ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠣᠳᠣᠭᠠᠷ ᠬᠤᠷᠠᠯᠳᠣᠭᠠᠨ ᠤ ᠪᠢᠴᠢᠭ ᠮᠡᠲ᠋ᠧᠷᠢᠶᠠᠯ ︵ᠠᠷᠪᠠᠨ ᠲᠠᠪᠤ ︶
ᠨᠡᠶᠢᠲᠡᠯᠡᠭᠰᠡᠨ ᠴᠠᠭ᠄
2022/11/30
ᠤᠳᠤᠭ ᠤᠨ ᠡᠮᠥᠨᠡᠳᠤ ᠬᠤᠰᠢᠭᠤᠨ ᠤ 2020 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2021 ᠤᠨ  ᠤ  ᠡᠳ᠋  ᠤᠨ ᠵᠠᠰᠠᠭ ᠤᠨ  ᠳᠥᠰᠥᠪ ᠤᠨ ᠳᠥᠰᠥᠯ  ᠤᠨ ᠮᠡᠳᠡᠬᠦᠯᠥᠯᠲᠡ                                                                     ——  2021 ᠤᠨ ᠤ 2 ᠰᠠᠷ᠎ᠠ ᠶᠢᠨ 24 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠳᠣᠭᠠᠷ                    ᠬᠤᠭᠤᠴᠠᠭᠠᠨ  ᠤ ᠠᠷᠠᠳ ᠤᠨ ᠲᠥᠯᠥᠭᠡᠯᠡᠭᠴᠢᠳ  ᠤᠨ ᠶᠡᠭᠡ  ᠬᠤᠷᠠᠯ ᠤᠨ ᠲᠠᠪᠣᠳᠣᠭᠠᠷ ᠬᠤᠷᠠᠯᠳᠤᠭᠠᠨ ᠳᠡᠭᠡᠷ᠎ᠡ                                                                              ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠲᠥᠯᠥᠭᠡᠯᠡᠭᠴᠢᠳ ᠡ᠄      ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2020 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2021 ᠤᠨ ᠤ ᠡᠳ᠋ ᠤᠨ ᠵᠠᠰᠠᠭ ᠤᠨ  ᠲᠦᠰᠦᠪ  ᠤᠨ ᠳᠥᠰᠥᠯ ᠤᠨ ᠮᠡᠳᠡᠬᠦᠯᠥᠯᠲᠡ ᠪᠠᠨ ᠳᠤᠰ ᠤᠳᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠪᠤᠯᠤᠨ ᠬᠤᠷᠠᠯ  ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃      ᠨᠢᠭᠡ᠂ 2020 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ      2020 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠤᠳᠤ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ ᠳᠤᠤᠷ᠎ᠠ᠂ ᠬᠤᠰᠢᠭᠤ ᠡᠳ᠋ ᠤᠨ ᠵᠠᠰᠠᠭ  ᠤᠨ ᠲᠤᠪᠴᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠣᠮᠳᠠᠲᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠶᠡᠷᠣᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠴᠣᠬᠤᠯᠠᠪᠣᠷᠢ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠣᠨ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠣᠷᠣᠯᠭ᠎ᠠ ᠵᠠᠷᠤᠯᠭ᠎ᠠ ᠶᠢ ᠠᠳᠬᠤᠬᠤ᠂ ᠬᠦᠭᠵᠢᠯᠲᠡ ᠶᠢ ᠳᠡᠮᠵᠢᠬᠦ᠂ ᠠᠷᠠᠳ ᠤᠨ ᠠᠮᠢᠳᠣᠷᠠᠯ ᠢ ᠪᠠᠳᠣᠯᠠᠬᠤ᠂ ᠦᠬᠡᠷᠡᠴᠢᠯᠡᠯᠲᠡ ᠶᠢ ᠠᠬᠢᠭᠤᠯᠬᠤ᠂ ᠬᠠᠮᠢᠶᠠᠷᠣᠯᠲᠠ ᠶᠢ ᠴᠢᠩᠭᠠᠳᠬᠠᠬᠤ ᠶᠢ ᠪᠦᠬᠦ ᠬᠦᠴᠣᠨ ᠢᠶᠠᠷ ᠠᠳᠬᠤᠨ᠂ ᠡᠳ᠋ ᠤᠨ ᠵᠠᠰᠠᠭ ᠤᠨ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠲᠣᠲᠠᠢ ᠰᠡᠶᠢᠲᠣᠷ ᠬᠢᠵᠣ᠂ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠴᠢᠨᠠᠷᠯᠢᠭ ᠭᠦᠭᠵᠢᠯᠲᠡ᠂ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠬᠦᠯᠬᠡ︾ ᠶᠢᠨ ᠡᠯ᠎ᠡ ᠲᠦᠷᠦᠯ ᠤᠨ  ᠡᠬᠦᠷᠬᠡ ᠶᠢᠨ ᠠᠮᠵᠢᠯᠲᠠᠲᠠᠢ ᠪᠡᠶᠡᠯᠡᠭᠳᠡᠯ ᠢ ᠳᠡᠮᠵᠢᠨ ᠪᠠᠲᠣᠯᠠᠭᠰᠠᠨ ᠪᠠᠶᠢᠨ᠎ᠠ᠃       ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2020 ᠤᠨ ᠳᠤ ᠪᠦᠬᠦ ᠬᠤᠰᠢᠭᠤᠨ ᠤ ᠡᠯ᠎ᠡ ᠲᠦᠷᠦᠯ ᠤᠨ ᠣᠷᠣᠯᠭ᠎ᠠ ᠶᠢ 33.68 ᠳ᠋ᠦᠩᠰᠢᠭᠤᠷ ᠲᠥᠭᠦᠷᠢᠭ ᠪᠡᠶᠡᠯᠡᠬᠦᠯᠪᠡ᠂  ᠡᠭᠦᠨ ᠳᠤ᠄ ᠲᠣᠰ ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ  ᠤᠨ ᠤᠷᠤᠯᠭ᠎ᠠ 11.9 ᠳ᠋ᠦᠩᠰᠢᠭᠤᠷ ᠲᠥᠭᠦᠷᠢᠭ ︵ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 1 ᠳ᠋ᠥᠩᠰᠢᠭᠤᠷ ᠲᠥᠭᠦᠷᠢᠭ ᠪᠠᠭᠳᠠᠨ᠎ᠠ ︶᠂ ᠠᠳᠠᠯᠢ ᠬᠤᠭᠤᠴᠠᠭᠠᠨ ᠤ ᠬᠢ ᠠᠴᠠ 0.3% ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 13.86 ᠳ᠋ᠦᠩᠰᠢᠭᠤᠷ ᠲᠦᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.28 ᠳ᠋ᠦᠩᠰᠢᠭᠤᠷ ᠲᠦᠭᠦᠷᠢᠭ ︵ᠰᠢᠯᠵᠢᠬᠦᠯᠣᠨ ᠣᠷᠣᠭᠤᠯᠣᠭᠰᠠᠨ ᠲᠦᠰᠦᠪ ᠤᠨ ᠲᠣᠭᠲᠠᠭᠤᠨ ᠢ ᠲᠣᠬᠢᠷᠠᠭᠤᠯᠬᠤ ᠪᠡᠯᠡ ᠮᠦᠩᠬᠦ 10 ᠲᠦᠮᠡᠨ ᠲᠦᠬᠦᠷᠢᠭ ᠪᠠᠭᠳᠠᠨ᠎ᠠ︶᠂ ᠤᠷᠤᠨ ᠨᠤᠲᠤᠭ ᠤᠨ ᠵᠠᠰᠠᠭ ᠤᠨ ᠤᠷᠳᠤᠨ ᠤ ᠡᠩ ᠤᠨ ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ ᠤᠷᠤᠯᠠᠭᠤᠯᠤᠭᠰᠡᠨ ᠣᠷᠣᠯᠭ᠎ᠠ 7.64 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ 3.77 ᠳ᠋ᠥᠩᠰᠢᠭᠤᠷ ᠲᠥᠭᠦᠷᠢᠭ᠂ ᠳᠠᠬᠢᠨ ᠮᠥᠩᠭᠦ ᠬᠤᠷᠠᠮᠳᠣᠭᠤᠯᠣᠭᠰᠠᠨ ᠥᠭᠴᠡᠭᠡᠨ ᠲᠡᠮᠳᠡᠭ 3.87 ᠳ᠋ᠦᠩᠰᠢᠭᠤᠷ ᠲᠦᠬᠦᠷᠢᠭ ᠪᠠᠭᠳᠠᠨ᠎ᠠ︶᠃ ᠪᠦᠬᠦ ᠬᠤᠰᠢᠭᠤᠨ ᠤ ᠡᠯ᠎ᠡ ᠲᠦᠷᠦᠯ ᠤᠨ ᠵᠠᠷᠤᠯᠭ᠎ᠠ 33.32 ᠳ᠋ᠦᠩᠰᠢᠭᠤᠷ ᠲᠥᠭᠦᠷᠢᠭ᠂ ᠡᠭᠦᠨ ᠳᠤ᠄ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 29.36 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.09 ᠳ᠋ᠦᠩᠰᠢᠭᠤᠷ ᠲᠥᠭᠦᠷᠢᠭ᠂ ᠰᠤᠯᠢᠭᠰᠠᠨ ᠡᠩ ᠤᠨ ᠥᠭᠴᠡᠭᠡᠨ ᠲᠡᠮᠳᠡᠭ ᠤᠨ ᠵᠠᠷᠤᠯᠭ᠎ᠠ 3.87 ᠳ᠋ᠦᠩᠰᠢᠭᠤᠷ ᠲᠥᠭᠦᠷᠢᠭ᠃ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 0.36  ᠳ᠋ᠦᠩᠰᠢᠭᠤᠷ ᠲᠦᠬᠦᠷᠢᠭ᠃      —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠲᠦᠷᠪᠡᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ ᠢ 3.57 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ  ᠶᠢᠨ 30.03% ᠶᠢ ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 0.87 ᠳ᠋ᠥᠩᠰᠢᠭᠤᠷ ᠲᠥᠭᠦᠷᠢᠭ ᠨᠡᠮᠡᠭᠳᠡᠵᠣ᠂ 32% ᠢᠶᠠᠷ ᠦᠰᠪᠡ᠃ ᠡᠭᠦᠨ ᠳᠤ᠄ ᠦᠷᠲᠡᠭ ᠤᠨ ᠨᠡᠮᠡᠭᠳᠡᠯ ᠤᠨ ᠭᠠᠶᠢᠯᠢ 1.86 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 24.53% ᠪᠠᠷ ᠨᠡᠮᠡᠭᠳᠡᠪᠡ︔ ᠠᠵᠣ ᠠᠬᠤᠶᠢᠯᠠᠯ  ᠤᠨ ᠣᠯᠵᠠᠪᠣᠷᠢ ᠶᠢᠨ ᠭᠠᠶᠢᠯᠢ 0.26 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 232.09% ᠪᠠᠷ ᠨᠡᠮᠡᠭᠳᠡᠪᠡ ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.19 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 74.93 % ᠪᠠᠷ  ᠨᠡᠮᠡᠭᠳᠡᠪᠡ︔ ᠡᠬᠢ ᠪᠠᠶᠠᠯᠢᠭ ᠤᠨ ᠭᠠᠶᠢᠯᠢ 1.26 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 23.2%  ᠢᠶᠠᠷ ᠨᠡᠮᠡᠭᠳᠡᠪᠠ᠃      —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ 6.64ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 76.53% ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 2.43 ᠳ᠋ᠦᠩᠰᠢᠭᠤᠷ ᠳᠦᠭᠦᠷᠢᠭ ᠪᠠᠭᠤᠷᠠᠵᠣ᠂ 26.78% ᠪᠠᠷ ᠪᠠᠭᠠᠰᠪᠠ︔ ᠡᠳ᠋ ᠤᠨ ᠵᠠᠰᠠᠭ ᠤᠨ ᠰᠠᠯᠠᠭ᠎ᠠ ᠮᠦᠴᠢᠷ 5.26 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 158.38% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 2.46 ᠳ᠋ᠦᠩᠰᠢᠭᠤᠷ ᠲᠥᠭᠦᠷᠢᠭ ᠨᠡᠮᠡᠭᠳᠡᠵᠣ᠂ 87.86% ᠪᠠᠷ ᠦᠰᠪᠡ᠃      —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 4.28 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39.96% ᠪᠠᠷ  ᠪᠠᠭᠤᠷᠠᠪᠠ ︵ᠡᠭᠦᠨ ᠳᠤ ᠨᠡᠭᠦᠷᠡᠰᠣᠨ ᠤ ᠠᠵᠢᠯ ᠲᠦᠷᠦᠯ 2.72 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠤ ᠬᠢ ᠠᠴᠠ 19.6% ᠪᠠᠷ ᠪᠠᠭᠤᠷᠠᠪᠠ︔ ᠰᠢᠲᠠᠮᠠᠬᠠᠢ ᠬᠡᠢ ᠶᠢᠨ ᠠᠵᠢᠯ ᠲᠦᠷᠤᠯ 1.47 ᠳ᠋ᠦᠩᠰᠢᠭᠤᠷ ᠳᠦᠭᠦᠷᠢᠭ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 42.99% ᠪᠠᠷ ᠪᠠᠭᠤᠷᠠᠪᠠ︶︔ ᠤᠶᠢᠯᠡᠤᠨᠬᠦ ᠠᠵᠢᠯ ᠲᠦᠷᠤᠯ 0.37 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 108.93% ᠪᠠᠷ  ᠨᠡᠮᠡᠭᠳᠡᠪᠡ︔ ᠴᠡᠬᠢᠯᠭᠠᠨ ᠬᠦᠴᠣᠨ ᠤ ᠠᠵᠢᠯ ᠲᠦᠷᠦᠯ 0.4 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 22.84 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ 0.27 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 35.63% ᠪᠠᠷ ᠪᠠᠭᠤᠷᠠᠪᠠ︔ ᠵᠠᠮ ᠲᠡᠬᠡᠬᠡᠪᠣᠷᠢ ᠶᠢᠨ ᠦᠢᠯᠡᠰ 0.15 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 145.18% ᠪᠠᠷ ᠨᠡᠮᠡᠭᠳᠡᠪᠡ︔ ᠬᠡᠷ ᠬᠦᠷᠦᠩᠬᠡ ᠶᠢᠨ ᠠᠵᠢᠯ ᠲᠦᠷᠦᠯ 0.14 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 50.6% ᠪᠠᠷ ᠨᠡᠮᠡᠭᠳᠡᠪᠡ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.17 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 105.85% ᠪᠠᠷ ᠨᠡᠮᠡᠭᠳᠡᠪᠡ︔ ᠦᠢᠯᠡᠴᠢᠯᠡᠬᠡᠨ ᠤ ᠦᠢᠯᠡᠰ 0.11 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ  236.64% ᠪᠠᠷ  ᠨᠡᠮᠡᠭᠳᠡᠪᠡ︔ ᠮᠦᠩᠬᠦᠨ ᠬᠦᠢᠯᠬᠡᠬᠡᠨ ᠤ ᠦᠢᠯᠡᠰ 0.21 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 3.34% ᠪᠠᠷ ᠨᠡᠮᠡᠭᠳᠡᠪᠡ︔ ᠪᠣᠰᠣᠳ ᠠᠵᠢᠯ ᠲᠦᠷᠦᠯ 5.8 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 73.96% ᠪᠠᠷ ᠨᠡᠮᠡᠭᠳᠡᠪᠡ᠃2020 ᠣᠨ ᠳᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 29.36 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠤᠷᠠᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 28.49 ᠳ᠋ᠦᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ  ᠵᠠᠷᠣᠯᠭ᠎ᠠ 0.87 ᠳ᠋ᠦᠩᠰᠢᠭᠤᠷ ᠲᠥᠭᠦᠷᠢᠭ᠃      ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2020 ᠤᠨ ᠳᠤ ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ 5.58 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 112.88% ᠪᠠᠷ ᠨᠡᠮᠡᠭᠳᠡᠪᠠ᠂ ᠡᠭᠦᠨ ᠳᠤ : ᠬᠤᠰᠢᠭᠤ ᠲᠣᠰ ᠱᠠᠳᠣᠨ ᠤ ᠣᠷᠣᠯᠭ᠎ᠠ 1.92 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.45 ᠳ᠋ᠦᠩᠰᠢᠭᠤᠷ ᠲᠦᠬᠦᠷᠢᠭ᠂ ᠳᠤᠰᠬᠠᠢ ᠲᠦᠷᠤᠯ ᠤᠨ ᠣᠷᠣᠯᠭ᠎ᠠ 3.21 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠲᠤᠰᠬᠠᠢ ᠲᠦᠷᠦᠯ ᠤᠨ ᠥᠭᠴᠡᠭᠡᠨ ᠲᠡᠮᠳᠡᠭ 2.18 ᠳ᠋ᠦᠩᠰᠢᠭᠤᠷ ᠲᠦᠬᠦᠷᠢᠭ᠂ ᠳᠠᠬᠢᠨ ᠮᠥᠩᠭᠦ ᠬᠤᠷᠠᠮᠳᠣᠭᠤᠯᠣᠭᠰᠠᠨ ᠲᠤᠰᠬᠠᠢ ᠲᠦᠷᠦᠯ ᠤᠨ ᠥᠭᠴᠡᠭᠡᠨ ᠲᠡᠮᠳᠡᠭ 0.06 ᠳ᠋ᠦᠩᠰᠢᠭᠤᠷ ᠲᠦᠬᠦᠷᠢᠭ ᠂ ᠬᠢᠵᠢᠭ ᠲᠠᠢ ᠲᠡᠮᠡᠴᠡᠬᠦ ᠣᠨᠴᠠᠭᠠᠢ ᠲᠦᠷᠦᠯ ᠤᠨ ᠣᠯᠣᠰ ᠤᠨ ᠥᠭᠴᠡᠭᠡᠨ ᠲᠡᠮᠳᠡᠭ 0.9 ᠳ᠋ᠦᠩᠰᠢᠭᠤᠷ ᠲᠦᠬᠦᠷᠢᠭ ᠪᠠᠭᠲᠠᠨ᠎ᠠ︶︔ ᠪᠦᠬᠦ ᠬᠤᠰᠢᠭᠤᠨ ᠤ  ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 5.22 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 140.51% ᠪᠠᠷ ᠨᠡᠮᠡᠭᠳᠡᠪᠠ᠂  ᠡᠭᠦᠨ ᠳᠤ ᠄ ᠬᠤᠰᠢᠭᠤ ᠲᠣᠰ ᠱᠠᠳᠤᠨ ᠤ ᠵᠠᠷᠤᠯᠭ᠎ᠠ 5.16 ᠳ᠋ᠦᠩᠰᠢᠭᠤᠷ ᠲᠦᠬᠦᠷᠢᠭ᠂ ᠲᠣᠰᠬᠠᠢ ᠲᠦᠷᠦᠯ ᠤᠨ ᠥᠭᠴᠡᠭᠡᠨ ᠲᠡᠮᠳᠡᠭ ᠤᠨ ᠡᠬᠡ ᠪᠡᠯᠡ ᠶᠢ ᠪᠣᠴᠠᠭᠠᠭᠰᠠᠨ ᠵᠠᠷᠣᠯᠭ᠎ᠠ 0.06 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠦᠯᠡᠳᠡᠪᠦᠷᠢ 0.36 ᠳ᠋ᠦᠩᠰᠢᠭᠤᠷ ᠲᠥᠭᠦᠷᠢᠭ᠃       ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2020 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 3.09 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 8.55% ᠪᠠᠷ ᠪᠠᠭᠤᠷᠠᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ 3.09 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ  ᠠᠴᠠ 8.55% ᠪᠠᠷ  ᠪᠠᠭᠤᠷᠠᠪᠠ᠃      2020 ᠣᠨ ᠤ ᠡᠳ᠋ ᠤᠨ ᠵᠠᠰᠠᠭ ᠤᠨ ᠠᠵᠢᠯ ᠪᠠ ᠲᠦᠰᠦᠪ ᠤᠨ ᠬᠡᠷᠡᠭᠵᠢᠬᠦᠯᠦᠯᠲᠡ ᠶᠢᠨ ᠭᠤᠤᠯ ᠤᠨᠴᠠᠯᠢᠭ      ︵ᠨᠢᠭᠡ︶ ᠲᠠᠲᠠᠪᠣᠷᠢᠯᠠᠨ ᠬᠠᠮᠢᠶᠠᠷᠬᠤ ᠶᠢ ᠠᠳᠬᠤᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠣᠷᠣᠨ ᠨᠣᠲᠤᠭ ᠤᠨ ᠡᠳ᠋ ᠤᠨ ᠵᠠᠰᠠᠭ ᠤᠨ ᠣᠷᠣᠯᠭ᠎ᠠ  ᠶᠢ ᠰᠢᠨ᠎ᠡ ᠲᠡᠭᠲᠡᠷ ᠲᠤ ᠭᠠᠷᠭᠠᠪᠠ᠃ ᠬᠢᠵᠢᠭ ᠤᠨ ᠪᠠᠶᠢᠳᠠᠯ ᠤᠨ ᠬᠠᠲᠠᠭᠤ ᠴᠢᠩᠭ᠎ᠠ ᠦᠷᠢᠰᠦᠯᠳᠦᠬᠡᠨ ᠳᠤ ᠴᠢᠭᠯᠡᠬᠦᠯᠦᠨ᠂ ᠡᠳ᠋ ᠤᠨ ᠢᠷᠡᠯᠲᠠ ᠶᠢᠨ ᠪᠣᠶᠢᠵᠢᠭᠤᠯᠣᠯᠲᠠ ᠶᠢ ᠡᠷᠴᠢᠮᠲᠠᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ  ᠰᠡᠷᠭᠦᠭᠡᠬᠦ ᠳᠡᠮᠵᠢᠯᠭᠡ ᠪᠠ ᠡᠯ᠎ᠡ ᠲᠦᠷᠦᠯ ᠤᠨ ᠭᠠᠶᠢᠯᠢ ᠵᠠᠷᠤᠳᠠᠯ ᠢ ᠪᠠᠭᠠᠰᠬᠠᠬᠤ ᠲᠦᠷᠦ ᠤᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠬᠠᠤᠯᠢ ᠶᠤᠰᠤᠭᠠᠷ ᠴᠢᠩᠭ᠎ᠠ ᠲᠠᠲᠠᠪᠤᠷᠢᠯᠠᠨ ᠬᠤᠷᠢᠶᠠᠵᠤ᠂ ᠭᠠᠶᠢᠯᠢ ᠵᠠᠷᠤᠳᠠᠯ ᠤᠨ ᠲᠠᠲᠠᠪᠤᠷᠢᠯᠠᠯᠲᠠ ᠶᠢᠨ ᠠᠯᠳᠠᠰᠢ ᠶᠢ ᠪᠦᠬᠦ ᠲᠠᠯ᠎ᠠ ᠪᠠᠷ ᠬᠤᠷᠢᠭᠯᠠᠨ᠂ ᠬᠤᠷᠢᠶᠠᠪᠠᠯ ᠵᠤᠬᠢᠬᠤ ᠶᠢ ᠨᠢ ᠪᠦᠬᠦᠨ ᠢ ᠬᠤᠷᠢᠶᠠᠬᠤ ᠶᠢᠨ ᠬᠠᠮᠲᠤ ᠬᠤᠰᠢᠭᠤ ᠭᠠᠶᠢᠯᠢ ᠶᠢᠨ ᠶᠠᠪᠤᠳᠠᠯ᠂ ᠡᠨᠧᠷᠬᠢ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠦᠴᠢᠷ ᠢ ᠢᠳᠡᠪᠬᠢᠲᠡᠢ ᠪᠠᠷ ᠵᠤᠬᠢᠶᠠᠨ ᠪᠠᠶᠢᠭᠤᠯᠵᠤ᠂ ᠦᠷᠢᠲᠦᠭᠰᠡᠨ ᠭᠠᠶᠢᠯᠢ ᠵᠠᠷᠤᠳᠠᠯ ᠤᠨ ᠲᠠᠲᠠᠪᠤᠷᠢᠯᠠᠯᠲᠠ ᠶᠢᠨ ᠬᠦᠴᠦᠯᠡᠴᠡ ᠪᠠᠨ ᠴᠢᠩᠭᠠᠳᠬᠠᠨ᠂ ᠴᠦᠮᠦᠷᠡᠭᠰᠡᠨ ᠣᠷᠣᠨ ᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ  ᠭᠠᠶᠢᠯᠢ ᠶᠢ 0.2 ᠳ᠋ᠦᠩᠰᠢᠭᠤᠷ ᠲᠦᠭᠦᠷᠢᠭ ᠲᠠᠲᠠᠪᠤᠷᠢᠯᠠᠵᠤ᠂ ᠠᠭᠤᠷᠬᠠᠢ ᠶᠢᠨ ᠡᠷᠬᠡ ᠣᠯᠬᠤ ᠦᠨ᠎ᠡ ᠬᠠᠩᠰᠢ ᠶᠢᠨ ᠵᠣᠭᠤᠰ ᠬᠢᠬᠡᠳ ᠦᠪᠡᠷ ᠤᠨ ᠦᠷᠲᠡᠭ ᠢ ᠴᠡᠭᠴᠡᠵᠢᠬᠦᠯᠬᠦ ᠶᠢᠨ ᠬᠤᠭᠤᠷᠤᠨᠲᠤᠬᠢ ᠵᠦᠷᠢᠶᠡᠲᠦ ᠦᠨ᠎ᠡ ᠬᠠᠩᠰᠢ ᠶᠢᠨ ᠵᠤᠭᠤᠰ ᠢ 2.9 ᠳ᠋ᠦᠩᠰᠢᠭᠤᠷ ᠲᠦᠭᠦᠷᠢᠭ ᠲᠠᠲᠠᠪᠤᠷᠢᠯᠠᠪᠠ᠃      ︵ᠬᠤᠶᠠᠷ︶ ᠬᠦᠭᠵᠢᠬᠦᠯᠦᠯᠲᠡ ᠶᠢ ᠠᠳᠬᠤᠨ᠂ ᠡᠳ᠋ ᠶᠢᠨ ᠢᠷᠡᠯᠲᠡ ᠢ ᠪᠣᠶᠢᠵᠢᠭᠤᠯᠵᠣ᠂ ᠠᠵᠤ ᠠᠬᠤᠢ ᠶᠢᠨ ᠬᠦᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠨᠢᠭᠡ ᠳᠤ ᠬᠤᠳᠠᠯᠳᠤᠭ᠎ᠠ ᠡᠵᠡᠩᠨᠡᠭᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠬᠦᠯᠵᠦ᠂ ᠪᠣᠳᠠᠲᠣ ᠴᠣᠭᠴᠠ ᠶᠢᠨ ᠠᠵᠤ ᠠᠬᠤᠢ ᠶᠢᠨ ᠬᠦᠭᠵᠢᠯᠲᠡ ᠶᠢ ᠳᠡᠮᠵᠢᠭᠦ ᠲᠤᠬᠠᠢ ᠳᠡᠭᠡᠳᠦ ᠱᠠᠲᠤᠨ ᠤ ᠡᠯ᠎ᠡ ᠵᠦᠢᠯ ᠤᠨ ᠲᠦᠷᠦ ᠶᠢᠨ ᠪᠤᠳᠣᠯᠭ᠎ᠠ ᠶᠢᠨ ᠯᠠᠪᠳᠠᠭᠤᠨ ᠭᠡᠷᠡᠭᠵᠢᠭᠦᠯᠦᠯᠲᠡ ᠶᠢ ᠰᠠᠶᠢᠲᠤᠷ ᠠᠳᠬᠤᠵᠣ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠤᠪᠢ ᠨᠡᠮᠡᠷᠢ ᠪᠠᠷ ᠭᠤᠤᠯ ᠭᠦᠢᠴᠡᠳᠭᠡᠯ ᠲᠤᠭ᠎ᠠ ᠪᠣᠯᠭᠠᠨ᠂ ᠬᠦᠭᠵᠢᠯᠲᠡ ᠶᠢᠨ ᠨᠦᠭᠡᠴᠡ ᠬᠦᠴᠦᠨ ᠲᠠᠢ ᠳᠣᠮᠳᠠ ᠪᠠᠭ᠎ᠠ ᠵᠢᠵᠢᠭ ᠠᠵᠤ ᠠᠬᠤᠶᠢᠯᠠᠯ ᠢ ᠨᠠᠷᠢᠯᠢᠭ ᠰᠣᠩᠭᠤᠵᠣ᠂ ᠡᠳ᠋ ᠤᠨ ᠢᠷᠡᠯᠲᠡ ᠶᠢᠨ ᠠᠵᠤ ᠠᠬᠤᠶᠢᠯᠠᠯ ᠤᠨ ᠬᠦᠮᠦᠷᠭᠡ ᠪᠠᠶᠢᠭᠤᠯᠤᠨ᠂ ᠳᠣᠮᠳᠠ ᠪᠠᠭ᠎ᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠣᠷᠢ ᠪᠠᠨ ᠳᠡᠭᠡᠭᠰᠢᠯᠡᠬᠦᠯᠪᠡ᠃ ᠬᠤᠶᠠᠷ ᠲᠤ       ︽ᠴᠢᠬᠤᠯᠠ ᠶᠡᠭᠡ ᠲᠦᠷᠦᠯ ᠵᠦᠢᠯ ᠤᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ︾ ᠶᠢᠨ ᠡᠯ᠎ᠡ ᠲᠦᠷᠦᠯ ᠤᠨ ᠠᠷᠭ᠎ᠠ ᠠᠪᠴᠠᠯ ᠢ ᠢᠳᠡᠪᠬᠢᠲᠡᠢ ᠪᠠᠷ ᠨᠠᠶᠢᠲᠠᠪᠤᠷᠢᠵᠢᠭᠤᠯᠵᠤ᠂ ᠮᠠᠨ ᠤ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠢ ᠲᠤᠭᠲᠠᠭᠠᠵᠤ ᠪᠡᠯᠡ ᠮᠦᠩᠭᠦ ᠣᠯᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢ ᠪᠦᠲᠦᠮᠵᠢᠲᠡᠢ ᠳᠡᠮᠵᠢᠪᠡ᠃ ᠭᠤᠷᠪᠠ ᠳᠤ ᠲᠦᠪ ᠤᠨ ᠲᠦᠰᠦᠪ ᠤᠨ ᠲᠤᠲᠤᠷᠠᠬᠢ ᠪᠡᠯᠡ ᠣᠷᠣᠭᠤᠯᠣᠯᠲᠠ᠂ ᠴᠢᠬᠤᠯᠠ ᠶᠡᠭᠡ ᠲᠦᠷᠦᠯ ᠵᠦᠢᠯ ᠤᠨ ᠲᠤᠬᠢᠷᠠᠭᠤᠯᠭ᠎ᠠ᠂ ᠣᠷᠣᠨ ᠨᠣᠲᠤᠭ ᠤᠨ ᠦᠭᠴᠡᠭᠡᠨ ᠲᠡᠮᠲᠡᠭ ᠤᠨ ᠲᠠᠷᠬᠠᠭᠠᠯᠲᠠ ᠶᠢᠨ ᠬᠡᠪᠴᠢᠶᠡᠵᠢᠯ ᠵᠡᠷᠭᠡ ᠲᠦᠷᠦ ᠶᠢᠨ ᠪᠤᠳᠤᠯᠭ᠎ᠠ ᠶᠢ ᠰᠣᠳᠣᠯᠬᠤ ᠬᠦᠴᠦᠯᠡᠴᠡ ᠪᠠᠨ ᠴᠢᠩᠭᠠᠳᠬᠠᠵᠦ ᠂ ᠡᠳ᠋ ᠤᠨ ᠵᠠᠰᠠᠭ ᠤᠨ ᠲᠦᠷᠦᠯ ᠵᠦᠢᠯ ᠤᠨ ᠬᠦᠮᠦᠷᠭᠡ ᠪᠠᠶᠢᠭᠤᠯᠤᠨ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠲᠦᠷᠦᠯ ᠵᠦᠢᠯ ᠤᠨ ᠪᠡᠯᠡ ᠮᠦᠩᠭᠦ ᠣᠯᠬᠤ ᠢᠳᠡᠪᠬᠢᠵᠡᠯ ᠪᠠ ᠰᠠᠨᠠᠭᠠᠴᠢᠯᠠᠭ᠎ᠠ ᠶᠢ ᠬᠦᠢᠴᠡᠤᠨ ᠲᠠᠶᠢᠴᠢᠯᠠᠵᠤ᠂ ᠬᠦᠭᠵᠢᠯᠲᠡ ᠶᠢᠨ ᠪᠤᠭᠤᠮᠢ ᠶᠢ  ᠰᠢᠪᠲᠤᠯᠤᠨ᠂ 2020 ᠣᠨ ᠳᠤ ᠳᠡᠭᠡᠳᠦ ᠱᠠᠲᠤᠨ ᠤ ᠡᠯ᠎ᠡ ᠲᠦᠷᠦᠯ ᠤᠨ ᠪᠡᠯᠡ ᠮᠦᠩᠭᠦ ᠶᠢ ᠨᠠᠶᠢᠲᠠ 20.78 ᠳ᠋ᠦᠩᠰᠢᠭᠤᠷ ᠲᠦᠭᠦᠷᠢᠭ ᠣᠯᠪᠠ᠃      ︵ᠭᠤᠷᠪᠠ︶ ᠪᠠᠲᠤᠯᠠᠭ᠎ᠠ ᠶᠢ ᠠᠳᠬᠤᠵᠤ᠂ ᠠᠷᠠᠳ ᠤᠨ ᠠᠮᠢᠳᠣᠷᠠᠯ ᠢ ᠬᠠᠷᠠᠭᠠᠯᠵᠠᠭᠠᠳ᠂ ᠡᠶ᠎ᠡ ᠵᠤᠬᠢᠴᠠᠯ ᠲᠠᠢ ᠨᠠᠶᠢᠬᠡᠮ ᠤᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ ᠣᠷᠣᠯᠭ᠎ᠠ ᠵᠠᠷᠤᠯᠭ᠎ᠠ ᠶᠢᠨ ᠵᠦᠷᠢᠴᠠᠯ ᠳᠣᠪᠣᠶᠢᠮ᠎ᠠ ᠪᠠᠶᠢᠳᠠᠯ ᠳᠣᠣᠷ᠎ᠠ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠱᠤᠭᠤᠵᠤ᠂ ᠲᠦᠪ ‍ᠤᠨ‌ᠨᠠᠢᠮᠠᠨ ᠲᠤᠭᠲᠠᠭᠠᠯ ᠪᠠ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠤᠯᠪᠤᠭᠳᠠᠯ ᠪᠦᠬᠦᠢ ᠪᠢᠴᠢᠭ ᠮᠡᠲ᠋ᠧᠷᠢᠶᠡᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠦᠭᠡᠳ᠂ ᠡᠳᠦᠷ ᠲᠤᠲᠤᠮ ᠤᠨ ᠠᠯᠪᠠᠨ ᠵᠠᠷᠤᠳᠠᠯ᠂ ᠭᠤᠤᠯᠳᠠᠯᠭᠠᠲᠤ ᠪᠣᠰᠣ᠂ ᠴᠢᠬᠤᠯᠠ ᠪᠣᠰᠣ ᠵᠡᠷᠭᠡ ᠡᠩ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ  ᠠᠴᠠ 5.3 % ᠪᠠᠷ ᠪᠠᠭᠤᠷᠠᠵᠤ᠂ ︽ᠭᠤᠷᠪᠠᠨ ᠠᠯᠪᠠᠨ ᠤ ᠵᠠᠷᠤᠳᠠᠯ︾ ᠠᠳᠠᠯᠢ ᠬᠤᠭᠤᠴᠠᠭᠠᠨ ᠤ ᠬᠢ ᠠᠴᠠ 22.76% ᠪᠠᠷ ᠪᠠᠭᠤᠷᠠᠪᠠ᠃ ᠡᠭᠦᠨ ᠤ ᠬᠠᠮᠲᠤ᠂ ᠣᠯᠠᠨ ᠠᠷᠭ᠎ᠠ ᠪᠠᠷ ᠪᠡᠯᠡ ᠮᠦᠩᠭᠦ ᠬᠤᠷᠠᠮᠳᠣᠭᠤᠯᠣᠨ᠂ ︽ᠴᠢᠩᠭ᠎ᠠ ᠬᠠᠮᠢᠶᠠᠷᠤᠯᠲᠠ ᠶᠢᠨ ᠰᠢᠰᠲ᠋ᠧᠮ︾ ᠢ ᠰᠢᠨᠡᠴᠢᠯᠡᠨ ᠬᠡᠷᠡᠭᠵᠢᠬᠦᠯᠵᠦ᠂ ᠡᠳ᠋ ᠤᠨ ᠬᠦᠴᠦᠨ ᠢ ᠲᠦᠪᠯᠡᠷᠡᠬᠦᠯᠵᠦ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠬᠢᠵᠢᠬᠦᠯᠤᠨ᠂ ᠰᠣᠷᠭᠠᠨ ᠬᠦᠮᠦᠵᠢᠯ ᠵᠡᠷᠭᠡ ᠨᠠᠶᠢᠬᠡᠮ ᠤᠨ ᠠᠵᠢᠯ ᠲᠦᠷᠦᠯ ᠤᠨ ᠬᠦᠭᠵᠢᠯᠲᠡ  ᠶᠢ ᠡᠩ ᠲᠡᠷᠢᠬᠦᠨ ᠳᠤ ᠳᠡᠮᠵᠢᠵᠦ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢᠨ ᠲᠡᠰ ᠲᠡᠪᠰᠢᠯᠲᠡ ᠶᠢ ᠠᠬᠢᠭᠤᠯᠤᠨ᠂ ᠠᠷᠠᠳ ᠢ ᠬᠠᠷᠠᠭᠠᠯᠵᠠᠬᠤ ᠡᠯ᠎ᠡ ᠲᠦᠷᠦᠯ ᠤᠨ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠵᠤ᠂ ᠬᠤᠲᠠ ᠬᠦᠳᠡᠭᠡ ᠶᠢᠨ ᠳᠣᠣᠷ᠎ᠠ ᠪᠠᠲᠤᠯᠠᠭ᠎ᠠ ᠵᠢᠴᠢ ᠣᠨᠴᠠ ᠬᠦᠴᠢᠷᠳᠡᠯᠲᠡᠢ ᠬᠦᠮᠦᠰ ᠤᠨ ᠠᠮᠢᠳᠣᠷᠠᠯ ᠤᠨ ᠪᠠᠲᠤᠯᠠᠭ᠎ᠠ ᠶᠢ ᠴᠢᠩᠭᠠᠳᠬᠠᠨ᠂ ᠬᠠᠷᠠᠭᠠᠯᠵᠠᠯ ᠳᠦᠪᠬᠢᠨᠡᠬᠦᠯᠦᠯ᠂ ᠲᠦᠷ ᠴᠠᠭ ᠤᠨ ᠠᠪᠤᠷᠠᠨ ᠲᠤᠰᠠᠯᠠᠯᠲᠠ᠂ ᠬᠤᠲᠠ ᠬᠦᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠲᠦᠷ ᠴᠠᠭ ᠤᠨ ᠦᠨ᠎ᠡ ᠬᠠᠩᠰᠢ ᠶᠢᠨ ᠨᠦᠬᠦᠪᠦᠷᠢ᠂ ᠵᠡᠮᠳᠡᠭᠴᠤᠳ ᠤᠨ ᠨᠦᠬᠦᠪᠦᠷᠢ᠂ ᠴᠡᠷᠢᠭ ᠠᠴᠠ ᠬᠠᠯᠠᠭᠳᠠᠭᠰᠠᠳ ᠤᠨ ᠨᠦᠬᠦᠪᠦᠷᠢ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠵᠤ᠂ ᠣᠯᠠᠨ ᠨᠠᠶᠢᠲᠠ ᠶᠢᠨ ᠡᠷᠡᠬᠦᠯ ᠬᠠᠮᠠᠭᠠᠯᠠᠯ ᠬᠢᠬᠡᠳ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢ ᠳᠡᠮᠵᠢᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠤᠨ᠂ ᠴᠢᠬᠤᠯᠠ ᠲᠦᠷᠦ ᠶᠢᠨ ᠪᠣᠳᠣᠯᠭ᠎ᠠ᠂ ᠭᠤᠤᠯᠳᠠᠯᠭᠠᠲᠤ ᠲᠦᠷᠦᠯ ᠵᠦᠢᠯ ᠤᠨ ᠬᠡᠷᠡᠭᠵᠢᠬᠦᠯᠦᠯᠲᠡ ᠶᠢ ᠪᠠᠲᠤᠯᠠᠪᠠ᠃ 2020 ᠣᠨ ᠳᠤ ᠠᠷᠠᠳ ᠤᠨ ᠠᠮᠢᠳᠣᠷᠠᠯ ᠳᠤ 15.37 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠶᠡᠷᠦᠩᠬᠡᠢ ᠵᠠᠷᠤᠯᠭ᠎ᠠ ᠶᠢᠨ 52.36% ᠶᠢ ᠡᠵᠡᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠦᠩᠭᠦ ᠶᠢ 0.6 ᠳ᠋ᠦᠩᠰᠢᠭᠤᠷ ᠲᠦᠬᠦᠷᠢᠭ ᠣᠯᠭᠤᠵᠣ ︵ᠲᠤᠰᠬᠠᠢ ᠲᠦᠷᠦᠯ ᠤᠨ ᠪᠡᠯᠡ ᠮᠦᠩᠭᠦ 0.1 ᠳ᠋ᠦᠩᠰᠢᠭᠤᠷ ᠲᠦᠬᠦᠷᠢᠭ ᠪᠠᠭᠲᠠᠨ᠎ᠠ︶᠂ ᠬᠢᠵᠢᠭ ᠢ ᠰᠡᠷᠭᠡᠶᠢᠯᠡᠬᠦ ᠪᠡᠯᠡ ᠮᠦᠩᠭᠦ ᠴᠠᠭ ᠲᠤᠬᠠᠢ ᠳᠤᠨᠢ ᠲᠤᠭ᠎ᠠ ᠶᠤᠰᠤᠭᠠᠷ ᠣᠷᠣᠨᠵᠢᠬᠤ ᠶᠢ ᠪᠠᠲᠤᠯᠠᠪᠠ᠃      ︵ᠳᠦᠷᠪᠡ︶ ᠲᠦᠭᠰᠢᠬᠦᠷᠢ ᠶᠢ ᠰᠡᠷᠭᠡᠶᠢᠯᠡᠵᠦ᠂ ᠲᠤᠲᠠᠭᠤᠳᠠᠯ ᠢ ᠨᠦᠬᠦᠪᠦᠷᠢᠯᠡᠨ᠂ ᠭᠤᠷᠪᠠᠨ ᠶᠡᠭᠡ ᠰᠢᠪᠲᠤᠯᠤᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠶᠢ ᠣᠯᠪᠠ᠃      1. ᠨᠣᠴᠢᠲᠠᠢ ᠳᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠰᠢᠪᠲᠤᠯᠤᠯᠲᠠ ᠶᠢᠨ ᠠᠵᠢᠯ ᠠᠮᠵᠢᠯᠲᠠ ᠣᠯᠪᠠ᠃ ᠳᠡᠭᠡᠲᠦ ᠱᠠᠲᠤᠨ ᠤ ᠦᠷᠢ ᠦᠭᠴᠡᠭᠡ ᠰᠢᠢᠳᠪᠦᠷᠢᠯᠡᠬᠦ ᠬᠤᠷᠠᠯ ᠤᠨ ᠵᠤᠷᠢᠭ ᠰᠠᠨᠠᠭ᠎ᠠ ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ︽ᠭᠤᠷᠪᠠ ᠶᠢ ᠪᠠᠲᠤᠯᠠᠬᠤ︾ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠦᠷᠢ ᠦᠭᠴᠡᠭᠡ  ᠰᠢᠢᠳᠪᠦᠷᠢᠯᠡᠬᠦ ᠬᠦᠴᠦᠯᠡᠴᠡ ᠪᠠᠨ ᠴᠢᠩᠭᠠᠳᠬᠠᠪᠠ᠃ 2020 ᠣᠨ ᠳᠤ᠂ ᠲᠦᠰᠦᠪ ᠤᠨ ᠲᠤᠬᠢᠷᠠᠭᠤᠯᠭ᠎ᠠ᠂ ᠬᠦᠷᠦᠩᠭᠡ ᠶᠢᠨ ᠰᠢᠢᠳᠪᠦᠷᠢᠯᠡᠯᠲᠡ᠂ ᠳᠠᠩᠰᠠᠨ ᠠᠴᠠ ᠭᠠᠷᠭᠠᠨ ᠬᠢᠨᠠᠨ ᠬᠠᠰᠣᠬᠤ ᠵᠡᠷᠭᠡ ᠠᠷᠭ᠎ᠠ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠳᠠᠯᠳᠠ ᠦᠷᠢ ᠦᠭᠴᠡᠭᠡ ᠶᠢ ᠨᠠᠶᠢᠲᠠ 5.64 ᠳ᠋ᠦᠩᠰᠢᠭᠤᠷ ᠲᠦᠬᠦᠷᠢᠭ ᠰᠢᠢᠳᠪᠦᠷᠢᠯᠡᠵᠦ᠂ ᠵᠢᠯ ᠤᠨ ᠦᠷᠢ ᠦᠭᠴᠡᠭᠡ ᠰᠢᠢᠳᠪᠦᠷᠢᠯᠡᠬᠦ ᠡᠬᠦᠷᠭᠡ ᠪᠠᠨ ᠳᠠᠪᠠᠭᠤᠯᠤᠨ ᠪᠡᠶᠡᠯᠡᠬᠦᠯᠵᠦ᠂ ᠳᠠᠯᠳᠠ ᠦᠷᠢ ᠦᠭᠴᠡᠭᠡᠨ ᠤ ᠦᠯᠡᠳᠡᠪᠦᠷᠢ ᠪᠠᠭᠤᠷᠠᠭᠠᠳ 27.26 ᠳ᠋ᠦᠩᠰᠢᠭᠤᠷ ᠲᠦᠬᠦᠷᠢᠭ ᠪᠣᠯᠪᠠ︔ 2020 ᠣᠨ  ᠳᠤ ᠵᠠᠰᠠᠭ ᠤᠨ ᠣᠷᠳᠣᠨ ᠤ ᠰᠠᠯᠠᠭ᠎ᠠ ᠮᠦᠴᠢᠷ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠣᠮᠳᠠ ᠪᠠᠭ᠎ᠠ ᠠᠵᠤ ᠠᠬᠤᠶᠢᠯᠠᠯ ᠳᠤ ᠦᠷᠢᠲᠦᠭᠰᠡᠨ ᠵᠤᠭᠤᠰ ᠢ ᠨᠠᠶᠢᠲᠠ 5.73 ᠳ᠋ᠦᠩᠰᠢᠭᠤᠷ ᠲᠦᠬᠦᠷᠢᠭ ᠲᠦᠯᠦᠵᠦ᠂ ᠡᠬᠦᠨ ᠳᠤ ᠵᠦᠷᠢᠯᠳᠦᠭᠡᠨ ᠦᠭᠡᠢ ᠵᠣᠭᠤᠰ ᠢ 8 ᠰᠠᠷ᠎ᠠ ᠶᠢᠨ ᠰᠡᠭᠦᠯᠴᠢ ᠪᠠᠷ ᠪᠦᠬᠦᠨ ᠢ ᠲᠦᠯᠦᠵᠦ ᠳᠠᠭᠤᠰᠬᠠᠨ᠂ ᠵᠦᠷᠢᠯᠳᠦᠭᠡᠨ ᠣᠷᠣᠰᠢᠵᠦ ᠪᠠᠶᠢᠭ᠎ᠠ ᠵᠣᠭᠤᠰ ᠢ ᠨᠢᠭᠡᠨᠲᠡ 0.52 ᠳ᠋ᠦᠩᠰᠢᠭᠤᠷ ᠲᠦᠬᠦᠷᠢᠭ ᠰᠢᠢᠳᠪᠦᠷᠢᠯᠡᠨ᠂ ᠦᠯᠡᠳᠡᠭᠰᠡᠨ 0.14 ᠳ᠋ᠦᠩᠰᠢᠭᠤᠷ ᠲᠦᠬᠦᠷᠢᠭ ᠢ ᠡᠶᠡᠳᠡᠬᠦᠯᠦᠯᠲᠡ᠂ ᠵᠦᠪᠳᠡᠯᠴᠡᠭᠡ᠂ ᠬᠠᠤᠯᠢ ᠴᠠᠭᠠᠵᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠦᠷᠬᠡᠬᠡᠨ ᠰᠢᠢᠳᠪᠦᠷᠢᠯᠡᠬᠦ ᠪᠠᠷ ᠪᠣᠯᠪᠠ᠃      2. ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠠᠮᠵᠢᠯᠲᠠ ᠣᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠡᠯᠡ ᠣᠷᠣᠭᠤᠯᠣᠯᠲᠠ ᠶᠢᠨ ᠪᠠᠲᠤᠯᠠᠭ᠎ᠠ ᠶᠢᠨ ᠲᠤᠭᠲᠠᠴᠠ ᠶᠢ ᠲᠡᠭᠦᠯᠳᠡᠷᠵᠢᠬᠦᠯᠵᠦ᠂ ᠶᠠᠳᠠᠭᠤ ᠶᠢ ᠳᠡᠳᠬᠦᠬᠦ ᠪᠡᠯᠡ ᠮᠦᠩᠭᠦ ᠶᠢᠨ ᠬᠡᠷᠡᠭᠯᠡᠭᠡᠨ ᠤ ᠬᠠᠮᠢᠶᠠᠷᠤᠯᠲᠠ ᠶᠢᠨ ᠲᠤᠭᠲᠠᠮᠠᠯ ᠬᠤᠭᠤᠴᠠᠭᠠᠨ ᠤ ᠮᠡᠳᠡᠭᠦᠯᠦᠯᠲᠡ᠂ ᠨᠡᠶᠢᠲᠡᠯᠡᠬᠦ ᠲᠤᠭᠲᠠᠴᠠ ᠶᠢ ᠴᠢᠩᠭ᠎ᠠ ᠬᠡᠷᠡᠭᠵᠢᠬᠦᠯᠦᠨ᠂ ᠳᠠᠩᠰᠠᠯᠠᠭᠰᠠᠨ ᠡᠲᠡᠭᠡᠳ ᠲᠤ ᠬᠠᠨᠳᠣᠭᠤᠯᠵᠣ᠂ ᠶᠠᠳᠠᠭᠤ ᠶᠢ ᠳᠡᠳᠬᠦᠬᠦ ᠲᠦᠷᠦᠯ ᠵᠦᠢᠯ ᠪᠠ ᠪᠡᠯᠡ ᠮᠦᠩᠭᠦ ᠶᠢ ᠬᠦᠨᠳᠦ ᠬᠦᠩᠭᠡᠨ ᠠᠯᠭᠤᠷ ᠪᠠᠴᠢᠮ ᠢᠶᠠᠷ ᠬᠤᠪᠢᠶᠠᠵᠤ ᠲᠤᠬᠢᠷᠠᠭᠤᠯᠤᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠠᠰᠢᠭ ᠬᠦᠷᠲᠡᠭᠡᠯ ᠢ ᠪᠠᠲᠤᠯᠠᠪᠠ᠃ 2020 ᠣᠨ ᠳᠤ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠡᠯ᠎ᠡ ᠲᠦᠷᠦᠯ ᠤᠨ ᠪᠡᠯᠡ ᠮᠦᠩᠭᠦ ᠶᠢ ᠨᠠᠶᠢᠲᠠ 2998.4 ᠲᠦᠮᠡᠨ ᠲᠦᠬᠦᠷᠢᠭ ᠣᠯᠭᠤᠪᠠ᠃ ᠡᠬᠦᠨ ᠳᠤ᠂ ᠬᠤᠰᠢᠭᠤ ᠲᠣᠰ ᠱᠠᠲᠤᠨ ᠤ ᠲᠦᠰᠦᠪ ᠤᠨ ᠪᠡᠯᠡ ᠮᠦᠩᠭᠦ 446.4 ᠲᠦᠮᠡᠨ ᠲᠦᠬᠦᠷᠢᠭ᠂ ᠳᠡᠭᠡᠳᠦ ᠱᠠᠲᠤᠨ ᠤ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠰᠬᠠᠢ ᠲᠦᠷᠦᠯ ᠤᠨ ᠪᠡᠯᠡ ᠮᠦᠩᠭᠦ 2552 ᠲᠦᠮᠡᠨ ᠲᠦᠬᠦᠷᠢᠭ᠃      3. ᠪᠣᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠠᠮᠵᠢᠯᠲᠠ ᠣᠯᠪᠠ᠃ ︽ᠠᠮᠢ ᠠᠬᠤᠢ ᠶᠢ ᠲᠡᠷᠢᠬᠦᠨ ᠳᠤ ᠲᠠᠯᠪᠢᠵᠦ᠂ ᠪᠣᠬᠢᠷᠳᠣᠯ ᠦᠭᠡᠢ ᠪᠠᠷ ᠬᠦᠭᠵᠢᠬᠦᠯᠬᠦ︾ ᠦᠵᠡᠯᠲᠡ ᠶᠢ ᠪᠠᠲᠤ ᠱᠣᠭᠤᠨ᠂ ᠲᠠᠷᠢᠶᠠᠨ ᠭᠠᠵᠠᠷ ᠢ ᠠᠲᠠᠷᠰᠢᠭᠤᠯᠵᠤ ᠣᠶᠢᠵᠢᠭᠤᠯᠤᠨ ᠡᠪᠡᠰᠦ ᠲᠠᠷᠢᠬᠤ᠂  ᠪᠠᠶᠢᠭᠠᠯᠢ ᠶᠢᠨ ᠣᠢ ᠪᠠ ᠨᠣᠲᠤᠭ ᠪᠠᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠦ᠂ ︽ᠴᠡᠯᠮᠡᠭ ᠲᠡᠭᠷᠢ᠂ ᠴᠡᠩᠬᠡᠭ ᠣᠰᠣ᠂ ᠴᠡᠪᠡᠷ ᠬᠦᠷᠦᠰᠦ︾ ᠶᠢᠨ ᠬᠠᠮᠠᠭᠠᠯᠠᠯᠳᠠ ᠶᠢᠨ ᠠᠵᠢᠯ ᠢ ᠪᠦᠬᠦ ᠬᠦᠴᠦᠨ ᠢᠶᠠᠷ ᠳᠡᠮᠵᠢᠪᠡ᠃ 2020 ᠣᠨ ᠳᠤ ᠡᠯ᠎ᠡ ᠲᠦᠷᠦᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠪᠡᠯᠡ ᠮᠦᠩᠭᠦ ᠶᠢ ᠨᠠᠶᠢᠲᠠ 6270.51 ᠲᠦᠮᠡᠨ ᠲᠦᠬᠦᠷᠢᠭ ᠣᠯᠭᠤᠪᠠ᠂ ᠡᠭᠦᠨ ᠳᠤ ᠬᠤᠰᠢᠭᠤ ᠲᠤᠰ ᠱᠠᠲᠤᠨ ᠤ ᠲᠦᠰᠦᠪ ᠤᠨ ᠪᠡᠯᠡ ᠮᠦᠩᠭᠦ 4428 ᠲᠦᠮᠡᠨ ᠲᠦᠬᠦᠷᠢᠭ᠂ ᠳᠡᠭᠡᠳᠦ ᠱᠠᠲᠤᠨ ᠤ ᠪᠣᠬᠢᠷᠳᠣᠯ ᠢ ᠰᠡᠷᠭᠡᠶᠢᠯᠡᠨ ᠵᠠᠰᠠᠬᠤ ᠲᠤᠰᠬᠠᠢ ᠲᠦᠷᠦᠯ ᠤᠨ ᠪᠡᠯᠡ ᠮᠦᠩᠭᠦ 1842.51 ᠲᠦᠮᠡᠨ ᠲᠦᠬᠦᠷᠢᠭ᠃      ︵ᠲᠠᠪᠤ︶ ᠬᠢᠨᠠᠯᠲᠠ ᠬᠠᠮᠢᠶᠠᠷᠣᠯᠲᠠ ᠶᠢ ᠠᠳᠬᠤᠵᠣ᠂ ᠬᠦᠷᠦᠩᠬᠡ ᠪᠠᠨ ᠬᠦᠴᠦᠷᠬᠡᠭᠵᠢᠭᠦᠯᠦᠨ᠂ ᠴᠢᠨᠠᠷᠯᠢᠭ ᠬᠦᠭᠵᠢᠯᠲᠡ ᠳᠤ ᠰᠢᠨ᠎ᠡ ᠡᠨᠧᠷᠬᠢ ᠨᠡᠮᠡᠷᠢᠯᠡᠪᠡ᠃ ᠨᠢᠭᠡ ᠳᠤ  ︽ᠬᠤᠰᠢᠭᠤ ᠬᠠᠷᠢᠶᠠᠲᠣ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠡᠵᠡᠩᠨᠡᠯᠲᠡ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠲᠦᠰᠦᠯ︾ ᠢ ᠨᠡᠶᠢᠲᠡᠯᠡᠨ ᠬᠡᠷᠡᠭᠵᠢᠭᠦᠯᠵᠦ᠂ ᠵᠧᠩ ᠲᠧᠩ ᠪᠦᠲᠦᠭᠡᠨ ᠪᠠᠶᠢᠭᠤᠯᠣᠯᠲᠠ ᠶᠢᠨ ᠪᠡᠯᠡ ᠣᠷᠣᠭᠤᠯᠣᠯᠲᠠ ᠶᠢᠨ ᠪᠦᠯᠦᠭᠯᠡᠯ᠂ ᠣᠷᠳᠣᠰ ᠤᠨ ᠪᠠᠷᠠᠭᠤᠨ ᠪᠡᠶ᠎ᠡ ᠶᠢᠨ ᠡᠨᠧᠷᠬᠢ ᠶᠢᠨ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ ᠢᠶᠠᠷ ᠲᠣᠯᠣᠭᠠᠶᠢᠯᠠᠭᠤᠯᠣᠭᠰᠠᠨ ︽3 + N︾ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠰᠢᠨ᠎ᠡ ᠲᠣᠭᠲᠠᠴᠠ ᠶᠢ ᠪᠠᠶᠢᠭᠤᠯᠣᠨ᠂ ᠣᠯᠣᠰ ᠤᠨ ᠦᠮᠴᠢᠯᠠᠯᠲᠣ ᠠᠵᠣ ᠠᠬᠤᠶᠢᠯᠠᠯ ᠤᠨ ᠨᠠᠮ ᠤᠨ ᠣᠳᠣᠷᠢᠳᠬᠤ ᠳᠣᠭᠤᠶᠢᠯᠠᠩ ᠤᠨ ᠬᠡᠷᠡᠭ ᠵᠦᠪᠯᠡᠬᠦ ᠵᠢᠷᠣᠮᠯᠠᠯ ᠢ ᠨᠠᠶᠢᠲᠠᠪᠣᠷᠢᠵᠢᠭᠤᠯᠵᠣ᠂ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠪᠦᠬᠦ ᠴᠠᠷᠠᠭ᠎ᠠ ᠶᠢᠨ ᠵᠢᠭᠤᠯᠴᠢᠯᠠᠯ᠂ ᠡᠨᠧᠷᠬᠢ ᠶᠢᠨ ᠬᠦᠷᠢᠶ᠎ᠡ ᠬᠡᠪᠴᠢᠶ᠎ᠡ᠂ ᠬᠤᠲᠠ ᠶᠢᠨ ᠦᠢᠯᠡᠴᠢᠯᠡᠭᠡ ᠵᠡᠷᠭᠡ ᠲᠠᠯ᠎ᠠ ᠳᠤ ᠬᠢ ᠬᠦᠭᠵᠢᠯᠲᠡ ᠶᠢᠨ ᠰᠢᠨ᠎ᠡ ᠶᠢ ᠡᠭᠦᠳᠬᠦ ᠴᠢᠳᠠᠪᠣᠷᠢ ᠶᠢ ᠲᠠᠰᠣᠷᠠᠯᠲᠠ ᠦᠭᠡᠢ ᠳᠡᠭᠡᠭᠰᠢᠯᠡᠭᠦᠯᠦᠨ᠂ ᠣᠯᠣᠰ ᠤᠨ ᠦᠮᠴᠢᠯᠡᠯᠲᠦ ᠠᠵᠣ ᠠᠬᠤᠶᠢᠯᠠᠯ ᠳᠤ 1.5 ᠳ᠋ᠦᠩᠰᠢᠭᠤᠷ ᠲᠦᠭᠦᠷᠢᠭ ᠤᠨ ᠳᠠᠩᠰᠠᠯᠠᠯᠲᠠ ᠶᠢᠨ ᠪᠡᠯᠡ ᠣᠷᠣᠭᠤᠯᠪᠠ᠃ ︽ᠣᠲᠤᠭ ᠤᠨ ᠡᠮᠦᠨᠡᠲᠦ ᠬᠤᠰᠢᠭᠤᠨ ᠤ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠨᠡᠶᠢᠬᠡᠮᠴᠢᠯᠡᠭᠰᠡᠨ ᠬᠠᠮᠢᠶᠠᠷᠣᠯᠲᠠ ᠶᠢᠨ ᠬᠡᠷᠡᠭᠵᠢᠭᠦᠯᠬᠦ ᠲᠦᠰᠦᠯ︾ ᠢ ᠲᠣᠭᠲᠠᠭᠠᠨ ᠲᠡᠭᠦᠯᠳᠡᠷᠵᠢᠭᠦᠯᠵᠦ᠂ ᠳᠣᠮᠳᠠᠳᠣ ᠣᠯᠣᠰ ᠤᠨ ᠴᠢᠯᠠᠭᠤᠨ ᠲᠣᠰᠣ ᠵᠡᠷᠭᠡ ᠰᠠᠭᠤᠭ᠎ᠠ ᠭᠠᠵᠠᠷ ᠤᠨ ᠣᠯᠣᠰ ᠤᠨ ᠦᠮᠴᠢᠯᠡᠯᠲᠦ 9 ᠠᠵᠣ ᠠᠬᠤᠶᠢᠯᠠᠯ ᠤᠨ 103 ᠠᠵᠢᠯ ᠠᠴᠠ ᠠᠮᠠᠷᠠᠭᠰᠠᠨ ᠠᠵᠢᠯᠲᠠᠨ ᠢ ᠰᠢᠯᠵᠢᠭᠦᠯᠦᠨ ᠲᠣᠰᠢᠶᠠᠬᠤ ᠠᠵᠢᠯ ᠢ  ᠪᠠᠶᠠᠯᠠᠭᠦᠯᠪᠡ᠃  ᠬᠤᠶᠠᠷ ᠲᠤ ︽ᠣᠲᠤᠭ ᠤᠨ ᠡᠮᠦᠨᠡᠲᠦ ᠬᠤᠰᠢᠭᠤᠨ ᠤ  ᠲᠣᠰ ᠱᠠᠲᠤᠨ ᠤ ᠣᠯᠣᠰ ᠤᠨ ᠦᠮᠴᠢᠯᠡᠯᠲᠦ ᠡᠳ᠋  ᠬᠦᠷᠦᠩᠬᠡ ᠶᠢᠨ ᠰᠢᠢᠳᠪᠦᠷᠢᠯᠡᠯᠲᠡ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠵᠦ᠂ ᠮᠠᠨ ᠤ ᠬᠤᠰᠢᠭᠤᠨ ᠤ ᠣᠯᠣᠰ ᠤᠨ ᠦᠮᠴᠢᠯᠡᠯᠲᠦ ᠭᠡᠰᠡᠭ ᠰᠣᠯᠠ ᠡᠳ᠋ ᠬᠦᠷᠦᠩᠬᠡ ᠳᠤ ᠢᠯᠡ ᠪᠠᠷ ᠦᠨ᠎ᠡ ᠬᠠᠶᠠᠯᠴᠠᠨ ᠬᠤᠳᠠᠯᠳᠣᠬᠤ ᠰᠢᠢᠳᠪᠦᠷᠢᠯᠡᠯᠲᠡ ᠬᠢᠨ᠂ ᠵᠠᠰᠠᠭ ᠤᠨ ᠣᠷᠳᠣᠨ ᠤ ᠦᠷᠢ ᠦᠭᠴᠡᠭᠡ ᠶᠢ 1 ᠳ᠋ᠦᠩᠰᠢᠭᠤᠷ ᠲᠦᠭᠦᠷᠢᠭ ᠰᠢᠬᠠᠮ ᠰᠢᠢᠳᠪᠦᠷᠢᠯᠡᠪᠡ᠃  ᠭᠤᠷᠪᠠ ᠳᠤ  ᠨᠡᠭᠦᠷᠡᠰᠦᠨ ᠤ ᠡᠬᠢ ᠪᠠᠶᠠᠯᠢᠭ ᠤᠨ ᠴᠠᠷᠠᠭᠠᠨ ᠳᠠᠬᠢ ᠲᠣᠰᠬᠠᠢ ᠴᠡᠭᠴᠡᠯᠡᠯᠲᠡ ᠶᠢᠨ ᠠᠵᠢᠯ ᠢ ᠪᠦᠬᠦ ᠬᠦᠴᠦᠨ ᠢᠶᠠᠷ ᠦᠷᠨᠢᠭᠦᠯᠵᠦ᠂ ᠨᠡᠬᠡᠮᠵᠢᠯᠡᠨ ᠦᠨᠡᠯᠡᠬᠦ  ᠵᠢᠴᠢ ᠬᠢᠨᠠᠨ ᠲᠤᠭᠲᠠᠭᠠᠬᠤ ᠠᠵᠢᠯ ᠢ ᠬᠠᠣᠯᠢ ᠲᠣᠭᠲᠠᠭᠠᠯ ᠶᠤᠰᠤᠭᠠᠷ ᠶᠠᠪᠣᠭᠳᠠᠭᠤᠯᠣᠨ᠂ ᠦᠯᠡᠳᠡᠪᠦᠷᠢ ᠠᠭᠤᠷᠬᠠᠢ ᠶᠢᠨ ᠡᠷᠬᠡ ᠣᠯᠬᠤ ᠦᠨ᠎ᠡ ᠬᠠᠩᠰᠢ ᠶᠢᠨ ᠵᠣᠭᠤᠰ ᠬᠢᠭᠡᠳ ᠴᠡᠭᠴᠡᠵᠢᠭᠦᠯᠦᠭᠰᠡᠨ ᠦᠪᠡᠷ ᠤᠨ ᠦᠷᠲᠡᠭ ᠤᠨ ᠬᠤᠭᠤᠷᠣᠨᠳᠣᠬᠢ ᠦᠨ᠎ᠡ ᠶᠢᠨ ᠵᠦᠷᠢᠶ᠎ᠡ ᠶᠢ 2.9 ᠳ᠋ᠦᠩᠰᠢᠭᠤᠷ ᠲᠦᠭᠦᠷᠢᠭ ᠨᠡᠬᠡᠮᠵᠢᠯᠡᠨ ᠲᠠᠲᠠᠪᠣᠷᠢᠯᠠᠪᠠ᠃      ︵ᠵᠢᠷᠭᠤᠭ᠎ᠠ︶ ᠦᠭᠡᠷᠡᠴᠢᠯᠡᠯᠲᠡ ᠶᠢ ᠠᠳᠬᠤᠵᠣ᠂ ᠰᠢᠨ᠎ᠡ ᠶᠢ ᠡᠭᠦᠳᠦᠨ᠂ ᠡᠳ᠋ ᠤᠨ ᠵᠠᠰᠠᠭ ᠤᠨ ᠬᠠᠮᠢᠶᠠᠷᠣᠯᠲᠠ ᠶᠢᠨ ᠳᠦᠪᠰᠢᠨ ᠤ ᠰᠢᠨ᠎ᠡ ᠰᠢᠪᠲᠣᠯᠣᠯᠲᠡ ᠶᠢ ᠪᠡᠶᠡᠯᠡᠭᠦᠯᠪᠡ᠃ ᠨᠢᠭᠡ ᠳᠤ ᠡᠳ᠋ ᠤᠨ ᠵᠠᠰᠠᠭ ᠤᠨ ᠬᠠᠮᠢᠶᠠᠷᠣᠯᠲᠠ ᠶᠢᠨ ᠴᠢᠳᠠᠮᠵᠢ ᠶᠢ ᠭᠦᠨᠵᠡᠭᠡᠶᠢᠷᠡᠭᠦᠯᠪᠡ᠃  ᠣᠯᠣᠰ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠣᠨ ᠤ ᠶᠠᠳᠠᠭᠤ ᠶᠢ ᠳᠡᠳᠭᠦᠬᠦ ᠲᠦᠷᠦᠯ ᠵᠦᠢᠯ ᠤᠨ ᠪᠡᠯᠡ ᠮᠦᠩᠬᠦᠨ ᠤ ᠪᠦᠲᠦᠮᠵᠢ ᠶᠢᠨ ᠬᠠᠮᠢᠶᠠᠷᠣᠯᠲᠠ ᠶᠢᠨ ᠠᠵᠢᠯ ᠤᠨ ᠡᠯ᠎ᠡ ᠲᠦᠷᠦᠯ ᠤᠨ ᠲᠣᠬᠢᠷᠠᠭᠤᠯᠣᠯᠲᠠ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠣ᠂ ᠶᠠᠳᠠᠭᠤ ᠶᠢ ᠳᠡᠳᠭᠦᠬᠦ ᠲᠦᠷᠦᠯ ᠵᠦᠢᠯ ᠤᠨ ᠪᠡᠯᠡ ᠮᠦᠩᠬᠦ ᠶᠢ ᠴᠠᠭ ᠲᠣᠬᠠᠢ ᠳᠤᠨᠢ ᠬᠦᠳᠡᠯᠦᠩᠬᠦᠢ ᠬᠢᠨᠠᠯᠲᠠ ᠬᠠᠮᠢᠶᠠᠷᠣᠯᠲᠠ ᠶᠢᠨ ᠲᠠᠪᠴᠠᠩ ᠳᠤ ᠣᠷᠣᠭᠤᠯᠪᠠ᠃ ᠭᠤᠷᠪᠠᠳᠣᠭᠠᠷ ᠡᠲᠡᠭᠡᠳ ᠤᠨ ᠨᠢᠭᠡᠴᠡ ᠶᠢ ᠣᠷᠢᠨ PPP ᠲᠦᠷᠦᠯ ᠵᠦᠢᠯ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ᠂ ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ ᠵᠡᠷᠭᠡ 56 ᠭᠤᠣᠯᠳᠠᠯᠭᠠᠲᠣ ᠲᠦᠷᠦᠯ ᠵᠦᠢᠯ ᠤᠨ 19.5 ᠳ᠋ᠦᠩᠰᠢᠭᠤᠷ ᠲᠦᠬᠦᠷᠢᠭ ᠤᠨ ᠬᠤᠯᠪᠣᠭᠳᠠᠯ ᠪᠦᠬᠦᠢ ᠪᠡᠯᠡ ᠮᠦᠩᠭᠦ ᠳᠤ ᠪᠦᠲᠦᠮᠵᠢ ᠶᠢᠨ ᠦᠨᠡᠯᠡᠯᠲᠡ ᠬᠢᠵᠦ᠂ 45 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ᠂ 1 ᠬᠤᠪᠢ ᠳᠦᠷᠢᠮ ᠲᠣᠭᠲᠠᠭᠠᠯ ᠤᠨ ᠲᠣᠭᠲᠠᠭᠠᠯᠲᠠ ᠶᠢᠨ ᠰᠠᠨᠠᠭᠤᠯᠭ᠎ᠠ ᠶᠢᠨ ᠪᠢᠴᠢᠭ ᠢ ᠪᠠᠭᠤᠯᠭᠠᠨ᠂ ᠡᠳ᠋ ᠤᠨ ᠵᠠᠰᠠᠭ ᠤᠨ ᠪᠡᠯᠡ ᠮᠦᠩᠭᠦᠨ ᠤ ᠠᠮᠣᠷ ᠳᠦᠪᠰᠢᠨ᠂ ᠦᠨᠳᠦᠷ ᠪᠦᠲᠦᠮᠵᠢᠲᠡᠢ ᠡᠷᠭᠢᠯᠲᠡ ᠶᠢ ᠪᠠᠲᠣᠯᠠᠪᠠ᠃ ᠪᠦᠲᠦᠮᠵᠢ ᠶᠢᠨ ᠬᠠᠷᠠᠯᠲᠠ ᠶᠢᠨ ᠬᠢᠨᠠᠨ ᠬᠠᠷᠭᠤᠭᠤᠯᠣᠯᠲᠠ᠂ ᠬᠡᠷᠡᠭ ᠠᠴᠠ ᠡᠮᠦᠨᠡᠬᠢ ᠦᠨᠡᠯᠡᠨ ᠵᠢᠱᠢᠯᠲᠡ᠂ ᠬᠡᠷᠡᠭ ᠤᠨ ᠳᠣᠮᠳᠠᠬᠢ ᠬᠢᠨᠠᠯᠲᠠ ᠬᠠᠮᠢᠶᠠᠷᠣᠯᠲᠠ᠂  ᠬᠡᠷᠡᠭ ᠤᠨ ᠳᠠᠷᠠᠭᠠᠬᠢ ᠦᠨᠡᠯᠡᠯᠲᠡ ᠶᠢ ᠶᠡᠷᠦᠩᠬᠡᠶᠢᠯᠡᠨ ᠠᠰᠢᠭᠯᠠᠵᠣ᠂ ᠡᠳ᠋ ᠤᠨ ᠵᠠᠰᠠᠭ ᠤᠨ ᠪᠡᠯᠡ ᠮᠦᠩᠬᠦᠨ ᠤ ᠪᠦᠬᠦ ᠶᠠᠪᠤᠴᠠ ᠶᠢᠨ ᠪᠦᠲᠦᠮᠵᠢ ᠶᠢᠨ ᠬᠠᠮᠢᠶᠠᠷᠣᠯᠲᠠ ᠶᠢᠨ ︽ᠪᠢᠲᠡᠭᠦᠮᠵᠢ︾ ᠶᠢ ᠪᠦᠷᠢᠯᠳᠦᠭᠦᠯᠦᠨ᠂ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠳᠠᠷᠠᠭ᠎ᠠ ᠵᠢᠯ ᠤᠨ ᠲᠦᠷᠦᠯ ᠵᠦᠢᠯ ᠤᠨ ᠲᠦᠰᠦᠪ ᠤᠨ ᠲᠣᠬᠢᠷᠠᠭᠤᠯᠣᠯᠲᠠ ᠲᠠᠢ ᠦᠨᠡᠨᠬᠦ ᠠᠪᠴᠠᠯᠳᠣᠭᠤᠯᠵᠣ᠂ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠦᠨᠳᠦᠷ ᠪᠣᠰᠣ ᠲᠦᠷᠦᠯ ᠵᠦᠢᠯ ᠤᠨ ᠲᠦᠰᠦᠪ ᠤᠨ ᠲᠣᠬᠢᠷᠠᠭᠤᠯᠣᠯᠲᠠ ᠶᠢ ᠪᠠᠭᠠᠰᠬᠠᠬᠤ ᠪᠣᠶᠣ ᠲᠦᠰᠦᠪ ᠲᠣᠬᠢᠷᠠᠭᠤᠯᠬᠤ ᠦᠭᠡᠢ ᠪᠠᠷ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃  ᠬᠤᠶᠠᠷ ᠲᠤ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠬᠠᠮᠢᠶᠠᠷᠣᠯᠲᠠ ᠡᠵᠡᠮᠰᠢᠯ ᠢ ᠴᠢᠩᠭᠠᠳᠬᠠᠪᠠ᠃ ᠵᠠᠰᠠᠭ ᠤᠨ ᠣᠷᠳᠣᠨ ᠤ ᠬᠤᠳᠠᠯᠳᠤᠨ ᠠᠪᠤᠯᠲᠠ ᠶᠢᠨ ᠳᠠᠩᠰᠠᠯᠠᠯᠲᠠ ᠶᠢᠨ ᠳᠦᠷᠢᠮ ᠲᠤᠭᠲᠠᠭᠠᠯ ᠪᠠ ᠡᠭᠦᠯᠡᠨ ᠳᠠᠪᠴᠠᠩ ᠢ ᠪᠦᠬᠦ ᠲᠠᠯ᠎ᠠ ᠪᠠᠷ ᠠᠰᠢᠭᠯᠠᠨ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ︽ᠪᠦᠬᠦ ᠣᠷᠣᠨ ᠤ ᠰᠦᠯᠵᠢᠶᠡᠨ ᠲᠠᠪᠴᠠᠩ︾ ᠢᠶᠠᠷ ᠳᠠᠮᠵᠢᠭᠤᠯᠣᠨ᠂ ᠵᠠᠰᠠᠭ ᠤᠨ ᠣᠷᠳᠣᠨ ᠤ ᠬᠤᠳᠠᠯᠳᠣᠨ ᠠᠪᠤᠯᠲᠠ ᠶᠢᠨ ᠲᠤᠬᠠᠶᠢᠯᠠᠭᠰᠠᠨ ᠠᠵᠢᠯ ᠤᠨ ᠪᠦᠬᠦᠶᠢᠯᠡ ᠶᠠᠪᠤᠴᠠ ᠶᠢ ᠡᠯᠧᠺᠲᠷᠦᠨᠴᠢᠯᠠᠵᠤ᠂ ᠬᠢᠨᠠᠨ ᠴᠤᠬᠤᠯᠠᠪᠤᠷᠢᠯᠠᠯᠲᠠ᠂ ᠬᠠᠷᠭᠤᠭᠤᠯᠣᠨ ᠲᠣᠭᠲᠠᠭᠠᠯᠲᠠ᠂ ᠳᠠᠩᠰᠠᠯᠠᠯᠲᠠ ᠶᠢᠨ ᠶᠠᠪᠣᠳᠠᠯ ᠢ ᠰᠦᠯᠵᠢᠶᠡᠨ ᠳᠡᠭᠡᠷ᠎ᠡ ᠨᠢᠭᠡ ᠯᠡ ᠣᠳᠠᠭ᠎ᠠ ᠳᠤ ᠭᠦᠢᠴᠡᠳᠭᠡᠬᠦ ᠶᠢ ᠪᠡᠶᠡᠯᠡᠬᠦᠯᠪᠡ᠃ 2020 ᠣᠨ ᠳᠤ᠂ ᠬᠤᠳᠠᠯᠳᠣᠨ ᠠᠪᠣᠯᠲᠠ ᠶᠢᠨ ᠡᠭᠦᠯᠡᠨ ᠲᠠᠪᠴᠠᠩ ᠳᠤ ᠲᠦᠰᠢᠭᠯᠡᠨ 797 ᠬᠤᠪᠢ᠂ 3.7 ᠳ᠋ᠦᠩᠰᠢᠭᠤᠷ ᠲᠦᠭᠦᠷᠢᠭ ᠤᠨ ᠬᠤᠳᠠᠯᠳᠣᠨ ᠠᠪᠣᠯᠲᠠ ᠶᠢᠨ ᠲᠣᠬᠠᠶᠢᠯᠠᠭᠰᠠᠨ ᠠᠵᠢᠯ ᠢ ᠭᠦᠢᠴᠡᠳᠭᠡᠪᠡ᠃ ᠬᠢᠵᠢᠭ ᠤᠨ ᠬᠤᠭᠤᠴᠠᠭᠠᠨ ᠳᠤ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠰᠠᠭᠠᠳ ᠦᠭᠡᠢ ᠵᠠᠮ ᠢᠶᠠᠷ ᠳᠠᠮᠵᠢᠭᠰᠠᠨ  ᠪᠡᠯᠡ ᠮᠦᠩᠭᠦ 1500 ᠭᠠᠷᠣᠢ ᠲᠦᠮᠡᠨ ᠲᠦᠭᠦᠷᠢᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠳᠠᠯᠳᠣᠨ ᠠᠪᠣᠯᠲᠠ ᠶᠢᠨ ᠳᠦᠭᠦᠮᠴᠢᠯᠠᠯᠲᠡ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠡᠷᠡᠭᠴᠡᠭᠡ ᠶᠢ ᠪᠦᠬᠦ ᠲᠠᠯ᠎ᠠ ᠪᠠᠷ ᠪᠠᠲᠣᠯᠠᠪᠠ᠃ ᠭᠤᠷᠪᠠ ᠳᠤ ᠡᠳ᠋ ᠤᠨ ᠵᠠᠰᠠᠭ ᠤᠨ ᠪᠡᠯᠡ ᠮᠦᠩᠭᠦᠨ ᠤ ᠣᠯᠭᠤᠯᠲᠠ ᠶᠢᠨ ᠴᠢᠳᠠᠮᠵᠢ ᠶᠢ ᠳᠡᠭᠡᠭᠰᠢᠯᠡᠭᠦᠯᠪᠡ᠃  ᠡᠳ᠋ ᠤᠨ ᠵᠠᠰᠠᠭ ᠤᠨ ᠰᠢᠨᠵᠢᠯᠡᠬᠦ ᠣᠬᠠᠭᠠᠨᠴᠢᠯᠠᠭᠰᠠᠨ᠂ ᠨᠠᠷᠢᠯᠢᠭᠵᠢᠭᠤᠯᠣᠭᠰᠠᠨ ᠬᠠᠮᠢᠶᠠᠷᠣᠯᠲᠠ ᠶᠢᠨ ᠱᠠᠭᠠᠷᠳᠠᠯᠭ᠎ᠠ ᠶᠣᠰᠣᠭᠠᠷ᠂ ᠣᠯᠣᠰ ᠤᠨ ᠬᠦᠮᠦᠷᠭᠡ ᠶᠢᠨ ᠲᠦᠪᠯᠡᠷᠡᠩᠬᠦᠢ ᠣᠯᠭᠤᠯᠲᠠ ᠶᠢᠨ ᠳᠦᠷᠢᠮ ᠲᠣᠭᠲᠠᠭᠠᠯ ᠤᠨ ᠦᠭᠡᠷᠡᠴᠢᠯᠡᠯᠲᠡ ᠶᠢ ᠲᠠᠰᠣᠷᠠᠯᠲᠠ ᠦᠭᠡᠢ ᠬᠦᠨᠵᠡᠭᠡᠶᠢᠷᠡᠬᠦᠯᠵᠦ᠂  ᠡᠳ᠋ ᠤᠨ ᠵᠠᠰᠠᠭ ᠠᠴᠠ ᠰᠢᠭᠤᠳ ᠣᠯᠭᠤᠬᠤ ᠬᠠᠷᠢᠴᠠᠯ  ᠪᠦᠬᠦ ᠣᠯᠭᠤᠯᠲᠠ ᠶᠢᠨ 90 % ᠠᠴᠠ ᠳᠡᠭᠡᠭᠰᠢ ᠶᠢ ᠡᠵᠡᠯᠡᠪᠡ᠃      ᠲᠦᠯᠦᠭᠡᠯᠡᠭᠴᠢᠳ ᠡ᠂ ᠪᠢᠳᠠ ᠠᠮᠵᠢᠯᠲᠠ ᠪᠠᠨ ᠨᠣᠲᠠᠯᠠᠬᠤ ᠶᠢᠨ ᠬᠠᠮᠲᠣ ᠣᠳᠣᠬᠠᠨ ᠤ ᠡᠳ᠋ ᠤᠨ ᠵᠠᠰᠠᠭ ᠤᠨ ᠡᠷᠭᠢᠯᠲᠡ ᠳᠤ ᠪᠠᠰᠠ ᠨᠢᠭᠡ ᠪᠦᠯᠦᠭ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ ᠬᠢᠵᠢᠭ ᠤᠨ ᠪᠠᠶᠢᠳᠠᠯ ᠪᠠ ᠭᠠᠶᠢᠯᠢ ᠶᠢ ᠬᠦᠩᠭᠡᠷᠡᠭᠦᠯᠵᠦ ᠵᠠᠷᠣᠳᠠᠯ ᠢ ᠪᠠᠭᠤᠷᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠨᠦᠯᠦᠭᠡᠯᠡᠯ ᠳᠣᠣᠷ᠎ᠠ ᠡᠳ᠋ ᠤᠨ ᠵᠠᠰᠠᠭ ᠤᠨ ᠨᠡᠮᠡᠭᠳᠡᠯ ᠬᠦᠴᠢᠷᠳᠡᠯᠲᠡᠢ᠂ ᠠᠷᠠᠳ ᠤᠨ ᠠᠮᠢᠳᠣᠷᠠᠯ᠂ ᠦᠷᠢ ᠦᠭᠴᠡᠭᠡ ᠶᠢ ᠢᠯᠭᠠᠷᠠᠭᠤᠯᠬᠤ ᠪᠠᠲᠣᠯᠠᠭ᠎ᠠ ᠶᠢᠨ ᠬᠦᠴᠦᠯᠠᠴᠡ ᠶᠢ ᠶᠡᠬᠡᠳᠬᠡᠭᠦ ᠴᠢᠬᠤᠯᠠᠲᠠᠢ᠂ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠪᠣᠢ ︔ ᠳᠡᠭᠡᠲᠦ ᠱᠠᠲᠣᠨ ᠤ ᠲᠦᠷᠦ ᠶᠢᠨ ᠪᠣᠳᠣᠯᠭ᠎ᠠ᠂ ᠪᠡᠯᠡ ᠮᠦᠩᠭᠦ ᠶᠢ ᠴᠢᠷᠮᠠᠶᠢᠨ ᠣᠯᠬᠤ ᠬᠦᠴᠦᠯᠡᠴᠡ ᠪᠠᠨ ᠮᠦᠨ ᠯᠠ ᠴᠢᠩᠭᠠᠳᠬᠠᠬᠤ ᠴᠢᠬᠤᠯᠠᠲᠠᠢ ᠪᠣᠢ︔ ᠡᠳ᠋ ᠤᠨ ᠵᠠᠰᠠᠭ ᠤᠨ ᠭᠡᠰᠡᠭ ᠪᠡᠯᠡ ᠮᠦᠩᠭᠦᠨ ᠤ ᠬᠡᠷᠡᠭᠯᠡᠯᠲᠡ ᠶᠢᠨ ᠪᠦᠲᠦᠮᠵᠢ ᠦᠨᠳᠦᠷ ᠪᠣᠰᠣ᠂ ᠪᠦᠲᠦᠮᠵᠢ ᠶᠢᠨ ᠦᠷ᠎ᠡ ᠳ᠋ᠦᠩ ᠤᠨ ᠠᠰᠢᠭᠯᠠᠯᠲᠠ ᠶᠢ ᠴᠢᠩᠭᠠᠳᠬᠠᠬᠤ ᠴᠢᠬᠤᠯᠠᠲᠠᠢ ᠪᠠᠶᠢᠭᠰᠠᠭᠠᠷ᠃ ᠡᠭᠦᠨ ᠳᠤ᠂ ᠪᠢᠳᠠ ᠠᠰᠠᠭᠤᠳᠠᠯ ᠤᠨ ᠣᠳᠣᠷᠢᠳᠣᠮᠵᠢ ᠶᠢ ᠪᠠᠷᠢᠮᠲᠠᠯᠠᠵᠣ᠂ ᠬᠤᠷᠢᠭ᠎ᠠ ᠱᠤᠭᠤᠮ ᠤᠨ ᠰᠡᠤᠨᠬᠢᠮᠵᠢ ᠶᠢ ᠪᠠᠲᠣ ᠰᠠᠬᠢᠨ᠂ ᠢᠳᠡᠪᠬᠢᠲᠡᠢ ᠪᠦᠲᠦᠮᠵᠢᠲᠠᠢ ᠠᠷᠭ᠎ᠠ ᠬᠡᠮᠵᠢᠶ᠎ᠡ ᠶᠢ ᠰᠣᠳᠣᠯᠣᠨ ᠲᠣᠭᠲᠠᠭᠠᠵᠣ᠂ ᠰᠠᠶᠢᠲᠣᠷ ᠰᠢᠢᠳᠪᠦᠷᠢᠯᠡᠬᠦ ᠪᠠᠷ ᠴᠢᠷᠮᠠᠶᠢᠨ᠎ᠠ᠃      ᠬᠤᠶᠠᠷ᠂ 2021 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ       ︵ᠨᠢᠬᠡ︶ 2021 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ   ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠯᠣᠰ ᠢᠶᠠᠨ ᠵᠠᠰᠠᠵᠣ ᠲᠦᠷᠦ ᠶᠢ ᠪᠠᠷᠢᠬᠤ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠣᠬᠤ ᠪᠣᠳᠣᠯᠭ᠎ᠠ ᠶᠢ ᠭᠦᠨᠵᠡᠭᠡᠢ ᠲᠣᠣᠱᠯᠠᠭᠤᠯᠣᠨ᠂ ᠡᠳ᠋ ᠤᠨ ᠵᠠᠰᠠᠭ ᠭᠠᠶᠢᠯᠢ ᠶᠢᠨ ᠲᠣᠭᠳᠠᠯᠴᠠᠭᠠᠨ  ᠤ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠ ᠣᠳᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠣᠭᠲᠠᠭᠠᠬᠤ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ᠲᠣᠭᠳᠠᠭᠤᠨ ᠨᠡᠮᠡᠭᠳᠡᠯ᠂ ᠦᠭᠡᠷᠡᠴᠢᠯᠡᠯᠳᠡ ᠶᠢᠨ ᠠᠬᠢᠯᠳᠠ᠂ ᠪᠦᠳᠦᠴᠡ ᠶᠢᠨ ᠲᠣᠬᠢᠷᠠᠭᠤᠯᠣᠯᠳᠠ᠂ ᠠᠷᠠᠳ ᠤᠨ ᠠᠮᠢᠳᠣᠷᠠᠯ ᠤᠨ ᠬᠠᠷᠠᠭᠠᠯᠵᠠᠯ᠂ ᠲᠦᠭᠰᠢᠭᠦᠷᠢ ᠶᠢᠨ ᠰᠡᠷᠭᠡᠶᠢᠯᠡᠯᠳᠡ ᠶᠢᠨ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠠᠵᠣ ᠠᠬᠤᠢ ᠶᠢᠨ ᠰᠢᠨ᠎ᠡ ᠬᠦᠳᠡᠯᠭᠡᠭᠴᠢ ᠬᠦᠴᠦᠨ ᠪᠠ ᠬᠡᠯᠪᠡᠷᠢ ᠶᠢᠨ ᠬᠤᠪᠢᠷᠠᠭᠤᠯᠣᠯᠳᠠ ᠶᠢᠨ ᠲᠡᠰ ᠲᠡᠪᠰᠢᠯᠳᠡ ᠶᠢ ᠠᠬᠢᠭᠤᠯᠣᠨ᠎ᠠ᠃ ᠲᠦᠰᠦᠪ ᠲᠣᠭᠲᠠᠭᠠᠯᠲᠠ ᠶᠢ ᠡᠷᠡᠰ ᠴᠢᠩᠭ᠎ᠠ ᠠᠳᠬᠤᠨ᠂ ᠪᠠᠶᠢᠩᠭᠤ ᠠᠷᠪᠢᠴᠢ ᠦᠵᠡᠯ ᠰᠠᠨᠠᠭ᠎ᠠ ᠶᠢ ᠪᠠᠬᠢᠵᠢᠭᠦᠯᠦᠨ᠂ ᠠᠷᠪᠢᠯᠠᠨ ᠭᠠᠮᠨᠠᠵᠣ᠂ ᠡᠩ ᠤᠨ ᠵᠠᠷᠣᠯᠭ᠎ᠠ ᠶᠢ ᠶᠡᠬᠡᠪᠡᠷ ᠪᠠᠭᠠᠰᠬᠠᠨ᠂ ᠴᠠᠯᠢᠩ᠂ ᠠᠵᠢᠯᠯᠠᠮᠵᠢ ᠪᠣᠯᠣᠨ ᠦᠨᠳᠦᠰᠣᠨ ᠠᠷᠠᠳ ᠤᠨ ᠠᠮᠢᠳᠣᠷᠠᠯ ᠢ ᠣᠷᠢᠳᠠᠪᠡᠷ ᠪᠠᠳᠣᠯᠠᠵᠣ᠂ ᠵᠠᠰᠠᠭ ᠤᠨ ᠣᠷᠳᠣᠨ ᠤ ᠴᠢᠨᠠᠷᠳᠠᠢ ᠦᠷᠢ ᠦᠭᠴᠡᠭᠡ ᠶᠢ ᠰᠢᠢᠳᠪᠦᠷᠢᠯᠡᠬᠦ ᠪᠠ ᠭᠤᠤᠯᠳᠠᠯᠭᠠᠳᠤ ᠠᠵᠢᠯ ᠤᠨ ᠬᠡᠷᠡᠭᠴᠡᠭᠡ ᠶᠢ ᠪᠠᠳᠣᠯᠠᠬᠤ ᠶᠢ ᠲᠣᠪᠣᠶᠢᠯᠭᠠᠨ᠎ᠠ᠃ ᠪᠦᠬᠦ ᠰᠢᠰᠲ᠋ᠧᠮ ᠤᠨ ᠲᠦᠰᠦᠪ ᠤᠨ ᠬᠠᠮᠢᠶᠠᠷᠣᠯᠳᠠ ᠪᠠᠨ ᠴᠢᠩᠭᠠᠳᠬᠠᠨ᠂ ᠲᠦᠰᠦᠪ ᠤᠨ ᠪᠦᠳᠦᠮᠵᠢ ᠶᠢᠨ ᠬᠠᠮᠢᠶᠠᠷᠣᠯᠳᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠣ᠂ ᠦᠩᠭᠡᠷᠡᠭᠰᠡᠨ ᠵᠢᠯ ᠤᠳ ᠤᠨ ᠳ᠋ᠦᠩᠨᠡᠨ ᠰᠢᠯᠵᠢᠭᠦᠯᠦᠭᠰᠡᠨ ᠲᠣᠰᠬᠠᠢ ᠲᠦᠷᠦᠯ ᠤᠨ ᠪᠡᠯᠡ ᠮᠦᠩᠭᠦ ᠵᠡᠷᠬᠡ ᠬᠠᠳᠠᠭᠠᠯᠠᠮᠵᠢ ᠪᠡᠯᠡ ᠮᠦᠩᠭᠦᠨ ᠤ ᠠᠮᠢᠯᠠᠭᠤᠯᠣᠯᠲᠠ ᠶᠢ ᠨᠢᠭᠡᠳᠦᠯᠳᠡᠢ ᠲᠦᠯᠦᠪᠵᠢᠭᠦᠯᠬᠦ ᠡᠷᠴᠢᠮ ᠢᠶᠠᠨ ᠴᠢᠩᠭᠠᠷᠠᠭᠤᠯᠣᠨ᠂ ᠬᠠᠣᠯᠢ ᠶᠣᠰᠣᠭᠠᠷ ᠲᠦᠰᠦᠪ ᠤᠨ ᠵᠠᠩᠬᠢ ᠶᠢᠨ ᠢᠯᠡ ᠨᠡᠶᠢᠳᠡᠯᠠᠯ ᠢ ᠠᠬᠢᠭᠤᠯᠵᠣ᠂ ᠪᠦᠬᠦ ᠲᠠᠯ᠎ᠠ ᠶᠢᠨ ᠲᠦᠷᠢᠮᠵᠢᠭᠦᠨ᠂ ᠢᠯᠡ ᠲᠣᠳᠣ ᠲᠦᠰᠦᠪ ᠤᠨ ᠬᠠᠮᠢᠶᠠᠷᠣᠯᠳᠠ ᠶᠢᠨ ᠲᠦᠷᠢᠮ ᠲᠣᠭᠲᠠᠭᠠᠬᠤ ᠳᠤ ᠬᠦᠴᠦᠯᠡᠨ᠎ᠡ᠃      ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠪᠠ      1. ᠬᠠᠣᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠤᠨ᠂ ᠢᠯᠡ ᠲᠤᠲᠤ ᠪᠠᠶᠢᠯᠭᠠᠨ᠎ᠠ᠃ ᠬᠠᠤᠯᠢ ᠶᠤᠰᠤᠭᠠᠷ ᠡᠳ᠋ ᠤᠨ ᠶᠠᠪᠣᠳᠠᠯ ᠢ ᠬᠠᠮᠢᠶᠠᠷᠬᠤ ᠶᠢ ᠴᠢᠬᠤᠯᠠᠴᠢᠯᠠᠨ᠂ ︽ᠲᠦᠰᠦᠪ ᠤᠨ ᠬᠠᠤᠯᠢ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠦᠰᠦᠪ ᠤᠨ ᠬᠢᠵᠠᠭᠠᠷᠯᠠᠯ ᠢ ᠴᠢᠩᠭᠠᠳᠬᠠᠨ᠎ᠠ︔ ᠰᠠᠭᠤᠷᠢ ᠲᠣᠭᠠᠨ ᠤ ᠣᠬᠠᠭᠳᠠᠬᠤᠨ ᠪᠣᠯᠣᠨ ᠵᠠᠷᠣᠯᠭ᠎ᠠ ᠶᠢᠨ ᠲᠣᠭᠲᠠᠪᠣᠷᠢᠵᠢᠯᠲᠣ ᠪᠠᠶᠢᠳᠠᠯ ᠢ ᠰᠢᠪᠲᠣᠯᠣᠨ᠂ ᠲᠡᠭ ᠰᠠᠭᠤᠷᠢᠲᠣ ᠲᠦᠰᠦᠪ ᠤᠨ ᠵᠠᠷᠴᠢᠮ ᠢᠶᠠᠷ ᠲᠦᠰᠦᠪ ᠲᠣᠭᠲᠠᠭᠠᠨ᠎ᠠ︔ ᠬᠠᠤᠯᠢ ᠶᠤᠰᠤᠭᠠᠷ ᠬᠠᠮᠢᠶᠠᠷᠬᠤ ᠶᠢ ᠴᠢᠬᠤᠯᠠᠴᠢᠯᠠᠨ᠂ ᠡᠳ᠋ ᠤᠨ ᠵᠠᠰᠠᠭ ᠤᠨ ᠪᠡᠯᠡ ᠮᠦᠩᠭᠦᠨ ᠤ ᠡᠳᠦᠷ ᠲᠤᠲᠤᠮ ᠤᠨ ᠬᠠᠮᠢᠶᠠᠷᠣᠯᠲᠠ᠂ ᠪᠦᠲᠦᠮᠵᠢ ᠶᠢᠨ ᠦᠨᠡᠯᠡᠯᠲᠡ ᠪᠠ ᠲᠦᠰᠦᠪ ᠤᠨ ᠬᠢᠨᠠᠯᠲᠠ ᠶᠢ ᠴᠢᠩᠭᠠᠳᠬᠠᠵᠤ᠂ ᠬᠢᠨᠠᠨ ᠪᠣᠳᠣᠯᠲᠠ᠂ ᠪᠦᠲᠦᠮᠵᠢ ᠶᠢᠨ ᠦᠨᠡᠯᠡᠯᠲᠡ ᠵᠡᠷᠭᠡ ᠦᠷ᠎ᠡ ᠳ᠋ᠦᠩ ᠢ ᠢᠳᠡᠪᠬᠢᠲᠡᠢ ᠠᠰᠢᠭᠯᠠᠨ᠎ᠠ᠃ ᠬᠠᠤᠯᠢ ᠶᠤᠰᠣᠭᠠᠷ ᠢᠯᠡ ᠪᠤᠯᠭᠠᠬᠤ ᠶᠢ ᠴᠢᠬᠤᠯᠠᠴᠢᠯᠠᠨ᠂ ᠲᠦᠰᠦᠪ ᠪᠠ ᠲᠦᠰᠦᠪ ᠤᠨ ᠭᠦᠢᠴᠡᠳᠭᠡᠯ ᠢ ᠢᠯᠡᠰᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠨᠡᠶᠢᠬᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃      2. ᠪᠦᠲᠦᠴᠡ ᠪᠠᠨ ᠰᠢᠯᠢᠳᠡᠭᠵᠢᠭᠦᠯᠦᠨ᠂ ᠭᠤᠤᠯᠳᠠᠯᠭ᠎ᠠ ᠶᠢ ᠳᠣᠪᠣᠶᠢᠯᠭᠠᠨ᠎ᠠ᠃ ᠡᠳ᠋ ᠤᠨ ᠵᠠᠰᠠᠭ ᠤᠨ ᠪᠡᠯᠡ ᠮᠦᠩᠭᠦ ᠶᠢᠨ ᠲᠤᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠲᠤᠤᠱᠠᠯᠠᠭᠤᠯᠣᠨ ᠨᠠᠶᠢᠲᠠᠪᠤᠷᠢᠵᠢᠭᠤᠯᠵᠤ᠂ ᠡᠩ ᠤᠨ ᠵᠠᠷᠣᠯᠭ᠎ᠠ ᠪᠠ  ︽ᠭᠤᠷᠪᠠᠨ ᠠᠯᠪᠠᠨ︾ ᠤ ᠵᠠᠷᠣᠳᠠᠯ ᠤᠨ ᠲᠦᠰᠦᠪ ᠢ ᠴᠢᠩᠭ᠎ᠠ ᠬᠢᠵᠠᠭᠠᠷᠯᠠᠨ᠎ᠠ᠃ ︽ᠭᠤᠷᠪᠠ  ᠶᠢ ᠪᠠᠲᠤᠯᠠᠬᠤ︾ ᠠᠵᠢᠯ ᠢ ᠰᠠᠶᠢᠲᠤᠷ ᠬᠢᠭᠰᠡᠨ ᠤ ᠰᠠᠭᠤᠷᠢᠨ ᠳᠡᠭᠡᠷ᠎ᠡ᠂ ᠴᠢᠬᠤᠯᠠ ᠶᠡᠭᠡ ᠦᠭᠡᠷᠡᠴᠢᠯᠡᠯᠲᠡ᠂ ᠴᠢᠬᠤᠯᠠ ᠲᠦᠷᠦ ᠶᠢᠨ ᠪᠣᠳᠣᠯᠭ᠎ᠠ ᠪᠠ ᠭᠤᠣᠯᠳᠠᠯᠭ᠎ᠠ  ᠲᠠᠢ ᠲᠦᠷᠦᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      3. ᠪᠦᠬᠦ ᠲᠠᠯ᠎ᠠ ᠪᠠᠷ ᠳᠦᠷᠢᠮᠵᠢᠭᠦᠯᠦᠨ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠠᠯᠠᠭ᠎ᠠ ᠮᠦᠴᠢᠷ ᠤᠨ ᠲᠦᠰᠦᠪ ᠲᠤᠭᠲᠠᠭᠠᠯᠲᠠ ᠶᠢᠨ ᠪᠦᠬᠦᠯᠢ ᠴᠤᠭᠴᠠᠲᠤ ᠴᠢᠨᠠᠷ ᠢ ᠴᠢᠩᠭᠠᠳᠬᠠᠨ᠂ ᠰᠠᠯᠠᠭ᠎ᠠ ᠮᠦᠴᠢᠷ ᠤᠨ ᠪᠦᠬᠦ ᠣᠷᠣᠯᠭ᠎ᠠ ᠪᠠ ᠵᠠᠷᠣᠯᠭ᠎ᠠ ᠶᠢ ᠴᠦᠮ ᠲᠦᠰᠦᠪ ᠤᠨ ᠬᠠᠮᠢᠶᠠᠷᠣᠯᠲᠠ ᠳᠤ ᠤᠷᠤᠭᠤᠯᠤᠨ᠎ᠠ᠃ ᠲᠦᠰᠦᠪ ᠤᠨ ᠪᠦᠲᠦᠮᠵᠢ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠲᠦᠮᠵᠢ ᠶᠢᠨ ᠬᠠᠷᠠᠯᠲᠠ ᠶᠢᠨ ᠰᠢᠯᠭᠠᠷᠠᠭᠤᠯᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢ ᠦᠨᠡᠯᠡᠬᠦ ᠲᠤᠭᠲᠠᠴᠠ ᠶᠢ ᠲᠡᠭᠦᠯᠳᠡᠷᠵᠢᠭᠦᠯᠦᠨ᠂ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠷ᠎ᠡ ᠪᠦᠲᠦᠮᠵᠢ ᠶᠢᠨ ᠳ᠋ᠦᠩ ᠤᠨ ᠢᠯᠡᠰᠢᠭᠦᠯᠦᠯᠲᠡ ᠶᠢ ᠠᠬᠢᠭᠤᠯᠤᠨ᠎ᠠ᠃      4. ᠰᠠᠬᠢᠯᠭ᠎ᠠ ᠪᠠᠲᠤ ᠶᠢ ᠴᠢᠩᠭᠠᠯᠠᠨ᠂ ᠬᠢᠵᠠᠭᠠᠷᠯᠠᠯ ᠢ ᠴᠢᠩᠳᠠᠯᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠭᠲᠠᠭᠠᠭᠰᠠᠨ ᠴᠢᠬᠤᠯᠠ ᠰᠢᠢᠳᠪᠦᠷᠢ ᠠᠴᠠ ᠭᠠᠳᠠᠨ᠎ᠠ᠂ ᠵᠢᠯ ᠤᠨ ᠡᠬᠢᠨ ᠤ ᠲᠦᠰᠦᠪ ᠲᠤ ᠤᠷᠤᠭᠤᠯᠤᠭᠰᠠᠨ ᠦᠭᠡᠢ ᠲᠦᠷᠦᠯ ᠵᠦᠢᠯ  ᠢ ᠵᠢᠯ ᠤᠨ ᠳᠣᠮᠳᠠ ᠲᠦᠰᠦᠪ ᠲᠤ ᠨᠡᠮᠡᠵᠦ ᠲᠤᠬᠢᠷᠠᠭᠤᠯᠬᠤ ᠦᠭᠡᠢ᠃ ᠣᠨᠴᠠᠭᠠᠢ ᠪᠠᠶᠢᠳᠠᠯ ᠠᠴᠠ ᠪᠤᠯᠵᠤ᠂ ᠡᠷᠬᠡᠪᠰᠢ ᠲᠤᠬᠢᠷᠠᠭᠤᠯᠬᠤ ᠪᠣᠶᠤ ᠨᠡᠮᠡᠬᠦ ᠴᠢᠬᠤᠯᠠᠲᠠᠢ ᠵᠦᠢᠯ ᠤᠳ ᠢ ︽ᠨᠢᠭᠡ ᠬᠡᠷᠡᠭ ᠢ ᠨᠢᠭᠡ ᠵᠦᠪᠯᠡᠬᠦ︾ ᠵᠠᠷᠴᠢᠮ ᠶᠤᠰᠤᠭᠠᠷ᠂ ︽ᠲᠦᠰᠦᠪ ᠤᠨ ᠬᠠᠣᠯᠢ︾ ᠶᠢᠨ ᠬᠠᠮᠢᠶ᠎ᠠ ᠪᠦᠬᠦᠢ ᠲᠤᠭᠲᠠᠭᠠᠯ ᠢ ᠦᠨᠳᠦᠰᠦᠯᠡᠨ ᠳᠡᠰ ᠳᠠᠷᠠᠭᠠᠯᠠᠯ ᠤᠨ ᠵᠢᠷᠣᠮᠯᠠᠯ ᠢᠶᠠᠷ ᠭᠦᠢᠴᠡᠳᠭᠡᠨ᠎ᠡ᠃      ︵ᠭᠤᠷᠪᠠ︶ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ      1.  ᠡᠩ ᠤᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ      2021 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠣᠷᠣᠯᠭ᠎ᠠ ᠶᠢ 31.31 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠡᠬᠦᠨ ᠳᠤ᠄ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠵᠢᠱᠢᠭᠰᠡᠨ ᠢᠶᠠᠷ 12.26 ᠳ᠋ᠦᠩᠰᠢᠭᠤᠷ ᠲᠦᠬᠦᠷᠢᠭ ᠪᠡᠶᠡᠯᠡᠭᠦᠯᠵᠤ ︵ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.85 ᠳ᠋ᠦᠩᠰᠢᠭᠤᠷ ᠲᠦᠬᠦᠷᠢᠭ ᠤᠨ ᠤᠷᠤᠯᠭ᠎ᠠ  ᠶᠢ ᠪᠠᠭᠳᠠᠭᠠᠨ᠎ᠠ︶᠂ ᠳᠡᠭᠡᠷ᠎ᠡ ᠵᠢᠯ ᠤᠨ ᠪᠣᠲᠠᠲᠠᠢ ᠣᠷᠣᠯᠭ᠎ᠠ ᠠᠴᠠ 3% ᠦᠰᠭᠡᠨ᠎ᠡ︔ ᠳᠡᠬᠡᠳᠤ ᠱᠠᠳᠤᠨ ᠠᠴᠠ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ  ᠢᠶᠠᠷ 18.69 ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠳᠡᠭᠡᠷ᠎ᠡ ᠵᠢᠯ ᠤᠨ ᠪᠣᠲᠠᠲᠠᠢ ᠣᠷᠣᠯᠭ᠎ᠠ ᠠᠴᠠ 34.9% ᠦᠰᠭᠡᠨ᠎ᠡ︔ ᠳᠡᠬᠡᠷ᠎ᠠ ᠵᠢᠯ ᠤᠨ ᠦᠯᠡᠳᠡᠪᠤᠷᠢ ᠣᠷᠣᠯᠭ᠎ᠠ 0.36 ᠳ᠋ᠦᠩᠰᠢᠭᠤᠷ ᠲᠦᠬᠦᠷᠢᠭ᠃      2.  ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ      ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2021 ᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 31.31 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ︵ᠱᠠᠩᠬᠠᠢ ᠶᠢᠨ ᠰᠦᠮ᠎ᠠ‌ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.75 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠂ ᠳᠡᠭᠡᠷ᠎ᠡ ᠵᠢᠯ ᠤᠨ ᠪᠤᠳᠠᠳᠤ ᠵᠠᠷᠤᠯᠭ᠎ᠠ ᠠᠴᠠ 6.6% ᠨᠡᠮᠡᠭᠳᠡᠬᠦᠯᠣᠨ᠎ᠡ᠃      ︵1︶ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ 7.81 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 24.94% ᠶᠢ ᠡᠵᠡᠯᠡᠭᠦᠯᠦᠨ᠎ᠡ︔ ᠠᠯᠪᠠᠨ ᠬᠡᠷᠡᠭᠯᠡᠬᠡᠨ ᠤ ᠵᠠᠷᠤᠳᠠᠯ ᠤᠨ ᠵᠠᠷᠤᠯᠭ᠎ᠠ ᠶᠢᠨ ᠲᠦᠰᠤᠪ ᠢ 1.28 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ 4.09% ᠶᠢ ᠡᠵᠡᠯᠡᠭᠦᠯᠦᠨ᠎ᠡ︔ ᠲᠦᠷᠤᠯ ᠵᠦᠢᠯ ᠤᠨ ᠵᠠᠷᠤᠯᠭ᠎ᠠ ᠶᠢᠨ ᠲᠦᠰᠤᠪ ᠢ 22.22 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 70.97% ᠶᠢ ᠡᠵᠡᠯᠡᠭᠦᠯᠦᠨ᠎ᠡ᠃      ︵2︶ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄      1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 3.32 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 10.6% ᠶᠢ ᠡᠵᠡᠯᠡᠭᠦᠯᠦᠨ᠎ᠡ︔      2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.87 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 2.78% ᠶᠢ ᠡᠵᠡᠯᠡᠭᠦᠯᠦᠨ᠎ᠡ︔      3︶ ᠰᠤᠷᠭᠠᠨ ᠬᠦᠮᠤᠵᠢᠯ ᠤᠨ ᠵᠠᠷᠤᠯᠭ᠎ᠠ 3.36 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ‍ᠤᠨ‌ᠵᠠᠷᠤᠯᠭ᠎ᠠ ᠶᠢᠨ 10.73% ᠶᠢ ᠡᠵᠡᠯᠡᠭᠦᠯᠦᠨ᠎ᠡ︔       4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.12 ᠳ᠋ᠥᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ᠤᠨ ᠵᠠᠷᠤᠯᠭ᠎ᠠ ᠶᠢᠨ 0.38% ᠶᠢ ᠡᠵᠡᠯᠡᠭᠦᠯᠦᠨ᠎ᠡ︔      5︶ ᠰᠤᠶᠤᠯ ᠵᠢᠭᠤᠯᠴᠢᠯᠠᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.44 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.41% ᠶᠢ ᠡᠵᠡᠯᠡᠭᠦᠯᠦᠨ᠎ᠡ︔      6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.82 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ 5.81% ᠶᠢ ᠡᠵᠡᠯᠡᠭᠦᠯᠦᠨ᠎ᠡ︔      7︶ ᠡᠮ ᠡᠮᠴᠢᠯᠡᠭᠡ ᠡᠷᠡᠬᠦᠯ ᠬᠠᠮᠠᠭᠠᠯᠠᠯ ᠤᠨ ᠵᠠᠷᠤᠯᠭ᠎ᠠ 0.97 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 3.1% ᠶᠢ ᠡᠵᠡᠯᠡᠭᠦᠯᠦᠨ᠎ᠡ︔      8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.06 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 0.19% ᠶᠢ ᠡᠵᠡᠯᠡᠭᠦᠯᠦᠨ᠎ᠡ︔      9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.39 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.25% ᠶᠢ ᠡᠵᠡᠯᠡᠭᠦᠯᠦᠨ᠎ᠡ︔      10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 1.07 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ  ᠵᠠᠷᠤᠯᠭ᠎ᠠ ᠶᠢᠨ 3.42% ᠢ ᠡᠵᠡᠯᠡᠭᠦᠯᠦᠨ᠎ᠡ︔      11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.13 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 0.42% ᠢ ᠡᠵᠡᠯᠡᠭᠦᠯᠦᠨ᠎ᠡ︔      12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.06 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ  ᠤᠨ ᠲᠦᠰᠤᠪ ᠤᠨ ᠵᠠᠷᠤᠯᠭ᠎ᠠ ᠶᠢᠨ 0.19% ᠶᠢ ᠡᠵᠡᠯᠡᠭᠦᠯᠦᠨ᠎ᠡ︔      13︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.01 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.03% ᠶᠢ ᠡᠵᠡᠯᠡᠭᠦᠯᠥᠨ᠎ᠡ︔      14︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.09 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.29% ᠶᠢ ᠡᠵᠡᠯᠡᠭᠦᠯᠥᠨ᠎ᠡ︔      15︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.1 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ  ᠤᠨ ᠵᠠᠷᠤᠯᠭ᠎ᠠ ᠶᠢᠨ 0.32% ᠢ ᠡᠵᠡᠯᠡᠭᠦᠯᠥᠨ᠎ᠡ︔      16︶ ᠠᠮᠤ ᠪᠤᠳᠠᠭ᠎ᠠ ᠪᠤᠳᠠᠰ ᠤᠨ ᠬᠠᠳᠠᠭᠠᠯᠠᠯᠳᠠ ᠶᠢᠨ ᠠᠵᠢᠯ ᠤᠨ ᠵᠠᠷᠤᠯᠭ᠎ᠠ 0.01 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.03% ᠶᠢ ᠡᠵᠡᠯᠡᠭᠦᠯᠥᠨ᠎ᠡ︔      17︶  ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠠᠷᠤᠯᠭ᠎ᠠ 0.1 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.32% ᠢ ᠡᠵᠡᠯᠡᠭᠦᠯᠥᠨ᠎ᠡ︔      18︶ ᠪᠡᠯᠡᠳᠭᠡᠯ ᠵᠠᠷᠤᠳᠠᠯ 0.32 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 1.02% ᠢ ᠡᠵᠡᠯᠡᠭᠦᠯᠥᠨ᠎ᠡ︔      19︶ ᠪᠤᠰᠤᠳ ᠵᠠᠷᠤᠯᠭ᠎ᠠ 16.35 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 52.22% ᠢ ᠡᠵᠡᠯᠡᠭᠦᠯᠥᠨ᠎ᠡ᠂ ᠡᠭᠦᠨ ᠢ ᠨᠠᠷᠢᠨ ᠬᠤᠪᠢᠶᠠᠪᠠᠯ᠄ ᠱᠠᠩᠬᠠᠢ ᠶᠢᠨ ᠰᠥᠮ᠎ᠡ‌ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.75 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠥᠷᠥᠩᠭᠡ ᠮᠥᠩᠭᠦ ᠲᠠᠩᠰᠠᠯᠠᠭᠤᠯᠬᠤ 2.81 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠥᠭᠵᠢᠭᠦᠯᠥᠯᠳᠡ ᠥᠭᠡᠷᠡᠴᠢᠯᠡᠯᠳᠡ ᠶᠢᠨ ᠵᠦᠪᠯᠡᠯ ᠠᠴᠠ ᠲᠤᠭᠲᠠᠭᠠᠭᠰᠠᠨ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠭᠤᠤᠯᠳᠠᠯᠭᠠᠳᠤ ᠲᠥᠷᠥᠯ ᠵᠥᠢᠯ ᠢ ᠲᠥᠭᠦᠷᠴᠢᠯᠡᠭᠦ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠯᠪᠠᠨ ᠲᠡᠷᠭᠡᠨ ᠤ ᠥᠭᠡᠷᠡᠴᠢᠯᠡᠯᠳᠡ ᠶᠢᠨ ᠠᠵᠢᠯ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠤᠷᠤᠨ ᠰᠠᠭᠤᠴᠠ ᠶᠢᠨ ᠥᠭᠡᠷᠡᠴᠢᠯᠡᠯᠳᠡ  ᠶᠢᠨ ᠨᠥᠭᠦᠪᠥᠷᠢ ᠶᠢᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠤᠤᠷᠵᠢᠯ ᠬᠠᠮᠢᠶᠠᠷᠤᠯᠳᠠ ᠶᠢᠨ ᠭᠡᠰᠢᠭᠦᠳ ᠤᠨ ᠴᠠᠯᠢᠩ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠪᠥᠭᠦ ᠤᠯᠤᠰ ᠤᠨ ᠪᠤᠯᠪᠠᠰᠤᠨ ᠬᠤᠳᠠ ᠶᠢᠨ ᠴᠤᠭᠴᠠᠯᠠᠯᠳᠠ ᠶᠢᠨ ᠠᠵᠢᠯ ᠤᠨ 0.03 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ 0.06 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠤᠶᠤᠨᠴᠢ ᠨᠠᠮ ᠤᠨ ᠪᠠᠶᠢᠭᠤᠯᠤᠯᠳᠠ ᠶᠢᠨ ᠠᠵᠢᠯ ᠤᠨ 0.01 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠡᠭᠡᠳᠤ ᠱᠠᠳᠤᠨ ᠤ ᠲᠤᠰᠬᠠᠢ ᠲᠥᠷᠥᠯ ᠤᠨ ᠵᠠᠷᠤᠳᠠᠯ ᠤᠨ 7.5 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠷᠠᠳ ᠢ ᠬᠠᠷᠠᠭᠠᠯᠵᠠᠬᠤ ᠠᠵᠢᠯ ᠤᠨ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠵᠠᠷᠤᠳᠠᠯ᠂ ᠠᠷᠠᠴᠢᠯᠠᠨ ᠰᠡᠯᠪᠢᠭᠦ ᠵᠠᠷᠤᠳᠠᠯ᠂ ᠪᠤᠯᠭᠤᠭᠠᠨ ᠲᠤᠬᠤᠨᠢᠭᠤᠯᠬᠤ ᠵᠠᠷᠤᠳᠠᠯ ᠵᠡᠷᠭᠡ ᠶᠢᠨ 0.15 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠠᠶᠢᠯᠢ ᠶᠢᠨ ᠪᠤᠰᠤ ᠨᠥᠭᠦᠪᠥᠷᠢᠯᠡᠯ ᠤᠨ ᠠᠵᠢᠯ ᠥᠢᠯᠡᠰ ᠤᠨ ᠵᠠᠷᠤᠳᠠᠯ ᠤᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠤ ᠬᠤᠳᠠᠯᠳᠤᠨ ᠠᠪᠤᠯᠲᠠ ᠶᠢᠨ 0.4 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠠᠴᠠ ᠨᠡᠶᠢᠳᠡ ᠶᠢᠨ ᠥᠢᠯᠡᠴᠢᠯᠡᠭᠡ ᠬᠤᠳᠠᠯᠳᠤᠨ ᠠᠪᠬᠤ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠤᠷᠤᠨ ᠨᠤᠳᠤᠭ ᠠᠴᠠ ᠲᠥᠭᠦᠷᠴᠢᠯᠡᠨ ᠨᠡᠶᠢᠯᠡᠭᠦᠯᠭᠦ 0.5 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠥᠷᠢ ᠥᠭᠴᠡᠭᠡ ᠰᠢᠢᠳᠪᠥᠷᠢᠯᠡᠭᠦ 1.26 ᠳ᠋ᠥᠩᠰᠢᠭᠤᠷ ᠲᠥᠭᠦᠷᠢᠭ ᠤᠨ ᠵᠠᠷᠤᠯᠭ᠎ᠠ︔ PPP ᠲᠥᠷᠥᠯ ᠵᠥᠢᠯ ᠤᠨ ᠠᠵᠢᠯᠯᠠᠮᠵᠢ ᠳᠤ ᠬᠡᠷᠡᠭᠯᠡᠭᠦ 1.04 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠤᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ 0.15 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠮᠠᠷᠠᠯᠲᠠ ᠶᠢᠨ ᠨᠦᠬᠦᠪᠦᠷᠢ ᠪᠠ ᠰᠤᠷᠭᠠᠨ ᠬᠦᠮᠤᠵᠢᠯ ᠤᠨ ᠠᠮᠵᠢᠯᠳᠠ ᠪᠦᠳᠤᠮᠵᠢ ᠶᠢᠨ ᠴᠠᠯᠢᠩ 0.27 ᠳ᠋ᠥᠩᠰᠢᠭᠤᠷ ᠲᠥᠭᠦᠷᠢᠭ ᠤᠨ ᠵᠠᠷᠣᠯᠭ᠎ᠠ᠃      20︶ ᠥᠭᠴᠡᠭᠡᠨ ᠤ ᠭᠥᠥ ᠮᠥᠩᠭᠦ ᠲᠥᠯᠥᠭᠦ 1.72 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 5.49% ᠶᠢ ᠡᠵᠡᠯᠡᠭᠦᠯᠥᠨ᠎ᠡ︔      ︵  ᠲᠥᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ      2021 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 3.83 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 28.8% ᠨᠡᠮᠡᠭᠳᠡᠭᠦᠯᠦᠨ᠎ᠡ᠃ ᠡᠬᠦᠨ ᠳᠤ᠄ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ  ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ 3.47 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠤᠷᠢ ᠤᠷᠤᠯᠭ᠎ᠠ 0.36 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 3.83 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 28.8% ᠨᠡᠮᠡᠭᠳᠡᠭᠦᠯᠦᠨ᠎ᠡ︔      ︵ᠲᠠᠪᠤ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ2021 ᠤᠨ ᠳᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ 3.61 ᠳ᠋ᠦᠩᠰᠢᠭᠤᠷ ᠲᠦᠬᠦᠷᠢᠭ ᠲᠤᠬᠢᠷᠠᠭᠤᠯᠬᠤ  ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 8.9% ᠥᠰᠭᠡᠨ᠎ᠡ︔ ᠡᠬᠦᠨ ᠳᠤ᠄ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 1.3 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 4.84%ᠨᠡᠮᠡᠭᠳᠡᠭᠦᠯᠦᠨ᠎ᠡ︔ ᠠᠵᠢᠯ ᠠᠯᠳᠠᠯᠳᠠ ᠶᠢᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.06 ᠳ᠋ᠥᠩᠰᠢᠭᠤᠷ ᠲᠥᠭᠦᠷᠢᠭ᠂ ᠳᠡᠭᠡᠷ᠎ᠡ ᠵᠢᠯ ᠤᠨ ᠲᠦᠰᠦᠪ ᠲᠠᠢ ᠰᠠᠴᠠᠭᠤ︔ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.75 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 9.64% ᠪᠠᠭᠤᠷᠠᠭᠤᠯᠤᠨ᠎ᠠ︔ ᠠᠵᠢᠯ ᠤᠨ ᠭᠡᠮᠳᠥᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.04 ᠳ᠋ᠥᠩᠰᠢᠭᠤᠷ ᠲᠥᠭᠦᠷᠢᠭ᠂ ᠳᠡᠭᠡᠷ᠎ᠡ ᠵᠢᠯ ᠤᠨ ᠲᠦᠰᠦᠪ ᠲᠠᠢ ᠰᠠᠴᠠᠭᠤ︔  ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠥᠨᠳᠥᠰᠥᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.86 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 7.53%  ᠪᠠᠭᠤᠷᠠᠭᠤᠯᠤᠨ᠎ᠠ᠃ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.24 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 50% ᠨᠡᠮᠡᠭᠳᠡᠭᠦᠯᠦᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠨᠠᠰᠤᠵᠢᠯ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.17 ᠳ᠋ᠦᠩᠰᠢᠭᠤᠷ ᠲᠦᠬᠦᠷᠢᠭ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠤᠰᠤᠨ ᠡᠮ ᠡᠮᠴᠢᠯᠡᠭᠡ ᠶᠢᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.19 ᠳ᠋ᠦᠩᠰᠢᠭᠤᠷ ᠲᠦᠬᠦᠷᠢᠭ᠃      ︵ᠵᠢᠷᠭᠤᠭ᠎ᠠ︶ ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ      2021 ᠤᠨ ᠳᠤ ᠤᠯᠤᠰ ᠤᠨ ᠦᠮᠴᠢᠯᠡᠯᠳᠤ ᠬᠦᠷᠤᠩᠬᠡ ᠶᠢᠨ ᠡᠵᠡᠩᠨᠡᠯᠳᠠ ᠶᠢᠨ ᠤᠷᠤᠯᠭ᠎ᠠ ᠶᠢᠨ ᠲᠦᠰᠤᠪ ᠢ 0.01 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠨ᠎ᠠ︔ ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠵᠠᠷᠤᠯᠭ᠎ᠠ ᠶᠢᠨ ᠲᠦᠰᠤᠪ ᠢ 0.01 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠨ᠎ᠠ᠃      2021 ᠤᠨ ᠤ 2 ᠰᠠᠷ᠎ᠠ ᠶᠢᠨ 22 ᠤᠨ ᠡᠳᠥᠷ ᠭᠥᠷᠳᠡᠯᠡᠬᠢ ᠡᠩ ᠤᠨ ᠨᠡᠶᠢᠳᠡ ᠶᠢᠨ ᠲᠥᠰᠥᠪ ᠤᠨ ᠵᠠᠷᠤᠯᠭ᠎ᠠ3.11 ᠳ᠋ᠥᠩᠰᠢᠭᠤᠷ ᠲᠥᠭᠦᠷᠢᠭ ᠭᠥᠷᠪᠡ       ᠴᠢᠳᠠᠪᠬᠢ ᠶᠢᠨ ᠲᠥᠷᠥᠯ ᠢᠯᠭᠠᠯ ᠢᠶᠠᠷ ᠨᠢ ᠬᠤᠪᠢᠶᠠᠪᠠᠯ᠂ ᠡᠯ᠎ᠡ ᠴᠢᠳᠠᠪᠬᠢ ᠶᠢᠨ ᠲᠥᠷᠥᠯ ᠵᠥᠢᠯ ᠤᠨ ᠵᠠᠷᠤᠯᠭ᠎ᠠ ᠲᠤᠤᠷᠠᠬᠢ ᠮᠡᠳᠤ᠄      1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 0.35 ᠳ᠋ᠦᠩᠰᠢᠭᠤᠷ ᠲᠦᠬᠦᠷᠢᠭ︔      2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.11 ᠳ᠋ᠦᠩᠰᠢᠭᠤᠷ ᠲᠦᠬᠦᠷᠢᠭ︔       3︶ ᠰᠤᠷᠭᠠᠨ ᠭᠥᠮᠥᠵᠢᠯ ᠤᠨ ᠠᠵᠢᠯ ᠤᠨ ᠵᠠᠷᠤᠯᠭ᠎ᠠ 0.29  ᠳ᠋ᠥᠩᠰᠢᠭᠤᠷ ᠲᠥᠭᠦᠷᠢᠭ︔      4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.01 ᠳ᠋ᠥᠩᠰᠢᠭᠤᠷ ᠲᠦᠬᠦᠷᠢᠭ︔      5︶ ᠰᠤᠶᠤᠯ ᠵᠢᠭᠤᠯᠴᠢᠯᠠᠯ ᠪᠡᠶ᠎ᠡ ᠶᠢᠨ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.04 ᠳ᠋ᠦᠩᠰᠢᠭᠤᠷ ᠲᠦᠬᠦᠷᠢᠭ︔       6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 0.34 ᠳ᠋ᠦᠩᠰᠢᠭᠤᠷ ᠲᠦᠬᠦᠷᠢᠭ︔      7︶ ᠡᠮ ᠡᠮᠴᠢᠯᠡᠭᠡ ᠡᠷᠡᠬᠦᠯ ᠬᠠᠮᠠᠭᠠᠯᠠᠯ ᠤᠨ ᠵᠠᠷᠤᠯᠭ᠎ᠠ 0.09 ᠳ᠋ᠦᠩᠰᠢᠭᠤᠷ ᠲᠦᠬᠦᠷᠢᠭ︔      8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.02 ᠳ᠋ᠦᠩᠰᠢᠭᠤᠷ ᠲᠦᠬᠦᠷᠢᠭ︔      9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.21 ᠳ᠋ᠦᠩᠰᠢᠭᠤᠷ ᠲᠦᠬᠦᠷᠢᠭ︔      10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.98 ᠳ᠋ᠦᠩᠰᠢᠭᠤᠷ ᠲᠦᠬᠦᠷᠢᠭ︔      11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.27 ᠳ᠋ᠦᠩᠰᠢᠭᠤᠷ ᠲᠦᠬᠦᠷᠢᠭ︔      12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.01 ᠳ᠋ᠦᠩᠰᠢᠭᠤᠷ ᠲᠦᠬᠦᠷᠢᠭ︔      13︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.04 ᠳ᠋ᠥᠩᠰᠢᠭᠤᠷ ᠲᠥᠭᠦᠷᠢᠭ︔      14︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.01 ᠳ᠋ᠥᠩᠰᠢᠭᠤᠷ ᠲᠥᠭᠦᠷᠢᠭ︔      15︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.08 ᠳ᠋ᠥᠩᠰᠢᠭᠤᠷ ᠲᠥᠭᠦᠷᠢᠭ︔      16︶ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠠᠷᠤᠯᠭ᠎ᠠ 0.01 ᠳ᠋ᠥᠩᠰᠢᠭᠤᠷ ᠲᠥᠭᠦᠷᠢᠭ︔      17︶  ᠪᠤᠰᠤᠳ ᠵᠠᠷᠤᠯᠭ᠎ᠠ 0.25 ᠳ᠋ᠥᠩᠰᠢᠭᠤᠷ ᠲᠥᠭᠦᠷᠢᠭ︔      2021 ᠤᠨ ᠤ 2 ᠰᠠᠷ᠎ᠠ ᠶᠢᠨ 22 ᠤᠨ ᠡᠳᠥᠷ ᠭᠥᠷᠳᠡᠯᠡᠬᠢ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ ᠤᠨ ᠵᠠᠷᠣᠯᠭ᠎ᠠ 0.12 ᠳ᠋ᠥᠩᠰᠢᠭᠤᠷ ᠲᠥᠭᠦᠷᠢᠭ ᠭᠥᠷᠪᠡ᠃      ᠴᠢᠳᠠᠪᠬᠢ ᠶᠢᠨ ᠲᠥᠷᠥᠯ ᠢᠯᠭᠠᠯ ᠢᠶᠠᠷ ᠨᠢ ᠬᠤᠪᠢᠶᠠᠪᠠᠯ᠂ ᠡᠯ᠎ᠡ ᠴᠢᠳᠠᠪᠬᠢ ᠶᠢᠨ ᠲᠥᠷᠥᠯ ᠵᠥᠢᠯ ᠤᠨ ᠵᠠᠷᠤᠯᠭ᠎ᠠ ᠲᠤᠤᠷᠠᠬᠢ ᠮᠡᠳᠤ᠄      1︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.11 ᠳ᠋ᠦᠩᠰᠢᠭᠤᠷ ᠲᠦᠬᠦᠷᠢᠭ︔      2︶ ᠪᠤᠰᠣᠳ ᠵᠠᠷᠣᠯᠭ᠎ᠠ 0.01 ᠳ᠋ᠦᠩᠰᠢᠭᠤᠷ ᠲᠦᠬᠦᠷᠢᠭ︔      2021 ᠤᠨ ᠤ 2 ᠰᠠᠷ᠎ᠠ ᠶᠢᠨ 22 ᠤᠨ ᠡᠳᠥᠷ ᠭᠥᠷᠳᠡᠯᠡᠬᠢ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ ᠤᠨ ᠵᠠᠷᠣᠯᠭ᠎ᠠ 0.14 ᠳ᠋ᠥᠩᠰᠢᠭᠤᠷ ᠲᠥᠭᠦᠷᠢᠭ ᠭᠥᠷᠪᠡ᠃      ᠴᠢᠳᠠᠪᠬᠢ ᠶᠢᠨ ᠲᠥᠷᠥᠯ ᠢᠯᠭᠠᠯ ᠢᠶᠠᠷ ᠨᠢ ᠬᠤᠪᠢᠶᠠᠪᠠᠯ᠂ ᠡᠯ᠎ᠡ ᠴᠢᠳᠠᠪᠬᠢ ᠶᠢᠨ ᠲᠥᠷᠥᠯ ᠵᠥᠢᠯ ᠤᠨ ᠵᠠᠷᠤᠯᠭ᠎ᠠ ᠲᠤᠤᠷᠠᠬᠢ ᠮᠡᠳᠤ᠄      1︶ ᠠᠵᠢᠯᠲᠠᠨ ᠤ ᠦᠨᠳᠣᠰᠣᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.08 ᠳ᠋ᠥᠩᠰᠢᠭᠤᠷ ᠲᠥᠭᠦᠷᠢᠭ︔      2︶ ᠠᠵᠢᠯᠲᠠᠨ ᠤ ᠦᠨᠳᠣᠰᠣᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.03 ᠳ᠋ᠥᠩᠰᠢᠭᠤᠷ ᠲᠥᠭᠦᠷᠢᠭ︔      3︶ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠣᠰᠣᠨ ᠨᠠᠰᠤᠵᠢᠯ ᠤᠨ ᠳᠠᠭᠠᠤᠨᠬᠠᠯ ᠤᠨ ᠰᠠᠭᠤᠷᠢ ᠮᠥᠩᠭᠦᠨ ᠤ ᠵᠠᠷᠤᠯᠭ᠎ᠠ 0.01 ᠳ᠋ᠦᠩᠰᠢᠭᠤᠷ ᠲᠦᠬᠦᠷᠢᠭ︔      4︶ ᠠᠵᠢᠯ ᠦᠢᠯᠡᠰ ᠤᠨ ᠲᠠᠭᠠᠳᠬᠠᠯ ᠤᠨ ᠰᠠᠭᠤᠷᠢ ᠮᠦᠩᠬᠦ᠂ ᠦᠢᠯᠡᠳᠪᠣᠷᠢ ᠬᠤᠳᠠᠯᠳᠣᠭᠠᠨ ᠤ ᠲᠠᠭᠠᠳᠬᠠᠯ ᠤᠨ ᠰᠠᠭᠤᠷᠢ ᠮᠦᠩᠬᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠦᠨᠳᠣᠰᠣᠨ ᠨᠠᠰᠤᠵᠢᠯ ᠤᠨ ᠲᠠᠭᠠᠳᠬᠠᠯ ᠤᠨ ᠰᠠᠭᠤᠷᠢ  ᠮᠦᠩᠬᠦ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠤᠰᠤᠨ ᠡᠮ ᠡᠮᠴᠢᠯᠡᠭᠡ ᠶᠢᠨ ᠳᠠᠭᠠᠤᠨᠬᠠᠯ ᠤᠨ ᠰᠠᠭᠤᠷᠢ ᠮᠥᠩᠭᠦᠨ ᠤ ᠵᠠᠷᠤᠯᠭ᠎ᠠ 0.02 ᠳ᠋ᠦᠩᠰᠢᠭᠤᠷ ᠲᠦᠬᠦᠷᠢᠭ᠃      ᠭᠤᠷᠪᠠ᠂ 2021 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ      ︵ᠨᠢᠭᠡ︶ ᠲᠦᠷᠤ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠪᠤᠳᠠᠳᠠᠶᠢᠵᠢᠭᠤᠯᠵᠤ᠂ ᠡᠳ᠋ ᠤᠨ ᠢᠷᠡᠯᠲᠡ ᠶᠢ ᠬᠦᠴᠤᠯᠡᠨ ᠪᠤᠵᠠᠭᠠᠶᠢᠷᠠᠭᠤᠯᠤᠨ᠎ᠠ᠃ ᠨᠢᠭᠡ ᠳᠤ ᠲᠦᠷᠤ ᠶᠢᠨ ᠪᠤᠳᠤᠯᠭ᠎ᠠ ᠶᠢᠨ ᠪᠤᠳᠠᠳᠠᠶᠢᠵᠢᠭᠤᠯᠤᠯᠳᠠ ᠶᠢ ᠠᠤᠨᠬᠤᠨ᠎ᠠ᠃ ︽ᠢᠳᠡᠪᠬᠢᠲᠠᠢ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠳᠤ ᠨᠠᠩ ᠢᠳᠡᠪᠬᠢᠳᠠᠢ ᠠᠵᠢᠯᠯᠠᠮᠵᠢ ᠲᠠᠢ ᠪᠠᠶᠢᠬᠤ︾ ᠱᠠᠭᠠᠷᠳᠠᠯᠭ᠎ᠠ ᠶᠤᠰᠤᠭᠠᠷ᠂ ᠡᠳ᠋ ᠤᠨ ᠢᠷᠠᠯᠳᠠ ᠶᠢᠨ ᠪᠠᠶᠢᠭᠤᠯᠤᠯᠳᠠ ᠪᠠ ᠤᠷᠤᠯᠭ᠎ᠠ ᠶᠢᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠨ᠎ᠠ᠃ ᠬᠢᠵᠢᠭ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠤ ᠠᠬᠤᠶᠢᠯᠠᠯ ᠢ ᠳᠡᠮᠵᠢᠨ ᠤᠷᠤᠨ ᠪᠠᠶᠢᠷᠢ ᠶᠢ ᠳᠤᠭᠳᠠᠪᠤᠷᠢᠵᠢᠭᠤᠯᠬᠤ᠂ ᠮᠦᠩᠬᠦᠨ  ᠬᠦᠢᠯᠬᠡᠬᠡ  ᠪᠠᠷ ᠳᠡᠮᠵᠢᠬᠦ ᠲᠦᠷᠤ ᠶᠢᠨ ᠪᠤᠳᠤᠯᠭ᠎ᠠ ᠶᠢ ᠬᠦᠢᠴᠡᠤᠨ ᠰᠠᠶᠢᠳᠤᠷ ᠠᠰᠢᠭᠯᠠᠨ᠂ ᠭᠠᠶᠢᠯᠢ ᠬᠦᠩᠬᠡᠯᠡᠵᠤ ᠵᠠᠷᠤᠳᠠᠯ ᠪᠠᠭᠤᠷᠠᠭᠤᠯᠬᠤ ᠬᠦᠴᠤᠯᠡᠴᠠ ᠪᠠᠨ ᠤᠯᠠᠮ ᠨᠢᠬᠡ ᠠᠯᠬᠤᠮ ᠶᠡᠬᠡᠳᠬᠡᠵᠣ᠂ ᠵᠠᠬ᠎ᠠ ᠳᠡᠯᠬᠡᠬᠦᠷ ᠤᠨ ᠭᠤᠤᠯ ᠴᠤᠭᠴᠠ ᠶᠢ ᠬᠠᠮᠠᠭᠠᠯᠠᠨ᠂ ᠪᠦᠬᠦ ᠬᠤᠰᠢᠭᠤᠨ ᠤ ᠠᠵᠤ ᠠᠬᠤᠢ ᠶᠢᠨ ᠳᠤᠭᠳᠠᠭᠤᠨ ᠡᠷᠬᠢᠯᠳᠠ ᠶᠢ ᠠᠬᠢᠭᠤᠯᠤᠨ᠎ᠠ᠃ ᠬᠤᠶᠠᠷ ᠲᠤ ᠡᠳ᠋ ᠤᠨ ᠢᠷᠠᠯᠳᠠ ᠶᠢᠨ  ᠪᠤᠶᠢᠵᠢᠭᠤᠯᠤᠯᠳᠠ ᠶᠢ ᠠᠤᠨᠬᠤᠨ᠎ᠠ᠃ ᠡᠳ᠋ ᠤᠨ ᠵᠠᠰᠠᠭ ᠤᠨ ᠴᠢᠳᠠᠪᠬᠢ ᠶᠢᠨ ᠤᠶᠢᠯᠡᠳᠤᠯ ᠢ ᠬᠦᠢᠴᠡᠤᠨ ᠪᠠᠳᠠᠷᠠᠭᠤᠯᠵᠤ᠂ ᠭᠠᠶᠢᠯᠢ ᠶᠢᠨ ᠢᠷᠠᠯᠳᠠ ᠶᠢᠨ ᠪᠤᠶᠢᠵᠢᠭᠤᠯᠤᠯᠳᠠ ᠶᠢᠨ ᠠᠷᠭ᠎ᠠ ᠠᠪᠴᠠᠯ ᠢ ᠴᠢᠩᠭᠠᠤᠨᠬᠠᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠬᠦᠴᠤᠯᠡᠨ ᠦᠷᠨᠢᠬᠦᠯᠵᠤ᠂  ᠬᠤᠳᠠᠯᠳᠤᠭ᠎ᠠ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠤᠨ᠂ ᠭᠠᠶᠢᠯᠢ ᠶᠢᠨ ᠢᠷᠠᠯᠳᠠ ᠶᠢᠨ ᠳᠠᠯᠳᠠ ᠬᠦᠴᠤᠨ ᠢ ᠠᠭᠤᠳᠠᠯᠵᠤ᠂ ᠭᠠᠶᠢᠯᠢ ᠶᠢᠨ ᠢᠷᠠᠯᠳᠠ ᠢ ᠨᠡᠬᠡᠬᠡᠨ ᠨᠡᠮᠡᠭᠳᠡᠬᠦᠯᠤᠨ᠎ᠠ᠃ ᠭᠤᠷᠪᠠ ᠳᠤ ᠪᠡᠯᠡ ᠮᠦᠩᠬᠦ ᠲᠦᠷᠤᠯ ᠵᠦᠢᠯ ᠢ ᠴᠢᠷᠮᠠᠶᠢᠨ ᠤᠯᠬᠤ ᠠᠵᠢᠯ ᠢ ᠠᠤᠨᠬᠤᠨ᠎ᠠ᠃ ᠳᠡᠬᠡᠳᠤ ᠱᠠᠳᠤᠨ  ᠤ ᠡᠳ᠋ ᠤᠨ ᠵᠠᠰᠠᠭ ᠠᠴᠠ ᠳᠡᠮᠵᠢᠨ ᠪᠡᠯᠡ ᠤᠷᠤᠭᠤᠯᠵᠤ ᠪᠠᠶᠢᠭ᠎ᠠ ᠭᠤᠤᠯᠳᠠᠯᠭᠠᠳᠤ ᠬᠦᠷᠢᠶ᠎ᠡ ᠴᠠᠷᠠᠭ᠎ᠠ ᠶᠢᠨ ᠳᠤᠭᠤᠷᠢᠨ ᠳᠤ᠂ ᠲᠦᠪ ᠤᠨ ᠲᠦᠰᠤᠪ ᠤᠨ ᠪᠡᠯᠡ ᠤᠷᠤᠭᠤᠯᠬᠤ ᠲᠦᠷᠤᠯ ᠵᠦᠢᠯ᠂ ᠤᠷᠤᠨ ᠨᠣᠲᠤᠭ ᠤᠨ ᠵᠠᠰᠠᠭ ᠤᠨ ᠤᠷᠳᠤᠨ ᠤ ᠰᠢᠨ᠎ᠡ ᠨᠡᠮᠡᠭᠳᠡᠭᠰᠡᠨ ᠦᠭᠴᠡᠬᠡᠨ ᠳᠡᠮᠳᠡᠭᠳᠤ ᠲᠦᠷᠤᠯ ᠵᠦᠢᠯ ᠢ ᠴᠢᠩᠭ᠎ᠠ ᠡᠵᠡᠮᠳᠠᠨ᠂ ᠡᠯ᠎ᠡ ᠰᠠᠯᠠᠭ᠎ᠠ ᠮᠦᠴᠢᠷ ᠲᠠᠢ ᠢᠳᠡᠪᠬᠢᠳᠠᠢ ᠬᠠᠮᠵᠢᠯᠴᠠᠨ ᠲᠦᠷᠤᠯ ᠵᠦᠢᠢᠯ ᠢ ᠴᠢᠷᠮᠠᠶᠢᠨ ᠤᠯᠬᠤ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠨ᠎ᠠ᠃        ︵ᠬᠤᠶᠠᠷ︶ ᠬᠠᠮᠢᠶᠠᠷᠤᠯᠳᠠ ᠡᠵᠡᠮᠳᠡᠯ ᠢᠶᠠᠨ ᠤᠯᠠᠮ ᠨᠢᠬᠡ ᠠᠯᠬᠤᠮ ᠴᠢᠩᠭᠠᠤᠨᠬᠠᠵᠤ᠂ ᠵᠠᠷᠤᠯᠭ᠎ᠠ ᠶᠢᠨ ᠪᠦᠳᠤᠴᠠ ᠶᠢ ᠪᠦᠬᠦ ᠳᠠᠯ᠎ᠠ ᠪᠠᠷ ᠰᠢᠯᠢᠳᠡᠭᠵᠢᠬᠦᠯᠤᠨ᠎ᠠ ᠃ ᠨᠢᠬᠡ ᠳᠤ ᠲᠦᠰᠤᠪ ᠢ ᠴᠢᠩᠭᠠᠤᠨᠬᠠᠨ᠎ᠠ᠃ ᠲᠡᠭ ᠰᠠᠭᠤᠷᠢᠲᠣ ᠲᠦᠰᠤᠪ ᠤᠨ ᠦᠵᠡᠯᠳᠠ ᠶᠢ ᠤᠯᠠᠮ ᠨᠢᠬᠡ ᠠᠯᠬᠤᠮ ᠴᠢᠩᠭᠠᠤᠨᠬᠠᠨ᠎ᠠ᠃ ︽ᠪᠡᠯᠡ ᠮᠦᠩᠬᠦ ᠶᠢ ᠲᠦᠷᠤᠯ ᠵᠦᠢᠯ ᠳᠤ ᠴᠢᠭᠯᠡᠬᠦᠯᠬᠦ︾ ᠰᠡᠤᠨᠬᠢᠮᠵᠢ ᠶᠢ ᠪᠠᠷᠢᠮᠳᠠᠯᠠᠨ᠂ ᠲᠦᠰᠤᠪ ᠤᠨ ᠳᠤᠬᠢᠷᠠᠭᠤᠯᠤᠯᠳᠠ ᠶᠢ ᠲᠦᠷᠤᠯ ᠵᠦᠢᠯ ᠤᠨ ᠡᠯᠧᠮᠧᠨ᠋ᠲ ᠶᠢᠨ ᠪᠦᠷᠢᠨ ᠪᠦᠳᠤᠨ ᠴᠢᠨᠠᠷ᠂ ᠲᠦᠰᠤᠪ ᠤᠨ ᠬᠡᠷᠡᠭᠵᠢᠬᠦᠯᠤᠯᠳᠠ ᠶᠢᠨ ᠠᠬᠢᠴᠠ᠂ ᠬᠢᠨᠠᠨ ᠪᠤᠳᠤᠯᠳᠠ ᠶᠢᠨ ᠠᠰᠠᠭᠤᠳᠠᠯ ᠤᠨ ᠵᠠᠯᠠᠷᠠᠭᠤᠯᠤᠯᠳᠠ᠂ ᠪᠦᠳᠤᠮᠵᠢ ᠶᠢᠨ ᠦᠨᠡᠯᠡᠯᠳᠠ ᠶᠢᠨ ᠦᠷ᠎ᠠ ᠳ᠋ᠦᠩ ᠲᠠᠢ ᠣᠶᠠᠯᠳᠣᠭᠤᠯᠵᠣ᠂ ᠰᠠᠯᠠᠭ᠎ᠠ ᠮᠦᠴᠢᠷ ᠤᠨ ᠲᠦᠰᠤᠪ ᠢ ᠴᠢᠩᠭ᠎ᠠ ᠪᠠᠷ ᠳᠤᠭᠳᠠᠭᠠᠨ᠎ᠠ᠃ ᠬᠤᠶᠠᠷ ᠲᠤ ᠨᠢᠬᠡᠳᠤᠯᠳᠠᠢ ᠲᠦᠯᠦᠪᠵᠢᠬᠦᠯᠬᠦ ᠶᠢ ᠴᠢᠩᠭᠠᠤᠨᠬᠠᠨ᠎ᠠ ᠃ ᠰᠠᠯᠠᠭ᠎ᠠ ᠮᠦᠴᠢᠷ ᠤᠨ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ᠪᠠ ᠵᠢᠯ ᠤᠨ ᠲᠦᠰᠤᠪ ᠢ ᠨᠢᠬᠡᠳᠤᠯᠳᠠᠢ ᠲᠦᠯᠦᠪᠵᠢᠬᠦᠯᠬᠦ ᠬᠦᠴᠤᠯᠡᠴᠠ ᠶᠢ ᠴᠢᠩᠭᠠᠤᠨᠬᠠᠨ᠂ ᠵᠢᠱᠢᠯᠳᠠ ᠪᠠᠷ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ᠨᠢ ᠨᠡᠯᠢᠶᠡᠤᠨ ᠶᠡᠭᠡ ᠲᠦᠷᠤᠯ ᠵᠦᠢᠯ ᠳᠤ ᠳᠠᠬᠢᠨ ᠪᠡᠯᠡ ᠮᠦᠩᠬᠦ ᠳᠤᠬᠢᠷᠠᠭᠤᠯᠬᠤ ᠦᠬᠡᠢ ᠪᠤᠶᠤ ᠲᠦᠰᠤᠪ  ᠤᠨ ᠳᠤᠬᠢᠷᠠᠭᠤᠯᠤᠳᠠ ᠶᠢ ᠪᠠᠭᠠᠰᠬᠠᠨ᠎ᠠ᠃ ᠳᠤᠰᠬᠠᠢ ᠲᠦᠷᠤᠯ ᠤᠨ ᠪᠡᠯᠡ ᠮᠦᠩᠬᠦ ᠶᠢ ᠴᠡᠭᠴᠡᠯᠡᠵᠤ᠂ ᠬᠠᠷᠠᠯᠳᠠ ᠪᠠᠨ ᠪᠡᠶᠡᠯᠡᠬᠦᠯᠵᠤ ᠳᠠᠶᠢᠯᠬᠦ ᠦᠬᠡᠢ ᠪᠤᠶᠤ ᠬᠡᠷᠡᠭᠵᠢᠬᠦᠯᠤᠯᠳᠠ ᠨᠢ ᠨᠤᠴᠢᠳᠠᠢ ᠬᠤᠴᠤᠷᠤᠨ ᠪᠦᠳᠤᠮᠵᠢ ᠪᠠᠷ ᠳᠤᠤᠷ᠎ᠠ ᠪᠠᠶᠢᠭ᠎ᠠ ᠳᠤᠰᠬᠠᠢ ᠲᠦᠷᠤᠯ ᠵᠦᠢᠯ ᠳᠤ ᠴᠠᠭ ᠳᠤᠬᠠᠢ ᠳᠤ ᠨᠢ ᠳᠤᠬᠢᠷᠠᠭᠤᠯᠤᠯᠳᠠ ᠬᠢᠨ᠂ ᠨᠠᠶᠢᠬᠡᠮ ᠤᠨ ᠠᠵᠢᠯ ᠤᠶᠢᠯᠡᠰ ᠤᠨ ᠬᠦᠭᠵᠢᠯᠳᠠ ᠶᠢᠨ ᠪᠠᠴᠢᠮ ᠬᠡᠷᠡᠭᠰᠡᠬᠦ ᠬᠦᠷᠢᠶ᠎ᠡ ᠬᠡᠪᠴᠢᠶᠡᠨ ᠳᠤ ᠨᠢᠬᠡᠳᠤᠯᠳᠠᠢ ᠬᠡᠷᠡᠭᠯᠡᠨ᠎ᠡ᠃ ᠭᠤᠷᠪᠠ ᠳᠤ ᠬᠦᠴᠤᠯᠡᠨ ᠪᠠᠭᠠᠰᠬᠠᠨ᠎ᠠ᠃  ᠠᠷᠪᠢᠯᠠᠨ ᠭᠠᠮᠨᠠᠬᠤ ᠦᠵᠡᠯᠲᠡ ᠶᠢ ᠤᠯᠠᠮ ᠨᠢᠬᠡ ᠠᠯᠬᠤᠮ ᠪᠠᠲᠣᠳᠬᠠᠵᠣ᠂ ᠵᠠᠷᠤᠯᠭ᠎ᠠ ᠶᠢᠨ ᠬᠠᠮᠢᠶᠠᠷᠤᠯᠳᠠ ᠶᠢ ᠴᠢᠩᠭ᠎ᠠ ᠠᠤᠨᠬᠤᠨ᠂ ᠭᠤᠤᠯᠳᠠᠯᠭᠠᠳᠤ ᠪᠤᠰᠤ᠂ ᠴᠢᠬᠤᠯᠠ ᠪᠤᠰᠤ ᠲᠦᠷᠤᠯ ᠵᠦᠢᠯ ᠤᠨ ᠵᠠᠷᠤᠯᠭ᠎ᠠ ᠶᠢ ᠠᠯᠢ ᠴᠢᠳᠠᠬᠤ ᠪᠠᠷ ᠪᠠᠭᠠᠰᠬᠠᠨ᠎ᠠ︔ ᠬᠡᠷᠡᠭᠵᠢᠬᠦᠯᠬᠦ ᠦᠬᠡᠢ ᠴᠤ ᠪᠤᠯᠬᠤ ᠲᠦᠷᠤᠯ ᠵᠦᠢᠯ ᠳᠤ ᠴᠦᠮ ᠲᠦᠰᠤᠪ ᠳᠤᠬᠢᠷᠠᠭᠤᠯᠬᠤ ᠦᠬᠡᠢ᠃ ᠭᠤᠤᠯᠳᠠᠯᠭᠠᠳᠤ ᠵᠠᠷᠤᠯᠭ᠎ᠠ ᠳᠤ ᠴᠤ ᠴᠢᠩᠭ᠎ᠠ ᠬᠠᠮᠢᠶᠠᠷᠤᠯᠳᠠ ᠬᠢᠵᠤ᠂ ᠠᠯᠢ ᠴᠢᠳᠠᠬᠤ ᠪᠠᠷ ᠠᠷᠪᠢᠯᠠᠬᠤ ᠵᠠᠷᠴᠢᠮ ᠢᠶᠠᠷ ᠬᠢᠨᠠᠨ ᠪᠤᠳᠤᠵᠤ ᠳᠤᠬᠢᠷᠠᠭᠤᠯᠤᠨ᠎ᠠ᠃ ᠡᠳ᠋ ᠤᠨ ᠬᠦᠴᠤᠨ ᠢᠶᠠᠨ ᠲᠦᠪᠯᠡᠷᠡᠬᠦᠯᠤᠨ ᠰᠤᠷᠭᠠᠨ ᠬᠦᠮᠤᠵᠢᠯ᠂ ᠠᠵᠢᠯ ᠤᠯᠭᠤᠯᠳᠠ᠂ ᠡᠮ ᠡᠮᠴᠢᠯᠡᠭᠡ᠂ ᠬᠢᠵᠢᠭ ᠤᠨ ᠰᠡᠷᠬᠡᠶᠢᠯᠡᠯᠳᠠ ᠵᠡᠷᠬᠡ ᠠᠷᠠᠤᠨ ᠤᠨ ᠠᠮᠢᠳᠤᠷᠠᠯ ᠲᠠᠢ ᠨᠢᠭᠳᠠ ᠬᠤᠯᠪᠤᠭᠳᠠᠬᠤ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠤ ᠵᠠᠷᠣᠴᠠᠭᠤᠯᠵᠣ᠂ ᠦᠬᠡᠷᠡᠴᠢᠯᠡᠯᠳᠠ ᠬᠦᠭᠵᠢᠯᠳᠠ ᠶᠢᠨ ᠪᠦᠳᠤᠮᠵᠢ ᠶᠢ ᠨᠠᠩ ᠤᠯᠠᠨ ᠨᠠᠩ ᠡᠷᠬᠡ ᠳᠡᠭᠰᠢ ᠪᠠᠷ ᠪᠦᠬᠦ ᠬᠤᠰᠢᠭᠤᠨ ᠤ ᠠᠷᠠᠤᠨ ᠲᠦᠮᠡᠨ ᠳᠤ ᠲᠦᠬᠡᠮᠡᠯ ᠡᠳ᠋ᠯᠡᠬᠦᠯᠣᠨ᠎ᠡ᠃      ︵ᠭᠤᠷᠪᠠ︶ ᠰᠠᠷᠭᠡᠶᠢᠯᠡᠨ ᠡᠵᠡᠮᠳᠡᠭᠦ ᠭᠥᠴᠥᠯᠡᠴᠡ ᠪᠠᠨ ᠴᠢᠩᠭᠠᠳᠬᠠᠨ᠂ ᠥᠷᠢ ᠥᠭᠴᠡᠭᠡᠨ ᠤ ᠲᠥᠭᠰᠢᠭᠦᠷᠢ ᠶᠢ ᠪᠥᠳᠥᠮᠵᠢᠳᠡᠢ ᠰᠢᠢᠳᠪᠥᠷᠢᠯᠡᠨ᠎ᠡ᠃ ᠵᠠᠰᠠᠭ  ᠤᠨ ᠤᠷᠳᠤᠨ ᠤ ᠲᠠᠯᠳᠠ ᠴᠢᠨᠠᠷ ᠲᠠᠢ ᠥᠷᠢ ᠥᠭᠴᠡᠭᠡᠨ ᠤ ᠬᠢᠨᠠᠯᠳᠠ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ  ᠶᠢᠨ ᠴᠢᠨᠠᠷ ᠲᠠᠢ ᠲᠥᠷᠥᠯ ᠵᠥᠢᠯ ᠳᠤ ᠴᠢᠩᠭ᠎ᠠ ᠨᠥᠭᠦᠴᠡᠯ ᠲᠤᠭᠳᠠᠭᠠᠨ᠂ ᠪᠡᠯᠡ ᠮᠥᠩᠭᠦᠨ ᠤ ᠢᠷᠡᠯᠳᠡ ᠪᠠ ᠲᠡᠩᠴᠡᠭᠦᠷᠢᠰᠢᠯ ᠤᠨ ᠲᠥᠰᠥᠯ ᠲᠤᠳᠤ ᠪᠤᠰᠤ ᠲᠥᠷᠥᠯ ᠵᠥᠢᠯ ᠢ ᠴᠤᠬᠤᠯᠠᠪᠤᠷᠢᠯᠠᠬᠤ ᠥᠭᠡᠢ ᠬᠡᠷᠡᠭᠵᠢᠭᠦᠯᠭᠦ ᠥᠭᠡᠢ︔ ᠴᠤᠬᠤᠯᠠᠪᠤᠷᠢ ᠥᠭᠡᠢ ᠪᠠᠷ ᠪᠠᠶᠢᠭᠤᠯᠬᠤ ᠪᠠ ᠪᠠᠷᠢᠯᠭ᠎ᠠ ᠡᠬᠢᠯᠡᠭᠦᠯᠥᠭᠰᠡᠨ ᠬᠤᠶᠢᠨ᠎ᠠ ᠲᠥᠷᠥᠯ ᠵᠥᠢᠯ ᠲᠤᠭᠳᠠᠭᠠᠬᠤ ᠥᠵᠡᠭᠳᠡᠯ ᠢ ᠡᠷᠡᠰ ᠲᠡᠪᠴᠢᠵᠤ᠂ ᠠᠵᠤ ᠠᠬᠤᠶᠢᠯᠠᠯ ᠠᠴᠠ ᠪᠡᠯᠡ ᠭᠠᠷᠭᠠᠨ ᠵᠠᠰᠠᠭ ᠤᠨ ᠲᠠᠯ᠎ᠠ ᠶᠢᠨ ᠲᠥᠷᠥᠯ ᠵᠥᠢᠯ ᠢ ᠲᠠᠭᠠᠭᠠᠴᠢᠯᠠᠬᠤ ᠶᠢ ᠴᠡᠭᠡᠷᠯᠡᠵᠤ ᠂ ᠲᠠᠯᠳᠠ ᠥᠷᠢ ᠥᠭᠴᠡᠭᠡᠨ ᠤ ᠨᠡᠮᠡᠭᠳᠡᠯ ᠢ ᠲᠠᠰᠤ ᠵᠤᠭᠰᠤᠭᠠᠨ᠎ᠠ᠃ ᠡᠭᠦᠨ ᠤ ᠬᠠᠮᠳᠤ᠂ ᠲᠠᠯᠳᠠ ᠥᠷᠢ ᠥᠭᠴᠡᠭᠡᠨ ᠲᠤᠳᠤᠷᠠᠬᠢ ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠡᠭᠡ ᠭᠥᠥ ᠮᠥᠩᠭᠦᠨ ᠤ ᠪᠠᠶᠢᠳᠠᠯ ᠢ ᠪᠥᠭᠦ ᠲᠠᠯ᠎ᠠ ᠪᠠᠷ ᠤᠶᠢᠯᠠᠭᠠᠵᠤ᠂ ᠲᠥᠯᠥᠯᠳᠡ ᠶᠢᠨ ᠲᠥᠰᠥᠯ ᠲᠥᠯᠥᠪᠯᠡᠭᠡ ᠪᠠᠨ ᠤᠷᠢᠳ ᠠᠴᠠ ᠲᠤᠭᠳᠠᠭᠠᠨ᠂ ᠠᠷᠠᠯᠵᠢᠶ᠎ᠠ ᠬᠤᠳᠠᠯᠳᠤᠭᠠᠨ ᠤ ᠪᠠᠩᠬᠢ ᠯᠤᠭ᠎ᠠ ᠢᠳᠡᠪᠬᠢᠳᠡᠢ ᠬᠠᠷᠢᠴᠠᠨ ᠬᠤᠭᠤᠴᠠᠭ᠎ᠠ ᠤᠷᠳᠤᠳᠬᠠᠬᠤ ᠪᠠ ᠭᠥᠥ ᠬᠢᠮᠳᠠᠷᠠᠭᠤᠯᠬᠤ ᠠᠷᠭ᠎ᠠ ᠠᠪᠴᠠᠯ ᠠᠪᠴᠤ᠂ ᠬᠤᠭᠤᠴᠠᠭ᠎ᠠ ᠤᠷᠳᠤᠳᠬᠠᠬᠤ ᠪᠠ ᠭᠥᠥ ᠬᠢᠮᠳᠠᠷᠠᠭᠤᠯᠬᠤ ᠠᠷᠭ᠎ᠠ ᠥᠭᠡᠢ ᠵᠢᠭᠡᠯᠡᠯᠭᠡ ᠶᠢ ᠪᠤᠰᠤᠳ ᠪᠠᠩᠬᠢ ᠶᠢᠨ ᠬᠥᠥ ᠬᠢᠮᠳᠠ ᠵᠢᠭᠡᠯᠡᠯᠭᠡ ᠪᠠᠷ ᠤᠷᠤᠯᠠᠭᠤᠯᠬᠤ ᠵᠡᠷᠭᠡ  ᠪᠠᠷ ᠴᠢᠳᠠᠮᠠᠭ ᠵᠤᠬᠢᠴᠠᠭᠤᠯᠤᠨ᠂ ᠭᠥᠥ ᠮᠥᠩᠭᠦ ᠲᠥᠯᠥᠯᠳᠡ ᠶᠢ ᠴᠠᠭ ᠲᠠᠷᠤᠢ ᠳᠤ ᠭᠥᠢᠴᠡᠳᠭᠡᠵᠤ ᠪᠤᠯᠵᠤᠯ ᠵᠥᠷᠢᠴᠡᠭᠦ ᠲᠥᠭᠰᠢᠭᠦᠷᠢ ᠠᠴᠠ ᠵᠠᠶᠢᠯᠠᠰᠬᠢᠨ᠎ᠠ᠃      ︵ᠲᠥᠷᠪᠡ︶ ᠬᠢᠨᠠᠯᠳᠠ ᠬᠠᠮᠢᠶᠠᠷᠤᠯᠳᠠ ᠶᠢ ᠤᠯᠠᠮ ᠴᠢᠩᠭᠠᠳᠬᠠᠨ᠂ ᠤᠯᠤᠰ ᠤᠨ ᠥᠮᠴᠢᠯᠡᠯᠳᠤ ᠭᠥᠷᠥᠩᠭᠡ ᠶᠢ ᠪᠤᠵᠠᠭᠠᠶᠢᠷᠠᠭᠤᠯᠤᠨ ᠭᠥᠴᠥᠷᠭᠡᠭᠵᠢᠭᠦᠯᠥᠨ᠎ᠡ᠃ ᠨᠢᠭᠡ ᠳᠤ ᠠᠰᠢᠭ ᠤᠷᠤᠯᠭ᠎ᠠ ᠶᠢᠨ ᠴᠢᠳᠠᠯ ᠢ ᠨᠡᠮᠡᠭᠳᠡᠭᠦᠯᠵᠤ᠂ ᠴᠢᠨᠠᠷᠯᠢᠭ ᠭᠥᠭᠵᠢᠯᠳᠡ ᠶᠢ ᠠᠬᠢᠭᠤᠯᠤᠨ᠎ᠠ᠃ ᠬᠤᠪᠢᠷᠠᠯᠳᠠ ᠪᠠᠶᠢᠳᠠᠯ ᠢ ᠬᠢᠨᠠᠮᠵᠢᠯᠠᠨ᠂ ᠵᠠᠬ᠎ᠠ ᠲᠡᠯᠭᠡᠭᠦᠷ ᠢ ᠥᠷᠭᠡᠳᠭᠡᠵᠤ᠂ ᠲᠥᠷᠥᠯ ᠵᠥᠢᠯ ᠤᠨ ᠪᠠᠶᠢᠭᠤᠯᠤᠯᠳᠠ ᠶᠢ ᠲᠥᠷᠭᠡᠳᠭᠡᠨ᠂ ᠰᠠᠭᠤᠷᠢ ᠬᠠᠮᠢᠶᠠᠷᠤᠯᠳᠠ ᠶᠢ ᠴᠢᠩᠭᠠᠳᠬᠠᠵᠤ᠂ ᠲᠤᠭᠳᠠᠯ ᠵᠢᠭᠠᠯᠳᠠ ᠤᠨ ᠭᠥᠢᠴᠡᠳᠭᠡᠯ ᠢ ᠠᠩᠬᠠᠷᠤᠨ᠂ ᠬᠠᠤᠯᠢ ᠶᠤᠰᠤᠭᠠᠷ ᠠᠵᠤ ᠠᠬᠤᠶᠢᠯᠠᠯ ᠢ ᠵᠠᠰᠠᠬᠤ ᠴᠢᠳᠠᠪᠤᠷᠢ ᠪᠠᠨ ᠪᠥᠭᠦ ᠲᠠᠯ᠎ᠠ ᠪᠠᠷ ᠲᠡᠭᠡᠭᠰᠢᠯᠡᠭᠦᠯᠥᠨ᠎ᠡ᠃ ᠬᠤᠶᠠᠷ ᠲᠤ ᠤᠯᠤᠰ ᠤᠨ ᠥᠮᠴᠢᠯᠡᠯᠳᠤ ᠠᠵᠤ ᠠᠬᠤᠶᠢᠯᠠᠯ ᠳᠤ ᠥᠭᠡᠷᠡᠴᠢᠯᠡᠯᠳᠡ ᠬᠢᠵᠤ᠂ ᠶᠡᠷᠥᠩᠭᠡᠶᠢᠯᠡᠭᠰᠡᠨ ᠪᠥᠳᠥᠮᠵᠢ ᠠᠰᠢᠭ ᠢ ᠨᠢ ᠲᠡᠭᠡᠭᠰᠢᠯᠡᠭᠦᠯᠥᠨ᠎ᠡ᠃ ᠤᠯᠤᠰ ᠤᠨ ᠥᠮᠴᠢᠯᠡᠯᠳᠤ ᠠᠵᠤ ᠠᠬᠤᠶᠢᠯᠠᠯ ᠳᠤ ᠬᠢ ᠨᠠᠮ ᠤᠨ ᠤᠳᠤᠷᠢᠳᠬᠤ ᠲᠤᠭᠤᠶᠢᠯᠠᠩ ᠤᠨ ᠰᠢᠢᠳᠪᠥᠷᠢ ᠪᠤᠳᠤᠯᠭ᠎ᠠ ᠪᠠᠷ ᠤᠳᠤᠷᠢᠳᠬᠤ ᠥᠢᠯᠡᠳᠥᠯ ᠢ ᠭᠥᠢᠴᠡᠳ ᠪᠠᠳᠠᠷᠠᠭᠤᠯᠤᠨ᠂ ᠬᠤᠰᠢᠭᠤ ᠬᠠᠷᠢᠶ᠎ᠠ ᠠᠵᠤ ᠠᠬᠤᠶᠢᠯᠠᠯ ᠳᠤ ᠬᠢᠨᠠᠯᠳᠠ ᠲᠠᠯᠪᠢᠬᠤ ᠺᠤᠮᠢᠰ ᠤᠨ ᠲᠥᠷᠢᠮ ᠲᠤᠭᠳᠠᠭᠠᠵᠤ᠂ ᠬᠢᠨᠠᠯᠳᠠ ᠲᠠᠯᠪᠢᠬᠤ ᠺᠤᠮᠢᠰ ᠤᠨ ᠥᠢᠯᠡᠳᠥᠯ ᠢ ᠰᠠᠶᠢᠳᠤᠷ ᠪᠠᠳᠠᠷᠠᠭᠤᠯᠤᠨ᠎ᠠ ᠃ ᠵᠠᠬ᠎ᠠ ᠲᠡᠯᠭᠡᠭᠦᠷᠴᠢᠯᠡᠭᠰᠡᠨ ᠡᠵᠡᠩᠨᠡᠯᠳᠡ ᠶᠢᠨ ᠲᠤᠭᠳᠠᠴᠠ ᠶᠢ ᠱᠠᠯᠠᠪᠳᠠᠨ ᠲᠡᠭᠦᠯᠳᠡᠷᠵᠢᠭᠦᠯᠵᠤ᠂ ᠵᠠᠬ᠎ᠠ ᠲᠡᠯᠭᠡᠭᠦᠷᠴᠢᠯᠡᠭᠰᠡᠨ ᠪᠥᠭᠡᠳ  ᠵᠦᠷᠢᠶᠡᠳᠤ ᠴᠢᠨᠠᠷ ᠲᠠᠢ ᠴᠠᠯᠢᠩ ᠭᠥᠷᠳᠡᠭᠡᠮᠵᠢ ᠶᠢᠨ ᠬᠠᠮᠢᠶᠠᠷᠤᠯᠳᠠ ᠶᠢ ᠬᠡᠷᠡᠭᠵᠢᠭᠦᠯᠥᠨ᠎ᠡ᠃ ᠭᠤᠷᠪᠠ ᠳᠤ ᠡᠷᠭᠡ ᠶᠢ ᠠᠮᠢᠳᠤᠯᠢᠭᠵᠢᠭᠤᠯᠬᠤ ᠬᠠᠮᠢᠶᠠᠷᠤᠯᠳᠠ ᠶᠢ ᠨᠡᠩ ᠭᠥᠨᠵᠡᠭᠡᠶᠢᠷᠡᠭᠦᠯᠵᠤ᠂ ᠬᠢᠨᠠᠯᠳᠠ ᠬᠠᠮᠢᠶᠠᠷᠤᠯᠳᠠ ᠶᠢᠨ ᠲᠥᠷᠢᠮᠵᠢᠯ ᠢ ᠤᠯᠠᠮ ᠪᠥᠷᠢᠨᠰᠢᠭᠦᠯᠥᠨ᠎ᠡ᠃ ︽ᠪᠠᠭᠤᠯᠭᠠᠬᠤ ᠬᠠᠮᠢᠶᠠᠷᠬᠤ ᠥᠢᠯᠡᠴᠢᠯᠡᠭᠦ︾ ᠥᠬᠡᠷᠡᠴᠢᠯᠡᠯᠳᠡ ᠶᠢ ᠴᠢᠨᠠᠭᠰᠢᠳᠠ ᠭᠥᠨᠵᠡᠭᠡᠶᠢᠷᠡᠭᠦᠯᠥᠨ᠂ ᠡᠷᠭᠡ ᠶᠢ ᠲᠤᠳᠤᠷᠠᠭᠤᠯᠤᠨ ᠨᠠᠷᠢᠰᠬᠠᠬᠤ ᠭᠥᠴᠥᠯᠡᠴᠡ ᠪᠠᠨ ᠨᠡᠮᠡᠭᠳᠡᠭᠦᠯᠵᠤ᠂ ᠡᠷᠭᠡ ᠪᠠ ᠡᠭᠦᠷᠭᠡ ᠶᠢᠨ ᠲᠤᠳᠤᠷᠬᠠᠶᠢᠯᠠᠯ ᠤᠨ ᠬᠠᠮᠢᠶᠠᠷᠤᠯᠳᠠ ᠶᠢ ᠪᠥᠭᠦ ᠲᠠᠯ᠎ᠠ ᠪᠠᠷ ᠬᠡᠷᠡᠭᠵᠢᠭᠦᠯᠥᠨ᠂ ᠡᠷᠭᠡ ᠪᠠᠭᠤᠯᠭᠠᠬᠤ ᠡᠷᠭᠡ ᠤᠯᠭᠤᠬᠤ ᠬᠠᠮᠢᠶᠠᠷᠤᠯᠳᠠ ᠶᠢ ᠭᠥᠳᠡᠯᠥᠩᠭᠦᠢ ᠡᠵᠡᠮᠳᠡᠵᠤ᠂ ᠠᠵᠤ ᠠᠬᠤᠶᠢᠯᠠᠯ ᠤᠨ ᠥᠪᠡᠰᠥᠪᠡᠨ ᠮᠡᠳᠡᠭᠦ ᠡᠷᠭᠡ ᠶᠢ ᠨᠠᠩ ᠴᠢᠯᠤᠭᠡᠳᠡᠢ ᠤᠯᠭᠤᠨ᠎ᠠ᠃ ᠥᠮᠴᠢᠯᠡᠯ ᠤᠨ ᠡᠷᠭᠡ᠂ ᠡᠳ᠋ ᠤᠨ ᠶᠠᠪᠤᠳᠠᠯ᠂ ᠪᠡᠯᠡ ᠤᠷᠤᠭᠤᠯᠤᠯᠳᠠ᠂ ᠲᠥᠯᠥᠪᠵᠢᠭᠦᠯᠥᠯᠳᠡ᠂ ᠬᠢᠨᠠᠨ ᠰᠢᠯᠭᠠᠷᠠᠭᠤᠯᠤᠯᠳᠠ᠂ ᠬᠤᠪᠢᠶᠠᠷᠢᠯᠠᠯᠳᠠ᠂ ᠥᠭᠡᠷᠡᠴᠢᠯᠡᠯᠳᠡ ᠵᠡᠷᠭᠡ ᠶᠢᠨ ᠡᠯ᠎ᠡ ᠬᠡᠪᠴᠢᠶᠡᠨ ᠳᠤ ᠬᠢ ᠲᠤᠰᠢᠶᠠᠯ ᠤᠨ ᠬᠢᠨᠠᠯᠳᠠ ᠶᠢ ᠪᠥᠭᠦ ᠲᠠᠯ᠎ᠠ ᠪᠠᠷ ᠴᠢᠩᠭᠠᠳᠬᠵᠤ᠂ ᠬᠢᠨᠠᠯᠳᠠ ᠬᠠᠮᠢᠶᠠᠷᠤᠯᠳᠠ ᠶᠢᠨ ᠠᠪᠴᠠᠯ ᠲᠠᠷᠠᠭᠠᠯᠠᠯ ᠢ ᠨᠡᠩ ᠵᠤᠬᠢᠰᠳᠠᠢ ᠪᠤᠯᠭᠠᠨ᠂ ᠰᠢᠨᠵᠢᠯᠡᠭᠦ ᠤᠬᠠᠭᠠᠨᠴᠢ ᠪᠥᠭᠡᠳ ᠪᠥᠳᠥᠮᠵᠢ ᠰᠠᠶᠢᠳᠠᠢ ᠰᠢᠰᠲ᠋ᠧᠮ ᠪᠠᠷᠢᠮᠵᠢᠶ᠎ᠠ ᠶᠢ ᠲᠤᠭᠳᠠᠭᠠᠵᠤ᠂ ᠤᠯᠤᠰ ᠤᠨ ᠥᠮᠴᠢᠯᠡᠯᠳᠤ ᠭᠥᠷᠥᠩᠭᠡ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠬᠠᠨᠳᠤᠯᠭᠠᠳᠤ ᠴᠢᠨᠠᠷ ᠪᠤᠯᠤᠨ ᠪᠥᠳᠥᠮᠵᠢᠳᠤ ᠴᠢᠨᠠᠷ ᠢ ᠤᠯᠠᠮ ᠲᠡᠭᠡᠭᠰᠢᠯᠡᠭᠦᠯᠥᠨ᠎ᠡ᠃ ᠲᠥᠷᠪᠡ ᠳᠤ ᠲᠤᠬᠢᠷᠠᠭᠤᠯᠭ᠎ᠠ ᠪᠠ ᠪᠥᠳᠥᠮᠵᠢ ᠶᠢ ᠲᠡᠭᠡᠭᠰᠢᠯᠡᠭᠦᠯᠥᠨ᠂ ᠪᠠᠶᠢᠷᠢᠯᠠᠭᠤᠯᠤᠯᠳᠠ ᠪᠠ ᠪᠥᠳᠥᠴᠡ ᠶᠢ ᠰᠢᠯᠢᠳᠡᠭᠵᠢᠭᠦᠯᠥᠨ᠎ᠡ᠃ ᠠᠵᠤ ᠠᠬᠤᠶᠢᠯᠠᠯ ᠤᠨ ᠭᠥᠭᠵᠢᠯᠳᠡ ᠶᠢᠨ ᠬᠠᠷᠠᠯᠳᠠ ᠬᠢᠭᠡᠳ ᠪᠤᠳᠤᠯᠭ᠎ᠠ ᠪᠠᠶᠢᠷᠢᠰᠢᠭᠤᠯᠤᠯᠳᠠ ᠶᠢ ᠲᠤᠭᠳᠠᠭᠠᠵᠤ᠂ ᠭᠤᠤᠯ ᠠᠵᠢᠯ ᠤᠨ ᠭᠥᠭᠵᠢᠯᠳᠡ ᠶᠢᠨ ᠬᠠᠨᠳᠤᠰᠢ ᠪᠠ ᠭᠤᠤᠯᠳᠠᠯᠭ᠎ᠠ ᠶᠢ ᠲᠤᠳᠤᠳᠬᠠᠨ᠂ ᠰᠤᠬᠤᠷ ᠪᠠᠯᠠᠢ ᠪᠠᠷ ᠲᠥᠷᠥᠯ ᠵᠥᠢᠯ ᠡᠭᠦᠰᠭᠡᠭᠦ ᠶᠢ ᠲᠠᠪᠴᠢᠵᠤ᠂ ᠭᠤᠤᠯ ᠪᠤᠯᠬᠤ ᠲᠤᠬᠠᠶᠢᠯᠠᠭᠰᠠᠨ ᠠᠵᠢᠯ ᠤᠨ ᠰᠤᠷᠪᠤᠯᠵᠢ ᠪᠠᠶᠢᠷᠢᠰᠢᠭᠤᠯᠤᠯᠳᠠ ᠶᠢᠨ ᠪᠥᠳᠥᠮᠵᠢ ᠴᠢᠳᠠᠮᠵᠢ᠂ ᠠᠰᠢᠭ ᠤᠷᠤᠯᠭ᠎ᠠ ᠬᠢᠭᠡᠳ ᠥᠷᠢᠰᠭᠦ ᠭᠥᠴᠥᠨ ᠢ ᠴᠢᠩᠭᠠᠳᠬᠠᠨ᠎ᠠ᠃      ︵ᠲᠠᠪᠤ︶ ᠥᠭᠡᠷᠡᠴᠢᠯᠡᠯᠳᠡ ᠶᠢ ᠤᠯᠠᠮ ᠢᠶᠠᠷ ᠭᠥᠨᠵᠡᠭᠡᠶᠢᠷᠡᠭᠦᠯᠵᠤ᠂ ᠵᠠᠰᠠᠯᠳᠠ ᠬᠠᠮᠢᠶᠠᠷᠤᠯᠳᠠ ᠶᠢᠨ ᠴᠢᠳᠠᠪᠤᠷᠢ ᠶᠢ ᠯᠠᠪᠳᠠᠭᠤᠨ ᠲᠡᠭᠡᠭᠰᠢᠯᠡᠭᠦᠯᠥᠨ᠎ᠡ᠃ ᠨᠢᠭᠡ  ᠳᠤ ᠡᠷᠭᠡ ᠮᠡᠳᠡᠯ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ ᠥᠭᠡᠷᠡᠴᠢᠯᠠᠯᠳᠡ ᠶᠢ ᠨᠠᠶᠢᠳᠠᠪᠤᠷᠢᠵᠢᠭᠤᠯᠤᠨ᠎ᠠ᠃ ︽ᠲᠥᠰᠥᠪ ᠤᠨ ᠬᠠᠤᠯᠢ︾ ᠶᠢ ᠬᠢᠨᠠᠮᠠᠭᠠᠢ ᠲᠤᠤᠱᠯᠠᠭᠤᠯᠵᠤ᠂ ᠰᠢᠨ᠎ᠡ ᠨᠠᠶᠢᠷᠠᠭᠤᠯᠤᠨ ᠲᠤᠭᠳᠠᠭᠠᠭᠰᠠᠨ ︽ᠲᠥᠰᠥᠪ ᠤᠨ ᠬᠠᠤᠯᠢ ᠶᠢᠨ ᠬᠡᠷᠡᠭᠵᠢᠭᠦᠯᠭᠦ ᠲᠥᠷᠢᠮ︾ ᠢ ᠰᠠᠶᠢᠳᠤᠷ ᠨᠠᠶᠢᠳᠠᠪᠤᠷᠢᠵᠢᠭᠤᠯᠤᠨ ᠂ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠳᠡ ᠶᠢᠨ ᠠᠵᠢᠯ ᠢ ᠭᠥᠨᠵᠡᠭᠡᠢ ᠠᠬᠢᠭᠤᠯᠵᠤ᠂ ᠡᠳ᠋ ᠤᠨ ᠵᠠᠰᠠᠭ ᠤᠨ ᠡᠷᠭᠡ ᠮᠡᠳᠡᠯ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢᠨ ᠡᠷᠭᠡ ᠰᠠᠯᠭᠠᠯᠳᠠ ᠶᠢᠨ ᠥᠭᠡᠷᠡᠴᠢᠯᠡᠯᠳᠡ ᠶᠢᠨ ᠪᠠᠶᠢᠷᠢᠰᠢᠭᠤᠯᠤᠯᠳᠠ ᠶᠢ ᠰᠠᠶᠢᠳᠤᠷ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠬᠠᠮᠢᠶᠠᠷᠤᠯᠳᠠ ᠶᠢᠨ ᠴᠢᠨᠠᠷᠵᠢᠯ ᠲᠥᠪᠰᠢᠨ ᠢ ᠤᠯᠠᠮ ᠲᠡᠭᠡᠭᠰᠢᠯᠡᠭᠦᠯᠥᠨ᠎ᠡ᠃ ᠬᠤᠶᠠᠷ ᠲᠤ ᠪᠥᠳᠥᠮᠵᠢ ᠶᠢᠨ ᠬᠠᠮᠢᠶᠠᠷᠤᠯᠳᠠ ᠶᠢᠨ ᠥᠭᠡᠷᠡᠴᠢᠯᠡᠯᠳᠡ ᠶᠢᠨ ᠠᠵᠢᠯ ᠢ ᠠᠬᠢᠭᠤᠯᠤᠨ᠎ᠠ᠃ ᠲᠥᠰᠥᠪ ᠤᠨ ᠪᠥᠳᠥᠮᠵᠢ ᠶᠢᠨ ᠬᠠᠮᠢᠶᠠᠷᠤᠯᠳᠠ ᠢ ᠭᠥᠨᠵᠡᠭᠡᠶᠢᠷᠡᠭᠦᠯᠥᠨ᠂ ᠲᠤᠰ ᠠᠵᠢᠯ ᠤᠨ ᠭᠥᠨᠴᠡ ᠪᠠ ᠥᠷᠭᠡᠴᠡ ᠶᠢ ᠨᠡᠮᠡᠭᠳᠡᠭᠦᠯᠵᠤ᠂ ᠪᠥᠭᠦ ᠲᠠᠯ᠎ᠠ ᠪᠥᠭᠦ ᠭᠤᠭᠴᠤᠭ᠎ᠠ ᠪᠥᠭᠦ ᠬᠡᠪᠴᠢᠶ᠎ᠡ ᠶᠢ ᠬᠠᠮᠤᠷᠤᠭᠰᠠᠨ ᠲᠥᠰᠥᠪ ᠤᠨ ᠪᠥᠳᠥᠮᠵᠢ ᠶᠢᠨ ᠬᠠᠮᠢᠶᠠᠷᠤᠯᠳᠠ ᠶᠢᠨ ᠰᠢᠰᠲ᠋ᠧᠮ ᠢ ᠱᠠᠯᠠᠪ ᠴᠤᠭᠴᠠᠯᠠᠨ᠂ ᠠᠷᠪᠢᠴᠢ ᠬᠢᠮᠠᠭᠠᠳᠠᠢ ᠪᠠᠶᠢᠬᠤ ᠵᠡᠷᠴᠢᠮ ᠳᠤ ᠰᠠᠭᠤᠷᠢᠯᠠᠨ ᠰᠢᠨᠵᠢᠯᠡᠭᠦ ᠤᠬᠠᠭᠠᠨᠴᠢ ᠪᠠᠷ ᠪᠥᠳᠥᠮᠵᠢ ᠶᠢᠨ ᠬᠠᠷᠠᠯᠳᠠ ᠲᠤᠭᠳᠠᠭᠠᠵᠤ᠂ ︽ᠵᠤᠭᠤᠰ ᠵᠠᠷᠤᠬᠤ ᠳᠤ ᠪᠥᠳᠥᠮᠵᠢ ᠶᠢ ᠬᠢᠨᠠᠮᠵᠢᠯᠠᠨ᠂ ᠪᠥᠳᠥᠮᠵᠢ ᠥᠭᠡᠢ ᠪᠤᠯ ᠬᠠᠷᠢᠭᠤᠴᠠᠯᠭ᠎ᠠ ᠠᠰᠠᠭᠤᠬᠤ︾ ᠪᠥᠳᠥᠮᠵᠢᠳᠤ ᠤᠬᠠᠮᠰᠠᠷ ᠢ ᠪᠤᠢ ᠪᠤᠯᠭᠠᠨ᠂ ᠲᠥᠰᠥᠪ ᠤᠨ ᠬᠠᠮᠢᠶᠠᠷᠤᠯᠳᠠ ᠶᠢ ᠤᠯᠠᠮ ᠴᠢᠩᠭᠠᠳᠬᠠᠨ᠎ᠠ᠃ ᠲᠥᠰᠥᠪ ᠪᠠ ᠪᠥᠳᠥᠮᠵᠢ ᠶᠢᠨ ᠬᠠᠮᠢᠶᠠᠷᠤᠯᠳᠠ ᠶᠢ ᠢᠵᠢ ᠴᠤᠭᠴᠠᠵᠢᠭᠤᠯᠬᠤ ᠠᠵᠢᠯ ᠢ ᠭᠥᠨᠵᠡᠭᠡᠶᠢᠷᠡᠭᠦᠯᠵᠤ᠂ ᠲᠥᠰᠥᠪ ᠤᠨ ᠪᠥᠳᠥᠮᠵᠢ ᠶᠢᠨ ᠬᠠᠮᠢᠶᠠᠷᠤᠯᠳᠠ ᠶᠢᠨ ᠠᠵᠢᠯ ᠬᠢᠭᠡᠳ ᠡᠳ᠋ ᠤᠨ ᠵᠠᠰᠠᠭ ᠤᠨ ᠭᠤᠤᠯᠳᠠᠯᠭᠠᠳᠤ ᠠᠵᠢᠯ ᠤᠨ ᠬᠤᠯᠪᠤᠭ᠎ᠠ ᠬᠠᠷᠢᠴᠠᠭ᠎ᠠ ᠶᠢ ᠴᠢᠩᠭᠠᠳᠬᠠᠨ᠂  ᠠᠵᠢᠯ ᠤᠨ ᠪᠥᠳᠥᠮᠵᠢ ᠶᠢᠨ ᠬᠠᠮᠢᠶᠠᠷᠤᠯᠳᠠ ᠶᠢᠨ ᠠᠪᠴᠠᠯ ᠢᠶᠠᠷ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠳᠡ ᠶᠢᠨ ᠪᠥᠳᠥᠮᠵᠢ ᠶᠢ ᠨᠠᠩ ᠰᠠᠶᠢᠳᠤᠷ ᠪᠠᠳᠤᠯᠠᠨ᠎ᠠ᠃ ᠭᠤᠷᠪᠠ ᠳᠤ ᠵᠠᠰᠠᠭ  ᠤᠨ ᠤᠷᠳᠤᠨ ᠤ ᠬᠤᠳᠠᠯᠳᠤᠨ ᠠᠪᠬᠤ ᠠᠵᠢᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠎ᠡ᠃ ᠬᠤᠳᠠᠯᠳᠤᠨ ᠠᠪᠬᠤ ᠠᠵᠢᠯ ᠤᠨ ᠰᠥᠯᠵᠢᠶᠡᠨ ᠲᠡᠭᠡᠷᠡᠬᠢ ᠭᠥᠢᠴᠡᠳᠭᠡᠯ ᠢ ᠴᠢᠬᠤᠯᠠᠴᠢᠯᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ ᠤᠨ ᠭᠤᠤᠯᠳᠠᠯᠭ᠎ᠠ ᠳᠤ ᠲᠤᠬᠢᠷᠠᠭᠤᠯᠤᠯᠳᠠ ᠬᠢᠵᠤ᠂ ᠤᠷᠢᠳᠠᠬᠢ ᠴᠤᠬᠤᠯᠠᠯ  ᠤᠨ ᠭᠥᠨᠳᠥᠴᠡ ᠶᠢ ᠠᠵᠢᠯ ᠤᠨ ᠲᠤᠮᠳᠠᠬᠢ ᠪᠠ ᠠᠵᠢᠯ ᠤᠨ ᠬᠤᠶᠢᠨᠠᠬᠢ ᠬᠢᠨᠠᠯᠳᠠ ᠳᠤ ᠰᠢᠯᠵᠢᠭᠦᠯᠥᠨ᠂ ᠭᠠᠳᠠᠭᠠᠳᠤ ᠠᠴᠠ ᠤᠷᠤᠭᠤᠯᠬᠤ ᠪᠠᠷᠠᠭᠠᠨ ᠤ ᠬᠢᠨᠠᠨ ᠵᠥᠪᠰᠢᠶᠡᠷᠡᠯ ᠬᠢᠭᠡᠳ ᠵᠠᠰᠠᠭ ᠤᠨ ᠤᠷᠳᠤᠨ ᠠᠴᠠ ᠲᠠᠭᠠᠭᠠᠴᠢᠯᠠᠯᠳᠠ ᠵᠠᠷᠯᠠᠭᠰᠠᠨ ᠥᠭᠡᠢ ᠪᠠᠷ ᠬᠤᠳᠠᠯᠳᠤᠨ ᠠᠪᠬᠤ ᠬᠢᠨᠠᠨ ᠵᠥᠪᠰᠢᠶᠡᠷᠡᠯ ᠠᠴᠠ ᠪᠤᠰᠤ ᠠᠯᠢᠪᠠ ᠬᠤᠳᠠᠯᠳᠤᠨ ᠠᠪᠬᠤ ᠠᠵᠢᠯ ᠳᠤ ᠴᠥᠮ ᠲᠠᠩᠰᠠᠯᠠᠯᠳᠠ ᠬᠢᠵᠤ᠂ ᠬᠤᠳᠠᠯᠳᠤᠨ ᠠᠪᠤᠭᠴᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠵᠠᠰᠠᠭ  ᠤᠨ ᠤᠷᠳᠤᠨ ᠤ ᠬᠤᠳᠠᠯᠳᠤᠨ ᠠᠪᠬᠤ ᠠᠵᠢᠯ ᠤᠨ ᠰᠥᠯᠵᠢᠶᠡᠨ ᠪᠠᠶᠢᠭᠤᠯᠤᠯᠳᠠ ᠶᠢ ᠰᠠᠶᠢᠳᠤᠷ ᠲᠡᠭᠦᠯᠳᠡᠷᠵᠢᠭᠦᠯᠥᠨ᠂ ᠰᠥᠯᠵᠢᠶᠡᠨ ᠠᠰᠢᠭᠯᠠᠯᠳᠠ ᠪᠠᠷ ᠲᠤᠭ᠎ᠠ ᠪᠠᠷᠢᠮᠳᠠ ᠶᠢᠨ ᠲᠥᠷᠭᠡᠨ ᠨᠡᠪᠳᠡᠷᠡᠯᠴᠡᠭᠡ ᠶᠢ ᠪᠡᠶᠡᠯᠡᠭᠦᠯᠥᠨ᠎ᠡ᠃      ᠲᠥᠯᠥᠭᠡᠯᠡᠭᠴᠢᠳ ᠡ᠂ 2021 ᠤᠨ ᠪᠤᠯ ︽ᠠᠷᠪᠠᠨ ᠲᠥᠷᠪᠡᠳᠥᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠪᠥᠭᠦ ᠲᠠᠯ᠎ᠠ ᠪᠠᠷ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠥᠳᠥᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠳᠡ ᠶᠢᠨ ᠵᠢᠯ᠂ ᠮᠥᠨ ᠴᠤ ᠨᠠᠮ ᠪᠠᠶᠢᠭᠤᠯᠤᠭᠳᠠᠭᠰᠠᠨ 100 ᠵᠢᠯ ᠤᠨ ᠤᠢ ᠲᠤᠬᠢᠶᠠᠯᠳᠤᠯ ᠶᠤᠮ᠃ ᠰᠢᠨ᠎ᠡ ᠨᠢᠭᠡᠨ ᠵᠢᠯ ᠳᠤ᠂ ᠪᠢᠳᠠ ᠰᠢ ᠶᠢᠨ ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠨᠡᠩ ᠪᠠᠳᠤ ᠪᠥᠯᠭᠦᠮᠳᠠᠵᠤ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠬᠤᠰᠢᠭᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠡᠷᠴᠢᠳᠤ ᠤᠳᠤᠷᠢᠳᠤᠯᠭ᠎ᠠ ᠲᠤᠤᠷ᠎ᠠ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠤᠬᠠᠮᠰᠠᠷ ᠠᠴᠠ ᠪᠠᠨ ᠭᠥᠯᠢᠶᠡᠨ᠂ ᠤᠯᠤᠰ ᠲᠥᠷᠥ ᠶᠢᠨ ᠵᠥᠪᠯᠡᠯᠭᠡᠨ ᠤ ᠰᠠᠨᠠᠭᠤᠯᠭ᠎ᠠ ᠶᠢ ᠭᠢᠴᠢᠶᠡᠩᠭᠦᠶᠢᠯᠡᠨ ᠰᠤᠨᠤᠰᠴᠤ᠂ ᠢᠳᠡᠭᠡᠯ ᠢᠶᠠᠨ ᠪᠠᠳᠤᠳᠬᠠᠨ ᠬᠠᠳᠠᠭᠤᠵᠢᠯᠳᠠᠢ ᠠᠵᠢᠯᠯᠠᠵᠤ᠂ ᠭᠥᠴᠢᠷ ᠢ ᠢᠯᠠᠨ ᠤᠷᠤᠭᠰᠢᠯᠡᠨ ᠲᠠᠪᠰᠢᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠥᠢᠯᠡᠳᠥᠯ ᠢ ᠭᠥᠢᠴᠡᠳ ᠪᠠᠳᠠᠷᠠᠭᠤᠯᠤᠨ᠂ ᠪᠥᠭᠦ ᠬᠤᠰᠢᠭᠤᠨ ᠤ ᠠᠵᠤ ᠠᠬᠤᠢ ᠶᠢᠨ ᠥᠷᠭᠦᠯᠵᠢᠭᠦᠶᠢᠴᠡ ᠡᠷᠡᠭᠦᠯ ᠭᠥᠭᠵᠢᠯᠳᠡ ᠪᠠ ᠨᠡᠶᠢᠭᠡᠮ ᠤᠨ ᠠᠬᠤᠢ ᠶᠢᠨ ᠲᠤᠭᠳᠠᠭᠤᠨ ᠵᠤᠬᠢᠴᠠᠯ ᠳᠤ ᠪᠠᠳᠤ ᠴᠢᠩᠭ᠎ᠠ ᠡᠳ᠋ ᠤᠨ ᠭᠥᠴᠥᠨ ᠤ ᠪᠠᠳᠤᠯᠠᠭ᠎ᠠ ᠬᠠᠩᠭᠠᠰᠤᠭᠠᠢ︕ 
ᠢᠷᠡᠯᠲᠡ᠄ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠣᠳᠣᠭᠠᠷ ᠬᠤᠷᠠᠯᠳᠣᠭᠠᠨ