ᠤᠳᠤᠭ ᠡᠮᠤᠨᠡᠳᠤ ᠵᠠᠰᠠᠭ ᠠᠯᠪᠠᠨ ᠳᠠᠷᠬᠠᠭᠠᠬᠤ  ﹇2022﹈ 10 ᠳᠤᠭᠠᠳᠤ
ᠨᠡᠶᠢᠲᠡᠯᠡᠭᠰᠡᠨ ᠴᠠᠭ᠄
2022/11/30
              ︽2022  ᠤᠨ  ᠤ  ᠤᠳᠤᠭ  ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ  ᠪᠦᠰᠡᠯᠢᠭ                 ᠨᠠᠶᠢᠯᠡᠮᠡᠯ ᠳᠠᠷᠢᠯᠳᠠ ᠶᠢ ᠲᠦᠬᠡᠮᠡᠯᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠯ︾ ᠢ ᠳᠠᠷᠤᠮᠠᠯᠯᠠᠨ  ᠳᠠᠷᠬᠠᠭᠠᠬᠤ                ᠳᠤᠬᠠᠢ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯᠡᠯ᠎ᠡ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠰᠢᠭᠤᠤᠨ ᠬᠠᠷᠢᠶ᠎ᠠ ᠨᠢᠬᠡᠴᠠ᠂ ᠡᠯ᠎ᠡ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠳᠤ᠄      ᠡᠳᠤᠬᠡ ᠲᠠᠨᠠᠷ ᠲᠤ ︽2022 ᠤᠨ ᠤ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ ᠲᠦᠬᠡᠮᠡᠯᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠯ︾ ᠢ ᠳᠠᠷᠤᠮᠠᠯᠯᠠᠨ ᠳᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠰᠤᠬᠡᠢ᠃                             ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ                                              2022 ᠤᠨ ᠤ 3 ᠰᠠᠷ᠎ᠠ ᠶᠢᠨ 4 ᠤ ᠡᠳᠤᠷ                    2022 ᠤᠨ ᠤ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ                       ᠪᠦᠰᠡᠯᠢᠭ ᠨᠠᠶᠢᠯᠡᠮᠡᠯ ᠳᠠᠷᠢᠯᠳᠠ ᠶᠢ ᠲᠦᠬᠡᠮᠡᠯᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠯ      ᠶᠡᠷᠤᠩᠬᠡᠢ ᠱᠦᠵᠢ ᠰᠢ ᠶᠢᠨ ᠫᠢᠩ ᠤᠨ ᠠᠮᠤ ᠪᠤᠳᠠᠭ᠎ᠠ ᠪᠠ ᠰᠢᠷ᠎ᠠ ᠪᠤᠷᠴᠠᠭ ᠤᠨ ᠤᠶᠢᠯᠡᠤᠨᠪᠤᠷᠢᠯᠡᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠤᠨ᠂ ᠲᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯᠳᠤᠭᠠᠨ᠂ ᠪᠦᠬᠦ ᠤᠯᠤᠰ ᠤᠨ ᠮᠠᠯ ᠳᠠᠷᠢᠶᠠᠯᠠᠩ ᠬᠦᠳᠡᠭᠡ ᠳᠤᠰᠬᠤᠨ ᠤ ᠲᠢᠩᠬᠢᠮ ᠳᠤᠪᠴᠢᠶᠠᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠨᠬᠡᠯ ᠵᠢᠴᠢ ᠦᠪᠡᠷᠳᠡᠬᠡᠨ ᠵᠠᠰᠠᠬᠤ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠨᠠᠶᠢᠳᠠᠪᠤᠷᠢᠵᠢᠭᠤᠯᠬᠤ ᠶᠢᠨ ᠲᠦᠯᠤᠬᠡ᠂ ᠮᠠᠯ ᠳᠠᠷᠢᠶᠠᠯᠠᠩ ᠬᠦᠳᠡᠭᠡ ᠳᠤᠰᠬᠤᠨ ᠤ ᠶᠠᠮᠤᠨ᠂ ᠦᠪᠡᠷᠳᠡᠬᠡᠨ ᠵᠠᠰᠠᠬᠤ ᠤᠷᠤᠨ ᠤ ᠮᠠᠯ ᠳᠠᠷᠢᠶᠠᠯᠠᠩ ᠤᠨ ᠲᠢᠩᠬᠢᠮ᠂ ᠬᠤᠳᠠ ᠶᠢᠨ ᠨᠠᠮ ᠤᠨ ᠬᠤᠷᠢᠶ᠎ᠠ᠂ ᠵᠠᠰᠠᠭ  ᠤᠨ ᠤᠷᠳᠤᠨ᠂ ᠬᠤᠳᠠ ᠶᠢᠨ ᠮᠠᠯ ᠳᠠᠷᠢᠶᠠᠯᠠᠩ ᠤᠨ ᠳᠤᠪᠴᠢᠶ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠠᠮᠠᠯ ᠳᠠᠷᠢᠯᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠦᠨᠳᠤᠰᠤᠯᠡᠨ᠂ 2022 ᠤᠨ ᠤ ᠰᠢᠷ᠎ᠠ ᠪᠤᠷᠴᠠᠭ ᠡᠷᠳᠡᠨᠢ ᠰᠢᠰᠢ  ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠢ ᠳᠡᠯᠬᠡᠷᠡᠬᠦᠯᠬᠦ ᠡᠬᠦᠷᠬᠡ ᠶᠢ ᠴᠢᠨᠠᠷᠯᠢᠭ ᠪᠦᠳᠤᠮᠵᠢᠳᠠᠢ ᠪᠡᠶᠡᠯᠡᠬᠦᠯᠬᠦ ᠶᠢᠨ ᠳᠤᠰᠠᠳᠠ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠤᠨᠴᠠᠭᠠᠶᠢᠯᠠᠨ ᠳᠤᠰ ᠲᠦᠰᠤᠯ ᠢ ᠳᠤᠭᠳᠠᠭᠠᠪᠠ᠃      ᠨᠢᠬᠡ᠂ ᠦᠨᠳᠤᠰᠤᠨ ᠵᠠᠷᠴᠢᠮ      ︵ᠨᠢᠬᠡ︶ ᠤᠷᠤᠯᠭ᠎ᠠ ᠶᠢ ᠳᠤᠭᠳᠠᠪᠤᠷᠢᠵᠢᠭᠤᠯᠤᠨ ᠬᠠᠩᠭᠠᠯᠭ᠎ᠠ ᠶᠢ ᠪᠠᠳᠤᠯᠠᠬᠤ ᠶᠢ ᠪᠠᠷᠢᠮᠳᠠᠯᠠᠨ᠎ᠠ᠃ ᠪᠦᠰᠡᠯᠢᠭ ᠨᠠᠶᠢᠯᠡᠮᠡᠯ ᠳᠠᠷᠢᠯᠳᠠ ᠶᠢᠨ ᠬᠦᠪᠡᠭᠡ ᠵᠠᠬ᠎ᠠ ᠶᠢᠨ ᠳᠠᠪᠠᠭᠤᠯᠢᠭ ᠢ ᠬᠦᠢᠴᠡᠤᠨ ᠪᠠᠳᠠᠷᠠᠭᠤᠯᠤᠨ᠂ ᠡᠷᠳᠡᠨᠢ ᠰᠢᠰᠢ ᠶᠢᠨ ᠴᠢᠬᠢ ᠶᠢ ᠬᠠᠮᠠᠭᠠᠯᠠᠬᠤ ᠨᠢᠭᠳᠠᠴᠠ ᠪᠠ ᠬᠦᠢᠴᠡᠤᠨ ᠪᠤᠷᠳᠤᠭᠤᠷ ᠤᠨ ᠤᠷᠤᠭᠤᠯᠤᠯᠳᠠ ᠶᠢ ᠭᠤᠤᠯᠳᠠᠯᠭ᠎ᠠ ᠲᠠᠢ ᠠᠤᠨᠬᠤᠵᠤ᠂ ᠡᠷᠳᠡᠨᠢ ᠰᠢᠰᠢ ᠶᠢᠨ ᠤᠨᠠᠯᠳᠠ ᠶᠢ ᠪᠠᠭᠠᠰᠬᠠᠬᠤ ᠦᠬᠡᠢ ᠪᠤᠶᠤ ᠪᠠᠭ᠎ᠠ ᠪᠠᠭᠠᠰᠬᠠᠬᠤ ᠪᠠᠷ ᠴᠢᠷᠮᠠᠶᠢᠨ᠂ ᠰᠢᠷ᠎ᠠ ᠪᠤᠷᠴᠠᠭ ᠤᠨ ᠤᠷᠤᠯᠭ᠎ᠠ ᠨᠡᠮᠡᠭᠳᠡᠬᠦᠯᠵᠤ᠂  ᠤᠷᠤᠯᠭ᠎ᠠ ᠶᠢ ᠪᠠᠭᠠᠰᠬᠠᠬᠤ ᠦᠬᠡᠢ ᠶᠢ ᠦᠨᠳᠤᠰᠤᠨ ᠳᠡᠭᠡᠨ ᠪᠡᠶᠡᠯᠡᠬᠦᠯᠤᠨ᠎ᠠ᠃      ︵ᠬᠤᠶᠠᠷ︶ ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠭᠤᠤᠯ ᠴᠤᠭᠴᠠ ᠶᠢᠨ ᠤᠳᠤᠷᠢᠳᠤᠮᠵᠢ ᠶᠢ ᠪᠠᠷᠢᠮᠳᠠᠯᠠᠨ᠎ᠠ᠃ ᠲᠦᠪᠯᠡᠷᠡᠩᠬᠦᠢ ᠵᠠᠯᠭᠠᠯᠳᠤᠭᠰᠡᠨ ᠳᠡᠯᠬᠡᠷᠡᠬᠦᠯᠤᠯᠳᠠ ᠶᠢ ᠦᠷᠨᠢᠬᠦᠯᠤᠨ᠂ ᠮᠡᠷᠬᠡᠵᠢᠯ ᠤᠨ ᠨᠤᠷᠮ᠎ᠠ ᠶᠢ ᠳᠡᠬᠡᠭᠰᠢᠯᠡᠬᠦᠯᠵᠤ᠂ ᠮᠠᠯᠴᠢᠨ ᠳᠠᠷᠢᠶᠠᠴᠢᠨ ᠤ ᠰᠠᠨᠠᠯ ᠢ ᠬᠦᠨᠳᠤᠤᠨᠬᠡᠭᠰᠡᠨ ᠰᠠᠭᠤᠷᠢᠨ ᠳᠡᠬᠡᠷ᠎ᠡ᠂ ᠢᠳᠡᠪᠬᠢᠵᠢᠯ ᠪᠦᠬᠦᠢ ᠳᠠᠷᠢᠮᠠᠯ ᠤᠨ ᠳᠤᠮᠤ ᠡᠷᠤᠬᠡ᠂ ᠬᠤᠷᠰᠢᠶᠠᠵᠢᠯ ᠪᠠ ᠬᠡᠷ ᠪᠦᠯᠢ ᠶᠢᠨ ᠮᠠᠯᠵᠢᠯ ᠳᠠᠷᠢᠶᠠᠯᠠᠩ ᠤᠨ ᠳᠠᠯᠠᠪᠤᠷ ᠢ ᠰᠤᠩᠭᠤᠵᠤ ᠠᠴᠢᠶᠠᠯᠠᠪᠤᠷᠢ ᠶᠢᠨ ᠭᠤᠤᠯ ᠴᠤᠭᠴᠠ ᠪᠤᠯᠭᠠᠨ᠎ᠠ᠃      ︵ᠭᠤᠷᠪᠠ︶ ᠤᠳᠤ ᠶᠢᠨ ᠪᠠᠶᠢᠭ᠎ᠠ ᠳᠠᠷᠢᠶᠠᠯᠠᠩ ᠤᠨ ᠮᠠᠰᠢᠨ ᠳᠤᠨᠤᠭᠯᠠᠯ ᠢ ᠦᠬᠡᠷᠡᠴᠢᠯᠡᠬᠦ ᠪᠠᠷ ᠭᠤᠤᠯ ᠪᠤᠯᠭᠠᠬᠤ ᠶᠢ ᠪᠠᠷᠢᠮᠳᠠᠯᠠᠨ᠎ᠠ᠃ ᠬᠠᠪᠤᠷ ᠤᠨ ᠲᠠᠷᠢᠶᠠᠯᠠᠭ᠎ᠠ ᠶᠢᠨ ᠦᠶ᠎ᠡ ᠪᠠᠷ ︽ᠤᠷᠤᠨ ᠨᠤᠳᠤᠭ ᠪᠠ ᠬᠠᠷᠢ ᠶᠢ ᠤᠶᠠᠯᠳᠤᠭᠤᠯᠬᠤ︾ ᠶᠢ ᠪᠠᠷᠢᠮᠳᠠᠯᠠᠵᠤ᠂ ᠤᠳᠤ ᠶᠢᠨ ᠪᠠᠶᠢᠭ᠎ᠠ ᠳᠠᠷᠢᠯᠳᠠ ᠶᠢᠨ ᠮᠠᠰᠢᠨ ᠢ ᠬᠦᠢᠴᠡᠤᠨ ᠠᠰᠢᠭᠯᠠᠬᠤ ᠶᠢ ᠵᠤᠷᠢᠭᠵᠢᠭᠤᠯᠤᠨ᠂ ᠨᠠᠶᠢᠯᠡᠮᠡᠯ ᠳᠠᠷᠢᠯᠳᠠ ᠶᠢᠨ ᠪᠦᠰᠡᠯᠢᠭ ᠬᠡᠯᠪᠡᠷᠢ ᠵᠢᠴᠢ ᠴᠢᠬᠢ ᠶᠢᠨ ᠵᠠᠢ ᠪᠠ ᠪᠤᠷᠳᠤᠭᠤᠷ ᠤᠷᠤᠭᠤᠯᠬᠤ ᠬᠡᠮᠵᠢᠶ᠎ᠡ ᠶᠢᠨ ᠱᠠᠭᠠᠷᠳᠠᠯᠭ᠎ᠠ ᠶᠤᠰᠤᠭᠠᠷ ᠳᠤᠬᠢᠷᠠᠮᠵᠢᠳᠠᠢ ᠦᠬᠡᠷᠡᠴᠢᠯᠡᠨ ᠤᠭᠰᠠᠷᠠᠵᠤ᠂ ᠨᠠᠶᠢᠯᠡᠮᠡᠯ ᠳᠠᠷᠢᠯᠳᠠ ᠶᠢᠨ ᠤᠶᠢᠯᠡᠤᠨᠪᠤᠷᠢᠯᠡᠯ ᠤᠨ ᠬᠡᠷᠡᠭᠴᠡᠭᠡ ᠶᠢ ᠬᠠᠩᠭᠠᠨ᠎ᠠ᠃ ᠬᠠᠮᠳᠤ ᠳᠤ  ᠨᠢ᠂ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠪᠤᠳᠠᠳᠤ ᠪᠠᠶᠢᠳᠠᠯ ᠢᠶᠠᠨ ᠦᠨᠳᠤᠰᠤᠯᠡᠨ᠂ ᠨᠢᠬᠡ ᠴᠤᠭᠴᠠᠵᠢᠭᠰᠡᠨ ᠳᠤᠰᠬᠠᠢ ᠳᠠᠷᠢᠯᠳᠠ ᠶᠢᠨ ᠮᠠᠰᠢᠨ ᠬᠤᠳᠠᠯᠳᠤᠨ ᠠᠪᠴᠤ᠂ ᠳᠠᠷᠢᠬᠤ᠂ ᠡᠪᠡᠰᠤ ᠠᠷᠢᠯᠭᠠᠬᠤ᠂ ᠬᠤᠷᠢᠶᠠᠬᠤ ᠵᠡᠷᠬᠡ ᠰᠢᠨ᠎ᠠ ᠮᠠᠰᠢᠨ ᠢ ᠰᠤᠳᠤᠯᠤᠨ ᠤᠶᠢᠯᠡᠳᠤᠨ᠎ᠠ᠃      ᠬᠤᠶᠠᠷ᠂ ᠡᠬᠦᠷᠬᠡ ᠬᠠᠷᠠᠯᠳᠠ ᠪᠠ ᠮᠡᠷᠬᠡᠵᠢᠯ ᠤᠨ ᠱᠠᠭᠠᠷᠳᠠᠯᠭ᠎ᠠ      ︵ᠨᠢᠬᠡ︶ ᠭᠤᠤᠯ ᠡᠬᠦᠷᠬᠡ᠃ ᠬᠤᠳᠠ ᠶᠢᠨ ᠮᠠᠯ ᠳᠠᠷᠢᠶᠠᠯᠠᠩ ᠤᠨ ᠳᠤᠪᠴᠢᠶ᠎ᠠ ᠶᠢᠨ ᠨᠢᠬᠡᠳᠤᠯᠳᠠᠢ ᠳᠤᠬᠢᠷᠠᠭᠤᠯᠭ᠎ᠠ ᠶᠤᠰᠤᠭᠠᠷ᠂ 2022 ᠤᠨ ᠳᠤ ᠪᠦᠬᠦ  ᠬᠤᠰᠢᠭᠤᠨ ᠳᠤ ᠨᠠᠶᠢᠳᠠ 1 ᠲᠦᠮᠡᠨ ᠮᠤ᠋ ᠶᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ ᠳᠡᠯᠬᠡᠷᠡᠬᠦᠯᠬᠦ ᠡᠬᠦᠷᠬᠡ ᠲᠠᠢ᠂ ᠪᠦᠬᠦ ᠬᠤᠰᠢᠭᠤᠨ ᠤ 4 ᠪᠠᠯᠭᠠᠰᠤ ᠲᠠᠢ ᠬᠤᠯᠪᠤᠭᠳᠠᠨ᠎ᠠ᠃ ᠡᠬᠦᠨ ᠳᠤ᠄ ᠪᠤᠷᠤᠪᠠᠯᠭᠠᠰᠤ ᠪᠠᠯᠭᠠᠰᠤ 0.4 ᠲᠦᠮᠡᠨ ᠮᠤ᠋᠂ ᠤᠯᠵᠠᠴᠢ ᠪᠠᠯᠭᠠᠰᠤ 0.2 ᠲᠦᠮᠡᠨ ᠮᠤ᠋᠂ ᠨᠠᠩᠰᠤ ᠪᠠᠯᠭᠠᠰᠤ 0.2 ᠲᠦᠮᠡᠨ ᠮᠤ᠋᠂ ᠱᠠᠩᠬᠠᠢ ᠶᠢᠨ ᠰᠦᠮ᠎ᠠ ᠪᠠᠯᠭᠠᠰᠤ 0.2 ᠲᠦᠮᠡᠨ ᠮᠤ᠋᠃ ᠵᠠᠷᠴᠢᠮ ᠳᠡᠬᠡᠷ᠎ᠡ ᠪᠠᠨ ᠠᠵᠤ ᠠᠬᠤᠶᠢᠯᠠᠯ᠂ ᠬᠤᠷᠰᠢᠶᠠᠵᠢᠯ᠂ ᠳᠠᠷᠢᠮᠠᠯ ᠤᠨ ᠳᠤᠮᠤ ᠡᠷᠤᠬᠡ ᠶᠢᠨ ᠬᠠᠷᠢᠴᠠᠩᠭᠤᠢ ᠪᠠᠷ ᠲᠦᠪᠯᠡᠷᠡᠭᠰᠡᠨ ᠬᠠᠤᠯᠢ ᠶᠤᠰᠤᠨ ᠤ ᠳᠠᠷᠢᠶᠠᠨ ᠭᠠᠵᠠᠷ ᠲᠤ ᠳᠠᠷᠢᠬᠤ ᠶᠢ ᠱᠠᠭᠠᠷᠳᠠᠨ᠎ᠠ᠃      ︵ᠬᠤᠶᠠᠷ︶ ᠵᠢᠱᠢᠭᠰᠡᠨ ᠬᠠᠷᠠᠯᠳᠠ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠱᠠᠭᠠᠷᠳᠠᠯᠭ᠎ᠠ ᠶᠤᠰᠤᠭᠠᠷ᠂ ᠲᠦᠷᠤᠯ ᠡᠬᠦᠯᠳᠡᠷ ᠢ ᠰᠤᠩᠭᠤᠨ ᠳᠤᠬᠢᠷᠠᠭᠤᠯᠬᠤ᠂ ᠵᠠᠢ ᠶᠢ ᠦᠷᠬᠡᠤᠨᠬᠡᠨ ᠬᠡᠷᠡᠯ ᠤᠨ ᠳᠤᠰᠤᠯᠳᠠ ᠶᠢ ᠨᠡᠮᠡᠭᠳᠡᠬᠦᠯᠬᠦ᠂ ᠴᠢᠬᠢ ᠶᠢᠨ ᠵᠠᠢ ᠶᠢ ᠪᠠᠭᠠᠰᠬᠠᠨ ᠨᠢᠭᠳᠠᠴᠠ ᠶᠢ ᠪᠠᠳᠤᠯᠠᠬᠤ ᠪᠠᠷ ᠳᠠᠮᠵᠢᠨ᠂ ᠳᠠᠷᠢᠶᠠᠨ ᠭᠠᠵᠠᠷ ᠢ ᠳᠡᠭᠰᠢᠯᠡᠬᠦ ᠪᠠ ᠳᠠᠷᠢᠶᠠᠨ ᠭᠠᠵᠠᠷ ᠤᠨ ᠬᠠᠮᠢᠶᠠᠷᠤᠯᠳᠠ ᠶᠢ ᠴᠢᠩᠭᠠᠤᠨᠬᠠᠵᠤ᠂ ᠶᠡᠷᠤᠩᠬᠡᠢ ᠮᠡᠷᠬᠡᠵᠢᠯ ᠤᠨ ᠨᠤᠷᠮ᠎ᠠ ᠶᠢ ᠳᠡᠬᠡᠭᠰᠢᠯᠡᠬᠦᠯᠤᠨ᠂ ᠮᠤ᠋ ᠪᠦᠷᠢ ᠶᠢᠨ ᠨᠠᠶᠢᠯᠡᠮᠡᠯ ᠳᠠᠷᠢᠯᠳᠠ ᠶᠢᠨ ᠭᠠᠵᠠᠷ ᠤᠨ ᠡᠷᠳᠡᠨᠢ ᠰᠢᠰᠢ ᠶᠢᠨ ᠤᠨᠠᠯᠳᠠ ᠶᠢ ᠦᠨᠳᠤᠰᠤᠨ ᠳᠤ ᠪᠠᠨ ᠳᠤᠭᠳᠠᠭᠤᠨ ᠪᠠᠶᠢᠯᠭᠠᠵᠤ᠂ ᠤᠰᠤᠯᠠᠯᠳᠠ ᠶᠢᠨ ᠭᠠᠵᠠᠷ ᠲᠤ 150 ᠵᠢᠩ ᠤᠷᠴᠢᠮ ᠤᠨ ᠰᠢᠷ᠎ᠠ ᠪᠤᠷᠴᠠᠭ ᠤᠨ ᠤᠷᠤᠯᠭ᠎ᠠ ᠨᠡᠮᠡᠭᠳᠡᠬᠦᠯᠬᠦ ᠶᠢ ᠪᠠᠳᠤᠯᠠᠨ᠎ᠠ︔ ᠨᠤᠭᠤᠭᠠᠨ ᠳᠠᠷᠤᠰᠢ ᠶᠢᠨ ᠭᠠᠵᠠᠷ ᠲᠤ 1000 ᠵᠢᠩ ᠤᠷᠴᠢᠮ ᠤᠨ ᠠᠮᠢᠳᠤ ᠪᠤᠳᠠᠰ ᠤᠨ ᠬᠡᠮᠵᠢᠶ᠎ᠡ ᠶᠢ ᠨᠡᠮᠡᠭᠳᠡᠬᠦᠯᠤᠨ᠎ᠠ᠃      ︵ᠭᠤᠷᠪᠠ︶ ᠮᠡᠷᠬᠡᠵᠢᠯ ᠤᠨ ᠱᠠᠭᠠᠷᠳᠠᠯᠭ᠎ᠠ᠃ ᠨᠠᠶᠢᠮᠡᠯᠡᠯ ᠳᠠᠷᠢᠯᠳᠠ ᠶᠢᠨ ᠡᠷᠳᠡᠨᠢ ᠰᠢᠰᠢ ᠶᠢᠨ ᠬᠦᠪᠡᠭᠡ ᠵᠠᠬ᠎ᠠ ᠶᠢᠨ ᠳᠠᠪᠠᠭᠤᠯᠢᠭ ᠢ ᠬᠠᠮᠤᠭ ᠶᠡᠭᠡ ᠬᠡᠮᠵᠢᠶ᠎ᠠ  ᠪᠠᠷ ᠪᠠᠳᠠᠷᠠᠭᠤᠯᠬᠤ ᠮᠡᠷᠬᠡᠵᠢᠯ ᠤᠨ ᠱᠠᠭᠠᠷᠳᠠᠯᠭ᠎ᠠ ᠶᠤᠰᠤᠭᠠᠷ᠂ ᠡᠯ᠎ᠡ ᠪᠠᠯᠭᠠᠰᠤ ᠤᠶᠢᠯᠡᠤᠨᠪᠤᠷᠢᠯᠡᠯ ᠤᠨ ᠪᠤᠳᠠᠳᠤ ᠪᠠᠶᠢᠳᠠᠯ ᠪᠠ ᠡᠳᠤᠬᠡ ᠪᠠᠶᠢᠭ᠎ᠠ ᠮᠠᠰᠢᠨ ᠳᠤᠨᠤᠭᠯᠠᠯ  ᠤᠨ ᠪᠠᠶᠢᠳᠠᠯ ᠢᠶᠠᠨ ᠦᠨᠳᠤᠰᠤᠯᠡᠨ ᠭᠠᠵᠠᠷ ᠤᠷᠤᠨ ᠳᠤ ᠨᠢ ᠳᠤᠬᠢᠷᠠᠭᠤᠯᠤᠨ 2 ᠮᠦᠷ ᠪᠤᠶᠤ 4 ᠮᠦᠷ ᠰᠢᠷ᠎ᠠ ᠪᠤᠷᠴᠠᠭ᠂ 4 ᠮᠦᠷ ᠡᠷᠳᠡᠨᠢ ᠰᠢᠰᠢ ᠶᠢᠨ ᠴᠢᠯᠤᠬᠡᠳᠤ ᠰᠤᠩᠭᠤᠯᠳᠠ ᠪᠠᠷ ᠪᠦᠰᠡᠯᠢᠭ ᠬᠡᠯᠪᠡᠷᠢ ᠶᠢ ᠳᠤᠭᠳᠠᠭᠠᠵᠤ ᠪᠤᠯᠤᠨ᠎ᠠ᠃ ᠤᠶᠢᠯᠡᠤᠨᠪᠤᠷᠢᠯᠡᠯ ᠳᠤᠮᠳᠠ ᠰᠢᠷ᠎ᠠ ᠪᠤᠷᠴᠠᠭ ᠪᠠ ᠡᠷᠳᠠᠨᠢ ᠰᠢᠰᠢ ᠶᠢᠨ ᠳᠤᠬᠢᠷᠠᠮᠵᠢᠳᠠᠢ ᠲᠦᠷᠤᠯ ᠡᠬᠦᠯᠳᠡᠷ ᠢ ᠭᠤᠤᠯᠳᠠᠯᠭ᠎ᠠ ᠲᠠᠢ ᠰᠤᠩᠭᠤᠵᠤ᠂ ᠠᠳᠠᠯᠢ ᠪᠤᠰᠤ ᠶᠢᠨ ᠪᠦᠰᠡᠯᠢᠭ ᠳᠤᠤᠷ᠎ᠠ ᠡᠷᠳᠡᠨᠢ ᠰᠢᠰᠢ ᠶᠢᠨ ᠳᠠᠷᠢᠯᠳᠠ ᠶᠢᠨ ᠨᠢᠭᠳᠠᠴᠠ ᠶᠢ ᠪᠠᠷᠢᠮᠵᠢᠶ᠎ᠠ ᠳᠤ ᠨᠠᠶᠢᠴᠡᠬᠦᠯᠵᠤ᠂ ᠤᠰᠤ ᠪᠤᠷᠳᠤᠭᠤᠷ ᠤᠨ ᠬᠠᠮᠢᠶᠠᠷᠤᠯᠳᠠ ᠶᠢ ᠤᠨᠤᠪᠴᠢᠳᠠᠢ ᠪᠠᠶᠢᠯᠭᠠᠨ᠂ ᠡᠪᠡᠰᠤ ᠠᠷᠢᠯᠭᠠᠬᠤ ᠪᠠ ᠡᠪᠡᠤᠨᠴᠢᠨ ᠬᠤᠷᠤᠬᠠᠢ ᠶᠢᠨ ᠬᠦᠨᠤᠬᠡᠯ ᠢ ᠰᠡᠷᠬᠡᠶᠢᠯᠡᠨ ᠵᠠᠰᠠᠬᠤ ᠮᠡᠷᠬᠡᠵᠢᠯ ᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ ︵ᠨᠠᠷᠢᠨ ᠪᠠᠶᠢᠳᠠᠯ ᠢ ᠳᠠᠷᠢᠯᠳᠠ ᠶᠢᠨ ᠮᠡᠷᠬᠡᠵᠢᠯ ᠤᠨ ᠶᠠᠪᠤᠴᠠ ᠠᠴᠠ ᠦᠵᠡᠬᠡᠷᠡᠢ︶᠃      ᠭᠤᠷᠪᠠ᠂ ᠠᠵᠢᠯ ᠤᠨ ᠠᠬᠢᠴᠠ      ᠬᠤᠰᠢᠭᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠠᠵᠢᠯ ᠤᠨ ᠳᠤᠰᠬᠠᠢ ᠪᠠᠭ ᠠᠴᠠ ᠳᠤᠬᠢᠷᠠᠭᠤᠯᠬᠤ᠂  ᠶᠠᠷᠤᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠠᠵᠢᠯ ᠤᠨ ᠳᠤᠰᠬᠠᠢ ᠮᠡᠷᠬᠡᠵᠢᠯᠳᠠᠨ ᠤ ᠵᠢᠯᠤᠭᠤᠤᠨᠬᠤ ᠳᠤᠭᠤᠶᠢᠯᠠᠩ ᠠᠴᠠ ᠪᠤᠯᠪᠠᠰᠤᠷᠠᠯ ᠢ ᠵᠤᠬᠢᠶᠠᠨ ᠪᠠᠶᠢᠭᠤᠯᠬᠤ ᠪᠠ ᠮᠡᠷᠬᠡᠵᠢᠯ ᠤᠨ ᠤᠶᠢᠯᠡᠴᠢᠯᠡᠬᠡᠨ ᠤ ᠵᠢᠯᠤᠭᠤᠳᠤᠯᠭ᠎ᠠ ᠶᠢ ᠬᠠᠷᠢᠭᠤᠴᠠᠨ᠎ᠠ᠃      ᠬᠠᠪᠤᠷ ᠤᠨ ᠳᠠᠷᠢᠯᠭ᠎ᠠ ᠠᠴᠠ ᠡᠮᠤᠨ᠎ᠡ᠄ ᠡᠯ᠎ᠡ ᠪᠠᠯᠭᠠᠰᠤ ᠡᠬᠦᠷᠬᠡ ᠪᠠᠨ ᠪᠤᠳᠠᠳᠠᠢ ᠭᠠᠵᠠᠷ ᠲᠤ ᠨᠢ ᠨᠠᠶᠢᠳᠠᠪᠤᠷᠢᠵᠢᠭᠤᠯᠤᠨ᠂ ᠮᠡᠷᠬᠡᠵᠢᠯ ᠢᠶᠠᠨ ᠪᠤᠳᠠᠳᠤ ᠬᠦᠮᠤᠨ  ᠳᠤ ᠨᠢ ᠡᠵᠡᠮᠳᠡᠬᠦᠯᠵᠤ᠂ ᠲᠦᠷᠤᠯ ᠡᠬᠦᠯᠳᠡᠷ ᠢ ᠡᠷᠤᠬᠡ ᠳᠤ ᠨᠢ ᠨᠦᠬᠡᠴᠡᠯᠡᠬᠦ ᠶᠢ ᠪᠠᠳᠤᠯᠠᠨ᠎ᠠ᠃      3 ᠰᠠᠷ᠎ᠠ ᠶᠢᠨ 15 ᠠᠴᠠ ᠡᠮᠤᠨ᠎ᠡ᠄ ᠡᠯ᠎ᠡ ᠪᠠᠯᠭᠠᠰᠤ ᠭᠤᠤᠯ ᠴᠤᠭᠴᠠ᠂ ᠭᠠᠵᠠᠷ ᠰᠢᠷᠤᠢ᠂ ᠪᠦᠰᠡᠯᠢᠭ ᠤᠨ ᠬᠡᠯᠪᠡᠷᠢ᠂ ᠲᠦᠷᠤᠯ ᠡᠬᠦᠯᠳᠡᠷ ᠢᠶᠠᠨ ᠳᠤᠭᠳᠠᠭᠠᠵᠤ᠂ ᠰᠢᠷ᠎ᠠ ᠪᠤᠷᠴᠠᠭ ᠤᠨ ᠦᠷ᠎ᠠ ᠶᠢᠨ ᠨᠦᠬᠡᠴᠡᠯᠡᠯᠳᠠ ᠶᠢᠨ ᠪᠠᠶᠢᠳᠠᠯ ᠪᠠ ᠬᠠᠩᠭᠠᠯᠭ᠎ᠠ ᠶᠢᠨ ᠳᠤᠳᠠᠭᠤᠳᠠᠯ ᠢᠶᠠᠨ ᠴᠠᠭ ᠳᠤᠬᠠᠢ ᠳᠤ ᠨᠢ ᠳᠤᠬᠢᠷᠠᠭᠤᠯᠤᠨ᠂ ᠳᠤᠬᠢᠷᠠᠮᠵᠢᠳᠠᠢ ᠰᠢᠷ᠎ᠠ ᠪᠤᠷᠴᠠᠭ ᠢ ᠤᠷᠢᠤᠨᠴᠢᠯᠡᠨ ᠬᠤᠳᠠᠯᠳᠤᠨ ᠠᠪᠴᠤ ᠨᠦᠬᠡᠴᠡᠯᠡᠵᠤ᠂ ᠬᠠᠤᠯᠢ ᠳᠤᠭᠳᠠᠭᠠᠯ ᠳᠤ ᠨᠠᠶᠢᠴᠡᠭᠰᠡᠨ ᠰᠢᠯᠢᠳᠡᠭ ᠦᠷ᠎ᠠ ᠶᠢᠨ ᠬᠦᠢᠴᠡᠤᠨ ᠬᠠᠩᠭᠠᠯᠭ᠎ᠠ ᠶᠢ ᠪᠠᠳᠤᠯᠠᠨ᠎ᠠ᠃      3 ᠰᠠᠷ᠎ᠠ ᠶᠢᠨ ᠰᠡᠬᠦᠯᠴᠢ ᠠᠴᠠ ᠡᠮᠤᠨ᠎ᠡ᠄ ᠤᠷᠤᠨ ᠪᠦᠰᠡ ᠬᠤᠪᠢᠶᠠᠨ ᠳᠠᠷᠢᠬᠤ ᠮᠠᠰᠢᠨ ᠮᠧᠬᠠᠨᠢᠭ ᠤᠨ ᠪᠤᠯᠪᠠᠰᠤᠷᠠᠯ ᠤᠨ ᠦᠵᠡᠬᠦᠯᠬᠡ ᠶᠢ ᠦᠷᠨᠢᠬᠦᠯᠤᠨ᠂ ᠳᠠᠷᠢᠯᠳᠠ ᠶᠢᠨ ᠮᠠᠰᠢᠨ ᠮᠧᠬᠠᠨᠢᠭ ᠢ ᠦᠬᠡᠷᠡᠴᠢᠯᠡᠨ ᠨᠠᠶᠢᠳᠠᠪᠤᠷᠢᠵᠢᠭᠤᠯᠤᠨ᠎ᠠ︔ ᠳᠠᠷᠢᠯᠳᠠ ᠶᠢᠨ ᠡᠷᠤᠬᠡ ᠳᠤ ᠪᠤᠯᠪᠠᠰᠤᠷᠠᠯ ᠤᠨ ᠪᠦᠬᠦ ᠪᠦᠷᠬᠦᠴᠠ ᠶᠢ ᠪᠡᠶᠡᠯᠡᠬᠦᠯᠵᠤ᠂ ᠳᠤᠰᠬᠠᠢ ᠮᠡᠷᠬᠡᠵᠢᠯ ᠢᠶᠠᠷ ᠪᠠᠭᠤᠷᠠᠢ ᠭᠠᠵᠠᠷ ᠤᠷᠤᠨ ᠳᠤ ᠳᠤᠬᠠᠢ ᠶᠢᠨ ᠭᠠᠵᠠᠷ ᠤᠨ ᠵᠢᠯᠤᠭᠤᠳᠤᠯᠭ᠎ᠠ ᠪᠠ ᠪᠤᠯᠪᠠᠰᠤᠷᠠᠯ ᠢ ᠠᠳᠠᠭ ᠲᠤ ᠪᠠᠨ 2 ᠤᠳᠠᠭ᠎ᠠ ᠬᠢᠨ᠎ᠠ᠃      4 ᠰᠠᠷ᠎ᠠ ᠶᠢᠨ ᠳᠤᠮᠳᠠᠴᠢ ᠠᠴᠠ ᠡᠮᠤᠨ᠎ᠡ᠄ ᠳᠠᠷᠢᠯᠳᠠ ᠶᠢᠨ ᠮᠠᠰᠢᠨ ᠢᠶᠠᠨ ᠳᠠᠷᠢᠶᠠᠨ ᠭᠠᠵᠠᠷ ᠲᠤ ᠳᠤᠷᠰᠢᠵᠤ᠂ ᠳᠠᠷᠢᠭᠴᠢ ᠶᠢ ᠪᠤᠯᠪᠠᠰᠤᠷᠠᠭᠤᠯᠤᠨ᠂ ᠳᠠᠷᠢᠯᠳᠠ  ᠶᠢᠨ ᠮᠠᠰᠢᠨ ᠮᠡᠷᠬᠡᠵᠢᠯ ᠤᠨ ᠱᠠᠭᠠᠷᠳᠠᠯᠭ᠎ᠠ ᠶᠤᠰᠤᠭᠠᠷ ᠠᠵᠢᠯᠯᠠᠵᠤ᠂ ᠳᠠᠷᠢᠭᠴᠢ ᠲᠦᠷᠢᠮᠵᠢᠬᠦᠨ ᠠᠵᠢᠯᠯᠠᠵᠤ ᠴᠢᠳᠠᠬᠤ ᠪᠤᠯᠬᠤ ᠬᠡᠷᠡᠭᠳᠠᠢ᠃      ᠳᠠᠷᠢᠯᠳᠠ ᠶᠢᠨ ᠬᠤᠭᠤᠴᠠᠭ᠎ᠠ᠄ ᠳᠠᠷᠢᠯᠳᠠ ᠶᠢᠨ ᠮᠠᠰᠢᠨ ᠢ ᠨᠠᠶᠢᠳᠠᠪᠤᠷᠢᠵᠢᠭᠤᠯᠤᠨ᠂ ᠳᠤᠬᠢᠷᠠᠮᠵᠢᠳᠠᠢ ᠴᠠᠭ ᠲᠤ ᠳᠠᠷᠢᠵᠤ ᠳᠠᠷᠢᠯᠳᠠ ᠶᠢᠨ ᠴᠢᠨᠠᠷ ᠢ ᠪᠠᠳᠤᠯᠠᠨ᠎ᠠ᠃      ᠦᠰᠤᠯᠳᠠ ᠶᠢᠨ ᠤᠯᠠᠷᠢᠯ᠄ ᠳᠠᠷᠢᠶ᠎ᠠ ᠠᠷᠴᠢᠬᠤ᠂ ᠤᠷᠭᠤᠴᠠ ᠶᠢ ᠬᠠᠮᠠᠭᠠᠯᠠᠬᠤ ᠮᠠᠰᠢᠨ ᠢ ᠪᠤᠳᠠᠳᠠᠶᠢᠵᠢᠭᠤᠯᠤᠨ᠎ᠠ︔ ᠳᠠᠷᠢᠶ᠎ᠠ ᠠᠷᠴᠢᠬᠤ᠂ ᠡᠪᠡᠰᠤ ᠠᠷᠢᠯᠭᠠᠬᠤ ᠂ ᠪᠤᠷᠳᠤᠭᠤᠷ ᠤᠷᠤᠭᠤᠯᠬᠤ᠂ ᠤᠰᠤᠯᠠᠬᠤ᠂ ᠡᠪᠡᠤᠨᠴᠢᠨ ᠬᠤᠷᠤᠬᠠᠢ ᠶᠢᠨ ᠬᠦᠨᠤᠬᠡᠯ ᠢ ᠰᠡᠷᠬᠡᠶᠢᠯᠡᠨ ᠵᠠᠰᠠᠬᠤ ᠵᠡᠷᠬᠡ ᠭᠤᠭᠴᠤᠭ᠎ᠠ ᠶᠢᠨ ᠪᠦᠬᠦ ᠶᠠᠪᠤᠴᠠ ᠶᠢ ᠮᠦᠷᠳᠡᠨ ᠵᠢᠯᠤᠭᠤᠳᠤᠨ᠎ᠠ᠃ ᠳᠤᠭᠤᠷᠢᠨ ᠦᠵᠡᠭᠦᠯᠦᠯᠭᠡ ᠶᠢᠨ ᠪᠤᠯᠪᠠᠰᠤᠷᠠᠭᠤᠯᠤᠯ ᠵᠢᠴᠢ ᠤᠬᠠᠭᠤᠯᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠤᠨ᠎ᠠ᠃      ᠬᠤᠷᠢᠶᠠᠯᠳᠠ ᠶᠢᠨ ᠤᠯᠠᠷᠢᠯ᠄ ᠬᠤᠷᠢᠶᠠᠯᠳᠠ ᠶᠢᠨ ᠮᠠᠰᠢᠨ ᠢ ᠨᠠᠶᠢᠳᠠᠪᠤᠷᠢᠵᠢᠭᠤᠯᠤᠨ᠂ ᠤᠨᠠᠯᠳᠠ ᠶᠢ ᠬᠡᠮᠵᠢᠬᠦ ᠪᠠ ᠳᠤᠭ᠎ᠠ ᠮᠠᠭᠠᠤᠨ ᠴᠤᠭᠯᠠᠭᠤᠯᠬᠤ ᠶᠢ ᠰᠠᠶᠢᠳᠤᠷ ᠬᠢᠵᠤ᠂ ᠬᠠᠳᠠᠭᠠᠯᠠᠬᠤ ᠳᠡᠬᠡᠬᠡᠪᠤᠷᠢᠯᠡᠬᠦ ᠪᠤᠷᠤᠯᠠᠭᠤᠯᠬᠤ ᠵᠡᠷᠬᠡ ᠠᠰᠠᠭᠤᠳᠠᠯ ᠢ ᠵᠤᠬᠢᠴᠠᠭᠤᠯᠤᠨ ᠰᠢᠢᠤᠨᠪᠤᠷᠢᠯᠡᠨ᠎ᠡ᠃      ᠲᠦᠷᠪᠡ᠂ ᠪᠠᠳᠤᠯᠠᠭ᠎ᠠ ᠶᠢᠨ ᠠᠷᠭ᠎ᠠ ᠠᠪᠴᠠᠯ      ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠤᠨᠬᠠᠨ᠎ᠠ᠃ ᠡᠯ᠎ᠡ ᠪᠠᠯᠭᠠᠰᠤ ᠶᠢᠨ ᠬᠢᠨ ᠠᠵᠢᠯ ᠤᠨ ᠳᠤᠰᠬᠠᠢ ᠪᠠᠭ ᠪᠠᠶᠢᠭᠤᠯᠤᠨ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠷ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ ᠶᠢ ᠪᠠᠷᠢᠮᠳᠠᠯᠠᠵᠤ᠂ ᠡᠯ᠎ᠡ ᠵᠦᠢᠯ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠵᠤ ᠪᠤᠳᠠᠳᠠᠶᠢᠵᠢᠭᠤᠯᠤᠨ᠂ ᠨᠠᠶᠢᠯᠡᠮᠡᠯ ᠳᠠᠷᠢᠯᠳᠠ ᠶᠢᠨ ᠡᠬᠦᠷᠬᠡ ᠶᠢ ᠴᠢᠨᠠᠷᠯᠢᠭ ᠪᠡᠶᠡᠯᠡᠬᠦᠯᠬᠦ ᠳᠤ ᠵᠤᠬᠢᠶᠠᠨ ᠪᠠᠶᠢᠭᠤᠯᠤᠯᠳᠠ ᠶᠢᠨ ᠬᠦᠴᠤᠳᠤ ᠪᠠᠳᠤᠯᠠᠭ᠎ᠠ ᠬᠠᠩᠭᠠᠨ᠎ᠠ᠃      ︵ᠬᠤᠶᠠᠷ︶ ᠪᠤᠯᠪᠠᠰᠤᠷᠠᠯ ᠵᠢᠯᠤᠭᠤᠳᠤᠯᠭ᠎ᠠ ᠶᠢ ᠴᠢᠩᠭᠠᠤᠨᠬᠠᠨ᠎ᠠ᠃ ᠡᠯ᠎ᠡ ᠪᠠᠯᠭᠠᠰᠤ ᠶᠢᠨ ᠬᠢᠨ ᠮᠡᠷᠬᠡᠵᠢᠯ ᠤᠨ ᠵᠢᠯᠤᠭᠤᠳᠤᠯᠭ᠎ᠠ ᠶᠢᠨ ᠳᠤᠭᠤᠶᠢᠯᠠᠩ ᠪᠠᠶᠢᠭᠤᠯᠤᠨ᠂ ᠦᠪᠡᠷᠳᠡᠬᠡᠨ ᠵᠠᠰᠠᠬᠤ ᠤᠷᠤᠨ᠂ ᠬᠤᠳᠠ᠂ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠠᠵᠢᠯ ᠤᠨ ᠳᠤᠰᠬᠠᠢ ᠮᠡᠷᠬᠡᠵᠢᠯᠳᠠᠨ ᠤ ᠵᠢᠯᠤᠭᠤᠤᠨᠬᠤ ᠳᠤᠭᠤᠶᠢᠯᠠᠩ ᠲᠠᠢ ᠬᠠᠮᠵᠢᠯᠴᠠᠨ ᠳᠤᠰ ᠭᠠᠵᠠᠷ ᠤᠷᠤᠨ ᠤ ᠪᠠᠨ ᠮᠡᠷᠬᠡᠵᠢᠯ ᠤᠨ ᠵᠠᠭᠪᠤᠷ ᠢ ᠨᠠᠷᠢᠯᠢᠭᠵᠢᠭᠤᠯᠤᠨ ᠳᠡᠬᠦᠯᠳᠡᠷᠵᠢᠬᠦᠯᠵᠤ᠂ ᠳᠠᠷᠢᠯᠳᠠ ᠳᠤᠮᠳᠠ ᠤᠷᠤᠰᠢᠵᠤ ᠪᠠᠶᠢᠭ᠎ᠠ ᠪᠤᠳᠠᠳᠤ ᠠᠰᠠᠭᠤᠳᠠᠯ ᠪᠠ ᠬᠦᠴᠢᠷᠳᠠᠯ ᠢ ᠪᠦᠬᠦ ᠬᠦᠴᠤᠨ ᠢᠶᠠᠷ ᠰᠢᠢᠤᠨᠪᠤᠷᠢᠯᠡᠨ᠂ ᠮᠡᠷᠬᠡᠵᠢᠯ ᠤᠨ ᠵᠢᠯᠤᠭᠤᠳᠤᠯᠭ᠎ᠠ ᠶᠢ ᠪᠦᠬᠦᠶᠢᠯᠡ ᠬᠡᠷᠡᠭᠵᠢᠬᠦᠯᠵᠤ ᠪᠠᠶᠢᠭ᠎ᠠ ᠭᠤᠤᠯ ᠴᠤᠭᠴᠠ ᠪᠠ ᠳᠠᠷᠢᠵᠤ ᠪᠠᠶᠢᠭ᠎ᠠ ᠡᠷᠤᠬᠡ ᠳᠤ ᠲᠦᠬᠡᠮᠡᠯᠵᠢᠬᠦᠯᠬᠦ ᠶᠢ ᠪᠠᠳᠤᠯᠠᠨ᠎ᠠ᠃ ᠬᠠᠮᠳᠤ ᠳᠤ ᠨᠢ ᠴᠢᠨᠠᠷ ᠰᠠᠶᠢᠳᠠᠢ ᠦᠨᠳᠤᠷ ᠪᠦᠳᠤᠮᠵᠢᠳᠠᠢ ᠪᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ᠳᠠᠭᠤᠷᠢᠶᠠᠯ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠪᠠᠯᠭᠠᠰᠤ ᠶᠢᠨ  ᠬᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠳᠤᠷᠰᠢᠯᠳᠠ ᠶᠢᠨ ᠳᠠᠭᠤᠷᠢᠶᠠᠯ ᠢ ᠳᠤᠬᠢᠷᠠᠭᠤᠯᠵᠤ᠂ ᠨᠢᠬᠡ ᠪᠦᠯᠦᠭ ᠤᠷᠤᠨ ᠨᠤᠳᠤᠭ  ᠤᠨ ᠴᠢᠨᠠᠷ ᠢᠶᠠᠷ ᠴᠢᠩᠭ᠎ᠠ᠂ ᠤᠨᠠᠯᠳᠠ ᠪᠠᠷ ᠰᠠᠶᠢᠨ᠂ ᠠᠵᠤ ᠠᠬᠤᠢ ᠶᠢᠨ ᠦᠷ᠎ᠠ ᠪᠦᠳᠤᠮᠵᠢ ᠪᠠᠷ ᠦᠨᠳᠤᠷ ᠰᠢᠷ᠎ᠠ ᠪᠤᠷᠴᠠᠭ — ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠵᠠᠭᠪᠤᠷ ᠢ ᠰᠤᠩᠭᠤᠨ ᠭᠠᠷᠭᠠᠨ᠎ᠠ᠃      ︵ᠭᠤᠷᠪᠠ︶ ᠪᠡᠯᠡ ᠮᠦᠩᠬᠦ ᠶᠢᠨ ᠪᠠᠳᠤᠯᠠᠭ᠎ᠠ ᠶᠢ ᠴᠢᠩᠭᠠᠤᠨᠬᠠᠨ᠎ᠠ᠃ ᠳᠠᠷᠢᠯᠳᠠ ᠶᠢᠨ ᠳᠠᠯᠠᠪᠠᠢ ᠪᠠᠷ ᠤᠶᠢᠯᠡᠤᠨᠪᠤᠷᠢᠯᠡᠭᠴᠢ ᠳᠤ ᠡᠷᠳᠡᠨᠢ ᠰᠢᠰᠢ᠂ ᠰᠢᠷ᠎ᠠ ᠪᠤᠷᠴᠠᠭ ᠤᠨ ᠨᠦᠬᠦᠪᠤᠷᠢ ᠶᠢ ᠡᠳ᠋ᠯᠡᠬᠦᠯᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠢᠳᠡᠪᠬᠢᠳᠠᠢ ᠬᠠᠷᠢᠯᠴᠠᠵᠤ᠂ ᠤᠶᠢᠯᠡᠤᠨᠪᠤᠷᠢᠯᠡᠭᠴᠢ ᠶᠢᠨ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠨᠦᠬᠦᠪᠤᠷᠢ ᠶᠢᠨ ᠵᠦᠷᠢᠶ᠎ᠡ ᠶᠢ ᠶᠡᠬᠡᠰᠬᠡᠬᠦ ᠮᠦᠷᠳᠡᠬᠡᠨ ᠤᠯᠤᠰ ᠠᠴᠠ ᠪᠠᠰᠠ ᠱᠠᠭᠠᠷᠳᠠᠯᠭ᠎ᠠ ᠳᠤ ᠨᠡᠶᠢᠴᠡᠭᠰᠡᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠳᠤ ᠨᠦᠬᠦᠪᠤᠷᠢ ᠤᠯᠭᠤᠨ᠎ᠠ᠃ ᠳᠠᠷᠢᠶᠠᠯᠠᠩ ᠤᠨ ᠮᠠᠰᠢᠨ ᠤ ᠬᠤᠳᠠᠯᠳᠤᠨ ᠠᠪᠤᠯᠳᠠ ᠪᠠ ᠬᠡᠷᠡᠭᠯᠡᠬᠡᠨ ᠤ ᠨᠦᠬᠦᠪᠤᠷᠢ ᠶᠢᠨ ᠬᠦᠷᠢᠶ᠎ᠡ ᠬᠡᠪᠴᠢᠶᠡᠨ ᠳᠠᠬᠢ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠵᠠᠭᠪᠤᠷ ᠲᠤ ᠨᠠᠶᠢᠴᠡᠬᠦ ᠳᠠᠷᠢᠶᠠᠯᠠᠩ ᠤᠨ ᠮᠠᠰᠢᠨ ᠤ ᠨᠦᠬᠦᠪᠤᠷᠢ ᠶᠢᠨ ᠲᠦᠰᠤᠬᠡᠯᠡᠨ ᠪᠤᠳᠤᠬᠤ ᠬᠠᠷᠢᠴᠠᠯ ᠢ ᠤᠤᠯ ᠤᠨ 30% ᠳᠤ ᠬᠦᠷᠬᠦ ᠦᠬᠡᠢ ᠪᠠᠶᠢᠭᠰᠡᠨ ᠢ ᠳᠡᠬᠡᠭᠰᠢᠯᠡᠬᠦᠯᠤᠬᠡᠤᠨ 35% ᠳᠤ ᠬᠦᠷᠬᠡᠵᠤ᠂ ᠡᠩ ᠳᠡᠷᠢᠬᠦᠨ ᠳᠤ ᠨᠦᠬᠦᠪᠤᠷᠢᠯᠡᠬᠦ ᠶᠢ ᠬᠡᠷᠡᠭᠵᠢᠬᠦᠯᠤᠨ᠎ᠠ᠃ ᠡᠬᠦᠨ ᠤ ᠬᠠᠮᠳᠤ᠂ ᠮᠠᠯ ᠳᠠᠷᠢᠶᠠᠯᠠᠩ ᠤᠨ ᠤᠶᠢᠯᠡᠰ ᠤᠨ ᠨᠠᠶᠢᠬᠡᠮᠴᠢᠯᠡᠭᠰᠡᠨ ᠤᠶᠢᠯᠡᠴᠢᠯᠡᠭᠡ᠂  ᠦᠷ᠎ᠠ ᠡᠬᠦᠯᠳᠡᠷ ᠤᠨ ᠤᠶᠢᠯᠡᠰ᠂ ᠪᠤᠬᠢᠷᠳᠤᠯ ᠦᠬᠡᠢ ᠴᠢᠨᠠᠷ ᠰᠠᠶᠢᠳᠠᠢ ᠦᠨᠳᠤᠷ ᠪᠦᠳᠤᠮᠵᠢᠳᠠᠢ᠂ ᠳᠠᠷᠢᠶᠠᠯᠠᠩ ᠤᠨ ᠮᠡᠷᠬᠡᠵᠢᠯ  ᠤᠨ ᠳᠡᠯᠬᠡᠷᠡᠬᠦᠯᠤᠯᠳᠠ ᠶᠢᠨ ᠨᠦᠬᠦᠪᠤᠷᠢ᠂ ᠦᠨᠳᠤᠷ ᠬᠡᠪ ᠴᠢᠨᠠᠷᠳᠤ ᠮᠠᠯᠴᠢᠨ ᠳᠠᠷᠢᠶᠠᠴᠢᠨ ᠤ ᠪᠤᠯᠪᠠᠰᠤᠷᠠᠯ ᠵᠡᠷᠬᠡ ᠲᠦᠷᠤᠯ ᠵᠦᠢᠯ ᠢ ᠨᠠᠶᠢᠯᠡᠮᠡᠯ ᠳᠠᠷᠢᠯᠳᠠ ᠶᠢᠨ ᠡᠬᠦᠷᠬᠡ ᠶᠢ ᠡᠬᠦᠷᠬᠡᠯᠡᠵᠤ ᠪᠠᠶᠢᠭ᠎ᠠ ᠬᠦᠷᠢᠶ᠎ᠡ ᠴᠠᠷᠠᠭ᠎ᠠ ᠳᠡᠰᠢ ᠬᠡᠯᠪᠡᠶᠢᠯᠬᠡᠵᠤ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠪᠦᠷᠢᠮᠤᠰᠤᠨ ᠦᠪᠡᠷ ᠤᠨ ᠦᠷᠳᠡᠭ ᠤᠨ ᠳᠠᠭᠠᠤᠨᠬᠠᠯ ᠢ ᠢᠳᠡᠪᠬᠢᠳᠠᠢ ᠦᠷᠨᠢᠬᠦᠯᠤᠨ᠎ᠠ᠃      ︵ᠲᠦᠷᠪᠡ︶ ᠠᠵᠢᠯ ᠤᠨ ᠠᠷᠭ᠎ᠠ ᠠᠪᠴᠠᠯ ᠢ ᠨᠠᠷᠢᠯᠢᠭᠵᠢᠭᠤᠯᠤᠨ᠎ᠠ᠃ ᠳᠠᠩᠰᠠᠴᠢᠯᠠᠭᠰᠡᠨ ᠬᠠᠮᠢᠶᠠᠷᠤᠯᠳᠠ ᠶᠢ ᠬᠡᠷᠡᠭᠵᠢᠬᠦᠯᠤᠨ᠂ ᠡᠯ᠎ᠡ ᠪᠡᠯᠭᠠᠰᠤ ᠡᠬᠦᠷᠬᠡ ᠪᠠᠨ ᠠᠯᠢ ᠲᠦᠷᠬᠡᠨ ᠢᠶᠠᠷ ᠡᠷᠤᠬᠡ ᠳᠤ ᠬᠦᠷᠳᠡᠯ᠎ᠠ ᠭᠠᠵᠠᠷ ᠲᠤ ᠬᠦᠷᠳᠡᠯ᠎ᠡ ᠨᠠᠶᠢᠳᠠᠪᠤᠷᠢᠵᠢᠭᠤᠯᠵᠤ᠂ ᠳᠠᠷᠢᠶᠠᠨ ᠦᠷ᠎ᠠ ᠪᠠᠨ ᠢᠳᠡᠪᠬᠢᠳᠠᠢ ᠪᠡᠯᠡᠤᠨᠬᠡᠨ᠂ ᠠᠵᠢᠯ ᠤᠨ ᠳᠠᠩᠰᠠ ᠪᠠᠶᠢᠭᠤᠯᠤᠨ᠎ᠠ᠃ ᠬᠤᠰᠢᠭᠤ ᠮᠠᠯ ᠳᠠᠷᠢᠶᠠᠯᠠᠩ ᠤᠨ ᠤᠶᠢᠯᠡᠰ ᠤᠨ ᠮᠡᠷᠬᠡᠵᠢᠯ ᠤᠨ ᠳᠡᠯᠬᠡᠷᠡᠬᠦᠯᠤᠯᠳᠠ ᠶᠢᠨ ᠲᠦᠪ ᠳᠤᠰᠬᠠᠢ ᠨᠡᠶᠢᠬᠡᠮᠴᠢᠯᠡᠭᠰᠡᠨ ᠤᠶᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢ ᠳᠡᠮᠵᠢᠨ ᠳᠠᠷᠢᠬᠤ᠂ ᠤᠷᠭᠤᠴᠠ ᠶᠢ ᠬᠠᠮᠠᠭᠠᠯᠠᠬᠤ᠂ ᠬᠤᠷᠢᠶᠠᠬᠤ ᠵᠡᠷᠬᠡ ᠨᠢᠬᠡᠳᠤᠯᠳᠠᠢ ᠨᠠᠶᠢᠬᠡᠮᠴᠢᠯᠡᠭᠰᠡᠨ ᠤᠶᠢᠯᠡᠴᠢᠯᠡᠭᠡ ᠦᠷᠨᠢᠬᠦᠯᠵᠤ᠂ ᠠᠵᠢᠯ ᠤᠨ ᠪᠦᠳᠤᠮᠵᠢ ᠪᠠ ᠠᠵᠢᠯ ᠤᠨ ᠴᠢᠨᠰᠠᠭ᠎ᠠ ᠪᠠᠨ ᠪᠦᠳᠤᠮᠵᠢᠳᠠᠢ ᠳᠡᠬᠡᠭᠰᠢᠯᠡᠬᠦᠯᠤᠨ᠎ᠠ︔ ᠡᠬᠦᠨ ᠤ ᠬᠠᠮᠳᠤ ᠳᠠᠷᠢᠶᠠᠨ ᠦᠷ᠎ᠠ ᠶᠢᠨ ᠬᠡᠷᠡᠭᠴᠡᠭᠡ ᠶᠢ ᠴᠠᠭ ᠳᠤᠬᠠᠢ  ᠳᠤ ᠨᠢ ᠳᠤᠬᠢᠷᠠᠭᠤᠯᠵᠤ᠂ ᠦᠷ᠎ᠠ ᠶᠢᠨ ᠢᠷᠠᠯᠳᠠ ᠶᠢᠨ ᠪᠠᠶᠢᠭ᠎ᠠ ᠭᠠᠵᠠᠷ ᠲᠠᠢ ᠬᠠᠷᠢᠯᠴᠠᠨ᠂ ᠳᠤᠬᠢᠷᠠᠮᠵᠢᠳᠠᠢ ᠦᠷ᠎ᠠ ᠶᠢᠨ ᠲᠦᠷᠤᠯ ᠤᠨ ᠳᠠᠩᠰᠠ ᠪᠡᠯᠡᠤᠨᠬᠡᠯ ᠵᠡᠷᠬᠡ ᠠᠵᠢᠯ ᠢ ᠲᠦᠷᠬᠡᠨ ᠪᠡᠶᠡᠯᠡᠬᠦᠯᠤᠨ᠎ᠠ︔ ᠬᠤᠰᠢᠭᠤ ᠳᠠᠷᠢᠶᠠᠯᠠᠩ ᠤᠨ ᠮᠠᠰᠢᠨ ᠤ ᠤᠶᠢᠯᠡᠴᠢᠯᠡᠬᠡᠨ ᠤ ᠲᠦᠪ ᠤᠨ ᠬᠢᠨ ᠳᠠᠷᠢᠶᠠᠯᠠᠩ ᠤᠨ ᠮᠠᠰᠢᠨ ᠢ ᠰᠤᠳᠤᠯᠬᠤ ᠤᠶᠢᠯᠡᠤᠨᠪᠤᠷᠢᠯᠡᠬᠦ ᠪᠠ ᠦᠬᠡᠷᠡᠴᠢᠯᠡᠬᠦ ᠶᠢ ᠵᠢᠯᠤᠭᠤᠤᠨᠴᠤ᠂ ᠳᠠᠷᠢᠬᠤ᠂ ᠪᠤᠷᠳᠤᠭᠤᠷ ᠤᠷᠤᠭᠤᠯᠬᠤ᠂ ᠤᠷᠭᠤᠴᠠ ᠶᠢ ᠬᠠᠮᠠᠭᠠᠯᠠᠬᠤ᠂ ᠬᠤᠷᠢᠶᠠᠬᠤ ᠭᠤᠭᠴᠤᠭ᠎ᠠ ᠶᠢᠨ ᠮᠧᠬᠠᠨᠢᠭᠵᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠬᠢᠵᠤ᠂ ᠮᠠᠰᠢᠨ ᠲᠦᠬᠦᠬᠡᠷᠤᠮᠵᠢ ᠶᠢᠨ ᠬᠠᠩᠭᠠᠮᠵᠢᠳᠠᠢ ᠪᠠᠶᠢᠬᠤ ᠶᠢ ᠪᠠᠳᠤᠯᠠᠨ᠎ᠠ︔ ᠬᠤᠰᠢᠭᠤ ᠮᠠᠯ ᠳᠠᠷᠢᠶᠠᠯᠠᠩ ᠤᠨ ᠤᠶᠢᠯᠡᠰ ᠤᠨ ᠮᠡᠷᠬᠡᠵᠢᠯ ᠤᠨ ᠳᠡᠯᠬᠡᠷᠡᠬᠦᠯᠤᠯᠳᠠ ᠶᠢᠨ ᠲᠦᠪ ᠪᠠ ᠡᠯ᠎ᠡ ᠪᠠᠯᠭᠠᠰᠤ ᠶᠢᠨ ᠶᠡᠷᠤᠩᠬᠡᠶᠢᠯᠡᠭᠰᠡᠨ ᠪᠠᠳᠤᠯᠠᠭ᠎ᠠ ᠪᠠ ᠮᠡᠷᠬᠡᠵᠢᠯ ᠤᠨ ᠳᠡᠯᠬᠡᠷᠡᠬᠦᠯᠤᠯᠳᠠ ᠶᠢᠨ ᠲᠦᠪ ᠠᠴᠠ ᠳᠠᠷᠢᠯᠳᠠ ᠶᠢᠨ ᠡᠷᠤᠬᠡ ᠶᠢᠨ ᠪᠤᠯᠪᠠᠰᠤᠷᠠᠯ ᠢ ᠢᠳᠡᠪᠬᠢᠳᠠᠢ ᠬᠠᠪᠰᠤᠷᠤᠨ ᠵᠤᠬᠢᠶᠠᠨ ᠪᠠᠶᠢᠭᠤᠯᠤᠨ᠎ᠠ᠃      ︵ᠳᠠᠪᠤ︶ ᠪᠦᠳᠤᠮᠵᠢ ᠶᠢᠨ ᠬᠢᠨᠠᠨ ᠰᠢᠯᠭᠠᠯᠳᠠ ᠶᠢ ᠴᠢᠩᠭᠠᠤᠨᠬᠠᠨ᠎ᠠ᠃ ᠪᠦᠰᠡᠯᠢᠭ ᠨᠠᠶᠢᠯᠡᠮᠡᠯ ᠳᠠᠷᠢᠯᠳᠠ ᠶᠢ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠤᠨ ᠬᠠᠮᠳᠤ ᠶᠢᠨ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠶᠢᠨ ᠭᠤᠤᠯ ᠠᠭᠤᠯᠭ᠎ᠠ ᠪᠤᠯᠭᠠᠵᠤ᠂ ᠡᠯ᠎ᠡ ᠪᠠᠯᠭᠠᠰᠤ ᠶᠢᠨ ᠬᠢᠨ ᠳᠤᠭᠳᠠᠭᠠᠭᠰᠡᠨ ᠭᠤᠤᠯ ᠴᠤᠭᠴᠠ ᠂ ᠳᠠᠯᠠᠪᠠᠢ ᠪᠠᠨ 5 ᠰᠠᠷ᠎ᠠ ᠶᠢᠨ 20 ᠤ ᠡᠳᠤᠷ ᠠᠴᠠ ᠡᠮᠤᠨ᠎ᠡ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠳᠤ ᠮᠡᠳᠡᠬᠦᠯᠬᠦ ᠮᠦᠷᠳᠡᠬᠡᠨ ᠳᠠᠷᠢᠯᠳᠠ ᠶᠢᠨ ᠭᠠᠵᠠᠷ ᠤᠨ ᠲᠦᠷᠪᠡᠨ ᠵᠠᠬ᠎ᠠ ᠶᠢᠨ ᠮᠡᠳᠡᠭᠡ ᠵᠠᠩᠬᠢ ᠪᠠᠨ 7 ᠰᠠᠷ᠎ᠠ ᠶᠢᠨ 1 ᠤ ᠡᠳᠤᠷ ᠠᠴᠠ ᠡᠮᠤᠨ᠎ᠡ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠳᠤ ᠮᠡᠳᠡᠬᠦᠯᠤᠨ᠎ᠠ᠃ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠡᠯ᠎ᠡ ᠪᠠᠯᠭᠠᠰᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠳᠠᠯᠠᠪᠠᠢ ᠶᠢᠨ ᠨᠠᠶᠢᠳᠠᠪᠤᠷᠢᠵᠢᠭᠤᠯᠤᠯᠳᠠ ᠶᠢ ᠤᠯᠠᠨ ᠵᠦᠢᠯ ᠤᠨ ᠠᠷᠭ᠎ᠠ ᠪᠠᠷᠢᠯ ᠢᠶᠠᠷ ᠬᠢᠨᠠᠨ ᠪᠠᠶᠢᠴᠠᠭᠠᠵᠤ᠂ ᠡᠬᠦᠷᠬᠡ ᠪᠠᠨ ᠪᠡᠶᠡᠯᠡᠬᠦᠯᠦᠭᠰᠡᠨ ᠪᠠᠶᠢᠳᠠᠯ ᠢ ᠬᠢᠨᠠᠨ ᠰᠢᠯᠭᠠᠬᠤ ᠮᠦᠷᠳᠡᠬᠡᠨ ᠠᠵᠢᠯ ᠤᠨ ᠠᠬᠢᠭᠤᠯᠤᠯᠳᠠ ᠶᠢᠨ ᠪᠠᠶᠢᠳᠠᠯ᠂ ᠪᠡᠶᠡᠯᠡᠬᠦᠯᠦᠭᠰᠡᠨ ᠴᠢᠨᠰᠠᠭ᠎ᠠ ᠶᠢ ᠴᠤ ᠬᠢᠨᠠᠨ ᠰᠢᠯᠭᠠᠨ᠎ᠠ᠃ ᠡᠯ᠎ᠡ ᠪᠠᠯᠭᠠᠰᠤ ᠪᠡᠯᠡ ᠮᠦᠩᠬᠦ᠂ ᠮᠡᠷᠬᠡᠵᠢᠯ ᠪᠠ ᠳᠠᠯᠠᠪᠠᠢ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠠᠵᠢᠯ ᠤᠨ ᠳᠠᠩᠰᠠ ᠡᠪᠬᠡᠮᠡᠯ᠂ ᠨᠦᠬᠦᠪᠤᠷᠢ ᠶᠢᠨ ᠳᠠᠩᠰᠠ ᠶᠢ ᠪᠦᠷᠢᠨᠰᠢᠬᠦᠯᠤᠨ᠂ ᠳᠠᠷᠢᠯᠳᠠ ᠶᠢᠨ ᠭᠠᠵᠠᠷ᠂ ᠳᠠᠷᠢᠭᠰᠡᠨ ᠳᠠᠯᠠᠪᠠᠢ ᠪᠠ ᠲᠦᠷᠪᠡᠨ ᠵᠠᠬ᠎ᠠ ᠶᠢᠨ ᠮᠡᠳᠡᠭᠡ ᠵᠠᠩᠬᠢ ᠶᠢ ᠳᠡᠮᠳᠡᠭᠯᠡᠵᠤ᠂ ᠨᠠᠷᠢᠯᠢᠭ ᠤᠨᠤᠪᠴᠢᠳᠠᠢ ᠬᠢᠨᠠᠯᠳᠠ ᠬᠠᠮᠢᠶᠠᠷᠤᠯᠳᠠ ᠶᠢ ᠨᠠᠶᠢᠳᠠᠪᠤᠷᠢᠵᠢᠭᠤᠯᠤᠨ᠂ ᠪᠡᠯᠡ ᠮᠦᠩᠬᠦ ᠶᠢᠨ ᠬᠠᠮᠢᠶᠠᠷᠤᠯᠳᠠ ᠶᠢ ᠴᠢᠩᠭᠠᠤᠨᠬᠠᠵᠤ᠂ ᠦᠯᠡᠳᠡᠬᠡᠬᠦ᠂ ᠨᠡᠬᠦᠯᠬᠡᠬᠦ᠂ ᠰᠢᠯᠵᠢᠬᠦᠯᠬᠦ ᠵᠡᠷᠬᠡ ᠬᠠᠤᠯᠢ ᠲᠦᠷᠢᠮ ᠢ ᠵᠦᠷᠢᠴᠡᠭᠰᠡᠨ ᠪᠠᠶᠢᠳᠠᠯ ᠢᠯᠡᠷᠡᠬᠦ ᠶᠢ ᠡᠷᠡᠰ ᠰᠡᠷᠬᠡᠶᠢᠯᠡᠨ᠎ᠡ᠃      ︵ᠵᠢᠷᠭᠤᠭ᠎ᠠ︶ ᠶᠠᠷᠢᠶ᠎ᠠ ᠬᠡᠯᠡᠯᠴᠡᠬᠡᠨ ᠤ ᠵᠢᠯᠤᠭᠤᠳᠤᠯᠭ᠎ᠠ ᠶᠢ ᠴᠢᠩᠭᠠᠤᠨᠬᠠᠨ᠎ᠠ᠃ ᠡᠯ᠎ᠡ ᠪᠠᠯᠭᠠᠰᠤ ᠷᠠᠳᠢᠤ᠋᠂ ᠲᠧᠯᠸᠢᠰ᠂ ᠰᠦᠯᠵᠢᠶ᠎ᠡ᠂ ᠤᠬᠤᠷ ᠴᠢᠮᠡᠭᠡ ᠵᠡᠷᠬᠡ ᠤᠯᠠᠨ ᠵᠦᠢᠯ ᠤᠨ ᠬᠡᠯᠪᠡᠷᠢ ᠪᠠᠷ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠲᠦᠷᠤ ᠶᠢᠨ ᠪᠤᠳᠤᠯᠭ᠎ᠠ ᠶᠢ ᠤᠬᠠᠭᠤᠯᠵᠤ᠂ ᠳᠤᠰ ᠮᠡᠷᠬᠡᠵᠢᠯ ᠤᠨ ︽ᠨᠢᠬᠡ ᠭᠠᠵᠠᠷ ᠢᠶᠠᠷ ᠤᠯᠠᠨ ᠬᠤᠷᠢᠶᠠᠬᠤ᠂ ᠨᠢᠬᠡ ᠵᠦᠢᠯ ᠢᠶᠠᠷ ᠤᠯᠠᠨ ᠠᠰᠢᠭ ᠤᠯᠬᠤ᠂ ᠨᠢᠬᠡ ᠤᠯᠠᠷᠢᠯ ᠳᠤ ᠤᠯᠠᠨ ᠬᠡᠷᠡᠭᠯᠡᠬᠦ︾ ᠵᠡᠷᠬᠡ ᠳᠠᠪᠠᠭᠤᠯᠢᠭ ᠤᠨ ᠤᠬᠠᠭᠤᠯᠭ᠎ᠠ ᠪᠠ ᠪᠤᠯᠪᠠᠰᠤᠷᠠᠯ ᠢ ᠴᠢᠩᠭᠠᠤᠨᠬᠠᠨ᠂ ᠳᠠᠷᠢᠯᠳᠠ ᠶᠢᠨ ᠳᠤᠮᠤ ᠡᠷᠤᠬᠡ᠂ ᠬᠤᠷᠰᠢᠶᠠᠵᠢᠯ ᠢ ᠵᠢᠯᠤᠭᠤᠳᠤᠨ ᠳᠤᠰ ᠲᠦᠷᠤᠯ ᠤᠨ ᠮᠡᠷᠬᠡᠵᠢᠯ  ᠤᠨ ᠳᠠᠨᠢᠯᠳᠠ ᠶᠢ ᠤᠯᠠᠮ ᠳᠡᠬᠡᠭᠰᠢᠯᠡᠬᠦᠯᠤᠨ᠎ᠠ᠃ ᠳᠠᠷᠢᠶᠠᠯᠠᠩ ᠤᠨ ᠤᠶᠢᠯᠡᠰ ᠤᠨ ᠵᠠᠩᠬᠢᠯᠠᠭ᠎ᠠ ᠶᠢᠨ ᠬᠤᠭᠤᠴᠠᠭᠠᠨ ᠳᠤ ᠳᠤᠬᠠᠢ ᠶᠢᠨ ᠳᠠᠯᠠᠪᠤᠷ ᠤᠨ ᠦᠵᠡᠬᠦᠯᠤᠯᠬᠡ  ᠶᠢᠨ ᠪᠤᠯᠪᠠᠰᠤᠷᠠᠯ ᠤᠨ ᠬᠤᠷᠠᠯ ᠢ ᠴᠠᠭ ᠳᠤᠬᠠᠢ ᠳᠤ ᠨᠢ ᠵᠤᠬᠢᠶᠠᠨ ᠪᠠᠶᠢᠭᠤᠯᠵᠤ᠂ ᠨᠠᠶᠢᠬᠡᠮ ᠤᠨ ᠡᠯ᠎ᠡ ᠡᠳᠡᠬᠡᠤᠨ ᠤᠨ ᠬᠢᠨ ᠢ ᠵᠢᠯᠤᠭᠤᠳᠤᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ ᠬᠠᠯᠠᠮᠵᠢᠯᠠᠨ ᠳᠡᠮᠵᠢᠵᠤ᠂ ᠨᠠᠶᠢᠳᠡᠯᠢᠭ ᠵᠢᠱᠢᠶ᠎ᠠ᠂ ᠰᠤᠨᠢᠨ ᠮᠡᠳᠡᠬᠡᠨ ᠤ ᠮᠡᠳᠡᠬᠡᠯᠡᠯ ᠵᠡᠷᠬᠡ ᠠᠷᠭ᠎ᠠ ᠪᠠᠷ ᠤᠬᠠᠭᠤᠯᠭ᠎ᠠ  ᠶᠢᠨ ᠪᠦᠳᠤᠮᠵᠢ ᠪᠠᠨ ᠶᠡᠬᠡᠤᠨᠬᠡᠨ᠂ ᠤᠬᠢ ᠰᠠᠶᠢᠨ ᠶᠠᠷᠢᠶ᠎ᠠ ᠬᠡᠯᠡᠯᠴᠡᠭᠡᠨ ᠤ ᠤᠷᠴᠢᠨ ᠢ ᠪᠤᠢ ᠪᠤᠯᠭᠠᠨ᠎ᠠ᠃      ᠳᠠᠭᠠᠯᠳᠤᠭᠤᠯᠤᠯ᠄ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠲᠦᠷᠢᠮᠳᠠᠭᠠᠯᠳᠤᠭᠤᠯᠤᠯ      ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠲᠦᠷᠢᠮ      ᠨᠢᠬᠡ᠂ ᠭᠠᠵᠠᠷ ᠰᠤᠩᠭᠤᠵᠤ ᠭᠠᠵᠠᠷ ᠳᠡᠭᠰᠢᠯᠡᠬᠦ᠃ ᠤᠰᠤᠯᠠᠯᠳᠠ ᠶᠢᠨ ᠨᠦᠬᠦᠴᠡᠯ ᠲᠠᠢ᠂ ᠳᠤᠰᠤᠯᠭᠠᠨ ᠤᠰᠤᠯᠠᠯᠳᠠ ᠬᠢᠵᠤ ᠪᠤᠯᠬᠤ ᠭᠠᠵᠠᠷ ᠢ ᠰᠤᠩᠭᠤᠵᠤ᠂ ᠡᠷᠳᠡᠨᠢ ᠰᠢᠰᠢ᠂ ᠰᠢᠷ᠎ᠠ ᠪᠤᠷᠴᠠᠭ ᠤᠨ ᠳᠠᠷᠢᠯᠳᠠ ᠶᠢᠨ ᠶᠠᠪᠤᠴᠠ ᠳᠠᠬᠢ ᠪᠤᠷᠳᠤᠭᠤᠷ ᠤᠰᠤ ᠶᠢ ᠳᠤᠬᠢᠷᠠᠭᠤᠯᠤᠨ ᠡᠵᠡᠮᠳᠡᠬᠦ ᠳᠤ ᠲᠦᠬᠦᠮ ᠪᠤᠯᠭᠠᠨ᠎ᠠ᠃ ᠭᠠᠵᠠᠷ ᠤᠨ ᠦᠩ ᠰᠢᠮ᠎ᠠ ᠨᠢ ᠳᠤᠮᠳᠠ ᠠᠴᠠ ᠳᠡᠬᠡᠭᠰᠢ᠂ ᠭᠠᠵᠠᠷ ᠤᠨ ᠬᠦᠴᠤ ᠨᠢ ᠵᠢᠭᠳᠡ᠂ ᠬᠦᠷᠤᠰᠤᠨ ᠤ ᠳᠠᠪᠬᠤᠷᠭ᠎ᠠ ᠨᠢ ᠵᠤᠵᠠᠭᠠᠨ᠂ ᠤᠰᠤ ᠭᠠᠳᠠᠭᠰᠢᠯᠠᠭᠤᠯᠬᠤ ᠨᠢ ᠰᠠᠶᠢᠨ ᠪᠠᠶᠢᠬᠤ ᠬᠡᠷᠡᠭᠳᠠᠢ᠃ ᠲᠦᠷᠤᠬᠦᠴᠢ ᠶᠢᠨ ᠳᠠᠷᠢᠮᠠᠯ ᠢ ᠬᠤᠷᠢᠶᠠᠭᠰᠡᠨ ᠤ ᠳᠠᠷᠠᠭ᠎ᠠ᠂ ᠡᠰᠢ ᠰᠦᠷᠡᠯ ᠢ ᠨᠢ ᠴᠠᠭ ᠳᠤᠬᠠᠢ ᠳᠤ ᠨᠢ ᠪᠤᠭᠤᠵᠢᠯᠠᠨ ᠬᠤᠷᠢᠶᠠᠵᠤ᠂ ᠦᠯᠡᠳᠡᠭᠳᠡᠯ ᠰᠦᠯᠢᠶᠤᠤ ᠪᠦᠷᠬᠦᠪᠴᠢ ᠶᠢ ᠨᠢ ᠴᠡᠪᠡᠷᠯᠡᠵᠤ ᠠᠷᠢᠯᠭᠠᠨ᠂ ᠬᠦᠷᠤᠰᠤ ᠶᠢ 30 ᠰᠠᠨᠲ᠋ᠢᠮᠧᠲᠷ ᠠᠴᠠ ᠬᠦᠨ ᠤᠷᠪᠠᠭᠤᠯᠵᠤ᠂ ᠡᠪᠡᠰᠤ ᠶᠢ ᠠᠷᠢᠯᠭᠠᠨ ᠬᠤᠷᠤᠬᠠᠢ ᠶᠢ ᠬᠢᠵᠠᠭᠠᠷᠯᠠᠵᠤ ᠡᠪᠡᠤᠨᠴᠢᠨ ᠢ ᠰᠡᠷᠬᠡᠶᠢᠯᠡᠨ᠂ ᠬᠠᠪᠤᠷ ᠡᠷᠳᠠ ᠤᠷᠭᠠᠨᠢᠭ ᠪᠤᠷᠳᠤᠭᠤᠷ ᠤᠷᠤᠭᠤᠯᠬᠤ᠂ ᠤᠷᠪᠠᠭᠤᠯᠬᠤ᠂ ᠳᠠᠷᠤᠰᠢᠭᠤᠯᠬᠤ ᠶᠢ ᠵᠠᠯᠭᠠᠪᠠᠷ ᠪᠡᠶᠡᠯᠡᠬᠦᠯᠵᠤ᠂ ᠬᠡᠰᠡᠭᠳᠤ ᠰᠢᠷᠤᠢ ᠪᠠᠶᠢᠯᠭᠠᠯ ᠦᠬᠡᠢ ᠪᠠᠷ ᠦᠨᠳᠤᠰᠤ ᠡᠰᠢ ᠶᠢ ᠨᠢ ᠨᠠᠷᠢᠯᠢᠭᠵᠢᠭᠤᠯᠵᠤ ᠰᠤᠶᠢᠷᠡᠬᠦᠯᠤᠨ᠂ ᠪᠤᠷᠳᠤᠭᠤᠷ ᠢ ᠵᠢᠭᠳᠡ ᠤᠷᠤᠭᠤᠯᠵᠤ᠂ ᠭᠠᠵᠠᠷ ᠢ ᠳᠡᠭᠰᠢ ᠪᠠᠶᠢᠯᠭᠠᠬᠤ ᠪᠡᠷᠢᠮᠵᠢᠶ᠎ᠡ ᠳᠤ ᠬᠦᠷᠬᠡᠨ᠎ᠡ᠃      ᠬᠤᠶᠠᠷ᠂ ᠰᠠᠶᠢᠨ ᠡᠬᠦᠯᠳᠡᠷ ᠢ ᠰᠤᠩᠭᠤᠵᠤ ᠬᠡᠷᠡᠭᠯᠡᠬᠦ᠃ ᠤᠯᠤᠰ᠂ ᠦᠪᠡᠷᠳᠡᠬᠡᠨ ᠵᠠᠰᠠᠬᠤ ᠤᠷᠤᠨ ᠤ ᠬᠢᠨᠠᠨ ᠳᠤᠭᠳᠠᠭᠠᠭᠰᠡᠨ ᠪᠤᠶᠤ ᠤᠷᠳᠤᠰ ᠬᠤᠳᠠ ᠶᠢᠨ ᠤᠷᠤᠭᠤᠯᠤᠨ ᠳᠠᠩᠰᠠᠯᠠᠭᠰᠡᠨ ᠲᠦᠷᠤᠯ ᠡᠬᠦᠯᠳᠡᠷ ᠢ ᠰᠤᠩᠭᠤᠨ᠎ᠠ᠃ ᠦᠰᠤᠯᠳᠠ ᠶᠢᠨ ᠬᠤᠭᠤᠴᠠᠭ᠎ᠠ ᠨᠢ ᠳᠤᠬᠢᠷᠠᠮᠵᠢᠳᠠᠢ᠂ ᠰᠤᠶᠤᠭᠠᠯᠠᠯ ᠨᠢ ᠵᠢᠭᠳᠡ᠂ ᠨᠢᠭᠳᠠ ᠳᠠᠷᠢᠬᠤ ᠳᠤ ᠳᠤᠬᠢᠳᠠᠢ᠂ ᠮᠠᠰᠢᠨᠴᠢᠯᠠᠯᠳᠠ ᠪᠠᠷ ᠬᠤᠷᠢᠶᠠᠬᠤ ᠳᠤ ᠳᠤᠬᠢᠷᠠᠮᠵᠢᠳᠠᠢ ᠦᠨᠳᠤᠷ ᠤᠨᠠᠯᠳᠠ ᠲᠠᠢ ᠡᠷᠳᠡᠨᠢ ᠰᠢᠰᠢ ᠶᠢᠨ ᠲᠦᠷᠤᠯ ᠡᠬᠦᠯᠳᠡᠷ ᠪᠤᠶᠤ ᠳᠠᠷᠤᠰᠢᠭᠤᠯᠬᠤ ᠡᠷᠳᠡᠨᠢ ᠰᠢᠰᠢ ᠶᠢᠨ ᠲᠦᠷᠤᠯ ᠡᠬᠦᠯᠳᠡᠷ ᠢ ᠰᠤᠩᠭᠤᠨ᠎ᠠ᠃ ᠳᠤᠮᠳᠠ ᠵᠡᠷᠬᠡ ᠶᠢᠨ ᠪᠤᠯᠪᠠᠰᠤᠷᠠᠯᠳᠠ ᠨᠢ ᠡᠷᠳᠠ ︵115 — 120 ᠡᠳᠤᠷ︶᠂ ᠳᠡᠳ᠋ ᠬᠢᠵᠠᠭᠠᠷ ᠲᠠᠢ ᠪᠤᠶᠤ ᠬᠢᠵᠠᠭᠠᠷ ᠲᠠᠢ ᠬᠤᠩᠭᠤᠷᠴᠠᠭᠯᠠᠬᠤ᠂ ᠰᠡᠬᠦᠳᠡᠷ ᠲᠤ ᠳᠠᠭᠠᠭᠠᠴᠠ ᠲᠠᠢ ᠠᠮᠠᠷᠬᠠᠨ ᠬᠤᠭᠤᠷᠠᠬᠤ ᠦᠬᠡᠢ᠂ ᠮᠠᠰᠢᠨ ᠢᠶᠠᠷ ᠬᠤᠷᠢᠶᠠᠬᠤ ᠳᠤ ᠲᠦᠬᠦᠮ ᠦᠨᠳᠤᠷ ᠤᠨᠠᠯᠳᠠ ᠲᠠᠢ ᠰᠢᠷ᠎ᠠ ᠪᠤᠷᠴᠠᠭ  ᠤᠨ ᠲᠦᠷᠤᠯ ᠡᠬᠦᠯᠳᠡᠷ᠂ ᠵᠢᠱᠢᠶᠡᠯᠡᠪᠡᠯ᠄ ᠵᠦᠩ ᠬᠤᠸᠠᠩ 30᠂ ᠵᠦᠩ ᠬᠤᠸᠠᠩ 318᠂ ᠵᠦᠩ ᠬᠤᠸᠠᠩ 322᠂ ᠵᠢᠢ ᠢᠦᠢ 441᠂ ᠵᠦᠩ ᠬᠤᠸᠠᠩ 35᠂ ᠴᠠᠩ ᠨᠥᠩ 30᠂ ᡂᠢ ᠳ᠋ᠧᠦ 5᠂ ᠾᠧ ᠨᠥᠩ 71᠂ ᠮᠧᠩ ᠺᠧ ᠳ᠋ᠧᠦ 12 ᠨᠤᠮᠧᠷᠳᠤ᠂ ᠮᠧᠩ ᠳ᠋ᠧᠦ 15᠂ ᠾᠧ ᠨᠥᠩ 75᠂ ᠾᠧ ᠹᠧᠩ 50᠂ ᠾᠧ ᠨᠥᠩ 85 ᠵᠡᠷᠬᠡ ᠳᠤᠮᠳᠠ ᠤᠷᠤᠢ ᠪᠤᠯᠪᠠᠰᠤᠷᠠᠬᠤ ᠲᠦᠷᠤᠯ ᠡᠬᠦᠯᠳᠡᠷ ᠢ ᠰᠤᠩᠭᠤᠵᠤ᠂ ᠨᠤᠭᠤᠭᠠᠨ ᠳᠠᠷᠤᠰᠢ  ᠳᠤ ᠳᠡᠵᠢᠬᠡᠯ ᠪᠤᠷᠳᠤᠭᠠᠨ ᠤ ᠲᠦᠷᠤᠯ ᠡᠬᠦᠯᠳᠡᠷ ᠢ ᠰᠤᠩᠭᠤᠨ᠎ᠠ᠃ ᠳᠡᠬᠡᠷᠡᠬᠢ ᠪᠤᠯ ᠵᠦᠪᠬᠡᠨ ᠰᠠᠨᠠᠭᠤᠯᠭ᠎ᠠ ᠶᠢᠨ ᠲᠦᠷᠤᠯ ᠡᠬᠦᠯᠳᠡᠷ ᠪᠤᠯᠤᠨ᠎ᠠ᠂ ᠡᠯ᠎ᠡ ᠪᠠᠯᠭᠠᠰᠤ ᠰᠤᠩᠭᠤᠨ ᠳᠠᠷᠢᠬᠤ ᠵᠠᠷᠴᠢᠮ ᠵᠢᠴᠢ ᠭᠠᠵᠠᠷ ᠤᠷᠤᠨ ᠤ ᠠᠮᠢ ᠠᠬᠤᠢ ᠶᠢᠨ ᠲᠦᠷᠤᠯ ᠢᠯᠭᠠᠯ᠂ ᠬᠤᠷᠠᠮᠠᠯ ᠳᠤᠯᠠᠭᠠᠨ ᠤ ᠬᠡᠮᠵᠢᠶ᠎ᠡ ᠵᠡᠷᠬᠡ ᠪᠤᠳᠠᠳᠤ ᠨᠦᠬᠦᠴᠡᠯ ᠢᠶᠠᠨ ᠦᠨᠳᠤᠰᠤᠯᠡᠨ ᠳᠤᠬᠢᠷᠠᠮᠵᠢᠳᠠᠢ ᠲᠦᠷᠤᠯ ᠡᠬᠦᠯᠳᠡᠷ ᠢᠶᠠᠨ ᠰᠤᠩᠭᠤᠵᠤ᠂ ᠤᠷᠤᠨ ᠠᠯᠤᠰᠯᠠᠨ ᠳᠠᠷᠢᠬᠤ ᠶᠢ ᠡᠷᠡᠰ ᠴᠠᠭᠠᠵᠠᠯᠠᠨ᠎ᠠ᠃      ᠭᠤᠷᠪᠠ᠂ ᠪᠦᠰᠡᠯᠢᠭ ᠬᠡᠯᠪᠡᠷᠢ ᠶᠢ ᠰᠤᠩᠭᠤᠬᠤ᠃ ᠨᠠᠶᠢᠯᠡᠮᠡᠯ ᠳᠠᠷᠢᠯᠳᠠ ᠶᠢᠨ ᠡᠷᠳᠡᠨᠢ ᠰᠢᠰᠢ ᠶᠢᠨ ᠵᠠᠬ᠎ᠠ ᠬᠦᠪᠡᠭᠡ ᠶᠢᠨ ᠳᠠᠪᠠᠭᠤᠯᠢᠭ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠬᠤ ᠮᠡᠷᠬᠡᠵᠢᠯ ᠤᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢᠨ ᠨᠦᠬᠦᠴᠡᠯ᠂ ᠲᠦᠷᠤᠯ ᠡᠬᠦᠯᠳᠡᠷ ᠤᠨ ᠦᠪᠡᠷᠮᠢᠴᠠ ᠤᠨᠴᠠᠯᠢᠭ᠂ ᠤᠷᠤᠭᠤᠯᠤᠯᠳᠠ ᠶᠢᠨ ᠲᠦᠪᠰᠢᠨ ᠵᠢᠴᠢ ᠭᠠᠵᠠᠷ ᠤᠨ ᠬᠦᠴᠤ ᠵᠡᠷᠬᠡ ᠶᠡᠷᠤᠩᠬᠡᠢ ᠡᠯᠧᠮᠧᠨ᠋ᠲ ᠶᠢ ᠵᠡᠷᠬᠡ ᠪᠠᠷ ᠴᠢᠬᠤᠯᠠᠴᠢᠯᠠᠨ᠂ ᠰᠢᠷ᠎ᠠ ᠪᠤᠷᠴᠠᠭ ᠡᠷᠳᠡᠨᠢ ᠰᠢᠰᠢ ᠶᠢᠨ 4+4᠂ 2+4 ᠪᠦᠰᠡᠯᠢᠭ ᠬᠡᠯᠪᠡᠷᠢ ᠶᠢ ᠭᠤᠤᠯᠳᠠᠯᠭ᠎ᠠ ᠲᠠᠢ ᠳᠡᠯᠬᠡᠷᠡᠬᠦᠯᠤᠨ᠎ᠠ᠃      4+4 ᠪᠦᠰᠡᠯᠢᠭ ᠬᠡᠯᠪᠡᠷᠢ ᠶᠢᠨ ᠵᠠᠭᠪᠤᠷ᠄ ᠰᠢᠷ᠎ᠠ ᠪᠤᠷᠴᠠᠭ ᠢ 30 ᠰᠠᠨᠲ᠋ᠢᠮᠧᠲᠷ ᠤᠨ ᠵᠠᠢ ᠲᠠᠢ ᠳᠡᠩᠴᠡᠬᠦᠤ ᠪᠠᠷ ᠳᠠᠷᠢᠨ᠎ᠠ᠃ ᠡᠷᠳᠡᠨᠢ ᠰᠢᠰᠢ ᠶᠢ ᠦᠷᠬᠡᠨ ᠨᠠᠷᠢᠨ ᠮᠦᠷ ᠢᠶᠠᠷ ᠳᠠᠷᠢᠵᠤ᠂ ᠳᠤᠮᠳᠠᠬᠢ ᠬᠤᠶᠠᠷ ᠮᠦᠷ ᠤᠨ ᠵᠠᠢ ᠨᠢ 60 ᠰᠠᠨᠲ᠋ᠢᠮᠧᠲᠷ᠂ ᠵᠡᠬᠦᠨ ᠪᠠᠷᠠᠭᠤᠨ ᠬᠤᠶᠠᠷ ᠳᠠᠯ᠎ᠠ ᠶᠢᠨ ᠵᠠᠢ ᠨᠢ 40 ᠰᠠᠨᠲ᠋ᠢᠮᠧᠲᠷ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠵᠠᠢ ᠨᠢ 60 ᠰᠠᠨᠲ᠋ᠢᠮᠧᠲᠷ᠃ ᠰᠢᠷ᠎ᠠ ᠪᠤᠷᠴᠠᠭ ᠤᠨ ᠬᠤᠭᠤᠷᠤᠨᠳᠤᠬᠢ ᠵᠠᠢ ᠨᠢ 16 — 18 ᠰᠠᠨᠲ᠋ᠢᠮᠧᠲᠷ᠂ ᠰᠠᠭᠤᠷᠢ ᠪᠦᠷᠢ  ᠳᠤ 2 — 3 ᠴᠢᠬᠢ ᠳᠠᠷᠢᠨ᠎ᠠ︔ ᠡᠷᠳᠡᠨᠢ ᠰᠢᠰᠢ ᠶᠢᠨ ᠰᠠᠭᠤᠷᠢ ᠶᠢᠨ ᠵᠠᠢ ᠨᠢ 12 — 14 ᠰᠠᠨᠲ᠋ᠢᠮᠧᠲᠷ᠃ ᠰᠢᠷ᠎ᠠ ᠪᠤᠷᠴᠠᠭ ᠤᠨ ᠳᠤᠮᠳᠠᠴᠢ ᠨᠢᠭᠳᠠᠴᠠ ᠨᠢ 11000 ᠰᠠᠭᠤᠷᠢ/ ᠮᠤ᠋ ᠠᠴᠠ ᠳᠤᠤᠷ᠎ᠠ ᠪᠠᠶᠢᠵᠤ ᠪᠤᠯᠬᠤ ᠦᠬᠡᠢ᠂ ᠡᠷᠳᠡᠨᠢ ᠰᠢᠰᠢ ᠶᠢᠨ ᠳᠤᠮᠳᠠᠴᠢ ᠨᠢᠭᠳᠠᠴᠠ ᠶᠢ 5400 — 6300 ᠰᠠᠭᠤᠷᠢ/ ᠮᠤ᠋ ︵ᠳᠤᠰ ᠨᠢᠭᠳᠠᠴᠠ ᠪᠤᠯ ᠬᠤᠶᠠᠷ ᠵᠦᠢᠯ ᠤᠨ ᠨᠠᠶᠢᠯᠡᠮᠡᠯ ᠳᠠᠷᠢᠯᠳᠠ ᠶᠢᠨ 1 ᠮᠤ᠋ ᠭᠠᠵᠠᠷ ᠳᠡᠬᠡᠷᠡᠬᠢ ᠰᠠᠭᠤᠷᠢ ᠶᠢᠨ ᠳᠤᠭ᠎ᠠ ᠪᠤᠯᠤᠨ᠎ᠠ᠂ ᠭᠠᠭᠴᠠ ᠭᠠᠭᠴᠠ ᠪᠠᠷ ᠳᠠᠷᠢᠬᠤ ᠨᠢᠭᠳᠠᠴᠠ ᠪᠢᠰᠢ︶ ᠪᠠᠶᠢᠯᠭᠠᠨ᠎ᠠ᠃      2+4 ᠪᠦᠰᠡᠯᠢᠭ ᠬᠡᠯᠪᠡᠷᠢ ᠶᠢᠨ ᠵᠠᠭᠪᠤᠷ᠄ ᠰᠢᠷ᠎ᠠ ᠪᠤᠷᠴᠠᠭ ᠢ 30 ᠰᠠᠨᠲ᠋ᠢᠮᠧᠲᠷ ᠤᠨ ᠵᠠᠢ ᠲᠠᠢ ᠳᠡᠩᠴᠡᠬᠦᠤ ᠪᠠᠷ ᠳᠠᠷᠢᠨ᠎ᠠ᠃ ᠡᠷᠳᠡᠨᠢ ᠰᠢᠰᠢ ᠶᠢ ᠦᠷᠬᠡᠨ ᠨᠠᠷᠢᠨ ᠮᠦᠷ ᠢᠶᠠᠷ ᠳᠠᠷᠢᠵᠤ᠂ ᠳᠤᠮᠳᠠᠬᠢ ᠬᠤᠶᠠᠷ ᠮᠦᠷ ᠤᠨ ᠵᠠᠢ ᠨᠢ 60 ᠰᠠᠨᠲ᠋ᠢᠮᠧᠲᠷ᠂ ᠵᠡᠬᠦᠨ ᠪᠠᠷᠠᠭᠤᠨ ᠬᠤᠶᠠᠷ ᠳᠠᠯ᠎ᠠ ᠶᠢᠨ ᠵᠠᠢ ᠨᠢ 40 ᠰᠠᠨᠲ᠋ᠢᠮᠧᠲᠷ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠵᠠᠢ ᠨᠢ 60 ᠰᠠᠨᠲ᠋ᠢᠮᠧᠲᠷ᠃ ᠰᠢᠷ᠎ᠠ ᠪᠤᠷᠴᠠᠭ ᠤᠨ ᠬᠤᠭᠤᠷᠤᠨᠳᠤᠬᠢ ᠵᠠᠢ ᠨᠢ 16 ᠰᠠᠨᠲ᠋ᠢᠮᠧᠲᠷ᠂ ᠰᠠᠭᠤᠷᠢ ᠪᠦᠷᠢ ᠳᠤ 2 — 3  ᠴᠢᠬᠢ ᠳᠠᠷᠢᠨ᠎ᠠ︔ ᠡᠷᠳᠡᠨᠢ ᠰᠢᠰᠢ ᠶᠢᠨ ᠰᠠᠭᠤᠷᠢ ᠶᠢᠨ ᠵᠠᠢ ᠨᠢ 14 ᠰᠠᠨᠲ᠋ᠢᠮᠧᠲᠷ᠃ ᠰᠢᠷ᠎ᠠ ᠪᠤᠷᠴᠠᠭ ᠤᠨ ᠳᠤᠮᠳᠠᠴᠢ ᠨᠢᠭᠳᠠᠴᠠ ᠶᠢ 7200 ᠰᠠᠭᠤᠷᠢ/ ᠮᠤ᠋ ᠠᠴᠠ ᠳᠤᠤᠷ᠎ᠠ ᠪᠠᠶᠢᠯᠭᠠᠵᠤ ᠪᠤᠯᠬᠤ ᠦᠬᠡᠢ᠂ ᠡᠷᠳᠡᠨᠢ ᠰᠢᠰᠢ ᠶᠢᠨ ᠳᠤᠮᠳᠠᠴᠢ ᠨᠢᠭᠳᠠᠴᠠ ᠶᠢ 6500 ᠰᠠᠭᠤᠷᠢ/ ᠮᠤ᠋ ︵ᠳᠤᠰ ᠨᠢᠭᠳᠠᠴᠠ ᠪᠤᠯ ᠬᠤᠶᠠᠷ ᠵᠦᠢᠯ  ᠤᠨ ᠨᠠᠶᠢᠯᠡᠮᠡᠯ ᠳᠠᠷᠢᠯᠳᠠ ᠶᠢᠨ 1 ᠮᠤ᠋ ᠭᠠᠵᠠᠷ ᠳᠡᠬᠡᠷᠡᠬᠢ ᠰᠠᠭᠤᠷᠢ ᠶᠢᠨ ᠳᠤᠭ᠎ᠠ ᠪᠤᠯᠤᠨ᠎ᠠ᠂ ᠭᠠᠭᠴᠠ ᠭᠠᠭᠴᠠ ᠪᠠᠷ ᠳᠠᠷᠢᠬᠤ ᠨᠢᠭᠳᠠᠴᠠ ᠪᠢᠰᠢ︶ ᠪᠠᠶᠢᠯᠭᠠᠨ᠎ᠠ᠃ ᠲᠦᠷᠪᠡ᠂ ᠳᠤᠬᠢᠷᠠᠮᠵᠢᠳᠠᠢ ᠬᠤᠭᠤᠴᠠᠭᠠᠨ ᠳᠤ ᠳᠠᠷᠢᠬᠤ᠃ 5 — 10 ᠰᠠᠨᠲ᠋ᠢᠮᠧᠲᠷ ᠤᠨ ᠬᠦᠷᠤᠰᠤᠨ ᠳᠠᠪᠬᠤᠷᠭ᠎ᠠ ᠶᠢᠨ ᠳᠤᠯᠠᠭᠠᠨ ᠤ ᠬᠡᠮᠵᠢᠶ᠎ᠡ 8 — 10 ᠭᠷᠠᠳᠦ᠋ᠰ᠂ ᠬᠦᠷᠤᠰᠤᠨ ᠤ ᠤᠰᠤᠨ ᠠᠭᠤᠯᠤᠭᠳᠠᠴᠠ ︵ᠴᠢᠨᠠᠷ ᠤᠨ ᠤᠰᠤᠨ ᠠᠭᠤᠯᠤᠭᠳᠠᠴᠠ︶ 20% ᠤᠷᠴᠢᠮ ᠪᠤᠯᠬᠤ ᠳᠤ ᠡᠷᠳᠡᠨᠢ ᠰᠢᠰᠢ᠂ ᠰᠢᠷ᠎ᠠ ᠪᠤᠷᠴᠠᠭ ᠳᠠᠷᠢᠬᠤ ᠳᠤ ᠳᠤᠬᠢᠷᠠᠮᠵᠢᠳᠠᠢ᠂ ᠤᠳᠤᠭ ᠤᠨ ᠡᠮᠤᠨᠡᠳᠤ ᠬᠤᠰᠢᠭᠤᠨ ᠤ ᠭᠠᠵᠠᠷ ᠤᠷᠤᠨ ᠳᠤ 4 ᠳ᠋ᠤᠭᠠᠷ ᠰᠠᠷ᠎ᠠ ᠶᠢᠨ ᠰᠡᠬᠦᠯᠴᠢ ᠠᠴᠠ 5 ᠳ᠋ᠤᠭᠠᠷ ᠰᠠᠷ᠎ᠠ ᠶᠢᠨ ᠡᠬᠢᠨ  ᠢᠶᠠᠷ ᠳᠠᠷᠢᠬᠤ ᠶᠢ ᠰᠠᠨᠠᠭᠠᠴᠢᠯᠠᠵᠤ᠂ ᠡᠴᠤᠰ ᠤᠨ ᠬᠢᠷᠠᠭᠤ ᠠᠴᠠ ᠵᠠᠶᠢᠯᠠᠭᠰᠡᠨ ᠤ ᠳᠠᠷᠠᠭ᠎ᠠ᠂ ᠨᠢᠭᠳᠠ ᠳᠠᠷᠢᠵᠤ ᠬᠤᠪᠢᠶᠠᠨ ᠡᠵᠡᠮᠳᠡᠵᠤ ᠪᠤᠷᠳᠤᠭᠤᠷ ᠤᠷᠤᠭᠤᠯᠤᠨ ᠳᠠᠷᠢᠬᠤ ᠮᠠᠰᠢᠨ ᠢᠶᠠᠷ ᠡᠷᠳᠡᠨᠢ ᠰᠢᠰᠢ ᠰᠢᠷ᠎ᠠ ᠪᠤᠷᠴᠠᠭ ᠢ ᠵᠡᠷᠬᠡᠪᠡᠷ ᠳᠠᠷᠢᠵᠤ᠂ ᠳᠠᠷᠢᠯᠳᠠ ᠶᠢᠨ ᠬᠦᠨᠴᠠ ᠶᠢ ᠡᠷᠳᠡᠨᠢ ᠰᠢᠰᠢ 4 — 5 ᠰᠠᠨᠲ᠋ᠢᠮᠧᠲᠷ᠂ ᠰᠢᠷ᠎ᠠ ᠪᠤᠷᠴᠠᠭ 3 — 4 ᠰᠠᠨᠲ᠋ᠢᠮᠧᠲᠷ ᠪᠠᠶᠢᠯᠭᠠᠨ᠎ᠠ᠃ ᠠᠯᠢ ᠴᠢᠳᠠᠬᠤ ᠪᠠᠷ ᠰᠢᠷ᠎ᠠ ᠪᠤᠷᠴᠠᠭ ᠪᠠ ᠡᠷᠳᠡᠨᠢ ᠰᠢᠰᠢ ᠶᠢ ᠵᠡᠷᠬᠡᠪᠡᠷ ᠳᠠᠷᠢᠨ᠎ᠠ᠂ ᠬᠡᠷᠪᠡ ᠡᠴᠤᠰ ᠤᠨ ᠬᠢᠷᠠᠭᠤ ᠬᠡᠳᠤᠷᠬᠡᠢ ᠤᠷᠤᠢ ᠠᠴᠠ ᠪᠤᠯᠵᠤ ᠵᠡᠷᠬᠡᠪᠡᠷ ᠳᠠᠷᠢᠵᠤ ᠳᠠᠶᠢᠯᠬᠦ ᠦᠬᠡᠢ ᠪᠤᠯ᠂ ᠤᠷᠢᠳᠠᠪᠠᠷ ᠡᠷᠳᠡᠨᠢ ᠰᠢᠰᠢ ᠶᠢ ᠳᠠᠷᠢᠵᠤ᠂ ᠡᠴᠤᠰ ᠤᠨ ᠬᠢᠷᠠᠭᠤ ᠦᠩᠬᠡᠷᠡᠭᠰᠡᠨ ᠤ ᠳᠠᠷᠠᠭ᠎ᠠ ᠰᠢᠷ᠎ᠠ ᠪᠤᠷᠴᠠᠭ ᠢᠶᠠᠨ ᠳᠠᠷᠢᠨ᠎ᠠ᠃ ᠡᠷᠳᠡᠨᠢ ᠰᠢᠰᠢ ᠶᠢ ᠳᠠᠷᠢᠬᠤ ᠦᠶᠡᠰ ᠬᠤᠭᠤᠷᠤᠨᠳᠤᠬᠢ ᠵᠡᠢ ᠶᠢ ᠨᠢ ᠰᠠᠶᠢᠳᠤᠷ ᠡᠵᠡᠮᠳᠡᠵᠤ᠂ ᠰᠢᠷ᠎ᠠ ᠪᠤᠷᠴᠠᠭ ᠳᠠᠷᠢᠬᠤ  ᠳᠤ ᠬᠦᠢᠴᠡᠤᠨ ᠤᠷᠤᠨ ᠵᠠᠢ ᠦᠯᠡᠳᠡᠬᠡᠨ᠂ ᠬᠠᠮᠤᠭ ᠰᠠᠶᠢᠨ ᠨᠢ GPS ᠪᠤᠶᠤ ᠳᠤᠬᠢᠭᠤᠷ ᠳᠤᠯᠤᠭ᠎ᠠ ᠵᠠᠮᠴᠢᠯᠠᠬᠤ ᠰᠢᠰᠲ᠋ᠧᠮ ᠲᠠᠢ ᠳᠠᠷᠢᠬᠤ ᠮᠠᠰᠢᠨ ᠢᠶᠠᠷ ᠳᠠᠷᠢᠪᠠᠯ ᠳᠠᠷᠢᠯᠳᠠ ᠶᠢᠨ ᠶᠠᠰᠤ ᠴᠢᠨᠠᠷ ᠢ ᠳᠡᠬᠡᠭᠰᠢᠯᠡᠬᠦᠯᠬᠦ ᠳᠤ ᠠᠰᠢᠭᠳᠠᠢ ᠶᠤᠮ᠃      ᠳᠠᠪᠤ᠂ ᠬᠢᠮᠢ ᠶᠢᠨ ᠠᠷᠭ᠎ᠠ ᠪᠠᠷ ᠡᠪᠡᠰᠤ ᠠᠷᠢᠯᠭᠠᠬᠤ᠃ ᠳᠠᠷᠢᠭᠰᠡᠨ ᠤ ᠳᠠᠷᠠᠭ᠎ᠠ ᠨᠠᠬᠢᠶᠠᠯᠠᠬᠤ ᠠᠴᠠ ᠡᠮᠤᠨ᠎ᠡ 96% ᠶᠢᠨ ᠨᠠᠷᠢᠯᠢᠭ ᠢᠽᠤᠫᠷᠤᠫᠢᠯ ᠮᠧᠲ᠋ᠢᠯ ᠤᠺᠰᠠᠮ ᠠᠮᠢᠨ ︵ᠵᠢᠨᠳᠤᠤᠷ︶ ᠢ 80 — 100 ᠮᠢᠯᠢᠯᠢᠲᠷ/ ᠮᠤ᠋ ᠬᠡᠷᠡᠭᠯᠡᠵᠤ᠂ ᠬᠡᠷᠪᠡ ᠠᠷᠪᠠᠨ ᠲᠢᠤᠹᠧᠨ ᠬᠦᠬᠦᠷᠡᠨᠢᠯ ᠵᠡᠷᠬᠡ ᠡᠮ ᠢᠶᠠᠷ ᠬᠦᠷᠤᠰᠤ ᠶᠢ ᠪᠢᠳᠡᠬᠦᠮᠵᠢᠯᠡᠵᠤ ᠰᠢᠢᠤᠨᠪᠤᠷᠢᠯᠡᠪᠡᠯ᠂ ᠪᠢᠳᠡᠬᠦᠮᠵᠢᠯᠡᠵᠤ ᠡᠪᠡᠰᠤ ᠠᠷᠢᠯᠭᠠᠬᠤ ᠳᠤ ᠪᠠᠨ ᠬᠦᠷᠤᠰᠤ ᠴᠢᠬᠢᠭᠯᠢᠭ ᠨᠦᠬᠦᠴᠡᠯ ᠳᠤᠤᠷ᠎ᠠ ᠬᠢᠬᠦ ᠪᠦᠬᠡᠤᠨ 2 ᠡᠳᠤᠷ ᠤᠨ ᠳᠤᠳᠤᠷ᠎ᠠ ᠳᠠᠭᠤᠰᠬᠠᠵᠤ᠂ ᠡᠪᠡᠰᠤ ᠠᠷᠢᠯᠭᠠᠬᠤ ᠪᠦᠳᠤᠮᠵᠢ ᠶᠢ ᠪᠠᠳᠤᠯᠠᠨ᠎ᠠ᠃ ᠪᠢᠳᠡᠬᠦᠮᠵᠢᠯᠡᠨ ᠡᠪᠡᠰᠤ ᠠᠷᠢᠯᠭᠠᠭᠰᠡᠨ ᠪᠦᠳᠤᠮᠵᠢ ᠪᠠᠷ ᠠᠨᠠᠢ ᠭᠠᠵᠠᠷ ᠲᠤ᠂ ᠴᠢᠬᠢᠯᠡᠭᠰᠡᠨ ᠤ ᠳᠠᠷᠠᠭ᠎ᠠ ᠡᠷᠳᠡᠨᠢ ᠰᠢᠰᠢ᠂ ᠰᠢᠷ᠎ᠠ ᠪᠤᠷᠴᠠᠭ ᠤᠨ ᠡᠪᠡᠰᠤ ᠠᠷᠢᠯᠭᠠᠬᠤ ᠳᠤᠰᠬᠠᠢ ᠡᠮ ᠢ ᠴᠠᠭ ᠳᠤᠬᠠᠢ ᠳᠤ ᠨᠢ ᠬᠡᠷᠡᠭᠯᠡᠨ ᠳᠤᠭᠳᠠᠭᠰᠡᠨ ᠴᠢᠭᠯᠡᠯ ᠢᠶᠠᠷ ᠳᠤᠰᠭᠠᠷᠯᠠᠨ ᠡᠪᠡᠰᠤ ᠠᠷᠢᠯᠭᠠᠵᠤ᠂ ᠡᠪᠡᠰᠤ ᠠᠷᠢᠯᠭᠠᠬᠤ ᠬᠤᠭᠤᠴᠠᠭ᠎ᠠ ᠶᠢ ᠡᠷᠳᠡᠨᠢ ᠰᠢᠰᠢ ᠶᠢ ᠶᠡᠷᠤ ᠳᠤ ᠪᠠᠨ 3 — 5 ᠨᠠᠪᠴᠢ ᠶᠢᠨ ᠬᠤᠭᠤᠴᠠᠭ᠎ᠠ᠂ ᠬᠤᠭ ᠡᠪᠡᠰᠤ ᠶᠢ 2 — 3 ᠨᠠᠪᠴᠢ ᠶᠢᠨ ᠬᠤᠭᠤᠴᠠᠭ᠎ᠠ᠂ ᠰᠢᠷ᠎ᠠ ᠪᠤᠷᠴᠠᠭ ᠢ 2 — 3 ᠨᠠᠶᠢᠯᠡᠮᠡᠯ ᠨᠠᠪᠴᠢ ᠶᠢᠨ ᠬᠤᠭᠤᠴᠠᠭ᠎ᠠ᠂ ᠬᠤᠭ ᠡᠪᠡᠰᠤ ᠶᠢ 3 — 4 ᠨᠠᠪᠴᠢ ᠶᠢᠨ ᠬᠤᠭᠤᠴᠠᠭ᠎ᠠ ᠳᠤ ᠡᠪᠡᠰᠤ ᠠᠷᠢᠯᠭᠠᠬᠤ ᠶᠢ ᠠᠩᠬᠠᠷᠤᠨ᠎ᠠ᠃      ᠵᠢᠷᠭᠤᠭ᠎ᠠ᠂ ᠪᠤᠷᠳᠤᠭᠤᠷ ᠢ ᠳᠤᠬᠢᠷᠠᠭᠤᠯᠤᠨ ᠤᠷᠭᠤᠴᠠ ᠶᠢ ᠬᠢᠵᠠᠭᠠᠷᠯᠠᠨ᠎ᠠ᠃ ᠡᠷᠳᠡᠨᠢ ᠰᠢᠰᠢ ᠶᠢ ᠳᠤᠬᠠᠢ ᠶᠢᠨ ᠭᠠᠵᠠᠷ ᠤᠨ ᠴᠡᠪᠡᠷ ᠡᠷᠳᠡᠨᠢ ᠰᠢᠰᠢ ᠶᠢᠨ ᠳᠠᠷᠢᠯᠳᠠ ᠶᠢᠨ ᠪᠤᠷᠳᠤᠭᠤᠷ ᠤᠷᠤᠭᠤᠯᠬᠤ ᠪᠠᠷᠢᠮᠵᠢᠶ᠎ᠠ ᠪᠠᠷ ᠪᠤᠷᠳᠤᠭᠤᠷ ᠤᠷᠤᠭᠤᠯᠵᠤ᠂ ᠤᠨᠠᠯᠳᠠ ᠶᠢᠨ ᠬᠡᠮᠵᠢᠶ᠎ᠡ ᠨᠢ 800 ᠺᠢᠯᠦᠭᠷᠠᠮ/ ᠮᠤ᠋ ᠠᠴᠠ ᠳᠡᠬᠡᠭᠰᠢᠬᠢ ᠭᠠᠵᠠᠷ ᠲᠤ᠂ ᠪᠦᠬᠦᠶᠢᠯᠡ ᠤᠷᠭᠤᠯᠳᠠ ᠶᠢᠨ ᠬᠤᠭᠤᠴᠠᠭ᠎ᠠ ᠳᠤ ᠴᠡᠪᠡᠷ ᠠᠽᠤᠲ ︵N︶ 15 — 18 ᠺᠢᠯᠦᠭᠷᠠᠮ/ ᠮᠤ᠋᠂ ᠹᠤᠰᠹᠤᠷ 10 — 11 ᠺᠢᠯᠦᠭᠷᠠᠮ/ ᠮᠤ᠋᠂ ᠺᠠᠯᠢ 6 — 7 ᠺᠢᠯᠦᠭᠷᠠᠮ/ ᠮᠤ᠋ ᠬᠡᠷᠡᠭᠯᠡᠵᠤ᠂ ᠤᠨᠠᠯᠳᠠ ᠶᠢᠨ ᠬᠡᠮᠵᠢᠶ᠎ᠡ ᠨᠢ 800 ᠺᠢᠯᠦᠭᠷᠠᠮ/ ᠮᠤ᠋ ᠠᠴᠠ ᠳᠤᠷᠤᠭᠰᠢ ᠭᠠᠵᠠᠷ ᠲᠤ ᠪᠠᠶᠢᠳᠠᠯ ᠢᠶᠠᠨ ᠦᠵᠡᠨ ᠬᠡᠮᠵᠢᠶ᠎ᠡ ᠶᠢ ᠨᠢ ᠪᠠᠭᠠᠰᠬᠠᠨ ᠪᠤᠷᠳᠤᠭᠤᠷ ᠤᠷᠤᠭᠤᠯᠬᠤ ᠶᠢ ᠰᠠᠨᠠᠭᠠᠴᠢᠯᠠᠨ᠎ᠠ᠃ ᠠᠽᠤᠲ ᠪᠤᠷᠳᠤᠭᠤᠷ ᠤᠨ 40%᠂ ᠹᠤᠰᠹᠤᠷ ᠪᠤᠷᠳᠤᠭᠤᠷ᠂ ᠺᠠᠯᠢ ᠪᠤᠷᠳᠤᠭᠤᠷ ᠢ ᠪᠦᠷ ᠳᠠᠷᠢᠬᠤ ᠦᠶ᠎ᠡ ᠳᠤ ᠬᠡᠷᠡᠭᠯᠡᠨ᠎ᠡ︔ ᠦᠯᠡᠳᠡᠭᠰᠡᠨ 60% ᠶᠢᠨ ᠠᠽᠤᠲ ᠪᠤᠷᠳᠤᠭᠤᠷ ᠢ 3᠄ 6᠄1 ᠶᠢᠨ ᠬᠠᠷᠢᠴᠠᠯ ᠢᠶᠠᠷ ᠦᠶᠡᠯᠡᠬᠦ ᠬᠤᠭᠤᠴᠠᠭ᠎ᠠ᠂ ᠳᠡᠯᠬᠡᠷᠡᠬᠦ ᠬᠤᠭᠤᠴᠠᠭ᠎ᠠ ᠪᠠ ᠡᠬᠡᠳᠡᠭ ᠤᠨ ᠳᠤᠮᠳᠠ ᠬᠤᠭᠤᠴᠠᠭ᠎ᠠ ᠳᠤ ᠳᠤᠰᠤᠯᠭᠠᠨ ᠤᠰᠤᠯᠠᠯᠳᠠ ᠪᠠᠷ ᠨᠡᠮᠡᠵᠤ ᠤᠷᠤᠭᠤᠯᠤᠨ᠎ᠠ᠃ ᠰᠢᠷ᠎ᠠ ᠪᠤᠷᠴᠠᠭ ᠢ ᠮᠤ᠋ ᠪᠦᠷᠢ ᠳᠤ 100 ᠺᠢᠯᠦᠭᠷᠠᠮ ᠤᠨ ᠤᠨᠠᠯᠳᠠ ᠶᠢᠨ ᠲᠦᠪᠰᠢᠨ ᠢᠶᠠᠷ ᠴᠡᠪᠡᠷ ᠠᠽᠤᠲ ᠢ 2.0 — 2.5 ᠺᠢᠯᠦᠭᠷᠠᠮ/ ᠮᠤ᠋᠂ ᠹᠤᠰᠹᠤᠷ ᠢ 2.0 — 2.5 ᠺᠢᠯᠦᠭᠷᠠᠮ/ ᠮᠤ᠋᠂ ᠺᠠᠯᠢ ᠶᠢ 1.0 — 1.5 ᠺᠢᠯᠦᠭᠷᠠᠮ/ ᠮᠤ᠋ ᠤᠷᠤᠭᠤᠯᠵᠤ᠂ ᠳᠠᠷᠢᠬᠤ ᠦᠶᠡᠰ ᠦᠷ᠎ᠠ ᠶᠢᠨ ᠪᠤᠷᠳᠤᠭᠤᠷ ᠢᠶᠠᠷ ᠨᠢᠬᠡᠯᠡ ᠤᠳᠠᠭ᠎ᠠ ᠳᠤ ᠪᠦᠬᠦᠳᠠ ᠶᠢ ᠤᠷᠤᠭᠤᠯᠤᠨ᠎ᠠ᠃ ᠡᠷᠳᠡᠨᠢ ᠰᠢᠰᠢ ᠰᠢᠷ᠎ᠠ ᠪᠤᠷᠴᠠᠭ ᠤᠨ ᠦᠪᠡᠷ ᠦᠪᠡᠷ ᠤᠨ ᠬᠢᠨᠢ ᠤᠷᠭᠤᠯᠳᠠ ᠶᠢᠨ ᠤᠨᠴᠠᠯᠢᠭ ᠢ ᠦᠨᠳᠤᠰᠤᠯᠠᠨ ᠳᠤᠰᠪᠤᠷᠢ ᠪᠤᠷᠳᠤᠭᠤᠷ ᠤᠷᠤᠭᠤᠯᠵᠤ ᠬᠠᠮᠢᠶᠠᠷᠤᠨ᠂ ᠨᠠᠶᠢᠯᠡᠬᠦᠯᠤᠨ ᠪᠤᠷᠳᠤᠭᠤᠷ ᠤᠷᠤᠭᠤᠯᠵᠤ ᠨᠠᠶᠢᠯᠡᠬᠦᠯᠤᠨ ᠬᠠᠮᠢᠶᠠᠷᠬᠤ ᠠᠴᠠ ᠵᠠᠶᠢᠯᠠᠰᠬᠢᠵᠤ᠂ ᠰᠢᠷ᠎ᠠ ᠪᠤᠷᠴᠠᠭ ᠲᠤ ᠪᠤᠷᠳᠤᠭᠤᠷ ᠶᠡᠭᠡ ᠬᠡᠷᠡᠭᠯᠡᠬᠦ ᠠᠴᠠ ᠪᠤᠯᠵᠤ ᠬᠡᠳᠤᠷᠬᠡᠢ ᠤᠷᠭᠤᠬᠤ ᠶᠢ ᠰᠡᠷᠬᠡᠶᠢᠯᠡᠨ᠎ᠡ᠃ ᠡᠷᠳᠡᠨᠢ ᠰᠢᠰᠢ ᠰᠢᠷ᠎ᠠ ᠪᠤᠷᠴᠠᠭ ᠶᠢᠨ ᠯᠠᠪᠯᠠᠯᠳᠠ ᠪᠤᠯᠬᠤ ᠪᠤᠷᠳᠤᠭᠤᠷ ᠬᠡᠷᠡᠭᠯᠡᠬᠦ ᠲᠦᠰᠤᠯ ᠳᠤᠤᠷᠠᠬᠢ ᠮᠡᠳᠤ᠃      ᠡᠷᠳᠡᠨᠢ ᠰᠢᠰᠢ᠄       ᠦᠷ᠎ᠠ ᠶᠢᠨ ᠪᠤᠷᠳᠤᠭᠤᠷ᠄ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠠ ᠨᠢ ᠮᠤ᠋ ᠪᠦᠷᠢ ᠳᠤ ᠠᠽᠤᠲ 6 — 7.2 ᠺᠢᠯᠦᠭᠷᠠᠮ᠂ ᠹᠤᠰᠹᠤᠷ 10 — 11 ᠺᠢᠯᠦᠭᠷᠠᠮ᠂ ᠺᠠᠯᠢ  6— 7 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠹᠤᠰᠹᠤᠷ ᠬᠦᠴᠢᠯ ᠤᠨ ᠬᠤᠶᠠᠷᠴᠢ ᠠᠮᠮᠤᠨᠢ 35 — 40 ᠺᠢᠯᠦᠭᠷᠠᠮ᠂ ᠬᠦᠬᠦᠷ ᠬᠦᠴᠢᠯ ᠤᠨ ᠺᠠᠯᠢ 12 — 14 ᠺᠢᠯᠦᠭᠷᠠᠮ ᠬᠡᠷᠡᠭᠯᠡᠨ᠎ᠡ      ᠨᠡᠮᠡᠯᠳᠠ ᠪᠤᠷᠳᠤᠭᠤᠷ᠄ ᠦᠶᠡᠯᠡᠬᠦ ᠬᠤᠭᠤᠴᠠᠭᠠᠨ ᠳᠤ ᠳᠤᠰᠤᠯᠭᠠᠨ ᠤᠰᠤᠯᠠᠯᠳᠠ ᠲᠠᠢ ᠤᠶᠠᠯᠳᠤᠭᠤᠯᠤᠨ ᠨᠡᠮᠡᠯᠳᠠ ᠪᠤᠷᠳᠤᠭᠤᠷ ᠤᠷᠤᠭᠤᠯᠤᠨ᠎ᠠ᠂ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠠᠽᠤᠲ 2.7 — 3.2 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ 6 — 7 ᠺᠢᠯᠦᠭᠷᠠᠮ ᠰᠢᠬᠡᠰᠦᠯᠢᠭ ᠡᠳ᠋ ᠬᠡᠷᠡᠭᠯᠡᠨ᠎ᠡ      ᠳᠡᠯᠬᠡᠷᠡᠬᠦ ᠬᠤᠭᠤᠴᠠᠭᠠᠨ ᠳᠤ ᠳᠤᠰᠤᠯᠭᠠᠨ ᠤᠰᠤᠯᠠᠯᠳᠠ ᠲᠠᠢ ᠤᠶᠠᠯᠳᠤᠭᠤᠯᠤᠨ ᠨᠠᠮᠠᠯᠳᠠ ᠪᠤᠷᠳᠤᠭᠤᠷ ᠤᠷᠤᠭᠤᠯᠤᠨ᠎ᠠ᠂ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠠᠽᠤᠲ 5.4 — 6.5 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠰᠢᠬᠡᠰᠦᠯᠢᠭ ᠡᠳ᠋ 12 — 14 ᠺᠢᠯᠦᠭᠷᠠᠮ ᠬᠡᠷᠡᠭᠯᠡᠨ᠎ᠡ᠃      ᠡᠬᠡᠳᠡᠭ ᠤᠨ ᠬᠤᠭᠤᠴᠠᠭᠠᠨ ᠳᠤ ᠳᠤᠰᠤᠯᠭᠠᠨ ᠤᠰᠤᠯᠠᠯᠳᠠ ᠲᠠᠢ ᠤᠶᠠᠯᠳᠤᠭᠤᠯᠤᠨ ᠪᠤᠷᠳᠤᠭᠤᠷ ᠤᠷᠤᠭᠤᠯᠤᠨ᠎ᠠ᠂ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠡ  ᠨᠢ ᠮᠤ᠋ ᠪᠦᠷᠢ ᠳᠤ ᠠᠽᠤᠲ 1 ᠺᠢᠯᠦᠭᠷᠠᠮ ᠤᠷᠴᠢᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠰᠢᠬᠡᠰᠦᠯᠢᠭ ᠡᠳ᠋ 2 ᠺᠢᠯᠦᠭᠷᠠᠮ ᠤᠷᠴᠢᠮ ᠬᠡᠷᠡᠭᠯᠡᠨ᠎ᠡ᠃      ᠰᠢᠷ᠎ᠠ ᠪᠤᠷᠴᠠᠭ᠄      ᠦᠷ᠎ᠠ ᠶᠢᠨ ᠪᠤᠷᠳᠤᠭᠤᠷ᠄ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠠᠽᠤᠲ 2.0 — 2.5 ᠺᠢᠯᠦᠭᠷᠠᠮ᠂ ᠹᠤᠰᠹᠤᠷ 2.0 — 2.5 ᠺᠢᠯᠦᠭᠷᠠᠮ᠂ ᠺᠠᠯᠢ 1.0 — 1.5 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠹᠤᠰᠹᠤᠷ ᠬᠦᠴᠢᠯ ᠤᠨ ᠬᠤᠶᠠᠷᠴᠢ ᠠᠮᠮᠤᠨᠢ 7 — 9 ᠺᠢᠯᠦᠭᠷᠠᠮ᠂ ᠰᠢᠬᠡᠰᠦᠯᠢᠭ ᠡᠳ᠋ 1.5 — 2 ᠺᠢᠯᠦᠭᠷᠠᠮ᠂ ᠬᠦᠬᠦᠷ ᠬᠦᠴᠢᠯ ᠤᠨ ᠺᠠᠯᠢ 2 — 3 ᠺᠢᠯᠦᠭᠷᠠᠮ ᠬᠡᠷᠡᠭᠯᠡᠨ᠎ᠡ      ᠤᠷᠭᠤᠯᠳᠠ ᠶᠢᠨ ᠪᠠᠶᠢᠳᠠᠯ ᠢ ᠦᠨᠳᠤᠰᠤᠯᠡᠨ ᠰᠢᠷ᠎ᠠ ᠪᠤᠷᠴᠠᠭ ᠢ 3 — 5 ᠨᠠᠪᠴᠢ ᠶᠢᠨ ᠬᠤᠭᠤᠴᠠᠭᠠᠨ ᠳᠤ ᠮᠤ᠋ ᠪᠦᠷᠢ ᠳᠤ 5% ᠶᠢᠨ ᠠᠯᠺᠸᠠ ᠤᠺᠰᠠᠽᠤᠯ ᠤᠨ ᠴᠢᠬᠢᠭᠯᠢᠭ ᠨᠤᠨᠳᠠᠭ ᠡᠮ 20 — 50 ᠭᠷᠠᠮ ︵ᠬᠡᠷᠡᠭᠯᠡᠬᠦ ᠬᠡᠮᠵᠢᠶ᠎ᠡ ᠨᠢ ᠰᠢᠷ᠎ᠠ ᠪᠤᠷᠴᠠᠭ ᠤᠨ ᠲᠦᠷᠤᠯ ᠡᠬᠦᠯᠳᠡᠷ ᠤᠨ ᠬᠤᠭᠤᠷᠠᠬᠤ ᠶᠢ ᠡᠰᠡᠷᠬᠦᠴᠡᠬᠦ ᠴᠢᠨᠠᠷ ᠵᠢᠴᠢ  ᠬᠡᠷᠡᠭᠯᠡᠯᠳᠠ ᠶᠢᠨ ᠡᠷᠳᠠ ᠤᠷᠤᠢ ᠶᠢ ᠦᠨᠳᠤᠰᠤᠯᠡᠨ ᠳᠤᠭᠳᠠᠭᠠᠨ᠎ᠠ᠂ ᠬᠤᠭᠤᠷᠠᠬᠤ ᠶᠢ ᠡᠰᠡᠷᠬᠦᠴᠡᠬᠦ ᠴᠢᠨᠠᠷ ᠢᠶᠠᠷ ᠤᠯᠠᠮ ᠰᠠᠶᠢᠨ ᠬᠡᠷᠡᠭᠯᠡᠬᠦ  ᠨᠢ ᠤᠯᠠᠮ ᠡᠷᠳᠠ ᠪᠤᠯ ᠬᠡᠷᠡᠭᠯᠡᠬᠦ ᠬᠡᠮᠵᠢᠶ᠎ᠡ ᠨᠢ ᠤᠯᠠᠮ ᠪᠠᠭ᠎ᠠ︶ ᠢ 30 — 50 ᠺᠢᠯᠦᠭᠷᠠᠮ ᠤᠰᠤᠨ ᠳᠤ ᠨᠠᠶᠢᠷᠠᠭᠤᠯᠵᠤ᠂ ᠡᠰᠢ ᠨᠠᠪᠴᠢ ᠳᠤ ᠨᠢ ᠰᠦᠷᠴᠢᠵᠤ ᠬᠡᠳᠤᠷᠬᠡᠢ ᠤᠷᠭᠤᠬᠤ ᠶᠢ ᠬᠢᠵᠠᠭᠠᠷᠯᠠᠨ᠎ᠠ᠂ ᠪᠠᠰᠠ ᠠᠯᠺᠸᠠ ᠤᠺᠰᠠᠽᠣᠯ ᠢ ᠦᠷ᠎ᠠ ᠲᠠᠢ ᠬᠤᠯᠢᠨ ᠳᠠᠷᠢᠵᠤ ᠪᠤᠯᠤᠨ᠎ᠠ᠂ ᠨᠢᠬᠡ ᠺᠢᠯᠦᠭᠷᠠᠮ ᠦᠷ᠎ᠠ ᠳᠤ 16 — 20 ᠮᠢᠯᠢᠭᠷᠡᠮ ᠤᠨ 5% ᠶᠢᠨ ᠠᠯᠺᠸᠠ ᠤᠺᠰᠠᠽᠤᠯ ᠢ ᠨᠡᠮᠡᠨ᠎ᠡ᠃ ᠳᠤᠯᠤᠭ᠎ᠠ᠂ ᠵᠦᠢ ᠵᠤᠬᠢᠰᠳᠠᠢ ᠤᠰᠤᠯᠠᠨ᠎ᠠ᠃ ᠡᠷᠳᠡᠨᠢ ᠰᠢᠰᠢ ᠶᠢᠨ ᠪᠦᠬᠦᠶᠢᠯᠠ ᠤᠷᠭᠤᠯᠳᠠ ᠶᠢᠨ ᠬᠤᠭᠤᠴᠠᠭᠠᠨ ᠳᠤ 180 — 220 ᠪᠤᠰᠤᠭ᠎ᠠ ᠲᠦᠷᠪᠡᠯᠵᠢᠨ ᠮᠧᠲᠷ/ ᠮᠤ᠋ ᠤᠰᠤᠯᠠᠵᠤ᠂ ᠰᠢᠷ᠎ᠠ ᠪᠤᠷᠴᠠᠭ ᠤᠨ ᠪᠦᠬᠦᠶᠢᠯᠠ ᠤᠷᠭᠤᠯᠳᠠ ᠶᠢᠨ ᠬᠤᠭᠤᠴᠠᠭᠠᠨ ᠳᠤ 70 — 80 ᠪᠤᠰᠤᠭ᠎ᠠ ᠲᠦᠷᠪᠡᠯᠵᠢᠨ ᠮᠧᠲᠷ/ ᠮᠤ᠋ ᠤᠰᠤ ᠬᠡᠷᠡᠭᠯᠡᠬᠦ ᠶᠢ ᠰᠠᠨᠠᠭᠠᠴᠢᠯᠠᠨ᠎ᠠ᠃ ᠡᠷᠳᠡᠨᠢ ᠰᠢᠰᠢ ᠶᠢᠨ ᠪᠦᠬᠦᠶᠢᠯᠡ ᠤᠷᠭᠤᠯᠳᠠ ᠶᠢᠨ ᠬᠤᠭᠤᠴᠠᠭᠠᠨ ᠳᠤ 9 ᠤᠳᠠᠭ᠎ᠠ ᠤᠷᠴᠢᠮ ᠳᠤᠰᠤᠯᠭᠠᠨ ᠤᠰᠤᠯᠠᠵᠤ᠂ ᠳᠠᠷᠢᠭᠰᠡᠨ ᠤ ᠳᠠᠷᠠᠭ᠎ᠠ ᠴᠠᠭ ᠳᠤᠬᠠᠢ ᠳᠤ ᠨᠢ ᠤᠰᠤᠯᠠᠨ᠂ ᠦᠷ᠎ᠠ ᠶᠢᠨ ᠨᠠᠬᠢᠶᠠᠯᠠᠵᠤ ᠭᠠᠷᠬᠤ ᠶᠢ ᠪᠠᠳᠤᠯᠠᠵᠤ᠂ ᠬᠡᠷᠪᠡ ᠳᠤᠯᠠᠭᠠᠨ ᠤ ᠬᠡᠮᠵᠢᠶ᠎ᠡ ᠳᠤᠶᠢᠯ ᠤᠨ ᠳᠤᠤᠷ᠎ᠠ ᠡᠳᠤᠷ ᠳᠤᠬᠢᠶᠠᠯᠳᠤᠪᠠᠯ ᠳᠤᠤᠷ᠎ᠠ ᠳᠤᠯᠠᠭᠠᠨ ᠳᠤ ᠤᠰᠤᠯᠠᠬᠤ ᠠᠴᠠ ᠵᠠᠶᠢᠯᠠᠰᠬᠢᠬᠦ ᠬᠡᠷᠡᠭᠳᠠᠢ᠃ ᠪᠤᠶᠢᠵᠢᠯᠳᠠ ᠶᠢᠨ ᠬᠤᠭᠤᠴᠠᠭᠠᠨ ᠳᠤ᠂ ᠤᠰᠤᠯᠠᠬᠤ ᠬᠡᠮᠵᠢᠶ᠎ᠡ ᠶᠢ ᠪᠤᠷᠤᠭᠠᠨ ᠤ ᠪᠠᠶᠢᠳᠠᠯ ᠢ ᠦᠨᠳᠤᠰᠤᠯᠠᠵᠤ ᠳᠤᠭᠳᠠᠭᠠᠨ᠎ᠠ᠃ ᠡᠩ ᠤᠨ ᠪᠠᠶᠢᠳᠠᠯ ᠳᠤ 6 ᠰᠠᠷ᠎ᠠ ᠶᠢᠨ ᠳᠤᠮᠳᠠᠴᠢ ᠰᠡᠬᠦᠯᠴᠢ ᠪᠠᠷ ᠦᠶᠡᠯᠡᠬᠦ ᠦᠶ᠎ᠡ ᠳᠤ ᠤᠰᠤᠯᠠᠨ᠎ᠠ᠂ ᠰᠡᠬᠦᠯᠡᠷ ᠨᠢ ᠳᠠᠷᠢᠶᠠᠨ ᠭᠠᠵᠠᠷ ᠤᠨ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ 70% ᠠᠴᠠ ᠳᠤᠤᠷ᠎ᠠ ᠪᠤᠯᠬᠤ ᠦᠶ᠎ᠡ ᠳᠤ ᠴᠠᠭ ᠳᠤᠬᠠᠢ ᠳᠤ ᠨᠢ ᠤᠰᠤᠯᠠᠵᠤ᠂ ᠢᠯᠠᠩᠭᠤᠶ᠎ᠠ ᠡᠷᠳᠡᠨᠢ ᠰᠢᠰᠢ ᠶᠢᠨ ᠴᠡᠴᠡᠭ ᠳᠡᠯᠬᠡᠷᠡᠬᠦ ᠬᠤᠭᠤᠴᠠᠭᠠᠨ ᠳᠤ ᠤᠰᠤᠨ ᠤ ᠬᠠᠩᠭᠠᠯᠭ᠎ᠠ ᠶᠢ ᠵᠠᠪᠠᠯ ᠪᠠᠳᠤᠯᠠᠨ᠂ ᠤᠳᠠᠭ᠎ᠠ ᠪᠦᠷᠢ 20 ᠪᠤᠰᠤᠭ᠎ᠠ ᠲᠦᠷᠪᠡᠯᠵᠢᠨ ᠮᠧᠲᠷ ᠤᠷᠴᠢᠮ/ ᠮᠤ᠋ ᠳᠤ ᠳᠤᠰᠤᠯᠭᠠᠨ ᠤᠰᠤᠯᠠᠯᠳᠠ ᠬᠢᠵᠤ᠂ 9 ᠰᠠᠷ᠎ᠠ ᠶᠢᠨ ᠳᠤᠮᠳᠠᠴᠢ ᠪᠠᠷ ᠤᠰᠤ ᠵᠤᠭᠰᠤᠭᠠᠨ᠎ᠠ᠃ ᠰᠢᠷ᠎ᠠ ᠪᠤᠷᠴᠠᠭ ᠢ ᠳᠠᠷᠢᠭᠰᠡᠨ ᠤ ᠳᠠᠷᠠᠭ᠎ᠠ ᠴᠠᠭ ᠳᠤᠬᠠᠢ ᠳᠤ ᠨᠢ ᠳᠤᠰᠤᠯᠭᠠᠨ ᠤᠰᠤᠯᠠᠵᠤ᠂ ᠦᠷ᠎ᠠ ᠶᠢᠨ ᠨᠠᠬᠢᠶᠠᠯᠠᠬᠤ ᠶᠢ ᠪᠠᠳᠤᠯᠠᠨ᠎ᠠ᠃ ᠴᠡᠴᠡᠭ ᠳᠡᠯᠬᠡᠷᠡᠨ ᠬᠤᠩᠭᠤᠷᠴᠤᠭᠯᠠᠬᠤ ᠬᠤᠭᠤᠴᠠᠭ᠎ᠠ ᠪᠤᠯ ᠰᠢᠷ᠎ᠠ ᠪᠤᠷᠴᠠᠭ ᠤᠨ ᠤᠰᠤᠨ ᠬᠡᠷᠡᠭᠴᠡᠭᠡ ᠬᠠᠮᠤᠭ ᠶᠡᠭᠡ ᠦᠶ᠎ᠡ᠂ ᠮᠦᠨᠴᠤ ᠬᠠᠮᠤᠭ ᠤᠨ ᠰᠡᠷᠬᠡᠭ ᠬᠤᠭᠤᠴᠠᠭ᠎ᠠ ᠪᠤᠯᠬᠤᠷ ᠡᠨᠡᠬᠦ ᠬᠤᠭᠤᠴᠠᠭᠠᠨ ᠤ ᠤᠰᠤᠨ ᠤ ᠬᠦᠢᠴᠡᠤᠨ ᠬᠠᠩᠭᠠᠯᠭ᠎ᠠ ᠶᠢ ᠪᠠᠳᠤᠯᠠᠬᠤ ᠶᠢᠨ ᠬᠠᠮᠳᠤ ᠪᠤᠷᠴᠠᠭ ᠰᠠᠭᠤᠬᠤ ᠬᠤᠭᠤᠴᠠᠭᠠᠨ ᠤ ᠰᠢᠷ᠎ᠠ ᠪᠤᠷᠴᠠᠭ ᠤᠨ ᠤᠰᠤᠨ ᠬᠡᠷᠡᠭᠴᠡᠭᠡ ᠮᠦᠨ ᠯᠠ ᠶᠡᠭᠡ ᠤᠴᠢᠷ ᠠᠴᠠ ᠬᠡᠳᠤᠷᠬᠡᠢ ᠡᠷᠳᠠ ᠤᠰᠤ ᠵᠤᠭᠰᠤᠭᠠᠵᠤ ᠪᠤᠯᠬᠤ ᠦᠬᠡᠢ᠃ ᠰᠢᠷ᠎ᠠ ᠪᠤᠷᠴᠠᠭ᠂ ᠡᠷᠳᠡᠨᠢ ᠰᠢᠰᠢ ᠶᠢ ᠬᠤᠪᠢᠶᠠᠨ ᠤᠰᠤᠯᠠᠵᠤ᠂ ᠴᠢᠬᠢᠭᠳᠦᠴᠠ ᠶᠢᠨ ᠬᠠᠮᠢᠶᠠᠷᠤᠯᠳᠠ ᠶᠢ ᠳᠤᠰ ᠳᠤᠰ ᠳᠤ ᠨᠢ ᠶᠠᠪᠤᠭᠳᠠᠭᠤᠯᠤᠨ᠎ᠠ᠃      ᠨᠠᠢᠮᠠ᠂ ᠡᠪᠡᠤᠨᠴᠢᠨ ᠢ ᠰᠡᠷᠬᠡᠶᠢᠯᠡᠨ ᠬᠤᠷᠤᠬᠠᠢ ᠶᠢ ᠬᠢᠵᠠᠭᠠᠷᠯᠠᠨ᠎ᠠ᠃ ᠰᠢᠷ᠎ᠠ ᠪᠤᠷᠴᠠᠭ ᠤᠨ ᠪᠤᠷᠤ ᠳᠤᠯᠪᠤᠳᠤ ᠡᠪᠡᠤᠨᠴᠢᠨ᠂ ᠮᠦᠬᠦ ᠶᠢᠨ ᠴᠦᠮ᠎ᠠ ᠡᠪᠡᠤᠨᠴᠢᠨ᠂ ᠪᠤᠷᠭᠤᠢ ᠬᠤᠷᠤᠬᠠᠢ᠂ ᠪᠠᠭᠠᠷᠠᠩ ᠬᠤᠷᠤᠬᠠᠢ ᠵᠡᠷᠬᠡ ᠡᠪᠡᠤᠨᠴᠢᠨ ᠬᠤᠷᠤᠬᠠᠢ ᠶᠢᠨ ᠬᠦᠨᠤᠬᠡᠯ ᠢ ᠭᠤᠤᠯᠳᠠᠯᠭ᠎ᠠ ᠲᠠᠢ ᠰᠡᠷᠬᠡᠶᠢᠯᠡᠵᠤ᠂ ᠳᠠᠷᠢᠶᠠᠨ ᠳᠤᠮᠳᠠ ᠪᠤᠷᠤ ᠳᠤᠯᠪᠤᠳᠤ ᠡᠪᠡᠤᠨᠴᠢᠨ ᠢᠯᠡᠷᠡᠪᠡᠯ ᠴᠠᠭ ᠳᠤᠬᠠᠢ ᠳᠤ ᠨᠢ 75% ᠶᠢᠨ ᠪᠠᠢ ᠵᠢᠶᠦ᠋ᠨ ᠴᠢᠩ ᠴᠢᠬᠢᠭᠯᠢᠭ ᠨᠤᠨᠳᠠᠭ ᠡᠮ ᠤᠨ 700 — 800 ᠳᠠᠬᠢᠨ ᠤ ᠰᠢᠩᠬᠡᠨ ᠪᠤᠶᠤ 50% ᠶᠢᠨ ᠳ᠋ᠥᠸᠧ ᠵᠢᠶᠦ᠋ᠨ ᠯᠢᠩ ᠴᠢᠬᠢᠭᠯᠢᠭ ᠨᠤᠨᠳᠠᠭ ᠡᠮ ᠤᠨ 1000 ᠳᠠᠬᠢᠨ ᠤ ᠰᠢᠩᠬᠡᠨ ᠢ ᠰᠦᠷᠴᠢᠨ ᠵᠠᠰᠠᠵᠤ᠂ 10 ᠡᠳᠤᠷ ᠠᠯᠤᠰᠯᠠᠭᠠᠤᠨ 1 ᠤᠳᠠᠭ᠎ᠠ ᠰᠦᠷᠴᠢᠨ᠂ 2 — 3 ᠤᠳᠠᠭ᠎ᠠ ᠰᠦᠷᠴᠢᠨ᠎ᠠ᠂ ᠮᠦᠬᠦ ᠶᠢᠨ ᠴᠦᠮ᠎ᠠ ᠡᠪᠡᠤᠨᠴᠢᠨ ᠢ ᠰᠡᠷᠬᠡᠶᠢᠯᠡᠨ ᠵᠠᠰᠠᠬᠤ ᠬᠠᠮᠤᠭ ᠰᠠᠶᠢᠨ ᠴᠠᠭ ᠪᠤᠯ ᠰᠢᠷ᠎ᠠ ᠪᠤᠷᠴᠠᠭ  ᠤᠨ ᠴᠡᠴᠡᠭ ᠳᠡᠯᠬᠡᠷᠡᠬᠦ ᠡᠬᠢᠨ ᠤ ᠬᠤᠭᠤᠴᠠᠭ᠎ᠠ ᠠᠴᠠ ᠬᠤᠩᠭᠤᠷᠴᠤᠭ ᠤᠨ ᠡᠬᠢᠨ ᠤ ᠬᠤᠭᠤᠴᠠᠭ᠎ᠠ ᠪᠤᠯᠤᠨ᠎ᠠ᠃ ᠮᠤ᠋ ᠪᠦᠷᠢ ᠳᠤ 80% ᠶᠢᠨ ᠳ᠋ᠥᠸᠧ ᠵᠢᠶᠦ᠋ᠨ ᠯᠢᠩ ᠪᠢᠴᠢᠯ ᠮᠦᠬᠦᠯᠢᠭ ᠡᠮ ᠢ 50 ᠭᠷᠠᠮ ᠪᠤᠶᠤ 50% ᠶᠢᠨ ᠳ᠋ᠥᠸᠧ ᠵᠢᠶᠦ᠋ᠨ ᠯᠢᠩ ᠴᠢᠬᠢᠭᠯᠢᠭ ᠨᠤᠨᠳᠠᠭ ᠡᠮ ᠢ 100 ᠭᠷᠠᠮ ᠪᠤᠶᠤ 40% ᠶᠢᠨ ᠳ᠋ᠥᠸᠧ ᠵᠢᠶᠦ᠋ᠨ ᠯᠢᠩ ᠴᠠᠪᠠᠤᠯᠢᠭ ᠡᠮ ᠢ 100 ᠮᠢᠯᠢᠯᠢᠲᠷ ᠰᠦᠷᠴᠢᠵᠤ ᠵᠠᠰᠠᠨ᠎ᠠ᠃ 7 ᠰᠠᠷ᠎ᠠ ᠶᠢᠨ ᠰᠡᠬᠦᠯᠴᠢ ᠠᠴᠠ 8 ᠰᠠᠷ᠎ᠠ ᠶᠢᠨ ᠡᠬᠢᠨ ᠤ ᠪᠤᠷᠭᠤᠢ ᠬᠤᠷᠤᠬᠠᠢ ᠶᠡᠬᠡᠪᠡᠷ ᠪᠦᠳᠤᠬᠦ ᠬᠤᠭᠤᠴᠠᠭᠠᠨ ᠳᠤ  ᠰᠢᠦ ᠴᠢᠩ ᠵᠢᠦᠢ ᡁᠢ ᠶᠢ ᠮᠤ᠋ ᠪᠦᠷᠢ ᠳᠤ 30 ᠭᠷᠠᠮ ᠢ 40 — 50 ᠺᠢᠯᠦᠭᠷᠠᠮ ᠤᠰᠤ ᠲᠠᠢ ᠬᠤᠯᠢᠨ ᠤᠷᠤᠢ ᠶᠢᠨ 4 — 7 ᠴᠠᠭ ᠲᠤ ᠨᠠᠪᠴᠢᠨ ᠤ ᠭᠠᠳᠠᠷᠭᠤ ᠳᠤ ᠰᠦᠷᠴᠢᠨ᠂ 10 ᠡᠳᠤᠷ ᠲᠤ ᠨᠢᠬᠡ ᠤᠳᠠᠭ᠎ᠠ ᠰᠦᠷᠴᠢᠵᠤ᠂ ᠵᠠᠯᠭᠠᠪᠠᠷ 2 — 3 ᠤᠳᠠᠭ᠎ᠠ ᠰᠦᠷᠴᠢᠪᠡᠯ ᠡᠪᠡᠰᠤᠳᠤ ᠭᠠᠵᠠᠷ ᠤᠨ ᠮᠢᠩ ᠬᠤᠷᠤᠬᠠᠢ ᠶᠢ ᠬᠠᠮᠳᠤ ᠳᠤ ᠨᠢ ᠵᠠᠰᠠᠵᠤ ᠪᠤᠯᠤᠨ᠎ᠠ᠃ ᠰᠢᠷ᠎ᠠ ᠪᠤᠷᠴᠠᠭ ᠤᠨ ᠪᠠᠭᠠᠷᠠᠩ ᠬᠤᠷᠤᠬᠠᠢ ᠶᠢᠨ ᠳᠤᠯᠪᠤ ᠡᠬᠦᠰᠬᠦ ᠪᠤᠶᠤ ᠤᠷᠭᠤᠮᠠᠯ ᠤᠨ ᠪᠠᠭᠠᠷᠠᠩ ᠬᠤᠷᠤᠬᠠᠢ ᠶᠢᠨ ᠨᠤᠷᠮ᠎ᠠ 50% ᠬᠦᠷᠬᠦ ᠦᠶᠡᠰ 3% ᠶᠢᠨ ᠳ᠋ᠢᠩ ᠴᠦᠩ ᠮᠢ ᠴᠢᠳᠡᠮᠯᠢᠭ ᠳᠤᠰᠤ ᠶᠢ 15 — 20 ᠮᠢᠯᠢᠯᠢᠲᠷ/ ᠮᠤ᠋ ᠬᠡᠷᠡᠭᠯᠡᠵᠤ᠂ ᠬᠡᠷᠡᠭᠯᠡᠬᠦ ᠡᠮ ᠤᠨ ᠳᠤᠤᠷ᠎ᠠ ᠬᠢᠵᠠᠭᠠᠷ ᠲᠤ 40 ᠺᠢᠯᠦᠭᠷᠠᠮ ᠤᠰᠤ ᠬᠤᠯᠢᠵᠤ᠂ ᠬᠡᠷᠡᠭᠯᠡᠬᠦ ᠡᠮ ᠤᠨ ᠳᠡᠬᠡᠳᠤ ᠬᠢᠵᠠᠭᠠᠷ ᠲᠤ 50 ᠺᠢᠯᠦᠭᠷᠠᠮ ᠤᠰᠤ ᠬᠤᠯᠢᠵᠤ ᠰᠦᠷᠴᠢᠨ ᠵᠠᠰᠠᠨ᠎ᠠ᠃ ᠡᠷᠳᠡᠨᠢ ᠰᠢᠰᠢ ᠶᠢᠨ ᠳᠤᠮᠤ ᠳᠤᠯᠪᠤᠳᠤ ᠡᠪᠡᠤᠨᠴᠢᠨ ᠳᠤ  ᠳ᠋ᠥᠸᠧ ᠵᠢᠶᠦ᠋ᠨ ᠯᠢᠩ᠂ ᠳ᠋ᠠᠢ ᠰᠧᠨ ᠮᠧᠩ ᠰᠢᠨ᠂ ᠵᠢᠶᠠ ᠵᠢᠢ ᠯᠢᠦ ᠵᠢᠶᠦ᠋ᠨ ᠯᠢᠩ ᠂ ᠫᠧᠨ᠋ᠲ᠋ᠠᠽᠤᠯ ᠠᠯᠺᠤᠤᠯ ᠵᠡᠷᠬᠡ ᠴᠢᠬᠢᠭᠯᠢᠭ ᠨᠤᠨᠳᠠᠭ ᠡᠮ ᠢ ᠬᠡᠷᠡᠭᠯᠡᠵᠤ ᠳᠤᠳᠤᠷᠬᠠᠶᠢᠯᠠᠯᠳᠠ ᠶᠢᠨ ᠪᠢᠴᠢᠭ ᠶᠤᠰᠤᠭᠠᠷ ᠬᠡᠷᠡᠭᠯᠡᠬᠦ ᠬᠡᠮᠵᠢᠶ᠎ᠡ ᠪᠠᠷ ᠤᠰᠤ ᠬᠤᠯᠢᠵᠤ ᠰᠦᠷᠴᠢᠨ ᠵᠠᠰᠠᠨ᠎ᠠ︔ ᠨᠠᠩᠬᠢ ᠬᠤᠷᠤᠬᠠᠢ᠂ ᠡᠪᠡᠰᠤᠳᠤ ᠭᠠᠵᠠᠷ ᠤᠨ ᠮᠢᠩ ᠬᠤᠷᠤᠬᠠᠢ᠂ ᠬᠦᠪᠤᠩ ᠤᠨ ᠬᠤᠩᠭᠤᠷᠴᠠᠭ ᠤᠨ ᠢᠳᠤᠭᠠᠨ᠂ ᠰᠢᠷᠤᠢ ᠶᠢᠨ ᠵᠢᠵᠢᠭ ᠬᠦᠷᠢ ᠂ ᠡᠷᠳᠡᠨᠢ ᠰᠢᠰᠢ ᠶᠢᠨ ᠤᠯᠠᠭᠠᠨ ᠠᠭᠠᠯᠵᠢ ᠵᠡᠷᠬᠡ ᠳᠤ ᠦᠨᠳᠤᠷ ᠪᠦᠳᠤᠮᠵᠢᠳᠠᠢ᠂ ᠬᠤᠤᠷ ᠪᠠᠭ᠎ᠠ᠂ ᠦᠯᠡᠳᠡᠭᠳᠡᠯ ᠪᠠᠭ᠎ᠠ ᠲᠠᠢ ᠬᠤᠷᠤᠬᠠᠢ ᠠᠯᠠᠬᠤ ᠡᠮ ᠪᠤᠶᠤ ᠠᠮᠢᠳᠤ ᠪᠤᠳᠠᠰ ᠤᠨ ᠳᠠᠷᠢᠶᠠᠨ ᠡᠮ ᠢ ᠳᠤᠳᠤᠷᠬᠠᠶᠢᠯᠠᠯᠳᠠ ᠶᠢᠨ ᠪᠢᠴᠢᠭ ᠤᠨ ᠳᠠᠨᠢᠯᠴᠠᠭᠤᠯᠭ᠎ᠠ ᠶᠤᠰᠤᠭᠠᠷ ᠬᠡᠷᠡᠭᠯᠡᠬᠦ ᠬᠡᠮᠵᠢᠶ᠎ᠡ ᠪᠠᠷ ᠤᠰᠤ ᠬᠤᠯᠢᠭᠰᠡᠨ ᠤ ᠳᠠᠷᠠᠭ᠎ᠠ ᠰᠦᠷᠴᠢᠨ ᠵᠠᠰᠠᠨ᠎ᠠ᠃      ᠶᠢᠰᠤ᠂ ᠵᠤᠬᠢᠬᠤ ᠬᠤᠭᠤᠴᠠᠭᠠᠨ ᠳᠤ ᠨᠢ ᠬᠤᠷᠢᠶᠠᠨ᠎ᠠ᠃ 9 ᠰᠠᠷ᠎ᠠ ᠶᠢᠨ ᠰᠡᠬᠦᠯᠴᠢ 10 ᠰᠠᠷ᠎ᠠ ᠶᠢᠨ ᠡᠬᠢᠨ ᠤ ᠬᠤᠭᠤᠴᠠᠭᠠᠨ ᠳᠤ ᠡᠷᠳᠡᠨᠢ ᠰᠢᠰᠢ᠂ ᠰᠢᠷ᠎ᠠ ᠪᠤᠷᠴᠠᠭ ᠤᠨ ᠪᠤᠯᠪᠠᠰᠤᠷᠠᠯᠳᠠ ᠶᠢᠨ ᠡᠮᠤᠨ᠎ᠡ ᠬᠤᠶᠢᠨ᠎ᠠ ᠳᠠᠷᠠᠭᠠᠯᠠᠯ ᠢ ᠦᠨᠳᠤᠰᠤᠯᠡᠨ ᠬᠤᠷᠢᠶᠠᠬᠤ ᠳᠡᠰ ᠳᠠᠷᠠᠭ᠎ᠠ ᠪᠠᠨ ᠳᠤᠭᠳᠠᠭᠠᠨ᠎ᠠ᠃ ᠰᠢᠷ᠎ᠠ ᠪᠤᠷᠴᠠᠭ ᠤᠨ ᠨᠠᠪᠴᠢ  ᠨᠢ ᠪᠦᠬᠦᠨ ᠢᠶᠠᠷ ᠢᠶᠠᠨ ᠬᠤᠪᠬᠤᠷᠠᠨ ᠤᠨᠠᠵᠤ᠂ ᠡᠰᠢᠨ ᠳᠤ ᠨᠢ ᠤᠤᠯ ᠲᠦᠷᠤᠯ ᠤᠨ ᠳᠤᠭᠳᠠᠮᠠᠯ ᠦᠩᠬᠡ ᠢᠯᠡᠷᠡᠨ᠂ ᠮᠦᠬᠦᠯᠢᠭ ᠤᠨ ᠤᠰᠤᠨ ᠤ ᠠᠭᠤᠯᠤᠭᠳᠠᠴᠠ  ᠨᠢ ᠪᠠᠭᠤᠷᠠᠭᠠᠤᠨ 15% ᠤᠷᠴᠢᠮ ᠪᠤᠯᠬᠤ ᠦᠶ᠎ᠡ ᠳᠤ ᠮᠠᠰᠢᠨ ᠢᠶᠠᠷ ᠬᠤᠷᠢᠶᠠᠨ᠎ᠠ᠃ ᠡᠷᠳᠡᠨᠢ ᠰᠢᠰᠢ ᠶᠢᠨ 90% ᠠᠴᠠ ᠳᠡᠬᠡᠭᠰᠢᠬᠢ ᠵᠢᠮᠢᠰ ᠤᠨ ᠲᠦᠷᠤᠬᠦᠤ ᠶᠢᠨ ᠪᠠᠭᠯᠠᠭᠴᠢ ᠨᠠᠪᠴᠢ ᠨᠢ ᠬᠤᠪᠬᠠᠶᠢᠷᠠᠨ ᠴᠠᠶᠢᠷᠠᠵᠤ᠂ ᠮᠦᠬᠦᠯᠢᠭ ᠨᠢ ᠬᠠᠳᠠᠭᠤᠷᠠᠨ᠂ ᠰᠦᠨ ᠱᠤᠭᠤᠮ ᠨᠢ ᠠᠷᠢᠯᠵᠤ᠂ ᠰᠠᠭᠤᠷᠢ ᠬᠡᠰᠡᠭ ᠲᠤ ᠨᠢ ᠬᠠᠷ᠎ᠠ ᠦᠩᠬᠡᠳᠠᠢ ᠳᠡᠪᠬᠤᠷᠭ᠎ᠠ ᠢᠯᠡᠷᠡᠨ᠂ ᠤᠰᠤ ᠠᠭᠤᠯᠬᠤ ᠨᠤᠷᠮ᠎ᠠ ᠨᠢ 30% ᠤᠷᠴᠢᠮ ᠪᠤᠯᠬᠤ ᠦᠶ᠎ᠡ ᠳᠤ ᠡᠷᠳᠡᠨᠢ ᠰᠢᠰᠢ ᠶᠢᠨ ᠬᠠᠮ ᠬᠠᠳᠤᠵᠤ ᠬᠤᠷᠢᠶᠠᠬᠤ ᠮᠠᠰᠢᠨ ᠢᠶᠠᠷ ᠬᠤᠷᠢᠶᠠᠨ᠎ᠠ᠃ ᠡᠷᠳᠡᠨᠢ ᠰᠢᠰᠢ ᠰᠢᠷ᠎ᠠ ᠪᠤᠷᠴᠠᠭ ᠢ ᠨᠠᠶᠢᠯᠡᠬᠦᠯᠤᠨ ᠳᠠᠷᠤᠰᠢᠭᠤᠯᠬᠤ ᠳᠤ᠂ ᠰᠢᠷ᠎ᠠ ᠪᠤᠷᠴᠠᠭ ᠤᠨ ᠬᠡᠩᠬᠡᠷᠬᠡᠨ ᠮᠦᠬᠦᠯᠢᠭ ᠤᠨ ᠰᠡᠬᠦᠯᠴᠢ ᠶᠢᠨ ᠬᠤᠭᠤᠴᠠᠭᠠᠨ ᠳᠤ᠂ ᠡᠷᠳᠡᠨᠢ ᠰᠢᠰᠢ ᠶᠢᠨ ᠰᠢᠷᠠᠯᠠᠬᠤ ᠡᠬᠢᠨ ᠤ ᠬᠤᠭᠤᠴᠠᠭᠠᠨ ᠳᠤ ᠬᠠᠮᠳᠤ ᠳᠤ ᠨᠢ ᠬᠤᠷᠢᠶᠠᠭᠰᠡᠨ ᠤ ᠰᠡᠬᠦᠯᠡᠷ ᠪᠤᠭᠤᠵᠢᠯᠠᠵᠤ ᠪᠦᠷᠬᠦᠬᠦᠯ ᠤᠷᠤᠭᠤᠯᠬᠤ ᠮᠦᠷᠳᠡᠬᠡᠨ ᠤᠪᠤᠭᠠᠯᠠᠨ ᠳᠠᠯᠪᠢᠵᠤ ᠳᠠᠷᠤᠰᠢᠭᠤᠯᠬᠤ ᠪᠤᠶᠤ ᠰᠢᠭᠤᠤᠨ ᠳᠠᠷᠤᠰᠢᠭᠤᠯᠵᠤ᠂ ᠨᠤᠭᠤᠭᠠᠨ ᠳᠠᠷᠤᠰᠢ ᠶᠢᠨ ᠵᠤᠭᠤᠷᠢᠨ ᠳᠤ ᠪᠢᠳᠡᠬᠦᠮᠵᠢᠯᠡᠵᠤ ᠬᠠᠳᠠᠭᠠᠯᠠᠨ᠎ᠠ᠃      ᠠᠷᠪᠠ᠂ ᠠᠩᠬᠠᠷᠬᠤ ᠵᠦᠢᠯ᠃ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠠᠶᠢᠯᠡᠮᠡᠯ ᠳᠠᠷᠢᠯᠳᠠ ᠪᠤᠯ ᠨᠢᠬᠡ ᠲᠦᠷᠤᠯ ᠤᠨ ᠨᠠᠷᠢᠯᠢᠭ ᠤᠨᠤᠪᠴᠢᠳᠠᠢ ᠮᠡᠷᠬᠡᠵᠢᠯ ᠪᠤᠯᠤᠨ᠎ᠠ᠂ ᠬᠡᠷᠪᠡ ᠰᠠᠶᠢᠳᠤᠷ ᠡᠵᠡᠮᠳᠡᠵᠤ ᠳᠠᠶᠢᠯᠬᠦ ᠦᠬᠡᠢ ᠪᠤᠯ ᠤᠨᠠᠯᠳᠠ ᠪᠠᠭᠠᠰᠬᠤ ᠪᠤᠯᠤᠨ᠎ᠠ᠂ ᠭᠤᠤᠯᠳᠠᠭᠤ ᠳᠤᠤᠷᠠᠬᠢ 3 ᠳᠠᠯ᠎ᠠ ᠶᠢ ᠠᠩᠬᠠᠷᠬᠤ ᠬᠡᠷᠡᠭᠳᠠᠢ᠃      1. ᠨᠢᠭᠳᠠᠴᠠ ᠶᠢ ᠪᠠᠳᠤᠯᠠᠬᠤ ᠪᠤᠯ ᠤᠨᠠᠯᠳᠠ ᠶᠢ ᠳᠤᠭᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠶᠢᠨ ᠰᠠᠭᠤᠷᠢ ᠪᠤᠯᠤᠨ᠎ᠠ᠃ ᠳᠤᠰ ᠮᠡᠷᠬᠡᠵᠢᠯ ᠤᠨ ᠭᠤᠤᠯᠳᠠᠯᠭ᠎ᠠ ᠪᠤᠯ ᠨᠢᠭᠳᠠ ᠳᠠᠷᠢᠯᠳᠠ ᠳᠤ ᠳᠠᠭᠠᠭᠠᠮᠠᠭᠠᠢ ᠦᠷ᠎ᠠ ᠶᠢ ᠰᠤᠩᠭᠤᠬᠤ ᠪᠠᠷ ᠳᠠᠮᠵᠢᠨ ᠳᠠᠷᠢᠯᠳᠠ ᠶᠢᠨ ᠨᠢᠭᠳᠠᠴᠠ ᠶᠢ ᠨᠡᠮᠡᠭᠳᠡᠬᠦᠯᠤᠨ᠂ ᠨᠢᠬᠡ ᠮᠤ᠋ ᠭᠠᠵᠠᠷ ᠳᠡᠬᠡᠷᠡᠬᠢ ᠡᠷᠳᠡᠨᠢ ᠰᠢᠰᠢ ᠶᠢᠨ ᠭᠠᠵᠠᠷ ᠡᠵᠡᠯᠡᠬᠦ ᠳᠠᠯᠠᠪᠠᠢ ᠶᠢ ᠪᠠᠭᠠᠰᠬᠠᠬᠤ ᠠᠴᠠ ᠪᠢᠰᠢ ᠰᠠᠭᠤᠷᠢ ᠳᠤᠭ᠎ᠠ ᠶᠢ ᠪᠠᠭᠠᠰᠬᠠᠬᠤ ᠦᠬᠡᠢ ᠪᠠᠶᠢᠬᠤ ᠶᠢ ᠪᠠᠳᠤᠯᠠᠨ᠎ᠠ᠃ ᠬᠦᠪᠡᠭᠡ ᠵᠠᠬ᠎ᠠ ᠶᠢᠨ ᠳᠠᠪᠠᠭᠤᠯᠢᠭ ᠢ ᠬᠦᠢᠴᠡᠤᠨ ᠠᠰᠢᠭᠯᠠᠨ᠂ ᠰᠠᠯᠬᠢ ᠬᠡᠷᠡᠯ ᠨᠡᠪᠳᠡᠷᠡᠬᠦ ᠶᠢ ᠨᠡᠮᠡᠭᠳᠡᠬᠦᠯᠵᠤ᠂ ᠨᠢᠬᠡ ᠮᠤ᠋ ᠭᠠᠵᠠᠷ ᠤᠨ ᠡᠷᠳᠡᠨᠢ ᠰᠢᠰᠢ ᠶᠢᠨ ᠤᠨᠠᠯᠳᠠ  ᠶᠢ ᠪᠠᠭᠠᠰᠬᠠᠬᠤ ᠦᠬᠡᠢ ᠤᠷᠢᠳᠠᠯ ᠳᠤᠤᠷ᠎ᠠ ᠪᠠᠰᠠ ᠨᠢᠬᠡ ᠪᠦᠯᠦᠭ ᠰᠢᠷ᠎ᠠ ᠪᠤᠷᠴᠠᠭ ᠢᠶᠠᠷ ᠤᠷᠤᠯᠭ᠎ᠠ ᠪᠠᠨ ᠨᠡᠮᠡᠭᠳᠡᠬᠦᠯᠤᠨ᠎ᠠ᠃ ᠳᠠᠷᠤᠢ ᠨᠢᠬᠡ ᠮᠤ᠋ ᠭᠠᠵᠠᠷ ᠢ ᠬᠤᠶᠠᠷ ᠮᠤ᠋ ᠭᠠᠵᠠᠷ ᠪᠤᠯᠭᠠᠨ ᠠᠰᠢᠭᠯᠠᠵᠤ᠂ ᠨᠢᠬᠡ ᠭᠠᠵᠠᠷ ᠠᠴᠠ ᠬᠤᠶᠠᠷ ᠤᠷᠤᠯᠭ᠎ᠠ ᠤᠯᠬᠤ ᠶᠢ ᠪᠡᠶᠡᠯᠡᠬᠦᠯᠤᠨ᠎ᠠ᠃ ᠬᠡᠷᠪᠡ ᠡᠷᠳᠡᠨᠢ ᠰᠢᠰᠢ ᠶᠢᠨ ᠨᠢᠭᠳᠠᠴᠠ ᠬᠦᠷᠤᠯᠴᠡᠬᠦ ᠦᠬᠡᠢ ᠪᠤᠯ ᠡᠷᠳᠡᠨᠢ ᠰᠢᠰᠢ ᠶᠢᠨ ᠭᠠᠵᠠᠷ ᠡᠵᠡᠯᠡᠬᠦ ᠳᠠᠯᠠᠪᠠᠢ ᠶᠢᠨ ᠪᠠᠭᠠᠰᠤᠯᠳᠠ ᠠᠴᠠ ᠤᠨᠠᠯᠳᠠ ᠪᠠᠭᠠᠰᠬᠤ ᠪᠤᠯᠤᠨ᠎ᠠ᠃ ᠨᠠᠶᠢᠯᠡᠮᠡᠯ ᠳᠠᠷᠢᠯᠳᠠ ᠶᠢᠨ ᠨᠦᠬᠦᠴᠡᠯ ᠳᠤᠤᠷ᠎ᠠ ᠡᠷᠳᠡᠨᠢ ᠰᠢᠰᠢ ᠶᠢᠨ ᠨᠢᠭᠳᠠᠴᠠ ᠶᠢ ᠳ᠋ᠠᠩ ᠢᠶᠠᠷ ᠳᠠᠷᠢᠬᠤ ᠨᠢᠭᠳᠠᠴᠠ ᠲᠠᠢ ᠠᠳᠠᠯᠢ ᠪᠤᠶᠤ ᠳ᠋ᠠᠩ ᠢᠶᠠᠷ ᠳᠠᠷᠢᠬᠤ ᠨᠢᠭᠳᠠᠴᠠ ᠶᠢᠨ 80% ᠠᠴᠠ ᠳᠡᠬᠡᠭᠰᠢ ᠳᠤ ᠬᠦᠷᠬᠡᠵᠤ᠂ ᠰᠢᠷ᠎ᠠ ᠪᠤᠷᠴᠠᠭ ᠤᠨ ᠨᠢᠭᠳᠠᠴᠠ ᠶᠢ ᠳ᠋ᠠᠩ ᠢᠶᠠᠷ ᠳᠠᠷᠢᠬᠤ ᠨᠢᠭᠳᠠᠴᠠ ᠶᠢᠨ 70% ᠠᠴᠠ ᠳᠡᠬᠡᠭᠰᠢ ᠳᠤ ᠬᠦᠷᠬᠡᠬᠦ ᠬᠡᠷᠡᠭᠳᠠᠢ᠃      2. ᠨᠠᠷᠢᠯᠢᠭ ᠤᠨᠤᠪᠴᠢᠳᠠᠢ ᠪᠠᠷ ᠪᠤᠷᠳᠤᠭᠤᠷ ᠤᠷᠤᠭᠤᠯᠬᠤ ᠪᠤᠯ ᠤᠨᠠᠯᠳᠠ ᠶᠢ ᠳᠤᠭᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠶᠢᠨ ᠵᠠᠩᠬᠢᠯᠠᠭ᠎ᠠ ᠪᠤᠯᠤᠨ᠎ᠠ ᠃ ᠨᠠᠶᠢᠯᠡᠮᠡᠯ ᠳᠠᠷᠢᠯᠳᠠ ᠶᠢᠨ ᠨᠦᠬᠦᠴᠡᠯ ᠳᠤᠤᠷ᠎ᠠ ᠡᠷᠳᠡᠨᠢ ᠰᠢᠰᠢ ᠶᠢᠨ ᠳᠠᠯᠠᠪᠠᠢ ᠬᠡᠳᠤᠶᠢᠪᠡᠷ ᠪᠠᠭᠠᠰᠤᠭᠰᠡᠨ ᠴᠤ ᠰᠠᠭᠤᠷᠢ ᠶᠢᠨ ᠳᠤᠭ᠎ᠠ ᠨᠢ ᠪᠠᠭᠠᠰᠤᠭᠰᠡᠨ ᠦᠬᠡᠢ᠂ ᠤᠨᠠᠯᠳᠠ ᠶᠢ ᠪᠠᠭᠤᠷᠠᠭᠤᠯᠬᠤ ᠦᠬᠡᠢ ᠪᠠᠶᠢᠯᠭᠠᠬᠤ ᠬᠡᠪᠡᠯ᠂ ᠨᠠᠶᠢᠯᠡᠮᠡᠯ ᠳᠠᠷᠢᠯᠳᠠ ᠳᠠᠬᠢ ᠡᠷᠳᠡᠨᠢ ᠰᠢᠰᠢ ᠶᠢᠨ ᠪᠤᠷᠳᠤᠭᠤᠷ ᠤᠷᠤᠭᠤᠯᠬᠤ ᠬᠡᠮᠵᠢᠶ᠎ᠡ ᠶᠢ ᠳ᠋ᠠᠩ ᠢᠶᠠᠷ ᠡᠷᠳᠡᠨᠢ ᠰᠢᠰᠢ ᠳᠠᠷᠢᠬᠤ ᠦᠶ᠎ᠡ ᠲᠠᠢ ᠠᠳᠠᠯᠢ ᠪᠠᠶᠢᠯᠭᠠᠬᠤ ᠬᠡᠷᠡᠭᠳᠠᠢ᠂ ᠡᠷᠳᠡᠨᠢ ᠰᠢᠰᠢ ᠶᠢᠨ ᠳ᠋ᠠᠩ ᠳᠠᠷᠢᠯᠳᠠ ᠶᠢᠨ ᠨᠢᠬᠡ ᠮᠤ᠋ ᠭᠠᠵᠠᠷ ᠳᠡᠬᠡᠷᠡᠬᠢ ᠪᠤᠷᠳᠤᠭᠤᠷ ᠤᠷᠤᠭᠤᠯᠤᠯᠳᠠ ᠶᠢ ᠤᠳᠤ ᠶᠢᠨ ᠬᠠᠭᠠᠰ ᠮᠤ᠋ ᠭᠠᠵᠠᠷ ᠲᠤ ᠤᠷᠤᠭᠤᠯᠤᠨ᠎ᠠ᠂ ᠢᠩᠬᠢᠵᠤ ᠬᠢᠬᠦ ᠳᠤ ᠳᠠᠷᠢᠵᠤ ᠪᠤᠷᠳᠤᠭᠤᠷ ᠤᠷᠤᠭᠤᠯᠬᠤ ᠮᠠᠰᠢᠨ ᠳᠤ ᠨᠠᠩ ᠶᠡᠭᠡ ᠪᠤᠷᠳᠤᠭᠤᠷ ᠤᠷᠤᠭᠤᠯᠬᠤ ᠬᠦᠴᠤᠯᠡᠴᠠ ᠲᠠᠢ ᠪᠠᠶᠢᠯᠭᠠᠵᠤ᠂ ᠪᠤᠷᠳᠤᠭᠤᠷ ᠤᠷᠤᠭᠤᠯᠬᠤ ᠬᠦᠴᠤᠯᠡᠴᠠ ᠬᠦᠢᠴᠡᠤᠨ ᠪᠠᠶᠢᠬᠤ ᠶᠢ ᠪᠠᠳᠤᠯᠠᠬᠤ ᠶᠢᠨ ᠲᠦᠯᠤᠬᠡ᠂ ᠳᠠᠷᠢᠵᠤ ᠪᠤᠷᠳᠤᠭᠤᠷ ᠤᠷᠤᠭᠤᠯᠬᠤ ᠮᠠᠰᠢᠨ ᠳᠤ ᠠᠰᠳᠠᠭᠠᠨ ᠨᠢᠬᠡ ᠪᠤᠷᠳᠤᠭᠤᠷ ᠤᠷᠤᠭᠤᠯᠬᠤ ᠬᠤᠭᠤᠯᠠᠢ ᠨᠡᠮᠡᠵᠤ ᠤᠭᠰᠠᠷᠠᠬᠤ ᠪᠤᠶᠤ ᠪᠤᠷᠳᠤᠭᠤᠷ ᠤᠷᠤᠭᠤᠯᠬᠤ ᠠᠮᠠᠰᠠᠷ ᠢ ᠶᠡᠬᠡᠰᠬᠡᠵᠤ ᠪᠠᠶᠢᠭᠠᠤᠨ ᠪᠤᠷᠳᠤᠭᠤᠷ ᠤᠷᠤᠭᠤᠯᠬᠤ ᠬᠡᠮᠵᠢᠶ᠎ᠡ ᠶᠢᠨ ᠬᠠᠷᠠᠯᠳᠠ ᠳᠤ ᠬᠦᠷᠬᠡᠨ᠎ᠡ᠃ ᠡᠬᠦᠨ ᠠᠴᠠ ᠭᠠᠳᠠᠨ᠎ᠠ᠂ ᠡᠷᠳᠡᠨᠢ ᠰᠢᠰᠢ ᠰᠢᠷ᠎ᠠ ᠪᠤᠷᠴᠠᠭ ᠤᠨ ᠪᠤᠷᠳᠤᠭᠤᠷ ᠤᠨ ᠱᠠᠭᠠᠷᠳᠠᠯᠭ᠎ᠠ ᠶᠢᠨ ᠬᠡᠮᠵᠢᠶ᠎ᠡ ᠪᠠ ᠱᠠᠭᠠᠷᠳᠠᠯᠭ᠎ᠠ ᠶᠢᠨ ᠵᠢᠮ᠎ᠠ ᠶᠤᠰᠤ ᠨᠢ ᠮᠠᠰᠢ ᠶᠡᠭᠡ ᠵᠦᠷᠢᠶ᠎ᠡ ᠲᠠᠢ ᠪᠤᠯᠬᠤᠷ ᠪᠤᠷᠳᠤᠭᠤᠷ ᠤᠨ ᠬᠠᠮᠢᠶᠠᠷᠤᠯᠳᠠ ᠶᠢ ᠠᠰᠳᠠᠭᠠᠨ ᠶᠠᠪᠤᠭᠳᠠᠭᠤᠯᠤᠨ᠎ᠠ᠃ ᠢᠯᠠᠩᠭᠤᠶ᠎ᠠ ᠡᠷᠳᠡᠨᠢ ᠰᠢᠰᠢ ᠳᠤ ᠠᠽᠤᠲ ᠪᠤᠷᠳᠤᠭᠤᠷ ᠨᠡᠮᠡᠵᠤ ᠤᠷᠤᠭᠤᠯᠬᠤ ᠳᠠᠭᠠᠨ ᠪᠦᠬᠦ ᠳᠠᠷᠢᠶᠠᠨ ᠳᠤ ᠰᠠᠴᠤᠬᠤ ᠪᠠ ᠨᠠᠯᠤᠩᠬᠡᠢ ᠤᠰᠤᠯᠠᠬᠤ ᠶᠠᠪᠤᠳᠠᠯ ᠢ ᠴᠢᠩᠭ᠎ᠠ ᠴᠡᠬᠡᠷᠡᠯᠬᠦ ᠬᠡᠷᠡᠭᠳᠠᠢ᠂ ᠡᠰᠡ ᠳᠡᠬᠡᠪᠡᠯ ᠰᠢᠷ᠎ᠠ ᠪᠤᠷᠴᠠᠭ ᠠᠽᠤᠲ ᠪᠤᠷᠳᠤᠭᠤᠷ ᠤᠨ ᠢᠯᠡᠬᠦᠳᠠᠯ ᠠᠴᠠ ᠪᠤᠯᠵᠤ ᠬᠡᠳᠤᠷᠬᠡᠢ ᠤᠷᠭᠤᠨ᠂ ᠤᠨᠠᠯᠳᠠ ᠶᠢ ᠬᠦᠨᠳᠤ ᠨᠤᠴᠢᠳᠠᠢ ᠪᠠᠭᠤᠷᠠᠭᠤᠯᠬᠤ ᠪᠤᠯᠤᠨ᠎ᠠ᠃      3. ᠳᠤᠰᠭᠠᠷᠯᠠᠵᠤ ᠡᠪᠡᠰᠤ ᠠᠷᠢᠯᠭᠠᠬᠤ ᠪᠤᠯ ᠤᠨᠠᠯᠳᠠ ᠶᠢ ᠳᠤᠭᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠪᠠᠳᠤᠯᠠᠭ᠎ᠠ ᠪᠤᠯᠤᠨ᠎ᠠ᠃ ᠰᠢᠷ᠎ᠠ ᠪᠤᠷᠴᠠᠭ᠂ ᠡᠷᠳᠡᠨᠢ ᠰᠢᠰᠢ ᠳᠤᠰᠪᠤᠷᠢ ᠪᠤᠷᠴᠠᠭ ᠤᠨ ᠢᠵᠠᠭᠤᠷ ᠪᠠ ᠦᠶᠡᠳᠤ ᠤᠷᠭᠤᠮᠠᠯ ᠤᠨ ᠢᠵᠠᠭᠤᠷ ᠲᠤ ᠬᠠᠷᠢᠶᠠᠯᠠᠭᠳᠠᠬᠤ ᠳᠤᠯᠠ ᠡᠪᠡᠰᠤ ᠠᠷᠢᠯᠭᠠᠬᠤ ᠡᠮ ᠢ ᠬᠠᠮᠳᠤ ᠳᠤ  ᠨᠢ ᠬᠡᠷᠡᠭᠯᠡᠵᠤ ᠪᠤᠯᠬᠤ ᠦᠬᠡᠢ ᠤᠴᠢᠷ ᠠᠴᠠ ᠬᠢᠮᠢ ᠶᠢᠨ ᠠᠷᠭ᠎ᠠ ᠪᠠᠷ ᠡᠪᠡᠰᠤ ᠠᠷᠢᠯᠭᠠᠬᠤ ᠶᠠᠪᠤᠴᠠ ᠳᠤ ᠡᠷᠬᠡᠪᠰᠢ ᠳᠤᠰᠭᠠᠷᠯᠠᠨ ᠬᠠᠯᠬᠠᠯᠠᠬᠤ ᠠᠵᠢᠯ ᠢ ᠰᠠᠶᠢᠳᠤᠷ ᠬᠢᠵᠤ᠂ ᠠᠯᠢ ᠴᠢᠳᠠᠬᠤ ᠪᠠᠷ ᠬᠦᠪᠤᠨ ᠰᠢᠯᠵᠢᠬᠦ ᠶᠢ ᠰᠡᠷᠬᠡᠶᠢᠯᠡᠬᠦ ᠰᠦᠷᠴᠢᠬᠦᠷ ᠬᠡᠷᠡᠭᠯᠡᠨ᠂ ᠰᠢᠷ᠎ᠠ ᠪᠤᠷᠴᠠᠭ ᠡᠷᠳᠡᠨᠢ ᠰᠢᠰᠢ ᠬᠠᠷᠢᠯᠴᠠᠨ ᠡᠮ ᠤᠨ ᠬᠤᠤᠷᠳᠠᠯ ᠠᠴᠠ ᠪᠤᠯᠵᠤ ᠤᠨᠠᠯᠳᠠ ᠬᠠᠰᠤᠭᠳᠠᠬᠤ ᠠᠴᠠ ᠰᠡᠷᠬᠡᠶᠢᠯᠡᠬᠦ ᠬᠡᠷᠡᠭᠳᠠᠢ᠃ 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠡᠲ᠋ᠧᠷᠢᠶᠠᠯ