ᠸᠠᠩ ᠢᠦᠢ ᠴᠢᠶᠠᠩ ᠬᠤᠷᠢᠨ ᠭᠤᠷᠪᠠᠳᠠᠬᠢ ᠳᠣᠮᠳᠠᠳᠣ ᠣᠯᠣᠰ ᠤᠨ ᠰᠣᠷᠪᠣᠯᠵᠢᠯᠠᠭᠴᠢᠳ ᠤᠨ ᠪᠠᠶᠠᠷ ᠤᠨ ᠡᠳᠦᠷ ᠰᠣᠨᠢᠨ ᠮᠡᠳᠡᠭᠡᠨ ᠤ ᠠᠵᠢᠯᠲᠠᠳ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2022/11/9
    11 ᠰᠠᠷ᠎ᠠ ᠶᠢᠨ 8 ᠤ ᠡᠳᠦᠷ ᠪᠤᠯ ᠬᠤᠷᠢᠨ ᠭᠤᠷᠪᠠᠳᠠᠬᠢ ᠳᠣᠮᠳᠠᠳᠣ ᠣᠯᠣᠰ ᠤᠨ ᠰᠣᠷᠪᠣᠯᠵᠢᠯᠠᠭᠴᠢᠳ ᠤᠨ ᠪᠠᠶᠠᠷ ᠤᠨ ᠡᠳᠦᠷ ᠪᠤᠯᠤᠨ᠎ᠠ᠂ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ ᠬᠠᠮ ᠵᠠᠭᠤᠴᠢᠯᠠᠭᠤᠷ ᠤᠨ ᠲᠦᠪ ᠲᠤ ᠬᠦᠨᠵᠡᠬᠡᠶᠢᠷᠡᠵᠦ᠂ ᠰᠣᠨᠢᠨ ᠮᠡᠳᠡᠬᠡᠨ ᠤ ᠠᠵᠢᠯᠲᠠᠳ ᠢ ᠲᠤᠬᠤᠨᠢᠭᠤᠯᠤᠨ᠂ ᠪᠦᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠦᠩᠨᠡᠯ ᠳᠡᠪᠰᠢᠬᠦᠯᠪᠡ᠃     ᠲᠤᠬᠤᠨᠢᠭᠤᠯᠬᠤ ᠶᠠᠪᠤᠴᠠ ᠳᠣᠮᠳᠠ᠂ ᠸᠠᠩ ᠢᠦᠢ ᠴᠢᠶᠠᠩ ᠠᠴᠠ ᠬᠤᠰᠢᠭᠤ ᠬᠠᠮ ᠵᠠᠭᠤᠴᠢᠯᠠᠭᠤᠷ ᠤᠨ ᠲᠦᠪ  ᠤᠨ ᠨᠠᠮ ᠤᠨ ᠪᠠᠶᠢᠭᠤᠯᠤᠯᠲᠠ ᠰᠣᠶᠤᠯ ᠤᠨ ᠪᠠᠶᠢᠭᠤᠯᠤᠯᠲᠠ᠂ ᠰᠣᠨᠢᠨ ᠮᠡᠳᠡᠭᠡᠨ ᠤ ᠪᠦᠲᠦᠬᠡᠯ ᠤᠨ ᠲᠤᠭᠤᠷᠪᠢᠯᠲᠠ᠂ ᠶᠠᠪᠤᠴᠠ ᠶᠢᠨ ᠠᠵᠢᠯᠯᠠᠮᠵᠢ ᠪᠠ ᠬᠠᠮ ᠵᠠᠭᠤᠴᠢᠯᠠᠭᠤᠷ ᠤᠨ ᠠᠵᠢᠯ ᠦᠢᠯᠡᠰ ᠤᠨ ᠬᠦᠭᠵᠢᠬᠦᠯᠦᠯᠲᠡ ᠦᠭᠡᠷᠡᠴᠢᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠸᠠᠩ ᠢᠦᠢ ᠴᠢᠶᠠᠩ ᠠᠴᠠ ᠰᠣᠨᠢᠨ ᠮᠡᠳᠡᠭᠡᠨ ᠤ ᠠᠵᠢᠯ ᠪᠤᠯ ᠨᠠᠮ ᠪᠠ ᠵᠠᠰᠠᠭ ᠤᠨ ᠣᠷᠳᠣᠨ ᠠᠷᠠᠳ ᠣᠯᠠᠨ  ᠲᠠᠢ ᠬᠠᠷᠢᠯᠴᠠᠬᠤ ᠬᠦᠬᠦᠷᠭᠡ ᠬᠤᠯᠪᠤᠭᠠᠰᠣ ᠪᠤᠯᠤᠨ᠎ᠠ᠂ ᠰᠣᠷᠪᠣᠯᠵᠢᠯᠠᠭᠴᠢ ᠪᠤᠯ ᠴᠠᠭ ᠦᠶ᠎ᠡ ᠶᠢᠨ ᠬᠠᠷᠠᠴᠠ᠂ ᠠᠷᠠᠳ  ᠤᠨ ᠰᠡᠳᠬᠢᠯ ᠤᠨ ᠰᠣᠨᠣᠰᠣᠭᠴᠢ ᠶᠤᠮ᠂ ᠪᠦᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠠᠮᠵᠢᠯᠲᠠ ᠪᠦᠲᠦᠮᠵᠢ ᠪᠠᠨ ᠣᠯᠠᠮ ᠪᠠᠳᠠᠷᠠᠭᠤᠯᠵᠤ᠂ ᠴᠤᠴᠠᠯᠲᠠ ᠦᠬᠡᠢ ᠴᠢᠷᠮᠠᠶᠢᠨ᠂ ᠰᠢᠨ᠎ᠡ ᠴᠠᠭ ᠦᠶ᠎ᠡ ᠶᠢ ᠲᠠᠭᠠᠨ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠦᠨ᠂ ᠰᠢᠨ᠎ᠡ ᠠᠶᠠᠨ ᠳᠤ ᠪᠠᠨ ᠭᠠᠪᠢᠶ᠎ᠠ ᠪᠠᠶᠢᠭᠤᠯᠬᠤ ᠬᠡᠷᠡᠭᠲᠡᠢ ᠬᠡᠵᠦ ᠬᠦᠰᠡᠭᠰᠡᠨ ᠪᠠᠶᠢᠨ᠎ᠠ᠃     ᠸᠠᠩ ᠢᠦᠢ ᠴᠢᠶᠠᠩ ᠠᠴᠠ ᠪᠦᠬᠦ ᠬᠤᠰᠢᠭᠤᠨ ᠤ ᠰᠣᠨᠢᠨ ᠮᠡᠳᠡᠭᠡᠨ ᠤ ᠠᠵᠢᠯᠳᠠᠳ ᠨᠠᠮ ᠤᠨ ᠵᠠᠭᠤᠴᠢᠯᠠᠭᠤᠷ ᠨᠠᠮ ᠢᠶᠠᠨ ᠳᠠᠭᠠᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠳᠠᠭᠤ ᠨᠢᠭᠡᠲᠡᠢ ᠪᠠᠷ ︽ᠳᠦᠷᠪᠡᠨ ᠣᠷᠣᠨ︾ ᠤ ᠪᠠᠶᠢᠭᠤᠯᠤᠯᠲᠠ ᠶᠢᠨ ᠬᠠᠷᠠᠯᠲᠠ ᠶᠢᠨ ᠲᠤᠭᠤᠷᠢᠨ ᠳᠤ ᠲᠦᠪ ᠴᠢᠬᠡᠴᠢ ᠪᠠᠷ ᠰᠢᠨ᠎ᠡ ᠶᠢ ᠡᠬᠦᠳᠬᠦ ᠶᠢ ᠪᠠᠷᠢᠮᠲᠠᠯᠠᠨ᠂ ᠭᠤᠤᠯ ᠬᠠᠷᠢᠭᠤᠴᠠᠯᠭ᠎ᠠ ᠭᠤᠤᠯ ᠠᠵᠢᠯ ᠢᠶᠠᠨ ᠬᠦᠴᠦᠷᠬᠡᠭᠵᠢᠬᠦᠯᠵᠦ᠂ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠮᠦᠨ ᠪᠦᠬᠦᠨ ᠣᠶᠢᠯᠠᠭᠠᠵᠤ ᠮᠡᠳᠡᠬᠦ᠂ ᠬᠦᠮᠦᠰ ᠤᠨ ᠰᠡᠳᠬᠢᠯ  ᠳᠤ ᠬᠠᠳᠠᠩᠰᠢᠭᠤᠯᠬᠤ ᠶᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠤᠨ᠂ ︽ᠣᠲᠤᠭ ᠤᠨ ᠡᠮᠦᠨᠡᠲᠦ ᠬᠤᠰᠢᠭᠤᠨ ᠤ ᠡᠷᠡᠮᠡᠬᠡᠢ ᠣᠷᠣᠭᠰᠢᠯᠠᠯᠲᠠ︾ ᠶᠢᠨ ᠰᠢᠨ᠎ᠡ ᠴᠤᠭ ᠵᠢᠪᠬᠤᠭ᠎ᠠ ᠶᠢ ᠢᠯᠡᠷᠡᠬᠦᠯᠬᠦ ᠳᠤ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠨᠡᠩ ᠶᠡᠭᠡ ᠬᠦᠴᠦᠨ ᠢ ᠬᠤᠷᠠᠮᠳᠣᠭᠤᠯᠣᠨ᠂ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠡᠢ᠃ ᠴᠢᠳᠠᠪᠤᠷᠢ ᠶᠢᠨ ᠳᠡᠭᠡᠭᠰᠢᠯᠡᠬᠦᠯᠦᠯᠲᠡ ᠶᠢ ᠴᠢᠬᠤᠯᠠᠴᠢᠯᠠᠵᠤ᠂ ᠰᠢᠨ᠎ᠡ ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠱᠠᠭᠠᠷᠳᠠᠯᠭ᠎ᠠ ᠳᠤ ᠵᠣᠬᠢᠴᠠᠨ᠂ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠲᠠᠰᠣᠷᠠᠯᠲᠠ ᠦᠬᠡᠢ ᠡᠵᠡᠮᠰᠢᠵᠦ᠂ ᠬᠠᠯᠠᠭᠤᠨ ᠳᠣᠯᠠᠭᠠᠨ᠂ ᠴᠢᠨᠠᠷ ᠴᠢᠨᠰᠠᠭ᠎ᠠ ᠲᠠᠢ ᠪᠦᠲᠦᠬᠡᠯ ᠢ ᠲᠤᠭᠤᠷᠪᠢᠵᠦ ᠨᠠᠶᠢᠷᠠᠭᠤᠯᠤᠨ᠂ ᠲᠦᠯᠦᠪᠵᠢᠬᠦᠯᠬᠡ᠂ ᠭᠤᠤᠯᠳᠠᠯᠭ᠎ᠠ ᠲᠠᠢ ᠪᠠᠷ ᠬᠦᠷᠢᠶ᠎ᠡ ᠴᠠᠷᠠᠭ᠎ᠠ᠂ ᠳᠡᠰ ᠳᠠᠪᠬᠤᠷᠭ᠎ᠠ ᠬᠤᠪᠢᠶᠠᠨ ᠲᠤᠬᠠᠶᠢᠯᠠᠭᠰᠠᠨ ᠠᠵᠢᠯ ᠤᠨ ᠪᠤᠯᠪᠠᠰᠣᠷᠠᠯ ᠦᠷᠨᠢᠬᠦᠯᠵᠦ᠂ ᠣᠷᠣᠨ ᠤ ᠲᠤᠲᠤᠷ᠎ᠠ ᠭᠠᠳᠠᠨ᠎ᠠ ᠠᠴᠠ ᠲᠤᠷᠰᠢᠯᠭ᠎ᠠ ᠰᠣᠷᠣᠯᠴᠠᠵᠣ ᠲᠤᠯᠢ ᠪᠤᠯᠭᠠᠨ᠂ ᠤᠯᠠᠨ ᠠᠴᠠ ᠬᠡᠲᠦᠶᠢᠳᠦᠭᠰᠡᠨ ᠡᠷᠳᠡᠮ ᠴᠢᠳᠠᠪᠤᠷᠢ ᠪᠠᠨ ᠲᠠᠪᠳᠠᠨ ᠪᠤᠯᠪᠠᠰᠣᠷᠠᠭᠤᠯᠵᠤ᠂ ᠣᠳᠣᠬᠠᠨ ᠤ ᠬᠡᠷᠡᠭᠴᠡᠭᠡᠨ ᠳᠤ ᠵᠤᠬᠢᠴᠠᠬᠤ᠂ ᠣᠳᠣᠬᠠᠨ ᠤ ᠬᠦᠭᠵᠢᠯᠲᠡ ᠶᠢ ᠳᠠᠶᠢᠴᠢᠯᠠᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠡᠨᠡᠬᠦ ᠬᠤᠭᠤᠴᠠᠭᠠᠨ ᠳᠤ᠂ ᠸᠠᠩ ᠢᠦᠢ ᠴᠢᠶᠠᠩ ᠠᠴᠠ ᠬᠠᠮ ᠵᠠᠭᠤᠴᠢᠯᠠᠭᠤᠷ ᠤᠨ ᠲᠦᠪ ᠤᠨ ᠠᠵᠢᠯ ᠤᠨ ᠣᠬᠤᠷ ᠹᠢᠯᠢᠮ ᠢ ᠰᠣᠨᠢᠷᠬᠠᠬᠤ ᠶᠢᠨ ᠬᠠᠮᠲᠤ ᠬᠠᠮ ᠵᠠᠭᠤᠴᠢᠯᠠᠭᠤᠷ ᠤᠨ ᠲᠦᠪ ᠤᠨ ᠪᠦᠬᠦ ᠺᠠᠳ᠋ᠷ ᠠᠵᠢᠯᠲᠠᠳ ᠲᠠᠢ ᠬᠠᠮᠲᠤ ᠶᠢᠨ ᠵᠢᠷᠤᠭ ᠠᠪᠴᠤ ᠲᠤᠷᠠᠰᠬᠠᠯ ᠦᠯᠡᠳᠡᠭᠡᠪᠡ᠃     ᠬᠤᠰᠢᠭᠤ ᠣᠳᠣᠷᠢᠳᠣᠯᠭ᠎ᠠ ᠵᠤᠤ ᠱᠣᠸᠡᠨ᠂ ᠣᠷᠬᠢᠯ᠂ ᠹᠦ᠋ ᠺᠧ ᠠᠵᠢᠯᠯᠠᠭᠠᠨ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号