ᠵᠠᠰᠠᠭ ᠤᠨ ᠤᠷᠳᠤᠨ ᠤ ᠠᠵᠢᠯ ᠤᠨ ᠢᠯᠡᠤᠨᠬᠡᠯ | | —— 2021 ᠤᠨ ᠤ 2 ᠰᠠᠷ᠎ᠠ ᠶᠢᠨ 24 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠳᠣᠭᠠᠷ | ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠳᠠᠪᠤᠳᠤᠭᠠᠷ ᠬᠤᠷᠠᠯᠳᠤᠭᠠᠨ ᠳᠡᠬᠡᠷ᠎ᠠ | | | ᠣᠷᠣᠯᠠᠭᠴᠢ ᠬᠤᠰᠢᠭᠤ ᠳᠠᠷᠤᠭ᠎ᠠ ᠦ᠋ ᠶᠦᠨ | | | | ᠲᠦᠯᠦᠭᠡᠯᠡᠭᠴᠢᠳ ᠡ᠄ | ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠠᠵᠢᠯ ᠤᠨ ᠢᠯᠡᠳᠬᠡᠯ ᠬᠢᠶ᠎ᠠ᠂ ᠲᠦᠯᠦᠭᠡᠯᠡᠭᠴᠢᠳ ᠬᠢᠨᠠᠨ ᠵᠦᠪᠯᠡᠵᠦ᠂ ᠣᠯᠣᠰ | ᠲᠦᠷᠦ ᠶᠢᠨ ᠵᠦᠪᠯᠡᠯᠭᠡᠨ ᠤ ᠬᠡᠰᠢᠬᠦᠤᠨ ᠪᠣᠯᠣᠨ ᠰᠤᠯᠠ ᠣᠷᠣᠯᠴᠠᠭᠰᠠᠳ ᠰᠠᠨᠠᠯ ᠢᠶᠠᠨ ᠳᠡᠪᠰᠢᠭᠦᠯᠬᠦ ᠪᠣᠯᠪᠠᠤ᠃ | ᠨᠢᠭᠡ᠂ 2020 ᠤ ᠠᠵᠢᠯ ᠤᠨ ᠡᠷᠭᠢᠴᠡᠭᠦᠯᠤ᠋ᠯ | 2020 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭᠲᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠣᠯᠭ᠎ᠠ ᠪᠤᠯᠭᠠᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠴᠢᠲᠤ ᠤᠳᠤᠷᠢᠳᠣᠯᠭ᠎ᠠ ᠳᠣᠣᠷ᠎ᠠ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠣᠣᠷ᠎ᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ ︽ᠠᠷᠪᠠᠨ | ᠭᠤᠷᠪᠠᠳᠣᠭᠠᠷ ᠲᠠᠪᠣᠨ ᠵᠢᠯ︾ ᠤᠨ ᠰᠡᠭᠦᠯᠴᠢ ᠶᠢᠨ ᠵᠢᠯ ᠤᠨ ᠡᠯ᠎ᠡ ᠲᠦᠷᠦᠯ ᠤᠨ ᠡᠭᠦᠷᠭᠡ ᠪᠠᠨ ᠠᠮᠵᠢᠯᠳᠠᠳᠠᠢ ᠪᠡᠶᠡᠯᠡᠭᠦᠯᠦᠭᠰᠡᠨ ᠪᠠᠶᠢᠨ᠎ᠠ᠃ ᠨᠢᠬᠡ ᠵᠢᠯ ᠤᠨ ᠳᠤᠷᠰᠢ | ᠭᠤᠤᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠪᠡ᠄ | ᠨᠢᠭᠡ ᠳᠤ ᠲᠣᠭᠳᠠᠭᠤᠨ ᠨᠡᠮᠡᠭᠳᠡᠯ ᠳᠤ ᠬᠦᠴᠦᠯᠡᠨ᠂ ᠪᠡᠯᠡ ᠣᠷᠣᠭᠤᠯᠣᠯᠳᠠ ᠶᠢ ᠠᠬᠢᠭᠤᠯᠵᠣ᠂ ᠠᠵᠣ ᠠᠬᠤᠢ ᠶᠢᠨ ᠡᠷᠬᠢᠯᠳᠠ ᠶᠢ ᠲᠣᠭᠳᠠᠭᠤᠨ ᠪᠠᠶᠢᠳᠠᠯ ᠳᠤ | ᠣᠷᠣᠭᠤᠯᠪᠠ᠃ ᠠᠵᠣ ᠠᠬᠤᠢ ᠶᠢᠨ ᠭᠤᠤᠯ ᠭᠦᠢᠴᠡᠳᠬᠡᠯ ᠭᠤᠷᠪᠠᠳᠣᠭᠠᠷ ᠣᠯᠠᠷᠢᠯ ᠳᠤ 2019 ᠤᠨ ᠤ ᠠᠳᠠᠯᠢ ᠬᠤᠭᠤᠴᠠᠭᠠᠨ ᠤ ᠲᠦᠪᠰᠢᠨ ᠳᠤ ᠬᠦᠷᠤᠨ᠂ | ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 140.5 ᠳ᠋ᠦᠭᠰᠢᠭᠤᠷ ᠲᠦᠭᠦᠷᠢᠭ ᠲᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ | ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠶᠢᠨ ᠶᠡᠷᠤᠩᠬᠡᠢ ᠬᠡᠮᠵᠢᠶ᠎ᠠ ᠪᠣᠯᠣᠨ ᠨᠡᠮᠡᠭᠳᠡᠯ ᠤᠨ ᠬᠤᠷᠳᠣᠴᠠ ᠦᠷᠬᠦᠯᠵᠢᠯᠡᠨ ᠪᠦᠬᠦ ᠬᠤᠳᠠ ᠶᠢᠨ ᠡᠮᠤᠨ᠎ᠡ ᠡᠩᠨᠡᠬᠡᠨ ᠳᠤ | ᠤᠷᠤᠵᠤ᠂ ᠬᠤᠳᠠ ᠪᠠᠯᠭᠠᠰᠤ ᠶᠢᠨ ᠠᠵᠢᠯ ᠠᠯᠳᠠᠯᠳᠠ ᠶᠢᠨ ᠨᠣᠷᠮ᠎ᠠ 3.05%᠂ ᠬᠤᠳᠠ ᠶᠢᠨ ᠲᠣᠭᠳᠠᠭᠠᠭᠰᠠᠨ ᠬᠠᠷᠠᠯᠳᠠ ᠠᠴᠠ ᠵᠠᠭᠤᠨ ᠤ 1.45 ᠬᠤᠪᠢ | ᠳᠤᠤᠷ᠎ᠠ ᠪᠤᠯᠪᠠ᠃ ᠴᠢᠭᠯᠡᠯᠳᠦ ᠲᠦᠪᠯᠡᠷᠡᠩᠭᠦᠢ ᠣᠶᠢᠯᠡᠴᠢᠯᠡᠭᠡᠨ ᠤ ᠲᠣᠭᠳᠠᠴᠠ ᠶᠢ ᠰᠢᠨᠡᠴᠢᠯᠡᠨ ᠬᠡᠷᠡᠭᠵᠢᠬᠦᠯᠵᠤ᠂ ᠠᠵᠣ ᠠᠬᠤᠶᠢᠯᠠᠯ ᠤᠨ ᠠᠵᠢᠯᠳᠠᠤᠨ ᠤᠨ ᠠᠵᠢᠯ | ᠤᠨ ᠪᠠᠶᠢᠷᠢᠨ ᠳᠤ ᠪᠠᠨ ᠪᠣᠴᠠᠬᠤ ᠰᠢᠭᠤᠤᠨ ᠨᠡᠪᠳᠡᠷᠡᠬᠦ ᠳᠡᠷᠬᠡ ᠳᠤᠬᠢᠷᠠᠭᠤᠯᠤᠨ᠂ ᠬᠤᠰᠢᠭᠤᠨ ᠳᠤ ᠰᠠᠭᠤᠷᠢᠰᠢᠭ᠎ᠠ ᠠᠵᠣ ᠠᠬᠤᠶᠢᠯᠠᠯ ᠪᠣᠯᠣᠨ ᠲᠦᠷᠦᠯ ᠵᠣᠶᠢᠯ ᠤᠨ | ᠣᠶᠢᠯᠠᠳᠪᠦᠷᠢᠯᠠᠯ ᠪᠠᠶᠢᠭᠤᠯᠣᠯᠳᠠ ᠶᠢ ᠡᠩ ᠳᠡᠷᠢᠬᠦᠯᠡᠨ ᠡᠮᠬᠢᠳᠡᠢ ᠰᠡᠷᠭᠦᠭᠡᠪᠡ᠃ ᠪᠦᠬᠦ ᠵᠢᠯ ᠳᠤ ᠡᠯ᠎ᠡ ᠲᠦᠷᠦᠯ ᠤᠨ 77 ᠭᠤᠣᠯᠳᠠᠯᠭᠠᠳᠦ ᠲᠦᠷᠦᠯ ᠵᠣᠶᠢᠯ ᠢ | ᠬᠡᠷᠡᠭᠵᠢᠭᠦᠯᠦᠨ᠂ 70 ᠳ᠋ᠦᠭᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠵᠣ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 10 % | ᠨᠡᠮᠡᠭᠳᠡᠪᠡ᠃ | ᠬᠤᠶᠠᠷ ᠲᠤ ᠲᠦᠷᠦᠯ ᠵᠣᠶᠢᠯ ᠳᠤ ᠬᠦᠴᠦᠯᠡᠨ᠂ ᠪᠦᠳᠦᠴᠡ ᠶᠢ ᠲᠣᠬᠢᠷᠠᠭᠤᠯᠵᠣ᠂ ᠪᠣᠬᠢᠷᠳᠣᠯ ᠦᠭᠡᠢ ᠬᠦᠭᠵᠢᠯᠳᠡ ᠶᠢᠨ ᠴᠢᠨᠠᠷᠵᠢᠯ ᠢ ᠲᠡᠭᠡᠭᠰᠢᠯᠡᠭᠦᠯᠦᠨ | ᠪᠦᠳᠦᠮᠵᠢ ᠶᠢ ᠨᠡᠮᠡᠭᠳᠡᠭᠦᠯᠪᠡ᠃ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ︽ᠬᠦᠷᠢᠶᠡᠯᠡᠩ ᠢᠶᠠᠨ ᠦᠷᠭᠡᠳᠬᠡᠵᠦ ᠲᠤᠭᠤᠷᠢᠭ ᠢ | ᠳᠤᠬᠢᠷᠠᠭᠤᠯᠬᠤ︾ ᠠᠵᠢᠯ ᠦᠪᠡᠷᠳᠡᠭᠡᠨ ᠵᠠᠰᠠᠬᠤ ᠣᠷᠣᠨ ᠤ ᠴᠣᠬᠤᠯᠠᠪᠦᠷᠢᠯᠠᠯᠳᠠ ᠶᠢ ᠣᠯᠵᠣ᠂ ᠱᠧᠩ ᠯᠤ᠋ ᠴᠠᠬᠢᠯᠭᠠᠨ ᠦᠢᠯᠡᠳᠪᠦᠷᠢ ᠠᠰᠢᠭᠯᠠᠯᠳᠠ ᠳᠤ ᠤᠷᠤᠨ᠂ | ᠴᠠᠩ ᠴᠧᠩ ᠴᠠᠬᠢᠯᠭᠠᠨ ᠦᠢᠯᠡᠳᠪᠦᠷᠢ᠂ ᠣᠯᠣᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ ᠣᠶᠢᠯᠠᠳᠪᠦᠷᠢ ᠶᠢᠨ ᠪᠠᠷᠢᠯᠭ᠎ᠠ ᠡᠬᠢᠯᠡᠵᠤ᠂ ᠬᠠᠶᠢᠯᠠᠰᠣᠨ | ᠬᠤᠤᠨᠳᠤᠭ ᠨᠡᠭᠦᠷᠡᠰᠣᠨ ᠠᠭᠤᠷᠬᠠᠢ ᠣᠯᠣᠰ ᠤᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠨᠡᠷᠡᠰ ᠤᠨ ᠵᠢᠭᠰᠠᠭᠠᠯᠳᠠ ᠳᠤ ᠤᠷᠤᠪᠠ᠃ ᠮᠠᠯ ᠲᠠᠷᠢᠶᠠᠯᠠᠩ ᠤᠨ | ᠠᠵᠣ ᠣᠶᠢᠯᠠᠰ ᠤᠨ ᠪᠦᠳᠦᠴᠡ ᠶᠢᠨ ᠲᠣᠬᠢᠷᠠᠭᠤᠯᠣᠯᠳᠠ ᠰᠢᠯᠢᠳᠡᠭᠵᠢᠭᠦᠯᠦᠯᠳᠡ ᠳᠤ 5889 ᠲᠦᠮᠠᠨ ᠲᠦᠭᠦᠷᠢᠭ ᠤᠨ ᠪᠡᠯᠡ ᠣᠷᠣᠭᠤᠯᠣᠨ᠂ ᠣᠯᠣᠰ ᠤᠨ | ᠲᠣᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠲᠣᠷᠰᠢᠯᠳᠡ ᠶᠢᠨ ᠴᠡᠭ ᠢᠶᠠᠷ ᠰᠤᠩᠭᠤᠭᠳᠠᠨ᠂ ᠠᠳᠣᠭᠤᠨ ᠬᠤᠳᠳᠤᠭ ᠤᠨ ᠰᠠᠭᠤᠷᠢᠰᠢᠯ ᠪᠦᠬᠦ | ᠣᠯᠣᠰ ᠤᠨ ︽ᠠᠷᠪᠠᠨ ᠭᠤᠷᠪᠠᠳᠣᠭᠠᠷ ᠲᠠᠪᠣᠨ ᠵᠢᠯ︾ ᠤᠨ ᠣᠨᠳᠣᠣ ᠭᠠᠵᠠᠷ ᠨᠡᠭᠦᠯᠭᠡᠵᠣ ᠶᠠᠳᠠᠭᠤ ᠶᠢ ᠳᠡᠤᠨᠬᠦᠭᠰᠡᠨ ︽ᠭᠤᠶᠢᠳᠠ ᠰᠠᠶᠢᠬᠠᠨ ᠲᠦᠪᠬᠢᠨᠡᠬᠦᠯᠤᠯ ᠤᠨ | ᠳᠤᠭᠤᠷᠢᠭ︾ ᠢᠶᠠᠷ ᠦᠨᠡᠯᠡᠭᠳᠡᠨ᠂ ᠬᠤᠪᠢᠰᠬᠠᠯᠳᠦ ᠬᠦᠮᠦᠵᠢᠯ ᠤᠨ ᠵᠢᠭᠤᠯᠴᠢᠯᠠᠯ ᠪᠦᠬᠦ ᠣᠯᠣᠰ ᠤᠨ ᠨᠡᠶᠢᠳᠡᠯᠢᠭ ᠵᠢᠱᠢᠶ᠎ᠡ ᠪᠠᠷ ᠰᠣᠩᠭᠤᠭᠳᠠᠵᠣ᠂ ᠲᠦᠷᠪᠡᠳᠦᠭᠡᠷ | ᠪᠦᠯᠦᠭ ᠤᠨ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠲᠠᠭᠤᠷᠢᠶᠠᠯ ᠬᠤᠰᠢᠭᠤ ᠪᠠᠷ ᠦᠨᠡᠯᠡᠭᠳᠡᠪᠡ᠃ | ᠭᠤᠷᠪᠠ ᠳᠤ ᠠᠷᠠᠳ ᠤᠨ ᠠᠮᠢᠳᠤᠷᠠᠯ ᠤᠨ ᠬᠠᠷᠠᠭᠠᠯᠵᠠᠯ ᠳᠤ ᠬᠦᠴᠦᠯᠡᠨ᠂ ᠪᠣᠳᠠᠳᠦ ᠶᠠᠪᠤᠳᠠᠯ ᠪᠦᠳᠤᠬᠡᠵᠤ᠂ ᠠᠷᠠᠳ ᠲᠦᠮᠡᠨ ᠤ ᠠᠰᠢᠭ ᠵᠢᠷᠭᠠᠯ ᠢ | ᠦᠷᠭᠦᠯᠵᠢᠯᠡᠨ ᠨᠡᠮᠡᠭᠳᠡᠭᠦᠯᠪᠡ᠃ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠡ ᠢᠯᠠᠯᠳᠠ ᠣᠯᠣᠨ᠂ ᠳᠠᠩᠰᠠᠯᠠᠭᠰᠡᠨ 662 ᠡᠷᠦᠬᠡ ᠶᠢᠨ 1731 ᠬᠦᠮᠦᠨ ᠢ | ᠪᠦᠬᠦᠨ ᠢ ᠶᠠᠳᠠᠭᠤ ᠠᠴᠠ ᠠᠩᠬᠢᠵᠢᠷᠠᠭᠤᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠢᠭᠡ ᠡᠷᠦᠭᠡ ᠨᠢᠭᠡ ᠬᠦᠮᠦᠨ ᠢ ᠴᠣ᠋ | ᠣᠷᠬᠢᠭᠳᠠᠭᠤᠯᠣᠭᠰᠠᠨ ᠦᠭᠡᠢ᠃ ᠰᠣᠷᠭᠠᠨ ᠬᠦᠮᠦᠵᠢᠯ ᠵᠢᠭᠠᠨ ᠰᠤᠷᠭᠠᠯᠳᠠ ᠶᠢᠨ ᠨᠦᠬᠦᠴᠡᠯ ᠣᠯᠠᠮ ᠨᠢᠭᠡ ᠠᠯᠬᠤᠮ ᠰᠠᠶᠢᠵᠢᠷᠠᠨ᠂ ᠮᠣᠩᠭᠤᠯ ᠲᠣᠷᠰᠢᠯᠳᠠ ᠶᠢᠨ ᠪᠠᠭ᠎ᠠ | ᠰᠣᠷᠭᠠᠭᠤᠯᠢ ᠶᠢᠨ ᠪᠠᠷᠢᠯᠭ᠎ᠠ ᠶᠢ ᠡᠬᠢᠯᠡᠭᠦᠯᠵᠣ᠂ ᠭᠤᠷᠪᠠᠳᠣᠭᠠᠷ ᠪᠦᠷᠢᠨ ᠪᠠᠭ᠎ᠠ ᠰᠣᠷᠭᠠᠭᠤᠯᠢ ᠪᠠᠶᠢᠭᠤᠯᠤᠭᠳᠠᠨ ᠬᠢᠴᠢᠶᠡᠯᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ | ᠤᠨ ᠣᠶᠢᠯᠡᠴᠢᠯᠡᠭᠡ ᠣᠯᠠᠮ ᠲᠦᠬᠡᠮᠡᠯᠵᠢᠨ᠂ ᠬᠤᠷᠰᠢᠭᠰᠠᠨ ᠡᠮᠨᠡᠯᠭᠡ ᠶᠢᠨ ᠪᠦᠬᠦ ᠪᠦᠷᠬᠦᠴᠡ ᠶᠢ ᠪᠡᠶᠡᠯᠡᠭᠦᠯᠪᠡ᠃ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ᠂ | ᠨᠡᠶᠢᠭᠡᠮ ᠤᠨ ᠪᠠᠳᠤᠯᠠᠭ᠎ᠠ ᠶᠢᠨ ᠪᠠᠳᠤᠯᠠᠪᠠᠰᠤ ᠵᠤᠬᠢᠬᠤ ᠶᠢ ᠨᠢ ᠴᠦᠮ ᠪᠠᠳᠤᠯᠠᠨ᠂ ᠨᠡᠶᠢᠭᠡᠮ ᠤᠨ ᠪᠠᠳᠣᠯᠠᠭ᠎ᠠ ᠶᠢᠨ ᠭᠦᠢᠴᠡᠳᠬᠡᠯ ᠲᠤᠭ᠎ᠠ ᠪᠦᠬᠦ ᠣᠷᠣᠨ ᠤ ᠡᠮᠦᠨ᠎ᠡ | ᠡᠩᠨᠡᠬᠡᠨ ᠳᠤ ᠵᠢᠭᠰᠠᠭᠠᠭᠳᠠᠪᠠ᠃ ᠵᠠᠯᠭᠠᠭ᠎ᠠ ᠪᠠᠷ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠪᠠᠷ ᠦᠨᠡᠯᠡᠭᠳᠡᠨ᠂ ᠠᠷᠠᠳ ᠲᠦᠮᠡᠨ ᠤ ᠠᠰᠢᠭ | ᠵᠢᠷᠭᠠᠯ ᠤᠨ ᠵᠢᠭᠠᠯᠳᠠ ᠢᠯᠡᠳᠳᠡ ᠲᠡᠭᠡᠭᠰᠢᠯᠡᠪᠡ᠃ | ᠲᠦᠷᠪᠡ ᠳᠤ ᠬᠢᠵᠢᠭ ᠲᠠᠢ ᠳᠡᠮᠡᠴᠡᠬᠦ ᠳᠤ ᠬᠦᠴᠦᠯᠡᠨ᠂ ᠠᠮᠣᠷ ᠲᠠᠶᠢᠪᠣᠩ ᠢ ᠪᠠᠳᠣᠯᠠᠵᠣ᠂ ᠠᠷᠠᠳ ᠣᠯᠠᠨ ᠤ ᠡᠷᠡᠭᠦᠯ ᠡᠩᠬᠡ ᠶᠢ ᠬᠠᠮᠠᠭᠠᠯᠠᠪᠠ᠃ ᠠᠷᠠᠳ | ᠲᠦᠮᠡᠨ᠂ ᠠᠮᠢ ᠨᠠᠰᠤ ᠶᠢ ᠳᠡᠬᠡᠳᠤᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠳᠤ ᠦᠤᠨᠳᠠᠷ ᠲᠦᠷᠬᠡᠨ ᠬᠦᠳᠡᠯᠤᠯᠴᠡᠵᠤ᠂ ᠬᠤᠯᠪᠣᠭᠠᠯᠠᠨ | ᠰᠡᠷᠬᠡᠶᠢᠯᠡᠵᠤ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠬᠦ ᠲᠣᠭᠳᠠᠴᠠ ᠶᠢ ᠪᠠᠶᠢᠭᠤᠯᠵᠣ᠂ 2800 ᠭᠠᠷᠣᠢ ᠰᠠᠶᠢᠨ | ᠲᠣᠷᠠᠴᠣᠳ᠂ ᠲᠣᠳᠣᠭᠠᠳᠦ ᠶᠢ ᠬᠠᠮᠠᠭᠠᠯᠠᠬᠤ ᠴᠠᠭᠳᠠᠭ᠎ᠠ᠂ ᠨᠠᠮ ᠤᠨ ᠭᠡᠰᠢᠭᠦᠨ ᠺᠠᠳ᠋ᠷᠴᠣᠳ ᠡᠳᠦᠷ ᠰᠦᠨᠢ ᠶᠢ ᠢᠯᠭᠠᠯ ᠦᠭᠡᠢ ᠪᠠᠷ ᠨᠡᠶᠢᠭᠡᠮ ᠲᠣᠭᠤᠷᠢᠭ ᠪᠠ ᠵᠠᠮ | ᠤᠨ ᠠᠮᠠ ᠰᠠᠬᠢᠨ᠂ 15 ᠡᠮᠴᠢ ᠰᠣᠪᠢᠯᠠᠭᠴᠢ ᠶᠢᠨ ᠨᠠᠷᠢᠨ ᠬᠢᠨᠠᠮᠠᠭᠠᠢ ᠡᠮᠴᠢᠯᠡᠭᠡ ᠪᠠᠷ ᠴᠣᠷ ᠤᠨ ᠭᠠᠭᠴᠠ ᠲᠣᠳᠣᠯᠠᠭᠰᠠᠨ ᠡᠪᠡᠳᠴᠢᠳᠠᠨ ᠡᠷᠡᠭᠦᠯᠵᠢᠨ ᠡᠮᠨᠡᠯᠭᠡ ᠠᠴᠠ | ᠭᠠᠷᠴᠦ᠂ ᠡᠪᠡᠤᠨᠴᠢᠳᠠᠨ ᠰᠢᠨ᠎ᠡ ᠪᠠᠷ ᠨᠡᠮᠡᠭᠳᠡᠭᠰᠡᠨ ᠦᠭᠡᠢ᠂ ᠬᠢᠵᠢᠭ ᠲᠠᠷᠬᠠᠨ ᠲᠡᠯᠭᠡᠷᠡᠭᠰᠡᠨ ᠦᠭᠡᠢ᠃ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠬᠡ ᠶᠢᠨ | ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠦᠭᠡᠮ ᠬᠦᠴᠢᠯ ᠤᠨ ᠪᠠᠶᠢᠴᠠᠭᠠᠯᠳᠠ ᠶᠢᠨ ᠲᠣᠷᠰᠢᠯᠳᠠ ᠶᠢᠨ ᠲᠠᠰᠤᠭ ᠰᠢᠯᠭᠠᠨ ᠬᠤᠷᠢᠶᠠᠯᠳᠠ ᠶᠢ ᠳᠤᠭᠤᠯᠵᠤ᠂ 3 | ᠡᠳᠦᠷ ᠤᠨ ᠲᠣᠳᠣᠷ᠎ᠠ ᠪᠦᠬᠦ ᠬᠤᠰᠢᠭᠤᠨ ᠤ ᠣᠯᠠᠨ ᠲᠦᠮᠡᠨ ᠳᠤ ᠪᠦᠭᠡᠮ ᠬᠦᠴᠢᠯ ᠤᠨ ᠪᠠᠶᠢᠴᠠᠭᠠᠯᠳᠠ ᠬᠢᠵᠤ ᠳᠠᠶᠢᠯᠬᠦ ᠴᠢᠳᠠᠮᠵᠢ ᠲᠠᠢ ᠪᠤᠯᠪᠠ᠃ ᠨᠠᠮᠦᠷ ᠡᠪᠦᠯ ᠤᠨ | ᠬᠢᠵᠢᠭ ᠤᠨ ᠪᠠᠶᠢᠳᠠᠯ ᠢ ᠰᠠᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠣᠨ᠂ ᠭᠤᠣᠯᠳᠠᠯᠭᠠᠳᠦ ᠬᠦᠮᠦᠰ ᠲᠤ ᠸᠠᠺᠽᠢᠨ ᠲᠠᠷᠢᠵᠣ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠨᠳᠡᠬᠦ ᠪᠠᠶᠢᠩᠭᠤᠵᠢᠭᠰᠠᠨ ᠲᠣᠭᠳᠠᠴᠠ ᠶᠢ ᠪᠠᠶᠢᠭᠤᠯᠪᠠ᠃ | ᠲᠠᠪᠤ ᠳᠤ ᠰᠣᠷᠳᠠᠯ ᠤᠨ ᠬᠤᠪᠢᠷᠠᠭᠤᠯᠤᠯᠳᠠ ᠳᠤ ᠬᠦᠴᠦᠯᠡᠨ᠂ ᠴᠢᠳᠠᠪᠬᠢ ᠪᠠᠨ ᠲᠡᠭᠡᠭᠰᠢᠯᠡᠭᠦᠯᠵᠣ᠂ ᠳᠤᠰ ᠪᠡᠶ᠎ᠡ ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ | ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭᠲᠤ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ | ᠲᠣᠣᠱᠯᠠᠭᠤᠯᠬᠤ ᠶᠢ ᠳᠡᠷᠢᠬᠦᠨ ᠴᠢᠬᠤᠯᠠ ᠣᠯᠣᠰ ᠲᠦᠷᠦ ᠶᠢᠨ ᠡᠭᠦᠷᠭᠡ ᠪᠣᠯᠭᠠᠨ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ ᠯᠠᠪᠳᠠᠭᠤᠨ ᠪᠠᠳᠤᠳᠠᠢ | ᠠᠬᠢᠭᠤᠯᠵᠣ᠂ ᠲᠣᠭᠤᠷᠢᠨ ᠪᠠᠶᠢᠴᠠᠭᠠᠯᠳᠠ ᠶᠢᠨ ᠴᠡᠭᠴᠡᠯᠡᠯᠳᠡ᠂ ᠲᠣᠰᠬᠠᠢ ᠲᠦᠷᠦᠯ ᠤᠨ ᠴᠡᠭᠴᠡᠯᠡᠯᠳᠡ ᠵᠡᠷᠭᠡ ᠡᠯ᠎ᠡ ᠲᠦᠷᠦᠯ ᠤᠨ ᠠᠵᠢᠯ ᠢ ᠰᠠᠶᠢᠳᠦᠷ ᠬᠢᠪᠠ᠃ | ᠣᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠪᠣᠯᠣᠨ ᠨᠡᠶᠢᠭᠡᠮ ᠤᠨ | ᠬᠢᠨᠠᠯᠳᠠ ᠶᠢ ᠬᠦᠯᠢᠶᠡᠨ᠂ 78 ᠬᠤᠪᠢ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ᠂ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠨ ᠬᠠᠷᠢᠭᠤ ᠦᠭᠴᠦ᠂ | ᠰᠠᠨᠠᠭᠠᠴᠢᠯᠠᠭ᠎ᠠ ᠠᠴᠠ ᠪᠠᠨ 13000 ᠭᠠᠷᠣᠢ ᠵᠣᠷᠪᠣᠰ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠨᠡᠶᠢᠳᠡᠯᠡᠪᠡ᠃ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢ ᠠᠴᠠ ᠪᠢᠯᠧᠲ ᠦᠭᠴᠦ ᠲᠣᠭᠳᠠᠭᠠᠭᠰᠠᠨ ᠠᠷᠠᠳ ᠤᠨ ᠠᠮᠢᠳᠤᠷᠠᠯ ᠤᠨ ᠬᠠᠷᠠᠭᠠᠯᠵᠠᠯ ᠤᠨ 8 ᠪᠣᠳᠠᠳᠦ ᠶᠠᠪᠣᠳᠠᠯ ᠢ ᠪᠦᠬᠦᠨ ᠢ | ᠪᠡᠶᠡᠯᠡᠭᠦᠯᠪᠡ᠃ ᠡᠭᠦᠨ ᠤ ᠬᠠᠮᠳᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠠᠷᠠᠳᠴᠢᠯᠠᠯ ᠬᠠᠣᠯᠢ ᠲᠦᠷᠢᠮ᠂ ᠦᠨᠳᠦᠰᠦᠳᠡᠨ ᠱᠠᠰᠢᠨ | ᠰᠣᠷᠳᠠᠬᠤᠨ᠂ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ᠂ ᠡᠮᠡᠭᠳᠡᠶᠢᠴᠣᠳ ᠬᠡᠣᠭᠡᠳ ᠪᠠᠭᠠᠴᠣᠳ᠂ | ᠦᠳᠡᠭᠦᠰ ᠤᠨ ᠣᠶᠢᠯᠠᠰ ᠵᠡᠷᠭᠡ ᠠᠵᠢᠯ ᠢᠡᠯᠷᠭᠡᠢ ᠲᠠᠪᠰᠢᠯᠳᠠ ᠲᠠᠢ ᠪᠣᠯᠪᠠ᠃ | 2020 ᠣᠨ ᠤ ᠡᠯ᠎ᠡ ᠲᠦᠷᠦᠯ ᠤᠨ ᠠᠵᠢᠯ ᠢ ᠳ᠋ᠦᠩᠨᠡᠪᠡᠯ᠂ ᠬᠦᠴᠢᠷ ᠪᠡᠷᠭᠡ ᠲᠦᠰᠦᠭᠡᠯᠡᠯ ᠠᠴᠠ ᠠᠷᠪᠢᠨ᠂ ᠠᠮᠵᠢᠯᠳᠠ ᠪᠦᠳᠦᠮᠵᠢ ᠵᠢᠱᠢᠯᠳᠡ ᠠᠴᠠ ᠰᠠᠶᠢᠨ | ᠃ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠦᠭᠵᠢᠯᠳᠡ ᠬᠤᠪᠢᠷᠠᠯᠳᠠ ᠶᠢ ᠡᠷᠭᠢᠴᠡᠭᠦᠯᠪᠡᠯ᠂ ᠪᠢᠳᠠ ᠰᠢᠯᠭᠠᠯᠳᠠ ᠶᠢ ᠳᠤᠭᠤᠯᠤᠨ ᠰᠢᠷᠭᠠᠭᠤ ᠬᠦᠳᠡᠯᠮᠤᠷᠢ ᠪᠠᠷ | ᠬᠢᠯᠠᠯᠵᠠᠮ᠎ᠠ ᠠᠮᠵᠢᠯᠳᠠ ᠣᠯᠪᠠ᠃ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭᠠᠨ ᠳᠤ ᠮᠠᠨ ᠤ ᠬᠤᠰᠢᠭᠤᠨ ᠤ ᠣᠷᠣᠨ ᠨᠣᠳᠤᠭ ᠤᠨ | ᠣᠶᠢᠯᠠᠳᠪᠦᠷᠢᠯᠠᠯ ᠤᠨ ᠶᠡᠷᠦᠩᠬᠡᠢ ᠦᠷᠳᠡᠭ ᠵᠢᠯ ᠳᠤᠮᠳᠠᠴᠢ 7.1% ᠪᠠᠷ ᠨᠡᠮᠡᠭᠳᠡᠨ᠂ ᠬᠦᠮᠦᠨ ᠲᠣᠮᠳᠠᠴᠢ ᠶᠢᠨ GDP 19.24 ᠲᠦᠮᠡᠨ ᠲᠦᠭᠦᠷᠢᠭ ᠲᠤ | ᠬᠦᠷᠴᠦ᠂ ᠲᠣᠮᠳᠠᠳᠦ ᠣᠯᠣᠰ ᠤᠨ ᠪᠠᠷᠠᠭᠤᠨ ᠣᠷᠣᠨ ᠤ ᠵᠠᠭᠤᠨ ᠬᠦᠴᠦᠷᠭᠡᠭ ᠰᠢᠶᠠᠨ ᠤ ᠨᠡᠷᠡᠰ ᠲᠤ ᠣᠷᠣᠪᠠ᠃ ᠰᠢᠨ᠎ᠡ ᠪᠦᠷᠢᠤᠨᠬᠡᠯ ᠤᠨ ᠠᠷᠭ᠎ᠠ ᠶᠣᠰᠣᠭᠠᠷ | ᠪᠦᠷᠢᠤᠨᠬᠡᠪᠡᠯ᠂ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 2017 ᠣᠨ ᠤ 8.01 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ | 2020 ᠣᠨ ᠪᠣᠯᠬᠤ ᠳᠤ 11.9 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠲᠣᠮᠳᠠᠴᠢ 14% ᠪᠠᠷ ᠨᠡᠮᠡᠭᠳᠡᠪᠡ᠃ ᠬᠤᠳᠠ ᠬᠦᠳᠡᠭᠡ ᠶᠢᠨ ᠣᠷᠣᠯᠭ᠎ᠠ ᠶᠢᠨ | ᠵᠦᠷᠢᠶ᠎ᠡ ᠣᠯᠠᠮ ᠨᠢᠭᠡ ᠠᠯᠬᠤᠮ ᠪᠠᠭᠠᠰᠴᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠲᠣᠮᠳᠠᠴᠢ ᠶᠢᠨ ᠡᠵᠡᠮᠳᠡᠵᠣ ᠪᠣᠯᠬᠤ ᠣᠷᠣᠯᠭ᠎ᠠ ᠵᠠᠯᠭᠠᠭ᠎ᠠ ᠪᠠᠷ 15 ᠵᠢᠯ | ᠪᠦᠬᠦ ᠬᠤᠳᠠ ᠳᠤ ᠪᠠᠨ ᠳᠡᠷᠢᠬᠦᠯᠡᠪᠡ᠃ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠠᠶᠢᠳᠠ 500 ᠳ᠋ᠦᠩᠰᠢᠭᠤᠷ ᠲᠦᠭᠦᠷᠢᠭ ᠢ ᠲᠠᠪᠠᠨ᠂ ᠳ᠋ᠦᠩᠰᠢᠭᠤᠷ | ᠲᠦᠭᠦᠷᠢᠭ ᠠᠴᠠ ᠲᠠᠪᠠᠭᠰᠠᠨ 62 ᠴᠢᠬᠤᠯᠠ ᠶᠡᠭᠡ ᠲᠦᠷᠦᠯ ᠵᠣᠶᠢᠯ ᠢ ᠣᠷᠣᠭᠤᠯᠣᠨ ᠬᠡᠷᠡᠭᠵᠢᠭᠦᠯᠵᠣ᠂ ᠭᠠᠶᠢᠯᠢ ᠶᠢᠨ ᠡᠬᠢ ᠶᠢᠨ ᠰᠢᠯᠢᠳᠡᠭᠵᠢᠯ ᠢ ᠲᠦᠷᠭᠡᠳᠬᠡᠪᠡ᠃ | ᠪᠦᠬᠦ ᠬᠤᠰᠢᠭᠤᠨ ᠤ ᠬᠠᠮᠳᠦ ᠶᠢᠨ ᠴᠢᠷᠮᠠᠶᠢᠯᠭ᠎ᠠ ᠪᠠᠷ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠬᠠᠷᠠᠯᠳᠠ ᠡᠭᠦᠷᠭᠡ ᠪᠠᠨ ᠦᠨᠳᠦᠰᠣᠨ | ᠳᠤ ᠪᠠᠨ ᠪᠡᠶᠡᠯᠡᠭᠦᠯᠵᠣ᠂ ᠪᠢᠳᠠ ᠰᠢᠨ᠎ᠡ ᠬᠦᠭᠵᠢᠯᠳᠡ ᠶᠢᠨ ᠱᠠᠳᠣᠨ ᠳᠤ ᠣᠳᠣᠬᠢᠴᠢᠯᠠᠭᠰᠠᠨ ᠣᠳᠤᠭ ᠤᠨ ᠡᠮᠦᠨᠡᠳᠦ ᠬᠤᠰᠢᠭᠤᠨ ᠤ ᠪᠠᠶᠢᠭᠤᠯᠣᠯᠳᠠ ᠶᠢ ᠪᠦᠬᠦ ᠲᠠᠯ᠎ᠠ | ᠪᠠᠷ ᠠᠬᠢᠭᠤᠯᠬᠤ ᠳᠤ ᠪᠠᠳᠦ ᠪᠠᠬᠢ ᠰᠠᠭᠤᠷᠢ ᠶᠢ ᠳᠠᠯᠪᠢᠭᠰᠡᠨ ᠪᠠᠶᠢᠨ᠎ᠠ᠃ | ᠣᠯᠣᠭᠰᠠᠨ ᠡᠳᠡᠬᠡᠷ ᠠᠮᠵᠢᠯᠳᠠ ᠪᠦᠳᠦᠮᠵᠢ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭᠲᠤ ᠨᠠᠶᠢᠬᠡᠮ ᠵᠢᠷᠤᠮ | ᠤᠨ ᠦᠵᠡᠯ ᠰᠠᠨᠠᠭᠠᠨ ᠤ ᠰᠣᠳᠣᠨ ᠵᠢᠯᠤᠭᠤᠳᠤᠯᠭ᠎ᠠ ᠶᠢᠨ ᠦᠷ᠎ᠠ ᠪᠦᠳᠤᠮᠵᠢ ᠪᠤᠯᠬᠤ ᠶᠣᠮ᠂ ᠡᠯ᠎ᠡ ᠡᠬᠡᠯᠵᠢ ᠶᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠠᠯᠭᠠᠮᠵᠢᠯᠠᠯ ᠵᠢᠷᠣᠮᠯᠠᠯ ᠤᠨ ᠦᠷ᠎ᠡ ᠪᠦᠳᠤᠮᠵᠢ ᠪᠤᠯᠬᠤ ᠶᠤᠮ᠂ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ᠂ ᠰᠢᠨᠵᠢᠯᠡᠬᠦ | ᠣᠬᠠᠭᠠᠨᠴᠢ ᠰᠢᠢᠳᠪᠦᠷᠢᠳᠦ ᠪᠣᠳᠣᠯᠭ᠎ᠠ ᠶᠢᠨ ᠦᠷ᠎ᠡ ᠪᠦᠳᠦᠮᠵᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠣᠯᠣᠰ ᠲᠦᠷᠦ ᠶᠢᠨ ᠵᠦᠪᠯᠡᠯᠭᠡᠨ ᠤ ᠬᠠᠯᠠᠮᠵᠢ ᠲᠡᠮᠵᠢᠯᠭᠡ᠂ ᠪᠦᠳᠦᠮᠵᠢᠳᠦ ᠬᠢᠨᠠᠯᠳᠠ ᠶᠢᠨ ᠦᠷ᠎ᠡ ᠪᠦᠳᠦᠮᠵᠢ᠂ ᠪᠦᠬᠦ ᠬᠤᠰᠢᠭᠤᠨ ᠤ ᠪᠦᠯᠬᠦᠮᠳᠠᠯ ᠨᠢᠭᠳᠠᠷᠠᠯ᠂ | ᠰᠢᠷᠭᠠᠭᠤ ᠳᠡᠮᠡᠴᠡᠯ ᠤᠨ ᠦᠷ᠎ᠡ ᠪᠦᠳᠦᠮᠵᠢ ᠪᠤᠯᠬᠤ ᠶᠤᠮ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ | ᠠᠷᠠᠳ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠠᠷᠠᠳᠴᠢᠯᠠᠭᠰᠠᠨ ᠨᠠᠮ ᠪᠦᠯᠦᠭ᠂ ᠣᠶᠢᠯᠠᠳᠪᠦᠷᠢ | ᠬᠤᠳᠠᠯᠳᠣᠭᠠᠨ ᠤ ᠬᠢᠨ ᠪᠣᠯᠣᠨ ᠨᠠᠮ ᠤᠨ ᠪᠣᠰᠦ ᠬᠦᠮᠦᠰ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ᠂ ᠠᠷᠠᠳ ᠤᠨ ᠴᠠᠭᠳᠠᠭ᠎ᠠ᠂ ᠬᠤᠰᠢᠭᠤᠨ ᠳᠤ | ᠰᠠᠭᠤᠭ᠎ᠠ ᠳᠠᠷᠤᠭ᠎ᠠ ᠪᠠᠶᠢᠯᠳᠤᠭᠴᠢᠤᠨ᠂ ᠬᠢᠵᠢᠭ ᠲᠠᠢ ᠳᠡᠮᠡᠴᠡᠵᠤ ᠪᠠᠶᠢᠭ᠎ᠠ ᠳᠠᠶᠢᠴᠢᠤᠨ᠂ ᠣᠳᠤᠭ ᠤᠨ ᠡᠮᠦᠨᠡᠳᠦ ᠬᠤᠰᠢᠭᠤᠨ ᠤ ᠦᠭᠡᠷᠡᠴᠢᠯᠡᠯᠳᠡ ᠬᠦᠭᠵᠢᠯᠳᠠ ᠶᠢ | ᠬᠠᠯᠠᠮᠵᠢᠯᠡᠨ ᠳᠡᠮᠵᠢᠭᠰᠡᠬᠡᠷ ᠢᠷᠡᠭᠰᠡᠨ ᠡᠯ᠎ᠡ ᠡᠳᠡᠭᠡᠳ ᠤᠨ ᠨᠦᠬᠦᠤᠨ ᠲᠤ ᠴᠢᠩ ᠰᠡᠤᠨᠬᠢᠯ ᠤᠨ ᠲᠠᠯᠠᠷᠬᠠᠯ ᠪᠤᠯᠤᠨ ᠡᠷᠬᠢᠮ ᠳᠡᠬᠡᠳᠤ ᠮᠡᠨᠳᠤᠴᠢᠯᠡᠯ ᠢᠶᠠᠨ ᠳᠡᠪᠰᠢᠬᠦᠯᠵᠤ | ᠪᠠᠶᠢᠨ᠎ᠠ︕ | ᠲᠦᠯᠦᠭᠡᠯᠡᠭᠴᠢᠳ ᠡ᠂ ᠪᠢᠳᠠ ᠠᠮᠵᠢᠯᠲᠠ ᠪᠠᠨ ᠨᠣᠲᠠᠯᠠᠬᠤ ᠶᠢᠨ ᠬᠠᠮᠲᠣ ᠠᠵᠣ ᠠᠬᠤᠢ ᠨᠡᠶᠢᠬᠡᠮ ᠤᠨ ᠬᠦᠭᠵᠢᠯᠲᠡ ᠳᠣᠮᠳᠠ ᠪᠠᠰᠠ ᠨᠢᠭᠡ ᠪᠦᠯᠦᠭ | ᠣᠮᠳᠣᠭᠠᠶᠢᠯᠠᠵᠣ ᠪᠣᠯᠣᠰᠢ ᠦᠭᠡᠢ ᠠᠰᠠᠭᠤᠳᠠᠯ ᠣᠷᠣᠰᠢᠵᠣ ᠪᠠᠶᠢᠬᠤ ᠶᠢ ᠨᠡᠩ ᠰᠡᠷᠭᠡᠭ ᠢᠶᠠᠷ ᠲᠠᠨᠢᠬᠤ ᠬᠡᠷᠡᠭᠲᠡᠢ᠄ ᠨᠢᠭᠡ ᠳᠤ ᠠᠵᠣ ᠠᠬᠤᠢ ᠶᠢᠨ ᠶᠡᠷᠦᠩᠬᠡᠢ ᠬᠡᠮᠵᠢᠶ᠎ᠡ | ᠪᠠᠭ᠎ᠠ᠂ ᠬᠢᠵᠠᠭᠠᠷ ᠣᠷᠣᠨ ᠤ ᠬᠦᠭᠵᠢᠯᠲᠡ ᠬᠤᠴᠤᠷᠤᠩᠭᠤᠢ ᠪᠠᠶᠢᠳᠠᠯ ᠮᠦᠨ ᠯᠠ ᠬᠤᠰᠢᠭᠤᠨ ᠤ ᠪᠣᠳᠠᠳᠣ ᠠᠬᠤᠢ᠂ ᠠᠵᠣ ᠦᠢᠯᠡᠳᠪᠦᠷᠢ ᠶᠢᠨ ᠲᠦᠷᠤᠯ ᠵᠦᠢᠯ ᠶᠠᠭ | ᠲᠦᠪᠯᠡᠷᠡᠩᠬᠦᠢ ᠪᠠᠶᠢᠭᠤᠯᠤᠯᠳᠠ ᠶᠢᠨ ᠱᠠᠲᠣᠨ ᠳᠤ ᠤᠷᠤᠰᠢᠵᠤ᠂ ᠳᠠᠶᠢᠴᠢᠯᠠᠬᠤ ᠦᠢᠯᠡᠳᠦᠯ ᠬᠠᠷᠠᠬᠠᠨ ᠢᠯᠡᠷᠡᠭᠡᠳᠦᠢ︔ ᠮᠠᠯ ᠲᠠᠷᠢᠶᠠᠯᠠᠩ ᠤᠨ ᠠᠩᠬᠠᠨ ᠤ | ᠪᠣᠯᠪᠠᠰᠣᠷᠠᠭᠤᠯᠣᠯᠲᠠ᠂ ᠭᠦᠨᠵᠡᠭᠡᠢ ᠪᠣᠯᠪᠠᠰᠣᠷᠠᠭᠤᠯᠣᠯᠲᠠ ᠶᠢᠨ ᠴᠢᠳᠠᠪᠣᠷᠢ ᠬᠦᠷᠦᠯᠴᠡᠬᠦ ᠦᠭᠡᠢ᠂ ᠦᠢᠯᠡᠳᠭᠦᠨ ᠤ ᠠᠩᠬ᠎ᠠ ᠲᠡᠰᠴᠢᠯᠡᠭᠰᠡᠨ ᠣᠨᠴᠠᠯᠢᠭ ᠢᠯᠡᠷᠬᠡᠢ᠂ | ᠨᠡᠮᠡᠯᠲᠡ ᠦᠷᠲᠡᠭ ᠳᠣᠣᠷ᠎ᠠ᠂ ᠮᠠᠯᠴᠢᠨ ᠲᠠᠷᠢᠶᠠᠴᠢᠨ ᠠᠵᠣ ᠦᠢᠯᠡᠰ ᠤᠨ ᠬᠡᠯᠬᠢᠶᠡᠨ ᠳᠡᠭᠡᠷ᠎ᠡ ᠬᠠᠮᠤᠭ ᠶᠡᠭᠡ ᠬᠦᠴᠤ ᠬᠦᠳᠡᠯᠮᠤᠷᠢ ᠵᠠᠷᠤᠴᠠᠭᠤᠯᠤᠭᠰᠡᠨ ᠪᠣᠯᠪᠠᠴᠣ | ᠠᠰᠢᠭ ᠣᠷᠣᠯᠭ᠎ᠠ ᠶᠢᠨ ᠣᠷᠣᠨ ᠵᠠᠢ ᠬᠠᠮᠤᠭ ᠪᠠᠭ᠎ᠠ ᠪᠠᠶᠢᠭᠰᠠᠭᠠᠷ︔ ᠰᠣᠶᠣᠯ ᠵᠢᠭᠤᠯᠴᠢᠯᠠᠯ ᠤᠨ ᠠᠭᠤᠰᠣᠯᠴᠠᠯ ᠤᠨ ᠬᠡᠮᠵᠢᠶ᠎ᠡ ᠬᠦᠨᠵᠡᠬᠡᠢ ᠪᠣᠰᠣ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠣᠷᠣᠯᠴᠠᠬᠤ ᠵᠠᠪᠰᠢᠶᠡᠨ ᠴᠦᠬᠡᠨ᠂ ᠢᠳᠡᠪᠬᠢᠵᠢᠯ ᠦᠨᠳᠦᠷ ᠪᠣᠰᠣ᠂ ᠠᠵᠣ ᠠᠬᠤᠢ ᠶᠢᠨ ᠨᠡᠮᠡᠷᠢ ᠬᠦᠷᠦᠯᠴᠡᠬᠦ ᠦᠭᠡᠢ ᠪᠤᠢ᠃ | ᠬᠤᠶᠠᠷ ᠲᠤ ᠠᠷᠠᠳ ᠤᠨ ᠠᠮᠢᠳᠣᠷᠠᠯ ᠤᠨ ᠬᠦᠷᠢᠶ᠎ᠡ ᠴᠠᠷᠠᠭᠠᠨ ᠳᠤ ᠮᠦᠨ ᠯᠠ ᠮᠠᠰᠢ ᠠᠷᠪᠢᠨ ᠲᠣᠲᠠᠭᠤᠳᠠᠯ ᠪᠠ ᠪᠠᠭᠤᠷᠠᠢ ᠲᠠᠯ᠎ᠠ ᠲᠠᠢ᠂ ᠬᠤᠲᠠ ᠬᠦᠳᠡᠭᠡ ᠶᠢᠨ | ᠨᠡᠶᠢᠲᠠ ᠶᠢᠨ ᠡᠬᠢ ᠰᠣᠷᠪᠣᠯᠵᠢ ᠶᠢᠨ ᠡᠵᠡᠯᠡᠯᠲᠡ ᠳᠡᠩᠴᠡᠬᠦᠷᠢ ᠦᠬᠡᠢ᠂ ᠨᠡᠶᠢᠲᠡ ᠶᠢᠨ ᠦᠢᠯᠡᠴᠢᠯᠡᠭᠡᠨ ᠤ ᠨᠠᠷᠢᠯᠢᠭᠵᠢᠭᠤᠯᠣᠭᠰᠠᠨ ᠳᠦᠪᠰᠢᠨ ᠪᠠ ᠠᠷᠠᠳ ᠤᠨ | ᠠᠮᠢᠳᠣᠷᠠᠯ ᠤᠨ ᠣᠯᠠᠨ ᠶᠠᠩᠵᠣᠲᠣ ᠬᠡᠷᠡᠭᠴᠡᠭᠡ ᠪᠠᠰᠠ ᠵᠦᠷᠢᠶᠡᠨ ᠲᠠᠢ ᠪᠠᠶᠢᠭᠰᠠᠭᠠᠷ︔ ᠠᠮᠢ ᠠᠬᠤᠢ ᠶᠢᠨ ᠪᠠᠶᠢᠭᠤᠯᠣᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠡᠭᠦᠷᠭᠡ ᠬᠦᠨᠳᠦ ᠠᠶᠠᠨ ᠬᠤᠯᠠ᠂ ᠠᠮᠢ ᠠᠬᠤᠢ ᠶᠢᠨ ᠪᠣᠯᠪᠠᠰᠣᠨ ᠤ ᠦᠷ᠎ᠡ ᠪᠦᠲᠦᠭᠡᠯ ᠬᠠᠷᠠᠬᠠᠨ ᠬᠦᠭᠵᠢᠯᠲᠡ ᠶᠢᠨ ᠦᠷ᠎ᠡ ᠠᠰᠢᠭ ᠪᠣᠯᠵᠣ ᠬᠤᠪᠢᠷᠠᠭ᠎ᠠ ᠦᠭᠡᠢ᠂ | ᠠᠮᠢ ᠠᠬᠤᠢ ᠶᠢᠨ ᠠᠵᠣ ᠦᠢᠯᠡᠰᠴᠢᠯᠡᠭᠰᠡᠨ ᠬᠡᠮᠵᠢᠶ᠎ᠡ ᠦᠨᠳᠦᠷ ᠪᠣᠰᠣ ᠪᠤᠢ᠃ ᠭᠤᠷᠪᠠ ᠳᠤ ᠦᠵᠡᠯ ᠰᠠᠨᠠᠭᠠᠨ ᠤ ᠴᠢᠯᠦᠭᠡᠯᠡᠯᠲᠡ ᠭᠦᠢᠴᠠᠳ ᠪᠣᠰᠣ᠂ ᠨᠢᠭᠡ | ᠪᠦᠯᠦᠭ ᠠᠯᠪᠠᠲᠠᠨ ᠤ ᠰᠡᠳᠬᠢᠬᠦᠢ ᠶᠢᠨ ᠠᠷᠭ᠎ᠠ ᠮᠠᠶ᠋ᠢᠭ᠂ ᠣᠶᠣᠨ ᠰᠠᠨᠠᠭᠠᠨ ᠤ ᠪᠠᠶᠢᠳᠠᠯ᠂ ᠠᠵᠢᠯ ᠤᠨ ᠰᠣᠷᠲᠠᠯ ᠬᠦᠭᠵᠢᠯᠲᠡ ᠶᠢᠨ ᠠᠶᠢᠵᠠᠮ ᠢ ᠳᠠᠭᠠᠵᠤ ᠳᠡᠶᠢᠯᠦᠭᠡ | ᠦᠭᠡᠢ᠂ ᠣᠨᠴᠠᠭᠠᠶᠢᠯᠠᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ᠲᠡᠯ᠎ᠡ ᠪᠠᠷ᠂ ᠪᠦᠬᠦᠶᠢᠯᠡ ᠲᠠᠯ᠎ᠠ ᠶᠢᠨ ᠪᠣᠳᠣᠯᠬᠢᠯᠡᠯᠲᠡ ᠪᠠ ᠪᠠᠶᠢᠯᠳᠣᠬᠤ ᠪᠣᠳᠣᠯᠭ᠎ᠠ ᠶᠢᠨ | ᠴᠢᠨᠠᠷᠲᠠᠢ ᠬᠠᠷᠠᠭᠠᠰᠣ ᠪᠠᠷ ᠲᠣᠲᠠᠮᠠᠭ᠂ ᠠᠵᠣ ᠠᠬᠤᠶᠢᠯᠠᠯ ᠪᠠ ᠣᠯᠠᠨ ᠲᠦᠮᠡᠨ ᠤ ᠱᠠᠭᠠᠷᠳᠠᠯᠭ᠎ᠠ᠂ ᠭᠦᠭᠵᠢᠯᠲᠡ ᠶᠢᠨ ᠬᠡᠷᠡᠭᠴᠡᠭᠡᠨ ᠤ ᠬᠤᠭᠤᠷᠣᠨᠳᠣᠬᠢ ᠵᠦᠷᠢᠶ᠎ᠡ | ᠨᠡᠯᠢᠶᠡᠳ ᠶᠡᠭᠡ ᠪᠤᠢ᠃ ᠡᠳᠡᠬᠡᠷ ᠠᠰᠠᠭᠤᠳᠠᠯ ᠢ ᠪᠢᠳᠠ ᠬᠤᠶᠢᠷᠭᠤᠰᠢᠯ ᠦᠭᠡᠢ᠂ ᠰᠦᠷᠳᠠᠯ ᠦᠭᠡᠢ᠂ ᠠᠯᠵᠠᠭᠤᠷᠠᠯ ᠦᠭᠡᠢ ᠪᠠᠷ ᠦᠨᠡᠨᠬᠦ ᠰᠢᠢᠳᠪᠦᠷᠢᠯᠡᠨ᠎ᠠ᠃ | ᠬᠤᠶᠠᠷ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠠᠬᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠭᠤᠣᠯ ᠬᠠᠷᠠᠯᠲᠠ ᠡᠭᠦᠷᠭᠡ | ᠬᠤᠰᠢᠭᠤ ᠨᠠᠮ ᠤᠨ ᠬᠤᠷᠢᠶ᠎ᠠ ᠶᠢᠨ ︽ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ ᠠᠷᠪᠠᠨ ᠳᠦᠷᠪᠡᠳᠦᠭᠡᠷ ᠲᠠᠪᠣᠨ ᠵᠢᠯ ᠤᠨ | ᠲᠦᠯᠦᠪᠵᠢᠭᠦᠯᠭᠡ ᠶᠢ ᠲᠣᠭᠲᠠᠭᠠᠬᠤ ᠪᠠ 2035 ᠣᠨ ᠤ ᠠᠯᠣᠰ ᠤᠨ ᠬᠠᠷᠠᠯᠲᠠ ᠶᠢᠨ ᠰᠠᠨᠠᠭᠤᠯᠭ᠎ᠠ︾ ᠶᠤᠰᠤᠭᠠᠷ᠂ ᠪᠢᠳᠠ ︽ᠣᠲᠤᠭ ᠤᠨ ᠡᠮᠦᠨᠡᠲᠦ | ᠬᠤᠰᠢᠭᠤᠨ ᠤ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠤᠯᠤᠨ 2035 | ᠤᠨ ᠤ ᠠᠯᠤᠰ ᠤᠨ ᠬᠠᠷᠠᠯᠳᠠ ᠶᠢᠨ ᠬᠦᠲᠦᠯᠪᠦᠷᠢ ᠶᠢᠨ ᠲᠣᠪᠴᠢ ︵ᠲᠦᠰᠦᠯ︶︾ ᠢ ᠲᠣᠭᠤᠷᠪᠢᠵᠣ᠂ ᠶᠡᠭᠡ ᠬᠤᠷᠠᠯ ᠳᠤ ᠳᠡᠪᠰᠢᠬᠦᠯᠦᠨ ᠵᠦᠪᠯᠡᠬᠦᠯᠵᠤ ᠪᠠᠶᠢᠨ᠎ᠠ᠃ | ᠲᠦᠯᠦᠭᠡᠯᠡᠭᠴᠢᠳ ᠡ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠬᠤᠭᠤᠴᠠᠭ᠎ᠠ ᠪᠣᠯ ᠪᠦᠬᠦ ᠲᠠᠯ᠎ᠠ ᠪᠠᠷ ᠨᠡᠶᠢᠬᠡᠮ ᠵᠢᠷᠤᠮᠳᠤ ᠣᠳᠣᠬᠢᠴᠢᠯᠠᠭᠰᠠᠨ | ᠣᠯᠣᠰ ᠢ ᠪᠠᠶᠢᠭᠤᠯᠬᠤ ᠰᠢᠨ᠎ᠡ ᠠᠶᠠᠨ ᠤ ᠡᠬᠢᠯᠡᠯᠲᠡ᠂ ᠬᠤᠶᠠᠳᠣᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠣᠷᠣᠭᠰᠢᠯᠠᠬᠤ ᠨᠢᠭᠡᠳᠦᠭᠡᠷ ᠲᠠᠪᠣᠨ ᠵᠢᠯ ᠪᠦᠭᠡᠳ | ᠮᠠᠨ ᠤ ᠬᠤᠰᠢᠭᠤ ᠬᠦᠴᠦᠨ ᠢᠶᠠᠨ ᠰᠢᠪᠬᠠᠵᠣ ᠣᠷᠣᠭᠰᠢᠯᠠᠨ ᠬᠦᠢᠴᠡᠬᠦ ᠶᠢᠨ ᠵᠠᠩᠬᠢᠯᠠᠭ᠎ᠠ ᠶᠢᠨ ᠴᠠᠭ ᠦᠶ᠎ᠡ ᠪᠣᠯᠣᠨ᠎ᠠ᠃ ᠰᠢᠨ᠎ᠡ ᠡᠬᠢᠯᠡᠯᠲᠡ ᠳᠡᠭᠡᠷ᠎ᠡ ᠵᠣᠭᠰᠣᠵᠣ᠂ | ᠰᠢᠨ᠎ᠡ ᠪᠠᠶᠢᠳᠠᠯ ᠳᠤ ᠵᠤᠬᠢᠴᠠᠨ᠂ ᠰᠢᠨ᠎ᠡ ᠬᠦᠭᠵᠢᠯᠲᠡ ᠶᠢ ᠪᠡᠶᠡᠯᠡᠬᠦᠯᠬᠦ ᠳᠤ ᠪᠢᠳᠠ ᠢᠲᠡᠭᠡᠯ ᠪᠠᠲᠣ ᠬᠦᠴᠦᠨ ᠳᠡᠬᠦᠯᠳᠡᠷ ᠪᠤᠢ᠂ ᠡᠨᠡ ᠪᠤᠯ ᠣᠯᠠᠨ ᠵᠢᠯ ᠤᠨ | ᠲᠣᠷᠰᠢᠬᠢ ᠦᠷᠭᠦᠯᠵᠢᠬᠦᠶᠢᠴᠡ ᠳᠡᠮᠡᠴᠡᠯ ᠢᠶᠠᠷ ᠬᠤᠷᠠᠮᠳᠣᠭᠤᠯᠣᠭᠰᠠᠨ ᠪᠠᠳᠤ ᠢᠳᠡᠬᠡᠯ ᠶᠤᠮ᠂ ᠣᠷᠲᠣ ᠬᠤᠭᠤᠴᠠᠭᠠᠨ ᠤ ᠰᠢᠨᠲᠠᠷᠠᠰᠢ ᠦᠭᠡᠢ ᠴᠢᠷᠮᠠᠶᠢᠯᠭ᠎ᠠ ᠠᠴᠠ | ᠬᠤᠷᠠᠮᠳᠣᠭᠰᠠᠨ ᠳᠡᠬᠦᠯᠳᠡᠷ ᠬᠦᠴᠤᠨ ᠶᠤᠮ᠂ ᠨᠡᠩ ᠴᠤ ᠬᠤᠰᠢᠭᠤ ᠳᠠᠶᠠᠭᠠᠷ ᠰᠡᠤᠨᠬᠢᠯ ᠨᠢᠬᠡᠳᠠᠢ᠂ ᠡᠷᠴᠢ ᠵᠤᠷᠢᠭᠳᠠᠢ ᠠᠵᠢᠯᠯᠠᠳᠠᠭ ᠣᠬᠢ ᠰᠠᠶᠢᠨ ᠣᠷᠴᠢᠨ | ᠠᠬᠤᠢ ᠠᠴᠠ ᠢᠷᠡᠯᠲᠡ ᠲᠠᠢ ᠶᠤᠮ᠃ ᠪᠢᠳᠠ ᠶᠠᠭ ᠲᠦᠷᠭᠡᠨ ᠬᠦᠭᠵᠢᠯᠲᠡ ᠶᠢᠨ ᠰᠢᠨ᠎ᠡ ᠲᠣᠬᠢᠶᠠᠯ ᠤᠨ ᠬᠤᠭᠤᠴᠠᠭᠠᠨ ᠳᠤ ᠪᠠᠶᠢᠭ᠎ᠠ ᠪᠠᠨ ᠦᠵᠡᠵᠦ ᠭᠠᠷᠬᠤ ᠬᠡᠷᠡᠭᠲᠡᠢ᠃ | ᠡᠳᠡᠭᠡᠷ ᠵᠢᠯ ᠤᠳ ᠲᠤ᠂ ᠪᠢᠳᠠ ᠨᠢᠭᠡ ᠪᠦᠯᠦᠭ ᠴᠢᠬᠤᠯᠠ ᠶᠡᠭᠡ ᠠᠵᠣ ᠦᠢᠯᠡᠰ ᠤᠨ ᠲᠦᠷᠦᠯ ᠵᠦᠢᠯ ᠢ ᠲᠠᠲᠠᠨ ᠠᠪᠴᠢᠷᠠᠵᠣ ᠬᠡᠷᠡᠭᠵᠢᠬᠦᠯᠤᠬᠡᠤᠨ᠂ ᠨᠢᠭᠡ ᠪᠦᠯᠦᠭ | ᠨᠢ ᠨᠢᠭᠡᠨᠲᠡ ᠪᠠᠶᠢᠭᠤᠯᠤᠭᠳᠠᠨ ᠠᠰᠢᠭᠯᠠᠯᠲᠠ ᠳᠤ ᠣᠷᠣᠵᠣ᠂ ᠣᠯᠠᠩᠬᠢ ᠨᠢ ︽ᠠᠷᠪᠠᠨ ᠳᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠤ ᠠᠰᠢᠭᠯᠠᠯᠲᠠ ᠳᠤ | ᠣᠷᠣᠵᠣ ᠠᠰᠢᠭ ᠡᠬᠦᠤᠨᠬᠦ ᠪᠣᠯᠣᠨ᠎ᠠ᠃ ᠣᠨᠴᠠᠭᠠᠶᠢᠯᠠᠨ ᠣᠯᠣᠰ ᠤᠨ ᠨᠡᠭᠦᠷᠡᠰᠦᠳᠦ᠋ᠷᠦᠭᠴᠢ ᠶᠢᠨ ᠣᠷᠭᠢᠯᠰᠢᠯ᠂ ᠨᠡᠭᠦᠷᠡᠰᠦᠳᠦ᠋ᠷᠦᠭᠴᠢ ᠰᠠᠭᠠᠷᠮᠠᠭᠵᠢᠭᠤᠯᠤᠯ ᠤᠨ | ᠰᠢᠢᠳᠪᠦᠷᠢ ᠪᠠ ᠦᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠬᠤᠷᠣᠭᠳᠠᠯ ᠤᠨ ᠬᠤᠣᠰ ᠡᠵᠡᠮᠳᠠᠯ ᠤᠨ ᠱᠠᠭᠠᠷᠳᠠᠯᠭ᠎ᠠ ᠶᠢᠨ ᠠᠬᠤᠢ ᠪᠠᠶᠢᠳᠠᠯ ᠳᠣᠣᠷ᠎ᠠ᠂ ᠪᠢᠳᠠᠨ ᠤ | ᠪᠠᠶᠢᠭᠤᠯᠵᠣ ᠪᠠᠶᠢᠭ᠎ᠠ ᠨᠡᠭᠦᠷᠡᠰᠦᠨ ᠠᠭᠤᠷᠬᠠᠢ ᠴᠦᠮ ᠪᠣᠬᠢᠷᠳᠣᠯ ᠦᠬᠡᠢ ᠠᠭᠤᠷᠬᠠᠢ ᠶᠢᠨ ᠤᠷᠤᠨ ᠤ ᠪᠠᠷᠢᠮᠵᠢᠶ᠎ᠠ ᠳᠤ ᠨᠡᠶᠢᠴᠡᠵᠦ᠂ ᠭᠠᠯ ᠴᠠᠬᠢᠯᠭᠠᠨ ᠤ ᠲᠦᠷᠦᠯ | ᠵᠦᠢᠯ ᠤᠨ ᠪᠣᠬᠢᠷᠳᠣᠯ ᠤᠨ ᠭᠠᠳᠠᠭᠰᠢᠯᠠᠭᠤᠯᠣᠯᠲᠠ ᠶᠢᠨ ᠬᠡᠮᠵᠢᠶ᠎ᠡ ᠣᠯᠣᠰ ᠤᠨ ᠪᠠᠷᠢᠮᠵᠢᠶᠠᠨ ᠤ ᠬᠠᠭᠠᠰ ᠠᠴᠠ ᠳᠣᠣᠷ᠎ᠠ ᠪᠠᠶᠢᠵᠣ᠂ ᠳᠠᠷᠢᠶᠠᠨ ᠭᠠᠵᠠᠷ᠂ ᠨᠤᠳᠤᠭ | ᠪᠡᠯᠴᠢᠬᠡᠷ ᠤᠨ ᠨᠡᠭᠡᠭᠡᠯᠲᠡ ᠠᠰᠢᠭᠯᠠᠯᠲᠠ ᠶᠢᠨ ᠬᠦᠴᠦᠯᠡᠴᠡ ᠳᠣᠣᠷ᠎ᠠ᠂ ᠬᠦᠷᠦᠰᠦ᠂ ᠠᠭᠠᠷ ᠪᠠ ᠣᠰᠣᠨ ᠤ ᠴᠡᠪᠡᠷᠴᠡ ᠦᠨᠳᠦᠷ᠂ ᠳᠣᠣᠷ᠎ᠠ ᠨᠡᠭᠦᠷᠡᠰᠦᠳᠦ᠋ᠷᠦᠭᠴᠢᠲᠦ | ᠬᠦᠭᠵᠢᠯᠲᠡ ᠶᠢᠨ ᠣᠷᠣᠨ ᠵᠠᠢ ᠨᠡᠯᠢᠶᠡᠳ ᠶᠡᠭᠡ᠂ ᠲᠦᠷᠭᠡᠨ ᠭᠦᠭᠵᠢᠯᠲᠡ ᠶᠢᠨ ᠨᠦᠬᠦᠴᠡᠯ ᠪᠣᠯᠪᠠᠰᠣᠷᠠᠩᠭᠤᠢ ᠪᠤᠢ᠃ ᠪᠢᠳᠠ ᠶᠠᠭ ᠨᠡᠬᠡᠬᠡᠯᠳᠤ ᠬᠦᠭᠵᠢᠯᠲᠡ ᠶᠢᠨ | ᠰᠢᠨ᠎ᠡ ᠲᠣᠬᠢᠶᠠᠯ ᠤᠨ ᠬᠤᠭᠤᠴᠠᠭᠠᠨ ᠳᠤ ᠪᠠᠶᠢᠭ᠎ᠠ ᠪᠠᠨ ᠦᠵᠡᠵᠦ ᠭᠠᠷᠬᠤ ᠬᠡᠷᠡᠭᠲᠡᠢ᠃ ᠪᠢᠳᠠᠨ ᠳᠤ ᠪᠣᠰᠣᠳ ᠭᠠᠵᠠᠷ ᠣᠷᠣᠨ ᠯᠤᠭ᠎ᠠ ᠦᠯᠢᠳᠭᠡᠰᠢ ᠦᠭᠡᠢ ᠣᠷᠣᠨ | ᠪᠠᠶᠢᠷᠢ ᠶᠢᠨ ᠳᠠᠪᠠᠭᠤᠯᠢᠭ ᠲᠠᠢ᠂ ᠡᠨᠡᠬᠦ ᠳᠠᠪᠠᠭᠤᠯᠢᠭ ᠢᠶᠠᠨ ᠬᠦᠭᠵᠢᠯᠲᠡ ᠶᠢᠨ ᠳᠠᠪᠠᠭᠤᠯᠢᠭ ᠪᠤᠯᠭᠠᠵᠤ ᠬᠤᠪᠢᠷᠠᠭᠤᠯᠬᠤ ᠳᠤ᠂ ᠣᠷᠣᠨ ᠪᠦᠰᠡ ᠶᠢᠨ ᠬᠠᠮᠲᠣᠷᠠᠯᠴᠠᠭᠠᠨ | ᠳᠡᠭᠡᠷ᠎ᠡ ︽ᠦᠭᠡ ᠬᠡᠯᠡᠬᠦ ᠡᠷᠬᠡ︾ ᠲᠠᠢ ᠪᠠᠶᠢᠬᠤ ᠬᠡᠷᠡᠭᠲᠡᠢ᠃ ᠡᠳᠡᠭᠡᠷ ᠵᠢᠯ ᠤᠳ ᠲᠤ ᠪᠢᠳᠠ ᠭᠤᠣᠯᠳᠠᠯᠭ᠎ᠠ ᠪᠠᠨ ᠳᠣᠪᠣᠶᠢᠯᠭᠠᠵᠣ ᠪᠡᠷᠬᠡ ᠶᠢ ᠰᠢᠪᠲᠤᠯᠤᠨ᠂ | ᠬᠤᠪᠢᠰᠬᠠᠯᠲᠣ ᠬᠦᠮᠤᠵᠢᠯ ᠤᠨ ᠵᠢᠭᠤᠯᠴᠢᠯᠠᠯ᠂ ᠣᠳᠣ ᠦᠶ᠎ᠡ ᠶᠢᠨ ᠮᠠᠯ ᠲᠠᠷᠢᠶᠠᠯᠠᠩ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠵᠣ ᠦᠢᠯᠡᠰ ᠲᠦᠷᠬᠡᠨ ᠬᠦᠭᠵᠢᠵᠦ᠂ | ᠭᠠᠵᠠᠷ ᠣᠷᠣᠨ ᠤ ᠨᠦᠯᠦᠭᠡᠯᠡᠯ ᠤᠨ ᠬᠦᠴᠦᠨ ᠲᠠᠰᠣᠷᠠᠯᠲᠠ ᠦᠭᠡᠢ ᠳᠡᠭᠡᠭᠰᠢᠯᠡᠨ᠂ ᠨᠡᠬᠡᠯᠳᠡᠳᠤ ᠬᠠᠮᠵᠢᠯᠴᠠᠭᠠᠨ ᠤ ᠴᠢᠳᠠᠪᠣᠷᠢ ᠲᠠᠢ ᠪᠤᠯᠵᠤ᠂ ᠨᠡᠬᠡᠯᠳᠡᠳᠤ | ᠬᠠᠮᠵᠢᠯᠴᠠᠭ᠎ᠠ ᠪᠠᠷ ᠳᠠᠮᠵᠢᠭᠤᠯᠣᠨ ᠬᠦᠭᠵᠢᠯᠲᠡ ᠶᠢᠨ ᠦᠵᠡᠯ ᠰᠠᠨᠠᠭ᠎ᠠ ᠪᠠ ᠠᠷᠭ᠎ᠠ ᠵᠠᠮ ᠢᠶᠠᠨ ᠰᠢᠨᠡᠴᠢᠯᠡᠬᠦ ᠴᠢᠬᠤᠯᠠᠲᠠᠢ ᠮᠦᠷᠳᠡᠬᠡᠨ ᠦᠬᠡᠷ᠎ᠡ ᠬᠠᠷᠠᠭᠠᠰᠤᠨ ᠠᠴᠠ | ᠣᠲᠤᠭ ᠤᠨ ᠡᠮᠦᠨᠡᠲᠦ ᠬᠤᠰᠢᠭᠤᠨ ᠤ ᠠᠵᠣ ᠠᠬᠤᠢ ᠶᠢᠨ ᠬᠦᠭᠵᠢᠯᠲᠡ ᠶᠢ ᠰᠦᠪᠡᠭᠴᠢᠯᠡᠨ ᠠᠬᠢᠭᠤᠯᠬᠤ ᠴᠢᠬᠤᠯᠠᠳᠠᠢ ᠪᠤᠢ᠃ ᠪᠢᠳᠠ ᠶᠠᠭ ᠰᠢᠨᠡᠴᠢᠯᠡᠯ ᠲᠠᠢ | ᠬᠦᠭᠵᠢᠯᠲᠡ ᠶᠢᠨ ᠰᠢᠨ᠎ᠡ ᠲᠣᠬᠢᠶᠠᠯ ᠤᠨ ᠬᠤᠭᠤᠴᠠᠭᠠᠨ ᠳᠤ ᠪᠠᠶᠢᠭ᠎ᠠ ᠪᠠᠨ ᠦᠵᠡᠵᠦ ᠭᠠᠷᠬᠤ ᠬᠡᠷᠡᠭᠲᠡᠢ᠃ ᠳᠤᠮᠤ ᠠᠵᠣ ᠠᠬᠤᠶᠢᠯᠠᠯ᠂ ᠶᠡᠭᠡ ᠲᠦᠷᠦᠯ ᠵᠦᠢᠯ ᠢ | ᠲᠠᠲᠠᠨ ᠠᠪᠴᠢᠷᠠᠵᠣ ᠣᠷᠣᠨᠵᠢᠭᠤᠯᠬᠤ ᠶᠢ ᠳᠠᠭᠠᠯᠳᠣᠨ᠂ ᠠᠵᠣ ᠠᠬᠤᠶᠢᠯᠠᠯ ᠤᠨ ᠰᠣᠳᠣᠯᠣᠨ ᠨᠡᠭᠡᠭᠡᠯᠲᠡ ᠰᠢᠨ᠎ᠡ ᠶᠢ ᠡᠭᠦᠳᠦᠯᠲᠡ᠂ ᠲᠦᠭᠦᠭᠡᠷᠦᠮᠵᠢ ᠶᠢᠨ | ᠰᠢᠨᠡᠴᠢᠯᠡᠯᠲᠡ ᠪᠠ ᠰᠢᠨ᠎ᠡ ᠮᠡᠷᠭᠡᠵᠢᠯ ᠤᠨ ᠬᠡᠷᠡᠭᠯᠡᠯᠲᠡ ᠵᠡᠷᠭᠡ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠪᠢᠳᠠᠨ ᠤ ᠪᠦᠷᠢᠯᠳᠤᠬᠦᠯᠵᠤ ᠪᠦᠬᠦᠢ ᠰᠦᠷᠦᠭᠵᠢᠯ᠂ ᠳᠡᠭᠡᠲᠦ | ᠳᠡᠰᠵᠢᠯ᠂ ᠨᠡᠷᠡᠳᠤ ᠳᠡᠮᠳᠡᠭᠴᠢᠯᠡᠯ᠂ ᠪᠤᠬᠢᠷᠳᠣᠯ ᠦᠬᠡᠶᠢᠵᠢᠯ ᠢᠶᠠᠷ ᠣᠨᠴᠠᠯᠢᠭ ᠪᠣᠯᠭᠠᠭᠰᠠᠨ ᠠᠵᠣ ᠦᠢᠯᠡᠰ ᠤᠨ ᠪᠠᠶᠢᠳᠠᠯ ᠲᠠᠢ ᠶᠠᠭ ᠴᠠᠪ ᠨᠡᠶᠢᠴᠡᠵᠦ᠂ ᠦᠪᠡᠷᠲᠡᠭᠡᠨ | ᠵᠠᠰᠠᠬᠤ ᠣᠷᠣᠨ ᠤ ︽ᠰᠢᠨᠵᠢᠯᠡᠭᠡ ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠴᠤᠷᠬᠡᠭᠵᠢᠬᠦᠯᠬᠦ︾ ᠠᠵᠢᠯᠯᠠᠭ᠎ᠠ ᠶᠢᠨ ᠡᠷᠴᠢᠮ ᠲᠠᠢ ᠬᠡᠷᠡᠭᠵᠢᠬᠦᠯᠤᠯᠳᠠ ᠨᠢ ᠪᠢᠳᠠᠨ ᠤ | ᠦᠪᠡᠷ ᠤᠨ ᠠᠵᠣ ᠦᠢᠯᠡᠰ ᠤᠨ ᠬᠡᠯᠬᠢᠶᠡᠵᠢᠯ ᠤᠨ ᠬᠡᠷᠡᠭᠴᠡᠭᠡ ᠶᠢᠨ ᠢᠶᠠᠨ ᠲᠣᠭᠤᠷᠢᠨ ᠳᠤ ᠬᠡᠯᠬᠢᠶᠡᠵᠢᠯ ᠤᠨ ᠰᠢᠨ᠎ᠡ ᠶᠢ ᠡᠭᠦᠳᠬᠦ᠂ ᠳᠠᠶᠠᠭᠠᠷ ᠣᠯᠠᠨ ᠢᠶᠠᠷ ᠢᠶᠠᠨ | ᠦᠢᠯᠡᠰ ᠪᠣᠰᠬᠠᠬᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠬᠦᠳᠬᠦ ᠶᠢ ᠬᠦᠨᠵᠡᠭᠡᠶᠢᠷᠡᠭᠦᠯᠬᠦ᠂ ᠵᠣᠷᠢᠭᠲᠠᠢ ᠪᠠᠷ ᠦᠪᠡᠷ ᠤᠨ ᠢᠷᠡᠭᠡᠳᠦᠢ ᠶᠢᠨ ᠭᠦᠭᠵᠢᠯᠲᠡ ᠶᠢᠨ | ᠵᠠᠮ ᠢ ᠡᠷᠢᠯᠬᠢᠯᠡᠬᠦ ᠳᠤ ᠰᠢᠨ᠎ᠡ ᠬᠦᠳᠡᠯᠭᠡᠭᠴᠢ ᠬᠦᠴᠦᠨ ᠢ ᠬᠠᠩᠭᠠᠬᠤ ᠪᠤᠯᠤᠨ᠎ᠠ᠃ ᠡᠳᠡᠭᠡᠷ ᠲᠣᠬᠢᠶᠠᠯ ᠢ ᠮᠠᠨ ᠤ ᠣᠲᠤᠭ ᠤᠨ ᠡᠮᠦᠨᠡᠲᠦ ᠬᠤᠰᠢᠭᠤ ᠦᠪᠡᠷᠲᠡᠭᠡᠨ | ᠡᠭᠦᠳᠴᠦ᠂ ᠮᠦᠨ ᠴᠤ ᠶᠡᠭᠡ ᠣᠷᠴᠢᠨ ᠳᠤᠭᠤᠷᠢᠨ ᠶᠡᠭᠡ ᠠᠬᠤᠢ ᠪᠠᠶᠢᠳᠠᠯ ᠠᠴᠠ ᠣᠯᠭᠤᠭᠰᠠᠨ ᠪᠤᠯᠬᠤᠷ ᠪᠢᠳᠠ ᠵᠠᠪᠠᠯ ᠪᠠᠲᠣ ᠡᠵᠡᠮᠳᠡᠵᠤ᠂ | ᠰᠠᠨᠠᠭᠠᠴᠢᠯᠠᠭ᠎ᠠ ᠠᠴᠠ ᠪᠠᠨ ᠪᠣᠳᠣᠯᠬᠢᠯᠠᠵᠣ᠂ ᠰᠠᠨᠠᠭᠠᠴᠢᠯᠠᠭ᠎ᠠ ᠲᠠᠢ ᠬᠦᠳᠡᠯᠤᠯᠴᠡᠵᠤ᠂ ᠪᠦᠬᠦ ᠲᠠᠯ᠎ᠠ ᠪᠠᠷ ᠬᠦᠭᠵᠢᠯᠲᠡ ᠶᠢᠨ ᠳᠠᠪᠠᠭᠤᠯᠢᠭ ᠢ ᠪᠣᠵᠠᠭᠠᠶᠢᠷᠠᠭᠤᠯᠵᠣ᠂ | ᠬᠦᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠨᠠᠩ ᠦᠨᠳᠤᠷ ᠲᠦᠪᠰᠢᠨ ᠪᠦᠬᠦᠢ ᠨᠠᠩ ᠬᠡᠪ ᠴᠢᠨᠰᠠᠭᠠᠳᠤ ᠬᠦᠭᠵᠢᠯᠳᠠ ᠶᠢ ᠴᠢᠷᠮᠠᠶᠢᠨ ᠪᠠᠶᠡᠯᠡᠬᠦᠯᠤᠨ᠎ᠠ᠃ | | ᠢᠷᠡᠬᠡᠳᠤᠢ ᠶᠢᠨ ᠳᠠᠪᠤᠨ ᠵᠢᠯ ᠳᠤ ᠪᠢᠳᠠ᠂ ᠲᠠᠯ᠎ᠠ ᠨᠣᠲᠤᠭ ᠤᠨ ᠪᠣᠯᠪᠠᠰᠣᠨ ᠬᠤᠲᠠ ᠂ ᠬᠡᠪ ᠴᠢᠨᠰᠠᠭᠠᠳᠤ ᠡᠮᠦᠨᠡᠲᠦ ᠣᠲᠤᠭ ᠤᠨ ᠪᠠᠶᠢᠭᠤᠯᠤᠯᠳᠠ ᠶᠢᠨ | ᠳᠤᠭᠤᠷᠢᠨ ᠳᠤ ᠠᠵᠤ ᠠᠬᠤᠢ ᠨᠡᠶᠢᠭᠡᠮ ᠤᠨ ᠴᠢᠨᠠᠷᠯᠢᠭ ᠭᠥᠭᠵᠢᠯᠳᠡ ᠶᠢᠨ ᠭᠤᠤᠯᠳᠠᠯᠭᠠᠳᠤ ᠡᠭᠦᠷᠭᠡ ᠶᠢ ᠪᠥᠭᠦ ᠭᠥᠴᠥᠨ ᠢᠶᠠᠷ ᠰᠠᠶᠢᠳᠤᠷ ᠠᠳᠬᠤᠨ᠎ᠠ᠄ ᠨᠢᠬᠡ ᠳᠤ | ᠠᠵᠤ ᠤᠶᠢᠯᠡᠰ ᠤᠨ ᠬᠦᠭᠵᠢᠯᠳᠠ ᠶᠢᠨ ᠬᠡᠪ ᠴᠢᠨᠰᠠᠭ᠎ᠠ ᠶᠢ ᠳᠡᠬᠡᠭᠰᠢᠯᠡᠬᠦᠯᠤᠨ᠎ᠠ᠃ ᠪᠣᠬᠢᠷᠳᠣᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠭᠦᠭᠵᠢᠯᠲᠡ ᠶᠢᠨ | ᠳᠠᠭᠤᠷᠢᠶᠠᠯ ᠬᠤᠰᠢᠭᠤ᠂ ᠮᠠᠯ ᠲᠠᠷᠢᠶᠠᠯᠠᠩ ᠤᠨ ᠤᠳᠤᠬᠢᠴᠢᠯᠠᠯᠳᠠ ᠶᠢᠨ ᠳᠠᠭᠤᠷᠢᠶᠠᠯ ᠬᠤᠰᠢᠭᠤ᠂ ᠬᠤᠪᠢᠰᠬᠠᠯᠲᠣ ᠬᠦᠮᠦᠵᠢᠯ ᠤᠨ ᠰᠤᠳᠤᠯᠭ᠎ᠠ ᠰᠣᠷᠣᠯᠴᠠᠯᠭ᠎ᠠ | ᠵᠢᠭᠤᠯᠴᠢᠯᠠᠯ ᠤᠨ ᠠᠭᠤᠰᠣᠯᠴᠠᠯ ᠬᠦᠭᠵᠢᠯᠲᠡ ᠶᠢᠨ ᠳᠠᠭᠤᠷᠢᠶᠠᠯ ᠬᠤᠰᠢᠭᠤ᠂ ᠤᠷᠤᠨ ᠪᠦᠰᠡ ᠶᠢᠨ ᠬᠠᠮᠳᠤᠷᠠᠯᠴᠠᠭ᠎ᠠ ᠬᠦᠭᠵᠢᠯᠳᠠ ᠶᠢᠨ ᠳᠠᠭᠤᠷᠢᠶᠠᠯ ᠬᠤᠰᠢᠭᠤ ᠶᠢᠨ | ᠪᠠᠶᠢᠭᠤᠯᠤᠯᠳᠠ ᠳᠤ ᠠᠩᠬᠠᠷᠤᠯ ᠢᠶᠠᠨ ᠲᠥᠪᠯᠡᠷᠡᠭᠦᠯᠥᠨ᠂ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠬᠦᠴᠤᠯᠡᠨ ᠬᠦᠭᠵᠢᠬᠦᠯᠵᠤ᠂ ᠬᠦᠳᠡᠭᠡ ᠤᠷᠤᠨ ᠢ | ᠬᠦᠴᠤᠷᠬᠡᠭᠵᠢᠬᠦᠯᠬᠦ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠤᠨ᠂ ᠬᠤᠪᠢᠰᠬᠠᠯᠳᠤ ᠰᠤᠳᠤᠯᠭ᠎ᠠ ᠰᠤᠷᠤᠯᠴᠠᠯᠭ᠎ᠠ ᠢ ᠰᠢᠨᠡᠴᠢᠯᠡᠨ ᠬᠦᠭᠵᠢᠬᠦᠯᠵᠤ᠂ ᠳᠤᠭᠠᠴᠠᠯᠠᠭᠰᠡᠨ ᠠᠵᠤ | ᠠᠬᠤᠢ ᠶᠢᠨ ᠰᠢᠨ᠎ᠠ ᠤᠶᠢᠯᠡᠰ ᠢ ᠢᠳᠡᠪᠬᠢᠳᠠᠢ ᠪᠤᠶᠢᠵᠢᠭᠤᠯᠤᠨ᠂ ᠠᠵᠤ ᠠᠬᠤᠢ ᠨᠡᠶᠢᠬᠡᠮ ᠤᠨ ᠪᠤᠬᠢᠷᠳᠤᠯ ᠦᠬᠡᠢ ᠳᠤᠤᠷ᠎ᠠ ᠨᠡᠬᠦᠷᠡᠰᠤᠳᠦ᠋ᠷᠦᠭᠴᠢ ᠬᠦᠭᠵᠢᠯᠳᠠ ᠶᠢ | ᠠᠬᠢᠭᠤᠯᠵᠤ᠂ ᠠᠵᠤ ᠠᠬᠤᠢ ᠶᠢᠨ ᠨᠡᠮᠡᠯᠳᠠ ᠦᠷᠳᠡᠭ ᠢ ᠨᠡᠮᠡᠭᠳᠡᠬᠦᠯᠤᠨ᠂ ᠠᠵᠤ ᠤᠶᠢᠯᠡᠰ ᠲᠡᠰᠵᠢᠭᠰᠡᠨ ᠪᠤᠬᠢᠷᠳᠤᠯ ᠦᠬᠡᠢ ᠴᠢᠨᠠᠷᠯᠢᠭ ᠭᠥᠭᠵᠢᠯᠳᠡ ᠶᠢᠨ ᠪᠠᠶᠢᠳᠠᠯ ᠢ | ᠥᠨᠳᠥᠰᠥᠨ ᠳᠤ ᠪᠠᠨ ᠪᠥᠷᠢᠯᠳᠥᠭᠦᠯᠥᠨ᠎ᠡ᠃ ᠬᠤᠶᠠᠷ ᠲᠤ ᠬᠤᠳᠠ ᠬᠦᠳᠡᠭᠡ ᠶᠢᠨ ᠪᠠᠶᠢᠭᠤᠯᠤᠯᠳᠠ ᠶᠢᠨ ᠬᠡᠪ ᠴᠢᠨᠰᠠᠭ᠎ᠠ ᠶᠢ ᠲᠡᠭᠡᠭᠰᠢᠯᠡᠭᠦᠯᠥᠨ᠎ᠡ᠃ ᠡᠯ᠎ᠡ ᠪᠠᠯᠭᠠᠰᠤᠨ | ᠤ ᠦᠪᠡᠷᠮᠢᠴᠠ ᠬᠦᠭᠵᠢᠯᠳᠠ ᠪᠤᠯᠤᠨ ᠮᠠᠯᠵᠢᠬᠤ ᠳᠠᠷᠢᠶᠠᠯᠠᠬᠤ ᠤᠷᠤᠨ ᠤ ᠡᠳ᠋ᠯᠠᠩ ᠮᠠᠶ᠋ᠢᠭ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ | ᠠᠵᠤ ᠤᠶᠢᠯᠡᠰ ᠤᠨ ᠬᠡᠯᠪᠡᠷᠢ᠂ ᠠᠮᠢᠳᠤᠷᠠᠯ ᠤᠨ ᠤᠷᠴᠢᠨ ᠬᠢᠬᠡᠤᠨ ᠲᠦᠬᠦᠷᠴᠢᠯᠡᠯ ᠴᠢᠳᠠᠮᠵᠢ ᠶᠢ ᠤᠷᠭᠠᠨᠢᠭ ᠢᠶᠠᠷ ᠰᠢᠨᠡᠤᠨᠬᠡᠨ᠂ ᠡᠯ᠎ᠡ ᠪᠠᠯᠭᠠᠰᠤᠨ ᠤ ᠪᠠᠶᠢᠭᠤᠯᠤᠯᠳᠠ | ᠲᠦᠯᠤᠪᠰᠢᠬᠦᠯᠤᠯᠳᠠ ᠬᠢᠬᠡᠤᠨ ᠠᠵᠤ ᠤᠶᠢᠯᠡᠰ ᠤᠨ ᠬᠦᠭᠵᠢᠬᠦᠯᠤᠯᠳᠠ ᠪᠠᠶᠢᠷᠢᠰᠢᠭᠤᠯᠤᠯᠳᠠ ᠶᠢ ᠰᠠᠶᠢᠳᠤᠷ ᠠᠪᠴᠠᠯᠳᠤᠭᠤᠯᠵᠤ᠂ ᠬᠤᠳᠠ ᠪᠠᠯᠭᠠᠰᠤᠨ ᠤ | ᠪᠠᠶᠢᠭᠤᠯᠤᠯᠳᠠ ᠬᠢᠬᠡᠤᠨ ᠠᠵᠤ ᠤᠶᠢᠯᠡᠰ ᠤᠨ ᠬᠦᠭᠵᠢᠯᠳᠠ ᠶᠢ ᠵᠤᠬᠢᠴᠠᠩᠭᠤᠢ ᠠᠬᠢᠭᠤᠯᠤᠨ᠂ ᠬᠤᠳᠠ ᠪᠠᠯᠭᠠᠰᠤᠨ ᠤ ᠰᠢᠰᠲ᠋ᠧᠮᠵᠢ ᠶᠢ ᠤᠷᠤᠨ ᠪᠥᠰᠡ ᠶᠢᠨ ᠴᠢᠳᠠᠮᠵᠢ | ᠲᠤᠭᠳᠠᠭᠠᠯᠳᠠ ᠯᠤᠭ᠎ᠠ ᠨᠢᠭᠡᠳᠥᠯᠳᠡᠢ ᠪᠤᠯᠭᠠᠵᠤ᠂ ᠥᠢᠯᠡᠳᠪᠥᠷᠢᠯᠡᠯ ᠤᠨ ᠭᠥᠴᠥᠨ ᠤ ᠪᠠᠶᠢᠷᠢᠯᠠᠭᠤᠯᠤᠯᠳᠠ ᠲᠠᠢ ᠲᠤᠬᠢᠷᠠᠯᠴᠠᠭᠤᠯᠤᠨ᠂ ᠬᠠᠷᠢᠯᠴᠠᠨ ᠨᠥᠭᠦᠪᠥᠷᠢᠯᠡᠭᠰᠡᠨ | ᠪᠥᠭᠦ ᠲᠠᠯ᠎ᠠ ᠪᠠᠷ ᠠᠭᠤᠰᠤᠯᠴᠠᠭᠰᠠᠨ ᠬᠤᠳᠠ ᠭᠥᠳᠡᠭᠡ ᠶᠢᠨ ᠴᠤᠭᠴᠠᠳᠤ ᠭᠥᠭᠵᠢᠯᠳᠡ ᠶᠢᠨ ᠪᠠᠶᠢᠳᠠᠯ ᠢ ᠥᠨᠳᠥᠰᠥᠨ ᠳᠤ ᠪᠠᠨ ᠪᠥᠷᠢᠯᠳᠥᠭᠦᠯᠥᠨ᠎ᠡ᠃ ᠭᠤᠷᠪᠠ ᠳᠤ | ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠡᠪ ᠴᠢᠨᠰᠠᠭ᠎ᠠ ᠶᠢ ᠪᠥᠭᠦ ᠭᠥᠴᠥᠨ ᠢᠶᠠᠷ ᠲᠡᠭᠡᠭᠰᠢᠯᠡᠭᠦᠯᠥᠨ᠎ᠡ᠃ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠭᠥᠰᠡᠯ ᠲᠡᠮᠡᠤᠯᠡᠯ ᠢ ᠥᠨᠡᠨ ᠭᠦ ᠠᠷᠠᠳ ᠤᠨ ᠠᠮᠢᠳᠤᠷᠠᠯ ᠤᠨ ᠬᠠᠷᠠᠭᠠᠯᠵᠠᠯ ᠤᠨ ᠬᠠᠷᠠᠯᠳᠠ ᠪᠤᠯᠭᠠᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠡᠭᠦᠷᠭᠡ ᠶᠢ | ᠠᠵᠤ ᠠᠬᠤᠢ ᠶᠢᠨ ᠪᠠᠶᠢᠭᠤᠯᠤᠯᠳᠠ ᠪᠤᠯᠥᠨ ᠭᠥᠭᠵᠢᠯᠳᠡ ᠶᠢᠨ ᠭᠥᠢᠴᠡᠳᠭᠡᠯ ᠲᠠᠢ ᠴᠤᠭ ᠠᠳᠬᠤᠵᠤ ᠨᠠᠶᠢᠳᠠᠪᠤᠷᠢᠵᠢᠭᠤᠯᠤᠨ᠂ ᠵᠢᠯ ᠪᠤᠯᠭᠠᠨ ᠤ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠭᠤᠷᠪᠠᠨ ᠤ ᠬᠤᠶᠠᠷ ᠢ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠳᠠ ᠳᠤ ᠵᠠᠷᠤᠴᠠᠭᠤᠯᠵᠤ᠂ ᠠᠷᠠᠳ ᠤᠨ ᠠᠮᠢᠳᠤᠷᠠᠯ ᠤᠨ | ᠪᠠᠳᠤᠯᠠᠭ᠎ᠠ ᠶᠢᠨ ᠰᠢᠰᠲ᠋ᠧᠮ ᠢ ᠲᠠᠰᠤᠷᠠᠯ ᠥᠭᠡᠢ ᠪᠠᠳᠤᠳᠬᠠᠨ᠂ ᠥᠭᠡᠷᠡᠴᠢᠯᠠᠯᠳᠠ ᠭᠥᠭᠵᠢᠯᠳᠡ ᠶᠢᠨ ᠥᠷ᠎ᠡ ᠪᠥᠳᠥᠭᠡᠯ ᠢ ᠤᠯᠠᠨ ᠲᠥᠮᠡᠨ ᠳᠤ ᠰᠠᠶᠢᠳᠤᠷ ᠡᠳ᠋ᠯᠡᠭᠦᠯᠵᠤ | ᠂ ᠤᠳᠤᠭ ᠤᠨ ᠡᠮᠥᠨᠡᠳᠤ ᠬᠤᠰᠢᠭᠤᠨ ᠤ ᠠᠷᠠᠳ ᠢᠷᠭᠡᠳ ᠲᠤ ᠡᠷᠭᠡ ᠲᠡᠭᠰᠢ ᠠᠵᠠ ᠲᠤᠬᠢᠶᠠᠯ ᠤᠯᠭᠤᠨ᠂ ᠲᠥᠭᠡᠮᠡᠯ ᠬᠠᠷᠠᠭᠠᠯᠵᠠᠯ ᠢ ᠬᠠᠮᠳᠤ ᠡᠳ᠋ᠯᠡᠨ ᠠᠵᠤ | ᠲᠥᠷᠥᠨ ᠥᠢᠯᠡᠰ ᠪᠤᠰᠬᠠᠭᠰᠠᠨ ᠭᠥᠭᠵᠢᠯᠳᠡ ᠶᠢᠨ ᠰᠢᠨ᠎ᠡ ᠪᠠᠶᠢᠳᠠᠯ ᠢ ᠥᠨᠳᠥᠰᠥᠨ ᠳᠤ ᠪᠠᠨ ᠪᠥᠷᠢᠯᠳᠥᠭᠦᠯᠥᠨ᠎ᠡ᠃ ᠲᠥᠷᠪᠡ ᠳᠤ ᠵᠰᠠᠭ ᠤᠨ ᠤᠷᠳᠤᠨ ᠤ ᠵᠠᠰᠠᠯᠳᠠ | ᠶᠢᠨ ᠬᠡᠪ ᠴᠢᠨᠰᠠᠭ᠎ᠠ ᠶᠢ ᠪᠥᠭᠦ ᠭᠥᠴᠥᠨ ᠢᠶᠠᠷ ᠲᠡᠭᠡᠭᠰᠢᠯᠡᠭᠦᠯᠤᠨ᠎ᠡ᠃ ᠠᠷᠠᠳ ᠲᠥᠮᠡᠨ ᠢᠶᠠᠷ ᠭᠤᠤᠯ ᠪᠤᠯᠭᠠᠬᠤ ᠭᠥᠭᠵᠢᠯᠳᠡ ᠶᠢᠨ ᠥᠵᠡᠯ ᠰᠠᠨᠠᠭ᠎ᠠ ᠶᠢ ᠪᠠᠷᠢᠮᠳᠠᠯᠠᠨ᠂ | ᠵᠠᠰᠠᠭ ᠤᠨ ᠤᠷᠳᠤᠨ ᠤ ᠵᠠᠰᠠᠯᠳᠠ ᠶᠢᠨ ᠪᠠᠷᠢᠮᠵᠢᠶᠠᠳᠤ ᠪᠥᠳᠥᠮᠵᠢᠳᠤ᠂ ᠬᠠᠷᠠᠯᠳᠠᠳᠤ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠲᠥᠷᠥ᠂ ᠬᠠᠤᠯᠢ ᠴᠠᠭᠠᠵᠠ᠂ | ᠶᠤᠰᠤ ᠰᠤᠷᠳᠠᠬᠤᠨ᠂ ᠥᠪᠡᠷᠳᠡᠭᠡᠨ ᠵᠠᠰᠠᠯᠳᠠ᠂ ᠤᠶᠤᠨᠴᠢ ᠵᠠᠰᠠᠯᠳᠠ ᠶᠢᠨ ︽ᠲᠠᠪᠤᠨ ᠵᠠᠰᠠᠯᠳᠠ ᠶᠢᠨ ᠤᠶᠠᠯᠳᠤᠯ︾ ᠢ ᠠᠬᠢᠭᠤᠯᠤᠨ᠂ ᠵᠠᠰᠠᠭ ᠤᠨ ᠤᠷᠳᠤᠨ ᠤ | ᠵᠠᠰᠠᠯᠳᠠ ᠬᠢᠭᠡᠳ ᠨᠡᠶᠢᠭᠡᠮ ᠨᠡᠶᠢᠳᠡ ᠶᠢᠨ ᠲᠤᠰᠬᠠᠯ ᠢ ᠤᠶᠠᠯᠳᠤᠭᠤᠯᠵᠤ᠂ ᠭᠥᠮᠥᠨ ᠪᠥᠭᠦᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠭᠰᠡᠨ ᠨᠡᠶᠢᠭᠡᠮ ᠤᠨ ᠵᠠᠰᠠᠯᠳᠠ | ᠶᠢᠨ ᠬᠠᠮᠳᠤ ᠶᠢᠨ ᠴᠤᠭᠴᠠ ᠶᠢ ᠪᠥᠷᠢᠳᠥᠭᠦᠯᠥᠨ᠂ ᠠᠮᠢᠯᠠᠯ ᠪᠢᠯᠬᠠᠭᠰᠠᠨ ᠡᠶ᠎ᠡ ᠵᠤᠬᠢᠴᠡᠯ ᠡᠮᠬᠢ ᠲᠢᠭᠯᠢᠮ ᠲᠠᠢ ᠤᠳᠤᠬᠢᠴᠢᠯᠠᠭᠰᠠᠨ ᠵᠠᠰᠠᠯᠳᠠ ᠶᠢᠨ ᠪᠠᠶᠢᠳᠠᠯ ᠢ | ᠥᠨᠳᠥᠰᠥᠨ ᠳᠤ ᠪᠠᠨ ᠪᠥᠷᠢᠯᠳᠥᠭᠦᠯᠥᠨ᠎ᠡ᠃ | ᠭᠤᠷᠪᠠ᠂ 2021 ᠤᠨ ᠤ ᠡᠯ᠎ᠡ ᠲᠦᠷᠤᠯ ᠤᠨ ᠠᠵᠢᠯ ᠢ ᠰᠠᠶᠢᠳᠤᠷ ᠬᠢᠨ᠎ᠠ | ᠦᠨᠤ ᠵᠢᠯ ᠪᠤᠯ ︽ᠠᠷᠪᠠᠨ ᠲᠦᠷᠪᠡᠳᠤᠬᠡᠷ ᠳᠠᠪᠤᠨ ᠵᠢᠯ︾ ᠤᠨ ᠲᠦᠯᠤᠪᠵᠢᠬᠦᠯᠬᠡ ᠶᠢ ᠬᠡᠷᠡᠭᠵᠢᠬᠦᠯᠬᠦ ᠡᠬᠢᠨ ᠤ ᠵᠢᠯ ᠪᠤᠯᠤᠨ᠎ᠠ᠃ ᠡᠯ᠎ᠡ ᠵᠦᠢᠯ ᠤᠨ | ᠡᠯᠧᠮᠧᠨ᠋ᠲ ᠶᠢ ᠶᠡᠷᠤᠩᠬᠡᠶᠢᠯᠡᠨ ᠪᠤᠳᠤᠯᠬᠢᠯᠠᠭᠰᠡᠨ ᠪᠦᠬᠦ ᠵᠢᠯ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ | ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 6% ᠤᠷᠴᠢᠮ᠂ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 3% ᠤᠷᠴᠢᠮ᠂ ᠨᠠᠶᠢᠬᠡᠮ | ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠢ 3% ᠤᠷᠴᠢᠮ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 13% | ᠤᠷᠴᠢᠮ᠂ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ ᠳᠤᠰᠪᠤᠷᠢ 6% ᠪᠠ | 8% ᠤᠷᠴᠢᠮ ᠨᠡᠮᠡᠭᠳᠡᠭᠦᠯᠵᠤ᠂ ᠬᠤᠳᠠ ᠠᠴᠠ ᠪᠡᠭᠤᠯᠭᠠᠭᠰᠠᠨ ᠨᠢᠭᠡᠴᠢ GDP ᠶᠢᠨ ᠡᠨᠧᠷᠬᠢ ᠶᠢᠨ ᠬᠤᠷᠤᠭᠳᠠᠯ ᠤᠨ ᠡᠭᠦᠷᠭᠡ ᠶᠢ ᠪᠡᠶᠡᠯᠡᠭᠦᠯᠥᠨ᠎ᠠ᠃ ᠳᠡᠬᠡᠷᠡᠬᠢ | ᠬᠠᠷᠠᠯᠳᠠ ᠶᠢ ᠪᠡᠶᠡᠯᠡᠬᠦᠯᠬᠦ ᠳᠤ ᠳᠤᠤᠷᠠᠬᠢ ᠬᠡᠳᠤᠨ ᠠᠵᠢᠯ ᠶᠢ ᠭᠤᠤᠯᠳᠠᠯᠭ᠎ᠠ ᠲᠠᠢ ᠬᠢᠬᠦ ᠬᠡᠷᠡᠭᠳᠠᠢ᠄ | ︵ᠨᠢᠬᠡ︶ ᠦᠨᠳᠤᠷ ᠵᠤᠭᠰᠤᠴᠠ ᠶᠢᠨ ᠪᠠᠶᠢᠭᠤᠯᠤᠯᠳᠠ ᠶᠢ ᠪᠠᠷᠢᠮᠳᠠᠯᠠᠵᠤ᠂ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠦᠷᠬᠡᠤᠨᠬᠡᠨ ᠳᠡᠰ | ᠳᠡᠪᠰᠢᠬᠦᠯᠬᠦ ᠶᠢ ᠠᠬᠢᠭᠤᠯᠤᠨ᠎ᠠ᠃ ᠠᠵᠤ ᠤᠶᠢᠯᠡᠤᠨᠪᠤᠷᠢ ᠪᠤᠯ ᠬᠤᠰᠢᠭᠤ ᠪᠠᠨ ᠬᠦᠴᠤᠷᠬᠡᠭᠵᠢᠬᠦᠯᠬᠦ ᠶᠢᠨ ᠰᠠᠭᠤᠷᠢ ᠪᠤᠯᠬᠤᠷ ᠡᠷᠬᠡᠪᠰᠢ ᠤᠯᠤᠰ ᠤᠨ ᠡᠨᠧᠷᠬᠢ ᠶᠢᠨ | ᠬᠦᠭᠵᠢᠬᠦᠯᠤᠯᠳᠠ ᠶᠢᠨ ᠶᠡᠭᠡ ᠬᠠᠨᠳᠤᠰᠢ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠴᠢᠬᠤᠯᠠ ᠶᠡᠭᠡ ᠠᠵᠤ ᠤᠶᠢᠯᠡᠤᠨᠪᠤᠷᠢ ᠶᠢᠨ ᠲᠦᠷᠤᠯ ᠵᠦᠢᠯ ᠤᠨ | ᠪᠠᠶᠢᠭᠤᠯᠤᠯᠳᠠ ᠶᠢ ᠭᠤᠶᠢᠪᠢᠰᠢ ᠦᠬᠡᠢ ᠠᠬᠢᠭᠤᠯᠤᠨ᠂ ᠰᠢᠨ᠎ᠠ ᠠᠵᠤ ᠤᠶᠢᠯᠡᠰ ᠶᠢ ᠪᠤᠶᠢᠵᠢᠭᠤᠯᠵᠤ᠂ ᠰᠢᠨ᠎ᠠ ᠬᠦᠳᠡᠯᠬᠡᠭᠴᠢ ᠬᠦᠴᠤᠨ ᠢ ᠬᠤᠷᠠᠮᠳᠤᠭᠤᠯᠤᠨ᠂ ᠰᠢᠨ᠎ᠠ | ᠨᠡᠮᠡᠭᠳᠠᠯ ᠤᠨ ᠳᠤᠶᠢᠯ ᠢ ᠪᠤᠢ ᠪᠤᠯᠭᠠᠨ᠎ᠠ᠃ ᠠᠶᠤᠯᠬᠦᠢ᠂ ᠪᠤᠬᠢᠷᠳᠤᠯ ᠦᠬᠡᠢ ᠪᠠᠷ ᠨᠡᠬᠦᠷᠡᠰᠤ ᠬᠠᠩᠭᠠᠬᠤ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠤᠯᠤᠰ ᠤᠨ | ᠨᠡᠬᠦᠷᠡᠰᠤᠨ ᠤ ᠬᠠᠩᠭᠠᠯᠭ᠎ᠠ ᠶᠢ ᠪᠠᠳᠤᠯᠠᠬᠤ ᠱᠠᠭᠠᠷᠳᠠᠯᠭ᠎ᠠ ᠶᠢ ᠪᠤᠳᠠᠳᠠᠶᠢᠵᠢᠭᠤᠯᠵᠤ᠂ ᠰᠢᠨ᠎ᠠ ᠱᠠᠩᠬᠠᠢ ᠶᠢᠨ ᠰᠦᠮ᠎ᠡ 1 ᠨᠤᠮᠧᠷᠳᠤ᠂ ᠪᠡᠯᠡᠩ ᠵᠡᠷᠬᠡ 6 ᠨᠡᠬᠦᠷᠡᠰᠤᠨ | ᠠᠭᠤᠷᠬᠠᠢ ᠶᠢᠨ ᠠᠭᠤᠷᠬᠠᠢ ᠮᠠᠯᠳᠠᠬᠤ ᠦᠨᠡᠮᠯᠡᠯ ᠤᠨ ᠭᠠᠷ ᠬᠦᠢᠴᠡᠤᠨᠬᠡᠯ ᠢ ᠲᠦᠷᠬᠡᠤᠨᠬᠡᠵᠤ᠂ ᠬᠠᠷᠴᠠᠭᠠᠢ ᠬᠦᠯᠦᠭ 3 ᠨᠤᠮᠧᠷᠳᠤ ᠨᠡᠬᠦᠷᠡᠰᠤᠨ ᠠᠭᠤᠷᠬᠠᠢ ᠶᠢᠨ ᠭᠠᠷ | ᠬᠦᠢᠴᠡᠤᠨᠬᠡᠯ ᠢ ᠡᠬᠢᠯᠡᠬᠦᠯᠤᠨ᠂ ᠪᠦᠬᠦ ᠨᠡᠬᠦᠷᠡᠰᠤᠨ ᠠᠭᠤᠷᠬᠠᠢ ᠢ ᠴᠦᠮ ᠬᠠᠤᠯᠢ ᠲᠦᠷᠢᠮ ᠲᠠᠢ ᠨᠠᠶᠢᠴᠡᠬᠦᠯᠤᠨ ᠤᠶᠢᠯᠡᠤᠨᠪᠤᠷᠢᠯᠡᠬᠦᠯᠤᠨᠠ᠃ ᠪᠤᠬᠢᠷᠳᠤᠯ ᠦᠬᠡᠢ | ᠠᠭᠤᠷᠬᠠᠢ ᠶᠢᠨ ᠤᠷᠤᠨ᠂ ᠤᠶᠤᠨᠴᠢ ᠠᠭᠤᠷᠬᠠᠢ ᠶᠢᠨ ᠤᠷᠤᠨ ᠤ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠨᠡᠬᠦᠷᠡᠰᠤᠨ ᠠᠭᠤᠷᠬᠠᠢ ᠶᠢᠨ ᠤᠶᠤᠨᠴᠢ | ᠦᠬᠡᠷᠡᠴᠢᠯᠠᠯᠳᠠ ᠶᠢ ᠲᠦᠷᠬᠡᠤᠨᠬᠡᠨ᠂ ᠵᠢᠯ ᠤᠨ ᠳᠤᠳᠤᠷ᠎ᠠ ᠰᠢᠨ᠎ᠠ ᠪᠠᠷ 1 ᠪᠤᠬᠢᠷᠳᠤᠯ ᠦᠬᠡᠢ ᠠᠭᠤᠷᠬᠠᠢ ᠨᠡᠮᠡᠭᠳᠡᠬᠦᠯᠤᠨ᠎ᠠ᠃ ᠨᠡᠬᠦᠷᠡᠰᠤ ᠶᠢ ᠳᠤᠬᠠᠢ ᠶᠢᠨ ᠭᠠᠵᠠᠷ ᠲᠤ | ᠨᠢ ᠦᠨᠳᠤᠷ ᠪᠦᠳᠤᠮᠵᠢ ᠪᠠᠷ ᠬᠤᠪᠢᠷᠠᠭᠤᠯᠬᠤ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠵᠢᠯ ᠤᠨ ᠳᠤᠳᠤᠷ᠎ᠠ ᠤᠯᠤᠰ ᠤᠨ ᠴᠠᠬᠢᠯᠭᠠᠨ ᠤ ᠱᠤᠸᠠᠩ ᠸᠧᠢ ᠶᠢᠨ | ᠴᠠᠬᠢᠯᠭᠠᠨ ᠤᠶᠢᠯᠡᠤᠨᠪᠤᠷᠢ ᠶᠢᠨ ᠨᠢᠬᠡ ᠰᠠᠭᠤᠷᠢ ᠮᠠᠰᠢᠨ ᠴᠤᠭᠴᠠᠯᠠᠪᠤᠷᠢ ᠶᠢ ᠬᠡᠷᠡᠭᠯᠡᠯᠳᠠ ᠳᠤ ᠤᠷᠤᠭᠤᠯᠵᠤ᠂ ᠴᠠᠩ ᠴᠧᠩ ᠴᠠᠬᠢᠯᠭᠠᠨ ᠤᠶᠢᠯᠡᠤᠨᠪᠤᠷᠢ᠂ ᠤᠯᠤᠰ ᠤᠨ | ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ ᠥᠢᠯᠡᠳᠪᠥᠷᠢ ᠶᠢᠨ ᠵᠢᠯ ᠤᠨ ᠪᠡᠯᠡ ᠤᠷᠤᠭᠤᠯᠤᠯᠳᠠ ᠶᠢᠨ ᠡᠬᠦᠷᠬᠡ ᠶᠢ ᠳᠠᠪᠠᠭᠤᠯᠤᠨ ᠪᠡᠶᠡᠯᠡᠬᠦᠯᠬᠦ ᠪᠠᠷ ᠴᠢᠷᠮᠠᠶᠢᠨ᠎ᠠ᠃ | ᠾᠧᠩ ᠺᠦᠨ ᠬᠢᠮᠢ ᠶᠢᠨ ᠣᠶᠢᠯᠠᠳᠪᠦᠷᠢ ᠶᠢᠨ 2×130 ᠲᠦᠮᠡᠨ ᠳᠤᠨ ᠨᠡᠬᠦᠷᠡᠰᠤ ᠬᠡᠤᠷᠰᠢᠬᠦᠯᠬᠦ ᠤᠯᠠᠨ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ | ᠤᠨ ᠬᠤᠶᠠᠳᠣᠭᠠᠷ ᠬᠤᠭᠤᠴᠠᠭᠠᠨ ᠤ ᠪᠠᠶᠢᠭᠤᠯᠤᠯᠳᠠ ᠶᠢ ᠲᠦᠷᠬᠡᠤᠨᠬᠡᠬᠦ ᠮᠦᠷᠳᠡᠬᠡᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠵᠤ᠂ ᠰᠢᠩ ᠶᠤᠸᠠᠨ ᠤ | 12 ᠲᠦᠮᠡᠨ ᠳᠤᠨ ᠨᠡᠬᠦᠷᠡᠰᠤᠳᠦ᠋ᠷᠦᠭᠴᠢᠳᠤ ᠴᠠᠬᠢᠭᠤᠷ ᠤᠨ ᠮᠠᠲ᠋ᠧᠷᠢᠶᠡᠯ ᠪᠠ 2 ᠲᠦᠮᠡᠨ ᠳᠤᠨ ᠨᠡᠬᠦᠷᠡᠰᠤᠳᠦ᠋ᠷᠦᠭᠴᠢᠳᠤ ᠴᠠᠬᠢᠭᠤᠷ ᠤᠨ ᠱᠠᠭᠠᠵᠠᠩ ᠤᠨ | ᠪᠦᠳᠤᠬᠡᠭᠳᠡᠬᠦᠨ ᠤ ᠲᠦᠷᠤᠯ ᠵᠦᠢᠯ ᠢ ᠳᠡᠬᠡᠳᠤ ᠬᠠᠭᠠᠰ ᠵᠢᠯ ᠳᠤ ᠬᠡᠷᠡᠭᠯᠡᠯᠳᠠ ᠳᠤ ᠤᠷᠤᠭᠤᠯᠤᠨ᠎ᠠ᠃ ᠰᠢᠨ᠎ᠠ ᠬᠦᠳᠡᠯᠬᠡᠭᠴᠢ ᠬᠦᠴᠤᠨ᠂ ᠰᠢᠨ᠎ᠠ ᠠᠵᠤ ᠤᠶᠢᠯᠡᠰ ᠢ | ᠪᠤᠶᠢᠵᠢᠭᠤᠯᠬᠤ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠦᠪᠡᠷᠳᠡᠬᠡᠨ ᠵᠠᠰᠠᠬᠤ ᠤᠷᠤᠨ ᠤ ︽ᠠᠷᠪᠠᠨ ᠲᠦᠷᠪᠡᠳᠤᠬᠡᠷ ᠳᠠᠪᠤᠨ ᠵᠢᠯ︾ ᠤᠨ ᠰᠢᠨ᠎ᠠ ᠡᠨᠧᠷᠬᠢ ᠢ | ᠳᠠᠬᠢᠨ ᠢᠶᠠᠷ ᠨᠡᠮᠡᠭᠳᠡᠬᠦᠯᠬᠦ ᠢᠨᠵᠧᠨᠧᠷᠢᠩ ᠤᠨ ᠳᠤᠬᠢᠶᠠᠯ ᠢ ᠴᠢᠩᠭ᠎ᠠ ᠡᠵᠡᠮᠳᠡᠵᠤ᠂ ᠳᠠᠬᠢᠨ ᠨᠢᠬᠡ ᠵᠤᠷᠪᠤᠰ ᠴᠠᠬᠢᠯᠭᠠᠨ ᠬᠦᠷᠬᠡᠯᠳᠠ ᠶᠢᠨ ᠱᠤᠭᠤᠮ ᠢ ᠪᠠᠶᠢᠭᠤᠯᠬᠤ ᠪᠠᠷ | ᠲᠦᠯᠤᠪᠵᠢᠬᠦᠯᠵᠤ᠂ ᠴᠡᠪᠡᠷ ᠡᠨᠧᠷᠬᠢ᠂ ᠰᠢᠨ᠎ᠠ ᠡᠨᠧᠷᠬᠢ ᠶᠢᠨ ᠮᠠᠰᠢᠨ ᠴᠤᠭᠴᠠᠯᠠᠪᠤᠷᠢ ᠪᠠ ᠭᠠᠳᠠᠭᠰᠢ ᠬᠦᠷᠬᠡᠬᠦ ᠬᠡᠪᠴᠢᠶᠡᠵᠢᠯ ᠢ ᠦᠷᠬᠡᠤᠨᠬᠡᠨᠠ᠃ ᠤᠯᠤᠰ ᠤᠨ | ᠴᠠᠬᠢᠯᠭᠠᠨ ᠤ ᠱᠠᠩᠬᠠᠢ ᠶᠢᠨ ᠰᠦᠮ᠎ᠡ ᠶᠢᠨ 120 ᠲᠦᠮᠡᠨ ᠺᠢᠯᠤᠸᠠᠲ ᠰᠠᠯᠬᠢᠨ ᠴᠠᠬᠢᠯᠭᠠᠨ᠂ ᠨᠠᠷᠠᠨ ᠴᠠᠬᠢᠯᠭᠠᠨ᠂ ᠭᠠᠯ ᠴᠠᠬᠢᠯᠭᠠᠨ ᠪᠠ ᠴᠠᠬᠢᠯᠭᠠᠨ ᠬᠠᠳᠠᠭᠠᠯᠠᠯᠳᠠ | ᠶᠢ ᠢᠵᠢ ᠴᠤᠭᠴᠠᠵᠢᠭᠤᠯᠤᠭᠰᠡᠨ ᠲᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ ᠵᠦᠩ ᠾᠧ ᠬᠤᠢ ᠨᠧᠩ ᠤᠨ 20 ᠲᠦᠮᠡᠨ ᠺᠢᠯᠤᠸᠠᠲ᠂ ᠳᠤᠮᠳᠠᠳᠤ | ᠤᠯᠤᠰ ᠤᠨ ᠨᠧᠩ ᠵᠢᠶᠠᠨ ᠤ 55 ᠲᠦᠮᠡᠨ ᠺᠢᠯᠤᠸᠠᠲ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ ᠵᠡᠷᠬᠡ ᠨᠠᠷᠠᠨ ᠡᠨᠧᠷᠬᠢ ᠶᠢᠨ ᠲᠦᠷᠤᠯ ᠵᠦᠢᠯ ᠤᠨ ᠡᠮᠤᠨᠡᠬᠢ | ᠬᠤᠭᠤᠴᠠᠭᠠᠨ ᠤ ᠭᠠᠷ ᠬᠦᠢᠴᠡᠤᠨᠬᠡᠯ ᠢ ᠲᠦᠷᠬᠡᠤᠨᠬᠡᠨ᠎ᠡ᠃ ᠶᠠ ᠬᠠᠢ ᠶᠢᠨ 60 ᠲᠦᠮᠡᠨ ᠳᠤᠨ LNG ᠶᠢᠨ ᠲᠦᠷᠤᠯ ᠵᠦᠢᠯ ᠢ ᠬᠡᠷᠡᠭᠯᠠᠯᠳᠠ ᠳᠤ ᠤᠷᠤᠭᠤᠯᠬᠤ | ᠠᠬᠢᠴᠠ ᠶᠢ ᠲᠦᠷᠬᠡᠤᠨᠬᠡᠵᠤ᠂ ᠦᠪᠤᠷ ᠮᠤᠩᠭᠤᠯ ᠤᠨ ᠲᠢᠶᠠᠨ ᠯᠢ ᠹᠧᠩ ᠰᠢᠳᠠᠮᠠᠬᠠᠢ ᠬᠡᠢ ᠶᠢᠨ ᠬᠢᠵᠠᠭᠠᠷᠳᠤ ᠺᠤᠮᠫᠠᠨᠢ ᠶᠢᠨ 60 ᠲᠦᠮᠡᠨ ᠳᠤᠨ LNG ᠪᠠᠷ | ᠡᠾᠧᠯᠢ ᠤᠶᠢᠯᠡᠤᠨᠬᠦ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠤᠨ᠂ ᠳᠤᠮᠳᠠᠳᠤ ᠤᠯᠤᠰ ᠤᠨ | ᠴᠢᠯᠠᠭᠤᠨ ᠳᠤᠰᠤᠨ ᠤ ᠺᠤᠮᠫᠠᠨᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠤᠨᠬᠠᠵᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠤᠨ ᠨᠡᠬᠡᠬᠡᠯᠳᠠ ᠶᠢᠨ | ᠨᠡᠮᠡᠭᠳᠡᠯ ᠬᠡᠰᠡᠭ ᠤᠨ ᠬᠤᠷᠰᠢᠯᠴᠠᠭ᠎ᠠ ᠶᠢ ᠠᠬᠢᠭᠤᠯᠤᠨ᠂ ᠬᠠᠷᠢᠯᠴᠠᠨ ᠠᠰᠢᠭᠳᠠᠢ ᠬᠠᠮᠳᠤ ᠪᠠᠷ ᠠᠰᠢᠭ ᠤᠯᠬᠤ ᠶᠢ ᠪᠡᠶᠡᠯᠡᠬᠦᠯᠤᠨ᠎ᠠ᠃ ᠷᠦᠨ ᠶᠠᠩ ᠶᠤᠸᠠᠢ ᠳ᠋ᠠ ᠶᠢᠨ | 10 ᠲᠦᠮᠡᠨ ᠳᠤᠨ ᠴᠡᠪᠡᠷ ᠣᠯᠠᠨ ᠳᠡᠯᠡᠰᠳᠤ ᠴᠠᠬᠢᠭᠤᠷ ᠤᠨ ᠲᠦᠷᠤᠯ ᠵᠦᠢᠯ᠂ ᠵᠢᠩ ᠨᠧᠩ ᠤᠨ ᠡᠨᠧᠷᠬᠢ ᠲᠤᠤᠷ ᠲᠠᠭᠠᠭᠠᠴᠠ ᠬᠠᠳᠠᠭᠠᠯᠠᠯᠳᠠ ᠤᠰᠤᠳᠥ᠋ᠷᠥᠭᠴᠢ | ᠶᠢᠨ ᠲᠦᠷᠤᠯ ᠵᠦᠢᠯ ᠢ ᠪᠤᠳᠠᠳᠤ ᠠᠬᠢᠴᠠ ᠲᠠᠢ ᠪᠤᠯᠭᠠᠵᠤ᠂ ᠤᠰᠤᠳᠦ᠋ᠷᠦᠭᠴᠢ ᠡᠨᠧᠷᠬᠢ ᠶᠢᠨ ᠠᠵᠤ ᠤᠶᠢᠯᠡᠰ ᠤᠨ ᠡᠬᠢᠯᠡᠯᠳᠠ ᠬᠦᠭᠵᠢᠯᠳᠠ ᠶᠢ ᠠᠬᠢᠭᠤᠯᠤᠨ᠂ | ᠬᠦᠬᠡᠬᠤᠳᠠ ᠪᠤᠭᠤᠳᠤ ᠤᠷᠳᠤᠰ ᠪᠠ ᠦᠬᠠᠢ ᠶᠢᠨ ᠲᠦᠯᠡᠰᠢᠨ ᠤ ᠴᠠᠬᠢᠯᠭᠠᠨ ᠴᠡᠨᠡᠩ ᠤᠨ ᠬᠦᠳᠡᠯᠬᠡᠬᠦᠷᠳᠤ ᠮᠠᠰᠢᠨ ᠳᠡᠷᠬᠡ ᠶᠢᠨ ᠳᠠᠭᠤᠷᠢᠶᠠᠯ ᠬᠤᠳᠠ ᠶᠢᠨ ᠪᠦᠯᠦᠭᠯᠡᠯ | ᠤᠨ ᠪᠠᠶᠢᠭᠤᠯᠤᠯᠳᠠ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠢ | ᠠᠯᠬᠤᠮ ᠠᠯᠬᠤᠮ ᠢᠶᠠᠷ ᠦᠪᠡᠷᠳᠡᠬᠡᠨ ᠵᠠᠰᠠᠬᠤ ᠤᠷᠤᠨ ᠤ ᠳᠤᠤᠷ᠎ᠠ ᠨᠡᠬᠦᠷᠡᠰᠤᠳᠦ᠋ᠷᠦᠭᠴᠢᠳᠤ ᠬᠦᠭᠵᠢᠯᠳᠠ ᠶᠢᠨ ᠳᠠᠭᠤᠷᠢᠶᠠᠯ ᠬᠦᠷᠢᠶᠡᠯᠡᠩ ᠪᠤᠯᠭᠠᠨ᠎ᠠ᠃ | ︵ᠬᠤᠶᠠᠷ︶ ᠦᠨᠳᠤᠷ ᠪᠠᠷᠢᠮᠵᠢᠶᠠᠳᠤ ᠳᠠᠭᠤᠷᠢᠶᠠᠯ ᠢ ᠪᠠᠷᠢᠮᠳᠠᠯᠠᠵᠤ᠂ ᠬᠦᠳᠡᠭᠡ ᠳᠤᠰᠬᠤᠨ ᠪᠦᠬᠦ ᠳᠠᠯ᠎ᠠ ᠪᠠᠷ ᠬᠦᠴᠤᠷᠬᠡᠭᠵᠢᠨ ᠬᠦᠭᠵᠢᠬᠦ ᠶᠢ ᠠᠬᠢᠭᠤᠯᠤᠨ᠎ᠠ᠃ | ᠮᠠᠯ ᠳᠠᠷᠢᠶᠠᠯᠠᠩ ᠪᠤᠯ ᠠᠷᠠᠤᠨ ᠢ ᠪᠠᠶᠠᠵᠢᠭᠤᠯᠬᠤ ᠶᠢᠨ ᠦᠨᠳᠤᠰᠤ ᠪᠤᠯᠬᠤᠷ ᠡᠷᠬᠡᠪᠰᠢ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠡᠷᠴᠢᠮᠳᠠᠢ ᠬᠡᠷᠡᠭᠵᠢᠬᠦᠯᠵᠤ᠂ ᠮᠠᠯ ᠳᠠᠷᠢᠶᠠᠯᠠᠩ ᠤᠨ ᠠᠵᠤ ᠤᠶᠢᠯᠡᠰ ᠤᠨ ᠤᠳᠤᠬᠢᠴᠢᠯᠠᠯᠳᠠ ᠶᠢ ᠲᠦᠷᠬᠡᠤᠨᠬᠡᠨ᠂ ᠮᠠᠯᠴᠢᠨ ᠳᠠᠷᠢᠶᠠᠴᠢᠨ ᠢ ᠪᠠᠶᠠᠵᠢᠨ | ᠴᠢᠨᠡᠬᠡᠯᠢᠭᠵᠢᠬᠦᠯᠤᠨᠠ᠃ ᠮᠠᠯ ᠳᠠᠷᠢᠶᠠᠯᠠᠩ ᠢ ᠬᠡᠪᠴᠢᠶᠡᠵᠢᠬᠦᠯᠤᠨᠠ᠃ ᠦᠷᠬᠦᠯᠵᠢᠯᠡᠨ 5000 ᠲᠦᠮᠡᠨ ᠲᠦᠬᠦᠷᠢᠭ ᠤᠨ ᠬᠤᠰᠢᠭᠤ ᠳᠡᠰ ᠤᠨ ᠡᠳ᠋ ᠤᠨ ᠵᠠᠰᠠᠭ ᠤᠨ | ᠪᠡᠯᠡ ᠮᠦᠩᠬᠦ ᠤᠷᠤᠭᠤᠯᠵᠤ᠂ ᠡᠯ᠎ᠡ ᠡᠵᠡᠩᠨᠡᠯᠳᠠ ᠶᠢᠨ ᠭᠤᠤᠯ ᠴᠤᠭᠴᠠ ᠶᠢᠨ ᠨᠠᠷᠢᠨ ᠳᠠᠷᠢᠵᠤ ᠨᠢᠮᠪᠠᠢ ᠠᠷᠠᠴᠢᠯᠠᠬᠤ᠂ ᠡᠬᠦᠯᠳᠡᠷ ᠰᠠᠶᠢᠵᠢᠷᠠᠭᠤᠯᠬᠤ᠂ ᠳᠠᠷᠢᠵᠤ | ᠠᠷᠠᠴᠢᠯᠠᠬᠤ ᠶᠢ ᠰᠢᠯᠢᠳᠡᠭᠵᠢᠬᠦᠯᠬᠦ ᠶᠢ ᠳᠡᠤᠨᠬᠦᠵᠤ᠂ ᠤᠶᠢᠯᠡᠤᠨᠪᠤᠷᠢᠯᠡᠯ ᠤᠨ ᠡᠯᠧᠮᠧᠨ᠋ᠲ ᠶᠢᠨ ᠤᠨᠴᠠᠯᠢᠭᠳᠤ ᠠᠵᠤ ᠤᠶᠢᠯᠡᠰ ᠪᠠ ᠳᠠᠪᠠᠭᠤᠯᠢᠭ ᠤᠷᠤᠨ ᠳᠤᠭᠤᠷᠢᠭ ᠲᠤ | ᠬᠢ ᠲᠦᠪᠯᠡᠷᠡᠯ ᠢ ᠠᠬᠢᠭᠤᠯᠤᠨ᠂ ᠵᠢᠯ ᠤᠨ ᠳᠤᠳᠤᠷ᠎ᠠ 4 ᠲᠦᠮᠡᠨ ᠮᠤ᠋ ᠢᠳᠡᠰᠢᠨ ᠨᠤᠭᠤᠭ᠎ᠠ ᠳᠠᠷᠢᠵᠤ᠂ 30 ᠲᠦᠮᠡᠨ ᠳᠤᠯᠤᠭᠠᠢ ᠲᠦᠯ ᠢ ᠤᠬᠤᠷ ᠬᠤᠭᠤᠴᠠᠭᠠᠨ | ᠳᠤ ᠪᠤᠷᠳᠤᠨ ᠳᠠᠷᠭᠤᠯᠠᠭᠤᠯᠵᠤ᠂ 2 ᠲᠦᠮᠡᠨ ᠮᠤ᠋ ᠶᠢᠨ ᠠᠵᠤ ᠠᠬᠤᠢ ᠶᠢᠨ ᠤᠢ ᠳᠠᠷᠢᠵᠤ᠂ ᠪᠤᠬᠢᠷᠳᠤᠯ ᠦᠬᠡᠢ ᠮᠠᠯ ᠳᠠᠷᠢᠶᠠᠯᠠᠩ ᠤᠨ ᠪᠦᠳᠤᠬᠡᠭᠳᠡᠬᠦᠨ ᠤ | ᠬᠠᠩᠭᠠᠯᠭ᠎ᠠ ᠶᠢᠨ ᠬᠡᠪᠴᠢᠶᠡᠵᠢᠯ ᠢ ᠦᠷᠬᠡᠤᠨᠬᠡᠨᠡ᠃ ᠮᠠᠯ ᠤᠨ ᠮᠢᠬ᠎ᠠ᠂ ᠳᠡᠵᠢᠬᠡᠯ ᠡᠪᠡᠰᠤ᠂ ᠭᠤᠸ᠎ᠠ ᠵᠢᠮᠢᠰ ᠢᠳᠡᠰᠢᠨ ᠨᠤᠭᠤᠭ᠎ᠠ ᠶᠢ ᠠᠩᠬ᠎ᠠ ᠪᠤᠯᠪᠠᠰᠤᠷᠠᠭᠤᠯᠬᠤ᠂ | ᠨᠠᠷᠢᠯᠢᠭ ᠪᠤᠯᠪᠠᠰᠤᠷᠠᠭᠤᠯᠬᠤ ᠲᠦᠷᠤᠯ ᠵᠦᠢᠯ ᠢ ᠢᠳᠡᠪᠬᠢᠳᠠᠢ ᠤᠷᠢᠨ ᠠᠪᠴᠢᠷᠠᠵᠤ᠂ ᠪᠤᠷᠤᠪᠠᠯᠭᠠᠰᠤ ᠪᠠᠯᠭᠠᠰᠤ ᠶᠢ ᠨᠢᠬᠡ ᠬᠤᠶᠠᠷ ᠭᠤᠷᠪᠠᠳᠤᠭᠠᠷ ᠠᠵᠤ ᠤᠶᠢᠯᠡᠰ ᠤᠨ | ᠠᠭᠤᠰᠤᠯᠴᠠᠯ ᠬᠦᠭᠵᠢᠯᠳᠠ ᠶᠢᠨ ᠳᠠᠭᠤᠷᠢᠶᠠᠯ ᠪᠠᠯᠭᠠᠰᠤ ᠪᠤᠯᠭᠠᠨ᠎ᠠ᠃ ᠵᠤᠬᠢᠶᠠᠨ ᠪᠠᠶᠢᠭᠤᠯᠤᠯᠳᠠ ᠪᠠᠷ ᠮᠠᠯᠴᠢᠨ ᠳᠠᠷᠢᠶᠠᠴᠢᠨ ᠢ ᠵᠢᠯᠤᠭᠤᠳᠤᠨ᠎ᠠ᠃ ᠳᠤᠯᠤᠭᠠᠶᠢᠯᠠᠭᠴᠢ | ᠠᠵᠤ ᠠᠬᠤᠶᠢᠯᠠᠯ᠂ ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠭᠤᠤᠯ ᠴᠤᠭᠴᠠ ᠪᠠ ᠤᠶᠢᠯᠡᠤᠨᠪᠤᠷᠢᠯᠡᠯ ᠤᠨ ᠴᠢᠨᠠᠷᠳᠤ ᠤᠶᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠢ | ᠪᠤᠶᠢᠵᠢᠭᠤᠯᠬᠤ ᠬᠦᠴᠤᠯᠡᠴᠠ ᠪᠠᠨ ᠶᠡᠬᠡᠤᠨᠬᠡᠵᠤ᠂ ᠬᠤᠩ ᠶᠧ᠂ ᠶᠢᠨ ᠨᠢᠦ ᠵᠡᠷᠬᠡ ᠠᠵᠤ ᠠᠬᠤᠶᠢᠯᠠᠯ ᠤᠨ ᠳᠠᠭᠤᠷᠢᠶᠠᠯ ᠦᠵᠡᠬᠦᠯᠤᠨ ᠳᠠᠶᠢᠴᠢᠯᠠᠬᠤ ᠤᠶᠢᠯᠡᠳᠤᠯ ᠢ | ᠪᠠᠳᠠᠷᠠᠭᠤᠯᠤᠨ᠂ ᠠᠵᠤ ᠠᠬᠤᠶᠢᠯᠠᠯ ᠪᠠ ᠬᠤᠷᠰᠢᠶᠠᠵᠢᠯ᠂ ᠬᠤᠯᠪᠤᠭᠠᠯᠠᠨ ᠤᠶᠢᠯᠡᠤᠨᠪᠤᠷᠢᠯᠡᠬᠦ ᠬᠤᠷᠰᠢᠶᠠᠵᠢᠯ ᠪᠠ ᠮᠠᠯᠴᠢᠨ ᠳᠠᠷᠢᠶᠠᠴᠢᠨ ᠬᠤᠯᠪᠤᠭᠠᠯᠠᠨ ᠡᠵᠡᠩᠨᠡᠬᠦ ᠶᠢ | ᠵᠤᠷᠢᠭᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠮᠠᠯ ᠳᠠᠷᠢᠶᠠᠯᠠᠩ ᠤᠨ ᠠᠵᠤ ᠤᠶᠢᠯᠡᠰᠵᠢᠭᠰᠡᠨ ᠬᠤᠯᠪᠤᠭᠠᠳᠤ ᠴᠤᠭᠴᠠ ᠶᠢ 2 ᠪᠤᠶᠢᠵᠢᠭᠤᠯᠤᠨ᠂ | ᠠᠵᠤ ᠤᠶᠢᠯᠡᠰᠵᠢᠭᠰᠡᠨ ᠳᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠠ ᠪᠠᠷ 4 ᠪᠤᠶᠢᠵᠢᠭᠤᠯᠵᠤ᠂ ᠮᠠᠯᠴᠢᠨ ᠳᠠᠷᠢᠶᠠᠴᠢᠨ ᠡᠷᠤᠬᠡ ᠠᠵᠤ ᠠᠬᠤᠶᠢᠯᠠᠯ ᠤᠨ ᠪᠠᠷᠢᠮᠵᠢᠶ᠎ᠠ | ᠪᠠᠷ ᠬᠤᠯᠪᠤᠭᠠᠯᠠᠨ ᠬᠡᠪᠴᠢᠶᠠᠵᠢᠭᠰᠡᠨ ᠤᠶᠢᠯᠡᠤᠨᠪᠤᠷᠢᠯᠡᠯ ᠡᠷᠬᠢᠯᠡᠬᠦ ᠶᠢ ᠵᠤᠷᠢᠭᠵᠢᠭᠤᠯᠵᠤ᠂ ᠨᠢᠬᠡᠳᠤᠯᠳᠠᠢ ᠪᠠᠷᠢᠮᠵᠢᠶ᠎ᠠ ᠲᠠᠢ ︽ᠤᠶᠢᠯᠡᠤᠨᠪᠤᠷᠢᠯᠡᠬᠦ ᠬᠠᠩᠭᠠᠬᠤ | ᠪᠤᠷᠤᠯᠠᠭᠤᠯᠬᠤ︾ ᠠᠵᠤ ᠤᠶᠢᠯᠡᠰ ᠤᠨ ᠬᠡᠯᠬᠢᠶᠡᠵᠢᠯ ᠢ ᠪᠦᠷᠢᠯᠳᠤᠬᠦᠯᠤᠨ᠂ ᠮᠠᠯᠴᠢᠨ ᠳᠠᠷᠢᠶᠠᠴᠢᠨ ᠡᠷᠤᠬᠡ ᠶᠢᠨ ᠵᠠᠬ᠎ᠠ ᠳᠡᠯᠬᠡᠬᠦᠷ ᠲᠠᠢ ᠤᠶᠠᠯᠳᠤᠬᠤ᠂ ᠲᠦᠭᠰᠢᠬᠦᠷᠢ | ᠶᠢ ᠰᠡᠷᠬᠡᠶᠢᠯᠡᠬᠦ ᠴᠢᠳᠠᠪᠤᠷᠢ ᠶᠢ ᠳᠡᠬᠡᠭᠰᠢᠯᠡᠬᠦᠯᠤᠨ᠎ᠠ᠃ ᠨᠡᠷᠡᠳᠤ ᠳᠡᠮᠳᠡᠭ ᠢᠶᠠᠷ ᠦᠷ᠎ᠠ ᠠᠰᠢᠭ ᠢ ᠨᠡᠮᠡᠭᠳᠡᠬᠦᠯᠤᠨ᠎ᠠ᠃ᠤᠳᠤᠭ ᠤᠨ ᠡᠮᠤᠨᠡᠳᠤ ᠬᠤᠰᠢᠭᠤᠨ ᠤ ᠤᠨᠴᠠᠯᠢᠭ | ᠲᠠᠢ ᠨᠡᠷᠡᠳᠤ ᠳᠡᠮᠳᠡᠭᠳᠤ ᠬᠦᠭᠵᠢᠬᠦᠯᠤᠯᠳᠠ ᠶᠢᠨ ᠲᠦᠯᠤᠪᠯᠡᠭᠡ ᠶᠢ ᠳᠡᠬᠦᠯᠳᠡᠷᠵᠢᠬᠦᠯᠵᠤ᠂ ᠴᠢᠨᠠᠷ ᠴᠢᠨᠰᠠᠭ᠎ᠠ ᠶᠢ ᠡᠵᠡᠮᠳᠡᠬᠦ᠂ ᠤᠶᠢᠯᠡᠤᠨᠪᠤᠷᠢᠯᠡᠯ ᠢ ᠰᠢᠯᠢᠳᠡᠭᠵᠢᠬᠦᠯᠬᠦ᠂ | ᠪᠠᠷᠢᠮᠵᠢᠶ᠎ᠠ ᠳᠤᠭᠳᠠᠭᠠᠬᠤ᠂ ᠮᠦᠷᠳᠡᠨ ᠬᠢᠨᠠᠨ ᠡᠵᠡᠮᠳᠡᠬᠦ᠂ ᠵᠠᠬ᠎ᠠ ᠳᠡᠯᠬᠡᠬᠦᠷ ᠲᠤ ᠪᠤᠷᠤᠯᠠᠭᠤᠯᠬᠤ ᠪᠦᠬᠦ ᠶᠠᠪᠤᠴᠠ ᠶᠢᠨ ᠲᠦᠯᠤᠪᠯᠡᠭᠡ ᠳᠤᠭᠳᠠᠭᠠᠵᠤ᠂ ᠨᠡᠷᠡᠳᠤ ᠳᠡᠮᠳᠡᠭ | ᠤᠨ ᠬᠡᠰᠢᠬᠦᠨ ᠤ ᠳᠤᠭᠳᠠᠴᠠ ᠶᠢ ᠰᠦᠪᠡᠭᠴᠢᠯᠡᠵᠤ ᠪᠠᠶᠢᠭᠤᠯᠤᠨ᠂ ︽ᠤᠳᠤᠭ ᠤᠨ ᠡᠮᠤᠨᠡᠳᠤ ᠬᠤᠰᠢᠭᠤᠨ ᠤ ᠮᠠᠯ ᠤᠨ ᠮᠢᠬ᠎ᠠ︾ ᠵᠡᠷᠬᠡ ᠨᠡᠷᠡᠳᠤ ᠳᠡᠮᠳᠡᠭ ᠢ ᠬᠠᠮᠳᠤ | ᠪᠠᠷ ᠡᠳ᠋ᠯᠡᠬᠦ ᠶᠢ ᠵᠤᠷᠢᠭᠵᠢᠭᠤᠯᠵᠤ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠮᠦᠷᠳᠠᠯᠳᠠ ᠶᠢᠨ ᠰᠢᠰᠲ᠋ᠧᠮ ᠢ ᠲᠦᠬᠦᠷᠴᠢᠯᠡᠨ ᠳᠡᠬᠦᠯᠳᠡᠷᠵᠢᠬᠦᠯᠵᠤ᠂ ᠦᠪᠡᠷᠳᠡᠬᠡᠨ | ᠵᠠᠰᠠᠬᠤ ᠤᠷᠤᠨ ᠤ ᠮᠠᠯ ᠳᠠᠷᠢᠶᠠᠯᠠᠩ ᠤᠨ ᠪᠦᠳᠤᠬᠡᠭᠳᠡᠬᠦᠨ ᠤ ᠴᠢᠨᠠᠷ ᠴᠢᠨᠰᠠᠭ᠎ᠠ ᠠᠮᠤᠷ ᠲᠦᠪᠰᠢᠨ ᠬᠤᠰᠢᠭᠤ ᠶᠢ ᠴᠤᠭᠴᠠᠯᠠᠨ᠎ᠠ᠃ ᠰᠠᠶᠢᠨ ᠡᠬᠦᠯᠳᠡᠷ ᠢᠶᠠᠷ ᠴᠢᠨᠠᠷ | ᠴᠢᠨᠰᠠᠭ᠎ᠠ ᠶᠢ ᠳᠡᠬᠡᠭᠰᠢᠯᠡᠬᠦᠯᠤᠨ᠎ᠠ᠃ ᠮᠡᠷᠬᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ᠶᠢ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ ᠤ ᠦᠷ᠎ᠠ | ᠡᠬᠦᠯᠳᠡᠷ ᠤᠨ ᠤᠶᠢᠯᠡᠰ ᠤᠨ ᠬᠦᠭᠵᠢᠬᠦᠯᠤᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠨᠠᠷᠢᠯᠢᠭ ᠪᠤᠳᠠᠳᠠᠶᠢᠵᠢᠭᠤᠯᠵᠤ᠂ ᠰᠠᠶᠢᠨ ᠡᠬᠦᠯᠳᠡᠷ ᠢ ᠰᠤᠩᠭᠤᠨ ᠬᠡᠷᠡᠭᠯᠡᠬᠦ᠂ | ᠬᠦᠷᠤᠰᠤ ᠰᠢᠷᠤᠢ ᠪᠠᠶᠢᠴᠠᠭᠠᠨ ᠰᠢᠯᠭᠠᠵᠤ ᠪᠤᠷᠳᠤᠭᠤᠷ ᠳᠤᠬᠢᠷᠠᠭᠤᠯᠬᠤ᠂ ᠡᠪᠡᠤᠨᠴᠢᠨ ᠬᠤᠷᠤᠬᠠᠢ ᠶᠢᠨ ᠬᠦᠨᠤᠬᠡᠯ ᠢ ᠰᠡᠷᠬᠡᠶᠢᠯᠡᠬᠦ ᠵᠡᠷᠬᠡ ᠳᠠᠷᠢᠶᠠᠯᠠᠩ ᠤᠨ ᠮᠡᠷᠬᠡᠵᠢᠯ | ᠤᠨ ᠤᠶᠢᠯᠡᠴᠢᠯᠡᠭᠡ ᠶᠢ ᠦᠷᠬᠡᠨ ᠢᠶᠠᠷ ᠬᠠᠩᠭᠠᠵᠤ᠂ ᠨᠢᠬᠡᠴᠢ ᠤᠨᠠᠯᠳᠠ ᠶᠢ ᠬᠦᠴᠤᠯᠡᠨ ᠳᠡᠬᠡᠭᠰᠢᠯᠡᠬᠦᠯᠵᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ ᠠᠯᠠᠰᠢᠨ ᠮᠠᠯ | ᠢ ᠬᠡᠪᠴᠢᠶᠡᠵᠢᠯ ᠲᠠᠢ ᠪᠠᠷ ᠡᠬᠦᠯᠳᠡᠷ ᠰᠠᠶᠢᠵᠢᠷᠠᠭᠤᠯᠬᠤ ᠶᠢ ᠠᠬᠢᠭᠤᠯᠵᠤ ᠰᠢᠯᠢᠳᠡᠭ ᠡᠬᠦᠯᠳᠡᠷ ᠢ ᠪᠤᠶᠢᠵᠢᠭᠤᠯᠤᠨ᠎ᠠ᠃ ᠨᠤᠤᠯᠤᠭᠤᠷ ᠤᠨ ᠢᠮᠠᠭᠠᠨ ᠤ ᠡᠬᠦᠯᠳᠡᠷ ᠤᠨ | ᠰᠢᠨ᠎ᠠ ᠶᠢ ᠡᠬᠦᠳᠤᠨ ᠤᠶᠢᠯᠡᠰ ᠪᠦᠳᠤᠬᠡᠬᠦ ᠰᠠᠭᠤᠷᠢᠨ ᠭᠠᠵᠠᠷ ᠢ ᠲᠦᠷᠬᠡᠤᠨᠬᠡᠨ ᠪᠠᠶᠢᠭᠤᠯᠵᠤ᠂ ᠨᠤᠤᠯᠤᠭᠤᠷ ᠤᠨ ᠢᠮᠠᠭᠠᠨ ᠤ ᠰᠠᠶᠢᠨ ᠡᠬᠦᠯᠳᠡᠷ ᠤᠨ ᠤᠬᠤᠨ᠎ᠠ ᠪᠠ | ᠰᠠᠭᠤᠷᠢ ᠡᠬᠡ ᠮᠠᠯ ᠢ ᠰᠤᠩᠭᠤᠨ ᠪᠤᠶᠢᠵᠢᠭᠤᠯᠬᠤ ᠬᠠᠮᠢᠶᠠᠷᠤᠯᠳᠠ᠂ ᠪᠠᠷᠢᠮᠵᠢᠶᠠᠳᠤ ᠠᠷᠠᠴᠢᠯᠠᠯᠳᠠ ᠵᠡᠷᠬᠡ ᠮᠡᠷᠬᠡᠵᠢᠯ ᠢ ᠳᠡᠯᠬᠡᠷᠡᠬᠦᠯᠤᠨ ᠬᠡᠷᠡᠭᠯᠡᠬᠦ ᠶᠢ ᠦᠷᠬᠦᠯᠵᠢᠯᠡᠨ | ᠰᠠᠶᠢᠳᠤᠷ ᠬᠢᠵᠤ᠂ ᠨᠤᠤᠯᠤᠭᠤᠷ ᠤᠨ ᠢᠮᠠᠭ᠎ᠠ ᠳᠡᠵᠢᠬᠡᠨ ᠦᠷᠡᠵᠢᠬᠦᠯᠬᠦ ᠡᠷᠤᠬᠡ ᠶᠢ 300 ᠡᠷᠤᠬᠡ ᠠᠴᠠ ᠳᠠᠪᠠᠭᠤᠯᠵᠤ᠂ ᠠᠵᠤ ᠠᠬᠤᠶᠢᠯᠠᠯ ᠨᠤᠤᠯᠤᠭᠤᠷ ᠰᠠᠮᠨᠠᠬᠤ | ᠤᠶᠢᠯᠡᠤᠨᠪᠤᠷᠢ ᠪᠠᠶᠢᠭᠤᠯᠬᠤ ᠶᠢ ᠵᠤᠷᠢᠭᠵᠢᠭᠤᠯᠤᠨ᠂ ᠨᠤᠤᠯᠤᠭᠤᠷ ᠤᠨ ᠠᠵᠤ ᠤᠶᠢᠯᠡᠰ ᠤᠨ ᠦᠨᠳᠤᠷ ᠴᠢᠨᠰᠠᠭᠠᠳᠤ ᠬᠦᠭᠵᠢᠯᠳᠠ ᠶᠢ ᠠᠬᠢᠭᠤᠯᠤᠨ᠎ᠠ᠃ ᠳᠤᠭᠠᠴᠠᠯᠠᠯᠳᠠ | ᠪᠠᠷ ᠬᠦᠴᠤᠷᠬᠡᠭᠵᠢᠯ ᠮᠠᠨᠳᠤᠯ ᠢ ᠳᠡᠮᠵᠢᠨ᠎ᠠ᠃ ᠳᠤᠭᠠᠴᠠᠯᠠᠭᠰᠡᠨ ᠬᠦᠳᠡᠭᠡ ᠳᠤᠰᠬᠤᠨ ᠤ ᠳᠤᠷᠰᠢᠯᠳᠠ ᠶᠢᠨ ᠴᠡᠭ ᠤᠨ ᠪᠠᠶᠢᠭᠤᠯᠤᠯᠳᠠ ᠶᠢᠨ ᠭᠤᠷᠪᠠᠨ ᠵᠢᠯ ᠤᠨ | ᠠᠵᠢᠯᠯᠠᠭᠠᠨ ᠤ ᠲᠦᠰᠤᠯ ᠢ ᠳᠤᠭᠳᠠᠭᠠᠵᠤ᠂ ᠪᠦᠬᠦ ᠬᠤᠰᠢᠭᠤᠨ ᠤ ᠮᠠᠯ ᠳᠠᠷᠢᠶᠠᠯᠠᠩ ᠲᠠᠢ ᠬᠤᠯᠪᠤᠭᠳᠠᠭᠰᠡᠨ ᠳᠤᠭ᠎ᠠ ᠪᠠᠷᠢᠮᠳᠠ ᠶᠢ ᠨᠢᠬᠡᠳᠤᠯᠳᠠᠢ ᠵᠠᠳᠠᠯᠤᠨ᠂ | ᠨᠢᠬᠡᠳᠤᠯᠳᠠᠢ ᠨᠠᠶᠢᠳᠠᠯᠡᠵᠤ᠂ ᠨᠢᠬᠡᠳᠤᠯᠳᠠᠢ ᠬᠡᠷᠡᠭᠯᠡᠨ᠂ ᠤᠶᠤᠨᠴᠢ ᠮᠠᠯ ᠳᠠᠷᠢᠶᠠᠯᠠᠩ ᠤᠨ ᠳᠠᠪᠴᠠᠩ ᠢ ᠪᠠᠶᠢᠭᠤᠯᠵᠤ᠂ ᠦᠨᠳᠤᠷ ᠴᠢᠨᠰᠠᠭ᠎ᠠ᠂ ᠦᠨᠳᠤᠷ ᠪᠠᠷᠢᠮᠵᠢᠶ᠎ᠠ ᠲᠠᠢ | ᠪᠠᠷ ᠤᠯᠤᠰ ᠤᠨ ᠳᠤᠷᠰᠢᠯᠳᠠ ᠶᠢᠨ ᠴᠡᠭ ᠤᠨ ᠪᠠᠶᠢᠭᠤᠯᠤᠯᠳᠠ ᠶᠢᠨ ᠡᠬᠦᠷᠬᠡ ᠪᠠᠨ ᠪᠡᠶᠡᠯᠡᠬᠦᠯᠤᠨ᠂ ᠬᠦᠳᠡᠭᠡ ᠳᠤᠰᠬᠤᠨ ᠪᠦᠬᠦ ᠳᠠᠯ᠎ᠠ ᠪᠠᠷ ᠬᠦᠴᠤᠷᠬᠡᠭᠵᠢᠨ ᠮᠠᠨᠳᠤᠬᠤ | ᠳᠤ ᠬᠦᠴᠤᠨ ᠨᠡᠮᠡᠷᠢᠯᠡᠨ᠎ᠡ᠃ | ︵ᠭᠤᠷᠪᠠ︶ ᠦᠨᠳᠤᠷ ᠳᠡᠰ ᠤᠨ ᠠᠭᠤᠰᠤᠯᠴᠠᠯ ᠢ ᠪᠠᠷᠢᠮᠳᠠᠯᠠᠵᠤ᠂ ᠤᠳᠤ ᠦᠶ᠎ᠡ ᠶᠢᠨ ᠤᠶᠢᠯᠡᠴᠢᠡᠯᠬᠡᠨ ᠤ ᠤᠶᠢᠯᠡᠰ ᠤᠨ ᠳᠡᠰ ᠳᠡᠪᠰᠢᠯᠳᠠ ᠶᠢ | ᠠᠬᠢᠭᠤᠯᠤᠨ᠎ᠠ᠃ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠪᠤᠯ ᠮᠠᠨᠳᠤᠵᠤ ᠪᠠᠶᠢᠭ᠎ᠠ ᠠᠵᠤ ᠤᠶᠢᠯᠡᠰ᠂ ᠮᠠᠨ ᠤ ᠬᠤᠰᠢᠭᠤᠨ ᠤ ᠬᠤᠪᠢᠰᠬᠠᠯᠳᠤ ᠬᠦᠮᠤᠵᠢᠯ ᠤᠨ | ᠰᠤᠶᠤᠯ ᠵᠢᠭᠤᠯᠴᠢᠯᠠᠯ ᠠᠩᠬ᠎ᠠ ᠬᠡᠪᠴᠢᠶᠡᠵᠤ ᠪᠠᠶᠢᠭ᠎ᠠ ᠪᠤᠯᠬᠤᠷ ᠡᠷᠬᠡᠪᠰᠢ ᠠᠭᠤᠰᠤᠯᠴᠠᠯ ᠬᠦᠭᠵᠢᠯᠳᠠ ᠳᠡᠬᠡᠷ᠎ᠡ ᠬᠦᠴᠤ ᠳᠠᠯᠪᠢᠵᠤ᠂ ᠳᠤᠰᠬᠠᠶᠢᠵᠢᠭᠰᠡᠨ᠂ ᠤᠯᠠᠨ | ᠶᠠᠩᠵᠤᠵᠢᠭᠰᠡᠨ ᠠᠵᠤ ᠤᠶᠢᠯᠡᠰ ᠤᠨ ᠬᠡᠯᠬᠢᠶᠡᠵᠢᠯ ᠢ ᠳᠠᠶᠢᠴᠢᠯᠠᠨ ᠪᠦᠷᠢᠯᠳᠤᠬᠦᠯᠤᠨ᠎ᠠ᠃ ᠵᠢᠭᠤᠯᠴᠢᠯᠠᠯ ᠤᠨ ᠴᠡᠭ ᠤᠨ ᠪᠠᠷᠢᠮᠵᠢᠶ᠎ᠠ ᠶᠢ ᠳᠡᠬᠡᠭᠰᠢᠯᠡᠬᠦᠯᠬᠦ ᠶᠢ | ᠠᠬᠢᠭᠤᠯᠤᠨ᠎ᠠ᠃ᠬᠤᠪᠢᠰᠬᠠᠯᠳᠤ ᠬᠦᠮᠤᠵᠢᠯ ᠤᠨ ᠰᠤᠳᠤᠯᠭ᠎ᠠ ᠰᠤᠷᠤᠯᠴᠠᠯᠭ᠎ᠠ ᠶᠢᠨ ᠲᠦᠷᠤᠯ ᠵᠦᠢᠯ ᠤᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ | ᠪᠤᠷᠤᠪᠠᠯᠭᠠᠰᠤ ᠶᠢᠨ ᠬᠤᠪᠢᠰᠬᠠᠯᠳᠤ ᠬᠦᠮᠤᠵᠢᠯ ᠤᠨ ᠦᠷᠬᠡᠤᠨᠬᠡᠯ ᠪᠤᠯᠪᠠᠰᠤᠷᠠᠯ ᠤᠨ ᠰᠠᠭᠤᠷᠢᠨ ᠭᠠᠵᠠᠷ᠂ ᠬᠤᠪᠢᠰᠬᠠᠯᠳᠤ ᠬᠦᠮᠤᠵᠢᠯ ᠤᠨ ᠲᠦᠪᠯᠡᠷᠡᠩᠬᠦᠢ ᠪᠤᠯᠪᠠᠰᠤᠷᠠᠯ | ᠤᠨ ᠲᠦᠪ᠂ ᠦᠨᠳᠤᠰᠤᠳᠠᠨ ᠤ ᠰᠤᠷᠭᠠᠨ ᠬᠦᠮᠤᠵᠢᠯ ᠤᠨ ᠦᠵᠡᠬᠦᠯᠬᠡ ᠶᠢᠨ ᠲᠢᠩᠬᠢᠮ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠤᠨ ᠦᠵᠡᠬᠦᠯᠬᠡ | ᠶᠢᠨ ᠤᠷᠳᠤᠨ ᠵᠡᠷᠬᠡ ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠤᠨ᠎ᠠ︔ ᠵᠠᠬ᠎ᠠ ᠳᠡᠯᠬᠡᠬᠦᠷ ᠤᠨ ᠭᠤᠤᠯ ᠴᠤᠭᠴᠠ ᠶᠢᠨ ᠤᠶᠢᠯᠡᠳᠤᠯ ᠢ ᠬᠦᠢᠴᠡᠤᠨ ᠪᠠᠳᠠᠷᠠᠭᠤᠯᠵᠤ | ᠂ ᠪᠠᠶᠠᠨᠰᠢᠪᠠᠷ᠂ ᠬᠡᠷᠡᠮ ᠤᠨ ᠭᠤᠤᠯ ᠵᠡᠷᠬᠡ ᠭᠤᠤᠯᠳᠠᠯᠭᠠᠳᠤ ᠦᠵᠡᠮᠵᠢ ᠶᠢᠨ ᠤᠷᠤᠨ ᠤ ᠨᠡᠬᠡᠬᠡᠯᠳᠠ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ ᠶᠡᠭᠡ ᠳᠤᠯᠤᠨ | ᠮᠠᠩᠬ᠎ᠠ᠂ ᠴᠠᠬᠢᠷᠮ᠎ᠠ ᠴᠡᠴᠡᠭᠳᠤ ᠳᠠᠯ᠎ᠠ ᠨᠤᠳᠤᠭ ᠵᠡᠷᠬᠡ ᠦᠵᠡᠮᠵᠢ ᠶᠢᠨ ᠤᠷᠤᠨ ᠤ ᠰᠠᠭᠤᠷᠢ ᠲᠦᠬᠦᠷᠴᠢᠯᠠᠯ ᠶᠢ ᠳᠡᠬᠦᠯᠳᠡᠷᠵᠢᠬᠦᠯᠤᠨ᠂ ᠦᠵᠡᠮᠵᠢ ᠶᠢᠨ ᠤᠷᠤᠨ᠂ | ᠦᠵᠡᠮᠵᠢ ᠶᠢᠨ ᠴᠡᠭ ᠤᠨ ᠳᠡᠰ ᠪᠠ ᠴᠢᠨᠰᠠᠭ᠎ᠠ ᠶᠢ ᠰᠢᠰᠲ᠋ᠧᠮ ᠲᠠᠢ ᠳᠡᠬᠡᠭᠰᠢᠯᠡᠬᠦᠯᠤᠨ᠎ᠠ᠃ ᠵᠢᠭᠤᠯᠴᠢᠯᠠᠯ ᠤᠨ ᠱᠤᠭᠤᠮ ᠤᠨ ᠨᠡᠪᠳᠡᠷᠡᠯᠴᠡᠭᠡ ᠶᠢ ᠠᠬᠢᠭᠤᠯᠤᠨ᠎ᠠ᠃ | ᠬᠡᠷᠡᠮ ᠤᠨ ᠭᠤᠤᠯ ᠤᠨ ᠦᠵᠡᠮᠵᠢ ᠶᠢᠨ ᠤᠷᠤᠨ ᠤ ᠤᠷᠤᠨ ᠠᠯᠤᠰᠯᠠᠭᠰᠡᠨ ᠬᠤᠯᠪᠤᠭᠠᠯᠠᠨ ᠪᠠᠶᠢᠭᠤᠯᠤᠯᠳᠠ ᠪᠠᠷ ᠭᠠᠷᠳᠠᠴᠠ ᠪᠤᠯᠭᠠᠵᠤ᠂ ᠡᠯ᠎ᠡ ᠤᠨᠴᠠᠯᠢᠭᠳᠤ ᠦᠵᠡᠮᠵᠢ | ᠶᠢᠨ ᠤᠷᠤᠨ ᠴᠡᠭ ᠢ ᠬᠤᠯᠪᠤᠭᠠᠯᠠᠭᠤᠯᠵᠤ᠂ ᠨᠢᠬᠡ ᠪᠦᠯᠦᠭ ᠬᠤᠪᠢᠰᠬᠠᠯᠳᠤ ᠬᠦᠮᠤᠵᠢᠯ ᠤᠨ ᠰᠤᠳᠤᠯᠭ᠎ᠠ ᠰᠤᠷᠤᠯᠴᠠᠯᠭ᠎ᠠ ᠪᠠ ᠪᠤᠬᠢᠷᠳᠤᠯ ᠦᠬᠡᠢ ᠡᠷᠡᠬᠦᠯᠵᠢᠯ ᠰᠤᠪᠢᠯᠠᠯ | ᠤᠨ ᠬᠠᠷᠢᠯᠴᠠᠨ ᠨᠦᠬᠦᠪᠤᠷᠢᠯᠡᠵᠤ ᠬᠠᠮᠳᠤ ᠪᠠᠷ ᠳᠤᠭᠳᠠᠨᠢᠬᠤ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠵᠤ᠂ ᠳᠤᠭᠤᠷᠢᠨ ᠵᠢᠭᠤᠯᠴᠢᠯᠠᠯ᠂ ᠪᠡᠶᠡᠴᠢᠯᠡᠨ | ᠤᠶᠢᠯᠠᠭᠠᠬᠤ ᠵᠢᠭᠤᠯᠴᠢᠯᠠᠯ᠂ ᠬᠦᠳᠡᠭᠡ ᠳᠤᠰᠬᠤᠨ ᠤ ᠵᠢᠭᠤᠯᠴᠢᠯᠠᠯ ᠵᠡᠷᠬᠡ ᠤᠶᠢᠯᠡᠰ ᠤᠨ ᠲᠦᠷᠬᠡᠨ ᠬᠦᠭᠵᠢᠯᠳᠠ ᠶᠢ ᠠᠬᠢᠭᠤᠯᠤᠨ᠎ᠠ᠃ ᠬᠦᠷᠢᠶᠡᠯᠡᠩ ᠳᠤᠭᠤᠷᠢᠭ ᠤᠨ | ᠤᠶᠢᠯᠡᠤᠨᠪᠤᠷᠢᠯᠡᠯ ᠤᠨ ᠱᠠᠭᠠᠷᠳᠠᠯᠭ᠎ᠠ ᠪᠠ ᠪᠠᠯᠭᠠᠰᠤᠨ ᠳᠤᠭᠤᠷᠢᠭ ᠤᠨ ᠠᠮᠢᠳᠤᠷᠠᠯ ᠤᠨ ᠬᠡᠷᠡᠭᠴᠡᠭᠡ ᠶᠢᠨ ᠳᠤᠭᠤᠷᠢᠨ ᠳᠤ ᠮᠠᠰᠢᠨ ᠴᠠᠬᠢᠯᠭᠠᠨ ᠤ ᠰᠠᠯᠪᠢᠨ ᠵᠠᠰᠠᠯᠳᠠ᠂ | ᠳᠤᠨᠤᠭ ᠲᠦᠬᠦᠬᠡᠷᠤᠮᠵᠢ ᠶᠢᠨ ᠤᠶᠢᠯᠡᠤᠨᠪᠤᠷᠢᠯᠡᠯ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡ᠂ ᠮᠦᠩᠬᠦᠨ ᠬᠦᠢᠯᠬᠡᠬᠡᠨ ᠤ ᠤᠶᠢᠯᠡᠴᠢᠯᠡᠭᠡ ᠵᠡᠷᠬᠡ | ᠤᠶᠢᠯᠡᠤᠨᠪᠤᠷᠢᠯᠡᠯ ᠠᠮᠢᠳᠤᠷᠠᠯ ᠤᠨ ᠴᠢᠨᠠᠷᠳᠤ ᠤᠶᠢᠯᠡᠴᠢᠯᠡᠬᠡᠨ ᠤ ᠤᠶᠢᠯᠡᠰ ᠢ ᠤᠯᠠᠮ ᠨᠢᠬᠡ ᠠᠯᠬᠤᠮ ᠲᠦᠬᠦᠷᠴᠢᠯᠡᠨ ᠳᠡᠬᠦᠯᠳᠡᠷᠵᠢᠬᠦᠯᠤᠨ᠎ᠠ᠃ ᠬᠦᠷᠰᠢ ᠤᠷᠤᠨ ᠯᠤᠭ᠎ᠠ | ᠶᠢᠨ ᠠᠭᠤᠰᠤᠯᠴᠠᠯ ᠢ ᠠᠬᠢᠭᠤᠯᠤᠨ᠎ᠠ᠃ ᠤᠳᠤᠭ᠂ ᠢᠷᠭᠠᠢ᠂ ᠶᠠᠨ ᠠᠨ ᠵᠡᠷᠬᠡ ᠬᠦᠷᠰᠢ ᠭᠠᠵᠠᠷ ᠤᠷᠤᠨ ᠲᠠᠢ ᠬᠤᠷᠰᠢᠬᠤ ᠳᠤᠭᠳᠠᠴᠠ ᠶᠢ ᠰᠦᠪᠡᠭᠴᠢᠯᠡᠵᠤ᠂ | ᠪᠤᠳᠠᠳᠠᠢ ᠲᠦᠷᠤ ᠶᠢᠨ ᠪᠤᠳᠤᠯᠭ᠎ᠠ ᠠᠷᠭ᠎ᠠ ᠠᠪᠴᠠᠯ ᠳᠤᠭᠳᠠᠭᠠᠨ᠂ ᠬᠠᠮᠳᠤ ᠪᠠᠷ ᠬᠤᠪᠢᠰᠬᠬᠠᠯᠳᠤ ᠬᠦᠮᠤᠵᠢᠯ ᠤᠨ ᠵᠢᠭᠤᠯᠴᠢᠯᠠᠯ ᠤᠨ ᠨᠡᠷᠡᠳᠤ ᠳᠡᠮᠳᠡᠭ ᠢ ᠪᠤᠢ | ᠪᠤᠯᠭᠠᠵᠤ᠂ ᠪᠦᠳᠤᠬᠡᠯᠴᠢ ᠭᠤᠤᠯ ᠰᠡᠳᠤᠪᠳᠤ ᠳᠠᠸᠠᠷ ᠭᠠᠷᠭᠠᠨ᠂ ᠤᠳᠤᠭ ᠤᠨ ᠡᠮᠤᠨᠡᠳᠤ ᠬᠤᠰᠢᠭᠤ ᠪᠠᠨ ᠰᠤᠶᠤᠯ ᠵᠢᠭᠤᠯᠴᠢᠯᠠᠯ ᠬᠦᠨᠵᠡᠬᠡᠢ ᠠᠭᠤᠰᠤᠯᠴᠠᠭᠰᠡᠨ᠂ | ᠬᠤᠪᠢᠰᠬᠠᠯᠳᠤ ᠬᠦᠮᠤᠵᠢᠯ ᠪᠤᠬᠢᠷᠳᠤᠯ ᠦᠬᠡᠢ ᠤᠷᠴᠢᠨ ᠤᠶᠠᠯᠳᠤᠭᠰᠡᠨ᠂ ᠠᠵᠤ ᠤᠶᠢᠯᠡᠰ ᠤᠷᠤᠨ ᠠᠯᠤᠰᠯᠠᠨ ᠬᠤᠯᠪᠤᠭᠠᠯᠠᠭᠰᠡᠨ᠂ ᠦᠷ᠎ᠠ ᠪᠦᠳᠤᠮᠵᠢ ᠶᠢ ᠪᠦᠬᠦ | ᠠᠷᠠᠤᠨ ᠡᠳ᠋ᠯᠡᠭᠰᠡᠨ ᠬᠤᠪᠢᠰᠬᠠᠯᠳᠤ ᠬᠦᠮᠤᠵᠢᠯ ᠤᠨ ᠰᠤᠳᠤᠯᠭ᠎ᠠ ᠰᠤᠷᠤᠯᠴᠠᠯᠭ᠎ᠠ ᠶᠢᠨ ᠵᠢᠭᠤᠯᠴᠢᠯᠠᠯ ᠤᠨ ᠳᠠᠭᠤᠷᠢᠶᠠᠯ ᠬᠤᠰᠢᠭᠤ ᠪᠤᠯᠭᠠᠨ ᠴᠤᠭᠴᠠᠯᠠᠨ᠎ᠠ᠃ | ︵ᠲᠦᠷᠪᠡ︶ ᠦᠨᠳᠤᠷ ᠪᠦᠳᠤᠮᠵᠢᠳᠤ ᠰᠢᠯᠢᠳᠡᠭᠵᠢᠯ ᠢ ᠪᠠᠷᠢᠮᠳᠠᠯᠠᠨ᠂ ᠬᠤᠳᠠᠯᠳᠤᠭ᠎ᠠ ᠡᠵᠡᠩᠨᠡᠯᠳᠠ ᠶᠢᠨ ᠰᠢᠯᠢᠳᠡᠭ ᠤᠷᠴᠢᠨ ᠢ ᠪᠦᠷᠢᠯᠳᠤᠬᠦᠯᠤᠨ᠎ᠠ᠃ | ᠬᠤᠳᠠᠯᠳᠤᠭ᠎ᠠ ᠡᠵᠡᠩᠨᠡᠯᠳᠠ ᠶᠢᠨ ᠤᠷᠴᠢᠨ ᠪᠤᠯ ᠭᠠᠵᠠᠷ ᠤᠷᠤᠨ ᠤ ᠠᠵᠤ ᠠᠬᠤᠢ ᠶᠢᠨ ᠨᠦᠯᠤᠬᠡᠯᠡᠬᠦ ᠬᠦᠴᠤᠨ ᠪᠠ ᠶᠡᠷᠤᠩᠬᠡᠶᠢᠯᠡᠭᠰᠡᠨ ᠦᠷᠢᠰᠤᠯᠳᠤᠬᠦ ᠬᠦᠴᠤᠨ ᠤ | ᠲᠦᠪᠯᠡᠷᠡᠩᠬᠦᠢ ᠢᠯᠡᠷᠡᠯ ᠪᠤᠯᠬᠤᠷ ᠡᠷᠬᠡᠪᠰᠢ ᠬᠤᠳᠠᠯᠳᠤᠭ᠎ᠠ ᠡᠵᠡᠩᠨᠡᠯᠳᠠ ᠶᠢᠨ ᠤᠷᠴᠢᠨ ᠳᠤᠭᠤᠷᠢᠨ ᠢ ᠰᠢᠯᠢᠳᠡᠭᠵᠢᠬᠦᠯᠬᠦ ᠶᠢ ︽ᠠᠷᠪᠠᠨ ᠲᠦᠷᠪᠡᠳᠤᠬᠡᠷ ᠳᠠᠪᠤᠨ ᠵᠢᠯ︾ | ᠤᠨ ᠡᠬᠢᠯᠡᠯᠳᠠ ᠶᠢᠨ ᠭᠤᠤᠯ ᠭᠠᠷᠳᠠᠴᠠ ᠪᠤᠯᠭᠠᠵᠤ᠂ ᠵᠠᠬ᠎ᠠ ᠳᠡᠯᠬᠡᠬᠦᠷ ᠤᠨ ᠭᠤᠤᠯ ᠴᠤᠭᠴᠠ ᠶᠢᠨ ᠬᠠᠮᠤᠭ ᠠᠴᠠ ᠬᠠᠯᠠᠮᠵᠢᠯᠠᠵᠤ ᠪᠠᠶᠢᠭ᠎ᠠ ᠠᠵᠢᠯ ᠠᠴᠠ ᠭᠠᠷᠳᠠᠵᠤ᠂ | ᠠᠷᠠᠤᠨ ᠲᠦᠮᠡᠨ ᠤ ᠬᠠᠮᠤᠭ ᠠᠴᠠ ᠬᠠᠨᠤᠮᠵᠢ ᠦᠬᠡᠢ ᠵᠦᠢᠯ ᠠᠴᠠ ᠵᠠᠯᠠᠷᠠᠭᠤᠯᠤᠨ᠂ ᠬᠤᠳᠠᠯᠳᠤᠭ᠎ᠠ ᠡᠵᠡᠩᠨᠡᠯᠳᠠ ᠶᠢᠨ ᠤᠷᠴᠢᠨ ᠳᠤᠭᠤᠷᠢᠨ ᠤ ᠲᠦᠪᠰᠢᠨ ᠤ ᠪᠦᠬᠦ | ᠳᠠᠯ᠎ᠠ ᠶᠢᠨ ᠳᠡᠬᠡᠭᠰᠢᠯᠡᠯᠳᠠ ᠶᠢ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭ᠎ᠠ ᠡᠵᠡᠩᠨᠡᠯᠳᠠ ᠶᠢᠨ ᠤᠷᠴᠢᠨ ᠢᠶᠠᠷ ᠬᠠᠮᠤᠭ ᠰᠢᠯᠢᠳᠡᠭ ᠬᠤᠰᠢᠭᠤ ᠶᠢ | ᠴᠢᠷᠮᠠᠶᠢᠨ ᠴᠤᠭᠴᠠᠯᠠᠨ᠎ᠠ᠃ ᠦᠵᠡᠯ ᠰᠠᠨᠠᠭᠠᠨ ᠤ ᠴᠢᠯᠤᠬᠡᠯᠡᠯᠳᠠ ᠪᠠᠷ ᠬᠠᠮᠳᠤᠷᠠᠯ ᠬᠦᠴᠤᠨ ᠢ ᠨᠢᠭᠳᠠᠷᠠᠭᠤᠯᠤᠨ᠎ᠠ᠃ ᠠᠵᠢᠯ ᠲᠥᠷᠥᠯ ᠤᠨ ᠲᠤᠰᠬᠠᠢ ᠮᠡᠷᠬᠡᠵᠢᠯᠳᠠᠨ | ᠢᠶᠠᠷ ᠳᠤᠰᠬᠠᠢ ᠰᠡᠳᠤᠪᠳᠤ ᠳᠠᠶᠢᠯᠤᠮᠵᠢ ᠬᠢᠯᠬᠡᠵᠤ᠂ ᠬᠤᠳᠠᠯᠳᠤᠭ᠎ᠠ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠬᠦ ᠲᠦᠷᠤ ᠶᠢᠨ ᠪᠤᠳᠤᠯᠭ᠎ᠠ ᠠᠷᠭ᠎ᠠ ᠠᠪᠴᠠᠯ ᠢ | ᠠᠯᠪᠠᠨ ᠪᠠᠶᠢᠭᠤᠯᠭ᠎ᠠ᠂ ᠠᠵᠤ ᠠᠬᠤᠶᠢᠯᠠᠯ ᠳᠤ ᠤᠬᠠᠭᠤᠯᠵᠤ᠂ ᠪᠠᠶᠢᠴᠠᠭᠠᠯᠳᠠ ᠶᠢᠨ ᠬᠠᠭᠤᠳᠠᠰᠤ ᠳᠠᠷᠬᠠᠭᠠᠬᠤ᠂ ᠰᠠᠭᠤᠳᠠᠯ ᠤᠨ ᠬᠤᠷᠠᠯ ᠬᠢᠬᠦ᠂ ᠠᠬᠤᠢ ᠳᠠᠯᠠᠪᠠᠢ ᠳᠤ | ᠪᠠᠶᠢᠴᠠᠭᠠᠨ ᠰᠤᠳᠤᠯᠬᠤ᠂ ᠭᠤᠷᠪᠠᠳᠤᠭᠠᠷ ᠳᠠᠯ᠎ᠠ ᠠᠴᠠ ᠦᠨᠡᠯᠡᠬᠦ ᠵᠡᠷᠬᠡ ᠠᠷᠭ᠎ᠠ ᠠᠪᠴᠠᠯ ᠢᠶᠠᠷ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠳ ᠤᠨ ᠥᠵᠡᠯ ᠰᠠᠨᠠᠭᠠᠨ | ᠤ ︽ᠵᠠᠰᠠᠭ ᠤᠨ ᠤᠷᠳᠤᠨ ᠤ ᠰᠡᠤᠨᠬᠢᠮᠵᠢ︾ ᠠᠴᠠ ︽ᠠᠷᠠᠤᠨ ᠢᠶᠠᠷ ᠦᠨᠳᠤᠰᠤᠯᠡᠬᠦ ᠰᠡᠤᠨᠬᠢᠮᠵᠢ︾᠂ ︽ᠠᠵᠤ ᠠᠬᠤᠶᠢᠯᠠᠯ ᠤᠨ ᠬᠠᠷᠠᠭᠠᠰᠤ︾ ᠳᠠᠶᠢᠰᠢᠬᠢ | ᠰᠢᠯᠵᠢᠯᠳᠠ ᠶᠢ ᠠᠬᠢᠭᠤᠯᠵᠤ᠂ ︽ᠬᠡᠷᠬᠢᠨ ᠬᠢᠬᠦ︾ ᠬᠡᠰᠡᠨ ᠢ ᠢᠯᠡᠬᠦᠬᠡᠨ ᠪᠤᠳᠤᠯᠬᠢᠯᠡᠨ᠂ ︽ᠬᠢᠵᠤ ᠪᠤᠯᠬᠤ ᠦᠬᠡᠢ︾ ᠬᠡᠰᠡᠨ ᠢ ᠪᠤᠯᠭᠤᠮᠵᠢᠯᠡᠨ ᠬᠡᠯᠡᠵᠤ᠂ ᠦᠨᠡᠨᠬᠦ | ︽ᠦᠵᠡᠯ ᠰᠠᠨᠠᠭᠠᠨ ᠤ ᠴᠢᠯᠤᠬᠡᠯᠡᠯᠳᠠ︾ ᠪᠠᠷ ᠢᠶᠠᠨ ᠬᠠᠮᠳᠤ ᠶᠢᠨ ᠦᠵᠡᠯᠳᠠ ᠶᠢ ᠨᠢᠭᠳᠠᠷᠠᠭᠤᠯᠵᠤ᠂ ︽ᠬᠦᠮᠤᠨ ᠪᠥᠭᠦᠳᠡ᠂ ᠤᠴᠢᠷ ᠪᠤᠯᠭᠠᠨ ᠬᠤᠳᠠᠯᠳᠤᠭ᠎ᠠ | ᠡᠵᠡᠩᠨᠡᠯᠳᠠ ᠶᠢᠨ ᠤᠷᠴᠢᠨ ᠳᠤᠭᠤᠷᠢᠨ ᠲᠠᠢ ᠬᠤᠯᠪᠤᠭᠳᠠᠬᠤ︾ ᠦᠵᠡᠯ ᠤᠬᠠᠮᠰᠠᠷ ᠢ ᠪᠤᠢ ᠪᠤᠯᠭᠠᠨ᠂ ᠠᠳᠠᠯ ᠥᠢᠯᠡᠰ ᠪᠥᠳᠥᠭᠡᠭᠦ ᠢᠳᠡᠭᠡᠯ ᠢᠶᠠᠨ ᠭᠥᠪᠴᠢᠯᠡᠨᠡ᠃ | ᠰᠣᠷᠲᠠᠯ ᠤᠨ ᠬᠤᠪᠢᠷᠠᠭᠤᠯᠤᠯᠳᠠ ᠪᠠᠷ ᠰᠢᠪᠳᠤᠯᠤᠯᠳᠠ ᠪᠤᠯᠭᠠᠨ ᠵᠠᠮ ᠨᠡᠬᠡᠬᠡᠨ ᠤᠷᠤᠭᠰᠢᠯᠡᠨᠡ᠃ ᠦᠢᠯᠡᠴᠢᠯᠡᠭᠡᠨ ᠤ ᠰᠠᠯᠠᠭ᠎ᠠ ᠮᠦᠴᠢᠷ ᠤᠨ ᠰᠣᠷᠲᠠᠯ ᠴᠡᠭᠴᠡᠯᠡᠯᠳᠠ | ᠶᠢᠨ ᠲᠤᠰᠬᠠᠢ ᠲᠦᠷᠦᠯ ᠤᠨ ᠠᠵᠢᠯᠯᠠᠭᠠᠨ ᠢ ᠬᠦᠨᠵᠡᠭᠡᠢ ᠦᠷᠨᠢᠬᠦᠯᠵᠦ᠂ ᠭᠤᠤᠯᠳᠠᠯᠭᠠᠲᠤ ᠬᠦᠷᠢᠶ᠎ᠡ ᠴᠠᠷᠠᠭ᠎ᠠ᠂ ᠵᠠᠩᠭᠢᠯᠠᠭ᠎ᠠ ᠭᠤᠭᠴᠤᠭᠠᠨ ᠳᠤ ᠨᠠᠶᠢᠲᠡᠮ ᠣᠷᠣᠰᠢᠵᠦ | ᠪᠦᠬᠦᠢ ᠳᠤᠰᠬᠠᠯ ᠴᠢᠩᠭ᠎ᠠ᠂ ᠵᠠᠰᠠᠯᠲᠠ ᠬᠢᠬᠡᠳ ᠴᠡᠭᠴᠡᠯᠡᠭᠳᠡᠭᠡᠬᠦᠢ ᠳᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠳᠦᠷᠢᠮ ᠲᠤᠭᠲᠠᠭᠠᠯ ᠢᠶᠠᠷ | ᠵᠠᠯᠬᠠᠭᠠᠨ ᠴᠡᠭᠡᠷᠯᠡᠬᠦᠯᠬᠦ᠂ ᠬᠦᠮᠤᠵᠢᠬᠦᠯᠤᠨ ᠵᠢᠯᠤᠭᠤᠤᠨᠬᠤ ᠶᠢ ᠬᠠᠮᠳᠤ ᠳᠤ ᠨᠢ ᠡᠷᠴᠢᠮᠵᠢᠬᠦᠯᠬᠦ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠤᠷᠴᠢᠨ ᠢ | ᠪᠤᠬᠢᠷᠳᠤᠭᠤᠯᠵᠤ ᠪᠠᠶᠢᠭ᠎ᠠ ︽ᠰᠣᠷᠲᠠᠯ ᠤᠨ ᠸᠢᠷᠦ᠋ᠰ︾ ᠢ ᠡᠷᠡᠰ ᠴᠢᠩᠭ᠎ᠠ ᠪᠠᠷ ᠠᠷᠢᠯᠭᠠᠨ᠎ᠠ᠃ ᠠᠵᠤ ᠠᠬᠤᠶᠢᠯᠠᠯ ᠤᠨ ᠪᠦᠬᠦ ᠦᠶᠡᠯᠡᠬᠦ ᠬᠤᠭᠤᠴᠠᠭᠠᠨ ᠤ | ᠦᠢᠯᠡᠴᠢᠯᠡᠭᠡᠨ ᠤ ᠬᠡᠯᠬᠢᠶᠡᠵᠢᠯ ᠢ ᠪᠠᠶᠢᠭᠤᠯᠤᠨ᠂ ᠲᠦᠷᠦᠯ ᠵᠦᠢᠯ ᠢ ᠡᠬᠦᠰᠬᠡᠬᠦ᠂ ᠪᠠᠶᠢᠴᠠᠭᠠᠨ ᠦᠵᠡᠬᠦ᠂ ᠵᠦᠪᠳᠡᠯᠴᠡᠬᠦ᠂ ᠭᠡᠷ᠎ᠡ ᠪᠠᠶᠢᠭᠤᠯᠬᠤ ᠠᠴᠠ ᠪᠠᠷᠢᠯᠭ᠎ᠠ | ᠡᠬᠢᠯᠡᠬᠦᠯᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠪᠦᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠦᠢᠯᠡᠴᠢᠯᠡᠭᠡᠨ ᠤ ᠲᠤᠭᠲᠠᠴᠠ ᠶᠢ | ᠪᠠᠶᠢᠭᠤᠯᠵᠤ᠂ ᠰᠠᠷ᠎ᠠ ᠪᠤᠯᠭᠠᠨ ᠨᠢᠭᠡ ᠤᠳᠠᠭ᠎ᠠ ︽ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠰᠠᠭᠤᠳᠠᠯ ᠤᠨ ᠬᠤᠷᠠᠯ︾ ᠢ ᠵᠤᠬᠢᠶᠠᠨ ᠪᠠᠶᠢᠭᠤᠯᠤᠨ᠂ | ᠵᠠᠰᠠᠭ ᠠᠵᠤ ᠠᠬᠤᠶᠢᠯᠠᠯ ᠤᠨ ᠬᠠᠷᠢᠯᠴᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ ︽ᠲᠤᠲᠤᠨᠤ ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠴᠢᠨ ᠤ | ᠬᠠᠷᠢᠴᠠᠭ᠎ᠠ ᠶᠢ ᠪᠠᠶᠢᠭᠤᠯᠤᠨ᠂ ᠺᠠᠳ᠋ᠷᠴᠣᠳ ᠤᠨ ᠰᠠᠶᠢᠨ ᠰᠣᠷᠲᠠᠯ ᠢᠶᠠᠷ ᠠᠵᠤ ᠠᠬᠤᠶᠢᠯᠠᠯ ᠪᠠ ᠣᠯᠠᠨ ᠲᠦᠮᠡᠨ ᠤ ᠰᠠᠶᠢᠰᠢᠶᠠᠯ ᠢ ᠦᠨᠡᠨ ᠬᠦ ᠣᠯᠵᠣ᠂ ᠬᠤᠳᠠᠯᠳᠤᠭ᠎ᠠ | ᠡᠵᠡᠩᠨᠡᠬᠦ ᠰᠠᠶᠢᠨ ᠣᠷᠴᠢᠨ ᠢ ᠪᠦᠷᠢᠯᠳᠤᠬᠦᠯᠤᠨ᠎ᠠ᠃ ᠰᠢᠪᠲᠤᠯᠤᠯᠲᠠ ᠶᠢᠨ ᠠᠵᠢᠯᠯᠠᠭ᠎ᠠ ᠪᠠᠷ ᠦᠨᠳᠦᠷ ᠪᠦᠳᠤᠮᠵᠢ ᠶᠢ ᠠᠬᠢᠭᠤᠯᠤᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠦᠬᠦᠴᠡᠯ ᠤᠨ ᠰᠢᠯᠢᠳᠡᠭᠵᠢᠬᠦᠯᠦᠯᠲᠡ ᠶᠢᠨ ᠬᠤᠶᠠᠷ ᠵᠢᠯ ᠤᠨ ᠰᠢᠪᠳᠤᠯᠤᠯᠳᠠ ᠶᠢᠨ ᠠᠵᠢᠯᠯᠠᠭᠠᠨ ᠤ ᠲᠦᠰᠦᠯ ᠢ ᠲᠤᠭᠲᠠᠭᠠᠨ᠂ ᠱᠠᠲᠤ ᠱᠠᠲᠤ ᠪᠠᠷ ᠡᠬᠦᠷᠭᠡ | ᠬᠤᠪᠢᠶᠠᠷᠢᠯᠠᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠎ᠠ᠃ ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠡᠭᠦᠷᠭᠡ ᠳᠤᠰᠢᠶᠠᠯᠳᠤ ᠰᠠᠯᠠᠭ᠎ᠠ ᠮᠦᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠬᠦ ᠠᠵᠢᠯ ᠤᠨ ᠲᠤᠭᠲᠠᠮᠠᠯ ᠬᠤᠭᠤᠴᠠᠭ᠎ᠠ ᠲᠠᠢ ᠦᠨᠡᠯᠡᠯᠳᠠ ᠶᠢᠨ | ᠲᠦᠷᠢᠮ ᠢ ᠬᠡᠷᠡᠭᠵᠢᠬᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠤ ᠰᠢᠯᠢᠳᠡᠭᠵᠢᠬᠦᠯᠦᠯᠲᠡ ᠶᠢ ᠪᠦᠲᠦᠮᠵᠢ ᠶᠢᠨ ᠬᠢᠨᠠᠨ ᠰᠢᠯᠭᠠᠯᠲᠠ ᠳᠤ ᠣᠷᠣᠭᠤᠯᠵᠣ᠂ ᠭᠡᠳᠡᠷᠬᠦ | ᠱᠠᠯᠠᠪᠳᠠᠭᠤᠯᠬᠤ ᠲᠤᠭᠲᠠᠴᠠ ᠶᠢ ᠪᠦᠷᠢᠯᠳᠤᠬᠦᠯᠤᠨ᠎ᠠ᠃ ᠦᠨᠡᠨᠴᠢ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠩ ᠡᠷᠬᠡ ᠳᠡᠭᠰᠢ᠂ ᠨᠡᠩ | ᠪᠣᠯᠪᠠᠰᠣᠷᠠᠩᠭᠤᠢ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠪᠦᠬᠦ ᠬᠦᠴᠦᠨ ᠢᠶᠠᠷ ᠪᠦᠷᠢᠯᠳᠤᠬᠦᠯᠤᠨ᠎ᠠ᠃ ︽ᠬᠠᠤᠯᠢ ᠳᠤ ᠴᠠᠭᠠᠵᠠᠯᠠᠬᠤ ᠦᠭᠡᠢ ᠵᠦᠢᠯᠡᠰ ᠢ ᠬᠢᠬᠦ︾ | ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ | ᠨᠠᠶᠢᠲᠠᠪᠤᠷᠢᠵᠢᠭᠤᠯᠤᠨ᠂ ᠠᠵᠤ ᠠᠬᠤᠶᠢᠯᠠᠯᠲᠠᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠵᠤ᠂ ᠠᠵᠤ ᠠᠬᠤᠶᠢᠯᠠᠯ ᠤᠨ ᠬᠡᠪ ᠤᠨ | ᠤᠶᠢᠯᠡᠤᠨᠪᠤᠷᠢᠯᠡᠯ ᠡᠵᠡᠩᠨᠡᠯᠳᠠ ᠶᠢ ᠪᠠᠲᠤᠯᠠᠨ᠂ ᠨᠡᠩ ᠲᠤᠭᠲᠠᠭᠤᠨ᠂ ᠨᠡᠩ ᠡᠷᠡᠮᠡᠯᠵᠡᠯ ᠲᠠᠢ ᠬᠠᠣᠯᠢ ᠪᠠᠷ ᠵᠠᠰᠠᠬᠤ ᠣᠷᠴᠢᠨ ᠢ ᠪᠦᠬᠦ ᠬᠦᠴᠦᠨ ᠢᠶᠠᠷ ᠪᠦᠳᠤᠬᠡᠨᠡ᠃ | ᠴᠢᠳᠠᠪᠤᠷᠢᠲᠠᠨ ᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠬᠦᠯᠵᠦ᠂ ᠴᠢᠳᠠᠪᠤᠷᠢᠲᠠᠨ ᠢ ᠣᠷᠣᠭᠤᠯᠣᠨ ᠠᠪᠴᠢᠷᠠᠬᠤ᠂ ᠰᠠᠶᠢᠲᠤᠷ ᠬᠡᠷᠡᠭᠯᠡᠬᠦ᠂ ᠦᠯᠡᠳᠡᠭᠡᠨ | ᠠᠪᠬᠤ ᠶᠢ ᠨᠡᠩ ᠴᠢᠬᠤᠯᠠᠴᠢᠯᠠᠨ᠂ ᠨᠡᠩ ᠪᠠᠭᠲᠠᠭᠠᠮᠵᠢᠲᠠᠢ᠂ ᠨᠡᠩ ᠴᠢᠯᠦᠭᠡᠲᠡᠢ ᠴᠢᠳᠠᠪᠤᠷᠢᠲᠠᠨ ᠤ ᠤᠷᠴᠢᠨ ᠢ ᠪᠦᠷᠢᠯᠳᠤᠬᠦᠯᠤᠨ᠎ᠠ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠲᠦᠪᠯᠡᠷᠡᠩᠭᠦᠢ ᠪᠠᠷ ᠬᠢᠨᠠᠨ ᠴᠤᠬᠤᠯᠠᠪᠤᠷᠢᠯᠠᠬᠤ ᠬᠤᠯᠪᠤᠭᠠᠳᠤ ᠲᠤᠭᠲᠠᠴᠠ ᠶᠢ ᠦᠷᠬᠦᠯᠵᠢᠬᠦᠶᠢᠴᠡ | ᠠᠬᠢᠭᠤᠯᠤᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠰᠦᠯᠵᠢᠶᠡᠨ ᠳᠡᠭᠡᠷ᠎ᠡ ᠬᠦᠢᠴᠡᠳᠬᠡᠬᠦ᠂ ᠭᠠᠷ ᠤᠲᠠᠰᠣᠨ ᠳᠡᠭᠡᠷ᠎ᠡ ᠬᠦᠢᠴᠡᠳᠬᠡᠬᠦ᠂ ᠣᠶᠢᠷ᠎ᠠ ᠬᠠᠪᠢ ᠳᠤ | ᠬᠦᠢᠴᠡᠳᠬᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠬᠦᠢᠴᠡᠳᠬᠡᠬᠦ ᠪᠠ ᠠᠬᠤᠢ ᠲᠠᠯᠠᠪᠠᠢ ᠳᠤ ᠬᠦᠢᠴᠡᠳᠬᠡᠬᠦ ᠴᠤᠭᠴᠠᠵᠢᠭᠤᠯᠤᠯᠲᠠ ᠶᠢ ᠪᠡᠶᠡᠯᠡᠬᠦᠯᠦᠨ᠂ ᠨᠡᠩ | ᠦᠨᠳᠦᠷ ᠪᠦᠲᠦᠮᠵᠢᠲᠡᠢ᠂ ᠨᠡᠩ ᠰᠢᠯᠢᠳᠡᠭ ᠦᠢᠯᠡᠴᠢᠯᠡᠭᠡᠨ ᠤ ᠣᠷᠴᠢᠨ ᠠᠬᠤᠢ ᠶᠢ ᠪᠦᠬᠦ ᠬᠦᠴᠦᠨ ᠢᠶᠠᠷ ᠪᠦᠷᠢᠯᠳᠤᠬᠦᠯᠤᠨ᠎ᠠ᠃ ᠲᠤᠭᠤᠷᠢᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠯᠳᠠ ᠶᠢ ᠴᠢᠩᠭᠠᠳᠬᠠᠵᠤ᠂ ᠳᠦᠷᠢᠮ ᠲᠤᠭᠲᠠᠭᠠᠯ᠂ ᠶᠠᠪᠤᠴᠠ ᠵᠢᠷᠤᠮᠯᠠᠯ᠂ ᠦᠢᠯᠡᠴᠢᠯᠡᠭᠡ᠂ ᠡᠭᠦᠷᠭᠡ | ᠬᠠᠷᠢᠭᠤᠴᠠᠯᠭ᠎ᠠ ᠵᠡᠷᠭᠡ ᠲᠠᠯ᠎ᠠ ᠶᠢᠨ ᠪᠠᠭᠤᠷᠠᠢ ᠭᠤᠭᠴᠤᠭᠠᠨ ᠳᠤ ᠠᠩᠬᠠᠷᠤᠯ ᠢᠶᠠᠨ ᠲᠦᠪᠯᠡᠷᠡᠬᠦᠯᠦᠨ᠂ ᠪᠤᠢ ᠪᠦᠬᠦᠢ ᠠᠰᠠᠭᠤᠳᠠᠯ ᠢ ᠴᠡᠭᠴᠡᠯᠡᠨ ᠵᠠᠰᠠᠵᠤ | ᠤᠷᠤᠨᠵᠢᠭᠤᠯᠬᠤ ᠶᠢ ᠪᠠᠳᠤᠯᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠰᠢᠨ᠎ᠡ ᠠᠷᠭ᠎ᠠ ᠠᠪᠴᠠᠯ ᠰᠢᠨ᠎ᠡ ᠦᠷ᠎ᠡ ᠪᠦᠲᠦᠮᠵᠢ ᠶᠢ | ᠶᠡᠬᠡᠪᠡᠷ ᠣᠬᠠᠭᠤᠯᠵᠤ᠂ ᠠᠵᠤ ᠠᠬᠤᠶᠢᠯᠠᠯ᠂ ᠣᠯᠠᠨ ᠲᠦᠮᠡᠨ ᠢᠶᠠᠷ ᠬᠢᠨᠠᠯᠲᠠ ᠳᠠᠯᠪᠢᠭᠤᠯᠤᠨ᠂ ︽ᠬᠦᠮᠦᠨ ᠪᠦᠬᠦᠨ ᠣᠷᠣᠯᠴᠠᠬᠤ᠂ ᠬᠦᠮᠦᠨ ᠪᠣᠯᠭᠠᠨ ᠬᠢᠨᠠᠯᠲᠠ | ᠲᠠᠯᠪᠢᠬᠤ︾ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠪᠠᠶᠢᠭᠤᠯᠤᠯᠲᠠ ᠶᠢᠨ ᠠᠬᠤᠢ ᠪᠠᠶᠢᠳᠠᠯ ᠢ ᠪᠣᠢ ᠪᠣᠯᠭᠠᠬᠤ ᠶᠢ ᠠᠬᠢᠭᠤᠯᠤᠨ᠎ᠠ᠃ | ︵ᠲᠠᠪᠤ︶ ᠦᠨᠳᠦᠷ ᠬᠢᠷᠢ ᠳᠦᠪᠰᠢᠨ ᠲᠠᠢ ᠪᠠᠷ ᠲᠦᠯᠤᠪᠵᠢᠬᠦᠯᠬᠦ ᠶᠢ ᠪᠠᠷᠢᠮᠲᠠᠯᠠᠵᠤ᠂ ᠣᠷᠣᠰᠢᠨ ᠰᠠᠭᠤᠬᠤ ᠦᠢᠡᠯᠰ ᠪᠦᠲᠦᠭᠡᠬᠦ ᠳᠤ ᠳᠤᠬᠢᠳᠠᠢ ᠨᠤᠳᠤᠭ | ᠤᠷᠤᠨ ᠢ ᠴᠤᠭᠴᠠᠯᠠᠨ᠎ᠠ᠃ ᠣᠯᠣᠰ ᠤᠨ ᠨᠣᠲᠤᠭ ᠳᠡᠪᠢᠰᠭᠡᠷ ᠤᠨ ᠣᠷᠣᠨ ᠵᠠᠢ ᠶᠢᠨ ᠶᠠᠷᠦᠩᠬᠡᠢ ᠴᠤᠭᠴᠠ ᠶᠢᠨ ᠲᠦᠯᠦᠪᠵᠢᠬᠦᠯᠭᠡ ᠶᠢ ᠲᠤᠭᠤᠷᠪᠢᠨ ᠨᠠᠶᠢᠷᠠᠭᠤᠯᠬᠤ ᠶᠢ | ᠲᠦᠷᠭᠡᠳᠬᠡᠵᠦ᠂ ︽ᠣᠯᠠᠨ ᠲᠦᠯᠦᠪᠵᠢᠬᠦᠯᠭᠡ ᠶᠢ ᠨᠢᠬᠡᠳᠬᠡᠬᠦ︾ ᠶᠢ ᠠᠬᠢᠭᠤᠯᠤᠨ᠂ ᠬᠤᠲᠠ ᠪᠠᠯᠭᠠᠰᠣᠨ ᠤ ᠬᠡᠪ ᠴᠢᠨᠰᠠᠭ᠎ᠠ ᠶᠢ ᠳᠡᠭᠡᠭᠰᠢᠯᠡᠬᠦᠯᠵᠦ᠂ ᠦᠪᠡᠷᠮᠢᠴᠡ | ᠣᠨᠴᠠᠯᠢᠭᠲᠤ ᠬᠦᠳᠡᠭᠡ ᠲᠤᠰᠬᠤᠨ ᠢ ᠪᠠᠶᠢᠭᠤᠯᠤᠨ᠂ ᠬᠤᠲᠠ ᠬᠦᠳᠡᠭᠡ ᠶᠢᠨ ᠬᠦᠭᠵᠢᠬᠦᠯᠦᠯᠲᠡ ᠶᠢᠨ ᠬᠡᠪ ᠳᠦᠷᠬᠦ ᠶᠢ ᠨᠡᠩ ᠭᠡᠭᠡᠮᠰᠦᠭ᠂ ᠠᠭᠤᠯᠬᠤᠨ ᠢ ᠨᠡᠩ | ᠬᠦᠨᠵᠡᠬᠡᠢ᠂ ᠪᠠᠶᠢᠷᠢᠯᠠᠭᠤᠯᠤᠯᠲᠠ ᠶᠢ ᠨᠡᠩ ᠰᠢᠯᠢᠳᠡᠭ ᠪᠤᠯᠭᠠᠨ᠎ᠠ᠃ ᠬᠤᠲᠠ ᠪᠠᠯᠭᠠᠰᠤ ᠶᠢ ᠰᠢᠨᠡᠴᠢᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ ᠣᠯᠠᠨ ᠲᠦᠮᠡᠨ | ᠤ ᠳᠤᠰᠬᠠᠯ ᠳᠣᠪᠣᠶᠢᠮ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠬᠠᠭᠤᠴᠢᠨ ᠰᠠᠭᠤᠭᠠᠯᠢ ᠲᠤᠭᠤᠷᠢᠭ ᠤᠨ ᠴᠢᠨᠠᠷ ᠢ ᠳᠡᠭᠡᠭᠰᠢᠯᠡᠬᠦᠯᠬᠦ | ᠦᠭᠡᠷᠡᠴᠢᠯᠡᠯᠲᠡ ᠶᠢ ᠲᠦᠷᠭᠡᠳᠬᠡᠨ᠂ ᠬᠤᠲᠠ ᠶᠢᠨ ᠶᠠᠪᠤᠳᠠᠯ ᠤᠨ ᠰᠠᠭᠤᠷᠢ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠰᠣᠷᠭᠠᠭᠤᠯᠢ ᠶᠢᠨ ᠲᠤᠭᠤᠷᠢᠨ ᠤ ᠲᠡᠷᠭᠡᠨ | ᠵᠤᠭᠰᠣᠭᠠᠯ ᠤᠨ ᠲᠦᠷᠦᠯ ᠵᠦᠢᠯ ᠢ ᠬᠡᠷᠡᠭᠵᠢᠬᠦᠯᠦᠨ᠂ ᠱᠠᠩᠬᠠᠢ ᠶᠢᠨ ᠰᠦᠮ᠎ᠡ ᠶᠢᠨ ᠰᠢᠯᠵᠢᠭᠰᠡᠨ ᠮᠠᠯᠴᠢᠨ ᠲᠠᠷᠢᠶᠠᠴᠢᠨ ᠤ ᠰᠠᠭᠤᠭᠠᠯᠢ ᠲᠤᠭᠤᠷᠢᠭ ᠤᠨ | ᠳᠦᠬᠦᠭᠡᠷᠦᠮᠵᠢ ᠪᠦᠷᠢᠨ ᠪᠤᠰᠤ᠂ ᠭᠡᠷ ᠪᠠᠶᠢᠰᠢᠩ ᠭᠤᠭᠤᠵᠢᠬᠤ ᠵᠡᠷᠭᠡ ᠠᠰᠠᠭᠤᠳᠠᠯ ᠢ ᠡᠷᠴᠢᠮᠲᠡᠢ ᠰᠢᠢᠤᠨᠪᠤᠷᠢᠯᠡᠨ᠎ᠡ᠃ ᠬᠤᠭ ᠨᠣᠪᠰᠢ ᠶᠢᠨ ᠲᠦᠷᠦᠯ ᠬᠤᠪᠢᠶᠠᠯᠳᠠ | ᠶᠢ ᠬᠦᠨᠵᠡᠭᠡᠢ ᠠᠬᠢᠭᠤᠯᠵᠦ᠂ ᠣᠯᠵᠠᠴᠢ ᠪᠠᠯᠭᠠᠰᠣᠨ ᠳᠤ ᠵᠢᠵᠢᠭ ᠬᠡᠯᠪᠡᠷᠢ ᠶᠢᠨ ᠬᠤᠭ ᠨᠣᠪᠰᠢ ᠶᠢ ᠰᠢᠯᠵᠢᠬᠦᠯᠤᠨ ᠳᠡᠬᠡᠬᠡᠪᠤᠷᠢᠯᠡᠬᠦ ᠦᠷᠲᠡᠭᠡ ᠪᠠ ᠪᠣᠬᠢᠷ ᠣᠰᠣ | ᠴᠤᠭᠯᠠᠭᠤᠯᠬᠤ ᠠᠮᠠᠰᠠᠷ ᠢ ᠪᠠᠶᠢᠭᠤᠯᠤᠨ᠎ᠠ᠃ ᠨᠠᠩᠰᠣ ᠪᠠᠯᠭᠠᠰᠣ ᠰᠠᠭᠤᠷᠢ ᠳᠦᠬᠦᠭᠡᠷᠦᠮᠵᠢ ᠪᠠ ᠤᠯᠠᠨ ᠨᠠᠶᠢᠲᠠ ᠶᠢᠨ ᠦᠢᠯᠡᠴᠢᠯᠡᠭᠡᠨ ᠤ ᠲᠤᠲᠠᠭᠤᠳᠠᠯ ᠢᠶᠠᠨ ᠣᠯᠠᠮ | ᠨᠢᠭᠡ ᠠᠯᠬᠤᠮ ᠨᠦᠬᠦᠪᠦᠷᠢᠯᠡᠬᠦ ᠶᠢ ᠳᠡᠮᠵᠢᠨ᠎ᠠ᠃ ᠮᠠᠯᠵᠢᠬᠤ ᠲᠠᠷᠢᠶᠠᠯᠠᠬᠤ ᠤᠷᠤᠨ ᠤ 4G᠂ ᠬᠤᠲᠠ ᠪᠠᠯᠭᠠᠰᠣᠨ ᠤ 5G ᠵᠡᠷᠭᠡ ᠰᠢᠨ᠎ᠡ ᠰᠠᠭᠤᠷᠢ ᠦᠷᠳᠡᠬᠡᠨ ᠤ | ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠠᠮᠢᠳᠣᠷᠠᠯ ᠤᠨ ᠬᠡᠪ ᠴᠢᠨᠰᠠᠭ᠎ᠠ ᠶᠢ ᠲᠠᠰᠣᠷᠠᠯᠲᠠ ᠦᠭᠡᠢ ᠳᠡᠬᠡᠭᠰᠢᠯᠡᠬᠦᠯᠤᠨ᠎ᠠ᠃ | ᠬᠦᠳᠡᠭᠡ ᠲᠤᠰᠬᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ ᠠᠶᠢᠯ ᠲᠤᠰᠬᠤᠨ ᠤ ᠪᠦᠬᠦᠯᠢ ᠴᠤᠭᠴᠠ ᠶᠢᠨ ᠲᠦᠯᠦᠪᠵᠢᠬᠦᠯᠭᠡ ᠶᠢ ᠣᠯᠠᠮ | ᠨᠢᠭᠡ ᠠᠯᠬᠤᠮ ᠲᠡᠭᠦᠯᠳᠡᠷᠵᠢᠬᠦᠯᠵᠦ᠂ ᠰᠢᠨᠵᠢᠯᠡᠬᠦ ᠣᠬᠠᠭᠠᠨᠴᠢ ᠵᠦᠢ ᠵᠤᠬᠢᠰᠳᠠᠢ ᠬᠦᠳᠡᠭᠡ ᠲᠤᠰᠬᠤᠨ ᠤ ᠣᠷᠣᠨ ᠵᠠᠢ ᠶᠢᠨ ᠪᠠᠶᠢᠷᠢᠯᠠᠭᠤᠯᠤᠯᠲᠠ ᠶᠢ ᠪᠦᠷᠢᠯᠳᠤᠬᠦᠯᠤᠨ | ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠳᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭ᠎ᠠ ᠶᠢ | ᠨᠠᠶᠢᠲᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠢ ᠠᠬᠢᠭᠤᠯᠤᠨ᠂ ᠬᠤᠰᠢᠭᠤ | ᠪᠠᠯᠭᠠᠰᠤ ᠭᠠᠴᠠᠭ᠎ᠠ ᠲᠤᠰᠬᠤᠨ ᠭᠤᠷᠪᠠᠨ ᠱᠠᠲᠤᠨ ᠤ ᠪᠤᠳᠠᠰ ᠤᠨ ᠬᠦᠢᠯᠭᠡᠭᠡᠨ ᠤ ᠰᠢᠰᠲ᠋ᠧᠮ ᠢ ᠲᠡᠭᠦᠯᠳᠡᠷᠵᠢᠬᠦᠯᠵᠦ᠂ ᠬᠦᠳᠡᠭᠡ ᠲᠤᠰᠬᠤᠨ ᠤ ᠵᠠᠰᠠᠮᠠᠯ ᠵᠠᠮ ᠢ | ᠬᠡᠷᠡᠭᠴᠡᠭᠡ ᠶᠤᠰᠤᠭᠠᠷ ᠰᠢᠨ᠎ᠡ ᠪᠠᠷ ᠪᠠᠶᠢᠭᠤᠯᠤᠨ᠂ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠵᠢᠱᠢᠶ᠎ᠡ | ᠦᠵᠡᠬᠦᠯᠬᠦ ᠬᠤᠰᠢᠭᠤ ᠶᠢ ᠴᠤᠭᠴᠠᠯᠠᠨ᠎ᠠ᠃ ᠰᠣᠷᠭᠠᠨ ᠬᠦᠮᠦᠵᠢᠯ᠂ ᠡᠮ ᠡᠮᠨᠡᠯᠭᠡ᠂ ᠰᠢᠨᠵᠢᠯᠡᠭᠡ ᠮᠡᠷᠭᠡᠵᠢᠯ ᠵᠡᠷᠭᠡ ᠦᠢᠯᠡᠴᠢᠯᠡᠬᠡᠨ ᠤ ᠡᠬᠢ ᠰᠣᠷᠪᠣᠯᠵᠢ ᠬᠤᠤᠰ | ᠴᠢᠭᠯᠡᠯ ᠢᠶᠠᠷ ᠨᠡᠪᠲᠡᠷᠡᠯᠴᠡᠬᠦ ᠶᠢ ᠨᠢᠭᠡᠳᠦᠯᠲᠡᠢ ᠲᠦᠯᠦᠪᠵᠢᠬᠦᠯᠵᠦ᠂ ᠬᠤᠲᠠ ᠬᠦᠳᠡᠭᠡ ᠶᠢ ᠴᠤᠭᠴᠠᠵᠢᠭᠤᠯᠤᠭᠰᠠᠨ ᠲᠠᠩᠴᠡᠭᠦᠷᠢᠲᠡᠢ ᠬᠦᠭᠵᠢᠯᠲᠡ ᠶᠢ ᠠᠬᠢᠭᠤᠯᠤᠨ᠎ᠠ᠃ | ᠰᠠᠭᠤᠷᠢ ᠳᠦᠬᠦᠭᠡᠷᠦᠮᠵᠢ ᠶᠢᠨ ᠲᠦᠬᠦᠷᠴᠢᠯᠡᠯ ᠢ ᠴᠢᠩᠭᠠᠤᠨᠬᠠᠨ᠎ᠠ᠃ ᠬᠤᠶᠠᠷ ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠳᠡᠷᠬᠡ ᠨᠡᠪᠲᠡᠷᠡᠬᠦ ᠶᠢ ᠪᠦᠬᠦ ᠬᠦᠴᠦᠨ ᠢᠶᠠᠷ | ᠠᠬᠢᠭᠤᠯᠵᠦ᠂ ᠨᠠᠶᠢᠲᠠᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠦᠭᠡᠷᠡᠴᠢᠯᠡᠵᠦ ᠦᠷᠭᠡᠳᠬᠡᠨ ᠪᠠᠶᠢᠭᠤᠯᠬᠤ ᠪᠠᠷᠢᠯᠭ᠎ᠠ ᠶᠢ ᠠᠬᠢᠭᠤᠯᠤᠨ᠂ ᠣᠯᠣᠰ ᠤᠨ ᠴᠠᠬᠢᠯᠭᠠᠨ ᠤ | ᠱᠤᠸᠠᠩ ᠸᠧᠢ ᠶᠢᠨ ᠴᠠᠬᠢᠯᠭᠠᠨ ᠦᠢᠯᠡᠳᠪᠦᠷᠢ ᠶᠢᠨ ᠲᠠᠮᠦᠷ ᠵᠠᠮ ᠤᠨ ᠲᠤᠰᠬᠠᠢ ᠱᠤᠭᠤᠮ ᠢ ᠡᠬᠢᠯᠡᠨ ᠪᠠᠶᠢᠭᠤᠯᠵᠤ᠂ ᠪᠠᠷᠠᠭᠤᠨ ᠪᠡᠶ᠎ᠡ ᠶᠢᠨ ᠠᠭᠤᠷᠬᠠᠢ ᠶᠢᠨ ᠣᠷᠣᠨ ᠤ | ᠲᠡᠮᠦᠷ ᠵᠠᠮ ᠤᠨ ᠲᠤᠰᠬᠠᠢ ᠱᠤᠭᠤᠮ ᠪᠠ ᠣᠲᠤᠭ ᠤᠨ ᠡᠮᠦᠨᠡᠲᠦ ᠬᠤᠰᠢᠭᠤ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ ᠤᠨ ᠪᠠᠶᠢᠭᠤᠯᠤᠯᠲᠠ ᠶᠢ | ᠲᠦᠷᠭᠡᠳᠬᠡᠵᠦ ᠠᠬᠢᠭᠤᠯᠤᠨ᠂ ᠬᠦᠭᠵᠢᠯᠲᠡ ᠶᠢ ᠲᠤᠯᠭᠠᠭᠤᠷᠢᠯᠠᠬᠤ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠤᠨ᠎ᠠ᠃ | ︵ᠵᠢᠷᠭᠤᠭ᠎ᠠ︶ ᠳᠡᠭᠡᠳᠦ ᠵᠤᠭᠰᠤᠴᠠ ᠪᠠᠷ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠰᠡᠷᠭᠡᠶᠢᠯᠡᠯᠲᠡ ᠶᠢᠨ ᠱᠣᠭᠤᠮ ᠢ ᠪᠦᠬᠦ ᠬᠦᠴᠦᠨ ᠢᠶᠠᠷ | ᠪᠠᠬᠢᠵᠢᠬᠦᠯᠤᠨ᠎ᠠ᠃ ︽ᠣᠩᠭᠤᠨ ᠲᠠᠷᠬᠠᠨ ᠪᠠᠶᠢᠭᠠᠯᠢ ᠪᠤᠯ ᠦᠨᠡᠯᠡᠰᠢ ᠦᠭᠡᠢ ᠦᠪ ᠡᠷᠳᠡᠨᠢ︾ ᠬᠡᠬᠦ ᠦᠵᠡᠯᠲᠡ ᠶᠢ ᠬᠦᠨᠵᠡᠭᠡᠢ ᠦᠢᠯᠡᠳᠦᠯᠭᠡᠵᠢᠬᠦᠯᠦᠨ᠂ ᠠᠮᠢ ᠠᠬᠤᠢ | ᠣᠷᠴᠢᠨ ᠲᠤᠭᠤᠷᠢᠨ ᠤ ᠪᠠᠶᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠪᠣᠬᠢᠷᠳᠣᠯ ᠦᠭᠡᠢ ᠬᠦᠭᠵᠢᠬᠦᠯᠦᠯᠲᠡ ᠶᠢᠨ ᠦᠨᠳᠦᠰᠦ ᠰᠠᠭᠤᠷᠢ ᠶᠢ ᠰᠠᠶᠢᠲᠤᠷ | ᠬᠠᠮᠠᠭᠠᠯᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠤᠨᠬᠠᠨ᠎ᠠ᠃ ᠨᠣᠲᠤᠭ ᠪᠡᠯᠴᠢᠭᠡᠷ᠂ ᠣᠢ ᠰᠢᠭᠤᠢ ᠪᠠ ᠣᠰᠣᠨ ᠤ ᠡᠬᠢ ᠰᠣᠷᠪᠣᠯᠵᠢ ᠶᠢ ᠰᠠᠶᠢᠳᠤᠷ | ᠬᠠᠮᠠᠭᠠᠯᠠᠵᠤ᠂ ᠭᠤᠤᠯ ᠭᠤᠷᠤᠬ᠎ᠠ ᠨᠠᠭᠤᠷ ᠪᠦᠷᠢᠲᠦ ᠶᠢᠨ ᠲᠠᠷᠤᠭᠠᠴᠢ ᠶᠢᠨ ᠳᠦᠷᠢᠮ ᠪᠠ ᠣᠢ ᠶᠢᠨ ᠲᠠᠷᠤᠭᠠᠴᠢ ᠶᠢᠨ ᠳᠦᠷᠢᠮ ᠢ ᠴᠢᠩᠭ᠎ᠠ ᠬᠡᠷᠡᠭᠵᠢᠬᠦᠯᠦᠨ᠂ ᠮᠠᠯ | ᠪᠡᠯᠴᠢᠭᠡᠷ ᠢ ᠲᠡᠩᠴᠡᠬᠦᠷᠢᠰᠢᠬᠦᠯᠬᠦ᠂ ᠪᠡᠯᠴᠢᠭᠡᠷᠯᠡᠬᠦᠯᠬᠦ ᠶᠢ ᠬᠤᠷᠢᠭᠯᠠᠨ ᠰᠡᠯᠬᠦᠨ ᠮᠠᠯᠵᠢᠬᠤ ᠪᠠ ᠣᠷᠣᠨ ᠬᠤᠪᠢᠶᠠᠨ ᠡᠭᠡᠯᠵᠢᠯᠡᠨ ᠮᠠᠯᠵᠢᠬᠤ ᠳᠦᠷᠢᠮ ᠪᠠ ᠣᠰᠣᠨ ᠤ | ᠡᠬᠢ ᠰᠣᠷᠪᠣᠯᠵᠢ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠨᠣᠲᠤᠭ ᠪᠡᠯᠴᠢᠭᠡᠷ ᠢ ᠰᠡᠷᠭᠦᠭᠡᠬᠦ᠂ ᠪᠠᠶᠢᠭᠠᠯᠢ ᠶᠢᠨ ᠣᠢ ᠶᠢ ᠬᠠᠮᠠᠭᠠᠯᠠᠬᠤ᠂ | ᠬᠦᠷᠤᠰᠤ ᠰᠢᠷᠤᠢ ᠶᠢᠨ ᠢᠳᠡᠭᠳᠡᠯ ᠢ ᠬᠠᠮᠠᠭᠠᠯᠠᠬᠤ ᠵᠡᠷᠭᠡ ᠭᠤᠤᠯᠳᠠᠯᠭ᠎ᠠ ᠳᠤ ᠰᠠᠭᠤᠷᠢᠯᠠᠵᠤ᠂ ᠨᠡᠩ ᠣᠯᠠᠨ ᠲᠦᠷᠦᠯ ᠵᠦᠢᠯ ᠢ ᠴᠢᠷᠮᠠᠶᠢᠨ ᠰᠦᠪᠡᠭᠴᠢᠯᠡᠨ ᠤᠯᠵᠤ | ᠬᠡᠷᠡᠭᠵᠢᠬᠦᠯᠤᠨ᠎ᠠ᠃ ᠬᠤᠰᠢᠭᠤ ᠳᠠᠶᠠᠭᠠᠷ ᠢᠶᠠᠨ ᠣᠯᠣᠰ ᠤᠨ ᠨᠣᠲᠤᠭ ᠳᠡᠪᠢᠰᠭᠡᠷ ᠢ ᠤᠶᠢᠵᠢᠭᠤᠯᠬᠤ ᠶᠡᠭᠡ ᠬᠡᠪᠴᠢᠶᠡᠨ ᠤ ᠠᠵᠢᠯᠯᠠᠭ᠎ᠠ ᠦᠷᠨᠢᠬᠦᠯᠵᠦ᠂ ᠲᠤᠬᠠᠢ ᠶᠢᠨ | ᠭᠠᠵᠠᠷ ᠲᠤ ᠨᠢ ᠳᠤᠬᠢᠷᠠᠭᠤᠯᠤᠨ ᠤᠶᠢᠵᠢᠭᠤᠯᠬᠤ ᠶᠢ ᠪᠠᠷᠢᠮᠳᠠᠯᠠᠨ᠂ ᠤᠶᠢᠵᠢᠭᠤᠯᠤᠯᠳᠠ ᠶᠢᠨ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ 13 ᠲᠦᠮᠡᠨ ᠮᠣ᠋ | ᠠᠴᠠ ᠳᠡᠭᠡᠭᠰᠢᠬᠢ ᠣᠯᠣᠰ ᠤᠨ ᠨᠣᠲᠤᠭ ᠳᠡᠪᠢᠰᠭᠡᠷ ᠤᠨ ᠤᠶᠢᠵᠢᠭᠤᠯᠤᠯᠳᠠ᠂ 50 ᠲᠦᠮᠡᠨ ᠮᠤ᠋ ᠨᠣᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠠᠶᠢᠭᠤᠯᠤᠯᠲᠠ ᠶᠢ | ᠵᠢᠯ ᠤᠨ ᠲᠤᠲᠤᠷ᠎ᠠ ᠪᠡᠶᠡᠯᠡᠬᠦᠯᠦᠨ᠂ ᠨᠠᠩᠰᠣ ᠪᠠᠯᠭᠠᠰᠣᠨ ᠤ ᠵᠠᠭᠤᠨ ᠲᠦᠮᠡᠨ ᠮᠣ᠋ ᠬᠠᠷᠭᠠᠨ᠎ᠠ ᠲᠠᠷᠢᠬᠤ ᠠᠵᠢᠯᠯᠠᠭ᠎ᠠ ᠶᠢ ᠬᠦᠨᠵᠡᠭᠡᠢ ᠠᠬᠢᠭᠤᠯᠵᠤ᠂ ᠠᠮᠢ ᠠᠬᠤᠢ ᠶᠢᠨ | ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠬᠤᠷᠠᠮᠳᠣᠯ ᠤᠨ ᠴᠢᠳᠠᠪᠤᠷᠢ ᠶᠢ ᠡᠷᠴᠢᠮᠲᠡᠢ ᠳᠡᠬᠡᠭᠰᠢᠯᠡᠬᠦᠯᠤᠨ᠎ᠠ᠃ ᠠᠮᠢ ᠠᠬᠤᠢ ᠶᠢᠨ ᠵᠠᠰᠠᠯᠲᠠ ᠶᠢ ᠴᠢᠩᠭᠠᠤᠨᠬᠠᠨ᠎ᠠ᠃ | ᠣᠷᠴᠢᠨ ᠲᠤᠭᠤᠷᠢᠨ ᠤ ᠳᠣᠪᠣᠶᠢᠮ᠎ᠠ ᠠᠰᠠᠭᠤᠳᠠᠯ ᠢ ᠡᠷᠴᠢᠮᠲᠡᠢ ᠰᠢᠢᠳᠪᠦᠷᠢᠯᠡᠨ᠂ ᠲᠦᠪ᠂ ᠦᠪᠡᠷᠲᠡᠬᠡᠨ ᠵᠠᠰᠠᠬᠤ ᠣᠷᠣᠨ ᠪᠠ ᠬᠤᠲᠠ ᠶᠢᠨ ᠣᠷᠴᠢᠨ ᠬᠠᠮᠠᠭᠠᠯᠠᠯᠲᠠ | ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠬᠦᠴᠦᠯᠡᠴᠡ ᠪᠠᠨ ᠴᠢᠩᠭᠠᠳᠬᠠᠵᠤ᠂ ᠬᠤᠰᠢᠭᠤ ᠨᠤᠳᠤᠭ ᠤᠨ | ᠣᠰᠣ᠂ ᠬᠦᠷᠦᠰᠦ ᠰᠢᠷᠤᠢ ᠪᠠ ᠠᠭᠠᠷ ᠤᠨ ᠴᠢᠨᠠᠷ ᠢ ᠦᠷᠬᠦᠯᠵᠢᠬᠦᠶᠢᠴᠡ ᠬᠠᠮᠠᠭᠠᠯᠠᠨ ᠰᠠᠶᠢᠵᠢᠷᠠᠭᠤᠯᠤᠨ᠎ᠠ᠃ ᠣᠰᠣᠨ ᠤ ᠡᠷᠭᠡ ᠶᠢᠨ ᠳᠦᠷᠢᠮ ᠤᠨ ᠦᠭᠡᠷᠡᠴᠢᠯᠡᠯᠲᠡ | ᠶᠢ ᠲᠦᠷᠭᠡᠳᠬᠡᠵᠦ᠂ ᠣᠰᠣ ᠬᠡᠷᠡᠭᠯᠡᠬᠦ ᠶᠡᠷᠦᠩᠬᠡᠢ ᠬᠡᠮᠵᠢᠶ᠎ᠡ᠂ ᠣᠰᠣ ᠬᠡᠷᠡᠭᠯᠡᠬᠦ ᠬᠢᠵᠠᠭᠠᠷ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠨ᠂ ᠣᠯᠵᠠᠴᠢ | ᠪᠠᠯᠭᠠᠰᠣᠨ ᠤ ᠣᠶᠢᠷ᠎ᠠ ᠬᠠᠪᠢ ᠶᠢᠨ ᠭᠠᠵᠠᠷ ᠳᠣᠣᠷᠠᠬᠢ ᠣᠰᠣᠨ ᠤ ᠬᠡᠲᠦ ᠬᠡᠷᠡᠭᠯᠡᠯᠳᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠤᠨᠬᠠᠨ᠎ᠠ᠃ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠣᠷᠴᠢᠨ ᠳᠤᠭᠤᠷᠢᠨ ᠤ ᠳᠠᠯᠳᠠ ᠭᠡᠮ ᠢ ᠪᠠᠶᠢᠴᠠᠭᠠᠨ | ᠴᠡᠭᠴᠡᠯᠡᠬᠦ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠰᠢᠲᠠᠮᠠᠬᠠᠢ ᠬᠡᠢ ᠶᠢᠨ ᠨᠡᠬᠡᠬᠡᠯᠳᠠ ᠶᠢᠨ ᠠᠬᠤᠢ ᠲᠠᠯᠡᠪᠡᠢ | ᠵᠡᠷᠭᠡ ᠭᠤᠤᠯᠳᠠᠯᠠᠭᠠᠲᠤ ᠬᠦᠷᠢᠶ᠎ᠡ ᠴᠠᠷᠠᠭᠠᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠠ ᠶᠢ ᠳᠤᠪᠤᠶᠢᠮ᠎ᠠ ᠠᠳᠬᠤᠵᠣ᠂ ᠣᠷᠴᠢᠨ ᠲᠤᠭᠤᠷᠢᠨ ᠢ | ᠨᠦᠯᠦᠭᠡᠯᠡᠬᠦ ᠲᠤᠮᠤ ᠬᠡᠷᠡᠭ ᠶᠠᠪᠤᠳᠠᠯ ᠡᠭᠦᠰᠬᠦ ᠦᠬᠡᠢ ᠪᠠᠶᠢᠬᠤ ᠶᠢ ᠪᠠᠳᠤᠯᠠᠨ᠎ᠠ᠃ ᠠᠮᠢ ᠠᠬᠤᠢ ᠶᠢᠨ ᠠᠵᠤ ᠠᠬᠤᠢ ᠶᠢ ᠬᠦᠭᠵᠢᠬᠦᠯᠤᠨ᠎ᠠ᠃ ᠣᠢ ᠶᠢᠨ ᠠᠵᠤ ᠠᠬᠤᠢ | ᠶᠢ ᠪᠣᠶᠢᠵᠢᠭᠤᠯᠤᠨ᠂ ᠣᠨᠴᠠᠯᠢᠭᠲᠤ ᠣᠢ ᠶᠢᠨ ᠲᠠᠷᠢᠮᠠᠯ ᠤᠨ ᠠᠵᠤ ᠦᠢᠯᠡᠰ ᠤᠨ ᠬᠡᠪᠴᠢᠶᠡᠵᠢᠯ ᠢ ᠦᠷᠭᠡᠳᠬᠡᠵᠦ᠂ ᠨᠢᠭᠡ ᠪᠦᠯᠦᠭ ᠣᠢ ᠶᠢᠨ ᠲᠠᠷᠢᠮᠠᠯ᠂ ᠲᠡᠵᠢᠭᠡᠯ | ᠡᠪᠡᠰᠦ ᠪᠣᠷᠳᠤᠭ᠎ᠠ ᠶᠢᠨ ᠨᠠᠷᠢᠯᠢᠭ ᠪᠣᠯᠪᠠᠰᠣᠷᠠᠭᠤᠯᠤᠯᠲᠠ ᠶᠢᠨ ᠲᠦᠷᠦᠯ ᠵᠦᠢᠯ ᠢ ᠲᠤᠬᠠᠢ ᠶᠢᠨ ᠭᠠᠵᠠᠷ ᠲᠤ ᠤᠷᠤᠭᠤᠯᠤᠨ᠂ ᠠᠮᠢ ᠠᠬᠤᠢ ᠶᠢ ᠠᠷᠠᠳ ᠢ | ᠴᠢᠨᠡᠭᠡᠯᠢᠭᠵᠢᠬᠦᠯᠬᠦ ᠠᠵᠣ ᠦᠢᠯᠡᠰ ᠪᠤᠯᠭᠠᠨ᠎ᠠ᠃ ᠬᠠᠶᠠᠭᠳᠠᠮᠠᠯ ᠰᠢᠭᠠᠷᠣ᠂ ᠪᠣᠬᠢᠷ ᠣᠰᠣ᠂ ᠬᠠᠶᠠᠭᠳᠠᠯ ᠬᠡᠢ ᠵᠡᠷᠭᠡ ᠶᠢ ᠶᠡᠷᠦᠩᠬᠡᠶᠢᠯᠡᠨ ᠰᠢᠢᠳᠪᠦᠷᠢᠯᠡᠵᠦ ᠠᠰᠢᠭᠯᠠᠬᠤ | ᠶᠢ ᠨᠢᠭᠡᠳᠦᠯᠲᠡᠢ ᠲᠦᠯᠦᠪᠵᠢᠬᠦᠯᠦᠨ ᠴᠤᠭᠴᠠᠵᠢᠭᠤᠯᠤᠨ ᠠᠬᠢᠭᠤᠯᠵᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠱᠠᠭᠠᠵᠠᠩ ᠮᠡᠲ᠋ᠧᠷᠢᠶᠡᠯ ᠵᠡᠷᠭᠡ ᠡᠷᠬᠢᠯᠳᠠᠳᠤ ᠪᠣᠬᠢᠷᠳᠣᠯ | ᠦᠭᠡᠢ ᠠᠵᠤ ᠦᠢᠯᠡᠰ ᠢ ᠬᠦᠭᠵᠢᠬᠦᠯᠬᠦ ᠶᠢ ᠵᠤᠷᠢᠭᠵᠢᠭᠤᠯᠤᠨ᠎ᠠ᠃ | ︵ᠲᠤᠯᠤᠭ᠎ᠠ︶ ᠲᠡᠰ ᠴᠢᠨᠠᠷ ᠢ ᠲᠡᠭᠡᠭᠰᠢᠯᠡᠭᠦᠯᠵᠤ᠂ ᠭᠥᠮᠥᠨ ᠠᠷᠠᠳ ᠤᠨ ᠠᠰᠢᠭ ᠵᠢᠷᠭᠠᠯ ᠳᠤ ᠭᠥᠴᠥᠯᠡᠴᠡ ᠪᠠᠨ ᠨᠡᠮᠡᠭᠳᠡᠭᠦᠯᠥᠨ᠎ᠡ᠃ ᠬᠤᠰᠢᠭᠤᠨ ᠤ | ᠪᠠᠶᠢᠳᠠᠯ ᠬᠢᠭᠡᠳ ᠪᠤᠳᠠᠳᠤ ᠠᠬᠤᠢ ᠳᠤ ᠰᠠᠭᠤᠷᠢᠯᠠᠨ᠂ ᠡᠷᠭᠡᠪᠰᠢ ᠭᠥᠢᠴᠡᠳᠭᠡᠭᠦ᠂ ᠭᠥᠢᠴᠡᠳᠭᠡᠵᠤ ᠲᠡᠶᠢᠯᠭᠦ᠂ ᠰᠠᠶᠢᠳᠤᠷ ᠬᠦᠢᠴᠡᠤᠨᠬᠡᠵᠤ ᠴᠢᠳᠠᠬᠤ ᠠᠵᠢᠯ ᠤᠳ ᠠᠴᠠ | ᠡᠬᠢᠯᠡᠨ ᠪᠡᠶᠡᠯᠡᠭᠦᠯᠵᠤ᠂ ᠨᠡᠩ ᠰᠢᠨᠵᠢᠯᠡᠭᠦ ᠤᠬᠠᠭᠠᠨᠴᠢ ᠥᠨᠡᠨ ᠪᠤᠳᠠᠳᠠᠢ ᠤᠪᠤᠷ ᠢᠶᠠᠷ ᠠᠷᠠᠳ ᠤᠯᠠᠨ ᠤ ᠭᠥᠰᠡᠯ ᠱᠠᠭᠠᠷᠳᠠᠯᠭ᠎ᠠ ᠳᠤ ᠬᠠᠨᠳᠤᠨ᠎ᠠ᠃ ᠰᠤᠷᠭᠠᠨ | ᠭᠥᠮᠥᠵᠢᠯ ᠤᠨ ᠬᠠᠷᠠᠭᠠᠯᠵᠠᠯ ᠢ ᠪᠠᠷᠢᠮᠳᠠᠯᠠᠨ᠎ᠠ᠃ ᠬᠤᠷᠰᠢᠨ ᠬᠠᠮᠳᠤᠷᠠᠯᠴᠠᠵᠤ ᠰᠤᠷᠭᠠᠭᠤᠯᠢ ᠡᠷᠬᠢᠯᠡᠭᠦ ᠬᠡᠪ ᠵᠠᠭᠪᠤᠷ ᠢ ᠤᠯᠠᠮ ᠰᠢᠯᠢᠳᠡᠭᠵᠢᠭᠦᠯᠥᠨ᠂ ᠠᠵᠢᠯ ᠤᠨ | ᠪᠥᠳᠥᠮᠵᠢ ᠶᠢ ᠬᠢᠨᠠᠨ ᠲᠤᠭᠳᠠᠭᠠᠬᠤ ᠲᠤᠭᠳᠠᠴᠠ ᠶᠢ ᠰᠥᠪᠡᠭᠴᠢᠯᠡᠨ ᠲᠤᠭᠳᠠᠭᠠᠵᠤ᠂ ᠰᠤᠷᠭᠠᠨ ᠭᠥᠮᠥᠵᠢᠯ ᠤᠨ ᠬᠢᠨᠠᠨ ᠵᠢᠯᠤᠭᠤᠳᠤᠯᠭ᠎ᠠ ᠶᠢ ᠴᠢᠩᠭᠠᠳᠬᠠᠨ᠂ ᠵᠠᠬᠢᠷᠤᠯ | ᠪᠠ ᠪᠠᠭᠰᠢ ᠨᠠᠷ ᠤᠨ ᠠᠵᠢᠯ ᠤᠨ ᠪᠠᠶᠢᠷᠢ ᠶᠢᠨ ᠵᠢᠱᠢᠶᠡᠯᠡᠨ ᠰᠤᠯᠢᠯᠴᠠᠬᠤ ᠲᠥᠷᠢᠮ ᠢ ᠪᠠᠶᠢᠩᠭᠤᠵᠢᠭᠤᠯᠤᠨ᠎ᠠ᠃ ᠪᠠᠶᠢᠭᠤᠯᠭ᠎ᠠ ᠪᠠᠶᠢᠭ᠎ᠠ ᠰᠤᠷᠭᠠᠭᠤᠯᠢ ᠶᠢᠨ ᠪᠠᠷᠢᠯᠭ᠎ᠠ | ᠪᠠᠶᠢᠭᠤᠯᠤᠯᠳᠠ ᠶᠢ ᠲᠠᠭᠤᠰᠬᠠᠵᠤ᠂ ᠥᠨᠳᠥᠷ ᠬᠡᠪ ᠪᠤᠯᠪᠠᠰᠤᠷᠠᠯ ᠤᠨ ᠭᠥᠮᠥᠵᠢᠯ ᠤᠨ ᠰᠠᠭᠤᠷᠢ ᠶᠢ ᠪᠠᠳᠤᠳᠬᠠᠨ᠎ᠠ᠃ ︽ᠡᠷᠳᠡᠮᠳᠤ ᠪᠠᠭᠰᠢ ᠴᠢᠳᠠᠯᠳᠤ ᠱᠠᠪᠢ︾ ᠶᠢᠨ | ᠢᠨᠵᠧᠨᠧᠷᠢᠩ ᠢ ᠡᠷᠴᠢᠮᠳᠠᠢ ᠬᠡᠷᠡᠭᠵᠢᠭᠦᠯᠵᠤ᠂ ᠵᠢᠭᠠᠨ ᠰᠤᠷᠭᠠᠯᠳᠠ ᠳᠤ ᠴᠠᠭᠠᠷᠠᠭᠰᠠᠨ ᠨᠢᠭᠡ ᠪᠥᠯᠥᠭ ᠭᠤᠤᠯᠯᠠᠭᠴᠢ ᠪᠠᠭᠰᠢ ᠨᠠᠷ ᠢ ᠭᠥᠮᠥᠵᠢᠭᠦᠯᠥᠨ ᠬᠤᠰᠢᠭᠤ | ᠨᠤᠳᠤᠭ ᠲᠤ ᠪᠠᠨ ᠦᠯᠡᠳᠡᠬᠡᠨ᠂ ᠰᠤᠷᠭᠠᠨ ᠭᠥᠮᠥᠵᠢᠯ ᠵᠢᠭᠠᠨ ᠰᠤᠷᠭᠠᠯᠳᠠ ᠶᠢᠨ ᠴᠢᠨᠠᠷᠵᠢᠯ ᠢ ᠨᠡᠩᠳᠡ ᠠᠬᠢᠭᠤᠯᠵᠤ᠂ ᠤᠳᠤᠭ ᠤᠨ ᠡᠮᠥᠨᠡᠳᠤ ᠬᠤᠰᠢᠭᠤᠨ ᠤ | ᠬᠡᠥᠭᠡᠳ ᠨᠢᠭᠡ ᠪᠥᠷᠢ ᠳᠤ ᠤᠬᠢ ᠭᠥᠮᠥᠵᠢᠯ ᠭᠥᠷᠳᠡᠵᠤ ᠤᠷᠤᠶᠢᠯᠠᠨ ᠬᠢᠯᠠᠯᠵᠠᠬᠤ ᠠᠵᠠ ᠲᠤᠬᠢᠶᠠᠯ ᠢ ᠬᠠᠩᠭᠠᠨ᠎ᠠ᠃ ᠡᠷᠡᠭᠦᠯ ᠡᠩᠭᠡ ᠶᠢᠨ ᠬᠠᠷᠠᠭᠠᠯᠵᠠᠯ ᠢ | ᠪᠠᠷᠢᠮᠳᠠᠯᠠᠨ᠎ᠠ᠃ ᠬᠢᠵᠢᠭ ᠰᠡᠷᠭᠡᠶᠢᠯᠡᠯᠳᠡ ᠶᠢᠨ ᠪᠠᠶᠢᠩᠭᠤ ᠶᠢᠨ ᠠᠵᠢᠯ ᠢ ᠰᠠᠶᠢᠳᠤᠷ ᠬᠢᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠳᠤ ᠡᠪᠡᠳᠴᠢᠨ ᠤ | ᠠᠰᠠᠷ᠂ ᠬᠤᠰᠢᠭᠤ ᠡᠭᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠬᠡᠶᠢᠯᠡᠨ ᠬᠢᠵᠠᠭᠠᠷᠯᠠᠬᠤ ᠲᠥᠪ ᠪᠤᠯᠤᠨ ᠮᠤᠩᠭᠤᠯ ᠡᠮᠨᠡᠯᠭᠡ ᠶᠢᠨ | ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠳ ᠤᠨ ᠡᠬᠦᠳᠠᠨ ᠡᠮᠨᠡᠯᠭᠡ ᠶᠢ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠤᠨ᠎ᠠ᠃ ᠨᠠᠩᠰᠤ | ᠪᠠᠯᠭᠠᠰᠤ ᠶᠢ ᠤᠯᠤᠰ ᠤᠨ ᠡᠷᠡᠭᠦᠯ ᠬᠠᠮᠠᠭᠠᠯᠠᠯ ᠤᠨ ᠪᠠᠯᠭᠠᠰᠤ ᠪᠤᠯᠭᠠᠨ ᠴᠤᠭᠴᠠᠯᠠᠬᠤ ᠠᠵᠢᠯ ᠢ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠪᠠᠯᠭᠠᠰᠤ | ᠴᠤᠭᠴᠠᠯᠠᠭᠰᠠᠨ ᠨᠤᠷᠮ᠎ᠠ ᠶᠢ 100% ᠳᠤ ᠭᠥᠷᠭᠡᠨ᠎ᠡ᠃ ᠡᠮᠴᠢ ᠶᠢᠨ ᠶᠤᠰᠤ ᠰᠤᠷᠳᠠᠬᠤᠨ ᠤ ᠴᠡᠭᠴᠡᠯᠡᠯᠳᠡ ᠶᠢ ᠭᠥᠨᠵᠡᠭᠡᠶᠢᠷᠡᠭᠦᠯᠵᠤ᠂ ︽ᠭᠥᠩᠭᠡᠨ ᠡᠪᠡᠳᠴᠢᠨ ᠢ | ᠭᠥᠨᠳᠤ ᠪᠠᠷ ᠵᠠᠰᠠᠬᠤ︾ ᠪᠠ ︽ᠡᠮ ᠡᠮᠴᠢᠯᠡᠭᠡ ᠶᠢ ᠬᠡᠳᠥᠷᠡᠭᠦᠯᠭᠦ︾ ᠥᠵᠡᠭᠳᠡᠯ ᠢ ᠵᠤᠭᠰᠤᠭᠠᠨ᠂ ︽ᠰᠢᠯᠢᠳᠡᠭ ᠥᠢᠯᠡᠴᠢᠯᠡᠭᠡ ᠶᠢ ᠥᠨᠳᠥᠰᠥᠨ ᠱᠠᠳᠤᠨ ᠳᠤ | ᠭᠥᠷᠭᠡᠭᠦ︾ ᠠᠵᠢᠯᠯᠠᠭ᠎ᠠ ᠥᠷᠨᠢᠭᠦᠯᠥᠨ᠂ ᠮᠠᠯᠴᠢᠨ ᠲᠠᠷᠢᠶᠠᠴᠢᠳ ᠤᠨ ᠡᠪᠡᠳᠴᠢᠨ ᠥᠵᠡᠭᠦᠯᠭᠦ ᠳᠤ ᠲᠥᠪᠡᠭ ᠲᠠᠢ ᠪᠠ ᠵᠠᠮ ᠬᠤᠯᠠ ᠪᠠᠶᠢᠬᠤ ᠠᠰᠠᠭᠤᠳᠠᠯ ᠢ | ᠪᠥᠳᠥᠮᠵᠢᠳᠡᠢ ᠰᠢᠢᠳᠪᠥᠷᠢᠯᠡᠨ᠎ᠡ᠃ ᠰᠤᠶᠤᠯ ᠤᠷᠠᠯᠢᠭ ᠤᠨ ᠬᠠᠷᠠᠭᠠᠯᠵᠠᠯ ᠢ ᠪᠠᠷᠢᠮᠳᠠᠯᠠᠨ᠎ᠠ᠃ ᠨᠡᠶᠢᠭᠡᠮ ᠵᠢᠷᠤᠮ ᠤᠨ ᠭᠤᠤᠯᠯᠠᠬᠤ ᠥᠷᠳᠡᠭ ᠤᠨ ᠥᠵᠡᠯᠳᠡ ᠶᠢ | ᠰᠤᠷᠳᠠᠯᠴᠢᠯᠠᠨ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠭᠥᠴᠥᠯᠡᠨ ᠪᠠᠶᠠᠯᠢᠭᠵᠢᠭᠤᠯᠵᠤ᠂ ᠪᠥᠭᠦ ᠵᠢᠯ ᠳᠤ ︽ᠤᠷᠠᠨ ᠰᠠᠶᠢᠬᠠᠨ ᠤ ᠲᠤᠭᠯᠠᠯᠳᠠ ᠶᠢ ᠭᠥᠳᠡᠭᠡ | ᠳᠤ ᠪᠠᠭᠤᠯᠭᠠᠬᠤ︾ ᠠᠵᠢᠯᠯᠠᠭ᠎ᠠ ᠶᠢ 300 ᠳᠠᠯᠠᠪᠤᠷ ᠠᠴᠠ ᠳᠡᠬᠡᠭᠰᠢ ᠶᠠᠪᠤᠭᠳᠠᠭᠤᠯᠤᠨ᠎ᠠ᠃ ᠪᠥᠭᠦ ᠠᠷᠠᠳ ᠤᠨ ᠪᠡᠶ᠎ᠡ ᠴᠢᠬᠢᠷᠠᠭᠵᠢᠯ ᠤᠨ ᠥᠢᠯᠡᠰ ᠢ ᠭᠥᠴᠥᠯᠡᠨ | ᠭᠥᠭᠵᠢᠭᠦᠯᠵᠤ᠂ ᠡᠯ᠎ᠡ ᠲᠥᠷᠥᠯ ᠤᠨ ᠲᠠᠮᠢᠷ ᠤᠨ ᠤᠷᠤᠯᠳᠤᠭᠠᠨ ᠢ ᠪᠠᠶᠢᠩᠭᠤ ᠶᠢᠨ ᠴᠢᠨᠠᠷ ᠲᠠᠢ ᠵᠤᠬᠢᠶᠠᠨ ᠪᠠᠶᠢᠭᠤᠯᠤᠨ᠂ ᠺᠠᠳ᠋ᠷ ᠠᠵᠢᠯᠳᠠᠳ ᠪᠤᠯᠤᠨ ᠠᠷᠠᠳ ᠤᠯᠠᠨ | ᠤ ᠪᠡᠶ᠎ᠡ ᠮᠠᠬᠠᠪᠤᠳ ᠢ ᠲᠠᠪᠳᠠᠨ ᠪᠤᠯᠪᠠᠰᠤᠷᠠᠭᠤᠯᠤᠨ᠎ᠠ᠃ ᠠᠰᠠᠷᠠᠮᠵᠢ ᠪᠠᠳᠤᠯᠠᠭ᠎ᠠ ᠶᠢᠨ ᠬᠠᠷᠠᠭᠠᠯᠵᠠᠯ ᠢ ᠪᠠᠷᠢᠮᠳᠠᠯᠠᠨ᠎ᠠ᠃ ᠠᠵᠢᠯ ᠤᠯᠭᠤᠯᠳᠠ ᠶᠢᠨ ᠲᠥᠷᠥ ᠶᠢᠨ | ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠭ᠎ᠠ ᠵᠢᠵᠢᠭ ᠠᠵᠤ ᠠᠬᠤᠶᠢᠯᠠᠯ ᠢ ᠲᠡᠳᠭᠦᠨ ᠭᠥᠭᠵᠢᠭᠦᠯᠵᠤ᠂ ᠲᠤᠰ ᠵᠢᠯ ᠳᠤ 900 ᠭᠥᠮᠥᠨ ᠤ ᠠᠵᠢᠯ | ᠤᠯᠭᠤᠯᠳᠠ ᠶᠢ ᠪᠡᠶᠡᠯᠡᠭᠦᠯᠵᠤ᠂ ︽ᠠᠵᠢᠯ ᠲᠠᠢ ᠭᠥᠮᠥᠨ ᠥᠭᠡᠢ ᠠᠶᠢᠯ ᠡᠷᠥᠭᠡ︾ ᠶᠢ ᠭᠥᠳᠡᠯᠥᠩᠭᠦᠢ ᠡᠵᠡᠮᠳᠡᠨ᠎ᠡ᠃ ᠨᠡᠶᠢᠭᠡᠮ ᠤᠨ ᠭᠥᠴᠥ ᠨᠡᠶᠢᠳᠡ ᠶᠢᠨ ᠠᠰᠠᠷᠠᠮᠵᠢ | ᠳᠤ ᠥᠢᠯᠡᠴᠢᠯᠡᠭᠦ ᠶᠢ ᠵᠤᠷᠢᠭᠵᠢᠭᠤᠯᠤᠨ᠂ ᠭᠥᠴᠢᠷᠳᠡᠯᠳᠠᠢ ᠡᠳᠡᠭᠡᠳ ᠢ ᠠᠪᠤᠷᠠᠨ ᠲᠤᠰᠠᠯᠠᠬᠤ ᠭᠥᠴᠥᠯᠡᠴᠡ ᠪᠠᠨ ᠨᠡᠮᠡᠭᠳᠡᠭᠦᠯᠵᠤ᠂ ᠡᠮᠡᠭᠳᠡᠶᠢᠴᠤᠳ ᠭᠡᠥᠭᠡᠳ | ᠪᠠᠭᠠᠴᠤᠳ ᠬᠢᠭᠡᠳ ᠨᠠᠰᠤᠳᠠᠶᠢᠴᠤᠤᠯ ᠵᠠᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠨ᠂ ᠪᠠᠭᠤᠷᠠᠢ ᠪᠥᠭᠦᠨ ᠢ ᠲᠤᠰᠯᠠᠨ ᠲᠡᠮᠵᠢᠵᠤ᠂ ᠪᠥᠭᠦ | ᠬᠤᠰᠢᠭᠤᠨ ᠤ ᠭᠡᠨ ᠨᠢᠭᠡᠨ ᠢ ᠴᠤ ᠶᠠᠳᠠᠭᠤᠷᠠᠯ ᠤᠨ ᠲᠠᠪᠠᠭᠠᠨ ᠳᠤ ᠤᠷᠬᠢᠬᠤ ᠥᠭᠡᠢ᠃ ᠵᠠᠰᠠᠯᠳᠠ ᠬᠠᠮᠢᠶᠠᠷᠤᠯᠳᠠ ᠶᠢᠨ ᠬᠠᠷᠠᠭᠠᠯᠵᠠᠯ ᠢ ᠪᠠᠷᠢᠮᠳᠠᠯᠠᠨ᠎ᠠ᠃ ︽ | ᠥᠪᠡᠷᠳᠡᠭᠡᠨ ᠵᠠᠰᠠᠯᠳᠠ᠂ ᠬᠠᠤᠯᠢ ᠶᠢᠨ ᠵᠠᠰᠠᠯᠳᠠ᠂ ᠰᠤᠷᠳᠠᠬᠤᠨ ᠤ ᠵᠠᠰᠠᠯᠳᠠ︾ ᠶᠢᠨ ᠥᠨᠳᠥᠰᠤᠨ ᠱᠠᠳᠤᠨ ᠤ ᠨᠡᠶᠢᠭᠡᠮ ᠤᠨ ᠵᠠᠰᠠᠯᠳᠠ ᠶᠢᠨ ᠠᠷᠭ᠎ᠠ ᠬᠡᠯᠪᠡᠷᠢ ᠶᠢ | ᠨᠡᠩ ᠭᠥᠨᠵᠡᠭᠡᠶᠢᠷᠡᠭᠦᠯᠵᠤ᠂ ︽ᠤᠶᠤᠨᠴᠢ ᠵᠠᠰᠠᠯᠳᠠ︾ ᠶᠢᠨ ᠠᠵᠢᠯ ᠢ ᠰᠡᠳᠥᠵᠤ ᠰᠥᠪᠡᠭᠴᠢᠯᠡᠨ᠂ ᠬᠤᠰᠢᠭᠤ ᠳ᠋ᠠᠶᠢᠲ᠋ᠠ ᠲᠥᠪ ᠲᠤ ᠰᠠᠭᠤᠷᠢᠯᠠᠵᠤ ᠵᠠᠰᠠᠭ ᠤᠨ | ᠶᠠᠪᠤᠳᠠᠯ ᠤᠨ ᠥᠢᠯᠡᠴᠢᠯᠡᠭᠡ᠂ ᠠᠮᠤᠷ ᠢ ᠬᠠᠮᠠᠭᠠᠯᠠᠬᠤ ᠡᠵᠡᠮᠰᠢᠯ᠂ ᠠᠶᠤᠯᠭᠦᠢ ᠥᠢᠯᠡᠳᠪᠥᠷᠢᠯᠡᠯ᠂ ᠵᠠᠬᠢᠳᠠᠯ ᠰᠤᠷᠪᠤᠯᠵᠢᠯᠠᠭ᠎ᠠ ᠪᠡ ᠲᠤᠭᠳᠠᠭᠤᠨ ᠬᠠᠮᠠᠭᠠᠯᠠᠯ ᠵᠡᠷᠭᠡ ᠶᠢᠨ | ᠲᠤᠭ᠎ᠠ ᠪᠡᠷᠢᠮᠳᠠ ᠰᠤᠷᠪᠤᠯᠵᠢ ᠶᠢ ᠤᠯᠠᠮ ᠰᠠᠶᠢᠳᠤᠷ ᠴᠡᠭᠴᠡᠯᠡᠵᠤ᠂ ᠲᠤᠭᠠᠴᠠᠯᠠᠭᠰᠠᠨ ᠵᠠᠰᠠᠯᠳᠠ ᠳᠤ ᠰᠠᠭᠤᠷᠢ ᠲᠠᠯᠪᠢᠨ᠂ ︽ᠬᠠᠮ ᠥᠢᠯᠡᠴᠢᠯᠡᠭᠡ︾ ᠶᠢᠨ ᠲᠠᠪᠴᠠᠩ | ᠴᠤᠭᠴᠠᠯᠠᠵᠤ᠂ ᠵᠠᠰᠠᠭ ᠤᠨ ᠠᠵᠢᠯ ᠤᠨ ᠲᠤᠭᠠᠴᠠᠯᠠᠭᠰᠠᠨ ᠬᠤᠪᠢᠷᠠᠯᠳᠠ ᠶᠢ ᠪᠥᠭᠦ ᠲᠠᠯ᠎ᠠ ᠪᠠᠷ ᠠᠬᠢᠭᠤᠯᠤᠨ᠂ ᠵᠠᠰᠠᠭ ᠤᠨ ᠤᠷᠳᠤᠨ ᠤᠨ ᠵᠠᠰᠠᠯᠳᠠ ᠬᠠᠮᠢᠶᠠᠷᠤᠯᠳᠠ | ᠶᠢᠨ ᠪᠥᠳᠥᠮᠵᠢ ᠶᠢ ᠲᠡᠭᠡᠭᠰᠢᠯᠡᠭᠦᠯᠥᠨ᠎ᠡ᠃ | ᠲᠥᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ | ᠲᠥᠯᠥᠭᠡᠯᠡᠭᠴᠢᠳ ᠡ᠂ ᠭᠠᠩ ᠲᠡᠮᠤᠷ ᠲᠠᠪᠳᠠᠶᠠ ᠬᠡᠮᠡᠪᠡᠰᠤ ᠭᠠᠷ ᠤᠨ ᠡᠷᠳᠡᠮ ᠲᠠᠰᠤᠷᠬᠠᠢ ᠠᠬᠤ ᠬᠡᠷᠡᠭᠳᠡᠢ᠃ ᠪᠢᠳᠠ ᠡᠷᠬᠡᠪᠰᠢ ᠠᠷᠠᠳ ᠲᠥᠮᠡᠨ ᠤ ᠢᠳᠡᠭᠡᠯ | ᠢ ᠨᠠᠨᠳᠢᠩᠨᠠᠨ᠂ ᠡᠭᠦᠷᠭᠡ ᠬᠠᠷᠢᠭᠤᠴᠠᠯᠭ᠎ᠠ ᠶᠢᠨ ᠥᠨᠡᠨ ᠶᠢ ᠤᠬᠠᠮᠵᠢᠯᠠᠵᠤ᠂ ᠲᠤᠭᠳᠠᠭᠠᠭᠰᠠᠨ ᠬᠠᠷᠠᠯᠳᠠ ᠪᠠᠨ ᠰᠠᠶᠢᠳᠤᠷ ᠨᠠᠶᠢᠳᠠᠪᠤᠷᠢᠵᠢᠭᠤᠯᠤᠨ᠂ ᠠᠮᠠᠯᠠᠯᠳᠠ ᠪᠠᠨ | ᠪᠤᠳᠠᠳᠠᠶᠢᠵᠢᠭᠤᠯᠵᠤ᠂ ᠠᠷᠠᠳ ᠲᠥᠮᠡᠨ ᠬᠠᠨᠤᠮᠵᠢᠳᠠᠢ ᠠᠷᠠᠳ ᠤᠨ ᠵᠠᠰᠠᠭ ᠤᠨ ᠤᠷᠳᠤᠨ ᠢ ᠴᠤᠭᠴᠠᠯᠠᠨ᠎ᠠ᠃ | ᠤᠯᠤᠰ ᠲᠥᠷᠥ ᠶᠢᠨ ᠤᠬᠠᠮᠰᠠᠷ ᠢ ᠴᠢᠩᠭᠠᠳᠬᠠᠵᠤ᠂ ᠰᠢᠨᠡᠴᠢᠯᠡᠭᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ ᠶᠤᠰᠤ ᠲᠥᠷᠢᠮ ᠢ ᠡᠷᠬᠢᠮᠯᠡᠨ᠂ ᠰᠡᠷᠭᠡᠭ ᠴᠢᠩᠭ᠎ᠠ | ᠤᠯᠤᠰ ᠲᠥᠷᠤ ᠶᠢᠨ ᠲᠠᠨᠢᠯᠳᠠ ᠪᠠ ᠪᠠᠳᠤ ᠴᠢᠩᠭ᠎ᠠ ᠤᠯᠤᠰ ᠲᠥᠷᠤ ᠶᠢᠨ ᠵᠤᠭᠰᠤᠯᠳᠠ ᠶᠢ ᠪᠠᠷᠢᠮᠳᠠᠯᠠᠵᠤ᠂ ᠥᠵᠡᠯ ᠰᠠᠨᠠᠭ᠎ᠠ ᠪᠠ ᠠᠵᠢᠯ ᠰᠤᠷᠳᠠᠯ ᠢᠶᠠᠨ ᠰᠢ ᠶᠢᠨ | ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠯᠤᠭ᠎ᠠ ᠢᠮᠠᠭᠳᠠ ᠨᠢᠭᠡᠳᠥᠯᠳᠡᠢ ᠪᠠᠶᠢᠯᠭᠠᠬᠤ ᠶᠢ ᠬᠢᠴᠢᠶᠡᠨ᠂ ᠤᠯᠤᠰ ᠲᠥᠷᠥ ᠶᠢᠨ ᠰᠠᠬᠢᠯᠭ᠎ᠠ ᠶᠢ | ᠲᠤᠰᠢᠶᠠᠯ ᠬᠠᠷᠢᠭᠤᠴᠠᠯᠭ᠎ᠠ ᠶᠢᠨ ᠪᠥᠭᠦ ᠶᠠᠪᠤᠴᠠ ᠳᠤ ᠪᠠᠶᠢᠩᠭᠤ ᠲᠤᠤᠱᠯᠠᠭᠤᠯᠤᠨ᠎ᠠ᠃ ᠰᠤᠷᠤᠯᠴᠠᠯᠭ᠎ᠠ ᠶᠢ ᠡᠷᠬᠢᠮᠯᠡᠨ᠂ ᠵᠠᠰᠠᠭ ᠤᠨ ᠤᠷᠳᠤᠨ ᠤ ᠨᠠᠮ ᠤᠨ | ᠲᠤᠭᠤᠶᠢᠯᠠᠩ ᠤᠨ ᠨᠢᠭᠡᠳᠥᠯᠳᠡᠢ ᠬᠤᠷᠠᠯ ᠰᠤᠷᠤᠯᠴᠠᠯᠭ᠎ᠠ ᠶᠢ ᠲᠤᠭᠳᠠᠮᠠᠯ ᠬᠤᠭᠤᠴᠠᠭ᠎ᠠ ᠲᠠᠢ ᠪᠠᠷ ᠡᠷᠬᠢᠯᠡᠵᠤ᠂ ᠤᠯᠤᠰ ᠤᠨ ᠶᠡᠭᠡ ᠲᠤᠬᠢᠷᠠᠭᠤᠯᠤᠯᠳᠠ᠂ ᠴᠢᠬᠤᠯᠠ | ᠪᠠᠶᠢᠷᠢᠰᠢᠭᠤᠯᠤᠯᠳᠠ᠂ ᠰᠢᠢᠳᠪᠥᠷᠢᠳᠤ ᠪᠤᠳᠤᠯᠭ᠎ᠠ ᠶᠢ ᠭᠥᠨᠵᠡᠭᠡᠢ ᠰᠤᠷᠤᠯᠴᠠᠨ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠢ ᠰᠠᠷ᠎ᠠ | ᠪᠤᠯᠭᠠᠨ ᠵᠤᠬᠢᠶᠠᠨ ᠪᠠᠶᠢᠭᠤᠯᠤᠨ ᠲᠥᠷᠥ ᠶᠢᠨ ᠪᠤᠳᠤᠯᠭ᠎ᠠ᠂ ᠲᠤᠬᠠᠶᠢᠯᠠᠭᠰᠠᠨ ᠠᠵᠢᠯ ᠬᠢᠭᠡᠳ ᠲᠥᠷᠥᠯ ᠵᠥᠢᠯ ᠳᠤ ᠬᠠᠨᠳᠤᠭᠤᠯᠤᠭᠰᠠᠨ ᠢᠯᠡᠳᠭᠡᠯ ᠬᠢᠯᠭᠡᠵᠤ᠂ ᠲᠥᠷᠥ | ᠶᠢᠨ ᠪᠤᠳᠤᠯᠭ᠎ᠠ ᠶᠢ ᠤᠬᠠᠮᠵᠢᠯᠠᠨ ᠤᠶᠢᠯᠠᠭᠠᠬᠤ ᠪᠠ ᠲᠤᠤᠱᠯᠠᠭᠤᠯᠤᠨ ᠬᠡᠷᠡᠭᠵᠢᠭᠦᠯᠭᠦ ᠴᠢᠳᠠᠪᠤᠷᠢ ᠶᠢ ᠨᠢ ᠪᠥᠭᠦ ᠲᠠᠯ᠎ᠠ ᠪᠠᠷ ᠲᠡᠭᠡᠭᠰᠢᠯᠡᠭᠦᠯᠥᠨ᠎ᠡ᠃ ᠰᠢᠨᠡᠴᠢᠯᠡᠯᠳᠡ ᠶᠢ | ᠡᠷᠬᠢᠮᠯᠡᠨ᠂ ︽ᠰᠢᠯᠳᠠᠭᠯᠠᠨ ᠲᠥᠯᠬᠢᠭᠦ ᠥᠭᠡᠢ ᠪᠠᠷ ᠰᠥᠪᠡᠭᠴᠢᠯᠡᠨ ᠭᠥᠢᠴᠡᠳᠭᠡᠭᠦ︾ ᠠᠵᠢᠯ ᠤᠨ ᠲᠠᠨᠢᠯᠳᠠ ᠶᠢ ᠪᠠᠳᠤᠳᠬᠠᠵᠤ᠂ ᠥᠨᠳᠥᠰᠥᠨ ᠱᠠᠳᠤᠨ ᠳᠤ | ᠭᠥᠨᠵᠡᠭᠡᠶᠢᠷᠡᠨ ᠠᠰᠠᠭᠤᠳᠠᠯ ᠢ ᠢᠯᠡᠷᠡᠭᠦᠯᠵᠤ ᠰᠢᠢᠳᠪᠥᠷᠢᠯᠡᠨ᠂ ᠵᠠᠰᠠᠭ ᠡᠷᠬᠢᠯᠡᠭᠦ ᠠᠷᠭ᠎ᠠ ᠪᠠᠷᠢᠯ ᠢ ᠨᠡᠩ ᠪᠤᠳᠠᠳᠠᠢ᠂ ᠨᠡᠩ ᠰᠠᠭᠤᠷᠢᠳᠠᠢ᠂ ᠨᠡᠩ ᠬᠠᠷᠠᠭᠠᠯᠵᠠᠯᠠᠯᠳᠠᠢ | ᠪᠤᠯᠭᠠᠨ᠎ᠠ᠃ | ᠪᠥᠳᠥᠮᠵᠢ ᠶᠢᠨ ᠲᠠᠨᠢᠯᠳᠠ ᠶᠢ ᠴᠢᠩᠭᠠᠳᠬᠠᠵᠤ᠂ ᠬᠡᠷᠡᠭᠵᠢᠭᠦᠯᠭᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ ᠠᠵᠢᠯ ᠤᠨ ᠬᠠᠷᠢᠭᠤᠴᠠᠯᠭ᠎ᠠ ᠶᠢ ᠲᠤᠳᠤᠳᠬᠠᠨ᠂ | ᠡᠯ᠎ᠡ ᠭᠤᠤᠯᠳᠠᠯᠭᠠᠳᠤ ᠡᠭᠦᠷᠭᠡ ᠪᠠ ᠲᠥᠷᠥᠯ ᠵᠥᠢᠯ ᠢ ᠨᠠᠷᠢᠯᠢᠭ ᠵᠠᠳᠠᠯᠤᠨ ᠲᠠᠩᠰᠠ᠂ ᠵᠢᠭᠠᠯᠳᠠ᠂ ᠬᠠᠷᠢᠭᠤᠴᠠᠯᠭ᠎ᠠ᠂ ᠢᠯᠡᠳᠭᠡᠯ ᠢ ᠨᠠᠷᠢᠪᠴᠢᠯᠠᠨ ᠲᠤᠭᠳᠠᠭᠠᠵᠤ᠂ | ᠭᠥᠮᠥᠨ ᠪᠥᠷᠢ ᠲᠡᠰ ᠪᠤᠯᠭᠠᠨ ᠭᠤᠭᠴᠤᠭ᠎ᠠ ᠪᠥᠭᠦᠳᠡ ᠬᠤᠯᠪᠤᠭᠳᠠᠭᠰᠠᠨ ᠴᠢᠩᠭ᠎ᠠ ᠨᠢᠮᠪᠠᠢ ᠬᠠᠷᠢᠭᠤᠴᠠᠯᠭ᠎ᠠ ᠶᠢᠨ ᠲᠤᠭᠳᠠᠴᠠ ᠶᠢ ᠪᠥᠷᠢᠯᠳᠥᠭᠦᠯᠥᠨ᠎ᠡ᠃ ᠪᠥᠯᠭᠦᠮᠳᠡᠯ ᠢ | ᠡᠷᠬᠢᠮᠯᠡᠨ ᠥᠢᠯᠡᠰ ᠪᠥᠳᠥᠭᠡᠵᠤ᠂ ᠲᠤᠭᠳᠠᠭᠰᠠᠨ ᠪᠤᠳᠤᠯᠭ᠎ᠠ ᠶᠢ ᠮᠠᠷᠭᠤᠯ ᠲᠡᠩᠰᠡᠯᠡᠯ ᠥᠭᠡᠢ ᠪᠠᠷ ᠲᠤᠤᠭᠠᠷᠪᠠᠯ ᠲᠠᠭᠤ ᠨᠢᠭᠡᠳᠡᠢ ᠲᠤᠭᠳᠤᠷᠪᠠᠯ ᠭᠥᠴᠥ ᠨᠢᠭᠡᠳᠡᠢ | ᠨᠠᠶᠢᠳᠠᠪᠤᠷᠢᠵᠢᠭᠤᠯᠤᠨ᠎ᠠ︔ ᠲᠤᠭᠳᠠᠭᠰᠠᠨ ᠬᠠᠷᠠᠯᠳᠠ ᠡᠭᠦᠷᠭᠡ ᠶᠢ ᠬᠠᠷᠢᠯᠴᠠᠨ ᠰᠢᠯᠳᠠᠭᠯᠠᠨ ᠲᠥᠯᠬᠢᠯᠴᠡᠯ ᠥᠭᠡᠢ ᠪᠠᠷ ᠬᠡᠯᠡᠪᠡᠯ ᠲᠤᠭᠳᠠᠵᠤ᠂ ᠲᠤᠭᠳᠠᠪᠠᠯ ᠡᠬᠢᠯᠡᠭᠦᠯᠵᠤ | ᠂ ᠡᠬᠢᠯᠡᠭᠦᠯᠪᠡᠯ ᠪᠡᠶᠡᠯᠡᠭᠦᠯᠭᠦ ᠶᠢ ᠪᠠᠷᠢᠮᠳᠠᠯᠠᠨ᠂ ᠠᠵᠢᠯ ᠤᠨ ᠡᠳᠡᠭᠡᠳ ᠪᠠ ᠡᠯ᠎ᠡ ᠰᠠᠯᠠᠭ᠎ᠠ ᠮᠥᠴᠢᠷ ᠬᠤᠭᠤᠷᠤᠨᠳᠤ ᠪᠠᠨ ᠰᠠᠨᠠᠭᠠᠴᠢᠯᠠᠭ᠎ᠠ ᠲᠠᠢ ᠬᠠᠮᠵᠢᠯᠴᠠᠨ | ᠲᠤᠰᠠᠯᠠᠯᠴᠠᠵᠤ᠂ ᠺᠠᠳ᠋ᠷ ᠠᠵᠢᠯᠳᠠᠳ ᠬᠤᠭᠤᠷᠤᠨᠳᠤ ᠪᠠᠨ ᠪᠥᠯᠭᠦᠮᠳᠡᠨ ᠲᠡᠮᠵᠢᠯᠴᠡᠭᠦ ᠠᠵᠢᠯ ᠤᠨ ᠪᠠᠶᠢᠳᠠᠯ ᠢ ᠪᠤᠢ ᠪᠤᠯᠭᠠᠨ᠂ ᠨᠠᠶᠢᠳᠠᠪᠤᠷᠢᠵᠢᠭᠤᠯᠤᠯ ᠲᠤᠤᠱᠯᠠᠭᠤᠯᠤᠯ | ᠲᠤᠮᠳᠠ ︽ᠰᠠᠯᠬᠢ ᠲᠠᠭᠠᠬᠤ︾᠂ ︽ᠬᠤᠶᠢᠰᠢ ᠰᠠᠭᠤᠬᠤ︾ ᠪᠠ ︽ᠤᠷᠭ᠎ᠠ ᠠᠯᠳᠠᠬᠤ︾ ᠶᠢ ᠡᠷᠡᠰ ᠲᠡᠪᠴᠢᠨ᠎ᠡ᠃ | ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠢᠳᠡᠭᠡᠭᠦᠯᠭᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ ᠬᠠᠤᠯᠢ ᠪᠠᠷ ᠵᠠᠰᠠᠬᠤ ᠶᠢᠨ ᠢᠳᠡᠭᠡᠯ ᠰᠡᠳᠬᠢᠮᠵᠢ | ᠶᠢ ᠵᠠᠰᠠᠭ ᠤᠨ ᠤᠷᠳᠤᠨ ᠤ ᠠᠵᠢᠯ ᠤᠨ ᠪᠥᠭᠦ ᠶᠠᠪᠤᠴᠠ ᠳᠤ ᠲᠤᠤᠱᠯᠠᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ᠂ ᠲᠤᠰᠢᠶᠠᠯ᠂ ᠡᠷᠭᠡ᠂ ᠲᠠᠷᠠᠭᠠᠯᠠᠯ᠂ | ᠬᠠᠷᠢᠭᠤᠴᠠᠯᠭ᠎ᠠ ᠶᠢ ᠬᠠᠤᠯᠢ ᠲᠥᠷᠢᠮᠵᠢᠭᠦᠯᠥᠨ᠂ ᠵᠠᠰᠠᠭ ᠤᠨ ᠤᠷᠳᠤᠨ ᠤ ᠠᠵᠢᠯ ᠤᠨ ᠡᠷᠭᠡ ᠶᠢᠨ ᠲᠥᠷᠢᠮᠵᠢᠭᠦᠯᠥᠯᠳᠡ᠂ ᠵᠠᠰᠠᠭ ᠵᠠᠬᠢᠷᠭᠠᠨ ᠤ ᠥᠢᠯᠡᠴᠢᠯᠡᠭᠡᠨ ᠤ | ᠪᠠᠷᠢᠮᠵᠢᠶᠠᠴᠢᠯᠠᠯᠳᠠ᠂ ᠵᠠᠰᠠᠭ ᠤᠨ ᠶᠠᠪᠤᠳᠠᠯ ᠤᠨ ᠢᠯᠡᠰᠢᠭᠦᠯᠥᠯᠳᠡ ᠶᠢᠨ ᠪᠠᠶᠢᠩᠭᠤᠴᠢᠯᠠᠯᠳᠠ ᠶᠢ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠳᠠ ᠪᠤᠯᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠳᠠ᠂ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨᠠᠨ ᠪᠠᠶᠢᠴᠠᠭᠠᠯᠳᠠ ᠶᠢ ᠤᠬᠠᠮᠰᠠᠷ ᠠᠴᠠ ᠪᠠᠨ ᠭᠥᠯᠢᠶᠡᠵᠤ᠂ ᠠᠷᠠᠳ ᠤᠨ ᠲᠥᠯᠥᠭᠡᠯᠡᠭᠴᠢᠳ ᠤᠨ ᠰᠠᠨᠠᠯ᠂ ᠵᠥᠪᠯᠡᠯᠭᠡ ᠪᠤᠯᠤᠨ ᠤᠯᠤᠰ ᠲᠥᠷᠥ | ᠶᠢᠨ ᠵᠥᠪᠯᠡᠯᠭᠡᠨ ᠤ ᠲᠤᠷᠠᠳᠤᠯᠭ᠎ᠠ ᠶᠢ ᠭᠥᠢᠴᠡᠳᠭᠡᠭᠦ ᠴᠢᠨᠠᠷᠵᠢᠯ ᠪᠠ ᠨᠠᠶᠢᠳᠠᠪᠤᠷᠢ ᠪᠥᠳᠥᠮᠵᠢ ᠶᠢ ᠲᠡᠭᠡᠭᠰᠢᠯᠡᠭᠦᠯᠥᠨ᠎ᠡ᠃ ᠨᠢᠭᠡ ᠰᠢᠷᠢᠰ ᠭᠤᠤᠯᠳᠠᠯᠭᠠᠳᠤ ᠠᠵᠢᠯ ᠢ | ᠲᠤᠭᠳᠠᠭᠠᠵᠤ᠂ ᠲᠧᠯᠸᠢᠰ ᠪᠠ ᠰᠥᠯᠵᠢᠶ᠎ᠡ ᠪᠠᠷ ᠵᠠᠰᠠᠭ ᠤᠨ ᠶᠠᠪᠤᠳᠠᠯ ᠢ ᠠᠰᠠᠭᠤᠬᠤ ᠠᠵᠢᠯᠯᠠᠭ᠎ᠠ ᠥᠷᠨᠢᠭᠦᠯᠥᠨ᠂ ᠨᠠᠶᠢᠭᠡᠮ ᠨᠡᠶᠢᠳᠡ ᠶᠢᠨ ᠬᠢᠨᠠᠯᠳᠠ ᠶᠢᠨ ᠪᠥᠳᠥᠮᠵᠢ | ᠶᠢ ᠲᠡᠭᠡᠭᠰᠢᠯᠡᠭᠦᠯᠥᠨ᠎ᠡ᠃ ︽ᠭᠤᠷᠪᠠᠨ ᠠᠯᠪᠠᠨ ᠤ ᠵᠠᠷᠤᠳᠠᠯ︾ ᠪᠤᠯᠤᠨ ᠡᠩ ᠤᠨ ᠡᠳ᠋ ᠤᠨ ᠵᠠᠰᠠᠭ ᠤᠨ ᠵᠠᠷᠤᠯᠭ᠎ᠠ ᠶᠢ ᠤᠯᠠᠮ ᠢᠶᠠᠷ ᠴᠤᠮᠬᠠᠳᠬᠠᠵᠤ᠂ ᠤᠭ ᠡᠬᠢ | ᠠᠴᠠ ᠨᠢ ᠠᠷᠪᠢᠯᠠᠨ ᠭᠠᠮᠨᠠᠬᠤ ᠰᠤᠷᠳᠠᠯ ᠢ ᠪᠤᠢ ᠪᠤᠯᠭᠠᠨ᠂ ᠢᠯᠡ ᠲᠤᠳᠤ ᠪᠠᠷ ᠵᠠᠰᠠᠭ ᠪᠠᠷᠢᠨ ᠠᠮᠠᠯᠠᠭᠰᠠᠨ ᠵᠥᠢᠯ ᠢᠶᠠᠨ ᠰᠠᠶᠢᠳᠤᠷ ᠭᠥᠢᠴᠡᠳᠭᠡᠵᠤ᠂ ᠵᠠᠰᠠᠭ ᠤᠨ | ᠤᠷᠳᠤᠨ ᠤ ᠠᠵᠢᠯ ᠤᠨ ᠢᠳᠡᠭᠡᠮᠵᠢ ᠶᠢ ᠪᠥᠳᠥᠮᠵᠢᠳᠡᠢ ᠲᠡᠭᠡᠭᠰᠢᠯᠡᠭᠦᠯᠥᠨ᠎ᠡ᠃ | ᠲᠥᠯᠥᠭᠡᠯᠡᠭᠴᠢᠳ ᠡ᠂ ᠠᠤᠭ᠎ᠠ ᠲᠥᠰᠥᠪ ᠵᠤᠷᠢᠭ ᠢ ᠡᠷᠴᠢᠯᠡᠨ᠂ ᠠᠯᠤᠰ ᠢᠷᠡᠭᠡᠳᠥᠢ ᠭᠥᠰᠡᠯ ᠢ ᠬᠥᠪᠭᠡᠯᠵᠡᠭᠦᠯᠵᠤ ᠪᠤᠢ᠃ ᠪᠢᠳᠠ ᠰᠢ ᠶᠢᠨ ᠫᠢᠩ ᠨᠥᠭᠦᠷ ᠢᠶᠠᠷ | ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠨᠠᠩᠳᠠ ᠪᠠᠳᠤ ᠪᠥᠯᠭᠦᠮᠳᠠᠵᠤ᠂ ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ | ᠲᠤᠤᠷ᠎ᠠ᠂ ︽ᠥᠨᠡᠨ ᠪᠤᠳᠠᠳᠠᠢ᠂ ᠯᠠᠪᠳᠠᠭᠤᠨ ᠢᠳᠡᠯᠢᠭ᠂ ᠰᠠᠶᠢᠳᠤᠷ ᠭᠥᠢᠴᠡᠳᠭᠡᠭᠦ︾ ᠶᠢ ᠡᠷᠬᠢᠮᠯᠡᠨ᠂ ᠶᠡᠷᠤ ᠪᠤᠰᠤ ᠶᠢᠨ ᠬᠠᠷᠢᠭᠤᠴᠠᠯᠭ᠎ᠠ ᠪᠠᠷ ᠵᠢᠳᠭᠦᠯ ᠭᠠᠪᠢᠶ᠎ᠠ | ᠪᠥᠳᠥᠭᠡᠵᠤ᠂ ᠰᠢᠯᠢᠳᠡᠭ ᠪᠥᠳᠥᠮᠵᠢ ᠪᠠᠷ ︽ᠠᠷᠪᠠᠨ ᠲᠥᠷᠪᠡᠳᠥᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠡᠬᠢᠯᠡᠭᠦᠯᠥᠨ᠂ ᠲᠤᠮᠳᠠᠳᠤ ᠤᠯᠤᠰ ᠤᠨ ᠡᠪ ᠬᠠᠮᠳᠤ | ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠠᠭ᠋ᠠᠳᠤᠨ ᠤᠭᠳᠤᠰᠤᠭᠠᠢ︕ | | | ᠨᠡᠷᠡᠰ ᠤᠨ ᠲᠠᠶᠢᠯᠪᠤᠷᠢ | | | 1. ᠪᠤᠬᠢᠷᠳᠤᠯ ᠥᠭᠡᠢ ᠠᠭᠤᠷᠬᠠᠢ ᠶᠢᠨ ᠤᠷᠤᠨ᠄ ᠠᠭᠤᠷᠬᠠᠢ ᠰᠤᠷᠪᠤᠯᠵᠢ ᠠᠰᠢᠭᠯᠠᠬᠤ ᠳᠤ ᠰᠢᠨᠵᠢᠯᠡᠭᠦ ᠤᠬᠠᠭᠠᠨᠴᠢ ᠡᠮᠬᠢ ᠲᠠᠷᠠᠭᠠᠯᠠᠯ ᠲᠠᠢ ᠪᠠᠷ ᠨᠡᠭᠡᠭᠡᠵᠤ᠂ | ᠠᠭᠤᠷᠬᠠᠢ ᠶᠢᠨ ᠲᠤᠭᠤᠷᠢᠭ ᠤᠨ ᠤᠷᠴᠢᠨ ᠤ ᠠᠮᠢ ᠠᠬᠤᠢ ᠶᠢᠨ ᠨᠥᠯᠥᠭᠡᠯᠡᠯ ᠢ ᠡᠵᠡᠮᠳᠡᠯ ᠤᠨ ᠬᠡᠪᠴᠢᠶᠡᠨ᠎ᠡ ᠪᠠᠶᠢᠯᠭᠠᠬᠤ ᠶᠢᠨ ᠬᠠᠮᠳᠤ ᠡᠭᠦᠨ ᠤ ᠤᠯᠠᠮ ᠢᠶᠠᠷ | ᠤᠷᠴᠢᠨ ᠲᠤᠭᠤᠷᠢᠨ ᠠᠮᠢ ᠠᠬᠤᠶᠢᠴᠢ᠂ ᠨᠡᠭᠡᠭᠡᠨ ᠠᠰᠢᠭᠯᠠᠯᠳᠠ ᠰᠢᠨᠵᠢᠯᠡᠭᠦ ᠤᠬᠠᠭᠠᠨᠴᠢ᠂ ᠰᠤᠷᠪᠥᠯᠵᠢ ᠠᠰᠢᠭᠯᠠᠯᠳᠠ ᠪᠥᠳᠥᠮᠵᠢ ᠰᠠᠶᠢᠳᠠᠢ᠂ ᠬᠠᠮᠢᠶᠠᠷᠤᠯᠳᠠ ᠶᠢᠨ | ᠵᠠᠩᠬᠢ ᠲᠤᠭᠠᠴᠠᠯᠠᠭᠰᠠᠨ᠂ ᠨᠡᠶᠢᠭᠡᠮ ᠤᠷᠴᠢᠨ ᠨᠠᠶᠢᠷᠠᠮᠳᠠᠯᠳᠠᠢ ᠪᠠᠶᠢᠯᠭᠠᠬᠤ ᠶᠢ ᠵᠢᠭᠠᠵᠤ ᠪᠤᠢ᠃ | 2. GDP᠄ ᠤᠯᠤᠰ ᠤᠨ ᠲᠤᠳᠤᠭᠠᠳᠤ ᠶᠢᠨ ᠥᠢᠯᠡᠳᠪᠥᠷᠢᠯᠡᠯ ᠤᠨ ᠶᠡᠷᠥᠩᠭᠡᠢ ᠥᠷᠳᠡᠭ ︵Gross Domestic Product︶ ᠢ ᠵᠢᠭᠠᠵᠤ | ᠪᠤᠢ᠃ ᠲᠠᠷᠤᠢ᠂ ᠨᠢᠭᠡ ᠤᠯᠤᠰ ᠪᠠ ᠭᠠᠵᠠᠷ ᠤᠷᠤᠨ ᠤ ᠲᠤᠭᠳᠠᠭᠰᠠᠨ ᠬᠤᠭᠤᠴᠠᠭᠠᠨ ᠳᠤ ᠬᠢ ᠠᠵᠤ ᠠᠬᠤᠢ ᠶᠢᠨ ᠥᠢᠯᠡᠳᠪᠥᠷᠢᠯᠡᠯ ᠢᠶᠠᠷ ᠪᠤᠢ ᠪᠤᠯᠤᠭᠰᠠᠨ ᠪᠥᠭᠦ | ᠲᠤᠶᠢᠯᠰᠢᠷᠡᠯ ᠲᠠᠸᠠᠷ ᠪᠠ ᠭᠥᠳᠡᠯᠮᠥᠷᠢ ᠶᠢᠨ ᠥᠷᠳᠡᠭ᠃ | 3. ᠨᠡᠭᠦᠷᠡᠰᠥᠳᠥ᠋ᠷᠥᠭᠴᠢ ᠶᠢᠨ ᠤᠷᠬᠢᠯᠰᠢᠯ᠄ ᠶᠠᠮᠠᠷ ᠨᠢᠭᠡᠨ ᠴᠠᠭ ᠲᠤ ᠨᠡᠭᠦᠷᠡᠰᠥᠳᠥ᠋ᠷᠥᠭᠴᠢ ᠶᠢᠨ ᠲᠠᠪᠬᠤᠷ ᠢᠰᠥᠯ ᠤᠨ ᠢᠯᠭᠠᠷᠠᠭᠤᠯᠤᠯᠳᠠ ᠶᠢᠨ ᠭᠡᠮᠵᠢᠶ᠎ᠡ | ᠨᠡᠮᠡᠭᠳᠡᠭᠦ ᠪᠠᠨ ᠪᠤᠯᠢᠵᠤ ᠬᠠᠮᠤᠭ ᠤᠨ ᠥᠨᠳᠥᠷ ᠬᠡᠮᠵᠢᠭᠳᠡᠯ ᠳᠤ ᠪᠠᠨ ᠭᠥᠷᠭᠦ ᠶᠢ ᠵᠢᠭᠠᠵᠤ ᠪᠤᠢ᠃ ᠮᠠᠨ ᠤ ᠤᠯᠤᠰ 2030 ᠤᠨ ᠠᠴᠠ ᠤᠷᠢᠳ | ᠨᠡᠭᠦᠷᠡᠰᠥᠳᠥ᠋ᠷᠥᠭᠴᠢ ᠶᠢᠨ ᠤᠷᠬᠢᠯᠰᠢᠯ ᠢ ᠪᠡᠶᠡᠯᠡᠭᠦᠯᠭᠦ ᠪᠠᠷ ᠠᠮᠠᠯᠳᠤᠭᠰᠠᠨ ᠶᠤᠮ᠃ | 4. ᠨᠡᠭᠦᠷᠡᠰᠥᠳᠥ᠋ᠷᠥᠭᠴᠢ ᠰᠠᠭᠠᠷᠮᠠᠭᠵᠢᠭᠤᠯᠤᠯ᠄ ᠤᠶᠢᠵᠢᠭᠤᠯᠤᠯᠳᠠ ᠪᠠ ᠡᠨᠧᠷᠬᠢ ᠠᠷᠪᠢᠯᠠᠨ ᠪᠤᠬᠢᠷᠳᠤᠯ ᠪᠠᠭᠠᠰᠬᠠᠬᠤ ᠵᠡᠷᠭᠡ ᠠᠷᠭ᠎ᠠ ᠠᠪᠴᠠᠯ ᠢᠶᠠᠷ | ᠥᠪᠡᠷᠰᠡᠳ ᠢᠶᠠᠨ ᠭᠠᠳᠠᠭᠰᠢᠯᠠᠭᠤᠯᠤᠭᠰᠠᠨ ᠨᠡᠭᠦᠷᠡᠰᠥᠳᠥ᠋ᠷᠥᠭᠴᠢ ᠶᠢᠨ ᠲᠠᠪᠬᠤᠷ ᠢᠰᠥᠯ ᠤᠨ ᠬᠡᠮᠵᠢᠶ᠎ᠡ ᠶᠢ ᠰᠢᠩᠭᠡᠭᠡᠨ ᠲᠠᠭᠤᠰᠬᠠᠵᠤ᠂ ᠨᠡᠭᠦᠷᠡᠰᠥᠳᠥ᠋ᠷᠥᠭᠴᠢ ᠶᠢᠨ | ᠲᠠᠪᠬᠤᠷ ᠢᠰᠥᠯ ᠤᠨ ︽ᠲᠡᠭ ᠢᠯᠭᠠᠷᠠᠭᠤᠯᠤᠯᠳᠠ︾ ᠶᠢ ᠪᠡᠶᠡᠯᠡᠭᠦᠯᠭᠦ ᠶᠢ ᠵᠢᠭᠠᠵᠤ ᠪᠤᠢ᠃ ᠮᠠᠨ ᠤ ᠤᠯᠤᠰ 2060 ᠤ ᠤᠷᠢᠳ ᠨᠡᠭᠦᠷᠡᠰᠥᠳᠥ᠋ᠷᠥᠭᠴᠢ | ᠰᠠᠭᠠᠷᠮᠠᠭᠵᠢᠭᠤᠯᠤᠯ ᠤᠨ ᠬᠠᠷᠠᠯᠳᠠ ᠶᠢ ᠪᠡᠶᠡᠯᠡᠭᠦᠯᠭᠦ ᠪᠠᠷ ᠠᠮᠠᠯᠳᠤᠭᠰᠠᠨ ᠶᠤᠮ᠃ | 5. ᠡᠨᠧᠷᠬᠢ ᠶᠢᠨ ᠬᠤᠷᠤᠭᠳᠠᠯ ᠤᠨ ᠬᠤᠤᠰ ᠡᠵᠡᠮᠳᠡᠯ᠄ ᠡᠬᠢ ᠰᠤᠷᠪᠤᠯᠵᠢ ᠶᠢᠨ ᠬᠤᠷᠤᠭᠳᠠᠯ ᠤᠨ ᠶᠡᠷᠥᠩᠭᠡᠢ ᠬᠡᠮᠵᠢᠶ᠎ᠡ ᠪᠤᠯᠤᠨ ᠬᠤᠷᠤᠭᠳᠠᠯ ᠤᠨ ᠡᠷᠴᠢᠮ ᠢ | ᠡᠵᠡᠮᠳᠡᠭᠦ ᠶᠢ ᠵᠢᠭᠠᠵᠤ ᠪᠤᠢ᠃ | 6. ᠰᠢᠨᠵᠢᠯᠡᠭᠡ ᠮᠡᠷᠭᠡᠵᠢᠯ ᠢᠶᠠᠷ ᠥᠪᠥᠷ ᠮᠤᠩᠭᠤᠯ ᠢ ᠭᠥᠴᠥᠷᠭᠡᠭᠵᠢᠭᠦᠯᠭᠦ᠄ 2019 ᠤᠨ ᠤ 12 ᠰᠠᠷ᠎ᠠ ᠶᠢᠨ 9 ᠤ ᠡᠳᠥᠷ᠂ ᠤᠯᠤᠰ ᠤᠨ ᠰᠢᠨᠵᠢᠯᠡᠭᠡ | ᠮᠡᠷᠭᠡᠵᠢᠯ ᠤᠨ ᠶᠠᠮᠤᠨ ᠠᠴᠠ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠳᠤ ᠪᠠᠷ ︽ᠰᠢᠨᠵᠢᠯᠡᠭᠡ | ᠮᠡᠷᠭᠡᠵᠢᠯ ᠢᠶᠠᠷ ᠥᠪᠥᠷ ᠮᠤᠩᠭᠤᠯ ᠢ ᠭᠥᠴᠥᠷᠭᠡᠭᠵᠢᠭᠦᠯᠭᠦ︾ ᠠᠵᠢᠯᠯᠠᠭ᠎ᠠ ᠬᠡᠷᠡᠭᠵᠢᠭᠦᠯᠭᠦ ᠪᠠᠷ ᠲᠤᠭᠳᠠᠭᠰᠠᠨ ᠪᠠᠶᠢᠨ᠎ᠠ᠃ ᠭᠤᠤᠯᠳᠠᠭᠤ᠂ ︽ᠤᠷᠤᠨ ᠬᠡᠪᠴᠢᠶ᠎ᠡ ᠬᠢᠭᠡᠳ | ᠠᠵᠤ ᠥᠢᠯᠡᠰ ᠤᠨ ᠤᠨᠴᠠᠯᠢᠭᠳᠤ ᠲᠠᠪᠠᠭᠤᠯᠢᠭ ᠢ ᠪᠥᠳᠥᠭᠡᠭᠦ᠂ ᠥᠨᠳᠥᠷ ᠲᠥᠪᠰᠢᠨ ᠲᠠᠢ ᠰᠢᠨᠵᠢᠯᠡᠭᠡ ᠰᠤᠳᠤᠯᠭ᠎ᠠ ᠶᠢᠨ ᠪᠥᠯᠭᠦᠮ ᠴᠤᠭᠴᠠ ᠬᠢᠭᠡᠳ ᠪᠠᠴᠢᠮ | ᠱᠠᠭᠠᠷᠳᠠᠭᠳᠠᠬᠤ ᠴᠢᠳᠠᠪᠤᠷᠢᠳᠠᠳ ᠢ ᠤᠷᠢᠬᠤ᠂ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠰᠤᠳᠤᠯᠭᠠᠨ ᠤ ᠪᠥᠳᠥᠭᠡᠯ ᠢ ᠠᠮᠢᠯᠠᠭᠤᠯᠤᠨ ᠤᠷᠤᠨᠵᠢᠭᠤᠯᠬᠤ᠂ | ᠰᠤᠳᠤᠯᠤᠨ ᠨᠡᠭᠡᠭᠡᠯᠳᠡ ᠶᠢᠨ ᠲᠠᠪᠴᠠᠩ ᠢ ᠬᠤᠯᠪᠤᠭᠠᠯᠠᠵᠤ ᠪᠠᠶᠢᠭᠤᠯᠤᠨ ᠰᠢᠨᠡᠴᠢᠯᠡᠭᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ | ᠪᠠ ᠤᠷᠢᠨ ᠠᠪᠴᠢᠷᠠᠬᠤ᠂ ᠤᠯᠠᠨ ᠨᠡᠶᠢᠳᠡ ᠶᠢᠨ ᠰᠢᠨᠵᠢᠯᠡᠭᠡ ᠮᠡᠷᠭᠡᠵᠢᠯ ᠤᠨ ᠥᠢᠯᠡᠴᠢᠯᠡᠭᠡᠨ ᠤ ᠪᠠᠶᠢᠭᠤᠯᠤᠮᠵᠢ ᠬᠢᠭᠡᠳ ᠰᠢᠨᠵᠢᠯᠡᠭᠡ ᠮᠡᠷᠭᠡᠵᠢᠯ ᠤᠨ ᠭᠥᠷᠢᠶᠡᠯᠡᠩ | ᠲᠤᠭᠤᠷᠢᠭ᠂ ᠰᠢᠨᠡᠴᠢᠯᠡᠯᠳᠡᠳᠤ ᠠᠴᠢᠶᠠᠯᠠᠭᠴᠢ ᠶᠢ ᠬᠠᠮᠳᠤ ᠴᠤᠭᠴᠠᠯᠠᠬᠤ︾ ᠵᠢᠷᠭᠤᠭᠠᠨ ᠲᠠᠯ᠎ᠠ ᠶᠢᠨ ᠡᠭᠦᠷᠭᠡ ᠲᠠᠢ᠃ | 7. ᠰᠠᠯᠬᠢᠨ ᠴᠠᠬᠢᠯᠭᠠᠨ᠂ ᠨᠠᠷᠠᠨ ᠴᠠᠬᠢᠯᠭᠠᠨ᠂ ᠭᠠᠯ ᠴᠠᠬᠢᠯᠭᠠᠨ ᠪᠠ ᠴᠠᠬᠢᠯᠭᠠᠨ ᠬᠠᠳᠠᠭᠠᠯᠠᠯᠳᠠ ᠶᠢ ᠢᠵᠢ ᠴᠤᠭᠴᠠᠵᠢᠭᠤᠯᠬᠤ᠄ ᠰᠠᠯᠬᠢᠨ ᠴᠠᠬᠢᠯᠭᠠᠨ᠂ ᠨᠠᠷᠠᠨ | ᠴᠠᠬᠢᠯᠭᠠᠨ᠂ ᠭᠠᠯ ᠴᠠᠬᠢᠯᠭᠠᠨ ᠪᠠ ᠴᠠᠬᠢᠯᠭᠠᠨ ᠬᠠᠳᠠᠭᠠᠯᠠᠯᠳᠠ ᠶᠢᠨ ᠨᠢᠭᠡ ᠴᠤᠭᠴᠠᠵᠢᠭᠰᠠᠨ ᠡᠵᠡᠩᠨᠡᠯᠳᠡ ᠡᠷᠬᠢᠯᠡᠯᠳᠡ ᠶᠢ ᠵᠢᠭᠠᠵᠤ ᠪᠤᠢ᠃ | 8. LNG᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural Gas︶ ᠶᠢᠨ ᠠᠩᠭ᠍ᠯᠢ ᠨᠡᠷ᠎ᠡ ᠶᠢᠨ ᠲᠤᠪᠴᠢᠯᠠᠯ᠃ | 9. ᠡᠨᠧᠷᠬᠢ ᠲᠤᠤᠷ ᠲᠠᠭᠠᠭᠠᠴᠠ ᠬᠠᠳᠠᠭᠠᠯᠠᠯᠳᠠ ᠤᠰᠤᠳᠥ᠋ᠷᠥᠭᠴᠢ᠄ ᠴᠠᠬᠢᠯᠭᠠᠨ ᠡᠨᠧᠷᠬᠢ᠂ ᠴᠠᠬᠢᠯᠭᠠᠨ ᠲᠤᠤᠷ᠂ ᠴᠠᠬᠢᠯᠭᠠᠨ ᠲᠠᠭᠠᠭᠠᠴᠠ᠂ ᠡᠨᠧᠷᠬᠢ | ᠬᠠᠳᠠᠭᠠᠯᠠᠯᠳᠠ᠂ ᠤᠰᠥᠳᠥ᠋ᠷᠥᠭᠴᠢ ᠶᠢᠨ ᠡᠨᠧᠷᠬᠢ ᠶᠢᠨ ᠪᠥᠭᠦᠯᠢ ᠴᠤᠭᠴᠠᠳᠤ ᠡᠵᠡᠩᠨᠡᠯᠳᠡ ᠡᠷᠬᠢᠯᠡᠯᠳᠡ ᠶᠢᠨ ᠵᠠᠭᠪᠤᠷ ᠶᠢᠨ ᠵᠢᠭᠠᠵᠤ ᠪᠤᠢ᠃ | 10. ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠭᠦ᠄ ᠭᠥᠷᠥᠰᠤ ᠰᠢᠷᠥᠢ ᠶᠢ ᠰᠢᠮᠡᠵᠢᠭᠦᠯᠥᠨ ᠠᠮᠤᠭᠤᠯᠵᠤ᠂ ᠰᠢᠯᠢᠳᠡᠭ ᠰᠠᠶᠢᠨ ᠲᠠᠷᠢᠶᠠᠨ | ᠭᠥᠷᠥᠩᠭᠡ ᠶᠢ ᠲᠥᠭᠡᠮᠡᠯᠵᠢᠭᠦᠯᠭᠦ ᠪᠠᠷ ᠲᠠᠮᠵᠢᠭᠤᠯᠤᠨ᠂ ᠪᠠᠷᠢᠮᠵᠢᠶᠠᠴᠢᠯᠠᠭᠰᠠᠨ ᠥᠨᠳᠥᠷ ᠪᠥᠳᠥᠮᠵᠢᠳᠤ ᠪᠤᠬᠢᠷᠳᠤᠯ ᠥᠭᠡᠢ ᠮᠡᠷᠭᠡᠵᠢᠯ ᠤᠨ ᠵᠠᠭᠪᠤᠷ ᠢ ᠠᠰᠢᠭᠯᠠᠵᠤ᠂ | ᠠᠮᠤ ᠪᠤᠳᠠᠭᠠᠨ ᠤ ᠤᠨᠠᠯᠳᠠ ᠶᠢᠨ ᠨᠤᠷᠮ᠎ᠠ ᠲᠥᠪᠰᠢᠨ ᠢ ᠲᠡᠭᠡᠭᠰᠢᠯᠡᠭᠦᠯᠭᠦ ᠶᠢ ᠵᠢᠭᠠᠵᠤ ᠪᠤᠢ᠃ | 11. 5G ᠄ ᠲᠠᠪᠤᠳᠤᠭᠠᠷ ᠥᠶ᠎ᠡ ᠶᠢᠨ ᠨᠡᠭᠦᠳᠡᠯ ᠴᠢᠮᠡᠭᠡ ᠬᠤᠯᠪᠤᠭᠠᠨ ᠤ ᠮᠡᠷᠭᠡᠵᠢᠯ ︵5th generation mobile networks︶ ᠢ | ᠵᠢᠭᠠᠵᠤ ᠪᠤᠢ᠃ | | | | | |