᠢᠯᠠᠭᠰᠠᠨ ᠠᠵᠢᠯ ᠤᠨ ᠪᠦᠬᠦᠶᠢᠯᠡ ᠶᠠᠪᠤᠴᠠ ᠶᠢ ᠡᠯᠧᠺᠲᠷᠦᠨᠴᠢᠯᠠᠵᠤ᠂ ︽  ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠤᠯᠲᠠ︾ ᠶᠢᠨ ᠦᠭᠡᠷᠡᠴᠢᠯᠡᠯᠲᠡ  ᠶᠢ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠪᠠᠷ ᠵᠢᠯᠤᠭᠤᠳᠤᠯᠭ᠎ᠠ ᠪᠣᠯᠭᠠᠨ᠂ ᠵᠠᠰᠠᠭ ᠤᠨ ᠣᠷᠳᠣᠨ ᠤ ᠬᠤᠳᠠᠯᠳᠤᠨ ᠠᠪᠤᠯᠲᠠ ᠶᠢᠨ  ᠬᠢᠵᠠᠭᠠᠷᠯᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠪᠦᠬᠦ ᠵᠢᠯ ᠳᠤ ᠵᠠᠰᠠᠭ ᠤᠨ ᠣᠷᠳᠣᠨ ᠤ ᠬᠤᠳᠠᠯᠳᠣᠨ ᠠᠪᠤᠯᠲᠠ ᠶᠢᠨ ᠲᠦᠷᠦᠯ ᠵᠦᠢᠯ ᠢ ᠨᠠᠶᠢᠲᠠ 557 ᠤᠳᠠᠭ᠎ᠠ ᠬᠢᠨᠠᠨ ᠴᠤᠬᠤᠯᠠᠪᠤᠷᠢᠯᠠᠵᠤ᠂ ᠬᠤᠳᠠᠯᠳᠣᠨ ᠠᠪᠤᠯᠲᠠ ᠶᠢᠨ ᠪᠡᠯᠡ ᠮᠦᠩᠭᠦ 2.58 ᠳ᠋ᠦᠩᠰᠢᠭᠤᠷ ᠲᠦᠬᠦᠷᠢᠭ ᠬᠦᠷᠴᠦ᠂ ᠠᠷᠪᠢᠯᠠᠯᠲᠠ ᠶᠢᠨ ᠨᠣᠷᠮ᠎ᠠ 7.1% ᠬᠦᠷᠪᠡ᠃ ᠭᠤᠷᠪᠠ ᠳᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠣᠨ ᠠᠪᠬᠤ  ᠶᠢ ᠲᠤᠭᠲᠠᠭᠤᠨ ᠢᠶᠠᠷ  ᠠᠬᠢᠭᠤᠯᠪᠠ᠃ ᠨᠠᠶᠢᠲᠠ ᠶᠢᠨ ᠮᠠᠰᠢᠨ᠂ ᠠᠲᠠᠯ ᠠᠬᠤᠢ᠂ ᠪᠤᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ  ᠵᠡᠷᠭᠡ ᠦᠢᠯᠡᠴᠢᠯᠡᠭᠡ ᠶᠢ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠣᠨ ᠠᠪᠬᠤ ᠬᠡᠯᠪᠡᠷᠢ ᠪᠠᠷ ᠬᠡᠷᠡᠭᠵᠢᠭᠦᠯᠵᠦ᠂ ᠨᠠᠶᠢᠲᠠ ᠶᠢᠨ ᠦᠢᠯᠡᠴᠢᠯᠡᠭᠡᠨ ᠤ ᠳᠦᠪᠰᠢᠨ ᠪᠣᠯᠣᠨ ᠨᠠᠶᠢᠬᠡᠮ ᠤᠨ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠪᠦᠬᠦ ᠵᠢᠯ ᠳᠤ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠣᠨ ᠠᠪᠬᠤ 14 ᠲᠦᠷᠦᠯ ᠵᠦᠢᠯ ᠢ ᠬᠡᠷᠡᠭᠵᠢᠭᠦᠯᠵᠦ᠂ ᠬᠤᠯᠪᠤᠭᠳᠠᠭᠰᠠᠨ ᠲᠦᠰᠦᠪ ᠤᠨ ᠪᠡᠯᠡ ᠮᠦᠩᠭᠦ 0.22 ᠳ᠋ᠦᠩᠰᠢᠭᠤᠷ ᠲᠦᠬᠦᠷᠢᠭ ᠬᠦᠷᠪᠡ᠃ ᠳᠦᠷᠪᠡ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ  ᠬᠤᠪᠢᠷᠠᠭᠤᠯᠤᠨ ᠲᠡᠰ ᠳᠡᠪᠰᠢᠬᠦ ᠶᠢ ᠲᠤᠭᠲᠠᠭᠤᠨ ᠢᠶᠠᠷ ᠠᠬᠢᠭᠤᠯᠪᠠ᠂ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠣᠳᠣ ᠦᠶ᠎ᠡ ᠶᠢᠨ ᠣᠯᠣᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠳᠦᠷᠢᠮ ᠲᠣᠭᠳᠠᠭᠠᠯ ᠢ ᠦᠨᠳᠦᠰᠦᠯᠡᠨ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ  ᠳᠦᠷᠢᠮ ᠲᠤᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠦᠰᠦᠪ ᠤᠨ ᠵᠠᠷᠤᠯᠭ᠎ᠠ᠂ ᠣᠯᠣᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠨ ᠴᠠᠯᠢᠩ ᠮᠥᠩᠭᠦ᠂ ᠣᠯᠣᠰ ᠤᠨ ᠥᠮᠴᠢᠯᠡᠯᠲᠦ ᠠᠵᠤ ᠠᠬᠤᠶᠢᠯᠠᠯ ᠤᠨ ᠠᠯᠪᠠᠨ ᠳᠤ ᠬᠡᠷᠡᠭᠯᠡᠬᠦ ᠲᠡᠷᠭᠡᠨ  ᠤ ᠦᠭᠡᠷᠡᠴᠢᠯᠡᠯᠲᠡ ᠵᠡᠷᠭᠡ ᠳᠦᠷᠢᠮ ᠲᠤᠭᠲᠠᠭᠠᠯ ᠢ ᠲᠣᠭᠲᠠᠭᠠᠨ᠂ ᠬᠢᠨᠠᠨ ᠬᠠᠮᠢᠶᠠᠷᠤᠯᠲᠠ ᠶᠢᠨ ᠭᠤᠤᠯᠳᠠᠯᠭ᠎ᠠ ᠶᠢ ᠳᠣᠪᠣᠶᠢᠯᠭᠠᠵᠤ᠂ ᠠᠵᠤ ᠠᠬᠤᠶᠢᠯᠠᠯ ᠳᠤ ᠬᠠᠩᠭᠠᠬᠤ ᠦᠢᠯᠡᠴᠢᠯᠡᠯᠭᠡ ᠪᠠᠨ ᠰᠢᠯᠢᠳᠡᠭᠵᠢᠭᠦᠯᠪᠡ᠃ ᠡᠭᠦᠨ ᠤ ᠬᠠᠮᠲᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ  ᠤᠳᠤᠷᠢᠳᠬᠤ ᠪᠠᠭ ᠤᠨ ᠣᠳᠣᠬᠢ ᠪᠠᠶᠢᠳᠠᠯ ᠢ ᠦᠨᠳᠦᠰᠦᠯᠡᠨ᠂  ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠣᠳᠣᠷᠢᠳᠬᠤ ᠪᠠᠭ ᠢ ᠪᠦᠷᠢᠨ ᠬᠦᠢᠴᠡᠳ ᠪᠠᠬᠢᠵᠢᠭᠦᠯᠦᠨ ᠳᠣᠬᠢᠷᠠᠭᠤᠯᠬᠤ ᠰᠠᠨᠠᠯ ᠢᠶᠠᠨ ᠴᠠᠭ ᠲᠤᠬᠠᠢ ᠳᠤ ᠨᠢ ᠳᠤᠷᠠᠳᠴᠤ᠂ ᠡᠯ᠎ᠡ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠭᠦᠨ ᠢ ᠠᠯᠬᠤᠮ ᠠᠯᠬᠤᠮ ᠢᠶᠠᠷ  ᠰᠤᠩᠭᠤᠨ ᠰᠢᠯᠢᠳᠡᠭᠵᠢᠭᠦᠯᠵᠦ᠂ ᠺᠤᠮᠫᠠᠨᠢ ᠶᠢᠨ ᠬᠠᠣᠯᠢ ᠶᠢᠨ ᠡᠷᠬᠡᠲᠡᠨ ᠤ  ᠪᠦᠲᠦᠴᠡ ᠶᠢ ᠲᠡᠭᠦᠯᠳᠡᠷᠵᠢᠭᠦᠯᠦᠭᠰᠡᠨ ᠪᠠᠶᠢᠨ᠎ᠠ ᠃      ︵ᠳᠦᠷᠪᠡ︶ ᠠᠷᠭ᠎ᠠ ᠪᠠᠷᠢᠯ ᠢ ᠪᠦᠲᠦᠮᠵᠢᠲᠡᠢ ᠬᠡᠷᠡᠭᠯᠡᠵᠦ᠂ ᠭᠤᠷᠪᠠᠨ ᠶᠡᠭᠡ ᠰᠢᠪᠲᠤᠯᠤᠯᠲᠠ ᠶᠢᠨ ᠬᠠᠳᠠᠭᠤ ᠬᠦᠢᠴᠡᠳᠬᠡᠯ ᠲᠤᠭ᠎ᠠ ᠶᠢ  ᠪᠠᠲᠤᠲᠠᠢ ᠨᠠᠶᠢᠲᠠᠪᠤᠷᠢᠵᠢᠭᠤᠯᠪᠠ᠃ ᠨᠢᠭᠡ ᠳᠤ ᠬᠤᠷᠢᠭ᠎ᠠ ᠱᠤᠭᠤᠮ ᠤᠨ ᠰᠡᠤᠨᠬᠢᠮᠵᠢ ᠶᠢ ᠪᠠᠷᠢᠮᠲᠠᠯᠠᠨ᠂  ᠨᠤᠴᠢᠲᠠᠢ ᠳᠦᠭᠰᠢᠭᠦᠷᠢ ᠶᠢ  ᠪᠦᠲᠦᠮᠵᠢᠲᠡᠢ ᠰᠡᠷᠭᠡᠶᠢᠯᠡᠪᠡ᠃ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠨᠣᠴᠢᠲᠠᠢ ᠳᠦᠭᠰᠢᠭᠦᠷᠢ ᠶᠢ  ᠰᠡᠷᠭᠡᠶᠢᠯᠡᠨ ᠰᠢᠢᠳᠪᠦᠷᠢᠯᠡᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠣᠣᠱᠯᠠᠭᠤᠯᠤᠨ ᠨᠠᠶᠢᠲᠠᠪᠤᠷᠢᠵᠢᠭᠤᠯᠵᠤ᠂ ᠬᠠᠳᠠᠭᠠᠯᠠᠯᠲᠠ ᠪᠡᠯᠡ ᠮᠦᠩᠭᠦ᠂ ᠡᠳ᠋  ᠭᠦᠷᠦᠩᠭᠡ ᠶᠢ ᠢᠳᠡᠪᠬᠢᠲᠡᠢ ᠪᠠᠷ ᠨᠢᠭᠡᠳᠦᠯᠲᠡᠢ ᠲᠦᠯᠦᠪᠵᠢᠭᠦᠯᠦᠨ  ᠠᠮᠢᠳᠤᠯᠢᠭᠵᠢᠭᠤᠯᠵᠤ᠂ ᠰᠢᠨ᠎ᠡ ᠪᠠᠷ ᠨᠡᠮᠡᠭᠳᠡᠬᠦ ᠲᠦᠷᠦᠯ ᠵᠦᠢᠯ ᠢ ᠴᠢᠩᠭ᠎ᠠ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ  ᠬᠡᠷᠡᠭᠯᠡᠨ᠂ ᠣᠷᠣᠨ ᠨᠣᠲᠤᠭ ᠤᠨ ᠵᠠᠰᠠᠭ  ᠤᠨ ᠣᠷᠳᠣᠨ ᠤ ᠦᠷᠢ ᠲᠠᠯᠪᠢᠨ ᠪᠡᠯᠡ  ᠬᠤᠷᠠᠮᠳᠣᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠳᠠᠯᠲᠠ ᠦᠷᠢ ᠦᠭᠴᠡᠭᠡᠨ ᠤ ᠨᠡᠮᠡᠭᠳᠡᠯ ᠢ ᠡᠷᠡᠰ ᠬᠤᠷᠢᠭᠯᠠᠵᠤ᠂ ᠦᠷᠢ ᠦᠭᠴᠡᠭᠡᠨ ᠤ ᠳᠦᠭᠰᠢᠭᠦᠷᠢ ᠶᠢ ᠦᠨᠡᠨ ᠬᠦ  ᠰᠡᠷᠭᠡᠶᠢᠯᠡᠨ ᠰᠢᠢᠳᠪᠦᠷᠢᠯᠡᠪᠡ᠃ ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠦᠷᠢ ᠦᠭᠴᠡᠭᠡ ᠶᠢ 10.17  ᠳ᠋ᠦᠩᠰᠢᠭᠤᠷ ᠲᠦᠬᠦᠷᠢᠭ ᠰᠢᠢᠳᠪᠦᠷᠢᠯᠡᠵᠦ᠂ 6.07  ᠳ᠋ᠦᠩᠰᠢᠭᠤᠷ ᠲᠦᠬᠦᠷᠢᠭ ᠤᠨ ᠵᠢᠯ ᠤᠨ ᠦᠭᠴᠡᠭᠡ ᠰᠢᠢᠳᠪᠦᠷᠢᠯᠡᠬᠦ ᠡᠭᠦᠷᠭᠡ ᠪᠠᠨ  167.55 % ᠪᠠᠷ ᠪᠡᠶᠡᠯᠡᠭᠦᠯᠦᠨ᠂ ᠳᠠᠯᠲᠠ ᠦᠷᠢ ᠦᠭᠴᠡᠭᠡᠨ ᠤ ᠦᠯᠡᠳᠡᠪᠦᠷᠢ ᠪᠠᠭᠤᠷᠠᠭᠠᠳ  32.9 ᠳ᠋ᠦᠩᠰᠢᠭᠤᠷ ᠲᠦᠬᠦᠷᠢᠭ ᠪᠣᠯᠪᠠ᠃ ᠡᠭᠦᠨ ᠳᠤ ︽ᠠᠷᠪᠠ ᠶᠢ ᠪᠦᠷᠢᠳᠦᠭᠦᠯᠬᠦ︾ ᠲᠠᠢ ᠰᠢᠭᠤᠳ ᠬᠤᠯᠪᠣᠭᠳᠠᠬᠤ ᠪᠠᠷᠢᠯᠭ᠎ᠠ ᠶᠢᠨ ᠦᠭᠴᠡᠭᠡ ᠶᠢ 6 ᠰᠠᠷ᠎ᠠ ᠶᠢᠨ ᠰᠡᠭᠦᠯᠴᠢ ᠪᠠᠷ ᠪᠦᠬᠦᠨ ᠢ ᠰᠢᠢᠳᠪᠦᠷᠢᠯᠡᠵᠦ ᠪᠠᠷᠠᠭᠠᠪᠠ᠃ ᠵᠢᠯ ᠤᠨ ᠲᠤᠲᠤᠷ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠣᠮᠳᠠ ᠪᠠᠭ᠎ᠠ ᠠᠵᠤ ᠠᠬᠤᠶᠢᠯᠠᠯ ᠳᠤ ᠦᠷᠢᠳᠦᠭᠰᠡᠨ ᠵᠣᠭᠤᠰᠣᠨ ᠤ 50% ᠶᠢ ᠲᠦᠯᠦᠵᠦ ᠳᠠᠭᠤᠰᠬᠠᠬᠤ  ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠣᠮᠳᠠ  ᠪᠠᠭ᠎ᠠ‌ᠠᠵᠤ ᠠᠬᠤᠶᠢᠯᠠᠯ ᠳᠤ ᠦᠷᠢᠳᠦᠭᠰᠡᠨ ᠵᠤᠭᠤᠰ ᠢ ᠪᠦᠬᠦ ᠵᠢᠯ ᠳᠤ ᠨᠠᠶᠢᠲᠠ 6.74  ᠳ᠋ᠦᠩᠰᠢᠭᠤᠷ ᠲᠦᠬᠦᠷᠢᠭ ᠲᠦᠯᠦᠵᠦ᠂ ᠵᠢᠯ ᠤᠨ ᠡᠭᠦᠷᠭᠡ ᠪᠠᠨ 106.71% ᠪᠠᠷ ᠪᠡᠶᠡᠯᠡᠭᠦᠯᠪᠡ᠃ ᠬᠤᠰᠢᠭᠤ ᠬᠠᠷᠢᠶ᠎ᠠ‌ᠣᠯᠣᠰ ᠤᠨ ᠥᠮᠴᠢᠯᠡᠯᠲᠦ ᠠᠵᠤ ᠠᠬᠤᠶᠢᠯᠠᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠣᠮᠳᠠ ᠪᠠᠭ᠎ᠠ‌ᠠᠵᠤ ᠠᠬᠤᠶᠢᠯᠠᠯ ᠳᠤ ᠦᠷᠢᠳᠦᠭᠰᠡᠨ 0.46 ᠳ᠋ᠦᠩᠰᠢᠭᠤᠷ  ᠲᠦᠭᠦᠷᠢᠭ ᠢ ᠪᠦᠬᠦᠨ ᠢ ᠲᠦᠯᠦᠵᠦ ᠳᠠᠭᠤᠰᠬᠠᠪᠠ᠃ ᠬᠤᠶᠠᠷ ᠲᠤ ᠨᠠᠷᠢᠯᠢᠭ  ᠣᠨᠣᠪᠴᠢᠲᠠᠢ ᠣᠨᠣᠯ ᠢ ᠪᠠᠷᠢᠮᠲᠠᠯᠠᠨ᠂ ᠶᠠᠳᠠᠭᠤ  ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠴᠢᠬᠤᠯᠠ ᠶᠡᠭᠡ ᠦᠷ᠎ᠡ ᠪᠦᠲᠦᠮᠵᠢ ᠶᠢ ᠤᠯᠪᠠ᠃ 2019 ᠣᠨ ᠳᠤ ᠬᠤᠰᠢᠭᠤ ᠲᠣᠰ ᠱᠠᠲᠤᠨ ᠤ ᠲᠦᠰᠦᠪ ᠤᠨ ᠳᠣᠬᠢᠷᠠᠭᠤᠯᠤᠯᠲᠠ ᠪᠠᠷ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ  ᠪᠡᠯᠡ ᠮᠦᠩᠭᠦ ᠶᠢ 372.5 ᠲᠥᠮᠡᠨ  ᠲᠦᠭᠦᠷᠢᠭ ᠤᠯᠭᠤᠪᠠ︔ ᠳᠡᠭᠡᠳᠦ ᠱᠠᠲᠤᠨ ᠤ ᠨᠠᠷᠢᠯᠢᠭ ᠤᠨᠤᠪᠴᠢᠲᠡᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠰᠬᠠᠢ ᠲᠦᠷᠦᠯ ᠤᠨ ᠪᠡᠯᠡ ᠮᠥᠩᠭᠦ ᠶᠢ 2436.66 ᠲᠦᠮᠡᠨ ᠲᠦᠭᠦᠷᠢᠭ ᠣᠯᠭᠤᠵᠤ᠂ ᠭᠤᠣᠯᠳᠠᠭᠤ ᠨᠡᠭᠦᠯᠭᠡᠨ ᠰᠢᠯᠵᠢᠭᠦᠯᠵᠦ ᠶᠠᠳᠠᠭᠤ ᠶᠢ ᠳᠡᠳᠭᠦᠭᠦ᠂ ᠠᠵᠤ  ᠦᠢᠯᠡᠰ ᠢᠶᠠᠷ ᠳᠡᠳᠬᠦᠬᠦ ᠵᠡᠷᠭᠡ ᠳᠤ ᠵᠠᠷᠤᠴᠠᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠬᠤ ᠳᠤ ᠪᠠᠲᠤᠯᠠᠭ᠎ᠠ ᠲᠠᠢ᠂ ᠪᠠᠶᠠᠵᠢᠬᠤ ᠳᠤ ᠠᠷᠭ᠎ᠠ ᠵᠠᠮ ᠲᠠᠢ ᠪᠠᠶᠢᠯᠭᠠᠬᠤ ᠪᠠᠷ ᠴᠢᠷᠮᠠᠶᠢᠪᠠ᠃ ᠭᠤᠷᠪᠠ  ᠳᠤ  ᠪᠣᠬᠢᠷᠳᠣᠯ ᠦᠭᠡᠢ ᠬᠦᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ  ᠪᠠᠶᠢᠭᠤᠯᠤᠯᠲᠠ ᠶᠢ ᠴᠢᠩᠭᠠᠳᠬᠠᠪᠠ᠃2019 ᠣᠨ ᠳᠤ ᠲᠣᠰ ᠱᠠᠲᠤᠨ ᠤ ᠲᠦᠰᠦᠪ ᠶᠤᠰᠤᠭᠠᠷ 4267.93 ᠲᠥᠮᠡᠨ ᠲᠦᠭᠦᠷᠢᠭ ᠤᠨ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡ ᠮᠦᠩᠭᠦ   ᠳᠣᠬᠢᠷᠠᠭᠤᠯᠵᠤ᠂ ᠳᠡᠭᠡᠳᠦ ᠱᠠᠲᠤᠨ ᠤ ᠪᠣᠬᠢᠷᠳᠣᠯ  ᠢ ᠰᠡᠷᠭᠡᠶᠢᠯᠡᠨ ᠵᠠᠰᠠᠬᠤ ᠲᠤᠰᠬᠠᠢ ᠲᠦᠷᠦᠯ ᠤᠨ ᠪᠡᠯᠡ ᠮᠦᠩᠭᠦ ᠶᠢ 2900 ᠲᠦᠮᠡᠨ ᠲᠦᠭᠦᠷᠢᠭ ᠤᠯᠵᠤ ᠪᠦᠬᠦᠨ ᠢ ᠤᠯᠭᠤᠪᠠ᠃ ᠪᠠᠶᠢᠭᠠᠯᠢ ᠶᠢᠨ ᠣᠢ ᠶᠢᠨ ᠬᠠᠮᠠᠭᠠᠯᠠᠯᠲᠠ᠂ ᠪᠡᠭᠡᠵᠢᠩ ᠲᠢᠶᠡᠨᠵᠢᠨ ᠤ ᠰᠠᠯᠬᠢ  ᠰᠢᠷᠤᠢ ᠶᠢᠨ ᠡᠬᠢ ᠶᠢᠨ  ᠵᠠᠰᠠᠯᠲᠠ ᠵᠡᠷᠭᠡ ᠴᠢᠬᠤᠯᠠ ᠶᠡᠭᠡ ᠠᠮᠢ ᠠᠬᠤᠢ  ᠶᠢᠨ ᠰᠡᠷᠭᠦᠭᠡᠯᠲᠡ ᠶᠢᠨ ᠢᠨᠵᠧᠨᠧᠷᠢᠩ  ᠢ ᠯᠠᠪᠳᠠᠭᠤᠨ ᠢᠶᠠᠷ ᠬᠡᠷᠡᠭᠵᠢᠭᠦᠯᠦᠨ᠂ ᠠᠮᠢ ᠠᠬᠤᠢ ᠣᠷᠴᠢᠨ ᠲᠤᠭᠤᠷᠢᠨ ᠤ ᠴᠢᠨᠠᠷ ᠴᠢᠨᠰᠠᠭ᠎ᠠ ᠶᠢ  ᠶᠡᠬᠡᠪᠡᠷ ᠰᠠᠶᠢᠵᠢᠷᠠᠭᠤᠯᠤᠭᠰᠠᠨ ᠪᠠᠶᠢᠨ᠎ᠠ᠃      ︵ᠲᠠᠪᠤ︶ ᠳᠦᠷᠢᠮ ᠶᠤᠰᠤᠭᠠᠷ ᠡᠳ᠋ ᠬᠦᠷᠦᠩᠭᠡ ᠪᠠᠨ ᠬᠠᠮᠢᠶᠠᠷᠴᠤ᠂ ᠳᠦᠭᠰᠢᠭᠦᠷᠢ ᠶᠢ ᠰᠡᠷᠭᠡᠶᠢᠯᠡᠬᠦ ᠬᠠᠲᠠᠭᠤ ᠠᠷᠭ᠎ᠠ ᠬᠡᠮᠵᠢᠶ᠎ᠡ ᠶᠢ ᠪᠦᠲᠦᠮᠵᠢᠲᠡᠢ ᠴᠢᠩᠭᠠᠳᠬᠠᠪᠠ᠃ ᠨᠢᠭᠡ ᠳᠤ ᠡᠳ᠋ ᠤᠨ ᠵᠠᠰᠠᠭ ᠤᠨ ᠰᠢᠰᠲ᠋ᠧᠮ ᠤᠨ ᠲᠤᠲᠤᠭᠠᠲᠤ ᠡᠵᠡᠮᠰᠢᠯ ᠤᠨ ᠳᠦᠷᠢᠮ ᠤᠨ ᠲᠤᠭᠲᠠᠴᠠ ᠶᠢ ᠪᠠᠶᠢᠭᠤᠯᠤᠨ᠂ ᠲᠤᠲᠤᠭᠠᠲᠤ ᠶᠢᠨ ᠡᠷᠬᠡ ᠠᠰᠢᠭ ᠤᠨ ᠬᠢᠵᠠᠭᠠᠷᠯᠠᠯ ᠢ ᠴᠢᠩᠭᠠᠳᠬᠠᠪᠠ᠃ ᠪᠦ᠋ᠢ ᠪᠦᠬᠦᠢ ᠵᠠᠰᠠᠭ ᠤᠨ ᠣᠷᠳᠣᠨ ᠤ ᠴᠢᠨᠠᠷᠲᠠᠢ ᠪᠡᠯᠡ ᠮᠦᠩᠭᠦ ᠪᠠ ᠡᠳ᠋ ᠤᠨ ᠵᠠᠰᠠᠭ ᠤᠨ ᠠᠵᠢᠯᠯᠠᠭᠠᠨ ᠤ ᠪᠦᠬᠦ  ᠶᠠᠪᠤᠴᠠ ᠶᠢ ᠬᠠᠮᠤᠷᠠᠭᠰᠠᠨ ︽ᠲᠤᠮᠤ ᠬᠢᠨᠠᠯᠲᠠ︾  ᠶᠢᠨ ᠠᠵᠢᠯ ᠤᠨ ᠲᠤᠭᠲᠠᠴᠠ  ᠶᠢ ᠠᠩᠬ᠎ᠠ ᠠᠯᠬᠤᠮ ᠪᠠᠶᠢᠭᠤᠯᠵᠤ᠂ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠬᠤᠶᠠᠷ ᠲᠤ ᠣᠯᠣᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢ  ᠴᠢᠩᠭᠠᠳᠬᠠᠪᠠ᠃ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ  ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠡᠳ᠋ ᠬᠦᠷᠦᠩᠭᠡ  ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢ ᠬᠡᠷᠡᠭᠯᠡᠵᠦ᠂ ᠣᠯᠣᠰ ᠤᠨ ᠥᠮᠴᠢᠯᠡᠯᠲᠦ ᠡᠳ᠋ ᠬᠦᠷᠦᠩᠭᠡ ᠶᠢᠨ ᠬᠤᠪᠢᠶᠠᠷᠢᠯᠡᠯ᠂ ᠬᠡᠷᠡᠭᠯᠡᠭᠡ ᠪᠠ ᠰᠢᠢᠳᠪᠦᠷᠢᠯᠡᠯᠲᠡ ᠵᠡᠷᠭᠡ ᠠᠵᠢᠯ ᠢ ᠴᠢᠩᠭ᠎ᠠ ᠬᠢᠨᠠᠨ  ᠬᠠᠮᠢᠶᠠᠷᠴᠤ᠂  ᠬᠦᠳᠡᠯᠦᠩᠭᠦᠢ ᠬᠠᠮᠢᠶᠠᠷᠤᠯᠲᠠ ᠶᠢ  ᠬᠡᠷᠡᠭᠵᠢᠭᠦᠯᠦᠨ᠂ ᠣᠯᠣᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠳᠦᠷᠢᠮᠵᠢᠭᠦᠯᠦᠨ  ᠰᠠᠶᠢᠵᠢᠷᠠᠭᠤᠯᠪᠠ᠃ ᠠᠰᠢᠭᠯᠠᠭᠳᠠᠭ᠎ᠠ ᠦᠭᠡᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠪᠠᠶᠢᠳᠠᠯ ᠢ ᠢᠯᠭᠠᠷᠠᠭᠤᠯᠤᠨ ᠪᠠᠶᠢᠴᠠᠭᠠᠵᠤ᠂ ᠭᠡᠰᠡᠭ ᠠᠰᠢᠭᠯᠠᠭᠳᠠᠭ᠎ᠠ ᠦᠭᠡᠢ ᠣᠯᠣᠰ ᠤᠨ ᠥᠮᠴᠢᠯᠡᠯᠲᠦ ᠡᠳ᠋ ᠭᠦᠷᠦᠩᠭᠡ ᠶᠢ ᠢᠯᠡ ᠪᠠᠷ  ᠦᠨ᠎ᠡ ᠬᠠᠶᠠᠨ ᠬᠤᠳᠠᠯᠳᠤᠵᠤ᠂ ᠬᠠᠳᠠᠭᠠᠯᠠᠯᠲᠠ ᠬᠦᠷᠦᠩᠭᠡ ᠶᠢ ᠠᠮᠢᠯᠠᠭᠤᠯᠤᠨ᠂ ᠦᠷᠲᠡᠭ ᠢ ᠪᠠᠲᠤᠯᠠᠵᠤ ᠪᠦᠲᠦᠮᠵᠢ ᠶᠢ ᠳᠡᠭᠡᠭᠰᠢᠯᠡᠬᠦᠯᠬᠦ ᠶᠢ ᠪᠡᠶᠡᠯᠡᠭᠦᠯᠪᠡ᠃ ᠭᠤᠷᠪᠠ ᠳᠤ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠪᠠᠶᠢᠭᠤᠯᠭ᠎ᠠ ᠨᠢᠬᠡᠴᠠ ᠶᠢᠨ ᠦᠪᠡᠷ ᠤᠨ ᠦᠨᠡᠯᠡᠯᠲᠡ ᠪᠠ ᠭᠤᠷᠪᠠᠳᠣᠭᠠᠷ ᠡᠲᠡᠭᠡᠳ  ᠤᠨ ᠦᠨᠡᠯᠡᠯᠲᠡ  ᠶᠢ ᠬᠠᠷᠢᠯᠴᠠᠨ ᠤᠶᠠᠯᠳᠣᠭᠤᠯᠬᠤ᠂ ᠲᠦᠷᠦᠯ ᠵᠦᠢᠯ ᠤᠨ ᠦᠨᠡᠯᠡᠯᠲᠡ ᠬᠢᠭᠡᠳ ᠪᠦᠬᠦᠯᠢ ᠴᠣᠭᠴᠠ ᠶᠢᠨ ᠦᠨᠡᠯᠡᠯᠲᠡ ᠬᠠᠷᠢᠯᠴᠠᠨ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ᠂ ᠲᠦᠰᠦᠪ ᠤᠨ ᠪᠠᠶᠢᠭᠤᠯᠭ᠎ᠠ ᠨᠢᠭᠡᠴᠡ ᠶᠢᠨ ︽ᠪᠦᠲᠦᠮᠵᠢ ᠶᠢ  ᠡᠷᠬᠢᠮᠯᠡᠬᠦ᠂ ᠪᠦᠲᠦᠮᠵᠢ ᠶᠢ ᠴᠢᠬᠤᠯᠠᠴᠢᠯᠠᠬᠤ᠂ ᠪᠦᠲᠦᠮᠵᠢ ᠶᠢ ᠠᠰᠢᠭᠯᠠᠬᠤ︾ ᠪᠠ ︽ᠵᠤᠭᠤᠰ  ᠵᠠᠷᠤᠪᠠᠯ ᠪᠦᠲᠦᠮᠵᠢ ᠶᠢ ᠨᠢ ᠦᠵᠡᠵᠦ᠂  ᠪᠦᠲᠦᠮᠵᠢ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ︾ ᠪᠦᠲᠦᠮᠵᠢ ᠶᠢᠨ ᠬᠠᠮᠢᠶᠠᠷᠤᠯᠲᠠ  ᠶᠢᠨ ᠦᠵᠡᠯᠲᠡ ᠶᠢ ᠪᠠᠲᠤᠳᠬᠠᠵᠤ᠂ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠪᠡᠯᠡ ᠮᠦᠩᠭᠦᠨ ᠤ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠪᠠ᠃ ︽ᠣᠲᠤᠭ ᠤᠨ ᠡᠮᠦᠨᠡᠲᠦ ᠬᠤᠰᠢᠭᠤᠨ ᠤ ᠲᠦᠰᠦᠪ ᠤᠨ ᠪᠦᠲᠦᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠲᠣᠷᠰᠢᠨ ᠬᠡᠷᠡᠭᠵᠢᠭᠦᠯᠬᠦ︶︾ ᠪᠠ ︽ᠣᠲᠤᠭ ᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠮᠵᠢ ᠶᠢᠨ ᠦᠨᠡᠯᠡᠯᠲᠡ ᠶᠢᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶︾  ᠢ ᠳᠠᠷᠣᠮᠠᠯᠯᠠᠨ ᠲᠠᠷᠬᠠᠭᠠᠵᠤ᠂ ᠶᠠᠳᠠᠭᠤ ᠶᠢ ᠳᠡᠳᠬᠦᠬᠦ ᠲᠤᠰᠬᠠᠢ ᠲᠦᠷᠦᠯ ᠤᠨ ᠪᠡᠯᠡ ᠮᠦᠩᠭᠦ᠂ ᠵᠠᠰᠠᠭ ᠤᠨ ᠣᠷᠳᠣᠨ ᠠᠴᠠ  ᠦᠢᠯᠡᠴᠢᠯᠡᠭᠡ ᠬᠤᠳᠠᠯᠳᠣᠨ ᠠᠪᠬᠤ ᠪᠠ ᠵᠠᠰᠠᠭ ᠤᠨ ᠣᠷᠳᠣᠨ ᠤ ᠬᠤᠳᠠᠯᠳᠣᠨ ᠠᠪᠤᠯᠲᠠ ᠶᠢᠨ ᠭᠤᠷᠪᠠᠨ ᠶᠡᠭᠡ  ᠬᠦᠷᠢᠶ᠎ᠡ ᠬᠡᠪᠴᠢᠶᠡᠨ ᠳᠤ ᠴᠢᠭᠯᠡᠭᠦᠯᠦᠨ᠂ ᠭᠤᠷᠪᠠᠳᠣᠭᠠᠷ ᠡᠲᠡᠭᠡᠳ  ᠤᠨ ᠬᠤᠶᠠᠷ ᠪᠠᠶᠢᠭᠤᠯᠭ᠎ᠠ ᠶᠢ ᠢᠯᠡ  ᠪᠠᠷ ᠤᠷᠢᠨ ᠬᠡᠷᠡᠭᠯᠡᠵᠦ ᠪᠦᠲᠦᠮᠵᠢ ᠶᠢᠨ ᠦᠨᠡᠯᠡᠯᠲᠡ ᠶᠢᠨ ᠠᠵᠢᠯ ᠦᠷᠨᠢᠭᠦᠯᠦᠨ᠂  ᠨᠠᠶᠢᠲᠠ 56 ᠲᠦᠷᠦᠯ ᠵᠦᠢᠯ ᠤᠨ 1.35 ᠳ᠋ᠦᠩᠰᠢᠭᠤᠷ ᠲᠦᠬᠦᠷᠢᠭ ᠤᠨ ᠬᠤᠯᠪᠣᠭᠳᠠᠯ ᠪᠦᠬᠦᠢ ᠪᠡᠯᠡ ᠮᠦᠩᠭᠦ ᠳᠤ ᠪᠦᠲᠦᠮᠵᠢ ᠶᠢᠨ ᠦᠨᠡᠯᠡᠯᠲᠡ ᠬᠢᠪᠡ᠃ ᠡᠭᠦᠨ ᠤ ᠬᠠᠮᠲᠤ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠦᠭᠴᠡᠭᠡᠨ ᠲᠡᠮᠲᠡᠭᠲᠦ ᠪᠡᠯᠡ ᠮᠦᠩᠭᠦᠨ ᠤ ᠲᠦᠷᠦᠯ ᠵᠦᠢᠯ ᠳᠤ ᠪᠦᠲᠦᠮᠵᠢ ᠶᠢᠨ ᠦᠨᠡᠯᠡᠯᠲᠡ ᠬᠢᠵᠦ ᠪᠦ᠋ᠢ᠃      2019 ᠣᠨ ᠳᠤ᠂ ᠮᠠᠨ ᠤ ᠬᠤᠰᠢᠭᠤ ᠡᠳ᠋ ᠤᠨ ᠵᠠᠰᠠᠭ ᠭᠠᠶᠢᠯᠢ ᠶᠢᠨ ᠠᠵᠢᠯ ᠢᠶᠠᠨ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠯ᠎ᠡ ᠲᠦᠷᠦᠯ ᠤᠨ ᠰᠢᠢᠳᠪᠦᠷᠢᠲᠦ ᠪᠤᠳᠣᠯᠭ᠎ᠠ ᠶᠢᠨ ᠪᠠᠶᠢᠷᠢᠯᠠᠭᠤᠯᠣᠯᠲᠠ ᠲᠠᠢ ᠨᠢᠭᠲᠠ ᠣᠶᠠᠯᠳᠣᠭᠤᠯᠵᠣ᠂ ᠣᠷᠣᠯᠭ᠎ᠠ ᠶᠢ ᠠᠳᠬᠤᠬᠤ᠂ ᠵᠠᠷᠣᠯᠭ᠎ᠠ ᠶᠢ ᠬᠢᠵᠠᠭᠠᠷᠯᠠᠬᠤ᠂ ᠬᠢᠨᠠᠨ ᠬᠠᠮᠢᠶᠠᠷᠤᠯᠲᠠ ᠶᠢ ᠴᠢᠩᠭᠠᠳᠬᠠᠬᠤ᠂ ᠲᠤᠭᠲᠠᠭᠤᠨ ᠢ ᠪᠠᠲᠤᠯᠠᠬᠤ᠂ ᠬᠦᠭᠵᠢᠯᠲᠡ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠢ ᠬᠢᠪᠡ ᠃ ᠭᠡᠪᠡᠴᠦ ᠲᠦᠰᠦᠪ ᠢ ᠭᠦᠢᠴᠡᠳᠭᠡᠬᠦ ᠶᠠᠪᠤᠴᠠ ᠳᠤ ᠪᠠᠰᠠ ᠭᠡᠰᠡᠭ ᠪᠤᠰᠠᠭ ᠵᠦᠷᠢᠴᠡᠯ ᠪᠠ‌ᠠᠰᠠᠭᠤᠳᠠᠯ ᠦᠨᠡᠨ ᠬᠦ ᠤᠷᠣᠰᠢᠵᠣ ᠪᠠᠶᠢᠨ᠎ᠠ᠂ ᠭᠤᠣᠯᠳᠠᠭᠤ᠄ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠰᠠᠭᠤᠷᠢ ᠪᠠᠲᠤ ᠪᠠᠬᠢ ᠪᠣᠰᠣ᠂ ᠰᠢᠨ᠎ᠡ ᠪᠠᠷ ᠮᠠᠨᠳᠣᠭᠰᠠᠨ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠬᠠᠷᠠᠬᠠᠨ ᠪᠦᠷᠢᠯᠳᠦᠭᠡ ᠦᠭᠡᠢ᠂ ᠣᠷᠣᠯᠭ᠎ᠠ ᠶᠢᠨ ᠪᠦᠲᠦᠴᠡ ᠲᠡᠭᠦᠯᠳᠡᠷᠵᠢᠭᠡᠳᠦᠢ᠂ ᠡᠳ᠋ ᠤᠨ ᠢᠷᠡᠯᠲᠡ ᠶᠢᠨ ᠪᠠᠶᠢᠭᠤᠯᠤᠯᠲᠠ ᠪᠠᠨ ᠣᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠣᠢ︔ ᠡᠳ᠋ ᠤᠨ ᠵᠠᠰᠠᠭ ᠤᠨ ᠵᠠᠷᠣᠯᠭ᠎ᠠ ᠶᠢᠨ ᠴᠢᠩᠳᠠ ᠴᠢᠨᠠᠷ ᠤᠨ ᠣᠨᠴᠠᠯᠢᠭ ᠢᠯᠡᠷᠬᠡᠢ᠂ ᠣᠷᠣᠯᠭ᠎ᠠ ᠵᠠᠷᠣᠯᠭ᠎ᠠ ᠶᠢᠨ ᠵᠦᠷᠢᠴᠡᠯ ᠡᠳᠦᠷ ᠢᠷᠡᠭᠦᠶ᠎ᠡ ᠳᠣᠪᠣᠶᠢᠵᠣ ᠪᠣᠢ︔ ᠳᠠᠯᠳᠠ ᠴᠢᠨᠠᠷ ᠤᠨ ᠦᠭᠴᠡᠭᠡᠨ ᠤ ᠬᠡᠪᠴᠢᠶ᠎ᠡ ᠮᠦᠨ ᠬᠦ ᠨᠡᠯᠢᠶᠡᠳ ᠶᠡᠭᠡ᠂ ᠦᠭᠴᠡᠭᠡ ᠰᠢᠢᠳᠪᠦᠷᠢᠯᠡᠬᠦ ᠪᠠ ︽ᠭᠤᠷᠪᠠ ᠶᠢ ᠪᠠᠲᠤᠯᠠᠬᠤ︾ ᠵᠠᠷᠣᠯᠭ᠎ᠠ ᠶᠢᠨ ᠳᠠᠷᠣᠯᠲᠠ ᠨᠡᠯᠢᠶᠡᠳ ᠶᠡᠭᠡ᠂ ᠲᠦᠭᠰᠢᠭᠦᠷᠢ ᠶᠢᠨ ᠳᠠᠯᠳᠠ ᠬᠡᠮ ᠢ ᠣᠮᠳᠣᠭᠠᠶᠢᠯᠠᠵᠤ ᠪᠣᠯᠣᠰᠢ ᠦᠭᠡᠢ ᠪᠣᠢ︔ ᠰᠠᠯᠠᠭ᠎ᠠ ᠮᠦᠴᠢᠷ ᠪᠠ ᠪᠠᠶᠢᠭᠤᠯᠠᠭ᠎ᠠ ᠨᠢᠭᠡᠴᠡ ᠶᠢᠨ ᠪᠦᠲᠦᠮᠵᠢ ᠶᠢᠨ ᠣᠬᠠᠮᠰᠠᠷ ᠳᠣᠣᠷ᠎ᠠ᠂ ᠲᠦᠰᠦᠪ ᠤᠨ ᠪᠦᠲᠦᠮᠵᠢ ᠶᠢᠨ ᠴᠢᠩᠳᠠ ᠬᠢᠵᠠᠭᠠᠷᠯᠠᠯ ᠤᠨ ᠦᠢᠯᠡᠳᠦᠯ ᠢ ᠬᠠᠷᠠᠬᠠᠨ ᠪᠦᠲᠦᠮᠵᠢᠲᠠᠢ ᠪᠠᠳᠠᠷᠠᠭᠤᠯᠣᠭᠠᠳᠣᠢ᠂ ᠡᠳ᠋ ᠤᠨ ᠶᠠᠪᠤᠳᠠᠯ ᠤᠨ ᠬᠠᠮᠢᠶᠠᠷᠣᠯᠲᠠ ᠶᠢᠨ ᠴᠢᠳᠠᠪᠣᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠣᠢ᠃ ᠪᠢᠳᠠ ᠡᠳᠡᠭᠡᠷ ᠠᠰᠠᠭᠤᠳᠠᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠬᠦᠴᠦᠲᠡᠢ ᠠᠷᠭ᠎ᠠ ᠬᠡᠮᠵᠢᠶ᠎ᠡ ᠠᠪᠴᠣ ᠰᠣᠳᠣᠯᠣᠨ ᠰᠢᠢᠳᠪᠦᠷᠢᠯᠡᠬᠦ ᠪᠠᠷ ᠴᠢᠷᠮᠠᠶᠢᠨ᠎ᠠ᠃      ᠬᠤᠶᠠᠷ᠂ 2020 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ       ︵ᠨᠢᠬᠡ︶ 2020 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠨᠠᠮ  ᠤᠨ ᠠᠷᠪᠠ ᠶᠢᠰᠤᠳᠤᠬᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠳᠦᠷᠪᠡᠳᠦᠭᠡᠷ ᠪᠦᠭᠦᠳᠠ ᠬᠤᠷᠠᠯ ᠵᠢᠴᠢ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠪᠤᠳᠠᠳᠠᠶᠢᠵᠢᠭᠤᠯᠵᠤ᠂ ᠴᠢᠨᠠᠷᠯᠢᠭ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠣᠶᠠᠯᠳᠣᠭᠤᠯᠣᠨ᠂ ᠡᠳ᠋ ᠤᠨ ᠢᠷᠡᠯᠲᠠ ᠶᠢ ᠶᠡᠬᠡᠪᠡᠷ ᠨᠡᠮᠡᠭᠳᠡᠭᠦᠯᠵᠦ᠂ ᠭᠠᠶᠢᠯᠢ ᠶᠢᠨ ᠰᠠᠭᠤᠷᠢ ᠶᠢ ᠪᠠᠲᠤᠳᠬᠠᠨ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠨᠡᠮᠡᠭᠳᠡᠯ ᠪᠠ ᠶᠠᠰᠤ ᠴᠢᠨᠠᠷ ᠢ ᠳᠡᠭᠡᠭᠰᠢᠯᠡᠬᠦᠯᠬᠦ ᠶᠢ ᠠᠭᠢᠭᠤᠯᠤᠨ᠎ᠠ︔ ᠡᠳ᠋ ᠤᠨ ᠬᠦᠴᠦᠨ ᠢ ᠨᠢᠭᠡᠳᠦᠯᠲᠡᠢ ᠲᠦᠯᠦᠪᠯᠡᠬᠦ ᠬᠦᠴᠦᠯᠡᠴᠡ ᠪᠠᠨ ᠨᠡᠮᠡᠭᠳᠡᠭᠦᠯᠦᠨ᠂ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠠᠲᠣᠯᠠᠵᠤ ᠪᠠᠭᠠᠰᠬᠠᠬᠤ ᠶᠢ ᠪᠡᠶᠡᠯᠡᠭᠦᠯᠦᠨ᠂ ᠵᠠᠷᠣᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠦᠨ᠎ᠡ︔ ᠡᠳ᠋ ᠤᠨ ᠵᠠᠰᠠᠭ ᠭᠠᠶᠢᠯᠢ ᠶᠢᠨ ᠲᠤᠭᠲᠠᠴᠠ ᠶᠢᠨ ᠦᠭᠡᠷᠡᠴᠢᠯᠡᠯᠡᠲᠠ ᠶᠢ ᠭᠦᠨᠵᠡᠭᠡᠶᠢᠷᠡᠭᠦᠯᠦᠨ᠂ ᠲᠤᠰᠬᠠᠢ ᠲᠦᠷᠦᠯ ᠤᠨ ᠪᠡᠯᠡ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠣ᠂ ᠲᠦᠰᠦᠪ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠎ᠡ︔ ᠤᠷᠤᠨ ᠨᠤᠲᠤᠭ ᠤᠨ ᠵᠠᠰᠠᠭ ᠤᠨ ᠣᠷᠳᠣᠨ ᠤ ᠦᠷᠢ ᠦᠭᠴᠡᠭᠡ ᠶᠢᠨ ᠬᠠᠮᠢᠶᠠᠷᠣᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠦᠷᠢ ᠦᠭᠴᠡᠭᠡ ᠶᠢᠨ ᠲᠦᠭᠰᠢᠭᠦᠷᠢ ᠶᠢ ᠦᠨᠡᠨ ᠬᠦ ᠰᠡᠷᠭᠡᠶᠢᠯᠡᠨ ᠰᠢᠢᠳᠪᠦᠷᠢᠯᠡᠨ᠎ᠡ︔ ᠲᠦᠰᠦᠪ ᠤᠨ ᠪᠦᠲᠦᠮᠵᠢ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠤᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠬᠦᠴᠦᠲᠡᠢ ᠡᠳ᠋ ᠤᠨ ᠬᠦᠴᠦᠨ ᠤ ᠲᠤᠯᠭᠠᠭᠤᠷᠢᠯᠠᠯ ᠬᠠᠩᠭᠠᠨ᠎ᠠ᠃      ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠪᠠ      1. ᠬᠠᠣᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠤᠨ ᠢᠯᠡ ᠲᠤᠲᠤ ᠪᠠᠶᠢᠯᠭᠠᠨ᠎ᠠ᠃ ᠬᠠᠤᠯᠢ ᠶᠤᠰᠤᠭᠠᠷ ᠡᠳ᠋ ᠤᠨ ᠶᠠᠪᠣᠳᠠᠯ ᠢ ᠬᠠᠮᠢᠶᠠᠷᠬᠤ ᠶᠢ ᠴᠢᠬᠤᠯᠠᠴᠢᠯᠠᠨ᠂ ︽ᠲᠦᠰᠦᠪ ᠤᠨ ᠬᠠᠤᠯᠢ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠦᠰᠦᠪ ᠤᠨ ᠬᠢᠵᠠᠭᠠᠷᠯᠠᠯ ᠢ ᠴᠢᠩᠭᠠᠳᠬᠠᠨ᠎ᠠ︔ ᠬᠠᠤᠯᠢ ᠶᠤᠰᠤᠭᠠᠷ ᠬᠠᠮᠢᠶᠠᠷᠬᠤ ᠶᠢ ᠴᠢᠬᠤᠯᠠᠴᠢᠯᠠᠨ᠂ ᠡᠳ᠋ ᠤᠨ ᠵᠠᠰᠠᠭ ᠤᠨ ᠪᠡᠯᠡ ᠮᠦᠩᠭᠦᠨ ᠤ ᠡᠳᠦᠷ ᠲᠤᠲᠤᠮ ᠤᠨ ᠬᠠᠮᠢᠶᠠᠷᠣᠯᠲᠠ᠂ ᠪᠦᠲᠦᠮᠵᠢ ᠶᠢᠨ ᠦᠨᠡᠯᠡᠯᠲᠡ ᠪᠠ ᠲᠦᠰᠦᠪ ᠤᠨ ᠬᠢᠨᠠᠯᠲᠠ ᠶᠢ ᠴᠢᠩᠭᠠᠳᠬᠠᠵᠤ᠂ ᠬᠢᠨᠠᠨ ᠪᠣᠳᠣᠯᠲᠠ᠂  ᠪᠦᠲᠦᠮᠵᠢ ᠶᠢᠨ  ᠦᠨᠡᠯᠡᠯᠲᠡ ᠵᠡᠷᠭᠡ ᠦᠷ᠎ᠡ ᠳ᠋ᠦᠩ ᠢ ᠢᠳᠡᠪᠬᠢᠲᠡᠢ ᠠᠰᠢᠭᠯᠠᠨ᠎ᠠ᠃ ᠬᠠᠤᠯᠢ ᠶᠤᠰᠣᠭᠠᠷ ᠢᠯᠡ ᠪᠤᠯᠭᠠᠬᠤ ᠶᠢ ᠴᠢᠬᠤᠯᠠᠴᠢᠯᠠᠨ᠂ ᠲᠦᠰᠦᠪ ᠪᠠ ᠲᠦᠰᠦᠪ ᠤᠨ ᠭᠦᠢᠴᠡᠳᠭᠡᠯ ᠢ ᠢᠯᠡᠰᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠨᠡᠶᠢᠬᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃       2. ᠪᠦᠲᠦᠴᠡ ᠪᠠᠨ ᠰᠢᠯᠢᠳᠡᠭᠵᠢᠭᠦᠯᠦᠨ ᠭᠤᠤᠯᠳᠠᠯᠭ᠎ᠠ ᠶᠢ ᠳᠣᠪᠣᠶᠢᠯᠭᠠᠨ᠎ᠠ᠃  ᠡᠳ᠋ ᠤᠨ ᠵᠠᠰᠠᠭ ᠤᠨ ᠪᠡᠯᠡ ᠮᠦᠩᠭᠦ ᠶᠢᠨ ᠲᠤᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠲᠤᠤᠱᠠᠯᠠᠭᠤᠯᠣᠨ ᠨᠠᠶᠢᠲᠠᠪᠤᠷᠢᠵᠢᠭᠤᠯᠵᠤ᠂ ᠡᠩ ᠤᠨ ᠵᠠᠷᠣᠯᠭ᠎ᠠ ᠪᠠ  ︽ᠭᠤᠷᠪᠠᠨ ᠠᠯᠪᠠᠨ︾ ᠤ ᠵᠠᠷᠣᠳᠠᠯ ᠤᠨ ᠲᠦᠰᠦᠪ ᠢ ᠴᠢᠩᠭ᠎ᠠ ᠬᠢᠵᠠᠭᠠᠷᠯᠠᠨ᠎ᠠ᠃ ︽ᠭᠤᠷᠪᠠ  ᠶᠢ ᠪᠠᠲᠤᠯᠠᠬᠤ︾ ᠠᠵᠢᠯ ᠢ ᠰᠠᠶᠢᠲᠤᠷ ᠬᠢᠭᠰᠡᠨ ᠤ ᠰᠠᠭᠤᠷᠢᠨ ᠳᠡᠭᠡᠷ᠎ᠡ᠂ ᠴᠢᠬᠤᠯᠠ ᠶᠡᠭᠡ ᠦᠭᠡᠷᠡᠴᠢᠯᠡᠯᠲᠡ᠂ ᠴᠢᠬᠤᠯᠠ ᠲᠦᠷᠦ ᠶᠢᠨ ᠪᠣᠳᠣᠯᠭ᠎ᠠ ᠪᠠ ᠭᠤᠣᠯᠳᠠᠯᠭ᠎ᠠ  ᠲᠠᠢ ᠲᠦᠷᠦᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃        3. ᠪᠦᠬᠦ ᠲᠠᠯ᠎ᠠ ᠪᠠᠷ ᠳᠦᠷᠢᠮᠵᠢᠭᠦᠯᠦᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠠᠯᠠᠭ᠎ᠠ ᠮᠦᠴᠢᠷ ᠤᠨ ᠲᠦᠰᠦᠪ ᠲᠤᠭᠲᠠᠭᠠᠯᠲᠠ ᠶᠢᠨ ᠪᠦᠬᠦᠯᠢ ᠴᠤᠭᠴᠠᠲᠤ ᠴᠢᠨᠠᠷ ᠢ ᠴᠢᠩᠭᠠᠳᠬᠠᠨ᠂ ᠰᠠᠯᠠᠭ᠎ᠠ ᠮᠦᠴᠢᠷ ᠤᠨ ᠪᠦᠬᠦ ᠣᠷᠣᠯᠭ᠎ᠠ ᠪᠠ ᠵᠠᠷᠣᠯᠭ᠎ᠠ ᠶᠢ ᠴᠦᠮ ᠲᠦᠰᠦᠪ ᠤᠨ ᠬᠠᠮᠢᠶᠠᠷᠣᠯᠲᠠ ᠳᠤ ᠤᠷᠤᠭᠤᠯᠤᠨ᠎ᠠ᠃ ᠲᠦᠰᠦᠪ ᠤᠨ ᠪᠦᠲᠦᠮᠵᠢ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂  ᠪᠦᠲᠦᠮᠵᠢ ᠶᠢᠨ ᠬᠠᠷᠠᠯᠲᠠ ᠶᠢᠨ ᠰᠢᠯᠭᠠᠷᠠᠭᠤᠯᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢ ᠦᠨᠡᠯᠡᠬᠦ ᠲᠤᠭᠲᠠᠴᠠ ᠶᠢ ᠲᠡᠭᠦᠯᠳᠡᠷᠵᠢᠭᠦᠯᠦᠨ᠂  ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠷ᠎ᠡ ᠪᠦᠲᠦᠮᠵᠢ ᠶᠢᠨ ᠳ᠋ᠦᠩ ᠤᠨ ᠢᠯᠡᠰᠢᠭᠦᠯᠦᠯᠲᠡ ᠶᠢ ᠠᠬᠢᠭᠤᠯᠤᠨ᠎ᠠ᠃ 4. ᠰᠠᠬᠢᠯᠭ᠎ᠠ ᠪᠠᠲᠤ ᠶᠢ ᠴᠢᠩᠭᠠᠯᠠᠨ ᠬᠢᠵᠠᠭᠠᠷᠯᠠᠯ ᠢ ᠴᠢᠩᠳᠠᠯᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠭᠲᠠᠭᠠᠭᠰᠠᠨ ᠴᠢᠬᠤᠯᠠ ᠰᠢᠢᠳᠪᠦᠷᠢ ᠠᠴᠠ ᠭᠠᠳᠠᠨ᠎ᠠ᠂ ᠵᠢᠯ ᠤᠨ ᠡᠬᠢᠨ ᠤ ᠲᠦᠰᠦᠪ ᠲᠤ ᠤᠷᠤᠭᠤᠯᠤᠭᠰᠠᠨ ᠦᠭᠡᠢ ᠲᠦᠷᠦᠯ ᠵᠦᠢᠯ  ᠢ ᠵᠢᠯ ᠤᠨ ᠳᠣᠮᠳᠠ ᠲᠦᠰᠦᠪ ᠲᠤ ᠨᠡᠮᠡᠵᠦ ᠲᠤᠬᠢᠷᠠᠭᠤᠯᠬᠤ ᠦᠭᠡᠢ᠃ ᠣᠨᠴᠠᠭᠠᠢ ᠪᠠᠶᠢᠳᠠᠯ ᠠᠴᠠ ᠪᠤᠯᠵᠤ᠂ ᠡᠷᠬᠡᠪᠰᠢ ᠲᠤᠬᠢᠷᠠᠭᠤᠯᠬᠤ ᠪᠣᠶᠤ ᠨᠡᠮᠡᠬᠦ ᠴᠢᠬᠤᠯᠠᠲᠠᠢ ᠵᠦᠢᠯ ᠤᠳ ᠢ ︽ᠨᠢᠭᠡ ᠬᠡᠷᠡᠭ ᠢ ᠨᠢᠭᠡ ᠵᠦᠪᠯᠡᠬᠦ︾ ᠵᠠᠷᠴᠢᠮ ᠶᠤᠰᠤᠭᠠᠷ᠂ ︽ᠲᠦᠰᠦᠪ ᠤᠨ ᠬᠠᠣᠯᠢ︾ ᠶᠢᠨ ᠬᠠᠮᠢᠶ᠎ᠠ ᠪᠦᠬᠦᠢ ᠲᠤᠭᠲᠠᠭᠠᠯ ᠢ ᠦᠨᠳᠦᠰᠦᠯᠡᠨ ᠳᠡᠰ ᠳᠠᠷᠠᠭᠠᠯᠠᠯ ᠤᠨ ᠵᠢᠷᠣᠮᠯᠠᠯ ᠢᠶᠠᠷ ᠭᠦᠢᠴᠡᠳᠭᠡᠨ᠎ᠡ᠃      ︵ᠭᠤᠷᠪᠠ︶ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ      1. ᠡᠩ ᠤᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ      2020 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠣᠷᠣᠯᠭ᠎ᠠ ᠶᠢ 31.55 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠡᠬᠦᠨ ᠳᠤ᠄ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠵᠢᠱᠢᠭᠰᠡᠨ ᠢᠶᠠᠷ 12 ᠳ᠋ᠦᠩᠰᠢᠭᠤᠷ ᠲᠦᠬᠦᠷᠢᠭ ᠪᠡᠶᠡᠯᠡᠭᠦᠯᠵᠤ ︵ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.73 ᠳ᠋ᠦᠩᠰᠢᠭᠤᠷ ᠲᠦᠬᠦᠷᠢᠭ ᠤᠨ ᠤᠷᠤᠯᠭ᠎ᠠ  ᠶᠢ ᠪᠠᠭᠳᠠᠭᠠᠨ᠎ᠠ︶᠂  ᠳᠡᠭᠡᠷ᠎ᠡ ᠵᠢᠯ ᠤᠨ ᠪᠣᠲᠠᠲᠠᠢ ᠣᠷᠣᠯᠭ᠎ᠠ ᠠᠴᠠ 1.1% ᠦᠰᠭᠡᠨ᠎ᠡ︔ ᠳᠡᠬᠡᠳᠤ ᠱᠠᠳᠤᠨ ᠠᠴᠠ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ ᠢᠶᠠᠷ 19.26 ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 1.53% ᠪᠠᠭᠤᠷᠠᠭᠤᠯᠤᠨ᠎ᠠ︔ ᠳᠡᠬᠡᠷ᠎ᠠ ᠵᠢᠯ ᠤᠨ ᠦᠯᠡᠳᠡᠪᠤᠷᠢ 0.29 ᠳ᠋ᠦᠩᠰᠢᠭᠤᠷ ᠲᠦᠬᠦᠷᠢᠭ᠃      2.  ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ      ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2020 ᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 31.55 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ︵ᠱᠠᠩᠬᠠᠢ ᠶᠢᠨ ᠰᠦᠮ᠎ᠠ‌ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.71 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠂ ᠳᠡᠭᠡᠷ᠎ᠡ ᠵᠢᠯ ᠤᠨ ᠪᠤᠳᠠᠳᠤ ᠵᠠᠷᠤᠯᠭ᠎ᠠ ᠠᠴᠠ3.28% ᠪᠠᠭᠤᠷᠠᠭᠤᠯᠤᠨ᠎ᠠ᠃      ︵1︶ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ 7.59 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 24.06% ᠶᠢ ᠡᠵᠡᠯᠡᠭᠦᠯᠦᠨ᠎ᠡ︔ ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ ᠶᠢᠨ ᠲᠦᠰᠤᠪ ᠢ 1.18 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 3.74% ᠶᠢ ᠡᠵᠡᠯᠡᠭᠦᠯᠦᠨ᠎ᠡ︔ ᠲᠦᠷᠤᠯ ᠵᠦᠢᠯ ᠤᠨ ᠵᠠᠷᠤᠯᠭ᠎ᠠ ᠶᠢᠨ ᠲᠦᠰᠤᠪ ᠢ 22.78 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 72.2% ᠶᠢ ᠡᠵᠡᠯᠡᠭᠦᠯᠦᠨ᠎ᠡ᠃      ︵2 ︶ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄      1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 3.17 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 10.04% ᠶᠢ ᠡᠵᠡᠯᠡᠭᠦᠯᠦᠨ᠎ᠡ︔      2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.82 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 2.6% ᠶᠢ ᠡᠵᠡᠯᠡᠭᠦᠯᠦᠨ᠎ᠡ︔      3︶ ᠰᠤᠷᠭᠠᠨ ᠬᠦᠮᠤᠵᠢᠯ ᠤᠨ ᠵᠠᠷᠤᠯᠭ᠎ᠠ 3.16 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ‍ᠤᠨ‌ᠵᠠᠷᠤᠯᠭ᠎ᠠ ᠶᠢᠨ 10.01% ᠶᠢ ᠡᠵᠡᠯᠡᠭᠦᠯᠦᠨ᠎ᠡ︔       4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.13 ᠳ᠋ᠥᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ᠤᠨ ᠵᠠᠷᠤᠯᠭ᠎ᠠ ᠶᠢᠨ 0.41% ᠶᠢ ᠡᠵᠡᠯᠡᠭᠦᠯᠦᠨ᠎ᠡ︔      5︶ ᠰᠤᠶᠤᠯ ᠵᠢᠭᠤᠯᠴᠢᠯᠠᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.41 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.3% ᠶᠢ ᠡᠵᠡᠯᠡᠭᠦᠯᠦᠨ᠎ᠡ︔      6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.53 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ 4.85% ᠶᠢ ᠡᠵᠡᠯᠡᠭᠦᠯᠦᠨ᠎ᠡ︔      7︶ ᠡᠮ ᠡᠮᠴᠢᠯᠡᠭᠡ ᠡᠷᠡᠬᠦᠯ ᠬᠠᠮᠠᠭᠠᠯᠠᠯ ᠤᠨ ᠵᠠᠷᠤᠯᠭ᠎ᠠ 0.91 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 2.88% ᠶᠢ ᠡᠵᠡᠯᠡᠭᠦᠯᠦᠨ᠎ᠡ︔      8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.11 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 0.35% ᠶᠢ ᠡᠵᠡᠯᠡᠭᠦᠯᠦᠨ᠎ᠡ︔      9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.41 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.3% ᠶᠢ ᠡᠵᠡᠯᠡᠭᠦᠯᠦᠨ᠎ᠡ︔      10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 1.03 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ  ᠵᠠᠷᠤᠯᠭ᠎ᠠ ᠶᠢᠨ3.26% ᠶᠢ ᠡᠵᠡᠯᠡᠭᠦᠯᠦᠨ᠎ᠡ︔      11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.12 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 0.38% ᠶᠢ ᠡᠵᠡᠯᠡᠭᠦᠯᠦᠨ᠎ᠡ︔      12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.05 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ  ᠤᠨ ᠲᠦᠰᠤᠪ ᠤᠨ ᠵᠠᠷᠤᠯᠭ᠎ᠠ ᠶᠢᠨ 0.16% ᠶᠢ ᠡᠵᠡᠯᠡᠭᠦᠯᠦᠨ᠎ᠡ︔      13︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.03 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.1% ᠶᠢ ᠡᠵᠡᠯᠡᠭᠦᠯᠥᠨ᠎ᠡ︔      14︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.09 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.29% ᠶᠢ ᠡᠵᠡᠯᠡᠭᠦᠯᠥᠨ᠎ᠡ︔      15︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.09 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ  ᠤᠨ ᠵᠠᠷᠤᠯᠭ᠎ᠠ ᠶᠢᠨ 0.29% ᠶᠢ ᠡᠵᠡᠯᠡᠭᠦᠯᠥᠨ᠎ᠡ︔      16︶  ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠠᠷᠤᠯᠭ᠎ᠠ 0.1 ᠳ᠋ᠥᠩᠰᠢᠭᠤᠷ ᠲᠥᠭᠦᠷᠢᠭ᠂ ᠨᠡᠶᠢᠳᠡ  ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.32% ᠢ ᠡᠵᠡᠯᠡᠭᠦᠯᠥᠨ᠎ᠡ︔      17︶ ᠪᠡᠯᠡᠳᠭᠡᠯ ᠵᠠᠷᠤᠳᠠᠯ 0.32 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 1.02% ᠢ ᠡᠵᠡᠯᠡᠭᠦᠯᠥᠨ᠎ᠡ︔      18︶ ᠪᠤᠰᠤᠳ ᠵᠠᠷᠤᠯᠭ᠎ᠠ 17.56 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 55.65% ᠶᠢ ᠡᠵᠡᠯᠡᠭᠦᠯᠥᠨ᠎ᠡ᠂ ᠡᠭᠦᠨ ᠢ ᠨᠠᠷᠢᠨ ᠬᠤᠪᠢᠶᠠᠪᠠᠯ᠄ ᠱᠠᠩᠬᠠᠢ ᠶᠢᠨ ᠰᠥᠮ᠎ᠡ‌ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.71 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠥᠷᠥᠩᠭᠡ ᠮᠥᠩᠭᠦ ᠲᠠᠩᠰᠠᠯᠠᠭᠤᠯᠬᠤ 1.84 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠥᠭᠵᠢᠭᠦᠯᠥᠯᠳᠡ ᠥᠭᠡᠷᠡᠴᠢᠯᠡᠯᠳᠡ ᠶᠢᠨ ᠵᠦᠪᠯᠡᠯ ᠠᠴᠠ ᠲᠤᠭᠲᠠᠭᠠᠭᠰᠠᠨ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠭᠤᠤᠯᠳᠠᠯᠭᠠᠳᠤ ᠲᠥᠷᠥᠯ ᠵᠥᠢᠯ ᠢ ᠲᠥᠭᠦᠷᠴᠢᠯᠡᠭᠦ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠯᠪᠠᠨ ᠲᠡᠷᠭᠡᠨ ᠤ ᠥᠭᠡᠷᠡᠴᠢᠯᠡᠯᠳᠡ ᠶᠢᠨ ᠠᠵᠢᠯ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠤᠷᠤᠨ ᠰᠠᠭᠤᠴᠠ ᠶᠢᠨ ᠥᠭᠡᠷᠡᠴᠢᠯᠡᠯᠳᠡ  ᠶᠢᠨ ᠨᠥᠭᠦᠪᠥᠷᠢ ᠶᠢᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠤᠤᠷᠵᠢᠯ ᠬᠠᠮᠢᠶᠠᠷᠤᠯᠳᠠ ᠶᠢᠨ ᠭᠡᠰᠢᠭᠦᠳ ᠤᠨ ᠴᠠᠯᠢᠩ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ 0.16 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠪᠥᠭᠦ ᠤᠯᠤᠰ ᠤᠨ ᠪᠤᠯᠪᠠᠰᠤᠨ ᠬᠤᠳᠠ ᠶᠢᠨ ᠴᠤᠭᠴᠠᠯᠠᠯᠳᠠ ᠶᠢᠨ ᠠᠵᠢᠯ ᠤᠨ 0.03 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠤᠶᠤᠨᠴᠢ ᠨᠠᠮ ᠤᠨ ᠪᠠᠶᠢᠭᠤᠯᠤᠯᠳᠠ ᠶᠢᠨ ᠠᠵᠢᠯ ᠤᠨ 0.05 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠡᠭᠡᠳᠤ ᠱᠠᠳᠤᠨ ᠤ ᠲᠤᠰᠬᠠᠢ ᠲᠥᠷᠥᠯ ᠤᠨ ᠵᠠᠷᠤᠳᠠᠯ ᠤᠨ 9.5 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠡᠭᠡᠭᠰᠢ ᠲᠤᠰᠢᠶᠠᠬᠤ 0.02 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠷᠠᠳ ᠢ ᠬᠠᠷᠠᠭᠠᠯᠵᠠᠬᠤ ᠠᠵᠢᠯ ᠤᠨ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠵᠠᠷᠤᠳᠠᠯ᠂ ᠠᠷᠠᠴᠢᠯᠠᠨ ᠰᠡᠯᠪᠢᠭᠦ ᠵᠠᠷᠤᠳᠠᠯ᠂ ᠨᠡᠶᠢᠭᠡᠮᠯᠢᠭ ᠤᠨ ᠵᠠᠷᠤᠳᠠᠯ᠂ ᠪᠤᠯᠭᠤᠭᠠᠨ ᠲᠤᠬᠤᠨᠢᠭᠤᠯᠬᠤ ᠵᠠᠷᠤᠳᠠᠯ ᠵᠡᠷᠭᠡ ᠶᠢᠨ 0.16 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠠᠶᠢᠯᠢ ᠶᠢᠨ ᠪᠤᠰᠤ ᠨᠥᠭᠦᠪᠥᠷᠢᠯᠡᠯ ᠤᠨ ᠠᠵᠢᠯ ᠥᠢᠯᠡᠰ ᠤᠨ ᠵᠠᠷᠤᠳᠠᠯ ᠤᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ︽ᠨᠢᠭᠡ ᠭᠡᠷᠡᠭ ᠢ ᠨᠢᠭᠡ ᠵᠥᠪᠯᠡᠭᠦ︾ 0.03 ᠳ᠋ᠥᠩᠰᠢᠭᠤᠷ ᠲᠥᠭᠦᠷᠢᠭ ᠤᠨ ᠵᠠᠷᠣᠯᠭ᠎ᠠ᠃ ᠵᠠᠰᠠᠭ ᠤᠨ ᠤᠷᠳᠤᠨ ᠤ ᠬᠤᠳᠠᠯᠳᠤᠨ ᠠᠪᠤᠯᠲᠠ ᠶᠢᠨ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠠᠴᠠ ᠨᠡᠶᠢᠳᠡ ᠶᠢᠨ ᠥᠢᠯᠡᠴᠢᠯᠡᠭᠡ ᠬᠤᠳᠠᠯᠳᠤᠨ ᠠᠪᠬᠤ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠤᠷᠤᠨ ᠨᠤᠳᠤᠭ ᠠᠴᠠ ᠲᠥᠭᠦᠷᠴᠢᠯᠡᠨ ᠨᠡᠶᠢᠯᠡᠭᠦᠯᠭᠦ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠥᠷᠢ ᠥᠭᠴᠡᠭᠡ ᠰᠢᠢᠳᠪᠥᠷᠢᠯᠡᠭᠦ 1.37 ᠳ᠋ᠥᠩᠰᠢᠭᠤᠷ ᠲᠥᠭᠦᠷᠢᠭ ᠤᠨ ᠵᠠᠷᠤᠯᠭ᠎ᠠ︔  PPP ᠲᠥᠷᠥᠯ ᠵᠥᠢᠯ ᠤᠨ ᠠᠵᠢᠯᠯᠠᠮᠵᠢ ᠳᠤ ᠬᠡᠷᠡᠭᠯᠡᠭᠦ 1.11 ᠳ᠋ᠥᠩᠰᠢᠭᠤᠷ ᠲᠥᠭᠦᠷᠢᠭ  ᠤᠨ ᠵᠠᠷᠤᠯᠭ᠎ᠠ︔ ᠨᠤᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠮᠠᠷᠠᠯᠲᠠ ᠶᠢᠨ ᠨᠦᠬᠦᠪᠦᠷᠢ 0.3 ᠳ᠋ᠥᠩᠰᠢᠭᠤᠷ ᠲᠥᠭᠦᠷᠢᠭ ᠤᠨ ᠵᠠᠷᠣᠯᠭ᠎ᠠ᠃      19︶ ᠥᠭᠴᠡᠭᠡᠨ ᠤ ᠭᠥᠥ ᠮᠥᠩᠭᠦ ᠲᠥᠯᠥᠭᠦ 1.51 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 4.79% ᠶᠢ ᠡᠵᠡᠯᠡᠭᠦᠯᠥᠨ᠎ᠡ︔      ︵  ᠲᠥᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ      2020 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.97 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 37.5% ᠨᠡᠮᠡᠭᠳᠡᠭᠦᠯᠦᠨ᠎ᠡ᠃ ᠡᠬᠦᠨ ᠳᠤ᠄ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ  ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ 2.52 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠤᠷᠢ ᠤᠷᠤᠯᠭ᠎ᠠ 0.45 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2.97 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 37.5% ᠨᠡᠮᠡᠭᠳᠡᠭᠦᠯᠦᠨ᠎ᠡ︔      ︵ᠲᠠᠪᠤ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ      2020 ᠤᠨ ᠳᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ 3.32 ᠳ᠋ᠦᠩᠰᠢᠭᠤᠷ ᠲᠦᠬᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 26.24% ᠥᠰᠭᠡᠨ᠎ᠡ︔ ᠡᠬᠦᠨ ᠳᠤ᠄ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ  ᠤ ᠤᠷᠤᠯᠭ᠎ᠠ ᠵᠠᠷᠤᠯᠭ᠎ᠠ ᠶᠢᠨ ᠲᠥᠰᠥᠪ 1.24 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 24%ᠨᠡᠮᠡᠭᠳᠡᠭᠦᠯᠦᠨ᠎ᠡ︔ ᠠᠵᠢᠯ ᠠᠯᠳᠠᠯᠳᠠ ᠶᠢᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.06 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 200 % ᠨᠡᠮᠡᠭᠳᠡᠭᠦᠯᠦᠨ᠎ᠡ︔ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.83 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 45.61% ᠥᠰᠭᠡᠨ᠎ᠡ︔ ᠠᠵᠢᠯ ᠤᠨ ᠭᠡᠮᠳᠥᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.04 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 33.33% ᠨᠡᠮᠡᠭᠳᠡᠭᠦᠯᠦᠨ᠎ᠡ︔ ᠭᠥᠩᠭᠡᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.06 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 200% ᠨᠡᠮᠡᠭᠳᠡᠭᠦᠯᠦᠨ᠎ᠡ︔ ᠠᠯᠪᠠᠨ ᠪᠠᠶᠢᠭᠤᠯᠭ᠎ᠠ ᠠᠵᠢᠯ ᠥᠢᠯᠡᠰ  ᠤᠨ ᠨᠢᠭᠡᠴᠡ ᠶᠢᠨ ᠥᠨᠳᠥᠰᠥᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.93 ᠳ᠋ᠥᠩᠰᠢᠭᠤᠷ ᠲᠥᠭᠦᠷᠢᠭ᠂ ᠳᠡᠭᠡᠷ᠎ᠡ ᠵᠢᠯ ᠤᠨ ᠲᠦᠰᠦᠪ ᠲᠠᠢ ᠰᠠᠴᠠᠭᠤ︔ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.16 ᠳ᠋ᠥᠩᠰᠢᠭᠤᠷ ᠲᠥᠭᠦᠷᠢᠭ ᠂ ᠠᠳᠠᠯᠢ ᠬᠤᠭᠤᠴᠠᠭᠠᠨ ᠠᠴᠠ 166.67% ᠨᠡᠮᠡᠭᠳᠡᠭᠦᠯᠦᠨ᠎ᠡ᠃2020 ᠤᠨ ᠤ 4 ᠰᠠᠷ᠎ᠠ ᠶᠢᠨ 7 ᠤ ᠡᠳᠥᠷ ᠭᠥᠷᠳᠡᠯᠡᠬᠢ ᠡᠩ ᠤᠨ ᠨᠡᠶᠢᠳᠡ ᠶᠢᠨ ᠲᠥᠰᠥᠪ ᠤᠨ ᠵᠠᠷᠤᠯᠭ᠎ᠠ 4.58 ᠳ᠋ᠥᠩᠰᠢᠭᠤᠷ ᠲᠥᠭᠦᠷᠢᠭ ᠭᠥᠷᠪᠡ᠃      ᠴᠢᠳᠠᠪᠬᠢ ᠶᠢᠨ ᠲᠥᠷᠥᠯ ᠢᠯᠭᠠᠯ ᠢᠶᠠᠷ ᠨᠢ ᠬᠤᠪᠢᠶᠠᠪᠠᠯ᠂ ᠡᠯ᠎ᠡ ᠴᠢᠳᠠᠪᠬᠢ ᠶᠢᠨ ᠲᠥᠷᠥᠯ ᠵᠥᠢᠯ ᠤᠨ ᠵᠠᠷᠤᠯᠭ᠎ᠠ ᠲᠤᠤᠷᠠᠬᠢ ᠮᠡᠳᠤ᠄      1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 0.61 ᠳ᠋ᠦᠩᠰᠢᠭᠤᠷ ᠲᠦᠬᠦᠷᠢᠭ︔      2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.17 ᠳ᠋ᠦᠩᠰᠢᠭᠤᠷ ᠲᠦᠬᠦᠷᠢᠭ︔       3︶ ᠰᠤᠷᠭᠠᠨ ᠭᠥᠮᠥᠵᠢᠯ ᠤᠨ ᠠᠵᠢᠯ ᠤᠨ ᠵᠠᠷᠤᠯᠭ᠎ᠠ 0.54  ᠳ᠋ᠥᠩᠰᠢᠭᠤᠷ ᠲᠥᠭᠦᠷᠢᠭ︔      4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.01 ᠳ᠋ᠥᠩᠰᠢᠭᠤᠷ ᠲᠦᠬᠦᠷᠢᠭ︔      5︶ ᠰᠤᠶᠤᠯ ᠵᠢᠭᠤᠯᠴᠢᠯᠠᠯ ᠪᠡᠶ᠎ᠡ ᠶᠢᠨ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.1 ᠳ᠋ᠦᠩᠰᠢᠭᠤᠷ ᠲᠦᠬᠦᠷᠢᠭ︔       6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 0.35 ᠳ᠋ᠦᠩᠰᠢᠭᠤᠷ ᠲᠦᠬᠦᠷᠢᠭ︔      7︶ ᠡᠮ ᠡᠮᠴᠢᠯᠡᠭᠡ ᠡᠷᠡᠬᠦᠯ ᠬᠠᠮᠠᠭᠠᠯᠠᠯ ᠤᠨ ᠵᠠᠷᠤᠯᠭ᠎ᠠ 0.21 ᠳ᠋ᠦᠩᠰᠢᠭᠤᠷ ᠲᠦᠬᠦᠷᠢᠭ︔      8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.03 ᠳ᠋ᠦᠩᠰᠢᠭᠤᠷ ᠲᠦᠬᠦᠷᠢᠭ︔      9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.25 ᠳ᠋ᠦᠩᠰᠢᠭᠤᠷ ᠲᠦᠬᠦᠷᠢᠭ︔      10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 1.09 ᠳ᠋ᠦᠩᠰᠢᠭᠤᠷ ᠲᠦᠬᠦᠷᠢᠭ︔      11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.19 ᠳ᠋ᠦᠩᠰᠢᠭᠤᠷ ᠲᠦᠬᠦᠷᠢᠭ︔      12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.01 ᠳ᠋ᠦᠩᠰᠢᠭᠤᠷ ᠲᠦᠬᠦᠷᠢᠭ︔      13︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.02 ᠳ᠋ᠥᠩᠰᠢᠭᠤᠷ ᠲᠥᠭᠦᠷᠢᠭ︔      14︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.09 ᠳ᠋ᠥᠩᠰᠢᠭᠤᠷ ᠲᠥᠭᠦᠷᠢᠭ︔      15︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.19 ᠳ᠋ᠥᠩᠰᠢᠭᠤᠷ ᠲᠥᠭᠦᠷᠢᠭ︔      16︶ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠠᠷᠤᠯᠭ᠎ᠠ 0.03 ᠳ᠋ᠥᠩᠰᠢᠭᠤᠷ ᠲᠥᠭᠦᠷᠢᠭ︔      17︶  ᠪᠤᠰᠤᠳ ᠵᠠᠷᠤᠯᠭ᠎ᠠ 0.41 ᠳ᠋ᠥᠩᠰᠢᠭᠤᠷ ᠲᠥᠭᠦᠷᠢᠭ︔      18︶ ᠥᠭᠴᠡᠭᠡᠨ ᠤ ᠭᠥᠥ ᠮᠥᠩᠭᠦ  ᠲᠦᠯᠦᠭᠰᠡᠨ 0.28 ᠳ᠋ᠥᠩᠰᠢᠭᠤᠷ ᠲᠥᠭᠦᠷᠢᠭ ᠤᠨ ᠵᠠᠷᠤᠯᠭ᠎ᠠ︔      2020 ᠤᠨ ᠤ 4 ᠰᠠᠷ᠎ᠠ ᠶᠢᠨ 7 ᠤ ᠡᠳᠥᠷ ᠭᠥᠷᠳᠡᠯᠡᠬᠢ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ ᠤᠨ ᠵᠠᠷᠣᠯᠭ᠎ᠠ 0.39 ᠳ᠋ᠥᠩᠰᠢᠭᠤᠷ ᠲᠥᠭᠦᠷᠢᠭ ᠭᠥᠷᠪᠡ᠃ ᠴᠢᠳᠠᠪᠬᠢ ᠶᠢᠨ ᠲᠥᠷᠥᠯ ᠢᠯᠭᠠᠯ ᠢᠶᠠᠷ ᠨᠢ ᠬᠤᠪᠢᠶᠠᠪᠠᠯ᠂ ᠡᠯ᠎ᠡ ᠴᠢᠳᠠᠪᠬᠢ ᠶᠢᠨ ᠲᠥᠷᠥᠯ ᠵᠥᠢᠯ ᠤᠨ ᠵᠠᠷᠤᠯᠭ᠎ᠠ ᠲᠤᠤᠷᠠᠬᠢ ᠮᠡᠳᠤ᠄      1︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.35 ᠳ᠋ᠦᠩᠰᠢᠭᠤᠷ ᠲᠦᠬᠦᠷᠢᠭ︔      2︶ ᠪᠤᠰᠣᠳ ᠵᠠᠷᠣᠯᠭ᠎ᠠ 0.04 ᠳ᠋ᠦᠩᠰᠢᠭᠤᠷ ᠲᠦᠬᠦᠷᠢᠭ︔      ᠭᠤᠷᠪᠠ᠂ 2020 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ      ︵ᠨᠢᠭᠡ︶ ᠦᠨᠳᠦᠰᠦ ᠰᠠᠭᠤᠷᠢ ᠶᠢ ᠪᠠᠬᠢᠵᠢᠬᠦᠯᠬᠦ ᠶᠢ ᠪᠠᠷᠢᠮᠲᠠᠯᠠᠨ᠂ ᠡᠳ᠋ ᠤᠨ ᠢᠷᠡᠯᠲᠡ ᠶᠢᠨ ᠰᠠᠭᠤᠷᠢ ᠶᠢ ᠪᠠᠲᠤᠳᠬᠠᠨ᠎ᠠ᠃ ᠨᠢᠭᠡ ᠳᠤ  ᠰᠢᠨ᠎ᠡ ᠴᠢᠳᠠᠮᠵᠢ ᠶᠢ ᠲᠦᠷᠭᠡᠳᠭᠡᠨ ᠪᠤᠶᠢᠵᠢᠭᠤᠯᠤᠨ᠎ᠠ᠃ ︽ᠲᠠᠪᠤᠨ ᠰᠢᠨ᠎ᠡ ᠲᠤᠬᠢᠶᠠᠯ︾ ᠤᠨ ᠱᠠᠭᠠᠷᠳᠠᠯᠭ᠎ᠠ ᠶᠢ ᠪᠠᠲᠤ ᠡᠵᠡᠮᠳᠡᠬᠦ ᠪᠠ ᠴᠢᠩᠭ᠎ᠠ ᠠᠳᠬᠤᠨ᠂ ︽ᠭᠤᠷᠪᠠᠨ ᠲᠦᠪ︾ ᠢ ᠪᠠᠶᠢᠭᠤᠯᠬᠤ᠂ ︽ᠭᠤᠷᠪᠠᠨ ᠰᠠᠭᠤᠷᠢᠨ︾ ᠢ ᠴᠤᠭᠴᠠᠯᠠᠬᠤ ᠵᠡᠷᠭᠡ ᠭᠤᠤᠯᠳᠠᠯᠭᠠᠲᠣ ᠠᠵᠢᠯ ᠲᠠᠢ ᠨᠢᠭᠲᠠ ᠤᠶᠠᠯᠳᠣᠭᠤᠯᠵᠣ᠂  ᠬᠤᠳᠠᠯᠳᠤᠭ᠎ᠠ ᠡᠵᠡᠩᠨᠡᠭᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠳᠠᠲᠣ ᠴᠣᠭᠴᠠ ᠶᠢᠨ ᠠᠵᠤ ᠠᠬᠤᠢ ᠶᠢᠨ ᠬᠦᠭᠵᠢᠯᠲᠡ ᠶᠢ ᠳᠡᠮᠵᠢᠭᠦ ᠲᠤᠬᠠᠢ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠵᠦᠢᠯ ᠤᠨ ᠲᠦᠷᠦ ᠶᠢᠨ ᠪᠤᠳᠣᠯᠭ᠎ᠠ ᠶᠢᠨ ᠯᠠᠪᠳᠠᠭᠤᠨ ᠭᠡᠷᠡᠭᠵᠢᠭᠦᠯᠦᠯᠲᠡ ᠶᠢ ᠰᠠᠶᠢᠲᠤᠷ ᠠᠳᠬᠤᠨ᠂ ᠡᠳ᠋ ᠤᠨ ᠵᠠᠰᠠᠭ ᠭᠠᠶᠢᠯᠢ ᠶᠢᠨ  ᠬᠤᠪᠢ ᠨᠡᠮᠡᠷᠢ ᠪᠠᠷ ᠭᠤᠤᠯ ᠭᠦᠢᠴᠡᠳᠭᠡᠯ ᠲᠤᠭ᠎ᠠ ᠪᠣᠯᠭᠠᠵᠤ᠂ ᠬᠦᠭᠵᠢᠯᠲᠡ ᠶᠢᠨ ᠨᠦᠭᠡᠴᠡ ᠬᠦᠴᠦᠨ ᠲᠠᠢ ᠳᠣᠮᠳᠠ ᠪᠠᠭ᠎ᠠ ᠵᠢᠵᠢᠭ ᠠᠵᠤ ᠠᠬᠤᠶᠢᠯᠠᠯ ᠢ ᠨᠠᠷᠢᠨ ᠰᠤᠩᠭᠤᠨ᠂ ᠡᠳ᠋ ᠤᠨ ᠢᠷᠡᠯᠲᠡ ᠶᠢᠨ ᠠᠵᠤ ᠠᠬᠤᠶᠢᠯᠠᠯ ᠤᠨ ᠬᠦᠮᠦᠷᠭᠡ ᠪᠠᠶᠢᠭᠤᠯᠤᠨ᠂ ᠪᠠᠭ᠎ᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠣᠷᠢ ᠪᠠᠨ ᠳᠡᠭᠡᠭᠰᠢᠯᠡᠭᠦᠯᠦᠨ᠎ᠡ᠃ ᠡᠭᠦᠨ ᠤ ᠬᠠᠮᠲᠦ᠂ ᠮᠠᠯ ᠲᠠᠷᠢᠶᠠᠯᠠᠩ ᠤᠨ ᠠᠵᠤ ᠦᠢᠯᠡᠰ ᠤᠨ ᠭᠦᠭᠵᠢᠯᠲᠡ᠂ ᠬᠤᠪᠢᠰᠬᠠᠯᠲᠤ ᠬᠦᠮᠦᠵᠢᠯ ᠪᠤᠯᠪᠠᠰᠤᠷᠠᠯ᠂ ᠣᠨᠴᠠᠯᠢᠭᠲᠤ ᠵᠢᠭᠤᠯᠴᠢᠯᠠᠯ ᠵᠡᠷᠭᠡ ᠠᠵᠤ ᠦᠢᠯᠡᠰ ᠤᠨ ᠪᠣᠲᠠᠳᠣ ᠪᠠᠶᠢᠳᠠᠯ ᠳᠤ ᠰᠠᠭᠤᠷᠢᠯᠠᠨ᠂ ᠡᠬᠢ ᠪᠠᠶᠠᠯᠢᠭ ᠢᠶᠠᠷ ᠬᠤᠳᠠᠯᠳᠣᠭᠠᠴᠢᠨ ᠣᠷᠢᠬᠤ᠂ ᠠᠵᠤ ᠠᠬᠤᠶᠢᠯᠠᠯ ᠢᠶᠠᠷ ᠬᠤᠳᠠᠯᠳᠤᠭᠠᠴᠢᠨ ᠤᠷᠢᠬᠤ᠂ ᠲᠣᠲᠣᠨᠣᠰᠤᠭ ᠦᠢᠯᠡ ᠪᠠᠷ ᠬᠤᠳᠠᠯᠳᠣᠭᠠᠴᠢᠨ ᠤᠷᠢᠬᠤ᠂ ᠭᠠᠵᠠᠷ ᠰᠢᠷᠣᠢ ᠶᠢ ᠠᠮᠢᠳᠣᠯᠢᠭᠵᠢᠭᠤᠯᠤᠨ ᠬᠤᠳᠠᠯᠳᠣᠭᠠᠴᠢᠨ ᠣᠷᠢᠬᠤ ᠵᠡᠷᠭᠡ ᠠᠵᠢᠯᠯᠠᠭ᠎ᠠ ᠶᠢ ᠶᠡᠬᠡᠪᠡᠷ ᠦᠷᠨᠢᠭᠦᠯᠦᠨ᠂ ︽  ᠣᠷᠣᠭᠤᠯᠵᠣ ᠢᠷᠡᠭᠦᠯᠬᠦ᠂ ᠦᠯᠡᠳᠡᠭᠡᠵᠦ ᠴᠢᠳᠠᠬᠤ᠂ ᠬᠦᠭᠵᠢᠭᠦᠯᠵᠦ ᠳᠡᠶᠢᠯᠬᠦ︾ ᠲᠦᠷᠦ ᠶᠢᠨ ᠪᠤᠳᠣᠯᠭ᠎ᠠ ᠶᠢᠨ ᠣᠷᠴᠢᠨ ᠲᠤᠭᠤᠷᠢᠨ᠂ ᠬᠠᠣᠯᠢ ᠳᠦᠷᠢᠮ ᠤᠨ ᠣᠷᠴᠢᠨ ᠲᠣᠭᠤᠷᠢᠨ ᠪᠠ ᠦᠢᠯᠡᠴᠢᠯᠡᠭᠡᠨ ᠤ ᠣᠷᠴᠢᠨ ᠲᠣᠭᠤᠷᠢᠨ ᠢ ᠬᠦᠴᠦᠯᠡᠨ ᠪᠦᠷᠢᠯᠳᠦᠭᠦᠯᠵᠦ᠂ ᠲᠦᠷᠦᠯ ᠵᠦᠢᠯ ᠢ ᠮᠡᠳᠡᠭᠦᠯᠬᠦ᠂ ᠲᠤᠭᠲᠠᠭᠠᠬᠤ᠂ ᠬᠢᠨᠠᠨ ᠵᠦᠪᠰᠢᠶᠡᠷᠡᠭᠦᠯᠬᠦ ᠵᠡᠷᠭᠡ ᠠᠵᠢᠯ ᠢ ᠰᠠᠶᠢᠲᠤᠷ ᠬᠢᠨ᠂ ᠨᠢᠭᠡ ᠪᠦᠯᠦᠭ ᠭᠠᠶᠢᠯᠢ ᠲᠠᠲᠠᠪᠦᠷᠢ ᠶᠢᠨ ᠰᠢᠨ᠎ᠡ ᠨᠡᠮᠡᠭᠳᠡᠯ ᠴᠡᠭ ᠢ ᠪᠣᠶᠢᠵᠢᠭᠤᠯᠣᠨ᠎ᠠ᠃ ᠬᠤᠶᠠᠷ ᠲᠤ ᠣᠷᠣᠯᠭ᠎ᠠ ᠡᠭᠦᠳᠬᠦ ᠠᠷᠭ᠎ᠠ ᠬᠡᠮᠵᠢᠶ᠎ᠡ ᠶᠢ ᠰᠣᠳᠣᠯᠬᠤ ᠡᠷᠴᠢᠮ ᠢᠶᠠᠨ ᠨᠡᠮᠡᠭᠳᠡᠭᠦᠯᠦᠨ᠎ᠡ᠃ ᠮᠠᠨ ᠤ ᠬᠤᠰᠢᠭᠤᠨ ᠳᠤ ᠪᠡᠯᠡ ᠤᠷᠣᠭᠤᠯᠣᠨ ᠪᠦᠲᠦᠭᠡᠨ ᠪᠠᠶᠢᠭᠤᠯᠤᠯᠲᠠ ᠬᠢᠵᠦ ᠪᠦᠬᠦᠢ ᠡᠯ᠎ᠡ ᠲᠦᠷᠦᠯ ᠤᠨ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠵᠤᠬᠢᠴᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠨ᠂ ᠬᠠᠷᠢᠶ᠎ᠠ ᠭᠠᠵᠠᠷ ᠲᠤ ᠳᠠᠩᠰᠠᠯᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠲᠡᠭᠡᠭᠡᠪᠦᠷᠢ ᠶᠢᠨ ᠭᠠᠶᠢᠯᠢ ᠶᠢᠨ ᠳᠦᠷᠪᠡᠨ ᠵᠦᠢᠯ ᠤᠨ ᠳ᠋ᠦᠩᠨᠡᠨ ᠪᠤᠳᠤᠬᠤ ᠠᠷᠭ᠎ᠠ ᠶᠤᠰᠣᠭᠠᠷ  ᠬᠠᠷᠢᠶ᠎ᠠ ᠭᠠᠵᠠᠷ ᠲᠤ ᠳᠠᠩᠰᠠᠯᠠᠬᠤ ᠠᠵᠢᠯ ᠵᠢᠴᠢ ᠨᠡᠭᠦᠷᠡᠰᠦᠨ ᠤ ᠠᠵᠤ ᠠᠬᠤᠶᠢᠯᠠᠯ ᠤᠨ ᠨᠡᠭᠡᠭᠡᠨ ᠮᠠᠯᠲᠠᠬᠤ ᠪᠣᠳᠠᠲᠣ ᠪᠠᠶᠢᠳᠠᠯ ᠲᠠᠢ ᠣᠶᠠᠯᠳᠣᠭᠤᠯᠣᠨ᠂ ᠬᠠᠣᠯᠢ ᠲᠤᠭᠲᠠᠭᠠᠯ ᠶᠤᠰᠤᠭᠠᠷ ᠲᠡᠭᠡᠭᠡᠪᠦᠷᠢ ᠶᠢᠨ ᠭᠠᠶᠢᠯᠢ ᠶᠢ ᠬᠤᠷᠢᠶᠠᠨ᠎ᠠ᠃ ᠮᠠᠰᠢᠨ ᠲᠡᠷᠭᠡ ᠰᠡᠯᠪᠢᠨ ᠵᠠᠰᠠᠬᠤ ᠡᠯ᠎ᠡ ᠠᠵᠢᠯ ᠲᠦᠷᠦᠯ ᠢ ᠡᠮᠬᠢᠯᠡᠨ ᠨᠡᠶᠢᠯᠡᠭᠦᠯᠵᠦ᠂ ᠬᠡᠪᠴᠢᠶᠡᠵᠢᠭᠰᠡᠨ ᠠᠵᠤ ᠦᠢᠯᠡᠰ ᠢ ᠪᠦᠷᠢᠯᠳᠦᠭᠦᠯᠦᠨ᠂ ᠭᠠᠶᠢᠯᠢ ᠶᠢᠨ ᠢᠷᠡᠯᠲᠠ ᠶᠢᠨ ᠨᠡᠮᠡᠭᠳᠡᠯ ᠢᠶᠠᠷ ᠳᠠᠮᠵᠢᠭᠤᠯᠤᠨ ᠭᠠᠶᠢᠯᠢ ᠭᠦᠩᠭᠡᠯᠡᠵᠦ ᠵᠠᠷᠣᠳᠠᠯ ᠪᠠᠭᠤᠷᠠᠭᠤᠯᠬᠤ ᠲᠦᠷᠦ ᠶᠢᠨ ᠪᠣᠳᠣᠯᠭ᠎ᠠ ᠠᠴᠠ ᠪᠤᠯᠤᠭᠰᠠᠨ ᠡᠳ᠋ ᠤᠨ ᠵᠠᠰᠠᠭ ᠤᠨ ᠣᠷᠣᠯᠭ᠎ᠠ ᠶᠢᠨ ᠬᠠᠰᠣᠭᠳᠠᠯ ᠢ ᠨᠦᠬᠦᠪᠦᠷᠢᠯᠡᠨ᠎ᠡ᠃ ᠭᠤᠷᠪᠠ ᠳᠤ ᠦᠷᠢᠲᠦᠵᠦ ᠪᠠᠶᠢᠭ᠎ᠠ ᠭᠠᠶᠢᠯᠢ ᠵᠠᠷᠣᠳᠠᠯ ᠢ ᠲᠠᠲᠠᠪᠦᠷᠢᠯᠠᠨ ᠬᠤᠷᠢᠶᠠᠬᠤ ᠡᠷᠴᠢᠮ ᠢᠶᠠᠨ ᠨᠡᠮᠡᠭᠳᠡᠭᠦᠯᠦᠨ᠎ᠡ᠃ ᠬᠤᠰᠢᠭᠤᠨ ᠤ ᠭᠠᠶᠢᠯᠢ ᠶᠢᠨ ᠶᠠᠪᠣᠳᠠᠯ᠂ ᠡᠨᠧᠷᠬᠢ ᠶᠢᠨ ᠬᠠᠮᠢᠶᠠᠷᠣᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠦᠴᠢᠷ ᠢ ᠢᠳᠡᠪᠬᠢᠲᠡᠢ ᠵᠤᠬᠢᠶᠠᠨ ᠪᠠᠶᠢᠭᠤᠯᠵᠤ᠂ ᠭᠤᠷᠪᠠᠳᠣᠭᠠᠷ ᠲᠠᠯ᠎ᠠ ᠶᠢᠨ ᠪᠠᠶᠢᠭᠤᠯᠤᠮᠵᠢ ᠶᠢ ᠤᠷᠢᠬᠤ ᠠᠷᠭ᠎ᠠ ᠪᠠᠷ ᠳᠠᠮᠵᠢᠭᠤᠯᠤᠨ᠂  ᠨᠢᠭᠡᠨᠲᠠ ᠴᠦᠮᠦᠷᠡᠭᠰᠡᠨ ᠬᠦᠷᠢᠶ᠎ᠡ ᠬᠡᠪᠴᠢᠶᠡᠨ ᠤ ᠲᠠᠯᠠᠪᠠᠢ ᠶᠢ ᠲᠤᠭᠲᠠᠭᠠᠯ ᠶᠤᠰᠤᠭᠠᠷ ᠬᠡᠮᠵᠢᠨ ᠪᠤᠳᠣᠵᠣ᠂ ᠬᠤᠶᠢᠰᠢᠳᠠ ᠠᠮᠠᠷᠬᠠᠨ ᠴᠦᠮᠦᠷᠡᠬᠦ ᠬᠦᠷᠢᠶ᠎ᠡ ᠬᠡᠪᠴᠢᠶᠡᠨ ᠳᠤ ᠬᠢ ᠭᠠᠵᠠᠷ ᠤᠷᠤᠨ ᠳᠤ ᠬᠦᠳᠡᠯᠦᠩᠭᠦᠢ ᠬᠢᠨᠨᠠ ᠡᠵᠡᠮᠰᠢᠯ ᠬᠢᠨ᠂ ᠴᠦᠮᠦᠷᠡᠭᠰᠡᠨ ᠣᠷᠣᠨ ᠬᠡᠪᠴᠢᠶᠡᠨ ᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠬᠠᠤᠯᠢ ᠶᠣᠰᠣᠭᠠᠷ ᠬᠤᠷᠢᠶᠠᠨ ᠠᠪᠣᠨ᠎ᠠ᠃ ᠡᠭᠦᠨ ᠤ ᠵᠡᠷᠭᠡᠪᠡᠷ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠯᠭ᠎ᠠ ᠶᠢᠨ ᠨᠡᠮᠡᠭᠳᠡᠯ ᠤᠨ ᠳᠠᠯᠳᠠ ᠬᠦᠴᠦᠨ ᠢ ᠠᠭᠤᠲᠠᠯᠤᠨ᠂ ᠣᠯᠠᠷᠢᠯ ᠪᠤᠯᠭᠠᠨ ᠰᠠᠷ᠎ᠠ ᠳᠠᠷᠠᠭᠠᠯᠠᠨ ᠲᠠᠲᠠᠪᠤᠷᠢᠯᠠᠬᠤ ᠡᠭᠦᠷᠭᠡ ᠶᠢ ᠨᠠᠷᠢᠪᠴᠢᠯᠠᠨ ᠬᠤᠪᠢᠶᠠᠷᠢᠯᠠᠬᠤ ᠶᠢ ᠪᠠᠷᠢᠮᠲᠠᠯᠠᠵᠤ᠂ ᠲᠠᠲᠠᠪᠤᠷᠢᠯᠠᠨ ᠬᠠᠮᠢᠶᠠᠷᠬᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠬᠠᠣᠯᠢ ᠶᠣᠰᠣᠭᠠᠷ ᠲᠠᠲᠠᠪᠤᠷᠢᠯᠠᠬᠤ᠂ ᠬᠤᠷᠢᠶᠠᠪᠠᠯ ᠵᠤᠬᠢᠬᠤ ᠶᠢ ᠨᠢ ᠪᠦᠬᠦᠨ ᠢ ᠬᠤᠷᠢᠶᠠᠬᠤ ᠶᠢ ᠪᠠᠲᠤᠯᠠᠨ᠎ᠠ᠃      ︵ᠬᠤᠶᠠᠷ︶  ᠳᠦᠷᠢᠮᠵᠢᠭᠦᠨ ᠬᠠᠮᠢᠶᠠᠷᠤᠯᠲᠠ ᠶᠢ ᠪᠠᠷᠢᠮᠲᠠᠯᠠᠨ᠂ ᠠᠷᠠᠳ ᠤᠯᠠᠨ ᠤ ᠦᠨᠳᠦᠰᠦᠨ ᠠᠮᠢᠳᠣᠷᠠᠯ ᠢ ᠪᠠᠲᠤᠯᠠᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠣᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠡᠲᠡ ᠶᠢ ᠪᠦᠬᠦ ᠲᠠᠯ᠎ᠠ ᠪᠠᠷ ᠠᠬᠢᠭᠤᠯᠤᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠦᠭᠵᠢᠯᠲᠡ ᠶᠢ ᠠᠬᠢᠭᠤᠯᠬᠤ ᠪᠠ ᠠᠷᠠᠳ ᠢ ᠬᠠᠷᠠᠭᠠᠯᠵᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠲᠥᠷᠢᠮ ᠲᠤᠭᠳᠠᠴᠠ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠥᠨ᠂ ᠠᠷᠪᠢᠯᠠᠨ ᠭᠠᠮᠨᠠᠬᠤ ᠥᠵᠡᠯ ᠰᠤᠷᠳᠠᠯ ᠢ ᠪᠠᠳᠤᠳᠬᠠᠵᠤ᠂ ᠵᠠᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠠᠳᠠᠭᠠᠯᠠᠯᠲᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠨᠡᠮᠡᠭᠳᠡᠯ ᠪᠡᠯᠡ ᠮᠦᠩᠭᠦ ᠶᠢ ᠰᠠᠶᠢᠲᠤᠷ ᠬᠡᠷᠡᠭᠯᠡᠨ᠂ ᠪᠡᠯᠡ ᠮᠦᠩᠭᠦ ᠶᠢ ᠵᠦᠢ ᠵᠤᠬᠢᠰᠲᠠᠢ ᠲᠣᠬᠢᠷᠠᠭᠤᠯᠵᠣ᠂ ᠵᠠᠰᠠᠭ ᠵᠠᠬᠢᠷᠭᠠᠨ ᠤ ᠠᠵᠢᠯᠯᠠᠭᠠᠨ ᠤ ᠦᠪᠡᠷ ᠤᠨ ᠦᠷᠲᠡᠭ ᠤᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠡᠳ᠋ ᠤᠨ ᠵᠠᠰᠠᠭ ᠤᠨ ᠬᠠᠩᠭᠠᠯᠭ᠎ᠠ ᠶᠢᠨ ᠬᠡᠪᠴᠢᠶ᠎ᠡ ᠶᠢ  ᠳᠦᠷᠢᠮᠵᠢᠭᠦᠯᠵᠦ᠂ ︽ᠭᠤᠷᠪᠠ ᠶᠢ ᠪᠠᠲᠣᠯᠠᠬᠤ︾ ᠶᠢ ᠲᠡᠷᠢᠭᠦᠨ ᠳᠤ ᠲᠠᠯᠪᠢᠨ᠂ ᠳᠡᠭᠡᠷ᠎ᠡ ᠵᠢᠯ ᠤᠨ ᠰᠠᠭᠤᠷᠢᠨ ᠳᠡᠭᠡᠷ᠎ᠡ ᠡᠩ ᠤᠨ ᠴᠢᠨᠠᠷᠲᠠᠢ ᠵᠠᠷᠣᠯᠭ᠎ᠠ ᠶᠢ ᠪᠠᠭᠠᠰᠬᠠᠵᠤ᠂ ᠲᠦᠰᠦᠪ ᠤᠨ ᠬᠢᠵᠠᠭᠠᠷᠯᠠᠯ ᠢ ᠴᠢᠩᠭᠠᠷᠠᠭᠤᠯᠤᠨ᠂ ᠰᠤᠷᠭᠠᠨ ᠭᠥᠮᠥᠵᠢᠯ᠂ ᠰᠢᠨᠵᠢᠯᠡᠭᠡ ᠮᠡᠷᠭᠡᠵᠢᠯ᠂ ᠡᠮ ᠡᠮᠴᠢᠯᠡᠭᠡ ᠡᠷᠡᠭᠦᠯ ᠬᠠᠮᠠᠭᠠᠯᠠᠯ᠂ ᠡᠨᠧᠷᠬᠢ ᠠᠷᠪᠢᠯᠠᠯ ᠤᠷᠴᠢᠨ ᠬᠠᠮᠠᠭᠠᠯᠠᠯᠳᠠ᠂ ᠨᠡᠶᠢᠭᠡᠮ ᠤᠨ ᠪᠠᠳᠤᠯᠠᠭ᠎ᠠ ᠵᠡᠷᠭᠡ ᠭᠥᠷᠢᠶ᠎ᠡ ᠴᠠᠷᠠᠭᠠᠨ ᠳᠤ  ᠬᠢ ᠪᠡᠯᠡ ᠮᠥᠩᠭᠦᠨ ᠤ ᠪᠠᠳᠤᠯᠠᠭ᠎ᠠ ᠶᠢᠨ ᠭᠥᠴᠥᠯᠡᠴᠡ ᠶᠢ ᠨᠡᠮᠡᠭᠳᠡᠭᠦᠯᠥᠨ᠂ ᠮᠠᠯ ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠬᠤᠳᠠ ᠭᠥᠳᠡᠭᠡ ᠶᠢᠨ ᠪᠠᠶᠢᠭᠤᠯᠤᠯᠳᠠ ᠵᠡᠷᠭᠡ ᠳᠤ ᠬᠢ ᠪᠡᠯᠡ ᠮᠥᠩᠭᠦᠨ ᠤ ᠴᠡᠭᠴᠡᠵᠢᠭᠦᠯᠥᠯᠳᠡ ᠶᠢᠨ ᠭᠥᠴᠥᠯᠡᠴᠡ ᠶᠢ ᠴᠢᠩᠭᠠᠳᠬᠠᠵᠤ᠂ ᠭᠥᠳᠡᠭᠡ ᠨᠤᠳᠤᠭ ᠢ ᠭᠥᠴᠥᠷᠭᠡᠭᠵᠢᠭᠦᠯᠥᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢᠨ ᠯᠠᠪᠳᠠᠭᠤᠨ ᠬᠡᠷᠡᠭᠵᠢᠭᠦᠯᠦᠯᠲᠡ ᠶᠢ ᠭᠥᠴᠥᠳᠡᠢ ᠲᠠᠮᠵᠢᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ︵ᠭᠤᠷᠪᠠ︶ ᠪᠦᠲᠦᠮᠵᠢ ᠶᠢᠨ ᠣᠳᠣᠷᠢᠳᠣᠮᠵᠢ ᠶᠢ ᠪᠠᠷᠢᠮᠲᠠᠯᠠᠨ᠂ ᠲᠦᠰᠦᠪ ᠤᠨ ᠬᠠᠮᠢᠶᠠᠷᠣᠯᠲᠠ ᠶᠢ ᠠᠬᠢᠭᠤᠯᠤᠨ᠎ᠠ᠃ᠨᠢᠭᠡ ᠳᠤ  ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠪᠦᠲᠦᠮᠵᠢ ᠶᠢᠨ ᠬᠠᠮᠢᠶᠠᠷᠣᠯᠲᠠ ᠶᠢ ᠨᠢᠭᠲᠠ ᠣᠶᠠᠯᠳᠣᠭᠤᠯᠬᠤ ᠶᠢ ᠠᠭᠢᠭᠤᠯᠤᠨ᠎ᠠ᠃ ᠪᠣᠢ ᠪᠦᠬᠦᠢ ᠡᠳ᠋ ᠤᠨ ᠵᠠᠰᠠᠭ ᠤᠨ ᠵᠠᠷᠣᠯᠭ᠎ᠠ ᠶᠢᠨ ᠲᠦᠷᠦᠯ ᠵᠦᠢᠯ ᠡᠷᠬᠡᠪᠰᠢ ᠪᠦᠲᠦᠮᠵᠢ ᠶᠢᠨ ᠬᠠᠷᠠᠯᠲᠠ ᠪᠠᠨ ᠮᠡᠳᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠬᠢᠨᠠᠨ ᠬᠠᠷᠭᠤᠭᠤᠯᠣᠯᠲᠠ᠂ ᠴᠣᠬᠤᠯᠠᠪᠣᠷᠢᠯᠠᠯᠲᠠ ᠪᠠᠷ ᠲᠦᠰᠦᠪ ᠤᠨ ᠲᠤᠬᠢᠷᠠᠭᠤᠯᠤᠯᠲᠠ ᠶᠢᠨ ᠴᠢᠬᠤᠯᠠ ᠨᠦᠭᠦᠴᠡᠯ ᠪᠠ ᠪᠦᠲᠦᠮᠵᠢ ᠶᠢᠨ ᠬᠢᠨᠠᠨ ᠦᠨᠡᠯᠡᠯᠲᠡ ᠶᠢᠨ ᠦᠨᠳᠦᠰᠦᠯᠡᠯ ᠪᠣᠯᠭᠠᠨ᠎ᠠ᠃ ᠬᠤᠶᠠᠷ ᠲᠤ ᠣᠯᠠᠨ ᠡᠰᠢᠲᠦ ᠬᠢᠨᠠᠨ ᠲᠣᠭᠲᠠᠭᠠᠬᠤ ᠲᠤᠭᠲᠠᠴᠠ ᠶᠢ ᠪᠦᠷᠢᠨᠰᠢᠭᠦᠯᠦᠨ᠂ ᠪᠦᠲᠦᠮᠵᠢ  ᠶᠢᠨ ᠦᠷ᠎ᠡ ᠳ᠋ᠦᠩ ᠤᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠪᠡᠯᠡ ᠮᠦᠩᠭᠦ ᠬᠡᠷᠡᠭᠯᠡᠬᠦ ᠨᠢᠭᠡᠴᠡ ᠶᠢᠨ ᠪᠦᠲᠦᠮᠵᠢ ᠶᠢᠨ ᠦᠪᠡᠷ ᠤᠨ ᠦᠨᠡᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠭᠤᠤᠯᠳᠠᠯᠭ᠎ᠠ ᠲᠠᠢ ᠦᠨᠡᠯᠡᠯᠲᠡ ᠵᠢᠴᠢ ᠭᠤᠷᠪᠠᠳᠠᠬᠢ ᠡᠲᠡᠭᠡᠳ ᠤᠨ ᠵᠠᠭᠤᠴᠢ ᠪᠠᠶᠢᠭᠤᠯᠤᠮᠵᠢ ᠶᠢᠨ ᠦᠨᠡᠯᠡᠯᠲᠡ ᠶᠢ ᠤᠶᠠᠯᠳᠤᠭᠤᠯᠤᠭᠰᠠᠨ ᠣᠯᠠᠨ ᠡᠰᠢᠲᠣ ᠦᠨᠡᠯᠡᠯᠲᠡ ᠶᠢᠨ ᠰᠢᠰᠲ᠋ᠧᠮ ᠢ ᠪᠠᠶᠢᠭᠤᠯᠤᠨ᠂ ᠪᠦᠲᠦᠮᠵᠢ ᠶᠢᠨ ᠦᠨᠡᠯᠡᠯᠲᠡ ᠶᠢᠨ ᠰᠢᠨᠵᠢᠯᠡᠬᠦ ᠣᠬᠠᠭᠠᠨᠴᠢ ᠴᠢᠨᠠᠷ ᠪᠠ ᠢᠲᠡᠭᠡᠭᠦᠯᠬᠦ ᠬᠦᠴᠦᠨ ᠢ ᠨᠡᠮᠡᠭᠳᠡᠭᠦᠯᠦᠨ᠎ᠡ᠃ ᠭᠤᠷᠪᠠ ᠳ᠋ᠤ᠋‌‍ᠪᠦ᠋ᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠭᠡᠨ ᠤ ᠲᠤᠭᠲᠠᠴᠠ ᠶᠢ ᠴᠢᠩᠭᠠᠳᠬᠠᠨ᠂ ᠲᠦᠰᠦᠪ ᠤᠨ ᠬᠠᠮᠢᠶᠠᠷᠣᠯᠲᠠ ᠶᠢᠨ ᠪᠦᠲᠦᠮᠵᠢ ᠶᠢᠨ ᠣᠳᠣᠷᠢᠳᠣᠮᠵᠢ ᠶᠢᠨ ᠦᠢᠯᠡᠳᠦᠯ ᠢ ᠴᠢᠩᠭᠠᠳᠬᠠᠨ᠎ᠠ᠃ ᠪᠦᠲᠦᠮᠵᠢ  ᠶᠢᠨ ᠦᠨᠡᠯᠡᠯᠲᠡ ᠶᠢᠨ ᠦᠷ᠎ᠡ ᠳ᠋ᠦᠩ ᠢ ᠪᠤᠴᠠᠭᠠᠨ ᠲᠤᠰᠬᠠᠬᠤ ᠲᠤᠭᠲᠠᠴᠠ ᠶᠢ ᠬᠡᠷᠡᠭᠵᠢᠭᠦᠯᠦᠨ᠂  ᠦᠨᠡᠯᠡᠯᠲᠡ ᠶᠢᠨ ᠳ᠋ᠦᠩ ᠢ ᠳᠠᠷᠠᠭ᠎ᠠ ᠵᠢᠯ  ᠤᠨ ᠲᠦᠷᠦᠯ ᠵᠦᠢᠯ ᠤᠨ ᠲᠦᠰᠦᠪ ᠤᠨ ᠲᠤᠬᠢᠷᠠᠭᠤᠯᠤᠯᠲᠠ ᠲᠠᠢ ᠠᠪᠴᠠᠯᠳᠣᠭᠤᠯᠣᠨ᠎ᠠ᠃ ᠡᠭᠦᠨ ᠤ ᠵᠡᠷᠭᠡᠪᠡᠷ ᠪᠦᠲᠦᠮᠵᠢ ᠶᠢᠨ ᠬᠠᠮᠢᠶᠠᠷᠣᠯᠲᠠ ᠶᠢᠨ ᠳ᠋ᠦᠩ ᠢ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠪᠣᠴᠠᠭᠠᠨ ᠲᠤᠰᠬᠠᠵᠤ᠂ ᠭᠠᠳᠠᠭᠠᠳᠣ ᠬᠢᠨᠠᠯᠲᠠ ᠶᠢ ᠴᠢᠩᠭᠠᠳᠬᠠᠨ᠎ᠠ᠃      ︵ᠳᠦᠷᠪᠡ︶ ᠦᠩᠭᠡᠨ ᠲᠠᠯ᠎ᠠ ᠪᠠ ᠦᠨᠳᠦᠰᠦ ᠶᠢ ᠨᠢ ᠵᠡᠷᠭᠡᠪᠡᠷ ᠵᠠᠰᠠᠬᠤ ᠶᠢ ᠪᠠᠷᠢᠮᠲᠠᠯᠠᠨ᠂ ᠦᠭᠴᠡᠭᠡᠨ ᠲᠦᠭᠰᠢᠭᠦᠷᠢ ᠶᠢ ᠰᠡᠷᠭᠡᠶᠢᠯᠡᠨ᠎ᠡ᠃  ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠭᠲᠠᠭᠠᠭᠰᠠᠨ ᠵᠠᠰᠠᠭ ᠤᠨ ᠣᠷᠳᠣᠨ ᠤ ᠦᠷᠢ ᠦᠭᠴᠡᠭᠡ  ᠪᠠ ᠳᠠᠯᠳᠠ ᠦᠷᠢ ᠦᠭᠴᠡᠭᠡ ᠶᠢᠨ ᠬᠠᠮᠢᠶᠠᠷᠣᠯᠲᠠ ᠶᠢᠨ ᠲᠤᠬᠠᠢ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠲᠠᠪᠤᠷᠢᠵᠢᠭᠤᠯᠤᠨ᠂ ᠲᠤᠭᠲᠠᠭᠠᠯ ᠠᠴᠠ ᠵᠦᠷᠢᠴᠡᠨ ᠵᠠᠰᠠᠭ ᠤᠨ ᠣᠷᠳᠣᠨ ᠤ ᠳᠠᠯᠳᠠ ᠦᠷᠢ ᠦᠭᠴᠡᠭᠡ ᠶᠢ ᠨᠡᠮᠡᠭᠳᠡᠭᠦᠯᠬᠦ ︽ᠠᠷᠣ ᠡᠭᠦᠳᠡ︾ ᠶᠢ ᠳᠠᠰᠤ ᠬᠠᠭᠠᠵᠤ᠂ ᠪᠡᠯᠡ ᠮᠦᠩᠭᠦ ᠶᠢᠨ ᠢᠷᠡᠯᠲᠡ ᠶᠢ ᠲᠤᠲᠤᠷᠬᠠᠶᠢᠯᠠᠭᠰᠠᠨ ᠦᠭᠡᠢ ᠪᠠ ᠪᠡᠯᠡ ᠮᠦᠩᠭᠦ ᠶᠢᠨ ᠲᠡᠩᠴᠡᠭᠦᠷᠢ ᠶᠢᠨ ᠲᠦᠰᠦᠯ ᠢ ᠲᠤᠭᠲᠠᠭᠠᠭᠰᠠᠨ ᠦᠭᠡᠢ ᠲᠦᠷᠦᠯ ᠵᠦᠢᠯ ᠢ ᠬᠢᠨᠠᠨ ᠵᠦᠪᠰᠢᠶᠡᠷᠡᠵᠦ ᠪᠤᠯᠬᠤ ᠦᠭᠡᠢ᠂ ᠠᠵᠢᠯ ᠡᠬᠢᠯᠡᠬᠦᠯᠦᠨ ᠪᠦᠲᠦᠬᠡᠨ ᠪᠠᠶᠢᠭᠤᠯᠵᠤ ᠪᠤᠯᠬᠤ ᠦᠭᠡᠢ᠂ ᠳᠠᠯᠳᠠ ᠦᠷᠢ ᠦᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠨ᠎ᠠ᠃ ᠵᠢᠭᠡᠯᠡᠯᠭᠡ ᠠᠪᠴᠤ ᠪᠡᠯᠡ ᠬᠤᠷᠠᠮᠳᠣᠭᠤᠯᠬᠤ ︽ᠡᠮᠦᠨ᠎ᠡ ᠡᠭᠦᠳᠠ︾ ᠶᠢ ᠳᠦᠷᠢᠮᠵᠢᠭᠦᠨ ᠨᠡᠭᠡᠭᠡᠵᠦ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠪᠡᠯᠡ  ᠬᠤᠷᠠᠮᠳᠣᠭᠤᠯᠭ᠎ᠠ ᠶᠢ ᠬᠠᠣᠯᠢ ᠲᠣᠭᠲᠠᠭᠠᠯ ᠶᠤᠰᠤᠭᠠᠷ ᠳᠡᠮᠵᠢᠨ᠂ ᠨᠡᠶᠢᠬᠡᠮ ᠤᠨ ᠬᠦᠷᠦᠩᠭᠡ᠂ ᠣᠨᠴᠠᠭᠠᠶᠢᠯᠠᠨ ᠠᠷᠠᠳ ᠤᠨ ᠬᠦᠷᠦᠩᠭᠡ ᠶᠢᠨ ᠮᠠᠨ ᠤ ᠬᠤᠰᠢᠭᠤᠨ ᠤ ᠭᠤᠣᠯᠳᠠᠯᠭᠠᠲᠣ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠪᠡᠯᠡ ᠤᠷᠣᠭᠤᠯᠬᠤ ᠶᠢ ᠬᠦᠲᠦᠯᠦᠨ ᠵᠢᠯᠤᠭᠤᠳᠤᠨ᠎ᠠ᠃ ᠳᠠᠯᠳᠠ ᠦᠭᠴᠡᠭᠡ ᠶᠢ ᠰᠢᠢᠳᠪᠦᠷᠢᠯᠡᠬᠦ ᠲᠦᠯᠦᠪᠵᠢᠭᠦᠯᠭᠡ᠂ ᠢᠲᠡᠭᠡᠮᠵᠢᠲᠦ ᠵᠢᠭᠡᠯᠡᠯᠭᠡ ᠶᠢ ᠦᠭᠴᠡᠭᠡᠨ ᠬᠤᠭᠤᠴᠠᠭ᠎ᠠ ᠲᠤᠯᠪᠠᠯ ᠪᠣᠴᠠᠭᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ  ᠳᠤ ᠦᠷᠢᠲᠦᠭᠰᠡᠨ ᠦᠭᠴᠡᠭᠡ ᠶᠢ ᠢᠯᠭᠠᠷᠠᠭᠤᠯᠣᠨ ᠪᠤᠳᠣᠬᠤ ᠱᠠᠭᠠᠷᠳᠠᠯᠭ᠎ᠠ ᠶᠣᠰᠣᠭᠠᠷ ᠦᠷᠢ ᠦᠭᠴᠡᠭᠡ ᠶᠢ ᠰᠢᠢᠳᠪᠦᠷᠢᠯᠡᠬᠦ ᠬᠠᠮᠲᠤᠷᠠᠨ ᠬᠦᠳᠡᠯᠦᠯᠴᠡᠬᠦ ᠲᠤᠭᠲᠠᠴᠠ ᠶᠢ ᠪᠦᠷᠢᠨᠰᠢᠭᠦᠯᠦᠨ᠂ ᠦᠷᠢᠲᠦᠭᠰᠡᠨ ᠭᠠᠶᠢᠯᠢ ᠵᠠᠷᠣᠳᠠᠯ ᠢ ᠢᠯᠭᠠᠷᠠᠭᠤᠯᠬᠤ᠂ ᠠᠪᠴᠠᠭᠠᠨ ᠤ ᠡᠷᠬᠡ ᠶᠢ ᠢᠯᠭᠠᠪᠣᠷᠢᠯᠠᠨ ᠬᠤᠷᠢᠶᠠᠬᠤ᠂ ᠵᠠᠷᠣᠯᠭ᠎ᠠ ᠶᠢ ᠪᠠᠭᠠᠰᠬᠠᠬᠤ᠂ ᠠᠰᠢᠭᠯᠠᠭᠳᠠᠭ᠎ᠠ ᠦᠬᠡᠢ ᠡᠳ᠋ ᠬᠦᠷᠦᠩᠬᠡ ᠶᠢ ᠰᠢᠢᠳᠪᠦᠷᠢᠯᠡᠬᠦ᠂ ᠬᠠᠳᠠᠭᠠᠯᠠᠯᠲᠠ ᠬᠦᠷᠦᠩᠭᠡ ᠶᠢ ᠠᠮᠢᠳᠣᠯᠢᠭᠵᠢᠭᠤᠯᠬᠤ᠂ ᠣᠨᠴᠠ ᠵᠦᠪᠰᠢᠶᠡᠷᠡᠭᠰᠡᠨ ᠡᠵᠡᠩᠨᠡᠯᠲᠡ  ᠶᠢ ᠰᠢᠯᠵᠢᠭᠦᠯᠬᠦ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠮᠥᠩᠭᠦ ᠶᠢᠨ ᠬᠠᠮᠲᠤᠷᠠᠯᠴᠠᠭ᠎ᠠ ︵PPP︶ ᠶᠢ ᠬᠤᠪᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠠᠯᠳᠠ ᠦᠭᠴᠡᠭᠡ ᠶᠢ ᠨᠡᠮᠡᠭᠳᠡᠭᠦᠯᠬᠦ ᠦᠭᠡᠢ ᠤᠷᠢᠳᠠᠯ ᠳᠣᠣᠷ᠎ᠠ ᠦᠷᠢ ᠦᠭᠴᠡᠭᠡ ᠰᠢᠢᠳᠪᠦᠷᠢᠯᠡᠬᠦ ᠠᠷᠭ᠎ᠠ ᠪᠠᠨ ᠰᠢᠨᠡᠴᠢᠯᠡᠵᠦ᠂ ᠦᠷᠢ ᠲᠦᠯᠦᠬᠦ ᠪᠡᠯᠡ ᠮᠦᠩᠭᠦ ᠶᠢ ᠢᠳᠡᠪᠬᠢᠲᠡᠢ ᠬᠤᠷᠠᠮᠳᠣᠭᠤᠯᠣᠨ᠂ ᠬᠤᠭᠤᠴᠠᠭ᠎ᠠ ᠲᠤᠯᠤᠭᠰᠠᠨ ᠦᠭᠴᠡᠭᠡ ᠪᠠᠨ ᠴᠠᠭ ᠲᠠᠭᠠᠨ ᠲᠦᠯᠦᠭᠦ ᠶᠢ ᠪᠠᠲᠤᠯᠠᠨ᠎ᠠ᠃ ᠬᠤᠭᠤᠴᠠᠭ᠎ᠠ ᠲᠤᠯᠤᠭᠰᠠᠨ ᠦᠭᠴᠡᠭᠡ ᠶᠢ ᠲᠦᠷ ᠪᠣᠴᠠᠭᠠᠵᠤ ᠳᠡᠶᠢᠯᠬᠦ ᠦᠭᠡᠢ ᠶᠢ ᠨᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠦᠪᠳᠡᠯᠴᠡᠬᠦ ᠪᠠᠷ ᠳᠠᠮᠵᠢᠨ᠂ ᠬᠤᠭᠤᠴᠠᠭ᠎ᠠ ᠶᠢ ᠨᠢ ᠵᠤᠬᠢᠰᠲᠠᠢ ᠣᠷᠲᠣᠳᠬᠠᠬᠤ᠂  ᠦᠭᠴᠡᠭᠡ ᠶᠢ ᠳᠠᠬᠢᠨ  ᠴᠡᠭᠴᠡᠵᠢᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠤᠬᠤᠷ ᠬᠤᠭᠤᠴᠠᠭᠠᠨ ᠤ ᠦᠨᠳᠦᠷ ᠬᠦᠦ ᠲᠠᠢ ᠦᠷᠢ ᠶᠢ ᠣᠷᠲᠣ ᠬᠤᠭᠤᠴᠠᠭᠠᠨ ᠤ ᠳᠣᠣᠷ᠎ᠠ ᠬᠦᠦ ᠲᠠᠢ ᠦᠷᠢ ᠪᠤᠯᠭᠠᠨ ᠰᠣᠯᠢᠵᠣ᠂ ᠦᠭᠴᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠦᠷᠢ ᠦᠭᠴᠡᠭᠡᠨ ᠤ ᠲᠦᠭᠰᠢᠬᠦᠷᠢ ᠦᠯᠦ  ᠡᠭᠦᠰᠭᠡᠭᠦ ᠬᠤᠷᠢᠭ᠎ᠠ ᠱᠣᠭᠤᠮ ᠢ ᠪᠠᠲᠤ ᠰᠠᠬᠢᠨ᠎ᠠ᠃      ︵ᠲᠠᠪᠤ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠶᠢ ᠪᠠᠷᠢᠮᠲᠠᠯᠠᠨ᠂ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠦ ᠳᠤ ᠬᠦᠴᠦᠨ ᠨᠡᠮᠡᠷᠢᠯᠡᠨ᠎ᠡ᠃ ᠨᠢᠭᠡ ᠳᠤ ᠬᠢᠨᠠᠯᠲᠠ ᠬᠠᠮᠢᠶᠠᠷᠣᠯᠲᠠ ᠶᠢᠨ ᠡᠭᠦᠷᠭᠡ ᠴᠢᠳᠠᠪᠣᠷᠢ ᠶᠢᠨ ᠬᠤᠪᠢᠷᠠᠭᠤᠯᠣᠯᠲᠠ ᠶᠢ ᠦᠷᠭᠦᠯᠵᠢᠯᠡᠨ ᠠᠬᠢᠭᠤᠯᠵᠤ᠂ ᠬᠦᠷᠦᠩᠭᠡ ᠶᠢ ᠬᠠᠮᠢᠶᠠᠷᠬᠤ ᠪᠠᠷ ᠭᠤᠤᠯ ᠪᠤᠯᠭᠠᠭᠰᠠᠨ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠪᠠᠨ ᠠᠬᠢᠭᠤᠯᠬᠤ ᠲᠦᠰᠦᠯ ᠢ ᠨᠠᠶᠢᠲᠠᠪᠤᠷᠢᠵᠢᠭᠤᠯᠤᠨ᠂ ᠪᠡᠯᠡ ᠭᠠᠷᠭᠠᠭᠴᠢ ᠶᠢᠨ ᠬᠢᠨᠠᠯᠲᠠ ᠬᠠᠮᠢᠶᠠᠷᠣᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠢᠵᠠᠭᠠᠷ ᠢ  ᠲᠤᠲᠤᠷᠬᠠᠶᠢᠯᠠᠨ᠂ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠬᠠᠣᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠬᠡᠷᠡᠭ ᠮᠡᠳᠡᠭᠴᠢᠳ ᠤᠨ ᠵᠦᠪᠯᠡᠯ ᠤᠨ ᠰᠢᠢᠳᠪᠦᠷᠢ ᠲᠤᠭᠲᠠᠭᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠬᠤᠶᠠᠷ ᠲᠤ ᠣᠯᠣᠰ ᠤᠨ ᠦᠮᠴᠢᠯᠡᠯᠲᠦ ᠠᠵᠤ ᠠᠬᠤᠶᠢᠯᠠᠯ ᠢ ᠲᠠᠬᠢᠨ  ᠴᠡᠭᠴᠡᠵᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠬᠦᠷᠦᠩᠭᠡ ᠶᠢᠨ ᠪᠠᠶᠢᠷᠢᠯᠠᠭᠤᠯᠤᠯᠲᠠ ᠶᠢ ᠵᠣᠬᠢᠰᠲᠠᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠠᠰᠢᠭ ᠣᠯᠬᠤ ᠴᠢᠳᠠᠪᠣᠷᠢ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠠᠮᠢᠶᠠᠷᠣᠯᠲᠠ ᠶᠢᠨ ᠦᠪᠡᠷ ᠤᠨ ᠦᠷᠲᠡᠭ ᠢ ᠳᠣᠷᠣᠭᠰᠢᠯᠠᠭᠤᠯᠣᠨ᠂ ᠬᠦᠷᠦᠩᠭᠡ ᠶᠢᠨ ᠠᠰᠢᠭ ᠣᠷᠣᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠭᠤᠷᠪᠠ ᠳᠤ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠭᠤᠣᠯᠳᠠᠯᠭᠠᠲᠣ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠨᠡᠭᠦᠷᠡᠰᠦᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠴᠢᠬᠤᠯᠠ ᠴᠠᠷᠠᠭᠠᠨ ᠤ ᠭᠦᠭᠵᠢᠯᠲᠡ ᠶᠢ ᠠᠬᠢᠭᠤᠯᠵᠤ᠂ ᠮᠠᠨ ᠤ ᠬᠤᠰᠢᠭᠤᠨ ᠤ ᠰᠣᠶᠣᠯ ᠤᠨ ᠣᠨᠴᠠᠯᠢᠭ ᠪᠦᠬᠦᠢ ᠵᠢᠭᠤᠯᠴᠢᠯᠠᠯ ᠤᠨ ᠲᠦᠷᠦᠯ ᠵᠦᠢᠯ ᠪᠠ ᠪᠦᠲᠦᠭᠡᠭᠳᠡᠭᠦᠨ ᠢ ᠢᠳᠡᠪᠬᠢᠲᠡᠢ ᠪᠣᠶᠢᠵᠢᠭᠤᠯᠤᠨ᠂ ᠮᠠᠨ ᠤ ᠬᠤᠰᠢᠭᠤᠨ ᠤ ᠠᠵᠤ ᠠᠬᠤᠢ ᠶᠢᠨ ᠰᠢᠨ᠎ᠡ ᠨᠡᠮᠡᠭᠳᠡᠯ  ᠤᠨ ᠴᠡᠭ ᠢ  ᠪᠣᠢ ᠪᠣᠯᠭᠠᠵᠣ᠂ ᠠᠵᠤ ᠠᠬᠤᠢ ᠨᠡᠶᠢᠬᠡᠮ ᠤᠨ ᠴᠢᠨᠠᠷᠯᠢᠭ ᠭᠦᠭᠵᠢᠯᠲᠡ ᠶᠢ ᠳᠠᠶᠢᠴᠢᠯᠡᠨ᠎ᠡ᠃      ᠲᠦᠯᠦᠭᠡᠯᠡᠭᠴᠢᠳ ᠡ᠂ 2020 ᠣᠨ ᠪᠣᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠲᠡᠭᠦᠰᠦᠯᠲᠡ ᠶᠢᠨ ᠵᠢᠯ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠣᠨ᠎ᠠ᠂ ᠮᠦᠨ ᠴᠤ ᠰᠢᠢᠳᠪᠦᠷᠢᠲᠦ ᠬᠤᠭᠤᠴᠠᠭ᠎ᠠ ᠪᠦᠭᠡᠳ ᠰᠢᠪᠲᠤᠯᠤᠯᠲᠠ ᠶᠢᠨ ᠬᠤᠭᠤᠴᠠᠭ᠎ᠠ ᠪᠣᠯᠬᠤᠷ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠰᠠᠶᠢᠲᠣᠷ ᠬᠢᠬᠦ ᠨᠢ ᠬᠦᠨ ᠡᠴᠢᠨ᠎ᠡ ᠠᠴᠢ ᠬᠤᠯᠪᠣᠭᠳᠠᠯ ᠲᠠᠢ ᠶᠣᠮ᠃ ᠰᠢᠨ᠎ᠡ ᠨᠢᠭᠡᠨ ᠵᠢᠯ ᠳᠤ᠂ ᠪᠢᠳᠠ ᠰᠢ ᠶᠢᠨ ᠫᠢᠩ ᠨᠦᠬᠦᠷ ᠢᠶᠠᠷ ᠲᠦᠪᠯᠡᠭᠦᠯᠦᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠲᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠳᠣᠷᠢᠳᠣᠯᠭ᠎ᠠ ᠳᠣᠣᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠤᠯᠤᠰ ᠲᠦᠷᠦ ᠶᠢᠨ ᠵᠦᠪᠯᠡᠯᠭᠡᠨ ᠤ ᠰᠠᠨᠠᠭᠤᠯᠭ᠎ᠠ ᠶᠢ ᠬᠢᠴᠢᠶᠡᠩᠭᠦᠶᠢᠯᠡᠨ ᠰᠣᠨᠣᠰᠴᠣ᠂ ᠢᠲᠡᠭᠡᠯ ᠢᠶᠠᠨ ᠪᠠᠲᠣᠳᠬᠠᠨ ᠬᠠᠲᠠᠭᠤᠵᠢᠯᠲᠠᠢ ᠠᠵᠢᠯᠯᠠᠵᠤ᠂ ᠬᠦᠴᠢᠷ ᠪᠡᠷᠬᠡ ᠶᠢ ᠢᠯᠠᠨ ᠣᠷᠣᠭᠰᠢᠯᠠᠨ ᠳᠠᠪᠰᠢᠵᠣ᠂ ᠡᠳ᠋ ᠤᠨ ᠵᠠᠰᠠᠭ ᠤᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠬᠢᠵᠦ᠂ ᠪᠦᠬᠦ ᠬᠤᠰᠢᠭᠤᠨ ᠤ ᠠᠵᠤ ᠠᠬᠤᠢ ᠶᠢᠨ ᠦᠷᠭᠦᠯᠵᠢᠭᠦᠶᠢᠴᠡ ᠡᠷᠡᠭᠦᠯ ᠭᠦᠭᠵᠢᠯᠲᠡ ᠪᠠ ᠨᠡᠶᠢᠬᠡᠮ ᠤᠨ ᠡᠶ᠎ᠡ ᠵᠤᠬᠢᠴᠠᠯ ᠠᠮᠣᠷ ᠲᠤᠭᠲᠠᠭᠤᠨ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠂ ᠰᠢᠯᠢᠳᠡᠭ ᠪᠦᠲᠦᠮᠵᠢ ᠪᠠᠷ ᠢᠶᠠᠨ ᠬᠤᠰᠢᠭᠤ ᠪᠠᠶᠢᠭᠤᠯᠣᠭᠳᠠᠭᠰᠠᠨ 40 ᠵᠢᠯ ᠤᠨ ᠣᠢ ᠪᠠᠨ ᠤᠭᠳᠤᠰᠤᠭᠠᠢ᠃                  
ᠢᠷᠡᠯᠲᠡ᠄ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠣᠭᠠᠨ