ᠤᠳᠤᠭ ᠤᠨ ᠡᠮᠤᠨᠡᠳᠤ ᠬᠤᠰᠢᠭᠤᠨ ᠤ 2021 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2022 ᠤᠨ ᠤ ᠤᠯᠤᠰ ᠠᠷᠠᠤᠨ ᠤᠨ | ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ | | | — 2022 ᠤᠨ ᠤ 1 ᠰᠠᠷ᠎ᠠ ᠶᠢᠨ 7 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠨ ᠨᠢᠬᠡᠳᠤᠬᠡᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠨᠢᠬᠡᠳᠤᠬᠡᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠵᠥᠪᠯᠡᠯ | | | ᠲᠦᠯᠤᠬᠡᠯᠡᠭᠴᠢᠤᠨ ᠡ ᠄ | ᠬᠤᠰᠢᠭᠤ ᠠᠷᠠᠤᠨ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ 2021 ᠤᠨ ᠤ ᠤᠯᠤᠰ ᠠᠷᠠᠤᠨ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2022 ᠣᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠤᠯᠤᠰ ᠲᠦᠷᠤ ᠶᠢᠨ ᠵᠦᠪᠯᠡᠯᠬᠡᠨ ᠤ | ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2021 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2021 ᠤᠨ ᠪᠤᠯ ︽ᠠᠷᠪᠠᠨ ᠲᠦᠷᠪᠡᠳᠤᠬᠡᠷ ᠳᠠᠪᠤᠨ ᠵᠢᠯ︾ ᠤᠨ ᠲᠦᠯᠤᠪᠵᠢᠬᠦᠯᠬᠡ ᠶᠢᠨ ᠡᠬᠢᠯᠡᠯᠳᠠ ᠶᠢᠨ ᠵᠢᠯ᠂ ᠨᠠᠶᠢᠬᠡᠮ ᠵᠢᠷᠤᠮ ᠤᠨ | ᠤᠳᠤᠬᠢᠴᠢᠯᠠᠭᠰᠡᠨ ᠤᠯᠤᠰ ᠢ ᠪᠦᠬᠦ ᠳᠠᠯ᠎ᠠ ᠪᠠᠷ ᠪᠠᠶᠢᠭᠤᠯᠬᠤ ᠰᠢᠨ᠎ᠠ ᠠᠶᠠᠨ ᠤ ᠡᠬᠢᠯᠡᠯᠳᠠ ᠶᠢᠨ ᠵᠢᠯ ᠪᠤᠯᠤᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠬᠦᠴᠤᠳᠤ ᠤᠳᠤᠷᠢᠳᠤᠯᠭ᠎ᠠ ᠪᠣᠯᠣᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ | ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ | ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠠᠷᠪᠠᠳᠤᠭᠠᠷ ᠤᠳᠠᠭᠠᠨ ᠤ ᠨᠠᠮ ᠤᠨ ᠲᠦᠯᠤᠬᠡᠯᠡᠭᠴᠢᠤᠨ | ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠪᠠ ᠠᠵᠤ | ᠠᠬᠤᠢ ᠶᠢᠨ ᠬᠦᠭᠵᠢᠯᠳᠠ ᠶᠢ ᠨᠢᠬᠡᠳᠤᠯᠳᠠᠢ ᠲᠦᠯᠤᠪᠯᠡᠵᠤ᠂ ᠬᠦᠴᠢᠷ ᠢ ᠢᠯᠡᠨ ᠤᠷᠤᠭᠰᠢ ᠳᠠᠪᠰᠢᠨ᠂ ᠬᠤᠰᠢᠭᠤ ᠠᠷᠪᠠᠳᠤᠭᠠᠷ ᠬᠤᠭᠤᠴᠠᠭᠠᠨ ᠤ ᠳᠠᠪᠤᠳᠤᠭᠠᠷ | ᠤᠳᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠠᠴᠠ ᠳᠤᠭᠳᠠᠭᠠᠭᠰᠡᠨ ᠬᠠᠷᠠᠯᠳᠠ ᠡᠬᠦᠷᠬᠡ ᠶᠢ ᠨᠡᠯᠢᠶᠡᠤᠨ ᠰᠠᠶᠢᠨ ᠪᠡᠶᠡᠯᠡᠬᠦᠯᠵᠤ᠂ ᠠᠵᠤ ᠠᠬᠤᠢ | ᠨᠠᠶᠢᠬᠡᠮ ᠤᠨ ᠬᠦᠭᠵᠢᠯᠳᠠ ᠶᠢᠨ ᠴᠢᠨᠰᠠᠭ᠎ᠠ ᠪᠦᠳᠤᠮᠵᠢ ᠦᠷᠬᠦᠯᠵᠢᠯᠡᠨ ᠳᠡᠬᠡᠭᠰᠢᠯᠡᠵᠤ᠂ ︽ᠳᠤᠭᠳᠠᠭᠤᠨ ᠤ ᠳᠤᠮᠳᠠ ᠰᠠᠶᠢᠵᠢᠷᠠᠬᠤ᠂ ᠳᠤᠭᠳᠠᠭᠤᠨ ᠤ ᠳᠤᠮᠳᠠ | ᠠᠬᠢᠬᠤ︾ ᠬᠠᠨᠳᠤᠰᠢ ᠢᠯᠡᠷᠡᠪᠡ᠃ ᠵᠢᠱᠢᠯᠳᠠ ᠪᠠᠷ ᠪᠦᠬᠦ ᠵᠢᠯ ᠤᠨ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ 157.4 ᠳ᠋ᠦᠩᠰᠢᠭᠤᠷ | ᠲᠦᠬᠦᠷᠢᠭ ᠲᠤ ᠬᠦᠷᠴᠤ᠂ 12% ᠢᠶᠠᠷ ᠨᠡᠮᠡᠭᠳᠡᠨ᠂ ᠭᠤᠷᠪᠠᠨ ᠠᠵᠤ ᠤᠶᠢᠯᠡᠰ ᠤᠨ ᠪᠦᠳᠤᠴᠠ 11 ᠄ 60᠄ 29 ᠪᠤᠯᠪᠠ᠃ ᠳᠤᠭᠳᠠᠮᠠᠯ ᠬᠦᠷᠤᠩᠬᠡ ᠶᠢᠨ ᠪᠡᠯᠡ | ᠤᠷᠤᠭᠤᠯᠤᠯᠳᠠ 75 ᠳ᠋ᠦᠩᠰᠢᠭᠤᠷ ᠲᠦᠬᠦᠷᠢᠭ ᠲᠤ ᠬᠦᠷᠴᠤ᠂ 27.8% ᠪᠠᠷ ᠨᠡᠮᠡᠭᠳᠡᠪᠡ᠃ ᠡᠩ ᠤᠨ ᠨᠠᠶᠢᠳᠠ ᠶᠢᠨ ᠲᠦᠰᠤᠪ ᠤᠨ ᠤᠷᠤᠯᠭ᠎ᠠ 12.3 | ᠳ᠋ᠦᠩᠰᠢᠭᠤᠷ ᠲᠦᠬᠦᠷᠢᠭ ᠲᠤ ᠬᠦᠷᠴᠤ᠂ 3% ᠪᠠᠷ ᠨᠡᠮᠡᠭᠳᠡᠪᠡ᠃ | ︵ᠨᠢᠬᠡ︶ ᠨᠡᠮᠡᠭᠳᠡᠯ ᠢ ᠪᠠᠳᠤᠯᠠᠨ ᠪᠡᠯᠡ ᠤᠷᠤᠭᠤᠯᠤᠯᠳᠠ ᠶᠢ ᠠᠬᠢᠭᠤᠯᠵᠤ᠂ ᠠᠵᠤ ᠤᠶᠢᠯᠡᠤᠨᠪᠤᠷᠢ ᠶᠢᠨ ᠠᠵᠤ ᠠᠬᠤᠢ ᠶᠢᠨ ᠶᠠᠰᠤ ᠴᠢᠨᠠᠷ ᠦᠷ᠎ᠠ ᠠᠰᠢᠭ | ᠳᠡᠬᠡᠭᠰᠢᠯᠡᠪᠡ᠃ ᠠᠵᠤ ᠤᠶᠢᠯᠡᠰ ᠤᠨ ᠲᠦᠷᠤ ᠶᠢᠨ ᠪᠤᠳᠤᠯᠭ᠎ᠠ᠂ ᠡᠨᠧᠷᠬᠢ ᠶᠢᠨ ᠬᠤᠷᠤᠭᠳᠠᠯ ᠤᠨ ᠬᠤᠤᠰ ᠡᠵᠡᠮᠳᠡᠯ ᠵᠡᠷᠬᠡ ᠤᠯᠠᠨ ᠳᠠᠪᠬᠤᠷ ᠳᠠᠷᠤᠯᠳᠠ ᠶᠢᠨ | ᠳᠤᠤᠷ᠎ᠠ᠂ ᠠᠵᠤ ᠤᠶᠢᠯᠡᠤᠨᠪᠤᠷᠢ ᠶᠢᠨ ᠠᠵᠤ ᠠᠬᠤᠢ ᠶᠢᠨ ᠬᠦᠭᠵᠢᠯᠳᠠ ᠢᠯᠡᠤᠨᠳᠠ ᠪᠦᠳᠤᠮᠵᠢ ᠤᠯᠤᠨ᠂ ᠤᠯᠤᠰ ᠤᠨ ᠴᠠᠬᠢᠯᠭᠠᠨ ᠤ ᠪᠦᠯᠦᠭᠯᠡᠯ ᠤᠨ ᠱᠤᠸᠠᠩ ᠸᠧᠢ | ᠴᠠᠬᠢᠯᠭᠠᠨ ᠤᠶᠢᠯᠡᠤᠨᠪᠤᠷᠢ ᠴᠠᠬᠢᠯᠭᠠᠨ ᠳᠠᠮᠵᠢᠭᠤᠯᠤᠨ ᠳᠤᠷᠰᠢᠨ ᠠᠵᠢᠯᠯᠠᠵᠤ᠂ ᠤᠯᠤᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠶᠢᠨ ᠴᠠᠬᠢᠯᠭᠠᠨ ᠤᠶᠢᠯᠡᠤᠨᠪᠤᠷᠢ᠂ | ᠴᠠᠩ ᠴᠧᠩ ᠴᠠᠬᠢᠯᠭᠠᠨ ᠤᠶᠢᠯᠡᠤᠨᠪᠤᠷᠢ ᠵᠡᠷᠬᠡ ᠲᠦᠷᠤᠯ ᠵᠦᠢᠯ ᠢ ᠲᠦᠷᠬᠡᠤᠨᠬᠡᠵᠤ ᠪᠠᠶᠢᠭᠤᠯᠤᠨ᠂ ᠶᠠ ᠬᠠᠢ ᠶᠢᠨ 60 ᠲᠦᠮᠡᠨ ᠳᠤᠨ LNG᠂ | ᠨᠡᠬᠦᠷᠡᠰᠤᠵᠢᠬᠦᠯᠦᠭᠰᠡᠨ ᠴᠠᠬᠢᠭᠤᠷᠳᠤ ᠸᠠᠭᠠᠷ ᠳᠤᠭᠤᠰᠬ᠎ᠠ ᠤᠶᠢᠯᠡᠤᠨᠪᠤᠷᠢᠯᠡᠯᠳᠠ᠂ ᠦᠬᠡᠬᠦᠨ ᠴᠢᠯᠠᠭᠤᠨ ᠬᠠᠶᠢᠷ ᠤᠨ ᠪᠤᠯᠪᠠᠰᠤᠷᠠᠭᠤᠯᠤᠯᠳᠠ ᠵᠡᠷᠬᠡ ᠲᠦᠷᠤᠯ ᠵᠦᠢᠯ | ᠪᠠᠶᠢᠭᠤᠯᠤᠭᠳᠠᠨ ᠬᠡᠷᠡᠭᠯᠡᠯᠳᠠ ᠳᠤ ᠤᠷᠤᠵᠤ᠂ ᠪᠦᠬᠦ ᠬᠤᠰᠢᠭᠤᠨ ᠤ 8 ᠨᠡᠬᠦᠷᠡᠰᠤᠨ ᠠᠭᠤᠷᠬᠠᠢ ᠨᠢᠬᠡᠨᠳᠠ ᠬᠢᠨᠠᠨ ᠵᠦᠪᠰᠢᠶᠡᠷᠡᠯ ᠤᠯᠵᠤ᠂ ᠨᠡᠬᠦᠷᠡᠰᠤᠨ | ᠤᠶᠢᠯᠡᠤᠨᠪᠤᠷᠢᠯᠡᠯ ᠤᠨ ᠴᠢᠳᠠᠪᠤᠷᠢ 2630 ᠲᠦᠮᠡᠨ ᠳᠤᠨ ᠳᠤ ᠬᠦᠷᠤᠨ᠂ ᠨᠡᠬᠦᠷᠡᠰᠤᠨ ᠭᠠᠷᠤᠯᠳᠠ ᠨᠠᠶᠢᠳᠠ 2019 ᠲᠦᠮᠡᠨ ᠳᠤᠨ᠂ ᠪᠤᠷᠤᠯᠠᠭᠤᠯᠤᠭᠰᠡᠨ | ᠪᠦᠳᠤᠬᠡᠭᠳᠡᠬᠦᠨ ᠨᠡᠬᠦᠷᠡᠰᠤ 1873 ᠲᠦᠮᠡᠨ ᠳᠤᠨ ᠳᠤ ᠬᠦᠷᠴᠤ᠂ ᠠᠵᠤ ᠤᠶᠢᠯᠡᠤᠨᠪᠤᠷᠢ ᠶᠢᠨ ᠴᠠᠬᠢᠯᠭᠠᠨ ᠭᠠᠷᠭᠠᠯᠳᠠ 106 ᠳ᠋ᠦᠩᠰᠢᠭᠤᠷ ᠭᠷᠠᠳᠦ᠋ᠰ ᠲᠤ ᠬᠦᠷᠤᠨ | ᠂ 222 ᠰᠢᠳᠠᠮᠠᠬᠠᠢ ᠬᠡᠢ ᠶᠢᠨ ᠬᠤᠤᠨᠳᠤᠭ ᠨᠡᠬᠡᠬᠡᠵᠤ᠂ 157 ᠺᠢᠯᠤᠮᠧᠲᠷ ᠤᠨ ᠬᠡᠢ ᠳᠠᠮᠵᠢᠭᠤᠯᠬᠤ ᠬᠤᠭᠤᠯᠠᠢ ᠤᠭᠰᠠᠷᠠᠨ᠂ ᠰᠢᠳᠠᠮᠠᠬᠠᠢ ᠬᠡᠢ ᠶᠢᠨ ᠭᠠᠷᠤᠯᠳᠠ 49 | ᠳ᠋ᠦᠩᠰᠢᠭᠤᠷ ᠺᠦᠪ ᠮᠧᠲᠷ ᠲᠤ ᠬᠦᠷᠪᠠ᠂ ᠵᠢᠱᠢᠯᠳᠠ ᠪᠠᠷ ᠬᠡᠪᠴᠢᠶᠡᠯ ᠠᠴᠠ ᠳᠡᠬᠡᠭᠰᠢᠬᠢ ᠠᠵᠤ ᠤᠶᠢᠯᠡᠤᠨᠪᠤᠷᠢᠯᠡᠯ ᠤᠨ ᠨᠡᠮᠡᠯᠳᠠ ᠦᠷᠳᠡᠭ 112.5 ᠳ᠋ᠦᠩᠰᠢᠭᠤᠷ | ᠲᠦᠬᠦᠷᠢᠭ ᠬᠦᠷᠴᠤ᠂ 22.7% ᠪᠠᠷ ᠨᠡᠮᠡᠭᠳᠡᠪᠡ᠃ ︽ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠠᠵᠤ ᠤᠶᠢᠯᠡᠰ ᠤᠨ ᠬᠦᠭᠵᠢᠯᠳᠠ | ᠶᠢᠨ ᠲᠦᠯᠤᠪᠵᠢᠬᠦᠯᠬᠡ︾ ᠶᠢ ᠶᠠᠭ ᠵᠠᠰᠠᠨ ᠨᠠᠶᠢᠷᠠᠭᠤᠯᠵᠤ᠂ ᠬᠦᠷᠢᠶᠡᠯᠡᠩ ᠳᠤᠭᠤᠷᠢᠭ ᠤᠨ ᠨᠡᠬᠡᠬᠡᠯᠳᠠ ᠶᠢᠨ ᠵᠠᠭᠠᠭ ᠬᠢᠵᠠᠭᠠᠷ ᠤᠨ ᠲᠦᠯᠤᠪᠵᠢᠬᠦᠯᠬᠡ ᠦᠪᠡᠷᠳᠡᠬᠡᠨ | ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠯᠳᠠ ᠶᠢ ᠬᠦᠯᠢᠶᠡᠵᠤ ᠪᠤᠢ᠃ ᠨᠡᠬᠦᠷᠡᠰᠤᠳᠦ᠋ᠷᠦᠭᠴᠢ ᠶᠢᠨ ᠤᠷᠬᠢᠯᠰᠢᠯ᠂ | ᠨᠡᠬᠦᠷᠡᠰᠤᠳᠦᠷᠦᠭᠴᠢ ᠶᠢᠨ ᠰᠠᠭᠠᠷᠮᠠᠭᠵᠢᠭᠤᠯᠤᠯ ᠤᠨ ᠬᠠᠷᠠᠯᠳᠠ ᠶᠢᠨ ᠳᠤᠭᠤᠷᠢᠨ ᠳᠤ᠂ ᠠᠵᠤ ᠤᠶᠢᠯᠡᠰ ᠤᠨ ᠪᠤᠬᠢᠷᠳᠤᠯ ᠦᠬᠡᠢ ᠳᠤᠤᠷ᠎ᠠ ᠨᠡᠬᠦᠷᠡᠰᠤᠳᠦ᠋ᠷᠦᠭᠴᠢᠳᠤ | ᠬᠤᠪᠢᠷᠠᠭᠠᠯᠳᠠ ᠶᠢ ᠠᠬᠢᠭᠤᠯᠤᠨ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ︽ᠴᠠᠬᠢᠯᠭᠠᠨ ᠡᠬᠦᠰᠬᠡᠭᠴᠢ ᠴᠠᠬᠢᠯᠭᠠᠨ ᠳᠤᠤᠷ ᠴᠠᠬᠢᠯᠭᠠᠨ | ᠳᠠᠭᠠᠭᠠᠴᠠ ᠡᠨᠧᠷᠬᠢ ᠬᠠᠳᠠᠭᠠᠯᠠᠯᠳᠠ ᠶᠢ ᠴᠤᠭᠴᠠᠵᠢᠭᠤᠯᠤᠭᠰᠡᠨ︾ ᠤᠶᠤᠨᠴᠢ ᠡᠨᠧᠷᠬᠢ ᠶᠢᠨ ᠰᠤᠷᠪᠤᠯᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠤᠯᠤᠰ ᠤᠨ | ᠡᠨᠧᠷᠬᠢ ᠶᠢᠨ ᠳᠤᠪᠴᠢᠶ᠎ᠠ ᠳᠤ ᠮᠡᠳᠡᠬᠦᠯᠤᠨ ᠬᠢᠨᠠᠨ ᠴᠤᠬᠤᠯᠠᠪᠤᠷᠢᠯᠠᠯᠳᠠ ᠶᠢ ᠬᠦᠯᠢᠶᠡᠵᠤ᠂ 250 ᠰᠠᠶ᠎ᠠ ᠸᠠᠲ ᠤᠨ ᠨᠠᠷᠠᠨ ᠴᠠᠬᠢᠯᠭᠠᠨ ᠦᠷᠳᠡᠭᠡ ᠵᠢᠴᠢ | ᠤᠰᠤᠳᠦ᠋ᠷᠦᠭᠴᠢ ᠡᠨᠧᠷᠬᠢ ᠶᠢ ᠶᠡᠷᠤᠩᠬᠡᠶᠢᠯᠡᠨ ᠠᠰᠢᠭᠯᠠᠬᠤ ᠵᠢᠱᠢᠶ᠎ᠡ ᠦᠵᠡᠬᠦᠯᠬᠦ ᠲᠦᠷᠤᠯ ᠵᠦᠢᠯ᠂ ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ | ᠤᠰᠤᠳᠦ᠋ᠷᠦᠭᠴᠢ ᠤᠶᠢᠯᠡᠤᠨᠬᠦ ᠲᠦᠷᠤᠯ ᠵᠦᠢᠯ ᠢ ᠡᠬᠢᠯᠡᠨ ᠪᠠᠶᠢᠭᠤᠯᠵᠤ᠂ ᠷᠦᠨ ᠶᠠᠩ ᠶᠤᠸᠠᠢ ᠳ᠋ᠠ ᠨᠠᠷᠠᠨ ᠡᠨᠧᠷᠬᠢ ᠶᠢᠨ ᠲᠦᠬᠦᠬᠡᠷᠤᠮᠵᠢ ᠤᠶᠢᠯᠡᠤᠨᠬᠦ ᠪᠦᠬᠦ ᠠᠵᠤ | ᠤᠶᠢᠯᠡᠰ ᠤᠨ ᠬᠡᠯᠬᠢᠶᠡᠵᠢᠯ ᠤᠨ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠯᠠᠪᠳᠠᠭᠤᠨ ᠠᠬᠢᠭᠤᠯᠤᠨ᠂ ᠨᠡᠬᠦᠷᠡᠰᠤ ᠪᠠᠷ ᠰᠠᠭᠤᠷᠢ ᠪᠤᠯᠭᠠᠵᠤ᠂ ᠤᠯᠠᠨ | ᠡᠰᠢᠵᠢᠬᠦᠯᠵᠤ ᠬᠤᠪᠢᠷᠠᠭᠤᠯᠤᠨ᠂ ᠬᠡᠯᠬᠢᠶᠡᠵᠢᠬᠦᠯᠤᠨ ᠦᠷᠳᠡᠭ ᠨᠡᠮᠡᠭᠳᠡᠬᠦᠯᠬᠦ ᠤᠳᠤᠬᠢᠴᠢᠯᠠᠭᠰᠡᠨ ᠠᠵᠤ ᠤᠶᠢᠯᠡᠤᠨᠪᠤᠷᠢ ᠶᠢᠨ ᠰᠢᠰᠲ᠋ᠧᠮ ᠠᠩᠬ᠎ᠠ ᠪᠦᠷᠢᠯᠳᠤᠨ᠂ ᠰᠢᠨ᠎ᠠ | ᠬᠠᠭᠤᠴᠢᠨ ᠡᠨᠧᠷᠬᠢ ᠶᠢᠨ ᠰᠤᠯᠢᠭᠳᠠᠯ ᠤᠨ ᠢᠳᠡᠷᠡᠬᠦᠨ ᠠᠯᠬᠤᠭ᠎ᠠ ᠶᠢ ᠡᠬᠢᠯᠡᠬᠦᠯᠪᠠ᠃ | ︵ᠬᠤᠶᠠᠷ︶ ᠪᠦᠳᠤᠴᠠ ᠶᠢ ᠳᠤᠬᠢᠷᠠᠭᠤᠯᠤᠨ ᠦᠷ᠎ᠠ ᠠᠰᠢᠭ ᠢ ᠨᠡᠮᠡᠭᠳᠡᠬᠦᠯᠵᠤ᠂ ᠳᠠᠷᠢᠶᠠᠯᠠᠩ ᠮᠠᠯ ᠠᠵᠤ ᠠᠬᠤᠢ ᠶᠢᠨ ᠰᠠᠭᠤᠷᠢ ᠨᠠᠩ ᠪᠠᠬᠢ ᠪᠤᠯᠪᠠ᠃ | ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠤᠨ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ | ᠮᠠᠨᠳᠤᠭᠤᠯᠬᠤ ᠶᠡᠷᠤᠩᠬᠡᠢ ᠲᠦᠰᠤᠯ ᠵᠢᠴᠢ ᠳᠠᠪᠤᠨ ᠶᠡᠭᠡ ᠬᠦᠴᠤᠷᠬᠡᠭᠵᠢᠬᠦᠯᠤᠨ ᠮᠠᠨᠳᠤᠭᠤᠯᠬᠤ ᠳᠤᠰᠬᠠᠢ ᠲᠦᠰᠤᠯ ᠢ ᠵᠠᠰᠠᠨ ᠳᠡᠬᠦᠯᠳᠡᠷᠵᠢᠬᠦᠯᠵᠤ᠂ ︽ᠬᠦᠳᠡᠭᠡ | ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠳᠠᠭᠤᠷᠢᠶᠠᠯ ᠤᠷᠤᠨ︾ ᠤ ᠪᠠᠶᠢᠭᠤᠯᠤᠯᠳᠠ ᠶᠢ ᠠᠬᠢᠭᠤᠯᠪᠠ᠃ 5000 ᠲᠦᠮᠡᠨ ᠲᠦᠬᠦᠷᠢᠭ ᠤᠷᠤᠭᠤᠯᠤᠨ ᠵᠢᠮᠢᠰ | ᠢᠳᠡᠰᠢᠨ ᠨᠤᠭᠤᠭ᠎ᠠ᠂ ᠠᠯᠠᠰᠢᠨ ᠮᠠᠯ᠂ ᠠᠯᠠᠰᠢᠨ ᠦᠬᠡᠷ ᠵᠡᠷᠬᠡ ᠠᠵᠤ ᠤᠶᠢᠯᠡᠰ ᠢ ᠬᠦᠭᠵᠢᠬᠦᠯᠵᠤ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ | ᠭᠤᠤᠯᠳᠠᠭᠠᠳᠤ ᠭᠠᠴᠠᠭ᠎ᠠ ᠳᠤᠰᠬᠤᠨ ᠢ 9 ᠪᠠᠶᠢᠭᠤᠯᠤᠨ᠂ 6430 ᠲᠦᠮᠡᠨ ᠰᠤᠶᠤᠭ᠎ᠠ ᠶᠢ ᠡᠷᠴᠢᠮᠵᠢᠬᠦᠯᠤᠨ ᠪᠤᠶᠢᠵᠢᠭᠤᠯᠵᠤ᠂ 1.2 ᠲᠦᠮᠡᠨ ᠮᠤ᠋ ᠦᠨᠳᠤᠷ | ᠪᠠᠷᠢᠮᠵᠢᠶᠠᠳᠤ ᠳᠠᠷᠢᠶᠠᠨ ᠭᠠᠵᠠᠷ᠂ 1.5 ᠲᠦᠮᠡᠨ ᠺᠦᠪ ᠮᠧᠲᠷ ᠰᠢᠨ᠎ᠠ ᠰᠤᠷᠭᠤᠭ ᠢᠶᠠᠷ ᠬᠦᠷᠤᠬᠡᠨ ᠬᠠᠳᠠᠭᠠᠯᠠᠬᠤ ᠬᠦᠮᠤᠷᠬᠡ ᠶᠢ ᠰᠢᠨ᠎ᠠ ᠪᠠᠷ ᠪᠠᠶᠢᠭᠤᠯᠪᠠ᠃ ᠪᠦᠬᠦ | ᠬᠤᠰᠢᠭᠤᠨ ᠤ ᠳᠠᠷᠢᠮᠠᠯ ᠤᠨ ᠳᠠᠯᠠᠪᠠᠢ 84.6 ᠲᠦᠮᠡᠨ ᠮᠤ᠋᠂ ᠵᠢᠯ ᠤᠨ ᠮᠠᠯ ᠤᠨ ᠳᠤᠭ᠎ᠠ 199.7 ᠲᠦᠮᠡᠨ ᠳᠤᠯᠤᠭᠠᠢ᠂ ᠠᠮᠤ ᠪᠤᠳᠠᠭᠠᠨ ᠤ ᠤᠨᠠᠯᠳᠠ ᠵᠢᠱᠢᠯᠳᠠ | ᠪᠠᠷ 2.35 ᠳ᠋ᠦᠩᠰᠢᠭᠤᠷ ᠵᠢᠩ᠂ ᠤᠨᠴᠠᠯᠢᠭᠳᠤ ᠵᠢᠮᠢᠰ ᠢᠳᠡᠰᠢᠨ ᠨᠤᠭᠤᠭ᠎ᠠ ᠶᠢᠨ ᠭᠠᠷᠤᠯᠳᠠ 25 ᠲᠦᠮᠡᠨ ᠳᠤᠨ ᠳᠤ ᠬᠦᠷᠴᠤ᠂ ᠠᠷᠠᠤᠨ ᠤᠯᠠᠨ ᠤ ᠠᠮᠤ | ᠪᠤᠳᠠᠭ᠎ᠠ ᠢᠳᠡᠰᠢᠨ ᠨᠤᠭᠤᠭ᠎ᠠ ᠪᠠᠳᠤᠯᠠᠭ᠎ᠠ ᠲᠠᠢ ᠪᠤᠯᠪᠠ᠃ ᠰᠠᠨ ᠨᠢᠦ᠂ ᠾᠧᠩ ᠰᠢᠨ᠂ ᠮᠧᠩ ᠵᠢᠶᠠᠩ ᠵᠡᠷᠬᠡ ᠳᠤᠯᠤᠭᠠᠶᠢᠯᠠᠭᠴᠢ ᠠᠵᠤ ᠠᠬᠤᠶᠢᠯᠠᠯ ᠢ 6 | ᠤᠷᠤᠭᠤᠯᠵᠤ᠂ 40 ᠬᠤᠷᠰᠢᠶᠠᠵᠢᠯ᠂ 51 ᠬᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠠᠢ ᠶᠢ ᠬᠦᠭᠵᠢᠬᠦᠯᠪᠡ᠃ ᠤᠷᠤᠨ ᠪᠦᠰᠠ ᠶᠢᠨ ᠨᠠᠶᠢᠳᠠ ᠶᠢᠨ | ᠬᠡᠷᠡᠭᠯᠡᠬᠡᠨ ᠤ ᠨᠡᠷᠡᠳᠤ ᠳᠡᠮᠳᠡᠭ ᠤᠨ ᠨᠦᠯᠤᠬᠡᠯᠡᠬᠦ ᠬᠦᠴᠤᠨ ᠦᠷᠬᠦᠯᠵᠢᠯᠡᠨ ᠦᠷᠬᠡᠤᠨᠴᠤ᠂ ︽ᠤᠳᠤᠭ ᠤᠨ ᠡᠮᠤᠨᠡᠳᠤ ᠬᠤᠰᠢᠭᠤᠨ ᠤ ᠮᠠᠯ ᠤᠨ ᠮᠢᠬ᠎ᠠ︾ ᠳᠤᠰᠬᠠᠢ | ᠬᠤᠳᠠᠯᠳᠤᠬᠤ ᠳᠠᠭᠤᠷᠢᠶᠠᠯ ᠳᠡᠯᠬᠡᠬᠦᠷ ᠢ 4᠂ ᠰᠢᠭᠤᠤᠨ ᠡᠵᠡᠩᠨᠡᠬᠦ ᠳᠡᠯᠬᠡᠬᠦᠷ ᠢ 3 ᠪᠠᠶᠢᠭᠤᠯᠵᠤ᠂ ᠪᠤᠬᠢᠷᠳᠤᠯ ᠦᠬᠡᠢ ᠢᠳᠡᠬᠡᠨ ᠢ 9 ᠬᠡᠷᠡᠴᠢᠯᠡᠬᠦᠯᠤᠨ᠂ ︽ᠨᠡᠷᠡᠳᠤ | ᠤᠨᠴᠠ ᠰᠢᠯᠢᠳᠡᠭ ᠰᠢᠨ᠎ᠠ︾ ᠮᠠᠯ ᠳᠠᠷᠢᠶᠠᠯᠠᠩ ᠤᠨ ᠪᠦᠳᠤᠬᠡᠭᠳᠡᠬᠦᠨ ᠢ 1 ᠭᠤᠶᠤᠴᠢᠯᠠᠵᠤ ᠮᠡᠳᠡᠬᠦᠯᠤᠨ᠂ ︽ᠤᠳᠤᠭ ᠤᠨ ᠡᠮᠤᠨᠡᠳᠤ ᠬᠤᠰᠢᠭᠤᠨ ᠤ ᠮᠠᠯ ᠤᠨ ᠮᠢᠬ᠎ᠠ | ︾ ᠶᠢᠨ ᠨᠡᠷᠡᠳᠤ ᠳᠡᠮᠳᠡᠭ ᠤᠯᠤᠰ ᠤᠨ ᠭᠠᠵᠠᠷ ᠵᠦᠢ ᠶᠢᠨ ᠢᠯᠡᠤᠨᠬᠡᠯ ᠤᠨ ᠵᠢᠭᠰᠠᠭᠠᠯᠳᠠ ᠳᠤ ᠰᠤᠩᠭᠤᠭᠳᠠᠨ᠂ ︽ᠦᠪᠡᠷᠳᠡᠬᠡᠨ ᠵᠠᠰᠠᠬᠤ ᠤᠷᠤᠨ ᠤ ᠮᠠᠯ ᠳᠠᠷᠢᠶᠠᠯᠠᠩ | ᠤᠨ ᠪᠦᠳᠤᠬᠡᠭᠳᠡᠬᠦᠨ ᠤ ᠴᠢᠨᠰᠠᠭ᠎ᠠ ᠠᠮᠤᠷ ᠲᠦᠪᠰᠢᠨ ᠬᠤᠰᠢᠭᠤ︾ ᠪᠠᠷ ᠦᠨᠡᠯᠡᠭᠳᠡᠪᠡ᠃ | ︵ᠭᠤᠷᠪᠠ︶ ᠠᠭᠤᠰᠤᠯᠴᠠᠯ ᠢ ᠠᠤᠨᠬᠤᠨ ᠳᠡᠰ ᠳᠡᠪᠰᠢᠯᠳᠠ ᠶᠢ ᠠᠬᠢᠭᠤᠯᠵᠤ᠂ ᠤᠳᠤᠬᠢᠴᠢᠯᠠᠭᠰᠡᠨ ᠤᠶᠢᠯᠡᠴᠢᠯᠡᠬᠡᠨ ᠤ ᠤᠶᠢᠯᠡᠰ ᠲᠦᠷᠬᠡᠨ ᠬᠦᠭᠵᠢᠪᠠ᠃ | ᠬᠤᠪᠢᠰᠬᠠᠯᠳᠤ ᠰᠤᠳᠤᠯᠭ᠎ᠠ ᠰᠤᠷᠤᠯᠴᠠᠭ᠎ᠠ ᠪᠠᠷ ᠪᠦᠬᠦ ᠴᠠᠷᠠᠭᠠᠨ ᠤ ᠵᠢᠭᠤᠯᠴᠢᠯᠠᠯ ᠢ ᠳᠠᠶᠢᠴᠢᠯᠡᠨ᠂ ᠳᠤᠰᠬᠠᠢ ᠮᠡᠷᠬᠡᠵᠢᠯᠳᠠᠨ ᠤᠷᠢᠨ ᠵᠢᠭᠤᠴᠢᠯᠠᠯ ᠤᠨ ᠵᠠᠮ ᠱᠤᠭᠤᠮ | ᠪᠠ ᠰᠤᠳᠤᠯᠭ᠎ᠠ ᠰᠤᠷᠤᠯᠴᠠᠭ᠎ᠠ ᠶᠢᠨ ᠬᠢᠴᠢᠶᠡᠯ ᠲᠦᠷᠤᠯ ᠢ ᠳᠤᠬᠢᠷᠠᠭᠤᠯᠵᠤ᠂ ︽ᠦᠪᠤᠷ ᠮᠤᠩᠭᠤᠯ ᠱᠠᠨᠰᠢ ᠨᠢᠩᠰᠢᠶᠠ︾ ᠶᠢᠨ ᠬᠤᠪᠢᠰᠬᠠᠯᠳᠤ ᠵᠢᠭᠤᠯᠴᠢᠯᠠᠯ ᠤᠨ | ᠰᠤᠳᠤᠨ ᠱᠤᠭᠤᠮ ᠢ 5 ᠪᠦᠷᠢᠯᠳᠤᠬᠦᠯᠵᠤ᠂ ᠬᠡᠷᠡᠮ ᠤᠨ ᠭᠤᠤᠯ ᠤᠨ ᠦᠵᠡᠮᠵᠢ ᠶᠢᠨ ᠤᠷᠤᠨ ᠪᠠ ᠨᠢᠩᠰᠢᠶᠠ ᠶᠢᠨ ᠬᠢᠵᠠᠭᠠᠷ ᠲᠤ ᠬᠢ ᠵᠢᠭᠤᠯᠴᠢᠯᠠᠯ ᠤᠨ ᠳᠤᠭᠤᠷᠢᠭ | ᠤᠨ ᠤᠷᠤᠨ ᠠᠯᠤᠰᠯᠠᠭᠰᠡᠨ ᠬᠠᠮᠳᠤᠷᠠᠭᠰᠡᠨ ᠪᠠᠶᠢᠭᠤᠯᠤᠯᠳᠠ ᠪᠠ ᠨᠢᠬᠡ ᠪᠢᠯᠧᠲ ᠢᠶᠠᠷ ᠨᠠᠶᠢᠳᠠ ᠳᠤ ᠨᠢ ᠵᠤᠭᠠᠴᠠᠬᠤ ᠤᠶᠢᠯᠡᠴᠢᠯᠡᠭᠡ ᠪᠡᠶᠡᠯᠡᠭᠳᠡᠨ᠂ ᠬᠤᠳᠠ ᠶᠢᠨ ᠳᠡᠰ | ᠤᠨ ᠬᠦᠳᠡᠭᠡ ᠳᠤᠰᠬᠤᠨ ᠤ ᠰᠤᠶᠤᠯ ᠵᠢᠭᠤᠯᠴᠢᠯᠠᠯ ᠤᠨ ᠭᠤᠤᠯᠳᠠᠭᠠᠳᠤ ᠳᠤᠰᠬᠤᠨ ᠢ 6 ᠴᠤᠭᠴᠠᠯᠠᠵᠤ᠂ ᠪᠦᠬᠦ ᠬᠤᠰᠢᠭᠤᠨ ᠤ ᠦᠵᠡᠮᠵᠢ ᠶᠢᠨ ᠤᠷᠤᠨ᠂ | ᠦᠵᠡᠮᠵᠢ ᠶᠢᠨ ᠴᠡᠭ᠂ ᠮᠠᠯᠴᠢᠨ ᠳᠠᠷᠢᠶᠠᠴᠢᠨ ᠠᠶᠢᠯ ᠤᠨ ᠵᠤᠭᠠᠴᠠᠯ ᠢ ᠪᠦᠳᠤᠮᠵᠢᠳᠠᠢ ᠵᠠᠯᠭᠠᠯᠳᠤᠭᠤᠯᠤᠨ᠂ ᠨᠠᠶᠢᠳᠠ 145 ᠲᠦᠮᠡᠨ ᠵᠢᠭᠤᠯᠴᠢᠯᠠᠭᠴᠢᠤᠨ ᠢ ᠬᠦᠯᠢᠶᠡᠨ | ᠠᠪᠴᠤ᠂ ᠵᠢᠭᠤᠯᠴᠢᠯᠠᠯ ᠤᠨ ᠤᠷᠤᠯᠭ᠎ᠠ 43 ᠳ᠋ᠦᠩᠰᠢᠭᠤᠷ ᠲᠦᠬᠦᠷᠢᠭ ᠬᠦᠷᠪᠡ᠃ ᠤᠯᠤᠰ ᠤᠨ ᠳᠡᠰ ᠤᠨ ᠡᠯᠧᠺᠲᠷᠤᠨ ᠠᠷᠠᠯᠵᠢᠶ᠎ᠠ ᠬᠤᠳᠠᠯᠳᠤᠭ᠎ᠠ ᠶᠢ ᠬᠦᠳᠡᠭᠡ | ᠳᠤᠰᠬᠤᠨ ᠳᠤ ᠤᠷᠤᠭᠤᠯᠬᠤ ᠶᠡᠷᠤᠩᠬᠡᠶᠢᠯᠡᠭᠰᠡᠨ ᠳᠠᠭᠤᠷᠢᠶᠠᠯ ᠦᠵᠡᠬᠦᠯᠬᠦ ᠰᠢᠶᠠᠨ᠂ ᠤᠯᠤᠰ ᠤᠨ ᠳᠡᠰ ᠤᠨ ᠤᠶᠢᠯᠡᠴᠢᠯᠡᠬᠡᠨ ᠤ ᠤᠶᠢᠯᠡᠰ ᠤᠨ ᠪᠠᠷᠢᠮᠵᠢᠶᠠᠳᠤ | ᠳᠤᠷᠰᠢᠯᠳᠠ ᠶᠢᠨ ᠴᠡᠭ ᠤᠨ ᠲᠦᠷᠤᠯ ᠵᠦᠢᠯ ᠢ ᠢᠳᠡᠪᠬᠢᠳᠠᠢ ᠭᠤᠶᠤᠴᠢᠯᠡᠨ ᠮᠡᠳᠡᠬᠦᠯᠵᠤ᠂ ᠢᠳᠡᠬᠡᠨ ᠤᠮᠳᠠᠭᠠᠨ ᠠᠷᠠᠯᠵᠢᠶ᠎ᠠ ᠬᠤᠳᠠᠯᠳᠤᠭ᠎ᠠ᠂ ᠡᠯᠧᠺᠲᠷᠤᠨ | ᠬᠤᠳᠠᠯᠳᠤᠭᠠᠨ ᠤ ᠶᠠᠪᠤᠳᠠᠯ᠂ ᠡᠷᠡᠬᠦᠯᠵᠢᠯ ᠰᠤᠪᠢᠯᠠᠯ ᠰᠡᠯᠡᠬᠦᠴᠡᠯ ᠵᠡᠷᠬᠡ ᠤᠶᠢᠯᠡᠰ ᠦᠷᠬᠦᠯᠵᠢᠯᠡᠨ ᠡᠷᠡᠬᠦᠯ ᠳᠤᠭᠳᠠᠭᠤᠨ ᠢᠶᠠᠷ ᠬᠦᠭᠵᠢᠬᠦ ᠶᠢ ᠠᠬᠢᠭᠤᠯᠤᠨ᠂ ᠬᠤᠰᠢᠭᠤ | ᠪᠠᠯᠭᠠᠰᠤ ᠳᠤᠰᠬᠤᠨ ᠭᠤᠷᠪᠠᠨ ᠱᠠᠳᠤᠨ ᠤ ᠳᠤᠬᠢᠷᠠᠭᠤᠯᠤᠨ ᠬᠦᠷᠬᠡᠬᠦ ᠰᠢᠰᠲ᠋ᠧᠮ ᠢ ᠳᠡᠬᠦᠯᠳᠡᠷᠵᠢᠬᠦᠯᠵᠤ᠂ ᠱᠠᠩᠬᠠᠢ ᠶᠢᠨ ᠰᠦᠮ᠎ᠠ ᠶᠢᠨ ᠨᠡᠬᠦᠷᠡᠰᠤ ᠬᠠᠳᠠᠭᠠᠯᠠᠵᠤ | ᠳᠤᠬᠢᠷᠠᠭᠤᠯᠬᠤ ᠰᠤᠯᠢᠯᠴᠠᠭᠠᠨ ᠤ ᠲᠦᠪ ᠤᠨ ᠨᠡᠬᠦᠷᠡᠰᠤ ᠪᠤᠷᠤᠯᠠᠭᠤᠯᠤᠭᠰᠡᠨ ᠦᠷᠳᠡᠭ 14 ᠳ᠋ᠦᠩᠰᠢᠭᠤᠷ ᠲᠦᠬᠦᠷᠢᠭ ᠲᠤ ᠬᠦᠷᠴᠤ᠂ ᠭᠤᠷᠪᠠᠳᠤᠭᠠᠷ ᠠᠵᠤ ᠤᠶᠢᠯᠡᠰ | ᠤᠨ ᠨᠡᠮᠡᠯᠳᠠ ᠦᠷᠳᠡᠭ 45.6 ᠳ᠋ᠦᠩᠰᠢᠭᠤᠷ ᠲᠦᠬᠦᠷᠢᠭ ᠲᠤ ᠬᠦᠷᠴᠤ᠂ 11% ᠪᠠᠷ ᠨᠡᠮᠡᠭᠳᠡᠪᠡ︔ ᠨᠠᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ | ᠪᠤᠷᠤᠯᠠᠭᠤᠯᠤᠭᠰᠡᠨ ᠶᠠᠷᠤᠩᠬᠡᠢ ᠦᠷᠳᠡᠭ 24.7 ᠳ᠋ᠦᠩᠰᠢᠭᠤᠷ ᠲᠦᠬᠦᠷᠢᠭ ᠲᠤ ᠬᠦᠷᠴᠤ᠂ 3% ᠪᠠᠷ ᠨᠡᠮᠡᠭᠳᠡᠪᠡ᠃ | ︵ᠲᠦᠷᠪᠡ︶ ᠤᠶᠢᠯᠡᠴᠢᠯᠡᠭᠡ ᠶᠢ ᠰᠢᠯᠢᠳᠡᠭᠵᠢᠬᠦᠯᠤᠨ ᠬᠦᠴᠢᠷ ᠠᠰᠠᠭᠤᠳᠠᠯ ᠢ ᠰᠢᠢᠤᠨᠪᠤᠷᠢᠯᠡᠵᠤ᠂ ᠭᠤᠤᠯᠳᠠᠯᠭᠠᠳᠤ ᠲᠦᠷᠤᠯ ᠵᠤᠶᠢᠯ ᠢ ᠪᠠᠳᠤᠳᠠᠢ ᠠᠬᠢᠭᠤᠯᠪᠠ᠃ | ᠲᠦᠷᠤᠯ ᠵᠦᠢᠯ ᠤᠨ ᠳᠤᠯᠭᠠᠭᠤᠷᠢᠯᠠᠯ ᠤᠨ ᠤᠶᠢᠯᠡᠳᠤᠯ ᠴᠢᠩᠭᠠᠤᠨᠴᠤ᠂ ᠪᠦᠬᠦ ᠵᠢᠯ ᠤᠨ ᠬᠡᠷᠡᠭᠵᠢᠬᠦᠯᠦᠭᠰᠡᠨ 74 ᠭᠤᠤᠯᠳᠠᠯᠭᠠᠳᠤ ᠲᠦᠷᠤᠯ ᠵᠦᠢᠯ ᠤᠨ ᠠᠵᠢᠯ | ᠰᠡᠷᠬᠦᠯᠳᠠ ᠶᠢᠨ ᠨᠤᠷᠮ᠎ᠠ 96% ᠳᠤ ᠬᠦᠷᠴᠤ᠂ ᠵᠢᠯ ᠤᠨ ᠪᠡᠯᠡ ᠤᠷᠤᠭᠤᠯᠤᠯᠳᠠ ᠶᠢᠨ ᠲᠦᠯᠤᠪᠯᠡᠭᠡ ᠠᠴᠠ 125% ᠪᠠᠷ ᠪᠡᠶᠡᠯᠡᠬᠦᠯᠪᠡ︔ ᠬᠤᠳᠠ ᠠᠴᠠ | ᠳᠤᠬᠢᠷᠠᠭᠤᠯᠤᠭᠰᠡᠨ 23 ᠭᠤᠤᠯᠳᠠᠯᠭᠠᠳᠤ ᠲᠦᠷᠤᠯ ᠵᠦᠢᠯ ᠤᠨ ᠠᠵᠢᠯ ᠰᠡᠷᠬᠦᠯᠳᠠ ᠶᠢᠨ ᠨᠤᠷᠮ᠎ᠠ 100% ᠳᠤ ᠬᠦᠷᠴᠤ᠂ ᠵᠢᠯ ᠤᠨ ᠪᠡᠯᠡ ᠤᠷᠤᠭᠤᠯᠤᠯᠳᠠ ᠶᠢᠨ | ᠲᠦᠯᠤᠪᠯᠡᠭᠡ ᠪᠠᠨ 131.6% ᠪᠠᠷ ᠪᠡᠶᠡᠯᠡᠬᠦᠯᠪᠡ᠃ ︽ᠲᠦᠷᠤᠯ ᠵᠦᠢᠯ ᠤᠨ ᠨᠦᠬᠡᠴᠡᠯᠡᠯᠳᠠ ᠶᠢ ᠠᠤᠨᠬᠤᠬᠤ ᠪᠤᠯ ᠳᠠᠷᠤᠢ ᠬᠦᠭᠵᠢᠯᠳᠠ ᠶᠢ ᠠᠤᠨᠬᠤᠬᠤ︾ | ᠦᠵᠡᠯᠳᠠ ᠶᠢ ᠤᠯᠠᠮ ᠨᠢᠬᠡ ᠠᠯᠬᠤᠮ ᠪᠠᠳᠤᠤᠨᠬᠠᠨ᠂ ︽ᠠᠷᠪᠠᠨ ᠲᠦᠷᠪᠡᠳᠤᠬᠡᠷ ᠳᠠᠪᠤᠨ ᠵᠢᠯ︾ ᠤᠨ ᠲᠦᠯᠤᠪᠵᠢᠬᠦᠯᠬᠡ ᠶᠢᠨ ᠲᠦᠷᠤᠯ ᠵᠦᠢᠯ ᠢ 302 | ᠰᠦᠪᠡᠭᠴᠢᠯᠡᠨ ᠨᠦᠬᠡᠴᠡᠯᠡᠵᠤ᠂ ᠶᠡᠷᠤᠩᠬᠡᠢ ᠪᠡᠯᠡ ᠤᠷᠤᠭᠤᠯᠤᠯᠳᠠ 5165.4 ᠳ᠋ᠦᠩᠰᠢᠭᠤᠷ ᠲᠦᠬᠦᠷᠢᠭ ᠲᠤ ᠬᠦᠷᠴᠤ᠂ ᠤᠨ ᠵᠢᠯ ᠲᠦᠯᠤᠪᠯᠡᠭᠡ ᠬᠤᠪᠢᠶᠠᠨ | ᠡᠮᠬᠢᠳᠠᠢ ᠬᠡᠷᠡᠭᠵᠢᠬᠦᠯᠤᠨ᠂ ᠨᠢᠬᠡ ᠪᠦᠯᠦᠭ ᠢ ᠲᠦᠯᠤᠪᠯᠡᠨ᠂ ᠨᠢᠬᠡ ᠪᠦᠯᠦᠭ ᠢ ᠡᠬᠢᠯᠡᠬᠦᠯᠵᠤ᠂ ᠨᠢᠬᠡ ᠪᠦᠯᠦᠭ ᠢ ᠪᠠᠶᠢᠭᠤᠯᠤᠨ᠂ ᠨᠢᠬᠡ ᠪᠦᠯᠦᠭ ᠢ ᠬᠡᠷᠡᠭᠯᠡᠯᠳᠠ ᠳᠤ | ᠤᠷᠤᠭᠤᠯᠬᠤ ᠤᠬᠢ ᠰᠠᠶᠢᠨ ᠡᠷᠬᠢᠯᠳᠠ ᠶᠢ ᠪᠤᠢ ᠪᠤᠯᠭᠠᠪᠠ᠃ ︽ᠪᠦᠬᠦ ᠠᠷᠠᠤᠨ ᠢᠶᠠᠷ ᠢᠶᠠᠨ ᠠᠷᠠᠯᠵᠢᠶᠠᠴᠢᠨ ᠤᠷᠢᠨ᠂ ᠪᠦᠬᠦᠳᠠ ᠤᠯᠠᠨ ᠢᠶᠠᠷ ᠢᠶᠠᠨ ᠪᠡᠯᠡ ᠳᠠᠳᠠᠬᠤ︾ | ᠶᠢ ᠪᠦᠬᠦ ᠳᠠᠯ᠎ᠠ ᠪᠠᠷ ᠡᠬᠢᠯᠡᠬᠦᠯᠤᠨ᠂ ᠪᠦᠬᠦ ᠬᠤᠰᠢᠭᠤ ᠨᠠᠶᠢᠳᠠ 12 ᠲᠦᠷᠤᠯ ᠵᠦᠢᠯ ᠢ ᠤᠷᠢᠨ ᠠᠪᠴᠢᠷᠠᠵᠤ᠂ ᠶᠡᠷᠤᠩᠬᠡᠢ ᠪᠡᠯᠡ ᠤᠷᠤᠭᠤᠯᠤᠯᠳᠠ 792.34 | ᠳ᠋ᠦᠩᠰᠢᠭᠤᠷ ᠲᠦᠬᠦᠷᠢᠭ ᠬᠦᠷᠪᠡ᠃ ᠠᠵᠤ ᠠᠬᠤᠢ ᠨᠠᠶᠢᠬᠡᠮ ᠤᠨ ᠡᠯ᠎ᠡ ᠬᠦᠷᠢᠶᠡᠨ ᠤ ᠦᠬᠡᠷᠡᠴᠢᠯᠠᠯᠳᠠ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠤᠨ᠂ 192 ᠲᠦᠷᠤᠯ | ᠤᠨ ᠦᠬᠡᠷᠡᠴᠢᠯᠡᠯᠳᠠ ᠶᠢᠨ ᠡᠬᠦᠷᠬᠡ ᠶᠢ ᠡᠮᠬᠢᠳᠠᠢ ᠠᠬᠢᠭᠤᠯᠵᠤ᠂ 126 ᠲᠦᠷᠤᠯ ᠤᠨ ᠦᠬᠡᠷᠡᠴᠢᠯᠡᠯᠳᠠ ᠶᠢᠨ ᠦᠷ᠎ᠠ ᠪᠦᠳᠤᠮᠵᠢ ᠶᠢ ᠪᠦᠷᠢᠯᠳᠤᠬᠦᠯᠪᠠ᠃ ᠳᠠᠯᠪᠢᠬᠤ | ᠬᠠᠮᠢᠶᠠᠷᠬᠤ ᠤᠶᠢᠯᠡᠴᠢᠯᠡᠬᠦ ᠦᠬᠡᠷᠡᠴᠢᠯᠡᠯᠳᠠ ᠶᠢ ᠦᠷᠬᠦᠯᠵᠢᠯᠡᠨ ᠬᠦᠨᠵᠡᠬᠡᠶᠢᠷᠡᠬᠦᠯᠤᠨ᠂ ᠠᠷᠠᠯᠵᠢᠶ᠎ᠠ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠵᠤ᠂ ︽ᠲᠦᠷᠪᠡ | ᠶᠢ ᠪᠡᠶᠡᠯᠡᠬᠦᠯᠬᠦ︾ ᠵᠠᠭᠪᠤᠷ ᠢ ᠪᠦᠬᠦ ᠳᠠᠯ᠎ᠠ ᠪᠠᠷ ᠳᠡᠯᠬᠡᠷᠡᠬᠦᠯᠤᠨ᠂ ᠶᠡᠷᠤᠩᠬᠡᠶᠢᠯᠡᠭᠰᠡᠨ ᠴᠤᠩᠬᠤᠪᠴᠢ ᠶᠢᠨ ᠬᠦᠯᠢᠶᠡᠨ ᠠᠪᠬᠤ ᠨᠤᠷᠮ᠎ᠠ 100% ᠳᠤ ᠬᠦᠷᠴᠤ᠂ 71 | ᠲᠦᠷᠤᠯ ᠤᠨ ᠵᠠᠰᠠᠭ ᠵᠠᠬᠢᠷᠭᠠᠨ ᠤ ᠬᠢᠨᠠᠨ ᠴᠤᠬᠤᠯᠠᠪᠤᠷᠢᠯᠡᠯ ᠤᠨ ᠤᠶᠢᠯᠡᠴᠢᠯᠡᠬᠡᠨ ᠤ ᠵᠤᠶᠢᠯᠡᠰ ᠢ ᠳᠠᠷᠤᠢ ᠳᠤ ᠨᠢ ᠰᠢᠢᠤᠨᠪᠤᠷᠢᠯᠡᠬᠦ ᠶᠢ ᠪᠡᠶᠡᠯᠡᠬᠦᠯᠤᠨ᠂ 144 | ᠲᠦᠷᠤᠯ ᠤᠨ ᠵᠠᠰᠠᠭ ᠵᠠᠬᠢᠷᠭᠠᠨ ᠤ ᠬᠢᠨᠠᠨ ᠴᠤᠬᠤᠯᠠᠪᠤᠷᠢᠯᠠᠯᠳᠠ ᠶᠢᠨ ᠤᠶᠢᠯᠡᠴᠢᠡᠯᠬᠡᠨ ᠤ ᠵᠤᠶᠢᠯᠡᠰ ᠢ ᠨᠢᠬᠡᠯᠡ ᠤᠳᠠᠭ᠎ᠠ ᠳᠤ ᠰᠢᠢᠤᠨᠪᠤᠷᠢᠯᠡᠵᠤ᠂ ᠲᠦᠷᠤᠯ ᠵᠦᠢᠯ ᠢ | ᠡᠬᠢᠯᠡᠬᠦᠯᠬᠦ᠂ ᠪᠠᠶᠢᠴᠠᠭᠠᠬᠤ᠂ ᠶᠠᠷᠢᠯᠴᠠᠬᠤ᠂ ᠬᠡᠷ᠎ᠡ ᠳᠤᠭᠳᠠᠬᠤ ᠠᠴᠠ ᠠᠵᠢᠯ ᠡᠬᠢᠯᠡᠬᠦᠯᠬᠦ᠂ ᠪᠠᠶᠢᠭᠤᠯᠬᠤ᠂ ᠠᠰᠢᠭᠯᠠᠯᠳᠠ ᠳᠤ ᠤᠷᠤᠭᠤᠯᠬᠤ ᠪᠦᠬᠦ ᠶᠠᠪᠤᠴᠠ ᠶᠢᠨ | ᠤᠶᠢᠯᠡᠴᠢᠯᠡᠬᠡᠨ ᠤ ᠳᠤᠭᠳᠠᠴᠠ ᠶᠢ ᠪᠠᠶᠢᠭᠤᠯᠤᠨ᠂ ︽ᠨᠢᠬᠡ ᠳᠤ ᠨᠢᠬᠡ ᠬᠠᠷᠠᠭᠠᠯᠵᠠᠬᠤ︾ ᠲᠦᠪᠯᠡᠷᠡᠩᠬᠦᠢ ᠤᠶᠢᠯᠡᠴᠢᠯᠡᠭᠡ ᠪᠠᠷ ᠠᠵᠤ ᠠᠬᠤᠶᠢᠯᠠᠯ ᠤᠨ ᠬᠦᠴᠢᠷᠳᠠᠯ ᠢ | ᠰᠢᠢᠤᠨᠪᠤᠷᠢᠯᠡᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠤᠯ ᠵᠦᠢᠯ ᠢ ᠨᠠᠶᠢᠳᠠ 47 ᠬᠢᠨᠠᠨ ᠴᠤᠬᠤᠯᠠᠪᠤᠷᠢᠯᠠᠵᠤ᠂ ᠠᠵᠤ ᠠᠬᠤᠶᠢᠯᠠᠯ ᠤᠨ ᠪᠡᠯᠡ | ᠤᠷᠤᠭᠤᠯᠤᠯᠳᠠ ᠶᠢᠨ ᠲᠦᠷᠤᠯ ᠵᠦᠢᠯ ᠢ 61 ᠳᠠᠩᠰᠠᠯᠠᠪᠠ᠃ | ︵ᠲᠠᠪᠤ︶ ᠶᠠᠰᠤ ᠴᠢᠨᠠᠷ ᠢ ᠳᠡᠭᠡᠭᠰᠢᠯᠡᠭᠦᠯᠦᠨ ᠳᠦᠷᠢ ᠲᠥᠷᠬᠦ ᠶᠢ ᠱᠤᠭᠤᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠣᠷᠣᠰᠢᠨ ᠰᠠᠭᠤᠷᠢᠰᠢᠬᠤ ᠳᠤ | ᠨᠠᠩ ᠲᠣᠬᠢᠷᠠᠮᠵᠢᠲᠠᠶ ᠪᠤᠯᠪᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤ ᠶᠢ ᠪᠠᠶᠢᠭᠤᠯᠬᠤ ᠪᠠᠷ ᠭᠠᠷᠳᠠᠴᠠ | ᠪᠤᠯᠭᠠᠨ᠂ ᠴᠢᠨᠠᠷᠯᠢᠭ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠪᠠ ᠬᠤᠳᠠ ᠪᠠᠯᠭᠠᠰᠤᠨ ᠤ ᠪᠠᠶᠢᠷᠢᠯᠠᠭᠤᠯᠤᠯᠳᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠵᠡᠬᠡᠯᠢ ᠶᠢᠨ ᠵᠠᠮ᠂ ᠵᠡᠬᠡᠯᠢ ᠶᠢᠨ | ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠣᠷᠣᠭᠠᠨ ᠤᠰᠤ ᠪᠠ ᠪᠤᠬᠢᠷ ᠤᠰᠤᠨ ᠬᠤᠭᠤᠯᠠᠢ ᠶᠢ ᠰᠠᠯᠭᠠᠬᠤ ᠥᠭᠡᠷᠡᠴᠢᠯᠡᠯᠲᠡ ᠵᠡᠷᠭᠡ ᠠᠷᠠᠳ ᠢ | ᠬᠠᠷᠠᠭᠠᠯᠵᠠᠬᠤ 13 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠬᠤᠳᠠ ᠪᠠᠯᠭᠠᠰᠤᠨ ᠤ ᠤᠰᠤ ᠬᠠᠩᠭᠠᠯᠭ᠎ᠠ ᠶᠢᠨ ᠲᠦᠬᠡᠮᠡᠯᠵᠢᠬᠦᠯᠤᠯᠳᠠ ᠶᠢᠨ ᠨᠤᠷᠮ᠎ᠠ 99. | 5% ᠳᠤ ᠬᠦᠷᠴᠦ᠂ ᠰᠢᠲᠠᠮᠠᠬᠠᠶ ᠬᠡᠢ᠂ ᠲᠦᠪᠯᠡᠷᠡᠩᠬᠦᠢ ᠳᠤᠯᠠᠭᠠᠯᠭ᠎ᠠ ᠶᠢᠨ ᠲᠦᠬᠡᠮᠡᠯᠵᠢᠬᠦᠯᠤᠯᠳᠠ ᠶᠢᠨ ᠨᠤᠷᠮ᠎ᠠ ᠲᠤᠰ ᠲᠤᠰ 99.5% ᠪᠠ 95% ᠳᠤ ᠬᠦᠷᠴᠦ᠂ | ᠪᠣᠬᠢᠷ ᠤᠰᠤ᠂ ᠬᠤᠭ ᠨᠣᠪᠰᠢ ᠶᠢ ᠪᠤᠬᠢᠷᠳᠤᠯ ᠦᠬᠡᠢ ᠰᠢᠢᠤᠨᠪᠤᠷᠢᠯᠡᠬᠦ ᠨᠤᠷᠮ᠎ᠠ ᠲᠤᠰ ᠲᠤᠰ 98.1% ᠪᠠ 98.4% ᠳᠤ ᠬᠦᠷᠪᠡ᠃ ᠣᠲᠤᠭ ᠤᠨ ᠡᠮᠦᠨᠡᠲᠦ | ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠬᠦᠯᠪᠡ︔ ᠤᠯᠵᠠᠴᠢ ᠠᠴᠠ | ᠱᠠᠩᠬᠠᠢ ᠶᠢᠨ ᠰᠦᠮ᠎ᠡ ᠬᠦᠷᠬᠦ ᠲᠡᠮᠦᠷ ᠵᠠᠮ ᠤᠨ ᠭᠠᠵᠠᠷ ᠲᠠᠲᠠᠪᠤᠷᠢᠯᠠᠬᠤ ᠠᠵᠢᠯ ᠶᠠᠭ ᠶᠠᠪᠤᠭᠳᠠᠵᠤ᠂ ᠤᠯᠤᠰ ᠤᠨ ᠴᠠᠬᠢᠯᠭᠠᠨ ᠤ ᠪᠦᠯᠦᠭᠯᠡᠯ ᠤᠨ ᠱᠤᠸᠠᠩ ᠸᠧᠶ | ᠴᠠᠬᠢᠯᠭᠠᠨ ᠤᠶᠢᠯᠡᠤᠨᠪᠤᠷᠢ ᠶᠢᠨ ᠲᠡᠮᠦᠷ ᠵᠠᠮ ᠤᠨ ᠲᠤᠰᠬᠠᠶ ᠱᠤᠭᠤᠮ ᠤᠨ ᠪᠠᠶᠢᠭᠤᠯᠤᠯᠲᠠ ᠶᠢ ᠲᠦᠷᠭᠡᠳᠬᠡᠵᠦ᠂ ᠪᠠᠷᠠᠭᠤᠨ ᠬᠡᠰᠡᠭ ᠤᠨ ᠠᠭᠤᠷᠬᠠᠶ ᠶᠢᠨ ᠣᠷᠣᠨ ᠤ | ᠲᠡᠮᠦᠷ ᠵᠠᠮ ᠤᠨ ᠲᠤᠰᠬᠠᠶ ᠱᠤᠭᠤᠮ᠂ ᠤᠮᠠᠷᠠᠲᠤ ᠶᠢᠨ ᠴᠠᠩ ᠴᠧᠩ ᠴᠠᠬᠢᠯᠭᠠᠨ ᠤᠶᠢᠯᠡᠤᠨᠪᠤᠷᠢ ᠶᠢᠨ ᠲᠡᠮᠦᠷ ᠵᠠᠮ ᠤᠨ ᠲᠤᠰᠬᠠᠶ ᠱᠤᠭᠤᠮ ᠤᠨ ᠡᠮᠦᠨᠡᠬᠢ | ᠬᠤᠭᠤᠴᠠᠭᠠᠨ ᠤ ᠠᠵᠢᠯ ᠯᠠᠪᠳᠠᠭᠤᠨ ᠠᠬᠢᠪᠠ︔ ᠨᠠᠩᠰᠤ ᠠᠴᠠ ᠪᠤᠷᠤᠪᠠᠯᠭᠠᠰᠤ᠂ ᠪᠤᠷᠤᠪᠠᠯᠭᠠᠰᠤ ᠠᠴᠠ ᠳᠠᠬᠢᠯᠳᠤ ᠬᠦᠷᠬᠦ ᠬᠤᠪᠢᠰᠬᠠᠯᠳᠤ ᠵᠢᠭᠤᠯᠴᠢᠯᠠᠯ ᠤᠨ ᠵᠠᠰᠠᠮᠠᠯ | ᠵᠠᠮ ᠲᠡᠷᠭᠡ ᠨᠡᠪᠳᠡᠷᠡᠨ᠂ ᠵᠠᠰᠠᠮᠠᠯ ᠵᠠᠮ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠷᠭᠡᠳᠬᠡᠬᠦ ᠢᠨᠵᠧᠨᠧᠷᠢᠩ ᠢ ᠢᠵᠢᠯ ᠠᠯᠬᠤᠮ ᠢᠶᠠᠷ ᠬᠡᠷᠡᠭᠵᠢᠭᠦᠯᠵᠦ᠂ ᠪᠥᠬᠦ | ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ᠂ ᠪᠠᠶᠢᠭᠤᠯᠵᠤ ᠪᠠᠶᠢᠭ᠎ᠠ ᠲᠡᠮᠦᠷ ᠵᠠᠮ ᠤᠨ ᠪᠥᠬᠦ ᠣᠷᠳᠣ 373 ᠺᠢᠯᠣᠮᠧᠲᠷ ᠲᠤ ᠬᠦᠷᠴᠤ᠂ ᠪᠥᠬᠦ ᠵᠢᠯ ᠳᠤ ᠰᠢᠨ᠎ᠡ ᠪᠠᠷ | ᠵᠠᠰᠠᠭᠰᠡᠨ ᠵᠠᠰᠠᠮᠠᠯ ᠵᠠᠮ ᠤᠨ ᠪᠥᠬᠦ ᠣᠷᠳᠣ 246 ᠺᠢᠯᠣᠮᠧᠲᠷ ᠬᠦᠷᠪᠡ᠃ ᠬᠥᠷᠥᠰᠥ ᠰᠢᠷᠣᠶ ᠶᠢᠨ ᠢᠳᠡᠭᠳᠡᠯ ᠤᠨ ᠵᠠᠰᠠᠯᠳᠠ᠂ ᠴᠦᠯᠡᠷᠬᠡᠭᠵᠢᠯ ᠤᠨ ᠵᠠᠰᠠᠯᠳᠠ᠂ | ᠴᠢᠨᠠᠷ ᠮᠠᠭᠤ ᠦᠷ᠎ᠡ ᠠᠰᠢᠭ ᠳᠣᠤᠷ᠎ᠠ ᠣᠶ ᠰᠢᠭᠤᠶ ᠶᠢᠨ ᠦᠬᠡᠷᠡᠴᠢᠯᠡᠯᠳᠠ ᠵᠡᠷᠭᠡ ᠭᠤᠤᠯᠳᠠᠯᠭᠠᠳᠤ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ | ᠨᠤᠲᠤᠭ ᠳᠡᠪᠢᠰᠬᠡᠷ ᠤᠨ ᠨᠤᠭᠤᠭᠠᠵᠢᠭᠤᠯᠤᠯᠳᠠ 12.8 ᠲᠦᠮᠡᠨ ᠮᠤ᠋᠂ ᠨᠤᠲᠤᠭ ᠪᠡᠯᠴᠢᠭᠡᠷ ᠤᠨ ᠬᠠᠮᠠᠭᠠᠯᠠᠯᠳᠠ ᠪᠠᠶᠢᠭᠤᠯᠤᠯᠳᠠ 69.5 ᠲᠦᠮᠡᠨ ᠮᠤ᠋᠂ ᠬᠥᠷᠥᠰᠥ | ᠰᠢᠷᠣᠶ ᠶᠢ ᠬᠠᠮᠠᠭᠠᠯᠠᠬᠤ ᠵᠠᠰᠠᠯᠳᠠ 24.5 ᠲᠦᠮᠡᠨ ᠮᠤ᠋ ᠶᠢ ᠪᠡᠶᠡᠯᠡᠭᠦᠯᠵᠦ᠂ ᠵᠢᠵᠢᠭ ᠰᠠᠪᠠ ᠭᠠᠵᠠᠷ ᠤᠨ ᠵᠠᠰᠠᠯᠳᠠ ᠶᠢ 10.4 ᠲᠦᠮᠡᠨ ᠮᠤ᠋ ᠰᠢᠨ᠎ᠠ ᠪᠠᠷ | ᠨᠡᠮᠡᠭᠳᠡᠬᠦᠯᠵᠤ᠂ 2 ᠲᠦᠮᠡᠨ ᠮᠥ ᠶᠢᠨ ᠠᠵᠤ ᠠᠬᠤᠶ ᠶᠢᠨ ᠣᠶ ᠳᠠᠷᠢᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 24.1% ᠳᠤ ᠬᠥᠷᠪᠡ᠃ 10 | ᠺᠢᠯᠤᠸᠤᠯᠲ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠱᠤᠭᠤᠮ ᠢ 89.71 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ | ᠪᠠᠶᠢᠭᠤᠯᠵᠤ᠂ ᠴᠠᠬᠢᠯᠭᠠᠨ ᠲᠦᠬᠦᠷᠴᠢᠯᠡᠯᠳᠠ ᠶᠢᠨ ᠪᠦᠲᠦᠴᠡ ᠨᠠᠩ ᠳᠡᠬᠦᠯᠳᠡᠷᠵᠢᠵᠤ᠂ ᠮᠠᠯᠵᠢᠬᠤ ᠲᠠᠷᠢᠶᠠᠯᠠᠬᠤ ᠣᠷᠣᠨ ᠤ 2995 ᠡᠷᠦᠬᠡ ᠶᠢᠨ ᠨᠡᠬᠦᠷᠡᠰᠤᠨ | ᠳᠤᠯᠠᠭᠠᠯᠭ᠎ᠠ ᠶᠢ ᠴᠠᠬᠢᠯᠭᠠᠨ ᠳᠤᠯᠠᠭᠠᠯᠭ᠎ᠠ ᠪᠤᠯᠭᠠᠵᠤ ᠦᠬᠡᠷᠡᠴᠢᠯᠡᠨ᠂ ᠴᠠᠬᠢᠯᠭᠠᠨ ᠬᠠᠩᠭᠠᠬᠤ ᠴᠢᠳᠠᠪᠤᠷᠢ ᠡᠳᠦᠷ ᠢᠷᠡᠬᠦᠶ᠎ᠡ ᠴᠢᠩᠭᠠᠤᠨᠪᠠ᠃ 5G ᠤᠨ ᠰᠠᠭᠤᠷᠢ | ᠥᠷᠲᠡᠭᠡ ᠶᠢ 64 ᠪᠠᠶᠢᠭᠤᠯᠵᠤ᠂ 4G ᠤᠨ ᠰᠠᠭᠤᠷᠢ ᠥᠷᠲᠡᠭᠡ ᠶᠢ 29 ᠨᠡᠪᠳᠡᠷᠡᠬᠦᠯᠤᠨ᠂ ᠮᠠᠯᠵᠢᠬᠤ ᠲᠠᠷᠢᠶᠠᠯᠠᠬᠤ ᠣᠷᠣᠨ ᠤ ᠳᠣᠬᠢᠶ᠎ᠠ ᠥᠬᠡᠶ᠂ ᠳᠣᠬᠢᠶ᠎ᠠ | ᠪᠠᠭᠤᠷᠠᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠤᠨᠪᠤᠷᠢᠯᠡᠪᠡ᠃ ᠣᠷᠣᠰᠢᠨ ᠰᠠᠭᠤᠷᠢᠰᠢᠬᠤ ᠣᠷᠴᠢᠨ ᠤ ᠴᠡᠭᠴᠡᠯᠡᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ | ᠪᠥᠬᠦ ᠲᠠᠯ᠎ᠠ ᠪᠠᠷ ᠡᠬᠢᠯᠡᠬᠦᠯᠤᠨ᠂ ᠨᠡᠶᠢᠲᠡ 10226 ᠡᠷᠦᠬᠡ ᠶᠢᠨ ᠵᠣᠷᠯᠣᠩ ᠢ ᠦᠬᠡᠷᠡᠴᠢᠯᠡᠵᠤ᠂ ︽ᠤᠰᠤ ᠪᠠᠷ ᠳᠠᠭᠤᠬᠤ︾ ᠨᠡᠶᠢᠲᠡ ᠶᠢᠨ ᠵᠣᠷᠯᠣᠩ ᠢ ᠰᠢᠨ᠎ᠡ ᠪᠠᠷ | ᠨᠡᠶᠢᠲᠡ 43 ᠪᠠᠶᠢᠭᠤᠯᠵᠤ᠂ ᠡᠷᠦᠬᠡ ᠶᠢᠨ ᠵᠣᠷᠯᠣᠩ ᠤᠨ ᠦᠬᠡᠷᠡᠴᠢᠯᠡᠯᠳᠠ ᠶᠢᠨ ᠲᠦᠬᠡᠮᠡᠯᠵᠢᠬᠦᠯᠤᠯᠳᠠ ᠶᠢᠨ ᠨᠣᠷᠮ᠎ᠠ 90% ᠳᠤ ᠬᠥᠷᠪᠡ︔ ᠬᠤᠭ ᠨᠣᠪᠰᠢ | ᠪᠤᠯᠠᠬᠤ ᠲᠠᠯᠠᠪᠠᠶ 3᠂ ᠬᠤᠭ ᠨᠣᠪᠰᠢ ᠴᠤᠭᠯᠠᠭᠤᠯᠬᠤ ᠥᠷᠲᠡᠭᠡ 9᠂ ᠬᠤᠭ ᠬᠠᠶᠠᠬᠤ ᠭᠠᠵᠠᠷ 630᠂ ᠪᠣᠬᠢᠷ ᠤᠰᠤ ᠰᠢᠢᠤᠨᠪᠤᠷᠢᠯᠡᠬᠦ ᠤᠶᠢᠯᠡᠤᠨᠪᠤᠷᠢ ᠶᠢ 3 | ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ | ︵ᠵᠢᠷᠭᠤᠭ᠎ᠠ︶ ᠠᠷᠠᠳ ᠲᠤ ᠪᠣᠳᠠᠳᠦ ᠶᠠᠪᠣᠳᠠᠯ ᠪᠦᠳᠦᠭᠡᠨ᠂ ᠠᠷᠠᠳ ᠤᠨ ᠠᠰᠢᠭ ᠵᠢᠷᠭᠠᠯ ᠢ ᠦᠷᠬᠦᠯᠵᠢᠯᠡᠨ ᠨᠡᠮᠡᠭᠳᠡᠭᠦᠯᠪᠡ᠃ ᠪᠦᠬᠦ ᠵᠢᠯ 17.47 | ᠳ᠋ᠦᠩᠰᠢᠭᠤᠷ ᠲᠦᠭᠦᠷᠢᠭ ᠢ ᠠᠷᠠᠳ ᠤᠨ ᠠᠮᠢᠳᠣᠷᠠᠯ ᠤᠨ ᠵᠠᠷᠣᠯᠭ᠎ᠠ ᠳᠤ ᠬᠡᠷᠡᠭᠯᠡᠵᠣ᠂ ᠨᠠᠶᠢᠭᠡᠮ ᠤᠨ ᠪᠠᠳᠣᠯᠠᠭ᠎ᠠ ᠶᠢᠨ ᠲᠣᠭᠳᠠᠯᠴᠠᠭ᠎ᠠ ᠶᠢ ᠲᠠᠰᠣᠷᠠᠯᠳᠠ ᠦᠭᠡᠢ | ᠲᠡᠭᠦᠯᠳᠡᠷᠵᠢᠭᠦᠯᠦᠨ᠂ ᠠᠷᠠᠳ ᠲᠦᠮᠡᠨ ᠤ ᠠᠮᠢᠳᠣᠷᠠᠯ ᠲᠣᠭᠳᠠᠭᠤᠨ ᠢᠶᠠᠷ ᠲᠡᠭᠡᠭᠰᠢᠯᠡᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ | ᠡᠵᠡᠮᠳᠡᠵᠣ ᠪᠣᠯᠬᠤ ᠣᠷᠣᠯᠭ᠎ᠠ ᠲᠣᠰ ᠪᠦᠷᠢ 50823 ᠲᠦᠭᠦᠷᠢᠭ ᠪᠣᠯᠣᠨ 23890 ᠲᠦᠭᠦᠷᠢᠭ ᠬᠦᠷᠤᠨ᠂ ᠲᠣᠰ ᠲᠣᠰ 5% ᠪᠣᠯᠣᠨ 7.5% ᠪᠠᠷ | ᠨᠡᠮᠡᠭᠳᠡᠪᠡ᠃ ᠠᠵᠢᠯ ᠣᠯᠭᠤᠯᠳᠠ ᠶᠢᠨ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠪᠦᠳᠦᠮᠵᠢᠳᠡᠢ ᠨᠠᠶᠢᠳᠠᠪᠦᠷᠢᠵᠢᠭᠤᠯᠣᠨ᠂ ᠬᠤᠳᠠ ᠪᠠᠯᠭᠠᠰᠣᠨ ᠤ 776 ᠬᠦᠮᠦᠨ | ᠳᠤ ᠠᠵᠢᠯ ᠤᠯᠭᠤᠵᠤ᠂ ᠬᠤᠳᠠ ᠪᠠᠯᠭᠠᠰᠣ ᠶᠢᠨ ᠠᠵᠢᠯ ᠠᠯᠳᠠᠯᠳᠠ ᠶᠢᠨ ᠨᠣᠷᠮ᠎ᠠ ᠶᠢ 3.4% ᠳᠤ ᠬᠢᠵᠠᠭᠠᠷᠯᠠᠨ᠂ ᠬᠤᠳᠠ ᠶᠢᠨ ᠲᠣᠭᠳᠠᠭᠠᠭᠰᠠᠨ ᠬᠠᠷᠠᠯᠳᠠ ᠠᠴᠠ | 1.6 ᠵᠠᠭᠤᠨ ᠤ ᠬᠤᠪᠢ ᠳᠤᠤᠷ᠎ᠠ ᠪᠠᠶᠢᠯᠭᠠᠪᠠ᠃ ᠠᠷᠠᠳ ᠤᠨ ᠲᠦᠯᠦᠭᠡᠯᠡᠭᠴᠢᠳ ᠠᠴᠠ ᠪᠢᠯᠧᠲ ᠦᠭᠴᠦ ᠲᠣᠭᠳᠠᠭᠠᠭᠰᠠᠨ ᠠᠷᠠᠳ ᠤᠨ ᠠᠮᠢᠳᠤᠷᠠᠯ ᠤᠨ | ᠬᠠᠷᠠᠭᠠᠯᠵᠠᠯ ᠤᠨ 10 ᠪᠣᠳᠠᠳᠦ ᠶᠠᠪᠣᠳᠠᠯ ᠢ ᠪᠦᠬᠦᠨ ᠢ ᠪᠡᠶᠡᠯᠡᠭᠦᠯᠪᠡ᠃ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠦᠷ᠎ᠡ ᠳ᠋ᠦᠩ ᠢ ᠪᠠᠬᠢᠵᠢᠭᠦᠯᠬᠦ ᠪᠠ | ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠪᠦᠳᠦᠮᠵᠢᠳᠡᠢ ᠠᠪᠴᠠᠯᠳᠣᠭᠤᠯᠣᠨ᠂ ᠲᠦᠪᠬᠢᠨᠡᠬᠦᠯᠤᠯ ᠤᠨ ᠳᠤᠭᠤᠷᠢᠭ ᠤᠨ ᠨᠡᠶᠢᠳᠡ ᠶᠢᠨ ᠣᠶᠢᠯᠡᠴᠢᠯᠡᠭᠡ | ᠪᠣᠯᠣᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠵᠣ᠂ 11 ᠠᠵᠣ ᠣᠶᠢᠯᠠᠰ ᠢᠶᠠᠷ ᠲᠡᠳᠬᠦᠬᠦ ᠲᠦᠷᠦᠯ ᠵᠣᠶᠢᠯ᠂ 4 ᠦᠷᠭᠦᠯᠵᠢᠯᠡᠨ | ᠲᠡᠮᠵᠢᠬᠦ ᠲᠦᠷᠦᠯ ᠵᠣᠶᠢᠯ ᠢ ᠬᠡᠷᠡᠭᠵᠢᠭᠦᠯᠵᠣ᠂ 4482 ᠡᠷᠦᠭᠡ ᠶᠢᠨ ᠮᠠᠯᠴᠢᠨ ᠲᠠᠷᠢᠶᠠᠴᠢᠨ ᠢ ᠲᠠᠶᠢᠴᠢᠯᠠᠨ᠂ ᠲᠠᠬᠢᠨ ᠶᠠᠳᠠᠭᠤᠷᠠᠬᠤ ᠠᠴᠠ ᠰᠡᠷᠭᠡᠶᠢᠯᠡᠭᠦ ᠬᠦᠳᠡᠯᠦᠩᠬᠦᠢ | ᠬᠢᠨᠠᠨ ᠪᠠᠶᠢᠴᠠᠭᠠᠯᠳᠠ ᠪᠣᠯᠣᠨ ᠬᠠᠪᠰᠣᠷᠣᠨ ᠲᠡᠳᠬᠦᠬᠦ ᠲᠣᠭᠳᠠᠴᠠ ᠶᠢ ᠪᠠᠶᠢᠭᠤᠯᠣᠨ ᠪᠦᠷᠢᠳᠦᠭᠦᠯᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠴᠢᠨᠠᠷᠢᠯᠢᠭ ᠢᠶᠠᠷ | ᠶᠠᠳᠠᠭᠤ ᠠᠴᠠ ᠠᠩᠬᠢᠵᠢᠷᠭᠤᠯᠪᠠ᠃ ᠬᠤᠳᠠ ᠬᠦᠳᠡᠭᠡ᠂ ᠰᠣᠷᠭᠠᠭᠤᠯᠢ ᠶᠢᠨ ᠬᠤᠭᠤᠷᠣᠨᠳᠣᠬᠢ ᠰᠣᠷᠭᠠᠨ ᠬᠦᠮᠣᠵᠢᠯ ᠤᠨ ᠡᠬᠢ ᠪᠠᠶᠠᠯᠢᠭ ᠤᠨ ᠰᠢᠯᠢᠳᠡᠭᠵᠢᠯ ᠶᠢᠨ | ᠲᠡᠩᠴᠡᠭᠦᠷᠢ ᠶᠢ ᠪᠦᠳᠦᠮᠵᠢᠳᠡᠢ ᠲᠡᠩᠴᠡᠭᠦᠷᠢᠰᠢᠭᠦᠯᠵᠣ᠂ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ᠂ ᠪᠣᠷᠣᠪᠠᠯᠭᠠᠰᠣ ᠶᠢᠨ ᠪᠠᠭ᠎ᠠ ᠰᠣᠷᠭᠠᠭᠤᠯᠢ ᠶᠢᠨ | ᠦᠷᠭᠡᠳᠬᠡᠨ ᠪᠠᠶᠢᠭᠤᠯᠣᠯᠳᠠ ᠦᠨᠳᠦᠰᠦᠨ ᠳᠤ ᠪᠠᠨ ᠪᠠᠷᠢᠯᠭ᠎ᠠ ᠲᠠᠭᠤᠰᠣᠨ᠂ ᠬᠤᠰᠢᠭᠤᠨ ᠤ ᠬᠤᠶᠠᠳᠣᠭᠠᠷ ᠲᠣᠮᠳᠠᠳᠦ ᠰᠣᠷᠭᠠᠭᠤᠯᠢ᠂ ᠲᠣᠯᠣᠳᠣᠭᠠᠷ ᠴᠡᠴᠡᠷᠯᠢᠭ ᠤᠨ | ᠡᠮᠦᠨ᠎ᠡ ᠬᠤᠭᠤᠴᠠᠭᠠᠨ ᠤ ᠠᠵᠢᠯ ᠡᠮᠬᠢ ᠲᠢᠭᠯᠢᠮ ᠲᠠᠢ ᠶᠠᠪᠣᠭᠳᠠᠵᠣ᠂ 18 ᠲᠣᠮᠳᠠᠳᠦ ᠪᠠᠭ᠎ᠠ ᠰᠣᠷᠭᠠᠭᠤᠯᠢ᠂ ᠴᠡᠴᠡᠷᠯᠢᠭ ᠳᠤ ᠰᠡᠯᠪᠢᠨ ᠦᠭᠡᠷᠡᠴᠢᠯᠡᠯᠳᠡ ᠬᠢᠵᠣ᠂ | ᠪᠦᠬᠦ ᠵᠢᠯ ᠳᠤ 198 ᠪᠠᠭᠰᠢ ᠡᠯᠰᠡᠨ᠂ ᠬᠤᠰᠢᠭᠤᠨ ᠤ ᠨᠢᠭᠡᠳᠦᠭᠡᠷ ᠲᠣᠮᠳᠠᠳᠦ ᠰᠤᠷᠭᠠᠭᠤᠯᠢ ᠪᠣᠯᠣᠨ ᠣᠷᠳᠣᠰ ᠬᠤᠳᠠ ᠶᠢᠨ ᠨᠢᠭᠡᠳᠦᠭᠡᠷ ᠲᠣᠮᠳᠠᠳᠦ ᠰᠣᠷᠭᠠᠭᠤᠯᠢ | ᠬᠠᠮᠳᠣᠷᠠᠨ ᠰᠣᠷᠭᠠᠭᠤᠯᠢ ᠡᠷᠬᠢᠯᠡᠵᠤ᠂ ᠠᠯᠪᠠᠨ ᠠᠴᠠ ᠡᠷᠬᠢᠯᠡᠭᠰᠡᠨ 21 ᠰᠣᠷᠭᠠᠭᠤᠯᠢ ᠶᠢᠨ ᠨᠡᠶᠢᠳᠡᠮ ᠬᠡᠷᠡᠭᠯᠡᠭᠡᠨ ᠤ ᠦᠰᠦᠭ ᠪᠢᠴᠢᠭ ᠤᠨ ᠲᠦᠷᠢᠮᠵᠢᠯᠡᠯ ᠢ | 100% ᠳᠤ ᠬᠦᠷᠭᠡᠪᠡ᠃ ᠬᠤᠰᠢᠭᠤ ᠰᠣᠶᠣᠯ ᠤᠨ ᠣᠷᠳᠣᠨ ᠣᠯᠣᠰ ᠤᠨ ᠨᠢᠭᠡᠳᠦᠭᠡᠷ ᠲᠡᠰ ᠤᠨ ᠣᠷᠳᠣᠨ ᠢᠶᠠᠷ ᠦᠨᠡᠯᠡᠭᠳᠡᠨ᠂ ᠨᠡᠶᠢᠳᠡ 404 ᠲᠠᠯᠠᠪᠠᠢ ᠰᠣᠶᠣᠯ | ᠤᠨ ᠠᠵᠢᠯᠯᠠᠭ᠎ᠠ ᠦᠷᠨᠢᠭᠦᠯᠵᠣ᠂ ︽ᠵᠢᠷᠠᠨ ᠬᠠᠶᠢᠯᠠᠰᠦ ᠶᠢᠨ ᠲᠠᠬᠢᠯᠭ᠎ᠠ︾ ᠲᠠᠪᠣᠳᠣᠭᠠᠷ ᠪᠦᠯᠦᠭ ᠣᠯᠣᠰ ᠤᠨ ᠲᠡᠰ ᠤᠨ ᠪᠣᠳᠠᠰ ᠤᠨ ᠪᠣᠰᠣ ᠰᠣᠶᠣᠯ ᠤᠨ ᠦᠪ ᠤᠨ | ᠨᠡᠷᠡᠰ ᠲᠤ ᠵᠢᠭᠰᠠᠭᠠᠭᠳᠠᠪᠠ᠃ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠪᠠᠶᠢᠭᠤᠯᠣᠭᠳᠠᠨ ᠠᠰᠢᠭᠯᠠᠯᠳᠠ ᠳᠤ ᠤᠷᠤᠵᠤ᠂ ᠬᠤᠰᠢᠭᠤ ᠬᠢᠵᠢᠭ ᠰᠡᠷᠬᠡᠶᠢᠯᠡᠯᠳᠠ ᠶᠢᠨ | ᠲᠦᠪ ᠢ ᠡᠬᠢᠯᠡᠵᠤ ᠪᠠᠶᠢᠭᠤᠯᠤᠨ᠂ ᠡᠮᠴᠢᠯᠡᠭᠡᠨ ᠤ ᠪᠠᠳᠣᠯᠠᠭ᠎ᠠ ᠶᠢᠨ ᠴᠢᠳᠠᠪᠬᠢ ᠶᠢ ᠣᠯᠠᠮ ᠬᠦᠴᠦᠷᠭᠡᠭᠵᠢᠭᠦᠯᠵᠣ᠂ ᠨᠡᠶᠢᠳᠡ 18.7 ᠲᠦᠮᠡᠨ ᠬᠦᠮᠦᠨ ᠣᠳᠠᠭ᠎ᠠ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠳᠠ ᠬᠢᠨ᠂ 17 ᠲᠦᠮᠡᠨ ᠵᠡᠭᠦᠣ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠲᠠᠷᠢᠯᠭ᠎ᠠ ᠲᠠᠷᠢᠵᠣ᠂ ᠪᠦᠬᠦ ᠬᠤᠰᠢᠭᠤᠨ ᠤ ᠶᠡᠭᠡ ᠬᠡᠪᠴᠢᠶᠠᠨ ᠤ ᠪᠦᠭᠡᠮ ᠬᠦᠴᠢᠯ ᠤᠨ ᠪᠠᠴᠢᠮ ᠢ ᠠᠷᠭᠠᠴᠠᠬᠤ ᠰᠤᠷᠢᠯᠳᠠ᠂ 4 ᠣᠳᠠᠭᠠᠨ ᠤ 4.5 ᠲᠦᠮᠡᠨ ᠬᠦᠮᠦᠨ | ᠤ ᠪᠦᠭᠡᠮ ᠬᠦᠴᠢᠯ ᠤᠨ ᠪᠠᠶᠢᠴᠠᠭᠠᠯᠳᠠ ᠬᠢᠪᠠ᠃ 9 ᠲᠦᠷᠦᠯ ᠤᠨ ᠰᠢᠨᠵᠢᠯᠡᠭᠡ ᠮᠡᠷᠭᠡᠵᠢᠯ ᠤᠨ ᠲᠦᠷᠦᠯ ᠵᠣᠶᠢᠯ ᠢ ᠮᠡᠳᠡᠭᠦᠯᠦᠨ᠂ 91 ᠰᠢᠨ᠎ᠡ ᠲᠦᠷᠦᠯ ᠤᠨ | ᠲᠣᠷᠰᠢᠯᠳᠠ ᠶᠢᠨ ᠵᠢᠱᠢᠶ᠎ᠡ ᠶᠢ ᠨᠡᠭᠡᠭᠡᠵᠣ᠂ 1819 ᠲᠦᠮᠡᠨ ᠲᠦᠬᠦᠷᠢᠭ ᠤᠨ ᠰᠢᠨᠵᠢᠯᠡᠭᠡ ᠮᠡᠷᠭᠡᠵᠢᠯ ᠤᠨ ᠲᠣᠰᠬᠠᠢ ᠲᠦᠷᠦᠯ ᠤᠨ ᠪᠡᠯᠡ ᠮᠦᠩᠭᠦ ᠣᠯᠪᠠ᠃ ︽ | ᠴᠢᠳᠠᠪᠦᠷᠢᠳᠡᠨ ᠤ ᠬᠦᠴᠦᠷᠭᠡᠭ ᠬᠤᠰᠢᠭᠤ︾ ᠶᠢᠨ ᠪᠠᠶᠢᠳᠣᠯᠬᠤ ᠪᠣᠳᠣᠯᠭ᠎ᠠ ᠪᠣᠯᠣᠨ ︽ᠴᠠᠬᠢᠷᠮ᠎ᠠ ᠴᠢᠳᠠᠪᠦᠷᠢᠳᠠᠨ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ | ᠡᠯ᠎ᠡ ᠲᠦᠷᠦᠯ ᠤᠨ ᠴᠢᠳᠠᠪᠦᠷᠢᠳᠠᠨ ᠢ ᠨᠡᠶᠢᠳᠡ 395 ᠣᠷᠢᠪᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠠᠷᠠᠳᠴᠢᠯᠠᠯ ᠬᠠᠣᠯᠢ ᠲᠦᠷᠢᠮ᠂ | ᠴᠡᠷᠢᠭ ᠠᠴᠠ ᠬᠠᠯᠠᠭᠳᠠᠭᠰᠠᠳ᠂ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠠᠷᠠᠳ ᠤᠨ ᠠᠭᠠᠷ ᠰᠡᠷᠭᠡᠶᠢᠯᠡᠯᠳᠡ᠂ ᠴᠠᠭ ᠠᠭᠤᠷ᠂ ᠡᠮᠡᠭᠳᠡᠶᠢᠴᠣᠳ ᠬᠡᠣᠭᠡᠳ᠂ | ᠦᠳᠡᠭᠦᠰ ᠤᠨ ᠠᠵᠣ ᠣᠶᠢᠯᠠᠰ ᠵᠡᠷᠭᠡ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ | 2021 ᠣᠨ ᠢᠶᠠᠨ ᠡᠷᠬᠢᠴᠡᠬᠦᠯᠪᠡᠯ᠂ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠬᠡᠷᠡᠭᠵᠢᠭᠦᠯᠦᠭᠰᠡᠨ | ᠪᠠᠶᠢᠳᠠᠯ ᠶᠡᠷᠦᠩᠬᠡᠢ ᠳᠤ ᠪᠠᠨ ᠪᠦᠳᠦᠮᠵᠢᠳᠡᠢ᠂ ᠭᠡᠪᠡᠴᠦ ᠠᠵᠣ ᠠᠬᠤᠢ ᠶᠢᠨ ᠡᠷᠬᠢᠯᠳᠠ ᠲᠣᠮᠳᠠ ᠣᠷᠣᠰᠢᠵᠣ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢᠶᠠᠨ | ᠭᠦᠢᠴᠡᠳ ᠳᠠᠨᠢᠬᠤ ᠴᠢᠬᠤᠯᠠᠳᠠᠢ ᠪᠤᠢ᠃ ᠭᠤᠣᠯ ᠢᠯᠡᠷᠡᠯ ᠨᠢ᠄ᠨᠢᠭᠡ ᠳᠤ ᠠᠵᠣ ᠠᠬᠤᠢ ᠶᠢᠨ ᠬᠡᠮᠵᠢᠶ᠎ᠡ ᠪᠠᠭ᠎ᠠ᠂ ᠬᠤᠴᠣᠷᠣᠩᠭᠤᠢ ᠬᠦᠭᠵᠢᠯᠳᠡ ᠶᠢᠨ ᠰᠠᠭᠤᠷᠢ ᠪᠠᠨ | ᠪᠠᠰᠠ ᠬᠤᠪᠢᠷᠠᠭᠤᠯᠵᠣ ᠳᠠᠶᠢᠯᠤᠬᠡᠳᠤᠢ ᠪᠠᠶᠢᠭᠰᠠᠭᠠᠷ︔ ᠬᠤᠶᠠᠷ ᠲᠤ ᠭᠤᠣᠯᠳᠠᠯᠭᠠᠳᠦ ᠲᠦᠷᠦᠯ ᠵᠣᠶᠢᠯ ᠤᠨ ᠪᠠᠶᠢᠭᠤᠯᠣᠯᠳᠠ ᠶᠢᠨ ᠠᠬᠢᠴᠠ ᠣᠳᠠᠭᠠᠨ᠂ ᠶᠡᠭᠡ | ᠲᠦᠷᠦᠯ ᠵᠣᠶᠢᠯ᠂ ᠰᠠᠶᠢᠨ ᠲᠦᠷᠦᠯ ᠵᠣᠶᠢᠯ ᠤᠨ ᠪᠡᠯᠡ ᠣᠷᠣᠭᠤᠯᠣᠯᠳᠠ ᠪᠠᠭ᠎ᠠ ᠪᠠᠶᠢᠭᠰᠠᠭᠠᠷ︔ ᠭᠤᠷᠪᠠ ᠳᠤ ᠰᠠᠭᠤᠷᠢ ᠲᠦᠬᠦᠭᠡᠷᠦᠮᠵᠢ᠂ ᠨᠡᠶᠢᠳᠡ ᠶᠢᠨ | ᠣᠶᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ ᠪᠠᠶᠢᠭᠤᠯᠣᠯᠳᠠ ᠶᠢᠨ ᠲᠦᠪᠰᠢᠨ ᠪᠠᠰᠠ ᠳᠡᠬᠡᠭᠰᠢᠯᠡᠬᠡᠳᠤᠢ ᠪᠠᠶᠢᠭᠰᠠᠭᠠᠷ᠃ ᠡᠶᠢᠮᠣ ᠠᠴᠠ ᠪᠢᠳᠠ ᠡᠷᠬᠡᠪᠰᠢ ᠲᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠨᠡᠩ ᠢᠳᠡᠪᠬᠢᠳᠡᠢ ᠣᠪᠣᠷ ᠢᠶᠠᠷ ᠨᠡᠩ ᠡᠷᠴᠢᠮᠳᠠᠢ ᠠᠷᠭ᠎ᠠ ᠠᠪᠴᠠᠯ ᠢᠶᠠᠷ ᠪᠣᠳᠠᠳᠠᠢ ᠰᠢᠢᠤᠨᠪᠤᠷᠢᠯᠡᠨ᠎ᠡ᠃ | ᠬᠤᠶᠠᠷ᠂ 2022 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠭᠤᠣᠯ ᠡᠭᠦᠷᠭᠡ | ᠬᠤᠰᠢᠭᠤ ᠠᠷᠪᠠᠳᠣᠭᠠᠷ ᠣᠳᠠᠭᠠᠨ ᠤ ᠨᠡᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠤᠰᠤᠯᠡᠪᠡᠯ᠂ ᠪᠦᠬᠦ ᠬᠤᠰᠢᠭᠤᠨ ᠤ | ᠠᠵᠣ ᠠᠬᠤᠢ ᠨᠡᠶᠢᠭᠡᠮ ᠤᠨ ᠬᠦᠭᠵᠢᠯᠳᠠ ᠶᠢᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ | ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠴᠢᠬᠤᠯᠠ ᠶᠡᠭᠡ | ᠰᠢᠢᠳᠪᠦᠷᠢᠳᠦ ᠪᠣᠳᠣᠯᠭ᠎ᠠ ᠶᠢ ᠬᠢᠨᠠᠮᠠᠭᠠᠢ ᠲᠣᠣᠱᠯᠠᠭᠤᠯᠵᠣ᠂ ᠲᠣᠭᠳᠠᠭᠤᠨ ᠢᠶᠠᠷ ᠠᠬᠢᠭᠤᠯᠬᠤ ᠦᠨᠳᠦᠰᠣᠨ ᠱᠠᠭᠠᠷᠳᠠᠯᠭ᠎ᠠ ᠶᠢ ᠪᠠᠷᠢᠮᠳᠠᠯᠠᠨ᠂ ᠭᠥᠭᠵᠢᠭᠦᠯᠥᠯᠳᠡ ᠶᠢᠨ | ᠰᠢᠨ᠎ᠡ ᠰᠡᠤᠨᠬᠢᠮᠵᠢ ᠶᠢ ᠪᠦᠬᠦ ᠲᠠᠯ᠎ᠠ ᠪᠠᠷ ᠲᠣᠣᠱᠯᠠᠭᠤᠯᠵᠣ᠂ ᠴᠢᠨᠠᠷᠯᠢᠭ ᠬᠦᠭᠵᠢᠯᠳᠡ ᠶᠢ ᠡᠷᠴᠢᠮᠵᠢᠭᠦᠯᠣᠨ᠂ ᠨᠡᠶᠢᠭᠡᠮ ᠵᠢᠷᠤᠮᠳᠤ ᠤᠳᠤᠬᠢᠴᠢᠯᠠᠯᠳᠠ ᠶᠢᠨ ᠪᠡᠶᠡᠯᠡᠬᠦᠯᠬᠦ | ᠬᠠᠷᠠᠯᠳᠠ ᠡᠭᠦᠷᠭᠡ ᠶᠢᠨ ᠳᠤᠭᠤᠷᠢᠨ ᠳᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠠᠭᠤᠷᠢᠶᠠᠯ ᠤᠷᠤᠨ᠂ ᠬᠤᠪᠢᠰᠬᠠᠯᠳᠦ ᠰᠣᠶᠣᠯ ᠤᠳᠤᠮᠰᠢᠯ ᠢ | ᠤᠯᠠᠮᠵᠢᠯᠠᠨ ᠵᠠᠯᠭᠠᠮᠵᠢᠯᠠᠬᠤ ᠤᠷᠤᠨ᠂ ᠤᠷᠤᠨ ᠪᠦᠰᠠ ᠶᠢᠨ ᠬᠠᠮᠳᠤᠷᠠᠯᠴᠠᠭᠠᠨ ᠤ ᠵᠢᠱᠢᠶ᠎ᠠ ᠦᠵᠡᠬᠦᠯᠬᠦ ᠤᠷᠤᠨ᠂ ᠳᠤᠤᠷ᠎ᠠ ᠨᠡᠬᠦᠷᠡᠰᠤᠳᠦ᠋ᠷᠦᠭᠴᠢᠳᠤ ᠬᠤᠣᠰ | ᠣᠶᠢᠯᠡᠳᠦᠯᠭᠡ ᠶᠢᠨ ᠬᠤᠰᠢᠭᠤᠴᠢ ᠤᠷᠤᠨ ᠤ ᠪᠠᠶᠢᠭᠤᠯᠣᠯᠳᠠ ᠶᠢ ᠲᠦᠷᠭᠡᠳᠬᠡᠨ᠂ ᠤᠳᠤᠬᠢᠴᠢᠯᠠᠭᠰᠡᠨ ᠣᠳᠤᠭ ᠤᠨ ᠡᠮᠦᠨᠡᠳᠦ ᠬᠤᠰᠢᠭᠤᠨ ᠤ ᠪᠠᠶᠢᠭᠤᠯᠣᠯᠳᠠ ᠶᠢᠨ | ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠬᠦᠯᠤᠨ᠎ᠠ᠃ | 2022 ᠣᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠭᠥᠭᠵᠢᠯᠳᠡ ᠶᠢᠨ ᠭᠤᠤᠯ ᠪᠤᠯᠬᠤ ᠵᠢᠱᠢᠭᠰᠡᠨ ᠬᠠᠷᠠᠯᠳᠠ᠄ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠬᠡᠢ ᠥᠷᠳᠡᠭ ᠢ 10% ᠤᠷᠴᠢᠮ ᠥᠰᠭᠡᠵᠥ᠂ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢ 10% ᠠᠴᠠ ᠳᠡᠬᠡᠭᠰᠢ | ᠥᠰᠭᠡᠵᠤ᠂ ᠡᠩ ᠤᠨ ᠨᠡᠶᠢᠳᠡ ᠶᠢᠨ ᠲᠥᠰᠥᠪ ᠤᠨ ᠤᠷᠤᠯᠭ᠎ᠠ ᠶᠢ 15% ᠤᠷᠴᠢᠮ ᠨᠡᠮᠡᠭᠳᠡᠭᠦᠯᠵᠣ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠥᠮᠥᠨ | ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ ᠲᠤᠰ ᠪᠥᠷᠢ 5% ᠤᠷᠴᠢᠮ ᠪᠠ 7% ᠠᠴᠠ ᠳᠡᠬᠡᠭᠰᠢ ᠨᠡᠮᠡᠭᠳᠡᠭᠦᠯᠵᠣ᠂ ᠨᠡᠶᠢᠭᠡᠮ ᠤᠨ ᠬᠡᠷᠡᠭᠯᠡᠭᠡᠨ ᠤ ᠳᠠᠸᠠᠷ ᠤᠨ | ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 4% ᠤᠷᠴᠢᠮ ᠦᠰᠬᠡᠨᠡ᠃ ᠲᠡᠭᠡᠷᠡᠬᠢ ᠬᠠᠷᠠᠯᠳᠠ ᠶᠢᠨ ᠲᠣᠭᠤᠷᠢᠨ ᠳᠤ ᠲᠣᠣᠷᠠᠬᠢ ᠲᠠᠪᠣᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠳᠦᠷ ᠠᠳᠬᠤᠨ᠎ᠠ᠄ | ︵ᠨᠢᠭᠡ︶ ᠠᠵᠣ ᠣᠶᠢᠯᠠᠰ ᠤᠨ ᠪᠦᠳᠦᠴᠡ ᠶᠢ ᠰᠢᠯᠢᠳᠡᠭᠵᠢᠭᠦᠯᠦᠨ᠂ ᠣᠳᠣ ᠦᠶ᠎ᠡ ᠶᠢᠨ ᠠᠵᠣ ᠣᠶᠢᠯᠠᠰ ᠤᠨ ᠲᠣᠭᠳᠠᠯᠴᠠᠭ᠎ᠠ ᠶᠢ ᠪᠠᠶᠢᠭᠤᠯᠣᠨ᠎ᠠ᠃ | ᠣᠶᠢᠯᠠᠳᠪᠦᠷᠢᠯᠠᠯ ᠤᠨ ᠲᠣᠣᠷ᠎ᠠ ᠨᠡᠬᠦᠷᠡᠰᠤᠳᠦ᠋ᠷᠦᠭᠴᠢᠯᠠᠯᠳᠠ᠂ ᠠᠵᠣ ᠣᠶᠢᠯᠠᠰ ᠤᠨ ᠲᠡᠭᠡᠳᠦ ᠳᠡᠰᠴᠢᠯᠠᠯᠳᠠ᠂ ᠪᠦᠳᠦᠭᠡᠭᠳᠡᠭᠦᠨ ᠤ ᠦᠵᠦᠭᠦᠷᠰᠢᠯᠡᠯᠳᠡ᠂ ᠬᠠᠩᠭᠠᠯᠭ᠎ᠠ | ᠶᠢᠨ ᠣᠯᠠᠨ ᠡᠰᠢᠵᠢᠯᠡᠯᠳᠡ ᠶᠢᠨ ᠡᠷᠴᠢᠮᠵᠢᠭᠦᠯᠦᠯ ᠢ ᠪᠠᠷᠢᠮᠳᠠᠯᠠᠨ᠂ ᠴᠡᠪᠡᠷ ᠲᠣᠣᠷ᠎ᠠ ᠨᠡᠬᠦᠷᠡᠰᠤᠳᠦ᠋ᠷᠦᠭᠴᠢᠳᠤ᠂ ᠠᠶᠣᠯᠭᠦᠢ ᠦᠨᠳᠦᠷ ᠪᠦᠳᠤᠮᠵᠢᠳᠤ ᠣᠳᠣ ᠦᠶ᠎ᠡ ᠶᠢᠨ | ᠡᠨᠧᠷᠬᠢ ᠶᠢᠨ ᠲᠣᠭᠳᠠᠯᠴᠠᠭ᠎ᠠ ᠶᠢ ᠪᠠᠶᠢᠭᠤᠯᠣᠨ᠎ᠠ᠃ ᠠᠵᠣ ᠣᠶᠢᠯᠠᠳᠪᠦᠷᠢ ᠶᠢᠨ ᠴᠢᠨᠠᠷᠵᠢᠯ ᠪᠦᠳᠤᠮᠵᠢ ᠶᠢᠨ ᠲᠡᠭᠡᠭᠰᠢᠯᠡᠯᠳᠡ ᠶᠢ ᠠᠬᠢᠭᠤᠯᠣᠨ᠎ᠠ᠂ ᠰᠢᠨ᠎ᠡ ᠡᠨᠧᠷᠬᠢ ᠶᠢ | ᠶᠡᠭᠡ ᠪᠠᠷ ᠬᠦᠭᠵᠢᠭᠦᠯᠦᠨ᠂ 250 ᠰᠠᠶ᠎ᠠ ᠸᠠᠲ ᠨᠡᠷᠡᠨ ᠡᠨᠧᠷᠬᠢ ᠶᠢᠨ ᠴᠠᠬᠢᠯᠭᠠᠨ ᠦᠷᠳᠡᠭᠡ ᠵᠢᠴᠢ ᠤᠰᠤᠳᠦ᠋ᠷᠦᠭᠴᠢ ᠡᠨᠧᠷᠬᠢ ᠶᠢᠨ ᠶᠡᠷᠦᠩᠬᠡᠶᠢᠯᠡᠭᠰᠡᠨ ᠠᠰᠢᠭᠯᠠᠯᠳᠠ | ᠶᠢᠨ ᠲᠠᠭᠤᠷᠢᠶᠠᠯ ᠲᠦᠷᠦᠯ ᠵᠣᠶᠢᠯ᠂ ᠱᠠᠩᠬᠠᠢ ᠶᠢᠨ ᠰᠦᠮ᠎ᠡ ᠨᠡᠭᠡᠭᠡᠯᠳᠡ ᠶᠢᠨ ᠣᠷᠣᠨ ᠤ ᠨᠠᠷᠠᠨ ᠡᠨᠧᠷᠬᠢ ᠪᠠᠷ ᠤᠰᠤᠳᠦ᠋ᠷᠦᠭᠴᠢ ᠣᠶᠢᠯᠠᠳᠬᠦ ᠲᠦᠷᠦᠯ ᠵᠣᠶᠢᠯ ᠤᠨ | ᠪᠠᠶᠢᠭᠤᠯᠣᠯᠳᠠ ᠶᠢ ᠲᠦᠷᠭᠡᠳᠬᠡᠵᠣ᠂ ᠷᠦᠨ ᠶᠠᠩ ᠶᠤᠸᠠᠢ ᠳ᠋ᠠ ᠨᠠᠷᠠᠨ ᠡᠨᠧᠷᠬᠢ ᠶᠢᠨ ᠳᠤᠨᠤᠭᠯᠠᠯ ᠤᠶᠢᠯᠡᠤᠨᠬᠦ ᠪᠦᠬᠦ ᠠᠵᠣ ᠣᠶᠢᠯᠠᠰ ᠤᠨ ᠬᠡᠯᠬᠢᠶᠡᠵᠢᠯ ᠤᠨ ᠲᠦᠷᠦᠯ | ᠵᠣᠶᠢᠯ᠂ ᠶᠡᠷᠦᠩᠬᠡᠢ ᠬᠡᠪᠴᠢᠶᠡᠵᠢᠯ 12 ᠰᠠᠶ᠎ᠠ ᠸᠠᠲ ᠤᠨ 4 ᠲᠠᠷᠬᠠᠢ ᠮᠠᠶ᠋ᠢᠭ ᠤᠨ ᠨᠠᠷᠠᠨ ᠡᠨᠧᠷᠬᠢ ᠵᠡᠷᠭᠡ ᠲᠦᠷᠦᠯ ᠵᠣᠶᠢᠯ ᠢ ᠡᠬᠢᠯᠡᠬᠦᠯᠤᠨ᠎ᠠ︔ ᠱᠠᠩᠬᠠᠢ ᠶᠢᠨ | ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ︽ᠴᠠᠬᠢᠯᠭᠠᠨ ᠡᠭᠦᠰᠬᠡᠭᠴᠢ ᠴᠠᠬᠢᠯᠭᠠᠨ ᠲᠣᠣᠷ ᠴᠠᠬᠢᠯᠭᠠᠨ ᠲᠠᠭᠠᠭᠠᠴᠠ ᠡᠨᠧᠷᠬᠢ ᠬᠠᠳᠠᠭᠠᠯᠠᠯᠳᠠ ᠶᠢ | ᠴᠣᠭᠴᠠᠵᠢᠭᠤᠯᠣᠭᠰᠠᠨ︾ ᠲᠦᠷᠦᠯ ᠵᠣᠶᠢᠯ ᠪᠣᠯᠣᠨ ᠣᠷᠳᠣᠰ ᠬᠤᠳᠠ ᠶᠢᠨ ᠣᠳᠤᠭ ᠤᠨ ᠡᠮᠦᠨᠡᠳᠦ ᠬᠤᠰᠢᠭᠤᠨ ᠤ ᠶᠡᠭᠡ ᠵᠣᠣ ᠭᠦᠶᠦᠳᠡᠯ ᠰᠣᠯᠢᠬᠤ ᠦᠷᠳᠡᠭᠡ ᠠᠴᠠ | ᠱᠠᠨᠳᠦ᠋ᠩ ᠮᠣᠵᠢ ᠶᠢᠨ ᠯᠢᠨ ᠢ ᠬᠤᠳᠠ ᠶᠢᠨ ᠢ ᠨᠠᠨ ᠭᠦᠶᠦᠳᠡᠯ ᠰᠣᠯᠢᠬᠤ ᠦᠷᠳᠡᠭᠡ ᠬᠦᠷᠬᠦ 400 ᠲᠦᠮᠡᠨ ᠺᠢᠯᠤᠸᠠᠲ ᠨᠠᠷᠠᠨ ᠡᠨᠧᠷᠬᠢ ᠶᠢᠨ ᠰᠠᠭᠤᠷᠢᠨ ᠤ | ᠴᠠᠬᠢᠯᠭᠠᠨ ᠬᠦᠷᠭᠡᠬᠦ ᠲᠦᠷᠦᠯ ᠵᠣᠶᠢᠯ ᠤᠨ ᠡᠮᠦᠨ᠎ᠡ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠬᠡᠨ᠂ ᠴᠡᠪᠡᠷ ᠡᠨᠧᠷᠬᠢ ᠪᠠᠷ ᠪᠣᠬᠢᠷᠳᠣᠯ ᠦᠭᠡᠢ ᠬᠡᠯᠪᠡᠷᠢ | ᠶᠢᠨ ᠬᠤᠪᠢᠷᠠᠭᠤᠯᠣᠯᠳᠠ ᠶᠢ ᠠᠬᠢᠭᠤᠯᠣᠨ᠎ᠠ︔ ᠰᠢᠨ᠎ᠡ ᠱᠠᠩᠬᠠᠢ ᠨᠢᠭᠡᠳᠦᠬᠡᠷ᠂ ᠭᠤᠷᠪᠠᠳᠣᠭᠠᠷ᠂ ᠲᠠᠪᠣᠳᠣᠭᠠᠷ᠂ ᠵᠢᠷᠭᠤᠳᠣᠭᠠᠷ ᠨᠣᠮᠧᠷᠲᠦ ᠨᠡᠬᠦᠷᠡᠰᠦᠨ ᠠᠭᠤᠷᠬᠠᠢ ᠶᠢᠨ | ᠠᠭᠤᠷᠬᠠᠢ ᠮᠠᠯᠲᠠᠬᠤ ᠭᠠᠷᠳᠠᠮ ᠤᠨ ᠬᠦᠢᠴᠡᠳᠬᠡᠯᠲᠡ ᠶᠢ ᠪᠡᠶᠡᠯᠡᠭᠦᠯᠦᠨ᠂ ᠪᠣᠬᠢᠷᠳᠣᠯ ᠦᠭᠡᠢ ᠠᠭᠤᠷᠬᠠᠢ᠂ ᠣᠶᠣᠨᠴᠢ ᠠᠭᠤᠷᠬᠠᠢ ᠶᠢᠨ ᠪᠠᠶᠢᠭᠤᠯᠣᠯᠳᠠ ᠶᠢ | ᠦᠷᠭᠦᠯᠵᠢᠯᠡᠨ ᠠᠬᠢᠭᠤᠯᠣᠨ᠎ᠠ︔ ᠨᠢᠭᠡᠳᠦᠭᠡᠷ ᠬᠤᠭᠤᠴᠠᠭᠠᠨ ᠤ 20 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠦᠢᠯ ᠢ | ᠪᠠᠷᠢᠯᠭ᠎ᠠ ᠡᠬᠢᠯᠡᠭᠦᠯᠦᠨ᠂ ᠤᠯᠤᠰ ᠤᠨ ᠴᠠᠬᠢᠯᠭᠠᠨ ᠤ ᠱᠤᠸᠠᠩ ᠸᠧᠢ ᠶᠢᠨ ᠴᠠᠬᠢᠯᠭᠠᠨ ᠤᠶᠢᠯᠡᠤᠨᠪᠤᠷᠢ᠂ ᠤᠯᠤᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ | ᠥᠢᠯᠡᠳᠪᠥᠷᠢ ᠶᠢᠨ 3 ᠰᠠᠭᠤᠷᠢ ᠮᠠᠰᠢᠨ ᠴᠤᠭᠴᠠᠯᠠᠪᠤᠷᠢ ᠶᠢ ᠬᠡᠷᠡᠭᠯᠡᠯᠳᠠ ᠳᠤ ᠣᠷᠣᠭᠤᠯᠣᠨ᠎ᠠ︔ ᠶᠠ ᠬᠠᠢ ᠶᠢᠨ 60 ᠲᠦᠮᠡᠨ ᠳᠤᠨ LNG ᠤᠨ ᠲᠦᠷᠤᠯ ᠵᠦᠢᠯ | ᠢ ᠬᠡᠷᠡᠭᠯᠠᠯᠳᠠ ᠳᠤ ᠤᠷᠤᠭᠤᠯᠬᠤ ᠶᠢ ᠲᠦᠷᠭᠡᠳᠬᠡᠨ᠂ ᠲᠢᠶᠠᠨ ᠯᠢ ᠹᠧᠩ ᠰᠢᠳᠠᠮᠠᠬᠠᠢ ᠬᠡᠢ ᠶᠢᠨ ᠬᠢᠵᠠᠭᠠᠷᠳᠤ ᠺᠤᠮᠫᠠᠨᠢ ᠶᠢᠨ 60 ᠲᠦᠮᠡᠨ ᠳᠤᠨ LNG ᠢᠶᠠᠷ | ᠡᠾᠧᠯᠢ ᠤᠶᠢᠯᠡᠤᠨᠬᠦ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠵᠣ᠂ ᠠᠵᠣ ᠣᠶᠢᠯᠠᠳᠪᠦᠷᠢ ᠶᠢᠨ | ᠣᠯᠠᠨ ᠡᠰᠢᠳᠦ ᠲᠣᠯᠭᠠᠭᠤᠷᠢᠯᠠᠯ᠂ ᠣᠯᠠᠨ ᠡᠰᠢᠳᠦ ᠬᠦᠭᠵᠢᠯᠳᠡ ᠶᠢᠨ ᠪᠠᠶᠢᠷᠢᠯᠠᠭᠤᠯᠤᠯᠳᠠ ᠶᠢ ᠪᠡᠶᠡᠯᠡᠭᠦᠯᠣᠨ᠎ᠡ᠃ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ | ᠬᠦᠭᠵᠢᠯᠳᠡ ᠶᠢ ᠠᠬᠢᠭᠤᠯᠣᠨ᠎ᠠ᠂ ᠮᠠᠯ ᠲᠠᠷᠢᠶᠠᠯᠠᠩ ᠤᠨ ᠣᠶᠢᠯᠠᠰ ᠤᠨ ᠪᠡᠯᠡ ᠣᠷᠣᠭᠤᠯᠣᠯᠳᠠ ᠶᠢ ᠦᠷᠭᠡᠳᠬᠡᠨ᠂ ᠦᠨᠳᠦᠷ ᠪᠠᠷᠢᠮᠵᠢᠶᠠᠳᠦ ᠲᠠᠷᠢᠶᠠᠯᠠᠩ᠂ ᠠᠯᠠᠰᠢᠨ | ᠮᠠᠯ ᠢ ᠣᠬᠤᠷ ᠬᠤᠭᠤᠴᠠᠭᠠᠨ ᠳᠤ ᠲᠠᠷᠭᠤᠯᠠᠭᠤᠯᠬᠤ ᠰᠠᠭᠤᠷᠢᠨ ᠢ ᠪᠠᠶᠢᠭᠤᠯᠵᠣ᠂ ᠪᠦᠬᠦ ᠬᠤᠰᠢᠭᠤᠨ ᠤ ᠭᠠᠵᠠᠷ ᠣᠷᠣᠨ ᠤ ᠨᠦᠭᠦᠴᠡᠯ ᠪᠣᠯᠣᠨ ᠬᠦᠭᠵᠢᠯᠳᠡ ᠶᠢᠨ | ᠲᠠᠪᠠᠭᠤᠯᠢᠭ ᠤᠨ ᠲᠣᠭᠤᠷᠢᠨ ᠳᠤ᠂ ︽ᠨᠢᠭᠡ ᠲᠣᠰᠬᠤᠨ ᠨᠢᠭᠡ ᠨᠡᠷᠡᠳᠦ ᠲᠡᠮᠳᠡᠭ︾ ᠤᠨ ᠲᠠᠭᠤᠷᠢᠶᠠᠯ ᠢ ᠲᠠᠶᠢᠴᠢᠯᠠᠵᠣ᠂ ᠠᠯᠠᠰᠢᠨ ᠦᠬᠡᠷ᠂ ᠠᠯᠠᠰᠢᠨ ᠮᠠᠯ ᠵᠡᠷᠭᠡ | ᠤᠨᠴᠠᠯᠢᠭᠳᠤ ᠠᠵᠣ ᠣᠶᠢᠯᠠᠰ ᠢ ᠪᠦᠬᠦ ᠬᠦᠴᠦ ᠪᠠᠷ ᠬᠦᠭᠵᠢᠭᠦᠯᠦᠨ᠂ ᠮᠠᠯ ᠲᠠᠷᠢᠶᠠᠯᠠᠩ ᠤᠨ ᠣᠶᠢᠯᠠᠰ ᠤᠨ ᠣᠳᠣᠬᠢᠴᠢᠯᠠᠯᠳᠠ ᠲᠡᠰᠢ ᠬᠢ ᠬᠡᠯᠪᠡᠷᠢ ᠶᠢᠨ | ᠬᠤᠪᠢᠷᠠᠭᠤᠯᠣᠯᠳᠠ ᠶᠢ ᠠᠬᠢᠭᠤᠯᠣᠨ᠎ᠠ᠃ ᠲᠣᠯᠣᠭᠠᠶᠢᠯᠠᠭᠴᠢ ᠠᠵᠣ ᠠᠬᠤᠶᠢᠯᠠᠯ᠂ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ᠂ ᠣᠶᠢᠯᠠᠳᠪᠦᠷᠢᠯᠠᠯ ᠤᠨ | ᠴᠢᠨᠠᠷᠳᠠᠢ ᠣᠶᠢᠯᠡᠴᠢᠯᠡᠭᠡᠨ ᠤ ᠵᠣᠬᠢᠶᠠᠨ ᠪᠠᠶᠢᠭᠤᠯᠣᠯᠳᠠ ᠶᠢᠨ ᠪᠣᠶᠢᠵᠢᠭᠤᠯᠣᠯᠳᠠ ᠶᠢᠨ ᠡᠷᠴᠢᠮ ᠢ ᠴᠢᠩᠭᠠᠳᠬᠠᠨ᠂ ︽ᠲᠣᠯᠣᠭᠠᠶᠢᠯᠠᠭᠴᠢ ᠠᠵᠣ ᠠᠬᠤᠶᠢᠯᠠᠯ + | ᠬᠠᠮᠳᠤᠷᠠᠯ ᠬᠤᠷᠰᠢᠶ᠎ᠠ+ ᠮᠠᠯᠴᠢᠨ ᠲᠠᠷᠢᠶᠠᠴᠢᠨ ᠡᠷᠦᠭᠡ︾ ᠶᠢᠨ ᠬᠦᠭᠵᠢᠯᠳᠡ ᠶᠢᠨ ᠵᠠᠭᠪᠣᠷ ᠢ ᠠᠬᠢᠭᠤᠯᠵᠣ᠂ ᠢᠳᠡᠰᠢᠨ ᠨᠣᠭᠤᠭᠠᠨ ᠤ ᠠᠵᠣ ᠣᠶᠢᠯᠠᠰ ᠤᠨ | ᠬᠤᠯᠪᠣᠭᠠᠯᠠᠯ᠂ ᠠᠯᠠᠰᠢᠨ ᠦᠭᠡᠷ ᠪᠣᠯᠣᠨ ᠠᠯᠠᠰᠢᠨ ᠮᠠᠯ ᠤᠨ ᠠᠵᠣ ᠣᠶᠢᠯᠠᠰ ᠤᠨ ᠬᠤᠯᠪᠣᠭᠠᠯᠠᠯ᠂ ᠳᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠣᠶᠢᠯᠡᠴᠢᠯᠡᠭᠡᠨ ᠤ | ᠠᠵᠣ ᠣᠶᠢᠯᠠᠰ ᠤᠨ ᠬᠤᠯᠪᠣᠭᠠᠯᠠᠯ ᠤᠨ ᠪᠠᠶᠢᠭᠤᠯᠣᠯᠳᠠ ᠶᠢ ᠲᠦᠷᠭᠡᠳᠬᠡᠨ᠂ ᠪᠠᠷᠢᠮᠵᠢᠶ᠎ᠠ ᠨᠢᠭᠡᠳᠦᠯᠳᠡᠢ᠂ ᠬᠡᠷᠡᠭᠴᠡᠭᠡ ᠱᠠᠭᠠᠷᠳᠠᠯᠭ᠎ᠠ ᠠᠪᠴᠠᠯᠳᠤᠭᠰᠡᠨ ᠠᠵᠣ ᠣᠶᠢᠯᠠᠰ | ᠤᠨ ᠬᠡᠯᠬᠢᠶ᠎ᠡ ᠶᠢ ᠪᠦᠷᠢᠯᠳᠦᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ︽ᠬᠤᠶᠠᠷ ᠪᠦᠳᠦᠭᠡᠭᠳᠡᠭᠦᠨ ᠨᠢᠭᠡ ᠲᠡᠮᠳᠡᠭ ᠨᠢᠭᠡ ᠰᠢᠨ᠎ᠡ︾ ᠶᠢᠨ ᠭᠡᠷᠡᠴᠢᠯᠡᠯᠳᠡ | ᠵᠢᠴᠢ ︽ᠪᠣᠷᠣᠪᠠᠯᠭᠠᠰᠣ ᠶᠢᠨ ᠯᠠᠵᠣᠣ︾᠂ ︽ᠶᠡᠭᠡ ᠲᠣᠬᠤᠢ ᠶᠢᠨ ᠪᠠᠶᠢᠭᠠᠯᠢᠯᠢᠭ ᠵᠢᠭᠠᠰᠦ︾ ᠶᠢᠨ ᠶᠠᠰᠦ ᠴᠢᠨᠠᠷ ᠤᠨ ᠭᠡᠷᠡᠴᠢᠯᠡᠯᠳᠡ ᠶᠢ ᠠᠬᠢᠭᠤᠯᠵᠣ᠂ ᠰᠢᠯᠢᠳᠡᠭ | ᠡᠭᠦᠯᠳᠡᠷ ᠤᠨ ᠦᠷ᠎ᠡ ᠶᠢᠨ ᠮᠠᠯ᠂ ᠨᠣᠣᠯᠣᠭᠤᠷ ᠤᠨ ᠢᠮᠠᠭᠠᠨ ᠤ ᠠᠵᠣ ᠣᠶᠢᠯᠠᠰ ᠤᠨ ᠬᠦᠭᠵᠢᠯᠳᠡ ᠶᠢ ᠲᠦᠷᠭᠡᠳᠬᠡᠨ᠂ ᠮᠠᠯ ᠲᠠᠷᠢᠶᠠᠯᠠᠩ ᠤᠨ ᠣᠶᠢᠯᠠᠰ ᠤᠨ | ᠰᠢᠨᠵᠢᠯᠡᠭᠡ ᠮᠡᠷᠭᠡᠵᠢᠯ ᠤᠨ ᠲᠠᠭᠤᠷᠢᠶᠠᠯ ᠡᠷᠦᠭᠡ᠂ ᠰᠢᠨᠵᠢᠯᠡᠭᠡ ᠮᠡᠷᠭᠡᠵᠢᠯ ᠤᠨ ᠲᠠᠭᠤᠷᠢᠶᠠᠯ ᠰᠠᠭᠤᠷᠢᠨ ᠢ ᠪᠣᠶᠢᠵᠢᠭᠤᠯᠵᠣ᠂ ᠲᠣᠭᠠᠴᠠᠯᠠᠭᠰᠠᠨ ᠬᠦᠳᠡᠭᠡ ᠲᠣᠰᠬᠤᠨ ᠤ | ᠲᠣᠷᠰᠢᠯᠳᠡ ᠶᠢᠨ ᠴᠡᠭ ᠤᠨ ᠪᠠᠶᠢᠭᠤᠯᠣᠯᠳᠠ ᠶᠢ ᠲᠦᠷᠭᠡᠳᠬᠡᠨ᠂ ᠬᠤᠰᠢᠭᠤ ᠬᠡᠪᠴᠢᠶᠠᠨ ᠤ ᠴᠢᠳᠠᠪᠦᠷᠢᠳᠠᠨ ᠤ ᠬᠦᠮᠦᠵᠢᠯ ᠪᠣᠯᠪᠠᠰᠣᠷᠠᠯ᠂ ᠡᠷᠳᠡᠮ ᠰᠢᠨᠵᠢᠯᠡᠬᠡᠨ ᠤ | ᠬᠤᠪᠢᠷᠠᠭᠤᠯᠤᠯᠳᠠ ᠶᠢ ᠠᠬᠢᠭᠤᠯᠵᠣ᠂ ︽ᠣᠳᠤᠭ ᠤᠨ ᠡᠮᠦᠨᠡᠳᠦ ᠬᠤᠰᠢᠭᠤᠨ ᠤ ᠮᠠᠯ ᠤᠨ ᠮᠢᠬᠠᠨ︾ ᠤ ᠬᠦᠷᠢᠶ᠎ᠡ ᠴᠠᠷᠠᠭᠠᠨ ᠤ ᠨᠡᠶᠢᠳᠡ ᠶᠢᠨ ᠬᠡᠷᠡᠭᠯᠡᠭᠡᠨ ᠤ ᠨᠡᠷᠡᠳᠦ | ᠲᠡᠮᠳᠡᠭ ᠤᠨ ᠨᠦᠯᠦᠭᠡᠯᠡᠯ ᠢ ᠦᠷᠭᠡᠳᠬᠡᠨ᠂ ᠮᠠᠯ ᠲᠠᠷᠢᠶᠠᠯᠠᠩ ᠤᠨ ᠣᠶᠢᠯᠠᠰ ᠤᠨ ᠨᠡᠷᠡᠳᠦ ᠲᠡᠮᠳᠡᠭᠴᠢᠯᠡᠯᠳᠡ᠂ ᠵᠣᠬᠢᠶᠠᠨ ᠪᠠᠶᠢᠭᠤᠯᠤᠯᠳᠠᠴᠢᠯᠠᠯᠳᠠ᠂ ᠠᠵᠣ | ᠤᠶᠢᠯᠡᠰᠵᠢᠯᠠᠯᠳᠠ ᠶᠢᠨ ᠬᠦᠭᠵᠢᠯᠳᠡ ᠶᠢ ᠠᠬᠢᠭᠤᠯᠣᠨ᠎ᠠ᠃ ᠮᠡᠯ ᠲᠠᠷᠢᠶᠠᠯᠠᠩ ᠤᠨ ᠪᠦᠳᠦᠭᠡᠭᠳᠡᠭᠦᠨ ᠤ ᠪᠣᠳᠠᠰ ᠤᠨ ᠭᠦᠢᠯᠭᠡᠭᠡᠨ ᠤ ᠲᠣᠭᠳᠠᠴᠠ ᠶᠢ ᠲᠡᠭᠦᠯᠳᠡᠷᠵᠢᠭᠦᠯᠦᠨ | ᠂ ᠪᠣᠷᠣᠪᠠᠯᠭᠠᠰᠣ ᠶᠢᠨ ᠣᠳᠦ ᠦᠶ᠎ᠡ ᠶᠢᠨ ᠮᠠᠯ ᠲᠠᠷᠢᠶᠠᠯᠠᠩ ᠤᠨ ᠣᠶᠢᠯᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠶᠡᠭᠡ ᠪᠠᠷ ᠬᠦᠴᠦᠷᠬᠡᠭᠵᠢᠭᠦᠯᠵᠣ᠂ | ᠣᠯᠵᠠᠴᠢ ᠪᠠᠯᠭᠠᠰᠤᠨ ᠤ ᠾᠧᠩ ᠰᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠡᠷᠦᠩᠬᠡᠶᠢᠯᠡᠭᠰᠡᠨ ᠪᠣᠳᠠᠰ ᠤᠨ ᠭᠦᠢᠯᠭᠡᠭᠡᠨ ᠤ ᠲᠦᠪ ᠢ ᠪᠠᠶᠢᠭᠤᠯᠣᠨ᠂ ᠲᠠᠬᠢᠯᠳᠦ | ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠲᠡᠯᠭᠡᠭᠦᠷ ᠪᠣᠯᠣᠨ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠡᠯᠭᠡᠭᠦᠷ ᠢ ᠦᠭᠡᠷᠡᠴᠢᠯᠡᠨ ᠲᠡᠰ | ᠲᠡᠪᠰᠢᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠤ ᠪᠠᠶᠢᠴᠠᠭᠠᠯᠳᠠ ᠶᠢ ᠴᠢᠩᠭᠠᠳᠬᠠᠨ᠂ ᠮᠠᠯᠴᠢᠨ ᠲᠠᠷᠢᠶᠠᠴᠢᠨ | ᠬᠤᠳᠠᠯᠳᠣᠭᠠᠴᠢᠨ ᠤ ᠰᠢᠭᠤᠳ ᠪᠣᠷᠣᠯᠠᠭᠤᠯᠭ᠎ᠠ᠂ ᠬᠦᠷᠦᠭᠡᠨ ᠲᠠᠮᠵᠢᠭᠤᠯᠬᠤ ᠭᠦᠢᠯᠭᠡᠭᠡ᠂ ᠰᠦᠯᠵᠢᠶᠡᠨ ᠡᠵᠡᠩᠨᠡᠯᠳᠡ ᠪᠣᠷᠣᠯᠠᠭᠤᠯᠭ᠎ᠠ ᠵᠡᠷᠭᠡ ᠠᠷᠭ᠎ᠠ ᠪᠠᠷ | ᠲᠠᠮᠵᠢᠭᠤᠯᠵᠣ᠂ ᠣᠳᠤᠭ ᠤᠨ ᠡᠮᠦᠨᠡᠳᠦ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠡᠷᠡᠳᠦ ᠲᠡᠮᠳᠡᠭ ᠤᠨ ᠠᠯᠳᠠᠷᠰᠢᠯ ᠢ ᠲᠡᠭᠡᠭᠰᠢᠡᠯᠭᠦᠯᠦᠨᠡ᠃ | ᠰᠣᠶᠣᠯ ᠵᠢᠭᠤᠯᠴᠢᠯᠠᠯ ᠤᠨ ᠬᠦᠨ ᠠᠭᠤᠰᠣᠯᠴᠠᠯ ᠢ ᠠᠬᠢᠭᠤᠯᠣᠨ᠎ᠠ᠂ ᠬᠤᠪᠢᠰᠬᠠᠯᠳᠦ ᠠᠵᠣ ᠣᠶᠢᠯᠠᠰ ᠤᠨ ᠦᠷ᠎ᠡ ᠠᠰᠢᠭ ᠢ ᠦᠷᠬᠡᠤᠨᠬᠡᠨ᠂ ᠨᠠᠮ ᠤᠨ ᠰᠣᠷᠭᠠᠭᠤᠯᠢ | ᠶᠢᠨ ᠰᠢᠨ᠎ᠡ ᠰᠣᠷᠭᠠᠭᠤᠯᠢ ᠶᠢᠨ ᠲᠣᠭᠤᠷᠢᠭ ᠵᠢᠴᠢ ᠬᠤᠪᠢᠰᠬᠠᠯᠳᠦ ᠬᠦᠮᠦᠵᠢᠯ ᠰᠣᠷᠣᠯᠴᠠᠯᠭ᠎ᠠ ᠶᠢᠨ ᠣᠶᠢᠯᠡᠳᠦᠯᠭᠡ ᠶᠢᠨ ᠰᠠᠭᠤᠷᠢᠨ ᠢ ᠡᠬᠢᠯᠡᠨ ᠪᠠᠶᠢᠭᠤᠯᠵᠣ᠂ | ᠬᠤᠪᠢᠰᠬᠠᠯᠳᠦ ᠰᠤᠳᠤᠯᠭ᠎ᠠ ᠰᠣᠷᠣᠯᠴᠠᠯᠭ᠎ᠠ ᠶᠢᠨ ᠠᠵᠣ ᠣᠶᠢᠯᠠᠰ ᠤᠨ ᠬᠡᠯᠬᠢᠶᠡᠵᠢᠯ ᠢ ᠦᠷᠭᠦᠯᠵᠢᠯᠡᠨ ᠣᠷᠳᠣᠳᠬᠠᠵᠣ᠂ ᠬᠤᠪᠢᠰᠬᠠᠯᠳᠦ ᠰᠤᠳᠤᠯᠭ᠎ᠠ ᠰᠣᠷᠣᠯᠴᠠᠯᠭ᠎ᠠ᠂ | ᠪᠠᠶᠢᠭᠠᠯᠢ ᠶᠢᠨ ᠦᠵᠡᠮᠵᠢ᠂ ᠲᠠᠯ᠎ᠠ ᠨᠣᠳᠤᠭ ᠤᠨ ᠰᠣᠶᠣᠯ᠂ ᠡᠯᠡᠰᠦ ᠮᠠᠩᠬᠠᠨ ᠤ ᠬᠠᠪᠴᠢᠯ᠂ ᠪᠣᠬᠢᠷᠳᠣᠯ ᠦᠭᠡᠢ ᠡᠷᠡᠭᠦᠯᠵᠢᠯ ᠰᠣᠪᠢᠯᠠᠯ ᠵᠡᠷᠭᠡ ᠶᠢ ᠬᠠᠷᠢᠯᠴᠠᠨ | ᠨᠦᠬᠦᠪᠦᠷᠢᠯᠡᠭᠰᠡᠨ ᠵᠢᠭᠤᠯᠴᠢᠯᠠᠯ ᠤᠨ ᠰᠣᠳᠣᠨ ᠵᠠᠮ ᠱᠣᠭᠤᠮ ᠢ ᠪᠠᠶᠢᠭᠤᠯᠣᠨ᠂ ᠰᠣᠶᠣᠯ ᠵᠢᠭᠤᠯᠴᠢᠯᠠᠯ ᠤᠨ ᠡᠬᠢ ᠰᠣᠷᠪᠣᠯᠵᠢ ᠶᠢᠨ ᠲᠠᠪᠠᠭᠤᠯᠢᠭ ᠪᠦᠳᠦᠮᠵᠢ ᠶᠢ | ᠬᠦᠢᠴᠡᠤᠨ ᠪᠠᠳᠠᠷᠠᠭᠤᠯᠣᠨ᠎ᠠ᠃ ᠰᠣᠶᠣᠯ ᠤᠨ ᠠᠵᠣ ᠣᠶᠢᠯᠠᠰ ᠤᠨ ᠠᠭᠤᠯᠣᠭᠳᠠᠬᠤᠨ ᠢ ᠣᠯᠠᠮ ᠦᠷᠭᠡᠳᠬᠡᠨ᠂ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠯᠳᠠ | ᠶᠢ ᠪᠠᠶᠠᠯᠢᠭᠵᠢᠭᠤᠯᠵᠣ᠂ ᠣᠨᠴᠠᠯᠢᠭᠳᠦ ᠰᠣᠶᠣᠯ ᠤᠨ ᠪᠦᠳᠤᠬᠡᠯ ᠪᠠ ᠵᠢᠭᠤᠯᠴᠢᠯᠠᠯ ᠤᠨ ᠪᠦᠳᠦᠭᠡᠭᠳᠡᠭᠦᠨ ᠢ ᠨᠡᠬᠡᠬᠡᠨ᠂ ᠵᠢᠭᠤᠯᠴᠢᠯᠠᠯ ᠤᠨ ᠲᠣᠭᠯᠠᠯᠳᠠ᠂ ᠪᠦᠳᠦᠭᠡᠯᠴᠢ | ᠰᠣᠶᠣᠯ ᠣᠷᠠᠯᠢᠭ᠂ ᠬᠤᠳᠠᠯᠳᠣᠭᠠᠨ ᠤ ᠣᠶᠢᠯᠡᠴᠢᠯᠡᠭᠡ᠂ ᠲᠣᠰᠬᠠᠢ ᠰᠡᠳᠦᠪᠳᠦ ᠪᠠᠭᠤᠳᠠᠯ ᠵᠡᠷᠭᠡ ᠡᠵᠡᠩᠨᠡᠯᠳᠡ ᠶᠢᠨ ᠲᠦᠯᠤᠪ ᠢ ᠣᠯᠠᠨ ᠡᠰᠢᠵᠢᠬᠦᠯᠤᠨ ᠬᠦᠭᠵᠢᠭᠦᠯᠵᠣ | ᠂ ᠦᠪᠡᠷᠳᠡᠭᠡᠨ ᠵᠠᠰᠠᠬᠤ ᠣᠷᠣᠨ ᠤ ᠲᠠᠪᠣᠨ ᠣᠳᠣᠨ ᠲᠡᠰ᠂ ᠲᠦᠷᠪᠡᠨ ᠣᠳᠣᠨ ᠲᠡᠰ ᠤᠨ ᠮᠠᠯᠴᠢᠨ ᠲᠠᠷᠢᠶᠠᠴᠢᠨ ᠠᠶᠢᠯ ᠤᠨ ᠪᠠᠶᠠᠰᠣᠯ ᠢ ᠪᠠᠶᠢᠭᠤᠯᠤᠨ᠂ 1 | ᠰᠠᠭᠤᠷᠢ 5A ᠲᠡᠰ ᠤᠨ ᠵᠢᠭᠤᠯᠴᠢᠯᠠᠯ ᠤᠨ ᠣᠷᠣᠨ ᠢ ᠴᠣᠭᠴᠠᠯᠠᠵᠣ᠂ ᠰᠣᠶᠣᠯ ᠵᠢᠭᠤᠯᠴᠢᠯᠠᠯ ᠭᠦᠨ ᠠᠭᠤᠰᠣᠯᠴᠠᠭᠰᠠᠨ᠂ ᠠᠵᠣ ᠣᠶᠢᠯᠠᠰ ᠤᠨ ᠣᠯᠠᠨ ᠡᠰᠢᠵᠢᠨ | ᠬᠤᠯᠪᠤᠭᠠᠯᠠᠭᠰᠡᠨ᠂ ᠣᠷᠣᠨ ᠠᠯᠤᠰᠯᠠᠨ ᠬᠠᠮᠳᠦ ᠪᠠᠷ ᠪᠠᠶᠢᠭᠤᠯᠵᠤ ᠡᠳ᠋ᠯᠡᠭᠰᠡᠨ ᠪᠠᠶᠢᠳᠠᠯ ᠢ ᠪᠦᠷᠢᠯᠳᠦᠭᠦᠯᠦᠨ᠎ᠡ᠃ | ︵ᠬᠤᠶᠠᠷ︶ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ | ᠬᠥᠭᠵᠢᠭᠡᠨ᠎ᠡ᠃ ︽ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠵᠤ᠂ ᠪᠦᠬᠦᠳᠠ ᠤᠯᠠᠨ ᠢᠶᠠᠷ ᠢᠶᠠᠨ ᠪᠠᠯᠠ ᠲᠠᠳᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠲᠤᠰ ᠵᠢᠯ ᠳᠤ 96 ᠭᠤᠤᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠵᠦ᠂ ᠪᠥᠭᠦ ᠲᠥᠷᠥᠯ ᠵᠥᠢᠯ ᠢ ᠣᠨ ᠤ ᠬᠠᠷᠠᠯᠲᠠ | ᠡᠭᠦᠷᠭᠡ ᠶᠣᠰᠣᠭᠠᠷ ᠡᠮᠬᠢᠳᠡᠢ ᠠᠳᠬᠤᠨ᠎ᠠ᠃ ᠬᠠᠷᠢᠯᠴᠠᠭ᠎ᠠ ᠬᠤᠯᠪᠤᠭ᠎ᠠ ᠶᠢ ᠴᠢᠩᠭᠠᠳᠬᠠᠨ᠂ ︽ᠭᠥᠮᠥᠨ ᠪᠥᠭᠦᠳᠡ ᠤᠴᠢᠷ ᠪᠤᠯᠭᠠᠨ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠳᠤ ᠬᠤᠯᠪᠤᠭᠳᠠᠬᠤ︾ ᠭᠡᠬᠦ ᠣᠶᠢᠯᠠᠭᠠᠭᠳᠠᠬᠤᠨ ᠢ ᠪᠠᠬᠢᠵᠢᠭᠦᠯᠵᠤ᠂ ᠵᠦᠪᠯᠡᠯᠴᠡᠬᠡᠷ ᠲᠣᠭᠲᠠᠭᠰᠠᠨ ᠲᠥᠷᠥᠯ ᠵᠥᠢᠯ ᠢ ᠨᠠᠶᠢᠳᠠᠪᠤᠷᠢᠵᠢᠭᠤᠯᠬᠤ᠂ | ᠡᠮᠦᠨᠡᠬᠢ ᠬᠤᠭᠤᠴᠠᠭᠠᠨ ᠤ ᠲᠥᠷᠥᠯ ᠵᠥᠢᠯ ᠢ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠥᠷᠥᠯ ᠵᠥᠢᠯ ᠤᠨ ᠠᠬᠢᠴᠠ ᠶᠢ ᠲᠥᠷᠭᠡᠳᠭᠡᠭᠦ᠂ ᠪᠠᠷᠢᠯᠭ᠎ᠠ | ᠳᠠᠭᠤᠰᠤᠭᠰᠠᠨ ᠲᠥᠷᠥᠯ ᠵᠥᠢᠯ ᠢ ᠠᠰᠢᠭᠯᠠᠯᠲᠠ ᠳᠤ ᠣᠷᠣᠭᠤᠯᠬᠤ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠪᠠ ᠲᠥᠷᠥᠯ ᠵᠥᠢᠯ ᠳᠤ ᠪᠥᠬᠦ ᠶᠠᠪᠤᠴᠠ ᠶᠢᠨ ᠨᠢᠭᠡ | ᠥᠷᠳᠡᠭᠡᠴᠢᠯᠡᠭᠰᠡᠨ ᠥᠢᠯᠡᠴᠢᠯᠡᠭᠡ ᠬᠠᠩᠭᠠᠵᠤ᠂ ︽ᠬᠡᠯᠬᠢᠶᠡᠨ ᠤ ᠲᠠᠷᠤᠭᠠᠴᠢ + ᠲᠤᠰᠬᠠᠶ ᠪᠠᠭ︾ ᠤᠨ ᠥᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠬᠠᠷᠢᠯᠴᠠᠭ᠎ᠠ | ᠬᠠᠮᠳᠤᠷᠠᠯᠴᠠᠭ᠎ᠠ ᠶᠢ ᠴᠢᠩᠭᠠᠳᠬᠠᠨ ᠥᠢᠯᠡᠴᠢᠯᠡᠭᠡᠨ ᠤ ᠴᠢᠨᠠᠷᠵᠢᠯ ᠢ ᠪᠠᠳᠤᠯᠠᠵᠤ᠂ ᠲᠥᠷᠥᠯ ᠵᠥᠢᠯ ᠤᠨ ᠨᠠᠶᠢᠳᠠᠪᠤᠷᠢᠵᠢᠭᠤᠯᠤᠯᠳᠠ ᠪᠠᠶᠢᠭᠤᠯᠤᠯᠳᠠ ᠠᠰᠢᠭᠯᠠᠯᠳᠠ | ᠤᠷᠤᠭᠰᠢᠳᠠᠢ ᠪᠠᠶᠢᠬᠤ ᠶᠢ ᠪᠠᠳᠤᠯᠠᠨ᠎ᠠ᠃ ᠥᠨᠳᠥᠷ ᠪᠥᠳᠥᠮᠵᠢ ᠲᠠᠢ ᠥᠢᠯᠡᠴᠢᠯᠡᠨ᠂ ᠳᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠬᠠᠮᠳᠤᠷᠠᠭᠤᠯᠤᠨ ᠬᠢᠨᠠᠨ ᠴᠤᠬᠤᠯᠠᠪᠤᠷᠢᠯᠠᠬᠤ ᠪᠠ ᠲᠥᠪᠯᠡᠷᠡᠩᠭᠦᠢ ᠪᠠᠷ ᠬᠢᠨᠠᠨ ᠴᠤᠬᠤᠯᠠᠪᠤᠷᠢᠯᠠᠬᠤ ᠲᠣᠭᠲᠠᠴᠠ ᠶᠢ ᠬᠡᠷᠡᠭᠵᠢᠭᠦᠯᠥᠨ᠂ | ᠠᠵᠤ ᠠᠬᠤᠶᠢᠯᠠᠯ ᠨᠡᠭᠡᠭᠡᠨ ᠡᠷᠬᠢᠯᠡᠯᠳᠡ᠂ ᠪᠠᠷᠢᠯᠭ᠎ᠠ ᠶᠢᠨ ᠵᠥᠪᠰᠢᠶᠡᠷᠡᠯ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠢᠲᠡᠭᠡᠮᠵᠢᠲᠦ ᠵᠢᠭᠡᠯᠡᠯᠭᠡ ᠶᠢᠨ | ᠵᠥᠪᠰᠢᠶᠡᠷᠡᠯ᠂ ᠭᠠᠶᠢᠯᠢ ᠲᠤᠰᠢᠶᠠᠯᠳᠠ ᠵᠡᠷᠭᠡ ᠠᠵᠢᠯ ᠶᠠᠪᠤᠳᠠᠯ ᠤᠳ ᠢ ᠭᠦᠢᠴᠡᠳᠬᠡᠬᠦ ᠳᠤ ᠲᠥᠳᠡ ᠲᠥᠭᠦᠮ ᠬᠢᠨᠠᠯᠳᠠ ᠴᠤᠬᠤᠯᠠᠪᠤᠷᠢᠯᠠᠯ ᠬᠡᠷᠡᠭᠵᠢᠭᠦᠯᠵᠤ᠂ | ᠥᠢᠯᠡᠴᠢᠯᠡᠭᠡ ᠶᠢ ᠴᠢᠩᠭᠠᠳᠬᠠᠨ᠂ ᠬᠢᠨᠠᠯᠳᠠ ᠬᠠᠮᠢᠶᠠᠷᠤᠯᠳᠠ ᠶᠢ ᠨᠠᠷᠢᠯᠢᠭᠵᠢᠭᠤᠯᠵᠤ᠂ ᠬᠠᠷᠠᠭᠠᠯᠵᠠᠯ ᠲᠠᠳᠭᠦᠯ ᠢ ᠲᠡᠭᠡᠭᠰᠢᠯᠡᠭᠦᠯᠥᠨ᠂ ᠣᠷᠣᠨ ᠬᠡᠪᠴᠢᠶᠡᠨ ᠤ | ᠬᠤᠯᠪᠤᠭᠠᠯᠠᠯ᠂ ᠡᠭᠦᠯᠡᠨ ᠲᠠᠪᠴᠠᠩ᠂ 5G᠂ ᠲᠣᠮᠣ ᠳ᠋ᠠᠶᠢᠲ᠋ᠠ᠂ ᠬᠠᠮ ᠪᠤᠳᠤᠯᠲᠠ᠂ ᠠᠮᠢᠳᠤ ᠪᠣᠳᠠᠰ ᠤᠨ ᠬᠡᠷᠡᠴᠢᠯᠡᠯ ᠵᠡᠷᠭᠡ ᠰᠢᠨ᠎ᠡ ᠮᠡᠷᠭᠡᠵᠢᠯ ᠢ ᠬᠡᠷᠡᠭᠯᠡᠨ ︽ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠥᠢᠴᠡᠳᠭᠡᠭᠦ︾᠂ ︽ᠠᠯᠤᠰ ᠠᠴᠠ ᠭᠥᠢᠴᠡᠳᠭᠡᠭᠦ︾᠂ ︽ᠣᠨᠳᠣᠤ ᠭᠠᠵᠠᠷ ᠲᠤ ᠭᠥᠢᠴᠡᠳᠭᠡᠭᠦ︾ ︽ᠠᠭᠤᠯᠵᠠᠯ ᠥᠬᠡᠶ ᠬᠢᠨᠠᠨ | ᠵᠥᠪᠰᠢᠶᠡᠷᠡᠬᠦ︾ ︽ᠭᠠᠷ ᠲᠦᠷᠦᠭᠦ ᠬᠥᠮᠦᠨ ᠥᠬᠡᠶ ᠭᠥᠢᠴᠡᠳᠭᠡᠭᠦ︾ ᠵᠡᠷᠭᠡ ᠠᠷᠭ᠎ᠠ ᠮᠡᠷᠭᠡᠵᠢᠯ ᠢ ᠬᠠᠶᠢᠨ ᠰᠦᠪᠡᠭᠴᠢᠯᠡᠵᠦ᠂ ᠭᠥᠢᠴᠡᠳᠭᠡᠯ ᠲᠠᠷᠠᠭᠠᠯᠠᠯ ᠢ ᠰᠢᠨᠡᠳᠭᠡᠭᠦ | ᠪᠠ ᠣᠶᠤᠨᠴᠢ ᠡᠵᠡᠩᠨᠡᠯᠲᠡ ᠪᠠᠷ ᠴᠤᠭᠴᠠᠵᠢᠭᠤᠯᠵᠤ ᠰᠢᠨ᠎ᠡ ᠶᠢ ᠡᠭᠦᠳᠥᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠨᠠᠷᠢᠯᠢᠭ ᠤᠨᠤᠪᠴᠢᠳᠠᠢ ᠲᠥᠯᠥᠪᠵᠢᠭᠦᠯᠥᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠪᠡᠯᠡ | ᠣᠷᠣᠭᠤᠯᠤᠯᠲᠠ ᠶᠢᠨ ᠬᠠᠨᠳᠤᠰᠢ ᠶᠢ ᠰᠠᠶᠢᠳᠤᠷ ᠠᠩᠬᠠᠷᠴᠤ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ᠂ ᠨᠡᠶᠢᠭᠡᠮ ᠤᠨ ᠠᠷᠠᠳ ᠤᠨ ᠠᠮᠢᠳᠤᠷᠠᠯ᠂ | ᠰᠠᠭᠤᠷᠢ ᠲᠥᠬᠦᠭᠡᠷᠦᠮᠵᠢ᠂ ᠬᠤᠳᠠ ᠶᠢᠨ ᠶᠠᠪᠤᠳᠠᠯ ᠤᠨ ᠪᠠᠶᠢᠭᠤᠯᠤᠯᠲᠠ ᠵᠡᠷᠭᠡ ᠬᠥᠷᠢᠶ᠎ᠡ ᠴᠠᠷᠠᠭᠠᠨ ᠳᠤ ᠠᠵᠤ ᠥᠢᠯᠡᠰ ᠤᠨ ᠭᠡᠯᠬᠢᠶ᠎ᠡ ᠶᠢ ᠪᠠᠶᠢᠭᠤᠯᠬᠤ᠂ | ᠤᠷᠳᠤᠳᠬᠠᠬᠤ᠂ ᠨᠥᠭᠦᠪᠥᠷᠢᠯᠡᠭᠦ᠂ ᠴᠢᠩᠭᠠᠳᠬᠠᠬᠤ ᠨᠢᠭᠡ ᠪᠦᠯᠦᠭ ᠲᠦᠷᠦᠯ ᠵᠦᠢᠯ ᠢ ᠲᠥᠰᠥᠪᠯᠡᠵᠤ ᠨᠥᠭᠡᠴᠡᠯᠡᠨ᠂ ᠲᠤᠮᠤ ᠪᠦᠯᠦᠭᠯᠡᠯ ᠬᠢᠭᠡᠳ ᠨᠡᠷᠡᠳᠦ ᠠᠵᠤ | ᠠᠬᠤᠶᠢᠯᠠᠯ ᠢ ᠵᠠᠯᠠᠨ ᠠᠪᠴᠢᠷᠠᠵᠤ ᠭᠥᠭᠵᠢᠭᠦᠯᠥᠯᠳᠡ ᠪᠠᠶᠢᠭᠤᠯᠤᠯᠳᠠ ᠬᠢᠯᠭᠡᠵᠤ᠂ ᠠᠵᠤ ᠦᠢᠯᠡᠰ ᠤᠨ ᠬᠡᠯᠬᠢᠶᠡᠨ ᠤ ᠡᠬᠢ ᠠᠳᠠᠭ ᠢ ᠨᠡᠪᠳᠡᠷᠡᠭᠦᠯᠥᠨ ᠬᠠᠮ ᠭᠥᠴᠥᠨ ᠢ | ᠪᠤᠢ ᠪᠣᠯᠭᠠᠨ᠎ᠠ᠃ | ︵ᠭᠤᠷᠪᠠ︶ ᠬᠤᠲᠠ ᠬᠥᠳᠡᠭᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠵᠦ᠂ ᠠᠵᠢᠯᠯᠠᠵᠤ ᠠᠮᠢᠳᠤᠷᠠᠬᠤ ᠳᠤ ᠲᠤᠬᠢᠳᠠᠢ ᠬᠡᠪ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠤᠷᠢᠳᠴᠢᠯᠠᠨ ᠲᠥᠰᠥᠪᠯᠡᠭᠦ᠂ ᠵᠣᠬᠢᠰᠲᠠᠶ ᠪᠠᠶᠢᠷᠢᠯᠠᠭᠤᠯᠬᠤ᠂ ᠨᠠᠷᠢᠯᠢᠬᠵᠢᠭᠤᠯᠤᠨ ᠬᠠᠮᠢᠶᠠᠷᠬᠤ ᠶᠢ ᠪᠠᠷᠢᠮᠲᠠᠯᠠᠵᠤ᠂ ᠵᠤᠬᠢᠴᠡᠯ ᠰᠠᠶᠢᠳᠠᠢ ᠰᠢᠨ᠎ᠡ | ᠲᠦᠷᠢ ᠲᠥᠷᠬᠦ ᠶᠢ ᠢᠯᠡᠷᠡᠭᠦᠯᠥᠨ᠎ᠡ᠃ ᠬᠤᠳᠠ ᠬᠥᠳᠡᠭᠡ ᠶᠢᠨ ᠬᠡᠪ ᠴᠢᠨᠰᠠᠭ᠎ᠠ ᠶᠢ ᠲᠡᠭᠡᠭᠰᠢᠯᠡᠭᠦᠯᠥᠨ᠂ ᠠᠷᠠᠳ ᠤᠨ ᠠᠮᠢᠳᠤᠷᠠᠯ ᠬᠡᠷᠡᠭᠴᠡᠭᠡ ᠳᠤ ᠰᠠᠭᠤᠷᠢᠯᠠᠨ ᠲᠤᠬᠤᠢ | ᠵᠠᠮ ᠢ ᠡᠮᠦᠨᠡᠰᠢ ᠤᠷᠲᠤᠳᠬᠠᠬᠤ᠂ ᠵᠢᠷᠠ ᠪᠠᠷᠠᠭᠤᠨ ᠵᠡᠭᠡᠯᠢ ᠶᠢᠨ ᠵᠠᠮ ᠵᠡᠭᠡᠯᠢ᠂ ᠪᠤᠷᠤᠭᠠᠨ ᠤᠰᠤ ᠪᠤᠬᠢᠷ ᠤᠰᠤ ᠭᠠᠳᠠᠭᠰᠢᠯᠠᠭᠤᠯᠤᠯᠳᠠ᠂ ᠳᠤᠯᠠᠭᠠᠯᠭ᠎ᠠ ᠬᠠᠩᠭᠠᠯᠳᠠ | ᠵᠡᠷᠭᠡ ᠶᠢᠨ ᠲᠤᠤᠷ ᠬᠤᠭᠤᠯᠠᠶ ᠶᠢᠨ ᠥᠭᠡᠷᠡᠴᠢᠯᠡᠯᠳᠡ ᠰᠡᠯᠪᠢᠯᠳᠠ ᠵᠡᠷᠭᠡ ᠠᠵᠢᠯ ᠬᠢᠳᠡᠯ ᠢ ᠡᠬᠢᠯᠡᠵᠤ ᠬᠡᠷᠡᠭᠵᠢᠭᠦᠯᠥᠨ ᠬᠤᠳᠠᠯᠳᠤᠭ᠎ᠠ ᠤᠶᠢᠯᠡᠴᠢᠯᠡᠭᠡ ᠲᠠᠢ ᠰᠠᠭᠤᠭᠠᠯᠢ | ᠲᠤᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠪᠠᠶᠢᠰᠢᠩ ᠭᠡᠷ ᠤᠨ ᠰᠠᠭᠤᠭᠠᠯᠢ ᠲᠣᠭᠤᠷᠢᠭ ᠤᠨ ᠨᠡᠶᠢᠭᠡᠮ ᠲᠤᠭᠤᠷᠢᠭᠴᠢᠯᠠᠬᠤ ᠲᠤᠷᠰᠢᠯᠲᠠ᠂ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠤᠨ᠂ ᠤᠯᠠᠨ ᠲᠦᠮᠡᠨ ᠤ ᠠᠮᠢᠳᠤᠷᠠᠯ ᠤᠨ ᠬᠡᠪ ᠴᠢᠨᠠᠷ ᠢ ᠤᠯᠠᠮ | ᠢᠶᠠᠷ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠴᠡᠭᠴᠡᠯᠡᠯᠳᠡ ᠶᠢᠨ ᠲᠠᠪᠤᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ | ᠬᠥᠳᠡᠭᠡ ᠨᠤᠳᠤᠭ ᠤᠨ ᠲᠤᠬᠢᠷᠠᠯ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ︽ᠤᠳᠤᠭ ᠤᠨ ᠡᠮᠦᠨᠡᠲᠦ ᠬᠤᠰᠢᠭᠤᠨ ᠤ ᠰᠢᠳᠠᠮᠠᠬᠠᠢ ᠭᠡᠢ ᠶᠢᠨ ᠢᠨᠵᠧᠨᠧᠷᠢᠩ︾ | ᠪᠤᠯᠤᠨ ︽ᠴᠡᠬᠢᠯᠭᠠᠨ ᠢᠶᠠᠷ ᠨᠡᠭᠦᠷᠡᠰᠦ ᠶᠢ ᠤᠷᠤᠯᠠᠭᠤᠯᠬᠤ︾ ᠢᠨᠵᠧᠨᠧᠷᠢᠩ ᠵᠢᠴᠢ ᠭᠥᠳᠡᠭᠡ ᠶᠢᠨ ᠵᠠᠰᠠᠮᠠᠯ ᠵᠠᠮ ᠢ ᠴᠢᠨᠠᠷᠵᠢᠭᠤᠯᠵᠤ ᠥᠷᠭᠡᠳᠬᠡᠬᠦ ᠢᠨᠵᠧᠨᠧᠷᠢᠩ ᠢ | ᠬᠡᠷᠡᠭᠵᠢᠭᠦᠯᠵᠦ᠂ ᠴᠢᠮᠡᠭᠡ ᠬᠤᠯᠪᠣᠭ᠎ᠠ ᠲᠣᠤᠷ ᠰᠦᠯᠵᠢᠶ᠎ᠡ ᠶᠢᠨ ᠦᠨᠳᠦᠰᠦᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ᠂ ᠬᠤᠲᠠ ᠬᠥᠳᠡᠭᠡ ᠶᠢᠨ | ᠡᠬᠢ ᠪᠠᠶᠠᠯᠢᠭ ᠢ ᠰᠢᠯᠢᠳᠡᠭᠵᠢᠭᠦᠯᠥᠨ ᠲᠤᠬᠢᠷᠠᠭᠤᠯᠵᠤ ᠴᠤᠭᠴᠠᠵᠢᠭᠤᠯᠤᠨ ᠲᠥᠯᠥᠪᠵᠢᠭᠦᠯᠥᠨᠡ᠃ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠷ᠎ᠠ | ᠬᠥᠷᠥᠰᠥᠲᠦ ᠥᠨᠳᠦᠷᠯᠢᠭ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ᠂ ᠴᠥᠯᠡᠷᠭᠡᠭᠵᠢᠯ ᠢ | ᠵᠠᠰᠠᠬᠤ᠂ ᠴᠢᠨᠠᠷ ᠮᠠᠭᠤᠲᠠᠶ ᠦᠷ᠎ᠡ ᠠᠰᠢᠭ ᠠᠨᠠᠢ ᠤᠢ ᠶᠢ ᠥᠭᠡᠷᠡᠴᠢᠯᠡᠬᠦ ᠵᠡᠷᠭᠡ ᠠᠮᠢ ᠠᠬᠤᠶ ᠶᠢᠨ ᠲᠥᠷᠥᠯ ᠵᠥᠢᠯ ᠤᠳ ᠢ ᠭᠤᠤᠯᠳᠠᠯᠭ᠎ᠠ ᠲᠠᠢ ᠬᠡᠷᠡᠭᠵᠢᠭᠦᠯᠵᠦ᠂ | ᠪᠠᠶᠢᠭᠠᠯᠢ ᠤᠷᠴᠢᠨ ᠤ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ | ᠴᠢᠩᠭᠠᠳᠬᠠᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠡᠨ ᠣᠷᠣᠨ ᠪᠠ ᠪᠠᠴᠢᠮ ᠠᠷᠭᠠᠴᠠᠬᠤ ᠪᠡᠯᠡᠳᠬᠡᠯ ᠤᠰᠤᠨ ᠤ ᠡᠬᠢ ᠰᠤᠷᠪᠤᠯᠵᠢ ᠶᠢᠨ ᠤᠷᠤᠨ | ᠤ ᠪᠠᠶᠢᠭᠤᠯᠤᠯᠲᠠ ᠶᠢ ᠭᠥᠴᠥᠯᠡᠨ ᠠᠳᠬᠤᠵᠤ᠂ ᠶᠡᠭᠡ ᠲᠤᠬᠤᠢ ᠠᠴᠠ ᠤᠯᠵᠠᠴᠢ ᠪᠠᠯᠭᠠᠰᠤ ᠭᠥᠷᠭᠦ ᠪᠠ ᠬᠡᠷᠡᠮ ᠤᠨ ᠭᠤᠤᠯ ᠠᠴᠠ ᠱᠠᠩᠬᠠᠶ ᠶᠢᠨ ᠰᠦᠮ᠎ᠡ ᠪᠠᠯᠭᠠᠰᠤ | ᠬᠥᠷᠬᠦ ᠤᠰᠤ ᠬᠠᠩᠭᠠᠬᠤ ᠢᠨᠵᠧᠨᠧᠷᠢᠩ ᠢ ᠲᠦᠷᠬᠡᠤᠨᠬᠡᠨ ᠠᠬᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠬᠠᠨᠳᠤᠭᠤᠯᠤᠭᠰᠠᠨ ᠴᠡᠭᠴᠡᠯᠡᠯᠳᠡ ᠰᠠᠶᠢᠵᠢᠷᠠᠭᠤᠯᠤᠯᠳᠠ ᠶᠢ ᠰᠠᠶᠢᠲᠤᠷ | ᠠᠳᠬᠤᠵᠤ᠂ ᠭᠡᠮᠭᠡᠳᠡᠭ ᠴᠢᠯᠠᠭᠤᠯᠢᠭ᠂ ᠬᠠᠶᠠᠭᠳᠠᠮᠠᠯ ᠰᠢᠭᠠᠷᠤ᠂ ᠬᠡᠭᠡᠭᠳᠡᠮᠡᠯ ᠤᠰᠤ᠂ ᠪᠤᠬᠢᠷᠳᠤᠮᠠᠯ ᠬᠡᠶ᠂ ᠠᠭᠤᠷᠬᠠᠶ ᠶᠢᠨ ᠱᠤᠷᠪᠤᠭ ᠤᠰᠤ ᠵᠡᠷᠭᠡ ᠶᠢ ᠶᠡᠷᠦᠩᠬᠡᠶᠢᠯᠡᠨ | ᠰᠢᠢᠳᠪᠥᠷᠢᠯᠡᠭᠦ ᠠᠰᠢᠭᠯᠠᠬᠤ ᠶᠢ ᠭᠥᠨᠳᠥᠳᠭᠡᠨ᠂ ᠤᠰᠤᠨ ᠤ ᠰᠤᠷᠪᠤᠯᠵᠢ ᠤᠷᠤᠨ ᠤ ᠤᠰᠤᠨ ᠴᠢᠨᠠᠷ᠂ ᠬᠥᠷᠥᠰᠥ ᠰᠢᠷᠣᠶ ᠪᠠ ᠠᠭᠠᠷ ᠤᠨ ᠴᠢᠨᠠᠷ ᠢ ᠪᠠᠷᠢᠮᠵᠢᠶ᠎ᠠ ᠳᠤ | ᠭᠥᠷᠭᠡᠭᠦ ᠶᠢ ᠥᠷᠭᠦᠯᠵᠢᠳᠡ ᠪᠠᠲᠤᠯᠠᠨ᠎ᠠ᠃ ᠰᠠᠭᠤᠷᠢ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢ ᠳᠠᠭᠤᠰᠬᠠᠵᠤ᠂ ᠤᠯᠤᠰ ᠤᠨ ᠴᠠᠬᠢᠯᠭᠠᠨ ᠤ ᠱᠤᠸᠠᠩ ᠸᠧᠶ ᠴᠠᠬᠢᠯᠭᠠᠨ ᠦᠢᠯᠡᠳᠪᠦᠷᠢ ᠶᠢᠨ ᠲᠡᠮᠥᠷ ᠵᠠᠮ ᠤᠨ | ᠲᠤᠰᠬᠠᠶ ᠱᠤᠭᠤᠮ ᠢ ᠴᠤᠭᠴᠠᠯᠠᠨ᠂ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠲᠡᠮᠥᠷ ᠵᠠᠮ ᠪᠤᠯᠤᠨ ᠪᠠᠷᠠᠭᠤᠨ ᠬᠡᠰᠡᠭ ᠤᠨ ᠲᠡᠮᠥᠷ ᠵᠠᠮ ᠤᠨ ᠲᠤᠰᠬᠠᠶ ᠱᠤᠭᠤᠮ | ᠢ ᠠᠵᠢᠯ ᠡᠬᠢᠯᠡᠭᠦᠯᠵᠤ᠂ ᠤᠷᠳᠤᠰ ᠤᠨ ᠪᠠᠷᠠᠭᠤᠨ ᠪᠡᠶ᠎ᠡ ᠶᠢᠨ ᠪᠠᠷᠠᠭ᠎ᠠ ᠭᠦᠢᠯᠭᠡᠭᠡᠨ ᠤ ᠬᠦᠷᠢᠶᠡᠯᠡᠩ ᠤᠨ ᠲᠡᠮᠥᠷ ᠵᠠᠮ ᠤᠨ ᠲᠤᠰᠬᠠᠶ ᠱᠤᠭᠤᠮ ᠤᠨ ᠠᠵᠢᠯ ᠡᠬᠢᠯᠡᠭᠦ | ᠨᠥᠬᠦᠴᠡᠯ ᠢ ᠪᠥᠷᠢᠳᠥᠭᠦᠯᠥᠨ᠂ ᠬᠤᠰᠢᠭᠤ ᠳᠣᠲᠣᠷᠠᠬᠢ ᠲᠥᠷᠭᠡᠨ ᠵᠠᠮ᠂ ᠤᠯᠤᠰ ᠪᠠ ᠮᠤᠵᠢ ᠶᠢᠨ ᠵᠠᠮ ᠤᠨ ᠪᠠᠶᠢᠭᠤᠯᠤᠯᠲᠠ ᠶᠢ ᠡᠮᠬᠢᠳᠡᠢ ᠠᠬᠢᠭᠤᠯᠵᠤ᠂ | ᠬᠥᠭᠵᠢᠯᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠶᠡᠷᠦᠩᠬᠡᠶᠢᠯᠡᠨ ᠵᠠᠰᠠᠯᠳᠠ ᠶᠢ ᠭᠦᠨᠵᠡᠭᠡᠶ ᠠᠬᠢᠭᠤᠯᠵᠤ᠂ ᠤᠯᠵᠠᠴᠢ | ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠰᠢᠢᠤᠨᠪᠤᠷᠢᠯᠡᠬᠦ ᠲᠠᠯᠠᠪᠠᠶ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠳᠠᠯᠠᠪᠤᠷ᠂ ᠪᠠᠯᠭᠠᠰᠤᠨ ᠲᠣᠭᠤᠷᠢᠭ ᠤᠨ | ᠬᠠᠭᠤᠴᠢᠨ ᠮᠠᠶ᠋ᠢᠭ ᠤᠨ ᠵᠣᠷᠯᠣᠩ ᠵᠡᠷᠭᠡ ᠶᠢ ᠥᠭᠡᠷᠡᠴᠢᠯᠡᠬᠦ ᠲᠥᠷᠥᠯ ᠵᠥᠢᠯ ᠤᠳ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠥᠢᠯᠡᠴᠢᠯᠡᠭᠡᠨ ᠤ ᠴᠢᠳᠠᠮᠵᠢ ᠶᠢ | ᠴᠢᠩᠭᠠᠳᠬᠠᠨ᠎ᠠ᠃ | ︵ᠲᠦᠷᠪᠡ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠢᠯᠢᠳᠡᠭᠵᠢᠭᠦᠯᠵᠦ᠂ ᠠᠰᠢᠭ ᠵᠢᠷᠭᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠰᠤᠷᠭᠠᠨ | ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠵᠦ᠂ ᠣᠷᠣᠨ ᠪᠦᠰᠡ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠴᠢᠨᠠᠷᠯᠢᠭ | ᠲᠤᠬᠢᠷᠠᠭᠤᠯᠤᠯ ᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠳᠤᠷᠠᠯᠴᠠᠭ᠎ᠠ ᠬᠢᠭᠡᠳ ᠰᠤᠷᠭᠠᠭᠤᠯᠢ ᠰᠤᠷᠭᠠᠭᠤᠯᠢ ᠶᠢᠨ ᠬᠤᠭᠤᠷᠤᠨᠳᠤᠬᠢ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠬᠡᠤᠬᠡᠳ ᠤᠨ ᠳᠣᠯᠣᠳᠤᠭᠠᠷ ᠴᠡᠴᠡᠷᠯᠢᠭ᠂ ᠪᠤᠷᠤᠪᠠᠯᠭᠠᠰᠤ ᠪᠠᠭ᠎ᠠ | ᠰᠤᠷᠭᠠᠭᠤᠯᠢ᠂ ᠨᠠᠩᠰᠤ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠢ ᠪᠠᠷᠢᠯᠭ᠎ᠠ ᠡᠬᠢᠯᠡᠭᠦᠯᠵᠤ᠂ ᠬᠤᠰᠢᠭᠤ ᠨᠢᠭᠡᠳᠦᠭᠡᠷ ᠪᠠᠭ᠎ᠠ | ᠰᠤᠷᠭᠠᠭᠤᠯᠢ᠂ ᠪᠤᠷᠤᠪᠠᠯᠭᠠᠰᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠢ ᠪᠤᠰᠬᠠᠨ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠤᠨᠬᠠᠵᠤ᠂ ᠠᠷᠠᠳ ᠲᠦᠮᠡᠨ ᠳᠤ ᠬᠠᠨᠳᠤᠭᠰᠠᠨ ᠰᠤᠷᠭᠠᠨ ᠬᠥᠮᠦᠵᠢᠯ ᠢ ᠡᠷᠭᠢᠯᠡᠨ᠎ᠡ᠃ ᠡᠷᠡᠭᠦᠯ ᠡᠩᠬᠡ ᠪᠠᠷ ᠠᠷᠠᠳ ᠲᠤ ᠲᠤᠰᠠᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠳᠠ ᠰᠠᠶᠢᠲᠤᠷ ᠪᠡᠶᠡᠯᠡᠭᠦᠯᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠯᠠᠪᠰᠢᠷᠠᠭᠤᠯᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠠᠰᠠᠷ᠂ ᠬᠤᠰᠢᠭᠤ ᠡᠬᠡ ᠨᠢᠯᠬᠠᠰ ᠤᠨ | ᠡᠷᠡᠭᠦᠯᠵᠢᠯ ᠤᠨ ᠬᠤᠷᠢᠶ᠎ᠠ ᠶᠢ ᠠᠰᠢᠭᠯᠠᠯᠳᠠ ᠳᠤ ᠤᠷᠤᠭᠤᠯᠤᠨ᠂ ᠬᠢᠵᠢᠭ ᠰᠡᠷᠭᠡᠶᠢᠯᠡᠯᠳᠡ ᠶᠢᠨ ᠲᠥᠪ ᠪᠤᠯᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠭᠤᠴᠢᠨ | ᠠᠰᠠᠷ ᠢ ᠥᠭᠡᠷᠡᠴᠢᠯᠡᠬᠦ ᠲᠥᠷᠥᠯ ᠵᠥᠢᠯ ᠢ ᠦᠷᠬᠦᠯᠵᠢᠯᠡᠬᠦᠯᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠥᠷᠭᠡᠳᠭᠡᠨ᠂ ᠡᠮᠴᠢᠯᠡᠭᠡᠨ ᠤ | ᠥᠢᠯᠡᠴᠢᠯᠡᠭᠡ ᠶᠢᠨ ᠲᠦᠭᠡᠮᠡᠯ ᠬᠠᠷᠠᠭᠠᠯᠵᠠᠯ ᠢ ᠠᠬᠢᠭᠤᠯᠤᠨ᠎ᠠ᠃ ᠰᠣᠶᠣᠯ ᠢᠶᠠᠷ ᠭᠥᠰᠡᠯ ᠵᠤᠷᠢᠭ ᠢ ᠨᠢᠭᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠥᠢᠯᠡᠳᠥᠯᠭᠡᠵᠢᠭᠦᠯᠥᠨ᠂ ᠤᠯᠠᠭᠠᠨᠮᠥ᠋ᠴᠢᠷ ᠪᠣᠯᠤᠨ ᠠᠷᠠᠳ ᠤᠨ ᠤᠷᠠᠯᠢᠭ ᠤᠨ ᠪᠦᠯᠬᠦᠮ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ | ᠤᠯᠠᠨ ᠲᠦᠮᠡᠨᠴᠢ ᠤᠶᠤᠨ ᠤ ᠪᠣᠯᠪᠠᠰᠤᠨ ᠤ ᠪᠠᠶᠢᠭᠤᠯᠤᠯᠳᠠ ᠶᠢ ᠥᠷᠭᠦᠯᠵᠢᠯᠡᠭᠦᠯᠥᠨ᠂ ᠠᠵᠢᠯᠴᠢᠨ ᠤ ᠰᠣᠶᠣᠯ ᠤᠨ ᠣᠷᠳᠣᠨ ᠢ ᠪᠠᠶᠢᠭᠤᠯᠵᠤ᠂ ᠥᠷᠭᠡᠨ ᠤᠯᠠᠨ | ᠠᠵᠢᠯᠳᠠᠨ ᠠᠵᠢᠯᠴᠢᠨ ᠪᠣᠯᠤᠨ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠤᠶᠤᠨ ᠤ ᠰᠣᠶᠣᠯ ᠤᠨ ᠱᠠᠭᠠᠷᠳᠠᠯᠭ᠎ᠠ ᠶᠢ ᠬᠠᠩᠭᠠᠨ᠎ᠠ᠃ ᠰᠠᠭᠤᠷᠢ ᠪᠠᠳᠤᠳᠬᠠᠯ ᠢ ᠴᠢᠩᠭᠠᠳᠬᠠᠨ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠤᠨ ᠲᠦᠷᠭᠡᠨ ᠭᠥᠭᠵᠢᠯᠳᠡ ᠶᠢ ᠲᠡᠳᠭᠦᠵᠤ ᠲᠡᠮᠵᠢᠨ᠂ ᠠᠳᠠᠯ ᠥᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠲᠠᠶᠢᠴᠢᠯᠠᠵᠤ᠂ ᠠᠵᠢᠯ ᠲᠠᠢ ᠭᠥᠮᠥᠨ ᠥᠬᠡᠶ ᠬᠡᠷ ᠪᠦᠯᠢ ᠶᠢᠨ ᠲᠤᠭᠳᠠᠩᠭᠤᠢ ᠪᠤᠰᠤ ᠠᠵᠢᠯ ᠤᠯᠤᠯᠳᠠ ᠶᠢ ᠪᠡᠶᠡᠯᠡᠭᠦᠯᠦᠨ᠎ᠡ᠃ ᠠᠰᠠᠷᠠᠮᠵᠢ ᠶᠢᠨ | ᠦᠢᠯᠡᠰ᠂ ᠬᠦᠴᠢᠷᠳᠡᠯ ᠲᠠᠢ ᠡᠳᠡᠭᠡᠳ ᠤᠨ ᠠᠪᠤᠷᠠᠨ ᠲᠤᠰᠠᠯᠠᠯᠳᠠ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ | ᠠᠰᠢᠭ ᠤᠨ ᠬᠠᠮᠠᠭᠠᠯᠠᠯᠳᠠ ᠵᠡᠷᠭᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠥᠷᠭᠡᠨ ᠢ ᠬᠠᠮᠤᠷᠤᠭᠰᠠᠨ᠂ ᠰᠠᠭᠤᠷᠢ ᠶᠢ ᠪᠠᠲᠤᠯᠠᠭᠰᠠᠨ᠂ ᠤᠯᠠᠨ | ᠲᠡᠰ ᠬᠤᠪᠢᠶᠠᠭᠰᠠᠨ᠂ ᠤᠷᠳᠤᠳᠠ ᠪᠠᠷᠢᠮᠳᠠᠯᠠᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠯᠲᠠ ᠶᠢᠨ ᠦᠷ᠎ᠡ ᠪᠦᠲᠦᠮᠵᠢ ᠶᠢ ᠴᠢᠩᠭᠠᠳᠬᠠᠨ | ᠂ ︽ᠥᠪᠡᠷᠲᠡᠭᠡᠨ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ᠂ ᠬᠠᠤᠯᠢ ᠪᠠᠷ ᠵᠠᠰᠠᠬᠤ︾ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠬᠡᠯᠪᠡᠷᠢ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠯᠳᠡ᠂ ᠠᠶᠤᠯᠭᠦᠢ ᠦᠢᠯᠡᠳᠪᠦᠷᠢᠯᠡᠯ᠂ | ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠶᠢ ᠢᠵᠢ ᠴᠤᠬᠴᠠᠵᠢᠭᠤᠯᠤᠬᠰᠠᠨ ᠪᠦᠬᠦ ᠲᠠᠯ᠎ᠠ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ | ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠤᠯᠪᠣᠭᠠᠯᠠᠵᠤ ᠨᠡᠪᠲᠡᠷᠡᠯᠴᠡᠬᠦ ᠶᠢ ᠠᠬᠢᠭᠤᠯᠤᠨ᠂ ᠨᠡᠶᠢᠭᠡᠮ ᠤᠨ ᠵᠠᠰᠠᠯᠲᠠ ᠶᠢᠨ | ᠦᠷ᠎ᠡ ᠪᠦᠲᠦᠮᠵᠢ ᠶᠢ ᠲᠡᠭᠡᠭᠰᠢᠯᠡᠭᠦᠯᠥᠨ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠭᠰᠠᠨ ᠲᠤᠷᠰᠢᠯᠳᠠ ᠶᠢᠨ ᠴᠡᠭ ᠤᠨ ᠪᠠᠶᠢᠭᠤᠯᠤᠯᠳᠠ | ᠪᠠ ᠬᠢᠨᠠᠨ ᠰᠢᠯᠭᠠᠯᠳᠠ ᠶᠢᠨ ᠠᠮᠵᠢᠯᠳᠠ ᠶᠢ ᠪᠠᠳᠤᠯᠠᠨ᠎ᠠ᠃ ᠵᠠᠩᠭᠢᠯᠠᠭ᠎ᠠ ᠶᠢᠨ ᠬᠦᠷᠢᠶ᠎ᠡ ᠭᠤᠭᠴᠤᠭᠠᠨ ᠤ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠲᠠᠰ ᠤᠨ | ᠳᠤᠭᠠᠴᠠᠯᠠᠭᠰᠡᠨ ᠬᠥᠳᠡᠭᠡ ᠲᠣᠰᠬᠤᠨ᠂ ᠪᠥᠬᠦ ᠤᠯᠤᠰ ᠤᠨ ᠠᠩᠬᠠᠨ ᠤ ᠪᠦᠯᠦᠭ ᠤᠨ ︽1+X︾ ᠦᠨᠡᠮᠯᠡᠯ ᠤᠨ ᠲᠦᠷᠢᠮ ᠪᠠ ᠱᠠᠪᠢ ᠣᠷᠣᠬᠤ ᠲᠦᠷᠢᠮ᠂ ᠪᠥᠬᠦ | ᠣᠷᠣᠨ ᠤ ᠴᠢᠳᠠᠪᠤᠷᠢᠲᠠᠨ ᠤ ᠥᠨᠡᠯᠡᠯᠳᠡ᠂ ︽ᠨᠡᠶᠢᠭᠡᠮ ᠲᠤᠭᠤᠷᠢᠭ᠂ ᠨᠡᠶᠢᠭᠡᠮ ᠤᠨ ᠪᠠᠶᠢᠭᠤᠯᠤᠯᠳᠠ᠂ ᠨᠡᠶᠢᠭᠡᠮ ᠲᠤᠭᠤᠷᠢᠭ ᠤᠨ ᠠᠵᠢᠯᠳᠠᠳ᠂ ᠨᠡᠶᠢᠭᠡᠮ ᠤᠨ ᠡᠬᠢ | ᠰᠤᠷᠪᠤᠯᠵᠢ ᠬᠢᠭᠡᠳ ᠨᠡᠶᠢᠭᠡᠮ ᠲᠤᠭᠤᠷᠢᠭ ᠤᠨ ᠥᠪᠡᠷᠳᠡᠭᠡᠨ ᠵᠠᠰᠠᠯᠳᠠ ᠬᠤᠯᠪᠣᠭᠠᠯᠠᠨ ᠠᠵᠢᠯᠯᠠᠬᠤ︾ ᠵᠡᠷᠭᠡ ᠣᠯᠠᠨ ᠵᠥᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ | ᠪᠥᠬᠦ ᠲᠠᠯ᠎ᠠ ᠪᠠᠷ ᠰᠠᠶᠢᠲᠤᠷ ᠠᠳᠬᠤᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ | ᠪᠠ ᠦᠨ᠎ᠡ ᠬᠠᠩᠰᠢ ᠶᠢᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠲᠤᠭᠳᠠᠭᠠᠵᠤ᠂ ᠠᠶᠤᠯᠭᠦᠶ ᠦᠢᠯᠡᠳᠪᠦᠷᠢᠯᠡᠯ ᠪᠠ ᠢᠳᠡᠭᠡᠨ ᠡᠮ ᠤᠨ ᠵᠦᠢᠯ ᠤᠨ | ᠠᠵᠢᠯ ᠢ ᠰᠠᠶᠢᠲᠤᠷ ᠴᠢᠩᠳᠠᠯᠠᠨ᠂ ᠪᠦᠬᠦ ᠠᠷᠠᠳ ᠤᠨ ᠠᠮᠤᠷ ᠲᠦᠪᠰᠢᠨ ᠤ ᠪᠠ ᠵᠣᠯ ᠵᠢᠷᠭᠠᠯ ᠤᠨ ᠬᠠᠨᠤᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ᠂ ᠤᠨ ᠤᠯᠠᠷᠢᠵᠤ ᠤᠷᠴᠢᠯᠠᠩ ᠰᠢᠨᠡᠳᠥᠯᠡ᠃ ᠪᠢᠳᠡ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶᠠᠨ ᠤ ᠢᠮᠠᠭᠳᠠ ᠶᠢᠨ ᠬᠢᠨᠠᠯᠲᠠ ᠵᠢᠯᠣᠭᠤᠳᠣᠯᠭ᠎ᠠ ᠲᠤᠤᠷ᠎ᠠ ᠤᠷᠳᠤᠳᠠ ᠭᠥᠴᠥᠯᠡᠨ ᠴᠢᠷᠮᠠᠶᠢᠵᠤ᠂ ᠢᠳᠡᠭᠡᠯ ᠵᠢᠳᠭᠦᠯ ᠤᠨ ᠪᠠᠲᠤ ᠵᠣᠷᠢᠭ ᠢ | ᠪᠠᠷᠢᠨ᠂ ᠡᠯ᠎ᠡ ᠠᠵᠢᠯ ᠤᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠤᠬᠢ ᠪᠦᠲᠦᠭᠡᠯ ᠢᠶᠠᠷ ᠣᠳᠣᠬᠢᠴᠢᠯᠠᠭᠰᠠᠨ ᠣᠲᠤᠭ ᠤᠨ | ᠡᠮᠦᠨᠡᠲᠦ ᠬᠤᠰᠢᠭᠤᠨ ᠤ ᠪᠠᠨ ᠭᠥᠭᠵᠢᠯ ᠤᠨ ᠰᠢᠨ᠎ᠡ ᠠᠶᠠᠨ ᠶᠤᠭᠠᠨ ᠡᠬᠢᠯᠡᠭᠦᠯᠰᠥᠭᠡᠢ︕ | | | |