ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠣᠳᠣᠭᠠᠷ ᠬᠤᠷᠠᠯᠳᠣᠭᠠᠨ ᠤ ᠪᠢᠴᠢᠭ ᠮᠡᠲ᠋ᠧᠷᠢᠶᠠᠯ ︵ᠠᠷᠪᠠᠨ ᠲᠦᠷᠪᠡ︶
ᠨᠡᠶᠢᠲᠡᠯᠡᠭᠰᠡᠨ ᠴᠠᠭ᠄
2022/11/30
ᠤᠳᠤᠭ ᠤᠨ ᠡᠮᠤᠨᠡᠳᠤ ᠬᠤᠰᠢᠭᠤᠨ ᠤ 2020 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2021  ᠤᠨ ᠤ  ᠤᠯᠤᠰ ᠠᠷᠠᠤᠨ ᠤᠨᠠᠵᠤ  ᠠᠬᠤᠢ  ᠪᠤᠯᠤᠨ  ᠨᠠᠶᠢᠬᠡᠮ ᠤᠨ  ᠬᠦᠭᠵᠢᠯᠳᠠ  ᠶᠢᠨ  ᠲᠦᠯᠤᠪᠯᠡᠭᠡ  ᠶᠢᠨ  ᠲᠦᠰᠤᠯ  ᠤᠨ  ᠮᠡᠳᠡᠬᠦᠯᠤᠯᠳᠠ                         —  2021 ᠤᠨ ᠤ 2 ᠰᠠᠷ᠎ᠠ  ᠶᠢᠨ 24 ᠤ ᠡᠳᠤᠷ ᠤᠳᠤᠭ ᠤᠨ  ᠡᠮᠤᠨᠡᠳᠤ ᠬᠤᠰᠢᠭᠤᠨ ᠤ ᠠᠷᠪᠠᠳᠦᠭᠠᠷ                        ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠠᠪᠣᠳᠣᠭᠠᠷ ᠬᠤᠷᠠᠯᠳᠤᠭᠠᠨ ᠳᠡᠬᠡᠷ᠎ᠠ                                ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠵᠥᠪᠯᠡᠯ ᠲᠦᠯᠤᠬᠡᠯᠡᠭᠴᠢᠤᠨ ᠡ ᠄      ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2020 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2021 ᠣᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ ᠲᠦᠷᠤ  ᠶᠢᠨ ᠵᠦᠪᠯᠡᠯᠬᠡᠨ  ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃      ᠨᠢᠬᠡ᠂ 2020 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ      ᠦᠨᠦ ᠵᠢᠯ ᠠᠴᠠ ᠢᠨᠠᠭᠰᠢ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠬᠡᠴᠡᠭᠦᠦ ᠰᠢᠯᠭᠠᠯᠲᠠ ᠶᠢᠨ ᠡᠮᠦᠨ᠎ᠡ ᠪᠦᠬᠦ ᠬᠤᠰᠢᠭᠤ ᠪᠠᠷ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠴᠢᠲᠦ ᠣᠳᠣᠷᠢᠳᠣᠯᠭ᠎ᠠ ᠪᠣᠯᠣᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠣ᠂ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠠᠷᠠᠳ ᠤᠨ ᠲᠦᠯᠦᠭᠡᠯᠡᠭᠴᠢᠳ ᠤᠨ ᠬᠤᠷᠠᠯ ᠤᠨ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠪᠠ ᠠᠵᠣ ᠠᠬᠤᠢ ᠨᠡᠶᠢᠬᠡᠮ ᠤᠨ ᠭᠦᠭᠵᠢᠯᠲᠡ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠣ᠂ ︽ᠵᠢᠷᠭᠤᠭ᠎ᠠ ᠶᠢ ᠲᠣᠭᠲᠠᠪᠣᠷᠢᠵᠢᠭᠤᠯᠬᠤ︾ ᠠᠵᠢᠯ ᠢ ᠯᠠᠪᠳᠠᠭᠤᠨ ᠪᠠᠲᠣᠲᠠᠢ ᠰᠠᠶᠢᠲᠣᠷ ᠬᠢᠵᠦ᠂ ︽ᠵᠢᠷᠭᠤᠭ᠎ᠠ ᠶᠢ ᠪᠠᠲᠣᠯᠠᠬᠤ︾ ᠡᠭᠦᠷᠭᠡ ᠶᠢ ᠨᠠᠶᠢᠲᠠᠪᠤᠷᠢᠵᠢᠭᠤᠯᠣᠭᠰᠠᠨ ᠠᠴᠠ ᠪᠦᠬᠦ ᠬᠤᠰᠢᠭᠤᠨ ᠤ ᠠᠵᠣ ᠠᠬᠤᠢ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠳᠠᠭᠠᠭᠠᠭᠰᠠᠨ ᠪᠦᠭᠡᠳ ᠰᠠᠶᠢᠵᠢᠷᠠᠬᠤ ᠬᠠᠨᠳᠣᠰᠢ ᠢᠯᠡᠷᠡᠪᠡ᠃      ︵ᠨᠢᠭᠡ︶ ᠠᠵᠣ ᠠᠬᠤᠢ ᠶᠢᠨ ᠬᠦᠭᠵᠢᠯᠲᠡ ᠲᠣᠭᠲᠠᠭᠤᠨ ᠢᠶᠠᠷ ᠰᠡᠷᠭᠦᠪᠡ᠃ 2020 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 140.5 ᠳ᠋ᠦᠩᠰᠢᠭᠤᠷ ᠲᠦᠬᠦᠷᠢᠭ ᠪᠡᠶᠡᠯᠡᠭᠦᠯᠪᠡ︔ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 0.2% ᠢᠶᠠᠷ ᠨᠡᠮᠡᠭᠳᠡᠪᠡ︔ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ 10% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ 5.2% ᠢᠶᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 8.7 ᠳ᠋ᠦᠩᠰᠢᠭᠤᠷ ᠭᠷᠠᠳᠦ᠋ᠰ ᠲᠤ ᠬᠦᠷᠴᠦ᠂ 21.6% ᠪᠠᠷ ᠨᠡᠮᠡᠭᠳᠡᠪᠡ︔  ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ 1.1% ᠪᠠ 8.3% ᠨᠡᠮᠡᠭᠳᠡᠪᠠ᠃      ︵ᠬᠤᠶᠠᠷ︶ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠢᠳᠡᠪᠬᠢᠲᠡᠢ ᠦᠷ᠎ᠡ ᠪᠦᠲᠦᠮᠵᠢ ᠣᠯᠪᠠ᠃ ᠴᠠᠭ ᠲᠤᠬᠠᠢ ᠳᠤ ᠨᠢ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠲᠡᠰ ᠤᠨ ᠳᠠᠶᠢᠴᠢᠯᠠᠯᠲᠠ ᠶᠢ ᠡᠬᠢᠯᠡᠭᠦᠯᠵᠦ᠂ 2800 ᠰᠠᠶᠢᠨ ᠳᠣᠷᠠᠴᠣᠳ᠂ ᠨᠠᠮ ᠤᠨ ᠬᠡᠰᠢᠬᠦᠨ ᠴᠠᠭᠳᠠᠭ᠎ᠠ ᠶᠢ ᠳᠠᠶᠢᠴᠢᠯᠠᠨ ᠮᠤᠵᠢ ᠶᠢᠨ ᠬᠤᠭᠤᠷᠣᠨᠳᠣᠬᠢ ᠵᠠᠮ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ ᠵᠢᠵᠢᠭᠦᠷᠯᠡᠨ ᠰᠠᠬᠢᠵᠦ᠂ ᠬᠤᠯᠪᠣᠭᠠᠯᠠᠨ ᠰᠡᠷᠭᠡᠶᠢᠯᠡᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠪᠠ᠃ ᠡᠮᠴᠢᠯᠡᠭᠡᠨ ᠤ ᠠᠩᠬᠢ ᠪᠠᠶᠢᠭᠤᠯᠵᠣ᠂ ᠪᠦᠬᠦ ᠬᠤᠲᠠ ᠶᠢᠨ ᠠᠩᠬᠠᠳᠠᠭᠴᠢ ᠣᠨᠣᠰᠢᠯᠠᠭᠰᠠᠨ ᠡᠪᠡᠳᠴᠢᠲᠡᠨ ᠡᠳᠡᠭᠡᠨ ᠡᠷᠡᠭᠦᠯ ᠮᠡᠨᠳᠦ ᠡᠮᠨᠡᠯᠭᠡ ᠠᠴᠠ  ᠭᠠᠷᠪᠠ᠃ ᠭᠤᠣᠯᠳᠠᠯᠭ᠎ᠠ ᠲᠠᠢ ᠲᠠᠯᠠᠪᠣᠷ ᠤᠨ ᠬᠦᠮᠦᠰ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢᠶᠠᠨ ᠴᠢᠩᠭᠠᠳᠬᠠᠨ᠂ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠠᠴᠠ  ᠨᠡᠶᠢᠲᠡ 72 ᠠᠵᠢᠯᠲᠠᠨ ᠢ 8 ᠪᠦᠯᠦᠭ ᠬᠤᠪᠢᠶᠠᠨ ᠵᠣᠬᠢᠶᠠᠨ ᠪᠠᠶᠢᠭᠤᠯᠵᠣ᠂ ᠤᠷᠳᠣᠰ ᠬᠤᠲᠠ ᠶᠢᠨ ᠨᠢᠰᠭᠡᠯ ᠤᠨ ᠪᠠᠭᠤᠳᠠᠯ᠂ ᠭᠠᠯᠲᠣ ᠲᠡᠷᠭᠡᠨ ᠦᠷᠲᠡᠭᠡ ᠵᠡᠷᠭᠡ 4 ᠬᠠᠰᠢᠨ ᠪᠠᠶᠢᠴᠠᠭᠠᠬᠤ ᠴᠡᠭ ᠲᠤ 4 ᠰᠠᠷ᠎ᠠ ᠶᠢᠨ ᠬᠤᠭᠤᠴᠠᠭ᠎ᠠ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠰᠢᠨ ᠪᠠᠶᠢᠴᠠᠭᠠᠯᠲᠠ ᠶᠢᠨ ᠠᠵᠢᠯ ᠢ ᠦᠷᠨᠢᠭᠦᠯᠵᠦ᠂ ᠠᠷᠠᠳ ᠣᠯᠠᠨ ᠤ ᠠᠮᠢ ᠨᠠᠰᠣᠨ ᠤ ᠠᠮᠣᠷ ᠳᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠣᠯᠠᠪᠠ᠃      ︵ᠭᠤᠷᠪᠠ︶ ᠠᠵᠣ ᠦᠢᠯᠡᠰ ᠤᠨ ᠬᠦᠭᠵᠢᠯᠲᠡ ᠲᠦᠷᠭᠡᠨ ᠢᠶᠠᠷ ᠰᠡᠷᠭᠦᠪᠡ᠃  ᠮᠠᠯ ᠲᠠᠷᠢᠶᠠᠯᠠᠩ ᠤᠨ ᠲᠡᠯ᠎ᠡ ᠪᠠᠷ᠂ ᠪᠦᠬᠦ ᠬᠤᠰᠢᠭᠤᠨ ᠤ ᠲᠠᠷᠢᠮᠠᠯ ᠤᠨ ᠲᠠᠯᠠᠪᠠᠢ 79.72 ᠲᠦᠮᠡᠨ ᠮᠣ᠋ ᠳᠤ ᠬᠦᠷᠴᠦ᠂ ᠡᠭᠦᠨ ᠳᠤ ᠠᠮᠤ ᠪᠣᠳᠠᠭᠠᠨ ᠤ ᠲᠠᠷᠢᠮᠠᠯ 55.42 ᠲᠦᠮᠡᠨ ᠮᠣ᠋᠂ ᠠᠵᠣ ᠠᠬᠤᠢ ᠶᠢᠨ ᠲᠠᠷᠢᠮᠠᠯ 5.92 ᠲᠦᠮᠡᠨ ᠮᠣ᠋ ᠂ ᠲᠡᠵᠢᠭᠡᠯ ᠪᠣᠷᠳᠣᠭᠠᠨ ᠤ ᠲᠠᠷᠢᠮᠠᠯ 18.38 ᠲᠦᠮᠡᠨ ᠮᠣ᠋ ᠳᠤ ᠬᠦᠷᠪᠡ︔ ᠮᠠᠯᠵᠢᠯ ᠤᠨ ᠣᠨ ᠤ ᠮᠠᠯ ᠤᠨ ᠲᠤᠭ᠎ᠠ 197.17 ᠲᠦᠮᠡᠨ ᠲᠣᠯᠣᠭᠠᠢ ᠳᠤ ᠬᠦᠷᠴᠦ᠂ ᠮᠠᠯ ᠲᠠᠷᠢᠶᠠᠯᠠᠩ ᠤᠨ ᠠᠵᠣ ᠦᠢᠯᠡᠰ ᠤᠨ ᠪᠦᠲᠦᠴᠡ ᠡᠳᠦᠷ ᠢᠷᠡᠬᠦᠶ᠎ᠡ ᠵᠣᠬᠢᠰᠲᠠᠢ ᠪᠣᠯᠪᠠ᠃ ᠠᠵᠣ ᠦᠢᠯᠡᠳᠪᠦᠷᠢ ᠶᠢᠨ ᠲᠡᠯ᠎ᠡ ᠪᠠᠷ᠂ ᠬᠤᠶᠠᠳᠣᠭᠠᠷ ᠠᠵᠣ ᠦᠢᠯᠡᠰ  ᠤᠨ ᠨᠡᠮᠡᠭᠳᠡᠯ ᠦᠷᠲᠡᠭ ᠢ 84.04 ᠳ᠋ᠦᠩᠰᠢᠭᠤᠷ ᠲᠦᠬᠦᠷᠢᠭ  ᠪᠡᠶᠡᠯᠡᠭᠦᠯᠪᠡ᠃ ᠭᠤᠣᠯ ᠪᠣᠯᠬᠤ ᠠᠵᠣ ᠦᠢᠯᠡᠳᠪᠦᠷᠢ ᠶᠢᠨ ᠦᠢᠯᠡᠳᠭᠦᠨ ᠤ ᠦᠢᠯᠡᠳᠪᠦᠷᠢᠯᠡᠯ ᠤᠨ ᠲᠣᠭᠲᠠᠭᠤᠨ ᠢ ᠪᠠᠲᠣᠯᠠᠵᠣ᠂ ᠪᠦᠬᠦ ᠬᠤᠰᠢᠭᠤᠨ ᠤ ᠨᠡᠭᠦᠷᠡᠰᠦᠨ ᠤ ᠭᠠᠷᠣᠯᠲᠠ 1432.3 ᠲᠦᠮᠡᠨ ᠳᠣᠨ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠣᠯᠲᠠ 52 ᠳ᠋ᠦᠩᠰᠢᠭᠤᠷ ᠺᠦᠪ ᠮᠧᠲᠷ᠂ ᠠᠵᠣ ᠦᠢᠯᠡᠳᠪᠦᠷᠢ ᠶᠢᠨ ᠪᠦᠲᠦᠭᠡᠭᠳᠡᠭᠦᠨ ᠤ ᠪᠣᠷᠣᠯᠠᠭᠤᠯᠣᠯᠲᠠ ᠶᠢᠨ ᠨᠣᠷᠮ᠎ᠠ 101.9% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠨᠡᠮᠡᠭᠳᠡᠪᠡ᠃  ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ  ᠬᠢ ᠠᠴᠠ 46.7% ᠪᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠤᠨ ᠲᠡᠯ᠎ᠡ ᠪᠠᠷ᠂ ᠬᠤᠪᠢᠰᠬᠠᠯᠲᠣ ᠬᠦᠮᠦᠵᠢᠯ ᠤᠨ ᠰᠣᠶᠣᠯ ᠤᠨ ᠠᠭᠤᠯᠬᠤᠨ ᠢ ᠳᠣᠪᠣᠶᠢᠯᠭᠠᠵᠣ᠂ ᠬᠤᠪᠢᠰᠬᠠᠯᠲᠣ ᠬᠦᠮᠦᠵᠢᠯ ᠤᠨ ᠰᠤᠳᠤᠯᠭ᠎ᠠ ᠰᠣᠷᠣᠯᠴᠠᠯᠭ᠎ᠠ ᠶᠢᠨ ᠬᠡᠯᠪᠡᠷᠢ ᠶᠢ ᠰᠢᠨᠡᠴᠢᠯᠡᠨ᠂ ᠪᠦᠬᠦ ᠵᠢᠯ ᠳᠤ 14.4 ᠲᠦᠮᠡᠨ ᠬᠦᠮᠦᠨ ᠣᠳᠠᠭ᠎ᠠ ᠶᠢᠨ ᠪᠣᠯᠪᠠᠰᠣᠷᠠᠯ ᠬᠦᠷᠲᠡᠭᠰᠡᠳ ᠢ ᠬᠦᠯᠢᠶᠡᠨ ᠠᠪᠣᠪᠠ︔ ᠬᠡᠷᠡᠮ ᠤᠨ ᠭᠤᠣᠯ᠂ ᠶᠡᠭᠡ ᠲᠣᠯᠣᠨ ᠦᠵᠡᠮᠵᠢ ᠶᠢᠨ ᠣᠷᠣᠨ ᠤ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠵᠢᠯ ᠤᠨ ᠬᠦᠯᠢᠶᠡᠨ  ᠠᠪᠣᠭᠰᠠᠨ ᠵᠢᠭᠤᠯᠴᠢᠳ 70 ᠲᠦᠮᠡᠨ ᠬᠦᠮᠦᠨ ᠣᠳᠠᠭ᠎ᠠ ᠶᠢ ᠳᠠᠪᠠᠵᠣ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 21 ᠳ᠋ᠦᠩᠰᠢᠭᠤᠷ ᠲᠦᠬᠦᠷᠢᠭ ᠲᠤ ᠬᠦᠷᠪᠡ ᠃      ︵ᠲᠦᠷᠪᠡ︶  ᠴᠢᠬᠤᠯᠠ ᠶᠡᠭᠡ ᠲᠦᠷᠦᠯ ᠵᠦᠢᠯ ᠯᠠᠪᠳᠠᠭᠤᠨ ᠠᠬᠢᠪᠠ᠃ ︽ᠴᠢᠬᠤᠯᠠ ᠶᠡᠭᠡ ᠲᠦᠷᠦᠯ ᠵᠦᠢᠯ ᠤᠨ ᠭᠤᠷᠪᠠᠨ ᠵᠢᠯ ᠤᠨ ᠰᠢᠪᠲᠣᠯᠣᠯᠲᠠ ᠶᠢᠨ ᠠᠵᠢᠯᠯᠠᠭ᠎ᠠ︾ ᠪᠠᠷ ᠭᠠᠷᠳᠠᠴᠠ ᠪᠣᠯᠭᠠᠵᠣ᠂ ᠪᠦᠬᠦ ᠬᠦᠴᠦᠨ ᠢᠶᠠᠷ ᠭᠤᠣᠯᠳᠠᠯᠭᠠᠲᠣ ᠲᠦᠷᠦᠯ ᠵᠦᠢᠯ᠂ ᠡᠷᠬᠢᠯᠲᠡ ᠶᠢᠨ  ᠲᠣᠬᠢᠷᠠᠭᠤᠯᠣᠯᠲᠠ ᠶᠢ ᠠᠳᠬᠤᠪᠠ᠃ 2020 ᠣᠨ ᠳᠤ ᠪᠦᠬᠦ ᠬᠤᠰᠢᠭᠤ ᠡᠯ᠎ᠡ ᠲᠦᠷᠦᠯ ᠤᠨ 77 ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠭᠡᠳ᠂ 70 ᠳ᠋ᠦᠩᠰᠢᠭᠤᠷ ᠲᠦᠬᠦᠷᠢᠭ  ᠤᠨ ᠪᠡᠯᠡ ᠣᠷᠣᠭᠤᠯᠣᠨ᠂ 76 ᠲᠦᠷᠦᠯ ᠵᠦᠢᠯ ᠢ ᠠᠵᠢᠯ ᠰᠡᠷᠭᠦᠭᠡᠨ ᠡᠬᠢᠯᠡᠭᠦᠯᠵᠦ᠂ ᠠᠵᠢᠯ ᠰᠡᠷᠭᠦᠭᠡᠨ ᠡᠬᠢᠯᠡᠭᠦᠯᠦᠭᠰᠡᠨ ᠨᠣᠷᠮ᠎ᠠ 98.7% ᠳᠤ ᠬᠦᠷᠪᠡ᠃  ︽ᠲᠦᠷᠦᠯ ᠵᠦᠢᠯ  ᠢ ᠨᠦᠭᠡᠴᠡᠯᠡᠬᠦ ᠪᠣᠯ ᠳᠠᠷᠣᠢ ᠬᠦᠭᠵᠢᠯᠲᠡ ᠶᠢᠨ ᠡᠵᠡᠮᠳᠡᠯ᠂ ᠲᠦᠷᠦᠯ ᠵᠦᠢᠯ ᠢ ᠲᠠᠲᠠᠨ ᠠᠪᠴᠢᠷᠠᠬᠤ ᠪᠣᠯ ᠳᠠᠷᠣᠢ ᠬᠦᠭᠵᠢᠯᠲᠡ ᠶᠢᠨ ᠡᠵᠡᠮᠳᠡᠯ︾ ᠬᠡᠬᠦ ᠣᠶᠢᠯᠠᠭᠠᠭᠳᠠᠬᠤᠨ ᠢ ᠪᠠᠷᠢᠮᠲᠠᠯᠠᠵᠣ᠂ 2021 ᠣᠨ ᠤ ᠭᠤᠣᠯᠳᠠᠯᠭᠠᠲᠣ ᠲᠦᠷᠦᠯ ᠵᠦᠢᠯ ᠢ ᠲᠣᠭᠲᠠᠭᠠᠬᠤ ᠪᠦᠬᠦᠶᠢᠯᠡ ᠠᠵᠢᠯ ᠢ ᠪᠣᠳᠠᠲᠠᠢ ᠠᠳᠬᠤᠨ᠂ ᠨᠡᠶᠢᠲᠡ 97 ᠡᠯ᠎ᠡ ᠵᠦᠢᠯ ᠤᠨ ᠲᠦᠷᠦᠯ ᠵᠦᠢᠯ ᠢ ᠡᠮᠬᠢᠯᠡᠨ ᠬᠤᠷᠢᠶᠠᠩᠭᠤᠶᠢᠯᠠᠵᠣ᠂ ᠨᠡᠶᠢᠲᠡ 795.1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠬᠤ ᠪᠠᠷ ᠪᠠᠶᠢᠨ᠎ᠠ᠃ ᠠᠵᠣ ᠦᠢᠯᠡᠳᠪᠦᠷᠢ ᠶᠢᠨ ᠲᠦᠷᠦᠯ ᠵᠦᠢᠯ ᠯᠠᠪᠳᠠᠭᠤᠨ ᠪᠠᠲᠣᠲᠠᠢ ᠠᠬᠢᠪᠠ᠃ ᠴᠠᠩ ᠴᠧᠩ 1 ᠨᠣᠮᠧᠷᠲᠣ ᠠᠭᠤᠷᠬᠠᠢ ᠶᠢᠨ ᠲᠡᠰ ᠳᠡᠪᠰᠢᠭᠦᠯᠬᠦ ᠦᠭᠡᠷᠡᠴᠢᠯᠡᠯᠲᠡ᠂ ᠴᠠᠩ ᠴᠧᠩ 3᠂ 5᠂ 6 ᠨᠣᠮᠧᠷᠲᠣ ᠪᠠ ᠪᠠᠯᠠᠩ ᠤᠨ ᠠᠭᠤᠷᠬᠠᠢ ᠵᠡᠷᠭᠡ 5 ᠨᠡᠭᠦᠷᠡᠰᠦᠨ ᠠᠭᠤᠷᠬᠠᠢ ᠶᠢᠨ ᠪᠠᠶᠢᠭᠤᠯᠣᠯᠲᠠ ᠤᠷᠤᠭᠰᠢᠲᠡᠢ ᠠᠬᠢᠨ᠂ ᠡᠳᠦᠭᠡ ᠶᠠᠭ ᠠᠭᠤᠷᠬᠠᠢ ᠮᠠᠯᠲᠠᠬᠤ ᠦᠨᠡᠮᠯᠡᠯ ᠤᠨ ᠭᠠᠷᠳᠠᠮ ᠬᠦᠢᠴᠡᠳᠭᠡᠵᠦ᠂ ᠴᠠᠩ ᠴᠧᠩ 2 ᠨᠣᠮᠧᠷᠲᠣ ᠠᠭᠤᠷᠬᠠᠢ ᠶᠢ ᠦᠷᠭᠡᠳᠬᠡᠨ ᠪᠠᠶᠢᠭᠤᠯᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠠᠶᠢᠭᠤᠯᠣᠯᠲᠠ ᠶᠢᠨ ᠲᠦᠰᠦᠯ ᠤᠨ ᠲᠦᠯᠦᠪᠯᠡᠬᠦ ᠠᠵᠢᠯ ᠶᠠᠭ ᠶᠠᠪᠣᠭᠳᠠᠵᠣ ᠪᠣᠢ᠃ ᠱᠧᠩ ᠯᠤ᠋ ᠴᠠᠬᠢᠯᠭᠠᠨ ᠦᠢᠯᠡᠳᠪᠦᠷᠢ ᠶᠢᠨ 1 ᠨᠣᠮᠧᠷᠲᠣ ᠮᠠᠰᠢᠨ ᠴᠤᠭᠴᠠᠯᠠᠪᠤᠷᠢ᠂ 2 ᠨᠣᠮᠧᠷᠲᠣ ᠮᠠᠰᠢᠨ ᠴᠤᠭᠴᠠᠯᠠᠪᠤᠷᠢ ᠠᠰᠢᠭᠯᠠᠯᠲᠠ ᠳᠤ ᠣᠷᠣᠵᠣ᠂ ᠱᠠᠨᠳᠦ᠋ᠩ ᠳᠤ 22 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠦᠷᠭᠡᠪᠡ︔ ᠤᠯᠤᠰ ᠤᠨ ᠴᠠᠬᠢᠯᠭᠠᠨ ᠤ ᠱᠤᠸᠠᠩ ᠸᠧᠢ ᠴᠠᠬᠢᠯᠭᠠᠨ ᠦᠢᠯᠡᠳᠪᠦᠷᠢ ᠶᠢᠨ ᠬᠦᠷᠦᠭᠡᠯᠲᠡ ᠶᠢᠨ ᠰᠣᠪᠣᠷᠭ᠎ᠠ᠂ ᠠᠭᠤᠷ ᠤᠨ ᠲᠤᠭᠤᠭ᠎ᠠ ᠵᠢᠴᠢ ᠬᠤᠯᠠᠩ ᠤᠨ ᠭᠤᠣᠯ ᠴᠣᠭᠴᠠ ᠶᠢᠨ ᠪᠠᠷᠢᠯᠭ᠎ᠠ ᠶᠠᠪᠤᠭᠳᠠᠵᠣ ᠪᠣᠢ︔ ᠴᠠᠩ ᠴᠧᠩ ᠴᠠᠬᠢᠯᠭᠠᠨ ᠦᠢᠯᠡᠳᠪᠦᠷᠢ᠂ ᠣᠯᠣᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ ᠦᠢᠯᠡᠳᠪᠦᠷᠢ ᠶᠢᠨ ᠰᠠᠭᠤᠷᠢ ᠴᠢᠳᠬᠤᠬᠤ ᠪᠠᠷᠢᠯᠭ᠎ᠠ ᠶᠠᠪᠣᠭᠳᠠᠵᠣ ᠪᠣᠢ᠃ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠬᠦ ᠲᠦᠷᠦᠯ ᠵᠦᠢᠯ ᠤᠨ ᠬᠢᠨᠠᠨ ᠵᠦᠪᠰᠢᠶᠡᠷᠡᠭᠦᠯᠬᠦ ᠭᠤᠶᠣᠴᠢᠯᠠᠯ ᠢ ᠣᠯᠣᠰ ᠤᠨ ᠡᠨᠧᠷᠬᠢ ᠶᠢᠨ ᠲᠣᠪᠴᠢᠶᠠᠨ ᠳᠤ ᠮᠡᠳᠡᠭᠦᠯᠪᠡ᠃ ᠮᠠᠯ ᠲᠠᠷᠢᠶᠠᠯᠠᠩ ᠤᠨ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠪᠠ᠃ ᠦᠨᠳᠦᠷ ᠪᠠᠷᠢᠮᠵᠢᠶᠠᠲᠣ ᠲᠠᠷᠢᠶᠠᠨ ᠭᠠᠵᠠᠷ᠂ ᠠᠵᠣ ᠦᠢᠯᠡᠰ ᠢᠶᠠᠷ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ 27 ᠲᠦᠷᠦᠯ ᠵᠦᠢᠯ ᠢ ᠬᠡᠷᠡᠭᠵᠢᠭᠦᠯᠵᠦ᠂  ᠵᠠᠭᠤᠨ ᠲᠦᠮᠡᠨ ᠮᠣ᠋ ᠬᠠᠷᠭᠠᠨ᠎ᠠ ᠲᠠᠷᠢᠬᠤ ᠠᠵᠢᠯᠯᠠᠭ᠎ᠠ ᠶᠢ ᠡᠬᠢᠯᠡᠭᠦᠯᠦᠨ᠂  ᠬᠦᠳᠡᠭᠡ ᠲᠣᠰᠬᠤᠨ ᠤ ᠠᠵᠣ ᠦᠢᠯᠡᠰ ᠢ ᠬᠦᠭᠵᠢᠬᠦᠯᠬᠦ ᠪᠡᠯᠡ ᠮᠦᠩᠭᠦ ᠶᠢᠨ ᠳᠡᠳᠭᠦᠮᠵᠢᠲᠦ ᠲᠦᠷᠦᠯ ᠵᠦᠢᠯ ᠢ 143 ᠲᠠᠨᠢᠯᠴᠠᠭᠤᠯᠣᠨ ᠮᠡᠳᠡᠭᠦᠯᠵᠦ᠂ ᠬᠤᠯᠪᠣᠭᠳᠠᠬᠤ ᠪᠡᠯᠡ ᠮᠦᠩᠭᠦ 2.62 ᠳ᠋ᠦᠩᠰᠢᠭᠤᠷ ᠲᠦᠬᠦᠷᠢᠭ ᠲᠤ ᠬᠦᠷᠪᠡ᠃ ᠪᠦᠬᠦ ᠬᠤᠲᠠ ᠶᠢᠨ ᠬᠠᠮᠤᠭ ᠶᠡᠭᠡ ᠳᠠᠩ ᠴᠣᠭᠴᠠᠲᠣ ᠴᠢᠬᠢ ᠪᠣᠶᠢᠵᠢᠭᠤᠯᠬᠤ ᠰᠠᠭᠤᠷᠢᠨ ᠭᠠᠵᠠᠷ ᠪᠠᠶᠢᠭᠤᠯᠣᠭᠳᠠᠨ ᠠᠰᠢᠭᠯᠠᠯᠲᠠ ᠳᠤ ᠣᠷᠣᠵᠣ᠂ ᠵᠢᠯ ᠤᠨ ᠨᠣᠭᠤᠭ᠎ᠠ ᠵᠢᠮᠢᠰ ᠤᠨ ᠴᠢᠬᠢ ᠪᠣᠶᠢᠵᠢᠭᠤᠯᠬᠤ ᠴᠢᠳᠠᠮᠵᠢ 8000 ᠲᠦᠮᠡᠨ ᠰᠠᠭᠤᠷᠢ ᠶᠢ ᠳᠠᠪᠠᠪᠠ᠃ ᠰᠢᠨ᠎ᠡ ᠪᠠᠷ 1 ᠰᠠᠭᠤᠷᠢ ᠮᠠᠯ ᠲᠠᠷᠢᠶᠠᠯᠠᠩ ᠤᠨ ᠪᠦᠲᠦᠭᠡᠭᠳᠡᠭᠦᠨ ᠢ ᠪᠣᠯᠪᠠᠰᠣᠷᠠᠭᠤᠯᠬᠤ ᠰᠠᠭᠤᠷᠢᠨ ᠭᠠᠵᠠᠷ᠂ 1 ᠯᠠᠵᠣᠣ ᠬᠠᠲᠠᠭᠠᠬᠤ ᠦᠢᠯᠡᠳᠪᠦᠷᠢ ᠪᠠ 2 ᠮᠠᠯ ᠲᠠᠷᠢᠶᠠᠯᠠᠩ ᠤᠨ ᠪᠦᠲᠦᠭᠡᠭᠳᠡᠭᠦᠨ ᠢ ᠪᠣᠭᠤᠳᠠᠯᠯᠠᠬᠤ ᠬᠠᠶᠢᠷᠴᠠᠭ ᠤᠨ ᠦᠢᠯᠡᠳᠪᠦᠷᠢ ᠶᠢ ᠪᠠᠶᠢᠭᠤᠯᠵᠣ᠂ ᠮᠠᠯ ᠲᠠᠷᠢᠶᠠᠯᠠᠩ ᠤᠨ ᠪᠦᠲᠦᠭᠡᠭᠳᠡᠭᠦᠨ ᠢ ᠪᠣᠯᠪᠠᠰᠣᠷᠠᠭᠤᠯᠵᠣ ᠪᠣᠷᠣᠯᠠᠭᠤᠯᠬᠤ ᠴᠢᠳᠠᠪᠣᠷᠢ ᠢᠯᠡᠳᠲᠡ ᠳᠡᠭᠡᠭᠰᠢᠯᠡᠪᠡ᠃ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠯᠠᠪᠳᠠᠭᠤᠨ ᠠᠬᠢᠪᠠ᠃ ᠬᠤᠪᠢᠰᠬᠠᠯᠲᠣ ᠬᠦᠮᠦᠵᠢᠯ ᠤᠨ ᠵᠢᠭᠤᠯᠴᠢᠯᠠᠯ ᠤᠨ ᠨᠦᠯᠦᠭᠡᠯᠡᠬᠦ ᠬᠦᠴᠦᠨ ᠢ ᠦᠷᠭᠦᠯᠵᠢᠯᠡᠨ ᠦᠷᠭᠡᠳᠭᠡᠵᠦ᠂ 60 ᠭᠠᠷᠣᠢ ᠬᠤᠪᠢᠰᠬᠠᠯᠲᠣ ᠬᠦᠮᠦᠵᠢᠯ ᠤᠨ ᠰᠣᠳᠣᠯᠭ᠎ᠠ ᠰᠤᠷᠤᠯᠴᠠᠯᠭ᠎ᠠ ᠶᠢᠨ ᠦᠢᠯᠡᠳᠦᠯᠭᠡ ᠶᠢᠨ ᠴᠡᠭ ᠢ ᠪᠠᠶᠢᠭᠤᠯᠣᠨ᠂ ᠪᠣᠷᠣᠪᠠᠯᠭᠠᠰᠣ ᠶᠢᠨ ᠬᠤᠪᠢᠰᠬᠠᠯᠲᠤ ᠬᠦᠮᠦᠵᠢᠯ ᠤᠨ ᠲᠦᠪ ᠢ ᠬᠡᠷᠡᠭᠯᠡᠯᠲᠡ ᠳᠤ ᠣᠷᠣᠭᠤᠯᠣᠨ᠂ ᠬᠤᠪᠢᠰᠬᠠᠯᠲᠣ ᠬᠦᠮᠦᠵᠢᠯ ᠤᠨ ᠣᠷᠳᠣᠨ ᠬᠦᠷᠢᠶᠡᠯᠡᠩ ᠢ ᠲᠡᠰ ᠳᠡᠪᠰᠢᠬᠦᠯᠭᠦ ᠦᠭᠡᠷᠡᠴᠢᠯᠡᠯᠲᠡ ᠪᠠ ᠰᠢᠨᠡᠳᠭᠡᠨ ᠵᠠᠰᠠᠬᠤ ᠪᠠᠷᠢᠯᠭ᠎ᠠ ᠶᠢ ᠡᠬᠢᠯᠡᠬᠦᠯᠵᠦ᠂ ᠦᠵᠡᠭᠳᠡᠯᠲᠦ ᠵᠢᠭᠠᠨ ᠰᠤᠷᠭᠠᠯᠲᠠ ᠶᠢᠨ ᠲᠢᠩᠬᠢᠮ ᠤᠨ ᠲᠦᠷᠦᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠂ ᠵᠠᠰᠠᠵᠣ ᠴᠢᠮᠡᠬᠦ ᠠᠵᠢᠯ ᠶᠠᠪᠣᠭᠳᠠᠵᠣ ᠪᠣᠢ᠃ ᠦᠪᠡᠷᠲᠡᠭᠡᠨ ᠵᠠᠰᠠᠬᠤ ᠣᠷᠣᠨ ᠤ ᠣᠯᠠᠭᠠᠨ ᠵᠠᠭᠠᠯᠮᠠᠶᠢᠲᠠᠨ ᠤ ᠨᠡᠶᠢᠬᠡᠮᠯᠢᠭ ᠤᠨ ᠬᠦᠮᠦᠯᠢᠭ ᠰᠣᠶᠣᠯ ᠢ ᠣᠯᠠᠮᠵᠢᠯᠠᠨ ᠳᠡᠯᠭᠡᠷᠡᠭᠦᠯᠬᠦ ᠪᠠ ᠠᠮᠢ ᠨᠠᠰᠣ ᠡᠷᠡᠭᠦᠯ ᠮᠡᠨᠳᠦ ᠠᠮᠣᠷ ᠳᠦᠪᠰᠢᠨ ᠤ ᠬᠦᠮᠦᠵᠢᠯ ᠬᠢᠬᠦ ᠰᠠᠭᠤᠷᠢᠨ ᠭᠠᠵᠠᠷ ᠢ ᠪᠠᠶᠢᠭᠤᠯᠪᠠ᠃ ︽ᠵᠠᠮ ᠳᠠᠭᠠᠣ ᠶᠢᠨ ᠵᠢᠭᠤᠯᠴᠢᠯᠠᠯ ᠤᠨ ᠪᠦᠰᠡ︾ ᠶᠢᠨ ᠪᠠᠶᠢᠭᠤᠯᠣᠯᠲᠠ ᠶᠢ ᠲᠦᠷᠭᠡᠳᠭᠡᠨ᠂ ᠨᠠᠩᠰᠣ ᠠᠴᠠ ᠪᠣᠷᠣᠪᠠᠯᠭᠠᠰᠣ ᠬᠦᠷᠬᠦ ᠬᠤᠪᠢᠰᠬᠠᠯᠲᠣ ᠬᠦᠮᠦᠵᠢᠯ ᠤᠨ ᠵᠢᠭᠤᠯᠴᠢᠯᠠᠯ ᠤᠨ ᠵᠠᠰᠠᠮᠠᠯ ᠵᠠᠮ ᠤᠨ ᠲᠦᠷᠦᠯ ᠵᠦᠢᠯ᠂ ᠪᠣᠷᠣᠪᠠᠯᠭᠠᠰᠣᠨ ᠠᠴᠠ ᠲᠠᠬᠢᠯᠲᠣ ᠬᠦᠷᠬᠦ ᠬᠤᠪᠢᠰᠬᠠᠯᠲᠣ ᠬᠦᠮᠦᠵᠢᠯ ᠤᠨ ᠵᠢᠭᠤᠯᠴᠢᠯᠠᠯ ᠤᠨ ᠵᠠᠰᠠᠮᠠᠯ ᠵᠠᠮ ᠤᠨ ᠲᠦᠷᠦᠯ ᠵᠦᠢᠯ ᠨᠢᠭᠡᠨᠲᠡ ᠲᠡᠷᠭᠡ ᠨᠡᠪᠲᠡᠷᠡᠬᠦ ᠨᠦᠬᠦᠴᠡᠯ ᠪᠦᠷᠢᠳᠦᠪᠡ᠃      ︵ᠲᠠᠪᠤ︶ ᠡᠷᠡᠰ ᠰᠢᠭᠤᠷᠬᠠᠢ ᠠᠵᠢᠯᠯᠠᠨ ᠭᠤᠷᠪᠠᠨ ᠶᠡᠭᠡ ᠰᠢᠪᠲᠤᠯᠤᠯᠲᠠ ᠶᠢᠨ ᠠᠵᠢᠯ ᠤᠨ ᠠᠮᠵᠢᠯᠲᠠ ᠶᠢ ᠣᠯᠪᠠ᠃ ᠨᠣᠴᠢᠲᠠᠢ ᠳᠦᠭᠰᠢᠬᠦᠷᠢ ᠶᠢ ᠰᠡᠷᠭᠡᠶᠢᠯᠡᠨ ᠰᠢᠢᠳᠪᠦᠷᠢᠯᠡᠪᠡ᠃ ︽ᠭᠤᠷᠪᠠ ᠶᠢ ᠪᠠᠲᠤᠯᠠᠬᠤ︾ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠦᠷᠢ ᠦᠭᠴᠡᠭᠡᠨ ᠤ ᠬᠡᠪᠴᠢᠶᠡᠵᠢᠯ ᠢ ᠴᠢᠩᠭ᠎ᠠ ᠬᠢᠵᠠᠭᠠᠷᠯᠠᠨ᠂ ᠦᠷᠢ ᠦᠭᠴᠡᠭᠡᠨ ᠤ ᠳᠦᠭᠰᠢᠬᠦᠷᠢ ᠶᠢ ᠢᠳᠡᠪᠬᠢᠲᠡᠢ ᠪᠠᠷ ᠰᠢᠢᠳᠪᠦᠷᠢᠯᠡᠪᠡ᠃ ︽ᠣᠲᠤᠭ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠬᠦᠯᠵᠦ᠂ ᠳᠠᠯᠳᠠ ᠦᠷᠢ ᠦᠭᠴᠡᠭᠡᠨ ᠤ ᠨᠡᠮᠡᠭᠳᠠᠯ ᠢ ᠴᠢᠩᠭ᠎ᠠ ᠬᠢᠵᠠᠭᠠᠷᠯᠠᠪᠠ︔ ᠲᠦᠰᠦᠪ ᠤᠨ  ᠲᠤᠬᠢᠷᠠᠭᠤᠯᠭ᠎ᠠ᠂ ᠬᠦᠷᠦᠩᠭᠡ ᠶᠢᠨ ᠰᠢᠢᠳᠪᠦᠷᠢᠯᠡᠯᠲᠡ᠂ ᠦᠭᠡᠶᠢᠰᠬᠡᠨ ᠪᠠᠭᠠᠰᠬᠠᠬᠤ ᠵᠡᠷᠭᠡ ᠠᠷᠭ᠎ᠠ ᠮᠠᠶ᠋ᠢᠭ ᠢᠶᠠᠷ 5.6 ᠳ᠋ᠦᠩᠰᠢᠭᠤᠷ ᠲᠦᠭᠦᠷᠢᠭ ᠤᠨ ᠦᠷᠢ ᠦᠭᠴᠡᠭᠡ ᠶᠢ ᠰᠢᠢᠳᠪᠦᠷᠢᠯᠡᠨ᠂ ᠳᠠᠯᠲᠠ ᠦᠷᠢ ᠦᠭᠴᠡᠬᠡᠨ ᠤ ᠦᠯᠡᠳᠡᠪᠦᠷᠢ ᠪᠠᠭᠤᠷᠠᠭᠠᠳ 27.3 ᠳ᠋ᠦᠩᠰᠢᠭᠤᠷ ᠲᠦᠭᠦᠷᠢᠭ ᠪᠣᠯᠪᠠ︔ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠣᠮᠳᠠ ᠪᠠᠭ᠎ᠠ ᠠᠵᠤ ᠠᠬᠤᠶᠢᠯᠠᠯ ᠳᠤ ᠦᠷᠢᠲᠦᠭᠰᠡᠨ ᠦᠷᠢ ᠦᠭᠴᠡᠭᠡ ᠶᠢ ᠪᠦᠬᠦᠨ ᠢ ᠢᠯᠭᠠᠷᠠᠭᠤᠯᠵᠣ᠂ ᠠᠵᠤ ᠠᠬᠤᠶᠢᠯᠠᠯ ᠤᠨ ᠣᠨᠳᠣᠣ ᠰᠠᠨᠠᠯ ᠦᠭᠡᠢ ᠦᠷᠢ ᠦᠭᠴᠡᠭᠡ ᠶᠢ ᠵᠢᠯ ᠤᠨ ᠡᠴᠦᠰ ᠠᠴᠠ ᠡᠮᠦᠨ᠎ᠡ ᠢᠯᠠᠭᠠᠷᠠᠭᠤᠯᠤᠨ᠂ ᠮᠦᠩᠭᠦᠨ ᠭᠦᠢᠯᠭᠡᠭᠡᠨ ᠤ ᠡᠮᠬᠢ ᠲᠢᠭᠯᠢᠮ  ᠢ ᠪᠦᠲᠦᠮᠵᠢᠲᠡᠢ ᠡᠵᠡᠮᠳᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠯᠠᠪᠳᠠᠭᠤᠨ ᠪᠠᠲᠤᠲᠠᠢ ᠪᠠᠷ ᠠᠬᠢᠭᠤᠯᠪᠠ᠃ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠤᠰᠠᠯᠠᠬᠤ︾ ᠠᠵᠢᠯᠯᠠᠭ᠎ᠠ ᠶᠢ ᠬᠦᠨᠵᠡᠭᠡᠢ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ 51 ᠲᠦᠷᠦᠯ ᠵᠦᠢᠯ ᠢ ᠬᠡᠷᠡᠭᠵᠢᠬᠦᠯᠦᠨ᠂ 43 ᠭᠠᠴᠠᠭ᠎ᠠ ᠲᠤᠰᠬᠤᠨ ᠤ  ᠬᠠᠮᠲᠤ ᠶᠢᠨ ᠠᠵᠤ ᠠᠬᠤᠢ ᠶᠢ ᠳᠡᠮᠵᠢᠨ ᠬᠦᠭᠵᠢᠬᠦᠯᠵᠦ᠂ ᠪᠦᠬᠦ ᠬᠤᠰᠢᠭᠤᠨ ᠤ ᠭᠠᠴᠠᠭ᠎ᠠ ᠲᠤᠰᠬᠤᠨ ᠤ ᠬᠠᠮᠲᠤ  ᠶᠢᠨ ᠠᠵᠤ ᠠᠬᠤᠢ ᠶᠢᠨ ᠣᠷᠣᠯᠭ᠎ᠠ ᠴᠦᠮ 5 ᠲᠦᠮᠡᠨ ᠲᠦᠬᠦᠷᠢᠭ ᠠᠴᠠ ᠳᠠᠪᠠᠪᠠ︔ 1511 ᠲᠦᠮᠡᠨ ᠲᠦᠭᠦᠷᠢᠭ ᠠᠵᠤ ᠦᠢᠯᠡᠰ ᠤᠨ ᠬᠦᠭᠵᠢᠬᠦᠯᠦᠯᠲᠡ ᠶᠢᠨ ᠪᠡᠯᠡ ᠮᠦᠩᠭᠦ ᠲᠤᠬᠢᠷᠠᠭᠤᠯᠤᠨ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ 5 ᠭᠤᠤᠯᠳᠠᠯᠭᠠᠲᠤ ᠲᠦᠷᠦᠯ ᠵᠦᠢᠯ ᠢ ᠬᠡᠷᠡᠭᠵᠢᠬᠦᠯᠵᠦ᠂ 607 ᠡᠷᠦᠬᠡ 1607 ᠶᠠᠳᠠᠭᠤ ᠬᠦᠴᠢᠷᠳᠡᠯᠲᠡᠢ ᠬᠦᠮᠦᠨ ᠠᠮᠠ᠂ 830 ᠡᠷᠦᠬᠡ 2241 ᠮᠠᠯᠴᠢᠨ ᠲᠠᠷᠢᠶᠠᠴᠢᠨ ᠢ ᠬᠠᠮᠣᠷᠪᠠ︔ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠬᠦᠨᠵᠡᠭᠡᠢ ᠬᠡᠷᠡᠭᠵᠢᠬᠦᠯᠵᠦ᠂ ᠪᠦᠬᠦ ᠬᠤᠰᠢᠭᠤᠨ ᠤ 662 ᠡᠷᠦᠬᠡ 1731 ᠳᠠᠩᠰᠠᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠪᠡ᠃ ᠲᠦᠪ᠂ ᠦᠪᠡᠷᠲᠡᠭᠡᠨ ᠵᠠᠰᠠᠬᠤ ᠣᠷᠣᠨ ᠤ ᠲᠦᠰᠦᠪ ᠤᠨ ᠪᠡᠯᠡ  ᠮᠦᠩᠭᠦ ᠶᠢ 559 ᠲᠦᠮᠡᠨ ᠲᠦᠬᠦᠷᠢᠭ ᠣᠯᠵᠣ᠂ ᠨᠡᠭᠦᠯᠭᠡᠨ ᠰᠢᠯᠵᠢᠬᠦᠯᠵᠦ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠳᠦᠭᠦᠭᠡᠷᠦᠮᠵᠢ ᠶᠢᠨ ᠢᠵᠢ ᠪᠦᠷᠢᠳᠦᠬᠦᠯᠦᠭᠰᠡᠨ ᠪᠠᠶᠢᠭᠤᠯᠤᠯᠲᠠ ᠪᠠ ᠤᠯᠠᠨ ᠨᠠᠶᠢᠲᠠ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠤᠲᠠᠭᠤᠳᠠᠯ ᠢ ᠨᠦᠬᠦᠪᠦᠷᠢᠯᠡᠬᠦ ᠲᠦᠷᠦᠯ ᠵᠦᠢᠯ ᠤᠨ ᠪᠠᠶᠢᠭᠤᠯᠤᠯᠲᠠ ᠳᠤ ᠬᠡᠷᠡᠭᠯᠡᠨ᠂ ᠤᠯᠵᠠᠴᠢ ᠪᠠᠯᠭᠠᠰᠣᠨ ᠤ ᠠᠳᠣᠭᠤᠨ ᠬᠤᠳᠳᠤᠭ ᠤᠨ ᠳᠦᠪᠬᠢᠨᠡᠬᠦᠯᠬᠦ ᠴᠡᠭ ᠣᠯᠣᠰ ᠤᠨ ᠲᠡᠰ ᠤᠨ ︽ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠬᠦᠯᠭᠡ︾ ᠶᠢᠨ ᠦᠵᠡᠰᠭᠦᠯᠡᠩᠲᠦ ᠰᠠᠶᠢᠬᠠᠨ ᠨᠡᠭᠦᠯᠭᠡᠨ ᠳᠦᠪᠬᠢᠨᠡᠬᠦᠯᠦᠯᠲᠡ ᠶᠢᠨ ᠴᠡᠭ ᠤᠨ ᠴᠣᠯᠠ ᠬᠦᠷᠲᠡᠪᠡ᠃ ᠪᠣᠬᠢᠷᠳᠣᠯ ᠤᠨ ᠰᠡᠷᠭᠡᠶᠢᠯᠡᠨ ᠵᠠᠰᠠᠯᠲᠠ ᠶᠢ ᠪᠦᠬᠦ ᠬᠦᠴᠦᠨ ᠢᠶᠠᠷ ᠠᠬᠢᠭᠤᠯᠪᠠ᠃ ︽ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠰᠢᠶᠡᠨ︾ ᠢ ᠠᠮᠵᠢᠯᠲᠠᠲᠠᠢ ᠴᠤᠭᠴᠠᠯᠠᠪᠠ᠃ ᠠᠭᠠᠷ ᠮᠠᠨᠳᠠᠯ ᠤᠨ ᠪᠤᠬᠢᠷᠳᠣᠯ ᠢ ᠶᠡᠷᠦᠩᠬᠡᠶᠢᠯᠡᠨ  ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠪᠦᠬᠦ ᠬᠤᠰᠢᠭᠤᠨ ᠤ ᠠᠭᠠᠷ ᠤᠨ ᠴᠡᠪᠡᠷᠴᠡ ᠶᠢᠨ ᠰᠢᠯᠢᠳᠡᠭ ᠠᠴᠠ ᠳᠡᠭᠡᠭᠰᠢᠬᠢ ᠡᠳᠦᠷ 340 ᠡᠳᠦᠷ ᠠᠴᠠ ᠳᠠᠪᠠᠨ᠂ PM2.5 ᠶᠢᠨ ᠳᠣᠮᠳᠠᠴᠢ ᠦᠳᠬᠡᠴᠡ ᠺᠦᠪ ᠮᠧᠲᠷ ᠪᠦᠷᠢ 22 ᠮᠢᠺᠷᠤᠭ᠍ᠷᠠᠮ ᠪᠣᠯᠵᠣ᠂ ᠳᠡᠭᠡᠷ᠎ᠡ ᠵᠢᠯ ᠲᠠᠢ ᠬᠠᠷᠢᠴᠠᠭᠤᠯᠪᠠᠯ ᠺᠦᠪ ᠮᠧᠲᠷ ᠪᠦᠷᠢ 6 ᠮᠢᠺᠷᠤᠭ᠍ᠷᠠᠮ ᠪᠠᠭᠤᠷᠠᠪᠠ︔ ᠪᠠᠶᠢᠩᠭᠤᠵᠢᠭᠰᠠᠨ ᠣᠰᠣᠨ ᠤ ᠴᠢᠨᠠᠷ ᠢ ᠬᠢᠨᠠᠨ ᠰᠢᠯᠭᠠᠬᠤ ᠠᠵᠢᠯ ᠢ ᠴᠢᠩᠭᠠᠳᠬᠠᠵᠤ᠂ 3 ᠲᠦᠪᠯᠡᠷᠡᠩᠭᠦᠢ ᠮᠠᠶ᠋ᠢᠭ ᠤᠨ ᠣᠣᠭᠤᠬᠤ ᠣᠰᠣᠨ ᠤ ᠰᠣᠷᠪᠣᠯᠵᠢ ᠶᠢᠨ ᠭᠠᠵᠠᠷ ᠳᠣᠣᠷᠠᠬᠢ ᠣᠰᠣᠨ ᠤ ᠶᠠᠰᠣ ᠴᠢᠨᠠᠷ ᠤᠨ ᠪᠠᠷᠢᠮᠵᠢᠶᠠᠨ ᠳᠤ ᠬᠦᠷᠦᠭᠰᠡᠨ ᠨᠣᠷᠮ᠎ᠠ ᠴᠦᠮ 100% ᠳᠤ ᠬᠦᠷᠪᠡ︔ 5 ᠨᠠᠭᠦᠷᠡᠰᠦᠨ ᠠᠭᠤᠷᠬᠠᠢ ᠶᠢᠨ ᠨᠡᠭᠦᠷᠡᠰᠦᠨ ᠴᠢᠯᠠᠭᠤ ᠶᠢ ᠲᠦᠭᠵᠢᠨ ᠪᠣᠯᠠᠬᠤ ᠰᠢᠰᠲ᠋ᠧᠮ ᠪᠠ ᠪᠣᠷᠣᠪᠠᠯᠭᠠᠰᠣ ᠪᠠᠯᠭᠠᠰᠣᠨ ᠤ ᠬᠤᠭ ᠨᠤᠪᠰᠢ ᠶᠢ ᠬᠤᠤᠷ ᠬᠦᠨᠦᠭᠡᠯ ᠦᠭᠡᠢ ᠪᠠᠷ ᠪᠤᠯᠠᠬᠤ ᠲᠠᠯᠠᠪᠤᠷ ᠤᠨ ᠲᠦᠷᠦᠯ ᠵᠦᠢᠯ ᠤᠨ ᠪᠠᠶᠢᠭᠤᠯᠤᠯᠲᠠ ᠶᠢ ᠪᠡᠶᠡᠯᠡᠬᠦᠯᠦᠨ᠂ ᠰᠢᠭᠠᠷᠤ ᠶᠢᠨ ᠲᠠᠯᠠᠪᠤᠷ ᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠷᠣᠨ ᠲᠦᠷᠦᠯ ᠬᠤᠪᠢᠶᠠᠨ ᠬᠠᠳᠠᠭᠠᠯᠠᠬᠤ ᠶᠢ ᠪᠡᠶᠡᠯᠡᠭᠦᠯᠪᠡ᠃     ︵ᠵᠢᠷᠭᠤᠭ᠎ᠠ︶ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠠᠵᠢᠯ ᠰᠢᠨ᠎ᠡ ᠦᠷ᠎ᠡ ᠪᠦᠲᠦᠮᠵᠢ ᠣᠯᠪᠠ᠃ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠪᠡ᠃ ᠭᠤᠣᠯᠳᠠᠯᠭᠠᠲᠤ ᠦᠭᠡᠷᠡᠴᠢᠯᠡᠯᠲᠡ ᠶᠢᠨ ᠡᠭᠦᠷᠭᠡ ᠶᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ  ᠶᠢᠨ ᠴᠢᠨᠠᠷᠲᠠᠢ ᠦᠭᠡᠷᠡᠴᠢᠯᠡᠯᠲᠡ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠴᠢᠨᠠᠷᠯᠢᠭ ᠬᠦᠭᠵᠢᠯᠲᠠ᠂ ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠲᠦᠬᠦᠮᠴᠢᠯᠡᠯᠲᠡ ᠵᠡᠷᠭᠡ ᠭᠤᠤᠯᠳᠠᠯᠭᠠᠲᠤ ᠦᠭᠡᠷᠡᠴᠢᠯᠡᠯᠲᠡ ᠶᠢᠨ ᠡᠬᠦᠷᠭᠡ ᠶᠢ ᠨᠢᠭᠡᠳᠦᠯᠲᠡᠢ ᠲᠦᠯᠦᠪᠵᠢᠬᠦᠯᠵᠦ ᠰᠠᠶᠢᠲᠤᠷ ᠠᠳᠬᠤᠪᠠ᠃  ᠬᠤᠰᠢᠭᠤ ᠪᠠᠯᠭᠠᠰᠣ ᠬᠤᠶᠠᠷ ᠱᠠᠲᠤᠨ ᠤ 26 ᠬᠦᠷᠢᠶ᠎ᠠ ᠴᠠᠷᠠᠭᠠᠨ ᠳᠠᠬᠢ ᠵᠠᠰᠠᠭ ᠤᠨ ᠶᠠᠪᠤᠳᠠᠯ ᠤᠨ ᠢᠯᠡᠰᠢᠬᠦᠯᠦᠯᠲᠡ ᠶᠢᠨ ᠵᠦᠢᠯᠡᠰ ᠤᠨ ᠪᠠᠷᠢᠮᠵᠢᠶᠠᠲᠤ ᠭᠠᠷᠴᠠᠭ ᠢ ᠲᠤᠭᠤᠷᠪᠢᠨ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠢᠯᠡᠰᠢᠬᠦᠯᠦᠯᠲᠡ ᠶᠢᠨ ᠪᠠᠷᠢᠮᠵᠢᠶᠠᠵᠢᠯ᠂ ᠳᠦᠷᠢᠮᠵᠢᠯ ᠢ ᠨᠠᠶᠢᠲᠠᠪᠤᠷᠢᠵᠢᠭᠤᠯᠪᠠ᠃ ︽ᠭᠠᠭᠴᠠᠬᠠᠨ ᠤᠳᠠᠭ᠎ᠠ ᠳᠡᠭᠡᠷ᠎ᠡ ᠬᠦᠢᠴᠡᠳᠬᠡᠬᠦ︾ ᠶᠢ ᠦᠨᠳᠦᠰᠦᠨ ᠱᠠᠲᠤ ᠲᠠᠶᠢᠰᠢ ᠦᠷᠭᠡᠳᠬᠡᠬᠦ ᠶᠢ ᠡᠷᠴᠢᠮᠲᠡᠢ ᠠᠬᠢᠭᠤᠯᠵᠦ᠂ ︽ᠣᠳᠣᠬᠠᠨ ᠬᠦᠢᠴᠡᠳᠬᠡᠬᠦ᠂ ᠰᠦᠯᠵᠢᠶᠠᠨ ᠳᠡᠭᠡᠷ᠎ᠡ ᠬᠦᠢᠴᠡᠳᠬᠡᠬᠦ᠂ ᠣᠶᠢᠷ᠎ᠠ ᠬᠠᠪᠢ ᠳᠤ ᠬᠦᠢᠴᠡᠳᠬᠡᠬᠦ᠂ ᠨᠢᠭᠡᠯᠡ ᠳᠣᠣᠷ᠎ᠠ ᠬᠦᠢᠴᠡᠳᠬᠡᠬᠦ︾ 223 ᠵᠦᠢᠯ ᠢ ᠪᠦᠬᠦ ᠲᠠᠯ᠎ᠠ ᠪᠠᠷ ᠡᠮᠬᠢᠯᠡᠨ ᠨᠠᠶᠢᠲᠠᠯᠠᠵᠦ᠂ ᠪᠠᠯᠭᠠᠰᠣ ᠪᠠ ᠭᠠᠴᠠᠭ᠎ᠠ ᠲᠤᠰᠬᠤᠨ ᠳᠤ ᠠᠷᠠᠳ ᠲᠤ ᠳᠦᠬᠦᠮ ᠦᠵᠡᠬᠦᠯᠬᠦ ᠦᠢᠯᠡᠴᠢᠯᠡᠭᠡᠨ ᠤ 79 ᠣᠷᠣᠯᠠᠨ ᠬᠦᠢᠴᠡᠳᠬᠡᠬᠦ ᠴᠡᠭ ᠪᠠᠶᠢᠭᠤᠯᠤᠨ᠂ ︽  ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠡᠯ᠎ᠡ ᠪᠠᠯᠭᠠᠰᠣ᠂ ᠡᠯ᠎ᠡ ᠭᠠᠴᠠᠭ᠎ᠠ ᠲᠤᠰᠬᠤᠨ ︵ᠨᠠᠶᠢᠬᠡᠮ ᠲᠤᠭᠤᠷᠢᠭ︶ ᠳᠤ ᠬᠦᠨᠵᠡᠬᠡᠶᠢᠷᠡᠬᠦᠯᠬᠦ ᠶᠢ ᠠᠬᠢᠭᠤᠯᠵᠦ᠂ ᠳᠦᠭᠦᠮ ᠦᠵᠡᠬᠦᠯᠬᠦ ᠦᠢᠯᠡᠴᠢᠯᠡᠭᠡ ᠶᠢ ᠮᠠᠯᠴᠢᠨ ᠲᠠᠷᠢᠶᠠᠴᠢᠨ ᠠᠶᠢᠯ ᠡᠷᠦᠬᠡ ᠳᠤ ᠨᠢ ᠬᠦᠷᠭᠡᠪᠡ︔ ᠣᠶᠣᠨᠴᠢ ᠡᠮᠦᠨᠡᠲᠦ  ᠣᠲᠤᠭ ᠤᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ ᠬᠤᠲᠠ ᠬᠦᠳᠡᠭᠡ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ︽ᠣᠯᠵᠠᠴᠢ ᠪᠠᠯᠭᠠᠰᠣ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠭᠡᠭᠡᠨ ᠳᠤ ᠠᠩᠬᠠᠷᠤᠯ ᠢᠶᠠᠨ ᠲᠦᠪᠯᠡᠷᠡᠭᠦᠯᠬᠦ᠂ ᠱᠠᠩᠬᠠᠢ ᠶᠢᠨ ᠰᠦᠮ᠎ᠡ ᠪᠠᠯᠭᠠᠰᠣ ᠡᠳ᠋ᠰᠢᠬᠦᠯᠬᠦ ᠦᠢᠯᠡᠳᠬᠦ ᠳᠤ ᠠᠩᠬᠠᠷᠤᠯ ᠢᠶᠠᠨ ᠲᠦᠪᠯᠡᠷᠡᠭᠦᠯᠬᠦ᠂ ᠪᠣᠷᠣᠪᠠᠯᠭᠠᠰᠣ ᠪᠠᠯᠭᠠᠰᠣ ᠬᠤᠪᠢᠰᠬᠠᠯᠲᠤ ᠬᠦᠮᠦᠵᠢᠯ ᠤᠨ ᠵᠢᠭᠤᠯᠴᠢᠯᠠᠯ ᠳᠤ ᠠᠩᠬᠠᠷᠤᠯ ᠢᠶᠠᠨ ᠲᠦᠪᠯᠡᠷᠡᠭᠦᠯᠬᠦ᠂ ᠨᠠᠩᠰᠣ ᠪᠠᠯᠭᠠᠰᠣ ᠦᠨᠳᠦᠰᠦᠲᠡᠨ ᠤ ᠰᠣᠶᠣᠯ ᠳᠤ ᠠᠩᠬᠠᠷᠤᠯ ᠢᠶᠠᠨ ᠲᠦᠪᠯᠡᠷᠡᠭᠦᠯᠬᠦ︾ ᠪᠠᠶᠢᠷᠢ ᠲᠤᠭᠲᠠᠭᠠᠯᠲᠠ ᠶᠤᠰᠤᠭᠠᠷ᠂ ᠰᠢᠨ᠎ᠡ ᠮᠠᠶ᠋ᠢᠭ ᠤᠨ ᠬᠡᠪ ᠴᠢᠨᠰᠠᠭᠠᠲᠤ ᠬᠤᠲᠠ ᠪᠠᠯᠭᠠᠰᠣ ᠶᠢ ᠡᠷᠴᠢᠮᠲᠡᠢ ᠴᠤᠭᠴᠠᠯᠠᠵᠤ᠂ ᠬᠤᠲᠠ ᠪᠠᠯᠭᠠᠰᠣᠨ  ᠤ ᠬᠡᠪ ᠳᠦᠷᠬᠦ ᠶᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠨᠠᠶᠢᠬᠡᠮ ᠤᠨ ᠠᠮᠤᠷ ᠲᠤᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠲᠦᠮᠵᠢ ᠶᠢ ᠦᠷᠭᠦᠯᠵᠢᠯᠡᠨ ᠦᠷᠭᠡᠳᠬᠡᠵᠦ᠂ 53 ᠠᠰᠠᠭᠤᠳᠠᠯ ᠤᠨ ᠰᠦᠪᠡᠭᠴᠢ ᠴᠣᠭᠯᠠᠭᠤᠯᠵᠦ᠂ ᠪᠦᠬᠦᠨ  ᠢ ᠬᠠᠷᠭᠤᠭᠤᠯᠤᠨ ᠪᠠᠶᠢᠴᠠᠭᠠᠵᠤ ᠰᠢᠢᠳᠪᠣᠷᠢᠯᠡᠪᠡ᠃ ᠵᠠᠬᠢᠳᠠᠯ ᠰᠣᠷᠪᠣᠯᠵᠢᠯᠠᠭ᠎ᠠ ᠶᠢᠨ ᠵᠦᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠦᠨᠵᠡᠭᠡᠢ ᠠᠬᠢᠭᠤᠯᠣᠨ᠂ ︽ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠢ ᠠᠵᠢᠯᠯᠠᠭ᠎ᠠ ᠶᠢ ᠦᠷᠨᠢᠬᠦᠯᠵᠦ᠂ ᠡᠯ᠎ᠡ ᠱᠠᠲᠤᠨ ᠤ ᠲᠤᠭᠤᠷᠢᠨ ᠪᠠᠶᠢᠴᠠᠭᠠᠯᠲᠠ ᠬᠢᠨᠠᠨ ᠵᠢᠯᠤᠭᠤᠳᠤᠯᠭ᠎ᠠ ᠪᠠᠷ ᠲᠤᠰᠢᠶᠠᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠪᠦᠬᠦᠨ ᠢ ᠬᠦᠢᠴᠡᠳᠬᠡᠨ ᠰᠢᠢᠳᠪᠦᠷᠢᠯᠡᠪᠡ᠃ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠯᠲᠠ ᠴᠡᠭᠴᠡᠯᠡᠯᠲᠡ ᠶᠢᠨ  ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠠᠮᠣᠷ ᠳᠦᠪᠰᠢᠨ ᠤ ᠡᠯ᠎ᠡ ᠲᠦᠷᠦᠯ ᠤᠨ 1055 ᠳᠠᠯᠲᠠ ᠭᠡᠮ ᠢ  ᠪᠠᠶᠢᠴᠠᠭᠠᠨ ᠴᠡᠭᠴᠡᠯᠡᠪᠡ᠃      ︵ᠲᠣᠯᠤᠭ᠎ᠠ︶ ᠬᠤᠲᠠ ᠶᠢᠨ ᠬᠡᠪ ᠴᠢᠨᠰᠠᠭ᠎ᠠ ᠡᠳᠦᠷ ᠢᠷᠡᠬᠦᠶ᠎ᠡ ᠳᠡᠭᠡᠭᠰᠢᠯᠡᠪᠡ᠃ ᠨᠢᠭᠡ ᠳᠤ ᠬᠤᠲᠠ ᠶᠢᠨ ᠲᠦᠬᠦᠷᠴᠢᠯᠡᠭᠰᠡᠨ ᠴᠢᠳᠠᠮᠵᠢ ᠶᠢ ᠳᠡᠭᠡᠭᠰᠢᠯᠡᠬᠦᠯᠪᠡ᠃ ᠪᠦᠬᠦ ᠤᠯᠤᠰ ᠤᠨ ᠪᠣᠯᠪᠠᠰᠣᠨ ᠬᠤᠲᠠ ᠶᠢᠨ ᠲᠠᠪᠲᠠᠨ ᠪᠠᠶᠢᠴᠠᠭᠠᠯᠲᠠ ᠶᠢ ᠠᠮᠵᠢᠯᠲᠠᠲᠠᠢ  ᠲᠤᠭᠤᠯᠵᠤ᠂ ︽ᠪᠦᠬᠦ ᠣᠯᠣᠰ ᠤᠨ ᠪᠣᠯᠪᠠᠰᠣᠨ ᠬᠤᠲᠠ︾ ᠶᠢᠨ ᠴᠣᠯᠠ  ᠶᠢ ᠵᠠᠯᠭᠠᠭ᠎ᠠ ᠪᠠᠷ ᠬᠦᠷᠲᠡᠪᠡ᠃ ᠨᠢᠬᠡ ᠪᠦᠯᠦᠭ ᠬᠠᠲᠠᠭᠤᠵᠢᠭᠤᠯᠤᠯᠲᠠ ᠬᠡᠷᠡᠯᠳᠦᠭᠦᠯᠭᠡ ᠴᠡᠴᠡᠷᠯᠢᠭᠵᠢᠬᠦᠯᠭᠡ ᠵᠢᠴᠢ ᠵᠡᠭᠡᠯᠢ ᠳᠠᠭᠠᠤ ᠭᠡᠷ ᠪᠠᠶᠢᠰᠢᠩ ᠢ ᠦᠭᠡᠷᠡᠴᠢᠯᠡᠬᠦ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠬᠦᠯᠵᠦ᠂ ᠣᠷᠭᠤᠮᠠᠯ ᠤᠨ ᠬᠦᠷᠢᠶᠡᠯᠡᠩ ᠬᠡᠷᠡᠭᠯᠡᠯᠲᠡ ᠳᠤ ᠣᠷᠣᠨ᠂ ᠬᠤᠲᠠ ᠪᠠᠯᠭᠠᠰᠣᠨ ᠤ ᠴᠡᠴᠡᠷᠯᠢᠭᠵᠢᠬᠦᠯᠭᠡ ᠶᠢᠨ ᠨᠤᠷᠮ᠎ᠠ᠂ ᠨᠣᠭᠤᠭᠠᠵᠢᠭᠤᠯᠤᠯᠲᠠ ᠶᠢᠨ ᠪᠦᠷᠬᠦᠴᠡ ᠶᠢᠨ ᠨᠣᠷᠮ᠎ᠠ ᠲᠤᠰ ᠲᠤᠰ 38%᠂ 42% ᠲᠤ ᠬᠦᠷᠴᠤ᠂ ᠭᠤᠤᠯ ᠵᠡᠭᠡᠯᠢ ᠶᠢᠨ ᠳ᠋ᠧᠩ ᠬᠡᠷᠡᠯᠲᠦᠬᠦᠯᠭᠡ ᠶᠢᠨ ᠨᠤᠷᠮ᠎ᠠ 100% ᠳᠤ ᠬᠦᠷᠦᠨ᠂ ᠣᠯᠵᠠᠴᠢ ᠪᠠᠯᠭᠠᠰᠣᠨ ᠤ ᠴᠢᠪᠠᠭᠠᠲᠤ ᠪᠠᠷᠠᠭᠤᠨ ᠵᠡᠭᠡᠯᠢ ᠶᠢᠨ ᠲᠡᠷᠭᠡᠨ ᠵᠤᠭᠰᠤᠭᠠᠯ ᠵᠢᠴᠢ ᠳᠠᠭᠠᠯᠲᠠ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠲᠦᠷᠦᠯ ᠵᠦᠢᠯ᠂ ᠣᠯᠵᠠᠴᠢ ᠪᠠᠯᠭᠠᠰᠣᠨ ᠤ ᠰᠦᠯᠳᠡ ᠵᠡᠭᠡᠯᠢ ᠶᠢᠨ ᠲᠤᠰᠤᠨ ᠵᠠᠮ ᠢ ᠰᠢᠨᠡᠳᠬᠡᠨ ᠦᠭᠡᠷᠡᠴᠢᠯᠡᠬᠦ ᠢᠨᠵᠧᠨᠧᠷᠢᠩ᠂ ᠣᠯᠵᠠᠴᠢ ᠪᠠᠯᠭᠠᠰᠣᠨ ᠤ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠬᠤᠤᠰ ᠱᠤᠭᠤᠮ ᠤᠨ ᠴᠠᠬᠢᠯᠭᠠᠨ ᠬᠠᠩᠭᠠᠬᠤ ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠬᠦᠯᠪᠡ ᠃ ᠬᠤᠶᠠᠷ ᠲᠤ ᠴᠢᠬᠤᠯᠠ ᠶᠡᠭᠡ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠶᠢ ᠠᠬᠢᠭᠤᠯᠪᠠ᠃ ᠵᠠᠮ ᠬᠠᠷᠢᠯᠴᠠᠭᠠᠨ ᠤ ᠰᠠᠭᠤᠷᠢ ᠳᠦᠬᠦᠭᠡᠷᠦᠮᠵᠢ ᠶᠢᠨ ᠲᠤᠲᠠᠭᠤᠳᠠᠯ ᠢ ᠡᠷᠴᠢᠮᠲᠡᠢ ᠨᠦᠬᠦᠪᠦᠷᠢᠯᠡᠵᠦ᠂ ᠣᠯᠠᠨ ᠲᠦᠮᠡᠨ ᠤ ᠶᠠᠪᠤᠵᠦ ᠰᠠᠭᠤᠬᠤ ᠳᠤ ᠳᠦᠭᠦᠮ ᠦᠵᠡᠭᠦᠯᠪᠡ᠃ ᠣᠲᠤᠭ ᠤᠨ ᠡᠮᠦᠨᠡᠲᠦ ᠬᠤᠰᠢᠭᠤᠨ ᠤ ᠨᠡᠶᠢᠲᠡᠮ ᠬᠡᠷᠡᠭᠯᠡᠭᠡᠨ ᠤ ᠨᠢᠰᠬᠡᠯ ᠤᠨ ᠪᠠᠭᠤᠳᠠᠯ 594 ᠣᠳᠠᠭ᠎ᠠ ᠶᠢᠨ ᠨᠢᠰᠦᠯᠲᠡ ᠶᠢ ᠪᠡᠶᠡᠯᠡᠬᠦᠯᠵᠦ᠂ ᠠᠶᠠᠨᠴᠢᠨ 3800 ᠬᠦᠮᠦᠨ ᠣᠳᠠᠭ᠎ᠠ ᠳᠤ ᠬᠦᠷᠪᠡ᠃ ᠣᠲᠤᠭ ᠤᠨ ᠡᠮᠦᠨᠡᠲᠦ ᠬᠤᠰᠢᠭᠤ ᠠᠴᠠ ᠬᠦᠬᠡᠬᠤᠲᠠ ᠬᠦᠷᠬᠦ ᠠᠶᠠᠯᠠᠯ ᠤᠨ ᠱᠤᠭᠤᠮ ᠢ ᠠᠮᠵᠢᠯᠲᠠᠲᠠᠢ ᠨᠡᠭᠡᠭᠡᠵᠦ᠂ 1 ᠰᠠᠷ᠎ᠠ ᠶᠢᠨ 22 ᠤᠨ ᠡᠳᠦᠷ ᠠᠩᠬᠠᠨ ᠤ ᠨᠢᠰᠦᠯᠲᠡ ᠪᠠᠨ ᠪᠡᠶᠡᠯᠡᠬᠦᠯᠪᠡ᠃ ᠣᠲᠤᠭ ᠤᠨ ᠡᠮᠦᠨᠡᠲᠦ ᠬᠤᠰᠢᠭᠤᠨ ᠤ ᠨᠠᠶᠢᠲᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠦᠭᠡᠷᠡᠴᠢᠯᠡᠵᠦ ᠦᠷᠭᠡᠳᠬᠡᠨ ᠪᠠᠶᠢᠭᠤᠯᠬᠤ ᠲᠦᠷᠦᠯ ᠵᠦᠢᠯ ᠢ ᠠᠬᠢᠭᠤᠯᠤᠨ᠂ ᠲᠦᠷᠦᠯ ᠵᠦᠢᠯ ᠤᠨ ᠲᠦᠯᠤᠪᠯᠡᠭᠡ ᠶᠢᠨ ᠲᠦᠰᠦᠯ ᠢ ᠳᠠᠭᠤᠰᠬᠠᠪᠠ᠃ ᠬᠤᠰᠢᠭᠤ᠂ ᠪᠠᠯᠭᠠᠰᠣ᠂  ᠭᠠᠴᠠᠭ᠎ᠠ ᠲᠤᠰᠬᠤᠨ  ᠭᠤᠷᠪᠠᠨ ᠱᠠᠲᠣᠨ ᠤ ᠠᠶᠠᠨᠴᠢᠨ ᠤ ᠲᠡᠭᠡᠭᠡᠪᠦᠷᠢ ᠶᠢᠨ ᠲᠤᠤᠷ ᠢ ᠪᠠᠶᠢᠭᠤᠯᠵᠤ᠂ 2020 ᠣᠨ ᠳᠤ ᠪᠦᠬᠦ ᠬᠤᠰᠢᠭᠤᠨ ᠤ ᠨᠡᠶᠢᠬᠡᠮ ᠤᠨ ᠠᠶᠠᠨᠴᠢᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 19367 ᠬᠦᠮᠦᠨ ᠤᠳᠠᠭ᠎ᠠ ᠳᠤ ᠬᠦᠷᠦᠨ᠂  ᠠᠶᠠᠨᠴᠢᠨ ᠤ ᠡᠷᠬᠢᠯᠲᠡ ᠶᠢᠨ ᠬᠡᠮᠵᠢᠶ᠎ᠡ ᠺᠢᠯᠤᠮᠧᠲᠷ ᠪᠦᠷᠢ ᠳᠤ  693.3 ᠲᠦᠮᠡᠨ ᠬᠦᠮᠦᠨ ᠤᠳᠠᠭ᠎ᠠ ᠳᠤ  ᠬᠦᠷᠪᠡ᠃      ︵ᠨᠠᠢᠮᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢ ᠲᠡᠩᠴᠡᠭᠦᠷᠢᠲᠡᠢ ᠬᠥᠭᠵᠢᠭᠦᠯᠪᠡ᠃ ᠰᠤᠷᠭᠠᠨ ᠬᠦᠮᠦᠵᠢᠯ ᠤᠨ ᠬᠦᠴᠦᠷᠬᠡᠭ ᠬᠤᠰᠢᠭᠤ ᠶᠢ ᠪᠠᠶᠢᠭᠤᠯᠬᠤ ᠪᠣᠳᠣᠯᠭ᠎ᠠ ᠶᠢ ᠶᠡᠭᠡ ᠪᠠᠷ ᠠᠬᠢᠭᠤᠯᠤᠨ᠂ ᠬᠤᠣᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ︔ ᠭᠤᠷᠪᠠᠳᠤᠭᠠᠷ ᠪᠥᠷᠢᠨ ᠪᠠᠭ᠎ᠠ ᠰᠤᠷᠭᠠᠭᠤᠯᠢ ᠪᠠᠶᠢᠭᠤᠯᠤᠭᠳᠠᠨ ᠠᠰᠢᠭᠯᠠᠯᠲᠠ ᠳᠤ ᠣᠷᠣᠵᠣ᠂ ᠠᠩᠬᠠᠨ ᠤ ᠪᠥᠯᠥᠭ ᠰᠤᠷᠤᠭᠴᠢ ᠪᠠᠨ ᠡᠯᠰᠡᠪᠡ︔ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠬᠤᠷᠰᠢᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠠᠭᠪᠤᠷ ᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠳᠥᠪᠰᠢᠨ ᠢ ᠳᠡᠭᠡᠭᠰᠢᠯᠡᠭᠦᠯᠪᠡ︔ ᠦᠨᠳᠦᠷ ᠬᠡᠪ ᠪᠤᠯᠪᠠᠰᠤᠷᠠᠯ ᠲᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠪᠦᠬᠦ ᠵᠢᠯ ᠳᠤ 127 ᠪᠠᠭᠰᠢ ᠶᠢ ᠰᠢᠯᠭᠠᠨ ᠡᠯᠰᠡᠪᠡ ︵ᠤᠷᠢᠨ ᠠᠪᠴᠢᠷᠠᠪᠠ︶︔ ᠪᠡᠭᠡᠵᠢᠩ ᠤᠨ ᠡᠾᠧᠩ ᠶᠦᠸᠧ ᠺᠤᠮᠫᠠᠨᠢ  ᠯᠤᠭ᠎ᠠ ᠶᠢᠨ ᠰᠤᠷᠭᠠᠭᠤᠯᠢ ᠡᠷᠬᠢᠯᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ 2020 ᠣᠨ ᠳᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠢᠩᠬᠢᠨᠢ ᠠᠩᠬᠢ ᠶᠢᠨ ᠨᠢᠭᠡᠳᠦᠭᠡᠷ ᠲᠡᠰ ᠤᠨ ᠬᠤᠪᠢᠨ ᠤ ᠪᠠᠷᠢᠮᠵᠢᠶᠠᠨ ᠳᠤ 19 ᠰᠤᠷᠤᠭᠴᠢ᠂ ᠵᠢᠩᠬᠢᠨᠢ ᠠᠩᠭᠢ ᠳᠤ 169 ᠰᠤᠷᠤᠭᠴᠢ ᠡᠯᠰᠡᠭᠳᠡᠨ ᠂ ᠬᠤᠪᠢᠨ ᠳᠤ ᠬᠦᠷᠦᠭᠰᠡᠨ ᠨᠤᠷᠮ᠎ᠠ 56% ᠶᠢ ᠳᠠᠪᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠦᠷᠭᠦᠯᠵᠢᠯᠡᠨ ᠰᠠᠶᠢᠵᠢᠷᠠᠪᠠ᠃ ᠡᠷᠡᠭᠦᠯ ᠡᠩᠬᠡ ᠡᠮᠦᠨᠡᠲᠦ ᠣᠲᠤᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠡᠬᠡ ᠨᠢᠯᠬᠠᠰ ᠤᠨ ᠡᠷᠡᠬᠦᠯᠵᠢᠯ ᠤᠨ ᠡᠮᠨᠡᠯᠭᠡ᠂ ᠡᠪᠡᠳᠴᠢᠨ ᠡᠮᠬᠡᠭ ᠰᠡᠷᠭᠡᠶᠢᠯᠡᠨ ᠡᠵᠡᠮᠳᠡᠬᠦ ᠲᠥᠪ ᠢ ᠰᠢᠨ᠎ᠡ ᠪᠠᠷ ᠪᠠᠶᠢᠭᠤᠯᠬᠤ ᠠᠵᠢᠯ ᠢ ᠡᠬᠢᠯᠡᠭᠦᠯᠵᠦ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ ᠱᠠᠩᠬᠠᠢ ᠶᠢᠨ ᠰᠥᠮ᠎ᠡ ᠶᠢᠨ ᠭᠤᠤᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠣᠨ᠂ ᠬᠤᠰᠢᠭᠤ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠰᠠᠨ ᠬᠠᠯᠠᠭᠤᠷᠠᠭᠰᠠᠳ ᠤᠨ ᠡᠭᠦᠳᠡᠨ ᠡᠮᠨᠡᠯᠭᠡ ᠶᠢᠨ ᠪᠥᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ ᠬᠤᠰᠢᠭᠤ ᠡᠮᠨᠡᠯᠭᠡ ᠶᠢᠨ ᠬᠤᠷᠢᠶ᠎ᠠ ᠶᠢᠨ PCR ᠲᠤᠷᠰᠢᠯᠲᠠ ᠶᠢᠨ ᠲᠠᠰᠤᠭ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠬᠢᠭᠡᠳ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠮᠲᠤᠷᠠᠨ ᠪᠠᠶᠢᠭᠤᠯᠤᠭᠰᠠᠨ PCR ᠲᠤᠷᠰᠢᠯᠲᠠ ᠶᠢᠨ ᠲᠠᠰᠤᠭ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠪᠠᠶᠢᠴᠠᠭᠠᠯᠲᠠ ᠶᠢ ᠤᠷᠤᠭᠰᠢᠲᠠᠢ ᠲᠤᠭᠤᠯᠤᠨ᠂ ᠪᠡᠶ᠎ᠡ ᠪᠠᠨ ᠳᠠᠭᠠᠭᠠᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠬᠦ ᠴᠢᠳᠠᠪᠤᠷᠢ ᠶᠢ  ᠪᠦᠷᠢᠯᠳᠦᠬᠦᠯᠵᠦ᠂ ᠪᠦᠬᠦ ᠬᠤᠰᠢᠭᠤᠨ ᠤ ᠬᠦᠨᠳᠦ ᠶᠡᠭᠡ ᠡᠪᠡᠳᠴᠢᠨ ᠪᠠ ᠭᠡᠨᠡᠳᠲᠡ ᠶᠢᠨ ᠴᠢᠨᠠᠷᠲᠠᠢ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠥᠬᠦ ᠲᠠᠯ᠎ᠠ ᠪᠠᠷ ᠳᠡᠭᠡᠭᠰᠢᠯᠡᠪᠡ᠃ ᠰᠤᠶᠤᠯ ᠤᠨ ᠠᠵᠤ ᠦᠢᠯᠡᠰ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ ᠰᠤᠶᠤᠯ ᠢ ᠬᠥᠳᠡᠭᠡ ᠪᠠᠭᠤᠯᠭᠠᠬᠤ ᠦᠢᠯᠡᠴᠢᠯᠡᠭᠡᠨ ᠤ ᠬᠡᠯᠪᠡᠷᠢ ᠪᠠ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠣᠲᠤᠭ ᠤᠨ ᠡᠮᠦᠨᠡᠲᠦ ᠬᠤᠰᠢᠭᠤᠨ ᠤ ᠨᠠᠭᠠᠳᠤᠮ ᠡᠬᠢᠯᠡᠬᠦ ᠶᠤᠰᠤᠯᠠᠯ ᠤᠨ ᠣᠷᠠᠨ ᠰᠠᠶᠢᠬᠠᠨ ᠤ ᠲᠤᠭᠯᠠᠯᠲᠠ᠂ ᠳᠥᠷᠪᠡᠳᠦᠭᠡᠷ ᠬᠤᠭᠤᠴᠠᠭᠠᠨ ᠤ ᠭᠤᠯᠤᠮᠲᠠ ᠭᠠᠯ ᠰᠤᠶᠤᠯ ᠤᠨ ᠨᠠᠶᠢᠷ ᠤᠨ ᠠᠷᠠᠳ ᠲᠤ ᠠᠰᠢᠭ ᠬᠦᠷᠲᠡᠭᠡᠬᠦ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠵᠢᠴᠢ ︽ᠳᠥᠴᠢᠨ ᠣᠨ ᠤ ᠠᠮᠵᠢᠯᠲᠠ ᠪᠥᠲᠥᠮᠵᠢ᠂ ᠲᠣᠷᠪᠢᠯᠢᠭ ᠳᠠᠪᠰᠢᠯᠲᠠ ᠶᠢᠨ ᠰᠢᠨ᠎ᠡ ᠡᠷᠢᠨ︾ ᠬᠤᠰᠢᠭᠤ ᠪᠠᠶᠢᠭᠤᠯᠤᠭᠳᠠᠭᠰᠠᠨ ᠳᠥᠴᠢᠨ ᠵᠢᠯ ᠤᠨ ᠣᠢ ᠶᠢ ᠪᠡᠯᠭᠡᠯᠡᠬᠦ ᠲᠤᠭᠯᠠᠯᠲᠠ ᠵᠡᠷᠭᠡ ᠬᠠᠨᠳᠣᠯᠭᠠᠲᠤ ᠴᠢᠨᠠᠷᠲᠠᠢ ᠣᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ 188 ᠲᠠᠯᠠᠪᠤᠷ ᠥᠷᠨᠢᠭᠦᠯᠵᠦ᠂ ᠦᠵᠡᠭᠴᠢᠳ 30 ᠲᠦᠮᠡᠨ ᠬᠦᠮᠦᠨ ᠣᠳᠠᠭ᠎ᠠ  ᠳᠤ ᠬᠦᠷᠪᠡ︔ ︽ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠤᠪᠢᠰᠬᠠᠯᠲᠤ ᠨᠣᠮ ᠤᠨ ᠥᠷᠦᠭᠡ︾᠂ ︽ᠴᠠᠬᠢᠷᠮ᠎ᠠ ᠴᠢᠳᠠᠪᠤᠷᠢᠲᠠᠨ︾ ᠨᠣᠮ ᠤᠨ ᠦᠷᠦᠭᠡ ᠶᠢ ᠪᠠᠶᠢᠭᠤᠯᠤᠨ᠂ ᠤᠯᠠᠭᠠᠨᠮᠥ᠋ᠴᠢᠷ ᠤᠨ ᠠᠯᠪᠠᠯᠠᠬᠤ ᠭᠠᠵᠠᠷ᠂ ᠪᠤᠯᠪᠠᠰᠤᠷᠠᠯ ᠤᠨ ᠲᠠᠯᠠᠪᠤᠷ ᠢ ᠥᠭᠡᠷᠡᠴᠢᠯᠡᠨ ᠰᠠᠶᠢᠵᠢᠷᠠᠭᠤᠯᠵᠣ᠂ ᠰᠤᠶᠤᠯ ᠤᠨ ᠠᠵᠢᠯᠯᠠᠭᠠᠨ ᠤ ᠭᠠᠵᠠᠷ ᠤᠨ ᠳᠡᠰ ᠳᠠᠪᠰᠢᠯᠲᠠ ᠶᠢ ᠠᠬᠢᠭᠤᠯᠤᠨ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ  ᠪᠠᠶᠢᠭ᠎ᠠ ᠣᠶᠣᠨ ᠤ ᠰᠣᠶᠣᠯ ᠤᠨ ᠬᠡᠷᠡᠭᠴᠡᠭᠡ ᠶᠢ ᠲᠠᠰᠣᠷᠠᠯᠲᠠ ᠦᠭᠡᠢ ᠬᠠᠩᠭᠠᠪᠠ︔ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠬᠦᠯᠪᠡ᠃ ᠡᠯ᠎ᠡ ᠲᠥᠷᠥᠯ ᠤᠨ ᠠᠵᠢᠯᠲᠠᠨ 336 ᠬᠦᠮᠦᠨ ᠢ ᠡᠯᠰᠡᠨ ᠳᠥᠪᠬᠢᠨᠡᠭᠦᠯᠵᠦ᠂ ᠬᠤᠲᠠ ᠪᠠᠯᠭᠠᠰᠤᠨ ᠤ 949 ᠬᠦᠮᠦᠨ ᠳᠤ ᠰᠢᠨ᠎ᠡ ᠪᠠᠷ ᠠᠵᠢᠯ ᠣᠯᠭᠤᠪᠠ᠃ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ᠂ ᠠᠵᠢᠯ ᠠᠴᠠ ᠪᠣᠯᠣᠭᠰᠠᠨ ᠬᠡᠮᠳᠦᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ ᠴᠥᠮ ᠳᠠᠪᠠᠭᠤᠯᠤᠨ ᠪᠡᠶᠡᠯᠡᠭᠦᠯᠵᠦ᠂ ᠰᠢᠨ᠎ᠡ ᠪᠠᠷ ᠡᠬᠢᠯᠡᠭᠦᠯᠦᠭᠰᠡᠨ ᠪᠠᠷᠢᠯᠭ᠎ᠠ ᠶᠢᠨ ᠪᠥᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠠᠴᠠ ᠪᠤᠯᠤᠭᠰᠠᠨ ᠬᠡᠮᠳᠦᠯ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 100% ᠳᠤ ᠬᠦᠷᠭᠡᠪᠡ᠃ ᠬᠤᠲᠠ ᠬᠦᠳᠡᠭᠡ ᠶᠢᠨ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠪᠠ ᠬᠠᠷᠠᠭᠠᠯᠵᠠᠯ ᠤᠨ ᠨᠥᠬᠦᠪᠦᠷᠢ ᠶᠢ ᠵᠣᠬᠢᠰᠲᠠᠢ ᠳᠡᠭᠡᠭᠰᠢᠯᠡᠬᠦᠯᠦᠨ᠂ ᠬᠠᠮᠤᠭ ᠶᠡᠭᠡ ᠬᠡᠮᠵᠢᠶ᠎ᠡ ᠪᠠᠷ ᠬᠦᠴᠢᠷᠳᠡᠯᠲᠡᠢ ᠤᠯᠠᠨ ᠲᠦᠮᠡᠨ ᠤ ᠦᠨᠳᠦᠰᠦᠨ  ᠠᠮᠢᠳᠣᠷᠠᠯ ᠢ ᠪᠠᠲᠤᠯᠠᠪᠠ᠃      ᠲᠥᠯᠥᠭᠡᠯᠡᠭᠴᠢᠳ ᠡ᠂ ᠥᠨᠥ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠲᠦᠮᠵᠢ ᠶᠢ ᠪᠥᠬᠦ ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠪᠠᠷ ᠤᠯᠤᠭᠰᠠᠨ ᠶᠤᠮ᠃ ᠭᠡᠪᠡᠴᠦ ᠠᠵᠤ ᠠᠬᠤᠢ ᠶᠢᠨ ᠡᠷᠬᠢᠯᠲᠡ ᠶᠢᠨ ᠳᠤᠮᠳᠠ ᠮᠥᠨ ᠯᠠ ᠡᠳᠦᠢ ᠲᠡᠳᠦᠢ ᠬᠦᠴᠢᠷᠳᠡᠯ ᠪᠠ ᠠᠰᠠᠭᠤᠳᠠᠯ ᠤᠷᠤᠰᠢᠵᠤ ᠪᠠᠶᠢᠬᠤ ᠶᠢ ᠰᠡᠷᠭᠡᠭ ᠢᠶᠠᠷ ᠲᠠᠨᠢᠬᠤ ᠴᠢᠬᠤᠯᠠ ᠲᠠᠢ ᠪᠤᠢ᠃ ᠭᠤᠤᠯ ᠢᠯᠡᠷᠡᠯ ᠨᠢ᠄ ᠨᠢᠭᠡ ᠳᠤ ᠠᠵᠤ ᠠᠬᠤᠢ ᠶᠢᠨ ᠡᠷᠬᠢᠯᠲᠡ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ᠳᠡᠯᠡᠬᠡᠢ ᠶᠢᠨ ᠪᠠ ᠤᠯᠤᠰ ᠤᠨ ᠲᠣᠲᠤᠭᠠᠳᠤ ᠶᠢᠨ ᠶᠡᠭᠡ ᠣᠷᠴᠢᠨ ᠲᠣᠭᠤᠷᠢᠨ ᠵᠢᠴᠢ ᠰᠢᠨ᠎ᠡ ᠲᠢᠲᠢᠮᠯᠢᠭ ᠠᠭᠤᠰᠭᠢᠨ ᠥᠷᠪᠢᠰᠦᠯ ᠤᠨ ᠬᠢᠵᠢᠭ ᠤᠨ ᠨᠥᠯᠥᠭᠡ ᠠᠴᠠ ᠪᠤᠯᠵᠤ᠂ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠦᠴᠢᠷᠳᠡᠯ ᠨᠡᠩ ᠤᠯᠠᠰᠢᠷᠠᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠨᠡᠮᠡᠭᠳᠡᠵᠦ ᠪᠤᠢ᠃ ᠬᠤᠶᠠᠷ ᠲᠤ ᠲᠤᠮᠤ ᠲᠥᠷᠥᠯ ᠵᠦᠢᠯ ᠤᠨ ᠨᠦᠬᠡᠴᠡᠯᠡᠯᠲᠡ ᠢᠯᠡᠷᠬᠡᠢ ᠳᠤᠲᠠᠮᠠᠭ ᠪᠣᠯᠵᠣ᠂ ᠣᠷᠣᠨᠵᠢᠭᠤᠯᠤᠨ ᠪᠤᠲᠠᠲᠠᠶᠢᠵᠢᠭᠤᠯᠵᠤ ᠠᠵᠢᠯ ᠡᠬᠢᠯᠡᠭᠦᠯᠦᠭᠰᠡᠨ ᠳ᠋ᠦᠩᠰᠢᠭᠤᠷ ᠲᠦᠬᠦᠷᠢᠭ ᠤᠨ ᠳᠡᠭᠡᠭᠰᠢ ᠲᠦᠷᠦᠯ ᠵᠦᠢᠯ ᠴᠦᠬᠡᠨ᠂ ᠲᠦᠷᠦᠯ ᠵᠦᠢᠯ ᠤᠨ ᠠᠵᠢᠯ ᠢ ᠡᠬᠢᠯᠡᠭᠦᠯᠦᠭᠰᠡᠨ ᠤ ᠳᠠᠷᠠᠭ᠎ᠠ ᠪᠤᠢ ᠪᠤᠯᠤᠭᠰᠠᠨ ᠪᠣᠳᠠᠲᠤ ᠪᠣᠳᠠᠰ ᠤᠨ ᠬᠡᠮᠵᠢᠶ᠎ᠡ ᠬᠦᠷᠦᠯᠴᠡᠬᠦ ᠦᠭᠡᠢ᠂ ᠲᠥᠷᠥᠯ ᠵᠤᠶᠢᠯ ᠤᠨ ᠬᠤᠳᠠᠯᠳᠤᠭᠠᠴᠢᠨ ᠤᠷᠢᠬᠤ ᠠᠵᠢᠯ ᠪᠠᠰᠠ ᠵᠢᠱᠢᠭᠰᠡᠨ ᠦᠷ᠎ᠡ ᠪᠥᠲᠥᠮᠵᠢ ᠳᠡᠭᠡᠨ ᠬᠦᠷᠴᠦ ᠳᠡᠶᠢᠯᠦᠭᠡᠳᠦᠢ ᠪᠤᠢ᠃ ᠭᠤᠷᠪᠠ ᠳᠤ  ᠬᠦᠴᠦᠨ ᠵᠦᠢᠯ ᠤᠨ ᠬᠢᠵᠠᠭᠠᠷᠯᠠᠯ ᠮᠥᠨ ᠬᠦ ᠤᠷᠤᠰᠢᠵᠦ᠂ ᠠᠵᠤ ᠠᠬᠤᠶᠢᠯᠠᠯ ᠪᠡᠯᠡ ᠬᠤᠷᠠᠮᠳᠣᠭᠤᠯᠬᠤ ᠳᠤ ᠬᠦᠴᠢᠷᠲᠡᠢ᠂ ᠭᠠᠵᠠᠷ ᠲᠠᠲᠠᠪᠤᠷᠢᠯᠠᠨ ᠨᠤᠷᠠᠭᠠᠨ ᠨᠡᠭᠦᠯᠬᠡᠬᠦ ᠳᠤ ᠬᠦᠴᠢᠷ᠂ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠣᠷᠣᠨ ᠵᠠᠢ ᠪᠤᠯᠤᠨ ᠭᠦᠢᠴᠡᠳᠭᠡᠯ ᠲᠤᠭ᠎ᠠ ᠲᠤᠲᠠᠭᠳᠠᠵᠤ ᠪᠠᠶᠢᠬᠤ ᠵᠡᠷᠭᠡ ᠪᠣᠭᠤᠮᠢ ᠬᠢᠵᠠᠭᠠᠷᠯᠠᠯ ᠡᠯ᠎ᠡ ᠵᠦᠢᠯ ᠤᠨ ᠪᠣᠳᠠᠲᠤ ᠨᠥᠬᠦᠴᠡᠯ ᠤᠨ ᠨᠥᠯᠥᠭᠡ ᠶᠢ ᠬᠦᠷᠲᠡᠨ᠂ ᠬᠠᠷᠠᠬᠠᠨ ᠪᠥᠲᠥᠮᠵᠢᠲᠡᠢ ᠨᠠᠮᠲᠠᠭᠠᠳᠤᠢ ᠪᠣᠢ᠃      ᠬᠤᠶᠠᠷ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠠᠷᠭ᠎ᠠ ᠬᠡᠮᠵᠢᠶ᠎ᠡ      ᠬᠢᠵᠢᠭ ᠲᠠᠢ ᠲᠡᠮᠡᠴᠡᠬᠦ ᠠᠵᠢᠯᠯᠠᠭ᠎ᠠ ᠦᠷᠭᠦᠯᠵᠢᠯᠡᠭᠰᠡᠭᠡᠷ ᠪᠤᠢ᠃ 2021 ᠣᠨ ᠳᠤ ᠪᠢᠳᠠ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠤᠯᠤᠰ ᠤᠨ ᠲᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠪᠠ ᠠᠵᠤ ᠠᠬᠤᠢ ᠶᠢᠨ ᠪᠠᠶᠢᠳᠠᠯ ᠤᠨ ᠱᠠᠲᠤᠴᠢ ᠴᠢᠨᠠᠷᠲᠠᠢ ᠬᠤᠪᠢᠷᠠᠯᠲᠠ ᠶᠢ ᠣᠨᠣᠪᠴᠢᠲᠠᠢ ᠡᠵᠡᠮᠳᠡᠨ᠂ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠤᠨ ᠪᠠᠶᠢᠳᠠᠯ ᠳᠤ ᠲᠣᠬᠢᠷᠠᠭᠤᠯᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠲᠠᠢ ᠵᠣᠬᠢᠴᠠᠭᠰᠠᠨ ᠠᠵᠤ ᠠᠬᠤᠢ ᠨᠡᠶᠢᠭᠡᠮ ᠤᠨ ᠡᠷᠬᠢᠯᠲᠡ ᠶᠢᠨ ᠡᠮᠬᠢ ᠲᠢᠭᠯᠢᠮ ᠤᠨ ᠪᠠᠶᠢᠭᠤᠯᠤᠯᠲᠠ ᠶᠢ ᠲᠦᠷᠬᠡᠳᠬᠡᠬᠦ ᠴᠢᠬᠤᠯᠠᠲᠠᠢ᠃       2021 ᠤᠨ ᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ᠂ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠣᠯᠲᠠ ᠶᠢ 13% ᠣᠷᠴᠢᠮ᠂ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠶᠢ 3%ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠣᠷᠴᠢᠮ  ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠤᠷᠤᠯᠠᠭᠤᠯᠬᠤ ᠨᠤᠷᠮ᠎ᠠ ᠶᠢ 3% ᠣᠷᠴᠢᠮ ᠢᠶᠠᠷ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠪᠠᠷ ᠭᠤᠤᠯ ᠪᠤᠯᠭᠠᠨ᠂ ᠳᠣᠣᠷᠠᠬᠢ ᠲᠠᠪᠤᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠴᠢᠨᠠᠷᠯᠢᠭ ᠬᠦᠭᠵᠢᠯᠳᠡ ᠳᠤ ᠴᠢᠭᠯᠡᠭᠦᠯᠣᠨ᠂ ᠠᠵᠣ ᠠᠬᠤᠢ ᠶᠢᠨ ᠪᠦᠳᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠢᠭᠡ ᠳᠤ ᠠᠵᠣ ᠣᠶᠢᠯᠠᠳᠪᠦᠷᠢ ᠶᠢᠨ ᠠᠵᠣ ᠠᠬᠤᠢ ᠶᠢᠨ ᠴᠢᠨᠠᠷ ᠤᠨ ᠲᠡᠭᠡᠭᠰᠢᠯᠡᠯᠳᠡ ᠪᠦᠳᠦᠮᠵᠢ ᠶᠢᠨ ᠨᠡᠮᠡᠭᠳᠡᠯ ᠢ ᠠᠬᠢᠭᠤᠯᠣᠨ᠎ᠠ᠃ ᠰᠠᠨᠠᠭᠠᠴᠢᠯᠠᠭ᠎ᠠ ᠠᠴᠠ ᠪᠠᠨ ᠣᠯᠣᠰ ᠤᠨ ᠡᠨᠧᠷᠬᠢ  ᠶᠢᠨ ᠬᠦᠭᠵᠢᠬᠦᠯᠤᠯᠳᠠ ᠶᠢᠨ ᠬᠠᠨᠳᠣᠰᠢ ᠳᠤ ᠨᠡᠶᠢᠴᠡᠭᠦᠯᠣᠨ᠂ ᠨᠡᠭᠦᠷᠡᠰᠦ ᠴᠠᠬᠢᠯᠭᠠᠨ ᠴᠢᠯᠠᠭᠤᠨ ᠲᠣᠰᠣ ᠰᠢᠳᠠᠮᠠᠬᠠᠢ ᠬᠡᠢ ᠰᠠᠯᠬᠢ ᠨᠠᠷᠠᠨ ᠡᠨᠧᠷᠬᠢ ᠣᠰᠣᠳᠦ᠋ᠷᠦᠭᠴᠢ ᠬᠠᠳᠠᠭᠠᠯᠠᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠬᠡᠯᠬᠢᠶᠡᠵᠢᠯ ᠢ ᠬᠦᠴᠤᠷᠬᠡᠭᠵᠢᠬᠦᠯᠤᠨ᠂ ᠣᠯᠣᠰ ᠤᠨ ᠲᠡᠰ ᠤᠨ ᠴᠡᠪᠡᠷ ᠡᠨᠧᠷᠬᠢ ᠶᠢᠨ ᠬᠦᠷᠬᠡᠯᠳᠠ ᠶᠢᠨ ᠰᠠᠭᠤᠷᠢᠨ ᠭᠠᠵᠠᠷ ᠢ ᠪᠠᠶᠢᠭᠤᠯᠣᠨ᠎ᠠ᠃ ᠨᠡᠭᠦᠷᠡᠰᠣᠨ ᠤ ᠬᠠᠩᠭᠠᠯᠭ᠎ᠠ ᠶᠢᠨ ᠡᠷᠴᠢᠮ ᠢ ᠴᠢᠩᠭᠠᠳᠬᠠᠨ᠂ ᠰᠢᠨ᠎ᠡ ᠱᠠᠩᠬᠠᠢ ᠶᠢᠨ ᠰᠦᠮ᠎ᠡ ᠨᠢᠭᠡ ᠨᠣᠮᠧᠷᠳᠦ᠂ ᠪᠠᠯᠠᠩ ᠵᠡᠷᠭᠡ 6 ᠨᠡᠭᠦᠷᠡᠰᠣᠨ ᠠᠭᠤᠷᠬᠠᠢ ᠶᠢᠨ ᠨᠡᠭᠡᠭᠡᠨ ᠮᠠᠯᠳᠠᠬᠤ ᠦᠨᠡᠮᠯᠡᠯ ᠤᠨ ᠭᠠᠷ ᠭᠦᠢᠴᠡᠳᠬᠡᠯ ᠢ ᠲᠦᠷᠭᠡᠳᠭᠡᠵᠣ᠂ ᠬᠠᠷᠴᠠᠭᠠᠢ ᠬᠦᠯᠦᠭ ᠭᠤᠷᠪᠠ ᠨᠣᠮᠧᠷᠳᠦ ᠨᠡᠭᠦᠷᠡᠰᠣᠨ ᠠᠭᠤᠷᠬᠠᠢ ᠶᠢᠨ ᠭᠠᠷ ᠭᠦᠢᠴᠡᠳᠬᠡᠯ ᠢ ᠡᠬᠢᠯᠡᠭᠦᠯᠦᠨ᠂ ᠪᠣᠬᠢᠷᠳᠣᠯ ᠦᠭᠡᠢ ᠠᠭᠤᠷᠬᠠᠢ ᠶᠢᠨ ᠣᠷᠣᠨ᠂ ᠣᠶᠣᠨᠴᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠣᠨ᠎ᠠ᠃ ᠣᠷᠳᠣᠰ ᠤᠨ ᠪᠠᠷᠠᠭᠤᠨ ᠪᠡᠶ᠎ᠡ ᠶᠢᠨ ᠨᠡᠭᠦᠷᠡᠰᠣᠨ ᠭᠦᠢᠯᠭᠡᠭᠡᠨ ᠤ ᠬᠦᠷᠢᠶᠡᠯᠡᠩ ᠤᠨ ᠦᠷᠭᠡᠳᠬᠡᠯ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠨᠡᠭᠦᠷᠡᠰᠣᠨ ᠤ ᠬᠠᠩᠭᠠᠯᠭ᠎ᠠ ᠶᠢᠨ ᠠᠷᠭ᠎ᠠ ᠪᠣᠳᠣᠯᠭ᠎ᠠ ᠶᠢᠨ ᠵᠦᠪᠳᠡᠯᠴᠡᠭᠡᠷ ᠢ ᠨᠠᠷᠢᠯᠢᠭᠵᠢᠭᠤᠯᠣᠨ ᠨᠠᠶᠢᠳᠠᠪᠦᠷᠢᠵᠢᠭᠤᠯᠣᠨ᠎ᠠ᠃ ᠣᠯᠣᠰ  ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ ᠣᠶᠢᠯᠠᠳᠪᠦᠷᠢ᠂ ᠣᠯᠣᠰ ᠤᠨ ᠴᠠᠬᠢᠯᠭᠠᠨ ᠤ ᠱᠤᠸᠠᠩ ᠸᠧᠢ ᠶᠢᠨ ᠴᠠᠬᠢᠯᠭᠠᠨ ᠣᠶᠢᠯᠠᠳᠪᠦᠷᠢ᠂ ᠴᠠᠩ ᠴᠧᠩ ᠴᠠᠬᠢᠯᠭᠠᠨ ᠣᠶᠢᠯᠠᠳᠪᠦᠷᠢ ᠶᠢᠨ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠨ᠂ ᠵᠢᠯ ᠤᠨ ᠲᠣᠳᠣᠷ᠎ᠠ ᠰᠢᠪᠳᠣᠯᠣᠯᠳᠠ ᠶᠢᠨ ᠴᠢᠨᠠᠷᠳᠡᠢ ᠠᠮᠵᠢᠯᠳᠠ ᠣᠯᠵᠣ᠂ ᠲᠣᠭᠳᠠᠭᠰᠠᠨ ᠬᠤᠭᠤᠴᠠᠭᠠᠨ ᠳᠤ ︽ᠬᠤᠣᠰ ᠣᠷᠣᠭᠤᠯᠣᠯᠳᠠ︾ ᠶᠢ ᠪᠡᠶᠡᠯᠡᠭᠦᠯᠦᠨ᠂ ᠳᠠᠬᠢᠨ ᠨᠢᠭᠡ ᠵᠣᠷᠪᠣᠰ ᠴᠠᠬᠢᠯᠭᠠᠨ ᠬᠦᠷᠬᠡᠯᠳᠠ ᠶᠢᠨ ᠱᠤᠭᠤᠮ ᠢ ᠪᠠᠶᠢᠭᠤᠯᠬᠤ  ᠪᠠᠷ ᠲᠦᠯᠦᠪᠵᠢᠭᠦᠯᠵᠣ᠂ ᠴᠡᠪᠡᠷ ᠡᠨᠧᠷᠬᠢ᠂ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ ᠪᠠ ᠭᠠᠳᠠᠭᠰᠢ ᠬᠦᠷᠭᠡᠬᠦ ᠬᠡᠪᠴᠢᠶᠡᠵᠢᠯ ᠶᠢ ᠦᠷᠭᠡᠳᠬᠡᠨ᠎ᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠤᠶᠢᠯᠡᠤᠨᠪᠤᠷᠢᠯᠡᠯ ᠤᠨ ᠲᠡᠭᠡᠳᠦ ᠲᠡᠰ ᠤᠨ ᠠᠵᠣ ᠣᠶᠢᠯᠠᠰ ᠤᠨ ᠤᠷᠳᠤᠤᠨᠬᠠᠯ ᠢ ᠠᠬᠢᠭᠤᠯᠣᠨ᠂ ᠡᠾᠧᠩ ᠺᠦᠨ ᠬᠢᠮᠢ ᠶᠢᠨ ᠦᠢᠯᠡᠳᠪᠦᠷᠢ ᠶᠢᠨ ᠨᠡᠬᠦᠷᠡᠰᠤ ᠬᠡᠤᠷᠰᠢᠬᠦᠯᠬᠦ ᠤᠯᠠᠨ ᠬᠤᠯᠪᠤᠭᠠᠳᠤ ᠤᠶᠢᠯᠡᠤᠨᠪᠤᠷᠢᠯᠡᠯ ᠤᠨ ᠬᠤᠶᠠᠳᠣᠭᠠᠷ ᠬᠤᠭᠤᠴᠠᠭᠠᠨ ᠤ ᠲᠦᠷᠦᠯ ᠵᠣᠶᠢᠯ᠂ ᠰᠢᠩ ᠶᠤᠸᠠᠨ ᠤ 12 ᠲᠦᠮᠡᠨ ᠳᠤᠨ ᠨᠡᠬᠦᠷᠡᠰᠤᠳᠦ᠋ᠷᠦᠭᠴᠢᠳᠤ ᠴᠠᠬᠢᠭᠤᠷ ᠤᠨ ᠮᠠᠲ᠋ᠧᠷᠢᠶᠡᠯ ᠪᠠ 2 ᠲᠦᠮᠡᠨ ᠳᠤᠨ ᠨᠡᠬᠦᠷᠡᠰᠤᠳᠦ᠋ᠷᠦᠭᠴᠢᠳᠤ ᠴᠠᠬᠢᠭᠤᠷ ᠤᠨ ᠱᠠᠭᠠᠵᠠᠩ ᠤᠨ ᠪᠦᠳᠤᠬᠡᠭᠳᠡᠬᠦᠨ  ᠤ ᠲᠦᠷᠤᠯ ᠵᠦᠢᠯ ᠢ ᠭᠤᠣᠯᠳᠠᠯᠭᠠᠳᠠᠢ ᠠᠬᠢᠭᠤᠯᠣᠨ᠎ᠠ᠃ ᠰᠢᠨ᠎ᠡ ᠡᠨᠧᠷᠬᠢ᠂ ᠰᠢᠨ᠎ᠡ ᠮᠡᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠡᠨ ᠠᠵᠣ ᠣᠶᠢᠯᠠᠰ ᠢ ᠪᠣᠶᠢᠵᠢᠭᠤᠯᠣᠨ ᠪᠣᠵᠠᠭᠠᠶᠢᠷᠠᠭᠤᠯᠵᠣ᠂ ᠡᠨᠧᠷᠬᠢ ᠶᠢᠨ ᠠᠵᠣ ᠠᠬᠤᠢ ᠶᠢ ᠲᠠᠩᠭᠠᠷᠴᠢᠯᠠᠯᠳᠠ ᠠᠴᠠ ᠤᠳᠤᠬᠢᠴᠢᠯᠠᠯᠳᠠ᠂ ᠰᠦᠷᠦᠭᠵᠢᠯᠳᠠ ᠶᠢᠨ ᠴᠢᠨᠠᠷᠳᠠᠢ ᠬᠦᠭᠵᠢᠯᠳᠡ ᠳᠠᠶᠢᠰᠢ ᠠᠬᠢᠭᠤᠯᠣᠨ᠎ᠠ᠃ ᠬᠤᠶᠠᠷ ᠲᠤ ᠮᠠᠯ ᠲᠠᠷᠢᠶᠠᠯᠠᠩ ᠤᠨ ᠣᠶᠢᠯᠠᠰ ᠤᠨ ᠬᠡᠯᠪᠡᠷᠢ ᠶᠢᠨ ᠬᠤᠪᠢᠷᠠᠭᠤᠯᠣᠯᠳᠠ ᠶᠢᠨ ᠲᠡᠰ ᠲᠡᠪᠰᠢᠯᠳᠡ ᠶᠢ ᠲᠦᠷᠭᠡᠳᠬᠡᠨ᠎ᠡ᠃ ᠦᠪᠡᠷᠳᠡᠭᠡᠨ ᠵᠠᠰᠠᠬᠤ ᠣᠷᠣᠨ ᠠᠴᠠ ︽ᠪᠦᠬᠦ ᠣᠯᠣᠰ ᠤᠨ ᠪᠣᠬᠢᠷᠳᠣᠯ ᠦᠭᠡᠢ ᠮᠡᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠰᠠᠭᠤᠷᠢᠨ ᠭᠠᠵᠠᠷ︾ ᠢ ᠪᠠᠶᠢᠭᠤᠯᠬᠤ ᠲᠣᠬᠢᠶᠠᠯ ᠲᠠᠢ ᠨᠢᠭᠳᠠ ᠣᠶᠠᠯᠳᠣᠭᠤᠯᠣᠨ᠂ ᠮᠠᠨ ᠤ ᠬᠤᠰᠢᠭᠤᠨ ᠤ ᠪᠠᠶᠢᠭᠠᠯᠢ ᠶᠢᠨ ᠲᠠᠪᠠᠭᠤᠯᠢᠭ ᠲᠤ ᠪᠠᠨ ᠲᠦᠰᠢᠭᠯᠡᠨ᠂ ᠲᠦᠷᠦᠯ ᠵᠣᠶᠢᠯ ᠢ ᠨᠡᠮᠡᠭᠳᠡᠭᠦᠯᠬᠦ᠂ ᠴᠢᠨᠠᠷᠵᠢᠯ ᠢ ᠲᠡᠭᠡᠭᠰᠢᠯᠡᠭᠦᠯᠬᠦ᠂ ᠨᠡᠷᠡᠳᠦ ᠲᠡᠮᠳᠡᠭ ᠡᠭᠦᠳᠬᠦ  ᠳᠤ ᠰᠠᠭᠤᠷᠢᠯᠠᠵᠤ᠂ ᠦᠪᠡᠷᠳᠡᠭᠡᠨ ᠵᠠᠰᠠᠬᠤ ᠣᠷᠣᠨ ᠤ ᠪᠠᠷᠠᠭᠤᠨ ᠪᠡᠶ᠎ᠡ ᠶᠢᠨ ᠰᠢᠯᠢᠳᠡᠭ ᠴᠢᠨᠠᠷ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠢ ᠲᠦᠪᠯᠡᠷᠡᠭᠦᠯᠦᠨ ᠲᠠᠷᠬᠠᠭᠠᠬᠤ ᠲᠦᠪ ᠢ ᠪᠠᠶᠢᠭᠤᠯᠣᠨ᠎ᠠ᠃ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠠᠬᠢᠴᠠ ᠶᠢ ᠲᠦᠷᠭᠡᠳᠬᠡᠨ᠂ ᠠᠯᠠᠰᠢᠨ ᠦᠬᠡᠷ ᠤᠨ ᠲᠡᠵᠢᠭᠡᠨ ᠦᠷᠡᠵᠢᠭᠦᠯᠭᠡ᠂ ᠨᠤᠭᠤᠭ᠎ᠠ ᠵᠢᠮᠢᠰ ᠤᠨ ᠣᠶᠢᠯᠠᠳᠪᠦᠷᠢᠯᠠᠯ᠂ ᠨᠠᠷᠢᠨ ᠨᠤᠤᠯᠤᠭᠤᠷᠳᠤ ᠢᠮᠠᠭᠠᠨ ᠤ ᠡᠭᠦᠯᠳᠡᠷ ᠤᠨ ᠮᠠᠯ  ᠤᠨ ᠦᠷᠡᠵᠢᠬᠦᠯᠬᠡ᠂ ᠠᠯᠠᠰᠢᠨ ᠮᠠᠯ ᠢ ᠣᠬᠤᠷ ᠬᠤᠭᠤᠴᠠᠭᠠᠨ ᠳᠤ ᠪᠣᠷᠳᠣᠨ ᠲᠠᠷᠭᠤᠯᠠᠭᠤᠯᠬᠤ ᠵᠡᠷᠭᠡ ᠬᠡᠪᠴᠢᠶᠡᠵᠢᠬᠦᠯᠦᠭᠰᠡᠨ ᠲᠡᠵᠢᠭᠡᠨ ᠦᠷᠡᠵᠢᠭᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠣ᠂ ᠵᠢᠯ ᠤᠨ ᠲᠣᠳᠣᠷ᠎ᠠ 4 ᠲᠦᠮᠡᠨ ᠮᠣ᠋ ᠢᠳᠡᠰᠢᠨ ᠨᠤᠭᠤᠭ᠎ᠠ ᠳᠠᠷᠢᠵᠤ᠂ 30 ᠲᠦᠮᠡᠨ ᠲᠣᠯᠣᠭᠠᠢ ᠲᠦᠯ ᠢ ᠣᠬᠤᠷ ᠬᠤᠭᠤᠴᠠᠭᠠᠨ  ᠳᠤ ᠪᠣᠷᠳᠣᠨ ᠳᠠᠷᠭᠤᠯᠠᠭᠤᠯᠵᠤ᠂ 2 ᠲᠦᠮᠡᠨ ᠮᠣ᠋ ᠠᠵᠣ ᠠᠬᠤᠢ ᠶᠢᠨ ᠣᠢ ᠳᠠᠷᠢᠨ᠎ᠠ᠃ ︽ᠣᠳᠤᠭ ᠤᠨ ᠡᠮᠦᠨᠡᠳᠦ ᠬᠤᠰᠢᠭᠤᠨ ᠤ ᠮᠡᠯ ᠤᠨ ᠮᠢᠬ᠎ᠠ︾ ᠵᠡᠷᠭᠡ ᠣᠷᠣᠨ ᠬᠡᠪᠴᠢᠶᠡᠨ ᠤ ᠨᠡᠷᠡᠳᠦ ᠲᠡᠮᠳᠡᠭ ᠢ ᠤᠯᠠᠮ ᠠᠯᠳᠠᠷᠰᠢᠭᠤᠯᠤᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠮᠦᠷᠳᠡᠯᠳᠡ ᠶᠢᠨ ᠲᠣᠭᠳᠠᠯᠴᠠᠭᠠᠨ ᠤ ᠪᠠᠶᠢᠭᠤᠯᠣᠯᠳᠠ ᠶᠢ ᠴᠢᠩᠭᠠᠳᠬᠠᠵᠣ᠂ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠬᠤᠰᠢᠭᠤ ᠶᠢ ᠴᠣᠭᠴᠠᠯᠠᠨ᠎ᠠ᠃ ᠲᠣᠯᠣᠭᠠᠶᠢᠯᠠᠭᠴᠢ ᠠᠵᠣ ᠠᠬᠤᠶᠢᠯᠠᠯ᠂ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠵᠢᠴᠢ ᠣᠶᠢᠯᠠᠳᠪᠦᠷᠢᠯᠠᠯ ᠤᠨ ᠴᠢᠨᠠᠷᠳᠠᠢ ᠣᠶᠢᠯᠡᠴᠢᠯᠡᠭᠡᠨ ᠤ ᠵᠣᠬᠢᠶᠠᠨ ᠪᠠᠶᠢᠭᠤᠯᠣᠯᠳᠠ ᠶᠢ ᠪᠤᠶᠢᠵᠢᠭᠤᠯᠬᠤ ᠡᠷᠴᠢᠮ ᠢᠶᠠᠨ ᠴᠢᠩᠭᠠᠳᠬᠠᠨ᠂ ᠦᠪᠡᠷᠳᠡᠭᠡᠨ ᠵᠠᠰᠠᠬᠤ ᠣᠷᠣᠨ ᠤ ᠲᠡᠰ ᠤᠨ ᠮᠠᠯ ᠲᠠᠷᠢᠶᠠᠯᠠᠩ ᠤᠨ ᠠᠵᠣ  ᠤᠶᠢᠯᠡᠰᠵᠢᠭᠰᠡᠨ ᠬᠤᠯᠪᠣᠭᠠᠳᠦ ᠴᠣᠭᠴᠠ ᠶᠢ 2 ᠪᠣᠶᠢᠵᠢᠭᠤᠯᠵᠣ᠂ ᠠᠵᠣ ᠤᠶᠢᠯᠡᠰᠵᠢᠭᠰᠡᠨ ᠲᠣᠯᠣᠭᠠᠶᠢᠯᠠᠭᠴᠢ ᠠᠵᠣ ᠠᠬᠤᠶᠢᠯᠠᠯ ᠢ ᠰᠢᠨ᠎ᠠ ᠪᠠᠷ 4 ᠪᠣᠶᠢᠵᠢᠭᠤᠯᠣᠨ᠎ᠠ᠃ ︽ᠲᠤᠭᠠᠴᠠᠯᠠᠭᠰᠠᠨ ᠬᠦᠳᠡᠭᠡ ᠲᠣᠰᠬᠤᠨ︾ ᠤ ᠲᠣᠷᠰᠢᠯᠳᠠ ᠶᠢᠨ ᠴᠡᠭ ᠤᠨ ᠪᠠᠶᠢᠭᠤᠯᠣᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠰᠦᠯ  ᠢ ᠲᠣᠭᠳᠠᠭᠠᠨ᠂ ᠴᠢᠨᠠᠷᠵᠢᠯ ᠢ ᠪᠠᠳᠤᠯᠠᠵᠤ᠂ ᠦᠨᠳᠦᠷ ᠪᠠᠷᠢᠮᠵᠢᠶ᠎ᠠ ᠲᠠᠢ ᠪᠠᠷ ᠣᠯᠣᠰ ᠤᠨ ᠲᠣᠷᠰᠢᠯᠳᠡ ᠶᠢᠨ ᠴᠡᠭ ᠤᠨ ᠪᠠᠶᠢᠭᠤᠯᠣᠯᠳᠠ ᠶᠢᠨ ᠡᠭᠦᠷᠭᠡ ᠪᠠᠨ ᠪᠡᠶᠡᠯᠡᠭᠦᠯᠦᠨ᠎ᠡ᠃ ᠭᠤᠷᠪᠠ ᠳᠤ ᠣᠶᠢᠯᠡᠴᠢᠯᠡᠭᠡᠨ ᠤ ᠣᠶᠢᠯᠠᠰ ᠤᠨ ᠠᠭᠤᠰᠣᠯᠴᠠᠯ ᠬᠦᠭᠵᠢᠯᠳᠡ ᠶᠢ ᠠᠬᠢᠭᠤᠯᠣᠨ᠎ᠠ᠃ ᠬᠤᠪᠢᠰᠬᠠᠯᠳᠦ ᠬᠦᠮᠤᠵᠢᠯ ᠤᠨ ᠠᠵᠣ ᠣᠶᠢᠯᠠᠰ  ᠤᠨ ᠦᠷ᠎ᠡ ᠠᠰᠢᠭ ᠢ ᠦᠷᠭᠡᠳᠬᠡᠨ᠂ ᠪᠦᠬᠦ ᠣᠯᠣᠰ ᠤᠨ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠪᠠ ᠪᠦᠬᠦ ᠣᠷᠣᠨ ᠤ ᠬᠤᠪᠢᠰᠬᠠᠯᠳᠦ ᠬᠦᠮᠤᠵᠢᠯ  ᠤᠨ ᠵᠢᠭᠤᠯᠴᠢᠯᠠᠯ ᠤᠨ ᠳᠠᠭᠤᠷᠢᠶᠠᠯ ᠬᠤᠰᠢᠭᠤ ᠶᠢ ᠴᠣᠭᠴᠠᠯᠠᠨ᠎ᠠ᠃ ᠮᠠᠨ ᠤ ᠬᠤᠰᠢᠭᠤᠨ ᠤ ᠤᠤᠭᠠᠯ ᠰᠤᠶᠤᠯ ᠤᠨ ᠲᠠᠪᠠᠭᠤᠯᠢᠭ ᠪᠣᠯᠣᠨ ᠣᠯᠠᠨ ᠡᠰᠢᠳᠦ ᠰᠣᠶᠣᠯ  ᠤᠨ ᠲᠠᠪᠠᠭᠤᠯᠢᠭ ᠲᠤ ᠪᠠᠨ ᠲᠦᠰᠢᠭᠯᠡᠨ᠂ ᠣᠨᠴᠠᠯᠢᠭᠳᠦ ᠰᠤᠳᠤᠨ ᠵᠢᠭᠤᠯᠴᠢᠯᠠᠯ ᠤᠨ ᠵᠠᠮ ᠱᠣᠭᠤᠮ ᠢ ᠨᠡᠭᠡᠭᠡᠵᠣ᠂ ᠰᠣᠶᠣᠯ ᠵᠢᠭᠤᠯᠴᠢᠯᠠᠯ ᠤᠨ ᠴᠢᠨᠠᠷᠯᠢᠭ ᠪᠦᠳᠦᠭᠡᠭᠳᠡᠭᠦᠨ ᠢ ᠬᠠᠩᠭᠠᠨ᠂ ᠪᠦᠬᠦ ᠴᠠᠷᠠᠭᠠᠨ ᠤ ᠵᠢᠭᠤᠯᠴᠢᠯᠠᠯ ᠤᠨ ᠬᠡᠪ ᠪᠠᠶᠢᠳᠠᠯ ᠢ ᠪᠦᠷᠢᠯᠳᠦᠭᠦᠯᠦᠨ᠎ᠡ᠃ ᠪᠤᠷᠤᠪᠠᠯᠭᠠᠰᠤᠨ ᠤ ᠬᠤᠪᠢᠰᠬᠠᠯᠳᠤ ᠭᠥᠮᠥᠵᠢᠯ ᠤᠨ ᠥᠷᠭᠡᠳᠭᠡᠯ ᠪᠤᠯᠪᠠᠰᠤᠷᠠᠯ ᠤᠨ ᠰᠠᠭᠤᠷᠢᠨ ᠭᠠᠵᠠᠷ᠂ ᠦᠵᠡᠭᠳᠡᠯᠲᠦ ᠵᠢᠭᠠᠨ ᠰᠤᠷᠭᠠᠯᠲᠠ ᠶᠢᠨ ᠤᠷᠳᠤᠨ ᠵᠡᠷᠭᠡ ᠬᠤᠪᠢᠰᠬᠠᠯᠳᠦ ᠬᠦᠮᠦᠵᠢᠯ ᠤᠨ ᠰᠤᠳᠤᠯᠭ᠎ᠠ ᠰᠣᠷᠣᠯᠴᠠᠯᠭ᠎ᠠ ᠶᠢᠨ ᠲᠦᠷᠦᠯ ᠵᠣᠶᠢᠯ ᠢ ᠪᠠᠶᠢᠭᠤᠯᠣᠨ ᠠᠰᠢᠭᠯᠠᠵᠣ᠂ ᠬᠦᠷᠰᠢ ᠭᠠᠵᠠᠷ ᠣᠷᠣᠨ ᠤ ᠬᠤᠪᠢᠰᠬᠠᠯᠳᠦ ᠬᠦᠮᠦᠵᠢᠯ ᠤᠨ ᠡᠬᠢ ᠪᠠᠶᠠᠯᠢᠭ ᠲᠠᠢ ᠠᠭᠤᠰᠤᠯᠴᠠᠭᠤᠯᠤᠨ᠂ ᠦᠷᠭᠡᠳᠬᠡᠯ ᠰᠤᠳᠤᠯᠭ᠎ᠠ ᠰᠣᠷᠣᠯᠴᠠᠯᠭ᠎ᠠ ᠶᠢᠨ ᠵᠠᠮ ᠱᠣᠭᠤᠮ ᠪᠠ ᠬᠢᠴᠢᠶᠠᠯᠯᠡᠭᠡ ᠶᠢᠨ ᠰᠢᠰᠲ᠋ᠧᠮ ᠢ ᠣᠷᠳᠣᠳᠬᠠᠵᠣ᠂ ᠪᠣᠯᠪᠠᠰᠣᠷᠠᠯ ᠰᠤᠳᠤᠯᠭ᠎ᠠ ᠰᠣᠷᠣᠯᠴᠠᠯᠭ᠎ᠠ ᠶᠢᠨ ᠲᠡᠰ ᠢ ᠲᠡᠭᠡᠭᠰᠢᠯᠡᠭᠦᠯᠦᠨ᠎ᠡ᠃ ︽ᠬᠤᠪᠢᠰᠬᠠᠯᠳᠦ ᠬᠦᠮᠦᠵᠢᠯ +︾ ᠤᠨ ᠤᠶᠢᠯᠡᠳᠤᠯ ᠢ ᠦᠷᠭᠦᠯᠵᠢᠯᠡᠨ ᠶᠡᠬᠡᠤᠨᠬᠡᠵᠤ᠂ ᠬᠡᠷᠡᠮ ᠤᠨ ᠭᠤᠣᠯ ᠤᠨ ᠦᠵᠡᠮᠵᠢ ᠶᠢᠨ ᠣᠷᠣᠨ ᠤ ᠪᠠᠶᠢᠭᠤᠯᠣᠯᠳᠠ ᠶᠢᠨ ᠠᠬᠢᠴᠠ ᠶᠢ ᠲᠦᠷᠭᠡᠳᠬᠡᠵᠣ᠂ ᠮᠠᠨ ᠤ ᠬᠤᠰᠢᠭᠤᠨ ᠤ ᠬᠤᠪᠢᠰᠬᠠᠯᠳᠦ ᠬᠦᠮᠦᠵᠢᠯ ᠤᠨ ᠰᠤᠳᠤᠯᠭ᠎ᠠ ᠰᠣᠷᠣᠯᠴᠠᠯᠭ᠎ᠠ ᠶᠢᠨ ᠠᠵᠣ ᠣᠶᠢᠯᠠᠰ ᠢ ᠢᠷᠭᠠᠢ᠂ ᠶᠠᠨ ᠠᠨ ᠵᠡᠷᠬᠡ ᠬᠦᠷᠰᠢ ᠭᠠᠵᠠᠷ ᠤᠷᠤᠨ ᠤ 5A ᠲᠡᠰ ᠤᠨ  ᠦᠵᠡᠮᠵᠢ ᠶᠢᠨ ᠣᠷᠣᠨ ᠲᠠᠢ ᠠᠭᠤᠰᠤᠯᠴᠠᠭᠤᠯᠬᠤ  ᠶᠢ ᠰᠦᠪᠡᠭᠴᠢᠯᠡᠨ᠂ ︽ᠦᠵᠡᠮᠵᠢ ᠶᠢᠨ ᠣᠷᠣᠨ ᠢ ᠬᠤᠯᠪᠤᠨ ᠨᠡᠪᠳᠡᠷᠡᠬᠦᠯᠵᠤ᠂ ᠵᠢᠭᠤᠯᠴᠢᠯᠠᠭᠴᠢᠤᠨ ᠢ ᠬᠠᠮᠳᠦ ᠪᠠᠷ ᠬᠦᠯᠢᠶᠡᠬᠦ︾ ᠶᠢ ᠪᠡᠶᠡᠯᠡᠬᠦᠯᠵᠤ᠂ ᠬᠤᠰᠢᠭᠤᠨ ᠤ ᠵᠢᠭᠤᠯᠴᠢᠯᠠᠯ ᠤᠨ ᠠᠵᠣ ᠣᠶᠢᠯᠠᠰ ᠤᠨ ᠲᠣᠳᠠᠭᠤᠳᠠᠯ ᠢᠶᠠᠨ  ᠨᠦᠬᠦᠪᠤᠷᠢᠯᠡᠨ᠎ᠡ᠃      ︵ᠬᠤᠶᠠᠷ︶ ᠪᠣᠳᠠᠳᠦ ᠴᠣᠭᠴᠠ ᠶᠢᠨ ᠠᠵᠣ ᠠᠬᠤᠢ ᠳᠤ ᠴᠢᠭᠯᠡᠭᠦᠯᠦᠨ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠢᠭᠡ ᠳᠤ ᠣᠨᠣᠪᠴᠢᠳᠠᠢ ᠬᠠᠷᠢᠯᠴᠠᠵᠣ ᠲᠦᠷᠦᠯ ᠵᠣᠶᠢᠯ ᠢ ᠣᠯᠬᠤ ᠪᠠᠷ ᠪᠦᠬᠦ ᠬᠦᠴᠦᠨ ᠢᠶᠠᠷ ᠴᠢᠷᠮᠠᠶᠢᠨ᠎ᠠ᠃ ︽ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ︾ ᠦᠵᠡᠯᠳᠠ ᠶᠢ ᠪᠠᠬᠢᠵᠢᠭᠦᠯᠦᠨ᠂ ︽ᠬᠡᠷ᠎ᠡ ᠳᠤᠭᠳᠠᠭᠰᠡᠨ ᠲᠦᠷᠦᠯ ᠵᠣᠶᠢᠯ ᠢ ᠣᠷᠣᠨᠵᠢᠭᠤᠯᠬᠤ᠂ ᠡᠮᠦᠨ᠎ᠡ ᠬᠤᠭᠤᠴᠠᠭᠠᠨ ᠤ ᠲᠦᠷᠦᠯ ᠵᠣᠶᠢᠯ ᠤᠨ ᠪᠠᠷᠢᠯᠭ᠎ᠠ ᠶᠢ ᠡᠬᠢᠯᠡᠭᠦᠯᠬᠦ᠂ ᠪᠠᠶᠢᠭᠤᠯᠵᠤ ᠪᠦᠬᠦᠢ ᠲᠦᠷᠦᠯ ᠵᠣᠶᠢᠯ ᠤᠨ ᠠᠬᠢᠴᠠ ᠶᠢ ᠲᠦᠷᠬᠡᠤᠨᠬᠡᠬᠦ᠂ ᠪᠠᠷᠢᠯᠭ᠎ᠠ ᠳᠠᠭᠤᠰᠤᠭᠰᠡᠨ ᠲᠦᠷᠦᠯ ᠵᠣᠶᠢᠯ ᠤᠨ ᠠᠰᠢᠭᠯᠠᠯᠳᠠ ᠶᠢ ᠠᠤᠨᠬᠤᠬᠤ︾ ᠱᠠᠭᠠᠷᠳᠠᠯᠭ᠎ᠠ ᠶᠣᠰᠣᠭᠠᠷ᠂ ᠲᠦᠷᠦᠯ ᠵᠣᠶᠢᠯ ᠢ ᠡᠭᠦᠰᠬᠡᠬᠦ᠂ ᠭᠡᠷ᠎ᠡ ᠲᠣᠭᠳᠠᠬᠤ ᠠᠴᠠ ᠪᠠᠷᠢᠯᠭ᠎ᠠ ᠡᠬᠢᠯᠡᠭᠦᠯᠬᠦ᠂ ᠪᠠᠶᠢᠭᠤᠯᠬᠤ᠂ ᠠᠰᠢᠭᠯᠠᠯᠳᠠ ᠳᠤ ᠣᠷᠣᠭᠤᠯᠬᠤ ᠪᠦᠬᠦ ᠶᠠᠪᠣᠴᠠ ᠳᠤ ︽ᠠᠰᠠᠷᠠᠭᠴᠢ ᠮᠠᠶ᠋ᠢᠭ︾ ᠤᠨ ᠣᠶᠢᠯᠡᠴᠢᠯᠡᠭᠡ ᠶᠢᠨ ᠲᠣᠭᠳᠠᠴᠠ ᠶᠢ ᠪᠠᠶᠢᠭᠤᠯᠵᠣ᠂ ᠰᠠᠷ᠎ᠠ ᠪᠣᠯᠭᠠᠨ ︽ᠠᠵᠣ ᠠᠬᠤᠶᠢᠯᠠᠯ ᠲᠠᠢ ᠶᠠᠷᠢᠯᠴᠠᠬᠤ ᠬᠤᠷᠠᠯ︾ ᠬᠤᠷᠠᠯᠳᠣᠭᠤᠯᠣᠨ᠂ ᠲᠦᠷᠦᠯ ᠵᠣᠶᠢᠯ ᠤᠨ ᠪᠠᠶᠢᠭᠤᠯᠣᠯᠳᠠ ᠲᠣᠮᠳᠠ ᠣᠷᠣᠰᠢᠵᠣ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠣᠬᠠᠢ ᠳᠤ ᠨᠢ ᠰᠢᠢᠳᠪᠦᠷᠢᠯᠡᠵᠣ᠂ ᠠᠵᠢᠯ ᠤᠨ ᠬᠠᠮ ᠬᠦᠴᠦᠨ ᠢ ᠪᠦᠷᠢᠯᠳᠣᠭᠦᠯᠣᠨ᠂ ᠲᠦᠷᠦᠯ ᠵᠣᠶᠢᠯ ᠢ ᠲᠦᠷᠭᠡᠨ ᠤᠷᠤᠨᠵᠢᠭᠤᠯᠵᠤ᠂ ᠲᠦᠷᠭᠡᠨ ᠪᠠᠶᠢᠭᠤᠯᠤᠨ᠂ ᠲᠦᠷᠭᠡᠨ ᠠᠰᠢᠭ ᠤᠯᠬᠤ ᠶᠢ ᠪᠠᠳᠣᠯᠠᠨ᠎ᠠ᠃ ᠬᠤᠶᠠᠷ ᠲᠤ ᠤᠶᠢᠯᠡᠴᠢᠯᠡᠭᠡ ᠶᠢ ᠰᠢᠯᠢᠳᠡᠭᠵᠢᠬᠦᠯᠵᠦ ᠲᠦᠷᠦᠯ ᠵᠦᠢᠯ ᠢ ᠲᠦᠷᠭᠡᠳᠬᠡᠨ ᠠᠬᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠣᠯᠠᠮ ᠨᠢᠭᠡ ᠠᠯᠬᠤᠮ ᠬᠦᠨᠵᠡᠭᠡᠶᠢᠷᠡᠬᠦᠯᠵᠦ᠂ ᠵᠦᠪᠰᠢᠶᠡᠷᠡᠯ᠂ ᠭᠠᠶᠢᠯᠢ ᠵᠠᠷᠤᠳᠠᠯ᠂ ᠪᠡᠯᠡ ᠬᠤᠷᠠᠮᠳᠤᠭᠤᠯᠬᠤ᠂ ᠰᠠᠭᠤᠷᠢ ᠳᠦᠬᠦᠭᠡᠷᠦᠮᠵᠢ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢᠨ ᠬᠡᠷᠡᠭᠵᠢᠬᠦᠯᠦᠯᠲᠡ ᠶᠢ ᠴᠢᠩᠭᠠᠳᠬᠠᠨ᠂ ᠵᠠᠰᠠᠭ ᠤᠨ ᠣᠷᠳᠣᠨ ᠠᠴᠠ ᠳᠤᠯᠤᠭᠠᠶᠢᠯᠠᠨ ᠬᠤᠷᠢᠭ᠎ᠠ ᠱᠤᠭᠤᠮ ᠢ ᠰᠠᠬᠢᠬᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠠᠮᠠᠯᠠᠯᠲᠠ ᠪᠠᠨ ᠵᠢᠷᠤᠮᠯᠠᠬᠤ ᠬᠠᠤᠯᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠪᠠᠶᠢᠭᠤᠯᠤᠯᠲᠠ ᠶᠢ ᠴᠢᠩᠭᠠᠤᠨᠬᠠᠨ᠎ᠠ᠃ ᠲᠦᠪᠯᠡᠷᠡᠩᠬᠦᠢ ᠬᠢᠨᠠᠨ ᠴᠤᠬᠤᠯᠠᠪᠤᠷᠢᠯᠠᠯ ᠤᠨ ᠬᠤᠯᠪᠤᠭᠠᠳᠤ ᠳᠤᠭᠳᠠᠴᠠ ᠶᠢ ᠦᠷᠬᠦᠯᠵᠢᠯᠡᠨ ᠬᠡᠷᠡᠭᠵᠢᠬᠦᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠰᠦᠯᠵᠢᠶ᠎ᠡ ᠪᠠᠷ ᠬᠦᠢᠴᠡᠤᠨᠬᠡᠬᠦ᠂ ᠭᠠᠷ ᠤᠳᠠᠰᠤ ᠪᠠᠷ ᠬᠦᠢᠴᠡᠤᠨᠬᠡᠬᠦ᠂ ᠤᠶᠢᠷ᠎ᠠ ᠬᠠᠪᠢ ᠳᠤ ᠬᠦᠢᠴᠡᠤᠨᠬᠡᠬᠦ ᠶᠢ ᠠᠬᠢᠭᠤᠯᠵᠤ᠂ ᠰᠦᠯᠵᠢᠶᠡᠨ ᠳᠡᠬᠡᠷ᠎ᠡ ᠬᠦᠢᠴᠡᠤᠨᠬᠡᠬᠦ ᠠᠬᠤᠢ ᠳᠠᠯᠠᠪᠠᠢ ᠳᠤ ᠬᠦᠢᠴᠡᠤᠨᠬᠡᠬᠦ ᠶᠢ ᠴᠤᠭᠴᠠᠵᠢᠭᠤᠯᠤᠨ᠂ ᠬᠢᠨᠠᠨ ᠴᠤᠬᠤᠯᠠᠪᠤᠷᠢᠯᠠᠯ ᠬᠠᠮᠤᠭ ᠴᠦᠭᠡᠨ᠂ ᠠᠯᠬᠤᠮ ᠶᠠᠪᠤᠴᠠ ᠬᠠᠮᠤᠭ ᠰᠢᠯᠢᠳᠡᠭ᠂  ᠪᠦᠲᠦᠮᠵᠢ ᠬᠠᠮᠤᠭ ᠦᠨᠳᠦᠷ᠂ ᠦᠢᠯᠡᠴᠢᠯᠡᠭᠡ ᠬᠠᠮᠤᠭ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠢ ᠪᠦᠷᠢᠯᠳᠤᠬᠦᠯᠤᠨ᠎ᠠ᠃ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠳᠤ ᠨᠠᠷᠢᠨ ᠳᠠᠩᠰᠠ ᠮᠠᠶ᠋ᠢᠭ ᠤᠨ ᠨᠠᠷᠢᠯᠢᠭ ᠬᠠᠮᠢᠶᠠᠷᠤᠯᠲᠠ ᠶᠢ ᠬᠡᠷᠡᠭᠵᠢᠬᠦᠯᠵᠦ᠂ ᠪᠡᠯᠡ ᠣᠷᠣᠭᠤᠯᠣᠯᠲᠠ ᠶᠢᠨ ᠬᠡᠮᠵᠢᠶ᠎ᠡ᠂ ᠪᠣᠳᠠᠰ ᠤᠨ ᠬᠡᠮᠵᠢᠶ᠎ᠡ᠂ ᠠᠵᠢᠯ ᠤᠨ ᠬᠡᠮᠵᠢᠶ᠎ᠡ ︽ᠭᠤᠷᠪᠠᠨ ᠬᠡᠮᠵᠢᠶ᠎ᠡ ᠵᠡᠷᠭᠡᠪᠡᠷ ᠨᠡᠮᠡᠭᠳᠡᠬᠦ︾ ᠶᠢ ᠴᠢᠷᠮᠠᠶᠢᠨ ᠪᠡᠶᠡᠯᠡᠬᠦᠯᠦᠨ᠎ᠡ᠃ ᠭᠤᠷᠪᠠ ᠳᠤ ᠨᠢᠭᠡ ᠪᠦᠯᠦᠭ ᠲᠦᠷᠦᠯ ᠵᠦᠢᠯ ᠢ ᠦᠷᠬᠦᠯᠵᠢᠬᠦᠶᠢᠴᠡ ᠰᠦᠪᠡᠭᠴᠢᠯᠡᠨ ᠣᠷᠣᠭᠤᠯᠣᠨ᠎ᠠ᠃ ᠣᠯᠣᠰ ᠤᠨ ᠲᠦᠷᠦ ᠶᠢᠨ ᠪᠤᠳᠤᠯᠭ᠎ᠠ ᠶᠢᠨ ᠣᠳᠣᠷᠢᠳᠣᠮᠵᠢ᠂ ᠠᠵᠤ ᠦᠢᠯᠡᠰ ᠤᠨ ᠴᠢᠭᠯᠡᠯ᠂ ᠪᠡᠯᠡ ᠤᠷᠤᠭᠤᠯᠤᠯᠲᠠ ᠶᠢᠨ ᠬᠠᠯᠠᠮᠰᠢᠯ ᠢ ᠡᠵᠡᠮᠳᠠᠨ᠂ ᠴᠠᠭ ᠲᠤᠬᠠᠢ ᠳᠤᠨᠢ ᠨᠠᠷᠢᠯᠢᠭ ᠤᠨᠤᠪᠴᠢᠲᠡᠢ ᠪᠠᠷ ᠲᠦᠷᠦ ᠶᠢᠨ ᠪᠤᠳᠤᠯᠭ᠎ᠠ ᠲᠠᠢ ᠠᠪᠴᠠᠯᠳᠤᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠣᠷᠢᠳᠠᠴᠢ ᠬᠤᠭᠤᠴᠠᠭᠠᠨ ᠤ ᠨᠦᠬᠡᠴᠡᠯᠡᠯᠳᠠ ᠶᠢ ᠴᠢᠩᠭ᠎ᠠ ᠪᠤᠲᠠᠲᠠᠢ ᠠᠳᠬᠤᠨ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ᠂ ᠨᠠᠶᠢᠬᠡᠮ ᠠᠷᠠᠳ ᠤᠨ ᠠᠮᠢᠳᠣᠷᠠᠯ᠂ ᠰᠠᠭᠤᠷᠢ ᠳᠦᠬᠦᠭᠡᠷᠦᠮᠵᠢ᠂ ᠬᠤᠲᠠ  ᠶᠢᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ ᠳᠤ ᠭᠤᠤᠯᠳᠠᠯᠭ᠎ᠠ ᠲᠠᠢ ᠰᠠᠭᠤᠷᠢᠯᠠᠵᠤ᠂ ᠨᠢᠭᠡ ᠪᠦᠯᠦᠭ ᠬᠡᠯᠬᠢᠶᠡᠵᠢᠯ ᠢ ᠣᠷᠲᠣᠳᠬᠠᠬᠤ᠂ ᠬᠡᠯᠬᠢᠶᠡᠵᠢᠯ ᠢ ᠨᠦᠬᠦᠪᠦᠷᠢᠯᠡᠬᠦ᠂ ᠬᠡᠯᠬᠢᠶᠡᠵᠢᠯ ᠢ ᠪᠣᠵᠠᠭᠠᠶᠢᠷᠠᠭᠤᠯᠬᠤ ᠲᠦᠷᠦᠯ ᠵᠦᠢᠯ ᠢ ᠰᠦᠪᠡᠭᠴᠢᠯᠡᠨ᠂ ᠲᠦᠷᠦᠯ ᠵᠦᠢᠯ ᠤᠨ ᠪᠡᠯᠡ ᠣᠷᠣᠭᠤᠯᠣᠯᠲᠠ ᠶᠢᠨ ᠳᠦᠯᠬᠢᠴᠡ ᠦᠢᠯᠡᠳᠦᠯ  ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠠᠷᠠᠯᠵᠢᠶᠠᠴᠢᠨ ᠣᠷᠢᠵᠦ ᠪᠡᠯᠡ ᠣᠷᠣᠭᠤᠯᠣᠭᠠᠳ ᠪᠠᠷᠢᠯᠭ᠎ᠠ ᠡᠬᠢᠯᠡᠭᠡᠳᠦᠢ ᠲᠦᠷᠦᠯ ᠵᠦᠢᠯ ᠤᠨ ᠬᠠᠷᠢᠯᠴᠠᠭ᠎ᠠ ᠵᠦᠪᠳᠡᠯᠴᠡᠭᠡ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠨᠢᠭᠡᠳᠦᠯᠲᠡᠢ ᠲᠦᠯᠦᠪᠵᠢᠬᠦᠯᠵᠦ ᠰᠠᠶᠢᠲᠤᠷ ᠬᠢᠨ᠂ ᠲᠦᠷᠦᠯ ᠵᠦᠢᠯ ᠤᠨ ᠬᠡᠷ᠎ᠡ ᠶᠢ ᠡᠷᠲᠡ ᠳᠤᠭᠳᠠᠭᠠᠵᠤ᠂ ᠡᠷᠲᠡ ᠤᠷᠤᠨᠵᠢᠭᠤᠯᠬᠤ ᠶᠢ ᠪᠠᠲᠤᠯᠠᠨ᠎ᠠ᠃      ︵ᠭᠤᠷᠪᠠ︶ ᠦᠭᠡᠷᠡᠴᠢᠯᠡᠯᠲᠡ ᠨᠡᠭᠡᠭᠡᠯᠲᠡ ᠳᠤ ᠠᠩᠬᠠᠷᠤᠯ ᠢᠶᠠᠨ ᠲᠦᠪᠯᠡᠷᠡᠬᠦᠯᠵᠦ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠨᠢᠭᠡ ᠳᠤ ᠭᠤᠤᠯᠳᠠᠯᠭ᠎ᠠ ᠲᠠᠢ ᠦᠬᠡᠷᠡᠴᠢᠯᠡᠯᠳᠠ ᠶᠢᠨ ᠬᠦᠳᠡᠯᠭᠡᠬᠦ ᠬᠦᠴᠦᠨ ᠢ ᠴᠢᠩᠭᠠᠳᠬᠠᠨ᠎ᠠ᠃ ᠳᠡᠭᠡᠳᠦ ᠳᠠᠪᠬᠤᠷᠭ᠎ᠠ ᠶᠢᠨ ᠲᠦᠯᠦᠪᠯᠡᠭᠡ ᠪᠠ ᠦᠪᠡᠷ ᠢᠶᠠᠨ ᠰᠢᠨᠡᠴᠢᠯᠡᠬᠦ ᠶᠢ ᠬᠠᠷᠢᠯᠴᠠᠨ ᠣᠶᠠᠯᠳᠣᠭᠤᠯᠬᠤ ᠶᠢ ᠪᠠᠷᠢᠮᠲᠠᠯᠠᠵᠤ᠂ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠦᠭᠡᠷᠡᠴᠢᠯᠡᠯᠲᠡ ᠶᠢᠨ ᠡᠭᠦᠷᠭᠡ ᠲᠠᠢ ᠠᠪᠴᠠᠯᠳᠤᠭᠤᠯᠤᠨ᠂ ᠲᠤᠭᠲᠠᠴᠠ ᠶᠢᠨ ᠴᠢᠨᠠᠷᠲᠠᠢ ᠬᠠᠷᠰᠢ ᠰᠠᠭᠠᠳ ᠤᠨ ᠰᠢᠢᠤᠨᠪᠤᠷᠢᠯᠡᠯᠳᠠ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠰᠢᠨᠡᠴᠢᠯᠡᠯᠲᠡ ᠶᠢᠨ ᠲᠠᠯ᠎ᠠ ᠪᠠᠷ ᠣᠯᠣᠭᠰᠠᠨ ᠦᠭᠡᠷᠡᠴᠢᠯᠡᠯᠲᠡ ᠶᠢᠨ ᠪᠦᠲᠦᠮᠵᠢ ᠶᠢ ᠪᠠᠬᠢᠵᠢᠬᠦᠯᠤᠨ ᠬᠦᠨᠵᠡᠭᠡᠶᠢᠷᠡᠬᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠠᠬᠤ᠂ ᠬᠦᠳᠡᠭᠡ ᠲᠤᠰᠬᠤᠨ ᠢ ᠬᠦᠴᠤᠷᠬᠡᠭᠵᠢᠬᠦᠯᠤᠨ ᠮᠠᠨᠳᠣᠭᠤᠯᠬᠤ᠂ ᠠᠮᠢ ᠠᠬᠤᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠳᠠᠬᠢᠨ ᠨᠢᠭᠡ ᠪᠦᠯᠦᠭ ᠭᠤᠤᠯᠳᠠᠯᠭᠠᠲᠤ ᠦᠭᠡᠷᠡᠴᠢᠯᠡᠯᠲᠡ ᠶᠢ ᠨᠠᠶᠢᠲᠠᠪᠤᠷᠢᠵᠢᠭᠤᠯᠤᠨ᠂ ᠡᠯ᠎ᠡ ᠲᠠᠯ᠎ᠠ ᠶᠢᠨ ᠦᠭᠡᠷᠡᠴᠢᠯᠡᠯᠲᠡ ᠨᠡᠩ ᠪᠣᠯᠪᠠᠰᠣᠷᠠᠩᠭᠤᠢ ᠪᠣᠯᠬᠤ ᠶᠢ ᠠᠬᠢᠭᠤᠯᠤᠨ᠎ᠠ᠃ ᠬᠤᠶᠠᠷ ᠲᠤ ᠣᠷᠣᠨ ᠪᠦᠰᠡ ᠶᠢᠨ ᠬᠠᠮᠲᠤᠷᠠᠯᠴᠠᠭ᠎ᠠ ᠪᠠᠷ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠰᠠᠨᠠᠭᠠᠴᠢᠯᠠᠭ᠎ᠠ ᠲᠠᠢ ᠪᠠᠷ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠡ ᠳᠤ ᠤᠷᠤᠯᠴᠠᠨ ᠰᠣᠳᠣᠯᠣᠨ ᠰᠦᠪᠡᠭᠴᠢᠯᠡᠵᠦ᠂ ᠬᠦᠬᠡᠬᠤᠲᠠ ᠪᠣᠭᠤᠲᠣ ᠣᠷᠳᠣᠰ ᠢᠷᠭᠠᠢ ᠲᠠᠮᠠᠭᠡᠲᠦ ᠵᠡᠷᠭᠡ ᠬᠤᠳᠠ ᠶᠢᠨ ᠰᠦᠷᠦᠭᠵᠢᠯ ᠤᠨ ᠭᠤᠤᠯᠳᠠᠯᠭᠠᠲᠤ ᠭᠤᠭᠴᠤᠭᠠᠨ ᠳᠤ ᠬᠢ ᠣᠷᠣᠨ ᠵᠠᠢ ᠶᠢᠨ ᠳᠠᠪᠠᠭᠤᠯᠢᠭ ᠢᠶᠠᠨ ᠣᠯᠠᠮ ᠨᠢᠭᠡ ᠠᠯᠬᠤᠮ ᠪᠠᠳᠠᠷᠠᠭᠤᠯᠤᠨ᠂ ᠨᠢᠩ ᠳ᠋ᠦᠩ ᠡᠨᠧᠷᠬᠢ ᠬᠢᠮᠢ ᠶᠢᠨ ᠰᠠᠭᠤᠷᠢᠨ ᠭᠠᠵᠠᠷ ᠵᠢᠴᠢ ᠢᠷᠭᠠᠢ ᠬᠤᠲᠠ ᠯᠤᠭ᠎ᠠ ᠶᠢᠨ ᠠᠵᠣ ᠦᠢᠯᠡᠰ ᠤᠨ ᠪᠠᠶᠢᠷᠢᠯᠠᠭᠤᠯᠤᠯᠲᠠ᠂ ᠡᠨᠧᠷᠬᠢ ᠶᠢᠨ ᠬᠠᠩᠭᠠᠯᠭ᠎ᠠ᠂ ᠰᠠᠭᠤᠷᠢ ᠪᠠᠶᠢᠭᠤᠯᠤᠯᠲᠠ᠂ ᠠᠮᠢ ᠠᠬᠤᠢ ᠣᠷᠴᠢᠨ ᠬᠠᠮᠠᠭᠠᠯᠠᠯᠲᠠ᠂ ᠰᠣᠷᠭᠠᠨ ᠬᠦᠮᠦᠵᠢᠯ ᠡᠷᠡᠬᠦᠯ ᠬᠠᠮᠠᠭᠠᠯᠠᠯ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠬᠢ ᠬᠠᠷᠢᠯᠴᠠᠭ᠎ᠠ ᠬᠠᠮᠳᠤᠷᠠᠯᠴᠠᠭ᠎ᠠ  ᠪᠠᠨ ᠦᠷᠬᠦᠯᠵᠢᠯᠡᠨ ᠠᠬᠢᠭᠤᠯᠵᠦ᠂ ᠡᠬᠢ ᠪᠠᠶᠠᠯᠢᠭ ᠢ ᠲᠦᠪᠯᠡᠷᠡᠬᠦᠯᠦᠨ ᠳᠠᠷᠬᠠᠭᠠᠬᠤ᠂ ᠬᠦᠴᠤᠨ ᠵᠤᠶᠢᠯᠡᠰ ᠠᠭᠤᠰᠤᠯᠴᠠᠨ ᠨᠡᠪᠳᠡᠷᠡᠯᠴᠡᠭᠰᠡᠨ ᠣᠷᠣᠨ  ᠪᠦᠰᠡ ᠶᠢᠨ ᠬᠦᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃ ᠭᠤᠷᠪᠠ ᠳᠤ ᠰᠢᠨᠵᠢᠯᠡᠭᠡ ᠮᠡᠷᠭᠡᠵᠢᠯ ᠤᠨ ᠰᠢᠨᠡᠴᠢᠯᠡᠯ ᠢᠶᠠᠷ ᠦᠷᠢᠰᠦᠯᠳᠦᠬᠦ ᠬᠦᠴᠦᠨ ᠢ ᠴᠢᠩᠭᠠᠳᠬᠠᠨ᠎ᠠ᠃ ︽ᠰᠢᠨᠵᠢᠯᠡᠭᠡ ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠭᠵᠢᠬᠦᠯᠬᠦ︾ ᠠᠵᠢᠯᠯᠠᠭᠠᠨ ᠳᠤ ᠢᠳᠡᠪᠬᠢᠲᠡᠢ ᠪᠠᠷ ᠣᠷᠣᠯᠴᠠᠨ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢᠨ ᠬᠤᠪᠢᠷᠠᠭᠤᠯᠤᠯᠳᠠ ᠶᠢ ᠴᠢᠩᠭᠠᠳᠬᠠᠨ᠎ᠠ᠃ ᠡᠨᠧᠷᠬᠢ ᠶᠢᠨ ᠡᠬᠢ ᠰᠣᠷᠪᠣᠯᠵᠢ᠂ ᠠᠮᠢ ᠠᠬᠤᠢ ᠤᠷᠴᠢᠨ ᠬᠠᠮᠠᠭᠠᠯᠠᠯᠲᠠ᠂ ᠦᠪᠡᠷᠮᠢᠴᠡ ᠣᠨᠴᠠᠯᠢᠭᠲᠤ ᠳᠠᠪᠠᠭᠤᠯᠢᠭ ᠠᠵᠣ ᠦᠢᠯᠡᠰ ᠵᠡᠷᠭᠡ ᠬᠦᠷᠢᠶ᠎ᠡ ᠴᠠᠷᠠᠭᠠᠨ ᠳᠤ ᠬᠢ ᠰᠢᠨᠵᠢᠯᠡᠭᠡ ᠮᠡᠷᠭᠡᠵᠢᠯ ᠤᠨ ᠣᠷᠣᠭᠤᠯᠣᠯᠲᠠ ᠶᠢ ᠶᠡᠬᠡᠤᠨᠬᠡᠵᠤ᠂ ᠦᠢᠯᠡᠰ ᠪᠦᠲᠦᠭᠡᠬᠦ ᠰᠢᠨ᠎ᠠ ᠶᠢ ᠡᠬᠦᠤᠨᠬᠦ ᠣᠷᠴᠢᠨ ᠢ ᠪᠦᠬᠦ ᠲᠠᠯ᠎ᠠ ᠪᠠᠷ ᠰᠢᠯᠢᠳᠡᠭᠵᠢᠬᠦᠯᠦᠨ᠂ ᠦᠢᠯᠡᠰ ᠪᠦᠲᠦᠬᠡᠬᠦ ᠰᠢᠨ᠎ᠠ ᠶᠢ ᠡᠬᠦᠤᠨᠬᠦ ᠦᠢᠯᠡᠴᠢᠯᠡᠭᠡ ᠪᠠ ᠲᠦᠷᠦ ᠶᠢᠨ ᠪᠤᠳᠤᠯᠭ᠎ᠠ ᠶᠢᠨ ᠲᠤᠯᠭᠠᠭᠤᠷᠢᠯᠠᠯ ᠤᠨ ᠰᠢᠰᠲ᠋ᠧᠮ ᠢ ᠪᠠᠶᠢᠭᠤᠯᠤᠨ ᠲᠠᠭᠦᠯᠳᠡᠷᠵᠢᠬᠦᠯᠵᠦ᠂ ᠴᠢᠳᠠᠪᠤᠷᠢᠲᠠᠨ ᠣᠷᠣᠭᠤᠯᠣᠨ ᠠᠪᠴᠢᠷᠠᠵᠤ ᠬᠦᠮᠦᠵᠢᠬᠦᠯᠬᠦ ᠲᠤᠭᠲᠠᠴᠠ ᠶᠢ ᠰᠢᠨᠡᠴᠢᠯᠡᠨ᠂ ᠨᠢᠭᠡ ᠪᠦᠯᠦᠭ ᠮᠠᠯᠴᠢᠨ ᠲᠠᠷᠢᠶᠠᠴᠢᠨ ︽ᠨᠣᠲᠤᠭ ᠤᠨ ᠮᠡᠷᠭᠡᠵᠢᠯᠲᠡᠨ︾ ᠬᠢᠭᠡᠳ ᠴᠢᠳᠠᠪᠤᠷᠢᠲᠠᠨ ᠢ ᠬᠦᠮᠦᠵᠢᠬᠦᠯᠦᠨ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠠ ᠬᠢᠭᠡᠳ ᠠᠵᠤ ᠠᠬᠤᠢ ᠨᠡᠶᠢᠬᠡᠮ ᠤᠨ ᠬᠦᠭᠵᠢᠯᠲᠡ ᠶᠢ ᠣᠷᠭᠠᠨᠢᠭ ᠠᠪᠴᠠᠯᠳᠣᠭᠤᠯᠬᠤ ᠶᠢ ᠠᠬᠢᠭᠤᠯᠤᠨ᠎ᠠ᠃      ︵ᠳᠦᠷᠪᠡ︶ ᠠᠷᠠᠳ ᠤᠨ ᠠᠰᠢᠭ ᠵᠢᠷᠭᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠣᠯᠠᠨ ᠲᠦᠮᠡᠨ ᠤ ᠵᠤᠯ ᠵᠢᠷᠭᠠᠯ ᠢ ᠦᠷᠬᠦᠯᠵᠢᠬᠦᠶᠢᠴᠡ ᠨᠡᠮᠡᠭᠳᠡᠬᠦᠯᠤᠨ᠎ᠠ ᠃ ᠰᠣᠷᠭᠠᠨ ᠬᠦᠮᠦᠵᠢᠯ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠣᠬᠤ ᠪᠣᠳᠣᠯᠭ᠎ᠠ ᠶᠢ ᠡᠷᠴᠢᠮᠲᠡᠢ ᠠᠬᠢᠭᠤᠯᠤᠨ᠎ᠠ᠃ ᠣᠷᠣᠨ ᠪᠦᠰᠡ᠂ ᠬᠤᠲᠠ ᠭᠦᠳᠡᠭᠡ᠂ ᠳᠣᠮᠳᠠ ᠪᠠᠭ᠎ᠠ ᠰᠤᠷᠭᠠᠭᠤᠯᠢ ᠪᠠ ᠴᠡᠴᠡᠷᠯᠢᠭ᠂ ᠠᠵᠢᠯ ᠮᠡᠷᠭᠡᠵᠢᠯ ᠵᠡᠷᠭᠡ ᠡᠯ᠎ᠡ ᠲᠦᠷᠦᠯ ᠤᠨ ᠰᠣᠷᠭᠠᠨ ᠬᠦᠮᠦᠵᠢᠯ ᠤᠨ ᠰᠢᠯᠢᠳᠡᠭ ᠳᠡᠩᠴᠡᠬᠦᠷᠢᠳᠠᠢ ᠬᠦᠭᠵᠢᠯᠲᠡ ᠶᠢ ᠠᠬᠢᠭᠤᠯᠵᠤ᠂ ᠰᠣᠷᠭᠠᠭᠤᠯᠢ ᠠᠵᠤ ᠠᠬᠤᠶᠢᠯᠠᠯ ᠬᠠᠮᠳᠤ ᠪᠠᠷ ᠰᠣᠷᠭᠠᠭᠤᠯᠢ  ᠡᠷᠬᠢᠯᠡᠬᠦ ᠬᠠᠮᠲᠤᠷᠠᠯᠴᠠᠭ᠎ᠠ ᠶᠢ ᠬᠦᠨᠵᠭᠡᠶᠢᠷᠡᠬᠦᠯᠦᠨ᠂ ᠮᠣᠩᠭᠤᠯ ᠳᠣᠮᠳᠠᠳᠣ ᠰᠣᠷᠭᠠᠭᠤᠯᠢ  ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠲᠦᠮᠡᠨ ᠰᠡᠤᠨᠬᠢᠯ ᠬᠠᠨᠣᠮᠵᠢᠲᠠᠢ ᠰᠣᠷᠭᠠᠨ ᠬᠦᠮᠦᠵᠢᠯ ᠢ ᠴᠢᠷᠮᠠᠶᠢᠨ ᠡᠷᠬᠢᠯᠡᠨ᠎ᠡ᠃ ᠨᠠᠮ ᠤᠨ ᠦᠨᠳᠦᠰᠦᠲᠡᠨ ᠤ ᠳᠤᠬᠠᠢ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠢ ᠬᠦᠨᠵᠡᠭᠡᠢ ᠦᠷᠨᠢᠬᠦᠯᠵᠦ᠂ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠬᠤᠶᠠᠷ ᠲᠦᠷᠦᠯ ᠤᠨ ᠵᠢᠭᠠᠬᠤ ᠮᠡᠲ᠋ᠧᠷᠢᠶᠡᠯ ᠢ ᠬᠡᠷᠡᠭᠵᠢᠬᠦᠯᠬᠦ ᠡᠬᠦᠷᠭᠡ ᠶᠢ  ᠴᠢᠨᠠᠷᠯᠢᠭ ᠪᠡᠶᠡᠯᠡᠬᠦᠯᠬᠦ ᠶᠢ ᠪᠠᠲᠤᠯᠠᠨ᠎ᠠ᠃︽ᠡᠷᠡᠭᠦᠯ ᠡᠩᠬᠡ ᠡᠮᠦᠨᠡᠲᠦ ᠣᠲᠤᠭ︾ ᠤᠨ ᠢᠨᠵᠧᠨᠧᠷᠢᠩ ᠢ ᠦᠷᠬᠦᠯᠵᠢᠬᠦᠶᠢᠴᠡ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠰᠠᠶᠢᠲᠤᠷ ᠬᠢᠨ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠲᠤᠭᠲᠠᠴᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠬᠤᠰᠢᠭᠤ ᠪᠠᠯᠭᠠᠰᠣ ᠭᠠᠴᠠᠭ᠎ᠠ ᠲᠤᠰᠬᠤᠨ ᠭᠤᠷᠪᠠᠨ ᠱᠠᠲᠤᠨ ᠤ ᠡᠮᠴᠢᠯᠡᠭᠡᠨ ᠤ ᠬᠠᠮᠲᠤ ᠶᠢᠨ ᠴᠤᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠢᠷᠭᠠᠢ ᠶᠢᠨ ᠡᠯ᠎ᠡ ᠲᠤᠮᠤ ᠡᠮᠨᠡᠯᠭᠡ ᠶᠢᠨ ᠬᠤᠷᠢᠶ᠎ᠠ ᠲᠠᠢ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠤᠯᠪᠤᠭᠠᠯᠠᠬᠤ ᠡᠮᠴᠢᠯᠡᠭᠡᠨ ᠤ ᠬᠤᠯᠪᠣᠭᠠᠲᠤ ᠴᠤᠭᠴᠠ ᠶᠢᠨ ᠪᠠᠶᠢᠭᠤᠯᠤᠯᠲᠠ ᠶᠢ ᠦᠷᠬᠦᠯᠵᠢᠬᠦᠶᠢᠴᠡ ᠠᠬᠢᠭᠤᠯᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠠᠰᠠᠷ᠂ ᠬᠤᠰᠢᠭᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠦᠪ ᠪᠠ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠤᠨ ᠤᠨ ᠡᠭᠦᠳᠡᠨ ᠡᠮᠨᠡᠯᠭᠡ ᠶᠢ ᠵᠢᠯ ᠤᠨ ᠲᠤᠲᠤᠷ᠎ᠠ ᠪᠠᠶᠢᠭᠤᠯᠵᠤ ᠠᠰᠢᠭᠯᠠᠯᠲᠠ ᠳᠤ ᠣᠷᠣᠭᠤᠯᠣᠨ᠂ ᠣᠯᠠᠨ ᠲᠦᠮᠡᠨ ᠳᠤ ᠪᠦᠬᠦ ᠲᠠᠯ᠎ᠠ ᠶᠢᠨ ᠪᠦᠬᠦ ᠦᠶᠡᠯᠡᠬᠦ ᠬᠤᠭᠤᠴᠠᠭ᠎ᠠ ᠲᠠᠢ ᠰᠢᠯᠢᠳᠡᠭ ᠮᠦᠷᠲᠡᠭᠡᠨ ᠳᠦᠬᠦᠮ ᠲᠦᠳᠠ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠣᠳᠣ ᠦᠶ᠎ᠡ ᠶᠢᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠲᠠ ᠶᠢ ᠴᠢᠩᠭᠠᠳᠬᠠᠨ᠎ᠠ᠃  ᠰᠢᠨ᠎ᠡ ᠴᠠᠭ ᠦᠶ᠎ᠡ ᠶᠢᠨ ᠪᠣᠯᠪᠠᠰᠣᠨ ᠤ ᠦᠢᠯᠡᠳᠦᠯᠭᠡ ᠶᠢᠨ ᠲᠦᠪ ᠤᠨ ᠪᠠᠶᠢᠭᠤᠯᠣᠯᠲᠠ ᠶᠢ ᠴᠢᠩᠭᠠᠳᠬᠠᠵᠣ᠂ ᠣᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢ ᠳᠡᠮᠵᠢᠨ᠂ ᠰᠤᠶᠤᠯ ᠤᠷᠠᠯᠢᠭ ᠤᠨ ᠰᠣᠳᠣᠨ ᠪᠦᠳᠤᠬᠡᠯᠳᠠ ᠶᠢ ᠴᠢᠩᠭᠠᠳᠬᠠᠵᠣ᠂ ᠣᠯᠠᠨ ᠲᠦᠮᠡᠨᠴᠢ ᠣᠶᠣᠨ ᠤ ᠪᠣᠯᠪᠠᠰᠣᠨ ᠤ ᠴᠤᠭᠴᠠᠯᠠᠯᠳᠠ ᠶᠢ ᠦᠷᠭᠦᠯᠵᠢᠯᠡᠨ ᠠᠬᠢᠭᠤᠯᠵᠣ᠂ ᠪᠦᠬᠦ ᠵᠢᠯ ᠳᠤ ᠡᠯ᠎ᠡ ᠲᠦᠷᠦᠯ ᠤᠨ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ 300 ᠲᠠᠯᠠᠪᠣᠷ  ᠠᠴᠠ ᠳᠡᠭᠡᠭᠰᠢ ᠶᠠᠪᠣᠭᠳᠠᠭᠤᠯᠣᠨ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠣᠨ ᠤ ᠰᠣᠶᠣᠯ ᠤᠨ ᠬᠡᠷᠡᠭᠴᠡᠭᠡ ᠶᠢ ᠬᠠᠩᠭᠠᠨ᠎ᠠ᠃ ᠦᠨᠳᠦᠰᠦᠨ ᠠᠷᠠᠳ ᠤᠨ ᠠᠮᠢᠳᠣᠷᠠᠯ ᠤᠨ ᠪᠠᠲᠣᠯᠠᠭ᠎ᠠ ᠶᠢᠨ ᠲᠣᠣᠷ ᠢ ᠪᠠᠬᠢᠵᠢᠬᠦᠯᠤᠨ᠎ᠠ᠃ ᠨᠡᠩ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠣ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠣᠨ᠂ ᠠᠵᠢᠯ ᠲᠠᠢ ᠬᠦᠮᠦᠨ ᠦᠭᠡᠢ ᠡᠷᠦᠬᠡ ᠶᠢᠨ ᠬᠦᠳᠡᠯᠦᠩᠬᠦᠢ ᠡᠵᠡᠮᠳᠡᠯ ᠢ ᠪᠡᠶᠡᠯᠡᠭᠦᠯᠦᠨ᠎ᠡ᠃ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠭᠤᠯᠬᠤ ᠳᠤ ᠬᠦᠴᠢᠷᠲᠡᠢ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ ᠦᠷᠭᠡᠨ ᠪᠦᠷᠬᠦᠴᠡ ᠲᠠᠢ᠂ ᠦᠨᠳᠦᠰᠦᠨ ᠵᠦᠢᠯ ᠢ ᠪᠠᠲᠣᠯᠠᠭᠰᠠᠨ᠂ ᠣᠯᠠᠨ ᠳᠠᠪᠬᠤᠷᠭᠠᠴᠢᠯᠠᠭᠰᠠᠨ᠂ ᠦᠷᠭᠦᠯᠵᠢᠬᠦᠶᠢᠴᠡ ᠴᠢᠨᠠᠷᠲᠠᠢ ᠨᠡᠶᠢᠬᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠣᠨ᠎ᠠ᠃ ︽ᠠᠮᠣᠷ ᠠᠮᠣᠭᠤᠯᠠᠩ ᠡᠮᠦᠨᠡᠲᠦ ᠣᠲᠤᠭ︾ ᠤᠨ ᠪᠠᠶᠢᠭᠤᠯᠣᠯᠲᠠ ᠶᠢ ᠬᠦᠨᠵᠡᠭᠡᠶᠢᠷᠡᠭᠦᠯᠦᠨ᠎ᠡ᠃ ᠬᠠᠣᠯᠢ ᠶᠣᠰᠣᠭᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠣ᠂ ︽ᠦᠪᠡᠷᠲᠡᠭᠡᠨ ᠵᠠᠰᠠᠬᠤ᠂ ᠰᠣᠷᠲᠠᠬᠤᠨ ᠢᠶᠠᠷ ᠵᠠᠰᠠᠬᠤ᠂ ᠬᠠᠣᠯᠢ ᠪᠠᠷ ᠵᠠᠰᠠᠬᠤ︾ ᠦᠨᠳᠦᠰᠦᠨ ᠱᠠᠲᠣᠨ ᠤ ᠵᠠᠰᠠᠯᠲᠠ ᠶᠢᠨ ᠠᠷᠭ᠎ᠠ ᠮᠠᠶ᠋ᠢᠭ ᠢ ᠦᠷᠭᠦᠯᠵᠢᠯᠡᠨ ᠬᠦᠨᠵᠡᠭᠡᠶᠢᠷᠡᠭᠦᠯᠵᠦ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠤᠰᠬᠠᠢ ᠲᠡᠮᠡᠴᠡᠯ ᠢ ᠯᠠᠪᠳᠠᠭᠤᠨ ᠪᠠᠲᠣᠲᠠᠢ ᠠᠬᠢᠭᠤᠯᠣᠨ᠂ ᠨᠡᠶᠢᠬᠡᠮ ᠤᠨ ᠠᠮᠣᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠠᠶᠣᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠲᠠᠪᠤᠷᠢᠵᠢᠭᠤᠯᠵᠣ᠂ ᠠᠶᠣᠯᠬᠦᠢ ᠦᠢᠯᠡᠳᠪᠦᠷᠢᠯᠡᠯ ᠪᠠ ᠢᠳᠡᠭᠡᠨ ᠣᠮᠳᠠᠭᠠᠨ ᠡᠮ ᠤᠨ ᠵᠦᠢᠯᠡᠰ ᠤᠨ ᠠᠵᠢᠯ ᠢ ᠰᠠᠶᠢᠲᠣᠷ ᠠᠳᠬᠤᠨ᠂ ᠪᠦᠬᠦ ᠠᠷᠠᠳ ᠤᠨ ᠠᠮᠣᠷ ᠳᠦᠪᠰᠢᠨ ᠤ ᠲᠦᠷᠦᠭᠳᠠᠯ ᠢ ᠳᠡᠭᠡᠭᠰᠢᠯᠡᠭᠦᠯᠦᠨ᠎ᠡ᠃      ︵ᠲᠠᠪᠤ︶ ᠨᠠᠷᠢᠯᠢᠭ ᠤᠨᠤᠪᠴᠢᠳᠠᠢ ᠬᠦᠴᠦᠯᠡᠬᠦ ᠳᠤ ᠠᠩᠬᠠᠷᠣᠯ ᠢᠶᠠᠨ ᠲᠦᠪᠯᠡᠷᠡᠭᠦᠯᠦᠨ᠂ ᠣᠷᠣᠰᠢᠨ ᠰᠠᠭᠤᠬᠤ ᠦᠢᠡᠯᠰ ᠪᠦᠲᠦᠭᠡᠬᠦ ᠳᠤ ᠳᠤᠬᠢᠳᠠᠢ ᠨᠤᠳᠤᠭ ᠤᠷᠤᠨ ᠢ ᠴᠤᠭᠴᠠᠯᠠᠨ᠎ᠠ᠃ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠤᠨᠬᠠᠨ᠎ᠠ᠃ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠵᠢᠴᠢ ᠪᠠᠷᠢᠯᠭ᠎ᠠ ᠶᠢᠨ ᠭᠠᠵᠠᠷ ᠤᠨ ᠲᠣᠭᠤᠰᠣᠨ ᠤ ᠪᠤᠬᠢᠷᠳᠤᠯ ᠤᠨ ᠬᠢᠨᠠᠨ ᠬᠠᠮᠢᠶᠠᠷᠣᠯᠲᠠ ᠶᠢ ᠳᠣᠪᠣᠶᠢᠯᠭᠠᠵᠣ ᠠᠳᠬᠤᠨ᠂ ᠠᠭᠠᠷ ᠮᠠᠨᠳᠠᠯ ᠤᠨ ᠪᠤᠬᠢᠷᠳᠤᠯ ᠤᠨ ᠬᠦᠷᠢᠶ᠎ᠡ ᠴᠠᠷᠠᠭᠠᠨ ᠳᠠᠬᠢ ᠲᠣᠰᠬᠠᠢ ᠴᠡᠭᠴᠡᠯᠡᠯᠲᠡ ᠶᠢ ᠠᠬᠢᠭᠤᠯᠵᠣ᠂ ᠪᠦᠬᠦ ᠵᠢᠯ ᠤᠨ ᠠᠭᠠᠷ ᠤᠨ ᠴᠡᠪᠡᠷᠴᠠ ᠰᠢᠯᠢᠳᠡᠭ ᠡᠳᠦᠷ ᠤᠨ ᠬᠠᠷᠢᠴᠠᠯ ᠢ 85% ᠠᠴᠠ ᠳᠠᠪᠠᠭᠤᠯᠤᠨ᠎ᠠ᠃ ᠭᠤᠣᠯ ᠭᠤᠷᠤᠬ᠎ᠠ ᠨᠠᠭᠤᠷ ᠪᠦᠷᠢᠳᠦ ᠶᠢᠨ ᠳᠠᠷᠣᠭᠠᠴᠢ ᠶᠢᠨ ᠬᠠᠷᠢᠭᠤᠴᠠᠯᠭ᠎ᠠ ᠶᠢᠨ ᠳᠦᠷᠢᠮ ᠢ ᠡᠷᠡᠰ ᠨᠠᠶᠢᠲᠠᠪᠣᠷᠢᠵᠢᠭᠤᠯᠵᠣ᠂ ᠭᠤᠣᠯᠳᠠᠯᠭᠠᠲᠣ ᠰᠠᠪᠠ ᠭᠠᠵᠠᠷ᠂ ᠭᠤᠣᠯ ᠤᠨ ᠣᠷᠣᠰᠬᠠᠯ ᠤᠨ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠨ᠂ ᠣᠣᠭᠤᠬᠤ ᠤᠰᠤᠨ ᠡᠬᠢ ᠶᠢᠨ ᠣᠰᠣᠨ ᠤ ᠴᠢᠨᠠᠷ ᠦᠷᠭᠦᠯᠵᠢᠯᠡᠨ 100% ᠪᠠᠷ ᠪᠠᠷᠢᠮᠵᠢᠶᠠᠨ  ᠳᠤ ᠬᠦᠷᠬᠦ ᠶᠢ ᠪᠠᠲᠣᠯᠠᠨ᠎ᠠ᠃ ᠪᠡᠭᠡᠵᠢᠩ ᠲᠢᠶᠠᠨᠵᠢᠨ ᠤ ᠰᠠᠯᠬᠢ ᠰᠢᠷᠣᠢ ᠶᠢᠨ ᠡᠬᠢ ᠶᠢᠨ ᠵᠠᠰᠠᠯᠳᠠ᠂ ᠣᠯᠣᠰ ᠤᠨ ᠬᠦᠷᠦᠰᠦ ᠰᠢᠷᠣᠢ ᠶᠢᠨ ᠢᠳᠡᠭᠳᠡᠯ ᠤᠨ  ᠵᠠᠰᠠᠯᠳᠠ ᠵᠡᠷᠭᠡ ᠭᠤᠣᠯᠳᠠᠯᠭᠠᠲᠣ ᠠᠮᠢ ᠠᠬᠤᠢ ᠶᠢᠨ ᠲᠦᠷᠦᠯ ᠵᠦᠢᠯ ᠢ ᠰᠠᠶᠢᠲᠣᠷ ᠬᠡᠷᠡᠭᠵᠢᠭᠦᠯᠵᠦ᠂ ᠵᠢᠯ ᠤᠨ ᠲᠣᠲᠣᠷ᠎ᠠ 13 ᠲᠦᠮᠡᠨ ᠮᠣ᠋ ᠠᠴᠠ ᠳᠡᠭᠡᠭᠰᠢ ᠣᠯᠣᠰ ᠤᠨ ᠨᠣᠲᠤᠭ ᠳᠡᠪᠢᠰᠭᠡᠷ ᠤᠨ ᠨᠣᠭᠤᠭᠠᠵᠢᠭᠤᠯᠣᠯᠲᠠ ᠶᠢ ᠪᠠᠶᠠᠯᠠᠭᠦᠯᠦᠨ᠂ 50 ᠲᠦᠮᠡᠨ ᠮᠣ᠋ ᠲᠡᠯ᠎ᠡ ᠨᠣᠲᠤᠭ ᠤᠨ ᠬᠠᠮᠠᠭᠠᠯᠠᠯᠲᠠ ᠶᠢᠨ ᠪᠠᠶᠢᠭᠤᠯᠣᠯᠲᠠ ᠶᠢ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠬᠤᠷᠠᠮᠳᠣᠯ ᠤᠨ ᠴᠢᠳᠠᠪᠣᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠰᠠᠭᠤᠷᠢ ᠲᠦᠬᠦᠬᠡᠷᠤᠮᠵᠢ ᠶᠢ ᠲᠦᠬᠦᠷᠴᠢᠯᠠᠯᠳᠠ ᠶᠢ ᠴᠢᠩᠭᠠᠤᠨᠬᠠᠨ᠎ᠠ᠃ ᠬᠤᠶᠠᠷ ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠳᠡᠷᠬᠡ ᠨᠡᠪᠲᠡᠷᠡᠬᠦ ᠶᠢ ᠪᠦᠬᠦ ᠬᠦᠴᠦᠨ ᠢᠶᠠᠷ ᠠᠬᠢᠭᠤᠯᠵᠦ᠂ ᠨᠠᠶᠢᠲᠠᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠦᠭᠡᠷᠡᠴᠢᠯᠡᠵᠦ ᠦᠷᠭᠡᠳᠬᠡᠨ ᠪᠠᠶᠢᠭᠤᠯᠬᠤ ᠪᠠᠷᠢᠯᠭ᠎ᠠ ᠶᠢ ᠠᠬᠢᠭᠤᠯᠤᠨ᠂ ᠪᠠᠷᠠᠭᠤᠨ ᠪᠡᠶ᠎ᠡ ᠶᠢᠨ ᠠᠭᠤᠷᠬᠠᠢ ᠶᠢᠨ ᠣᠷᠣᠨ ᠤ ᠲᠡᠮᠦᠷ ᠵᠠᠮ ᠤᠨ ᠲᠤᠰᠬᠠᠢ ᠱᠤᠭᠤᠮ ᠪᠠ ᠣᠲᠤᠭ ᠤᠨ ᠡᠮᠦᠨᠡᠲᠦ ᠬᠤᠰᠢᠭᠤ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ ᠤᠨ ᠪᠠᠶᠢᠭᠤᠯᠤᠯᠲᠠ ᠶᠢ ᠲᠦᠷᠭᠡᠳᠬᠡᠵᠦ ᠠᠬᠢᠭᠤᠯᠤᠨ᠂ ᠬᠦᠭᠵᠢᠯᠲᠡ ᠶᠢ ᠲᠤᠯᠭᠠᠭᠤᠷᠢᠯᠠᠬᠤ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠤᠨ᠎ᠠ᠃ ᠬᠠᠭᠤᠴᠢᠨ ᠰᠠᠭᠤᠭᠠᠯᠢ ᠳᠤᠭᠤᠷᠢᠭ ᠶᠢᠨ ᠦᠬᠡᠷᠡᠴᠢᠯᠡᠯᠳᠠ ᠶᠢ ᠲᠦᠷᠬᠡᠤᠨᠬᠡᠨ᠂ ᠬᠤᠳᠠ ᠶᠢᠨ ᠶᠠᠪᠤᠳᠠᠯ ᠤᠨ ᠰᠠᠭᠤᠷᠢ ᠪᠠᠶᠢᠭᠤᠯᠤᠯᠳᠠ ᠶᠢ ᠳᠡᠬᠦᠯᠳᠡᠷᠵᠢᠬᠦᠯᠤᠨ᠎ᠠ᠃ ᠬᠤᠭ ᠨᠣᠪᠰᠢ ᠶᠢᠨ ᠲᠦᠷᠦᠯ ᠬᠤᠪᠢᠶᠠᠯᠳᠠ ᠶᠢ ᠬᠦᠨᠵᠡᠭᠡᠢ ᠠᠬᠢᠭᠤᠯᠵᠦ᠂ ᠣᠯᠵᠠᠴᠢ ᠪᠠᠯᠭᠠᠰᠣᠨ ᠳᠤ ᠵᠢᠵᠢᠭ ᠬᠡᠯᠪᠡᠷᠢ ᠶᠢᠨ ᠬᠤᠭ ᠨᠣᠪᠰᠢ ᠶᠢ ᠰᠢᠯᠵᠢᠬᠦᠯᠤᠨ ᠳᠡᠬᠡᠬᠡᠪᠤᠷᠢᠯᠡᠬᠦ ᠦᠷᠲᠡᠭᠡ ᠪᠠ ᠪᠣᠬᠢᠷ ᠣᠰᠣ ᠴᠤᠭᠯᠠᠭᠤᠯᠬᠤ ᠠᠮᠠᠰᠠᠷ ᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ 4G᠂ ᠬᠤᠲᠠ ᠪᠠᠯᠭᠠᠰᠣᠨ ᠤ 5G ᠵᠡᠷᠭᠡ ᠰᠢᠨ᠎ᠡ ᠰᠠᠭᠤᠷᠢ ᠦᠷᠳᠡᠬᠡᠨ ᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠠᠮᠢᠳᠣᠷᠠᠯ ᠤᠨ ᠬᠡᠪ ᠴᠢᠨᠰᠠᠭ᠎ᠠ ᠶᠢ ᠲᠠᠰᠣᠷᠠᠯᠲᠠ ᠦᠭᠡᠢ ᠳᠡᠬᠡᠭᠰᠢᠯᠡᠬᠦᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠤ ᠴᠡᠭᠴᠡᠯᠡᠯᠳᠠ ᠶᠢᠨ ᠳᠠᠪᠤᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ  ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠂ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠶᠢ ᠴᠤᠭᠴᠠᠯᠠᠨ᠎ᠠ᠃ ᠰᠣᠷᠭᠠᠨ ᠬᠦᠮᠦᠵᠢᠯ᠂  ᠡᠮ ᠡᠮᠨᠡᠯᠭᠡ᠂ ᠰᠢᠨᠵᠢᠯᠡᠭᠡ ᠮᠡᠷᠭᠡᠵᠢᠯ ᠵᠡᠷᠭᠡ ᠦᠢᠯᠡᠴᠢᠯᠡᠬᠡᠨ ᠤ ᠡᠬᠢ ᠰᠣᠷᠪᠣᠯᠵᠢ ᠬᠤᠤᠰ ᠴᠢᠭᠯᠡᠯ ᠢᠶᠠᠷ ᠨᠡᠪᠲᠡᠷᠡᠯᠴᠡᠬᠦ ᠶᠢ ᠨᠢᠭᠡᠳᠦᠯᠲᠡᠢ ᠲᠦᠯᠦᠪᠵᠢᠬᠦᠯᠵᠦ᠂ ᠬᠤᠲᠠ ᠬᠦᠳᠡᠭᠡ ᠶᠢ ᠴᠤᠭᠴᠠᠵᠢᠭᠤᠯᠤᠭᠰᠠᠨ ᠲᠠᠩᠴᠡᠭᠦᠷᠢᠲᠡᠢ ᠬᠦᠭᠵᠢᠯᠲᠡ ᠶᠢ ᠠᠬᠢᠭᠤᠯᠤᠨ᠎ᠠ᠃       ᠲᠦᠯᠤᠬᠡᠯᠡᠭᠴᠢᠤᠨ ᠡ᠂ ᠪᠢᠳᠠ ᠦᠷᠭᠦᠯᠵᠢᠯᠡᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠵᠢᠯᠣᠭᠤᠳᠣᠯᠭ᠎ᠠ ᠪᠠ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠦᠪᠡᠷ ᠤᠨ ᠬᠢᠷᠢ ᠲᠦᠪᠰᠢᠨ ᠢᠶᠠᠨ ᠳᠡᠭᠡᠭᠰᠢᠯᠡᠬᠦᠯᠵᠦ᠂ ᠰᠡᠤᠨᠬᠢᠮᠵᠢ ᠪᠠᠨ ᠬᠤᠪᠢᠷᠠᠭᠤᠯᠣᠨ᠂ ᠠᠭᠤᠯᠠ ᠣᠴᠠᠷᠠᠪᠠᠯ ᠵᠠᠮ ᠨᠡᠭᠡᠭᠡᠵᠦ᠂ ᠣᠰᠣ ᠣᠴᠠᠷᠠᠪᠠᠯ ᠬᠦᠬᠦᠷᠭᠡ ᠳᠠᠯᠪᠢᠬᠤ ᠦᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠳᠤ ᠵᠣᠷᠢᠭᠲᠠᠢ ᠪᠠᠷ ᠰᠢᠨ᠎ᠡ ᠪᠦᠲᠦᠮᠵᠢ ᠡᠭᠦᠳᠦᠨ᠂ ᠠᠵᠣ ᠠᠬᠤᠢ ᠶᠢᠨ ᠪᠦᠳᠤᠬᠡᠨ ᠪᠠᠶᠢᠭᠤᠯᠣᠯᠲᠠ ᠶᠢᠨ ᠰᠢᠯᠢᠳᠡᠭ ᠦᠷ᠎ᠡ ᠪᠦᠲᠦᠭᠡᠯ ᠪᠠ ᠨᠡᠶᠢᠬᠡᠮ ᠤᠨ ᠬᠦᠭᠵᠢᠯᠲᠡ ᠶᠢᠨ ᠳᠦᠪᠰᠢᠨ ᠢᠶᠠᠷ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠣᠬᠢ ᠰᠠᠶᠢᠨ ᠡᠬᠢᠯᠡᠯᠲᠡ ᠶᠢ ᠪᠠᠲᠣᠯᠠᠨ᠎ᠠ᠃  
ᠢᠷᠡᠯᠲᠡ᠄ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠣᠳᠣᠭᠠᠷ ᠬᠤᠷᠠᠯᠳᠣᠭᠠᠨ