ᠬᠤᠰᠢᠭᠤ ᠠᠷᠪᠠᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠭᠤᠷᠪᠠ︶
ᠨᠡᠶᠢᠲᠡᠯᠡᠭᠰᠡᠨ ᠴᠠᠭ᠄
2022/11/24
ᠤᠳᠤᠭ ᠤᠨ ᠡᠮᠤᠨᠡᠳᠤ ᠬᠤᠰᠢᠭᠤᠨ ᠤ 2019 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2020  ᠤᠨ ᠤ  ᠤᠯᠤᠰ ᠠᠷᠠᠤᠨ ᠤᠨᠠᠵᠤ  ᠠᠬᠤᠢ  ᠪᠤᠯᠤᠨ  ᠨᠠᠶᠢᠬᠡᠮ ᠤᠨ  ᠬᠦᠭᠵᠢᠯᠳᠠ  ᠶᠢᠨ  ᠲᠦᠯᠤᠪᠯᠡᠭᠡ  ᠶᠢᠨ  ᠲᠦᠰᠤᠯ  ᠤᠨ  ᠮᠡᠳᠡᠬᠦᠯᠤᠯᠳᠠ                          —  2020 ᠤᠨ ᠤ 4 ᠰᠠᠷ᠎ᠠ  ᠶᠢᠨ 9  ᠤ ᠡᠳᠤᠷ ᠤᠳᠤᠭ ᠤᠨ  ᠡᠮᠤᠨᠡᠳᠤ ᠬᠤᠰᠢᠭᠤᠨ ᠤ ᠠᠷᠪᠠᠳᠦᠭᠠᠷ                          ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠳᠡᠬᠡᠷ᠎ᠠ                                   ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠵᠥᠪᠯᠡᠯᠲᠦᠯᠤᠬᠡᠯᠡᠭᠴᠢᠤᠨ ᠡ᠄       ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2019 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2020 ᠣᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ ᠲᠦᠷᠤ  ᠶᠢᠨ ᠵᠦᠪᠯᠡᠯᠬᠡᠨ  ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃      ᠨᠢᠬᠡ᠂ 2019 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ      ᠨᠢᠳᠤᠨᠤᠨ ᠠᠴᠠ ᠢᠨᠠᠭᠰᠢ ᠪᠡᠷᠭᠡ ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠤᠨ ᠡᠮᠥᠨ᠎ᠡ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠷᠴᠢᠳᠦ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ᠂ ᠪᠦᠬᠦ ᠬᠤᠰᠢᠭᠤ ᠪᠠᠷ ᠢᠶᠠᠨ ᠲᠦᠪ᠂ ᠣᠷᠣᠨ᠂ ᠬᠤᠳᠠ ᠶᠢᠨ ᠡᠯ᠎ᠡ ᠰᠢᠢᠳᠪᠥᠷᠢ ᠪᠠᠶᠢᠷᠢᠯᠠᠭᠤᠯᠤᠯᠳᠠ ᠶᠢ ᠭᠥᠨᠵᠡᠭᠡᠢ ᠨᠠᠶᠢᠳᠠᠪᠦᠷᠢᠵᠢᠭᠤᠯᠣᠨ᠂ ᠲᠣᠭᠳᠠᠭᠤᠨ ᠢᠶᠠᠷ ᠤᠷᠤᠭᠰᠢᠯᠠᠭᠤᠯᠬᠤ ᠠᠵᠢᠯ ᠤᠨ ᠠᠯᠬᠤᠮ ᠢ ᠪᠠᠷᠢᠮᠳᠠᠯᠠᠵᠣ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠭᠤᠷᠪᠠᠨ ᠲᠦᠪ ᠢ ᠪᠠᠶᠢᠭᠤᠯᠵᠤ᠂ ᠭᠤᠷᠪᠠᠨ ᠰᠠᠭᠤᠷᠢᠨ ᠢ ᠴᠤᠭᠴᠠᠯᠠᠬᠤ︾ ᠬᠦᠭᠵᠢᠯᠲᠡ ᠶᠢᠨ ᠰᠡᠳᠬᠢᠮᠵᠢ ᠢ ᠭᠤᠶᠢᠪᠢᠰᠢ ᠥᠭᠡᠢ ᠴᠢᠩᠭ᠎ᠠ ᠬᠡᠷᠡᠭᠵᠢᠭᠦᠯᠥᠨ᠂ ᠲᠤᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠠᠯᠲᠠ ᠶᠢ ᠠᠬᠢᠭᠤᠯᠬᠤ᠂ ᠪᠦᠲᠦᠴᠡ ᠶᠢ ᠳᠣᠬᠢᠷᠠᠭᠤᠯᠬᠤ᠂ ᠠᠷᠠᠳ ᠤᠨ ᠠᠮᠢᠳᠣᠷᠠᠯ  ᠢ ᠬᠠᠷᠠᠭᠠᠯᠵᠠᠬᠤ᠂ ᠳᠦᠭᠰᠢᠭᠦᠷᠢ  ᠶᠢ ᠰᠡᠷᠭᠡᠶᠢᠯᠡᠬᠦ᠂ ᠲᠤᠭᠲᠠᠭᠤᠨ ᠢ ᠪᠠᠲᠤᠯᠠᠬᠤ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠤᠭᠠᠳ᠂ ᠪᠦᠬᠦ ᠬᠤᠰᠢᠭᠤᠨ ᠤ ᠠᠵᠤ ᠠᠬᠤᠢ  ᠨᠡᠶᠢᠬᠡᠮ ᠤᠨ  ᠲᠤᠭᠳᠠᠭᠤᠨ ᠭᠥᠭᠵᠢᠯᠳᠡ ᠶᠢᠨ ᠪᠠᠶᠢᠳᠠᠯ ᠢ  ᠪᠠᠲᠤᠯᠠᠪᠠ᠃      ︵ᠨᠢᠭᠡ︶ ᠠᠵᠤ ᠠᠬᠤᠢ ᠶᠢᠨ ᠠᠵᠢᠯᠯᠠᠮᠵᠢ ᠶᠡᠷᠥᠩᠭᠡᠢ ᠳᠤ ᠪᠠᠨ ᠲᠤᠭᠳᠠᠭᠤᠨ ᠠᠬᠢᠪᠠ᠃ 2019 ᠤᠨ ᠳᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠢ 135.3 ᠳ᠋ᠦᠩᠰᠢᠭᠤᠷ ᠲᠦᠬᠦᠷᠢᠭ ᠪᠡᠶᠡᠯᠡᠬᠦᠯᠵᠣ᠂ 4.7% ᠪᠠᠷ ᠨᠡᠮᠡᠭᠳᠡᠬᠦᠯᠪᠠ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 11.9 ᠳ᠋ᠦᠩᠰᠢᠭᠤᠷ ᠲᠦᠬᠦᠷᠢᠭ ᠪᠡᠶᠡᠯᠡᠬᠦᠯᠵᠣ᠂ 12.4% ᠪᠠᠷ ᠨᠡᠮᠡᠭᠳᠡᠬᠦᠯᠪᠡ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢ 58.6 ᠳ᠋ᠦᠩᠰᠢᠭᠤᠷ ᠲᠦᠬᠦᠷᠢᠭ ᠪᠡᠶᠡᠯᠡᠬᠦᠯᠵᠣ᠂ 4.8% ᠪᠠᠷ ᠨᠡᠮᠡᠭᠳᠡᠭᠦᠯᠪᠡ︔ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.2%  ᠢᠶᠠᠷ ᠨᠡᠮᠡᠭᠳᠡᠨ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 7.4 ᠳ᠋ᠦᠩᠰᠢᠭᠤᠷ ᠭᠷᠠᠳᠦ᠋ᠰ ᠲᠤ ᠬᠦᠷᠴᠦ᠂ 13.6% ᠪᠠᠷ ᠨᠡᠮᠡᠭᠳᠡᠪᠡ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 25.4 ᠳ᠋ᠦᠩᠰᠢᠭᠤᠷ ᠲᠦᠬᠦᠷᠢᠭ ᠲᠤ ᠬᠦᠷᠴᠦ᠂ 4.8% ᠪᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ 47855 ᠲᠦᠬᠦᠷᠢᠭ ᠪᠠ 20519  ᠲᠦᠬᠦᠷᠢᠭ ᠲᠤ ᠬᠦᠷᠴᠤ᠂ 6.8% ᠪᠠ 10.7% ᠨᠡᠮᠡᠭᠳᠡᠪᠠ᠃      ︵ᠬᠤᠶᠠᠷ︶ ᠠᠵᠤ ᠤᠶᠢᠯᠡᠰ ᠤᠨ ᠪᠦᠲᠦᠴᠡ ᠲᠣᠭᠳᠠᠭᠤᠨ ᠢᠶᠠᠷ ᠴᠢᠨᠠᠷᠵᠢᠪᠠ᠃ ᠮᠠᠯ ᠲᠠᠷᠢᠶᠠᠯᠠᠩ ᠤᠨ ᠠᠵᠣ ᠦᠢᠯᠡᠰ ᠤᠨ  ᠬᠦᠭᠵᠢᠯᠲᠡ ᠣᠬᠢ ᠰᠠᠶᠢᠨ ᠬᠠᠨᠳᠣᠰᠢ ᠲᠠᠢ ᠪᠤᠯᠪᠠ᠃ ᠨᠢᠬᠡᠳᠣᠭᠡᠷ ᠠᠵᠣ ᠦᠢᠯᠡᠰ ᠤᠨ ᠨᠡᠮᠡᠭᠳᠡᠯ ᠦᠷᠲᠡᠭ 14.1 ᠳ᠋ᠦᠩᠰᠢᠭᠤᠷ ᠲᠦᠬᠦᠷᠢᠭ ᠲᠤ ᠬᠦᠷᠴᠣ᠂ ᠲᠠᠷᠢᠮᠠᠯ ᠤᠨ ᠲᠡᠯᠡᠪᠡᠢ 85.25 ᠲᠦᠮᠡᠨ ᠮᠣ᠋ ᠳᠤ ᠬᠦᠷᠴᠤ᠂ ᠠᠮᠣ ᠪᠣᠳᠠᠭᠠᠨ ᠤ ᠶᠡᠷᠣᠩᠬᠡᠢ ᠣᠨᠠᠯᠲᠠ 1.12 ᠳ᠋ᠦᠩᠰᠢᠭᠤᠷ ᠺᠢᠯᠣᠭ᠍ᠷᠠᠮ ᠳᠤ ᠬᠦᠷᠣᠨ᠂ ᠴᠢᠨᠠᠷ ᠰᠠᠶᠢᠲᠠᠢ ᠵᠢᠮᠢᠰ ᠨᠤᠭᠤᠭᠠᠨ ᠤ ᠵᠢᠯ  ᠤᠨ ᠭᠠᠷᠤᠯᠲᠠ 20 ᠲᠦᠮᠡᠨ ᠲᠤᠨ ᠢ ᠳᠠᠪᠠᠪᠠ᠃ 4270 ᠲᠦᠮᠡᠨ ᠲᠦᠭᠦᠷᠢᠭ ᠪᠡᠯᠡ  ᠣᠷᠣᠭᠤᠯᠵᠣ᠂ ᠠᠵᠤ ᠠᠬᠤᠶᠢᠯᠠᠯ ᠪᠣᠯᠣᠨ ᠮᠠᠯᠴᠢᠳ ᠤᠨ ᠲᠠᠷᠢᠵᠤ ᠲᠡᠵᠢᠭᠡᠬᠦ ᠪᠦᠲᠦᠴᠡ ᠪᠠᠨ ᠰᠢᠯᠢᠳᠡᠭᠵᠢᠭᠦᠯᠬᠦ ᠶᠢ ᠵᠢᠯᠤᠭᠤᠳᠴᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠲᠡᠵᠢᠭᠡᠯ ᠪᠣᠷᠳᠤᠭ᠎ᠠ ᠶᠢᠨ ᠬᠠᠷᠢᠴᠠᠯ ᠢ ᠳᠤᠬᠢᠷᠠᠭᠤᠯᠤᠨ 49᠄ 20᠄ 31 ᠪᠣᠯᠭᠠᠵᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠲᠡᠵᠢᠭᠡᠯ ᠪᠣᠷᠳᠤᠭ᠎ᠠ ᠶᠢᠨ ᠭᠤᠷᠪᠠᠨ ᠡᠰᠢᠲᠤ ᠪᠦᠲᠦᠴᠡ ᠠᠯᠬᠤᠮ ᠠᠯᠬᠤᠮ ᠢᠶᠠᠷ ᠪᠦᠷᠢᠯᠳᠦᠪᠡ᠃ ᠮᠠᠯ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠤᠭᠴᠠ ᠶᠢ ᠶᠡᠬᠡᠳᠬᠡᠨ᠂ ᠦᠪᠡᠷᠲᠡᠬᠡᠨ ᠵᠠᠰᠠᠬᠤ ᠣᠷᠣᠨ ᠤ ᠲᠠᠰ ᠤᠨ ᠮᠠᠯ ᠲᠠᠷᠢᠶᠠᠯᠠᠩ ᠤᠨ ᠠᠵᠤ ᠦᠢᠯᠡᠰ ᠤᠨ ᠲᠣᠯᠣᠭᠠᠶᠢᠯᠠᠭᠴᠢ ᠠᠵᠣ ᠠᠬᠤᠶᠢᠯᠠᠯ ᠢ 2 ᠪᠣᠶᠢᠵᠢᠭᠤᠯᠵᠤ᠂ ᠮᠠᠯ ᠲᠠᠷᠢᠶᠠᠯᠠᠩ ᠤᠨ ᠠᠵᠤ ᠦᠢᠯᠡᠰ ᠤᠨ ᠬᠤᠯᠪᠣᠭᠠᠲᠤ ᠴᠤᠭᠴᠠ ᠶᠢ 2 ᠪᠠᠶᠢᠭᠤᠯᠵᠤ᠂ ︽ᠭᠤᠣᠯ ᠴᠤᠭᠴᠠ ᠶᠢ ᠪᠣᠶᠢᠵᠢᠭᠤᠯᠵᠤ᠂ ᠠᠷᠠᠳ ᠣᠯᠠᠨ ᠢ ᠳᠠᠶᠢᠴᠢᠯᠠᠨ᠂ ᠠᠵᠤ ᠠᠬᠤᠢ ᠶᠢ  ᠠᠮᠢᠳᠣᠯᠢᠭᠵᠢᠭᠤᠯᠬᠤ︾ ᠠᠵᠤ ᠦᠢᠯᠡᠰ ᠤᠨ ᠨᠦᠯᠦᠭᠡᠯᠡᠯ ᠢ ᠪᠦᠷᠢᠯᠳᠦᠭᠦᠯᠪᠡ᠃ ︽ᠣᠷᠳᠣᠰ ᠤᠨ ᠦᠨᠳᠦᠷᠯᠢᠭ ᠤᠨ ᠤᠯᠠᠷᠢᠯ ᠰᠦᠷᠦᠭᠰᠡᠨ ᠢᠳᠡᠰᠢᠨ ᠨᠤᠭᠤᠭ᠎ᠠ︾᠂ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠶᠢᠨ ᠨᠡᠷᠡᠲᠦ ᠲᠡᠮᠲᠡᠭ ᠢ ᠠᠯᠳᠠᠷᠰᠢᠭᠤᠯᠤᠨ᠂ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠶᠢᠨ ᠨᠡᠷᠡᠲᠦ ᠲᠡᠮᠲᠡᠭ ᠳᠦᠷᠪᠡᠳᠦᠭᠡᠷ ᠬᠤᠭᠤᠴᠠᠭᠠᠨ ᠤ ᠳᠣᠮᠳᠠᠳᠣ ᠤᠯᠤᠰ ᠤᠨ ᠲᠠᠷᠢᠶᠠᠯᠠᠩ ᠤᠨ ᠦᠢᠯᠡᠰ ᠤᠨ ︵ᠪᠥᠸᠧ ᠣᠣ︶ ᠶᠠᠷᠢᠯᠴᠠᠭᠠᠨ ᠤ ᠳᠠᠪᠴᠠᠩ ᠳᠤ ᠠᠮᠵᠢᠯᠲᠠᠲᠠᠢ ᠣᠷᠣᠵᠤ᠂ ᠨᠡᠷᠡᠲᠤ ᠲᠡᠮᠲᠡᠭ ᠤᠨ ᠦᠷᠲᠡᠭ ᠤᠨ ᠨᠡᠮᠡᠭᠳᠡᠯ ᠢᠶᠠᠷ ᠮᠠᠯ ᠲᠠᠷᠢᠶᠠᠯᠠᠩ ᠤᠨ ᠲᠦᠭᠡᠮᠡᠯ ᠬᠠᠷᠠᠭᠠᠯᠵᠠᠯ ᠢ ᠪᠡᠶᠡᠯᠡᠭᠦᠯᠦᠨ᠂ ᠮᠠᠯᠴᠢᠨ ᠲᠠᠷᠢᠶᠠᠴᠢᠳ  ᠤᠨ ᠤᠷᠤᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠲᠡ ᠲᠤᠭᠲᠠᠭᠤᠨ ᠢᠶᠠᠷ ᠠᠬᠢᠪᠠ᠃ ᠴᠠᠩ ᠴᠧᠩ 2 ᠨᠣᠮᠧᠷᠲᠤ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠦᠨᠡᠮᠯᠡᠯ ᠢ ᠤᠯᠵᠤ᠂ ᠴᠠᠩ ᠴᠧᠩ 1 ᠨᠣᠮᠧᠷᠲᠣ ᠠᠭᠤᠷᠬᠠᠢ ᠶᠢ ᠦᠷᠭᠡᠳᠬᠡᠨ ᠪᠠᠶᠢᠭᠤᠯᠬᠤ᠂ ᠴᠠᠩ ᠴᠧᠩ 3᠂ 5᠂ 6 ᠨᠣᠮᠧᠷᠲᠣ ᠪᠠ ᠪᠠᠯᠠᠩ ᠤᠨ ᠨᠡᠭᠦᠷᠡᠰᠦᠨ ᠠᠭᠤᠷᠬᠠᠢ ᠵᠡᠷᠭᠡ 5 ᠨᠡᠭᠦᠷᠡᠰᠦᠨ ᠠᠭᠤᠷᠬᠠᠢ ᠤᠯᠤᠰ ᠤᠨ ᠬᠢᠨᠠᠨ ᠵᠦᠪᠰᠢᠶᠡᠷᠡᠯ ᠢ ᠣᠯᠵᠣ᠂ ᠱᠧᠩ ᠯᠤ᠋ ᠴᠠᠬᠢᠯᠭᠠᠨ ᠦᠢᠯᠡᠳᠪᠦᠷᠢ ᠶᠢᠨ ᠮᠠᠰᠢᠨ ᠴᠤᠭᠴᠠᠯᠠᠪᠤᠷᠢ ᠲᠤᠷᠰᠢᠨ ᠠᠵᠢᠯᠯᠠᠬᠤ ᠱᠠᠲᠤᠨ ᠳᠤ ᠤᠷᠤᠨ᠂ ᠤᠯᠤᠰ ᠤᠨ ᠴᠠᠬᠢᠯᠭᠠᠨ ᠤ ᠱᠤᠸᠠᠩ ᠸᠧᠢ᠂ ᠤᠮᠠᠷᠠᠲᠤ ᠣᠷᠣᠨ ᠤ ᠴᠠᠩ ᠴᠧᠩ ᠴᠠᠬᠢᠯᠭᠠᠨ ᠦᠢᠯᠡᠳᠪᠦᠷᠢ ᠶᠢᠨ ᠪᠠᠷᠢᠯᠭ᠎ᠠ ᠤᠷᠤᠭᠰᠢᠲᠡᠢ ᠠᠬᠢᠵᠤ᠂ ᠨᠡᠭᠦᠷᠡᠰᠦ ᠴᠠᠬᠢᠯᠭᠠᠨ ᠤ ᠬᠤᠯᠪᠣᠭᠠᠲᠤ ᠡᠵᠡᠩᠨᠡᠯᠲᠡ ᠶᠢᠨ ᠴᠤᠭᠴᠠᠵᠢᠭᠰᠠᠨ ᠬᠦᠭᠵᠢᠯᠲᠡ ᠢᠯᠡᠷᠬᠡᠢ ᠪᠦᠲᠦᠮᠵᠢ ᠣᠯᠪᠠ᠃ ᠣᠷᠳᠣᠰ ᠤᠨ ᠪᠠᠷᠠᠭᠤᠨ ᠪᠡᠶ᠎ᠡ ᠶᠢᠨ ᠨᠡᠭᠦᠷᠡᠰᠦᠨ ᠤ ᠭᠦᠢᠯᠭᠡᠭᠡ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢᠭᠡᠨᠲᠡ ᠬᠡᠷᠡᠭᠯᠡᠯᠲᠡ ᠳᠤ ᠣᠷᠣᠨ᠂ ᠨᠡᠭᠦᠷᠡᠰᠦᠨ ᠤ ᠪᠣᠷᠣᠯᠠᠭᠤᠯᠤᠯᠲᠠ 3 ᠳ᠋ᠦᠩᠰᠢᠭᠤᠷ ᠲᠦᠭᠦᠷᠢᠭ ᠠᠴᠠ ᠳᠠᠪᠠᠵᠤ᠂ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠬᠦ ᠲᠦᠷᠦᠯ ᠵᠦᠢᠯ ᠤᠨ ᠣᠷᠴᠢᠨ ᠲᠤᠭᠤᠷᠢᠨ ᠤ ᠨᠦᠯᠦᠭᠡᠯᠡᠯ ᠤᠨ ᠦᠨᠡᠯᠡᠯᠲᠡ ᠠᠮᠢ ᠠᠬᠤᠢ ᠣᠷᠴᠢᠨ ᠲᠤᠭᠤᠷᠢᠨ ᠤ ᠶᠠᠮᠤᠨ ᠤ  ᠴᠤᠬᠤᠯᠠᠪᠤᠷᠢᠯᠠᠯ ᠢ ᠣᠯᠵᠣ᠂ ᠡᠾᠧᠩ ᠺᠦᠨ ᠬᠢᠮᠢ ᠶᠢᠨ ᠦᠢᠯᠡᠳᠪᠦᠷᠢ ᠶᠢᠨ 260 ᠲᠦᠮᠡᠨ ᠲᠤᠨ ᠨᠢᠭᠲᠠᠵᠢᠭᠤᠯᠤᠭᠰᠠᠨ ᠬᠡᠦᠷᠡᠰᠦ ᠵᠢᠴᠢ ᠶᠡᠷᠦᠩᠬᠡᠶᠢᠯᠡᠭᠰᠡᠨ ᠠᠰᠢᠭᠯᠠᠯᠲᠠ ᠶᠢᠨ ᠲᠦᠷᠦᠯ ᠵᠦᠢᠯ ᠤᠨ ᠦᠢᠯᠡᠳᠪᠦᠷᠢᠯᠡᠯ ᠢᠶᠠᠨ ᠰᠤᠯᠢᠬᠤ ᠶᠠᠪᠤᠳᠠᠯ ᠢ ᠢᠳᠡᠪᠬᠢᠲᠡᠢ ᠪᠠᠷ ᠵᠣᠬᠢᠴᠠᠭᠤᠯᠤᠨ᠂ ᠭᠡᠷ᠎ᠡ ᠲᠣᠭᠲᠠᠨ ᠤᠷᠤᠭᠤᠯᠤᠭᠰᠠᠨ ᠨᠡᠬᠦᠷᠡᠰᠤᠳᠦ᠋ᠷᠦᠭᠴᠢᠳᠤ ᠴᠠᠬᠢᠭᠤᠷ ᠤᠨ ᠱᠠᠭᠠᠵᠠᠩ᠂ ᠢᠳᠡᠪᠬᠢᠵᠢᠬᠦᠯᠦᠭᠰᠡᠨ ᠨᠡᠭᠦᠷᠡᠰᠦ ᠵᠢᠴᠢ ᠣᠷᠴᠢᠨ ᠬᠠᠮᠠᠭᠠᠯᠠᠯᠲᠠ ᠶᠢᠨ ᠳᠦᠬᠦᠭᠡᠷᠦᠮᠵᠢ ᠦᠢᠯᠡᠳᠬᠦ ᠲᠦᠷᠦᠯ ᠵᠦᠢᠯ ᠢ ᠣᠷᠣᠨᠵᠢᠭᠤᠯᠣᠨ ᠪᠦᠲᠦᠭᠡᠨ ᠪᠠᠶᠢᠭᠤᠯᠪᠠ᠃ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠬᠦᠷᠢᠶᠡᠯᠡᠩ ᠢᠶᠠᠨ ᠦᠷᠬᠡᠳᠬᠡᠵᠦ ᠲᠤᠭᠤᠷᠢᠭ ᠢ ᠳᠣᠬᠢᠷᠠᠭᠤᠯᠬᠤ︾ ᠠᠵᠢᠯ ᠢ ᠡᠬᠢᠯᠡᠭᠦᠯᠵᠦ᠂ ᠬᠢᠨᠠᠨ ᠵᠦᠪᠰᠢᠶᠡᠷᠡᠯ ᠤᠨ ᠭᠠᠷ ᠬᠦᠢᠴᠡᠳᠬᠡᠯ ᠤᠨ ᠠᠬᠢᠴᠠ ᠶᠢ ᠲᠦᠷᠭᠡᠳᠬᠡᠨ᠂ ᠲᠦᠯᠦᠪᠵᠢᠭᠦᠯᠭᠡ ᠶᠢ ᠨᠢᠭᠡᠨᠲᠡ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠦᠪᠰᠢᠶᠡᠷᠡᠯ ᠬᠦᠯᠢᠶᠡᠵᠦ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠣᠷᠣᠨᠵᠢᠯᠲᠡ ᠶᠢ ᠠᠬᠢᠭᠤᠯᠬᠤ  ᠳᠤ ᠰᠠᠭᠤᠷᠢ ᠲᠠᠯᠪᠢᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠡᠷᠡᠭᠦᠯ ᠢᠶᠠᠷ ᠬᠦᠭᠵᠢᠪᠡ᠃ ᠪᠣᠯᠪᠠᠰᠤᠷᠠᠯ ᠬᠦᠮᠦᠵᠢᠯ ᠢᠶᠠᠷ ᠬᠤᠪᠢᠰᠬᠠᠯᠲᠤ ᠬᠦᠮᠦᠵᠢᠯ ᠤᠨ ᠰᠣᠳᠣᠯᠭ᠎ᠠ ᠰᠤᠷᠤᠯᠴᠠᠯᠭ᠎ᠠ ᠶᠢ ᠠᠬᠢᠭᠤᠯᠬᠤ᠂ ᠪᠦᠬᠦ ᠴᠠᠷᠠᠭᠠᠨ ᠤ ᠵᠢᠭᠤᠯᠴᠢᠯᠠᠯ ᠢ ᠳᠠᠶᠢᠴᠢᠯᠠᠬᠤ ᠶᠢ ᠪᠠᠷᠢᠮᠲᠠᠯᠠᠵᠤ᠂ ᠪᠦᠬᠦ ᠵᠢᠯ ᠳᠤ ᠬᠦᠯᠢᠶᠡᠨ ᠠᠪᠤᠭᠰᠠᠨ ᠵᠢᠭᠤᠯᠴᠢᠯᠠᠭᠰᠠᠳ 125 ᠲᠦᠮᠡᠨ ᠬᠦᠮᠦᠨ ᠤᠳᠠᠭ᠎ᠠ ᠶᠢ ᠳᠠᠪᠠᠨ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 38 ᠳ᠋ᠦᠩᠰᠢᠭᠤᠷ ᠲᠦᠭᠦᠷᠢᠭ ᠲᠤ ᠬᠦᠷᠪᠡ᠃ ᠬᠤᠪᠢᠰᠬᠠᠯᠲᠤ ᠬᠦᠮᠦᠵᠢᠯ ᠤᠨ ᠲᠦᠪ ᠢ ᠡᠬᠢᠯᠡᠨ ᠪᠠᠶᠢᠭᠤᠯᠵᠤ᠂ ᠪᠣᠷᠣᠪᠠᠯᠭᠠᠰᠣ ᠶᠢᠨ ᠬᠤᠪᠢᠰᠬᠠᠯᠲᠤ ᠬᠦᠮᠦᠵᠢᠯ ᠤᠨ ᠦᠷᠭᠡᠳᠬᠡᠯ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠬᠡᠷᠡᠭᠯᠡᠯᠲᠡ ᠳᠤ ᠣᠷᠣᠭᠤᠯᠣᠨ᠂ ᠪᠦᠬᠦ ᠣᠷᠣᠨ᠂ ᠪᠦᠬᠦ ᠬᠤᠲᠠ ᠶᠢᠨ ᠳᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢᠳ ᠤᠨ ᠰᠣᠳᠣᠯᠭ᠎ᠠ ᠰᠤᠷᠤᠯᠴᠠᠯᠭ᠎ᠠ ᠶᠢᠨ ᠦᠢᠯᠡᠳᠦᠯᠭᠡᠵᠢᠭᠦᠯᠬᠦ ᠬᠦᠮᠦᠵᠢᠯ ᠤᠨ ᠰᠠᠭᠤᠷᠢᠨ ᠭᠠᠵᠠᠷ ᠵᠢᠴᠢ ᠣᠷᠣᠨ ᠤ ᠲᠤᠲᠤᠷᠠᠬᠢ 9 ᠰᠤᠷᠭᠠᠭᠤᠯᠢ ᠶᠢᠨ ᠦᠵᠡᠯ ᠰᠠᠨᠠᠭ᠎ᠠ ᠣᠯᠣᠰ ᠲᠦᠷᠦ ᠶᠢᠨ ᠰᠤᠳᠤᠯᠭ᠎ᠠ ᠰᠤᠷᠤᠯᠴᠠᠯᠭ᠎ᠠ ᠶᠢᠨ ᠦᠢᠯᠡᠳᠦᠯᠡᠭᠡ ᠶᠢᠨ ᠰᠠᠭᠤᠷᠢᠨ ᠭᠠᠵᠠᠷ ᠢᠶᠠᠷ ᠲᠤᠭᠲᠠᠭᠠᠭᠳᠠᠵᠤ᠂ 58 ᠰᠣᠳᠣᠯᠭ᠎ᠠ ᠰᠤᠷᠤᠯᠴᠠᠯᠭ᠎ᠠ ᠶᠢᠨ ᠴᠡᠭ ᠂ 120 ᠪᠡᠶᠡᠴᠢᠯᠡᠨ ᠣᠶᠢᠯᠭᠠᠬᠤ ᠡᠷᠦᠬᠡ ᠪᠠ 5000 ᠭᠠᠷᠤᠢ ᠮᠠᠯᠴᠢᠨ ᠲᠠᠷᠢᠶᠠᠴᠢᠨ  ᠬᠤᠪᠢᠰᠬᠠᠯᠲᠤ ᠬᠦᠮᠦᠵᠢᠯ ᠤᠨ ᠠᠵᠤ ᠦᠢᠯᠡᠰ ᠲᠤ ᠣᠷᠣᠯᠴᠠᠨ᠂ ᠡᠯ᠎ᠡ ᠲᠦᠷᠦᠯ ᠤᠨ ᠭᠤᠣᠯ ᠴᠤᠭᠴᠠ ᠶᠢᠨ ᠠᠩᠬᠢ ᠶᠢ 797 ᠬᠤᠭᠤᠴᠠᠭ᠎ᠠ ᠡᠷᠬᠢᠯᠡᠵᠦ᠂ ᠬᠤᠪᠢᠰᠬᠠᠯᠲᠤ ᠬᠦᠮᠦᠵᠢᠯ ᠤᠨ ᠵᠢᠭᠤᠯᠴᠢᠯᠠᠯ ᠤᠨ ᠨᠡᠷᠡᠲᠦ ᠲᠡᠮᠲᠡᠭ ᠤᠨ ᠨᠦᠯᠦᠭᠡᠯᠡᠬᠦ ᠬᠦᠴᠦᠨ ᠶᠡᠭᠡ ᠪᠠᠷ ᠳᠡᠭᠡᠭᠰᠢᠯᠡᠪᠡ᠃  ᠬᠤᠪᠢᠰᠬᠠᠯᠲᠤ ᠬᠦᠮᠦᠵᠢᠯ ᠤᠨ ᠤᠷᠲᠤᠳᠬᠠᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ  ᠢᠶᠠᠷ ᠠᠬᠢᠭᠤᠯᠤᠨ᠂ ᠪᠣᠷᠣᠪᠠᠯᠭᠠᠰᠤ ᠶᠢᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠶᠢᠨ ᠦᠵᠡᠭᠳᠡᠯᠲᠦ ᠵᠢᠭᠠᠨ ᠰᠤᠷᠭᠠᠯᠲᠠ ᠶᠢᠨ ᠲᠢᠩᠬᠢᠮ ᠤᠨ ᠲᠦᠷᠦᠯ ᠵᠦᠢᠯ ᠳᠠᠭᠠᠭᠠᠴᠢᠯᠠᠯᠲᠠ ᠵᠠᠷᠯᠠᠵᠤ ᠬᠦᠯᠢᠶᠡᠬᠦ ᠶᠢ ᠪᠡᠶᠡᠯᠡᠭᠦᠯᠵᠦ ᠂ ᠪᠠᠷᠢᠯᠭ᠎ᠠ ᠡᠬᠢᠯᠡᠭᠦᠯᠬᠦ ᠪᠡᠯᠡᠳᠬᠡᠯ ᠠᠵᠢᠯ ᠢᠶᠠᠨ ᠦᠷᠨᠢᠭᠦᠯᠵᠦ ᠪᠦ᠋ᠢ᠃      ︵ᠭᠤᠷᠪᠡ︶ ᠨᠠᠶᠢᠬᠡᠮ ᠤᠨ ᠬᠦᠭᠵᠢᠯᠲᠡ ᠲᠤᠭᠲᠠᠭᠤᠨ ᠢᠶᠠᠷ ᠰᠠᠶᠢᠵᠢᠷᠠᠪᠠ᠃ ᠭᠤᠷᠪᠠᠨ ᠶᠡᠭᠡ ᠰᠢᠪᠲᠤᠯᠤᠯᠲᠠ ᠶᠢᠨ ᠠᠵᠢᠯ ᠢᠯᠡᠷᠬᠡᠢ ᠪᠦᠲᠦᠮᠵᠢ ᠣᠯᠪᠠ᠃ ᠴᠢᠬᠤᠯᠠ ᠶᠡᠭᠡ ᠳᠦᠭᠰᠢᠭᠦᠷᠢ ᠶᠢ ᠢᠳᠡᠪᠬᠢᠲᠡᠢ ᠪᠠᠷ ᠰᠡᠷᠭᠡᠶᠢᠯᠡᠨ ᠰᠢᠢᠳᠪᠦᠷᠢᠯᠡᠵᠦ᠂ ︽ᠣᠲᠤᠭ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠢ ᠬᠦᠳᠡᠯᠦᠩᠭᠦᠢ ᠪᠠᠷ ᠡᠮᠬᠢᠯᠡᠨ ᠲᠣᠬᠢᠷᠠᠭᠤᠯᠵᠤ᠂ ᠳᠠᠯᠳᠠ ᠦᠷᠢ ᠦᠭᠴᠡᠭᠡᠨ ᠤ  ᠨᠡᠮᠡᠭᠳᠡᠯ  ᠢ ᠴᠢᠩᠭ᠎ᠠ ᠬᠢᠵᠠᠭᠠᠷᠯᠠᠪᠠ᠃ 10.2 ᠳ᠋ᠦᠩᠰᠢᠭᠤᠷ ᠲᠦᠭᠦᠷᠢᠭ ᠤᠨ ᠳᠠᠯᠳᠠ ᠦᠷᠢ ᠦᠭᠴᠡᠭᠡ ᠶᠢ ᠢᠳᠡᠪᠬᠢᠲᠡᠢ ᠪᠠᠷ ᠰᠢᠢᠳᠪᠦᠷᠢᠯᠡᠨ᠂ ᠵᠢᠯ ᠤᠨ ᠦᠭᠴᠡᠭᠡ ᠰᠢᠢᠳᠪᠦᠷᠢᠯᠡᠬᠦ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠬᠠᠤᠯᠢ ᠪᠤᠰᠤ ᠪᠡᠯᠡ ᠬᠤᠷᠠᠮᠳᠤᠭᠤᠯᠭ᠎ᠠ᠂ ᠠᠷᠠᠳ ᠤᠨ ᠳᠤᠮᠳᠠᠬᠢ ᠰᠦᠯᠵᠢᠶᠡᠨ ᠵᠢᠭᠡᠯᠡᠯᠭᠡ ᠶᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠯᠠᠪᠳᠠᠭᠤᠨ ᠲᠤᠬᠢᠲᠠᠢ ᠶᠠᠪᠤᠭᠳᠠᠭᠤᠯᠤᠨ᠂ ᠮᠦᠩᠭᠦᠨ ᠭᠦᠢᠯᠭᠡᠭᠡᠨ ᠤ ᠳᠦᠭᠰᠢᠭᠦᠷᠢ ᠶᠡᠷᠦᠩᠬᠡᠢ ᠳᠤ ᠪᠠᠨ ᠬᠢᠵᠠᠭᠠᠷᠯᠠᠭᠳᠠᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ  ᠶᠢ ᠦᠷᠭᠦᠯᠵᠢᠯᠡᠨ ᠠᠬᠢᠭᠤᠯᠵᠤ᠂ ᠲᠤᠰ ᠱᠠᠲᠤᠨ ᠤ ᠲᠦᠰᠦᠪ ᠪᠠ ᠳᠡᠭᠡᠳᠦ ᠱᠠᠲᠤᠨ ᠤ ᠲᠣᠰᠬᠠᠢ ᠲᠦᠷᠦᠯ ᠤᠨ ᠪᠡᠯᠡ ᠮᠦᠩᠭᠦ ᠶᠢ ᠨᠠᠶᠢᠲᠡ 2796.2 ᠲᠦᠮᠡᠨ ᠲᠦᠭᠦᠷᠢᠭ ᠳᠣᠬᠢᠷᠠᠭᠤᠯᠪᠠ᠃ ᠲᠦᠪ ᠤᠨ ᠲᠤᠭᠤᠷᠢᠨ ᠪᠠᠶᠢᠴᠠᠭᠠᠯᠲᠠ ᠶᠢᠨ ᠴᠡᠭᠴᠡᠯᠡᠨ  ᠵᠠᠰᠠᠯᠲᠠ ᠶᠢ ᠨᠠᠶᠢᠲᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠪᠠᠷ ᠭᠤᠤᠯᠳᠠᠯᠭ᠎ᠠ ᠪᠣᠯᠭᠠᠨ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠰᠠᠭᠤᠷᠢ ᠶᠢ ᠠᠳᠬᠤᠵᠤ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠦᠳᠡᠯᠭᠡᠬᠦ ᠬᠦᠴᠦᠨ ᠢ ᠪᠣᠶᠢᠵᠢᠭᠤᠯᠣᠨ᠂ ᠠᠷᠪᠠᠨ ᠲᠦᠷᠦᠯ ᠤᠨ ᠭᠤᠤᠯᠳᠠᠯᠭᠠᠳᠤ ᠡᠬᠦᠷᠬᠡ ᠶᠢ ᠪᠦᠬᠦᠨ ᠢ ᠪᠠᠷᠢᠮᠵᠢᠶᠠᠨ  ᠳᠤ  ᠬᠦᠷᠬᠡᠵᠤ᠂ ᠲᠦᠪ ᠤᠨ ᠶᠠᠳᠠᠭᠤ ᠶᠢ ᠳᠡᠳᠬᠦᠬᠦ ᠲᠣᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠤ ᠱᠠᠭᠠᠷᠳᠠᠯᠭ᠎ᠠ ᠳᠤ ᠬᠦᠷᠭᠡᠪᠡ᠃ ᠪᠤᠬᠢᠷᠳᠤᠯ ᠤᠨ ᠰᠡᠷᠭᠡᠶᠢᠯᠡᠨ ᠵᠠᠰᠠᠯᠲᠠ ᠰᠢᠨ᠎ᠡ ᠠᠬᠢᠴᠠ ᠲᠠᠢ ᠪᠣᠯᠵᠤ᠂ ᠲᠦᠪ ᠤᠨ ᠣᠷᠴᠢᠨ ᠬᠠᠮᠭᠠᠯᠠᠯᠲᠠ ᠶᠢᠨ ᠰᠢᠪᠡᠳᠡᠯᠲᠡ ᠪᠠᠶᠢᠴᠠᠭᠠᠯᠲᠠ᠂ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢᠨ ᠬᠠᠷᠢᠭᠤ ᠲᠣᠰᠬᠠᠭᠰᠠᠨ ᠰᠠᠨᠠᠯ ᠶᠣᠰᠣᠭᠠᠷ ᠴᠡᠭᠴᠡᠯᠡᠨ ᠵᠠᠰᠠᠵᠤ ᠨᠠᠶᠢᠲᠠᠪᠤᠷᠢᠵᠢᠭᠤᠯᠬᠤ ᠶᠢ ᠠᠬᠢᠭᠤᠯᠤᠨ᠂ ᠴᠡᠭᠴᠡᠯᠡᠨ ᠵᠠᠰᠠᠭᠰᠠᠨ ᠨᠣᠷᠮ᠎ᠠ 100%  ᠳᠤ ᠬᠦᠷᠪᠡ᠃ ᠠᠭᠠᠷ ᠮᠠᠨᠳᠠᠯ ᠤᠨ ᠪᠤᠬᠢᠷᠳᠣᠯ  ᠢ ᠶᠡᠷᠦᠩᠬᠡᠶᠢᠯᠡᠨ ᠵᠠᠰᠠᠬᠤ᠂ ᠤᠰᠤᠨ ᠤ ᠴᠢᠨᠠᠷ ᠢ ᠬᠢᠨᠠᠨ ᠰᠢᠯᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠪᠦᠬᠦ ᠬᠤᠰᠢᠭᠤᠨ ᠤ ᠠᠭᠠᠷ ᠤᠨ ᠴᠡᠪᠡᠷᠴᠡ ᠶᠢᠨ ᠰᠢᠯᠢᠳᠡᠭ ᠠᠴᠠ ᠳᠡᠭᠡᠭᠰᠢᠬᠢ ᠡᠳᠦᠷ ᠤᠨ ᠬᠠᠷᠢᠴᠠᠯ 80.3% ᠳᠤ ᠬᠦᠷᠴᠦ᠂ ᠤᠯᠤᠰ ᠤᠨ ᠬᠤᠶᠠᠳᠣᠭᠠᠷ ᠲᠡᠰ ᠤᠨ ᠪᠠᠷᠢᠮᠵᠢᠶ᠎ᠠ ᠠᠴᠠ ᠳᠠᠪᠠᠭᠤ ᠪᠣᠯᠵᠣ᠂ ᠣᠣᠭᠤᠬᠤ ᠤᠰᠤᠨ ᠤ ᠰᠣᠷᠪᠣᠯᠵᠢ ᠶᠢᠨ ᠭᠠᠵᠠᠷ ᠳᠣᠣᠷᠠᠬᠢ ᠣᠰᠣᠨ ᠤ ᠶᠠᠰᠤ ᠴᠢᠨᠠᠷ ᠤᠨ ᠪᠠᠷᠢᠮᠵᠢᠶᠠᠨ ᠨᠣᠷᠮ᠎ᠠ 100% ᠳᠤ ᠬᠦᠷᠪᠡ᠃ ᠭᠤᠤᠯ ᠭᠤᠷᠤᠬ᠎ᠠ ᠨᠠᠭᠤᠷ ᠪᠦᠷᠢᠲᠦ ᠶᠢᠨ ᠳᠠᠷᠤᠭᠠᠴᠢ ᠶᠢᠨ ᠳᠦᠷᠢᠮ ᠢ ᠡᠷᠡᠰ ᠨᠠᠶᠢᠲᠠᠪᠤᠷᠢᠵᠢᠭᠤᠯᠤᠨ᠂ 13 ᠭᠤᠤᠯ ᠤᠨ ᠤᠷᠤᠰᠬᠠᠯ᠂ 6 ᠨᠠᠭᠤᠷ ᠤᠨ ᠡᠷᠬᠢ ᠬᠦᠪᠡᠭᠡᠨ ᠤ ᠬᠠᠮᠢᠶᠠᠷᠤᠯᠲᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠠ ᠶᠢ ᠢᠯᠭᠠᠨ ᠲᠤᠭᠲᠠᠭᠠᠬᠤ ᠶᠢ ᠪᠡᠶᠡᠯᠡᠭᠦᠯᠵᠦ᠂ ᠣᠯᠣᠰ ᠤᠨ ᠣᠰᠤᠨ ᠠᠰᠢᠭᠯᠠᠯᠲᠠ ᠶᠢᠨ ᠶᠠᠮᠤᠨ ᠤ ᠨᠢᠭᠡᠳᠦᠭᠡᠷ ᠪᠦᠯᠦᠭ ᠣᠰᠣ ᠠᠷᠪᠢᠯᠠᠬᠠᠤ ᠮᠠᠶ᠋ᠢᠭ ᠤᠨ ᠨᠠᠶᠢᠬᠡᠮ ᠤᠨ ᠴᠤᠭᠴᠠᠯᠠᠯᠲᠠ ᠶᠢᠨ ᠪᠠᠷᠢᠮᠵᠢᠶᠠᠨ ᠳᠤ ᠬᠦᠷᠦᠭᠰᠡᠨ ᠬᠤᠰᠢᠭᠤ ᠰᠢᠶᠡᠨ ᠢᠶᠠᠷ ᠵᠢᠭᠰᠠᠭᠠᠭᠳᠠᠪᠠ᠃      ︵ᠳᠦᠷᠪᠡ︶ ᠭᠦᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠪᠡ᠃ ᠰᠠᠭᠤᠷᠢ ᠲᠦᠭᠦᠭᠡᠷᠦᠮᠵᠢ ᠲᠠᠰᠣᠷᠠᠯᠲᠠ ᠦᠬᠡᠢ ᠲᠡᠭᠦᠯᠳᠡᠷᠵᠢᠪᠡ᠃ 2000 ᠲᠦᠮᠡᠨ ᠲᠦᠭᠦᠷᠢᠭ ᠤᠨ ᠪᠡᠯᠡ ᠣᠷᠣᠭᠤᠯᠵᠣ ᠰᠦᠯᠳᠡ ᠵᠡᠭᠡᠯᠢ᠂ ᠴᠡᠴᠡᠷᠯᠢᠭ ᠤᠨ ᠵᠡᠭᠡᠯᠢ ᠶᠢᠨ ᠶᠠᠪᠠᠭᠠᠨ ᠵᠠᠮ᠂  ᠵᠡᠮᠳᠡᠭᠴᠦᠳ ᠤᠨ ᠰᠠᠭᠠᠳ ᠦᠭᠡᠢ ᠵᠠᠮ᠂ ᠤᠢ ᠶᠢᠨ ᠵᠠᠮ ᠢ ᠰᠢᠨᠡᠳᠭᠡᠨ᠂ ᠬᠤᠲᠠ ᠶᠢᠨ ᠶᠠᠪᠠᠭᠠᠨ ᠵᠠᠮ ᠤᠨ ᠰᠢᠰᠲ᠋ᠧᠮ ᠢ ᠲᠠᠰᠣᠷᠠᠯᠲᠠ ᠦᠭᠡᠢ ᠲᠡᠭᠦᠯᠳᠡᠷᠵᠢᠭᠦᠯᠪᠡ᠃ ᠣᠯᠵᠠᠴᠢ ᠪᠠᠯᠭᠠᠰᠣᠨ ᠤ ᠬᠤᠲᠠ ᠶᠢᠨ ᠵᠠᠮ ᠵᠡᠭᠡᠯᠢ ᠶᠢ ᠰᠡᠯᠪᠢᠨ ᠵᠠᠰᠠᠬᠤ ᠢᠨᠵᠧᠨᠧᠷᠢᠩ ᠪᠠ  ᠵᠡᠭᠡᠯᠢ ᠶᠢᠨ ᠦᠵᠡᠮᠵᠢ ᠭᠡᠷᠡᠯᠲᠦᠭᠦᠯᠭᠡ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠂ ᠬᠤᠲᠠ ᠪᠠᠯᠭᠠᠰᠤᠨ ᠤ ᠵᠠᠮ ᠵᠡᠭᠡᠯᠢ ᠶᠢᠨ ᠰᠢᠨᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠪᠠ᠃ ᠬᠦᠳᠡᠭᠡ ᠲᠤᠰᠬᠤᠨ ᠤ ᠵᠠᠰᠠᠮᠠᠯ ᠵᠠᠮ ᠢ 238 ᠺᠢᠯᠣᠮᠧᠲᠷ ᠨᠡᠮᠡᠭᠳᠡᠭᠦᠯᠣᠨ᠂  ᠬᠤᠰᠢᠭᠤ ᠰᠢᠶᠠᠨ ᠤ ᠴᠢᠨᠠᠷᠯᠢᠭ ᠵᠠᠮ ᠤᠨ ᠨᠣᠷᠮ᠎ᠠ 87.4% ᠳᠤ  ᠬᠦᠷᠴᠦ᠂ ᠣᠲᠤᠭ ᠤᠨ ᠡᠮᠦᠨᠡᠲᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠰᠢᠭᠯᠠᠯᠲᠠ ᠳᠤ ᠤᠷᠤᠨ᠂ 2 ᠵᠣᠷᠪᠣᠰ ᠵᠢᠭᠤᠯᠴᠢᠯᠠᠯ ᠤᠨ ᠵᠠᠰᠠᠮᠠᠯ ᠵᠠᠮ ᠴᠤᠬᠤᠯᠠᠪᠤᠷᠢ ᠣᠯᠵᠣ᠂  ᠣᠯᠵᠠᠴᠢ ᠪᠠᠯᠭᠠᠰᠤ ᠠᠴᠠ ᠱᠠᠩᠬᠠᠢ ᠶᠢᠨ ᠰᠦᠮ᠎ᠡ ᠪᠠᠯᠭᠠᠰᠣ ᠬᠦᠷᠬᠦ ᠲᠡᠮᠦᠷ ᠵᠠᠮ ᠨᠢᠭᠡᠨᠲᠡ ᠪᠡᠯᠡ ᠤᠷᠣᠭᠤᠯᠵᠣ ᠪᠦᠲᠦᠭᠡᠨ ᠪᠠᠶᠢᠭᠤᠯᠬᠤ ᠭᠤᠣᠯ ᠴᠣᠭᠴᠠ ᠪᠠᠨ ᠲᠤᠭᠲᠠᠭᠠᠵᠤ᠂ ᠶᠠᠭ ᠡᠮᠦᠨᠡᠬᠢ ᠬᠤᠭᠤᠴᠠᠭᠠᠨ ᠤ ᠭᠠᠷᠳᠠᠮ ᠢᠶᠠᠨ ᠬᠦᠢᠴᠡᠳᠭᠡᠵᠦ ᠪᠣᠢ᠃ ᠤᠲᠤᠭ ᠤᠨ ᠡᠮᠦᠨᠡᠲᠦ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠪᠤᠯᠤᠮᠵᠢᠲᠤ ᠰᠣᠳᠣᠯᠣᠯ ᠤᠨ ᠮᠡᠳᠡᠭᠦᠯᠦᠯᠲᠡ ᠴᠤᠬᠤᠯᠠᠪᠤᠷᠢ ᠪᠠᠨ ᠣᠯᠵᠤ᠂ ᠭᠤᠷᠪᠠᠳᠣᠭᠠᠷ ᠲᠤᠷᠰᠢᠯᠲᠠ ᠶᠢᠨ ᠪᠠᠭ᠎ᠠ ᠰᠣᠷᠭᠠᠭᠤᠯᠢ ᠶᠢᠨ ᠲᠦᠷᠦᠯ ᠵᠦᠢᠯ ᠶᠠᠭ ᠭᠤᠤᠯ ᠴᠤᠭᠴᠠ ᠶᠢᠨ ᠪᠠᠷᠢᠯᠭ᠎ᠠ ᠪᠠᠨ ᠡᠬᠢᠯᠡᠭᠦᠯᠵᠦ ᠪᠤᠢ᠃ ᠠᠮᠤᠷ ᠠᠮᠤᠭᠤᠯᠠᠩ ᠣᠲᠤᠭ ᠤᠨ ᠡᠮᠦᠨᠡᠲᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠣᠲᠠᠢ ᠠᠬᠢᠪᠠ᠃ ︽ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ︾ ᠳᠤᠰᠬᠠᠢ ᠲᠡᠮᠡᠴᠡᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠪᠠ ᠨᠡᠶᠢᠬᠡᠮ ᠤᠨ ᠵᠠᠰᠠᠯᠲᠠ ᠶᠢᠨ ᠠᠬᠤᠢ ᠲᠠᠯᠠᠪᠠᠢ ᠶᠢᠨ ᠬᠤᠷᠠᠯ ᠢ ᠡᠷᠬᠢᠯᠡᠨ ᠬᠢᠵᠦ᠂ ︽ᠣᠶᠣᠨᠴᠢ ᠲᠣᠣᠷᠵᠢᠯ ᠬᠠᠮᠢᠶᠠᠷᠣᠯᠲᠠ ᠶᠢᠨ ᠴᠠᠭᠳᠠᠭᠠᠨ ᠶᠠᠪᠤᠳᠠᠯ ᠤᠨ ᠲᠤᠰᠠᠯᠠᠭᠴᠢ︾ ᠭᠠᠷ ᠤᠲᠠᠰᠣᠨ ᠤ APP ᠰᠦᠯᠵᠢᠶᠡᠨ ᠳᠤ ᠠᠵᠢᠯᠯᠠᠵᠤ᠂ ᠪᠦᠬᠦ ᠣᠯᠣᠰ ᠤᠨ ᠣᠯᠣᠰ ᠲᠦᠷᠦ ᠬᠠᠣᠯᠢ ᠴᠠᠭᠠᠵᠠ ᠶᠢᠨ ᠣᠶᠣᠨᠴᠢᠯᠠᠭᠰᠠᠨ ᠪᠠᠶᠢᠭᠤᠯᠤᠯᠲᠠ ᠶᠢᠨ ᠣᠶᠣᠨᠴᠢ ᠴᠠᠭᠳᠠᠭᠠᠨ ᠤ ᠶᠠᠪᠤᠳᠠᠯ ᠤᠨ ᠰᠢᠨ᠎ᠡ ᠶᠢ ᠡᠭᠦᠳᠦᠭᠰᠡᠨ ᠰᠢᠯᠢᠳᠡᠭ ᠵᠢᠱᠢᠶ᠎ᠡ ᠪᠠᠷ ᠲᠤᠲᠤᠷᠠᠵᠤ᠂ ᠠᠷᠠᠳ ᠤᠯᠠᠨ ᠤ ᠠᠮᠤᠷ ᠲᠦᠪᠰᠢᠨ ᠤ ᠬᠠᠨᠣᠮᠵᠢ ᠪᠦᠲᠦᠮᠵᠢᠲᠡᠢ ᠳᠡᠭᠡᠭᠰᠢᠯᠡᠪᠡ᠃ ᠬᠦᠳᠡᠭᠡ ᠨᠤᠳᠤᠭ ᠢ ᠬᠦᠴᠤᠷᠬᠡᠭᠵᠢᠬᠦᠯᠤᠨ ᠬᠦᠭᠵᠢᠬᠦᠯᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠪᠦᠬᠦ ᠬᠤᠰᠢᠭᠤᠨ ᠤ ᠬᠦᠳᠡᠭᠡ ᠨᠤᠳᠤᠭ ᠢ ᠬᠦᠴᠤᠷᠬᠡᠭᠵᠢᠬᠦᠯᠤᠨ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢᠨ ᠲᠦᠯᠦᠪᠵᠢᠭᠦᠯᠭᠡ ᠪᠠ ᠭᠤᠷᠪᠠᠨ ᠪᠤᠯᠠᠭ ᠲᠤᠰᠬᠤᠨ ᠵᠡᠷᠭᠡ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ ᠤ ᠬᠡᠷᠡᠭᠵᠢᠭᠦᠯᠬᠦ ᠲᠦᠰᠦᠯ ᠢ ᠨᠠᠶᠢᠷᠠᠭᠤᠯᠣᠨ ᠲᠤᠭᠤᠷᠪᠢᠵᠤ᠂ ᠬᠦᠳᠡᠭᠡ ᠨᠤᠳᠤᠭ ᠢ ᠬᠦᠴᠤᠷᠬᠡᠭᠵᠢᠬᠦᠯᠤᠨ ᠬᠦᠭᠵᠢᠬᠦᠯᠬᠦ ᠠᠬᠤᠢ ᠲᠠᠯᠠᠪᠠᠢ ᠶᠢᠨ ᠦᠵᠡᠬᠦᠯᠬᠡ ᠶᠢᠨ ᠬᠤᠷᠠᠯ ᠢ ᠡᠷᠬᠢᠯᠡᠨ ᠬᠢᠪᠡ᠃ ᠣᠷᠣᠰᠢᠨ ᠰᠠᠭᠤᠬᠤ ᠣᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠪᠣᠷᠣᠪᠠᠯᠭᠠᠰᠣᠨ ᠤ ᠠᠮᠢᠳᠣᠷᠠᠯ ᠤᠨ ᠬᠤᠭ ᠨᠣᠪᠰᠢ ᠪᠣᠯᠠᠬᠤ ᠲᠠᠯᠠᠪᠣᠷ ᠤᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠠᠬᠢᠵᠤ᠂ ᠨᠠᠩᠰᠣ ᠪᠠᠯᠭᠠᠰᠣᠨ ᠤ ᠪᠤᠬᠢᠷ ᠣᠰᠣ ᠰᠢᠢᠳᠪᠦᠷᠢᠯᠡᠬᠦ ᠣᠶᠢᠯᠠᠳᠪᠦᠷᠢ ᠪᠠ ᠰᠠᠭᠤᠷᠢᠰᠢᠯ ᠴᠡᠭ ᠤᠨ ᠪᠤᠬᠢᠷ ᠣᠰᠣ ᠰᠢᠢᠳᠪᠦᠷᠢᠯᠡᠬᠦ ᠲᠦᠬᠦᠭᠡᠷᠦᠮᠵᠢ ᠶᠢᠨ ᠲᠦᠷᠦᠯ ᠵᠦᠢᠯ ᠢ ᠣᠷᠣᠨᠵᠢᠭᠤᠯᠣᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 15 ᠨᠡᠶᠢᠲᠡ ᠶᠢᠨ ᠵᠤᠷᠯᠤᠩ ᠪᠠ 6398 ᠡᠷᠦᠬᠡ ᠶᠢᠨ ᠵᠣᠷᠯᠣᠩ ᠢ ᠦᠭᠡᠷᠡᠴᠢᠯᠡᠬᠦ ᠡᠭᠦᠷᠭᠡ ᠶᠢ ᠪᠡᠶᠡᠯᠡᠭᠦᠯᠪᠡ᠃      ︵ᠳᠠᠪᠤ︶ ᠦᠭᠡᠷᠡᠴᠢᠯᠡᠯᠲᠡ ᠰᠢᠨᠡᠴᠢᠯᠡᠯᠲᠡ ᠦᠷᠭᠦᠯᠵᠢᠯᠡᠨ ᠬᠦᠨᠵᠡᠭᠡᠶᠢᠷᠡᠪᠡ᠃ ᠦᠭᠡᠷᠡᠴᠢᠯᠡᠯᠲᠡ ᠰᠢᠨᠡᠴᠢᠯᠡᠯᠲᠡ ᠶᠢᠨ ᠠᠬᠢᠴᠠ ᠲᠦᠷᠭᠡᠳᠴᠦ᠂ ᠭᠤᠣᠯᠳᠠᠯᠭᠠᠲᠣ ᠬᠦᠷᠢᠶ᠎ᠡ ᠴᠠᠷᠠᠭ᠎ᠠ᠂ ᠲᠤᠷᠰᠢᠯᠲᠠ ᠶᠢᠨ ᠴᠡᠭ ᠤᠨ ᠦᠭᠡᠷᠡᠴᠢᠯᠡᠯᠲᠡ᠂ ᠦᠪᠡᠷᠲᠡᠭᠡᠨ ᠰᠣᠩᠭᠤᠭᠰᠠᠨ ᠡᠭᠦᠷᠭᠡ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ ᠶᠢ ᠬᠦᠨᠵᠡᠬᠡᠶᠢᠷᠡᠬᠦᠯᠵᠣ᠂ ᠪᠦᠬᠦ ᠬᠤᠲᠠ ᠳᠤ ᠪᠠᠨ ᠡᠩ ᠲᠡᠷᠢᠭᠦᠨ ᠳᠤ ︽ᠤᠳᠣᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠤᠶᠢᠷ᠎ᠠ ᠬᠠᠪᠢ ᠳᠤ ᠬᠦᠢᠴᠡᠳᠭᠡᠭᠦ᠂ ᠨᠢᠭᠡᠯᠡ ᠳᠣᠣᠷ᠎ᠠ ᠭᠦᠢᠴᠡᠳᠭᠡᠭᠦ︾ 223 ᠵᠦᠢᠯ ᠢ ᠡᠮᠬᠢᠯᠡᠨ ᠨᠡᠶᠢᠲᠡᠯᠡᠵᠦ᠂ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ︽ᠲᠦᠪᠯᠡᠷᠡᠩᠬᠦᠢ︾ ᠦᠢᠯᠡᠴᠢᠯᠡᠭᠡᠨ ᠤ ᠲᠦᠪ ᠢ ᠪᠠᠶᠢᠭᠤᠯᠤᠨ᠂ 73 ᠬᠢᠨᠠᠨ ᠵᠦᠪᠰᠢᠶᠡᠷᠡᠬᠦ ᠵᠦᠢᠯᠡᠰ ᠢ ᠲᠦᠪᠯᠡᠷᠡᠭᠦᠯᠦᠨ ᠬᠦᠯᠢᠶᠠᠨ ᠠᠪᠴᠦ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠤᠨ ᠪᠠᠭᠠᠰᠣᠯᠲᠠ ᠶᠢᠨ ᠨᠣᠷᠮ᠎ᠠ 55.1% ᠳᠤ ᠬᠦᠷᠴᠡᠢ᠃ ᠪᠠᠶᠢᠭᠤᠯᠤᠮᠵᠢ ᠶᠢᠨ ᠦᠭᠡᠷᠡᠴᠢᠯᠡᠯᠲᠡ ᠯᠠᠪᠳᠠᠭᠤᠨ ᠢᠶᠠᠷ ᠠᠬᠢᠨ᠂ 17 ᠫᠠᠶᠢᠰᠠ ᠡᠯᠭᠦᠭᠦ  ᠴᠢᠬᠤᠯᠠᠲᠠᠢ ᠨᠠᠮ ᠵᠠᠰᠠᠭ ᠤᠨ ᠪᠠᠶᠢᠭᠤᠯᠤᠮᠵᠢ ᠪᠦᠬᠦᠨ ᠢᠶᠠᠷ ᠢᠶᠠᠨ ᠫᠠᠶᠢᠰᠠ ᠡᠯᠭᠦᠵᠦ᠂ 30 ᠰᠠᠯᠠᠭ᠎ᠠ ᠮᠦᠴᠢᠷ  ᠤᠨ ᠠᠵᠢᠯᠲᠠᠨ ᠤ ᠬᠠᠷᠢᠶ᠎ᠠ ᠶᠢ ᠰᠢᠯᠵᠢᠭᠦᠯᠬᠦ ᠠᠵᠢᠯ ᠢ ᠨᠢᠭᠡᠨᠲᠡ ᠪᠡᠶᠡᠯᠡᠭᠦᠯᠦᠨ᠂ 31 ᠰᠠᠯᠠᠭ᠎ᠠ ᠮᠦᠴᠢᠷ ᠤᠨ ︽ᠭᠤᠷᠪᠠ ᠶᠢ ᠲᠤᠭᠲᠠᠭᠠᠬᠤ︾ ᠲᠦᠰᠦᠯ ᠢ ᠦᠨᠳᠦᠰᠦᠨ ᠳᠤ ᠪᠠᠨ ᠳᠠᠭᠤᠰᠬᠠᠵᠣ᠂ ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠳᠦᠷᠢᠮᠵᠢᠭᠦᠨ᠂ ᠠᠵᠢᠯᠯᠠᠮᠵᠢ ᠦᠨᠳᠦᠷ ᠪᠦᠲᠦᠮᠵᠢᠲᠠᠢ ᠪᠠᠶᠢᠭᠤᠯᠤᠮᠵᠢ ᠶᠢᠨ ᠡᠭᠦᠷᠭᠡ ᠴᠢᠳᠠᠪᠣᠷᠢ ᠶᠢᠨ ᠰᠢᠰᠲ᠋ᠧᠮ ᠢ ᠪᠦᠷᠢᠯᠳᠦᠭᠦᠯᠪᠡ᠃ ᠣᠶᠣᠨᠴᠢ ᠡᠮᠦᠨᠡᠲᠦ ᠤᠲᠤᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠪᠦᠬᠦ ᠣᠷᠣᠨ ᠤ ᠠᠩᠬᠠᠳᠠᠭᠴᠢ ᠬᠦᠳᠡᠭᠡ ᠨᠤᠳᠤᠭ ᠢ ᠬᠦᠴᠤᠷᠬᠡᠭᠵᠢᠬᠦᠯᠤᠨ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢᠨ ︽ᠳᠦᠷᠪᠡᠨ ᠲᠡᠰ︾ ᠤᠨ ᠰᠦᠯᠵᠢᠶᠡᠨ ᠳᠡᠭᠡᠷᠡᠬᠢ ᠵᠢᠯᠣᠭᠤᠳᠬᠤ ᠲᠠᠪᠴᠠᠩ ᠠᠰᠢᠭᠯᠠᠯᠲᠠ ᠳᠤ ᠣᠷᠣᠵᠣ᠂ ᠦᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠬᠤᠰᠢᠭᠤ ᠰᠢᠶᠠᠨ ᠤ ᠲᠡᠰ ᠤᠨ ︽ᠲᠤᠭᠠᠴᠠᠯᠠᠭᠰᠠᠨ ᠬᠦᠳᠡᠭᠡ ᠲᠣᠰᠬᠤᠨ︾ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠵᠦᠪᠰᠢᠶᠡᠷᠡᠭᠳᠡᠪᠡ᠃ ︽i ᠡᠮᠤᠨᠡᠳᠤ ᠣᠲᠤᠭ︾ ᠤᠶᠤᠨᠴᠢ ᠨᠡᠬᠦᠳᠡᠯ  ᠬᠤᠯᠪᠤᠭᠠᠨ ᠤ ᠳᠠᠪᠴᠠᠩ ᠢ ᠡᠭᠦᠳᠦᠨ ᠪᠠᠶᠢᠭᠤᠯᠵᠤ᠂ ᠣᠶᠣᠨᠴᠢ ᠨᠠᠮ ᠤᠨ ᠪᠠᠶᠢᠭᠤᠯᠤᠯᠲᠠ᠂ ᠬᠤᠪᠢᠰᠬᠠᠯᠲᠤ ᠬᠦᠮᠦᠵᠢᠯ ᠤᠨ  ᠰᠣᠳᠣᠯᠭ᠎ᠠ ᠰᠣᠷᠣᠯᠴᠠᠯᠭ᠎ᠠ᠂ ᠠᠷᠠᠤᠨ ᠲᠤ ᠲᠦᠬᠦᠮ ᠦᠵᠡᠬᠦᠯᠬᠦ ᠤᠶᠢᠯᠡᠴᠢᠯᠡᠭᠡ‌ᠵᠡᠷᠭᠡ ᠨᠠᠢᠮᠠᠨ ᠠᠩᠭᠢᠯᠠᠯ ᠤᠨ 60 ᠭᠠᠷᠣᠢ ᠴᠢᠳᠠᠮᠵᠢ ᠶᠢ ᠪᠠᠭᠲᠠᠭᠠᠪᠠ᠃ ᠡᠭᠦᠨ ᠠᠴᠠ ᠭᠠᠳᠠᠨ᠎ᠠ᠂ ᠮᠦᠩᠭᠦᠨ ᠭᠦᠢᠯᠭᠡᠭᠡ᠂ ᠰᠣᠷᠭᠠᠨ ᠬᠦᠮᠦᠵᠢᠯ᠂ ᠠᠵᠤ ᠦᠢᠯᠡᠰ ᠵᠡᠷᠭᠡ ᠭᠤᠣᠯᠳᠠᠯᠭᠠᠲᠣ ᠬᠦᠷᠢᠶ᠎ᠡ ᠴᠠᠷᠠᠭᠠᠨ ᠳᠤ ᠬᠢ ᠦᠭᠡᠷᠡᠴᠢᠯᠡᠯᠲᠡ ᠢᠳᠡᠪᠬᠢᠲᠡᠢ ᠠᠬᠢᠪᠠ᠃      ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠠᠲᠤᠯᠠᠭ᠎ᠠ ᠨᠡᠩ ᠡᠷᠴᠢᠮᠵᠢᠪᠡ᠃ ᠪᠦᠬᠦ ᠵᠢᠯ ᠳᠤ ᠠᠷᠠᠳ ᠤᠨ ᠠᠮᠢᠳᠣᠷᠠᠯ ᠤᠨ ᠬᠠᠷᠠᠭᠠᠯᠵᠠᠯ ᠳᠤ 26.7 ᠳ᠋ᠦᠩᠰᠢᠭᠤᠷ ᠲᠦᠭᠦᠷᠢᠭ ᠵᠠᠷᠣᠴᠠᠭᠤᠯᠵᠤ᠂ ᠡᠳ᠋ ᠤᠨ ᠵᠠᠰᠠᠭ ᠤᠨ ᠶᠡᠷᠦᠩᠭᠡᠢ ᠵᠠᠷᠣᠯᠭ᠎ᠠ ᠶᠢᠨ 82% ᠢ  ᠡᠵᠡᠯᠡᠭᠦᠯᠪᠡ᠃ ᠠᠷᠠᠳ ᠤᠨ ᠠᠮᠢᠳᠣᠷᠠᠯ ᠤᠨ ᠬᠦᠷᠢᠶ᠎ᠡ ᠴᠠᠷᠠᠭᠠᠨ ᠳᠤ ᠬᠢ ︽ᠵᠢᠷᠭᠤᠭᠠᠨ ᠶᠡᠭᠡ ᠠᠵᠢᠯᠯᠠᠭ᠎ᠠ︾ ᠶᠢ ᠪᠠᠲᠤᠲᠠᠢ ᠦᠷᠨᠢᠭᠦᠯᠦᠨ᠂ ᠠᠷᠠᠳ ᠲᠦᠮᠡᠨ ᠳᠤ ᠨᠡᠩ ᠬᠠᠩᠭᠠᠮᠵᠢ ᠲᠠᠢ᠂ ᠨᠡᠩ ᠪᠠᠲᠤᠯᠠᠭ᠎ᠠ ᠲᠠᠢ ᠬᠠᠨᠤᠮᠵᠢᠲᠣ ᠲᠦᠷᠦᠭᠳᠡᠯ ᠢ ᠣᠯᠭᠤᠪᠠ᠃ ᠠᠩᠬᠠᠳᠣᠭᠠᠷ ᠬᠤᠭᠤᠴᠠᠭᠠᠨ ᠤ ︽ᠴᠠᠬᠢᠷᠮ᠎ᠠ ᠨᠤᠮ ᠣᠩᠰᠢᠬᠤ ᠪᠠᠶᠠᠷ︾᠂ ︽ᠰᠢᠵᠢᠷ ᠠᠯᠲᠠᠨ 100 ᠰᠧᠺᠦ᠋ᠨ᠋ᠳ᠋︾ ᠵᠡᠷᠭᠡ ᠡᠯ᠎ᠡ ᠲᠦᠷᠦᠯ ᠤᠨ ᠰᠣᠶᠣᠯ ᠢᠶᠠᠷ ᠠᠷᠠᠳ ᠲᠤ ᠠᠠᠰᠢᠭ ᠬᠦᠷᠳᠡᠭᠡᠬᠦ ᠠᠵᠢᠯᠯᠠᠭ᠎ᠠ ᠶᠢ 400 ᠭᠠᠷᠣᠢ ᠲᠠᠯᠠᠪᠠᠢ ᠣᠳᠠᠭ᠎ᠠ ᠶᠠᠪᠤᠭᠳᠠᠭᠤᠯᠵᠤ᠂ 9 ᠲᠦᠮᠡ ᠰᠢᠬᠠᠮ ᠤᠯᠠᠨ ᠲᠦᠮᠡᠨ ᠠᠰᠢᠭ ᠬᠦᠷᠲᠡᠵᠦ᠂  ︽ᠠᠨᠠᠷ ᠪᠣᠯᠪᠠᠰᠣᠷᠠᠯ᠎ᠠ︾ ᠬᠡᠬᠦ  ᠲᠠᠭᠤᠯᠠᠯᠲᠣ ᠵᠦᠴᠦᠭᠡ ᠶᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠵᠢᠯᠲᠠᠲᠠᠢ ᠲᠤᠭᠯᠠᠪᠠ︔ ᠪᠦᠬᠦ ᠬᠤᠰᠢᠭᠤᠨ ᠤ 200 ᠡᠷᠦᠬᠡ ︽ᠨᠣᠮ ᠤᠨ ᠪᠣᠶᠠᠨᠲᠦ ᠭᠡᠷ ᠪᠦᠯᠢ︾ ᠳᠤ 1 ᠲᠦᠮᠠᠨ ᠲᠡᠪᠲᠡᠷ ᠨᠣᠮ ᠲᠠᠷᠬᠠᠭᠠᠨ᠂ ︽ᠲᠤᠭᠠᠴᠠᠯᠠᠭᠰᠠᠨ ᠰᠣᠶᠣᠯ ᠢ ᠮᠣᠩᠭᠤᠯ ᠭᠡᠷ ᠲᠤ ᠣᠷᠣᠭᠤᠯᠬᠤ︾ ᠰᠠᠭᠤᠷᠢ ᠦᠷᠲᠡᠭᠡ ᠶᠢ 110 ᠪᠠᠶᠢᠭᠤᠯᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠣᠨ ᠤ ᠰᠣᠶᠣᠯ ᠤᠨ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠪᠠ᠃ ᠣᠯᠣᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠲᠠᠪᠲᠠᠨ ᠬᠢᠨᠠᠯᠲᠠ ᠶᠢ ᠣᠷᠣᠭᠰᠢᠲᠠᠢ ᠲᠣᠭᠤᠯᠵᠣ᠂ ᠡᠮᠴᠢᠯᠡᠭᠡᠨ ᠤ ᠬᠤᠯᠪᠤᠭᠠᠲᠣ ᠬᠠᠮᠲᠦ ᠶᠢᠨ ᠴᠤᠭᠴᠠ ᠶᠢᠨ ᠪᠠᠶᠢᠭᠤᠯᠣᠯᠲᠠ ᠶᠢ ᠬᠦᠨᠵᠡᠭᠡᠢ ᠠᠬᠢᠭᠤᠯᠵᠤ᠂ ᠨᠢᠩᠰᠢᠶᠡ ᠵᠡᠷᠭᠡ ᠭᠠᠵᠠᠷ ᠤᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠣᠷᠣᠨ ᠪᠦᠰᠡ ᠠᠯᠣᠰᠯᠠᠭᠰᠠᠨ ᠬᠠᠮᠲᠤᠷᠠᠯᠴᠠᠭ᠎ᠠ ᠪᠠᠨ ᠴᠢᠩᠭᠠᠳᠬᠠᠪᠠ︔ ᠭᠡᠷ᠎ᠡ ᠲᠤᠭᠲᠠᠭᠰᠠᠨ ᠭᠡᠷ ᠪᠦᠯᠢ ᠶᠢᠨ ᠡᠮᠴᠢ ᠶᠢᠨ  ᠦᠢᠯᠡᠴᠢᠯᠡᠭᠡᠨ ᠤ ᠪᠦᠯᠬᠦᠮ ᠢ ᠨᠡᠶᠢᠲᠡ 66 ᠵᠤᠬᠢᠶᠠᠨ ᠪᠠᠶᠢᠭᠤᠯᠵᠤ᠂ ᠭᠡᠷ᠎ᠡ ᠲᠤᠭᠲᠠᠭᠰᠠᠨ ᠨᠣᠷᠮ᠎ᠠ 100% ᠳᠤ ᠬᠦᠷᠴᠡᠢ︔ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠢ ᠪᠦᠬᠦ ᠲᠠᠯ᠎ᠡ ᠪᠠᠷ ᠭᠡᠷᠡᠭᠵᠢᠭᠦᠯᠦᠨ᠂ ︽ᠮᠡᠷᠭᠡᠨ ᠴᠣᠬᠤᠷ ᠢ ᠰᠢᠷᠪᠢᠨ ᠡᠪᠡᠳᠴᠢᠨ ᠢᠶᠠᠨ ᠦᠵᠡᠭᠦᠯᠬᠦ︾ ᠶᠢ ᠪᠡᠶᠡᠯᠡᠭᠦᠯᠵᠦ᠂ ᠣᠯᠠᠨ ᠲᠦᠮᠡᠨ ᠳᠤ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠬᠠᠮᠢᠶᠠᠷᠣᠯᠲᠠ ᠶᠢᠨ ᠦᠢᠯᠡᠴᠢᠯᠡᠭᠡ ᠬᠠᠩᠭᠠᠪᠠ᠃ ᠴᠢᠨᠠᠷᠯᠢᠭ ᠰᠣᠷᠭᠠᠨ ᠬᠦᠮᠦᠵᠢᠯ ᠤᠨ ᠡᠬᠢ ᠰᠣᠷᠪᠣᠯᠵᠢ ᠶᠢ ᠦᠷᠭᠦᠯᠵᠢᠯᠡᠨ ᠦᠷᠭᠡᠳᠭᠡᠵᠦ᠂ 132 ᠪᠠᠭᠰᠢ ᠰᠢᠯᠭᠠᠨ ᠡᠯᠰᠡᠵᠦ ᠬᠡᠷᠡᠭᠯᠡᠪᠡ︔ ᠠᠵᠤ ᠦᠢᠯᠡᠰ ᠰᠣᠷᠭᠠᠨ ᠬᠦᠮᠦᠵᠢᠯ ᠠᠭᠤᠰᠣᠯᠴᠠᠭᠰᠠᠨ᠂ ᠰᠣᠷᠭᠠᠭᠤᠯᠢ ᠠᠵᠤ ᠠᠬᠤᠶᠢᠯᠠᠯ ᠬᠠᠮᠲᠤᠷᠠᠯᠴᠠᠭᠰᠠᠨ ᠰᠣᠷᠭᠠᠨ ᠬᠦᠮᠦᠵᠢᠯ ᠤᠨ ᠵᠠᠭᠪᠣᠷ ᠢ ᠬᠦᠨᠵᠡᠭᠡᠶᠢᠷᠡᠭᠦᠯᠵᠦ᠂ ᠦᠨᠳᠦᠰᠦᠲᠡᠨ ᠤ ᠠᠵᠢᠯ ᠮᠡᠷᠭᠡᠵᠢᠯ ᠤᠨ ᠳᠡᠭᠡᠲᠦ ᠵᠡᠷᠭᠡ ᠶᠢᠨ ᠳᠣᠮᠳᠠᠲᠣ ᠰᠣᠷᠭᠠᠭᠤᠯᠢ ︽ᠪᠦᠬᠦ ᠣᠯᠣᠰ ᠤᠨ ᠰᠣᠷᠭᠠᠨ ᠬᠦᠮᠦᠵᠢᠯ ᠤᠨ ᠰᠢᠰᠲ᠋ᠧᠮ ᠤᠨ ᠲᠡᠷᠢᠬᠦᠨ ᠤ ᠨᠢᠭᠡᠴᠡ︾ ᠪᠠᠷ ᠦᠨᠡᠯᠡᠭᠳᠡᠨ᠂ ᠪᠦᠬᠦ ᠣᠯᠣᠰ ᠤᠨ ᠲᠦᠷᠦᠭᠦᠦ ᠪᠦᠯᠦᠭ 1+X ᠦᠨᠡᠮᠯᠡᠯ ᠤᠨ ᠳᠦᠷᠢᠮᠲᠦ ᠲᠤᠷᠰᠢᠯᠲᠠ ᠶᠢᠨ ᠳᠡᠭᠡᠲᠦ ᠰᠣᠷᠭᠠᠭᠤᠯᠢ ᠪᠠᠷ ᠲᠤᠭᠲᠠᠭᠠᠭᠳᠠᠵᠣ᠂ ᠪᠡᠭᠡᠵᠢᠩ ᠤᠨ ᠾᠧᠩ ᠶᠤᠸᠠᠢ ᠰᠣᠷᠭᠠᠨ ᠬᠦᠮᠦᠵᠢᠯ ᠤᠨ ᠺᠣᠮᠫᠠᠨᠢ ᠲᠠᠢ ᠬᠠᠮᠲᠤᠷᠠᠨ ᠰᠣᠷᠭᠠᠭᠤᠯᠢ ᠡᠷᠬᠢᠯᠡᠬᠦ ᠶᠢ ᠭᠦᠨᠵᠡᠭᠡᠶᠢᠷᠡᠭᠦᠯᠵᠦ᠂ ᠳᠡᠭᠡᠲᠦ ᠰᠣᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠲᠡᠤᠬᠡᠲᠦ ᠴᠢᠨᠠᠷᠲᠠᠢ ᠰᠢᠪᠲᠤᠯᠣᠯᠲᠠ ᠶᠢ ᠣᠯᠪᠠ᠃ ᠰᠢᠨ᠎ᠡ ᠶᠢ ᠡᠭᠦᠳᠦᠨ ᠠᠳᠠᠯ ᠦᠢᠯᠡᠰ ᠴᠤᠭᠴᠠᠯᠠᠬᠤ ᠶᠢ ᠶᠡᠬᠡᠪᠡᠷ ᠠᠬᠢᠭᠤᠯᠤᠨ᠂ ᠬᠤᠲᠠ ᠶᠢᠨ ᠲᠡᠰ ᠤᠨ ᠰᠢᠨᠵᠢᠯᠡᠭᠡ ᠮᠡᠷᠭᠡᠵᠢᠯ ᠤᠨ ᠲᠦᠷᠦᠯ ᠵᠦᠢᠯ᠂ ᠣᠨᠴᠠ ᠲᠤᠮᠢᠯᠠᠭᠴᠢ ᠶᠢᠨ ᠲᠦᠷᠦᠯ ᠵᠦᠢᠯ ᠢ 35 ᠨᠦᠭᠡᠴᠡᠯᠡᠵᠦ᠂ ᠰᠢᠨᠵᠢᠯᠡᠭᠡ ᠮᠡᠷᠭᠡᠵᠢᠯ ᠤᠨ ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠢᠴᠡᠳ  ᠪᠠᠳᠠᠷᠠᠭᠤᠯᠪᠠ᠃ 2019 ᠣᠨ ᠤ ︽ᠬᠠᠪᠤᠷ ᠤᠨ ᠰᠠᠯᠬᠢ ᠠᠵᠢᠯᠯᠠᠭ᠎ᠠ︾ ᠶᠢ ᠪᠦᠬᠦ ᠲᠠᠯ᠎ᠠ ᠪᠠᠷ  ᠡᠬᠢᠯᠡᠭᠦᠯᠦᠨ᠂ ᠡᠯ᠎ᠡ ᠲᠦᠷᠦᠯ ᠤᠨ ᠠᠵᠢᠯᠲᠠᠨ 408 ᠬᠦᠮᠦᠨ ᠢ ᠡᠯᠰᠡᠨ ᠳᠦᠪᠬᠢᠨᠡᠭᠦᠯᠵᠦ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.1% ᠲᠤᠲᠤᠷ᠎ᠠ ᠬᠢᠵᠠᠭᠠᠷᠯᠠᠨ᠂ ᠢᠮᠠᠭᠲᠠ ᠪᠦᠬᠦ ᠬᠤᠲᠠ ᠶᠢᠨ ᠳᠣᠮᠳᠠᠴᠢ ᠬᠢᠷᠢ ᠳᠦᠪᠰᠢᠨ ᠠᠴᠠ ᠳᠣᠣᠷ᠎ᠠ ᠪᠠᠶᠢᠯᠭᠠᠬᠤ ᠶᠢ ᠪᠠᠲᠤᠯᠠᠪᠠ᠃ ᠬᠤᠲᠠ ᠪᠠᠯᠭᠠᠰᠤᠨ ᠤ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ 611 ᠲᠦᠭᠦᠷᠢᠭ ᠠᠴᠠ ᠨᠡᠮᠡᠭᠳᠡᠭᠦᠯᠦᠭᠡᠳ 675 ᠲᠦᠭᠦᠷᠢᠭ ᠪᠤᠯᠭᠠᠵᠤ᠂ ᠬᠦᠳᠡᠭᠡ ᠲᠣᠰᠬᠤᠨ ᠤ ᠳᠣᠣᠷ᠎ᠠ ᠪᠠᠲᠣᠯᠠᠭ᠎ᠠ ᠶᠢᠨ ᠪᠠᠷᠢᠮᠵᠢᠶ᠎ᠠ ᠶᠢ 476 ᠲᠦᠭᠦᠷᠢᠭ ᠠᠴᠠ  ᠳᠡᠭᠡᠭᠰᠢᠯᠡᠭᠦᠯᠦᠭᠡᠳ 514  ᠲᠦᠭᠦᠷᠢᠭ ᠪᠣᠯᠭᠠᠨ᠂ ᠨᠠᠭᠠᠲᠣ ᠵᠠᠬ᠎ᠠ ᠶᠢᠨ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠦᠬᠦ ᠪᠦᠷᠬᠦᠴᠡ ᠶᠢ ᠪᠠᠶᠠᠯᠡᠭᠦᠯᠪᠡ︔ ᠤᠯᠠᠨ ᠲᠠᠯ᠎ᠠ ᠪᠠᠷ ᠪᠡᠯᠡ ᠮᠦᠩᠭᠦ ᠬᠤᠷᠠᠮᠳᠣᠭᠤᠯᠣᠨ᠂ ᠠᠷᠠᠳ ᠲᠤ ᠬᠠᠷᠠᠭᠠᠯᠵᠠᠯ ᠬᠦᠷᠲᠡᠭᠡᠬᠦ ᠲᠦᠷᠦᠯ ᠵᠦᠢᠯ ᠢ ᠬᠡᠷᠡᠭᠵᠢᠭᠦᠯᠦᠨ᠂ ᠮᠣᠷᠢᠨ ᠣᠷᠣᠯᠳᠣᠭᠠᠨ ᠤ ᠲᠠᠯᠠᠪᠣᠷ ᠤᠨ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠯᠲᠡ  ᠶᠢᠨ ᠲᠦᠷᠦᠯ ᠵᠦᠢᠯ ᠢ ᠵᠢᠩᠬᠢᠨᠢ ᠪᠠᠷ ᠪᠠᠷᠢᠯᠭ᠎ᠠ ᠡᠬᠢᠯᠡᠭᠦᠯᠵᠦ᠂ 421 ᠲᠦᠮᠠᠨ ᠲᠦᠭᠦᠷᠢᠭ ᠤᠨ ᠳᠡᠭᠡᠲᠦ ᠱᠠᠲᠤᠨ ᠤ ᠪᠡᠯᠡ ᠮᠦᠩᠭᠦ ᠶᠢ ᠴᠢᠷᠮᠠᠶᠢᠨ ᠣᠯᠪᠠ ᠃      2019 ᠣᠨ ᠢᠶᠠᠨ ᠡᠷᠭᠢᠴᠡᠭᠦᠯᠪᠡᠯ᠂ ᠣᠯᠣᠰ ᠠᠷᠠᠳ ᠤᠨ ᠠᠵᠤ ᠠᠬᠤᠢ ᠪᠣᠯᠣᠨ ᠨᠡᠶᠢᠬᠡᠮ ᠤᠨ ᠭᠦᠭᠵᠢᠯᠲᠡ ᠶᠢᠨ ᠲᠦᠯᠦᠪᠯᠡᠭᠡ ᠶᠢᠨ  ᠬᠡᠷᠡᠭᠵᠢᠭᠦᠯᠦᠯᠲᠡ ᠶᠢᠨ ᠪᠠᠶᠢᠳᠠᠯ ᠦᠨᠳᠦᠰᠦᠨ ᠳᠤ ᠪᠠᠨ ᠰᠠᠶᠢᠨ᠂ ᠭᠡᠪᠡᠴᠦ ᠪᠢᠳᠠ ᠠᠵᠤ ᠠᠬᠤᠢ ᠶᠢᠨ  ᠡᠷᠭᠢᠯᠲᠡ ᠶᠢᠨ ᠳᠣᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ  ᠢ ᠰᠡᠷᠭᠡᠭ ᠢᠶᠠᠷ ᠲᠠᠨᠢᠬᠤ ᠴᠢᠬᠤᠯᠠ ᠲᠠᠢ᠂ ᠭᠤᠣᠯᠳᠠᠭᠤ᠄ ᠮᠠᠨ ᠤ ᠬᠤᠰᠢᠭᠤᠨ ᠤ ᠠᠵᠤ ᠦᠢᠯᠡᠰ ᠤᠨ ᠬᠡᠯᠬᠢᠶᠡᠵᠢᠯ ᠣᠬᠤᠷ᠂ ᠠᠵᠤ ᠦᠢᠯᠡᠰ ᠤᠨ ᠲᠤᠭᠲᠠᠴᠠ ᠲᠡᠭᠦᠯᠳᠡᠷ ᠪᠣᠰᠣ ᠠᠰᠠᠭᠤᠳᠠᠯ ᠨᠢ ᠮᠦᠨ ᠮᠠᠨ ᠤ ᠬᠤᠰᠢᠭᠤᠨ ᠤ  ᠠᠵᠤ ᠠᠬᠤᠢ ᠶᠢᠨ ᠴᠢᠨᠠᠷᠯᠢᠭ  ᠬᠦᠭᠵᠢᠯᠲᠡ  ᠶᠢ ᠬᠢᠵᠠᠭᠠᠷᠯᠠᠬᠤ ᠵᠠᠩᠬᠢᠯᠠᠭ᠎ᠠ ᠶᠢᠨ ᠡᠯᠧᠮᠧᠨ᠋ᠲ ᠪᠣᠯᠵᠣ ᠪᠣᠢ︔  ᠭᠤᠷᠪᠠᠨ ᠠᠵᠤ ᠦᠢᠯᠡᠰ ᠤᠨ ᠭᠦᠭᠵᠢᠯᠲᠡ ᠶᠢᠨ ᠳᠠᠪᠬᠤᠷᠭ᠎ᠠ ᠪᠣᠯᠣᠨ ᠬᠢᠷᠢ ᠳᠦᠪᠰᠢᠨ ᠦᠨᠳᠦᠷ ᠪᠣᠰᠣ᠂ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢ ᠰᠢᠯᠢᠳᠡᠭᠵᠢᠭᠦᠯᠬᠦ ᠬᠦᠴᠦᠯᠡᠴᠡ ᠪᠠᠨ ᠴᠢᠩᠭᠠᠳᠬᠠᠬᠤ ᠴᠢᠬᠤᠯᠠᠲᠠᠢ ᠪᠣᠢ︔ ᠨᠡᠶᠢᠲᠡ ᠶᠢᠨ ᠦᠢᠯᠡᠴᠢᠯᠡᠭᠡᠨ ᠤ ᠨᠠᠷᠢᠯᠢᠭᠵᠢᠭᠤᠯᠤᠯᠲᠠ ᠶᠢᠨ ᠬᠢᠷᠢ ᠲᠦᠪᠰᠢᠨ ᠬᠢᠭᠡᠳ ᠠᠷᠠᠳ ᠤᠨ ᠠᠮᠢᠳᠣᠷᠠᠯ ᠤᠨ ᠣᠯᠠᠨ ᠶᠠᠩᠵᠤᠲᠤ ᠱᠠᠭᠠᠷᠳᠠᠯᠭ᠎ᠠ ᠪᠠᠰᠠ ᠵᠦᠷᠢᠶᠡᠨ ᠲᠠᠢ ᠪᠣᠢ᠃      ᠡᠶᠢᠮᠦ ᠠᠴᠠ ᠪᠢᠳᠠ ᠡᠷᠬᠡᠪᠰᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠨᠡᠩ ᠢᠳᠡᠪᠬᠢᠲᠡᠢ ᠣᠪᠣᠷ ᠪᠠ ᠪᠦᠲᠦᠮᠵᠢᠲᠡᠢ ᠠᠷᠭ᠎ᠠ ᠬᠡᠮᠵᠢᠶ᠎ᠡ ᠠᠪᠴᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡᠪᠡᠷ ᠵᠠᠰᠠᠵᠤ  ᠦᠨᠡᠨ ᠬᠦ ᠰᠢᠢᠳᠪᠦᠷᠢᠯᠡᠨ᠎ᠡ᠃      ᠬᠤᠶᠠᠷ᠂ 2020 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠭᠦᠯᠦᠯᠳᠡ ᠶᠢᠨ ᠭᠤᠣᠯ ᠠᠷᠭ᠎ᠠ ᠬᠡᠮᠵᠢᠶ᠎ᠡ      ᠵᠢᠯ ᠤᠨ ᠡᠬᠢᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠭᠡᠨᠡᠳᠳᠠ ᠲᠡᠯᠭᠡᠷᠡᠭᠰᠡᠨ ᠠᠴᠠ ᠠᠮᠦᠷ ᠲᠣᠭᠳᠠᠭᠤᠨ ᠠᠮᠢᠳᠣᠷᠠᠯ ᠤᠨ ᠡᠮᠬᠢ ᠵᠠᠮᠪᠠᠷᠠᠭ᠎ᠠ ᠶᠢ ᠠᠯᠳᠠᠭᠤᠯᠤᠭᠰᠡᠨ ᠪᠣᠯᠪᠠᠴᠦ ᠨᠠᠮ ᠤᠨ ᠲᠦᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠣᠯᠳᠡᠢ ᠣᠳᠣᠷᠢᠳᠣᠯᠭ᠎ᠠ᠂ ᠵᠣᠬᠢᠴᠠᠭᠤᠯᠣᠯᠳᠠ ᠲᠣᠣᠷ᠎ᠠ ᠪᠦᠬᠦ ᠬᠤᠰᠢᠭᠤ ᠪᠠᠷ ᠢᠶᠠᠨ ᠬᠦᠳᠡᠯᠦᠯᠴᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠯᠡᠵᠣ᠂ ᠪᠦᠬᠦ ᠬᠤᠳᠠ  ᠳᠤ ᠪᠠᠨ ᠠᠩᠬ᠎ᠠ ᠲᠣᠳᠣᠯᠠᠭᠰᠠᠨ ᠡᠪᠡᠳᠴᠢᠳᠠᠨ ᠢ ᠡᠳᠡᠭᠡᠷᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠢᠳᠡᠪᠬᠢᠳᠡᠢ ᠪᠦᠳᠦᠮᠵᠢ ᠣᠯᠪᠠ᠃ ᠬᠢᠵᠢᠭ ᠢ ᠡᠰᠡᠷᠭᠦᠴᠡᠬᠦ ᠠᠵᠢᠯ ᠮᠦᠨ ᠬᠦ ᠦᠷᠭᠦᠯᠵᠢᠯᠡᠭᠰᠡᠭᠡᠷ᠂ 2020 ᠣᠨ ᠳᠤ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠦᠷᠢ ᠶᠢ ᠲᠣᠣᠱᠯᠠᠭᠤᠯᠣᠨ ᠨᠠᠶᠢᠳᠠᠪᠦᠷᠢᠵᠢᠭᠤᠯᠬᠤ ᠶᠢ ᠡᠷᠡᠰ ᠪᠠᠷᠢᠮᠳᠠᠯᠠᠨ᠂ ᠣᠯᠣᠰ ᠤᠨ ᠲᠣᠳᠣᠭᠠᠳᠦ ᠭᠠᠳᠠᠭᠠᠳᠦ ᠶᠢᠨ ᠬᠢᠵᠢᠭ ᠤᠨ ᠪᠠᠶᠢᠳᠠᠯ ᠪᠠ ᠠᠵᠣ ᠠᠬᠤᠢ ᠶᠢᠨ ᠪᠠᠶᠢᠳᠠᠯ  ᠤᠨ ᠱᠠᠳᠣᠴᠢ ᠴᠢᠨᠠᠷ ᠤᠨ ᠬᠤᠪᠢᠷᠠᠯᠳᠠ ᠶᠢ ᠪᠠᠳᠣᠳᠠᠢ ᠡᠵᠡᠮᠳᠡᠵᠣ᠂ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠠᠪᠴᠠᠯ ᠢᠶᠠᠨ ᠴᠠᠭ ᠲᠣᠬᠠᠢ ᠳᠤ ᠨᠢ ᠲᠣᠬᠢᠷᠠᠭᠤᠯᠣᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠲᠠᠢ ᠲᠣᠬᠢᠷᠠᠯᠴᠠᠭᠰᠠᠨ ᠠᠵᠣ ᠠᠬᠤᠢ ᠨᠡᠶᠢᠭᠡᠮ ᠤᠨ ᠠᠵᠢᠯᠯᠠᠮᠵᠢ ᠶᠢᠨ ᠡᠮᠬᠢ ᠴᠡᠭᠴᠡᠳᠡᠢ ᠪᠠᠶᠢᠭᠤᠯᠣᠯᠳᠠ ᠶᠢ ᠲᠦᠷᠭᠡᠳᠬᠡᠵᠣ᠂ ᠠᠵᠣ ᠠᠬᠤᠶᠢᠯᠠᠯ ᠠᠵᠣ ᠣᠶᠢᠯᠠᠰ ᠤᠨ ᠨᠢᠭᠡᠴᠡ ᠶᠢᠨ ᠠᠵᠢᠯ ᠣᠶᠢᠯᠠᠳᠪᠦᠷᠢᠯᠠᠯ ᠢᠶᠠᠨ ᠰᠡᠷᠭᠦᠭᠡᠬᠦ ᠶᠢ ᠡᠮᠬᠢᠳᠡᠢ ᠠᠬᠢᠭᠤᠯᠣᠨ᠎ᠠ᠃      ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠶᠡᠷᠥᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠠᠵᠢᠯ ᠳᠤ ᠦᠭᠭᠦᠭᠰᠡᠨ ᠴᠢᠬᠤᠯᠠ ᠵᠢᠭᠠᠪᠦᠷᠢ ᠶᠢ ᠢᠮᠠᠭᠳᠠ ᠴᠡᠭᠡᠵᠢᠯᠡᠵᠣ᠂ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠪᠤᠯᠤᠨ ᠠᠷᠪᠠ ᠶᠢᠰᠥᠳᠥᠭᠡᠷ ᠬᠤᠭᠤᠴᠠᠭᠠᠨ ᠤ ᠬᠤᠶᠠᠷ᠂ ᠭᠤᠷᠪᠠ᠂ ᠲᠦᠷᠪᠡᠳᠦᠭᠡᠷ ᠪᠥᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠣᠣᠱᠯᠠᠭᠤᠯᠵᠣ᠂ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠣᠨ᠂ ᠲᠣᠭᠳᠠᠭᠤᠨ ᠢᠶᠠᠷ ᠠᠬᠢᠭᠤᠯᠬᠤ ᠦᠨᠳᠦᠰᠣᠨ ᠱᠠᠭᠠᠷᠳᠠᠯᠭ᠎ᠠ ᠪᠠ ᠭᠥᠭᠵᠢᠭᠦᠯᠥᠯᠳᠡ ᠶᠢᠨ ᠰᠢᠨ᠎ᠡ ᠰᠡᠤᠨᠬᠢᠮᠵᠢ ᠶᠢ ᠡᠷᠡᠰ ᠪᠠᠷᠢᠮᠳᠠᠯᠠᠵᠤ᠂ ᠴᠢᠨᠠᠷᠯᠢᠭ ᠬᠦᠭᠵᠢᠯᠳᠡ ᠶᠢ ᠡᠷᠴᠢᠮᠵᠢᠭᠦᠯᠣᠨ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠬᠠᠷᠠᠯᠳᠠ ᠡᠭᠦᠷᠭᠡ ᠪᠠᠨ ᠰᠠᠶᠢᠳᠦᠷ ᠪᠡᠶᠡᠯᠡᠭᠦᠯᠵᠣ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ ᠬᠢᠵᠢᠭ ᠤᠨ ᠪᠠᠶᠢᠳᠠᠯ ᠤᠨ ᠠᠵᠣ ᠠᠬᠤᠢ ᠶᠢᠨ ᠬᠦᠭᠵᠢᠯᠳᠡ ᠳᠤ ᠦᠵᠡᠭᠦᠯᠬᠦ ᠨᠦᠯᠦᠭᠡ ᠶᠢ ᠬᠠᠮᠤᠭ ᠲᠣᠣᠷ᠎ᠠ ᠪᠠᠶᠢᠯᠭᠠᠬᠤ ᠪᠠᠷ ᠴᠢᠷᠮᠠᠶᠢᠨ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ ᠤᠨ ᠪᠠᠶᠢᠭᠤᠯᠣᠯᠳᠠ ᠪᠠ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢ ᠠᠮᠵᠢᠯᠳᠠ ᠲᠠᠢ ᠲᠡᠭᠦᠰᠬᠡᠵᠣ᠂ ᠳᠡᠤᠬᠡ ᠶᠢᠨ ᠰᠢᠯᠭᠠᠯᠳᠠ ᠶᠢ ᠳᠤᠭᠤᠯᠤᠭᠤᠯᠬᠤ ᠶᠢ ᠪᠠᠳᠤᠯᠠᠨ᠎ᠠ᠃       2020 ᠣᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠭᠥᠭᠵᠢᠯᠳᠡ ᠶᠢᠨ ᠭᠤᠤᠯ ᠪᠤᠯᠬᠤ ᠵᠢᠱᠢᠭᠰᠡᠨ ᠬᠠᠷᠠᠯᠳᠠ᠄ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠬᠡᠢ ᠥᠷᠳᠡᠭ ᠢ 4% ᠤᠷᠴᠢᠮ ᠥᠰᠭᠡᠵᠥ᠂ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢ 5% ᠤᠷᠴᠢᠮ ᠥᠰᠭᠡᠵᠤ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 1% ᠤᠷᠴᠢᠮ ᠨᠡᠮᠡᠭᠳᠡᠭᠦᠯᠵᠣ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ  ᠤᠨ ᠭᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ ᠲᠤᠰ ᠪᠥᠷᠢ 6% ᠪᠠ 7.5% ᠣᠷᠴᠢᠮ ᠨᠡᠮᠡᠭᠳᠡᠭᠦᠯᠵᠣ᠂ ᠨᠡᠶᠢᠭᠡᠮ ᠤᠨ ᠬᠡᠷᠡᠭᠯᠡᠭᠡᠨ ᠤ ᠳᠠᠸᠠᠷ  ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 4% ᠤᠷᠴᠢᠮ ᠦᠰᠬᠡᠨ᠎ᠡ᠃ ᠲᠡᠭᠡᠷᠡᠬᠢ ᠬᠠᠷᠠᠯᠳᠠ ᠶᠢᠨ ᠲᠣᠭᠤᠷᠢᠨ ᠳᠤ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠄      ︵ᠨᠢᠭᠡ︶ ᠭᠥᠴᠥᠨ ᠢᠶᠠᠨ ᠲᠥᠪᠯᠡᠷᠡᠭᠦᠯᠥᠨ ᠭᠤᠷᠪᠠᠨ ᠶᠡᠭᠡ ᠰᠢᠪᠳᠣᠯᠣᠯᠳᠠ ᠶᠢᠨ ᠠᠵᠢᠯ ᠤᠨ ᠠᠮᠵᠢᠯᠳᠡ ᠶᠢ ᠣᠯᠣᠨ᠎ᠠ᠃ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠰᠢᠢᠤᠨᠪᠤᠷᠢᠯᠡᠬᠦ ᠰᠢᠪᠳᠣᠯᠣᠯᠳᠠ ᠶᠢᠨ ᠠᠵᠢᠯ ᠢ ᠦᠷᠭᠦᠯᠵᠢᠯᠡᠨ ᠪᠥᠳᠥᠮᠵᠢᠳᠠᠢ ᠰᠠᠶᠢᠳᠤᠷ ᠬᠢᠨ᠎ᠡ᠃ ᠮᠦᠩᠭᠦᠨ ᠭᠦᠢᠯᠭᠡᠭᠡᠨ ᠤ ᠲᠦᠭᠰᠢᠭᠦᠷᠢ ᠠᠴᠠ ᠰᠡᠷᠭᠡᠶᠢᠯᠡᠨ᠂ ᠭᠤᠣᠯᠳᠠᠯᠭᠠᠳᠦ ᠠᠵᠢᠯ ᠲᠦᠷᠦᠯ᠂ ᠭᠤᠣᠯᠳᠠᠯᠭᠠᠳᠦ ᠬᠦᠷᠢᠶ᠎ᠡ ᠴᠠᠷᠠᠭᠠᠨ ᠤ ᠲᠦᠭᠰᠢᠭᠦᠷᠢ ᠶᠢᠨ ᠬᠠᠮᠢᠶᠠᠷᠣᠯᠳᠠ ᠡᠵᠡᠮᠳᠡᠯ ᠢ ᠦᠨᠡᠨ ᠬᠦ ᠴᠢᠩᠭᠠᠳᠬᠠᠵᠣ᠂ ᠰᠢᠰᠲ᠋ᠧᠮᠳᠦ ᠴᠢᠨᠠᠷ ᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠠᠴᠠ ᠰᠡᠷᠭᠡᠶᠢᠯᠡᠨ᠎ᠡ᠃ ᠵᠠᠰᠠᠭ ᠤᠨ ᠣᠷᠳᠣᠨ ᠤ ᠦᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠵᠣ᠂ ᠬᠠᠣᠯᠢ ᠲᠦᠷᠢᠮ ᠵᠦᠷᠢᠴᠡᠭᠰᠡᠨ ᠵᠢᠭᠡᠯᠡᠯᠭᠡ᠂ ᠪᠠᠳᠣᠯᠠᠨ ᠲᠠᠭᠠᠭᠠᠯᠳᠠ ᠶᠢ ᠴᠢᠩᠭ᠎ᠠ ᠴᠠᠭᠠᠵᠠᠯᠠᠵᠣ᠂ 5.62 ᠳ᠋ᠥᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠲᠠᠯᠳᠠ ᠥᠷᠢ ᠰᠢᠷᠢ ᠶᠢ ᠢᠯᠭᠠᠷᠠᠭᠤᠯᠬᠤ ᠡᠭᠦᠷᠭᠡ ᠪᠠᠨ ᠪᠡᠶᠡᠯᠡᠭᠦᠯᠣᠨ᠎ᠡ᠃ ᠵᠠᠰᠠᠭ ᠤᠨ ᠣᠷᠳᠣᠨ ᠤ ᠰᠠᠯᠠᠭ᠎ᠠ ᠮᠦᠴᠢᠷ᠂ ᠣᠯᠣᠰ ᠤᠨ ᠦᠮᠴᠢᠯᠡᠯᠳᠦ ᠠᠵᠣ ᠠᠬᠤᠶᠢᠯᠠᠯ ᠤᠨ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯ᠂ ᠲᠣᠮᠳᠠ ᠪᠠᠭ᠎ᠠ ᠠᠵᠣ ᠠᠬᠤᠶᠢᠯᠠᠯ ᠳᠤ ᠦᠷᠢᠳᠦᠵᠣ ᠪᠠᠶᠢᠭ᠎ᠠ ᠦᠷᠢ ᠦᠭᠴᠡᠭᠡ ᠶᠢ ᠦᠷᠭᠦᠯᠵᠢᠯᠡᠨ ᠰᠢᠢᠳᠪᠦᠷᠢᠯᠡᠵᠣ᠂ ᠪᠣᠴᠠᠭᠠᠬᠤ ᠨᠦᠭᠦᠴᠡᠯ ᠲᠠᠢ ᠦᠯᠡᠳᠡᠭᠰᠡᠨ ᠦᠷᠢ ᠦᠭᠴᠡᠭᠡ ᠶᠢ ᠡᠨᠡ ᠵᠢᠯ ᠢᠯᠭᠠᠷᠠᠭᠤᠯᠵᠣ᠂ ᠰᠢᠨ᠎ᠡ ᠦᠷᠢ ᠦᠭᠴᠡᠭᠡ ᠭᠠᠷᠭᠠᠬᠤ  ᠶᠢ ᠡᠷᠡᠰ ᠵᠣᠭᠰᠣᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯᠣᠨ ᠠᠵᠣ ᠠᠬᠤᠢ ᠨᠡᠶᠢᠭᠡᠮ ᠤᠨ ᠬᠦᠭᠵᠢᠯᠳᠡ ᠶᠢ ᠬᠠᠮᠳᠦ ᠳᠤ ᠨᠢ ᠠᠬᠢᠭᠤᠯᠣᠨ᠂ ᠬᠢᠵᠢᠭ ᠲᠡᠯᠭᠡᠷᠡᠭᠦ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠦᠷᠭᠦᠯᠵᠢᠯᠡᠨ ᠰᠠᠶᠢᠳᠦᠷ ᠬᠢᠨ᠎ᠡ᠃ ︽ᠬᠤᠶᠠᠷ ᠲᠤ ᠵᠤᠪᠠᠨᠢᠬᠤ ᠦᠬᠡᠢ᠂ ᠭᠤᠷᠪᠠ ᠶᠢ ᠪᠠᠳᠤᠯᠠᠬᠤ︾ ᠳᠤᠪᠤᠶᠢᠮ᠎ᠠ ᠠᠰᠠᠭᠤᠳᠠᠯ ᠢ ᠬᠦᠴᠤᠯᠡᠨ ᠰᠢᠢᠤᠨᠪᠤᠷᠢᠯᠡᠵᠤ᠂ ᠠᠵᠤ ᠤᠶᠢᠯᠡᠰ ᠢᠶᠠᠷ ᠶᠠᠳᠠᠭᠤ ᠶᠢ ᠳᠡᠤᠨᠬᠦᠬᠦ ᠶᠢ ᠰᠠᠶᠢᠳᠦᠷ ᠠᠳᠬᠤᠨ᠂ ︽ᠨᠠᠮ ᠤᠨ ᠡᠭᠦᠷ + ᠠᠵᠣ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠭᠡ︾ ᠶᠢᠨ ᠬᠦᠭᠵᠢᠯᠳᠡ ᠶᠢᠨ ᠵᠠᠭᠪᠣᠷ ᠢ ᠪᠦᠬᠦ ᠬᠦᠴᠦᠨ ᠢᠶᠠᠷ ᠠᠬᠢᠭᠤᠯᠵᠣ᠂ ᠡᠷᠡᠬᠦᠯ ᠡᠩᠬᠡ ᠶᠢᠨ ᠪᠠᠳᠤᠯᠠᠭ᠎ᠠ ᠪᠠᠷ ᠶᠠᠳᠠᠭᠤ ᠶᠢ ᠳᠡᠤᠨᠬᠦᠬᠦ ᠪᠠ ᠡᠯ᠎ᠡ ᠲᠦᠷᠦᠯ ᠤᠨ ᠨᠠᠭᠠᠳᠦ ᠵᠠᠬ᠎ᠠ ᠶᠢᠨ ᠪᠠᠳᠣᠯᠠᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠦᠷᠢᠵᠢᠭᠤᠯᠣᠨ᠂ ᠨᠡᠬᠦᠯᠬᠡᠨ ᠰᠢᠯᠵᠢᠬᠦᠯᠵᠤ ᠶᠠᠳᠠᠭᠤ ᠠᠴᠠ ᠠᠩᠬᠢᠵᠢᠷᠠᠭᠤᠯᠬᠤ ᠳᠡᠤᠨᠬᠦᠯᠳᠠ ᠳᠡᠮᠵᠢᠯᠬᠡ ᠶᠢᠨ ᠠᠰᠠᠭᠤᠳᠠᠯ ᠤᠨ ᠴᠡᠭᠴᠡᠯᠡᠯᠳᠡ ᠪᠣᠯᠣᠨ ᠬᠤᠶᠢᠰᠢᠳᠡ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠲᠦᠪ ᠤᠨ ᠶᠠᠳᠠᠭᠤ ᠶᠢ ᠳᠡᠤᠨᠬᠦᠬᠦ ᠳᠤᠰᠬᠠᠢ ᠲᠣᠭᠤᠷᠢᠨ ᠪᠠᠶᠢᠴᠠᠭᠠᠯᠳᠠ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠣᠰᠬᠠᠯ ᠪᠣᠯᠣᠨ ᠮᠠᠨ ᠤ ᠬᠤᠰᠢᠭᠤᠨ ᠤ ᠦᠪᠡᠷᠳᠡᠭᠡᠨ ᠪᠠᠶᠢᠴᠠᠭᠠᠵᠣ ᠭᠠᠷᠭᠠᠭᠰᠠᠨ ᠠᠰᠠᠭᠤᠳᠠᠯ ᠤᠨ ᠴᠡᠭᠴᠡᠯᠡᠯᠳᠠ ᠶᠢ ᠦᠨᠡᠨ ᠬᠦ ᠰᠠᠶᠢᠳᠦᠷ ᠬᠢᠵᠣ᠂ ᠲᠡᠭᠡᠷ᠎ᠡ ᠬᠠᠭᠠᠰ ᠵᠢᠯ ᠳᠤ ᠡᠯ᠎ᠡ ᠲᠦᠷᠦᠯ ᠤᠨ ᠠᠰᠠᠭᠤᠳᠠᠯ ᠢ ᠪᠦᠬᠦᠨ ᠢ ᠴᠡᠭᠴᠡᠯᠡᠵᠣ ᠲᠠᠭᠤᠰᠬᠠᠬᠤ ᠶᠢ ᠪᠠᠳᠣᠯᠠᠨ᠎ᠠ᠃ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠳᠦᠷ ᠬᠢᠨ᠎ᠡ᠃ ᠠᠮᠢ ᠠᠬᠤᠢ ᠶᠢ ᠬᠠᠮᠠᠭᠠᠯᠠᠬᠤ ᠣᠬᠠᠮᠰᠠᠷ ᠢ ᠴᠢᠩᠭᠠᠳᠬᠠᠨ᠂ ᠳᠡᠬᠡᠳᠤ ᠱᠠᠳᠤᠨ ᠤ ᠤᠷᠴᠢᠨ ᠳᠤᠭᠤᠷᠢᠨ ᠤ ᠬᠢᠨᠠᠨ ᠪᠠᠶᠢᠴᠠᠭᠠᠯᠳᠠ  ᠶᠢᠨ ᠬᠠᠷᠢᠭᠤ ᠳᠤᠰᠬᠠᠭᠰᠡᠨ ᠠᠰᠠᠭᠤᠳᠠᠯ ᠤᠨ ᠴᠡᠭᠴᠡᠯᠡᠯᠳᠠ ᠶᠢᠨ ᠦᠷ᠎ᠡ ᠪᠦᠳᠦᠮᠵᠢ ᠶᠢ ᠪᠠᠬᠢᠵᠢᠭᠦᠯᠣᠨ᠎ᠡ᠃ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠵᠢᠴᠢ ᠪᠠᠷᠢᠯᠭ᠎ᠠ ᠶᠢᠨ ᠭᠠᠵᠠᠷ ᠤᠨ ᠲᠣᠭᠤᠰᠦ ᠰᠢᠷᠣᠢ ᠶᠢᠨ ᠪᠣᠬᠢᠷᠳᠣᠯ ᠤᠨ ᠬᠢᠨᠠᠯᠳᠠ ᠬᠠᠮᠢᠶᠠᠷᠣᠯᠳᠠ ᠶᠢ ᠰᠠᠶᠢᠳᠦᠷ ᠠᠳᠬᠤᠨ᠂ ᠠᠭᠠᠷ ᠮᠠᠨᠳᠠᠯ ᠤᠨ ᠪᠣᠬᠢᠷᠳᠣᠯ ᠤᠨ ᠲᠣᠰᠬᠠᠢ ᠴᠡᠭᠴᠡᠯᠡᠯᠳᠡ ᠶᠢ ᠠᠬᠢᠭᠤᠯᠵᠣ᠂ ᠪᠦᠬᠦ ᠵᠢᠯ ᠤᠨ ᠠᠭᠠᠷ ᠤᠨ ᠴᠡᠪᠡᠷᠴᠡ ᠶᠢᠨ ᠨᠣᠷᠮ᠎ᠠ ᠶᠢ 90% ᠠᠴᠠ ᠲᠠᠪᠠᠭᠤᠯᠣᠨ᠎ᠠ᠃ ᠭᠤᠤᠯ ᠭᠤᠷᠤᠬ᠎ᠠ ᠨᠠᠭᠤᠷ ᠪᠦᠷᠢᠳᠦ ᠶᠢᠨ ᠳᠠᠷᠤᠭᠠᠴᠢ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠭᠤᠣᠯᠳᠠᠯᠭᠠᠳᠦ ᠰᠠᠪᠠ ᠭᠠᠵᠠᠷ᠂ ᠭᠤᠣᠯ ᠤᠨ ᠣᠷᠣᠰᠬᠠᠯ ᠤᠨ ᠶᠡᠷᠦᠩᠬᠡᠶᠢᠯᠡᠭᠰᠡᠨ ᠵᠠᠰᠠᠯᠳᠡ ᠶᠢ ᠴᠢᠩᠭᠠᠳᠬᠠᠨ᠂ ᠪᠠᠭ᠎ᠠ ᠰᠠᠪᠠ ᠭᠠᠵᠠᠷ ᠤᠨ ᠵᠠᠰᠠᠯᠳᠠ ᠶᠢᠨ ᠲᠠᠯᠠᠪᠠᠢ ᠶᠢ ᠰᠢᠨ᠎ᠡ ᠪᠠᠷ 8.3 ᠲᠦᠮᠡᠨ ᠮᠣ᠋ ᠨᠡᠮᠡᠭᠳᠡᠭᠦᠯᠵᠣ᠂ ᠣᠣᠭᠤᠬᠤ ᠤᠰᠤᠨ ᠡᠬᠢ  ᠶᠢᠨ ᠣᠰᠣᠨ ᠤ ᠴᠢᠨᠠᠷ ᠢ 100% ᠳᠤ ᠬᠦᠷᠭᠡᠬᠦ ᠶᠢ ᠪᠠᠳᠣᠯᠠᠨ᠎ᠠ᠃ ᠪᠡᠭᠡᠵᠢᠩ ᠲᠢᠶᠠᠨᠵᠢᠨ ᠤ ᠰᠠᠯᠬᠢ ᠰᠢᠷᠣᠢ ᠶᠢᠨ ᠡᠬᠢ ᠶᠢᠨ ᠵᠠᠰᠠᠯᠳᠠ᠂ ᠤᠯᠤᠰ ᠤᠨ ᠬᠦᠷᠤᠰᠤ ᠰᠢᠷᠤᠢ ᠶᠢᠨ ᠢᠳᠡᠭᠳᠡᠯ ᠤᠨ ᠵᠠᠰᠠᠯᠳᠠ ᠵᠡᠷᠬᠡ ᠭᠤᠤᠯᠳᠠᠯᠭᠠᠳᠤ ᠠᠮᠢ ᠠᠬᠤᠢ ᠶᠢᠨ ᠲᠦᠷᠤᠯ ᠵᠦᠢᠯ ᠢ ᠰᠠᠶᠢᠳᠤᠷ ᠬᠡᠷᠡᠭᠵᠢᠬᠦᠯᠵᠤ᠂ 40.5 ᠲᠦᠮᠡᠨ ᠮᠤ᠋ ᠣᠢ ᠰᠢᠭᠤᠢ ᠡᠪᠡᠰᠦ ᠪᠡᠯᠴᠢᠭᠡᠷ ᠤᠨ ᠪᠠᠶᠢᠭᠤᠯᠣᠯᠳᠠ ᠶᠢ ᠪᠡᠶᠡᠯᠡᠭᠦᠯᠦᠨ᠂ ᠬᠦᠷᠦᠰᠦ ᠰᠢᠷᠣᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ ᠰᠢᠨ᠎ᠡ ᠪᠠᠷ 23 ᠲᠦᠮᠡᠨ ᠮᠣ᠋ ᠨᠡᠮᠡᠭᠳᠡᠭᠦᠯᠦᠨ᠎ᠡ᠃ ᠴᠡᠯᠮᠡᠭ ᠲᠡᠭᠷᠢ᠂ ᠴᠡᠩᠬᠡᠭ ᠣᠰᠣ᠂ ᠴᠡᠯᠡᠭᠡᠷ ᠲᠠᠯ᠎ᠠ ᠶᠢᠨ ᠬᠠᠮᠠᠭᠠᠯᠠᠯᠳᠠ ᠶᠢ ᠰᠠᠶᠢᠳᠦᠷ ᠬᠢᠨ᠎ᠡ᠃      ︵ᠬᠤᠶᠠᠷ︶ ᠣᠳᠣᠬᠢᠴᠠᠯᠠᠭᠰᠠᠨ ᠠᠵᠣ ᠣᠶᠢᠯᠠᠰ ᠤᠨ ᠲᠣᠭᠳᠠᠴᠠ ᠶᠢᠨ ᠪᠠᠶᠢᠭᠤᠯᠣᠯᠳᠠ ᠶᠢ ᠲᠦᠷᠭᠡᠳᠬᠡᠨ᠎ᠡ᠃ ᠪᠣᠳᠠᠳᠦ ᠴᠣᠭᠴᠠ ᠶᠢᠨ ᠠᠵᠣ ᠠᠬᠤᠢ ᠶᠢ ᠢᠳᠡᠪᠬᠢᠳᠡᠢ ᠬᠦᠭᠵᠢᠭᠦᠯᠦᠨ ᠪᠣᠵᠠᠭᠠᠶᠢᠷᠠᠭᠤᠯᠣᠨ᠎ᠠ᠃ 2020 ᠣᠨ ᠤ ᠭᠤᠣᠯᠳᠠᠯᠭᠠᠳᠦ ᠲᠦᠷᠦᠯ ᠵᠣᠶᠢᠯ ᠤᠨ ᠲᠣᠭᠤᠷᠢᠨ ᠳᠤ᠂ ᠰᠢᠢᠳᠪᠦᠷᠢᠳᠦ ᠪᠣᠳᠣᠯᠭ᠎ᠠ ᠶᠢᠨ ᠲᠦᠷᠭᠡᠨ ᠲᠣᠭᠳᠠᠭᠠᠯᠳᠠ᠂ ᠲᠦᠷᠦᠯ ᠵᠣᠶᠢᠯ ᠤᠨ ᠡᠬᠢ ᠪᠠᠶᠠᠯᠢᠭ ᠢ ᠬᠠᠮᠳᠦ ᠪᠠᠷ ᠡᠳ᠋ᠯᠡᠬᠦ ᠪᠣᠯᠣᠨ ᠪᠦᠳᠦᠮᠵᠢ ᠶᠢᠨ ᠰᠢᠯᠭᠠᠯᠳᠠ ᠶᠢᠨ ᠲᠣᠭᠳᠠᠴᠠ ᠶᠢ ᠰᠢᠨᠡᠴᠢᠯᠡᠵᠣ᠂ ᠠᠷᠭ᠎ᠠ ᠪᠦᠬᠦᠨ ᠢ ᠰᠦᠪᠡᠭᠴᠢᠯᠡᠨ ᠬᠦᠴᠦᠨ ᠵᠣᠶᠢᠯ ᠤᠨ ᠬᠢᠵᠠᠭᠠᠷᠯᠠᠯ ᠢ ᠰᠢᠢᠳᠪᠦᠷᠢᠯᠡᠨ ᠲᠦᠷᠦᠯ ᠵᠣᠶᠢᠯ ᠤᠨ ᠪᠠᠶᠢᠭᠤᠯᠣᠯᠳᠠ ᠶᠢᠨ ᠪᠦᠬᠦ ᠶᠠᠪᠣᠴᠠ ᠶᠢ ᠲᠦᠷᠭᠡᠳᠬᠡᠨ᠎ᠡ᠃ ᠴᠠᠩ ᠴᠧᠩ 1᠂ 3᠂ 5᠂ 6 ᠨᠤᠮᠧᠷᠳᠤ ᠨᠡᠭᠦᠷᠡᠰᠥᠨ ᠠᠭᠤᠷᠬᠠᠢ ᠪᠤᠯᠤᠨ ᠪᠠᠯᠠᠩ ᠤᠨ ᠨᠡᠭᠦᠷᠡᠰᠥᠨ ᠠᠭᠤᠷᠬᠠᠢ ᠶᠢᠨ ᠬᠢᠨᠠᠨ ᠵᠦᠪᠰᠢᠶᠡᠷᠡᠯ ᠤᠨ ᠬᠤᠷᠳᠤᠴᠠ ᠶᠢ ᠲᠥᠷᠭᠡᠳᠭᠡᠨ᠂ ᠪᠠᠯᠠᠩ ᠤᠨ ᠨᠡᠭᠦᠷᠡᠰᠥᠨ ᠠᠭᠤᠷᠬᠠᠢ ᠶᠢ ᠪᠠᠷᠢᠯᠭ᠎ᠠ ᠡᠬᠢᠯᠡᠭᠦᠯᠬᠦ ᠪᠠᠷ ᠴᠢᠷᠮᠡᠶᠢᠵᠣ᠂ ᠣᠷᠳᠣᠰ ᠤᠨ ᠪᠠᠷᠠᠭᠤᠨ ᠪᠡᠶ᠎ᠡ ᠶᠢᠨ ᠨᠡᠬᠦᠷᠡᠰᠣᠨ  ᠤ ᠬᠦᠢᠯᠬᠡᠬᠡ ᠶᠢᠨ ᠬᠦᠷᠢᠶᠡᠯᠡᠩ ᠤᠨ ᠬᠤᠶᠠᠳᠣᠭᠠᠷ ᠬᠤᠭᠤᠴᠠᠭᠠᠨ ᠤ ᠪᠠᠷᠢᠯᠭ᠎ᠠ ᠶᠢᠨ ᠲᠦᠯᠦᠪᠵᠢᠭᠦᠯᠭᠡ ᠪᠠᠶᠢᠭᠤᠯᠣᠯᠳᠠ ᠶᠢ ᠠᠬᠢᠭᠤᠯᠣᠨ᠂ ᠣᠷᠣᠨ ᠬᠡᠪᠴᠢᠶᠡᠨ ᠤ ᠨᠡᠭᠦᠷᠡᠰᠣᠨ ᠬᠠᠩᠭᠠᠯᠭ᠎ᠠ ᠶᠢᠨ ︽ᠡᠭᠦᠯᠡᠨ ᠬᠡᠳᠦ ᠲᠡᠯᠭᠡᠭᠦᠷ︾ ᠢ ᠰᠦᠪᠡᠭᠴᠢᠯᠡᠨ ᠪᠠᠶᠢᠭᠤᠯᠣᠨ᠎ᠠ᠃ ᠣᠯᠣᠰ ᠤᠨ ᠴᠠᠬᠢᠯᠭᠠᠨ ᠤ ᠱᠤᠸᠠᠩ ᠸᠧᠢ᠂ ᠴᠠᠩ ᠴᠧᠩ ᠴᠠᠬᠢᠯᠭᠠᠨ ᠣᠶᠢᠯᠠᠳᠪᠦᠷᠢ ᠶᠢᠨ ᠪᠠᠶᠢᠭᠤᠯᠣᠯᠳᠠ ᠶᠢᠨ ᠠᠬᠢᠴᠠ ᠶᠢ ᠲᠦᠷᠭᠡᠳᠬᠡᠨ᠂ 9 ᠰᠠᠷ᠎ᠠ ᠶᠢᠨ ᠡᠴᠤᠰ ᠠᠴᠠ ᠡᠮᠤᠨ᠎ᠡ ᠱᠧᠩ ᠯᠦ ᠴᠠᠬᠢᠯᠭᠠᠨ ᠣᠶᠢᠯᠠᠳᠪᠦᠷᠢ ᠶᠢᠨ ᠪᠦᠬᠦ ᠱᠤᠭᠤᠮ ᠤᠨ ᠠᠰᠢᠭᠯᠠᠯᠳᠠ ᠶᠢ ᠪᠠᠳᠣᠯᠠᠵᠣ᠂ ᠤᠯᠤᠰ ᠤᠨ ᠡᠨᠧᠷᠬᠢ ᠶᠢᠨ ᠪᠥᠯᠥᠭᠯᠡᠯ ᠤᠨ ᠱᠠᠩᠬᠠᠢ ᠶᠢᠨ ᠰᠦᠮ᠎ᠡ ᠶᠢᠨ ᠴᠠᠬᠢᠯᠭᠠᠨ ᠥᠢᠯᠡᠳᠪᠥᠷᠢ ᠶᠢᠨ ᠬᠢᠨᠠᠨ ᠵᠦᠪᠰᠢᠶᠡᠷᠡᠯ ᠤᠨ ᠭᠠᠷ ᠭᠦᠢᠴᠡᠳᠬᠡᠯ ᠢ ᠲᠦᠷᠭᠡᠳᠬᠡᠨ᠂ ᠵᠢᠯ ᠤᠨ ᠲᠣᠳᠣᠷ᠎ᠠ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ︔ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠪᠠ 60 ᠲᠥᠮᠡᠨ ᠲᠤᠨ ᠨᠡᠭᠦᠷᠡᠰᠤ ᠪᠠᠷ ᠠᠯᠺᠧᠨ ᠥᠢᠯᠡᠳᠭᠦ ᠲᠥᠷᠥᠯ ᠵᠥᠢᠯ ᠤᠨ ᠬᠢᠨᠠᠨ ᠵᠦᠪᠰᠢᠶᠡᠷᠡᠯ ᠢ ᠲᠦᠷᠭᠡᠳᠬᠡᠨ᠂ ᠵᠢᠯ ᠤᠨ ᠲᠣᠳᠣᠷ᠎ᠠ ᠨᠡᠭᠦᠷᠡᠰᠣᠨ ᠤ ᠭᠠᠷᠣᠯᠳᠠ ᠶᠢ 2000 ᠲᠦᠮᠡᠨ ᠲᠣᠨ ᠠᠴᠠ ᠲᠠᠪᠠᠭᠤᠯᠣᠨ᠎ᠠ︔ ᠺᠧ ᠰᠧ ᠶᠢᠨ 40 ᠲᠦᠮᠡᠨ ᠲᠣᠨ ᠰᠢᠩᠭᠡᠨᠵᠢᠭᠦᠯᠦᠭᠰᠡᠨ ᠰᠢᠳᠠᠮᠠᠬᠠᠢ ᠬᠡᠢ ᠶᠢᠨ ᠲᠦᠷᠦᠯ ᠵᠣᠶᠢᠯ ᠢ ᠪᠦᠬᠦ ᠲᠠᠯ᠎ᠠ ᠪᠠᠷ ᠠᠮᠢᠳᠣᠯᠢᠭᠵᠢᠭᠤᠯᠣᠨ᠂ ᠶᠠ ᠬᠠᠢ ᠶᠢᠨ 60 ᠲᠦᠮᠡᠨ ᠲᠣᠨ ᠰᠢᠩᠭᠡᠨᠵᠢᠭᠦᠯᠦᠭᠰᠡᠨ ᠰᠢᠳᠠᠮᠠᠬᠠᠢ ᠬᠡᠢ ᠶᠢᠨ ᠲᠦᠷᠦᠯ ᠵᠣᠶᠢᠯ ᠢ ᠪᠠᠶᠢᠭᠤᠯᠵᠣ᠂ ᠶᠡᠭᠡ ᠰᠢᠬᠢᠷ ᠠᠴᠠ ᠣᠯᠵᠠᠴᠢ᠂ ᠣᠯᠵᠠᠴᠢ ᠠᠴᠠ ᠨᠠᠩᠰᠣ ᠬᠦᠷᠬᠦ ᠰᠢᠳᠠᠮᠠᠬᠠᠢ ᠬᠡᠢ ᠶᠢᠨ ᠬᠤᠭᠤᠯᠠᠢ ᠶᠢᠨ ᠪᠠᠶᠢᠭᠤᠯᠣᠯᠳᠠ ᠶᠢ ᠡᠬᠢᠯᠡᠭᠦᠯᠦᠨ᠂ ᠦᠨᠦ ᠵᠢᠯ ᠤᠨ ᠰᠢᠳᠠᠮᠠᠬᠠᠢ ᠬᠡᠢ ᠶᠢᠨ ᠭᠠᠷᠣᠯᠳᠠ ᠶᠢ 60 ᠳ᠋ᠦᠩᠰᠢᠭᠤᠷ ᠺᠦᠪ ᠮᠧᠲᠷ ᠠᠴᠠ ᠲᠠᠪᠠᠭᠤᠯᠣᠨ᠎ᠠ︔ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠰᠠᠭᠤᠷᠢᠨ ᠤ ᠬᠦᠳᠡᠯᠭᠡᠭᠴᠢ ᠬᠦᠴᠦ ᠪᠣᠯᠣᠨ ᠬᠡᠢ ᠬᠠᠩᠭᠠᠯᠭ᠎ᠠ ᠶᠢᠨ ᠬᠤᠶᠠᠷ ᠴᠣᠭᠴᠠᠯᠠᠪᠦᠷᠢ ᠶᠢᠨ ᠪᠠᠶᠢᠭᠤᠯᠣᠯᠳᠠ ᠶᠢ ᠰᠦᠪᠡᠭᠴᠢᠯᠡᠨ ᠬᠡᠷᠡᠭᠵᠢᠭᠦᠯᠵᠣ᠂ ᠡᠨᠧᠷᠬᠢ ᠶᠢᠨ ᠠᠵᠣ ᠠᠬᠤᠢ ᠶᠢᠨ ᠰᠦᠷᠦᠭᠵᠢᠯ ᠬᠦᠭᠵᠢᠯᠳᠡ ᠶᠢ ᠠᠬᠢᠭᠤᠯᠣᠨ᠎ᠠ᠃ ᠪᠤᠬᠢᠷᠳᠤᠯ ᠥᠭᠡᠢ ᠮᠠᠯ ᠲᠠᠷᠢᠶᠠᠯᠠᠩ ᠤᠨ ᠠᠵᠤ ᠥᠢᠯᠡᠰ ᠢ ᠪᠣᠶᠢᠵᠢᠭᠤᠯᠣᠨ ᠭᠥᠭᠵᠢᠭᠦᠯᠥᠨ᠎ᠡ᠃ᠬᠥᠳᠡᠭᠡ ᠨᠤᠳᠤᠭ ᠢ ᠭᠥᠴᠥᠷᠭᠡᠭᠵᠢᠭᠦᠯᠥᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠥᠴᠥᠯᠡᠨ ᠬᠡᠷᠡᠭᠵᠢᠭᠦᠯᠵᠤ᠂ ︽ᠠᠮᠤ ᠪᠤᠳᠠᠭᠠᠨ ᠤ ᠲᠠᠷᠢᠮᠠᠯ ᠤᠨ ᠭᠡᠮᠵᠢᠶ᠎ᠡ ᠶᠢ ᠲᠤᠭᠳᠠᠪᠤᠷᠢᠵᠢᠭᠤᠯᠵᠤ᠂ ᠠᠵᠤ ᠠᠬᠤᠢ ᠶᠢᠨ ᠲᠠᠷᠢᠮᠠᠯ ᠤᠨ ᠴᠢᠨᠠᠷᠵᠢᠯ ᠢ ᠰᠢᠯᠢᠳᠡᠭᠵᠢᠭᠦᠯᠥᠨ᠂ ᠲᠡᠵᠢᠭᠡᠯ ᠪᠤᠷᠳᠤᠭᠠᠨ ᠤ ᠲᠠᠷᠢᠮᠠᠯ ᠤᠨ ᠲᠠᠯᠠᠪᠠᠢ ᠶᠢ ᠥᠷᠭᠡᠳᠭᠡᠭᠦ︾ ᠠᠵᠢᠯ ᠢ ᠭᠥᠨᠵᠡᠭᠡᠶᠢᠷᠡᠭᠦᠯᠤᠨ᠂ ᠥᠨᠳᠥᠷ ᠪᠠᠷᠢᠮᠵᠢᠶ᠎ᠠ ᠪᠥᠭᠦᠢ ᠤᠳᠤᠬᠢᠴᠢᠯᠠᠭᠰᠠᠨ ᠲᠠᠷᠢᠮᠠᠯ ᠤᠨ ᠰᠠᠭᠤᠷᠢᠨ ᠢ ᠪᠠᠶᠢᠭᠤᠯᠤᠨ᠂ ᠤᠮᠠᠷᠠᠳᠤ ᠥᠷᠭᠡᠷᠢᠭ ᠤᠨ 37 ᠭᠷᠠᠳᠥ᠋ᠰ ᠤᠨ ᠴᠢᠨᠠᠷ ᠰᠠᠶᠢᠳᠠᠢ ᠵᠢᠮᠢᠰ ᠨᠤᠭᠤᠭᠠᠨ ᠤ ᠠᠵᠤ ᠠᠬᠤᠢ ᠶᠢᠨ ᠪᠥᠰᠡ ᠶᠢ ᠪᠠᠶᠢᠭᠤᠯᠵᠣ᠂ ᠵᠢᠯ ᠤᠨ ᠲᠣᠳᠣᠷ᠎ᠠ ︽ᠦᠨᠳᠦᠷᠯᠢᠭ ᠤᠨ ᠣᠯᠠᠷᠢᠯ ᠰᠦᠷᠦᠭᠰᠡᠨ ᠢᠳᠡᠰᠢᠨ ᠨᠣᠭᠤᠭ᠎ᠠ︾ ᠶᠢᠨ ᠲᠠᠯᠠᠪᠠᠢ ᠶᠢ 3 ᠲᠦᠮᠡᠨ ᠮᠣ᠋ ᠠᠴᠠ ᠲᠠᠪᠠᠭᠤᠯᠣᠨ᠂ ᠠᠵᠣ ᠠᠬᠤᠢ ᠶᠢᠨ ᠣᠢ ᠶᠢ 2 ᠲᠦᠮᠡᠨ ᠮᠣ᠋ ᠠᠴᠠ ᠲᠡᠭᠡᠭᠰᠢ ᠨᠡᠮᠡᠭᠳᠡᠭᠦᠯᠦᠨ᠎ᠡ᠃ 5000 ᠲᠦᠮᠡᠨ ᠲᠦᠭᠦᠷᠢᠭ ᠣᠷᠴᠢᠮ ᠤᠨ ᠡᠳ᠋ ᠤᠨ ᠵᠠᠰᠠᠭ ᠤᠨ ᠪᠡᠯᠡ ᠮᠦᠩᠭᠦᠨ ᠤ ᠣᠷᠣᠭᠤᠯᠣᠯᠳᠠ ᠶᠢ ᠪᠡᠶᠡᠯᠡᠭᠦᠯᠦᠨ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠣᠯᠣᠭᠠᠶᠢᠯᠠᠭᠴᠢ ᠠᠵᠣ ᠠᠬᠤᠶᠢᠯᠠᠯ ᠵᠡᠷᠭᠡ ᠡᠵᠡᠩᠨᠡᠯᠳᠡ ᠶᠢᠨ ᠭᠤᠣᠯ ᠴᠣᠭᠴᠠ ᠶᠢ ᠪᠣᠶᠢᠵᠢᠭᠤᠯᠵᠣ᠂ ᠴᠢᠨᠠᠷ ᠰᠠᠶᠢᠳᠠᠢ ᠵᠢᠮᠢᠰ ᠨᠣᠭᠤᠭ᠎ᠠ᠂ ᠮᠠᠯ ᠤᠨ ᠮᠢᠬᠠᠨ ᠤ ᠨᠠᠷᠢᠯᠢᠭ ᠪᠣᠯᠪᠠᠰᠣᠷᠠᠭᠤᠯᠣᠯᠳᠠ ᠶᠢ ᠬᠦᠭᠵᠢᠭᠦᠯᠦᠨ᠎ᠡ᠃ ᠨᠡᠷᠡᠳᠦ ᠲᠡᠮᠳᠡᠭ ᠤᠨ ᠲᠠᠶᠢᠴᠢᠯᠠᠯ ᠢ ᠴᠢᠩᠭᠠᠳᠬᠠᠨ ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠠᠭᠠᠯᠳᠠ ᠦᠷᠳᠡᠭ ᠢ ᠨᠡᠮᠡᠭᠳᠡᠭᠦᠯᠵᠣ᠂ ︽ᠤᠳᠤᠭ ᠤᠨ ᠡᠮᠥᠨᠡᠳᠤ ᠬᠤᠰᠢᠭᠤᠨ ᠤ ᠮᠠᠯ ᠤᠨ ᠮᠢᠬ᠎ᠠ︾ ᠤᠷᠤᠨ ᠬᠡᠪᠴᠢᠶᠡᠨ ᠤ ᠨᠡᠷᠡᠳᠦ ᠲᠡᠮᠳᠡᠭ ᠤᠨ ᠠᠯᠳᠠᠷᠰᠢᠯ ᠢ ᠭᠥᠴᠥᠯᠡᠨ ᠲᠡᠭᠡᠭᠰᠢᠯᠡᠭᠦᠯᠦᠨ᠎ᠡ᠃ ᠬᠤᠪᠢᠰᠬᠠᠯᠳᠤ ᠭᠥᠮᠥᠵᠢᠯ ᠤᠨ ᠰᠤᠶᠤᠯ ᠤᠨ  ᠨᠡᠷᠡᠳᠦ ᠲᠡᠮᠳᠡᠭ ᠢ ᠪᠤᠰᠤᠳ ᠠᠵᠤ ᠥᠢᠯᠡᠰ ᠯᠦᠭᠡ ᠠᠭᠤᠰᠤᠯᠴᠠᠭᠤᠯᠤᠨ ᠭᠥᠭᠵᠢᠭᠡᠨ᠎ᠡ᠃ ᠪᠦᠬᠦ ᠴᠠᠷᠠᠭᠠᠨ ᠤ ᠵᠢᠭᠤᠯᠴᠢᠯᠠᠯ ᠤᠨ ᠲᠦᠯᠦᠪᠵᠢᠭᠦᠯᠭᠡ ᠶᠢᠨ ᠣᠷᠣᠨᠵᠢᠯ ᠢ ᠪᠡᠶᠡᠯᠡᠭᠦᠯᠦᠨ᠂ ᠬᠤᠪᠢᠰᠬᠠᠯᠳᠦ ᠬᠦᠮᠦᠵᠢᠯ ᠤᠨ ᠠᠵᠣ ᠣᠶᠢᠯᠠᠰ ᠤᠨ ᠠᠭᠤᠰᠣᠯᠴᠠᠯ ᠪᠣᠯᠣᠨ ᠣᠷᠳᠣᠰᠬᠠᠯ ᠢ ᠲᠡᠭᠡᠭᠰᠢᠯᠡᠭᠦᠯᠦᠨ᠎ᠡ᠃ ︽1 + 6︾ ᠬᠤᠪᠢᠰᠬᠠᠯᠳᠤ ᠭᠥᠮᠥᠵᠢᠯ ᠪᠤᠯᠪᠠᠰᠤᠷᠠᠯ ᠤᠨ ᠥᠢᠯᠡᠰ ᠤᠨ ᠲᠠᠶᠢᠴᠢᠯᠠᠨ ᠲᠠᠭᠠᠭᠤᠯᠬᠤ ᠥᠢᠯᠡᠳᠥᠯ ᠢ ᠭᠥᠢᠴᠡᠳ ᠪᠠᠳᠠᠷᠠᠭᠤᠯᠵᠤ᠂ ᠬᠤᠪᠢᠰᠬᠠᠯᠳᠤ ᠭᠥᠮᠥᠵᠢᠯ ᠤᠨ ᠲᠥᠪᠯᠡᠷᠡᠩᠭᠦᠢ ᠪᠤᠯᠪᠠᠰᠤᠷᠠᠯ  ᠤᠨ ᠲᠥᠪ ᠪᠤᠯᠤᠨ ᠪᠤᠷᠤᠪᠠᠯᠭᠠᠰᠤᠨ ᠤ ᠬᠤᠪᠢᠰᠬᠠᠯᠳᠤ ᠭᠥᠮᠥᠵᠢᠯ ᠤᠨ ᠥᠷᠭᠡᠳᠭᠡᠯ ᠪᠤᠯᠪᠠᠰᠤᠷᠠᠯ ᠤᠨ ᠰᠠᠭᠤᠷᠢᠨ ᠭᠠᠵᠠᠷ ᠤᠨ ᠬᠤᠶᠠᠷ᠂ ᠭᠤᠷᠪᠠᠳᠣᠭᠠᠷ ᠬᠤᠭᠤᠴᠠᠭᠠᠨ ᠤ ᠰᠤᠳᠤᠯᠭ᠎ᠠ ᠰᠤᠷᠤᠯᠴᠠᠯᠭ᠎ᠠ ᠵᠢᠭᠤᠯᠴᠢᠯᠠᠯ ᠵᠤᠭᠠᠴᠠᠯ ᠤᠨ ᠲᠥᠷᠥᠯ ᠵᠥᠢᠯ ᠢ ᠪᠠᠶᠢᠭᠤᠯᠵᠣ᠂ ᠬᠤᠪᠢᠰᠬᠠᠯᠳᠦ ᠬᠦᠮᠦᠵᠢᠯ ᠤᠨ ᠡᠯ᠎ᠡ ᠣᠷᠳᠣᠨ ᠬᠦᠷᠢᠶᠡᠯᠡᠩ ᠤᠨ ᠰᠢᠨᠡᠴᠢᠯᠡᠯᠳᠡ ᠪᠣᠯᠣᠨ ᠬᠠᠮᠠᠭᠠᠯᠠᠨ ᠵᠠᠰᠠᠬᠤ ᠪᠠᠷᠢᠯᠭ᠎ᠠ ᠶᠢ ᠡᠬᠢᠯᠡᠭᠦᠯᠦᠨ᠂ ᠬᠤᠪᠢᠰᠬᠠᠯ ᠤᠨ ᠲᠡᠥᠭᠡ ᠶᠢᠨ ᠥᠵᠡᠮᠵᠢ ᠶᠢᠨ ᠤᠷᠤᠨ ᠤ ᠰᠠᠭᠤᠷᠢ ᠲᠥᠭᠦᠭᠡᠷᠤᠮᠵᠢ ᠶᠢ ᠲᠡᠭᠦᠯᠳᠡᠷᠵᠢᠭᠦᠯᠵᠣ᠂ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ  ᠤᠨ ᠲᠠᠳᠠᠬᠤ ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠤᠳᠤᠯᠭ᠎ᠠ ᠰᠣᠷᠣᠯᠴᠠᠯᠭ᠎ᠠ ᠶᠢᠨ ᠪᠤᠳᠠᠳᠠᠢ ᠵᠠᠮ ᠱᠤᠭᠤᠮ᠂ ᠬᠢᠴᠢᠶᠡᠯ ᠲᠥᠷᠥᠯ ᠤᠨ ᠲᠣᠬᠢᠷᠠᠭᠤᠯᠭ᠎ᠠ ᠶᠢ ᠰᠦᠪᠡᠭᠴᠢᠯᠡᠨ ᠂ ᠡᠮᠡᠭᠳᠡᠢ ᠺᠠᠳ᠋ᠷ᠂ ᠡᠪᠯᠡᠯ ᠤᠨ ᠺᠠᠳ᠋ᠷᠴᠣᠳ ᠤᠨ ᠲᠠᠳᠣᠯᠭ᠎ᠠ ᠪᠣᠯᠪᠠᠰᠣᠷᠠᠯ ᠤᠨ ᠠᠭᠤᠯᠭ᠎ᠠ ᠶᠢ ᠰᠢᠨ᠎ᠡ ᠪᠠᠷ ᠨᠡᠮᠡᠭᠳᠡᠭᠦᠯᠵᠣ᠂ ᠮᠠᠨ ᠤ ᠬᠤᠰᠢᠭᠤᠨ ᠤ ᠦᠪᠡᠷᠮᠢᠴᠡ ᠣᠨᠴᠠᠯᠢᠭᠳᠦ ᠬᠤᠪᠢᠰᠬᠠᠯᠳᠤ ᠭᠥᠮᠥᠵᠢᠯ ᠤᠨ ᠰᠤᠳᠤᠯᠭ᠎ᠠ ᠰᠤᠷᠤᠯᠴᠠᠯᠭ᠎ᠠ ᠶᠢᠨ ᠨᠡᠷᠡᠳᠦ ᠲᠡᠮᠳᠡᠭ ᠢ ᠡᠬᠦᠳᠦᠨ᠎ᠡ᠃ ᠠᠵᠣ ᠣᠶᠢᠯᠠᠰ ᠤᠨ ᠠᠭᠤᠰᠣᠯᠴᠠᠯ ᠢ ᠠᠬᠢᠭᠤᠯᠣᠨ᠂ ᠶᠸᠣᠵᠸᠣ ᠶᠢᠨ ᠡᠷᠳᠡᠨ ᠤ ᠬᠤᠳᠠ ᠶᠢᠨ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠨ᠂ ᠵᠢᠯ ᠤᠨ ᠲᠣᠳᠣᠷ᠎ᠠ ᠬᠡᠷᠡᠮ ᠤᠨ ᠭᠤᠣᠯ ᠦᠵᠡᠮᠵᠢ  ᠶᠢᠨ ᠣᠷᠣᠨ ᠢ ᠡᠵᠡᠩᠨᠡᠯᠳᠡ ᠳᠤ ᠣᠷᠣᠭᠤᠯᠬᠤ ᠶᠢ ᠪᠠᠳᠣᠯᠠᠨ᠂ ᠨᠢᠩᠰᠢᠶᠠ ᠶᠢᠨ ᠵᠢᠭᠤᠯᠴᠢᠯᠠᠯ  ᠤᠨ ᠵᠠᠬ᠎ᠠ ᠲᠡᠯᠭᠡᠬᠦᠷ ᠯᠦᠭᠡ ᠶᠢᠨ ᠠᠭᠤᠰᠣᠯᠴᠠᠯ ᠢ ᠰᠦᠪᠡᠭᠴᠢᠯᠡᠵᠣ᠂ ᠬᠤᠪᠢᠰᠬᠠᠯᠳᠦ ᠬᠦᠮᠦᠵᠢᠯ ᠤᠨ ᠡᠬᠢ ᠰᠣᠷᠪᠣᠯᠵᠢ ᠶᠢᠨ ᠬᠤᠪᠢᠷᠠᠭᠤᠯᠣᠯᠳᠠ ᠶᠢᠨ ᠨᠡᠶᠢᠳᠡᠯᠢᠭ ᠲᠠᠭᠤᠷᠢᠶᠠᠯ ᠤᠨ ᠴᠢᠨᠠᠷᠳᠡᠢ ᠬᠦᠭᠵᠢᠯᠳᠡ ᠶᠢᠨ ᠰᠢᠨ᠎ᠡ ᠵᠠᠮ ᠢᠶᠠᠷ ᠵᠠᠮᠨᠠᠨ᠎ᠠ᠃      ︵ᠭᠤᠷᠪᠠ︶ ᠬᠦᠭᠵᠢᠯᠳᠠ ᠶᠢᠨ ᠤᠷᠴᠢᠨ ᠢ ᠬᠦᠴᠤᠯᠡᠨ ᠰᠢᠯᠢᠳᠡᠭᠵᠢᠬᠦᠯᠤᠨ᠎ᠠ᠃ ᠬᠤᠳᠠ ᠪᠠᠯᠭᠠᠰᠤ ᠶᠢᠨ ᠬᠡᠪ ᠴᠢᠨᠰᠠᠭ᠎ᠠ ᠶᠢ ᠳᠡᠬᠡᠭᠰᠢᠯᠡᠬᠦᠯᠤᠨ᠎ᠠ᠃ ᠴᠢᠳᠠᠪᠬᠢ ᠶᠢ ᠳᠡᠬᠦᠯᠳᠡᠷᠵᠢᠬᠦᠯᠬᠦ ᠪᠠ ᠬᠡᠪ ᠲᠦᠷᠬᠦ ᠶᠢ ᠳᠡᠬᠡᠭᠰᠢᠯᠡᠬᠦᠯᠬᠦ ᠶᠢ ᠬᠠᠮᠳᠤ ᠳᠤ ᠨᠢ ᠴᠢᠬᠤᠯᠠᠴᠢᠯᠠᠬᠤ ᠶᠢ ᠪᠠᠷᠢᠮᠳᠠᠯᠠᠵᠤ᠂ ᠬᠤᠳᠠ ᠵᠡᠬᠡᠯᠢ ᠶᠢᠨ ᠳᠤᠤᠷ ᠬᠤᠭᠤᠯᠠᠢ᠂ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠲᠦᠬᠦᠬᠡᠷᠤᠮᠵᠢ ᠵᠡᠷᠬᠡ ᠰᠠᠭᠤᠷᠢ  ᠲᠦᠬᠦᠷᠴᠢᠯᠡᠯ ᠢ ᠴᠢᠩᠭᠠᠤᠨᠬᠠᠨ᠂ ᠬᠠᠭᠤᠴᠢᠨ ᠰᠠᠭᠤᠭᠠᠯᠢ ᠳᠤᠭᠤᠷᠢᠭ ᠤᠨ ᠦᠬᠡᠷᠡᠴᠢᠯᠡᠯᠳᠠ ᠶᠢ ᠬᠦᠨᠵᠡᠬᠡᠢ ᠠᠬᠢᠭᠤᠯᠵᠤ᠂ ᠰᠢᠨ᠎ᠠ ᠨᠡᠮᠡᠭᠳᠡᠬᠦᠯᠬᠦ ᠪᠤᠶᠤ ᠦᠬᠡᠷᠡᠴᠢᠯᠡᠬᠦ ᠪᠠᠷ ᠳᠠᠮᠵᠢᠨ ᠬᠤᠳᠠ ᠪᠠᠯᠭᠠᠰᠤ ᠶᠢᠨ ᠨᠤᠭᠤᠭᠠᠵᠢᠭᠤᠯᠤᠯᠳᠠ ᠶᠢ 21 ᠲᠦᠮᠡᠨ ᠳᠡᠭᠰᠢ ᠲᠦᠷᠪᠡᠯᠵᠢᠨ ᠮᠧᠲᠷ ᠬᠦᠷᠬᠡᠨ᠎ᠡ᠃ ᠬᠤᠭ ᠨᠤᠪᠰᠢ ᠶᠢ ᠲᠦᠷᠤᠯ ᠬᠤᠪᠢᠶᠠᠨ ᠬᠠᠮᠢᠶᠠᠷᠬᠤ ᠶᠢ ᠪᠦᠬᠦ ᠳᠠᠯ᠎ᠠ ᠪᠠᠷ ᠦᠷᠨᠢᠬᠦᠯᠵᠤ᠂ ᠪᠤᠯᠪᠠᠰᠤᠨ ᠬᠤᠳᠠ ᠶᠢᠨ ᠪᠠᠶᠢᠭᠤᠯᠤᠯᠳᠠ ᠶᠢᠨ ᠪᠦᠳᠤᠮᠵᠢ ᠶᠢ ᠦᠷᠬᠦᠯᠵᠢᠯᠡᠨ ᠪᠠᠳᠤᠤᠨᠬᠠᠨ᠎ᠠ᠃ 5G ᠰᠦᠯᠵᠢᠶᠡᠨ ᠪᠠᠶᠢᠭᠤᠯᠤᠯᠳᠠ ᠶᠢ ᠡᠬᠢᠯᠡᠬᠦᠯᠤᠨ ᠂ ᠨᠠᠶᠢᠳᠠ ᠶᠢᠨ ᠳᠡᠷᠬᠡᠨ ᠵᠤᠭᠰᠤᠭᠠᠯ ᠢ ᠦᠬᠡᠷᠡᠴᠢᠯᠡᠵᠤ᠂ ᠨᠢᠬᠡ ᠪᠦᠯᠦᠭ ᠬᠠᠮᠳᠤ ᠡᠳ᠋ᠯᠡᠬᠦ ᠤᠶᠤᠨᠴᠢ ᠴᠠᠬᠢᠯᠭᠠᠨ ᠴᠡᠨᠡᠭᠯᠡᠬᠦ ᠪᠠᠭᠠᠨ᠎ᠠ ᠶᠢ  ᠪᠠᠶᠢᠷᠢᠯᠠᠭᠤᠯᠤᠨ᠎ᠠ᠃ ᠪᠤᠷᠤᠪᠠᠯᠭᠠᠰᠤ᠂ ᠨᠠᠩᠰᠤ ᠶᠢᠨ ᠤᠨᠴᠠᠯᠢᠭᠳᠤ ᠬᠤᠳᠠ ᠪᠠᠯᠭᠠᠰᠤᠨ ᠤ ᠪᠠᠶᠢᠭᠤᠯᠤᠯᠳᠠ ᠶᠢ ᠦᠷᠬᠦᠯᠵᠢᠯᠡᠨ ᠳᠡᠬᠦᠯᠳᠡᠷᠵᠢᠬᠦᠯᠵᠤ᠂ ᠡᠯ᠎ᠡ ᠪᠠᠯᠭᠠᠰᠤᠨ ᠳᠤᠭᠤᠷᠢᠭ ᠤᠨ ᠳᠡᠩᠴᠡᠬᠦᠷᠢᠳᠠᠢ ᠬᠦᠭᠵᠢᠯᠳᠠ ᠶᠢ ᠠᠬᠢᠭᠤᠯᠤᠨ᠎ᠠ᠃ ᠦᠵᠡᠰᠬᠦᠯᠠᠩᠳᠤ ᠰᠠᠶᠢᠬᠠᠨ ᠬᠦᠳᠡᠭᠡ ᠳᠤᠰᠬᠤᠨ ᠢ ᠪᠠᠶᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠤ ᠠᠰᠠᠭᠤᠳᠠᠯ ᠳᠤ ᠠᠩᠬᠠᠷᠤᠯ ᠬᠠᠨᠳᠤᠭᠤᠯᠵᠤ᠂ ᠪᠤᠷᠤᠪᠠᠯᠭᠠᠰᠤ ᠶᠢᠨ ᠬᠤᠭ ᠨᠤᠪᠰᠢ ᠪᠤᠯᠠᠬᠤ ᠳᠠᠯᠠᠪᠤᠷ᠂ ᠨᠠᠩᠰᠤ ᠶᠢᠨ ᠪᠤᠵᠠᠷ ᠤᠰᠤ ᠰᠢᠢᠤᠨᠪᠤᠷᠢᠯᠡᠬᠦ ᠣᠶᠢᠯᠠᠳᠪᠦᠷᠢ ᠶᠢ ᠪᠠᠶᠢᠭᠤᠯᠤᠨ᠂ ᠮᠠᠯᠵᠢᠬᠤ ᠳᠠᠷᠢᠶᠠᠯᠠᠬᠤ ᠤᠷᠤᠨ ᠤ ᠲᠦᠪᠯᠡᠷᠡᠩᠬᠦᠢ ᠰᠠᠭᠤᠷᠢᠰᠢᠯ ᠤᠨ ᠴᠡᠭ ᠤᠨ ᠪᠤᠵᠠᠷ ᠤᠰᠤᠨ ᠤ ᠳᠤᠤᠷ ᠬᠤᠭᠤᠯᠠᠢ ᠶᠢᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ 2057 ᠡᠷᠤᠬᠡ ᠶᠢᠨ ᠵᠤᠷᠯᠤᠩ ᠢ ᠦᠬᠡᠷᠡᠴᠢᠯᠡᠨ᠂ ᠠᠷᠢᠭᠤᠨ ᠴᠡᠪᠡᠷ ᠵᠤᠷᠯᠤᠩ ᠤᠨ ᠲᠦᠬᠡᠮᠡᠯᠵᠢᠯ ᠤᠨ ᠨᠤᠷᠮ᠎ᠠ ᠶᠢ 85% ᠠᠴᠠ ᠳᠠᠪᠠᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠤᠰᠤ᠂ ᠴᠠᠬᠢᠯᠭᠠᠨ᠂ ᠬᠡᠢ ᠵᠡᠷᠬᠡ ᠰᠠᠭᠤᠷᠢ  ᠲᠦᠬᠦᠷᠴᠢᠯᠡᠯ ᠢ ᠦᠷᠬᠦᠯᠵᠢᠯᠡᠨ ᠠᠬᠢᠭᠤᠯᠵᠤ᠂ 6 ᠤᠤᠭᠤᠬᠤ ᠤᠰᠤᠨ ᠤ  ᠡᠬᠢ ᠶᠢ ᠦᠬᠡᠷᠡᠴᠢᠯᠡᠨ᠂ ᠮᠠᠯᠵᠢᠬᠤ ᠳᠠᠷᠢᠶᠠᠯᠠᠬᠤ ᠤᠷᠤᠨ ᠤ ᠠᠷᠠᠤᠨ ᠤᠨ ᠵᠤᠯ ᠵᠢᠷᠭᠠᠯ ᠤᠨ ᠵᠢᠭᠠᠯᠳᠠ ᠪᠠ ᠬᠠᠨᠤᠮᠵᠢ ᠶᠢ ᠦᠨᠡᠨ ᠬᠦ ᠳᠡᠬᠡᠭᠰᠢᠯᠡᠬᠦᠯᠤᠨ᠎ᠠ᠃ ᠨᠤᠳᠤᠭ ᠤᠨ ᠪᠤᠯᠪᠠᠰᠤᠨ ᠰᠤᠷᠳᠠᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠤᠨ᠂ ᠮᠠᠯᠴᠢᠨ ᠳᠠᠷᠢᠶᠠᠴᠢᠨ ᠤ ᠬᠡᠪ ᠪᠤᠯᠪᠠᠰᠤᠷᠠᠯ ᠢ ᠪᠦᠬᠦ ᠳᠠᠯ᠎ᠠ ᠪᠠᠷ  ᠳᠡᠬᠡᠭᠰᠢᠯᠡᠬᠦᠯᠤᠨ᠎ᠠ᠃ ᠵᠠᠮ ᠤᠨ ᠳᠤᠤᠷ ᠤᠨ ᠪᠠᠶᠢᠭᠤᠯᠤᠯᠳᠠ ᠶᠢ ᠰᠢᠯᠢᠳᠡᠭᠵᠢᠬᠦᠯᠤᠨ᠎ᠠ᠃ ᠨᠠᠩᠰᠤ ᠠᠴᠠ ᠪᠤᠷᠤᠪᠠᠯᠭᠠᠰᠤ᠂ ᠳᠠᠬᠢᠯᠳᠤ ᠠᠴᠠ ᠪᠤᠷᠤᠪᠠᠯᠭᠠᠰᠤ ᠬᠦᠷᠬᠦ ᠬᠤᠶᠠᠷ ᠵᠤᠷᠪᠤᠰ ᠵᠢᠭᠤᠯᠴᠢᠯᠠᠯ ᠤᠨ ᠵᠠᠮ ᠤᠨ ᠪᠠᠶᠢᠭᠤᠯᠤᠯᠳᠠ ᠶᠢ ᠲᠦᠷᠬᠡᠤᠨᠬᠡᠨ᠂ S317 ᠳᠤᠯᠢ ᠠᠴᠠ ᠨᠠᠩᠰᠤ ᠬᠦᠷᠬᠦ ᠵᠠᠰᠠᠮᠠᠯ ᠵᠠᠮ ᠢ ᠵᠢᠯ ᠤᠨ ᠳᠤᠳᠤᠷ᠎ᠠ ᠪᠠᠶᠢᠭᠤᠯᠵᠤ ᠳᠡᠷᠬᠡ ᠨᠡᠪᠳᠡᠷᠡᠬᠦᠯᠬᠦ ᠶᠢ ᠪᠠᠳᠤᠯᠠᠨ᠎ᠠ᠃ ᠤᠳᠤᠭ ᠤᠨ ᠡᠮᠤᠨᠡᠳᠤ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ  ᠤᠨ ᠪᠠᠭᠤᠳᠠᠯ ᠢ ᠦᠬᠡᠷᠡᠴᠢᠯᠡᠵᠤ ᠦᠷᠬᠡᠤᠨᠬᠡᠨ ᠪᠠᠶᠢᠭᠤᠯᠬᠤ ᠢᠨᠵᠧᠨᠧᠷᠢᠩ ᠢ ᠢᠳᠡᠪᠬᠢᠳᠠᠢ ᠠᠬᠢᠭᠤᠯᠵᠤ᠂ ᠤᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠳᠡᠮᠤᠷ ᠵᠠᠮ ᠤᠨ ᠪᠤᠯᠤᠮᠵᠢᠳᠤ ᠰᠤᠳᠤᠯᠤᠯ ᠤᠨ ᠴᠤᠬᠤᠯᠠᠪᠤᠷᠢ ᠪᠠ ᠬᠠᠮᠢᠶ᠎ᠠ ᠪᠦᠬᠦᠢ ᠡᠮᠤᠨᠡᠬᠢ ᠬᠤᠭᠤᠴᠠᠭᠠᠨ ᠤ ᠭᠠᠷ ᠬᠦᠢᠴᠡᠤᠨᠬᠡᠯ ᠢ ᠬᠦᠢᠴᠡᠤᠨᠬᠡᠨ᠎ᠡ᠃ ᠬᠤᠰᠢᠭᠤ ᠪᠠᠯᠭᠠᠰᠤ ᠳᠤᠰᠬᠤᠨ ᠤ ᠭᠤᠷᠪᠠᠨ ᠳᠡᠰ ᠤᠨ    ︽ᠵᠠᠮ ᠤᠨ ᠳᠠᠷᠤᠭᠠᠴᠢ ᠶᠢᠨ ᠲᠦᠷᠢᠮ︾ ᠤᠨ ᠬᠠᠮᠢᠶᠠᠷᠤᠯᠳᠠ ᠶᠢᠨ ᠰᠢᠰᠲ᠋ᠧᠮ ᠤᠨ ᠪᠤᠳᠠᠳᠠᠶᠢᠵᠢᠭᠤᠯᠤᠯᠳᠠ ᠶᠢ ᠪᠦᠬᠦ ᠬᠦᠴᠤᠨ ᠢᠶᠠᠷ ᠠᠬᠢᠭᠤᠯᠤᠨ᠂ ︽ᠲᠦᠷᠪᠡᠨ ᠰᠠᠶᠢᠳᠠᠢ ᠬᠦᠳᠡᠭᠡ ᠶᠢᠨ ᠵᠠᠮ︾ ᠤᠨ ᠪᠠᠶᠢᠭᠤᠯᠤᠯᠳᠠ ᠶᠢ ᠲᠦᠷᠬᠡᠤᠨᠬᠡᠨ ᠪᠤᠳᠠᠳᠠᠶᠢᠵᠢᠭᠤᠯᠵᠤ᠂ ᠬᠦᠳᠡᠭᠡ ᠳᠤᠰᠬᠤᠨ ᠤ ᠵᠠᠮ ᠬᠠᠷᠢᠯᠴᠠᠭᠠᠨ ᠤ ᠰᠠᠭᠤᠷᠢ ᠲᠦᠬᠦᠬᠡᠷᠤᠮᠵᠢ ᠶᠢᠨ ᠳᠤᠳᠠᠭᠤᠳᠠᠯ ᠢ ᠬᠦᠴᠤᠯᠡᠨ ᠨᠦᠬᠦᠪᠤᠷᠢᠯᠡᠨ᠎ᠡ᠃      ︵ᠲᠦᠷᠪᠡ︶ ᠦᠬᠡᠷᠡᠴᠢᠯᠡᠯᠳᠠ ᠶᠢ ᠠᠤᠨᠬᠤᠬᠤ ᠪᠠᠷ ᠭᠤᠤᠯ ᠪᠤᠯᠭᠠᠬᠤ ᠶᠢ ᠪᠠᠷᠢᠮᠳᠠᠯᠠᠨ᠎ᠠ᠃ ᠭᠤᠤᠯᠳᠠᠯᠭᠠᠳᠤ ᠬᠦᠷᠢᠶ᠎ᠡ ᠴᠠᠷᠠᠭᠠᠨ ᠤ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠎ᠠ᠃ ᠰᠢᠨ᠎ᠠ ᠡᠬᠡᠯᠵᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠠ ᠶᠢ ᠪᠦᠬᠦ ᠳᠠᠯ᠎ᠠ ᠪᠠᠷ ᠪᠡᠶᠡᠯᠡᠬᠦᠯᠵᠤ᠂ ᠠᠵᠢᠯ ᠤᠶᠢᠯᠡᠰ ᠤᠨ ᠨᠢᠬᠡᠴᠠ ᠶᠢᠨ ᠦᠬᠡᠷᠡᠴᠢᠯᠠᠯᠳᠠ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠤᠨ᠂ ᠵᠠᠰᠠᠭ ᠵᠠᠬᠢᠷᠭ᠎ᠠ ᠠᠵᠢᠯ ᠤᠶᠢᠯᠡᠰ ᠢ ᠰᠠᠯᠭᠠᠬᠤ᠂ ᠠᠵᠢᠯ ᠤᠶᠢᠯᠡᠰ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠡᠷᠬᠢᠯᠡᠬᠦ ᠶᠢ ᠰᠠᠯᠭᠠᠬᠤ ᠶᠢ ᠢᠳᠡᠪᠬᠢᠳᠠᠢ ᠠᠬᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠠ ᠶᠢ ᠬᠢᠨᠠᠮᠠᠭᠠᠢ ᠠᠤᠨᠬᠤᠨ᠂ ᠭᠠᠴᠠᠭ᠎ᠠ ᠳᠤᠰᠬᠤᠨ ᠤ ᠬᠠᠮᠳᠤ ᠨᠡᠶᠢᠳᠡ ᠶᠢᠨ ᠰᠣᠯᠠ ᠪᠠᠶᠢᠬᠤ ᠡᠬᠢ ᠪᠠᠶᠠᠯᠢᠭ ᠢ ᠠᠮᠢᠳᠤᠯᠢᠭᠵᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ ᠪᠠᠶᠢᠭᠤᠯᠤᠨ᠂ ᠮᠦᠩᠬᠦᠨ ᠬᠦᠢᠯᠬᠡᠬᠡᠨ ᠤ ᠢᠳᠡᠬᠡᠮᠵᠢᠳᠤ ᠵᠢᠬᠡᠯᠡᠯᠬᠡ ᠶᠢᠨ ᠲᠦᠷᠤᠯ ᠵᠦᠢᠯ ᠢ ᠲᠦᠬᠦᠷᠴᠢᠯᠡᠨ ᠪᠠᠶᠢᠷᠢᠯᠠᠭᠤᠯᠵᠤ᠂ ᠭᠠᠴᠠᠭ᠎ᠠ ᠳᠤᠰᠬᠤᠨ ᠢ ᠬᠦᠴᠤᠷᠬᠡᠭᠵᠢᠬᠦᠯᠤᠨ ᠠᠷᠠᠤᠨ ᠢ ᠪᠠᠶᠠᠵᠢᠭᠤᠯᠬᠤ ᠳᠤ ᠬᠦᠴᠤᠨ  ᠨᠠᠮᠡᠷᠢᠯᠡᠨ᠎ᠡ᠃ ᠬᠦᠭᠵᠢᠯᠳᠠ ᠶᠢᠨ ᠤᠷᠴᠢᠨ ᠤ ᠰᠢᠨᠡᠴᠢᠯᠡᠯᠳᠠ ᠶᠢ ᠰᠢᠯᠢᠳᠡᠭᠵᠢᠬᠦᠯᠤᠨ᠎ᠠ᠃ ᠲᠦᠪ ᠤᠨ ᠭᠠᠶᠢᠯᠢ ᠬᠦᠩᠬᠡᠯᠡᠵᠤ ᠵᠠᠷᠤᠳᠠᠯ ᠪᠠᠭᠤᠷᠠᠭᠤᠯᠬᠤ ᠲᠦᠷᠤ ᠶᠢᠨ ᠪᠤᠳᠤᠯᠭ᠎ᠠ ᠶᠢ ᠪᠤᠳᠠᠳᠠᠶᠢᠵᠢᠭᠤᠯᠵᠤ᠂ ᠠᠷᠠᠤᠨ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠠ ᠶᠢ ᠪᠦᠬᠦ ᠬᠦᠴᠤᠨ ᠢᠶᠠᠷ ᠳᠡᠮᠵᠢᠨ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠢᠳᠡᠬᠡᠮᠵᠢᠳᠤ ᠵᠢᠬᠡᠯᠡᠯᠬᠡ ᠶᠢᠨ ᠪᠦᠳᠤᠬᠡᠭᠳᠡᠬᠦᠨ ᠢᠶᠠᠨ ᠰᠢᠨᠡᠴᠢᠯᠡᠬᠦ᠂ ᠢᠳᠡᠬᠡᠮᠵᠢᠳᠤ ᠵᠢᠬᠡᠯᠡᠯᠬᠡ ᠶᠢᠨ ᠤᠷᠤᠭᠤᠯᠤᠯᠳᠠ ᠪᠠᠨ ᠦᠷᠬᠡᠤᠨᠬᠡᠬᠦ ᠶᠢ ᠵᠢᠯᠤᠭᠤᠤᠨᠴᠤ᠂ ᠠᠷᠠᠤᠨ ᠠᠴᠠ ᠡᠵᠡᠩᠨᠡᠭᠰᠡᠨ ᠠᠵᠤ ᠠᠬᠤᠶᠢᠯᠠᠯ ᠤᠨ ᠤᠶᠢᠯᠡᠤᠨᠪᠤᠷᠢᠯᠡᠯ ᠢᠶᠠᠨ ᠦᠷᠬᠡᠤᠨᠬᠡᠬᠦ᠂ ᠨᠠᠶᠢᠬᠡᠮ ᠤᠨ ᠪᠡᠯᠡ ᠬᠤᠷᠠᠮᠳᠤᠭᠤᠯᠭ᠎ᠠ ᠵᠡᠷᠬᠡ ᠠᠰᠠᠭᠤᠳᠠᠯ ᠢ ᠭᠤᠤᠯᠳᠠᠯᠭ᠎ᠠ ᠲᠠᠢ ᠰᠢᠢᠤᠨᠪᠤᠷᠢᠯᠡᠨ᠎ᠡ᠃ ︽ᠳᠠᠯᠪᠢᠬᠤ ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ᠂ ᠵᠢᠯ ᠤᠨ ᠳᠤᠳᠤᠷ᠎ᠠ ᠪᠦᠬᠦ ᠬᠤᠰᠢᠭᠤᠨ ᠤ ︽ᠨᠢᠬᠡ ᠴᠤᠩᠬᠤᠪᠴᠢ ᠳᠡᠬᠡᠷ᠎ᠡ ᠪᠡᠶᠡᠯᠡᠬᠦᠯᠤᠨ ᠰᠢᠢᠤᠨᠪᠤᠷᠢᠯᠡᠵᠤ᠂ ᠨᠢᠬᠡ ᠰᠦᠯᠵᠢᠶᠡᠨ ᠳᠡᠬᠡᠷ᠎ᠡ ᠨᠠᠶᠢᠳᠠᠮ ᠬᠦᠢᠴᠡᠤᠨᠬᠡᠬᠦ︾ ᠨᠤᠷᠮ᠎ᠠ  ᠶᠢ 90% ᠳᠤ ᠬᠦᠷᠬᠡᠨ᠂ ᠤᠯᠠᠨ ᠨᠠᠶᠢᠳᠠ ᠶᠢᠨ ᠦᠨᠳᠤᠷ ᠳᠠᠪᠳᠠᠮᠵᠢᠳᠤ ᠤᠶᠢᠯᠡᠴᠢᠯᠡᠬᠡᠨ ᠤ ᠵᠤᠶᠢᠯᠡᠰ ᠢ ︽ᠭᠠᠭᠴᠠᠬᠠᠨ ᠤᠳᠠᠭ᠎ᠠ ᠳᠤ ᠬᠦᠢᠴᠡᠤᠨᠬᠡᠵᠤ ᠳᠠᠶᠢᠯᠬᠦ︾ ᠪᠤᠯᠭᠠᠨ᠎ᠠ᠃ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ ︽ᠲᠦᠪᠯᠡᠷᠡᠩᠬᠦᠢ︾ ᠤᠶᠢᠯᠡᠴᠢᠯᠡᠬᠡᠨ ᠤ ᠲᠦᠪ ᠤᠨ ᠪᠠᠶᠢᠭᠤᠯᠤᠯᠳᠠ ᠶᠢ ᠳᠡᠬᠦᠯᠳᠡᠷᠵᠢᠬᠦᠯᠤᠨ᠂ ᠬᠢᠨᠠᠨ ᠵᠦᠪᠰᠢᠶᠡᠷᠡᠬᠦ ᠶᠠᠪᠤᠴᠠ ᠶᠢ ᠳᠠᠬᠢᠨ ᠳᠤᠬᠢᠷᠠᠭᠤᠯᠬᠤ᠂ ᠳᠠᠬᠢᠨ ᠪᠠᠭᠠᠰᠬᠠᠬᠤ ᠶᠢ ᠠᠬᠢᠭᠤᠯᠵᠤ᠂ ᠲᠦᠷᠤᠯ ᠵᠦᠢᠯ ᠤᠨ ᠬᠢᠨᠠᠨ ᠵᠦᠪᠰᠢᠶᠡᠷᠡᠯ ᠤᠨ ᠬᠠᠮᠢᠶ᠎ᠠ ᠪᠦᠬᠦᠢ ᠮᠠᠲ᠋ᠧᠷᠢᠶᠡᠯ ᠢ ᠴᠤᠮᠬᠠᠤᠨᠬᠠᠬᠤ ᠨᠤᠷᠮ᠎ᠠ ᠪᠠ ᠴᠠᠭ ᠤᠨ ᠬᠢᠵᠠᠭᠠᠷ ᠢ ᠪᠠᠭᠠᠰᠬᠠᠬᠤ ᠨᠤᠷᠮ᠎ᠠ ᠶᠢ ᠴᠦᠮ 60% ᠠᠴᠠ ᠳᠠᠪᠠᠭᠤᠯᠤᠨ᠎ᠠ᠃ ᠴᠢᠳᠠᠪᠤᠷᠢᠳᠠᠨ ᠢᠶᠠᠷ ᠬᠤᠰᠢᠭᠤ  ᠪᠠᠨ ᠬᠦᠴᠤᠷᠬᠡᠭᠵᠢᠬᠦᠯᠬᠦ ᠢᠨᠵᠧᠨᠧᠷᠢᠩ ᠢ ᠬᠦᠨᠵᠡᠬᠡᠢ ᠠᠬᠢᠭᠤᠯᠤᠨ᠂ ᠠᠵᠢᠯ ᠲᠦᠷᠤᠯ ᠤᠨ ᠴᠢᠳᠠᠪᠤᠷᠢᠳᠠᠨ ᠤ ᠬᠦᠮᠤᠷᠬᠡ ᠶᠢ ᠳᠡᠬᠦᠯᠳᠡᠷᠵᠢᠬᠦᠯᠵᠤ᠂ ᠴᠢᠳᠠᠪᠤᠷᠢᠳᠠᠨ ᠤ ᠰᠢᠯᠵᠢᠯᠳᠠ ᠶᠢᠨ ᠠᠷᠭ᠎ᠠ ᠵᠠᠮ ᠢ  ᠰᠢᠯᠤᠭᠤᠤᠨᠬᠠᠨ᠂ ᠰᠢᠯᠢᠳᠡᠭ ᠴᠢᠳᠠᠪᠤᠷᠢᠳᠠᠨ ᠢ ᠬᠤᠷᠠᠭᠤᠯᠬᠤ ᠶᠢ ᠬᠦᠳᠤᠯᠤᠨ ᠵᠢᠯᠤᠭᠤᠤᠨᠴᠤ᠂ ᠰᠢᠨ᠎ᠠ ᠶᠢ ᠡᠬᠦᠳᠤᠨ ᠤᠶᠢᠯᠡᠰ ᠪᠤᠰᠬᠠᠬᠤ ᠴᠢᠯᠤᠬᠡᠳᠤ ᠤᠷᠴᠢᠨ ᠢ ᠪᠦᠷᠢᠯᠳᠤᠬᠦᠯᠤᠨ᠎ᠠ᠃      ︵ᠳᠠᠪᠤ︶ ᠠᠷᠠᠤᠨ ᠤᠨ ᠠᠮᠢᠳᠤᠷᠠᠯ ᠢ ᠡᠷᠴᠢᠮᠳᠠᠢ ᠪᠠᠳᠤᠯᠠᠨ ᠰᠠᠶᠢᠵᠢᠷᠠᠭᠤᠯᠤᠨ᠎ᠠ᠃ ᠨᠠᠶᠢᠬᠡᠮ ᠤᠨ ᠪᠠᠳᠤᠯᠠᠭ᠎ᠠ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠬᠦᠭᠵᠢᠯᠳᠠ ᠪᠠᠷ ᠠᠵᠢᠯ ᠤᠯᠭᠤᠯᠳᠠ ᠶᠢ ᠠᠬᠢᠭᠤᠯᠬᠤ᠂ ᠲᠦᠷᠤ ᠶᠢᠨ ᠪᠤᠳᠤᠯᠭ᠎ᠠ ᠪᠠᠷ ᠠᠵᠢᠯ ᠤᠯᠭᠤᠯᠳᠠ ᠶᠢ ᠪᠠᠳᠤᠯᠠᠬᠤ ᠶᠢ ᠪᠠᠷᠢᠮᠳᠠᠯᠠᠨ᠂ ᠤᠶᠤᠳᠠᠤᠨ᠂ ᠠᠵᠢᠯ ᠤᠯᠬᠤ ᠳᠤ ᠬᠦᠴᠢᠷᠳᠠᠢ ᠬᠦᠮᠤᠰ ᠪᠠ ᠴᠡᠷᠢᠭ ᠠᠴᠠ ᠬᠠᠯᠠᠭᠳᠠᠭᠰᠠᠤᠨ ᠤᠨ ᠤᠶᠢᠯᠡᠰ ᠪᠤᠰᠬᠠᠵᠤ ᠠᠵᠢᠯ ᠤᠯᠬᠤ ᠶᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠬᠢᠵᠤ ᠂ ︽ᠠᠵᠢᠯ ᠲᠠᠢ ᠬᠦᠮᠤᠨ ᠦᠬᠡᠢ ᠬᠡᠷ ᠪᠦᠯᠢ︾ ᠶᠢᠨ ᠬᠦᠳᠡᠯᠤᠩᠬᠦᠢ ᠬᠠᠮᠢᠶᠠᠷᠤᠯᠳᠠ ᠶᠢᠨ  ᠳᠡᠭ ᠨᠤᠷᠮ᠎ᠠ ᠶᠢ ᠪᠠᠳᠤᠯᠠᠨ᠎ᠠ᠃ ᠡᠷᠡᠬᠦᠯ ᠡᠩᠬᠡ ᠤᠳᠤᠭ ᠤᠨ ᠡᠮᠤᠨᠡᠳᠤ ᠬᠤᠰᠢᠭᠤᠨ ᠤ ᠴᠤᠭᠴᠠᠯᠠᠯᠳᠠ ᠶᠢ ᠬᠦᠨᠵᠡᠬᠡᠶᠢᠷᠡᠬᠦᠯᠤᠨ᠂ ᠬᠢᠵᠢᠭ ᠡᠪᠡᠤᠨᠴᠢᠨ ᠢ ᠰᠡᠷᠬᠡᠶᠢᠯᠡᠨ ᠬᠢᠵᠠᠭᠠᠷᠯᠠᠬᠤ ᠲᠦᠪ᠂ ᠠᠷᠠᠤᠨ ᠤᠨ ᠡᠮᠨᠡᠯᠬᠡ ᠶᠢᠨ ᠬᠤᠷᠢᠶᠠᠨ ᠤ ᠬᠠᠯᠳᠠᠪᠤᠷᠢᠳᠤ ᠡᠪᠡᠤᠨᠴᠢᠨ ᠤ ᠡᠮᠴᠢᠯᠡᠬᠡᠨ ᠤ ᠳᠤᠭᠤᠷᠢᠭ ᠢ ᠵᠢᠯ ᠤᠨ ᠳᠤᠳᠤᠷ᠎ᠠ ᠡᠬᠢᠯᠡᠨ ᠪᠠᠶᠢᠭᠤᠯᠬᠤ ᠪᠠᠷ ᠴᠢᠷᠮᠠᠶᠢᠨ᠂ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠪᠠ ᠱᠠᠩᠬᠠᠢ ᠶᠢᠨ ᠰᠦᠮ᠎ᠡ ᠶᠢᠨ ᠭᠤᠣᠯᠳᠠᠯᠭᠠᠳᠦ ᠡᠷᠡᠬᠦᠯ ᠬᠠᠮᠠᠭᠠᠯᠠᠯ ᠤᠨ ᠬᠤᠷᠢᠶ᠎ᠠ ᠶᠢ ᠵᠢᠯ ᠤᠨ ᠳᠤᠳᠤᠷ᠎ᠠ ᠪᠦᠬᠦ ᠳᠠᠯ᠎ᠠ ᠪᠠᠷ ᠬᠡᠷᠡᠭᠯᠡᠯᠳᠠ  ᠳᠤ ᠤᠷᠤᠭᠤᠯᠬᠤ ᠶᠢ ᠪᠠᠳᠤᠯᠠᠵᠤ᠂ ᠡᠮ ᠡᠮᠴᠢᠯᠡᠬᠡᠨ ᠤ ᠤᠶᠢᠯᠡᠴᠢᠯᠡᠭᠡ ᠶᠢᠨ ᠶᠡᠷᠤᠩᠬᠡᠢ ᠲᠦᠪᠰᠢᠨ ᠢ ᠦᠨᠡᠨ ᠬᠦ ᠳᠡᠬᠡᠭᠰᠢᠯᠡᠬᠦᠯᠤᠨ᠎ᠠ᠃ ᠬᠤᠳᠠ ᠬᠦᠳᠡᠭᠡ ᠶᠢᠨ ᠳᠤᠤᠷ᠎ᠠ ᠪᠠᠳᠤᠯᠠᠭᠠᠳᠤ ᠡᠷᠤᠬᠡ᠂ ᠦᠨᠤᠴᠢᠨ ᠬᠡᠤᠬᠡᠤᠨ ᠪᠠ ᠵᠡᠮᠳᠡᠭᠴᠤᠤᠨ᠂ ᠬᠠᠷᠠᠭᠠᠯᠵᠠᠬᠤ ᠡᠳᠡᠬᠡᠤᠨ ᠵᠡᠷᠬᠡ ᠬᠦᠴᠢᠷᠳᠠᠯᠳᠠᠢ ᠬᠦᠮᠤᠰ ᠢ ᠳᠡᠤᠨᠬᠦᠨ ᠳᠤᠰᠠᠯᠠᠬᠤ ᠪᠠᠳᠤᠯᠠᠭ᠎ᠠ ᠶᠢᠨ ᠠᠵᠢᠯ ᠢ ᠪᠦᠬᠦ ᠳᠠᠯ᠎ᠠ ᠪᠠᠷ ᠰᠠᠶᠢᠳᠤᠷ ᠬᠢᠨ᠎ᠠ᠃ ᠡᠬᠡ ᠨᠢᠯᠬᠠᠰ ᠤᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ ᠶᠢᠨ ᠪᠠᠷᠢᠯᠭ᠎ᠠ ᠡᠬᠢᠯᠡᠬᠦᠯᠬᠦ ᠶᠢ ᠲᠦᠷᠬᠡᠤᠨᠬᠡᠨ ᠠᠬᠢᠭᠤᠯᠵᠤ᠂ 7 ᠰᠠᠷ᠎ᠠ ᠶᠢᠨ ᠡᠴᠤᠰ ᠪᠤᠯᠬᠤ ᠳᠤ ᠤᠷᠤᠰᠢᠭᠤᠯᠭ᠎ᠠ ᠶᠢᠨ ᠤᠷᠳᠤᠨ ᠤ ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠤᠨ᠎ᠠ᠃ ᠨᠠᠶᠢᠬᠡᠮ  ᠤᠨ ᠠᠵᠢᠯ ᠤᠶᠢᠯᠡᠰ ᠤᠨ ᠬᠦᠭᠵᠢᠯᠳᠠ ᠶᠢ ᠴᠡᠴᠡᠭᠯᠡᠬᠦᠯᠤᠨ᠎ᠠ᠃ ᠰᠤᠷᠭᠠᠨ ᠬᠦᠮᠤᠵᠢᠯ ᠤᠨ ᠠᠵᠢᠯ ᠤᠶᠢᠯᠡᠰ ᠢ ᠡᠩ ᠳᠡᠷᠢᠬᠦᠨ ᠳᠤ ᠬᠦᠭᠵᠢᠬᠦᠯᠵᠤ᠂ ᠰᠤᠷᠭᠠᠭᠤᠯᠢ ᠠᠵᠤ ᠠᠬᠤᠶᠢᠯᠠᠯ᠂ ᠰᠤᠷᠭᠠᠭᠤᠯᠢ ᠰᠤᠷᠭᠠᠭᠤᠯᠢ ᠬᠠᠮᠳᠤᠷᠠᠯᠴᠠᠨ ᠰᠤᠷᠭᠠᠭᠤᠯᠢ ᠡᠷᠬᠢᠯᠡᠬᠦ ᠶᠢ ᠬᠦᠨᠵᠡᠬᠡᠶᠢᠷᠡᠬᠦᠯᠤᠨ᠂ ᠮᠤᠩᠭᠤᠯ ᠦᠨᠳᠤᠰᠤᠳᠠᠨ ᠤ ᠳᠤᠷᠰᠢᠯᠳᠠ ᠶᠢᠨ ᠪᠠᠭ᠎ᠠ ᠰᠤᠷᠭᠠᠭᠤᠯᠢ ᠶᠢ ᠡᠬᠢᠯᠡᠵᠤ ᠪᠠᠶᠢᠭᠤᠯᠤᠨ᠂ ᠮᠤᠩᠭᠤᠯ ᠦᠨᠳᠤᠰᠤᠳᠠᠨ ᠤ ᠳᠤᠮᠳᠠᠳᠤ ᠰᠤᠷᠭᠠᠭᠤᠯᠢ ᠶᠢᠨ ᠪᠠᠶᠢᠭᠤᠯᠤᠯᠳᠠ ᠶᠢ ᠠᠬᠢᠭᠤᠯᠵᠤ᠂ 7 ᠰᠠᠷ᠎ᠠ ᠶᠢᠨ ᠡᠴᠤᠰ ᠢᠶᠠᠷ ᠭᠤᠷᠪᠠᠳᠤᠭᠠᠷ ᠳᠤᠷᠰᠢᠯᠳᠠ ᠶᠢᠨ ᠪᠠᠭ᠎ᠠ ᠰᠤᠷᠭᠠᠭᠤᠯᠢ ᠶᠢ ᠠᠰᠢᠭᠯᠠᠯᠳᠠ ᠳᠤ ᠤᠷᠤᠭᠤᠯᠤᠨ᠎ᠠ᠃ ᠰᠤᠶᠤᠯ ᠤᠨ ᠠᠵᠢᠯ ᠤᠶᠢᠯᠡᠰ ᠤᠨ ᠪᠦᠬᠦ ᠳᠠᠯ᠎ᠠ ᠶᠢᠨ ᠬᠦᠭᠵᠢᠯᠳᠠ ᠶᠢ ᠠᠬᠢᠭᠤᠯᠤᠨ᠂ ᠰᠤᠶᠤᠯ ᠢᠶᠠᠷ ᠠᠷᠠᠤᠨ ᠲᠤ ᠠᠰᠢᠭ ᠬᠦᠷᠳᠡᠭᠡᠬᠦ ᠢᠨᠵᠧᠨᠧᠷᠢᠩ ᠢ ᠬᠡᠷᠡᠭᠵᠢᠬᠦᠯᠵᠤ᠂ ᠬᠤᠰᠢᠭᠤ ᠪᠠᠶᠢᠭᠤᠯᠤᠭᠳᠠᠭᠰᠡᠨ 40 ᠵᠢᠯ ᠤᠨ ᠤᠢ ᠶᠢ  ᠪᠡᠯᠡᠭᠯᠡᠬᠦ ᠰᠢᠷᠢᠰ ᠠᠵᠢᠯᠯᠠᠭ᠎ᠠ ᠦᠷᠨᠢᠬᠦᠯᠤᠨ᠂ ᠨᠢᠬᠡ ᠪᠦᠯᠦᠭ ᠤᠷᠤᠨ ᠨᠤᠳᠤᠭ ᠤᠨ ᠤᠨᠴᠠᠯᠢᠭ ᠲᠠᠢ ᠰᠤᠳᠤᠨ ᠪᠦᠳᠤᠬᠡᠯ ᠪᠦᠳᠤᠬᠡᠨ᠂ ᠰᠢᠨ᠎ᠠ  ᠦᠵᠡᠯᠳᠠ ᠶᠢ ᠤᠬᠠᠭᠤᠯᠵᠤ᠂ ᠵᠦᠪ ᠡᠨᠧᠷᠬᠢ ᠶᠢ ᠤᠯᠠᠮᠵᠢᠯᠠᠨ᠎ᠠ᠃ ︽ᠰᠤᠶᠤᠯ ᠤᠷᠠᠯᠢᠭ ᠢ ᠬᠦᠳᠡᠭᠡ ᠪᠠᠭᠤᠯᠭᠠᠬᠤ︾ ᠠᠵᠢᠯ ᠢ ᠦᠷᠬᠦᠯᠵᠢᠳᠠ ᠪᠠᠷᠢᠮᠳᠠᠯᠠᠵᠤ᠂ ᠤᠯᠠᠭᠠᠨᠮᠦ᠋ᠴᠢᠷ ᠤᠨ ᠡᠩᠨᠡᠬᠡᠨ ᠤ ᠬᠡᠪ ᠴᠢᠨᠠᠷ ᠢ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ ᠨᠠᠶᠢᠬᠡᠮ ᠤᠨ ᠵᠠᠰᠠᠯᠳᠠ ᠶᠢᠨ ᠴᠢᠳᠠᠪᠬᠢ ᠶᠢ ᠰᠢᠨᠡᠴᠢᠯᠡᠨ᠎ᠡ᠃ ︽ᠬᠠᠤᠯᠢ  ᠪᠠᠷ ᠵᠠᠰᠠᠬᠤ ᠤᠳᠤᠭ ᠤᠨ ᠡᠮᠤᠨᠡᠳᠤ ᠬᠤᠰᠢᠭᠤ︾᠂ ︽ᠠᠮᠤᠷ ᠠᠮᠤᠭᠤᠯᠠᠩ ᠤᠳᠤᠭ ᠤᠨ ᠡᠮᠤᠨᠡᠳᠤ ᠬᠤᠰᠢᠭᠤ︾ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠤᠨ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠦᠷᠬᠦᠯᠵᠢᠯᠡᠨ ᠶᠠᠪᠤᠭᠳᠠᠭᠤᠯᠵᠤ᠂ ᠬᠠᠤᠯᠢ ᠵᠦᠷᠢᠴᠡᠭᠰᠡᠨ ᠡᠯ᠎ᠡ ᠵᠦᠢᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ︔ ᠠᠶᠤᠯᠬᠦᠢ ᠤᠶᠢᠯᠡᠤᠨᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠬᠦᠢ ᠤᠶᠢᠯᠡᠤᠨᠪᠤᠷᠢᠯᠡᠯ ᠤᠨ ᠬᠡᠨᠡᠳᠡᠯ ᠢ ᠰᠡᠷᠬᠡᠶᠢᠯᠡᠨ ᠬᠢᠵᠠᠭᠠᠷᠯᠠᠬᠤ ᠪᠠ ᠳᠠᠯᠳᠠ ᠬᠡᠮ ᠢ ᠪᠠᠶᠢᠴᠠᠭᠠᠨ ᠵᠠᠰᠠᠬᠤ ᠤᠷᠢᠤᠨᠴᠢᠯᠠᠨ ᠰᠡᠷᠬᠡᠶᠢᠯᠡᠬᠦ ᠳᠠᠪᠬᠤᠷ ᠳᠤᠭᠳᠠᠴᠠ  ᠶᠢ ᠳᠡᠬᠦᠯᠳᠡᠷᠵᠢᠬᠦᠯᠤᠨ᠂ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠦᠭᠬᠦ ᠴᠢᠩᠭ᠎ᠠ ᠳᠠᠷᠤᠯᠳᠠᠳᠤ ᠪᠠᠶᠢᠳᠠᠯ ᠢ ᠪᠠᠳᠤᠯᠠᠨ᠎ᠠ᠃ ᠭᠠᠮᠰᠢᠭ ᠢ ᠰᠡᠷᠬᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠬᠢ ᠶᠢᠨ ᠪᠠᠶᠢᠭᠤᠯᠤᠯᠳᠠ ᠶᠢ ᠴᠢᠩᠭᠠᠤᠨᠬᠠᠵᠤ᠂ ᠪᠠᠶᠢᠭᠠᠯᠢ ᠶᠢᠨ ᠭᠠᠮᠰᠢᠭ ᠢ ᠡᠰᠡᠷᠬᠦᠴᠡᠬᠦ ᠶᠡᠷᠤᠩᠬᠡᠶᠢᠯᠡᠭᠰᠡᠨ ᠰᠡᠷᠬᠡᠶᠢᠯᠡᠯᠳᠠ ᠶᠢᠨ ᠴᠢᠳᠠᠪᠬᠢ ᠪᠠᠨ ᠳᠡᠬᠡᠭᠰᠢᠯᠡᠬᠦᠯᠤᠨ᠂ ᠬᠦᠨᠳᠤ  ᠨᠤᠴᠢᠳᠠᠢ ᠬᠡᠷᠡᠭ ᠤᠴᠢᠷ ᠡᠬᠦᠰᠬᠦ ᠶᠢ ᠳᠠᠰᠤ ᠬᠢᠵᠠᠭᠠᠷᠯᠠᠨ᠎ᠠ᠃ ᠬᠤᠶᠠᠷ ᠢ ᠬᠦᠷᠢᠶᠡᠯᠡᠨ ᠬᠠᠮᠳᠤ ᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠤᠨ᠂ ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠪᠦᠬᠦ ᠳᠠᠯ᠎ᠠ ᠪᠠᠷ  ᠪᠤᠳᠠᠳᠠᠶᠢᠵᠢᠭᠤᠯᠵᠤ᠂ ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ  ᠳᠠᠪᠰᠢᠯᠳᠠ ᠶᠢᠨ ᠳᠠᠭᠤᠷᠢᠶᠠᠯ ᠬᠤᠰᠢᠭᠤ ᠶᠢ ᠪᠠᠶᠢᠭᠤᠯᠤᠨ᠎ᠠ᠃      ᠲᠦᠯᠦᠭᠡᠯᠡᠭᠴᠢᠳ ᠡ᠂ 2020 ᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠦᠷᠦᠯ ᠤᠨ ᠠᠵᠢᠯ ᠢ ᠰᠠᠶᠢᠳᠦᠷ ᠬᠢᠬᠦ ᠳᠤ ᠡᠬᠦᠷᠬᠡ ᠬᠦᠨᠳᠦ᠂ ᠣᠳᠬ᠎ᠠ ᠬᠦᠨ ᠪᠤᠢ᠃ ᠪᠢᠳᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠷᠴᠢᠳᠦ ᠣᠳᠣᠷᠢᠳᠣᠯᠭ᠎ᠠ ᠲᠣᠣᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠣᠬᠠᠮᠰᠠᠷ ᠠᠴᠠ ᠬᠦᠯᠢᠶᠡᠨ᠂ ᠣᠯᠣᠰ ᠲᠦᠷᠦ ᠶᠢᠨ ᠵᠦᠪᠯᠡᠯᠭᠡᠨ ᠤ ᠰᠠᠨᠠᠭᠤᠯᠭ᠎ᠠ ᠶᠢ ᠬᠢᠴᠢᠶᠡᠩᠬᠦᠶᠢᠯᠡᠨ ᠰᠣᠨᠣᠰᠴᠦ᠂ ᠪᠦᠯᠬᠦᠮᠳᠡᠨ ᠨᠢᠭᠳᠠᠷᠠᠵᠣ᠂ ᠦᠭᠡᠷᠡᠴᠢᠯᠡᠯᠳᠡ ᠰᠢᠨᠡᠴᠢᠯᠡᠯᠳᠡ ᠲᠠᠢ ᠪᠠᠷ ᠬᠦᠴᠢᠷ ᠢ ᠢᠯᠡᠨ ᠰᠢᠷᠭᠠᠭᠤ ᠠᠵᠢᠯᠯᠠᠵᠣ᠂ ᠴᠢᠨᠡᠭᠡᠯᠢᠭ ᠨᠡᠶᠢᠭᠡᠮ  ᠤᠨ ᠪᠦᠬᠦ ᠲᠠᠯ᠎ᠠ ᠶᠢᠨ ᠪᠠᠶᠢᠭᠤᠯᠤᠯᠳᠠ ᠪᠠ ᠣᠳᠤᠭ ᠤᠨ ᠡᠮᠦᠨᠡᠳᠦ ᠬᠤᠰᠢᠭᠤᠨ ᠤ ᠴᠢᠨᠠᠷᠯᠢᠭ ᠬᠦᠭᠵᠢᠯᠳᠡ ᠳᠤ ᠨᠠᠩ ᠶᠡᠭᠡ ᠵᠢᠤᠨᠬᠦᠯ ᠨᠡᠮᠡᠷᠢ ᠦᠵᠡᠬᠦᠯᠰᠤᠬᠡᠢ︕ 
ᠢᠷᠡᠯᠲᠡ᠄ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠣᠭᠠᠨ