ᠣᠳᠤᠭ ᠤᠨ ᠡᠮᠦᠨᠡᠳᠦ ᠬᠤᠰᠢᠭᠤ ᠦᠪᠦᠷ ᠮᠣᠩᠭᠤᠯ ᠤᠨ ᠬᠤᠸᠠ ᠰᠢᠩ ᠰᠢᠨ᠎ᠡ ᠡᠨᠧᠷᠬᠢ ᠶᠢᠨ ᠬᠢᠵᠠᠭᠠᠷᠳᠦ ᠺᠣᠮᠫᠠᠨᠢ ᠯᠤᠭ᠎ᠠ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/11/9
    11 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠦᠪᠦᠷ ᠮᠣᠩᠭᠤᠯ ᠤᠨ ᠬᠤᠸᠠ ᠰᠢᠩ ᠰᠢᠨ᠎ᠡ ᠡᠨᠧᠷᠬᠢ ᠶᠢᠨ ᠬᠢᠵᠠᠭᠠᠷᠳᠦ ᠺᠣᠮᠫᠠᠨᠢ ᠶᠢᠨ ᠶᠡᠷᠦᠩᠬᠡᠢ ᠲᠠᠭᠠᠭᠠᠮᠠᠯ ᠰᠾᠢ ᠬᠠᠢ ᠪᠥᠸᠧ ᠯᠤᠭ᠎ᠠ ᠰᠠᠭᠤᠳᠠᠯ ᠤᠨ ᠬᠤᠷᠠᠯ ᠬᠤᠷᠠᠯᠳᠣᠪᠠ᠃ ᠬᠤᠶᠠᠷ ᠲᠠᠯ᠎ᠠ ᠪᠠᠷ ᠲᠦᠷᠦᠯ ᠵᠣᠶᠢᠯ ᠤᠨ ᠬᠡᠷᠡᠭᠵᠢᠭᠦᠯᠦᠯᠳᠡ  ᠳᠤ ᠲᠣᠯᠭᠠᠷᠠᠵᠣ ᠪᠠᠶᠢᠭ᠎ᠠ ᠭᠤᠣᠯ ᠠᠰᠠᠭᠤᠳᠠᠯ ᠵᠢᠴᠢ ᠰᠢᠢᠳᠪᠦᠷᠢᠯᠡᠭᠦ ᠰᠡᠳᠬᠢᠮᠵᠢ ᠶᠢᠨ ᠲᠣᠬᠠᠢ ᠲᠠᠬᠢᠨ ᠶᠠᠷᠢᠯᠴᠠᠨ ᠰᠣᠳᠣᠯᠵᠣ ᠲᠣᠳᠣᠷᠬᠠᠶᠢᠯᠠᠯᠳᠡ ᠬᠢᠪᠠ᠃     ᠸᠠᠩ ᠢᠦᠢ ᠴᠢᠶᠠᠩ᠂ ᠪᠠᠴᠢᠮ ᠠᠯᠭᠤᠷ ᠬᠦᠨᠳᠦ ᠬᠦᠩᠭᠡᠨ ᠤ ᠵᠠᠷᠴᠢᠮ ᠶᠣᠰᠣᠭᠠᠷ ᠬᠤᠳᠠ᠂ ᠬᠤᠰᠢᠭᠤ ᠬᠤᠶᠠᠷ ᠱᠠᠳᠣᠨ ᠤ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠲᠦᠷᠦ ᠪᠣᠳᠣᠯᠭ᠎ᠠ ᠶᠢᠨ ᠠᠷᠭ᠎ᠠ ᠠᠪᠴᠠᠯ ᠢ ᠠᠮᠢᠳᠣᠯᠢᠭ ᠰᠠᠶᠢᠳᠦᠷ ᠬᠡᠷᠡᠭᠯᠡᠨ᠂ ᠬᠤᠯᠪᠣᠭᠳᠠᠯ ᠪᠦᠬᠦᠢ ᠵᠦᠪᠳᠡᠯᠴᠡᠭᠡᠷ ᠢ ᠬᠠᠣᠯᠢ ᠲᠦᠷᠢᠮ ᠶᠣᠰᠣᠭᠠᠷ ᠲᠣᠭᠳᠠᠭᠠᠵᠣ᠂ ᠠᠵᠣ ᠣᠶᠢᠯᠠᠰ ᠤᠨ ᠰᠠᠭᠤᠷᠢ ᠮᠦᠩᠭᠦᠨ ᠤ ᠺᠣᠮᠫᠠᠨᠢ ᠪᠠᠶᠢᠭᠤᠯᠣᠨ᠂ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠣ᠂ ᠰᠠᠨᠠᠭᠠᠴᠢᠯᠠᠭ᠎ᠠ ᠠᠴᠠ ᠪᠠᠨ ᠠᠬᠢᠴᠠ ᠶᠢ ᠰᠠᠶᠢᠳᠦᠷ ᠡᠵᠡᠮᠳᠡᠨ᠂ ᠲᠦᠷᠦᠯ ᠵᠣᠶᠢᠯ ᠤᠨ ᠡᠮᠬᠢ ᠲᠢᠭᠯᠢᠮ᠂ ᠦᠨᠳᠦᠷ ᠪᠦᠳᠦᠮᠵᠢ ᠲᠠᠢ ᠠᠬᠢᠴᠠ ᠶᠢ ᠪᠦᠬᠦ ᠲᠠᠯ᠎ᠠ ᠪᠠᠷ ᠪᠠᠳᠣᠯᠠᠬᠤ ᠬᠡᠷᠡᠭᠳᠡᠢ᠃ ᠠᠵᠣ ᠠᠬᠤᠶᠢᠯᠠᠯ ᠭᠠᠵᠠᠷ ᠰᠢᠷᠦᠢ ᠶᠢᠨ ᠴᠣᠬᠤᠯᠪᠦᠷᠢᠯᠠᠯᠳᠡ ᠶᠢᠨ ᠭᠠᠷ ᠭᠦᠢᠴᠡᠳᠬᠡᠯ ᠢ ᠲᠦᠷᠭᠡᠳᠬᠡᠨ᠂ ᠣᠰᠣᠨ ᠤ ᠭᠦᠢᠴᠡᠳᠬᠡᠯ ᠲᠤᠭ᠎ᠠ᠂ ᠬᠠᠳᠠᠭᠤ ᠪᠡᠶᠡᠳᠦ ᠬᠠᠶᠠᠭᠳᠠᠮᠠᠯ ᠪᠣᠳᠠᠰ ᠵᠡᠷᠭᠡ ᠡᠮᠦᠨ᠎ᠡ ᠬᠤᠭᠤᠴᠠᠭᠠᠨ ᠤ ᠭᠠᠷ ᠭᠦᠢᠴᠡᠳᠭᠡᠯ ᠤᠨ ᠠᠵᠢᠯ ᠢ ᠲᠣᠰᠬᠠᠢ ᠬᠦᠮᠦᠨ  ᠢᠶᠠᠷ ᠬᠠᠷᠢᠭᠤᠴᠠᠭᠤᠯᠬᠤ ᠶᠢᠨ ᠬᠠᠮᠳᠦ ᠭᠠᠵᠠᠷ ᠰᠢᠷᠣᠢ᠂ ᠣᠶᠢᠯᠠᠳᠪᠦᠷᠢ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ᠂ ᠰᠢᠭᠠᠷᠣ ᠶᠢᠨ ᠲᠠᠯᠠᠪᠠᠢ᠂ ᠬᠤᠭᠤᠯᠠᠢ ᠰᠣᠪᠠᠭ ᠵᠡᠷᠭᠡ ᠠᠵᠢᠯ ᠢ ᠰᠠᠶᠢᠳᠦᠷ ᠬᠢᠵᠣ᠂ ᠪᠣᠳᠠᠳᠦ ᠴᠢᠨᠠᠷᠳᠡᠢ ᠪᠠᠷᠢᠯᠭ᠎ᠠ ᠡᠬᠢᠯᠡᠯᠳᠡ ᠶᠢ ᠪᠡᠶᠡᠯᠡᠭᠦᠯᠬᠦ ᠬᠡᠷᠡᠭᠳᠡᠢ ᠭᠡᠵᠣ ᠬᠡᠯᠡᠭᠰᠡᠨ ᠪᠠᠶᠢᠨ᠎ᠠ᠃     ᠰᠾᠢ ᠬᠠᠢ ᠪᠥᠸᠧ᠂ ᠦᠪᠦᠷ ᠮᠣᠩᠭᠤᠯ ᠤᠨ ᠬᠤᠸᠠ ᠰᠢᠩ ᠰᠢᠨ᠎ᠡ ᠡᠨᠧᠷᠬᠢ ᠶᠢᠨ ᠬᠢᠵᠠᠭᠠᠷᠳᠦ ᠺᠣᠮᠫᠠᠨᠢ ᠠᠵᠢᠯ ᠤᠨ ᠵᠣᠬᠢᠴᠠᠭᠤᠯᠭ᠎ᠠ ᠶᠢᠨ ᠡᠷᠴᠢᠮ ᠢᠶᠠᠨ ᠣᠯᠠᠮ ᠴᠢᠩᠭᠠᠳᠬᠠᠨ᠂ ᠬᠠᠷᠢᠯᠴᠠᠭ᠎ᠠ ᠬᠤᠯᠪᠣᠭ᠎ᠠ ᠪᠠᠨ ᠨᠠᠷᠢᠯᠢᠭᠵᠢᠭᠤᠯᠵᠣ᠂ ᠡᠯ᠎ᠡ ᠲᠦᠷᠦᠯ ᠤᠨ ᠠᠵᠢᠯ ᠢ ᠠᠬᠢᠭᠤᠯᠬᠤ ᠲᠦᠰᠦᠯ ᠢ ᠨᠠᠷᠢᠯᠢᠭ ᠲᠣᠭᠳᠠᠭᠠᠨ᠂ ᠲᠦᠷᠦᠯ ᠵᠣᠶᠢᠯ  ᠤᠨ ᠨᠠᠶᠢᠳᠠᠪᠦᠷᠢᠵᠢᠭᠤᠯᠣᠯᠳᠠ ᠳᠤ ᠪᠠᠳᠦ ᠰᠠᠭᠤᠷᠢ ᠶᠢ ᠲᠠᠯᠪᠢᠨ᠎ᠠ ᠭᠡᠵᠣ ᠢᠯᠡᠷᠭᠡᠶᠢᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠵᠣᠣ ᠱᠤᠸᠠᠨ᠂ ᠰᠦᠨ ᠶᠢᠣ ᠵᠢᠶᠦ᠋ᠨ᠂ ᠹᠦ᠋ ᠺᠧ᠂ ᠶᠠᠩ ᠵᠢᠢ ᠴᠢᠶᠠᠩ᠂ ᠱᠢ ᠵᠢᠶᠦ᠋ᠨ ᠵᠢᠴᠢ ᠦᠪᠦᠷ ᠮᠣᠩᠭᠤᠯ ᠤᠨ ᠬᠤᠸᠠ ᠰᠢᠩ ᠰᠢᠨ᠎ᠡ ᠡᠨᠧᠷᠬᠢ ᠶᠢᠨ ᠬᠢᠵᠠᠭᠠᠷᠳᠦ ᠺᠣᠮᠫᠠᠨᠢ  ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号