ᠣᠳᠤᠭ ᠤᠨ ᠡᠮᠦᠨᠡᠳᠦ ᠬᠤᠰᠢᠭᠤ ︽ᠰᠡᠳᠬᠢᠯ ᠢ ᠲᠣᠯᠠᠭᠠᠴᠠᠭᠤᠯᠬᠤ ᠨᠡᠭᠦᠷᠡᠰᠦ︾ ᠬᠦᠷᠭᠡᠪᠡ
ᠨᠡᠶᠢᠲᠡᠯᠡᠭᠰᠡᠨ ᠴᠠᠭ᠄
2022/11/29
    ᠣᠳᠤᠭ ᠤᠨ ᠡᠮᠦᠨᠡᠳᠦ ᠬᠤᠰᠢᠭᠤᠨ ᠤ ᠨᠡᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠲᠦᠮᠠᠨ ᠤ ᠡᠪᠣᠯ ᠤᠨ ᠣᠯᠠᠷᠢᠯ ᠤᠨ ᠲᠣᠯᠠᠭᠠᠯᠠᠯᠭ᠎ᠠ ᠳᠤ ᠬᠡᠷᠡᠭᠯᠡᠬᠦ ᠨᠡᠭᠦᠷᠡᠰᠦ ᠶᠢ ᠪᠠᠳᠣᠯᠠᠬᠤ ᠠᠵᠢᠯ ᠢ ᠣᠳᠣᠬᠠᠨ ᠤ ᠠᠷᠠᠳ ᠤᠨ ᠠᠮᠢᠳᠣᠷᠠᠯ ᠤᠨ ᠬᠠᠮᠤᠭ ᠲᠣᠮᠣ ᠢᠨᠵᠧᠨᠧᠷᠢᠩ ᠪᠣᠯᠭᠠᠨ ᠠᠳᠬᠤᠵᠣ᠂ ᠣᠯᠠᠨ ᠲᠦᠮᠡᠨ ᠤ ᠲᠣᠯᠠᠭᠠᠯᠭ᠎ᠠ ᠶᠢᠨ ᠨᠡᠭᠦᠷᠡᠰᠣᠨ ᠤ ᠠᠰᠠᠭᠤᠳᠠᠯ ᠢ ᠪᠠᠴᠢᠮ ᠰᠢᠢᠳᠪᠦᠷᠢᠯᠡᠪᠡ᠃     11 ᠰᠠᠷ᠎ᠠ ᠶᠢᠨ 1 ᠤ ᠡᠳᠦᠷ᠂ ᠨᠢᠭᠡ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠨᠡᠭᠦᠷᠡᠰᠦ ᠲᠡᠭᠡᠭᠡᠭᠰᠡᠭᠡᠷ ᠣᠳᠤᠭ ᠤᠨ ᠡᠮᠦᠨᠡᠳᠦ ᠬᠤᠰᠢᠭᠤᠨ ᠤ ᠣᠯᠵᠠᠴᠢ ᠪᠠᠯᠭᠠᠰᠣᠨ ᠤ ᠲᠠᠬᠢᠯᠳᠦ ᠲᠣᠰᠬᠤᠨ ᠳᠤ ᠬᠦᠷᠬᠦ ᠳᠤ᠂ ᠨᠡᠭᠦᠷᠡᠰᠣ ᠠᠪᠬᠤ ᠪᠠᠷ ᠢᠷᠡᠭᠰᠡᠨ ᠲᠣᠰᠬᠤᠨ ᠤ ᠠᠷᠠᠳ ᠣᠬᠠᠮᠰᠠᠷ ᠠᠴᠠ ᠪᠠᠨ ᠮᠦᠷᠢᠯᠡᠨ ᠵᠢᠭᠰᠠᠵᠠᠭᠠᠵᠣ᠂ ᠠᠵᠢᠯᠳᠠᠨ ᠤ ᠵᠢᠯᠣᠭᠤᠳᠣᠯᠭ᠎ᠠ ᠪᠠᠷ ᠨᠡᠭᠦᠷᠡᠰᠣ ᠠᠪᠬᠤ ᠭᠠᠷ ᠭᠦᠢᠴᠡᠳᠬᠡᠯ ᠬᠢᠯᠭᠡᠨ᠂ ᠨᠢᠭᠡ ᠲᠡᠷᠭᠡ ︽ᠰᠡᠳᠬᠢᠯ ᠢ ᠲᠣᠯᠠᠭᠠᠴᠠᠭᠤᠯᠬᠤ ᠨᠡᠭᠦᠷᠡᠰᠣ︾  ᠶᠢ ᠣᠳᠠᠭᠰᠠᠨ ᠴᠣ᠋ ᠦᠭᠡᠢ ᠠᠮᠵᠢᠯᠳᠡᠳᠡᠢ ᠪᠠᠭᠤᠯᠭᠠᠵᠣ᠂ ᠬᠤᠪᠢᠶᠠᠨ ᠲᠠᠭᠤᠰᠬᠠᠪᠠ᠃
   
