ᠶᠠᠩ ᠶᠢᠩ ᠰᠢᠨ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠴᠢᠳᠠᠪᠤᠷᠢ ᠶᠢᠨ ᠪᠠᠶᠢᠭᠤᠯᠤᠯᠲᠠ ᠪᠠ ᠰᠣᠷᠭᠠᠭᠤᠯᠢ  ᠶᠢᠨ ᠰᠣᠷᠣᠯᠭ᠎ᠠ ᠰᠡᠷᠬᠦᠬᠡᠯᠲᠡ ᠵᠡᠷᠭᠡ ᠠᠵᠢᠯ ᠢ ᠪᠠᠶᠢᠴᠠᠭᠠᠨ ᠰᠣᠳᠣᠯᠵᠣ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2022/11/3
    11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠲᠤᠬᠠᠢ ᠶᠢᠨ ᠭᠠᠵᠠᠷ  ᠲᠤ ᠪᠠᠶᠢᠴᠠᠭᠠᠨ ᠰᠣᠳᠣᠯᠵᠣ᠂ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠴᠢᠳᠠᠪᠤᠷᠢ ᠶᠢᠨ ᠪᠠᠶᠢᠭᠤᠯᠤᠯᠲᠠ ᠪᠠ ᠠᠩᠬ᠎ᠠ᠂ ᠦᠨᠳᠦᠷ ᠳᠣᠮᠳᠠᠳᠣ ᠶᠢᠨ ᠬᠡᠰᠡᠭ ᠣᠨ ᠤ ᠰᠣᠷᠣᠭᠴᠢᠳ ᠤᠨ ᠬᠢᠴᠢᠶᠡᠯ ᠰᠣᠷᠣᠯᠭ᠎ᠠ ᠶᠢᠨ ᠰᠡᠷᠬᠦᠬᠡᠯᠲᠡ ᠵᠡᠷᠭᠡ ᠠᠵᠢᠯ ᠢ ᠨᠢᠭᠡᠳᠦᠯᠲᠡᠢ ᠲᠦᠯᠦᠪᠵᠢᠬᠦᠯᠦᠨ ᠠᠬᠢᠭᠤᠯᠪᠠ᠃
         
    ᠶᠠᠩ ᠶᠢᠩ ᠰᠢᠨ ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ︵ᠣᠰᠣᠨ ᠤ ᠠᠮᠢ ᠠᠬᠤᠢ︶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠠᠬᠤᠢ ᠲᠠᠯᠠᠪᠠᠢ ᠳᠤ ᠬᠦᠷᠴᠦ᠂ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠨ᠂ ᠠᠬᠤᠢ ᠲᠠᠯᠠᠪᠠᠢ ᠳᠤ ᠠᠯᠪᠠᠯᠠᠬᠤ ᠪᠠᠷ ᠳᠠᠮᠵᠢᠨ ᠣᠷᠣᠰᠢᠵᠦ ᠪᠠᠶᠢᠭ᠎ᠠ ᠬᠦᠴᠢᠷ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠪᠡ᠃     ᠣᠯᠵᠠᠴᠢ ᠪᠠᠯᠭᠠᠰᠣᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ︵ᠣᠰᠣᠨ ᠤ ᠠᠮᠢ ᠠᠬᠤᠢ︶  ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠠᠬᠤᠢ ᠲᠠᠯᠠᠪᠠᠢ ᠳᠤ ᠶᠠᠩ ᠶᠢᠩ ᠰᠢᠨ ᠠᠴᠠ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠨ᠂ ᠠᠬᠤᠢ ᠲᠠᠯᠠᠪᠠᠢ ᠳᠤ ᠠᠯᠪᠠᠯᠠᠬᠤ ᠪᠠᠷ ᠳᠠᠮᠵᠢᠨ ᠣᠷᠣᠰᠢᠵᠦ ᠪᠠᠶᠢᠭ᠎ᠠ ᠬᠦᠴᠢᠷ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠪᠡ᠃ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠ ᠭᠤᠤᠯᠳᠠᠯᠭᠠᠲᠤ ᠲᠦᠷᠦᠯ ᠵᠦᠢᠯ ᠤᠨ ᠠᠬᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠠᠳᠬᠤᠵᠤ᠂ ᠱᠠᠲᠤᠴᠢᠯᠠᠨ ᠲᠦᠷᠦᠯ ᠬᠤᠪᠢᠶᠠᠵᠤ ᠶᠡᠷᠦᠩᠬᠡᠶᠢᠯᠡᠨ ᠲᠤᠬᠢᠷᠠᠭᠤᠯᠬᠤ ᠪᠠᠨ ᠴᠢᠩᠭᠠᠳᠬᠠᠨ᠂   ᠨᠠᠷᠢᠨ ᠳᠠᠩᠰᠠ ᠬᠡᠯᠪᠡᠷᠢ ᠶᠢᠨ ᠪᠢᠲᠡᠬᠦᠦ ᠬᠠᠮᠢᠶᠠᠷᠤᠯᠲᠠ ᠪᠠᠷ ᠠᠬᠢᠭᠤᠯᠤᠨ ᠨᠠᠶᠢᠲᠠᠪᠤᠷᠢᠵᠢᠭᠤᠯᠵᠤ᠂ ᠲᠦᠷᠦᠯ ᠵᠦᠢᠯ  ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠦᠷ᠎ᠡ ᠠᠰᠢᠭ ᠢ ᠨᠢ ᠳᠡᠭᠡᠭᠰᠢᠯᠡᠬᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠣᠰᠣᠨ ᠠᠰᠢᠭᠯᠠᠯᠲᠠ ᠶᠢᠨ ᠰᠠᠯᠠᠭ᠎ᠠ ᠮᠦᠴᠢᠷ ᠤᠨ ᠬᠢᠨ ᠵᠤᠬᠢᠴᠠᠭᠤᠯᠤᠨ ᠲᠤᠬᠢᠷᠠᠭᠤᠯᠬᠤ  ᠪᠠᠨ ᠴᠢᠩᠭᠠᠳᠬᠠᠨ᠂ ᠪᠠᠷᠢᠯᠭ᠎ᠠ ᠶᠢᠨ ᠠᠵᠤ ᠠᠬᠤᠶᠢᠯᠠᠯ ᠢ ᠬᠠᠪᠰᠣᠷᠣᠨ ᠪᠠᠷᠢᠯᠭ᠎ᠠ ᠶᠢᠨ ᠮᠡᠲ᠋ᠧᠷᠢᠶᠡᠯ ᠤᠨ ᠵᠦᠬᠡᠬᠡᠪᠦᠷᠢᠯᠡᠯᠲᠡ ᠵᠡᠷᠭᠡ ᠱᠠᠲᠤᠴᠢ ᠴᠢᠨᠠᠷᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠢᠨᠵᠧᠨᠧᠷᠢᠩ ᠤᠨ ᠶᠠᠰᠣ ᠴᠢᠨᠠᠷ ᠪᠠ ᠪᠠᠷᠢᠯᠭ᠎ᠠ ᠶᠢᠨ ᠠᠮᠣᠷ ᠳᠦᠪᠰᠢᠨ ᠢ ᠪᠠᠲᠤᠯᠠᠭᠰᠠᠨ ᠣᠷᠢᠳᠠᠯ ᠳᠣᠣᠷ᠎ᠠ᠂ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ ᠶᠢ ᠲᠦᠷᠬᠡᠳᠬᠡᠨ᠂ ᠠᠷᠠᠳ ᠤᠨ ᠠᠮᠢᠳᠣᠷᠠᠯ ᠤᠨ ᠭᠤᠤᠯᠳᠠᠯᠭᠠᠲᠤ ᠲᠦᠷᠦᠯ ᠵᠦᠢᠯ ᠡᠷᠲᠡᠬᠡᠨ ᠠᠰᠢᠭᠯᠠᠯᠲᠠ ᠳᠤ ᠣᠷᠣᠵᠣ ᠠᠰᠢᠭ ᠡᠬᠦᠳᠬᠦ ᠶᠢ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠡᠮᠴᠢᠯᠡᠬᠡᠨ ᠤ ᠬᠠᠶᠠᠭᠳᠠᠮᠠᠯ ᠪᠤᠳᠠᠰ ᠢ ᠰᠢᠲᠠᠭᠠᠨ ᠰᠢᠢᠳᠪᠦᠷᠢᠯᠡᠬᠦ ᠴᠡᠭ ᠲᠤ᠂ ᠶᠠᠩ ᠶᠢᠩ ᠰᠢᠨ ᠠᠴᠠ ᠡᠮᠴᠢᠯᠡᠬᠡᠨ ᠤ ᠬᠠᠶᠠᠭᠳᠠᠮᠠᠯ ᠪᠣᠳᠠᠰ ᠰᠢᠢᠳᠪᠦᠷᠢᠯᠡᠬᠦ ᠲᠤᠨᠤᠭ ᠳᠦᠬᠦᠬᠡᠷᠦᠮᠵᠢ ᠶᠢᠨ ᠠᠵᠢᠯᠯᠠᠮᠵᠢ᠂ ᠠᠵᠢᠯ ᠤᠨ ᠠᠯᠬᠤᠮ ᠳᠠᠷᠠᠭ᠎ᠠ᠂ ᠲᠡᠷᠭᠡ ᠮᠠᠰᠢᠨ ᠤ ᠲᠤᠬᠢᠷᠠᠭᠤᠯᠤᠯᠲᠠ᠂ ᠠᠵᠢᠯᠲᠠᠨ ᠤ ᠪᠠᠶᠢᠷᠢᠯᠠᠭᠤᠯᠤᠯᠲᠠ ᠵᠡᠷᠭᠡ ᠪᠤᠲᠠᠲᠤ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠲᠤᠨᠤᠭ ᠳᠦᠬᠦᠬᠡᠷᠦᠮᠵᠢ ᠶᠢᠨ ᠲᠦᠬᠦᠷᠴᠢᠯᠡᠯ ᠢ ᠣᠯᠠᠮ ᠨᠢᠬᠡ ᠠᠯᠬᠤᠮ ᠳᠡᠭᠦᠯᠳᠡᠷᠵᠢᠬᠦᠯᠵᠦ᠂ ᠡᠮᠴᠢᠯᠡᠬᠡᠨ ᠤ ᠬᠠᠶᠠᠭᠳᠠᠮᠠᠯ ᠪᠤᠳᠠᠰ ᠤᠨ ᠰᠢᠢᠳᠪᠦᠷᠢᠯᠡᠯᠲᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠣᠷᠠᠯᠲᠠ ᠦᠬᠡᠢ ᠴᠢᠩᠭᠠᠳᠬᠠᠬᠤ ᠶᠢᠨ ᠬᠠᠮᠲᠤ ᠠᠵᠢᠯᠲᠠᠨ ᠤ ᠲᠦᠷᠢᠮᠵᠢᠬᠦᠨ ᠠᠵᠢᠯᠯᠠᠭ᠎ᠠ ᠪᠠ ᠬᠤᠪᠢ ᠬᠦᠮᠦᠨ ᠤ ᠰᠡᠷᠬᠡᠶᠢᠯᠡᠯᠲᠡ ᠬᠠᠮᠠᠭᠠᠯᠠᠯᠲᠠ ᠶᠢᠨ ᠵᠢᠯᠤᠭᠤᠳᠤᠯᠭ᠎ᠠ ᠪᠤᠯᠪᠠᠰᠣᠷᠠᠯ ᠢ ᠴᠢᠩᠭᠠᠷᠠᠭᠤᠯᠵᠣ᠂ ᠡᠯ᠎ᠡ ᠭᠤᠭᠴᠤᠭ᠎ᠠ ᠶᠠᠪᠤᠴᠠ ᠶᠢᠨ ᠪᠢᠲᠡᠬᠦᠦ ᠬᠠᠮᠢᠶᠠᠷᠤᠯᠲᠠ ᠶᠢ ᠦᠨᠡᠨ ᠬᠦ ᠪᠡᠶᠡᠯᠡᠬᠦᠯᠦᠨ᠂ ᠠᠯᠳᠠᠰᠢ ᠭᠠᠷᠭᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
         
    ᠶᠠᠩ ᠶᠢᠩ ᠰᠢᠨ ᠬᠤᠰᠢᠭᠤ ᠨᠢᠬᠡᠳᠦᠬᠡᠷ ᠳᠣᠮᠳᠠᠳᠣ ᠰᠣᠷᠭᠠᠭᠤᠯᠢ ᠳᠤ ᠬᠦᠷᠴᠦ᠂ ᠪᠠᠭᠰᠢ ᠰᠣᠷᠣᠭᠴᠢᠳ ᠤᠨ ᠰᠣᠷᠭᠠᠭᠤᠯᠢ ᠳᠤ ᠪᠠᠨ ᠪᠤᠴᠠᠬᠤ ᠶᠠᠪᠤᠴᠠ᠂ ᠭᠡᠷ ᠤᠨ ᠠᠬᠠᠮᠠᠳ ᠢ ᠪᠦᠯᠦᠭ ᠬᠤᠪᠢᠶᠠᠨ ᠲᠠᠷᠬᠠᠭᠠᠬᠤ᠂ ᠣᠷᠴᠢᠨ ᠲᠤᠭᠤᠷᠢᠨ ᠤ ᠠᠷᠢᠭᠤᠳᠬᠠᠯ᠂ ᠬᠤᠭᠤᠯᠠᠨ ᠬᠡᠷ ᠤᠨ ᠠᠮᠣᠷ ᠳᠦᠪᠰᠢᠨ ᠤ ᠪᠠᠲᠤᠯᠠᠭ᠎ᠠ ᠵᠡᠷᠭᠡ ᠡᠯ᠎ᠡ ᠭᠤᠭᠴᠣᠭᠠᠨ ᠤ ᠰᠡᠷᠬᠡᠶᠢᠯᠡᠨ ᠡᠵᠡᠮᠳᠡᠯ ᠤᠨ ᠠᠷᠭ᠎ᠠ ᠠᠪᠴᠠᠯ ᠤᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃     ᠬᠤᠰᠢᠭᠤ ᠨᠢᠭᠡᠳᠦᠬᠡᠷ ᠳᠣᠮᠳᠠᠳᠣ ᠰᠣᠷᠭᠠᠭᠤᠯᠢ ᠳᠤ᠂ ᠶᠠᠩ ᠶᠢᠩ ᠰᠢᠨ ᠠᠴᠠ ᠪᠠᠭᠰᠢ ᠰᠣᠷᠣᠭᠴᠢᠳ ᠤᠨ ᠰᠣᠷᠭᠠᠭᠤᠯᠢ ᠳᠤ ᠪᠠᠨ ᠪᠤᠴᠠᠬᠤ ᠶᠠᠪᠤᠴᠠ᠂ ᠭᠡᠷ ᠤᠨ ᠠᠬᠠᠮᠠᠳ ᠢ ᠪᠦᠯᠦᠭ ᠬᠤᠪᠢᠶᠠᠨ ᠲᠠᠷᠬᠠᠭᠠᠬᠤ᠂ ᠣᠷᠴᠢᠨ ᠲᠤᠭᠤᠷᠢᠨ ᠤ ᠠᠷᠢᠭᠤᠳᠬᠠᠯ᠂ ᠬᠤᠭᠤᠯᠠᠨ ᠬᠡᠷ ᠤᠨ ᠠᠮᠣᠷ ᠳᠦᠪᠰᠢᠨ ᠤ ᠪᠠᠲᠤᠯᠠᠭ᠎ᠠ ᠵᠡᠷᠭᠡ ᠡᠯ᠎ᠡ ᠭᠤᠭᠴᠣᠭᠠᠨ ᠤ ᠰᠡᠷᠬᠡᠶᠢᠯᠡᠨ ᠡᠵᠡᠮᠳᠡᠯ ᠤᠨ ᠠᠷᠭ᠎ᠠ ᠠᠪᠴᠠᠯ ᠤᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠨᠠᠷᠢᠨ ᠪᠣᠳᠣᠯᠢᠶᠠᠨᠲᠠᠢ ᠬᠤᠪᠢᠷᠠᠯᠲᠠ ᠶᠡᠬᠡᠲᠡᠢ ᠬᠢᠵᠢᠭ ᠤᠨ ᠪᠠᠶᠢᠳᠠᠯ ᠢ ᠬᠦᠢᠴᠡᠳ ᠪᠤᠳᠤᠯᠬᠢᠯᠠᠵᠤ᠂ ᠡᠯ᠎ᠡ ᠲᠦᠷᠦᠯ  ᠤᠨ ᠪᠢᠲᠡᠬᠦᠦ ᠬᠠᠮᠢᠶᠠᠷᠤᠯᠲᠠ ᠶᠢᠨ ᠠᠷᠭ᠎ᠠ ᠠᠪᠴᠠᠯ ᠢ ᠴᠢᠩᠭ᠎ᠠ ᠮᠦᠷᠲᠡᠭᠡᠨ ᠨᠢᠮᠪᠠᠢ ᠨᠠᠶᠢᠲᠠᠪᠤᠷᠢᠵᠢᠭᠤᠯᠤᠨ᠂ ᠢᠳᠡᠭᠡᠨ ᠤ ᠠᠮᠣᠷ ᠳᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠪᠠᠴᠢᠮ ᠢ ᠠᠷᠭᠠᠴᠠᠬᠤ ᠪᠡᠯᠡᠳᠬᠡᠯ ᠲᠦᠰᠦᠪ ᠢ ᠬᠦᠢᠴᠡᠳ ᠮᠦᠷᠲᠡᠭᠡᠨ ᠬᠢᠨᠠᠮᠠᠭᠠᠢ ᠬᠢᠨ᠂ ᠵᠢᠭᠠᠨ ᠰᠣᠷᠭᠠᠯᠲᠠ ᠶᠢᠨ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠠᠷ ᠲᠤᠬᠢᠷᠠᠭᠤᠯᠵᠦ᠂ ᠪᠠᠭᠰᠢ ᠰᠣᠷᠣᠭᠴᠢᠳ ᠤᠨ ᠦᠵᠡᠯ ᠰᠠᠨᠠᠭ᠎ᠠ ᠪᠠ ᠰᠡᠳᠬᠢᠴᠡ ᠶᠢᠨ ᠪᠠᠶᠢᠳᠠᠯ ᠢ ᠴᠠᠭ ᠲᠤᠬᠠᠢ ᠳᠤᠨᠢ ᠠᠩᠬᠠᠷᠣᠨ᠂ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠪᠠ ᠰᠣᠷᠭᠠᠨ ᠬᠦᠮᠦᠵᠢᠯ ᠵᠢᠭᠠᠨ ᠰᠣᠷᠭᠠᠯᠲᠠ ᠶᠢ ᠴᠤᠭ ᠠᠳᠬᠤᠵᠤ᠂ ᠠᠯᠢ ᠶᠢ ᠴᠣ᠋ ᠰᠠᠭᠠᠲᠠᠭᠠᠬᠤ ᠦᠬᠡᠢ ᠪᠠᠶᠢᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠴᠢᠦ ᠯᠢᠨ᠂ ᠶᠢᠦ ᠵᠢᠶᠡᠨ ᠴᠢᠩ᠂ ᠳ᠋ᠣᠸᠡᠨ ᡁᠢ ᠴᠢᠶᠠᠩ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号