ᠣᠳᠤᠭ ᠡᠮᠦᠨᠡᠳᠦ ᠵᠠᠰᠠᠭ ᠲᠠᠷᠬᠠᠭᠠᠬᠤ ﹇2022﹈ 4 ᠲᠣᠭᠠᠳᠦ
ᠨᠡᠶᠢᠲᠡᠯᠡᠭᠰᠡᠨ ᠴᠠᠭ᠄
2022/11/30
        ︽ᠣᠳᠤᠭ  ᠤᠨ  ᠡᠮᠦᠨᠡᠳᠦ  ᠬᠤᠰᠢᠭᠤᠨ  ᠤ  ᠰᠣᠶᠣᠯ  ᠵᠢᠭᠤᠯᠴᠢᠯᠠᠯ  ᠤᠨ ᠠᠵᠣ  ᠣᠶᠢᠯᠠᠰ  ᠤᠨ ᠠᠭᠤᠰᠣᠯᠴᠠᠯ         ᠬᠦᠭᠵᠢᠯᠳᠡ ᠶᠢ ᠲᠡᠮᠵᠢᠨ  ᠬᠦᠬᠢᠬᠦᠯᠦᠨ ᠱᠠᠩᠨᠠᠬᠤ ᠠᠷᠭ᠎ᠠ ᠶᠢᠨ ᠬᠡᠷᠡᠭᠵᠢᠭᠦᠯᠬᠦ  ᠲᠦᠷᠢᠮ︾ ᠢ  ᠴᠣᠬᠤᠯᠠᠪᠦᠷᠢᠯᠠᠨ          ᠣᠯᠠᠮᠵᠢᠯᠠᠬᠤ ᠲᠣᠬᠠᠢ ᠣᠳᠤᠭ ᠤᠨ ᠡᠮᠦᠨᠡᠳᠦ  ᠬᠤᠰᠢᠭᠤᠨ ᠤ ᠠᠷᠠᠳ ᠤᠨ ᠵᠠᠰᠠᠭ  ᠤᠨ ᠣᠷᠳᠣᠨ  ᠤ ᠮᠡᠳᠡᠭᠳᠡᠯ  ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠬᠠᠮᠢᠶ᠎ᠠ ᠪᠦᠬᠦᠢ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠠ᠂ ᠡᠯ᠎ᠡ ᠠᠷᠠᠳ ᠤᠨ ᠪᠦᠯᠬᠦᠮ᠄      ︽ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ ᠲᠡᠮᠵᠢᠨ ᠬᠦᠬᠢᠬᠦᠯᠦᠨ ᠱᠠᠩᠨᠠᠬᠤ ᠠᠷᠭ᠎ᠠ ᠶᠢᠨ ᠬᠡᠷᠡᠭᠵᠢᠭᠦᠯᠬᠦ ᠲᠦᠷᠢᠮ︾ ᠢ ᠡᠳᠦᠭᠡ ᠲᠠᠷᠣᠮᠠᠯᠯᠠᠨ ᠲᠠᠷᠬᠠᠭᠠᠪᠠ᠂ ᠪᠣᠳᠠᠳᠠᠢ ᠲᠠᠢ ᠣᠶᠠᠯᠳᠣᠭᠤᠯᠣᠨ᠂ ᠨᠠᠷᠢᠨ ᠬᠢᠨᠠᠮᠠᠭᠠᠢ ᠬᠡᠷᠡᠭᠵᠢᠭᠦᠯᠰᠦᠭᠡᠢ᠃                                                                        ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                         2022 ᠣᠨ ᠤ 2 ᠰᠠᠷ᠎ᠠ ᠶᠢᠨ 28 ᠤ ᠡᠳᠦᠷ           ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ                 ᠲᠡᠮᠵᠢᠨ ᠬᠦᠬᠢᠬᠦᠯᠦᠨ ᠱᠠᠩᠨᠠᠬᠤ ᠠᠷᠭ᠎ᠠ ᠶᠢᠨ ᠬᠡᠷᠡᠭᠵᠢᠭᠦᠯᠭᠦ ᠲᠦᠷᠢᠮ ︵ᠲᠣᠷᠰᠢᠨ ᠬᠡᠷᠡᠭᠵᠢᠬᠦᠯᠬᠦ︶                            ᠨᠢᠭᠡᠳᠦᠭᠡᠷ ᠪᠦᠯᠦᠭ      ᠶᠡᠷᠦᠩᠬᠡᠢ ᠲᠦᠷᠢ᠊‍ᠮ       ᠨᠢᠭᠡᠳᠦᠭᠡᠷ ᠵᠣᠶᠢᠯ     ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠢ ᠰᠢᠨ᠎ᠡ ᠲᠣᠯᠭᠠᠭᠤᠷᠢᠯᠠᠯ ᠠᠵᠣ ᠣᠶᠢᠯᠠᠰ ᠪᠣᠯᠭᠠᠨ ᠪᠣᠶᠢᠵᠢᠭᠤᠯᠬᠤ ᠶᠢ ᠲᠦᠷᠭᠡᠳᠬᠡᠵᠣ᠂ ᠵᠢᠭᠤᠯᠴᠢᠯᠠᠭᠰᠠᠳ ᠢ ᠣᠳᠤᠭ ᠤᠨ ᠡᠮᠦᠨᠡᠳᠦ ᠬᠤᠰᠢᠭᠤᠨ ᠳᠤ ᠲᠠᠳᠠᠨ᠂ ᠰᠣᠶᠣᠯ ᠵᠢᠭᠤᠯᠴᠢᠯᠠᠯ ᠤᠨ ᠠᠵᠣ ᠣᠶᠢᠯᠠᠰ  ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠶᠢᠨ ᠲᠣᠰᠠᠳᠠ᠂ ︽ᠣᠷᠳᠣᠰ ᠬᠤᠳᠠ ᠶᠢᠨ ᠰᠣᠶᠣᠯ ᠪᠣᠯᠣᠨ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠷᠭ᠎ᠠ ᠠᠪᠴᠠᠯ ᠤᠳ ᠤᠨ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2021﹈ 52 ᠲᠣᠭᠠᠳᠦ︶ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠦ ᠪᠠᠶᠢᠳᠠᠯ  ᠲᠠᠢ ᠪᠠᠨ ᠣᠶᠠᠯᠳᠣᠭᠤᠯᠵᠣ᠂ ᠲᠣᠰ ᠠᠷᠭ᠎ᠠ ᠶᠢ ᠲᠣᠭᠳᠠᠭᠠᠪᠠ᠃      ᠬᠤᠶᠠᠳᠣᠭᠠᠷ ᠵᠣᠶᠢᠯ     ᠰᠣᠶᠣᠯ ᠵᠢᠭᠤᠯᠴᠢᠯᠠᠯ ᠢ ᠲᠠᠮᠵᠢᠨ ᠬᠦᠬᠢᠬᠦᠯᠬᠦ ᠪᠡᠯᠡ ᠮᠦᠩᠭᠦᠨ ᠤ ᠬᠠᠮᠢᠶᠠᠷᠣᠯᠳᠠ ᠪᠣᠯᠣᠨ ᠬᠡᠷᠡᠭᠯᠡᠭᠡᠨ ᠳᠤ ︽ᠪᠦᠬᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠲᠦᠰᠦᠪ ᠤᠨ ᠬᠠᠣᠯᠢ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠦᠭᠵᠢᠯᠳᠡ ᠶᠢᠨ ᠪᠡᠯᠡ ᠮᠦᠩᠭᠦᠨ ᠤ ᠬᠠᠮᠢᠶᠠᠷᠣᠯᠳᠠ ᠶᠢᠨ ᠠᠷᠭ᠎ᠠ︾ ᠵᠡᠷᠭᠡ ᠲᠣᠭᠳᠠᠭᠠᠯ ᠢ ᠴᠢᠩᠭ᠎ᠠ ᠬᠡᠷᠡᠭᠵᠢᠭᠦᠯᠦᠨ᠂ ︽ᠠᠷᠭ᠎ᠠ ᠵᠠᠮ ᠡᠮᠬᠢ ᠲᠢᠭᠯᠢᠮ ᠲᠠᠢ᠂ ᠬᠡᠷᠡᠭᠴᠡᠭᠡ ᠶᠢ ᠬᠤᠪᠢᠷᠠᠭᠤᠯᠬᠤ ᠦᠭᠡᠢ᠂ ᠰᠢᠰᠲ᠋ᠧᠮᠴᠢ ᠬᠠᠮᠢᠶᠠᠷᠣᠯᠳᠠ︾ ᠪᠣᠯᠣᠨ ︽ᠢᠯᠡ ᠲᠣᠳᠦ᠂ ᠲᠦᠪ ᠭᠤᠣᠯᠴᠢ᠂ ᠡᠷᠭᠡ ᠲᠡᠭᠰᠢ︾ ᠵᠠᠷᠴᠢᠮ ᠢ ᠪᠠᠷᠢᠮᠳᠠᠯᠠᠵᠣ᠂ ᠪᠡᠯᠡ ᠮᠦᠩᠭᠦᠨ ᠤ ᠬᠠᠣᠯᠢ ᠶᠣᠰᠣᠨ ᠤ ᠲᠦᠷᠢᠮᠵᠢᠭᠦᠨ ᠠᠮᠣᠷ ᠲᠦᠪᠰᠢᠨ ᠪᠠ ᠦᠨᠳᠦᠷ ᠠᠰᠢᠭᠳᠦ ᠬᠡᠷᠡᠭᠯᠡᠯᠳᠡ ᠶᠢ ᠪᠠᠳᠣᠯᠠᠨ᠎ᠠ᠃      ᠭᠤᠷᠪᠠᠳᠣᠭᠠᠷ ᠵᠣᠶᠢᠯ     ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠣᠯ ᠰᠣᠶᠣᠯ ᠵᠢᠭᠤᠯᠴᠢᠯᠠᠯ ᠢ ᠲᠡᠮᠵᠢᠨ ᠬᠦᠬᠢᠬᠦᠯᠬᠦ ᠪᠡᠯᠡ ᠮᠦᠩᠭᠦᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠪᠣᠯᠣᠨ᠎ᠠ᠃ ᠪᠡᠯᠡ ᠮᠦᠩᠭᠦᠨ ᠤ ᠲᠦᠰᠦᠪ ᠤᠨ ᠬᠢᠨᠠᠨ ᠬᠠᠷᠭᠤᠭᠤᠯᠣᠯᠳᠠ᠂ ᠣᠯᠭᠤᠯᠳᠠ ᠪᠠ ᠬᠢᠨᠠᠯᠳᠠ ᠬᠠᠮᠢᠶᠠᠷᠣᠯᠳᠠ ᠶᠢ ᠬᠠᠷᠢᠭᠤᠴᠠᠨ᠎ᠠ︔ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ ᠪᠣᠯ ᠰᠣᠶᠣᠯ ᠵᠢᠭᠤᠯᠴᠢᠯᠠᠯ ᠢ ᠲᠡᠮᠵᠢᠨ ᠬᠦᠬᠢᠬᠦᠯᠬᠦ ᠪᠡᠯᠡ ᠮᠦᠩᠭᠦᠨ ᠤ ᠲᠦᠷᠦᠯ ᠵᠣᠶᠢᠯ ᠤᠨ ᠬᠠᠮᠢᠶᠠᠷᠣᠯᠳᠠ ᠶᠢᠨ ᠰᠠᠯᠠᠭ᠎ᠠ ᠮᠦᠴᠢᠷ ᠪᠣᠯᠣᠨ᠎ᠠ᠂ ᠰᠣᠶᠣᠯ ᠵᠢᠭᠤᠯᠴᠢᠯᠠᠯ ᠢ ᠲᠡᠮᠵᠢᠨ ᠬᠦᠬᠢᠬᠦᠯᠬᠦ ᠲᠦᠷᠦᠯ ᠵᠣᠶᠢᠯ ᠤᠨ ᠮᠡᠳᠡᠭᠦᠯᠦᠯᠳᠡ ᠶᠢᠨ ᠬᠢᠨᠠᠨ ᠴᠣᠬᠤᠯᠠᠪᠦᠷᠢᠯᠠᠯᠳᠠ᠂ ᠪᠡᠯᠡ ᠮᠦᠩᠭᠦᠨ ᠤ ᠬᠡᠷᠡᠭᠯᠡᠯᠳᠡ ᠪᠣᠯᠣᠨ ᠬᠤᠪᠢᠶᠠᠷᠢᠯᠠᠯ ᠤᠨ ᠬᠡᠷᠡᠭᠵᠢᠭᠦᠯᠦᠯᠳᠠ ᠶᠢ ᠬᠠᠷᠢᠭᠤᠴᠠᠨ᠎ᠠ᠃        ᠬᠤᠶᠠᠳᠣᠭᠠᠷ ᠪᠦᠯᠦᠭ     ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠮᠵᠢᠬᠦ ᠪᠡ ᠬᠦᠬᠢᠬᠦᠯᠦᠨ ᠱᠠᠩᠨᠠᠬᠤ      ᠲᠦᠷᠪᠡᠳᠦᠭᠡᠷ ᠵᠣᠶᠢᠯ     ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠮᠵᠢᠨ ᠬᠦᠬᠢᠬᠦᠯᠬᠦ ᠪᠡᠯᠡ ᠮᠦᠩᠭᠦ ᠶᠢ ᠣᠯᠭᠤᠬᠤ ᠡᠳᠡᠭᠡᠳ᠄ ᠣᠳᠤᠭ ᠤᠨ ᠡᠮᠦᠨᠡᠳᠦ ᠬᠤᠰᠢᠭᠤᠨ ᠳᠤ ᠬᠠᠣᠯᠢ ᠶᠣᠰᠣᠭᠠᠷ ᠲᠡᠮᠳᠡᠭᠯᠡᠭᠦᠯᠦᠨ ᠲᠠᠩᠰᠠᠯᠠᠭᠤᠯᠵᠣ᠂ ᠡᠵᠡᠩᠨᠡᠨ ᠭᠠᠶᠢᠯᠢ ᠲᠣᠰᠢᠶᠠᠭᠰᠠᠨ ᠮᠦᠷᠳᠡᠭᠡᠨ ᠲᠣᠰᠠᠭᠠᠷ ᠬᠠᠣᠯᠢ  ᠤᠨ ᠡᠷᠬᠡᠳᠡᠨ ᠤ ᠬᠢᠷᠢ ᠬᠡᠮ ᠲᠠᠢ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ᠂ ᠲᠣᠬᠠᠶᠢᠯᠠᠭᠰᠠᠨ ᠠᠵᠢᠯ ᠤᠨ ᠨᠡᠶᠢᠭᠡᠮᠯᠢᠭ ᠵᠢᠴᠢ ᠪᠣᠰᠣᠳ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ᠃      ᠲᠠᠪᠣᠳᠣᠭᠠᠷ ᠵᠣᠶᠢᠯ     ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠮᠵᠢᠨ ᠬᠦᠬᠢᠬᠦᠯᠬᠦ ᠪᠡᠯᠡ ᠮᠦᠩᠭᠦ ᠶᠢ ᠭᠤᠶᠣᠪᠴᠢᠯᠠᠬᠤ ᠨᠦᠭᠦᠴᠡᠯ᠄      ︵ᠨᠢᠭᠡ︶ ᠣᠳᠤᠭ ᠤᠨ ᠡᠮᠦᠨᠡᠳᠦ ᠬᠤᠰᠢᠭᠤᠨ ᠳᠤ ᠬᠠᠣᠯᠢ ᠶᠣᠰᠣᠭᠠᠷ ᠲᠡᠮᠳᠡᠭᠯᠡᠭᠦᠯᠦᠨ ᠲᠠᠩᠰᠠᠯᠠᠭᠤᠯᠵᠣ᠂ ᠡᠵᠡᠩᠨᠡᠨ ᠭᠠᠶᠢᠯᠢ ᠲᠣᠰᠢᠶᠠᠭᠰᠠᠨ ᠡᠳᠡᠭᠡᠳ︔      ︵ᠬᠤᠶᠠᠷ︶ ᠭᠤᠶᠣᠪᠴᠢᠯᠠᠨ ᠮᠡᠳᠡᠭᠦᠯᠦᠭᠰᠡᠨ ᠨᠡᠷᠡᠳᠦ ᠲᠡᠮᠳᠡᠭ ᠨᠢ ᠲᠣᠰ ᠵᠢᠯ ᠳᠤ ᠪᠠᠨ ᠦᠨᠡᠯᠡᠯᠳᠡ ᠣᠯᠣᠭᠰᠠᠨ ᠪᠠᠶᠢᠬᠤ ᠬᠡᠷᠡᠭᠳᠡᠢ︔      ︵ᠭᠤᠷᠪᠠ︶ ᠣᠳᠤᠭ ᠤᠨ ᠡᠮᠦᠨᠡᠳᠦ ᠬᠤᠰᠢᠭᠤᠨ ᠤ ᠬᠡᠪᠴᠢᠶᠠᠨ ᠳᠤ ᠨᠡᠷᠡᠳᠦ ᠲᠡᠮᠳᠡᠭ ᠤᠨ ᠰᠣᠶᠣᠯ ᠵᠢᠭᠤᠯᠴᠢᠯᠠᠯ ᠤᠨ ᠪᠠᠶᠠᠷ ᠲᠣᠷᠠᠰᠬᠠᠯ ᠤᠨ ᠠᠵᠢᠯᠯᠠᠭᠠᠨ ᠦᠷᠨᠢᠭᠦᠯᠵᠣ᠂ 2000 ᠢᠯᠡᠭᠦᠣ ᠬᠦᠮᠦᠨ ᠣᠷᠣᠯᠴᠠᠭᠰᠠᠨ ᠪᠣᠳᠠᠳᠠᠢ ᠭᠠᠵᠠᠷ ᠣᠷᠣᠨ ᠤ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭᠠᠨ ᠲᠠᠢ ᠮᠦᠷᠳᠡᠭᠡᠨ ᠲᠡᠯᠭᠡᠷᠡᠭᠦᠯᠦᠨ ᠲᠦᠭᠡᠮᠡᠯᠵᠢᠭᠦᠯᠭᠦ ᠦᠷ᠎ᠡ ᠪᠦᠳᠦᠮᠵᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠳᠡᠢ᠃ ᠵᠢᠷᠭᠤᠳᠣᠭᠠᠷ ᠵᠣᠶᠢᠯ     ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠮᠵᠢᠨ ᠬᠦᠬᠢᠬᠦᠯᠬᠦ ᠪᠡᠯᠡ ᠮᠦᠩᠭᠦ ᠭᠤᠶᠣᠪᠴᠢᠯᠠᠬᠤ ᠳᠤ ᠬᠠᠩᠭᠠᠬᠤ ᠮᠡᠲ᠋ᠧᠷᠢᠶᠠᠯ᠄      ︵ᠨᠢᠭᠡ︶ ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠮᠵᠢᠨ ᠬᠦᠬᠢᠬᠦᠯᠬᠦ ᠪᠡᠯᠡ ᠮᠦᠩᠭᠦ ᠶᠢ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠬᠤ ᠪᠠᠶᠢᠭᠤᠯᠭ᠎ᠠ ᠶᠢᠨ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠲᠦᠯᠦᠭᠡᠨ ᠤ ᠨᠣᠮᠧᠷ ᠤᠨ ᠦᠨᠡᠮᠯᠡᠯ ᠪᠣᠶᠣ ᠭᠤᠷᠪᠠᠨ ᠦᠨᠡᠮᠯᠡᠯ ᠢ ᠨᠢᠭᠡᠳᠬᠡᠭᠰᠡᠨ ᠡᠵᠡᠩᠨᠡᠯᠳᠡ ᠶᠢᠨ ᠪᠠᠳᠣᠯᠠᠪᠦᠷᠢ ᠶᠢᠨ ᠪᠢᠴᠢᠭ ᠤᠨ ᠬᠠᠭᠤᠯᠪᠦᠷᠢ︔      ︵ᠭᠤᠷᠪᠠ︶ ᠭᠤᠶᠣᠪᠴᠢᠯᠠᠬᠤ ᠪᠠᠶᠢᠭᠤᠯᠭ᠎ᠠ ᠨᠢᠭᠡᠴᠡ ᠶᠢᠨ ᠬᠠᠣᠯᠢ ᠶᠢᠨ ᠡᠷᠬᠡᠳᠡᠨ ᠤ ᠲᠦᠯᠦᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠦᠷᠢ︔      ︵ᠲᠦᠷᠪᠡ︶ ᠮᠡᠳᠡᠭᠦᠯᠦᠭᠰᠡᠨ ᠨᠡᠷᠡᠳᠦ ᠲᠡᠮᠳᠡᠭ ᠤᠨ ᠲᠣᠰ ᠵᠢᠯ ᠳᠤ ᠪᠠᠨ ᠦᠨᠡᠯᠡᠭᠳᠡᠭᠰᠡᠨ ᠬᠡᠷᠡᠴᠢ ᠮᠡᠲ᠋ᠧᠷᠢᠶᠠᠯ︔      ︵ᠲᠠᠪᠤ︶ ᠲᠦᠷᠦᠯ ᠵᠣᠶᠢᠯ ᠤᠨ ᠪᠦᠳᠦᠮᠵᠢ ᠶᠢᠨ ᠬᠠᠷᠠᠯᠳᠠ ᠶᠢᠨ ᠦᠪᠡᠷ ᠤᠨ ᠦᠨᠡᠯᠡᠯᠳᠡ ᠶᠢᠨ ᠮᠡᠳᠡᠭᠦᠯᠬᠦ ᠬᠦᠰᠦᠨᠦᠭ︔      ︵ᠵᠢᠷᠭᠤᠭ᠎ᠠ︶ ᠣᠷᠣᠨ ᠨᠣᠳᠤᠭ ᠤᠨ ᠣᠨᠴᠠᠯᠢᠭᠳᠦ ᠨᠡᠷᠡᠳᠦ ᠲᠡᠮᠳᠡᠭ ᠤᠨ ᠰᠣᠶᠣᠯ ᠵᠢᠭᠤᠯᠴᠢᠯᠠᠯ ᠤᠨ ᠠᠵᠢᠯᠯᠠᠭᠠᠨ ᠤ ᠨᠦᠬᠦᠪᠦᠷᠢ ᠶᠢ ᠭᠤᠶᠣᠪᠴᠢᠯᠠᠬᠤ ᠳᠤ ᠠᠵᠢᠯᠯᠠᠭᠠᠨ ᠤ ᠲᠦᠰᠦᠯ᠂ ᠲᠦᠰᠦᠪ᠂ 3 ᠠᠴᠠ ᠲᠡᠭᠡᠭᠰᠢᠬᠢ ᠭᠤᠣᠯ ᠵᠠᠭᠤᠴᠢᠯᠠᠭᠤᠷ ᠤᠨ ᠮᠡᠳᠡᠭᠡᠯᠡᠭᠰᠡᠨ ᠰᠣᠨᠢᠨ ᠮᠡᠳᠡᠭᠡ ᠪᠠ ᠭᠡᠷᠡᠯ ᠵᠢᠷᠤᠭ᠂ ᠵᠠᠷᠣᠯᠭ᠎ᠠ ᠶᠢᠨ ᠪᠠᠷᠢᠮᠳᠠ ᠪᠠᠨ ᠬᠠᠩᠭᠠᠵᠣ᠂ ᠭᠤᠶᠣᠪᠴᠢᠯᠠᠬᠤ ᠪᠠᠶᠢᠭᠤᠯᠭ᠎ᠠ ᠲᠠᠮᠠᠭ᠎ᠠ ᠪᠠᠨ ᠲᠠᠷᠣᠨ᠎ᠠ︔      ︵ᠲᠣᠯᠤᠭ᠎ᠠ︶ ᠠᠮᠠᠯᠠᠯᠳᠠ ᠶᠢᠨ ᠪᠢᠴᠢᠭ︔      ︵ᠨᠠᠢᠮᠠ︶ ᠭᠤᠶᠣᠪᠴᠢᠯᠠᠬᠤ ᠪᠠᠶᠢᠭᠤᠯᠭ᠎ᠠ ᠶᠢᠨ ᠢᠳᠡᠭᠡᠮᠵᠢᠳᠦ ︵ᠲᠣᠮᠳᠠᠳᠦ ᠣᠯᠣᠰ︶ ᠪᠣᠶᠣ ᠢᠳᠡᠭᠡᠮᠵᠢᠳᠦ ︵ᠦᠪᠦᠷ ᠮᠣᠩᠭᠤᠯ︶ ᠰᠦᠯᠵᠢᠶᠡᠨ ᠲᠡᠭᠡᠷᠡᠬᠢ ᠢᠳᠡᠭᠡᠮᠵᠢ ᠶᠢᠨ ᠲᠡᠮᠳᠡᠭᠯᠡᠯ︔      ᠲᠣᠯᠣᠳᠣᠭᠠᠷ ᠵᠣᠶᠢᠯ     ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠮᠵᠢᠬᠦ ᠪᠠᠷᠢᠮᠵᠢᠶ᠎ᠡ      ︵ᠨᠢᠭᠡ︶ ᠣᠯᠣᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠣᠭᠴᠠᠯᠠᠨ᠂ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠦ ᠴᠢᠨᠠᠷ ᠤᠨ ᠵᠡᠷᠭᠡ ᠲᠡᠰ ᠤᠨ ᠬᠤᠪᠢᠶᠠᠷᠢᠯᠠᠯ ᠪᠣᠯᠣᠨ ᠰᠢᠯᠭᠠᠨ ᠲᠣᠭᠳᠠᠭᠠᠯᠳᠠ︾ ︵GB/T17775  — 2003︶ ᠵᠡᠷᠭᠡ ᠲᠣᠭᠳᠠᠭᠠᠯ ᠤᠨ ᠪᠠᠷᠢᠮᠵᠢᠶᠠᠨ ᠳᠤ ᠨᠡᠶᠢᠴᠡᠭᠡᠳ᠂ ᠣᠯᠣᠰ ᠤᠨ 3A ᠲᠡᠰ᠂ 4A ᠲᠡᠰ᠂ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡᠯ᠂ ᠨᠢᠭᠡᠯᠡ ᠣᠳᠠᠭ᠎ᠠ ᠪᠠᠷ ᠲᠣᠰ ᠪᠦᠷᠢ 50 ᠲᠦᠮᠡ᠂ 100 ᠲᠦᠮᠡ᠂ 200 ᠲᠦᠮᠡᠨ ᠲᠦᠭᠦᠷᠢᠭ ᠬᠦᠬᠢᠬᠦᠯᠦᠨ ᠱᠠᠩᠨᠠᠨ᠎ᠠ᠃      ︵ᠬᠤᠶᠠᠷ︶ ᠣᠯᠣᠰ ᠤᠨ ᠣᠳᠣᠨ ᠲᠡᠰ ᠤᠨ ᠵᠢᠭᠤᠯᠴᠢᠯᠠᠯ ᠤᠨ ᠪᠠᠭᠤᠳᠠᠯ ᠢ ᠴᠣᠭᠴᠠᠯᠠᠨ᠂ ︽ᠵᠢᠭᠤᠯᠴᠢᠯᠠᠯ ᠤᠨ ᠪᠠᠭᠤᠳᠠᠯ ᠤᠨ ᠣᠳᠣᠨ ᠲᠡᠰ ᠤᠨ ᠬᠤᠪᠢᠶᠠᠷᠢᠯᠠᠯ ᠪᠣᠯᠣᠨ ᠰᠢᠯᠭᠠᠨ ᠲᠣᠭᠳᠠᠭᠠᠯᠳᠠ︾ ︵GB/T14308  — 2010︶ ᠵᠡᠷᠭᠡ ᠲᠣᠭᠳᠠᠭᠠᠯ ᠤᠨ ᠪᠠᠷᠢᠮᠵᠢᠶᠠᠨ ᠳᠤ ᠨᠡᠶᠢᠴᠡᠭᠡᠳ᠂ ᠭᠤᠷᠪᠠᠨ ᠣᠳᠣᠨ ᠲᠡᠰ᠂ ᠲᠦᠷᠪᠡᠨ ᠣᠳᠣᠨ ᠲᠡᠰ᠂ ᠲᠠᠪᠣᠨ ᠣᠳᠣᠨ ᠲᠡᠰ ᠤᠨ ᠵᠢᠭᠤᠯᠴᠢᠯᠠᠯ ᠤᠨ ᠪᠠᠭᠤᠳᠠᠯ ᠢᠶᠠᠷ ᠦᠨᠡᠯᠡᠭᠳᠡᠪᠡᠯ᠂ ᠨᠢᠭᠡᠯᠡ ᠣᠳᠠᠭ᠎ᠠ ᠪᠠᠷ ᠲᠣᠰ ᠪᠦᠷᠢ 10 ᠲᠦᠮᠡ᠂ 50 ᠲᠦᠮᠡ᠂ 100 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃      ︵ᠭᠤᠷᠪᠠ︶ ᠦᠪᠡᠷᠳᠡᠭᠡᠨ ᠵᠠᠰᠠᠬᠤ ᠣᠷᠣᠨ ᠤ ᠣᠳᠣᠨ ᠲᠡᠰ ᠤᠨ ᠬᠦᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ ᠶᠢ ᠴᠣᠭᠴᠠᠯᠠᠨ᠂ ︽ᠬᠦᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ ᠶᠢᠨ ᠣᠳᠣᠨ ᠲᠡᠰ ᠤᠨ ᠰᠢᠯᠭᠠᠨ ᠲᠣᠭᠳᠠᠭᠠᠯᠳᠠ ᠶᠢᠨ ᠬᠠᠮᠢᠶᠠᠷᠣᠯᠳᠠ ᠶᠢᠨ ᠠᠷᠭ᠎ᠠ︾ ︵GB15/T1444  — 2018︶᠂ ︽ᠮᠠᠯᠵᠢᠬᠤ ᠣᠷᠣᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ ᠶᠢᠨ ᠣᠳᠣᠨ ᠲᠡᠰ ᠤᠨ ᠰᠢᠯᠭᠠᠨ ᠲᠣᠭᠳᠠᠭᠠᠯᠳᠠ  ᠶᠢᠨ ᠬᠠᠮᠢᠶᠠᠷᠣᠯᠳᠠ ᠶᠢᠨ ᠠᠷᠭ᠎ᠠ︾ ︵GB15/T1445  — 2018︶ ᠵᠡᠷᠭᠡ ᠲᠣᠭᠳᠠᠭᠠᠯ ᠤᠨ ᠪᠠᠷᠢᠮᠵᠢᠶᠠᠨ ᠳᠤ ᠨᠡᠶᠢᠴᠡᠭᠡᠳ᠂ ᠭᠤᠷᠪᠠᠨ ᠣᠳᠣᠨ ᠲᠡᠰ᠂ ᠲᠦᠷᠪᠡᠨ ᠣᠳᠣᠨ ᠲᠡᠰ᠂ ᠲᠠᠪᠣᠨ ᠣᠳᠣᠨ ᠲᠡᠰ ᠤᠨ ᠬᠦᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ ᠪᠠᠷ ᠦᠨᠡᠯᠡᠭᠳᠡᠪᠡᠯ᠂ ᠨᠢᠭᠡᠯᠡ ᠣᠳᠠᠭ᠎ᠠ  ᠪᠠᠷ ᠲᠣᠰ ᠪᠦᠷᠢ 3 ᠲᠦᠮᠡ᠂ 5 ᠲᠦᠮᠡ᠂ 10 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃      ︵ᠲᠦᠷᠪᠡ︶ ᠪᠦᠬᠦ ᠣᠯᠣᠰ ᠤᠨ ᠲᠡᠰ ᠤᠨ ᠵᠢᠭᠤᠯᠴᠢᠯᠠᠯ ᠤᠨ ᠬᠦᠳᠡᠭᠡ ᠠᠶᠢᠯ ᠢ ᠴᠣᠭᠴᠠᠯᠠᠨ᠂ ︽ᠵᠢᠭᠤᠯᠴᠢᠯᠠᠯ ᠤᠨ ᠬᠦᠳᠡᠭᠡ ᠠᠶᠢᠯ ᠤᠨ ᠦᠨᠳᠦᠰᠦᠨ ᠱᠠᠭᠠᠷᠳᠠᠯᠭ᠎ᠠ ᠪᠣᠯᠣᠨ ᠰᠢᠯᠭᠠᠨ ᠲᠣᠭᠳᠠᠭᠠᠯᠳᠠ︾ ︵LB/T065  — 2019︶ ᠵᠡᠷᠭᠡ ᠲᠣᠭᠳᠠᠭᠠᠯ ᠤᠨ ᠪᠠᠷᠢᠮᠵᠢᠶᠠᠨ ᠳᠤ ᠨᠡᠶᠢᠴᠡᠭᠡᠳ᠂ ᠬᠦᠬᠡ ᠲᠡᠰ᠂ ᠬᠦᠬᠡᠭᠴᠢᠨ ᠲᠡᠰ ᠤᠨ ᠵᠢᠭᠤᠯᠴᠢᠯᠠᠯ ᠤᠨ ᠬᠦᠳᠡᠭᠡ ᠠᠶᠢᠯ ᠢᠶᠠᠷ ᠦᠨᠡᠯᠡᠭᠳᠡᠪᠡᠯ᠂ ᠨᠢᠭᠡᠯᠡ ᠣᠳᠠᠭ᠎ᠠ ᠪᠠᠷ ᠲᠡᠰ ᠪᠦᠷᠢ 10 ᠲᠦᠮᠡ᠂ 5 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃      ︵ᠲᠠᠪᠤ︶ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠠᠭᠤᠯᠭ᠎ᠠ ᠪᠠᠷ ᠪᠠᠶᠠᠯᠢᠭ᠂ ᠣᠯᠠᠨ ᠶᠠᠩᠵᠣᠳᠦ ᠣᠷᠣᠨ ᠨᠣᠳᠤᠭ ᠤᠨ ᠣᠨᠴᠠᠯᠢᠭᠳᠦ ᠨᠡᠷᠡᠳᠦ ᠲᠡᠮᠳᠡᠭ ᠤᠨ ᠪᠠᠶᠠᠷ ᠴᠣᠭᠯᠠᠭᠠᠨ ᠤ ᠠᠵᠢᠯᠯᠠᠭᠠᠨ ᠵᠣᠬᠢᠶᠠᠨ ᠪᠠᠶᠢᠭᠤᠯᠣᠨ ᠦᠷᠨᠢᠭᠦᠯᠪᠡᠯ᠂ ᠬᠡᠪᠴᠢᠶᠡᠵᠢᠯ ᠢ ᠨᠢ ᠦᠨᠳᠦᠰᠦᠯᠡᠨ 5 ᠲᠦᠮᠡ — 50 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃                    ᠭᠤᠷᠪᠠᠳᠣᠭᠠᠷ ᠪᠦᠯᠦᠭ     ᠰᠣᠶᠣᠯ ᠤᠨ ᠴᠡᠴᠡᠭᠯᠡᠯᠳᠡ ᠶᠢ ᠲᠡᠮᠵᠢᠬᠦ ᠪᠠ ᠬᠦᠬᠢᠬᠦᠯᠦᠨ ᠱᠠᠩᠨᠠᠬᠤ      ᠨᠢᠭᠡᠳᠦᠭᠡᠷ ᠬᠡᠰᠡᠭ     ᠡᠭᠦᠳᠦᠨ ᠪᠦᠳᠦᠭᠡᠯᠳᠡ ᠶᠢᠨ ᠱᠠᠩᠨᠠᠯ ᠤᠨ ᠲᠠᠬᠢᠨ ᠬᠦᠬᠢᠬᠦᠯᠦᠨ ᠱᠠᠩᠨᠠᠬᠤ      ᠨᠠᠢᠮᠳᠣᠭᠠᠷ ᠵᠣᠶᠢᠯ     ᠡᠭᠦᠳᠦᠨ ᠪᠦᠳᠦᠭᠡᠯᠳᠡ ᠶᠢᠨ ᠱᠠᠩᠨᠠᠯ ᠤᠨ ᠲᠠᠬᠢᠨ ᠬᠦᠬᠢᠬᠦᠯᠦᠨ ᠱᠠᠩᠨᠠᠬᠤ ᠡᠳᠡᠭᠡᠳ᠄      ᠣᠳᠤᠭ ᠤᠨ ᠡᠮᠦᠨᠡᠳᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠪᠣᠯᠣᠨ ᠨᠡᠶᠢᠭᠡᠮ ᠤᠨ ᠪᠦᠯᠬᠦᠮ ᠪᠠ ᠠᠵᠢᠯᠳᠠᠨ ᠵᠢᠴᠢ ᠣᠳᠤᠭ ᠤᠨ ᠡᠮᠦᠨᠡᠳᠦ ᠬᠤᠰᠢᠭᠤᠨ ᠤ ᠡᠷᠦᠭᠡ ᠠᠮᠠ ᠲᠠᠢ ᠬᠦᠮᠦᠨ᠃      ᠶᠢᠰᠦᠳᠦᠭᠡᠷ ᠵᠣᠶᠢᠯ     ᠡᠭᠦᠳᠦᠨ ᠪᠦᠳᠦᠭᠡᠯᠳᠡ ᠶᠢᠨ ᠱᠠᠩᠨᠠᠯ ᠤᠨ ᠲᠠᠬᠢᠨ ᠬᠦᠬᠢᠬᠦᠯᠦᠨ ᠱᠠᠩᠨᠠᠬᠤ ᠶᠢ ᠭᠤᠶᠣᠪᠴᠢᠯᠠᠬᠤ ᠨᠦᠬᠦᠴᠡᠯ᠄ ᠭᠤᠶᠣᠪᠴᠢᠯᠠᠬᠤ ᠪᠦᠳᠦᠭᠡᠯ ᠨᠢ ᠲᠣᠰ ᠵᠢᠯ ᠳᠤ ᠪᠠᠨ ᠣᠯᠣᠰ ︵ᠲᠦᠪ ᠤᠨ ᠣᠬᠠᠭᠤᠯᠬᠤ ᠬᠡᠯᠳᠡᠰ᠂ ᠰᠣᠶᠣᠯ ᠵᠢᠭᠤᠯᠴᠢᠯᠠᠯ ᠤᠨ ᠶᠠᠮᠣᠨ᠂ ᠲᠣᠮᠳᠠᠳᠦ ᠣᠯᠣᠰ ᠤᠨ ᠣᠳᠬ᠎ᠠ ᠣᠷᠠᠯᠢᠭ  ᠤᠨ ᠬᠤᠯᠪᠣᠭ᠎ᠠ︶᠂ ᠦᠪᠡᠷᠳᠡᠭᠡᠨ ᠵᠠᠰᠠᠬᠤ ᠣᠷᠣᠨ ︵ᠣᠬᠠᠭᠤᠯᠬᠤ ᠬᠡᠯᠳᠡᠰ᠂ ᠰᠣᠶᠣᠯ ᠵᠢᠭᠤᠯᠴᠢᠯᠠᠯ ᠤᠨ ᠲᠢᠩᠬᠢᠮ᠂ ᠣᠳᠬ᠎ᠠ ᠣᠷᠠᠯᠢᠭ ᠤᠨ ᠬᠤᠯᠪᠣᠭ᠎ᠠ︶ ᠤ ᠠᠵᠢᠯᠯᠠᠭᠠᠨ ᠤ ᠱᠠᠩᠨᠠᠯ ᠣᠯᠣᠭᠰᠠᠨ ᠲᠦᠷᠦᠯ ᠵᠣᠶᠢᠯ᠃      ᠠᠷᠪᠠᠳᠣᠭᠠᠷ ᠵᠣᠶᠢᠯ     ᠡᠭᠦᠳᠦᠨ ᠪᠦᠳᠦᠭᠡᠯᠳᠡ ᠶᠢᠨ ᠱᠠᠩᠨᠠᠯ ᠤᠨ ᠲᠠᠬᠢᠨ ᠬᠦᠬᠢᠬᠦᠯᠦᠨ ᠱᠠᠩᠨᠠᠬᠤ ᠭᠤᠶᠣᠪᠴᠢᠯᠠᠯ ᠤᠨ ᠮᠡᠲ᠋ᠧᠷᠢᠶᠠᠯ᠄      ︵ᠨᠢᠭᠡ︶ ᠡᠭᠦᠳᠦᠨ ᠪᠦᠳᠦᠭᠡᠯᠳᠡ ᠶᠢᠨ ᠱᠠᠩᠨᠠᠯ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠦᠷᠢ︔      ︵ᠭᠤᠷᠪᠠ︶ ᠱᠠᠩᠨᠠᠯ ᠤᠨ ᠦᠨᠡᠮᠯᠡᠯ᠂ ᠣᠷᠣᠯᠳᠣᠭᠠᠨ ᠳᠤ ᠣᠷᠣᠯᠴᠠᠭᠰᠠᠨ ᠪᠢᠴᠢᠭ ᠮᠡᠲ᠋ᠧᠷᠢᠶᠠᠯ᠂ ᠰᠡᠭᠦᠳᠡᠷ ᠵᠢᠴᠢ ᠲᠣᠳᠣᠷᠬᠠᠶᠢᠯᠠᠯᠳᠠ︔      ︵ᠲᠦᠷᠪᠡ︶ ᠠᠮᠠᠯᠠᠯᠳᠠ ᠶᠢᠨ ᠪᠢᠴᠢᠭ︔      ᠠᠷᠪᠠᠨ ᠨᠢᠭᠡᠳᠦᠭᠡᠷ ᠵᠣᠶᠢᠯ     ᠡᠬᠦᠳᠦᠨ ᠪᠦᠳᠦᠭᠡᠯᠳᠡ ᠶᠢᠨ ᠱᠠᠩᠨᠠᠯ ᠤᠨ ᠲᠠᠬᠢᠨ ᠬᠦᠬᠢᠬᠦᠯᠦᠨ ᠱᠠᠩᠨᠠᠬᠤ ᠪᠠᠷᠢᠮᠵᠢᠶ᠎ᠡ᠄ ᠣᠯᠣᠰ ︵ᠲᠦᠪ ᠤᠨ ᠣᠬᠠᠭᠤᠯᠬᠤ ᠬᠡᠯᠳᠡᠰ᠂ ᠰᠣᠶᠣᠯ ᠵᠢᠭᠤᠯᠴᠢᠯᠠᠯ ᠤᠨ ᠶᠠᠮᠣᠨ᠂ ᠲᠣᠮᠳᠠᠳᠦ ᠣᠯᠣᠰ ᠤᠨ ᠣᠳᠬ᠎ᠠ ᠣᠷᠠᠯᠢᠭ ᠤᠨ ᠬᠤᠯᠪᠣᠭ᠎ᠠ︶ ᠤᠨ ᠨᠢᠭᠡᠳᠦᠭᠡᠷ ᠲᠡᠰ ᠤᠨ ᠱᠠᠩᠨᠠᠯ ᠣᠯᠪᠠᠯ 5 ᠲᠦᠮᠡᠨ ᠲᠦᠭᠦᠷᠢᠭ᠂ ᠬᠤᠶᠠᠳᠣᠭᠠᠷ ᠲᠡᠰ ᠤᠨ ᠱᠠᠩᠨᠠᠯ ᠣᠯᠪᠠᠯ 3 ᠲᠦᠮᠡᠨ ᠲᠦᠭᠦᠷᠢᠭ᠂ ᠭᠤᠷᠪᠠᠳᠣᠭᠠᠷ ᠲᠡᠰ ᠤᠨ ᠱᠠᠩᠨᠠᠯ ᠣᠯᠪᠠᠯ 2 ᠲᠦᠮᠡᠨ ᠲᠦᠬᠦᠷᠢᠭ᠂ ᠰᠢᠯᠢᠳᠡᠭ ᠱᠠᠩᠨᠠᠯ ᠣᠯᠪᠠᠯ ᠲᠦᠮᠡᠨ ᠲᠦᠭᠦᠷᠢᠭ ᠢᠶᠠᠷ ᠬᠦᠬᠢᠬᠦᠯᠦᠨ ᠱᠠᠩᠨᠠᠨ᠎ᠠ᠃      ᠦᠪᠡᠷᠳᠡᠭᠡᠨ ᠵᠠᠰᠠᠬᠤ ᠣᠷᠣᠨ ︵ᠣᠬᠠᠭᠤᠯᠬᠤ ᠬᠡᠯᠳᠡᠰ᠂ ᠰᠣᠶᠣᠯ ᠵᠢᠭᠤᠯᠴᠢᠯᠠᠯ ᠤᠨ ᠲᠢᠩᠬᠢᠮ᠂ ᠣᠳᠬ᠎ᠠ ᠣᠷᠠᠯᠢᠭ ᠤᠨ ᠬᠤᠯᠪᠣᠭ᠎ᠠ︶ ᠤ ᠨᠢᠭᠡᠳᠦᠭᠡᠷ ᠲᠡᠰ  ᠤᠨ ᠱᠠᠩᠨᠠᠯ ᠣᠯᠪᠠᠯ 3 ᠲᠦᠮᠡᠨ ᠲᠦᠭᠦᠷᠢᠭ᠂ ᠬᠤᠶᠠᠳᠣᠭᠠᠷ ᠲᠡᠰ ᠤᠨ ᠱᠠᠩᠨᠠᠯ ᠣᠯᠪᠠᠯ 2 ᠲᠦᠮᠡᠨ ᠲᠦᠭᠦᠷᠢᠭ᠂ ᠭᠤᠷᠪᠠᠳᠣᠭᠠᠷ ᠲᠡᠰ ᠤᠨ ᠱᠠᠩᠨᠠᠯ ᠣᠯᠪᠠᠯ ᠲᠦᠮᠡᠨ ᠲᠦᠬᠦᠷᠢᠭ᠂ ᠰᠢᠯᠢᠳᠡᠭ ᠱᠠᠩᠨᠠᠯ ᠣᠯᠪᠠᠯ 0.5 ᠲᠦᠮᠡᠨ ᠲᠦᠭᠦᠷᠢᠭ ᠢᠶᠠᠷ ᠬᠦᠬᠢᠬᠦᠯᠦᠨ ᠱᠠᠩᠨᠠᠨ᠎ᠠ᠃      ᠬᠤᠶᠠᠳᠣᠭᠠᠷ ᠬᠡᠰᠡᠭ     ᠡᠭᠦᠳᠦᠨ ᠪᠦᠳᠦᠭᠡᠯᠳᠡ ᠶᠢᠨ ᠱᠠᠩᠨᠠᠯ ᠤᠨ ᠪᠣᠰᠣᠳ ᠬᠦᠬᠢᠬᠦᠯᠦᠯ ᠱᠠᠩᠨᠠᠯ      ᠠᠷᠪᠠᠨ ᠬᠤᠶᠠᠳᠣᠭᠠᠷ ᠵᠣᠶᠢᠯ     ᠡᠭᠦᠳᠦᠨ ᠪᠦᠳᠦᠭᠡᠯᠳᠡ ᠶᠢᠨ ᠱᠠᠩᠨᠠᠯ ᠤᠨ ᠪᠣᠰᠣᠳ ᠬᠦᠬᠢᠬᠦᠯᠦᠯ ᠱᠠᠩᠨᠠᠯ ᠣᠯᠭᠤᠬᠤ ᠡᠳᠡᠭᠡᠳ      ᠣᠳᠤᠭ ᠤᠨ ᠡᠮᠦᠨᠡᠳᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠪᠣᠯᠣᠨ ᠨᠡᠶᠢᠭᠡᠮ ᠤᠨ ᠪᠦᠯᠬᠦᠮ ᠪᠠ ᠠᠵᠢᠯᠳᠠᠨ ᠵᠢᠴᠢ ᠣᠳᠤᠭ ᠤᠨ ᠡᠮᠦᠨᠡᠳᠦ ᠬᠤᠰᠢᠭᠤᠨ ᠤ ᠡᠷᠦᠭᠡ ᠠᠮᠠ ᠲᠠᠢ ᠬᠦᠮᠦᠨ᠃      ᠠᠷᠪᠠᠨ ᠭᠤᠷᠪᠠᠳᠣᠭᠠᠷ ᠵᠣᠶᠢᠯ     ᠡᠭᠦᠳᠦᠨ ᠪᠦᠳᠦᠭᠡᠯᠳᠡ ᠶᠢᠨ ᠱᠠᠩᠨᠠᠯ ᠤᠨ ᠪᠣᠰᠣᠳ ᠬᠦᠬᠢᠬᠦᠯᠦᠯ ᠱᠠᠩᠨᠠᠯ ᠢ ᠭᠤᠶᠣᠪᠴᠢᠯᠠᠬᠤ ᠨᠦᠬᠦᠴᠡᠯ᠄      ᠭᠤᠶᠣᠪᠴᠢᠯᠠᠬᠤ ᠪᠦᠳᠦᠭᠡᠯ ᠨᠢ ᠣᠯᠣᠰ ︵ᠲᠦᠪ ᠤᠨ ᠣᠬᠠᠭᠤᠯᠬᠤ ᠬᠡᠯᠳᠡᠰ᠂ ᠰᠣᠶᠣᠯ ᠵᠢᠭᠤᠯᠴᠢᠯᠠᠯ ᠤᠨ ᠶᠠᠮᠣᠨ᠂ ᠲᠣᠮᠳᠠᠳᠦ ᠣᠯᠣᠰ ᠤᠨ ᠣᠳᠬ᠎ᠠ ᠣᠷᠠᠯᠢᠭ ᠤᠨ ᠬᠤᠯᠪᠣᠭ᠎ᠠ︶᠂ ᠦᠪᠡᠷᠳᠡᠭᠡᠨ ᠵᠠᠰᠠᠬᠤ ᠣᠷᠣᠨ ︵ᠣᠬᠠᠭᠤᠯᠬᠤ ᠬᠡᠯᠳᠡᠰ᠂ ᠰᠣᠶᠣᠯ ᠵᠢᠭᠤᠯᠴᠢᠯᠠᠯ ᠤᠨ ᠲᠢᠩᠬᠢᠮ᠂ ᠣᠳᠬ᠎ᠠ ᠣᠷᠠᠯᠢᠭ ᠤᠨ ᠬᠤᠯᠪᠣᠭ᠎ᠠ︶ ᠤ ᠠᠵᠢᠯᠯᠠᠭᠠᠨ ᠤ ᠱᠠᠩᠨᠠᠯ ᠢ ᠣᠯᠣᠭᠰᠠᠨ ᠦᠭᠡᠢ᠂ ᠭᠡᠪᠡᠴᠦ ᠣᠳᠤᠭ ᠤᠨ ᠡᠮᠦᠨᠡᠳᠦ ᠬᠤᠰᠢᠭᠤᠨ ᠤ ᠪᠠᠶᠢᠭᠠᠯᠢᠯᠢᠭ ᠦᠵᠡᠮᠵᠢ᠂ ᠰᠣᠶᠣᠯ ᠢᠷᠭᠡᠨᠰᠢᠯ᠂ ᠴᠡᠪᠡᠷ ᠭᠠᠷᠣᠯᠳᠠ᠂ ᠬᠤᠳᠠ ᠪᠠᠯᠭᠠᠰᠣᠨ ᠤ ᠪᠠᠶᠢᠭᠤᠯᠣᠯᠳᠠ ᠵᠡᠷᠭᠡ ᠠᠭᠤᠯᠭ᠎ᠠ ᠲᠠᠢ ᠵᠢᠩᠬᠢᠨᠢ ᠪᠠᠷ ᠬᠡᠪᠯᠡᠭᠳᠡᠭᠰᠡᠨ ᠮᠦᠷᠳᠡᠭᠡᠨ ᠬᠠᠣᠯᠢ ᠶᠣᠰᠣᠨ ᠤ ᠲᠠᠷᠬᠠᠭᠠᠭᠰᠠᠨ ᠨᠣᠮᠧᠷ ᠪᠠ ᠬᠡᠪᠯᠡᠯ ᠤᠨ ᠨᠣᠮᠧᠷ ᠲᠠᠢ ᠪᠦᠳᠦᠭᠡᠯ᠄      ︵ᠨᠢᠭᠡ︶ ᠲᠣᠭᠤᠵᠢ᠂ ᠦᠭᠦᠯᠡᠯᠭᠡ᠂ ᠢᠷᠠᠭᠤ ᠨᠠᠶᠢᠷᠠᠭ᠂ ᠨᠠᠶᠢᠷᠠᠭᠤᠯᠣᠯ ︵ᠰᠣᠯᠠ ᠵᠣᠬᠢᠶᠠᠯ ᠴᠢᠯᠦᠭᠡᠳᠦ ᠪᠢᠴᠢᠯᠭᠡ︶᠂ ᠰᠢᠭᠦᠮᠵᠢ ᠵᠡᠷᠭᠡ ᠣᠳᠬ᠎ᠠ ᠵᠣᠬᠢᠶᠠᠯ  ᠤᠨ ᠪᠦᠳᠦᠭᠡᠯ ᠤᠨ ᠡᠮᠬᠢᠳᠬᠡᠯ︔      ︵ᠬᠤᠶᠠᠷ︶ ᠲᠠᠭᠤᠣ ᠬᠦᠭᠵᠢᠮ ᠤᠨ ᠲᠣᠰᠬᠠᠢ ᠡᠮᠬᠢᠳᠬᠡᠯ︔      ︵ᠭᠤᠷᠪᠠ︶ ᠭᠡᠷᠡᠯ ᠵᠢᠷᠤᠭ ᠤᠨ ᠪᠦᠳᠦᠭᠡᠯ ᠵᠡᠷᠭᠡ᠃      ᠠᠷᠪᠠᠨ ᠲᠦᠷᠪᠡᠳᠦᠭᠡᠷ ᠵᠣᠶᠢᠯ     ᠡᠭᠦᠳᠣᠨ ᠪᠦᠳᠦᠭᠡᠯᠳᠡ ᠶᠢᠨ ᠱᠠᠩᠨᠠᠯ ᠤᠨ ᠪᠣᠰᠣᠳ ᠱᠠᠩᠨᠠᠯ ᠢ ᠭᠤᠶᠣᠪᠴᠢᠯᠠᠬᠤ ᠮᠡᠲ᠋ᠧᠷᠢᠶᠠᠯ᠄      ︵ᠨᠢᠭᠡ︶ ᠱᠠᠩᠨᠠᠯ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠭᠴᠢ ᠶᠢᠨ ᠪᠡᠶ᠎ᠡ ᠶᠢᠨ ᠭᠠᠷᠣᠯ ᠤᠨ ᠭᠡᠷᠡᠴᠢ ᠮᠡᠲ᠋ᠧᠷᠢᠶᠠᠯ︔      ︵ᠭᠤᠷᠪᠠ︶ ᠵᠢᠩᠬᠢᠨᠢ ᠪᠠᠷ ᠬᠡᠪᠯᠡᠨ ᠲᠠᠷᠬᠠᠭᠠᠭᠰᠠᠨ ᠲᠣᠭᠤᠵᠢ᠂ ᠦᠭᠦᠯᠡᠯᠭᠡ᠂ ᠢᠷᠠᠭᠤ ᠨᠠᠶᠢᠷᠠᠭ᠂ ᠨᠠᠶᠢᠷᠠᠭᠤᠯᠣᠯ ︵ᠰᠣᠯᠠ ᠵᠣᠬᠢᠶᠠᠯ ᠴᠢᠯᠦᠭᠡᠳᠦ ᠪᠢᠴᠢᠯᠭᠡ︶᠂ ᠰᠢᠭᠦᠮᠵᠢ ᠵᠡᠷᠭᠡ ᠣᠳᠬ᠎ᠠ ᠵᠣᠬᠢᠶᠠᠯ ᠤᠨ ᠪᠦᠳᠦᠭᠡᠯ ᠤᠨ ᠡᠮᠬᠢᠳᠬᠡᠯ ︵ᠬᠠᠣᠯᠢ ᠶᠣᠰᠣᠨ ᠤ ᠲᠠᠷᠬᠠᠭᠠᠭᠰᠠᠨ ᠨᠣᠮᠧᠷ ᠪᠠ ᠬᠡᠪᠯᠡᠯ ᠤᠨ ᠨᠣᠮᠧᠷ ᠲᠠᠢ︶︔      ︵ᠲᠦᠷᠪᠡ︶ ᠲᠠᠭᠤᠣ ᠬᠦᠭᠵᠢᠮ ᠤᠨ ᠲᠣᠰᠬᠠᠢ ᠡᠮᠬᠢᠳᠬᠡᠯ ᠳᠤ ᠪᠦᠳᠦᠭᠡᠯ᠂ ᠲᠣᠪᠬᠢᠮᠠᠯ ᠵᠢᠴᠢ ᠲᠠᠭᠤᠣ ᠰᠢᠩᠭᠡᠭᠡᠯᠳᠡ ᠶᠢᠨ ᠬᠠᠪᠰᠣᠷᠭᠠᠯ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ︔      ︵ᠲᠠᠪᠤ︶ ᠭᠡᠷᠡᠯ ᠵᠢᠷᠤᠭ ᠤᠨ ᠪᠦᠳᠦᠭᠡᠯ ᠳᠤ 6 ᠢᠮᠠᠬᠤ ᠶᠢᠨ ᠪᠣᠳᠣᠭᠳᠦ ᠰᠡᠭᠦᠳᠡᠷ ︵ᠴᠠᠭᠠᠰᠣᠨ ᠰᠡᠭᠦᠳᠡᠷ︶ ᠪᠣᠯᠣᠨ ᠡᠯᠧᠺᠲᠷᠣᠨ ᠰᠡᠭᠦᠳᠡᠷ ᠲᠣᠰ ᠪᠦᠷᠢ ᠨᠢᠭᠡ ᠬᠤᠪᠢ᠄      1. ᠴᠠᠭᠠᠰᠣᠨ ᠰᠡᠭᠦᠳᠡᠷ ᠤᠨ ᠠᠷᠣ ᠲᠠᠯ᠎ᠠ ᠳᠤ ᠪᠦᠳᠦᠭᠡᠯ ᠤᠨ ᠨᠡᠷ᠎ᠡ᠂ ᠵᠢᠷᠣᠭᠯᠠᠭᠴᠢ ᠶᠢᠨ ᠨᠡᠷ᠎ᠡ ᠪᠠᠨ ᠪᠢᠴᠢᠨ᠎ᠡ︔      2. ᠡᠯᠧᠺᠲᠷᠣᠨ ᠰᠡᠭᠦᠳᠡᠷ ᠳᠤ jpg ᠵᠠᠭᠪᠣᠷ ᠤᠨ > 300dpi ᠢᠯᠭᠠᠮᠵᠢ ᠶᠢᠨ ᠨᠣᠷᠮ᠎ᠠ ᠲᠠᠢ ᠰᠡᠭᠦᠳᠡᠷ ᠲᠣᠰᠢᠶᠠᠨ᠎ᠠ᠂ ᠡᠯᠧᠺᠲᠷᠣᠨ ᠮᠡᠲ᠋ᠧᠷᠢᠶᠡᠯ ᠤᠨ ᠨᠡᠷᠡᠶᠢᠳᠦᠯ᠄ ︽ᠪᠦᠳᠦᠭᠡᠯ ᠤᠨ ᠨᠡᠷ᠎ᠡ + ᠵᠢᠷᠣᠭᠯᠠᠭᠴᠢ ᠶᠢᠨ ᠨᠡᠷ᠎ᠡ︾︔      3. ᠬᠡᠷᠡᠯ ᠵᠢᠷᠤᠭ ᠲᠤ ᠭᠡᠷᠡᠯ ᠵᠢᠷᠤᠭ ᠤᠨ ᠲᠣᠳᠣᠷᠬᠠᠶᠢᠯᠠᠯᠳᠠ ᠪᠢᠴᠢᠵᠣ᠂ ᠭᠡᠷᠡᠯ ᠵᠢᠷᠤᠭ ᠤᠨ ᠰᠡᠭᠦᠳᠡᠷᠯᠡᠭᠰᠡᠨ ᠴᠠᠭ᠂ ᠲᠡᠮᠳᠡᠭᠯᠡᠭᠰᠡᠨ ᠬᠡᠷᠡᠭ ᠶᠠᠪᠣᠳᠠᠯ ᠢᠶᠠᠨ ᠲᠣᠳᠣᠷᠬᠠᠶᠢᠯᠠᠬᠤ ᠶᠢᠨ ᠬᠠᠮᠳᠦ ᠬᠡᠷᠡᠭ ᠶᠠᠪᠣᠳᠠᠯ ᠤᠨ ᠲᠣᠪᠴᠢ ᠲᠠᠶᠢᠯᠪᠦᠷᠢ ᠵᠡᠷᠭᠡ ᠪᠠᠨ ᠬᠠᠩᠭᠠᠨ᠎ᠠ︔      ︵ᠵᠢᠷᠭᠤᠭ᠎ᠠ︶ ᠠᠮᠯᠠᠯᠳᠠ ᠶᠢᠨ ᠪᠢᠴᠢᠭ᠃      ᠠᠷᠪᠠᠨ ᠲᠠᠪᠣᠳᠣᠭᠠᠷ ᠵᠣᠶᠢᠯ     ᠡᠭᠦᠳᠦᠨ ᠪᠦᠳᠦᠭᠡᠯᠳᠡ ᠶᠢᠨ ᠱᠠᠩᠨᠠᠯ ᠤᠨ ᠪᠣᠰᠣᠳ ᠱᠠᠩᠨᠠᠯ ᠭᠤᠶᠣᠪᠴᠢᠯᠠᠯ ᠤᠨ ᠬᠦᠬᠢᠬᠦᠯᠦᠯ ᠤᠨ ᠪᠠᠷᠢᠮᠵᠢᠶ᠎ᠡ᠄      ᠨᠢᠭᠡ ᠪᠦᠳᠦᠭᠡᠯ ᠤᠨ ᠡᠮᠬᠢᠳᠬᠡᠯ ᠳᠤ ᠬᠦᠮᠦᠨ ᠪᠣᠯᠭᠠᠨ ᠵᠢᠯ ᠪᠦᠷᠢ 5000 ᠲᠦᠭᠦᠷᠢᠭ ᠣᠯᠭᠤᠨ᠎ᠠ᠃      ᠭᠤᠷᠪᠠᠳᠣᠭᠠᠷ ᠬᠡᠰᠡᠭ ᠵᠣᠬᠢᠶᠠᠨ ᠪᠠᠶᠢᠭᠤᠯᠣᠭᠴᠢ ᠶᠢᠨ ᠱᠠᠩᠨᠠᠯ      ᠠᠷᠪᠠᠨ ᠵᠢᠷᠭᠤᠳᠣᠭᠠᠷ ᠵᠣᠶᠢᠯ     ᠵᠣᠬᠢᠶᠠᠨ ᠪᠠᠶᠢᠭᠤᠯᠣᠭᠴᠢ ᠶᠢᠨ ᠱᠠᠩᠨᠠᠯ ᠳᠤ ᠲᠣᠬᠢᠷᠠᠯᠴᠠᠬᠤ ᠡᠳᠡᠭᠡᠳ ᠣᠳᠤᠭ ᠤᠨ ᠡᠮᠦᠨᠡᠳᠦ ᠬᠤᠰᠢᠭᠤᠨ ᠳᠤ ᠬᠠᠣᠯᠢ ᠶᠣᠰᠣᠭᠠᠷ ᠲᠠᠩᠰᠠᠯᠠᠭᠤᠯᠣᠭᠰᠠᠨ ᠠᠷᠠᠳ ᠤᠨ ᠰᠣᠶᠣᠯ ᠤᠨ ᠵᠣᠬᠢᠶᠠᠨ ᠪᠠᠶᠢᠭᠤᠯᠣᠯᠳᠠ ︵ᠠᠷᠠᠳ ᠤᠨ ᠰᠣᠶᠣᠯ ᠤᠨ ᠪᠦᠯᠬᠦᠮ ᠨᠡᠶᠢᠭᠡᠮᠯᠢᠭ︶ ᠦᠨᠳᠦᠰᠦᠨ ᠱᠠᠳᠣᠨ ᠤ ᠨᠡᠶᠢᠳᠡ ᠶᠢᠨ ᠰᠣᠶᠣᠯ ᠤᠨ ᠪᠠᠶᠢᠭᠤᠯᠭ᠎ᠠ ︵ᠪᠠᠯᠭᠠᠰᠦ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ︶᠂ ᠰᠣᠶᠣᠯ ᠤᠨ ᠡᠷᠦᠭᠡ ᠵᠢᠴᠢ ᠨᠠᠮ ᠵᠠᠰᠠᠭ ᠤᠨ ᠪᠠᠶᠢᠭᠤᠯᠣᠮᠵᠢ᠂ ᠠᠵᠣ ᠠᠬᠤᠶᠢᠯᠠᠯ ᠠᠵᠢᠯ ᠣᠶᠢᠯᠠᠰ  ᠤᠨ ᠨᠢᠭᠡᠴᠡ ᠪᠣᠯᠣᠨ ᠨᠡᠶᠢᠭᠡᠮ ᠤᠨ ᠪᠦᠯᠬᠦᠮ ᠤᠨ ᠠᠵᠢᠯ ᠤᠨ ᠠᠵᠢᠯᠳᠠᠨ ᠪᠠ ᠣᠳᠤᠭ ᠤᠨ ᠡᠮᠦᠨᠡᠳᠦ ᠬᠤᠰᠢᠭᠤᠨ ᠤ ᠡᠷᠦᠭᠡ ᠠᠮᠠ ᠲᠠᠢ ᠬᠦᠮᠦᠨ᠃      ᠠᠷᠪᠠᠨ ᠲᠣᠯᠣᠳᠣᠭᠠᠷ ᠵᠣᠶᠢᠯ     ᠵᠣᠬᠢᠶᠠᠨ ᠪᠠᠶᠢᠭᠤᠯᠣᠭᠴᠢ ᠶᠢᠨ ᠱᠠᠩᠨᠠᠯ ᠭᠤᠶᠣᠪᠴᠢᠯᠠᠬᠤ ᠨᠦᠭᠦᠴᠡᠯ᠄ ᠬᠠᠣᠯᠢ ᠶᠣᠰᠣᠭᠠᠷ ᠪᠦᠬᠦ ᠬᠤᠰᠢᠭᠤᠨ ᠤ ᠣᠳᠦ ᠦᠶ᠎ᠡ ᠶᠢᠨ ᠨᠡᠶᠢᠳᠡ ᠶᠢᠨ ᠰᠣᠶᠣᠯ ᠤᠨ ᠣᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠳᠠ ᠳᠤ ᠴᠢᠬᠤᠯᠠ ᠶᠡᠭᠡ ᠭᠠᠪᠢᠶ᠎ᠠ ᠵᠢᠳᠬᠦᠯ ᠦᠵᠡᠭᠦᠯᠦᠭᠰᠡᠳ᠃      ᠠᠷᠪᠠᠨ ᠨᠠᠢᠮᠠᠳᠣᠭᠠᠷ ᠵᠣᠶᠢᠯ     ᠠᠷᠠᠳ ᠤᠨ ᠰᠣᠶᠣᠯ ᠤᠨ ᠵᠣᠬᠢᠶᠠᠨ ᠪᠠᠶᠢᠭᠤᠯᠣᠭᠴᠢ ᠶᠢᠨ ᠱᠠᠩᠨᠠᠯ ᠢ ᠭᠤᠶᠣᠪᠴᠢᠯᠠᠬᠤ ᠮᠡᠲ᠋ᠧᠷᠢᠶᠡᠯ᠄      ︵ᠨᠢᠭᠡ︶ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠭᠴᠢ ᠶᠢᠨ ᠪᠡᠶ᠎ᠡ ᠶᠢᠨ ᠭᠠᠷᠣᠯ ᠤᠨ ᠭᠡᠷᠡᠴᠢ ᠮᠡᠲ᠋ᠧᠷᠢᠶᠡᠯ︔      ︵ᠭᠤᠷᠪᠠ︶ ︽ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠣᠷᠠᠯᠢᠭ ᠤᠨ ᠪᠦᠯᠬᠦᠮ ᠤᠨ ᠬᠦᠮᠦᠵᠢᠯ ᠪᠣᠯᠪᠠᠰᠣᠷᠠᠯ ᠤᠨ ᠬᠠᠮᠢᠶᠠᠷᠣᠯᠳᠠ ᠶᠢᠨ ᠠᠷᠭ᠎ᠠ ︾ ᠶᠢ ᠦᠳᠦᠰᠦᠯᠡᠨ ᠲᠦᠷᠦᠯ ᠬᠤᠪᠢᠶᠠᠭᠰᠠᠨ ᠬᠢᠨᠠᠨ ᠰᠢᠯᠭᠠᠯᠳᠠ ᠦᠨᠡᠯᠡᠯᠳᠡ ᠶᠢᠨ ᠭᠡᠷᠡᠴᠢ ᠪᠠᠷᠢᠮᠳᠠ ᠬᠠᠩᠭᠠᠨ᠎ᠠ︔      ︵ᠲᠦᠷᠪᠡ︶ ᠬᠦᠬᠢᠬᠦᠯᠦᠯ ᠤᠨ ᠪᠢᠴᠢᠭ᠂ ᠣᠷᠣᠯᠳᠣᠭᠠᠨ ᠳᠤ ᠣᠷᠣᠯᠴᠠᠭᠰᠠᠨ ᠪᠢᠴᠢᠭ ᠮᠡᠲ᠋ᠧᠷᠢᠶᠡᠯ ᠪᠣᠯᠣᠨ ᠱᠠᠩᠨᠠᠯ ᠣᠯᠣᠭᠰᠠᠨ ᠰᠡᠭᠦᠳᠡᠷ ᠵᠢᠴᠢ ᠲᠣᠳᠣᠷᠬᠠᠶᠢᠯᠠᠯᠳᠠ᠂ ᠲᠣᠭᠯᠠᠯᠳᠠ ᠶᠢᠨ ᠠᠵᠢᠯᠯᠠᠭᠠᠨ ᠤ ᠲᠡᠮᠳᠡᠭᠯᠡᠯ ᠤᠨ ᠬᠦᠰᠦᠨᠦᠭ︔      ︵ᠲᠠᠪᠤ︶ ᠠᠮᠯᠠᠯᠳᠠ ᠶᠢᠨ ᠪᠢᠴᠢᠭ᠃      ᠠᠷᠪᠠ ᠶᠢᠰᠦᠳᠦᠭᠡᠷ ᠵᠣᠶᠢᠯ     ᠦᠨᠳᠦᠰᠦᠨ ᠱᠠᠳᠣᠨ ᠤ ᠨᠡᠶᠢᠳᠡ ᠶᠢᠨ ᠰᠣᠶᠣᠯ ᠤᠨ ᠪᠠᠶᠢᠭᠤᠯᠭ᠎ᠠ ᠶᠢᠨ ᠭᠤᠶᠣᠪᠴᠢᠯᠠᠬᠤ ᠮᠡᠲ᠋ᠧᠷᠢᠶᠡᠯ᠄      ︵ᠨᠢᠭᠡ︶ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠭᠴᠢ ᠶᠢᠨ ᠪᠡᠶ᠎ᠡ ᠶᠢᠨ ᠭᠠᠷᠣᠯ ᠤᠨ ᠭᠡᠷᠡᠴᠢ ᠮᠡᠲ᠋ᠧᠷᠢᠶᠠᠯ︔      ︵ᠭᠤᠷᠪᠠ︶ ᠲᠦᠬᠦᠷ ᠲᠦᠬᠦᠭᠡᠷᠦᠮᠵᠢ ᠶᠢᠨ ᠰᠡᠭᠦᠳᠡᠷ ᠵᠢᠴᠢ ᠦᠰᠦᠭ ᠤᠨ ᠬᠡᠯᠪᠡᠷᠢ ᠶᠢᠨ ᠬᠡᠷᠡᠴᠢ ᠮᠡᠲ᠋ᠧᠷᠢᠶᠠᠯ᠄      1. ᠪᠠᠯᠭᠠᠰᠣᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ ᠤᠨ ︽ᠠᠷᠪᠠᠨ ᠨᠢᠭᠡ︾ ᠶᠢᠨ ᠪᠠᠷᠢᠮᠵᠢᠶ᠎ᠡ᠄      ︵1︶ 5000 ᠲᠡᠪᠳᠡᠷ ᠠᠴᠠ ᠲᠡᠭᠡᠭᠰᠢ ᠨᠣᠮ ᠬᠠᠳᠠᠭᠠᠯᠠᠭᠰᠠᠨ ᠣᠩᠰᠢᠯᠭ᠎ᠠ ᠶᠢᠨ ᠦᠷᠦᠭᠡ ᠲᠠᠢ︔      ︵2︶ 20 ᠰᠠᠭᠤᠷᠢ ᠠᠴᠠ ᠲᠡᠭᠡᠭᠰᠢ ᠺᠣᠮᠫᠢᠦ᠋ᠲ᠋ᠧᠷ ᠲᠠᠢ ᠰᠣᠶᠣᠯ ᠤᠨ ᠮᠡᠳᠡᠭᠡ ᠵᠠᠩᠬᠢ ᠶᠢᠨ ᠡᠬᠢ ᠰᠣᠷᠪᠣᠯᠵᠢ ᠶᠢ ᠬᠠᠮᠳᠦ ᠪᠠᠷ ᠡᠳ᠋ᠯᠡᠬᠦ ᠣᠶᠢᠯᠡᠴᠢᠯᠡᠭᠡᠨ ᠤ ᠴᠢᠳᠠᠪᠬᠢᠳᠦ ᠨᠡᠶᠢᠳᠡ ᠶᠢᠨ ᠡᠯᠧᠺᠲᠷᠣᠨ ᠣᠩᠰᠢᠯᠭ᠎ᠠ ᠶᠢᠨ ᠲᠠᠰᠤᠭ ᠲᠠᠢ︔      ︵3︶ ᠰᠣᠶᠣᠯ ᠣᠷᠠᠯᠢᠭ ᠤᠨ  ᠪᠣᠯᠪᠠᠰᠣᠷᠠᠯ ᠤᠨ ᠲᠠᠰᠤᠭ ᠲᠠᠢ︔      ︵4︶ ᠰᠢᠳᠠᠷ᠎ᠠ ᠬᠦᠵᠦᠷ ᠲᠣᠭᠯᠠᠬᠤ ᠲᠠᠰᠤᠭ ᠲᠠᠢ︔      ︵5︶ ᠦᠵᠡᠭᠦᠯᠦᠯᠭᠡ ᠶᠢᠨ ᠲᠠᠰᠤᠭ ᠲᠠᠢ︔      ︵6︶ ᠪᠡᠶ᠎ᠡ ᠪᠣᠯᠪᠠᠰᠣᠷᠠᠭᠤᠯᠬᠤ ᠬᠦᠳᠡᠯᠭᠡᠭᠡᠨ ᠤ ᠲᠠᠰᠤᠭ ᠲᠠᠢ︔      ︵7︶ ᠺᠢᠨᠣ᠋ ᠦᠵᠡᠬᠦ᠂ ᠰᠣᠶᠣᠯ ᠣᠷᠠᠯᠢᠭ ᠤᠨ ᠲᠣᠭᠯᠠᠯᠳᠠ ᠭᠠᠷᠭᠠᠬᠤ ᠶᠢ ᠴᠣᠭᠴᠠᠵᠢᠭᠤᠯᠣᠭᠰᠠᠨ ᠣᠯᠠᠨ ᠬᠡᠷᠡᠭᠴᠡᠭᠡᠳᠦ ᠲᠠᠰᠤᠭ ᠲᠠᠢ︔      ︵8︶ ᠶᠡᠭᠡ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭᠠᠨ ᠦᠷᠨᠢᠭᠦᠯᠬᠦ ᠰᠣᠶᠣᠯ ᠤᠨ ᠠᠭᠤᠳᠠᠮ ᠲᠠᠯᠠᠪᠠᠢ ᠲᠠᠢ︔      ︵9︶ ᠠᠵᠢᠯ ᠤᠨ ᠴᠢᠯᠦᠭᠡᠨ ᠤ ᠰᠣᠶᠣᠯ ᠣᠷᠠᠯᠢᠭ ᠤᠨ ᠪᠦᠯᠬᠦᠮ ᠲᠠᠢ︔      ︵10︶ ᠨᠡᠭᠦᠳᠡᠯ ᠰᠣᠶᠣᠯ ᠤᠨ ᠣᠶᠢᠯᠡᠴᠢᠯᠡᠭᠡᠨ ᠤ ᠲᠡᠷᠭᠡ ᠲᠠᠢ︔      2. ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ ᠤᠨ ︽ᠲᠣᠯᠣᠭᠠᠨ ᠨᠢᠭᠡ︾ ᠶᠢᠨ ᠪᠠᠷᠢᠮᠵᠢᠶ᠎ᠠ᠄      ︵1︶ ᠣᠯᠠᠨ ᠴᠢᠳᠠᠪᠬᠢᠳᠦ ᠠᠵᠢᠯᠯᠠᠭᠠᠨ ᠤ ᠲᠢᠩᠬᠢᠮ ᠲᠠᠢ︔      ︵2︶ ᠨᠣᠮ ᠰᠡᠳᠬᠦᠯ ᠤᠨ ᠣᠩᠰᠢᠯᠭ᠎ᠠ ᠶᠢᠨ ᠦᠷᠦᠭᠡ ︵ᠡᠯᠧᠺᠲᠷᠣᠨ ᠣᠩᠰᠢᠯᠭ᠎ᠠ ᠶᠢᠨ ᠲᠠᠰᠤᠭ ᠢ ᠪᠠᠭᠳᠠᠭᠠᠨ᠎ᠠ︶ ᠲᠠᠢ︔      ︵3︶ ᠮᠡᠳᠡᠭᠡ ᠵᠠᠩᠬᠢ ᠶᠢᠨ ᠡᠬᠢ ᠰᠣᠷᠪᠣᠯᠵᠢ ᠶᠢ ᠬᠠᠮᠳᠦ ᠡᠳ᠋ᠯᠡᠬᠦ ᠣᠶᠢᠯᠡᠴᠢᠯᠡᠭᠡᠨ ᠤ ᠲᠠᠰᠤᠭ ᠲᠠᠢ︔      ︵4︶ ᠦᠵᠡᠭᠦᠯᠦᠯᠭᠡ ᠶᠢᠨ ᠲᠠᠰᠤᠭ ᠲᠠᠢ︔      ︵5︶ ᠪᠡᠶ᠎ᠡ ᠪᠣᠯᠪᠠᠰᠣᠷᠠᠭᠤᠯᠬᠤ ᠲᠠᠰᠤᠭ ᠲᠠᠢ︔      ︵6︶ ᠰᠢᠳᠠᠷ᠎ᠠ ᠬᠦᠵᠦᠷ ᠲᠣᠭᠯᠠᠬᠤ ᠲᠠᠰᠤᠭ ᠲᠠᠢ ︔      ︵7︶ ᠣᠬᠠᠭᠤᠯᠭ᠎ᠠ ᠶᠢᠨ ᠪᠣᠯᠣᠩ ᠲᠠᠢ︔      3. ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ ᠤᠨ ︽ᠲᠦᠷᠪᠡᠨ ᠨᠢᠭᠡ︾ ᠶᠢᠨ ᠪᠠᠷᠢᠮᠵᠢᠶ᠎ᠡ᠄      ︵1︶ ᠨᠣᠮ ᠣᠩᠰᠢᠯᠭ᠎ᠠ ᠶᠢᠨ ᠦᠷᠦᠭᠡ ᠲᠠᠢ ︵ᠲᠠᠯ᠎ᠠ ᠨᠣᠳᠤᠭ ᠤᠨ ᠨᠣᠮ ᠤᠨ ᠦᠷᠦᠭᠡ︶︔      ︵2︶ ᠰᠣᠶᠣᠯ ᠤᠨ ᠮᠡᠳᠡᠭᠡ ᠵᠠᠩᠬᠢ ᠡᠬᠢ ᠪᠠᠶᠠᠯᠢᠭ ᠢ ᠬᠠᠮᠳᠦ ᠪᠠᠷ ᠡᠳ᠋ᠯᠡᠬᠦ ᠢᠨᠵᠧᠨᠧᠷᠢᠩ ᠤᠨ ᠦᠨᠳᠦᠰᠣᠨ ᠱᠠᠳᠣᠨ ᠳᠤ ᠣᠶᠢᠯᠡᠴᠢᠯᠡᠬᠦ ᠴᠡᠭ ᠪᠣᠯᠣᠨ ᠨᠡᠶᠢᠳᠡ ᠶᠢᠨ ᠡᠯᠧᠺᠲᠷᠣᠨ ᠣᠩᠰᠢᠯᠭ᠎ᠠ ᠶᠢᠨ ᠲᠠᠰᠤᠭ ᠲᠠᠢ︔      ︵3︶ ᠰᠣᠶᠣᠯ ᠣᠷᠠᠯᠢᠭ᠂ ᠨᠠᠭᠠᠳᠣᠮ ᠲᠣᠭᠯᠠᠭᠠᠮ᠂ ᠪᠡᠶ᠎ᠡ ᠪᠣᠯᠪᠠᠰᠣᠷᠠᠭᠤᠯᠬᠤ ᠦᠷᠭᠡᠨ ᠬᠡᠷᠡᠭᠴᠡᠭᠡᠳᠦ ᠶᠡᠷᠦᠩᠬᠡᠶᠢᠯᠡᠭᠰᠡᠨ ᠬᠦᠳᠡᠯᠭᠡᠭᠡᠨ ᠤ ᠲᠠᠰᠤᠭ ᠲᠠᠢ︔      ︵4︶ ᠬᠠᠮᠳᠦ ᠶᠢᠨ ᠺᠢᠨᠤ᠋ ᠦᠵᠡᠬᠦ᠂ ᠲᠣᠭᠯᠠᠯᠳᠠ ᠦᠵᠡᠬᠦ᠂ ᠪᠡᠶ᠎ᠡ ᠲᠠᠮᠢᠷ ᠤᠨ ᠬᠦᠳᠡᠯᠭᠡᠭᠡᠨ ᠦᠷᠨᠢᠭᠦᠯᠬᠦ ᠰᠣᠶᠣᠯ ᠤᠨ ᠠᠭᠤᠳᠠᠮ ᠲᠠᠯᠠᠪᠠᠢ ᠲᠠᠢ᠃      ︵ᠲᠦᠷᠪᠡ︶ ᠬᠦᠳᠡᠯᠭᠡᠭᠡᠨ ᠦᠷᠨᠢᠭᠦᠯᠦᠭᠰᠡᠨ ᠰᠡᠭᠦᠳᠡᠷ ︵ᠪᠦᠬᠦ ᠦᠵᠡᠮᠵᠢ ᠶᠢᠨ ᠵᠢᠷᠤᠭ ᠢ ᠪᠠᠭᠳᠠᠭᠠᠨ᠎ᠠ︶ ᠵᠢᠴᠢ ᠪᠢᠴᠢᠭ ᠤᠨ ᠬᠡᠯᠪᠡᠷᠢ ᠶᠢᠨ ᠭᠡᠷᠡᠴᠢ ᠮᠡᠲ᠋ᠧᠷᠢᠶᠠᠯ᠄      1. ᠪᠠᠯᠭᠠᠰᠣᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ ᠤᠨ ᠲᠣᠭᠯᠠᠯᠳᠠ ᠭᠠᠷᠭᠠᠭᠰᠠᠨ ᠲᠡᠮᠳᠡᠭᠯᠡᠯ ᠤᠨ ᠬᠦᠰᠦᠨᠦᠭ ︵ᠪᠢᠴᠢᠭ ᠵᠢᠷᠤᠭ  ᠤᠨ ᠬᠡᠯᠪᠡᠷᠢ ᠶᠢᠨ ᠲᠠᠩᠰᠠ ᠮᠡᠲ᠋ᠧᠷᠢᠶᠠᠯ︶︔      2. ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ ᠤᠨ ᠲᠣᠭᠯᠠᠯᠳᠠ ᠭᠠᠷᠭᠠᠭᠰᠠᠨ ᠲᠡᠮᠳᠡᠭᠯᠡᠯ ᠤᠨ ᠬᠦᠰᠦᠨᠦᠭ ︵ᠪᠢᠴᠢᠭ ᠵᠢᠷᠤᠭ ᠤᠨ ᠬᠡᠯᠪᠡᠷᠢ ᠶᠢᠨ ᠲᠠᠩᠰᠠ ᠮᠡᠲ᠋ᠧᠷᠢᠶᠠᠯ︶︔      3. ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠭᠡᠨ ᠤ ᠲᠦᠪ ᠤᠨ ᠲᠣᠭᠯᠠᠯᠳᠠ ᠭᠠᠷᠭᠠᠭᠰᠠᠨ ᠲᠡᠮᠳᠡᠭᠯᠡᠯ ᠤᠨ ᠬᠦᠰᠦᠨᠦᠭ ︵ᠪᠢᠴᠢᠭ ᠵᠢᠷᠤᠭ ᠤᠨ ᠬᠡᠯᠪᠡᠷᠢ ᠶᠢᠨ ᠲᠠᠩᠰᠠ ᠮᠡᠲ᠋ᠧᠷᠢᠶᠠᠯ︶︔      ︵ᠲᠠᠪᠤ︶ ᠲᠣᠭᠳᠠᠴᠠ ᠲᠣᠭᠳᠠᠯᠴᠠᠭᠠᠨ ᠤ ᠵᠢᠷᠤᠭ ᠵᠢᠴᠢ ᠪᠢᠴᠢᠭ ᠤᠨ ᠬᠡᠯᠪᠡᠷᠢ ᠶᠢᠨ ᠭᠡᠷᠡᠴᠢ ᠮᠡᠲ᠋ᠧᠷᠢᠶᠠᠯ᠄      1. ᠪᠠᠶᠢᠭᠤᠯᠣᠮᠵᠢ ᠶᠢᠨ ᠠᠵᠢᠯᠯᠠᠮᠵᠢ ᠶᠢᠨ ᠵᠠᠷᠣᠳᠠᠯ ᠤᠨ ᠪᠠᠳᠣᠯᠠᠭ᠎ᠠ ︵ᠭᠦᠢᠴᠡᠳᠬᠡᠯ ᠲᠤᠭ᠎ᠠ ᠲᠠᠢ ᠪᠢᠴᠢᠭ ᠮᠡᠲ᠋ᠧᠷᠢᠶᠠᠯ᠂ ᠣᠷᠣᠯᠭ᠎ᠠ ᠵᠠᠷᠣᠯᠭ᠎ᠠ ᠶᠢᠨ ᠭᠡᠷᠡᠴᠢ ᠪᠠᠷᠢᠮᠳᠠ︶︔      2. ᠲᠣᠭᠳᠠᠭᠰᠠᠨ ᠠᠵᠢᠯᠳᠠᠨ ᠲᠠᠢ ︵ᠣᠷᠣᠨ ᠲᠣᠭᠠᠨ ᠤ ᠲᠡᠪᠳᠡᠷ᠂ ᠴᠠᠯᠢᠩ ᠣᠯᠭᠤᠮᠵᠢ ᠶᠢᠨ ᠭᠡᠷᠡᠴᠢ᠂ ᠠᠵᠢᠯᠳᠠᠨ ᠤ ᠲᠣᠰᠢᠶᠠᠯ ᠡᠭᠦᠷᠭᠡᠯᠡᠭᠰᠡᠨ ᠪᠢᠴᠢᠭ ᠮᠡᠲ᠋ᠧᠷᠢᠶᠠᠯ︶᠃      ︵ᠵᠢᠷᠭᠤᠭ᠎ᠠ︶ ᠠᠮᠠᠯᠠᠯᠳᠠ ᠶᠢᠨ ᠪᠢᠴᠢᠭ᠃      ᠬᠤᠷᠢᠳᠣᠭᠠᠷ ᠵᠣᠶᠢᠯ     ᠰᠣᠶᠣᠯ ᠤᠨ ᠡᠷᠦᠭᠡ ᠶᠢ ᠭᠤᠶᠣᠪᠴᠢᠯᠠᠬᠤ ᠮᠡᠲ᠋ᠧᠷᠢᠶᠠᠯ᠄      ︵ᠨᠢᠭᠡ︶ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠭᠴᠢ ᠶᠢᠨ ᠪᠡᠶ᠎ᠡ ᠶᠢᠨ ᠭᠠᠷᠣᠯ ᠤᠨ ᠭᠡᠷᠡᠴᠢ ᠮᠡᠲ᠋ᠧᠷᠢᠶᠠᠯ︔      ︵ᠭᠤᠷᠪᠠ︶ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠭᠡ ᠵᠢᠴᠢ ᠵᠢᠱᠢᠶ᠎ᠡ ᠦᠵᠡᠭᠦᠯᠬᠦ ᠡᠷᠦᠭᠡ ᠶᠢᠨ ᠲᠣᠭᠳᠠᠭᠠᠯᠳᠠ ᠶᠢᠨ ᠦᠨᠳᠦᠰᠦᠨ ᠪᠠᠷᠢᠮᠵᠢᠶ᠎ᠡ︾ ᠶᠢᠨ ᠲᠣᠭᠳᠠᠭᠠᠯ ᠢ ᠦᠨᠳᠦᠰᠦᠯᠡᠨ᠂ ᠲᠣᠣᠷᠠᠬᠢ ᠮᠡᠲ᠋ᠧᠷᠢᠶᠠᠯ ᠢ ᠬᠠᠩᠭᠠᠨ᠎ᠠ᠄      1. ᠰᠣᠶᠣᠯ ᠤᠨ ᠠᠵᠢᠯᠯᠠᠭᠠᠨ ᠤ ᠲᠠᠯᠠᠪᠠᠢ ᠶᠢᠨ ᠭᠡᠷᠡᠴᠢ︔      2. ᠬᠤᠪᠢ ᠬᠦᠮᠦᠨ ᠤ ᠬᠦᠬᠢᠬᠦᠯᠦᠯ ᠱᠠᠩᠨᠠᠯ ᠤᠨ ᠦᠨᠡᠮᠯᠡᠯ᠂ ᠣᠷᠣᠯᠳᠣᠭᠠᠨ ᠳᠤ ᠣᠷᠣᠯᠴᠠᠭᠰᠠᠨ ᠪᠢᠴᠢᠭ ᠮᠡᠲ᠋ᠧᠷᠢᠶᠠᠯ ᠪᠣᠯᠣᠨ ᠱᠠᠩᠨᠠᠯ ᠣᠯᠣᠭᠰᠠᠨ ᠰᠡᠭᠦᠳᠡᠷ ᠵᠢᠴᠢ ᠲᠣᠳᠣᠷᠬᠠᠶᠢᠯᠠᠯᠳᠠ︔      3. ᠨᠠᠶᠢᠷ ᠨᠠᠭᠠᠳᠣᠮ ᠤᠨ ᠬᠡᠯᠪᠡᠷᠢ ᠶᠢᠨ ᠰᠣᠶᠣᠯ ᠤᠨ ᠡᠷᠦᠭᠡ ᠰᠣᠶᠣᠯ ᠣᠷᠠᠯᠢᠭ ᠤᠨ ᠠᠵᠢᠯᠯᠠᠭᠠᠨ ᠤ ᠬᠡᠷᠡᠭᠰᠡᠯ᠂ ᠠᠵᠢᠯᠯᠠᠭᠠᠨ ᠤ ᠲᠡᠮᠳᠡᠭᠯᠡᠯ ᠤᠨ ᠬᠦᠰᠦᠨᠦᠭ ︵ᠪᠢᠴᠢᠭ ᠵᠢᠷᠤᠭ ᠲᠠᠩᠰᠠ ᠡᠪᠭᠡᠮᠡᠯ︶᠂ ᠣᠷᠠᠨ ᠪᠦᠳᠦᠭᠡᠯ ᠰᠣᠶᠣᠯ ᠣᠷᠠᠯᠢᠭ ᠤᠨ ᠫᠷᠣᠭ᠍ᠷᠠᠮ ᠢᠶᠠᠨ ᠬᠠᠩᠭᠠᠨ᠎ᠠ︔      4. ᠮᠡᠳᠡᠯᠭᠡ ᠶᠢᠨ ᠬᠡᠯᠪᠡᠷᠢ ᠶᠢᠨ ᠰᠣᠶᠣᠯ ᠤᠨ ᠡᠷᠦᠭᠡ ᠨᠣᠮ ᠰᠣᠨᠢᠨ ᠰᠡᠳᠬᠦᠯ ᠵᠠᠬᠢᠶᠠᠯᠠᠭᠰᠠᠨ ᠪᠠᠷᠢᠮᠳᠠ᠂ ᠲᠦᠯᠦᠪᠦᠷᠢ ᠦᠭᠡᠢ ᠪᠠᠷ ᠨᠡᠭᠡᠭᠡᠭᠰᠡᠨ ᠲᠡᠮᠳᠡᠭᠯᠡᠯ  ᠤᠨ ᠬᠦᠰᠦᠨᠦᠭ ᠢᠶᠠᠨ ᠬᠠᠩᠭᠠᠨ᠎ᠠ︔      5. ᠦᠵᠡᠭᠦᠯᠦᠯᠭᠡ ᠶᠢᠨ ᠬᠡᠯᠪᠡᠷᠢ ᠶᠢᠨ ᠰᠣᠶᠣᠯ ᠤᠨ ᠡᠷᠦᠭᠡ ᠦᠵᠡᠭᠦᠯᠦᠯᠭᠡ ᠶᠢᠨ ᠲᠠᠯᠠᠪᠠᠢ᠂ ᠬᠠᠳᠠᠭᠠᠯᠠᠭᠰᠠᠨ ᠪᠣᠳᠠᠰ ᠤᠨ ᠰᠡᠭᠦᠳᠡᠷ ᠪᠣᠯᠣᠨ ᠭᠠᠷᠴᠠᠭ᠂ ᠪᠣᠳᠠᠰ ᠤᠨ ᠪᠣᠰᠣ ᠦᠵᠡᠭᠦᠯᠦᠯᠭᠡ ᠶᠢᠨ ᠬᠡᠯᠪᠡᠷᠢ ᠶᠢᠨ ᠰᠣᠶᠣᠯ ᠤᠨ ᠡᠷᠦᠭᠡ ᠪᠠᠰᠠ ᠪᠣᠳᠠᠰ ᠤᠨ ᠪᠣᠰᠣ ᠣᠯᠠᠮᠵᠢᠯᠠᠭᠴᠢ ᠶᠢᠨ ᠭᠡᠷᠡᠴᠢ᠂ ᠦᠵᠡᠭᠦᠯᠦᠯᠭᠡ ᠳᠤ ᠣᠷᠣᠯᠴᠠᠭᠰᠠᠨ ᠠᠵᠢᠯᠯᠠᠭᠠᠨ ᠤ ᠰᠡᠭᠦᠳᠡᠷ ᠵᠡᠷᠭᠡ ᠪᠠᠨ ᠬᠠᠩᠭᠠᠨ᠎ᠠ᠃      ︵ᠲᠦᠷᠪᠡ︶ ᠠᠮᠠᠯᠠᠯᠳᠠ ᠶᠢᠨ ᠪᠢᠴᠢᠭ᠃      ᠬᠤᠷᠢᠨ ᠨᠢᠭᠡᠳᠦᠭᠡᠷ ᠵᠣᠶᠢᠯ     ᠵᠣᠬᠢᠶᠠᠨ ᠪᠠᠶᠢᠭᠤᠯᠣᠭᠴᠢ ᠶᠢᠨ ᠱᠠᠩᠨᠠᠯ ᠤᠨ ᠬᠦᠬᠢᠬᠦᠯᠦᠯ ᠤᠨ ᠪᠠᠷᠢᠮᠵᠢᠶ᠎ᠡ      ︵ᠨᠢᠭᠡ︶ ᠠᠷᠠᠳ ᠤᠨ ᠰᠣᠶᠣᠯ ᠤᠨ ᠵᠣᠬᠢᠶᠠᠨ ᠪᠠᠶᠢᠭᠤᠯᠣᠯᠳᠠ ᠶᠢᠨ ᠱᠠᠩᠨᠠᠯ᠄      1. ᠨᠢᠭᠡᠳᠦᠭᠡᠷ ᠲᠦᠷᠦᠯ ᠤᠨ ᠵᠣᠬᠢᠶᠠᠨ ᠪᠠᠶᠢᠭᠤᠯᠣᠯᠳᠠ 5᠂ 3 ᠲᠦᠮᠡᠨ ᠲᠦᠬᠦᠷᠢᠭ︔      2. ᠬᠤᠶᠠᠳᠣᠭᠠᠷ ᠲᠦᠷᠦᠯ ᠤᠨ ᠵᠣᠬᠢᠶᠠᠨ ᠪᠠᠶᠢᠭᠤᠯᠣᠯᠳᠠ 5᠂ 2 ᠲᠦᠮᠡᠨ ᠲᠦᠬᠦᠷᠢᠭ︔      3. ᠭᠤᠷᠪᠠᠳᠣᠭᠠᠷ ᠲᠦᠷᠦᠯ ᠤᠨ ᠵᠣᠬᠢᠶᠠᠨ ᠪᠠᠶᠢᠭᠤᠯᠣᠯᠳᠠ 5᠂ ᠲᠦᠮᠡᠨ ᠲᠦᠭᠦᠷᠢᠭ︔      ︵ᠬᠤᠶᠠᠷ︶ ᠦᠨᠳᠦᠰᠦᠨ ᠱᠠᠳᠣᠨ ᠤ ᠨᠠᠶᠢᠳᠡ ᠶᠢᠨ ᠰᠣᠶᠣᠯ ᠤᠨ ᠪᠠᠶᠢᠭᠤᠯᠭ᠎ᠠ᠄      1. ᠨᠢᠭᠡᠳᠦᠭᠡᠷ ᠲᠡᠰ ᠤᠨ ᠱᠠᠩᠨᠠᠯ 1᠂ 2 ᠲᠦᠮᠡᠨ ᠲᠦᠬᠦᠷᠢᠭ︔      2. ᠬᠤᠶᠠᠳᠣᠭᠠᠷ ᠲᠡᠰ ᠤᠨ ᠱᠠᠩᠨᠠᠯ 2᠂ ᠲᠦᠮᠡᠨ ᠲᠦᠭᠦᠷᠢᠭ︔      3. ᠭᠤᠷᠪᠠᠳᠣᠭᠠᠷ ᠲᠡᠰ ᠤᠨ ᠱᠠᠩᠨᠠᠯ 3᠂ 0.5 ᠲᠦᠮᠡᠨ ᠲᠦᠭᠦᠷᠢᠭ᠃      ︵ᠭᠤᠷᠪᠠ︶ ᠰᠣᠶᠣᠯ ᠤᠨ ᠡᠷᠦᠭᠡ᠄      1. ᠨᠢᠭᠡᠳᠦᠭᠡᠷ ᠲᠡᠰ ᠤᠨ ᠱᠠᠩᠨᠠᠯ 1᠂  ᠲᠦᠮᠡᠨ ᠲᠦᠬᠦᠷᠢᠭ︔      2. ᠬᠤᠶᠠᠳᠣᠭᠠᠷ ᠲᠡᠰ ᠤᠨ ᠱᠠᠩᠨᠠᠯ 2᠂ 0.5 ᠲᠦᠮᠡᠨ ᠲᠦᠭᠦᠷᠢᠭ︔      3. ᠭᠤᠷᠪᠠᠳᠣᠭᠠᠷ ᠲᠡᠰ ᠤᠨ ᠱᠠᠩᠨᠠᠯ 3᠂ 0.3 ᠲᠦᠮᠡᠨ ᠲᠦᠭᠦᠷᠢᠭ︔      4. ᠰᠢᠯᠢᠳᠡᠭ ᠱᠠᠩᠨᠠᠯ 10᠂ 0.1 ᠲᠦᠮᠡᠨ ᠲᠦᠭᠦᠷᠢᠭ᠃      ᠲᠦᠷᠪᠡᠳᠦᠭᠡᠷ ᠬᠡᠰᠡᠭ     ᠣᠯᠠᠮᠵᠢᠯᠠᠭᠴᠢ ᠶᠢᠨ ᠱᠠᠩᠨᠠᠯ      ᠬᠤᠷᠢᠨ ᠬᠤᠶᠠᠳᠣᠭᠠᠷ ᠵᠣᠶᠢᠯ     ᠣᠯᠠᠮᠵᠢᠯᠠᠭᠴᠢ ᠶᠢᠨ ᠱᠠᠩᠨᠠᠯ ᠳᠤ ᠲᠣᠬᠢᠷᠠᠯᠴᠠᠬᠤ ᠡᠳᠡᠭᠡᠳ      ᠣᠳᠤᠭ ᠤᠨ ᠡᠮᠦᠨᠡᠳᠦ ᠬᠤᠰᠢᠭᠤᠨ ᠤ ᠬᠡᠪᠴᠢᠶᠡᠨ ᠳᠤ ᠬᠢ ᠨᠡᠶᠢᠭᠡᠮ ᠤᠨ ᠪᠦᠯᠭᠦᠮ ᠵᠢᠴᠢ ᠨᠠᠮ ᠵᠠᠰᠠᠭ ᠤᠨ ᠪᠠᠶᠢᠭᠤᠯᠣᠮᠵᠢ᠂ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠪᠣᠯᠣᠨ ᠨᠡᠶᠢᠭᠡᠮ ᠤᠨ ᠪᠦᠯᠭᠦᠮ ᠤᠨ ᠠᠵᠢᠯᠳᠠᠨ ᠪᠠ ᠣᠳᠤᠭ ᠤᠨ ᠡᠮᠦᠨᠡᠳᠦ ᠬᠤᠰᠢᠭᠤᠨ ᠤ ᠡᠷᠦᠭᠡ ᠠᠮᠠ ᠲᠠᠢ ᠬᠦᠮᠦᠨ᠃      ᠬᠤᠷᠢᠨ ᠭᠤᠷᠪᠠᠳᠣᠭᠠᠷ ᠵᠣᠶᠢᠯ     ᠣᠯᠠᠮᠵᠢᠯᠠᠭᠴᠢ ᠶᠢᠨ ᠱᠠᠩᠨᠠᠯ ᠤᠨ ᠭᠤᠶᠣᠪᠴᠢᠯᠠᠬᠤ ᠨᠦᠭᠦᠴᠡᠯ      ᠣᠳᠤᠭ ᠤᠨ ᠡᠮᠦᠨᠡᠳᠦ ᠬᠤᠰᠢᠭᠤᠨ ᠤ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠨ ᠣᠯᠠᠮᠵᠢᠯᠠᠬᠤ ᠲᠠᠯ᠎ᠠ ᠪᠠᠷ ᠬᠦᠨᠳᠦ ᠴᠢᠬᠤᠯᠠ ᠬᠤᠪᠢ ᠨᠡᠮᠡᠷᠢ ᠦᠵᠡᠭᠦᠯᠦᠭᠴᠢ᠂ ᠬᠤᠰᠢᠭᠤ ᠲᠡᠰ ᠤᠨ ᠡᠯ᠎ᠡ ᠲᠦᠷᠦᠯ ᠤᠨ ᠪᠣᠳᠠᠰ ᠤᠨ ᠪᠣᠰᠣ ᠰᠣᠶᠣᠯ ᠤᠨ ᠦᠪ ᠲᠤ ᠣᠷᠣᠭᠤᠯᠣᠭᠰᠠᠨ ᠲᠦᠷᠦᠯ ᠵᠣᠶᠢᠯ ᠪᠣᠯᠣᠨ ᠣᠯᠠᠮᠵᠢᠯᠠᠨ ᠵᠠᠯᠠᠭᠠᠮᠵᠢᠯᠠᠭᠴᠢ᠃      ᠬᠤᠷᠢᠨ ᠲᠦᠷᠪᠡᠳᠦᠭᠡᠷ ᠵᠣᠶᠢᠯ     ᠣᠯᠠᠮᠵᠢᠯᠠᠭᠴᠢ ᠶᠢᠨ ᠱᠠᠩᠨᠠᠯ ᠢ ᠭᠤᠶᠣᠪᠴᠢᠯᠠᠬᠤ ᠮᠡᠲ᠋ᠧᠷᠢᠶᠠᠯ      ︵ᠨᠢᠭᠡ︶ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠭᠴᠢ ᠶᠢᠨ ᠪᠡᠶ᠎ᠡ ᠶᠢᠨ ᠭᠠᠷᠣᠯ ᠤᠨ ᠭᠡᠷᠡᠴᠢ ᠮᠡᠲ᠋ᠧᠷᠢᠶᠠᠯ︔      ︵ᠭᠤᠷᠪᠠ︶ ᠬᠤᠰᠢᠭᠤ ᠲᠡᠰ ᠠᠴᠠ ᠲᠡᠭᠡᠭᠰᠢᠬᠢ ︵ᠬᠤᠰᠢᠭᠤ ᠲᠡᠰ ᠢ ᠪᠠᠭᠳᠠᠭᠠᠨ᠎ᠠ︶ ᠪᠣᠳᠠᠰ ᠤᠨ ᠪᠣᠰᠣ ᠰᠣᠶᠣᠯ ᠤᠨ ᠦᠪ ᠢ ᠣᠯᠠᠮᠵᠢᠯᠠᠬᠤ ᠠᠵᠢᠯᠯᠠᠭᠠᠨ ᠦᠷᠨᠢᠭᠦᠯᠦᠭᠰᠡᠨ ᠪᠣᠶᠣ ᠣᠷᠣᠯᠴᠠᠭᠰᠠᠨ ᠰᠡᠭᠦᠳᠡᠷ ᠵᠢᠴᠢ ᠲᠣᠳᠣᠷᠬᠠᠶᠢᠯᠠᠯᠳᠠ︔      ︵ᠲᠦᠷᠪᠡ︶ ᠠᠮᠠᠯᠠᠯᠳᠠ ᠶᠢᠨ ᠪᠢᠴᠢᠭ᠃      ᠬᠤᠷᠢᠨ ᠲᠠᠪᠣᠳᠣᠭᠠᠷ ᠵᠣᠶᠢᠯ     ᠣᠯᠠᠮᠵᠢᠯᠠᠭᠴᠢ ᠶᠢᠨ ᠱᠠᠩᠨᠠᠯ ᠤᠨ ᠪᠠᠷᠢᠮᠵᠢᠶ᠎ᠡ      ︵ᠨᠢᠭᠡ︶ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠣᠳᠠᠯᠠᠨ ᠨᠡᠶᠢᠳᠡᠯᠡᠭᠰᠡᠨ ᠬᠤᠰᠢᠭᠤ ᠲᠡᠰ ᠤᠨ ᠲᠦᠯᠦᠭᠡᠯᠡᠭᠴᠢ ᠴᠢᠨᠠᠷᠳᠠᠢ ᠣᠯᠠᠮᠵᠢᠯᠠᠭᠴᠢ  ᠳᠤ ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ ᠬᠡᠯᠪᠡᠷᠢ ᠪᠠᠷ ᠬᠦᠮᠦᠨ ᠪᠦᠷᠢ 2000 ᠲᠦᠭᠦᠷᠢᠭ ᠤᠨ ᠨᠦᠬᠦᠪᠦᠷᠢ ᠣᠯᠭᠤᠨ᠎ᠠ︔      ︵ᠬᠤᠶᠠᠷ︶ ᠬᠤᠰᠢᠭᠤ ᠰᠣᠶᠣᠯ ᠪᠣᠯᠣᠨ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠢ ᠲᠦᠯᠦᠭᠡᠯᠡᠨ ᠦᠵᠡᠭᠦᠯᠣᠯᠭᠡ᠂ ᠲᠣᠭᠯᠠᠯᠳᠠ᠂ ᠰᠣᠯᠢᠯᠴᠠᠭ᠎ᠠ ᠵᠡᠷᠭᠡ ᠠᠵᠢᠯᠯᠠᠭᠠᠨ ᠦᠷᠨᠢᠭᠦᠯᠪᠡᠯ᠂ ᠨᠦᠬᠦᠪᠦᠷᠢ ᠶᠢᠨ ᠪᠠᠷᠢᠮᠵᠢᠶ᠎ᠡ ᠨᠢ ᠲᠣᠣᠷᠠᠬᠢ ᠮᠡᠳᠦ᠄      1. ᠬᠤᠰᠢᠭᠤᠨ ᠲᠣᠳᠣᠷ᠎ᠠ ᠡᠳᠦᠷ ᠪᠦᠷᠢ ᠬᠦᠮᠦᠨ ᠪᠣᠯᠭᠠᠨ 500 ᠲᠦᠬᠦᠷᠢᠭ︔      2. ᠬᠤᠳᠠ ᠲᠣᠳᠣᠷ᠎ᠠ ᠡᠳᠦᠷ ᠪᠦᠷᠢ ᠬᠦᠮᠦᠨ ᠪᠣᠯᠭᠠᠨ 600 ᠲᠦᠭᠦᠷᠢᠭ︔      3. ᠬᠤᠳᠠ ᠠᠴᠠ ᠭᠠᠳᠠᠨ᠎ᠠ ᠡᠳᠦᠷ ᠪᠦᠷᠢ ᠬᠦᠮᠦᠨ ᠪᠣᠯᠭᠠᠨ 800 ᠲᠦᠭᠦᠷᠢᠭ᠃                   ᠲᠦᠷᠪᠡᠳᠦᠭᠡᠷ ᠪᠦᠯᠦᠭ    ᠵᠢᠭᠤᠯᠴᠢᠯᠠᠭᠰᠠᠳ ᠢ ᠲᠠᠳᠠᠭᠴᠢ ᠶᠢ ᠲᠡᠮᠵᠢᠬᠦ ᠪᠠ ᠬᠦᠬᠢᠬᠦᠯᠦᠨ ᠱᠠᠩᠨᠠᠬᠤ      ᠬᠤᠷᠢᠨ ᠵᠢᠷᠭᠤᠳᠣᠭᠠᠷ ᠵᠣᠶᠢᠯ     ᠵᠢᠭᠤᠯᠴᠢᠯᠠᠭᠰᠠᠳ ᠢ ᠲᠠᠳᠠᠭᠴᠢ ᠶᠢ ᠲᠡᠮᠵᠢᠬᠦ ᠪᠡ ᠬᠦᠬᠢᠬᠦᠯᠦᠨ ᠱᠠᠩᠨᠠᠬᠤ ᠳᠤ ᠲᠣᠬᠢᠷᠠᠯᠴᠠᠬᠤ ᠡᠳᠡᠭᠡᠳ᠄      ᠬᠠᠣᠯᠢ ᠶᠣᠰᠣᠭᠠᠷ ᠲᠠᠩᠰᠠᠯᠠᠭᠤᠯᠣᠭᠰᠠᠨ ᠪᠠ ᠭᠠᠶᠢᠯᠢ ᠲᠣᠰᠢᠶᠠᠭᠰᠠᠨ᠂ ᠲᠣᠰᠠᠭᠠᠷ ᠬᠠᠣᠯᠢ ᠤᠨ ᠡᠷᠭᠡᠳᠡᠨ ᠤ ᠬᠢᠷᠢ ᠬᠡᠮ ᠲᠠᠢ ᠵᠢᠭᠤᠯᠴᠢᠯᠠᠭᠰᠠᠳ ᠲᠤ ᠣᠶᠢᠯᠡᠴᠢᠯᠡᠭᠦ ᠭᠠᠵᠠᠷ᠂ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠵᠢᠴᠢ ᠪᠣᠰᠣᠳ ᠪᠦᠯᠬᠦᠮ᠃      ᠬᠤᠷᠢᠨ ᠲᠣᠯᠣᠳᠣᠭᠠᠷ ᠵᠣᠶᠢᠯ     ᠵᠢᠭᠤᠯᠴᠢᠯᠠᠭᠰᠠᠳ ᠢ ᠲᠠᠳᠠᠭᠴᠢ ᠶᠢ ᠲᠡᠮᠵᠢᠬᠦ ᠪᠠ ᠬᠦᠬᠢᠬᠦᠯᠬᠦ ᠱᠠᠩᠨᠠᠯ ᠢ ᠭᠤᠶᠣᠪᠴᠢᠯᠠᠬᠤ ᠨᠦᠬᠦᠴᠡᠯ᠄      ︵ᠨᠢᠭᠡ︶ ᠬᠡᠷᠡᠮ ᠤᠨ ᠭᠤᠣᠯ ᠤᠨ ᠦᠵᠡᠮᠵᠢ ᠶᠢᠨ ᠣᠷᠣᠨ ᠤ ᠬᠤᠶᠢᠳᠦ ᠡᠭᠦᠳᠡᠨ ᠤ ᠪᠢᠯᠧᠲ ᠠᠪᠣᠭᠰᠠᠨ ᠮᠦᠷᠳᠡᠭᠡᠨ ᠣᠷᠣᠭᠰᠠᠨ ᠸᠢᠳᠢᠣ᠋ ᠬᠡᠯᠪᠡᠷᠢ ᠶᠢᠨ ᠮᠡᠲ᠋ᠧᠷᠢᠶᠠᠯ ᠢᠶᠠᠨ ᠬᠠᠩᠭᠠᠨ᠎ᠠ︔      ︵ᠬᠤᠶᠠᠷ︶ ᠣᠷᠢᠳᠴᠢᠯᠠᠨ ᠨᠢᠭᠡ ᠠᠵᠢᠯᠯᠠᠬᠤ ᠡᠳᠦᠷ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶᠠᠨ ᠳᠤ ᠮᠡᠳᠡᠭᠦᠯᠦᠨ ᠲᠠᠩᠰᠠᠯᠠᠭᠤᠯᠣᠨ᠎ᠠ︔      ︵ᠭᠤᠷᠪᠠ︶ ᠵᠢᠭᠤᠯᠴᠢᠯᠠᠯ ᠤᠨ ᠰᠢᠭᠤᠳ ᠨᠡᠪᠳᠡᠷᠡᠭᠦ ᠲᠡᠷᠭᠡ ᠶᠢ ᠨᠡᠪᠳᠡᠷᠡᠭᠦᠯᠬᠦ ᠠᠴᠠ ᠡᠮᠦᠨ᠎ᠡ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ  ᠳᠤ ᠮᠡᠳᠡᠭᠦᠯᠦᠨ ᠴᠣᠬᠤᠯᠠᠪᠦᠷᠢᠯᠠᠭᠤᠯᠣᠭᠰᠠᠨ ᠤ ᠲᠠᠷᠠᠭ᠎ᠠ᠂ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶᠠᠨ ᠳᠤ ᠲᠠᠩᠰᠠᠯᠠᠭᠤᠯᠵᠣ ᠨᠡᠪᠳᠡᠷᠡᠭᠦᠯᠦᠨ᠎ᠡ᠃ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ ᠲᠣᠭᠳᠠᠮᠠᠯ ᠪᠣᠰᠣ ᠬᠤᠭᠤᠴᠠᠭ᠎ᠠ ᠪᠠᠷ ᠪᠠᠶᠢᠴᠠᠭᠠᠭᠠᠳ ᠬᠢᠷᠢ ᠲᠡᠩᠴᠡᠬᠦ ᠦᠭᠡᠢ ᠪᠣᠯ ᠱᠠᠩᠨᠠᠯ ᠭᠤᠶᠣᠪᠴᠢᠯᠠᠬᠤ ᠬᠢᠷᠢ ᠭᠡᠮ ᠢ  ᠨᠢ ᠬᠠᠰᠣᠨ᠎ᠠ᠃       ᠬᠤᠷᠢᠨ ᠨᠠᠢᠮᠠᠳᠣᠭᠠᠷ ᠵᠣᠶᠢᠯ     ᠵᠢᠭᠤᠯᠴᠢᠯᠠᠭᠰᠠᠳ ᠢ ᠲᠠᠳᠠᠭᠴᠢ ᠶᠢ ᠲᠡᠮᠵᠢᠬᠦ ᠪᠠ ᠬᠦᠬᠢᠬᠦᠯᠬᠦ ᠱᠠᠩᠨᠠᠯ ᠢ ᠭᠤᠶᠣᠪᠴᠢᠯᠠᠬᠤ ᠮᠡᠲ᠋ᠧᠷᠢᠶᠠᠯ᠄      ︵ᠨᠢᠭᠡ︶ ᠵᠢᠭᠤᠯᠴᠢᠯᠠᠭᠰᠠᠳ ᠢ ᠲᠠᠳᠠᠭᠴᠢ ᠶᠢ ᠲᠡᠮᠵᠢᠭᠦ ᠪᠡ ᠬᠦᠬᠢᠬᠦᠯᠬᠦ ᠱᠠᠩᠨᠠᠯ ᠢ ᠭᠤᠶᠣᠪᠴᠢᠯᠠᠬᠤ ᠬᠦᠰᠦᠨᠦᠭ︔      ︵ᠬᠤᠶᠠᠷ︶ ᠭᠤᠶᠣᠪᠴᠢᠯᠠᠬᠤ ᠪᠠᠶᠢᠭᠤᠯᠭ᠎ᠠ ᠶᠢᠨ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠲᠦᠯᠦᠭᠡᠨ ᠤ ᠨᠣᠮᠧᠷ ᠤᠨ ᠦᠨᠡᠮᠯᠡᠯ ᠪᠣᠶᠣ ᠭᠤᠷᠪᠠᠨ ᠦᠨᠡᠮᠯᠡᠯ ᠢ ᠨᠢᠭᠡᠳᠬᠡᠭᠰᠡᠨ ᠡᠵᠡᠩᠨᠡᠯᠳᠡ ᠶᠢᠨ ᠪᠠᠳᠣᠯᠠᠪᠦᠷᠢ ᠶᠢᠨ ᠪᠢᠴᠢᠭ ᠪᠣᠯᠣᠨ ᠬᠠᠣᠯᠢ ᠶᠢᠨ ᠡᠷᠬᠡᠳᠡᠨ ᠤ ᠲᠦᠯᠦᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠦᠷᠢ᠂ ᠵᠢᠭᠤᠯᠴᠢᠯᠠᠭᠰᠠᠳ ᠲᠤ ᠣᠶᠢᠯᠡᠴᠢᠯᠡᠭᠦ ᠭᠠᠵᠠᠷ ᠤᠨ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠤᠨ ᠬᠠᠭᠤᠯᠪᠦᠷᠢ᠂ ᠬᠦᠴᠦᠨ ᠲᠠᠢ ᠬᠤᠭᠤᠴᠠᠭᠠᠨ  ᠳᠠᠬᠢ ᠵᠢᠭᠤᠯᠴᠢᠯᠠᠯ ᠤᠨ ᠬᠠᠷᠢᠭᠤᠴᠠᠯᠭ᠎ᠠ ᠶᠢᠨ ᠲᠠᠭᠠᠳᠬᠠᠯ ᠤᠨ ᠬᠠᠭᠤᠳᠠᠰᠣᠨ ᠤ ᠬᠠᠭᠤᠯᠪᠦᠷᠢ︔      ︵ᠭᠤᠷᠪᠠ︶ ᠭᠤᠶᠣᠪᠴᠢᠯᠠᠬᠤ ᠠᠮᠠᠯᠠᠯᠳᠠ ᠶᠢᠨ ᠪᠢᠴᠢᠭ︔      ︵ᠲᠦᠷᠪᠡ︶ ᠲᠦᠷᠦᠯ ᠵᠣᠶᠢᠯ ᠤᠨ ᠪᠦᠳᠦᠮᠵᠢ ᠶᠢᠨ ᠬᠠᠷᠠᠯᠳᠠ ᠶᠢᠨ ᠦᠪᠡᠷ ᠤᠨ ᠦᠨᠡᠯᠡᠯᠳᠡ ᠶᠢᠨ ᠭᠤᠶᠣᠪᠴᠢᠯᠠᠬᠤ ᠬᠦᠰᠦᠨᠦᠭ︔      ︵ᠲᠠᠪᠤ︶ ᠭᠤᠶᠣᠪᠴᠢᠯᠠᠬᠤ ᠭᠤᠣᠯ ᠴᠣᠭᠴᠠ ᠶᠢᠨ ᠢᠳᠡᠭᠡᠮᠵᠢᠳᠦ ︵ᠲᠣᠮᠳᠠᠳᠦ ᠣᠯᠣᠰ︶ ᠪᠣᠶᠣ ᠢᠳᠡᠭᠡᠮᠵᠢᠳᠦ ︵ᠦᠪᠦᠷ ᠮᠣᠩᠭᠤᠯ︶ ᠰᠦᠯᠵᠢᠶᠡᠨ ᠲᠡᠭᠡᠷᠡᠬᠢ ᠢᠳᠡᠭᠡᠮᠵᠢ ᠶᠢᠨ ᠲᠡᠮᠳᠡᠭᠯᠡᠯ︔      ︵ᠵᠢᠷᠭᠤᠭ᠎ᠠ︶ ᠦᠵᠡᠮᠵᠢ ᠶᠢᠨ ᠣᠷᠣᠨ᠂ ᠰᠣᠳᠣᠯᠭ᠎ᠠ ᠰᠣᠷᠣᠯᠴᠠᠯᠭ᠎ᠠ ᠶᠢᠨ ᠴᠡᠭ ᠤᠨ ᠲᠠᠮᠠᠭ᠎ᠠ᠂ ᠬᠠᠷᠢᠭᠤᠴᠠᠯᠭᠠᠳᠠᠨ ᠤ ᠭᠠᠷ ᠤᠨ ᠦᠰᠦᠭ ᠵᠢᠷᠣᠭᠰᠠᠨ ᠪᠦᠯᠬᠦᠮ ᠤᠨ ᠨᠡᠷ᠎ᠡ ᠵᠢᠭᠳᠡ ︵ᠵᠢᠭᠤᠯᠴᠢᠯᠠᠭᠰᠠᠳ ᠤᠨ ᠬᠦᠮᠦᠨ ᠤ ᠲᠤᠭ᠎ᠠ ᠵᠢᠴᠢ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠴᠠᠭ ᠢᠶᠠᠨ ᠲᠣᠳᠣᠷᠬᠠᠶᠢᠯᠠᠬᠤ ᠶᠢᠨ ᠬᠠᠮᠳᠦ ᠪᠦᠯᠬᠦᠮ ᠤᠨ ᠠᠶᠠᠯᠠᠯ ᠤᠨ ᠶᠠᠪᠣᠴᠠ ᠲᠠᠢ ᠠᠳᠠᠯᠢ ᠪᠠᠶᠢᠬᠤ ᠬᠡᠷᠡᠭᠳᠡᠢ︶︔      ︵ᠲᠣᠯᠤᠭ᠎ᠠ︶ ᠣᠳᠤᠭ ᠤᠨ ᠡᠮᠦᠨᠡᠳᠦ ᠬᠤᠰᠢᠭᠤᠨ ᠤ ᠵᠣᠴᠢᠳ ᠤᠨ ᠪᠠᠭᠤᠳᠠᠯ ᠤᠨ ᠲᠠᠮᠠᠭ᠎ᠠ ᠵᠢᠴᠢ ᠪᠠᠭᠤᠳᠠᠯ ᠤᠨ ᠬᠠᠷᠢᠭᠤᠴᠠᠯᠭᠠᠳᠠᠨ ᠤ ᠭᠠᠷ ᠤᠨ ᠦᠰᠦᠭ ᠵᠢᠷᠣᠭᠰᠠᠨ ᠪᠠᠭᠤᠳᠠᠯ ᠳᠤ ᠰᠠᠭᠤᠭᠰᠠᠨ ᠪᠠᠷᠢᠮᠳᠠ ︵ᠰᠠᠭᠤᠭᠰᠠᠨ ᠡᠳᠦᠷ ᠬᠤᠭᠤᠴᠠᠭ᠎ᠠ᠂ ᠨᠡᠷᠡᠰ ᠢᠶᠠᠨ ᠲᠣᠳᠣᠷᠬᠠᠶᠢᠯᠠᠬᠤ ᠶᠢᠨ ᠬᠠᠮᠳᠦ ᠪᠦᠯᠬᠦᠮ ᠤᠨ ᠠᠶᠠᠯᠠᠯ ᠲᠠᠢ ᠠᠳᠠᠯᠢ ᠪᠠᠶᠢᠬᠤ ᠬᠡᠷᠡᠭᠳᠡᠢ︶ ᠲᠠᠢ ᠮᠦᠷᠳᠡᠭᠡᠨ ᠣᠷᠣᠵᠣ ᠰᠠᠭᠤᠭᠰᠠᠨ ᠵᠠᠩᠬᠢ ᠪᠠᠨ ᠲᠣᠳᠣᠭᠠᠳᠦ ᠶᠢ ᠬᠠᠮᠠᠭᠠᠯᠠᠬᠤ ᠬᠤᠨᠤᠭ ᠤᠨ ᠰᠢᠰᠲ᠋ᠧᠮ ᠲᠤ ᠭᠠᠷᠭᠠᠨ᠎ᠠ︔      ︵ᠨᠠᠢᠮᠠ︶ ᠭᠠᠷ ᠤᠨ ᠦᠰᠦᠭ ᠵᠢᠷᠣᠵᠣ ᠲᠠᠮᠠᠭ᠎ᠠ ᠲᠠᠷᠣᠭᠰᠠᠨ ᠪᠦᠯᠬᠦᠮ ᠤᠨ ᠭᠡᠷ᠎ᠡ ᠪᠢᠴᠢᠭ ᠢᠶᠠᠨ ᠬᠠᠩᠭᠠᠨ᠎ᠠ︔      ︵ᠶᠢᠰᠦ︶ ᠦᠵᠡᠮᠵᠢ ᠶᠢᠨ ᠣᠷᠣᠨ᠂ ᠰᠣᠳᠣᠯᠭ᠎ᠠ ᠰᠣᠷᠣᠯᠴᠠᠯᠭ᠎ᠠ ᠶᠢᠨ ᠴᠡᠭ ᠤᠨ ᠪᠣᠳᠠᠭᠠᠨ ᠪᠠᠷᠢᠮᠳᠠ ᠵᠢᠴᠢ ᠪᠦᠬᠦ ᠬᠦᠮᠦᠰ ᠤᠨ ᠦᠵᠡᠮᠵᠢ ᠶᠢᠨ ᠣᠷᠣᠨ᠂ ᠰᠣᠳᠣᠯᠭ᠎ᠠ ᠰᠣᠷᠣᠯᠴᠠᠯᠭ᠎ᠠ ᠶᠢᠨ ᠴᠡᠭ ᠲᠤ ᠲᠠᠳᠠᠭᠰᠠᠨ ᠬᠠᠮᠳᠦ ᠶᠢᠨ ᠰᠡᠭᠦᠳᠡᠷ ᠢᠶᠠᠨ ᠬᠠᠩᠭᠠᠨ᠎ᠠ᠃      ︵ᠠᠷᠪᠠ︶ ᠵᠢᠭᠤᠯᠴᠢᠯᠠᠯ ᠤᠨ ᠲᠣᠰᠬᠠᠢ ᠱᠣᠭᠤᠮ ᠤᠨ ᠰᠢᠭᠤᠳ ᠨᠡᠪᠳᠡᠷᠡᠭᠦ ᠲᠡᠷᠭᠡ ᠶᠢ ᠭᠤᠶᠣᠪᠴᠢᠯᠠᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ ᠴᠣᠬᠤᠯᠠᠪᠦᠷᠢᠯᠠᠯᠳᠠ ᠶᠢᠨ ᠪᠢᠴᠢᠭ ᠮᠡᠲ᠋ᠧᠷᠢᠶᠠᠯ᠂ ᠰᠢᠭᠤᠳ ᠨᠡᠪᠳᠡᠷᠡᠭᠦ ᠲᠡᠷᠭᠡ ᠶᠢᠨ ᠰᠡᠭᠦᠳᠡᠷ᠂ ᠵᠠᠮ ᠱᠣᠭᠤᠮ᠂ ᠡᠬᠢᠯᠡᠯᠳᠡ ᠲᠡᠭᠦᠰᠬᠡᠯ ᠤᠨ ᠴᠡᠭ ᠵᠢᠴᠢ ᠢᠷᠡᠭᠰᠡᠨ ᠪᠣᠴᠠᠭᠰᠠᠨ ᠴᠠᠭ ᠤᠨ ᠬᠠᠮᠢᠶ᠎ᠠ ᠪᠦᠬᠦᠢ ᠭᠡᠷᠡᠴᠢ ᠮᠡᠲ᠋ᠧᠷᠢᠶᠠᠯ ᠢᠶᠠᠨ ᠬᠠᠩᠭᠠᠨ᠎ᠠ᠃      ᠬᠤᠷᠢ ᠶᠢᠰᠦᠳᠦᠭᠡᠷ ᠵᠣᠶᠢᠯ     ᠵᠢᠭᠤᠯᠴᠢᠯᠠᠭᠰᠠᠳ ᠢ ᠲᠠᠳᠠᠭᠴᠢᠳ ᠢ ᠲᠡᠮᠵᠢᠬᠦ ᠪᠠ ᠬᠦᠬᠢᠬᠦᠯᠦᠨ ᠱᠠᠩᠨᠠᠬᠤ ᠪᠠᠷᠢᠮᠵᠢᠶ᠎ᠡ᠄      ︵ᠨᠢᠭᠡ︶ ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠶᠢᠨ ᠵᠢᠭᠤᠯᠴᠢᠯᠠᠯ ᠤᠨ ᠬᠦᠬᠢᠬᠦᠯᠦᠯ ᠱᠠᠩᠨᠠᠯ ᠤᠨ ᠪᠠᠷᠢᠮᠵᠢᠶ᠎ᠠ      1. ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠶᠢᠨ ᠵᠢᠭᠤᠯᠴᠢᠯᠠᠯ ︵5 ᠰᠠᠷ᠎ᠠ ᠶᠢᠨ 1 ᠤ ᠡᠳᠦᠷ — 10 ᠰᠠᠷ᠎ᠠ ᠶᠢᠨ 31 ᠤ ᠡᠳᠦᠷ︶ ᠵᠣᠬᠢᠶᠠᠨ ᠪᠠᠶᠢᠭᠤᠯᠣᠭᠰᠠᠨ ᠵᠢᠭᠤᠯᠴᠢᠯᠠᠭᠰᠠᠳ ᠲᠤ ᠣᠶᠢᠯᠡᠴᠢᠯᠡᠭᠦ ᠭᠠᠵᠠᠷ᠂ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠵᠢᠴᠢ ᠪᠣᠰᠣᠳ ᠪᠦᠯᠬᠦᠮ᠂ 3 ᠠᠴᠠ ᠲᠡᠭᠡᠭᠰᠢ ᠰᠣᠳᠣᠯᠭ᠎ᠠ ᠰᠣᠷᠣᠯᠴᠠᠯᠭ᠎ᠠ ᠶᠢᠨ ᠴᠡᠭ ᠢᠶᠠᠷ ᠵᠢᠭᠤᠯᠴᠢᠯᠠᠨ᠂ ᠪᠦᠬᠦ ᠵᠢᠯ ᠤᠨ ᠵᠢᠭᠤᠯᠴᠢᠯᠠᠭᠰᠠᠳ 1000 ᠬᠦᠮᠦᠨ ᠲᠠᠪᠠᠪᠠᠯ᠂ ᠬᠦᠮᠦᠨ ᠪᠦᠷᠢ 5 ᠲᠦᠬᠦᠷᠢᠭ ᠢᠶᠠᠷ ᠱᠠᠩᠨᠠᠨ᠎ᠠ︔      2. ᠡᠪᠣᠯ ᠤᠨ ᠣᠯᠠᠷᠢᠯ ᠤᠨ ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠶᠢᠨ ᠵᠢᠭᠤᠯᠴᠢᠯᠠᠯ ︵11 ᠰᠠᠷ᠎ᠠ ᠶᠢᠨ 1 ᠤ ᠡᠳᠦᠷ — ᠲᠠᠷᠠᠭ᠎ᠠ ᠵᠢᠯ ᠤᠨ 4 ᠰᠠᠷ᠎ᠠ ᠶᠢᠨ 30 ᠤ ᠡᠳᠦᠷ︶ ᠵᠣᠬᠢᠶᠠᠨ ᠪᠠᠶᠢᠭᠤᠯᠣᠭᠰᠠᠨ ᠵᠢᠭᠤᠯᠴᠢᠯᠠᠭᠰᠠᠳ ᠲᠤ ᠣᠶᠢᠯᠡᠴᠢᠯᠡᠭᠦ ᠭᠠᠵᠠᠷ᠂ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠵᠢᠴᠢ ᠪᠣᠰᠣᠳ ᠪᠦᠯᠬᠦᠮ᠂ 3 ᠠᠴᠠ ᠲᠡᠭᠡᠭᠰᠢ ᠰᠣᠳᠣᠯᠭ᠎ᠠ ᠰᠣᠷᠣᠯᠴᠠᠯᠭ᠎ᠠ ᠶᠢᠨ ᠴᠡᠭ ᠢᠶᠠᠷ ᠵᠢᠭᠤᠯᠴᠢᠯᠠᠨ᠂ ᠪᠦᠬᠦ ᠵᠢᠯ ᠤᠨ ᠵᠢᠭᠤᠯᠴᠢᠯᠠᠭᠰᠠᠳ 300 ᠬᠦᠮᠦᠨ ᠲᠠᠪᠠᠪᠠᠯ᠂ ᠬᠦᠮᠦᠨ ᠪᠦᠷᠢ 10 ᠲᠦᠬᠦᠷᠢᠭ ᠢᠶᠠᠷ ᠱᠠᠩᠨᠠᠨ᠎ᠠ᠃      ︵ᠬᠤᠶᠠᠷ︶ ᠪᠦᠬᠦ ᠵᠢᠯ ᠤᠨ ᠨᠢᠭᠡ ᠡᠳᠦᠷ ᠤᠨ ᠵᠢᠭᠤᠯᠴᠢᠯᠠᠯ ᠤᠨ ᠱᠠᠩᠨᠠᠨ ᠬᠦᠬᠢᠬᠦᠯᠬᠦ ᠪᠠᠷᠢᠮᠵᠢᠶ᠎ᠠ᠄       1. ᠵᠣᠬᠢᠶᠠᠨ ᠪᠠᠶᠢᠭᠤᠯᠣᠨ ᠣᠳᠤᠭ ᠤᠨ ᠡᠮᠦᠨᠡᠳᠦ ᠬᠤᠰᠢᠭᠤᠨ ᠤ 4A ᠲᠡᠰ ᠠᠴᠠ ᠲᠡᠭᠡᠭᠰᠢᠬᠢ 1 ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠨᠢᠭᠡ ᠡᠳᠦᠷ ᠵᠢᠭᠤᠯᠴᠢᠯᠠᠵᠣ᠂ ᠪᠦᠬᠦ ᠵᠢᠯ ᠤᠨ ᠵᠢᠭᠤᠯᠴᠢᠯᠠᠭᠰᠠᠳ 1000 ᠬᠦᠮᠦᠨ ᠲᠠᠪᠠᠪᠠᠯ᠂ ᠬᠦᠮᠦᠨ ᠪᠦᠷᠢ 2 ᠲᠦᠭᠦᠷᠢᠭ ᠢᠶᠠᠷ ᠱᠠᠩᠨᠠᠨ᠎ᠠ︔      2. 4A ᠲᠡᠰ ᠠᠴᠠ ᠲᠡᠭᠡᠭᠰᠢᠬᠢ 2 ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠵᠣ᠂ ᠪᠦᠬᠦ ᠵᠢᠯ ᠤᠨ ᠵᠢᠭᠤᠯᠴᠢᠯᠠᠭᠰᠠᠳ 1000 ᠬᠦᠮᠦᠨ ᠲᠠᠪᠠᠪᠠᠯ᠂ ᠬᠦᠮᠦᠨ ᠪᠦᠷᠢ 5 ᠲᠦᠭᠦᠷᠢᠭ ᠢᠶᠠᠷ ᠱᠠᠩᠨᠠᠨ᠎ᠠ︔      3. 4A ᠲᠡᠰ ᠠᠴᠠ ᠲᠡᠭᠡᠭᠰᠢᠬᠢ 3 ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠵᠣ᠂ ᠪᠦᠬᠦ ᠵᠢᠯ ᠤᠨ ᠵᠢᠭᠤᠯᠴᠢᠯᠠᠭᠰᠠᠳ 1000 ᠬᠦᠮᠦᠨ ᠲᠠᠪᠠᠪᠠᠯ᠂ ᠬᠦᠮᠦᠨ ᠪᠦᠷᠢ 10 ᠲᠦᠭᠦᠷᠢᠭ ᠢᠶᠠᠷ ᠱᠠᠩᠨᠠᠨ᠎ᠠ᠃      ︵ᠭᠤᠷᠪᠠ︶ ᠪᠦᠬᠦ ᠵᠢᠯ ᠤᠨ ᠬᠤᠨᠤᠭ ᠤᠨ ᠵᠢᠭᠤᠯᠴᠢᠯᠠᠯ ᠤᠨ ᠱᠠᠩᠨᠠᠨ ᠬᠦᠬᠢᠬᠦᠯᠬᠦ ᠪᠠᠷᠢᠮᠵᠢᠶ᠎ᠡ      1. ᠣᠳᠤᠭ ᠤᠨ ᠡᠮᠦᠨᠡᠳᠦ ᠬᠤᠰᠢᠭᠤᠨ ᠳᠤ ᠬᠤᠨᠣᠭᠰᠠᠨ ᠮᠦᠷᠳᠡᠭᠡᠨ 4A ᠲᠡᠰ ᠠᠴᠠ ᠲᠡᠭᠡᠭᠰᠢᠬᠢ 2 ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠵᠣ᠂ ᠪᠦᠬᠦ ᠵᠢᠯ ᠤᠨ ᠵᠢᠭᠤᠯᠴᠢᠯᠠᠭᠰᠠᠳ 1000 ᠬᠦᠮᠦᠨ ᠲᠠᠪᠠᠪᠠᠯ᠂ ᠬᠠᠮᠤᠭ ᠦᠨᠳᠦᠷ ᠬᠦᠬᠢᠬᠦᠯᠦᠯ ᠢ 20 ᠲᠦᠮᠡᠨ ᠲᠦᠭᠦᠷᠢᠭ ᠠᠴᠠ ᠬᠡᠳᠦᠷᠡᠭᠦᠯᠵᠣ ᠪᠣᠯᠬᠤ ᠦᠭᠡᠢ᠂ ᠪᠠᠷᠢᠮᠵᠢᠶ᠎ᠠ ᠨᠢ ᠲᠣᠣᠷᠠᠬᠢ ᠮᠡᠳᠦ᠄      ︵1︶ ᠨᠢᠭᠡ ᠬᠤᠨᠣᠪᠠᠯ᠂ ᠬᠦᠮᠦᠨ ᠪᠦᠷᠢ 50 ᠲᠦᠭᠦᠷᠢᠭ ᠢᠶᠠᠷ ᠱᠠᠩᠨᠠᠨ᠎ᠠ︔      ︵2︶ ᠬᠤᠶᠠᠷ ᠬᠤᠨᠣᠪᠠᠯ᠂ ᠬᠤᠨᠤᠭ ᠪᠣᠯᠭᠠᠨ ᠬᠦᠮᠦᠨ ᠪᠦᠷᠢ 65 ᠲᠦᠭᠦᠷᠢᠭ ᠢᠶᠠᠷ ᠱᠠᠩᠨᠠᠨ᠎ᠠ︔      2. ᠲᠣᠰ ᠣᠳᠠᠭᠠᠨ ᠤ ᠬᠤᠨᠣᠭᠯᠠᠬᠤ ᠵᠢᠭᠤᠯᠴᠢᠯᠠᠯ ᠤᠨ ᠪᠦᠯᠬᠦᠮ ᠤᠨ ᠬᠦᠮᠦᠨ ᠤ ᠲᠤᠭ᠎ᠠ 300 ᠠᠴᠠ ᠲᠠᠪᠠᠪᠠᠯ ᠡᠮᠦᠨ᠎ᠡ ᠲᠣᠷᠠᠳᠣᠭᠰᠠᠨ ᠬᠦᠬᠢᠬᠦᠯᠦᠯ  ᠤᠨ ᠪᠠᠷᠢᠮᠵᠢᠶᠠᠨ ᠤ ᠰᠠᠭᠤᠷᠢ ᠲᠡᠭᠡᠷ᠎ᠡ ᠲᠠᠬᠢᠨ ᠲᠦᠮᠡᠨ ᠲᠦᠭᠦᠷᠢᠭ ᠨᠡᠮᠡᠵᠣ ᠱᠠᠩᠨᠠᠨ᠎ᠠ︔ ᠬᠤᠨᠣᠭᠯᠠᠬᠤ ᠵᠢᠭᠤᠯᠴᠢᠯᠠᠯ ᠤᠨ ᠪᠦᠯᠬᠦᠮ ᠤᠨ ᠬᠦᠮᠦᠨ ᠤ ᠲᠤᠭ᠎ᠠ 500  ᠠᠴᠠ ᠲᠠᠪᠠᠪᠠᠯ ᠡᠮᠦᠨ᠎ᠡ ᠲᠣᠷᠠᠳᠣᠭᠰᠠᠨ ᠬᠦᠬᠢᠬᠦᠯᠦᠯ ᠤᠨ ᠪᠠᠷᠢᠮᠵᠢᠶᠠᠨ ᠤ ᠰᠠᠭᠤᠷᠢ ᠲᠡᠭᠡᠷ᠎ᠡ ᠲᠠᠬᠢᠨ 2 ᠲᠦᠮᠡᠨ ᠲᠦᠭᠦᠷᠢᠭ ᠨᠡᠮᠡᠵᠣ ᠱᠠᠩᠨᠠᠨ᠎ᠠ᠃      3. ᠬᠠᠮᠤᠭ ᠣᠯᠠᠨ ᠪᠦᠯᠬᠦᠮ ᠤᠨ ᠱᠠᠩᠨᠠᠯ᠂ ᠪᠦᠬᠦ ᠵᠢᠯ ᠤᠨ ᠬᠤᠨᠣᠭᠯᠠᠭᠰᠠᠨ ᠵᠢᠭᠤᠯᠴᠢᠯᠠᠭᠰᠠᠳ 10000 ᠬᠦᠮᠦᠨ ᠲᠠᠪᠠᠪᠠᠯ᠂ ᠡᠮᠦᠨ᠎ᠡ ᠭᠤᠷᠪᠠᠨ ᠨᠠᠷ᠎ᠡ  ᠶᠢ ᠱᠠᠩᠨᠠᠵᠣ᠂ ᠨᠢᠭᠡᠳᠦᠭᠡᠷ ᠲᠡᠰ 1 ᠨᠡᠷ᠎ᠡ 30 ᠲᠦᠮᠡᠨ ᠲᠦᠭᠦᠷᠢᠭ᠂ ᠬᠤᠶᠠᠳᠣᠭᠠᠷ ᠲᠡᠰ 1 ᠨᠡᠷ᠎ᠡ 20 ᠲᠦᠮᠡᠨ ᠲᠦᠭᠦᠷᠢᠭ᠂ ᠭᠤᠷᠪᠠᠳᠣᠭᠠᠷ ᠲᠡᠰ 1 ᠨᠡᠷ᠎ᠡ 10 ᠲᠦᠮᠡᠨ ᠲᠦᠭᠦᠷᠢᠭ ᠢᠶᠠᠷ ᠱᠠᠩᠨᠠᠨ᠎ᠠ᠃      ︵ᠲᠦᠷᠪᠡ︶ ᠵᠢᠭᠤᠯᠴᠢᠯᠠᠯ ᠤᠨ ᠰᠢᠭᠤᠳ ᠨᠡᠪᠳᠡᠷᠡᠭᠦ ᠲᠡᠷᠭᠡ ᠶᠢᠨ ᠲᠣᠰᠬᠠᠢ ᠱᠣᠭᠤᠮ ᠤᠨ ᠱᠠᠩᠨᠠᠨ ᠬᠦᠬᠢᠬᠦᠯᠬᠦ ᠪᠠᠷᠢᠮᠵᠢᠶ᠎ᠠ      1. ᠵᠢᠭᠤᠯᠴᠢᠯᠠᠭᠰᠠᠳ ᠲᠤ ᠣᠶᠢᠯᠡᠴᠢᠯᠡᠭᠦ ᠭᠠᠵᠠᠷ᠂ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠵᠢᠴᠢ ᠪᠣᠰᠣᠳ ᠪᠦᠯᠬᠦᠮ ᠵᠢᠭᠤᠯᠴᠢᠯᠠᠯ ᠤᠨ ᠲᠣᠰᠬᠠᠢ ᠱᠣᠭᠤᠮ ᠤᠨ ᠰᠢᠭᠤᠳ ᠨᠡᠪᠳᠡᠷᠡᠭᠦ ᠲᠡᠷᠭᠡ ᠶᠢ ᠨᠡᠪᠳᠡᠷᠡᠭᠦᠯᠦᠭᠡᠳ ᠲᠣᠣᠷᠠᠬᠢ ᠨᠦᠭᠦᠴᠡᠯ ᠳᠤ ᠨᠡᠶᠢᠴᠡᠪᠡᠯ᠂ ᠵᠢᠯ ᠪᠦᠷᠢ ᠡᠵᠡᠩᠨᠡᠯᠳᠡ ᠶᠢᠨ ᠨᠦᠬᠦᠪᠦᠷᠢ 3 ᠲᠦᠮᠡᠨ ᠲᠦᠭᠦᠷᠢᠭ ᠣᠯᠭᠤᠨ᠎ᠠ᠄      ︵1︶ ᠬᠠᠮᠤᠭ ᠪᠠᠭ᠎ᠠ ᠳᠤ ᠪᠠᠨ 1 ᠵᠢᠭᠤᠯᠴᠢᠯᠠᠯ ᠤᠨ ᠲᠣᠰᠬᠠᠢ ᠱᠣᠭᠤᠮ ᠤᠨ ᠰᠢᠭᠤᠳ ᠨᠡᠪᠳᠡᠷᠡᠭᠦ ᠲᠡᠷᠭᠡ ᠲᠠᠢ︔      ︵2︶ ᠲᠡᠷᠭᠡᠨ ᠲᠡᠭᠡᠷ᠎ᠡ ᠪᠠᠨ ᠣᠳᠤᠭ ᠤᠨ ᠡᠮᠦᠨᠡᠳᠦ ᠬᠤᠰᠢᠭᠤᠨ ᠤ ᠵᠢᠭᠤᠯᠴᠢᠯᠠᠯ ᠤᠨ ᠭᠤᠣᠯ ᠰᠡᠳᠦᠪᠳᠦ ᠣᠬᠠᠭᠤᠯᠭ᠎ᠠ ᠶᠢᠨ ᠠᠭᠤᠯᠭ᠎ᠠ ᠶᠢ ᠨᠢᠭᠡᠳᠦᠯᠳᠡᠢ ᠨᠠᠭᠠᠵᠤ ᠰᠢᠷᠳᠡᠨ᠎ᠠ︔      ︵3︶ ᠣᠳᠤᠭ ᠤᠨ ᠡᠮᠦᠨᠡᠳᠦ ᠬᠤᠰᠢᠭᠤᠨ ᠤ ᠦᠵᠡᠮᠵᠢ ᠶᠢᠨ ᠣᠷᠣᠨ ᠳᠤ ᠬᠦᠷᠦᠨ᠎ᠠ︔      ︵4︶ ᠦᠷᠭᠦᠯᠵᠢᠯᠡᠭᠦ ᠴᠠᠭ ᠨᠢ 5 ᠰᠠᠷ᠎ᠠ ᠠᠴᠠ ᠲᠣᠣᠷ᠎ᠠ ᠪᠠᠶᠢᠵᠣ ᠪᠣᠯᠬᠤ ᠦᠭᠡᠢ︔      ︵5︶ ᠬᠦᠨᠳᠦ ᠶᠡᠭᠡ ᠵᠠᠮ ᠬᠠᠷᠢᠯᠴᠠᠭᠠᠨ ᠤ ᠠᠮᠣᠷ ᠲᠦᠪᠰᠢᠨ ᠤ ᠠᠳᠡᠯ ᠦᠭᠡᠢ︔      ︵6︶ ᠣᠯᠵᠠᠴᠢ ᠪᠠᠯᠭᠠᠰᠦ ᠠᠴᠠ ᠪᠣᠷᠣᠪᠠᠯᠭᠠᠰᠦ ᠪᠠᠯᠭᠠᠰᠦ᠂ ᠢᠷᠭᠠᠢ ᠬᠤᠳᠠ ᠠᠴᠠ ᠣᠯᠵᠠᠴᠢ ᠪᠠᠯᠭᠠᠰᠦ ᠬᠦᠷᠦᠨ᠎ᠡ᠃      2. ᠵᠢᠭᠤᠯᠴᠢᠯᠠᠭᠰᠠᠳ ᠲᠤ ᠣᠶᠢᠯᠡᠴᠢᠯᠡᠭᠦ ᠭᠠᠵᠠᠷ᠂ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠵᠢᠴᠢ ᠪᠣᠰᠣᠳ ᠪᠦᠯᠬᠦᠮ ᠵᠢᠭᠤᠯᠴᠢᠯᠠᠯ ᠤᠨ ᠲᠣᠰᠬᠠᠢ ᠱᠣᠭᠤᠮ ᠤᠨ ᠰᠢᠭᠤᠳ ᠨᠡᠪᠳᠡᠷᠡᠭᠦ ᠲᠡᠷᠭᠡ ᠶᠢ ᠨᠡᠪᠳᠡᠷᠡᠭᠦᠯᠦᠭᠡᠳ ᠲᠣᠣᠷᠠᠬᠢ ᠨᠦᠭᠦᠴᠡᠯ ᠳᠤ ᠨᠡᠶᠢᠴᠡᠪᠡᠯ᠂ ᠵᠢᠯ ᠪᠦᠷᠢ ᠡᠵᠡᠩᠨᠡᠯᠳᠡ ᠶᠢᠨ ᠨᠦᠬᠦᠪᠦᠷᠢ 6 ᠲᠦᠮᠡᠨ ᠲᠦᠭᠦᠷᠢᠭ ᠣᠯᠭᠤᠨ᠎ᠠ᠄      ︵1︶ ᠬᠠᠮᠤᠭ ᠪᠠᠭ᠎ᠠ ᠳᠤ ᠪᠠᠨ 1 ᠵᠢᠭᠤᠯᠴᠢᠯᠠᠯ ᠤᠨ ᠲᠣᠰᠬᠠᠢ ᠱᠣᠭᠤᠮ ᠤᠨ ᠰᠢᠭᠤᠳ ᠨᠡᠪᠳᠡᠷᠡᠭᠦ ᠲᠡᠷᠭᠡ ᠲᠠᠢ︔      ︵2︶ ᠲᠡᠷᠭᠡᠨ ᠲᠡᠭᠡᠷ᠎ᠡ ᠪᠠᠨ ᠣᠳᠤᠭ ᠤᠨ ᠡᠮᠦᠨᠡᠳᠦ ᠬᠤᠰᠢᠭᠤᠨ ᠤ ᠵᠢᠭᠤᠯᠴᠢᠯᠠᠯ ᠤᠨ ᠭᠤᠣᠯ ᠰᠡᠳᠦᠪᠳᠦ ᠣᠬᠠᠭᠤᠯᠭ᠎ᠠ ᠶᠢᠨ ᠠᠭᠤᠯᠭ᠎ᠠ ᠶᠢ ᠨᠢᠭᠡᠳᠦᠯᠳᠡᠢ ᠨᠠᠭᠠᠵᠣ ᠰᠢᠷᠳᠡᠨ᠎ᠠ︔      ︵3︶ ᠣᠳᠤᠭ ᠤᠨ ᠡᠮᠦᠨᠡᠳᠦ ᠬᠤᠰᠢᠭᠤᠨ ᠤ ᠦᠵᠡᠮᠵᠢ ᠶᠢᠨ ᠣᠷᠣᠨ ᠳᠤ ᠬᠦᠷᠦᠨ᠎ᠡ︔      ︵4︶ ᠦᠷᠭᠦᠯᠵᠢᠯᠡᠭᠦ ᠴᠠᠭ ᠨᠢ 5 ᠰᠠᠷ᠎ᠠ ᠠᠴᠠ ᠲᠣᠣᠷ᠎ᠠ ᠪᠠᠶᠢᠵᠣ ᠪᠣᠯᠬᠤ ᠦᠭᠡᠢ︔      ︵5︶ ᠬᠦᠨᠳᠦ ᠶᠡᠭᠡ ᠵᠠᠮ ᠬᠠᠷᠢᠯᠴᠠᠭᠠᠨ ᠤ ᠠᠮᠣᠷ ᠲᠦᠪᠰᠢᠨ ᠤ ᠠᠳᠡᠯ ᠦᠭᠡᠢ︔      ︵6︶ ᠢᠷᠭᠠᠢ ᠬᠤᠳᠠ ᠠᠴᠠ ᠪᠣᠷᠣᠪᠠᠯᠭᠠᠰᠦ ᠪᠠᠯᠭᠠᠰᠦ ᠬᠦᠷᠦᠨ᠎ᠡ᠃                     ᠲᠠᠪᠣᠳᠣᠭᠠᠷ ᠪᠦᠯᠦᠭ     ᠰᠢᠨ᠎ᠡ ᠡᠵᠡᠩᠨᠡᠯᠳᠡ ᠶᠢᠨ ᠪᠠᠶᠢᠳᠠᠯ ᠢ ᠬᠦᠭᠵᠢᠭᠦᠯᠦᠨ                            ᠪᠣᠵᠠᠭᠠᠶᠢᠷᠠᠭᠤᠯᠬᠤ ᠶᠢ ᠲᠡᠮᠵᠢᠬᠦ ᠪᠠ ᠬᠦᠬᠢᠬᠦᠯᠦᠨ ᠱᠠᠩᠨᠠᠬᠤ      ᠭᠤᠴᠢᠳᠣᠭᠠᠷ ᠵᠣᠶᠢᠯ     ᠰᠢᠨ᠎ᠡ ᠡᠵᠡᠩᠨᠡᠯᠳᠡ ᠶᠢᠨ ᠪᠠᠶᠢᠳᠠᠯ ᠢ ᠬᠦᠭᠵᠢᠭᠦᠯᠦᠨ ᠪᠣᠵᠠᠭᠠᠶᠢᠷᠠᠭᠤᠯᠬᠤ ᠶᠢ ᠲᠡᠮᠵᠢᠬᠦ ᠪᠠ ᠬᠦᠬᠢᠬᠦᠯᠦᠨ ᠱᠠᠩᠨᠠᠬᠤ ᠳᠤ ᠲᠣᠬᠢᠷᠠᠬᠤ ᠡᠳᠡᠭᠡᠳ᠄      ᠣᠳᠤᠭ ᠤᠨ ᠡᠮᠦᠨᠡᠳᠦ ᠬᠤᠰᠢᠭᠤᠨ ᠳᠤ ᠬᠠᠣᠯᠢ ᠶᠣᠰᠣᠭᠠᠷ ᠪᠦᠷᠢᠳᠬᠡᠭᠦᠯᠦᠨ ᠲᠠᠩᠰᠠᠯᠠᠭᠤᠯᠵᠣ᠂ ᠡᠵᠡᠩᠨᠡᠭᠰᠡᠨ ᠪᠠ ᠭᠠᠶᠢᠯᠢ ᠲᠣᠰᠢᠶᠠᠭᠰᠠᠨ ᠲᠣᠰᠠᠭᠠᠷ ᠬᠠᠣᠯᠢ ᠤᠨ ᠡᠷᠭᠡᠳᠡᠨ ᠤ ᠬᠢᠷᠢ ᠬᠡᠮ ᠲᠠᠢ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ᠂ ᠲᠣᠬᠠᠶᠢᠯᠠᠭᠰᠠᠨ ᠠᠵᠢᠯ ᠤᠨ ᠨᠡᠶᠢᠭᠡᠮᠯᠢᠭ ᠵᠢᠴᠢ ᠪᠣᠰᠣᠳ ᠬᠠᠮᠢᠶ᠎ᠠ ᠪᠦᠬᠦᠢ ᠪᠠᠶᠢᠭᠤᠯᠭ᠎ᠠ᠃      ᠭᠤᠴᠢᠨ ᠨᠢᠭᠡᠳᠦᠭᠡᠷ ᠵᠣᠶᠢᠯ     ᠰᠢᠨ᠎ᠡ ᠡᠵᠡᠩᠨᠡᠯᠳᠡ ᠶᠢᠨ ᠪᠠᠶᠢᠳᠠᠯ ᠢ ᠬᠦᠭᠵᠢᠭᠦᠯᠦᠨ ᠪᠣᠵᠠᠭᠠᠶᠢᠷᠠᠭᠤᠯᠬᠤ ᠶᠢ ᠲᠡᠮᠵᠢᠬᠦ ᠪᠠ ᠬᠦᠬᠢᠬᠦᠯᠬᠦ ᠱᠠᠩᠨᠠᠯ ᠢ ᠭᠤᠶᠣᠪᠴᠢᠯᠠᠬᠤ ᠨᠦᠭᠦᠴᠡᠯ᠄      ︵ᠨᠢᠭᠡ︶ ᠣᠨᠴᠠᠯᠢᠭᠳᠦ ᠵᠢᠭᠤᠯᠴᠢᠯᠠᠯ ᠤᠨ ᠬᠤᠳᠠᠯᠳᠣᠭᠠᠨ ᠤ ᠲᠡᠯᠭᠡᠭᠦᠷ ᠢ ᠭᠤᠶᠣᠪᠴᠢᠯᠠᠬᠤ ᠨᠦᠭᠦᠴᠡᠯ᠄      1. ᠣᠳᠤᠭ ᠤᠨ ᠡᠮᠦᠨᠡᠳᠦ ᠬᠤᠰᠢᠭᠤᠨ ᠤ A ᠲᠡᠰ ᠤᠨ ᠦᠵᠡᠮᠵᠢ ᠶᠢᠨ ᠣᠷᠣᠨ ᠵᠢᠴᠢ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠤᠨ ᠪᠣᠳᠠᠰ ᠤᠨ ᠪᠣᠰᠣ ᠰᠣᠶᠣᠯ ᠤᠨ ᠦᠪ ᠤᠨ ᠵᠡᠭᠡᠯᠢ ᠳᠤ ᠵᠢᠯ ᠲᠣᠷᠰᠢ ᠡᠵᠡᠩᠨᠡᠭᠰᠡᠨ ᠮᠦᠷᠳᠡᠭᠡᠨ ᠦᠷᠭᠦᠯᠵᠢᠯᠡᠨ ᠡᠵᠡᠩᠨᠡᠬᠦ ᠨᠦᠭᠦᠴᠡᠯ ᠲᠠᠢ︔      2. ᠣᠨᠴᠠᠯᠢᠭᠳᠦ ᠰᠣᠶᠣᠯ ᠵᠢᠭᠤᠯᠴᠢᠯᠠᠯ ᠤᠨ ᠲᠣᠷᠠᠰᠬᠠᠯ ᠤᠨ ᠪᠣᠳᠠᠰ᠂ ᠣᠷᠣᠨ ᠨᠣᠳᠤᠭ ᠤᠨ ᠣᠨᠴᠠ ᠭᠠᠷᠣᠯᠳᠠ ᠶᠢᠨ ᠲᠣᠰᠬᠠᠢ ᠡᠵᠡᠩᠨᠡᠯᠳᠡ ᠶᠢᠨ ᠲᠦᠷᠦᠯ 100 ᠠᠴᠠ ᠲᠣᠣᠷ᠎ᠠ ᠪᠠᠶᠢᠵᠣ ᠪᠣᠯᠬᠤ ᠦᠭᠡᠢ᠂ ᠵᠢᠯ ᠤᠨ ᠡᠵᠡᠩᠨᠡᠯᠳᠡ ᠶᠢᠨ ᠴᠠᠭ ᠠᠳᠠᠭ ᠲᠤ ᠪᠠᠨ 180 ᠡᠳᠦᠷ᠃      ︵ᠬᠤᠶᠠᠷ︶ ᠡᠯ᠎ᠡ ᠲᠦᠷᠦᠯ ᠤᠨ ᠣᠨᠴᠠᠯᠢᠭᠳᠦ ᠰᠦᠨᠢ ᠶᠢᠨ ᠲᠡᠯᠭᠡᠭᠦᠷ ᠨᠡᠭᠡᠭᠡᠬᠦ ᠶᠢ ᠭᠤᠶᠣᠪᠴᠢᠯᠠᠬᠤ ᠨᠦᠭᠦᠴᠡᠯ᠄      1. ᠣᠳᠤᠭ ᠤᠨ ᠡᠮᠦᠨᠡᠳᠦ ᠬᠤᠰᠢᠭᠤᠨ ᠤ ᠦᠵᠡᠮᠵᠢ ᠶᠢᠨ ᠣᠷᠣᠨ ᠵᠢᠴᠢ ᠰᠣᠶᠣᠯ ᠤᠨ ᠠᠵᠣ ᠣᠶᠢᠯᠠᠰ ᠤᠨ ᠬᠦᠷᠢᠶᠠᠯᠠᠩ ᠳᠤ ᠲᠣᠳᠣᠷᠬᠠᠢ ᠬᠠᠮᠢᠶᠠᠷᠣᠯᠳᠠ ᠡᠵᠡᠩᠨᠡᠯᠳᠡ ᠶᠢᠨ ᠪᠠᠶᠢᠭᠤᠯᠣᠮᠵᠢ ᠲᠠᠢ᠄      2. ᠲᠣᠭᠳᠠᠮᠠᠯ ᠡᠵᠡᠩᠨᠡᠯᠳᠡ ᠶᠢᠨ ᠲᠡᠯᠭᠡᠭᠡ ᠮᠠᠶᠢᠮᠠᠢ 30 ᠠᠴᠠ ᠲᠡᠭᠡᠭᠰᠢ︔      3. ᠲᠣᠭᠳᠠᠮᠠᠯ ᠡᠵᠡᠩᠨᠡᠯᠳᠡ ᠶᠢᠨ ᠲᠡᠯᠭᠡᠭᠦᠷ 10 ᠠᠴᠠ ᠲᠡᠭᠡᠭᠰᠢ︔      4. ᠵᠢᠯ ᠤᠨ ᠪᠦᠬᠦᠯᠢ ᠴᠣᠭᠴᠠ ᠶᠢᠨ ᠰᠠᠭᠤᠷᠢᠰᠢᠭᠰᠠᠨ ᠨᠣᠷᠮ᠎ᠠ 70%︔      5. ᠰᠦᠨᠢ ᠶᠢᠨ ᠲᠡᠯᠭᠡᠭᠦᠷ ᠤᠨ ᠡᠵᠡᠩᠨᠡᠯᠳᠡ ᠶᠢᠨ ᠡᠷᠦᠭᠡ 60% ᠠᠴᠠ ᠲᠣᠣᠷ᠎ᠠ ᠪᠠᠶᠢᠵᠣ ᠪᠣᠯᠬᠤ ᠦᠭᠡᠢ᠃      ︵ᠭᠤᠷᠪᠠ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠪᠣᠯ ᠤᠨ ᠣᠯᠠᠷᠢᠯ ᠤᠨ ᠵᠢᠭᠤᠯᠴᠢᠯᠠᠯ ᠤᠨ ᠲᠦᠷᠦᠯ ᠵᠣᠶᠢᠯ ᠢ ᠭᠤᠶᠣᠪᠴᠢᠯᠠᠬᠤ ᠨᠦᠭᠦᠴᠡᠯ᠄      ᠵᠢᠯ ᠤᠨ ᠲᠣᠳᠣᠷ᠎ᠠ ᠭᠤᠶᠣᠪᠴᠢᠯᠠᠨ ᠪᠠᠶᠢᠭᠤᠯᠬᠤ ᠮᠦᠷᠳᠡᠭᠡᠨ ᠠᠰᠢᠭᠯᠠᠯᠳᠠ ᠳᠤ ᠣᠷᠣᠭᠤᠯᠣᠨ᠎ᠠ᠃      ︵ᠲᠦᠷᠪᠡ︶ ᠵᠢᠭᠤᠯᠴᠢᠯᠠᠯ ᠤᠨ ᠰᠣᠳᠣᠨ ᠲᠣᠭᠯᠠᠯᠳᠠ ᠶᠢᠨ ᠲᠦᠷᠦᠯ ᠵᠣᠶᠢᠯ ᠢ ᠭᠤᠶᠣᠪᠴᠢᠯᠠᠬᠤ ᠨᠦᠭᠦᠴᠡᠯ᠄      ᠵᠢᠯ ᠤᠨ ᠲᠣᠳᠣᠷ᠎ᠠ ᠭᠤᠶᠣᠪᠴᠢᠯᠠᠨ ᠠᠰᠢᠭᠯᠠᠯᠳᠠ ᠳᠤ ᠣᠷᠣᠭᠤᠯᠵᠣ ᠲᠣᠭᠯᠠᠯᠳᠠ ᠭᠠᠷᠭᠠᠬᠤ ᠪᠣᠶᠣ ᠬᠡᠷᠡᠭᠯᠡᠭᠰᠡᠨ ᠮᠦᠷᠳᠡᠭᠡᠨ ᠦᠷᠭᠦᠯᠵᠢᠯᠡᠨ 4 ᠰᠠᠷ᠎ᠠ ᠠᠴᠠ ᠲᠡᠭᠡᠭᠰᠢ ᠡᠵᠡᠩᠨᠡᠭᠰᠡᠨ ᠪᠠᠶᠢᠬᠤ ᠬᠡᠷᠡᠭᠳᠡᠢ᠃      ᠭᠤᠴᠢᠨ ᠬᠤᠶᠠᠳᠣᠭᠠᠷ ᠵᠣᠶᠢᠯ     ᠰᠢᠨ᠎ᠡ ᠡᠵᠡᠩᠨᠡᠯᠳᠡ ᠶᠢᠨ ᠪᠠᠶᠢᠳᠠᠯ ᠢ ᠬᠦᠭᠵᠢᠭᠦᠯᠦᠨ ᠪᠣᠵᠠᠭᠠᠶᠢᠷᠠᠭᠤᠯᠬᠤ ᠶᠢ ᠲᠡᠮᠵᠢᠬᠦ ᠪᠠ ᠬᠦᠬᠢᠬᠦᠯᠬᠦ ᠱᠠᠩᠨᠠᠯ ᠢ ᠭᠤᠶᠣᠪᠴᠢᠯᠠᠬᠤ ᠮᠡᠲ᠋ᠧᠷᠢᠶᠡᠯ᠄      ︵ᠨᠢᠭᠡ︶ ᠰᠢᠨ᠎ᠡ ᠡᠵᠡᠩᠨᠡᠯᠳᠡ ᠶᠢᠨ ᠪᠠᠶᠢᠳᠠᠯ ᠢ ᠬᠦᠭᠵᠢᠭᠦᠯᠦᠨ ᠪᠣᠵᠠᠭᠠᠶᠢᠷᠠᠭᠤᠯᠬᠤ ᠶᠢ ᠲᠡᠮᠵᠢᠬᠦ ᠪᠠ ᠬᠦᠬᠢᠬᠦᠯᠬᠦ ᠱᠠᠩᠨᠠᠯ ᠢ ᠭᠤᠶᠣᠪᠴᠢᠯᠠᠬᠤ ᠬᠦᠰᠦᠨᠦᠭ᠄      ︵ᠬᠤᠶᠠᠷ︶ ᠭᠤᠶᠣᠪᠴᠢᠯᠠᠬᠤ ᠪᠠᠶᠢᠭᠤᠯᠭ᠎ᠠ ᠶᠢᠨ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠲᠦᠯᠦᠭᠡᠨ ᠤ ᠨᠣᠮᠧᠷ ᠤᠨ ᠦᠨᠡᠮᠯᠡᠯ ᠪᠣᠶᠣ ᠭᠤᠷᠪᠠᠨ ᠦᠨᠡᠮᠯᠡᠯ ᠢ ᠨᠢᠭᠡᠳᠬᠡᠭᠰᠡᠨ ᠡᠵᠡᠩᠨᠡᠯᠳᠡ ᠶᠢᠨ ᠪᠠᠳᠣᠯᠠᠪᠦᠷᠢ ᠶᠢᠨ ᠪᠢᠴᠢᠭ ᠪᠣᠯᠣᠨ ᠬᠠᠣᠯᠢ ᠶᠢᠨ ᠡᠷᠭᠡᠳᠡ ᠤ ᠪᠡᠶ᠎ᠡ ᠶᠢᠨ ᠦᠨᠡᠮᠯᠡᠯ ᠤᠨ ᠬᠠᠭᠤᠯᠪᠦᠷᠢ︔      ︵ᠭᠤᠷᠪᠠ︶ ᠣᠨᠴᠢᠯᠢᠭᠳᠦ ᠵᠢᠭᠤᠯᠴᠢᠯᠠᠯ ᠤᠨ ᠬᠤᠳᠠᠯᠳᠤᠭ᠎ᠠ ᠲᠡᠯᠭᠡᠭᠦᠷ ᠭᠤᠶᠣᠪᠴᠢᠯᠠᠬᠤ ᠳᠤ ᠲᠡᠯᠭᠡᠭᠦᠷ ᠤᠨ ᠰᠡᠭᠦᠳᠡᠷ᠂ ᠢᠳᠡᠭᠡᠨ ᠣᠮᠳᠠᠭᠠᠨ ᠤ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ᠂ ᠪᠦᠳᠦᠭᠡᠭᠳᠡᠭᠦᠨ ᠤ ᠪᠣᠷᠣᠯᠠᠭᠤᠯᠭ᠎ᠠ ᠶᠢᠨ ᠨᠠᠷᠢᠨ ᠲᠠᠩᠰᠠ᠂ ᠪᠡᠯᠡ ᠣᠷᠣᠭᠤᠯᠣᠯᠳᠠ ᠶᠢᠨ ᠭᠡᠷᠡᠴᠢ ᠵᠡᠷᠭᠡ ᠬᠤᠯᠪᠣᠭᠳᠠᠯ ᠪᠦᠬᠦᠢ ᠮᠡᠲ᠋ᠧᠷᠢᠶᠠᠯ ᠢᠶᠠᠨ ᠬᠠᠩᠭᠠᠨ᠎ᠠ︔      ︵ᠲᠦᠷᠪᠡ︶ ᠰᠦᠨᠢ ᠶᠢᠨ ᠲᠡᠯᠭᠡᠭᠦᠷ ᠤᠨ ᠨᠦᠬᠦᠪᠦᠷᠢ ᠶᠢ ᠭᠤᠶᠣᠪᠴᠢᠯᠠᠬᠤ ᠳᠤ ᠬᠤᠳᠠᠯᠳᠣᠭᠠᠴᠢᠨ ᠡᠷᠦᠭᠡ ᠶᠢᠨ ᠵᠠᠩᠬᠢ ᠵᠢᠴᠢ ᠡᠵᠡᠩᠨᠡᠯᠳᠡ ᠶᠢᠨ ᠠᠭᠤᠯᠭ᠎ᠠ  ᠶᠢᠨ ᠲᠣᠳᠣᠷᠬᠠᠶᠢᠯᠠᠯ ᠬᠦᠰᠦᠨᠦᠭᠳᠦ᠂ ᠲᠦᠷᠦᠯ ᠵᠣᠶᠢᠯ ᠤᠨ ᠲᠦᠯᠦᠭᠡᠯᠡᠭᠦ ᠴᠢᠨᠠᠷᠳᠠᠢ ᠰᠡᠭᠦᠳᠡᠷ ᠵᠡᠷᠭᠡ ᠬᠤᠯᠪᠣᠭᠳᠠᠯ ᠪᠦᠬᠦᠢ ᠮᠡᠲ᠋ᠧᠷᠢᠶᠠᠯ ᠢᠶᠠᠨ ᠬᠠᠩᠭᠠᠨ᠎ᠠ︔      ︵ᠲᠠᠪᠤ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠪᠣᠯ ᠤᠨ ᠣᠯᠠᠷᠢᠯ ᠤᠨ ᠵᠢᠭᠤᠯᠴᠢᠯᠠᠯ ᠤᠨ ᠰᠣᠳᠣᠨ ᠲᠦᠷᠦᠯ ᠵᠣᠶᠢᠯ ᠢ ᠭᠤᠶᠣᠪᠴᠢᠯᠠᠬᠤ ᠳᠤ ᠲᠦᠷᠦᠯ ᠵᠣᠶᠢᠯ ᠤᠨ ᠪᠠᠶᠢᠭᠤᠯᠣᠯᠳᠠ ᠶᠢᠨ ᠲᠦᠰᠦᠯ᠂ ᠪᠡᠯᠡ ᠣᠷᠣᠭᠤᠯᠣᠯᠳᠠ ᠶᠢᠨ ᠭᠡᠷᠡᠴᠢ᠂ ᠰᠡᠭᠦᠳᠡᠷ ᠵᠡᠷᠭᠡ ᠮᠡᠲ᠋ᠧᠷᠢᠶᠠᠯ ᠢᠶᠠᠨ ᠬᠠᠩᠭᠠᠨ᠎ᠠ︔      ︵ᠵᠢᠷᠭᠤᠭ᠎ᠠ︶ ᠵᠢᠭᠤᠯᠴᠢᠯᠠᠯ ᠤᠨ ᠰᠣᠳᠣᠨ ᠲᠣᠭᠯᠠᠯᠳᠠ ᠤᠨ ᠲᠦᠷᠦᠯ ᠵᠣᠶᠢᠯ ᠢ ᠭᠤᠶᠣᠪᠴᠢᠯᠠᠬᠤ ᠳᠤ ᠲᠣᠭᠯᠠᠯᠳᠠ ᠶᠢᠨ ᠭᠡᠷ᠎ᠡ ᠪᠢᠴᠢᠭ ︵ᠵᠦᠪᠳᠡᠯᠴᠡᠭᠡᠷ︶ ᠵᠢᠴᠢ ᠪᠡᠯᠡ ᠮᠦᠩᠭᠦ ᠦᠭᠭᠦᠭᠰᠡᠨ ᠬᠡᠷᠡᠴᠢ ᠪᠠᠷᠢᠮᠳᠠ ᠶᠢᠨ ᠬᠠᠭᠤᠯᠪᠦᠷᠢ ︵ᠠᠵᠣ ᠠᠬᠤᠶᠢᠯᠠᠯ ᠤᠨ ᠲᠠᠮᠠᠭ᠎ᠠ ᠲᠠᠷᠣᠨ᠎ᠠ︶᠂ ᠲᠣᠭᠯᠠᠯᠳᠠ ᠶᠢᠨ ᠨᠠᠷᠢᠨ ᠬᠦᠰᠦᠨᠦᠭ ︵ᠲᠣᠭᠯᠠᠯᠳᠠ ᠭᠠᠷᠭᠠᠭᠰᠠᠨ ᠴᠠᠭ᠂ ᠠᠭᠤᠯᠭ᠎ᠠ ᠵᠢᠴᠢ ᠰᠡᠭᠦᠳᠡᠷ ᠢ ᠪᠠᠭᠳᠠᠭᠠᠨ᠎ᠠ︶ ᠵᠡᠷᠭᠡ ᠮᠡᠲ᠋ᠧᠷᠢᠶᠠᠯ ᠢᠶᠠᠨ ᠬᠠᠩᠭᠠᠨ᠎ᠠ︔      ︵ᠲᠣᠯᠤᠭ᠎ᠠ︶ ᠲᠦᠷᠦᠯ ᠵᠣᠶᠢᠯ ᠤᠨ ᠪᠦᠳᠦᠮᠵᠢ ᠶᠢᠨ ᠬᠠᠷᠠᠯᠳᠠ ᠶᠢᠨ ᠦᠪᠡᠷ ᠤᠨ ᠦᠨᠡᠯᠡᠯᠳᠡ ᠶᠢᠨ ᠭᠤᠶᠣᠪᠴᠢᠯᠠᠬᠤ ᠬᠦᠰᠦᠨᠦᠭ︔      ︵ᠨᠠᠢᠮᠠ︶ ᠠᠮᠠᠯᠠᠯᠳᠠ ᠶᠢᠨ ᠪᠢᠴᠢᠭ︔      ︵ᠶᠢᠰᠦ︶ ᠭᠤᠶᠣᠪᠴᠢᠯᠠᠬᠤ ᠭᠤᠣᠯ ᠴᠣᠭᠴᠠ ᠶᠢᠨ ᠢᠳᠡᠭᠡᠮᠵᠢᠳᠦ ︵ᠲᠣᠮᠳᠠᠳᠦ ᠣᠯᠣᠰ︶ ᠪᠣᠶᠣ ᠢᠳᠡᠭᠡᠮᠵᠢᠳᠦ ︵ᠦᠪᠦᠷ ᠮᠣᠩᠭᠤᠯ︶ ᠰᠦᠯᠵᠢᠶᠡᠨ ᠲᠡᠭᠡᠷᠡᠬᠢ ᠢᠳᠡᠭᠡᠮᠵᠢ ᠶᠢᠨ ᠲᠡᠮᠳᠡᠭᠯᠡᠯ︔      ᠭᠤᠴᠢᠨ ᠭᠤᠷᠪᠠᠳᠣᠭᠠᠷ ᠵᠣᠶᠢᠯ     ᠰᠢᠨ᠎ᠡ ᠡᠵᠡᠩᠨᠡᠯᠳᠡ ᠶᠢᠨ ᠪᠠᠶᠢᠳᠠᠯ ᠢ ᠬᠦᠭᠵᠢᠭᠦᠯᠦᠨ ᠪᠣᠵᠠᠭᠠᠶᠢᠷᠠᠭᠤᠯᠬᠤ ᠶᠢ ᠲᠡᠮᠵᠢᠬᠦ ᠪᠠ ᠬᠦᠬᠢᠬᠦᠯᠬᠦ ᠱᠠᠩᠨᠠᠯ ᠤᠨ ᠪᠠᠷᠢᠮᠵᠢᠶ᠎ᠠ      ︵ᠨᠢᠭᠡ︶ ᠣᠨᠴᠠᠯᠢᠭᠳᠦ ᠵᠢᠭᠤᠯᠴᠢᠯᠠᠯ ᠤᠨ ᠬᠤᠳᠠᠯᠳᠤᠭ᠎ᠠ ᠲᠡᠯᠭᠡᠭᠦᠷ ᠢ ᠲᠡᠮᠵᠢᠬᠦ ᠪᠠ ᠬᠦᠬᠢᠬᠦᠯᠦᠨ ᠱᠠᠩᠨᠠᠬᠤ ᠪᠠᠷᠢᠮᠵᠢᠶ᠎ᠠ      A ᠲᠡᠰ ᠤᠨ ᠦᠵᠡᠮᠵᠢ ᠶᠢᠨ ᠣᠷᠣᠨ ᠵᠢᠴᠢ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠤᠨ ᠪᠠᠷᠠᠭᠤᠨ ᠲᠣᠭᠤᠷᠢᠭ ᠤᠨ ᠪᠣᠳᠠᠰ ᠤᠨ ᠪᠣᠰᠣ ᠰᠣᠶᠣᠯ  ᠤᠨ ᠦᠪ ᠤᠨ ᠵᠡᠭᠡᠯᠢ ᠳᠤ ᠣᠨᠴᠠᠯᠢᠭᠳᠦ ᠵᠢᠭᠤᠯᠴᠢᠯᠠᠯ ᠤᠨ ᠬᠤᠳᠠᠯᠳᠤᠭ᠎ᠠ ᠲᠡᠯᠭᠡᠭᠦᠷ ᠡᠷᠬᠢᠯᠡᠪᠡᠯ᠂ ᠲᠣᠣᠷᠠᠬᠢ ᠪᠠᠷᠢᠮᠵᠢᠶ᠎ᠠ ᠪᠠᠷ ᠲᠡᠮᠵᠢᠨ ᠬᠦᠬᠢᠬᠦᠯᠦᠨ ᠱᠠᠩᠨᠠᠨ᠎ᠠ᠄      1. ᠪᠡᠯᠡ ᠣᠷᠣᠭᠤᠯᠣᠯᠳᠠ ᠶᠢᠨ ᠬᠡᠪᠴᠢᠶᠡᠵᠢᠯ 50 ᠲᠦᠮᠡᠨ ᠲᠦᠭᠦᠷᠢᠭ ᠠᠴᠠ ᠲᠠᠪᠠᠵᠣ᠂ ᠡᠵᠡᠩᠨᠡᠯᠳᠡ ᠶᠢᠨ ᠲᠠᠯᠠᠪᠠᠢ 200 ᠲᠡᠭᠰᠢ ᠲᠦᠷᠪᠡᠯᠵᠢᠨ ᠮᠧᠲᠷ  ᠠᠴᠠ ᠲᠡᠭᠡᠭᠰᠢ᠂ ᠵᠢᠯ ᠲᠣᠷᠰᠢ ᠦᠷᠭᠦᠯᠵᠢᠯᠡᠨ ᠡᠵᠡᠩᠨᠡᠭᠰᠡᠨ ᠮᠦᠷᠳᠡᠭᠡᠨ ᠦᠷᠭᠦᠯᠵᠢᠯᠡᠨ ᠡᠵᠡᠩᠨᠡᠭᠦ ᠨᠦᠭᠦᠴᠡᠯ ᠳᠤ ᠨᠡᠶᠢᠴᠡᠪᠠᠯ᠂ ᠨᠢᠭᠡᠯᠡ ᠣᠳᠠᠭ᠎ᠠ ᠪᠠᠷ 10 ᠲᠦᠮᠡᠨ ᠲᠦᠭᠦᠷᠢᠭ ᠤᠨ ᠨᠦᠬᠦᠪᠦᠷᠢ ᠣᠯᠭᠤᠨ᠎ᠠ︔      2. ᠪᠡᠯᠡ ᠣᠷᠣᠭᠤᠯᠣᠯᠳᠠ ᠶᠢᠨ ᠬᠡᠪᠴᠢᠶᠡᠵᠢᠯ 100 ᠲᠦᠮᠡᠨ ᠲᠦᠭᠦᠷᠢᠭ ᠠᠴᠠ ᠲᠠᠪᠠᠵᠣ᠂ ᠡᠵᠡᠩᠨᠡᠯᠳᠡ ᠶᠢᠨ ᠲᠠᠯᠠᠪᠠᠢ 500 ᠲᠡᠭᠰᠢ ᠲᠦᠷᠪᠡᠯᠵᠢᠨ ᠮᠧᠲᠷ ᠠᠴᠠ ᠲᠡᠭᠡᠭᠰᠢ᠂ ᠵᠢᠯ ᠲᠣᠷᠰᠢ ᠡᠵᠡᠩᠨᠡᠭᠰᠡᠨ ᠮᠦᠷᠳᠡᠭᠡᠨ ᠦᠷᠭᠦᠯᠵᠢᠯᠡᠨ ᠡᠵᠡᠩᠨᠡᠭᠦ ᠨᠦᠭᠦᠴᠡᠯ ᠳᠤ ᠨᠡᠶᠢᠴᠡᠪᠠᠯ᠂ ᠨᠢᠭᠡᠯᠡ ᠣᠳᠠᠭ᠎ᠠ ᠪᠠᠷ 20 ᠲᠦᠮᠡᠨ ᠲᠦᠭᠦᠷᠢᠭ ᠤᠨ ᠨᠦᠬᠦᠪᠦᠷᠢ ᠣᠯᠭᠤᠨ᠎ᠠ︔      ︵ᠬᠤᠶᠠᠷ︶ ᠣᠨᠴᠠᠯᠢᠭᠳᠦ ᠰᠦᠨᠢ ᠶᠢᠨ ᠲᠡᠯᠭᠡᠭᠦᠷ ᠤᠨ ᠬᠡᠷᠡᠭᠯᠡᠭᠡᠨ ᠤ ᠵᠡᠭᠡᠯᠢ ᠶᠢ ᠲᠡᠮᠵᠢᠨ ᠬᠦᠬᠢᠬᠦᠯᠬᠦ ᠪᠠᠷᠢᠮᠵᠢᠶ᠎ᠠ      ᠡᠯ᠎ᠡ ᠲᠦᠷᠦᠯ ᠤᠨ ᠰᠢᠨ᠎ᠡ ᠰᠦᠨᠢ ᠶᠢᠨ ᠵᠠᠬ᠎ᠠ ᠲᠡᠯᠭᠡᠭᠦᠷ ᠤᠨ ᠲᠦᠷᠦᠯ ᠵᠣᠶᠢᠯ ᠢ ᠴᠣᠭᠴᠠᠯᠠᠨ ᠪᠠᠶᠢᠭᠤᠯᠣᠭᠰᠠᠨ ᠮᠦᠷᠳᠡᠭᠡᠨ ᠡᠵᠡᠩᠨᠡᠯᠳᠡ ᠰᠠᠶᠢᠨ ᠪᠣᠯ ᠨᠢᠭᠡᠯᠡ ᠣᠳᠠᠭ᠎ᠠ ᠪᠠᠷ 5 ᠲᠦᠮᠡᠨ ᠲᠦᠭᠦᠷᠢᠭ — 30 ᠲᠦᠮᠡᠨ ᠲᠦᠭᠦᠷᠢᠭ ᠤᠨ ᠨᠦᠬᠦᠪᠦᠷᠢ ᠣᠯᠭᠤᠨ᠎ᠠ᠃      ︵ᠭᠤᠷᠪᠠ︶ ᠡᠪᠣᠯ ᠤᠨ ᠣᠯᠠᠷᠢᠯ ᠤᠨ ᠰᠣᠳᠣᠨ ᠵᠢᠭᠤᠯᠴᠢᠯᠠᠯ ᠤᠨ ᠲᠦᠷᠦᠯ ᠵᠣᠶᠢᠯ ᠢ ᠲᠡᠮᠵᠢᠨ ᠬᠦᠬᠢᠬᠦᠯᠬᠦ ᠪᠠᠷᠢᠮᠵᠢᠶ᠎ᠠ      A ᠲᠡᠰ ᠤᠨ ᠦᠵᠡᠮᠵᠢ ᠶᠢᠨ ᠣᠷᠣᠨ ᠳᠤ ᠡᠪᠣᠯ ᠤᠨ ᠣᠯᠠᠷᠢᠯ ᠤᠨ ᠵᠢᠭᠤᠯᠴᠢᠯᠠᠯ ᠤᠨ ᠠᠵᠢᠯᠯᠠᠭᠠᠨ ᠦᠷᠨᠢᠭᠦᠯᠦᠭᠡᠳ ᠬᠡᠪ ᠤᠨ ᠠᠵᠢᠯᠯᠠᠮᠵᠢ ᠲᠠᠢ ᠪᠣᠯ 10 ᠲᠦᠮᠡᠨ ᠲᠦᠭᠦᠷᠢᠭ — 50 ᠲᠦᠮᠡᠨ ᠲᠦᠭᠦᠷᠢᠭ ᠤᠨ ᠨᠦᠭᠦᠪᠦᠷᠢ ᠣᠯᠭᠤᠨ᠎ᠠ᠃      ︵ᠲᠦᠷᠪᠠ︶ ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠬᠤᠷᠰᠢᠭᠰᠠᠨ ᠪᠣᠶᠣ ᠦᠪᠡᠰᠣᠪᠠᠨ ᠡᠷᠬᠢᠯᠡᠭᠰᠡᠨ ᠵᠢᠭᠤᠯᠴᠢᠯᠠᠯ ᠤᠨ ᠰᠣᠳᠣᠨ ᠲᠣᠭᠯᠠᠯᠳᠠ ᠶᠢᠨ ᠲᠦᠷᠦᠯ ᠵᠣᠶᠢᠯ ᠢ ᠲᠡᠮᠵᠢᠬᠦ ᠪᠠ ᠬᠦᠬᠢᠬᠦᠯᠦᠨ ᠱᠠᠩᠨᠠᠬᠤ ᠪᠠᠷᠢᠮᠵᠢᠶ᠎ᠠ᠄      ᠵᠢᠯ ᠤᠨ ᠲᠣᠳᠣᠷ᠎ᠠ ᠵᠢᠭᠤᠯᠴᠢᠯᠠᠯ ᠤᠨ ᠰᠣᠳᠣᠨ ᠲᠣᠭᠯᠠᠯᠳᠠ ᠶᠢᠨ ᠲᠦᠷᠦᠯ ᠵᠣᠶᠢᠯ ᠢ ᠰᠢᠨ᠎ᠡ ᠪᠠᠷ ᠨᠡᠮᠡᠭᠳᠡᠭᠦᠯᠬᠦ ᠮᠦᠷᠳᠡᠭᠡᠨ ᠦᠷᠭᠦᠯᠵᠢᠯᠡᠨ 4 ᠰᠠᠷ᠎ᠠ ᠠᠴᠠ ᠲᠡᠭᠡᠭᠰᠢ ᠲᠣᠭᠯᠠᠯᠳᠠ ᠭᠠᠷᠭᠠᠪᠠᠯ᠂ ᠪᠡᠯᠡ ᠣᠷᠣᠭᠤᠯᠣᠯᠳᠠ ᠶᠢᠨ 10% ᠪᠠᠷ ᠨᠦᠬᠦᠪᠦᠷᠢ ᠣᠯᠭᠤᠵᠣ᠂ 200 ᠲᠦᠮᠡᠨ ᠲᠦᠭᠦᠷᠢᠭ ᠠᠴᠠ ᠬᠡᠳᠦᠷᠡᠭᠦᠯᠬᠦ ᠦᠭᠡᠢ᠃                        ᠵᠢᠷᠭᠤᠳᠣᠭᠠᠷ ᠪᠦᠯᠦᠭ     ᠲᠠᠭᠠᠯᠳᠣᠭᠤᠯᠣᠯ ᠲᠦᠷᠢᠮ      ᠭᠤᠴᠢᠨ ᠲᠦᠷᠪᠡᠳᠦᠭᠡᠷ ᠵᠣᠶᠢᠯ     ᠬᠦᠬᠢᠬᠦᠯᠣᠯ ᠱᠠᠩᠨᠠᠯ ᠢ ᠵᠢᠯ ᠢᠶᠠᠷ ᠬᠤᠭᠤᠴᠠᠭᠠᠯᠵᠣ᠂ ︽ᠦᠪᠡᠷᠳᠡᠭᠡᠨ ᠮᠡᠳᠡᠭᠦᠯᠦᠨ᠂ ᠲᠦᠪᠯᠡᠷᠡᠩᠭᠦᠢ ᠴᠣᠬᠤᠯᠠᠪᠦᠷᠢᠯᠠᠵᠣ᠂ ᠲᠣᠰ ᠵᠢᠯ ᠳᠤ ᠪᠠᠨ ᠬᠦᠬᠢᠬᠦᠯᠬᠦ︾ ᠵᠠᠷᠴᠢᠮ ᠢ ᠬᠡᠷᠡᠭᠵᠢᠭᠦᠯᠦᠨ᠎ᠡ᠃      ᠭᠤᠴᠢᠨ ᠲᠠᠪᠣᠳᠣᠭᠠᠷ ᠵᠣᠶᠢᠯ     ᠠᠳᠠᠯᠢ ᠲᠦᠷᠦᠯ ᠵᠣᠶᠢᠯ᠂ ᠠᠳᠠᠯᠢ ᠬᠡᠷᠡᠭ ᠣᠴᠢᠷ᠂ ᠠᠳᠠᠯᠢ ᠪᠦᠳᠦᠭᠡᠯ ᠨᠢ ᠣᠯᠠᠨ ᠲᠦᠷᠦᠯ ᠤᠨ ᠲᠡᠮᠵᠢᠬᠦ ᠪᠠ ᠬᠦᠬᠢᠬᠦᠯᠦᠨ ᠱᠠᠩᠨᠠᠬᠤ ᠲᠦᠷᠦ ᠶᠢᠨ ᠪᠣᠳᠣᠯᠭ᠎ᠠ ᠶᠢᠨ ᠨᠦᠭᠦᠴᠡᠯ ᠳᠤ ᠨᠡᠶᠢᠴᠡᠪᠡᠯ᠂ ︽ᠲᠠᠪᠬᠤᠴᠠᠭᠤᠯᠬᠤ ᠦᠭᠡᠢ︾ ᠵᠠᠷᠴᠢᠮ ᠢᠶᠠᠷ ᠬᠠᠮᠤᠭ ᠦᠨᠳᠦᠷ ᠪᠠᠷᠢᠮᠵᠢᠶ᠎ᠠ  ᠪᠠᠷ ᠲᠡᠮᠵᠢᠨ ᠬᠦᠬᠢᠬᠦᠯᠦᠨ ᠱᠠᠩᠨᠠᠨ᠎ᠠ᠃      ᠭᠤᠴᠢᠨ ᠵᠢᠷᠭᠤᠳᠣᠭᠠᠷ ᠵᠣᠶᠢᠯ     ᠬᠠᠣᠯᠢ ᠲᠦᠷᠢᠮ ᠵᠦᠷᠢᠴᠡᠵᠣ᠂ ᠬᠤᠳᠠᠯ ᠬᠠᠭᠤᠷᠮᠠᠭ ᠵᠣᠬᠢᠶᠠᠵᠣ ᠱᠠᠩᠨᠠᠯ᠂ ᠨᠦᠬᠦᠪᠦᠷᠢ ᠣᠯᠣᠭᠰᠠᠨ ᠪᠣᠯ ᠱᠠᠩᠨᠠᠯ ᠨᠦᠬᠦᠪᠦᠷᠢ ᠶᠢ ᠨᠡᠭᠡᠮᠵᠢᠯᠡᠨ ᠠᠪᠴᠢᠷᠠᠬᠤ ᠶᠢᠨ ᠬᠠᠮᠳᠦ 2 ᠵᠢᠯ ᠤᠨ ᠲᠣᠳᠣᠷ᠎ᠠ ᠱᠠᠩᠨᠠᠯ ᠨᠦᠬᠦᠪᠦᠷᠢ ᠭᠤᠶᠣᠪᠴᠢᠯᠠᠵᠣ ᠪᠣᠯᠬᠤ ᠦᠭᠡᠢ ᠮᠦᠷᠳᠡᠭᠡᠨ ᠬᠠᠷ᠎ᠠ ᠲᠠᠩᠰᠠᠨ  ᠳᠤ ᠣᠷᠣᠭᠤᠯᠣᠨ᠎ᠠ᠃      ᠭᠤᠴᠢᠨ ᠲᠣᠯᠣᠳᠣᠭᠠᠷ ᠵᠣᠶᠢᠯ     ᠲᠣᠰ ᠨᠠᠷᠢᠨ ᠲᠦᠷᠢᠮ ᠢ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠪᠣᠳᠠᠳᠠᠢ ᠬᠠᠷᠢᠭᠤᠴᠠᠨ ᠲᠠᠶᠢᠯᠪᠦᠷᠢᠯᠠᠨ᠎ᠠ᠃      ᠭᠤᠴᠢᠨ ᠨᠠᠢᠮᠳᠣᠭᠠᠷ ᠵᠣᠶᠢᠯ     ᠨᠠᠷᠢᠨ ᠲᠦᠷᠢᠮ ᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠣ᠂ 2 ᠵᠢᠯ ᠤᠨ ᠬᠤᠭᠤᠴᠠᠭᠠᠨ ᠤ ᠬᠦᠴᠦᠨ ᠲᠠᠢ᠃  
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠡᠲ᠋ᠧᠷᠢᠶᠠᠯ