ᠵᠠᠰᠠᠭ ᠤᠨ ᠤᠷᠳᠤᠨ ᠤ ᠠᠵᠢᠯ ᠤᠨ ᠢᠯᠡᠤᠨᠬᠡᠯ | | —— 2020 ᠤᠨ ᠤ 4 ᠰᠠᠷ᠎ᠠ ᠶᠢᠨ 9 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠳᠣᠭᠠᠷ | ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠤᠬᠡᠷ ᠬᠤᠷᠠᠯᠳᠤᠭᠠᠨ ᠳᠡᠬᠡᠷ᠎ᠠ | | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠪᠦᠷᠢᠨᠴᠢᠮᠡᠭ | | ᠲᠦᠯᠦᠭᠡᠯᠡᠭᠴᠢᠳ ᠡ᠄ | ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠠᠵᠢᠯ ᠤᠨ ᠢᠯᠡᠳᠬᠡᠯ ᠬᠢᠶ᠎ᠠ᠂ ᠲᠦᠯᠦᠭᠡᠯᠡᠭᠴᠢᠳ ᠬᠢᠨᠠᠨ ᠵᠦᠪᠯᠡᠵᠦ᠂ ᠣᠯᠣᠰ | ᠲᠦᠷᠦ ᠶᠢᠨ ᠵᠦᠪᠯᠡᠯᠭᠡᠨ ᠤ ᠬᠡᠰᠢᠬᠦᠤᠨ ᠪᠣᠯᠣᠨ ᠰᠤᠯᠠ ᠣᠷᠣᠯᠴᠠᠭᠰᠠᠳ ᠰᠠᠨᠠᠯ ᠢᠶᠠᠨ ᠳᠡᠪᠰᠢᠭᠦᠯᠬᠦ ᠪᠣᠯᠪᠠᠤ᠃ | ᠨᠢᠭᠡ᠂ 2019 ᠤ ᠠᠵᠢᠯ ᠤᠨ ᠡᠷᠭᠢᠴᠡᠭᠦᠯᠦᠯ | 2019 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭᠲᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠣᠯᠭ᠎ᠠ ᠪᠤᠯᠭᠠᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠴᠢᠲᠤ ᠤᠳᠤᠷᠢᠳᠣᠯᠭ᠎ᠠ ᠳᠣᠣᠷ᠎ᠠ | ᠴᠢᠷᠮᠠᠶᠢᠨ ᠠᠵᠢᠯᠯᠠᠭᠰᠠᠨ ᠠᠴᠠ ᠡᠯ᠎ᠡ ᠲᠦᠷᠦᠯ ᠤᠨ ᠠᠵᠢᠯ ᠴᠢᠬᠤᠯᠠ ᠠᠬᠢᠴᠠ ᠲᠠᠢ ᠪᠣᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠦᠭᠡᠳ᠂ ᠴᠢᠨᠡᠬᠡᠯᠢᠭ ᠨᠡᠶᠢᠬᠡᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠡᠨ ᠪᠠᠶᠢᠨ᠎ᠠ᠃ ᠪᠦᠬᠦ ᠬᠤᠰᠢᠭᠤᠨ ᠤ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠭᠡᠢ ᠥᠷᠳᠡᠭ 135.3 ᠳ᠋ᠦᠭᠰᠢᠭᠤᠷ ᠲᠦᠭᠦᠷᠢᠭ ᠲᠤ ᠬᠦᠷᠴᠦ᠂ 4.7% ᠪᠠᠷ ᠨᠡᠮᠡᠭᠳᠡᠪᠡ︔ ᠨᠠᠶᠢᠲᠠ ᠶᠢᠨ ᠡᠳ᠋ ᠤᠨ ᠵᠠᠰᠠᠭ ᠤᠨ | ᠲᠦᠰᠦᠪ ᠤᠨ ᠣᠷᠣᠯᠭ᠎ᠠ ᠶᠢ 11.9 ᠳ᠋ᠦᠩᠰᠢᠭᠤᠷ ᠲᠦᠬᠦᠷᠢᠭ ᠪᠡᠶᠡᠯᠡᠬᠦᠯᠤᠨ᠂ 12.4% ᠪᠠᠷ ᠨᠡᠮᠡᠭᠳᠡᠪᠡ︔ ᠲᠤᠭᠲᠠᠮᠠᠯ ᠬᠦᠷᠦᠩᠭᠡ ᠶᠢᠨ ᠪᠡᠯᠡ | ᠣᠷᠣᠭᠤᠯᠣᠯᠲᠠ 58.6 ᠳ᠋ᠦᠭᠰᠢᠭᠤᠷ ᠲᠦᠭᠦᠷᠢᠭ ᠲᠤ ᠬᠦᠷᠴᠦ᠂ 4.8% ᠪᠠᠷ ᠨᠡᠮᠡᠭᠳᠡᠪᠡ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ | ᠪᠤᠷᠤᠯᠠᠭᠤᠯᠤᠭᠰᠡᠨ ᠶᠡᠷᠤᠩᠬᠡᠢ ᠦᠷᠳᠡᠭ 25.4 ᠳ᠋ᠦᠩᠰᠢᠭᠤᠷ ᠲᠦᠭᠦᠷᠢᠭ ᠲᠤ ᠬᠦᠷᠴᠦ᠂ 4.8% ᠪᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠤᠨ | ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠲᠣᠰ ᠪᠦᠷᠢ 47855 ᠲᠦᠬᠦᠷᠢᠭ ᠪᠠ 20519 ᠲᠦᠬᠦᠷᠢᠭ ᠲᠤ ᠬᠦᠷᠴᠤ᠂ ᠲᠤᠰ ᠲᠤᠰ 6.8% | ᠪᠠ 10.7% ᠪᠠᠷ ᠨᠡᠮᠡᠭᠳᠡᠨ᠂ ᠨᠡᠮᠡᠭᠳᠡᠯ ᠤᠨ ᠬᠤᠷᠳᠣᠴᠠ ᠪᠦᠬᠦ ᠬᠤᠳᠠ ᠶᠢᠨ ᠲᠡᠷᠢᠭᠦᠨ ᠳᠤ ᠣᠷᠣᠪᠠ᠃ ᠨᠢᠬᠡ ᠵᠢᠯ ᠤᠨ ᠳᠤᠷᠰᠢ ᠭᠤᠤᠯᠳᠠᠭᠤ ᠳᠣᠣᠷᠠᠬᠢ | ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠪᠡ᠄ | ︵ᠨᠢᠭᠡ︶ ᠠᠵᠤ ᠦᠢᠯᠡᠰ ᠢ ᠠᠳᠬᠤᠨ ᠲᠣᠭᠲᠠᠴᠠ ᠶᠢ ᠪᠠᠶᠢᠭᠤᠯᠵᠤ᠂ ᠬᠦᠭᠵᠢᠯᠲᠡ ᠶᠢᠨ ᠶᠠᠰᠤ ᠴᠢᠨᠠᠷ ᠢ ᠲᠤᠭᠲᠠᠭᠤᠨ ᠢᠶᠠᠷ ᠳᠡᠭᠡᠭᠰᠢᠯᠡᠭᠦᠯᠪᠡ᠃ ᠠᠵᠤ | ᠦᠢᠯᠡᠳᠪᠦᠷᠢ ᠶᠢᠨ ᠬᠦᠭᠵᠢᠯᠲᠡ ᠶᠢᠨ ᠡᠯᠧᠮᠧᠨ᠋ᠲ ᠤᠨ ᠬᠢᠵᠠᠭᠠᠷᠯᠠᠯ ᠢ ᠲᠦᠪᠯᠡᠷᠡᠩᠭᠦᠢ ᠰᠢᠢᠳᠪᠦᠷᠢᠯᠡᠪᠡ᠃ᠴᠠᠩ ᠴᠧᠩ 1 ᠨᠣᠮᠧᠷᠳᠦ᠂ ᠪᠠᠯᠠᠩ ᠵᠡᠷᠭᠡ ᠲᠠᠪᠤᠨ | ᠰᠠᠭᠤᠷᠢ ᠨᠡᠭᠦᠷᠡᠰᠦᠨ ᠠᠭᠤᠷᠬᠠᠢ ᠶᠢᠨ ᠬᠢᠨᠠᠨ ᠵᠦᠪᠰᠢᠶᠡᠷᠡᠯ ᠪᠠ ᠴᠠᠩ ᠴᠧᠩ 2 ᠨᠤᠮᠧᠷᠲᠤ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠦᠨᠡᠮᠯᠡᠯ ᠢ ᠣᠯᠵᠣ | ᠂ ᠱᠧᠩ ᠯᠤ᠋ ᠴᠠᠬᠢᠯᠭᠠᠨ ᠦᠢᠯᠡᠳᠪᠦᠷᠢ ᠶᠢᠨ ᠮᠠᠰᠢᠨ ᠴᠤᠭᠴᠠᠯᠠᠪᠤᠷᠢ ᠲᠤᠷᠰᠢᠨ ᠠᠵᠢᠯᠯᠠᠬᠤ ᠱᠠᠲᠤᠨ ᠳᠤ ᠣᠷᠣᠨ᠂ ᠣᠯᠣᠰ ᠤᠨ ᠴᠠᠬᠢᠯᠭᠠᠨ ᠤ ᠱᠤᠸᠠᠩ ᠸᠧᠢ᠂ | ᠴᠠᠩ ᠴᠧᠩ ᠴᠠᠬᠢᠯᠭᠠᠨ ᠦᠢᠯᠡᠳᠪᠦᠷᠢ ᠶᠢ ᠡᠬᠢᠯᠡᠨ ᠪᠠᠶᠢᠭᠤᠯᠵᠤ᠂ ᠨᠡᠭᠦᠷᠡᠰᠦᠳᠦ᠋ᠷᠦᠭᠴᠢᠲᠦ ᠴᠠᠬᠢᠭᠤᠷ ᠤᠨ ᠱᠠᠭᠠᠵᠠᠩ᠂ ᠢᠳᠡᠪᠬᠢᠵᠢᠭᠦᠯᠦᠭᠰᠡᠨ ᠨᠡᠭᠦᠷᠡᠰᠦ ᠵᠢᠴᠢ | ᠣᠷᠴᠢᠨ ᠬᠠᠮᠠᠭᠠᠯᠠᠯᠲᠠ ᠶᠢᠨ ᠳᠦᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠡᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠦᠯ | ᠵᠦᠢᠯ ᠢ ᠣᠷᠣᠨᠵᠢᠭᠤᠯᠣᠨ ᠪᠠᠶᠢᠭᠤᠯᠵᠤ᠂ ᠣᠯᠠᠨ ᠵᠢᠯ ᠦᠷᠭᠦᠯᠵᠢᠯᠡᠬᠦᠯᠦᠨ ᠠᠬᠢᠭᠤᠯᠤᠭᠰᠠᠨ ᠬᠤᠸᠠ ᠰᠢᠩ ᠤᠨ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ | ᠲᠦᠷᠦᠯ ᠵᠦᠢᠯ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠲᠤᠭᠤᠯᠤᠨ ᠬᠢᠨᠠᠨ ᠵᠦᠪᠰᠢᠶᠡᠷᠡᠯ ᠣᠯᠵᠣ᠂ ᠨᠡᠭᠦᠷᠡᠰᠦ᠂ ᠨᠡᠭᠦᠷᠡᠰᠤᠨ ᠬᠢᠮᠢ ᠶᠢᠨ ᠠᠵᠤ | ᠦᠢᠯᠡᠳᠪᠦᠷᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠭᠠᠯᠲᠠ ᠲᠣᠰ ᠲᠣᠰ 1484 ᠲᠦᠮᠡᠨ ᠲᠤᠨ᠂ 102 ᠲᠦᠮᠡᠨ ᠲᠤᠨ᠂ 42 ᠳ᠋ᠦᠩᠰᠢᠭᠤᠷ ᠺᠦᠪ | ᠮᠧᠲᠷ ᠬᠦᠷᠴᠦ᠂ ᠣᠷᠳᠣᠰ ᠤᠨ ᠪᠠᠷᠠᠭᠤᠨ ᠪᠡᠶ᠎ᠡ ᠶᠢᠨ ᠨᠡᠭᠦᠷᠡᠰᠦᠨ ᠤ ᠭᠦᠢᠯᠭᠡᠭᠡ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢᠭᠡᠨᠲᠡ | ᠬᠡᠷᠡᠭᠯᠡᠯᠲᠡ ᠳᠤ ᠣᠷᠣᠨ᠂ ᠨᠡᠭᠦᠷᠡᠰᠦᠨ ᠤ ᠪᠣᠷᠣᠯᠠᠭᠤᠯᠤᠯᠲᠠ 3ᠳ᠋ᠦᠩᠰᠢᠭᠤᠷ ᠲᠦᠭᠦᠷᠢᠭ ᠠᠴᠠ ᠳᠠᠪᠠᠭᠰᠠᠨ ᠪᠠᠶᠢᠨ᠎ᠠ᠃ ᠱᠠᠩᠬᠠᠢ ᠶᠢᠨ ᠰᠦᠮ᠎ᠡ ᠠᠵᠤ ᠠᠬᠤᠢ ᠶᠢᠨ | ᠨᠡᠭᠡᠭᠡᠯᠲᠡ ᠶᠢᠨ ᠣᠷᠣᠨ ᠳᠤ ︽ᠬᠦᠷᠢᠶᠡᠯᠡᠩ ᠢᠶᠠᠨ ᠦᠷᠭᠡᠳᠬᠡᠵᠦ ᠲᠤᠭᠤᠷᠢᠭ ᠢ ᠳᠤᠬᠢᠷᠠᠭᠤᠯᠬᠤ︾ ᠠᠵᠢᠯ ᠢ ᠡᠬᠢᠯᠡᠭᠦᠯᠵᠦ᠂ ᠮᠠᠨ ᠤ ᠬᠤᠰᠢᠭᠤᠨ ᠤ ᠴᠢᠬᠤᠯᠠ | ᠶᠡᠭᠡ ᠠᠵᠤ ᠦᠢᠯᠡᠳᠪᠦᠷᠢ ᠶᠢᠨ ᠲᠦᠷᠦᠯ ᠵᠦᠢᠯ ᠤᠨ ᠠᠴᠢᠶᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠳᠣ ᠦᠶ᠎ᠡ ᠶᠢᠨ ᠮᠠᠯ ᠲᠠᠷᠢᠶᠠᠯᠠᠩ | ᠤᠨ ᠦᠢᠯᠡᠰ ᠢ ᠶᠡᠬᠡᠪᠡᠷ ᠬᠦᠭᠵᠢᠭᠦᠯᠪᠡ᠃ ᠡᠳ᠋ ᠤᠨ ᠵᠠᠰᠠᠭ ᠲᠦᠢᠯ ᠤᠨ ᠬᠦᠴᠢᠷᠳᠡᠯᠲᠡᠢ ᠪᠠᠶᠢᠳᠠᠯ ᠳᠣᠣᠷ᠎ᠠ 4270 ᠲᠦᠮᠡᠨ ᠲᠦᠭᠦᠷᠢᠭ ᠪᠡᠯᠡ ᠣᠷᠣᠭᠤᠯᠣᠨ᠂ | ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠲᠠᠷᠢᠵᠤ ᠲᠡᠵᠢᠭᠡᠬᠦ ᠪᠦᠲᠦᠴᠡ ᠪᠠᠨ ᠰᠢᠯᠢᠳᠡᠭᠵᠢᠭᠦᠯᠬᠦ ᠶᠢ ᠵᠢᠯᠣᠭᠤᠳᠴᠤ᠂ ᠪᠦᠬᠦ ᠬᠤᠰᠢᠭᠤᠨ ᠤ ᠴᠢᠨᠠᠷ ᠰᠠᠶᠢᠲᠠᠢ | ᠵᠢᠮᠢᠰ ᠨᠣᠭᠤᠭᠠᠨ ᠤ ᠵᠢᠯ ᠤᠨ ᠭᠠᠷᠤᠯᠲᠠ 20 ᠲᠦᠮᠡᠨ ᠲᠣᠨ ᠢ ᠳᠠᠪᠠᠨ᠂ ᠦᠪᠡᠷᠲᠡᠭᠡᠨ ᠵᠠᠰᠠᠬᠤ ᠣᠷᠣᠨ ᠤ ᠲᠡᠰ ᠤᠨ ᠮᠠᠯ ᠲᠠᠷᠢᠶᠠᠯᠠᠩ ᠤᠨ ᠠᠵᠤ ᠦᠢᠯᠡᠰ ᠤᠨ | ᠲᠣᠯᠣᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ 2 ᠪᠣᠶᠢᠵᠢᠭᠤᠯᠵᠤ᠂ ᠮᠠᠯ ᠲᠠᠷᠢᠶᠠᠯᠠᠩ ᠤᠨ ᠠᠵᠤ ᠦᠢᠯᠡᠰ ᠤᠨ ᠬᠤᠯᠪᠣᠭᠠᠲᠤ ᠴᠤᠭᠴᠠ ᠶᠢ 2 ᠪᠠᠶᠢᠭᠤᠯᠤᠨ᠂ | ︽ᠣᠷᠳᠣᠰ ᠤᠨ ᠦᠨᠳᠦᠷᠯᠢᠭ ᠤᠨ ᠤᠯᠠᠷᠢᠯ ᠰᠦᠷᠦᠭᠰᠡᠨ ᠢᠳᠡᠰᠢᠨ ᠨᠣᠭᠤᠭ᠎ᠠ︾ ᠭᠤᠸᠠᠩᠳᠦ᠋ᠩ ᠰᠢᠶᠠᠩᠭᠠᠩ ᠤᠨ ᠵᠠᠬ᠎ᠠ ᠳᠡᠯᠭᠡᠭᠦᠷ ᠲᠤ ᠭᠠᠷᠴᠦ᠂ ︽ᠣᠲᠤᠭ | ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠳᠣᠮᠳᠠᠳᠣ ᠤᠯᠤᠰ ᠤᠨ ᠲᠠᠷᠢᠶᠠᠯᠠᠩ ᠤᠨ ᠦᠢᠯᠡᠰ ᠤᠨ ᠪᠦᠸᠧ ᠣᠣ ᠶᠠᠷᠢᠯᠴᠠᠭᠠᠨ ᠤ ᠳᠠᠪᠴᠠᠩ ᠳᠤ ᠣᠷᠣᠵᠤ᠂ | ᠮᠠᠨ ᠤ ᠬᠤᠰᠢᠭᠤᠨ ᠤ ᠣᠳᠣ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠤᠨ ᠬᠦᠭᠵᠢᠨ ᠮᠠᠨᠳᠣᠬᠤ ᠶᠢᠨ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃ ᠬᠤᠪᠢᠰᠬᠠᠯᠲᠤ | ᠬᠦᠮᠦᠵᠢᠯ ᠤᠨ ᠰᠤᠳᠤᠯᠭ᠎ᠠ ᠰᠤᠷᠤᠯᠴᠠᠯᠭ᠎ᠠ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠦᠭᠵᠢᠭᠦᠯᠪᠡ᠃ ᠪᠣᠷᠣᠪᠠᠯᠭᠠᠰᠤ ᠶᠢᠨ ᠬᠤᠪᠢᠰᠬᠠᠯᠲᠤ ᠬᠦᠮᠦᠵᠢᠯ ᠤᠨ | ᠦᠷᠭᠡᠳᠬᠡᠯ ᠪᠣᠯᠪᠠᠰᠤᠷᠠᠯ ᠤᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠬᠡᠷᠡᠭᠯᠡᠯᠲᠡ ᠳᠤ ᠣᠷᠣᠭᠤᠯᠣᠨ᠂ ᠬᠤᠪᠢᠰᠬᠠᠯᠲᠤ ᠬᠦᠮᠦᠵᠢᠯ | ᠪᠣᠯᠪᠠᠰᠤᠷᠠᠯ ᠤᠨ ᠲᠦᠪ ᠢ ᠡᠬᠢᠯᠡᠭᠦᠯᠦᠨ ᠪᠠᠶᠢᠭᠤᠯᠵᠤ᠂ ᠪᠦᠬᠦ ᠣᠷᠣᠨ ᠤ ᠬᠤᠪᠢᠰᠬᠠᠯᠲᠤ ᠬᠦᠮᠦᠵᠢᠯ ᠤᠨ ᠵᠢᠭᠤᠯᠴᠢᠯᠠᠯ ᠤᠨ ᠰᠢᠨ᠎ᠡ ᠶᠢ ᠡᠭᠦᠳᠬᠦ ᠬᠦᠭᠵᠢᠯᠲᠡ ᠶᠢᠨ | ᠠᠬᠤᠢ ᠲᠠᠯᠠᠪᠡᠢ ᠶᠢᠨ ᠬᠤᠷᠠᠯ ᠢ ᠳᠠᠭᠠᠭᠠᠴᠢᠯᠠᠨ ᠡᠷᠬᠢᠯᠡᠵᠦ᠂ ᠪᠦᠬᠦ ᠣᠷᠣᠨ᠂ ᠪᠦᠬᠦ ᠬᠤᠲᠠ ᠶᠢᠨ ᠳᠣᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠰᠣᠳᠣᠯᠭ᠎ᠠ ᠰᠤᠷᠤᠯᠴᠠᠯᠭ᠎ᠠ ᠶᠢᠨ ᠦᠢᠯᠡᠳᠦᠯᠭᠡᠵᠢᠭᠦᠯᠬᠦ ᠬᠦᠮᠦᠵᠢᠯ ᠤᠨ ᠰᠠᠭᠤᠷᠢᠨ ᠭᠠᠵᠠᠷ ᠵᠢᠴᠢ ᠣᠷᠣᠨ ᠤ ᠲᠤᠲᠤᠷᠠᠬᠢ 9 ᠰᠤᠷᠭᠠᠭᠤᠯᠢ ᠶᠢᠨ ᠦᠵᠡᠯ ᠰᠠᠨᠠᠭ᠎ᠠ | ᠣᠯᠣᠰ ᠲᠦᠷᠦ ᠶᠢᠨ ᠰᠤᠳᠤᠯᠭ᠎ᠠ ᠰᠤᠷᠤᠯᠴᠠᠯᠭ᠎ᠠ ᠶᠢᠨ ᠦᠢᠯᠡᠳᠦᠯᠡᠭᠡ ᠶᠢᠨ ᠰᠠᠭᠤᠷᠢᠨ ᠭᠠᠵᠠᠷ ᠢᠶᠠᠷ ᠲᠤᠭᠲᠠᠭᠠᠭᠳᠠᠨ᠂ 58 ᠰᠣᠳᠣᠯᠭ᠎ᠠ ᠰᠣᠷᠣᠯᠴᠠᠯᠭ᠎ᠠ ᠶᠢᠨ ᠴᠡᠭ | ᠂ 120 ᠪᠡᠶᠡᠴᠢᠯᠡᠨ ᠤᠶᠢᠯᠠᠭᠠᠬᠤ ᠡᠷᠦᠬᠡ ᠪᠠ 5000 ᠭᠠᠷᠤᠢ ᠮᠠᠯᠴᠢᠨ ᠲᠠᠷᠢᠶᠠᠴᠢᠨ ᠬᠤᠪᠢᠰᠬᠠᠯᠲᠤ ᠬᠦᠮᠦᠵᠢᠯ ᠤᠨ ᠠᠵᠤ ᠦᠢᠯᠡᠰ ᠲᠤ ᠣᠷᠣᠯᠴᠠᠵᠤ᠂ ᠡᠯ᠎ᠡ | ᠲᠦᠷᠦᠯ ᠤᠨ ᠭᠤᠣᠯ ᠴᠣᠭᠴᠠ ᠶᠢᠨ ᠠᠩᠬᠢ ᠶᠢ 797 ᠬᠤᠭᠤᠴᠠᠭ᠎ᠠ ᠡᠷᠬᠢᠯᠡᠨ᠂ ᠵᠠᠯᠠᠭᠤᠴᠤᠳ ᠪᠠᠭᠠᠴᠤᠳ ᠤᠨ ᠬᠤᠪᠢᠰᠬᠠᠯᠲᠤ ᠬᠦᠮᠦᠵᠢᠯ ᠤᠨ ᠰᠣᠳᠣᠯᠭ᠎ᠠ | ᠰᠤᠷᠤᠯᠴᠠᠯᠭ᠎ᠠ ᠶᠢᠨ 1.5 ᠲᠦᠮᠡᠨ ᠬᠦᠮᠦᠨ ᠢ ᠬᠦᠯᠢᠶᠡᠨ ᠠᠪᠴᠤ᠂ ᠪᠦᠬᠦ ᠵᠢᠯ ᠳᠤ ᠬᠦᠯᠢᠶᠡᠨ ᠠᠪᠤᠭᠰᠠᠨ ᠵᠢᠭᠤᠯᠴᠢᠯᠠᠭᠰᠠᠳ 125 ᠲᠦᠮᠡᠨ ᠬᠦᠮᠦᠨ ᠣᠳᠠᠭ᠎ᠠ | ᠶᠢ ᠳᠠᠪᠠᠵᠤ᠂ ᠵᠢᠭᠤᠯᠴᠢᠯᠠᠯ ᠤᠨ ᠣᠷᠣᠯᠭ᠎ᠠ 38 ᠳ᠋ᠦᠩᠰᠢᠭᠤᠷ ᠲᠦᠭᠦᠷᠢᠭ ᠲᠤ ᠬᠦᠷᠴᠦ᠂ ᠮᠠᠨ ᠤ ᠬᠤᠰᠢᠭᠤᠨ ᠤ ᠬᠤᠪᠢᠰᠬᠠᠯᠲᠤ ᠬᠦᠮᠦᠵᠢᠯ ᠤᠨ ᠡᠬᠢ ᠪᠠᠶᠠᠯᠢᠭ | ᠤᠨ ᠠᠵᠤ ᠠᠬᠤᠢ ᠶᠢᠨ ᠳᠠᠪᠠᠭᠤᠯᠢᠭ ᠢ ᠤᠯᠠᠮ ᠨᠢᠭᠡ ᠠᠯᠬᠤᠮ ᠳᠣᠪᠣᠶᠢᠯᠭᠠᠪᠠ᠃ | ︵ᠬᠤᠶᠠᠷ︶ ᠭᠤᠤᠯᠳᠠᠯᠭ᠎ᠠ ᠶᠢ ᠠᠳᠬᠤᠨ ᠲᠣᠲᠠᠭᠤᠳᠠᠯ ᠢᠶᠠᠨ ᠨᠦᠬᠦᠪᠦᠷᠢᠯᠡᠵᠦ᠂ ᠭᠤᠷᠪᠠᠨ ᠶᠡᠭᠡ ᠰᠢᠪᠲᠤᠯᠤᠯᠲᠠ ᠶᠢᠨ ᠠᠵᠢᠯ ᠢᠯᠡᠷᠬᠡᠢ ᠪᠦᠲᠦᠮᠵᠢ | ᠣᠯᠪᠠ᠃ ᠨᠠᠷᠢᠯᠢᠭ ᠣᠨᠣᠪᠴᠢᠲᠠᠢ ᠪᠠᠷ ᠰᠡᠷᠭᠡᠶᠢᠯᠡᠬᠦ᠂ ᠨᠠᠷᠢᠯᠢᠭ ᠣᠨᠣᠪᠴᠢᠲᠡᠢ ᠪᠠᠷ ᠰᠢᠢᠳᠪᠦᠷᠢᠯᠡᠬᠦ ᠶᠢ ᠪᠠᠷᠢᠮᠲᠠᠯᠠᠨ᠂ ᠵᠠᠰᠠᠭ ᠤᠨ ᠣᠷᠳᠣᠨ ᠤ ᠦᠷᠢ ᠦᠭᠴᠡᠭᠡ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠢᠲᠤᠭᠰᠡᠨ ᠵᠣᠭᠤᠰ ᠢ ᠪᠤᠴᠠᠭᠠᠬᠤ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠮᠦᠩᠭᠦᠨ | ᠭᠦᠢᠯᠭᠡᠭᠡᠨ ᠤ ᠳᠦᠭᠰᠢᠭᠦᠷᠢ ᠶᠢ ᠪᠦᠲᠦᠮᠵᠢᠲᠡᠢ ᠰᠡᠷᠭᠡᠶᠢᠯᠡᠪᠡ᠃ ᠨᠠᠷᠢᠯᠢᠭ ᠣᠨᠣᠪᠴᠢᠲᠡᠢ ᠪᠠᠷ ᠶᠠᠳᠠᠭᠤ ᠶᠢ ᠳᠡᠳᠬᠦᠬᠦ᠂ ᠨᠠᠷᠢᠯᠢᠭ ᠤᠨᠤᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠶᠢ ᠪᠠᠷᠢᠮᠲᠠᠯᠠᠨ᠂ 2796.2 ᠲᠦᠮᠡᠨ ᠲᠦᠭᠦᠷᠢᠭ ᠪᠡᠯᠡ ᠮᠦᠩᠭᠦ ᠳᠤᠬᠢᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ | ᠭᠤᠤᠯᠳᠠᠯᠭ᠎ᠠ ᠲᠠᠢ ᠴᠢᠩᠭᠠᠳᠬᠠᠨ᠂ ᠳᠠᠩᠰᠠᠯᠠᠭᠰᠡᠨ ᠶᠠᠳᠠᠭᠤ ᠬᠦᠴᠢᠷᠳᠠᠯᠳᠠᠢ ᠡᠷᠤᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠲᠦᠪ ᠤᠨ ᠶᠠᠳᠠᠭᠤ ᠶᠢ | ᠳᠡᠳᠬᠦᠬᠦ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠵᠦ ᠳᠠᠭᠤᠰᠬᠠᠨ᠂ ᠠᠷᠪᠠᠨ ᠲᠦᠷᠦᠯ | ᠤᠨ ᠭᠤᠤᠯᠳᠠᠯᠭᠠᠲᠤ ᠡᠭᠦᠷᠭᠡ ᠶᠢ ᠪᠦᠬᠦᠨ ᠢ ᠪᠠᠷᠢᠮᠵᠢᠶᠠᠨ ᠳᠤ ᠬᠦᠷᠭᠡᠵᠦ᠂ ᠶᠠᠳᠠᠭᠤᠷᠠᠯ ᠡᠭᠦᠰᠬᠦ ᠨᠣᠷᠮ᠎ᠠ ᠳᠣᠷᠣᠭᠰᠢᠯᠠᠭᠠᠳ ᠲᠡᠭ ᠪᠣᠯᠬᠤ ᠬᠠᠨᠳᠤᠰᠢ ᠲᠠᠢ ᠪᠤᠯᠪᠠ᠃ | ᠨᠠᠷᠢᠯᠢᠭ ᠤᠨᠤᠪᠴᠢᠲᠠᠢ ᠪᠠᠷ ᠪᠤᠬᠢᠷᠳᠤᠯ ᠢ ᠵᠠᠰᠠᠬᠤ᠂ ᠨᠠᠷᠢᠯᠢᠭ ᠤᠨᠤᠪᠴᠢᠲᠠᠢ ᠪᠦᠲᠦᠮᠵᠢ ᠣᠯᠬᠤ ᠶᠢ ᠪᠠᠷᠢᠮᠲᠠᠯᠠᠵᠤ᠂ ᠭᠤᠣᠯ ᠭᠤᠷᠤᠬ᠎ᠠ ᠨᠠᠭᠤᠷ ᠪᠦᠷᠢᠳᠦ ᠶᠢᠨ | ᠳᠠᠷᠤᠭᠠᠴᠢ ᠶᠢᠨ ᠳᠦᠷᠢᠮ ᠢ ᠡᠷᠡᠰ ᠨᠠᠶᠢᠲᠠᠪᠤᠷᠢᠵᠢᠭᠤᠯᠤᠨ᠂ 13 ᠭᠤᠤᠯ ᠤᠨ ᠤᠷᠤᠰᠬᠠᠯ᠂ 6 ᠨᠠᠭᠤᠷ ᠤᠨ ᠡᠷᠬᠢ ᠬᠦᠪᠡᠭᠡᠨ ᠤ ᠬᠠᠮᠢᠶᠠᠷᠤᠯᠲᠠ ᠬᠠᠮᠠᠭᠠᠯᠠᠯᠲᠠ ᠶᠢᠨ | ᠬᠦᠷᠢᠶ᠎ᠡ ᠬᠡᠪᠴᠢᠶ᠎ᠠ ᠶᠢ ᠢᠯᠭᠠᠨ ᠲᠤᠭᠲᠠᠭᠠᠬᠤ ᠶᠢ ᠪᠡᠶᠡᠯᠡᠭᠦᠯᠵᠦ᠂ ᠣᠯᠣᠰ ᠤᠨ ᠣᠰᠤᠨ ᠠᠰᠢᠭᠯᠠᠯᠲᠠ ᠶᠢᠨ ᠶᠠᠮᠤᠨ ᠤ ᠨᠢᠭᠡᠳᠦᠭᠡᠷ ᠪᠦᠯᠦᠭ ᠣᠰᠣ ᠠᠷᠪᠢᠯᠠᠬᠠᠤ | ᠮᠠᠶ᠋ᠢᠭ ᠤᠨ ᠨᠠᠶᠢᠬᠡᠮ ᠤᠨ ᠴᠤᠭᠴᠠᠯᠠᠯᠲᠠ ᠶᠢᠨ ᠪᠠᠷᠢᠮᠵᠢᠶᠠᠨ ᠳᠤ ᠬᠦᠷᠦᠭᠰᠡᠨ ᠬᠤᠰᠢᠭᠤ ᠰᠢᠶᠡᠨ ᠢᠶᠠᠷ ᠵᠢᠭᠰᠠᠭᠠᠭᠳᠠᠵᠤ᠂ ᠠᠭᠠᠷ ᠤᠨ ᠴᠡᠪᠡᠷᠴᠡ ᠶᠢᠨ ᠶᠠᠰᠤ ᠴᠢᠨᠠᠷ | ᠣᠯᠣᠰ ᠤᠨ ᠬᠤᠶᠠᠳᠤᠭᠠᠷ ᠲᠡᠰ ᠤᠨ ᠪᠠᠷᠢᠮᠵᠢᠶ᠎ᠠ ᠠᠴᠠ ᠳᠠᠪᠠᠨ᠂ ᠪᠤᠬᠢᠷᠳᠤᠯ ᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠳᠤ | ᠦᠷᠭᠦᠯᠵᠢᠯᠡᠨ ᠪᠦᠬᠦ ᠬᠤᠲᠠ ᠶᠢᠨ ᠲᠡᠷᠢᠭᠦᠨ ᠪᠠᠶᠢᠷᠢ ᠪᠠᠨ ᠪᠠᠲᠤᠯᠠᠪᠠ᠃ | ︵ᠭᠤᠷᠪᠠ︶ ᠠᠷᠠᠳ ᠲᠤ ᠠᠰᠢᠭ ᠬᠦᠷᠲᠡᠭᠡᠨ ᠦᠷ᠎ᠡ ᠪᠦᠲᠦᠮᠵᠢ ᠶᠢ ᠡᠷᠬᠢᠮᠯᠡᠵᠦ᠂ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠭᠦᠭᠵᠢᠭᠦᠯᠪᠡ᠃ ᠪᠦᠬᠦ | ᠵᠢᠯ ᠳᠤ ᠠᠷᠠᠳ ᠤᠨ ᠠᠮᠢᠳᠣᠷᠠᠯ ᠳᠤ 26.7 ᠳ᠋ᠦᠩᠰᠢᠭᠤᠷ ᠲᠦᠭᠦᠷᠢᠭ ᠵᠠᠷᠣᠴᠠᠭᠤᠯᠵᠣ᠂ ᠡᠳ᠋ ᠤᠨ ᠵᠠᠰᠠᠭ ᠤᠨ ᠪᠦᠬᠦ ᠵᠠᠷᠣᠯᠭ᠎ᠠ ᠶᠢᠨ 82 % ᠢ ᠡᠵᠡᠯᠡᠪᠡ᠃ | 132 ᠪᠠᠭᠰᠢ ᠰᠢᠯᠭᠠᠨ ᠡᠯᠰᠡᠵᠦ᠂ ᠭᠤᠷᠪᠠᠳᠣᠭᠠᠷ ᠲᠤᠷᠰᠢᠯᠲᠠ ᠶᠢᠨ ᠪᠠᠭ᠎ᠠ ᠰᠣᠷᠭᠠᠭᠤᠯᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠦᠨ᠂ ᠦᠨᠳᠦᠰᠦᠲᠡᠨ ᠤ ᠠᠵᠢᠯ | ᠮᠡᠷᠭᠡᠵᠢᠯ ᠤᠨ ᠳᠡᠭᠡᠲᠦ ᠵᠡᠷᠭᠡ ᠶᠢᠨ ᠳᠣᠮᠳᠠᠲᠣ ᠰᠣᠷᠭᠠᠭᠤᠯᠢ ︽ᠪᠦᠬᠦ ᠣᠯᠣᠰ ᠤᠨ ᠰᠣᠷᠭᠠᠨ ᠬᠦᠮᠦᠵᠢᠯ ᠤᠨ ᠰᠢᠰᠲ᠋ᠧᠮ ᠤᠨ ᠲᠡᠷᠢᠬᠦᠨ ᠤ ᠨᠢᠭᠡᠴᠡ︾ ᠪᠠᠷ | ᠦᠨᠡᠯᠡᠭᠳᠡᠭᠰᠡᠨ ᠪᠦᠭᠡᠳ ᠪᠦᠬᠦ ᠣᠯᠣᠰ ᠤᠨ ᠲᠦᠷᠦᠭᠦᠦ ᠪᠦᠯᠦᠭ 1 + X ᠦᠨᠡᠮᠯᠡᠯ ᠤᠨ ᠳᠦᠷᠢᠮᠲᠦ ᠲᠤᠷᠰᠢᠯᠲᠡ ᠶᠢᠨ ᠳᠡᠭᠡᠲᠦ ᠰᠣᠷᠭᠠᠭᠤᠯᠢ ᠪᠠᠷ | ᠲᠣᠭᠲᠠᠭᠠᠭᠳᠠᠪᠠ᠃ ᠣᠯᠣᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠲᠠᠪᠲᠠᠨ ᠬᠢᠨᠠᠯᠲᠠ ᠶᠢ ᠣᠷᠣᠭᠰᠢᠲᠠᠢ ᠲᠤᠭᠤᠯᠵᠤ᠂ ᠪᠣᠷᠣᠪᠠᠯᠭᠠᠰᠤ ᠣᠯᠣᠰ ᠤᠨ | ᠡᠷᠡᠭᠦᠯ ᠬᠠᠮᠠᠭᠠᠯᠠᠯ ᠤᠨ ᠪᠠᠯᠭᠠᠰᠣ ᠶᠢ ᠠᠮᠵᠢᠯᠲᠠ ᠲᠠᠢ ᠴᠤᠭᠴᠠᠯᠠᠪᠠ᠃ ᠠᠨᠠᠭᠠᠬᠤ ᠤᠬᠠᠭᠠᠨ ᠤ ᠵᠢᠩᠬᠢᠨᠢ ᠠᠩᠬᠢ ᠲᠡᠭᠦᠰᠦᠭᠰᠡᠨ 20 ᠣᠶᠣᠲᠠᠨ ᠢ ᠣᠷᠣᠭᠤᠯᠣᠨ | ᠠᠪᠴᠢᠷᠠᠵᠤ᠂ 60 ᠨᠠᠰᠣᠨ ᠠᠴᠠ ᠳᠡᠭᠡᠭᠰᠢᠬᠢ ᠨᠠᠰᠣᠲᠠᠶᠢᠴᠤᠳ ᠤᠨ ᠡᠩ ᠤᠨ ᠳ᠋ᠣᠭᠠᠷᠯᠠᠬᠤ ᠵᠠᠷᠣᠳᠠᠯ ᠢ ᠪᠦᠬᠦᠨ ᠢ ᠬᠡᠯᠲᠦᠷᠢᠭᠦᠯᠦᠨ᠂ ᠭᠡᠷ ᠪᠦᠯᠢ ᠶᠢᠨ ᠡᠮᠴᠢ ᠶᠢᠨ | ᠭᠤᠣᠯᠳᠠᠯᠭᠠᠳᠦ ᠡᠳᠡᠭᠡᠳ ᠲᠠᠢ ᠭᠡᠷ᠎ᠡ ᠲᠣᠭᠲᠠᠭᠰᠠᠨ ᠪᠦᠬᠦ ᠪᠦᠷᠬᠦᠴᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠡᠯ᠎ᠡ ᠲᠦᠷᠦᠯ ᠤᠨ ᠠᠵᠢᠯᠲᠠᠨ 408 ᠬᠦᠮᠦᠨ ᠢ | ᠡᠯᠰᠡᠨ ᠳᠦᠪᠬᠢᠨᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ | ᠳᠣᠣᠷ᠎ᠠ ᠪᠠᠶᠢᠯᠭᠠᠬᠤ ᠶᠢ ᠪᠠᠲᠤᠯᠠᠪᠠ᠃ ᠬᠤᠲᠠ ᠬᠦᠳᠡᠭᠡ ᠶᠢᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ 611 ᠲᠦᠭᠦᠷᠢᠭ᠂ 476 ᠲᠦᠭᠦᠷᠢᠭ ᠠᠴᠠ | ᠨᠡᠮᠡᠭᠳᠡᠭᠦᠯᠦᠭᠡᠳ 675 ᠲᠦᠭᠦᠷᠢᠭ᠂ 514 ᠲᠦᠭᠦᠷᠢᠭ ᠪᠣᠯᠭᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠲᠤᠭᠯᠠᠯᠲᠠ ᠶᠢ 400 | ᠭᠠᠷᠣᠢ ᠲᠠᠯᠠᠪᠤᠷ ᠵᠤᠬᠢᠶᠠᠨ ᠪᠠᠶᠢᠭᠤᠯᠤᠨ ᠦᠷᠨᠢᠭᠦᠯᠵᠦ᠂ ︽ᠠᠨᠠᠷ ᠪᠣᠯᠪᠠᠰᠣᠷᠠᠯ᠎ᠠ︾ ᠬᠡᠬᠦ ᠬᠤᠪᠢᠰᠬᠠᠯᠳᠦ ᠲᠠᠭᠤᠯᠠᠯᠲᠣ ᠵᠦᠴᠦᠭᠡ ᠶᠢ ᠠᠷᠠᠳ ᠤᠨ ᠶᠡᠭᠡ ᠬᠤᠷᠠᠯ ᠤᠨ | ᠲᠠᠩᠬᠢᠮ ᠳᠤ ᠠᠮᠵᠢᠯᠲᠠᠲᠠᠢ ᠲᠤᠭᠯᠠᠨ᠂ ᠠᠶᠢᠵᠠᠮ ᠪᠠᠭᠠᠴᠣᠳ ᠤᠨ ᠨᠠᠶᠢᠷᠠᠯ ᠳᠠᠭᠤᠨ ᠤ ᠪᠦᠯᠬᠦᠮ ᠤᠨ ᠳᠠᠭᠤᠣ ︽ᠳᠠᠭᠤᠯᠠᠵᠠᠭᠠᠶ᠎ᠠ᠂ ᠪᠦᠵᠢᠭᠯᠡᠵᠡᠭᠡᠶᠡ︾ ᠨᠢ | ᠦᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠤᠶᠣᠨ ᠤ ᠪᠣᠯᠪᠠᠰᠣᠨ ᠤ ᠪᠠᠶᠢᠭᠤᠯᠤᠯᠲᠠ ᠶᠢᠨ ︽ᠲᠠᠪᠦ ᠨᠢᠭᠡ ᠶᠢᠨ ᠢᠨᠵᠧᠨᠧᠷᠢᠩ︾ | ᠱᠠᠩ ᠢ ᠬᠦᠷᠲᠡᠪᠡ᠃ ᠬᠦᠴᠦᠨ ᠢᠶᠠᠨ ᠲᠦᠪᠯᠡᠷᠡᠭᠦᠯᠦᠨ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠂ 5 ᠰᠠᠭᠤᠭᠠᠯᠢ | ᠲᠤᠭᠤᠷᠢᠭ ᠤᠨ 1207 ᠲᠦᠬᠦᠷ ᠣᠷᠣᠨ ᠰᠠᠭᠤᠴᠠ ᠶᠢᠨ ᠦᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠭᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠪᠠᠲᠤᠲᠠᠢ ᠦᠷᠨᠢᠭᠦᠯᠦᠨ᠂ ︽ ᠣᠶᠣᠨᠴᠢ ᠲᠣᠣᠷᠵᠢᠯ ᠬᠠᠮᠢᠶᠠᠷᠣᠯᠲᠠ ᠶᠢᠨ ᠴᠠᠭᠳᠠᠭᠠᠨ ᠶᠠᠪᠤᠳᠠᠯ ᠤᠨ ᠲᠤᠰᠠᠯᠠᠭᠴᠢ︾ | ᠭᠠᠷ ᠤᠲᠠᠰᠣᠨ ᠤ APP ᠨᠢ ᠪᠦᠬᠦ ᠣᠯᠣᠰ ᠤᠨ ︽ᠣᠶᠣᠨᠴᠢ ᠴᠠᠭᠳᠠᠭᠠᠨ ᠶᠠᠪᠤᠳᠠᠯ︾ ᠤᠨ ᠰᠢᠨ᠎ᠡ ᠶᠢ ᠡᠭᠦᠳᠦᠭᠰᠡᠨ ᠵᠢᠱᠢᠶ᠎ᠡ ᠪᠠᠷ ᠲᠤᠲᠤᠷᠠᠵᠣ᠂ ᠠᠷᠠᠳ | ᠤᠯᠠᠨ ᠤ ᠠᠰᠢᠭ ᠬᠦᠷᠲᠡᠮᠵᠢ᠂ ᠠᠮᠤᠷ ᠲᠦᠪᠰᠢᠨ ᠤ ᠬᠠᠨᠣᠮᠵᠢ ᠪᠦᠲᠦᠮᠵᠢᠲᠡᠢ ᠳᠡᠭᠡᠭᠰᠢᠯᠡᠪᠡ᠃ | ︵ᠳᠦᠷᠪᠡ︶ ᠴᠢᠳᠠᠪᠤᠷᠢ ᠶᠢ ᠴᠢᠩᠭᠠᠳᠬᠠᠨ ᠴᠢᠨᠠᠷ ᠢ ᠳᠡᠭᠡᠭᠰᠢᠯᠡᠭᠦᠯᠵᠦ᠂ ᠬᠦᠭᠵᠢᠯᠲᠡ ᠶᠢᠨ ᠣᠷᠴᠢᠨ ᠲᠤᠭᠤᠷᠢᠨ ᠢ ᠨᠡᠩ ᠳᠠᠪᠠᠭᠤᠯᠢᠭ ᠪᠣᠯᠭᠠᠪᠠ᠃ | ᠬᠤᠲᠠ ᠪᠠᠯᠭᠠᠰᠣᠨ ᠤ ᠨᠤᠭᠤᠭᠠᠵᠢᠭᠤᠯᠤᠯᠲᠠ 23 ᠲᠦᠮᠡᠨ ᠺᠦᠸᠠᠳ᠋ ᠮᠧᠲᠷ ᠰᠢᠨ᠎ᠡ ᠪᠠᠷ ᠨᠡᠮᠡᠭᠳᠡᠵᠦ᠂ 5 ᠲᠦᠮᠡᠨ ᠺᠦᠸ᠋ᠳ᠋ ᠮᠧᠲᠷ ᠦᠵᠡᠮᠵᠢ ᠶᠢᠨ ᠶᠠᠪᠠᠭᠠᠨ ᠵᠠᠮ ᠢ | ᠳᠡᠪᠢᠰᠴᠦ᠂ 17 ᠲᠦᠮᠡᠨ ᠺᠦᠸᠠᠳ᠋ ᠮᠧᠲᠷ ᠬᠤᠲᠠ ᠶᠢᠨ ᠴᠡᠴᠡᠷᠯᠢᠭᠵᠢᠭᠦᠯᠭᠡ ᠶᠢᠨ ᠦᠵᠡᠮᠵᠢ ᠶᠢ ᠪᠦᠷᠢᠯᠳᠦᠭᠦᠯᠦᠨ᠂ ᠪᠣᠷᠣᠪᠠᠯᠭᠠᠰᠣᠨ ᠤ ᠬᠤᠭ ᠨᠣᠪᠰᠢ ᠪᠣᠯᠠᠬᠤ | ᠲᠠᠯᠠᠪᠣᠷ᠂ ᠨᠠᠩᠰᠣ ᠪᠠᠯᠭᠠᠰᠣᠨ ᠤ ᠪᠤᠬᠢᠷ ᠣᠰᠣ ᠰᠢᠢᠳᠪᠦᠷᠢᠯᠡᠬᠦ ᠦᠢᠯᠡᠳᠪᠦᠷᠢ ᠶᠢ ᠡᠬᠢᠯᠡᠭᠦᠯᠦᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 15 | ᠨᠡᠶᠢᠲᠡ ᠶᠢᠨ ᠵᠤᠷᠯᠤᠩ ᠪᠠ 6398 ᠡᠷᠦᠬᠡ ᠶᠢᠨ ᠵᠣᠷᠯᠣᠩ ᠢ ᠦᠭᠡᠷᠡᠴᠢᠯᠡᠬᠦ ᠡᠭᠦᠷᠭᠡ ᠶᠢ ᠪᠦᠬᠦᠨ ᠢ ᠪᠡᠶᠡᠯᠡᠭᠦᠯᠪᠡ᠃ ︽i ᠡᠮᠤᠨᠡᠳᠤ ᠤᠳᠤᠭ︾ ᠤᠶᠤᠨᠴᠢ | ᠨᠡᠬᠦᠳᠡᠯ ᠬᠤᠯᠪᠤᠭᠠᠨ ᠤ ᠳᠠᠪᠴᠠᠩ ᠵᠢᠩᠬᠢᠨᠢ ᠪᠠᠷ ᠰᠦᠯᠵᠢᠶᠡᠨ ᠳᠡᠭᠡᠷ᠎ᠡ ᠠᠵᠢᠯᠯᠠᠵᠤ᠂ ︽ᠲᠤᠭᠠᠴᠠᠯᠠᠭᠰᠠᠨ ᠬᠦᠳᠡᠭᠡ ᠲᠤᠰᠬᠤᠨ︾ ᠤ ᠪᠦᠲᠦᠭᠡᠨ ᠪᠠᠶᠢᠭᠤᠯᠣᠯᠲᠠ ᠨᠢ | ᠦᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠬᠤᠰᠢᠭᠤ ᠰᠢᠶᠠᠨ ᠤ ᠱᠠᠲᠣᠨ ᠤ ᠲᠤᠷᠰᠢᠯᠲᠠ ᠶᠢᠨ ᠴᠡᠭ ᠪᠣᠯᠪᠠ᠃ ᠣᠲᠤᠭ ᠤᠨ ᠡᠮᠦᠨᠡᠲᠦ ᠬᠤᠰᠢᠭᠤᠨ ᠤ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠰᠢᠭᠯᠠᠯᠲᠠ ᠳᠤ ᠣᠷᠣᠵᠣ᠂ ᠬᠦᠳᠡᠭᠡ ᠲᠤᠰᠬᠤᠨ ᠤ ᠵᠠᠰᠠᠮᠠᠯ ᠵᠠᠮ ᠢ 238 ᠺᠢᠯᠤᠮᠧᠲᠷ ᠨᠡᠮᠡᠭᠳᠡᠭᠦᠯᠵᠣ᠂ | ᠬᠤᠰᠢᠭᠤ ᠰᠢᠶᠠᠨ ᠤ ᠴᠢᠨᠠᠷᠯᠢᠭ ᠵᠠᠮ ᠤᠨ ᠨᠣᠷᠮ᠎ᠠ 87.4% ᠳᠤ ᠬᠦᠷᠪᠡ᠃ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠭᠦᠭᠵᠢᠭᠦᠯᠬᠦ ᠠᠰᠠᠭᠤᠳᠠᠯ ᠤᠨ | ᠴᠡᠭᠴᠡᠯᠡᠨ ᠰᠠᠶᠢᠵᠢᠷᠠᠭᠤᠯᠣᠭᠰᠠᠨ ᠨᠣᠷᠮ᠎ᠠ 100% ᠳᠤ ᠬᠦᠷᠴᠦ᠂ 51.9 ᠲᠦᠮᠡᠨ ᠮᠣ᠋ ᠣᠢ ᠰᠢᠭᠤᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠬᠦᠯᠵᠤ᠂ 26 ᠲᠦᠮᠡᠨ ᠮᠣ᠋ ᠬᠦᠷᠦᠰᠦ ᠰᠢᠷᠣᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠬᠡᠷᠡᠭᠵᠢᠭᠦᠯᠪᠡ᠃ | ︵ᠲᠠᠪᠦ︶ ᠬᠡᠪ ᠰᠣᠷᠲᠠᠯ ᠢᠶᠠᠨ ᠰᠠᠶᠢᠵᠢᠷᠠᠭᠤᠯᠣᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠣᠯᠲᠠ ᠶᠢ ᠲᠠᠰᠣᠷᠠᠯᠲᠠ | ᠦᠭᠡᠢ ᠴᠢᠩᠭᠠᠷᠠᠭᠤᠯᠪᠠ᠃ ᠴᠢᠬᠤᠯᠠ ᠶᠡᠭᠡ ᠬᠡᠷᠡᠭ ᠶᠠᠪᠤᠳᠠᠯ ᠢ ᠬᠤᠰᠢᠭᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠳᠦᠷᠢᠮ ᠢ ᠪᠠᠷᠢᠮᠲᠠᠯᠠᠨ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ᠂ ᠲᠤᠭᠲᠠᠭᠠᠯ ᠢ ᠨᠢᠮᠪᠠᠢ ᠬᠡᠷᠡᠭᠵᠢᠭᠦᠯᠵᠦ᠂ | ᠰᠠᠨᠠᠭᠠᠴᠢᠯᠠᠭ᠎ᠠ ᠠᠴᠠ ᠪᠠᠨ ᠣᠯᠣᠰ ᠲᠦᠷᠦ ᠶᠢᠨ ᠵᠦᠪᠯᠡᠯᠭᠡᠨ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠨ᠂ 86 ᠬᠤᠪᠢ ᠰᠠᠨᠠᠭᠤᠯᠭ᠎ᠠ᠂ ᠰᠠᠨᠠᠯ ᠵᠦᠪᠯᠡᠯᠬᠡ ᠶᠢ | ᠪᠦᠬᠦᠨ ᠢ ᠬᠦᠢᠴᠡᠳᠭᠡᠨ ᠰᠢᠢᠳᠪᠦᠷᠢᠯᠡᠵᠦ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠠᠴᠠ ᠡᠯ᠎ᠡ ᠲᠦᠷᠦᠯ ᠤᠨ ᠪᠠᠶᠢᠴᠠᠭᠠᠨ | ᠦᠵᠡᠬᠦ ᠠᠵᠢᠯᠯᠠᠭ᠎ᠠ ᠦᠷᠨᠢᠭᠦᠯᠬᠦ ᠶᠢ ᠪᠦᠬᠦ ᠬᠦᠴᠦᠨ ᠢᠶᠠᠷ ᠳᠡᠮᠵᠢᠨ᠂ ᠲᠡᠳᠡᠨ ᠤ ᠲᠣᠷᠠᠳᠣᠭᠰᠠᠨ ᠲᠣᠬᠢᠳᠠᠢ ᠰᠠᠨᠠᠯ ᠰᠠᠨᠠᠭᠤᠯᠭ᠎ᠠ᠂ ᠰᠠᠶᠢᠨ ᠠᠷᠭ᠎ᠠ ᠠᠪᠴᠠᠯ ᠢ ᠴᠠᠭ | ᠲᠣᠬᠠᠢ ᠳᠤ ᠨᠢ ᠬᠦᠯᠢᠶᠡᠨ ᠠᠪᠣᠪᠠ᠃ ︽ᠣᠭ ᠰᠠᠨᠠᠭ᠎ᠠ ᠪᠠᠨ ᠦᠯᠦ ᠮᠠᠷᠳᠡᠨ᠂ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠬᠦ︾ ᠭᠤᠣᠯ ᠰᠡᠳᠦᠪᠳᠦ ᠬᠦᠮᠦᠵᠢᠯ | ᠦᠯᠡᠮᠵᠢ ᠪᠦᠳᠦᠮᠵᠢ ᠣᠯᠵᠣ᠂ ᠵᠠᠰᠠᠭ ᠤᠨ ᠣᠷᠳᠣᠨ ᠤ ᠴᠢᠳᠠᠪᠬᠢ ᠢᠯᠡᠤᠨᠳᠠ ᠳᠡᠬᠡᠭᠰᠢᠯᠡᠵᠤ᠂ ᠬᠤᠰᠢᠭᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ ᠪᠦᠬᠦ | ᠣᠯᠣᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠨᠢᠭᠡᠴᠡ ᠶᠢᠨ ᠱᠠᠩ ᠬᠦᠷᠲᠡᠨ᠂ | ᠬᠤᠰᠢᠭᠤ ᠬᠠᠮ ᠵᠠᠭᠤᠴᠢᠯᠠᠭᠤᠷ ᠤᠨ ᠲᠦᠪ ᠬᠢᠭᠡᠳ ᠰᠢᠨ᠎ᠡ ᠴᠠᠭ ᠦᠶ᠎ᠡ ᠶᠢᠨ ᠪᠤᠯᠪᠠᠰᠣᠨ ᠢ ᠦᠢᠯᠡᠳᠦᠯᠭᠡᠵᠢᠭᠦᠯᠬᠦ ᠲᠦᠪ ᠨᠢ ᠪᠦᠬᠦ ᠣᠷᠣᠨ ᠤ ᠲᠤᠷᠰᠢᠯᠲᠠ ᠶᠢᠨ | ᠴᠡᠭ ᠢᠶᠠᠷ ᠲᠣᠭᠳᠠᠭᠠᠭᠳᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ | ᠲᠡᠮᠡᠴᠡᠯ ᠢ ᠬᠦᠨᠵᠡᠭᠡᠢ ᠠᠬᠢᠭᠤᠯᠵᠣ᠂ ᠵᠠᠰᠠᠭ ᠤᠨ ᠶᠠᠪᠣᠳᠠᠯ ᠤᠨ ᠢᠯᠡᠰᠢᠬᠦᠯᠦᠯᠲᠡ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠣᠳᠠᠯ ᠤᠨ ᠰᠢᠨ᠎ᠡ | ᠵᠠᠭᠤᠴᠢᠯᠠᠭᠤᠷ ᠤᠨ ᠠᠵᠢᠯ ᠤᠨ ᠦᠨᠡᠯᠡᠯᠲᠡ ᠪᠦᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠨ᠂ ︽ᠤᠳᠣᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ | ᠭᠦᠢᠴᠡᠳᠭᠡᠬᠦ᠂ ᠤᠶᠢᠷ᠎ᠠ ᠬᠠᠪᠢ ᠳᠤ ᠬᠦᠢᠴᠡᠳᠭᠡᠭᠦ᠂ ᠨᠢᠭᠡᠯᠡ ᠳᠣᠣᠷ᠎ᠠ ᠭᠦᠢᠴᠡᠳᠭᠡᠭᠦ︾ 223 ᠵᠦᠢᠯ ᠢ ᠨᠡᠶᠢᠲᠡᠯᠡᠵᠦ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ | ᠣᠷᠳᠣᠨ ᠤ ᠬᠡᠪ ᠳᠦᠷᠬᠦ ᠬᠦᠮᠦᠰ ᠤᠨ ᠰᠡᠳᠬᠢᠯ ᠳᠤ ᠬᠠᠳᠠᠩᠰᠢᠪᠠ᠃ | ᠡᠬᠦᠨ ᠠᠴᠠ ᠭᠠᠳᠠᠨ᠎ᠠ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠠᠷᠠᠳᠴᠢᠯᠠᠯ ᠬᠠᠣᠯᠢ ᠲᠦᠷᠢᠮ᠂ ᠦᠨᠳᠣᠰᠣᠲᠡᠨ ᠱᠠᠰᠢᠨ | ᠰᠣᠷᠲᠠᠬᠤᠨ᠂ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠠᠷᠠᠳ ᠤᠨ ᠠᠭᠠᠷ ᠰᠡᠷᠬᠡᠶᠢᠯᠡᠯᠲᠡ᠂ ᠴᠠᠭ ᠠᠭᠤᠷ᠂ ᠡᠮᠡᠭᠲᠡᠶᠢᠴᠣᠳ ᠬᠡᠣᠬᠡᠳ᠂ ᠨᠠᠰᠣᠲᠠᠶᠢᠴᠣᠳ ᠤᠨ | ᠦᠢᠯᠡᠰ ᠵᠡᠷᠬᠡ ᠠᠵᠢᠯ ᠴᠦᠮ ᠰᠢᠨ᠎ᠡ ᠪᠦᠲᠦᠮᠵᠢ ᠣᠯᠵᠣ᠂ ᠢᠯᠡᠷᠬᠡᠢ ᠲᠠᠪᠰᠢᠯᠲᠠ ᠲᠠᠢ ᠪᠣᠯᠪᠠ᠃ | ᠦᠩᠭᠡᠷᠡᠭᠰᠡᠨ ᠨᠢᠭᠡ ᠵᠢᠯ ᠳᠤ ᠪᠢᠳᠠ ᠦᠷᠢᠰᠦᠯᠳᠦᠭᠡᠨ ᠢ ᠣᠭᠳᠣᠨ ᠪᠡᠷᠬᠡ ᠶᠢ ᠢᠯᠠᠵᠣ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠰᠢᠯᠢᠳᠡᠭ | ᠬᠢᠷᠢ ᠪᠦᠲᠦᠮᠵᠢ ᠣᠯᠣᠭᠰᠠᠨ ᠶᠣᠮ᠃ ᠡᠳᠡᠭᠡᠷ ᠪᠦᠲᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭᠲᠣ ᠨᠡᠶᠢᠬᠡᠮ ᠵᠢᠷᠣᠮ | ᠤᠨ ᠦᠵᠡᠯ ᠰᠠᠨᠠᠭᠠᠨ ᠤ ᠰᠢᠨᠵᠢᠯᠡᠬᠦ ᠣᠬᠠᠭᠠᠨᠴᠢ ᠵᠢᠯᠣᠭᠤᠳᠣᠯᠭ᠎ᠠ᠂ ᠳᠡᠭᠡᠲᠦ ᠱᠠᠲᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ | ᠬᠤᠷᠢᠶᠠᠨ ᠤ ᠡᠷᠴᠢᠳᠦ ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ | ᠵᠦᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ ᠪᠦᠲᠦᠮᠵᠢᠲᠠᠢ ᠬᠢᠨᠠᠯᠲᠠ ᠳᠡᠮᠵᠢᠯᠭᠡ᠂ ᠪᠦᠬᠦ ᠬᠤᠰᠢᠭᠤᠨ ᠤ ᠠᠷᠠᠳ ᠣᠯᠠᠨ ᠤ ᠪᠦᠯᠬᠦᠮᠳᠡᠯ ᠨᠢᠭᠲᠠᠷᠠᠯ ᠠᠴᠠ | ᠰᠠᠯᠣᠰᠢ ᠦᠭᠡᠢ ᠶᠣᠮ᠃ ᠠᠳᠠ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ | ᠵᠦᠪᠯᠡᠯᠭᠡᠨ ᠤ ᠬᠡᠰᠢᠭᠦᠳ᠂ ᠠᠵᠢᠯ ᠠᠴᠠ ᠰᠠᠯᠵᠤ ᠠᠮᠠᠷᠠᠭᠰᠠᠨ ᠠᠬᠠᠮᠠᠳ ᠺᠠᠳ᠋ᠷᠴᠣᠳ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠵᠢᠴᠢ | ᠪᠦᠬᠦᠶᠢᠯᠡ ᠤᠲᠤᠭ ᠤᠨ ᠡᠮᠤᠨᠡᠲᠤ ᠬᠤᠰᠢᠭᠤᠨ ᠤ ᠦᠭᠡᠷᠡᠴᠢᠯᠡᠯᠲᠡ ᠬᠦᠭᠵᠢᠯᠲᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠠᠶᠢᠵᠠ ᠨᠦᠬᠦᠳ ᠲᠤ ᠡᠷᠬᠢᠮ | ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ︕ | ᠲᠦᠯᠦᠭᠡᠯᠡᠭᠴᠢᠳ ᠡ᠂ ᠠᠶᠠᠨ ᠤ ᠵᠠᠮ ᠠᠰᠬᠠᠨ ᠪᠠᠶᠢᠳᠠᠭ ᠦᠭᠡᠢ᠃ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠲᠡ ᠳᠤ ᠪᠠᠰᠠ ᠮᠠᠰᠢ | ᠣᠯᠠᠨ ᠬᠦᠴᠢᠷᠳᠡᠯ ᠪᠠ ᠦᠷᠢᠰᠦᠯᠳᠦᠭᠡᠨ ᠲᠣᠯᠠᠭᠠᠷᠠᠵᠣ ᠪᠣᠢ᠃ ᠠᠵᠤ ᠠᠬᠤᠢ ᠶᠢᠨ ᠪᠠᠶᠢᠳᠠᠯ ᠲᠤᠭᠲᠠᠭᠤᠨ ᠤ ᠳᠣᠮᠳᠠ ᠬᠤᠪᠢᠷᠠᠯᠲᠠ ᠲᠠᠢ᠂ ᠰᠢᠨ᠎ᠡ ᠲᠢᠳᠢᠮᠯᠢᠭ | ᠠᠭᠤᠰᠬᠢᠨ ᠦᠷᠪᠢᠰᠦᠯ᠂ ᠬᠤᠯᠤᠭᠠᠨ᠎ᠠ ᠬᠢᠵᠢᠭ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠠᠷᠣᠯᠲᠠ | ᠮᠦᠨ ᠨᠡᠯᠢᠶᠡᠳ ᠶᠡᠭᠡ᠂ ᠬᠢᠵᠢᠭ ᠠᠴᠠ ᠪᠤᠯᠤᠭᠰᠡᠨ ᠬᠤᠬᠢᠷᠠᠯ ᠢ ᠨᠦᠬᠦᠬᠦ ᠡᠬᠦᠷᠬᠡ ᠬᠦᠨᠳᠤ ᠪᠤᠢ︔ ᠠᠮᠢ ᠠᠬᠤᠢ ᠶᠢᠨ ᠬᠠᠮᠠᠭᠠᠯᠠᠯᠳᠠ ᠪᠠᠶᠢᠭᠤᠯᠤᠯᠳᠠ ᠶᠢᠨ ᠡᠬᠦᠷᠬᠡ | ᠬᠦᠨᠳᠤ᠂ ᠠᠵᠤ ᠤᠶᠢᠯᠡᠰ ᠤᠨ ᠬᠤᠶᠢᠰᠢᠳᠠ ᠶᠢᠨ ᠳᠤᠯᠭᠠᠭᠤᠷᠢᠯᠠᠯ ᠳᠤᠳᠠᠮᠠᠭ᠂ ᠠᠮᠢ ᠠᠬᠤᠢ ᠶᠢᠨ ᠦᠷᠬᠦᠯᠵᠢᠯᠡᠭᠰᠡᠨ ᠰᠠᠶᠢᠵᠢᠷᠠᠯᠳᠠ ᠬᠢᠬᠡᠤᠨ ᠮᠠᠯᠴᠢᠨ ᠳᠠᠷᠢᠶᠠᠴᠢᠤᠨ | ᠤᠨ ᠤᠷᠤᠯᠭ᠎ᠠ ᠶᠢᠨ ᠳᠤᠭᠳᠠᠭᠤᠨ ᠨᠡᠮᠡᠭᠳᠡᠯ ᠢ ᠪᠡᠶᠡᠯᠡᠬᠦᠯᠬᠦ ᠳᠤ ᠪᠠᠰᠠ ᠬᠦᠴᠤᠯᠡᠨ ᠠᠵᠢᠯᠯᠠᠬᠤ ᠴᠢᠬᠤᠯᠠᠳᠠᠢ ᠪᠤᠢ︔ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ | ᠵᠦᠷᠢᠴᠡᠯ ᠳᠣᠪᠣᠶᠢᠮ᠎ᠠ᠂ ᠰᠤᠷᠭᠠᠨ ᠬᠦᠮᠤᠵᠢᠯ᠂ ᠡᠮ ᠡᠮᠨᠡᠯᠬᠡ ᠵᠡᠷᠬᠡ ᠠᠵᠢᠯ ᠪᠠᠰᠠ ᠣᠯᠠᠨ ᠤ ᠬᠠᠨᠣᠮᠵᠢ ᠳᠤ ᠬᠦᠷᠬᠦ ᠦᠭᠡᠢ ᠪᠠᠶᠢᠭᠰᠠᠭᠠᠷ︔ ᠺᠠᠳ᠋ᠷ ᠤᠨ ᠡᠩᠨᠡᠭᠡᠨ ᠤ | ᠲᠤᠰᠬᠠᠢ ᠮᠡᠷᠭᠡᠵᠢᠯ ᠤᠨ ᠬᠡᠪ ᠴᠢᠨᠠᠷ ᠪᠠ ᠠᠵᠢᠯ ᠤᠨ ᠴᠢᠳᠠᠪᠣᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠣᠢ᠃ ᠡᠶᠢᠮᠦ ᠠᠴᠠ ᠪᠢᠳᠠ | ᠬᠦᠭᠵᠢᠯᠲᠡ ᠶᠢᠨ ᠳᠣᠮᠳᠠᠬᠢ ᠠᠰᠠᠭᠤᠳᠠᠯ ᠢ ᠵᠦᠪ ᠢᠶᠠᠷ ᠲᠠᠨᠢᠵᠦ᠂ ᠵᠤᠷᠢᠭᠳᠠᠢ ᠡᠬᠦᠷᠬᠡᠯᠡᠨ ᠬᠠᠷᠢᠭᠤᠴᠠᠯᠭ᠎ᠠ ᠪᠠᠨ ᠬᠦᠢᠴᠡᠤᠨᠬᠡᠵᠤ ᠠᠷᠠᠤᠨ ᠲᠦᠮᠡᠨ ᠤ ᠡᠷᠡᠮᠡᠯᠵᠡᠯ ᠢ | ᠬᠦᠰᠡᠷᠳᠡᠬᠦᠯᠬᠦ ᠦᠬᠡᠢ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠭ᠎ᠠ | 2020 ᠣᠨ ᠪᠣᠯ ᠮᠠᠨ ᠤ ᠬᠤᠰᠢᠭᠤ ᠪᠠᠶᠢᠭᠤᠯᠣᠭᠳᠠᠭᠰᠠᠨ 40 ᠵᠢᠯ ᠤᠨ ᠣᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠰᠡᠭᠦᠯᠴᠢ ᠶᠢᠨ ᠵᠢᠯ ᠮᠦᠷᠳᠡᠭᠡᠨ ᠮᠠᠨ ᠤ ᠣᠯᠣᠰ ᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠭᠦᠯᠵᠣ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ | ᠢ ᠪᠠᠶᠢᠭᠤᠯᠬᠤ ᠵᠠᠩᠬᠢᠯᠠᠭ᠎ᠠ ᠶᠢᠨ ᠤᠨ ᠪᠣᠯᠣᠨ᠎ᠠ᠃ ᠵᠢᠯ ᠤᠨ ᠡᠬᠢᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠭᠡᠨᠡᠳᠳᠠ ᠪᠦᠬᠦ ᠣᠯᠣᠰ ᠲᠤ | ᠲᠡᠯᠭᠡᠷᠡᠭᠰᠡᠨ ᠠᠴᠠ ᠨᠠᠮ ᠤᠨ ᠲᠦᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠣᠯᠳᠡᠢ ᠣᠳᠣᠷᠢᠳᠣᠯᠭ᠎ᠠ᠂ ᠵᠣᠬᠢᠴᠠᠭᠤᠯᠣᠯᠳᠠ᠂ | ᠲᠣᠬᠢᠷᠠᠭᠤᠯᠣᠯᠳᠠ ᠲᠣᠣᠷ᠎ᠠ ᠪᠦᠬᠦ ᠬᠤᠰᠢᠭᠤ ᠪᠠᠷ ᠢᠶᠠᠨ ᠬᠦᠳᠡᠯᠦᠯᠴᠡᠨ᠂ ᠬᠢᠵᠢᠭ ᠤᠨ ᠪᠠᠶᠢᠳᠠᠯ ᠢ ᠠᠷᠭᠠᠴᠠᠬᠤ ᠣᠳᠣᠷᠢᠳᠬᠤ ᠲᠣᠭᠤᠶᠢᠯᠠᠩ ᠰᠢᠨᠵᠢᠯᠡᠬᠦ ᠣᠬᠠᠭᠠᠨᠴᠢ | ᠪᠠᠷ ᠣᠳᠣᠷᠢᠳᠴᠦ᠂ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠡᠮᠦᠨ᠎ᠡ ᠹᠷᠣᠨᠲ ᠲᠤ ᠵᠢᠯᠣᠭᠤᠳᠣᠨ᠂ ᠨᠠᠮ ᠤᠨ ᠭᠡᠰᠢᠭᠦᠨ ᠣᠯᠠᠨ ᠲᠦᠮᠡᠨ | ᠺᠠᠳ᠋ᠷᠴᠣᠳ ᠬᠤᠯᠪᠣᠭᠠᠯᠠᠨ ᠰᠡᠷᠭᠡᠶᠢᠯᠡᠨ ᠡᠵᠡᠮᠳᠡᠵᠣ᠂ ᠪᠦᠬᠦ ᠬᠤᠳᠠ ᠳᠤ ᠠᠩᠬ᠎ᠠ ᠲᠣᠳᠣᠯᠠᠭᠰᠠᠨ ᠡᠪᠡᠳᠴᠢᠳᠠᠨ ᠢ ᠡᠳᠡᠭᠡᠷᠡᠭᠦᠯᠦᠨ᠂ ᠨᠢᠭᠡ ᠪᠦᠯᠦᠭ ᠡᠮᠦᠨ᠎ᠡ ᠹᠠᠷᠣᠨᠲ | ᠤᠨ ᠡᠮᠴᠢ ᠰᠣᠪᠢᠯᠠᠭᠴᠢ ᠶᠢ ᠬᠦᠬᠢᠭᠦᠯᠦᠨ ᠱᠠᠩᠨᠠᠵᠤ᠂ ᠬᠠᠨᠳᠣᠯᠭᠠᠳᠦ ᠠᠷᠭ᠎ᠠ ᠠᠪᠴᠠᠯ ᠢᠶᠠᠷ ᠠᠵᠣ ᠠᠬᠤᠶᠢᠯᠠᠯ ᠤᠨ ᠠᠵᠢᠯ ᠢᠶᠠᠨ ᠰᠡᠷᠭᠦᠭᠡᠵᠣ ᠣᠶᠢᠯᠠᠳᠪᠦᠷᠢᠯᠠᠯ | ᠢᠶᠠᠨ ᠰᠡᠷᠭᠦᠭᠡᠬᠦ ᠶᠢ ᠲᠡᠮᠵᠢᠭᠰᠡᠨ ᠲᠦᠪᠯᠡᠷᠡᠩᠭᠦᠢ ᠣᠶᠢᠯᠡᠴᠢᠯᠡᠭᠡᠨ ᠤ ᠠᠷᠭ᠎ᠠ ᠪᠠᠷᠢᠯ ᠲᠦᠪ ᠲᠧᠯᠸᠢᠰ ᠢᠶᠠᠷ ᠮᠡᠳᠡᠭᠡᠯᠡᠭᠳᠡᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠱᠠᠳᠣᠴᠢ ᠴᠢᠨᠠᠷ ᠲᠠᠢ ᠴᠢᠬᠤᠯᠠ ᠪᠦᠳᠦᠮᠵᠢ ᠶᠢ ᠣᠯᠵᠣ᠂ ᠦᠪᠡᠷᠳᠡᠭᠡᠨ ᠵᠠᠰᠠᠬᠤ ᠣᠷᠣᠨ ᠤ ︽ᠪᠠᠷᠠᠭᠤᠨ ᠡᠮᠦᠨ᠎ᠡ ᠬᠠᠭᠠᠯᠠᠭ᠎ᠠ︾ ᠶᠢ ᠪᠠᠳᠦ | ᠰᠠᠬᠢᠨ᠂ ᠣᠳᠤᠭ ᠤᠨ ᠡᠮᠦᠨᠡᠳᠦ ᠬᠤᠰᠢᠭᠤᠨ ᠤ ᠺᠠᠳ᠋ᠷ ᠣᠯᠠᠨ ᠲᠦᠮᠡᠨ ᠤ ᠪᠦᠯᠬᠦᠮᠳᠡᠯ ᠨᠢᠭᠳᠠᠷᠠᠯ ᠢ ᠲᠡᠭᠡᠳᠦᠯᠡᠨ᠂ ᠲᠠᠷᠬᠠᠨ ᠬᠠᠷᠢᠭᠤᠴᠠᠯᠭ᠎ᠠ ᠪᠠᠨ ᠪᠠᠳᠦ | ᠡᠭᠦᠷᠭᠡᠯᠡᠬᠦ ᠡᠬᠡ ᠣᠷᠣᠨᠴᠢ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠡ᠃ | ᠬᠢᠵᠢᠭ ᠢ ᠰᠡᠷᠭᠡᠶᠢᠯᠡᠭᠦ ᠠᠵᠢᠯ ᠮᠦᠨ ᠯᠡ ᠦᠷᠭᠦᠯᠵᠢᠯᠡᠭᠰᠡᠭᠡᠷ᠂ ᠪᠢᠳᠠ ᠡᠷᠬᠡᠪᠰᠢ ᠣᠯᠣᠰ ᠤᠨ ᠲᠣᠳᠣᠭᠠᠳᠦ ᠭᠠᠳᠠᠭᠠᠳᠦ ᠶᠢᠨ ᠬᠢᠵᠢᠭ ᠤᠨ ᠪᠠᠶᠢᠳᠠᠯ ᠪᠠ | ᠠᠵᠣ ᠠᠬᠤᠢ ᠶᠢᠨ ᠪᠠᠶᠢᠳᠠᠯ ᠤᠨ ᠱᠠᠳᠣᠴᠢ ᠴᠢᠨᠠᠷ ᠲᠠᠢ ᠬᠤᠪᠢᠷᠠᠯᠳᠠ ᠶᠢ ᠪᠠᠳᠣᠳᠠᠢ ᠡᠵᠡᠮᠳᠡᠵᠣ᠂ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠠᠪᠴᠠᠯ | ᠢᠶᠠᠨ ᠴᠠᠭ ᠲᠣᠬᠠᠢ ᠳᠤ ᠨᠢ ᠲᠣᠬᠢᠷᠠᠭᠤᠯᠣᠨ᠂ ᠦᠷᠭᠦᠯᠵᠢᠯᠡᠨ ᠪᠦᠯᠬᠦᠮᠳᠡᠨ ᠨᠢᠭᠳᠠᠷᠠᠵᠣ ᠬᠢᠵᠢᠭ ᠲᠠᠢ ᠲᠡᠮᠡᠴᠡᠵᠣ᠂ ᠬᠢᠵᠢᠭ ᠢ ᠢᠯᠡᠬᠤ ᠵᠣᠷᠢᠭ ᠢ ᠪᠠᠳᠠᠷᠠᠭᠤᠯᠣᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠪᠠᠶᠢᠩᠭᠤ ᠶᠢᠨ ᠨᠦᠭᠦᠴᠡᠯ ᠲᠣᠣᠷ᠎ᠠ ᠣᠶᠢᠯᠠᠳᠪᠦᠷᠢᠯᠠᠯ ᠠᠮᠢᠳᠣᠷᠠᠯ ᠤᠨ ᠡᠮᠬᠢ ᠴᠡᠭᠴᠡ ᠶᠢᠨ ᠰᠡᠷᠭᠦᠭᠡᠯᠳᠡ ᠪᠠᠨ | ᠲᠦᠷᠭᠡᠳᠬᠡᠬᠦ ᠴᠢᠬᠤᠯᠠᠳᠠᠢ᠃ ᠡᠶᠢᠮᠦ ᠠᠴᠠ ᠦᠨᠦ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠳᠦᠷ ᠬᠢᠬᠦ ᠳᠤ ᠬᠠᠷᠢᠭᠤᠴᠠᠯᠭ᠎ᠠ ᠴᠢᠬᠤᠯᠠ᠂ ᠡᠭᠦᠷᠭᠡ ᠬᠦᠨᠳᠦ᠂ | ᠠᠴᠢ ᠬᠤᠯᠪᠣᠭᠳᠠᠯ ᠭᠦᠨᠵᠡᠭᠡᠢ ᠪᠤᠢ᠃ ᠥᠨᠥ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠥᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ | ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠦᠪᠦᠷ ᠮᠣᠩᠭᠤᠯ ᠤᠨ ᠠᠵᠢᠯ ᠳᠤ ᠦᠭᠭᠦᠭᠰᠡᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠪᠠᠳᠦ ᠴᠡᠭᠡᠵᠢᠯᠠᠨ᠂ ᠨᠠᠮ ᠤᠨ ᠠᠷᠪᠠ ᠶᠢᠰᠥᠳᠥᠭᠡᠷ ᠶᠡᠭᠡ ᠬᠤᠷᠠᠯ | ᠪᠤᠯᠤᠨ ᠠᠷᠪᠠ ᠶᠢᠰᠥᠳᠥᠭᠡᠷ ᠬᠤᠭᠤᠴᠠᠭᠠᠨ ᠤ ᠬᠤᠶᠠᠷ᠂ ᠭᠤᠷᠪᠠ᠂ ᠲᠦᠷᠪᠡᠳᠦᠭᠡᠷ ᠪᠥᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ | ᠲᠣᠣᠱᠯᠠᠭᠤᠯᠵᠣ᠂ ᠲᠣᠭᠳᠠᠭᠤᠨ ᠢᠶᠠᠷ ᠠᠬᠢᠭᠤᠯᠬᠤ ᠠᠵᠢᠯ ᠤᠨ ᠱᠠᠭᠠᠷᠳᠠᠯᠭ᠎ᠠ ᠪᠠ ᠭᠥᠭᠵᠢᠭᠦᠯᠥᠯᠳᠡ ᠶᠢᠨ ᠰᠢᠨ᠎ᠡ ᠰᠡᠤᠨᠬᠢᠮᠵᠢ ᠶᠢ ᠡᠷᠡᠰ ᠪᠠᠷᠢᠮᠳᠠᠯᠠᠵᠤ᠂ ᠴᠢᠨᠠᠷᠯᠢᠭ | ᠬᠦᠭᠵᠢᠯᠳᠡ ᠶᠢ ᠡᠷᠴᠢᠮᠵᠢᠭᠦᠯᠣᠨ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠬᠠᠷᠠᠯᠳᠠ ᠡᠭᠦᠷᠭᠡ ᠶᠢ ᠰᠠᠶᠢᠳᠦᠷ ᠡᠵᠡᠮᠳᠡᠵᠣ᠂ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠪᠠ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ᠂ ᠬᠢᠵᠢᠭ | ᠤᠨ ᠪᠠᠶᠢᠳᠠᠯ ᠤᠨ ᠠᠵᠣ ᠠᠬᠤᠢ ᠶᠢᠨ ᠬᠦᠭᠵᠢᠯᠳᠡ ᠳᠤ ᠦᠵᠡᠭᠦᠯᠬᠦ ᠨᠦᠯᠦᠭᠡ ᠶᠢ ᠬᠠᠮᠤᠭ ᠲᠣᠣᠷ᠎ᠠ ᠪᠠᠶᠢᠯᠭᠠᠬᠤ ᠪᠠᠷ ᠴᠢᠷᠮᠡᠶᠢᠵᠣ᠂ ᠪᠥᠭᠦ ᠲᠠᠯ᠎ᠠ ᠪᠠᠷ ᠴᠢᠨᠡᠭᠡᠯᠢᠭ | ᠨᠡᠶᠢᠭᠡᠮ ᠢ ᠪᠠᠶᠢᠭᠤᠯᠬᠤ ᠪᠠ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢ ᠠᠮᠵᠢᠯᠳᠠ ᠲᠠᠢ ᠲᠡᠭᠦᠰᠬᠡᠬᠦ ᠶᠢ ᠪᠠᠳᠣᠯᠠᠨ᠂ ᠳᠡᠤᠬᠡ ᠶᠢᠨ | ᠰᠢᠯᠭᠠᠯᠳᠠ ᠶᠢ ᠲᠣᠭᠤᠯᠣᠨᠠ᠃ | ᠠᠵᠣ ᠠᠬᠤᠢ ᠶᠢᠨ ᠬᠦᠭᠵᠢᠯᠳᠡ ᠶᠢ ᠨᠦᠯᠦᠭᠡᠯᠡᠬᠦ ᠡᠯ᠎ᠡ ᠲᠠᠯ᠎ᠠ ᠶᠢᠨ ᠬᠦᠴᠦᠨ ᠵᠣᠶᠢᠯ ᠪᠠ ᠨᠡᠶᠢᠭᠡᠮ ᠤᠨ ᠪᠠᠶᠢᠭᠤᠯᠣᠯᠳᠠ ᠶᠢᠨ ᠪᠣᠳᠠᠳᠠᠢ ᠱᠠᠭᠠᠷᠳᠠᠯᠭ᠎ᠠ ᠶᠢ | ᠶᠡᠷᠥᠩᠭᠡᠶᠢᠯᠡᠨ ᠪᠤᠳᠤᠯᠬᠢᠯᠠᠭᠠᠳ ᠥᠨᠥ ᠵᠢᠯ ᠤᠨ ᠠᠵᠣ ᠠᠬᠤᠢ ᠨᠡᠶᠢᠭᠡᠮ ᠤᠨ ᠭᠥᠭᠵᠢᠯᠳᠡ ᠶᠢᠨ ᠭᠤᠤᠯ ᠪᠤᠯᠬᠤ ᠵᠢᠱᠢᠭᠰᠡᠨ ᠬᠠᠷᠠᠯᠳᠠ ᠶᠢ ᠲᠤᠭᠳᠠᠭᠠᠪᠠᠯ᠄ ᠭᠠᠵᠠᠷ | ᠤᠷᠤᠨ ᠤ ᠥᠢᠯᠡᠳᠪᠥᠷᠢᠯᠡᠯ ᠤᠨ ᠶᠡᠷᠥᠩᠬᠡᠢ ᠥᠷᠳᠡᠭ ᠢ 4% ᠤᠷᠴᠢᠮ ᠥᠰᠭᠡᠵᠥ᠂ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢ 5% ᠤᠷᠴᠢᠮ | ᠦᠰᠭᠡᠨ᠎ᠡ︔ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 1% ᠤᠷᠴᠢᠮ ᠨᠡᠮᠡᠭᠳᠡᠭᠦᠯᠵᠣ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠭᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ ᠲᠤᠰ ᠪᠥᠷᠢ 6% ᠪᠠ 7.5% ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ | ᠪᠤᠷᠤᠯᠠᠭᠤᠯᠬᠤ ᠶᠡᠷᠥᠩᠭᠡᠢ ᠥᠷᠳᠡᠭ ᠢ 4% ᠤᠷᠴᠢᠮ ᠦᠰᠭᠡᠨ᠎ᠡ᠃ ᠪᠣᠳᠠᠳᠠᠢ ᠠᠵᠢᠯ ᠤᠨ ᠲᠣᠮᠳᠠ ᠪᠢᠳᠠ ᠲᠣᠣᠷᠠᠬᠢ ᠵᠢᠷᠭᠤᠭᠠᠨ ᠲᠠᠯ᠎ᠠ ᠶᠢᠨ ᠭᠤᠣᠯᠳᠠᠯᠭᠠᠳᠦ | ᠠᠵᠢᠯ ᠢ ᠴᠢᠬᠤᠯᠠᠴᠢᠯᠠᠨ᠎ᠠ᠃ | ︵ᠨᠢᠭᠡ︶ ᠠᠵᠣ ᠣᠶᠢᠯᠠᠰ ᠤᠨ ᠶᠠᠰᠦ ᠴᠢᠨᠠᠷ ᠤᠨ ᠲᠡᠭᠡᠭᠰᠢᠯᠡᠯᠳᠡ ᠳᠤ ᠬᠦᠴᠦᠯᠡᠨ᠎ᠡ᠃ ︽ᠭᠤᠷᠪᠠᠨ ᠲᠦᠪ ᠢ ᠪᠠᠶᠢᠭᠤᠯᠣᠨ᠂ ᠭᠤᠷᠪᠠᠨ ᠰᠠᠭᠤᠷᠢᠨ ᠢ | ᠴᠣᠭᠴᠠᠯᠠᠬᠤ︾ ᠲᠣᠭᠤᠷᠢᠨ ᠳᠤ ᠣᠳᠣ ᠦᠶ᠎ᠡ ᠶᠢᠨ ᠠᠵᠣ ᠣᠶᠢᠯᠠᠰ ᠤᠨ ᠲᠣᠭᠳᠠᠴᠠ ᠶᠢᠨ ᠴᠣᠭᠴᠠᠯᠠᠯᠳᠠ ᠲᠡᠭᠡᠷ᠎ᠡ ᠰᠢᠨ᠎ᠡ ᠰᠢᠪᠳᠣᠯᠣᠯᠳᠠ ᠭᠠᠷᠭᠠᠨ᠎ᠠ᠃ | ᠮᠠᠯ ᠲᠠᠷᠢᠶᠠᠯᠠᠩ ᠤᠨ ᠣᠶᠢᠯᠠᠰ ᠤᠨ ᠪᠦᠳᠦᠴᠡ ᠶᠢ ᠰᠢᠯᠢᠳᠡᠭᠵᠢᠭᠦᠯᠦᠨ᠎ᠡ᠃ ᠦᠷᠭᠦᠯᠵᠢᠯᠠᠨ 5000 ᠲᠦᠮᠡᠨ ᠲᠦᠭᠦᠷᠢᠭ ᠣᠷᠴᠢᠮ ᠡᠳ᠋ ᠤᠨ ᠵᠠᠰᠠᠭ ᠤᠨ | ᠪᠡᠯᠡ ᠣᠷᠣᠭᠤᠯᠣᠨ᠂ ᠡᠯ᠎ᠡ ᠲᠦᠷᠦᠯ ᠤᠨ ᠡᠵᠡᠩᠨᠡᠯᠳᠡ ᠶᠢᠨ ᠭᠤᠣᠯ ᠴᠣᠭᠴᠠ ᠶᠢᠨ ᠮᠠᠯ ᠤᠨ ᠡᠭᠦᠯᠳᠡᠷ ᠰᠠᠶᠢᠵᠢᠷᠠᠭᠤᠯᠬᠤ᠂ ᠲᠠᠷᠢᠵᠣ ᠲᠡᠵᠢᠭᠡᠭᠦ ᠶᠢ ᠰᠢᠯᠢᠳᠡᠭᠵᠢᠭᠦᠯᠬᠦ | ᠶᠢ ᠲᠡᠮᠵᠢᠨ ᠵᠣᠷᠢᠭᠵᠢᠭᠤᠯᠵᠣ᠂ ᠵᠢᠯ ᠤᠨ ᠲᠣᠳᠣᠷ᠎ᠠ ︽ᠦᠨᠳᠦᠷᠯᠢᠭ ᠤᠨ ᠣᠯᠠᠷᠢᠯ ᠰᠦᠷᠦᠭᠰᠡᠨ ᠢᠳᠡᠰᠢᠨ ᠨᠤᠭᠤᠭ᠎ᠠ︾ ᠶᠢᠨ ᠲᠠᠯᠠᠪᠠᠢ ᠶᠢ 3 ᠲᠦᠮᠡᠨ ᠮᠣ᠋ | ᠲᠠᠪᠠᠭᠤᠯᠣᠨ᠂ ᠠᠵᠣ ᠠᠬᠤᠢ ᠶᠢᠨ ᠣᠢ ᠶᠢ 2 ᠲᠦᠮᠡᠨ ᠮᠣ᠋ ᠨᠡᠮᠡᠭᠳᠡᠭᠦᠯᠵᠣ᠂ ᠨᠠᠩᠰᠣ ᠪᠠᠯᠭᠠᠰᠦᠨ ᠳᠤ ᠵᠠᠭᠤᠨ ᠲᠦᠮᠡᠨ ᠮᠣ᠋ ᠬᠠᠷᠭᠠᠨ᠎ᠠ ᠲᠠᠷᠢᠬᠤ ᠠᠵᠢᠯ ᠢ | ᠠᠬᠢᠭᠤᠯᠣᠨ᠎ᠠ᠃ ᠨᠣᠣᠯᠣᠭᠤᠷ ᠤᠨ ᠠᠵᠣ ᠣᠶᠢᠯᠠᠰ ᠤᠨ ᠴᠢᠨᠠᠷᠯᠢᠭ ᠬᠦᠭᠵᠢᠯᠳᠡ ᠶᠢᠨ ᠠᠵᠢᠯᠯᠠᠭ᠎ᠠ ᠶᠢ ᠨᠠᠶᠢᠳᠠᠪᠦᠷᠢᠵᠢᠭᠤᠯᠵᠣ᠂ 20 ᠲᠣᠨ ᠰᠢᠯᠢᠳᠡᠭ ᠴᠢᠨᠠᠷ ᠤᠨ | ᠨᠣᠣᠯᠣᠭᠤᠷ ᠤᠨ ᠭᠠᠷᠭᠠᠯᠳᠠ ᠶᠢᠨ ᠰᠠᠭᠤᠷᠢᠨ ᠢ ᠪᠠᠶᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠠᠭᠠᠯᠳᠠ ᠦᠷᠳᠡᠭ ᠢ ᠲᠡᠭᠡᠭᠰᠢᠯᠡᠭᠦᠯᠬᠦ ᠳᠤ ᠬᠦᠴᠦᠯᠡᠨ | ᠂ ᠠᠵᠢᠯ ᠲᠦᠷᠦᠯ ᠨᠡᠶᠢᠭᠡᠮᠯᠢᠭ ᠤᠨ ᠬᠢᠨ ᠤ ᠲᠣᠰᠬᠠᠢ ᠮᠡᠷᠭᠡᠵᠢᠯ ᠢᠶᠠᠷ ᠢᠶᠠᠨ ᠨᠡᠷᠡᠳᠦ ᠲᠡᠮᠳᠡᠭ ᠰᠡᠳᠦᠨ ᠲᠦᠰᠦᠪᠯᠡᠬᠦ ᠶᠢ ᠵᠣᠷᠢᠭᠵᠢᠭᠤᠯᠣᠨ᠂ ︽ᠣᠳᠤᠭ ᠤᠨ | ᠡᠮᠦᠨᠡᠳᠦ ᠬᠤᠰᠢᠭᠤᠨ ᠤ ᠮᠠᠯ ᠤᠨ ᠮᠢᠬ᠎ᠠ︾ ᠵᠡᠷᠭᠡ ᠣᠷᠣᠨ ᠨᠣᠳᠤᠭ ᠤᠨ ᠨᠡᠷᠡᠳᠦ ᠲᠡᠮᠳᠡᠭ ᠢ ᠠᠯᠳᠠᠷᠰᠢᠭᠤᠯᠵᠣ᠂ ᠠᠵᠣ ᠣᠶᠢᠯᠠᠰ ᠤᠨ ᠬᠡᠯᠬᠢᠶᠡᠵᠢᠯ ᠢ | ᠴᠢᠬᠤᠯᠠᠴᠢᠯᠠᠨ᠂ ᠨᠢᠭᠡ ᠪᠦᠯᠦᠭ ᠮᠠᠯ ᠲᠠᠷᠢᠶᠠᠯᠠᠩ ᠤᠨ ᠪᠦᠳᠦᠭᠡᠭᠳᠡᠭᠦᠨ᠂ ᠨᠣᠣᠯᠣᠭᠤᠷ᠂ ᠡᠪᠡᠰᠦ ᠶᠢ ᠪᠦᠳᠦᠭᠦᠯᠢᠭ ᠪᠣᠯᠪᠠᠰᠣᠷᠠᠭᠤᠯᠬᠤ ᠪᠣᠶᠣ ᠨᠠᠷᠢᠯᠢᠭ | ᠪᠣᠯᠪᠠᠰᠣᠷᠠᠭᠤᠯᠬᠤ ᠲᠦᠷᠦᠯ ᠵᠣᠶᠢᠯ ᠢ ᠲᠦᠭᠦᠷᠴᠢᠯᠡᠨ ᠪᠠᠶᠢᠭᠤᠯᠵᠣ᠂ ᠮᠠᠯ ᠲᠠᠷᠢᠶᠠᠯᠠᠩ ᠤᠨ ᠣᠶᠢᠯᠠᠰ ᠤᠨ ᠦᠷ᠎ᠡ ᠠᠰᠢᠭ ᠢ ᠲᠡᠭᠡᠭᠰᠢᠯᠡᠭᠦᠯᠬᠦ᠂ ᠮᠠᠯᠴᠢᠨ ᠲᠠᠷᠢᠶᠠᠴᠢᠳ | ᠤᠨ ᠣᠷᠣᠯᠭ᠎ᠠ ᠶᠢ ᠨᠡᠮᠡᠭᠳᠡᠭᠦᠯᠬᠦ ᠶᠢ ᠦᠷᠭᠦᠯᠵᠢᠯᠡᠨ ᠲᠠᠶᠢᠴᠢᠯᠠᠨ᠎ᠠ᠃ | ᠠᠵᠣ ᠣᠶᠢᠯᠠᠳᠪᠦᠷᠢ ᠶᠢᠨ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠨ᠎ᠡ᠃ ᠮᠢᠩᠭᠠᠨ ᠲᠦᠮᠡᠨ ᠺᠢᠯᠤᠸᠠᠲ ᠤᠨ ᠨᠡᠭᠦᠷᠡᠰᠥᠨ ᠴᠠᠬᠢᠯᠭᠠᠨ ᠤ | ᠰᠠᠭᠤᠷᠢᠨ ᠭᠠᠵᠠᠷ ᠤᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠣᠨ᠂ ᠱᠧᠩ ᠯᠦ ᠴᠠᠬᠢᠯᠭᠠᠨ ᠣᠶᠢᠯᠠᠳᠪᠦᠷᠢ ᠶᠢ 9 ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦ ᠲᠠᠯ᠎ᠠ ᠪᠠᠷ ᠠᠰᠢᠭᠯᠠᠯᠳᠠ ᠳᠤ ᠣᠷᠣᠭᠤᠯᠵᠣ᠂ ᠣᠯᠣᠰ ᠤᠨ ᠴᠠᠬᠢᠯᠭᠠᠨ ᠤ ᠱᠤᠸᠠᠩ ᠸᠧᠢ᠂ ᠴᠠᠩ ᠴᠧᠩ ᠴᠠᠬᠢᠯᠭᠠᠨ ᠣᠶᠢᠯᠠᠳᠪᠦᠷᠢ 30 ᠳ᠋ᠦᠩᠰᠢᠭᠤᠷ | ᠲᠦᠭᠦᠷᠢᠭ ᠠᠴᠠ ᠲᠡᠭᠡᠭᠰᠢᠬᠢ ᠪᠡᠯᠡ ᠣᠷᠣᠭᠤᠯᠣᠯᠳᠠ ᠪᠠᠨ ᠪᠡᠶᠡᠯᠡᠭᠦᠯᠦᠨ᠂ ᠤᠯᠤᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ ᠥᠢᠯᠡᠳᠪᠥᠷᠢ ᠶᠢ ᠵᠢᠯ | ᠤᠨ ᠲᠣᠳᠣᠷ᠎ᠠ ᠪᠠᠷᠢᠯᠭ᠎ᠠ ᠡᠬᠢᠯᠡᠭᠦᠯᠦᠨ᠎ᠡ᠃ ᠨᠡᠭᠦᠷᠡᠰᠣᠨ ᠤ ᠬᠠᠩᠭᠠᠯᠭ᠎ᠠ ᠶᠢᠨ ᠴᠢᠨᠠᠷᠵᠢᠯ ᠪᠠ ᠦᠷ᠎ᠡ ᠠᠰᠢᠭ ᠢ ᠲᠡᠭᠡᠭᠰᠢᠯᠡᠭᠦᠯᠬᠦ ᠳᠤ ᠬᠦᠴᠦᠯᠡᠨ᠂ ᠨᠢᠭᠡᠨᠳᠠ ᠬᠢᠨᠡᠨ | ᠵᠦᠪᠰᠢᠶᠡᠷᠡᠭᠦᠯᠦᠭᠰᠡᠨ ᠨᠡᠭᠦᠷᠡᠰᠣᠨ ᠠᠭᠤᠷᠬᠠᠢ ᠶᠢᠨ ᠠᠭᠤᠷᠬᠠᠢ ᠮᠠᠯᠳᠠᠬᠤ ᠦᠨᠡᠮᠯᠡᠯ ᠤᠨ ᠭᠦᠢᠴᠡᠳᠬᠡᠯ ᠢ ᠠᠬᠢᠭᠤᠯᠵᠣ᠂ ᠪᠠᠯᠠᠩ ᠨᠡᠭᠦᠷᠡᠰᠣᠨ ᠠᠭᠤᠷᠬᠠᠢ ᠶᠢᠨ | ᠪᠠᠶᠢᠭᠤᠯᠣᠯᠳᠠ ᠶᠢ ᠡᠬᠢᠯᠡᠭᠦᠯᠦᠨ᠂ ᠣᠷᠳᠣᠰ ᠤᠨ ᠪᠠᠷᠠᠭᠤᠨ ᠪᠡᠶ᠎ᠡ ᠶᠢᠨ ᠨᠡᠬᠦᠷᠡᠰᠣᠨ ᠤ ᠬᠦᠢᠯᠬᠡᠬᠡ ᠶᠢᠨ ᠬᠦᠷᠢᠶᠡᠯᠡᠩ ᠤᠨ ᠬᠤᠶᠠᠳᠣᠭᠠᠷ ᠬᠤᠭᠤᠴᠠᠭᠠᠨ ᠤ | ᠪᠠᠶᠢᠭᠤᠯᠣᠯᠳᠠ ᠶᠢ ᠲᠦᠷᠭᠡᠳᠬᠡᠵᠣ᠂ ᠾᠧᠩ ᠺᠦᠨ ᠬᠢᠮᠢ ᠶᠢᠨ ᠣᠶᠢᠯᠠᠳᠪᠦᠷᠢ ᠶᠢᠨ ᠬᠤᠶᠠᠳᠣᠭᠠᠷ ᠬᠤᠭᠤᠴᠠᠭᠠᠨ ᠤ ᠭᠠᠷ ᠭᠦᠢᠴᠡᠳᠬᠡᠯ ᠢ ᠪᠡᠶᠡᠯᠡᠭᠦᠯᠦᠨ᠂ ᠬᠤᠸᠠ | ᠰᠢᠩ ᠤᠨ 40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠪᠣᠯᠣᠨ 60 ᠲᠥᠮᠡᠨ ᠲᠤᠨ ᠨᠡᠭᠦᠷᠡᠰᠤ ᠪᠠᠷ ᠠᠯᠺᠧᠨ ᠥᠢᠯᠡᠳᠭᠦ ᠲᠦᠷᠦᠯ | ᠵᠣᠶᠢᠯ ᠤᠨ ᠬᠢᠨᠡᠨ ᠵᠦᠪᠰᠢᠶᠡᠷᠡᠯ ᠢ ᠲᠦᠷᠭᠡᠳᠬᠡᠵᠣ᠂ ᠵᠢᠯ ᠤᠨ ᠨᠡᠭᠦᠷᠡᠰᠣᠨ ᠤ ᠭᠠᠷᠣᠯᠳᠠ ᠶᠢ 2000 ᠲᠦᠮᠡᠨ ᠲᠣᠨ ᠲᠠᠪᠠᠭᠤᠯᠣᠨ᠎ᠠ᠃ ᠴᠢᠯᠠᠭᠤᠨ ᠲᠣᠰᠣ | ᠰᠢᠳᠠᠮᠠᠬᠠᠢ ᠬᠡᠢ ᠶᠢᠨ ᠠᠵᠣ ᠣᠶᠢᠯᠠᠰ ᠤᠨ ᠪᠣᠬᠢᠷᠳᠣᠯ ᠦᠭᠡᠢ ᠬᠦᠭᠵᠢᠯᠳᠡ ᠶᠢ ᠠᠬᠢᠭᠤᠯᠣᠨ᠂ ᠺᠧ ᠰᠧ ᠶᠢᠨ 40 ᠲᠦᠮᠡᠨ ᠲᠣᠨ ᠰᠢᠩᠭᠡᠨᠵᠢᠭᠦᠯᠦᠭᠰᠡᠨ ᠰᠢᠳᠠᠮᠠᠬᠠᠢ | ᠬᠡᠢ ᠶᠢᠨ ᠲᠦᠷᠦᠯ ᠵᠣᠶᠢᠯ ᠢ ᠪᠦᠬᠦ ᠲᠠᠯ᠎ᠠ ᠪᠠᠷ ᠠᠮᠢᠳᠣᠯᠢᠭᠵᠢᠭᠤᠯᠵᠣ᠂ ᠶᠠ ᠬᠠᠢ ᠶᠢᠨ 60 ᠲᠦᠮᠡᠨ ᠲᠣᠨ ᠰᠢᠩᠭᠡᠨᠵᠢᠭᠦᠯᠦᠭᠰᠡᠨ ᠰᠢᠳᠠᠮᠠᠬᠠᠢ ᠬᠡᠢ ᠶᠢᠨ ᠲᠦᠷᠦᠯ | ᠵᠣᠶᠢᠯ ᠢ ᠪᠠᠶᠢᠭᠤᠯᠣᠨ᠂ ᠪᠧᠢ ᠬᠤᠩ ᠵᠢᠩ ᠠᠴᠠ ᠣᠯᠵᠠᠴᠢ᠂ ᠣᠯᠵᠠᠴᠢ ᠠᠴᠠ ᠨᠠᠩᠰᠣ ᠬᠦᠷᠬᠦ ᠰᠢᠳᠠᠮᠠᠬᠠᠢ ᠬᠡᠢ ᠶᠢᠨ ᠬᠤᠭᠤᠯᠠᠢ ᠶᠢᠨ ᠪᠠᠶᠢᠭᠤᠯᠣᠯᠳᠠ ᠶᠢ | ᠡᠬᠢᠯᠡᠭᠦᠯᠵᠣ᠂ ᠦᠨᠦ ᠵᠢᠯ ᠤᠨ ᠰᠢᠳᠠᠮᠠᠬᠠᠢ ᠬᠡᠢ ᠶᠢᠨ ᠭᠠᠷᠣᠯᠳᠠ ᠶᠢ 60 ᠳ᠋ᠦᠩᠰᠢᠭᠤᠷ ᠺᠦᠪ ᠮᠧᠲᠷ ᠬᠦᠷᠭᠡᠨ᠎ᠡ᠃ ᠱᠠᠩᠬᠠᠢ ᠶᠢᠨ ᠰᠦᠮ᠎ᠡ ᠠᠵᠣ ᠠᠬᠤᠢ ᠶᠢᠨ | ᠨᠡᠭᠡᠭᠡᠯᠳᠡ ᠶᠢᠨ ᠣᠷᠣᠨ ᠳᠤ ︽ᠬᠦᠷᠢᠶᠡᠯᠡᠩ ᠢ ᠦᠷᠭᠡᠳᠬᠡᠨ ᠲᠣᠭᠤᠷᠢᠭ ᠢ ᠲᠣᠬᠢᠷᠠᠭᠤᠯᠬᠤ︾ ᠠᠵᠢᠯ ᠢ ᠪᠡᠶᠡᠯᠡᠭᠦᠯᠵᠣ᠂ ᠡᠨᠧᠷᠬᠢ ᠬᠢᠮᠢ ᠶᠢᠨ ᠰᠠᠭᠤᠷᠢᠨ ᠤ ︽ | ᠬᠤᠶᠠᠷ ᠴᠣᠭᠴᠠᠯᠠᠪᠦᠷᠢ︾ ᠶᠢᠨ ᠪᠠᠶᠢᠭᠤᠯᠣᠯᠳᠠ ᠶᠢ ᠡᠬᠢᠯᠡᠭᠦᠯᠦᠨ᠂ ᠨᠡᠭᠡᠭᠡᠯᠳᠡ ᠶᠢᠨ ᠣᠷᠣᠨ ᠤ ᠤᠶᠢᠯᠡᠤᠨᠪᠤᠷᠢᠯᠡᠯ ᠠᠮᠢᠳᠣᠷᠠᠯ ᠤᠨ ᠰᠠᠭᠤᠷᠢ ᠪᠠᠶᠢᠭᠤᠯᠣᠯᠳᠠ ᠶᠢ | ᠪᠦᠬᠦ ᠲᠠᠯ᠎ᠠ ᠪᠠᠷ ᠲᠡᠭᠦᠯᠳᠡᠷᠵᠢᠭᠦᠯᠵᠣ᠂ ᠠᠵᠣ ᠣᠶᠢᠯᠠᠳᠪᠦᠷᠢ ᠶᠢᠨ ᠬᠦᠷᠢᠶᠡᠯᠡᠩ ᠤᠨ ᠬᠦᠴᠦᠷᠭᠡᠭᠵᠢᠯ ᠬᠦᠭᠵᠢᠯᠳᠡ ᠶᠢ ᠲᠦᠷᠭᠡᠳᠬᠡᠨ᠎ᠡ᠃ | ᠬᠤᠪᠢᠰᠬᠠᠯᠳᠤ ᠭᠥᠮᠥᠵᠢᠯ ᠤᠨ ᠵᠢᠭᠤᠯᠴᠢᠯᠠᠯ ᠤᠨ ᠨᠦᠯᠦᠭᠡᠯᠡᠬᠦ ᠬᠦᠴᠦᠨ ᠢ ᠦᠷᠭᠡᠳᠬᠡᠨ᠎ᠡ᠃ ᠪᠠᠶᠢᠭᠤᠯᠣᠮᠵᠢ ᠶᠢ ᠣᠯᠠᠮ ᠨᠢᠭᠡ ᠠᠯᠬᠤᠮ ᠰᠢᠯᠢᠳᠡᠭᠵᠢᠭᠦᠯᠣᠨ᠂ | ᠡᠬᠢ ᠪᠠᠶᠠᠯᠢᠭ ᠢ ᠴᠡᠭᠴᠡᠵᠢᠭᠦᠯᠵᠣ᠂ ᠪᠦᠬᠦ ᠬᠦᠷᠢᠶ᠎ᠡ ᠴᠠᠷᠠᠭᠠᠨ ᠤ ᠵᠢᠭᠤᠯᠴᠢᠯᠠᠯ ᠤᠨ ᠲᠦᠯᠦᠪᠵᠢᠭᠦᠯᠭᠡ ᠶᠢ ᠨᠠᠶᠢᠷᠠᠭᠤᠯᠣᠨ᠂ ᠰᠣᠶᠣᠯ ᠵᠢᠭᠤᠯᠴᠢᠯᠠᠯ ᠢ ᠲᠡᠮᠵᠢᠬᠦ | ᠬᠦᠬᠢᠭᠦᠯᠦᠯ ᠤᠨ ᠠᠷᠭ᠎ᠠ ᠲᠣᠭᠳᠠᠭᠠᠵᠣ᠂ ᠪᠣᠷᠣᠪᠠᠯᠭᠠᠰᠣ ᠶᠢᠨ ᠬᠤᠪᠢᠰᠬᠠᠯᠳᠦ ᠬᠦᠮᠦᠵᠢᠯ ᠤᠨ ᠦᠷᠬᠡᠳᠬᠡᠯ ᠪᠣᠯᠪᠠᠰᠣᠷᠠᠯ ᠤᠨ ᠰᠠᠭᠤᠷᠢᠨ ᠭᠠᠵᠠᠷ ᠤᠨ ᠬᠤᠶᠠᠷ᠂ | ᠭᠤᠷᠪᠠᠳᠣᠭᠠᠷ ᠬᠤᠭᠤᠴᠠᠭᠠᠨ ᠤ ᠪᠠᠶᠢᠭᠤᠯᠣᠯᠳᠠ ᠶᠢ ᠲᠦᠷᠭᠡᠳᠬᠡᠨ᠂ ᠪᠣᠷᠣᠪᠠᠯᠭᠠᠰᠦ ᠶᠢᠨ ᠬᠤᠪᠢᠰᠬᠠᠯᠳᠤ ᠬᠦᠮᠤᠵᠢᠯ ᠤᠨ ᠲᠦᠪᠯᠡᠷᠡᠩᠭᠦᠢ ᠪᠣᠯᠪᠠᠰᠣᠷᠠᠯ ᠤᠨ ᠲᠦᠪ | ᠪᠤᠯᠤᠨ ᠤᠷᠳᠤᠰ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠤᠨ ᠦᠵᠡᠬᠦᠯᠤᠯᠬᠡ ᠶᠢᠨ ᠲᠢᠩᠬᠢᠮ ᠢ ᠪᠠᠶᠢᠭᠤᠯᠵᠣ᠂ ᠬᠤᠪᠢᠰᠬᠠᠯᠳᠦ ᠬᠦᠮᠦᠵᠢᠯ ᠤᠨ | ᠣᠷᠳᠣᠨ ᠬᠦᠷᠢᠶᠡᠯᠡᠩ ᠤᠨ ᠰᠢᠨᠡᠴᠢᠯᠡᠯᠳᠡ ᠪᠣᠯᠣᠨ ᠬᠠᠮᠠᠭᠠᠯᠠᠨ ᠵᠠᠰᠠᠬᠤ ᠪᠠᠷᠢᠯᠭ᠎ᠠ ᠶᠢ ᠡᠬᠢᠯᠡᠭᠦᠯᠵᠣ᠂ ᠨᠠᠶᠢᠬᠡᠮ ᠤᠨ ᠬᠦᠷᠤᠩᠬᠡ ᠪᠡᠯᠡ ᠤᠷᠤᠭᠤᠯᠤᠨ ᠬᠤᠪᠢᠰᠬᠠᠯᠳᠤ | ᠬᠦᠮᠤᠵᠢᠯ ᠤᠨ ᠰᠤᠳᠤᠯᠭ᠎ᠠ ᠰᠤᠷᠤᠯᠴᠠᠯᠭ᠎ᠠ ᠶᠢᠨ ᠵᠢᠭᠤᠯᠴᠢᠯᠠᠯ ᠢ ᠨᠡᠬᠡᠬᠡᠨ ᠬᠦᠭᠵᠢᠬᠦᠯᠬᠦ ᠶᠢ ᠵᠤᠷᠢᠭᠵᠢᠭᠤᠯᠤᠨ᠎ᠠ᠃ ᠬᠢᠴᠢᠶᠡᠯ ᠲᠦᠷᠦᠯ ᠤᠨ ᠲᠣᠬᠢᠷᠠᠭᠤᠯᠭ᠋ ᠠ ᠶᠢ | ᠤᠯᠠᠮ ᠨᠢᠬᠡ ᠠᠯᠬᠤᠮ ᠪᠠᠶᠠᠯᠢᠭᠵᠢᠭᠤᠯᠣᠨ᠂ ᠲᠡᠰ ᠲᠠᠪᠬᠤᠷᠭ᠎ᠠ ᠶᠢ ᠳᠡᠬᠡᠭᠰᠢᠯᠡᠬᠦᠯᠵᠤ᠂ ᠬᠤᠪᠢᠰᠬᠠᠯᠳᠤ ᠬᠦᠮᠤᠵᠢᠯ ᠤᠨ ᠵᠢᠭᠤᠯᠴᠢᠯᠠᠭᠰᠠᠤᠨ ᠤᠨ ᠡᠬᠢ ᠢᠷᠡᠯᠳᠠ ᠶᠢᠨ | ᠵᠠᠬ᠎ᠠ ᠳᠡᠯᠬᠡᠬᠦᠷ ᠢ ᠨᠠᠷᠢᠯᠢᠭ ᠬᠤᠪᠢᠶᠠᠨ᠂ ᠠᠳᠠᠯᠢ ᠪᠤᠰᠤ ᠲᠦᠷᠤᠯ ᠢᠯᠭᠠᠯ ᠤᠨ ᠰᠤᠳᠤᠯᠭ᠎ᠠ ᠰᠤᠷᠤᠯᠴᠠᠯᠭ᠎ᠠ ᠶᠢᠨ ᠵᠠᠮ ᠱᠤᠭᠤᠮ᠂ ᠬᠢᠴᠢᠶᠡᠯ ᠤᠨ ᠳᠤᠬᠢᠷᠠᠭᠤᠯᠭ᠎ᠠ | ᠶᠢᠨ ᠨᠡᠬᠡᠬᠡᠯᠳᠠ ᠶᠢ ᠬᠦᠨᠵᠡᠬᠡᠶᠢᠷᠡᠬᠦᠯᠵᠤ᠂ ᠤᠯᠤᠰ ᠤᠨ ᠳᠡᠰ ᠤᠨ ᠰᠤᠳᠤᠯᠭ᠎ᠠ ᠰᠤᠷᠤᠯᠴᠠᠯᠭ᠎ᠠ ᠶᠢᠨ ᠵᠢᠭᠤᠯᠴᠢᠯᠠᠯ ᠤᠨ ᠬᠠᠷᠠᠯᠳᠠ ᠭᠠᠵᠠᠷ᠂ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠬᠦᠮᠤᠵᠢᠯ ᠤᠨ ᠰᠠᠭᠤᠷᠢᠨ ᠭᠠᠵᠠᠷ ᠪᠤᠯᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠦᠨᠳᠤᠰᠤᠳᠠᠨ ᠤ ᠤᠨᠤᠯ ᠤᠨ ᠪᠤᠯᠪᠠᠰᠤᠷᠠᠯ ᠤᠨ | ᠰᠠᠭᠤᠷᠢᠨ ᠭᠠᠵᠠᠷ ᠢ ᠪᠠᠶᠢᠭᠤᠯᠵᠤ᠂ ᠪᠦᠬᠦ ᠣᠷᠣᠨ ᠤ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠤᠨ ᠲᠠᠭᠤᠷᠢᠶᠠᠯ ᠬᠤᠰᠢᠭᠤ ᠶᠢ ᠴᠤᠭᠴᠠᠯᠠᠨ᠂ ᠪᠦᠬᠦ ᠵᠢᠯ ᠤᠨ | ᠵᠢᠭᠤᠯᠴᠢᠯᠠᠭᠰᠠᠳ ᠤᠨ ᠲᠤᠭ᠎ᠠ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠲᠣᠰ ᠪᠦᠷᠢ 12% ᠠᠴᠠ ᠳᠠᠪᠠᠭᠤᠯᠤᠨ᠎ᠠ᠃ | ᠲᠦᠯᠦᠭᠡᠯᠡᠭᠴᠢᠳ ᠡ᠂ ᠮᠠᠨ ᠤ ᠬᠤᠰᠢᠭᠤᠨ ᠤ ᠡᠯᠪᠡᠭ ᠲᠡᠯᠪᠡᠭ ᠪᠠᠶᠢᠭᠠᠯᠢ ᠶᠢᠨ ᠡᠬᠢ ᠰᠣᠷᠪᠣᠯᠵᠢ᠂ ᠬᠦᠨ ᠵᠣᠵᠠᠭᠠᠨ ᠬᠤᠪᠢᠰᠬᠠᠯᠳᠦ ᠬᠦᠮᠦᠵᠢᠯ ᠤᠨ ᠡᠬᠢ | ᠪᠠᠶᠠᠯᠢᠭ ᠪᠣᠯ ᠲᠠᠷᠣᠢ ᠣᠶᠢᠯᠠᠳᠪᠦᠷᠢᠯᠠᠯ ᠤᠨ ᠬᠦᠴᠦᠨ ᠪᠠ ᠦᠷᠢᠰᠦᠯᠳᠦᠬᠦ ᠬᠦᠴᠦᠨ ᠪᠣᠯᠬᠤ ᠶᠣᠮ᠃ ᠡᠶᠢᠮᠦ ᠠᠴᠠ ᠪᠢᠳᠠ ᠰᠠᠶᠢᠳᠦᠷ ᠬᠠᠮᠠᠭᠠᠯᠠᠨ᠂ ᠲᠠᠪᠠᠭᠤᠯᠢᠭ | ᠢᠶᠠᠨ ᠭᠦᠢᠴᠡᠳ ᠠᠰᠢᠭᠯᠠᠵᠣ᠂ ᠠᠵᠣ ᠣᠶᠢᠯᠠᠰ ᠤᠨ ᠪᠦᠳᠦᠴᠠ ᠪᠠᠨ ᠰᠢᠯᠢᠳᠡᠭᠵᠢᠭᠦᠯᠣᠨ᠂ ᠠᠵᠣ ᠣᠶᠢᠯᠠᠰ ᠤᠨ ᠬᠡᠯᠬᠢᠶᠡᠵᠢᠯ ᠢ ᠣᠷᠳᠣᠳᠬᠠᠵᠣ᠂ ᠠᠵᠣ ᠣᠶᠢᠯᠠᠰ | ᠤᠨ ᠴᠢᠨᠠᠷᠵᠢᠯ ᠢ ᠲᠡᠭᠡᠭᠰᠢᠯᠡᠭᠦᠯᠦᠨ᠂ ᠠᠵᠣ ᠣᠶᠢᠯᠠᠰ ᠤᠨ ᠰᠢᠰᠲ᠋ᠧᠮ ᠢ ᠴᠣᠭᠴᠠᠯᠠᠵᠣ᠂ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠶᠢᠨ ᠡᠷᠬᠢᠯᠳᠠ ᠶᠢ | ᠨᠠᠩ ᠡᠷᠴᠢᠮᠳᠠᠢ ᠪᠤᠯᠭᠠᠨ᠎ᠠ᠃ | ︵ᠬᠤᠶᠠᠷ︶ ᠪᠣᠬᠢᠷᠳᠣᠯ ᠦᠭᠡᠢ ᠠᠮᠢ ᠠᠬᠤᠢ ᠶᠢᠨ ᠪᠠᠶᠢᠭᠤᠯᠣᠯᠳᠠ ᠳᠤ ᠬᠦᠴᠦᠯᠡᠨ᠎ᠡ᠃ ︽ᠣᠩᠭᠤᠨ ᠲᠠᠷᠬᠠᠨ ᠪᠠᠶᠢᠭᠠᠯᠢ ᠪᠣᠯ ᠦᠨᠡᠯᠡᠰᠢ ᠦᠭᠡᠢ ᠦᠪ | ᠡᠷᠳᠡᠨᠢ︾ ᠭᠡᠬᠦ ᠦᠵᠡᠯᠳᠡ ᠶᠢ ᠭᠦᠨᠵᠡᠭᠡᠢ ᠣᠶᠢᠯᠡᠳᠦᠯᠭᠡᠵᠢᠭᠦᠯᠦᠨ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠣᠯᠳᠠ ᠶᠢ ᠦᠷᠭᠦᠯᠵᠢᠯᠡᠨ ᠰᠠᠶᠢᠳᠦᠷ ᠠᠳᠬᠤᠵᠣ | ᠂ ᠨᠣᠮᠢᠨ ᠨᠣᠭᠤᠭᠠᠨ ᠨᠣᠳᠤᠭ ᠣᠷᠣᠨ ᠢᠶᠠᠨ ᠢᠳᠡᠪᠬᠢᠳᠡᠢ ᠴᠣᠭᠴᠠᠯᠠᠨ᠎ᠠ᠃ | ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠳᠦᠷ ᠬᠢᠨ᠎ᠡ᠃ ᠴᠡᠯᠮᠡᠭ ᠲᠡᠭᠷᠢ ᠪᠠᠨ ᠬᠢᠮᠠᠭᠠᠳᠠᠨ ᠬᠠᠶᠢᠷᠠᠯᠠᠵᠣ᠂ ᠬᠦᠷᠢᠶᠡᠯᠡᠩ ᠲᠣᠭᠤᠷᠢᠭ᠂ | ᠠᠭᠤᠷᠬᠠᠢ ᠶᠢᠨ ᠣᠷᠣᠨ ᠵᠢᠴᠢ ᠪᠠᠷᠢᠯᠭ᠎ᠠ ᠶᠢᠨ ᠭᠠᠵᠠᠷ ᠤᠨ ᠲᠣᠭᠤᠰᠦ ᠰᠢᠷᠣᠢ ᠶᠢᠨ ᠪᠣᠬᠢᠷᠳᠣᠯ ᠤᠨ ᠬᠢᠨᠠᠯᠳᠠ ᠬᠠᠮᠢᠶᠠᠷᠣᠯᠳᠠ ᠶᠢ ᠰᠠᠶᠢᠳᠦᠷ ᠠᠳᠬᠤᠨ᠂ | ᠨᠡᠭᠦᠷᠡᠰᠣᠨ ᠵᠣᠣᠬᠠᠨ ᠣᠳᠤᠭ᠎ᠠ᠂ ᠴᠠᠶᠢᠶ᠋ᠸᠣ ᠠᠴᠢᠶᠠᠨ ᠮᠠᠰᠢᠨ ᠤ ᠪᠣᠬᠢᠷᠳᠣᠯ ᠵᠡᠷᠭᠡ ᠬᠦᠷᠢᠶ᠎ᠡ ᠴᠠᠷᠠᠭᠠᠨ ᠤ ᠲᠣᠰᠬᠠᠢ ᠲᠦᠷᠦᠯ ᠤᠨ ᠵᠠᠰᠠᠯᠳᠠ ᠶᠢ ᠠᠬᠢᠭᠤᠯᠣᠨ᠂ | ᠪᠦᠬᠦ ᠵᠢᠯ ᠤᠨ ᠠᠭᠠᠷ ᠤᠨ ᠴᠡᠪᠡᠷᠴᠡ ᠣᠬᠢ ᠡᠳᠦᠷ ᠤᠨ ᠨᠣᠷᠮ᠎ᠠ ᠶᠢ 90% ᠠᠴᠠ ᠲᠠᠪᠠᠭᠤᠯᠣᠨ᠎ᠠ᠃ ᠴᠡᠩᠬᠡᠭ ᠤᠰᠤ ᠪᠠᠨ ᠨᠠᠨᠳᠢᠩᠨᠡᠨ ᠬᠠᠮᠠᠭᠠᠯᠠᠵᠣ᠂ ᠭᠤᠤᠯ | ᠭᠤᠷᠤᠬ᠎ᠠ ᠨᠠᠭᠤᠷ ᠪᠦᠷᠢᠳᠦ ᠶᠢᠨ ᠳᠠᠷᠤᠭᠠᠴᠢ ᠶᠢᠨ ᠲᠦᠷᠢᠮ ᠤᠨ ᠦᠷ᠎ᠡ ᠪᠦᠳᠦᠮᠵᠢ ᠶᠢ ᠲᠡᠭᠡᠭᠰᠢᠯᠡᠭᠦᠯᠵᠣ᠂ ᠭᠤᠣᠯᠳᠠᠯᠭᠠᠳᠦ ᠰᠠᠪᠠ ᠭᠠᠵᠠᠷ᠂ ᠭᠤᠣᠯ ᠤᠨ | ᠣᠷᠣᠰᠬᠠᠯ ᠤᠨ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠨ᠂ ᠪᠠᠭ᠎ᠠ ᠰᠠᠪᠠ ᠭᠠᠵᠠᠷ ᠤᠨ ᠵᠠᠰᠠᠯᠳᠠ ᠶᠢᠨ ᠲᠠᠯᠠᠪᠠᠢ ᠶᠢ ᠰᠢᠨ᠎ᠡ ᠪᠠᠷ 8.3 ᠲᠦᠮᠡᠨ ᠮᠣ᠋ | ᠨᠡᠮᠡᠭᠳᠡᠭᠦᠯᠦᠨ᠂ ᠣᠣᠭᠤᠬᠤ ᠤᠰᠤᠨ ᠡᠬᠢ ᠶᠢᠨ ᠣᠰᠣᠨ ᠤ ᠴᠢᠨᠠᠷ ᠢ 100% ᠪᠠᠷ ᠪᠠᠷᠢᠮᠵᠢᠶᠠᠨ ᠳᠤ ᠬᠦᠷᠭᠡᠵᠣ᠂ ᠨᠡᠭᠦᠷᠡᠰᠣᠨ ᠲᠠᠪᠬᠤᠷᠭ᠎ᠠ ᠶᠢᠨ ᠣᠰᠣ ᠪᠠ | ᠬᠤᠳᠠ ᠪᠠᠯᠭᠠᠰᠤᠨ ᠤ ᠰᠠᠭᠠᠷᠮᠠᠭᠵᠢᠭᠤᠯᠣᠨ ᠰᠢᠢᠳᠪᠦᠷᠢᠯᠡᠭᠰᠡᠨ ᠣᠰᠣ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠣ᠂ ᠲᠦᠷᠦᠯ ᠵᠣᠶᠢᠯ ᠤᠨ | ᠪᠠᠶᠢᠭᠤᠯᠣᠯᠳᠠ ᠪᠣᠯᠣᠨ ᠬᠤᠳᠠ ᠬᠦᠳᠡᠭᠡ ᠶᠢᠨ ᠨᠣᠭᠤᠭᠠᠵᠢᠭᠤᠯᠣᠯᠳᠠ ᠳᠤ ᠬᠡᠷᠡᠭᠯᠡᠨ᠎ᠡ᠃ ᠴᠡᠪᠡᠷ ᠬᠦᠷᠦᠰᠦ ᠪᠠᠨ ᠪᠦᠭᠡᠴᠡᠭᠡᠶᠢᠯᠡᠨ ᠬᠠᠯᠠᠮᠵᠢᠯᠠᠵᠣ᠂ ᠪᠣᠬᠢᠷᠳᠣᠭᠰᠠᠨ | ᠬᠦᠷᠦᠰᠦ ᠰᠢᠷᠣᠢ ᠶᠢᠨ ᠵᠠᠰᠠᠯᠳᠠ ᠰᠡᠷᠭᠦᠭᠡᠯᠳᠡ ᠶᠢ ᠴᠢᠩᠭᠠᠳᠬᠠᠨ᠂ ᠮᠠᠯᠵᠢᠬᠤ ᠳᠠᠷᠢᠶᠠᠯᠠᠬᠤ ᠤᠷᠤᠨ ᠤ ᠤᠯᠠᠨ ᠡᠬᠢᠳᠤ ᠪᠤᠬᠢᠷᠳᠤᠯ ᠢ ᠴᠢᠩᠭ᠎ᠠ ᠡᠵᠡᠮᠳᠡᠵᠣ᠂ | ᠴᠢᠯᠠᠭᠤᠨ ᠳᠤᠰᠤ ᠰᠢᠳᠠᠮᠠᠬᠠᠢ ᠬᠡᠢ ᠶᠢᠨ ᠬᠠᠶᠢᠨ ᠨᠡᠬᠡᠬᠡᠯᠳᠠ ᠶᠢᠨ ᠬᠠᠶᠠᠭᠳᠠᠮᠠᠯ ᠪᠣᠳᠠᠰ᠂ ᠠᠵᠣ ᠣᠶᠢᠯᠠᠳᠪᠦᠷᠢ ᠶᠢᠨ ᠬᠠᠳᠠᠭᠤ ᠪᠡᠶᠡᠳᠦ ᠬᠠᠶᠠᠭᠳᠠᠮᠠᠯ ᠢ | ᠲᠦᠪᠯᠡᠷᠡᠭᠦᠯᠦᠨ ᠰᠢᠢᠳᠪᠦᠷᠢᠯᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠬᠦᠷᠢᠶᠡᠯᠡᠩ ᠲᠣᠭᠤᠷᠢᠭ ᠤᠨ ᠬᠠᠳᠠᠭᠤ ᠪᠡᠶᠡᠳᠦ ᠬᠠᠶᠠᠭᠳᠠᠮᠠᠯ ᠪᠣᠳᠠᠰ | ᠤᠨ ᠶᠡᠷᠦᠩᠬᠡᠶᠢᠯᠡᠭᠰᠡᠨ ᠠᠰᠢᠭᠯᠠᠯᠳᠠ ᠶᠢᠨ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠵᠣ᠂ ᠡᠯ᠎ᠡ ᠱᠠᠳᠤᠨ ᠤ ᠤᠷᠴᠢᠨ ᠬᠠᠮᠠᠭᠠᠯᠠᠯᠳᠠ ᠶᠢᠨ ᠬᠢᠨᠠᠨ | ᠪᠠᠶᠢᠴᠠᠭᠠᠯᠳᠠ ᠵᠢᠴᠢ ︽ᠲᠠᠪᠳᠠᠨ ᠬᠢᠨᠠᠯᠳᠠ︾ ᠪᠠᠷ ᠬᠠᠷᠢᠭᠤ ᠳᠤᠰᠬᠠᠭᠰᠡᠨ ᠠᠰᠠᠭᠤᠳᠠᠯ ᠤᠨ ᠴᠡᠭᠴᠡᠯᠡᠯᠳᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠶᠢᠨ ᠪᠦᠳᠤᠮᠵᠢ ᠶᠢ ᠪᠦᠬᠦ ᠳᠠᠯ᠎ᠠ ᠪᠠᠷ ᠪᠠᠳᠤᠤᠨᠬᠠᠨᠠ᠃ ᠤᠰᠤᠨ ᠡᠬᠢ ᠪᠠᠶᠠᠯᠢᠭ ᠤᠨ ᠬᠠᠮᠢᠶᠠᠷᠤᠯᠳᠠ ᠶᠢᠨ | ᠲᠦᠷᠢᠮ ᠢ ᠴᠢᠩᠭ᠎ᠠ ᠬᠡᠷᠡᠭᠵᠢᠬᠦᠯᠵᠤ᠂ ᠪᠡᠯᠴᠢᠬᠡᠷᠯᠡᠬᠦᠯᠬᠦ ᠶᠢ ᠬᠤᠷᠢᠭᠯᠠᠬᠤ᠂ ᠰᠡᠯᠬᠦᠨ ᠮᠠᠯᠵᠢᠬᠤ ᠠᠷᠭ᠎ᠠ ᠬᠡᠮᠵᠢᠶ᠎ᠡ ᠶᠢ ᠪᠠᠳᠤᠳᠠᠢ ᠨᠠᠶᠢᠳᠠᠪᠤᠷᠢᠵᠢᠭᠤᠯᠤᠨ᠂ ᠤᠯᠤᠰ᠂ | ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠢ ᠬᠠᠮᠠᠭᠠᠯᠠᠬᠤ ᠳᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ | ᠤᠢ ᠰᠢᠭᠤᠢ ᠨᠤᠳᠤᠭ ᠪᠡᠯᠴᠢᠬᠡᠷ ᠢ ᠡᠪᠳᠡᠭᠰᠡᠨ ᠦᠯᠡᠳᠡᠮᠡᠯ ᠠᠰᠠᠭᠤᠳᠠᠯ ᠢ ᠪᠦᠬᠦ ᠳᠠᠯ᠎ᠠ ᠪᠠᠷ ᠴᠡᠭᠴᠠᠯᠠᠨᠠ᠃ ᠤᠳᠤᠷᠢᠤᠨᠬᠤ ᠺᠠᠳ᠋ᠷ ᠤᠨ ᠳᠤᠰᠢᠶᠠᠯ ᠠᠴᠠ ᠪᠠᠨ | ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠤᠩᠬᠡ ᠶᠢᠨ ᠬᠢᠨᠠᠨ ᠪᠤᠳᠤᠯᠳᠠ ᠶᠢᠨ ᠲᠦᠷᠢᠮ ᠢ ᠲᠡᠭᠦᠯᠳᠡᠷᠵᠢᠭᠦᠯᠥᠨ᠎ᠡ᠃ ᠪᠡᠭᠡᠵᠢᠩ ᠲᠢᠶᠠᠨᠵᠢᠨ ᠤ | ᠰᠠᠯᠬᠢ ᠰᠢᠷᠣᠢ ᠶᠢᠨ ᠡᠬᠢ ᠶᠢᠨ ᠵᠠᠰᠠᠯᠳᠠ᠂ ᠪᠠᠶᠢᠭᠠᠯᠢ ᠶᠢᠨ ᠤᠢ ᠶᠢᠨ ᠬᠠᠮᠠᠭᠠᠯᠠᠯᠳᠠ ᠵᠡᠷᠬᠡ ᠭᠤᠤᠯᠳᠠᠯᠭᠠᠳᠤ ᠠᠮᠢ ᠠᠬᠤᠢ ᠶᠢᠨ ᠲᠦᠷᠤᠯ ᠵᠦᠢᠯ ᠢ ᠦᠷᠬᠦᠯᠵᠢᠯᠡᠨ | ᠰᠠᠶᠢᠳᠤᠷ ᠬᠡᠷᠡᠭᠵᠢᠬᠦᠯᠵᠤ᠂ 40.5 ᠲᠦᠮᠡᠨ ᠮᠤ᠋ ᠤᠢ ᠰᠢᠭᠤᠢ ᠨᠤᠳᠤᠭ ᠪᠡᠯᠴᠢᠬᠡᠷ ᠤᠨ ᠪᠠᠶᠢᠭᠤᠯᠤᠯᠳᠠ ᠶᠢ ᠪᠡᠶᠡᠯᠡᠬᠦᠯᠤᠨ᠂ ᠬᠦᠷᠦᠰᠦ ᠰᠢᠷᠣᠢ ᠶᠢᠨ ᠢᠳᠡᠭᠳᠡᠯ ᠤᠨ | ᠶᠡᠷᠤᠩᠬᠡᠶᠢᠯᠡᠭᠰᠡᠨ ᠵᠠᠰᠠᠯᠳᠠ ᠶᠢ 23 ᠲᠦᠮᠡᠨ ᠮᠣ᠋ ᠨᠡᠮᠡᠭᠳᠡᠬᠦᠯᠵᠤ᠂ ᠠᠮᠢ ᠠᠬᠤᠢ ᠶᠢᠨ ᠪᠤᠯᠪᠠᠰᠤᠨ ᠤ ᠳᠠᠭᠤᠷᠢᠶᠠᠯ ᠬᠤᠰᠢᠭᠤ ᠶᠢᠨ ᠪᠠᠶᠢᠭᠤᠯᠤᠯᠳᠠ ᠶᠢ | ᠲᠦᠷᠬᠡᠤᠨᠬᠡᠨ᠎ᠡ᠃ | ᠲᠦᠯᠤᠬᠡᠯᠡᠭᠴᠢᠤᠨ ᠡ᠂ ᠤᠬᠢ ᠰᠠᠶᠢᠨ ᠠᠮᠢ ᠠᠬᠤᠢ ᠤᠷᠴᠢᠨ ᠳᠤᠭᠤᠷᠢᠨ ᠪᠤᠯ ᠴᠢᠨᠠᠷᠯᠢᠭ ᠬᠦᠭᠵᠢᠯᠳᠠ ᠶᠢᠨ ᠠᠮᠢᠨ ᠰᠤᠳᠠᠰᠤ᠂ ᠬᠠᠮᠤᠭ ᠲᠦᠬᠡᠮᠡᠯ ᠠᠷᠠᠤᠨ | ᠤᠨ ᠠᠮᠢᠳᠤᠷᠠᠯ ᠢ ᠬᠠᠷᠠᠭᠠᠯᠵᠠᠬᠤ ᠪᠠᠳᠤᠯᠠᠭ᠎ᠠ ᠪᠤᠯᠤᠨ᠎ᠠ᠃ ᠪᠢᠳᠠ ᠤᠷᠴᠢᠨ ᠳᠤᠭᠤᠷᠢᠨ ᠢᠶᠠᠨ ᠬᠤᠪᠢ ᠳᠠᠬᠢᠨ ᠨᠠᠨᠳᠢᠩᠨᠠᠨ ᠬᠠᠶᠢᠷᠠᠯᠠᠵᠤ᠂ ᠲᠠᠩᠰᠤᠭ ᠨᠣᠮᠢᠨ ᠠᠮᠢ | ᠠᠬᠤᠢ ᠶᠢ ᠤᠳᠤᠭ ᠤᠨ ᠡᠮᠤᠨᠡᠳᠤ ᠬᠤᠰᠢᠭᠤᠨ ᠤ ᠦᠪᠡᠷᠮᠢᠴᠠ ᠦᠵᠡᠮᠵᠢ ᠪᠤᠯᠭᠠᠨ᠂ ᠦᠷ᠎ᠠ ᠬᠤᠶᠢᠴᠢᠰ ᠲᠤ ᠪᠠᠨ ᠳᠡᠭᠷᠢ ᠨᠢ ᠴᠡᠯᠮᠡᠭ᠂ ᠳᠠᠯ᠎ᠠ ᠨᠢ ᠴᠡᠯᠡᠬᠡᠷ᠂ | ᠤᠰᠤ ᠨᠢ ᠴᠡᠩᠬᠡᠭ ᠤᠩᠭᠤᠨ ᠳᠠᠷᠬᠠᠨ ᠡᠬᠡ ᠪᠠᠶᠢᠭᠠᠯᠢ ᠪᠠᠨ ᠦᠯᠡᠳᠡᠬᠡᠨ᠎ᠡ᠃ | ︵ᠭᠤᠷᠪᠠ︶ ᠬᠤᠳᠠ ᠬᠦᠳᠡᠭᠡ ᠶᠢᠨ ᠪᠠᠶᠢᠭᠤᠯᠤᠯᠳᠠ ᠳᠤ ᠬᠦᠴᠤᠯᠡᠨ ᠤᠷᠤᠨ ᠵᠠᠢ ᠶᠢ ᠦᠷᠬᠡᠤᠨᠬᠡᠨᠡ᠃ ᠬᠦᠳᠡᠭᠡ ᠨᠤᠳᠤᠭ ᠢ ᠬᠦᠴᠤᠷᠬᠡᠭᠵᠢᠬᠦᠯᠤᠨ | ᠬᠦᠭᠵᠢᠬᠦᠯᠬᠦ ᠶᠢ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠭᠰᠡᠨ ᠪᠠᠶᠢᠭᠤᠯᠤᠯᠳᠠ ᠲᠠᠢ ᠤᠷᠭᠠᠨᠢᠭ ᠢᠶᠠᠷ ᠤᠶᠠᠯᠳᠤᠭᠤᠯᠤᠨ ᠢᠵᠢᠯ ᠠᠯᠬᠤᠮ ᠢᠶᠠᠷ ᠠᠬᠢᠭᠤᠯᠬᠤ ᠶᠢ | ᠪᠠᠷᠢᠮᠳᠠᠯᠠᠵᠤ᠂ ᠬᠤᠳᠠ ᠬᠦᠳᠡᠭᠡ ᠬᠠᠷᠢᠯᠴᠠᠨ ᠨᠦᠬᠦᠪᠤᠷᠢᠯᠡᠬᠦ᠂ ᠬᠠᠮᠳᠤ ᠪᠠᠷ ᠬᠦᠭᠵᠢᠬᠦ ᠶᠢ ᠴᠤᠭᠴᠠᠵᠢᠭᠤᠯᠤᠭᠰᠡᠨ ᠬᠦᠭᠵᠢᠯᠳᠠ ᠶᠢᠨ ᠪᠠᠶᠢᠳᠠᠯ ᠢ ᠪᠦᠷᠢᠯᠳᠤᠬᠦᠯᠤᠨ᠎ᠠ᠃ | | ᠬᠤᠳᠠ ᠬᠦᠳᠡᠭᠡ ᠶᠢᠨ ᠴᠢᠳᠠᠪᠬᠢ ᠶᠢᠨ ᠬᠡᠪ ᠴᠢᠨᠰᠠᠭ᠎ᠠ ᠶᠢ ᠳᠡᠬᠡᠭᠰᠢᠯᠡᠬᠦᠯᠤᠨ᠎ᠠ᠃ ᠬᠠᠣᠯᠢᠵᠢᠭᠰᠡᠨ᠂ ᠨᠠᠷᠢᠯᠢᠭᠵᠢᠭᠰᠠᠨ᠂ ᠣᠶᠣᠨᠴᠢᠯᠠᠭᠰᠠᠨ ᠬᠠᠮᠢᠶᠠᠷᠣᠯᠳᠠ | ᠶᠢ ᠴᠢᠩᠭᠠᠳᠬᠠᠨ᠂ ᠬᠤᠳᠠ ᠪᠠᠯᠭᠠᠰᠤ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠤᠯᠵᠠᠴᠢ ᠪᠠᠯᠭᠠᠰᠤᠨ ᠤ ᠬᠤᠳᠠ ᠵᠡᠬᠡᠯᠢ | ᠶᠢᠨ ᠳᠤᠤᠷ ᠬᠤᠭᠤᠯᠠᠢ ᠶᠢᠨ ᠪᠠᠶᠢᠭᠤᠯᠤᠯᠳᠠ ᠶᠢ ᠳᠡᠬᠦᠯᠳᠡᠷᠵᠢᠬᠦᠯᠤᠨ᠂ 12 ᠬᠠᠭᠤᠴᠢᠨ ᠰᠠᠭᠤᠭᠠᠯᠢ ᠳᠤᠭᠤᠷᠢᠭ ᠤᠨ ᠦᠬᠡᠷᠡᠴᠢᠯᠠᠯᠳᠠ ᠶᠢ ᠠᠯᠬᠤᠮ ᠳᠠᠷᠠᠭᠠᠯᠠᠨ | ᠠᠬᠢᠭᠤᠯᠵᠤ᠂ ᠵᠢᠯ ᠤᠨ ᠳᠤᠳᠤᠷ᠎ᠠ ᠰᠢᠨ᠎ᠠ ᠨᠡᠮᠡᠭᠳᠡᠬᠦᠯᠬᠦ᠂ ᠦᠬᠡᠷᠡᠴᠢᠯᠡᠬᠦ ᠪᠠᠷ ᠳᠠᠮᠵᠢᠨ ᠬᠤᠳᠠ ᠪᠠᠯᠭᠠᠰᠤ ᠶᠢᠨ ᠨᠤᠭᠤᠭᠠᠵᠢᠭᠤᠯᠤᠯᠳᠠ ᠶᠢ 21 ᠲᠦᠮᠡᠨ ᠳᠡᠭᠰᠢ | ᠲᠦᠷᠪᠡᠯᠵᠢᠨ ᠮᠧᠲᠷ ᠬᠦᠷᠬᠡᠵᠤ᠂ ᠨᠤᠳᠤᠭ ᠤᠨ ᠤᠷᠭᠤᠮᠠᠯ ᠤᠨ ᠬᠦᠷᠢᠶᠡᠯᠡᠩ ᠪᠠ ᠠᠷᠠᠤᠨ ᠤᠨ ᠠᠭᠠᠷ ᠰᠡᠷᠬᠡᠶᠢᠯᠡᠯᠳᠠ ᠶᠢᠨ ᠪᠠᠴᠢᠮ ᠳᠠᠷᠬᠠᠭᠠᠯᠳᠠ ᠶᠢᠨ | ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠪᠤᠯᠤᠨ ᠤᠷᠤᠰᠢᠭᠤᠯᠭ᠎ᠠ ᠶᠢᠨ ᠤᠷᠳᠤᠨ ᠢ ᠬᠡᠷᠡᠭᠯᠡᠯᠳᠠ ᠳᠤ ᠤᠷᠤᠭᠤᠯᠵᠤ᠂ ᠪᠤᠯᠪᠠᠰᠤᠨ ᠬᠤᠳᠠ ᠶᠢᠨ ᠪᠠᠶᠢᠭᠤᠯᠤᠯᠳᠠ | ᠶᠢᠨ ᠪᠦᠳᠤᠮᠵᠢ ᠶᠢ ᠦᠷᠬᠦᠯᠵᠢᠯᠡᠨ ᠪᠠᠳᠤᠤᠨᠬᠠᠨᠠ᠃ ᠡᠯ᠎ᠡ ᠪᠠᠯᠭᠠᠰᠤᠨ ᠳᠤᠭᠤᠷᠢᠭ ᠤᠨ ᠬᠦᠭᠵᠢᠯᠳᠠ ᠶᠢᠨ ᠲᠦᠯᠤᠪᠵᠢᠬᠦᠯᠬᠡ ᠶᠢ ᠵᠠᠰᠠᠨ ᠨᠠᠶᠢᠷᠠᠭᠤᠯᠬᠤ ᠠᠵᠢᠯ ᠢ | ᠡᠬᠢᠯᠡᠬᠦᠯᠵᠤ᠂ ᠨᠢᠬᠡᠨᠳᠠ ᠪᠠᠭᠤᠯᠭᠠᠭᠰᠡᠨ ᠡᠷᠬᠡ ᠶᠢᠨ ᠶᠠᠪᠤᠳᠠᠯ ᠢᠶᠠᠨ ᠰᠠᠶᠢᠳᠤᠷ ᠬᠠᠮᠢᠶᠠᠷᠤᠨ ᠬᠡᠷᠡᠭᠯᠡᠵᠤ᠂ ᠱᠠᠩᠬᠠᠢ ᠶᠢᠨ ᠰᠦᠮ᠎ᠡ ᠪᠠᠯᠭᠠᠰᠤᠨ ᠳᠤᠭᠤᠷᠢᠭ ᠤᠨ | ᠶᠡᠷᠤᠩᠬᠡᠶᠢᠯᠡᠭᠰᠡᠨ ᠠᠴᠢᠶᠠᠯᠠᠬᠤ ᠴᠢᠳᠠᠪᠤᠷᠢ ᠶᠢ ᠳᠡᠬᠡᠭᠰᠢᠯᠡᠬᠦᠯᠤᠨ᠂ ᠪᠤᠷᠤᠪᠠᠯᠭᠠᠰᠤ ᠶᠢᠨ ᠤᠨᠴᠠᠯᠢᠭᠳᠤ ᠬᠤᠳᠠ ᠪᠠᠯᠭᠠᠰᠤᠨ ᠤ ᠪᠠᠶᠢᠭᠤᠯᠤᠯᠳᠠ ᠶᠢ ᠦᠷᠬᠦᠯᠵᠢᠯᠡᠨ | ᠳᠡᠬᠦᠯᠳᠡᠷᠵᠢᠬᠦᠯᠵᠤ᠂ ᠨᠠᠩᠰᠤ ᠪᠠᠯᠭᠠᠰᠤ ᠶᠢ ᠦᠨᠳᠤᠰᠤᠳᠠᠨ ᠤ ᠤᠨᠴᠠᠯᠢᠭᠳᠤ ᠪᠠᠯᠭᠠᠰᠤ ᠪᠤᠯᠭᠠᠨ ᠪᠠᠶᠢᠭᠤᠯᠬᠤ ᠶᠢ ᠪᠦᠬᠦ ᠬᠦᠴᠤᠨ ᠢᠶᠠᠷ ᠳᠡᠮᠵᠢᠨ᠂ ᠡᠯ᠎ᠡ ᠪᠠᠯᠭᠠᠰᠤᠨ | ᠳᠤᠭᠤᠷᠢᠭ ᠤᠨ ᠳᠡᠩᠴᠡᠬᠦᠷᠢᠳᠠᠢ ᠬᠦᠭᠵᠢᠬᠦ ᠶᠢ ᠪᠠᠳᠤᠯᠠᠨ᠎ᠠ᠃ | ᠦᠵᠡᠰᠬᠦᠯᠡᠩᠳᠤ ᠬᠦᠳᠡᠭᠡ ᠳᠤᠰᠬᠤᠨ ᠤ ᠪᠠᠶᠢᠭᠤᠯᠤᠯᠳᠠ ᠶᠢ ᠠᠬᠢᠭᠤᠯᠤᠨ᠎ᠠ᠃ ᠠᠶᠢᠯ ᠳᠤᠰᠬᠤᠨ ᠤ ᠪᠦᠬᠦᠶᠢᠯᠡ ᠴᠤᠭᠴᠠ ᠶᠢᠨ ᠲᠦᠯᠤᠪᠵᠢᠬᠦᠯᠬᠡ ᠶᠢ | ᠳᠡᠬᠦᠯᠳᠡᠷᠵᠢᠬᠦᠯᠤᠨ᠂ 5 ᠳᠠᠭᠤᠷᠢᠶᠠᠯ ᠭᠠᠴᠠᠭ᠎ᠠ ᠳᠤᠰᠬᠤᠨ ᠤ ᠪᠠᠶᠢᠭᠤᠯᠤᠯᠳᠠ ᠶᠢᠨ ᠠᠵᠢᠯ ᠢ ᠪᠡᠶᠡᠯᠡᠬᠦᠯᠵᠤ᠂ ᠬᠡᠷᠡᠭᠴᠡᠭᠡ ᠪᠠᠨ ᠦᠨᠳᠤᠰᠤᠯᠡᠨ ᠳᠤᠬᠢᠷᠠᠮᠵᠢᠳᠠᠢ ᠪᠠᠷ | ᠬᠦᠳᠡᠭᠡ ᠳᠤᠰᠬᠤᠨ ᠤ ᠵᠠᠰᠠᠮᠠᠯ ᠵᠠᠮ ᠢ ᠰᠢᠨ᠎ᠠ ᠪᠠᠷ ᠵᠠᠰᠠᠵᠤ᠂ ᠬᠤᠰᠢᠭᠤ ᠪᠠᠯᠭᠠᠰᠤ ᠭᠠᠴᠠᠭ᠎ᠠ ᠭᠤᠷᠪᠠᠨ ᠱᠠᠳᠤᠨ ᠤ ︽ᠵᠠᠮ ᠤᠨ ᠳᠠᠷᠤᠭᠠᠴᠢ ᠶᠢᠨ ᠲᠦᠷᠢᠮ︾ ᠤᠨ | ᠬᠠᠮᠢᠶᠠᠷᠤᠯᠳᠠ ᠶᠢᠨ ᠰᠢᠰᠲ᠋ᠧᠮ ᠢ ᠡᠷᠴᠢᠮᠳᠠᠢ ᠪᠤᠳᠠᠳᠠᠶᠢᠵᠢᠭᠤᠯᠵᠤ᠂ ︽ᠲᠦᠷᠪᠡᠨ ᠰᠠᠶᠢᠳᠠᠢ ᠬᠦᠳᠡᠭᠡ ᠶᠢᠨ ᠵᠠᠮ︾ ᠤᠨ ᠪᠠᠶᠢᠭᠤᠯᠤᠯᠳᠠ ᠶᠢ ᠠᠬᠢᠭᠤᠯᠤᠨ᠎ᠠ᠃ | ᠮᠠᠯᠵᠢᠬᠤ ᠳᠠᠷᠢᠶᠠᠯᠠᠬᠤ ᠤᠷᠤᠨ ᠤ ᠤᠰᠤ᠂ ᠴᠠᠬᠢᠯᠭᠠᠨ᠂ ᠬᠡᠢ ᠵᠡᠷᠬᠡ ᠰᠠᠭᠤᠷᠢ ᠲᠦᠬᠦᠬᠡᠷᠤᠮᠵᠢ ᠶᠢ ᠪᠦᠬᠦ ᠬᠦᠴᠤᠨ ᠢᠶᠠᠷ ᠠᠬᠢᠭᠤᠯᠤᠨ᠂ ᠮᠠᠯᠵᠢᠬᠤ ᠳᠠᠷᠢᠶᠠᠯᠠᠬᠤ | ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠤ ᠴᠡᠭᠴᠡᠯᠡᠯᠳᠠ ᠶᠢᠨ ᠠᠵᠢᠯ ᠢ ᠦᠷᠬᠦᠯᠵᠢᠯᠡᠨ ᠦᠷᠨᠢᠬᠦᠯᠵᠤ᠂ ᠪᠤᠷᠤᠪᠠᠯᠭᠠᠰᠤ ᠶᠢᠨ ᠬᠤᠭ ᠨᠤᠪᠰᠢ ᠪᠤᠯᠠᠬᠤ | ᠳᠠᠯᠠᠪᠤᠷ ᠪᠠ ᠨᠠᠩᠰᠤ ᠶᠢᠨ ᠪᠣᠬᠢᠷ ᠤᠰᠤ ᠰᠢᠢᠤᠨᠪᠤᠷᠢᠯᠡᠬᠦ ᠤᠶᠢᠯᠡᠤᠨᠪᠤᠷᠢ ᠶᠢ ᠪᠠᠶᠢᠭᠤᠯᠤᠨ᠂ ᠮᠠᠯᠵᠢᠬᠤ ᠳᠠᠷᠢᠶᠠᠯᠠᠬᠤ ᠤᠷᠤᠨ ᠤ ᠲᠦᠪᠯᠡᠷᠡᠩᠬᠦᠢ ᠰᠠᠭᠤᠷᠢᠰᠢᠯ ᠴᠡᠭ | ᠤᠨ ᠪᠣᠬᠢᠷ ᠤᠰᠤᠨ ᠤ ᠳᠤᠤᠷ ᠬᠤᠭᠤᠯᠠᠢ ᠶᠢᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ 2057 ᠡᠷᠤᠬᠡ ᠶᠢᠨ ᠵᠤᠷᠯᠤᠩ ᠢ ᠦᠬᠡᠷᠡᠴᠢᠯᠡᠨ᠂ 90% | ᠠᠴᠠ ᠳᠡᠬᠡᠭᠰᠢᠬᠢ ᠭᠠᠴᠠᠭ᠎ᠠ ᠳᠤᠰᠬᠤᠨ ᠤ ᠠᠮᠢᠳᠤᠷᠠᠯ ᠤᠨ ᠬᠤᠭ ᠨᠤᠪᠰᠢ ᠶᠢ ᠪᠦᠳᠤᠮᠵᠢᠳᠠᠢ ᠰᠢᠢᠤᠨᠪᠤᠷᠢᠯᠡᠵᠤ᠂ ᠠᠷᠢᠭᠤᠨ ᠴᠡᠪᠡᠷ ᠵᠤᠷᠯᠤᠩ ᠤᠨ ᠲᠦᠬᠡᠮᠡᠯᠵᠢᠯ ᠤᠨ | ᠨᠤᠷᠮ᠎ᠠ ᠶᠢ 85% ᠠᠴᠠ ᠳᠠᠪᠠᠭᠤᠯᠤᠨ᠎ᠠ᠃ ᠨᠤᠳᠤᠭ ᠤᠨ ᠪᠤᠯᠪᠠᠰᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠤᠨᠬᠠᠨ᠂ ᠪᠤᠯᠪᠠᠰᠤᠨ ᠭᠠᠴᠠᠭ᠎ᠠ ᠳᠤᠰᠬᠤᠨ ᠢ | ᠪᠠᠶᠢᠭᠤᠯᠬᠤ ᠠᠵᠢᠯᠯᠠᠭ᠎ᠠ ᠦᠷᠨᠢᠬᠦᠯᠵᠤ᠂ ᠰᠠᠭᠤᠷᠢᠰᠢᠬᠤ ᠳᠤ ᠳᠤᠬᠢᠷᠠᠮᠵᠢᠳᠠᠢ ᠦᠵᠡᠰᠬᠦᠯᠡᠩᠳᠤ ᠰᠠᠶᠢᠬᠠᠨ ᠰᠢᠨ᠎ᠠ ᠴᠠᠭ ᠦᠶ᠎ᠡ ᠶᠢᠨ ᠪᠤᠯᠪᠠᠰᠤᠨ ᠬᠦᠳᠡᠭᠡ ᠳᠤᠰᠬᠤᠨ | ᠢ ᠴᠤᠭᠴᠠᠯᠠᠨ᠎ᠠ᠃ | ᠬᠤᠳᠠ ᠬᠦᠳᠡᠭᠡ ᠶᠢᠨ ᠰᠠᠭᠤᠷᠢ ᠲᠦᠬᠦᠷᠴᠢᠯᠡᠯ ᠶᠢ ᠳᠡᠬᠦᠯᠳᠡᠷᠵᠢᠬᠦᠯᠤᠨ᠎ᠠ᠃ ᠤᠯᠤᠰ ᠠᠴᠠ ᠰᠢᠨ᠎ᠠ ᠰᠠᠭᠤᠷᠢ ᠦᠷᠳᠡᠭᠡ ᠶᠢᠨ ᠪᠠᠶᠢᠭᠤᠯᠤᠯᠳᠠ ᠶᠢ ᠠᠬᠢᠭᠤᠯᠬᠤ | ᠲᠦᠷᠤ ᠶᠢᠨ ᠪᠤᠳᠤᠯᠭ᠎ᠠ ᠶᠢᠨ ᠳᠤᠬᠢᠶᠠᠯ ᠢ ᠪᠠᠳᠤ ᠡᠵᠡᠮᠳᠡᠵᠤ᠂ 5G ᠰᠦᠯᠵᠢᠶᠡᠨ ᠪᠠᠶᠢᠭᠤᠯᠤᠯᠳᠠ ᠶᠢ ᠡᠬᠢᠯᠡᠬᠦᠯᠤᠨ᠂ ᠨᠢᠬᠡ ᠪᠦᠯᠦᠭ ᠬᠠᠮᠳᠤ ᠡᠳ᠋ᠯᠡᠬᠦ ᠤᠶᠤᠨᠴᠢ | ᠴᠠᠬᠢᠯᠭᠠᠨ ᠴᠡᠨᠡᠭᠯᠡᠬᠦ ᠪᠠᠭᠠᠨ᠎ᠠ ᠶᠢ ᠪᠠᠶᠢᠷᠢᠯᠡᠭᠤᠯᠵᠤ᠂ ᠶᠦᠨ ᡁᠢ ᠴᠤᠸᠠᠩ ᠳ᠋ᠠᠶᠢᠲ᠋ᠠ ᠶᠢᠨ ᠺᠤᠮᠫᠠᠨᠢ ᠶᠢ ᠪᠠᠶᠢᠭᠤᠯᠤᠨ᠂ ᠳ᠋ᠠᠶᠢᠲ᠋ᠠ ᠶᠢᠨ ᠠᠵᠤ ᠤᠶᠢᠯᠡᠰ ᠤᠨ | ᠬᠦᠭᠵᠢᠯᠳᠠ ᠶᠢ ᠵᠠᠬ᠎ᠠ ᠳᠡᠯᠬᠡᠬᠦᠷᠴᠢᠯᠡᠨ ᠠᠬᠢᠭᠤᠯᠤᠨ᠎ᠠ᠃ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠴᠢᠩᠭᠠᠤᠨᠬᠠᠨ᠂ ᠨᠠᠩᠰᠤ ᠠᠴᠠ | ᠪᠤᠷᠤᠪᠠᠯᠭᠠᠰᠤ ᠬᠦᠷᠬᠦ ᠪᠠ ᠪᠤᠷᠤᠪᠠᠯᠭᠠᠰᠤ ᠠᠴᠠ ᠳᠠᠬᠢᠯᠳᠤ ᠬᠦᠷᠬᠦ ᠬᠤᠶᠠᠷ ᠵᠤᠷᠪᠤᠰ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠤᠨ ᠵᠠᠮ ᠤᠨ ᠪᠠᠶᠢᠭᠤᠯᠤᠯᠳᠠ ᠶᠢ | ᠲᠦᠷᠬᠡᠤᠨᠬᠡᠵᠤ ᠵᠢᠯ ᠤᠨ ᠳᠤᠳᠤᠷ᠎ᠠ ᠳᠡᠷᠬᠡ ᠨᠡᠪᠳᠡᠷᠡᠬᠦᠯᠤᠨ᠎ᠠ᠃ ᠤᠳᠤᠭ ᠤᠨ ᠡᠮᠤᠨᠡᠳᠤ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ | ᠦᠬᠡᠷᠡᠴᠢᠯᠡᠵᠤ ᠦᠷᠬᠡᠤᠨᠬᠡᠨ ᠪᠠᠶᠢᠭᠤᠯᠬᠤ ᠢᠨᠵᠧᠨᠧᠷᠢᠩ ᠢ ᠢᠳᠡᠪᠬᠢᠳᠠᠢ ᠠᠬᠢᠭᠤᠯᠵᠤ᠂ ᠤᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠳᠡᠮᠤᠷ ᠵᠠᠮ ᠤᠨ | ᠪᠠᠶᠢᠭᠤᠯᠤᠯᠳᠠ ᠶᠢᠨ ᠬᠢᠵᠠᠭᠠᠷᠯᠠᠯ ᠢ ᠰᠢᠢᠤᠨᠪᠤᠷᠢᠯᠡᠬᠦ ᠠᠷᠭ᠎ᠠ ᠶᠢ ᠡᠷᠢᠯᠬᠢᠯᠡᠵᠤ᠂ ᠵᠢᠯ ᠤᠨ ᠳᠤᠳᠤᠷ᠎ᠠ ᠰᠢᠪᠳᠤᠯᠤᠯᠳᠠ ᠶᠢᠨ ᠴᠢᠨᠠᠷ ᠲᠠᠢ ᠠᠬᠢᠯᠳᠠ ᠤᠯᠬᠤ ᠪᠠᠷ | ᠴᠢᠷᠮᠠᠶᠢᠨ᠎ᠠ᠃ | ᠲᠦᠯᠤᠬᠡᠯᠡᠭᠴᠢᠤᠨ ᠡ᠂ ᠦᠨᠳᠤᠷ ᠬᠡᠪ ᠴᠢᠨᠰᠠᠭᠠᠳᠤ ᠬᠤᠳᠠ ᠬᠦᠳᠡᠭᠡ ᠶᠢᠨ ᠬᠦᠭᠵᠢᠯᠳᠠ ᠶᠢᠨ ᠤᠷᠴᠢᠨ ᠪᠤᠯ ᠤᠯᠠᠨ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠦᠰᠢᠭ ᠳᠤᠯᠭᠠᠭᠤᠷᠢ ᠪᠤᠯᠬᠤ ᠶᠤᠮ᠃ ᠪᠢᠳᠠ ᠵᠠᠪᠠᠯ ᠬᠤᠳᠠ ᠬᠦᠳᠡᠭᠡ ᠶᠢᠨ ᠬᠡᠪ ᠴᠢᠨᠰᠠᠭ᠎ᠠ ᠶᠢᠨ ᠳᠤᠳᠤᠭᠠᠳᠤ ᠠᠭᠤᠯᠬᠤᠨ ᠢ ᠳᠡᠬᠡᠭᠰᠢᠯᠡᠬᠦᠯᠬᠦ | ᠠᠴᠠ ᠭᠠᠷᠳᠠᠵᠤ᠂ ᠬᠤᠳᠠ ᠬᠦᠳᠡᠭᠡ ᠶᠢᠨ ᠨᠠᠶᠢᠳᠠ ᠶᠢᠨ ᠤᠶᠢᠯᠡᠴᠢᠯᠡᠭᠡ᠂ ᠰᠠᠭᠤᠷᠢ ᠲᠦᠬᠦᠬᠡᠷᠤᠮᠵᠢ ᠶᠢᠨ ᠴᠤᠭᠴᠠᠵᠢᠯᠳᠠ ᠶᠢ ᠲᠦᠷᠬᠡᠤᠨᠬᠡᠵᠤ᠂ ᠬᠤᠳᠠ ᠬᠦᠳᠡᠭᠡ | ᠶᠢᠨ ᠲᠦᠷᠢ ᠲᠦᠷᠬᠦ ᠶᠢ ᠨᠠᠩ ᠭᠤᠶᠤᠵᠢᠭᠤᠯᠤᠨ᠎ᠠ᠃ | ︵ᠲᠦᠷᠪᠡ︶ ᠰᠢᠨ᠎ᠠ ᠶᠢ ᠡᠬᠦᠤᠨᠬᠦ ᠶᠢ ᠴᠢᠬᠤᠯᠠᠴᠢᠯᠠᠨ ᠠᠮᠢᠳᠤᠯᠢᠭ ᠬᠦᠴᠤᠨ ᠢ ᠬᠦᠭᠵᠢᠬᠡᠨ᠎ᠡ᠃ ᠪᠠᠶᠢᠭᠤᠯᠤᠯ ᠳᠤᠭᠳᠠᠴᠠ ᠶᠢᠨ ᠰᠢᠨᠡᠴᠢᠯᠠᠯᠳᠠ ᠶᠢ | ᠪᠠᠷᠢᠮᠳᠠᠯᠠᠵᠤ᠂ ᠭᠤᠤᠯᠳᠠᠯᠭᠠᠳᠤ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭᠠᠨ ᠤ ᠦᠬᠡᠷᠡᠴᠢᠯᠠᠯᠳᠠ ᠶᠢ ᠪᠠᠳᠤᠳᠠᠢ ᠠᠬᠢᠭᠤᠯᠤᠨ᠂ ᠬᠦᠭᠵᠢᠯᠳᠠ ᠶᠢᠨ | ᠬᠦᠳᠡᠯᠬᠡᠭᠴᠢ ᠬᠦᠴᠤᠨ ᠪᠠ ᠳᠤᠭᠳᠠᠴᠠ ᠶᠢᠨ ᠠᠮᠢᠳᠤᠯᠢᠭ ᠬᠦᠴᠤᠨ ᠢ ᠤᠯᠠᠮ ᠨᠢᠬᠡ ᠠᠯᠬᠤᠮ ᠬᠦᠭᠵᠢᠬᠡᠨ᠎ᠡ᠃ | ᠰᠢᠨ᠎ᠠ ᠶᠢ ᠡᠬᠦᠤᠨᠴᠤ ᠲᠦᠷᠤᠯ ᠵᠦᠢᠯ ᠢ ᠠᠬᠢᠭᠤᠯᠤᠨ᠎ᠠ᠃ ᠭᠤᠤᠯ ᠬᠦᠴᠤᠨ ᠴᠢᠳᠠᠯ ᠪᠠ ᠠᠵᠢᠯ ᠤᠨ ᠭᠤᠤᠯᠳᠠᠯᠭ᠎ᠠ ᠪᠠᠨ ᠲᠦᠷᠤᠯ ᠵᠦᠢᠯ ᠤᠨ | ᠪᠠᠶᠢᠭᠤᠯᠤᠯᠳᠠ ᠳᠡᠬᠡᠷ᠎ᠡ ᠳᠠᠯᠪᠢᠵᠤ᠂ ᠦᠨᠤ ᠵᠢᠯ ᠤᠨ ᠳᠤᠬᠢᠷᠠᠭᠤᠯᠤᠭᠰᠡᠨ 77 ᠭᠤᠤᠯᠳᠠᠯᠭᠠᠳᠤ ᠲᠦᠷᠤᠯ ᠵᠦᠢᠯ ᠲᠠᠢ ᠨᠢᠭᠳᠠ ᠤᠶᠠᠯᠳᠤᠭᠤᠯᠤᠨ᠂ ᠪᠤᠭᠤᠮᠳᠠ | ᠰᠢᠪᠳᠤᠯᠬᠤ ᠵᠢᠷᠤᠭ ᠲᠦᠯᠤᠪᠯᠡᠭᠡ ᠳᠤᠭᠳᠠᠭᠠᠵᠤ᠂ ᠳᠦᠷᠬᠡᠨ ᠰᠢᠢᠤᠨᠪᠤᠷᠢ ᠶᠢᠨ ᠳᠤᠭᠳᠠᠴᠠ᠂ ᠲᠦᠷᠤᠯ ᠵᠦᠢᠯ ᠤᠨ ᠡᠬᠢ ᠪᠠᠶᠠᠯᠢᠭ ᠢ ᠬᠠᠮᠳᠤ ᠡᠳ᠋ᠯᠡᠬᠦ ᠳᠤᠭᠳᠠᠴᠠ | ᠪᠠ ᠠᠵᠢᠯ ᠤᠨ ᠪᠦᠳᠤᠮᠵᠢ ᠶᠢ ᠰᠢᠯᠭᠠᠨ ᠬᠢᠨᠠᠬᠤ ᠳᠤᠭᠳᠠᠴᠠ ᠶᠢ ᠪᠠᠶᠢᠭᠤᠯᠤᠨ᠂ ᠲᠦᠷᠤᠯ ᠵᠦᠢᠯ ᠤᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ 4 ᠰᠠᠷ᠎ᠠ | ᠶᠢᠨ 15 ᠠᠴᠠ ᠡᠮᠤᠨ᠎ᠡ ᠰᠢᠨ᠎ᠡ ᠪᠠᠶᠢᠭᠤᠯᠬᠤ ᠲᠦᠷᠤᠯ ᠵᠦᠢᠯ ᠤᠨ ᠪᠠᠷᠢᠯᠭ᠎ᠠ ᠡᠬᠢᠯᠡᠭᠦᠯᠬᠦ ᠨᠣᠷᠮ᠎ᠠ ᠶᠢ 60% ᠳᠤ ᠬᠦᠷᠭᠡᠵᠣ᠂ 7 ᠰᠠᠷ᠎ᠠ ᠶᠢᠨ ᠰᠡᠭᠦᠯᠴᠢ ᠠᠴᠠ | ᠡᠮᠦᠨ᠎ᠡ ᠦᠷᠭᠦᠯᠵᠢᠯᠡᠨ ᠪᠠᠶᠢᠭᠤᠯᠬᠤ ᠠᠷᠠᠳ ᠤᠨ ᠠᠮᠢᠳᠣᠷᠠᠯ ᠤᠨ ᠭᠤᠣᠯᠳᠠᠯᠭᠠᠳᠦ ᠲᠦᠷᠦᠯ ᠵᠣᠶᠢᠯ ᠢ ᠪᠦᠬᠦᠨ ᠢ ᠲᠠᠭᠤᠰᠬᠠᠵᠣ᠂ 9 ᠰᠠᠷ᠎ᠠ ᠶᠢᠨ ᠡᠴᠤᠰ ᠠᠴᠠ | ᠡᠮᠤᠨ᠎ᠡ ᠲᠦᠷᠤᠯ ᠵᠦᠢᠯ ᠤᠨ ᠠᠵᠢᠯ ᠢᠶᠠᠨ ᠰᠡᠷᠬᠦᠬᠡᠵᠤ ᠠᠵᠢᠯ ᠢᠶᠠᠨ ᠡᠬᠢᠯᠡᠬᠦᠯᠦᠭᠰᠡᠨ ᠨᠤᠷᠮ᠎ᠠ ᠶᠢ 90% ᠠᠴᠠ ᠲᠠᠪᠠᠭᠤᠯᠣᠨ᠎ᠠ᠃ ᠠᠵᠤ ᠤᠶᠢᠯᠡᠰ ᠤᠨ | ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠵᠢᠯᠤᠭᠤᠳᠤᠮᠵᠢ ᠶᠢ ᠳᠡᠬᠦᠯᠳᠡᠷᠵᠢᠬᠦᠯᠵᠤ᠂ ᠰᠢᠶᠠᠨ ᠤ ᠳᠡᠰ ᠤᠨ ᠤᠳᠤᠷᠢᠳᠤᠯᠭ᠎ᠠ ᠲᠦᠷᠤᠬᠦᠯᠦᠭᠰᠡᠨ ᠠᠷᠠᠯᠵᠢᠶᠠᠴᠢᠨ | ᠤᠷᠢᠬᠤ ᠳᠤᠰᠬᠠᠢ ᠪᠠᠭ ᠪᠠᠶᠢᠭᠤᠯᠤᠨ᠂ ᠬᠠᠨᠳᠤᠯᠭᠠᠳᠤ ᠴᠢᠨᠠᠷ ᠲᠠᠢ ᠨᠠᠷᠢᠯᠢᠭ ᠤᠨᠤᠪᠴᠢᠳᠠᠢ ᠪᠠᠷ ᠠᠷᠠᠯᠵᠢᠶᠠᠴᠢᠨ ᠤᠷᠢᠬᠤ ᠠᠵᠢᠯ ᠢ ᠦᠷᠨᠢᠬᠦᠯᠵᠤ᠂ ᠵᠢᠯ ᠤᠨ | ᠳᠤᠳᠤᠷ᠎ᠠ ᠠᠵᠤ ᠤᠶᠢᠯᠡᠰᠵᠢᠯᠳᠠ ᠶᠢᠨ ᠨᠢᠬᠡ ᠪᠦᠯᠦᠭ ᠲᠦᠷᠤᠯ ᠵᠦᠢᠯ ᠢ ᠳᠠᠬᠢᠨ ᠨᠦᠬᠡᠴᠡᠯᠡᠵᠤ᠂ ᠬᠡᠷ᠎ᠡ ᠳᠤᠭᠳᠠᠬᠤ ᠲᠦᠷᠤᠯ ᠵᠦᠢᠯ ᠤᠨ ᠶᠡᠷᠤᠩᠬᠡᠢ ᠪᠡᠯᠡ | ᠤᠷᠤᠭᠤᠯᠤᠯᠳᠠ ᠶᠢ ᠵᠠᠭᠤᠨ ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠎ᠠ᠃ | ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠬᠦᠯᠤᠨ᠎ᠠ᠃ ᠲᠦᠪ ᠤᠨ ᠭᠠᠶᠢᠯᠢ ᠬᠦᠩᠬᠡᠯᠡᠵᠤ ᠵᠠᠷᠤᠳᠠᠯ ᠪᠠᠭᠤᠷᠠᠭᠤᠯᠬᠤ ᠲᠦᠷᠤ ᠶᠢᠨ ᠪᠤᠳᠤᠯᠭ᠎ᠠ ᠶᠢᠨ | ᠱᠠᠭᠠᠷᠳᠠᠯᠭ᠎ᠠ ᠶᠢ ᠴᠢᠩᠭ᠎ᠠ ᠪᠤᠳᠠᠳᠠᠶᠢᠵᠢᠭᠤᠯᠵᠤ᠂ ᠠᠷᠠᠤᠨ ᠠᠴᠠ ᠡᠵᠡᠩᠨᠡᠭᠰᠡᠨ ᠠᠵᠤ ᠠᠬᠤᠢ ᠶᠢᠨ ᠡᠷᠡᠬᠦᠯ ᠬᠦᠭᠵᠢᠯᠳᠠ ᠶᠢ ᠭᠤᠶᠢᠪᠢᠰᠢ ᠦᠬᠡᠢ ᠳᠡᠮᠵᠢᠨ᠂ | ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠢᠳᠡᠬᠡᠮᠵᠢᠳᠤ ᠵᠢᠬᠡᠯᠡᠯᠬᠡ ᠶᠢᠨ ᠪᠦᠳᠤᠬᠡᠭᠳᠡᠬᠦᠨ ᠢᠶᠠᠨ ᠰᠢᠨᠡᠴᠢᠯᠡᠬᠦ᠂ ᠢᠳᠡᠬᠡᠮᠵᠢᠳᠤ ᠵᠢᠬᠡᠯᠡᠯᠬᠡ ᠶᠢᠨ ᠤᠷᠤᠭᠤᠯᠤᠯᠳᠠ | ᠪᠠᠨ ᠦᠷᠬᠡᠤᠨᠬᠡᠬᠦ ᠶᠢ ᠵᠢᠯᠤᠭᠤᠤᠨᠴᠤ᠂ ᠠᠷᠠᠤᠨ ᠠᠴᠠ ᠡᠵᠡᠩᠨᠡᠭᠰᠡᠨ ᠠᠵᠤ ᠠᠬᠤᠶᠢᠯᠠᠯ ᠤᠨ ᠤᠶᠢᠯᠡᠤᠨᠪᠤᠷᠢᠯᠡᠯ ᠢᠶᠠᠨ ᠦᠷᠬᠡᠤᠨᠬᠡᠬᠦ᠂ ᠵᠠᠬ᠎ᠠ ᠳᠡᠯᠬᠡᠬᠦᠷ ᠢᠶᠠᠨ | ᠶᠡᠬᠡᠤᠨᠬᠡᠬᠦ ᠶᠢ ᠳᠡᠮᠵᠢᠨ᠎ᠠ᠃ ︽ᠳᠠᠯᠪᠢᠬᠤ ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ᠂ ᠠᠵᠤ ᠠᠬᠤᠶᠢᠯᠠᠯ ᠤᠨ ᠳᠠᠩᠰᠠᠯᠠᠯᠳᠠ ᠶᠢ 3 | ᠠᠵᠢᠯᠯᠠᠬᠤ ᠡᠳᠤᠷ ᠤᠨ ᠳᠤᠳᠤᠷ᠎ᠠ᠂ ᠦᠯᠤ ᠬᠦᠳᠡᠯᠬᠦ ᠬᠦᠷᠤᠩᠬᠡ ᠶᠢᠨ ᠳᠠᠩᠰᠠᠯᠠᠯᠳᠠ ᠶᠢ 5 ᠠᠵᠢᠯᠯᠠᠬᠤ ᠡᠳᠤᠷ ᠤᠨ ᠳᠤᠳᠤᠷ᠎ᠠ ᠬᠦᠢᠴᠡᠤᠨᠬᠡᠵᠤ᠂ ᠪᠡᠯᠡ | ᠤᠷᠤᠭᠤᠯᠤᠯᠳᠠ ᠶᠢᠨ ᠲᠦᠷᠤᠯ ᠵᠦᠢᠯ ᠤᠨ ᠠᠮᠠᠯᠠᠯᠳᠠ ᠶᠢᠨ ᠲᠦᠷᠢᠮ ᠪᠠ ᠰᠠᠯᠠᠭ᠎ᠠ ᠮᠦᠴᠢᠷ ᠤᠷᠤᠯᠠᠨ ᠬᠦᠢᠴᠡᠤᠨᠬᠡᠬᠦ ᠲᠦᠷᠢᠮ ᠢ ᠬᠡᠷᠡᠭᠵᠢᠬᠦᠯᠤᠨ᠂ ᠦᠨᠡᠨ ᠬᠦ | ᠬᠠᠮᠤᠭ ᠰᠢᠯᠢᠳᠡᠭ ᠤᠷᠴᠢᠨ ᠢᠶᠠᠷ ᠬᠠᠮᠤᠭ ᠶᠡᠭᠡ ᠬᠦᠭᠵᠢᠯᠳᠠ ᠶᠢᠨ ᠬᠦᠳᠡᠯᠬᠡᠭᠴᠢ ᠬᠦᠴᠤᠨ ᠢ ᠳᠠᠶᠢᠴᠢᠯᠠᠨ᠎ᠠ᠃ | ᠪᠠᠶᠢᠭᠤᠯᠤᠯ ᠳᠤᠭᠳᠠᠴᠠ ᠶᠢ ᠠᠮᠢᠯᠠᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠠᠯᠳᠠ | ᠶᠢ ᠬᠦᠨᠵᠡᠬᠡᠶᠢᠷᠡᠬᠦᠯᠤᠨ᠂ ᠭᠠᠴᠠᠭ᠎ᠠ ᠳᠤᠰᠬᠤᠨ ᠤ ᠬᠠᠮᠳᠤ ᠶᠢᠨ ᠰᠤᠯᠠ ᠪᠠᠶᠢᠬᠤ ᠡᠬᠢ ᠪᠠᠶᠠᠯᠢᠭ ᠢ ᠨᠢᠬᠡᠳᠤᠬᠦᠯᠤᠨ ᠠᠮᠢᠳᠤᠯᠢᠭᠵᠢᠭᠤᠯᠵᠤ᠂ ᠮᠠᠯᠵᠢᠬᠤ ᠳᠠᠷᠢᠶᠠᠯᠠᠬᠤ | ᠤᠷᠤᠨ ᠤ ᠬᠠᠮᠳᠤ ᠶᠢᠨ ᠠᠵᠤ ᠠᠬᠤᠢ ᠶᠢᠨ ᠰᠢᠨ᠎ᠠ ᠬᠡᠯᠪᠡᠷᠢ ᠶᠢᠨ ᠵᠤᠬᠢᠶᠠᠨ ᠪᠠᠶᠢᠭᠤᠯᠤᠯᠳᠠ ᠶᠢ ᠲᠦᠷᠬᠡᠤᠨᠬᠡᠨ ᠪᠠᠶᠢᠭᠤᠯᠵᠤ᠂ ᠳᠠᠩᠰᠠᠯᠠᠨ ᠳᠡᠮᠳᠡᠭ ᠤᠯᠭᠤᠬᠤ ᠠᠵᠢᠯ | ᠢ ᠪᠡᠶᠡᠯᠡᠬᠦᠯᠤᠨ᠂ ᠮᠦᠩᠬᠦᠨ ᠬᠦᠢᠯᠬᠡᠬᠡᠨ ᠤ ᠢᠳᠡᠬᠡᠮᠵᠢᠳᠤ ᠵᠢᠬᠡᠯᠡᠯᠬᠡ ᠶᠢᠨ ᠲᠦᠷᠤᠯ ᠢ ᠲᠦᠬᠦᠷᠴᠢᠯᠡᠨ ᠪᠠᠶᠢᠷᠢᠯᠠᠭᠤᠯᠵᠤ᠂ ᠬᠠᠮᠳᠤ ᠶᠢᠨ ᠠᠵᠤ ᠠᠬᠤᠢ ᠶᠢ | ᠬᠦᠴᠤᠷᠬᠡᠭᠵᠢᠬᠦᠯᠬᠦ ᠳᠤ ᠮᠦᠩᠬᠦᠨ ᠬᠦᠢᠯᠬᠡᠬᠡᠨ ᠤ ᠪᠠᠳᠤᠯᠠᠭ᠎ᠠ ᠬᠠᠩᠭᠠᠨ᠎ᠠ᠃ ᠴᠢᠳᠠᠪᠤᠷᠢᠳᠠᠨ ᠢᠶᠠᠷ ᠬᠤᠰᠢᠭᠤ ᠪᠠᠨ ᠬᠦᠴᠤᠷᠬᠡᠭᠵᠢᠬᠦᠯᠬᠦ ᠢᠨᠵᠧᠨᠧᠷᠢᠩ ᠢ ᠬᠦᠨᠵᠡᠬᠡᠢ | ᠠᠬᠢᠭᠤᠯᠤᠨ᠂ ᠠᠵᠢᠯ ᠲᠦᠷᠤᠯ ᠤᠨ ᠳᠤᠰᠬᠠᠢ ᠮᠡᠷᠬᠡᠵᠢᠯ ᠤᠨ ᠴᠢᠳᠠᠪᠤᠷᠢᠳᠠᠨ ᠤ ᠬᠦᠮᠤᠷᠬᠡ ᠶᠢ ᠪᠠᠶᠢᠭᠤᠯᠵᠤ᠂ ᠴᠢᠳᠠᠪᠤᠷᠢᠳᠠᠨ ᠤ ᠰᠢᠯᠵᠢᠯᠳᠠ ᠶᠢᠨ ᠠᠷᠭ᠎ᠠ ᠵᠠᠮ ᠢ | ᠰᠢᠯᠤᠭᠤᠤᠨᠬᠠᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠵᠤ᠂ ᠠᠵᠤ ᠤᠶᠢᠯᠡᠰ ᠢᠶᠠᠷ ᠬᠦᠳᠤᠯᠤᠮᠵᠢ ᠪᠤᠯᠭᠠᠭᠰᠡᠨ ᠴᠢᠳᠠᠪᠤᠷᠢᠳᠠᠨ ᠢ ᠬᠦᠮᠤᠵᠢᠬᠦᠯᠬᠦ | ᠳᠤᠭᠳᠠᠴᠠ ᠶᠢ ᠪᠠᠶᠢᠭᠤᠯᠤᠨ᠂ ᠰᠢᠯᠢᠳᠡᠭ ᠴᠢᠳᠠᠪᠤᠷᠢᠳᠠᠨ ᠢ ᠵᠢᠯᠤᠭᠤᠳᠤᠨ ᠭᠤᠤᠯᠳᠠᠯᠭᠠᠳᠤ ᠠᠵᠤ ᠤᠶᠢᠯᠡᠰ᠂ ᠭᠤᠤᠯᠳᠠᠯᠭᠠᠳᠤ ᠠᠵᠢᠯ ᠲᠦᠷᠤᠯ ᠳᠡᠰᠢ | ᠬᠤᠷᠠᠭᠤᠯᠤᠨ᠎ᠠ᠃ | ᠲᠦᠯᠤᠬᠡᠯᠡᠭᠴᠢᠤᠨ ᠡ᠂ ᠰᠢᠨᠡᠴᠢᠯᠠᠯᠳᠠ ᠪᠤᠯ ᠴᠢᠨᠠᠷᠯᠢᠭ ᠬᠦᠭᠵᠢᠯᠳᠠ ᠶᠢ ᠳᠠᠶᠢᠴᠢᠯᠠᠬᠤ ᠬᠦᠳᠡᠯᠬᠡᠭᠴᠢ ᠬᠦᠴᠤᠨ ᠪᠤᠯᠤᠨ᠎ᠠ᠃ ᠪᠢᠳᠠ ᠪᠦᠬᠦ ᠬᠤᠰᠢᠭᠤᠨ ᠤ | ᠵᠠᠰᠠᠭ ᠤᠨ ᠤᠷᠳᠤᠨ ᠤ ᠰᠢᠰᠲ᠋ᠧᠮ ᠤᠨ ᠦᠵᠡᠯ ᠰᠠᠨᠠᠭᠠᠨ ᠤ ᠴᠢᠯᠤᠬᠡᠯᠡᠯᠳᠠ᠂ ᠦᠵᠡᠯᠳᠠ ᠳᠠᠨᠢᠯᠳᠠ ᠶᠢᠨ ᠰᠢᠨᠡᠴᠢᠯᠡᠯᠳᠠ ᠶᠢ ᠬᠦᠴᠤᠯᠡᠨ ᠠᠬᠢᠭᠤᠯᠵᠤ᠂ ᠡᠷᠴᠢ | ᠬᠦᠴᠤᠨ ᠲᠠᠢ᠂ ᠰᠢᠨᠡᠴᠢᠯᠡᠯ ᠲᠠᠢ᠂ ᠡᠷᠳᠠᠮ ᠴᠢᠳᠠᠪᠤᠷᠢ ᠲᠠᠢ ᠺᠠᠳ᠋ᠷ ᠤᠨ ᠡᠩᠨᠡᠭᠡ ᠶᠢ ᠪᠠᠶᠢᠭᠤᠯᠤᠨ᠂ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢᠨ | ᠠᠮᠢᠳᠤᠯᠢᠭ ᠬᠦᠴᠤᠨ ᠢ ᠬᠦᠭᠵᠢᠬᠡᠨ᠎ᠡ᠃ | ︵ᠳᠠᠪᠤ︶ ᠲᠦᠭᠰᠢᠬᠦᠷᠢ ᠶᠢ ᠰᠡᠷᠬᠡᠶᠢᠯᠡᠨ ᠬᠤᠷᠢᠭ᠎ᠠ ᠱᠣᠭᠤᠮ ᠢ ᠰᠠᠬᠢᠨ᠎ᠠ᠃ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠪᠠ ᠳᠠᠯᠳᠠ ᠬᠡᠮ ᠢ ᠪᠠᠶᠢᠴᠠᠭᠠᠨ | ᠵᠠᠰᠠᠬᠤ ᠰᠢᠰᠲ᠋ᠧᠮ ᠢ ᠪᠦᠷᠢᠨᠰᠢᠬᠦᠯᠵᠤ᠂ ᠮᠦᠩᠬᠦᠨ ᠬᠦᠢᠯᠬᠡᠬᠡ᠂ ᠦᠷᠢ ᠦᠭᠴᠡᠭᠡ᠂ ᠠᠮᠤᠷ ᠲᠦᠪᠰᠢᠨ᠂ ᠡᠶ᠎ᠡ ᠳᠤᠭᠳᠠᠭᠤᠨ ᠵᠡᠷᠬᠡ ᠡᠯ᠎ᠡ ᠵᠦᠢᠯ ᠤᠨ ᠲᠦᠭᠰᠢᠬᠦᠷᠢ | ᠶᠢ ᠬᠢᠨᠠᠨ ᠰᠢᠯᠭᠠᠵᠤ ᠤᠷᠢᠤᠨᠴᠢᠯᠡᠨ ᠰᠡᠷᠡᠮᠵᠢᠯᠡᠬᠦᠯᠬᠦ ᠶᠢ ᠴᠢᠩᠭᠠᠤᠨᠬᠠᠨ᠂ ᠨᠤᠴᠢᠳᠠᠢ ᠲᠦᠭᠰᠢᠬᠦᠷᠢ ᠶᠢᠨ ᠬᠤᠷᠢᠭ᠎ᠠ ᠱᠤᠭᠤᠮ ᠢ ᠪᠠᠳᠤ ᠰᠠᠬᠢᠨ᠎ᠠ᠃ | ᠨᠤᠴᠢᠳᠠᠢ ᠲᠦᠭᠰᠢᠬᠦᠷᠢ ᠶᠢ ᠰᠡᠷᠬᠡᠶᠢᠯᠡᠨ ᠰᠢᠢᠤᠨᠪᠤᠷᠢᠯᠡᠬᠦ ᠰᠢᠪᠳᠤᠯᠤᠯᠳᠠ ᠶᠢᠨ ᠠᠵᠢᠯ ᠢ ᠰᠠᠶᠢᠳᠤᠷ ᠬᠢᠨ᠎ᠠ᠃ ᠵᠠᠰᠠᠭ ᠤᠨ ᠤᠷᠳᠤᠨ ᠤ ᠦᠷᠢ ᠦᠭᠴᠡᠭᠡ ᠶᠢᠨ | ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠶᠢ ᠴᠢᠩᠭᠠᠤᠨᠬᠠᠵᠤ᠂ ᠳᠠᠯᠳᠠ ᠦᠷᠢ ᠦᠭᠴᠡᠭᠡ ᠶᠢ ᠰᠢᠢᠤᠨᠪᠤᠷᠢᠯᠡᠬᠦ ᠲᠦᠯᠤᠪᠯᠡᠭᠡ ᠶᠢ ᠴᠢᠩᠭ᠎ᠠ ᠪᠤᠳᠠᠳᠠᠶᠢᠵᠢᠭᠤᠯᠤᠨ᠂ | ᠲᠦᠰᠤᠪ ᠢ ᠳᠤᠬᠢᠷᠠᠭᠤᠯᠬᠤ᠂ ᠡᠳ᠋ ᠬᠦᠷᠤᠩᠬᠡ ᠶᠢ ᠰᠢᠢᠤᠨᠪᠤᠷᠢᠯᠡᠬᠦ᠂ ᠤᠷᠤᠯᠭ᠎ᠠ ᠪᠠᠨ ᠨᠡᠮᠡᠭᠳᠡᠬᠦᠯᠤᠨ ᠵᠠᠷᠤᠯᠭ᠎ᠠ ᠪᠠᠨ ᠬᠡᠮᠨᠡᠬᠦ ︽ᠬᠠᠮ ᠠᠷᠭ᠎ᠠ︾ ᠪᠠᠷ 5.62 | ᠳ᠋ᠦᠩᠰᠢᠭᠤᠷ ᠲᠦᠬᠦᠷᠢᠭ ᠤᠨ ᠵᠠᠰᠠᠭ ᠤᠨ ᠤᠷᠳᠤᠨ ᠤ ᠳᠠᠯᠳᠠ ᠦᠷᠢ ᠦᠭᠴᠡᠭᠡ ᠶᠢ ᠢᠯᠭᠠᠷᠠᠭᠤᠯᠤᠨ᠎ᠠ᠃ ᠠᠷᠠᠤᠨ ᠠᠴᠠ ᠡᠵᠡᠩᠨᠡᠭᠰᠡᠨ ᠠᠵᠤ ᠠᠬᠤᠶᠢᠯᠠᠯ᠂ | ᠳᠤᠮᠳᠠ ᠪᠠᠭ᠎ᠠ ᠠᠵᠤ ᠠᠬᠤᠶᠢᠯᠠᠯ ᠳᠤ ᠦᠷᠢᠳᠤᠵᠤ ᠪᠠᠶᠢᠭ᠎ᠠ ᠦᠷᠢ ᠦᠭᠴᠡᠭᠡ ᠶᠢ ᠦᠷᠬᠦᠯᠵᠢᠯᠡᠨ ᠰᠢᠢᠤᠨᠪᠤᠷᠢᠯᠡᠵᠤ᠂ ᠪᠤᠴᠠᠭᠠᠬᠤ ᠨᠦᠬᠦᠴᠡᠯ ᠲᠠᠢ ᠦᠯᠡᠳᠡᠭᠰᠡᠨ | ᠦᠷᠢ ᠦᠭᠴᠡᠭᠡ ᠶᠢ ᠵᠢᠯ ᠤᠨ ᠳᠤᠳᠤᠷ᠎ᠠ ᠪᠦᠬᠦᠨ ᠢ ᠢᠯᠭᠠᠷᠠᠭᠤᠯᠵᠤ᠂ ᠰᠢᠨ᠎ᠠ ᠦᠷᠢ ᠦᠭᠴᠡᠭᠡ ᠭᠠᠷᠭᠠᠬᠤ ᠶᠢ ᠡᠷᠡᠰ ᠵᠤᠭᠰᠤᠭᠠᠨ᠎ᠠ᠃ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠬᠢᠨᠠᠨ ᠡᠵᠡᠮᠳᠡᠵᠤ ᠤᠷᠢᠤᠨᠴᠢᠯᠠᠨ ᠰᠡᠷᠡᠮᠵᠢᠯᠡᠬᠦᠯᠬᠦ ᠶᠢ ᠴᠢᠩᠭᠠᠤᠨᠬᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠢ ᠰᠡᠷᠬᠡᠶᠢᠯᠡᠨ | ᠬᠢᠵᠠᠭᠠᠷᠯᠠᠬᠤ ᠡᠯ᠎ᠡ ᠵᠦᠢᠯ ᠤᠨ ᠠᠵᠢᠯ ᠢ ᠦᠷᠬᠦᠯᠵᠢᠯᠡᠨ ᠰᠠᠶᠢᠳᠤᠷ ᠠᠤᠨᠬᠤᠵᠤ᠂ ᠡᠯ᠎ᠡ ᠬᠦᠷᠢᠶ᠎ᠡ ᠴᠠᠷᠠᠭᠠᠨ ᠤ ᠲᠦᠭᠰᠢᠬᠦᠷᠢ ᠶᠢ ᠴᠢᠩᠭ᠎ᠠ ᠰᠡᠷᠬᠡᠶᠢᠯᠡᠨ᠎ᠡ᠃ | ᠨᠠᠶᠢᠬᠡᠮ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠤᠨᠬᠠᠨ᠎ᠠ᠃ ᠠᠮᠤᠷ ᠠᠮᠤᠭᠤᠯᠠᠩ ᠡᠮᠤᠨᠡᠳᠤ ᠤᠳᠤᠭ ᠤᠨ | ᠪᠠᠶᠢᠭᠤᠯᠤᠯᠳᠠ ᠶᠢ ᠬᠦᠨᠵᠡᠬᠡᠶᠢᠷᠡᠬᠦᠯᠤᠨ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠪᠠᠳᠤᠳᠠᠢ ᠠᠬᠢᠭᠤᠯᠵᠤ᠂ ᠬᠠᠤᠯᠢ ᠪᠠᠷ ᠵᠠᠰᠠᠬᠤ | ᠵᠠᠬᠢᠳᠠᠯ ᠰᠤᠷᠪᠤᠯᠵᠢᠯᠠᠭ᠎ᠠ ᠶᠢᠨ ᠵᠠᠮ ᠱᠤᠭᠤᠮ ᠢ ᠰᠢᠯᠤᠭᠤᠤᠨᠬᠠᠨ᠂ ᠡᠯ᠎ᠡ ᠵᠦᠢᠯ ᠤᠨ ᠵᠦᠷᠢᠴᠡᠯ ᠤᠨ ᠳᠠᠯᠳᠠ ᠬᠡᠮ ᠰᠤᠭᠤᠭ ᠢ ᠴᠢᠩᠭ᠎ᠠ ᠰᠡᠷᠬᠡᠶᠢᠯᠡᠨ᠎ᠡ᠃ ᠠᠶᠤᠯᠬᠦᠢ | ᠤᠶᠢᠯᠡᠤᠨᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠪᠤᠳᠠᠳᠠᠶᠢᠵᠢᠭᠤᠯᠵᠤ᠂ ᠭᠠᠮᠰᠢᠭ ᠢ ᠰᠡᠷᠬᠡᠶᠢᠯᠡᠨ ᠭᠠᠮᠰᠢᠭ ᠢ ᠪᠠᠭᠠᠰᠬᠠᠬᠤ᠂ ᠦᠶᠡᠷ ᠢ ᠰᠡᠷᠬᠡᠶᠢᠯᠡᠨ | ᠭᠠᠩ ᠲᠠᠢ ᠳᠡᠮᠡᠴᠡᠬᠦ᠂ ᠢᠳᠡᠬᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠡᠷᠬᠡ ᠠᠵᠢᠯ ᠢ ᠨᠢᠬᠡᠳᠤᠯᠳᠠᠢ ᠲᠦᠯᠤᠪᠵᠢᠬᠦᠯᠤᠨ ᠠᠤᠨᠬᠤᠵᠤ᠂ ᠠᠷᠠᠤᠨ ᠲᠦᠮᠡᠨ ᠤ | ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠪᠦᠬᠦ ᠬᠦᠴᠤᠨ ᠢᠶᠠᠷ ᠪᠠᠳᠤᠯᠠᠨ᠎ᠠ᠃ ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠭᠤᠶᠢᠪᠢᠰᠢ | ᠦᠬᠡᠢ ᠪᠤᠳᠠᠳᠠᠶᠢᠵᠢᠭᠤᠯᠤᠨ᠂ ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ ᠳᠠᠪᠰᠢᠯᠳᠠ ᠶᠢᠨ ᠳᠠᠭᠤᠷᠢᠶᠠᠯ ᠬᠤᠰᠢᠭᠤ ᠶᠢᠨ ᠪᠠᠶᠢᠭᠤᠯᠤᠯᠳᠠ ᠶᠢ ᠲᠦᠷᠬᠡᠤᠨᠬᠡᠨ᠂ | ᠪᠦᠬᠦ ᠠᠷᠠᠤᠨ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠬᠤ ᠴᠢᠳᠠᠪᠬᠢ ᠶᠢ ᠪᠦᠬᠦ ᠳᠠᠯ᠎ᠠ ᠪᠠᠷ ᠳᠡᠬᠡᠭᠰᠢᠯᠡᠬᠦᠯᠤᠨ ᠡᠬᠡ ᠣᠷᠣᠨᠴᠢ ᠬᠦᠮᠤᠵᠢᠯ ᠤᠨ | ᠭᠤᠤᠯ ᠰᠡᠳᠤᠪᠳᠤ ᠠᠵᠢᠯᠯᠠᠭ᠎ᠠ ᠦᠷᠨᠢᠬᠦᠯᠤᠨ᠂ ᠡᠯ᠎ᠡ ᠦᠨᠳᠤᠰᠤᠳᠠᠨ ᠤ ᠠᠷᠠᠤᠨ ᠲᠦᠮᠡᠨ ᠤ ᠪᠦᠯᠬᠦᠮᠳᠠᠨ ᠳᠡᠮᠡᠴᠡᠵᠤ ᠦᠬᠡᠳᠡᠯᠡᠨ ᠬᠦᠭᠵᠢᠬᠦ ᠦᠵᠡᠯ ᠰᠠᠨᠠᠭᠠᠨ ᠤ | ᠰᠠᠭᠤᠷᠢ ᠶᠢ ᠪᠠᠳᠤᠤᠨᠬᠠᠨᠠ᠃ | ᠲᠦᠯᠤᠬᠡᠯᠡᠭᠴᠢᠤᠨ ᠡ᠂ ᠨᠤᠴᠢᠳᠠᠢ ᠲᠦᠭᠰᠢᠬᠦᠷᠢ ᠶᠢ ᠰᠡᠷᠬᠡᠶᠢᠯᠡᠨ ᠬᠢᠵᠠᠭᠠᠷᠯᠠᠬᠤ ᠨᠢ ᠠᠵᠤ ᠠᠬᠤᠢ ᠨᠠᠶᠢᠬᠡᠮ ᠤᠨ ᠪᠦᠬᠦ ᠳᠠᠯ᠎ᠠ ᠶᠢᠨ ᠳᠤᠭᠳᠠᠭᠤᠨ ᠪᠠᠶᠢᠳᠠᠯ | ᠲᠠᠢ ᠨᠢᠭᠳᠠ ᠬᠤᠯᠪᠤᠭᠳᠠᠯ ᠲᠠᠢ᠃ ᠪᠢᠳᠠ ᠡᠷᠬᠡᠪᠰᠢ ᠶᠡᠭᠡ ᠬᠠᠨᠳᠤᠰᠢ ᠶᠢ ᠰᠤᠳᠤᠯᠤᠨ ᠮᠠᠭᠠᠤᠨᠯᠠᠵᠤ᠂ ᠤᠷᠢᠤᠨᠴᠢᠯᠠᠨ ᠪᠡᠯᠡᠤᠨᠬᠡᠯ ᠠᠵᠢᠯ ᠢᠶᠠᠨ ᠪᠦᠷᠢᠨ ᠬᠢᠨ᠂ | ᠤᠨᠤᠪᠴᠢᠳᠠᠢ ᠰᠡᠷᠬᠡᠶᠢᠯᠡᠨ ᠪᠦᠳᠤᠮᠵᠢᠳᠠᠢ ᠰᠢᠢᠤᠨᠪᠤᠷᠢᠯᠡᠵᠤ᠂ ᠤᠳᠤᠭ ᠤᠨ ᠡᠮᠤᠨᠡᠳᠤ ᠬᠤᠰᠢᠭᠤᠨ ᠤ ᠨᠠᠶᠢᠬᠡᠮ ᠤᠨ ᠰᠠᠭᠤᠷᠢ ᠶᠢ ᠨᠠᠩ ᠳᠤᠭᠳᠠᠭᠤᠨ᠂ ᠬᠦᠭᠵᠢᠯᠳᠠ | ᠶᠢᠨ ᠤᠷᠴᠢᠨ ᠢ ᠨᠠᠩ ᠲᠦᠪᠰᠢᠨ᠂ ᠠᠷᠠᠤᠨ ᠤᠨ ᠠᠮᠢᠳᠤᠷᠠᠯ ᠢ ᠨᠠᠩ ᠠᠮᠤᠭᠤᠯᠠᠩ ᠪᠤᠯᠭᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠰᠢᠭ ᠵᠢᠷᠭᠠᠯ ᠳᠤ ᠭᠥᠴᠥᠯᠡᠨᠡ᠃ ᠬᠤᠰᠢᠭᠤ ᠪᠠᠶᠢᠭᠤᠯᠤᠭᠳᠠᠭᠰᠠᠨ 40 ᠵᠢᠯ ᠤᠨ ᠤᠢ ᠳᠤ | ᠲᠤᠬᠢᠶᠠᠯᠳᠤᠭᠤᠯᠤᠨ᠂ ᠠᠷᠠᠳ ᠤᠨ ᠠᠮᠢᠳᠤᠷᠠᠯ ᠤᠨ ᠪᠠᠶᠢᠭᠤᠯᠤᠯᠳᠠ ᠶᠢᠨ ᠰᠠᠭᠤᠷᠢ᠂ ᠲᠥᠭᠡᠮᠡᠯ᠂ ᠪᠠᠳᠤᠯᠠᠭ᠎ᠠ ᠶᠢᠨ ᠴᠢᠨᠠᠷᠳᠠᠢ ᠵᠥᠢᠯ ᠳᠤ ᠭᠥᠴᠥᠨ ᠢᠶᠠᠨ | ᠲᠥᠪᠯᠡᠷᠡᠭᠦᠯᠵᠤ᠂ ᠪᠥᠭᠦ ᠬᠤᠰᠢᠭᠤᠨ ᠤ ᠠᠷᠠᠳ ᠤᠯᠠᠨ ᠳᠤ ᠪᠠᠳᠤ ᠨᠤᠳᠠ ᠬᠠᠯᠠᠮᠵᠢ ᠭᠥᠷᠳᠡᠭᠡᠨ᠎ᠡ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠳᠤ ᠪᠥᠭᠦ ᠲᠠᠯ᠎ᠠ ᠪᠠᠷ ᠠᠮᠵᠢᠯᠳᠠ ᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠠᠵᠢᠯ ᠤᠨ | ᠭᠥᠷᠢᠶ᠎ᠡ ᠴᠠᠷᠠᠭᠠᠨ ᠳᠤ ᠬᠢ ᠠᠰᠠᠭᠤᠳᠠᠯ ᠴᠡᠭᠴᠡᠯᠡᠯᠳᠡ ᠶᠢᠨ ᠵᠠᠭᠤᠨ ᠡᠳᠥᠷ ᠤᠨ ᠰᠢᠪᠳᠤᠯᠤᠯᠳᠠ ᠶᠢ ᠶᠠᠪᠤᠭᠳᠠᠭᠤᠯᠵᠤ᠂ ᠤᠷᠤᠰᠢᠬᠤ ᠠᠰᠠᠭᠤᠳᠠᠯ ᠤᠳ ᠤᠨ | ᠰᠢᠢᠳᠪᠥᠷᠢᠯᠡᠯ ᠴᠡᠭᠴᠡᠯᠡᠯ ᠢ ᠲᠥᠷᠭᠡᠳᠭᠡᠨ᠂ 6 ᠰᠠᠷ᠎ᠠ ᠶᠢᠨ ᠰᠡᠭᠦᠯᠴᠢ ᠪᠤᠯᠬᠤ ᠳᠤ ᠪᠥᠭᠦᠨ ᠢ ᠴᠡᠭᠴᠡᠯᠡᠨ ᠬᠠᠯᠠᠨ᠎ᠠ᠃ ᠠᠵᠤ ᠥᠢᠯᠡᠰ ᠢᠶᠠᠷ ᠶᠠᠳᠠᠭᠤ ᠶᠢ ᠲᠡᠳᠭᠦᠭᠦ | ᠠᠵᠢᠯ ᠳᠤ ᠭᠥᠴᠥᠨ ᠢᠶᠠᠨ ᠲᠥᠪᠯᠡᠷᠡᠭᠦᠯᠥᠨ᠂ ᠨᠠᠶᠢᠳᠠᠪᠤᠷᠢᠵᠢᠭᠤᠯᠤᠭᠰᠠᠨ ᠲᠥᠷᠥᠯ ᠵᠥᠢᠯ ᠤᠨ ᠲᠥᠭᠦᠷᠴᠢᠯᠡᠯ ᠲᠡᠭᠦᠯᠳᠡᠷᠵᠢᠭᠦᠯᠥᠯ ᠪᠤᠯᠤᠨ ᠪᠠᠳᠤᠳᠬᠠᠯ | ᠲᠡᠭᠡᠭᠰᠢᠯᠡᠭᠦᠯᠥᠯ ᠢ ᠭᠤᠤᠯᠳᠠᠯᠭᠠᠳᠠᠢ ᠠᠳᠬᠤᠵᠤ᠂ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠥᠩᠭᠦ ᠬᠢᠭᠡᠳ ᠡᠳ᠋ ᠤᠨ ᠵᠠᠰᠠᠭ ᠤᠨ ᠲᠡᠳᠭᠦᠮᠵᠢ ᠶᠢᠨ ᠮᠥᠩᠭᠦ | ᠶᠢ ᠴᠡᠭᠴᠡᠵᠢᠭᠦᠯᠥᠨ᠂ ᠤᠷᠤᠯᠭ᠎ᠠ ᠶᠢᠨ ᠨᠡᠮᠡᠭᠳᠡᠯ ᠢᠶᠠᠷ ᠰᠠᠶᠢᠨ ᠲᠠᠶᠢᠴᠢᠯᠠᠨ ᠲᠠᠭᠠᠭᠤᠯᠬᠤ ᠭᠥᠴᠥᠨ ᠢᠶᠠᠷ ᠴᠢᠩᠭ᠎ᠠ ᠠᠵᠤ ᠥᠢᠯᠡᠰ ᠤᠨ ᠲᠥᠷᠥᠯ ᠵᠥᠢᠯ ᠢ | ᠲᠥᠷᠥᠭᠦᠨ ᠳᠤ ᠨᠢ ᠲᠡᠳᠭᠦᠵᠤ᠂ ᠭᠠᠵᠠᠷ ᠰᠢᠯᠵᠢᠭᠦᠯᠥᠨ ᠲᠡᠳᠭᠦᠭᠰᠡᠨ ᠲᠥᠪᠯᠡᠷᠡᠯ ᠰᠠᠭᠤᠷᠢᠰᠢᠯ ᠤᠨ ᠠᠵᠤ ᠥᠢᠯᠡᠰ ᠤᠨ ᠬᠡᠪᠴᠢᠶᠡᠵᠢᠯ ᠪᠠᠷᠢᠮᠵᠢᠶᠠᠵᠢᠯ ᠲᠠᠢ | ᠭᠥᠭᠵᠢᠯᠳᠡ ᠶᠢ ᠠᠬᠢᠭᠤᠯᠤᠨ᠂ ᠨᠡᠩ ᠨᠢᠭᠳᠠ ᠬᠤᠯᠪᠤᠯᠳᠤᠭᠰᠠᠨ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠴᠤᠭᠴᠠᠯᠠᠵᠤ᠂ ᠭᠥᠳᠡᠯᠮᠥᠷᠢ ᠭᠥᠴᠥᠨ ᠪᠥᠭᠦᠢ | ᠭᠥᠴᠢᠷᠳᠡᠯᠳᠡᠢ ᠡᠷᠥᠭᠡ ᠪᠤᠯᠭᠠᠨ ᠢ ᠠᠵᠤ ᠥᠢᠯᠡᠰ ᠲᠤ ᠲᠥᠰᠢᠭᠯᠡᠨ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠥᠨ᠂ ᠡᠨᠡ ᠭᠦ ᠠᠵᠢᠯ ᠤᠨ ᠬᠢᠨᠠᠯᠳᠠ | ᠰᠢᠯᠭᠠᠯᠳᠠ ᠲᠣᠭᠤᠯᠬᠤ ᠶᠢ ᠪᠠᠳᠤᠯᠠᠨ᠎ᠠ᠃ | ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠪᠠᠳᠤᠳᠠᠢ ᠰᠠᠶᠢᠳᠤᠷ ᠬᠢᠨ᠎ᠠ᠃ ᠰᠤᠷᠭᠠᠨ ᠭᠥᠮᠥᠵᠢᠯ ᠤᠨ ᠥᠢᠯᠡᠰ ᠢ ᠲᠥᠷᠥᠭᠦᠨ ᠳᠤ ᠨᠢ ᠭᠥᠭᠵᠢᠭᠦᠯᠥᠨ᠂ | ᠬᠠᠮᠳᠤᠷᠠᠯᠴᠠᠨ ᠰᠤᠷᠭᠠᠭᠤᠯᠢ ᠡᠷᠬᠢᠯᠡᠭᠦ ᠥᠷ᠎ᠡ ᠪᠥᠳᠥᠮᠵᠢ ᠪᠠᠨ ᠭᠥᠨᠵᠡᠭᠡᠶᠢᠷᠡᠭᠦᠯᠵᠤ᠂ ᠮᠤᠩᠭᠤᠯ ᠥᠨᠳᠥᠰᠥᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢ | ᠡᠬᠢᠯᠡᠵᠤ ᠪᠠᠶᠢᠭᠤᠯᠤᠨ᠂ ᠮᠤᠩᠭᠤᠯ ᠥᠨᠳᠥᠰᠥᠳᠡᠨ ᠤ ᠲᠤᠮᠳᠠᠳᠤ ᠰᠤᠷᠭᠠᠭᠤᠯᠢ ᠤᠨ ᠪᠠᠶᠢᠭᠤᠯᠣᠯᠳᠠ ᠶᠢᠨ ᠡᠮᠦᠨ᠎ᠡ ᠬᠤᠭᠤᠴᠠᠭᠠᠨ ᠤ ᠠᠵᠢᠯ ᠢ ᠲᠦᠷᠭᠡᠳᠬᠡᠵᠣ᠂ 7 | ᠰᠠᠷ᠎ᠠ ᠶᠢᠨ ᠡᠴᠥᠰ ᠢᠶᠠᠷ ᠭᠤᠷᠪᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠠᠶᠢᠭᠤᠯᠤᠯᠳᠠ ᠶᠢ ᠲᠠᠭᠤᠰᠬᠠᠵᠤ᠂ ᠴᠢᠨᠠᠷᠯᠢᠭ ᠰᠤᠷᠭᠠᠨ ᠭᠥᠮᠥᠵᠢᠯ ᠤᠨ | ᠰᠠᠭᠤᠷᠢ ᠨᠥᠭᠦᠴᠡᠯ ᠢ ᠪᠠᠬᠢᠵᠢᠭᠦᠯᠥᠨ᠎ᠡ᠃ ᠡᠷᠡᠭᠦᠯ ᠡᠩᠭᠡ ᠤᠳᠤᠭ ᠤᠨ ᠡᠮᠥᠨᠡᠳᠤ ᠬᠤᠰᠢᠭᠤᠨ ᠤ ᠪᠠᠶᠢᠭᠤᠯᠤᠯᠳᠠ ᠶᠢ ᠭᠥᠨᠵᠡᠭᠡᠶᠢᠷᠡᠭᠦᠯᠤᠨ᠂ ᠡᠭᠡ ᠨᠢᠯᠬᠠᠰ ᠤᠨ | ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠶᠢᠭᠤᠯᠵᠤ᠂ ᠮᠤᠩᠭᠤᠯ ᠡᠮᠨᠡᠯᠭᠡ ᠶᠢᠨ ᠶᠡᠷᠥᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ ᠱᠠᠩᠬᠠᠢ ᠶᠢᠨ | ᠰᠥᠮ᠎ᠡ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠳᠠ ᠳᠤ ᠤᠷᠤᠭᠤᠯᠤᠨ᠂ ᠬᠤᠯᠤᠭᠠᠨ᠎ᠠ ᠬᠢᠵᠢᠭ ᠤᠨ ᠪᠠᠶᠢᠴᠠᠭᠠᠯᠳᠠ ᠶᠢᠨ ᠬᠤᠰᠢᠭᠤ ᠳᠡᠰ | ᠤᠨ ᠲᠤᠷᠰᠢᠯᠳᠠ ᠶᠢᠨ ᠲᠠᠰᠤᠭ ᠢ ᠡᠩ ᠲᠡᠷᠢᠭᠦᠨ ᠳᠤ ᠴᠤᠭᠴᠠᠯᠠᠵᠤ᠂ ᠬᠠᠯᠠᠭᠤᠷᠠᠭᠰᠠᠳ ᠤᠨ ᠤᠨᠤᠰᠢᠯᠠᠭ᠎ᠠ ᠡᠮᠴᠢᠯᠡᠭᠡ ᠶᠢᠨ ᠪᠠᠷᠢᠮᠵᠢᠶᠠᠳᠤ ᠡᠮᠨᠡᠯᠭᠡ ᠶᠢᠨ | ᠪᠠᠶᠢᠭᠤᠯᠤᠯᠳᠠ ᠶᠢ ᠪᠥᠭᠦ ᠲᠠᠯ᠎ᠠ ᠪᠠᠷ ᠲᠡᠭᠦᠯᠳᠡᠷᠵᠢᠭᠦᠯᠤᠨ᠂ ᠨᠤᠴᠢᠳᠠᠢ ᠭᠥᠨᠳᠥ ᠡᠪᠡᠳᠴᠢᠨ ᠪᠤᠯᠤᠨ ᠰᠣᠴᠢᠮᠠᠭ ᠬᠠᠯᠳᠠᠪᠤᠷᠢᠳᠤ ᠡᠪᠡᠳᠴᠢᠨ ᠢ ᠪᠠᠴᠢᠮ ᠠᠷᠭᠠᠴᠠᠬᠤ | ᠴᠢᠳᠠᠮᠵᠢ ᠪᠠᠨ ᠲᠡᠭᠡᠭᠰᠢᠯᠡᠭᠦᠯᠥᠨ᠎ᠡ᠃ ᠨᠡᠶᠢᠭᠡᠮ ᠤᠨ ᠥᠢᠯᠡᠴᠢᠯᠡᠭᠡ ᠪᠠᠳᠤᠯᠠᠭ᠎ᠠ ᠶᠢᠨ ᠰᠢᠰᠲ᠋ᠧᠮ ᠢ ᠪᠥᠷᠢᠨᠰᠢᠭᠦᠯᠵᠤ᠂ ᠰᠤᠷᠤᠯᠭ᠎ᠠ ᠲᠡᠭᠦᠰᠥᠭᠰᠡᠨ ᠤᠶᠤᠳᠠᠳ ᠪᠤᠯᠤᠨ | ᠴᠡᠷᠢᠭ ᠤᠨ ᠬᠠᠯᠠᠭᠳᠠᠭᠰᠠᠳ ᠵᠡᠷᠭᠡ ᠭᠤᠤᠯᠳᠠᠯᠭᠠᠳᠤ ᠡᠳᠡᠭᠡᠳ ᠤᠨ ᠠᠵᠢᠯ ᠤᠯᠤᠯᠳᠠ ᠶᠢᠨ ᠤᠴᠢᠷ ᠢ ᠴᠢᠬᠤᠯᠠᠴᠢᠯᠠᠨ᠂ ᠠᠵᠢᠯ ᠠᠴᠠ ᠠᠮᠠᠷᠠᠭᠰᠠᠨ ᠺᠠᠳ᠋ᠷᠴᠤᠳ ᠢ | ᠬᠠᠯᠠᠮᠵᠢᠯᠠᠬᠤ ᠲᠥᠷᠥ ᠶᠢᠨ ᠪᠤᠳᠤᠯᠭ᠎ᠠ ᠨᠤᠭᠤᠳ ᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠥᠴᠢᠷᠳᠡᠯᠳᠡᠢ ᠡᠳᠡᠭᠡᠳ ᠢ ᠲᠤᠰᠠᠯᠠᠨ ᠲᠡᠳᠭᠦᠭᠦ ᠠᠵᠢᠯ ᠳᠤ | ᠭᠥᠴᠥᠯᠡᠨ᠂ ᠡᠮᠡᠭᠳᠡᠶᠢᠴᠤᠳ ᠭᠡᠥᠭᠡᠳ ᠪᠠᠭᠠᠴᠤᠳ ᠨᠠᠰᠤᠳᠠᠶᠢᠴᠤᠤᠯ ᠪᠤᠯᠤᠨ ᠵᠡᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠨ᠎ᠠ᠃ ᠬᠤᠰᠢᠭᠤ | ᠡᠳ᠋ ᠤᠨ ᠵᠠᠰᠠᠭ ᠠᠴᠠ 1760 ᠲᠦᠮᠡᠨ ᠲᠦᠭᠦᠷᠢᠭ ᠤᠨ ᠲᠦᠰᠦᠪ ᠲᠣᠬᠢᠷᠠᠭᠤᠯᠵᠣ᠂ ᠺᠠᠳ᠋ᠷ ᠠᠵᠢᠯᠳᠠᠳ ᠤᠨ ᠠᠵᠢᠯ ᠤᠨ ᠭᠡᠮᠳᠥᠯ᠂ ᠠᠵᠢᠯ ᠠᠯᠳᠠᠯᠳᠠ᠂ ᠡᠮ | ᠡᠮᠨᠡᠯᠭᠡ ᠪᠠ ᠬᠡᠤᠬᠡᠤᠨ ᠠᠪᠬᠤ ᠳᠠᠭᠠᠤᠨᠬᠠᠯ ᠵᠡᠷᠭᠡ ᠶᠢᠨ ᠰᠠᠭᠤᠷᠢ ᠪᠠᠷᠢᠮᠵᠢᠶ᠎ᠠ ᠶᠢ ᠲᠡᠭᠡᠭᠰᠢᠯᠡᠭᠦᠯᠵᠤ᠂ ᠠᠯᠪᠠᠳᠠᠤᠨ ᠤᠨ ᠡᠮ ᠡᠮᠨᠡᠯᠭᠡ ᠶᠢᠨ ᠨᠦᠬᠦᠪᠦᠷᠢ ᠶᠢᠨ ᠠᠵᠢᠯ ᠢ | ᠶᠠᠪᠣᠭᠳᠠᠭᠤᠯᠵᠣ᠂ ᠠᠵᠢᠯᠳᠠᠳ ᠤᠨ ᠡᠷᠬᠡ ᠠᠰᠢᠭ ᠢ ᠪᠠᠳᠣᠯᠠᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠭᠡᠷᠡᠭᠵᠢᠭᠦᠯᠵᠤ᠂ ᠬᠤᠰᠢᠭᠤ | ᠪᠠᠶᠢᠭᠤᠯᠤᠭᠳᠠᠭᠰᠠᠨ 40 ᠵᠢᠯ ᠤᠨ ᠤᠢ ᠶᠢ ᠲᠡᠮᠳᠡᠭᠯᠡᠭᠰᠡᠨ ᠰᠢᠷᠢᠰ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠥᠨ᠂ ᠲᠤᠰ ᠵᠢᠯ ᠳᠤ ᠤᠳᠤᠭ ᠤᠨ ᠡᠮᠥᠨᠡᠳᠤ | ᠬᠤᠰᠢᠭᠤᠨ ᠤ ᠬᠠᠷᠢᠶ᠎ᠠ ᠡᠷᠥᠭᠡ ᠠᠮᠠ ᠲᠠᠢ ᠭᠥᠮᠥᠰ ᠢ ᠬᠤᠰᠢᠭᠤᠨ ᠲᠤᠳᠤᠷᠠᠬᠢ 5A ᠲᠡᠰ ᠠᠴᠠ ᠲᠤᠷᠤᠭᠰᠢᠬᠢ ᠥᠵᠡᠮᠵᠢ ᠶᠢᠨ ᠤᠷᠤᠨ ᠳᠤ ᠵᠠᠷᠤᠳᠠᠯ ᠬᠤᠷᠢᠶᠠᠯ | ᠥᠭᠡᠢ ᠤᠷᠤᠭᠤᠯᠤᠨ᠎ᠠ᠃ ᠤᠯᠠᠨ ᠲᠥᠮᠡᠨ ᠤ ᠲᠤᠰᠬᠠᠵᠤ ᠪᠤᠢ ᠡᠯ᠎ᠡ ᠠᠰᠠᠭᠤᠳᠠᠯ ᠤᠳ ᠢ ᠭᠥᠴᠥᠯᠡᠨ ᠰᠢᠢᠳᠪᠥᠷᠢᠯᠡᠵᠤ᠂ 5 ᠰᠠᠷ᠎ᠠ ᠶᠢᠨ ᠡᠴᠥᠰ ᠠᠴᠠ ᠡᠮᠦᠨ᠎ᠡ ᠬᠡᠷ | ᠭᠠᠵᠠᠷ ᠭᠥᠷᠥᠩᠭᠡ ᠶᠢᠨ ᠭᠥᠷᠢᠶ᠎ᠡ ᠴᠠᠷᠠᠭᠠᠨ ᠳᠤ ᠬᠢ ᠥᠯᠡᠮᠡᠯ ᠠᠰᠠᠭᠤᠳᠠᠯ ᠤᠳ ᠢ ᠪᠥᠭᠦᠨ ᠢ ᠰᠢᠢᠳᠪᠥᠷᠢᠯᠡᠨ᠎ᠡ᠃ ᠵᠢᠯ ᠤᠨ ᠲᠤᠳᠤᠷ᠎ᠠ ᠮᠠᠯᠵᠢᠬᠤ ᠲᠠᠷᠢᠶᠠᠯᠠᠬᠤ | ᠤᠷᠤᠨ ᠳᠤ ᠭᠠᠷ ᠤᠳᠠᠰᠤᠨ ᠰᠥᠯᠵᠢᠶᠡᠨ ᠲᠤᠬᠢᠶ᠎ᠠ ᠠᠪᠳᠠᠳᠠᠭ ᠥᠭᠡᠢ ᠤᠴᠢᠷ ᠢ ᠰᠢᠢᠳᠪᠦᠷᠢᠯᠡᠵᠣ᠂ 1000 ᠭᠠᠷᠤᠢ ᠲᠥᠮᠡᠨ ᠲᠥᠭᠦᠷᠢᠭ ᠪᠡᠯᠡ ᠤᠷᠤᠭᠤᠯᠤᠨ᠂ | ᠲᠥᠪᠯᠡᠷᠡᠩᠭᠦᠢ ᠪᠠᠷ ᠤᠰᠤ ᠤᠮᠳᠠ ᠬᠠᠩᠭᠠᠬᠤ 6 ᠢᠨᠵᠧᠨᠧᠷᠢᠩ ᠤᠨ ᠪᠠᠷᠢᠯᠭ᠎ᠠ ᠶᠢ ᠦᠬᠡᠷᠡᠴᠢᠯᠠᠨ ᠵᠠᠰᠠᠵᠤ᠂ ᠠᠶᠢᠯ ᠭᠡᠷ ᠤᠨ ᠤᠰᠤ ᠴᠡᠪᠡᠷᠰᠢᠭᠦᠯᠥᠨ ᠰᠢᠢᠳᠪᠥᠷᠢᠯᠡᠭᠦ | ᠲᠥᠭᠦᠭᠡᠷᠤᠮᠵᠢ ᠶᠢ 2000 ᠲᠥᠭᠦᠷ ᠤᠭᠰᠠᠷᠠᠨ᠂ ᠤᠯᠠᠨ ᠲᠥᠮᠡᠨ ᠤ ᠢᠳᠡᠭᠦ ᠤᠰᠤᠨ ᠳᠤ ᠹᠯᠤᠷ ᠤᠨ ᠪᠠᠷᠢᠮᠵᠢᠶ᠎ᠠ ᠭᠡᠳᠥᠷᠡᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠨ᠎ᠡ᠃ | ᠲᠥᠯᠥᠭᠡᠯᠡᠭᠴᠢᠳ ᠡ᠂ 40 ᠬᠠᠪᠤᠷ ᠲᠤᠰᠠᠯᠠᠯᠴᠠᠨ ᠬᠠᠪᠰᠣᠷᠣᠯᠴᠠᠵᠣ᠂ 40 ᠨᠠᠮᠤᠷ ᠪᠥᠯᠭᠦᠮᠳᠠᠨ ᠲᠡᠮᠡᠴᠡᠪᠡ᠃ 40 ᠵᠢᠯ ᠤᠨ ᠲᠤᠷᠰᠢ᠂ ᠤᠳᠤᠭ ᠤᠨ | ᠡᠮᠥᠨᠡᠳᠤ ᠬᠤᠰᠢᠭᠤᠨ ᠤ ᠭᠥᠮᠥᠨ ᠠᠷᠠᠳ ᠮᠠᠨᠢ ᠨᠠᠢᠮᠠᠨ ᠵᠥᠭ ᠤᠨ ᠭᠡᠶᠢᠴᠢᠳ ᠲᠠᠢ ᠨᠠᠶᠢᠷᠳᠠᠢ ᠰᠠᠶᠢᠬᠠᠨ ᠬᠠᠷᠢᠴᠠᠵᠤ᠂ ᠨᠠᠷᠠᠨ ᠲᠤᠶᠠᠭᠠᠷᠠᠭᠰᠠᠨ ᠥᠢᠯᠡᠰ ᠢᠶᠠᠨ | ᠨᠠᠷᠮᠠᠢ ᠤᠯᠠᠨ ᠢᠶᠠᠷ ᠪᠤᠰᠬᠠᠯᠴᠠᠭᠰᠠᠨ ᠶᠤᠮ᠃ ᠴᠢᠨᠡᠬᠡᠯᠢᠭ ᠨᠠᠶᠢᠬᠡᠮ ᠤᠨ ᠳᠠᠷᠳᠠᠩ ᠬᠠᠷᠭᠤᠢ ᠳᠤ ᠳᠠᠪᠰᠢᠨ ᠤᠷᠤᠬᠤ ᠶᠢᠨ ᠡᠷᠢᠨ ᠳᠤ᠂ ᠪᠢᠳᠠ ᠤᠯᠠᠨ ᠤ ᠬᠦᠰᠡᠯ | ᠵᠤᠷᠢᠯ ᠡᠬᠦᠷᠬᠡ ᠬᠠᠷᠢᠭᠤᠴᠠᠯᠭ᠎ᠠ ᠬᠦᠨᠳᠦ ᠪᠠᠶᠢᠭ᠎ᠠ ᠶᠢᠨ ᠤᠴᠢᠷ ᠡᠷᠬᠡᠪᠰᠢ ︽ᠲᠦᠷᠦ ᠶᠢᠨ ᠵᠣᠷᠢᠯᠳᠠ ᠶᠢ ᠲᠦᠮᠡᠨ ᠤ ᠬᠦᠰᠡᠯᠳᠡ ᠲᠠᠢ ᠨᠡᠶᠢᠴᠡᠭᠦᠯᠵᠣ︾᠂ ᠠᠷᠠᠤᠨ | ᠤᠨ ᠠᠮᠢᠳᠤᠷᠠᠯ ᠤᠨ ᠠᠰᠢᠭ ᠬᠠᠷᠠᠭᠠᠯᠵᠠᠯ ᠢ ᠴᠢᠬᠤᠯᠠᠴᠢᠯᠠᠨ᠂ ᠠᠷᠠᠤᠨ ᠤᠨ ᠠᠮᠢᠳᠤᠷᠠᠯ ᠤᠨ ᠵᠤᠪᠠᠨᠢᠯ ᠬᠦᠴᠢᠷᠳᠠᠯ ᠢ ᠰᠢᠢᠤᠨᠪᠤᠷᠢᠯᠡᠵᠤ᠂ ᠬᠤᠰᠢᠭᠤ ᠤᠯᠠᠨ ᠤ ᠪᠠᠨ | ᠠᠵᠤ ᠠᠮᠢᠳᠤᠷᠠᠯ ᠢ ᠨᠠᠩ ᠡᠯᠪᠡᠭ ᠪᠠᠶᠠᠨ ᠡᠩᠬᠡ ᠵᠢᠷᠭᠠᠯ ᠲᠠᠢ ᠪᠤᠯᠭᠠᠨ᠎ᠠ᠃ | ᠭᠤᠷᠪᠠ᠂ ᠠᠷᠠᠳ ᠲᠥᠮᠡᠨ ᠤ ᠬᠠᠨᠤᠮᠵᠢ ᠰᠠᠶᠢᠳᠠᠢ ᠵᠠᠰᠠᠭ ᠤᠨ ᠤᠷᠳᠤᠨ ᠢ ᠴᠤᠭᠴᠠᠯᠠᠨ᠎ᠠ | ᠬᠠᠤᠯᠢ ᠲᠤᠭᠳᠠᠭᠠᠯ ᠢ ᠴᠢᠩᠭ᠎ᠠ ᠵᠢᠷᠤᠮᠯᠠᠨ᠂ ᠵᠠᠰᠠᠭᠯᠠᠬᠤ ᠠᠵᠢᠯ ᠤᠨ ᠭᠤᠤᠯ ᠢ ᠪᠠᠷᠢᠮᠳᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ | ᠬᠡᠷᠡᠭᠵᠢᠭᠦᠯᠭᠦ ᠭᠥᠳᠥᠯᠪᠥᠷᠢ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠵᠠᠰᠠᠭ ᠵᠠᠬᠢᠷᠭᠠᠨ ᠤ ᠰᠢᠢᠳᠪᠥᠷᠢᠳᠤ ᠪᠤᠳᠤᠯᠭ᠎ᠠ ᠬᠡᠷᠡᠭᠵᠢᠭᠦᠯᠭᠦ ᠲᠤᠭᠳᠠᠴᠠ ᠲᠠᠷᠠᠭᠠᠯᠠᠯ | ᠪᠤᠯᠤᠨ ᠴᠢᠬᠤᠯᠠ ᠥᠢᠯᠡ ᠵᠥᠢᠯ ᠤᠨ ᠬᠠᠤᠯᠢ ᠳᠤ ᠨᠡᠶᠢᠴᠡᠭᠦ ᠴᠢᠨᠠᠷ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠨ᠂ ᠰᠢᠨᠵᠢᠯᠡᠭᠦ ᠤᠬᠠᠭᠠᠨᠴᠢ ᠪᠠᠷ ᠰᠢᠢᠳᠪᠥᠷᠢᠳᠤ | ᠪᠤᠳᠤᠯᠭ᠎ᠠ ᠲᠤᠭᠳᠠᠭᠠᠬᠤ᠂ ᠠᠷᠠᠳᠴᠢᠯᠠᠯ ᠢᠶᠠᠷ ᠰᠢᠢᠳᠪᠥᠷᠢᠳᠤ ᠪᠤᠳᠤᠯᠭ᠎ᠠ ᠲᠤᠭᠳᠠᠭᠠᠬᠤ ᠪᠠ ᠬᠠᠤᠯᠢ ᠶᠤᠰᠤᠭᠠᠷ ᠰᠢᠢᠳᠪᠥᠷᠢᠳᠤ ᠪᠤᠳᠤᠯᠭ᠎ᠠ ᠲᠤᠭᠳᠠᠭᠠᠬᠤ ᠬᠢᠷᠢ | ᠲᠥᠪᠰᠢᠨ ᠢᠶᠠᠨ ᠥᠨᠡᠨ ᠭᠦ ᠲᠡᠭᠡᠭᠰᠢᠯᠡᠭᠦᠯᠥᠨ᠎ᠡ᠃ ᠡᠭᠦᠷᠭᠡ ᠬᠠᠷᠢᠭᠤᠴᠠᠯᠭ᠎ᠠ ᠶᠢᠨ ᠲᠠᠩᠰᠠ ᠲᠤᠳᠤᠷᠬᠠᠶᠢᠯᠠᠯ ᠤᠨ ᠲᠤᠭᠳᠠᠴᠠ ᠶᠢ ᠲᠡᠭᠦᠯᠳᠡᠷᠵᠢᠭᠦᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠭᠦ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠂ ᠪᠤᠯᠪᠠᠰᠤᠨ ᠢᠶᠠᠷ ᠬᠠᠤᠯᠢ ᠭᠡᠷᠡᠭᠵᠢᠭᠦᠯᠭᠦ ᠠᠵᠢᠯ ᠢ ᠲᠥᠷᠢᠮᠵᠢᠭᠦᠯᠥᠨᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠳᠠ᠂ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠯᠳᠠ ᠶᠢ ᠤᠬᠠᠮᠰᠠᠷ ᠠᠴᠠ ᠪᠠᠨ ᠲᠤᠰᠴᠤ᠂ ᠨᠡᠶᠢᠭᠡᠮ ᠨᠡᠶᠢᠳᠡ ᠶᠢᠨ ᠶᠠᠷᠢᠶ᠎ᠠ ᠬᠡᠯᠡᠯᠴᠡᠭᠡ ᠪᠤᠯᠤᠨ ᠠᠷᠠᠳ | ᠤᠯᠠᠨ ᠤ ᠬᠢᠨᠠᠯᠳᠠ ᠶᠢ ᠰᠠᠨᠠᠭᠠᠴᠢᠯᠠᠭᠠᠳᠠᠢ ᠭᠥᠯᠢᠶᠡᠨ᠂ ᠭᠤᠤᠯᠳᠠᠯᠭᠠᠳᠤ ᠭᠥᠷᠢᠶ᠎ᠡ ᠴᠠᠷᠠᠭᠠᠨ ᠳᠤ ᠬᠢ ᠵᠠᠰᠠᠭ ᠤᠨ ᠶᠠᠪᠤᠳᠠᠯ ᠤᠨ ᠢᠯᠡᠰᠢᠭᠦᠯᠥᠯᠳᠡ ᠶᠢ ᠠᠬᠢᠭᠤᠯᠤᠨ᠂ | ᠵᠠᠰᠠᠭ ᠤᠨ ᠤᠷᠳᠤᠨ ᠤ ᠠᠵᠢᠯ ᠤᠨ ᠢᠳᠡᠭᠡᠮᠵᠢ ᠶᠢ ᠤᠯᠠᠮ ᠲᠡᠭᠡᠭᠰᠢᠯᠡᠭᠦᠯᠥᠨ᠎ᠡ᠃ | ᠴᠢᠭᠡᠴᠢ ᠰᠤᠷᠳᠠᠯ ᠢ ᠡᠷᠬᠢᠮᠯᠡᠨ᠂ ᠴᠢᠩᠳᠠ ᠰᠠᠬᠢᠯᠭ᠎ᠠ ᠶᠢ ᠵᠢᠷᠤᠮᠯᠠᠨ᠎ᠠ᠃ ︽ᠲᠥᠷᠪᠡᠨ ᠤᠬᠠᠮᠰᠠᠷ︾ ᠢ ᠪᠠᠳᠤᠵᠢᠭᠤᠯᠤᠨ᠂ ︽ᠲᠥᠷᠪᠡᠨ ᠢᠳᠡᠭᠡᠯ︾ ᠢ | ᠭᠥᠪᠴᠢᠯᠡᠵᠤ᠂ ︽ᠬᠤᠶᠠᠷ ᠢ ᠬᠠᠮᠠᠭᠠᠯᠠᠬᠤ︾ ᠶᠢ ᠪᠠᠷᠢᠮᠳᠠᠯᠠᠨ᠂ ᠲᠥᠪ ᠤᠨ ᠨᠠᠢᠮᠠᠨ ᠲᠤᠭᠳᠠᠭᠠᠯ ᠪᠤᠯᠤᠨ ᠬᠡᠷᠡᠭᠵᠢᠭᠦᠯᠭᠦ ᠨᠠᠷᠢᠨ ᠲᠥᠷᠢᠮ ᠢ ᠭᠥᠨᠵᠡᠭᠡᠢ | ᠲᠤᠤᠱᠯᠠᠭᠤᠯᠵᠤ᠂ ︽ᠲᠥᠷᠪᠡᠨ ᠨᠠᠵᠠᠭᠠᠢ ᠰᠤᠷᠳᠠᠯ︾ ᠢ ᠴᠡᠭᠴᠡᠯᠡᠭᠰᠡᠨ ᠪᠥᠳᠥᠮᠵᠢ ᠪᠠᠨ ᠪᠠᠳᠤᠳᠬᠠᠨ᠎ᠠ᠃ ᠳ᠋ᠠᠶᠢᠲ᠋ᠠ ᠮᠡᠷᠭᠡᠵᠢᠯ ᠵᠡᠷᠭᠡ ᠰᠢᠨ᠎ᠡ ᠮᠡᠷᠭᠡᠵᠢᠯ ᠤᠳ ᠢ | ᠠᠰᠢᠭᠯᠠᠨ᠂ ᠭᠤᠤᠯᠳᠠᠯᠭᠠᠳᠤ ᠰᠠᠯᠠᠭ᠎ᠠ ᠮᠥᠴᠢᠷ᠂ ᠠᠵᠢᠯ ᠤᠨ ᠪᠠᠶᠢᠷᠢ ᠬᠢᠭᠡᠳ ᠲᠥᠷᠥᠯ ᠵᠥᠢᠯ ᠳᠤ ᠬᠠᠨᠳᠤᠭᠤᠯᠤᠭᠰᠠᠨ ᠬᠢᠨᠠᠯᠳᠠ ᠪᠠᠶᠢᠴᠠᠭᠠᠯᠳᠠ ᠪᠠᠨ | ᠴᠢᠩᠭᠠᠳᠬᠠᠵᠤ᠂ ᠬᠢᠨᠠᠨ ᠰᠢᠯᠭᠠᠯᠳᠠ ᠬᠢᠨᠠᠯᠳᠠ ᠪᠠᠶᠢᠴᠠᠭᠠᠯᠳᠠ ᠶᠢᠨ ᠠᠵᠢᠯ ᠤᠨ ᠪᠥᠭᠦᠯᠢ ᠴᠤᠭᠴᠠᠳᠤ ᠪᠥᠳᠥᠮᠵᠢ ᠶᠢ ᠲᠡᠭᠡᠭᠰᠢᠯᠡᠭᠦᠯᠥᠨ᠎ᠡ᠃ ︽ᠭᠤᠷᠪᠠᠨ ᠠᠯᠪᠠᠨ︾ | ᠤ ᠵᠠᠷᠤᠳᠠᠯ ᠢ ᠤᠯᠠᠮ ᠢᠶᠠᠷ ᠴᠤᠮᠬᠠᠳᠬᠠᠵᠤ᠂ ᠵᠠᠰᠠᠭ ᠤᠨ ᠤᠷᠳᠤᠨ ᠤ ᠵᠠᠷᠤᠯᠭ᠎ᠠ ᠠᠷᠪᠢᠯᠡᠯ ᠢᠶᠠᠷ ᠠᠷᠠᠳ ᠤᠯᠠᠨ ᠳᠤ ᠪᠠᠨ ᠨᠡᠩ ᠶᠡᠭᠡ ᠠᠰᠢᠭ ᠭᠥᠷᠳᠡᠭᠡᠭᠦ ᠪᠠᠷ | ᠴᠢᠷᠮᠠᠶᠢᠨ᠎ᠠ᠃ | ᠪᠤᠳᠠᠳᠠᠢ ᠠᠵᠢᠯᠯᠠᠬᠤ ᠶᠢ ᠪᠠᠷᠢᠮᠳᠠᠯᠠᠨ᠂ ᠡᠭᠦᠷᠭᠡ ᠬᠠᠷᠢᠭᠤᠴᠠᠯᠭ᠎ᠠ ᠶᠢ ᠴᠢᠬᠤᠯᠠᠴᠢᠯᠠᠨ᠎ᠠ᠃ ᠨᠠᠷᠢᠨ ᠲᠠᠩᠰᠠᠯᠠᠭᠰᠠᠨ ᠪᠥᠷᠢᠳᠭᠡᠯ᠂ ᠴᠠᠭ ᠬᠤᠭᠤᠴᠠᠭᠰᠠᠨ | ᠠᠬᠢᠭᠤᠯᠤᠯᠳᠠ ᠪᠠ ᠠᠵᠢᠯ ᠲᠡᠭᠦᠰᠭᠡᠭᠰᠡᠨ ᠭᠥᠢᠴᠡᠳᠭᠡᠯ ᠤᠨ ᠲᠥᠷᠢᠮ ᠢ ᠬᠡᠷᠡᠭᠵᠢᠭᠦᠯᠵᠤ᠂ ᠵᠠᠰᠠᠭ ᠤᠨ ᠤᠷᠳᠤᠨ ᠤ ᠭᠥᠢᠴᠡᠳᠭᠡᠭᠦ ᠴᠢᠳᠠᠮᠵᠢ ᠪᠤᠯᠤᠨ | ᠨᠠᠶᠢᠳᠠᠪᠤᠷᠵᠢᠭᠤᠯᠬᠤ ᠭᠥᠴᠥᠯᠡᠴᠡ ᠶᠢ ᠥᠨᠡᠨ ᠭᠦ ᠲᠡᠭᠡᠭᠰᠢᠯᠡᠭᠦᠯᠥᠨ᠂ ᠴᠢᠬᠤᠯᠠ ᠰᠢᠢᠳᠪᠥᠷᠢ ᠪᠤᠳᠤᠯᠭ᠎ᠠ ᠶᠢ ᠤᠷᠳᠤᠳᠠ ᠪᠠᠷᠢᠮᠳᠠᠯᠠᠨ᠂ ᠤᠬᠳᠤ ᠭᠤᠶᠢᠪᠢᠯᠵᠠᠭᠤᠯᠬᠤ | ᠥᠭᠡᠢ︔ ᠴᠢᠬᠤᠯᠠ ᠲᠥᠷᠥᠯ ᠵᠥᠢᠯ ᠢ ᠲᠤᠤᠱᠳᠠᠢ ᠬᠡᠷᠡᠭᠵᠢᠭᠦᠯᠵᠤ᠂ ᠲᠤᠷᠭᠤᠨ ᠬᠠᠶᠠᠬᠤ ᠥᠭᠡᠢ︔ ᠴᠢᠬᠤᠯᠠ ᠠᠵᠢᠯ ᠡᠭᠦᠷᠭᠡ ᠶᠢ ᠰᠢᠮᠳᠠᠨ ᠪᠡᠶᠡᠯᠡᠭᠦᠯᠵᠤ᠂ | ᠰᠢᠨᠳᠠᠷᠠᠵᠤ ᠲᠠᠶᠠᠭᠳᠠᠬᠤ ᠥᠭᠡᠢ᠃ ᠤᠳᠤᠭ ᠤᠨ ᠡᠮᠥᠨᠡᠳᠤ ᠬᠤᠰᠢᠭᠤᠨ ᠤ ᠠᠬᠢᠯ ᠭᠥᠭᠵᠢᠯ ᠳᠤ ᠠᠰᠢᠭᠳᠠᠢ ᠠᠯᠢᠪᠠ ᠲᠥᠷᠥ ᠶᠢᠨ ᠪᠤᠳᠤᠯᠭ᠎ᠠ ᠶᠢ ᠪᠠᠳᠤ ᠡᠵᠡᠮᠳᠡᠨ᠂ | ᠠᠵᠠ ᠲᠤᠬᠢᠶᠠᠯ ᠂ ᠲᠥᠷᠥᠯ ᠵᠥᠢᠯ ᠪᠤᠯᠤᠨ ᠪᠡᠯᠡ ᠮᠥᠩᠭᠦ ᠬᠤᠷᠠᠭᠤᠯᠵᠤ᠂ ᠲᠥᠷᠥ ᠶᠢᠨ ᠪᠤᠳᠤᠯᠭ᠎ᠠ ᠶᠢᠨ ᠠᠰᠢᠭ ᠲᠤᠬᠢᠶᠠᠯ ᠢ ᠭᠥᠭᠵᠢᠯᠳᠡ ᠶᠢ ᠠᠬᠢᠭᠤᠯᠬᠤ | ᠭᠥᠴᠥᠨ ᠪᠤᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ | ︽ᠠᠷᠪᠠᠨ ᠲᠥᠷᠪᠡᠳᠥᠭᠡᠷ ᠲᠠᠪᠤᠨ ᠵᠢᠯ︾ ᠤᠨ ᠲᠥᠯᠥᠪᠯᠡᠭᠡ ᠶᠢᠨ ᠬᠤᠭᠤᠴᠠᠭ᠎ᠠ ᠪᠤᠯ ᠭᠥᠭᠵᠢᠯᠳᠡ ᠶᠢᠨ ᠬᠡᠯᠪᠡᠷᠢ ᠶᠢ ᠬᠤᠪᠢᠷᠠᠭᠠᠬᠤ᠂ ᠠᠵᠤ ᠠᠬᠤᠢ ᠶᠢᠨ | ᠪᠥᠳᠥᠴᠡ ᠶᠢ ᠰᠢᠯᠢᠳᠡᠭᠵᠢᠭᠦᠯᠭᠦ ᠵᠠᠩᠬᠢᠯᠠᠭ᠎ᠠ ᠶᠢᠨ ᠡᠷᠢᠨ ᠪᠤᠯᠤᠨ᠎ᠠ᠃ ᠪᠢᠳᠠ᠂ ᠭᠥᠢᠴᠡᠳ ᠰᠠᠨᠠᠯ ᠬᠤᠷᠢᠶᠠᠨ ᠭᠥᠨᠵᠡᠭᠡᠢ ᠰᠤᠳᠤᠯᠤᠨ ᠶᠠᠷᠢᠯᠴᠠᠵᠤ᠂ ᠪᠥᠭᠦ | ᠬᠤᠰᠢᠭᠤᠨ ᠤ ᠭᠥᠭᠵᠢᠯᠳᠠ ᠶᠢᠨ ᠰᠡᠳᠬᠢᠮᠵᠢ᠂ ᠠᠵᠢᠯ ᠤᠨ ᠬᠠᠷᠠᠯᠳᠠ᠂ ᠡᠭᠦᠷᠭᠡ ᠶᠢᠨ ᠭᠤᠤᠯᠳᠠᠯᠭ᠎ᠠ ᠶᠢ ᠰᠢᠨᠵᠢᠯᠡᠭᠦ ᠤᠬᠠᠭᠠᠨᠴᠢ ᠪᠠᠷ ᠲᠤᠷᠠᠳᠴᠤ | ᠪᠤᠯᠪᠠᠰᠤᠷᠠᠭᠤᠯᠤᠨ᠂ ︽ᠠᠷᠪᠠᠨ ᠲᠥᠷᠪᠡᠳᠥᠭᠡᠷ ᠲᠠᠪᠤᠨ ᠵᠢᠯ︾ ᠤᠨ ᠭᠥᠭᠵᠢᠭᠦᠯᠥᠯᠳᠡ ᠶᠢᠨ ᠲᠥᠯᠥᠪᠯᠡᠭᠡ ᠶᠢ ᠴᠢᠨᠠᠷᠯᠢᠭ ᠰᠠᠶᠢᠨ ᠲᠤᠭᠳᠠᠭᠠᠨ᠎ᠠ᠃ | ᠲᠥᠯᠥᠭᠡᠯᠡᠭᠴᠢᠳ ᠡ᠂ ᠭᠥᠳᠠᠯᠮᠥᠷᠢ ᠪᠥᠳᠥᠭᠡᠯ ᠭᠥᠯᠥᠰᠤ ᠪᠠᠷ ᠤᠮᠳᠠᠯᠠᠭᠳᠠᠵᠤ᠂ ᠭᠥᠴᠥᠨ ᠴᠢᠷᠮᠠᠶᠢᠯᠭ᠎ᠠ ᠪᠠᠷ ᠥᠢᠯᠡᠰ ᠠᠬᠢᠳᠠᠭ ᠤᠴᠢᠷᠳᠠᠢ᠃ ᠪᠢᠳᠠ ᠰᠢ | ᠶᠢᠨ ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠨᠠᠩᠳᠠ ᠪᠠᠳᠤ ᠪᠥᠯᠭᠦᠮᠳᠠᠵᠤ᠂ ᠬᠤᠰᠢᠭᠤ ᠨᠠᠮ ᠤᠨ ᠬᠤᠷᠢᠶᠠᠨ ᠤ | ᠡᠷᠴᠢᠳᠤ ᠤᠳᠤᠷᠢᠳᠤᠯᠭ᠎ᠠ ᠲᠤᠤᠷ᠎ᠠ᠂ ᠡᠷᠢᠨ ᠴᠠᠭ ᠢ ᠥᠳᠡᠭᠡᠷᠭᠡᠯ ᠥᠭᠡᠢ ᠡᠷᠳᠡᠯᠡᠨ ᠤᠷᠤᠶᠢᠯᠠᠨ ᠴᠢᠷᠮᠠᠶᠢᠵᠤ᠂ ᠯᠠᠪᠳᠠᠭᠤᠨ ᠭᠠᠷᠮᠠᠭᠠᠢ ᠪᠠᠷ ᠠᠵᠢᠯᠯᠠᠵᠤ ᠤᠷᠤᠭᠰᠢᠯᠠᠨ᠂ | ᠪᠤᠳᠠᠳᠤ ᠵᠢᠳᠭᠦᠯ ᠢᠶᠠᠷ ᠢᠶᠠᠨ ᠤᠳᠤᠭ ᠤᠨ ᠡᠮᠥᠨᠡᠳᠤ ᠬᠤᠰᠢᠭᠤᠨ ᠤ ᠪᠠᠨ ᠴᠢᠨᠠᠷᠯᠢᠭ ᠭᠥᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠵᠤ᠂ ᠴᠢᠨᠡᠭᠡᠯᠢᠭ | ᠨᠡᠶᠢᠭᠡᠮ ᠢ ᠪᠥᠭᠦ ᠲᠠᠯ᠎ᠠ ᠪᠠᠷ ᠴᠤᠭᠴᠠᠯᠠᠬᠤ ᠠᠤᠭ᠎ᠠ ᠬᠠᠷᠠᠯᠳᠠ ᠶᠢᠨ ᠲᠥᠯᠥᠭᠡᠨ᠎ᠡ ᠰᠢᠨᠳᠠᠷᠠᠰᠢ ᠥᠭᠡᠢ ᠭᠥᠴᠥᠯᠡᠰᠥᠭᠡᠢ︕ | | ᠨᠠᠷᠠᠰ ᠤᠨ ᠲᠠᠶᠢᠯᠪᠤᠷᠢ |
| 1. ︽ᠭᠥᠷᠢᠶᠡᠯᠡᠩ ᠢᠶᠠᠨ ᠥᠷᠭᠡᠳᠭᠡᠨ ᠲᠤᠭᠤᠷᠢᠭ ᠢ ᠲᠤᠬᠢᠷᠠᠭᠤᠯᠬᠤ︾᠄ ︽ᠭᠥᠷᠢᠶᠡᠯᠡᠩ ᠢᠶᠠᠨ ᠥᠷᠭᠡᠳᠭᠡᠭᠦ︾ ᠭᠡᠳᠡᠭ ᠨᠢ ᠱᠠᠩᠬᠠᠢ ᠶᠢᠨ ᠰᠥᠮ᠎ᠡ ᠠᠵᠤ | ᠥᠢᠯᠡᠳᠪᠥᠷᠢ ᠶᠢᠨ ᠭᠥᠷᠢᠶᠡᠯᠡᠩ ᠤᠨ ᠲᠥᠯᠥᠪᠵᠢᠭᠦᠯᠭᠡ ᠶᠢᠨ ᠶᠡᠷᠥᠩᠭᠡᠢ ᠪᠠᠶᠢᠭᠤᠯᠤᠯᠳᠠ ᠶᠢᠨ ᠲᠠᠯᠠᠪᠠᠢ ᠶᠢ ᠥᠷᠭᠡᠳᠭᠦ︔ ︽ᠲᠤᠭᠤᠷᠢᠭ ᠢ ᠲᠤᠬᠢᠷᠠᠭᠤᠯᠬᠤ︾ | ᠭᠡᠳᠡᠭ ᠪᠤᠯ ᠤᠯᠵᠠᠴᠢ ᠪᠠᠯᠭᠠᠰᠤᠨ ᠤ ᠠᠵᠤ ᠥᠢᠯᠡᠳᠪᠥᠷᠢ ᠶᠢᠨ ᠭᠥᠷᠢᠶᠡᠯᠡᠩ ᠢ ᠪᠠᠯᠭᠠᠰᠤᠨ ᠲᠤᠭᠤᠷᠢᠭ ᠤᠨ ᠲᠥᠯᠥᠪᠵᠢᠭᠦᠯᠭᠡ ᠶᠢᠨ ᠬᠡᠪᠴᠢᠶᠡᠨ ᠲᠤᠳᠤᠷ᠎ᠠ ᠪᠠᠶᠢᠷᠢ | ᠰᠢᠯᠵᠢᠭᠦᠯᠥᠨ᠂ ᠤᠯᠵᠠᠴᠢ ᠶᠢᠨ ᠵᠡᠭᠦᠨᠳᠡᠬᠢ ᠤᠳᠤᠭ ᠤᠨ ᠡᠮᠥᠨᠡᠳᠤ ᠬᠤᠰᠢᠭᠤᠨ ᠤ ᠶᠡᠷᠥᠩᠭᠡᠶᠢᠯᠡᠭᠰᠡᠨ ᠠᠵᠤ ᠥᠢᠯᠡᠰ ᠤᠨ ᠭᠥᠷᠢᠶᠡᠯᠡᠩ ᠳᠤ ᠠᠪᠠᠴᠢᠵᠤ | ᠲᠤᠬᠢᠷᠠᠭᠤᠯᠬᠤ ᠶᠢ ᠵᠢᠭᠠᠵᠤ ᠪᠤᠢ᠃ | 2. ︽ᠤᠯᠠᠷᠢᠯ ᠰᠥᠷᠥᠭᠰᠡᠨ ᠢᠳᠡᠰᠢᠨ ᠨᠤᠭᠤᠭ᠎ᠠ︾᠄ ᠠᠭᠤᠷ ᠠᠮᠢᠰᠬᠤᠯ ᠰᠡᠷᠢᠭᠦᠨ ᠤᠷᠤᠨ ᠤ ᠵᠤᠨ ᠴᠠᠭ ᠤᠨ ᠴᠢᠨᠠᠷ ᠰᠠᠶᠢᠳᠠᠢ᠂ ᠭᠠᠷᠤᠯᠳᠠ ᠥᠨᠳᠥᠷ | ᠪᠥᠭᠡᠳ ᠬᠤᠷᠤᠬᠠᠢ ᠭᠥᠨᠥᠭᠡᠯ ᠪᠠᠭᠠᠳᠠᠢ᠂ ᠰᠢᠮ᠎ᠡ ᠲᠡᠵᠢᠭᠡᠯ ᠲᠡᠭᠦᠯᠳᠡᠷ ᠢᠳᠡᠰᠢᠨ ᠨᠤᠭᠤᠭ᠎ᠠ᠃ | 3. ︽1 + X ᠥᠨᠡᠮᠯᠡᠯ ᠤᠨ ᠲᠥᠷᠢᠮ︾᠄ ︽1︾ ᠭᠡᠳᠡᠭ ᠨᠢ ᠰᠤᠷᠤᠯᠭ᠎ᠠ ᠶᠢᠨ ᠨᠠᠮᠳᠠᠷ ᠤᠨ ᠥᠨᠡᠮᠯᠡᠯ︔ ︽X︾ ᠭᠡᠳᠡᠭ ᠪᠤᠯ ᠠᠵᠢᠯ ᠲᠥᠷᠥᠯ | ᠤᠨ ᠮᠡᠷᠭᠡᠵᠢᠯ ᠤᠨ ᠲᠡᠰ ᠵᠡᠷᠭᠡ ᠶᠢᠨ ᠥᠨᠡᠮᠯᠡᠯ ᠤᠳ ᠢ ᠵᠢᠭᠠᠵᠤ ᠪᠤᠢ᠃ | 4. ︽ᠭᠤᠷᠪᠠᠨ ᠲᠥᠪ᠂ ᠭᠤᠷᠪᠠᠨ ᠰᠠᠭᠤᠷᠢᠨ︾᠄ ᠬᠤᠰᠢᠭᠤ ᠨᠠᠮ ᠤᠨ ᠬᠤᠷᠢᠶ᠎ᠠ ᠶᠢᠨ ᠶᠢᠰᠥᠳᠥᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠭᠦᠳᠡ | ᠬᠤᠷᠠᠯ ᠪᠤᠯᠤᠨ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠲᠤᠷᠠᠳᠤᠨ ᠭᠠᠷᠭᠠᠭᠰᠠᠨ ︽ᠭᠤᠷᠪᠠᠨ ᠲᠥᠪ ᠢ ᠪᠠᠶᠢᠭᠤᠯᠤᠨ᠂ ᠭᠤᠷᠪᠠᠨ | ᠰᠠᠭᠤᠷᠢᠨ ᠢ ᠴᠤᠭᠴᠠᠯᠠᠬᠤ︾ ᠠᠵᠢᠯ᠃ ᠳᠤᠬᠠᠶᠢᠯᠠᠪᠠᠯ᠂ ᠤᠷᠳᠤᠰ ᠤᠨ ᠪᠠᠷᠠᠭᠤᠨ ᠪᠡᠶ᠎ᠡ ᠶᠢᠨ ᠨᠡᠬᠦᠷᠡᠰᠤ ᠨᠦᠬᠡᠴᠡᠯᠡᠨ ᠳᠤᠬᠢᠷᠠᠭᠤᠯᠬᠤ ᠠᠷᠠᠯᠵᠢᠶᠠᠨ ᠤ ᠲᠦᠪ ᠢ | ᠪᠠᠶᠢᠭᠤᠯᠤᠨ᠂ ᠪᠦᠬᠦ ᠤᠯᠤᠰ ᠤᠨ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ ᠢ ᠴᠤᠭᠴᠠᠯᠠᠬᠤ︔ ᠪᠦᠬᠦ ᠤᠯᠤᠰ ᠲᠤ ᠬᠠᠨᠳᠤᠭᠤᠯᠤᠭᠰᠡᠨ ᠮᠠᠯ ᠳᠠᠷᠢᠶᠠᠨ ᠤ | ᠴᠢᠨᠠᠷ ᠰᠠᠶᠢᠳᠠᠢ ᠠᠰᠢᠭ ᠰᠢᠮ᠎ᠠ ᠪᠦᠳᠤᠬᠡᠭᠳᠡᠬᠦᠨ ᠤ ᠰᠤᠯᠢᠯᠴᠠᠭᠠᠨ ᠤ ᠲᠦᠪ ᠢ ᠪᠠᠶᠢᠭᠤᠯᠤᠨ᠂ ᠦᠪᠤᠷ ᠮᠤᠩᠭᠤᠯ ᠤᠨ ᠪᠠᠷᠠᠭᠤᠨ ᠤᠷᠤᠨ ᠤ ᠴᠢᠨᠠᠷ ᠰᠠᠶᠢᠳᠠᠢ | ᠤᠷᠭᠠᠨᠢᠭ ᠵᠢᠮᠢᠰ ᠨᠤᠭᠤᠭᠠᠨ ᠤ ᠭᠠᠷᠭᠠᠯᠳᠠ ᠶᠢᠨ ᠰᠠᠭᠤᠷᠢᠨ ᠢ ᠴᠤᠭᠴᠠᠯᠠᠬᠤ︔ ᠦᠪᠤᠷ ᠮᠤᠩᠭᠤᠯ ᠤᠨ ᠪᠠᠷᠠᠭᠤᠨ ᠤᠷᠤᠨ ᠤ ᠬᠤᠪᠢᠰᠬᠠᠯᠳᠤ ᠬᠦᠮᠤᠵᠢᠯ ᠤᠨ | ᠵᠢᠭᠤᠯᠴᠢᠯᠠᠯ ᠤᠨ ᠲᠦᠪᠯᠡᠷᠡᠩᠬᠦᠢ ᠤᠶᠢᠯᠡᠴᠢᠯᠡᠬᠡᠨ ᠤ ᠲᠦᠪ ᠢ ᠪᠠᠶᠢᠭᠤᠯᠤᠨ᠂ ᠪᠦᠬᠦ ᠤᠯᠤᠰ ᠤᠨ ᠬᠤᠪᠢᠰᠬᠠᠯᠳᠤ ᠬᠦᠮᠤᠵᠢᠯ ᠪᠤᠯᠪᠠᠰᠤᠷᠠᠯ ᠤᠨ ᠰᠠᠭᠤᠷᠢᠨ ᠢ | ᠴᠤᠭᠴᠠᠯᠠᠬᠤ ᠶᠢ ᠵᠢᠭᠠᠵᠤ ᠪᠤᠢ᠃ | 5. ︽ᠬᠤᠶᠠᠷ ᠴᠤᠭᠴᠠᠯᠠᠪᠤᠷᠢ︾᠄ ᠱᠠᠩᠬᠠᠢ ᠶᠢᠨ ᠰᠥᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠠᠭᠤᠷ ᠤᠨ ᠭᠥᠳᠡᠯᠭᠡᠭᠦᠷ ᠤᠨ ᠴᠤᠭᠴᠠᠯᠠᠪᠤᠷᠢ | ᠪᠤᠯᠤᠨ ᠪᠤᠬᠢᠷᠳᠤᠯ ᠥᠭᠡᠢ ᠡᠨᠧᠷᠬᠢ ᠶᠢᠨ ᠴᠤᠭᠴᠠᠯᠠᠪᠤᠷᠢ ᠶᠢ ᠵᠢᠭᠠᠵᠤ ᠪᠤᠢ᠃ | 6. ︽ᠨᠡᠭᠦᠷᠡᠰᠥᠨ ᠲᠠᠪᠬᠤᠷᠭ᠎ᠠ ᠶᠢᠨ ᠤᠰᠤ︾᠄ ᠨᠡᠭᠦᠷᠡᠰᠤ ᠮᠠᠯᠳᠠᠬᠤ ᠶᠠᠪᠤᠴᠠ ᠳᠤ ᠨᠡᠭᠦᠷᠡᠰᠥᠨ ᠲᠠᠪᠬᠤᠷᠭ᠎ᠠ ᠠᠴᠠ ᠶᠡᠭᠡ ᠭᠡᠮᠵᠢᠶ᠎ᠡ ᠪᠠᠷ ᠭᠠᠷᠬᠤ ᠪᠤᠬᠢᠷ | ᠤᠰᠤ᠃ | 7. ︽ᠰᠠᠭᠠᠷᠮᠠᠭᠵᠢᠭᠤᠯᠵᠤ ᠰᠢᠢᠳᠪᠥᠷᠢᠯᠡᠭᠰᠡᠨ ᠤᠰᠤ︾᠄ ᠬᠠᠶᠠᠭᠳᠠᠮᠠᠯ ᠤᠰᠤ ᠪᠤᠯᠤᠨ ᠪᠤᠷᠤᠭᠠᠨ ᠤ ᠤᠰᠤ ᠶᠢ ᠮᠡᠷᠭᠡᠵᠢᠯ ᠢᠶᠠᠷ ᠰᠢᠢᠳᠪᠥᠷᠢᠯᠡᠵᠤ ᠵᠤᠬᠢᠬᠤ | ᠪᠠᠷᠢᠮᠵᠢᠶ᠎ᠠ ᠳᠤ ᠨᠡᠶᠢᠴᠡᠭᠦᠯᠥᠭᠡᠳ ᠭᠠᠵᠠᠷ ᠵᠥᠯᠭᠦᠭᠦ᠂ ᠲᠡᠷᠭᠡ ᠤᠬᠢᠶᠠᠬᠤ᠂ ᠤᠰᠤᠯᠠᠯᠳᠠ ᠬᠢᠭᠦ᠂ ᠭᠠᠯ ᠤᠨᠳᠠᠷᠠᠭᠠᠬᠤ᠂ ᠠᠵᠤ ᠥᠢᠯᠡᠳᠪᠥᠷᠢ ᠳᠤ ᠬᠡᠷᠡᠭᠯᠡᠭᠦ ᠵᠡᠷᠭᠡ | ᠳᠤ ᠠᠰᠢᠭᠯᠠᠵᠤ ᠪᠤᠯᠬᠤᠶᠢᠴᠠ ᠪᠤᠯᠭᠠᠭᠰᠠᠨ ᠤᠰᠤ ᠶᠢ ᠵᠢᠭᠠᠵᠤ ᠪᠤᠢ᠃ | ᠳᠤᠳᠤᠷᠬᠠᠶᠢᠯᠠᠯ᠄ ᠨᠡᠷᠡᠰ ᠤᠨ ᠲᠠᠶᠢᠯᠪᠤᠷᠢ ᠶᠢ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠢᠯᠡᠷᠡᠭᠰᠡᠨ ᠲᠠᠷᠠᠭᠠᠯᠠᠯ ᠢᠶᠠᠷ ᠵᠢᠭᠰᠠᠭᠠᠪᠠ᠃ | |