ᠤᠳᠤᠭ ᠡᠮᠤᠨᠡᠳᠤ ᠵᠠᠰᠠᠭ ᠠᠯᠪᠠᠨ ᠳᠠᠷᠬᠠᠭᠠᠬᠤ  ﹇2022﹈ 8 ᠳᠤᠭᠠᠳᠤ
ᠨᠡᠶᠢᠲᠡᠯᠡᠭᠰᠡᠨ ᠴᠠᠭ᠄
2022/11/30
                    ᠤᠳᠤᠭ ᠤᠨ ᠡᠮᠤᠨᠡᠳᠤ ᠬᠤᠰᠢᠭᠤᠨ ᠤ 2022 ᠤᠨ ᠤ ᠠᠷᠠᠤᠨ ᠤᠨ ᠠᠮᠢᠳᠤᠷᠠᠯ ᠤᠨ ᠪᠤᠳᠠᠳᠤ                       ᠶᠠᠪᠤᠳᠠᠯ ᠤᠨ ᠲᠦᠷᠤᠯ ᠵᠦᠢᠯ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ ᠡᠮᠤᠨᠡᠳᠤ                          ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠡᠯ᠎ᠡ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠄      ᠤᠳᠤᠭ ᠤᠨ ᠡᠮᠤᠨᠡᠳᠤ ᠬᠤᠰᠢᠭᠤᠨ ᠤ 2022 ᠤᠨ ᠤ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠢ ᠨᠢᠬᠡᠨᠳᠠ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠨᠢᠬᠡᠳᠤᠬᠡᠷ ᠬᠤᠷᠠᠯᠳᠤᠭᠠᠨ ᠢᠶᠠᠷ ᠬᠢᠨᠠᠨ ᠵᠦᠪᠯᠡᠬᠦᠯᠵᠤ᠂ ᠡᠳᠤᠬᠡ ᠤᠳᠤᠭ  ᠤᠨ ᠡᠮᠤᠨᠡᠳᠤ ᠬᠤᠰᠢᠭᠤᠨ ᠤ 2022 ᠤᠨ ᠤ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠢ ᠲᠠ ᠨᠠᠷ ᠲᠤ ᠳᠠᠷᠤᠮᠠᠯᠯᠠᠨ ᠳᠠᠷᠬᠠᠭᠠᠯ᠎ᠠ᠂ ᠨᠡᠬᠡᠬᠡᠯᠳᠠ ᠶᠢᠨ ᠤᠷᠤᠨ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠳᠤ ᠰᠠᠯᠠᠭ᠎ᠠ ᠮᠦᠴᠢᠷ ᠤᠨ ᠬᠢᠨ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠡᠬᠦᠷᠬᠡᠯᠡᠯ ᠬᠠᠷᠢᠭᠤᠴᠠᠯᠭ᠎ᠠ ᠪᠠᠨ ᠴᠢᠩᠭᠠᠤᠨᠬᠠᠨ᠂ ᠠᠷᠠᠤᠨ ᠲᠦᠮᠡᠨ ᠢ ᠳᠡᠬᠡᠳᠤᠯᠡᠬᠦ ᠦᠵᠡᠯᠳᠠ ᠶᠢ ᠪᠠᠷᠢᠮᠳᠠᠯᠠᠵᠤ᠂ ᠠᠷᠠᠤᠨ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠰᠡᠤᠨᠬᠢᠮᠵᠢ ᠶᠢ ᠤᠶᠢᠯᠡᠳᠤᠯᠬᠡᠵᠢᠬᠦᠯᠤᠨ᠂ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠶᠢᠨ ᠲᠦᠷᠤᠯ ᠵᠦᠢᠯ ᠢ ᠰᠠᠶᠢᠳᠤᠷ ᠬᠢᠬᠦ ᠶᠢ ᠴᠢᠬᠤᠯᠠ ᠤᠯᠤᠰ ᠲᠦᠷᠤ ᠶᠢᠨ ᠡᠬᠦᠷᠬᠡ ᠪᠤᠯᠭᠠᠨ ᠠᠤᠨᠬᠤᠵᠤ᠂ ᠵᠤᠶᠢᠯ ᠵᠤᠷᠪᠤᠰ ᠳᠠᠷᠠᠭᠠᠯᠠᠨ ᠠᠵᠢᠯ ᠤᠨ ᠲᠦᠰᠤᠯ ᠢᠶᠠᠨ ᠳᠤᠭᠳᠠᠭᠠᠨ᠂ ᠡᠬᠦᠷᠬᠡ ᠬᠠᠷᠠᠯᠳᠠ᠂ ᠠᠬᠢᠴᠠ ᠶᠢᠨ ᠪᠠᠶᠢᠷᠢᠯᠠᠭᠤᠯᠤᠯᠳᠠ ᠪᠠᠨ ᠳᠤᠳᠤᠷᠬᠠᠶᠢᠯᠠᠵᠤ᠂ ᠠᠵᠢᠯ ᠤᠨ ᠠᠷᠭ᠎ᠠ ᠠᠪᠴᠠᠯ ᠢᠶᠠᠨ ᠨᠠᠶᠢᠳᠠᠪᠤᠷᠢᠵᠢᠭᠤᠯᠤᠨ᠂ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ ᠪᠤᠳᠠᠳᠠᠶᠢᠵᠢᠭᠤᠯᠬᠤ ᠶᠢ ᠪᠠᠳᠤᠯᠠᠵᠤ᠂ ᠠᠷᠠᠤᠨ ᠤᠯᠠᠨ ᠤ ᠤᠯᠭᠤᠮᠵᠢ ᠲᠦᠷᠦᠭᠳᠠᠯ᠂ ᠵᠤᠯ ᠵᠢᠷᠭᠠᠯ ᠤᠨ ᠲᠦᠷᠦᠭᠳᠠᠯ᠂ ᠠᠮᠤᠷ ᠲᠦᠪᠰᠢᠨ ᠤ ᠲᠦᠷᠦᠭᠳᠠᠯ ᠢ ᠦᠨᠡᠨᠬᠦ ᠨᠡᠮᠡᠭᠳᠡᠬᠦᠯᠬᠦ ᠬᠡᠷᠡᠭᠳᠠᠢ᠃ ᠡᠬᠦᠨ ᠤ ᠬᠠᠮᠳᠤ᠂ ᠬᠤᠰᠢᠭᠤ ᠵᠠᠰᠠᠭ ᠤᠨ ᠤᠷᠳᠤᠨ ᠠᠴᠠ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠤᠨ ᠪᠡᠶᠡᠯᠡᠬᠦᠯᠦᠭᠰᠡᠨ ᠪᠠᠶᠢᠳᠠᠯ ᠢ ︽ᠳᠠᠪᠤ ᠶᠢ ᠴᠤᠭᠴᠠᠵᠢᠭᠤᠯᠬᠤ︾ ᠪᠤᠳᠠᠳᠤ ᠪᠦᠳᠤᠮᠵᠢ ᠶᠢ ᠬᠢᠨᠠᠨ ᠰᠢᠯᠭᠠᠬᠤ ᠬᠦᠢᠴᠡᠤᠨᠬᠡᠯ ᠳᠤᠭ᠎ᠠ ᠪᠤᠯᠭᠠᠵᠤ᠂ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠢ ᠭᠤᠤᠯᠳᠠᠯᠭᠠᠳᠤ ᠬᠢᠨᠠᠨ ᠪᠠᠶᠢᠴᠠᠭᠠᠬᠤ ᠲᠦᠷᠤᠯ ᠵᠦᠢᠯ ᠪᠤᠯᠭᠠᠨ᠂ ᠡᠯ᠎ᠡ ᠬᠠᠷᠢᠭᠤᠴᠠᠯᠭᠠᠳᠤ ᠨᠢᠬᠡᠴᠠ ᠴᠠᠭ ᠳᠤᠬᠠᠢ ᠳᠤ ᠨᠢ ᠠᠵᠢᠯ ᠤᠨ ᠠᠬᠢᠴᠠ ᠪᠠᠨ ︽i ᠡᠮᠤᠨᠡᠳᠤ ᠤᠳᠤᠭ — ᠭᠤᠤᠯᠳᠠᠯᠭᠠᠳᠤ ᠲᠦᠷᠤᠯ ᠵᠦᠢᠯ ᠤᠨ ᠳᠤᠬᠢᠷᠠᠭᠤᠯᠤᠯᠳᠠ︾ ᠶᠢᠨ ᠰᠢᠰᠲ᠋ᠧᠮ ᠳᠡᠬᠡᠷ᠎ᠡ ᠮᠡᠳᠡᠬᠦᠯᠤᠨ᠎ᠠ᠃ ᠵᠠᠰᠠᠭ ᠤᠨ ᠤᠷᠳᠤᠨ ᠠᠴᠠ ᠳᠤᠭᠳᠠᠮᠠᠯ ᠬᠤᠭᠤᠴᠠᠭ᠎ᠠ ᠲᠠᠢ ᠪᠠᠷ ᠪᠠᠶᠢᠳᠠᠯ ᠤᠨ ᠮᠡᠳᠡᠬᠦᠯᠤᠯᠳᠠ ᠶᠢ ᠰᠤᠨᠤᠰᠴᠤ᠂ ᠢᠯᠠ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠪᠠᠶᠢᠩᠭᠤ  ᠦᠷᠨᠢᠬᠦᠯᠤᠨ᠎ᠠ᠃      ᠳᠠᠭᠠᠯᠳᠤᠭᠤᠯᠤᠯ᠄ ᠤᠳᠤᠭ ᠤᠨ ᠡᠮᠤᠨᠡᠳᠤ ᠬᠤᠰᠢᠭᠤᠨ ᠤ 2022 ᠤᠨ ᠤ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ                               ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ                                        2022 ᠤᠨ ᠤ 2 ᠰᠠᠷ᠎ᠠ ᠶᠢᠨ 23 ᠤ ᠡᠳᠤᠷ                                                                                                                                                          ᠳᠠᠭᠠᠯᠳᠤᠭᠤᠯᠤᠯ᠄       ᠤᠳᠤᠭ ᠤᠨ ᠡᠮᠤᠨᠡᠳᠤ ᠬᠤᠰᠢᠭᠤᠨ ᠤ 2022 ᠤᠨ ᠤ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ      1. ᠣᠳᠤᠭ ᠤᠨ ᠡᠮᠦᠨᠡᠳᠦ ᠬᠤᠰᠢᠭᠤᠨ ᠤ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠶᠠᠰᠦ ᠴᠢᠨᠠᠷ ᠢ ᠲᠡᠭᠡᠭᠰᠢᠯᠡᠭᠦᠯᠬᠦ ᠢᠨᠵᠧᠨᠧᠷᠢᠩ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ︵1︶ ᠬᠤᠯᠪᠤᠭᠠᠯᠠᠨ ᠬᠠᠪᠰᠤᠷᠬᠤ ᠬᠦᠴᠤᠯᠡᠴᠠ ᠪᠠᠨ ᠶᠡᠬᠡᠤᠨᠬᠡᠨ᠂ ᠰᠢᠯᠢᠳᠡᠭ ᠰᠤᠷᠭᠠᠨ ᠬᠦᠮᠤᠵᠢᠯ ᠤᠨ ᠡᠬᠢ ᠪᠠᠶᠠᠯᠢᠭ ᠲᠠᠢ ᠬᠠᠮᠳᠤᠷᠠᠨ ᠰᠤᠷᠭᠠᠭᠤᠯᠢ ᠡᠷᠬᠢᠯᠡᠬᠦ ᠪᠠ ᠬᠠᠮᠳᠤ ᠪᠠᠷ ᠰᠤᠷᠭᠠᠭᠤᠯᠢ ᠪᠠᠶᠢᠭᠤᠯᠬᠤ ᠶᠢ ᠴᠢᠩᠭᠠᠤᠨᠬᠠᠵᠤ᠂ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠬᠡᠭᠰᠢᠯᠡᠬᠦᠯᠤᠨ᠎ᠠ︔ ︵2︶ ᠪᠠᠭᠰᠢᠨᠠᠷ ᠢ ᠤᠷᠮᠠᠰᠢᠭᠤᠯᠤᠨ ᠵᠤᠷᠢᠭᠵᠢᠭᠤᠯᠬᠤ ᠳᠤᠭᠳᠠᠴᠠ ᠶᠢ ᠤᠯᠠᠮ ᠨᠢᠬᠡ ᠠᠯᠬᠤᠮ ᠳᠡᠬᠡᠭᠰᠢᠯᠡᠬᠦᠯᠤᠨ᠂ ᠪᠦᠬᠦ ᠬᠤᠰᠢᠭᠤᠨ ᠤ 1485 ᠨᠠᠷ᠎ᠠ ᠰᠤᠷᠭᠠᠨ ᠬᠦᠮᠤᠵᠢᠯ ᠤᠨ ᠠᠵᠢᠯᠳᠠᠤᠨ ᠤᠨ ᠠᠵᠢᠯ ᠤᠨ ᠪᠦᠳᠤᠮᠵᠢ ᠶᠢᠨ ᠬᠠᠷᠠᠭᠠᠯᠵᠠᠯ ᠢ ᠳᠡᠬᠡᠭᠰᠢᠯᠡᠬᠦᠯᠤᠨ᠎ᠠ᠃ ᠶᠡᠷᠦᠩᠬᠡᠢ ᠪᠡᠯᠡ ᠣᠷᠣᠭᠤᠯᠣᠯᠳᠠ 2015.8 ᠲᠦᠮᠡᠨ ᠲᠦᠭᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 2015.8 ᠲᠦᠮᠡᠨ ᠲᠦᠬᠦᠷᠢᠭ ︵ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 2015.8 ᠲᠦᠮᠡᠨ ᠲᠦᠬᠦᠷᠢᠭ︶︔ ᠬᠡᠷᠡᠭᠵᠢᠬᠦᠯᠬᠦ ᠲᠦᠰᠤᠯ ᠢ ᠨᠢᠬᠡᠨᠳᠠ ᠪᠠᠳᠤᠯᠠᠨ᠂ 2022 ᠤᠨ ᠤ 1 ᠰᠠᠷ᠎ᠠ ᠠᠴᠠ ᠡᠬᠢᠯᠡᠨ ᠬᠡᠷᠡᠭᠵᠢᠬᠦᠯᠵᠤ 12 ᠰᠠᠷ᠎ᠠ ᠳᠤ ᠪᠡᠶᠡᠯᠡᠬᠦᠯᠬᠦ ᠪᠠᠷ ᠲᠦᠯᠤᠪᠯᠡᠵᠤ᠂ ᠵᠢᠯ ᠤᠨ ᠰᠡᠬᠦᠯᠴᠢ ᠳᠤ ᠪᠦᠬᠦᠨ ᠢ ᠪᠡᠶᠡᠯᠡᠬᠦᠯᠤᠨ᠎ᠠ᠃ ᠳᠤᠯᠤᠭᠠᠶᠢᠯᠠᠭᠴᠢ ᠤᠳᠤᠷᠢᠳᠤᠯᠭ᠎ᠠ ᠵᠣᠣ ᠱᠤᠸᠠᠨ᠂ ᠬᠠᠷᠢᠭᠤᠴᠠᠯᠭ᠎ᠠ ᠶᠢᠨ ᠨᠢᠭᠡᠴᠡ ᠰᠣᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠃      2. ᠣᠳᠤᠭ ᠤᠨ ᠡᠮᠦᠨᠡᠳᠦ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠠᠭᠤᠴᠢᠨ ᠠᠰᠠᠷ ᠢ ᠦᠭᠡᠷᠡᠴᠢᠯᠡᠭᠦ ᠲᠦᠷᠦᠯ ᠵᠣᠶᠢᠯ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ᠤᠤᠯ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠬᠦᠴᠢᠯᠳᠦ᠋ᠷᠦᠭᠴᠢ ᠬᠠᠩᠭᠠᠬᠤ ᠰᠢᠰᠲ᠋ᠧᠮ᠂ ᠰᠦᠬᠡᠷᠬᠦ ᠲᠠᠷᠣᠴᠠ ᠪᠠᠷ ᠰᠣᠷᠣᠨ ᠴᠡᠪᠡᠷᠯᠡᠬᠦ ᠲᠦᠬᠦᠭᠡᠷᠦᠮᠵᠢ᠂ ᠡᠮᠴᠢ ᠲᠠᠭᠤᠳᠠᠬᠤ ᠬᠠᠷᠢᠯᠴᠠᠭᠤᠷ᠂ ᠭᠠᠯ ᠣᠨᠳᠠᠷᠠᠭᠠᠬᠤ ᠲᠦᠬᠦᠭᠡᠷᠦᠮᠵᠢ᠂ ᠡᠮᠨᠡᠯᠭᠡ ᠶᠢᠨ ᠪᠣᠬᠢᠷ ᠣᠰᠣ ᠰᠢᠢᠳᠪᠦᠷᠢᠯᠡᠭᠦ ᠰᠢᠰᠲ᠋ᠧᠮ ᠢ ᠦᠭᠡᠷᠡᠴᠢᠯᠡᠨ ᠰᠠᠶᠢᠵᠢᠷᠠᠭᠤᠯᠵᠣ᠂ ᠲᠣᠷᠰᠢᠯᠳᠡ ᠶᠢᠨ ᠲᠠᠰᠤᠭ᠂ ᠮᠡᠰᠡ ᠵᠠᠰᠠᠯ ᠤᠨ ᠲᠠᠰᠤᠭ᠂ ᠬᠡᠣᠭᠡᠳ  ᠤᠨ ᠡᠷᠡᠭᠦᠯᠵᠢᠯ ᠤᠨ ᠲᠠᠰᠤᠭ᠂ ᠡᠮᠡᠭᠳᠡᠶᠢᠴᠣᠳ ᠤᠨ ᠡᠷᠡᠭᠦᠯ ᠬᠠᠮᠠᠭᠠᠯᠠᠯ ᠤᠨ ᠲᠠᠰᠤᠭ ᠤᠨ ᠴᠢᠳᠠᠪᠬᠢ ᠶᠢ ᠲᠦᠭᠦᠷᠴᠢᠯᠡᠨ ᠲᠡᠭᠦᠯᠳᠡᠷᠵᠢᠭᠦᠯᠬᠦ ᠶᠢᠨ ᠬᠠᠮᠳᠤ ᠤᠰᠤ᠂ ᠴᠠᠬᠢᠯᠭᠠᠨ᠂ ᠳᠤᠯᠠᠭᠠᠯᠭ᠎ᠠ᠂ ᠬᠡᠷ ᠤᠨ ᠳᠤᠳᠤᠷ᠎ᠠ ᠭᠠᠳᠠᠨᠠᠬᠢ ᠴᠢᠮᠡᠭᠯᠡᠯ ᠵᠢᠴᠢ ᠲᠦᠬᠦᠬᠡᠷᠤᠮᠵᠢ ᠶᠢᠨ ᠬᠤᠳᠠᠯᠳᠤᠨ ᠠᠪᠤᠯᠳᠠ ᠶᠢ ᠪᠡᠶᠡᠯᠡᠬᠦᠯᠤᠨ᠎ᠠ᠃ ᠶᠡᠷᠦᠩᠬᠡᠢ ᠪᠡᠯᠡ ᠣᠷᠣᠭᠤᠯᠣᠯᠳᠠ 1257.62 ᠲᠦᠮᠡᠨ ᠲᠦᠭᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 1257.62 ᠲᠦᠮᠡᠨ ᠲᠦᠬᠦᠷᠢᠭ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 200 ᠲᠦᠮᠡᠨ ᠲᠦᠬᠦᠷᠢᠭ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 107.62 ᠲᠦᠮᠡᠨ ᠲᠦᠬᠦᠷᠢᠭ᠂ ᠵᠢᠬᠡᠯᠡᠯᠬᠡ ᠶᠢᠨ ᠳᠡᠮᠳᠡᠭᠳᠤ ᠪᠡᠯᠡ ᠮᠦᠩᠬᠦ 950 ᠲᠦᠮᠡᠨ ᠲᠦᠬᠦᠷᠢᠭ︶︔ ᠭᠠᠷ ᠬᠦᠢᠴᠡᠤᠨᠬᠡᠯ ᠢ ᠨᠢᠬᠡᠨᠳᠠ ᠪᠡᠶᠡᠯᠡᠬᠦᠯᠤᠨ᠂ 2022 ᠤᠨ ᠤ 1 ᠰᠠᠷ᠎ᠠ ᠠᠴᠠ ᠡᠬᠢᠯᠡᠨ ᠪᠠᠶᠢᠭᠤᠯᠵᠤ 6 ᠰᠠᠷ᠎ᠠ ᠳᠤ ᠪᠡᠶᠡᠯᠡᠬᠦᠯᠬᠦ ᠪᠠᠷ ᠲᠦᠯᠤᠪᠯᠡᠵᠤ᠂ ᠵᠢᠯ ᠤᠨ ᠰᠡᠬᠦᠯᠴᠢ ᠳᠤ ᠪᠦᠬᠦᠨ ᠢ ᠪᠡᠶᠡᠯᠡᠬᠦᠯᠤᠨ᠎ᠠ᠃ ᠳᠤᠯᠤᠭᠠᠶᠢᠯᠠᠭᠴᠢ ᠤᠳᠤᠷᠢᠳᠤᠯᠭ᠎ᠠ ᠰᠥᠩ ᠰᠢᠶᠣᠣ ᠯᠧᠢ᠂ ᠬᠠᠷᠢᠭᠤᠴᠠᠯᠭ᠎ᠠ ᠶᠢᠨ ᠨᠢᠭᠡᠴᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠃ ᠳᠤᠳᠤᠷᠬᠠᠶᠢᠯᠠᠯᠳᠠ᠄ ᠬᠤᠳᠠ ᠶᠢᠨ ᠳᠡᠰ ᠤᠨ ᠪᠡᠯᠡ ᠮᠦᠩᠬᠦ 200 ᠲᠦᠮᠡᠨ ᠲᠦᠬᠦᠷᠢᠭ᠂ ᠵᠢᠬᠡᠯᠡᠯᠬᠡ ᠶᠢᠨ ᠳᠡᠮᠳᠡᠭᠳᠤ ᠪᠡᠯᠡ ᠮᠦᠩᠬᠦ 950 ᠲᠦᠮᠡᠨ ᠲᠦᠬᠦᠷᠢᠭ ᠢ ᠨᠢᠬᠡᠨᠳᠠ ᠪᠤᠳᠠᠳᠠᠶᠢᠵᠢᠭᠤᠯᠪᠠ᠃      3. ᠣᠳᠤᠭ ᠤᠨ ᠡᠮᠦᠨᠡᠳᠦ ᠬᠤᠰᠢᠭᠤᠨ ᠤ ᠬᠤᠳᠠ ᠬᠦᠳᠡᠭᠡ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠢᠨᠵᠧᠨᠧᠷᠢᠩ᠃ ᠴᠠᠭ ᠬᠤᠭᠤᠴᠠᠭ᠎ᠠ᠄ 2022 — 2025 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ᠣᠯᠵᠠᠴᠢ ᠪᠠᠯᠭᠠᠰᠦ᠂ ᠪᠣᠷᠣᠪᠠᠯᠭᠠᠰᠦ ᠪᠠᠯᠭᠠᠰᠦ᠂ ᠱᠠᠩᠬᠠᠢ ᠶᠢᠨ ᠰᠦᠮ᠎ᠡ ᠪᠠᠯᠭᠠᠰᠦ᠂ ᠨᠠᠩᠰᠦ ᠪᠠᠯᠭᠠᠰᠦᠨ ᠳᠤ ᠮᠢᠩᠭᠠᠨ ᠮᠧᠭ᠎ᠠ ᠪᠠᠭᠳᠠᠭᠠᠮᠵᠢᠳᠦ WiFi ᠪᠦᠷᠬᠦᠭᠦᠯᠬᠦ ᠶᠢᠨ ᠬᠠᠮᠳᠦ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠲᠣᠣᠷ ᠰᠦᠯᠵᠢᠶ᠎ᠡ ᠶᠢᠨ ᠪᠠᠶᠢᠭᠤᠯᠣᠯᠳᠠ ᠶᠢ ᠬᠡᠷᠡᠭᠵᠢᠬᠦᠯᠤᠨ᠎ᠠ᠃ ᠶᠡᠷᠦᠩᠬᠡᠢ ᠪᠡᠯᠡ ᠣᠷᠣᠭᠤᠯᠣᠯᠳᠠ 2796 ᠲᠦᠮᠡᠨ ᠲᠦᠬᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 732 ᠲᠦᠮᠡᠨ ᠲᠦᠬᠦᠷᠢᠭ ︵ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 732 ᠲᠦᠮᠡᠨ ᠲᠦᠬᠦᠷᠢᠭ︶︔ ᠡᠮᠤᠨᠡᠬᠢ ᠬᠤᠭᠤᠴᠠᠭᠠᠨ ᠤ ᠭᠠᠷ ᠬᠦᠢᠴᠡᠤᠨᠬᠡᠯ ᠢ ᠨᠢᠬᠡᠨᠳᠠ ᠪᠡᠶᠡᠯᠡᠬᠦᠯᠤᠨ᠂  2022 ᠤᠨ ᠤ 4 ᠰᠠᠷ᠎ᠠ ᠠᠴᠠ ᠡᠬᠢᠯᠡᠨ ᠪᠠᠶᠢᠭᠤᠯᠵᠤ᠂ ᠳᠤᠰ ᠲᠦᠷᠤᠯ ᠵᠦᠢᠯ ᠢ ᠲᠦᠷᠪᠡᠨ ᠵᠢᠯ ᠬᠤᠪᠢᠶᠠᠨ ᠬᠡᠷᠡᠭᠵᠢᠬᠦᠯᠬᠦ ᠪᠠᠷ ᠲᠦᠯᠤᠪᠯᠡᠵᠤ ᠪᠤᠢ᠃ ᠳᠤᠯᠤᠭᠠᠶᠢᠯᠠᠭᠴᠢ ᠤᠳᠤᠷᠢᠳᠤᠯᠭ᠎ᠠ ᠶᠠᠩ ᠵᠢᠢ ᠴᠢᠶᠠᠩ᠂ ᠬᠠᠷᠢᠭᠤᠴᠠᠯᠭ᠎ᠠ ᠶᠢᠨ ᠨᠢᠭᠡᠴᠡ ᠠᠵᠣ ᠣᠶᠢᠯᠠᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠃       4. ᠣᠳᠤᠭ ᠤᠨ ᠡᠮᠦᠨᠡᠳᠦ ᠬᠤᠰᠢᠭᠤᠨ ᠤ ᠬᠤᠳᠠ ᠪᠠᠯᠭᠠᠰᠣᠨ ᠤ ᠬᠡᠪ ᠴᠢᠨᠰᠠᠭ᠎ᠠ ᠶᠢ ᠲᠡᠭᠡᠭᠰᠢᠯᠡᠭᠦᠯᠬᠦ ᠢᠨᠵᠧᠨᠧᠷᠢᠩ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ︵1︶ 4.5 ᠺᠢᠯᠣᠮᠧᠲᠷ ᠨᠡᠶᠢᠭᠡᠮ ᠲᠣᠭᠤᠷᠢᠭ ᠤᠨ ᠲᠣᠯᠠᠭᠠᠯᠭ᠎ᠠ ᠬᠠᠩᠭᠠᠬᠤ ᠲᠣᠣᠷ ᠬᠤᠭᠤᠯᠠᠢ ᠶᠢ ᠦᠬᠡᠷᠡᠴᠢᠯᠡᠨ᠎ᠡ︔ ︵2︶ ᠠᠨ ᠵᠢᠦᠢ ᠰᠠᠭᠤᠭᠠᠯᠢ ᠲᠣᠭᠤᠷᠢᠭ᠂ ᠣᠯᠵᠠᠴᠢ ᠪᠠᠯᠭᠠᠰᠣᠨ ᠤ ᠰᠠᠭᠤᠭᠠᠯᠢ ᠲᠣᠭᠤᠷᠢᠭ᠂ ᠣᠷᠣᠨ ᠨᠣᠳᠤᠭ ᠤᠨ ᠭᠠᠶᠢᠯᠢ ᠶᠢᠨ ᠲᠣᠪᠴᠢᠶᠠᠨ ᠤ ᠰᠠᠭᠤᠭᠠᠯᠢ ᠲᠣᠭᠤᠷᠢᠭ ᠵᠡᠷᠭᠡ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠡᠯᠪᠢᠨ᠎ᠠ︔ ︵3︶ ᠣᠯᠵᠠᠴᠢ ᠪᠠᠯᠭᠠᠰᠣᠨ ᠲᠣᠭᠤᠷᠢᠭ ᠤᠨ 16 ᠬᠠᠭᠤᠴᠢᠨ ᠮᠠᠶ᠋ᠢᠭ ᠤᠨ ᠵᠣᠷᠯᠣᠩ ᠢ ᠦᠬᠡᠷᠡᠴᠢᠯᠡᠨ ᠤᠰᠤ ᠵᠠᠶᠢᠯᠠᠬᠤ ᠮᠠᠶ᠋ᠢᠭ ᠤᠨ ᠨᠠᠶᠢᠳᠠ ᠶᠢᠨ ᠡᠷᠡᠬᠦᠯ ᠬᠠᠮᠠᠭᠠᠯᠠᠯ ᠤᠨ ᠳᠠᠰᠤᠯᠭ᠎ᠠ ᠪᠤᠯᠭᠠᠨ᠎ᠠ᠃ ᠶᠡᠷᠦᠩᠬᠡᠢ ᠪᠡᠯᠡ ᠣᠷᠣᠭᠤᠯᠣᠯᠳᠠ 1408.5 ᠲᠦᠮᠡᠨ ᠲᠦᠬᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 1408.5 ᠲᠦᠮᠡᠨ ᠲᠦᠬᠦᠷᠢᠭ ︵ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 1408.5 ᠲᠦᠮᠡᠨ ᠲᠦᠬᠦᠷᠢᠭ︶︔ ᠡᠮᠤᠨᠡᠬᠢ ᠬᠤᠭᠤᠴᠠᠭᠠᠨ ᠤ ᠠᠵᠢᠯ ᠢ ᠪᠦᠬᠦᠳᠠ ᠶᠢ ᠡᠬᠢᠯᠡᠬᠦᠯᠵᠤ᠂ 2022 ᠤᠨ ᠤ 4 ᠰᠠᠷ᠎ᠠ ᠠᠴᠠ ᠡᠬᠢᠯᠡᠬᠦᠯᠤᠨ 12 ᠰᠠᠷ᠎ᠠ ᠳᠤ ᠪᠡᠶᠡᠯᠡᠬᠦᠯᠬᠦ ᠪᠠᠷ ᠲᠦᠯᠤᠪᠯᠡᠵᠤ᠂ ᠵᠢᠯ ᠤᠨ ᠡᠴᠤᠰ ᠲᠤ ᠪᠦᠬᠦᠨ ᠢ ᠪᠡᠶᠡᠯᠡᠬᠦᠯᠤᠨ᠎ᠠ᠃ ᠳᠤᠯᠤᠭᠠᠶᠢᠯᠠᠭᠴᠢ ᠤᠳᠤᠷᠢᠳᠤᠯᠭ᠎ᠠ ᠱᠢ ᠬᠤᠢ᠂ ᠬᠠᠷᠢᠭᠤᠴᠠᠯᠭ᠎ᠠ ᠶᠢᠨ ᠨᠢᠭᠡᠴᠡ ᠣᠷᠣᠨ ᠰᠠᠭᠤᠴᠠ ᠶᠢᠨ ᠪᠠᠳᠣᠯᠠᠭ᠎ᠠ ᠶᠢᠨ ᠲᠦᠪ᠂ ᠨᠡᠶᠢᠳᠡ ᠶᠢᠨ ᠬᠡᠷᠡᠭᠯᠡᠭᠡᠨ ᠤ ᠠᠵᠢᠯ ᠣᠶᠢᠯᠠᠰ ᠤᠨ ᠣᠶᠢᠯᠡᠴᠢᠯᠡᠭᠡᠨ ᠤ ᠲᠦᠪ᠃ ᠳᠤᠳᠤᠷᠬᠠᠶᠢᠯᠠᠯᠳᠠ᠄ ︵1︶ ᠲᠣᠯᠠᠭᠠᠯᠭ᠎ᠠ ᠬᠠᠩᠭᠠᠬᠤ ᠲᠣᠣᠷ ᠬᠤᠭᠤᠯᠠᠢ ᠶᠢᠨ ᠦᠬᠡᠷᠡᠴᠢᠯᠠᠯᠳᠠ 600 ᠲᠦᠮᠡᠨ ᠲᠦᠬᠦᠷᠢᠭ︔ ︵2 ︶ ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠠᠯᠳᠠ 287.5 ᠲᠦᠮᠡᠨ ᠲᠦᠬᠦᠷᠢᠭ︔ ︵3︶ ᠬᠠᠭᠤᠴᠢᠨ ᠮᠠᠶ᠋ᠢᠭ ᠤᠨ ᠵᠣᠷᠯᠣᠩ ᠤᠨ ᠦᠬᠡᠷᠡᠴᠢᠯᠡᠯᠳᠠ 521 ᠲᠦᠮᠡᠨ ᠲᠦᠬᠦᠷᠢᠭ᠃      5. C024 ᠱᠣᠭᠤᠮ ᠤᠨ ᠰᠢᠯᠢ ᠶᠢᠨ ᠴᠠᠶᠢᠵᠠ ᠠᠴᠠ ᠰᠣᠪᠠᠭ ᠤᠨ ᠵᠠᠳᠠᠭᠠᠢ ︵K0+000-K11+537 ᠬᠡᠰᠡᠭ︶ ᠬᠦᠷᠬᠦ ᠵᠠᠰᠠᠮᠠᠯ ᠵᠠᠮ ᠢ ᠦᠷᠭᠡᠳᠬᠡᠬᠦ ᠢᠨᠵᠧᠨᠧᠷᠢᠩ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ᠰᠢᠯᠢ ᠶᠢᠨ ᠴᠠᠶᠢᠵᠠ ᠠᠴᠠ ᠰᠣᠪᠠᠭ ᠤᠨ ᠵᠠᠳᠠᠭᠠᠢ ᠬᠦᠷᠬᠦ 11.537 ᠺᠢᠯᠣᠮᠧᠲᠷ ᠤᠨ ᠵᠠᠮ ᠢ ᠲᠦᠷᠪᠡᠳᠦᠭᠡᠷ ᠲᠡᠰ ᠤᠨ ᠬᠤᠶᠠᠷ ᠲᠡᠷᠭᠡᠨ ᠤ ᠵᠠᠮ ᠤᠨ ᠪᠠᠷᠢᠮᠵᠢᠶ᠎ᠠ ᠪᠠᠷ ᠣᠣᠯ ᠤᠨ ᠦᠷᠭᠡᠨ 4.5 ᠮᠧᠲᠷ ᠵᠠᠮ ᠢ 6 ᠮᠧᠲᠷ ᠪᠣᠯᠭᠠᠨ ᠦᠷᠬᠡᠤᠨᠬᠡᠨ᠎ᠡ᠃ ᠶᠡᠷᠦᠩᠬᠡᠢ ᠪᠡᠯᠡ ᠣᠷᠣᠭᠤᠯᠣᠯᠳᠠ 907.6 ᠲᠦᠮᠡᠨ ᠲᠦᠭᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 907.6 ᠲᠦᠮᠡᠨ ᠲᠦᠬᠦᠷᠢᠭ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 907.6 ᠲᠦᠮᠡᠨ ᠲᠦᠬᠦᠷᠢᠭ︶︔ ᠳᠠᠭᠠᠭᠠᠴᠢᠯᠠᠯᠳᠠ ᠵᠠᠷᠯᠠᠵᠤ ᠬᠦᠯᠢᠶᠡᠬᠦ ᠠᠵᠢᠯ ᠢ ᠨᠢᠬᠡᠨᠳᠠ ᠪᠡᠶᠡᠯᠡᠬᠦᠯᠤᠨ᠂ 2022 ᠤᠨ ᠤ 4 ᠰᠠᠷ᠎ᠠ ᠠᠴᠠ ᠡᠬᠢᠯᠡᠬᠦᠯᠤᠨ᠂ 2022 ᠤᠨ ᠤ 10 ᠰᠠᠷ᠎ᠠ ᠳᠤ ᠪᠡᠶᠡᠯᠡᠬᠦᠯᠵᠤ᠂ ᠵᠢᠯ  ᠤᠨ ᠡᠴᠤᠰ ᠲᠤ ᠪᠦᠬᠦᠨ ᠢ ᠪᠡᠶᠡᠯᠡᠬᠦᠯᠤᠨ᠎ᠠ᠃ ᠳᠤᠯᠤᠭᠠᠶᠢᠯᠠᠭᠴᠢ ᠤᠳᠤᠷᠢᠳᠤᠯᠭ᠎ᠠ ᠱᠢ ᠬᠤᠢ᠂ ᠬᠠᠷᠢᠭᠤᠴᠠᠯᠭ᠎ᠠ ᠶᠢᠨ ᠨᠢᠭᠡᠴᠡ ᠵᠠᠮ ᠬᠠᠷᠢᠯᠴᠠᠭᠠᠨ ᠤ ᠲᠣᠪᠴᠢᠶ᠎ᠠ᠃ ᠳᠤᠳᠤᠷᠬᠠᠶᠢᠯᠠᠯᠳᠠ᠄ ᠳᠡᠬᠡᠳᠤ ᠱᠠᠳᠤᠨ ᠤ ᠪᠡᠯᠡ ᠮᠦᠩᠬᠦ 907.6 ᠲᠦᠮᠡᠨ ᠲᠦᠬᠦᠷᠢᠭ ᠢ ᠨᠢᠬᠡᠨᠳᠠ ᠪᠤᠳᠠᠳᠠᠶᠢᠵᠢᠭᠤᠯᠪᠠ᠃      6. ᠣᠳᠤᠭ ᠤᠨ ᠡᠮᠦᠨᠡᠳᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠦᠨ ᠤ ᠬᠠᠢ ᠲᠢᠶᠠᠨ ᠵᠡᠭᠡᠯᠢ ᠶᠢᠨ ᠬᠤᠳᠠ ᠶᠢᠨ ᠵᠠᠮ ᠵᠢᠴᠢ ᠲᠠᠭᠠᠯᠳᠠ ᠢᠨᠵᠧᠨᠧᠷᠢᠩ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ 450 ᠮᠧᠲᠷ ᠬᠤᠳᠠ ᠶᠢᠨ ᠵᠠᠮ ᠢ ᠰᠢᠨ᠎ᠡ ᠪᠠᠷ ᠪᠠᠶᠢᠭᠤᠯᠵᠤ᠂ ᠵᠠᠮ ᠤᠨ ᠤᠯᠠᠭᠠᠨ ᠱᠤᠭᠤᠮ ᠤᠨ ᠦᠷᠬᠡᠨ ᠨᠢ 24 ᠮᠧᠲᠷ᠂ ᠪᠣᠷᠣᠭᠠᠨ ᠣᠰᠣ ᠭᠠᠳᠠᠭᠰᠢᠯᠠᠭᠤᠯᠬᠤ ᠬᠤᠭᠤᠯᠠᠢ ᠵᠢᠴᠢ ᠵᠠᠮ ᠤᠨ ᠳ᠋ᠧᠩ ᠣᠭᠰᠠᠷᠠᠬᠤ ᠵᠡᠷᠭᠡ ᠲᠠᠭᠠᠯᠳᠠ ᠢᠨᠵᠧᠨᠧᠷᠢᠩ ᠢ ᠬᠠᠮᠳᠤ ᠳᠤ ᠨᠢ ᠬᠡᠷᠡᠭᠵᠢᠬᠦᠯᠤᠨ᠎ᠠ᠃ ᠶᠡᠷᠦᠩᠬᠡᠢ ᠪᠡᠯᠡ ᠣᠷᠣᠭᠤᠯᠣᠯᠳᠠ 508.6 ᠲᠦᠮᠡᠨ ᠲᠦᠬᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 508.6 ᠲᠦᠮᠡᠨ ᠲᠦᠬᠦᠷᠢᠭ ︵ᠪᠤᠰᠤᠤᠨ ᠵᠦᠢᠯ ᠤᠨ ᠪᠡᠯᠡ ᠮᠦᠩᠬᠦ 508.6 ᠲᠦᠮᠡᠨ ᠲᠦᠬᠦᠷᠢᠭ︶︔ ᠲᠦᠷᠤᠯ ᠵᠦᠢᠯ  ᠤᠨ ᠰᠠᠨᠠᠭᠤᠯᠭ᠎ᠠ ᠶᠢᠨ ᠪᠢᠴᠢᠭ ᠢ ᠨᠢᠬᠡᠨᠳᠠ ᠴᠤᠬᠤᠯᠠᠪᠤᠷᠢᠯᠠᠵᠤ᠂ ᠡᠨᠧᠷᠬᠢ ᠠᠷᠪᠢᠯᠠᠬᠤ ᠦᠨᠡᠯᠡᠯᠳᠠ ᠶᠢᠨ ᠮᠡᠳᠡᠬᠦᠯᠤᠯᠳᠠ ᠨᠠᠶᠢᠬᠡᠮ ᠤᠨ ᠳᠤᠭᠳᠠᠭᠤᠨ ᠪᠠᠶᠢᠳᠠᠯ ᠤᠨ ᠲᠦᠭᠰᠢᠬᠦᠷᠢ ᠶᠢ ᠦᠨᠡᠯᠡᠨ ᠵᠢᠱᠢᠭᠰᠡᠨ ᠮᠡᠳᠡᠬᠦᠯᠤᠯᠳᠠ ᠶᠢ ᠨᠢᠬᠡᠨᠳᠠ ᠳᠠᠩᠰᠠᠯᠠᠨ᠂ ᠬᠠᠶᠢᠨ ᠬᠡᠮᠵᠢᠵᠤ ᠵᠠᠭᠠᠭ ᠳᠤᠭᠳᠠᠭᠠᠭᠰᠡᠨ ᠮᠡᠳᠡᠬᠦᠯᠤᠯᠳᠠ᠂ ᠠᠩᠬ᠎ᠠ ᠠᠯᠬᠤᠮ ᠤᠨ ᠲᠦᠯᠤᠪᠯᠡᠭᠡ᠂ ᠭᠠᠵᠠᠷ ᠰᠢᠷᠤᠢ ᠶᠢᠨ ᠤᠷᠢᠤᠨᠴᠢᠯᠠᠭᠰᠡᠨ ᠬᠢᠨᠠᠯᠳᠠ ᠶᠢ ᠨᠢᠬᠡᠨᠳᠠ ᠴᠤᠬᠤᠯᠠᠪᠤᠷᠢᠯᠠᠪᠠ︔ ᠲᠦᠷᠤᠯ ᠵᠦᠢᠯ ᠤᠨ ᠪᠠᠷᠢᠯᠭ᠎ᠠ ᠶᠢᠨ ᠵᠢᠷᠤᠭ ᠢ ᠲᠦᠯᠤᠪᠯᠡᠬᠦ᠂ ᠲᠦᠷᠤᠯ ᠵᠦᠢᠯ ᠳᠤᠭᠳᠠᠭᠠᠬᠤ᠂ ᠭᠠᠵᠠᠷ ᠰᠢᠷᠤᠢ ᠶᠢ ᠮᠡᠳᠡᠬᠦᠯᠤᠨ ᠵᠦᠪᠰᠢᠶᠡᠷᠡᠬᠦᠯᠬᠦ ᠠᠵᠢᠯ ᠢ ᠶᠠᠭ ᠬᠢᠵᠤ ᠪᠤᠢ︔ 2022 ᠤᠨ ᠤ 7 ᠰᠠᠷ᠎ᠠ ᠠᠴᠠ ᠪᠠᠷᠢᠯᠭ᠎ᠠ ᠡᠬᠢᠯᠡᠬᠦᠯᠤᠨ᠂ 2022 ᠤᠨ ᠤ 12 ᠰᠠᠷ᠎ᠠ ᠳᠤ ᠬᠡᠷᠡᠭᠯᠡᠯᠳᠠ ᠳᠤ  ᠤᠷᠤᠭᠤᠯᠤᠨ᠂ ᠵᠢᠯ ᠤᠨ ᠡᠴᠤᠰ ᠲᠤ ᠪᠦᠬᠦᠨ ᠢ ᠪᠡᠶᠡᠯᠡᠬᠦᠯᠤᠨ᠎ᠠ᠃ ᠳᠤᠯᠤᠭᠠᠶᠢᠯᠠᠭᠴᠢ ᠤᠳᠤᠷᠢᠳᠤᠯᠭ᠎ᠠ ᠾᠧ ᠵᠢᠶᠦ᠋ᠨ ᠶᠧ᠂ ᠬᠠᠷᠢᠭᠤᠴᠠᠯᠭ᠎ᠠ ᠶᠢᠨ ᠨᠢᠭᠡᠴᠡ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠃ ᠳᠤᠳᠤᠷᠬᠠᠶᠢᠯᠠᠯᠳᠠ᠄ ᠨᠡᠬᠡᠬᠡᠯᠳᠠ ᠶᠢᠨ ᠤᠷᠤᠨ ᠤ ᠦᠪᠡᠷ ᠤᠨ ᠪᠡᠯᠡ ᠮᠦᠩᠬᠦ 508.6 ᠲᠦᠮᠡᠨ ᠲᠦᠬᠦᠷᠢᠭ᠃      7. ᠣᠳᠤᠭ ᠤᠨ ᠡᠮᠦᠨᠡᠳᠦ ᠬᠤᠰᠢᠭᠤᠨ ᠤ ᠨᠡᠶᠢᠭᠡᠮ ᠲᠣᠭᠤᠷᠢᠭ ᠤᠨ ᠣᠶᠢᠯᠡᠴᠢᠯᠡᠭᠡᠨ ᠤ ᠶᠠᠰᠣ ᠴᠢᠨᠠᠷ ᠢ ᠲᠡᠭᠡᠭᠰᠢᠯᠡᠭᠦᠯᠬᠦ ᠢᠨᠵᠧᠨᠧᠷᠢᠩ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ︵1︶ ᠨᠡᠶᠢᠭᠡᠮ ᠲᠣᠭᠤᠷᠢᠭ ᠲᠤ ᠳᠤᠰᠬᠠᠢ ᠳᠤᠰᠢᠶᠠᠯᠳᠤ ᠠᠵᠢᠯᠳᠠᠨ ᠳᠤᠬᠢᠷᠠᠭᠤᠯᠤᠨ᠂ ᠨᠠᠶᠢᠬᠡᠮ ᠳᠤᠭᠤᠷᠢᠭ ᠤᠨ ᠬᠦᠴᠤᠨ ᠢ ᠨᠡᠮᠡᠭᠳᠡᠬᠦᠯᠵᠤ᠂ ᠨᠠᠶᠢᠬᠡᠮ ᠳᠤᠭᠤᠷᠢᠭ ᠤᠨ ᠠᠵᠢᠯᠳᠠᠨ ᠤ ᠠᠵᠢᠯ ᠤᠨ ᠪᠠᠶᠢᠷᠢ ᠪᠠ ᠴᠡᠯᠢᠩ ᠤᠯᠭᠤᠮᠵᠢ ᠶᠢ ᠨᠠᠶᠢᠳᠠᠪᠤᠷᠢᠵᠢᠭᠤᠯᠤᠨ᠂ ᠳᠤᠰᠬᠠᠶᠢᠵᠢᠭᠰᠡᠨ᠂ ᠮᠡᠷᠬᠡᠵᠢᠭᠰᠡᠨ ᠨᠠᠶᠢᠬᠡᠮ ᠳᠤᠭᠤᠷᠢᠭ ᠤᠨ ᠠᠵᠢᠯᠳᠠᠨ ᠤ ᠡᠩᠨᠡᠭᠡ ᠶᠢ ᠪᠠᠶᠢᠭᠤᠯᠵᠤ᠂ ᠨᠠᠶᠢᠬᠡᠮ ᠳᠤᠭᠤᠷᠢᠭ ᠤᠨ ᠰᠠᠭᠤᠭᠠᠯᠢ ᠠᠷᠠᠤᠨ ᠤᠨ ᠬᠠᠨᠤᠮᠵᠢ ᠶᠢᠨ ᠨᠤᠷᠮ᠎ᠠ ᠶᠢ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ ︵2︶ ᠬᠢᠨᠠᠯᠳᠠ ᠬᠠᠮᠢᠶᠠᠷᠤᠯᠳᠠ ᠶᠢᠨ ᠬᠦᠴᠤᠯᠡᠴᠠ ᠪᠠᠨ ᠶᠡᠬᠡᠤᠨᠬᠡᠨ᠂ ᠠᠳᠠᠯ ᠠᠬᠤᠢ ᠶᠢᠨ ᠬᠠᠮᠢᠶᠠᠷᠤᠯᠳᠠ ᠶᠢᠨ ᠲᠦᠪᠰᠢᠨ ᠢ ᠲᠦᠷᠢᠮᠵᠢᠬᠦᠯᠵᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠵᠤ ᠳᠤᠭᠳᠠᠭᠠᠨ᠂ ᠠᠳᠠᠯ ᠠᠬᠤᠢ ᠶᠢᠨ ᠤᠶᠢᠯᠡᠴᠢᠯᠡᠬᠡᠨ ᠤ ᠲᠦᠪᠰᠢᠨ ᠢ ᠳᠡᠬᠡᠭᠰᠢᠯᠡᠬᠦᠯᠵᠤ᠂ ᠰᠠᠭᠤᠭᠠᠯᠢ ᠳᠤᠭᠤᠷᠢᠭ ᠤᠨ ᠦᠮᠴᠢᠳᠠᠨ ᠤ ᠵᠦᠪᠯᠡᠯ ᠤᠨ ᠲᠦᠷᠢᠮᠵᠢᠬᠦᠨ ᠰᠤᠩᠭᠤᠯᠳᠠ ᠬᠡᠷᠡᠭᠯᠡᠯᠳᠠ ᠶᠢ ᠴᠢᠩᠭᠠᠤᠨᠬᠠᠨ᠂ ᠠᠳᠠᠯ ᠠᠬᠤᠢ ᠶᠢᠨ ᠺᠤᠮᠫᠠᠨᠢ ᠶᠢᠨ ᠬᠠᠮᠢᠶᠠᠷᠤᠯᠳᠠ ᠶᠢ ᠴᠢᠩᠭᠤᠨᠬᠠᠵᠤ᠂ ᠣᠯᠠᠨ ᠲᠦᠮᠡᠨ ᠤ ᠠᠮᠢᠳᠣᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠣᠨ᠎ᠠ᠃ ᠶᠡᠷᠦᠩᠬᠡᠢ ᠪᠡᠯᠡ ᠣᠷᠣᠭᠤᠯᠣᠯᠳᠠ 600 ᠲᠦᠮᠡᠨ ᠲᠦᠬᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 600 ᠲᠦᠮᠡᠨ ᠲᠦᠬᠦᠷᠢᠭ ︵ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 600 ᠲᠦᠮᠡᠨ ᠲᠦᠬᠦᠷᠢᠭ︶︔ ᠬᠡᠷᠡᠭᠵᠢᠬᠦᠯᠬᠦ ᠲᠦᠰᠤᠯ ᠢ ᠨᠢᠬᠡᠨᠳᠠ ᠪᠠᠳᠤᠯᠠᠵᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠬᠡᠷᠡᠭᠵᠢᠬᠦᠯᠬᠦ ᠲᠦᠰᠤᠯ ᠢ ᠶᠠᠭ ᠳᠤᠭᠳᠠᠭᠠᠵᠤ ᠪᠤᠢ᠂ 2022 ᠤᠨ ᠤ 4 ᠰᠠᠷ᠎ᠠ ᠳᠤ ᠪᠠᠷᠢᠯᠭ᠎ᠠ ᠡᠬᠢᠯᠡᠬᠦᠯᠵᠤ᠂ 10 ᠰᠠᠷ᠎ᠠ ᠳᠤ ᠪᠡᠶᠡᠯᠡᠬᠦᠯᠬᠦ ᠪᠠᠷ ᠲᠦᠯᠤᠪᠯᠡᠵᠤ ᠪᠤᠢ᠃ ᠳᠤᠯᠤᠭᠠᠶᠢᠯᠠᠭᠴᠢ ᠤᠳᠤᠷᠢᠳᠤᠯᠭ᠎ᠠ ᠯᠢ ᠵᠢᠶᠠ ᠭᠤᠸᠠᠨ᠂ ᠰᠥᠩ ᠰᠢᠶᠣᠣ ᠯᠧᠢ᠂ ᠱᠢ ᠬᠤᠢ᠃ ᠬᠠᠷᠢᠭᠤᠴᠠᠯᠭ᠎ᠠ  ᠶᠢᠨ ᠨᠢᠭᠡᠴᠡ ᠵᠣᠬᠢᠶᠠᠨ ᠪᠠᠶᠢᠭᠤᠯᠬᠤ ᠬᠡᠯᠳᠡᠰ᠂ ᠠᠷᠠᠳ ᠤᠨ ᠶᠠᠪᠣᠳᠠᠯ ᠤᠨ ᠲᠣᠪᠴᠢᠶ᠎ᠠ᠂ ᠣᠷᠣᠨ ᠰᠠᠭᠤᠴᠠ ᠶᠢᠨ ᠪᠠᠳᠣᠯᠠᠭ᠎ᠠ ᠶᠢᠨ ᠲᠦᠪ᠃      8. Y007 ᠱᠣᠭᠤᠮ ᠤᠨ ᠨᠠᠩᠰᠦ ᠠᠴᠠ ᠪᠠᠶᠠᠨᠰᠢᠯᠢ ᠬᠦᠷᠬᠦ ︵K26+400-K38+900 ᠬᠡᠰᠡᠭ︶ ᠵᠠᠮ ᠢ ᠦᠷᠭᠡᠳᠬᠡᠬᠦ ᠢᠨᠵᠧᠨᠧᠷᠢᠩ᠃ ᠴᠠᠭ ᠬᠤᠭᠤᠴᠠᠭ᠎ᠠ᠄ 2022 ᠤᠨ᠂ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ᠨᠠᠩᠰᠦ ᠠᠴᠠ ᠪᠠᠶᠠᠨᠰᠢᠯᠢ ᠬᠦᠷᠬᠦ 12.5 ᠺᠢᠯᠣᠮᠧᠲᠷ ᠤᠨ ᠵᠠᠮ ᠢ ᠲᠦᠷᠪᠡᠳᠦᠭᠡᠷ ᠲᠡᠰ ᠤᠨ ᠬᠤᠶᠠᠷ ᠲᠡᠷᠭᠡᠨ ᠤ ᠵᠠᠮ ᠤᠨ ᠪᠠᠷᠢᠮᠵᠢᠶ᠎ᠠ ᠪᠠᠷ ᠣᠣᠯ ᠤᠨ ᠦᠷᠭᠡᠨ 4.5 ᠮᠧᠲᠷ ᠵᠠᠮ ᠢ 6 ᠮᠧᠲᠷ ᠪᠣᠯᠭᠠᠨ ᠦᠷᠬᠡᠤᠨᠬᠡᠨ᠎ᠡ᠃ ᠶᠡᠷᠦᠩᠬᠡᠢ ᠪᠡᠯᠡ ᠣᠷᠣᠭᠤᠯᠣᠯᠳᠠ 1113.6 ᠲᠦᠮᠡᠨ ᠲᠦᠭᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 1113.6 ᠲᠦᠮᠡᠨ ᠲᠦᠬᠦᠷᠢᠭ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 1113.6 ᠲᠦᠮᠡᠨ ᠲᠦᠬᠦᠷᠢᠭ︶᠃ ᠳᠠᠭᠠᠭᠠᠴᠢᠯᠠᠯᠳᠠ ᠵᠠᠷᠯᠠᠵᠤ ᠬᠦᠯᠢᠶᠡᠬᠦ ᠠᠵᠢᠯ ᠢ ᠨᠢᠬᠡᠨᠳᠠ ᠪᠡᠶᠡᠯᠡᠬᠦᠯᠵᠤ᠂ 2022 ᠤᠨ ᠤ 4 ᠰᠠᠷ᠎ᠠ ᠠᠴᠠ ᠡᠬᠢᠯᠡᠬᠦᠯᠤᠨ 10 ᠰᠠᠷ᠎ᠠ ᠳᠤ ᠪᠡᠶᠡᠯᠡᠬᠦᠯᠬᠦ ᠪᠠᠷ ᠲᠦᠯᠤᠪᠯᠡᠵᠤ ᠪᠤᠢ᠂ ᠵᠢᠯ ᠤᠨ ᠡᠴᠤᠰ ᠲᠤ ᠪᠦᠬᠦᠨ ᠢ ᠪᠡᠶᠡᠯᠡᠬᠦᠯᠤᠨ᠎ᠠ︔ ᠳᠤᠯᠤᠭᠠᠶᠢᠯᠠᠭᠴᠢ ᠤᠳᠤᠷᠢᠳᠤᠯᠭ᠎ᠠ ᠱᠢ ᠬᠤᠢ᠂ ᠬᠠᠷᠢᠭᠤᠴᠠᠯᠭ᠎ᠠ ᠶᠢᠨ ᠨᠢᠭᠡᠴᠡ ᠵᠠᠮ ᠬᠠᠷᠢᠯᠴᠠᠭᠠᠨ ᠤ ᠲᠣᠪᠴᠢᠶ᠎ᠠ︔ ᠳᠤᠳᠤᠷᠬᠠᠶᠢᠯᠠᠯᠳᠠ᠄ ᠳᠡᠬᠡᠳᠤ ᠱᠠᠳᠤᠨ ᠤ ᠪᠡᠯᠡ ᠮᠦᠩᠬᠦ 1113.6 ᠲᠦᠮᠡᠨ ᠲᠦᠬᠦᠷᠢᠭ ᠢ ᠨᠢᠬᠡᠨᠳᠠ ᠨᠠᠶᠢᠳᠠᠪᠤᠷᠢᠵᠢᠭᠤᠯᠪᠠ᠃      9. ᠣᠳᠤᠭ ᠤᠨ ᠡᠮᠦᠨᠡᠳᠦ ᠬᠤᠰᠢᠭᠤᠨ ᠤ ᠣᠯᠵᠠᠴᠢ ᠪᠠᠯᠭᠠᠰᠣᠨ ᠳᠤ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠲᠠᠯᠠᠪᠣᠷ ᠪᠠᠶᠢᠭᠤᠯᠬᠤ ᠲᠦᠷᠣᠯ ᠵᠣᠶᠢᠯ ᠃ ᠴᠠᠭ ᠬᠤᠭᠤᠴᠠᠭ᠎ᠠ᠄ 2022 ᠤᠨ︔ ᠪᠠᠷᠢᠯᠭ᠎ᠠ ᠶᠢᠨ ᠠᠭᠤᠯᠭ᠎ᠠ ᠵᠢᠴᠢ ᠬᠡᠪᠴᠢᠶᠡᠵᠢᠯ᠄ ᠲᠦᠷᠤᠯ ᠵᠦᠢᠢᠯ ᠤᠨ ᠶᠡᠷᠤᠩᠬᠡᠢ ᠭᠠᠵᠠᠷ ᠬᠡᠷᠡᠭᠯᠡᠯᠳᠠ ᠶᠢᠨ ᠳᠠᠯᠠᠪᠠᠢ 80 ᠮᠤ᠋᠂ ᠡᠳᠦᠷ ᠲᠤ 100 ᠲᠣᠨ ᠪᠠᠷᠢᠯᠭ᠎ᠠ ᠶᠢᠨ ᠬᠤᠭ ᠨᠣᠪᠰᠢ ᠰᠢᠢᠤᠨᠪᠤᠷᠢᠯᠡᠵᠤ᠂ ᠪᠠᠯᠭᠠᠰᠤᠨ ᠳᠤᠭᠤᠷᠢᠭ ᠤᠨ 12 ᠵᠢᠯ ᠤᠨ ᠬᠡᠷᠡᠭᠯᠡᠯᠳᠠ ᠶᠢᠨ ᠱᠠᠭᠠᠷᠳᠠᠯᠭ᠎ᠠ  ᠶᠢ ᠬᠠᠩᠭᠠᠨ᠂ ᠬᠢᠨᠠᠨ ᠬᠡᠮᠵᠢᠯᠳᠡ ᠶᠢᠨ ᠰᠢᠰᠲ᠋ᠧᠮ ᠢ ᠲᠦᠬᠦᠷᠴᠢᠯᠡᠨ ᠤᠭᠰᠠᠷᠠᠨ᠎ᠠ᠃ ᠶᠡᠷᠦᠩᠬᠡᠢ ᠪᠡᠯᠡ ᠣᠷᠣᠭᠤᠯᠣᠯᠳᠠ 1560 ᠲᠦᠮᠡᠨ ᠲᠦᠬᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 1560 ᠲᠦᠮᠡᠨ ᠲᠦᠬᠦᠷᠢᠭ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 936 ᠲᠦᠮᠡᠨ ᠲᠦᠬᠦᠷᠢᠭ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 