ᠶᠠᠩ ᠶᠢᠩ ᠰᠢᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/11/7
    11 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ᠃     ᠴᠠᠩ ᠴᠧᠩ ᠴᠠᠬᠢᠯᠭᠠᠨ ᠦᠢᠯᠡᠳᠪᠦᠷᠢ ᠵᠢᠴᠢ ᠴᠠᠬᠢᠯᠭᠠᠨ ᠬᠦᠷᠬᠡᠬᠦ ᠵᠠᠮ ᠱᠣᠭᠤᠮ ᠤᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠶᠠᠩ ᠶᠢᠩ ᠰᠢᠨ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠮᠡᠲ᠋ᠧᠷᠢᠶᠡᠯ ᠤᠨ ᠵᠦᠬᠡᠬᠡᠪᠦᠷᠢᠯᠡᠯᠲᠡ ᠶᠢᠨ ᠪᠠᠲᠤᠯᠠᠭ᠎ᠠ᠂ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠠᠬᠢᠭᠤᠯᠤᠯᠲᠠ ᠶᠢᠨ ᠶᠠᠪᠤᠴᠠ ᠳᠣᠮᠳᠠ ᠣᠷᠣᠰᠢᠵᠦ ᠪᠠᠶᠢᠭ᠎ᠠ ᠪᠤᠲᠠᠲᠤ ᠬᠦᠴᠢᠷᠳᠡᠯ ᠪᠠ ᠠᠰᠠᠭᠤᠳᠠᠯ ᠢ ᠬᠢᠨᠠᠮᠠᠭᠠᠢ ᠯᠠᠪᠯᠠᠨ᠂ ᠲᠦᠷᠦᠯ ᠵᠦᠢᠯ ᠤᠨ ᠠᠬᠢᠴᠠ ᠶᠢ ᠨᠦᠯᠦᠬᠡᠯᠡᠬᠦ ᠬᠤᠯᠪᠤᠭᠳᠠᠯ ᠪᠦᠬᠦᠢ ᠠᠰᠠᠭᠤᠳᠠᠯ ᠢ ᠠᠬᠤᠢ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃ ᠲᠡᠷᠡ᠂ ᠦᠢᠯᠡᠴᠢᠯᠡᠬᠡᠨ ᠤ ᠣᠬᠠᠮᠰᠠᠷ ᠢᠶᠠᠨ ᠣᠯᠠᠮ ᠳᠡᠭᠡᠭᠰᠢᠯᠡᠬᠦᠯᠵᠦ᠂ ᠠᠵᠤ ᠠᠬᠤᠶᠢᠯᠠᠯ ᠢ ᠢᠳᠡᠪᠬᠢᠲᠡᠢ ᠮᠦᠷᠲᠡᠭᠡᠨ ᠰᠠᠨᠠᠭᠠᠴᠢᠯᠠᠭ᠎ᠠ ᠠᠴᠠ ᠪᠠᠨ ᠬᠠᠪᠰᠣᠷᠴᠣ ᠲᠦᠷᠦᠯ ᠵᠦᠢᠯ ᠤᠨ ᠪᠠᠶᠢᠭᠤᠯᠤᠯᠲᠠ ᠡᠵᠡᠩᠨᠡᠯᠲᠡ ᠶᠢᠨ ᠶᠠᠪᠤᠴᠠ ᠳᠣᠮᠳᠠ ᠣᠷᠣᠰᠢᠵᠦ ᠪᠠᠶᠢᠭ᠎ᠠ ᠪᠤᠲᠠᠲᠤ ᠬᠦᠴᠢᠷᠳᠡᠯ ᠢ ᠰᠢᠢᠳᠪᠦᠷᠢᠯᠡᠨ᠂ ᠲᠦᠷᠦᠯ ᠵᠦᠢᠯ ᠤᠨ ᠪᠠᠶᠢᠭᠤᠯᠤᠯᠲᠠ᠂ ᠠᠵᠤ ᠠᠬᠤᠶᠢᠯᠠᠯ ᠤᠨ ᠬᠦᠭᠵᠢᠯᠲᠡ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠪᠠ ᠠᠶᠤᠯᠬᠦᠢ ᠦᠢᠯᠡᠳᠪᠦᠷᠢᠯᠡᠯ ᠢ ᠴᠤᠭ ᠠᠳᠬᠤᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠭᠠᠵᠠᠷ ᠤᠨ  ᠪᠢᠲᠡᠬᠦᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂ ᠪᠠᠷᠢᠯᠭ᠎ᠠ ᠶᠢᠨ ᠠᠮᠣᠷ ᠳᠦᠪᠰᠢᠨ  ᠢ ᠪᠠᠲᠤᠯᠠᠭᠰᠠᠨ ᠣᠷᠢᠳᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠬᠡᠳᠬᠡᠬᠦ ᠬᠡᠷᠡᠭᠲᠡᠢ᠃ ᠬᠦᠷᠢᠶᠡᠯᠡᠩ ᠲᠤᠭᠤᠷᠢᠭ ᠤᠨ ᠭᠠᠯ ᠰᠡᠷᠬᠡᠶᠢᠯᠡᠬᠦ ᠦᠷᠲᠡᠭᠡᠨ ᠤ ᠪᠠᠶᠢᠭᠤᠯᠤᠯᠲᠠ ᠶᠢ ᠲᠦᠷᠭᠡᠳᠬᠡᠵᠦ᠂ ᠡᠬᠦᠷᠭᠡ ᠲᠤᠰᠢᠶᠠᠯ ᠤᠨ ᠪᠠᠶᠢᠷᠢ ᠲᠤᠭᠲᠠᠭᠠᠯᠲᠠ ᠶᠢ ᠨᠢᠭᠡᠳᠬᠡᠨ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠠᠪᠤᠷᠠᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠦᠷᠢᠶᠡᠯᠡᠩ ᠲᠤᠭᠤᠷᠢᠭ ᠤᠨ ᠪᠦᠬᠦ ᠬᠡᠯᠬᠢᠶᠡᠵᠢᠯ᠂ ᠪᠦᠬᠦ ᠦᠶᠡᠯᠡᠯ ᠤᠨ ᠬᠤᠭᠤᠴᠠᠭᠠᠨ ᠤ ᠭᠠᠯ ᠰᠡᠷᠬᠡᠶᠢᠯᠡᠬᠦ ᠠᠮᠣᠷ ᠳᠦᠪᠰᠢᠨ ᠤ ᠰᠡᠷᠬᠡᠶᠢᠯᠡᠯ ᠡᠵᠡᠮᠳᠡᠯ ᠤᠨ ᠰᠢᠰᠲ᠋ᠧᠮ ᠢ ᠪᠠᠶᠢᠭᠤᠯᠤᠨ᠂ ᠬᠠᠷᠢᠶ᠎ᠠ ᠭᠠᠵᠠᠷ ᠪᠠ ᠠᠵᠤ ᠠᠬᠤᠶᠢᠯᠠᠯ ᠤᠨ ᠣᠯᠠᠨ ᠲᠦᠮᠡᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ  ᠢ ᠦᠨᠡᠨ ᠬᠦ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
         
    ᠶᠠᠩ ᠶᠢᠩ ᠰᠢᠨ ᠴᠠᠩ ᠴᠧᠩ ᠴᠠᠬᠢᠯᠭᠠᠨ ᠦᠢᠯᠡᠳᠪᠦᠷᠢ ᠵᠢᠴᠢ ᠴᠠᠬᠢᠯᠭᠠᠨ ᠬᠦᠷᠭᠡᠬᠦ ᠵᠠᠮ ᠱᠣᠭᠤᠮ ᠤᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠮᠡᠲ᠋ᠧᠷᠢᠶᠡᠯ ᠤᠨ ᠵᠦᠬᠡᠬᠡᠪᠦᠷᠢᠯᠡᠯᠲᠡ ᠶᠢᠨ ᠪᠠᠲᠤᠯᠠᠭ᠎ᠠ᠂ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠬᠤᠰᠢᠭᠤ ᠬᠤᠶᠠᠳᠣᠭᠠᠷ ᠳᠣᠮᠳᠠᠳᠣ ᠰᠣᠷᠭᠠᠭᠤᠯᠢ ᠳᠤ᠂ ᠶᠠᠩ ᠶᠢᠩ ᠰᠢᠨ ᠰᠣᠷᠭᠠᠭᠤᠯᠢ ᠶᠢᠨ ᠪᠠᠷᠢᠯᠭ᠎ᠠ ᠶᠢᠨ ᠠᠬᠢᠴᠠ᠂ ᠳᠦᠬᠦᠬᠡᠷᠦᠮᠵᠢ ᠶᠢᠨ ᠬᠤᠳᠠᠯᠳᠣᠨ ᠠᠪᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠣᠷᠭᠠᠨ ᠬᠦᠮᠦᠵᠢᠯ ᠢ ᠲᠡᠷᠢᠬᠦᠨ ᠳᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠭᠤᠶᠢᠪᠢᠰᠢ ᠦᠬᠡᠢ ᠪᠠᠷᠢᠮᠲᠠᠯᠠᠵᠤ᠂ ᠡᠳ᠋ ᠤᠨ ᠵᠠᠰᠠᠭ ᠡᠳ᠋ ᠪᠠᠷᠠᠭᠠᠨ ᠤ ᠪᠠᠲᠤᠯᠠᠭ᠎ᠠ ᠶᠢ ᠴᠢᠩᠭᠠᠳᠬᠠᠨ᠂ ᠦᠨᠳᠦᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠷᠭᠠᠨ ᠬᠦᠮᠦᠵᠢᠯ ᠤᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃ ᠡᠷᠲᠡᠬᠡᠨ ᠲᠦᠯᠦᠪᠵᠢᠬᠦᠯᠵᠦ ᠪᠠᠶᠢᠷᠢᠯᠠᠭᠤᠯᠤᠨ᠂ ᠳᠦᠬᠦᠬᠡᠷᠦᠮᠵᠢ ᠶᠢᠨ ᠬᠤᠳᠠᠯᠳᠣᠨ ᠠᠪᠤᠯᠲᠠ᠂ ᠣᠶᠣᠨᠴᠢᠯᠠᠭᠰᠠᠨ ᠪᠠᠶᠢᠭᠤᠯᠤᠯᠲᠠ᠂ ᠬᠢᠵᠢᠭ ᠤᠨ ᠪᠠᠶᠢᠳᠠᠯ ᠤᠨ  ᠰᠡᠷᠬᠡᠶᠢᠯᠡᠨ ᠡᠵᠡᠮᠳᠡᠯ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠠᠳᠬᠤᠵᠤ᠂ ᠰᠣᠷᠭᠠᠨ ᠬᠦᠮᠦᠵᠢᠯ ᠤᠨ ᠲᠡᠩᠴᠡᠬᠦᠷᠢᠲᠦ ᠰᠢᠯᠢᠳᠡᠭ ᠬᠦᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
         
    ᠶᠠᠩ ᠶᠢᠩ ᠰᠢᠨ ᠬᠤᠰᠢᠭᠤ ᠬᠤᠶᠠᠳᠣᠭᠠᠷ ᠳᠣᠮᠳᠠᠳᠣ ᠰᠣᠷᠭᠠᠭᠤᠯᠢ ᠳᠤ ᠬᠦᠷᠴᠦ᠂ ᠰᠣᠷᠭᠠᠭᠤᠯᠢ ᠶᠢᠨ ᠪᠠᠷᠢᠯᠭ᠎ᠠ ᠶᠢᠨ ᠠᠬᠢᠴᠠ᠂ ᠳᠦᠬᠦᠬᠡᠷᠦᠮᠵᠢ ᠶᠢᠨ ᠬᠤᠳᠠᠯᠳᠣᠨ ᠠᠪᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠬᠤᠰᠢᠭᠤ ᠣᠳᠣᠷᠢᠳᠣᠯᠭ᠎ᠠ ᠰᠦᠨ ᠶᠢᠦ ᠵᠢᠶᠦ᠋ᠨ᠂ ᠴᠢᠦ ᠯᠢᠨ᠂ ᠶᠠᠩ ᠵᠢᠢ ᠴᠢᠶᠠᠩ᠂ ᠵᠢᠶᠠ ᠰᠢᠶᠠᠩ ᠪᠢᠩ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠱᠠᠩᠬᠠᠢ ᠶᠢᠨ ᠰᠦᠮ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号