ᠲᠠᠷᠬᠠᠨ ᠲᠠᠭᠤᠴᠢᠨ ᠵᠠᠮᠰᠤ
ᠨᠡᠶᠢᠲᠡᠯᠡᠭᠰᠡᠨ ᠴᠠᠭ᠄
2022/12/16
      ᠵᠠᠮᠰᠤ᠂ ᠲᠤᠮᠳᠠᠳᠤ ᠢᠷᠬᠡᠨ ᠤᠯᠤᠰ ᠤᠨ ᠬᠤᠶᠠᠳᠤᠭᠠᠷ ᠤᠨ᠂ ᠬᠠᠷᠠᠬᠴᠢᠨ ᠦᠬᠡᠷ ᠵᠢᠯ ︵1913 ᠤᠨ︶᠂ ᠦᠨᠦᠳᠦᠷ ᠤᠨ ᠤᠳᠤᠭ ᠤᠨ ᠡᠮᠦᠨᠡᠳᠤ ᠬᠤᠰᠢᠭᠤᠨ ᠤ ᠪᠤᠷᠤᠪᠠᠯᠭᠠᠰᠤ ᠪᠠᠯᠭᠠᠰᠤᠨ ᠤ ᠦᠳᠠ ᠶᠢᠨ ᠰᠢᠪᠠᠷ ᠭᠠᠴᠠᠭᠠᠨ ᠤ ᠮᠠᠯᠴᠢᠨ ᠨᠠᠷᠠᠨᠳᠡᠢ ᠪᠠᠳᠮᠠᠴᠡᠴᠡᠭ ᠤᠨ ᠤᠤᠭᠠᠨ ᠬᠦᠪᠡᠬᠦᠨ ᠪᠤᠯᠤᠨ ᠵᠠᠶᠠᠭᠠᠵᠡᠢ᠃ ᠲᠡᠷᠡ ᠬᠠᠷᠠᠬᠠᠨ ᠪᠠᠭ᠎ᠠ ᠠᠴᠠ ᠪᠠᠨ ᠸᠠᠩ ᠤᠨ ᠤᠷᠳᠤᠨ ᠤ ᠠᠯᠳᠠᠷᠳᠤ ᠲᠠᠭᠤᠴᠢᠨ ᠨᠠᠭᠠᠴᠤ ᠠᠪᠤ ︽ᠵᠠᠪᠠ︾ ᠠᠴᠠ ᠪᠠᠨ ᠲᠠᠭᠤᠤ ᠰᠤᠷᠴᠤ᠂ ᠠᠶᠢᠯ ᠠᠶᠢᠮᠠᠭ ᠤᠨ ᠬᠤᠷᠢᠮ ᠨᠠᠶᠢᠷ᠂ ᠠᠮᠪᠠᠨ ᠨᠤᠶᠠᠳ ᠤᠨ ᠤᠷᠳᠤᠨ ᠤ ᠲᠠᠶᠢᠯᠠᠯᠭ᠎ᠠ ᠳᠤ ᠲᠠᠭᠤᠯᠠᠵᠦ ᠶᠠᠪᠤᠳᠠᠭ ᠪᠠᠶᠢᠵᠡᠢ᠃ ᠬᠤᠵᠢᠮ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ ᠤ ᠲᠠᠷᠠᠭ᠎ᠠ ᠰᠠᠶ᠋ᠢ ᠨᠢᠬᠡᠨ ᠨᠡᠷ᠎ᠠ ᠨᠢᠳᠡᠷ ᠲᠡᠭᠡᠨ ᠲᠠᠩᠴᠡᠭᠰᠡᠨ ᠠᠷᠠᠳ ᠤᠨ ᠲᠠᠭᠤᠴᠢᠨ ᠪᠤᠯᠵᠦ᠂ ᠠᠷᠠᠳ ᠲᠦᠮᠡᠨ ᠤ ᠪᠠᠨ ᠤᠷᠠᠯᠢᠭ ᠤᠨ ᠲᠠᠶᠢᠰᠠᠨ ᠲᠠᠭᠡᠷ᠎ᠠ ᠡᠷ᠎ᠠ ᠶᠢᠨ ᠬᠠᠨᠭ᠍ᠭᠠᠢ ᠲᠦᠷᠢ ᠪᠠᠷ ᠵᠤᠬᠰᠤᠬᠰᠠᠨ ᠪᠢᠯᠡ᠃       1957 ᠤᠨ ᠳᠤ᠂ ᠪᠦᠬᠦ ᠤᠷᠤᠨ ᠤ ᠠᠷᠠᠳ ᠤᠨ ᠲᠠᠭᠤᠴᠢᠳ ᠤᠨ ᠦᠪᠡᠳᠡᠭᠰᠢ ᠶᠡᠭᠡ ᠴᠤᠬᠯᠠᠭᠠᠨ ᠲᠡᠭᠡᠷ᠎ᠠ 46 ᠨᠠᠰᠤ ᠲᠠᠢ ᠵᠠᠮᠰᠤ ᠭᠤᠸᠡᠢ ︽ᠵᠢᠷᠠᠨ ᠬᠠᠶᠢᠯᠠᠰᠤ︾ ᠬᠡᠬᠦ ᠲᠠᠭᠤᠤ ᠪᠠᠷ ᠢᠶᠠᠨ ᠠᠩᠬ᠎ᠠ ᠤᠳᠠᠭ᠎ᠠ ᠤᠷᠤᠨ ᠤ ᠲᠡᠰ ᠤᠨ ᠱᠠᠩᠨᠠᠯ ᠢ ᠬᠦᠷᠳᠡᠭᠰᠡᠨ ᠠᠴᠠ ᠬᠤᠶᠢᠰᠢ ᠤᠷᠤᠨ᠂ ᠠᠶᠢᠮᠠᠭ᠂ ᠬᠤᠰᠢᠭᠤᠨ ᠤ ᠲᠡᠰ ᠤᠨ ᠨᠠᠶᠢᠷ ᠤᠨ ᠴᠤᠬᠯᠠᠭᠠᠨ ᠪᠤᠯᠤᠨ ᠲᠠᠭᠤᠴᠢᠳ ᠤᠨ ᠤᠷᠤᠯᠳᠤᠭᠠᠨ ᠳᠤ ᠤᠯᠠᠨ ᠤᠳᠠᠭ᠎ᠠ ᠤᠷᠢᠬᠳᠠᠵᠦ᠂ ᠤᠶᠠᠩᠭᠠᠯᠢᠭ ᠴᠡᠬᠡᠯᠬᠡᠨ ᠬᠤᠭᠤᠯᠠᠢ ᠪᠠᠷ ᠢᠶᠠᠨ ᠦᠷᠬᠡᠨ ᠤᠯᠠᠨ ᠦᠵᠡᠭᠴᠢᠳ ᠤᠨ ᠲᠠᠭᠠᠰᠢᠶᠠᠯ ᠢ ᠬᠦᠷᠳᠡᠵᠦ ᠶᠠᠪᠤᠬᠰᠠᠨ ᠲᠡᠤᠬᠡ ᠲᠠᠢ ᠪᠢᠯᠡ᠃       1978 ᠤᠨ ᠳᠤ᠂ ᠵᠢᠷᠠ ᠶᠢᠨ ᠲᠠᠪᠠᠭ᠎ᠠ ᠶᠢ ᠲᠠᠪᠠᠵᠦ ᠲᠠᠯᠠᠨ ᠨᠠᠰᠤᠨ ᠤ ᠲᠦᠷᠦᠬᠡ ᠶᠢ ᠰᠢᠬᠦᠷᠴᠤ ᠶᠠᠪᠤᠭ᠎ᠠ ᠵᠠᠮᠰᠤ ᠭᠤᠸᠡᠢ ᠬᠦᠬᠡᠬᠤᠳᠠ ᠳᠤ ᠪᠤᠯᠤᠬᠰᠠᠨ ᠪᠦᠬᠦ ᠤᠷᠤᠨ ᠤ ᠠᠷᠠᠳ ᠤᠨ ᠲᠠᠭᠤᠴᠢᠳ ᠤᠨ ᠰᠢᠯᠭᠠᠷᠠᠭᠤᠯᠤᠯᠳᠠ ᠳᠤ ᠰᠢᠯᠢᠳᠡᠭ ᠪᠦᠳᠦᠮᠵᠢ ᠪᠠᠷ ᠰᠢᠯᠭᠠᠷᠠᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠢᠶᠠᠨ ᠲᠦᠯᠦᠬᠡᠯᠡᠨ ᠪᠡᠬᠡᠵᠢᠩ ᠳᠤ ᠪᠦᠬᠦ ᠤᠯᠤᠰ ᠤᠨ ᠭᠡᠰᠡᠭ ᠮᠤᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠠᠭᠤᠴᠢᠳ ᠤᠨ ᠲᠤᠬᠯᠠᠯᠳᠠ ᠳᠤ ᠤᠷᠤᠯᠴᠠᠭᠠᠳ ᠲᠤᠰᠬᠠᠢ ᠮᠡᠷᠬᠡᠵᠢᠯᠳᠠᠳ᠂ ᠡᠯ᠎ᠠ ᠮᠤᠵᠢ ᠤᠷᠤᠨ ᠤ ᠲᠦᠯᠦᠬᠡᠯᠡᠭᠴᠢᠳ ᠪᠤᠯᠤᠨ ᠦᠵᠡᠭᠴᠢᠳ ᠤᠨ ᠠᠩᠬᠠᠷᠤᠯ ᠢ ᠶᠡᠭᠡ ᠪᠠᠷ ᠲᠠᠳᠠᠵᠤ᠂ ᠤᠷᠳᠤᠰ ᠠᠷᠠᠳ ᠤᠨ ᠤᠷᠳᠤ ᠶᠢᠨ ᠲᠠᠭᠤᠤ ᠪᠠᠨ ᠤᠯᠤᠰ ᠬᠦᠷᠦᠨ ᠤ ᠤᠷᠠᠯᠢᠭ ᠤᠨ ᠠᠭᠤᠳᠠᠮ ᠲᠠᠶᠢᠰᠠᠨ ᠳᠤ ᠨᠡᠷ᠎ᠠ ᠲᠠᠢ ᠪᠠᠨ ᠴᠤᠭ ᠲᠤᠷᠬᠢᠭᠤᠯᠤᠨ ᠲᠠᠭᠤᠷᠢᠰᠤᠭᠤᠯᠵᠦ ᠪᠢᠯᠡ᠃ ᠮᠦᠨ ᠴᠤ ᠳ᠋ᠸᠡᠭ ᠰᠢᠶᠤᠤ ᠫᠢᠡᠭ ᠵᠡᠷᠭᠡ ᠲᠦᠪ ᠤᠨ ᠤᠳᠤᠷᠢᠳᠤᠯᠭ᠎ᠠ ᠲᠠᠢ ᠭᠠᠷ ᠠᠳᠬᠤᠨ ᠵᠤᠯᠭᠠᠵᠦ ᠭᠢᠯᠠᠷᠠᠭᠤᠯᠵᠤ ᠶᠠᠪᠤᠭᠰᠠᠨ ᠪᠢᠯᠡ᠃       ᠵᠠᠮᠰᠤ ᠭᠤᠸᠡᠢ ᠨᠢᠬᠡᠨ ᠰᠢᠯᠭᠠᠷᠠᠬᠰᠠᠨ ᠠᠷᠠᠳ ᠤᠨ ᠲᠠᠭᠤᠴᠢᠨ ᠪᠤᠯᠬᠤ ᠪᠠᠷ ᠪᠠᠷᠠᠬᠤ ᠦᠬᠡᠢ᠂ ᠪᠠᠰᠠ ᠴᠤ ᠨᠢᠬᠡᠨ ᠭᠠᠷᠮᠠᠭᠠᠢ ᠠᠷᠠᠳ ᠤᠨ ᠲᠠᠭᠤᠤ ᠶᠢᠨ ᠰᠤᠳᠤᠯᠭᠠᠳᠠᠨ ᠪᠤᠯᠬᠤ ᠶᠤᠮ᠃ ᠲᠡᠷᠡ ᠪᠠᠭᠰᠢ ᠠᠴᠠ ᠪᠠᠨ ᠰᠤᠷᠤᠬᠰᠠᠨ ᠪᠠ ᠦᠪᠡᠷ ᠤᠨ ᠤᠳᠠᠭᠠᠨ ᠵᠢᠯ ᠤᠨ ᠲᠠᠭᠤᠯᠠᠬᠤ ᠶᠠᠪᠤᠴᠠ ᠳᠠᠭᠠᠨ᠂ ᠲᠠᠭᠤᠯᠠᠬᠤ ᠤᠷᠠᠨ ᠮᠡᠷᠬᠡᠵᠢᠯ ᠬᠢᠬᠡᠳ ᠦᠨᠳᠦᠰᠦᠨ ᠤᠨᠤᠯ ᠤᠨ ᠲᠤᠬᠠᠢ ᠲᠦᠢᠯ ᠤᠨ ᠦᠪᠡᠷᠮᠢᠴᠠ ᠵᠦᠢᠯ ᠤᠳ ᠢ ᠳ᠋ᠥᠡᠭᠨᠡᠨ ᠭᠠᠷᠭᠠᠬᠰᠠᠨ ᠪᠠᠶᠢᠳᠠᠭ᠃ ᠲᠠᠷᠠ ᠪᠠᠷ ᠮᠤᠩᠭᠤᠯ ᠦᠨᠳᠦᠰᠦᠳᠡᠨ ᠤ ᠠᠷᠠᠳ ᠤᠨ ᠲᠠᠭᠤᠤ ᠶᠢᠨ ᠦᠢᠯᠡᠰ ᠪᠤᠯᠤᠨ ᠰᠤᠳᠤᠯᠭᠠᠨ ᠤ ᠠᠵᠢᠯ ᠢ ᠡᠷᠡᠬᠦᠯ ᠢᠶᠠᠷ ᠵᠠᠯᠭᠠᠮᠵᠢᠯᠠᠨ ᠬᠦᠭᠵᠢᠬᠦᠯᠬᠦ ᠶᠢᠨ ᠲᠦᠯᠦᠬᠡ ᠮᠠᠰᠢ ᠤᠯᠠᠨ ᠠᠵᠢᠯ ᠤᠨ ᠴᠢᠯᠦᠬᠡᠨ ᠤ ᠲᠠᠭᠤᠴᠢᠨ᠂ ᠲᠤᠰᠬᠠᠢ ᠮᠡᠷᠬᠡᠵᠢᠯ ᠤᠨ ᠲᠠᠭᠤᠴᠢᠳ ᠬᠢᠬᠡᠳ ᠰᠤᠳᠤᠯᠭᠠᠳᠠᠨ ᠳᠤ ᠦᠪᠡᠷ ᠤᠨ ᠬᠤᠪᠤᠷ ᠨᠠᠨᠳᠢᠨ ᠲᠤᠷᠰᠢᠯᠭ᠎ᠠ ᠪᠠᠨ ᠬᠠᠷᠠᠮ ᠦᠬᠡᠢ ᠦᠪᠯᠡᠨ ᠦᠭᠴᠡᠢ᠃      ᠵᠠᠮᠰᠤ ᠨᠠᠰᠤᠳᠠᠨ ︽ᠵᠢᠷᠠᠨ ᠬᠠᠶᠢᠯᠠᠰᠤ︾᠂ ︽ᠲᠠᠯ᠎ᠠ ᠲᠤᠭᠤᠢ ᠰᠠᠷᠠ︾᠂ ︽ᠴᠢᠪᠠᠭ᠎ᠠ ᠶᠢᠨ ᠰᠢᠯᠢ︾᠂ ︽ᠪᠠᠶᠠᠷᠮᠠᠩᠨᠠᠢ ᠶᠢᠨ ᠰᠢᠯᠢ︾ ᠬᠡᠬᠦ ᠵᠡᠷᠬᠡ ᠤᠷᠳᠤᠰ ᠠᠷᠠᠳ ᠤᠨ ᠤᠷᠳᠤ ᠶᠢᠨ ᠲᠠᠭᠤᠤ ᠶᠢ ᠭᠠᠷᠮᠠᠭᠠᠢ ᠰᠠᠶᠢᠨ ᠲᠠᠭᠤᠯᠠᠳᠠᠭ ᠢᠶᠠᠷ ᠪᠠᠷᠠᠬᠤ ᠦᠬᠡᠢ᠂ ᠨᠠᠩ ᠴᠤ ︽ᠵᠢᠷᠠᠨ ᠬᠠᠶᠢᠯᠠᠰᠤ︾ ᠬᠡᠬᠦ ᠤᠷᠳᠤ ᠶᠢᠨ ᠲᠠᠭᠤᠤ ᠪᠠᠨ ᠲᠠᠭᠤᠯᠠᠮᠠᠬᠴᠠ ᠲᠡᠬᠦᠨ ᠤ ᠤᠶᠠᠩᠭᠠᠯᠢᠭ ᠤᠶᠠᠷᠠᠭᠤᠨ᠂ ᠤᠬᠵᠤᠮ ᠨᠤᠭᠤᠯᠠᠭᠠᠳᠤ ᠠᠶᠠᠯᠭᠤ ᠨᠢ ᠰᠤᠨᠤᠰᠤᠬᠴᠢᠳ ᠤᠨ ᠰᠤᠨᠤᠷ ᠬᠦᠰᠡᠯ ᠢ ᠲᠠᠯᠡᠵᠦ᠂ ᠦᠪᠡᠷ ᠤᠨ ᠡᠷᠬᠡ ᠦᠬᠡᠢ ᠬᠠᠭᠤᠴᠢᠨ ᠨᠡᠶᠢᠬᠡᠮ ᠤᠨ ᠬᠠᠷᠬᠢᠰ ᠵᠠᠰᠠᠭ᠂ ᠬᠠᠷ᠎ᠠ ᠲᠠᠰᠢᠭᠤᠷ ᠤᠨ ᠠᠯᠪᠠᠳᠠᠯᠭ᠎ᠠ ᠶᠢᠨ ᠲᠤᠤᠷ᠎ᠠ ᠦᠯᠦᠬᠡᠢ ᠨᠤᠳᠤᠭ ᠢᠶᠠᠨ ᠠᠯᠳᠠᠨ᠂ ᠦᠬᠡᠷ ᠮᠠᠯ ᠢᠶᠠᠨ ᠲᠠᠭᠤᠵᠦ᠂ ᠤᠮᠠᠷᠠᠰᠢ ᠨᠡᠬᠦᠳᠡᠯᠯᠡᠵᠦ ᠪᠠᠶᠢᠭ᠎ᠠ ᠮᠠᠯᠴᠢᠳ ᠤᠨ ᠲᠤᠬᠠᠢ ᠶᠢᠨ ᠦᠶ᠎ᠠ ᠶᠢᠨ ᠵᠢᠷᠤᠬᠡ ᠰᠢᠮᠰᠢᠷᠡᠬᠦᠯᠤᠮ᠎ᠠ ᠠᠮᠢᠳᠤᠷᠠᠯ ᠠᠬᠤᠢ ᠳᠤ ᠬᠦᠳᠦᠯᠦᠨ ᠤᠷᠤᠭᠤᠯᠳᠠᠭ ᠶᠤᠮᠰᠠᠨ︕ ᠲᠡᠬᠦᠨ ᠤ ᠲᠠᠭᠤᠯᠠᠬᠰᠠᠨ ᠲᠠᠭᠤᠤ ᠶᠢᠨ ᠰᠢᠩᠬᠡᠬᠡᠯᠳᠡ ᠶᠢ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ ᠪᠠ ᠲᠧᠯᠸᠢᠰ ᠬᠤᠷᠢᠶ᠎ᠠ ᠠᠴᠠ ᠤᠳᠠᠭᠠᠨ ᠵᠢᠯ ᠨᠡᠪᠳᠡᠷᠡᠬᠦᠯᠵᠦ ᠦᠡᠭᠬᠡᠷᠡᠪᠡ᠃       ᠵᠠᠮᠰᠤ ᠭᠤᠸᠡᠢ 1999 ᠤᠨ ᠤ 2 ᠰᠠᠷ᠎ᠠ ᠶᠢᠨ 5 ᠤ ᠡᠳᠦᠷ ᠡᠪᠡᠳᠴᠢᠨ ᠢᠶᠠᠷ ᠨᠠᠰᠤ ᠪᠠᠷᠠᠪᠠ᠃       2007 ᠤᠨ ᠳᠤ ᠦᠪᠦᠷ ᠮᠤᠩᠭᠤᠯ ᠤᠨ ᠤᠷᠳᠤ ᠶᠢᠨ ᠲᠠᠭᠤᠤ ᠤᠷᠠᠯᠢᠭ ᠤᠨ ᠰᠤᠯᠢᠯᠴᠠᠭ᠎ᠠ ᠰᠤᠳᠤᠯᠭᠠᠨ ᠤ ᠨᠡᠶᠢᠬᠡᠮᠯᠢᠭ ᠠᠴᠠ ︽ᠵᠠᠮᠰᠤ ᠭᠤᠸᠡᠢ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ ᠠᠩᠬᠠᠨ ᠤ ᠦᠶ᠎ᠠ ᠶᠢᠨ ᠲᠠᠷᠬᠠᠨ ᠲᠠᠭᠤᠴᠢᠨ᠂ ᠤᠷᠳᠤ ᠶᠢᠨ ᠲᠠᠭᠤᠤ ᠶᠢᠨ ᠸᠠᠩ ᠮᠥᠨ︾ ᠬᠡᠰᠡᠨ ᠢᠷᠠᠭᠤ ᠠᠯᠳᠠᠷ ᠢ ᠤᠯᠭᠤᠬᠰᠠᠨ ᠪᠠᠶᠢᠨ᠎ᠠ᠃
ᠢᠷᠡᠯᠲᠡ᠄ ᠲᠣᠰ ᠰᠦᠯᠵᠢᠶ᠎ᠡ