    ᠣᠶᠢᠯᠠᠭᠠᠭᠰᠠᠨ ᠢᠶᠠᠷ᠂ ᠡᠨᠡ ᠵᠢᠯ ᠣᠳᠤᠭ ᠤᠨ ᠡᠮᠦᠨᠡᠳᠦ ᠬᠤᠰᠢᠭᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠳᠦᠷ ᠬᠢᠬᠦ ᠶᠢᠨ ᠬᠠᠮᠳᠦ ᠡᠨᠧᠷᠬᠢ  ᠶᠢᠨ ᠬᠠᠩᠭᠠᠯᠭ᠎ᠠ ᠶᠢ ᠪᠠᠳᠣᠯᠠᠬᠤ ᠪᠠ ᠠᠶᠣᠯᠭᠦᠢ ᠣᠶᠢᠯᠠᠳᠪᠦᠷᠢᠯᠠᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠳᠬᠤᠵᠣ᠂ ᠨᠢᠭᠡ ᠲᠠᠯ᠎ᠠ ᠪᠠᠷ ᠱᠠᠩᠬᠠᠢ ᠶᠢᠨ ᠰᠦᠮ᠎ᠡ ᠠᠭᠤᠷᠬᠠᠢ ᠶᠢᠨ ᠣᠶᠢᠯᠠᠰ ᠤᠨ ᠡᠵᠡᠩᠨᠡᠨ ᠪᠣᠷᠣᠯᠠᠭᠤᠯᠬᠤ ᠺᠣᠮᠫᠠᠨᠢ ᠶᠢ ᠵᠣᠬᠢᠴᠠᠭᠤᠯᠵᠣ᠂ ᠡᠯ᠎ᠡ ᠪᠠᠯᠭᠠᠰᠦ ᠲᠠᠢ ᠨᠡᠭᠦᠷᠡᠰᠣ ᠬᠤᠳᠠᠯᠳᠣᠨ ᠠᠪᠬᠤ ᠬᠡᠷ᠎ᠡ ᠲᠣᠭᠳᠠᠵᠣ᠂ 8255 ᠰᠠᠭᠤᠷᠢᠰᠢᠯ ᠠᠷᠠᠳ ᠲᠤ 15486.5 ᠲᠣᠨ ︽ᠰᠡᠳᠬᠢᠯ ᠢ ᠲᠣᠯᠠᠭᠠᠴᠠᠭᠤᠯᠬᠤ ᠨᠡᠭᠦᠷᠡᠰᠣ︾ ᠶᠢ ᠡᠩ ᠤᠨ ᠦᠨ᠎ᠡ ᠪᠠᠷ ᠬᠠᠩᠭᠠᠬᠤ ᠠᠵᠢᠯ  ᠢ ᠰᠠᠶᠢᠳᠦᠷ ᠬᠢᠵᠣ᠂ ᠨᠦᠭᠦᠭᠡ ᠲᠠᠯ᠎ᠠ ᠪᠠᠷ ᠡᠵᠡᠨ ᠬᠤᠷᠤᠭ᠎ᠠ ᠬᠤᠰᠢᠭᠤᠨ ᠤ ᠪᠠᠢ ᠵᠢᠶᠠ ᠯᠢᠶᠠᠩ ᠨᠡᠭᠦᠷᠡᠰᠣᠨ ᠠᠭᠤᠷᠬᠠᠢ ᠵᠡᠷᠭᠡ 8 ᠨᠡᠭᠦᠷᠡᠰᠣᠨ ᠠᠭᠤᠷᠬᠠᠢ ᠶᠢᠨ ᠠᠵᠣ ᠠᠬᠤᠶᠢᠯᠠᠯ ᠲᠠᠢ ᠢᠳᠡᠪᠬᠢᠳᠡᠢ ᠬᠠᠷᠢᠯᠴᠠᠵᠣ᠂ ᠬᠤᠰᠢᠭᠤᠨ ᠤ ᠰᠢᠦᠢ ᠨᠧᠩ ᠪᠣᠯᠣᠨ ᠴᠠᠩ ᠨᠧᠩ ᠢᠯᠴᠢ ᠬᠠᠩᠭᠠᠬᠤ ᠺᠣᠮᠫᠠᠨᠢ ᠲᠠᠢ ᠲᠦᠪᠯᠡᠷᠡᠩᠭᠦᠢ ᠢᠯᠴᠢ ᠬᠠᠩᠭᠠᠬᠤ ᠨᠡᠭᠦᠷᠡᠰᠣ ᠬᠤᠳᠠᠯᠳᠣᠨ ᠠᠪᠬᠤ ᠭᠡᠷ᠎ᠡ ᠶᠢ ᠲᠣᠭᠳᠠᠭᠠᠵᠣ᠂ 20292 ᠲᠦᠪᠯᠡᠷᠡᠭᠦᠯᠦᠨ ᠢᠯᠴᠢ ᠬᠠᠩᠭᠠᠬᠤ ᠡᠷᠦᠭᠡ ᠳᠤ 18 ᠲᠦᠮᠡᠨ ᠲᠣᠨ ᠨᠡᠭᠦᠷᠡᠰᠣ  ᠶᠢ ᠴᠠᠭ ᠲᠣᠬᠠᠢ ᠳᠤᠨᠢ ᠬᠠᠩᠭᠠᠵᠣ ᠦᠭᠬᠦ ᠶᠢ ᠪᠠᠳᠣᠯᠠᠭᠰᠠᠨ ᠪᠠᠶᠢᠨ᠎ᠠ᠃
   
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