ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠶᠢ ᠡᠮᠬᠢᠲᠡᠢ ᠠᠬᠢᠭᠤᠯᠬᠤ ᠬᠡᠷᠡᠭᠵᠢᠬᠦᠯᠬᠦ ᠲᠦᠰᠦᠯ ᠢ | ᠲᠠᠷᠣᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ | ᠵᠢᠴᠢ ᠬᠤᠯᠪᠤᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠬᠡ ︽ᠣᠲᠤᠭ ᠤᠨ ᠡᠮᠦᠨᠡᠲᠦ ᠬᠤᠰᠢᠭᠤᠨ ᠤ ︿ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ﹀ ᠶᠢ ᠡᠮᠬᠢᠲᠡᠢ ᠠᠬᠢᠭᠤᠯᠬᠤ | ᠬᠡᠷᠡᠭᠵᠢᠬᠦᠯᠬᠦ ᠲᠦᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠤᠲᠠᠲᠠᠢ ᠲᠠᠢ ᠪᠠᠨ ᠣᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠳᠣᠭᠠᠢ᠃ | | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 22 ᠤᠨ ᠡᠳᠦᠷ | | ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠶᠢ ᠡᠮᠬᠢᠲᠡᠢ ᠠᠬᠢᠭᠤᠯᠬᠤ ᠬᠡᠷᠡᠭᠵᠢᠬᠦᠯᠬᠦ ᠲᠦᠰᠦᠯ | | | ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠡᠮᠬᠢᠲᠡᠢ ᠠᠬᠢᠭᠤᠯᠵᠤ᠂ ᠠᠷᠠᠳ ᠤᠯᠠᠨ ᠤ ᠲᠤᠯᠠᠭᠠᠯᠠᠭ᠎ᠠ | ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠤᠰᠠᠳᠠ᠂ ︽︿ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ﹀ ᠠᠵᠢᠯ ᠤᠨ ᠬᠤᠯᠪᠤᠭᠳᠠᠯ | ᠪᠦᠬᠦᠢ ᠣᠴᠢᠷ ᠶᠠᠪᠤᠳᠠᠯ ᠢ ᠡᠮᠬᠢᠲᠡᠢ ᠦᠷᠨᠢᠬᠦᠯᠬᠦ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠦᠨ | ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠤᠨ ᠪᠠᠴᠢᠮ ᠮᠡᠳᠡᠭᠳᠡᠯ︾ ︵ᠦᠪᠦᠷ ᠡᠨᠧᠷᠬᠢ ᠴᠠᠬᠢᠯᠭᠠᠨ ᠬᠦᠴᠦᠨ ᠦᠰᠦᠭᠲᠦ ﹇2021﹈ 722 | ᠲᠤᠭᠠᠲᠤ︶ ᠢ ᠦᠨᠳᠦᠰᠦᠯᠡᠨ᠂ ᠪᠦᠬᠦ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠪᠠ ᠬᠦᠳᠡᠭᠡ ᠲᠤᠰᠬᠤᠨ ᠤ | ᠡᠨᠧᠷᠬᠢ ᠶᠢᠨ ᠬᠦᠭᠵᠢᠯᠲᠡ ᠶᠢᠨ ᠪᠤᠲᠠᠲᠠᠢ ᠲᠠᠢ ᠣᠶᠠᠯᠳᠣᠭᠤᠯᠵᠣ᠂ ︽ᠬᠡᠰᠡᠭ ᠭᠠᠵᠠᠷ᠂ ᠪᠦᠬᠦ ᠲᠤᠰᠬᠤᠨ ᠢᠶᠠᠷ ᠠᠬᠢᠭᠤᠯᠬᠤ᠂ ᠱᠠᠲᠤ᠂ ᠠᠯᠬᠤᠮ ᠳᠠᠷᠠᠭ᠎ᠠ | ᠬᠤᠪᠢᠶᠠᠵᠤ ᠬᠡᠷᠡᠭᠵᠢᠬᠦᠯᠬᠦ︾ ᠵᠠᠷᠴᠢᠮ ᠶᠤᠰᠤᠭᠠᠷ᠂ ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ | ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ ᠪᠠᠷ ᠣᠨᠴᠠᠭᠠᠶᠢᠯᠠᠨ ᠲᠤᠰ ᠲᠦᠰᠦᠯ ᠢ ᠲᠤᠭᠲᠠᠭᠠᠪᠠ᠄ | ᠨᠢᠭᠡ᠂ ᠵᠢᠯᠤᠭᠤᠳᠬᠤ ᠦᠵᠡᠯ ᠰᠠᠨᠠᠭ᠎ᠠ | ᠶᠡᠷᠦᠩᠬᠡᠢ ᠱᠦᠵᠢ ᠰᠢ ᠶᠢᠨ ᠫᠢᠩ ᠤᠨ ᠣᠮᠠᠷᠠᠲᠤ ᠤᠷᠤᠨ ᠤ ᠡᠪᠤᠯ ᠤᠨ ᠣᠯᠠᠷᠢᠯ ᠤᠨ ᠴᠡᠪᠡᠷ ᠲᠤᠯᠠᠭᠠᠯᠠᠭ᠎ᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ | ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠠᠬᠤ ᠠᠬᠤᠶᠢᠯᠠᠯ ᠢᠶᠠᠷ ᠭᠤᠤᠯ ᠪᠤᠯᠭᠠᠬᠤ᠂ ᠵᠠᠰᠠᠭ ᠤᠨ ᠣᠷᠳᠣᠨ ᠠᠴᠠ ᠠᠬᠢᠭᠤᠯᠬᠤ᠂ | ᠲᠤᠬᠠᠢ ᠶᠢᠨ ᠭᠠᠵᠠᠷ ᠲᠤᠨᠢ ᠲᠤᠬᠢᠷᠠᠭᠤᠯᠬᠤ᠂ ᠰᠠᠭᠤᠭᠠᠯᠢ ᠠᠷᠠᠳ ᠬᠦᠯᠢᠶᠡᠨ ᠠᠪᠴᠤ ᠳᠡᠶᠢᠯᠬᠦ ᠴᠢᠭᠯᠡᠯᠲᠡ ᠶᠤᠰᠤᠭᠠᠷ᠂ ︽ᠴᠠᠬᠢᠯᠭᠠᠨ᠂ ᠨᠡᠬᠦᠷᠡᠰᠦ᠂ ᠰᠢᠲᠠᠮᠠᠬᠠᠢ | ᠬᠡᠢ ᠶᠢᠨ ᠠᠯᠢᠨ ᠨᠢ ᠲᠤᠬᠢᠷᠠᠪᠠᠯ ᠠᠯᠢ ᠶᠢ ᠨᠢ ᠬᠡᠷᠡᠭᠯᠡᠬᠦ︾ ᠵᠠᠷᠴᠢᠮ ᠢᠶᠠᠷ ᠲᠤᠬᠢᠷᠠᠮᠵᠢᠲᠠᠢ ᠴᠡᠪᠡᠷ ᠳᠣᠯᠠᠭᠠᠯᠠᠭ᠎ᠠ ᠶᠢᠨ ᠠᠷᠭ᠎ᠠ ᠪᠤᠳᠤᠯᠭ᠎ᠠ ᠶᠢ ᠠᠪᠴᠣ᠂ ᠴᠡᠪᠡᠷ | ᠡᠨᠧᠷᠬᠢ ᠶᠢᠨ ᠠᠰᠢᠭᠯᠠᠯᠲᠠ ᠶᠢ ᠶᠡᠬᠡᠪᠡᠷ ᠲᠦᠭᠡᠮᠡᠯᠵᠢᠬᠦᠯᠦᠨ᠂ ᠬᠤᠲᠠ ᠪᠠᠯᠭᠠᠰᠣᠨ ᠤ ᠢᠯᠴᠢ ᠬᠠᠩᠭᠠᠬᠤ ᠡᠨᠧᠷᠬᠢ ᠶᠢᠨ ᠴᠡᠪᠡᠷ ᠠᠰᠢᠭᠯᠠᠯᠲᠠ ᠪᠠ ᠢᠯᠴᠢ ᠬᠠᠩᠭᠠᠬᠤ | ᠰᠢᠰᠲ᠋ᠧᠮ ᠤᠨ ᠦᠨᠳᠦᠷ ᠴᠢᠳᠠᠮᠵᠢ ᠶᠢ ᠠᠬᠢᠭᠤᠯᠵᠤ᠂ ᠵᠢᠵᠢᠭ ᠬᠡᠯᠪᠡᠷᠢ ᠶᠢᠨ ᠨᠡᠬᠦᠷᠡᠰᠦ ᠲᠦᠯᠡᠬᠦ ᠵᠤᠤᠬ᠎ᠠ ᠬᠡᠷᠡᠭᠯᠡᠬᠦ ᠶᠢ ᠲᠠᠶᠠᠭᠳᠠᠨ᠂ ︽ᠨᠡᠬᠦᠷᠡᠰᠦᠨ ᠳᠣᠯᠠᠭᠠᠯᠠᠭ᠎ᠠ | ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠠᠭᠠᠷ ᠮᠠᠨᠳᠠᠯ ᠤᠨ ᠪᠤᠬᠢᠷᠳᠣᠯ ᠤᠨ ᠵᠠᠰᠠᠯᠲᠠ ᠵᠢᠴᠢ ᠴᠠᠬᠢᠯᠭᠠᠨ ᠲᠤᠤᠷ ᠤᠨ ᠦᠬᠡᠷᠡᠴᠢᠯᠡᠯᠲᠡ ᠵᠡᠷᠭᠡ ᠠᠵᠢᠯ ᠲᠠᠢ | ᠤᠷᠭᠠᠨᠢᠭ ᠢᠶᠠᠷ ᠤᠶᠠᠯᠳᠣᠭᠤᠯᠵᠣ᠂ ᠴᠡᠪᠡᠷ ᠳᠣᠯᠠᠭᠠᠯᠠᠭ᠎ᠠ ᠶᠢᠨ ᠬᠤᠪᠢ ᠶᠢᠨ ᠵᠢᠩ ᠢ ᠳᠡᠭᠡᠭᠰᠢᠯᠡᠬᠦᠯᠦᠨ᠂ ᠪᠣᠬᠢᠷᠳᠣᠯ ᠦᠬᠡᠢ᠂ ᠠᠷᠪᠢᠴᠢ᠂ ᠦᠨᠳᠦᠷ ᠪᠦᠲᠦᠮᠵᠢᠲᠡᠢ᠂ | ᠵᠤᠬᠢᠴᠠᠩᠭᠤᠢ ᠴᠡᠪᠡᠷ ᠳᠣᠯᠠᠭᠠᠯᠠᠭ᠎ᠠ ᠶᠢᠨ ᠰᠢᠰᠲ᠋ᠧᠮ ᠢ ᠪᠠᠶᠢᠭᠤᠯᠵᠤ᠂ ᠴᠡᠯᠮᠡᠭ ᠠᠭᠠᠷ ᠢᠶᠠᠨ ᠬᠠᠮᠠᠭᠠᠯᠠᠬᠤ ᠳᠤ ᠣᠬᠢ ᠰᠠᠶᠢᠨ ᠰᠠᠭᠤᠷᠢ ᠲᠠᠯᠪᠢᠨ᠎ᠠ᠃ | ᠬᠤᠶᠠᠷ᠂ ᠭᠤᠤᠯ ᠡᠬᠦᠷᠭᠡ | ᠴᠠᠬᠢᠯᠭᠠᠨ ᠬᠡᠷᠡᠭᠯᠡᠬᠦ ᠳᠤ ᠲᠤᠬᠢᠷᠠᠮᠵᠢᠲᠠᠢ ᠪᠣᠯ ᠴᠠᠬᠢᠯᠭᠠᠨ ᠬᠡᠷᠡᠭᠯᠡᠬᠦ ᠵᠠᠷᠴᠢᠮ ᠶᠤᠰᠤᠭᠠᠷ᠂ 2022 ᠣᠨ ᠳᠤ 4 ᠪᠠᠯᠭᠠᠰᠣ ᠶᠢᠨ 68 ᠭᠠᠴᠠᠭ᠎ᠠ ᠲᠤᠰᠬᠤᠨ | ᠳᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠬᠡᠷᠡᠭᠴᠡᠭᠡᠨ ᠤ ᠪᠦᠬᠦ ᠲᠠᠯ᠎ᠠ ᠶᠢᠨ ᠮᠦᠷᠳᠡᠨ ᠪᠠᠶᠢᠴᠠᠭᠠᠯᠲᠠ ᠶᠢᠨ ᠠᠵᠢᠯ ᠢ ᠦᠷᠨᠢᠬᠦᠯᠵᠦ᠂ | ᠬᠡᠷᠡᠭᠯᠡᠭᠴᠢᠳ ᠤᠨ ᠬᠡᠷᠡᠭᠴᠡᠭᠡ᠂ ᠠᠬᠢᠭᠤᠯᠤᠯᠲᠠ ᠶᠢᠨ ᠠᠯᠬᠤᠮ ᠳᠠᠷᠠᠭ᠎ᠠ ᠶᠤᠰᠤᠭᠠᠷ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠴᠠᠬᠢᠯᠭᠠᠨ | ᠲᠦᠬᠡᠬᠡᠬᠦ ᠵᠠᠮ ᠱᠣᠭᠤᠮ ᠪᠠ ᠴᠠᠬᠢᠯᠭᠠᠨ ᠬᠤᠪᠢᠰᠬᠠᠭᠤᠷ ᠤᠨ ᠳᠠᠭᠠᠭᠠᠴᠠ ᠬᠡᠲᠦᠷᠡᠬᠦ ᠪᠠᠶᠢᠳᠠᠯ ᠤᠨ ᠦᠬᠡᠷᠡᠴᠢᠯᠡᠯᠲᠡ ᠶᠢ ᠱᠠᠲᠤ᠂ ᠠᠯᠬᠤᠮ ᠳᠠᠷᠠᠭ᠎ᠠ ᠬᠤᠪᠢᠶᠠᠵᠤ | ᠡᠮᠬᠢᠲᠡᠢ ᠦᠷᠨᠢᠬᠦᠯᠦᠨ᠂ ᠡᠪᠣᠯ ᠤᠨ ᠣᠯᠠᠷᠢᠯ ᠤᠨ ᠳᠤᠯᠠᠭᠠᠯᠠᠭ᠎ᠠ ᠶᠢᠨ ᠬᠤᠭᠤᠴᠠᠭᠠᠨ ᠳᠤ ︽ᠴᠠᠬᠢᠯᠭᠠᠨ ᠤ ᠳᠣᠯᠠᠭᠠᠯᠠᠭ᠎ᠠ︾ ᠶᠢᠨ ᠬᠡᠷᠡᠭᠴᠡᠭᠡ ᠬᠡᠲᠦᠷᠡᠬᠦ ᠠᠴᠠ | ᠵᠠᠶᠢᠯᠠᠰᠬᠢᠨ᠎ᠠ᠃ | ︵ᠨᠢᠬᠡ︶ ᠮᠦᠷᠳᠡᠨ ᠪᠠᠶᠢᠴᠠᠭᠠᠬᠤ ᠱᠠᠲᠤ ︵2022 ᠣᠨ ᠤ 2 ᠰᠠᠷ᠎ᠠ — 8 ᠰᠠᠷ᠎ᠠ︶᠃ ᠭᠠᠴᠠᠭ᠎ᠠ ᠲᠤᠰᠬᠤᠨ ᠢᠶᠠᠷ ᠨᠢᠬᠡᠴᠡ ᠪᠣᠯᠭᠠᠵᠤ᠂ ᠴᠠᠬᠢᠯᠭᠠᠨ | ᠬᠤᠪᠢᠰᠬᠠᠭᠤᠷ ᠤᠨ ᠬᠦᠷᠢᠶ᠎ᠡ ᠬᠡᠪᠴᠢᠶ᠎ᠠ ᠶᠤᠰᠤᠭᠠᠷ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠬᠡᠷᠡᠭᠴᠡᠭᠡ ᠶᠢ ᠪᠦᠷᠢᠳᠬᠡᠨ᠂ ᠬᠡᠷᠡᠭᠯᠡᠭᠴᠢ᠂ | ᠭᠠᠴᠠᠭ᠎ᠠ ᠲᠤᠰᠬᠤᠨ᠂ ᠪᠠᠯᠭᠠᠰᠣᠨ ᠠᠴᠠ ᠭᠠᠷ ᠤᠨ ᠦᠰᠦᠭ ᠵᠢᠷᠤᠭᠰᠠᠨ ᠤ ᠳᠠᠷᠠᠭ᠎ᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ | ᠬᠦᠭᠵᠢᠬᠦᠯᠦᠯᠲᠡ ᠶᠢᠨ ᠲᠦᠪ ᠲᠤ ᠮᠡᠳᠡᠬᠦᠯᠵᠦ᠂ ᠡᠯᠧᠺᠲᠷᠤᠨ ᠬᠦᠰᠦᠨᠦᠭ ᠢᠶᠠᠨ ᠵᠡᠷᠭᠡ ᠪᠠᠷ ᠶᠠᠪᠤᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ | ᠦᠢᠯᠡᠰ ᠤᠨ ᠬᠦᠭᠵᠢᠬᠦᠯᠦᠯᠲᠡ ᠶᠢᠨ ᠲᠦᠪ ᠠᠴᠠ ᠪᠢᠴᠢᠭ ᠮᠡᠲ᠋ᠧᠷᠢᠶᠡᠯ ᠤᠨ ᠬᠡᠯᠪᠡᠷᠢ ᠪᠠᠷ ᠣᠲᠤᠭ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠯᠭ᠎ᠠ ᠶᠢᠨ | ᠺᠤᠮᠫᠠᠨᠢ ᠳᠤ ᠨᠢᠭᠡᠳᠦᠯᠲᠡᠢ ᠲᠤᠰᠢᠶᠠᠵᠤ᠂ ᠴᠠᠬᠢᠯᠭᠠᠨ ᠬᠠᠩᠭᠠᠯᠭ᠎ᠠ ᠶᠢᠨ ᠺᠣᠮᠫᠠᠨᠢ ᠠᠴᠠ ᠲᠤᠬᠠᠢ ᠶᠢᠨ ᠲᠠᠯᠠᠪᠠᠢ ᠳᠤ ᠬᠠᠶᠢᠨ ᠰᠢᠨᠵᠢᠯᠡᠬᠦ ᠶᠢᠨ ᠬᠠᠮᠲᠤ ᠦᠬᠡᠷᠡᠴᠢᠯᠡᠯᠲᠡ | ᠶᠢᠨ ᠲᠦᠯᠦᠪᠵᠢᠬᠦᠯᠬᠡ ᠪᠠᠨ ᠲᠤᠭᠤᠷᠪᠢᠵᠦ ᠨᠠᠶᠢᠷᠠᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠢᠶᠠᠷ | ᠵᠦᠪᠰᠢᠶᠡᠷᠡᠬᠦᠯᠦᠭᠰᠡᠨ ᠤ ᠳᠠᠷᠠᠭ᠎ᠠ ᠲᠦᠯᠦᠪᠵᠢᠬᠦᠯᠬᠡ ᠶᠤᠰᠤᠭᠠᠷ ᠬᠡᠷᠡᠭᠵᠢᠬᠦᠯᠦᠨ᠎ᠡ᠃ | ︵ᠬᠤᠶᠠᠷ︶ ᠵᠤᠬᠢᠶᠠᠨ ᠪᠠᠶᠢᠭᠤᠯᠤᠨ ᠬᠡᠷᠡᠭᠵᠢᠬᠦᠯᠬᠦ ᠱᠠᠲᠤ ︵2022 ᠣᠨ ᠤ 4 ᠰᠠᠷ᠎ᠠ — 2023 ᠣᠨ ᠤ 12 ᠰᠠᠷ᠎ᠠ︶᠃ ᠡᠯ᠎ᠡ ᠪᠠᠯᠭᠠᠰᠣᠨ ᠠᠴᠠ | ᠬᠠᠷᠢᠶ᠎ᠠ ᠭᠠᠵᠠᠷ ᠤᠨ ᠭᠠᠴᠠᠭ᠎ᠠ ᠲᠤᠰᠬᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠲᠦᠷᠦᠯ ᠵᠦᠢᠯ ᠤᠨ ᠬᠡᠷᠡᠭᠵᠢᠬᠦᠯᠦᠯᠲᠡ ᠶᠢᠨ | ᠡᠮᠦᠨ᠎ᠡ ᠬᠤᠶᠢᠨ᠎ᠠ ᠶᠢᠨ ᠳᠠᠷᠠᠭᠠᠯᠠᠯ ᠢᠶᠠᠷ ᠮᠦᠷᠳᠡᠨ ᠪᠠᠶᠢᠴᠠᠭᠠᠬᠤ ᠪᠠ ᠪᠦᠷᠢᠳᠬᠡᠬᠦ ᠠᠵᠢᠯ ᠢᠶᠠᠨ ᠦᠷᠨᠢᠬᠦᠯᠵᠦ᠂ ᠨᠢᠬᠡ ᠭᠠᠴᠠᠭ᠎ᠠ ᠲᠤᠰᠬᠤᠨ ᠢ ᠪᠦᠷᠢᠳᠬᠡᠵᠦ ᠪᠠᠷᠠᠪᠠᠯ | ᠨᠢᠭᠡ ᠣᠳᠠᠭ᠎ᠠ ᠳᠡᠭᠡᠭᠰᠢ ᠮᠡᠳᠡᠬᠦᠯᠬᠦ ᠶᠢᠨ ᠬᠠᠮᠲᠤ ᠠᠬᠢᠭᠤᠯᠤᠯᠲᠠ ᠶᠢᠨ ᠠᠯᠬᠤᠮ ᠳᠠᠷᠠᠭ᠎ᠠ ᠶᠤᠰᠤᠭᠠᠷ᠂ ᠬᠡᠷᠡᠭᠵᠢᠬᠦᠯᠦᠯᠲᠡ ᠶᠢᠨ ᠶᠠᠪᠤᠴᠠ ᠳᠣᠮᠳᠠᠬᠢ | ᠵᠤᠬᠢᠴᠠᠭᠤᠯᠤᠯᠲᠠ᠂ ᠲᠠᠶᠢᠯᠪᠤᠷᠢᠯᠠᠯᠲᠠ ᠶᠢᠨ ᠠᠵᠢᠯ ᠢᠶᠠᠨ ᠰᠠᠶᠢᠲᠤᠷ ᠬᠢᠨ᠎ᠠ᠃ | ︵ᠭᠤᠷᠪᠠ︶ ᠪᠤᠲᠠᠲᠠᠢ ᠠᠵᠢᠯ ᠤᠨ ᠲᠤᠲᠤᠷᠬᠠᠶᠢᠯᠠᠯᠲᠠ᠃ | 1. ᠲᠠᠷᠬᠠᠢ ᠪᠤᠲᠠᠷᠬᠠᠢ ᠰᠠᠭᠤᠷᠢᠰᠢᠭᠰᠠᠨ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠮᠠᠯᠴᠢᠨ ᠲᠠᠷᠢᠶᠠᠴᠢᠳ ᠤᠨ ᠴᠠᠬᠢᠯᠭᠠᠨ | ᠬᠡᠷᠡᠭᠯᠡᠬᠦ ᠬᠡᠷᠡᠭᠴᠡᠭᠡ ᠶᠢ ᠰᠠᠭᠤᠭ᠎ᠠ ᠭᠠᠵᠠᠷ ᠤᠨ ᠭᠠᠴᠠᠭ᠎ᠠ ᠲᠤᠰᠬᠤᠨ ᠳᠤ ᠮᠡᠳᠡᠬᠦᠯᠵᠦ᠂ ᠡᠯ᠎ᠡ ᠪᠠᠯᠭᠠᠰᠣᠨ ᠠᠴᠠ ᠨᠢᠬᠡᠳᠦᠯᠲᠡᠢ ᠲᠤᠬᠢᠷᠠᠭᠤᠯᠤᠭᠰᠠᠨ ᠤ ᠳᠠᠷᠠᠭ᠎ᠠ | ᠠᠬᠢᠭᠤᠯᠤᠯᠲᠠ ᠶᠢᠨ ᠠᠯᠬᠤᠮ ᠳᠠᠷᠠᠭ᠎ᠠ ᠶᠤᠰᠤᠭᠠᠷ ᠳᠡᠭᠡᠭᠰᠢ ᠲᠤᠰᠢᠶᠠᠨ᠂ ᠪᠦᠷᠢᠳᠬᠡᠵᠦ ᠪᠠᠷᠠᠭᠠᠭᠰᠠᠨ ᠭᠠᠴᠠᠭ᠎ᠠ ᠲᠤᠰᠬᠤᠨ ᠢ ᠳᠠᠷᠠᠭ᠎ᠠ ᠵᠢᠯ ᠤᠨ ᠲᠤᠬᠢᠷᠠᠭᠤᠯᠤᠯᠲᠠ | ᠳᠤ ᠣᠷᠣᠭᠤᠯᠬᠤ ᠶᠢᠨ ᠬᠠᠮᠲᠤ ᠠᠬᠢᠭᠤᠯᠤᠯᠲᠠ ᠶᠢᠨ ᠠᠯᠬᠤᠮ ᠳᠠᠷᠠᠭ᠎ᠠ ᠶᠤᠰᠤᠭᠠᠷ ᠬᠡᠷᠡᠭᠵᠢᠬᠦᠯᠦᠨ᠎ᠡ︔ ᠣᠭᠰᠠᠷᠠᠬᠤ ᠰᠠᠨᠠᠮᠵᠢ ᠦᠬᠡᠢ ᠬᠡᠷᠡᠭᠯᠡᠭᠴᠢ ᠳᠤ ᠴᠠᠬᠢᠯᠭᠠᠨ | ᠬᠤᠪᠢᠰᠬᠠᠭᠤᠷ ᠤᠨ ᠪᠠᠭᠲᠠᠭᠠᠮᠵᠢ ᠦᠯᠡᠳᠡᠭᠡᠬᠦ ᠶᠢ ᠲᠦᠷ ᠪᠤᠳᠤᠯᠬᠢᠯᠠᠬᠤ ᠦᠬᠡᠢ ᠮᠦᠷᠲᠡᠭᠡᠨ ︽︿ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ﹀ | ᠰᠠᠨᠠᠮᠵᠢ ᠦᠬᠡᠢ ᠪᠢᠴᠢᠭ︾ ᠲᠤ ᠭᠠᠷ ᠤᠨ ᠦᠰᠦᠭ ᠵᠢᠷᠤᠭᠤᠯᠤᠨ᠎ᠠ᠃ | 2. ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠢᠨᠵᠧᠨᠧᠷᠢᠩ ᠢ ᠬᠡᠷᠡᠭᠵᠢᠬᠦᠯᠬᠦ ᠠᠴᠠ ᠡᠮᠦᠨ᠎ᠡ᠂ ᠬᠡᠷᠡᠭᠯᠡᠭᠴᠢ ᠶᠢᠨ ᠴᠠᠪᠡᠷ | ᠳᠣᠯᠠᠭᠠᠯᠠᠭ᠎ᠠ ᠶᠢᠨ ᠳᠦᠬᠦᠭᠡᠷᠦᠮᠵᠢ ᠶᠢ ᠣᠭᠰᠠᠷᠠᠵᠤ ᠦᠭᠭᠦᠨ᠂ ᠴᠠᠪᠡᠷ ᠳᠣᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠬᠦᠯᠬᠦ ᠠᠴᠠ ᠣᠷᠢᠳ ᠣᠳᠣ ᠪᠠᠶᠢᠭ᠎ᠠ ᠴᠠᠬᠢᠯᠭᠠᠨ | ᠬᠦᠴᠦᠨ ᠤ ᠡᠬᠢ ᠰᠣᠷᠪᠣᠯᠵᠢ ᠶᠢ ᠠᠰᠢᠭᠯᠠᠬᠤ ᠶᠢ ᠰᠡᠷᠬᠡᠶᠢᠯᠡᠵᠦ᠂ ᠳᠣᠯᠠᠭᠠᠯᠠᠭ᠎ᠠ ᠶᠢᠨ ᠳᠦᠬᠦᠬᠡᠷᠦᠮᠵᠢ ᠣᠭᠰᠠᠷᠠᠭᠠᠳᠣᠢ. ᠬᠡᠷᠡᠭᠯᠡᠭᠴᠢ ᠶᠢ ᠳᠠᠷᠠᠭ᠎ᠠ ᠵᠢᠯ ᠤᠨ | ᠬᠡᠷᠡᠭᠵᠢᠬᠦᠯᠦᠯᠲᠡ ᠳᠤ ᠣᠷᠣᠭᠤᠯᠣᠨ᠎ᠠ᠃ ᠴᠠᠬᠢᠯᠭᠠᠨ ᠬᠦᠴᠦᠨ ᠤ ᠺᠣᠮᠫᠠᠨᠢ ᠶᠢᠨ ᠪᠡᠯᠡ ᠣᠷᠣᠭᠤᠯᠣᠯᠲᠠ ᠶᠢᠨ ᠴᠢᠳᠠᠪᠤᠷᠢ ᠶᠢ ᠦᠨᠳᠦᠰᠦᠯᠡᠨ᠂ ᠲᠤᠰ ᠵᠢᠯ ᠤᠨ ᠪᠡᠯᠡ | ᠮᠦᠩᠭᠦ ᠬᠦᠷᠦᠯᠴᠡᠬᠦ ᠦᠬᠡᠢ ᠪᠠᠶᠢᠪᠠᠯ ᠳᠠᠷᠠᠭ᠎ᠠ ᠵᠢᠯ ᠤᠨ ᠬᠡᠷᠡᠭᠵᠢᠬᠦᠯᠦᠯᠲᠡ ᠳᠤ ᠰᠢᠯᠵᠢᠬᠦᠯᠦᠨ ᠣᠷᠣᠭᠤᠯᠵᠣ᠂ ᠦᠯᠡᠳᠡᠬᠡᠬᠦ ᠡᠷᠦᠬᠡ ᠶᠢ ᠬᠦᠳᠡᠭᠡ ᠲᠤᠰᠬᠤᠨ ᠢ | ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠠᠴᠠ ᠡᠯ᠎ᠡ ᠪᠠᠯᠭᠠᠰᠣ ᠪᠠᠨ ᠵᠤᠬᠢᠶᠠᠨ ᠪᠠᠶᠢᠭᠤᠯᠵᠤ ᠲᠤᠭᠲᠠᠭᠠᠨ᠂ ᠡᠯ᠎ᠡ ᠪᠠᠯᠭᠠᠰᠣ ᠶᠢᠨ | ᠬᠢᠨ ᠮᠠᠯᠴᠢᠨ ᠲᠠᠷᠢᠶᠠᠴᠢᠳ ᠲᠤ ᠲᠠᠶᠢᠯᠪᠤᠷᠢᠯᠠᠬᠤ ᠠᠵᠢᠯ ᠢᠶᠠᠨ ᠣᠷᠢᠳᠴᠢᠯᠠᠨ ᠬᠢᠨ᠎ᠡ᠃ | 3. ᠬᠦᠭᠵᠢᠬᠦᠯᠦᠯᠲᠡ ᠶᠢ ᠬᠢᠵᠠᠭᠠᠷᠯᠠᠬᠤ ᠣᠷᠣᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠬᠡᠷᠡᠭᠴᠡᠭᠡ ᠲᠠᠢ ᠮᠠᠯᠴᠢᠨ | ᠲᠠᠷᠢᠶᠠᠴᠢᠨ ᠡᠷᠦᠬᠡ ᠶᠢᠨ ᠴᠠᠬᠢᠯᠭᠠᠨ ᠬᠦᠴᠦᠨ ᠤ ᠲᠤᠤᠷ ᠤᠨ ᠪᠦᠲᠦᠴᠡ ᠪᠣᠶᠣ ᠳᠦᠬᠦᠬᠡᠷᠦᠮᠵᠢ ᠳᠤ ᠦᠬᠡᠷᠡᠴᠢᠯᠡᠯᠲᠡ ᠬᠢᠬᠦ ᠴᠢᠬᠤᠯᠠ ᠦᠬᠡᠢ ᠪᠠᠶᠢᠪᠠᠯ | ᠠᠬᠢᠭᠤᠯᠤᠯᠲᠠ ᠶᠢᠨ ᠲᠦᠯᠦᠪᠵᠢᠬᠦᠯᠬᠡ ᠶᠤᠰᠤᠭᠠᠷ ᠨᠢᠬᠡᠳᠦᠯᠲᠡᠢ ᠲᠦᠯᠦᠪᠵᠢᠬᠦᠯᠦᠨ ᠬᠡᠷᠡᠭᠵᠢᠬᠦᠯᠵᠤ᠂ ᠪᠣᠰᠣᠳ ᠢ ᠨᠢ ᠬᠤᠰᠢᠭᠤ ᠬᠦᠳᠡᠭᠡ ᠲᠤᠰᠬᠤᠨ ᠢ | ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠠᠴᠠ ᠪᠦᠷᠢᠳᠬᠡᠭᠰᠡᠨ ᠤ ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ | ᠮᠡᠳᠡᠬᠦᠯᠦᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠴᠠᠬᠢᠯᠭᠠᠨ ᠬᠦᠴᠦᠨ ᠤ ᠲᠤᠤᠷ ᠤᠨ ᠪᠦᠲᠦᠴᠡ ᠶᠢ ᠰᠢᠨ᠎ᠡ ᠪᠠᠷ ᠣᠭᠰᠠᠷᠠᠬᠤ ᠪᠤᠶᠤ | ᠦᠬᠡᠷᠡᠴᠢᠯᠡᠬᠦ ᠶᠢ ᠵᠦᠪᠰᠢᠶᠡᠷᠡᠭᠰᠡᠨ ᠤ ᠳᠠᠷᠠᠭ᠎ᠠ ᠨᠢᠬᠡᠳᠦᠯᠲᠡᠢ ᠲᠦᠯᠦᠪᠵᠢᠬᠦᠯᠦᠨ ᠬᠡᠷᠡᠭᠵᠢᠬᠦᠯᠦᠨ᠎ᠡ᠃ | ᠭᠤᠷᠪᠠ᠂ ᠵᠤᠬᠢᠶᠠᠨ ᠪᠠᠶᠢᠭᠤᠯᠤᠨ ᠣᠳᠣᠷᠢᠳᠬᠤ | ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠡᠮᠬᠢᠲᠡᠢ ᠶᠠᠪᠤᠭᠳᠠᠭᠤᠯᠬᠤ ᠶᠢᠨ ᠲᠤᠰᠠᠳᠠ᠂ ᠬᠤᠰᠢᠭᠤ | ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠡᠮᠬᠢᠲᠡᠢ ᠠᠬᠢᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠬᠤ ᠪᠠᠷ | ᠲᠤᠭᠲᠠᠪᠠ᠂ ᠪᠦᠷᠢᠯᠳᠦᠬᠦᠨ ᠳᠣᠣᠷᠠᠬᠢ ᠮᠡᠲᠦ᠄ | ᠳᠣᠭᠤᠶᠢᠯᠠᠩ ᠤᠨ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠡᠷᠳᠡᠨᠢᠪᠢᠯᠢᠭ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠳᠠᠷᠤᠭ᠎ᠠ | ᠰᠢᠦᠸᠡᠢ ᠵᠣᠣ ᠰᠧᠨ ᠬᠤᠰᠢᠭᠤ ᠡᠨᠧᠷᠬᠢ ᠶᠢᠨ ᠲᠤᠪᠴᠢᠶᠠᠨ ᠤ ᠳᠠᠷᠤᠭ᠎ᠠ | ᠾᠧ ᠫᠢᠩ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ | ᠪᠦᠷᠢᠯᠳᠦᠬᠦᠨ᠄ ᠨᠠᠶᠠ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ | ᠪᠠᠶᠠᠨᠮᠦ᠋ᠩᠬᠡ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ | ᠷᠠᠳᠨ᠎ᠠ ᠪᠤᠷᠤᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ | ᠵᠣᠣ ᠶᠦᠩ ᡁᠢ ᠨᠠᠩᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ | ᠬᠤ᠋ ᠪᠢᠨ ᠱᠠᠨ ᠬᠤᠰᠢᠭᠤ ᠡᠨᠧᠷᠬᠢ ᠶᠢᠨ ᠲᠤᠪᠴᠢᠶᠠᠨ ᠤ ᠳᠡᠳ᠋ ᠳᠠᠷᠤᠭ᠎ᠠ | ᠱᠧᠩ ᠯᠢᠶᠠᠩ ᠢᠦᠢ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠡᠳ᠋ ᠳᠠᠷᠤᠭ᠎ᠠ | ᠪᠦᠷᠢᠨᠪᠠᠭᠠᠲᠤᠷ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ | ᠰᠧ ᠵᠢᠶᠦ᠋ᠨ ᠢᠦᠢ ᠪᠤᠷᠤᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠡᠳ᠋ ᠳᠠᠷᠤᠭ᠎ᠠ | ᠯᠤ᠋ ᠯᠸᠢ ᠨᠠᠩᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠳᠡᠳ᠋ ᠳᠠᠷᠤᠭ᠎ᠠ | ᠭᠤᠤ ᠶᠤᠤ ᠫᠢᠩ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ | ᠹᠧᠩ ᠢᠦᠢ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠤᠨ | ᠳᠡᠳ᠋ ᠡᠷᠬᠢᠯᠡᠭᠴᠢ | ᠭᠧ ᠹᠧᠩ ᠬᠤᠰᠢᠭᠤ ᠡᠨᠧᠷᠬᠢ ᠶᠢᠨ ᠲᠤᠪᠴᠢᠶᠠᠨ ᠤ ᠴᠠᠬᠢᠯᠭᠠᠨ ᠬᠦᠴᠦᠨ ᠤ ᠲᠠᠰᠤᠭ ᠤᠨ ᠳᠠᠷᠤᠭ᠎ᠠ | ᠵᠸᠦ ᠽᠢ ᠰᠢᠶᠡᠨ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠠᠵᠢᠯᠲᠠᠨ | ᠵᠢᠷᠭᠠᠯᠳᠠᠯᠠᠢ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠠᠵᠢᠯᠲᠠᠨ | ᠠᠯᠲᠠᠨᠲᠠᠯᠠᠢ ᠨᠠᠩᠰᠣ ᠪᠠᠯᠭᠠᠰᠣᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ | ᠺᠠᠩ ᠬᠠᠢ ᠹᠸᠢ ᠪᠤᠷᠤᠪᠠᠯᠭᠠᠰᠣ ᠪᠠᠯᠭᠠᠰᠣᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠠᠯᠪᠠᠨ ᠭᠡᠷ ᠤᠨ ᠳᠡᠳ᠋ | ᠡᠷᠬᠢᠯᠡᠭᠴᠢ | ᠰᠢᠶᠧ ᡁᠢ ᠹᠸᠢ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠶᠢᠨ ᠡᠵᠡᠩᠨᠡᠨ ᠪᠣᠷᠣᠯᠠᠭᠤᠯᠬᠤ ᠦᠢᠯᠡᠴᠢᠯᠡᠬᠡᠨ ᠤ ᠲᠠᠰᠤᠭ ᠤᠨ | ᠡᠷᠬᠢᠯᠡᠭᠴᠢ | ᠬᠤᠲᠠ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠤᠨ | ᠠᠵᠢᠯᠲᠠᠨ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠲᠤ | ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ | ᠶᠢᠨ ᠲᠦᠪ ᠤᠨ ᠳᠡᠳ᠋ ᠡᠷᠬᠢᠯᠡᠭᠴᠢ ᠹᠧᠩ ᠢᠦᠢ ᠬᠠᠪᠰᠣᠷᠭᠠᠨ᠂ ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ | ᠤᠨ ᠰᠠᠭᠤᠷᠢ ᠲᠤᠭ᠎ᠠ ᠪᠠᠷᠢᠮᠲᠠ ᠶᠢ ᠮᠦᠷᠳᠡᠨ ᠪᠠᠶᠢᠴᠠᠭᠠᠬᠤ᠂ ᠵᠤᠬᠢᠶᠠᠨ ᠪᠠᠶᠢᠭᠤᠯᠤᠨ ᠪᠦᠷᠢᠳᠬᠡᠬᠦ᠂ ᠵᠤᠬᠢᠴᠠᠭᠤᠯᠤᠨ ᠬᠡᠷᠡᠭᠵᠢᠬᠦᠯᠬᠦ ᠵᠡᠷᠭᠡ ᠡᠯ᠎ᠡ ᠲᠦᠷᠦᠯ ᠤᠨ | ᠠᠵᠢᠯ ᠢ ᠨᠢᠬᠡᠳᠦᠯᠲᠡᠢ ᠲᠦᠯᠦᠪᠵᠢᠬᠦᠯᠦᠨ ᠠᠬᠢᠭᠤᠯᠬᠤ ᠶᠢ ᠪᠤᠲᠠᠲᠠᠢ ᠬᠠᠷᠢᠭᠤᠴᠠᠨ᠎ᠠ᠃ | ᠬᠤᠶᠢᠰᠢᠳᠠ᠂ ᠬᠤᠰᠢᠭᠤ ᠣᠳᠣᠷᠢᠳᠣᠯᠭ᠎ᠠ ᠠᠴᠠ ᠭᠠᠳᠠᠨ᠎ᠠ᠂ ᠣᠳᠣᠷᠢᠳᠬᠤ ᠳᠣᠭᠤᠶᠢᠯᠠᠩ ᠤᠨ ᠪᠣᠰᠣᠳ ᠪᠦᠷᠢᠯᠳᠦᠬᠦᠨ ᠤ ᠠᠵᠢᠯ ᠤᠨ ᠪᠠᠶᠢᠷᠢ ᠬᠤᠪᠢᠷᠠᠯᠲᠠ | ᠭᠠᠷᠬᠤ ᠦᠶᠡᠰ᠂ ᠵᠠᠰᠠᠭ ᠵᠠᠬᠢᠷᠭᠠᠨ ᠤ ᠲᠤᠰᠢᠶᠠᠯ ᠣᠷᠣᠯᠠᠬᠤ ᠠᠵᠢᠯᠲᠠᠨ ᠠᠴᠠ ᠬᠠᠷᠢᠭᠤᠴᠠᠵᠤ᠂ ᠦᠭᠡᠷ᠎ᠡ ᠮᠡᠳᠡᠭᠳᠡᠯ ᠶᠠᠪᠤᠭᠤᠯᠬᠤ ᠦᠬᠡᠢ᠃ | ᠳᠦᠷᠪᠡ᠂ ᠠᠵᠢᠯ ᠤᠨ ᠱᠠᠭᠠᠷᠳᠠᠯᠭ᠎ᠠ | ︵ᠨᠢᠬᠡ︶ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠨ᠎ᠠ᠃ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ | ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠢᠨ ᠣᠯᠣᠰ ᠲᠦᠷᠦ ᠶᠢᠨ ᠵᠤᠭᠰᠣᠴᠠ ᠪᠠᠨ ᠳᠡᠭᠡᠭᠰᠢᠯᠡᠬᠦᠯᠵᠦ᠂ ᠣᠯᠠᠨ ᠲᠦᠮᠡᠨ ᠤ ᠬᠤᠪᠢ ᠶᠢᠨ ᠠᠰᠢᠭ ᠲᠤᠰᠠ ᠶᠢ | ᠬᠠᠮᠠᠭᠠᠯᠠᠬᠤ ᠪᠠ ᠪᠦᠬᠦ ᠬᠤᠰᠢᠭᠤᠨ ᠤ ᠴᠢᠨᠠᠷᠯᠢᠭ ᠬᠦᠭᠵᠢᠯᠲᠡ ᠶᠢ ᠠᠬᠢᠭᠤᠯᠬᠤ ᠦᠨᠳᠦᠷᠴᠡ ᠠᠴᠠ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠠᠵᠢᠯ ᠢ ᠦᠨᠡᠨ ᠬᠦ ᠴᠢᠩᠭ᠎ᠠ ᠠᠳᠬᠤᠨ᠂ ᠪᠤᠲᠠᠲᠠᠢ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠠ ᠠᠵᠢᠯᠲᠠᠨ ᠢ ᠲᠤᠭᠲᠠᠭᠠᠵᠤ᠂ ᠠᠬᠢᠭᠤᠯᠤᠯᠲᠠ ᠶᠢᠨ ᠶᠠᠪᠤᠴᠠ | ᠳᠣᠮᠳᠠᠬᠢ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠡᠯ᠎ᠡ ᠲᠦᠷᠦᠯ ᠤᠨ ᠠᠵᠢᠯ ᠠᠮᠵᠢᠯᠲᠠᠲᠠᠢ ᠮᠦᠷᠲᠡᠭᠡᠨ ᠦᠨᠳᠦᠷ | ᠪᠦᠲᠦᠮᠵᠢᠲᠡᠢ ᠪᠡᠶᠡᠯᠡᠭᠳᠡᠬᠦ ᠶᠢ ᠪᠠᠲᠤᠯᠠᠨ᠎ᠠ᠃ | ︵ᠬᠤᠶᠠᠷ︶ ᠵᠤᠬᠢᠴᠠᠭᠤᠯᠤᠯᠲᠠ ᠳᠠᠶᠢᠴᠢᠯᠠᠯᠲᠠ ᠪᠠᠨ ᠴᠢᠩᠭᠠᠳᠬᠠᠨ᠎ᠠ᠃ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠡᠯ᠎ᠡ ᠲᠦᠷᠦᠯ | ᠤᠨ ᠠᠵᠢᠯ ᠤᠨ ᠡᠬᠦᠷᠭᠡ ᠶᠢ ᠬᠠᠷᠢᠭᠤᠴᠠᠬᠤ ᠰᠠᠯᠠᠭ᠎ᠠ ᠮᠦᠴᠢᠷ ᠠᠴᠠ ᠦᠪᠡᠷᠰᠡᠳ ᠤᠨ ᠢᠶᠠᠨ ᠠᠵᠢᠯ ᠤᠨ ᠬᠤᠪᠢᠶᠠᠷᠢᠯᠠᠯ ᠶᠤᠰᠤᠭᠠᠷ ᠲᠤᠰᠢᠶᠠᠯ ᠢᠶᠠᠨ ᠬᠢᠨᠠᠮᠠᠭᠠᠢ | ᠡᠬᠦᠷᠭᠡᠯᠡᠵᠦ᠂ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠲᠤᠯᠤᠭᠠᠶᠢᠯᠠᠨ᠂ ᠡᠯ᠎ᠡ ᠪᠠᠯᠭᠠᠰᠣ ᠶᠢᠨ ᠬᠢᠨ ᠮᠦᠷᠳᠡᠨ ᠪᠠᠶᠢᠴᠠᠭᠠᠬᠤ ᠶᠢ ᠬᠠᠷᠢᠭᠤᠴᠠᠵᠤ᠂ ︽ | ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠨᠡᠷᠡᠰ ᠤᠨ ᠵᠢᠭᠰᠠᠭᠠᠯᠲᠠ ᠶᠢ ᠲᠤᠭᠲᠠᠭᠠᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ | ᠦᠢᠯᠡᠰ ᠤᠨ ᠬᠦᠭᠵᠢᠬᠦᠯᠦᠯᠲᠡ ᠶᠢᠨ ᠲᠦᠪ ᠲᠤ ᠮᠡᠳᠡᠬᠦᠯᠵᠦ᠂ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠠᠴᠠ ᠳᠦᠬᠦᠷᠴᠢᠯᠡᠭᠰᠡᠨ ᠴᠠᠬᠢᠯᠭᠠᠨ ᠲᠤᠤᠷ ᠤᠨ | ᠦᠬᠡᠷᠡᠴᠢᠯᠡᠯᠲᠡ ᠶᠢᠨ ᠢᠨᠵᠧᠨᠧᠷᠢᠩ ᠳᠤ ᠣᠷᠣᠭᠤᠯᠬᠤ ᠶᠢ ᠬᠠᠷᠢᠭᠤᠴᠠᠨ᠎ᠠ᠃ ᠡᠯ᠎ᠡ ᠪᠠᠯᠭᠠᠰᠣ ᠶᠢᠨ ᠬᠢᠨ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠲᠠᠢ ᠬᠤᠯᠪᠤᠭᠳᠠᠬᠤ ᠭᠠᠵᠠᠷ ᠰᠢᠷᠤᠢ ᠡᠵᠡᠯᠡᠬᠦ ᠵᠢᠴᠢ ᠪᠠᠷᠢᠯᠭ᠎ᠠ ᠡᠬᠢᠯᠡᠬᠦᠯᠬᠦ ᠶᠠᠪᠤᠴᠠ ᠳᠣᠮᠳᠠ ᠲᠠᠷᠢᠮᠠᠯ ᠤᠨ ᠲᠦᠯᠦᠪᠦᠷᠢ ᠵᠡᠷᠭᠡ ᠡᠯ᠎ᠡ ᠲᠠᠯ᠎ᠠ ᠶᠢᠨ | ᠬᠠᠷᠢᠯᠴᠠᠭᠠᠨ ᠤ ᠵᠤᠬᠢᠴᠠᠭᠤᠯᠤᠯᠲᠠ ᠶᠢᠨ ᠠᠵᠢᠯ ᠢ ᠰᠢᠢᠳᠪᠦᠷᠢᠯᠡᠬᠦ ᠶᠢ ᠬᠠᠷᠢᠭᠤᠴᠠᠨ᠎ᠠ᠃ ᠡᠬᠦᠨ ᠤ ᠬᠠᠮᠲᠤ᠂ ᠡᠯ᠎ᠡ ᠡᠭᠦᠷᠭᠡ ᠲᠤᠰᠢᠶᠠᠯᠲᠤ ᠰᠠᠯᠠᠭ᠎ᠠ ᠮᠦᠴᠢᠷ ᠤᠨ | ᠬᠢᠨ ᠪᠦᠬᠦ ᠲᠠᠯ᠎ᠠ ᠶᠢᠨ ᠦᠵᠡᠯ ᠰᠠᠨᠠᠭ᠎ᠠ ᠪᠠᠨ ᠪᠠᠲᠤ ᠱᠣᠭᠤᠨ᠂ ᠵᠤᠬᠢᠴᠠᠭᠤᠯᠤᠯᠲᠠ ᠶᠢᠨ ᠠᠵᠢᠯ ᠢᠶᠠᠨ ᠦᠨᠡᠨ ᠬᠦ ᠰᠠᠶᠢᠲᠤᠷ ᠬᠢᠵᠦ᠂ ᠠᠵᠢᠯ ᠤᠨ ᠬᠠᠮ ᠬᠦᠴᠦᠨ ᠢ | ᠪᠦᠷᠢᠯᠳᠦᠬᠦᠯᠦᠨ᠎ᠡ᠃ | ︵ᠭᠤᠷᠪᠠ︶ ᠲᠤᠭᠲᠠᠭᠤᠨ ᠮᠦᠷᠲᠡᠭᠡᠨ ᠡᠮᠬᠢᠲᠡᠢ ᠠᠬᠢᠭᠤᠯᠤᠨ᠎ᠠ᠃ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠠᠴᠠ ᠡᠯ᠎ᠡ ᠪᠠᠯᠭᠠᠰᠣ ᠶᠢᠨ ᠳᠡᠭᠡᠭᠰᠢ | ᠮᠡᠳᠡᠭᠦᠯᠦᠭᠰᠡᠨ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠲᠦᠷᠦᠯ ᠵᠦᠢᠯ ᠤᠨ ᠨᠠᠷᠢᠨ ᠳᠠᠩᠰᠠ ᠶᠢ ᠦᠨᠳᠦᠰᠦᠯᠡᠨ᠂ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠪᠡᠯᠡ ᠣᠷᠣᠭᠤᠯᠣᠯᠲᠠ ᠶᠢ ᠢᠳᠡᠪᠬᠢᠲᠡᠢ ᠪᠠᠷ ᠣᠯᠵᠣ᠂ ᠪᠣᠲᠠᠲᠠᠢ ᠠᠷᠭ᠎ᠠ ᠠᠪᠴᠠᠯ᠂ ᠠᠬᠢᠴᠠ ᠶᠢᠨ ᠲᠤᠬᠢᠷᠠᠭᠤᠯᠤᠯᠲᠠ ᠪᠠ | ᠬᠤᠭᠤᠴᠠᠭ᠎ᠠ ᠭᠤᠭᠴᠤᠭ᠎ᠠ ᠶᠢ ᠲᠤᠭᠲᠠᠭᠠᠨ᠂ ᠴᠠᠬᠢᠯᠭᠠᠨ ᠲᠤᠤᠷ ᠤᠨ ᠦᠬᠡᠷᠡᠴᠢᠯᠡᠯᠲᠡ ᠶᠢᠨ ᠢᠨᠵᠧᠨᠧᠷᠢᠩ ᠢ ᠲᠦᠷᠬᠡᠳᠬᠡᠨ ᠵᠤᠬᠢᠶᠠᠨ ᠪᠠᠶᠢᠭᠤᠯᠵᠤ᠂ ᠬᠤᠭᠤᠴᠠᠭ᠎ᠠ | ᠶᠤᠰᠤᠭᠠᠷ ᠪᠠᠷᠢᠯᠭ᠎ᠠ ᠳᠠᠭᠤᠰᠬᠤ ᠶᠢ ᠪᠠᠲᠤᠯᠠᠨ᠎ᠠ᠃ ᠡᠯ᠎ᠡ ᠪᠠᠯᠭᠠᠰᠣ᠂ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠶᠢ ᠬᠡᠷᠡᠭᠵᠢᠬᠦᠯᠬᠦ | ᠪᠠᠶᠢᠭᠤᠯᠭ᠎ᠠ ᠨᠢᠬᠡᠴᠡ ᠠᠴᠠ ᠣᠯᠠᠨ ᠲᠦᠮᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠯᠠᠨ ᠵᠦᠢᠯ ᠤᠨ ᠪᠦᠲᠦᠮᠵᠢᠲᠡᠢ ᠣᠬᠠᠭᠤᠯᠭ᠎ᠠ ᠶᠢᠨ ᠠᠷᠭ᠎ᠠ | ᠮᠠᠶ᠋ᠢᠭ ᠢ ᠬᠡᠷᠡᠭᠯᠡᠵᠦ᠂ ᠮᠡᠳᠡᠭᠡ ᠵᠠᠩᠭᠢ ᠢᠯᠡ ᠪᠤᠯᠭᠠᠬᠤ ᠳᠦᠷᠢᠮ ᠢ ᠴᠢᠩᠭ᠎ᠠ ᠬᠡᠷᠡᠭᠵᠢᠬᠦᠯᠦᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠦᠢᠴᠡᠳ ᠬᠤᠷᠢᠶᠠᠵᠦ᠂ | ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠢᠨᠵᠧᠨᠧᠷᠢᠩ ᠠᠮᠵᠢᠯᠲᠠᠲᠠᠢ ᠶᠠᠪᠤᠭᠳᠠᠬᠤ ᠶᠢ ᠪᠠᠲᠤᠯᠠᠨ᠎ᠠ᠃ | ︵ᠳᠦᠷᠪᠡ︶ ᠡᠷᠴᠢᠮᠲᠡᠢ ᠬᠢᠨᠠᠨ ᠵᠢᠯᠤᠭᠤᠳᠵᠤ ᠪᠠᠶᠢᠴᠠᠭᠠᠨ᠎ᠠ᠃ ᠬᠤᠰᠢᠭᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠲᠤᠰᠬᠠᠢ ᠬᠦᠮᠦᠰ ᠢ ᠵᠤᠬᠢᠶᠠᠨ ᠪᠠᠶᠢᠭᠤᠯᠤᠨ᠂ ᠠᠵᠢᠯ ᠤᠨ ᠪᠠᠶᠢᠳᠠᠯ ᠳᠤ ᠲᠤᠭᠲᠠᠭᠰᠠᠨ ᠬᠤᠭᠤᠴᠠᠭ᠎ᠠ ᠲᠠᠢ ᠪᠠᠷ | ᠵᠢᠯᠤᠭᠤᠳᠤᠯᠭ᠎ᠠ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠬᠠᠷᠢᠭᠤ | ᠲᠤᠰᠬᠠᠵᠤ᠂ ᠠᠵᠢᠯ ᠬᠢᠬᠦ ᠦᠬᠡᠢ᠂ ᠬᠤᠳᠠᠯ ᠬᠠᠭᠤᠷᠮᠠᠭ ᠢᠶᠠᠷ ᠦᠢᠯᠡᠳᠬᠦ ᠵᠡᠷᠭᠡ ᠠᠵᠢᠯᠯᠠᠭᠠᠨ ᠢ ᠴᠢᠩᠭ᠎ᠠ ᠰᠢᠢᠳᠬᠡᠨ᠂ ᠠᠷᠠᠳ ᠣᠯᠠᠨ ᠤ ᠠᠰᠢᠭ ᠲᠤᠰᠠ ᠬᠤᠬᠢᠷᠠᠯ | ᠳᠤ ᠣᠴᠠᠷᠠᠬᠤ ᠦᠬᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠳᠠᠭᠠᠯᠳᠣᠭᠤᠯᠣᠯ᠄ | 1. ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠢᠨᠵᠧᠨᠧᠷᠢᠩ ᠢ ᠪᠦᠬᠦ ᠲᠤᠰᠬᠤᠨ ᠳᠤ | ᠠᠬᠢᠭᠤᠯᠬᠤ ᠠᠯᠬᠤᠮ ᠳᠠᠷᠠᠭ᠎ᠠ ᠶᠢᠨ ᠲᠦᠯᠦᠪᠵᠢᠬᠦᠯᠬᠡ ᠶᠢᠨ ᠬᠦᠰᠦᠨᠦᠭ︔ ︵ᠲᠤᠪᠴᠢᠯᠠᠪᠠ︶ | 2. 2022 ᠣᠨ ᠤ ᠣᠲᠤᠭ ᠤᠨ ᠡᠮᠦᠨᠡᠲᠦ ᠬᠤᠰᠢᠭᠤᠨ ᠤ ᠴᠠᠬᠢᠯᠭᠠᠨ ᠲᠤᠯᠠᠭᠠᠯᠠᠭ᠎ᠠ ᠶᠢᠨ ᠬᠡᠷᠡᠭᠴᠡᠭᠡᠨ ᠤ ᠪᠦᠷᠢᠳᠬᠡᠯ ᠤᠨ ᠬᠦᠰᠦᠨᠦᠭ︔ ︵ᠲᠤᠪᠴᠢᠯᠠᠪᠠ︶ | | 3. ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠢᠨᠵᠧᠨᠧᠷᠢᠩ ᠢ ᠪᠦᠬᠦ ᠲᠤᠰᠬᠤᠨ ᠳᠤ | ᠠᠬᠢᠭᠤᠯᠬᠤ ᠠᠵᠢᠯ ᠤᠨ ᠬᠠᠷᠢᠯᠴᠠᠬᠤ ᠬᠦᠮᠦᠰ ᠤᠨ ᠨᠡᠷᠡᠰ︔ ︵ᠲᠤᠪᠴᠢᠯᠠᠪᠠ︶ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 22 ᠤᠨ ᠡᠳᠦᠷ | |