ᠱᠠᠩᠬᠠᠢ ᠶᠢᠨ ᠰᠦᠮ᠎ᠡ ᠪᠠᠯᠭᠠᠰᠤ 2005 ᠤᠨ ᠤ 10 ᠰᠠᠷ᠎ᠠ ᠳᠤ ᠪᠠᠶᠢᠭᠤᠯᠤᠭᠳᠠᠵᠤ᠂ ᠤᠤᠯ ᠤᠨ ᠮᠠᠩᠬᠠᠳᠤ ᠰᠢᠶᠠᠩ᠂ ᠪᠤᠯᠠᠭ ᠰᠤᠮᠤ ᠪᠠ ᠱᠠᠩᠬᠠᠢ ᠶᠢᠨ | ᠰᠦᠮ᠎ᠡ ᠶᠢᠨ ᠤᠯᠤᠰ ᠠᠴᠠ ᠡᠵᠡᠩᠨᠡᠭᠰᠡᠨ ᠮᠠᠯᠵᠢᠯ ᠤᠨ ᠳᠠᠯᠠᠪᠤᠷ ᠢᠶᠠᠷ ᠪᠦᠷᠢᠯᠳᠤᠵᠤ᠂ ᠭᠠᠵᠠᠷ ᠰᠢᠷᠤᠢ ᠶᠢᠨ ᠶᠡᠷᠤᠩᠬᠡᠢ ᠳᠠᠯᠠᠪᠠᠢ 3871 ᠳᠡᠭᠰᠢ ᠲᠦᠷᠪᠡᠯᠵᠢᠨ | ᠺᠢᠯᠤᠮᠧᠲᠷ ︵ 580 ᠲᠦᠮᠡᠨ ᠮᠤ᠋︶᠂ ᠬᠠᠷᠢᠶᠠᠨ ᠳᠤᠨᠢ 11 ᠭᠠᠴᠠᠭ᠎ᠠ ᠳᠤᠰᠬᠤᠨ᠂ 3 ᠨᠠᠶᠢᠬᠡᠮ ᠳᠤᠭᠤᠷᠢᠭ᠂ 63 ᠪᠠᠶᠢᠭᠠᠯᠢ ᠲᠠᠢ᠂ ᠶᠡᠷᠤᠩᠬᠡᠢ ᠬᠦᠮᠤᠨ ᠠᠮᠠ | 26770᠂ ᠡᠬᠦᠨ ᠳᠤ ᠡᠷᠤᠬᠡ ᠠᠮᠠ ᠶᠢᠨ ᠳᠠᠩᠰᠠ ᠲᠠᠢ ᠬᠦᠮᠤᠨ ᠠᠮᠠ 3331 ᠡᠷᠤᠬᠡ 9577 ᠬᠦᠮᠤᠨ᠂ ᠮᠤᠩᠭᠤᠯ ᠦᠨᠳᠤᠰᠤᠳᠠᠨ 1316 ᠡᠷᠤᠬᠡ | 3399 ᠬᠦᠮᠤᠨ᠂ ᠬᠢᠳᠠᠤᠨ ᠦᠨᠳᠤᠰᠤᠳᠠᠨ ᠤᠯᠠᠩᠬᠢ ᠳᠤᠭ᠎ᠠ ᠶᠢ ᠡᠵᠡᠯᠡᠭᠰᠡᠨ ᠴᠦᠬᠡᠨ ᠳᠤᠭᠠᠳᠤ ᠦᠨᠳᠤᠰᠤᠳᠠᠨ ᠲᠦᠪᠯᠡᠷᠡᠨ ᠰᠠᠭᠤᠷᠢᠰᠢᠭᠰᠡᠨ ᠭᠠᠵᠠᠷ ᠤᠷᠤᠨ | ᠪᠤᠯᠤᠨ᠎ᠠ᠃ ᠱᠠᠩᠬᠠᠢ ᠶᠢᠨ ᠰᠦᠮ᠎ᠠ ᠪᠠᠯᠭᠠᠰᠤ ᠶᠢᠨ ᠤᠷᠤᠨ ᠪᠠᠶᠢᠷᠢᠰᠢᠯ ᠤᠨ ᠳᠠᠪᠠᠭᠤᠯᠢᠭ ᠢᠯᠡᠷᠬᠡᠢ᠂ ᠦᠪᠤᠷ ᠮᠤᠩᠭᠤᠯ᠂ ᠨᠢᠩᠰᠢᠶᠠ ᠶᠢᠨ ᠠᠭᠤᠯᠵᠠᠷ ᠲᠤ | ᠪᠠᠶᠢᠷᠢᠰᠢᠵᠤ᠂ ᠡᠮᠤᠨᠡᠰᠢ ᠨᠢᠩᠰᠢᠶᠠ ᠶᠢᠨ ᠨᠢᠩ ᠳ᠋ᠦᠩ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠲᠠᠢ ᠬᠦᠷᠰᠢᠯᠡᠵᠤ᠂ ᠪᠠᠷᠠᠭᠤᠨᠰᠢ ᠢᠷᠭᠠᠢ | ᠬᠤᠳᠠ ᠶᠢᠨ ᠪᠢᠨ ᠾᠧ ᠰᠢᠨ᠎ᠠ ᠳᠤᠭᠤᠷᠢᠭ ᠲᠠᠢ ᠵᠠᠯᠭᠠᠯᠳᠤᠵᠤ᠂ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠯᠵᠠᠴᠢ ᠪᠠᠯᠭᠠᠰᠤ ᠠᠴᠠ 89 ᠺᠢᠯᠤᠮᠧᠲᠷ᠂ | ᠢᠷᠭᠠᠢ ᠬᠤᠳᠠ ᠶᠢᠨ ᠲᠦᠪ ᠠᠴᠠ 35 ᠺᠢᠯᠤᠮᠧᠲᠷ᠂ ᠨᠢᠩᠰᠢᠶᠠ ᠶᠢᠨ ᠾᠧ ᠳ᠋ᠦᠩ ᠤᠯᠠᠨ ᠤᠯᠤᠰ ᠤᠨ ᠨᠢᠰᠬᠡᠯ ᠤᠨ ᠪᠠᠭᠤᠳᠠᠯ ᠪᠠ ᠢᠷᠭᠠᠢ ᠶᠢᠨ | ᠶᠡᠷᠤᠩᠬᠡᠶᠢᠯᠡᠭᠰᠡᠨ ᠭᠠᠶᠢᠯᠢ ᠪᠠᠳᠤᠯᠠᠬᠤ ᠤᠷᠤᠨ ᠠᠴᠠ 25 ᠺᠢᠯᠤᠮᠧᠲᠷ᠂ ᠢᠷᠭᠠᠢ ᠶᠢᠨ ᠪᠢᠨ ᠾᠧ ᠰᠢᠨ᠎ᠠ ᠳᠤᠭᠤᠷᠢᠭ ᠠᠴᠠ 5 ᠺᠢᠯᠤᠮᠧᠲᠷ ᠵᠠᠶᠢᠳᠠᠢ ᠪᠠᠶᠢᠷᠢᠯᠠᠵᠤ | ᠪᠠᠶᠢᠭ᠎ᠠ ᠤᠷᠳᠤᠰ ᠬᠤᠳᠠ ᠶᠢᠨ ᠪᠠᠷᠠᠭᠤᠨ ᠡᠮᠤᠨᠡᠳᠤ ᠶᠡᠭᠡ ᠬᠠᠭᠠᠯᠭ᠎ᠠ ᠪᠤᠯᠤᠨ᠎ᠠ᠃ |