624 ᠲᠦᠮᠡᠨ ᠲᠦᠬᠦᠷᠢᠭ︶︔ ︵1︶ ᠲᠦᠷᠤᠯ ᠵᠦᠢᠯ ᠤᠨ ᠭᠠᠵᠠᠷ ᠰᠤᠩᠭᠤᠯᠳᠠ᠂ ᠲᠦᠷᠤᠯ ᠵᠦᠢᠯ ᠤᠨ ᠳᠤᠭᠳᠠᠭᠠᠯᠳᠠ᠂ ᠳᠤᠭᠳᠠᠭᠤᠨ ᠤ ᠦᠨᠡᠯᠡᠯᠳᠠ᠂ ᠪᠤᠯᠤᠮᠵᠢᠳᠤ ᠰᠤᠳᠤᠯᠤᠯ ᠢ ᠨᠢᠬᠡᠨᠳᠠ ᠪᠡᠶᠡᠯᠡᠬᠦᠯᠪᠡ︔ ︵2︶ ᠭᠠᠵᠠᠷ ᠰᠢᠷᠤᠢ᠂ ᠤᠷᠴᠢᠨ ᠳᠤᠭᠤᠷᠢᠨ  ᠤ ᠦᠨᠡᠯᠡᠯᠳᠠ᠂ ᠠᠩᠬ᠎ᠠ ᠠᠯᠬᠤᠮ ᠤᠨ ᠲᠦᠯᠤᠪᠯᠡᠭᠡ᠂ ᠪᠠᠷᠢᠯᠭ᠎ᠠ ᠶᠢᠨ ᠵᠢᠷᠤᠭ᠂ ᠤᠢ ᠰᠢᠭᠤᠢ ᠨᠤᠳᠤᠭ ᠪᠡᠯᠴᠢᠬᠡᠷ᠂ ᠬᠦᠷᠤᠰᠤ ᠰᠢᠷᠤᠢ ᠶᠢᠨ ᠬᠠᠮᠠᠭᠠᠯᠠᠯᠳᠠ᠂ ᠪᠠᠷᠢᠯᠭ᠎ᠠ ᠶᠢᠨ ᠲᠦᠯᠤᠪᠵᠢᠬᠦᠯᠬᠡ ᠶᠢᠨ ᠵᠦᠪᠰᠢᠶᠡᠷᠡᠯ᠂ ᠪᠠᠷᠢᠯᠭ᠎ᠠ ᠪᠠᠷᠢᠬᠤ ᠵᠦᠪᠰᠢᠶᠡᠷᠡᠯᠳᠠ᠂ ᠳᠠᠭᠠᠭᠠᠴᠢᠯᠠᠯᠳᠠ ᠵᠡᠷᠯᠡᠯᠳᠠ ᠬᠦᠯᠢᠶᠡᠯᠳᠠ ᠵᠡᠷᠬᠡ ᠡᠮᠤᠨᠡᠬᠢ ᠬᠤᠭᠤᠴᠠᠭᠠᠨ ᠤ ᠭᠠᠷ ᠬᠦᠢᠴᠡᠤᠨᠬᠡᠯ ᠢ ᠴᠦᠮ ᠪᠡᠶᠡᠯᠡᠬᠦᠯᠤᠬᠡᠳᠤᠢ᠂ 2022 ᠤᠨ ᠤ  4 ᠰᠠᠷ᠎ᠠ ᠳᠤ ᠡᠬᠢᠯᠡᠬᠦᠯᠵᠤ᠂ 10 ᠰᠠᠷ᠎ᠠ ᠳᠤ ᠪᠡᠶᠡᠯᠡᠬᠦᠯᠤᠨ᠎ᠠ᠂ ᠵᠢᠯ ᠤᠨ ᠡᠴᠤᠰ ᠲᠤ ᠪᠦᠬᠦᠨ ᠢ ᠪᠡᠶᠡᠯᠡᠬᠦᠯᠤᠨ᠎ᠠ︔  ᠳᠤᠯᠤᠭᠠᠶᠢᠯᠠᠭᠴᠢ ᠤᠳᠤᠷᠢᠳᠤᠯᠭ᠎ᠠ ᠱᠢ ᠬᠤᠢ᠂ ᠬᠠᠷᠢᠭᠤᠴᠠᠯᠭ᠎ᠠ ᠶᠢᠨ ᠨᠢᠭᠡᠴᠡ ᠨᠡᠶᠢᠳᠡ ᠶᠢᠨ ᠬᠡᠷᠡᠭᠯᠡᠭᠡᠨ ᠤ ᠠᠵᠢᠯ ᠣᠶᠢᠯᠠᠰ ᠤᠨ ᠣᠶᠢᠯᠡᠴᠢᠯᠡᠭᠡᠨ ᠤ ᠲᠦᠪ᠃ ᠳᠤᠳᠤᠷᠬᠠᠶᠢᠯᠠᠯᠳᠠ᠄ ᠤᠷᠴᠢᠨ ᠬᠠᠮᠠᠭᠠᠯᠠᠯᠳᠠ ᠶᠢᠨ ᠳᠤᠰᠬᠠᠢ ᠲᠦᠷᠤᠯ ᠤᠨ ᠪᠡᠯᠡ ᠮᠦᠩᠬᠦ 936 ᠲᠦᠮᠡᠨ ᠲᠦᠬᠦᠷᠢᠭ  ᠢ ᠲᠦᠬᠦᠷᠴᠢᠯᠡᠬᠦ ᠪᠠᠷ ᠲᠦᠯᠤᠪᠯᠡᠵᠤ ᠪᠤᠢ᠃      10. ᠣᠳᠤᠭ ᠤᠨ ᠡᠮᠦᠨᠡᠳᠦ ᠬᠤᠰᠢᠭᠤᠨ ᠤ ᠣᠰᠣᠨ ᠬᠠᠩᠭᠠᠯᠭ᠎ᠠ ᠶᠢ ᠪᠠᠳᠣᠯᠠᠬᠤ ᠢᠨᠵᠧᠨᠧᠷᠢᠩ᠃ ᠴᠠᠭ ᠬᠤᠭᠤᠴᠠᠭ᠎ᠠ᠄ 2022 ᠤᠨ︔ ᠪᠠᠶᠢᠭᠤᠯᠬᠤ ᠠᠭᠤᠯᠭ᠎ᠠ ᠵᠢᠴᠢ ᠬᠡᠪᠴᠢᠶᠡᠵᠢᠯ᠄ ᠣᠰᠣᠨ ᠰᠣᠷᠪᠣᠯᠵᠢ ᠶᠢᠨ ᠲᠦᠬᠦᠷᠴᠢᠯᠡᠭᠰᠡᠨ ᠢᠨᠵᠧᠨᠧᠷᠢᠩ᠂ ᠳᠤᠤᠷ ᠬᠤᠭᠤᠯᠠᠢ ᠶᠢᠨ ᠲᠦᠭᠦᠷ ᠢᠨᠵᠧᠨᠧᠷᠢᠩ ᠪᠣᠯᠣᠨ ᠬᠡᠮᠵᠢᠭᠦᠷ  ᠤᠨ ᠢᠨᠵᠧᠨᠧᠷᠢᠩ ᠢ ᠬᠡᠷᠡᠭᠵᠢᠭᠦᠯᠦᠨ᠂ 6130 ᠬᠦᠮᠦᠨ 58093 ᠲᠣᠯᠣᠭᠠᠢ ᠮᠠᠯ ᠤᠨ ᠠᠶᠣᠯᠭᠦᠢ ᠣᠰᠣ ᠣᠮᠳᠠ ᠶᠢᠨ ᠠᠰᠠᠭᠤᠳᠠᠯ ᠢ ᠰᠢᠢᠤᠨᠪᠤᠷᠢᠯᠡᠨ᠎ᠡ᠃ ᠶᠡᠷᠤᠩᠬᠡᠢ ᠪᠡᠯᠡ ᠤᠷᠤᠭᠤᠯᠤᠯᠳᠠ 1167 ᠲᠦᠮᠡᠨ ᠲᠦᠬᠦᠷᠢᠭ᠂ 2022 ᠤᠨ ᠤ ᠪᠡᠯᠡ ᠤᠷᠤᠭᠤᠯᠤᠯᠳᠠ ᠶᠢᠨ ᠲᠦᠯᠤᠪᠯᠡᠭᠡ 1167 ᠲᠦᠮᠡᠨ ᠲᠦᠬᠦᠷᠢᠭ ︵ᠳᠡᠬᠡᠳᠤ ᠱᠠᠳᠤᠨ ᠤ  ᠳᠤᠰᠬᠠᠢ ᠲᠦᠷᠤᠯ ᠤᠨ ᠪᠡᠯᠡ ᠮᠦᠩᠬᠦ 1061 ᠲᠦᠮᠡᠨ ᠲᠦᠬᠦᠷᠢᠭ᠂ ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 106 ᠲᠦᠮᠡᠨ ᠲᠦᠬᠦᠷᠢᠭ︶︔ ᠬᠡᠷᠡᠭᠵᠢᠬᠦᠯᠬᠦ ᠲᠦᠰᠤᠯ ᠢ ᠨᠢᠬᠡᠨᠳᠠ ᠴᠤᠬᠤᠯᠠᠪᠤᠷᠢᠯᠠᠨ᠂ 2022 ᠤᠨ ᠤ 5 ᠰᠠᠷ᠎ᠠ ᠳᠤ ᠪᠠᠷᠢᠯᠭ᠎ᠠ ᠡᠬᠢᠯᠡᠬᠦᠯᠤᠨ᠂ 11 ᠰᠠᠷ᠎ᠠ ᠶᠢᠨ ᠰᠡᠬᠦᠯᠴᠢ  ᠳᠤ ᠪᠡᠶᠡᠯᠡᠬᠦᠯᠤᠨ᠎ᠠ᠂ ᠵᠢᠯ ᠤᠨ ᠡᠴᠤᠰ ᠲᠤ ᠪᠦᠬᠦᠨ ᠢ ᠪᠡᠶᠡᠯᠡᠬᠦᠯᠤᠨ᠎ᠠ︔ ᠳᠤᠯᠤᠭᠠᠶᠢᠯᠠᠭᠴᠢ ᠤᠳᠤᠷᠢᠳᠤᠯᠭ᠎ᠠ ᠶᠢᠤ ᠵᠢᠶᠠᠨ ᠴᠢᠩ︔ ᠬᠠᠷᠢᠭᠤᠴᠠᠯᠭ᠎ᠠ ᠶᠢᠨ ᠨᠢᠭᠡᠴᠡ ᠣᠰᠣᠨ ᠠᠰᠢᠭᠯᠠᠯᠳᠠ ᠶᠢᠨ ᠲᠣᠪᠴᠢᠶ᠎ᠠ᠃ ᠳᠤᠳᠤᠷᠬᠠᠶᠢᠯᠠᠯᠳᠠ᠄ ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 1061 ᠲᠦᠮᠡᠨ ᠲᠦᠬᠦᠷᠢᠭ ᠢ ᠨᠢᠬᠡᠨᠳᠠ ᠪᠤᠳᠠᠳᠠᠶᠢᠵᠢᠭᠤᠯᠪᠠ᠃ 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠡᠲ᠋ᠧᠷᠢᠶᠠᠯ