ᠵᠠᠰᠠᠭ ᠤᠨ ᠤᠷᠳᠤᠨ ᠤ ᠠᠵᠢᠯ ᠤᠨ ᠢᠯᠡᠳᠭᠡᠯ | | | —— 2022 ᠤᠨ ᠤ 1 ᠰᠠᠷ᠎ᠠ ᠶᠢᠨ 7 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠨ ᠨᠢᠭᠡᠳᠥᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠥᠭᠡᠷ ᠬᠤᠷᠠᠯᠳᠤᠭᠠᠨ ᠲᠡᠭᠡᠷ᠎ᠡ | | ᠬᠤᠰᠢᠭᠤ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠲᠠᠷᠤᠭ᠎ᠠ | ᠶᠠᠩ ᠶᠢᠩ ᠰᠢᠨ | | | ᠲᠥᠯᠥᠭᠡᠯᠡᠭᠴᠢᠳ ᠡ᠄ | ᠡᠳᠥᠭᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠠᠳᠭᠡᠯ ᠬᠢᠶ᠎ᠡ᠂ ᠲᠥᠯᠥᠭᠡᠯᠡᠭᠴᠢᠳ ᠬᠢᠨᠠᠨ | ᠵᠥᠪᠯᠡᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠰᠤᠯᠠ ᠤᠷᠤᠯᠴᠠᠭᠰᠠᠳ ᠰᠠᠨᠠᠯ ᠢᠶᠠᠨ ᠲᠡᠪᠰᠢᠭᠦᠯᠭᠦ ᠪᠤᠯᠪᠠᠤ᠃ | ᠨᠢᠭᠡ᠂ ᠲᠣᠰ ᠡᠭᠡᠯᠵᠢ ᠶᠢᠨ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠥᠭᠡᠷ ᠬᠤᠷᠠᠯᠳᠤᠭᠠᠨ ᠠᠴᠠ ᠢᠨᠠᠭᠰᠢ᠂ ᠪᠡᠷᠭᠡ ᠪᠤᠳᠤᠯᠢᠶᠠᠨ | ᠲᠠᠢ ᠭᠥᠭᠵᠢᠯᠳᠡ ᠶᠢᠨ ᠤᠷᠴᠢᠨ ᠪᠠ ᠤᠯᠠᠮ ᠢᠶᠠᠷ ᠭᠥᠨᠳᠥᠷᠠᠵᠤ ᠪᠠᠶᠢᠭ᠎ᠠ ᠠᠵᠤ ᠠᠬᠤᠢ ᠶᠢᠨ ᠤᠳᠠᠭᠠᠰᠢᠷᠠᠯ ᠵᠢᠴᠢ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ | ᠨᠤᠴᠢᠳᠠᠢ ᠲᠠᠯᠬᠢᠳᠠᠯ ᠤᠨ ᠡᠮᠥᠨ᠎ᠡ᠂ ᠬᠤᠰᠢᠭᠤ ᠠᠷᠠᠳ ᠤᠨ ᠵᠠᠰᠠᠭ ᠤᠨ ᠤᠷᠳᠤᠨ ᠶᠡᠷᠥᠩᠭᠡᠢ ᠱᠥᠵᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠠ᠂ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠬᠢᠭᠡᠳ ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠤᠯᠤᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠥᠷᠢᠰᠥᠯ ᠲᠥᠭᠰᠢᠭᠦᠷᠢ ᠢ ᠯᠠᠪᠳᠠᠭᠤᠨ ᠢᠶᠠᠷ | ᠤᠭᠳᠤᠨ᠂ ᠭᠥᠴᠥᠨ ᠢᠶᠠᠨ ᠨᠢᠭᠳᠠᠷᠠᠭᠤᠯᠤᠨ ᠪᠡᠷᠭᠡᠰᠢᠶᠡᠯ ᠢ ᠢᠯᠠᠵᠤ᠂ ᠴᠢᠨᠡᠭᠡᠯᠢᠭ ᠨᠡᠶᠢᠭᠡᠮ ᠢ ᠪᠥᠭᠦ ᠲᠠᠯ᠎ᠠ ᠪᠠᠷ ᠪᠠᠶᠢᠭᠤᠯᠬᠤ ᠰᠢᠢᠳᠪᠥᠷᠢᠳᠤ ᠢᠯᠠᠯᠳᠠ ᠶᠢ | ᠤᠭᠳᠤᠨ᠂ ᠤᠳᠤᠬᠢᠴᠢᠯᠠᠭᠰᠠᠨ ᠤᠳᠤᠭ ᠤᠨ ᠡᠮᠥᠨᠡᠳᠤ ᠬᠤᠰᠢᠭᠤ ᠪᠠᠨ ᠪᠥᠭᠦ ᠲᠠᠯ᠎ᠠ ᠪᠠᠷ ᠪᠥᠳᠥᠭᠡᠨ ᠪᠠᠶᠢᠭᠤᠯᠬᠤ ᠶᠢᠨ ᠰᠢᠨ᠎ᠡ ᠠᠶᠠᠨ ᠢᠶᠠᠨ ᠡᠬᠢᠯᠡᠭᠦᠯᠥᠭᠰᠡᠨ | ᠪᠠᠶᠢᠨ᠎ᠠ᠃ | ᠨᠢᠭᠡ ᠳᠤ᠂ ᠶᠡᠷᠥᠩᠭᠡᠶᠢᠯᠡᠭᠰᠡᠨ ᠪᠤᠳᠠᠳᠤ ᠭᠥᠴᠥᠨ ᠯᠠᠪᠳᠠᠭᠤᠨ ᠢᠶᠠᠷ ᠲᠡᠭᠡᠭᠰᠢᠯᠡᠪᠡ᠃ ᠭᠥᠭᠵᠢᠯᠳᠡ ᠶᠢ ᠢᠮᠠᠭᠳᠠ ᠲᠡᠷᠢᠭᠦᠨ ᠴᠢᠬᠤᠯᠠ ᠪᠠᠶᠢᠷᠢᠨ ᠳᠤ | ᠪᠠᠷᠢᠮᠳᠠᠯᠠᠭᠰᠠᠨ ᠠᠴᠠ ᠠᠵᠤ ᠠᠬᠤᠢ ᠶᠢᠨ ᠭᠥᠭᠵᠢᠯᠳᠡ ᠲᠤᠭᠳᠠᠭᠤᠨ ᠠᠬᠢᠵᠤ ᠯᠠᠪᠳᠠᠭᠤᠨ ᠰᠠᠶᠢᠵᠢᠷᠠᠪᠠ᠃ ᠵᠢᠱᠢᠯᠳᠠ ᠪᠠᠷ ᠭᠠᠵᠠᠷ ᠤᠷᠤᠨ ᠤ ᠥᠢᠯᠡᠳᠪᠥᠷᠢᠯᠡᠯ ᠤᠨ | ᠶᠡᠷᠥᠩᠭᠡᠢ ᠥᠷᠳᠡᠭ 157.4 ᠳ᠋ᠥᠩᠰᠢᠭᠤᠷ ᠲᠦᠭᠦᠷᠢᠭ ᠲᠤ ᠬᠦᠷᠴᠦ᠂ ᠵᠢᠯ ᠲᠤᠮᠳᠠᠴᠢᠯᠠᠨ 6% ᠪᠠᠷ ᠨᠡᠮᠡᠭᠳᠡᠨ᠂ ᠭᠥᠮᠥᠨ ᠲᠤᠳᠤᠮ ᠳᠤ ᠲᠡᠭᠰᠢᠳᠭᠡᠭᠰᠡᠨ | ᠬᠡᠮᠵᠢᠶ᠎ᠡ ᠪᠥᠭᠦ ᠬᠤᠳᠠ ᠶᠢᠨ ᠲᠡᠷᠢᠭᠦᠨ ᠤ ᠡᠩᠨᠡᠭᠡᠨ ᠳᠤ ᠤᠷᠤᠪᠠ︔ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ ᠨᠡᠶᠢᠳᠡ 248.2 ᠳ᠋ᠦᠩᠰᠢᠭᠤᠷ | ᠲᠦᠭᠦᠷᠢᠭ ᠪᠡᠶᠡᠯᠡᠭᠦᠯᠪᠡ︔ ᠡᠩ ᠤᠨ ᠨᠠᠶᠢᠲᠠ ᠶᠢᠨ ᠲᠦᠰᠦᠪ ᠤᠨ ᠣᠷᠣᠯᠭ᠎ᠠ ᠶᠢᠨ ᠬᠤᠷᠠᠮᠳᠤᠯ 46.64 ᠳ᠋ᠦᠩᠰᠢᠭᠤᠷ ᠲᠦᠬᠦᠷᠢᠭ ᠭᠥᠷᠴᠤ᠂ ᠵᠢᠯ ᠲᠤᠮᠳᠠᠴᠢᠯᠠᠨ | 12% ᠢᠶᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠤᠷᠤᠯᠭ᠎ᠠ ᠲᠣᠰ ᠪᠦᠷᠢ 41537 ᠲᠦᠬᠦᠷᠢᠭ ᠪᠠ 16929 ᠲᠦᠬᠦᠷᠢᠭ ᠠᠴᠠ | ᠨᠡᠮᠡᠭᠳᠡᠨ 50823 ᠲᠥᠭᠦᠷᠢᠭ ᠪᠠ 23890 ᠲᠥᠭᠦᠷᠢᠭ ᠲᠤ ᠬᠦᠷᠴᠤ᠂ ᠵᠢᠯ ᠲᠤᠮᠳᠠᠴᠢᠯᠠᠨ ᠲᠤᠰ ᠪᠥᠷᠢ 5.2% ᠪᠠ 9% ᠪᠠᠷ ᠨᠡᠮᠡᠭᠳᠡᠪᠡ︔ ᠵᠠᠬ᠎ᠠ | ᠲᠡᠯᠭᠡᠭᠦᠷ ᠤᠨ ᠭᠤᠤᠯ ᠴᠤᠭᠴᠠ ᠶᠢᠨ ᠪᠤᠳᠠᠭᠠᠯᠢ ᠲᠤᠭ᠎ᠠ 4785 ᠡᠷᠥᠭᠡ ᠠᠴᠠ ᠨᠡᠮᠡᠭᠳᠡᠨ 9277 ᠡᠷᠥᠭᠡ ᠭᠥᠷᠪᠡ᠃ ︽ᠮᠠᠯᠴᠢᠨ ᠲᠠᠷᠢᠶᠠᠴᠢᠨ ᠮᠠᠯ ᠲᠠᠷᠢᠶᠠᠯᠠᠩ | ᠮᠠᠯᠵᠢᠬᠤ ᠲᠠᠷᠢᠶᠠᠯᠠᠬᠤ ᠤᠷᠤᠨ ᠤ ᠨᠡᠶᠢᠳᠡᠮ ᠪᠥᠷᠢᠳᠭᠡᠯ︾ ᠤᠨ ᠠᠵᠢᠯ᠂ ︽ᠲᠥᠷᠪᠡᠳᠥᠭᠡᠷ ᠤᠳᠠᠭᠠᠨ ᠤ ᠪᠥᠭᠦ ᠤᠯᠤᠰ ᠤᠨ ᠠᠵᠤ ᠠᠬᠤᠢ ᠶᠢᠨ ᠨᠡᠶᠢᠳᠡᠮ | ᠪᠥᠷᠢᠳᠭᠡᠯ︾ ᠤᠨ ᠠᠵᠢᠯ ᠬᠢᠭᠡᠳ ᠲᠤᠯᠤᠳᠤᠭᠠᠷ ᠤᠳᠠᠭᠠᠨ ᠤ ᠪᠥᠭᠦ ᠤᠯᠤᠰ ᠤᠨ ᠭᠥᠮᠥᠨ ᠠᠮᠠ ᠶᠢᠨ ᠨᠡᠶᠢᠳᠡᠮ ᠪᠥᠷᠢᠳᠭᠡᠯ ᠢ ᠴᠢᠨᠠᠷᠯᠢᠭ ᠭᠥᠢᠴᠡᠳᠭᠡᠵᠤ᠂ ᠠᠵᠤ | ᠠᠬᠤᠢ ᠨᠡᠶᠢᠭᠡᠮ ᠤᠨ ᠭᠥᠭᠵᠢᠯᠳᠡ ᠶᠢᠨ ᠡᠯ᠎ᠡ ᠵᠢᠭᠠᠯᠳᠠ ᠴᠥᠮ ᠲᠤᠬᠢᠳᠠᠢ ᠪᠠᠶᠢᠷᠢᠨ ᠳᠤ ᠤᠷᠤᠰᠢᠨ᠂ ᠭᠥᠭᠵᠢᠯᠳᠡ ᠶᠢᠨ ᠴᠢᠨᠠᠷᠵᠢᠯ ᠥᠷᠭᠦᠯᠵᠢᠯᠡᠨ ᠴᠢᠩᠭᠠᠷᠠᠵᠤ᠂ | ᠲᠤᠮᠳᠠᠳᠤ ᠶᠢᠨ ᠪᠠᠷᠠᠭᠤᠨ ᠤᠷᠤᠨ ᠤ ᠵᠠᠭᠤᠨ ᠭᠥᠴᠥᠷᠭᠡᠭ ᠬᠤᠰᠢᠭᠤ ᠰᠢᠶᠡᠨ ᠳᠤ ᠪᠠᠭᠳᠠᠪᠠ᠃ | ᠬᠤᠶᠠᠷ ᠲᠤ᠂ ᠠᠵᠤ ᠥᠢᠯᠡᠰ ᠤᠨ ᠭᠥᠭᠵᠢᠯᠳᠡ ᠴᠢᠨᠰᠠᠭ᠎ᠠ ᠲᠡᠭᠡᠭᠰᠢᠯᠡᠨ ᠤᠷᠤᠯᠭ᠎ᠠ ᠨᠡᠮᠡᠭᠳᠡᠪᠡ᠃ ᠶᠡᠷᠥᠩᠭᠡᠢ ᠭᠡᠮᠵᠢᠶ᠎ᠡ ᠶᠢ ᠥᠷᠭᠡᠳᠭᠡᠨ ᠴᠢᠨᠠᠷ ᠴᠢᠨᠰᠠᠭ᠎ᠠ | ᠶᠢ ᠲᠡᠭᠡᠭᠰᠢᠯᠡᠭᠦᠯᠭᠦ ᠶᠢ ᠢᠮᠠᠭᠳᠠ ᠪᠠᠷᠢᠮᠳᠠᠯᠠᠭᠰᠠᠨ ᠠᠴᠠ ᠭᠤᠷᠪᠠᠨ ᠠᠵᠤ ᠥᠢᠯᠡᠰ ᠤᠨ ᠪᠥᠳᠥᠴᠡ ᠶᠢᠨ ᠬᠠᠷᠢᠴᠠᠯ ᠰᠢᠯᠢᠳᠡᠭᠵᠢᠵᠤ 11᠄ 60᠄ 29 ᠪᠤᠯᠪᠠ᠃ | ᠮᠠᠯ ᠲᠠᠷᠢᠶᠠᠯᠠᠩ ᠤᠨ ᠥᠢᠯᠡᠰ ᠤᠨ ᠰᠠᠭᠤᠷᠢᠯᠠᠯ ᠪᠠᠶᠢᠷᠢ ᠡᠳᠥᠷ ᠢᠷᠡᠭᠦᠶ᠎ᠡ ᠪᠠᠳᠤᠵᠢᠪᠠ᠃ ᠠᠵᠤ ᠥᠢᠯᠡᠰ ᠤᠨ ᠭᠥᠭᠵᠢᠯᠳᠡ ᠳᠤ ᠨᠡᠶᠢᠳᠡ 5 ᠳ᠋ᠥᠩᠰᠢᠭᠤᠷ | ᠲᠥᠭᠦᠷᠢᠭ ᠤᠨ ᠪᠡᠯᠡ ᠮᠥᠩᠭᠦ ᠤᠷᠤᠭᠤᠯᠵᠤ᠂ ᠮᠠᠯ ᠲᠠᠷᠢᠶᠠᠯᠠᠩ ᠢ ᠬᠠᠷᠠᠭᠠᠯᠵᠠᠬᠤ ᠡᠯ᠎ᠡ ᠲᠥᠷᠥᠯ ᠵᠥᠢᠯ ᠢ 97 ᠬᠡᠷᠡᠭᠵᠢᠭᠦᠯᠥᠨ᠂ ᠠᠮᠤ ᠲᠥᠮᠥᠰᠤᠨ ᠤ ᠵᠢᠯ ᠤᠨ | ᠤᠨᠠᠯᠳᠠ 2.35 ᠳ᠋ᠥᠩᠰᠢᠭᠤᠷ ᠵᠢᠩ ᠳᠤ ᠭᠥᠷᠴᠤ᠂ ᠤᠨᠴᠠᠯᠢᠭᠳᠤ ᠵᠢᠮᠢᠰ ᠨᠤᠭᠤᠭᠠᠨ ᠤ ᠵᠢᠯ ᠤᠨ ᠬᠤᠷᠢᠶᠠᠯᠳᠠ 25 ᠲᠥᠮᠡᠨ ᠲᠤᠨ ᠭᠥᠷᠤᠨ᠂ ᠮᠠᠯ ᠤᠨ ᠲᠤᠭ᠎ᠠ | ᠲᠤᠯᠤᠭᠠᠢ 200 ᠲᠥᠮᠡ ᠤᠶᠢᠷᠠᠳᠴᠤ᠂ ᠮᠠᠯ ᠲᠠᠷᠢᠶᠠᠯᠠᠩ ᠤᠨ ᠮᠠᠰᠢᠨᠴᠢᠯᠠᠯᠳᠠ ᠶᠢᠨ ᠨᠤᠷᠮ᠎ᠠ 88% ᠭᠥᠷᠥᠨ᠂ ᠮᠠᠯ ᠲᠠᠷᠢᠶᠠᠯᠠᠩ ᠤᠨ ᠥᠢᠯᠡᠰ ᠲᠤ ᠬᠢ | ᠰᠢᠨᠵᠢᠯᠡᠭᠡ ᠮᠡᠷᠭᠡᠵᠢᠯ ᠤᠨ ᠬᠤᠪᠢ ᠡᠵᠡᠯᠡᠯᠳᠡ 70% ᠲᠠᠪᠠᠪᠠ᠃ ᠭᠥᠳᠡᠭᠡ ᠤᠷᠤᠨ ᠢ ᠭᠥᠴᠥᠷᠭᠡᠭᠵᠢᠭᠦᠯᠭᠦ ᠬᠤᠳᠠ ᠶᠢᠨ ᠲᠡᠰ ᠤᠨ ᠲᠠᠭᠤᠷᠢᠶᠠᠯ ᠭᠠᠴᠠᠭ᠎ᠠ | ᠲᠤᠰᠬᠤᠨ ᠢ 10 ᠴᠤᠭᠴᠠᠯᠠᠨ᠂ ᠠᠵᠤ ᠥᠢᠯᠡᠰᠴᠢᠯᠡᠭᠰᠡᠨ ᠬᠤᠯᠪᠤᠭᠠᠳᠤ ᠴᠤᠭᠴᠠ 6 ᠵᠤᠬᠢᠶᠠᠨ ᠪᠠᠶᠢᠭᠤᠯᠵᠤ᠂ ᠲᠠᠶᠢᠴᠢᠯᠠᠭᠴᠢ ᠠᠵᠤ ᠠᠬᠤᠶᠢᠯᠠᠯ 11 | ᠪᠤᠶᠢᠵᠢᠭᠤᠯᠤᠨ᠂ ︽ᠬᠤᠶᠠᠷ ᠪᠥᠳᠥᠭᠡᠭᠳᠡᠭᠦᠨ ᠨᠢᠭᠡ ᠲᠡᠮᠳᠡᠭᠳᠤ︾᠂ ︽ᠨᠡᠷᠡᠳᠤ ᠤᠨᠴᠠ ᠰᠢᠯᠢᠳᠡᠭ ᠰᠢᠨ᠎ᠡ︾ ᠵᠡᠷᠭᠡ ᠶᠢᠨ ᠮᠠᠯ ᠲᠠᠷᠢᠶᠠᠯᠠᠩ ᠤᠨ ᠪᠥᠳᠥᠭᠡᠭᠳᠡᠭᠦᠨ ᠢ | 16 ᠬᠡᠷᠡᠴᠢᠯᠡᠭᠦᠯᠵᠤ᠂ ︽ᠤᠳᠤᠭ ᠤᠨ ᠡᠮᠥᠨᠡᠳᠤ ᠬᠤᠰᠢᠭᠤᠨ ᠤ ᠮᠠᠯ ᠤᠨ ᠮᠢᠬ᠎ᠠ︾ ᠤᠷᠤᠨ ᠬᠡᠪᠴᠢᠶᠡᠨ ᠤ ᠨᠡᠶᠢᠳᠡ ᠶᠢᠨ ᠬᠡᠷᠡᠭᠯᠡᠭᠡᠨ ᠤ ᠨᠡᠷᠡᠳᠤ ᠲᠡᠮᠳᠡᠭ ᠢ | ᠠᠮᠵᠢᠯᠳᠠ ᠲᠠᠢ ᠠᠯᠳᠠᠷᠰᠢᠭᠤᠯᠤᠨ᠂ ︽ᠥᠪᠡᠷᠳᠡᠭᠡᠨ ᠵᠠᠰᠠᠬᠤ ᠤᠷᠤᠨ ᠤ ᠮᠠᠯ ᠲᠠᠷᠢᠶᠠᠯᠠᠩ ᠤᠨ ᠪᠥᠳᠥᠭᠡᠭᠳᠡᠭᠦᠨ ᠤ ᠴᠢᠨᠰᠠᠭ᠎ᠠ ᠠᠮᠤᠷ ᠲᠥᠪᠰᠢᠨ ᠬᠤᠰᠢᠭᠤ︾ ᠪᠠᠷ | ᠥᠨᠡᠯᠡᠭᠳᠡᠵᠤ᠂ ᠥᠷᠭᠦᠯᠵᠢᠯᠡᠨ 16 ᠵᠢᠯ ᠮᠠᠯᠴᠢᠨ ᠲᠠᠷᠢᠶᠠᠴᠢᠳ ᠤᠨ ᠭᠥᠮᠥᠨ ᠲᠤᠳᠤᠮ ᠤᠨ ᠡᠵᠡᠮᠳᠡᠵᠤ ᠪᠤᠯᠬᠤ ᠤᠷᠤᠯᠭ᠎ᠠ ᠶᠢ ᠪᠥᠭᠦ ᠬᠤᠳᠠ ᠶᠢᠨ ᠲᠡᠷᠢᠭᠦᠨ | ᠪᠠᠶᠢᠷᠢ ᠳᠤ ᠪᠠᠳᠤᠯᠠᠪᠠ᠃ ᠠᠵᠤ ᠥᠢᠯᠡᠳᠪᠥᠷᠢ ᠶᠢᠨ ᠭᠤᠤᠯᠯᠠᠬᠤ ᠥᠢᠯᠡᠳᠥᠯ ᠡᠳᠥᠷ ᠢᠷᠡᠭᠦᠶ᠎ᠡ ᠢᠯᠡᠷᠭᠡᠢ ᠪᠤᠯᠪᠠ᠃ ᠱᠠᠩᠬᠠᠢ ᠶᠢᠨ ᠰᠥᠮ᠎ᠡ ᠠᠵᠤ ᠠᠬᠤᠢ ᠶᠢᠨ | ᠨᠡᠭᠡᠭᠡᠯᠳᠡ ᠶᠢᠨ ᠤᠷᠤᠨ ᠤ ᠲᠠᠯᠠᠪᠠᠢ ᠶᠢ 5.42 ᠺᠥᠸᠠᠳ᠋ ᠺᠢᠯᠥᠮᠧᠲᠷ ᠠᠴᠠ ᠥᠷᠭᠡᠳᠭᠡᠨ 20.86 ᠺᠥᠸᠠᠳ᠋ ᠺᠢᠯᠥᠮᠧᠲᠷ ᠭᠥᠷᠭᠡᠵᠤ᠂ ᠠᠴᠢᠶᠠᠯᠠᠪᠤᠷᠢ ᠶᠢᠨ | ᠭᠡᠮᠵᠢᠶ᠎ᠡ ᠶᠢ ᠶᠡᠭᠡᠳᠡ ᠲᠡᠭᠡᠭᠰᠢᠯᠡᠭᠦᠯᠪᠡ᠃ ᠴᠢᠬᠤᠯᠠ ᠠᠵᠤ ᠥᠢᠯᠡᠳᠪᠥᠷᠢ ᠶᠢᠨ ᠲᠥᠷᠥᠯ ᠵᠥᠢᠯ ᠢ ᠨᠡᠶᠢᠳᠡ 28 ᠬᠡᠷᠡᠭᠵᠢᠭᠦᠯᠵᠤ᠂ 283 ᠳ᠋ᠥᠩᠰᠢᠭᠤᠷ ᠲᠥᠭᠦᠷᠢᠭ | ᠤᠨ ᠪᠡᠯᠡ ᠤᠷᠤᠭᠤᠯᠤᠨ᠂ 4 ᠰᠠᠭᠤᠷᠢ 2×100 ᠲᠥᠮᠡᠨ ᠺᠢᠯᠤᠸᠠᠲ ᠤᠨ ᠢᠯᠴᠢ ᠶᠢᠨ ᠴᠠᠬᠢᠯᠭᠠᠨ ᠥᠷᠳᠡᠭᠡᠨ ᠤ ᠪᠠᠷᠢᠯᠭ᠎ᠠ ᠶᠢ ᠡᠬᠢᠯᠡᠭᠦᠯᠵᠤ᠂ ᠱᠧᠩ ᠯᠤ᠋ | ᠴᠠᠬᠢᠯᠠᠭᠠᠨ ᠥᠢᠯᠡᠳᠪᠥᠷᠢ ᠶᠢ ᠨᠢᠭᠡᠨᠳᠡ ᠠᠰᠢᠭᠯᠠᠯᠳᠠ ᠳᠤ ᠤᠷᠤᠭᠤᠯᠤᠨ᠂ ᠴᠠᠬᠢᠯᠭᠠᠨ ᠭᠠᠷᠭᠠᠭᠰᠠᠨ ᠨᠡᠶᠢᠳᠡ ᠭᠡᠮᠵᠢᠶ᠎ᠡ 117 ᠳ᠋ᠥᠩᠰᠢᠭᠤᠷ ᠭᠷᠠᠳᠥ᠋ᠰ ᠭᠥᠷᠴᠥ᠂ | ᠤᠯᠤᠰ ᠤᠨ ᠴᠠᠬᠢᠯᠭᠠᠨ ᠤ ᠪᠥᠯᠥᠭᠯᠡᠯ ᠤᠨ ᠱᠤᠸᠠᠩ ᠸᠧᠢ ᠴᠠᠬᠢᠯᠭᠠᠨ ᠥᠢᠯᠡᠳᠪᠥᠷᠢ ᠶᠢᠨ ᠨᠢᠬᠡ ᠰᠠᠭᠤᠷᠢ ᠮᠠᠰᠢᠨ ᠴᠤᠭᠴᠠᠯᠠᠪᠤᠷᠢ ᠶᠢ ᠴᠠᠬᠢᠯᠭᠠᠨ ᠬᠦᠷᠬᠡᠬᠦ ᠳᠤᠤᠷ | ᠳᠤ ᠤᠷᠤᠭᠤᠯᠤᠨ᠂ ᠤᠯᠤᠰ ᠤᠨ ᠡᠨᠧᠷᠬᠢ ᠶᠢᠨ ᠪᠥᠯᠥᠭᠯᠡᠯ ᠤᠨ ᠱᠠᠩᠬᠠᠢ ᠶᠢᠨ ᠰᠥᠮ᠎ᠡ ᠴᠠᠬᠢᠯᠭᠠᠨ ᠥᠢᠯᠡᠳᠪᠥᠷᠢ ᠪᠠ ᠴᠠᠩ ᠴᠧᠩ ᠴᠠᠬᠢᠯᠭᠠᠨ ᠥᠢᠯᠡᠳᠪᠥᠷᠢ ᠶᠢᠨ | ᠪᠠᠷᠢᠯᠭ᠎ᠠ ᠶᠠᠭ ᠡᠷᠴᠢᠮᠳᠡᠢ ᠶᠠᠪᠤᠭᠳᠠᠵᠤ ᠪᠤᠢ︔ ᠶᠠ ᠬᠠᠢ ᠶᠢᠨ 60 ᠲᠥᠮᠡᠨ ᠲᠤᠨ ᠤ LNG ᠬᠤᠪᠢᠷᠠᠭᠤᠯᠤᠯᠳᠠ᠂ ᠢ ᠴᠤᠸᠠᠨ ᠶᠧ ᠶᠢᠨ ᠨᠡᠭᠦᠷᠡᠰᠥᠵᠢᠭᠦᠯᠥᠭᠰᠡᠨ | ᠴᠠᠬᠢᠭᠤᠷᠳᠤ ᠸᠠᠭᠠᠷ ᠲᠤᠭᠤᠰᠬ᠎ᠠ ᠥᠢᠯᠡᠳᠪᠥᠷᠢᠯᠡᠯᠳᠡ᠂ ᠬᠠᠢ ᠴᠤᠸᠠᠨ ᠤ ᠥᠭᠡᠭᠦᠨ ᠴᠢᠯᠠᠭᠤᠨ ᠬᠠᠶᠢᠷ ᠤᠨ ᠪᠤᠯᠪᠠᠰᠤᠷᠠᠭᠤᠯᠤᠯᠳᠠ ᠵᠡᠷᠭᠡ ᠲᠥᠷᠥᠯ ᠵᠥᠢᠯ ᠪᠥᠭᠦ | ᠲᠠᠯ᠎ᠠ ᠪᠠᠷ ᠠᠰᠢᠭᠯᠠᠯᠳᠠ ᠳᠤ ᠤᠶᠢᠷᠠᠳᠪᠠ︔ ᠨᠢᠭᠡᠨᠳᠡ ᠪᠠᠶᠢᠭᠤᠯᠤᠭᠳᠠᠭᠰᠠᠨ 7 ᠰᠠᠭᠤᠷᠢ ᠨᠡᠬᠦᠷᠡᠰᠤᠨ ᠭᠠᠷᠤᠯᠳᠠ ᠨᠠᠶᠢᠳᠠ 6700 ᠲᠥᠮᠡᠨ ᠲᠤᠨ ᠭᠥᠷᠪᠡ︔ | 1261 ᠰᠢᠳᠠᠮᠠᠬᠠᠢ ᠬᠡᠢ ᠶᠢᠨ ᠬᠤᠳᠳᠤᠭ ᠨᠡᠭᠡᠭᠡᠵᠤ᠂ 2 ᠬᠡᠢ ᠬᠤᠷᠠᠮᠳᠤᠭᠤᠯᠬᠤ ᠥᠷᠳᠡᠭᠡ ᠪᠠᠶᠢᠭᠤᠯᠤᠨ᠂ 716 ᠺᠢᠯᠤᠮᠧᠲᠷ ᠤᠨ ᠬᠡᠢ ᠲᠠᠮᠵᠢᠭᠤᠯᠬᠤ ᠬᠤᠭᠤᠯᠠᠢ | ᠤᠭᠰᠠᠷᠠᠵᠤ᠂ ᠰᠢᠳᠡᠮᠠᠬᠠᠢ ᠭᠡᠢ ᠶᠢᠨ ᠭᠠᠷᠤᠯᠳᠠ 190 ᠳ᠋ᠥᠩᠰᠢᠭᠤᠷ ᠺᠥᠪ ᠮᠧᠲᠷ ᠲᠤ ᠭᠥᠷᠪᠡ᠃ ᠠᠵᠤ ᠠᠬᠤᠢ ᠶᠢᠨ ᠨᠡᠮᠡᠭᠳᠡᠯ ᠳᠤ ᠬᠢ ᠠᠵᠤ ᠥᠢᠯᠡᠳᠪᠥᠷᠢ ᠶᠢᠨ | ᠬᠤᠪᠢ ᠡᠵᠡᠯᠡᠯᠳᠡ 81.6% ᠭᠥᠷᠪᠡ᠃ ᠤᠳᠤ ᠥᠶ᠎ᠡ ᠶᠢᠨ ᠥᠢᠯᠡᠴᠢᠯᠡᠭᠡᠨ ᠤ ᠥᠢᠯᠡᠰ ᠤᠨ ᠲᠠᠶᠢᠴᠢᠯᠠᠬᠤ ᠴᠢᠳᠠᠪᠥᠷᠢ ᠡᠳᠥᠷ ᠢᠷᠡᠭᠦᠶ᠎ᠡ ᠢᠯᠡᠳᠪᠡ᠃ | ᠪᠤᠷᠤᠪᠠᠯᠭᠠᠰᠤᠨ ᠳᠤ ᠬᠢ ᠥᠨᠳᠥᠰᠥᠳᠡᠨ ᠤ ᠺᠠᠳ᠋ᠷ ᠤᠨ ᠲᠡᠭᠡᠳᠤ ᠰᠤᠷᠭᠠᠭᠤᠯᠢ ᠶᠢᠨ ᠭᠥᠭᠵᠢᠯ ᠪᠤᠵᠠᠭᠠᠶᠢᠷᠠᠯ ᠢ ᠭᠥᠴᠥᠯᠡᠨ ᠲᠡᠮᠵᠢᠵᠤ᠂ ᠬᠤᠪᠢᠰᠬᠠᠯᠳᠤ | ᠰᠤᠷᠤᠯᠴᠠᠯᠭ᠎ᠠ ᠭᠥᠮᠥᠵᠢᠯ ᠤᠨ ᠰᠠᠭᠤᠷᠢᠨ ᠤ ᠰᠠᠭᠤᠷᠢ ᠲᠥᠭᠦᠭᠡᠷᠤᠮᠵᠢ ᠪᠠ ᠰᠤᠳᠤᠯᠵᠤ ᠰᠤᠷᠤᠯᠴᠠᠭᠤᠯᠬᠤ ᠴᠢᠳᠠᠪᠬᠢ ᠤᠯᠠᠮ ᠢᠶᠠᠷ ᠲᠡᠭᠦᠯᠳᠡᠷᠵᠢᠨ᠂ 60 ᠭᠠᠷᠤᠢ | ᠲᠥᠷᠥᠯ ᠤᠨ ᠬᠤᠪᠢᠨ ᠤ ᠤᠨᠴᠠᠯᠢᠭᠳᠤ ᠰᠤᠳᠤᠯᠭ᠎ᠠ ᠰᠤᠷᠤᠯᠴᠠᠯᠭ᠎ᠠ ᠶᠢᠨ ᠴᠡᠭ ᠪᠥᠭᠦ ᠴᠠᠷᠠᠭᠠᠨ ᠳᠤ ᠨᠢ ᠲᠠᠷᠬᠠᠵᠤ᠂ 5 ᠵᠤᠷᠪᠤᠰ ᠮᠤᠵᠢ ᠠᠯᠤᠰᠯᠠᠭᠰᠠᠨ | ᠬᠤᠪᠢᠰᠬᠠᠯᠳᠤ ᠵᠢᠭᠤᠯᠴᠢᠯᠠᠯ ᠤᠨ ᠲᠤᠰᠬᠠᠢ ᠵᠠᠮ ᠱᠤᠭᠤᠮ ᠢ ᠪᠠᠶᠢᠭᠤᠯᠤᠨ᠂ ᠬᠤᠪᠢᠰᠬᠠᠯᠳᠤ ᠵᠢᠭᠤᠯᠴᠢᠯᠠᠯ ᠤᠨ ᠥᠢᠯᠡᠴᠢᠯᠡᠭᠡ ᠪᠥᠭᠦ ᠤᠯᠤᠰ ᠤᠨ ᠨᠡᠶᠢᠳᠡᠯᠢᠭ | ᠵᠢᠱᠢᠶ᠎ᠡ ᠪᠠᠷ ᠰᠤᠩᠭᠤᠭᠳᠠᠵᠤ᠂ ᠪᠤᠷᠤᠪᠠᠯᠭᠠᠰᠤᠨ ᠳᠤ ᠬᠢ ᠬᠤᠪᠢᠰᠬᠠᠯᠳᠤ ᠰᠤᠶᠤᠯ ᠵᠢᠭᠤᠯᠴᠢᠯᠠᠯ ᠤᠨ ᠤᠷᠤᠨ ᠤᠯᠤᠰ ᠤᠨ 4A ᠲᠡᠰ ᠤᠨ ᠥᠵᠡᠮᠵᠢ ᠶᠢᠨ ᠤᠷᠤᠨ | ᠢᠶᠠᠷ ᠥᠨᠡᠯᠡᠭᠳᠡᠨ᠂ ᠬᠤᠪᠢᠰᠬᠠᠯ ᠤᠨ ᠤᠯᠪᠠᠭ᠎ᠠ ᠰᠢᠨ᠎ᠡ ᠠᠮᠢᠵᠢᠷᠠᠯ ᠰᠤᠳᠤᠨ ᠬᠢᠯᠪᠠᠭ᠎ᠠ ᠪᠠᠨ ᠲᠥᠭᠡᠭᠡᠪᠡ᠃ ᠬᠡᠷᠡᠮ ᠤᠨ ᠭᠤᠤᠯ ᠤᠨ ᠥᠵᠡᠮᠵᠢ ᠶᠢᠨ ᠤᠷᠤᠨ ︵ | ᠠᠷᠤ ᠭᠡᠰᠡᠭ︶ ᠪᠤᠯᠤᠨ ᠨᠢᠩᠰᠢᠶᠡ ᠶᠢᠨ ᠬᠢᠵᠠᠭᠠᠷ ᠲᠤ ᠬᠢ ᠵᠢᠭᠤᠯᠴᠢᠯᠠᠯ ᠤᠨ ᠲᠤᠭᠤᠷᠢᠭ ᠤᠨ ᠤᠷᠤᠨ ᠠᠯᠤᠰᠯᠠᠭᠰᠠᠨ ᠬᠠᠮᠳᠤᠷᠠᠭᠰᠠᠨ ᠪᠠᠶᠢᠭᠤᠯᠤᠯᠳᠠ ᠪᠠ ᠨᠢᠭᠡ | ᠪᠢᠯᠧᠲ ᠢᠶᠠᠷ ᠨᠡᠶᠢᠳᠡ ᠳᠤ ᠨᠢ ᠵᠤᠭᠠᠴᠠᠬᠤ ᠥᠢᠯᠡᠴᠢᠯᠡᠭᠡ ᠪᠡᠶᠡᠯᠡᠭᠳᠡᠵᠤ᠂ ᠬᠤᠳᠠ ᠶᠢᠨ ᠲᠡᠰ ᠤᠨ ᠭᠥᠳᠡᠭᠡ ᠵᠢᠭᠤᠯᠴᠢᠯᠠᠯ ᠤᠨ ᠵᠢᠱᠢᠶ᠎ᠡ ᠥᠵᠡᠭᠦᠯᠭᠦ ᠭᠠᠴᠠᠭ᠎ᠠ | ᠲᠤᠰᠬᠤᠨ ᠢ 6 ᠴᠤᠭᠴᠠᠯᠠᠨ᠂ ᠬᠤᠭᠤᠯᠠ ᠤᠮᠳᠠ ᠠᠷᠠᠯᠵᠢᠶ᠎ᠠ ᠬᠡᠷᠡᠭᠯᠡᠭᠡ ᠬᠢᠭᠡᠳ ᠭᠡᠷ ᠭᠠᠵᠠᠷ ᠭᠥᠷᠥᠩᠭᠡ ᠶᠢᠨ ᠥᠢᠯᠡᠰ ᠢᠳᠡᠷᠡᠬᠦᠨ ᠢᠶᠠᠷ ᠭᠥᠭᠵᠢᠵᠤ᠂ ᠪᠠᠷᠠᠭ᠎ᠠ | ᠭᠥᠢᠯᠭᠡᠭᠡ ᠬᠢᠭᠡᠳ ᠰᠥᠯᠵᠢᠶᠡᠨ ᠠᠷᠠᠯᠵᠢᠶ᠎ᠠ ᠵᠡᠷᠭᠡ ᠥᠢᠯᠡᠰ ᠥᠳᠳᠡᠷ ᠮᠠᠨᠳᠤᠵᠤ᠂ ᠭᠤᠷᠪᠠᠳᠤᠭᠠᠷ ᠠᠵᠤ ᠥᠢᠯᠡᠰ ᠤᠨ ᠨᠡᠮᠡᠭᠳᠡᠯ ᠥᠷᠳᠡᠭ 2017 ᠤᠨ ᠤ ᠬᠢ | ᠠᠴᠠ 1.3 ᠲᠠᠬᠢᠨ ᠢᠶᠠᠷ ᠥᠰᠪᠡ᠃ | ᠭᠤᠷᠪᠠ ᠳᠤ᠂ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠥᠷᠭᠦᠯᠵᠢᠯᠡᠭᠦᠯᠥᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠳᠤ ᠭᠥᠴᠥᠯᠡᠵᠤ ᠬᠠᠮᠳᠤ ᠪᠠᠷ | ᠪᠠᠶᠢᠭᠤᠯᠤᠨ ᠬᠠᠮᠳᠤ ᠡᠳ᠋ᠯᠡᠭᠦ ᠥᠵᠡᠯᠳᠡ ᠶᠢ ᠢᠮᠠᠭᠳᠠ ᠪᠠᠷᠢᠮᠳᠠᠯᠠᠵᠤ᠂ ᠣᠯᠠᠨ ᠲᠦᠮᠡᠨ ᠳᠤ ᠬᠦᠭᠵᠢᠯᠳᠡ ᠶᠢᠨ ᠦᠷ᠎ᠡ ᠪᠦᠳᠦᠮᠵᠢ ᠶᠢ ᠡᠳ᠋ᠯᠡᠭᠦᠯᠪᠡ᠃ ᠨᠡᠶᠢᠳᠡ 77. | 8 ᠳ᠋ᠥᠩᠰᠢᠭᠤᠷ ᠲᠥᠭᠦᠷᠢᠭ ᠪᠡᠯᠡ ᠵᠠᠷᠤᠴᠠᠭᠤᠯᠤᠨ ᠠᠷᠠᠳ ᠤᠯᠠᠨ ᠤ ᠠᠩᠬᠠᠷᠴᠤ ᠪᠤᠢ ᠨᠢᠭᠡ ᠪᠥᠯᠥᠭ ᠪᠤᠳᠠᠳᠤ ᠤᠴᠢᠷ ᠬᠠᠯᠠᠮᠰᠢᠯ ᠤᠴᠢᠷ ᠢ ᠪᠡᠶᠡᠯᠡᠭᠦᠯᠪᠡ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢ ᠴᠢᠨᠠᠷᠯᠢᠭ ᠰᠠᠶᠢᠨ ᠭᠥᠢᠴᠡᠳᠭᠡᠵᠤ᠂ ᠶᠠᠳᠠᠭᠤ ᠭᠥᠴᠢᠷᠳᠡᠯᠳᠡᠢ 1731 ᠭᠥᠮᠥᠨ ᠢ ᠪᠥᠭᠦᠨ ᠢ ᠶᠠᠳᠠᠭᠤ ᠠᠴᠠ | ᠠᠩᠬᠢᠵᠢᠷᠠᠭᠤᠯᠤᠨ᠂ ᠠᠳᠤᠭᠤᠨ ᠬᠤᠳᠳᠤᠭ ᠲᠤ ᠬᠢ ᠨᠡᠭᠦᠯᠭᠡᠨ ᠰᠢᠯᠵᠢᠭᠦᠯᠵᠤ ᠶᠠᠳᠠᠭᠤ ᠶᠢ ᠲᠡᠳᠭᠦᠨ ᠲᠥᠪᠬᠢᠨᠡᠭᠦᠯᠭᠦ ᠲᠤᠭᠤᠷᠢᠭ ᠪᠥᠭᠦ ᠤᠯᠤᠰ ᠤᠨ ︽ᠠᠷᠪᠡᠨ | ᠭᠤᠷᠪᠠᠳᠤᠭᠠᠷ ᠲᠠᠪᠤᠨ ᠵᠢᠯ︾ ᠤᠨ ᠨᠡᠭᠦᠯᠭᠡᠨ ᠰᠢᠯᠵᠢᠭᠦᠯᠭᠦ ᠰᠤᠳᠤᠨ ᠲᠤᠭᠤᠷᠢᠭ ᠢᠶᠠᠷ ᠥᠨᠡᠯᠡᠭᠳᠡᠪᠡ᠃ ᠰᠤᠷᠭᠠᠨ ᠭᠥᠮᠥᠵᠢᠯ ᠵᠢᠭᠠᠨ ᠰᠤᠷᠭᠠᠯᠳᠠ ᠶᠢᠨ ᠴᠢᠨᠠᠷ | ᠴᠢᠨᠰᠠᠭ᠎ᠠ ᠯᠠᠪᠳᠠᠭᠤᠨ ᠠᠬᠢᠵᠤ᠂ 5 ᠰᠠᠭᠤᠷᠢ ᠰᠤᠷᠭᠠᠭᠤᠯᠢ ᠴᠡᠴᠡᠷᠯᠢᠭ ᠢ ᠥᠷᠭᠡᠳᠭᠡᠨ ᠰᠢᠨᠡᠳᠭᠡᠭᠦ ᠪᠤᠶᠤ ᠨᠡᠮᠡᠵᠤ ᠪᠠᠶᠢᠭᠤᠯᠤᠨ᠂ 578 ᠰᠢᠯᠢᠳᠡᠭ ᠪᠠᠭᠰᠢ ᠡᠯᠰᠡᠨ | ᠤᠷᠢᠵᠤ᠂ 21 ᠰᠠᠭᠤᠷᠢ ᠨᠡᠶᠢᠳᠡ ᠠᠴᠠ ᠡᠷᠬᠢᠯᠡᠭᠰᠡᠨ ᠰᠤᠷᠭᠠᠭᠤᠯᠢ ᠴᠥᠮ ᠤᠯᠤᠰ ᠤᠨ ᠨᠢᠭᠡᠳᠥᠯᠳᠡᠢ ᠭᠡᠷᠡᠭᠯᠡᠭᠦ ᠭᠡᠯᠡ ᠪᠢᠴᠢᠭ ᠤᠨ ᠲᠥᠷᠢᠮᠵᠢᠭᠦᠯᠥᠯᠳᠡ ᠶᠢᠨ | ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃ ᠡᠮ ᠡᠮᠴᠢᠯᠡᠭᠡ ᠡᠷᠡᠭᠦᠯ ᠬᠠᠮᠠᠭᠠᠯᠠᠯ ᠤᠨ ᠥᠢᠯᠡᠴᠢᠯᠡᠭᠡ ᠤᠯᠠᠮ ᠰᠠᠶᠢᠵᠢᠷᠠᠨ᠂ ᠬᠤᠰᠢᠭᠤ ᠮᠤᠩᠭᠤᠯ ᠡᠮᠨᠡᠯᠭᠡ ᠶᠢᠨ | ᠶᠡᠷᠥᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠠᠰᠢᠭᠯᠠᠯᠳᠠ ᠳᠤ ᠤᠷᠤᠵᠤ᠂ ᠮᠢᠩᠭᠠᠨ ᠭᠥᠮᠥᠨ ᠪᠥᠷᠢ ᠳᠤ ᠨᠤᠭᠳᠠᠬᠤ ᠡᠮᠨᠡᠯᠭᠡ ᠶᠢᠨ ᠤᠷᠤ ᠶᠢᠨ ᠲᠤᠭ᠎ᠠ 4.5 ᠠᠴᠠ 7. | 4 ᠭᠥᠷᠳᠡᠯ᠎ᠡ ᠥᠰᠴᠤ᠂ ᠭᠤᠣᠯᠳᠠᠯᠭᠠᠳᠦ ᠬᠦᠮᠦᠰ ᠤᠨ ᠭᠡᠷ ᠪᠥᠯᠢ ᠶᠢᠨ ᠡᠮᠴᠢ ᠶᠢᠨ ᠬᠡᠷᠡᠳᠤ ᠥᠢᠯᠡᠴᠢᠯᠡᠭᠡ ᠶᠢᠨ ᠪᠥᠷᠭᠦᠴᠡ 100% ᠭᠥᠷᠥᠨ᠂ ᠰᠢᠨ᠎ᠡ | ᠲᠢᠲᠢᠮᠯᠢᠭ ᠠᠭᠤᠰᠬᠢᠨ ᠥᠷᠪᠢᠰᠥᠯ ᠪᠤᠯᠤᠨ ᠬᠤᠯᠤᠭᠠᠨ᠎ᠠ ᠶᠢᠨ ᠬᠢᠵᠢᠭ᠂ ᠥᠭᠡᠷ ᠤᠨ ᠪᠤᠭᠤᠮ᠎ᠠ ᠡᠪᠡᠳᠴᠢᠨ ᠤ ᠬᠢᠵᠢᠭ ᠢ ᠪᠥᠳᠥᠮᠵᠢᠳᠡᠢ ᠬᠤᠷᠢᠭᠯᠠᠵᠤ᠂ ᠠᠷᠠᠳ | ᠤᠯᠠᠨ ᠢᠶᠠᠷ ᠢᠶᠠᠨ ᠬᠢᠵᠢᠭ ᠢ ᠰᠡᠷᠭᠡᠶᠢᠯᠡᠨ ᠡᠵᠡᠮᠳᠡᠭᠦ ᠪᠠᠳᠤ ᠪᠠᠬᠢ ᠬᠤᠷᠢᠭᠯᠠᠯᠳᠠ ᠶᠢᠨ ᠱᠤᠭᠤᠮ ᠢ ᠪᠥᠳᠥᠭᠡᠪᠡ᠃ ᠨᠡᠶᠢᠭᠡᠮ ᠤᠨ ᠪᠠᠳᠤᠯᠠᠭ᠎ᠠ ᠥᠷᠭᠡᠵᠢᠨ | ᠭᠥᠨᠵᠡᠭᠡᠶᠢᠷᠡᠵᠤ᠂ ᠮᠠᠯᠵᠢᠬᠤ ᠲᠠᠷᠢᠶᠠᠯᠠᠬᠤ ᠤᠷᠤᠨ ᠤ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ 476 ᠲᠥᠭᠦᠷᠢᠭ ᠠᠴᠠ 600 ᠭᠥᠷᠳᠡᠯ᠎ᠡ ᠥᠰᠭᠡᠨ᠂ ᠬᠤᠳᠠ | ᠪᠠᠯᠭᠠᠰᠤᠨ ᠤ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ 611 ᠲᠥᠭᠦᠷᠢᠭ ᠠᠴᠠ 840 ᠲᠥᠭᠦᠷᠢᠭ ᠭᠥᠷᠳᠡᠯ᠎ᠡ ᠥᠰᠭᠡᠵᠤ᠂ ᠨᠡᠶᠢᠳᠡ ᠶᠢᠨ ᠲᠥᠷᠢᠶᠡᠰᠥᠨ ᠬᠡᠷ ᠢ | ᠨᠡᠶᠢᠳᠡ 1907 ᠲᠥᠭᠦᠷ ᠪᠠᠶᠢᠭᠤᠯᠵᠤ ᠬᠤᠪᠢᠶᠠᠷᠢᠯᠠᠨ᠂ ᠬᠤᠳᠠ ᠭᠥᠳᠡᠭᠡ ᠶᠢᠨ ᠲᠤᠤᠷ᠎ᠠ ᠤᠷᠤᠯᠭᠠᠳᠤ ᠭᠥᠮᠥᠰ ᠤᠨ ᠠᠮᠢᠳᠤᠷᠠᠯ ᠤᠨ ᠥᠨᠳᠥᠰᠥᠨ ᠪᠠᠳᠤᠯᠠᠭ᠎ᠠ ᠶᠢ | ᠪᠠᠳᠤᠯᠠᠪᠠ᠃ ᠰᠤᠶᠦᠯ ᠤᠨ ᠥᠢᠯᠡᠰ ᠤᠨ ᠠᠮᠵᠢᠯᠳᠠ ᠪᠥᠳᠥᠮᠵᠢ ᠢᠯᠡᠳᠴᠤ᠂ ︽ᠵᠢᠷᠠᠨ ᠬᠠᠶᠢᠯᠠᠰᠤ ᠶᠢᠨ ᠲᠠᠬᠢᠯᠭ᠎ᠠ︾ ᠪᠤᠳᠠᠰ ᠤᠨ ᠪᠤᠰᠤ ᠰᠤᠶᠤᠯ ᠤᠨ ᠥᠪ ᠤᠨ | ᠤᠯᠤᠰ ᠤᠨ ᠲᠡᠰ ᠤᠨ ᠲᠠᠪᠤᠳᠤᠭᠠᠷ ᠪᠥᠯᠥᠭ ᠥᠪᠯᠡᠨ ᠤᠯᠠᠮᠵᠢᠯᠠᠯ ᠤᠨ ᠨᠡᠷᠡᠰ ᠴᠠᠳᠢᠭ ᠲᠤ ᠵᠢᠭᠰᠠᠭᠳᠠᠨ᠂ ᠬᠤᠰᠢᠭᠤ ᠨᠤᠮ ᠤᠨ ᠰᠠᠩ ᠤᠯᠤᠰ ᠤᠨ ᠬᠤᠰᠢᠭᠤ | ᠰᠢᠶᠡᠨ ᠤ ᠲᠡᠰ ᠤᠨ ᠨᠢᠭᠡᠳᠥᠭᠡᠷ ᠵᠡᠷᠭᠡ ᠶᠢᠨ ᠨᠡᠶᠢᠳᠡ ᠶᠢᠨ ᠨᠤᠮ ᠤᠨ ᠰᠠᠩ ᠢᠶᠠᠷ ᠥᠨᠡᠯᠡᠭᠳᠡᠵᠤ᠂ ᠲᠤᠮᠤ ᠬᠡᠯᠪᠡᠷᠢ ᠶᠢᠨ ᠲᠠᠭᠤᠯᠠᠯᠳᠤ ᠵᠥᠴᠥᠭᠡ ︽ᠠᠨᠠᠷ | ᠪᠤᠯᠪᠠᠰᠤᠷᠠᠯ᠎ᠠ︾ ᠠᠷᠠᠳ ᠤᠨ ᠶᠡᠭᠡ ᠬᠤᠷᠠᠯ ᠤᠨ ᠲᠢᠩᠬᠢᠮ ᠳᠤ ᠲᠤᠭᠯᠠᠭᠳᠠᠪᠠ᠃ ︽ᠠᠮᠤᠷ ᠠᠮᠤᠭᠤᠯᠠᠩ ᠤᠳᠤᠭ ᠤᠨ ᠡᠮᠥᠨᠡᠳᠤ ᠬᠤᠰᠢᠭᠤᠨ︾ ᠤ ᠪᠠᠶᠢᠭᠤᠯᠤᠯᠳᠠ | ᠯᠠᠪᠳᠠᠭᠤᠨ ᠠᠬᠢᠵᠤ᠂ ᠠᠷᠠᠳ ᠤᠯᠠᠨ ᠤ ᠠᠮᠤᠷ ᠲᠥᠪᠰᠢᠨ ᠬᠢᠭᠡᠳ ᠵᠤᠯ ᠵᠢᠷᠭᠠᠯ ᠤᠨ ᠬᠠᠨᠤᠮᠵᠢ ᠥᠷᠭᠦᠯᠵᠢᠯᠡᠨ 4 ᠵᠢᠯ 95% ᠠᠴᠠ ᠲᠡᠭᠡᠭᠰᠢ ᠪᠠᠶᠢᠬᠤ ᠶᠢ | ᠪᠠᠳᠤᠯᠠᠪᠠ᠃ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠪᠠᠶᠢᠭᠤᠯᠤᠯᠳᠠ ᠢᠳᠡᠯᠢᠭ ᠥᠷᠨᠢᠵᠤ᠂ ᠲᠤᠮᠳᠠᠳᠤ ᠶᠢᠨ ᠥᠨᠳᠥᠰᠥᠳᠡᠨ ᠤ ᠬᠠᠮᠳᠤ ᠶᠢᠨ ᠴᠤᠭᠴᠠ | ᠶᠢᠨ ᠤᠬᠠᠮᠰᠠᠷ ᠢ ᠴᠤᠭᠴᠠᠯᠠᠬᠤ ᠶᠠᠪᠤᠳᠠᠯ ᠳᠤ ᠪᠥᠭᠦ ᠠᠷᠠᠳ ᠨᠡᠶᠢᠳᠡᠪᠡᠷ ᠤᠷᠤᠯᠴᠠᠪᠠ᠃ | ᠲᠦᠷᠪᠡ ᠳᠤ᠂ ᠦᠭᠡᠷᠡᠴᠢᠯᠡᠯᠳᠡ ᠰᠢᠨᠡᠴᠢᠯᠡᠯᠳᠡ ᠶᠢ ᠲᠠᠰᠣᠷᠠᠯᠳᠠ ᠦᠭᠡᠢ ᠭᠦᠨᠵᠡᠭᠡᠶᠢᠷᠡᠭᠦᠯᠪᠡ᠃ ᠦᠭᠡᠷᠡᠴᠢᠯᠡᠯᠳᠡ ᠪᠠᠷ ᠣᠳᠣᠷᠢᠳᠣᠮᠵᠢ ᠪᠣᠯᠭᠠᠬᠤ᠂ | ᠰᠢᠨᠡᠴᠢᠯᠡᠯᠳᠡ ᠪᠠᠷ ᠲᠠᠶᠢᠴᠢᠯᠠᠬᠤ ᠶᠢ ᠢᠮᠠᠭᠳᠠ ᠪᠠᠷᠢᠮᠳᠠᠯᠠᠪᠠ᠃ ᠵᠠᠩᠬᠢᠯᠠᠭ᠎ᠠ ᠶᠢᠨ ᠬᠦᠷᠢᠶ᠎ᠡ ᠴᠠᠷᠠᠭ᠎ᠠ ᠪᠣᠯᠣᠨ ᠵᠠᠩᠬᠢᠯᠠᠭ᠎ᠠ ᠶᠢᠨ ᠭᠤᠭᠴᠣᠭᠠᠨ ᠤ ᠦᠭᠡᠷᠡᠴᠢᠯᠡᠯᠳᠡ ᠶᠢ | ᠦᠨᠡᠨ ᠬᠦ ᠠᠬᠢᠭᠤᠯᠣᠨ᠂ ᠨᠡᠶᠢᠳᠡ 681 ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠭᠦᠯᠵᠣ᠂ 368 ᠲᠦᠷᠦᠯ ᠤᠨ ᠦᠭᠡᠷᠡᠴᠢᠯᠡᠯᠳᠡ ᠶᠢᠨ ᠦᠷ᠎ᠡ | ᠪᠦᠳᠦᠮᠵᠢ ᠶᠢ ᠪᠦᠷᠢᠯᠳᠦᠭᠦᠯᠪᠡ᠃ ︽ᠲᠠᠯᠪᠢᠬᠤ ᠬᠠᠮᠢᠶᠠᠷᠬᠤ ᠣᠶᠢᠯᠡᠴᠢᠯᠡᠭᠦ︾ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠣ᠂ ᠬᠤᠰᠢᠭᠤ ᠪᠠᠯᠭᠠᠰᠦ ᠭᠠᠴᠠᠭ᠎ᠠ | ᠲᠣᠰᠬᠤᠨ ᠭᠤᠷᠪᠠᠨ ᠱᠠᠳᠣᠨ ᠤ ᠵᠠᠰᠠᠭ ᠤᠨ ᠣᠶᠢᠯᠡᠴᠢᠯᠡᠭᠡᠨ ᠤ ︽ᠨᠢᠭᠡᠳᠦᠮᠡᠯ ᠰᠦᠯᠵᠢᠶ᠎ᠡ︾ ᠶᠢ ᠪᠠᠶᠢᠭᠤᠯᠣᠨ᠂ ᠪᠦᠬᠦ ᠬᠤᠰᠢᠭᠤᠨ ᠤ 44 ᠰᠠᠯᠠᠭ᠎ᠠ ᠮᠦᠴᠢᠷ ᠤᠨ | 1258 ᠲᠦᠷᠦᠯ ᠤᠨ ᠵᠠᠰᠠᠭ ᠵᠠᠬᠢᠷᠭᠠᠨ ᠤ ᠴᠣᠬᠤᠯᠠᠪᠦᠷᠢᠯᠠᠯᠳᠠ ᠪᠣᠯᠣᠨ ᠨᠡᠶᠢᠳᠡ ᠶᠢᠨ ᠣᠶᠢᠯᠡᠴᠢᠯᠡᠭᠡᠨ ᠤ ᠲᠦᠷᠦᠯ ᠢ ᠪᠦᠬᠦᠨ ᠢ ᠵᠠᠰᠠᠭ ᠤᠨ ᠶᠠᠪᠣᠳᠠᠯ ᠤᠨ | ᠣᠶᠢᠯᠡᠴᠢᠯᠡᠭᠡᠨ ᠤ ᠲᠠᠩᠬᠢᠮ ᠳᠤ ᠣᠷᠣᠭᠤᠯᠵᠣ᠂ ᠪᠠᠯᠭᠠᠰᠣᠨ ᠳᠤ 99 ᠲᠦᠷᠦᠯ ᠤᠨ ᠬᠡᠷᠡᠭ ᠶᠠᠪᠣᠳᠠᠯ ᠤᠨ ᠡᠷᠭᠡ ᠶᠢ ᠣᠯᠭᠤᠨ᠂ 1800 ᠭᠠᠷᠣᠢ ᠲᠦᠷᠦᠯ ᠤᠨ | ᠵᠠᠰᠠᠭ ᠤᠨ ᠶᠠᠪᠣᠳᠠᠯ ᠤᠨ ᠣᠶᠢᠯᠡᠴᠢᠯᠡᠭᠡ ᠶᠢ ᠰᠦᠯᠵᠢᠶᠡᠨ ᠳᠤ ᠨᠡᠶᠢᠳᠡᠯᠡᠵᠣ᠂ ᠰᠦᠯᠵᠢᠶᠡᠨ ᠭᠦᠢᠴᠡᠳᠭᠡᠯ 99% ᠳᠤ ᠬᠦᠷᠴᠦ᠂ ᠪᠠᠷᠢᠮᠵᠢᠶᠡᠵᠢᠭᠰᠡᠨ ᠠᠷᠠᠳ ᠲᠤ | ᠲᠦᠭᠦᠮ ᠦᠵᠡᠭᠦᠯᠬᠦ ᠣᠶᠢᠯᠡᠴᠢᠯᠡᠭᠡᠨ ᠤ ᠣᠷᠣᠯᠠᠨ ᠭᠦᠢᠴᠡᠳᠬᠡᠭᠦ ᠴᠡᠭ ᠤᠨ ᠪᠦᠬᠦ ᠪᠦᠷᠬᠦᠴᠡ ᠶᠢ ᠪᠡᠶᠡᠯᠡᠭᠦᠯᠪᠠ᠃ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠯ | ᠤᠨ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠡᠳ᠋ ᠬᠦᠷᠦᠩᠭᠡ ᠶᠢᠨ ᠪᠠᠶᠢᠴᠠᠭᠠᠨ ᠬᠠᠷᠭᠤᠭᠤᠯᠣᠯᠳᠠ᠂ ᠪᠡᠶ᠎ᠡ ᠶᠢᠨ ᠭᠠᠷᠣᠯ ᠤᠨ | ᠲᠣᠳᠣᠷᠬᠠᠶᠢᠯᠠᠯᠳᠠ᠂ ᠬᠤᠪᠢ ᠣᠷᠣᠭᠤᠯᠣᠯᠳᠠ ᠪᠠᠷ ᠨᠣᠭᠤᠯᠣᠨ ᠪᠣᠳᠣᠬᠤ ᠬᠡᠮᠵᠢᠶᠡᠯᠡᠯᠳᠡ᠂ ᠲᠠᠩᠰᠠᠯᠠᠯ ᠺᠣᠳ᠋ ᠣᠯᠭᠤᠯᠳᠠ ᠵᠡᠷᠭᠡ ᠠᠵᠢᠯ ᠢ ᠪᠦᠬᠦ ᠲᠠᠯ᠎ᠠ ᠪᠠᠷ | ᠪᠡᠶᠡᠯᠡᠭᠦᠯᠪᠡ᠃ ᠨᠡᠶᠢᠭᠡᠮ ᠤᠨ ᠵᠠᠰᠠᠯᠳᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠣᠶᠣᠨᠴᠢ ︽ᠴᠠᠬᠢᠮ︾ ᠨᠡᠪᠳᠡᠷᠡᠭᠦᠯᠭᠡ ᠪᠦᠬᠦ ᠣᠯᠣᠰ ᠤᠨ ︽ᠣᠶᠣᠨᠴᠢ | ᠴᠠᠭᠳᠠᠭᠠᠨ ᠤ ᠶᠡᠪᠣᠳᠠᠯ︾ ᠤᠨ ᠰᠢᠨᠡᠴᠢᠯᠡᠯᠳᠡ ᠶᠢᠨ ᠵᠢᠱᠢᠶ᠎ᠡ ᠪᠣᠯᠵᠣ᠂ ᠦᠨᠳᠦᠰᠦᠨ ᠱᠠᠳᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠳᠠ | ᠲᠠᠪᠣᠳᠣᠭᠠᠷ ᠬᠤᠭᠤᠴᠠᠭᠠᠨ ᠤ ︽ᠲᠣᠮᠳᠠᠳᠦ ᠣᠯᠣᠰ ᠤᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠱᠠᠩᠨᠠᠯ︾ ᠬᠦᠷᠳᠡᠪᠡ᠃ | ᠲᠠᠪᠤ᠂ ᠬᠤᠳᠠ ᠪᠠᠯᠭᠠᠰᠣᠨ ᠤ ᠲᠦᠷᠢ ᠲᠦᠷᠬᠦ ᠶᠡᠭᠡ ᠪᠠᠷ ᠦᠭᠡᠷᠡᠴᠢᠯᠡᠭᠳᠡᠪᠡ᠃ ᠬᠤᠳᠠ ᠪᠠᠷ ᠬᠦᠳᠡᠭᠡ ᠶᠢ ᠲᠠᠶᠢᠴᠢᠯᠠᠬᠤ᠂ ᠬᠤᠳᠠ ᠬᠦᠳᠡᠭᠡ ᠬᠤᠯᠪᠣᠭᠠᠯᠠᠨ | ᠬᠦᠳᠡᠯᠦᠯᠴᠡᠬᠦ ᠶᠢ ᠢᠮᠠᠭᠳᠠ ᠪᠠᠷᠢᠮᠳᠠᠯᠠᠵᠣ᠂ ᠬᠤᠳᠠ ᠬᠦᠳᠡᠭᠡ ᠶᠢᠨ ᠣᠷᠣᠰᠢᠨ ᠰᠠᠭᠤᠷᠢᠰᠢᠬᠤ ᠬᠡᠪ ᠴᠢᠨᠰᠠᠭ᠎ᠠ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠂ | ᠵᠠᠯᠭᠠᠭ᠎ᠠ ᠪᠠᠷ ᠣᠯᠣᠰ ᠤᠨ ᠪᠣᠯᠪᠠᠰᠣᠨ ᠬᠤᠳᠠ ᠪᠣᠯᠪᠠ᠃ 34 ᠺᠢᠯᠣᠮᠧᠲᠷ ᠤᠨ ᠬᠤᠳᠠ ᠶᠢᠨ ᠵᠠᠮ ᠵᠡᠭᠡᠯᠢ᠂ ᠭᠠᠵᠠᠷ ᠲᠣᠣᠷᠠᠬᠢ ᠲᠣᠣᠷ ᠬᠤᠭᠤᠯᠠᠢ ᠶᠢ ᠰᠢᠨ᠎ᠡ ᠪᠠᠷ | ᠪᠠᠶᠢᠭᠤᠯᠵᠣ ᠦᠭᠡᠷᠡᠴᠢᠯᠡᠨ᠂ 107 ᠰᠠᠭᠤᠷᠢ ᠬᠠᠭᠤᠴᠢᠨ ᠮᠠᠶ᠋ᠢᠭ ᠤᠨ ᠵᠣᠷᠯᠣᠩ ᠢ ᠦᠭᠡᠷᠡᠴᠢᠯᠡᠨ ᠪᠠᠶᠢᠭᠤᠯᠵᠣ᠂ ᠠᠷᠠᠳ ᠤᠨ ᠠᠭᠠᠷ ᠰᠡᠷᠭᠡᠶᠢᠯᠡᠯᠳᠡ ᠶᠢᠨ ᠪᠠᠴᠢᠮ | ᠪᠠᠶᠢᠳᠠᠯ ᠢ ᠠᠷᠭᠠᠴᠠᠬᠤ ᠶᠡᠷᠦᠩᠬᠡᠢ ᠪᠣᠯᠪᠠᠰᠣᠷᠠᠯ ᠤᠨ ᠰᠠᠭᠤᠷᠢᠨ ᠭᠠᠵᠠᠷ ᠪᠣᠯᠣᠨ ᠣᠷᠣᠨ ᠨᠣᠳᠤᠭ ᠤᠨ ᠣᠷᠭᠤᠮᠠᠯ ᠤᠨ ᠬᠦᠷᠢᠶᠡᠯᠡᠩ ᠢ ᠪᠠᠶᠢᠭᠤᠯᠣᠨ᠂ 119 | ᠲᠦᠮᠡᠨ ᠺᠦᠸᠡᠳ᠋ ᠮᠧᠲᠷ ᠣᠶᠢᠵᠢᠭᠤᠯᠵᠣ᠂ ᠬᠤᠳᠠ ᠪᠠᠯᠭᠠᠰᠣᠨ ᠤ ᠣᠶᠢᠵᠢᠭᠤᠯᠣᠯᠳᠠ ᠶᠢᠨ ᠨᠣᠷᠮ᠎ᠠ᠂ ᠨᠣᠭᠤᠭᠤᠵᠢᠭᠤᠯᠣᠯᠳᠠ ᠶᠢᠨ ᠪᠦᠷᠬᠦᠴᠡ ᠲᠣᠰ ᠪᠦᠷᠢ 37. | 5% ᠪᠣᠯᠣᠨ 42.1% ᠳᠤ ᠬᠦᠷᠦᠨ᠂ ᠬᠤᠳᠠ ᠪᠠᠯᠭᠠᠰᠣ ᠶᠢᠨ ᠠᠮᠢᠳᠣᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠤᠭᠰᠡᠨ ᠨᠣᠷᠮ᠎ᠠ 100% ᠳᠤ | ᠬᠦᠷᠴᠦ᠂ ᠬᠦᠨᠦᠭᠡᠯ ᠦᠭᠡᠢ ᠰᠢᠢᠳᠪᠦᠷᠢᠯᠡᠯᠳᠡ 98% ᠠᠴᠠ ᠲᠠᠪᠠᠪᠠ᠃ ᠬᠤᠳᠠ ᠬᠦᠳᠡᠭᠡ ᠶᠢᠨ ᠣᠷᠣᠰᠢᠨ ᠰᠠᠭᠤᠷᠢᠰᠢᠬᠤ ᠠᠷᠠᠳ ᠤᠨ ᠣᠷᠴᠢᠨ ᠲᠣᠭᠤᠷᠢᠨ ᠤ | ᠶᠡᠷᠦᠩᠬᠡᠢ ᠵᠠᠰᠠᠯᠳᠠ ᠶᠢ ᠪᠡᠶᠡᠯᠡᠭᠦᠯᠣᠨ᠂ ᠱᠠᠩᠬᠠᠢ ᠶᠢᠨ ᠰᠦᠮ᠎ᠡ ᠪᠠᠯᠭᠠᠰᠦ᠂ ᠪᠣᠷᠣᠪᠠᠯᠭᠠᠰᠦ ᠪᠠᠯᠭᠠᠰᠦ᠂ ᠨᠠᠩᠰᠦ ᠪᠠᠯᠭᠠᠰᠣᠨ ᠤ ᠪᠣᠬᠢᠷ ᠣᠰᠣ ᠰᠢᠢᠳᠪᠦᠷᠢᠯᠡᠭᠦ | ᠣᠶᠢᠯᠠᠳᠪᠦᠷᠢ ᠶᠢ ᠪᠠᠶᠢᠭᠤᠯᠵᠣ᠂ ᠭᠠᠳᠠᠭᠰᠢᠯᠡᠭᠤᠯᠬᠤ ᠣᠰᠣᠨ ᠤ ᠴᠢᠨᠠᠷ ᠨᠢᠭᠡᠳᠦᠭᠡᠷ ᠲᠡᠰ ᠤᠨ A ᠪᠠᠷᠢᠮᠵᠢᠶᠡᠨ ᠳᠤ ᠬᠦᠷᠴᠦ᠂ 43 ᠰᠠᠭᠤᠷᠢ ︽ᠣᠰᠣ ᠪᠠᠷ | ᠲᠠᠭᠤᠬᠤ︾ ᠨᠠᠶᠢᠳᠡ ᠶᠢᠨ ᠵᠣᠷᠯᠣᠩ ᠪᠠᠶᠢᠭᠤᠯᠣᠨ᠂ 10226 ᠡᠷᠦᠭᠡ ᠶᠢᠨ ᠵᠣᠷᠯᠣᠩ ᠤᠨ ᠦᠭᠡᠷᠡᠴᠢᠯᠡᠯᠳᠡ ᠶᠢ ᠪᠡᠶᠡᠯᠡᠭᠦᠯᠵᠣ᠂ ᠮᠠᠯᠵᠢᠬᠤ ᠲᠠᠷᠢᠶᠠᠯᠠᠬᠤ ᠣᠷᠣᠨ | ᠤ ᠵᠣᠷᠯᠣᠩ ᠤᠨ ᠲᠦᠭᠡᠮᠡᠯᠵᠢᠭᠦᠯᠦᠯᠳᠡ ᠶᠢᠨ ᠨᠣᠷᠮ᠎ᠠ 90% ᠳᠤ ᠬᠦᠷᠪᠡ᠃ ᠠᠩᠬᠠᠨ ᠤ ᠵᠣᠷᠪᠣᠰ ᠦᠨᠳᠦᠷ ᠲᠡᠰ ᠤᠨ ᠵᠠᠰᠠᠮᠠᠯ ᠵᠠᠮ ᠪᠣᠯᠣᠨ 3 ᠵᠣᠷᠪᠣᠰ | ᠬᠤᠪᠢᠰᠬᠠᠯᠳᠦ ᠵᠢᠭᠤᠯᠴᠢᠯᠠᠯ ᠤᠨ ᠵᠠᠮ ᠲᠡᠷᠭᠡ ᠨᠡᠪᠳᠡᠷᠡᠭᠦᠯᠵᠣ᠂ ᠭᠠᠴᠠᠭ᠎ᠠ ᠲᠣᠰᠬᠤᠨ ᠳᠤ ᠨᠡᠪᠳᠡᠷᠡᠬᠦ ᠬᠦᠳᠡᠭᠡ ᠲᠣᠰᠬᠤᠨ ᠤ ᠵᠠᠮ ᠨᠡᠪᠳᠡᠷᠡᠯᠭᠡ 100% ᠳᠤ | ᠬᠦᠷᠴᠦ᠂ ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠪᠠᠶᠢᠭᠤᠯᠣᠨ᠂ ᠣᠷᠳᠣᠰ ᠬᠦᠬᠡᠬᠤᠳᠠ ᠬᠦᠷᠬᠦ ᠠᠶᠠᠯᠠᠯ ᠤᠨ | ᠵᠠᠮ ᠢ ᠨᠡᠪᠳᠡᠷᠡᠭᠦᠯᠵᠣ᠂ ᠣᠳᠤᠭ ᠤᠨ ᠡᠮᠦᠨᠡᠳᠦ ᠬᠤᠰᠢᠭᠤᠨ ᠤ ᠠᠷᠠᠳ ᠲᠦᠮᠡᠨ ᠡᠭᠦᠳᠡ ᠠᠴᠠ ᠪᠠᠨ ᠦᠨᠳᠦᠷ ᠬᠤᠷᠳᠣᠴᠠᠳᠦ ᠵᠠᠰᠠᠮᠠᠯ ᠵᠠᠮ᠂ ᠨᠢᠰᠭᠡᠯ ᠲᠤ ᠭᠠᠷᠴᠦ | ᠲᠡᠶᠢᠯᠭᠦ ᠪᠣᠯᠣᠭᠰᠠᠨ ᠪᠠᠶᠢᠨ᠎ᠠ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠢᠯᠡᠷᠭᠡᠢ ᠦᠷ᠎ᠡ ᠪᠦᠳᠦᠮᠵᠢ ᠣᠯᠣᠨ᠂ ᠨᠡᠶᠢᠳᠡ 202 ᠲᠦᠮᠡᠨ ᠮᠣ᠋ ᠠᠮᠢ ᠠᠬᠤᠢ | ᠶᠢᠨ ᠪᠠᠶᠢᠭᠤᠯᠣᠯᠳᠠ ᠶᠢ ᠪᠡᠶᠡᠯᠡᠭᠦᠯᠵᠣ᠂ 90 ᠲᠦᠮᠡᠨ ᠮᠣ᠋ ᠬᠦᠷᠦᠰᠦ ᠰᠢᠷᠣᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠦᠨ᠂ ᠣᠢ ᠰᠢᠭᠤᠢ ᠶᠢᠨ | ᠪᠦᠷᠬᠦᠴᠡ᠂ ᠣᠷᠭᠤᠮᠠᠯ ᠤᠨ ᠪᠦᠷᠬᠦᠴᠡ ᠦᠷᠭᠦᠯᠵᠢᠯᠡᠨ ᠲᠡᠭᠡᠭᠰᠢᠯᠡᠵᠣ᠂ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠲᠠᠭᠤᠷᠢᠶᠠᠯ ᠬᠤᠰᠢᠭᠤ | ᠪᠠᠷ ᠦᠨᠡᠯᠡᠭᠳᠡᠪᠡ᠃ | ᠵᠢᠷᠭᠤᠭ᠎ᠠ᠂ ᠲᠣᠰ ᠪᠡᠶ᠎ᠡ ᠶᠢᠨ ᠪᠠᠶᠢᠭᠤᠯᠣᠯᠳᠠ ᠪᠠᠨ ᠲᠠᠰᠣᠷᠠᠯᠳᠠ ᠦᠭᠡᠢ ᠲᠡᠭᠡᠭᠰᠢᠯᠡᠭᠦᠯᠪᠡ᠃ ᠣᠯᠣᠰ ᠲᠦᠷᠦ ᠪᠠᠷ ᠣᠳᠣᠷᠢᠳᠣᠮᠵᠢ ᠪᠣᠯᠭᠠᠬᠤ᠂ ᠦᠪᠡᠷ ᠤᠨ | ᠬᠤᠪᠢᠰᠬᠠᠯ ᠢ ᠢᠮᠠᠭᠳᠠ ᠪᠠᠷᠢᠮᠳᠠᠯᠠᠵᠣ᠂ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠢ ᠲᠠᠭᠠᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ ᠶᠣᠰᠣᠨ ᠤ ᠬᠢᠨᠠᠯᠳᠠ᠂ ᠠᠵᠢᠯ ᠤᠨ ᠬᠢᠨᠠᠯᠳᠠ ᠪᠣᠯᠣᠨ ᠬᠤᠰᠢᠭᠤ ᠣᠯᠣᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠣ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠳᠦ ᠰᠠᠨᠠᠭᠠᠴᠢᠯᠠᠭ᠎ᠠ ᠠᠴᠠ ᠪᠠᠨ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠠᠵᠢᠯ ᠢᠶᠠᠨ ᠮᠡᠳᠡᠭᠦᠯᠦᠨ᠂ ᠬᠤᠰᠢᠭᠤ ᠣᠯᠣᠰ ᠲᠦᠷᠦ ᠶᠢᠨ | ᠵᠦᠪᠯᠡᠯᠭᠡᠨ ᠳᠤ ᠠᠵᠢᠯ ᠢᠶᠠᠨ ᠨᠡᠶᠢᠳᠡᠯᠡᠵᠣ᠂ 111 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ᠂ 354 ᠬᠤᠪᠢ ᠣᠯᠣᠰ ᠲᠦᠷᠦ ᠶᠢᠨ ᠵᠦᠪᠯᠡᠯᠭᠡᠨ ᠤ | ᠭᠡᠰᠢᠭᠦᠨ ᠤ ᠲᠣᠷᠠᠳᠣᠯᠭ᠎ᠠ ᠶᠢ ᠭᠦᠢᠴᠡᠳᠬᠡᠵᠣ᠂ ᠭᠦᠢᠴᠡᠳᠭᠡᠭᠰᠡᠨ ᠨᠣᠷᠮ᠎ᠠ 100% ᠳᠤ ᠬᠦᠷᠪᠡ︔ 7992 ᠬᠤᠪᠢ ᠵᠠᠰᠠᠭ ᠤᠨ ᠶᠠᠪᠣᠳᠠᠯ ᠤᠨ ᠣᠶᠢᠯᠡᠴᠢᠯᠡᠭᠡᠨ | ᠤ ᠬᠠᠯᠠᠮᠰᠢᠯ ᠣᠳᠠᠰᠦ ᠲᠣᠰᠣᠨ᠂ ᠪᠣᠴᠠᠭᠠᠨ ᠲᠣᠰᠬᠠᠯᠳᠠ ᠶᠢᠨ ᠨᠣᠷᠮ᠎ᠠ 100% ᠳᠤ ᠬᠦᠷᠪᠡ᠃ ᠲᠦᠪ ᠤᠨ ︽ᠨᠠᠢᠮᠠᠨ ᠲᠣᠭᠳᠠᠭᠠᠯ︾ ᠢ ᠨᠠᠷᠢᠨ ᠬᠢᠨᠠᠮᠠᠭᠠᠢ | ᠲᠣᠣᠱᠯᠠᠭᠤᠯᠣᠨ ᠨᠠᠶᠢᠳᠠᠪᠦᠷᠢᠵᠢᠭᠤᠯᠵᠣ᠂ ᠲᠦᠰᠦᠪ ᠤᠨ ᠬᠠᠮᠢᠶᠠᠷᠣᠯᠳᠠ ᠶᠢ ᠴᠢᠩᠭᠠᠳᠬᠠᠨ᠂ ︽ᠭᠤᠷᠪᠠᠨ ᠠᠯᠪᠠᠨ︾ ᠵᠠᠷᠣᠳᠠᠯ ᠪᠣᠯᠣᠨ ᠡᠩ ᠤᠨ ᠵᠠᠷᠣᠯᠭ᠎ᠠ ᠵᠢᠯ | ᠪᠦᠷᠢ ᠲᠣᠮᠳᠠᠴᠢ ᠪᠠᠷ 14.1% ᠪᠠ 10.4% ᠪᠠᠷ ᠪᠠᠭᠠᠰᠪᠠ᠃ ᠵᠠᠰᠠᠭ ᠤᠨ ᠣᠷᠳᠣᠨ ᠤ ᠦᠷᠢ ᠵᠢᠯ ᠲᠠᠷᠠᠭᠠᠯᠠᠨ ᠪᠠᠭᠠᠰᠴᠦ ᠲᠦᠭᠰᠢᠭᠦᠷᠢ ᠶᠢᠨ ᠪᠠᠶᠢᠳᠠᠯ | ᠡᠵᠡᠮᠳᠡᠯ ᠲᠠᠢ ᠪᠣᠯᠵᠣ᠂ ᠭᠡᠷ ᠭᠦᠷᠦᠩᠭᠡ ᠶᠢᠨ ᠦᠯᠡᠳᠡᠭᠳᠡᠯ ᠠᠰᠠᠭᠤᠳᠠᠯ ᠢ ᠡᠮᠬᠢ ᠲᠢᠭᠯᠢᠮ ᠲᠠᠢ ᠰᠢᠢᠳᠪᠦᠷᠢᠯᠡᠨ ᠰᠢᠰᠲ᠋ᠧᠮᠳᠦ ᠴᠢᠨᠠᠷ ᠤᠨ ᠲᠦᠭᠰᠢᠭᠦᠷᠢ ᠶᠢᠨ | ᠬᠤᠷᠢᠭ᠎ᠠ ᠱᠣᠭᠤᠮ ᠢ ᠪᠠᠳᠣᠯᠠᠪᠠ᠃ ︽ᠬᠤᠶᠠᠷ ᠢ ᠰᠣᠷᠣᠯᠴᠠᠨ ᠨᠢᠭᠡ ᠳᠤ ᠢᠳᠡᠪᠬᠢᠵᠢᠭᠦᠯᠬᠦ︾ ᠰᠣᠷᠣᠯᠴᠠᠯᠭ᠎ᠠ ᠬᠦᠮᠦᠵᠢᠯ᠂ ︽ᠣᠭ ᠰᠠᠨᠠᠭ᠎ᠠ ᠪᠠᠨ ᠦᠯᠦ ᠮᠠᠷᠳᠠᠨ᠂ | ᠲᠠᠷᠬᠠᠨ ᠬᠠᠷᠢᠭᠤᠴᠠᠯᠭ᠎ᠠ ᠪᠠᠨ ᠪᠠᠳᠦ ᠴᠡᠭᠡᠵᠢᠯᠡᠭᠦ︾ ᠭᠤᠣᠯ ᠰᠡᠳᠦᠪᠳᠦ ᠬᠦᠮᠦᠵᠢᠯ᠂ ᠨᠠᠮ ᠤᠨ ᠲᠡᠣᠭᠡ ᠶᠢᠨ ᠰᠣᠷᠣᠯᠴᠠᠯᠭ᠎ᠠ ᠬᠦᠮᠦᠵᠢᠯ ᠢ ᠭᠦᠨᠵᠡᠭᠡᠢ ᠦᠷᠨᠢᠭᠦᠯᠣᠨ | ᠂ ᠣᠯᠣᠰ ᠤᠨ ᠠᠯᠪᠠᠳᠠᠨ ᠤ ᠡᠩᠨᠡᠭᠡᠨ ᠤ ᠣᠯᠣᠰ ᠲᠦᠷᠦ ᠶᠢᠨ ᠣᠬᠠᠮᠰᠠᠷ᠂ ᠶᠡᠭᠡ ᠲᠠᠯ᠎ᠠ ᠶᠢᠨ ᠣᠬᠠᠮᠰᠠᠷ᠂ ᠭᠤᠣᠯᠯᠠᠭᠴᠢ ᠦᠷᠳᠡᠭ ᠤᠨ ᠣᠬᠠᠮᠰᠠᠷ ᠪᠣᠯᠣᠨ | ᠨᠢᠭᠡᠳᠦᠯ ᠲᠠᠢ ᠪᠠᠶᠢᠬᠤ ᠣᠬᠠᠮᠰᠠᠷ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠣᠪᠣᠷ ᠰᠣᠷᠳᠠᠯ ᠲᠦᠪ ᠴᠢᠭᠡᠴᠢ᠂ ᠠᠷᠢᠭᠤᠨ ᠴᠢᠭᠡᠴᠢ ᠦᠨᠳᠦᠷ ᠪᠦᠳᠦᠮᠵᠢᠳᠠᠢ | ᠬᠦᠭᠵᠢᠯᠳᠡ ᠶᠢᠨ ᠣᠷᠴᠢᠨ ᠢ ᠪᠦᠷᠢᠯᠳᠦᠭᠦᠯᠪᠡ᠃ | ᠡᠭᠦᠨ ᠠᠴᠠ ᠭᠠᠳᠠᠨ᠎ᠠ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠴᠡᠷᠢᠭ ᠠᠴᠠ ᠬᠠᠯᠠᠭᠳᠠᠭᠰᠠᠳ ᠤᠨ ᠶᠠᠪᠣᠳᠠᠯ᠂ ᠲᠤᠭ᠎ᠠ ᠪᠦᠷᠢᠳᠬᠡᠯ᠂ | ᠲᠠᠩᠰᠠ ᠡᠪᠬᠡᠮᠡᠯ᠂ ᠠᠷᠠᠳ ᠤᠨ ᠠᠭᠠᠷ ᠰᠡᠷᠭᠡᠶᠢᠯᠡᠯᠳᠡ᠂ ᠴᠠᠭ ᠠᠭᠤᠷ᠂ ᠡᠮᠡᠭᠳᠡᠶᠢᠴᠣᠳ ᠬᠡᠤᠬᠡᠤᠨ᠂ ᠦᠳᠡᠭᠦᠰ ᠤᠨ ᠠᠵᠢᠯ ᠣᠶᠢᠯᠠᠰ ᠵᠡᠷᠭᠡ ᠡᠯ᠎ᠡ ᠲᠠᠯ᠎ᠠ ᠶᠢᠨ | ᠠᠵᠢᠯ ᠲᠦᠷᠦᠯ ᠰᠢᠨ᠎ᠡ ᠠᠮᠵᠢᠯᠳᠠ ᠣᠯᠪᠠ᠃ | ᠲᠦᠯᠦᠭᠡᠯᠡᠭᠴᠢᠳ ᠡ᠂ ᠨᠦᠬᠦᠳ ᠡ᠂ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠣᠯᠣᠭᠰᠠᠨ ᠡᠳᠡᠭᠡᠷ ᠠᠮᠵᠢᠯᠳᠠ ᠪᠦᠳᠦᠮᠵᠢ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭᠳᠦ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠭᠰᠡᠨ ᠤ ᠦᠷ᠎ᠡ ᠳ᠋ᠦᠩ ᠶᠣᠮ᠂ | ᠮᠦᠨᠴᠦ ᠡᠯ᠎ᠡ ᠡᠭᠡᠯᠵᠢ ᠶᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠠᠮᠵᠢᠯᠠᠯ ᠵᠠᠯᠭᠠᠮᠵᠢᠯᠠᠯ ᠪᠣᠯᠣᠨ ᠣᠷᠳᠦ ᠬᠤᠭᠤᠴᠠᠭᠠᠨ ᠤ ᠴᠢᠷᠮᠠᠶᠢᠯᠭ᠎ᠠ | ᠶᠢᠨ ᠦᠷ᠎ᠡ ᠳ᠋ᠦᠩ᠂ ᠬᠤᠰᠢᠭᠤ ᠨᠠᠮ ᠤᠨ ᠬᠤᠷᠢᠶ᠎ᠠ ᠶᠢᠨ ᠵᠦᠪ ᠣᠨᠣᠪᠴᠢᠳᠠᠢ ᠣᠳᠣᠷᠢᠳᠣᠯᠭ᠎ᠠ᠂ ᠰᠢᠨᠵᠢᠯᠡᠭᠦ ᠣᠬᠠᠭᠠᠨᠴᠢ ᠰᠢᠢᠳᠪᠦᠷᠢᠳᠦ ᠪᠣᠳᠣᠯᠭ᠎ᠠ ᠶᠢᠨ ᠦᠷ᠎ᠡ | ᠳ᠋ᠦᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠠᠯᠠᠮᠵᠢᠯᠠᠯ ᠲᠡᠮᠵᠢᠯᠭᠡ | ᠂ ᠪᠦᠳᠦᠮᠵᠢᠳᠡᠢ ᠬᠢᠨᠠᠯᠳᠠ ᠶᠢᠨ ᠦᠷ᠎ᠡ ᠳ᠋ᠦᠩ᠂ ᠪᠦᠬᠦ ᠬᠤᠰᠢᠭᠤ ᠪᠠᠷ ᠢᠶᠠᠨ ᠪᠦᠯᠬᠦᠮᠳᠡᠨ ᠲᠡᠮᠡᠴᠡᠭᠰᠡᠨ ᠪᠣᠳᠠᠳᠦ ᠠᠮᠵᠢᠯᠳᠠ ᠶᠢᠨ ᠦᠷ᠎ᠡ ᠳ᠋ᠦᠩ ᠪᠣᠯᠬᠤ ᠶᠣᠮ᠃ | ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ | ᠲᠦᠷᠦ ᠶᠢᠨ ᠵᠦᠪᠯᠡᠯᠭᠡᠨ ᠤ ᠭᠡᠰᠢᠭᠦᠳ᠂ ᠣᠶᠢᠯᠠᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ᠂ ᠠᠵᠢᠯ ᠠᠴᠠ ᠪᠠᠨ ᠠᠮᠠᠷᠠᠭᠰᠠᠨ | ᠠᠬᠠᠮᠠᠳ ᠺᠠᠳ᠋ᠷᠴᠣᠳ᠂ ᠠᠬᠠᠮᠠᠳ ᠨᠦᠬᠦᠳ᠂ ᠲᠣᠳᠣᠭᠠᠳᠦ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠬᠤᠰᠢᠭᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ | ᠪᠠᠶᠢᠯᠳᠣᠭᠴᠢ᠂ ︽ᠡᠪᠡᠳᠴᠢᠨ ᠬᠢᠵᠢᠭ︾ ᠤᠨ ᠰᠡᠷᠭᠡᠶᠢᠯᠡᠨ ᠡᠵᠡᠮᠳᠡᠯ ᠳᠤ ᠭᠠᠪᠰᠢᠭᠠᠶᠢᠯᠠᠵᠣ ᠪᠠᠶᠢᠭ᠎ᠠ ᠪᠠᠭᠠᠳᠣᠷᠴᠣᠳ᠂ ᠣᠳᠤᠭ ᠤᠨ ᠡᠮᠦᠨᠡᠳᠦ ᠬᠤᠰᠢᠭᠤᠨ ᠤ | ᠦᠭᠡᠷᠡᠴᠢᠯᠡᠯᠳᠡ ᠬᠦᠭᠵᠢᠯᠳᠡ ᠶᠢ ᠠᠩᠬᠠᠷᠣᠨ ᠬᠠᠯᠠᠮᠵᠢᠯᠠᠭᠰᠠᠭᠠᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠣᠯᠣᠨ | ᠡᠷᠬᠢᠮ ᠲᠡᠭᠡᠳᠦ ᠬᠦᠨᠳᠦᠳᠬᠡᠯ ᠢᠶᠠᠨ ᠲᠡᠪᠰᠢᠭᠦᠯᠵᠣ ᠪᠠᠶᠢᠨ᠎ᠠ︕ | ᠲᠦᠯᠦᠭᠡᠯᠡᠭᠴᠢᠳ ᠡ᠂ ᠦᠩᠭᠡᠷᠡᠭᠰᠡᠨ ᠢᠶᠠᠨ ᠦᠯᠦ ᠮᠠᠷᠳᠠᠪᠠᠯ᠂ ᠢᠷᠡᠭᠡᠳᠦᠢ ᠶᠢᠨ ᠵᠠᠮ ᠨᠡᠩ ᠰᠠᠷᠠᠭᠤᠯ ᠪᠣᠯᠬᠤ ᠶᠣᠮ᠃ ᠣᠶᠢᠯᠡᠳᠦᠯᠭᠡ ᠲᠣᠮᠳᠠ᠂ ᠪᠢᠳᠠ | ᠵᠠᠰᠠᠭ ᠤᠨ ᠣᠷᠳᠣᠨ ᠤ ᠠᠵᠢᠯ ᠤᠨ ᠬᠡᠳᠦᠨ ᠲᠠᠯ᠎ᠠ ᠶᠢᠨ ᠬᠠᠮᠳᠦ ᠲᠠᠨᠢᠯᠳᠠ ᠶᠢ ᠪᠦᠷᠢᠳᠦᠭᠦᠯᠪᠡ᠄ ᠡᠷᠬᠡᠪᠰᠢ ᠪᠦᠯᠬᠦᠮᠳᠡᠨ ᠨᠢᠭᠳᠠᠷᠠᠵᠣ ᠬᠠᠮᠳᠦ ᠪᠠᠷ ᠣᠷᠣᠭᠰᠢᠯᠠᠬᠤ | ᠴᠢᠬᠤᠯᠠᠳᠠᠢ᠃ ᠨᠠᠮ ᠤᠨ ᠣᠳᠣᠷᠢᠳᠣᠯᠭ᠎ᠠ ᠶᠢ ᠪᠠᠷᠢᠮᠳᠠᠯᠠᠨ ᠠᠷᠠᠳ ᠲᠦᠮᠡᠨ ᠳᠤ ᠲᠦᠰᠢᠭᠯᠡᠵᠣ᠂ ᠪᠦᠯᠬᠦᠮᠳᠡᠯ ᠤᠨ ᠬᠦᠴᠦᠨ ᠢᠶᠠᠨ ᠨᠢᠭᠳᠠᠷᠠᠭᠤᠯᠪᠠᠯ ᠰᠠᠶ᠋ᠢ | ᠢᠷᠡᠭᠡᠳᠦᠢ ᠶᠢᠨ ᠠᠯᠢᠪᠠ ᠬᠦᠴᠢᠷ ᠪᠡᠷᠭᠡ ᠶᠢ ᠢᠯᠠᠨ ᠲᠠᠪᠠᠵᠣ ᠲᠡᠶᠢᠯᠣᠨ᠎ᠠ᠃ ᠡᠷᠬᠡᠪᠰᠢ ᠨᠢᠭᠡᠳᠦᠯᠳᠡᠢ ᠲᠦᠯᠦᠪᠯᠡᠨ ᠲᠣᠣᠱᠳᠠᠢ ᠠᠳᠬᠤᠬᠤ ᠴᠢᠬᠤᠯᠠᠳᠠᠢ᠃ | ᠲᠦᠯᠦᠪᠵᠢᠭᠦᠯᠭᠡ ᠪᠠᠷ ᠣᠳᠣᠷᠢᠳᠣᠮᠵᠢ ᠪᠣᠯᠭᠠᠬᠤ᠂ ᠣᠷᠢᠳᠠᠪᠡᠷ ᠰᠦᠪᠡᠭᠴᠢᠯᠡᠨ ᠲᠠᠷᠠᠭ᠎ᠠ ᠨᠢ ᠬᠡᠷᠡᠭᠵᠢᠭᠦᠯᠬᠦ ᠶᠢ ᠪᠠᠷᠢᠮᠳᠠᠯᠠᠵᠣ᠂ ᠰᠣᠬᠤᠷ ᠪᠠᠯᠠᠢ᠂ ᠲᠣᠷ᠎ᠠ ᠲᠠᠪᠠ ᠪᠠᠷ | ᠴᠠᠯᠠᠭᠠᠶᠢᠳᠠᠬᠤ ᠶᠢ ᠡᠷᠡᠰ ᠲᠡᠪᠴᠢᠵᠣ᠂ ᠠᠯᠬᠤᠮ ᠠᠯᠬᠤᠮ ᠢᠶᠠᠷ ᠣᠷᠣᠭᠰᠢᠯᠠᠨ᠂ ᠣᠷᠳᠦ ᠬᠤᠭᠤᠴᠠᠭ᠎ᠠ ᠴᠢᠷᠮᠠᠶᠢᠪᠠᠯ ᠰᠠᠶ᠋ᠢ ᠴᠢᠨᠠᠷᠯᠢᠭ ᠬᠦᠭᠵᠢᠯᠳᠡ ᠶᠢᠨ ᠵᠠᠮ ᠢᠶᠠᠷ | ᠲᠣᠭᠳᠠᠭᠤᠨ ᠣᠷᠣᠭᠰᠢᠯᠠᠵᠣ ᠴᠢᠳᠠᠨ᠎ᠠ᠃ᠡᠷᠭᠡᠪᠰᠢ ᠦᠨᠡᠨ ᠰᠡᠳᠬᠢᠯ ᠠᠴᠠ ᠪᠠᠨ ᠠᠷᠠᠳ ᠤᠨ ᠠᠮᠢᠳᠣᠷᠠᠯ ᠳᠤ ᠬᠦᠴᠦᠯᠡᠬᠦ ᠴᠢᠬᠤᠯᠠᠳᠠᠢ᠃ ᠠᠷᠠᠳ ᠲᠦᠮᠡᠨ ᠢ | ᠲᠡᠭᠡᠳᠦᠯᠡᠨ᠂ ᠠᠷᠠᠳ ᠲᠦᠮᠡᠨ ᠤ ᠪᠣᠳᠣᠭᠰᠠᠨ ᠢ ᠪᠦᠳᠦᠭᠡᠵᠣ᠂ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠪᠡᠯ ᠰᠠᠶ᠋ᠢ ᠪᠦᠬᠦ ᠬᠤᠰᠢᠭᠤᠨ ᠤ ᠠᠷᠠᠳ ᠲᠦᠮᠡᠨ | ᠤ ᠢᠳᠡᠭᠡᠯ ᠪᠣᠯᠣᠨ ᠲᠡᠮᠵᠢᠯᠭᠡ ᠶᠢ ᠣᠯᠵᠣ ᠴᠢᠳᠠᠨ᠎ᠠ᠃ ᠡᠷᠬᠡᠪᠰᠢ ᠰᠢᠷᠭᠠᠭᠤ ᠬᠠᠳᠠᠭᠤᠵᠢᠯᠳᠠᠢ ᠠᠵᠢᠯᠯᠠᠨ ᠦᠨᠡᠨ ᠪᠣᠳᠠᠳᠠᠢ ᠨᠠᠶᠢᠳᠠᠪᠦᠷᠢᠵᠢᠭᠤᠯᠬᠤ ᠴᠢᠬᠤᠯᠠᠳᠠᠢ᠃ | ᠯᠠᠪᠳᠠᠭᠤᠨ ᠪᠠᠳᠣᠳᠠᠢ᠂ ᠪᠣᠳᠠᠳᠠᠢ ᠶᠢ ᠡᠷᠬᠢᠮᠯᠡᠬᠦ ᠬᠠᠳᠠᠭᠤᠵᠢᠯᠳᠠᠢ ᠴᠢᠷᠮᠠᠶᠢᠯᠭ᠎ᠠ᠂ ᠨᠠᠷᠢᠨ ᠬᠢᠨᠠᠮᠠᠭᠠᠢ ᠣᠪᠣᠷ ᠢᠶᠠᠷ ᠰᠢᠢᠳᠪᠦᠷᠢ ᠶᠢ ᠰᠠᠶᠢᠳᠦᠷ ᠬᠡᠷᠡᠭᠵᠢᠭᠦᠯᠵᠣ᠂ | ᠲᠣᠬᠢᠶᠠᠯ ᠢ ᠡᠵᠡᠮᠳᠡᠪᠡᠯ ᠰᠠᠶ᠋ᠢ ᠡᠯ᠎ᠡ ᠲᠦᠷᠦᠯ ᠤᠨ ᠠᠵᠢᠯ ᠣᠶᠢᠯᠠᠰ ᠤᠨ ᠰᠢᠨ᠎ᠡ ᠪᠠᠶᠢᠳᠠᠯ ᠢ ᠲᠠᠰᠣᠷᠠᠯᠳᠠ ᠦᠭᠡᠢ ᠨᠡᠭᠡᠭᠡᠵᠣ ᠴᠢᠳᠠᠨ᠎ᠠ᠃ | ᠲᠦᠯᠦᠭᠡᠯᠡᠭᠴᠢᠳ ᠡ᠂ ᠨᠦᠬᠦᠳ ᠡ᠂ ᠣᠳᠤᠭ ᠤᠨ ᠡᠮᠦᠨᠡᠳᠦ ᠬᠤᠰᠢᠭᠤᠨ ᠤ ᠬᠦᠭᠵᠢᠯᠳᠡ ᠶᠢᠨ ᠰᠢᠨ᠎ᠡ ᠠᠶᠠᠨ ᠵᠠᠮ ᠲᠡᠭᠡᠷ᠎ᠡ ᠪᠢᠳᠠᠨ ᠳᠤ ᠮᠦᠨ ᠬᠦ᠋ ᠨᠢᠭᠡ | ᠪᠦᠯᠦᠭ ᠲᠣᠪᠣᠶᠢᠮ᠎ᠠ ᠠᠰᠠᠭᠤᠳᠠᠯ ᠪᠣᠯᠣᠨ ᠴᠦᠭᠡᠨ ᠪᠣᠰᠣ ᠬᠦᠴᠢᠷᠳᠡᠯ ᠦᠷᠢᠰᠦᠯᠳᠦᠭᠡᠨ ᠲᠣᠯᠭᠠᠷᠠᠵᠣ ᠪᠣᠢ᠄ ᠨᠢᠭᠡ ᠳᠤ ᠠᠵᠣ ᠠᠬᠤᠢ ᠶᠢᠨ ᠶᠡᠷᠦᠩᠬᠡᠢ ᠬᠡᠮᠵᠢᠶ᠎ᠡ | ᠪᠠᠭ᠎ᠠ᠂ ᠬᠤᠴᠣᠷᠣᠩᠭᠤᠢ ᠬᠦᠭᠵᠢᠯᠳᠡ ᠶᠢᠨ ᠰᠠᠭᠤᠷᠢ ᠪᠠᠨ ᠪᠠᠰᠠᠴᠦ ᠬᠤᠪᠢᠷᠠᠭᠤᠯᠵᠣ ᠲᠡᠶᠢᠯᠦᠭᠡᠳᠦᠢ᠂ ᠴᠢᠬᠤᠯᠠ ᠶᠡᠭᠡ ᠠᠵᠣ ᠣᠶᠢᠯᠠᠰ ᠤᠨ ᠲᠦᠷᠦᠯ ᠵᠣᠶᠢᠯ | ᠴᠦᠭᠡᠨ ᠪᠣᠯᠬᠤᠷ ᠠᠵᠣ ᠠᠬᠤᠢ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ᠂ ᠬᠦᠭᠵᠢᠯᠳᠡ ᠶᠢᠨ ᠴᠢᠨᠠᠷ ᠢ ᠲᠡᠭᠡᠭᠰᠢᠯᠡᠭᠦᠯᠬᠦ ᠡᠭᠦᠷᠭᠡ ᠬᠦᠨᠳᠦ ᠪᠡᠷᠭᠡ ᠪᠣᠢ︔ ᠬᠤᠶᠠᠷ | ᠲᠤ ᠰᠠᠭᠤᠷᠢ ᠲᠦᠬᠦᠭᠡᠷᠦᠮᠵᠢ ᠮᠦᠨ ᠯᠡ ᠲᠣᠳᠠᠮᠠᠭ᠂ ᠠᠷᠠᠳ ᠤᠨ ᠠᠮᠢᠳᠣᠷᠠᠯ ᠤᠨ ᠰᠠᠶᠢᠵᠢᠷᠠᠭᠤᠯᠣᠯᠳᠠ ᠬᠠᠷᠠᠬᠠᠨ ᠪᠠᠭᠤᠷᠠᠢ᠂ ᠰᠣᠷᠭᠠᠨ ᠬᠦᠮᠦᠵᠢᠯ᠂ ᠡᠮ ᠡᠮᠨᠡᠯᠭᠡ | ᠂ ᠨᠠᠰᠣᠵᠢᠯ ᠵᠡᠷᠭᠡ ᠨᠡᠶᠢᠳᠡ ᠶᠢᠨ ᠣᠶᠢᠯᠡᠴᠢᠯᠡᠭᠡ ᠶᠢᠨ ᠴᠢᠨᠠᠷᠵᠢᠯ ᠰᠢᠯᠢᠳᠡᠭᠵᠢᠭᠰᠡᠨ ᠦᠭᠡᠢ ᠠᠴᠠ ᠠᠷᠠᠳ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠨᠡᠯᠢᠶᠡᠳ | ᠵᠦᠷᠢᠶ᠎ᠡ ᠲᠠᠢ ᠪᠣᠢ︔ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ᠂ ︽ᠳᠤᠮᠤ ᠣᠴᠢᠷ ᠪᠦᠳᠦᠭᠡᠬᠦ︾ ᠦᠨᠳᠦᠷ ᠬᠡᠷᠡᠭᠴᠡᠭᠡ | ᠱᠠᠭᠠᠷᠳᠠᠯᠭ᠎ᠠ ᠪᠣᠯᠣᠨ ︽ᠪᠡᠯᠡ ᠮᠦᠩᠭᠦᠨ︾ ᠤ ᠬᠠᠳᠠᠭᠤ ᠬᠢᠵᠠᠭᠠᠷᠯᠠᠯ ᠬᠠᠮᠳᠦ ᠣᠷᠣᠰᠢᠵᠣ ᠪᠣᠢ︔ ᠲᠦᠷᠪᠡ ᠳ᠋ᠤ᠋ᠠᠮᠢ ᠠᠬᠤᠢ ᠶᠢᠨ ᠣᠷᠴᠢᠨ ᠬᠡᠪᠡᠷᠡᠭ᠂ ᠭᠠᠵᠠᠷ | ᠲᠣᠣᠷᠠᠬᠢ ᠣᠰᠣᠨ ᠤ ᠬᠡᠳᠦ ᠠᠰᠢᠭᠯᠠᠯᠳᠠ᠂ ᠣᠢ ᠶᠢᠨ ᠭᠠᠵᠠᠷ ᠨᠣᠳᠤᠭ ᠪᠡᠯᠴᠢᠭᠡᠷ ᠤᠨ ᠡᠪᠳᠡᠭᠳᠡᠯ ᠵᠡᠷᠭᠡ ᠠᠰᠠᠭᠤᠳᠠᠯ ᠪᠦᠳᠦᠮᠵᠢᠳᠡᠢ ᠰᠢᠢᠳᠪᠦᠷᠢᠯᠡᠭᠳᠡᠭᠡᠳᠦᠢ ᠪᠣᠢ︔ | ᠲᠠᠪᠤ ᠳᠤ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠦᠷᠭᠦᠯᠵᠢᠯᠡᠨ ᠴᠢᠩᠭᠠᠳᠬᠠᠬᠤ ᠴᠢᠬᠤᠯᠠᠳᠠᠢ ᠪᠣᠢ᠂ ᠨᠢᠭᠡ ᠪᠦᠯᠦᠭ ᠺᠠᠳ᠋ᠷ ᠠᠵᠢᠯᠳᠠᠨ ᠤ | ᠰᠡᠳᠬᠢᠬᠦᠢ᠂ ᠵᠣᠷᠢᠭ ᠰᠠᠨᠠᠭ᠎ᠠ᠂ ᠠᠵᠢᠯ ᠤᠨ ᠰᠣᠷᠳᠠᠯ ᠬᠦᠭᠵᠢᠯᠳᠡ ᠶᠢᠨ ᠠᠶᠢᠵᠠᠮ ᠢ ᠲᠠᠭᠠᠵᠣ ᠲᠡᠶᠢᠯᠬᠦ ᠦᠭᠡᠢ᠂ ᠠᠵᠣ ᠠᠬᠤᠶᠢᠯᠠᠯ ᠤᠨ ᠭᠤᠶᠣᠴᠢᠯᠠᠯ᠂ ᠠᠷᠠᠳ | ᠲᠦᠮᠡᠨ ᠤ ᠱᠠᠭᠠᠷᠳᠠᠯᠭ᠎ᠠ᠂ ᠬᠦᠭᠵᠢᠯᠳᠡ ᠶᠢᠨ ᠬᠡᠷᠡᠭᠴᠡᠭᠡ ᠲᠠᠢ ᠵᠦᠷᠢᠶᠡᠨ ᠶᠡᠭᠡ ᠪᠣᠢ᠃ ᠡᠳᠡᠭᠡᠷ ᠠᠰᠠᠭᠤᠳᠠᠯ ᠠᠴᠠ ᠪᠢᠳᠠ ᠵᠠᠶᠢᠯᠠᠬᠤ ᠦᠭᠡᠢ᠂ ᠲᠦᠪᠡᠭᠰᠢᠶᠡᠭᠦ | ᠦᠭᠡᠢ᠂ ᠴᠠᠯᠠᠭᠠᠶᠢᠷᠠᠬᠤ ᠦᠭᠡᠢ ᠪᠠᠷ ᠦᠨᠡᠨ ᠬᠦ ᠪᠦᠳᠦᠮᠵᠢᠳᠡᠢ ᠰᠢᠢᠳᠪᠦᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠠᠵᠢᠯ ᠤᠨ ᠰᠡᠳᠬᠢᠮᠵᠢ | ᠲᠦᠯᠦᠭᠡᠯᠡᠭᠴᠢᠳ ᠡ᠂ ᠨᠦᠬᠦᠳ ᠡ᠂ ᠰᠢᠨ᠎ᠡ ᠡᠭᠡᠯᠵᠢ ᠶᠢᠨ ᠵᠠᠰᠠᠭ ᠤᠨ ᠣᠷᠳᠣᠨ ᠤ ᠡᠬᠦᠷᠭᠡ ᠲᠤᠰᠢᠶᠠᠯ ᠢᠶᠠᠨ ᠬᠦᠢᠴᠡᠳᠬᠡᠬᠦ ᠲᠠᠪᠤᠨ ᠵᠢᠯ ︽ᠠᠷᠪᠠᠨ | ᠳᠦᠷᠪᠡᠳᠦᠬᠡᠷ ᠲᠠᠪᠤᠨ ᠵᠢᠯ ᠤᠨ ᠲᠦᠯᠦᠪᠵᠢᠬᠦᠯᠭᠡ︾ ᠶᠢᠨ ᠬᠤᠭᠤᠴᠠᠭ᠎ᠠ ᠲᠠᠢ ᠳᠡᠭᠡᠳᠦ ᠬᠡᠮᠵᠢᠶ᠎ᠡ ᠪᠠᠷ ᠠᠪᠴᠠᠯᠳᠣᠵᠣ᠂ ᠪᠢᠳᠡ ᠶᠠᠭ ᠤᠳᠤᠭ ᠤᠨ ᠡᠮᠤᠨᠡᠳᠤ | ᠬᠤᠰᠢᠭᠤᠨ ᠤ ᠨᠡᠶᠢᠬᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠠᠶᠢᠭᠤᠯᠬᠤ ᠡᠬᠢᠯᠡᠯᠲᠡ ᠶᠢᠨ ᠬᠤᠭᠤᠴᠠᠭ᠎ᠠ᠂ ᠴᠢᠨᠠᠷᠯᠢᠭ ᠭᠦᠭᠵᠢᠯᠲᠡ ᠪᠠᠨ | ᠲᠦᠷᠬᠡᠳᠬᠡᠬᠦ ᠬᠤᠭᠤᠴᠠᠭ᠎ᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠬᠤᠭᠤᠴᠠᠭ᠎ᠠ᠂ ᠳᠠᠪᠰᠢᠯᠲᠠ ᠲᠠᠪᠠᠯᠲᠠ ᠶᠢᠨ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠨ᠂ ᠬᠤᠷᠸ᠎ᠠ ᠣᠷᠴᠢᠨ ᠠᠬᠤᠢ᠂ ᠲᠤᠰ ᠪᠡᠶ᠎ᠡ ᠶᠢᠨ ᠦᠪᠡᠷᠮᠢᠴᠡ ᠳᠠᠪᠠᠭᠤᠯᠢᠭ ᠪᠠ ᠬᠦᠭᠵᠢᠯᠲᠡ ᠶᠢᠨ ᠳᠠᠯᠳᠠ ᠬᠦᠴᠦᠨ ᠠᠴᠠ ᠦᠵᠡᠬᠦ | ᠳᠤ ᠣᠲᠤᠭ ᠤᠨ ᠡᠮᠦᠨᠡᠲᠦ ᠬᠤᠰᠢᠭᠤᠨ ᠳᠤ ᠣᠯᠳᠠᠬᠤᠶ᠎ᠠ ᠪᠡᠷᠭᠡ ᠠᠵᠠ ᠵᠠᠪᠰᠢᠶᠠᠨ ᠲᠣᠬᠢᠶᠠᠵᠣ᠂ ᠬᠦᠭᠵᠢᠯᠲᠡ ᠶᠢᠨ ᠰᠠᠷᠠᠭᠤᠯ ᠠᠭᠤᠳᠠᠮ ᠣᠷᠣᠨ ᠵᠠᠢ᠂ ᠯᠣᠳᠣ | ᠶᠡᠭᠡ ᠳᠠᠯᠳᠠ ᠬᠦᠴᠦᠨ ᠲᠠᠢ ᠪᠣᠢ᠃ ᠬᠤᠰᠢᠭᠤ ᠠᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ | ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠳᠣᠮᠳᠠᠳᠣ ᠣᠯᠣᠰ ᠤᠨ ᠣᠨᠴᠠᠯᠢᠭᠲᠤ ᠨᠡᠶᠢᠬᠡᠮ ᠵᠢᠷᠣᠮ ᠤᠨ | ᠠᠭᠤᠤ ᠶᠡᠭᠡ ᠲᠤᠭ ᠢ ᠦᠨᠳᠦᠷ ᠮᠠᠨᠳᠣᠭᠤᠯᠣᠨ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ | ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠲᠠᠪᠤ ᠶᠢ ᠴᠤᠭᠴᠠᠵᠢᠭᠤᠯᠭᠰᠠᠨ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠦᠯᠦᠪᠵᠢᠬᠦᠯᠵᠦ | ᠠᠬᠢᠭᠤᠯᠤᠨ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠬᠦᠭᠵᠢᠯᠲᠡ ᠶᠢᠨ ᠰᠢᠨ᠎ᠡ | ᠱᠠᠲᠤ ᠦᠶ᠎ᠡ ᠶᠢ ᠡᠵᠡᠮᠳᠡᠨ᠂ ᠬᠦᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ ᠬᠦᠭᠵᠢᠯᠲᠡ ᠶᠢᠨ ᠰᠢᠨ᠎ᠡ ᠪᠠᠶᠢᠳᠠᠯ ᠳᠤ ᠠᠭᠤᠰᠤᠯᠴᠠᠨ᠂ | ᠲᠤᠭᠲᠠᠭᠤᠨ ᠢᠶᠠᠷ ᠣᠷᠣᠭᠰᠢᠯᠠᠬᠤ ᠠᠵᠢᠯ ᠤᠨ ᠶᠡᠷᠦᠩᠬᠡᠢ ᠵᠣᠷᠢᠯᠲᠠ ᠶᠢ ᠪᠠᠷᠢᠮᠲᠠᠯᠠᠵᠤ᠂ ᠴᠢᠨᠠᠷᠯᠢᠭ ᠬᠦᠭᠵᠢᠯᠲᠡ ᠶᠢ ᠠᠬᠢᠭᠤᠯᠬᠤ ᠪᠠᠷ ᠭᠤᠤᠯ ᠰᠠᠳᠣᠪ ᠪᠣᠯᠭᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠬᠦᠨᠵᠡᠬᠡᠶᠢᠷᠡᠬᠦᠯᠬᠦ ᠪᠠᠷ ᠭᠤᠤᠯ ᠱᠣᠭᠤᠮ ᠪᠣᠯᠭᠠᠵᠤ᠂ ᠦᠬᠡᠷᠡᠴᠢᠯᠡᠯᠲᠡ ᠰᠢᠨᠡᠴᠢᠯᠡᠯᠲᠡ | ᠪᠠᠷ ᠦᠨᠳᠦᠰᠦᠨ ᠬᠦᠳᠡᠯᠭᠡᠭᠦ ᠬᠦᠴᠦ ᠪᠤᠯᠭᠠᠨ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠪᠠᠷ ᠦᠨᠳᠦᠰᠦᠨ ᠲᠤᠯᠭᠠᠭᠤᠷᠢᠯᠠᠯ ᠪᠣᠯᠭᠠᠵᠤ᠂ ᠠᠷᠠᠳ | ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠤᠷᠢᠯᠭ᠎ᠠ ᠪᠣᠯᠭᠠᠨ᠂ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠳᠠᠭᠤᠷᠢᠶᠠᠯ ᠣᠷᠣᠨ᠂ ᠬᠤᠪᠢᠰᠬᠠᠯᠲᠤ ᠰᠣᠶᠣᠯ ᠣᠳᠣᠮᠰᠢᠯ ᠢ ᠣᠯᠠᠮᠵᠢᠯᠠᠨ ᠵᠠᠯᠭᠠᠮᠵᠢᠯᠠᠬᠤ ᠣᠷᠣᠨ᠂ ᠣᠷᠣᠨ ᠪᠦᠰᠡ | ᠶᠢᠨ ᠬᠠᠮᠲᠤᠷᠠᠯᠴᠠᠭᠠᠨ ᠤ ᠵᠢᠱᠢᠶ᠎ᠡ ᠦᠵᠡᠬᠦᠯᠬᠦ ᠣᠷᠣᠨ᠂ ᠳᠣᠣᠷ᠎ᠠ ᠨᠡᠬᠦᠷᠡᠰᠦᠳᠦ᠋ᠷᠦᠭᠴᠢᠲᠦ ᠬᠤᠣᠰ ᠦᠢᠯᠡᠳᠦᠯᠭᠡ ᠶᠢᠨ ᠬᠤᠰᠢᠭᠤᠴᠢ ᠣᠷᠣᠨ ᠤ ᠪᠠᠶᠢᠭᠤᠯᠤᠯᠲᠠ ᠶᠢ | ᠲᠦᠷᠬᠡᠳᠬᠡᠵᠦ᠂ 2025 ᠣᠨ ᠪᠣᠯᠬᠤ ᠳᠤ ᠠᠵᠣ ᠠᠬᠤᠢ ᠶᠢᠨ ᠶᠡᠷᠣᠩᠬᠡᠢ ᠬᠡᠮᠵᠢᠶ᠎ᠡ ᠶᠢ ᠲᠠᠬᠢᠨ ᠢᠶᠠᠷ ᠨᠡᠮᠡᠭᠳᠡᠬᠦᠯᠣᠨ᠂ ᠣᠳᠣᠬᠢᠴᠢᠯᠠᠭᠰᠠᠨ ᠣᠲᠤᠭ ᠤᠨ ᠡᠮᠦᠨᠡᠲᠦ | ᠬᠤᠰᠢᠭᠤᠨ ᠤ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠬᠦᠯᠦᠨ᠎ᠡ᠃ | ᠪᠢᠳᠡᠨ ᠤ ᠲᠡᠮᠡᠴᠡᠬᠦ ᠭᠤᠤᠯ ᠬᠠᠷᠠᠯᠲᠠ ᠪᠤᠯ᠄ | —— ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠰᠢᠨ᠎ᠡ ᠳᠡᠭᠳᠡᠷ ᠲᠤ ᠭᠠᠷᠭᠠᠨ᠎ᠠ᠃ ᠠᠵᠤ ᠦᠢᠯᠡᠰ ᠤᠨ ᠪᠣᠬᠢᠷᠳᠣᠯ ᠦᠬᠡᠢ ᠬᠡᠯᠪᠡᠷᠢ ᠶᠢᠨ | ᠬᠤᠪᠢᠷᠠᠭᠤᠯᠤᠲᠠ ᠶᠢ ᠭᠤᠤᠯ ᠰᠢᠪᠲᠤᠯᠤᠯᠲᠠ ᠶᠢᠨ ᠴᠢᠭᠯᠡᠯ ᠪᠤᠯᠭᠠᠨ ᠪᠠᠷᠢᠮᠲᠠᠯᠠᠵᠤ᠂ 2025 ᠣᠨ ᠪᠣᠯᠬᠤ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ ᠢ ᠳᠠᠬᠢᠨ ᠢᠶᠠᠷ ᠨᠡᠮᠡᠭᠳᠡᠬᠦᠯᠦᠨ᠂ 300 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠴᠢᠷᠮᠠᠶᠢᠵᠦ᠂ ᠲᠤᠭᠲᠠᠮᠠᠯ ᠬᠦᠷᠦᠩᠬᠡ ᠶᠢᠨ ᠪᠡᠯᠡ | ᠣᠷᠣᠭᠤᠯᠣᠯᠲᠠ ᠶᠢ ᠵᠢᠯ ᠪᠤᠯᠭᠠᠨ ᠳᠤ 8% ᠠᠴᠠ ᠳᠡᠭᠡᠭᠰᠢ ᠨᠡᠮᠡᠭᠳᠡᠬᠦᠯᠵᠦ᠂ ᠡᠩ ᠤᠨ ᠣᠯᠠᠨ ᠨᠡᠶᠢᠲᠡ ᠶᠢᠨ ᠲᠦᠰᠦᠪ ᠤᠨ ᠣᠷᠣᠯᠭ᠎ᠠ ᠶᠢ ᠵᠢᠯ ᠪᠤᠯᠭᠠᠨ ᠳᠤ | 6% ᠠᠴᠠ ᠳᠡᠭᠡᠭᠰᠢ ᠨᠡᠮᠡᠭᠳᠡᠬᠦᠯᠦᠨ᠂ ᠠᠵᠤ ᠠᠬᠤᠢ ᠶᠢᠨ ᠶᠡᠷᠦᠩᠬᠡᠶᠢᠯᠡᠭᠰᠡᠨ ᠪᠤᠲᠠᠲᠤ ᠬᠦᠴᠦᠨ ᠢ ᠦᠪᠦᠷ ᠮᠣᠩᠭᠤᠯ ᠤᠨ ᠰᠢᠶᠡᠨ ᠤ ᠪᠦᠰᠡ ᠶᠢᠨ ᠠᠵᠤ ᠠᠬᠤᠢ | ᠶᠢᠨ ᠨᠢᠭᠡᠳᠦᠬᠡᠷ ᠡᠩᠨᠡᠭᠡᠨ ᠳᠤ ᠣᠷᠣᠭᠤᠯᠣᠨ᠎ᠠ᠃ | —— ᠬᠤᠲᠠ ᠬᠦᠳᠡᠭᠡ ᠶᠢᠨ ᠬᠦᠭᠵᠢᠯᠲᠡ ᠶᠢᠨ ᠰᠢᠨ᠎ᠡ ᠠᠶᠠᠨ ᠢ ᠡᠬᠢᠯᠡᠬᠦᠯᠦᠨ᠎ᠡ᠃ ᠬᠤᠲᠠ ᠬᠦᠳᠡᠭᠡ ᠶᠢᠨ ᠠᠭᠤᠰᠤᠯᠴᠠᠯ ᠬᠦᠭᠵᠢᠯᠲᠡ ᠪᠠᠷ | ᠵᠠᠩᠭᠢᠯᠠᠭ᠎ᠠ ᠶᠢᠨ ᠭᠠᠷᠳᠠᠴᠠ ᠪᠤᠯᠭᠠᠬᠤ ᠶᠢ ᠪᠠᠷᠢᠮᠲᠠᠯᠠᠵᠤ᠂ ᠰᠠᠭᠤᠷᠢ ᠪᠠᠶᠢᠭᠤᠯᠤᠯᠲᠠ ᠪᠤᠯᠤᠨ ᠠᠵᠤ ᠦᠢᠯᠡᠰ ᠤᠨ ᠪᠠᠶᠢᠷᠢᠯᠠᠭᠤᠯᠤᠯᠲᠠ ᠶᠢ ᠨᠢᠭᠡᠳᠦᠯᠲᠡᠢ | ᠲᠦᠯᠦᠪᠵᠢᠬᠦᠯᠵᠦ ᠠᠬᠢᠭᠤᠯᠤᠨ᠂ ᠠᠵᠤ ᠦᠢᠯᠡᠰ ᠤᠨ ᠬᠡᠯᠪᠡᠷᠢ ᠪᠠᠨ ᠦᠷᠬᠦᠯᠵᠢᠯᠡᠨ ᠰᠢᠨᠡᠴᠢᠯᠡᠵᠦ᠂ ᠣᠷᠣᠰᠢᠨ ᠰᠠᠭᠤᠬᠤ ᠣᠷᠴᠢᠨ ᠠᠬᠤᠢ ᠪᠠᠨ ᠰᠢᠯᠢᠳᠡᠭᠵᠢᠬᠦᠯᠤᠨ | ᠂ ᠦᠢᠯᠡᠴᠢᠯᠡᠭᠡᠨ ᠤ ᠴᠢᠳᠠᠮᠵᠢ ᠶᠢ ᠲᠦᠬᠦᠷᠴᠢᠯᠡᠵᠤ᠂ ᠪᠠᠯᠭᠠᠰᠣ ᠭᠠᠴᠠᠭᠠᠨ ᠤ ᠪᠠᠶᠢᠳᠠᠯ ᠪᠠ ᠠᠵᠤ ᠦᠢᠯᠡᠰ ᠤᠨ ᠣᠷᠣᠨ ᠵᠠᠢ ᠳᠡᠭᠡᠳᠦ ᠬᠡᠮᠵᠢᠶ᠎ᠡ ᠪᠠᠷ ᠠᠭᠤᠰᠣᠯᠴᠠᠬᠤ | ᠶᠢ ᠠᠬᠢᠭᠤᠯᠤᠨ᠂ ᠵᠤᠬᠢᠴᠠᠭᠤᠯᠤᠨ ᠬᠠᠷᠢᠯᠴᠠᠨ ᠨᠦᠬᠦᠪᠦᠷᠢᠯᠡᠬᠦ᠂ ᠪᠦᠬᠦ ᠲᠠᠯ᠎ᠠ ᠪᠠᠷ ᠠᠭᠤᠰᠤᠯᠴᠠᠬᠤ ᠬᠤᠲᠠ ᠬᠦᠳᠡᠭᠡ ᠶᠢᠨ ᠴᠤᠭᠴᠠᠵᠢᠭᠰᠠᠨ ᠬᠦᠭᠵᠢᠯᠲᠡ ᠶᠢᠨ | ᠰᠢᠨ᠎ᠡ ᠪᠠᠶᠢᠳᠠᠯ ᠢ ᠦᠳᠲᠡᠷ ᠲᠦᠷᠭᠡᠨ ᠪᠦᠷᠢᠯᠳᠦᠬᠦᠯᠦᠨ᠎ᠡ᠃ | —— ᠪᠣᠬᠢᠷᠳᠣᠯ ᠦᠬᠡᠢ ᠠᠮᠢ ᠠᠬᠤᠢ ᠶᠢᠨ ᠰᠢᠨ᠎ᠡ ᠳᠡᠭᠡᠭᠰᠢᠯᠡᠬᠦᠯᠦᠯᠲᠡ ᠶᠢ ᠪᠡᠶᠡᠯᠡᠬᠦᠯᠦᠨ᠎ᠡ᠃ ︽ᠠᠮᠢ ᠠᠬᠤᠢ ᠶᠢ ᠲᠡᠷᠢᠬᠦᠨ ᠳᠤ ᠲᠠᠯᠪᠢᠵᠦ᠂ | ᠪᠣᠬᠢᠷᠳᠣᠯ ᠦᠬᠡᠢ ᠪᠠᠷ ᠬᠦᠭᠵᠢᠬᠦᠯᠬᠦ︾ ᠶᠢ ᠦᠨᠳᠦᠰᠦᠨ ᠣᠳᠣᠷᠢᠳᠣᠮᠵᠢ ᠪᠣᠯᠭᠠᠨ ᠪᠠᠷᠢᠮᠲᠠᠯᠠᠵᠤ᠂ ᠠᠭᠤᠯᠠ ᠣᠰᠣ ᠣᠢ ᠲᠠᠷᠢᠶ᠎ᠠ ᠨᠠᠭᠤᠷ ᠡᠪᠡᠰᠦ ᠡᠯᠡᠰᠦ ᠶᠢ | ᠰᠢᠰᠲ᠋ᠧᠮ ᠲᠠᠢ ᠪᠠᠷ ᠵᠠᠰᠠᠨ᠂ ᠨᠢᠭᠡᠳᠦᠬᠡᠷ ᠠᠵᠤ ᠦᠢᠯᠡᠰ ᠲᠤ ᠠᠮᠢ ᠠᠬᠤᠢ ᠶᠢ ᠠᠰᠢᠭᠯᠠᠵᠤ᠂ ᠬᠤᠶᠠᠳᠣᠭᠠᠷ ᠠᠵᠤ ᠦᠢᠯᠡᠰ ᠠᠮᠢ ᠠᠬᠤᠢ ᠲᠠᠢ ᠵᠤᠬᠢᠴᠠᠨ᠂ | ᠭᠤᠷᠪᠠᠳᠣᠭᠠᠷ ᠠᠵᠤ ᠦᠢᠯᠡᠰ ᠢᠶᠠᠷ ᠠᠮᠢ ᠠᠬᠤᠢ ᠶᠢ ᠬᠠᠮᠠᠭᠠᠯᠠᠵᠤ᠂ ᠣᠬᠢ ᠰᠠᠶᠢᠨ ᠠᠮᠢ ᠠᠬᠤᠢ ᠶᠢᠨ ᠣᠷᠴᠢᠨ ᠲᠤᠭᠤᠷᠢᠨ ᠢ ᠬᠠᠮᠤᠭ ᠤᠨ ᠡᠷᠭᠡ ᠳᠡᠭᠰᠢ ᠣᠯᠠᠨ | ᠨᠠᠶᠢᠲᠠ ᠶᠢᠨ ᠪᠦᠲᠦᠭᠡᠭᠳᠡᠬᠦᠨ᠂ ᠬᠠᠮᠤᠭ ᠤᠨ ᠲᠦᠬᠡᠮᠡᠯ ᠬᠠᠷᠠᠭᠠᠯᠵᠠᠯᠯᠠᠲᠤ ᠠᠷᠠᠳ ᠤᠨ ᠠᠮᠢᠳᠣᠷᠠᠯ ᠤᠨ ᠠᠰᠢᠭ ᠵᠢᠷᠭᠠᠯ ᠪᠣᠯᠭᠠᠨ᠂ ᠠᠮᠢ ᠠᠬᠤᠢ ᠶᠢᠨ ᠪᠣᠯᠪᠠᠰᠣᠨ ᠤ | ᠬᠢᠷᠢ ᠳᠦᠪᠰᠢᠨ ᠢ ᠶᠡᠬᠡᠪᠡᠷ ᠳᠡᠭᠡᠭᠰᠢᠯᠡᠬᠦᠯᠦᠨ᠎ᠡ᠃ | —— ᠠᠷᠠᠳ ᠣᠯᠠᠨ ᠤ ᠠᠮᠢᠳᠣᠷᠠᠯ ᠢ ᠰᠢᠨ᠎ᠡ ᠬᠢᠷᠢ ᠳᠦᠪᠰᠢᠨ ᠳᠤ ᠬᠦᠷᠬᠡᠨ᠎ᠡ᠃ ᠠᠷᠠᠳ ᠲᠤ ᠠᠰᠢᠭ ᠬᠦᠷᠲᠡᠭᠡᠬᠦ ᠶᠢ ᠵᠠᠰᠠᠭ ᠤᠨ ᠠᠵᠢᠯ ᠤᠨ | ᠬᠠᠮᠤᠭ ᠤᠨ ᠶᠡᠭᠡ ᠪᠦᠲᠦᠮᠵᠢ ᠪᠣᠯᠭᠠᠨ ᠪᠠᠷᠢᠮᠲᠠᠯᠠᠵᠤ᠂ ᠠᠷᠠᠳ ᠤᠨ ᠠᠮᠢᠳᠣᠷᠠᠯ ᠤᠨ ᠲᠤᠲᠠᠭᠤᠳᠠᠯ ᠢ ᠨᠦᠬᠦᠪᠦᠷᠢᠯᠡᠬᠦ᠂ ᠨᠠᠭᠠᠲᠤ ᠵᠠᠬ᠎ᠠ ᠶᠢᠨ ᠪᠠᠲᠤᠯᠠᠭ᠎ᠠ ᠳᠤ | ᠬᠦᠴᠦᠯᠡᠵᠦ᠂ ᠠᠷᠠᠳ ᠤᠨ ᠠᠮᠢᠳᠣᠷᠠᠯ ᠤᠨ ᠪᠡᠯᠡ ᠮᠦᠩᠭᠦ ᠶᠢ ᠠᠷᠠᠳ ᠣᠯᠠᠨ ᠳᠤ ᠪᠤᠲᠠᠲᠠᠢ ᠣᠯᠭᠤᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ | ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠶᠢᠨ ᠵᠢᠯ ᠳᠣᠮᠳᠠᠴᠢ ᠨᠡᠮᠡᠭᠳᠡᠯ ᠢ 7% ᠪᠠ 8% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠦᠨᠳᠦᠰᠦᠨ ᠣᠯᠠᠨ | ᠨᠠᠶᠢᠲᠠ ᠶᠢᠨ ᠦᠢᠯᠡᠴᠢᠯᠡᠭᠡ ᠶᠢ ᠲᠡᠩᠴᠡᠭᠦᠷᠢᠲᠡᠢ ᠡᠳ᠋ᠯᠡᠬᠦᠯᠦᠨ᠂ ᠪᠦᠬᠦ ᠣᠯᠣᠰ ᠤᠨ ᠳᠠᠭᠤᠷᠢᠶᠠᠯ ᠪᠣᠯᠪᠠᠰᠣᠨ ᠬᠤᠲᠠ ᠶᠢ ᠴᠤᠭᠴᠠᠯᠠᠨ᠎ᠠ᠃ | ᠲᠦᠯᠦᠭᠡᠯᠡᠭᠴᠢᠳ ᠡ᠂ ᠨᠦᠬᠦᠳ ᠡ᠂ ᠴᠠᠭ ᠦᠶ᠎ᠡ ᠲᠡᠮᠡᠴᠡᠯ ᠴᠢᠷᠮᠠᠶᠢᠯᠭ᠎ᠠ ᠪᠠᠷ ᠦᠷᠬᠦᠯᠵᠢ ᠰᠢᠨᠡᠴᠢᠯᠡᠭᠳᠡᠵᠦ᠂ ᠠᠵᠢᠯ ᠦᠢᠯᠡᠰ ᠬᠦᠰᠡᠯ ᠵᠤᠷᠢᠭ ᠤᠨ | ᠡᠷᠴᠢ ᠪᠠᠷ ᠪᠡᠶᠡᠯᠡᠭᠳᠡᠳᠡᠭ᠃ ︽ᠳᠦᠷᠪᠡᠨ ᠣᠷᠣᠨ︾ ᠤ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠶᠡᠷᠤᠩᠬᠡᠢ ᠬᠡᠮᠵᠢᠶ᠎ᠡ ᠳᠠᠬᠢᠨ ᠢᠶᠠᠷ ᠨᠡᠮᠡᠭᠳᠡᠬᠦ ᠶᠢ | ᠪᠡᠶᠡᠯᠡᠬᠦᠯᠬᠦ ᠪᠣᠯ ᠬᠤᠰᠢᠭᠤ ᠨᠠᠮ ᠤᠨ ᠬᠤᠷᠢᠶ᠎ᠠ ᠲᠡᠣᠬᠡ ᠶᠢᠨ ᠰᠢᠨ᠎ᠡ ᠪᠠᠶᠢᠷᠢᠯᠠᠯ ᠳᠡᠭᠡᠷ᠎ᠡ ᠠᠴᠠ ᠣᠲᠤᠭ ᠤᠨ ᠡᠮᠦᠨᠡᠲᠦ ᠬᠤᠰᠢᠭᠤᠨ ᠤ ᠢᠷᠡᠭᠡᠳᠦᠢ ᠶᠢᠨ ᠬᠦᠭᠵᠢᠯᠲᠡ | ᠶᠢᠨ ᠦᠨᠳᠦᠷᠴᠡ ᠠᠴᠠ ᠪᠤᠳᠤᠯᠬᠢᠯᠠᠨ᠂ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠤ ᠭᠠᠷᠤᠭᠠᠨ ᠠᠴᠠ ᠰᠢᠨ᠎ᠡ ᠠᠷᠭ᠎ᠠ ᠵᠠᠮ ᠢ ᠰᠦᠪᠡᠭᠴᠢᠯᠡᠬᠦ ᠪᠠᠷ | ᠶᠠᠪᠤᠭᠳᠠᠭᠤᠯᠤᠭᠰᠠᠨ ᠨᠢᠭᠡ ᠣᠳᠠᠭᠠᠨ ᠤ ᠰᠢᠨ᠎ᠡ ᠰᠢᠪᠲᠤᠯᠤᠯᠲᠠ ᠪᠣᠯᠣᠨ᠎ᠠ᠃ ᠬᠤᠰᠢᠭᠤ ᠠᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠠᠴᠠ | ᠳᠣᠷᠠᠳᠣᠭᠰᠠᠨ ︽ᠰᠢᠨ᠎ᠡ ᠡᠬᠦᠷᠭᠡ ᠬᠠᠷᠢᠭᠤᠴᠠᠯᠭ᠎ᠠ ᠪᠠᠨ ᠵᠤᠷᠢᠭᠲᠡᠢ ᠡᠬᠦᠷᠬᠡᠯᠡᠵᠦ᠂ ᠰᠢᠨ᠎ᠡ ᠲᠠᠪᠠᠯᠲᠠ ᠶᠢ ᠪᠡᠶᠡᠯᠡᠬᠦᠯᠬᠦ︾ ᠶᠡᠷᠦᠩᠬᠡᠢ ᠱᠠᠭᠠᠷᠳᠠᠯᠭ᠎ᠠ ᠶᠤᠰᠤᠭᠠᠷ᠂ | ᠪᠢᠳᠡ ︽ᠵᠢᠷᠭᠤᠭᠠᠨ ᠲᠠᠪᠠᠯᠲᠠ︾ ᠶᠢᠨ ᠪᠡᠶᠡᠯᠡᠭᠳᠡᠯ ᠢ ᠪᠦᠬᠦ ᠬᠦᠴᠦᠨ ᠢᠶᠠᠷ ᠠᠬᠢᠭᠤᠯᠤᠨ᠎ᠠ᠃ | ︵ᠨᠢᠭᠡ︶ ᠠᠵᠤ ᠦᠢᠯᠡᠰ ᠤᠨ ᠪᠣᠬᠢᠷᠳᠣᠯ ᠦᠬᠡᠢ ᠬᠡᠯᠪᠡᠷᠢ ᠶᠢᠨ ᠬᠤᠪᠢᠷᠠᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠣᠳᠣ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠳᠡᠭᠡᠷ᠎ᠡ ᠰᠢᠨ᠎ᠡ ᠲᠠᠪᠠᠯᠲᠠ ᠶᠢ ᠪᠡᠶᠡᠯᠡᠬᠦᠯᠦᠨ᠎ᠡ᠃ᠣᠳᠣᠬᠠᠨ ᠤ ᠦᠨᠳᠦᠰᠦᠨ ᠳᠠᠪᠠᠭᠤᠯᠢᠭ ᠲᠤ ᠪᠠᠨ ᠰᠠᠭᠤᠷᠢᠯᠠᠵᠤ᠂ ᠠᠵᠤ | ᠦᠢᠯᠡᠰ ᠢ ᠳᠡᠭᠡᠳᠦ ᠳᠡᠰᠴᠢᠯᠡᠬᠦ᠂ ᠪᠣᠬᠢᠷᠳᠣᠯ ᠦᠬᠡᠶᠢᠴᠢᠯᠡᠬᠦ᠂ ᠤᠶᠤᠨᠴᠢᠯᠠᠬᠤ᠂ ᠠᠭᠤᠰᠤᠯᠴᠠᠭᠤᠯᠬᠤ ᠴᠢᠭᠯᠡᠯ ᠢᠶᠠᠷ ᠬᠦᠭᠵᠢᠬᠦᠯᠬᠦ ᠶᠢ ᠠᠬᠢᠭᠤᠯᠤᠨ᠂ ᠣᠳᠣ ᠦᠶ᠎ᠡ | ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠣᠨ᠎ᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ | ᠬᠡᠷᠡᠭᠵᠢᠬᠦᠯᠵᠦ᠂ ᠮᠠᠯ ᠲᠠᠷᠢᠶᠠᠯᠠᠩ ᠤᠨ ᠠᠵᠤ ᠦᠢᠯᠡᠰ ᠤᠨ ᠣᠳᠣᠬᠢᠴᠢᠯᠠᠯᠲᠠ ᠶᠢᠨ ᠰᠢᠯᠵᠢᠯᠲᠡ ᠶᠢ ᠠᠬᠢᠭᠤᠯᠤᠨ᠎ᠠ᠃ ᠣᠰᠣ ᠪᠠᠷ ᠭᠠᠵᠠᠷ ᠨᠡᠬᠡᠬᠡᠬᠦ ᠶᠢ ᠲᠤᠭᠲᠠᠭᠠᠬᠤ | ᠂ ᠣᠰᠣᠨ ᠤ ᠬᠡᠮᠵᠢᠶ᠎ᠡ ᠪᠠᠷ ᠬᠡᠷᠡᠭᠵᠢᠬᠦᠯᠬᠦ ᠶᠢ ᠪᠠᠷᠢᠮᠲᠠᠯᠠᠵᠣ᠂ ᠮᠠᠯ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠦᠭᠵᠢᠯᠲᠡ ᠶᠢᠨ ᠭᠤᠷᠪᠠᠨ ᠵᠢᠯ | ᠤᠨ ᠠᠵᠢᠯᠯᠠᠭ᠎ᠠ ᠶᠢ ᠬᠡᠷᠡᠭᠵᠢᠬᠦᠯᠦᠨ᠂ ᠰᠠᠶᠢᠨ ᠡᠬᠦᠯᠳᠡᠷ ᠤᠨ ᠪᠤᠶᠢᠵᠢᠭᠤᠯᠤᠯᠲᠠ᠂ ᠰᠠᠭᠤᠷᠢ ᠳᠦᠬᠦᠬᠡᠷᠦᠮᠵᠢ᠂ ᠦᠨᠳᠦᠷ ᠪᠦᠲᠦᠮᠵᠢᠲᠡᠢ ᠣᠰᠣ ᠠᠷᠪᠢᠯᠠᠯᠲᠠ᠂ | ᠲᠠᠷᠢᠶᠠᠯᠠᠩ ᠤᠨ ᠮᠡᠷᠭᠡᠵᠢᠯ ᠮᠠᠯ ᠡᠮᠨᠡᠯᠭᠡ ᠶᠢᠨ ᠦᠢᠯᠡᠴᠢᠯᠡᠭᠡ᠂ ᠬᠡᠪᠴᠢᠶᠡᠵᠢᠭᠰᠡᠨ ᠲᠠᠷᠢᠵᠦ ᠲᠡᠵᠢᠬᠡᠯᠲᠡ᠂ ᠨᠠᠷᠢᠯᠢᠭ ᠪᠣᠯᠪᠠᠰᠣᠷᠠᠭᠤᠯᠤᠯᠲᠠ ᠵᠡᠷᠭᠡ ᠲᠠᠯ᠎ᠠ ᠪᠠᠷ ᠬᠢ | ᠲᠤᠰᠬᠠᠢ ᠨᠦᠬᠦᠪᠦᠷᠢ ᠮᠦᠩᠭᠦᠨ ᠤ ᠲᠦᠷᠦ ᠶᠢᠨ ᠪᠤᠳᠤᠯᠭ᠎ᠠ ᠲᠤᠭᠲᠠᠭᠠᠵᠤ᠂ ᠠᠮᠣ ᠪᠣᠳᠠᠭ᠎ᠠ᠂ ᠠᠯᠠᠰᠢᠨ ᠪᠤᠭ ᠮᠠᠯ᠂ ᠠᠯᠠᠰᠢᠨ ᠦᠬᠡᠷ᠂ ᠨᠣᠣᠯᠣᠭᠤᠷ ᠤᠨ ᠢᠮᠠᠭ᠎ᠠ᠂ | ᠵᠢᠮᠢᠰ ᠨᠣᠭᠤᠭ᠎ᠠ᠂ ᠲᠡᠵᠢᠬᠡᠯ ᠡᠪᠡᠰᠦ ᠪᠤᠷᠳᠤᠭ᠎ᠠ ᠪᠠ ᠰᠠᠭᠠᠯᠢ ᠶᠢᠨ ᠦᠢᠯᠡᠰ ᠵᠡᠷᠭᠡ ᠳᠣᠯᠣᠭᠠᠨ ᠭᠤᠤᠯᠯᠠᠬᠤ ᠠᠵᠦ ᠦᠢᠯᠡᠰ ᠢ ᠶᠡᠬᠡᠪᠡᠷ ᠬᠦᠭᠵᠢᠬᠦᠯᠦᠨ᠂ ᠵᠢᠭᠦᠷᠲᠡᠨ | ᠲᠡᠵᠢᠬᠡᠬᠦ᠂ ᠢᠳᠡᠰᠢᠨ ᠮᠦᠬᠦ᠂ ᠬᠢᠲᠡᠳ ᠡᠪᠡᠰᠦᠨ ᠡᠮ᠂ ᠡᠯᠳᠡᠪ ᠠᠮᠣ ᠲᠡᠷᠢᠬᠤ ᠵᠡᠷᠭᠡ ᠣᠨᠴᠠᠯᠢᠭᠲᠤ ᠠᠵᠤ ᠦᠢᠯᠡᠰ ᠢ ᠬᠦᠭᠵᠢᠬᠦᠯᠬᠦ ᠶᠢ ᠵᠣᠷᠢᠭᠵᠢᠭᠤᠯᠵᠤ᠂ | ᠰᠢᠷᠬᠤᠰᠣᠨ ᠭᠤᠤᠯ ᠤᠨ ᠰᠠᠪᠠ ᠭᠠᠵᠠᠷ ᠤᠨ ᠵᠢᠯ ᠤᠨ ᠬᠠᠩᠭᠠᠯᠭ᠎ᠠ 50 ᠲᠦᠮᠡᠨ ᠳᠣᠨ ᠤ ᠴᠢᠨᠠᠷ ᠰᠠᠶᠢᠲᠠᠢ ᠵᠢᠮᠢᠰ ᠨᠣᠭᠤᠭᠠᠨ ᠤ ᠲᠠᠷᠢᠮᠠᠯ ᠤᠨ ᠰᠠᠭᠤᠷᠢᠨ ᠭᠠᠵᠠᠷ | ᠢ ᠪᠠᠶᠢᠭᠤᠯᠤᠨ᠂ ᠪᠦᠬᠦ ᠬᠤᠰᠢᠭᠤᠨ ᠤ ᠰᠢᠯᠢᠳᠡᠭ ᠴᠢᠨᠠᠷ ᠤᠨ ᠠᠯᠠᠰᠢᠨ ᠦᠬᠡᠷ ᠤᠨ ᠲᠡᠵᠢᠬᠡᠪᠦᠷᠢ ᠶᠢᠨ ᠬᠡᠪᠴᠢᠶᠡᠵᠡᠯ ᠢ 10 ᠲᠦᠮᠡᠨ ᠲᠤᠯᠤᠭᠠᠢ᠂ ᠰᠢᠯᠢᠳᠡᠭ ᠴᠢᠨᠠᠷ | ᠤᠨ ᠠᠯᠠᠰᠢᠨ ᠪᠣᠭ ᠮᠠᠯ ᠤᠨ ᠲᠡᠵᠢᠬᠡᠪᠦᠷᠢ ᠶᠢᠨ ᠬᠡᠪᠴᠢᠶᠡᠵᠡᠯ ᠢ 100 ᠲᠦᠮᠡᠨ ᠲᠤᠯᠤᠭᠠᠢ ᠳᠤ ᠬᠦᠷᠬᠡᠵᠤ᠂ ᠴᠢᠭᠯᠡᠯᠲᠦ ᠴᠢᠨᠠᠷᠲᠠᠢ ᠪᠠᠷ ᠨᠢᠬᠡ ᠪᠦᠯᠦᠭ ᠮᠠᠯ | ᠲᠠᠷᠢᠶᠠᠯᠠᠩ ᠤᠨ ᠪᠦᠲᠦᠭᠡᠭᠳᠡᠬᠦᠨ ᠤ ᠠᠩᠬ᠎ᠠ ᠪᠣᠯᠪᠠᠰᠣᠷᠠᠭᠤᠯᠤᠯᠲᠠ᠂ ᠨᠠᠷᠢᠯᠢᠭ ᠡᠳ᠋ᠰᠢᠬᠦᠯᠦᠯᠲᠡ ᠶᠢᠨ ᠲᠦᠷᠦᠯ ᠵᠦᠢᠯ ᠢ ᠣᠷᠣᠭᠤᠯᠣᠨ᠂ ᠮᠠᠯ ᠲᠠᠷᠢᠶᠠᠯᠠᠩ ᠤᠨ | ᠪᠦᠲᠦᠭᠡᠭᠳᠡᠬᠦᠨ ᠤ ᠳᠠᠭᠠᠯᠲᠠ ᠦᠷᠲᠡᠭ ᠢ ᠬᠠᠮᠤᠭ ᠶᠡᠭᠡ ᠬᠡᠮᠵᠢᠶ᠎ᠡ ᠪᠠᠷ ᠲᠡᠬᠡᠭᠰᠢᠯᠡᠬᠦᠯᠣᠨᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ | ᠳᠠᠶᠢᠴᠢᠯᠠᠯᠲᠠ ᠶᠢ ᠪᠠᠷᠢᠮᠲᠠᠯᠠᠵᠣ᠂ ᠮᠠᠯ ᠲᠠᠷᠢᠶᠠᠯᠠᠩ ᠤᠨ ᠠᠵᠤ ᠦᠢᠯᠡᠰ ᠤᠨ 6 ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ ᠣᠷᠣᠭᠤᠯᠵᠣ ᠪᠤᠶᠢᠵᠢᠭᠤᠯᠤᠨ᠂ | 1000 ᠡᠷᠦᠬᠡ ᠠᠴᠠ ᠳᠡᠭᠡᠭᠰᠢ ᠠᠮᠢ ᠠᠬᠤᠶᠢᠴᠢ ᠣᠶᠣᠨᠴᠢ ᠲᠠᠷᠢᠶᠠᠯᠠᠩ ᠮᠠᠯᠵᠢᠯ ᠤᠨ ᠲᠠᠯᠠᠪᠠᠢ ᠶᠢ ᠪᠠᠶᠢᠭᠤᠯᠵᠤ᠂ ᠨᠢᠭᠲᠠ ᠬᠠᠷᠢᠴᠠᠭ᠎ᠠ ᠪᠦᠬᠦᠢ ᠮᠠᠯᠴᠢᠨ | ᠲᠠᠷᠢᠶᠠᠴᠢᠨ ᠠᠵᠣ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠯᠠᠯ ᠤᠨ ᠬᠠᠷᠢᠴᠠᠯ ᠢ 70% ᠠᠴᠠ ᠳᠠᠪᠠᠭᠤᠯᠤᠨ᠎ᠠ᠃ ᠮᠠᠯ ᠲᠠᠷᠢᠶᠠᠯᠠᠩ ᠤᠨ ᠠᠵᠤ ᠦᠢᠯᠡᠰ ᠤᠨ | ᠲᠠᠷᠬᠠᠢ ᠪᠤᠲᠠᠷᠬᠠᠢ ᠨᠡᠷᠡᠲᠦ ᠲᠡᠮᠲᠡᠭ ᠢ ᠪᠦᠬᠦ ᠲᠠᠯ᠎ᠠ ᠪᠠᠷ ᠨᠢᠬᠡᠳᠬᠡᠨ᠂ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠶᠢᠨ ᠲᠡᠮᠲᠡᠭ ᠤᠨ ᠪᠦᠷᠬᠦᠴᠡ | ᠶᠢ ᠦᠷᠬᠡᠳᠬᠡᠵᠦ᠂ ᠪᠣᠷᠣᠪᠠᠯᠭᠠᠰᠣ ᠶᠢᠨ ᠯᠠᠵᠤᠤ ᠵᠡᠷᠭᠡ ᠨᠡᠷᠡᠲᠦ ᠲᠡᠮᠲᠡᠭ ᠤᠨ ᠠᠯᠳᠠᠷᠰᠢᠯ ᠢ ᠳᠡᠭᠡᠭᠰᠢᠯᠡᠬᠦᠯᠦᠨ᠂ ᠦᠪᠦᠷ ᠮᠣᠩᠭᠤᠯ ᠱᠠᠨᠰᠢ ᠨᠢᠩᠰᠢᠶᠠ ᠶᠢᠨ ᠣᠶᠢᠷ᠎ᠠ | ᠬᠠᠪᠢ ᠶᠢᠨ ᠴᠢᠨᠠᠷ ᠰᠠᠶᠢᠲᠠᠢ ᠯᠠᠵᠣᠣ᠂ ᠵᠢᠮᠢᠰ ᠨᠣᠭᠤᠭᠠᠨ ᠤ ᠲᠦᠪᠯᠡᠷᠡᠩᠭᠦᠢ ᠪᠤᠷᠤᠯᠠᠭᠤᠯᠭ᠎ᠠ ᠶᠢᠨ ᠭᠠᠵᠠᠷ ᠢ ᠴᠣᠭᠴᠠᠯᠠᠨ᠎ᠠ᠃ ᠮᠠᠯ ᠲᠠᠷᠢᠶᠠᠯᠠᠩ ᠤᠨ ᠦᠢᠯᠡᠰ ᠤᠨ | ᠰᠢᠨᠵᠢᠯᠡᠭᠡ ᠮᠡᠷᠭᠡᠵᠢᠯ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠮᠦᠷᠳᠡᠯᠲᠡ ᠶᠢᠨ | ᠲᠤᠭᠲᠠᠯᠴᠠᠭ᠎ᠠ ᠶᠢ ᠲᠡᠬᠦᠯᠳᠡᠷᠵᠢᠬᠦᠯᠣᠨᠡ᠃ 2025 ᠣᠨ ᠪᠣᠯᠬᠤ ᠳᠤ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠦᠷᠲᠡᠭ ᠢ 32 ᠳ᠋ᠦᠩᠰᠢᠭᠤᠷ ᠳᠦᠬᠦᠷᠢᠭ ᠲᠤ | ᠬᠦᠷᠭᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠠᠭᠤᠷᠢᠶᠠᠯ ᠤᠷᠤᠨ ᠢ ᠠᠩᠬ᠎ᠠ ᠠᠯᠬᠤᠮ ᠪᠠᠶᠢᠭᠤᠯᠤᠨ᠎ᠠ᠃ ᠬᠡᠮᠵᠢᠶ᠎ᠡ ᠶᠢ ᠨᠢ ᠦᠷᠭᠡᠳᠬᠡᠵᠦ ᠳᠡᠰ | ᠳᠡᠪᠰᠢᠬᠦᠯᠬᠦ ᠠᠵᠢᠯᠯᠠᠭ᠎ᠠ ᠶᠢ ᠬᠡᠷᠡᠭᠵᠢᠬᠦᠯᠵᠦ᠂ ᠠᠵᠤ ᠦᠢᠯᠡᠳᠪᠦᠷᠢ ᠳᠣᠮᠳᠠ ᠳᠡᠭᠡᠳᠦ ᠲᠡᠰ ᠲᠡᠶᠢᠰᠢ ᠳᠠᠪᠰᠢᠬᠤ ᠶᠢ ᠠᠬᠢᠭᠤᠯᠤᠨ᠎ᠠ᠃ ᠳᠣᠣᠷ᠎ᠠ | ᠨᠡᠬᠦᠷᠡᠰᠦᠳᠦ᠋ᠷᠦᠭᠴᠢᠲᠦ ᠬᠤᠣᠰ ᠦᠢᠯᠡᠳᠦᠯᠭᠡ ᠶᠢᠨ ᠬᠤᠰᠢᠭᠤᠴᠢ ᠣᠷᠣᠨ ᠤ ᠪᠠᠶᠢᠭᠤᠯᠤᠯᠲᠠ ᠳᠤ ᠠᠩᠬᠠᠷᠣᠯ ᠢᠶᠠᠨ ᠲᠦᠪᠯᠡᠷᠡᠬᠦᠯᠣᠨ᠂ ︽ᠠᠷᠪᠠᠨ ᠳᠦᠷᠪᠡᠳᠦᠬᠡᠷ | ᠲᠠᠪᠤᠨ ᠵᠢᠯ︾ ᠳᠤ ᠰᠢᠨ᠎ᠡ ᠡᠨᠧᠷᠬᠢ ᠶᠢ ᠶᠡᠬᠡᠪᠡᠷ ᠬᠦᠭᠵᠢᠬᠦᠯᠬᠦ ᠲᠤᠬᠢᠶᠠᠯ ᠢ ᠵᠠᠪᠳᠣᠵᠣ᠂ ᠲᠠᠷᠬᠠᠢ ᠮᠠᠶ᠋ᠢᠭ ᠤᠨ ᠨᠠᠷᠠᠨ ᠤ ᠡᠨᠧᠷᠬᠢ ᠶᠢᠨ ᠠᠰᠢᠭᠯᠠᠯᠲᠠ ᠪᠠᠶᠢᠭᠤᠯᠤᠯᠲᠠ | ᠶᠢ ᠪᠦᠬᠦ ᠬᠤᠰᠢᠭᠤ ᠪᠠᠷ ᠢᠶᠠᠨ ᠠᠬᠢᠭᠤᠯᠤᠨ᠂ ᠬᠡᠪᠴᠢᠶᠡᠵᠢᠭᠰᠡᠨ ᠨᠠᠷᠠᠨ ᠤ ᠡᠨᠧᠷᠬᠢ ᠶᠢᠨ ᠴᠠᠬᠢᠯᠭᠠᠨ ᠦᠷᠲᠡᠭᠡᠨ ᠤ ᠪᠠᠶᠢᠭᠤᠯᠤᠯᠲᠠ ᠶᠢ ᠡᠮᠬᠢᠲᠡᠢ ᠠᠬᠢᠭᠤᠯᠵᠤ᠂ | ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ ᠶᠢ 500 ᠲᠦᠮᠡᠨ ᠺᠢᠯᠣᠸᠠᠲ᠂ ᠵᠢᠯ ᠤᠨ ᠴᠠᠬᠢᠯᠭᠠᠨ ᠭᠠᠷᠭᠠᠯᠲᠠ ᠶᠢ 30 ᠳ᠋ᠦᠩᠰᠢᠭᠤᠷ ᠭᠷᠠᠳᠦ᠋ᠰ ᠠᠴᠠ | ᠳᠠᠪᠠᠭᠤᠯᠤᠨ᠎ᠠ᠃ ᠨᠠᠷᠠᠨ ᠤ ᠡᠨᠧᠷᠬᠢ ᠪᠠᠷ ᠲᠤᠯᠭᠠᠭᠤᠷᠢᠯᠠᠯ ᠪᠤᠯᠭᠠᠭᠰᠠᠨ ᠰᠢᠨ᠎ᠡ ᠬᠡᠯᠪᠡᠷᠢ ᠶᠢᠨ ︽ᠴᠠᠬᠢᠯᠭᠠᠨ ᠡᠬᠦᠰᠬᠡᠭᠴᠢ ᠴᠠᠭᠢᠯᠭᠠᠨ ᠲᠤᠤᠷ ᠴᠠᠬᠢᠯᠭᠠᠨ ᠳᠠᠭᠠᠭᠠᠴᠠ | ᠣᠰᠣᠳᠦ᠋ᠷᠦᠭᠴᠢ ᠡᠨᠧᠷᠬᠢ ᠬᠠᠳᠠᠭᠠᠯᠠᠬᠤ︾ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠦᠬᠡᠢ ᠶᠡᠷᠦᠩᠬᠡᠶᠢᠯᠡᠭᠰᠡᠨ ᠠᠵᠣ ᠦᠢᠯᠡᠰ ᠤᠨ ᠬᠦᠷᠢᠶᠡᠯᠡᠩ ᠢ ᠡᠩ ᠲᠡᠷᠢᠬᠦᠨ | ᠳᠤ ᠪᠠᠶᠢᠭᠤᠯᠵᠤ᠂ ᠷᠦᠨ ᠶᠠᠩ ᠤᠨ ᠨᠠᠷᠠᠨ ᠤ ᠡᠨᠧᠷᠬᠢ ᠶᠢᠨ ᠳᠦᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠬᠦ ᠬᠡᠯᠬᠢᠶᠡᠵᠢᠯ ᠤᠨ ᠲᠦᠷᠦᠯ ᠵᠦᠢᠯ ᠤᠨ | ᠪᠠᠶᠢᠭᠤᠯᠣᠯᠲᠠ ᠶᠢ ᠡᠬᠢᠯᠡᠬᠦᠯᠣᠨ᠂ ᠣᠰᠣᠳᠦ᠋ᠷᠦᠭᠴᠢ ᠡᠨᠧᠷᠬᠢ᠂ ᠡᠨᠧᠷᠬᠢ ᠬᠠᠳᠠᠭᠠᠯᠠᠬᠤ ᠵᠢᠴᠢ ᠰᠢᠨ᠎ᠡ ᠮᠠᠲ᠋ᠧᠷᠢᠶᠠᠯ ᠵᠡᠷᠬᠡ ᠠᠵᠣ ᠦᠢᠯᠡᠰᠴᠢᠯᠡᠭᠰᠡᠨ ᠲᠦᠷᠦᠯ ᠵᠦᠢᠯ | ᠪᠠ ᠠᠵᠣ ᠠᠬᠤᠶᠢᠯᠠᠯ ᠢ ᠣᠷᠣᠭᠤᠯᠵᠣ᠂ ᠨᠠᠷᠠᠨ ᠤ ᠡᠨᠧᠷᠬᠢ ᠶᠢᠨ ᠠᠵᠣ ᠦᠢᠯᠡᠰ ᠤᠨ ᠬᠡᠯᠬᠢᠶᠡᠵᠢᠯ ᠢ ᠣᠯᠠᠮ ᠨᠢᠬᠡ ᠠᠯᠬᠤᠮ ᠣᠷᠳᠣᠰᠬᠠᠨ ᠦᠷᠬᠡᠳᠬᠡᠨ᠎ᠡ᠃ ᠨᠠᠷᠠᠨ | ᠤ ᠡᠨᠧᠷᠬᠢ ᠪᠠᠷ ᠣᠰᠣᠳᠦ᠋ᠷᠦᠭᠴᠢ ᠦᠢᠯᠡᠳᠬᠦ ᠵᠢᠴᠢ ᠣᠰᠣᠳᠦ᠋ᠷᠦᠭᠴᠢ ᠡᠨᠧᠷᠬᠢ ᠶᠢᠨ ᠶᠠᠷᠦᠩᠬᠡᠶᠢᠯᠡᠭᠰᠡᠨ ᠠᠰᠢᠭᠯᠠᠯᠲᠠ ᠶᠢᠨ ᠵᠢᠱᠢᠶ᠎ᠡ ᠦᠵᠡᠬᠦᠯᠬᠦ ᠲᠦᠷᠦᠯ ᠵᠦᠢᠯ ᠢ | ᠪᠠᠶᠢᠭᠤᠯᠵᠤ᠂ ᠰᠢᠨ᠎ᠡ ᠡᠨᠧᠷᠬᠢ ᠶᠢᠨ ᠬᠦᠨᠳᠦ ᠠᠴᠢᠶᠠᠨ ᠤ ᠮᠠᠰᠢᠨ ᠢ ᠬᠡᠷᠡᠭᠯᠡᠬᠦ ᠢᠨᠵᠧᠨᠧᠷᠢᠩ ᠢ ᠬᠡᠷᠡᠭᠵᠢᠬᠦᠯᠦᠨ᠂ ︽ᠣᠯᠠᠨ ᠡᠨᠧᠷᠬᠢ ᠬᠠᠷᠢᠯᠴᠠᠨ ᠨᠦᠬᠦᠪᠦᠷᠢᠯᠡᠬᠦ︾ | ᠶᠢ ᠴᠤᠭᠴᠠᠵᠢᠭᠤᠯᠤᠨ ᠬᠦᠭᠵᠢᠬᠦᠯᠦᠭᠰᠡᠨ ᠡᠨᠧᠷᠬᠢ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠪᠦᠬᠦ ᠬᠦᠴᠦᠨ ᠢᠶᠠᠷ ᠪᠠᠶᠢᠭᠤᠯᠤᠨ᠎ᠠ᠃ ᠨᠡᠬᠦᠷᠡᠰᠦ ᠶᠢ | ᠶᠡᠷᠦᠩᠬᠡᠶᠢᠯᠡᠨ ᠠᠰᠢᠭᠯᠠᠬᠤ ᠴᠢᠳᠠᠮᠵᠢ ᠶᠢ ᠲᠡᠬᠡᠭᠰᠢᠯᠡᠬᠦᠯᠵᠣ᠂ ᠨᠡᠬᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠭᠠᠷᠳᠠᠮ ᠤᠨ ᠬᠦᠢᠴᠡᠳᠬᠡᠯᠲᠡ ᠶᠢ ᠪᠦᠬᠦ ᠬᠦᠴᠦᠨ | ᠢᠶᠠᠷ ᠠᠬᠢᠭᠤᠯᠤᠨ᠂ ᠪᠠᠯᠠᠩ᠂ ᠬᠠᠷᠴᠠᠭᠠᠢ ᠬᠦᠯᠦᠭ ᠨᠢᠭᠡᠳᠦᠬᠡᠷ ᠨᠣᠮᠧᠷᠲᠦ᠂ ᠬᠠᠷᠴᠠᠭᠠᠢ ᠬᠦᠯᠦᠭ ᠭᠤᠷᠪᠠᠳᠣᠭᠠᠷ ᠨᠣᠮᠧᠷᠲᠦ ᠨᠡᠬᠦᠷᠡᠰᠦᠨ ᠠᠭᠤᠷᠬᠠᠢ ᠶᠢ ᠡᠬᠢᠯᠡᠬᠦᠯᠦᠨ | ᠪᠠᠶᠢᠭᠤᠯᠬᠤ ᠪᠠᠷ ᠴᠢᠷᠮᠠᠶᠢᠵᠤ᠂ ᠪᠠᠶᠢᠭᠤᠯᠵᠣ ᠪᠦᠬᠦᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠶᠢᠭᠤᠯᠣᠯᠲᠠ ᠶᠢ ᠲᠦᠷᠭᠡᠳᠬᠡᠨ᠂ ᠳᠡᠭᠡᠳᠦ ᠲᠡᠰ ᠤᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠶᠡᠬᠡᠪᠡᠷ ᠣᠷᠣᠭᠤᠯᠵᠣ᠂ ᠨᠡᠬᠦᠷᠡᠰᠦᠨ ᠤ ᠵᠢᠯ ᠤᠨ ᠭᠠᠷᠤᠯᠲᠠ ᠶᠢ 3000 ᠲᠦᠮᠡᠨ ᠳᠣᠨ ᠠᠴᠠ | ᠲᠠᠪᠠᠭᠤᠯᠣᠨ᠂ ᠢᠯᠴᠢ ᠶᠢᠨ ᠴᠠᠬᠢᠯᠭᠠᠨ ᠢ ᠭᠠᠳᠠᠭᠰᠢ ᠳᠠᠮᠵᠢᠭᠤᠯᠬᠤ ᠬᠡᠪᠴᠢᠶᠠᠵᠡᠯ ᠢ 800 ᠲᠦᠮᠡᠨ ᠺᠢᠯᠤᠸᠠᠲ ᠬᠦᠷᠭᠡᠵᠦ᠂ ᠣᠳᠣ ᠦᠶ᠎ᠡ ᠶᠢᠨ ᠨᠡᠬᠦᠷᠡᠰᠦ ᠬᠢᠮᠢ | ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 500 ᠲᠦᠮᠡᠨ ᠳᠣᠨ ᠠᠴᠠ ᠳᠠᠪᠠᠭᠤᠯᠬᠤ ᠪᠠᠷ ᠬᠦᠴᠦᠯᠡᠨ᠂ ᠦᠪᠡᠷᠲᠡᠭᠡᠨ ᠵᠠᠰᠠᠬᠤ ᠣᠷᠣᠨ ᠤ | ᠳᠣᠣᠷ᠎ᠠ ᠨᠡᠬᠦᠷᠡᠰᠦᠳᠦ᠋ᠷᠦᠭᠴᠢᠲᠦ ᠬᠦᠭᠵᠢᠯᠲᠡ ᠶᠢᠨ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠢ ᠪᠠᠶᠢᠭᠤᠯᠤᠨ᠎ᠠ᠃ ᠪᠠᠶᠢᠭᠠᠯᠢ ᠶᠢᠨ ᠰᠢᠲᠠᠮᠠᠬᠠᠢ ᠬᠡᠢ ᠵᠢᠴᠢ | ᠳᠣᠣᠷᠠᠲᠤ ᠣᠷᠣᠰᠬᠠᠯ ᠤᠨ ᠠᠵᠤ ᠦᠢᠯᠡᠰ ᠢ ᠶᠡᠬᠡᠪᠡᠷ ᠬᠦᠭᠵᠢᠬᠦᠯᠵᠣ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠵᠢᠯ ᠤᠨ ᠭᠠᠷᠤᠯᠲᠠ ᠶᠢ 70 ᠳ᠋ᠦᠩᠰᠢᠭᠤᠷ ᠺᠦᠪ | ᠮᠧᠲᠷ ᠬᠦᠷᠭᠡᠬᠦ ᠪᠠᠷ ᠴᠢᠷᠮᠠᠶᠢᠨ᠂ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ ᠬᠤᠪᠢᠷᠠᠭᠠᠯᠲᠠ ᠶᠢᠨ ᠨᠣᠷᠮ᠎ᠠ ᠶᠢ 90% ᠠᠴᠠ ᠲᠠᠪᠠᠭᠤᠯᠵᠣ᠂ LNG ᠤᠨ | ᠵᠢᠯ ᠤᠨ ᠭᠠᠷᠤᠯᠲᠠ ᠶᠢ 360 ᠲᠦᠮᠡᠨ ᠳᠣᠨ ᠬᠦᠷᠭᠡᠨ᠎ᠡ᠃ ᠲᠤᠭᠠᠴᠠᠯᠠᠭᠰᠠᠨ ᠮᠡᠷᠬᠡᠵᠢᠯ ᠪᠠ ᠪᠤᠲᠠᠲᠤ ᠴᠤᠭᠴᠠ ᠶᠢᠨ ᠠᠵᠤ ᠠᠬᠤᠢ ᠶᠢᠨ ᠬᠦᠨᠵᠡᠭᠡᠢ | ᠠᠭᠤᠰᠤᠯᠴᠠᠭ᠎ᠠ ᠶᠢ ᠲᠦᠷᠭᠡᠳᠬᠡᠵᠦ᠂ ᠨᠢᠬᠡ ᠪᠦᠯᠦᠭ ᠣᠶᠣᠨᠴᠢ ᠦᠢᠯᠡᠳᠪᠦᠷᠢ᠂ ᠣᠶᠣᠨᠴᠢ ᠦᠢᠯᠡᠳᠪᠦᠷᠢ ᠶᠢᠨ ᠲᠠᠰᠤᠭ᠂ ᠤᠶᠤᠨᠴᠢ ᠠᠭᠤᠷᠬᠠᠢ ᠶᠢ ᠪᠠᠶᠢᠭᠤᠯᠤᠨ᠂ | ᠠᠵᠤ ᠦᠢᠯᠡᠰ ᠤᠨ ᠲᠤᠭᠠᠴᠠᠯᠠᠯᠲᠠ ᠶᠢ ᠦᠨᠳᠦᠰᠦᠨ ᠳᠤ ᠪᠠᠨ ᠪᠡᠶᠡᠯᠡᠬᠦᠯᠦᠨ᠎ᠡ᠃ 2025 ᠣᠨ ᠪᠣᠯᠬᠤ ᠳᠤ ᠪᠦᠬᠦ ᠬᠤᠰᠢᠭᠤᠨ ᠤ ᠠᠵᠤ ᠦᠢᠯᠡᠳᠪᠦᠷᠢ ᠶᠢᠨ | ᠶᠡᠷᠦᠩᠬᠡᠢ ᠦᠷᠲᠡᠭ ᠢ 350 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠎ᠠ᠃ ᠳᠡᠰ ᠳᠡᠪᠰᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠦᠢᠯᠡᠴᠢᠯᠡᠭᠡᠨ ᠤ ᠦᠢᠯᠡᠰ | ᠢ ᠪᠦᠬᠦ ᠠᠵᠤ ᠦᠢᠯᠡᠰ ᠲᠡᠶᠢᠰᠢ ᠦᠷᠬᠡᠳᠬᠡᠬᠦ ᠶᠢ ᠠᠬᠢᠭᠤᠯᠤᠨ᠎ᠠ᠃ ᠬᠤᠪᠢᠰᠬᠠᠯᠲᠤ ᠰᠣᠶᠣᠯ ᠣᠳᠣᠮᠰᠢᠯ ᠢ ᠣᠯᠠᠮᠵᠢᠯᠠᠨ ᠵᠠᠯᠭᠠᠮᠵᠢᠯᠠᠬᠤ ᠣᠷᠣᠨ ᠤ ᠴᠣᠭᠴᠠᠯᠠᠯᠲᠠ | ᠶᠢᠨ ᠲᠣᠭᠤᠷᠢᠨ ᠳᠤ ᠬᠤᠪᠢᠰᠬᠠᠯᠲᠣ ᠰᠣᠶᠣᠯ ᠣᠯᠠᠮᠵᠢᠯᠠᠯ᠂ ᠪᠠᠶᠢᠭᠠᠯᠢ ᠶᠢᠨ ᠦᠩᠬᠡ ᠦᠵᠡᠮᠵᠢ ᠵᠡᠷᠬᠡ ᠡᠬᠢ ᠰᠣᠷᠪᠣᠯᠵᠢ ᠶᠢᠨ ᠲᠠᠪᠠᠭᠤᠯᠢᠭ ᠢ ᠬᠦᠨᠵᠡᠬᠡᠢ | ᠠᠭᠤᠳᠠᠯᠯᠠᠨ᠂ ᠵᠢᠯ ᠪᠣᠯᠭᠠᠨ 1000 ᠲᠦᠮᠡᠨ ᠲᠦᠬᠦᠷᠢᠭ ᠤᠨ ᠰᠣᠶᠣᠯ ᠵᠢᠭᠤᠯᠴᠢᠯᠠᠯ ᠤᠨ ᠬᠦᠭᠵᠢᠯᠲᠡ ᠶᠢᠨ ᠪᠡᠯᠡ ᠮᠦᠩᠭᠦ ᠲᠤᠬᠢᠷᠠᠭᠤᠯᠵᠤ᠂ ᠰᠣᠶᠣᠯ | ᠵᠢᠭᠤᠯᠴᠢᠯᠠᠯ ᠤᠨ ᠨᠡᠷᠡᠲᠦ ᠲᠡᠮᠲᠡᠭ ᠤᠨ ᠴᠤᠭᠴᠠᠯᠠᠯᠲᠠ᠂ ᠵᠠᠬ᠎ᠠ ᠳᠡᠯᠭᠡᠭᠦᠷ ᠤᠨ ᠪᠣᠶᠢᠵᠢᠭᠤᠯᠣᠯᠲᠠ᠂ ᠬᠦᠳᠡᠭᠡ ᠲᠤᠰᠬᠤᠨ ᠤ ᠵᠤᠭᠠᠴᠠᠯ ᠤᠨ ᠬᠦᠭᠵᠢᠯᠲᠡ ᠪᠠ | ᠲᠡᠣᠬᠡᠨ ᠲᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠳᠤ ᠬᠡᠷᠡᠭᠯᠡᠨ᠂ ᠬᠤᠪᠢᠰᠬᠠᠯᠲᠤ ᠬᠦᠮᠦᠵᠢᠯ ᠤᠨ ᠣᠷᠳᠣᠨ ᠲᠠᠯᠠᠪᠤᠷ᠂ ᠬᠤᠪᠢᠰᠬᠠᠯᠲᠤ ᠬᠦᠮᠦᠵᠢᠯ | ᠤᠨ ᠰᠠᠭᠤᠷᠢᠨ ᠭᠠᠵᠠᠷ ᠤᠨ ᠴᠢᠳᠠᠮᠵᠢ ᠶᠢᠨ ᠲᠦᠬᠦᠷᠴᠢᠯᠡᠯ ᠢ ᠲᠡᠬᠦᠯᠳᠡᠷᠵᠢᠬᠦᠯᠵᠣ᠂ ᠣᠲᠤᠭ ᠤᠨ ᠡᠮᠦᠨᠡᠲᠦ ᠬᠤᠰᠢᠭᠤᠨ ᠤ ᠣᠨᠴᠠᠯᠢᠭ ᠲᠠᠢ ᠬᠤᠪᠢᠰᠬᠠᠯᠲᠤ | ᠬᠦᠮᠦᠵᠢᠯ ᠪᠤᠯᠪᠠᠰᠣᠷᠠᠯ ᠤᠨ ᠰᠢᠨ᠎ᠡ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠬᠦᠯᠦᠨ᠎ᠡ︔ ᠪᠡᠶᠡᠨ ᠰᠢᠪᠡᠷ ᠤᠨ ᠲᠠᠯ᠎ᠠ ᠨᠣᠲᠤᠭ ᠪᠠ ᠶᠡᠭᠡ ᠲᠤᠬᠤᠢ ᠶᠢᠨ | ᠵᠢᠭᠤᠯᠴᠢᠯᠠᠯ ᠤᠨ ᠣᠷᠣᠨ ᠤ ᠪᠠᠶᠢᠭᠤᠯᠣᠯᠲᠠ ᠶᠢ ᠲᠦᠷᠭᠡᠳᠬᠡᠨ᠎ᠡ᠃ ᠲᠣᠮᠣ ᠪᠠᠭᠤᠳᠠᠯ᠂ ᠣᠨᠴᠠᠯᠢᠭᠲᠣ ᠢᠳᠡᠭᠡᠨ ᠣᠮᠳᠠᠭᠠᠨ᠂ ᠬᠤᠳᠠᠯᠳᠤᠭ᠎ᠠ ᠲᠡᠯᠬᠡᠭᠦᠷ ᠪᠠᠷᠠᠭ᠎ᠠ | ᠬᠦᠢᠯᠬᠡᠬᠡ ᠵᠡᠷᠭᠡ ᠬᠠᠷᠢᠯᠴᠠᠨ ᠬᠤᠯᠪᠣᠭ᠎ᠠ ᠪᠦᠬᠦᠢ ᠠᠵᠣ ᠦᠢᠯᠡᠰ ᠢ ᠬᠦᠴᠦᠯᠡᠨ ᠪᠣᠶᠢᠵᠢᠭᠤᠯᠵᠣ᠂ ᠣᠯᠵᠠᠴᠢ ᠪᠠᠯᠭᠠᠰᠣᠨ ᠤ ᠶᠡᠷᠣᠩᠬᠡᠶᠢᠯᠡᠭᠰᠡᠨ ᠪᠠᠷᠠᠭ᠎ᠠ ᠬᠦᠢᠯᠬᠡᠬᠡᠨ | ᠤ ᠬᠦᠷᠢᠶᠡᠯᠡᠩ ᠲᠣᠭᠤᠷᠢᠭ ᠤᠨ ᠪᠠᠶᠢᠭᠤᠯᠤᠯᠳᠠ ᠶᠢ ᠠᠬᠢᠭᠤᠯᠤᠨ᠂ ᠣᠯᠣᠰ ᠤᠨ ᠡᠯᠧᠺᠲᠷᠦᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ ᠶᠢ ᠴᠣᠭᠴᠠᠯᠠᠵᠤ᠂ ᠮᠠᠯᠵᠢᠬᠤ ᠲᠠᠷᠢᠶᠠᠯᠠᠬᠤ ᠤᠷᠤᠨ ᠤ ᠪᠦᠲᠦᠬᠡᠭᠳᠡᠬᠦᠨ ᠪᠠ ᠦᠢᠯᠡᠴᠢᠯᠡᠭᠡᠨ ᠤ ᠬᠡᠷᠡᠭᠯᠡᠭᠡ ᠶᠢ | ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠪᠠ ᠬᠡᠷᠡᠭᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠣᠬᠢ ᠡᠷᠬᠢᠯᠲᠡ ᠶᠢ ᠪᠡᠶᠡᠯᠡᠬᠦᠯᠦᠨ᠎ᠡ᠃ | ᠨᠡᠩ ᠤᠯᠠᠨ ᠣᠯᠣᠰ ᠤᠨ ᠦᠮᠴᠢᠯᠡᠯᠲᠦ ᠬᠤᠳᠠᠯᠳᠣᠭᠠᠨ ᠤ ᠪᠠᠩᠭᠢ ᠪᠠ ᠬᠤᠪᠢ ᠣᠷᠣᠭᠤᠯᠣᠯᠲᠠ ᠶᠢᠨ ᠪᠠᠩᠭᠢ ᠠᠴᠠ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ | ᠳᠡᠮᠵᠢᠵᠦ᠂ ᠭᠠᠴᠠᠭ᠎ᠠ ᠪᠠᠯᠭᠠᠰᠣᠨ ᠤ ᠦᠢᠯᠡᠴᠢᠯᠡᠬᠡᠨ ᠤ ᠲᠤᠤᠷ ᠢ ᠦᠷᠭᠡᠳᠬᠡᠨ᠂ ᠠᠷᠠᠳ ᠣᠯᠠᠨ ᠳᠤ ᠳᠦᠬᠦᠮ ᠲᠦᠳᠡ ᠮᠦᠷᠲᠡᠭᠡᠨ ᠠᠮᠣᠷ ᠳᠦᠪᠰᠢᠨ ᠮᠦᠩᠭᠦᠨ | ᠬᠦᠢᠯᠬᠡᠬᠡᠨ ᠤ ᠦᠢᠯᠡᠴᠢᠯᠡᠭᠡ ᠶᠢ ᠡᠳ᠋ᠯᠡᠬᠦᠯᠦᠨ᠎ᠡ᠃ | ︵ᠬᠤᠶᠠᠷ︶ ᠪᠦᠲᠦᠮᠵᠢᠲᠠᠢ ᠪᠡᠯᠡ ᠣᠷᠣᠭᠤᠯᠣᠯᠲᠠ ᠶᠢᠨ ᠦᠷᠬᠡᠳᠭᠡᠯ ᠢ ᠪᠦᠬᠦ ᠬᠦᠴᠦᠨ ᠢᠶᠠᠷ ᠠᠬᠢᠭᠤᠯᠵᠣ᠂ ᠬᠦᠳᠡᠯᠬᠡᠭᠴᠢ ᠴᠢᠳᠠᠪᠬᠢ ᠶᠢ ᠪᠣᠶᠢᠵᠢᠭᠤᠯᠣᠨ | ᠬᠦᠭᠵᠢᠬᠦᠯᠬᠦ ᠲᠡᠭᠡᠷ᠎ᠡ ᠰᠢᠨ᠎ᠡ ᠲᠠᠪᠠᠯᠲᠠ ᠶᠢ ᠪᠡᠶᠡᠯᠡᠬᠦᠯᠣᠨ᠎ᠠ᠃ ᠲᠦᠷᠦᠯ ᠵᠦᠢᠯ ᠤᠨ ᠪᠠᠶᠢᠭᠤᠯᠣᠯᠲᠠ ᠶᠢ ᠠᠵᠣ ᠠᠬᠤᠢ ᠶᠢᠨ ᠡᠷᠬᠢᠯᠲᠡ ᠶᠢᠨ ᠯᠠᠪᠳᠠᠭᠤᠨ | ᠲᠣᠭᠲᠠᠭᠤᠨ ᠤ ᠪᠠᠲᠣ ᠰᠠᠭᠤᠷᠢ ᠪᠣᠯᠭᠠᠨ᠂ ︽ᠣᠷᠢᠬᠤ᠂ ᠪᠠᠶᠢᠭᠤᠯᠬᠤ᠂ ᠨᠦᠬᠡᠴᠡᠯᠡᠬᠦ︾ ᠶᠢ ᠬᠠᠮᠳᠣ ᠳᠤ ᠨᠢ ᠴᠢᠬᠤᠯᠠᠴᠢᠯᠠᠬᠤ ᠶᠢ ᠪᠠᠷᠢᠮᠲᠠᠯᠠᠵᠣ᠂ ᠠᠵᠣ ᠠᠬᠤᠢ | ᠶᠢᠨ ᠬᠦᠭᠵᠢᠯᠲᠡ ᠶᠢᠨ ᠨᠦᠬᠡᠴᠡ ᠬᠦᠴᠦᠨ ᠢ ᠲᠠᠰᠣᠷᠠᠯᠲᠠ ᠦᠬᠡᠢ ᠬᠤᠷᠠᠮᠳᠣᠭᠤᠯᠣᠨᠠ᠃ ᠬᠦᠷᠢᠶᠡᠯᠡᠩ ᠲᠣᠭᠤᠷᠢᠭ ᠤᠨ ᠴᠢᠨᠰᠠᠭ᠎ᠠ ᠶᠢ ᠲᠡᠬᠡᠭᠰᠢᠯᠡᠬᠦᠯᠬᠦ ᠠᠵᠢᠯᠯᠠᠭ᠎ᠠ | ᠶᠢ ᠬᠡᠷᠡᠭᠵᠢᠬᠦᠯᠣᠨᠡ᠃ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠬᠡᠬᠡᠯᠲᠡ ᠶᠢᠨ ᠣᠷᠣᠨ ᠤ ᠦᠬᠡᠷᠡᠴᠢᠯᠡᠯᠲᠡ ᠶᠢ ᠬᠦᠨᠵᠡᠬᠡᠶᠢᠷᠡᠬᠦᠯᠵᠣ᠂ ᠬᠠᠤᠯᠢ ᠲᠣᠭᠲᠠᠭᠠᠯ | ᠶᠣᠰᠣᠭᠠᠷ ᠬᠠᠮᠢᠶᠠᠷᠣᠯᠲᠠ ᠶᠢᠨ ᠡᠷᠬᠡ ᠶᠢ ᠲᠣᠷᠣᠭᠰᠢ ᠲᠠᠯᠪᠢᠨ᠂ ᠬᠦᠷᠢᠶᠡᠯᠡᠩ ᠲᠣᠭᠤᠷᠢᠭ ᠤᠨ ᠡᠷᠬᠡ᠂ ᠬᠠᠷᠢᠭᠤᠴᠠᠯᠭ᠎ᠠ᠂ ᠶᠠᠪᠣᠴᠠ ᠶᠢᠨ ᠭᠤᠷᠪᠠᠨ ᠨᠠᠷᠢᠨ ᠲᠠᠩᠰᠠ | ᠶᠢ ᠲᠣᠭᠤᠷᠪᠢᠵᠣ᠂ ᠲᠦᠷᠦᠯ ᠵᠦᠢᠯ ᠤᠨ ᠴᠣᠬᠤᠯᠠᠪᠣᠷᠢᠯᠠᠯ ᠢ ᠪᠦᠬᠦ ᠶᠠᠪᠣᠴᠠ ᠪᠠᠷ ᠨᠠᠶᠢᠳᠠᠨ ᠬᠦᠢᠴᠡᠳᠬᠡᠬᠦᠯᠬᠦ ᠲᠦᠷᠢᠮ ᠢ ᠲᠣᠭᠲᠠᠭᠠᠨ᠂ ᠬᠦᠷᠢᠶᠡᠯᠡᠩ ᠳᠤ | ᠰᠠᠭᠤᠷᠢᠰᠢᠬᠤ ᠠᠵᠣ ᠠᠬᠤᠶᠢᠯᠠᠯ ᠨᠢᠬᠡᠪᠣᠷᠢ ᠳᠤ ᠪᠦᠬᠦ ᠬᠦᠴᠦᠨ ᠢᠶᠠᠷ ᠰᠠᠶᠢᠲᠣᠷ ᠦᠢᠯᠡᠴᠢᠯᠡᠨ᠎ᠡ᠃ ᠲᠦᠬᠦᠷᠴᠢᠯᠡᠭᠰᠡᠨ ᠦᠢᠯᠡᠴᠢᠯᠡᠭᠡ ᠶᠢ ᠴᠢᠩᠭᠠᠳᠬᠠᠵᠣ᠂ | ᠬᠦᠷᠢᠶᠡᠯᠡᠩ ᠲᠣᠭᠤᠷᠢᠭ ᠠᠴᠠ ᠪᠠᠶᠢᠯᠳᠣᠬᠤ ᠪᠣᠳᠣᠯᠭ᠎ᠠ ᠶᠢᠨ ᠪᠡᠯᠡ ᠣᠷᠣᠭᠤᠯᠣᠭᠴᠢᠳ᠂ ᠲᠣᠰᠬᠠᠶᠢᠵᠢᠭᠰᠠᠨ ᠡᠵᠡᠩᠨᠡᠨ ᠪᠣᠷᠣᠯᠠᠭᠤᠯᠣᠭᠴᠢᠳ ᠢ ᠣᠷᠢᠨ ᠠᠪᠴᠢᠷᠠᠵᠣ | ᠬᠠᠮᠲᠣᠷᠠᠯᠴᠠᠬᠤ ᠶᠢ ᠲᠡᠮᠵᠢᠨ᠂ ᠬᠦᠷᠢᠶᠡᠯᠡᠩ ᠳᠤ ᠰᠠᠭᠤᠷᠢᠰᠢᠬᠤ ᠠᠵᠣ ᠠᠬᠤᠶᠢᠯᠠᠯ ᠤᠨ ᠰᠢᠨᠵᠢᠯᠡᠭᠡ ᠮᠡᠷᠬᠡᠵᠢᠯ ᠤᠨ ᠰᠢᠨᠡᠴᠢᠯᠡᠯᠲᠡ᠂ ᠴᠢᠳᠠᠪᠣᠷᠢᠲᠠᠨ ᠤ | ᠣᠷᠣᠭᠤᠯᠣᠯᠲᠠ᠂ ᠭᠠᠵᠠᠷ ᠬᠡᠷᠡᠭᠯᠡᠬᠦ ᠪᠠᠳᠣᠯᠠᠭ᠎ᠠ ᠵᠡᠷᠬᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠵᠣ᠂ ᠬᠦᠭᠵᠢᠭᠰᠡᠨ ᠭᠠᠵᠠᠷ ᠣᠷᠣᠨ᠂ ᠬᠦᠷᠰᠢ | ᠭᠠᠵᠠᠷ ᠣᠷᠣᠨ ᠯᠤᠭ᠎ᠠ ᠬᠠᠮᠳᠣᠷᠠᠯᠴᠠᠨ ᠬᠦᠷᠢᠶᠡᠯᠡᠩ ᠤᠨ ᠲᠣᠳᠣᠷᠠᠬᠢ ᠬᠦᠷᠢᠶᠡᠯᠡᠩ᠂ ᠣᠷᠣᠨ ᠠᠯᠣᠰᠯᠠᠭᠰᠠᠨ ᠬᠦᠷᠢᠶᠡᠯᠡᠩ ᠪᠠᠶᠢᠭᠤᠯᠬᠤ ᠶᠢ ᠰᠦᠪᠡᠭᠴᠢᠯᠡᠨ᠎ᠡ᠃ | ᠰᠠᠭᠤᠷᠢ ᠪᠠᠲᠣᠯᠠᠭ᠎ᠠ ᠶᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠣᠷᠣᠨ ᠬᠡᠪᠴᠢᠶᠡᠨ ᠤ ᠦᠨᠡᠯᠡᠯᠲᠡ ᠶᠢ ᠪᠡᠶᠡᠯᠡᠬᠦᠯᠵᠣ᠂ ᠬᠦᠷᠢᠶᠡᠯᠡᠩ ᠲᠣᠭᠤᠷᠢᠭ ᠤᠨ ᠵᠠᠮ᠂ | ᠬᠤᠭᠤᠯᠠᠢ ᠵᠡᠷᠬᠡ ᠰᠠᠭᠤᠷᠢ ᠲᠦᠬᠦᠬᠡᠷᠣᠮᠵᠢ ᠶᠢ ᠲᠡᠬᠦᠯᠳᠡᠷᠵᠢᠬᠦᠯᠣᠨ᠂ ᠠᠴᠢᠶᠠᠯᠠᠬᠤ ᠴᠢᠳᠠᠪᠣᠷᠢ ᠶᠢ ᠨᠢ ᠬᠦᠴᠦᠯᠡᠨ ᠲᠡᠬᠡᠭᠰᠢᠯᠡᠬᠦᠯᠣᠨᠡ᠃ ᠣᠯᠵᠠᠴᠢ ᠪᠠᠯᠭᠠᠰᠣᠨ ᠤ | ᠶᠡᠷᠣᠩᠬᠡᠶᠢᠯᠡᠭᠰᠡᠨ ᠠᠵᠣ ᠦᠢᠯᠡᠰ ᠤᠨ ᠬᠦᠷᠢᠶᠡᠯᠡᠩ ᠤᠨ ᠪᠠᠶᠢᠭᠤᠯᠣᠯᠲᠠ ᠶᠢ ᠴᠢᠩᠭᠠᠳᠬᠠᠵᠣ᠂ ᠲᠣᠰᠣ ᠬᠡᠢ ᠶᠢᠨ ᠶᠡᠷᠣᠩᠬᠡᠶᠢᠯᠡᠭᠰᠡᠨ ᠨᠡᠬᠡᠬᠡᠯᠲᠡ ᠪᠠᠷ ᠭᠤᠣᠯᠯᠠᠭᠰᠠᠨ | ᠣᠨᠴᠠᠯᠢᠭᠲᠣ ᠠᠵᠣ ᠦᠢᠯᠡᠰ ᠤᠨ ᠰᠦᠷᠦᠭᠵᠢᠯ ᠢ ᠬᠦᠭᠵᠢᠬᠦᠯᠣᠨ᠂ 2025 ᠣᠨ ᠪᠣᠯᠬᠤ ᠳᠤ ︽ᠨᠢᠬᠡ ᠲᠣᠭᠤᠷᠢᠭ ᠬᠤᠶᠠᠷ ᠬᠦᠷᠢᠶᠡᠯᠡᠩ︾ ᠤᠨ | ᠦᠢᠯᠡᠳᠪᠣᠷᠢᠯᠡᠯ ᠤᠨ ᠦᠷᠲᠡᠭ ᠢ 300 ᠳ᠋ᠦᠩᠰᠢᠭᠤᠷ ᠲᠦᠬᠦᠷᠢᠭ ᠠᠴᠠ ᠲᠠᠪᠠᠭᠤᠯᠣᠨ᠎ᠠ᠃ ︽ᠪᠦᠬᠦᠳᠡ ᠣᠯᠠᠨ ᠢᠶᠠᠷ ᠢᠶᠠᠨ ᠠᠷᠠᠯᠵᠢᠶᠠᠴᠢᠨ ᠣᠷᠢᠵᠣ᠂ ᠪᠦᠬᠦ | ᠠᠷᠠᠳ ᠢᠶᠠᠷ ᠢᠶᠠᠨ ᠪᠡᠯᠡ ᠲᠠᠲᠠᠬᠤ︾ ᠠᠵᠢᠯᠯᠠᠭ᠎ᠠ ᠶᠢ ᠬᠡᠷᠡᠭᠵᠢᠬᠦᠯᠣᠨᠡ᠃ ᠨᠡᠬᠦᠷᠡᠰᠣ᠂ ᠣᠳᠣ ᠦᠶ᠎ᠡ ᠶᠢᠨ ᠨᠡᠬᠦᠷᠡᠰᠣᠨ ᠤ ᠬᠢᠮᠢ ᠶᠢᠨ ᠠᠵᠣ ᠦᠢᠯᠡᠳᠪᠣᠷᠢᠯᠡᠯ᠂ | ᠰᠢᠨ᠎ᠡ ᠡᠨᠧᠷᠬᠢ᠂ ᠣᠳᠣ ᠦᠶ᠎ᠡ ᠶᠢᠨ ᠮᠠᠯ ᠲᠠᠷᠢᠶᠠᠯᠠᠩ᠂ ᠬᠤᠪᠢᠰᠬᠠᠯᠲᠣ ᠬᠦᠮᠣᠵᠢᠯ ᠤᠨ ᠰᠣᠷᠣᠯᠴᠠᠯᠭ᠎ᠠ ᠵᠢᠭᠤᠯᠴᠢᠯᠠᠯ ᠵᠡᠷᠬᠡ ᠭᠤᠣᠯᠳᠠᠯᠭᠠᠲᠣ ᠦᠪᠡᠷᠮᠢᠴᠡ | ᠲᠠᠪᠠᠭᠤᠯᠢᠭ ᠠᠵᠣ ᠦᠢᠯᠡᠰ ᠢ ᠴᠢᠬᠤᠯᠠᠴᠢᠯᠠᠵᠣ᠂ ᠪᠦᠬᠦᠳᠡ ᠶᠢ ᠠᠳᠬᠤᠬᠤ ᠶᠢ ᠪᠠᠷᠢᠮᠲᠠᠯᠠᠨ᠂ ᠬᠡᠯᠬᠢᠶ᠎ᠡ ᠶᠢ ᠪᠦᠷᠢᠯᠳᠣᠬᠦᠯᠬᠦ᠂ ᠣᠷᠳᠣᠰᠬᠠᠬᠤ᠂ ᠨᠦᠬᠦᠪᠣᠷᠢᠯᠡᠬᠦ᠂ | ᠬᠦᠴᠦᠷᠬᠡᠭᠵᠢᠬᠦᠯᠬᠦ ᠠᠵᠣ ᠦᠢᠯᠡᠰ ᠤᠨ ᠲᠦᠷᠦᠯ ᠵᠦᠢᠯ ᠢ ᠶᠡᠬᠡᠪᠡᠷ ᠣᠷᠣᠭᠤᠯᠵᠣ᠂ ︽ᠬᠡᠯᠬᠢᠶ᠎ᠡ ᠶᠢᠨ ᠲᠠᠷᠣᠭᠠᠴᠢ + ᠲᠣᠰᠬᠠᠢ ᠪᠠᠭ︾ ᠤᠨ ᠦᠢᠯᠡᠴᠢᠯᠡᠬᠡᠨ ᠤ | ᠵᠠᠭᠪᠣᠷ ᠢ ᠬᠡᠷᠡᠭᠵᠢᠬᠦᠯᠣᠨ᠂ ᠲᠡᠬᠡᠳᠣ ᠲᠣᠣᠷᠠᠳᠣ ᠣᠷᠣᠰᠬᠠᠯ ᠤᠨ ᠲᠦᠷᠦᠯ ᠵᠦᠢᠯ ᠤᠨ ᠦᠳᠲᠡᠷ ᠲᠦᠷᠬᠡᠨ ᠴᠣᠭᠯᠠᠷᠠᠯ ᠢ ᠠᠬᠢᠭᠤᠯᠣᠨ᠎ᠠ᠃ ᠬᠦᠬᠡᠮᠦ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠪᠡᠬᠡᠵᠢᠩ ᠲᠢᠶᠠᠨᠵᠢᠨ ᠾᠧᠪᠸᠢ ᠵᠡᠷᠬᠡ ᠭᠤᠣᠯ ᠴᠦᠮ᠎ᠡ ᠶᠢᠨ ᠣᠷᠣᠨ ᠪᠦᠰᠡ ᠳᠤ | ᠬᠠᠨᠳᠣᠭᠤᠯᠵᠣ᠂ ᠣᠯᠠᠨ ᠬᠡᠯᠪᠡᠷᠢ ᠪᠦᠬᠦ ᠪᠠᠶᠢᠷᠢ ᠪᠠᠷ ᠠᠷᠠᠯᠵᠢᠶᠠᠴᠢᠨ ᠣᠷᠢᠵᠣ᠂ ᠨᠢᠬᠡ ᠪᠦᠯᠦᠭ ᠲᠣᠮᠣ ᠪᠦᠯᠦᠭᠯᠡᠯ᠂ ᠨᠡᠷᠡᠲᠣ ᠠᠵᠣ ᠠᠬᠤᠶᠢᠯᠠᠯ ᠢ ᠣᠷᠢᠨ | ᠠᠪᠴᠢᠷᠠᠬᠤ ᠪᠠᠷ ᠬᠦᠴᠦᠯᠡᠨ᠂ ᠠᠷᠠᠯᠵᠢᠶᠠᠴᠢᠨ ᠣᠷᠢᠬᠤ ᠲᠦᠷᠦᠯ ᠵᠦᠢᠯ ᠢ 120 ᠳᠤ ᠬᠦᠷᠬᠡᠵᠣ᠂ ᠲᠦᠷᠦᠯ ᠵᠦᠢᠯ ᠤᠨ ᠶᠡᠷᠣᠩᠬᠡᠢ ᠪᠡᠯᠡ ᠣᠷᠣᠭᠤᠯᠣᠯᠲᠠ ᠶᠢ | 600 ᠳ᠋ᠦᠩᠰᠢᠭᠤᠷ ᠲᠦᠬᠦᠷᠢᠭ ᠲᠤ ᠬᠦᠷᠬᠡᠨ᠎ᠡ᠃ ᠲᠦᠷᠦᠯ ᠵᠦᠢᠯ ᠢ ᠣᠷᠣᠨᠵᠢᠭᠤᠯᠬᠤ ᠰᠢᠪᠲᠣᠯᠣᠯᠲᠠ ᠶᠢᠨ ᠠᠵᠢᠯᠯᠠᠭ᠎ᠠ ᠶᠢ ᠬᠡᠷᠡᠭᠵᠢᠬᠦᠯᠣᠨᠡ᠃ ︽ᠪᠠᠷᠢᠯᠭ᠎ᠠ | ᠡᠬᠢᠯᠡᠬᠦᠯᠣᠭ᠍ᠰᠡᠨ ᠲᠦᠷᠦᠯ ᠵᠦᠢᠯ ᠤᠨ ᠠᠬᠢᠴᠠ ᠶᠢ ᠠᠳᠬᠤᠬᠤ᠂ ᠦᠷᠬᠦᠯᠵᠢᠯᠡᠨ ᠪᠠᠶᠢᠭᠤᠯᠵᠣ ᠪᠦᠬᠦᠢ ᠲᠦᠷᠦᠯ ᠵᠦᠢᠯ ᠤᠨ ᠬᠡᠷᠡᠭᠯᠡᠯᠲᠡ ᠶᠢ ᠠᠳᠬᠤᠬᠤ᠂ | ᠵᠦᠪᠳᠡᠯᠴᠡᠬᠡᠷ ᠲᠣᠭᠲᠠᠭᠰᠠᠨ ᠲᠦᠷᠦᠯ ᠵᠦᠢᠯ ᠤᠨ ᠱᠠᠯᠠᠪᠳᠠᠭᠤᠯᠣᠯᠲᠠ ᠢ ᠠᠳᠬᠤᠬᠤ᠂ ᠨᠦᠬᠡᠴᠡᠯᠡᠭᠰᠡᠨ ᠲᠦᠷᠦᠯ ᠵᠦᠢᠯ ᠤᠨ ᠡᠮᠣᠨ᠎ᠡ ᠬᠤᠭᠤᠴᠠᠭᠠᠨ ᠤ ᠠᠵᠢᠯ ᠢ | ᠠᠳᠬᠤᠬᠤ︾ ᠶᠡᠷᠣᠩᠬᠡᠢ ᠰᠡᠳᠬᠢᠮᠵᠢ ᠶᠣᠰᠣᠭᠠᠷ᠂ ︽ᠨᠢᠬᠡ ᠲᠦᠷᠦᠯ ᠵᠦᠢᠯ ᠳᠤ ᠨᠢᠬᠡ ᠬᠤᠪᠢᠳᠠᠨ ᠬᠠᠮᠢᠶᠠᠷᠬᠤ ᠣᠳᠣᠷᠢᠳᠣᠯᠭ᠎ᠠ᠂ ᠨᠢᠬᠡ ᠬᠠᠷᠢᠭᠤᠴᠠᠯᠭ᠎ᠠ ᠶᠢᠨ | ᠨᠢᠬᠡᠴᠡ᠂ ᠨᠢᠬᠡ ᠠᠵᠢᠯ ᠤᠨ ᠪᠠᠭ ᠲᠣᠬᠢᠷᠠᠭᠤᠯᠣᠨ᠂ ᠨᠢᠬᠡ ᠪᠠᠷᠢᠯᠭ᠎ᠠ ᠶᠢᠨ ᠬᠤᠭᠤᠴᠠᠭᠠᠨ ᠤ ᠲᠦᠯᠦᠪᠯᠡᠭᠡ ᠲᠣᠭᠲᠠᠭᠠᠵᠣ᠂ ᠨᠢᠬᠡ ᠰᠡᠳᠬᠢᠯ ᠢᠶᠠᠷ ᠲᠣᠣᠱᠲᠠᠢ | ᠠᠳᠬᠤᠬᠤ︾ ᠵᠢᠷᠭᠤᠭᠠᠨ ᠨᠢᠬᠡ ᠶᠢᠨ ᠠᠵᠢᠯ ᠤᠨ ᠲᠣᠭᠲᠠᠴᠠ ᠶᠢ ᠬᠡᠷᠡᠭᠵᠢᠬᠦᠯᠣᠨ᠂ ᠲᠣᠭᠲᠠᠮᠠᠯ ᠬᠤᠭᠤᠴᠠᠭ᠎ᠠ ᠲᠠᠢ ᠪᠠᠷ ᠠᠬᠤᠢ ᠲᠠᠯᠠᠪᠠᠢ ᠶᠢᠨ ᠦᠵᠡᠬᠦᠯᠬᠡ ᠶᠢᠨ | ᠬᠤᠷᠠᠯ ᠪᠠ ᠵᠠᠷᠯᠠᠨ ᠨᠡᠶᠢᠳᠡᠯᠡᠬᠦ ᠬᠤᠷᠠᠯ ᠬᠤᠷᠠᠯᠳᠣᠭᠤᠯᠵᠣ᠂ ᠣᠯᠠᠷᠢᠯ ᠪᠣᠯᠭᠠᠨ ᠳᠤ ᠲᠦᠷᠦᠯ ᠵᠦᠢᠯ ᠤᠨ ᠵᠦᠪᠳᠡᠯᠴᠡᠭᠡᠷ ᠲᠣᠭᠲᠠᠬᠤ᠂ ᠲᠦᠷᠦᠯ ᠵᠦᠢᠯ ᠤᠨ | ᠪᠠᠷᠢᠯᠭ᠎ᠠ ᠶᠢ ᠰᠢᠨ᠎ᠡ ᠪᠠᠷ ᠡᠬᠢᠯᠡᠬᠦᠯᠬᠦ ᠪᠠᠷ ᠴᠢᠷᠮᠠᠶᠢᠨ᠂ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠣᠯᠲᠠ ᠶᠢ 350 ᠳ᠋ᠦᠩᠰᠢᠭᠤᠷ ᠲᠦᠬᠦᠷᠢᠭ ᠠᠴᠠ | ᠲᠠᠪᠠᠭᠤᠯᠣᠨ᠎ᠠ᠃ ᠲᠦᠷᠦᠯ ᠵᠦᠢᠯ ᠤᠨ ᠪᠡᠯᠡ ᠮᠦᠩᠬᠦ ᠣᠯᠬᠤ ᠡᠷᠴᠢᠮ ᠢᠶᠠᠨ ᠴᠢᠩᠭᠠᠷᠠᠭᠤᠯᠣᠨ᠂ ᠲᠦᠷᠦᠯ ᠵᠦᠢᠯ ᠳᠤ ᠬᠡᠷᠡᠭᠯᠡᠬᠦ ᠭᠠᠵᠠᠷ᠂ ᠣᠰᠣ᠂ ᠴᠠᠬᠢᠯᠭᠠᠨ᠂ | ᠬᠡᠢ ᠵᠡᠷᠬᠡ ᠪᠠᠳᠣᠯᠠᠭ᠎ᠠ ᠶᠢ ᠴᠢᠩᠭᠠᠳᠬᠠᠵᠣ᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭᠠᠲᠣ ᠠᠵᠣ ᠠᠬᠤᠶᠢᠯᠠᠯ ᠳᠤ ᠵᠣᠷᠢᠭᠤᠯᠣᠭᠰᠠᠨ ᠵᠠᠰᠠᠭ ᠤᠨ ᠶᠠᠪᠣᠳᠠᠯ ᠤᠨ | ᠦᠢᠯᠡᠴᠢᠯᠡᠬᠡᠨ ᠤ ︽ᠰᠠᠭᠠᠳ ᠦᠬᠡᠢ ᠵᠠᠮ︾ ᠢ ᠨᠡᠪᠲᠡᠷᠡᠬᠦᠯᠣᠨ᠂ ᠲᠦᠷᠦᠯ ᠵᠦᠢᠯ ᠨᠢᠬᠡᠪᠣᠷᠢ ᠶᠢᠨ ᠣᠷᠣᠭᠰᠢᠲᠠᠢ ᠣᠷᠣᠨᠵᠢᠯᠲᠠ ᠶᠢ ᠪᠠᠲᠣᠯᠠᠨ᠎ᠠ᠃ | ︵ᠭᠤᠷᠪᠠ︶ ᠦᠬᠡᠷᠡᠴᠢᠯᠡᠯᠲᠠ ᠰᠢᠨᠡᠴᠢᠯᠡᠯᠲᠡ ᠨᠡᠬᠡᠬᠡᠯᠲᠡ ᠶᠢ ᠪᠦᠬᠦ ᠬᠦᠴᠦᠨ ᠢᠶᠠᠷ ᠠᠬᠢᠭᠤᠯᠵᠣ᠂ ᠭᠠᠵᠠᠷ ᠣᠷᠣᠨ ᠤ ᠠᠮᠢᠳᠣᠯᠢᠭ ᠬᠦᠴᠦᠨ ᠢ | ᠬᠦᠭᠵᠢᠬᠡᠬᠦ ᠲᠡᠭᠡᠷ᠎ᠡ ᠰᠢᠨ᠎ᠡ ᠲᠠᠪᠠᠯᠲᠠ ᠶᠢ ᠪᠡᠶᠡᠯᠡᠬᠦᠯᠣᠨ᠎ᠠ᠃ ᠦᠬᠡᠷᠡᠴᠢᠯᠡᠯᠲᠡ ᠨᠡᠬᠡᠬᠡᠯᠲᠡ ᠪᠣᠯ ᠴᠢᠨᠠᠷᠯᠢᠭ ᠬᠦᠭᠵᠢᠯᠲᠡ ᠶᠢ ᠠᠬᠢᠭᠤᠯᠬᠤ ᠵᠠᠩᠬᠢᠯᠠᠭ᠎ᠠ ᠶᠢᠨ ᠠᠷᠭ᠎ᠠ | ᠪᠣᠯᠬᠤ ᠲᠣᠯᠠ ᠡᠷᠬᠡᠪᠰᠢ ᠭᠤᠶᠢᠪᠠᠰᠢ ᠦᠬᠡᠢ ᠪᠠᠷᠢᠮᠲᠠᠯᠠᠨ᠂ ᠬᠦᠭᠵᠢᠯᠲᠠ ᠶᠢᠨ ᠰᠠᠨᠠᠭᠠᠴᠢᠯᠠᠭᠠᠲᠣ ᠡᠷᠬᠡ ᠶᠢ ᠡᠵᠡᠮᠳᠡᠵᠣ᠂ ᠦᠷᠢᠰᠣᠯᠳᠣᠬᠡᠨ ᠤ ᠰᠢᠨ᠎ᠡ ᠲᠠᠪᠠᠭᠤᠯᠢᠭ ᠢ | ᠡᠬᠦᠳᠣᠨᠡ᠃ ᠭᠤᠣᠯᠳᠠᠯᠭᠠᠲᠣ ᠬᠦᠷᠢᠶ᠎ᠡ ᠴᠠᠷᠠᠭᠠᠨ ᠤ ᠦᠬᠡᠷᠡᠴᠢᠯᠡᠯᠲᠡ ᠶᠢ ᠠᠬᠢᠭᠤᠯᠣᠨ᠎ᠠ᠃ ᠡᠳ᠋ ᠤᠨ ᠵᠠᠰᠠᠭ ᠭᠠᠶᠢᠯᠢ ᠶᠢᠨ ᠶᠠᠪᠣᠳᠠᠯ ᠮᠦᠩᠬᠦᠨ ᠬᠦᠢᠯᠬᠡᠬᠡᠨ ᠤ | ᠦᠬᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠶᠡᠷᠣᠩᠬᠡᠶᠢᠯᠡᠭᠰᠡᠨ ᠦᠬᠡᠷᠡᠴᠢᠯᠡᠯᠲᠡ᠂ ᠨᠡᠬᠡᠬᠡᠯᠲᠡ ᠶᠢᠨ ᠣᠷᠣᠨ ᠤ ︽ᠪᠠᠷᠢᠮᠵᠢᠶᠠᠲᠣ ᠭᠠᠵᠠᠷ︾ ᠤᠨ | ᠦᠬᠡᠷᠡᠴᠢᠯᠡᠯᠲᠡ᠂ ᠦᠢᠯᠡᠴᠢᠯᠡᠬᠡᠨ ᠤ ᠦᠢᠯᠡᠰ ᠤᠨ ᠵᠠᠬ᠎ᠠ ᠲᠡᠯᠬᠡᠭᠦᠷᠴᠢᠯᠡᠭᠰᠡᠨ ᠦᠬᠡᠷᠡᠴᠢᠯᠡᠯᠲᠡ ᠶᠢ ᠬᠦᠨᠵᠡᠬᠡᠶᠢᠷᠡᠬᠦᠯᠣᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ | ᠦᠬᠡᠷᠡᠴᠢᠯᠡᠯᠲᠡ᠂ ᠰᠣᠷᠭᠠᠨ ᠬᠦᠮᠦᠵᠢᠯ ᠤᠨ ᠬᠦᠷᠢᠶ᠎ᠡ ᠴᠠᠷᠠᠭᠠᠨ ᠤ ᠶᠡᠷᠣᠩᠬᠡᠶᠢᠯᠡᠭᠰᠡᠨ ᠦᠬᠡᠷᠡᠴᠢᠯᠡᠯᠲᠡ᠂ ᠠᠵᠢᠯ ᠦᠢᠯᠡᠰ ᠤᠨ ᠨᠢᠬᠡᠴᠡ ᠶᠢᠨ ᠦᠬᠡᠷᠡᠴᠢᠯᠡᠯᠲᠡ ᠶᠢ | ᠰᠠᠶᠢᠲᠣᠷ ᠠᠳᠬᠤᠵᠣ᠂ ᠴᠢᠬᠤᠯᠠ ᠶᠡᠭᠡ ᠦᠬᠡᠷᠡᠴᠢᠯᠡᠯᠲᠡ ᠶᠢᠨ ᠠᠷᠭ᠎ᠠ ᠠᠪᠴᠠᠯ ᠤᠨ ᠲᠠᠪᠬᠤᠴᠠᠯ ᠲᠡᠰ ᠲᠠᠪᠰᠢᠯᠲᠠ ᠶᠢ ᠠᠬᠢᠭᠤᠯᠣᠨ᠎ᠠ᠃ ᠣᠯᠣᠰ ᠤᠨ | ᠦᠮᠴᠢᠯᠡᠯᠲᠣ ᠠᠵᠣ ᠠᠬᠤᠶᠢᠯᠠᠯ ᠤᠨ ᠦᠬᠡᠷᠡᠴᠢᠯᠡᠯᠲᠡ ᠶᠢ ᠦᠷᠬᠦᠯᠵᠢᠯᠡᠨ ᠠᠬᠢᠭᠤᠯᠵᠣ᠂ ᠬᠤᠰᠢᠭᠤ ᠬᠠᠷᠢᠶᠠᠣᠯᠣᠰ ᠤᠨ ᠦᠮᠴᠢᠯᠡᠯᠲᠣ ᠠᠵᠣ ᠠᠬᠤᠶᠢᠯᠠᠯ ᠤᠨ | ᠪᠣᠵᠠᠭᠠᠶᠢᠷᠠᠯ ᠬᠦᠴᠦᠷᠬᠡᠭᠵᠢᠯ ᠢ ᠪᠦᠬᠦ ᠬᠦᠴᠦᠨ ᠢᠶᠠᠷ ᠠᠬᠢᠭᠤᠯᠣᠨ᠂ ᠠᠵᠣ ᠠᠬᠤᠶᠢᠯᠠᠯ ᠢ ᠲᠡᠮᠵᠢᠨ ᠴᠢᠬᠤᠯᠠ ᠶᠡᠭᠡ ᠰᠠᠭᠤᠷᠢ ᠲᠦᠬᠦᠬᠡᠷᠣᠮᠵᠢ ᠪᠠ ᠣᠯᠠᠨ ᠨᠡᠶᠢᠲᠡ | ᠶᠢᠨ ᠦᠢᠯᠡᠴᠢᠯᠡᠬᠡᠨ ᠤ ᠬᠦᠷᠢᠶ᠎ᠡ ᠴᠠᠷᠠᠭ᠎ᠠ ᠶᠢᠨ ᠲᠦᠷᠦᠯ ᠵᠦᠢᠯ ᠤᠨ ᠪᠠᠶᠢᠭᠤᠯᠣᠯᠲᠠ ᠳᠤ ᠣᠷᠣᠯᠴᠠᠭᠤᠯᠵᠣ᠂ ᠠᠵᠣ ᠠᠬᠤᠶᠢᠯᠠᠯ ᠠᠴᠠ ᠣᠯᠠᠨ ᠠᠷᠭ᠎ᠠ ᠬᠡᠯᠪᠡᠷᠢ ᠪᠠᠷ | ᠲᠠᠮᠵᠢᠭᠤᠯᠣᠨ ᠠᠵᠣ ᠦᠢᠯᠡᠰ ᠢᠶᠠᠨ ᠨᠠᠷᠢᠯᠢᠭᠵᠢᠭᠤᠯᠵᠣ ᠬᠦᠷᠣᠩᠬᠡ ᠪᠠᠨ ᠨᠡᠮᠡᠭᠳᠡᠬᠦᠯᠬᠦ ᠶᠢ ᠵᠣᠷᠢᠭᠵᠢᠭᠤᠯᠣᠨ᠎ᠠ᠃ ᠰᠢᠨᠵᠢᠯᠡᠭᠡ ᠮᠡᠷᠬᠡᠵᠢᠯ ᠤᠨ ᠰᠢᠨᠡᠴᠢᠯᠡᠯ ᠤᠨ | ᠠᠮᠢᠳᠣᠯᠢᠭ ᠬᠦᠴᠦᠨ ᠢ ᠬᠦᠭᠵᠢᠬᠡᠨ᠎ᠡ᠃ ︽ᠰᠢᠨᠵᠢᠯᠡᠭᠡ ᠮᠡᠷᠬᠡᠵᠢᠯ ᠢᠶᠠᠷ ᠦᠪᠣᠷ ᠮᠣᠩᠭᠤᠯ ᠢᠶᠠᠨ ᠬᠦᠭᠵᠢᠬᠡᠬᠦ︾ ᠠᠵᠢᠯᠯᠠᠭ᠎ᠠ ᠪᠣᠯᠣᠨ ︽ᠰᠢᠨᠵᠢᠯᠡᠭᠡ ᠮᠡᠷᠬᠡᠵᠢᠯ | ᠤᠨ 30 ᠵᠣᠷᠪᠣᠰ ᠰᠢᠨ᠎ᠡ ᠪᠣᠳᠣᠯᠭ᠎ᠠ︾ ᠶᠢ ᠬᠦᠨᠵᠡᠬᠡᠢ ᠨᠠᠶᠢᠲᠠᠪᠣᠷᠢᠵᠢᠭᠤᠯᠵᠣ᠂ ᠠᠵᠣ ᠠᠬᠤᠶᠢᠯᠠᠯ ᠢ ᠵᠢᠯᠣᠭᠤᠳᠣᠨ ᠶᠡᠭᠡ ᠲᠡᠬᠡᠳᠣ ᠰᠣᠷᠭᠠᠭᠤᠯᠢ᠂ ᠰᠢᠨᠵᠢᠯᠡᠭᠡ | ᠮᠡᠷᠬᠡᠵᠢᠯ ᠤᠨ ᠰᠣᠳᠣᠯᠭᠠᠨ ᠤ ᠬᠦᠷᠢᠶᠡᠯᠡᠩ ᠵᠡᠷᠬᠡ ᠯᠤᠭ᠎ᠠ ᠰᠢᠨᠡᠴᠢᠯᠡᠯ ᠤᠨ ᠬᠤᠯᠪᠣᠭᠠᠲᠣ ᠴᠣᠭᠴᠠ ᠪᠠᠶᠢᠭᠤᠯᠣᠨ᠂ ᠰᠠᠨᠠᠭᠠᠴᠢᠯᠠᠭ᠎ᠠ ᠠᠴᠠ ᠪᠠᠨ ᠴᠢᠬᠤᠯᠠ ᠶᠡᠭᠡ | ᠰᠢᠨᠵᠢᠯᠡᠭᠡ ᠮᠡᠷᠬᠡᠵᠢᠯ ᠤᠨ ᠲᠦᠷᠦᠯ, ᠵᠦᠢᠯ ᠢ ᠬᠦᠯᠢᠶᠡᠨ ᠡᠬᠦᠷᠬᠡᠯᠡᠵᠣ᠂ ᠮᠠᠯᠵᠢᠬᠤ ᠲᠠᠷᠢᠶᠠᠯᠠᠬᠤ ᠣᠷᠣᠨ ᠤ ᠨᠣᠳᠤᠭ ᠤᠨ ᠮᠡᠷᠬᠡᠵᠢᠯᠲᠡᠨ ᠤ ᠡᠬᠦᠳᠣᠯᠲᠡ | ᠪᠦᠲᠣᠬᠡᠯᠲᠡ᠂ ᠲᠣᠮᠳᠠ ᠪᠠᠭ᠎ᠠ ᠵᠢᠵᠢᠭ ᠠᠵᠣ ᠠᠬᠤᠶᠢᠯᠠᠯ ᠤᠨ ᠰᠢᠨ᠎ᠡ ᠮᠡᠷᠬᠡᠵᠢᠯ ᠤᠨ ᠰᠣᠳᠣᠯᠣᠨ ᠨᠡᠬᠡᠬᠡᠯᠲᠡ ᠶᠢ ᠲᠡᠮᠵᠢᠨ᠂ 2025 ᠣᠨ ᠪᠣᠯᠬᠤ ᠳᠤ ᠪᠦᠬᠦ | ᠨᠡᠶᠢᠬᠡᠮ ᠤᠨ ᠰᠣᠳᠣᠯᠣᠨ ᠨᠡᠬᠡᠬᠡᠯᠲᠡ ᠶᠢᠨ ᠣᠷᠣᠭᠤᠯᠣᠯᠲᠠ ᠶᠢᠨ ᠦᠢᠯᠡᠳᠪᠣᠷᠢᠯᠡᠯ ᠤᠨ ᠶᠡᠷᠣᠩᠬᠡᠢ ᠦᠷᠲᠡᠭ ᠳᠠᠬᠢ ᠡᠵᠡᠯᠡᠬᠦ ᠬᠠᠷᠢᠴᠠᠯ ᠢ 2% ᠠᠴᠠ ᠲᠠᠪᠠᠭᠤᠯᠵᠣ᠂ | ᠲᠡᠬᠡᠳᠣ ᠰᠢᠨ᠎ᠡ ᠮᠡᠷᠬᠡᠵᠢᠯ ᠤᠨ ᠦᠢᠯᠡᠳᠪᠣᠷᠢᠯᠡᠯ ᠤᠨ ᠦᠷᠲᠡᠭ ᠢ ᠪᠦᠬᠦ ᠬᠤᠰᠢᠭᠤᠨ ᠤ ᠠᠵᠣ ᠦᠢᠯᠡᠰ ᠤᠨ ᠨᠡᠮᠡᠭᠳᠡᠯ ᠦᠷᠲᠡᠭ ᠤᠨ 20% ᠠᠴᠠ ᠲᠠᠪᠠᠭᠤᠯᠣᠨ᠎ᠠ᠃ | ︽ᠴᠢᠳᠠᠪᠣᠷᠢᠲᠠᠨ ᠤ 30 ᠵᠣᠷᠪᠣᠰ ᠰᠢᠨ᠎ᠡ ᠪᠣᠳᠣᠯᠭ᠎ᠠ︾ ᠶᠢ ᠬᠦᠨᠵᠡᠬᠡᠢ ᠨᠠᠶᠢᠲᠠᠪᠣᠷᠢᠵᠢᠭᠤᠯᠵᠣ᠂ ︽ᠴᠠᠬᠢᠷᠮ᠎ᠠ ᠴᠢᠳᠠᠪᠣᠷᠢᠲᠠᠨ︾ ᠢᠨᠵᠧᠨᠧᠷᠢᠩ ᠤᠨ ᠤᠬᠢ | ᠠᠭᠤᠯᠣᠭᠳᠠᠴᠠ ᠶᠢ ᠲᠡᠬᠡᠭᠰᠢᠯᠡᠬᠦᠯᠣᠨ᠂ ︽ᠭᠠᠷᠠᠭ ᠤᠨ ᠠᠮᠠᠷᠠᠯᠲᠠ ᠶᠢᠨ ᠢᠨᠵᠧᠨᠧᠷ︾ ᠵᠡᠷᠬᠡ ᠣᠶᠠᠨ ᠴᠢᠨᠠᠷᠲᠠᠢ ᠪᠠᠷ ᠴᠢᠳᠠᠪᠣᠷᠢᠲᠠᠨ ᠣᠷᠢᠬᠤ ᠲᠣᠭᠲᠠᠴᠠ ᠶᠢ | ᠰᠦᠪᠡᠭᠴᠢᠯᠡᠵᠣ᠂ ᠬᠦᠳᠡᠭᠡ ᠨᠣᠲᠤᠭ ᠲᠤ ᠴᠢᠳᠠᠪᠣᠷᠢᠲᠠᠨ ᠢ ᠦᠯᠡᠳᠡᠬᠡᠬᠦ ᠳᠤ ᠪᠡᠷᠬᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠣᠷᠢᠯᠡᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠢ ᠪᠦᠬᠦ ᠬᠦᠴᠦᠨ ᠢᠶᠠᠷ ᠰᠢᠯᠢᠳᠡᠭᠵᠢᠬᠦᠯᠣᠨᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ ᠶᠢ ᠬᠦᠨᠵᠡᠬᠡᠶᠢᠷᠡᠬᠦᠯᠣᠨ᠂ ︽ | ᠨᠢᠬᠡᠯᠡ ᠣᠳᠠᠭ᠎ᠠ ᠳᠤ ᠬᠦᠢᠴᠡᠳᠬᠡᠬᠦ᠂ ᠰᠦᠯᠵᠢᠶᠡᠨ ᠲᠡᠬᠡᠷ᠎ᠡ ᠬᠦᠢᠴᠡᠳᠬᠡᠬᠦ᠂ ᠭᠠᠷ ᠣᠲᠠᠰᠣᠨ ᠲᠡᠬᠡᠷ᠎ᠡ ᠬᠦᠢᠴᠡᠳᠬᠡᠬᠦ᠂ ᠬᠠᠪᠰᠣᠷᠣᠨ ᠬᠦᠢᠴᠡᠳᠬᠡᠬᠦ︾ ᠣᠴᠢᠷ | ᠶᠠᠪᠣᠳᠠᠯ ᠤᠨ ᠨᠠᠷᠢᠨ ᠲᠠᠩᠰᠠ ᠶᠢ ᠲᠡᠬᠦᠯᠳᠡᠷᠵᠢᠬᠦᠯᠵᠤ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ︽ᠲᠦᠪᠯᠡᠷᠡᠩᠬᠦᠢ ᠬᠦᠢᠴᠡᠳᠬᠡᠯ︾ ᠤᠨ ᠴᠢᠳᠠᠮᠵᠢ ᠶᠢ | ᠰᠢᠯᠢᠳᠡᠭᠵᠢᠬᠦᠯᠣᠨ᠂ 24 ᠴᠠᠭ ᠲᠤ ᠠᠮᠠᠷᠠᠯᠲᠠ ᠦᠬᠡᠢ ᠰᠦᠯᠵᠢᠶᠡᠨ ᠲᠡᠬᠡᠷᠡᠬᠢ ᠵᠠᠰᠠᠭ ᠤᠨ ᠣᠷᠳᠣᠨ ᠢ ᠴᠣᠭᠴᠠᠯᠠᠨ᠎ᠠ᠃ ᠵᠠᠬ᠎ᠠ ᠲᠡᠯᠬᠡᠬᠦᠷ ᠤᠨ ᠵᠦᠪᠰᠢᠶᠡᠷᠡᠯ ᠤᠨ | ᠨᠠᠵᠠᠭᠠᠢ ᠲᠠᠯ᠎ᠠ ᠶᠢᠨ ᠨᠠᠷᠢᠨ ᠲᠠᠩᠰᠠ ᠪᠣᠯᠣᠨ ᠡᠷᠬᠡ ᠲᠡᠭᠰᠢ ᠦᠷᠢᠰᠣᠯᠳᠣᠬᠡᠨ ᠤ ᠬᠢᠨᠠᠨ ᠪᠠᠶᠢᠴᠠᠭᠠᠯᠲᠠ ᠶᠢᠨ ᠲᠦᠷᠢᠮ ᠢ ᠴᠢᠩᠭ᠎ᠠ ᠬᠡᠷᠡᠭᠵᠢᠬᠦᠯᠵᠣ᠂ ᠭᠠᠶᠢᠯᠢ ᠶᠢ | ᠬᠠᠰᠣᠭᠳᠠᠭᠤᠯᠣᠨ ᠵᠠᠷᠣᠳᠠᠯ ᠢ ᠪᠠᠭᠠᠰᠬᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ ᠠᠵᠣ ᠠᠬᠤᠶᠢᠯᠠᠯ ᠲᠠᠢ ᠬᠤᠯᠪᠣᠭᠳᠠᠭᠰᠠᠨ | ᠵᠠᠷᠣᠳᠠᠯ ᠬᠤᠷᠢᠶᠠᠬᠤ ᠪᠠ ᠬᠠᠤᠯᠢ ᠬᠡᠷᠡᠭᠵᠢᠬᠦᠯᠣᠨ ᠪᠠᠶᠢᠴᠠᠭᠠᠬᠤ ᠠᠵᠢᠯᠯᠠᠭ᠎ᠠ ᠶᠢ ᠲᠦᠷᠢᠮᠵᠢᠬᠦᠯᠵᠣ᠂ ᠬᠠᠤᠯᠢᠵᠢᠭᠰᠠᠨ᠂ ᠲᠦᠳᠡᠴᠢᠯᠡᠭᠰᠡᠨ ᠬᠤᠳᠠᠯᠳᠤᠭ᠎ᠠ ᠡᠵᠡᠩᠨᠡᠯᠲᠡ | ᠶᠢᠨ ᠣᠷᠴᠢᠨ ᠢ ᠪᠦᠷᠢᠯᠳᠦᠬᠦᠯᠣᠨᠡ᠃ ᠪᠠᠶᠢᠩᠭᠤᠵᠢᠭᠰᠠᠨ ᠵᠠᠰᠠᠭ ᠠᠵᠣ ᠠᠬᠤᠶᠢᠯᠠᠯ ᠤᠨ ᠬᠠᠷᠢᠯᠴᠠᠭᠠᠨ ᠤ ᠲᠣᠭᠲᠠᠴᠠ ᠶᠢ ᠲᠡᠬᠦᠯᠳᠡᠷᠵᠢᠬᠦᠯᠣᠨ᠂ ᠲᠣᠭᠲᠠᠮᠠᠯ | ᠬᠤᠭᠤᠴᠠᠭ᠎ᠠ ᠲᠠᠢ ᠪᠠᠷ ᠠᠵᠣ ᠠᠬᠤᠶᠢᠯᠠᠯ ᠤᠨ ᠬᠡᠷᠡᠭᠴᠡᠭᠡ ᠶᠢ ᠦᠢᠯᠠᠭᠠᠬᠤ ᠬᠤᠷᠠᠯ ᠡᠷᠬᠢᠯᠡᠵᠣ᠂ ᠠᠵᠣ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠣᠨ᠂ | ᠬᠦᠴᠢᠷ ᠲᠦᠪᠡᠭ ᠲᠠᠢ ᠠᠰᠠᠭᠤᠳᠠᠯ ᠢ ᠨᠢ ᠰᠢᠢᠳᠪᠣᠷᠢᠯᠡᠵᠣ᠂ ︽ᠲᠣᠳᠣᠨᠣ ᠮᠦᠷᠲᠡᠬᠡᠨ ᠬᠡᠮ ᠲᠠᠢ᠂ ᠴᠢᠬᠡᠴᠢ ᠪᠦᠬᠡᠳ ᠡᠷᠴᠢᠮ ᠲᠠᠢ︾ ᠵᠠᠰᠠᠭ ᠬᠤᠳᠠᠯᠳᠣᠭᠠᠨ ᠤ | ᠰᠢᠨ᠎ᠡ ᠬᠠᠷᠢᠴᠠᠭ᠎ᠠ ᠶᠢ ᠪᠠᠶᠢᠭᠤᠯᠣᠨ᠎ᠠ᠃ ᠣᠷᠣᠨ ᠪᠦᠰᠡ ᠶᠢᠨ ᠬᠠᠮᠲᠣᠷᠠᠯᠴᠠᠭᠠᠨ ᠤ ᠲᠠᠭᠤᠷᠢᠶᠠᠯ ᠣᠷᠣᠨ ᠢ ᠴᠣᠭᠴᠠᠯᠠᠨ᠎ᠠ᠃ ︽ᠨᠢᠬᠡ ᠪᠦᠰᠡ ᠨᠢᠬᠡ ᠵᠠᠮ︾ ᠤᠨ | ᠪᠠᠶᠢᠭᠤᠯᠣᠯᠲᠠ ᠪᠣᠯᠣᠨ ᠬᠦᠬᠡᠬᠤᠲᠠ ᠪᠣᠭᠤᠲᠣ ᠣᠷᠳᠣᠰ ᠣᠯᠠᠭᠠᠨᠴᠠᠪ ᠤᠨ ᠴᠣᠭᠴᠠᠵᠢᠭᠰᠠᠨ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢᠨ ᠲᠣᠬᠢᠶᠠᠯ ᠢ ᠡᠵᠡᠮᠳᠡᠵᠣ | ᠂ ᠡᠬᠢ ᠪᠠᠶᠠᠯᠢᠭ ᠢᠶᠠᠨ ᠬᠠᠮᠲᠣᠷᠠᠭᠤᠯᠬᠤ᠂ ᠲᠠᠪᠠᠭᠤᠯᠢᠭ ᠢᠶᠠᠷ ᠢᠶᠠᠨ ᠬᠤᠯᠪᠣᠭᠠᠯᠠᠬᠤ᠂ ᠠᠵᠣ ᠦᠢᠯᠡᠰ ᠢ ᠲᠦᠪᠯᠡᠷᠡᠬᠦᠯᠬᠦ ᠪᠠᠷ ᠲᠠᠶᠢᠴᠢᠯᠠᠭᠤᠯᠣᠨ᠂ ᠣᠷᠣᠨ ᠪᠦᠰᠡ | ᠶᠢᠨ ᠬᠠᠮᠲᠣᠷᠠᠭᠰᠠᠨ ᠪᠠᠶᠢᠭᠤᠯᠣᠯᠲᠠ ᠳᠤ ᠢᠳᠡᠪᠬᠢᠲᠡᠢ ᠣᠷᠣᠯᠴᠠᠵᠣ᠂ ᠬᠦᠷᠰᠢ ᠭᠠᠵᠠᠷ ᠣᠷᠣᠨ ᠯᠤᠭ᠎ᠠ ᠶᠢᠨ ᠡᠬᠢ ᠪᠠᠶᠠᠯᠢᠭ ᠤᠨ ᠨᠡᠬᠡᠬᠡᠯᠲᠡ᠂ ᠰᠢᠨᠵᠢᠯᠡᠭᠡ ᠮᠡᠷᠬᠡᠵᠢᠯ | ᠤᠨ ᠰᠢᠨᠡᠴᠢᠯᠡᠯᠲᠡ᠂ ᠨᠡᠶᠢᠬᠡᠮ ᠤᠨ ᠠᠵᠢᠯ ᠦᠢᠯᠡᠰ᠂ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠵᠡᠷᠬᠡ ᠴᠠᠷᠠᠭᠠᠨ ᠤ ᠬᠠᠮᠳᠣᠷᠠᠯᠴᠠᠭ᠎ᠠ ᠪᠠᠨ ᠠᠬᠢᠭᠤᠯᠣᠨ᠎ᠠ᠃ | ᠣᠷᠣᠨ ᠠᠯᠣᠰᠯᠠᠭᠰᠠᠨ ᠰᠠᠭᠤᠷᠢ ᠲᠦᠬᠦᠬᠡᠷᠣᠮᠵᠢ ᠶᠢᠨ ᠨᠡᠪᠳᠡᠷᠡᠯᠴᠡᠭᠡ ᠪᠠᠨ ᠴᠢᠩᠭᠠᠳᠬᠠᠵᠣ᠂ ᠵᠠᠰᠠᠮᠠᠯ ᠵᠠᠮ᠂ ᠲᠡᠮᠣᠷ ᠵᠠᠮ᠂ ᠠᠭᠠᠷ ᠠᠶᠠᠯᠠᠯ ᠵᠡᠷᠬᠡ ᠵᠠᠮ | ᠬᠠᠷᠢᠯᠴᠠᠭᠠᠨ ᠤ ᠬᠦᠷᠢᠶ᠎ᠡ ᠬᠡᠪᠴᠢᠶᠡᠨ ᠳᠤ ᠬᠢ ᠬᠠᠮᠳᠣᠷᠠᠨ ᠪᠠᠶᠢᠭᠤᠯᠣᠯᠲᠠ ᠬᠠᠮᠳᠣ ᠡᠳ᠋ᠯᠡᠯᠲᠡ ᠪᠠ ᠠᠮᠢ ᠠᠬᠤᠢ ᠣᠷᠴᠢᠨ ᠲᠣᠭᠤᠷᠢᠨ ᠤ ᠬᠠᠮᠳᠣᠷᠠᠨ ᠰᠡᠷᠬᠡᠶᠢᠯᠡᠯᠲᠡ | ᠵᠠᠰᠠᠯᠲᠠ ᠶᠢ ᠠᠬᠢᠭᠤᠯᠣᠨ᠂ ᠬᠤᠲᠠ ᠬᠤᠭᠤᠷᠣᠨᠳᠣᠬᠢ ᠠᠶᠠᠨᠴᠢᠨ ᠤ ᠲᠡᠬᠡᠬᠡᠪᠣᠷᠢ ᠶᠢᠨ ᠲᠡᠮᠣᠷ ᠵᠠᠮ ᠤᠨ ᠪᠠᠶᠢᠭᠤᠯᠣᠯᠲᠠ ᠶᠢ ᠣᠯᠬᠤ ᠪᠠᠷ ᠴᠢᠷᠮᠠᠶᠢᠨ᠎ᠠ᠃ | ︵ᠲᠦᠷᠪᠡ︶ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠪᠦᠬᠦ ᠬᠦᠴᠦᠨ ᠢᠶᠠᠷ ᠠᠬᠢᠭᠤᠯᠵᠣ᠂ ᠨᠣᠮᠢᠨ ᠨᠣᠭᠤᠭᠠᠨ ᠬᠠᠯᠬᠠᠪᠴᠢ ᠶᠢ ᠪᠠᠬᠢᠵᠢᠬᠦᠯᠬᠦ | ᠲᠡᠭᠡᠷ᠎ᠡ ᠰᠢᠨ᠎ᠡ ᠲᠠᠪᠠᠯᠲᠠ ᠶᠢ ᠪᠡᠶᠡᠯᠡᠬᠦᠯᠣᠨ᠎ᠠ᠃ ︽ᠣᠩᠭᠤᠨ ᠲᠠᠷᠬᠠᠨ ᠪᠠᠶᠢᠭᠠᠯᠢ ᠪᠣᠯ ᠦᠨᠡᠯᠡᠰᠢ ᠦᠬᠡᠢ ᠦᠪ ᠡᠷᠳᠡᠨᠢ︾ ᠶᠢᠨ ᠬᠦᠭᠵᠢᠯᠲᠡ ᠶᠢᠨ ᠦᠵᠡᠯᠲᠡ ᠶᠢ | ᠪᠠᠲᠣ ᠱᠤᠭᠤᠨ᠂ ᠨᠡᠩ ᠠᠷᠪᠢᠨ ᠴᠢᠨᠠᠷ ᠰᠠᠶᠢᠲᠠᠢ ᠠᠮᠢ ᠠᠬᠤᠢ ᠶᠢᠨ ᠪᠦᠲᠣᠬᠡᠭᠳᠡᠬᠦᠨ ᠢ ᠴᠢᠷᠮᠠᠶᠢᠨ ᠬᠠᠩᠭᠠᠵᠣ᠂ ᠣᠯᠠᠨ ᠲᠦᠮᠡᠨ ᠤ ᠡᠳᠣᠷ ᠢᠷᠡᠬᠦᠶ᠎ᠠ ᠨᠡᠮᠡᠭᠳᠡᠵᠣ | ᠪᠦᠬᠦᠢ ᠭᠤᠶᠢᠳᠠ ᠰᠠᠶᠢᠬᠠᠨ ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠠᠮᠢ ᠠᠬᠤᠢ ᠶᠢᠨ | ᠬᠠᠮᠠᠭᠠᠯᠠᠯᠲᠠ ᠶᠢᠨ ᠬᠤᠷᠢᠭ᠎ᠠ ᠱᠣᠭᠤᠮ ᠂ ᠡᠬᠦᠷᠢᠳᠡ ᠶᠢᠨ ᠦᠨᠳᠣᠰᠣᠨ ᠲᠠᠷᠢᠶᠠᠨ ᠭᠠᠵᠠᠷ᠂ ᠬᠤᠲᠠ ᠪᠠᠯᠭᠠᠰᠣᠨ ᠤ ᠨᠡᠭᠡᠭᠡᠯᠲᠡ ᠶᠢᠨ ᠬᠢᠵᠠᠭᠠᠷ ᠱᠣᠭᠤᠮ ᠤᠨ ︽ | ᠭᠤᠷᠪᠠᠨ ᠬᠢᠵᠠᠭᠠᠷ ᠱᠣᠭᠤᠮ︾ ᠢ ᠪᠠᠲᠣ ᠰᠠᠬᠢᠵᠣ᠂ ᠣᠯᠣᠰ ᠤᠨ ᠨᠣᠲᠤᠭ ᠲᠡᠪᠢᠰᠬᠡᠷ ᠤᠨ ᠣᠷᠣᠨ ᠵᠠᠢ ᠶᠢᠨ ᠶᠡᠷᠣᠩᠬᠡᠢ ᠲᠦᠯᠦᠪᠵᠢᠬᠦᠯᠬᠡ ᠶᠢ ᠨᠠᠶᠢᠷᠠᠭᠤᠯᠣᠨ᠂ ︽ | ᠨᠢᠬᠡ ᠬᠠᠭᠤᠳᠠᠰᠣ ᠵᠢᠷᠤᠭ︾ ᠢᠶᠠᠷ ᠦᠢᠯᠡᠳᠪᠣᠷᠢᠯᠡᠯ᠂ ᠠᠮᠢᠳᠣᠷᠠᠯ᠂ ᠠᠮᠢ ᠠᠬᠤᠢ ᠶᠢ ᠬᠠᠮᠢᠶᠠᠷᠣᠨ᠎ᠠ᠃ ᠭᠤᠣᠯ ᠤᠨ ᠲᠠᠷᠣᠭᠠᠴᠢ᠂ ᠣᠢ ᠶᠢᠨ ᠲᠠᠷᠣᠭᠠᠴᠢ ᠶᠢᠨ | ᠲᠦᠷᠢᠮ ᠢ ᠴᠢᠩᠭ᠎ᠠ ᠬᠡᠷᠡᠭᠵᠢᠬᠦᠯᠵᠣ᠂ ᠮᠠᠯ ᠪᠡᠯᠴᠢᠬᠡᠷ ᠢ ᠲᠡᠩᠴᠡᠬᠦᠷᠢᠲᠠᠢ ᠪᠠᠶᠢᠯᠭᠠᠬᠤ᠂ ᠪᠡᠯᠴᠢᠬᠡᠷᠯᠡᠬᠦᠯᠬᠦ ᠶᠢ ᠬᠤᠷᠢᠭᠯᠠᠨ ᠰᠡᠯᠬᠦᠨ ᠮᠠᠯᠵᠢᠬᠤ᠂ ᠣᠷᠣᠨ ᠬᠤᠪᠢᠶᠠᠨ | ᠡᠬᠡᠯᠵᠢᠯᠡᠨ ᠮᠠᠯᠵᠢᠬᠤ ᠲᠦᠷᠢᠮ ᠢ ᠴᠢᠩᠭ᠎ᠠ ᠨᠠᠶᠢᠲᠠᠪᠣᠷᠢᠵᠢᠭᠤᠯᠣᠨ᠂ ᠪᠦᠬᠦ ᠠᠷᠠᠳ ᠤᠨ ᠣᠯᠣᠰ ᠤᠨ ᠨᠣᠲᠤᠭ ᠲᠡᠪᠢᠰᠭᠡᠷ ᠤᠨ ᠦᠢᠵᠢᠭᠤᠯᠣᠯᠲᠠ ᠶᠢᠨ ᠠᠵᠢᠯᠯᠠᠭ᠎ᠠ | ᠶᠢ ᠦᠷᠬᠦᠯᠵᠢᠯᠡᠨ ᠦᠷᠨᠢᠬᠦᠯᠵᠣ᠂ ᠣᠢ ᠰᠢᠭᠤᠢ ᠡᠪᠡᠰᠣ ᠪᠡᠯᠴᠢᠬᠡᠷ ᠤᠨ ᠭᠤᠣᠯᠳᠠᠯᠭᠠᠲᠣ ᠢᠨᠵᠧᠨᠧᠷᠢᠩ ᠢ 180 ᠲᠦᠮᠡᠨ ᠮᠣ᠋᠂ ᠬᠦᠷᠣᠰᠣ ᠰᠢᠷᠣᠢ ᠶᠢᠨ ᠢᠳᠡᠭᠳᠡᠯ | ᠢ ᠵᠠᠰᠠᠬᠤ ᠢᠨᠵᠧᠨᠧᠷᠢᠩ ᠢ 44 ᠲᠦᠮᠡᠨ ᠮᠣ᠋ ᠬᠡᠷᠡᠭᠵᠢᠬᠦᠯᠣᠨ᠂ 2025 ᠣᠨ ᠪᠣᠯᠬᠤ ᠳᠤ ᠣᠢ ᠰᠢᠭᠤᠢ ᠶᠢᠨ ᠪᠦᠷᠬᠦᠴᠡ ᠶᠢ 25% ᠠᠴᠠ ᠲᠠᠪᠠᠭᠤᠯᠵᠣ᠂ | ᠨᠣᠲᠤᠭ ᠪᠡᠯᠴᠢᠭᠡᠷ ᠤᠨ ᠶᠡᠷᠣᠩᠬᠡᠶᠢᠯᠡᠭᠰᠡᠨ ᠣᠷᠭᠤᠮᠠᠯ ᠤᠨ ᠪᠦᠷᠬᠦᠴᠡ ᠶᠢ 40% ᠠᠴᠠ ᠲᠡᠬᠡᠭᠰᠢ ᠲᠡᠬᠡᠷ᠎ᠡ ᠲᠣᠭᠲᠠᠪᠣᠷᠢᠵᠢᠭᠤᠯᠣᠨᠠ᠃ ᠠᠮᠢ ᠠᠬᠤᠢ ᠶᠢᠨ ᠵᠠᠰᠠᠯᠲᠠ | ᠶᠢ ᠴᠢᠩᠭᠠᠳᠬᠠᠨ᠎ᠠ᠃ ᠴᠡᠯᠮᠡᠭ ᠲᠡᠭᠷᠢ᠂ ᠴᠡᠩᠬᠡᠭ ᠣᠰᠣ᠂ ᠴᠡᠪᠡᠷ ᠬᠦᠷᠣᠰᠣ ᠪᠠᠨ ᠬᠠᠮᠠᠭᠠᠯᠠᠬᠤ ᠶᠢ ᠦᠷᠬᠦᠯᠵᠢᠯᠡᠨ ᠠᠬᠢᠭᠤᠯᠵᠣ᠂ ᠠᠮᠢ ᠠᠬᠤᠢ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠠᠷ ᠢᠯᠡᠷᠡᠬᠦᠯᠦᠭᠰᠡᠨ ᠠᠰᠠᠭᠤᠳᠠᠯ ᠤᠨ ᠴᠡᠭᠴᠡᠯᠡᠯᠲᠠ ᠶᠢᠨ ᠪᠦᠲᠣᠮᠵᠢ ᠪᠠᠨ ᠪᠠᠲᠣᠳᠬᠠᠨ᠂ ᠣᠷᠴᠢᠨ ᠲᠣᠭᠤᠷᠢᠨ ᠤ | ᠲᠠᠯᠳᠠ ᠬᠡᠮ ᠤᠨ ᠪᠠᠶᠢᠴᠠᠭᠠᠯᠲᠠ ᠴᠡᠭᠴᠡᠯᠡᠯᠲᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠣ᠂ ᠠᠵᠣ ᠦᠢᠯᠡᠳᠪᠣᠷᠢ ᠶᠢᠨ ᠬᠦᠷᠢᠶᠡᠯᠡᠩ ᠲᠣᠭᠤᠷᠢᠭ᠂ ᠲᠣᠰᠣ ᠬᠡᠢ | ᠶᠢᠨ ᠨᠡᠬᠡᠬᠡᠯᠲᠡ ᠶᠢᠨ ᠠᠬᠤᠢ ᠲᠠᠯᠠᠪᠠᠢ ᠵᠡᠷᠬᠡ ᠭᠤᠣᠯᠳᠠᠯᠭᠠᠲᠣ ᠣᠷᠣᠨ ᠬᠡᠪᠴᠢᠶᠡᠨ ᠤ ᠣᠷᠴᠢᠨ ᠲᠣᠭᠤᠷᠢᠨ ᠤ ᠶᠡᠷᠣᠩᠬᠡᠶᠢᠯᠡᠭᠰᠡᠨ ᠵᠠᠰᠠᠯᠲᠠ ᠶᠢ ᠲᠣᠪᠣᠶᠢᠯᠭᠠᠨ᠂ ︽ | ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠣ᠂ ᠲᠠᠷᠢᠶᠠᠯᠠᠩ ᠠᠴᠠ ᠡᠬᠦᠰᠣᠯᠲᠠᠢ ᠪᠣᠬᠢᠷᠳᠣᠯ ᠢ ᠦᠷᠬᠦᠯᠵᠢᠯᠡᠨ ᠪᠠᠭᠠᠰᠬᠠᠵᠣ᠂ ᠪᠦᠬᠦ | ᠬᠤᠰᠢᠭᠤᠨ ᠤ ᠠᠭᠠᠷ ᠤᠨ ᠴᠡᠪᠡᠷᠴᠡ ᠣᠬᠢ ᠡᠳᠣᠷ ᠤᠨ ᠨᠣᠷᠮ᠎ᠠ ᠶᠢ 90% ᠠᠴᠠ ᠲᠠᠪᠠᠭᠤᠯᠣᠨ᠂ ᠬᠦᠷᠣᠰᠣ ᠰᠢᠷᠣᠢ ᠶᠢᠨ ᠣᠷᠴᠢᠨ ᠲᠣᠭᠤᠷᠢᠨ ᠤ ᠴᠢᠨᠠᠷ ᠢ | ᠶᠡᠷᠣᠩᠬᠡᠢ ᠳᠤ ᠪᠠᠨ ᠲᠣᠭᠲᠠᠪᠣᠷᠢᠵᠢᠭᠤᠯᠵᠣ᠂ ᠠᠵᠣ ᠦᠢᠯᠡᠳᠪᠣᠷᠢ ᠶᠢᠨ ᠠᠶᠣᠯᠲᠠᠢ ᠬᠠᠶᠠᠭᠳᠠᠮᠠᠯ ᠢ ᠬᠠᠮᠢᠶᠠᠷᠣᠨ ᠡᠵᠡᠮᠳᠡᠬᠦ ᠨᠣᠷᠮ᠎ᠠ ᠪᠠ ᠡᠮ ᠡᠮᠴᠢᠯᠡᠬᠡᠨ ᠤ ᠬᠤᠭ | ᠨᠣᠪᠰᠢ ᠶᠢᠨ ᠬᠦᠨᠦᠬᠡᠯ ᠦᠬᠡᠢ ᠰᠢᠢᠳᠪᠣᠷᠢᠯᠡᠯᠲᠡ ᠶᠢᠨ ᠨᠣᠷᠮ᠎ᠠ ᠶᠢ 100% ᠳᠤ ᠬᠦᠷᠭᠡᠨ᠎ᠡ︔ ︽ᠠᠮᠢ ᠠᠬᠤᠢ ᠶᠢᠨ ᠡᠬᠦᠯᠡᠨᠴᠢᠷ︾ ᠳ᠋ᠠᠶᠢᠲ᠋ᠠ ᠲᠠᠪᠴᠠᠩ ᠤᠨ | ᠪᠠᠶᠢᠭᠤᠯᠣᠯᠲᠠ ᠶᠢ ᠲᠦᠷᠬᠡᠳᠬᠡᠵᠣ᠂ ᠪᠦᠬᠦ ᠴᠠᠷᠠᠭ᠎ᠠ ᠪᠦᠬᠦ ᠬᠤᠭᠤᠴᠠᠭ᠎ᠠ ᠪᠦᠬᠦ ᠶᠠᠪᠣᠴᠠ ᠶᠢᠨ ᠣᠶᠣᠨᠴᠢ ᠬᠢᠨᠠᠨ ᠡᠵᠡᠮᠳᠡᠯ ᠤᠨ ᠰᠢᠰᠲ᠋ᠧᠮ ᠢ ᠪᠠᠶᠢᠭᠤᠯᠣᠨ᠎ᠠ᠃ ᠠᠮᠢ | ᠠᠬᠤᠢ ᠶᠢᠨ ᠠᠵᠣ ᠠᠬᠤᠢ ᠶᠢ ᠬᠦᠭᠵᠢᠬᠦᠯᠣᠨᠡ᠃ ᠨᠠᠩᠰᠣ ᠪᠠᠯᠭᠠᠰᠣᠨ ᠤ ᠬᠠᠷᠭᠠᠨ᠎ᠠ ᠲᠠᠷᠢᠭᠰᠠᠨ ᠲᠣᠷᠰᠢᠯᠭ᠎ᠠ ᠶᠢ ᠪᠦᠬᠦ ᠬᠤᠰᠢᠭᠤᠨ ᠳᠤ ᠲᠦᠬᠡᠮᠡᠯᠵᠢᠬᠦᠯᠵᠣ᠂ | ᠬᠠᠷᠭᠠᠨ᠎ᠠ ᠲᠠᠷᠢᠬᠤ ᠠᠵᠢᠯᠯᠠᠭ᠎ᠠ ᠦᠷᠨᠢᠬᠦᠯᠣᠨ᠂ ᠨᠡᠬᠦᠷᠡᠰᠣᠳᠦ᠋ᠷᠣᠭ᠍ᠴᠢ ᠰᠢᠩᠬᠡᠬᠡᠬᠦ ᠣᠢ ᠶᠢ ᠬᠦᠭᠵᠢᠬᠦᠯᠬᠦ ᠵᠠᠭᠪᠣᠷ ᠢ ᠰᠦᠪᠡᠭᠴᠢᠯᠡᠵᠣ᠂ ᠠᠮᠢ ᠠᠬᠤᠢ ᠶᠢᠨ ᠡᠬᠢ | ᠪᠠᠶᠠᠯᠢᠭ ᠢ ᠬᠦᠷᠣᠩᠬᠡ ᠪᠡᠯᠡ ᠪᠣᠯᠭᠠᠨ ᠬᠤᠪᠢᠷᠭᠠᠬᠤ ᠵᠠᠮ ᠮᠦᠷ ᠢ ᠨᠡᠪᠲᠡᠷᠡᠬᠦᠯᠣᠨᠡ᠃ ᠬᠠᠶᠠᠭᠳᠠᠮᠠᠯ ᠬᠠᠭᠤᠴᠢᠨ ᠡᠬᠢ ᠰᠣᠷᠪᠣᠯᠵᠢ ᠶᠢᠨ ᠡᠷᠬᠢᠯᠲᠡᠲᠣ ᠠᠰᠢᠭᠯᠠᠯᠲᠠ | ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠣ᠂ ᠡᠰᠢ ᠰᠦᠷᠡᠯ᠂ ᠲᠠᠷᠢᠮᠠᠯ ᠤᠨ ᠪᠦᠷᠬᠦᠬᠦᠯ᠂ ᠬᠤᠭᠤᠯᠠᠨ ᠦᠯᠡᠳᠡᠪᠣᠷᠢ ᠵᠡᠷᠬᠡ ᠬᠠᠶᠠᠭᠳᠠᠮᠠᠯ ᠤᠨ | ᠶᠡᠷᠣᠩᠬᠡᠶᠢᠯᠡᠭᠰᠡᠨ ᠠᠰᠢᠭᠯᠠᠯᠲᠠ ᠶᠢ ᠠᠬᠢᠭᠤᠯᠣᠨ᠂ ᠠᠵᠣ ᠦᠢᠯᠡᠳᠪᠣᠷᠢ ᠶᠢᠨ ᠬᠠᠲᠠᠭᠤ ᠪᠡᠶᠡᠲᠣ ᠬᠠᠶᠠᠭᠳᠠᠮᠠᠯ ᠤᠨ ᠶᠡᠷᠣᠩᠬᠡᠶᠢᠯᠡᠭᠰᠡᠨ ᠠᠰᠢᠭᠯᠠᠯᠲᠠ ᠶᠢᠨ ᠨᠣᠷᠮ᠎ᠠ ᠶᠢ | 50% ᠠᠴᠠ ᠲᠠᠪᠠᠭᠤᠯᠣᠨ᠎ᠠ᠃ ᠠᠮᠢ ᠠᠬᠤᠢ ᠶᠢᠨ ᠵᠣᠭᠠᠴᠠᠯ᠂ ᠠᠵᠣ ᠠᠬᠤᠢ ᠶᠢᠨ ᠣᠢ᠂ ᠬᠠᠷᠭᠠᠨ᠎ᠠ ᠶᠢ ᠪᠣᠯᠪᠠᠰᠣᠷᠠᠭᠤᠯᠣᠨ ᠠᠰᠢᠭᠯᠠᠬᠤ ᠵᠡᠷᠬᠡ ᠠᠮᠢ ᠠᠬᠤᠢ ᠶᠢᠨ | ᠠᠵᠣ ᠦᠢᠯᠡᠰ ᠢ ᠶᠡᠬᠡᠪᠡᠷ ᠬᠦᠭᠵᠢᠬᠦᠯᠵᠣ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠪᠣᠯᠣᠨ ᠮᠠᠯᠴᠢᠨ ᠲᠠᠷᠢᠶᠠᠴᠢᠠ ᠤ ᠣᠷᠣᠯᠭ᠎ᠠ ᠶᠢᠨ ᠬᠤᠣᠰ | ᠲᠡᠬᠡᠭᠰᠢᠯᠡᠯᠲᠡ ᠶᠢ ᠪᠡᠶᠡᠯᠡᠬᠦᠯᠣᠨ᠎ᠡ᠃ | ︵ᠲᠠᠪᠤ︶ ᠬᠤᠲᠠ ᠬᠦᠳᠡᠭᠡ ᠶᠢᠨ ᠴᠣᠭᠴᠠᠵᠢᠭᠰᠠᠨ ᠬᠦᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠣ᠂ ᠬᠤᠲᠠ ᠬᠦᠳᠡᠭᠡ ᠶᠢᠨ ᠬᠡᠪ ᠴᠢᠨᠰᠠᠭ᠎ᠠ ᠶᠢ | ᠲᠡᠬᠡᠭᠰᠢᠯᠡᠬᠦᠯᠬᠦ ᠲᠡᠭᠡᠷ᠎ᠡ ᠰᠢᠨ᠎ᠡ ᠲᠠᠪᠠᠯᠲᠠ ᠶᠢ ᠪᠡᠶᠡᠯᠡᠬᠦᠯᠣᠨ᠎ᠠ᠃ ᠣᠷᠢᠳᠠᠴᠢ ᠬᠠᠷᠠᠭᠠᠰᠣᠨ ᠠᠴᠠ ᠲᠦᠯᠦᠪᠵᠢᠬᠦᠯᠬᠦ᠂ ᠣᠷᠠᠨ ᠲᠠᠷᠬᠠᠨ ᠤ ᠵᠣᠷᠢᠭ ᠰᠠᠨᠠᠭ᠎ᠠ ᠪᠠᠷ | ᠪᠠᠶᠢᠭᠤᠯᠬᠤ᠂ ᠨᠠᠷᠢᠯᠢᠭ ᠲᠠᠪᠴᠢᠶᠠᠷᠢᠲᠠᠢ ᠪᠠᠷ ᠬᠠᠮᠢᠶᠠᠷᠬᠤ ᠶᠢ ᠪᠠᠷᠢᠮᠲᠠᠯᠠᠨ᠂ ᠬᠤᠲᠠ ᠬᠦᠳᠡᠭᠡ ᠶᠢ ᠨᠡᠩ ᠦᠵᠡᠰᠬᠦᠯᠡᠩ᠂ ᠣᠷᠣᠰᠢᠨ ᠰᠠᠭᠤᠬᠤ ᠳᠤ ᠨᠡᠩ | ᠲᠣᠬᠢᠷᠠᠮᠵᠢᠲᠠᠢ ᠪᠣᠯᠭᠠᠨ᠎ᠠ᠃ ᠬᠡᠪ ᠴᠢᠰᠠᠭᠠᠲᠣ ᠬᠤᠲᠠ ᠪᠠᠯᠭᠠᠰᠣ ᠶᠢ ᠴᠣᠭᠴᠠᠯᠠᠨ᠎ᠠ᠃ ᠬᠤᠲᠠ ᠪᠠᠯᠭᠠᠰᠣᠨ ᠤ ᠨᠠᠷᠢᠯᠢᠭ ᠬᠠᠮᠢᠶᠠᠷᠣᠯᠲᠠ ᠶᠢ ᠪᠦᠬᠦ ᠪᠠᠶᠢᠷᠢ ᠪᠠᠷ | ᠠᠬᠢᠭᠤᠯᠵᠣ᠂ ︽ᠲᠣᠭᠠᠴᠠᠯᠠᠭᠰᠠᠨ ᠡᠮᠣᠨᠡᠲᠣ ᠣᠲᠤᠭ︾ ᠤᠨ ᠪᠠᠶᠢᠭᠤᠯᠣᠯᠲᠠ ᠶᠢ ᠴᠢᠩᠭᠠᠳᠬᠠᠨ᠂ ᠵᠠᠮ ᠬᠠᠷᠢᠯᠴᠠᠭ᠎ᠠ᠂ ᠪᠠᠴᠢᠮ ᠢ ᠠᠷᠭᠠᠴᠠᠬᠤ ᠬᠠᠮᠢᠶᠠᠷᠣᠯᠲᠠ᠂ | ᠠᠮᠣᠷ ᠢ ᠬᠠᠮᠠᠭᠠᠯᠠᠬᠤ ᠰᠡᠷᠬᠡᠶᠢᠯᠡᠨ ᠡᠵᠡᠮᠳᠡᠯ᠂ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠵᠡᠷᠬᠡ ᠶᠢ ᠴᠣᠭᠴᠠᠵᠢᠭᠤᠯᠣᠭᠰᠠᠨ ᠣᠶᠣᠨᠴᠢ ᠬᠠᠮᠢᠶᠠᠷᠣᠯᠲᠠ ᠶᠢᠨ | ᠰᠢᠰᠲ᠋ᠧᠮ ᠢ ᠬᠦᠴᠦᠯᠡᠨ ᠪᠠᠶᠢᠭᠤᠯᠵᠣ᠂ ︽ᠪᠦᠬᠦ ᠣᠯᠣᠰ ᠤᠨ ᠪᠣᠯᠪᠠᠰᠣᠨ ᠬᠤᠲᠠ︾ ᠪᠣᠯᠣᠨ ︽ᠣᠯᠣᠰ ᠤᠨ ᠡᠷᠡᠬᠦᠯ ᠬᠠᠮᠠᠭᠠᠯᠠᠯ ᠤᠨ ᠰᠢᠶᠠᠨ ᠤ ᠬᠤᠲᠠ︾ ᠶᠢᠨ | ᠴᠣᠭᠴᠠᠯᠠᠯᠲᠠ ᠶᠢᠨ ᠪᠦᠲᠦᠮᠵᠢ ᠪᠠᠨ ᠪᠠᠬᠢᠵᠢᠬᠦᠯᠵᠣ ᠦᠷᠬᠡᠳᠬᠡᠨ᠎ᠡ᠃ ᠣᠯᠵᠠᠴᠢ ᠶᠢᠨ ᠲᠦᠪ ᠪᠠᠯᠭᠠᠰᠣᠨ ᠤ ᠴᠢᠳᠠᠪᠬᠢ ᠶᠢ ᠲᠣᠪᠣᠶᠢᠯᠭᠠᠨ᠂ ᠵᠠᠮ ᠵᠡᠬᠡᠯᠢ ᠶᠢᠨ | ᠲᠡᠬᠦᠯᠳᠡᠷᠵᠢᠬᠦᠯᠣᠯᠲᠡ᠂ ᠲᠣᠣᠷ ᠬᠤᠭᠤᠯᠠᠢ ᠶᠢᠨ ᠲᠡᠰ ᠲᠡᠪᠰᠢᠬᠦᠯᠣᠯᠲᠡ᠂ ᠲᠦᠬᠦᠬᠡᠷᠣᠮᠵᠢ ᠲᠣᠨᠣᠭᠯᠠᠯ ᠤᠨ ᠢᠵᠢ ᠪᠦᠷᠢᠳᠦᠬᠦᠯᠣᠯᠲᠡ᠂ ᠪᠢᠴᠢᠯ ᠴᠡᠴᠡᠷᠯᠢᠭ ᠵᠡᠷᠬᠡ | ᠢᠨᠵᠧᠨᠧᠷᠢᠩ ᠢ ᠨᠢᠬᠡᠳᠣᠯᠲᠡᠢ ᠲᠦᠯᠦᠪᠵᠢᠬᠦᠯᠤᠨ ᠠᠬᠢᠭᠤᠯᠵᠣ᠂ ᠬᠤᠳᠠᠯᠳᠤᠭ᠎ᠠ ᠦᠢᠯᠡᠴᠢᠯᠡᠭᠡ ᠲᠠᠢ ᠰᠠᠭᠤᠭᠠᠯᠢ ᠲᠣᠭᠤᠷᠢᠭ ᠤᠨ ᠨᠡᠬᠡᠬᠡᠯᠲᠡ ᠶᠢ ᠰᠢᠨᠵᠢᠯᠡᠬᠦ | ᠣᠬᠠᠭᠠᠨᠴᠢ ᠪᠠᠷ ᠲᠦᠰᠦᠪᠯᠡᠨ᠂ ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠡᠯᠲᠡ ᠶᠢ ᠡᠮᠬᠢᠲᠠᠢ ᠠᠬᠢᠭᠤᠯᠵᠣ᠂ ᠪᠠᠶᠢᠰᠢᠩ ᠭᠡᠷ ᠤᠨ ᠣᠷᠣᠨ ᠲᠤᠭᠤᠷᠢᠭ ᠤᠨ | ᠨᠡᠶᠢᠬᠡᠮ ᠲᠤᠭᠤᠷᠢᠭᠴᠢᠯᠠᠭᠰᠠᠨ ᠦᠭᠡᠷᠡᠴᠢᠯᠡᠯᠲᠡ ᠶᠢᠨ ᠢᠨᠵᠧᠨᠧᠷᠢᠩ ᠢ ᠰᠦᠪᠡᠭᠴᠢᠯᠡᠵᠦ ᠬᠡᠷᠡᠭᠵᠢᠬᠦᠯᠦᠨ᠂ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠵᠤ᠂ | ᠣᠯᠠᠨ ᠲᠦᠮᠡᠨ ᠤ ᠣᠷᠣᠨ ᠰᠠᠭᠤᠴᠠ ᠬᠤᠳᠠᠯᠳᠣᠨ ᠠᠪᠬᠤ ᠳᠠᠷᠤᠭᠠᠰᠣ ᠶᠢ ᠬᠦᠩᠭᠡᠷᠡᠬᠦᠯᠦᠨ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠺᠣᠮᠫᠠᠨᠢ ᠶᠢᠨ | ᠠᠳᠠᠭ ᠢ ᠨᠢ ᠤᠭᠴᠤᠷᠠᠭᠤᠯᠬᠤ ᠲᠤᠭᠲᠠᠴᠠ ᠶᠢ ᠠᠬᠢᠭᠤᠯᠵᠤ᠂ ᠣᠯᠠᠨ ᠲᠦᠮᠡᠨ ᠤ ᠣᠷᠣᠰᠢᠨ ᠰᠠᠭᠤᠬᠤ ᠣᠶᠢᠯᠠᠭᠠᠯᠲᠠ ᠶᠢ ᠰᠠᠶᠢᠵᠢᠷᠠᠭᠤᠯᠤᠨ᠂ ᠬᠤᠰᠢᠭᠤ ᠵᠠᠰᠠᠭ | ᠤᠨ ᠣᠷᠳᠣᠨ ᠤ ᠪᠠᠶᠢᠭ᠎ᠠ ᠭᠠᠵᠠᠷ ᠤᠨ ᠳᠠᠭᠠᠯᠠᠮᠵᠢᠲᠠᠢ᠂ ᠭᠤᠴᠤ᠂ ᠣᠷᠣᠰᠢᠨ ᠰᠠᠭᠤᠬᠤ ᠳᠤ ᠳᠣᠬᠢᠷᠠᠮᠵᠢᠲᠠᠢ ᠴᠢᠨᠠᠷ ᠴᠢᠨᠰᠠᠭ᠎ᠠ ᠪᠠ ᠬᠡᠪ ᠳᠦᠷᠬᠦ ᠶᠢ ᠢᠯᠡᠷᠡᠬᠦᠯᠦᠨ᠎ᠡ | ᠃ ᠱᠠᠩᠬᠠᠢ ᠶᠢᠨ ᠰᠦᠮ᠎ᠡ ᠪᠠᠯᠭᠠᠰᠣ ᠶᠢᠨ ᠦᠢᠯᠡᠴᠢᠯᠡᠭᠡᠨ ᠤ ᠴᠢᠳᠠᠮᠵᠢ ᠶᠢ ᠳᠣᠪᠣᠶᠢᠯᠭᠠᠵᠤ᠂ ᠬᠤᠭᠤᠰᠤᠨ ᠬᠠᠶᠠᠭᠰᠠᠨ ᠰᠠᠭᠤᠭᠠᠯᠢ ᠲᠤᠭᠤᠷᠢᠭ᠂ ᠪᠠᠭᠤᠳᠠᠯ | ᠠᠷᠠᠯᠵᠢᠶ᠎ᠠ ᠬᠤᠳᠠᠯᠳᠣᠭᠠᠨ ᠤ ᠭᠠᠵᠠᠷ ᠵᠡᠷᠭᠡ ᠰᠠᠭᠤᠷᠢ ᠳᠦᠬᠦᠭᠡᠷᠦᠮᠵᠢ ᠶᠢ ᠪᠦᠲᠦᠮᠵᠢᠲᠡᠢ ᠠᠮᠢᠳᠣᠯᠢᠭᠵᠢᠭᠤᠯᠤᠨ᠂ ᠮᠦᠩᠭᠦᠨ ᠬᠦᠢᠯᠬᠡᠬᠡ᠂ ᠴᠢᠮᠡᠭᠡ ᠬᠤᠯᠪᠤᠭ᠎ᠠ᠂ | ᠡᠳ᠋ ᠪᠠᠷᠠᠭᠠᠨ ᠤ ᠬᠦᠢᠯᠭᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠳᠦᠬᠦᠭᠡᠷᠦᠮᠵᠢ ᠲᠤᠨᠤᠭᠯᠠᠯ ᠢ ᠳᠡᠭᠦᠯᠳᠡᠷᠵᠢᠬᠦᠯᠵᠦ᠂ ᠬᠦᠷᠢᠶᠡᠯᠡᠩ ᠲᠤᠭᠤᠷᠢᠭ ᠤᠨ ᠠᠷᠤ | ᠲᠠᠯ᠎ᠠ ᠶᠢᠨ ᠦᠢᠯᠡᠴᠢᠯᠡᠭᠡᠨ ᠤ ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ᠎ᠠ᠃ ᠪᠣᠷᠣᠪᠠᠯᠭᠠᠰᠣ ᠶᠢᠨ ᠣᠨᠴᠠᠯᠢᠭᠲᠤ ᠪᠠᠯᠭᠠᠰᠣᠨ ᠤ ᠳᠠᠭᠤᠷᠢᠶᠠᠯ ᠴᠢᠳᠠᠮᠵᠢ ᠶᠢ | ᠳᠣᠪᠣᠶᠢᠯᠭᠠᠨ᠂ ᠪᠠᠯᠭᠠᠰᠣᠨ ᠲᠤᠭᠤᠷᠢᠭ ᠤᠨ ᠬᠤᠪᠢᠰᠬᠠᠯᠲᠤ ᠬᠦᠮᠦᠵᠢᠯ ᠤᠨ ᠳᠦᠷᠢ ᠳᠦᠷᠬᠦ ᠶᠢ ᠣᠯᠠᠮ ᠨᠢᠬᠡ ᠠᠯᠬᠤᠮ ᠱᠣᠭᠤᠨ ᠪᠦᠲᠦᠬᠡᠵᠦ᠂ ᠰᠠᠭᠤᠷᠢ | ᠳᠦᠬᠦᠭᠡᠷᠦᠮᠵᠢ ᠶᠢᠨ ᠢᠵᠢ ᠪᠦᠷᠢᠳᠦᠬᠦᠯᠦᠯᠲᠡ ᠶᠢ ᠳᠡᠬᠦᠯᠳᠡᠷᠵᠢᠬᠦᠯᠦᠨ᠂ ᠨᠢᠭᠡᠳᠦᠬᠡᠷ ᠬᠤᠶᠠᠳᠣᠭᠠᠷ ᠭᠤᠷᠪᠠᠳᠣᠭᠠᠷ ᠠᠵᠤ ᠦᠢᠯᠡᠰ ᠤᠨ ᠠᠭᠤᠰᠤᠯᠴᠠᠯ ᠬᠦᠭᠵᠢᠯᠲᠡ | ᠶᠢᠨ ᠵᠢᠱᠢᠶ᠎ᠡ ᠦᠵᠡᠬᠦᠯᠬᠦ ᠪᠠᠯᠭᠠᠰᠣ ᠪᠤᠯᠭᠠᠨ ᠴᠣᠭᠴᠠᠯᠠᠨ᠎ᠠ᠃ ᠨᠠᠩᠰᠣ ᠪᠠᠯᠭᠠᠰᠣ ᠶᠢᠨ ᠵᠢᠵᠢᠭ ᠴᠤᠭᠯᠠᠭ᠎ᠠ ᠪᠠᠯᠭᠠᠰᠣ ᠶᠢᠨ ᠴᠢᠳᠠᠮᠵᠢ ᠶᠢ ᠳᠣᠪᠣᠶᠢᠯᠭᠠᠵᠤ᠂ ᠮᠠᠯᠴᠢᠨ | ᠲᠠᠷᠢᠶᠠᠴᠢᠨ ᠤ ᠬᠡᠷᠡᠭᠴᠡᠭᠡ ᠪᠠᠷ ᠣᠳᠣᠷᠢᠳᠣᠮᠵᠢ ᠪᠣᠯᠭᠠᠨ᠂ ᠵᠠᠬ᠎ᠠ ᠳᠡᠯᠭᠡᠬᠦᠷ ᠤᠨ ᠰᠢᠰᠲ᠋ᠧᠮ᠂ ᠡᠳ᠋ ᠪᠠᠷᠠᠭᠠᠨ ᠤ ᠬᠦᠢᠯᠭᠡᠭᠡ᠂ ᠰᠣᠷᠭᠠᠨ ᠬᠦᠮᠦᠵᠢᠯ ᠡᠮ ᠡᠮᠨᠡᠯᠭᠡ | ᠵᠡᠷᠭᠡ ᠣᠯᠠᠨ ᠨᠠᠶᠢᠲᠠ ᠶᠢᠨ ᠦᠢᠯᠡᠴᠢᠯᠡᠭᠡᠨ ᠤ ᠳᠦᠬᠦᠷᠴᠢᠯᠡᠯ ᠢ ᠲᠡᠬᠦᠯᠳᠡᠷᠵᠢᠬᠦᠯᠵᠦ᠂ ᠮᠠᠯ ᠲᠠᠷᠢᠶᠠᠯᠠᠩ ᠤᠨ ᠠᠵᠤ ᠦᠢᠯᠡᠰ᠂ ᠮᠠᠯᠴᠢᠨ ᠲᠠᠷᠢᠶᠠᠴᠢᠨ ᠳᠤ | ᠦᠢᠯᠡᠴᠢᠯᠡᠬᠦ ᠳᠤ ᠬᠠᠨᠳᠣᠭᠤᠯᠣᠭᠰᠠᠨ ᠣᠷᠣᠨ ᠪᠦᠰᠡ ᠶᠢᠨ ᠲᠦᠪ ᠢ ᠪᠠᠶᠢᠭᠤᠯᠤᠨ᠂ ᠤᠨᠴᠠᠯᠢᠭᠵᠢᠭᠤᠯᠤᠨ ᠵᠤᠬᠢᠴᠠᠭᠤᠯᠤᠭᠰᠠᠨ ᠵᠦᠷᠢᠶᠡᠲᠦ ᠬᠦᠭᠵᠢᠯᠲᠡ ᠶᠢᠨ | ᠪᠠᠶᠢᠳᠠᠯ ᠢ ᠬᠦᠴᠦᠯᠡᠨ ᠪᠦᠷᠢᠯᠳᠦᠬᠦᠯᠦᠨ᠎ᠡ᠃ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠴᠣᠭᠴᠠᠯᠠᠨ᠎ᠠ᠃ ᠬᠦᠳᠡᠭᠡ ᠲᠣᠰᠬᠤᠨ ᠤ ᠪᠠᠶᠢᠭᠤᠯᠤᠯᠲᠠ ᠶᠢᠨ | ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠦ᠂ ᠠᠶᠢᠯ ᠲᠤᠰᠬᠤᠨ ᠤ ᠣᠯᠠᠨ ᠲᠦᠯᠦᠪᠵᠢᠬᠦᠯᠬᠡ ᠶᠢᠨ ᠨᠢᠬᠡᠳᠦᠯ ᠢ ᠡᠮᠬᠢᠲᠡᠢ ᠠᠬᠢᠭᠤᠯᠤᠨ᠂ ᠬᠦᠳᠡᠭᠡ ᠲᠤᠰᠬᠤᠨ ᠤ | ᠦᠢᠯᠡᠳᠪᠦᠷᠢᠯᠡᠯ᠂ ᠠᠮᠢᠳᠣᠷᠠᠯ᠂ ᠠᠮᠢ ᠠᠬᠤᠢ ᠶᠢᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ ᠠᠶᠤᠯᠬᠦᠢ ᠤᠰᠤ ᠣᠮᠳᠠ ᠶᠢᠨ | ᠢᠨᠵᠧᠨᠧᠷᠢᠩ ᠢ ᠬᠡᠷᠡᠭᠵᠢᠬᠦᠯᠵᠦ᠂ ᠣᠰᠣᠨ ᠤ ᠡᠬᠢ ᠶᠢᠨ ᠢᠨᠵᠧᠨᠧᠷᠢᠩ ᠢ ᠰᠢᠨ᠎ᠡ ᠪᠠᠷ 20 ᠪᠠᠶᠢᠭᠤᠯᠤᠨ᠂ 38 ᠣᠰᠣ ᠬᠠᠩᠭᠠᠬᠤ ᠢᠨᠵᠧᠨᠧᠷᠢᠩ ᠢ ᠦᠬᠡᠷᠡᠴᠢᠯᠡᠵᠦ | ᠂ ᠣᠯᠠᠨ ᠲᠦᠮᠡᠨ ᠤ ᠣᠰᠣ ᠣᠮᠳᠠ ᠶᠢᠨ ᠠᠮᠣᠷ ᠳᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ ᠬᠦᠳᠡᠭᠡ ᠲᠤᠰᠬᠤᠨ ᠳᠤ ᠴᠡᠪᠡᠷ ᠡᠨᠧᠷᠬᠢ ᠶᠢᠨ ᠬᠡᠷᠡᠭᠯᠡᠯᠲᠡ ᠶᠢᠨ | ᠢᠨᠵᠧᠨᠧᠷᠢᠩ ᠢ ᠬᠡᠷᠡᠭᠵᠢᠬᠦᠯᠵᠦ᠂ ︽ᠣᠲᠤᠭ ᠤᠨ ᠡᠮᠦᠨᠡᠲᠦ ᠬᠤᠰᠢᠭᠤᠨ ᠤ ᠰᠢᠳᠠᠮᠠᠬᠠᠢ ᠬᠡᠢ ᠶᠢᠨ ᠢᠨᠵᠧᠨᠧᠷᠢᠩ︾ ᠢ ᠨᠠᠶᠢᠲᠠᠪᠤᠷᠢᠵᠢᠭᠤᠯᠤᠨ᠂ ︽ᠴᠠᠬᠢᠯᠭᠠᠨ | ᠢᠶᠠᠷ ᠨᠡᠬᠦᠷᠡᠰᠦ ᠶᠢ ᠣᠷᠣᠯᠠᠭᠤᠯᠤᠨ ᠲᠤᠯᠠᠭᠠᠯᠠᠭ᠎ᠠ ᠬᠠᠩᠭᠠᠬᠤ︾ ᠶᠢ ᠬᠡᠷᠡᠭᠵᠢᠬᠦᠯᠵᠦ᠂ ᠬᠦᠳᠡᠭᠡ ᠲᠤᠰᠬᠤᠨ ᠤ ᠬᠡᠢ ᠬᠠᠳᠠᠭᠠᠯᠠᠬᠤ ᠦᠷᠲᠡᠭᠡ ᠪᠠ ᠬᠡᠢ ᠬᠠᠩᠭᠠᠬᠤ | ᠪᠢᠴᠢᠯ ᠰᠢᠰᠲ᠋ᠧᠮ ᠢ ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠪᠠᠶᠢᠭᠠᠯᠢ ᠶᠢᠨ ᠰᠢᠲᠠᠮᠠᠬᠠᠢ ᠬᠡᠢ ᠡᠷᠦᠬᠡ ᠳᠤ ᠣᠷᠣᠬᠤ ᠨᠣᠷᠮ᠎ᠠ ᠶᠢ 75% ᠠᠴᠠ | ᠲᠠᠪᠠᠭᠤᠯᠣᠨ᠎ᠠ᠃ ︽ᠲᠤᠭᠠᠴᠠᠯᠠᠭᠰᠠᠨ ᠬᠦᠳᠡᠭᠡ ᠲᠤᠰᠬᠤᠨ︾ ᠤ ᠪᠠᠶᠢᠭᠤᠯᠤᠯᠲᠠ ᠶᠢ ᠲᠦᠷᠭᠡᠳᠬᠡᠨ᠂ ᠣᠶᠣᠨᠴᠢ ᠲᠠᠷᠢᠶᠠᠯᠠᠩ ᠲᠤᠭᠠᠴᠠᠯᠠᠭᠰᠠᠨ ᠮᠠᠯᠵᠢᠯ ᠵᠡᠷᠭᠡ | ᠵᠢᠱᠢᠶ᠎ᠡ ᠦᠵᠡᠬᠦᠯᠬᠦ ᠲᠦᠷᠦᠯ ᠵᠦᠢᠯ ᠢ ᠬᠡᠷᠡᠭᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠴᠢᠮᠡᠭᠡ ᠬᠤᠯᠪᠤᠭ᠎ᠠ ᠲᠤᠤᠷ ᠰᠦᠯᠵᠢᠶᠡᠨ ᠤ ᠳᠣᠬᠢᠶᠠᠨ ᠤ ᠪᠠᠯᠠᠢ ᠶᠢ | ᠪᠦᠬᠦ ᠲᠠᠯ᠎ᠠ ᠪᠠᠷ ᠰᠢᠢᠳᠪᠦᠷᠢᠯᠡᠵᠦ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠵᠠᠭᠤᠨ ᠸᠠᠲ ᠤᠨ ᠦᠷᠭᠡᠨ ᠪᠦᠰᠡᠲᠦ ᠰᠦᠯᠵᠢᠶᠡᠨ ᠤ ᠪᠦᠬᠦ ᠪᠦᠷᠬᠦᠴᠡ ᠶᠢ | ᠪᠡᠶᠡᠯᠡᠬᠦᠯᠦᠨ᠂ ᠣᠯᠣᠰ ᠤᠨ ᠲᠡᠰ ᠤᠨ ︽ᠲᠤᠭᠠᠴᠠᠯᠠᠭᠰᠠᠨ ᠬᠦᠳᠡᠭᠡ ᠲᠤᠰᠬᠤᠨ︾ ᠤ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ | ᠤᠷᠤᠨ ᠤ ᠣᠷᠣᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠳᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭ᠎ᠠ ᠶᠢ ᠨᠠᠶᠢᠲᠠᠪᠤᠷᠢᠵᠢᠭᠤᠯᠵᠤ᠂ ᠠᠮᠢᠳᠣᠷᠠᠯ ᠤᠨ | ᠬᠤᠭ ᠨᠤᠪᠰᠢ ᠪᠠ ᠪᠣᠬᠢᠷ ᠣᠰᠣ ᠰᠢᠢᠳᠪᠦᠷᠢᠯᠡᠬᠦ ᠳᠦᠬᠦᠭᠡᠷᠦᠮᠵᠢ ᠶᠢ ᠪᠦᠬᠦ ᠲᠠᠯ᠎ᠠ ᠪᠠᠷ ᠢᠵᠢ ᠪᠦᠷᠢᠳᠦᠬᠦᠯᠦᠨ᠂ ᠡᠷᠡᠬᠦᠯ ᠬᠠᠮᠠᠭᠠᠯᠠᠯ ᠤᠨ ᠵᠣᠷᠯᠣᠩ ᠤᠨ | ᠲᠦᠬᠡᠮᠡᠯᠵᠢᠯ ᠤᠨ ᠨᠣᠷᠮ᠎ᠠ ᠶᠢ 95% ᠠᠴᠠ ᠳᠠᠪᠠᠭᠤᠯᠤᠨ᠎ᠠ᠃ ᠭᠠᠴᠠᠭ᠎ᠠ ᠲᠣᠰᠬᠤᠨ ᠤ ᠬᠠᠮᠲᠣ ᠶᠢᠨ ᠠᠵᠤ ᠠᠬᠤᠢ ᠶᠢ ᠬᠦᠭᠵᠢᠬᠦᠯᠦᠨ ᠪᠣᠵᠠᠭᠠᠶᠢᠷᠠᠭᠤᠯᠵᠤ᠂ ᠨᠢᠭᠡ | ᠪᠦᠯᠦᠭ ᠬᠠᠮᠲᠤ ᠶᠢᠨ ᠠᠵᠤ ᠠᠬᠤᠢ ᠶᠢᠨ ᠬᠠᠮᠲᠣᠷᠠᠯ ᠴᠣᠭᠴᠠ ᠶᠢ ᠪᠠᠶᠢᠭᠤᠯᠤᠨ᠂ ᠭᠠᠴᠠᠭ᠎ᠠ ᠲᠤᠰᠬᠤᠨ ᠪᠤᠯᠭᠠᠨ ᠤ ᠬᠠᠮᠲᠤ ᠶᠢᠨ ᠠᠵᠤ ᠠᠬᠤᠢ ᠶᠢᠨ ᠵᠢᠯ ᠤᠨ | ᠣᠷᠣᠯᠭ᠎ᠠ 20 ᠲᠦᠮᠡᠨ ᠲᠦᠬᠦᠷᠢᠭ ᠠᠴᠠ ᠳᠣᠣᠷ᠎ᠠ ᠦᠬᠡᠢ ᠪᠠᠶᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠣᠴᠢᠷ ᠶᠠᠪᠤᠳᠠᠯ | ᠪᠦᠲᠦᠬᠡᠬᠦ ᠪᠡᠯᠡ ᠮᠦᠩᠭᠦ ᠲᠠᠢ ᠪᠤᠯᠭᠠᠨ᠎ᠠ᠃ ᠣᠳᠣᠬᠢᠴᠢᠯᠠᠭᠰᠠᠨ ᠰᠠᠭᠤᠷᠢ ᠳᠦᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ ᠵᠠᠮ ᠬᠠᠷᠢᠯᠴᠠᠭᠠᠨ ᠤ ᠲᠣᠣᠷ ᠢ | ᠣᠯᠠᠮ ᠨᠢᠬᠡ ᠠᠯᠬᠤᠮ ᠳᠡᠬᠦᠯᠳᠡᠷᠵᠢᠬᠦᠯᠵᠦ᠂ ᠴᠠᠭᠠᠨᠨᠠᠭᠤᠷ ᠠᠴᠠ ᠲᠡᠷᠭᠡ ᠰᠢᠶᠡᠨ ᠬᠦᠷᠬᠦ᠂ ᠦᠬᠠᠢ ᠠᠴᠠ ᠨᠢᠩᠳᠦ᠋ᠩ ᠬᠦᠷᠬᠦ ᠬᠤᠶᠠᠷ ᠵᠣᠷᠪᠣᠰ ᠦᠨᠳᠦᠷ | ᠬᠤᠷᠳᠣᠴᠠᠲᠤ ᠵᠠᠰᠠᠮᠠᠯ ᠵᠠᠮ ᠤᠨ ᠣᠲᠤᠭ ᠤᠨ ᠡᠮᠦᠨᠡᠲᠦ ᠬᠤᠰᠢᠭᠤᠨ ᠤ ᠬᠢᠵᠠᠭᠠᠷ ᠳᠠᠬᠢ ᠬᠡᠰᠡᠭ ᠤᠨ ᠪᠠᠶᠢᠭᠤᠯᠤᠯᠲᠠ ᠶᠢ ᠠᠬᠢᠭᠤᠯᠤᠨ᠂ ᠴᠠᠪ ᠠᠴᠠ ᠲᠡᠷᠬᠡ ᠰᠢᠶᠡᠨ | ᠬᠦᠷᠬᠦ᠂ ᠣᠯᠵᠠᠴᠢ ᠠᠴᠠ ᠵᠠᠩᠭᠤᠲᠤ ᠬᠦᠷᠬᠦ ᠵᠠᠮ ᠤᠨ ᠬᠡᠰᠡᠭ ᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ | ᠤ ᠵᠠᠰᠠᠮᠠᠯ ᠵᠠᠮ ᠤᠨ ᠪᠠᠷᠢᠮᠵᠢᠶ᠎ᠠ ᠶᠢ ᠳᠡᠭᠡᠭᠰᠢᠯᠡᠬᠦᠯᠦᠨ ᠦᠷᠭᠡᠳᠬᠡᠬᠦ ᠠᠵᠢᠯ ᠢ ᠵᠤᠬᠢᠮᠵᠢᠲᠠᠢ ᠠᠬᠢᠭᠤᠯᠤᠨ᠂ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠠᠰᠠᠭᠤᠳᠠᠯ | ᠢ ᠪᠦᠲᠦᠮᠵᠢᠲᠡᠢ ᠰᠢᠢᠳᠪᠦᠷᠢᠯᠡᠵᠦ᠂ ᠣᠯᠣᠰ ᠤᠨ ︽ᠳᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠶᠢ ᠴᠤᠭᠴᠠᠯᠠᠨ᠎ᠠ᠃ | ᠣᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ᠂ ᠣᠯᠵᠠᠴᠢ ᠠᠴᠠ ᠰᠣᠬᠠᠢ ᠶᠢᠨ ᠪᠠᠶᠢᠰᠢᠩ ᠬᠦᠷᠬᠦ ᠲᠡᠮᠦᠷ ᠵᠠᠮ ᠤᠨ ᠪᠠᠶᠢᠭᠤᠯᠤᠯᠲᠠ ᠶᠢ ᠪᠦᠬᠦ ᠬᠦᠴᠦᠨ | ᠢᠶᠠᠷ ᠠᠬᠢᠭᠤᠯᠤᠨ᠂ ᠨᠡᠬᠦᠷᠡᠰᠦ ᠲᠡᠭᠡᠭᠡᠪᠦᠷᠢᠯᠡᠬᠦ ᠲᠤᠰᠬᠠᠢ ᠱᠣᠭᠤᠮ ᠵᠢᠴᠢ ᠲᠡᠮᠦᠷ ᠵᠠᠮ ᠤᠨ ᠠᠶᠠᠨᠴᠢᠳ ᠤᠨ ᠦᠷᠲᠡᠭᠡᠨ ᠤ ᠪᠠᠶᠢᠭᠤᠯᠤᠯᠲᠠ ᠶᠢ ᠨᠢᠭᠡᠳᠦᠯᠲᠡᠢ | ᠲᠦᠯᠦᠪᠵᠢᠬᠦᠯᠵᠦ ᠰᠠᠶᠢᠲᠤᠷ ᠠᠳᠬᠤᠨ᠎ᠠ᠃ ᠨᠡᠶᠢᠲᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠦᠨ᠂ ᠠᠯᠬᠤᠮ | ᠠᠯᠬᠤᠮ ᠢᠶᠠᠷ ᠰᠠᠯᠪᠤᠷᠢ ᠱᠣᠭᠤᠮ ᠤᠨ ᠨᠢᠰᠭᠡᠯ ᠤᠨ ᠪᠠᠭᠤᠳᠠᠯ ᠪᠣᠯᠭᠠᠨ ᠳᠡᠰ ᠲᠡᠪᠰᠢᠭᠦᠯᠦᠨ᠎ᠡ᠃ ᠴᠢᠬᠤᠯᠠ ᠶᠡᠭᠡ ᠣᠰᠣᠨ ᠠᠰᠢᠭᠯᠠᠯᠲᠠ ᠶᠢᠨ ᠢᠨᠵᠧᠨᠧᠷᠢᠩ ᠢ | ᠬᠡᠷᠡᠭᠵᠢᠬᠦᠯᠦᠨ᠂ ᠶᠡᠭᠡ ᠲᠤᠬᠤᠢ ᠶᠢᠨ ᠣᠰᠣᠨ ᠴᠦᠬᠦᠷᠦᠮ ᠠᠴᠠ ᠣᠯᠵᠠᠴᠢ ᠪᠠᠯᠭᠠᠰᠣ᠂ ᠬᠡᠷᠡᠮ ᠤᠨ ᠭᠤᠤᠯ ᠠᠴᠠ ᠱᠠᠩᠬᠠᠢ ᠶᠢᠨ ᠰᠦᠮ᠎ᠡ ᠪᠠᠯᠭᠠᠰᠣᠨ ᠳᠤ ᠣᠰᠣ | ᠬᠠᠩᠭᠠᠬᠤ ᠢᠨᠵᠧᠨᠧᠷᠢᠩ ᠪᠤᠯᠤᠨ ᠶᠡᠭᠡ ᠲᠤᠬᠤᠢ ᠶᠢᠨ ᠣᠰᠣᠨ ᠴᠦᠬᠦᠷᠦᠮ ᠤᠨ ᠳᠦᠭᠰᠢᠬᠦᠷᠢ ᠶᠢ ᠠᠷᠢᠯᠭᠠᠨ ᠪᠠᠬᠢᠵᠢᠬᠦᠯᠬᠦ ᠢᠨᠵᠧᠨᠧᠷᠢᠩ ᠢ ᠠᠯᠬᠤᠮ ᠠᠯᠬᠤᠮ ᠢᠶᠠᠷ | ᠠᠬᠢᠭᠤᠯᠵᠤ᠂ ᠪᠦᠬᠦ ᠬᠤᠰᠢᠭᠤᠨ ᠤ ᠠᠵᠤ ᠦᠢᠯᠡᠳᠪᠦᠷᠢ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠪᠠ ᠣᠯᠠᠨ ᠲᠦᠮᠡᠨ ᠤ ᠠᠮᠢᠳᠣᠷᠠᠯ ᠳᠤ ᠠᠮᠣᠷ | ᠲᠦᠪᠰᠢᠨ ᠣᠰᠣᠨ ᠤ ᠡᠬᠢ ᠶᠢᠨ ᠪᠠᠲᠤᠯᠠᠭ᠎ᠠ ᠶᠢ ᠬᠠᠩᠭᠠᠨ᠎ᠠ᠃ ᠴᠠᠬᠢᠯᠭᠠᠨ ᠲᠤᠤᠷ ᠤᠨ ᠪᠠᠶᠢᠭᠤᠯᠤᠯᠲᠠ ᠶᠢ ᠣᠯᠠᠮ ᠨᠢᠭᠡ ᠠᠯᠬᠤᠮ ᠴᠢᠩᠭᠠᠳᠬᠠᠨ᠂ ᠴᠠᠬᠢᠯᠭᠠᠨ | ᠬᠤᠪᠢᠰᠬᠠᠬᠤ ᠦᠷᠲᠡᠭᠡ ᠶᠢ ᠰᠢᠨ᠎ᠡ ᠪᠠᠷ 7 ᠪᠠᠶᠢᠭᠤᠯᠵᠤ᠂ ᠴᠠᠬᠢᠯᠭᠠᠨ ᠲᠤᠬᠢᠷᠠᠭᠤᠯᠤᠨ ᠳᠠᠮᠵᠢᠭᠤᠯᠬᠤ ᠱᠣᠭᠤᠮ ᠢ ᠰᠢᠨ᠎ᠡ ᠪᠠᠷ 4000 ᠺᠢᠯᠤᠮᠧᠲᠷ ᠦᠬᠡᠷᠡᠴᠢᠯᠡᠵᠤ | ᠪᠠᠶᠢᠭᠤᠯᠦᠨ᠂ ᠴᠠᠬᠢᠯᠭᠠᠨ ᠬᠠᠩᠭᠠᠯᠭ᠎ᠠ ᠶᠢᠨ ᠲᠤᠭᠲᠠᠭᠤᠨ ᠴᠢᠨᠠᠷ ᠢ ᠦᠨᠡᠨ ᠬᠦ ᠳᠡᠭᠡᠭᠰᠢᠯᠡᠬᠦᠯᠵᠦ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠠᠮᠣᠷ ᠳᠦᠪᠰᠢᠨ ᠢ | ᠪᠠᠲᠤᠯᠠᠨ᠎ᠠ᠃ | ︵ᠵᠢᠷᠭᠤᠭ᠎ᠠ︶ ᠠᠷᠠᠤᠨ ᠤᠨ ᠠᠮᠢᠳᠤᠷᠠᠯ ᠤᠨ ᠵᠤᠯ ᠵᠢᠷᠭᠠᠯ ᠤᠨ ᠰᠠᠶᠢᠵᠢᠷᠠᠭᠤᠯᠤᠯᠳᠠ ᠶᠢ ᠪᠦᠬᠦ ᠬᠦᠴᠤᠨ ᠢᠶᠠᠷ ᠠᠬᠢᠭᠤᠯᠵᠤ᠂ ᠤᠶᠢᠯᠡᠴᠢᠯᠡᠬᠡᠨ ᠤ | ᠬᠠᠩᠭᠠᠯᠭ᠎ᠠ ᠶᠢ ᠰᠢᠯᠢᠳᠡᠭᠵᠢᠬᠦᠯᠬᠦ ᠳᠡᠬᠡᠷ᠎ᠡ ᠰᠢᠨ᠎ᠠ ᠳᠠᠪᠠᠯᠳᠠ ᠶᠢ ᠪᠡᠶᠡᠯᠡᠬᠦᠯᠤᠨ᠎ᠠ᠃ ᠠᠷᠠᠤᠨ ᠲᠦᠮᠡᠨ ᠢ ᠢᠮᠠᠭᠳᠠ ᠬᠠᠮᠤᠭ ᠤᠨ ᠦᠨᠳᠤᠷ ᠪᠠᠶᠢᠷᠢᠨ ᠳᠤ ᠳᠠᠯᠪᠢᠵᠤ᠂ | ︽ᠠᠷᠠᠤᠨ ᠤᠯᠠᠨ ᠳᠤᠷᠠᠳᠤᠨ᠂ ᠲᠦᠯᠤᠬᠡᠯᠡᠭᠴᠢᠤᠨ ᠳᠤᠭᠳᠠᠭᠠᠵᠤ᠂ ᠵᠠᠰᠠᠭ ᠤᠨ ᠤᠷᠳᠤᠨ ᠬᠢᠬᠦ︾ ᠶᠢ ᠪᠠᠷᠢᠮᠳᠠᠯᠠᠨ᠂ ᠵᠢᠯ ᠪᠦᠷᠢ ᠠᠳᠠᠭ ᠲᠤ ᠪᠠᠨ ᠠᠷᠠᠤᠨ ᠤᠨ | ᠠᠮᠢᠳᠤᠷᠠᠯ ᠤᠨ 10 ᠪᠤᠳᠠᠳᠤ ᠤᠴᠢᠷ ᠢ ᠰᠠᠶᠢᠳᠤᠷ ᠪᠦᠲᠦᠬᠡᠵᠣ᠂ ᠠᠷᠠᠤᠨ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠦᠬᠦ ᠬᠦᠴᠤᠨ ᠢᠶᠠᠷ | ᠬᠠᠩᠭᠠᠨ᠂ ᠡᠯ᠎ᠡ ᠦᠨᠳᠤᠰᠤᠳᠠᠨ ᠤ ᠠᠷᠠᠤᠨ ᠲᠦᠮᠡᠨ ᠢ ᠠᠵᠢᠯ ᠤᠶᠢᠯᠡᠰ ᠤᠨ ᠳᠠᠯ᠎ᠠ ᠪᠠᠷ ᠤᠷᠮ᠎ᠠ ᠵᠤᠷᠢᠭ ᠲᠠᠢ᠂ ᠠᠮᠢᠳᠤᠷᠠᠯ ᠠᠬᠤᠢ ᠶᠢᠨ ᠳᠠᠯ᠎ᠠ ᠪᠠᠷ | ᠬᠦᠬᠡᠬᠡᠴᠡᠯᠳᠤᠯ ᠳᠡᠮᠡᠤᠯᠡᠯ ᠲᠠᠢ ᠪᠤᠯᠭᠠᠨ᠎ᠠ᠃ ᠴᠢᠨᠠᠷᠯᠢᠭ ᠨᠠᠶᠢᠬᠡᠮ ᠤᠨ ᠤᠶᠢᠯᠡᠰ ᠤᠨ ᠳᠤᠤᠷᠵᠢᠯ ᠢ ᠪᠠᠶᠢᠭᠤᠯᠤᠨ᠎ᠠ᠃ ᠰᠢᠯᠢᠳᠡᠭ ᠰᠤᠷᠭᠠᠨ ᠬᠦᠮᠤᠵᠢᠯ ᠢ ᠡᠷᠬᠢᠯᠡᠨ᠂ | ᠡᠳ᠋ ᠤᠨ ᠵᠠᠰᠠᠭ ᠤᠨ ᠤᠷᠤᠭᠤᠯᠤᠯᠳᠠ ᠶᠢᠨ ᠬᠦᠴᠤᠯᠡᠴᠠ ᠪᠠᠨ ᠨᠡᠮᠡᠭᠳᠡᠬᠦᠯᠵᠤ᠂ ︽ᠬᠤᠶᠠᠷ ᠢ ᠪᠠᠭᠠᠰᠬᠠᠬᠤ︾ ᠲᠦᠬᠦᠷᠴᠢᠯᠡᠭᠰᠡᠨ ᠠᠷᠭ᠎ᠠ ᠠᠪᠴᠠᠯ ᠢ | ᠳᠡᠬᠦᠯᠳᠡᠷᠵᠢᠬᠦᠯᠤᠨ᠂ 11 ᠰᠠᠭᠤᠷᠢ ᠰᠤᠷᠭᠠᠭᠤᠯᠢ᠂ ᠴᠡᠴᠡᠷᠯᠢᠭ ᠢ ᠰᠢᠨ᠎ᠠ ᠪᠠᠷ ᠪᠠᠶᠢᠭᠤᠯᠬᠤ ᠪᠤᠶᠤ ᠦᠷᠬᠡᠤᠨᠬᠡᠨ ᠪᠠᠶᠢᠭᠤᠯᠵᠤ᠂ ᠵᠢᠯ ᠪᠦᠷᠢ 100 ᠪᠠᠭᠰᠢ ᠡᠯᠰᠡᠨ᠂ | ᠠᠵᠢᠯ ᠤᠨ ᠪᠦᠳᠣᠮᠵᠢ ᠶᠢᠨ ᠴᠠᠯᠢᠩ ᠢ ᠲᠤᠭ᠎ᠠ ᠶᠣᠰᠣᠭᠠᠷ ᠣᠯᠭᠤᠵᠣ᠂ ᠪᠠᠭᠰᠢ ᠨᠠᠷ ᠤᠨ ᠣᠯᠭᠤᠮᠵᠢ ᠶᠢ ᠯᠠᠪᠳᠠᠭᠤᠨ ᠢᠶᠠᠷ ᠲᠡᠬᠡᠭᠰᠢᠯᠡᠬᠦᠯᠣᠨ᠂ ᠬᠤᠰᠢᠭᠤ | ᠨᠢᠬᠡᠳᠤᠬᠡᠷ ᠳᠤᠮᠳᠠᠳᠤ ᠰᠤᠷᠭᠠᠭᠤᠯᠢ ᠪᠠ ᠤᠷᠳᠤᠰ ᠬᠤᠳᠠ ᠶᠢᠨ ᠨᠢᠬᠡᠳᠤᠬᠡᠷ ᠳᠤᠮᠳᠠᠳᠤ ᠰᠤᠷᠭᠠᠭᠤᠯᠢ ᠬᠤᠷᠰᠢᠨ ᠬᠠᠮᠳᠤ ᠪᠠᠷ ᠰᠤᠷᠭᠠᠭᠤᠯᠢ ᠡᠷᠬᠢᠯᠡᠬᠦ ᠶᠢ ᠬᠦᠨᠵᠡᠬᠡᠢ | ᠠᠬᠢᠭᠤᠯᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠳᠠ ᠶᠢᠨ ᠵᠠᠭᠪᠤᠷ ᠢ ᠪᠠᠶᠢᠭᠤᠯᠣᠨ᠂ ᠬᠡᠤᠬᠡᠤᠨ ᠨᠢᠬᠡᠪᠤᠷᠢ ᠳᠤ ᠦᠨᠡᠨᠬᠦ ᠰᠢᠯᠢᠳᠡᠭ ᠰᠤᠷᠭᠠᠨ ᠬᠦᠮᠤᠵᠢᠯ | ᠬᠦᠷᠳᠡᠬᠡᠨ᠎ᠡ︔ ᠠᠵᠢᠯ ᠮᠡᠷᠬᠡᠵᠢᠯ ᠤᠨ ᠰᠣᠷᠭᠠᠨ ᠬᠦᠮᠦᠵᠢᠯ ᠢ ᠬᠦᠴᠦᠯᠡᠨ ᠬᠦᠭᠵᠢᠬᠦᠯᠵᠣ᠂ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ ᠶᠢ ᠪᠦᠬᠦ ᠤᠯᠤᠰ ᠤᠨ | ᠠᠵᠤ ᠤᠶᠢᠯᠡᠰ ᠰᠤᠷᠭᠠᠨ ᠬᠦᠮᠤᠵᠢᠯ ᠤᠨ ᠠᠭᠤᠰᠤᠯᠴᠠᠯ ᠤᠨ ᠳᠠᠭᠤᠷᠢᠶᠠᠯ ᠰᠤᠷᠭᠠᠭᠤᠯᠢ ᠪᠤᠯᠭᠠᠨ ᠪᠠᠶᠢᠭᠤᠯᠣᠨ᠎ᠠ᠃ ᠠᠷᠠᠤᠨ ᠤᠨ ᠡᠷᠡᠬᠦᠯ ᠮᠡᠨᠳᠤ ᠶᠢ ᠬᠠᠮᠠᠭᠠᠯᠠᠨ᠂ | ᠡᠷᠡᠬᠦᠯ ᠡᠩᠬᠡ ᠤᠳᠤᠭ ᠤᠨ ᠡᠮᠤᠨᠡᠳᠤ ᠬᠤᠰᠢᠭᠤᠨ ᠤ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠬᠦᠷᠰᠢ ᠭᠠᠵᠠᠷ ᠤᠷᠤᠨ ᠤ ᠭᠤᠷᠪᠡᠳᠤᠭᠠᠷ ᠳᠡᠰ ᠤᠨ ᠬᠦᠬᠡ | ᠵᠡᠷᠬᠡ ᠶᠢᠨ ᠡᠮᠨᠡᠯᠬᠡ ᠶᠢᠨ ᠬᠤᠷᠢᠶ᠎ᠠ ᠯᠤᠭ᠎ᠠ ᠶᠢᠨ ᠡᠮᠴᠢᠯᠡᠬᠡᠨ ᠤ ᠬᠤᠯᠪᠤᠭᠠᠯᠠᠯ ᠤᠨ ᠪᠠᠶᠢᠭᠤᠯᠤᠯᠳᠠ ᠶᠢ ᠬᠦᠨᠵᠡᠬᠡᠶᠢᠷᠡᠬᠦᠯᠤᠨ᠂ ᠬᠢᠳᠠᠤᠨ ᠮᠤᠩᠭᠤᠯ ᠡᠮᠨᠡᠯᠬᠡ ᠶᠢᠨ | ᠤᠶᠢᠯᠡᠰ ᠢ ᠶᠡᠬᠡᠪᠡᠷ ᠬᠦᠭᠵᠢᠬᠦᠯᠵᠤ᠂ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠲᠦᠪ ᠢ ᠰᠢᠨ᠎ᠠ ᠪᠠᠷ ᠪᠠᠶᠢᠭᠤᠯᠤᠨ᠂ | ᠡᠮᠡᠭᠳᠡᠶᠢᠴᠤᠤᠨ ᠬᠡᠤᠬᠡᠤᠨ ᠤᠨ ᠡᠮᠨᠡᠯᠬᠡ ᠶᠢᠨ ᠬᠤᠷᠢᠶ᠎ᠠ ᠶᠢ ᠬᠡᠷᠡᠭᠯᠡᠯᠳᠠ ᠳᠤ ᠤᠷᠤᠭᠤᠯᠵᠤ᠂ ᠬᠤᠰᠢᠭᠤ ᠠᠷᠠᠤᠨ ᠤᠨ ᠡᠮᠨᠡᠯᠬᠡ ᠶᠢᠨ ᠬᠤᠷᠢᠶ᠎ᠠ ᠶᠢ ︽ᠬᠤᠶᠠᠳᠤᠭᠠᠷ | ᠳᠡᠰ ᠤᠨ ᠬᠦᠬᠡ ᠵᠡᠷᠬᠡ︾ ᠳᠤ ᠳᠡᠰ ᠳᠡᠪᠰᠢᠬᠦᠯᠬᠦ᠂ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠶᠢ ︽ᠭᠤᠷᠪᠠᠳᠤᠭᠠᠷ ᠳᠡᠰ ᠤᠨ | ᠬᠦᠬᠡᠭᠴᠢᠨ ᠵᠡᠷᠬᠡ︾ ᠪᠤᠯᠭᠠᠬᠤ ᠶᠢ ᠠᠬᠢᠭᠤᠯᠤᠨ᠂ ᠵᠢᠯ ᠪᠣᠯᠭᠠᠨ 20 ᠣᠷᠴᠢᠮ ᠡᠮᠴᠢᠯᠡᠬᠡᠨ ᠤ ᠠᠵᠢᠯᠲᠠᠨ ᠡᠯᠰᠡᠵᠣ᠂ ᠬᠤᠳᠠ ᠶᠢᠨ ᠳᠡᠰ ᠠᠴᠠ ᠳᠡᠬᠡᠭᠰᠢᠬᠢ | ᠭᠤᠤᠯᠳᠠᠯᠭᠠᠳᠤ ᠤᠨᠴᠠᠯᠢᠭᠳᠤ 5 ᠳᠤᠰᠬᠠᠢ ᠰᠠᠯᠠᠭ᠎ᠠ ᠶᠢ ᠬᠦᠴᠤᠯᠡᠨ ᠪᠠᠶᠢᠭᠤᠯᠤᠨ᠎ᠠ︔ ᠬᠦᠨᠳᠤ ᠶᠡᠭᠡ ᠬᠠᠯᠳᠠᠪᠤᠷᠢᠳᠤ ᠡᠪᠡᠤᠨᠴᠢᠨ ᠤ ᠪᠠᠴᠢᠮ ᠪᠠᠶᠢᠳᠠᠯ ᠢ ᠠᠷᠭᠠᠴᠠᠵᠤ | ᠰᠡᠷᠬᠡᠶᠢᠯᠡᠨ ᠡᠵᠡᠮᠳᠡᠬᠦ ᠰᠢᠰᠲ᠋ᠧᠮ ᠪᠠ ᠨᠠᠶᠢᠳᠠ ᠶᠢᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠳᠤᠭᠳᠠᠴᠠ ᠶᠢ | ᠳᠡᠬᠦᠯᠳᠡᠷᠵᠢᠬᠦᠯᠤᠨ᠂ ᠬᠢᠵᠢᠭ ᠤᠨ ᠪᠠᠶᠢᠳᠠᠯ ᠤᠨ ᠪᠠᠶᠢᠩᠭᠤ ᠶᠢᠨ ᠰᠡᠷᠬᠡᠶᠢᠯᠡᠯ ᠡᠵᠡᠮᠳᠡᠯ ᠢ ᠰᠠᠶᠢᠳᠤᠷ ᠠᠤᠨᠬᠤᠵᠤ᠂ ᠠᠷᠠᠤᠨ ᠤᠯᠠᠨ ᠤ ᠠᠮᠢ ᠨᠠᠰᠤ ᠡᠷᠡᠬᠦᠯ ᠮᠠᠨᠳᠤ ᠶᠢ | ᠪᠦᠬᠦ ᠬᠦᠴᠤᠨ ᠢᠶᠠᠷ ᠪᠠᠳᠤᠯᠠᠨ᠎ᠠ᠃ ᠰᠤᠶᠤᠯ ᠢᠶᠠᠷ ᠠᠮᠢᠳᠤᠷᠠᠯ ᠤᠨ ᠴᠢᠨᠰᠠᠭ᠎ᠠ ᠶᠢ ᠳᠡᠬᠡᠭᠰᠢᠯᠡᠬᠦᠯᠵᠤ᠂ ᠨᠠᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ | ᠶᠢ ᠪᠠᠳᠠᠷᠠᠭᠤᠯᠤᠨ᠂ ᠤᠯᠤᠰ ᠤᠨ ᠳᠡᠰ ᠤᠨ ᠳᠡᠷᠢᠬᠦᠨ ᠤ ᠰᠤᠶᠤᠯ ᠤᠨ ᠬᠤᠰᠢᠭᠤ ᠶᠢ ᠲᠦᠷᠬᠡᠤᠨᠬᠡᠨ ᠪᠠᠶᠢᠭᠤᠯᠵᠤ᠂ ᠨᠤᠮ ᠤᠨ ᠰᠠᠩ᠂ ᠰᠤᠶᠤᠯ ᠤᠨ ᠤᠷᠳᠤᠨ᠂ | ᠪᠠᠯᠭᠠᠰᠤᠨ ᠤ ᠰᠤᠶᠤᠯ ᠤᠨ ᠦᠷᠳᠡᠭᠡ ᠪᠠ ᠰᠤᠶᠤᠯ ᠤᠨ ᠳᠠᠭᠤᠷᠢᠶᠠᠯ ᠡᠷᠤᠬᠡ ᠶᠢᠨ ᠶᠠᠷᠤᠩᠬᠡᠢ ᠠᠰᠢᠭᠯᠠᠯᠳᠠ ᠶᠢᠨ ᠦᠷ᠎ᠠ ᠪᠦᠳᠤᠮᠵᠢ ᠶᠢ ᠲᠡᠬᠡᠭᠰᠢᠯᠡᠬᠦᠯᠣᠨᠡ︔ | ᠰᠤᠶᠤᠯ ᠤᠨ ᠦᠪ ᠤᠨ ᠬᠠᠮᠠᠭᠠᠯᠠᠯᠳᠠ ᠤᠯᠠᠮᠵᠢᠯᠠᠯᠳᠠ ᠶᠢ ᠴᠢᠩᠭᠠᠤᠨᠬᠠᠨ᠂ ᠰᠤᠶᠤᠯ ᠤᠷᠠᠯᠢᠭ ᠤᠨ ᠵᠤᠬᠢᠶᠠᠨ ᠪᠦᠳᠤᠬᠡᠯᠬᠡ ᠶᠢ ᠴᠡᠴᠡᠭᠯᠡᠬᠦᠯᠤᠨ ᠬᠦᠭᠵᠢᠬᠦᠯᠵᠤ᠂ ᠵᠢᠯ | ᠪᠦᠷᠢ ᠠᠳᠠᠭ ᠲᠤ ᠪᠠᠨ 120 ᠤᠳᠠᠭ᠎ᠠ ᠶᠢᠨ ︽ᠰᠣᠶᠣᠯ ᠢ ᠬᠦᠳᠡᠭᠡ ᠪᠠᠭᠤᠯᠭᠠᠬᠤ︾ ᠠᠵᠢᠯᠯᠠᠭ᠎ᠠ ᠦᠷᠨᠢᠬᠦᠯᠤᠨ᠂ ᠠᠷᠠᠤᠨ ᠤᠯᠠᠨ ᠤ ᠤᠶᠤᠨ ᠤ ᠰᠤᠶᠤᠯ ᠤᠨ | ᠬᠡᠷᠡᠭᠴᠡᠭᠡ ᠶᠢ ᠳᠠᠰᠤᠷᠠᠯᠳᠠ ᠦᠬᠡᠢ ᠬᠠᠩᠭᠠᠨ᠎ᠠ᠃ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠢ ᠦᠷᠬᠡᠨ ᠢᠶᠠᠷ ᠦᠷᠨᠢᠬᠦᠯᠤᠨ᠂ ᠪᠦᠬᠦ ᠠᠷᠠᠤᠨ ᠤᠨ | ᠪᠡᠶ᠎ᠡ ᠮᠠᠬᠠᠪᠤᠤᠨ ᠤᠨ ᠬᠡᠪ ᠴᠢᠨᠰᠠᠭ᠎ᠠ ᠶᠢ ᠲᠡᠬᠡᠭᠰᠢᠯᠡᠬᠦᠯᠣᠨᠡ᠃ ᠳᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠤᠨ᠂ | ᠤᠯᠤᠰ ᠤᠨ ᠦᠨᠳᠤᠰᠤᠳᠠᠨ ᠤ ᠪᠦᠯᠬᠦᠮᠳᠠᠯ ᠳᠠᠪᠰᠢᠯᠳᠠ ᠶᠢᠨ ᠳᠠᠭᠤᠷᠢᠶᠠᠯ ᠬᠤᠰᠢᠭᠤ ᠶᠢ ᠪᠠᠶᠢᠭᠤᠯᠤᠨ᠎ᠠ᠃ ᠦᠷᠬᠡᠨ ᠪᠦᠷᠬᠦᠴᠡᠳᠤ ᠨᠠᠶᠢᠬᠡᠮ ᠤᠨ ᠪᠠᠳᠤᠯᠠᠭ᠎ᠠ ᠶᠢᠨ | ᠳᠤᠤᠷᠵᠢᠯ ᠢ ᠪᠠᠶᠢᠭᠤᠯᠤᠨ᠎ᠠ᠃ ᠪᠠᠭᠤᠷᠠᠶᠢᠴᠤᠤᠨ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠤᠨ᠂ ᠦᠨᠳᠤᠰᠤᠨ ᠵᠦᠢᠯ ᠢ ᠪᠠᠳᠤᠯᠠᠵᠤ᠂ ᠨᠠᠭᠠᠳᠤ | ᠵᠠᠬ᠎ᠠ ᠶᠢᠨ ᠪᠠᠷᠢᠮᠵᠢᠶ᠎ᠡ ᠶᠢ ᠪᠠᠷᠢᠮᠳᠠᠯᠠᠨ᠂ ᠳᠤᠳᠠᠭᠤᠳᠠᠯ ᠢ ᠨᠦᠬᠦᠪᠤᠷᠢᠯᠡᠨ᠎ᠡ᠃ ᠶᠠᠳᠠᠭᠤ ᠠᠴᠠ ᠠᠩᠬᠢᠵᠢᠷᠠᠭᠤᠯᠤᠭᠰᠡ ᠦᠷ᠎ᠠ ᠪᠦᠳᠤᠮᠵᠢ ᠪᠠᠨ ᠪᠠᠬᠢᠵᠢᠬᠦᠯᠤᠨ᠂ | ᠳᠠᠬᠢᠨ ᠶᠠᠳᠠᠭᠤᠷᠠᠬᠤ ᠶᠢ ᠰᠠᠷᠬᠡᠶᠢᠯᠡᠬᠦ ᠬᠦᠳᠡᠯᠤᠩᠬᠦᠢ ᠬᠢᠨᠠᠨ ᠪᠠᠶᠢᠴᠠᠭᠠᠯᠳᠠ ᠪᠠ ᠬᠠᠪᠰᠤᠷᠬᠤ ᠳᠤᠭᠳᠠᠴᠠ ᠶᠢ ᠳᠡᠬᠦᠯᠳᠡᠷᠵᠢᠬᠦᠯᠵᠤ᠂ ᠲᠦᠷᠦ ᠶᠢᠨ ᠪᠣᠳᠣᠯᠭ᠎ᠠ᠂ | ᠲᠦᠷᠦᠯ ᠵᠦᠢᠯ᠂ ᠲᠣᠭᠲᠠᠴᠠ ᠶᠢᠨ ᠣᠷᠭᠠᠨᠢᠭ ᠠᠪᠴᠠᠯᠳᠣᠭᠤᠯᠣᠯ ᠢ ᠢᠳᠡᠪᠬᠢᠲᠠᠢ ᠠᠬᠢᠭᠤᠯᠣᠨ᠂ ᠠᠵᠤ ᠤᠶᠢᠯᠡᠰ᠂ ᠠᠵᠢᠯ ᠤᠯᠭᠤᠯᠳᠠ ᠪᠠᠷ ᠳᠡᠳᠬᠦᠬᠦ ᠶᠢ | ᠦᠷᠬᠦᠯᠵᠢᠯᠡᠨ ᠬᠦᠨᠵᠡᠬᠡᠶᠢᠷᠡᠬᠦᠯᠵᠤ᠂ ᠮᠠᠯᠵᠢᠬᠤ ᠲᠠᠷᠢᠶᠠᠯᠠᠬᠤ ᠣᠷᠣᠨ ᠤ ᠲᠣᠣᠷ᠎ᠠ ᠣᠷᠣᠯᠭᠠᠲᠣ ᠬᠦᠮᠦᠰ ᠤᠨ ᠪᠠᠶᠢᠩᠭᠤᠵᠢᠭᠰᠠᠨ ᠳᠡᠳᠬᠦᠯᠲᠡ ᠶᠢ ᠴᠢᠩᠭᠠᠳᠬᠠᠨ᠂ | ᠬᠢᠯᠪᠠᠷᠬᠠᠨ ᠲᠠᠬᠢᠨ ᠶᠠᠳᠠᠭᠤᠷᠠᠬᠤ ᠪᠣᠯᠣᠯᠴᠠᠭ᠎ᠠ ᠲᠠᠢ ᠬᠦᠮᠦᠰ ᠢ ᠴᠠᠭ ᠲᠣᠬᠠᠢ ᠳᠤ ᠨᠢ ᠢᠯᠡᠷᠡᠬᠦᠯᠣᠨ ᠲᠡᠷᠡ ᠳᠠᠷᠣᠢ ᠳᠤ ᠨᠢ ᠳᠡᠳᠬᠦᠵᠣ᠂ ᠬᠡᠪᠴᠢᠶᠡᠵᠢᠯ ᠤᠨ | ᠴᠢᠨᠠᠷᠲᠠᠢ ᠲᠠᠬᠢᠨ ᠶᠠᠳᠠᠭᠤᠷᠠᠯ ᠤᠨ ᠬᠤᠷᠢᠭ᠎ᠠ ᠱᠣᠭᠤᠮ ᠢ ᠪᠠᠳᠣ ᠰᠠᠬᠢᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠳᠠ ᠶᠢ ᠳᠤᠭᠳᠠᠪᠤᠷᠢᠵᠢᠭᠤᠯᠤᠨ | ᠦᠷᠬᠡᠤᠨᠬᠡᠵᠤ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ ᠶᠢ 3.5% ᠳᠤᠳᠤᠷ᠎ᠠ ᠬᠢᠵᠠᠭᠠᠷᠯᠠᠨ᠎ᠠ᠃ ᠪᠦᠬᠦ ᠠᠷᠠᠤᠨ ᠤᠨ ᠳᠠᠭᠠᠤᠨᠬᠠᠯ | ᠳᠤ ᠤᠷᠤᠯᠴᠠᠬᠤ ᠶᠢ ᠳᠠᠩᠰᠠᠯᠠᠯᠳᠠ ᠶᠢᠨ ᠲᠦᠯᠤᠪᠯᠡᠭᠡ ᠶᠢ ᠨᠠᠶᠢᠳᠠᠪᠤᠷᠢᠵᠢᠭᠤᠯᠤᠨ᠂ ᠡᠯ᠎ᠡ ᠲᠦᠷᠤᠯ ᠤᠨ ᠨᠠᠶᠢᠬᠡᠮ ᠤᠨ ᠪᠠᠳᠤᠯᠠᠭ᠎ᠠ ᠶᠢᠨ ᠲᠦᠷᠤ ᠶᠢᠨ ᠪᠤᠳᠤᠯᠭ᠎ᠠ ᠶᠢ | ᠲᠦᠷᠢᠮ ᠤᠨ ᠪᠦᠬᠦ ᠪᠦᠷᠬᠦᠴᠠ ᠠᠴᠠ ᠠᠷᠠᠤᠨ ᠤᠯᠠᠨ ᠤ ᠪᠦᠬᠦ ᠪᠦᠷᠬᠦᠴᠠ ᠳᠠᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠳᠡᠰ ᠲᠦᠷᠤᠯ ᠬᠤᠪᠢᠶᠠᠭᠰᠡᠨ ᠨᠠᠶᠢᠬᠡᠮ | ᠤᠨ ᠠᠪᠤᠷᠠᠨ ᠳᠤᠰᠠᠯᠠᠯᠳᠠ ᠶᠢᠨ ᠰᠢᠰᠲ᠋ᠧᠮ ᠢ ᠳᠡᠬᠦᠯᠳᠡᠷᠵᠢᠬᠦᠯᠤᠨ᠂ ᠨᠠᠶᠢᠬᠡᠮ ᠤᠨ ᠠᠪᠤᠷᠠᠨ ᠳᠤᠰᠠᠯᠠᠯᠳᠠ ᠶᠢᠨ ᠪᠠᠳᠤᠯᠠᠭ᠎ᠠ ᠶᠢ ᠰᠠᠶᠢᠳᠤᠷ ᠠᠤᠨᠬᠤᠵᠤ᠂ ᠬᠤᠳᠠ | ᠪᠠᠯᠭᠠᠰᠤᠨ ᠤ ᠬᠦᠴᠢᠷᠳᠠᠯᠳᠠᠢ ᠠᠷᠠᠤᠨ ᠤᠯᠠᠨ ᠤ ᠦᠨᠳᠤᠰᠤᠨ ᠠᠮᠢᠳᠤᠷᠠᠯ ᠢ ᠨᠠᠩ ᠢᠯᠡᠬᠦᠤ ᠬᠠᠯᠠᠮᠵᠢᠯᠠᠨ ᠪᠠᠳᠤᠯᠠᠨ᠎ᠠ᠃ ᠴᠡᠷᠢᠭ ᠠᠴᠠ ᠬᠠᠯᠠᠭᠳᠠᠭᠰᠠᠤᠨ ᠤᠨ ᠡᠷᠬᠡ | ᠠᠰᠢᠭ ᠤᠨ ᠪᠠᠳᠤᠯᠠᠭ᠎ᠠ ᠶᠢ ᠴᠢᠩᠭᠠᠤᠨᠬᠠᠨ᠂ ᠠᠰᠠᠷᠠᠮᠵᠢ ᠶᠢᠨ ᠮᠦᠩᠬᠦ᠂ ᠬᠠᠷᠠᠭᠠᠯᠵᠠᠯ ᠤᠨ ᠮᠦᠩᠬᠦ ᠵᠡᠷᠬᠡ ᠬᠦᠳᠡᠯᠤᠩᠬᠦᠢ ᠳᠤᠬᠢᠷᠠᠭᠤᠯᠤᠯᠳᠠ ᠶᠢᠨ ᠲᠦᠷᠤ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠤᠨ ᠤᠨ ᠲᠦᠪᠬᠢᠨᠠᠬᠦᠯᠤᠯᠳᠠ ᠶᠢᠨ ᠠᠵᠢᠯ ᠢ ᠰᠠᠶᠢᠳᠤᠷ ᠬᠢᠨ᠎ᠠ᠃ ᠡᠮᠡᠭᠳᠠᠶᠢᠴᠤᠤᠨ | ᠬᠡᠤᠬᠡᠤᠨ ᠤᠨ ᠡᠷᠬᠡ ᠠᠰᠢᠭ ᠤᠨ ᠬᠠᠮᠠᠭᠠᠯᠠᠯᠳᠠ᠂ ᠰᠠᠶᠢᠨ ᠳᠤᠷᠠᠴᠤᠤᠨ ᠤᠨ ᠤᠶᠢᠯᠡᠴᠢᠯᠡᠭᠡ᠂ ᠨᠠᠶᠢᠳᠠ ᠶᠢᠨ ᠨᠢᠬᠦᠯᠡᠰᠤᠩᠬᠦᠢ ᠶᠢᠨ ᠤᠶᠢᠯᠡᠰ ᠵᠡᠷᠬᠡ ᠨᠠᠶᠢᠬᠡᠮ ᠤᠨ | ᠤᠶᠢᠯᠡᠰ ᠤᠨ ᠪᠦᠬᠦ ᠳᠠᠯ᠎ᠠ ᠶᠢᠨ ᠳᠠᠪᠰᠢᠯᠳᠠ ᠶᠢ ᠳᠠᠮᠵᠢᠨ᠎ᠠ᠃ ︽ᠰᠠᠭᠤᠬᠤ᠂ ᠠᠰᠠᠷᠠᠬᠤ᠂ ᠡᠮᠴᠢᠯᠡᠬᠦ᠂ ᠰᠤᠪᠢᠯᠠᠬᠤ᠂ ᠡᠷᠡᠬᠦᠯᠵᠢᠬᠦ︾ ᠳᠠᠪᠤ ᠶᠢ | ᠴᠤᠭᠴᠠᠵᠢᠭᠤᠯᠤᠭᠰᠡᠨ ᠤᠶᠤᠨᠴᠢ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠬᠡᠨ ᠤ ᠰᠢᠨ᠎ᠠ ᠵᠠᠭᠪᠤᠷ ᠢ ᠰᠦᠪᠡᠭᠴᠢᠯᠡᠨ᠂ ᠨᠠᠰᠤᠳᠠᠶᠢᠴᠤᠤᠨ ᠤᠨ ᠦᠳᠡᠯᠤᠬᠡ | ᠨᠠᠰᠤᠨ ᠤ ᠵᠤᠯ ᠵᠢᠷᠭᠠᠯ ᠢ ᠨᠡᠮᠡᠭᠳᠡᠬᠦᠯᠤᠨ᠎ᠠ᠃ ᠪᠦᠬᠦᠯᠢ ᠴᠤᠭᠴᠠᠳᠤ ᠨᠠᠶᠢᠬᠡᠮ ᠤᠨ ᠠᠮᠤᠷ ᠲᠦᠪᠰᠢᠨ ᠤ ᠳᠤᠤᠷᠵᠢᠯ ᠢ ᠪᠠᠶᠢᠭᠤᠯᠤᠨ᠎ᠠ᠃ ᠠᠶᠤᠯᠬᠦᠢ ᠤᠶᠢᠯᠡᠤᠨᠪᠤᠷᠢᠯᠡᠯ | ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ ᠠᠮᠤᠷ | ᠲᠦᠪᠰᠢᠨ ᠤ ᠡᠯ᠎ᠡ ᠵᠦᠢᠯ ᠤᠨ ᠳᠠᠯᠳᠠ ᠬᠡᠮ ᠢ ᠦᠨᠳᠤᠰᠤᠨ ᠠᠴᠠ ᠨᠢ ᠠᠷᠢᠯᠭᠠᠨ᠂ ᠬᠦᠨᠳᠤ ᠤᠨᠴᠠ ᠶᠡᠭᠡ ᠬᠡᠨᠡᠳᠡᠯ ᠡᠬᠦᠰᠬᠦ ᠶᠢ ᠡᠷᠡᠰ ᠬᠤᠷᠢᠭᠯᠠᠨ᠎ᠠ᠃ ᠵᠠᠬᠢᠳᠠᠯ | ᠰᠤᠷᠪᠤᠯᠵᠢᠯᠠᠭ᠎ᠠ ᠠᠮᠤᠷ ᠳᠤᠭᠳᠠᠭᠤᠨ ᠤ ᠠᠵᠢᠯ ᠢ ᠴᠢᠩᠭᠠᠤᠨᠬᠠᠨ᠂ ᠢᠯᠡ ᠵᠠᠬᠢᠳᠠᠯ ᠰᠤᠷᠪᠤᠯᠵᠢᠯᠠᠭ᠎ᠠ᠂ ᠬᠠᠷᠢᠭᠤᠴᠠᠯᠭᠠᠳᠤ ᠵᠠᠬᠢᠳᠠᠯ ᠰᠤᠷᠪᠤᠯᠵᠢᠯᠠᠭ᠎ᠠ᠂ ᠬᠠᠤᠯᠢ ᠪᠠᠷ | ᠵᠠᠰᠠᠬᠤ ᠵᠠᠬᠢᠳᠠᠯ ᠰᠤᠷᠪᠤᠯᠵᠢᠯᠠᠭ᠎ᠠ ᠶᠢ ᠬᠡᠷᠡᠭᠵᠢᠬᠦᠯᠵᠤ᠂ ᠡᠯ᠎ᠡ ᠵᠦᠢᠯ ᠤᠨ ᠵᠦᠷᠢᠴᠡᠯ ᠵᠢᠭᠤᠷᠭᠠᠨ ᠢ ᠪᠦᠳᠤᠮᠵᠢᠳᠠᠢ ᠰᠡᠷᠬᠡᠶᠢᠯᠡᠨ ᠳᠤᠶᠢᠯᠪᠤᠷᠢᠳᠠᠢ ᠰᠢᠢᠤᠨᠪᠤᠷᠢᠯᠡᠨ᠎ᠡ᠃ | ᠢᠳᠡᠬᠡᠨ ᠤᠮᠳᠠᠭᠠᠨ ᠡᠮ ᠤᠨ ᠵᠤᠶᠢᠯᠡᠰ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠤᠨᠬᠠᠨ᠂ ᠦᠨᠳᠤᠰᠤᠨ ᠱᠠᠳᠤᠨ ᠤ ᠵᠠᠬ᠎ᠠ ᠳᠡᠯᠬᠡᠬᠦᠷ ᠤᠨ ᠪᠠᠷᠢᠮᠵᠢᠶᠠᠳᠤ ᠬᠢᠨᠠᠯᠳᠠ | ᠬᠠᠮᠢᠶᠠᠷᠤᠯᠳᠠ ᠶᠢᠨ ᠳᠠᠯᠠᠪᠤᠷ ᠤᠨ ᠪᠠᠶᠢᠭᠤᠯᠤᠯᠳᠠ ᠶᠢ ᠠᠬᠢᠭᠤᠯᠵᠤ᠂ ᠠᠷᠠᠤᠨ ᠤᠯᠠᠨ ᠤ ᠢᠳᠡᠬᠡᠨ ᠤᠮᠳᠠᠭᠠᠨ ᠤ ᠠᠮᠤᠷ ᠲᠦᠪᠰᠢᠨ ᠢ ᠪᠠᠳᠤᠯᠠᠨ᠎ᠠ᠃ ︽ᠠᠮᠤᠷ | ᠠᠮᠤᠭᠤᠯᠠᠩ ᠤᠳᠤᠭ ᠤᠨ ᠡᠮᠤᠨᠡᠳᠤ ᠬᠤᠰᠢᠭᠤ︾ ᠶᠢᠨ ᠪᠠᠶᠢᠭᠤᠯᠤᠯᠳᠠ ᠶᠢ ᠴᠢᠩᠭᠠᠤᠨᠬᠠᠨ᠂ ᠬᠤᠳᠠ ᠶᠢᠨ ᠬᠡᠪᠴᠢᠶᠡᠨ ᠤ ᠨᠠᠶᠢᠬᠡᠮ ᠤᠨ ᠵᠠᠰᠠᠯᠳᠠ ᠶᠢᠨ | ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠠᠵᠢᠯ ᠢ ᠬᠦᠨᠵᠡᠬᠡᠢ ᠠᠬᠢᠭᠤᠯᠵᠤ᠂ ︽ᠶᠡᠷᠤᠩᠬᠡᠶᠢᠯᠡᠭᠰᠡᠨ ᠵᠠᠰᠠᠯᠳᠠ︾᠂ ︽ᠳᠡᠭᠷᠢ ᠶᠢᠨ ᠳᠤᠤᠷ︾᠂ ︽ | ᠬᠤᠷᠴᠠ ᠬᠠᠷᠠᠭ᠎ᠠ︾᠂ ︽ᠳᠤᠳᠤᠭᠠᠳᠤ ᠶᠢ ᠬᠠᠮᠠᠭᠠᠯᠠᠬᠤ ᠳ᠋ᠠᠶᠢᠲ᠋ᠠ︾ ᠵᠡᠷᠬᠡ ᠢᠨᠵᠧᠨᠧᠷᠢᠩ ᠤᠨ ᠪᠠᠶᠢᠭᠤᠯᠤᠯᠳᠠ ᠶᠢ ᠠᠬᠢᠭᠤᠯᠤᠨ᠂ ᠴᠢᠮᠡᠭᠡ ᠬᠤᠯᠪᠤᠭ᠎ᠠ ᠪᠠᠷ | ᠮᠡᠬᠡᠯᠡᠬᠦ᠂ ᠵᠤᠭᠤᠰ ᠮᠦᠷᠤᠶᠢᠴᠡᠬᠦ ᠪᠠ ᠬᠤᠤᠷᠳᠤ ᠡᠳ᠋ ᠲᠠᠢ ᠬᠤᠯᠪᠤᠭᠳᠠᠭᠰᠡᠨ ᠡᠯ᠎ᠡ ᠲᠦᠷᠤᠯ ᠤᠨ ᠬᠠᠤᠯᠢ ᠶᠢ ᠵᠦᠷᠢᠴᠡᠭᠰᠡᠨ ᠠᠵᠢᠯᠯᠠᠭ᠎ᠠ ᠶᠠᠯᠠᠳᠤ ᠠᠵᠢᠯᠯᠠᠭ᠎ᠠ ᠳᠤ | ᠴᠢᠩᠭ᠎ᠠ ᠴᠤᠬᠢᠯᠳᠠ ᠦᠭᠴᠤ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠡᠮᠡᠴᠡᠯ ᠢ ᠪᠠᠶᠢᠩᠭᠤ ᠦᠷᠨᠢᠬᠦᠯᠤᠨ᠂ ᠤᠯᠤᠰ ᠲᠦᠷᠤ ᠶᠢᠨ ᠠᠮᠤᠷ ᠲᠦᠪᠰᠢᠨ | ᠪᠠ ᠨᠠᠶᠢᠬᠡᠮ ᠤᠨ ᠶᠡᠭᠡ ᠪᠠᠶᠢᠳᠠᠯ ᠤᠨ ᠳᠤᠭᠳᠠᠭᠤᠨ ᠢ ᠪᠠᠳᠤᠯᠠᠨ᠎ᠠ᠃ ᠭᠠᠮᠰᠢᠭ ᠢ ᠰᠡᠷᠬᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ | ᠢ ᠠᠷᠭᠠᠴᠠᠬᠤ ᠶᠡᠷᠤᠩᠬᠡᠶᠢᠯᠡᠭᠰᠡᠨ ᠵᠢᠯᠤᠭᠤᠤᠨᠬᠤ ᠰᠢᠰᠲ᠋ᠧᠮ ᠢ ᠳᠡᠬᠦᠯᠳᠡᠷᠵᠢᠬᠦᠯᠤᠨ᠂ ᠠᠷᠠᠤᠨ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ | ᠦᠨᠡᠨᠬᠦ ᠪᠠᠳᠤᠯᠠᠨ᠎ᠠ᠃ | ᠭᠤᠷᠪᠠ᠂ 2022 ᠣᠨ ᠤ ᠭᠤᠣᠯᠳᠠᠯᠭᠠᠳᠦ ᠠᠵᠢᠯ | 2022 ᠣᠨ ᠪᠣᠯ ᠨᠠᠮ ᠤᠨ ᠬᠤᠷᠢᠳᠣᠭᠠᠷ ᠶᠡᠭᠡ ᠬᠤᠷᠠᠯ ᠬᠤᠷᠠᠯᠳᠣᠬᠤ ᠵᠢᠯ ᠪᠣᠯᠣᠨ᠎ᠠ᠂ ᠵᠠᠰᠠᠭ ᠤᠨ ᠣᠷᠳᠣᠨ ᠤ ᠠᠵᠢᠯ ᠢᠶᠠᠨ ᠰᠠᠶᠢᠳᠦᠷ ᠬᠢᠬᠦ ᠡᠭᠦᠷᠭᠡ | ᠬᠠᠷᠢᠭᠤᠴᠠᠯᠭ᠎ᠠ ᠬᠦᠨᠳᠦ ᠪᠣᠢ᠃ ᠡᠯ᠎ᠡ ᠲᠠᠯ᠎ᠠ ᠶᠢᠨ ᠨᠦᠬᠦᠴᠡᠯ ᠢ ᠶᠡᠷᠦᠩᠬᠡᠶᠢᠯᠡᠨ ᠪᠣᠳᠣᠯᠬᠢᠯᠠᠵᠣ ᠵᠢᠱᠢᠭᠰᠡᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ | ᠬᠦᠭᠵᠢᠯᠳᠡ ᠶᠢᠨ ᠭᠤᠣᠯ ᠬᠠᠷᠠᠯᠳᠠ ᠪᠣᠯ᠄ ᠭᠠᠵᠠᠷ ᠣᠷᠣᠨ ᠤ ᠣᠶᠢᠯᠠᠳᠪᠦᠷᠢᠯᠠᠯ ᠤᠨ ᠶᠡᠷᠦᠩᠬᠡᠢ ᠦᠷᠳᠡᠭ ᠢ 10% ᠣᠷᠴᠢᠮ ᠨᠡᠮᠡᠭᠳᠡᠭᠦᠯᠵᠣ᠂ ᠨᠠᠶᠢᠬᠡᠮ ᠤᠨ | ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠢ 4% ᠤᠷᠴᠢᠮ ᠨᠡᠮᠡᠭᠳᠡᠭᠦᠯᠦᠨ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ | ᠶᠢ 10% ᠠᠴᠠ ᠲᠡᠭᠡᠭᠰᠢ ᠨᠡᠮᠡᠭᠳᠡᠭᠦᠯᠵᠣ᠂ ᠡᠩ ᠤᠨ ᠨᠡᠶᠢᠳᠡ ᠶᠢᠨ ᠲᠦᠰᠦᠪ ᠤᠨ ᠣᠷᠣᠯᠭ᠎ᠠ ᠶᠢ 15% ᠣᠷᠴᠢᠮ ᠨᠡᠮᠡᠭᠳᠡᠭᠦᠯᠦᠨ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠲᠣᠮᠳᠠᠴᠢ ᠡᠵᠡᠮᠳᠡᠵᠣ ᠪᠣᠯᠬᠤ ᠣᠷᠣᠯᠭ᠎ᠠ ᠶᠢ ᠲᠣᠰ ᠪᠦᠷᠢ 5% ᠣᠷᠴᠢᠮ ᠪᠠ 7% ᠠᠴᠠ ᠲᠡᠭᠡᠭᠰᠢ ᠨᠡᠮᠡᠭᠳᠡᠭᠦᠯᠦᠨ᠎ᠡ᠃ | ᠲᠡᠭᠡᠷᠡᠭᠢ ᠬᠠᠷᠠᠯᠳᠠ ᠪᠠᠨ ᠪᠡᠶᠡᠯᠡᠭᠦᠯᠬᠦ ᠶᠢᠨ ᠲᠣᠰᠠᠳᠠ ᠲᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠳᠦᠷ ᠬᠢᠨ᠎ᠡ᠄ | ︵ᠨᠢᠭᠡ︶ ᠪᠦᠳᠦᠮᠵᠢᠳᠡᠢ ᠪᠡᠯᠡ ᠣᠷᠣᠭᠤᠯᠣᠯᠳᠠ ᠶᠢ ᠨᠠᠷᠢᠯᠢᠭ ᠣᠨᠣᠪᠴᠢᠳᠠᠢ ᠦᠷᠭᠡᠳᠬᠡᠨ᠎ᠡ᠃ ᠦᠨᠦ ᠵᠢᠯ ᠤᠨ ᠲᠣᠬᠢᠷᠠᠭᠤᠯᠣᠭᠰᠠᠨ 96 ᠭᠤᠣᠯᠳᠠᠯᠭᠠᠳᠦ | ᠲᠦᠷᠦᠯ ᠵᠣᠶᠢᠯ ᠳᠤ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂ ᠲᠦᠷᠦᠯ ᠵᠣᠶᠢᠯ ᠤᠨ ᠪᠠᠶᠢᠭᠤᠯᠣᠯᠳᠠ ᠪᠠᠨ ᠲᠦᠷᠬᠡᠤᠨᠬᠡᠨ᠂ ᠠᠯᠢᠪᠠ ᠪᠠᠶᠢᠭᠤᠯᠵᠣ ᠪᠠᠶᠢᠭ᠎ᠠ ᠲᠦᠷᠦᠯ | ᠵᠣᠶᠢᠯ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠬᠦᠯᠵᠤ᠂ ᠰᠢᠨ᠎ᠡ ᠪᠠᠷ ᠪᠠᠶᠢᠭᠤᠯᠬᠤ ᠲᠦᠷᠦᠯ ᠵᠣᠶᠢᠯ ᠤᠨ 80% ᠳᠤ ᠨᠢ 5 ᠰᠠᠷ᠎ᠠ ᠶᠢᠨ | ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠭᠦᠯᠬᠦ ᠨᠦᠬᠦᠴᠡᠯ ᠪᠦᠷᠢᠯᠳᠦᠭᠦᠯᠦᠨ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠯᠭ᠎ᠠ ᠡᠬᠢᠯᠡᠬᠦᠯᠵᠤ᠂ ᠪᠡᠯᠡ | ᠣᠷᠣᠭᠤᠯᠣᠯᠳᠠ ᠶᠢ 80 ᠳ᠋ᠦᠩᠰᠢᠭᠤᠷ ᠲᠦᠬᠦᠷᠢᠭ ᠠᠴᠠ ᠲᠠᠪᠠᠭᠤᠯᠣᠨ᠎ᠠ᠃ ᠬᠤᠳᠠᠯᠳᠣᠭᠠᠴᠢᠨ ᠣᠷᠢᠵᠣ ᠪᠡᠯᠡ ᠳᠠᠲᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ | ᠬᠦᠬᠢᠬᠦᠯᠦᠯ ᠱᠠᠩᠨᠠᠯ ᠤᠨ ᠠᠷᠭ᠎ᠠ ᠶᠢ ᠨᠠᠷᠢᠯᠢᠭᠵᠢᠭᠤᠯᠣᠨ ᠲᠣᠭᠳᠠᠭᠠᠵᠣ᠂ ᠰᠢᠶᠠᠨ ᠤ ᠲᠡᠰ ᠤᠨ ᠣᠳᠣᠷᠢᠳᠣᠯᠭ᠎ᠠ ᠲᠣᠯᠣᠭᠠᠶᠢᠯᠠᠭᠰᠠᠨ ᠬᠤᠳᠠᠯᠳᠣᠭᠠᠴᠢᠨ ᠣᠷᠢᠬᠤ | ᠲᠣᠰᠬᠠᠢ ᠪᠠᠭ ᠪᠠᠶᠢᠭᠤᠯᠣᠨ᠂ ︽ᠴᠢᠭᠯᠡᠯᠳᠦ ᠬᠡᠯᠪᠡᠷᠢ︾ ᠶᠢᠨ ᠨᠠᠷᠢᠯᠢᠭ ᠣᠨᠣᠪᠴᠢᠳᠠᠢ ᠪᠠᠷ ᠬᠤᠳᠠᠯᠳᠣᠭᠠᠴᠢᠨ ᠣᠷᠢᠬᠤ ᠠᠵᠢᠯᠯᠠᠭᠠᠨ ᠦᠷᠨᠢᠭᠦᠯᠦᠨ᠎ᠡ᠃ ᠪᠦᠬᠦ | ᠠᠷᠠᠳ ᠢᠶᠠᠷ ᠢᠶᠠᠨ ᠬᠤᠳᠠᠯᠳᠣᠭᠠᠴᠢᠨ ᠣᠷᠢᠬᠤ ᠶᠢ ᠠᠬᠢᠭᠤᠯᠣᠨ᠂ ᠪᠡᠭᠡᠵᠢᠩ᠂ ᠱᠠᠩᠬᠠᠢ᠂ ᠭᠤᠸᠠᠩᠵᠸᠤ ᠳᠤ ᠬᠤᠳᠠᠯᠳᠣᠭᠠᠴᠢᠨ ᠣᠷᠢᠬᠤ ᠴᠡᠭ ᠲᠣᠬᠢᠷᠠᠭᠤᠯᠬᠤ ᠪᠠᠷ | ᠰᠦᠪᠡᠭᠴᠢᠯᠡᠵᠣ᠂ ᠨᠡᠬᠡᠬᠡᠯᠳᠠ ᠶᠢᠨ ᠤᠷᠤᠨ᠂ ᠡᠯ᠎ᠡ ᠪᠠᠯᠭᠠᠰᠦ᠂ ᠡᠯ᠎ᠡ ᠰᠠᠯᠠᠭ᠎ᠠ ᠮᠦᠴᠢᠷ ᠤᠨ ᠬᠤᠳᠠᠯᠳᠣᠭᠠᠴᠢᠨ ᠣᠷᠢᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ | ᠂ ᠵᠦᠪᠳᠡᠯᠴᠡᠭᠡᠷ ᠲᠣᠭᠳᠠᠭᠠᠭᠰᠠᠨ ᠲᠦᠷᠦᠯ ᠵᠣᠶᠢᠯ ᠢ 20 ᠠᠴᠠ ᠲᠠᠪᠠᠭᠤᠯᠬᠤ ᠪᠠᠷ ᠴᠢᠷᠮᠠᠶᠢᠵᠣ᠂ ᠪᠠᠷᠢᠯᠭ᠎ᠠ ᠡᠭᠢᠯᠡᠭᠦᠯᠬᠦ ᠲᠦᠷᠦᠯ ᠵᠣᠶᠢᠯ ᠢ 5 ᠬᠦᠷᠭᠡᠬᠦ ᠪᠠᠷ | ᠴᠢᠷᠮᠠᠶᠢᠨ᠎ᠠ᠃ | ︵ᠬᠤᠶᠠᠷ︶ ᠣᠳᠦ ᠦᠶ᠎ᠡ ᠶᠢᠨ ᠡᠨᠧᠷᠬᠢ ᠶᠢᠨ ᠠᠵᠣ ᠠᠬᠤᠢ ᠶᠢᠨ ᠬᠦᠭᠵᠢᠯᠳᠡ ᠶᠢ ᠲᠦᠷᠭᠡᠳᠬᠡᠨ᠎ᠡ᠃ ᠰᠢᠨ᠎ᠡ ᠡᠨᠧᠷᠬᠢ ᠶᠢᠨ ᠲᠠᠯ᠎ᠠ ᠪᠠᠷ᠂ ᠱᠠᠩᠬᠠᠢ ᠶᠢᠨ | ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ︽ᠴᠠᠬᠢᠯᠭᠠᠨ ᠡᠭᠦᠰᠬᠡᠭᠴᠢ ᠴᠠᠬᠢᠯᠭᠠᠨ ᠲᠣᠣᠷ ᠴᠠᠬᠢᠯᠭᠠᠨ ᠲᠠᠭᠠᠭᠠᠴᠠ ᠡᠨᠧᠷᠬᠢ ᠬᠠᠳᠠᠭᠠᠯᠠᠯᠳᠠ ᠶᠢ | ᠴᠣᠭᠴᠠᠵᠢᠭᠤᠯᠣᠭᠰᠠᠨ︾ ᠲᠦᠷᠦᠯ ᠵᠣᠶᠢᠯ ᠪᠣᠯᠣᠨ ᠣᠷᠳᠣᠰ ᠬᠤᠳᠠ ᠶᠢᠨ ᠣᠳᠤᠭ ᠤᠨ ᠡᠮᠦᠨᠡᠳᠦ ᠬᠤᠰᠢᠭᠤᠨ ᠤ ᠶᠡᠭᠡ ᠵᠣᠣ ᠭᠦᠶᠦᠳᠡᠯ ᠰᠣᠯᠢᠬᠤ ᠦᠷᠳᠡᠭᠡ ᠠᠴᠠ | ᠱᠠᠨᠳᠦ᠋ᠩ ᠮᠣᠵᠢ ᠶᠢᠨ ᠯᠢᠨ ᠢ ᠬᠤᠳᠠ ᠶᠢᠨ ᠢ ᠨᠠᠨ ᠭᠦᠶᠦᠳᠡᠯ ᠰᠣᠯᠢᠬᠤ ᠦᠷᠳᠡᠭᠡ ᠬᠦᠷᠬᠦ 400 ᠲᠦᠮᠡᠨ ᠺᠢᠯᠤᠸᠠᠲ ᠨᠠᠷᠠᠨ ᠡᠨᠧᠷᠬᠢ ᠶᠢᠨ ᠰᠠᠭᠤᠷᠢᠨ ᠤ | ᠭᠠᠳᠠᠭᠰᠢ ᠬᠦᠷᠭᠡᠬᠦ ᠲᠦᠷᠦᠯ ᠵᠣᠶᠢᠯ ᠢ ᠪᠦᠬᠦ ᠬᠦᠴᠦᠨ ᠢᠶᠠᠷ ᠮᠡᠳᠡᠭᠦᠯᠦᠨ ᠵᠦᠪᠰᠢᠶᠡᠷᠡᠭᠦᠯᠵᠣ᠂ ᠵᠢᠩ ᠨᠧᠩ᠂ ᠱᠧᠨ ᠨᠧᠩ ᠤᠨ 2 ᠨᠠᠷᠠᠨ ᠡᠨᠧᠷᠬᠢ ᠶᠢᠨ ᠴᠠᠬᠢᠯᠭᠠᠨ | ᠦᠷᠳᠡᠭᠡ ᠵᠢᠴᠢ ᠣᠰᠣᠳᠦ᠋ᠷᠦᠭᠴᠢ ᠡᠨᠧᠷᠬᠢ ᠶᠢᠨ ᠶᠡᠷᠦᠩᠬᠡᠶᠢᠯᠡᠭᠰᠡᠨ ᠠᠰᠢᠭᠯᠠᠯᠳᠠ ᠶᠢᠨ ᠲᠠᠭᠤᠷᠢᠶᠠᠯ ᠲᠦᠷᠦᠯ ᠵᠣᠶᠢᠯ ᠤᠨ ᠪᠠᠶᠢᠭᠤᠯᠣᠯᠳᠠ ᠶᠢ ᠠᠬᠢᠭᠤᠯᠣᠨ᠂ ᠵᠢᠯ | ᠤᠨ ᠲᠣᠳᠣᠷ᠎ᠠ ᠠᠰᠢᠭᠯᠠᠯᠳᠠ ᠳᠤ ᠣᠷᠣᠭᠤᠯᠬᠤ ᠶᠢ ᠪᠠᠳᠣᠯᠠᠨ᠎ᠠ᠃ ᠷᠦᠨ ᠶᠠᠩ ᠤᠨ ︽ᠠᠵᠣ ᠣᠶᠢᠯᠠᠳᠪᠦᠷᠢ ᠶᠢᠨ ᠴᠠᠬᠢᠭᠤᠷ + ᠣᠯᠠᠨ ᠲᠠᠯᠠᠰᠳᠦ ᠴᠠᠬᠢᠭᠤᠷ + | ᠲᠠᠩ ᠲᠠᠯᠠᠰᠳᠦ ᠴᠠᠬᠢᠭᠤᠷ + ᠢᠯᠳᠠᠰᠦ + ᠦᠨᠳᠦᠷ ᠪᠦᠳᠦᠮᠵᠢᠳᠦ ᠳ᠋ᠢᠶᠠᠨ ᡂᠢ ᠪᠣᠶᠣ ᠲᠣᠨᠣᠭᠯᠠᠯ︾ ᠤᠨ ᠪᠦᠬᠦ ᠠᠵᠣ ᠣᠶᠢᠯᠠᠰ ᠤᠨ ᠬᠡᠯᠬᠢᠶᠡᠵᠢᠯ ᠤᠨ ᠲᠦᠷᠦᠯ | ᠵᠣᠶᠢᠯ ᠤᠨ ᠪᠠᠶᠢᠭᠤᠯᠣᠯᠳᠠ ᠶᠢ ᠪᠠᠷᠢᠯᠭ᠎ᠠ ᠡᠬᠢᠯᠡᠭᠦᠯᠦᠨ᠎ᠡ᠃ ᠲᠠᠷᠬᠠᠢ ᠮᠠᠶ᠋ᠢᠭ ᠤᠨ ᠨᠠᠷᠠᠨ ᠤ ᠡᠨᠧᠷᠬᠢ ᠶᠢᠨ ᠲᠦᠷᠦᠯ ᠵᠣᠶᠢᠯ ᠢ ᠲᠣᠭᠳᠠᠭᠤᠨ ᠢᠶᠠᠷ ᠠᠬᠢᠭᠤᠯᠣᠨ᠂ ᠵᠢᠯ | ᠤᠨ ᠲᠣᠳᠣᠷ᠎ᠠ ᠢ ᠴᠤᠸᠠᠨ ᠶᠧ ᠶᠢᠨ 5 ᠰᠠᠶ᠎ᠠ ᠸᠠᠲ᠂ ᠱᠠᠩᠬᠠᠢ ᠶᠢᠨ ᠰᠦᠮ᠎ᠡ ᠨᠡᠭᠦᠷᠡᠰᠣ ᠬᠡᠣᠷᠰᠢᠭᠦᠯᠬᠦ ᠬᠦᠷᠢᠶᠡᠯᠡᠩ ᠲᠣᠭᠤᠷᠢᠭ ᠤᠨ 3.57 ᠰᠠᠶ᠎ᠠ ᠸᠠᠲ᠂ | ᠱᠠᠩᠬᠠᠢ ᠶᠢᠨ ᠰᠦᠮ᠎ᠡ ᠶᠢᠨ ᠨᠡᠭᠦᠷᠡᠰᠣ ᠣᠬᠢᠶᠠᠬᠤ ᠲᠦᠪ ᠣᠶᠢᠯᠠᠳᠪᠦᠷᠢ ᠶᠢᠨ 2.23 ᠰᠠᠶ᠎ᠠ ᠸᠠᠲ ᠪᠣᠯᠣᠨ ᠵᠢᠶᠠ ᠾᠧ ᠲᠢᠶᠠᠨ ᠬᠤᠸᠠ ᠲᠣᠭᠤᠰᠬᠠᠨ | ᠣᠶᠢᠯᠠᠳᠪᠦᠷᠢ ᠶᠢᠨ 1.2 ᠰᠠᠶ᠎ᠠ ᠸᠠᠲ ᠵᠡᠷᠭᠡ ᠶᠡᠷᠦᠩᠬᠡᠢ ᠬᠡᠮᠵᠢᠶ᠎ᠡ 12 ᠰᠠᠶ᠎ᠠ ᠸᠠᠲ ᠶᠢᠨ ᠲᠠᠷᠬᠠᠢ ᠮᠠᠶ᠋ᠢᠭ ᠤᠨ ᠨᠠᠷᠠᠨ ᠤ ᠡᠨᠧᠷᠬᠢ ᠶᠢᠨ 4 ᠲᠦᠷᠦᠯ ᠵᠣᠶᠢᠯ ᠢ | ᠪᠠᠶᠢᠭᠤᠯᠵᠣ᠂ ᠪᠣᠬᠢᠷᠳᠣᠯ ᠦᠭᠡᠢ ᠴᠠᠬᠢᠯᠭᠠᠨ ᠤ ᠬᠡᠷᠡᠭᠯᠡᠯᠳᠡ ᠶᠢ ᠠᠩᠬ᠎ᠠ ᠠᠯᠬᠤᠮ ᠪᠡᠶᠡᠯᠡᠭᠦᠯᠦᠨ᠎ᠡ᠃ ᠨᠡᠭᠦᠷᠡᠰᠣᠨ ᠤ ᠲᠠᠯ᠎ᠠ ᠪᠠᠷ᠂ ᠣᠯᠣᠰ ᠤᠨ ᠨᠡᠭᠦᠷᠡᠰᠣᠨ ᠤ | ᠪᠠᠳᠣᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠦᠷᠢᠵᠢᠭᠤᠯᠣᠨ᠂ ᠰᠢᠨ᠎ᠡ ᠱᠠᠩᠬᠠᠢ ᠨᠢᠭᠡᠳᠦᠭᠡᠷ ᠨᠣᠮᠧᠷᠲᠦ ᠪᠣᠯᠣᠨ ᠴᠠᠩ ᠴᠧᠩ ᠨᠢᠭᠡᠳᠦᠭᠡᠷ᠂ ᠭᠤᠷᠪᠠᠳᠣᠭᠠᠷ᠂ | ᠲᠠᠪᠣᠳᠣᠭᠠᠷ᠂ ᠵᠢᠷᠭᠤᠳᠣᠭᠠᠷ ᠨᠣᠮᠧᠷᠲᠦ ᠨᠡᠬᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠭᠠᠷᠳᠠᠮ ᠤᠨ ᠬᠦᠢᠴᠡᠳᠬᠡᠯᠲᠡ ᠶᠢ ᠪᠡᠶᠡᠯᠡᠭᠦᠯᠵᠣ᠂ ᠨᠡᠭᠦᠷᠡᠰᠣᠨ ᠤ | ᠥᠢᠯᠡᠳᠪᠥᠷᠢᠯᠡᠯ ᠤᠨ ᠴᠢᠳᠠᠮᠵᠢ ᠶᠢ 1830 ᠲᠦᠮᠡᠨ ᠲᠣᠨ ᠳᠤ ᠬᠦᠷᠭᠡᠨ᠎ᠡ᠃ ᠪᠣᠬᠢᠷᠳᠣᠯ ᠦᠭᠡᠢ ᠠᠭᠤᠷᠬᠠᠢ᠂ ᠣᠶᠣᠨᠴᠢ ᠠᠭᠤᠷᠬᠠᠢ ᠶᠢᠨ ᠪᠠᠶᠢᠭᠤᠯᠣᠯᠳᠠ ᠶᠢ | ᠦᠷᠭᠦᠯᠵᠢᠯᠡᠨ ᠠᠬᠢᠭᠤᠯᠵᠣ᠂ ᠵᠢᠯ ᠤᠨ ᠲᠣᠳᠣᠷ᠎ᠠ 1 ᠰᠠᠭᠤᠷᠢ ᠪᠣᠬᠢᠷᠳᠣᠯ ᠦᠭᠡᠢ ᠠᠭᠤᠷᠬᠠᠢ ᠶᠢ ᠰᠢᠨ᠎ᠡ ᠪᠠᠷ ᠨᠡᠮᠡᠭᠳᠡᠭᠦᠯᠣᠨ᠎ᠠ᠃ ᠬᠤᠸᠠ ᠰᠢᠩ ᠤᠨ ᠨᠡᠭᠦᠷᠡᠰᠦ | ᠪᠠᠷ ᠰᠢᠳᠠᠮᠠᠬᠠᠢ ᠭᠡᠢ ᠣᠶᠢᠯᠠᠳᠬᠦ ᠲᠦᠷᠦᠯ ᠵᠣᠶᠢᠯ ᠤᠨ ᠬᠢᠨᠠᠨ ᠵᠦᠪᠰᠢᠶᠡᠷᠡᠭᠦᠯᠦᠯᠳᠡ ᠶᠢᠨ ᠠᠬᠢᠴᠠ ᠶᠢ ᠲᠦᠷᠭᠡᠳᠬᠡᠨ᠂ ᠨᠢᠭᠡᠳᠦᠭᠡᠷ ᠬᠤᠭᠤᠴᠠᠭᠠᠨ ᠤ 20 | ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠦᠢᠯ ᠢ ᠪᠠᠷᠢᠯᠭ᠎ᠠ ᠡᠭᠢᠯᠡᠭᠦᠯᠦᠨ᠎ᠡ᠃ ᠨᠡᠭᠦᠷᠡᠰᠣᠨ ᠴᠠᠬᠢᠯᠭᠠᠨ ᠤ ᠲᠠᠯ᠎ᠠ ᠪᠠᠷ᠂ ᠵᠢᠯ | ᠤᠨ ᠳᠤᠳᠤᠷ᠎ᠠ ᠤᠯᠤᠰ ᠤᠨ ᠴᠠᠬᠢᠯᠭᠠᠨ ᠤ ᠱᠤᠸᠠᠩ ᠸᠧᠢ ᠶᠢᠨ ᠴᠠᠬᠢᠯᠭᠠᠨ ᠤᠶᠢᠯᠡᠤᠨᠪᠤᠷᠢ᠂ ᠤᠯᠤᠰ ᠤᠨ ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ | ᠥᠢᠯᠡᠳᠪᠥᠷᠢ ᠶᠢᠨ 3 ᠰᠠᠭᠤᠷᠢ ᠮᠠᠰᠢᠨ ᠴᠤᠭᠴᠠᠯᠠᠪᠤᠷᠢ ᠶᠢ ᠬᠡᠷᠡᠭᠯᠡᠯᠳᠠ ᠳᠤ ᠤᠷᠤᠭᠤᠯᠵᠤ᠂ ᠴᠠᠩ ᠴᠧᠩ ᠴᠠᠬᠢᠯᠭᠠᠨ ᠤᠶᠢᠯᠡᠤᠨᠪᠤᠷᠢ ᠶᠢᠨ ᠵᠢᠯ ᠤᠨ ᠪᠡᠯᠡ | ᠤᠷᠤᠭᠤᠯᠤᠯᠳᠠ ᠶᠢᠨ ᠡᠬᠦᠷᠬᠡ ᠶᠢ ᠳᠠᠪᠠᠭᠤᠯᠤᠨ ᠪᠡᠶᠡᠯᠡᠬᠦᠯᠬᠦ ᠪᠠᠷ ᠴᠢᠷᠮᠠᠶᠢᠨ᠎ᠠ᠃ ᠴᠢᠯᠠᠭᠤᠨ ᠲᠣᠰᠣ ᠰᠢᠳᠠᠮᠠᠬᠠᠢ ᠭᠡᠢ ᠶᠢᠨ ᠶᠡᠷᠦᠩᠬᠡᠶᠢᠯᠡᠭᠰᠡᠨ ᠠᠰᠢᠭᠯᠠᠯᠳᠠ ᠶᠢᠨ | ᠲᠠᠯ᠎ᠠ ᠪᠠᠷ᠂ ᠴᠠᠩ ᠴᠢᠩ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠯᠤᠭ᠎ᠠ ᠶᠢᠨ ᠡᠯ᠎ᠡ ᠲᠦᠷᠦᠯ ᠤᠨ ᠬᠠᠮᠳᠣᠷᠠᠯᠴᠠᠭ᠎ᠠ ᠶᠢ ᠢᠳᠡᠪᠬᠢᠵᠢᠭᠦᠯᠦᠨ᠂ ᠰᠢᠳᠠᠮᠠᠬᠠᠢ | ᠬᠡᠢ ᠶᠢᠨ ᠡᠬᠢ ᠪᠠᠶᠠᠯᠢᠭ ᠤᠨ ᠬᠠᠩᠭᠠᠯᠭ᠎ᠠ ᠪᠣᠯᠣᠨ ᠦᠨ᠎ᠡ ᠬᠠᠩᠰᠢ ᠶᠢᠨ ᠲᠣᠭᠳᠠᠭᠤᠨ ᠢ ᠪᠠᠳᠣᠯᠠᠵᠣ᠂ ᠶᠠ ᠬᠠᠢ ᠶᠢᠨ 60 ᠲᠦᠮᠡᠨ ᠳᠤᠨ LNG ᠤᠨ ᠲᠦᠷᠤᠯ | ᠵᠦᠢᠯ ᠢ ᠬᠡᠷᠡᠭᠯᠠᠯᠳᠠ ᠳᠤ ᠤᠷᠤᠭᠤᠯᠬᠤ ᠶᠢ ᠲᠦᠷᠭᠡᠳᠬᠡᠨ᠂ ᠲᠢᠶᠠᠨ ᠯᠢ ᠹᠧᠩ ᠰᠢᠳᠠᠮᠠᠬᠠᠢ ᠬᠡᠢ ᠶᠢᠨ ᠬᠢᠵᠠᠭᠠᠷᠳᠤ ᠺᠤᠮᠫᠠᠨᠢ ᠶᠢᠨ 60 ᠲᠦᠮᠡᠨ ᠳᠤᠨ LNG ᠢᠶᠠᠷ | ᠡᠾᠧᠯᠢ ᠤᠶᠢᠯᠡᠤᠨᠬᠦ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠵᠣ᠂ ᠵᠢᠯ ᠤᠨ ᠰᠢᠳᠠᠮᠠᠬᠠᠢ ᠭᠡᠢ | ᠶᠢᠨ ᠭᠠᠷᠣᠯᠳᠠ ᠶᠢ 60 ᠳ᠋ᠦᠩᠰᠢᠭᠤᠷ ᠺᠦᠪ ᠮᠧᠲᠷ ᠲᠤ ᠬᠦᠷᠭᠡᠨ᠂ LNG ᠤᠨ ᠭᠠᠷᠣᠯᠳᠠ ᠶᠢ 118 ᠲᠦᠮᠡᠨ ᠲᠣᠨ ᠳᠤ ᠬᠦᠷᠭᠡᠵᠣ᠂ ᠴᠢᠯᠠᠭᠤᠨ ᠲᠣᠰᠣᠨ ᠤ | ᠭᠠᠷᠣᠯᠳᠠ ᠶᠢ 1200 ᠲᠣᠨ ᠬᠦᠷᠭᠡᠨ᠎ᠡ᠃ | ︵ᠭᠤᠷᠪᠠ︶ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠭᠦᠨᠵᠡᠭᠡᠢ ᠠᠬᠢᠭᠤᠯᠣᠨ᠎ᠠ᠃ ᠬᠡᠪᠴᠢᠶᠡᠵᠢᠭᠦᠯᠵᠣ | ᠪᠠᠶᠢᠷᠢᠯᠠᠭᠤᠯᠤᠨ᠎ᠠ᠃ 5000 ᠲᠦᠮᠡᠨ ᠲᠦᠭᠦᠷᠢᠭ ᠤᠨ ᠬᠤᠰᠢᠭᠤ ᠱᠠᠳᠣᠨ ᠤ ᠡᠳ᠋ ᠤᠨ ᠵᠠᠰᠠᠭ ᠤᠨ ᠪᠡᠯᠡ ᠮᠦᠩᠭᠦ ᠣᠷᠣᠭᠤᠯᠵᠣ᠂ ᠡᠯ᠎ᠡ ᠲᠦᠷᠦᠯ ᠤᠨ | ᠡᠵᠡᠩᠨᠡᠯᠳᠡ ᠶᠢᠨ ᠭᠤᠣᠯ ᠴᠣᠭᠴᠠ ᠶᠢᠨ ᠠᠵᠣ ᠣᠶᠢᠯᠠᠰ ᠤᠨ ᠪᠦᠳᠦᠴᠠ ᠶᠢᠨ ᠲᠣᠬᠢᠷᠠᠭᠤᠯᠣᠯᠳᠠ ᠶᠢ ᠲᠡᠮᠵᠢᠨ᠂ ᠵᠢᠯ ᠤᠨ ᠲᠣᠳᠣᠷ᠎ᠠ ᠦᠨᠳᠦᠷ ᠪᠠᠷᠢᠮᠵᠢᠶᠠᠳᠦ | ᠲᠠᠷᠢᠶᠠᠯᠠᠩ ᠢ 0.6 ᠲᠦᠮᠡᠨ ᠮᠣ᠋ ᠪᠠᠶᠢᠭᠤᠯᠵᠣ᠂ 20 ᠲᠦᠮᠡᠨ ᠲᠣᠯᠣᠭᠠᠢ ᠠᠯᠠᠰᠢᠨ ᠮᠠᠯ ᠤᠨ ᠣᠬᠤᠷ ᠬᠤᠭᠤᠴᠠᠭᠠᠨ ᠳᠤ ᠲᠠᠷᠭᠤᠯᠠᠭᠤᠯᠬᠤ ᠰᠠᠭᠤᠷᠢᠨ ᠢ | ᠪᠠᠶᠢᠭᠤᠯᠵᠣ᠂ ᠨᠠᠩᠰᠦ ᠪᠠᠯᠭᠠᠰᠣ ᠶᠢ ᠠᠯᠠᠰᠢᠨ ᠮᠠᠯ ᠤᠨ ᠠᠵᠣ ᠣᠶᠢᠯᠠᠰ ᠤᠨ ᠬᠦᠴᠦᠷᠬᠡᠭ ᠪᠠᠯᠭᠠᠰᠣ᠂ ᠪᠣᠷᠣᠪᠠᠯᠭᠠᠰᠣ ᠪᠠᠯᠭᠠᠰᠦ ᠶᠢ ᠠᠯᠠᠰᠢᠨ ᠦᠬᠡᠷ ᠤᠨ ᠠᠵᠣ | ᠣᠶᠢᠯᠠᠰ ᠤᠨ ᠬᠦᠴᠦᠷᠬᠡᠭ ᠪᠠᠯᠭᠠᠰᠣ ᠪᠣᠯᠭᠠᠬᠤ ᠮᠦᠷᠳᠡᠭᠡᠨ ︽ᠨᠢᠭᠡ ᠲᠣᠰᠬᠤᠨ ᠨᠢᠭᠡ ᠨᠡᠷᠡᠳᠦ ᠲᠡᠮᠳᠡᠭ ᠤᠨ ᠲᠠᠭᠤᠷᠢᠶᠠᠯ ᠭᠠᠴᠠᠭ᠎ᠠ ᠲᠣᠰᠬᠤᠨ︾ ᠢ 4 | ᠪᠠᠶᠢᠭᠤᠯᠣᠨ᠎ᠠ᠃ ᠵᠣᠬᠢᠶᠠᠨ ᠪᠠᠶᠢᠭᠤᠯᠤᠯᠳᠠᠴᠢᠯᠠᠨ ᠵᠢᠯᠤᠭᠤᠳᠤᠨ᠎ᠠ᠃ 1 ᠬᠤᠳᠠ ᠶᠢᠨ ᠲᠡᠰ ᠤᠨ ᠲᠣᠯᠣᠭᠠᠶᠢᠯᠠᠭᠴᠢ ᠠᠵᠣ ᠠᠬᠤᠶᠢᠯᠠᠯ᠂ 1 ᠬᠤᠳᠠ ᠶᠢᠨ ᠲᠡᠰ ᠤᠨ | ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ᠂ 3 ᠬᠤᠳᠠ ᠶᠢᠨ ᠲᠡᠰ ᠤᠨ ᠮᠠᠯᠵᠢᠯ ᠤᠨ ᠲᠠᠯᠠᠪᠡᠢ ᠶᠢ ᠪᠤᠶᠢᠵᠢᠭᠤᠯᠵᠤ᠂ ᠵᠢᠯ ᠤᠨ ᠰᠢᠢᠤᠨᠪᠤᠷᠢᠯᠡᠯᠳᠠ 1000 | ᠳᠤᠯᠤᠭᠠᠢ ᠠᠴᠠ ᠳᠠᠪᠠᠭᠰᠡᠨ ᠳᠠᠭᠤᠷᠢᠶᠠᠯ ᠬᠤᠷᠰᠢᠶᠠᠵᠢᠯ᠂ ᠳᠠᠭᠤᠷᠢᠶᠠᠯ ᠡᠷᠤᠬᠡ ᠶᠢ 40 ᠳᠤ ᠬᠦᠷᠬᠡᠨ᠎ᠡ᠃ ᠨᠡᠷᠡᠳᠦ ᠲᠡᠮᠳᠡᠭᠴᠢᠯᠡᠨ ᠪᠦᠳᠦᠮᠵᠢ ᠶᠢ | ᠳᠡᠬᠡᠭᠰᠢᠯᠡᠬᠦᠯᠤᠨ᠎ᠠ᠃ ︽ᠬᠤᠶᠠᠷ ᠪᠦᠳᠦᠭᠡᠭᠳᠡᠭᠦᠨ ᠨᠢᠭᠡ ᠲᠡᠮᠳᠡᠭ ᠨᠢᠭᠡ ᠰᠢᠨ᠎ᠡ︾ ᠶᠢᠨ ᠭᠡᠷᠡᠴᠢᠯᠡᠯᠳᠡ ᠶᠢ 2 ᠪᠡᠶᠡᠯᠡᠭᠦᠯᠦᠨ᠂ ︽ᠪᠣᠷᠣᠪᠠᠯᠭᠠᠰᠣ ᠶᠢᠨ ᠯᠠᠵᠣᠣ︾ ︽ | ᠶᠡᠭᠡ ᠲᠣᠬᠤᠢ ᠶᠢᠨ ᠪᠠᠶᠢᠭᠠᠯᠢᠯᠢᠭ ᠵᠢᠭᠠᠰᠦ︾ ᠶᠢᠨ ᠶᠠᠰᠦ ᠴᠢᠨᠠᠷ ᠤᠨ ᠭᠡᠷᠡᠴᠢᠯᠡᠯᠳᠡ ᠶᠢ ᠠᠬᠢᠭᠤᠯᠣᠨ᠎ᠠ᠃ ᠰᠠᠶᠢᠨ ᠡᠬᠦᠯᠳᠡᠷᠴᠢᠯᠡᠨ ᠴᠢᠨᠠᠷ ᠢ ᠳᠡᠬᠡᠭᠰᠢᠯᠡᠬᠦᠯᠤᠨ᠎ᠠ᠃ | ᠰᠠᠶᠢᠨ ᠡᠭᠦᠯᠳᠡᠷ ᠤᠨ ᠪᠣᠶᠢᠵᠢᠭᠤᠯᠣᠯᠳᠠ ᠶᠢ ᠴᠢᠩᠭᠠᠳᠬᠠᠨ᠂ 600 ᠲᠤᠯᠣᠭᠠᠢ ᠨᠦᠬᠦᠪᠦᠷᠢ ᠶᠢᠨ ᠮᠦᠩᠭᠦ ᠲᠠᠢ ᠰᠢᠯᠢᠳᠡᠭ ᠡᠭᠦᠯᠳᠡᠷ ᠤᠨ ᠦᠷ᠎ᠡ ᠶᠢᠨ ᠮᠠᠯ | ᠣᠯᠭᠤᠵᠣ᠂ 50 ᠰᠠᠶᠢᠨ ᠡᠭᠦᠯᠳᠡᠷ ᠤᠨ ᠰᠦᠷᠦᠭ ᠪᠣᠶᠢᠵᠢᠭᠤᠯᠣᠨ᠂ ᠰᠢᠯᠢᠳᠡᠭ ᠡᠭᠦᠯᠳᠡᠷ ᠤᠨ ᠨᠣᠣᠭᠤᠯᠣᠷ ᠤᠨ ᠦᠷ᠎ᠡ ᠶᠢᠨ ᠮᠠᠯ ᠪᠠ ᠰᠠᠭᠤᠷᠢ ᠡᠬᠡ ᠮᠠᠯ ᠤᠨ | ᠰᠣᠩᠭᠤᠨ ᠪᠣᠶᠢᠵᠢᠭᠤᠯᠣᠯᠳᠠ ᠶᠢᠨ ᠬᠠᠮᠢᠶᠠᠷᠣᠯᠳᠠ᠂ ᠪᠠᠷᠢᠮᠵᠢᠶᠡᠴᠢᠯᠠᠭᠰᠠᠨ ᠠᠷᠠᠴᠢᠯᠠᠯᠳᠠ ᠵᠡᠷᠭᠡ ᠮᠡᠷᠭᠡᠵᠢᠯ ᠤᠨ ᠲᠦᠭᠡᠮᠡᠯᠵᠢᠭᠦᠯᠦᠯᠳᠡ ᠬᠡᠷᠡᠭᠯᠡᠯᠳᠡ ᠶᠢ ᠦᠷᠭᠦᠯᠵᠢᠯᠡᠨ | ᠰᠠᠶᠢᠳᠦᠷ ᠬᠢᠵᠣ᠂ ᠶᠢᠨ ᠨᠢᠦ ᠨᠣᠣᠯᠣᠭᠤᠷ ᠰᠠᠮᠨᠠᠬᠤ ᠣᠶᠢᠯᠠᠳᠪᠦᠷᠢ ᠶᠢ ᠪᠠᠶᠢᠭᠤᠯᠣᠨ᠂ ᠢᠮᠠᠭᠠᠨ ᠨᠣᠣᠯᠣᠭᠤᠷ ᠤᠨ ᠠᠵᠣ ᠣᠶᠢᠯᠠᠰ ᠤᠨ ᠴᠢᠨᠠᠷᠯᠢᠭ ᠬᠦᠭᠵᠢᠯᠳᠡ ᠶᠢ | ᠠᠬᠢᠭᠤᠯᠣᠨ᠎ᠠ᠃ᠵᠠᠬ᠎ᠠ ᠲᠡᠯᠭᠡᠭᠦᠷᠴᠢᠯᠡᠨ ᠳᠠᠶᠢᠴᠢᠯᠠᠨ᠎ᠠ᠃ ᠪᠣᠷᠣᠪᠠᠯᠭᠠᠰᠣ ᠶᠢᠨ ᠣᠳᠦ ᠦᠶ᠎ᠡ ᠶᠢᠨ ᠮᠠᠯ ᠲᠠᠷᠢᠶᠠᠯᠠᠩ ᠤᠨ ᠣᠶᠢᠯᠠᠰ ᠤᠨ ᠭᠦᠢᠯᠭᠡᠭᠡᠨ ᠤ ᠬᠦᠷᠢᠶᠡᠯᠡᠩ | ᠲᠣᠭᠤᠷᠢᠭ ᠢ ᠶᠡᠭᠡ ᠪᠠᠷ ᠬᠦᠴᠦᠷᠭᠡᠭᠵᠢᠭᠦᠯᠦᠨ᠂ ᠵᠠᠬ᠎ᠠ ᠲᠡᠯᠭᠡᠭᠦᠷ ᠤᠨ ᠬᠤᠪᠢᠳᠠᠴᠠ ᠶᠢ ᠨᠡᠮᠡᠭᠳᠡᠭᠦᠯᠵᠣ᠂ ᠣᠯᠵᠠᠴᠢ ᠪᠠᠯᠭᠠᠰᠣᠨ ᠤ ᠾᠧᠩ ᠰᠢᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠡᠷᠦᠩᠬᠡᠶᠢᠯᠡᠭᠰᠡᠨ ᠭᠦᠢᠯᠭᠡᠭᠡᠨ ᠤ ᠲᠦᠪ ᠢ ᠪᠠᠶᠢᠭᠤᠯᠣᠨ᠂ ᠲᠠᠬᠢᠯᠳᠦ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ | ᠲᠡᠯᠭᠡᠭᠦᠷ ᠪᠣᠯᠣᠨ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠡᠯᠭᠡᠭᠦᠷ ᠢ ᠦᠭᠡᠷᠡᠴᠢᠯᠡᠨ ᠲᠡᠰ ᠲᠡᠪᠰᠢᠭᠦᠯᠵᠣ᠂ ᠮᠠᠯᠴᠢᠨ ᠲᠠᠷᠢᠶᠠᠴᠢᠨ ᠬᠤᠳᠠᠯᠳᠣᠭᠠᠴᠢᠨ ᠤ ᠰᠢᠭᠤᠳ | ᠪᠣᠷᠣᠯᠠᠭᠤᠯᠭ᠎ᠠ᠂ ᠬᠦᠷᠦᠬᠡᠨ ᠲᠠᠮᠵᠢᠭᠤᠯᠬᠤ ᠭᠦᠢᠯᠭᠡᠭᠡ᠂ ᠰᠦᠯᠵᠢᠶᠡᠨ ᠤ ᠣᠳᠣᠳ ᠤᠨ ᠪᠣᠷᠣᠯᠠᠭᠤᠯᠭ᠎ᠠ᠂ ᠰᠦᠯᠵᠢᠶᠡᠨ ᠡᠵᠡᠩᠨᠡᠯᠳᠡ ᠪᠣᠷᠣᠯᠠᠭᠤᠯᠭ᠎ᠠ ᠵᠡᠷᠭᠡ ᠰᠢᠨ᠎ᠡ | ᠣᠶᠢᠯᠠᠰ ᠢ ᠵᠣᠷᠢᠭᠵᠢᠭᠤᠯᠣᠨ᠂ ᠡᠯ᠎ᠡ ᠲᠦᠷᠦᠯ ᠤᠨ ᠦᠵᠡᠭᠦᠯᠭᠡ ᠳᠤ ᠢᠳᠡᠪᠬᠢᠳᠡᠢ ᠣᠷᠣᠯᠴᠠᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠡᠷᠡᠳᠦ ᠲᠡᠮᠳᠡᠭ ᠤᠨ | ᠠᠯᠳᠠᠷᠰᠢᠯ ᠢ ᠲᠡᠭᠡᠭᠰᠢᠯᠡᠭᠦᠯᠦᠨ᠎ᠡ᠃ ᠰᠢᠨᠵᠢᠯᠡᠭᠡ ᠮᠡᠷᠬᠡᠵᠢᠯᠴᠢᠯᠡᠨ ᠬᠦᠴᠦᠨ ᠨᠡᠮᠡᠷᠢᠯᠡᠨ᠎ᠡ᠃ ᠲᠣᠭᠠᠴᠠᠯᠠᠭᠰᠠᠨ ᠬᠦᠳᠡᠭᠡ ᠲᠣᠰᠬᠤᠨ ᠤ ᠲᠣᠷᠰᠢᠯᠳᠠ ᠶᠢᠨ ᠴᠡᠭ ᠤᠨ | ᠪᠠᠶᠢᠭᠤᠯᠣᠯᠳᠠ ᠶᠢ ᠲᠦᠷᠭᠡᠳᠬᠡᠨ᠂ 4 ᠰᠢᠨᠵᠢᠯᠡᠭᠡ ᠮᠡᠷᠭᠡᠵᠢᠯ ᠤᠨ ᠣᠶᠢᠯᠡᠴᠢᠯᠡᠭᠡᠨ ᠤ ᠠᠩᠬᠢ ᠪᠠᠶᠢᠭᠤᠯᠵᠣ᠂ 200 ᠮᠠᠯ ᠲᠠᠷᠢᠶᠠᠯᠠᠩ ᠤᠨ ᠣᠶᠢᠯᠠᠰ ᠤᠨ | ᠰᠢᠨᠵᠢᠯᠡᠭᠡ ᠮᠡᠷᠭᠡᠵᠢᠯ ᠤᠨ ᠲᠠᠭᠤᠷᠢᠶᠠᠯ ᠡᠷᠦᠭᠡ ᠂ 5 ᠲᠠᠭᠤᠷᠢᠶᠠᠯ ᠰᠠᠭᠤᠷᠢᠨ ᠢ ᠪᠣᠶᠢᠵᠢᠭᠤᠯᠵᠣ᠂ ᠮᠠᠯ ᠲᠠᠷᠢᠶᠠᠯᠠᠩ ᠤᠨ ᠣᠶᠢᠯᠠᠰ ᠤᠨ ᠰᠢᠨᠵᠢᠯᠡᠭᠡ ᠮᠡᠷᠭᠡᠵᠢᠯ ᠤᠨ | ᠬᠤᠪᠢ ᠨᠠᠮᠡᠷᠢ ᠶᠢᠨ ᠨᠣᠷᠮ᠎ᠠ ᠶᠢ 72% ᠠᠴᠠ ᠲᠠᠪᠠᠭᠤᠯᠣᠨ᠎ᠠ᠃ | ︵ᠲᠦᠷᠪᠡ︶ ᠬᠤᠪᠢᠰᠬᠠᠯᠳᠦ ᠰᠣᠶᠣᠯ ᠵᠢᠭᠤᠯᠴᠢᠯᠠᠯ ᠢ ᠬᠦᠭᠵᠢᠭᠦᠯᠦᠨ᠎ᠡ᠃ ᠰᠣᠷᠣᠯᠴᠠᠯᠭ᠎ᠠ ᠬᠦᠮᠦᠵᠢᠯ ᠢᠶᠠᠷ ᠬᠦᠴᠦ ᠨᠡᠮᠡᠷᠢᠯᠡᠨ᠂ ᠬᠤᠪᠢᠰᠬᠠᠯᠳᠦ ᠬᠦᠮᠦᠵᠢᠯ | ᠪᠣᠯᠪᠠᠰᠣᠷᠠᠯ ᠤᠨ ᠰᠢᠨ᠎ᠡ ᠪᠠᠶᠢᠳᠠᠯ ᠢ ᠪᠦᠷᠢᠯᠳᠦᠭᠦᠯᠵᠣ᠂ ᠨᠠᠮ ᠤᠨ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠣᠭᠤᠷᠢᠭ ᠵᠢᠴᠢ ᠬᠤᠪᠢᠰᠬᠠᠯᠳᠦ ᠬᠦᠮᠦᠵᠢᠯ | ᠰᠣᠷᠣᠯᠴᠠᠯᠭ᠎ᠠ ᠶᠢᠨ ᠣᠶᠢᠯᠡᠳᠦᠯᠭᠡ ᠶᠢᠨ ᠰᠠᠭᠤᠷᠢᠨ ᠢ ᠡᠬᠢᠯᠡᠨ ᠪᠠᠶᠢᠭᠤᠯᠵᠣ᠂ ᠬᠤᠪᠢᠰᠬᠠᠯᠳᠦ ᠰᠤᠳᠤᠯᠭ᠎ᠠ ᠰᠣᠷᠣᠯᠴᠠᠯᠭ᠎ᠠ ᠶᠢᠨ ᠠᠵᠣ ᠣᠶᠢᠯᠠᠰ ᠤᠨ ᠬᠡᠯᠬᠢᠶᠡᠵᠢᠯ ᠢ | ᠦᠷᠭᠦᠯᠵᠢᠯᠡᠨ ᠣᠷᠳᠣᠳᠬᠠᠵᠣ᠂ ︽ᠣᠳᠤᠭ ᠤᠨ ᠡᠮᠦᠨᠡᠳᠦ ᠬᠤᠰᠢᠭᠤᠨ ᠤ ᠣᠨᠴᠠᠯᠢᠭᠳᠦ︾ ᠰᠣᠶᠣᠯ ᠪᠣᠯᠣᠨ ᠵᠢᠭᠤᠯᠴᠢᠯᠠᠯ ᠤᠨ ᠪᠦᠳᠦᠭᠡᠭᠳᠡᠭᠦᠨ ᠤ ᠨᠡᠭᠡᠭᠡᠯᠳᠡ ᠶᠢ | ᠲᠡᠮᠵᠢᠨ᠂ ᠴᠠᠬᠢᠷᠮ᠎ᠠ ᠴᠡᠴᠡᠭᠳᠦ ᠲᠠᠯ᠎ᠠ ᠨᠣᠳᠤᠭ᠂ ᠶᠡᠭᠡ ᠲᠣᠯᠣᠨ ᠵᠢᠭᠤᠯᠴᠢᠯᠠᠯ ᠤᠨ ᠣᠷᠣᠨ᠂ ᠶᠡᠭᠡ ᠲᠣᠬᠤᠢ ᠶᠢᠨ ᠡᠯᠡᠰᠦ ᠮᠠᠩᠬᠠᠨ ᠤ ᠬᠠᠪᠴᠢᠯ ᠵᠡᠷᠭᠡ | ᠣᠨᠴᠠᠯᠢᠳᠦ ᠵᠢᠭᠤᠯᠴᠢᠯᠠᠯ ᠤᠨ ᠣᠷᠣᠨ ᠴᠡᠭ ᠢ ᠬᠤᠯᠪᠣᠵᠣ᠂ ᠬᠤᠪᠢᠰᠬᠠᠯᠳᠦ ᠰᠤᠳᠤᠯᠭ᠎ᠠ ᠰᠣᠷᠣᠯᠴᠠᠯᠭ᠎ᠠ ᠪᠣᠯᠣᠨ ᠪᠣᠬᠢᠷᠳᠣᠯ ᠦᠭᠡᠢ ᠡᠷᠡᠭᠦᠯᠵᠢᠯ ᠰᠣᠪᠢᠯᠠᠯ | ᠬᠠᠷᠢᠯᠴᠠᠨ ᠨᠦᠬᠦᠪᠦᠷᠢᠯᠡᠭᠰᠡᠨ ᠵᠢᠭᠤᠯᠴᠢᠯᠠᠯ ᠤᠨ ᠰᠣᠳᠣᠨ ᠵᠠᠮ ᠱᠣᠭᠤᠮ ᠢ ᠪᠠᠶᠢᠭᠤᠯᠣᠨ᠂ ᠰᠤᠳᠤᠯᠭ᠎ᠠ ᠰᠣᠷᠣᠯᠴᠠᠯᠭ᠎ᠠ ᠵᠢᠭᠤᠯᠴᠢᠯᠠᠯ ᠤᠨ ᠠᠭᠤᠰᠣᠯᠴᠠᠯ ᠤᠨ | ᠨᠠᠷᠢᠯᠢᠭ ᠣᠨᠣᠪᠴᠢᠳᠦ ᠴᠢᠨᠠᠷ ᠪᠣᠯᠣᠨ ᠪᠦᠳᠦᠮᠵᠢᠳᠦ ᠴᠢᠨᠠᠷ ᠢ ᠲᠡᠭᠡᠭᠰᠢᠯᠡᠭᠦᠯᠵᠣ᠂ ᠰᠣᠶᠣᠯ ᠵᠢᠭᠤᠯᠴᠢᠯᠠᠯ ᠤᠨ ᠣᠶᠢᠯᠠᠰ ᠤᠨ ᠬᠦᠭᠵᠢᠯᠳᠡ ᠶᠢ ᠲᠠᠩ ᠭᠠᠭᠴᠠ | ᠦᠵᠡᠮᠵᠢ ᠰᠣᠨᠢᠷᠬᠠᠯ ᠤᠨ ᠬᠡᠯᠪᠡᠷᠢ ᠠᠴᠠ ᠵᠢᠭᠤᠯᠴᠢᠯᠠᠯ ᠤᠨ ᠣᠷᠠᠨ ᠰᠠᠶᠢᠬᠠᠨ ᠤ ᠲᠣᠭᠯᠠᠯᠳᠠ᠂ ᠪᠦᠳᠦᠭᠡᠯᠴᠢ ᠰᠣᠶᠣᠯ ᠣᠷᠠᠯᠢᠭ᠂ ᠬᠤᠳᠠᠯᠳᠣᠭᠠᠨ ᠤ ᠣᠶᠢᠯᠡᠴᠢᠯᠡᠭᠡ | ᠂ ᠲᠣᠰᠬᠠᠢ ᠰᠡᠳᠦᠪᠳᠦ ᠪᠠᠭᠤᠳᠠᠯ ᠵᠡᠷᠭᠡ ᠣᠯᠠᠨ ᠬᠦᠷᠢᠶ᠎ᠠ ᠴᠠᠷᠠᠭᠠᠨ ᠤ ᠠᠵᠣ ᠣᠶᠢᠯᠠᠰ ᠠᠮᠢ ᠠᠬᠤᠢ ᠶᠢᠨ ᠪᠠᠭ᠋ᠠᠷᠬᠠᠯ ᠲᠡᠰᠢ ᠬᠤᠪᠢᠷᠠᠭᠤᠯᠣᠨ᠂ ᠵᠢᠯ ᠤᠨ ᠲᠣᠳᠣᠷ᠎ᠠ | 1 ᠡᠷᠦᠭᠡ ᠦᠪᠡᠷᠳᠡᠭᠡᠨ ᠵᠠᠰᠠᠬᠤ ᠣᠷᠣᠨ ᠤ ᠲᠠᠪᠣᠨ ᠣᠳᠣᠨ ᠲᠡᠰ ᠤᠨ ᠮᠠᠯᠴᠢᠨ ᠲᠠᠷᠢᠶᠠᠴᠢᠨ ᠠᠶᠢᠯ ᠤᠨ ᠪᠠᠶᠠᠰᠣᠯ᠂ 1 ᠰᠠᠭᠤᠷᠢ 5A ᠲᠡᠰ ᠤᠨ ᠵᠢᠭᠤᠯᠴᠢᠯᠠᠯ | ᠤᠨ ᠣᠷᠣᠨ ᠢ ᠴᠣᠭᠴᠠᠯᠠᠵᠣ᠂ ᠣᠳᠤᠭ ᠤᠨ ᠡᠮᠦᠨᠡᠳᠦ ᠬᠤᠰᠢᠭᠤ ᠪᠠᠨ ᠰᠣᠶᠣᠯ ᠵᠢᠭᠤᠯᠴᠢᠯᠠᠯ ᠭᠦᠨ ᠠᠭᠤᠰᠣᠯᠴᠠᠭᠰᠠᠨ᠂ ᠬᠤᠪᠢᠰᠬᠠᠯᠳᠦ ᠵᠢᠭᠤᠯᠴᠢᠯᠠᠯ ᠠᠮᠢ ᠠᠬᠤᠢ | ᠶᠢᠨ ᠪᠠᠭ᠋ᠠᠷᠬᠠᠯ ᠬᠠᠷᠢᠯᠴᠠᠨ ᠵᠣᠬᠢᠴᠠᠭᠰᠠᠨ᠂ ᠠᠵᠣ ᠣᠶᠢᠯᠠᠰ ᠣᠷᠣᠨ ᠠᠯᠣᠰᠯᠠᠵᠣ ᠬᠤᠯᠪᠣᠭᠠᠯᠠᠭᠰᠠᠨ᠂ ᠦᠷ᠎ᠡ ᠪᠦᠳᠦᠮᠵᠢ ᠶᠢ ᠪᠦᠬᠦ ᠠᠷᠠᠳ ᠢᠶᠠᠷ ᠢᠶᠠᠨ ᠬᠠᠮᠳᠦ | ᠡᠳ᠋ᠯᠡᠭᠰᠡᠨ ᠬᠤᠪᠢᠰᠬᠠᠯᠳᠦ ᠰᠣᠶᠣᠯ ᠣᠳᠣᠮᠰᠢᠯ ᠢ ᠣᠯᠠᠮᠵᠢᠯᠠᠨ ᠵᠠᠯᠭᠠᠮᠵᠢᠯᠠᠬᠤ ᠣᠷᠣᠨ ᠪᠣᠯᠭᠠᠨ ᠴᠣᠭᠴᠠᠯᠠᠨ᠎ᠠ᠃ | ︵ᠳᠠᠪᠤ︶ ᠬᠤᠳᠠ ᠬᠦᠳᠡᠭᠡ ᠶᠢᠨ ᠬᠡᠪ ᠴᠢᠨᠰᠠᠭ᠎ᠠ ᠶᠢ ᠬᠦᠴᠤᠯᠡᠨ ᠳᠡᠬᠡᠭᠰᠢᠯᠡᠬᠦᠯᠤᠨ᠎ᠠ᠃ ᠬᠤᠳᠠ ᠶᠢᠨ ᠰᠢᠨᠡᠴᠢᠯᠡᠯᠳᠠ ᠶᠢᠨ ᠠᠵᠢᠯᠯᠠᠭ᠎ᠠ ᠶᠢ ᠬᠡᠷᠡᠭᠵᠢᠬᠦᠯᠤᠨ᠎ᠠ | ᠃ ᠤᠯᠠᠨ ᠲᠦᠮᠡᠨ ᠤ ᠳᠤᠰᠬᠠᠭᠰᠡᠨ ᠳᠤᠪᠤᠶᠢᠮ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠤᠨ᠂ ᠳᠤᠬᠤᠢ ᠵᠠᠮ ᠢ ᠡᠮᠤᠨᠡᠰᠢ ᠤᠷᠳᠤᠤᠨᠬᠠᠬᠤ᠂ | ᠵᠢᠷᠠ ᠪᠠᠷᠠᠭᠤᠨ ᠵᠡᠬᠡᠯᠢ ᠶᠢᠨ ᠵᠠᠮ ᠪᠠ ᠪᠤᠷᠤᠭᠠᠨ ᠤ ᠤᠰᠤ ᠪᠤᠬᠢᠷ ᠤᠰᠤ ᠶᠢᠨ ᠳᠤᠤᠷ ᠬᠤᠭᠤᠯᠠᠢ᠂ ᠳᠤᠯᠠᠭᠠᠯᠠᠮᠵᠢ ᠶᠢᠨ ᠳᠤᠤᠷ ᠬᠤᠭᠤᠯᠠᠢ ᠶᠢ ᠦᠬᠡᠷᠡᠴᠢᠯᠡᠨ | ᠳᠡᠬᠡᠭᠰᠢᠯᠡᠬᠦᠯᠬᠦ ᠵᠡᠷᠬᠡ ᠢᠨᠵᠧᠨᠧᠷᠢᠩ ᠢ ᠡᠬᠢᠯᠡᠬᠦᠯᠤᠨ ᠬᠡᠷᠡᠭᠵᠢᠬᠦᠯᠵᠤ᠂ ᠤᠯᠵᠠᠴᠢ ᠶᠢᠨ ᠪᠠᠷᠢᠯᠭ᠎ᠠ ᠶᠢᠨ ᠬᠤᠭ ᠨᠤᠪᠰᠢ ᠰᠢᠢᠤᠨᠪᠤᠷᠢᠯᠡᠬᠦ ᠳᠠᠯᠠᠪᠠᠢ᠂ ᠠᠮᠢᠳᠤᠷᠠᠯ ᠤᠨ | ᠬᠤᠭ ᠨᠤᠪᠰᠢ ᠰᠢᠢᠤᠨᠪᠤᠷᠢᠯᠡᠬᠦ ᠳᠠᠯᠠᠪᠠᠢ ᠶᠢᠨ ᠪᠠᠶᠢᠭᠤᠯᠤᠯᠳᠠ ᠶᠢᠨ ᠲᠦᠷᠤᠯ ᠵᠦᠢᠯ ᠢ ᠠᠬᠢᠭᠤᠯᠤᠨ᠂ ᠤᠯᠵᠠᠴᠢ ᠪᠠᠯᠭᠠᠰᠤᠨ ᠳᠤᠭᠤᠷᠢᠭ ᠤᠨ 16 ᠬᠠᠭᠤᠴᠢᠨ | ᠵᠤᠷᠯᠤᠩ ᠢ ᠦᠬᠡᠷᠡᠴᠢᠯᠡᠨ᠎ᠡ᠃ ᠱᠧᠩ ᠱᠢ ᠢ ᠫᠢᠨ᠂ ᠯᠠᠨ ᠲᠢᠶᠠᠨ ᠮᠢᠩ ᠶᠤᠸᠠᠨ᠂ ᠳ᠋ᠠ ᠮᠢᠩ ᠹᠦ᠋ ᠵᠡᠷᠬᠡ ᠬᠤᠳᠠᠯᠳᠤᠭ᠎ᠠ ᠤᠶᠢᠯᠡᠴᠢᠯᠡᠭᠡ ᠲᠠᠢ ᠤᠷᠤᠨ ᠰᠠᠭᠤᠴᠠ | ᠶᠢᠨ ᠳᠤᠭᠤᠷᠢᠭ ᠤᠨ ᠲᠦᠷᠤᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠨ᠂ ᠪᠠᠶᠢᠰᠢᠩ ᠬᠡᠷ ᠤᠨ ᠤᠷᠤᠨ ᠳᠤᠭᠤᠷᠢᠭ ᠤᠨ ᠨᠠᠶᠢᠬᠡᠮᠴᠢᠯᠡᠭᠰᠡᠨ | ᠦᠬᠡᠷᠡᠴᠢᠯᠡᠯᠳᠠ ᠶᠢᠨ ᠢᠨᠵᠧᠨᠧᠷᠢᠩ ᠢ ᠳᠤᠷᠰᠢᠨ ᠠᠬᠢᠭᠤᠯᠵᠤ᠂ ᠨᠢᠬᠡᠳᠤᠬᠡᠷ ᠬᠤᠶᠠᠳᠤᠭᠠᠷ ᠬᠤᠭᠤᠴᠠᠭᠠᠨ ᠤ ᠬᠢᠮᠳᠠ ᠲᠦᠷᠢᠶᠡᠰᠤᠨ ᠤᠷᠤᠨ ᠰᠠᠭᠤᠴᠠ ᠳᠤ 24 | ᠴᠠᠬᠢᠯᠭᠠᠨ ᠱᠠᠳᠤ ᠤᠭᠰᠠᠷᠠᠨ᠂ ᠬᠤᠳᠠ ᠪᠠᠯᠭᠠᠰᠤᠨ ᠤ ᠤᠷᠤᠰᠢᠨ ᠰᠠᠭᠤᠷᠢᠰᠢᠬᠤ ᠲᠦᠪᠰᠢᠨ ᠢ ᠳᠡᠬᠡᠭᠰᠢᠯᠡᠬᠦᠯᠤᠨ᠎ᠠ᠃ ᠬᠦᠳᠡᠭᠡ ᠳᠤᠰᠬᠤᠨ ᠤ ᠪᠠᠶᠢᠭᠤᠯᠤᠯᠳᠠ ᠶᠢᠨ | ᠠᠵᠢᠯᠯᠠᠭ᠎ᠠ ᠶᠢ ᠬᠡᠷᠡᠭᠵᠢᠬᠦᠯᠤᠨ᠎ᠠ᠃ ᠠᠶᠢᠯ ᠳᠤᠰᠬᠤᠨ ᠤ ᠲᠦᠯᠤᠪᠵᠢᠬᠦᠯᠬᠡ ᠳᠤᠭᠳᠠᠭᠠᠯᠳᠠ ᠶᠢ ᠲᠦᠷᠬᠡᠤᠨᠬᠡᠨ ᠠᠬᠢᠭᠤᠯᠵᠤ᠂ ᠬᠦᠳᠡᠭᠡ ᠳᠤᠰᠬᠤᠨ ᠤ ᠤᠷᠤᠨ ᠵᠠᠢ | ᠶᠢᠨ ᠪᠠᠶᠢᠷᠢᠰᠢᠭᠤᠯᠤᠯᠳᠠ ᠶᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ ᠳᠤᠬᠢᠷᠠᠭᠤᠯᠤᠨ᠂ ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ | ᠳᠤᠭᠤᠷᠢᠨ ᠤ ᠴᠡᠭᠴᠡᠯᠡᠯᠳᠠ ᠳᠡᠬᠡᠭᠰᠢᠯᠡᠬᠦᠯᠤᠯᠳᠠ ᠶᠢᠨ ᠳᠠᠪᠤᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ︽ᠤᠳᠤᠭ ᠤᠨ ᠡᠮᠤᠨᠡᠳᠤ ᠬᠤᠰᠢᠭᠤᠨ ᠤ | ᠰᠢᠳᠠᠮᠠᠬᠠᠢ ᠬᠡᠢ ᠶᠢᠨ ᠢᠨᠵᠧᠨᠧᠷᠢᠩ︾ ᠪᠠ ︽ᠴᠠᠬᠢᠯᠭᠠᠨ ᠢᠶᠠᠷ ᠨᠡᠬᠦᠷᠡᠰᠤ ᠶᠢ ᠤᠷᠤᠯᠠᠭᠤᠯᠤᠨ ᠳᠤᠯᠠᠭᠠᠯᠭ᠎ᠠ ᠬᠠᠩᠭᠠᠬᠤ︾ ᠢᠨᠵᠧᠨᠧᠷᠢᠩ ᠢ ᠠᠬᠢᠭᠤᠯᠤᠨ᠂ | ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠤᠨ ᠴᠢᠨᠠᠷ ᠢ ᠳᠡᠬᠡᠭᠰᠢᠯᠡᠬᠦᠯᠤᠨ ᠦᠬᠡᠷᠡᠴᠢᠯᠡᠬᠦ ᠢᠨᠵᠧᠨᠧᠷᠢᠩ ᠢ ᠬᠡᠷᠡᠭᠵᠢᠬᠦᠯᠵᠤ᠂ ᠰᠤᠷᠭᠠᠨ ᠬᠦᠮᠤᠵᠢᠯ᠂ ᠡᠮ | ᠡᠮᠴᠢᠯᠡᠭᠡ᠂ ᠰᠢᠨᠵᠢᠯᠡᠭᠡ ᠮᠡᠷᠬᠡᠵᠢᠯ ᠵᠡᠷᠬᠡ ᠤᠶᠢᠯᠡᠴᠢᠯᠡᠬᠡᠨ ᠤ ᠡᠬᠢ ᠪᠠᠶᠠᠯᠢᠭ ᠤᠨ ᠬᠤᠤᠰ ᠴᠢᠭᠯᠡᠯᠳᠤ ᠬᠦᠢᠯᠬᠡᠬᠡ ᠶᠢ ᠨᠢᠬᠡᠳᠤᠯᠳᠠᠢ ᠲᠦᠯᠤᠪᠯᠡᠨ᠂ ᠬᠤᠳᠠ ᠬᠦᠳᠡᠭᠡ | ᠶᠢᠨ ᠴᠤᠭᠴᠠᠵᠢᠭᠰᠡᠨ ᠳᠡᠩᠴᠡᠬᠦᠷᠢᠳᠤ ᠬᠦᠭᠵᠢᠯᠳᠠ ᠶᠢ ᠠᠬᠢᠭᠤᠯᠤᠨ᠎ᠠ᠃ ᠰᠠᠭᠤᠷᠢ ᠲᠦᠬᠦᠬᠡᠷᠤᠮᠵᠢ ᠶᠢᠨ ᠲᠦᠬᠦᠷᠴᠢᠯᠡᠯᠳᠠ ᠶᠢ ᠴᠢᠩᠭᠠᠤᠨᠬᠠᠨ᠎ᠠ᠃ ᠤᠯᠵᠠᠴᠢ ᠠᠴᠠ | ᠱᠠᠩᠬᠠᠢ ᠶᠢᠨ ᠰᠦᠮ᠎ᠠ ᠬᠦᠷᠬᠦ ᠳᠡᠮᠤᠷ ᠵᠠᠮ ᠤᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ 6 ᠰᠠᠷ᠎ᠠ ᠶᠢᠨ ᠰᠡᠬᠦᠯᠴᠢ ᠠᠴᠠ ᠡᠮᠤᠨ᠎ᠡ ᠪᠦᠬᠦ ᠱᠤᠭᠤᠮ ᠤᠨ | ᠭᠠᠵᠠᠷ ᠳᠠᠳᠠᠪᠤᠷᠢᠯᠡᠨ ᠨᠤᠷᠠᠭᠠᠨ ᠨᠡᠬᠦᠯᠬᠡᠬᠦ ᠠᠵᠢᠯ ᠢ ᠳᠠᠭᠤᠰᠬᠠᠨ᠂ 7 ᠰᠠᠷ᠎ᠠ ᠳᠤ ᠪᠠᠷᠢᠯᠭ᠎ᠠ ᠡᠬᠢᠯᠡᠬᠦᠯᠵᠤ᠂ ᠵᠢᠯ ᠤᠨ ᠰᠡᠬᠦᠯᠴᠢ ᠠᠴᠠ ᠡᠮᠤᠨ᠎ᠡ ᠵᠠᠮ ᠤᠨ ᠰᠠᠭᠤᠷᠢ᠂ | ᠬᠦᠬᠦᠷᠬᠡ ᠭᠤᠯᠳᠤᠩ ᠵᠡᠷᠬᠡ ᠢᠨᠵᠧᠨᠧᠷᠢᠩ ᠢ ᠪᠡᠶᠡᠯᠡᠬᠦᠯᠤᠨ᠎ᠠ︔ 5 ᠰᠠᠷ᠎ᠠ ᠳᠤ ᠪᠠᠷᠠᠭᠤᠨ ᠪᠡᠶ᠎ᠡ ᠶᠢᠨ ᠳᠡᠮᠤᠷ ᠵᠠᠮ ᠤᠨ ᠳᠤᠰᠬᠠᠢ ᠱᠤᠭᠤᠮ ᠢ ᠡᠬᠢᠯᠡᠨ ᠪᠠᠶᠢᠭᠤᠯᠤᠨ᠎ᠠ | ︔ ᠤᠷᠳᠤᠰ ᠤᠨ ᠪᠠᠷᠠᠭᠤᠨ ᠪᠡᠶ᠎ᠡ ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ ᠤᠨ ᠳᠡᠮᠤᠷ ᠵᠠᠮ ᠤᠨ ᠳᠤᠰᠬᠠᠢ ᠱᠤᠭᠤᠮ ᠤᠨ ᠲᠦᠷᠤᠯ ᠵᠦᠢᠯ ᠢ ᠬᠢᠨᠠᠨ | ᠵᠦᠪᠰᠢᠶᠡᠷᠡᠬᠦᠯᠬᠦ ᠭᠠᠷ ᠬᠦᠢᠴᠡᠤᠨᠬᠡᠯ ᠢ ᠵᠢᠯ ᠤᠨ ᠳᠤᠳᠤᠷ᠎ᠠ ᠬᠦᠢᠴᠡᠤᠨᠬᠡᠨ᠎ᠡ᠃ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠡᠨᠧᠷᠬᠢ | ᠬᠢᠮᠢ ᠶᠢᠨ ᠬᠦᠷᠢᠶᠡᠯᠡᠩ ᠤᠨ ᠵᠠᠮ ᠵᠡᠬᠡᠯᠢ᠂ ᠲᠣᠣᠷ ᠬᠤᠭᠤᠯᠠᠢ ᠵᠡᠷᠭᠡ ᠪᠠᠷᠢᠯᠭ᠎ᠠ ᠶᠢ ᠡᠬᠢᠯᠡᠬᠦᠯᠤᠨ ᠪᠠᠶᠢᠭᠤᠯᠵᠤ᠂ ᠰᠢᠨ᠎ᠠ ᠡᠨᠧᠷᠬᠢ ᠶᠢᠨ ᠲᠦᠷᠤᠯ ᠵᠦᠢᠯ ᠤᠨ | ᠤᠷᠤᠭᠰᠢᠳᠠᠢ ᠪᠠᠶᠢᠭᠤᠯᠤᠯᠳᠠ ᠶᠢ ᠪᠠᠳᠤᠯᠠᠨ᠎ᠠ᠃ ᠬᠤᠰᠢᠭᠤᠨ ᠤ ᠬᠢᠵᠠᠭᠠᠷ ᠳᠤᠳᠤᠷᠠᠬᠢ ᠦᠨᠳᠤᠷ ᠬᠤᠷᠳᠤᠴᠠᠳᠤ ᠵᠠᠰᠠᠮᠠᠯ ᠵᠠᠮ᠂ ᠤᠯᠤᠰ ᠮᠤᠵᠢ ᠶᠢᠨ ᠭᠤᠤᠯ | ᠱᠤᠭᠤᠮ ᠤᠨ ᠪᠠᠶᠢᠭᠤᠯᠤᠯᠳᠠ ᠶᠢ ᠡᠮᠬᠢᠳᠠᠢ ᠠᠬᠢᠭᠤᠯᠤᠨ᠂ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠦᠷᠬᠡᠤᠨᠬᠡᠨ ᠪᠠᠶᠢᠭᠤᠯᠵᠤ᠂ ᠤᠯᠠᠨ ᠲᠦᠮᠡᠨ ᠤ | ᠶᠠᠪᠤᠵᠤ ᠰᠠᠭᠤᠬᠤ ᠶᠢ ᠤᠯᠠᠮ ᠲᠦᠬᠦᠮ ᠲᠦᠳᠠ ᠪᠤᠯᠭᠠᠨ᠎ᠠ᠃ | ︵ᠵᠢᠷᠭᠤᠭ᠎ᠠ︶ ᠠᠮᠢ ᠠᠬᠤᠢ ᠶᠢᠨ ᠤᠷᠴᠢᠨ ᠠᠬᠤᠢ ᠶᠢ ᠪᠦᠬᠦ ᠬᠦᠴᠤᠨ ᠢᠶᠠᠷ ᠰᠠᠶᠢᠵᠢᠷᠠᠭᠤᠯᠤᠨ᠎ᠠ᠃ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠶᠢ | ᠪᠦᠬᠦ ᠳᠠᠯ᠎ᠠ ᠪᠠᠷ ᠴᠢᠩᠭᠠᠤᠨᠬᠠᠨ᠂ ᠪᠡᠯᠴᠢᠬᠡᠷ ᠨᠤᠳᠤᠭ᠂ ᠤᠢ ᠰᠢᠭᠤᠢ ᠶᠢᠨ ᠬᠠᠮᠠᠭᠠᠯᠠᠯᠳᠠ ᠶᠢ ᠳᠡᠷᠢᠬᠦᠨ ᠡᠬᠦᠷᠬᠡ ᠪᠤᠯᠭᠠᠵᠤ᠂ ᠵᠢᠯ ᠤᠨ ᠳᠤᠳᠤᠷ᠎ᠠ 20 ᠲᠦᠮᠡᠨ ᠮᠤ᠋ | ᠶᠢᠨ ᠰᠢᠷ᠎ᠠ ᠬᠦᠷᠤᠰᠤᠳᠤ ᠦᠨᠳᠦᠷᠯᠢᠭ ᠤᠨ ᠬᠦᠷᠤᠰᠤ ᠰᠢᠷᠤᠢ ᠶᠢᠨ ᠢᠳᠡᠭᠳᠡᠯ ᠢ ᠶᠡᠷᠤᠩᠬᠡᠶᠢᠯᠡᠨ ᠵᠠᠰᠠᠬᠤ ᠪᠠᠶᠢᠭᠠᠯᠢ ᠶᠢᠨ ᠤᠢ ᠶᠢᠨ ᠬᠠᠮᠠᠭᠠᠯᠠᠯᠳᠠ ᠶᠢᠨ | ᠢᠨᠵᠧᠨᠧᠷᠢᠩ ᠤᠨ ᠲᠦᠷᠤᠯ ᠵᠦᠢᠯ᠂ ᠴᠦᠯᠡᠷᠬᠡᠭᠵᠢᠯ ᠤᠨ ᠵᠠᠰᠠᠯᠳᠠ᠂ ᠴᠢᠨᠠᠷ ᠮᠠᠭᠤ ᠦᠷ᠎ᠠ ᠠᠰᠢᠭ ᠳᠤᠤᠷ᠎ᠠ ᠤᠢ ᠶᠢᠨ ᠦᠬᠡᠷᠡᠴᠢᠯᠡᠯᠳᠠ ᠵᠡᠷᠬᠡ ᠭᠤᠤᠯᠳᠠᠯᠭᠠᠳᠤ | ᠲᠦᠷᠤᠯ ᠵᠦᠢᠯ ᠢ ᠬᠡᠷᠡᠭᠵᠢᠬᠦᠯᠤᠨ᠂ ᠨᠤᠳᠤᠭ ᠪᠡᠯᠴᠢᠬᠡᠷ ᠤᠨ ᠳᠤᠤᠷ ᠬᠦᠷᠢᠶ᠎ᠡ ᠶᠢᠨ ᠪᠠᠶᠢᠭᠤᠯᠤᠯᠳᠠ ᠶᠢ 30 ᠲᠦᠮᠡᠨ ᠮᠤ᠋ ᠳᠤ ᠬᠦᠷᠭᠡᠨ᠎ᠡ᠃ ᠤᠰᠤᠨ ᠡᠬᠢ | ᠰᠤᠷᠪᠤᠯᠵᠢ ᠶᠢ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ᠂ ᠵᠦᠢ ᠵᠤᠬᠢᠰ ᠦᠬᠡᠢ ᠤᠰᠤᠨ ᠬᠡᠷᠡᠭᠯᠡᠯᠳᠠ ᠶᠢᠨ ᠱᠠᠭᠠᠷᠳᠠᠯᠭ᠎ᠠ ᠶᠢ ᠡᠷᠡᠰ ᠳᠡᠪᠴᠢᠨ᠂ ᠪᠦᠬᠦ ᠨᠠᠶᠢᠬᠡᠮ | ᠤᠨ ᠤᠰᠤ ᠠᠷᠪᠢᠯᠠᠬᠤ ᠠᠵᠢᠯᠯᠠᠭ᠎ᠠ ᠶᠢ ᠳᠠᠶᠢᠴᠢᠯᠠᠵᠤ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠪᠠᠬᠢᠵᠢᠯᠡᠯᠳᠡ ᠶᠢᠨ ᠠᠵᠢᠯ ᠢ | ᠪᠦᠬᠦ ᠬᠦᠴᠤᠨ ᠢᠶᠠᠷ ᠰᠠᠶᠢᠳᠤᠷ ᠠᠤᠨᠬᠤᠨ᠂ ᠤᠯᠵᠠᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠤᠰᠤᠨ ᠤ ᠡᠬᠢ ᠶᠢᠨ ᠢᠨᠵᠧᠨᠧᠷᠢᠩ᠂ ᠣᠯᠵᠠᠴᠢ | ᠪᠠᠯᠭᠠᠰᠣᠨ ᠤ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠣᠷᠣᠨ ︵ᠣᠰᠣᠨ ᠠᠮᠢ ᠠᠬᠤᠢ︶ ᠤ ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ᠂ | ᠬᠡᠷᠡᠮ ᠤᠨ ᠭᠤᠤᠯ ᠠᠴᠠ ᠱᠠᠩᠬᠠᠢ ᠶᠢᠨ ᠰᠦᠮ᠎ᠡ ᠬᠦᠷᠬᠦ ᠤᠰᠤ ᠬᠠᠩᠭᠠᠬᠤ ᠢᠨᠵᠧᠨᠧᠷᠢᠩ ᠤᠨ ᠡᠮᠤᠨᠡᠬᠢ ᠬᠤᠭᠤᠴᠠᠭᠠᠨ ᠤ ᠠᠵᠢᠯ ᠢ ᠠᠬᠢᠭᠤᠯᠤᠨ᠂ ᠵᠢᠯ ᠤᠨ | ᠳᠤᠳᠤᠷ᠎ᠠ ᠪᠠᠷᠢᠯᠭ᠎ᠠ ᠡᠬᠢᠯᠡᠬᠦᠯᠬᠦ ᠨᠦᠬᠦᠴᠡᠯ ᠢ ᠪᠦᠷᠢᠯᠳᠤᠬᠦᠯᠬᠦ ᠪᠠᠷ ᠴᠢᠷᠮᠠᠶᠢᠨ᠎ᠠ᠃ ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠬᠦᠴᠤᠯᠡᠨ ᠰᠢᠢᠤᠨᠪᠤᠷᠢᠯᠡᠵᠤ | ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠪᠠ ᠬᠤᠳᠠ ᠶᠢᠨ ᠤᠷᠴᠢᠨ ᠳᠤᠭᠤᠷᠢᠨ ᠤ ᠬᠢᠨᠠᠯᠳᠠ ᠪᠠᠶᠢᠴᠠᠭᠠᠯᠳᠠ ᠶᠢᠨ ᠬᠠᠷᠢᠭᠤ ᠳᠤᠰᠬᠠᠭᠰᠡᠨ ᠠᠰᠠᠭᠤᠳᠠᠯ ᠢ | ᠴᠡᠭᠴᠡᠯᠡᠬᠦ ᠬᠦᠴᠤᠯᠡᠴᠠ ᠪᠠᠨ ᠶᠡᠬᠡᠤᠨᠬᠡᠨ᠂ ᠬᠠᠶᠠᠭᠳᠠᠮᠠᠯ ᠰᠢᠭᠠᠷᠤ᠂ ᠬᠠᠶᠠᠭᠳᠠᠮᠠᠯ ᠤᠰᠤ᠂ ᠬᠠᠶᠠᠭᠳᠠᠮᠠᠯ ᠬᠡᠢ ᠶᠢ ᠶᠡᠷᠤᠩᠬᠡᠶᠢᠯᠡᠨ ᠰᠢᠢᠤᠨᠪᠤᠷᠢᠯᠡᠵᠤ ᠠᠰᠢᠭᠯᠠᠬᠤ ᠶᠢ | ᠨᠢᠬᠡᠳᠤᠯᠳᠠᠢ ᠲᠦᠯᠤᠪᠯᠡᠨ ᠴᠤᠭᠴᠠᠵᠢᠭᠤᠯᠤᠨ ᠠᠬᠢᠭᠤᠯᠵᠤ᠂ ᠠᠭᠤᠷᠬᠠᠢ ᠶᠢᠨ ᠬᠤᠤᠨᠳᠤᠭ ᠤᠨ ᠬᠡᠳᠤ ᠳᠠᠪᠤᠰᠤᠳᠤ ᠤᠰᠤ ᠶᠢ ᠨᠠᠷᠢᠯᠢᠭ ᠰᠢᠢᠤᠨᠪᠤᠷᠢᠯᠡᠨ | ᠶᠡᠷᠤᠩᠬᠡᠶᠢᠯᠡᠨ ᠠᠰᠢᠭᠯᠠᠬᠤ ᠢᠨᠵᠧᠨᠧᠷᠢᠩ ᠢ ᠬᠡᠷᠡᠭᠵᠢᠬᠦᠯᠤᠨ᠂ ᠴᠤᠸᠠᠩ ᠬᠤᠢ᠂ ᠰᠢᠨ ᠰᠢᠶᠠᠩ᠂ ᠳ᠋ᠠ ᠺᠦᠨ ᠵᠡᠷᠬᠡ ᠴᠢᠯᠠᠭᠤᠯᠢᠭ ᠤᠨ ᠦᠷᠤᠪᠳᠠᠰᠤ ᠰᠢᠢᠤᠨᠪᠤᠷᠢᠯᠡᠬᠦ | ᠤᠶᠢᠯᠡᠤᠨᠪᠤᠷᠢ ᠪᠠ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠲᠦᠬᠦᠷᠴᠢᠯᠡᠭᠰᠡᠨ ᠰᠢᠭᠠᠷᠤ ᠶᠢᠨ ᠳᠠᠯᠠᠪᠠᠢ᠂ ᠱᠧᠩ ᠯᠤ᠋ ᠴᠠᠬᠢᠯᠭᠠᠨ | ᠤᠶᠢᠯᠡᠤᠨᠪᠤᠷᠢ ᠵᠡᠷᠬᠡ ᠬᠠᠳᠠᠭᠤ ᠬᠠᠶᠠᠭᠳᠠᠮᠠᠯ ᠪᠤᠳᠠᠰ ᠭᠠᠷᠭᠠᠬᠤ ᠠᠵᠤ ᠠᠬᠤᠶᠢᠯᠠᠯ ᠤᠨ ᠠᠵᠤ ᠤᠶᠢᠯᠡᠤᠨᠪᠤᠷᠢ ᠶᠢᠨ ᠬᠠᠳᠠᠭᠤ ᠬᠠᠶᠠᠭᠳᠠᠮᠠᠯ ᠪᠤᠳᠠᠰ ᠤᠨ ᠬᠡᠮᠵᠢᠶ᠎ᠡ ᠶᠢ | ᠪᠠᠭᠠᠰᠬᠠᠬᠤ ᠶᠢ ᠠᠬᠢᠭᠤᠯᠵᠤ᠂ ᠬᠤᠰᠢᠭᠤ ᠬᠡᠪᠴᠢᠶᠡᠨ ᠤ ᠤᠰᠤ᠂ ᠬᠦᠷᠤᠰᠤ ᠰᠢᠷᠤᠢ ᠪᠠ ᠠᠭᠠᠷ ᠤᠨ ᠴᠢᠨᠠᠷ ᠴᠢᠨᠰᠠᠭ᠎ᠠ ᠶᠢ ᠦᠷᠬᠦᠯᠵᠢᠯᠡᠨ ᠬᠠᠮᠠᠭᠠᠯᠠᠨ | ᠰᠠᠶᠢᠵᠢᠷᠠᠭᠤᠯᠤᠨ᠎ᠠ᠃ | ︵ᠳᠤᠯᠤᠭ᠎ᠠ︶ ᠠᠷᠠᠤᠨ ᠤᠨ ᠠᠮᠢᠳᠤᠷᠠᠯ ᠤᠨ ᠤᠶᠢᠯᠡᠰ ᠢ ᠡᠩ ᠳᠡᠷᠢᠬᠦᠨ ᠳᠤ ᠬᠦᠭᠵᠢᠬᠦᠯᠤᠨ᠎ᠠ᠃ ᠰᠤᠷᠭᠠᠨ ᠬᠦᠮᠤᠵᠢᠯ ᠢᠶᠠᠷ ᠠᠷᠠᠤᠨ ᠢ ᠬᠠᠷᠠᠭᠠᠯᠵᠠᠬᠤ ᠶᠢ | ᠪᠠᠷᠢᠮᠳᠠᠯᠠᠨ᠎ᠠ᠃ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠳᠤᠯᠤᠳᠤᠭᠠᠷ ᠬᠡᠤᠬᠡᠤᠨ ᠤᠨ ᠴᠡᠴᠡᠷᠯᠢᠭ ᠤᠨ ᠪᠠᠷᠢᠯᠭ᠎ᠠ ᠶᠢ ᠡᠬᠢᠯᠡᠭᠦᠯᠵᠣ᠂ ᠨᠢᠬᠡᠳᠤᠬᠡᠷ ᠪᠠᠭ᠎ᠠ | ᠰᠤᠷᠭᠠᠭᠤᠯᠢ᠂ ᠠᠵᠢᠯ ᠮᠡᠷᠭᠡᠵᠢᠯ ᠤᠨ ᠲᠣᠮᠳᠠᠳᠦ ᠰᠣᠷᠭᠠᠭᠤᠯᠢ ᠶᠢᠨ ᠶᠡᠷᠦᠩᠬᠡᠶᠢᠯᠡᠭᠰᠡᠨ ᠪᠣᠯᠪᠠᠰᠣᠷᠠᠯ ᠠᠰᠠᠷ ᠪᠣᠯᠣᠨ ᠪᠤᠷᠤᠪᠠᠯᠭᠠᠰᠤ ᠪᠠᠭ᠎ᠠ ᠰᠤᠷᠭᠠᠭᠤᠯᠢ᠂ ᠨᠠᠩᠰᠤ | ᠬᠡᠤᠬᠡᠤᠨ ᠤᠨ ᠴᠡᠴᠡᠷᠯᠢᠭ ᠤᠨ ᠶᠡᠷᠤᠩᠬᠡᠶᠢᠯᠡᠭᠰᠡᠨ ᠵᠢᠭᠠᠨ ᠰᠤᠷᠭᠠᠯᠳᠠ ᠶᠢᠨ ᠠᠰᠠᠷ ᠢ ᠬᠡᠷᠡᠭᠯᠡᠯᠳᠠ ᠳᠤ ᠤᠷᠤᠭᠤᠯᠤᠨ᠎ᠠ᠃ ᠪᠠᠭᠰᠢ ᠶᠢᠨ ᠤᠷᠤᠨ ᠳᠤᠭ᠎ᠠ ᠶᠢᠨ ︽ | ᠤᠷᠴᠢᠯ ᠡᠷᠬᠢᠯᠳᠠ︾ ᠶᠢ ᠡᠷᠢᠯᠬᠢᠯᠡᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠤᠷᠤᠨ ᠳᠤᠭ᠎ᠠ ᠶᠢᠨ ᠬᠡᠷᠡᠭᠴᠡᠭᠡ ᠶᠢ ᠪᠠᠳᠤᠯᠠᠨ᠎ᠠ᠃ ᠤᠯᠤᠰ | ᠂ ᠦᠪᠡᠷᠳᠡᠬᠡᠨ ᠵᠠᠰᠠᠬᠤ ᠤᠷᠤᠨ᠂ ᠬᠤᠳᠠ ᠭᠤᠷᠪᠠᠨ ᠱᠠᠳᠤᠨ ᠤ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠰᠢᠯᠢᠳᠡᠭ ᠳᠡᠩᠴᠡᠬᠦᠷᠢᠳᠤ ᠬᠦᠭᠵᠢᠯᠳᠠ ᠶᠢᠨ | ᠦᠨᠡᠯᠡᠯᠳᠠ ᠳᠤᠭᠳᠠᠭᠠᠯᠳᠠ ᠶᠢ ᠤᠷᠤᠭᠰᠢᠳᠠᠢ ᠳᠤᠭᠤᠯᠤᠨ᠎ᠠ᠃ ᠪᠠᠭᠰᠢ ᠠᠵᠢᠯ ᠤᠨ ᠪᠠᠶᠢᠷᠢᠨ ᠳᠤ ᠪᠠᠨ ᠳᠠᠪᠳᠠᠨ ᠪᠤᠯᠪᠠᠰᠤᠷᠠᠬᠤ᠂ ᠠᠯᠤᠰ ᠡᠵᠡᠮᠰᠢᠯᠳᠤ ᠬᠠᠷᠠᠭᠠᠨ | ᠳᠠᠪᠳᠠᠮᠵᠢ ᠪᠠᠷ ᠪᠤᠯᠪᠠᠰᠤᠷᠠᠬᠤ᠂ ᠰᠤᠷᠤᠯᠴᠠᠵᠤ ᠦᠵᠡᠵᠤ ᠰᠤᠯᠢᠯᠴᠠᠬᠤ ᠵᠡᠷᠬᠡ ᠠᠷᠭ᠎ᠠ ᠪᠠᠷ ᠬᠤᠳᠠ ᠶᠢᠨ ᠨᠢᠬᠡᠳᠤᠬᠡᠷ ᠳᠤᠮᠳᠠᠳᠤ ᠰᠤᠷᠭᠠᠭᠤᠯᠢ ᠯᠤᠭ᠎ᠠ ᠬᠠᠮᠳᠤᠷᠠᠨ | ᠰᠤᠷᠭᠠᠭᠤᠯᠢ ᠡᠷᠬᠢᠯᠡᠬᠦ ᠶᠢ ᠬᠦᠨᠵᠡᠬᠡᠶᠢᠷᠡᠬᠦᠯᠵᠤ ᠪᠤᠳᠠᠳᠤ ᠪᠦᠳᠤᠮᠵᠢ ᠤᠯᠬᠤ ᠶᠢ ᠪᠠᠳᠤᠯᠠᠨ᠎ᠠ᠃ ᠡᠷᠡᠬᠦᠯ ᠡᠩᠬᠡ ᠪᠠᠷ ᠠᠷᠠᠤᠨ ᠢ ᠴᠢᠬᠢᠷᠠᠭᠵᠢᠭᠤᠯᠬᠤ ᠶᠢ ᠪᠠᠳᠤᠯᠠᠨ᠎ᠠ | ᠃ ᠬᠢᠵᠢᠭ ᠤᠨ ᠪᠠᠶᠢᠳᠠᠯ ᠤᠨ ᠪᠠᠶᠢᠩᠭᠤ ᠰᠡᠷᠬᠡᠶᠢᠯᠡᠯ ᠡᠵᠡᠮᠳᠡᠯ ᠤᠨ ᠠᠵᠢᠯ ᠢ ᠰᠠᠶᠢᠳᠤᠷ ᠠᠤᠨᠬᠤᠵᠤ᠂ ᠬᠤᠰᠢᠭᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ᠂ | ᠡᠪᠡᠤᠨᠴᠢᠨ ᠡᠮᠬᠡᠭ ᠢ ᠰᠡᠷᠬᠡᠶᠢᠯᠡᠨ ᠡᠵᠡᠮᠳᠡᠬᠦ ᠲᠦᠪ᠂ ᠠᠷᠠᠤᠨ ᠤᠨ ᠡᠮᠨᠡᠯᠬᠡ ᠶᠢᠨ ᠬᠤᠷᠢᠶ᠎ᠠ ᠶᠢᠨ ᠬᠠᠯᠳᠠᠪᠤᠷᠢᠳᠤ ᠡᠪᠡᠤᠨᠴᠢᠨ ᠤ ᠳᠤᠭᠤᠷᠢᠭ᠂ ᠮᠤᠩᠭᠤᠯ ᠡᠮᠨᠡᠯᠬᠡ | ᠶᠢᠨ ᠬᠠᠭᠤᠴᠢᠨ ᠬᠤᠷᠢᠶ᠎ᠠ ᠶᠢ ᠦᠬᠡᠷᠡᠴᠢᠯᠡᠨ ᠪᠠᠶᠢᠭᠤᠯᠬᠤ ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠤᠨ᠎ᠠ᠃ ᠵᠢᠩᠬᠢᠨᠢ ᠠᠩᠬᠢ ᠠᠴᠠ ᠳᠡᠬᠡᠭᠰᠢᠬᠢ ᠡᠮ | ᠡᠮᠴᠢᠯᠡᠬᠡᠨ ᠤ ᠡᠷᠡᠬᠦᠯ ᠬᠠᠮᠠᠭᠠᠯᠠᠯ ᠤᠨ ᠪᠠᠴᠢᠮ ᠳᠤᠳᠠᠭᠳᠠᠵᠤ ᠪᠠᠶᠢᠭ᠎ᠠ ᠴᠢᠳᠠᠪᠤᠷᠢᠳᠠᠨ ᠢ 20᠂ ᠳᠡᠳ᠋ ᠳᠡᠬᠡᠳᠤ ᠳᠡᠰ ᠠᠴᠠ ᠳᠡᠬᠡᠭᠰᠢᠬᠢ ᠮᠡᠷᠬᠡᠵᠢᠯ ᠤᠨ ᠴᠤᠯᠠ ᠲᠠᠢ | ᠳᠡᠬᠡᠳᠤ ᠳᠡᠪᠬᠤᠷᠭ᠎ᠠ ᠶᠢᠨ ᠳᠤᠰᠬᠠᠢ ᠴᠢᠳᠠᠪᠤᠷᠢᠳᠠᠨ ᠢ 30᠂ ᠳᠤᠰᠬᠠᠢ ᠮᠡᠷᠬᠡᠵᠢᠯᠳᠠᠨ ᠤ ᠪᠦᠯᠬᠦᠮ ᠢ 5 ᠤᠷᠤᠭᠤᠯᠤᠨ ᠠᠪᠴᠢᠷᠠᠵᠤ᠂ ᠨᠡᠷᠡᠳᠤ ᠡᠮᠴᠢ ᠶᠢᠨ | ᠠᠵᠢᠯᠯᠠᠬᠤ ᠳᠠᠰᠤᠭ ᠢ 3 ᠪᠠᠶᠢᠭᠤᠯᠵᠤ᠂ ᠤᠯᠤᠰ ᠤᠨ ᠡᠷᠡᠬᠦᠯ ᠬᠠᠮᠠᠭᠠᠯᠠᠯ ᠤᠨ ᠰᠢᠶᠠᠨ ᠤ ᠬᠤᠳᠠ ᠶᠢᠨ ᠳᠠᠬᠢᠨ ᠬᠢᠨᠠᠯᠳᠠ ᠶᠢ ᠳᠤᠭᠤᠯᠬᠤ ᠶᠢ ᠪᠠᠳᠤᠯᠠᠨ᠎ᠠ᠃ | ᠰᠤᠶᠤᠯ ᠢᠶᠠᠷ ᠠᠷᠠᠤᠨ ᠢ ᠬᠦᠮᠤᠵᠢᠬᠦᠯᠬᠦ ᠶᠢ ᠪᠠᠷᠢᠮᠳᠠᠯᠠᠨ᠎ᠠ᠃ ᠨᠠᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠪᠠᠳᠠᠷᠠᠭᠤᠯᠤᠨ᠂ ᠠᠷᠠᠤᠨ ᠤᠨ | ᠰᠤᠶᠤᠯ ᠤᠨ ᠠᠮᠢᠳᠤᠷᠠᠯ ᠢ ᠬᠦᠴᠤᠯᠡᠨ ᠪᠠᠶᠠᠯᠢᠭᠵᠢᠭᠤᠯᠵᠤ᠂ ᠤᠯᠠᠭᠠᠨᠮᠦ᠋ᠴᠢᠷ ᠪᠠ ᠠᠷᠠᠤᠨ ᠤᠨ ᠤᠷᠠᠯᠢᠭ ᠤᠨ ᠪᠦᠯᠬᠦᠮ ᠤᠨ ᠬᠦᠭᠵᠢᠨ ᠪᠤᠵᠠᠭᠠᠶᠢᠷᠠᠬᠤ ᠶᠢ ᠳᠡᠮᠵᠢᠨ᠂ | ᠠᠷᠠᠤᠨ ᠢ ᠬᠠᠷᠠᠭᠠᠯᠵᠠᠬᠤ ᠰᠤᠶᠦᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠠᠵᠢᠯᠴᠢᠨ ᠤ ᠰᠤᠶᠤᠯ ᠤᠨ ᠤᠷᠳᠤᠨ ᠢ ᠬᠡᠷᠡᠭᠯᠡᠯᠳᠠ ᠳᠤ | ᠤᠷᠤᠭᠤᠯᠤᠨ᠂ ᠦᠷᠬᠡᠨ ᠤᠯᠠᠨ ᠠᠵᠢᠯᠳᠠᠨ ᠪᠠ ᠤᠯᠠᠨ ᠲᠦᠮᠡᠨ ᠳᠤ ᠨᠠᠩ ᠰᠠᠶᠢᠨ ᠰᠤᠷᠤᠯᠴᠠᠯᠭ᠎ᠠ ᠬᠦᠮᠤᠵᠢᠯ᠂ ᠰᠡᠯᠡᠬᠦᠴᠡᠯ ᠴᠡᠩᠬᠡᠯ ᠤᠨ ᠳᠠᠯᠠᠪᠠᠢ ᠬᠠᠩᠭᠠᠨ᠎ᠠ᠃ | ᠪᠠᠳᠤᠯᠠᠭ᠎ᠠ ᠪᠠᠷ ᠠᠷᠠᠤᠨ ᠲᠤ ᠠᠰᠢᠭ ᠬᠦᠷᠳᠡᠬᠡᠬᠦ ᠶᠢ ᠪᠠᠷᠢᠮᠳᠠᠯᠠᠨ᠎ᠠ᠃ ᠠᠵᠢᠯ ᠤᠯᠭᠤᠯᠳᠠ ᠶᠢᠨ ᠲᠦᠷᠤ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠵᠢᠵᠢᠭ ᠪᠠᠭ᠎ᠠ ᠠᠵᠤ ᠠᠬᠤᠶᠢᠯᠠᠯ ᠤᠨ ᠦᠤᠨᠳᠡᠷ ᠬᠦᠭᠵᠢᠯᠳᠠ ᠶᠢ ᠳᠡᠮᠵᠢᠵᠤ᠂ ᠵᠢᠯ ᠤᠨ ᠳᠤᠳᠤᠷ᠎ᠠ ᠰᠢᠨ᠎ᠠ ᠪᠠᠷ 700 ᠬᠦᠮᠤᠨ ᠳᠤ ᠠᠵᠢᠯ ᠤᠯᠭᠤᠨ᠂ ᠨᠢᠬᠡ ᠴᠤ | ᠬᠦᠮᠤᠨ ᠠᠵᠢᠯ ᠤᠯᠤᠭᠰᠡᠨ ᠦᠬᠡᠢ ᠬᠡᠷ ᠪᠦᠯᠢ ᠪᠠᠶᠢᠬᠤ ᠦᠬᠡᠢ ᠪᠠᠶᠢᠬᠤ ᠶᠢ ᠪᠠᠳᠤᠯᠠᠨ᠎ᠠ᠃ ᠨᠠᠶᠢᠬᠡᠮ ᠤᠨ ᠬᠦᠴᠤᠨ ᠠᠰᠠᠷᠠᠮᠵᠢ ᠶᠢᠨ ᠤᠶᠢᠯᠡᠰ ᠲᠤ ᠤᠷᠤᠯᠴᠠᠬᠤ ᠶᠢ | ᠵᠤᠷᠢᠭᠵᠢᠭᠤᠯᠤᠨ᠂ ᠬᠦᠴᠢᠷᠳᠠᠯ ᠲᠠᠢ ᠬᠦᠮᠤᠰ ᠢ ᠠᠪᠤᠷᠠᠨ ᠳᠤᠰᠠᠯᠠᠬᠤ ᠪᠠᠨ ᠴᠢᠩᠭᠠᠤᠨᠬᠠᠵᠤ᠂ ᠡᠮᠡᠭᠳᠡᠶᠢᠴᠤᠤᠨ ᠬᠡᠤᠬᠡᠤᠨ᠂ ᠨᠠᠰᠤᠳᠠᠶᠢᠴᠤᠤᠨ᠂ ᠵᠡᠮᠳᠡᠭᠴᠤᠤᠨ ᠤᠨ | ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠂ ᠪᠠᠭᠤᠷᠠᠶᠢᠴᠤᠤᠨ ᠢ ᠳᠡᠤᠨᠬᠦᠵᠤ᠂ ᠤᠳᠤᠭ ᠤᠨ ᠡᠮᠤᠨᠡᠳᠤ ᠬᠤᠰᠢᠭᠤᠨ ᠤ ᠨᠢᠬᠡ ᠬᠦᠮᠤᠨ ᠢ ᠴᠤ ᠶᠠᠳᠠᠭᠤ | ᠬᠦᠴᠢᠷᠳᠠᠯᠳᠠᠢ ᠠᠷᠠᠤᠨ ᠲᠤ ᠤᠷᠤᠭᠤᠯᠬᠤ ᠦᠬᠡᠢ ᠪᠠᠶᠢᠬᠤ ᠶᠢ ᠪᠠᠳᠤᠯᠠᠨ᠎ᠠ᠃ ᠠᠷᠠᠤᠨ ᠤᠨ ᠲᠦᠯᠤᠬᠡ ᠵᠠᠰᠠᠬᠤ ᠶᠢ ᠪᠠᠷᠢᠮᠳᠠᠯᠠᠨ᠎ᠠ᠃ ︽ᠦᠪᠡᠷᠳᠡᠬᠡᠨ ᠵᠠᠰᠠᠬᠤ᠂ | ᠬᠠᠤᠯᠢ ᠪᠠᠷ ᠵᠠᠰᠠᠬᠤ᠂ ᠶᠤᠰᠤ ᠰᠤᠷᠳᠠᠬᠤᠨ ᠢᠶᠠᠷ ᠵᠠᠰᠠᠬᠤ︾ ᠦᠨᠳᠤᠰᠤᠨ ᠱᠠᠳᠤᠨ ᠤ ᠨᠠᠶᠢᠬᠡᠮ ᠤᠨ ᠵᠠᠰᠠᠯᠳᠠ ᠶᠢᠨ ᠠᠷᠭ᠎ᠠ ᠶᠢ ᠦᠷᠬᠦᠯᠵᠢᠯᠡᠨ ᠬᠦᠨᠵᠡᠬᠡᠶᠢᠷᠡᠬᠦᠯᠵᠤ᠂ | ︽ᠤᠶᠤᠨᠴᠢ ᠵᠠᠰᠠᠯᠳᠠ︾ ᠶᠢᠨ ᠢᠨᠵᠧᠨᠧᠷᠢᠩ ᠢ ᠰᠢᠨᠡᠴᠢᠯᠡᠵᠤ ᠬᠡᠷᠡᠭᠵᠢᠬᠦᠯᠤᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ᠂ ᠠᠮᠤᠷ ᠢ ᠬᠠᠮᠠᠭᠠᠯᠠᠬᠤ ᠰᠡᠷᠬᠡᠶᠢᠯᠡᠯ | ᠡᠵᠡᠮᠳᠡᠯ᠂ ᠠᠶᠤᠯᠬᠦᠢ ᠤᠶᠢᠯᠡᠤᠨᠪᠤᠷᠢᠯᠡᠯ᠂ ᠵᠠᠬᠢᠳᠠᠯ ᠰᠤᠷᠪᠤᠯᠵᠢᠯᠠᠭ᠎ᠠ ᠠᠮᠤᠷ ᠳᠤᠭᠳᠠᠭᠤᠨ ᠵᠡᠷᠬᠡ ᠳᠤᠭ᠎ᠠ ᠪᠠᠷᠢᠮᠳᠠ ᠶᠢᠨ ᠡᠬᠢ ᠰᠤᠷᠪᠤᠯᠵᠢ ᠶᠢ ᠤᠯᠠᠮ ᠨᠢᠬᠡ | ᠠᠯᠬᠤᠮ ᠴᠡᠭᠴᠡᠯᠡᠵᠤ᠂ ᠳᠤᠭᠠᠴᠠᠯᠠᠭᠰᠡᠨ ᠵᠠᠰᠠᠯᠳᠠ ᠶᠢᠨ ᠲᠦᠯᠤᠪ ᠢ ᠪᠠᠶᠢᠭᠤᠯᠤᠨ᠂ ᠵᠠᠩᠬᠢᠴᠢᠯᠠᠭᠰᠡᠨ ᠲᠦᠯᠤᠪᠵᠢᠬᠦᠯᠤᠯᠳᠠ᠂ ᠳᠤᠤᠷᠴᠢᠯᠠᠭᠰᠡᠨ ᠬᠠᠮᠢᠶᠠᠷᠤᠯᠳᠠ᠂ | ᠳᠡᠩᠰᠢᠴᠢᠯᠡᠭᠰᠡᠨ ᠠᠵᠢᠯᠯᠠᠮᠵᠢ ᠲᠠᠢ ᠦᠨᠳᠤᠰᠤᠨ ᠱᠠᠳᠤᠨ ᠤ ᠨᠠᠶᠢᠬᠡᠮ ᠤᠨ ᠵᠠᠰᠠᠯᠳᠠ ᠶᠢᠨ ᠰᠢᠨ᠎ᠠ ᠪᠠᠶᠢᠳᠠᠯ ᠢ ᠪᠦᠷᠢᠯᠳᠤᠬᠦᠯᠵᠤ᠂ ᠵᠠᠰᠠᠭ ᠤᠨ ᠤᠷᠳᠤᠨ ᠤ | ᠳᠤᠭᠠᠴᠠᠯᠠᠭᠰᠡᠨ ᠬᠡᠯᠪᠡᠷᠢ ᠶᠢᠨ ᠬᠤᠪᠢᠷᠠᠭᠤᠯᠤᠯᠳᠠ ᠶᠢ ᠪᠦᠬᠦ ᠳᠠᠯ᠎ᠠ ᠪᠠᠷ ᠠᠬᠢᠭᠤᠯᠤᠨ᠂ ᠵᠠᠰᠠᠭ ᠤᠨ ᠤᠷᠳᠤᠨ ᠤ ᠵᠠᠰᠠᠯᠳᠠ ᠶᠢᠨ ᠪᠦᠳᠤᠮᠵᠢ ᠶᠢ ᠳᠡᠬᠡᠭᠰᠢᠯᠡᠬᠦᠯᠵᠤ᠂ | ᠬᠤᠳᠠ ᠶᠢᠨ ᠬᠡᠪᠴᠢᠶᠡᠨ ᠤ ᠨᠠᠶᠢᠬᠡᠮ ᠤᠨ ᠵᠠᠰᠠᠯᠳᠠ ᠶᠢᠨ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠬᠤᠳᠠ ᠶᠢᠨ ᠴᠤᠭᠴᠠᠯᠠᠯᠳᠠ ᠶᠢ ᠪᠠᠳᠤᠯᠠᠨ᠎ᠠ᠃ | ᠲᠦᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠪᠠᠨ ᠴᠢᠩᠭᠠᠳᠬᠠᠨ᠎ᠠ | ᠲᠦᠯᠤᠬᠡᠯᠡᠭᠴᠢᠤᠨ ᠡ᠂ ᠭᠠᠩ ᠪᠤᠯᠤᠤᠨ ᠢ ᠳᠠᠪᠳᠠᠶᠤ ᠬᠡᠮᠡᠪᠡᠰᠤ ᠭᠠᠷ ᠤᠨ ᠡᠷᠳᠠᠮ ᠳᠠᠰᠤᠷᠬᠠᠢ ᠪᠠᠶᠢᠬᠤ ᠬᠡᠷᠡᠭᠳᠠᠢ᠃ ᠰᠢᠨ᠎ᠠ ᠠᠶᠠᠨ ᠳᠤ ᠪᠢᠳᠠ ᠵᠦᠪᠬᠡᠨ | ᠨᠠᠶᠢᠳᠠᠪᠤᠷᠢᠵᠢᠭᠤᠯᠤᠯᠳᠠ ᠶᠢ ᠴᠢᠩᠭ᠎ᠠ ᠠᠤᠨᠬᠤᠵᠤ᠂ ᠣᠳᠤᠭ ᠤᠨ ᠡᠮᠦᠨᠡᠳᠦ ᠬᠤᠰᠢᠭᠤ ᠪᠠᠨ ᠨᠡᠩ ᠦᠵᠡᠰᠭᠦᠯᠡᠩᠳᠦ ᠰᠠᠶᠢᠬᠠᠨ ᠴᠣᠭᠴᠠᠯᠠᠨ᠂ ᠠᠷᠠᠳ ᠣᠯᠠᠨ ᠳᠤ | ᠨᠡᠩ ᠶᠡᠭᠡ ᠵᠣᠯ ᠵᠢᠷᠭᠠᠯ ᠡᠳ᠋ᠯᠡᠭᠦᠯᠬᠦ ᠪᠠᠷ ᠴᠢᠷᠮᠠᠶᠢᠪᠠᠯ ᠰᠠᠶ᠋ᠢ ᠠᠭᠤᠤ ᠶᠡᠭᠡ ᠴᠠᠭ ᠦᠶ᠎ᠡ ᠳᠤ ᠪᠠᠨ ᠤᠰᠤᠯᠳᠠᠬᠤ ᠦᠬᠡᠢ᠂ ᠠᠷᠠᠤᠨ ᠤᠯᠠᠨ ᠤ ᠪᠠᠨ ᠬᠦᠰᠡᠯ | ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠶᠤᠮ᠃ | ᠦᠨᠡᠨᠴᠢ ᠢᠳᠡᠬᠡᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ᠃ ᠤᠯᠤᠰ ᠲᠦᠷᠤ ᠶᠢᠨ ᠪᠠᠶᠢᠭᠤᠯᠤᠯᠳᠠ ᠶᠢ ᠢᠮᠠᠭᠳᠠ ᠳᠡᠷᠢᠬᠦᠨ ᠪᠠᠶᠢᠷᠢᠨ ᠳᠤ ᠳᠠᠯᠪᠢᠵᠤ᠂ ︽ | ᠲᠦᠷᠪᠡᠨ ᠤᠬᠠᠮᠰᠠᠷ︾ ᠢ ᠴᠢᠩᠭᠠᠤᠨᠬᠠᠨ᠂ ︽ᠲᠦᠷᠪᠡᠨ ᠢᠳᠡᠬᠡᠯ︾ ᠢ ᠪᠠᠬᠢᠵᠢᠬᠦᠯᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠤᠨ᠂ ᠤᠯᠤᠰ ᠲᠦᠷᠤ ᠶᠢᠨ | ᠮᠠᠭᠠᠤᠨᠯᠠᠬᠤ ᠴᠢᠳᠠᠪᠤᠷᠢ᠂ ᠤᠯᠤᠰ ᠲᠦᠷᠤ ᠶᠢᠨ ᠤᠬᠠᠬᠤ ᠴᠢᠳᠠᠪᠤᠷᠢ᠂ ᠤᠯᠤᠰ ᠲᠦᠷᠤ ᠶᠢᠨ ᠬᠡᠷᠡᠭᠵᠢᠬᠦᠯᠬᠦ ᠴᠢᠳᠠᠪᠤᠷᠢ ᠪᠠᠨ ᠳᠠᠰᠤᠷᠠᠯᠳᠠ ᠦᠬᠡᠢ ᠳᠡᠬᠡᠭᠰᠢᠯᠡᠬᠦᠯᠵᠤ᠂ | ᠣᠯᠣᠰ ᠲᠦᠷᠦ ᠶᠢᠨ ᠲᠠᠯ᠎ᠠ ᠪᠠᠷ ᠲᠤᠭ ᠲᠡᠮᠳᠡᠭ ᠢᠶᠠᠨ ᠲᠣᠳᠣᠷᠬᠠᠢ ᠪᠠᠶᠢᠬᠤ ᠶᠢ ᠪᠠᠳᠣᠯᠠᠨ᠎ᠠ᠃ ᠳᠡᠬᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ | ᠪᠤᠯᠤᠨ ᠬᠤᠰᠢᠭᠤ ᠨᠠᠮ ᠤᠨ ᠬᠤᠷᠢᠶ᠎ᠠ ᠶᠢᠨ ᠰᠢᠢᠤᠨᠪᠤᠷᠢᠳᠤ ᠳᠤᠬᠢᠷᠠᠭᠤᠯᠤᠯᠳᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠷᠯᠢᠭ ᠴᠠᠭᠠᠵᠠ ᠶᠢ ᠵᠢᠷᠤᠮᠯᠠᠵᠤ᠂ ᠵᠠᠰᠠᠭ ᠤᠨ | ᠵᠠᠷᠯᠢᠭ ᠢ ᠰᠠᠭᠠᠤᠨ ᠦᠬᠡᠢ ᠬᠡᠷᠡᠭᠵᠢᠬᠦᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠨ᠎ᠠ᠃ | ᠠᠷᠠᠤᠨ ᠤᠨ ᠲᠦᠯᠤᠬᠡ ᠵᠢᠤᠨᠬᠦᠬᠦ ᠵᠠᠰᠠᠭ ᠤᠨ ᠤᠷᠳᠤᠨ ᠢ ᠪᠠᠶᠢᠭᠤᠯᠤᠨ᠎ᠠ᠃ ︽ᠠᠷᠠᠤᠨ ᠲᠦᠮᠡᠨ ᠪᠤᠯ ᠳᠠᠷᠤᠢ ᠲᠦᠷᠤ ᠬᠦᠷᠤᠨ᠂ ᠲᠦᠷᠤ ᠬᠦᠷᠤᠨ ᠪᠤᠯ | ᠳᠠᠷᠤᠢ ᠠᠷᠠᠤᠨ ᠲᠦᠮᠡᠨ︾ ᠬᠡᠳᠡᠭ ᠢ ᠢᠮᠠᠭᠳᠠ ᠪᠠᠳᠤ ᠴᠡᠬᠡᠵᠢᠯᠡᠨ᠂ ᠠᠷᠠᠤᠨ ᠤᠨ ᠵᠠᠰᠠᠭ ᠤᠨ ᠤᠷᠳᠤᠨ ᠤ ᠠᠯᠢᠪᠡ ᠠᠵᠢᠯ ᠢ ᠴᠦᠮ ᠠᠷᠠᠤᠨ ᠲᠦᠮᠡᠨ | ᠬᠠᠨᠤᠮᠵᠢᠳᠠᠢ ᠪᠠᠶᠢᠬᠤ ᠡᠰᠡᠬᠦ᠂ ᠰᠠᠶᠢᠰᠢᠶᠠᠵᠤ ᠪᠠᠶᠢᠬᠤ ᠡᠰᠡᠬᠦ᠂ ᠳᠠᠭᠠᠯᠠᠭᠳᠠᠵᠤ ᠪᠠᠶᠢᠬᠤ ᠡᠰᠡᠬᠦ ᠪᠠᠷ ᠪᠠᠷᠢᠮᠵᠢᠶ᠎ᠡ ᠪᠤᠯᠭᠠᠨ᠎ᠠ᠃ ᠠᠷᠠᠤᠨ ᠤᠨ ᠲᠦᠯᠤᠬᠡ ᠪᠤᠳᠠᠳᠤ | ᠤᠴᠢᠷ ᠬᠢᠬᠦ ᠤᠷᠳᠤ ᠬᠤᠭᠤᠴᠠᠭᠠᠨ ᠤ ᠳᠤᠭᠳᠠᠴᠠ ᠶᠢ ᠬᠦᠨᠵᠡᠬᠡᠶᠢᠷᠡᠬᠦᠯᠤᠨ᠂ ᠵᠠᠰᠠᠭ ᠤᠨ ᠤᠷᠳᠤᠨ ᠤ ᠤᠳᠤᠷᠢᠤᠨᠬᠤ ᠪᠠᠭ ᠵᠢᠯ ᠪᠤᠯᠭᠠᠨ ᠠᠳᠠᠭ ᠲᠤ ᠪᠠᠨ 120 | ᠡᠳᠤᠷ ᠦᠨᠳᠤᠰᠤᠨ ᠱᠠᠳᠤᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠠ ᠬᠢᠨ᠎ᠠ᠃ ᠵᠠᠰᠠᠭ ᠤᠨ ᠶᠠᠪᠤᠳᠠᠯ᠂ ᠡᠳ᠋ ᠤᠨ ᠵᠠᠰᠠᠭ ᠤᠨ ᠲᠦᠰᠤᠪ᠂ ᠴᠢᠬᠤᠯᠠ ᠶᠡᠭᠡ | ᠲᠦᠷᠤᠯ ᠵᠦᠢᠯ ᠤᠨ ᠪᠠᠶᠢᠭᠤᠯᠤᠯᠳᠠ ᠵᠡᠷᠬᠡ ᠳᠠᠯ᠎ᠠ ᠶᠢᠨ ᠰᠤᠷᠠᠭ ᠵᠠᠩᠬᠢ ᠶᠢᠨ ᠢᠯᠡᠰᠢᠬᠦᠯᠤᠯᠳᠠ ᠶᠢ ᠪᠦᠬᠦ ᠳᠠᠯ᠎ᠠ ᠪᠠᠷ ᠠᠬᠢᠭᠤᠯᠤᠨ᠂ ᠠᠷᠠᠤᠨ ᠲᠦᠮᠡᠨ ᠠᠴᠠ ᠵᠠᠰᠠᠭ | ᠤᠨ ᠤᠷᠳᠤᠨ ᠤ ᠠᠵᠢᠯᠯᠠᠭ᠎ᠠ ᠳᠤ ᠬᠢᠨᠠᠯᠳᠠ ᠳᠠᠯᠪᠢᠵᠤ᠂ ᠵᠠᠰᠠᠭ ᠤᠨ ᠤᠷᠳᠤᠨ ᠳᠤ ᠰᠠᠨᠠᠯ ᠰᠠᠨᠠᠭᠤᠯᠭ᠎ᠠ ᠳᠤᠷᠠᠳᠤᠨ᠂ ᠵᠠᠰᠠᠭ ᠤᠨ ᠤᠷᠳᠤᠨ ᠢ ᠠᠷᠠᠤᠨ ᠲᠦᠮᠡᠨ ᠲᠠᠢ | ᠤᠶᠢᠷᠠᠳᠤᠭᠤᠯᠤᠨ᠂ ᠬᠠᠷᠢᠯᠴᠠᠭ᠎ᠠ ᠬᠤᠯᠪᠤᠭᠠᠰᠤ ᠶᠢᠨ ᠤᠶᠢᠯᠡᠳᠤᠯ ᠢᠶᠠᠨ ᠪᠠᠳᠠᠷᠠᠭᠤᠯᠤᠨ᠎ᠠ᠃ | ᠪᠤᠳᠠᠳᠠᠢ ᠠᠵᠢᠯᠯᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠪᠤᠳᠠᠳᠠᠢ ᠠᠵᠢᠯᠯᠠᠵᠤ ᠤᠯᠤᠰ ᠢᠶᠠᠨ ᠮᠠᠨᠳᠤᠭᠤᠯᠬᠤ᠂ ᠮᠡᠳᠡᠬᠦᠢ ᠬᠢᠬᠦᠢ ᠶᠢ ᠨᠢᠬᠡᠤᠨᠬᠡᠬᠦ ᠶᠢ | ᠢᠮᠠᠭᠳᠠ ᠪᠠᠷᠢᠮᠳᠠᠯᠠᠨ᠂ ︽ᠪᠦᠬᠦᠯᠢ ᠴᠤᠭᠴᠠᠳᠤ ᠵᠠᠰᠠᠭ ᠤᠨ ᠤᠷᠳᠤᠨ︾᠂ ︽ᠰᠠᠯᠠᠭ᠎ᠠ ᠮᠦᠴᠢᠷ ᠪᠤᠯ ᠳᠠᠷᠤᠢ ᠵᠠᠰᠠᠭ ᠤᠨ ᠤᠷᠳᠤᠨ︾ ᠬᠡᠬᠦ ᠰᠡᠤᠨᠬᠢᠮᠵᠢ ᠶᠢ | ᠴᠢᠩᠭᠠᠤᠨᠬᠠᠵᠤ᠂ ︽ᠠᠵᠢᠯ ᠢ ᠲᠦᠷᠤᠯᠵᠢᠬᠦᠯᠬᠦ᠂ ᠲᠦᠷᠤᠯ ᠵᠦᠢᠯ ᠢ ᠪᠠᠷᠢᠮᠵᠢᠶᠠᠵᠢᠭᠤᠯᠬᠤ᠂ ᠪᠠᠷᠢᠮᠵᠢᠶ᠎ᠠ ᠶᠢ ᠬᠠᠷᠢᠭᠤᠴᠠᠯᠭᠠᠵᠢᠭᠤᠯᠬᠤ᠂ ᠬᠠᠷᠢᠭᠤᠴᠠᠯᠭ᠎ᠠ ᠶᠢ | ᠵᠠᠩᠬᠢᠯᠠᠭᠠᠵᠢᠭᠤᠯᠬᠤ︾ ᠠᠵᠢᠯ ᠤᠨ ᠠᠬᠢᠭᠤᠯᠤᠯᠳᠠ ᠶᠢᠨ ᠰᠢᠰᠲ᠋ᠧᠮ ᠢ ᠪᠠᠶᠢᠭᠤᠯᠤᠨ᠂ ᠨᠠᠶᠢᠳᠠᠪᠤᠷᠢᠵᠢᠭᠤᠯᠤᠯᠳᠠ ᠶᠢ ᠠᠤᠨᠬᠤᠬᠤ ᠳᠠᠯ᠎ᠠ ᠪᠠᠷ ᠴᠠᠭ ᠢ ᠨᠦᠭᠴᠢᠬᠡᠨ | ᠠᠵᠢᠯ ᠠᠴᠠ ᠬᠤᠴᠤᠷᠴᠤ ᠪᠤᠯᠬᠤ ᠦᠬᠡᠢ᠃ ᠵᠠᠰᠠᠭ ᠤᠨ ᠤᠷᠳᠤᠨ ᠤ ᠦᠨᠡᠨᠴᠢ ᠢᠳᠡᠬᠡᠮᠵᠢ ᠶᠢ ︽ᠴᠢᠬᠤᠯᠠ ᠢᠳᠡᠬᠡᠮᠵᠢ︾ ᠪᠤᠯᠭᠠᠵᠤ᠂ ᠠᠮᠠᠯᠠᠯᠳᠠ ᠪᠠᠨ | ᠤᠶᠢᠯᠡᠳᠤᠯᠬᠡᠵᠢᠬᠦᠯᠬᠦ ᠣᠬᠠᠮᠰᠠᠷ ᠢᠶᠠᠨ ᠡᠷᠴᠢᠮᠵᠢᠭᠦᠯᠦᠨ᠂ ᠬᠡᠯᠡᠭᠰᠡᠨ ᠢᠶᠠᠨ ᠭᠦᠢᠴᠡᠳᠬᠡᠵᠣ᠂ ᠠᠷᠠᠤᠨ ᠤᠨ ᠠᠮᠢᠳᠤᠷᠠᠯ ᠤᠨ ᠪᠤᠳᠠᠳᠤ ᠶᠠᠪᠤᠳᠠᠯ᠂ ᠠᠷᠠᠤᠨ ᠲᠤ | ᠲᠦᠬᠦᠮ ᠦᠵᠡᠬᠦᠯᠬᠦ ᠤᠶᠢᠯᠡᠴᠢᠯᠡᠭᠡ ᠵᠡᠷᠬᠡ ᠡᠯ᠎ᠡ ᠵᠦᠢᠯ ᠤᠨ ᠠᠮᠠᠯᠠᠯᠳᠠ ᠪᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠭᠳᠠᠭᠠᠭᠰᠡᠨ ᠵᠦᠢᠯ ᠢᠶᠠᠨ ᠳᠤᠷ᠎ᠠ ᠪᠠᠷ | ᠬᠤᠪᠢᠷᠠᠭᠤᠯᠬᠤ ᠦᠬᠡᠢ᠂ ︽ᠰᠢᠨ᠎ᠠ ᠳᠠᠷᠤᠭ᠎ᠠ ᠬᠠᠭᠤᠴᠢᠨ ᠳᠠᠩᠰᠠ ᠶᠢ ᠬᠠᠮᠢᠶᠠᠷᠬᠤ ᠦᠬᠡᠢ︾ ᠦᠵᠡᠭᠳᠡᠯ ᠢ ᠡᠷᠡᠰ ᠳᠡᠪᠴᠢᠨ᠎ᠡ᠃ | ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠢᠮᠠᠭᠳᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠬᠦᠨᠵᠡᠬᠡᠢ ᠠᠬᠢᠭᠤᠯᠤᠨ᠂ ᠵᠠᠰᠠᠭ ᠤᠨ ᠤᠷᠳᠤᠨ ᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ | ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ ︽ᠭᠤᠷᠪᠠᠨ ᠴᠢᠬᠤᠯᠠ ᠨᠢᠬᠡ ᠶᠡᠭᠡ︾ ᠲᠦᠷᠢᠮ ᠳᠤᠭᠳᠠᠭᠠᠯ ᠢ ᠴᠢᠩᠭ᠎ᠠ ᠬᠡᠷᠡᠭᠵᠢᠬᠦᠯᠤᠨ᠂ ᠬᠠᠤᠯᠢ ᠶᠤᠰᠤᠴᠢ ᠬᠢᠨᠠᠯᠳᠠ | ᠪᠠᠶᠢᠴᠠᠭᠠᠯᠳᠠ᠂ ᠨᠠᠶᠢᠬᠡᠮ ᠤᠨ ᠳᠤᠭᠳᠠᠭᠤᠨ ᠤ ᠲᠦᠭᠰᠢᠬᠦᠷᠢ ᠶᠢᠨ ᠦᠨᠡᠯᠡᠯᠳᠠ ᠵᠡᠷᠬᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠨᠪᠤᠷᠢᠳᠤ ᠳᠤᠭᠳᠠᠴᠠ ᠶᠢ | ᠳᠡᠬᠦᠯᠳᠡᠷᠵᠢᠬᠦᠯᠤᠨ᠂ ᠵᠠᠰᠠᠭ ᠤᠨ ᠤᠷᠳᠤᠨ ᠤ ᠰᠢᠢᠤᠨᠪᠤᠷᠢ ᠬᠠᠤᠯᠢ ᠵᠠᠰᠠᠯᠳᠠ ᠶᠢᠨ ᠬᠢᠨᠠᠯᠳᠠ ᠶᠢ ᠬᠦᠯᠢᠶᠡᠨ᠂ ᠠᠷᠠᠤᠨ ᠤᠨ ᠰᠠᠨᠠᠭ᠎ᠠ ᠶᠢ ᠢᠯᠡᠷᠡᠬᠦᠯᠬᠦ ᠶᠢ ᠪᠠᠳᠤᠯᠠᠨ᠎ᠠ | ᠃ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠨ ᠤ ᠬᠢᠨᠠᠯᠳᠠ᠂ ᠤᠯᠤᠰ ᠲᠦᠷᠤ ᠶᠢᠨ ᠵᠦᠪᠯᠡᠯᠬᠡᠨ ᠤ | ᠠᠷᠠᠤᠨᠴᠢᠯᠡᠯ ᠤᠨ ᠬᠢᠨᠠᠯᠳᠠ᠂ ᠰᠠᠬᠢᠯᠭ᠎ᠠ ᠪᠠᠳᠤ ᠬᠢᠨᠠᠨ ᠪᠠᠶᠢᠴᠠᠭᠠᠬᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠠᠵᠢᠯᠯᠠᠮᠵᠢ ᠲᠠᠢ ᠮᠦᠷᠳᠡᠬᠡᠨ ᠴᠡᠬᠡᠷᠯᠡᠯ ᠲᠠᠢ | ᠪᠠᠶᠢᠬᠤ ᠶᠢ ᠪᠠᠳᠤᠯᠠᠨ᠂ ᠵᠠᠰᠠᠭ ᠤᠨ ᠤᠷᠳᠤᠨ ᠢ ᠢᠯᠡ ᠳᠤᠳᠤ ᠦᠨᠳᠤᠷ ᠪᠦᠳᠤᠮᠵᠢᠳᠠᠢ ᠠᠵᠢᠯᠯᠠᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠰᠠᠬᠢᠯᠭ᠎ᠠ ᠲᠦᠷᠢᠮ ᠢ ᠢᠮᠠᠭᠳᠠ ᠴᠢᠩᠭ᠎ᠠ ᠪᠠᠷᠢᠮᠳᠠᠯᠠᠨ᠂ ︽ᠨᠢᠬᠡ ᠪᠠᠶᠢᠷᠢ ᠬᠤᠤᠰ | ᠬᠠᠷᠢᠭᠤᠴᠠᠯᠭ᠎ᠠ︾ ᠶᠢ ᠬᠢᠨᠠᠮᠠᠭᠠᠢ ᠬᠡᠷᠡᠭᠵᠢᠬᠦᠯᠵᠤ᠂ ᠠᠷᠢᠭᠤᠨ ᠴᠢᠭᠡᠴᠢ ᠶᠢᠨ ᠬᠤᠷᠢᠭ᠎ᠠ ᠱᠣᠭᠤᠮ ᠬᠠᠣᠯᠢ ᠴᠠᠭᠠᠵᠠ ᠶᠢᠨ ᠬᠢᠵᠠᠭᠠᠷ ᠱᠣᠭᠤᠮ ᠢ ᠪᠠᠳᠦ ᠰᠠᠬᠢᠨ᠂ | ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢ ᠰᠠᠶᠢᠳᠤᠷ ᠠᠤᠨᠬᠤᠨ᠎ᠠ᠃ ᠡᠳ᠋ ᠤᠨ ᠵᠠᠰᠠᠭ ᠤᠨ ᠲᠦᠰᠤᠪ ᠤᠨ | ᠪᠦᠳᠤᠮᠵᠢ ᠶᠢᠨ ᠬᠠᠮᠢᠶᠠᠷᠤᠯᠳᠠ ᠶᠢ ᠴᠢᠩᠭᠠᠤᠨᠬᠠᠨ᠂ ᠬᠢᠵᠠᠭᠠᠷ ᠲᠠᠢ ᠪᠡᠯᠡ ᠮᠦᠩᠬᠦ ᠪᠠᠨ ᠬᠦᠭᠵᠢᠯᠳᠠ ᠶᠢᠨ ᠬᠠᠮᠤᠭ ᠤᠨ ᠴᠢᠬᠤᠯᠠ ᠬᠡᠷᠡᠭᠴᠡᠭᠡ ᠲᠠᠢ ᠭᠠᠵᠠᠷ᠂ | ᠠᠷᠠᠤᠨ ᠲᠦᠮᠡᠨ ᠤ ᠬᠠᠮᠤᠭ ᠤᠨ ᠪᠠᠴᠢᠮ ᠬᠦᠰᠡᠵᠤ ᠪᠠᠶᠢᠭ᠎ᠠ ᠵᠤᠶᠢᠯᠡᠰ ᠲᠤ ᠬᠡᠷᠡᠭᠰᠡᠵᠤ᠂ ᠵᠠᠰᠠᠭ ᠤᠨ ᠤᠷᠳᠤᠨ ᠤ ︽ᠭᠠᠮᠳᠠᠢ ᠠᠮᠢᠳᠤᠷᠠᠯ︾ ᠢᠶᠠᠷ ᠪᠦᠬᠦ | ᠬᠤᠰᠢᠭᠤᠨ ᠤ ᠠᠷᠠᠤᠨ ᠲᠦᠮᠡᠨ ᠳᠤ ︽ᠵᠢᠷᠭᠠᠯᠳᠤ ᠠᠮᠢᠳᠤᠷᠠᠯ︾ ᠢ ᠡᠳ᠋ᠯᠡᠬᠦᠯᠤᠨ᠎ᠠ᠃ ᠭᠤᠤᠯᠳᠠᠯᠭᠠᠳᠤ ᠬᠦᠷᠢᠶ᠎ᠡ ᠴᠠᠷᠠᠭ᠎ᠠ᠂ ᠭᠤᠤᠯᠳᠠᠯᠭᠠᠳᠤ ᠠᠵᠢᠯ ᠤᠨ ᠪᠠᠶᠢᠷᠢ | ᠶᠢᠨ ᠴᠢᠬᠡᠴᠢ ᠵᠠᠰᠠᠭ ᠤᠨ ᠲᠦᠭᠰᠢᠬᠦᠷᠢ ᠶᠢᠨ ᠰᠡᠷᠬᠡᠶᠢᠯᠡᠯ ᠡᠵᠡᠮᠳᠡᠯ ᠢ ᠴᠢᠩᠭᠠᠤᠨᠬᠠᠵᠤ᠂ ᠰᠤᠷᠳᠠᠯ ᠴᠢᠬᠡᠴᠢ ᠤᠪᠤᠷ ᠲᠦᠪ᠂ ᠠᠵᠢᠯ ᠬᠢᠨ ᠤᠶᠢᠯᠡᠰ ᠪᠦᠳᠤᠬᠡᠬᠦ ᠤᠬᠢ | ᠰᠠᠶᠢᠨ ᠤᠯᠤᠰ ᠲᠦᠷᠤ ᠶᠢᠨ ᠠᠭᠤᠷ ᠠᠮᠢᠰᠬᠤᠯ ᠢ ᠬᠦᠴᠤᠯᠡᠨ ᠪᠦᠷᠢᠯᠳᠤᠬᠦᠯᠤᠨ᠎ᠠ᠃ | ᠲᠦᠯᠤᠬᠡᠯᠡᠭᠴᠢᠤᠨ ᠡ︕ ᠪᠢᠳᠠ ᠰᠢ ᠶᠢᠨ ᠫᠢᠩ ᠨᠦᠬᠦᠷ ᠢᠶᠠᠷ ᠲᠦᠪᠯᠡᠬᠦᠯᠦᠭᠰᠡᠨ ᠨᠠᠮ ᠤᠨ ᠲᠦᠪ ᠬᠤᠷᠢᠶᠠᠨ ᠤ ᠳᠤᠭᠤᠷᠢᠨ ᠳᠤ ᠨᠠᠩ ᠨᠢᠭᠳᠠ | ᠪᠦᠯᠬᠦᠮᠳᠠᠨ᠂ ᠬᠤᠰᠢᠭᠤ ᠨᠠᠮ ᠤᠨ ᠬᠤᠷᠢᠶᠠᠨ ᠤ ᠬᠦᠴᠤᠳᠤ ᠤᠳᠤᠷᠢᠳᠤᠯᠭ᠎ᠠ ᠳᠤᠤᠷ᠎ᠠ ᠤᠷᠬᠢᠯᠤᠮ᠎ᠠ ᠵᠣᠷᠢᠭ ᠢᠶᠠᠷ ᠣᠳᠤᠭ ᠤᠨ ᠡᠮᠦᠨᠡᠳᠦ ᠬᠤᠰᠢᠭᠤ ᠪᠠᠨ | ᠴᠣᠭᠴᠠᠯᠠᠨ᠂ ᠣᠯᠠᠨ ᠲᠦᠮᠡᠨ ᠤ ᠨᠠᠶᠢᠳᠠᠯᠭ᠎ᠠ ᠶᠢ ᠪᠠᠳᠦ ᠴᠡᠭᠡᠵᠢᠯᠡᠵᠣ᠂ ᠳᠠᠷᠤᠤ ᠬᠢᠴᠢᠶᠡᠩᠬᠦᠢ ᠪᠠᠷ ᠯᠠᠪᠳᠠᠭᠤᠨ ᠪᠠᠳᠤᠳᠠᠢ ᠤᠷᠤᠭᠰᠢᠯᠡᠨ᠂ ᠤᠳᠤᠬᠢᠴᠢᠯᠠᠭᠰᠡᠨ | ᠤᠳᠤᠭ ᠤᠨ ᠡᠮᠤᠨᠡᠳᠤ ᠬᠤᠰᠢᠭᠤᠨ ᠤ ᠪᠠᠶᠢᠭᠤᠯᠣᠯᠲᠠ ᠶᠢᠨ ᠰᠢᠨ᠎ᠠ ᠠᠶᠠᠨ ᠳᠤ ᠴᠢᠷᠮᠠᠶᠢᠨ ᠳᠡᠮᠡᠴᠡᠵᠤ᠂ ᠰᠢᠯᠢᠳᠡᠭ ᠪᠦᠳᠤᠮᠵᠢ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠳᠠᠳᠠᠢ ᠨᠡᠬᠡᠬᠡᠭᠳᠡᠬᠦ ᠶᠢ ᠤᠭᠳᠤᠰᠤᠭᠠᠢ︕ | | ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠬᠢ ᠨᠡᠷᠡᠰ ᠤᠨ ᠲᠠᠶᠢᠯᠪᠤᠷᠢ | 1. ︽ᠮᠠᠯᠴᠢᠨ ᠲᠠᠷᠢᠶᠠᠴᠢᠨ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠨᠡᠶᠢᠳᠡᠮ ᠪᠥᠷᠢᠳᠭᠡᠯ︾᠂ ︽ᠲᠥᠷᠪᠡᠳᠥᠭᠡᠷ ᠤᠳᠠᠭᠠᠨ ᠤ ᠪᠥᠭᠦ ᠤᠯᠤᠰ | ᠤᠨ ᠠᠵᠤ ᠠᠬᠤᠢ ᠶᠢᠨ ᠨᠡᠶᠢᠳᠡᠮ ᠪᠥᠷᠢᠳᠭᠡᠯ︾᠂ ︽ᠲᠤᠯᠤᠳᠤᠭᠠᠷ ᠤᠳᠠᠭᠠᠨ ᠤ ᠪᠥᠭᠦ ᠤᠯᠤᠰ ᠤᠨ ᠭᠥᠮᠥᠨ ᠠᠮᠠ ᠶᠢᠨ ᠨᠡᠶᠢᠳᠡᠮ ᠪᠥᠷᠢᠳᠭᠡᠯ︾᠄ ᠮᠠᠯᠴᠢᠨ | ᠲᠠᠷᠢᠶᠠᠴᠢᠨ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠳᠤ ᠬᠠᠨᠳᠤᠭᠤᠯᠤᠭᠰᠠᠨ ᠨᠡᠶᠢᠳᠡᠮ ᠪᠥᠷᠢᠳᠭᠡᠯ ᠤᠨ ᠠᠵᠢᠯ᠂ ᠲᠥᠷᠪᠡᠳᠥᠭᠡᠷ ᠤᠳᠠᠭᠠᠨ ᠤ ᠪᠥᠭᠦ | ᠤᠯᠤᠰ ᠤᠨ ᠠᠵᠤ ᠠᠬᠤᠢ ᠶᠢᠨ ᠲᠠᠯ᠎ᠠ ᠳᠤ ᠬᠢ ᠨᠡᠶᠢᠳᠡᠮ ᠪᠥᠷᠢᠳᠭᠡᠯ ᠤᠨ ᠠᠵᠢᠯ ᠬᠢᠭᠡᠳ ᠲᠤᠯᠤᠳᠤᠭᠠᠷ ᠤᠳᠠᠭᠠᠨ ᠤ ᠪᠥᠭᠦ ᠤᠯᠤᠰ ᠤᠨ ᠭᠥᠮᠥᠨ ᠠᠮᠠ ᠶᠢᠨ | ᠨᠡᠶᠢᠳᠡᠮ ᠪᠥᠷᠢᠳᠭᠡᠯ ᠤᠨ ᠠᠵᠢᠯ ᠢ ᠵᠢᠭᠠᠵᠤ ᠪᠤᠢ᠃ | 2. ︽ᠬᠤᠶᠠᠷ ᠪᠥᠳᠥᠭᠡᠭᠳᠡᠭᠦᠨ︾᠂ ︽ᠨᠢᠭᠡ ᠲᠡᠮᠳᠡᠭᠳᠤ︾᠂ ︽ᠨᠢᠭᠡ ᠰᠢᠨ᠎ᠡ︾ ᠮᠠᠯ ᠲᠠᠷᠢᠶᠠᠯᠠᠩ ᠤᠨ ᠪᠥᠳᠥᠭᠡᠭᠳᠡᠭᠦᠨ᠄ ︽ᠬᠤᠶᠠᠷ ᠪᠥᠳᠥᠭᠡᠭᠳᠡᠭᠦᠨ︾ | ᠭᠡᠳᠡᠭ ᠨᠢ ᠪᠤᠬᠢᠷᠳᠤᠯ ᠥᠭᠡᠢ ᠢᠳᠡᠭᠡᠨ ᠪᠠ ᠤᠷᠭᠠᠨᠢᠭ ᠢᠳᠡᠭᠡᠨ︔ ︽ᠨᠢᠭᠡ ᠲᠡᠮᠳᠡᠭᠳᠤ︾ ᠬᠡᠳᠡᠭ ᠨᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠭᠠᠵᠠᠷ ᠵᠥᠢ | ᠶᠢᠨ ᠢᠯᠡᠳᠭᠡᠯ ᠲᠠᠩᠰᠠᠯᠠᠯᠳᠠ︔ ︽ᠨᠢᠭᠡ ᠰᠢᠨ᠎ᠡ︾ ᠭᠡᠳᠡᠭ ᠨᠢ ᠮᠠᠯ ᠲᠠᠷᠢᠶᠠᠨ ᠤ ︽ᠨᠡᠷᠡᠳᠤ ᠤᠨᠴᠠ ᠰᠢᠯᠢᠳᠡᠭ ᠰᠢᠨ᠎ᠡ︾ ᠪᠥᠳᠥᠭᠡᠭᠳᠡᠭᠦᠨ᠂ ᠲᠠᠷᠤᠢ ᠨᠡᠷᠡᠳᠤ | ᠲᠡᠮᠳᠡᠭᠴᠢᠯᠡᠭᠰᠡᠨ᠂ ᠬᠤᠪᠢᠨ ᠤ ᠪᠠᠨ ᠤᠨᠴᠠᠯᠢᠭ ᠲᠠᠢ᠂ ᠤᠨᠴᠠ ᠴᠢᠨᠠᠷᠯᠢᠭ᠂ ᠰᠢᠨ᠎ᠡ ᠰᠡᠪᠡᠭᠦᠨ ᠪᠥᠳᠥᠭᠡᠭᠳᠡᠭᠦᠨ ᠤ ᠲᠤᠪᠴᠢᠯᠡᠯ ᠨᠡᠷ᠎ᠡ᠃ | 3. LNG᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural Gas︶ ᠶᠢᠨ ᠠᠩᠭ᠍ᠯᠢ ᠨᠡᠷ᠎ᠡ ᠶᠢᠨ ᠲᠤᠪᠴᠢᠯᠠᠯ᠃ | 4. ︽ᠴᠠᠬᠢᠯᠭᠠᠨ ᠡᠭᠦᠰᠭᠡᠭᠴᠢ᠂ ᠴᠠᠬᠢᠯᠭᠠᠨ ᠲᠤᠤᠷ᠂ ᠴᠠᠬᠢᠯᠭᠠᠨ ᠲᠠᠭᠠᠭᠠᠴᠠ᠂ ᠡᠨᠧᠷᠬᠢ ᠬᠠᠳᠠᠭᠠᠯᠠᠯᠳᠠ᠂ ᠤᠰᠤᠳᠥ᠋ᠷᠥᠭᠴᠢ ᠡᠨᠧᠷᠬᠢ︾᠄ ᠴᠠᠬᠢᠯᠭᠠᠨ | ᠡᠭᠦᠰᠭᠡᠭᠴᠢ᠂ ᠴᠠᠬᠢᠯᠭᠠᠨ ᠲᠤᠤᠷ᠂ ᠴᠠᠬᠢᠯᠭᠠᠨ ᠲᠠᠭᠠᠭᠠᠴᠠ᠂ ᠡᠨᠧᠷᠬᠢ ᠬᠠᠳᠠᠭᠠᠯᠠᠯᠳᠠ᠂ ᠤᠰᠤᠳᠥ᠋ᠷᠥᠭᠴᠢ ᠡᠨᠧᠷᠬᠢ ᠶᠢᠨ ᠢᠵᠢ ᠴᠤᠭᠴᠠᠵᠢᠭᠤᠯᠤᠭᠰᠠᠨ | ᠥᠢᠯᠡᠳᠪᠥᠷᠢᠯᠡᠯ ᠡᠵᠡᠩᠨᠡᠯᠳᠡ ᠶᠢᠨ ᠬᠡᠯᠪᠡᠷᠢ ᠶᠢ ᠵᠢᠭᠠᠵᠤ ᠪᠤᠢ᠃ | 5. ︽ᠪᠠᠷᠢᠮᠵᠢᠶᠠᠳᠤ ᠭᠠᠵᠠᠷ︾᠄ ᠬᠤᠳᠠ ᠪᠠᠯᠭᠠᠰᠤᠨ ᠤ ᠭᠠᠵᠠᠷ ᠨᠡᠭᠡᠭᠡᠯᠳᠡ ᠠᠰᠢᠭᠯᠠᠯᠳᠠ ᠶᠢᠨ ᠬᠢᠵᠠᠭᠠᠷ ᠲᠤᠳᠤᠷᠠᠬᠢ ᠭᠠᠵᠠᠷ ᠬᠠᠩᠭᠠᠬᠤ ᠨᠥᠭᠦᠴᠡᠯ | ᠪᠥᠷᠢᠳᠥᠭᠰᠡᠨ ᠤᠷᠤᠨ᠃ | 6. ︽ᠰᠢᠨᠵᠢᠯᠡᠭᠡ ᠮᠡᠷᠭᠡᠵᠢᠯ ᠤᠨ 30 ᠵᠤᠷᠪᠤᠰ ᠰᠢᠨ᠎ᠡ ᠪᠤᠳᠤᠯᠭ᠎ᠠ︾᠄ 2021 ᠤᠨ ᠤ 5 ᠰᠠᠷ᠎ᠠ ᠶᠢᠨ 19 ᠤ ᠡᠳᠥᠷ᠂ ᠤᠷᠳᠤᠰ ᠬᠤᠳᠠ | ︽︿ᠰᠢᠨᠵᠢᠯᠡᠭᠡ ᠮᠡᠷᠭᠡᠵᠢᠯ ᠢᠶᠠᠷ ᠥᠪᠥᠷ ᠮᠤᠩᠭᠤᠯ ᠢᠶᠠᠨ ᠭᠥᠭᠵᠢᠭᠡᠭᠦ﹀ ᠪᠤᠳᠤᠯᠭ᠎ᠠ ᠶᠢ ᠭᠥᠨᠵᠡᠭᠡᠢ ᠲᠤᠤᠱᠯᠠᠭᠤᠯᠵᠤ ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠪᠠᠷ | ᠴᠢᠨᠠᠷᠯᠢᠭ ᠭᠥᠭᠵᠢᠯᠳᠡ ᠶᠢ ᠠᠬᠢᠭᠤᠯᠬᠤ ᠬᠡᠷᠡᠭᠵᠢᠭᠦᠯᠭᠦ ᠲᠥᠰᠥᠯ︾ ᠢ ᠲᠣᠭᠳᠠᠭᠠᠵᠣ᠂ ᠰᠢᠨᠵᠢᠯᠡᠭᠡ ᠰᠢᠨᠡᠴᠢᠯᠡᠯᠳᠡ ᠶᠢᠨ ᠲᠠᠯ᠎ᠠ ᠳᠤ 30 ᠵᠤᠷᠪᠤᠰ ᠪᠤᠳᠠᠳᠠᠢ | ᠪᠤᠳᠤᠯᠭ᠎ᠠ ᠬᠡᠮᠵᠢᠶ᠎ᠡ ᠲᠤᠷᠠᠳᠤᠭᠰᠠᠨ ᠪᠠᠶᠢᠨ᠎ᠠ᠃ | 7. ︽ᠴᠢᠳᠠᠪᠤᠷᠢᠳᠠᠨ ᠤ 30 ᠵᠤᠷᠪᠤᠰ ᠰᠢᠨ᠎ᠡ ᠪᠤᠳᠤᠯᠭ᠎ᠠ︾᠄ 2021 ᠤᠨ ᠤ 9 ᠰᠠᠷ᠎ᠠ ᠶᠢᠨ 8 ᠤ ᠡᠳᠥᠷ᠂ ᠤᠷᠳᠤᠰ ᠬᠤᠳᠠ ︽ᠰᠢᠨ᠎ᠡ ᠴᠠᠭ ᠥᠶ᠎ᠡ | ᠶᠢᠨ ᠴᠢᠳᠠᠪᠤᠷᠢᠳᠠᠨ ᠤ ᠠᠵᠢᠯ ᠢ ᠴᠢᠩᠭᠠᠳᠬᠠᠵᠤ ᠴᠢᠨᠠᠷᠯᠢᠭ ᠭᠥᠭᠵᠢᠯᠳᠡ ᠶᠢ ᠠᠬᠢᠭᠤᠯᠬᠤ ᠲᠤᠬᠠᠢ ᠠᠯᠢ ᠤᠯᠠᠨ ᠲᠥᠷᠥ ᠶᠢᠨ ᠪᠤᠳᠤᠯᠭ᠎ᠠ︾ ᠶᠢ ᠲᠤᠭᠳᠠᠭᠠᠵᠤ᠂ | ᠴᠢᠳᠠᠪᠤᠷᠢᠳᠠᠨ ᠤ ᠠᠵᠢᠯ ᠤᠨ ᠲᠠᠯ᠎ᠠ ᠳᠤ 30 ᠵᠤᠷᠪᠤᠰ ᠪᠤᠳᠠᠳᠠᠢ ᠪᠤᠳᠤᠯᠭ᠎ᠠ ᠭᠡᠮᠵᠢᠶ᠎ᠡ ᠲᠣᠷᠠᠳᠣᠭᠰᠠᠨ ᠪᠠᠶᠢᠨ᠎ᠠ᠃ | 8. ︽ᠲᠥᠷᠪᠡ ᠶᠢ ᠬᠢᠵᠠᠭᠠᠷᠯᠠᠬᠤ︾ ᠠᠵᠢᠯᠯᠠᠭ᠎ᠠ᠄ ᠪᠣᠷᠳᠣᠭᠤᠷ ᠶᠢᠨ ᠬᠡᠮᠵᠢᠶ᠎ᠡ ᠶᠢ ᠬᠢᠵᠠᠭᠠᠷᠯᠠᠵᠣ ᠦᠷ᠎ᠡ ᠠᠰᠢᠭ ᠢ ᠨᠢ ᠨᠡᠮᠡᠭᠳᠡᠬᠦᠯᠬᠦ᠂ ᠲᠠᠷᠢᠶᠠᠯᠠᠩ ᠤᠨ | ᠡᠮ ᠢ ᠬᠢᠵᠠᠭᠠᠷᠯᠠᠵᠤ ᠬᠤᠬᠢᠷᠠᠯ ᠢ ᠪᠠᠭᠠᠰᠬᠠᠬᠤ᠂ ᠣᠰᠣᠨ ᠤ ᠠᠰᠢᠭᠯᠠᠯᠲᠠ ᠶᠢ ᠬᠢᠵᠠᠭᠠᠷᠯᠠᠵᠤ ᠬᠤᠷᠤᠭᠳᠠᠯ ᠢ ᠪᠠᠭᠤᠷᠠᠭᠠᠤᠯᠬᠤ᠂ ᠰᠦᠯᠢᠶᠤᠤ ᠪᠦᠷᠬᠦᠪᠴᠢ ᠶᠢ | ᠬᠢᠵᠠᠭᠠᠷᠯᠠᠵᠤ ᠦᠷ᠎ᠡ ᠠᠰᠢᠭ ᠢ ᠨᠢ ᠳᠡᠭᠡᠭᠰᠢᠯᠡᠬᠦᠯᠬᠦ᠃ | 9. ︽ᠪᠢᠴᠢᠯ ᠴᠡᠴᠡᠷᠯᠢᠭ︾᠄ ᠬᠤᠲᠠ ᠶᠢᠨ ᠲᠤᠮᠳᠠᠬᠢ ᠪᠠᠭᠠᠬᠠᠨ ᠭᠠᠵᠠᠷ ᠶᠢ ᠨᠣᠭᠤᠭᠠᠵᠢᠭᠤᠯᠵᠣ᠂ ᠰᠢᠷᠡᠭᠡ ᠰᠠᠨᠳᠠᠯᠢ ᠲᠤᠬᠢᠷᠠᠭᠤᠯᠬᠤ ᠵᠡᠷᠭᠡ ᠠᠷᠠᠳ ᠲᠤ | ᠳᠦᠬᠦᠮ ᠦᠵᠡᠬᠦᠯᠬᠦ ᠦᠢᠯᠡᠴᠢᠯᠡᠭᠡᠨ ᠤ ᠳᠦᠬᠦᠬᠡᠷᠦᠮᠵᠢ ᠶᠢ ᠵᠢᠭᠠᠨ᠎ᠠ᠃ | 10. ︽ᠬᠤᠶᠠᠷ ᠢ ᠪᠠᠭᠠᠰᠬᠠᠬᠤ︾ ᠲᠦᠷᠦ ᠶᠢᠨ ᠪᠣᠳᠣᠯᠭ᠎ᠠ᠄ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠲᠤᠨ ᠤ ᠰᠣᠷᠣᠭᠴᠢ ᠳᠤ ᠴᠢᠭᠯᠡᠬᠦᠯᠦᠭᠰᠡᠨ | ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠣ ᠶᠢ ᠬᠦᠩᠭᠡᠷᠡᠬᠦᠯᠬᠦ ᠪᠠ ᠬᠢᠴᠢᠶᠡᠯ ᠲᠦᠷᠦᠯ ᠤᠨ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠤᠮᠵᠢ ᠶᠢ | ᠪᠠᠭᠠᠰᠬᠠᠬᠤ ᠶᠢ ᠵᠢᠭᠠᠨ᠎ᠠ᠃ | ᠲᠤᠳᠤᠷᠬᠠᠶᠢᠯᠠᠯ᠄ ᠨᠡᠷᠡᠰ ᠤᠨ ᠲᠠᠶᠢᠯᠪᠣᠷᠢᠯᠠᠯ ᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ ᠢᠯᠡᠷᠡᠭᠰᠡᠨ ᠲᠠᠷᠠᠭᠠᠯᠠᠯ ᠢᠶᠠᠷ ᠨᠢ ᠵᠢᠭᠰᠠᠭᠠᠪᠠ᠃ | |