ᠬᠤᠰᠢᠭᠤ ᠠᠷᠪᠠᠨ ᠨᠢᠬᠡᠳᠣᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠣᠭᠡᠷ ᠬᠤᠷᠠᠯᠳᠣᠭᠠᠨ ᠤ ᠪᠢᠴᠢᠭ ᠮᠡᠲ᠋ᠧᠷᠢᠶᠠᠯ ︵ᠠᠷᠪᠠᠨ ᠨᠠᠢᠮᠠ ︶
ᠨᠡᠶᠢᠲᠡᠯᠡᠭᠰᠡᠨ ᠴᠠᠭ᠄
2022/12/8
ᠤᠳᠤᠭ ᠤᠨ ᠡᠮᠥᠨᠡᠳᠤ ᠬᠤᠰᠢᠭᠤᠨ ᠤ 2021 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2022 ᠤᠨ  ᠤ  ᠡᠳ᠋  ᠤᠨ ᠵᠠᠰᠠᠭ ᠤᠨ  ᠳᠥᠰᠥᠪ  ᠤᠨ ᠳᠥᠰᠥᠯ  ᠤᠨ ᠮᠡᠳᠡᠬᠦᠯᠥᠯᠲᠡ                                                                     ——  2022 ᠤᠨ ᠤ 1 ᠰᠠᠷ᠎ᠠ ᠶᠢᠨ 7 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠨ ᠨᠢᠬᠡᠳᠣᠭᠡᠷ                    ᠬᠤᠭᠤᠴᠠᠭᠠᠨ  ᠤ ᠠᠷᠠᠳ  ᠤᠨ ᠲᠥᠯᠥᠭᠡᠯᠡᠭᠴᠢᠳ  ᠤᠨ  ᠶᠡᠭᠡ  ᠬᠤᠷᠠᠯ  ᠤᠨ  ᠨᠢᠬᠡᠳᠣᠭᠡᠷ  ᠬᠤᠷᠠᠯᠳᠤᠭᠠᠨ ᠳᠡᠭᠡᠷ᠎ᠡ                                                                                   ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠᠲᠥᠯᠥᠭᠡᠯᠡᠭᠴᠢᠳ ᠡ᠄     ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2021 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2022 ᠤᠨ ᠤ ᠡᠳ᠋ ᠤᠨ ᠵᠠᠰᠠᠭ ᠤᠨ  ᠲᠦᠰᠦᠪ  ᠤᠨ ᠳᠥᠰᠥᠯ ᠤᠨ ᠮᠡᠳᠡᠬᠦᠯᠥᠯᠲᠡ ᠪᠠᠨ ᠳᠤᠰ ᠤᠳᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠪᠤᠯᠤᠨ ᠬᠤᠷᠠᠯ  ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃      ᠨᠢᠭᠡ᠂ 2021 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ      2021 ᠤᠨ ᠳᠤ ᠬᠤᠰᠢᠭᠤ ᠡᠳ᠋ ᠤᠨ ᠵᠠᠰᠠᠭ  ᠤᠨ ᠲᠤᠪᠴᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠣᠮᠳᠠᠲᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠶᠡᠷᠣᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠴᠣᠬᠤᠯᠠᠪᠣᠷᠢ ᠵᠢᠭᠠᠪᠣᠷᠢ  ᠶᠢᠨ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠣᠨ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠣᠷᠣᠯᠭ᠎ᠠ ᠵᠠᠷᠤᠯᠭ᠎ᠠ ᠶᠢ ᠠᠳᠬᠤᠬᠤ᠂ ᠬᠦᠭᠵᠢᠯᠲᠡ ᠶᠢ ᠳᠡᠮᠵᠢᠬᠦ᠂ ᠠᠷᠠᠳ ᠤᠨ ᠠᠮᠢᠳᠣᠷᠠᠯ ᠢ ᠪᠠᠳᠣᠯᠠᠬᠤ᠂ ᠦᠬᠡᠷᠡᠴᠢᠯᠡᠯᠲᠡ ᠶᠢ ᠠᠬᠢᠭᠤᠯᠬᠤ᠂ ᠬᠠᠮᠢᠶᠠᠷᠣᠯᠲᠠ ᠶᠢ ᠴᠢᠩᠭᠠᠳᠬᠠᠬᠤ ᠶᠢ ᠪᠦᠬᠦ ᠬᠦᠴᠣᠨ ᠢᠶᠠᠷ ᠠᠳᠬᠤᠨ᠂ ᠡᠳ᠋ ᠤᠨ ᠵᠠᠰᠠᠭ ᠤᠨ ᠡᠯ᠎ᠡ ᠲᠦᠷᠦᠯ  ᠤᠨ ᠠᠵᠢᠯ ᠢᠶᠠᠨ ᠯᠠᠪᠳᠠᠭᠤᠨ ᠪᠠᠲᠣᠲᠠᠢ ᠰᠡᠶᠢᠲᠣᠷ ᠬᠢᠵᠣ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠣᠯᠠᠬᠤ︾ ᠪᠠ ᠦᠨᠳᠣᠰᠣᠨ ᠱᠠᠲᠣᠨ ᠤ ︽  ᠭᠤᠷᠪᠠ ᠶᠢ ᠪᠠᠲᠣᠯᠠᠬᠤ︾ ᠡᠬᠦᠷᠬᠡ ᠶᠢ ᠡᠷᠴᠢᠮᠲᠠᠢ ᠠᠳᠬᠤᠨ᠂ ᠡᠳ᠋ ᠤᠨ ᠵᠠᠰᠠᠭ ᠤᠨ ᠴᠢᠳᠠᠪᠬᠢ ᠦᠢᠯᠡᠳᠣᠯ ᠢᠶᠠᠨ ᠢᠳᠡᠪᠬᠢᠲᠠᠢ ᠪᠠᠳᠠᠷᠠᠭᠤᠯᠵᠣ᠂ 2021 ᠤᠨ ᠤ ᠡᠳ᠋ ᠤᠨ ᠵᠠᠰᠠᠭ ᠤᠨ ᠡᠯ᠎ᠡ ᠲᠦᠷᠦᠯ ᠤᠨ ᠭᠤᠣᠯᠳᠠᠯᠭᠠᠲᠣ ᠠᠵᠢᠯ ᠢᠶᠠᠨ ᠨᠡᠯᠢᠶᠡᠳ ᠰᠠᠶᠢᠨ ᠪᠡᠶᠡᠯᠡᠬᠦᠯᠣᠬᠡᠳ᠂ ᠮᠠᠨ ᠤ ᠬᠤᠰᠢᠭᠤᠨ ᠤ ︽ᠠᠷᠪᠠᠨ ᠲᠦᠷᠪᠡᠳᠣᠭᠡᠷ ᠲᠠᠪᠣᠨ ᠵᠢᠯ ᠤᠨ ᠲᠦᠯᠦᠪᠵᠢᠬᠦᠯᠬᠡ︾ ᠶᠢᠨ ᠣᠬᠢ ᠰᠠᠶᠢᠨ ᠡᠬᠢᠯᠡᠯᠲᠡ ᠳᠤ ᠡᠳ᠋ ᠤᠨ ᠵᠠᠰᠠᠭ ᠤᠨ ᠪᠠᠲᠣ ᠰᠠᠭᠤᠷᠢ ᠶᠢ ᠲᠠᠯᠪᠢᠭᠰᠠᠨ ᠪᠠᠶᠢᠨ᠎ᠠ᠃      ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2021 ᠤᠨ ᠳᠤ ᠪᠦᠬᠦ ᠬᠤᠰᠢᠭᠤᠨ ᠤ ᠡᠯ᠎ᠡ ᠲᠦᠷᠦᠯ ᠤᠨ ᠣᠷᠣᠯᠭ᠎ᠠ ᠶᠢ 42.03 ᠳ᠋ᠦᠩᠰᠢᠭᠤᠷ ᠲᠥᠭᠦᠷᠢᠭ ᠪᠡᠶᠡᠯᠡᠬᠦᠯᠪᠡ᠂  ᠡᠭᠦᠨ ᠳᠤ᠄ ᠲᠣᠰ ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ  ᠤᠨ ᠤᠷᠤᠯᠭ᠎ᠠ 12.3 ᠳ᠋ᠦᠩᠰᠢᠭᠤᠷ ᠲᠥᠭᠦᠷᠢᠭ ︵ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 1.2 ᠳ᠋ᠥᠩᠰᠢᠭᠤᠷ ᠲᠥᠭᠦᠷᠢᠭ ᠪᠠᠭᠳᠠᠨ᠎ᠠ︶᠂ ᠠᠳᠠᠯᠢ ᠬᠤᠭᠤᠴᠠᠭᠠᠨ ᠤ ᠬᠢ ᠠᠴᠠ 3.36% ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 20.62 ᠳ᠋ᠦᠩᠰᠢᠭᠤᠷ ᠲᠦᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.36 ᠳ᠋ᠦᠩᠰᠢᠭᠤᠷ ᠲᠦᠭᠦᠷᠢᠭ᠂ ᠤᠷᠤᠨ ᠨᠤᠲᠤᠭ ᠤᠨ ᠵᠠᠰᠠᠭ ᠤᠨ ᠤᠷᠳᠤᠨ ᠤ ᠡᠩ ᠤᠨ ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ ᠤᠷᠤᠯᠠᠭᠤᠯᠤᠭᠰᠡᠨ ᠣᠷᠣᠯᠭ᠎ᠠ 8.75 ᠳ᠋ᠦᠩᠰᠢᠭᠤᠷ ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ 3.2 ᠳ᠋ᠥᠩᠰᠢᠭᠤᠷ ᠲᠥᠭᠦᠷᠢᠭ᠂ ᠳᠠᠬᠢᠨ ᠮᠥᠩᠭᠦ ᠬᠤᠷᠠᠮᠳᠣᠭᠤᠯᠣᠭᠰᠠᠨ ᠥᠭᠴᠡᠭᠡᠨ ᠲᠡᠮᠳᠡᠭ 5.55 ᠳ᠋ᠦᠩᠰᠢᠭᠤᠷ ᠲᠦᠬᠦᠷᠢᠭ ᠪᠠᠭᠳᠠᠨ᠎ᠠ︶᠃ ᠪᠦᠬᠦ ᠬᠤᠰᠢᠭᠤᠨ ᠤ ᠡᠯ᠎ᠡ ᠲᠦᠷᠦᠯ ᠤᠨ ᠵᠠᠷᠤᠯᠭ᠎ᠠ 41.14 ᠳ᠋ᠦᠩᠰᠢᠭᠤᠷ ᠲᠥᠭᠦᠷᠢᠭ᠂ ᠡᠭᠦᠨ ᠳᠤ᠄ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 34.83 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.1 ᠳ᠋ᠦᠩᠰᠢᠭᠤᠷ ᠲᠥᠭᠦᠷᠢᠭ᠂ ᠰᠤᠯᠢᠭᠰᠠᠨ ᠡᠩ ᠤᠨ ᠥᠭᠴᠡᠭᠡᠨ ᠲᠡᠮᠳᠡᠭ  ᠤᠨ ᠵᠠᠷᠤᠯᠭ᠎ᠠ 6.17 ᠳ᠋ᠦᠩᠰᠢᠭᠤᠷ ᠲᠥᠭᠦᠷᠢᠭ᠂ ᠲᠦᠰᠦᠪ ᠤᠨ ᠲᠣᠭᠲᠠᠭᠤᠨ ᠢ ᠲᠣᠬᠢᠷᠠᠭᠤᠯᠬᠤ ᠪᠡᠯᠡ ᠮᠦᠩᠬᠦ 0.04 ᠳ᠋ᠦᠩᠰᠢᠭᠤᠷ ᠲᠦᠬᠦᠷᠢᠭ᠃ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 0.89  ᠳ᠋ᠦᠩᠰᠢᠭᠤᠷ ᠲᠦᠬᠦᠷᠢᠭ᠃      —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠲᠦᠷᠪᠡᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ ᠢ 5.74 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ  ᠶᠢᠨ 46.67% ᠶᠢ ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 2.17 ᠳ᠋ᠥᠩᠰᠢᠭᠤᠷ ᠲᠥᠭᠦᠷᠢᠭ ᠨᠡᠮᠡᠭᠳᠡᠵᠣ᠂ 60.6% ᠪᠠᠷ ᠦᠰᠪᠡ᠃ ᠡᠭᠦᠨ ᠳᠤ᠄ ᠦᠷᠲᠡᠭ ᠤᠨ ᠨᠡᠮᠡᠭᠳᠡᠯ ᠤᠨ ᠭᠠᠶᠢᠯᠢ 2.52 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 35.44% ᠪᠠᠷ ᠨᠡᠮᠡᠭᠳᠡᠪᠡ︔ ᠠᠵᠣ ᠠᠬᠤᠶᠢᠯᠠᠯ  ᠤᠨ ᠣᠯᠵᠠᠪᠣᠷᠢ ᠶᠢᠨ ᠭᠠᠶᠢᠯᠢ 0.62 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 139.1% ᠪᠠᠷ ᠨᠡᠮᠡᠭᠳᠡᠪᠡ ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.26 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 35.76 % ᠪᠠᠷ  ᠨᠡᠮᠡᠭᠳᠡᠪᠡ︔ ᠡᠬᠢ ᠪᠠᠶᠠᠯᠢᠭ ᠤᠨ ᠭᠠᠶᠢᠯᠢ 2.34 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 85.34% ᠪᠠᠷ ᠨᠡᠮᠡᠭᠳᠡᠪᠠ᠃      —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ 9.8ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 108.41% ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 3.16 ᠳ᠋ᠦᠩᠰᠢᠭᠤᠷ ᠳᠦᠭᠦᠷᠢᠭ‌ᠨᠡᠮᠡᠭᠳᠡᠵᠣ᠂ 47.5% ᠪᠠᠷ ᠨᠡᠮᠡᠭᠳᠡᠪᠡ︔ ᠡᠳ᠋ ᠤᠨ ᠵᠠᠰᠠᠭ ᠤᠨ ᠰᠠᠯᠠᠭ᠎ᠠ ᠮᠦᠴᠢᠷ 2.5 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 77.64%  ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ2.75 ᠳ᠋ᠦᠩᠰᠢᠭᠤᠷ ᠲᠥᠭᠦᠷᠢᠭ ᠪᠠᠭᠤᠷᠠᠵᠣ ᠂ 52.39% ᠪᠠᠷ ᠪᠠᠭᠠᠰᠪᠠ᠃      —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 6.26 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 46.23% ᠪᠠᠷ ᠨᠡᠮᠡᠭᠳᠡᠪᠡ ︵ᠡᠭᠦᠨ ᠳᠤ ᠨᠡᠭᠦᠷᠡᠰᠣᠨ ᠤ ᠠᠵᠢᠯ ᠲᠦᠷᠦᠯ 3.98 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠤ ᠬᠢ ᠠᠴᠠ 46.37% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ 1.99 ᠳ᠋ᠦᠩᠰᠢᠭᠤᠷ ᠳᠦᠭᠦᠷᠢᠭ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35.33% ᠪᠠᠷ ᠨᠡᠮᠡᠭᠳᠡᠪᠡ︶︔ ᠤᠶᠢᠯᠡᠤᠨᠬᠦ ᠠᠵᠢᠯ ᠲᠦᠷᠤᠯ 0.38 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 4.52% ᠪᠠᠷ  ᠨᠡᠮᠡᠭᠳᠡᠪᠡ︔ ᠴᠡᠬᠢᠯᠭᠠᠨ ᠬᠦᠴᠣᠨ ᠤ ᠠᠵᠢᠯ ᠲᠦᠷᠦᠯ 0.67 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 66.88 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ 0.45 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ65.61% ᠪᠠᠷ ᠨᠡᠮᠡᠭᠳᠡᠪᠡ︔ ᠵᠠᠮ ᠲᠡᠬᠡᠬᠡᠪᠣᠷᠢ ᠶᠢᠨ ᠦᠢᠯᠡᠰ 0.12 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 24.52% ᠢᠶᠠᠷ ᠪᠠᠭᠤᠷᠠᠪᠠ︔ ᠬᠡᠷ ᠬᠦᠷᠦᠩᠬᠡ ᠶᠢᠨ ᠠᠵᠢᠯ ᠲᠦᠷᠦᠯ 0.21 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 53.64% ᠪᠠᠷ ᠨᠡᠮᠡᠭᠳᠡᠪᠡ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.13 ᠳ᠋ᠦᠩᠰᠢᠭᠤᠷ ᠳᠦᠭᠦᠷᠢᠭ ᠪᠡᠶᠡᠯᠡᠭᠦᠯᠵᠣ ᠂ ᠠᠳᠠᠯᠢ ᠬᠤᠭᠤᠴᠠᠭᠠᠨ ᠤ ᠬᠢ ᠠᠴᠠ 23.94% ᠪᠠᠷ  ᠪᠠᠭᠤᠷᠠᠪᠠ︔ ᠬᠤᠨᠤᠭ ᠪᠠᠭᠤᠳᠠᠯ ᠢᠳᠡᠬᠡᠨ ᠣᠮᠳᠠᠭᠠᠨ ᠤ ᠦᠢᠯᠡᠰ 0.02 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 350% ᠪᠠᠷ  ᠨᠡᠮᠡᠭᠳᠡᠪᠡ︔ ᠦᠢᠯᠡᠴᠢᠯᠡᠬᠡᠨ ᠤ ᠦᠢᠯᠡᠰ 0.16 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 44.16% ᠪᠠᠷ ᠨᠡᠮᠡᠭᠳᠡᠪᠡ︔ ᠮᠦᠩᠬᠦᠨ ᠬᠦᠢᠯᠬᠡᠬᠡᠨ ᠤ ᠦᠢᠯᠡᠰ 0.2 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 7.55% ᠪᠠᠷ ᠪᠠᠭᠤᠷᠠᠪᠠ︔ ᠪᠣᠰᠣᠳ ᠠᠵᠢᠯ ᠲᠦᠷᠦᠯ 3.7 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 35.99% ᠪᠠᠷ  ᠪᠠᠭᠤᠷᠠᠪᠠ᠃      2021 ᠣᠨ ᠳᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 34.83 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 18.62% ᠪᠠᠷ ᠨᠡᠮᠡᠭᠳᠡᠪᠡ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 34 ᠳ᠋ᠦᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ  ᠵᠠᠷᠣᠯᠭ᠎ᠠ 0.83 ᠳ᠋ᠦᠩᠰᠢᠭᠤᠷ ᠲᠥᠭᠦᠷᠢᠭ᠃      ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2021 ᠤᠨ ᠳᠤ ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ 1.44 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 74.09% ᠪᠠᠷ ᠪᠠᠭᠤᠷᠠᠪᠠ᠂ ᠡᠭᠦᠨ ᠳᠤ : ᠬᠤᠰᠢᠭᠤ ᠲᠣᠰ ᠱᠠᠳᠣᠨ ᠤ ᠣᠷᠣᠯᠭ᠎ᠠ 1.03 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.36 ᠳ᠋ᠦᠩᠰᠢᠭᠤᠷ ᠲᠦᠬᠦᠷᠢᠭ᠂ ᠳᠤᠰᠬᠠᠢ ᠲᠦᠷᠤᠯ ᠤᠨ ᠣᠷᠣᠯᠭ᠎ᠠ 0.05 ᠳ᠋ᠦᠩᠰᠢᠭᠤᠷ ᠲᠦᠬᠦᠷᠢᠭ︔  ᠪᠦᠬᠦ ᠬᠤᠰᠢᠭᠤᠨ ᠤ  ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 1.23 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 76.41% ᠪᠠᠷ  ᠪᠠᠭᠤᠷᠠᠪᠠ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠦᠯᠡᠳᠡᠪᠦᠷᠢ 0.21 ᠳ᠋ᠦᠩᠰᠢᠭᠤᠷ ᠲᠥᠭᠦᠷᠢᠭ᠃       ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2021 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 4.05 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 31.2% ᠢᠶᠠᠷ ᠨᠡᠮᠡᠭᠳᠡᠪᠡ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ 4.05 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ  ᠠᠴᠠ 31.2% ᠢᠶᠠᠷ ᠨᠡᠮᠡᠭᠳᠡᠪᠡ᠃      ︵ᠲᠦᠷᠪᠡ︶ ᠣᠯᠣᠰ ᠤᠨ ᠦᠮᠴᠢᠯᠡᠯᠲᠣ ᠡᠳ᠋ ᠬᠦᠷᠦᠩᠬᠡ ᠶᠢᠨ ᠡᠵᠡᠩᠨᠡᠯᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2021 ᠤᠨ ᠳᠤ ᠪᠦᠬᠦ ᠬᠤᠰᠢᠭᠤᠨ ᠤ  ᠣᠯᠣᠰ ᠤᠨ ᠦᠮᠴᠢᠯᠡᠯᠲᠣ ᠡᠳ᠋ ᠬᠦᠷᠦᠩᠬᠡ ᠶᠢᠨ ᠡᠵᠡᠩᠨᠡᠯᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢ 0.01 ᠳ᠋ᠦᠩᠰᠢᠭᠤᠷ ᠲᠦᠬᠦᠷᠢᠭ ᠪᠡᠶᠡᠯᠡᠬᠦᠯᠪᠡ᠃      2021 ᠣᠨ ᠤ ᠡᠳ᠋ ᠤᠨ ᠵᠠᠰᠠᠭ ᠤᠨ ᠠᠵᠢᠯ ᠪᠠ ᠲᠦᠰᠦᠪ ᠤᠨ ᠬᠡᠷᠡᠭᠵᠢᠬᠦᠯᠦᠯᠲᠡ ᠶᠢᠨ ᠭᠤᠤᠯ ᠤᠨᠴᠠᠯᠢᠭ      ︵ᠨᠢᠭᠡ︶  ᠲᠣᠭᠲᠠᠭᠤᠨ ᠢᠶᠠᠷ ᠠᠬᠢᠭᠤᠯᠣᠨ ᠳᠠᠪᠰᠢᠬᠤ ᠶᠢ ᠪᠠᠷᠢᠮᠲᠠᠯᠠᠵᠣ᠂ ᠡᠳ᠋ ᠤᠨ ᠬᠦᠴᠦᠨ ᠤ ᠪᠠᠲᠣᠯᠠᠭ᠎ᠠ ᠶᠢᠨ ᠰᠠᠭᠤᠷᠢ ᠪᠠᠨ ᠲᠠᠰᠣᠷᠠᠯᠲᠠ ᠦᠬᠡᠢ ᠪᠠᠬᠢᠵᠢᠭᠦᠯᠪᠡ᠃       ᠨᠢᠬᠡ ᠲᠠᠯ᠎ᠠ ᠪᠠᠷ ᠦᠪᠡᠷ ᠤᠨ ᠴᠢᠷᠮᠠᠶᠢᠯᠠᠭ᠎ᠠ ᠳᠤ ᠰᠠᠭᠤᠷᠢᠯᠠᠨ ᠣᠷᠣᠯᠭ᠎ᠠ ᠪᠠᠨ ᠴᠢᠷᠮᠠᠶᠢᠨ ᠨᠡᠮᠡᠭᠳᠡᠬᠦᠯᠪᠡ᠃ ᠬᠢᠵᠢᠭ ᠤᠨ ᠪᠠᠶᠢᠳᠠᠯ ᠪᠣᠯᠣᠨ ᠡᠨᠧᠷᠬᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠠᠪᠬᠤᠴᠠᠯ ᠨᠦᠯᠦᠬᠡᠯᠡᠯ ᠲᠣᠣᠷ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠲᠡᠩᠴᠡᠬᠦᠷᠢᠲᠠᠢ ᠬᠦᠮᠦᠷᠬᠡᠯᠡᠬᠦ ᠪᠠᠷ ᠭᠤᠣᠯᠳᠠᠯᠭ᠎ᠠ ᠪᠣᠯᠭᠠᠨ᠂ ᠣᠷᠣᠯᠭ᠎ᠠ ᠶᠢᠨ ᠴᠢᠨᠠᠷ ᠢ ᠲᠡᠬᠡᠭᠰᠢᠯᠡᠬᠦᠯᠬᠦ ᠪᠠᠷ ᠴᠦᠮ᠎ᠡ ᠪᠣᠯᠭᠠᠵᠣ᠂ ᠪᠦᠬᠦ ᠵᠢᠯ ᠤᠨ ᠡᠳ᠋ ᠤᠨ ᠵᠠᠰᠠᠭ  ᠤᠨ ᠳᠥᠰᠥᠪ ᠤᠨ ᠣᠷᠣᠯᠭ᠎ᠠ ᠶᠢ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠪᠡ᠃ ᠭᠠᠶᠢᠯᠢ ᠶᠢᠨ ᠶᠠᠪᠤᠳᠠᠯ᠂  ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠦᠲᠤᠬᠡᠨ ᠪᠠᠶᠢᠭᠤᠯᠣᠯᠲᠠ᠂ ᠣᠢ ᠰᠢᠭᠤᠢ ᠨᠣᠲᠤᠭ ᠪᠡᠯᠴᠢᠬᠡᠷ᠂ ᠣᠰᠣᠨ ᠠᠰᠢᠭᠯᠠᠯᠲᠠ ᠵᠡᠷᠭᠡ ᠰᠠᠯᠠᠭ᠎ᠠ ᠮᠦᠴᠢᠷ ᠲᠠᠢ ᠬᠠᠮᠲᠣᠷᠠᠯᠴᠠᠨ᠂ ᠮᠡᠳᠡᠭᠡ ᠵᠠᠩᠬᠢ ᠬᠠᠷᠢᠯᠴᠠᠨ ᠨᠡᠪᠳᠡᠷᠡᠯᠴᠡᠬᠦ᠂ ᠲᠤᠭ᠎ᠠ ᠪᠠᠷᠢᠮᠲᠠ  ᠶᠢ ᠬᠠᠮᠳᠣ ᠡᠳ᠋ᠯᠡᠬᠦ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠠᠶᠢᠯᠢ ᠵᠠᠷᠣᠳᠠᠯ ᠤᠨ ᠣᠷᠣᠯᠭ᠎ᠠ ᠶᠢᠨ ᠲᠠᠳᠠᠪᠣᠷᠢᠯᠠᠯᠲᠠ ᠶᠢᠨ ᠪᠠᠶᠢᠳᠠᠯ ᠢ ᠴᠠᠭ ᠲᠣᠬᠠᠢ ᠳᠤ ᠨᠢ ᠡᠵᠡᠮᠰᠢᠨ᠂ ᠭᠠᠶᠢᠯᠢ ᠵᠠᠷᠣᠳᠠᠯ ᠤᠨ ᠲᠠᠳᠠᠪᠣᠷᠢᠯᠠᠯᠲᠠ ᠲᠣᠮᠳᠠᠬᠢ ᠠᠰᠠᠭᠤᠳᠠᠯ ᠢ ᠲᠠᠷᠣᠢ ᠳᠤ ᠨᠢ ᠰᠢᠢᠳᠪᠣᠷᠢᠯᠡᠵᠣ᠂ ᠪᠦᠬᠦᠨ ᠢ ᠲᠤᠭ᠎ᠠ ᠶᠣᠰᠣᠭᠠᠷ ᠲᠠᠳᠠᠪᠣᠷᠢᠯᠠᠬᠤ ᠶᠢ ᠪᠡᠶᠡᠯᠡᠬᠦᠯᠣᠨ᠂ ᠪᠦᠬᠦ ᠵᠢᠯ ᠳᠤ ᠬᠤᠰᠢᠭᠤ ᠲᠣᠰ ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢ 12.3 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 3.36% ᠪᠠᠷ ᠦᠰᠪᠡ᠃ ᠨᠦᠬᠦᠬᠡ ᠲᠠᠯ᠎ᠠ ᠪᠠᠷ ᠦᠷᠬᠦᠯᠵᠢᠯᠡᠨ ᠭᠠᠳᠠᠭᠠᠳᠣ ᠬᠦᠴᠦᠨ ᠤ ᠠᠰᠢᠭᠯᠠᠯᠲᠠ ᠶᠢ ᠴᠢᠷᠮᠠᠶᠢᠨ ᠣᠯᠪᠠ᠃ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠰᠣᠳᠣᠯᠣᠨ᠂ ᠣᠯᠣᠰ᠂ ᠣᠷᠣᠨ᠂ ᠬᠤᠲᠠ ᠶᠢᠨ ᠪᠡᠯᠡ ᠮᠦᠩᠬᠦᠨ ᠤ ᠣᠷᠣᠭᠤᠯᠣᠯᠲᠠ ᠶᠢᠨ ᠬᠠᠨᠳᠣᠰᠢ ᠶᠢ ᠡᠵᠡᠮᠳᠡᠵᠣ᠂ ᠲᠡᠬᠡᠳᠣ ᠱᠠᠲᠣᠨ ᠤ ᠰᠠᠯᠠᠭ᠎ᠠ ᠮᠦᠴᠢᠷ ᠯᠦᠭᠡ ᠶᠢᠨ ᠬᠠᠷᠢᠯᠴᠠᠭ᠎ᠠ  ᠪᠠᠨ ᠴᠢᠩᠭᠠᠳᠬᠠᠨ᠂ ᠲᠡᠬᠡᠳᠣ ᠱᠠᠲᠣᠨ ᠤ ᠲᠦᠷᠦ ᠶᠢᠨ ᠪᠣᠳᠣᠯᠭ᠎ᠠ ᠪᠠ ᠪᠡᠯᠡ ᠮᠦᠩᠬᠦᠨ ᠤ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠳᠠᠬᠢ ᠬᠠᠮᠤᠭ ᠶᠡᠭᠡ ᠲᠡᠮᠵᠢᠯᠬᠡ ᠶᠢ ᠴᠢᠷᠮᠠᠶᠢᠨ ᠣᠯᠵᠣ᠂ ᠪᠦᠬᠦ ᠵᠢᠯ ᠳᠤ ᠳᠡᠭᠡᠳᠦ ᠱᠠᠲᠤᠨ ᠤ ᠰᠢᠯᠵᠢᠬᠦᠯᠣᠨ ᠣᠯᠭᠤᠭᠰᠠᠨ ᠪᠡᠯᠡ ᠮᠦᠩᠭᠦ ᠶᠢ ᠨᠠᠶᠢᠲᠠ 20.62 ᠳ᠋ᠦᠩᠰᠢᠭᠤᠷ ᠲᠦᠭᠦᠷᠢᠭ ᠣᠯᠪᠠ᠃      ︵ᠬᠤᠶᠠᠷ︶  ᠠᠷᠠᠳ ᠤᠨ ᠠᠮᠢᠳᠣᠷᠠᠯ ᠢ ᠲᠡᠷᠢᠬᠦᠨ ᠳᠤ ᠲᠠᠯᠪᠢᠬᠤ ᠶᠢ ᠪᠠᠷᠢᠮᠲᠠᠯᠠᠵᠣ᠂ ᠨᠡᠶᠢᠲᠡ ᠶᠢᠨ ᠦᠢᠯᠡᠴᠢᠯᠡᠬᠡᠨ ᠤ ᠪᠠᠲᠣᠯᠠᠭ᠎ᠠ ᠶᠢᠨ ᠴᠢᠳᠠᠪᠣᠷᠢ ᠶᠢ ᠲᠡᠬᠡᠭᠰᠢᠯᠡᠬᠦᠯᠪᠡ᠃      ᠨᠢᠭᠡ ᠳᠤ ᠠᠷᠪᠢᠯᠠᠨ ᠭᠠᠮᠨᠠᠵᠣ ᠠᠷᠠᠳ ᠲᠤ ᠲᠣᠰᠠ ᠬᠦᠷᠲᠡᠬᠡᠨ ᠵᠠᠷᠣᠯᠭ᠎ᠠ ᠶᠢ ᠪᠠᠭᠠᠰᠬᠠᠪᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠱᠤᠭᠤᠵᠤ᠂ ᠪᠡᠯᠡ ᠮᠦᠩᠬᠦ ᠶᠢᠨ ᠨᠢᠬᠡᠳᠣᠯᠲᠠᠢ ᠲᠦᠯᠦᠪᠵᠢᠬᠦᠯᠣᠯᠲᠡ ᠶᠢ ᠣᠯᠠᠮ ᠨᠢᠬᠡ ᠠᠯᠬᠤᠮ ᠴᠢᠩᠭᠠᠳᠬᠠᠨ᠂ ᠡᠩ ᠤᠨ ᠵᠠᠷᠣᠯᠭ᠎ᠠ ᠶᠢ ᠶᠡᠬᠡᠪᠡᠷ ᠪᠠᠭᠠᠰᠬᠠᠵᠣ᠂ ︽ᠭᠤᠷᠪᠠᠨ ᠠᠯᠪᠠᠨ ᠤ ᠵᠠᠷᠣᠳᠠᠯ︾ ᠢ ᠴᠢᠩᠭ᠎ᠠ ᠬᠢᠵᠠᠭᠠᠷᠯᠠᠭᠠᠳ᠂  ᠪᠦᠬᠦ ᠵᠢᠯ ᠤᠨ ᠡᠩ ᠤᠨ ᠵᠠᠷᠣᠯᠭ᠎ᠠ0.23 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.7% ᠪᠠᠷ ᠪᠠᠭᠤᠷᠠᠪᠠ︔ ︽ᠭᠤᠷᠪᠠᠨ ᠠᠯᠪᠠᠨ ᠤ ᠵᠠᠷᠤᠳᠠᠯ︾ ᠤᠨ ᠨᠡᠶᠢᠲᠡ ᠵᠠᠷᠣᠯᠭ᠎ᠠ 0.11 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠪᠠᠭᠤᠷᠠᠪᠠ᠃ ᠬᠤᠶᠠᠷ ᠲᠤ ᠬᠠᠳᠠᠭᠠᠯᠠᠪᠣᠷᠢ ᠪᠠᠨ ᠠᠮᠢᠳᠣᠯᠢᠭᠵᠢᠭᠤᠯᠣᠨ ᠨᠢᠬᠡᠳᠣᠯᠲᠠᠢ ᠲᠦᠯᠦᠪᠵᠢᠬᠦᠯᠣᠯᠲᠡ ᠶᠢ ᠴᠢᠩᠭᠠᠳᠬᠠᠪᠠ᠃ ᠬᠤᠶᠠᠷ ᠵᠢᠯ ᠠᠴᠠ ᠲᠡᠬᠡᠭᠰᠢᠬᠢ ᠦᠯᠡᠳᠡᠪᠣᠷᠢ ᠶᠢᠨ ᠳ᠋ᠦᠩᠨᠡᠨ ᠰᠢᠯᠵᠢᠬᠦᠯᠣᠯᠲᠠ ᠶᠢ 7.44 ᠳ᠋ᠦᠩᠰᠢᠭᠤᠷ ᠲᠦᠭᠦᠷᠢᠭ ᠬᠤᠷᠢᠶᠠᠨ ᠠᠪᠴᠣ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ᠂ ︽  ᠭᠤᠷᠪᠠ ᠶᠢ ᠪᠠᠲᠣᠯᠠᠬᠤ︾ ᠵᠡᠷᠬᠡ ᠭᠤᠣᠯᠳᠠᠯᠭᠠᠲᠣ ᠵᠠᠷᠣᠯᠭ᠎ᠠ ᠶᠢ ᠡᠩ ᠲᠡᠷᠢᠬᠦᠨ ᠳᠤ ᠪᠠᠲᠣᠯᠠᠨ᠂ ᠬᠢᠵᠠᠭᠠᠷᠲᠠᠢ ᠪᠡᠯᠡ ᠮᠦᠩᠬᠦ ᠶᠢ ᠦᠨᠡᠨ ᠬᠦ ᠵᠠᠩᠬᠢᠯᠠᠭ᠎ᠠ ᠶᠢᠨ ᠶᠠᠪᠣᠳᠠᠯ ᠳᠤ ᠵᠠᠷᠣᠴᠠᠭᠤᠯᠪᠠ᠃ ᠭᠤᠷᠪᠠ ᠳᠤ ᠠᠷᠠᠳ ᠤᠨ ᠠᠮᠢᠳᠣᠷᠠᠯ ᠤᠨ ᠠᠰᠢᠭ ᠵᠢᠷᠭᠠᠯ ᠢ ᠦᠷᠬᠦᠯᠵᠢᠯᠡᠨ ᠨᠡᠮᠡᠭᠳᠡᠬᠦᠯᠪᠡ᠃ ᠲᠦᠷᠦ ᠶᠢᠨ ᠪᠣᠳᠣᠯᠭ᠎ᠠ ᠪᠠᠷ ᠠᠷᠠᠳ ᠢ ᠬᠠᠷᠠᠭᠠᠯᠵᠠᠬᠤ᠂ ᠠᠷᠪᠢᠯᠠᠨ ᠭᠠᠮᠨᠠᠵᠣ ᠠᠷᠠᠳ ᠲᠤ ᠲᠣᠰᠠ ᠬᠦᠷᠲᠡᠬᠡᠬᠦ ᠶᠢ ᠪᠠᠷᠢᠮᠲᠠᠯᠠᠨ᠂ ᠡᠳ᠋ ᠤᠨ ᠬᠦᠴᠦᠨ ᠢᠶᠠᠨ ᠲᠦᠪᠯᠡᠷᠡᠬᠦᠯᠣᠨ ᠰᠠᠶᠢᠨ ᠣᠴᠢᠷ᠂ ᠪᠣᠳᠠᠲᠣ ᠶᠠᠪᠣᠳᠠᠯ ᠪᠦᠲᠤᠬᠡᠵᠣ᠂  ᠪᠦᠬᠦ ᠵᠢᠯ ᠤᠨ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ ᠶᠢᠨ ᠰᠣᠷᠭᠠᠨ ᠬᠦᠮᠦᠵᠢᠯ᠂ ᠡᠮ ᠡᠮᠨᠡᠯᠭᠡ‌ᠡᠷᠡᠬᠦᠯ ᠬᠠᠮᠠᠭᠠᠯᠠᠯ᠂ ᠨᠡᠶᠢᠬᠡᠮ ᠤᠨ ᠪᠠᠲᠣᠯᠠᠭ᠎ᠠ᠂ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ᠂ ᠵᠠᠮ ᠲᠡᠬᠡᠬᠡᠪᠣᠷᠢ ᠵᠡᠷᠬᠡ ᠠᠷᠠᠳ ᠤᠨ ᠠᠮᠢᠳᠣᠷᠠᠯ ᠤᠨ ᠭᠤᠣᠯᠳᠠᠯᠭᠠᠲᠣ ᠵᠠᠷᠣᠯᠭ᠎ᠠ 17.47 ᠳ᠋ᠦᠩᠰᠢᠭᠤᠷ ᠲᠦᠬᠦᠷᠢᠭ ᠬᠦᠷᠴᠤ᠂ ᠶᠡᠷᠦᠩᠬᠡᠢ ᠵᠠᠷᠤᠯᠭ᠎ᠠ ᠶᠢᠨ 50.16% ᠶᠢ ᠡᠵᠡᠯᠡᠪᠡ᠃      ︵ᠭᠤᠷᠪᠠ︶ ᠣᠯᠠᠨ ᠠᠷᠭ᠎ᠠ ᠪᠠᠷᠢᠯ ᠢ ᠬᠠᠮᠲᠣᠷᠠᠭᠤᠯᠣᠨ ᠬᠡᠷᠡᠭᠯᠡᠬᠦ ᠶᠢ ᠪᠠᠷᠢᠮᠲᠠᠯᠠᠵᠣ᠂ ᠦᠷᠢ ᠦᠭᠴᠡᠭᠡᠨ ᠤ ᠲᠦᠭᠰᠢᠬᠦᠷᠢ ᠶᠢ ᠪᠦᠲᠦᠮᠵᠢᠲᠠᠢ ᠰᠡᠷᠬᠡᠶᠢᠯᠡᠨ ᠰᠢᠢᠳᠪᠣᠷᠢᠯᠡᠪᠡ᠃      ᠨᠢᠬᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠲᠦᠪ᠂ ᠣᠷᠣᠨ᠂ ᠬᠤᠲᠠ ᠶᠢᠨ ᠴᠢᠬᠤᠯᠠ ᠶᠡᠭᠡ ᠲᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠲᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠷᠢ ᠦᠭᠴᠡᠭᠡᠨ ᠤ ᠬᠡᠪᠴᠢᠶᠡᠵᠢᠯ ᠤᠨ ᠬᠠᠮᠢᠶᠠᠷᠣᠨ ᠡᠵᠡᠮᠳᠡᠯ᠂ ᠦᠷᠢ ᠦᠭᠴᠡᠭᠡᠨ ᠤ ᠬᠠᠮᠢᠶᠠᠷᠣᠯᠲᠠ ᠶᠢᠨ ᠲᠦᠷᠢᠮᠵᠢᠬᠦᠯᠣᠯ᠂ ᠦᠷᠢ ᠦᠭᠴᠡᠭᠡᠨ ᠤ ᠲᠦᠭᠰᠢᠬᠦᠷᠢ  ᠶᠢ ᠰᠡᠷᠬᠡᠶᠢᠯᠡᠨ ᠰᠢᠢᠳᠪᠦᠷᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠣᠯᠠᠮ ᠨᠢᠬᠡ ᠠᠯᠬᠤᠮ ᠲᠣᠣᠱᠯᠠᠭᠤᠯᠪᠠ᠃ ᠬᠤᠶᠠᠷ ᠲᠤ ᠬᠦᠴᠦᠯᠡᠨ ᠰᠢᠢᠳᠪᠣᠷᠢᠯᠡᠪᠡ᠃ ᠬᠤᠰᠢᠭᠤᠨ ᠤ ᠣᠷᠣᠨ ᠨᠣᠲᠤᠭ ᠤᠨ ᠵᠠᠰᠠᠭ ᠤᠨ ᠣᠷᠳᠣᠨ ᠤ ᠳᠠᠯᠳᠠ ᠦᠷᠢ ᠦᠭᠴᠡᠭᠡᠨ ᠤ ᠲᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠬᠡᠷᠡᠭᠵᠢᠬᠦᠯᠬᠦ ᠲᠦᠰᠦᠯ  ᠤᠨ ᠲᠦᠯᠦᠪᠵᠢᠬᠦᠯᠬᠡ ᠶᠣᠰᠣᠭᠠᠷ ᠮᠠᠨ ᠤ ᠬᠤᠰᠢᠭᠤᠨ ᠤ  ᠳᠠᠯᠳᠠ ᠦᠷᠢ ᠦᠭᠴᠡᠭᠡ ᠪᠣᠯᠣᠨ ᠶᠡᠷᠣᠩᠬᠡᠶᠢᠯᠡᠭᠰᠡᠨ ᠡᠳ᠋ ᠤᠨ ᠬᠦᠴᠦᠨ ᠲᠠᠢ ᠨᠢᠭᠲᠠ ᠣᠶᠠᠯᠳᠣᠭᠤᠯᠣᠨ ᠂  ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠦᠷᠢ ᠦᠭᠴᠡᠭᠡ ᠶᠢ ᠨᠠᠶᠢᠲᠠ 8.8 ᠳ᠋ᠦᠩᠰᠢᠭᠤᠷ ᠲᠦᠬᠦᠷᠢᠭ ᠰᠢᠢᠳᠪᠣᠷᠢᠯᠡᠬᠡᠳ᠂ ᠵᠢᠯ ᠤᠨ ᠦᠷᠢ ᠦᠭᠴᠡᠭᠡ ᠰᠢᠢᠳᠪᠦᠷᠢᠯᠡᠬᠦ ᠡᠬᠦᠷᠭᠡ ᠪᠠᠨ 151.72% ᠢᠶᠠᠷ ᠪᠡᠶᠡᠯᠡᠬᠦᠯᠵᠦ᠂ ᠵᠢᠯ ᠤᠨ ᠦᠷᠢ ᠦᠭᠴᠡᠭᠡ ᠰᠢᠢᠳᠪᠦᠷᠢᠯᠡᠬᠦ ᠡᠬᠦᠷᠬᠡ ᠪᠠᠨ 3 ᠳ᠋ᠦᠩᠰᠢᠭᠤᠷ ᠲᠦᠬᠦᠷᠢᠭ ᠲᠠᠪᠠᠭᠤᠯᠣᠨ ᠪᠡᠶᠡᠯᠡᠬᠦᠯᠵᠦ᠂ ᠳᠠᠯᠳᠠ ᠦᠷᠢ ᠦᠭᠴᠡᠭᠡᠨ ᠤ ᠦᠯᠡᠳᠡᠪᠦᠷᠢ ᠪᠠᠭᠤᠷᠠᠭᠠᠳ 18.46 ᠳ᠋ᠦᠩᠰᠢᠭᠤᠷ ᠲᠦᠬᠦᠷᠢᠭ ᠪᠣᠯᠪᠠ︔ ᠡᠬᠦᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠣᠮᠳᠠ ᠪᠠᠭ᠎ᠠ ᠠᠵᠤ ᠠᠬᠤᠶᠢᠯᠠᠯ ᠳᠤ ᠦᠷᠢᠲᠦᠭᠰᠡᠨ ᠵᠦᠷᠢᠯᠳᠦᠭᠡᠨ ᠣᠷᠣᠰᠢᠵᠦ ᠪᠠᠶᠢᠭ᠎ᠠ 0.14 ᠳ᠋ᠦᠩᠰᠢᠭᠤᠷ ᠲᠦᠬᠦᠷᠢᠭ ᠢ ᠨᠢᠭᠡᠨᠲᠡ ᠪᠦᠬᠦᠨ ᠢ ᠲᠦᠯᠦᠵᠦ ᠲᠠᠭᠤᠰᠬᠠᠪᠠ᠃ ᠭᠤᠷᠪᠠ ᠳᠤ ᠲᠦᠭᠰᠢᠬᠦᠷᠢ ᠶᠢ ᠪᠠᠭᠠᠰᠬᠠᠪᠠ᠃ ᠦᠷᠢ ᠦᠭᠴᠡᠭᠡᠨ ᠤ ᠦᠨᠳᠣᠷ ᠲᠦᠭᠰᠢᠬᠦᠷᠢᠲᠣ ᠭᠠᠵᠠᠷ ᠣᠷᠣᠨ ᠤ ᠦᠷᠢ‌ᠦᠭᠴᠡᠭᠡ ᠰᠢᠢᠳᠪᠦᠷᠢᠯᠡᠬᠦ ᠠᠵᠢᠯ ᠤᠨ ᠲᠣᠬᠠᠢ ᠦᠪᠡᠷᠲᠡᠬᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠦᠷᠢ ᠦᠭᠴᠡᠭᠡᠨ ᠤ ᠪᠦᠲᠦᠴᠡ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠵᠠᠳᠠᠯᠵᠣ᠂ ᠡᠬᠦᠪᠡᠷ ᠦᠨᠳᠣᠰᠣᠯᠡᠯ ᠪᠣᠯᠭᠠᠨ ᠦᠷᠢ ᠦᠭᠴᠡᠭᠡᠨ ᠤ ᠰᠢᠢᠳᠪᠣᠷᠢᠯᠡᠯᠲᠡ ᠶᠢᠨ ᠵᠢᠱᠢᠯᠲᠡ ᠬᠢᠨ᠂ ᠦᠷᠢ ᠦᠭᠴᠡᠭᠡᠨ ᠤ ᠶᠡᠷᠣᠩᠬᠡᠢ ᠲᠦᠢᠮᠦ᠂ ᠰᠢᠢᠳᠪᠣᠷᠢᠯᠡᠬᠦ ᠰᠡᠳᠬᠢᠮᠵᠢ᠂ ᠦᠷᠢ ᠦᠭᠴᠡᠭᠡᠨ ᠤ ᠪᠦᠷᠢᠯᠳᠣᠴᠡ᠂ ᠦᠷᠢ ᠰᠢᠢᠳᠪᠣᠷᠢᠯᠡᠬᠦ ᠲᠦᠯᠦᠪᠯᠡᠭᠡ᠂ ᠰᠢᠢᠳᠪᠣᠷᠢᠯᠡᠬᠦ ᠠᠷᠭ᠎ᠠ ᠠᠪᠴᠠᠯ ᠵᠡᠷᠬᠡ ᠲᠠᠯ᠎ᠠ ᠪᠠᠷ ᠬᠤᠰᠢᠭᠤᠨ ᠤ ᠦᠷᠢ ᠦᠭᠴᠡᠭᠡᠨ ᠤ ᠲᠦᠭᠰᠢᠬᠦᠷᠢ ᠶᠢ ᠪᠠᠭᠤᠷᠠᠭᠤᠯᠬᠤ ᠲᠦᠰᠦᠯ ᠲᠣᠭᠲᠠᠭᠠᠵᠣ᠂ ᠪᠦᠬᠦ ᠬᠤᠰᠢᠭᠤᠨ ᠤ ᠦᠷᠢ ᠦᠭᠴᠡᠭᠡᠨ ᠤ ᠲᠦᠭᠰᠢᠬᠦᠷᠢ ᠶᠢ ᠳᠡᠰ ᠪᠠᠭᠤᠷᠠᠭᠤᠯᠬᠤ ᠳᠤ ᠰᠠᠭᠤᠷᠢ ᠲᠠᠯᠪᠢᠨ᠂ 2023 ᠣᠨ ᠤ ᠡᠴᠣᠰ ᠪᠣᠯᠬᠤ ᠳᠤ ᠦᠷᠢ ᠦᠭᠴᠡᠭᠡᠨ ᠤ ᠲᠦᠭᠰᠢᠬᠦᠷᠢ ᠶᠢ ︽ᠣᠯᠠᠭᠠᠪᠣᠷ ᠠᠴᠠ ᠰᠢᠷ᠎ᠠ︾ ᠪᠣᠯᠲᠠᠯ᠎ᠠ ᠪᠠᠭᠤᠷᠠᠭᠤᠯᠬᠤ ᠪᠠᠷ ᠵᠢᠱᠢᠪᠡ᠃      ︵ᠳᠦᠷᠪᠡ︶  ᠴᠢᠨᠠᠷ ᠢ ᠲᠡᠬᠡᠭᠰᠢᠯᠡᠬᠦᠯᠣᠨ ᠪᠦᠲᠤᠮᠵᠢ ᠶᠢ ᠨᠡᠮᠡᠭᠳᠡᠬᠦᠯᠬᠦ ᠶᠢ ᠪᠠᠷᠢᠮᠲᠠᠯᠠᠵᠣ᠂ ᠠᠵᠣ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠪᠠ᠃      ᠨᠢᠬᠡ ᠳᠤ ᠭᠠᠶᠢᠯᠢ ᠶᠢ ᠬᠠᠰᠣᠭᠳᠠᠭᠤᠯᠣᠨ ᠵᠠᠷᠣᠳᠠᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠲᠠᠪᠣᠷᠢᠵᠢᠭᠤᠯᠪᠠ᠃ᠭᠠᠶᠢᠯᠢ ᠶᠢ ᠬᠠᠰᠣᠭᠳᠠᠭᠤᠯᠣᠨ ᠵᠠᠷᠣᠳᠠᠯ ᠢ ᠪᠠᠭᠤᠷᠠᠭᠤᠯᠬᠤ ᠶᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ ᠲᠠᠢ ᠵᠣᠬᠢᠴᠠᠭᠤᠯᠣᠨ ᠠᠬᠢᠭᠤᠯᠵᠣ᠂ ᠭᠠᠶᠢᠯᠢ ᠶᠢ ᠬᠠᠰᠣᠭᠳᠠᠭᠤᠯᠣᠨ ᠵᠠᠷᠣᠳᠠᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢᠨ ᠣᠷᠣᠨᠵᠢᠭᠤᠯᠣᠯᠲᠠ ᠶᠢ ᠪᠠᠲᠣᠯᠠᠬᠤ ᠶᠢᠨ ᠬᠠᠮᠳᠣ ᠵᠦᠢ ᠪᠣᠰᠣ ᠵᠠᠷᠣᠳᠠᠯ ᠬᠤᠷᠢᠶᠠᠬᠤ ᠶᠢ ᠲᠡᠪᠴᠢᠨ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠬᠦᠯᠬᠦ ᠬᠠᠮ ᠬᠦᠴᠦᠨ ᠢ ᠪᠦᠷᠢᠯᠳᠦᠬᠦᠯᠪᠡ᠃ ᠬᠤᠶᠠᠷ ᠲᠤ ᠵᠠᠰᠠᠭ ᠤᠨ ᠣᠷᠳᠣᠨ ᠤ ᠬᠤᠳᠠᠯᠳᠣᠨ ᠠᠪᠣᠯᠲᠠ  ᠶᠢᠨ ᠡᠬᠦᠯᠡᠨ ᠲᠠᠪᠴᠠᠩ ᠢ ᠬᠡᠷᠡᠭᠯᠡᠪᠡ᠃ ︽ᠪᠦᠬᠦ ᠣᠷᠣᠨ ᠨᠢᠬᠡᠯᠠ ᠰᠦᠯᠵᠢᠶ᠎ᠡ︾ ᠶᠢᠨ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠪᠠᠷ ᠲᠠᠮᠵᠢᠭᠤᠯᠣᠨ᠂ ︽ᠢᠨᠲ᠋ᠧᠷ ᠰᠦᠯᠵᠢᠶ᠎ᠡ  + ᠵᠠᠰᠠᠭ ᠤᠨ ᠣᠷᠳᠣᠨ ᠤ ᠬᠤᠳᠠᠯᠳᠣᠨ ᠠᠪᠣᠯᠲᠠ︾ ᠶᠢᠨ ᠵᠠᠭᠪᠣᠷ ᠢ ᠬᠡᠷᠡᠭᠵᠢᠬᠦᠯᠵᠣ᠂ ︽ᠡᠯᠧᠺᠲᠷᠣᠨ ᠬᠤᠳᠠᠯᠳᠤᠭ᠎ᠠ︾ ᠶᠢ ᠲᠦᠬᠡᠮᠡᠯᠵᠢᠬᠦᠯᠣᠨ᠂ ᠨᠢᠬᠡᠳᠣᠯᠲᠡᠢ᠂ ᠲᠦᠷᠢᠮᠵᠢᠬᠦᠨ᠂ ᠪᠦᠲᠦᠮᠵᠢᠲᠠᠢ ᠦᠨ᠎ᠡ ᠬᠠᠶᠠᠯᠴᠠᠬᠤ ᠰᠢᠰᠲ᠋ᠧᠮ ᠢ ᠪᠠᠶᠢᠭᠤᠯᠵᠣ᠂  ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠮᠡᠳᠡᠭᠡ ᠵᠠᠩᠬᠢ ᠶᠢ ᠪᠦᠬᠦ ᠲᠠᠯ᠎ᠠ ᠪᠠᠷ ᠢᠯᠡᠰᠢᠬᠦᠯᠣᠨ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠲᠣᠬᠠᠶᠢᠯᠠᠭᠰᠠᠨ ᠠᠵᠢᠯ ᠤᠨ ᠪᠦᠬᠦ ᠶᠠᠪᠣᠴᠠ ᠶᠢ  ᠡᠯᠧᠺᠲᠷᠣᠨᠴᠢᠯᠡᠵᠣ᠂ ᠴᠣᠬᠤᠯᠠᠪᠣᠷᠢᠯᠠᠬᠤ᠂ ᠵᠦᠪᠰᠢᠶᠡᠷᠡᠬᠦ᠂ ᠲᠠᠩᠰᠠᠯᠠᠬᠤ ᠶᠠᠪᠣᠳᠠᠯ ᠢ ︽ᠠᠭᠤᠯᠵᠠᠯ ᠦᠬᠡᠢ ᠬᠦᠢᠴᠡᠳᠬᠡᠬᠦ᠂ ᠰᠦᠯᠵᠢᠶᠡᠨ ᠲᠡᠬᠡᠷ᠎ᠡ ᠬᠦᠢᠴᠡᠳᠬᠡᠬᠦ᠂ ᠨᠢᠬᠡᠯᠡ ᠲᠡᠭᠡᠷ᠎ᠡ ᠬᠦᠢᠴᠡᠳᠬᠡᠬᠦ︾ ᠶᠢ ᠪᠡᠶᠡᠯᠡᠬᠦᠯᠪᠡ᠃  ᠪᠦᠬᠦ ᠵᠢᠯ ᠳᠤ ᠰᠦᠯᠵᠢᠶᠡᠨ ᠲᠡᠬᠡᠷ᠎ᠡ ᠠᠴᠠ 1011 ᠣᠳᠠᠭ᠎ᠠ ᠬᠤᠳᠠᠯᠳᠣᠨ ᠠᠪᠴᠣ᠂ ᠬᠤᠯᠪᠣᠭᠳᠠᠭᠰᠠᠨ ᠪᠡᠯᠡ ᠮᠦᠩᠬᠦ 0.92 ᠳ᠋ᠦᠩᠰᠢᠭᠤᠷ ᠲᠦᠬᠦᠷᠢᠭ ᠬᠦᠷᠪᠡ᠃ ᠭᠤᠷᠪᠠ ᠳᠤ ᠡᠷᠬᠡ ᠲᠡᠭᠰᠢ ᠦᠷᠢᠰᠣᠯᠳᠣᠬᠡᠨ ᠤ ᠲᠣᠭᠲᠠᠴᠠ ᠶᠢ ᠬᠡᠷᠡᠭᠵᠢᠬᠦᠯᠪᠡ᠃ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠴᠠᠷᠠᠭᠠᠨ ᠳᠠᠬᠢ ᠡᠷᠬᠡ ᠲᠡᠭᠰᠢ ᠦᠷᠢᠰᠣᠯᠳᠣᠬᠡᠨ ᠤ ᠬᠢᠨᠠᠨ ᠪᠠᠶᠢᠴᠠᠭᠠᠯᠲᠠ ᠶᠢᠨ ᠲᠣᠭᠲᠠᠴᠠ ᠶᠢ ᠪᠦᠬᠦ ᠲᠠᠯ᠎ᠠ  ᠪᠠᠷ  ᠨᠠᠶᠢᠲᠠᠪᠣᠷᠢᠵᠢᠭᠤᠯᠵᠣ᠂ ᠳᠣᠮᠳᠠ ᠪᠠᠭ᠎ᠠ ᠵᠢᠵᠢᠭ ᠠᠵᠤ ᠠᠬᠤᠶᠢᠯᠠᠯ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠠᠵᠢᠯᠯᠠᠭ᠎ᠠ ᠳᠤ ᠣᠷᠣᠯᠴᠠᠬᠤ ᠳᠤ ᠵᠦᠷᠢᠶᠡᠨ ᠲᠠᠢ ᠬᠠᠷᠠᠭᠠᠯᠵᠠᠯ ᠬᠦᠷᠲᠡᠬᠡᠬᠦ ᠪᠣᠶᠣ ᠭᠠᠳᠠᠭᠤᠷᠴᠢᠯᠠᠬᠤ ᠶᠢ ᠡᠷᠡᠰ ᠲᠡᠪᠴᠢᠨ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠶᠠᠪᠣᠴᠠ ᠶᠢ ᠰᠢᠯᠢᠳᠡᠭᠵᠢᠬᠦᠯᠵᠣ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ ᠶᠢᠨ ᠬᠡᠷᠡᠭᠵᠢᠬᠦᠯᠣᠯᠲᠡ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠪᠠ᠃      ︵ᠲᠠᠪᠤ︶ ᠦᠬᠡᠷᠡᠴᠢᠯᠡᠯᠲᠡ ᠰᠢᠨᠡᠴᠢᠯᠡᠯᠲᠡ ᠶᠢ ᠪᠠᠷᠢᠮᠲᠠᠯᠠᠵᠣ᠂ ᠬᠠᠤᠯᠢ ᠶᠣᠰᠣᠭᠠᠷ ᠡᠳ᠋ ᠢᠶᠠᠨ ᠬᠠᠮᠢᠶᠠᠷᠬᠤ ᠴᠢᠳᠠᠪᠣᠷᠢ ᠪᠠᠨ ᠲᠠᠰᠣᠷᠠᠯᠲᠠ ᠦᠬᠡᠢ ᠲᠡᠬᠡᠭᠰᠢᠯᠡᠬᠦᠯᠪᠡ᠃       ᠨᠢᠬᠡ ᠳᠤ ᠡᠳ᠋ ᠤᠨ ᠵᠠᠰᠠᠭ ᠤᠨ ᠪᠡᠯᠡ ᠮᠦᠩᠬᠦᠨ ᠤ ᠬᠢᠨᠠᠯᠲᠠ ᠬᠠᠮᠢᠶᠠᠷᠣᠯᠲᠠ ᠶᠢ ᠴᠢᠩᠭᠠᠳᠬᠠᠪᠠ᠃ ᠲᠣᠰᠬᠠᠢ ᠲᠦᠷᠦᠯ ᠤᠨ ᠪᠡᠯᠡ ᠮᠦᠩᠬᠦᠨ ᠤ ᠪᠦᠬᠦ ᠶᠠᠪᠣᠴᠠ ᠶᠢ ᠬᠢᠨᠠᠨ ᠬᠠᠮᠢᠶᠠᠷᠴᠣ᠂ ᠲᠦᠪ ᠤᠨ ᠰᠢᠭᠤᠳ ᠪᠡᠯᠡ ᠮᠦᠩᠬᠦ ᠪᠠ ᠮᠠᠯ ᠲᠠᠷᠢᠶᠠᠯᠠᠩ ᠢ ᠬᠠᠷᠠᠭᠠᠯᠵᠠᠬᠤ ᠨᠦᠬᠦᠪᠣᠷᠢ ᠶᠢᠨ ᠪᠡᠯᠡ ᠮᠦᠩᠬᠦ ᠶᠢᠨ ᠬᠠᠮᠢᠶᠠᠷᠣᠯᠲᠠ  ᠶᠢ ᠲᠣᠪᠣᠶᠢᠮ᠎ᠠ ᠠᠳᠬᠤᠨ᠂ ᠪᠡᠯᠡ ᠮᠦᠩᠬᠦ ᠶᠢ ᠰᠢᠭᠤᠳ ᠠᠷᠠᠳ ᠤᠨ ᠠᠮᠢᠳᠣᠷᠠᠯ᠂ ᠦᠨᠳᠣᠰᠣᠨ ᠱᠠᠲᠣ᠂ ᠠᠵᠣ ᠠᠬᠤᠶᠢᠯᠠᠯ ᠳᠤ ᠣᠷᠣᠨᠵᠢᠭᠤᠯᠵᠣ᠂ ᠪᠡᠯᠡ ᠮᠦᠩᠬᠦ ᠨᠢᠬᠡᠪᠣᠷᠢ ᠶᠢ ᠳᠠᠷᠣᠢ ᠳᠤ ᠨᠢ ᠣᠯᠭᠤᠬᠤ᠂ ᠲᠤᠭ᠎ᠠ ᠪᠠᠷᠢᠮᠲᠠ ᠦᠨᠡᠨ ᠪᠣᠳᠠᠲᠠᠢ᠂ ᠬᠡᠷᠡᠭᠯᠡᠯᠲᠡ ᠲᠣᠳᠣ᠂ ᠲᠠᠩᠰᠠ ᠲᠣᠳᠣᠷᠬᠠᠢ᠂ ᠪᠠᠶᠢᠴᠠᠭᠠᠨ ᠡᠵᠡᠮᠳᠡᠵᠣ ᠪᠣᠯᠬᠤ ᠶᠢ ᠪᠡᠶᠡᠯᠡᠬᠦᠯᠪᠡ᠃ ᠬᠤᠶᠠᠷ ᠲᠤ ᠲᠦᠰᠤᠪ ᠤᠨ ᠬᠠᠮᠢᠶᠠᠷᠤᠯᠳᠠ ᠶᠢᠨ ᠴᠤᠭᠴᠠᠵᠢᠭᠤᠯᠤᠯᠳᠠ ᠶᠢ ᠠᠬᠢᠭᠤᠯᠪᠠ᠃ ᠪᠦᠬᠦ ᠬᠤᠳᠠ ᠶᠢᠨ ᠲᠦᠰᠤᠪ ᠤᠨ ᠬᠠᠮᠢᠶᠠᠷᠤᠯᠳᠠ ᠶᠢ ᠴᠤᠭᠴᠠᠵᠢᠭᠤᠯᠬᠤ ᠠᠵᠢᠯ ᠤᠨ ᠱᠠᠭᠠᠷᠳᠠᠯᠭ᠎ᠠ ᠶᠤᠰᠤᠭᠠᠷ᠂ ᠪᠦᠬᠦ ᠬᠤᠰᠢᠭᠤᠨ ᠤ ᠲᠦᠰᠤᠪ ᠤᠨ ᠳᠤᠭᠠᠴᠠᠭᠠᠨ ᠤ ᠪᠠᠶᠢᠭᠤᠯᠭ᠎ᠠ ᠶᠢᠨ ᠦᠨᠳᠤᠰᠤᠨ ᠵᠠᠩᠬᠢ ᠵᠢᠴᠢ ᠠᠵᠢᠯᠳᠠᠨ ᠤ ᠴᠠᠯᠢᠩ ᠵᠡᠷᠬᠡ ᠮᠡᠳᠡᠭᠡ ᠵᠠᠩᠬᠢ᠂ ᠠᠵᠢᠯ ᠤᠶᠢᠯᠡᠰ ᠤᠨ ᠨᠢᠬᠡᠴᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠠ ᠶᠢᠨ ᠳᠠᠷᠠᠭᠠᠬᠢ ᠮᠡᠳᠡᠭᠡ ᠵᠠᠩᠬᠢ ᠶᠢᠨ ᠰᠢᠨᠡᠴᠢᠯᠡᠯ᠂ ᠦᠨᠳᠤᠰᠤᠨ ᠵᠠᠷᠤᠯᠭ᠎ᠠ᠂ ᠲᠦᠷᠤᠯ ᠵᠦᠢᠯ ᠤᠨ ᠵᠠᠷᠤᠯᠭ᠎ᠠ ᠶᠢᠨ ᠬᠢᠨᠠᠨ ᠳᠤᠭᠳᠠᠭᠠᠯᠳᠠ ᠶᠢᠨ ᠠᠵᠢᠯ ᠢ ᠪᠦᠬᠦ ᠳᠠᠯ᠎ᠠ ᠪᠠᠷ ᠡᠮᠬᠢᠯᠡᠪᠡ᠃ᠭᠤᠷᠪᠠ ᠳᠤ ᠡᠳ᠋  ᠤᠨ ᠵᠠᠰᠠᠭ ᠤᠨ ᠬᠠᠮᠢᠶᠠᠷᠤᠯᠳᠠ ᠶᠢᠨ ᠦᠷ᠎ᠠ ᠪᠦᠳᠤᠮᠵᠢ ᠶᠢ ᠦᠷᠬᠦᠯᠵᠢᠬᠦᠶᠢᠴᠠ ᠳᠡᠬᠡᠭᠰᠢᠯᠡᠬᠦᠯᠪᠠ᠃ᠲᠦᠰᠤᠪ ᠤᠨ ᠪᠡᠯᠡ ᠮᠦᠩᠬᠦᠨ ᠤ ᠦᠷ᠎ᠠ ᠪᠦᠳᠤᠮᠵᠢ ᠶᠢᠨ ᠬᠠᠮᠢᠶᠠᠷᠤᠯᠳᠠ ᠶᠢᠨ ᠪᠦᠬᠦ ᠪᠦᠷᠬᠦᠴᠠ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ᠂ ᠤᠷᠤᠨ᠂ ᠬᠤᠳᠠ ᠶᠢᠨ ᠰᠢᠭᠤᠤᠨ ᠪᠡᠯᠡ ᠮᠦᠩᠬᠦᠨ ᠤ ᠦᠷ᠎ᠠ ᠪᠦᠳᠤᠮᠵᠢ ᠶᠢᠨ ᠬᠠᠮᠢᠶᠠᠷᠤᠯᠳᠠ ᠶᠢᠨ ᠠᠵᠢᠯ ᠤᠨ ᠳᠤᠬᠠᠢ ᠡᠯ᠎ᠡ ᠲᠦᠷᠤᠯ ᠤᠨ ᠪᠠᠶᠢᠷᠢᠯᠠᠭᠤᠯᠤᠯᠳᠠ ᠶᠤᠰᠤᠭᠠᠷ᠂ ᠰᠢᠭᠤᠤᠨ ᠪᠡᠯᠡ ᠮᠦᠩᠬᠦᠨ ᠤ ᠲᠦᠷᠤᠯ ᠵᠦᠢᠯ ᠤᠨ ᠦᠷ᠎ᠠ ᠪᠦᠳᠤᠮᠵᠢ ᠶᠢ ᠴᠠᠭ ᠳᠤᠬᠠᠢ ᠳᠤ ᠨᠢ ᠬᠦᠳᠡᠯᠤᠩᠬᠦᠢ ᠬᠢᠨᠠᠨ ᠡᠵᠡᠮᠳᠡᠯ ᠤᠨ ᠳᠠᠪᠴᠠᠩ ᠳᠤ ᠣᠷᠣᠭᠤᠯᠵᠣ᠂ ᠭᠤᠷᠪᠠᠳᠤᠭᠠᠷ ᠡᠳᠡᠬᠡᠤᠨ ᠤᠨ ᠪᠠᠶᠢᠭᠤᠯᠤᠮᠵᠢ ᠶᠢ ᠤᠷᠢᠨ ᠬᠢᠵᠢᠭ ᠲᠠᠢ ᠳᠡᠮᠡᠴᠡᠬᠦ ᠤᠨᠴᠠ ᠲᠦᠷᠤᠯ ᠤᠨ ᠤᠯᠤᠰ ᠤᠨ ᠦᠭᠴᠡᠬᠡᠨ ᠳᠡᠮᠳᠡᠭ᠂ ᠡᠳ᠋ ᠤᠨ ᠵᠠᠰᠠᠭ ᠤᠨ ︽ᠨᠢᠬᠡ ᠬᠡᠷᠡᠭ ᠢ ᠨᠢᠬᠡ ᠵᠦᠪᠯᠡᠬᠦ︾ ᠨᠠᠶᠢᠳᠠ ᠶᠢᠨ ᠠᠰᠠᠷᠠᠮᠵᠢ ᠶᠢᠨ ᠤᠶᠢᠯᠡᠰ ᠤᠨ ᠲᠦᠷᠤᠯ ᠵᠦᠢᠯ᠂ ᠵᠠᠰᠠᠭ ᠤᠨ ᠤᠷᠳᠤᠨ ᠤ ᠬᠤᠳᠠᠯᠳᠤᠨ ᠠᠪᠤᠯᠳᠠ ᠶᠢᠨ ᠤᠶᠢᠯᠡᠴᠢᠯᠡᠭᠡ᠂ ᠰᠢᠨ᠎ᠠ ᠨᠡᠮᠡᠭᠳᠡᠭᠰᠡᠨ ᠦᠭᠴᠡᠬᠡᠨ ᠳᠡᠮᠳᠡᠭ ᠤᠨ ᠲᠦᠷᠤᠯ ᠵᠦᠢᠯ ᠵᠡᠷᠬᠡ 61 ᠭᠤᠤᠯᠳᠠᠯᠭᠠᠳᠤ ᠲᠦᠷᠤᠯ ᠵᠦᠢᠯ ᠳᠤ ᠦᠷ᠎ᠠ ᠪᠦᠳᠤᠮᠵᠢ ᠶᠢᠨ ᠦᠨᠡᠯᠡᠯᠳᠠ ᠬᠢᠯᠬᠡᠨ᠂ ᠬᠤᠯᠪᠤᠭᠳᠠᠭᠰᠡᠨ ᠪᠡᠯᠡ ᠮᠦᠩᠬᠦ 7.79 ᠳ᠋ᠦᠩᠰᠢᠭᠤᠷ ᠲᠦᠬᠦᠷᠢᠭ ᠬᠦᠷᠴᠤ᠂ 753 ᠲᠦᠷᠤᠯ ᠳᠤ ᠦᠷ᠎ᠠ ᠪᠦᠳᠤᠮᠵᠢ ᠶᠢᠨ ᠬᠠᠷᠠᠯᠳᠠᠳᠤ ᠬᠢᠨᠠᠨ ᠪᠠᠶᠢᠴᠠᠭᠠᠯᠳᠠ  ᠶᠢ ᠦᠷᠨᠢᠬᠦᠯᠤᠨ᠂ ᠬᠤᠯᠪᠤᠭᠳᠠᠭᠰᠡᠨ ᠪᠡᠯᠡ ᠮᠦᠩᠬᠦ 7.35 ᠳ᠋ᠦᠩᠰᠢᠭᠤᠷ ᠲᠦᠬᠦᠷᠢᠭ ᠬᠦᠷᠴᠤ᠂ 18 ᠲᠦᠷᠤᠯ ᠳᠤ ᠲᠦᠷᠤᠯ ᠵᠦᠢᠯ ᠤᠨ ᠦᠷ᠎ᠠ ᠪᠦᠳᠤᠮᠵᠢ ᠶᠢᠨ ᠬᠢᠨᠠᠨ ᠡᠵᠡᠮᠰᠢᠯ ᠶᠠᠪᠤᠭᠳᠠᠭᠤᠯᠤᠨ᠂ ᠬᠤᠯᠪᠤᠭᠳᠠᠭᠰᠡᠨ ᠪᠡᠯᠡ ᠮᠦᠩᠬᠦ 20.65 ᠳ᠋ᠦᠩᠰᠢᠭᠤᠷ ᠲᠦᠬᠦᠷᠢᠭ ᠬᠦᠷᠴᠤ᠂ ᠪᠡᠯᠡ ᠮᠦᠩᠬᠦᠨ ᠤ ᠬᠡᠷᠡᠭᠯᠡᠯᠳᠠ ᠶᠢᠨ ᠦᠷ᠎ᠠ ᠠᠰᠢᠭ ᠢ ᠦᠨᠡᠨᠬᠦ ᠳᠡᠬᠡᠭᠰᠢᠯᠡᠬᠦᠯᠪᠠ᠃ ᠲᠦᠷᠪᠡ ᠳᠤ ᠤᠯᠤᠰ ᠤᠨ ᠦᠮᠴᠢᠯᠡᠯᠲᠣ ᠠᠵᠣ ᠠᠬᠤᠶᠢᠯᠠᠯ ᠤᠨ ᠦᠬᠡᠷᠡᠴᠢᠯᠡᠯᠲᠡ ᠶᠢ  ᠲᠣᠭᠲᠠᠭᠤᠨ ᠢᠶᠠᠷ ᠠᠬᠢᠭᠤᠯᠪᠠ᠃ ︽3 + N︾ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠪᠠᠶᠢᠷᠢᠯᠠᠭᠤᠯᠤᠯᠳᠠ ᠪᠠᠷ ᠭᠤᠤᠯ ᠪᠤᠯᠭᠠᠵᠤ᠂ ᠰᠤᠶᠤᠯ ᠵᠢᠭᠤᠯᠴᠢᠯᠠᠯ᠂ ᠬᠤᠳᠠ ᠪᠠᠯᠭᠠᠰᠤᠨ ᠤ ᠪᠠᠶᠢᠭᠤᠯᠤᠯᠳᠠ᠂ ᠡᠨᠧᠷᠬᠢ ᠶᠢᠨ ᠡᠵᠡᠩᠨᠡᠯᠳᠠ ᠪᠤᠷᠤᠯᠠᠭᠤᠯᠭ᠎ᠠ ᠵᠡᠷᠬᠡ ᠭᠤᠷᠪᠠᠨ ᠶᠡᠭᠡ ᠴᠠᠷᠠᠭᠠᠨ ᠤ ᠠᠵᠤ ᠠᠬᠤᠶᠢᠯᠠᠯ ᠤᠨ ᠰᠢᠯᠢᠳᠡᠭᠵᠢᠬᠦᠯᠦᠭᠰᠡᠨ ᠳᠤᠬᠢᠷᠠᠭᠤᠯᠤᠯᠳᠠ  ᠶᠢ ᠠᠬᠢᠭᠤᠯᠤᠨ᠂ ᠨᠢᠬᠡᠳᠤᠬᠡᠷ ᠵᠡᠷᠬᠡ ᠶᠢᠨ ᠠᠵᠤ ᠠᠬᠤᠶᠢᠯᠠᠯ ᠢ 7 ᠠᠴᠠ ᠳᠤᠬᠢᠷᠠᠭᠤᠯᠤᠭᠠᠤᠨ 5 ᠪᠤᠯᠭᠠᠵᠤ᠂ ᠪᠦᠷᠢᠨ ᠪᠡᠯᠡ ᠲᠠᠢ ᠬᠤᠪᠢᠶᠠᠷᠢ ᠺᠤᠮᠫᠠᠨᠢ ᠶᠢ 25  ᠠᠴᠠ ᠳᠤᠬᠢᠷᠠᠭᠤᠯᠤᠭᠠᠤᠨ 16 ᠪᠤᠯᠭᠠᠨ᠂ ᠬᠤᠪᠢ ᠨᠠᠶᠢᠯᠡᠬᠦᠯᠦᠭᠰᠡᠨ ᠺᠤᠮᠫᠠᠨᠢ ᠶᠢ 13 ᠠᠴᠠ ᠳᠤᠬᠢᠷᠠᠭᠤᠯᠤᠭᠠᠤᠨ 7 ᠪᠤᠯᠭᠠᠵᠤ᠂ ᠬᠤᠪᠢ ᠡᠷᠬᠡᠰᠢᠶᠡᠭᠰᠡᠨ ᠺᠤᠮᠫᠠᠨᠢ  ᠶᠢ 2 ᠠᠴᠠ ᠳᠤᠬᠢᠷᠠᠭᠤᠯᠤᠭᠠᠤᠨ 1 ᠪᠤᠯᠭᠠᠨ᠂ ᠡᠵᠡᠩᠨᠡᠯᠳᠠ ᠬᠠᠮᠢᠶᠠᠷᠤᠯᠳᠠ ᠶᠢ ᠤᠯᠠᠮ ᠨᠢᠬᠡ ᠠᠯᠬᠤᠮ ᠲᠦᠷᠢᠮᠵᠢᠬᠦᠯᠵᠤ᠂ ᠪᠦᠬᠦ ᠠᠷᠠᠤᠨ ᠤᠨ ᠦᠮᠴᠢᠯᠡᠯᠳᠤ 4 ᠠᠵᠤ ᠠᠬᠤᠶᠢᠯᠠᠯ ᠤᠨ ᠺᠤᠮᠫᠠᠨᠢᠴᠢᠯᠠᠭᠰᠡᠨ ᠦᠬᠡᠷᠡᠴᠢᠯᠡᠯᠳᠠ ᠶᠢ ᠪᠡᠶᠡᠯᠡᠬᠦᠯᠪᠠ᠃ ᠠᠵᠤ ᠠᠬᠤᠶᠢᠯᠠᠯ ᠤᠨ ᠴᠢᠳᠠᠪᠬᠢ ᠶᠢᠨ ᠲᠦᠷᠤᠯ ᠢᠯᠭᠠᠯ ᠪᠤᠯᠤᠨ ᠭᠤᠤᠯᠯᠠᠯᠬᠤ ᠤᠶᠢᠯᠡᠰ ᠤᠨ ᠢᠯᠭᠠᠯ ᠬᠤᠪᠢᠶᠠᠷᠢᠯᠠᠯ ᠶᠤᠰᠤᠭᠠᠷ᠂ ᠬᠤᠰᠢᠭᠤ ᠬᠠᠷᠢᠶ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠬᠠᠷᠢᠭᠤᠴᠠᠯᠭᠠᠳᠠᠨ ᠤ ᠡᠵᠡᠩᠨᠡᠯᠳᠠ ᠶᠢᠨ ᠪᠦᠳᠤᠮᠵᠢ ᠶᠢ ᠬᠢᠨᠠᠨ ᠰᠢᠯᠭᠠᠷᠠᠭᠤᠯᠬᠤ ᠠᠷᠭ᠎ᠠ ᠶᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ ᠳᠤᠭᠳᠠᠭᠠᠬᠤ ᠶᠢᠨ ᠬᠠᠮᠳᠤ ᠪᠡᠯᠡ ᠭᠠᠷᠭᠠᠭᠴᠢᠤᠨ ᠤᠨ 3 ᠲᠦᠷᠤᠯ 53 ᠵᠦᠢᠯ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠳᠤᠭᠳᠠᠭᠠᠨ᠂ ᠬᠢᠨᠠᠨ ᠬᠠᠮᠢᠶᠠᠷᠤᠯᠳᠠ ᠶᠢᠨ ᠬᠡᠯᠪᠡᠷᠢ ᠪᠠᠨ ᠰᠢᠯᠢᠳᠡᠭᠵᠢᠬᠦᠯᠵᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠠᠮᠢᠳᠤᠯᠢᠭ ᠬᠦᠴᠤᠨ ᠢ ᠬᠦᠭᠵᠢᠬᠡᠨ᠂ ᠤᠯᠤᠰ ᠤᠨ ᠬᠦᠷᠤᠩᠬᠡ ᠶᠢ ᠰᠠᠶᠢᠳᠤᠷ ᠬᠠᠮᠢᠶᠠᠷᠪᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ  ᠤᠨ ᠭᠤᠷᠪᠠᠨ ᠵᠢᠯ ᠤᠨ ᠦᠬᠡᠷᠡᠴᠢᠯᠡᠯᠳᠠ ᠶᠢᠨ ᠠᠵᠢᠯᠯᠠᠭ᠎ᠠ ᠶᠢ ᠠᠬᠢᠭᠤᠯᠵᠤ᠂ ᠡᠮᠬᠢᠤᠨᠬᠡᠯ ᠤᠨ ᠬᠦᠰᠦᠨᠦᠭᠳᠤ ᠶᠢ ᠴᠠᠭ ᠳᠤᠬᠠᠢ ᠳᠤ ᠨᠢ ᠳᠡᠬᠡᠭᠰᠢ ᠮᠡᠳᠡᠬᠦᠯᠤᠨ᠂ 67 ᠲᠦᠷᠤᠯ ᠤᠨ ᠪᠤᠳᠠᠳᠠᠢ  ᠦᠬᠡᠷᠡᠴᠢᠯᠡᠯᠳᠠ ᠶᠢᠨ ᠡᠬᠦᠷᠬᠡ ᠶᠢᠨ 63 ᠲᠦᠷᠤᠯ ᠢ ᠪᠡᠶᠡᠯᠡᠬᠦᠯᠵᠤ᠂ ᠪᠡᠶᠡᠯᠡᠬᠦᠯᠦᠭᠰᠡᠨ ᠨᠤᠷᠮ᠎ᠠ 94% ᠳᠤ ᠬᠦᠷᠤᠨ᠂ ᠦᠪᠡᠷᠳᠡᠬᠡᠨ ᠵᠠᠰᠠᠬᠤ ᠤᠷᠤᠨ ᠤ ᠬᠠᠷᠠᠯᠳᠠ ᠶᠢᠨ 70% ᠶᠢ ᠪᠡᠶᠡᠯᠡᠬᠦᠯᠬᠦ ᠱᠠᠭᠠᠷᠳᠠᠯᠭ᠎ᠠ ᠶᠢ ᠳᠠᠪᠠᠭᠤᠯᠤᠨ ᠪᠡᠶᠡᠯᠡᠬᠦᠯᠵᠤ᠂ ᠡᠬᠦᠨ ᠳᠤ 2021 ᠤᠨ ᠤ 50 ᠲᠦᠷᠦᠯ ᠤᠨ ᠦᠬᠡᠷᠡᠴᠢᠯᠡᠯᠳᠠ ᠶᠢᠨ ᠡᠬᠦᠷᠬᠡ ᠪᠠᠨ ᠪᠦᠬᠦᠨ ᠢ ᠪᠡᠶᠡᠯᠡᠬᠦᠯᠪᠡ᠃ ᠳᠠᠪᠤ ᠳᠤ ᠤᠯᠤᠰ ᠤᠨ ᠡᠳ᠋ ᠬᠦᠷᠤᠩᠬᠡ ᠶᠢᠨ ᠬᠢᠨᠠᠨ ᠬᠠᠮᠢᠶᠠᠷᠣᠯᠲᠠ ᠶᠢ ᠴᠢᠩᠭᠠᠳᠬᠠᠪᠠ᠃ ᠤᠯᠤᠰ  ᠤᠨ ᠡᠬᠢ ᠪᠠᠶᠠᠯᠢᠭ ᠤᠨ ᠠᠰᠢᠭᠯᠠᠯᠳᠠ ᠶᠢᠨ ᠪᠦᠳᠤᠮᠵᠢ ᠶᠢ ᠳᠡᠬᠡᠭᠰᠢᠯᠡᠬᠦᠯᠵᠤ᠂ ᠤᠯᠤᠰ ᠤᠨ ᠡᠳ᠋ ᠬᠦᠷᠤᠩᠬᠡ ᠶᠢᠨ ᠦᠷᠳᠡᠭ ᠤᠨ ᠨᠡᠮᠡᠭᠳᠡᠯ ᠢ ᠪᠠᠳᠤᠯᠠᠬᠤ ᠶᠢᠨ ᠳᠤᠰᠠᠳᠠ᠂ ᠰᠤᠯᠠ ᠤᠷᠬᠢᠭᠳᠠᠭᠰᠡᠨ ᠤᠯᠤᠰ ᠤᠨ ᠡᠳ᠋ ᠬᠦᠷᠤᠩᠬᠡ ᠶᠢ 2 ᠤᠳᠠᠭ᠎ᠠ ᠢᠯᠡ ᠪᠠᠷ ᠰᠢᠢᠤᠨᠪᠤᠷᠢᠯᠡᠵᠤ᠂ ᠬᠤᠯᠪᠤᠭᠳᠠᠭᠰᠡᠨ ᠦᠷᠳᠡᠭ 0.21 ᠳ᠋ᠦᠩᠰᠢᠭᠤᠷ ᠲᠦᠬᠦᠷᠢᠭ ᠬᠦᠷᠤᠨ᠂ ᠰᠤᠯᠠ ᠤᠷᠬᠢᠭᠳᠠᠭᠰᠡᠨ ᠤᠯᠤᠰ ᠤᠨ ᠡᠳ᠋ ᠬᠦᠷᠤᠩᠬᠡ ᠶᠢ ᠪᠦᠳᠤᠮᠵᠢᠳᠠᠢ ᠠᠮᠢᠳᠤᠯᠢᠭᠵᠢᠭᠤᠯᠪᠠ᠃ ᠨᠡᠬᠦᠷᠡᠰᠣᠨ ᠤ ᠴᠠᠷᠠᠭᠠᠨ  ᠳᠠᠬᠢ ᠲᠣᠰᠬᠠᠢ ᠴᠡᠭᠴᠡᠯᠡᠯᠲᠡ ᠶᠢ ᠢᠳᠡᠪᠬᠢᠲᠠᠢ ᠠᠬᠢᠭᠤᠯᠣᠨ᠂ ᠤᠯᠤᠰ ᠤᠨ ᠡᠳ᠋ ᠬᠦᠷᠤᠩᠬᠡ ᠶᠢᠨ ᠬᠢᠨᠠᠨ ᠬᠠᠮᠢᠶᠠᠷᠣᠯᠲᠠ ᠶᠢ ᠴᠢᠩᠭᠠᠳᠬᠠᠵᠣ᠂ ᠤᠯᠤᠰ ᠤᠨ ᠬᠦᠷᠤᠩᠬᠡ ᠶᠢ ᠬᠤᠬᠢᠷᠠᠯ ᠠᠴᠠ ᠵᠠᠶᠢᠯᠠᠭᠤᠯᠪᠠ᠃      ᠲᠦᠯᠦᠭᠡᠯᠡᠭᠴᠢᠳ ᠡ᠂ ᠪᠢᠳᠠ ᠠᠮᠵᠢᠯᠲᠠ ᠪᠠᠨ ᠨᠣᠲᠠᠯᠠᠬᠤ ᠶᠢᠨ ᠬᠠᠮᠲᠣ ᠣᠳᠣᠬᠠᠨ ᠤ ᠡᠳ᠋ ᠤᠨ ᠵᠠᠰᠠᠭ ᠤᠨ ᠡᠷᠭᠢᠯᠲᠡ ᠳᠤ ᠪᠠᠰᠠ ᠨᠢᠭᠡ ᠪᠦᠯᠦᠭ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠢᠯᠡᠤᠨᠳᠠ ᠤᠳᠠᠭᠠᠰᠢᠷᠠᠵᠤ᠂ ᠤᠯᠠᠮᠵᠢᠯᠠᠯᠳᠤ ᠡᠳ᠋ ᠤᠨ ᠢᠷᠡᠯᠳᠠ ᠶᠢᠨ ᠨᠡᠮᠡᠭᠳᠡᠯ ᠬᠢᠵᠠᠭᠠᠷ ᠲᠠᠢ᠂ ᠰᠢᠨ᠎ᠠ ᠡᠳ᠋ ᠤᠨ ᠢᠷᠠᠯᠳᠠ ᠶᠢᠨ ᠪᠤᠶᠢᠵᠢᠯᠳᠠ ᠤᠳᠠᠭᠠᠨ᠂ ᠭᠠᠶᠢᠯᠢ ᠶᠢᠨ ᠤᠷᠤᠯᠭ᠎ᠠ ᠶᠢᠨ ᠰᠠᠭᠤᠷᠢ ᠪᠠᠬᠢ ᠪᠤᠰᠤ᠂ ᠤᠷᠤᠯᠭ᠎ᠠ ᠶᠢ ᠳᠤᠭᠳᠠᠭᠤᠨ ᠪᠠᠶᠢᠯᠭᠠᠬᠤ ᠳᠠᠷᠤᠯᠳᠠ ᠦᠷᠬᠦᠯᠵᠢᠯᠡᠨ ᠨᠡᠮᠡᠭᠳᠡᠵᠤ ᠪᠤᠢ︔ ᠭᠤᠤᠯᠳᠠᠯᠭᠠᠳᠤ ᠵᠠᠷᠤᠯᠭ᠎ᠠ ᠬᠠᠳᠠᠨ ᠴᠢᠨᠠᠷ ᠲᠠᠢ ᠨᠡᠮᠡᠭᠳᠡᠵᠤ᠂ ︽ᠭᠤᠷᠪᠠ ᠶᠢ ᠪᠠᠳᠤᠯᠠᠬᠤ︾ ᠵᠠᠷᠤᠯᠭ᠎ᠠ᠂ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ᠂ ᠦᠷᠢ ᠦᠭᠴᠡᠬᠡᠨ ᠤ ᠰᠢᠢᠤᠨᠪᠤᠷᠢᠯᠠᠯᠳᠠ ᠶᠢ ᠨᠢᠬᠡᠳᠤᠯᠳᠠᠢ ᠲᠦᠯᠤᠪᠵᠢᠬᠦᠯᠬᠦ ᠵᠡᠷᠬᠡ ᠤᠯᠠᠨ ᠳᠠᠷᠤᠭᠠᠰᠤ ᠳᠠᠪᠬᠤᠴᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠨᠠᠩ ᠳᠤᠪᠤᠶᠢᠮ᠎ᠠ ᠪᠤᠯᠵᠤ ᠪᠤᠢ ︔ ᠵᠠᠷᠢᠮ ᠰᠠᠯᠠᠭ᠎ᠠ ᠮᠦᠴᠢᠷ ᠤᠨ ᠠᠷᠪᠢᠯᠠᠨ ᠭᠠᠮᠨᠠᠬᠤ ᠦᠵᠡᠯ ᠰᠠᠨᠠᠭ᠎ᠠ᠂ ᠦᠷ᠎ᠠ ᠪᠦᠳᠤᠮᠵᠢ ᠶᠢᠨ ᠦᠵᠡᠯᠳᠠ ᠳᠠᠨᠢᠯᠳᠠ ᠪᠤᠯᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠷᠬᠦᠯᠵᠢᠯᠡᠨ ᠴᠢᠩᠭᠠᠤᠨᠬᠠᠬᠤ ᠴᠢᠬᠤᠯᠠᠳᠠᠢ᠂ ᠡᠳ᠋ ᠤᠨ ᠵᠠᠰᠠᠭ ᠤᠨ ᠪᠡᠯᠡ ᠮᠦᠩᠬᠦᠨ ᠤ ᠬᠡᠷᠡᠭᠯᠡᠯᠳᠠ ᠶᠢᠨ ᠦᠷ᠎ᠠ ᠪᠦᠳᠤᠮᠵᠢ ᠶᠢ ᠳᠡᠬᠡᠭᠰᠢᠯᠡᠬᠦᠯᠬᠦ ᠴᠢᠬᠤᠯᠠᠳᠠᠢ ᠪᠤᠢ᠃ ᠡᠭᠦᠨ ᠳᠤ᠂ ᠪᠢᠳᠠ ᠠᠰᠠᠭᠤᠳᠠᠯ ᠤᠨ ᠣᠳᠣᠷᠢᠳᠣᠮᠵᠢ ᠶᠢ ᠪᠠᠷᠢᠮᠲᠠᠯᠠᠵᠣ᠂ ᠬᠤᠷᠢᠭ᠎ᠠ ᠱᠤᠭᠤᠮ ᠤᠨ ᠰᠡᠤᠨᠬᠢᠮᠵᠢ ᠶᠢ ᠪᠠᠲᠣ ᠰᠠᠬᠢᠨ᠂ ᠢᠳᠡᠪᠬᠢᠲᠡᠢ ᠪᠦᠲᠦᠮᠵᠢᠲᠠᠢ ᠠᠷᠭ᠎ᠠ ᠬᠡᠮᠵᠢᠶ᠎ᠡ ᠶᠢ ᠰᠣᠳᠣᠯᠣᠨ ᠲᠣᠭᠲᠠᠭᠠᠵᠣ ᠰᠠᠶᠢᠲᠣᠷ ᠰᠢᠢᠳᠪᠦᠷᠢᠯᠡᠬᠦ ᠪᠠᠷ ᠴᠢᠷᠮᠠᠶᠢᠨ᠎ᠠ᠃      ᠬᠤᠶᠠᠷ᠂ 2022 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ       ︵ᠨᠢᠬᠡ︶ 2022 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ ᠪᠠ ᠦᠨᠳᠣᠰᠣᠨ ᠵᠠᠷᠴᠢᠮ       ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠯᠣᠰ ᠢᠶᠠᠨ ᠵᠠᠰᠠᠵᠣ ᠲᠦᠷᠦ ᠶᠢ ᠪᠠᠷᠢᠬᠤ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠣᠬᠤ ᠪᠣᠳᠣᠯᠭ᠎ᠠ ᠶᠢ ᠭᠦᠨᠵᠡᠭᠡᠢ ᠲᠣᠣᠱᠯᠠᠭᠤᠯᠣᠨ᠂ ᠲᠣᠭᠲᠠᠭᠤᠨ ᠢᠶᠠᠷ ᠣᠷᠣᠭᠰᠢᠯᠠᠬᠤ ᠠᠵᠢᠯ ᠤᠨ ᠶᠡᠷᠣᠩᠬᠡᠢ ᠱᠠᠭᠠᠷᠳᠠᠯᠭ᠎ᠠ ᠶᠢ ᠪᠠᠷᠢᠮᠲᠠᠯᠠᠵᠣ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠤᠨ᠂ ᠣᠨᠣᠪᠴᠢᠲᠠᠢ᠂ ᠪᠦᠬᠦ ᠲᠠᠯ᠎ᠠ ᠪᠠᠷ ᠲᠣᠣᠱᠯᠠᠭᠤᠯᠣᠨ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠬᠦᠨᠵᠡᠬᠡᠶᠢᠷᠡᠬᠦᠯᠵᠣ᠂ ᠰᠢᠨ᠎ᠡ ᠬᠦᠭᠵᠢᠯᠲᠡ ᠶᠢᠨ ᠪᠠᠶᠢᠳᠠᠯ ᠢ ᠦᠳᠲᠡᠷ ᠪᠦᠷᠢᠯᠳᠣᠬᠦᠯᠣᠨ᠂ ᠴᠢᠨᠠᠷᠯᠢᠭ ᠬᠦᠭᠵᠢᠯᠲᠡ ᠶᠢ ᠠᠬᠢᠭᠤᠯᠣᠨ᠎ᠠ᠃ ᠡᠳ᠋ ᠤᠨ ᠵᠠᠰᠠᠭ ᠭᠠᠶᠢᠯᠢ ᠶᠢᠨ ᠲᠣᠭᠳᠠᠯᠴᠠᠭᠠᠨ ᠤ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠ ᠣᠳᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠣᠭᠲᠠᠭᠠᠬᠤ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ᠲᠣᠭᠳᠠᠭᠤᠨ ᠨᠡᠮᠡᠭᠳᠡᠬᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠬᠡᠶᠢᠯᠡᠬᠦ ᠡᠳ᠋ ᠤᠨ ᠵᠠᠰᠠᠭ ᠭᠠᠶᠢᠯᠢ ᠶᠢᠨ ᠶᠠᠪᠣᠳᠠᠯ  ᠤᠨ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠠᠵᠣ ᠠᠬᠤᠢ ᠶᠢᠨ ᠰᠢᠨ᠎ᠡ ᠬᠦᠳᠡᠯᠭᠡᠭᠴᠢ ᠬᠦᠴᠦᠨ ᠪᠠ ᠬᠡᠯᠪᠡᠷᠢ ᠶᠢᠨ ᠬᠤᠪᠢᠷᠠᠭᠤᠯᠣᠯᠳᠠ ᠶᠢᠨ ᠲᠡᠰ ᠲᠡᠪᠰᠢᠯᠳᠡ ᠶᠢ ᠠᠬᠢᠭᠤᠯᠣᠨ᠎ᠠ᠃ ᠡᠳ᠋ ᠤᠨ ᠵᠠᠰᠠᠭ ᠣᠷᠣᠯᠭ᠎ᠠ ᠪᠠ ᠡᠳ᠋ ᠤᠨ ᠬᠦᠴᠦᠨ ᠤ ᠪᠣᠯᠣᠮᠵᠢ ᠶᠣᠰᠣᠭᠠᠷ ᠲᠦᠰᠦᠪ ᠢᠶᠠᠨ ᠲᠣᠬᠢᠷᠠᠭᠤᠯᠵᠣ᠂ ᠡᠳ᠋ ᠤᠨ ᠬᠦᠴᠦᠨ ᠤ ᠬᠢᠷᠢ ᠪᠠᠷ ᠢᠶᠠᠨ ᠣᠷᠣᠯᠭ᠎ᠠ ᠵᠠᠷᠣᠯᠭ᠎ᠠ ᠪᠠᠨ ᠲᠡᠩᠴᠡᠬᠦᠯᠣᠨ᠂ ᠲᠡᠭ ᠰᠠᠭᠤᠷᠢᠲᠣ ᠲᠦᠰᠦᠪ ᠤᠨ ᠱᠠᠭᠠᠷᠳᠠᠯᠭ᠎ᠠ ᠶᠤᠰᠣᠭᠠᠷ ᠲᠦᠰᠦᠪ ᠲᠣᠭᠲᠠᠭᠠᠯᠲᠠ ᠶᠢ ᠡᠷᠡᠰ ᠴᠢᠩᠭ᠎ᠠ ᠠᠳᠬᠤᠨ᠂ ᠪᠠᠶᠢᠩᠭᠤ ᠠᠷᠪᠢᠴᠢ ᠦᠵᠡᠯ ᠰᠠᠨᠠᠭ᠎ᠠ ᠶᠢ ᠪᠠᠬᠢᠵᠢᠭᠦᠯᠦᠨ᠂ ᠠᠷᠪᠢᠯᠠᠨ ᠭᠠᠮᠨᠠᠵᠣ᠂ ᠡᠩ ᠤᠨ ᠵᠠᠷᠣᠯᠭ᠎ᠠ ᠶᠢ ᠶᠡᠬᠡᠪᠡᠷ ᠪᠠᠭᠠᠰᠬᠠᠨ᠂ ᠬᠠᠳᠠᠨ ᠴᠢᠨᠠᠷ ᠪᠣᠰᠣ᠂ ᠭᠤᠣᠯᠳᠠᠯᠭᠠᠲᠣ ᠪᠣᠰᠣ ᠲᠦᠷᠦᠯ ᠵᠦᠢᠯ ᠤᠨ ᠵᠠᠷᠣᠯᠭ᠎ᠠ ᠶᠢ ᠶᠡᠬᠡᠪᠡᠷ ᠪᠠᠭᠠᠰᠬᠠᠵᠣ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠳᠣᠷᠢᠳᠣᠮᠵᠢ ᠶᠢ ᠲᠣᠪᠣᠶᠢᠯᠭᠠᠨ᠂ ᠵᠠᠰᠠᠭ ᠤᠨ ᠣᠷᠳᠣᠨ ᠤ ᠠᠯᠢᠪᠠ ᠣᠷᠣᠯᠭ᠎ᠠ ᠵᠠᠷᠣᠯᠭ᠎ᠠ ᠶᠢ ᠴᠦᠮ ᠲᠦᠰᠦᠪ ᠤᠨ ᠬᠠᠮᠢᠶᠠᠷᠣᠯᠲᠠ ᠳᠤ ᠣᠷᠣᠭᠤᠯᠵᠣ᠂ ᠬᠢᠨᠠᠨ ᠵᠦᠪᠰᠢᠶᠡᠷᠡᠭᠰᠡᠨ ᠤ ᠬᠤᠶᠢᠨ᠎ᠠ ᠡᠩ ᠤᠨ ᠪᠠᠶᠢᠳᠠᠯ ᠲᠣᠣᠷ᠎ᠠ ᠲᠠᠬᠢᠨ ᠲᠣᠬᠢᠷᠠᠭᠤᠯᠭ᠎ᠠ ᠬᠢᠬᠦ ᠦᠬᠡᠢ᠂ ᠴᠠᠯᠢᠩ᠂ ᠠᠵᠢᠯᠯᠠᠮᠵᠢ ᠪᠣᠯᠣᠨ ᠦᠨᠳᠦᠰᠣᠨ ᠠᠷᠠᠳ ᠤᠨ ᠠᠮᠢᠳᠣᠷᠠᠯ ᠢ ᠣᠷᠢᠳᠠᠪᠡᠷ ᠪᠠᠲᠣᠯᠠᠨ᠂ ᠵᠠᠰᠠᠭ ᠤᠨ ᠣᠷᠳᠣᠨ ᠤ ᠦᠷᠢ ᠦᠭᠴᠡᠭᠡ ᠶᠢ ᠰᠢᠢᠳᠪᠦᠷᠢᠯᠡᠬᠦ ᠪᠠ ᠭᠤᠤᠯᠳᠠᠯᠭᠠᠳᠤ ᠠᠵᠢᠯ ᠤᠨ ᠬᠡᠷᠡᠭᠴᠡᠭᠡ ᠶᠢ ᠪᠠᠳᠣᠯᠠᠬᠤ ᠶᠢ ᠲᠣᠪᠣᠶᠢᠯᠭᠠᠨ᠎ᠠ᠃ ᠪᠦᠬᠦ ᠰᠢᠰᠲ᠋ᠧᠮ ᠤᠨ ᠲᠦᠰᠦᠪ ᠤᠨ ᠬᠠᠮᠢᠶᠠᠷᠣᠯᠳᠠ ᠪᠠᠨ ᠴᠢᠩᠭᠠᠳᠬᠠᠨ᠂ ᠲᠦᠰᠦᠪ  ᠤᠨ ᠪᠦᠳᠦᠮᠵᠢ ᠶᠢᠨ ᠬᠠᠮᠢᠶᠠᠷᠣᠯᠳᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠣ᠂ ᠦᠩᠭᠡᠷᠡᠭᠰᠡᠨ ᠵᠢᠯ ᠤᠳ ᠤᠨ ᠳ᠋ᠦᠩᠨᠡᠨ ᠰᠢᠯᠵᠢᠭᠦᠯᠦᠭᠰᠡᠨ ᠲᠣᠰᠬᠠᠢ ᠲᠦᠷᠦᠯ  ᠤᠨ ᠪᠡᠯᠡ ᠮᠦᠩᠭᠦ ᠵᠡᠷᠬᠡ ᠬᠠᠳᠠᠭᠠᠯᠠᠮᠵᠢ ᠪᠡᠯᠡ ᠮᠦᠩᠭᠦᠨ ᠤ ᠠᠮᠢᠯᠠᠭᠤᠯᠣᠯᠲᠠ ᠶᠢ ᠨᠢᠭᠡᠳᠦᠯᠳᠡᠢ ᠲᠦᠯᠦᠪᠵᠢᠭᠦᠯᠬᠦ ᠡᠷᠴᠢᠮ ᠢᠶᠠᠨ ᠴᠢᠩᠭᠠᠷᠠᠭᠤᠯᠣᠨ᠂ ᠬᠠᠣᠯᠢ ᠶᠣᠰᠣᠭᠠᠷ ᠲᠦᠰᠦᠪ ᠤᠨ ᠵᠠᠩᠬᠢ ᠶᠢᠨ ᠢᠯᠡ ᠨᠡᠶᠢᠳᠡᠯᠠᠯ ᠢ ᠠᠬᠢᠭᠤᠯᠵᠣ᠂ ᠪᠦᠬᠦ ᠲᠠᠯ᠎ᠠ ᠶᠢᠨ ᠲᠦᠷᠢᠮᠵᠢᠭᠦᠨ᠂ ᠢᠯᠡ ᠲᠣᠳᠣ ᠲᠦᠰᠦᠪ ᠤᠨ ᠬᠠᠮᠢᠶᠠᠷᠣᠯᠳᠠ ᠶᠢᠨ ᠲᠦᠷᠢᠮ ᠲᠣᠭᠲᠠᠭᠠᠬᠤ ᠳᠤ ᠬᠦᠴᠦᠯᠡᠨ᠎ᠡ᠃      ︵ᠬᠤᠶᠠᠷ︶  ᠡᠩ ᠤᠨ ᠨᠠᠶᠢᠳᠠ ᠶᠢᠨ ᠲᠦᠰᠤᠪ ᠤᠨ ᠣᠷᠣᠯᠭ᠎ᠠ ᠵᠠᠷᠣᠯᠭ᠎ᠠ ᠶᠢᠨ ᠲᠣᠬᠢᠷᠠᠭᠤᠯᠭ᠎ᠠ      1.  ᠡᠩ ᠤᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ      2022 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠣᠷᠣᠯᠭ᠎ᠠ ᠶᠢ 36.8 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠡᠬᠦᠨ ᠳᠤ᠄ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠵᠢᠱᠢᠭᠰᠡᠨ ᠢᠶᠠᠷ 14.15 ᠳ᠋ᠦᠩᠰᠢᠭᠤᠷ ᠲᠦᠬᠦᠷᠢᠭ ᠪᠡᠶᠡᠯᠡᠭᠦᠯᠵᠤ ︵ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 1.2 ᠳ᠋ᠦᠩᠰᠢᠭᠤᠷ ᠲᠦᠬᠦᠷᠢᠭ ᠤᠨ ᠤᠷᠤᠯᠭ᠎ᠠ  ᠶᠢ ᠪᠠᠭᠳᠠᠭᠠᠨ᠎ᠠ︶᠂ ᠳᠡᠭᠡᠷ᠎ᠡ ᠵᠢᠯ ᠤᠨ ᠪᠣᠲᠠᠲᠠᠢ ᠣᠷᠣᠯᠭ᠎ᠠ ᠠᠴᠠ 15% ᠦᠰᠭᠡᠨ᠎ᠡ︔ ᠡᠩ ᠤᠨ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ ᠢᠶᠠᠷ 3.76 ᠳ᠋ᠦᠩᠰᠢᠭᠤᠷ ᠲᠦᠬᠦᠷᠢᠭ ᠪᠡᠶᠡᠯᠡᠭᠦᠯᠵᠤ᠂ ︽ᠲᠠᠪᠣᠨ ᠭᠠᠶᠢᠯᠢ︾ ᠶᠢᠨ ᠪᠣᠴᠠᠭᠠᠯ ᠣᠷᠣᠯᠭ᠎ᠠ ᠶᠢ ᠵᠢᠱᠢᠭᠰᠡᠨ ᠢᠶᠠᠷ 4 ᠳ᠋ᠦᠩᠰᠢᠭᠤᠷ ᠲᠦᠬᠦᠷᠢᠭ ᠪᠡᠶᠡᠯᠡᠬᠦᠯᠣᠨ᠂  ᠳᠡᠬᠡᠳᠤ ᠱᠠᠳᠤᠨ ᠤ ᠲᠣᠰᠬᠠᠢ ᠲᠦᠷᠦᠯ ᠤᠨ ᠰᠢᠯᠵᠢᠬᠦᠯᠤᠨ ᠤᠯᠭᠤᠬᠤ ᠤᠷᠤᠯᠭ᠎ᠠ ᠶᠢ ᠵᠢᠱᠢᠭᠰᠡᠨ ᠢᠶᠠᠷ 9 ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠬᠤᠲᠠ ᠬᠦᠳᠡᠭᠡ ᠶᠢᠨ ᠨᠢᠬᠡᠳᠣᠯᠲᠠᠢ ᠲᠦᠯᠦᠪᠵᠢᠬᠦᠯᠦᠭᠰᠡᠨ ᠪᠠᠶᠢᠭᠤᠯᠣᠯᠲᠠ ᠶᠢᠨ ᠨᠦᠬᠦᠪᠣᠷᠢ ᠶᠢᠨ ᠣᠷᠣᠯᠭ᠎ᠠ ᠶᠢ ᠵᠢᠱᠢᠭᠰᠡᠨ ᠢᠶᠠᠷ 5 ᠳ᠋ᠦᠩᠰᠢᠭᠤᠷ ᠲᠦᠬᠦᠷᠢᠭ ᠪᠡᠶᠡᠯᠡᠬᠦᠯᠣᠨ᠎ᠡ᠂ ᠳᠡᠬᠡᠷ᠎ᠠ ᠵᠢᠯ ᠤᠨ ᠦᠯᠡᠳᠡᠪᠤᠷᠢ ᠣᠷᠣᠯᠭ᠎ᠠ 0.89 ᠳ᠋ᠦᠩᠰᠢᠭᠤᠷ ᠲᠦᠬᠦᠷᠢᠭ᠃      2.  ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ      2022 ᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 36.8 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ︵ᠱᠠᠩᠬᠠᠢ ᠶᠢᠨ ᠰᠦᠮ᠎ᠠ‌ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.9 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠂ ᠳᠡᠭᠡᠷ᠎ᠡ ᠵᠢᠯ ᠤᠨ ᠪᠤᠳᠠᠳᠤ ᠵᠠᠷᠤᠯᠭ᠎ᠠ ᠠᠴᠠ 16.05% ᠨᠡᠮᠡᠭᠳᠡᠬᠦᠯᠣᠨ᠎ᠡ᠃      ︵1︶ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂  ᠦᠨᠳᠣᠰᠣᠨ ᠡᠷᠬᠢᠯᠲᠡ ᠶᠢᠨ ᠵᠠᠷᠤᠯᠭ᠎ᠠ ᠶᠢᠨ ᠲᠦᠰᠤᠪ ᠢ 12.98 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 35.27% ᠶᠢ ᠡᠵᠡᠯᠡᠭᠦᠯᠦᠨ᠎ᠡ︔ ᠲᠦᠷᠦᠯ ᠵᠦᠢᠯ ᠤᠨ ᠵᠠᠷᠤᠯᠭ᠎ᠠ ᠶᠢᠨ ᠲᠦᠰᠤᠪ ᠢ 23.82 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ64.73% ᠶᠢ ᠡᠵᠡᠯᠡᠭᠦᠯᠦᠨ᠎ᠡ᠃      ︵2︶ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄      1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 3.74 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 10.16% ᠶᠢ ᠡᠵᠡᠯᠡᠭᠦᠯᠦᠨ᠎ᠡ︔      2︶ ᠣᠯᠣᠰ ᠤᠨ ᠪᠠᠲᠣᠯᠠᠨ ᠬᠠᠮᠠᠭᠠᠯᠠᠯᠲᠠ ᠵᠢᠨ‌ᠵᠠᠷᠤᠯᠭ᠎ᠠ 0.01 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 0.03% ᠶᠢ ᠡᠵᠡᠯᠡᠭᠦᠯᠦᠨ᠎ᠡ︔      3︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 1.32 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 3.59% ᠶᠢ ᠡᠵᠡᠯᠡᠭᠦᠯᠦᠨ᠎ᠡ︔      4︶ ᠰᠤᠷᠭᠠᠨ ᠬᠦᠮᠤᠵᠢᠯ ᠤᠨ ᠵᠠᠷᠤᠯᠭ᠎ᠠ 3.24 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ‍ᠤᠨ‌ᠵᠠᠷᠤᠯᠭ᠎ᠠ ᠶᠢᠨ 8.8%  ᠶᠢ ᠡᠵᠡᠯᠡᠭᠦᠯᠦᠨ᠎ᠡ︔       5︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.05 ᠳ᠋ᠥᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ  ᠲᠦᠰᠤᠪ ᠤᠨ ᠵᠠᠷᠤᠯᠭ᠎ᠠ ᠶᠢᠨ 0.14% ᠶᠢ ᠡᠵᠡᠯᠡᠭᠦᠯᠦᠨ᠎ᠡ︔      6︶ ᠰᠤᠶᠤᠯ ᠵᠢᠭᠤᠯᠴᠢᠯᠠᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.4 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.09% ᠶᠢ ᠡᠵᠡᠯᠡᠭᠦᠯᠦᠨ᠎ᠡ︔      7︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.32 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ ᠵᠠᠷᠤᠯᠭ᠎ᠠ ᠶᠢᠨ3.58% ᠶᠢ ᠡᠵᠡᠯᠡᠭᠦᠯᠦᠨ᠎ᠡ︔      8︶ ᠡᠮ ᠡᠮᠴᠢᠯᠡᠭᠡ ᠡᠷᠡᠬᠦᠯ ᠬᠠᠮᠠᠭᠠᠯᠠᠯ ᠤᠨ ᠵᠠᠷᠤᠯᠭ᠎ᠠ 1.07 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ2.91% ᠶᠢ ᠡᠵᠡᠯᠡᠭᠦᠯᠦᠨ᠎ᠡ︔      9︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.02 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ0.05% ᠶᠢ ᠡᠵᠡᠯᠡᠭᠦᠯᠦᠨ᠎ᠡ︔      10︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.42 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 1.14% ᠶᠢ ᠡᠵᠡᠯᠡᠭᠦᠯᠦᠨ᠎ᠡ︔      11︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.58 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ  ᠤᠨ  ᠵᠠᠷᠤᠯᠭ᠎ᠠ ᠶᠢᠨ1.58% ᠶᠢ ᠡᠵᠡᠯᠡᠭᠦᠯᠦᠨ᠎ᠡ︔      12︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.12 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ  ᠶᠢᠨ 0.33% ᠶᠢ ᠡᠵᠡᠯᠡᠭᠦᠯᠦᠨ᠎ᠡ︔      13︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.07 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ  ᠤᠨ ᠲᠦᠰᠤᠪ ᠤᠨ ᠵᠠᠷᠤᠯᠭ᠎ᠠ ᠶᠢᠨ 0.19% ᠶᠢ ᠡᠵᠡᠯᠡᠭᠦᠯᠦᠨ᠎ᠡ︔      14︶ ᠬᠤᠳᠠᠯᠳᠤᠭ᠎ᠠ ᠥᠢᠯᠡᠴᠢᠯᠡᠭᠡᠨ ᠤ ᠥᠢᠯᠡᠰ ᠵᠡᠷᠭᠡ ᠠᠵᠢᠯ ᠤᠨ ᠵᠠᠷᠤᠯᠭ᠎ᠠ 0.02 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.05% ᠶᠢ ᠡᠵᠡᠯᠡᠭᠦᠯᠥᠨ᠎ᠡ︔      15︶ ᠪᠠᠶᠢᠭᠠᠯᠢ ᠶᠢᠨ ᠡᠬᠢ ᠰᠤᠷᠪᠤᠯᠵᠢ ᠲᠠᠯᠠᠢ ᠲᠠᠩᠬᠢᠰ ᠴᠠᠭ ᠠᠭᠤᠷ ᠵᠡᠷᠭᠡ ᠠᠵᠢᠯ ᠤᠨ ᠵᠠᠷᠤᠯᠭ᠎ᠠ 0.1 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋  ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.27% ᠶᠢ ᠡᠵᠡᠯᠡᠭᠦᠯᠥᠨ᠎ᠡ︔      16︶ ᠤᠷᠤᠨ ᠰᠠᠭᠤᠴᠠ ᠶᠢᠨ ᠪᠠᠳᠤᠯᠠᠭ᠎ᠠ ᠶᠢᠨ ᠠᠵᠢᠯ ᠤᠨ ᠵᠠᠷᠤᠯᠭ᠎ᠠ 0.04 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ  ᠤᠨ ᠵᠠᠷᠤᠯᠭ᠎ᠠ ᠶᠢᠨ 0.11% ᠶᠢ ᠡᠵᠡᠯᠡᠭᠦᠯᠥᠨ᠎ᠡ︔      17︶ ᠠᠮᠤ ᠪᠤᠳᠠᠭ᠎ᠠ ᠪᠤᠳᠠᠰ ᠤᠨ ᠨᠦᠬᠡᠴᠡᠯᠡᠯᠳᠠ ᠶᠢᠨ ᠠᠵᠢᠯ ᠤᠨ ᠵᠠᠷᠤᠯᠭ᠎ᠠ 0.01 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.03% ᠶᠢ ᠡᠵᠡᠯᠡᠭᠦᠯᠥᠨ᠎ᠡ︔      18︶  ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠠᠷᠤᠯᠭ᠎ᠠ 0.1 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.27% ᠶᠢ ᠡᠵᠡᠯᠡᠭᠦᠯᠥᠨ᠎ᠡ︔19︶ ᠪᠡᠯᠡᠳᠭᠡᠯ ᠵᠠᠷᠤᠳᠠᠯ 0.36 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 0.98% ᠶᠢ ᠡᠵᠡᠯᠡᠭᠦᠯᠥᠨ᠎ᠡ       20︶ ᠪᠤᠰᠤᠳ ᠵᠠᠷᠤᠯᠭ᠎ᠠ 19.49 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 52.96% ᠶᠢ ᠡᠵᠡᠯᠡᠭᠦᠯᠥᠨ᠎ᠡ᠂ ᠡᠭᠦᠨ ᠢ ᠨᠠᠷᠢᠨ ᠬᠤᠪᠢᠶᠠᠪᠠᠯ᠄ ᠱᠠᠩᠬᠠᠢ ᠶᠢᠨ ᠰᠥᠮ᠎ᠡ‌ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.9 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠵᠠᠷᠤᠳᠠᠯ᠂ ᠠᠷᠠᠴᠢᠯᠠᠨ ᠰᠡᠯᠪᠢᠭᠦ ᠵᠠᠷᠤᠳᠠᠯ᠂ ᠪᠤᠯᠭᠤᠭᠠᠨ ᠲᠤᠬᠤᠨᠢᠭᠤᠯᠬᠤ ᠵᠠᠷᠤᠳᠠᠯ ᠵᠡᠷᠭᠡ ᠶᠢᠨ 0.15 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠠᠶᠢᠯᠢ ᠶᠢᠨ ᠪᠤᠰᠤ ᠨᠥᠭᠦᠪᠥᠷᠢᠯᠡᠯ ᠤᠨ ᠠᠵᠢᠯ ᠥᠢᠯᠡᠰ ᠤᠨ ᠵᠠᠷᠤᠳᠠᠯ ᠤᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠤ ᠬᠤᠳᠠᠯᠳᠤᠨ ᠠᠪᠤᠯᠲᠠ ᠶᠢᠨ 0.4 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠵᠠᠰᠠᠭ ᠤᠨ ᠤᠷᠳᠤᠨ ᠠᠴᠠ ᠨᠡᠶᠢᠳᠡ ᠶᠢᠨ ᠥᠢᠯᠡᠴᠢᠯᠡᠭᠡ ᠬᠤᠳᠠᠯᠳᠤᠨ ᠠᠪᠬᠤ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷᠴᠢᠯᠡᠨ ᠨᠡᠶᠢᠯᠡᠭᠦᠯᠭᠦ 0.35 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠭᠤᠣᠯᠳᠠᠯᠭᠠᠲᠣ ᠲᠦᠷᠦᠯ ᠵᠦᠢᠯ ᠤᠨ 3.8 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠠᠷᠠᠳ  ᠢ ᠬᠠᠷᠠᠭᠠᠯᠵᠠᠬᠤ ᠪᠣᠳᠠᠲᠣ ᠣᠴᠢᠷ ᠵᠢᠴᠢ ᠠᠷᠠᠳ ᠤᠨ ᠠᠮᠢᠳᠣᠷᠠᠯ ᠤᠨ ᠢᠨᠵᠧᠨᠧᠷᠢᠩ ᠤᠨ 0.22 ᠳ᠋ᠥᠩᠰᠢᠭᠤᠷ ᠲᠥᠭᠦᠷᠢᠭ ᠤᠨ ᠵᠠᠷᠤᠯᠭ᠎ᠠ︔   ᠪᠥᠭᠦ ᠤᠯᠤᠰ  ᠤᠨ ᠪᠤᠯᠪᠠᠰᠤᠨ ᠬᠤᠰᠢᠭᠤ ᠶᠢᠨ ᠴᠤᠭᠴᠠᠯᠠᠯᠳᠠ ᠶᠢᠨ ᠠᠵᠢᠯ ᠤᠨ 0.03 ᠳ᠋ᠥᠩᠰᠢᠭᠤᠷ ᠲᠥᠭᠦᠷᠢᠭ ᠤᠨ ᠵᠠᠷᠤᠯᠭ᠎ᠠ︔  ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠤᠨ 0.08 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠰᠢᠨᠵᠢᠯᠡᠭᠡ ᠮᠡᠷᠬᠡᠵᠢᠯ ᠤᠨ ᠵᠠᠷᠣᠯᠭ᠎ᠠ ᠵᠢᠴᠢ ᠠᠷᠠᠯᠵᠢᠶᠠᠴᠢᠨ ᠣᠷᠢᠵᠣ ᠪᠡᠯᠡ ᠲᠠᠲᠠᠬᠤ ᠱᠠᠩᠨᠠᠯ ᠤᠨ ᠪᠡᠯᠡ ᠮᠦᠩᠬᠦ ᠶᠢᠨ 0.2 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠥᠷᠢ ᠥᠭᠴᠡᠭᠡ ᠰᠢᠢᠳᠪᠥᠷᠢᠯᠡᠭᠦ 0.3 ᠳ᠋ᠥᠩᠰᠢᠭᠤᠷ ᠲᠥᠭᠦᠷᠢᠭ ᠤᠨ ᠵᠠᠷᠤᠯᠭ᠎ᠠ︔ PPP ᠲᠥᠷᠥᠯ ᠵᠥᠢᠯ ᠤᠨ ᠠᠵᠢᠯᠯᠠᠮᠵᠢ ᠳᠤ ᠬᠡᠷᠡᠭᠯᠡᠭᠦ 1.29 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠨᠤᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ 0.15 ᠳ᠋ᠥᠩᠰᠢᠭᠤᠷ ᠲᠥᠭᠦᠷᠢᠭ ᠤᠨ ᠵᠠᠷᠤᠯᠭ᠎ᠠ︔ ᠲᠡᠬᠡᠳᠣ ᠱᠠᠲᠣᠨ ᠤ ᠲᠣᠰᠬᠠᠢ ᠲᠦᠷᠦᠯ ᠤᠨ 9 ᠳ᠋ᠥᠩᠰᠢᠭᠤᠷ ᠲᠥᠭᠦᠷᠢᠭ ᠤᠨ ᠵᠠᠷᠣᠯᠭ᠎ᠠ︔ ᠬᠠᠳᠠᠭᠠᠯᠠᠪᠣᠷᠢ ᠪᠡᠯᠡ ᠮᠦᠩᠬᠦ ᠶᠢ ᠠᠮᠢᠳᠣᠯᠢᠭᠵᠢᠭᠤᠯᠬᠤ ᠲᠣᠬᠢᠷᠠᠭᠤᠯᠭ᠎ᠠ 2.12ᠳ᠋ᠥᠩᠰᠢᠭᠤᠷ ᠲᠥᠭᠦᠷᠢᠭ᠃      21︶ ᠥᠭᠴᠡᠭᠡᠨ ᠤ ᠡᠬᠡ‌ᠮᠥ᠋ᠩᠭᠦ ᠲᠥᠯᠥᠭᠦ 1.5 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 4.08% ᠶᠢ ᠡᠵᠡᠯᠡᠭᠦᠯᠥᠨ᠎ᠡ︔      22︶ ᠥᠭᠴᠡᠭᠡᠨ ᠤ ᠬᠦᠦ ᠮᠥᠩᠭᠦ ᠲᠥᠯᠥᠭᠦ 2.82 ᠳ᠋ᠥᠩᠰᠢᠭᠤᠷ ᠲᠥᠭᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 7.66% ᠶᠢ ᠡᠵᠡᠯᠡᠭᠦᠯᠥᠨ᠎ᠡ︔      ︵ᠭᠤᠷᠪᠠ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ ᠵᠠᠷᠣᠯᠭ᠎ᠠ ᠶᠢᠨ ᠲᠣᠬᠢᠷᠠᠭᠤᠯᠭ᠎ᠠ      2022 ᠤᠨ ᠳᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 3.2 ᠳ᠋ᠦᠩᠰᠢᠭᠤᠷ ᠲᠦᠬᠦᠷᠢᠭ ᠳᠤᠬᠢᠷᠠᠭᠤᠯᠬᠤ  ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 16.45% ᠪᠠᠭᠤᠷᠠᠭᠤᠯᠣᠨ᠎ᠠ᠃ ᠡᠬᠦᠨ ᠳᠤ᠄ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ 2.99 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠤᠷᠢ ᠤᠷᠤᠯᠭ᠎ᠠ 0.21 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 3.2 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 16.45% ᠪᠠᠭᠤᠷᠠᠭᠤᠯᠣᠨ᠎ᠠ᠃      ︵  ᠲᠦᠷᠪᠡ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ ᠵᠠᠷᠣᠯᠭ᠎ᠠ ᠶᠢᠨ ᠲᠣᠬᠢᠷᠠᠭᠤᠯᠭ᠎ᠠ2022 ᠤᠨ ᠳᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ 3.55 ᠳ᠋ᠦᠩᠰᠢᠭᠤᠷ ᠲᠦᠬᠦᠷᠢᠭ ᠲᠤᠬᠢᠷᠠᠭᠤᠯᠬᠤ  ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 1.66% ᠪᠠᠭᠤᠷᠠᠭᠤᠯᠣᠨ᠎ᠠ᠃ ᠡᠬᠦᠨ ᠳᠤ᠄ ᠠᠵᠣ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠲᠠᠭᠠᠳᠬᠠᠯ  ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 1.55 ᠳ᠋ᠥᠩᠰᠢᠭᠤᠷ ᠲᠥᠭᠦᠷᠢᠭ᠂ ᠠᠵᠢᠯ ᠠᠯᠳᠠᠯᠳᠠ ᠶᠢᠨ ᠲᠠᠭᠠᠳᠬᠠᠯ ᠤᠨ ᠰᠠᠭᠤᠷᠢ ᠮᠥᠩᠭᠦᠨ  ᠤ ᠤᠷᠤᠯᠭ᠎ᠠ ᠵᠠᠷᠤᠯᠭ᠎ᠠ ᠶᠢᠨ ᠲᠥᠰᠥᠪ 0.07 ᠳ᠋ᠥᠩᠰᠢᠭᠤᠷ ᠲᠥᠭᠦᠷᠢᠭ᠂ ᠠᠵᠢᠯᠲᠠᠨ ᠤ ᠦᠨᠳᠣᠰᠣᠨ ᠡᠮ ᠡᠮᠨᠡᠯᠬᠡ ᠶᠢᠨ ᠲᠠᠭᠠᠳᠬᠠᠯ ᠤᠨ ᠰᠠᠭᠤᠷᠢ ᠮᠦᠩᠬᠦᠨ ᠤ ᠣᠷᠣᠯᠭ᠎ᠠ ᠵᠠᠷᠣᠯᠭ᠎ᠠ ᠶᠢᠨ ᠲᠦᠰᠦᠪ 0.48 ᠳ᠋ᠥᠩᠰᠢᠭᠤᠷ ᠲᠥᠭᠦᠷᠢᠭ᠂ ᠠᠵᠢᠯ ᠤᠨ ᠭᠡᠮᠳᠥᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ  ᠶᠢᠨ ᠲᠥᠰᠥᠪ 0.05 ᠳ᠋ᠥᠩᠰᠢᠭᠤᠷ ᠲᠥᠭᠦᠷᠢᠭ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.14 ᠳ᠋ᠥᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠥᠨᠳᠥᠰᠥᠨ ᠨᠠᠰᠤᠵᠢᠯ ᠤᠨ ᠲᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ 0.9 ᠳ᠋ᠥᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.21 ᠳ᠋ᠥᠩᠰᠢᠭᠤᠷ ᠲᠥᠭᠦᠷᠢᠭ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ  ᠦᠨᠳᠣᠰᠣᠨ ᠡᠮ ᠡᠮᠨᠡᠯᠬᠡ ᠶᠢᠨ ᠳᠠᠭᠠᠤᠨᠬᠠᠯ ᠤᠨ ᠰᠠᠭᠤᠷᠢ ᠮᠦᠩᠬᠦ ᠵᠢᠴᠢ ᠨᠡᠶᠢᠬᠡᠮ ᠤᠨ ᠲᠠᠭᠠᠳᠬᠠᠯ ᠳᠤ ᠰᠢᠯᠵᠢᠬᠦᠯᠣᠨ ᠣᠯᠭᠤᠬᠤ ᠬᠦᠦ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠥᠰᠥᠪ 0.15 ᠳ᠋ᠦᠩᠰᠢᠭᠤᠷ ᠲᠦᠬᠦᠷᠢᠭ᠃      2022 ᠤᠨ ᠤ 1 ᠰᠠᠷ᠎ᠠ ᠶᠢᠨ 6 ᠤ ᠡᠳᠥᠷ ᠭᠥᠷᠳᠡᠯᠡᠬᠢ ᠡᠩ ᠤᠨ ᠨᠡᠶᠢᠳᠡ ᠶᠢᠨ ᠲᠥᠰᠥᠪ ᠤᠨ ᠵᠠᠷᠤᠯᠭ᠎ᠠ 0.11 ᠳ᠋ᠥᠩᠰᠢᠭᠤᠷ ᠲᠥᠭᠦᠷᠢᠭ ᠭᠥᠷᠪᠡ᠃ ᠴᠦᠮ 2021 ᠣᠨ ᠤ ᠲᠦᠪ᠂ ᠦᠪᠡᠷᠲᠡᠬᠡᠨ ᠵᠠᠰᠠᠬᠤ ᠣᠷᠣᠨ ᠤ ᠰᠢᠭᠤᠳ ᠪᠡᠯᠡ ᠮᠦᠩᠬᠦ ᠶᠢᠨ ᠵᠠᠷᠣᠯᠭ᠎ᠠ ᠳᠤ ᠬᠠᠷᠢᠶᠠᠯᠠᠭᠳᠠᠨ᠎ᠠ᠂ ᠡᠬᠦᠨ ᠳᠤ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 0.02 ᠳ᠋ᠦᠩᠰᠢᠭᠤᠷ ᠲᠦᠬᠦᠷᠢᠭ᠂ ᠡᠷᠡᠬᠦᠯ ᠬᠠᠮᠠᠭᠠᠯᠠᠯ ᠡᠷᠡᠬᠦᠯ ᠮᠡᠨᠳᠣ ᠶᠢᠨ ᠵᠠᠷᠤᠯᠭ᠎ᠠ 0.03 ᠳ᠋ᠦᠩᠰᠢᠭᠤᠷ ᠲᠦᠬᠦᠷᠢᠭ᠂ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.06 ᠳ᠋ᠦᠩᠰᠢᠭᠤᠷ ᠲᠦᠬᠦᠷᠢᠭ᠃      ᠭᠤᠷᠪᠠ᠂ 2022 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ      ︵ᠨᠢᠭᠡ︶ ᠣᠷᠣᠯᠭ᠎ᠠ ᠶᠢᠨ ᠠᠵᠢᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠨᠢᠭᠡ ᠳᠤ ᠭᠠᠶᠢᠯᠢ ᠭᠥᠩᠭᠡᠳᠭᠡᠵᠤ ᠵᠠᠷᠤᠳᠠᠯ ᠴᠤᠮᠬᠠᠳᠬᠠᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠨ᠎ᠡ᠃       ︽ᠥᠨᠡᠨ ᠳᠤ ᠬᠠᠨᠳᠤᠵᠤ ᠪᠤᠳᠠᠳᠠᠢ ᠶᠢ ᠡᠷᠬᠢᠮᠯᠡᠭᠦ︾ ᠡᠷᠴᠢᠮ ᠢ ᠴᠢᠩᠭᠠᠳᠬᠠᠨ᠂ ᠠᠵᠤ ᠠᠬᠤᠶᠢᠯᠠᠯ ᠪᠠ ᠬᠤᠪᠢ ᠬᠥᠮᠦᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠭᠠᠶᠢᠯᠢ ᠭᠥᠩᠭᠡᠳᠭᠡᠵᠤ ᠵᠠᠷᠤᠳᠠᠯ ᠴᠤᠮᠬᠠᠳᠬᠠᠬᠤ ᠪᠠᠷ ᠲᠣᠭᠲᠠᠪᠤᠷᠢᠵᠢᠭᠤᠯᠬᠤ ᠪᠠ ᠵᠠᠬ᠎ᠠ ᠳᠡᠯᠭᠡᠭᠦᠷ ᠤᠨ ᠬᠠᠨᠳᠤᠰᠢ ᠳᠤ ᠬᠠᠨᠳᠤᠭᠤᠯᠤᠨ ᠵᠢᠯᠣᠭᠤᠳᠬᠤ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠡᠳ᠋ ᠮᠥᠩᠭᠦᠨ ᠤ ᠢᠷᠡᠯᠳᠠ ᠶᠢ ᠤᠯᠠᠮ ᠢᠶᠠᠷ ᠠᠭᠤᠵᠢᠳᠬᠠᠨ ᠪᠠᠳᠤᠳᠬᠠᠵᠤ ᠪᠥᠳᠥᠮᠵᠢᠳᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠤᠶᠠᠷ ᠲᠤ ᠡᠳ᠋ ᠮᠥᠩᠭᠦᠨ ᠤ ᠢᠷᠡᠯᠲᠡ ᠬᠠᠩᠭᠠᠯᠳᠠ ᠶᠢ ᠪᠤᠶᠢᠵᠢᠭᠤᠯᠤᠨ ᠪᠠᠬᠢᠵᠢᠭᠦᠯᠥᠨ᠎ᠡ᠃ ᠬᠤᠷᠸ᠎ᠠ ᠪᠠᠶᠢᠳᠠᠯ ᠤᠨ ᠵᠠᠳᠠᠯᠤᠯᠲᠠ ᠮᠠᠭᠠᠳᠯᠠᠯᠳᠠ ᠪᠠ ᠭᠠᠶᠢᠯᠢ ᠶᠢᠨ ᠢᠷᠡᠯᠲᠡ ᠶᠢᠨ ᠭᠤᠤᠯᠳᠠᠯᠭᠠᠳᠤ ᠠᠵᠤ ᠠᠬᠤᠶᠢᠯᠠᠯ ᠤᠨ ᠪᠠᠶᠢᠴᠠᠭᠠᠯᠳᠠ ᠤᠶᠢᠯᠠᠭᠠᠯᠳᠠ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠲᠤ ᠬᠢ ᠭᠠᠶᠢᠯᠢ ᠶᠢᠨ ᠣᠷᠣᠯᠭ᠎ᠠ ᠶᠢᠨ ᠴᠢᠨᠠᠷ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠡᠳ᠋ ᠤᠨ ᠢᠷᠡᠯᠳᠡ ᠶᠢᠨ ᠨᠥᠭᠡᠴᠡ ᠬᠦᠴᠦᠨ ᠢ ᠠᠭᠤᠳᠠᠯᠤᠨ᠂ ᠭᠠᠶᠢᠯᠢ ᠶᠢᠨ ᠢᠷᠡᠯᠳᠡ ᠶᠢ ᠤᠷᠢᠨ ᠲᠠᠳᠠᠬᠤ ᠪᠠ ᠪᠤᠴᠠᠭᠠᠨ ᠠᠪᠴᠢᠷᠠᠬᠤ ᠠᠵᠢᠯ  ᠢ ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠤᠯᠤᠨ ᠪᠥᠳᠥᠮᠵᠢᠳᠤ ᠰᠥᠯᠵᠢᠶᠡᠨ ᠲᠠᠪᠴᠠᠩ ᠵᠡᠷᠭᠡ ᠠᠵᠤ ᠠᠬᠤᠶ ᠶᠢᠨ ᠰᠢᠨ᠎ᠡ ᠬᠥᠳᠡᠯᠭᠡᠭᠴᠢ ᠭᠥᠴᠥᠨ ᠢ ᠲᠡᠳᠬᠦᠨ ᠳᠡᠮᠵᠢᠬᠦ ᠪᠠᠨ ᠴᠢᠩᠭᠠᠳᠬᠠᠨ᠂ ᠣᠷᠣᠯᠭ᠎ᠠ ᠶᠢᠨ ᠥᠷᠭᠦᠯᠵᠢᠭᠦᠶᠢᠴᠡ ᠨᠡᠮᠡᠭᠳᠡᠯ ᠢ ᠪᠠᠳᠤᠯᠠᠨ ᠠᠬᠢᠭᠤᠯᠤᠨ᠎ᠠ᠃ ︽ᠲᠡᠩᠴᠡᠭᠦᠷᠢᠲᠦ ᠴᠢᠨᠠᠷ᠂ ᠵᠣᠬᠢᠴᠠᠯᠳᠤ ᠴᠢᠨᠠᠷ᠂ ᠥᠷᠭᠦᠯᠵᠢᠯᠡᠯᠳᠤ ᠴᠢᠨᠠᠷ︾ ᠤᠨ ᠱᠠᠭᠠᠷᠳᠠᠯᠭ᠎ᠠ ᠳᠤ ᠰᠠᠭᠤᠷᠢᠯᠠᠨ ᠣᠷᠣᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠡᠷᠴᠢᠮ ᠪᠠ ᠠᠶᠢᠵᠠᠮ ᠢ ᠵᠦᠢ ᠵᠣᠬᠢᠰᠲᠠᠶ ᠡᠵᠡᠮᠳᠡᠵᠦ᠂ ᠣᠷᠣᠯᠭ᠎ᠠ ᠶᠢᠨ ᠪᠦᠲᠦᠴᠡ ᠶᠢ ᠨᠡᠩ ᠰᠢᠯᠢᠳᠡᠭᠵᠢᠭᠦᠯᠥᠨ᠂ ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠶᠢᠨ ᠴᠢᠨᠠᠷ ᠪᠠᠷᠢᠮᠵᠢᠶ᠎ᠠ  ᠶᠢ ᠳᠡᠭᠡᠭᠰᠢᠯᠡᠭᠦᠯᠦᠨ᠎ᠡ᠃ ᠭᠤᠷᠪᠠ ᠳᠤ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠬᠠᠷᠢᠯᠴᠠᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠭᠥᠨᠵᠡᠭᠡᠢ ᠰᠤᠳᠤᠯᠤᠨ ᠭᠥᠢᠴᠡᠳ ᠥᠢᠯᠠᠭᠠᠵᠤ᠂ ᠲᠥᠷᠥᠯ ᠵᠥᠢᠯ ᠤᠨ ᠳᠣᠭᠢᠷᠠᠯᠴᠠᠬᠤ ᠴᠢᠨᠠᠷ ᠢ ᠳᠡᠭᠡᠭᠰᠢᠯᠡᠭᠦᠯᠦᠨ᠂ ᠪᠥᠬᠦ ᠰᠢᠰᠲ᠋ᠧᠮ ᠤᠨ ᠲᠥᠷᠥᠯ ᠵᠥᠢᠯ ᠤᠨ ᠪᠡᠯᠡᠳᠬᠡᠯ ᠬᠥᠮᠥᠷᠭᠡ ᠶᠢ ᠪᠠᠶᠢᠭᠤᠯᠵᠤ᠂ ᠦᠷᠭᠦᠯᠵᠢᠯᠡᠨ ᠶᠠᠪᠤᠭᠳᠠᠬᠤ ᠲᠥᠷᠥᠯ ᠵᠥᠢᠯ ᠤᠨ ᠨᠥᠭᠡᠴᠡᠯᠡᠬᠦ ᠬᠥᠮᠥᠷᠭᠡ ᠶᠢᠨ ᠲᠣᠭᠲᠠᠴᠠ ᠶᠢ ᠪᠦᠷᠢᠨᠰᠢᠬᠦᠯᠦᠨ᠂ ᠲᠥᠷᠥᠯ ᠵᠥᠢᠯ ᠮᠡᠳᠡᠭᠦᠯᠭᠦ ᠮᠠᠲ᠋ᠧᠷᠢᠶᠠᠯ ᠡᠮᠬᠢᠯᠡᠭᠦ ᠪᠡᠯᠡᠳᠬᠡᠯ ᠠᠵᠢᠯ ᠢ ᠪᠤᠳᠠᠳᠠᠶᠢᠵᠢᠭᠤᠯᠵᠤ᠂ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢ ᠪᠥᠬᠦ ᠬᠦᠴᠦᠨ ᠢᠶᠠᠷ ᠡᠷᠢᠯᠬᠢᠯᠡᠨ᠂ ᠣᠷᠣᠨ ᠨᠤᠲᠤᠭ ᠤᠨ ᠬᠡᠷᠡᠭᠯᠡᠵᠦ ᠪᠤᠯᠬᠤᠶᠢᠴᠡ ᠡᠳ᠋ ᠤᠨ ᠬᠦᠴᠦᠨ ᠢ ᠪᠠᠲᠤᠳᠬᠠᠨ᠎ᠠ᠃      ︵ᠬᠤᠶᠠᠷ︶ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠴᠢᠷᠮᠠᠶᠢᠨ ᠨᠡᠮᠡᠭᠳᠡᠭᠦᠯᠦᠨ᠎ᠡ       ᠨᠢᠭᠡ ᠳᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠨ᠎ᠠ᠃ ︽ᠲᠡᠭ ᠰᠠᠭᠤᠷᠢᠲᠣ ᠲᠥᠰᠥᠪ︾ ᠤᠨ ᠰᠡᠳᠬᠢᠮᠵᠢ ᠶᠢ ᠭᠦᠨᠵᠡᠭᠡᠶᠢᠷᠡᠭᠦᠯᠵᠦ᠂ ᠨᠢᠭᠡᠳᠦᠯᠲᠡᠶ ᠲᠥᠯᠥᠪᠯᠡᠬᠦ ᠡᠷᠴᠢᠮ ᠢ ᠴᠢᠩᠭᠠᠳᠬᠠᠨ᠂ ᠬᠠᠳᠠᠭᠠᠯᠠᠪᠣᠷᠢ ᠪᠡᠯᠡ ᠮᠥᠩᠭᠦᠨ ᠤ ᠬᠡᠷᠡᠭᠯᠡᠯᠳᠡ ᠶᠢ ᠠᠮᠢᠳᠤᠯᠢᠭᠵᠢᠭᠤᠯᠤᠨ᠎ᠠ᠃ ᠲᠥᠰᠦᠪ ᠲᠤᠭᠳᠠᠭᠠᠯᠳᠠ ᠶᠢ ᠨᠠᠷᠢᠯᠢᠭᠵᠢᠭᠤᠯᠤᠨ᠂ ᠲᠥᠰᠥᠪ ᠤᠨ ᠭᠥᠢᠴᠡᠳᠭᠡᠯ ᠢ ᠴᠢᠩᠳᠠᠯᠠᠵᠤ᠂ ᠬᠥᠳᠡᠯᠦᠩᠭᠦᠶ ᠬᠢᠨᠠᠯᠳᠠ ᠡᠵᠡᠮᠰᠢᠯ ᠢ ᠬᠡᠷᠡᠭᠵᠢᠭᠦᠯᠦᠨ᠎ᠡ︔ ᠳ᠋ᠦᠩᠨᠡᠨ ᠰᠢᠯᠵᠢᠭᠦᠯᠭᠦ ᠪᠠᠯᠠ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠬᠠᠳᠠᠭᠠᠯᠠᠪᠣᠷᠢ ᠪᠠᠯᠠ ᠮᠥᠩᠭᠦᠨ ᠤ ᠬᠥᠳᠡᠯᠦᠩᠭᠦᠶ ᠬᠠᠮᠢᠶᠠᠷᠤᠯᠳᠠ ᠪᠠ ᠲᠣᠭᠲᠠᠮᠠᠯ ᠲᠤᠭᠠᠴᠠᠨ ᠢᠯᠭᠠᠷᠠᠭᠤᠯᠤᠯᠳᠠ ᠵᠡᠷᠭᠡ ᠪᠠᠶᠢᠩᠭᠤ ᠶᠢᠨ ᠪᠥᠳᠥᠮᠵᠢᠳᠤ ᠲᠣᠭᠲᠠᠴᠠ ᠶᠢ ᠪᠥᠷᠢᠳᠥᠭᠦᠯᠤᠨ᠂ ᠬᠠᠳᠠᠭᠠᠯᠠᠪᠣᠷᠢ ᠪᠠᠯᠠ ᠮᠥᠩᠭᠦ ᠶᠢ ᠴᠠᠭ ᠲᠤᠬᠠᠶ ᠳᠤ ᠨᠢ ᠠᠮᠢᠯᠠᠭᠤᠯᠵᠤ᠂ ᠪᠠᠯᠠ ᠮᠥᠩᠭᠦᠨ ᠤ ︽ᠲᠠᠪᠳᠠᠨ ᠲᠤᠩᠬᠤ︾ ᠥᠵᠡᠭᠳᠡᠯ ᠢ ᠲᠡᠪᠴᠢᠨ᠎ᠡ︔ ᠡᠳ᠋ ᠤᠨ ᠵᠠᠰᠠᠭ ᠤᠨ ᠪᠡᠯᠡ ᠮᠥᠩᠭᠦᠨ  ᠤ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠮᠥᠩᠭᠦ ᠬᠡᠷᠡᠭᠯᠡᠭᠦ ᠡᠴᠥᠰ ᠤᠨ ᠪᠣᠭᠤᠮᠲᠠ ᠶᠢ ᠰᠠᠶᠢᠲᠤᠷ ᠠᠳᠬᠤᠨ᠎ᠠ᠃ ᠬᠤᠶᠠᠷ ᠲᠤ ᠪᠠᠯᠠ ᠮᠥᠩᠭᠦ ᠶᠢ ᠬᠠᠮᠢᠶᠠᠷᠣᠨ ᠡᠵᠡᠮᠳᠡᠬᠦ ᠠᠵᠢᠯ ᠢ ᠰᠠᠶᠢᠲᠤᠷ ᠬᠢᠨ᠎ᠠ᠃ ︽ᠣᠷᠣᠯᠭ᠎ᠠ ᠪᠠᠷ ᠵᠠᠷᠤᠯᠭ᠎ᠠ ᠪᠠᠨ ᠲᠣᠭᠲᠠᠭᠠᠬᠤ︾ ᠵᠠᠷᠴᠢᠮ ᠢ ᠪᠠᠷᠢᠮᠲᠠᠯᠠᠨ᠂ ᠵᠠᠷᠤᠯᠭ᠎ᠠ ᠶᠢᠨ ᠬᠡᠪᠴᠢᠶ᠎ᠡ ᠶᠢ ᠵᠣᠬᠢᠰᠲᠠᠶ ᠪᠠᠷ ᠬᠢᠵᠠᠭᠠᠷᠯᠠᠵᠤ᠂ ᠤᠷᠳᠤ ᠬᠤᠭᠤᠴᠠᠭᠠᠨ ᠤ ᠥᠷᠭᠦᠯᠵᠢᠭᠦᠶᠢᠴᠡ ᠬᠥᠭᠵᠢᠯᠲᠡ ᠶᠢᠨ ᠰᠠᠭᠤᠷᠢ ᠶᠢ ᠦᠯᠡᠳᠡᠬᠡᠨ᠂ ᠡᠯ᠎ᠡ ᠱᠠᠲᠤᠨ ᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠡᠮᠬᠢᠯᠡᠵᠤ ᠡᠵᠡᠮᠰᠢᠨ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠲᠥᠰᠦᠭᠡᠯᠡᠨ ᠲᠥᠰᠥᠪᠯᠡᠨ᠎ᠡ︔ ︽ᠵᠠᠰᠠᠭ ᠤᠨ ᠣᠷᠳᠣᠨ ᠤ ᠠᠷᠪᠢᠯᠡᠯ ᠭᠠᠮᠨᠠᠯ︾ ᠤᠨ ᠱᠠᠭᠠᠷᠳᠠᠯᠭ᠎ᠠ ᠶᠢ ᠲᠤᠤᠱᠳᠠᠢ ᠨᠠᠶᠢᠳᠠᠪᠤᠷᠢᠵᠢᠭᠤᠯᠵᠤ᠂ ᠪᠠᠴᠢᠮ ᠬᠡᠷᠡᠭᠴᠡᠭᠡᠨ ᠤ ᠪᠤᠰᠤ ᠪᠤᠶᠤ ᠡᠷᠭᠡᠪᠰᠢ ᠱᠠᠭᠠᠷᠳᠠᠭᠳᠠᠬᠤ ᠪᠢᠰᠢ ᠵᠠᠷᠤᠯᠭ᠎ᠠ ᠶᠢ ᠭᠥᠴᠥᠳᠡᠢ ᠴᠤᠮᠬᠠᠳᠬᠠᠨ᠂ ᠨᠠᠮ ᠤᠨ ᠲᠥᠪ ᠬᠤᠷᠢᠶ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠰᠢᠢᠳᠪᠥᠷᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠠᠴᠠ ᠭᠠᠳᠠᠨ᠎ᠠ ᠵᠠᠷᠤᠯᠭ᠎ᠠ ᠨᠡᠮᠡᠭᠳᠡᠭᠦᠯᠬᠦ ᠪᠣᠳᠣᠯᠭ᠎ᠠ ᠶᠢ ᠵᠠᠷᠴᠢᠮ ᠳᠡᠭᠡᠷ᠎ᠡ ᠪᠠᠨ ᠳᠠᠭᠢᠵᠤ ᠲᠣᠭᠲᠠᠭᠠᠬᠤ ᠥᠬᠡᠶ ᠪᠠᠶᠢᠵᠤ᠂ ᠡᠷᠬᠡᠪᠰᠢ ᠲᠤᠭᠳᠠᠭᠠᠬᠤ ᠴᠢᠬᠤᠯᠠᠲᠠᠶ ᠵᠥᠢᠯ ᠳᠤ ᠴᠦ ᠡᠳ᠋ ᠤᠨ ᠵᠠᠰᠠᠭ ᠤᠨ ᠲᠠᠭᠠᠭᠠᠴᠠ ᠶᠢ ᠭᠥᠢᠴᠡᠳ ᠪᠣᠳᠣᠯᠬᠢᠯᠠᠨ᠂ ᠠᠶᠢᠵᠠᠮ ᠪᠠ ᠡᠷᠴᠢᠮ ᠢ ᠨᠢ ᠵᠣᠬᠢᠰᠲᠠᠶ ᠡᠵᠡᠮᠳᠡᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠥᠷᠭᠦᠯᠵᠢᠭᠦᠶᠢᠴᠡ ᠭᠥᠴᠥᠨ ᠢ ᠦᠨᠡᠨ ᠬᠦ ᠪᠠᠳᠤᠯᠠᠨ᠎ᠠ᠃ ᠭᠤᠷᠪᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠭᠥᠢᠴᠡᠳᠭᠡᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ ᠰᠡᠳᠬᠢᠮᠵᠢ ᠶᠢ ᠤᠷᠳᠤᠳᠠ ᠪᠠᠷᠢᠮᠲᠠᠯᠠᠨ᠂     ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠤᠨ ᠲᠣᠭᠤᠷᠢᠨ ᠳᠤ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠶ ᠨᠡᠮᠡᠭᠳᠡᠭᠦᠯᠦᠨ᠂ ᠠᠷᠪᠢᠯᠠᠭᠰᠠᠨ ᠡᠳ᠋ ᠤᠨ ᠵᠠᠰᠠᠭ ᠤᠨ ᠪᠡᠯᠡ ᠮᠥᠩᠭᠦ ᠶᠢ ᠠᠷᠠᠳ ᠤᠨ ᠠᠮᠢᠳᠤᠷᠠᠯ ᠪᠠ ᠭᠤᠤᠯᠳᠠᠯᠭᠠᠳᠤ ᠲᠥᠷᠥᠯ ᠵᠥᠢᠯ ᠲᠡᠰᠢ ᠬᠠᠨᠳᠤᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠵᠡᠷᠭᠡ ᠠᠷᠠᠳ ᠤᠨ ᠠᠮᠢᠳᠤᠷᠠᠯ ᠳᠤ ᠬᠢ ᠵᠠᠷᠤᠯᠭ᠎ᠠ ᠶᠢ ᠭᠦᠢᠴᠡᠳ ᠪᠠᠲᠤᠯᠠᠨ᠎ᠠ᠃      ︵ᠭᠤᠷᠪᠠ︶ ᠬᠤᠷᠢᠭ᠎ᠠ ᠱᠤᠭᠤᠮ ᠤᠨ ᠰᠡᠳᠬᠢᠮᠵᠢ ᠶᠢ ᠪᠠᠷᠢᠮᠲᠠᠯᠠᠵᠤ᠂ ᠡᠳ᠋ ᠤᠨ ᠵᠠᠰᠠᠭ ᠤᠨ  ᠲᠦᠭᠰᠢᠭᠦᠷᠢ ᠰᠡᠷᠭᠡᠶᠢᠯᠡᠯᠲᠡ ᠶᠢ ᠴᠢᠩᠭᠠᠳᠬᠠᠨ᠎ᠠ᠃      ᠨᠢᠭᠡ ᠳᠤ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠲᠣᠭᠲᠠᠭᠠᠯ ᠵᠥᠷᠢᠴᠡᠨ ᠥᠷᠢ ᠬᠢᠪᠡᠯ ᠨᠠᠰᠤᠨ ᠲᠤᠷᠰᠢᠳᠠ ᠬᠠᠷᠢᠭᠤᠴᠠᠯᠭ᠎ᠠ ᠨᠡᠭᠡᠮᠵᠢᠯᠡᠨ ᠭᠡᠳᠡᠷᠭᠦ ᠪᠠᠶᠢᠴᠠᠭᠠᠬᠤ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠢ ᠡᠷᠡᠰ ᠲᠤᠤᠱᠯᠠᠭᠤᠯᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢ ᠡᠵᠡᠮᠳᠡᠬᠦ ᠲᠣᠭᠲᠠᠴᠠ ᠶᠢ ᠪᠥᠷᠢᠨᠰᠢᠭᠦᠯᠵᠤ᠂ ︽ᠣᠲᠤᠭ ᠤᠨ ᠡᠮᠦᠨᠡᠲᠦ ᠬᠤᠰᠢᠭᠤᠨ ᠤ ᠳᠠᠯᠳᠠ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠪᠠᠭᠤᠷᠠᠭᠤᠯᠬᠤ ᠠᠵᠢᠯ ᠤᠨ ᠲᠥᠰᠦᠯ︾ ᠶᠣᠰᠣᠭᠠᠷ 2023 ᠣᠨ ᠤ ᠡᠴᠣᠰ ᠲᠤ ᠳᠠᠯᠳᠠ ᠥᠭᠴᠡᠭᠡ ᠶᠢᠨ ᠥᠯᠡᠮᠡᠯ ᠲᠤᠭ᠎ᠠ ᠶᠢ 4.8 ᠳ᠋ᠦᠩᠰᠢᠭᠤᠷ ᠲᠥᠭᠦᠷᠢᠭ ᠭᠥᠷᠳᠡᠯ᠎ᠡ ᠪᠠᠭᠤᠷᠠᠭᠤᠯᠤᠨ᠂ ᠥᠭᠴᠡᠭᠡ ᠶᠢᠨ ᠲᠦᠭᠰᠢᠭᠦᠷᠢ ᠶᠢᠨ ᠲᠠᠰ ᠢ  ︽ᠤᠯᠠᠭᠠᠪᠤᠷ ᠠᠴᠠ ᠰᠢᠷ᠎ᠠ ᠳᠤ ᠭᠥᠷᠳᠡᠯ᠎ᠡ ᠲᠠᠰ ᠪᠠᠭᠤᠷᠠᠭᠤᠯᠬᠤ︾ ᠪᠠᠷ ᠲᠥᠯᠥᠪᠯᠡᠵᠦ ᠪᠣᠶ᠃ ᠬᠤᠶᠠᠷ ᠲᠤ ᠲᠦᠭᠰᠢᠭᠦᠷᠢ ᠶᠢ ᠰᠡᠷᠭᠡᠶᠢᠯᠡᠬᠦ ᠪᠠ ᠬᠥᠭᠵᠢᠯᠲᠡ ᠶᠢ ᠠᠬᠢᠭᠤᠯᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠥᠷᠢᠯᠡᠨ᠎ᠡ᠃ ᠥᠷᠢ ᠥᠭᠴᠡᠭᠡ ᠶᠢᠨ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠥᠬᠦ ᠰᠢᠰᠲ᠋ᠧᠮ ᠤᠨ ᠥᠷᠢ ᠥᠭᠴᠡᠭᠡ ᠶᠢ ᠬᠢᠨᠠᠨ ᠬᠡᠮᠵᠢᠬᠦ ᠰᠢᠰᠲ᠋ᠧᠮ ᠤᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ᠂ ᠥᠷᠢ ᠥᠭᠴᠡᠭᠡ ᠶᠢ ᠢᠯᠭᠠᠷᠠᠭᠤᠯᠤᠭᠰᠠᠨ ᠪᠥᠳᠥᠮᠵᠢ ᠪᠠᠨ ᠪᠠᠬᠢᠵᠢᠭᠦᠯᠵᠦ᠂ ᠲᠦᠭᠰᠢᠭᠦᠷᠢ ᠶᠢᠨ ᠲᠠᠰ ᠢ ᠵᠤᠬᠢᠰᠳᠠᠢ ᠪᠠᠶᠢᠷᠢᠨ ᠳᠤ ᠡᠵᠡᠮᠳᠡᠨ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠥᠢᠯ ᠤᠨ ᠪᠡᠯᠡ ᠮᠥᠩᠭᠦᠨ ᠤ ᠢᠷᠡᠯᠲᠡ ᠶᠢ ᠨᠠᠶᠢᠳᠠᠪᠤᠷᠢᠵᠢᠭᠤᠯᠬᠤ ᠪᠠ ᠲᠦᠭᠰᠢᠭᠦᠷᠢ ᠶᠢᠨ ᠬᠢᠨᠠᠨ ᠲᠤᠭᠳᠠᠭᠠᠯ ᠢ ᠴᠢᠩᠭ᠎ᠠ ᠵᠢᠷᠤᠮᠵᠢᠭᠤᠯᠤᠨ᠂ ᠲᠥᠷᠥᠯ ᠵᠥᠢᠯ ᠤᠨ ᠪᠠᠯᠠ ᠮᠥᠩᠭᠦ ᠶᠢᠨ ᠢᠷᠡᠯᠲᠡ ᠶᠢ ᠲᠤᠳᠤᠳᠬᠠᠵᠤ᠂  ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠨᠡᠮᠡᠭᠳᠡᠬᠦ ᠶᠢ ᠡᠷᠡᠰ ᠬᠤᠷᠢᠭᠯᠠᠨ᠎ᠠ᠃      ︵ᠲᠦᠷᠪᠡ︶ ᠲᠥᠰᠦᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃      ᠨᠢᠭᠡ ᠳᠤ ᠲᠦᠰᠤᠪ ᠤᠨ ᠪᠦᠳᠤᠮᠵᠢ ᠶᠢᠨ ᠬᠠᠮᠢᠶᠠᠷᠤᠯᠳᠠ ᠶᠢ ᠪᠦᠬᠦ ᠳᠠᠯ᠎ᠠ ᠪᠠᠷ ᠬᠡᠷᠡᠭᠵᠢᠬᠦᠯᠤᠨ᠎ᠠ᠃ ᠲᠥᠰᠦᠪ ᠲᠤᠭᠳᠠᠭᠠᠯᠳᠠ ᠪᠤᠯᠤᠨ ᠬᠠᠷᠠᠯᠳᠠᠳᠤ ᠬᠠᠮᠢᠶᠠᠷᠤᠯᠲᠠ ᠶᠢ ᠨᠢᠭᠲᠠ ᠤᠶᠠᠯᠳᠤᠭᠤᠯᠤᠨ ᠴᠢᠩᠭᠠᠳᠬᠠᠵᠤ᠂ ᠪᠥᠳᠥᠮᠵᠢ ᠪᠠᠭᠠᠳᠠᠢ ᠪᠤᠶᠤ ᠭᠥᠴᠥᠨ ᠰᠤᠯᠠ ᠮᠥᠩᠭᠦ ᠬᠡᠷᠡᠭᠯᠡᠯᠳᠡ ᠶᠢ ᠡᠷᠡᠰ ᠪᠠᠭᠠᠰᠬᠠᠨ᠎ᠠ᠃ ᠱᠠᠭᠠᠷᠳᠠᠯᠭ᠎ᠠ ᠶᠤᠰᠤᠭᠠᠷ ᠬᠠᠷᠠᠯᠳᠠᠳᠤ ᠬᠠᠮᠢᠶᠠᠷᠤᠯᠳᠠ ᠲᠣᠭᠲᠠᠭᠠᠭᠰᠠᠨ ᠦᠭᠡᠢ ᠪᠤᠶᠤ ᠬᠢᠨᠠᠨ ᠴᠤᠬᠤᠯᠠᠪᠤᠷᠢᠯᠠᠯ ᠢᠶᠠᠷ ᠪᠠᠲᠤᠯᠠᠭᠳᠠᠭᠰᠠᠨ ᠦᠭᠡᠢ ᠲᠥᠰᠦᠪ ᠢ ᠲᠤᠬᠢᠷᠠᠭᠤᠯᠬᠤ ᠥᠭᠡᠢ︔ ᠠᠵᠢᠯ ᠤᠨ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠯ ᠢ ᠰᠠᠶᠢᠲᠤᠷ ᠬᠢᠵᠦ᠂ ᠨᠣᠴᠢᠲᠠᠶ ᠠᠰᠠᠭᠤᠳᠠᠯ ᠣᠷᠣᠰᠢᠵᠤ ᠪᠤᠢ ᠲᠥᠷᠥᠯ ᠵᠥᠢᠯ ᠳᠤ ᠲᠥᠰᠦᠪ ᠤᠨ ᠵᠣᠭᠤᠰ ᠰᠠᠯᠭᠠᠨ ᠥᠭᠬᠦ ᠶᠢ ᠲᠦᠷ ᠬᠤᠶᠢᠰᠢᠯᠠᠭᠤᠯᠬᠤ ᠪᠤᠶᠤ ᠪᠥᠷ ᠵᠣᠭᠰᠣᠭᠠᠵᠤ᠂ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠥᠬᠡᠶ ᠪᠤᠶᠤ ᠦᠷᠭᠦᠯᠵᠢᠯᠡᠨ ᠬᠡᠷᠡᠭᠵᠢᠭᠦᠯᠬᠦ ᠶᠢᠨ ᠠᠷᠭ᠎ᠠ ᠥᠬᠡᠶ ᠲᠥᠷᠥᠯ ᠵᠥᠢᠯ ᠤᠨ ᠪᠠᠯᠠ ᠮᠥᠩᠭᠦ ᠶᠢ ᠴᠠᠭ ᠲᠤᠬᠠᠶ ᠳᠤ ᠨᠢ ᠬᠤᠷᠢᠶᠠᠨ ᠠᠪᠴᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠵᠡᠷᠭᠡ ᠭᠤᠤᠯᠳᠠᠯᠭᠠᠳᠤ ᠬᠦᠷᠢᠶ᠎ᠡ ᠴᠠᠷᠠᠭ᠎ᠠ ᠶᠢᠨ ᠵᠠᠷᠤᠯᠭ᠎ᠠ ᠳᠤ ᠨᠢᠭᠡᠳᠦᠯᠲᠡᠶ ᠬᠡᠷᠡᠭᠯᠡᠨ᠎ᠡ᠃ ᠬᠤᠶᠠᠷ ᠲᠤ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠥᠰᠦᠪ ᠤᠨ ᠬᠠᠮᠢᠶᠠᠷᠤᠯᠲᠠ ᠶᠢᠨ ᠢᠵᠢ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠲᠤᠬᠠᠶ ᠰᠢᠢᠳᠪᠥᠷᠢ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠴᠣᠭᠴᠠᠵᠢᠭᠤᠯᠬᠤ︾ ᠪᠠᠷ ᠭᠠᠷᠳᠠᠴᠠ ᠪᠣᠯᠭᠠᠨ᠂ ᠨᠢᠬᠡᠳᠣᠯᠲᠡᠢ ᠲᠥᠰᠦᠪ ᠤᠨ ᠬᠠᠮᠢᠶᠠᠷᠤᠯᠲᠠ ᠶᠢᠨ ᠲᠦᠷᠢᠮ ᠢᠶᠠᠷ ᠭᠤᠤᠯᠯᠠᠭᠤᠯᠵᠤ᠂ ᠲᠥᠰᠦᠪ ᠤᠨ ᠬᠠᠮᠢᠶᠠᠷᠤᠯᠲᠠ ᠶᠢ ᠢᠵᠢ ᠴᠤᠭᠴᠠᠵᠢᠭᠤᠯᠬᠤ ᠰᠢᠰᠲ᠋ᠧᠮ ᠢᠶᠠᠷ ᠭᠤᠣᠯ ᠠᠴᠢᠶᠠᠯᠠᠪᠤᠷᠢ ᠪᠤᠯᠭᠠᠨ᠂ ᠲᠦᠷᠢᠮ ᠳᠤᠭᠳᠠᠭᠠᠯ ᠤᠨ ᠵᠢᠷᠤᠮᠵᠢᠭᠤᠯᠤᠯ ᠬᠢᠬᠡᠤᠨ ᠮᠡᠳᠡᠭᠡ ᠵᠠᠩᠬᠢ ᠶᠢᠨ ᠰᠢᠰᠲ᠋ᠧᠮ ᠤᠨ ᠪᠠᠶᠢᠭᠤᠯᠤᠯᠳᠠ ᠶᠢ ᠨᠢᠭᠳᠠ ᠤᠶᠠᠯᠳᠤᠭᠤᠯᠵᠤ᠂ ᠲᠦᠰᠤᠪ ᠤᠨ ᠬᠠᠮᠢᠶᠠᠷᠤᠯᠳᠠ ᠶᠢ ᠲᠦᠷᠢᠮᠵᠢᠬᠦᠯᠬᠦ ᠪᠠ ᠲᠦᠰᠤᠪ ᠤᠨ ᠬᠢᠵᠠᠭᠠᠷᠯᠠᠯ ᠢ ᠴᠢᠩᠭᠠᠤᠨᠬᠠᠨ᠂ ᠲᠥᠷᠥᠯ ᠵᠥᠢᠯ ᠨᠥᠭᠡᠴᠡᠯᠡᠬᠦ᠂ ᠲᠥᠰᠦᠪ ᠲᠤᠭᠳᠠᠭᠠᠵᠤ ᠬᠢᠨᠠᠬᠤ᠂ ᠲᠥᠰᠦᠪ ᠲᠣᠬᠢᠷᠠᠭᠤᠯᠬᠤ ᠪᠠ ᠵᠤᠬᠢᠴᠠᠭᠤᠯᠬᠤ᠂ ᠪᠡᠯᠡ ᠮᠥᠩᠭᠦ ᠤᠯᠭᠤᠬᠤ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ᠂ ᠲᠥᠰᠦᠪ ᠭᠥᠢᠴᠡᠳᠭᠡᠭᠦ ᠪᠠ ᠮᠡᠳᠡᠭᠦᠯᠭᠦ ᠵᠡᠷᠭᠡ ᠠᠵᠢᠯ ᠤᠨ ᠪᠠᠷᠢᠮᠵᠢᠶᠠᠵᠢᠭᠤᠯᠤᠯᠲᠠ ᠠᠦ᠋ᠲ᠋ᠣᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠥᠰᠦᠪ ᠤᠨ ᠬᠠᠮᠢᠶᠠᠷᠤᠯᠲᠠ ᠶᠢᠨ ᠪᠦᠬᠦ ᠶᠠᠪᠤᠴᠠ ᠶᠢ ᠬᠥᠳᠡᠯᠦᠩᠭᠦᠶ ᠪᠠᠷ ᠲᠤᠰᠬᠠᠬᠤ ᠪᠠ ᠪᠦᠲᠦᠮᠵᠢᠲᠡᠶ ᠪᠠᠷ ᠬᠢᠵᠠᠭᠠᠷᠯᠠᠨ᠎ᠠ᠃ ᠭᠤᠷᠪᠠ ᠳᠤ ︽ᠲᠡᠭ ᠰᠠᠭᠤᠷᠢᠳᠤ ᠲᠥᠰᠥᠪ︾ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠤᠨ ᠲᠤᠮᠳᠠ ᠬᠤᠭᠤᠴᠠᠭᠠᠨ ᠤ ᠲᠥᠯᠥᠪᠵᠢᠭᠦᠯᠭᠡ ᠬᠢᠭᠡᠳ ᠣᠨ ᠤ ᠲᠥᠰᠦᠪ ᠤᠨ ᠠᠪᠴᠠᠯᠳᠤᠯ ᠢ ᠴᠢᠩᠭᠠᠳᠬᠠᠵᠤ᠂ ᠲᠥᠷᠥᠯ ᠵᠥᠢᠯ ᠢ ᠬᠡᠷᠡᠭᠵᠢᠭᠦᠯᠬᠦ ᠠᠬᠢᠴᠠ ᠪᠠ ᠪᠤᠳᠠᠳᠤ  ᠱᠠᠭᠠᠷᠳᠠᠯᠭ᠎ᠠ ᠪᠠᠷ ᠣᠨ ᠤ ᠲᠥᠰᠦᠪ ᠲᠣᠬᠢᠷᠠᠭᠤᠯᠤᠨ᠎ᠠ᠃ ᠱᠠᠲᠤ ᠬᠤᠪᠢᠶᠠᠨ ᠲᠥᠷᠥᠯ ᠢᠯᠭᠠᠨ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠷᠭᠡᠪᠰᠢ ᠱᠠᠭᠠᠷᠳᠠᠭᠳᠠᠬᠤ ᠪᠠ  ᠭᠤᠤᠯᠳᠠᠯᠭᠠᠳᠤ ᠪᠠᠶᠢᠷᠢᠨ ᠳᠤ ᠬᠢ ᠵᠠᠷᠤᠯᠭ᠎ᠠ ᠶᠢ ᠤᠷᠢᠳ ᠢᠶᠠᠷ ᠪᠠᠲᠤᠯᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠤᠷᠢ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠶᠤᠰᠤᠴᠢᠯᠡᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃      ︵ᠲᠠᠪᠤ︶ ᠤᠯᠤᠰ ᠤᠨ ᠥᠮᠴᠢᠯᠡᠯᠳᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠪᠠᠲᠤᠳᠬᠠᠵᠤ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠲᠣᠭᠲᠠᠭᠤᠨ ᠢᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃      ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠤᠯᠤᠰ ᠤᠨ ᠡᠳ᠋ ᠬᠦᠷᠤᠩᠬᠡ ᠤᠯᠤᠰ ᠤᠨ ᠥᠮᠴᠢᠯᠡᠳᠤ ᠠᠵᠤ ᠠᠬᠤᠶᠢᠯᠠᠯ ᠤᠨ ᠥᠭᠡᠷᠡᠴᠢᠯᠡᠯᠳᠡ ᠶᠢ ᠬᠦᠨᠵᠡᠬᠡᠶᠢᠷᠡᠬᠦᠯᠤᠨ᠂ ᠵᠠᠬ᠎ᠠ ᠳᠡᠯᠭᠡᠭᠦᠷᠴᠢᠯᠡᠭᠰᠡᠨ ᠥᠷᠢᠰᠥᠯᠳᠦᠭᠡᠨ ᠪᠠ ᠤᠷᠮᠠᠰᠢᠭᠤᠯᠤᠯ ᠬᠢᠵᠠᠭᠠᠷᠯᠠᠯ ᠢ ᠴᠢᠩᠭᠠᠳᠬᠠᠵᠤ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠵᠠᠰᠠᠯᠳᠠ ᠶᠢᠨ ᠳᠤᠭᠳᠠᠴᠠ ᠶᠢᠨ ᠪᠠᠶᠢᠭᠤᠯᠤᠯᠳᠠ ᠶᠢ ᠤᠯᠠᠮ ᠳᠡᠬᠦᠯᠳᠡᠷᠵᠢᠬᠦᠯᠤᠨ᠂ ᠴᠢᠳᠠᠮᠵᠢ ᠶᠢᠨ ᠬᠤᠪᠢᠷᠠᠭᠤᠯᠤᠯᠳᠠ ᠶᠢ ᠦᠷᠬᠦᠯᠵᠢᠬᠦᠶᠢᠴᠠ ᠰᠠᠶᠢᠳᠤᠷ ᠠᠤᠨᠬᠤᠵᠤ᠂ ᠬᠢᠨᠠᠨ ᠬᠠᠮᠢᠶᠠᠷᠤᠯᠳᠠ ᠶᠢᠨ ᠠᠷᠭ᠎ᠠ ᠪᠠᠷᠢᠯ ᠢᠶᠠᠨ ᠴᠢᠩᠭᠠᠤᠨᠬᠠᠵᠤ ᠰᠠᠶᠢᠵᠢᠷᠠᠭᠤᠯᠤᠨ᠂ ᠦᠮᠴᠢᠯᠡᠯ ᠤᠨ ᠡᠷᠬᠡ᠂ ᠡᠳ᠋ ᠤᠨ ᠶᠠᠪᠤᠳᠠᠯ᠂ ᠪᠡᠯᠡ ᠤᠷᠤᠭᠤᠯᠤᠯᠳᠠ᠂ ᠬᠢᠨᠠᠨ ᠰᠢᠯᠭᠠᠯᠳᠠ᠂ ᠬᠤᠪᠢᠶᠠᠷᠢᠯᠠᠯᠳᠠ᠂ ᠦᠬᠡᠷᠡᠴᠢᠯᠡᠯᠳᠠ ᠵᠡᠷᠬᠡ ᠴᠢᠳᠠᠮᠵᠢ ᠶᠢᠨ ᠬᠢᠨᠠᠯᠳᠠ ᠶᠢ ᠪᠦᠬᠦ ᠳᠠᠯ᠎ᠠ ᠪᠠᠷ ᠴᠢᠩᠭᠠᠤᠨᠬᠠᠵᠤ᠂ ᠠᠵᠤ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠶᠢᠨ ᠠᠬᠢᠴᠠ ᠶᠢ ᠲᠦᠷᠬᠡᠤᠨᠬᠡᠨ᠂ ᠴᠢᠳᠠᠪᠤᠷᠢ ᠶᠢᠨ ᠪᠠᠶᠢᠷᠢ ᠳᠤᠭᠳᠠᠭᠠᠯᠳᠠ ᠶᠢ ᠳᠤᠳᠤᠷᠬᠠᠶᠢᠯᠠᠵᠤ᠂ ᠤᠯᠤᠰ ᠤᠨ ᠦᠮᠴᠢᠯᠠᠯᠳᠤ ᠠᠵᠤ ᠠᠬᠤᠶᠢᠯᠠᠯ  ᠤᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠤᠨ᠂ ᠴᠡᠭᠴᠡᠵᠢᠬᠦᠯᠤᠨ ᠨᠡᠶᠢᠯᠡᠬᠦᠯᠬᠦ ᠶᠢ ᠠᠬᠢᠭᠤᠯᠵᠤ᠂ ᠬᠦᠷᠤᠩᠬᠡ ᠤᠷᠤᠭᠤᠯᠬᠤ᠂ ᠰᠢᠯᠵᠢᠬᠦᠯᠬᠦ᠂ ᠨᠢᠬᠡᠤᠨᠬᠡᠬᠦ ᠵᠡᠷᠬᠡ ᠠᠷᠭ᠎ᠠ ᠪᠠᠷ ᠳᠠᠮᠵᠢᠭᠤᠯᠤᠨ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠳᠤᠰ ᠪᠡᠶ᠎ᠡ ᠶᠢᠨ ᠳᠠᠪᠠᠭᠤᠯᠢᠭ ᠲᠤ ᠪᠠᠨ ᠰᠠᠭᠤᠷᠢᠯᠠᠬᠤ ᠶᠢ ᠵᠢᠯᠤᠭᠤᠤᠨᠴᠤ᠂ ᠡᠬᠢ ᠰᠤᠷᠪᠤᠯᠵᠢ ᠶᠢᠨ ᠲᠦᠬᠦᠷᠴᠢᠯᠡᠯᠳᠠ ᠶᠢ ᠰᠢᠯᠢᠳᠡᠭᠵᠢᠬᠦᠯᠤᠨ᠂ ᠦᠷᠢ ᠦᠭᠴᠡᠬᠡᠨ ᠤ ᠲᠦᠭᠰᠢᠬᠦᠷᠢ ᠶᠢ ᠬᠠᠮᠢᠶᠠᠷᠤᠨ ᠡᠵᠡᠮᠳᠡᠵᠤ᠂ ᠠᠵᠤ ᠤᠶᠢᠯᠡᠰ ᠤᠨ ᠬᠡᠯᠬᠢᠶᠡᠵᠢᠯ ᠢ ᠤᠷᠳᠤᠤᠤᠨᠬᠠᠨ᠂ ᠪᠤᠳᠠᠳᠤ ᠴᠤᠭᠴᠠ ᠶᠢᠨ ᠠᠵᠤ ᠠᠬᠤᠶᠢᠯᠠᠯ ᠢ ᠬᠦᠭᠵᠢᠬᠦᠯᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠠ ᠪᠦᠳᠤᠮᠵᠢ ᠶᠢ ᠪᠤᠶᠢᠵᠢᠭᠤᠯᠤᠨ᠂ ᠤᠯᠤᠰ  ᠤᠨ ᠦᠮᠴᠢᠯᠡᠯᠳᠤ ᠠᠵᠤ ᠠᠬᠤᠶᠢᠯᠠᠯ ᠢ ᠰᠢᠯᠢᠳᠡᠭᠵᠢᠬᠦᠯᠤᠨ ᠬᠦᠴᠤᠷᠬᠡᠭᠵᠢᠬᠦᠯᠤᠨ᠎ᠠ᠃ ᠡᠬᠦᠨ ᠤ ᠬᠠᠮᠳᠤ᠂ ᠬᠡᠷᠡᠭ ᠤᠨ ᠵᠢᠱᠢᠶ᠎ᠡ ᠪᠠᠷ ᠦᠬᠡᠷᠡᠴᠢᠯᠠᠯᠳᠠ ᠶᠢ ᠠᠬᠢᠭᠤᠯᠬᠤ ᠤᠬᠠᠮᠰᠠᠷ ᠢᠶᠠᠨ ᠳᠠᠰᠤᠷᠠᠯᠳᠠ ᠦᠬᠡᠢ ᠳᠡᠬᠡᠭᠰᠢᠯᠡᠬᠦᠯᠵᠤ᠂ ︽ᠦᠬᠡᠶᠢᠰᠬᠡᠬᠦ᠂ ᠦᠬᠡᠷᠡᠴᠢᠯᠡᠬᠦ᠂ ᠪᠠᠶᠢᠭᠤᠯᠬᠤ︾ ᠶᠢ ᠬᠠᠨᠳᠤᠯᠭᠠᠳᠤ ᠴᠢᠨᠠᠷ ᠲᠠᠢ ᠪᠠᠷ ᠶᠠᠪᠤᠭᠳᠠᠭᠤᠯᠤᠨ᠂ ᠲᠦᠷᠢᠮ ᠢᠶᠠᠷ ᠡᠷᠬᠡ᠂ ᠬᠡᠷᠡᠭ᠂ ᠬᠦᠮᠤᠨ ᠢ ᠬᠠᠮᠢᠶᠠᠷᠬᠤ ᠤᠬᠢ ᠰᠠᠶᠢᠨ ᠪᠠᠶᠢᠳᠠᠯ ᠢ ᠪᠦᠷᠢᠯᠳᠤᠬᠦᠯᠵᠤ᠂ ᠢᠯᠠᠩᠭᠤᠶ᠎ᠠ ᠭᠤᠤᠯᠳᠠᠯᠭᠠᠳᠤ ᠬᠦᠷᠢᠶ᠎ᠡ ᠴᠠᠷᠠᠭ᠎ᠠ ᠬᠢᠬᠡᠤᠨ ᠵᠠᠩᠬᠢᠯᠠᠭ᠎ᠠ ᠶᠢᠨ ᠭᠤᠭᠴᠤᠭᠠᠨ ᠤ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠳᠠᠭᠠᠭᠠᠮᠠᠭᠠᠢ ᠳᠤᠭᠳᠠᠴᠠ ᠶᠢ ᠳᠡᠬᠦᠯᠳᠡᠷᠵᠢᠬᠦᠯᠤᠨ᠂ ᠨᠠᠮ ᠢᠶᠠᠨ ᠪᠦᠬᠦ ᠳᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠬᠡᠢ ᠬᠦᠨᠵᠡᠬᠡᠶᠢᠷᠡᠬᠦᠯᠤᠨ᠎ᠠ᠃      ᠲᠦᠯᠤᠬᠡᠯᠡᠭᠴᠢᠤᠨ ᠡ᠂ 2022 ᠤᠨ ᠪᠤᠯ ᠨᠠᠮ ᠤᠨ ᠬᠤᠷᠢᠳᠤᠭᠠᠷ ᠶᠡᠭᠡ ᠬᠤᠷᠠᠯ ᠨᠡᠬᠡᠬᠡᠭᠳᠡᠬᠦ ᠵᠢᠯ ᠪᠤᠯᠤᠨ᠎ᠠ᠂ ᠡᠳ᠋ ᠤᠨ ᠵᠠᠰᠠᠭ ᠤᠨ ᠦᠬᠡᠷᠡᠴᠢᠯᠡᠯᠳᠠ ᠬᠢᠬᠡᠤᠨ ᠬᠦᠭᠵᠢᠯᠳᠠ ᠶᠢᠨ ᠡᠬᠦᠷᠬᠡ ᠬᠦᠨᠳᠤ ᠪᠡᠷᠬᠡ ᠪᠤᠢ᠃ ᠪᠢᠳᠠ ᠰᠢ ᠶᠢᠨ ᠫᠢᠩ ᠨᠦᠬᠦᠷ ᠢᠶᠠᠷ ᠲᠦᠪᠯᠡᠬᠦᠯᠦᠭᠰᠡᠨ ᠨᠠᠮ ᠤᠨ ᠲᠦᠪ ᠬᠤᠷᠢᠶᠠᠨ ᠤ ᠳᠤᠭᠤᠷᠢᠨ ᠳᠤ ᠨᠢᠭᠳᠠᠷᠠᠨ ᠪᠦᠯᠬᠦᠮᠳᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠵᠢᠯᠤᠭᠤᠳᠤᠯᠭ᠎ᠠ ᠶᠢ ᠤᠬᠠᠮᠰᠠᠷ ᠠᠴᠠ ᠪᠠᠨ ᠬᠦᠯᠢᠶᠡᠵᠤ᠂ ᠤᠯᠤᠰ ᠲᠦᠷᠤ ᠶᠢᠨ ᠵᠦᠪᠯᠡᠯᠬᠡᠨ ᠤ ᠰᠠᠨᠠᠯ ᠰᠠᠨᠠᠭᠤᠯᠭ᠎ᠠ ᠶᠢ ᠬᠢᠴᠢᠶᠡᠩᠬᠦᠢ ᠰᠤᠨᠤᠰᠤᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠤᠨ ᠶᠡᠷᠤᠩᠬᠡᠢ ᠪᠠᠶᠢᠷᠢᠯᠠᠭᠤᠯᠤᠯᠳᠠ ᠶᠤᠰᠤᠭᠠᠷ ᠪᠦᠯᠬᠦᠮᠳᠠᠨ ᠳᠠᠪᠰᠢᠬᠤ᠂ ᠬᠠᠳᠠᠭᠤᠵᠢᠯᠳᠠᠢ ᠳᠡᠮᠡᠴᠡᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠷᠬᠢᠯᠤᠮ᠎ᠠ ᠵᠤᠷᠢᠭ ᠪᠠ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢᠶᠠᠷ ᠭᠠᠷᠮᠠᠭᠠᠶᠢᠯᠠᠵᠤ ᠤᠷᠤᠭᠰᠢᠯᠡᠨ᠂ ᠪᠦᠬᠦ ᠵᠢᠯ ᠤᠨ ᠲᠦᠰᠤᠪ ᠪᠤᠯᠤᠨ ᠡᠳ᠋ ᠤᠨ ᠵᠠᠰᠠᠭ ᠤᠨ ᠡᠯ᠎ᠡ ᠲᠦᠷᠤᠯ ᠤᠨ ᠦᠬᠡᠷᠡᠴᠢᠯᠡᠯᠳᠠ ᠬᠦᠭᠵᠢᠬᠦᠯᠤᠯᠳᠠ ᠶᠢᠨ ᠡᠬᠦᠷᠬᠡ ᠪᠠᠨ ᠯᠠᠪᠳᠠᠭᠤᠨ ᠪᠠᠳᠤᠳᠠᠢ ᠪᠡᠶᠡᠯᠡᠬᠦᠯᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠰᠤᠭᠠᠢ︕ 
ᠢᠷᠡᠯᠲᠡ᠄ ᠬᠤᠰᠢᠭᠤ ᠠᠷᠪᠠᠨ ᠨᠢᠬᠡᠳᠣᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠣᠭᠡᠷ ᠬᠤᠷᠠᠯᠳᠣᠭᠠᠨ